ᠠᠯᠢ ᠦᠷ᠎ᠡ ᠨᠢ ᠥᠨᠳᠥᠷ ᠤᠨᠠᠯᠲᠠ᠎ᠲᠠᠶ ᠪᠣᠶ? ᠶᠠᠮᠠᠷ ᠲᠠᠷᠢᠮᠠᠯ᠎ᠤᠨ ᠮᠡᠷᠭᠡᠵᠢᠯ ᠨᠢ ᠨᠠᠩ ᠤᠰᠤ ᠠᠷᠪᠢᠯᠠᠬᠤ ᠪᠣᠶ? ᠶᠠᠮᠠᠷ ᠮᠧᠬᠠᠨᠢᠭᠵᠢᠡᠷ ᠬᠠᠮᠵᠢᠯᠴᠠᠭᠤᠯᠵᠤ ᠠᠵᠢᠯᠯᠠᠪᠠᠯ ᠴᠠᠭ᠎ᠲᠤ ᠠᠷᠪᠢᠲᠠᠶ ᠪᠦᠬᠡᠳ ᠬᠦᠴᠦ᠍ ᠠᠷᠪᠢᠯᠠᠬᠤ ᠪᠤᠢ? 4 ᠰᠠᠷ᠎ᠠ᠎ᠶ᠋ᠢᠨ 22 ᠤ᠋ᠨ ᠡᠳᠦᠷ᠂ ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤᠨ᠎ᠤ ᠭᠸᠤ ᠮᠸᠨ ᠪᠠᠯᠭᠠᠰᠤᠨ᠎ᠤ ᠪᠠᠢᠱᠢᠩ᠎ᠳᠤ ᠲᠣᠰᠭᠣᠨ᠎ᠳᠤ ᠪᠠᠢᠷᠢᠯᠠᠭ᠎ᠠ ᠡᠷᠳᠡᠨᠢ ᠱᠢᠰᠢ᠎ᠶ᠋ᠢᠨ 《ᠲᠠᠷᠢᠶᠠᠨ ᠴᠢᠬᠢ ᠦᠵᠡᠵᠦ ᠦᠷ᠎ᠡ ᠰᠤᠩᠭᠤᠬᠤ》 ᠲᠠᠪᠴᠠᠩ᠎ᠤᠨ ᠲᠤᠷᠱᠢᠯᠲᠠ᠎ᠶ᠋ᠢᠨ ᠲᠠᠷᠢᠶ᠎ᠠ ᠵᠢᠩᠬᠢᠨᠢ᠎ᠪᠡᠷ ᠲᠠᠷᠢᠵᠤ ᠡᠬᠢᠯᠡᠬᠦ᠌᠎ᠶ᠋ᠢ ᠳᠠᠭᠠᠯᠳᠤᠨ᠂ ᠮᠠᠯᠴᠢᠨ ᠲᠠᠷᠢᠶᠠᠴᠢᠨ᠎ᠤ ᠬᠠᠮᠤᠭ᠎ᠡᠴᠡ ᠠᠩᠬᠠᠷᠴᠤ᠌ ᠪᠠᠢᠭ᠎ᠠ ᠠᠰᠠᠭᠤᠳᠠᠯ᠎ᠤᠨ ᠲᠤᠬᠠᠢ ᠱᠢᠭᠤᠳ ᠦᠵᠡᠭᠳᠡᠬᠦ 《ᠲᠤᠷᠱᠢᠯᠲᠠ᠎ᠶ᠋ᠢᠨ ᠲᠠᠯᠠᠪᠠᠶ》 ᠲᠠᠢ ᠪᠣᠯᠵᠠᠶ᠃
ᠲᠠᠷᠢᠶᠠᠨ ᠭᠠᠵᠠᠷ᠎ᠤᠨ ᠠᠯᠢ ᠴᠤ᠌ ᠭᠤᠬᠴᠤᠭ᠎ᠠ ᠳ᠋ᠤ ᠴᠦᠮ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤᠨ ᠤᠷᠤ ᠮᠦᠷ ᠬᠠᠷᠠᠬᠳᠠᠨ᠎ᠠ᠃ ᠲᠠᠷᠢᠶᠠᠯᠠᠩ᠎ᠤᠨ ᠮᠡᠷᠭᠡᠵᠢᠯ᠎ᠦᠨ ᠠᠵᠢᠯᠲᠠᠨ ᠲᠠᠷᠢᠶᠠᠯᠠᠩ᠎ᠤᠨ ᠮᠠᠱᠢᠨ ᠳ᠋ᠤ ᠬᠡᠷᠡᠭᠯᠡᠬᠦ ᠳᠣᠬᠢᠭᠤᠷ ᠲᠤᠯᠤᠭᠠᠨ ᠣᠲᠣ ᠠᠶᠠᠯᠠᠯ ᠵᠠᠯᠠᠬᠤ ᠵᠠᠮᠴᠢᠯᠠᠭᠤᠷ ᠪᠠ ᠣᠷᠬᠢᠭ᠍ᠳᠠᠭᠤᠯᠤᠨ ᠲᠠᠷᠢᠬᠤ (ᠲᠠᠪᠬᠤᠷᠳᠠᠭᠤᠯᠤᠨ ᠲᠠᠷᠢᠬᠤ) ᠵᠢ ᠰᠡᠷᠡᠮᠵᠢᠯᠡᠭᠦᠯᠬᠦ ᠰᠡᠷᠡᠮᠵᠢ᠎ᠶ᠋ᠢᠨ ᠳᠣᠬᠢᠶᠠᠤᠬᠰᠠᠷᠠᠭᠰᠠᠨ ᠲᠷᠠᠺᠲ᠋ᠣᠷ᠎ᠤᠨ ᠳᠡᠯᠭᠡᠴᠡ ᠳᠡᠭᠡᠷ᠎ᠡ ᠱᠠᠯᠠᠪᠳᠠᠨ ᠠᠵᠢᠯᠯᠠᠨ᠎ᠠ᠄ ᠲᠠᠷᠢᠬᠤ ᠬᠡᠰᠡᠭ᠂ ᠠᠵᠢᠯᠯᠠᠬᠤ ᠵᠠᠮ ᠮᠥᠷ᠎ᠢ ᠰᠣᠩᠭᠣᠵᠤ᠂ ᠳᠠᠬᠢᠨ ᠨᠠᠷᠢᠯᠢᠭ ᠳᠠᠷᠢᠬᠤ ᠮᠠᠱᠢᠨ ᠳᠡᠭᠡᠷ᠎ᠡ ᠳᠠᠷᠢᠶᠠᠨ ᠵᠢᠷᠤᠬ᠎ᠠ ᠵᠢᠨ ᠵᠠᠶ᠂ ᠴᠢᠬᠢ᠎ᠶ᠋ᠢᠨ ᠵᠠᠶ ᠵᠡᠷᠭᠡ ᠵᠠᠩᠭᠢᠯᠠᠭ᠎ᠠ᠎ᠶ᠋ᠢᠨ ᠪᠣᠯᠵᠣᠯᠲᠤ ᠲᠣᠭ᠎ᠠ᠎ᠶ᠋ᠢ ᠰᠠᠢᠲᠤᠷ ᠲᠣᠬᠢᠷᠠᠭᠤᠯᠤᠨ᠎ᠠ᠃ ᠨᠤᠲᠠᠯᠠᠬᠤ ᠳᠠᠷᠤᠪᠴᠢ᠎ᠶ᠋ᠢ ᠳᠠᠷᠤᠪᠠᠯ᠂ ᠲᠠᠷᠢᠶᠠᠯᠠᠩ᠎ᠤᠨ ᠮᠠᠱᠢᠨ ᠳᠠᠷᠤᠶ ᠠᠦ᠋ᠲ᠋ᠣ᠋ ᠵᠢᠯᠣᠭᠣᠳᠭᠤ ᠵᠠᠭ᠍ᠪᠤᠷ᠎ᠲᠤ ᠣᠷᠣᠨ᠎ᠠ᠃
ᠮᠠᠱᠢᠨ᠎ᠤ ᠬᠦᠩᠭᠢᠨᠡᠬᠦ᠌ ᠲᠠᠭᠤᠨ᠎ᠢ ᠳᠠᠭᠠᠯᠳᠤᠨ᠂ ᠦᠷ᠎ᠡ ᠰᠠᠴᠤᠬᠤ ᠮᠠᠱᠢᠨ ᠤᠷᠢᠳᠴᠢᠯᠠᠨ ᠲᠣᠭ᠍ᠲᠠᠭᠠᠭ᠍ᠰᠠᠨ ᠲᠠᠷᠢᠶᠠᠨ ᠵᠢᠷᠤᠬ᠎ᠠ ᠪᠡᠷ ᠯᠠᠪᠳᠠᠭᠤᠨ᠎ᠢᠶᠠᠷ ᠤᠷᠤᠭ᠍ᠰᠢᠯᠠᠨ᠎ᠠ᠃ ᠮᠠᠰᠢᠨ ᠤ᠋ ᠠᠷᠤ ᠲᠠᠯ᠎ᠠ᠎ᠳᠤ᠂ ᠦᠷ᠎ᠡ᠂ ᠪᠣᠷᠲᠣᠭᠣᠷ ᠪᠣᠯᠤᠨ ᠳᠤᠰᠤᠯᠭᠠᠨ ᠤᠰᠤᠯᠠᠬᠤ ᠪᠦᠰᠡ ᠨᠢ ᠵᠡᠷᠭᠡ᠎ᠪᠡᠷ ᠲᠠᠷᠢᠶᠠᠯᠠᠬᠤ ᠳᠠᠪᠬᠤᠷᠭ᠎ᠠ᠎ᠳᠤ ᠪᠤᠯᠠᠭ᠍ᠳᠠᠵᠤ᠂ ᠲᠠᠷᠢᠶᠠᠨ ᠵᠢᠷᠤᠬ᠎ᠠ ᠵᠢᠨ ᠵᠠᠶ ᠨᠢ ᠵᠢᠭ᠌ᠳᠡ᠂ ᠦᠷ᠎ᠡ ᠨᠢ ᠵᠢᠭ᠌ᠳᠡ ᠪᠠᠢᠵᠤ᠂ ᠤᠯᠠᠮᠵᠢᠯᠠᠯᠲᠤ ᠬᠥᠮᠦᠨ᠎ᠦ ᠬᠦᠴᠦ᠍᠎ᠪᠡᠷ ᠲᠠᠷᠢᠬᠤ ᠦᠶ᠎ᠠ ᠵᠢᠨ ᠵᠥᠷᠢᠶ᠎ᠡ ᠭᠠᠷᠬᠤ ᠡᠴᠡ ᠪᠦᠳᠦᠮᠵᠢᠳᠠᠢ ᠵᠠᠢᠯᠠᠵᠤ ᠴᠢᠳᠠᠨ᠎ᠠ᠃
ᠥᠩᠭᠡᠷᠡᠭ᠌ᠰᠡᠨ ᠵᠢᠯ᠎ᠦᠨ ᠬᠠᠭᠤᠴᠢᠨ ᠠᠷᠭ᠎ᠠ᠎ᠲᠠᠶ ᠠᠳᠠᠯᠢ ᠥᠬᠡᠶ ᠨᠢ ᠭᠡᠪᠡᠯ᠂ ᠡᠨᠡ ᠵᠢᠯ᠎ᠦᠨ ᠲᠤᠷᠱᠢᠯᠲᠠ ᠵᠢᠨ ᠲᠠᠷᠢᠶ᠎ᠠ᠎ᠳᠤ 《ᠱᠢᠨ᠎ᠡ ᠠᠷᠭ᠎ᠠ》 ᠵᠢ ᠬᠡᠷᠡᠭᠯᠡᠪᠡ — ᠪᠦᠷᠬᠦᠭᠦᠯ ᠥᠬᠡᠶ᠎ᠪᠡᠷ ᠭᠦᠢᠬᠡᠨ ᠪᠤᠯᠠᠵᠤ ᠲᠤᠰᠤᠯᠭᠠᠨ ᠤᠰᠤᠯᠠᠬᠤ ᠮᠡᠷᠭᠡᠵᠢᠯ᠎ᠢ ᠬᠡᠷᠡᠭ᠌ᠯᠡᠨ ᠳᠠᠷᠢᠵᠤ ᠪᠠᠢᠨ᠎ᠠ᠃ ᠲᠠᠷᠢᠬᠤ ᠵᠢᠨ ᠬᠠᠮᠲᠤ᠂ ᠳᠤᠰᠤᠯᠭᠠᠨ ᠤᠰᠤᠯᠠᠬᠤ ᠪᠦᠰᠡ ᠨᠢ ᠭᠠᠵᠠᠷ᠎ᠤᠨ ᠭᠠᠳᠠᠷᠭᠤ᠎ᠡᠴᠡ 3 ᠰᠠᠨᠲ᠋ᠢᠮᠧᠲ᠋ᠷ ᠳᠤᠤᠷ᠎ᠠ ᠪᠤᠯᠠᠭ᠍ᠳᠠᠵᠤ᠂ ᠰᠦᠯᠢᠶᠣᠣ ᠪᠦᠷᠬᠦᠭᠦᠯ᠎ᠤ᠋ᠨ ᠦᠯᠡᠳᠡᠭ᠌ᠳᠡᠯ᠎ᠨᠢ ᠬᠥᠷᠥᠰᠥ᠍ ᠱᠢᠷᠣᠶ᠎ᠶ᠋ᠢ ᠪᠣᠬᠢᠷᠲᠤᠭᠤᠯᠬᠤ᠎ᠡᠴᠡ ᠵᠠᠢᠯᠠᠰᠭᠢᠵᠦ᠍ ᠴᠢᠳᠠᠭ᠍ᠰᠠᠨ ᠮᠥᠷᠲᠡᠭᠡᠨ ᠪᠠᠰᠠ ᠤᠰᠤ ᠪᠣᠷᠲᠣᠭᠣᠷ᠎ᠤᠨ ᠨᠠᠷᠢᠯᠢᠭ ᠣᠨᠣᠪᠴᠢᠲᠠᠶ ᠬᠠᠩᠭᠠᠯᠭ᠎ᠠ᠎ᠶ᠋ᠢ ᠪᠡᠶᠡᠯᠡᠭᠦᠯᠵᠦ᠍ ᠴᠢᠳᠠᠪᠠ᠃
《ᠭᠦᠶᠦᠭᠡᠨ ᠪᠤᠯᠠᠵᠤ ᠳᠤᠰᠤᠯᠭᠠᠨ ᠤᠰᠤᠯᠠᠬᠤ ᠨᠢ ᠤᠰᠤ ᠪᠣᠷᠲᠣᠭᠣᠷ᠎ᠢ ᠱᠢᠭᠤᠳ ᠡᠷᠳᠡᠨᠢ ᠱᠢᠰᠢ᠎ᠶ᠋ᠢᠨ ᠴᠢᠬᠢ᠎ᠶ᠋ᠢᠨ 〈ᠲᠡᠷᠭᠡᠳᠡ〉 ᠬᠦᠷᠭᠡᠬᠦ᠌᠎ᠲᠡᠶ ᠠᠳᠠᠯᠢ ᠪᠠᠢᠵᠤ᠂ ᠳᠤᠰᠤᠯ ᠤᠰᠤ᠂ ᠮᠦᠬᠦᠯᠢᠭ ᠪᠣᠷᠲᠣᠭᠣᠷ ᠪᠦᠬᠦᠨ᠎ᠢ ᠴᠥᠮ ᠭᠦᠢᠴᠡᠳ ᠠᠰᠢᠭᠯᠠᠪᠠ᠃ ᠡᠨᠡ ᠬᠡᠰᠡᠭ ᠭᠠᠵᠠᠷ᠎ᠲᠤ 48 ᠴᠠᠭ᠎ᠤᠨ ᠳᠣᠲᠣᠷ᠎ᠠ ᠡᠷᠬᠡᠪᠰᠢ ᠤᠰᠤ ᠳᠤᠰᠤᠯᠭᠠᠬᠤ ᠬᠡᠷᠡᠭ᠌ᠲᠡᠶ᠂ ᠡᠨᠡ ᠢᠵᠢ ᠲᠣᠰᠣᠯᠭᠠᠨ ᠤᠰᠤᠯᠠᠬᠤ ᠱᠢᠰᠲ᠋ᠧᠮ᠎ᠢ ᠳᠠᠷᠤᠶ ᠲᠦᠷᠭᠡᠨ ᠬᠡᠷᠡᠭ᠌ᠯᠡᠵᠦ᠍᠂ ᠦᠷ᠎ᠡ᠎ᠶ᠋ᠢ ᠲᠦᠷᠭᠡᠨ ᠤᠰᠤ ᠱᠢᠩᠭᠡᠭᠡᠨ ᠰᠣᠶᠣᠭᠠᠯᠠᠭᠤᠯᠵᠤ᠂ ᠨᠢᠭᠡ ᠯᠡ ᠳᠡᠭᠡᠷ᠎ᠡ ᠪᠦᠷᠢᠨ ᠴᠢᠬᠢ ᠭᠠᠷᠬᠤ᠎ᠶ᠋ᠢ ᠪᠡᠶᠡᠯᠡᠭᠦᠯᠦᠨ᠎ᠡ》 ᠭᠡᠵᠦ᠍ ᠲᠦᠮᠡᠳ ᠪᠠᠷᠠᠭᠤᠨ ᠬᠣᠱᠢᠭᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ ᠲᠣᠪᠴᠢᠶᠠᠨ᠎ᠤ ᠲᠠᠷᠢᠮᠠᠯ᠎ᠤᠨ ᠦᠢᠯᠡᠰ᠎ᠦᠨ ᠬᠠᠮᠢᠶᠠᠷᠤᠯᠲᠠ᠎ᠶ᠋ᠢᠨ ᠲᠠᠰᠤᠭ᠎ᠤᠨ ᠳᠠᠷᠤᠭ᠎ᠠ ᠼᠤᠤ ᠱᠢᠶᠠᠩ ᠬᠡᠯᠡᠪᠡ᠃
