ᠤᠯᠠᠭᠠᠨᠴᠠᠪ ᠬᠣᠲᠠ᠎ᠶ᠋ᠢᠨ ᠪᠥᠬᠥ᠌ ᠠᠷᠠᠳ᠎ᠤᠨ ᠤᠩᠱᠢᠯᠭ᠎ᠠ᠎ᠶ᠋ᠢᠨ ᠠᠵᠢᠯᠯᠠᠭ᠎ᠠ ᠶᠠᠪᠤᠬᠳᠠᠵᠠᠢ
2026-04-27 14:56:51
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ 《ᠨᠤᠲᠤᠭ᠎ᠤᠨ ᠰᠣᠶᠣᠯ᠎ᠢ ᠤᠯᠠᠮᠵᠢᠯᠠᠨ᠂ ᠪᠢᠴᠢᠭ᠎ᠦᠨ ᠰᠤᠷᠪᠤᠯᠵᠢᠲᠤ ᠬᠣᠲᠠ᠎ᠶ᠋ᠢ ᠭᠡᠷᠡᠯᠲᠦᠭᠦᠯᠬᠦ᠌》 ᠭᠤᠤᠯ ᠰᠡᠳᠦᠪᠲᠦ ᠤᠩᠱᠢᠯᠭ᠎ᠠ᠎ᠶ᠋ᠢᠨ ᠠᠵᠢᠯᠯᠠᠭ᠎ᠠ ᠵᠢᠴᠢ 2026 ᠣᠨ᠎ᠤ ᠤᠯᠠᠭᠠᠨᠴᠠᠪ ᠬᠣᠲᠠ᠎ᠶ᠋ᠢᠨ ᠪᠥᠬᠥ᠌ ᠠᠷᠠᠳ᠎ᠤᠨ ᠤᠩᠱᠢᠯᠭ᠎ᠠ᠎ᠶ᠋ᠢᠨ ᠠᠵᠢᠯᠯᠠᠭ᠎ᠠ᠎ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠴᠠᠬᠠᠷ ᠰᠣᠶᠣᠯ᠎ᠤᠨ ᠠᠭᠤᠳᠠᠮ ᠲᠠᠯᠠᠪᠠᠶ᠎ᠳᠤ ᠶᠠᠪᠤᠭ᠍ᠳᠠᠪᠠ᠃

ᠠᠵᠢᠯᠯᠠᠭ᠎ᠠ᠎ᠶ᠋ᠢᠨ ᠲᠤᠬᠠᠢ ᠵᠢᠨ ᠲᠠᠯᠠᠪᠠᠶ᠎ᠳᠤ᠂ ᠤᠷᠠᠨ ᠰᠠᠢᠬᠠᠨ᠎ᠤ ᠲᠣᠭ᠍ᠯᠠᠯᠲᠠ᠂ ᠨᠤᠮ ᠤᠩᠰᠢᠬᠰᠨᠨ ᠤᠯᠤᠯᠲᠠ ᠲᠦᠷᠦᠭᠳᠡᠯ ᠵᠢᠡᠨ ᠬᠤᠪᠢᠶᠠᠯᠴᠠᠬᠤ᠂ ᠰᠣᠩᠭᠣᠳᠠᠭ ᠪᠦᠲᠦᠭᠡᠯ ᠤᠩᠱᠢᠬᠤ᠂ ᠤᠷᠠᠨ ᠪᠢᠴᠢᠯᠭᠡ᠎ᠶ᠋ᠢᠨ ᠪᠢᠴᠢᠭᠡᠰᠦ ᠪᠢᠴᠢᠬᠦ᠌ ᠵᠡᠷᠭᠡ ᠣᠯᠠᠨ ᠵᠦᠶ᠋ᠯ᠎ᠦᠨ ᠤᠷᠠᠯᠢᠭ ᠤ᠋ᠨ ᠬᠡᠯᠪᠡᠷᠢ ᠵᠢᠨ ᠠᠵᠢᠯᠯᠠᠭ᠎ᠠ ᠶᠠᠪᠤᠭᠳᠠᠵᠠᠢ᠃

