ᠪᠥᠬᠥ ᠤᠯᠤᠰ᠎ᠤᠨ ᠤᠷᠤᠯᠳᠤᠭᠠᠨ᠎ᠳᠦ ᠥᠪᠥᠷ ᠮᠣᠩᠭᠣᠯ᠎ᠤᠨ ᠠᠩᠭᠢ 2 ᠠᠯᠲᠠᠨ ᠮᠧᠳᠠᠯ ᠬᠦᠷᠲᠡᠯ᠎ᠡ
2026-04-27 11:41:57
ᠵᠣᠬᠢᠶᠠᠭ᠍ᠴᠢ᠄
​ᠴᠠᠢ ᠰᠧ ᠶᠤᠸᠠᠨ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 17᠎ᠤ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠣᠢᠯᠠᠭᠠᠭᠰᠠᠨ ᠵᠢᠡᠷ᠂ ᠬᠤᠪᠧᠢ ᠮᠤᠵᠢ᠎ᠶᠢᠨ ᠰᠢᠶᠤᠤ ᠭᠠᠨ ᠬᠣᠲᠠ᠎ᠶᠢᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠎ᠦᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠡᠷᠭᠢᠯᠡᠭᠰᠡᠨ 2026 ᠣᠨ᠎ᠤ ᠪᠥᠬᠥ ᠤᠯᠤᠰ᠎ᠤᠨ ᠵᠠᠯᠠᠭᠤᠴᠤᠳ᠎ᠤᠨ ᠵᠢᠣᠳᠣᠣ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ (U18 ᠳᠤᠭᠤᠢᠯᠠᠩ᠂ U20 ᠳᠤᠭᠤᠢᠯᠠᠩ ) ᠵᠢᠴᠢ ᠪᠥᠬᠥ ᠤᠯᠤᠰ᠎ᠤᠨ ᠵᠢᠣᠳᠣᠣ᠎ᠶᠢᠨ ᠬᠤᠪᠢ ᠲᠡᠮᠳᠡᠭᠯᠡᠬᠦ ᠤᠷᠤᠯᠳᠤᠭᠠᠨ ( ᠬᠣᠶᠠᠳᠤᠭᠠᠷ ᠥᠷᠲᠡᠭᠡ )᠎ᠳᠤ᠂ ᠥᠪᠥᠷ ᠮᠣᠩᠭᠣᠯ᠎ᠤᠨ ᠠᠩᠭᠢ 2 ᠠᠯᠲᠠᠨ ᠮᠧᠳᠠᠯ᠂ 2 ᠬᠦᠷᠡᠯ ᠮᠧᠳᠠᠯ᠎ᠤᠨ ᠭᠠᠷᠮᠠᠭᠠᠢ ᠠᠮᠵᠢᠯᠲᠠ ᠣᠯᠵᠠᠢ᠃

