《ᠢᠳᠡᠰᠢ 》 ᠲᠦᠷᠦᠯ ᠲᠡᠮᠳᠡᠭ ᠡᠸᠡᠩᠬᠢ ᠎ᠵᠢᠨ 《ᠦᠬᠡᠷ 》 ᠤ᠋ᠨ ᠠᠵᠤ ᠠᠬᠤᠶ᠎ᠵᠢ ᠬᠦᠭᠵᠢᠭᠡᠨ᠎ᠠ
2026-04-28 10:16:08
ᠵᠣᠬᠢᠶᠠᠭ᠍ᠴᠢ᠄
ᠯᠢ ᠢᠦᠶ ᠵᠦᠸᠸ
ᠣᠩᠱᠢᠭ᠍ᠰᠠᠨ ᠣᠳᠠᠭ᠎ᠠ᠄
★★★☆☆

ᠬᠠᠪᠤᠷ ᠰᠠᠭᠠᠳᠠᠵᠤ ᠲᠦᠮᠡᠨ ᠪᠣᠳᠠᠰ ᠲᠦᠯᠵᠢᠨ ᠠᠮᠢᠯᠠᠨ᠎ᠠ᠃ ᠬᠥᠯᠥᠨ ᠪᠣᠢᠷ ᠬᠣᠲᠠ ᠶ᠋ᠢᠨ ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠬᠣᠶ ᠰᠤᠮᠤ ᠶ᠋ᠢᠨ ᠷᠠᠱᠢᠶᠠᠨ ᠨᠠᠭᠤᠷ ᠭᠠᠴᠠᠭᠠᠨ ᠤ᠋ ᠮᠠᠯᠴᠢᠨ ᠱᠢᠶᠠ ᠱᠢᠩ ᠵᠢᠶᠦ᠋ᠨ ᠬᠠᠪᠤᠷ ᠤ᠋ᠨ ᠠᠵᠢᠯ᠎ᠳᠠᠭᠠᠨ ᠶᠠᠭᠠᠷᠠᠨ᠎ᠠ ᠃

ᠱᠢᠶᠠ ᠱᠢᠩ ᠵᠢᠶᠦ᠋ᠨ ᠪᠣᠯ ᠷᠠᠱᠢᠶᠠᠨ ᠭᠠᠴᠠᠭ᠎ᠠ ᠶ᠋ᠢᠨ ᠲᠡᠵᠢᠭᠡᠨ ᠦᠷᠡᠵᠢᠭᠦᠯᠬᠦ᠌ ᠲᠣᠮᠣ ᠡᠷᠦᠬᠡ ᠪᠠᠢᠵᠤ᠂ 500 ᠭᠠᠷᠤᠶ ᠦᠬᠡᠷ᠂ 300 ᠭᠠᠷᠤᠶ ᠬᠣᠨᠢ ᠲᠡᠵᠢᠭᠡᠵᠦ ᠪᠠᠢᠨ᠎ᠠ᠃

ᠬᠡᠳᠦᠢᠪᠡᠷ ᠬᠡᠰᠡᠭ ᠬᠤᠭᠤᠴᠠᠭ᠎ᠠ ᠥᠩᠭᠡᠷᠡᠭ᠌ᠰᠡᠨ ᠪᠣᠯᠪᠠᠴᠤ᠌ ᠱᠢᠶᠠ ᠱᠢᠩ ᠵᠢᠶᠦ᠋ᠨ ᠡᠪᠦᠯ ᠤ᠋ᠨ ᠢᠳᠡᠰᠢ ᠭᠠᠷᠭᠠᠬᠤ ᠠᠵᠢᠯᠯᠠᠭ᠎ᠠ ᠎ᠵᠢᠨ ᠲᠤᠬᠠᠢ ᠮᠥᠨ ᠯᠡ ᠤᠷᠮ᠎ᠠ ᠪᠠᠬ᠎ᠠ ᠲᠠᠢ ᠶᠠᠷᠢᠨ᠎ᠠ ᠃ ᠨᠢᠳᠤᠨᠤᠨ ᠡᠪᠦᠯ ᠡᠨᠡ ᠬᠠᠪᠤᠷ ᠬᠣᠱᠢᠭᠤᠨ ᠤ᠋ ᠡᠷᠬᠢᠯᠡᠭ᠌ᠰᠡᠨ ᠡᠪᠦᠯ ᠤ᠋ᠨ ᠢᠳᠡᠰᠢ ᠭᠠᠷᠭᠠᠬᠤ ᠠᠵᠢᠯᠯᠠᠭ᠎ᠠ ᠎ᠳ᠋ᠤ ᠱᠢᠶᠠ ᠱᠢᠩ ᠵᠢᠶᠦ᠋ᠨ 5 ᠦᠬᠡᠷ ᠨᠢᠳᠦᠯᠡᠵᠦ ᠂ ᠨᠢᠭᠡᠯᠡ ᠡᠳᠦᠷ ᠲᠦ᠍ ᠦᠬᠡᠷ ᠤ᠋ᠨ ᠮᠢᠬ᠎ᠠ ᠪᠠᠨ  ᠪᠦᠬᠦᠨ᠎ᠢ  ᠬᠤᠳᠠᠯᠳᠤᠪᠠ᠃

