—— 《ᠪᠡᠶ᠎ᠡ᠎ᠶ᠋ᠢᠨ ᠲᠠᠮᠢᠷ ✚ ᠰᠤᠷᠭᠠᠨ ᠬᠦᠮᠦᠵᠢᠯ》 ᠰᠢᠷᠢᠰ ᠮᠡᠳᠡᠭᠡᠯᠡᠯ ③
ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠴᠠᠭ ᠦᠶ᠎ᠡ᠎ᠶ᠋ᠢᠨ ᠤᠷᠤᠰᠭᠠᠯ ᠳᠤᠮᠳᠠ ᠬᠥᠬᠡᠬᠣᠲᠠ᠎ᠶ᠋ᠢᠨ ᠬᠢᠨ ᠵᠤᠷᠢᠬᠳᠠᠢ ᠬᠠᠢᠨ ᠰᠦᠪᠡᠭ᠌ᠴᠢᠯᠡᠵᠦ᠍ ᠢᠳᠡᠪᠬᠢᠳᠡᠢ ᠱᠢᠨ᠎ᠡ᠎ᠶ᠋ᠢ ᠡᠭᠦᠳᠴᠦ᠍᠂ ᠥᠪᠡᠷᠮᠢᠴᠡ ᠣᠨᠴᠠᠯᠢᠭ᠎ᠪᠦᠬᠦᠢ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠵᠠᠮ᠎ᠢ ᠨᠡᠭᠡᠭᠡᠵᠡᠢ᠃ ᠡᠭᠦᠨ᠎ᠳᠦ᠂ ᠬᠥᠬᠡᠬᠣᠲᠠ᠎ᠶ᠋ᠢᠨ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠰᠤᠷᠭᠠᠭᠤᠯᠢ ᠱᠢᠨᠵᠢᠯᠡᠬᠦ᠌ ᠤᠬᠠᠭᠠᠨᠴᠢ ᠱᠢᠰᠲ᠋ᠧᠮᠵᠢᠭᠰᠡᠨ ᠵᠠᠭ᠍ᠪᠤᠷ ᠪᠠ ᠭᠠᠪᠰᠢᠭᠠᠢ ᠰᠠᠢᠨ ᠪᠣᠯᠪᠠᠰᠤᠷᠠᠯ᠎ᠤᠨ ᠪᠣᠳᠠᠲᠤ ᠬᠦᠴᠦᠨ᠎ᠢᠶᠡᠷ ᠪᠥᠬᠥ᠌ ᠬᠣᠲᠠ ᠴᠢᠨᠠᠭ᠍ᠰᠢᠯᠠᠪᠠᠯ ᠪᠥᠬᠥ᠌ ᠤᠯᠤᠰ᠎ᠤᠨ ᠪᠡᠶ᠎ᠡ ᠵᠢᠨ ᠲᠠᠮᠢᠷᠰᠤᠷᠭᠠᠨ ᠬᠦᠮᠦᠵᠢᠯ᠎ᠢ ᠠᠭᠤᠰᠤᠯᠴᠠᠭᠤᠯᠤᠭ᠍ᠰᠠᠨ ᠠᠮᠵᠢᠯᠲᠠ᠎ᠲᠠᠶ ᠥᠯᠢᠭᠡᠷ ᠳᠠᠭᠤᠷᠢᠶᠠᠯ ᠪᠣᠯᠵᠣ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠳᠦ ᠱᠢᠨ᠎ᠡ ᠰᠣᠷᠭᠣᠭ ᠥᠯᠢᠭᠡᠷ ᠬᠡᠪ ᠬᠠᠩᠭᠠᠵᠠᠶ᠃

ᠤᠷᠤᠯᠳᠤᠭᠠᠨ ᠵᠢᠡᠷ ᠲᠠᠪᠴᠠᠩ ᠪᠤᠯᠭᠠᠵᠤ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠠᠬᠢᠭᠤᠯᠪᠠ
4 ᠰᠠᠷ᠎ᠠ᠎ᠶ᠋ᠢᠨ 13 ᠤ᠋ ᠡᠳᠦᠷ᠂ 2026 ᠣᠨ᠎ᠤ ᠬᠥᠬᠡᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠰᠠᠭ᠍ᠰᠤᠨ ᠪᠥᠮᠪᠥᠭᠡ᠎ᠶ᠋ᠢᠨ ᠤᠷᠤᠯᠳᠤᠭᠠᠨ ᠠᠮᠵᠢᠯᠲᠠ᠎ᠲᠠᠶ ᠥᠨᠳᠥᠷᠯᠡᠪᠡ᠃ ᠡᠨᠡ ᠬᠦ᠌ 4 ᠡᠳᠦᠷ᠎ᠦᠨ ᠱᠢᠷᠦᠭᠦᠨ ᠥᠷᠢᠰᠥᠯᠳᠦᠭᠡᠨ ᠨᠢ ᠰᠠᠭ᠍ᠰᠤᠨ ᠪᠥᠮᠪᠥᠭᠡ᠎ᠶ᠋ᠢᠨ ᠤᠷ᠎ᠠ ᠮᠡᠷᠭᠡᠵᠢᠯ᠎ᠦᠨ ᠦᠵᠡᠯᠴᠡᠭᠡᠨ ᠪᠣᠯᠤᠭᠰᠠᠨ ᠵᠢᠡᠷ ᠪᠠᠷᠠᠬᠤ ᠥᠬᠡᠶ᠂ ᠨᠠᠩ ᠴᠤ᠌ ᠪᠡᠶ᠎ᠡ ᠵᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠦᠷ᠎ᠡ ᠪᠦᠲᠦᠭᠡᠯ᠎ᠦᠨ ᠠᠮᠢᠳᠤᠯᠢᠭ ᠦᠵᠡᠭᠦᠯᠭᠡ ᠪᠣᠯᠤᠭᠰᠠᠨ ᠶᠤᠮ᠃ ᠤᠷᠤᠯᠳᠤᠭᠠᠨ᠎ᠤ ᠲᠠᠯᠠᠪᠤᠷ᠎ᠲᠤ᠂ ᠪᠢᠴᠢᠬᠠᠨ ᠪᠦᠮᠪᠦᠬᠡᠴᠢᠳ ᠨᠠᠭᠠᠰᠢ ᠴᠠᠭᠠᠰᠢ ᠬᠦᠶᠦᠯᠳᠦᠵᠦ᠂ ᠪᠥᠮᠪᠥᠭᠡ ᠳᠠᠮᠵᠢᠭᠤᠯᠵᠤ᠂ ᠪᠦᠮᠪᠦᠭᠡ ᠰᠠᠭ᠍ᠰᠤᠯᠠᠨ᠂ ᠬᠥᠳᠡᠯᠭᠡᠭᠡᠨ ᠨᠢᠭᠡᠪᠦᠷᠢ ᠨᠢ ᠴᠥᠮ ᠢᠳᠡ ᠬᠦᠴᠦᠨ ᠲᠠᠢ ᠪᠠᠢᠵᠤ᠂ ᠱᠢᠨ᠎ᠡ ᠴᠠᠭ ᠦᠶ᠎ᠡ᠎ᠶ᠋ᠢᠨ ᠰᠤᠷᠤᠭ᠍ᠴᠢᠳ᠎ᠤᠨ ᠴᠤᠭ ᠪᠠᠳᠠᠷᠠᠩᠭᠤᠢ ᠂ ᠭᠠᠪᠱᠢᠭᠠᠢᠯᠠᠨ ᠲᠡᠮᠡᠴᠡᠬᠦ᠌ ᠤᠶᠤᠨ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠢᠯᠡᠷᠡᠭᠦᠯᠪᠡ᠃ ᠲᠣᠰ ᠤᠳᠠᠭᠠᠨ᠎ᠤ ᠤᠷᠤᠯᠳᠤᠭᠠᠨ᠎ᠨᠢ 《ᠡᠷᠡᠭᠦᠯ ᠮᠡᠨᠳᠦ᠍᠎ᠶ᠋ᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠤᠢᠯᠠᠭᠠᠬᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠰᠠᠭ᠍ᠰᠤᠨ ᠪᠥᠮᠪᠥᠭᠡ᠎ᠳᠦ ᠳᠤᠷ᠎ᠠ ᠪᠠᠬ᠎ᠠ ᠲᠠᠢ ᠵᠠᠯᠠᠭᠤᠴᠤᠳ ᠪᠠᠭᠠᠴᠤᠳ᠎ᠲᠤ ᠮᠡᠷᠭᠡᠵᠢᠯ᠎ᠢᠶᠡᠨ ᠰᠣᠯᠢᠯᠴᠠᠬᠤ᠂ ᠴᠣᠭ ᠵᠢᠪᠬᠤᠭ᠎ᠠ᠎ᠪᠠᠨ ᠢᠯᠡᠷᠡᠭᠦᠯᠬᠦ᠌᠂ ᠨᠥᠬᠥᠷᠯᠡᠯ᠎ᠢᠶᠡᠨ ᠵᠤᠵᠠᠭᠠᠳᠭᠠᠬᠤ ᠱᠢᠯᠢᠳᠡᠭ ᠲᠠᠪᠴᠠᠩ᠎ᠢ ᠪᠠᠢᠭᠤᠯᠤᠨ ᠥᠭ᠌ᠴᠦ ᠂《ᠲᠠᠪᠤᠨ ᠬᠥᠮᠦᠵᠢᠯ᠎ᠢ ᠵᠡᠷᠭᠡ᠎ᠪᠡᠷ ᠠᠳᠭᠤᠬᠤ》᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠨᠠᠢᠳᠠᠪᠤᠷᠢᠵᠢᠭᠤᠯᠬᠤ᠎ᠶ᠋ᠢ ᠬᠦᠴᠦᠲᠡᠶ ᠠᠬᠢᠭᠤᠯᠪᠠ᠃ ᠲᠡᠷᠡ᠎ᠨᠢ ᠪᠥᠬᠥ᠌ ᠬᠣᠲᠠ᠎ᠶ᠋ᠢᠨ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠤᠨ ᠠᠵᠢᠯ᠎ᠤᠨ ᠦᠷ᠎ᠡ ᠪᠦᠲᠦᠭᠡᠯ᠎ᠢ ᠲᠥᠪᠯᠡᠷᠡᠭᠦᠯᠦᠨ ᠱᠢᠯᠭᠠᠨ ᠦᠵᠡᠭᠰᠡᠨ ᠵᠢᠡᠷ ᠪᠠᠷᠠᠬᠤ ᠥᠬᠡᠶ᠂ ᠪᠠᠰᠠ ᠪᠥᠬᠥ᠌ ᠬᠣᠲᠠ᠎ᠶ᠋ᠢᠨ ᠬᠡᠷᠡᠭ᠌ᠵᠢᠭᠦᠯᠦᠭ᠌ᠰᠡᠨ ᠬᠢᠴᠢᠶᠡᠯ᠎ᠦᠨ ᠵᠠᠪᠰᠠᠷᠯᠠᠭ᠎ᠠ᠎ᠶ᠋ᠢᠨ 15 ᠮᠢᠨᠦ᠋ᠲᠢ ᠱᠢᠯᠢᠳᠡᠭ᠌ᠵᠢᠭᠦᠯᠬᠦ᠌᠂ ᠰᠤᠷᠤᠭ᠍ᠴᠢᠳ᠎ᠤᠨ ᠡᠳᠦᠷ ᠪᠦᠷᠢ᠎ᠶ᠋ᠢᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠴᠠᠭ᠎ᠢ ᠪᠠᠲᠤᠯᠠᠬᠤ ᠵᠡᠷᠭᠡ ᠠᠷᠭ᠎ᠠ ᠬᠡᠮᠵᠢᠶ᠎ᠡ᠎ᠯᠦᠭᠡ ᠬᠠᠷᠢᠯᠴᠠᠨ ᠨᠥᠬᠥᠴᠡᠯᠳᠦᠵᠦ᠍᠂《ᠬᠥᠮᠦᠨ ᠪᠦᠬᠦᠨ ᠪᠡᠶ᠎ᠡ᠎ᠶ᠋ᠢᠨ ᠲᠠᠮᠢᠷ᠎ᠲᠤ ᠣᠷᠣᠯᠴᠠᠵᠤ᠂ ᠬᠥᠮᠦᠨ ᠪᠦᠬᠦᠨ ᠡᠷᠡᠭᠦᠯ ᠮᠡᠨᠳᠦ᠍᠎ᠵᠢ ᠡᠳ᠋ᠯᠡᠬᠦ᠌》 ᠰᠤᠷᠭᠠᠭᠤᠯᠢ᠎ᠶ᠋ᠢᠨ ᠬᠦᠷᠢᠶᠡᠨ᠎ᠦ ᠡᠷᠡᠭᠦᠯ ᠰᠠᠷᠠᠭᠤᠯ ᠰᠣᠶᠣᠯ᠎ᠤᠨ ᠠᠭᠤᠷ ᠠᠮᠢᠰᠭᠤᠯ᠎ᠢ ᠬᠠᠮᠲᠤ᠎ᠪᠠᠷ ᠪᠣᠶ ᠪᠣᠯᠭᠠᠪᠠ᠃ ᠤᠷᠤᠯᠳᠤᠭᠠᠨ᠎ᠳᠤ ᠣᠷᠣᠯᠴᠠᠭ᠍ᠰᠠᠨ ᠨᠢᠭᠡᠨ ᠰᠤᠷᠤᠭ᠍ᠴᠢ᠄《ᠡᠨᠡ ᠤᠳᠠᠭᠠᠨ᠎ᠤ ᠤᠷᠤᠯᠳᠤᠭᠠᠨ᠎ᠳᠤ ᠪᠢ ᠰᠠᠭ᠍ᠰᠤᠨ ᠪᠥᠮᠪᠥᠭᠡ᠎ᠶ᠋ᠢᠨ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠢ ᠪᠠᠰᠠ ᠮᠠᠰᠢ ᠣᠯᠠᠨ ᠱᠢᠨ᠎ᠡ ᠨᠠᠢᠵᠢ᠎ᠲᠠᠶ ᠪᠣᠯᠵᠠᠢ᠂ ᠮᠠᠰᠢ ᠤᠳᠭ᠎ᠠ ᠠᠭᠤᠯᠭ᠎ᠠ᠎ᠲᠠᠶ ᠰᠠᠨᠠᠭ᠍ᠳᠠᠵᠤ ᠪᠠᠢᠨ᠎ᠠ!》 ᠬᠡᠪᠡ᠃
ᠪᠤᠯᠪᠠᠰᠤᠷᠠᠯ᠎ᠢ ᠴᠢᠩᠭᠠᠳᠬᠠᠵᠤ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠲᠡᠰ ᠲᠡᠪᠰᠢᠬᠦᠯᠪᠡ
ᠬᠥᠬᠡᠬᠣᠲᠠ᠎ᠶ᠋ᠢᠨ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠰᠤᠷᠭᠠᠭᠤᠯᠢ᠎ᠶ᠋ᠢᠨ ᠨᠣᠭᠣᠭᠠᠷᠠᠭᠤᠯᠤᠯᠲᠠ᠎ᠶ᠋ᠢᠨ ᠲᠠᠯᠠᠪᠠᠶ᠎ᠳᠤ ᠣᠷᠣᠬᠤ᠎ᠳᠤ᠂ ᠤᠷᠢᠬᠠᠨ ᠬᠠᠪᠤᠷ᠎ᠤᠨ ᠳᠤᠯᠠᠭᠠᠨ ᠨᠡᠷᠡᠨ᠎ᠳᠦ᠂ ᠵᠠᠯᠠᠭᠤᠴᠤᠳ ᠶᠠᠭ ᠬᠥᠯ ᠪᠥᠮᠪᠥᠭᠡ᠎ᠶ᠋ᠢᠨ ᠪᠣᠯᠪᠠᠰᠤᠷᠠᠯ ᠬᠢᠵᠦ᠍ ᠪᠠᠢᠯ᠎ᠠ᠃ 《ᠭᠦᠶᠦᠬᠦ᠌ ᠪᠠᠢᠷᠢ᠎ᠪᠡᠨ ᠠᠩᠬᠠᠷ! ᠪᠥᠮᠪᠥᠭᠡ ᠳᠠᠮᠵᠢᠭᠤᠯᠬᠤ ᠨᠣᠷᠮ᠎ᠠ ᠪᠠᠨ ᠲᠡᠭᠡᠭᠰᠢᠯᠡᠬᠦᠯ!》 ᠭᠡᠵᠦ ᠳᠠᠰᠭᠠᠯᠵᠢᠭᠤᠯᠤᠭ᠍ᠴᠢ ᠴᠠᠩ ᠰᠢ ᠶᠤᠸᠠᠨ ᠪᠠᠭᠰᠢ ᠬᠠᠪᠲᠠᠭᠠᠢ ᠺᠣᠮᠫᠢᠦ᠋ᠲ᠋ᠧᠷ ᠳᠡᠭᠡᠷ᠎ᠡ ᠪᠡᠨ ᠪᠤᠯᠪᠠᠰᠤᠷᠠᠯ᠎ᠤᠨ ᠲᠣᠭ᠎ᠠ ᠪᠠᠷᠢᠮᠲᠠ᠎ᠶ᠋ᠢ ᠴᠠᠭ ᠲᠤᠬᠠᠢ ᠳ᠋ᠤᠨᠢ ᠠᠵᠢᠭ᠍ᠯᠠᠬᠤ᠎ᠶ᠋ᠢᠨ ᠳᠠᠭᠠᠤ ᠥᠨᠳᠥᠷ ᠳᠠᠭᠤᠨ᠎ᠢᠶᠠᠷ ᠵᠢᠭᠠᠨ ᠵᠢᠯᠤᠭᠤᠳᠴᠤ ᠪᠠᠢᠯ᠎ᠠ᠃ ᠲᠡᠭᠦᠨ᠎ᠦ ᠭᠠᠷ᠎ᠲᠠᠬᠢ ᠬᠠᠪᠲᠠᠭᠠᠶ ᠺᠣᠮᠫᠢᠦ᠋ᠲ᠋ᠧᠷ ᠨᠢ ᠰᠤᠷᠤᠭ᠍ᠴᠢᠳ᠎ᠤᠨ ᠵᠢᠷᠦᠬᠡᠨ᠎ᠦ ᠳᠠᠪᠲᠠᠮᠵᠢ᠂ ᠪᠥᠮᠪᠥᠭᠡ ᠳᠠᠮᠵᠢᠭᠤᠯᠬᠤ ᠤᠳᠠᠭ᠎ᠠ ᠵᠡᠷᠭᠡ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠢᠯᠡᠷᠡᠭᠦᠯᠵᠦ᠍ ᠪᠠᠢᠯ᠎ᠠ᠃ ᠰᠤᠷᠤᠭ᠍ᠴᠢᠳ᠎ᠤᠨ ᠢᠰᠭᠦᠯᠵᠦ᠍ ᠪᠠᠢᠭ᠎ᠠ ᠬᠥᠯ ᠪᠥᠮᠪᠥᠭᠡᠨ᠎ᠳᠦ ᠴᠠᠬᠢᠮ ᠠᠭᠤᠯᠵᠤ᠂ ᠬᠥᠳᠡᠯᠭᠡᠭᠡᠨ᠎ᠦ ᠤᠯᠠ ᠮᠥᠷ᠎ᠢ ᠣᠨᠣᠪᠴᠢᠲᠠᠶ ᠲᠡᠮᠳᠡᠭ᠌ᠯᠡᠵᠦ᠂ ᠪᠣᠯᠪᠠᠰᠤᠷᠠᠯ᠎ᠢ ᠨᠠᠩ ᠬᠠᠨᠳᠤᠯᠭᠠᠲᠤ ᠴᠢᠨᠠᠷᠲᠠᠶ ᠪᠣᠯᠭᠠᠭᠰᠠᠨ ᠨᠢ ᠡᠨᠡ ᠠᠵᠢ ᠃