ᠰᠦᠯᠢᠶᠤᠤ ᠪᠦᠷᠬᠦᠭᠦᠯ ᠪᠦᠷᠬᠦᠵᠦ᠍ ᠲᠠᠷᠢᠬᠤ ᠨᠢ ᠬᠡᠳᠦᠢᠪᠡᠷ ᠴᠢᠭᠢᠭ᠎ᠢ ᠬᠠᠮᠠᠭᠠᠯᠠᠬᠤ ᠪᠣᠯᠪᠠᠴᠤ᠌ ᠦᠯᠡᠳᠡᠭ᠌ᠳᠡᠯ ᠰᠦᠯᠢᠶᠤᠤ ᠪᠦᠷᠬᠦᠭᠦᠯ᠎ᠤ᠋ᠨ ᠪᠣᠬᠢᠷᠲᠤᠯ ᠨᠢ ᠶᠡᠷᠦ᠍ ᠨᠢ ᠬᠦᠴᠢᠷ ᠠᠰᠠᠭᠤᠳᠠᠯ ᠪᠣᠯᠤᠭ᠍ᠰᠠᠭᠠᠷ ᠢᠷᠡᠵᠡᠢ᠃ ᠣᠳᠣ᠎ᠶ᠋ᠢᠨ ᠬᠡᠷᠡᠭ᠌ᠯᠡᠵᠦ᠍ ᠪᠠᠢᠭ᠎ᠠ ᠰᠦᠯᠢᠶᠤᠤ ᠪᠦᠷᠬᠦᠭᠦᠯ ᠦᠭᠡᠢ ᠬᠦᠶᠦᠬᠡᠨ ᠪᠤᠯᠠᠵᠤ ᠤᠰᠤᠯᠠᠬᠤ ᠮᠡᠷᠭᠡᠵᠢᠯ ᠨᠢ ᠰᠦᠯᠢᠶᠤᠤ ᠪᠦᠷᠬᠦᠭᠦᠯ ᠳᠡᠪᠢᠰᠭᠦ᠂ ᠰᠦᠯᠢᠶᠤᠤ ᠪᠦᠷᠬᠦᠭᠦᠯ ᠬᠤᠷᠢᠶᠠᠬᠤ ᠶ᠋ᠢᠨ ᠶᠠᠷᠱᠢᠭ ᠡᠴᠡ ᠵᠠᠢᠯᠠᠬᠰᠠᠨᠢᠶᠠᠷ ᠪᠠᠷᠠᠬᠤ ᠦᠭᠡᠢ ᠪᠠᠰᠠ ᠤᠰᠤᠨ᠎ᠤ ᠡᠬᠢ ᠪᠠᠶᠠᠯᠢᠭ᠎ᠤᠨ ᠠᠱᠢᠭ᠍ᠯᠠᠮᠵᠢ᠎ᠶ᠋ᠢ ᠶᠡᠬᠡᠪᠡᠷ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠡᠷᠳᠡᠨᠢ ᠱᠢᠰᠢ᠎ᠶ᠋ᠢ ᠨᠢᠭ᠍ᠲᠠ ᠲᠠᠷᠢᠬᠤ ᠨᠠᠷᠢᠯᠢᠭ ᠣᠨᠣᠪᠴᠢᠲᠠᠶ ᠲᠣᠬᠢᠷᠠᠭᠤᠯᠤᠨ ᠡᠵᠡᠮᠳᠡᠬᠦ᠌ ᠮᠡᠷᠭᠡᠵᠢᠯ᠎ᠳᠦ ᠲᠦᠱᠢᠭ᠌ᠯᠡᠨ᠂ ᠲᠠᠷᠢᠬᠤ ᠨᠢᠭ᠍ᠲᠠᠴᠠ᠎ᠶ᠋ᠢ ᠵᠦᠢ ᠵᠣᠬᠢᠰᠲᠠᠶ ᠨᠡᠮᠡᠭ᠌ᠳᠡᠭᠦᠯᠵᠦ᠍᠂ ᠦᠷ᠎ᠡ ᠵᠢᠨ ᠥᠨᠳᠥᠷ ᠤᠨᠠᠯᠲᠠ᠎ᠶ᠋ᠢᠨ ᠳᠠᠯᠳᠠ ᠬᠦᠴᠦᠨ᠎ᠢ ᠭᠦᠢᠴᠡᠳ ᠪᠠᠳᠠᠷᠠᠭᠤᠯᠬᠤ ᠮᠥᠷᠲᠡᠭᠡᠨ ᠪᠠᠰᠠ ᠥᠪᠡᠷ᠎ᠦᠨ ᠥᠷᠲᠡᠭ᠎ᠢ ᠠᠷᠪᠢᠯᠠᠨ ᠦᠷ᠎ᠡ ᠠᠱᠢᠭ᠎ᠢ ᠨᠡᠮᠡᠭ᠌ᠳᠡᠭᠦᠯᠬᠦ᠌᠂ ᠪᠣᠬᠢᠷᠲᠤᠯ ᠦᠭᠡᠶ ᠣᠷᠴᠢᠨ ᠲᠣᠭᠣᠷᠢᠨ᠎ᠢ ᠬᠠᠮᠠᠭᠠᠯᠠᠬᠤ᠎ᠶ᠋ᠢ ᠪᠡᠶᠡᠯᠡᠭᠦᠯᠵᠦ᠍ ᠴᠢᠳᠠᠨ᠎ᠠ᠃
ᠡᠷᠳᠡᠨᠢ ᠱᠢᠰᠢ᠎ᠶ᠋ᠢᠨ ᠲᠠᠯᠠᠪᠠᠢ ᠨᠢᠭᠡᠴᠢ᠎ᠶ᠋ᠢᠨ ᠤᠨᠠᠯᠲᠠ ᠵᠢ ᠳᠡᠭᠡᠭ᠌ᠰᠢᠯᠡᠬᠦᠯᠬᠦ ᠳ᠋ᠤ ᠰᠠᠢᠨ ᠠᠷᠭ᠎ᠠ ᠪᠠ ᠰᠠᠢᠨ ᠦᠷ᠎ᠡ ᠵᠢᠨ ᠠᠯᠢ ᠨᠢ ᠴᠦ᠍ ᠳᠤᠲᠠᠭ᠍ᠳᠠᠵᠤ ᠪᠣᠯᠬᠤ ᠦᠭᠡᠢ᠃ ᠵᠠᠬ᠎ᠠ ᠳᠡᠯᠭᠡᠭᠦᠷ ᠳᠡᠭᠡᠷ᠎ᠠ ᠦᠷ᠎ᠠ ᠵᠢᠨ ᠲᠥᠷᠥᠯ ᠵᠦᠶ᠋ᠯ ᠶᠠᠪᠤᠬᠤ ᠲᠤᠳᠤᠮ ᠣᠯᠠᠱᠢᠷᠠᠵᠤ ᠪᠠᠢᠨ᠎ᠠ᠂ ᠬᠡᠷᠬᠢᠨ ᠱᠢᠯᠢᠳᠡᠭ᠎ᠦᠨ ᠳᠣᠲᠣᠷ᠎ᠠ᠎ᠡᠴᠡ ᠱᠢᠯᠢᠳᠡᠭ᠎ᠢ ᠰᠣᠩᠭᠣᠬᠤ ᠪᠤᠢ?