ᠡᠸᠡᠩᠬᠢ ᠶ᠋ᠢᠨ ᠲᠠᠯ᠎ᠠ ᠨᠤᠲᠤᠭ ᠲᠦ᠍᠂ ᠮᠠᠯᠴᠢᠳ ᠵᠢᠯ ᠪᠤᠯᠭᠠᠨ᠎ᠤ ᠡᠪᠦᠯ ᠤ᠋ᠨ ᠡᠬᠢ ᠪᠡᠷ ᠦᠬᠡᠷ ᠬᠣᠨᠢ ᠭᠠᠷᠭᠠᠵᠤ᠂ ᠡᠪᠦᠯ ᠤ᠋ᠨ ᠮᠢᠬ᠎ᠠ ᠨᠥᠭᠡᠴᠡᠯᠡᠳᠡᠭ ᠢ᠋ 《ᠢᠳᠡᠰᠢ》 ᠭᠡᠳᠡᠭ᠃ ᠠᠩᠬᠠᠳᠤᠭᠠᠷ ᠬᠤᠭᠤᠴᠠᠭᠠᠨ ᠤ᠋ ᠡᠪᠤᠯ᠎ᠤᠨ ᠢᠳᠡᠰᠢ ᠭᠠᠷᠭᠠᠬᠤ ᠠᠵᠢᠯᠯᠠᠭ᠎ᠠ᠎ᠵᠢ ᠬᠤᠢ ᠰᠤᠮᠤ ᠡᠴᠡ 2020 ᠣᠨ ᠤ᠋ ᠡᠪᠦᠯ ᠡᠷᠭᠢᠯᠡᠵᠦ᠂ ᠲᠤᠬᠠᠶ ᠶ᠋ᠢᠨ ᠦᠶ᠎ᠡ ᠳ᠋ᠤ ᠣᠢᠷ᠎ᠠ ᠬᠠᠪᠢ ᠶ᠋ᠢᠨ ᠮᠠᠰᠢ ᠣᠯᠠᠨ ᠮᠠᠯᠴᠢᠨ ᠣᠷᠣᠯᠴᠠᠵᠤ ᠢᠳᠡᠰᠢ ᠬᠤᠳᠠᠯᠳᠤᠨ ᠠᠪᠴᠠᠶ᠃ ᠲᠤᠬᠠᠢ ᠶ᠋ᠢᠨ ᠭᠠᠵᠠᠷ ᠤ᠋ᠨ ᠬᠢᠨ ᠢᠳᠡᠰᠢ ᠭᠠᠷᠭᠠᠬᠤ ᠠᠵᠢᠯᠯᠠᠭ᠎ᠠ ᠡᠷᠬᠢᠯᠡᠬᠦ ᠪᠡᠷ ᠳᠠᠮᠵᠢᠨ 《ᠢᠳᠡᠰᠢ》 ᠲᠦᠷᠦᠯ ᠲᠡᠮᠳᠡᠭ ᠢ᠋ ᠡᠬᠦᠳᠴᠤ᠂ ᠲᠠᠷᠢᠶᠠᠯᠠᠩ ᠮᠠᠯ ᠠᠵᠤ ᠠᠬᠤᠢ ᠪᠠ ᠰᠣᠶᠣᠯ ᠵᠢᠭᠤᠯᠴᠢᠯᠠᠯ ᠤ᠋ᠨ ᠭᠦᠨᠵᠡᠭᠡᠢ ᠠᠭᠤᠰᠤᠯᠴᠠᠯ ᠢ᠋ ᠠᠬᠢᠭᠤᠯᠵᠤ ᠂ ᠲᠤᠬᠠᠢ ᠶ᠋ᠢᠨ ᠭᠠᠵᠠᠷ ᠤ᠋ᠨ ᠮᠠᠯ ᠠᠵᠤ ᠠᠬᠤᠢ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠣᠷᠣᠯᠭ᠎ᠠ ᠵᠢ ᠨᠡᠮᠡᠭ᠌ᠳᠡᠭᠦᠯᠬᠦ᠌ ᠵᠢ ᠬᠦᠰᠡᠵᠦ᠍ ᠪᠠᠢᠵᠠᠢ᠃

