ᠢᠷᠡᠬᠦ ᠭᠤᠷᠪᠠᠨ ᠵᠢᠯ ᠳ᠋ᠦ ᠥᠪᠥᠷ ᠮᠣᠩᠭᠣᠯ ᠵᠣᠬᠢᠶᠠᠮᠠᠯ ᠣᠶᠤᠨ ᠴᠢᠳᠠᠪᠤᠷᠢ᠎ᠶ᠋ᠢᠨ ᠬᠥᠭ᠌ᠵᠢᠯᠲᠡ᠎ᠶ᠋ᠢ ᠱᠢᠨ᠎ᠡ ᠳᠡᠭ᠌ᠲᠡᠷ᠎ᠲᠦ ᠭᠠᠷᠭᠠᠨ᠎ᠠ
2026-04-28 09:24:50
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 23 ᠎ᠤ᠋ ᠦᠳᠡ᠎ᠶᠢᠨ ᠡᠮᠦᠨ᠎ᠠ᠂ ᠦᠪᠦᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠳᠡᠬᠡᠨ᠎ᠤ ᠠᠯᠪᠠᠨ ᠬᠡᠷ ᠡᠴᠡ《ᠦᠪᠦᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ 〈ᠵᠣᠬᠢᠶᠠᠮᠠᠯ ᠣᠶᠤᠨ ᠴᠢᠳᠠᠪᠤᠷᠢ +〉 ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ  ( 2026—2028 ᠣᠨ )》 ᠤ᠋ᠨ ᠰᠤᠨᠢᠨ ᠮᠡᠳᠡᠬᠡ ᠨᠡᠢᠳᠡᠯᠡᠬᠦ ᠬᠤᠷᠠᠯ᠎ᠬᠤᠷᠠᠯᠳᠤᠭᠤᠯᠵᠦ᠂ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠳᠡ᠎ᠶᠢᠨ ᠲᠤᠪᠴᠢᠶ᠎ᠠ ᠂ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ᠎ᠤᠨ ᠲᠢᠨᠭᠬᠢᠮ᠂ ᠠᠵᠤ ᠦᠢᠯᠡᠳᠪᠦᠷᠢ ᠪᠡ ᠮᠡᠳᠡᠬᠡ ᠵᠠᠨᠭᠬᠢᠵᠢᠯᠳᠡ᠎ᠶᠢᠨ ᠲᠢᠨᠭᠬᠢᠮ᠂ ᠲᠠᠷᠢᠶᠠᠯᠠᠡᠭ ᠮᠠᠯ ᠠᠵᠤ ᠠᠬᠤᠢ ᠪᠡ ᠬᠦᠳᠡᠬᠡ ᠲᠤᠰᠬᠤᠨ ᠮᠠᠯᠵᠢᠬᠤ ᠤᠷᠤᠨ᠎ᠤ ᠲᠢᠨᠭᠬᠢᠮ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ ᠲᠦᠷᠦᠬᠦᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠡᠴᠡ ᠲᠠᠷᠤᠮᠠᠯᠯᠠᠨ ᠲᠠᠷᠬᠠᠭᠠᠬᠰᠠᠨ《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈 ᠵᠣᠬᠢᠶᠠᠮᠠᠯ ᠣᠶᠤᠨ ᠴᠢᠳᠠᠪᠤᠷᠢ + 〉 ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ 》 ᠤ᠋ᠨ ᠬᠦᠭᠵᠢᠯᠳᠡ᠎ᠶᠢᠨ ᠬᠠᠷᠠᠯᠳᠡ᠂  ᠭᠤᠤᠯᠳᠠᠯᠭ᠎ᠠ ᠲᠠᠢ ᠡᠬᠦᠷᠬᠡ᠂ ᠦᠨᠳᠦᠰᠦᠨ ᠪᠠᠲᠤᠯᠠᠭ᠎ᠠ ᠵᠡᠷᠬᠡ᠎ᠶᠢᠨ ᠲᠤᠬᠠᠢ ᠲᠠᠢᠯᠦᠮᠵᠢ ᠬᠢᠵᠠᠢ᠃

ᠲᠣᠰ 《ᠬᠡᠷᠡᠭ᠌ᠵᠢᠭᠦᠯᠬᠦ᠌ ᠲᠥᠰᠦᠯ 》 ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠢᠷᠡᠬᠡᠳᠦᠢ᠎ᠶᠢᠨ ᠭᠤᠷᠪᠠᠨ ᠵᠢᠯ᠎ᠢ ᠪᠣᠳᠣᠯᠬᠢᠯᠠᠵᠤ᠂ 《ᠶᠡᠷᠦᠩᠬᠡᠶ ᠱᠠᠭᠠᠷᠳᠠᠯᠭ᠎ᠠ᠂ ᠭᠤᠤᠯᠳᠠᠯᠭ᠎ᠠ᠎ᠲᠠᠶ ᠡᠭᠦᠷᠭᠡ᠂ ᠰᠠᠭᠤᠷᠢ ᠲᠤᠯᠭᠠᠭᠤᠷᠢᠯᠠᠯ᠂ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌》 ᠳᠥᠷᠪᠡ᠎ᠶ᠋ᠢ ᠨᠢᠭᠡ ᠴᠣᠭ᠍ᠴᠠᠵᠢᠭᠤᠯᠤᠭ᠍ᠰᠠᠨ ᠠᠬᠢᠭᠤᠯᠬᠤ ᠱᠢᠰᠲ᠋ᠧᠮ᠎ᠢ ᠱᠢᠰᠲ᠋ᠧᠮ᠎ᠲᠡᠶ ᠪᠠᠢᠭᠤᠯᠵᠠᠢ᠃ 2028 ᠣᠨ ᠪᠣᠯᠬᠤ᠎ᠳᠤ᠂ ᠦᠪᠦᠷ ᠮᠤᠡᠭᠭᠤᠯ ᠭᠤᠷᠪᠠᠨ ᠶᠡᠬᠡ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠮᠠᠯ ᠣᠶᠤᠨ ᠴᠢᠳᠠᠪᠤᠷᠢ᠎ᠶ᠋ᠢᠨ ᠬᠥᠭ᠌ᠵᠢᠯᠲᠡ᠎ᠶ᠋ᠢ ᠱᠢᠨ᠎ᠡ ᠳᠡᠭ᠌ᠲᠡᠷ᠎ᠲᠦ ᠭᠠᠷᠭᠠᠨ᠎ᠠ᠃ ᠲᠦᠭᠡᠮᠡᠯᠵᠢᠭᠦᠯᠬᠦ᠌ ᠲᠦᠪᠱᠢᠨ᠎ᠢ ᠪᠠᠷᠢᠮᠵᠢᠶ᠎ᠠ᠎ᠳᠤ ᠬᠦᠷᠭᠡᠵᠦ᠍᠂ ᠱᠢᠨ᠎ᠡ ᠨᠢᠭᠡ ᠦᠶ᠎ᠡ᠎ᠶ᠋ᠢᠨ ᠤᠶᠤᠨᠲᠤ ᠲᠠᠪᠴᠠᠡᠭ᠂ ᠤᠶᠤᠨᠲᠤ ᠴᠤᠬᠴᠡ᠎ᠶ᠋ᠢᠨ ᠲᠦᠭᠡᠮᠡᠯᠵᠢᠭᠦᠯᠬᠦ᠌ ᠨᠤᠷᠮ᠎ᠠ ᠎ᠶ᠋ᠢ ᠪᠦᠬᠦ᠌ ᠤᠯᠤᠰ᠎ᠤᠨ ᠳᠤᠮᠳᠠᠴᠢ ᠲᠦᠪᠱᠢᠨ᠎ᠡᠴᠡ ᠳᠣᠣᠷ᠎ᠠ ᠦᠭᠡᠢ ᠪᠠᠢᠯᠭᠠᠵᠤ᠂ ᠤᠶᠤᠨᠲᠤ ᠬᠡᠷᠡᠭ᠌ᠯᠡᠭᠡ᠎ᠶ᠋ᠢ ᠪᠦᠬᠦ᠌ ᠲᠠᠯ᠎ᠠ᠎ᠪᠠᠷ ᠦᠢᠯᠡᠳᠪᠦᠷᠢᠯᠡᠯ ᠠᠮᠢᠳᠤᠷᠠᠯ᠎ᠳᠤ ᠠᠭᠤᠰᠤᠯᠴᠠᠭᠤᠯᠤᠨ᠎ᠠ; ᠵᠠᠭ᠍ᠪᠤᠷ᠎ᠤᠨ ᠱᠢᠨ᠎ᠡ᠎ᠶ᠋ᠢ ᠡᠭᠦᠳᠴᠦ᠍ ᠲᠡᠷᠢᠭᠦᠨ᠎ᠳᠦ ᠣᠷᠣᠬᠤ᠎ᠪᠠᠷ ᠴᠢᠷᠮᠠᠢᠵᠤ᠂ 6 ᠡᠴᠡ ᠳᠡᠭᠡᠭ᠌ᠰᠢᠬᠢ ᠠᠵᠢᠯ ᠲᠦᠷᠦᠯ᠎ᠦᠨ ᠲᠤᠮᠤ ᠵᠠᠭ᠍ᠪᠤᠷ᠎ᠢ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠦ ᠲᠦᠪᠱᠢᠨ᠎ᠳᠦ ᠬᠦᠷᠭᠡᠵᠦ᠍ ᠂ ᠨᠢᠭᠡ ᠪᠦᠯᠦᠭ ᠥᠪᠥᠷ ᠮᠣᠩᠭᠣᠯ᠎ᠤᠨ ᠣᠨᠴᠠᠯᠢᠭᠳᠤ ᠦᠢᠯᠡᠴᠢᠯᠡᠭᠡᠨ᠎ᠦ ᠳᠠᠪᠠᠭᠤᠯᠢᠭ ᠪᠦᠬᠦᠢ ᠠᠵᠤ ᠦᠢᠯᠡᠰ᠎ᠦᠨ ᠬᠡᠪ ᠳᠠᠭᠤᠷᠢᠶᠠᠯ᠎ᠤᠨ ᠵᠠᠭ᠍ᠪᠤᠷ᠎ᠢ ᠪᠤᠢ ᠪᠣᠯᠭᠠᠨ᠎ᠠ; ᠲᠠᠪᠴᠠᠩ᠎ᠤᠨ ᠦᠶ᠋ᠯᠡᠴᠢᠯᠡᠭᠡ᠎ᠶ᠋ᠢ ᠴᠢᠩᠭᠠᠳᠭᠠᠵᠤ ᠂ ᠪᠥᠬᠥ᠌ ᠣᠷᠣᠨ᠎ᠢ ᠬᠠᠮᠤᠷᠤᠭ᠍ᠰᠠᠨ ᠲᠦᠭᠡᠮᠡᠯ ᠬᠠᠷᠠᠭᠠᠯᠵᠠᠯᠲᠤ ᠥᠨᠳᠥᠷ ᠪᠦᠲᠦᠮᠵᠢᠲᠡᠶ ᠵᠣᠬᠢᠶᠠᠮᠠᠯ ᠤᠶᠤᠨ ᠴᠢᠳᠠᠪᠤᠷᠢ᠎ᠶᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠵᠤ ᠂ ᠠᠵᠤ ᠦᠶ᠋ᠯᠡᠰ᠎ᠦᠨ ᠲᠣᠭᠠᠴᠢᠯᠠᠯᠳᠡ ᠳᠠᠢᠰᠢ ᠬᠡᠯᠪᠡᠷᠢ᠎ᠪᠡᠨ ᠬᠤᠪᠢᠷᠠᠭᠤᠯᠬᠤ ᠂ ᠨᠡᠢᠭᠡᠮ᠎ᠦᠨ ᠵᠠᠰᠠᠯᠲᠠ᠎ᠶ᠋ᠢ ᠱᠢᠯᠢᠳᠡᠭ᠌ᠵᠢᠭᠦᠯᠬᠦ᠌ ᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ᠎ᠶ᠋ᠢ ᠰᠠᠢᠵᠢᠷᠠᠭᠤᠯᠬᠤ᠎ᠳᠤ ᠴᠢᠬᠤᠯᠠ ᠲᠤᠯᠭᠠᠭᠤᠷᠢᠯᠠᠯ ᠬᠠᠩᠭᠠᠨ᠎ᠠ᠃