《〈ᠲᠠᠷᠢᠶᠠᠨ ᠴᠢᠬᠢ ᠦᠵᠡᠵᠦ ᠦᠷ᠎ᠡ ᠰᠣᠩᠭᠣᠬᠤ〉 ᠲᠠᠪᠴᠠᠩ᠎ᠢ ᠪᠠᠢᠭᠤᠯᠤᠭ᠍ᠰᠠᠨ᠎ᠨᠢ ᠳᠠᠷᠤᠶ ᠱᠢᠯᠢᠳᠡᠭ ᠦᠷ᠎ᠠ ᠵᠢ ᠲᠠᠷᠢᠶᠠᠨ ᠭᠠᠵᠠᠷ᠎ᠲᠤ 〈ᠳᠡᠯᠭᠡᠨ ᠦᠵᠡᠭᠦᠯᠵᠦ᠍〉᠂ ᠲᠠᠷᠢᠶᠠᠴᠢᠳ᠎ᠢ ᠬᠡᠷ᠎ᠦᠨ᠎ᠢᠶᠡᠨ ᠡᠭᠦᠳᠡᠨ᠎ᠳᠤ ᠲᠠᠷᠢᠶᠠᠨ ᠴᠢᠬᠢ ᠦᠵᠡᠵᠦ ᠦᠷ᠎ᠡ ᠵᠠᠬᠢᠶᠠᠯᠠᠵᠦ᠍᠂ ᠲᠠᠷᠢᠶᠠᠴᠢᠳ᠎ᠢ ᠬᠠᠪᠰᠤᠷᠤᠨ ᠰᠠᠢᠨ ᠦᠷ᠎ᠠ ᠵᠢ ᠰᠣᠩᠭᠣᠨ ᠬᠡᠷᠡᠭ᠌ᠯᠡᠵᠦ᠍᠂ ᠲᠤᠷᠱᠢᠨ ᠳᠠᠷᠢᠬᠤ ᠲᠦᠭ᠌ᠰᠢᠭᠦᠷᠢ᠎ᠶ᠋ᠢ ᠪᠠᠭᠠᠰᠭᠠᠬᠤ᠎ᠶ᠋ᠢᠨ ᠲᠥᠯᠥᠭᠡ ᠶᠤᠮ》᠃ ᠲᠠᠷᠢᠶᠠᠨ ᠭᠠᠵᠠᠷ᠎ᠲᠤ ᠳᠠᠷᠢᠬᠤ᠎ᠶ᠋ᠢ ᠵᠢᠯᠣᠭᠣᠳᠴᠤ᠌ ᠪᠠᠢᠭ᠎ᠠ ᠪᠤᠭᠤᠲᠤ ᠬᠣᠲᠠ᠎ᠶ᠋ᠢᠨ ᠮᠠᠯ ᠠᠵᠤ ᠠᠬᠤᠶ᠎ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ ᠭᠦᠸᠧ ᠯᠢᠨ ᠨᠢᠭᠡ ᠲᠠᠯ᠎ᠠ᠎ᠪᠠᠷ ᠳᠠᠷᠢᠬᠤ ᠭᠦᠨᠴᠡ᠎ᠶ᠋ᠢ ᠪᠠᠢᠴᠠᠭᠠᠨ ᠦᠵᠡᠵᠦ᠍᠂ ᠨᠥᠭᠥᠭᠡ ᠲᠠᠯ᠎ᠠ᠎ᠪᠠᠷ 《ᠡᠨᠡ ᠬᠦ᠌ 100 ᠮᠥ᠍ ᠵᠢᠱ᠌ᠢᠶ᠎ᠡ ᠦᠵᠡᠭᠦᠯᠬᠦ᠌ ᠲᠠᠷᠢᠶᠠᠨ ᠭᠠᠵᠠᠷ᠎ᠲᠤ᠂ 34 ᠵᠦᠢᠯ᠎ᠤᠨ ᠡᠷᠳᠡᠨᠢ ᠱᠢᠰᠢ᠎ᠶ᠋ᠢᠨ ᠡᠭᠦᠯᠳᠡᠷ᠎ᠢ 〈ᠠᠳᠠᠯᠢᠳᠭᠠᠵᠤ〉᠂ ᠠᠳᠠᠯᠢ ᠪᠤᠰᠤ ᠡᠭᠦᠯᠳᠡᠷ᠎ᠦᠨ ᠠᠳᠠᠯᠢ ᠨᠥᠬᠥᠴᠡᠯ ᠳᠤᠤᠷᠠᠬᠢ ᠤᠷᠭᠤᠯᠲᠠ᠎ᠶ᠋ᠢᠨ ᠢᠯᠡᠷᠡᠯ᠎ᠢ ᠱᠢᠭᠤᠳ ᠦᠵᠡᠭᠦᠯᠵᠦ᠍᠂ ᠱᠢᠯᠢᠳᠡᠭ ᠡᠭᠦᠯᠳᠡᠷ᠎ᠦᠨ 〈ᠦᠵᠡᠭᠦᠯᠭᠡ᠎ᠶ᠋ᠢᠨ ᠲᠠᠪᠴᠠᠩ〉 ᠪᠣᠯᠬᠤ᠎ᠪᠠᠷ ᠪᠠᠷᠠᠬᠤ ᠥᠬᠡᠶ᠂ ᠨᠠᠩ ᠴᠤ᠌ ᠲᠡᠷᠢᠭᠦᠨ᠎ᠦ ᠲᠠᠷᠢᠶᠠᠯᠠᠩ᠎ᠤᠨ ᠮᠡᠷᠭᠡᠵᠢᠯ᠎ᠦᠨ 〈ᠵᠢᠱ᠌ᠢᠶ᠎ᠡ ᠦᠵᠡᠭᠦᠯᠬᠦ᠌ ᠲᠠᠷᠢᠶ᠎ᠠ〉 ᠪᠣᠯᠤᠨ᠎ᠠ》 ᠭᠡᠵᠦ᠍ ᠲᠠᠨᠢᠯᠴᠠᠭᠤᠯᠪᠠ᠃