ᠲᠡᠭᠡᠭᠡᠳ 2023 ᠣᠨ ᠡᠴᠡ ᠡᠬᠢᠯᠡᠨ  ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠱᠢᠭᠤ᠎ᠵᠢᠨ ᠬᠢᠨ 《ᠢᠳᠡᠰᠢ 》  ᠵᠢ ᠲᠤᠬᠠᠶ ᠶ᠋ᠢᠨ ᠭᠠᠵᠠᠷ ᠤ᠋ᠨ ᠭᠤᠤᠯᠳᠠᠯᠭ᠎ᠠ ᠲᠠᠢ ᠪᠣᠢᠵᠢᠭᠤᠯᠬᠤ ᠲᠥᠷᠥᠯ ᠵᠦᠶ᠋ᠯ ᠪᠣᠯᠭᠠᠨ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂  ᠢᠳᠡᠰᠢ ᠭᠠᠷᠭᠠᠬᠤ ᠠᠵᠢᠯᠯᠠᠭ᠎ᠠ ᠵᠢ ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ᠂ ᠪᠠᠯᠠ ᠮᠥᠩᠭᠥ ᠶ᠋ᠢᠨ ᠪᠠᠲᠤᠯᠠᠭ᠎ᠠ᠂ ᠡᠬᠢ ᠪᠠᠶᠠᠯᠢᠭ ᠢ᠋ ᠨᠡᠢᠳᠭᠡᠬᠦ᠂ ᠤᠬᠠᠭᠤᠯᠤᠨ ᠳᠡᠯᠭᠡᠷᠡᠭᠦᠯᠬᠦ᠌ ᠵᠡᠷᠭᠡ ᠲᠠᠯ᠎ᠠ  ᠵᠢ ᠪᠥᠬᠥ᠌ ᠲᠠᠯ᠎ᠠ ᠪᠡᠷ ᠬᠦᠴᠦᠯᠡᠨ ᠳᠡᠮᠵᠢᠵᠦ᠂ 2025 ᠣᠨ ᠪᠣᠯᠬᠤ ᠳ᠋ᠤ   ᠪᠥᠬᠥ᠌ ᠬᠣᠱᠢᠭᠤ ᠪᠡᠷ ᠢ᠋ᠶ᠋ᠡᠨ ᠨᠢᠭᠡᠳᠦᠯᠲᠡᠶ ᠲᠥᠯᠥᠪᠵᠢᠭᠦᠯᠦᠭᠰᠡᠨ᠂ ᠰᠤᠮᠤ ᠱᠢᠶᠠᠩ ᠪᠠᠯᠭᠠᠰᠤ᠂ ᠬᠣᠱᠢᠭᠤᠨ ᠤ᠋ ᠱᠢᠭᠤᠳ ᠬᠠᠷᠢᠶ᠎ᠠ ᠬᠠᠮᠢᠶ᠎ᠠ ᠪᠥᠬᠥᠶ ᠰᠠᠯᠠᠭ᠎ᠠ ᠮᠥᠴᠢᠷ ᠳᠠᠭᠠᠭᠠᠴᠢᠯᠠᠨ ᠡᠷᠭᠢᠯᠡᠭ᠌ᠰᠡᠨ᠂ ᠪᠥᠬᠥ᠌ ᠠᠷᠠᠳ ᠢ᠋ᠶ᠋ᠡᠷ ᠢ᠋ᠶ᠋ᠡᠨ ᠣᠷᠣᠯᠴᠠᠭ᠍ᠰᠠᠨ ᠱᠢᠨ᠎ᠡ ᠪᠠᠢᠷᠢᠱᠢᠯ ᠢ᠋ ᠪᠦᠷᠢᠯᠳᠦᠬᠦᠯᠪᠠ᠃

2025 ᠣᠨ ᠤ᠋ 11 ᠰᠠᠷ᠎ᠠ ᠡᠴᠡ 2026 ᠣᠨ ᠤ᠋ 2 ᠰᠠᠷ᠎ᠠ ᠪᠣᠯᠲᠠᠯ᠎ᠠ᠂ ᠬᠣᠱᠢᠭᠤᠨ ᠡᠴᠡ ᠨᠡᠢᠲᠡ 11 ᠬᠤᠭᠤᠴᠠᠭᠠᠨ ᠤ᠋  ᠢᠳᠡᠰᠢ ᠭᠠᠷᠭᠠᠬᠤ ᠠᠵᠢᠯᠯᠠᠭ᠎ᠠ ᠪᠠ 1 