ᠦᠪᠦᠷ ᠮᠤᠡᠭᠭᠤᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠂ ᠠᠵᠤ ᠦᠶ᠋ᠯᠡᠰ ᠂ ᠬᠡᠷᠡᠭ᠌ᠯᠡᠭᠡ ᠂ ᠠᠷᠠᠳ᠎ᠤᠨ ᠠᠮᠢᠳᠤᠷᠠᠯ ᠂ ᠵᠠᠰᠠᠯᠲᠠ ᠂ ᠨᠡᠭᠡᠭᠡᠯᠲᠡ ᠵᠡᠷᠭᠡ ᠵᠢᠷᠭᠤᠭᠠᠨ ᠬᠦᠷᠢᠶ᠎ᠡ᠎ᠶ᠋ᠢᠨ ᠲᠣᠭᠣᠷᠢᠨ᠎ᠳᠤ ᠂ 17 ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠂ 46 ᠴᠢᠭ᠌ᠯᠡᠯ᠎ᠢ ᠱᠢᠰᠲ᠋ᠧᠮ᠎ᠲᠡᠶ ᠪᠠᠢᠷᠢᠯᠠᠭᠤᠯᠵᠠᠢ᠃ ᠠᠵᠢᠯ ᠲᠥᠷᠥᠯ᠎ᠦᠨ ᠲᠣᠮᠣ ᠵᠠᠭ᠍ᠪᠤᠷ᠎ᠢᠶᠠᠷ ᠪᠣᠭᠣᠮᠲᠠ ᠱᠢᠪᠲᠤᠯᠬᠤ ᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠭ᠍ᠪᠤᠷ᠎ᠤᠨ ᠬᠤᠪᠢᠰᠤᠯᠲᠠ ᠵᠡᠷᠭᠡ ᠭᠤᠷᠪᠠᠨ ᠶᠡᠬᠡ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠢ ᠱᠢᠪᠲᠤᠯᠵᠤ ᠂ ᠠᠩᠬᠠᠨ᠎ᠤ ᠡᠭᠦᠳᠦᠯᠲᠡ᠎ᠶ᠋ᠢᠨ ᠴᠢᠨᠠᠷᠲᠠᠶ ᠦᠷ᠎ᠡ ᠪᠦᠲᠦᠭᠡᠯ᠎ᠢ ᠪᠣᠢ ᠪᠤᠯᠭᠠᠨ᠎ᠠ᠃  ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠂ ᠲᠡᠷᠢᠭᠦᠨ᠎ᠦ ᠦᠶ᠋ᠯᠡᠳᠬᠦ᠌ ᠦᠶ᠋ᠯᠡᠰ᠂ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠂ ᠴᠢᠨᠠᠷ ᠰᠠᠢᠲᠠᠶ ᠦᠶ᠋ᠯᠡᠴᠢᠯᠡᠭᠡᠨ᠎ᠦ ᠦᠶ᠋ᠯᠡᠰ᠎ᠦᠨ ᠲᠣᠭᠣᠷᠢᠨ᠎ᠳᠤ ᠤᠯᠠᠮᠵᠢᠯᠠᠯᠲᠤ ᠳᠠᠪᠠᠭᠤᠯᠢᠭ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠪᠠ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠵᠤ ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠣᠶ ᠪᠣᠯᠭᠠᠨ᠎ᠠ᠃  ᠣᠶᠤᠨᠳᠤ ᠵᠢᠭᠤᠯᠴᠢᠯᠠᠯ᠂ ᠲᠣᠭᠠᠴᠢᠯᠠᠭ᠍ᠰᠠᠨ ᠡᠯᠧᠺᠲ᠋ᠷᠣᠨ ᠬᠤᠳᠠᠯᠳᠤᠭ᠎ᠠ ᠵᠡᠷᠭᠡ ᠬᠣᠶᠠᠷ ᠶᠡᠬᠡ ᠭᠠᠷᠳᠠᠴᠠ ᠪᠡᠷ ᠳᠠᠮᠵᠢᠭᠤᠯᠤᠨ᠂ ᠬᠡᠷᠡᠭ᠌ᠯᠡᠭᠡᠨ᠎ᠦ ᠠᠬᠤᠢ ᠦᠵᠡᠭᠳᠡᠯ ᠪᠣᠯᠤᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠬᠡᠷᠡᠭ᠌ᠯᠡᠭᠡᠨ ᠎ᠤ  ᠱᠢᠨ᠎ᠡ ᠬᠠᠯᠠᠮᠱᠢᠯ ᠴᠡᠭ᠎ᠢ ᠪᠣᠢ ᠪᠤᠯᠭᠠᠨ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠎ᠢ ᠬᠥᠭ᠌ᠵᠢᠭᠡᠵᠦ᠍᠂ ᠳᠣᠲᠣᠭᠠᠳᠤ ᠬᠡᠷᠡᠭ᠌ᠴᠡᠭᠡ᠎ᠶ᠋ᠢᠨ ᠳᠠᠯᠳᠠ ᠬᠦᠴᠦᠨ᠎ᠢ ᠪᠠᠳᠠᠷᠠᠭᠤᠯᠤᠨ᠎ᠠ᠃  ᠵᠠᠮ ᠬᠠᠷᠢᠯᠴᠠᠭ᠎ᠠ ᠪᠠᠷᠠᠭᠠᠨ᠎ᠤ ᠭᠦᠶ᠋ᠯᠭᠡᠭᠡ᠂ ᠪᠥᠬᠥ᠌ ᠠᠷᠠᠳ᠎ᠤᠨ ᠡᠷᠡᠭᠦᠯ ᠮᠡᠨᠳᠦ᠂ ᠲᠣᠭᠠᠴᠢᠯᠠᠯᠳᠡ ᠤᠶᠤᠨᠴᠢᠯᠠᠯᠳᠡ᠎ᠶᠢᠨ ᠰᠤᠷᠭᠠᠨ ᠬᠥᠮᠦᠵᠢᠯ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠶᠤᠨ ᠴᠢᠳᠠᠪᠤᠷᠢ᠎ᠶᠢᠨ ᠨᠡᠢᠳᠡᠮ ᠠᠱᠢᠭ ᠬᠦᠷᠲᠡᠭᠡᠬᠦ᠌ ᠬᠡᠷᠡᠭ᠌ᠯᠡᠯᠲᠡ᠎ᠶ᠋ᠢ ᠠᠬᠢᠭᠤᠯᠤᠨ᠎ᠠ᠃  ᠠᠮᠢ ᠠᠬᠤᠢ ᠎ᠶ᠋ᠢᠨ ᠬᠠᠮᠠᠭᠠᠯᠠᠯᠲᠠ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠂ ᠬᠤᠳᠠ ᠬᠥᠳᠡᠭᠡ᠎ᠶ᠋ᠢ ᠵᠠᠰᠠᠬᠤ᠎ᠲᠠᠶ ᠨᠢᠭ᠍ᠲᠠ ᠤᠶᠠᠯᠳᠤᠭᠤᠯᠵᠤ᠂ ᠤᠶᠤᠨ ᠤᠬᠠᠭᠠᠨ ᠬᠦᠴᠦᠨ ᠴᠢᠳᠠᠯ᠎ᠢᠶᠠᠷ᠎ᠢᠶᠡᠨ 《ᠬᠥᠬᠡᠮᠳᠦᠭ ᠨᠣᠭᠣᠭᠠᠨ ᠠᠭᠤᠯᠠ ᠤᠰᠤ 》 ᠪᠣᠯᠤᠨ ᠠᠷᠠᠳ ᠤᠯᠠᠨ᠎ᠤ ᠠᠮᠢ ᠨᠠᠰᠤ ᠡᠳ᠋ ᠬᠦᠷᠦᠩᠬᠡ᠎ᠶ᠋ᠢᠨ ᠠᠮᠤᠷ ᠲᠦᠪᠱᠢᠨ ᠎ᠢ ᠬᠠᠮᠠᠭᠠᠯᠠᠨ᠎ᠠ᠃ ᠤᠯᠤᠰ᠎ᠤᠨ ᠳᠣᠲᠣᠭᠠᠳᠤ ᠪᠠ ᠣᠯᠠᠨ ᠤᠯᠤᠰ᠎ᠤᠨ ᠬᠤᠤᠰ ᠣᠷᠴᠢᠯ᠎ᠳᠤ ᠭᠦᠨᠵᠡᠭᠡᠶ ᠠᠭᠤᠰᠤᠯᠴᠠᠵᠤ᠂ ᠣᠷᠣᠨ ᠪᠦᠰᠡ᠎ᠶ᠋ᠢᠨ ᠬᠠᠮᠵᠢᠯᠴᠠᠭ᠎ᠠ ᠪᠠ ᠣᠯᠠᠨ ᠤᠯᠤᠰ᠎ᠤᠨ ᠰᠣᠯᠢᠯᠴᠠᠭ᠎ᠠ᠎ᠶ᠋ᠢ ᠴᠢᠩᠭᠠᠳᠬᠠᠨ᠎ᠠ᠃

ᠦᠪᠦᠷ ᠮᠤᠡᠭᠭᠤᠯ 《ᠬᠡᠷᠡᠭ᠌ᠵᠢᠭᠦᠯᠬᠦ᠌ ᠲᠥᠰᠦᠯ》 ᠢ᠋ ᠥᠨᠳᠥᠷ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠪᠠᠲᠤᠯᠠᠬᠤ᠎ᠶ᠋ᠢᠨ ᠲᠥᠯᠥᠭᠡ᠂ ᠲᠦᠭᠡᠮᠡᠯ ᠬᠠᠷᠠᠭᠠᠯᠵᠠᠯᠲᠤ ᠳᠥᠭᠥᠮ ᠳᠥᠲᠡ ᠣᠯᠠᠨ ᠨᠡᠢᠲᠡ᠎ᠶ᠋ᠢᠨ ᠦᠶ᠋ᠯᠡᠴᠢᠯᠡᠭᠡ᠂ ᠥᠨᠳᠥᠷ ᠪᠦᠲᠦᠮᠵᠢᠲᠡᠶ ᠭᠦᠶ᠋ᠯᠭᠡᠭᠡᠨ ᠎ᠦ ᠳ᠋ᠠᠢᠲ᠋ᠠ᠎ᠶ᠋ᠢᠨ ᠬᠦᠴᠦᠨ ᠵᠦᠢᠯ᠂ ᠲᠣᠭ᠍ᠲᠠᠭᠤᠨ ᠬᠠᠩᠭᠠᠯᠭ᠎ᠠ᠎ᠶ᠋ᠢᠨ ᠪᠣᠬᠢᠷᠲᠤᠯ ᠥᠬᠡᠶ ᠪᠤᠳᠤᠯᠳᠡ᠎ᠶᠢᠨ ᠬᠦᠴᠦᠨ᠂ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤᠢᠴᠡ ᠠᠮᠤᠷ ᠲᠦᠪᠱᠢᠨ᠎ᠦ ᠪᠠᠲᠤᠯᠠᠭ᠎ᠠ ᠪᠠ ᠬᠠᠮ ᠴᠢᠳᠠᠪᠤᠷᠢᠲᠠᠨ᠎ᠢ ᠢᠳᠡᠪᠬᠢᠲᠡᠶ ᠪᠤᠢ ᠪᠤᠯᠭᠠᠵᠦ ᠂ 《ᠵᠣᠬᠢᠶᠠᠮᠠᠯ ᠣᠶᠤᠨ  ᠴᠢᠳᠠᠪᠤᠷᠢ + 》 ᠠᠵᠢᠯᠯᠠᠭ᠎ᠠ᠎ᠳᠤ ᠪᠥᠬᠥ᠌ ᠲᠠᠯ᠎ᠠ᠎ᠶ᠋ᠢᠨ ᠪᠠᠲᠤᠯᠠᠭ᠎ᠠ ᠬᠠᠩᠭᠠᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号