ᠥᠪᠥᠷ ᠮᠣᠩᠭᠣᠯ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠰᠤᠷᠭᠠᠨ ᠬᠥᠮᠦᠵᠢᠯ᠎ᠦᠨ ᠬᠠᠮᠳᠤ ᠵᠢᠨ ᠴᠤᠭᠴᠠ ᠵᠢ ᠪᠠᠢᠭᠤᠯᠬᠤ ᠶᠤᠰᠤᠯᠠᠯ ᠶᠠᠪᠤᠭᠤᠯᠵᠠᠢ
2026-04-28 10:25:28
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠥᠪᠥᠷ ᠮᠣᠩᠭᠣᠯ ᠎ᠤᠨ ᠶᠡᠭᠡ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠰᠤᠳᠤᠯᠭᠠᠨ᠎ᠤ ᠴᠢᠳᠠᠪᠤᠷᠢ᠎ᠶᠢ ᠳᠡᠭᠡᠭᠰᠢᠯᠡᠭᠦᠯᠬᠦ ᠠᠵᠢᠯᠯᠠᠭ᠎ᠠ ᠵᠢᠴᠢ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠥᠮᠦᠵᠢᠯ᠎ᠦᠨ ᠬᠠᠮᠲᠤ᠎ᠶᠢᠨ ᠴᠣᠭᠴᠠ᠎ᠵᠢ ᠪᠠᠢᠭᠤᠯᠬᠤ ᠶᠤᠰᠤᠯᠠᠯ ᠬᠥᠬᠡᠬᠣᠲᠠ᠎ᠳᠤ ᠶᠠᠪᠤᠭᠳᠠᠪᠠ᠃

ᠲᠣᠰ ᠤᠳᠠᠭᠠᠨ᠎ᠤ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠂ ᠬᠣᠲᠣᠩ ᠠᠷᠠᠳ᠎ᠤᠨ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠣᠪᠴᠢᠶ᠎ᠠ ᠳᠠᠭᠠᠭᠠᠴᠢᠯᠠᠨ ᠡᠷᠬᠢᠯᠡᠪᠡ᠃ ᠠᠵᠢᠯᠯᠠᠭ᠎ᠠ ᠳ᠋ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ  ᠰᠤᠷᠭᠠᠨ ᠬᠥᠮᠦᠵᠢᠯ᠎ᠦᠨ ᠬᠠᠮᠲᠤ᠎ᠶᠢᠨ ᠴᠣᠭᠴᠠ ᠵᠢ ᠪᠠᠢᠭᠤᠯᠬᠤ ᠡᠬᠢᠯᠡᠯᠲᠡ᠎ᠶᠢᠨ ᠶᠣᠰᠣᠯᠠᠯ ᠶᠠᠪᠤᠭᠤᠯᠵᠤ᠂ ᠶᠡᠬᠡ ᠳᠡᠭᠡᠳᠦ ᠰᠤᠷᠭᠠᠭᠤᠯᠢ ᠪᠣᠯᠣᠨ ᠳᠤᠮᠳᠠᠳᠤ ᠪᠠᠭ᠎ᠠ ᠰᠤᠷᠭᠠᠭᠤᠯᠢ᠎ᠶᠢᠨ ᠲᠥᠯᠥᠭᠡᠯᠡᠭᠴᠢ ᠲᠤᠬᠠᠢ᠎ᠶᠢᠨ ᠲᠠᠯᠠᠪᠠᠢ᠎ᠳᠤ ᠬᠠᠮᠲᠤᠷᠠᠯᠴᠠᠭᠠᠨ᠎ᠤ ᠵᠥᠪᠯᠡᠯᠴᠡᠭᠡᠷ ᠲᠣᠬᠢᠷᠠᠯᠴᠠᠪᠠ᠃ ᠶᠡᠬᠡ ᠰᠤᠷᠭᠠᠭᠤᠯᠢ ᠪᠤᠯᠤᠨ ᠳᠤᠮᠳᠠᠳᠤ ᠪᠠᠭ᠎ᠠ ᠰᠤᠷᠭᠠᠭᠤᠯᠢ ᠨᠢ ᠬᠢᠴᠢᠶᠡᠯ᠎ᠢ ᠨᠡᠭᠡᠭᠡᠨ ᠬᠥᠭᠵᠢᠭᠦᠯᠬᠦ᠂ ᠪᠠᠭ᠍ᠰᠢ᠎ᠶᠢ ᠬᠠᠮᠲᠤ᠎ᠪᠠᠷ ᠬᠥᠮᠥᠵᠢᠭᠦᠯᠬᠦ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠂ ᠠᠵᠢᠯᠯᠠᠭ᠎ᠠ ᠡᠷᠬᠢᠯᠡᠬᠦ ᠵᠡᠷᠭᠡ ᠪᠣᠳᠠᠲᠠᠢ ᠲᠦᠷᠦᠯ ᠵᠦᠢᠯ᠎ᠦᠨ ᠲᠣᠭᠣᠷᠢᠨ᠎ᠳᠤ ᠬᠠᠪᠰᠤᠷᠤᠯᠴᠠᠭ᠎ᠠ ᠪᠠᠢᠭᠤᠯᠵᠤ᠂ ᠶᠡᠬᠡ ᠳᠡᠭᠡᠳᠦ ᠰᠤᠷᠭᠠᠭᠤᠯᠢ᠎ᠶᠢᠨ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠬᠦᠭᠡᠷᠦᠮᠵᠢ᠂ ᠨᠣᠮ᠎ᠤᠨ ᠰᠠᠩ ᠵᠡᠷᠭᠡ ᠰᠢᠯᠢᠳᠡᠭ ᠡᠬᠢ ᠪᠠᠶᠠᠯᠢᠭ᠋᠎ᠢ ᠳᠤᠮᠳᠠᠳᠤ ᠪᠠᠭ᠎ᠠ ᠰᠤᠷᠭᠠᠭᠤᠯᠢ᠎ᠳᠤ ᠡᠮᠬᠢ ᠵᠢᠷᠤᠮ᠎ᠲᠠᠢ᠎ᠪᠠᠷ ᠨᠡᠭᠡᠭᠡᠬᠦ᠎ᠶᠢ ᠠᠬᠢᠭᠤᠯᠵᠤ᠂ 《ᠭᠠᠷ ᠭᠠᠷ ᠵᠢᠡᠨ ᠬᠤᠯᠪᠤᠯᠴᠠᠨ》ᠬᠥᠮᠥᠨ᠎ᠢ ᠬᠥᠮᠥᠵᠢᠭᠦᠯᠬᠦ ᠬᠡᠯᠬᠢᠶ᠎ᠡ᠎ᠶᠢ ᠪᠦᠷᠢᠯᠳᠦᠭᠦᠯᠬᠦ ᠪᠡᠷ ᠪᠠᠢᠨ᠎ᠠ᠃ ᠬᠠᠮᠲᠤ᠎ᠶᠢᠨ ᠴᠣᠭᠴᠠ ᠵᠢᠨ ᠪᠠᠢᠭᠤᠯᠤᠯᠳᠠ ᠵᠢ ᠡᠬᠢᠯᠡᠬᠦᠯᠦᠭᠰᠡᠨ ᠨᠢ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠥᠮᠦᠵᠢᠯ  ᠬᠠᠮᠵᠢᠯᠴᠠᠨ ᠠᠬᠢᠭᠤᠯᠬᠤ᠂ ᠠᠭᠤᠰᠤᠯᠴᠠᠨ ᠬᠥᠭᠵᠢᠬᠦ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃

ᠠᠵᠢᠯᠯᠠᠭ᠎ᠠ᠎ᠳᠤ ᠪᠡᠭᠡᠵᠢᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠤᠬᠠᠭᠠᠨ᠎ᠤ ᠬᠡᠯᠲᠡᠰ᠎ᠦᠨ ᠬᠢᠴᠢᠶᠡᠯ ᠪᠠ ᠵᠢᠭᠠᠨ ᠰᠤᠷᠭᠠᠯᠲᠠ᠎ᠶᠢᠨ ᠰᠤᠳᠤᠯᠭᠠᠨ᠎ᠤ ᠬᠦᠷᠢᠶᠡᠯᠡᠩ ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠱᠠᠩᠬᠠᠢ᠎ᠶᠢᠨ ᠬᠡᠷᠡᠯ᠎ᠤᠨ ᠤᠬᠠᠭᠠᠨ ᠨᠠᠷᠢᠯᠢᠭ ᠮᠠᠰᠢᠨ᠎ᠮᠧᠬᠠᠨᠢᠭ᠎ᠤᠨ ᠰᠤᠳᠤᠯᠭᠠᠨ᠎ᠤ ᠭᠠᠵᠠᠷ᠎ᠤᠨ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠥᠮᠦᠵᠢᠯ᠎ᠦᠨ ᠬᠣᠰᠢᠭᠤᠷᠠᠯ ᠣᠢᠯᠠᠭᠠᠭᠳᠠᠬᠤᠨ ᠪᠠ ᠦᠢᠯᠡᠳᠦᠯᠭᠡ᠎ᠶᠢᠨ ᠦᠷ᠎ᠡ ᠪᠦᠲᠦᠭᠡᠯ᠎ᠢ ᠬᠤᠪᠢᠶᠠᠯᠴᠠᠵᠠᠢ᠃ ᠬᠤᠷᠠᠯ᠎ᠳᠤ ᠣᠷᠣᠯᠴᠠᠭᠰᠠᠳ ᠬᠥᠬᠡᠬᠣᠲᠠ᠎ᠶᠢᠨ ᠨᠠᠨ ᠮᠠ ᠯᠤ᠌ ᠪᠠᠭ᠎ᠠ ᠰᠤᠷᠭᠠᠭᠤᠯᠢ᠎ᠶᠢᠨ ᠰᠢᠨᠬᠤᠸᠠ ᠪᠠᠷᠠᠭᠤᠨ ᠵᠡᠭᠡᠯᠢ᠎ᠶᠢᠨ ᠰᠤᠷᠭᠠᠭᠤᠯᠢ ᠵᠢᠨ  ᠲᠣᠭᠣᠷᠢᠭ᠋᠂ ᠬᠥᠬᠡᠬᠣᠲᠠ᠎ᠶᠢᠨ ᠲᠡᠮᠦᠷ ᠵᠠᠮ᠎ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠶᠢᠨ ᠬᠤᠪᠢᠶᠠᠷᠢ ᠰᠤᠷᠭᠠᠭᠤᠯᠢ ᠵᠡᠷᠭᠡ ᠰᠤᠷᠭᠠᠭᠤᠯᠢ᠎ᠳᠤ ᠭᠦᠨᠵᠡᠭᠡᠢᠷᠡᠨ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠪᠡ᠃