ᠤᠳᠠᠭ᠎ᠠ᠎ᠵᠢᠨ ᠱᠢᠨ᠎ᠡ ᠵᠢᠯ ᠤ᠋ᠨ ᠣᠨᠴᠠᠭᠠᠶ ᠲᠤᠰᠭᠠᠶ ᠠᠵᠢᠯᠯᠠᠭ᠎ᠠ ᠵᠢ ᠵᠣᠬᠢᠶᠠᠨ ᠪᠠᠢᠭᠤᠯᠪᠠ᠃ ᠤᠤᠯ ᠤ᠋ᠨ ᠡᠵᠡᠩᠨᠡᠯᠲᠡ ᠶ᠋ᠢᠨ ᠬᠡᠯᠪᠡᠷᠢ ᠶ᠋ᠢᠨ ᠰᠠᠭᠤᠷᠢᠨ ᠳᠡᠭᠡᠷ᠎ᠡ᠂ ᠲᠤᠰ ᠤᠳᠠᠭ᠎ᠠ ᠠᠵᠢᠯᠯᠠᠭ᠎ᠠ ᠶ᠋ᠢᠨ ᠠᠭᠤᠯᠭ᠎ᠠ ᠪᠠᠨ ᠰᠢᠨᠠᠴᠢᠯᠠᠵᠤ᠂ ᠨᠡᠭᠦᠳᠡᠯ ᠰᠣᠶᠣᠯ ᠤ᠋ᠨ ᠡᠭᠦᠰᠦᠯ ᠤ᠋ᠨ ᠤᠬᠠᠭᠤᠯᠭ᠎ᠠ ᠶ᠋ᠢᠨ ᠦᠵᠡᠭᠦᠯᠭᠡ ᠶ᠋ᠢᠨ ᠲᠣᠭᠣᠷᠢᠭ ᠲᠤᠬᠢᠷᠠᠭᠤᠯᠬᠤ  ᠪᠠᠷ  ᠳᠠᠮᠵᠢᠭᠤᠯᠤᠨ᠂ 《ᠠᠷᠠᠳ ᠤ᠋ᠨ ᠵᠠᠩ ᠦᠢᠯᠡ + ᠠᠮᠲᠠᠲᠤ ᠢᠳᠡᠭᠡᠨ + ᠵᠢᠭᠤᠯᠴᠢᠯᠠᠯ + ᠤᠬᠠᠭᠤᠯᠭ᠎ᠠ 》 ᠎ᠵᠢᠨ ᠬᠡᠯᠪᠡᠷᠢ ᠶ᠋ᠢᠨ ᠪᠡᠶᠡᠴᠢᠯᠡᠨ ᠣᠢᠯᠠᠭᠠᠬᠤ ᠵᠠᠭ᠍ᠪᠤᠷ ᠢ᠋ ᠡᠬᠦᠳᠴᠤ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠵᠡᠭᠦᠯᠭᠡ᠂ ᠠᠷᠠᠳ ᠤ᠋ᠨ ᠵᠠᠩ ᠦᠢᠯᠡ ᠶ᠋ᠢᠨ ᠤᠷᠤᠯᠳᠤᠭᠠᠨ᠂ ᠲᠠᠯ᠎ᠠ ᠨᠤᠲᠤᠭ ᠤ᠋ᠨ ᠠᠮᠲᠠᠲᠤ ᠢᠳᠡᠭᠡᠨ ᠢ᠋ ᠰᠢᠯᠭᠠᠨ ᠦᠨᠡᠯᠡᠬᠦ ᠵᠡᠷᠭᠡ ᠣᠯᠠᠨ ᠡᠱᠢᠲᠦ ᠪᠡᠶᠡᠴᠢᠯᠡᠨ ᠣᠢᠯᠠᠭᠠᠬᠤ ᠠᠭᠤᠯᠭ᠎ᠠ ᠵᠢ ᠣᠷᠣᠭᠤᠯᠵᠤ᠂ ᠮᠡᠳᠡᠯᠭᠡᠲᠦ ᠴᠢᠨᠠᠷ᠂ ᠪᠡᠶᠡᠴᠢᠯᠡᠨ ᠣᠢᠯᠠᠭᠠᠬᠤ ᠬᠦᠷᠲᠡᠮᠵᠢ ᠪᠠ ᠰᠣᠶᠣᠯ ᠤ᠋ᠨ ᠠᠭᠤᠷ ᠠᠮᠢᠰᠭᠤᠯ ᠢ᠋ ᠪᠦᠷᠢᠳᠦᠭᠦᠯᠦᠭ᠌ᠰᠡᠨ ᠳᠡᠯᠭᠡᠨ ᠦᠵᠡᠭᠦᠯᠬᠦ᠌ ᠣᠷᠣᠨ ᠵᠠᠶ ᠵᠢ ᠪᠤᠢ ᠪᠣᠯᠭᠠᠪᠠ᠃

