2026 ᠣᠨ᠎ᠤ ᠠᠽᠢᠶ᠎ᠠ ᠲᠢᠪ᠎ᠦᠨ ᠵᠢᠣᠳᠣᠣ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠳᠤ ᠥᠪᠥᠷ ᠮᠣᠩᠭᠣᠯ᠎ᠤᠨ ᠲᠠᠮᠢᠷᠴᠢᠨ ᠪᠦᠬᠡᠪᠢᠯᠢᠭ ᠳᠡᠳ᠋ᠯᠡᠪᠡ
2026-04-27 11:14:43
ᠵᠣᠬᠢᠶᠠᠭ᠍ᠴᠢ᠄
​ ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 16 ᠡᠴᠡ 19 ᠎ᠤ᠋ ᠡᠳᠦᠷ ᠪᠣᠯᠲᠠᠯ᠎ᠠ᠂ 2026 ᠣᠨ᠎ᠤ ᠠᠽᠢᠶ᠎ᠠ ᠲᠢᠪ᠎ᠦᠨ ᠵᠢᠣᠳᠣᠣ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠣᠷᠳᠣᠰ ᠬᠤᠳᠠ᠎ᠶᠢᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠬᠥᠭᠵᠢᠯᠲᠡ᠎ᠶᠢᠨ ᠲᠥᠪ᠎ᠦᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠶᠠᠪᠤᠭᠳᠠᠪᠠ᠃

ᠲᠣᠰ ᠤᠳᠠᠭᠠᠨ᠎ᠤ ᠤᠷᠤᠯᠳᠤᠭᠠᠨ᠎ᠢ ᠠᠽᠢᠶ᠎ᠠ ᠲᠢᠪ᠎ᠦᠨ ᠵᠢᠣᠳᠣᠣ᠎ᠶᠢᠨ ᠬᠣᠯᠪᠣᠭᠠᠲᠤ ᠬᠤᠷᠠᠯ  ᠠ᠋ᠴᠠ ᠭᠣᠣᠯᠯᠠᠨ ᠡᠷᠭᠢᠯᠡᠵᠦ᠂ ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ᠎ᠤᠨ ᠵᠢᠣᠳᠣᠣ᠎ᠶᠢᠨ ᠨᠡᠢᠭᠡᠮᠯᠢᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠣᠷᠳᠣᠰ ᠬᠣᠲᠠ᠎ᠶᠢᠨ ᠠᠷᠠᠳ᠎ᠤᠨ ᠵᠠᠰᠠᠭ᠎ᠤᠨ ᠤᠷᠳᠤᠨ ᠳᠠᠭᠠᠭᠠᠴᠢᠯᠠᠨ ᠡᠷᠬᠢᠯᠡᠪᠡ᠃ ᠤᠷᠤᠯᠳᠤᠭᠠᠨ᠎ᠳᠤ ᠡᠷᠡᠭᠲᠡᠢ᠂ ᠡᠮᠡᠭᠲᠡᠢ᠎ᠶᠢᠨ ᠬᠤᠪᠢ ᠬᠥᠮᠥᠨ᠎ᠦ ᠤᠷᠤᠯᠳᠤᠭᠠᠨ ᠵᠢᠴᠢ ᠡᠷᠡᠭᠲᠠᠢ ᠡᠮᠡᠭᠲᠠᠢ᠎ᠶᠢᠨ  ᠬᠠᠮᠲᠤ᠎ᠶᠢᠨ ᠤᠷᠤᠯᠳᠤᠭᠠᠨ ᠵᠡᠷᠭᠡ 15 ᠵᠢᠵᠢᠭ ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠠᠽᠢᠶ᠎ᠠ ᠲᠢᠪ᠎ᠦᠨ 21 ᠤᠯᠤᠰ ᠪᠠ ᠭᠠᠵᠠᠷ ᠣᠷᠣᠨ᠎ᠠᠴᠠ ᠢᠷᠡᠭᠰᠡᠨ 288 ᠲᠠᠮᠢᠷᠴᠢᠨ᠂ ᠳᠠᠰᠬᠠᠯᠵᠢᠭᠤᠯᠤᠭ᠍ᠴᠢ᠂  ᠬᠢᠨᠠᠭ᠍ᠴᠢ ᠤᠷᠤᠯᠳᠤᠭᠠᠨ᠎ᠳᠤ ᠣᠷᠣᠯᠴᠠᠵᠠᠢ᠃ ᠳᠤᠮᠳᠠᠳᠤ ᠤᠯᠤᠰ᠎ᠤᠨ ᠵᠢᠣᠳᠣᠣ᠎ᠶᠢᠨ ᠠᠩᠭᠢ ᠨᠡᠶ᠋ᠢᠲᠡ 18 ᠲᠠᠮᠢᠷᠴᠢᠨ ᠲᠣᠮᠢᠯᠠᠨ ᠤᠷᠤᠯᠳᠤᠭᠠᠨ᠎ᠳᠤ ᠣᠷᠣᠯᠴᠠᠭᠤᠯᠵᠤ᠂ ᠨᠡᠶ᠋ᠢᠲᠡ 2 ᠠᠯᠲᠠᠨ ᠮᠧᠳᠠᠯ᠂ 1 ᠮᠥᠩᠭᠥᠨ ᠮᠧᠳᠠᠯ᠂ 6 ᠬᠦᠷᠡᠯ ᠮᠧᠳᠠᠯ ᠣᠯᠵᠠᠢ᠃ ᠡᠭᠦᠨ᠎ᠳᠦ᠂ ᠦᠪᠦᠷ ᠮᠤᠨᠭᠭᠤᠯ᠎ᠤᠨ ᠲᠠᠮᠢᠷᠴᠢᠨ ᠪᠦᠬᠡᠪᠢᠯᠢᠭ ᠳᠤᠮᠳᠠᠳᠤ ᠤᠯᠤᠰ᠎ᠤᠨ ᠠᠨᠭᠭᠢ᠎ᠵᠢ᠎ᠲᠥᠯᠥᠭᠡᠯᠡᠨ ᠤᠷᠤᠯᠳᠤᠭᠠᠨ᠎ᠳᠤ ᠣᠷᠣᠯᠴᠠᠵᠤ᠂ ᠡᠷᠡᠭᠲᠡᠢ᠎ᠶᠢᠨ 90 ᠺᠢᠯᠣᠭ᠌ᠷᠠᠮ᠎ᠤᠨ ᠲᠠᠰ᠎ᠤᠨ ᠤᠷᠤᠯᠳᠤᠭᠠᠨ ᠎ᠳᠦ ᠳᠡᠳ᠋ᠯᠡᠵᠦ᠂ ᠥᠪᠥᠷ ᠮᠣᠩᠭᠣᠯ᠎ᠤᠨ ᠡᠷᠡᠭᠲᠡᠢ᠎ᠶᠢᠨ ᠵᠢᠣᠳᠣᠣ᠎ᠶᠢᠨ ᠤᠷᠤᠯᠳᠤᠭᠠᠨ᠎ᠤ ᠬᠠᠮᠤᠭ᠎ᠤᠨ ᠰᠠᠢᠨ ᠬᠢᠷᠢ ᠪᠦᠲᠦᠮᠵᠢ᠎ᠶᠢ ᠣᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号