2026 ᠤᠨ ᠤ᠋ 《ᠠᠶᠠᠯᠭᠤᠳᠤ ᠵᠢᠭᠤᠯᠴᠢᠯᠠᠯ ᠦᠪᠦᠷ ᠮᠤᠨᠭᠭᠤᠯ》 ᠰᠤᠶᠤᠯ ᠤ᠋ᠨ ᠤᠯᠠᠷᠢᠯ ᠤ᠋ᠨ ᠠᠵᠢᠯᠯᠠᠭ᠎ᠠ ᠶ᠋ᠢᠨ ᠴᠢᠬᠤᠯᠠ ᠠᠭᠤᠯᠭ᠎ᠠ ᠶ᠋ᠢᠨ ᠨᠢᠭᠡ ᠪᠤᠯᠬᠤ ᠬᠠᠮᠳᠤᠯᠢᠭ ᠤ᠋ᠨ ᠲᠤᠰᠬᠠᠢ ᠲᠤᠭᠯᠠᠯᠳᠠ ᠪᠤᠯᠤᠨ ᠵᠠᠯᠠᠭᠤ ᠤᠷᠠᠯᠢᠭᠴᠢᠳ ᠤ᠋ᠨ ᠲᠤᠰᠬᠠᠢ ᠳᠠᠯᠠᠪᠠᠢ ᠲᠤᠭᠯᠠᠯᠳᠠ《5·1》 ᠤ᠋ ᠠᠮᠠᠷᠠᠯᠳᠠ ᠵᠢᠨ ᠬᠤᠭᠤᠴᠠᠭᠠᠨ ᠳ᠋ᠦ ᠬᠦᠬᠡᠬᠤᠳᠠᠨ᠎ᠠ ᠨᠢᠵᠢᠬᠢᠷ ᠶᠠᠪᠤᠭᠳᠠᠵᠦ᠂ ᠦᠨᠳᠦᠰᠦᠳᠡᠨ ᠤ᠋ ᠳᠠᠭᠤᠤ ᠬᠦᠭᠵᠢᠮ ᠪᠤᠯᠤᠨ ᠤᠷᠤᠰᠬᠠᠯ ᠳᠠᠭᠤᠤ ᠬᠦᠭᠵᠢᠮ ᠤ᠋ᠨ ᠴᠤᠭᠯᠠᠭᠠᠨ ᠢ᠋ᠶ᠋ᠡᠷ ᠠᠮᠠᠷᠠᠯᠳᠠ ᠵᠢᠨ ᠡᠳᠤᠷ ᠲᠦ᠍ ᠪᠠᠶᠠᠷ ᠬᠦᠷ ᠨᠡᠮᠡᠷᠢᠯᠡᠬᠦ ᠪᠤᠯᠤᠨ᠎ᠠ᠃
ᠤᠢᠯᠠᠭᠠᠭᠰᠠᠨ ᠵᠢᠡᠷ᠂ 4 ᠰᠠᠷ᠎ᠠ ᠶ᠋ᠢᠨ 28 ᠤ᠋ ᠤᠷᠤᠢ ᠤᠮᠠᠷᠠᠲᠤ ᠶ᠋ᠢᠨ ᠬᠥᠯ ᠪᠥᠮᠪᠥᠭᠡ ᠶ᠋ᠢᠨ ᠪᠣᠯᠪᠠᠰᠤᠷᠠᠯ ᠤ᠋ᠨ ᠰᠠᠭᠤᠷᠢᠨ ᠳ᠋ᠤ ᠶᠠᠪᠤᠭᠳᠠᠬᠤ ᠬᠠᠮᠳᠤᠯᠢᠭ ᠤ᠋ᠨ ᠲᠤᠰᠬᠠᠢ ᠲᠤᠭᠯᠠᠯᠳᠠ ᠳ᠋ᠤ ᠴᠠᠭᠠᠨ ᠬᠠᠮᠳᠤᠯᠢᠭ᠂ ᠬᠠᠨ ᠬᠦᠯᠦᠭ ᠬᠠᠮᠳᠤᠯᠢᠭ᠂ ᠳᠤᠯᠠᠭᠠᠨ ᠬᠠᠮᠳᠤᠯᠢᠭ ᠂ ᠰᠦᠬᠡ ᠵᠡᠷᠭᠡ 4 ᠱᠢᠨ᠎ᠡ ᠬᠠᠮᠳᠤᠯᠢᠭ ᠤ᠋ᠨ ᠬᠢᠨ ᠮᠣᠷᠢᠨ ᠬᠤᠭᠤᠷ᠂ ᠬᠥᠭᠡᠮᠡᠶ ᠠᠭᠤᠰᠤᠯᠴᠠᠭ᠍ᠰᠠᠨ ᠣᠳᠣ ᠦᠶ᠎ᠡ ᠶ᠋ᠢᠨ ᠬᠥᠭ᠌ᠵᠢᠮ ᠤ᠋ᠨ ᠨᠠᠢᠷᠠᠯᠭ᠎ᠠ ᠲᠠᠢ ᠷᠣᠺ ᠳᠠᠭᠤᠤ᠂ ᠣᠷᠳᠣᠰ ᠤ᠋ᠨ ᠠᠷᠠᠳ ᠤ᠋ᠨ ᠳᠠᠭᠤᠤ᠂ ᠬᠣᠷᠴᠢᠨ ᠠᠷᠠᠳ ᠤ᠋ᠨ ᠳᠠᠭᠤᠤ᠂ ᠦᠯᠢᠭᠡᠷ ᠵᠡᠷᠭᠡ ᠤᠷᠠᠯᠢᠭ ᠢ᠋ ᠣᠳᠣ ᠦᠶ᠎ᠡ ᠶ᠋ᠢᠨ ᠬᠠᠷᠠᠭᠠᠰᠤ ᠡᠴᠡ ᠤᠯᠠᠮᠵᠢᠯᠠᠨ ᠲᠤᠭᠯᠠᠨ᠎ᠠ; ᠥᠪᠥᠷ ᠮᠣᠩᠭᠣᠯ ᠤ᠋ᠨ ᠵᠠᠯᠠᠭᠤ ᠳᠠᠭᠤᠴᠢᠨ ᠰᠤᠶᠤᠯᠴᠡᠴᠡᠭ ᠤ᠋ᠨ ᠲᠤᠰᠬᠠᠢ ᠲᠣᠭ᠍ᠯᠠᠯᠲᠠ ᠨᠢ ᠤᠤᠭᠠᠯ ᠪᠦᠲᠦᠭᠡᠯ ᠢ᠋ᠶ᠋ᠡᠷ ᠭᠤᠤᠯᠯᠠᠭᠤᠯᠤᠨ᠂ ᠣᠲᠣ ᠦᠶ᠎ᠡ ᠶ᠋ᠢᠨ ᠲᠠᠢᠰᠠᠨ ᠤ᠋ ᠤᠷᠠᠯᠢᠭ ᠪᠠ ᠥᠪᠥᠷ ᠮᠣᠩᠭᠣᠯ ᠤ᠋ᠨ ᠳᠠᠭᠤᠤ ᠤᠷᠠᠯᠢᠭ ᠢ᠋ ᠠᠭᠤᠰᠬᠠᠵᠤ᠂ ᠤᠯᠠᠭᠠᠨᠮᠥ᠋ᠴᠢᠷ ᠤ᠋ᠨ ᠭᠡᠱᠢᠭᠦᠳ ᠤ᠋ᠨ ᠤᠭ ᠰᠠᠨᠠᠭ᠎ᠠ ᠬᠢᠭᠡᠳ ᠡᠬᠦᠷᠭᠡ ᠬᠠᠷᠢᠭᠤᠴᠠᠯᠭᠠᠳᠦ ᠰᠡᠳᠬᠢᠯ ᠢ᠋ ᠢᠯᠡᠷᠡᠬᠦᠯᠤᠨ᠂ ᠴᠠᠭ ᠦᠶ᠎ᠡ ᠶ᠋ᠢᠨ ᠴᠤᠭ ᠵᠢᠪᠬᠤᠭ᠎ᠠ ᠵᠢ ᠬᠠᠷᠠᠭᠤᠯᠵᠤ᠂ 4 ᠰᠠᠷ᠎ᠠ ᠶ᠋ᠢᠨ 29 ᠤ᠋ ᠤᠷᠤᠢ ᠤᠮᠠᠷᠠᠲᠤ ᠶ᠋ᠢᠨ ᠬᠥᠯ ᠪᠥᠮᠪᠥᠭᠡ ᠶ᠋ᠢᠨ ᠪᠣᠯᠪᠠᠰᠤᠷᠠᠯ ᠤ᠋ᠨ ᠰᠠᠭᠤᠷᠢᠨ ᠳ᠋ᠤ ᠶᠠᠪᠤᠭᠳᠠᠨ᠎ᠠ; ᠥᠪᠥᠷ ᠮᠣᠩᠭᠣᠯ ᠤ᠋ᠨ ᠵᠠᠯᠠᠭᠤ ᠳᠠᠭᠤᠴᠢᠨ ᠤᠯᠠᠭᠠᠨᠲᠤᠶᠠᠭ᠎ᠠ ᠶ᠋ᠢᠨ《ᠳᠡᠯᠭᠡᠷᠡᠬᠦ᠌ ᠳᠥᠷᠪᠡᠨ ᠤᠯᠠᠷᠢᠯ》 ᠲᠤᠭᠯᠠᠯᠳᠠ 5 ᠰᠠᠷ᠎ᠠ ᠶ᠋ᠢᠨ 1 ᠤ᠋ ᠤᠷᠤᠢ ᠤᠮᠠᠷᠠᠲᠤ ᠶ᠋ᠢᠨ ᠬᠥᠯ ᠪᠥᠮᠪᠥᠭᠡ ᠶ᠋ᠢᠨ ᠪᠣᠯᠪᠠᠰᠤᠷᠠᠯ ᠤ᠋ᠨ ᠰᠠᠭᠤᠷᠢᠨ ᠳ᠋ᠤ ᠶᠠᠪᠤᠭᠳᠠᠵᠤ᠂ ᠲᠡᠷᠡ ᠲᠤᠰ ᠲᠣᠭ᠍ᠯᠠᠯᠲᠠ ᠳ᠋ᠠᠭᠠᠨ ᠱᠢᠨ᠎ᠡ ᠵᠢ ᠡᠭᠦᠳᠤᠨ᠂ ᠮᠣᠷᠢᠨ ᠬᠤᠭᠤᠷ ᠪᠣᠯᠤᠨ ᠡᠯᠧᠺᠲᠷᠤᠨ ᠭᠢᠲ᠋ᠠᠷ ᠢ᠋ ᠨᠡᠢᠯᠡᠬᠦᠯᠦᠨ ᠬᠦᠭᠵᠢᠮᠳᠡᠵᠦ᠂ ᠬᠥᠭᠡᠮᠡᠢ ᠪᠣᠯᠤᠨ ᠡᠯᠧᠺᠲᠷᠤᠨ ᠬᠦᠭᠵᠢᠮ ᠵᠡᠷᠭᠡ ᠣᠯᠠᠨ ᠡᠯᠧᠮᠧᠨ᠋ᠲ ᠢ᠋ ᠤᠶᠠᠯᠳᠤᠭᠤᠯᠤᠨ᠂ ᠦᠨᠳᠦᠰᠦᠲᠡᠨ ᠤ᠋ ᠳᠠᠭᠤᠤ ᠬᠥᠭ᠌ᠵᠢᠮ ᠪᠠ ᠣᠲᠣ ᠦᠶ᠎ᠡ ᠶ᠋ᠢᠨ ᠤᠷᠤᠰᠭᠠᠯ ᠳᠠᠭᠤᠤ ᠶ᠋ᠢ ᠠᠮᠢᠳᠤᠯᠢᠭ ᠢ᠋ᠶ᠋ᠠᠷ ᠢᠯᠡᠷᠡᠭᠦᠯᠦᠨ᠎ᠠ; ᠵᠠᠯᠠᠭᠤ ᠳᠠᠭᠤᠴᠢᠨ ᠬᠦᠰᠡᠯᠡᠩ ᠪᠤᠯᠤᠨ ᠪᠥᠵᠢᠭ᠌ᠴᠢᠨ ᠯᠢ ᠲᠡᠭᠵᠢᠨ ᠤ᠋《ᠭᠤᠶᠤᠬᠠᠨ ᠳ᠋ᠠ》 ᠲᠣᠭ᠍ᠯᠠᠯᠲᠠ 5 ᠰᠠᠷ᠎ᠠ ᠶ᠋ᠢᠨ 2 ᠤ᠋ᠨ ᠤᠷᠤᠢ ᠤᠮᠠᠷᠠᠲᠤ ᠶ᠋ᠢᠨ ᠬᠥᠯ ᠪᠥᠮᠪᠥᠭᠡ ᠶ᠋ᠢᠨ ᠪᠣᠯᠪᠠᠰᠤᠷᠠᠯ ᠤ᠋ᠨ ᠰᠠᠭᠤᠷᠢᠨ ᠳ᠋ᠤ ᠶᠠᠪᠤᠭᠳᠠᠵᠤ᠂ ᠲᠡᠳᠡ ᠲᠤᠰ ᠲᠤᠭᠯᠠᠯᠳᠠ ᠳ᠋ᠠᠭᠠᠨ《ᠮᠢᠩᠭᠠᠨ ᠲᠤᠰᠬᠤᠨ ᠵᠠᠭᠤᠨ ᠳᠠᠯᠠᠪᠠᠢ》 ᠲᠣᠭᠣᠷᠢᠨ ᠲᠣᠭ᠍ᠯᠠᠬᠤ ᠪᠦᠯᠬᠦᠮ ᠤ᠋ᠨ ᠬᠢᠨ ᠲᠠᠢ ᠬᠠᠮᠳᠤᠷᠠᠨ ᠳᠠᠭᠤᠯᠠᠬᠤᠶ᠂ ᠬᠥᠭ᠌ᠵᠢᠮᠳᠡᠬᠦᠶ ᠪᠣᠯᠤᠨ ᠪᠥᠵᠢᠭ᠌ ᠵᠡᠷᠭᠡ ᠣᠯᠠᠨ ᠵᠦᠶ᠋ᠯ ᠤ᠋ᠨ ᠤᠷᠠᠯᠢᠭ ᠤ᠋ᠨ ᠬᠡᠯᠪᠡᠷᠢ ᠵᠢ ᠠᠭᠤᠰᠤᠯᠴᠠᠭᠤᠯᠵᠤ᠂ ᠦᠵᠡᠭ᠌ᠴᠢᠳ ᠲᠦ᠍ ᠦᠵᠡᠯ ᠰᠠᠨᠠᠭ᠎ᠠ ᠬᠦᠨᠵᠡᠬᠡᠢ᠂ ᠤᠷᠠᠯᠢᠭᠴᠢ ᠴᠢᠨᠠᠷ ᠴᠢᠩᠭ᠎ᠠ᠂ ᠰᠤᠶᠤᠯ ᠤ᠋ᠨ ᠤᠳᠬ᠎ᠠ ᠰᠠᠨᠠᠭ᠎ᠠ ᠬᠦᠨᠵᠡᠬᠡᠢ ᠲᠤᠭᠯᠠᠯᠳᠠ ᠵᠢ ᠰᠤᠨᠢᠷᠬᠠᠭᠤᠯᠬᠤ ᠪᠤᠯᠤᠨ᠎ᠠ; ᠵᠠᠯᠠᠭᠤ ᠳᠠᠭᠤᠴᠢᠨ ᠬᠠᠯᠢᠨ ᠤ᠋《ᠦᠨᠦᠰᠦᠶᠠ》ᠲᠤᠰᠬᠠᠢ ᠲᠤᠭᠯᠠᠯᠳᠠ 5 ᠰᠠᠷ᠎ᠠ ᠶ᠋ᠢᠨ 5 ᠤ᠋ ᠤᠷᠤᠢ ᠤᠮᠠᠷᠠᠲᠤ ᠶ᠋ᠢᠨ ᠬᠥᠯ ᠪᠥᠮᠪᠥᠭᠡ ᠶ᠋ᠢᠨ ᠪᠣᠯᠪᠠᠰᠤᠷᠠᠯ ᠤ᠋ᠨ ᠰᠠᠭᠤᠷᠢᠨ ᠳ᠋ᠤ ᠶᠠᠪᠤᠭᠳᠠᠵᠦ᠂ ᠤᠤᠭᠠᠯ ᠪᠦᠳᠦᠭᠡᠯ ᠵᠢᠡᠷ ᠭᠤᠤᠯᠳᠠᠭᠤᠯᠤᠨ᠂ ᠦᠨᠳᠦᠰᠦᠳᠡᠨ ᠤ᠋ ᠳᠠᠭᠤᠤ ᠤᠷᠠᠯᠢᠭ ᠤ᠋ᠨ ᠰᠤᠩᠭᠤᠳᠠᠭ ᠪᠦᠳᠦᠬᠡᠯ ᠢ᠋ ᠳᠠᠭᠤᠯᠠᠬᠤ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号