ᠬᠤᠢ ᠰᠤᠮᠤ ᠶ᠋ᠢᠨ ᠮᠢᠬᠠᠨ ᠤ᠋ ᠦᠬᠡᠷ 8 ᠲᠦᠮᠡ ᠭᠠᠷᠤᠢ ᠪᠠᠢᠵᠤ ᠂ 《ᠱᠢᠷᠠᠯᠠᠬᠰᠠᠨ ᠦᠭᠡᠭᠦ ᠲᠠᠢ ᠦᠬᠡᠷ ᠤ᠋ᠨ ᠮᠢᠬ᠎ᠠ 》 ᠨᠢ ᠲᠤᠬᠠᠢ ᠶ᠋ᠢᠨ ᠭᠠᠵᠠᠷ ᠲᠦ᠍ ᠨᠡᠷ᠎ᠡ ᠠᠯᠳᠠᠷᠱᠢᠪᠠ ᠃ 2025 ᠣᠨ ᠤ᠋ 11 ᠰᠠᠷ᠎ᠠ ᠶ᠋ᠢᠨ 22  ᠤ᠋ᠨ ᠡᠪᠤᠯ᠎ᠤᠨ ᠢᠳᠡᠰᠢ ᠭᠠᠷᠭᠠᠬᠤ ᠠᠵᠢᠯᠯᠠᠭ᠎ᠠ ᠎ᠵᠢᠨ ᠲᠦᠷᠦᠭᠦᠦ ᠡᠳᠦᠷ᠂ ᠬᠤᠢ ᠰᠤᠮᠤᠨ ᠤ᠋ ᠪᠣᠷᠣᠯᠠᠭᠤᠯᠭ᠎ᠠ ᠶ᠋ᠢᠨ ᠪᠥᠬᠥ᠌ ᠬᠡᠮᠵᠢᠶ᠎ᠡ 54.9 ᠲᠦᠮᠡᠨ ᠲᠥᠭᠥᠷᠢᠭ ᠲᠦ᠍ ᠬᠦᠷᠴᠡᠶ᠃ ᠴᠤᠭ᠍ᠯᠠᠭᠠᠨ ᠤ᠋ ᠬᠣᠶᠠᠳᠤᠭᠠᠷ ᠡᠳᠦᠷ ᠪᠠᠰᠠ 59.7 ᠲᠦᠮᠡᠨ ᠲᠥᠭᠥᠷᠢᠭ ᠬᠤᠳᠠᠯᠳᠤᠪᠠ᠃ 《 〈ᠢᠳᠡᠰᠢ〉  ᠲᠦᠷᠦᠯ ᠲᠡᠮᠳᠡᠭ ᠎ᠢ ᠠᠱᠢᠭ᠍ᠯᠠᠨ᠂ ᠬᠤᠢ ᠰᠤᠮᠤᠨ ᠤ᠋ ᠦᠬᠡᠷ ᠬᠣᠨᠢᠨ ᠮᠢᠬ᠎ᠠ ᠵᠢ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠦ᠍ ᠭᠠᠷᠭᠠᠵᠤ᠂ ᠰᠠᠢᠨ ᠮᠢᠬ᠎ᠠ ᠵᠢ ᠦᠨᠳᠦᠷ ᠦᠨ᠎ᠡ ᠳ᠋ᠤ ᠬᠦᠷᠭᠡᠬᠦ ᠵᠢ ᠬᠦᠰᠡᠵᠦ᠍ ᠪᠠᠢᠨ᠎ᠠ 》 ᠭᠡᠵᠤ ᠰᠤᠮᠤᠨ ᠳᠠᠷᠤᠭ᠎ᠠ ᠠᠰᠭᠠᠨ ᠭᠡᠯᠡᠵᠤ ᠪᠠᠢᠯ᠎ᠠ᠃

ᠲᠣᠭ᠎ᠠ ᠪᠠᠷᠢᠮᠲᠠ ᠳ᠋ᠤ ᠢᠯᠡᠷᠡᠭᠦᠯᠦᠭ᠌ᠰᠡᠨ ᠢ᠋ᠶ᠋ᠡᠷ᠂ ᠲᠣᠰ ᠬᠤᠭᠤᠴᠠᠭᠠᠨ ᠤ᠋ ᠡᠪᠤᠯ᠎ᠤᠨ ᠢᠳᠡᠰᠢ ᠭᠠᠷᠭᠠᠬᠤ ᠠᠵᠢᠯᠯᠠᠭ᠎ᠠ᠎ᠵᠢᠨ ᠲᠤᠬᠠᠶ ᠶ᠋ᠢᠨ ᠲᠠᠯᠠᠪᠠᠶ ᠳ᠋ᠤ ᠡᠪᠦᠯ ᠤ᠋ᠨ ᠢᠳᠡᠰᠢᠨ ᠮᠢᠬ᠎ᠠ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠤᠶᠤᠯᠵᠢᠭᠤᠨ ᠪᠦᠲᠦᠭᠡᠭᠳᠡᠬᠦᠨ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠂ ᠣᠨᠴᠠᠯᠢᠭ᠍ᠲᠤ ᠠᠮᠲᠠᠲᠤ ᠢᠳᠡᠭᠡᠨ᠂ ᠭᠤᠴᠤ ᠰᠠᠢᠬᠠᠨ ᠴᠠᠭᠠᠨ ᠰᠠᠷ᠎ᠠ ᠶ᠋ᠢᠨ ᠪᠠᠷᠠᠭ᠎ᠠ ᠵᠡᠷᠭᠡ ᠡᠯ᠎ᠡ ᠲᠥᠷᠥᠯ ᠤ᠋ᠨ ᠳᠡᠯᠭᠡᠭᠦᠷ ᠤ᠋ᠨ ᠪᠠᠢᠷᠢ ᠵᠢ 480 ᠭᠠᠷᠤᠶ ᠲᠤᠬᠢᠷᠠᠭᠤᠯᠵᠤ᠂ ᠠᠵᠢᠯᠯᠠᠭ᠎ᠠ ᠳ᠋ᠤ 28.1 ᠲᠦᠮᠡᠨ ᠬᠥᠮᠦᠨ ᠤᠳᠠᠭ᠎ᠠ ᠤᠷᠤᠯᠴᠠᠵᠤ ᠂ ᠪᠣᠷᠣᠯᠠᠭᠤᠯᠤᠭ᠍ᠰᠠᠨ ᠬᠡᠮᠵᠢᠶ᠎ᠡ ᠨᠢ 1831 ᠲᠦᠮᠡᠨ ᠲᠥᠭᠥᠷᠢᠭ ᠲᠦ᠍ ᠬᠦᠷᠴᠡᠶ᠃

《ᠡᠪᠤᠯ᠎ᠤᠨ ᠢᠳᠡᠰᠢ ᠭᠠᠷᠭᠠᠬᠤ ᠠᠵᠢᠯᠯᠠᠭ᠎ᠠ + 》 ᠣᠯᠠᠨ ᠡᠱᠢᠲᠦ ᠬᠡᠷᠡᠭ᠌ᠯᠡᠭᠡᠨ ᠤ᠋ ᠣᠷᠴᠢᠨ ᠢ᠋ ᠪᠤᠢ ᠪᠣᠯᠭᠠᠬᠤ ᠪᠡᠷ ᠳᠠᠮᠵᠢᠨ᠂ ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠱᠢᠭᠤ᠎ᠵᠢᠨ ᠬᠢᠨ ᠮᠠᠯᠴᠢᠳ ᠤ᠋ᠨ ᠥᠪᠡᠷ ᠤ᠋ᠨ ᠲᠡᠵᠢᠭᠡᠨ ᠦᠷᠡᠵᠢᠭᠦᠯᠵᠦ᠍ ᠪᠠᠢᠭ᠎ᠠ ᠦᠬᠡᠷ ᠬᠣᠨᠢᠨ ᠮᠢᠬ᠎ᠠ ᠵᠢ ᠱᠢᠭᠤᠳ ᠵᠠᠬ᠎ᠠ ᠳᠡᠯᠭᠡᠭᠦᠷ ᠲᠦ᠍ ᠭᠠᠷᠭᠠᠬᠤ ᠵᠢ ᠪᠡᠶᠡᠯᠡᠭᠦᠯᠵᠦ᠂ ᠲᠠᠯ᠎ᠠ ᠨᠤᠲᠤᠭ ᠤ᠋ᠨ ᠠᠮᠲᠠ ᠰᠢᠮ᠎ᠡ ᠰᠠᠢᠲᠠᠢ ᠦᠬᠡᠷ ᠬᠤᠨᠢᠨ ᠮᠢᠬ᠎ᠠ ᠵᠢ ᠣᠷᠣᠯᠭ᠎ᠠ ᠪᠠᠨ ᠨᠡᠮᠡᠭ᠌ᠳᠡᠭᠦᠯᠬᠦ᠌ ᠪᠤᠳᠠᠳᠤ ᠬᠦᠴᠦᠨ ᠪᠣᠯᠭᠠᠵᠤ᠂ ᠰᠣᠶᠣᠯ ᠢ᠋ ᠤᠯᠠᠮᠵᠢᠯᠠᠬᠤ᠂ ᠬᠡᠷᠡᠭ᠌ᠯᠡᠭᠡ ᠵᠢ ᠳᠡᠰ ᠳᠡᠪᠱᠢᠭᠦᠯᠬᠦ᠌ ᠪᠠ ᠮᠠᠯᠴᠢᠳ ᠤ᠋ᠨ ᠣᠷᠣᠯᠭ᠎ᠠ ᠵᠢ ᠨᠡᠮᠡᠭ᠌ᠳᠡᠭᠦᠯᠬᠦ᠌ ᠵᠢ ᠪᠡᠶᠡᠯᠡᠭᠦᠯᠪᠡ᠃

