4 ᠰᠠᠷ᠎ᠠ ᠶ᠋ᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ (ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠲᠣᠪᠴᠢᠶ᠎ᠠ ) ᠡᠴᠡ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ ᠤ᠋ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠬᠠᠮᠠᠭᠠᠯᠠᠯᠲᠠ ᠶ᠋ᠢᠨ ᠲᠥᠪ ᠡᠴᠡ ᠲᠠᠭᠠᠭᠠᠴᠢᠯᠠᠨ ᠡᠷᠭᠢᠯᠡᠭ᠌ᠰᠡᠨ ᠪᠣᠳᠠᠰ ᠤ᠋ᠨ ᠪᠤᠰᠤ ᠰᠣᠶᠣᠯ ᠤ᠋ᠨ ᠥᠪ ᠬᠢᠭᠡᠳ ᠭᠠᠵᠠᠷ ᠵᠦᠶ ᠶ᠋ᠢᠨ ᠢᠯᠡᠷᠬᠡᠢᠯᠡᠯᠲᠦ ᠪᠦᠲᠦᠭᠡᠭ᠌ᠳᠡᠬᠦᠨᠢ ᠠᠭᠤᠰᠤᠯᠴᠠᠭᠤᠯᠬᠤ ᠲᠤᠰᠭᠠᠶ ᠰᠡᠳᠦᠪᠲᠦ ᠰᠣᠯᠢᠯᠴᠠᠭᠠᠨ ᠤ᠋ ᠠᠵᠢᠯᠯᠠᠭ᠎ᠠ ᠬᠥᠬᠡᠬᠣᠲᠠ ᠳ᠋ᠤ ᠶᠠᠪᠤᠭ᠍ᠳᠠᠪᠠ᠃
ᠠᠵᠢᠯᠯᠠᠭ᠎ᠠ ᠳ᠋ᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠭᠣᠣᠯ ᠱᠢᠵᠢᠮ ᠢ᠋ ᠴᠢᠩᠭ᠎ᠠ ᠡᠵᠡᠮᠳᠡᠵᠦ᠍᠂ ᠮᠡᠳᠡᠯᠭᠡ ᠶ᠋ᠢᠨ ᠥᠮᠴᠢᠯᠡᠯ ᠤ᠋ᠨ ᠡᠷᠬᠡ ᠶ᠋ᠢᠨ ᠰᠣᠶᠣᠯ ᠤ᠋ᠨ ᠤᠯᠠᠮᠵᠢᠯᠠᠯ ᠪᠣᠯᠤᠨ ᠤᠨᠴᠠᠯᠢᠬ᠍ᠳᠤ ᠠᠵᠤ ᠦᠢᠯᠡᠰ ᠤ᠋ᠨ ᠬᠥᠭ᠌ᠵᠢᠯᠲᠡ ᠳ᠋ᠤ ᠬᠣᠣᠰ ᠴᠢᠭ᠌ᠯᠡᠯ ᠢ᠋ᠶ᠋ᠡᠷ ᠡᠨᠧᠷᠭᠢ ᠣᠯᠭᠣᠬᠤ ᠱᠢᠨ᠎ᠡ ᠵᠢ ᠡᠭᠦᠳᠬᠦ᠌ ᠠᠷᠭ᠎ᠠ ᠵᠠᠮ ᠢ᠋ ᠭᠦᠨᠵᠡᠭᠡᠢ ᠰᠤᠳᠤᠯᠤᠨ ᠶᠠᠷᠢᠯᠴᠠᠪᠠ᠃ ᠲᠠᠷᠠᠭᠠᠴᠢ ᠪᠠᠷ ᠦᠪᠦᠷ ᠮᠤᠨᠭᠭᠤᠯ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ ᠵᠢ ᠭᠦᠨᠵᠡᠭᠡᠢᠷᠡᠭᠦᠯᠵᠦ᠍᠂ ᠤᠯᠠᠭᠠᠨᠴᠠᠪ ᠬᠤᠲᠠ᠂ ᠬᠢᠩᠭᠠᠨ ᠠᠢᠮᠠᠭ ᠂ ᠱᠢᠯᠢ ᠶ᠋ᠢᠨ ᠭᠤᠤᠯ ᠠᠢᠮᠠᠭ ᠭᠤᠷᠪᠠᠨ ᠭᠠᠵᠠᠷ ᠲᠦ᠍ ᠡᠩ ᠲᠡᠷᠢᠭᠦᠨ ᠳ᠋ᠤ ᠲᠤᠷᠱᠢᠯᠲᠠ ᠶ᠋ᠢᠨ ᠴᠡᠭ ᠭᠠᠷᠭᠠᠵᠤ᠂ 《ᠤᠷ᠎ᠠ ᠮᠡᠷᠭᠡᠵᠢᠯ ᠢ᠋ᠶ᠋ᠡᠷ ᠭᠠᠵᠠᠷ ᠵᠦᠢ ᠶ᠋ᠢᠨ ᠢᠯᠡᠷᠬᠡᠢᠯᠡᠯᠲᠦ ᠲᠡᠮᠳᠡᠭ ᠭᠤᠶᠤᠴᠢᠯᠠᠨ ᠮᠡᠳᠡᠭᠦᠯᠬᠦ᠌ ᠵᠢ ᠠᠬᠢᠭᠤᠯᠵᠤ᠂ ᠭᠠᠵᠠᠷ ᠵᠦᠢ ᠶ᠋ᠢᠨ ᠢᠯᠡᠷᠬᠡᠢᠯᠡᠯᠲᠦ ᠲᠡᠮᠳᠡᠭ ᠢ᠋ᠶ᠋ᠡᠷ ᠤᠷ᠎ᠠ ᠮᠡᠷᠭᠡᠵᠢᠯ ᠢ᠋ ᠮᠠᠭᠠᠳᠯᠠᠨ ᠲᠣᠭ᠍ᠲᠠᠭᠠᠬᠤ ᠵᠢ ᠠᠬᠢᠭᠤᠯᠬᠤ 》 ᠬᠤᠤᠰ ᠴᠢᠭ᠌ᠯᠡᠯ ᠢ᠋ᠶ᠋ᠡᠷ ᠠᠬᠢᠭᠤᠯᠬᠤ ᠲᠣᠭ᠍ᠲᠠᠴᠠ ᠵᠢ ᠰᠦᠪᠡᠭ᠌ᠴᠢᠯᠡᠨ ᠪᠠᠢᠭᠤᠯᠤᠨ᠎ᠠ ᠭᠡᠵᠦ᠍ ᠲᠣᠳᠣᠷᠬᠠᠢᠯᠠᠪᠠ᠃ ᠡᠬᠦᠨ ᠡᠴᠡ ᠭᠠᠳᠠᠨ᠎ᠠ ᠠᠵᠢᠯᠯᠠᠭᠠᠳ᠋ᠤ᠂ 《ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠠᠮᠠᠭᠠᠯᠠᠯᠲᠠ ᠬᠢᠭᠡᠳ ᠭᠠᠵᠠᠷ ᠵᠦᠶ ᠶ᠋ᠢᠨ ᠢᠯᠡᠷᠬᠡᠢᠯᠡᠯᠲᠦ ᠪᠦᠲᠦᠭᠡᠭ᠌ᠳᠡᠬᠦᠨ ᠤ᠋ ᠬᠠᠮᠠᠭᠠᠯᠠᠯᠲᠠ ᠶ᠋ᠢᠨ ᠠᠭᠤᠰᠤᠯᠴᠠᠯ ᠤ᠋ᠨ ᠠᠷᠭ᠎ᠠ ᠵᠠᠮ ᠤ᠋ᠨ ᠰᠦᠪᠡᠭ᠌ᠴᠢᠯᠡᠯ 》 ᠤ᠋ᠨ ᠪᠠᠢᠴᠠᠭᠠᠨ ᠰᠤᠳᠤᠯᠤᠯᠲᠠ ᠶ᠋ᠢᠨ ᠮᠡᠳᠡᠭᠦᠯᠦᠯᠲᠡ ᠵᠢ ᠵᠢᠩᠬᠢᠨᠢ ᠪᠡᠷ ᠨᠡᠢᠲᠡᠯᠡᠵᠦ᠂ ᠤᠯᠠᠭᠠᠨᠴᠠᠪ ᠬᠤᠲᠠ᠂ ᠬᠢᠩᠭᠠᠨ ᠠᠢᠮᠠᠭ᠂ ᠱᠢᠯᠢ ᠶ᠋ᠢᠨ ᠭᠤᠤᠯ ᠠᠢᠮᠠᠭ ᠭᠤᠷᠪᠠᠨ ᠭᠠᠵᠠᠷ ᠤ᠋ᠨ ᠬᠢᠨ 2026 ᠣᠨ ᠤ᠋ ᠲᠤᠷᠱᠢᠯᠲᠠ ᠶ᠋ᠢᠨ ᠴᠡᠭ ᠤ᠋ᠨ ᠲᠥᠯᠥᠪᠯᠡᠭᠡ ᠵᠢ ᠲᠣᠳᠣᠷᠬᠠᠢᠯᠠᠵᠤ᠂ ᠠᠭᠤᠰᠤᠯᠴᠠᠭᠤᠯᠤᠬᠰᠠᠨ ᠵᠢᠱ᠌ᠢᠶ᠎ᠡ ᠦᠵᠡᠭᠦᠯᠬᠦ᠌ ᠠᠵᠤ ᠠᠬᠤᠢᠯᠠᠯ ᠪᠣᠯᠤᠨ ᠪᠦᠲᠦᠭᠡᠭ᠌ᠳᠡᠬᠦᠨ ᠢ᠋ ᠲᠦᠷᠭᠡᠨ ᠪᠣᠢᠵᠢᠭᠤᠯᠵᠤ᠂ ᠪᠥᠬᠥ᠌ ᠣᠷᠣᠨ ᠳ᠋ᠤ ᠳᠡᠯᠭᠡᠷᠡᠭᠦᠯᠵᠦ᠍ ᠪᠣᠯᠬᠤᠢᠴᠠ ᠠᠷᠭ᠎ᠠ ᠲᠤᠷᠱᠢᠯᠭ᠎ᠠ ᠬᠠᠩᠭᠠᠨ᠎ᠠ ᠭᠡᠬᠦ ᠬᠠᠷᠠᠯᠳᠠ ᠵᠤᠷᠢᠯᠳᠠ ᠪᠠᠨ ᠲᠤᠳᠤᠷᠠᠭᠤᠯᠪᠠ᠃
ᠤᠳᠤᠬᠠᠨᠳᠤ᠂ ᠥᠪᠥᠷ ᠮᠣᠩᠭᠣᠯ ᠳ᠋ᠤ ᠳᠡᠯᠡᠬᠡᠶ ᠶ᠋ᠢᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ 4 ᠵᠦᠢᠯ ᠂ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ 98 ᠵᠦᠢᠯ᠂ ᠭᠠᠵᠠᠷ ᠵᠦᠶ ᠶ᠋ᠢᠨ ᠢᠯᠡᠷᠬᠡᠢᠯᠡᠯᠲᠦ ᠲᠠᠸᠠᠷ ᠤ᠋ᠨ ᠲᠡᠮᠳᠡᠭ ᠵᠢᠴᠢ ᠬᠠᠮᠠᠭᠠᠯᠠᠯᠲᠠ ᠶ᠋ᠢᠨ ᠪᠦᠲᠦᠭᠡᠭᠳᠡᠬᠦᠨ 285 ᠵᠦᠢᠯ ᠪᠠᠢᠵᠤ ᠂ ᠶᠡᠷᠦᠩᠬᠡᠢᠯᠡᠭ᠌ᠰᠡᠨ ᠦᠶ᠋ᠯᠡᠳᠬᠦᠨ ᠤ᠋ ᠥᠷᠲᠡᠭ ᠨᠢ 700 ᠳ᠋ᠦᠩᠱᠢᠭᠤᠷ ᠰᠢᠬᠠᠮ ᠲᠥᠭᠥᠷᠢᠭ ᠲᠦ᠍ ᠬᠦᠷᠴᠦ ᠪᠤᠢ᠃