ᠲᠤᠰ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ ᠲᠦᠷᠦᠭᠦᠬᠡᠨ ᠪᠥᠬᠥ᠌ ᠤᠯᠤᠰ᠎ᠤᠨ ᠱᠢᠨ᠎ᠡ ᠮᠠᠶᠢᠭ᠎ᠤᠨ ᠬᠥᠯ ᠪᠥᠮᠪᠥᠭᠡ᠎ᠶ᠋ᠢᠨ ᠰᠤᠷᠭᠠᠭᠤᠯᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠵᠢᠨ ᠴᠡᠭ ᠵᠢᠡᠷ ᠠᠮᠵᠢᠯᠲᠠ᠎ᠲᠠᠶ᠎ᠪᠠᠷ ᠰᠣᠩᠭᠣᠭ᠍ᠳᠠᠵᠤ᠂ ᠪᠥᠬᠥ᠌ ᠤᠯᠤᠰ᠎ᠤᠨ 18 ᠲᠤᠷᠱᠢᠯᠲᠠ᠎ᠶ᠋ᠢᠨ ᠰᠤᠷᠭᠠᠭᠤᠯᠢ᠎ᠵᠢᠨ ᠨᠢᠭᠡ ᠨᠢ ᠪᠣᠯᠵᠠᠶ᠃ ᠡᠬᠦᠨ᠎ᠦ《ᠨᠢᠭᠤᠴᠠ ᠵᠤᠷ》᠎ᠨᠢ ᠲᠠᠷᠤᠢ ᠲᠤᠰ ᠰᠤᠷᠭᠠᠭᠤᠯᠢ ᠵᠢᠨ ᠪᠡᠶ᠎ᠡ ᠵᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠱᠢᠨᠵᠢᠯᠡᠬᠦ᠌ ᠤᠬᠠᠭᠠᠨᠴᠢ ᠱᠢᠰᠲ᠋ᠧᠮ᠎ᠲᠡᠶ ᠬᠡᠪ ᠵᠠᠭ᠍ᠪᠤᠷ ᠬᠢᠭᠡᠳ ᠯᠠᠪᠳᠠᠭᠤᠨ ᠪᠠᠲᠤᠲᠠᠶ ᠪᠣᠯᠪᠠᠰᠤᠷᠠᠯ᠎ᠤᠨ ᠪᠣᠳᠠᠲᠤ ᠬᠦᠴᠦᠨ᠎ᠳᠦ ᠪᠤᠢ᠃ ᠰᠤᠷᠭᠠᠭᠤᠯᠢ᠎ᠵᠢᠨ ᠬᠢᠨ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠪᠥᠲᠥᠭᠡᠨ ᠪᠠᠢᠭᠤᠯᠤᠯᠲᠠ᠎ᠳᠤ ᠣᠷᠳᠣ ᠬᠤᠭᠤᠴᠠᠭ᠎ᠠ᠎ᠪᠠᠷ ᠬᠦᠴᠦᠯᠡᠵᠦ᠍᠂《ᠪᠥᠬᠥ᠌ ᠬᠡᠯᠬᠢᠶ᠎ᠡ᠂ ᠱᠠᠲᠤ ᠲᠠᠰ ᠬᠤᠪᠢᠶᠠᠬᠤ》ᠪᠣᠯᠪᠠᠰᠤᠷᠠᠯ᠎ᠤᠨ ᠵᠠᠭ᠍ᠪᠤᠷ᠎ᠢ ᠪᠠᠢᠭᠤᠯᠵᠤ᠂ ᠪᠥᠬᠥ᠌ ᠤᠯᠤᠰ᠎ᠤᠨ ᠡᠯ᠎ᠡ ᠭᠠᠵᠠᠷ᠎ᠤᠨ ᠬᠥᠯ ᠪᠥᠮᠪᠥᠭᠡ᠎ᠶ᠋ᠢᠨ ᠪᠠᠭᠠᠴᠤᠳ᠎ᠢ ᠲᠠᠲᠠᠪᠠ᠃ ᠱᠢᠨᠵᠢᠶᠠᠩ᠎ᠠᠴᠠ ᠢᠷᠡᠭ᠌ᠰᠡᠨ ᠰᠤᠷᠤᠭ᠍ᠴᠢ ᠺᠠᠯᠢ·ᠰᠠᠢᠯᠢᠺᠸ᠄《ᠡᠨᠳᠡ ᠲᠤᠰᠭᠠᠶ ᠮᠡᠷᠭᠡᠵᠢᠯ᠎ᠦᠨ ᠱᠢᠰᠲ᠋ᠧᠮ ᠲᠠᠢ ᠪᠤᠯᠪᠠᠰᠤᠷᠠᠯ ᠬᠦᠷᠳᠡᠵᠦ ᠴᠢᠳᠠᠨ᠎ᠠ᠂ ᠳᠠᠰᠭᠠᠯᠵᠢᠭᠤᠯᠤᠭ᠍ᠴᠢ ᠮᠠᠰᠢ ᠴᠢᠩᠭ᠎ᠠ᠂ ᠪᠥᠮᠪᠥᠭᠡ ᠳᠠᠮᠵᠢᠭᠤᠯᠬᠤ ᠨᠢ ᠨᠠᠷᠢᠯᠢᠭ ᠣᠨᠣᠴᠠᠲᠠᠶ᠂ ᠤᠨᠤᠪᠴᠢ ᠵᠢᠨ ᠬᠡᠮᠵᠢᠶ᠎ᠡ ᠨᠢ ᠰᠠᠨᠲ᠋ᠢᠮᠧᠲ᠋ᠷ᠎ᠲᠦ ᠬᠦᠷᠴᠦ᠍ ᠴᠢᠳᠠᠨ᠎ᠠ᠂ ᠮᠢᠨᠦ᠍ ᠪᠡᠶ᠎ᠡ᠎ᠶ᠋ᠢᠨ ᠲᠠᠮᠢᠷ᠂ ᠬᠦᠴᠦᠨ ᠴᠢᠳᠠᠯ᠂ ᠤᠷ᠎ᠠ ᠮᠡᠷᠭᠡᠵᠢᠯ ᠴᠥᠮ ᠳᠡᠭᠡᠭ᠌ᠰᠢᠯᠡᠵᠦ᠍᠂ ᠮᠡᠷᠭᠡᠵᠢᠯ᠎ᠦᠨ ᠪᠥᠮᠪᠥᠭᠡᠴᠢᠨ ᠪᠣᠯᠬᠤ ᠬᠦᠰᠡᠯ ᠵᠡᠭᠦᠳᠦ ᠲᠠᠢ ᠨᠡᠩ ᠤᠢᠷᠠᠳᠤᠯᠠ》ᠬᠡᠪᠡ᠃ ᠬᠥᠯᠥᠨ ᠪᠤᠢ᠌ᠷ᠎ᠠᠴᠠ ᠢᠷᠡᠭ᠌ᠰᠡᠨ ᠰᠤᠷᠤᠭ᠍ᠴᠢ ᠳ᠋ᠦᠩ ᠾᠧᠩ ᠪᠥᠸᠧ᠄ 《ᠡᠨᠳᠡ ᠪᠥᠮᠪᠥᠭᠡ ᠪᠣᠯᠪᠠᠰᠤᠷᠠᠵᠤ ᠴᠢᠳᠠᠬᠤ᠎ᠪᠠᠷ ᠪᠠᠷᠠᠬᠤ ᠦᠭᠡᠢ ᠪᠠᠰᠠ ᠰᠣᠶᠣᠯ᠎ᠤᠨ ᠬᠢᠴᠢᠶᠡᠯ ᠰᠤᠷᠴᠤ᠌ ᠴᠢᠳᠠᠨ᠎ᠠ᠂ ᠪᠢ ᠬᠦᠰᠡᠵᠦ ᠰᠠᠨᠠᠬᠰᠠᠨ ᠶᠡᠬᠡ ᠰᠤᠷᠭᠠᠭᠤᠯᠢ᠎ᠳ᠋ᠠᠭᠠᠨ ᠱᠢᠯᠭᠠᠭᠤᠯᠤᠨ ᠣᠷᠣᠵᠤ᠂ ᠬᠤᠵᠢᠮ ᠲᠠᠮᠢᠷ᠎ᠤᠨ ᠪᠠᠭ᠍ᠰᠢ ᠪᠤᠯᠤᠨ᠎ᠠ》ᠬᠡᠵᠦ ᠰᠤᠷᠪᠤᠯᠵᠢᠯᠠᠬᠴᠢ ᠳ᠋ᠦ ᠪᠠᠶᠠᠷᠳᠠᠢᠬᠠᠨ ᠬᠡᠯᠡᠨ᠎ᠡ᠃

