ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠡᠳᠦ ᠲᠠᠰ᠎ᠤᠨ ᠬᠣᠯᠪᠣᠭᠠᠲᠤ ᠤᠷᠤᠯᠳᠤᠭᠠᠨ᠎ᠤ ᠠᠵᠢᠯ᠎ᠢ ᠲᠦᠯᠬᠢᠨ ᠠᠬᠢᠭᠤᠯᠬᠤ ᠬᠤᠷᠠᠯ ᠬᠤᠷᠠᠯᠳᠤᠵᠠᠢ
2026-04-27 11:16:04
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 19 ᠎ᠤ᠋ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠡᠳᠦ ᠲᠠᠰ᠎ᠤᠨ ᠬᠣᠯᠪᠣᠭᠠᠲᠤ ᠤᠷᠤᠯᠳᠤᠭᠠᠨ᠎ᠤ ᠠᠵᠢᠯ᠎ᠢ ᠲᠦᠯᠬᠢᠨ ᠠᠬᠢᠭᠤᠯᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠠᠴᠠ ᠬᠣᠯᠪᠣᠭᠠᠲᠤ ᠤᠷᠤᠯᠳᠤᠭᠠᠨ᠎ᠤ ᠡᠵᠡᠩᠨᠡᠯᠲᠡ᠎ᠶᠢᠨ ᠨᠢᠭᠡᠴᠢ᠎ᠶᠢᠨ ᠵᠠᠬ᠎ᠠ ᠳᠡᠯᠭᠡᠭᠦᠷ᠎ᠢ ᠨᠡᠭᠡᠭᠡᠨ ᠬᠥᠭᠵᠢᠭᠦᠯᠬᠦ᠂ ᠡᠬᠢᠯᠡᠯᠲᠡ᠎ᠶᠢᠨ ᠶᠣᠰᠣᠯᠠᠯ᠎ᠢ ᠪᠡᠯᠡᠳᠬᠡᠬᠦ᠂ ᠤᠬᠠᠭᠤᠯᠤᠨ ᠳᠡᠯᠭᠡᠷᠡᠭᠦᠯᠬᠦ ᠵᠡᠷᠭᠡ ᠭᠣᠣᠯᠳᠠᠯᠭ᠎ᠠ᠎ᠲᠠᠢ ᠠᠵᠢᠯ᠎ᠤᠨ ᠠᠬᠢᠴᠠ᠎ᠶᠢᠨ  ᠬᠠᠷᠢᠭᠤ ᠮᠡᠳᠡᠭᠦᠯᠦᠯᠲᠡ᠎ᠶᠢ ᠰᠣᠨᠣᠰᠴᠤ᠂ 12 ᠠᠢᠮᠠᠭ ᠬᠤᠳᠠ᠎ᠶᠢᠨ ᠪᠡᠶ᠎ᠡ᠎ᠶᠢᠨ ᠲᠠᠮᠢᠷ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠡᠯ᠎ᠡ ᠤᠷᠤᠯᠳᠤᠭᠠᠨ᠎ᠤ ᠲᠣᠭᠣᠷᠢᠭ᠋᠎ᠤᠨ ᠪᠡᠯᠡᠳᠬᠡᠯ ᠠᠵᠢᠯ᠎ᠢ ᠠᠬᠢᠭᠤᠯᠤᠭᠰᠠᠨ ᠪᠠᠢᠳᠠᠯ᠎ᠢ ᠲᠡᠰ ᠳᠠᠷᠠᠭᠠᠯᠠᠨ ᠬᠠᠷᠢᠭᠤ ᠮᠡᠳᠡᠭᠦᠯᠵᠦ᠂ ᠣᠳᠣᠬᠠᠨ᠎ᠤ ᠠᠵᠢᠯ᠎ᠤᠨ ᠦᠷ᠎ᠡ ᠪᠦᠲᠦᠮᠵᠢ᠂ ᠣᠷᠣᠰᠢᠵᠤ ᠪᠠᠢᠭ᠎ᠠ ᠠᠰᠠᠭᠤᠳᠠᠯ ᠪᠣᠯᠣᠨ ᠳᠠᠷᠠᠭᠠᠴᠢ᠎ᠶᠢᠨ ᠠᠯᠬᠤᠮ᠎ᠤᠨ ᠠᠵᠢᠯ᠎ᠤᠨ ᠲᠣᠬᠢᠷᠠᠭᠤᠯᠤᠯᠲᠠ᠎ᠶᠢ ᠪᠦᠬᠦ ᠲᠠᠯ᠎ᠠ᠎ᠪᠠᠷ ᠮᠡᠳᠡᠭᠦᠯᠪᠡ᠃

ᠬᠤᠷᠠᠯ᠎ᠠᠴᠠ᠂ ᠡᠯ᠎ᠡ ᠨᠢᠭᠡᠴᠢ᠂ ᠡᠯ᠎ᠡ ᠤᠷᠤᠯᠳᠤᠭᠠᠨ᠎ᠤ ᠲᠣᠭᠣᠷᠢᠭ᠋᠎ᠤᠨ ᠬᠢᠨ ᠤᠯᠤᠰ ᠲᠦᠷᠦ᠎ᠶᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠤᠷᠤᠯᠳᠤᠭᠠᠨ ᠡᠬᠢᠯᠡᠬᠦ᠎ᠡᠴᠡ ᠡᠮᠦᠨᠡᠬᠢ ᠵᠠᠩᠭᠢᠯᠠᠭ᠎ᠠ᠎ᠶᠢᠨ ᠴᠡᠭ᠎ᠢ ᠴᠢᠩᠭ᠎ᠠ ᠠᠩᠬᠠᠷᠴᠤ᠂ ᠡᠯ᠎ᠡ ᠲᠦᠷᠦᠯ᠎ᠦᠨ ᠪᠡᠯᠡᠳᠬᠡᠯ ᠠᠵᠢᠯ᠎ᠢ ᠪᠣᠳᠠᠲᠠᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ᠎ᠶᠢ ᠪᠠᠲᠤᠯᠠᠬᠤ ᠬᠡᠷᠡᠭᠲᠡᠢ; ᠤᠬᠠᠭᠤᠯᠬᠤ ᠪᠠ ᠠᠷᠠᠯᠵᠢᠶᠠᠴᠢᠨ ᠤᠷᠢᠬᠤ ᠡᠷᠴᠢᠮ᠎ᠢᠶᠡᠨ ᠴᠢᠩᠭᠠᠷᠠᠭᠤᠯᠵᠤ᠂ ᠠᠷᠠᠯᠵᠢᠶᠠᠴᠢᠨ ᠤᠷᠢᠬᠤ ᠠᠵᠢᠯ᠎ᠢ ᠦᠷᠭᠦᠯᠵᠢᠯᠡᠨ ᠠᠬᠢᠭᠤᠯᠵᠤ᠂ ᠡᠯ᠎ᠡ ᠱᠠᠲᠤᠨ᠎ᠤ ᠳᠡᠮᠵᠢᠯᠭᠡ᠎ᠶᠢᠨ ᠠᠷᠠᠯᠵᠢᠶᠠᠴᠢᠨ᠎ᠤ ᠡᠷᠬᠡ ᠠᠰᠢᠭ᠋᠎ᠢ ᠴᠢᠩᠭ᠎ᠠ ᠪᠠᠳᠤᠯᠠᠬᠤ ᠬᠡᠷᠡᠭᠳᠡᠢ; ᠪᠡᠶ᠎ᠡ᠎ᠶᠢᠨ ᠲᠠᠮᠢᠷ ᠰᠣᠶᠣᠯ ᠵᠢᠭᠤᠯᠴᠢᠯᠠᠯ ᠬᠤᠳᠠᠯᠳᠤᠭ᠎ᠠ ᠲᠠᠷᠢᠶᠠᠯᠠᠩ᠎ᠤᠨ ᠠᠭᠤᠰᠤᠯᠴᠠᠯ᠎ᠢ ᠭᠦᠨᠵᠡᠭᠡᠢᠷᠡᠭᠦᠯᠵᠦ᠂ ᠡᠯ᠎ᠡ ᠱᠠᠲᠤᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠬᠠᠮᠲᠤᠷᠠᠯᠴᠠᠬᠤ᠎ᠶᠢ ᠴᠢᠩᠭᠠᠳᠬᠠᠵᠤ᠂ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ ᠨᠠᠷᠢᠯᠢᠭ᠍ᠵᠢᠭᠤᠯᠬᠤ᠎ᠶᠢ ᠠᠬᠢᠭᠤᠯᠬᠤ ᠬᠡᠷᠡᠭᠲᠡᠢ; ᠡᠯ᠎ᠡ ᠠᠢᠮᠠᠭ ᠬᠤᠳᠠ᠎ᠶᠢᠨ ᠬᠢᠨ ᠵᠣᠬᠢᠶᠠᠨ ᠪᠠᠶ᠋ᠢᠭᠤᠯᠬᠤ ᠵᠥᠪᠯᠡᠯ᠎ᠲᠠᠢ ᠪᠦᠬᠦ ᠬᠦᠴᠦᠨ᠎ᠢᠶᠡᠷ᠎ᠢᠶᠡᠨ ᠬᠠᠮᠵᠢᠯᠴᠠᠨ ᠬᠥᠰᠢᠭᠡ ᠰᠡᠬᠦᠬᠦ ᠤᠷᠤᠯᠳᠤᠭᠠᠨ᠎ᠤ ᠪᠡᠯᠡᠳᠬᠡᠯ ᠠᠵᠢᠯ᠎ᠢ ᠰᠠᠢᠲᠤᠷ ᠬᠢᠵᠦ᠂ ᠤᠯᠠᠨ ᠶᠠᠩᠵᠤ᠎ᠶᠢᠨ ᠤᠷᠠᠯᠢᠭ ᠲᠣᠭᠯᠠᠯᠲᠠ᠎ᠶᠢᠨ ᠬᠡᠯᠪᠡᠷᠢ᠎ᠪᠡᠷ ᠠᠷᠪᠠᠨ ᠬᠣᠶᠠᠷ ᠠᠢᠮᠠᠭ ᠬᠤᠳᠠ᠎ᠶᠢᠨ ᠭᠠᠵᠠᠷ ᠣᠷᠣᠨ᠎ᠤ ᠰᠣᠶᠣᠯ ᠪᠣᠯᠣᠨ ᠥᠪᠡᠷᠮᠢᠴᠡ ᠣᠨᠴᠠᠯᠢᠭ᠋᠎ᠢ ᠭᠦᠢᠴᠡᠳ ᠢᠯᠡᠷᠡᠭᠦᠯᠬᠦ ᠬᠡᠷᠡᠭᠲᠡᠢ;ᠡᠯ᠎ᠡ ᠠᠢᠮᠠᠭ ᠬᠤᠳᠠ᠎ᠶᠢᠨ ᠬᠢᠨ ᠤᠷᠤᠯᠳᠤᠭᠠᠨ᠎ᠤ ᠰᠤᠷᠲᠠᠯ ᠤᠷᠤᠯᠳᠤᠭᠠᠨ᠎ᠤ ᠰᠠᠬᠢᠯᠭ᠎ᠠ ᠪᠠᠲᠤ᠎ᠶᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠷᠤᠯᠳᠤᠭᠠᠨ᠎ᠤ ᠶᠠᠪᠤᠳᠠᠯ᠎ᠤᠨ ᠰᠠᠬᠢᠯᠭ᠎ᠠ ᠪᠠᠲᠤ᠎ᠶᠢᠨ ᠰᠡᠷᠭᠡᠢᠯᠡᠯᠲᠡ᠎ᠶᠢᠨ ᠱᠤᠭᠤᠮ᠎ᠢ ᠪᠠᠲᠤ ᠴᠤᠭᠴᠠᠯᠬᠤ ᠬᠡᠷᠡᠭᠲᠡᠢ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号