ᠵᠢᠶᠣᠣ ᠢᠦᠢ ᠯᠦ᠍᠎ᠶᠢᠨ ᠵᠣᠷᠢᠭ᠋ ᠰᠠᠨᠠᠭᠠᠨ᠎ᠤ ᠭᠣᠣᠯ ᠰᠡᠳᠦᠪᠲᠦ ᠦᠵᠡᠭᠦᠯᠭᠡ ᠡᠬᠢᠯᠡᠯ᠎ᠡ
2026-04-27 16:55:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠠᠷᠠᠳ ᠲᠦᠮᠡᠨ᠎ᠳᠦ ᠪᠤᠶᠠᠨ ᠦᠢᠯᠡᠳᠴᠦ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ — ᠵᠢᠶᠣᠣ ᠢᠦᠢ ᠯᠦ᠍᠎ᠶᠢᠨ ᠵᠣᠷᠢᠭ᠋ ᠰᠠᠨᠠᠭᠠᠨ᠎ᠤ ᠭᠣᠣᠯ ᠰᠡᠳᠦᠪᠲᠦ ᠦᠵᠡᠭᠦᠯᠭᠡ》 ᠡᠬᠢᠯᠡᠬᠦ ᠶᠣᠰᠣᠯᠠᠯ ᠣᠢᠷ᠎ᠠ᠎ᠳᠤ ᠤᠯᠠᠭᠠᠨᠬᠦᠦ᠎ᠶᠢᠨ ᠳᠤᠷᠠᠰᠬᠠᠯ᠎ᠤᠨ ᠣᠷᠳᠣᠨ᠎ᠳᠤ ᠶᠠᠪᠤᠭᠳᠠᠪᠠ᠃


QQ截图20260427165707.png


ᠲᠤᠰ ᠤᠳᠠᠭᠠᠨ᠎ᠤ ᠦᠵᠡᠭᠦᠯᠭᠡ ᠵᠢ ᠤᠯᠠᠭᠠᠨᠬᠦᠦ᠎ᠶᠢᠨ ᠳᠤᠷᠠᠰᠬᠠᠯ᠎ᠤᠨ ᠣᠷᠳᠣᠨ ᠪᠣᠯᠣᠨ ᠵᠢᠶᠣᠣ ᠢᠦᠢ ᠯᠦ᠍ ᠨᠥᠬᠥᠷ᠎ᠦᠨ ᠳᠤᠷᠠᠰᠬᠠᠯ᠎ᠤᠨ ᠣᠷᠳᠣᠨ ᠬᠠᠮᠲᠤᠷᠠᠨ ᠡᠷᠬᠢᠯᠡᠵᠦ᠂ ᠵᠢᠶᠣᠣ ᠢᠦᠢ ᠯᠦ᠍ ᠨᠥᠬᠥᠷ᠎ᠦᠨ ᠨᠢᠭᠡ ᠰᠡᠳᠬᠢᠯ᠎ᠢᠶᠡᠷ ᠠᠷᠠᠳ᠎ᠤᠨ ᠲᠥᠯᠥᠭᠡ ᠵᠢᠳᠬᠦᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠳᠡᠭ ᠰᠡᠳᠬᠢᠯ᠎ᠢ ᠬᠥᠳᠡᠯᠭᠡᠮ᠎ᠡ ᠦᠢᠯᠡ ᠠᠵᠢᠯᠯᠠᠭ᠎ᠠ᠎ᠪᠠᠷ ᠳᠠᠮᠵᠢᠭᠤᠯᠤᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠬᠥᠮᠥᠵᠢᠭᠦᠯᠦᠨ ᠵᠢᠯᠤᠭᠣᠳᠴᠤ ᠪᠠᠢᠭᠠᠳ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠭᠤᠯᠵᠤ᠂ ᠵᠢᠱ᠌ᠢᠶᠡᠴᠢ᠎ᠡᠴᠡ ᠳᠠᠭᠠᠨ ᠰᠤᠷᠤᠯᠴᠠᠬᠤ ᠳᠤᠮᠳᠠ ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠲᠡᠦᠬᠡ ᠪᠠ ᠠᠷᠠᠳ ᠲᠦᠮᠡᠨ᠎ᠦ ᠰᠢᠯᠭᠠᠯᠲᠠ᠎ᠶᠢ ᠳᠠᠭᠠᠭᠠᠵᠤ ᠳᠡᠶ᠋ᠢᠯᠬᠦ ᠪᠣᠳᠠᠲᠤ ᠠᠮᠵᠢᠯᠲᠠ  ᠪᠦᠳᠦᠮᠵᠢ ᠭᠠᠷᠭᠠᠭᠤᠯᠬᠤ ᠪᠡᠷ ᠵᠤᠷᠢᠯᠭ᠎ᠠ ᠪᠡᠨ ᠪᠤᠯᠭᠠᠵᠠᠢ᠃

