ᠮᠠᠨ᠎ᠤ ᠤᠷᠤᠨ᠎ᠤ ᠲᠠᠮᠢᠷᠴᠢᠨ ᠪᠥᠬᠥ᠌ ᠤᠯᠤᠰ᠎ᠤᠨ ᠵᠠᠯᠠᠭᠤᠴᠤᠳ᠎ᠤᠨ ᠵᠢᠦᠳᠣᠣ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠳ᠋ᠦ ᠰᠢᠯᠢᠳᠡᠭ ᠬᠢᠷᠢ ᠪᠦᠲᠦᠮᠵᠢ ᠤᠯᠪᠠ
2026-04-27 11:17:23
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ 2026 ᠣᠨ᠎ᠤ ᠪᠥᠬᠥ᠌ ᠤᠯᠤᠰ᠎ᠤᠨ ᠵᠠᠯᠠᠭᠤᠴᠤᠳ᠎ᠤᠨ ᠵᠢᠦᠳᠣᠣ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ(U18 ᠳᠤᠭᠤᠢᠯᠠᠩ᠂ U20 ᠳᠤᠭᠤᠢᠯᠠᠩ)ᠵᠢᠴᠢ ᠪᠥᠬᠥ᠌ ᠤᠯᠤᠰ᠎ᠤᠨ ᠵᠢᠦᠳᠣᠣ᠎ᠶ᠋ᠢᠨ ᠬᠤᠪᠢ ᠬᠤᠷᠠᠮᠳᠤᠭᠤᠯᠬᠤ ᠤᠷᠤᠯᠳᠤᠭᠠᠨ(ᠬᠣᠶᠠᠳᠤᠭᠠᠷ ᠥᠷᠲᠡᠭᠡ) ᠬᠤᠪᠧᠶ᠎ᠮᠤᠵᠢ ᠳ᠋ᠦ ᠥᠨᠳᠥᠷᠯᠡᠪᠡ᠃

ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ᠎ᠠᠴᠠ ᠥᠪᠥᠷ ᠮᠣᠩᠭᠣᠯ᠎ᠤᠨ ᠲᠤᠰᠭᠠᠶ ᠮᠡᠷᠭᠡᠵᠢᠯ᠎ᠦᠨ ᠠᠩᠭᠢ᠎ᠳᠤ ᠬᠦᠷᠭᠡᠭ᠌ᠰᠡᠨ ᠵᠢᠦᠳᠣᠣ ᠵᠢᠨ ᠲᠠᠮᠢᠷᠴᠢᠳ ᠣᠯᠠᠨ᠎ᠤ ᠬᠦᠰᠡᠯ᠎ᠢ ᠬᠥᠰᠡᠷᠳᠡᠭᠦᠯᠦᠭ᠌ᠰᠡᠨ ᠥᠬᠡᠶ ᠰᠢᠯᠢᠳᠡᠭ ᠠᠮᠵᠢᠯᠲᠠ ᠤᠯᠪᠠ᠄  ᠢᠳᠡᠷᠵᠠᠨ᠎ᠠ U20 ᠳᠤᠭᠤᠢᠯᠠᠩ + 100 ᠺᠢᠯᠣᠭ᠌ᠷᠠᠮ᠎ᠤᠨ ᠲᠠᠰ᠎ᠤᠨ ᠬᠦᠷᠡᠯ ᠮᠧᠳᠠᠯ ᠰᠢᠭᠦᠷᠴᠡᠢ;ᠳᠦᠭᠦᠷᠡᠩ U20 ᠳᠤᠭᠤᠢᠯᠠᠩ - 100 ᠺᠢᠯᠣᠭ᠌ᠷᠠᠮ᠎ᠤᠨ ᠲᠡᠰ᠎ᠤᠨ ᠳᠣᠯᠣᠳᠤᠭᠠᠷ ᠨᠡᠷᠡᠰ᠎ᠲᠤ ᠣᠷᠣᠪᠠ᠃ ᠬᠣᠶᠠᠷ ᠲᠠᠮᠢᠷᠴᠢᠨ ᠪᠠᠳᠤ ᠰᠠᠢᠨ ᠮᠡᠷᠭᠡᠵᠢᠯ ᠪᠠ ᠡᠷᠡᠰ ᠬᠠᠲᠠᠭᠤ ᠲᠡᠮᠡᠴᠡᠯ᠎ᠦᠨ ᠵᠣᠷᠢᠭ᠎ᠵᠢᠡᠷ ᠥᠪᠥᠷ ᠮᠣᠩᠭᠣᠯ᠎ᠤᠨ ᠵᠢᠦᠳᠣᠣ ᠎ᠶ᠋ᠢᠨ ᠲᠥᠷᠥᠯ ᠵᠦᠶ᠋ᠯ᠎ᠦᠨ ᠵᠠᠯᠠᠭᠤᠴᠤᠳ᠎ᠤᠨ ᠬᠦᠴᠦᠨ ᠴᠢᠳᠠᠯ᠎ᠢ ᠢᠯᠡᠷᠡᠭᠦᠯᠦᠭ᠌ᠰᠡᠨ ᠪᠥᠭᠡᠳ ᠪᠠᠰᠠ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ᠎ᠶ᠋ᠢᠨ ᠴᠢᠳᠠᠪᠤᠷᠢᠲᠠᠨ ᠬᠦᠷᠭᠡᠬᠦ᠌ ᠪᠠ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠬᠥᠮᠦᠵᠢᠯ᠎ᠦᠨ ᠲᠠᠯ᠎ᠠ᠎ᠶ᠋ᠢᠨ ᠦᠷ᠎ᠡ ᠪᠦᠲᠦᠭᠡᠯ᠎ᠢ ᠢᠯᠡᠷᠡᠭᠦᠯᠪᠡ᠃