ᠬᠠᠪᠤᠷ ᠴᠠᠭ᠎ᠦᠨ ᠦᠩ ᠱᠢᠮᠡᠯᠢᠭ ᠬᠥᠷᠥᠰᠥᠨ ᠳᠡᠭᠡᠷ᠎ᠡ᠂ ᠬᠠᠪᠤᠷ᠎ᠤᠨ ᠲᠠᠷᠢᠶᠠᠯᠠᠭ᠎ᠠ᠎ᠶ᠋ᠢᠨ ᠦᠶ᠋ᠯᠡᠳᠪᠦᠷᠢᠯᠡᠯ ᠨᠢ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠤᠨ ᠲᠤᠯᠭᠠᠭᠤᠷᠢᠯᠠᠯ ᠪᠠᠢᠬᠤ ᠪᠡᠷ ᠪᠠᠷᠠᠬᠤ ᠦᠭᠡᠢ ᠨᠡᠩ ᠴᠤ᠌ ᠡᠯᠪᠡᠭ ᠬᠤᠷᠢᠶᠠᠯᠲᠠ᠎ᠶ᠋ᠢᠨ ᠢᠳᠡᠭᠡᠯ ᠵᠤᠷᠢᠭ᠎ᠢ ᠬᠦᠪᠴᠢᠯᠠᠨ᠎ᠠ᠃ ᠵᠠᠯᠭᠠᠭᠠᠳ᠂ ᠮᠠᠯ ᠠᠵᠤ ᠠᠬᠤᠶ ᠲᠠᠷᠢᠶᠠᠯᠠᠩ᠎ᠤᠨ ᠰᠠᠯᠠᠭ᠎ᠠ ᠮᠥᠴᠢᠷ ᠲᠠᠷᠢᠶᠠᠨ ᠭᠠᠵᠠᠷ᠎ᠤᠨ ᠬᠠᠮᠢᠶᠠᠷᠤᠯᠲᠠ᠎ᠶ᠋ᠢ ᠦᠷᠭᠦᠯᠵᠢᠯᠡᠨ ᠰᠠᠢᠲᠤᠷ ᠬᠢᠵᠦ᠍᠂ 34 ᠵᠦᠢᠯ᠎ᠤᠨ ᠡᠷᠳᠡᠨᠢ ᠱᠢᠰᠢ᠎ᠶ᠋ᠢᠨ ᠡᠭᠦᠯᠳᠡᠷ᠎ᠦᠨ ᠥᠰᠥᠯᠲᠡ᠎ᠶ᠋ᠢᠨ ᠪᠠᠢᠳᠠᠯ᠎ᠢ ᠪᠥᠬᠥ᠌ ᠶᠠᠪᠤᠴᠠ᠎ᠳᠤ ᠮᠥᠷᠳᠡᠵᠦ᠍᠂ ᠡᠯ᠎ᠡ ᠡᠭᠦᠯᠳᠡᠷ᠎ᠦᠨ ᠰᠥᠷᠬᠦ᠌᠎ᠶ᠋ᠢ ᠳᠠᠭᠠᠭᠠᠬᠤ ᠴᠢᠨᠠᠷ᠂ ᠤᠨᠠᠯᠲᠠ ᠵᠡᠷᠭᠡ ᠵᠠᠩᠭᠢᠯᠠᠭ᠎ᠠ᠎ᠶ᠋ᠢᠨ ᠭᠦᠶ᠋ᠴᠡᠳᠭᠡᠯ ᠲᠣᠭ᠎ᠠ᠎ᠶ᠋ᠢ ᠲᠡᠮᠳᠡᠭ᠌ᠯᠡᠬᠦ᠌᠎ᠶ᠋ᠢᠨ ᠬᠠᠮᠲᠤ ᠲᠠᠷᠢᠶᠠᠴᠢᠳ᠎ᠢ ᠵᠣᠬᠢᠶᠠᠨ ᠪᠠᠢᠭᠤᠯᠤᠨ ᠲᠣᠭᠣᠷᠢᠨ ᠦᠵᠡᠭᠦᠯᠵᠦ᠍ ᠰᠤᠷᠤᠯᠴᠠᠭᠤᠯᠤᠨ᠂ ᠱᠢᠯᠢᠨ ᠰᠣᠩᠭᠣᠵᠤ ᠭᠠᠷᠭᠠᠭ᠍ᠰᠠᠨ ᠱᠢᠯᠢᠳᠡᠭ ᠡᠭᠦᠯᠳᠡᠷ ᠪᠠ ᠲᠡᠷᠢᠭᠦᠨ᠎ᠦ ᠮᠡᠷᠭᠡᠵᠢᠯ᠎ᠢ ᠲᠠᠷᠢᠶᠠᠨ ᠭᠠᠵᠠᠷ᠎ᠲᠤ ᠳᠡᠯᠭᠡᠷᠡᠭᠦᠯᠦᠨ᠎ᠡ᠃
[ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ]
ᠲᠦᠮᠡᠳ ᠪᠠᠷᠠᠭᠤᠨ ᠬᠣᠱᠢᠭᠤᠨ᠎ᠤ ᠬᠠᠪᠤᠷ᠎ᠤᠨ ᠲᠠᠷᠢᠶᠠᠯᠠᠭ᠎ᠠ᠎ᠶ᠋ᠢᠨ ᠡᠮᠦᠨ᠎ᠡ ᠹᠷᠣᠨᠲ᠎ᠢᠶᠠᠷ ᠶᠠᠪᠤᠬᠤ᠎ᠳᠤ᠂ ᠦᠩ ᠱᠢᠮᠡᠯᠢᠭ ᠭᠠᠵᠠᠷ ᠰᠢᠷᠦᠢ ᠲᠡᠭᠡᠷ᠎ᠡ ᠲᠠᠷᠢᠶᠠᠯᠠᠩ᠎ᠤᠨ ᠮᠠᠱᠢᠨ ᠮᠸᠬᠠᠨᠢᠭ ᠬᠦᠷᠴᠢᠭᠢᠨᠡᠵᠦ᠍᠂ ᠭᠠᠵᠠᠷ ᠪᠤᠯᠭᠠᠨ ᠳ᠋ᠤ ᠬᠠᠪᠤᠷ᠎ᠤᠨ ᠲᠠᠷᠢᠶᠠᠯᠠᠭ᠎ᠠ᠎ᠶ᠋ᠢᠨ ᠥᠷᠨᠢᠭᠦᠨ ᠪᠠᠢᠳᠠᠯ ᠬᠠᠷᠠᠭ᠍ᠳᠠᠨ᠎ᠠ᠃