《ᠵᠠᠰᠠᠭ ᠤ᠋ᠨ ᠣᠷᠳᠣᠨ ᠡᠴᠡ ᠲᠠᠪᠴᠠᠩ ᠪᠠᠢᠭᠤᠯᠬᠤ᠂ ᠵᠠᠬ᠎ᠠ ᠳᠡᠯᠭᠡᠭᠦᠷ ᠵᠢᠨᠷ ᠭᠤᠤᠯ ᠴᠣᠭ᠍ᠴᠠ ᠪᠤᠯᠭᠠᠬᠤ᠂ ᠵᠢᠭᠤᠯᠴᠢᠯᠠᠬᠰᠠᠳ ᠢ᠋ᠶ᠋ᠡᠷ ᠭᠤᠤᠯ ᠳᠦᠷᠢ ᠪᠣᠯᠭᠠᠬᠤ》 ᠬᠥᠭ᠌ᠵᠢᠯᠲᠡ ᠶ᠋ᠢᠨ ᠰᠡᠳᠭᠢᠴᠡ ᠶᠣᠰᠣᠭᠠᠷ᠂ ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠱᠢᠭᠤ ᠬᠣᠱᠢᠭᠤᠨ ᠤ᠋ ᠬᠠᠷᠢᠶ᠎ᠠ ᠰᠠᠯᠠᠭ᠎ᠠ ᠮᠥᠴᠢᠷ ᠪᠣᠯᠤᠨ ᠰᠤᠮᠤ ᠱᠢᠶᠠᠩ ᠪᠠᠯᠭᠠᠰᠤ ᠵᠡᠷᠭᠡ ᠣᠯᠠᠨ ᠲᠠᠯ᠎ᠠ ᠶ᠋ᠢᠨ ᠬᠦᠴᠦᠨ ᠢ᠋ ᠨᠡᠢᠳᠭᠡᠵᠦ᠂ ᠬᠠᠲᠠᠭᠤ ᠲᠣᠨᠣᠭ ᠢ᠋ ᠢᠵᠢ ᠪᠦᠷᠢᠳᠦᠭᠦᠯᠬᠦ᠌᠂ ᠦᠶ᠋ᠯᠡᠴᠢᠯᠡᠭᠡᠨ ᠤ᠋ ᠶᠠᠪᠤᠴᠠ᠂ ᠪᠡᠶᠡᠴᠢᠯᠡᠨ ᠣᠢᠯᠠᠭᠠᠬᠤ ᠵᠢᠷᠤᠭ ᠲᠥᠰᠦᠯ ᠤ᠋ᠨ ᠪᠥᠬᠥ᠌ ᠲᠠᠯ᠎ᠠ ᠡᠴᠡ ᠬᠦᠴᠦᠯᠡᠵᠦ᠍᠂ ᠠᠵᠢᠯᠯᠠᠭ᠎ᠠ ᠶ᠋ᠢᠨ ᠲᠤᠬᠠᠶ ᠶ᠋ᠢᠨ ᠲᠠᠯᠠᠪᠠᠶ ᠶ᠋ᠢᠨ ᠰᠡᠳᠭᠢᠯ ᠢ᠋ ᠳᠤᠯᠠᠭᠠᠴᠠᠭᠤᠯᠬᠤ ᠦᠶ᠋ᠯᠡᠴᠢᠯᠡᠭᠡ᠂ ᠠᠷᠠᠳ ᠲᠦ᠍ ᠲᠥᠬᠥᠮ ᠦᠵᠡᠭᠦᠯᠬᠦ᠌ ᠲᠥᠬᠥᠭᠡᠷᠦᠮᠵᠢ᠂ ᠬᠡᠷᠡᠭ᠌ᠯᠡᠭᠡᠨ ᠤ᠋ ᠪᠠᠲᠤᠯᠠᠭ᠎ᠠ ᠵᠡᠷᠭᠡ ᠰᠠᠭᠤᠷᠢ ᠢᠵᠢ ᠪᠦᠷᠢᠳᠦᠭᠦᠯᠬᠦ᠌ ᠦᠶ᠋ᠯᠡᠴᠢᠯᠡᠭᠡᠨ ᠤ᠋ ᠪᠠᠲᠤᠯᠠᠭ᠎ᠠ ᠵᠢ ᠲᠡᠭᠦᠯᠳᠡᠷᠵᠢᠭᠦᠯᠪᠡ᠃

