4 ᠰᠠᠷ᠎ᠠ᠎ᠶ᠋ᠢᠨ 23 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠲᠦᠷᠭᠡᠨ ᠲᠡᠱᠢᠯᠲᠡ᠎ᠶ᠋ᠢᠨ ᠲᠥᠷᠥᠯ ᠵᠦᠶ᠋ᠯ ᠥᠪᠥᠷ ᠮᠣᠩᠭᠣᠯ᠎ᠤᠨ ᠮᠥᠰᠥᠨ ᠳᠡᠭᠡᠷᠡᠬᠢ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠲᠥᠪ᠎ᠲᠦ ᠲᠡᠭᠦᠰ ᠠᠮᠵᠢᠯᠲᠠ᠎ᠲᠠᠶ ᠥᠨᠳᠥᠷᠯᠡᠪᠡ᠃ ᠲᠤᠰ ᠤᠷᠤᠯᠳᠤᠭᠠᠨ᠎ᠳᠦ ᠲᠦᠩᠯᠢᠶᠣᠤ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠭᠤᠷᠪᠠᠨ ᠠᠯᠲᠠᠨ ᠮᠧᠳᠠᠯ᠂ ᠲᠠᠪᠤᠨ ᠮᠥᠩᠭᠥᠨ ᠮᠧᠳᠠᠯ ᠂ ᠭᠤᠷᠪᠠᠨ ᠬᠦᠷᠡᠯ ᠮᠧᠳᠠᠯ ᠭᠠᠷᠳᠠᠭᠰᠠᠨ ᠪᠠᠢᠨ᠎ᠠ᠃
ᠲᠤᠰ ᠤᠳᠠᠭᠠᠨ᠎ᠤ ᠲᠦᠷᠭᠡᠨ ᠲᠡᠱᠢᠯᠲᠡ᠎ᠶ᠋ᠢᠨ ᠲᠥᠷᠥᠯ ᠵᠦᠢᠯ᠎ᠦᠨ ᠤᠷᠤᠯᠳᠤᠭᠠᠨ᠎ᠳᠦ ᠱᠢᠯᠢᠳᠡᠭ ᠬᠢᠷᠢ ᠪᠦᠲᠦᠮᠵᠢ ᠤᠯᠤᠭᠰᠠᠨ ᠨᠢ ᠲᠦᠩᠯᠢᠶᠣᠤ ᠬᠣᠲᠠ᠎ᠶ᠋ᠢᠨ ᠤᠷᠲᠤ ᠬᠤᠭᠤᠴᠠᠭᠠᠨ᠎ᠤ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠂ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠪᠠ ᠱᠢᠨᠵᠢᠯᠡᠬᠦ᠌ ᠤᠬᠠᠭᠠᠨᠴᠢ ᠪᠣᠯᠪᠠᠰᠤᠷᠠᠯ ᠤᠨ ᠦᠷ᠎ᠡ ᠪᠦᠲᠦᠭᠡᠯ᠎ᠦᠨ ᠲᠥᠪᠯᠡᠷᠡᠩᠭᠦᠶ ᠢᠯᠡᠷᠡᠯ ᠪᠣᠯᠤᠨ᠎ᠠ᠃ ᠤᠢᠯᠠᠭᠠᠭᠰᠠᠨ᠎ᠶ᠋ᠢᠡᠷ᠂ ᠲᠠᠷᠠᠭᠠᠴᠢ᠎ᠶ᠋ᠢᠨ ᠠᠯᠬᠤᠮ᠎ᠳᠤ ᠲᠦᠩᠯᠢᠶᠣᠤ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠡᠭᠦᠨ᠎ᠢᠶᠡᠷ ᠠᠵᠠ ᠲᠣᠬᠢᠶᠠᠯ ᠪᠣᠯᠭᠠᠵᠤ᠂ ᠱᠢᠨᠵᠢᠯᠡᠬᠦ᠌ ᠤᠬᠠᠭᠠᠨᠴᠢ ᠪᠣᠯᠪᠠᠰᠤᠷᠠᠯ ᠪᠠ ᠵᠢᠷᠤᠮᠵᠢᠭ᠍ᠰᠠᠨ ᠬᠠᠮᠢᠶᠠᠷᠤᠯᠲᠠ᠎ᠪᠠᠨ ᠦᠷᠭᠦᠯᠵᠢᠯᠡᠨ ᠴᠢᠩᠭᠠᠳᠭᠠᠵᠤ᠂ ᠲᠦᠩᠯᠢᠶᠣᠤ ᠬᠤᠲᠠ᠎ᠶ᠋ᠢᠨ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ ᠪᠠ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ ᠤᠨ ᠬᠥᠳᠡᠯᠭᠡᠭᠡᠨ᠎ᠦ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠨᠠᠩ ᠶᠡᠬᠡ ᠬᠦᠴᠦᠨ ᠨᠡᠮᠡᠷᠢᠯᠡᠬᠦ᠌ ᠪᠣᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号