《ᠴᠠᠢᠯᠭᠠᠨ ᠰᠠᠢᠬᠠᠨ ᠥᠪᠥᠷ ᠮᠣᠩᠭᠣᠯ ᠶᠣᠰᠣ ᠰᠤᠷᠲᠠᠬᠤᠨ ᠰᠡᠳᠭᠢᠯ᠎ᠢ ᠤᠮᠳᠠᠯᠠᠨ᠎ᠠ 》 ᠶᠢᠰᠦᠳᠦᠭᠡᠷ ᠬᠤᠭᠤᠴᠠᠭᠠᠨ ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ᠎ᠶ᠋ᠢ ᠨᠡᠢᠲᠡᠯᠡᠬᠦ᠌ ᠶᠣᠰᠣᠯᠠᠯ ᠶᠠᠪᠤᠭ᠍ᠳᠠᠪᠠ
2026-04-28 10:13:18
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

 ᠪᠦᠦ ᠱᠢᠶᠠᠨ ᠬᠤᠸᠠ ᠣᠷᠣᠯᠴᠠᠵᠠᠢ


4 ᠰᠠᠷ᠎ᠠ᠎ᠶ᠋ᠢᠨ 27 ᠤ᠋ ᠡᠳᠦᠷ᠂ 《ᠴᠠᠢᠯᠭᠠᠨ ᠰᠠᠢᠬᠠᠨ ᠥᠪᠥᠷ ᠮᠣᠩᠭᠣᠯ  ᠶᠣᠰᠣ ᠰᠤᠷᠲᠠᠬᠤᠨ ᠰᠡᠳᠭᠢᠯ ᠎ᠢ ᠤᠮᠳᠠᠯᠠᠨ᠎ᠠ》 ᠶᠢᠰᠦᠳᠦᠭᠡᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ᠎ᠶ᠋ᠢ ᠨᠡᠢᠲᠡᠯᠡᠬᠦ᠌ ᠶᠣᠰᠣᠯᠠᠯ ᠬᠥᠬᠡᠬᠣᠲᠠ᠎ᠳᠤ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ  ᠪᠦᠦ ᠱᠢᠶᠠᠨ ᠬᠤᠸᠠ ᠨᠡᠢᠲᠡᠯᠡᠬᠦ᠌ ᠶᠣᠰᠣᠯᠠᠯ ᠎ᠳᠤ ᠣᠷᠣᠯᠴᠠᠭ᠍ᠰᠠᠨ ᠪᠥᠭᠡᠳ ᠶᠣᠰᠣ ᠰᠤᠷᠲᠠᠬᠤᠨ᠎ᠤ ᠵᠢᠱ᠌ᠢᠶᠡᠴᠢ᠎ᠲᠡᠶ ᠠᠭᠤᠯᠵᠠᠪᠠ᠃

ᠲᠣᠰ ᠬᠤᠭᠤᠴᠠᠭᠠᠨ᠎ᠳᠤ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠭ᠍ᠰᠠᠨ᠂ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠭ᠌ᠰᠡᠨ᠂ ᠦᠨᠡᠨᠴᠢ ᠰᠢᠳᠤᠷᠭᠤ ᠢᠲᠡᠭᠡᠯ᠎ᠢ ᠡᠷᠬᠢᠮᠯᠡᠭᠰᠡᠨ᠂ ᠠᠵᠢᠯ ᠦᠶ᠋ᠯᠡᠰ᠎ᠢᠶᠡᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ᠂ ᠨᠠᠰᠤᠲᠠᠨ᠎ᠢᠶᠠᠨ ᠠᠴᠢᠯᠠᠵᠤ ᠲᠥᠷᠥᠯ ᠰᠠᠳᠤᠨ᠎ᠢᠶᠠᠨ ᠲᠤᠳᠤᠨᠤᠴᠢᠯᠠᠭᠰᠠᠨ ᠵᠡᠷᠭᠡ 5 ᠲᠥᠷᠥᠯ᠎ᠦᠨ 25 ᠬᠥᠮᠦᠨ (ᠳᠤᠭᠤᠢᠯᠠᠩ) ᠤ᠋ ᠶᠣᠰᠣ ᠰᠤᠷᠲᠠᠬᠤᠨ᠎ᠤ ᠵᠢᠱ᠌ᠢᠶᠡᠴᠢ᠎ᠶ᠋ᠢ ᠰᠣᠩᠭᠣᠨ ᠭᠠᠷᠭᠠᠵᠤ᠂ ᠠᠵᠢᠯᠴᠢᠨ᠂ ᠴᠡᠷᠢᠭ᠂ ᠡᠮᠴᠢ᠂ ᠮᠠᠯᠴᠢᠨ ᠲᠠᠷᠢᠶᠠᠴᠢᠨ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠂ ᠠᠷᠠᠳ᠎ᠤᠨ ᠡᠵᠡᠩᠨᠡᠯᠳᠡ᠎ᠶᠢᠨ ᠠᠵᠤ ᠠᠬᠤᠢᠯᠠᠯ᠎ᠤᠨ ᠬᠠᠷᠢᠭᠤᠴᠠᠯᠭᠠᠲᠠᠨ ᠵᠡᠷᠭᠡ ᠡᠯ᠎ᠡ ᠠᠵᠢᠯ ᠲᠥᠷᠥᠯ᠎ᠦᠨ ᠬᠦᠷᠢᠶ᠎ᠡ᠎ᠶ᠋ᠢ ᠬᠠᠮᠤᠷᠤᠭ᠍ᠰᠠᠨ ᠪᠠᠢᠨ᠎ᠠ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠶᠢᠰᠦᠳᠦᠭᠡᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ᠎ᠶ᠋ᠢᠨ ᠨᠡᠷᠡᠰ᠎ᠢ ᠨᠡᠢᠲᠡᠯᠡᠵᠦ᠍᠂ ᠠᠬᠤᠶ ᠦᠵᠡᠭᠳᠡᠯᠳᠦ ᠳᠤᠭᠯᠠᠯᠳᠠ᠂ ᠸᠢᠳᠢᠣ᠋ ᠣᠬᠣᠷ ᠹᠢᠯᠢᠮ᠂ ᠬᠤᠷᠰᠢᠯᠴᠠᠨ  ᠬᠤᠪᠢᠶᠠᠯᠴᠠᠬᠤ᠂ ᠬᠦᠨᠳᠦᠳᠭᠡᠯ ᠳᠡᠪᠱᠢᠭᠦᠯᠵᠦ ᠱᠠᠩᠨᠠᠯ ᠤᠯᠭᠤᠬᠤ ᠵᠡᠷᠭᠡ ᠣᠯᠠᠨ ᠵᠦᠶ᠋ᠯ᠎ᠦᠨ ᠬᠡᠯᠪᠡᠷᠢ᠎ᠪᠡᠷ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢᠨ ᠰᠡᠳᠭᠢᠯ ᠬᠥᠳᠡᠯᠭᠡᠮ᠎ᠡ ᠦᠶ᠋ᠯᠡ ᠠᠵᠢᠯᠯᠠᠭ᠎ᠠ᠎ᠶ᠋ᠢ ᠠᠮᠢᠳᠤᠯᠢᠭ᠎ᠢᠶᠠᠷ ᠶᠠᠷᠢᠵᠤ᠂ ᠲᠡᠳᠡᠨ᠎ᠦ ᠡᠷᠬᠢᠮ ᠨᠠᠨᠳᠢᠨ ᠵᠠᠩ ᠴᠢᠨᠠᠷ ᠪᠣᠯᠤᠨ ᠡᠷᠬᠢᠮ ᠳᠡᠭᠡᠳᠦ ᠵᠣᠷᠢᠭ ᠰᠠᠨᠠᠭ᠎ᠠ᠎ᠶ᠋ᠢ ᠭᠦᠨ ᠰᠡᠳᠭᠢᠯᠭᠡ᠎ᠲᠡᠶ᠎ᠪᠡᠷ  ᠬᠦᠨᠳᠦᠳᠬᠡᠨ ᠮᠠᠭ᠍ᠲᠠᠵᠤ᠂ ᠨᠡᠢᠭᠡᠮ ᠳᠠᠶᠠᠭᠠᠷ᠎ᠲᠤ ᠡᠷᠳᠡᠮᠲᠡᠨ ᠮᠡᠷᠭᠡᠳ ᠡᠴᠡ᠎ᠲᠠᠭᠠᠨ ᠰᠤᠷᠤᠯᠴᠠᠬᠤ᠂ ᠶᠣᠰᠣ ᠰᠤᠷᠲᠠᠬᠤᠨ᠎ᠢ ᠳᠡᠭᠡᠳᠦᠯᠡᠵᠦ᠍ ᠴᠠᠢᠯᠭᠠᠨ ᠰᠡᠳᠭᠢᠯ᠎ᠲᠡᠶ ᠪᠠᠢᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃

ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ᠎ᠶ᠋ᠢ ᠨᠡᠢᠲᠡ 333 ᠬᠥᠮᠦᠨ ᠱᠢᠯᠭᠠᠷᠠᠭᠤᠯᠵᠤ᠂ ᠡᠭᠦᠨ᠎ᠳᠦ 16 ᠬᠥᠮᠦᠨ ᠨᠢ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠎ᠪᠡᠷ ᠦᠨᠡᠯᠡᠭᠳᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号