ᠡᠪᠤᠯ᠎ᠤᠨ ᠢᠳᠡᠰᠢ ᠭᠠᠷᠭᠠᠬᠤ ᠠᠵᠢᠯᠯᠠᠭ᠎ᠠ ᠎ᠵᠢᠨ ᠤᠨᠴᠠᠯᠢᠭ᠍ᠳᠤ ᠰᠣᠶᠣᠯ ᠵᠢᠭᠤᠯᠴᠢᠯᠠᠯ ᠤ᠋ᠨ ᠲᠦᠷᠦᠯ ᠲᠡᠮᠲᠡᠭ ᠨᠢ 5 ᠵᠢᠯ ᠬᠦᠴᠦᠯᠡᠨ ᠴᠤᠬᠴᠠᠯᠠᠬᠤ ᠪᠠᠷ ᠳᠠᠮᠵᠢᠨ᠂ ᠰᠤᠮᠤᠨ ᠤ᠋ ᠤᠯᠠᠮᠵᠢᠯᠠᠯᠲᠤ ᠵᠠᠩ ᠦᠶ᠋ᠯᠡ ᠶ᠋ᠢᠨ ᠠᠵᠢᠯᠯᠠᠭ᠎ᠠ ᠡᠴᠡ ᠪᠥᠬᠥ᠌ ᠬᠣᠱᠢᠭᠤᠨ ᠤ᠋ ᠰᠣᠶᠣᠯ ᠵᠢᠭᠤᠯᠴᠢᠯᠠᠯ ᠤ᠋ᠨ ᠨᠡᠷ᠎ᠡ ᠶ᠋ᠢᠨ ᠬᠠᠭᠤᠳᠠᠰᠤ ᠬᠦᠷᠲᠡᠯᠡᠬᠢ ᠲᠠᠪᠠᠯᠳᠠᠳᠤ ᠬᠡᠯᠪᠡᠷᠢ ᠶ᠋ᠢᠨ ᠬᠥᠭ᠌ᠵᠢᠯᠲᠡ ᠵᠢ ᠪᠡᠶᠡᠯᠡᠭᠦᠯᠵᠦ᠍᠂ ᠲᠠᠷᠢᠶᠠᠯᠠᠩ ᠮᠠᠯ ᠠᠵᠤ ᠠᠬᠤᠶ ᠪᠠ ᠰᠣᠶᠣᠯ ᠵᠢᠭᠤᠯᠴᠢᠯᠠᠯ ᠤ᠋ᠨ ᠭᠦᠨᠵᠡᠭᠡᠶ ᠠᠭᠤᠰᠤᠯᠴᠠᠭ᠍ᠰᠠᠨ ᠠᠮᠢᠳᠤᠯᠢᠭ ᠦᠶ᠋ᠯᠡᠳᠦᠯᠭᠡ ᠪᠡᠷ 《ᠢᠳᠡᠰᠢ》 ᠶ᠋ᠢᠨ ᠤᠯᠠᠮᠵᠢᠯᠠᠯᠲᠤ ᠵᠠᠩ ᠦᠶ᠋ᠯᠡ ᠵᠢ ᠬᠡᠷᠡᠭ᠌ᠯᠡᠭᠡ ᠵᠢ ᠠᠬᠢᠭᠤᠯᠬᠤ᠂ ᠠᠷᠠᠳ ᠤ᠋ᠨ ᠣᠷᠣᠯᠭ᠎ᠠ ᠵᠢ ᠨᠡᠮᠡᠭ᠌ᠳᠡᠭᠦᠯᠬᠦ᠌ ᠳᠤᠮᠳᠠ ᠱᠢᠨ᠎ᠡ ᠠᠮᠢᠵᠢᠷᠠᠯ ᠤ᠋ᠨ ᠬᠦᠴᠦᠨ ᠲᠠᠢ ᠪᠣᠯᠭᠠᠪᠠ ᠃

ᠱᠢᠶᠠ ᠱᠢᠩ ᠵᠢᠶᠦ᠋ᠨ ᠡᠨᠡ ᠵᠢᠯ ᠤ᠋ᠨ ᠡᠪᠤᠯ᠎ᠤᠨ ᠢᠳᠡᠰᠢ ᠭᠠᠷᠭᠠᠬᠤ ᠠᠵᠢᠯᠯᠠᠭ᠎ᠠ᠎ᠳᠤ ᠢᠳᠡᠭᠡᠯ ᠲᠦᠬᠦᠷᠠᠡᠭ ᠪᠠᠢᠵᠤ᠂ ᠡᠷᠴᠢ ᠵᠤᠷᠢᠭ᠎ᠵᠢᠡᠨ ᠬᠦᠪᠴᠢᠯᠡᠨ ᠬᠤᠶᠠᠷ ᠦᠵᠦᠬᠦᠷ ᠎ᠤᠨ ᠨᠠᠷᠠ ᠲᠠᠢ ᠤᠷᠤᠯᠳᠤᠨ ᠮᠠᠬᠠᠷᠠᠨ ᠠᠵᠢᠯᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号