ᠣᠢᠯᠠᠭᠠᠭᠰᠠᠨ᠎ᠢᠶᠠᠷ᠂ ᠣᠢᠷ᠎ᠠ᠎ᠶᠢᠨ ᠵᠢᠯ᠎ᠳ᠋ᠤ ᠥᠪᠥᠷ ᠮᠣᠩᠭᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠥᠮᠦᠵᠢᠯ᠎ᠦᠨ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠬᠥᠮᠥᠨ᠎ᠢ ᠬᠥᠮᠥᠵᠢᠭᠦᠯᠬᠦ ᠡᠬᠢ ᠪᠠᠶᠠᠯᠢᠭ᠋᠎ᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ᠂ ᠪᠠᠲᠤᠯᠠᠭ᠎ᠠ᠎ᠶᠢᠨ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠥᠮᠦᠵᠢᠯ᠎ᠢ ᠪᠦᠬᠦᠯᠢ ᠴᠣᠭᠴᠠ᠎ᠪᠠᠷ ᠠᠬᠢᠭᠤᠯᠪᠠ᠃ ᠡᠨᠡ ᠵᠢᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠨᠢᠭᠡ ᠴᠣᠭᠴᠠᠵᠢᠭᠤᠯᠤᠨ ᠬᠥᠮᠥᠨ᠎ᠢ ᠬᠥᠮᠥᠵᠢᠭᠦᠯᠬᠦ ᠰᠢᠰᠲᠧᠮ᠎ᠢ ᠪᠠᠶ᠋ᠢᠭᠤᠯᠬᠤ ᠪᠣᠭᠣᠮᠲᠠ ᠰᠢᠪᠲᠤᠯᠬᠤ ᠵᠢᠯ ᠪᠤᠯᠤᠨ᠎ᠠ᠃ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠂ ᠬᠢᠴᠢᠶᠡᠯ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠬᠦ᠂ ᠵᠢᠭᠠᠨ ᠰᠤᠷᠭᠠᠯᠲᠠ ᠰᠤᠳᠤᠯᠭᠠᠨ᠎ᠢᠶᠠᠷ ᠬᠥᠲᠥᠯᠥᠨ ᠳᠠᠭᠠᠭᠤᠯᠬᠤ ᠪᠠ ᠪᠠᠭ᠍ᠰᠢ᠎ᠨᠠᠷ ᠲᠤ᠌ ᠴᠢᠳᠠᠪᠤᠷᠢ ᠣᠯᠭᠣᠬᠤ ᠂ ᠦᠨᠡᠯᠡᠨ ᠪᠠᠲᠤᠯᠠᠬᠤ᠂ ᠵᠣᠬᠢᠶᠠᠮᠠᠯ ᠤᠶᠤᠨ ᠴᠢᠳᠠᠪᠤᠷᠢ ᠵᠢᠨ ᠬᠡᠷᠡᠭᠯᠡᠭᠡ᠂ ᠭᠡᠷ ᠪᠦᠯᠢ ᠰᠤᠷᠭᠠᠭᠤᠯᠢ ᠨᠡᠢᠭᠡᠮ᠎ᠦᠨ ᠬᠠᠮᠲᠤᠷᠠᠯᠴᠠᠭ᠎ᠠ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢᠨ ᠲᠣᠭᠣᠷᠢᠨ᠎ᠳᠤ《 ᠨᠢᠭᠡ ᠠᠢᠮᠠᠭ ᠬᠣᠲᠠ᠎ᠳᠤ ᠨᠢᠭᠡ ᠣᠨᠴᠠᠯᠢᠭ᠋᠂ ᠨᠢᠭᠡ ᠰᠤᠷᠭᠠᠭᠤᠯᠢ᠎ᠳᠤ ᠨᠢᠭᠡ ᠲᠦᠷᠦᠯ ᠲᠡᠮᠳᠡᠭ ᠲᠠᠢ》  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠪᠠᠢᠷᠢᠰᠢᠯ᠎ᠢ ᠪᠦᠷᠢᠨᠰᠢᠭᠦᠯᠬᠦ ᠪᠤᠯᠤᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号