ᠵᠢᠯ ᠪᠦᠷᠢ᠎ᠶ᠋ᠢᠨ ᠡᠪᠦᠯ᠎ᠦᠨ ᠤᠯᠠᠷᠢᠯ᠎ᠳᠤ᠂ ᠴᠠᠩ ᠰᠢ ᠶᠤᠸᠠᠨ ᠪᠠᠰᠠ ᠪᠥᠮᠪᠥᠭᠡᠨ ᠠᠩᠭᠢ᠎ᠪᠠᠨ ᠳᠠᠭᠠᠭᠤᠯᠤᠨ ᠡᠮᠦᠨᠡᠲᠤ ᠤᠷᠤᠨ ᠳ᠋ᠦ ᠬᠦᠷᠴᠤ ᠪᠢᠲᠡᠭᠦᠮᠵᠢᠯᠡᠭ᠌ᠰᠡᠨ ᠡᠪᠦᠯ᠎ᠦᠨ ᠪᠣᠯᠪᠠᠰᠤᠷᠠᠯ ᠥᠷᠨᠢᠭᠦᠯᠵᠦ᠍᠂ ᠪᠦᠬᠦ᠌ ᠤᠯᠤᠰ᠎ᠤᠨ ᠤᠯᠠᠨ ᠪᠥᠮᠪᠥᠭᠡᠨ ᠠᠩᠭᠢ᠎ᠲᠠᠶ ᠪᠣᠳᠠᠲᠤ ᠤᠷᠤᠯᠳᠤᠭᠠᠨ ᠦᠷᠨᠢᠭᠦᠯᠵᠦ ᠲᠤᠷᠰᠢᠯᠭ᠎ᠠ ᠪᠠᠨ ᠰᠣᠯᠢᠯᠴᠠᠵᠤ᠂ ᠰᠤᠷᠤᠭ᠍ᠴᠢᠳ᠎ᠤᠨ ᠲᠠᠮᠢᠷ ᠲᠡᠩᠬᠡᠭᠡ ᠪᠠ ᠮᠡᠷᠭᠡᠵᠢᠯ᠎ᠦᠨ ᠳᠠᠪᠬᠤᠷ ᠰᠠᠭᠤᠷᠢ᠎ᠶ᠋ᠢ ᠪᠡᠬᠢᠵᠢᠭᠦᠯᠳᠡᠭ᠃ 2020 ᠣᠨ᠎ᠳᠤ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠲᠤᠰᠭᠠᠶ ᠮᠡᠷᠭᠡᠵᠢᠯ᠎ᠢ ᠨᠡᠭᠡᠭᠡᠭ᠌ᠰᠡᠨ᠎ᠡᠴᠡ ᠨᠠᠭᠠᠰᠢ᠂ ᠬᠥᠬᠡᠬᠣᠲᠠ᠎ᠶ᠋ᠢᠨ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠰᠤᠷᠭᠠᠭᠤᠯᠢ ᠰᠣᠷᠣᠭ᠍ᠴᠢ ᠱᠢᠯᠢᠨ ᠰᠣᠩᠭᠣᠬᠤ᠂ ᠱᠢᠨᠵᠢᠯᠡᠬᠦ᠌ ᠤᠬᠠᠭᠠᠨᠴᠢ᠎ᠪᠠᠷ ᠪᠣᠯᠪᠠᠰᠤᠷᠠᠭᠤᠯᠬᠤ᠂ ᠪᠥᠮᠪᠥᠭᠡᠴᠢᠨ ᠬᠦᠮᠦᠵᠢᠭᠦᠯᠬᠦ᠂ ᠰᠤᠷᠭᠠᠭᠤᠯᠢ ᠳᠡᠪᠱᠢᠵᠦ᠍ ᠠᠵᠢᠯ ᠣᠯᠭᠣᠬᠤ ᠵᠡᠷᠭᠡ ᠲᠤᠰᠭᠠᠶ ᠱᠢᠰᠲ᠋ᠧᠮ᠎ᠢ ᠰᠦᠪᠡᠭ᠌ᠴᠢᠯᠡᠨ ᠭᠠᠷᠭᠠᠵᠤ᠂ ᠴᠢᠳᠠᠪᠤᠷᠢᠲᠠᠨ ᠬᠥᠮᠦᠵᠢᠭᠦᠯᠬᠦ᠌ ᠬᠤᠤᠰ ᠵᠠᠮ᠎ᠤᠨ ᠬᠥᠭ᠌ᠵᠢᠯᠲᠡ᠎ᠶ᠋ᠢ ᠪᠡᠶᠡᠯᠡᠭᠦᠯᠪᠡ᠃ ᠣᠢᠷ᠎ᠠ᠎ᠶ᠋ᠢᠨ ᠬᠣᠶᠠᠷ ᠵᠢᠯ᠎ᠳᠦ᠂ 40 ᠱᠢᠬᠠᠮ ᠰᠣᠷᠣᠭ᠍ᠴᠢ ᠵᠢᠩᠬᠢᠨᠢ ᠠᠩᠭᠢ᠎ᠶ᠋ᠢᠨ ᠶᠡᠬᠡ ᠳᠡᠭᠡᠳᠦ ᠰᠤᠷᠭᠠᠭᠤᠯᠢ᠎ᠳᠤ ᠱᠢᠯᠭᠠᠨ ᠣᠷᠣᠬᠰᠠᠨ ᠪᠠᠢᠨ᠎ᠠ᠃
ᠬᠣᠯᠪᠣᠭᠠᠯᠠᠨ ᠬᠥᠳᠡᠯᠦᠯᠴᠡᠵᠦ᠍ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠬᠥᠬᠡᠬᠣᠲᠠ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠶ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠪᠡ᠃ ᠬᠣᠲᠠ᠎ᠶ᠋ᠢᠨ ᠵᠠᠰᠠᠭ᠎ᠤᠨ ᠣᠷᠳᠣᠨ《ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠬᠡᠷᠡᠭ᠌ᠵᠢᠭᠦᠯᠬᠦ᠌ ᠲᠥᠰᠦᠯ》᠎ᠢ᠋ ᠨᠡᠢᠲᠡᠯᠡᠵᠦ᠍᠂ ᠵᠠᠯᠠᠭᠤᠴᠤᠳ ᠪᠠᠭᠠᠴᠤᠳ᠎ᠤᠨ ᠰᠣᠶᠣᠯ᠎ᠤᠨ ᠰᠤᠷᠤᠯᠴᠠᠯᠭ᠎ᠠ ᠬᠢᠭᠡᠳ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠵᠤ᠂ ᠤᠯᠤᠰ᠎ᠤᠨ《ᠬᠣᠶᠠᠷ᠎ᠢ ᠬᠦᠩᠭᠡᠷᠡᠭᠦᠯᠬᠦ》ᠲᠥᠷᠥ᠎ᠶ᠋ᠢᠨ ᠪᠣᠳᠣᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠪᠠ᠃ ᠪᠦᠬᠦ᠌ ᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ ᠶᠡᠬᠡ ᠬᠢᠴᠢᠶᠡᠯ᠎ᠦᠨ ᠵᠠᠪᠰᠠᠷ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠢᠳᠡᠪᠬᠢᠲᠡᠢ ᠵᠣᠬᠢᠶᠠᠨ ᠪᠠᠢᠭᠤᠯᠤᠨ ᠥᠷᠨᠢᠭᠦᠯᠵᠦ᠍᠂ ᠰᠤᠷᠤᠭ᠍ᠴᠢᠳ᠎ᠤᠨ ᠡᠳᠦᠷ ᠪᠦᠷᠢ ᠬᠣᠶᠠᠷ ᠴᠠᠭ᠎ᠠᠴᠠ ᠳᠤᠲᠠᠭᠤ ᠦᠭᠡᠢ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ ᠬᠢᠬᠦ᠌᠎ᠶ᠋ᠢ ᠪᠠᠲᠤᠯᠠᠵᠤ᠂ ᠵᠠᠯᠠᠭᠤᠴᠤᠳ ᠪᠠᠭᠠᠴᠤᠳ᠎ᠤᠨ ᠤᠷᠤᠯᠳᠤᠭᠠᠨ᠎ᠤ ᠱᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠵᠢᠯ ᠪᠦᠷᠢ᠎ᠶ᠋ᠢᠨ ᠡᠷᠬᠢᠯᠡᠳᠡᠭ《ᠪᠠᠭᠠᠴᠤᠳ ᠮᠠᠨᠢ᠂ ᠬᠦᠶᠦᠭᠡᠷᠡᠢ!》᠂《ᠥᠪᠥᠷ ᠮᠣᠩᠭᠣᠯ᠎ᠤᠨ ᠬᠥᠳᠡᠯᠭᠡᠭᠡᠨᠲᠦ ᠪᠠᠭᠠᠴᠤᠳ》 ᠵᠠᠯᠠᠭᠤᠴᠤᠳ ᠪᠠᠭᠠᠴᠤᠳ (ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ ) ᠤ᠋ᠨ ᠳᠤᠭᠤᠶ ᠲᠡᠷᠭᠡᠨ᠎ᠦ ᠮᠠᠩᠯᠠᠶ ᠱᠢᠯᠭᠠᠷᠠᠭᠤᠯᠬᠤ ᠤᠷᠤᠯᠳᠤᠭᠠᠨ᠂ ᠵᠠᠯᠠᠭᠤᠴᠤᠳ ᠪᠠᠭᠠᠴᠤᠳ(ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ)᠎ᠤ᠋ᠨ ᠯᠠᠢᠰᠧᠷ ᠫᠤᠤᠳᠠᠯᠭ᠎ᠠ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠵᠡᠷᠭᠡ 20 ᠭᠠᠷᠤᠶ ᠵᠦᠢᠯ᠎ᠦᠨ ᠤᠷᠤᠯᠳᠤᠭᠠᠨ ᠨᠢ ᠪᠦᠬᠦ᠌ ᠬᠣᠲᠠ᠎ᠶ᠋ᠢᠨ 200 ᠭᠠᠷᠤᠶ ᠰᠤᠷᠭᠠᠭᠤᠯᠢ᠎ᠶ᠋ᠢ ᠬᠠᠮᠤᠷᠴᠤ᠌᠂ ᠬᠡᠦᠬᠡᠳ ᠨᠢᠭᠡᠪᠦᠷᠢ᠎ᠳᠦ ᠴᠥᠮ ᠪᠡᠶ᠎ᠡ᠎ᠶ᠋ᠢᠨ ᠲᠠᠮᠢᠷ᠎ᠤᠨ ᠷᠢᠳᠢ ᠱᠢᠳᠢ᠎ᠶ᠋ᠢ ᠤᠢᠯᠠᠭᠠᠭᠤᠯᠪᠠ᠃

ᠡᠭᠦᠨ᠎ᠦ ᠬᠠᠮᠲᠤ᠂ ᠪᠡᠶ᠎ᠡ᠎ᠶ᠋ᠢᠨ ᠲᠠᠮᠢᠷ᠎ᠤᠨ ᠰᠠᠯᠠᠭ᠎ᠠ ᠮᠥᠴᠢᠷ᠎ᠦᠳ ᠪᠡᠶ᠎ᠡ᠎ᠶ᠋ᠢᠨ ᠲᠠᠮᠢᠷ᠎ᠤᠨ ᠨᠡᠢᠭᠡᠮᠯᠢᠭ᠎ᠦᠨ ᠺᠯᠦᠪ᠎ᠲᠡᠶ ᠬᠣᠯᠪᠣᠭᠠᠯᠠᠨ᠂ ᠨᠠᠰᠤᠨ᠎ᠳᠤ ᠥᠯᠥ᠍ ᠬᠦᠷᠦᠭ᠌ᠰᠡᠳ ᠲᠸ᠋ ᠵᠤᠷᠢᠭᠤᠯᠤᠭᠰᠠᠨ ᠪᠡᠶ᠎ᠡ᠎ᠶ᠋ᠢᠨ ᠲᠠᠮᠢᠷ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠨᠢ ᠦᠷᠭᠦᠯᠵᠢᠯᠡᠨ ᠥᠷᠨᠢᠭᠦᠯᠵᠦ᠍᠂ ᠮᠥᠰᠥ᠍ ᠴᠠᠰᠤᠨ᠎ᠤ ᠲᠠᠮᠢᠷ᠎ᠤᠨ ᠬᠦᠳᠡᠯᠭᠡᠭᠡᠨ᠂ ᠬᠠᠷᠪᠤᠯᠲᠠ᠂ ᠰᠤᠷ ᠬᠠᠷᠪᠤᠯᠲᠠ᠂ ᠵᠡᠪᠰᠡᠭ᠎ᠦᠨ ᠡᠷᠳᠡᠮ ᠵᠡᠷᠭᠡ ᠠᠵᠢᠯᠯᠠᠭ᠎ᠠ᠎ᠶ᠋ᠢ ᠥᠷᠨᠢᠭᠦᠯᠦᠨ᠂ ᠵᠠᠯᠠᠭᠤᠴᠤᠳ ᠪᠠᠭᠠᠴᠤᠳ ᠲᠸ᠋ 1 — 2 ᠵᠦᠶ᠋ᠯ᠎ᠦᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠮᠡᠷᠭᠡᠵᠢᠯ ᠴᠢᠳᠠᠪᠤᠷᠢ᠎ᠶ᠋ᠢ ᠡᠵᠡᠮᠱᠢᠭᠦᠯᠪᠡ᠃ ᠣᠳᠣᠬᠠᠨ᠎ᠳᠤ᠂ 24 ᠺᠯᠦᠪ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ᠌ ᠴᠢᠨᠠᠷᠲᠠᠶ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠺᠯᠦᠪ》᠎ᠤ᠋ᠨ ᠴᠣᠯᠠ᠎ᠶ᠋ᠢ ᠬᠦᠷᠳᠡᠵᠦ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠤ ᠳᠤᠷ᠎ᠠ ᠪᠠᠬ᠎ᠠ ᠵᠢ ᠬᠦᠭᠵᠢᠭᠡᠬᠦ᠂ ᠣᠨᠴᠠᠯᠢᠭ᠍ᠲᠤ ᠪᠣᠯᠪᠠᠰᠤᠷᠠᠯ᠎ᠢ ᠲᠦᠭᠡᠮᠡᠯᠵᠢᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠤᠨ ᠴᠢᠨᠠᠷ ᠴᠢᠨᠰᠠᠭ᠎ᠠ ᠵᠢ ᠲᠡᠭᠡᠭᠰᠢᠯᠡᠬᠦᠯᠪᠡ᠃ ᠬᠥᠬᠡᠬᠣᠳᠠᠨᠠ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠦᠷ᠎ᠡ ᠨᠢᠭᠡᠨᠲᠡ ᠦᠨᠳᠦᠰᠦᠯᠡᠨ ᠰᠣᠶᠣᠭᠠᠯᠠᠵᠤ᠂ ᠢᠷᠡᠭᠡᠳᠦᠶ᠎ᠳᠦ ᠵᠠᠯᠠᠭᠤᠴᠤᠳ ᠪᠠᠭᠠᠴᠤᠳ᠎ᠤᠨ ᠦᠰᠦᠨ ᠪᠣᠢᠵᠢᠯᠲᠠ ᠪᠠ ᠬᠣᠲᠠ᠎ᠶ᠋ᠢᠨ ᠬᠥᠭ᠌ᠵᠢᠯᠲᠡ᠎ᠳᠦ ᠲᠠᠰᠤᠷᠠᠯᠲᠠ ᠥᠬᠡᠶ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃
ᠰᠤᠷᠪᠤᠯᠵᠢᠯᠠᠭᠰᠠᠨ᠎ᠤ ᠲᠠᠷᠠᠭ᠎ᠠ᠄
ᠬᠥᠬᠡᠬᠣᠲᠠ᠎ᠶ᠋ᠢᠨ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠰᠤᠷᠭᠠᠭᠤᠯᠢ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠱᠢᠨᠵᠢᠯᠡᠬᠦ᠌ ᠤᠬᠠᠭᠠᠨᠴᠢ ᠱᠢᠰᠲ᠋ᠧᠮ᠎ᠲᠡᠶ ᠵᠠᠭ᠍ᠪᠤᠷ ᠬᠢᠭᠡᠳ ᠯᠠᠪᠳᠠᠭᠤᠨ ᠪᠠᠲᠤᠲᠠᠶ ᠪᠣᠯᠪᠠᠰᠤᠷᠠᠯ᠎ᠤᠨ ᠪᠣᠳᠠᠲᠤ ᠬᠦᠴᠦᠨ ᠳ᠋ᠤ ᠲᠦᠱᠢᠭ᠌ᠯᠡᠨ᠂ ᠪᠥᠬᠥ᠌ ᠤᠯᠤᠰ᠎ᠤᠨ ᠱᠢᠨ᠎ᠡ ᠬᠡᠯᠪᠡᠷᠢ᠎ᠶ᠋ᠢᠨ ᠬᠥᠯ ᠪᠥᠮᠪᠥᠭᠡ᠎ᠶ᠋ᠢᠨ ᠰᠤᠷᠭᠠᠭᠤᠯᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ ᠪᠣᠯᠵᠣ᠂ ᠮᠠᠰᠢ ᠣᠯᠠᠨ ᠱᠢᠯᠢᠳᠡᠭ ᠰᠣᠷᠣᠭ᠍ᠴᠢ᠎ᠶ᠋ᠢ ᠬᠥᠮᠦᠵᠢᠭᠦᠯᠦᠨ ᠭᠠᠷᠭᠠᠵᠤ᠂ ᠴᠢᠳᠠᠪᠤᠷᠢᠲᠠᠨ ᠬᠥᠮᠦᠵᠢᠭᠦᠯᠬᠦ᠌ ᠬᠤᠤᠰ ᠵᠠᠮ᠎ᠤᠨ ᠬᠥᠭ᠌ᠵᠢᠯᠲᠡ᠎ᠶ᠋ᠢ ᠪᠡᠶᠡᠯᠡᠭᠦᠯᠪᠡ᠃ ᠡᠨᠡ ᠨᠢ ᠲᠤᠰ ᠰᠤᠷᠭᠠᠭᠤᠯᠢ᠎ᠶ᠋ᠢᠨ ᠠᠮᠵᠢᠯᠲᠠ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠪᠦᠬᠦ ᠬᠤᠳᠠ ᠵᠢᠨ ᠪᠡᠶ᠎ᠡ ᠵᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠵᠠᠭ᠍ᠪᠤᠷ᠎ᠤᠨ ᠠᠮᠵᠢᠯᠲᠠ ᠪᠣᠯᠤᠨ᠎ᠠ᠃ ᠬᠣᠲᠠ᠎ᠶ᠋ᠢᠨ ᠳᠠᠪᠬᠤᠷᠭ᠎ᠠ ᠡᠴᠡ ᠲᠥᠰᠦᠯ ᠨᠡᠢᠲᠡᠯᠡᠵᠦ᠍ ᠰᠣᠶᠣᠯ᠎ᠤᠨ ᠰᠤᠷᠤᠯᠴᠠᠯᠭ᠎ᠠ ᠪᠠ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠤᠭ᠍ᠰᠠᠨ᠎ᠠᠴᠠ ᠡᠯᠪᠡᠭ ᠪᠠᠶᠠᠯᠢᠭ ᠤᠯᠠᠨ ᠶᠠᠩᠵᠤ᠎ᠶ᠋ᠢᠨ ᠤᠷᠤᠯᠳᠤᠭᠠᠨ᠎ᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠭ᠍ᠰᠠᠨ ᠬᠦᠷᠲᠡᠯ᠎ᠡ᠂ ᠬᠣᠯᠪᠣᠭᠠᠯᠠᠨ ᠬᠥᠳᠡᠯᠦᠯᠴᠡᠬᠦ᠌ ᠡᠯ᠎ᠡ ᠲᠠᠯ᠎ᠠ᠎ᠶ᠋ᠢᠨ ᠬᠢᠨ ᠪᠡᠶ᠎ᠡ᠎ᠶ᠋ᠢᠨ ᠲᠠᠮᠢᠷ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡ ᠥᠷᠨᠢᠭᠦᠯᠬᠦ᠌᠎ᠡᠴᠡ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠬᠦᠷᠲᠡᠯ᠎ᠡ᠂ ᠠᠯᠬᠤᠮ ᠪᠦᠷᠢ ᠴᠦᠮ ᠪᠠᠲᠤ ᠴᠢᠩᠭ᠎ᠠ ᠬᠦᠴᠦᠨ᠎ᠲᠡᠶ᠃ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ ᠨᠢ ᠬᠥᠬᠡᠬᠣᠲᠠ᠎ᠵᠢᠨ ᠵᠠᠯᠠᠭᠤᠴᠤᠳ ᠪᠠᠭᠠᠴᠤᠳ᠎ᠤᠨ ᠦᠰᠦᠨ ᠪᠣᠢᠵᠢᠬᠤ ᠱᠢᠨ᠎ᠡ ᠠᠷᠭ᠎ᠠ ᠵᠠᠮ᠎ᠢ ᠦᠷᠭᠡᠳᠭᠡᠵᠦ᠂ ᠲᠡᠳᠡᠨ ᠳ᠋ᠤ ᠡᠷᠡᠭᠦᠯ ᠴᠢᠭᠢᠷᠠᠭ᠂ ᠪᠠᠶᠠᠷ ᠪᠠᠶᠠᠰᠤᠯ ᠪᠠ ᠬᠦᠰᠡᠯ ᠡᠷᠡᠮᠡᠯᠵᠡᠯ᠎ᠢ ᠤᠯᠭᠤᠪᠠ᠃ ᠢᠷᠡᠭᠡᠳᠦᠢ᠎ᠳᠦ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠵᠠᠮ ᠶᠠᠪᠤᠬᠤ ᠲᠤᠳᠤᠮ ᠥᠷᠭᠡᠵᠢᠵᠦ᠍᠂ ᠨᠡᠩ ᠤᠯᠠᠨ ᠵᠠᠯᠠᠭᠤᠴᠤᠳ ᠪᠠᠭᠠᠴᠤᠳ ᠡᠨᠡ ᠬᠦ᠌ ᠦᠩ ᠱᠢᠮᠡᠯᠢᠭ ᠬᠥᠷᠥᠰᠥᠨ ᠳᠡᠭᠡᠷ᠎ᠡ ᠢᠳᠡᠷᠡᠭᠦᠨ᠎ᠢᠶᠡᠷ ᠦᠰᠦᠨ ᠪᠣᠢᠵᠢᠵᠤ᠂ ᠥᠪᠡᠷ᠎ᠦᠨ ᠭᠡᠰᠡᠨ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠬᠤᠳᠠ᠎ᠶ᠋ᠢᠨ ᠬᠥᠭ᠌ᠵᠢᠯᠲᠡ᠎ᠳᠦ ᠱᠢᠨ᠎ᠡ ᠠᠮᠢᠵᠢᠷᠠᠯ᠎ᠤᠨ ᠬᠦᠴᠦᠨ ᠪᠠ ᠬᠥᠳᠡᠯᠭᠡᠬᠦ᠌ ᠬᠦᠴᠦᠨ ᠨᠡᠮᠡᠷᠢᠯᠡᠨ᠎ᠡ ᠭᠡᠳᠡᠭ᠎ᠢ ᠪᠡᠲᠦ ᠢᠲᠡᠭᠡᠨ᠎ᠡ᠃