ᠲᠤᠰ ᠤᠳᠠᠭᠠᠨ᠎ᠤ ᠱᠢᠯᠢᠳᠡᠭ ᠬᠢᠷᠢ ᠪᠦᠲᠦᠮᠵᠢ ᠪᠣᠯ ᠲᠤᠰ ᠰᠤᠷᠭᠠᠭᠤᠯᠢ᠎ᠶ᠋ᠢᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠎ᠦᠨ ᠪᠠᠰᠠ ᠨᠢᠭᠡᠨ ᠦᠷ᠎ᠡ ᠪᠦᠲᠦᠭᠡᠯ ᠪᠣᠯᠤᠨ᠎ᠠ᠃ ᠡᠭᠦᠨ᠎ᠡᠴᠡ ᠡᠮᠦᠨ᠎ᠡ᠂ ᠲᠤᠰ ᠰᠤᠷᠭᠠᠭᠤᠯᠢ᠎ᠶ᠋ᠢᠨ ᠬᠥᠮᠦᠵᠢᠭᠦᠯᠵᠦ᠍ ᠬᠦᠷᠭᠡᠭ᠌ᠰᠡᠨ ᠲᠠᠮᠢᠷᠴᠢᠨ ᠴᠢᠨᠳᠠᠭ᠎ᠠ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠵᠢᠦᠳᠣᠣ᠎ᠶ᠋ᠢᠨ 73 ᠺᠢᠯᠣᠭ᠌ᠷᠠᠮ᠎ᠤᠨ ᠲᠡᠰ᠎ᠤᠨ ᠤᠷᠤᠯᠳᠤᠭᠠᠨ᠎ᠳᠤ ᠠᠯᠲᠠᠨ ᠮᠧᠳᠠᠯ ᠭᠠᠷᠳᠠᠵᠠᠢ᠃ 2025 ᠣᠨ᠎ᠳᠤ᠂ ᠲᠤᠰ ᠰᠤᠷᠭᠠᠭᠤᠯᠢ᠎ᠶ᠋ᠢᠨ ᠵᠢᠦᠳᠣᠣ᠎ᠶ᠋ᠢᠨ ᠪᠢᠴᠢᠬᠠᠨ ᠲᠠᠮᠢᠷᠴᠢᠨ ᠣᠯᠠᠨ ᠤᠯᠤᠰ᠎ᠤᠨ ᠤᠷᠢᠯᠭ᠎ᠠ᠎ᠶ᠋ᠢᠨ ᠤᠷᠤᠯᠳᠤᠭᠠᠨ᠎ᠳᠤ 1 ᠠᠯᠲᠠᠨ ᠮᠧᠳᠠᠯ᠂ 2 ᠮᠥᠩᠭᠥᠨ ᠮᠧᠳᠠᠯ᠂ 3 ᠬᠦᠷᠡᠯ ᠮᠧᠳᠠᠯ ᠰᠢᠭᠦᠷᠴᠡᠢ᠃ ᠡᠭᠦᠨ᠎ᠡᠴᠡ ᠭᠠᠳᠠᠨ᠎ᠠ᠂ ᠲᠣᠰ ᠰᠤᠷᠭᠠᠭᠤᠯᠢ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ  ᠲᠠᠮᠢᠷ᠎ᠤᠨ ᠴᠤᠭ᠍ᠯᠠᠭᠠᠨ᠎ᠤ ᠵᠢᠦᠳᠣᠣ᠎ᠶ᠋ᠢᠨ ᠲᠥᠷᠥᠯ ᠵᠦᠶ᠋ᠯ᠎ᠦᠨ ᠤᠷᠤᠯᠳᠤᠭᠠᠨ᠎ᠳᠤ ᠬᠥᠬᠡᠬᠣᠲᠠ᠎ᠶ᠋ᠢ ᠲᠥᠯᠥᠭᠡᠯᠡᠨ 6 ᠠᠯᠲᠠᠨ ᠮᠧᠳᠠᠯ᠂ 10 ᠮᠥᠩᠭᠥᠨ ᠮᠧᠳᠠᠯ᠂ 15 ᠬᠦᠷᠡᠯ ᠮᠧᠳᠠᠯ᠎ᠤᠨ ᠱᠢᠯᠢᠳᠡᠭ ᠬᠢᠷᠢ ᠪᠦᠲᠦᠮᠵᠢ ᠣᠯᠤᠭ᠍ᠰᠠᠨ ᠪᠠᠢᠨ᠎ᠠ᠃

 ᠣᠳᠣᠬᠠᠨ᠎ᠳᠤ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠪᠦᠬᠦ᠌ ᠬᠦᠴᠦᠨ᠎ᠢᠶᠡᠷ᠎ᠢᠶᠡᠨ ᠪᠡᠯᠡᠳᠭᠡᠵᠦ᠍ ᠪᠤᠢ᠃ ᠲᠣᠰ ᠰᠤᠷᠭᠠᠭᠤᠯᠢ ᠵᠢᠨ ᠬᠢᠨ ᠱᠢᠯᠢᠳᠡᠭ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠪᠠ ᠬᠦᠷᠭᠡᠬᠦ᠌᠎ᠪᠡᠷ ᠦᠷᠭᠦᠯᠵᠢᠯᠡᠨ ᠴᠢᠷᠮᠠᠢᠵᠤ᠂ ᠭᠠᠵᠠᠷ ᠣᠷᠣᠨ᠎ᠤ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠵᠦ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号