ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠣᠨᠣᠯ ᠰᠤᠷᠤᠯᠴᠠᠬᠤ ᠭᠤᠤᠯ ᠳᠤᠭᠤᠢᠯᠠᠩ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠲᠣᠭᠣᠷᠢᠨ᠎ᠳᠤ 2026 ᠣᠨ᠎ᠤ ᠵᠢᠷᠭᠤᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠪᠠ
2026-04-28 09:11:45
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠠᠮᠲᠤ᠎ᠶ᠋ᠢᠨ ᠰᠤᠷᠤᠯᠴᠠᠯᠭ᠎ᠠ ᠵᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ  ᠪᠦᠦ ᠭᠠᠩ   ᠵᠠᠩ ᠶᠠᠨ ᠺᠦᠨ ᠣᠷᠣᠯᠴᠠᠵᠠᠢ


4 ᠰᠠᠷ᠎ᠠ᠎ᠶ᠋ᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢᠯᠠᠩ ᠶᠡᠷᠦᠩᠬᠡᠢ ᠱᠦᠵᠢ ᠰᠢ ᠵᠢᠨ ᠫᠢᠩ᠎ᠦᠨ ᠭᠠᠳᠠᠭᠠᠳᠤ ᠨᠡᠭᠡᠭᠡᠯᠳᠠ᠎ᠶ᠋ᠢᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ᠎ᠶ᠋ᠢ ᠲᠦᠷᠭᠡᠳᠭᠡᠨ ᠪᠠᠢᠭᠤᠯᠬᠤ ᠵᠢᠨ ᠲᠣᠭᠣᠷᠢᠨ᠎ᠳᠤ ᠵᠢᠷᠭᠤᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠠᠮᠲᠤ᠎ᠶ᠋ᠢᠨ ᠰᠤᠷᠤᠯᠴᠠᠯᠭ᠎ᠠ ᠵᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠢ᠃

ᠬᠤᠷᠠᠯ ᠳᠡᠭᠡᠷ᠎ᠡ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠰᠠᠢᠳ᠎ᠤᠨ ᠲᠤᠰᠠᠯᠠᠭ᠍ᠴᠢ ᠶᠤᠸᠠᠨ ᠱᠢᠶᠤᠤ ᠮᠢᠩ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢᠨ ᠲᠤᠬᠠᠢ ᠦᠨᠳᠦᠰᠦᠨ ᠱᠠᠭᠠᠷᠳᠠᠯᠭ᠎ᠠ᠎ᠳᠤ ᠭᠦᠨᠵᠡᠭᠡᠢ ᠲᠠᠢᠯᠤᠮᠵᠢ ᠬᠢᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭᠵᠢᠭᠦᠯᠬᠦ ᠵᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ ᠠᠬᠢᠭᠤᠯᠬᠤ ᠨᠡᠢᠲᠡᠴᠢ ᠴᠢᠨᠠᠷᠲᠠᠢ ᠡᠭᠦᠷᠭᠡ᠎ᠶ᠋ᠢ ᠨᠠᠷᠢᠨ ᠲᠣᠳᠣᠷᠬᠠᠢᠯᠠᠨ ᠥᠭᠦᠯᠡᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ ᠱᠢᠨ᠎ᠡ ᠱᠠᠭᠠᠷᠳᠠᠯᠭ᠎ᠠ᠎ᠶ᠋ᠢ ᠢᠳᠡᠪᠬᠢᠲᠡᠢ ᠠᠷᠭᠠᠴᠠᠭᠠᠬᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠡᠬᠢᠯᠡᠯᠲᠡ᠎ᠶ᠋ᠢᠨ ᠠᠵᠢᠯ᠎ᠢ ᠭᠣᠣᠯᠳᠠᠯᠭ᠎ᠠ᠎ᠲᠠᠶ ᠰᠠᠢᠲᠤᠷ ᠠᠳᠭᠤᠬᠤ᠎ᠳᠤ ᠠᠩᠬᠠᠷᠤᠯ᠎ᠢᠶᠠᠨ ᠲᠥᠪᠯᠡᠷᠡᠭᠦᠯᠬᠦ ᠲᠤᠬᠠᠢ ᠠᠵᠢᠯ᠎ᠤᠨ ᠰᠠᠨᠠᠭᠤᠯᠭ᠎ᠠ ᠳᠤᠷᠠᠳᠪᠠ᠃

ᠸᠠᠩ ᠸᠧᠢ ᠵᠦᠩ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠪᠣᠯ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠤᠬᠠᠭᠠᠯᠠᠨ ᠲᠦᠯᠦᠪᠯᠡᠵᠦ ᠂ ᠪᠡᠶ᠎ᠡ᠎ᠪᠡᠷ᠎ᠢᠶᠡᠨ ᠪᠠᠢᠷᠢᠯᠠᠭᠤᠯᠵᠤ᠂ ᠪᠡᠶ᠎ᠡ᠎ᠪᠡᠷ᠎ᠢᠶᠡᠨ ᠠᠬᠢᠭᠤᠯᠵᠤ ᠪᠠᠢᠭᠤᠯᠤᠭ᠍ᠰᠠᠨ ᠶᠤᠮ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠡᠴᠡ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠭ᠌ᠰᠡᠨ᠎ᠡᠴᠡ ᠨᠠᠭᠠᠰᠢ ᠪᠠᠢᠭᠤᠯᠤᠭ᠍ᠰᠠᠨ ᠠᠩᠬᠠᠳᠠᠭ᠍ᠴᠢ ᠲᠤᠷᠱᠢᠯᠲᠠ᠎ᠶ᠋ᠢᠨ ᠣᠷᠣᠨ ᠪᠣᠯᠤᠨ᠎ᠠ᠂ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠢ᠎ᠠ᠎ᠡᠴᠡ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ ᠰᠠᠨᠠᠯ᠎ᠢ ᠨᠡᠢᠲᠡᠯᠡᠭᠰᠡᠨ᠎ᠤ ᠳᠠᠷᠠᠭ᠎ᠠ ᠪᠠᠢᠭᠤᠯᠤᠭ᠍ᠰᠠᠨ ᠠᠩᠬᠠᠳᠠᠭ᠍ᠴᠢ ᠲᠤᠷᠱᠢᠯᠲᠠ᠎ᠶ᠋ᠢᠨ ᠣᠷᠣᠨ ᠪᠣᠯᠤᠨ᠎ᠠ᠂ ᠮᠥᠨ ᠴᠦ᠍ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠪᠦᠬᠦ᠌ ᠤᠯᠤᠰ᠎ᠲᠤ ᠪᠠᠢᠭᠤᠯᠤᠭ᠍ᠰᠠᠨ ᠠᠩᠬᠠᠳᠠᠭ᠍ᠴᠢ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠪᠣᠯᠤᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠭᠠᠳᠠᠭᠠᠳᠤ ᠨᠡᠬᠡᠬᠡᠯᠳᠡ ᠢᠯᠠᠩᠭᠤᠶ᠎ᠠ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠬᠡᠨ ᠪᠠᠢᠭᠤᠯᠤᠯᠲᠠ᠎ᠶ᠋ᠢᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠵᠤ᠂ ᠪᠠᠢᠯᠳᠤᠬᠤ ᠪᠤᠳᠤᠯᠭ᠎ᠠ ᠪᠠ ᠪᠦᠬᠦ᠌ ᠲᠠᠯ᠎ᠠ᠎ᠶ᠋ᠢᠨ ᠦᠨᠳᠦᠷᠴᠡ᠎ᠡᠴᠡ ᠡᠭᠦᠷᠭᠡᠯᠡᠵᠦ᠍ ᠪᠠᠢᠭ᠎ᠠ ᠡᠭᠦᠷᠭᠡ ᠬᠠᠷᠢᠭᠤᠴᠠᠯᠭ᠎ᠠ᠎ᠪᠠᠨ ᠭᠦᠨᠵᠡᠭᠡᠢ ᠲᠠᠨᠢᠵᠦ᠂ 《5 ᠲᠥᠪ᠂ 1 ᠪᠠᠢᠯᠳᠤᠬᠤ ᠪᠣᠳᠣᠯᠭ᠎ᠠ᠎ᠶ᠋ᠢᠨ ᠥᠨᠳᠥᠷᠯᠢᠭ᠂ 1 ᠵᠢᠱ᠌ᠢᠶ᠎ᠡ ᠦᠵᠡᠭᠦᠯᠬᠦ᠌ ᠤᠷᠤᠨ ᠪᠦᠰᠡ᠂ 1 ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠬᠤ ᠴᠡᠭ》 ᠤ᠋ᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠲᠡᠶ ᠨᠢᠭ᠍ᠲᠠ ᠤᠶᠠᠯᠳᠤᠭᠤᠯᠤᠨ᠂ ᠡᠷᠴᠢ ᠵᠣᠷᠢᠭ᠎ᠢᠶᠠᠨ ᠬᠥᠪᠴᠢᠯᠡᠵᠥ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠪᠠᠯᠠ ᠣᠷᠣᠭᠤᠯᠬᠤ ᠠᠷᠠᠯᠵᠢᠶᠠᠯᠠᠬᠤ᠎ᠳᠤ ᠲᠥᠬᠥᠮ᠂ ᠱᠢᠨ᠎ᠡ᠎ᠶ᠋ᠢ ᠡᠭᠦᠳᠬᠦ᠌ ᠠᠮᠢ ᠠᠬᠤᠶ ᠰᠠᠢᠨ᠂ ᠳᠠᠪᠠᠭᠤᠯᠢᠭᠲᠤ ᠠᠵᠤ ᠦᠢᠯᠡᠰ ᠲᠥᠪᠯᠡᠷᠡᠭᠰᠡᠨ᠂ ᠣᠯᠠᠨ ᠤᠯᠤᠰ᠎ᠤᠨ ᠶᠠᠪᠤᠯᠴᠠᠭ᠎ᠠ ᠬᠥᠭ᠌ᠵᠢᠶᠡᠨ᠎ᠲᠡᠶ ᠥᠨᠳᠥᠷ ᠲᠦᠪᠱᠢᠨ ᠪᠦᠬᠦᠢ ᠴᠢᠯᠥᠭᠡᠲᠦ ᠠᠷᠠᠯᠵᠢᠶᠠᠨ᠎ᠤ ᠬᠦᠷᠢᠶᠡᠯᠡᠩ ᠲᠣᠭᠣᠷᠢᠭ᠎ᠢ ᠪᠥᠬᠥ᠌ ᠬᠦᠴᠦᠨ᠎ᠢᠶᠡᠷ᠎ᠢᠶᠡᠨ ᠪᠦᠲᠦᠭᠡᠨ ᠪᠠᠢᠭᠤᠯᠵᠤ᠂ ᠪᠣᠳᠠᠲᠤ ᠠᠵᠢᠯᠯᠠᠭ᠎ᠠ ᠪᠠ ᠯᠠᠪᠳᠠᠭᠤᠨ ᠪᠠᠲᠤᠲᠠᠶ ᠦᠷ᠎ᠡ ᠪᠦᠲᠦᠮᠵᠢ᠎ᠪᠡᠷ 《ᠬᠣᠶᠠᠷ ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠸᠠᠩ ᠸᠧᠢ ᠵᠦᠩ᠂ ᠪᠦᠬᠦ ᠣᠷᠣᠨ᠎ᠤ ᠡᠯ᠎ᠡ ᠱᠠᠲᠤᠨ᠎ᠤ ᠬᠢᠨ ᠰᠤᠷᠤᠯᠴᠠᠯᠭ᠎ᠠ᠎ᠶᠢ ᠶᠡᠬᠡ ᠪᠡᠷ ᠡᠷᠬᠢᠮᠯᠡᠨ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠤᠨᠤᠯ ᠪᠣᠯᠣᠨ ᠦᠢᠯᠡᠳᠦᠯᠭᠡ᠎ᠶᠢᠨ ᠮᠡᠳᠡᠯᠭᠡ᠎ᠶᠢ ᠱᠠᠯᠠᠪᠳᠠᠨ ᠰᠤᠷᠤᠯᠴᠠᠵᠤ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠳᠡᠭᠡᠭᠰᠢᠯᠡᠭᠦᠯᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ ᠲᠤᠬᠠᠢ ᠰᠠᠨᠠᠯ᠎ᠢ ᠭᠦᠨᠵᠡᠭᠡᠢ ᠰᠤᠳᠤᠯᠵᠤ᠂ ᠡᠯ᠎ᠡ ᠲᠠᠯ᠎ᠠ᠎ᠶᠢᠨ ᠲᠦᠷᠦ᠎ᠶᠢᠨ ᠪᠣᠳᠣᠯᠭ᠎ᠠ ᠱᠠᠭᠠᠷᠳᠠᠯᠭ᠎ᠠ᠎ᠶᠢ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠡᠵᠡᠮᠰᠢᠬᠦ ᠬᠡᠷᠡᠭᠲᠡᠢ᠃ ᠪᠤᠰᠤᠳ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠢᠯᠠᠩᠭᠤᠶ᠎ᠠ ᠬᠢᠯᠢ ᠳᠠᠭᠠᠤ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠠᠮᠵᠢᠯᠲᠠ᠎ᠲᠠᠢ ᠲᠤᠷᠰᠢᠯᠭ᠎ᠠ᠎ᠶᠢ ᠢᠳᠡᠪᠬᠢᠲᠡᠢ ᠬᠠᠭᠤᠯᠪᠤᠷᠢᠯᠠᠨ ᠬᠡᠷᠡᠭᠯᠡᠵᠦ᠂ ᠰᠢᠭᠤᠳ ᠬᠠᠭᠤᠯᠪᠤᠷᠢᠯᠠᠵᠤ ᠳᠡᠶ᠋ᠢᠯᠬᠦ᠎ᠶᠢ ᠨᠢ ᠤᠳᠤ᠎ᠶᠢᠨ ᠪᠠᠢᠭ᠎ᠠ ᠨᠥᠬᠥᠴᠡᠯ᠎ᠢᠶᠡᠨ ᠭᠦᠢᠴᠡᠳ ᠠᠰᠢᠭ᠍ᠯᠠᠨ ᠲᠦᠷᠭᠡᠨ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠰᠢᠯᠢᠳᠡᠭᠵᠢᠭᠦᠯᠦᠨ ᠲᠣᠬᠢᠷᠠᠭᠤᠯᠬᠤ ᠴᠢᠬᠤᠯᠠᠲᠠᠢ ᠵᠢ ᠨᠢ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠳᠦᠷᠢᠮ ᠲᠣᠭᠲᠠᠭᠠᠯ᠎ᠢ ᠴᠢᠨᠠᠭᠰᠢᠳᠠ ᠲᠡᠭᠦᠯᠳᠡᠷᠵᠢᠭᠦᠯᠵᠦ᠂ ᠬᠠᠷᠠᠬᠠᠨ ᠨᠥᠬᠥᠴᠡᠯ ᠪᠦᠷᠢᠳᠦᠭᠡᠳᠦᠢ ᠵᠢ ᠨᠢ ᠨᠠᠢᠳᠠᠪᠤᠷᠢᠵᠢᠭᠤᠯᠬᠤ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠠᠨᠭᠬᠠᠨ᠎ᠤ ᠡᠭᠦᠳᠦᠯᠲᠠ ᠵᠢᠨ ᠴᠢᠨᠠᠷᠲᠠᠢ᠂ ᠬᠤᠷᠠᠮᠠᠯ ᠮᠠᠶᠢᠭ᠋᠎ᠤᠨ᠂ ᠵᠥᠷᠢᠶᠡᠴᠢᠯᠡᠭᠰᠡᠨ ᠰᠦᠪᠡᠭᠴᠢᠯᠡᠯᠲᠡ᠎ᠶᠢ ᠬᠦᠴᠦᠯᠡᠨ ᠰᠠᠢᠲᠤᠷ ᠠᠳᠬᠤᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠵᠣᠷᠢᠭ᠍ᠲᠠᠢ᠎ᠪᠠᠷ ᠰᠢᠨ᠎ᠡ᠎ᠶᠢ ᠡᠭᠦᠳᠴᠦ᠂ ᠲᠡᠷᠡ ᠬᠡᠪ᠎ᠢᠶᠡᠷ ᠨᠢ ᠳᠡᠯᠭᠡᠷᠡᠭᠦᠯᠵᠦ ᠪᠣᠯᠬᠤ ᠰᠢᠨ᠎ᠡ ᠰᠣᠷᠭᠣᠭ ᠲᠤᠷᠰᠢᠯᠭ᠎ᠠ᠎ᠶᠢ ᠴᠢᠷᠮᠠᠢᠨ ᠡᠭᠦᠳᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ᠎ᠡᠴᠡ ᠵᠣᠬᠢᠶᠠᠨ ᠪᠠᠢᠭᠤᠯᠵᠦ ᠤᠳᠤᠷᠢᠳᠬᠤ᠎ᠪᠠᠨ ᠴᠢᠩᠭᠠᠳᠬᠠᠵᠤ᠂ ᠬᠥᠬᠡᠬᠣᠲᠠ᠂ ᠮᠠᠨᠵᠤᠤᠷ᠂ ᠡᠷᠢᠶᠡᠨ ᠬᠣᠲᠠ 3 ᠬᠡᠰᠡᠭ ᠨᠢ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠵᠦ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠠᠵᠢᠯ᠎ᠤᠨ ᠬᠠᠮᠳᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠠᠲᠤ ᠪᠡᠬᠢ ᠪᠤᠢ ᠪᠣᠯᠭᠠᠨ ᠦᠢᠯᠡᠳᠦᠯᠭᠡᠵᠢᠭᠦᠯᠵᠦ᠂ ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠡᠭᠦᠷᠭᠡ᠎ᠶᠢ ᠲᠦᠷᠭᠡᠨ ᠪᠥᠭᠡᠳ ᠯᠠᠪᠳᠠᠭᠤᠨ ᠰᠠᠢᠲᠤᠷ ᠠᠳᠬᠤᠵᠤ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠨᠠᠮ᠎ᠤᠨ ᠲᠥᠪ ᠬᠣᠷᠢᠶ᠎ᠠ᠎ᠶᠢ ᠰᠠᠨᠠᠭ᠎ᠠ ᠠᠮᠤᠷ ᠪᠠᠢᠯᠭᠠᠬᠤ᠂ ᠲᠡᠦᠬᠡ ᠪᠠ ᠦᠢᠯᠡᠳᠦᠯᠭᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ ᠦᠷ᠎ᠡ ᠪᠦᠲᠦᠮᠵᠢ᠎ᠶᠢ ᠪᠦᠬᠦ ᠬᠦᠴᠦᠨ᠎ᠢᠶᠡᠷ᠎ᠢᠶᠡᠨ ᠡᠬᠦᠳᠬᠦ ᠬᠡᠷᠡᠭᠲᠡᠢ᠃ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢᠭᠤᠯᠤᠯᠲᠠ᠎ᠶᠢ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠢᠯᠵᠢᠷᠠᠯ ᠡᠭᠦᠰᠬᠦ᠎ᠶᠢ ᠡᠷᠡᠰ ᠰᠡᠷᠭᠡᠢᠯᠡᠨ ᠬᠤᠷᠢᠭᠯᠠᠬᠤ ᠬᠡᠷᠡᠭᠲᠡᠢ ᠭᠡᠵᠤ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠎ᠦ ᠤᠳᠤᠷᠢᠳᠬᠤ ᠨᠥᠬᠥᠳ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ ᠵᠢᠨ ᠰᠢᠭᠦᠬᠦ ᠬᠣᠷᠢᠶ᠎ᠠ ᠵᠢᠨ ᠳᠠᠷᠤᠭ᠎ᠠ ᠪᠡ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ ᠵᠢᠨ ᠪᠠᠢᠴᠠᠭᠠᠬᠤ ᠬᠤᠷᠢᠶ᠎ᠠ ᠵᠢᠨ ᠪᠠᠢᠴᠠᠭᠠᠬᠤ ᠳᠠᠷᠤᠭ᠎ᠠ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠᠢᠭᠤᠯᠭ᠎ᠠ ᠨᠢᠭᠡᠴᠢ᠎ᠶᠢᠨ ᠬᠠᠷᠢᠭᠤᠴᠠᠯᠭᠠᠲᠠᠨ ᠨᠥᠬᠥᠳ᠂ 3 ᠬᠡᠰᠡᠭ ᠤ᠋ᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠬᠠᠮᠲᠤ᠎ᠶᠢᠨ ᠰᠤᠷᠤᠯᠴᠠᠯᠭ᠎ᠠ᠎ᠶᠢᠨ ᠬᠤᠷᠠᠯ᠎ᠳᠤ ᠣᠷᠣᠯᠴᠠᠪᠠ᠃ ᠬᠤᠷᠠᠯ ᠢ᠋ ᠸᠢᠳᠢᠤ᠋᠎ᠬᠡᠯᠪᠡᠷᠢ᠎ᠪᠡᠷ ᠬᠤᠷᠠᠯᠳᠤᠭᠤᠯᠵᠤ᠂ ᠬᠥᠯᠥᠨ ᠪᠤᠢ᠍ᠢᠷ ᠬᠤᠳᠠ᠂ ᠰᠢᠯᠢ᠎ᠶᠢᠨ ᠭᠣᠣᠯ ᠠᠢᠮᠠᠭ ᠪᠣᠯᠣᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号