— ᠮᠠᠨ᠎ᠤ ᠤᠯᠤᠰ᠎ᠤᠨ ᠦᠶ᠋ᠯᠡᠴᠢᠯᠡᠭᠡᠨ᠎ᠦ ᠦᠶ᠋ᠯᠡᠰ᠎ᠦᠨ ᠴᠢᠳᠠᠪᠬᠢ᠎ᠪᠠᠨ ᠥᠷᠭᠡᠳᠭᠡᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌ ᠲᠤᠬᠠᠢ ᠪᠠᠷᠠᠯᠠᠯ (ᠨᠢᠭᠡ)
ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ ᠪᠣᠯ ᠠᠵᠤ ᠠᠬᠤᠶ᠎ᠶ᠋ᠢᠨ ᠨᠡᠮᠡᠭ᠌ᠳᠡᠯ᠂ ᠠᠵᠤ ᠦᠢᠯᠡᠰ᠎ᠦᠨ ᠳᠡᠰ ᠳᠠᠪᠱᠢᠯᠲᠠ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠬᠦᠴᠦᠨ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠲᠤᠬᠠᠶ ᠴᠢᠬᠤᠯᠠ ᠵᠢᠭᠠᠪᠤᠷᠢ ᠥᠭ᠌ᠴᠦ᠂ 《ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠢ ᠲᠤᠰᠭᠠᠢᠵᠢᠭᠤᠯᠬᠤ ᠪᠠ ᠥᠷᠲᠡᠭ᠎ᠦᠨ ᠬᠡᠯᠬᠢᠶ᠎ᠡ᠎ᠶᠢ ᠳᠡᠭᠡᠳᠦ ᠲᠠᠰ ᠳᠠᠢᠰᠢ ᠤᠷᠲᠤᠳᠭᠠᠬᠤ᠎ᠶ᠋ᠢ ᠠᠬᠢᠭᠤᠯᠬᠤ ᠬᠡᠷᠡᠭ᠌ᠲᠡᠶ》 ᠭᠡᠵᠦ᠍ ᠴᠢᠬᠤᠯᠠᠴᠢᠯᠠᠪᠠ᠃
ᠣᠢᠷ᠎ᠠ᠎ᠶ᠋ᠢᠨ ᠵᠢᠯ᠎ᠳ᠋ᠤ᠂ ᠮᠠᠨ᠎ᠤ ᠤᠯᠤᠰ᠎ᠤᠨ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠪᠠᠢᠳᠠᠯ ᠬᠦᠴᠦᠲᠡᠶ ᠪᠠᠢᠵᠤ᠂ ᠠᠵᠤ ᠦᠢᠯᠡᠰ᠎ᠦᠨ ᠬᠡᠪᠴᠢᠶ᠎ᠡ ᠦᠷᠭᠦᠯᠵᠢᠯᠡᠨ ᠥᠷᠭᠡᠳᠴᠦ᠍ ᠪᠤᠶ᠃ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ 16 ᠵᠢᠯ ᠳᠠᠷᠠᠭᠠᠯᠠᠨ ᠳᠡᠯᠡᠬᠡᠶ᠎ᠶ᠋ᠢᠨ ᠲᠡᠷᠢᠭᠦᠨ᠎ᠳᠦ ᠣᠷᠣᠵᠤ᠂ ᠠᠮᠤ ᠪᠤᠳᠠᠭᠠᠨ᠎ᠤ ᠵᠢᠯ᠎ᠦᠨ ᠤᠨᠠᠯᠲᠠ 1.4 ᠲᠦᠮᠡᠨ ᠳ᠋ᠦᠩᠱᠢᠭᠤᠷ ᠵᠢᠩ᠎ᠦᠨ ᠳᠡᠭ᠌ᠲᠡᠷ᠎ᠲᠦ ᠭᠠᠷᠤᠭ᠍ᠰᠠᠨ ᠵᠡᠷᠭᠡ ᠠᠮᠵᠢᠯᠲᠠ ᠪᠦᠲᠦᠮᠵᠢ᠎ᠶ᠋ᠢᠨ ᠠᠷᠤ᠎ᠳᠤ᠂ ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠬᠤᠪᠢ ᠨᠡᠮᠡᠷᠢ ᠨᠢ ᠲᠤᠢᠯ ᠤ᠋ᠨ ᠴᠢᠬᠤᠯᠠ ᠶᠤᠮ᠃
ᠭᠡᠪᠡᠴᠦ᠍ ᠮᠠᠨ᠎ᠤ ᠤᠯᠤᠰ᠎ᠤᠨ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠲᠦ ᠮᠥᠨ ᠬᠦ᠌ ᠳᠤᠲᠠᠭᠤᠳᠠᠯ ᠣᠷᠣᠱᠢᠵᠤ ᠪᠠᠢᠬᠤ᠎ᠶ᠋ᠢ ᠣᠯᠵᠤ ᠬᠠᠷᠠᠬᠤ ᠬᠡᠷᠡᠭ᠌ᠲᠡᠶ᠃ ᠳᠤᠮᠳᠠᠳᠤ ᠤᠯᠤᠰ᠎ᠤᠨ ᠡᠯᠧᠺᠲ᠋ᠷᠣᠨ ᠮᠡᠳᠡᠭᠡ ᠵᠠᠩᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠰᠤᠳᠤᠯᠭᠠᠨ᠎ᠤ ᠭᠠᠵᠠᠷ᠎ᠤᠨ ᠳᠠᠷᠤᠭ᠎ᠠ ᠭᠤᠸᠠᠨ ᠪᠢᠩ ᠦᠶ᠋ᠯᠡᠳᠬᠦ᠌ ᠦᠶ᠋ᠯᠡᠰ᠎ᠦᠨ ᠬᠦᠷᠢᠶ᠎ᠡ᠎ᠪᠡᠷ ᠵᠢᠱ᠌ᠢᠶᠡᠯᠡᠨ ᠲᠠᠨᠢᠯᠴᠠᠭᠤᠯᠬᠤ ᠳ᠋ᠠᠭᠠᠨ᠂ 《ᠣᠳᠣᠬᠠᠨ᠎ᠳᠤ᠂ ᠮᠠᠨ᠎ᠤ ᠤᠯᠤᠰ᠎ᠤᠨ ᠨᠢᠭᠡᠴᠢ ᠦᠶ᠋ᠯᠡᠳᠬᠦ᠌ ᠦᠶ᠋ᠯᠡᠰ᠎ᠦᠨ ᠦᠶ᠋ᠯᠡᠳᠬᠦᠨ᠎ᠦ ᠶᠡᠷᠦᠩᠬᠡᠶ ᠣᠷᠣᠭᠤᠯᠤᠯᠲᠠ᠎ᠳᠠᠬᠢ ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠡᠵᠡᠯᠡᠬᠦ᠌ ᠬᠠᠷᠢᠴᠠᠯ᠎ᠨᠢ 13% ᠳ᠋ᠤ ᠬᠥᠷᠬᠥ᠌ ᠥᠬᠡᠶ ᠪᠠᠢᠬᠤ᠎ᠳᠤ ᠬᠥᠭ᠌ᠵᠢᠭ᠌ᠰᠡᠨ ᠠᠵᠤ ᠠᠬᠤᠶ᠎ᠶ᠋ᠢᠨ ᠴᠣᠭ᠍ᠴᠠ᠎ᠨᠢ ᠨᠡᠢᠳᠡᠮ᠎ᠳᠡᠭᠡᠨ 20% ᠣᠷᠴᠢᠮ ᠪᠠᠢᠵᠤ᠂ ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠬᠦᠴᠤᠨ ᠣᠯᠭᠣᠬᠤ ᠦᠶ᠋ᠯᠡᠳᠬᠦ᠌ ᠦᠶ᠋ᠯᠡᠰ᠎ᠦᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠬᠦ᠌ ᠣᠷᠣᠨ ᠵᠠᠶ ᠮᠥᠨ ᠨᠡᠯᠢᠶᠡᠳ ᠶᠡᠬᠡ ᠪᠠᠢᠨ᠎ᠠ》 ᠭᠡᠪᠡ᠃
ᠣᠳᠣᠬᠠᠨ᠎ᠳᠤ᠂ ᠱᠢᠨ᠎ᠡ ᠨᠢᠭᠡᠨ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ ᠲᠦᠷᠭᠡᠰᠴᠦ᠍᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ ᠬᠡᠪᠴᠢᠶ᠎ᠡ᠎ᠪᠡᠨ ᠥᠷᠭᠡᠳᠭᠡᠬᠦ᠌ ᠪᠠ ᠪᠦᠲᠦᠴᠡ᠎ᠪᠡᠨ ᠱᠢᠯᠢᠳᠡᠭ᠌ᠵᠢᠭᠦᠯᠬᠦ᠌᠎ᠶ᠋ᠢ ᠵᠡᠷᠭᠡ᠎ᠪᠡᠷ ᠴᠢᠬᠤᠯᠠᠴᠢᠯᠠᠬᠤ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠤ᠋ᠨ ᠬᠤᠭᠤᠴᠠᠭ᠎ᠠ᠎ᠶ᠋ᠢ ᠤᠭ᠍ᠲᠤᠨ ᠠᠪᠴᠢᠷᠠᠪᠠ᠃ ᠡᠨᠡ ᠬᠦ᠌ ᠠᠵᠠ ᠲᠣᠬᠢᠶᠠᠯ᠎ᠢ ᠡᠵᠡᠮᠳᠡᠵᠦ᠍᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠬᠠᠩᠭᠠᠯᠭ᠎ᠠ᠎ᠶ᠋ᠢᠨ ᠶᠠᠰᠤ ᠴᠢᠨᠠᠷ ᠪᠣᠯᠤᠨ ᠭᠠᠷᠭᠠᠯᠲᠠ᠎ᠶ᠋ᠢᠨ ᠦᠷ᠎ᠡ ᠠᠱᠢᠭ᠎ᠢ ᠱᠢᠰᠲ᠋ᠧᠮ᠎ᠲᠡᠶ ᠳᠡᠭᠡᠭ᠌ᠰᠢᠯᠡᠭᠦᠯᠬᠦ᠌ ᠨᠢ ᠨᠡᠩ ᠤᠶᠠᠨ ᠬᠠᠳᠠᠨ ᠴᠢᠨᠠᠷᠲᠠᠢ᠂ ᠦᠷᠢᠰᠦᠯᠳᠦᠬᠦ᠌ ᠬᠦᠴᠦᠨ᠎ᠪᠦᠬᠦᠢ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠎ᠳᠤ ᠬᠦᠴᠦᠨ ᠨᠡᠮᠡᠷᠢᠯᠡᠬᠦ᠌ ᠪᠣᠯᠤᠨ᠎ᠠ᠃
