《ᠥᠨᠢ ᠮᠦᠡᠭᠭᠡ᠎ᠵᠢᠨ ᠤᠯᠠᠭᠠᠨᠮᠥ᠋ᠴᠢᠷ》 ᠳᠤᠰᠬᠠᠢ ᠦᠳᠡᠰᠢᠯᠡᠭᠡ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠎ᠳ᠋ᠤ᠌ ᠶᠠᠪᠤᠭᠳᠠᠪᠠ
2026-04-28 09:54:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


dd7b0ca8-e441-46c8-bfc1-5c7c33b244e6.png


4 ᠰᠠᠷ᠎ᠠ᠎ᠶᠢᠨ 26 ᠤ᠋ ᠤᠷᠤᠢ᠂ 《ᠥᠨᠢ ᠮᠦᠡᠭᠭᠡ᠎ᠵᠢᠨ ᠤᠯᠠᠭᠠᠨᠮᠥ᠋ᠴᠢᠷ》 ᠳᠤᠰᠬᠠᠢ ᠦᠳᠡᠰᠢᠯᠡᠭᠡ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠎ᠳ᠋ᠤ᠌ ᠭᠣᠢᠳᠠ ᠰᠠᠢᠬᠠᠨ ᠶᠠᠪᠤᠭᠳᠠᠪᠠ᠃ ᠲᠤᠰ ᠤᠳᠠᠭ᠎ᠠ᠎ᠶᠢᠨ ᠲᠣᠭᠯᠠᠯᠲᠠ᠎ᠶᠢ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠨᠣᠮ ᠪᠢᠴᠢᠭ ᠪᠣᠯᠣᠨ ᠰᠣᠶᠣᠯ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠲᠢᠩᠬᠢᠮ᠎ᠡᠴᠡ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭᠠᠨᠮᠥ᠋ᠴᠢᠷ ᠬᠠᠮᠲᠤᠷᠠᠨ ᠲᠣᠭᠯᠠᠪᠠ᠃ ᠪᠦᠬᠦᠶ᠋ᠢᠯᠡ ᠲᠣᠭᠯᠠᠯᠲᠠ᠎ᠶᠢᠨ ᠬᠦᠭ ᠠᠶᠠᠰ ᠬᠠᠩᠭᠢᠨᠠᠮ᠎ᠠ ᠪᠠᠢᠵᠤ᠂ ᠪᠦᠯᠬᠦᠮᠳᠡᠨ ᠲᠡᠮᠡᠴᠡᠭᠦ ᠴᠠᠭ ᠦᠶ᠎ᠡ᠎ᠶᠢᠨ ᠵᠣᠷᠢᠭ᠋ ᠰᠠᠨᠠᠭ᠎ᠠ᠎ᠶᠢ ᠬᠥᠨ ᠰᠡᠳᠭᠢᠯᠭᠡ ᠪᠡᠷ ᠮᠠᠭᠳᠠᠵᠤ᠂ ᠰᠤᠷᠤᠯᠭᠠᠳᠠᠤᠨ᠎ᠲᠤ ᠭᠣᠢᠳᠠ ᠰᠠᠢᠬᠠᠨ ᠰᠣᠶᠣᠯ᠎ᠤᠨ ᠦᠪᠡᠳᠡᠭᠰᠢ ᠨᠠᠢᠷ᠎ᠢ ᠳᠡᠪᠰᠢᠭᠦᠯᠪᠡ᠃ ᠵᠢᠷᠤᠭ ᠪᠤᠯ ᠳᠤᠬᠠᠢ᠎ᠶᠢᠨ ᠤᠷᠤᠢ᠂ ᠪᠦᠬᠦ ᠲᠣᠭᠯᠠᠭ᠍ᠴᠢᠳ 《ᠳᠦᠷᠪᠡᠨ ᠨᠠᠰᠤᠳᠠᠢ ᠬᠠᠯᠢᠭᠤᠨ》 ᠭᠡᠬᠦ ᠳᠠᠭᠤᠤ᠎ᠶᠢ ᠳᠠᠭᠤᠯᠠᠵᠤ ᠪᠠᠢᠭ᠎ᠠ ᠨᠢ᠃

ᠰᠤᠷᠪᠤᠯᠵᠢᠯᠠᠭ᠍ᠴᠢ ᠸᠠᠩ ᠯᠧᠢ ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号