ᠣᠢᠯᠠᠭᠠᠭ᠍ᠰᠠᠨ᠎ᠢᠶᠠᠷ᠂ ᠲᠣᠰ ᠠᠵᠢᠯᠯᠠᠭ᠎ᠠ᠎ᠶ᠋ᠢᠨ ᠭᠠᠷᠠᠭ᠎ᠤᠨ ᠬᠤᠭᠤᠴᠠᠭᠠᠨ᠎ᠳᠤ ᠤᠯᠠᠭᠠᠨᠴᠠᠪ ᠬᠣᠲᠠ ᠪᠠᠰᠠ 《ᠰᠣᠶᠣᠯ᠎ᠤᠨ ᠡᠬᠢ ᠡᠭᠦᠰᠦᠯ᠎ᠦᠨ ᠮᠥᠷᠳᠡᠯᠲᠡ·ᠨᠠᠷᠠᠲᠤ ᠬᠥᠮᠦᠰ·ᠡᠬᠡ ᠨᠤᠲᠤᠭ ᠵᠢᠡᠨ ᠶᠠᠷᠢᠬᠤ》 ᠭᠡᠬᠦ᠌ ᠲᠠᠢᠯᠤᠮᠵᠢ᠂ 《ᠬᠠᠭᠤᠴᠢᠨ ᠤ᠋ ᠮᠡᠳᠡᠯᠭᠡ ᠵᠢ ᠰᠤᠷᠤᠯᠴᠠᠵᠤ᠂ ᠱᠢᠨ᠎ᠡ ᠮᠡᠳᠡᠯᠭᠡ ᠵᠢ ᠤᠢᠯᠠᠭᠠᠬᠤ》 ᠨᠣᠮ ᠪᠢᠴᠢᠭ᠎ᠢ ᠬᠠᠮᠲᠤ᠎ᠪᠠᠷ ᠡᠳ᠋ᠯᠡᠬᠦ᠌᠂ 《ᠨᠤᠮ᠎ᠦᠨ ᠰᠢᠮ᠎ᠡ᠎ᠪᠠᠷ ᠮᠠᠯᠴᠢᠨ ᠲᠠᠷᠢᠶᠠᠴᠢᠨ ᠳ᠋ᠤ ᠲᠤᠰᠠᠯᠠᠨ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌》 ᠦᠨᠳᠦᠰᠦᠨ ᠱᠠᠲᠤᠨ᠎ᠤ ᠠᠶᠠᠯᠠᠯ᠂ 《ᠨᠤᠮ ᠤᠡᠭᠰᠢᠨ ᠤᠯᠠᠭᠠᠨᠴᠠᠪ ᠲᠠᠢ ᠵᠤᠯᠭᠠᠬᠤ》 ᠱᠢᠯᠦᠭ ᠵᠣᠬᠢᠶᠠᠯ᠎ᠤᠨ ᠤᠩᠱᠢᠯᠭ᠎ᠠ᠎ᠶ᠋ᠢᠨ ᠬᠤᠷᠠᠯ ᠵᠡᠷᠭᠡ ᠡᠯᠪᠡᠭ ᠪᠠᠶᠠᠯᠢᠭ ᠠᠵᠢᠯᠯᠠᠭ᠎ᠠ ᠥᠷᠨᠢᠭᠦᠯᠪᠡ᠃ ᠡᠭᠦᠨ᠎ᠦ ᠬᠠᠮᠲᠤ᠂ ᠤᠯᠠᠭᠠᠨᠴᠠᠪ ᠬᠣᠲᠠ᠎ᠶ᠋ᠢᠨ ᠱᠢᠨᠬᠤᠸᠠ ᠨᠣᠮ᠎ᠤᠨ ᠳᠡᠯᠭᠡᠭᠦᠷ ᠵᠢᠴᠢ ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠤᠨ ᠱᠢᠨᠬᠤᠸᠠ ᠨᠣᠮ᠎ᠤᠨ ᠳᠡᠯᠭᠡᠭᠦᠷ ᠨᠣᠮ ᠪᠢᠴᠢᠭ᠎ᠢ ᠬᠢᠮᠳᠠᠷᠠᠭᠤᠯᠤᠨ ᠪᠣᠷᠣᠯᠠᠭᠤᠯᠬᠤ ᠵᠡᠷᠭᠡ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠭᠠᠷᠭᠠᠵᠤ᠂ ᠪᠥᠬᠥ᠌ ᠠᠷᠠᠳ᠎ᠤᠨ ᠨᠣᠮ ᠤᠩᠱᠢᠬᠤ ᠬᠠᠯᠠᠭᠤᠨ ᠠᠭᠤᠷ ᠠᠮᠢᠰᠭᠤᠯ᠎ᠢ ᠪᠣᠶ ᠪᠣᠯᠭᠠᠬᠤ᠎ᠳᠤ ᠬᠦᠴᠦᠨ ᠨᠡᠮᠡᠷᠢᠯᠡᠭᠰᠡᠨ ᠪᠠᠢᠨ᠎ᠠ᠃