ᠲᠣᠰ ᠤᠳᠠᠭᠠᠨ᠎ᠤ ᠤᠷᠤᠯᠳᠤᠭᠠᠨ᠎ᠢ ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ ᠬᠦᠨᠳᠦ ᠡᠷᠭᠦᠯᠲᠡ᠂ ᠪᠥᠬᠡ᠂ ᠵᠢᠣᠳᠣᠣ᠎ᠶᠢᠨ ᠬᠥᠳᠡᠯᠭᠡᠭᠡᠨ᠎ᠦ ᠬᠠᠮᠢᠶᠠᠷᠤᠯᠲᠠ᠎ᠶᠢᠨ ᠲᠥᠪ᠂ ᠳᠤᠮᠳᠠᠳᠤ ᠤᠯᠤᠰ᠎ᠤᠨ ᠵᠢᠣᠳᠣᠣ᠎ᠶᠢᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠬᠤᠪᠧᠢ ᠮᠤᠵᠢ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠰᠢᠶᠤᠤ ᠭᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠠᠴᠠ ᠳᠠᠭᠠᠭᠠᠴᠢᠯᠠᠨ ᠡᠷᠭᠢᠯᠡᠵᠡᠢ᠂ ᠪᠥᠬᠥ ᠤᠯᠤᠰ᠎ᠤᠨ ᠡᠯ᠎ᠡ ᠮᠤᠵᠢ(ᠣᠷᠣᠨ᠂ ᠬᠣᠲᠠ) ᠪᠣᠯᠣᠨ ᠠᠵᠢᠯ ᠲᠥᠷᠥᠯ᠎ᠦᠨ ᠪᠡᠶ᠎ᠡ᠎ᠶᠢᠨ ᠲᠠᠮᠢᠷ᠎ᠤᠨ ᠨᠡᠢᠭᠡᠮᠯᠢᠭ᠂ ᠪᠡᠶ᠎ᠡ᠎ᠶᠢᠨ ᠲᠠᠮᠢᠷ᠎ᠤᠨ ᠳᠡᠭᠡᠳᠦ ᠰᠤᠷᠭᠠᠭᠤᠯᠢ᠎ᠶᠢᠨ 32 ᠲᠥᠯᠥᠭᠡᠯᠡᠭᠴᠢᠳ᠎ᠦᠨ ᠪᠦᠯᠬᠦᠮ᠎ᠤᠨ 700 ᠭᠠᠷᠤᠢ ᠲᠠᠮᠢᠷᠴᠢᠨ ᠤᠷᠤᠯᠳᠤᠭᠠᠨ᠎ᠳᠤ ᠨᠡᠷ᠎ᠡ ᠮᠡᠳᠡᠭᠦᠯᠦᠨ ᠤᠷᠤᠯᠴᠠᠪᠠ᠃ ᠤᠷᠤᠯᠳᠤᠭᠠᠨ᠎ᠳᠤ ᠡᠷᠡᠭᠲᠡᠢ᠎ᠶᠢᠨ ᠵᠢᠣᠳᠣᠣ᠂ ᠡᠮᠡᠭᠲᠡᠢ᠎ᠶᠢᠨ ᠵᠢᠣᠳᠣᠣ ᠪᠠ ᠡᠷᠡᠭᠲᠡᠢ ᠡᠮᠡᠭᠲᠡᠢ᠎ᠶᠢᠨ ᠬᠣᠯᠢᠮᠠᠭ ᠬᠠᠮᠲᠤ ᠵᠢᠨ ᠤᠷᠤᠯᠳᠤᠭᠠᠨ ᠭᠡᠬᠦ ᠭᠤᠷᠪᠠᠨ ᠶᠡᠬᠡ ᠲᠥᠷᠥᠯ ᠎ᠢ ᠲᠣᠬᠢᠷᠠᠭᠤᠯᠪᠠ᠃ ᠥᠪᠥᠷ ᠮᠣᠩᠭᠣᠯ᠎ᠤᠨ ᠠᠩᠭᠢ ᠨᠡᠶ᠋ᠢᠲᠡ 44 ᠲᠠᠮᠢᠷᠴᠢᠨ ᠲᠣᠮᠢᠯᠠᠵᠤ᠂ U18 ᠳᠤᠭᠤᠢᠯᠠᠩ᠎ᠤᠨ ᠪᠥᠬᠥ 14 ᠲᠠᠰ᠎ᠤᠨ ᠤᠷᠤᠯᠳᠤᠭᠠᠨ ᠵᠢᠴᠢ ᠡᠷᠡᠭᠲᠡᠢ ᠡᠮᠡᠭᠲᠡᠢ᠎ᠶᠢᠨ ᠬᠣᠯᠢᠮᠠᠭ ᠬᠠᠮᠲᠤ ᠵᠢᠨ ᠤᠷᠤᠯᠳᠤᠭᠠᠨ᠂ U20 ᠳᠤᠭᠤᠢᠯᠠᠩ᠎ᠤᠨ 9 ᠲᠠᠰ᠎ᠤᠨ ᠤᠷᠤᠯᠳᠤᠭᠠᠨ ᠵᠢᠴᠢ ᠡᠷᠡᠭᠲᠡᠢ ᠡᠮᠡᠭᠲᠡᠢ᠎ᠶᠢᠨ ᠬᠣᠯᠢᠮᠠᠭ ᠬᠠᠮᠲᠤ᠎ᠶᠢᠨ ᠤᠷᠤᠯᠳᠤᠭᠠᠨ᠎ᠳᠤ ᠣᠷᠣᠯᠴᠠᠭᠤᠯᠪᠠ᠃

9 ᠡᠳᠦᠷ᠎ᠦᠨ ᠰᠢᠷᠦᠭᠦᠨ ᠲᠡᠮᠡᠴᠡᠭᠡᠨ᠎ᠢᠶᠡᠷ ᠳᠠᠮᠵᠢᠨ᠂ ᠥᠪᠥᠷ ᠮᠣᠩᠭᠣᠯ᠎ᠤᠨ ᠲᠠᠮᠢᠷᠴᠢᠳ 2 ᠠᠯᠲᠠᠨ ᠮᠧᠳᠠᠯ 2 ᠬᠦᠷᠡᠯ ᠮᠧᠳᠠᠯ ᠤᠯᠵᠤ᠂ 3 ᠲᠠᠮᠢᠷᠴᠢᠨ ᠲᠠᠪᠤᠳᠤᠭᠠᠷ᠎ᠲᠤ᠂ 5 ᠲᠠᠮᠢᠷᠴᠢᠨ ᠳᠣᠯᠣᠳᠤᠭᠠᠷ᠎ᠲᠤ ᠣᠷᠣᠵᠤ᠂ ᠪᠠᠰᠠ ᠪᠡᠶ᠎ᠡ᠎ᠶᠢᠨ ᠲᠠᠮᠢᠷ᠎ᠤᠨ ᠶᠣᠰᠣ᠌ ᠰᠤᠷᠳᠠᠬᠤᠨ᠎ᠤᠨ ᠱᠠᠩᠨᠠᠯ ᠬᠦᠷᠲᠡᠪᠡ᠃ ᠡᠭᠦᠨ᠎ᠳᠦ᠂ ᠰᠤᠨᠳᠤᠷ U18 ᠳᠤᠭᠤᠢᠯᠠᠩ᠎ᠤᠨ ᠡᠷᠡᠭᠲᠡᠢ᠎ᠶᠢᠨ 73 ᠺᠢᠯᠣᠭ᠌ᠷᠠᠮ᠎ᠤᠨ ᠲᠡᠰ᠎ᠤᠨ ᠮᠠᠩᠯᠠᠢ ᠵᠢᠴᠢ U18 ᠳᠤᠭᠤᠢᠯᠠᠩ᠎ᠤᠨ ᠬᠠᠮᠤᠭ ᠰᠠᠢᠨ ᠮᠡᠷᠭᠡᠵᠢᠯ᠎ᠦᠨ ᠱᠠᠩᠨᠠᠯ᠎ᠢ ᠬᠦᠷᠲᠡᠵᠦ᠂ ᠵᠢᠷᠭᠠᠯᠰᠠᠢᠬᠠᠨ U20 ᠳᠤᠭᠤᠢᠯᠠᠩ᠎ᠤᠨ ᠡᠷᠡᠭᠲᠡᠢ᠎ᠶᠢᠨ 90 ᠺᠢᠯᠣᠭ᠌ᠷᠠᠮ᠎ᠤᠨ ᠲᠡᠰ᠎ᠤᠨ ᠮᠠᠩᠯᠠᠢ᠂ ᠰᠢᠭᠤᠷᠭᠠᠨ U18 ᠳᠤᠭᠤᠢᠯᠠᠩ᠎ᠤᠨ ᠡᠷᠡᠭᠲᠡᠢ᠎ᠶᠢᠨ 73 ᠺᠢᠯᠣᠭ᠌ᠷᠠᠮ᠎ᠤᠨ ᠲᠡᠰ᠎ᠤᠨ ᠭᠤᠲᠠᠭᠠᠷ᠎ᠲᠤ ᠣᠷᠣᠵᠤ᠂ ᠢᠳᠡᠷᠵᠠᠨ᠎ᠠ U20 ᠳᠤᠭᠤᠢᠯᠠᠩ᠎ᠤᠨ ᠡᠷᠡᠭᠲᠡᠢ᠎ᠶᠢᠨ 100 ᠺᠢᠯᠣᠭ᠌ᠷᠠᠮ᠎ᠠᠴᠠ ᠳᠡᠭᠡᠭᠰᠢᠬᠢ ᠲᠡᠰ᠎ᠤᠨ ᠭᠤᠲᠠᠭᠠᠷ᠎ᠲᠤ ᠣᠷᠣᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号