《ᠲᠤᠰ ᠤᠳᠠᠭ᠎ᠠ᠎ᠶᠢᠨ ᠬᠠᠮᠲᠤᠷᠠᠭᠰᠠᠨ ᠦᠵᠡᠭᠦᠯᠭᠡ ᠨᠢ ᠠᠬᠠᠮᠠᠳ ᠦᠶ᠎ᠡ᠎ᠶᠢᠨ ᠬᠢᠨ ᠎ᠤ ᠬᠤᠪᠢᠰᠬᠠᠯᠲᠤ ᠵᠣᠷᠢᠭ᠋ ᠰᠠᠨᠠᠭᠠᠨ᠎ᠤ ᠲᠤᠬᠠᠢ ᠴᠠᠭ ᠵᠠᠢ ᠠᠯᠤᠰᠯᠠᠭᠰᠠᠨ ᠶᠠᠷᠢᠯᠴᠠᠭ᠎ᠠ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠥᠪᠥᠷ ᠮᠣᠩᠭᠣᠯ ᠪᠣᠯᠣᠨ ᠾᠧᠨᠠᠨ ᠬᠣᠶᠠᠷ ᠭᠠᠵᠠᠷ᠎ᠤᠨ ᠬᠤᠪᠢᠰᠬᠠᠯᠳᠦ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ᠎ᠶᠢ ᠬᠠᠮᠲᠤ᠎ᠪᠠᠷ ᠠᠬᠢᠭᠤᠯᠤᠭᠰᠠᠨ ᠰᠢᠨ᠎ᠡ᠎ᠶᠢ ᠡᠭᠦᠳᠦᠭᠰᠡᠨ ᠦᠢᠯᠡᠳᠦᠯᠭᠡ ᠪᠣᠯᠣᠨ᠎ᠠ᠂ ᠨᠡᠩ ᠴᠤ᠌ ᠤᠯᠠᠭᠠᠨᠬᠦᠦ᠎ᠶᠢᠨ ᠳᠤᠷᠠᠰᠬᠠᠯ᠎ᠤᠨ ᠣᠷᠳᠣᠨ᠎ᠤ ᠲᠡᠷᠢᠭᠦᠨ᠎ᠦ ᠲᠤᠷᠰᠢᠯᠭ᠎ᠠ ᠡᠴᠡ ᠰᠤᠷᠤᠯᠴᠠᠵᠤ᠂ ᠬᠤᠪᠢᠰᠬᠠᠯ᠎ᠤᠨ ᠰᠤᠷᠭᠠᠨ ᠬᠥᠮᠦᠵᠢᠯ᠎ᠦᠨ ᠶᠠᠰᠤ ᠴᠢᠨᠠᠷ ᠦᠷ᠎ᠡ ᠪᠦᠲᠦᠮᠵᠢ᠎ᠶᠢ ᠬᠠᠮᠲᠤ᠎ᠪᠠᠷ ᠳᠡᠭᠡᠭᠰᠢᠯᠡᠭᠦᠯᠬᠦ ᠡᠷᠬᠢᠮ ᠨᠠᠨᠳᠢᠨ ᠠᠵᠠ ᠲᠣᠬᠢᠶᠠᠯ ᠪᠣᠯᠣᠨ᠎ᠠ》 ᠭᠡᠵᠦ ᠵᠢᠶᠣᠣ ᠢᠦᠢ ᠯᠦ᠍ ᠨᠥᠬᠥᠷ᠎ᠦᠨ ᠳᠤᠷᠠᠰᠬᠠᠯ᠎ᠤᠨ ᠣᠷᠳᠣᠨ᠎ᠤ ᠲᠥᠯᠥᠭᠡᠯᠡᠭᠴᠢ ᠵᠠᠩ ᠮᠢᠩ ᠶᠤᠸᠠᠢ ᠬᠡᠯᠡᠪᠡ᠃

ᠣᠢᠯᠠᠭᠠᠭᠰᠠᠨ᠎ᠢᠶᠠᠷ᠂ ᠦᠵᠡᠭᠦᠯᠭᠡ ᠨᠢ 7 ᠰᠠᠷ᠎ᠠ᠎ᠶᠢᠨ 31᠎ᠦ ᠡᠳᠦᠷ ᠪᠣᠯᠲᠠᠯ᠎ᠠ ᠦᠷᠭᠦᠯᠵᠢᠯᠡᠨ᠎ᠡ᠃

ᠢᠷᠡᠯᠲᠡ᠄ ᠤᠮᠠᠷᠠᠲᠤ᠎ᠶᠢᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号