ᠲᠣᠰ ᠠᠵᠢᠯᠯᠠᠭ᠎ᠠ᠎ᠶ᠋ᠢ ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠡᠴᠨ ᠭᠤᠤᠯᠯᠠᠨ ᠡᠷᠭᠢᠯᠡᠵᠦ᠍᠂ 《ᠪᠥᠬᠥ᠌ ᠠᠷᠠᠳ᠎ᠤᠨ ᠤᠩᠱᠢᠯᠭ᠎ᠠ᠎ᠶ᠋ᠢ ᠠᠬᠢᠭᠤᠯᠬᠤ ᠲᠦᠷᠢᠮ》 ᠢ᠋ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ᠂ ᠬᠣᠲᠠ᠎ᠶ᠋ᠢᠨ ᠰᠣᠶᠣᠯ ᠢᠷᠭᠡᠨᠱᠢᠯ᠎ᠦᠨ ᠠᠭᠤᠯᠤᠭ᠍ᠳᠠᠬᠤᠨ᠎ᠢ ᠭᠦᠨᠵᠡᠭᠡᠢᠷᠡᠭᠦᠯᠵᠦ᠂ ᠨᠣᠮ ᠤᠩᠱᠢᠬᠤ ᠳᠤᠷᠠᠲᠠᠶ᠂ ᠰᠠᠢᠨ ᠨᠣᠮ ᠤᠩᠱᠢᠬᠤ᠂ ᠨᠣᠮ ᠤᠩᠱᠢᠬᠤ᠎ᠳᠠᠭᠠᠨ ᠴᠢᠳᠠᠮᠠᠭᠠᠶ ᠪᠠᠢᠬᠤ ᠭᠦᠨ ᠵᠤᠵᠠᠭᠠᠨ ᠨᠡᠢᠭᠡᠮ᠎ᠦᠨ ᠬᠡᠪ ᠰᠤᠷᠲᠠᠯ᠎ᠢ ᠦᠷᠭᠦᠯᠵᠢᠯᠡᠨ ᠪᠣᠶ ᠪᠣᠯᠭᠠᠵᠤ᠂ ᠪᠥᠬᠥ᠌ ᠠᠷᠠᠳ᠎ᠤᠨ ᠨᠣᠮ ᠤᠩᠱᠢᠯᠭ᠎ᠠ ᠵᠢ ᠲᠦᠭ ᠲᠦᠮᠡᠨ ᠠᠢᠯ ᠡᠷᠦᠬᠡ᠎ᠳᠦ ᠣᠷᠣᠭᠤᠯᠬᠤ᠎ᠶ᠋ᠢ ᠠᠬᠢᠭᠤᠯᠤᠨ᠂ ᠨᠣᠮ ᠤᠩᠱᠢᠯᠭ᠎ᠠ᠎ᠪᠠᠷ ᠪᠥᠬᠥ᠌ ᠬᠣᠲᠠ᠎ᠶ᠋ᠢᠨ ᠣᠶᠤᠨ᠎ᠤ ᠪᠣᠯᠪᠠᠰᠤᠨ᠎ᠤ ᠪᠠᠢᠭᠤᠯᠤᠯᠲᠠ ᠪᠣᠯᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠵᠢ ᠵᠤᠷᠢᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号