ᠡᠨᠡ ᠤᠳᠠᠭ᠎ᠠ ᠴᠡᠭ᠎ᠲᠦ ᠰᠠᠭᠤᠵᠤ ᠡᠷᠳᠡᠨᠢ ᠱᠢᠰᠢ᠎ᠵᠢᠨ 《ᠲᠠᠷᠢᠶᠠᠨ ᠴᠢᠬᠢ ᠦᠵᠡᠵᠦ ᠦᠷ᠎ᠡ ᠰᠣᠩᠭᠣᠬᠤ》 ᠲᠤᠷᠱᠢᠯᠲᠠ᠎ᠶ᠋ᠢᠨ ᠲᠠᠷᠢᠶᠠᠨ᠎ᠳᠠᠬᠢ ᠬᠠᠪᠤᠷ᠎ᠤᠨ ᠲᠠᠷᠢᠶᠠᠯᠠᠭ᠎ᠠ᠎ᠶ᠋ᠢ ᠰᠤᠷᠪᠤᠯᠵᠢᠯᠠᠭ᠍ᠰᠠᠨᠤ ᠲᠠᠷᠠᠭᠠᠬᠢ ᠬᠠᠮᠤᠭ᠎ᠤᠨ ᠱᠢᠭᠤᠳ ᠲᠥᠷᠥᠭ᠌ᠳᠡᠯ ᠪᠣᠯ ᠬᠠᠪᠤᠷ᠎ᠤᠨ ᠲᠠᠷᠢᠶᠠᠯᠠᠭ᠎ᠠ᠎ᠶ᠋ᠢᠨ ᠦᠶ᠋ᠯᠡᠳᠪᠦᠷᠢᠯᠡᠯ ᠶᠠᠪᠤᠬᠤ ᠲᠤᠳᠤᠮ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠭᠤᠯᠤᠬᠳᠠᠴᠠ ᠪᠡᠷ ᠦᠨᠳᠦᠷ》 ᠪᠤᠯᠵᠠᠢ᠃ ᠳᠣᠬᠢᠭᠤᠷ ᠲᠤᠯᠤᠭᠠᠨ ᠣᠲᠣ ᠵᠠᠮᠴᠢᠯᠠᠭᠤᠷ᠎ᠤᠨ ᠠᠦ᠋ᠲ᠋ᠣ᠋ ᠵᠢᠯᠣᠭᠣᠳᠣᠯᠭ᠎ᠠ᠎ᠪᠠᠷ ᠳᠠᠷᠢᠵᠤ᠂ ᠦᠷ᠎ᠠ ᠪᠣᠷᠲᠣᠭᠣᠷ ᠳᠤᠰᠤᠯᠭᠠᠨ ᠤᠰᠤᠯᠠᠬᠤ ᠪᠦᠰᠡ᠎ᠶ᠋ᠢ ᠨᠢᠭᠡ ᠴᠣᠭ᠍ᠴᠠᠵᠢᠭᠤᠯᠵᠤ᠂ ᠰᠦᠯᠢᠶᠤᠤ ᠪᠦᠷᠬᠦᠭᠦᠯ ᠥᠬᠡᠶ ᠭᠦᠶᠦᠭᠡᠨ ᠪᠤᠯᠠᠵᠤ ᠳᠤᠰᠤᠯᠭᠠᠨ ᠤᠰᠤᠯᠠᠬᠤ᠎ᠪᠠᠷ ᠤᠯᠠᠮᠵᠢᠯᠠᠯᠲᠤ ᠪᠦᠷᠬᠦᠭᠦᠯ᠎ᠢ ᠣᠷᠣᠯᠠᠭᠤᠯᠵᠤ᠂ ᠣᠯᠠᠨ ᠲᠦᠮᠡᠨ᠎ᠲᠡᠶ ᠣᠢᠷᠠᠲᠤᠭ᠍ᠰᠠᠨ ᠠᠯᠢ ᠣᠯᠠᠨ ᠱᠢᠨ᠎ᠡ ᠮᠡᠷᠭᠡᠵᠢᠯ᠂ ᠱᠢᠨ᠎ᠡ ᠮᠠᠱᠢᠨ ᠪᠠᠭᠠᠵᠢ᠎ᠶ᠋ᠢ ᠲᠠᠷᠢᠶᠠᠨ᠎ᠳᠤ ᠣᠷᠣᠭᠤᠯᠵᠤ᠂ ᠲᠠᠷᠢᠶ᠎ᠠ ᠳᠠᠷᠢᠬᠤ᠎ᠶ᠋ᠢ ᠨᠠᠩ ᠴᠢᠯᠥᠭᠡᠲᠡᠶ᠂ ᠨᠠᠩ ᠪᠣᠬᠢᠷᠲᠤᠯ ᠥᠬᠡᠶ᠂ ᠨᠠᠩ ᠥᠨᠳᠥᠷ ᠪᠦᠲᠦᠮᠵᠢᠲᠡᠶ ᠪᠣᠯᠭᠠᠪᠠ᠃
ᠰᠠᠢᠨ ᠦᠷ᠎ᠡ ᠡᠯᠪᠡᠭ ᠬᠤᠷᠢᠶᠠᠯᠲᠠ᠎ᠶ᠋ᠢᠨ ᠰᠠᠭᠤᠷᠢ᠂ ᠰᠠᠢᠨ ᠠᠷᠭ᠎ᠠ ᠤᠨᠠᠯᠳᠠ ᠵᠢ ᠨᠡᠮᠡᠭ᠌ᠳᠡᠭᠦᠯᠬᠦ᠌᠎ᠵᠢᠨ ᠵᠠᠨᠭᠬᠢᠯᠠᠭᠠ᠃ ᠵᠠᠭᠤᠨ ᠮᠥ᠍ ᠲᠤᠷᠱᠢᠯᠲᠠ᠎ᠶ᠋ᠢᠨ ᠲᠠᠷᠢᠶᠠᠨ ᠳᠣᠲᠣᠷ᠎ᠠ᠂ 34 ᠵᠦᠢᠯ᠎ᠤᠨ ᠡᠷᠳᠡᠨᠢ ᠱᠢᠰᠢ᠎ᠶ᠋ᠢᠨ ᠡᠭᠦᠯᠳᠡᠷ᠎ᠢ ᠠᠳᠠᠯᠢᠬᠠᠨ ᠤᠷᠭᠤᠭᠤᠯᠵᠤ᠂ ᠰᠢᠭᠤᠳ ᠳᠡᠯᠭᠡᠨ ᠦᠵᠡᠭᠦᠯᠵᠦ᠍᠂ ᠦᠷ᠎ᠡ ᠰᠣᠩᠭᠣᠬᠤ ᠲᠤᠬᠠᠶ ᠬᠡᠢᠰᠪᠦᠷᠢ ᠮᠡᠳᠡᠯᠭᠡ᠎ᠶ᠋ᠢ ᠨᠢᠳᠦᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠪᠣᠳᠠᠲᠤ ᠦᠵᠡᠮᠵᠢ ᠪᠣᠯᠭᠠᠨ ᠬᠤᠪᠢᠷᠠᠭᠤᠯᠪᠠ᠃ ᠨᠢᠭᠡ ᠬᠡᠰᠡᠭ ᠲᠤᠷᠱᠢᠯᠲᠠ᠎ᠶ᠋ᠢᠨ ᠲᠠᠷᠢᠶ᠎ᠠ ᠨᠢ ᠦᠷ᠎ᠠ ᠵᠢᠨ ᠡᠭᠦᠯᠳᠡᠷ᠎ᠦᠨ ᠱᠢᠯᠢᠳᠡᠭ ᠮᠠᠭᠤ᠎ᠶ᠋ᠢᠨ 《ᠮᠥᠷᠥᠢᠴᠡᠭᠡᠨᠦ ᠲᠠᠪᠴᠠᠩ》 ᠪᠣᠯᠤᠬᠰᠠᠨ᠎ᠢᠶᠡᠷ ᠪᠠᠷᠠᠬᠤ ᠦᠭᠡᠢ᠂ ᠪᠠᠰᠠ ᠴᠤ᠌ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ 《ᠬᠢᠴᠢᠶᠡᠯ᠎ᠦᠨ ᠲᠠᠩᠬᠢᠮ》 ᠪᠣᠯᠤᠨ᠎ᠠ᠂ ᠲᠠᠷᠢᠶᠠᠴᠢᠳ ᠭᠡᠷ᠎ᠦᠨ᠎ᠢᠶᠡᠨ ᠡᠭᠦᠳᠡᠨ᠎ᠳᠦ ᠦᠷ᠎ᠡ ᠵᠢ ᠰᠠᠢᠲᠤᠷ ᠰᠣᠩᠭᠣᠵᠤ᠂ ᠮᠡᠷᠭᠡᠵᠢᠯ᠎ᠢ ᠰᠠᠢᠲᠤᠷ ᠰᠤᠷᠤᠯᠴᠠᠵᠤ᠌᠂ ᠣᠷᠣᠯᠭ᠎ᠠ᠎ᠪᠠᠨ ᠨᠡᠮᠡᠭ᠌ᠳᠡᠭᠦᠯᠬᠦ᠌ ᠢᠲᠡᠭᠡᠯ ᠵᠣᠷᠢᠭ᠎ᠢᠶᠠᠷ ᠨᠡᠩ ᠪᠠᠲᠤ ᠪᠤᠯᠵᠠᠢ᠃
ᠰᠤᠷᠪᠤᠯᠵᠢᠯᠠᠭ᠍ᠴᠢ ᠡᠮᠦᠨ᠎ᠡ ᠹᠷᠣᠨᠲ᠎ᠲᠦ ᠦᠨᠳᠦᠰᠦᠯᠡᠵᠦ᠂ ᠲᠠᠷᠢᠶᠠᠨ ᠭᠠᠵᠠᠷ᠎ᠵᠢᠡᠷ ᠶᠠᠪᠤᠵᠤ᠂ ᠣᠳᠣ ᠦᠶ᠎ᠡ᠎ᠶ᠋ᠢᠨ ᠲᠠᠷᠢᠶᠠᠯᠠᠩ᠎ᠤᠨ ᠳᠡᠰ ᠳᠡᠪᠱᠢᠵᠦ᠍ ᠪᠠᠢᠭ᠎ᠠ ᠦᠨᠡᠨ ᠪᠤᠳᠠᠳᠠᠢ ᠪᠠᠢᠳᠠᠯ᠎ᠢ ᠣᠢᠯᠠᠭᠠᠵᠤ᠂ ᠲᠠᠷᠢᠶᠠᠨ ᠳᠤᠮᠳᠠ ᠨᠢᠭᠤᠭ᠍ᠳᠠᠵᠤ ᠪᠠᠢᠭ᠎ᠠ ᠡᠯᠪᠡᠭ ᠬᠤᠷᠢᠶᠠᠯᠲᠠ᠎ᠶ᠋ᠢᠨ ᠬᠦᠰᠡᠯ᠎ᠢ ᠴᠤ᠌ ᠣᠢᠯᠠᠭᠠᠵᠠᠶ᠃