《ᠲᠤᠰᠭᠠᠶ》 ᠲᠡᠢᠰᠢ ᠭᠦᠨᠵᠡᠭᠡᠢ ᠠᠵᠢᠯᠯᠠᠵᠤ ᠬᠠᠩᠭᠠᠯᠭ᠎ᠠ ᠬᠡᠷᠡᠭ᠌ᠴᠡᠭᠡ ᠥᠨᠳᠥᠷ ᠪᠦᠲᠦᠮᠵᠢᠲᠡᠶ ᠵᠣᠬᠢᠴᠠᠬᠤ᠎ᠶ᠋ᠢ ᠠᠬᠢᠭᠤᠯᠤᠨ᠎ᠠ᠃ ᠴᠦᠩᠴᠢᠩ᠎ᠦᠨ ᠪᠠᠶ ᠲᠤᠤ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠲᠤ᠂ ᠴᠦᠩᠴᠢᠩ᠎ᠦᠨ ᠵᠢᠶᠠᠨ ᠹᠸᠩ ᠠᠵᠤ ᠦᠶ᠋ᠯᠡᠳᠪᠦᠷᠢ᠎ᠶ᠋ᠢᠨ ᠮᠡᠷᠭᠡᠵᠢᠯ᠎ᠦᠨ ᠦᠶ᠋ᠯᠡᠴᠢᠯᠡᠭᠡᠨ᠎ᠦ ᠬᠢᠵᠠᠭᠠᠷᠲᠤ ᠺᠣᠮᠫᠠᠨᠢ᠎ᠳᠤ ᠣᠷᠣᠬᠤ᠎ᠳᠤ᠂ ᠲᠣᠮᠣ ᠳᠡᠯᠭᠡᠴᠡ ᠳᠡᠭᠡᠷ᠎ᠡ ᠣᠯᠠᠨ ᠪᠣᠯᠵᠣᠯᠲᠤ ᠲᠣᠭ᠎ᠠ ᠴᠠᠭ ᠲᠤᠬᠠᠶ᠎ᠳᠤᠨᠢ ᠢᠯᠡᠷᠡᠵᠦ᠍᠂ ᠮᠡᠷᠭᠡᠵᠢᠯ᠎ᠦᠨ ᠪᠦᠯᠬᠦᠮ ᠨᠡᠢᠲᠡ ᠶᠠᠭ ᠨᠢᠭᠡᠨ ᠬᠢᠮᠢ᠎ᠶ᠋ᠢᠨ ᠪᠣᠷᠲᠣᠭᠣᠷ᠎ᠤᠨ ᠲᠥᠷᠥᠯ ᠵᠦᠶ᠋ᠯ᠎ᠳᠦ ᠠᠯᠤᠰ᠎ᠡᠴᠡ ᠠᠵᠢᠯᠯᠠᠭᠤᠯᠬᠤ ᠪᠠ ᠬᠠᠮᠠᠭᠠᠯᠠᠬᠤ ᠳᠡᠮᠵᠢᠯᠭᠡ ᠬᠠᠩᠭᠠᠵᠤ ᠪᠠᠢᠨ᠎ᠠ᠃
《ᠲᠤᠰᠭᠠᠢᠵᠢᠭ᠍ᠰᠠᠨ ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠪᠢᠳᠡ ᠠᠵᠤ ᠦᠶ᠋ᠯᠡᠳᠪᠦᠷᠢ᠎ᠶ᠋ᠢᠨ ᠮᠡᠷᠭᠡᠵᠢᠯ᠎ᠦᠨ ᠦᠶ᠋ᠯᠡᠴᠢᠯᠡᠭᠡᠨ᠎ᠦ ᠬᠦᠷᠢᠶ᠎ᠡ᠎ᠶ᠋ᠢ ᠭᠦᠨᠵᠡᠭᠡᠶ ᠬᠥᠭ᠌ᠵᠢᠭᠦᠯᠵᠦ᠍᠂ ᠤᠭ᠍ᠰᠠᠷᠠᠵᠤ ᠲᠣᠬᠢᠷᠠᠭᠤᠯᠬᠤ᠂ ᠪᠠᠢᠴᠠᠭᠠᠨ ᠬᠡᠮᠵᠢᠵᠦ᠍ ᠰᠡᠯᠪᠢᠨ ᠵᠠᠰᠠᠬᠤ᠂ ᠡᠵᠡᠩᠨᠡᠯᠲᠡ᠎ᠶ᠋ᠢᠨ ᠦᠶ᠋ᠯᠡᠴᠢᠯᠡᠭᠡ᠂ ᠬᠥᠮᠦᠨ᠎ᠦ ᠬᠦᠴᠦᠨ᠎ᠦ ᠪᠣᠯᠪᠠᠰᠤᠷᠠᠯ ᠵᠡᠷᠭᠡ ᠪᠥᠬᠥ᠌ ᠬᠡᠯᠬᠢᠶᠡᠨ᠎ᠦ ᠦᠶ᠋ᠯᠡᠴᠢᠯᠡᠭᠡ ᠬᠠᠩᠭᠠᠵᠤ᠂ ᠨᠢᠭᠡᠨᠲᠡ ᠤᠯᠤᠰ᠎ᠤᠨ ᠲᠠᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠂ ᠲᠤᠰᠭᠠᠢᠵᠢᠬᠰᠡᠨ ᠨᠠᠷᠢᠯᠢᠭᠵᠢᠬᠰᠡᠨ ᠣᠨᠴᠠᠯᠢᠬᠵᠢᠭᠰᠠᠨ ᠱᠢᠨ᠎ᠡ ᠳᠤᠮᠳᠠ ᠪᠠᠭ᠎ᠠ ᠠᠵᠤ ᠠᠬᠤᠢᠯᠠᠯ ᠪᠣᠯᠵᠣ ᠪᠣᠢᠵᠢᠪᠠ》᠃ ᠺᠣᠮᠫᠠᠨᠢ᠎ᠶ᠋ᠢᠨ ᠬᠠᠷᠢᠭᠤᠴᠠᠯᠭᠠᠲᠠᠨ᠂ ᠣᠳᠣᠬᠠᠨ᠎ᠳᠤ ᠶᠠᠭ ᠠᠵᠤ ᠦᠶ᠋ᠯᠡᠳᠪᠦᠷᠢ᠎ᠶ᠋ᠢᠨ ᠲᠣᠭᠠᠴᠢᠯᠠᠭ᠍ᠰᠠᠨ ᠨᠡᠪᠴᠢᠭᠦᠯᠬᠦ᠌ ᠲᠠᠪᠴᠠᠩ᠎ᠢ ᠲᠦᠷᠭᠡᠳᠭᠡᠨ ᠪᠠᠢᠭᠤᠯᠵᠤ᠂ ᠳᠤᠮᠳᠠ ᠪᠠᠭ᠎ᠠ ᠦᠶ᠋ᠯᠡᠳᠬᠦ᠌ ᠠᠵᠤ ᠠᠬᠤᠢᠯᠠᠯ᠎ᠳᠤ ᠲᠣᠭᠠᠴᠢᠯᠠᠯᠳᠠ ᠲᠠᠢᠰᠢ ᠬᠡᠯᠪᠡᠷᠢ᠎ᠪᠡᠨ ᠬᠤᠪᠢᠷᠠᠭᠤᠯᠬᠤ ᠮᠡᠷᠭᠡᠵᠢᠯ᠎ᠦᠨ ᠨᠡᠪᠴᠢᠭᠦᠯᠬᠦ᠌᠂ ᠴᠢᠳᠠᠪᠤᠷᠢᠲᠠᠨ ᠬᠥᠮᠦᠵᠢᠭᠦᠯᠬᠦ᠌᠂ ᠲᠥᠰᠦᠯ ᠲᠣᠭ᠍ᠲᠠᠭᠠᠬᠤ ᠵᠡᠷᠭᠡ ᠦᠶ᠋ᠯᠡᠴᠢᠯᠡᠭᠡ ᠬᠠᠩᠭᠠᠵᠤ ᠪᠠᠢᠨ᠎ᠠ ᠭᠡᠵᠤ ᠲᠠᠨᠢᠯᠴᠠᠭᠤᠯᠪᠠ᠃
ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ ᠪᠣᠯ ᠦᠢᠯᠡᠳᠪᠦᠷᠢᠯᠡᠯ᠎ᠦᠨ ᠠᠵᠢᠯᠯᠠᠭ᠎ᠠ ᠳᠤᠮᠳᠠᠬᠢ ᠠᠵᠢᠯ᠎ᠤᠨ ᠬᠤᠪᠢᠶᠠᠷᠢᠯᠠᠯ᠎ᠡᠴᠡ ᠨᠠᠷᠢᠯᠢᠭ᠍ᠵᠢᠵᠦ᠍ ᠢᠷᠡᠭ᠌ᠰᠡᠨ ᠶᠤᠮ᠂ ᠲᠤᠰᠭᠠᠢᠵᠢᠬᠤ ᠪᠣᠯ ᠲᠡᠭᠦᠨ᠎ᠦ ᠬᠥᠭ᠌ᠵᠢᠯᠲᠡ᠎ᠶ᠋ᠢᠨ ᠦᠨᠳᠦᠰᠦ ᠰᠠᠭᠤᠷᠢ ᠮᠥᠨ᠃
ᠲᠥᠷᠥ᠎ᠶ᠋ᠢᠨ ᠶᠠᠪᠤᠳᠠᠯ᠎ᠤᠨ ᠬᠣᠷᠢᠶ᠎ᠠ ᠲᠦᠷᠦᠭᠦᠬᠡᠨ 《ᠦᠶ᠋ᠯᠡᠴᠢᠯᠡᠭᠡᠨ᠎ᠦ ᠦᠶ᠋ᠯᠡᠰ᠎ᠦᠨ ᠴᠢᠳᠠᠪᠤᠷᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠬᠤ ᠲᠤᠬᠠᠶ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠪᠥᠬᠥ᠌ ᠬᠡᠯᠬᠢᠶᠡᠨ᠎ᠦ ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠪᠠᠭᠤᠷᠠᠶ ᠭᠣᠭ᠍ᠴᠣᠭ᠎ᠠ᠎ᠶ᠋ᠢ ᠨᠥᠬᠥᠪᠥᠷᠢᠯᠡᠨ ᠴᠢᠩᠭᠠᠳᠭᠠᠬᠤ᠎ᠶ᠋ᠢ ᠪᠠᠢᠷᠢᠯᠠᠭᠤᠯᠵᠤ᠂ 《ᠠᠵᠤ ᠦᠶ᠋ᠯᠡᠳᠪᠦᠷᠢ᠎ᠶ᠋ᠢᠨ ᠵᠢᠷᠤᠭ ᠲᠥᠯᠥᠪᠯᠡᠭᠡ᠎ᠶ᠋ᠢᠨ ᠳᠠᠭᠠᠭᠤᠯᠤᠭ᠍ᠴᠢ ᠠᠵᠤ ᠠᠬᠤᠢᠯᠠᠯ᠎ᠢ ᠪᠣᠢᠵᠢᠭᠤᠯᠵᠤ᠂ ᠲᠤᠰᠭᠠᠶ ᠮᠡᠷᠭᠡᠵᠢᠯ ᠦᠨ ᠴᠢᠨᠠᠷ᠂ ᠳᠡᠯᠡᠬᠡᠢᠴᠢᠯᠡᠯᠲᠡ ᠶ᠋ᠢᠨ ᠲᠦᠪᠱᠢᠨ ᠢ ᠳᠡᠭᠡᠭ᠌ᠰᠢᠯᠡᠭᠦᠯᠬᠦ᠌》᠂ 《ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠮᠥᠩᠭᠥᠨ ᠭᠦᠶ᠋ᠯᠭᠡᠭᠡᠨ᠎ᠦ ᠲᠤᠰᠭᠠᠶ ᠦᠶ᠋ᠯᠡᠴᠢᠯᠡᠭᠡᠨ᠎ᠦ ᠴᠢᠳᠠᠪᠤᠷᠢ᠎ᠶ᠋ᠢ ᠨᠡᠮᠡᠭ᠌ᠳᠡᠭᠦᠯᠬᠦ᠌》᠂ 《ᠲᠣᠭ᠍ᠲᠠᠭᠠᠯᠲᠤ ᠲᠥᠰᠦᠯ ᠬᠠᠩᠭᠠᠬᠤ》 ᠵᠡᠷᠭᠡ᠎ᠶ᠋ᠢ ᠲᠣᠳᠣᠷᠬᠠᠢᠯᠠᠵᠤ᠂ ᠠᠯᠢ ᠣᠯᠠᠨ ᠠᠷᠭ᠎ᠠ ᠬᠡᠮᠵᠢᠶ᠎ᠡ ᠨᠢ ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠢ ᠬᠥᠲᠥᠯᠥᠨ ᠵᠢᠯᠣᠭᠣᠳᠴᠤ᠌ ᠪᠠᠢᠭᠠᠳ ᠲᠤᠰᠭᠠᠢᠵᠢᠭ᠍ᠰᠠᠨ᠂ ᠵᠠᠬᠢᠶᠠᠴᠢᠯᠠᠭᠰᠠᠨ᠂ ᠨᠠᠷᠢᠯᠢᠬ᠍ᠵᠢᠭᠤᠯᠤᠭ᠍ᠰᠠᠨ ᠴᠢᠭ᠌ᠯᠡᠯ ᠲᠡᠢᠰᠢ ᠬᠥᠭ᠌ᠵᠢᠭᠦᠯᠬᠦ᠌ ᠪᠣᠯᠤᠨ᠎ᠠ᠃
《ᠴᠢᠨᠠᠷ ᠰᠠᠢᠳᠠᠢ》ᠲᠡᠢᠰᠢ ᠤᠷᠤᠭ᠍ᠰᠢᠯᠠᠵᠤ᠂ ᠦᠷᠳᠡᠭ᠎ᠦᠨ ᠬᠡᠯᠬᠢᠶ᠎ᠡ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠤᠨ᠎ᠠ᠃ ᠵᠢᠶᠠᠩᠰᠦ ᠮᠤᠵᠢ᠎ᠶ᠋ᠢᠨ ᠶᠠᠨᠴᠧᠩᠬᠤᠲᠠ ᠵᠢᠨ ᠱᠧ ᠶᠠᠩ ᠭᠠᠷᠠᠮ᠎ᠤᠨ ᠠᠵᠤ ᠠᠬᠤᠢ᠎ᠶ᠋ᠢᠨ ᠨᠡᠬᠡᠬᠡᠯᠳᠡ᠎ᠶ᠋ᠢᠨ ᠣᠷᠣᠨ᠎ᠳᠤ᠂ ᠳᠤᠮᠳᠠᠳᠤ ᠤᠯᠤᠰ᠎ᠤᠨ ᠶᠠᠰᠤ ᠴᠢᠨᠠᠷ᠎ᠤᠨ ᠭᠡᠷᠡᠴᠢᠯᠡᠭᠡ᠎ᠶ᠋ᠢᠨ ᠲᠥᠪ᠎ᠢ ᠳᠠᠯᠠᠢ ᠳᠠᠭᠠᠤ ᠪᠠᠢᠭᠤᠯᠵᠤ᠂ ᠵᠠᠭᠤ ᠱᠢᠬᠠᠮ ᠮᠦ᠍ ᠭᠠᠵᠠᠷ ᠡᠵᠡᠯᠡᠭ᠌ᠰᠡᠨ ᠰᠠᠯᠬᠢᠨ ᠬᠦᠴᠦᠨ᠎ᠦ ᠴᠠᠬᠢᠯᠭᠠᠨ᠎ᠤ ᠰᠠᠷᠬᠢᠷᠠᠭᠤᠯ᠎ᠤ᠋ᠨ ᠱᠢᠯᠭᠠᠨ ᠪᠠᠢᠴᠠᠭᠠᠬᠤ ᠲᠠᠪᠴᠠᠩ ᠡᠮᠬᠢ ᠳᠢᠭ᠌ᠯᠢᠮ᠎ᠲᠡᠶ ᠠᠵᠢᠯᠯᠠᠵᠤ ᠪᠠᠢᠨ᠎ᠠ᠃
《ᠥᠩᠭᠡᠷᠡᠭ᠌ᠰᠡᠨ᠎ᠳᠦ᠂ ᠤᠯᠤᠰ᠎ᠤᠨ ᠳᠣᠲᠣᠭᠠᠳᠤ᠎ᠶ᠋ᠢᠨ ᠰᠠᠷᠬᠢᠷᠠᠭᠤᠯ᠎ᠤᠨ ᠰᠤᠷᠢᠯᠲᠠ᠎ᠶ᠋ᠢᠨ ᠲᠠᠪᠴᠠᠩ᠎ᠤᠨ ᠡᠬᠢ ᠪᠠᠶᠠᠯᠢᠭ ᠬᠣᠪᠣᠷ ᠴᠤᠬᠠᠭ ᠪᠠᠢᠵᠤ᠂ ᠠᠵᠤ ᠠᠬᠤᠢᠯᠠᠯ ᠨᠢ ᠨᠢᠭᠡ ᠬᠣᠶᠠᠷ ᠵᠢᠯ ᠬᠦᠯᠢᠶᠡᠪᠡᠯ ᠰᠠᠶᠢ ᠱᠢᠯᠭᠠᠨ ᠪᠠᠢᠴᠠᠭᠠᠯᠲᠠ ᠬᠢᠵᠦ᠍ ᠴᠢᠳᠠᠨ᠎ᠠ᠂ ᠡᠨᠡ ᠨᠢ ᠵᠠᠬ᠎ᠠ ᠳᠡᠯᠭᠡᠭᠦᠷ᠎ᠦᠨ ᠲᠦᠷᠭᠡᠨ ᠬᠥᠭ᠌ᠵᠢᠯᠲᠡ᠎ᠶ᠋ᠢᠨ ᠠᠢᠵᠠᠮ᠎ᠲᠠᠶ ᠵᠣᠬᠢᠴᠠᠬᠤ᠎ᠳᠤ ᠬᠦᠴᠢᠷ ᠪᠠᠢᠳᠠᠭ》᠃ ᠳᠤᠮᠳᠠᠳᠤ ᠤᠯᠤᠰ᠎ᠤᠨ ᠶᠠᠰᠤ ᠴᠢᠨᠠᠷ᠎ᠢ ᠭᠡᠷᠡᠴᠢᠯᠡᠬᠦ᠌ ᠲᠥᠪ᠎ᠦᠨ ᠳᠡᠭᠡᠳᠦ ᠵᠡᠷᠭᠡ᠎ᠶ᠋ᠢᠨ ᠢᠨᠵᠧᠨᠧᠷ ᠯᠢ ᠹᠦ᠋ ᠰᠤᠷᠪᠤᠯᠵᠢᠯᠠᠭ᠍ᠴᠢ᠎ᠳᠤ᠂ ᠣᠯᠠᠨ ᠵᠢᠯ᠎ᠦᠨ ᠲᠠᠰᠤᠷᠠᠯᠲᠠ ᠥᠬᠡᠶ ᠪᠡᠷᠬᠡ ᠰᠡᠳᠦᠪ᠎ᠢ ᠱᠢᠶ᠋ᠳᠪᠦᠷᠢᠯᠡᠬᠦ᠌᠂ ᠪᠥᠲᠥᠭᠡᠨ ᠪᠠᠢᠭᠤᠯᠬᠤ ᠪᠡᠷ ᠳᠡᠮᠵᠢᠨ᠂ ᠥᠪᠡᠰᠦᠪᠡᠨ ᠪᠠᠢᠭᠤᠯᠤᠭ᠍ᠰᠠᠨ ᠱᠢᠯᠭᠠᠨ ᠪᠠᠢᠴᠠᠭᠠᠬᠤ ᠲᠠᠪᠴᠠᠩ ᠨᠢ ᠬᠠᠮᠤᠭ᠎ᠤᠨ ᠣᠷᠳᠣ᠎ᠳᠠᠭᠠᠨ 200 ᠮᠧᠲ᠋ᠷ᠎ᠦᠨ ᠲᠠᠰ᠎ᠤᠨ ᠱᠢᠨ᠎ᠡ ᠬᠡᠯᠪᠡᠷᠢ᠎ᠶ᠋ᠢᠨ ᠣᠷᠳᠣ ᠵᠥᠭᠡᠯᠡᠨ ᠰᠠᠷᠬᠢᠷᠠᠭᠤᠯ᠎ᠤᠨ ᠪᠥᠬᠥ᠌ ᠬᠡᠮᠵᠢᠶᠡᠨ᠎ᠦ ᠱᠢᠯᠭᠠᠯᠲᠠ᠎ᠶ᠋ᠢ ᠬᠠᠩᠭᠠᠵᠤ᠂ ᠱᠢᠯᠭᠠᠯᠲᠠ᠎ᠶ᠋ᠢᠨ ᠲᠣᠭ᠎ᠠ ᠪᠠᠷᠢᠮᠲᠠ᠎ᠶ᠋ᠢᠨ ᠨᠠᠷᠢᠯᠢᠭ᠎ᠤᠨ ᠬᠡᠮᠵᠢᠶ᠎ᠡ ᠨᠢ ᠳᠡᠯᠡᠬᠡᠶ᠎ᠶ᠋ᠢᠨ ᠲᠡᠷᠢᠭᠦᠨ᠎ᠦ ᠬᠢᠷᠢ ᠲᠦᠪᠱᠢᠨ᠎ᠳᠦ ᠬᠦᠷᠴᠦ᠍ ᠤᠯᠤᠰ᠎ᠤᠨ ᠳᠣᠲᠣᠭᠠᠳᠤ᠎ᠶ᠋ᠢᠨ ᠬᠡᠲᠦ ᠲᠣᠮᠣ ᠬᠡᠯᠪᠡᠷᠢ᠎ᠶ᠋ᠢᠨ ᠰᠠᠷᠬᠢᠷᠠᠭᠤᠯᠢ ᠰᠤᠳᠤᠯᠤᠨ ᠨᠡᠭᠡᠭᠡᠬᠦ᠌ ᠪᠠ ᠠᠵᠤ ᠦᠢᠯᠡᠰᠵᠢᠭᠦᠯᠬᠦ᠌᠎ᠳᠦ ᠵᠠᠩᠭᠢᠯᠠᠭ᠎ᠠ᠎ᠶ᠋ᠢᠨ ᠲᠤᠯᠭᠠᠭᠤᠷᠢᠯᠠᠯ ᠬᠠᠩᠭᠠᠭ᠍ᠰᠠᠨ ᠪᠠᠢᠨ᠎ᠠ ᠭᠡᠵᠦ ᠬᠡᠯᠡᠪᠡ᠃
ᠰᠢᠯᠭᠠᠨ ᠪᠠᠢᠴᠠᠭᠠᠬᠤ ᠪᠠᠢᠴᠠᠭᠠᠯᠲᠠ ᠨᠢ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠎ᠦᠨ 《ᠨᠢᠳᠦ》 ᠬᠡᠮᠡᠭ᠌ᠳᠡᠵᠦ᠂ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠦᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠤᠢ᠍ᠢᠷ᠎ᠠ᠎ᠶ᠋ᠢᠨ ᠵᠢᠯ᠎ᠡᠴᠡ᠂ ᠮᠠᠨ᠎ᠤ ᠤᠯᠤᠰ᠎ᠤᠨ ᠰᠢᠯᠭᠠᠨ ᠪᠠᠢᠴᠠᠭᠠᠬᠤ ᠪᠠᠢᠴᠠᠭᠠᠯᠲᠠ ᠵᠢᠨ ᠠᠵᠢᠯ ᠲᠦᠷᠦᠯ《ᠬᠥᠳᠡᠯᠮᠦᠷᠢ ᠬᠦᠴᠦ᠍ ᠲᠥᠪᠯᠡᠷᠡᠭ᠌ᠰᠡᠨ ᠬᠡᠯᠪᠡᠷᠢ》 ᠡᠴᠡ 《ᠮᠡᠷᠭᠡᠵᠢᠯ ᠲᠥᠪᠯᠡᠷᠡᠭ᠌ᠰᠡᠨ ᠬᠡᠯᠪᠡᠷᠢ》 ᠲᠡᠢᠰᠢ ᠲᠦᠷᠭᠡᠨ ᠱᠢᠯᠵᠢᠵᠦ᠍᠂ ᠲᠤᠰ ᠪᠡᠶ᠎ᠡ᠎ᠶ᠋ᠢᠨ ᠳᠡᠭᠡᠳᠦ ᠲᠦᠪᠱᠢᠨᠴᠢᠯᠡᠭ᠌ᠰᠡᠨ ᠬᠥᠭ᠌ᠵᠢᠯᠲᠡ᠎ᠪᠡᠷ᠎ᠢᠶᠡᠨ ᠦᠢᠯᠡᠳᠪᠦᠷᠢᠯᠡᠯ ᠦᠢᠯᠡᠳᠭᠡᠯ ᠢ ᠳᠠᠩ ᠭᠠᠭ᠍ᠴᠠ 《ᠪᠠᠷᠢᠮᠵᠢᠶ᠎ᠠ ᠳᠤ ᠨᠡᠢᠴᠡᠵᠦ᠍》 ᠪᠠᠢᠭ᠍ᠰᠠᠨ᠎ᠡᠴᠡ 《ᠦᠷᠳᠡᠭ᠎ᠢ ᠡᠭᠦᠳᠬᠦ᠌》᠂ 《ᠲᠦᠷᠦᠯ ᠳᠡᠮᠳᠡᠭ ᠢ ᠡᠭᠦᠳᠬᠦ᠌》 ᠳᠠᠪᠠᠯᠲᠠ᠎ᠲᠠᠶ ᠪᠣᠯᠭᠠᠪᠠ᠃
ᠵᠦᠪᠬᠡᠨ ᠰᠢᠯᠭᠠᠨ ᠪᠠᠢᠴᠠᠭᠠᠬᠤ ᠪᠠᠢᠴᠠᠭᠠᠯᠲᠠ ᠵᠢᠨ ᠠᠵᠢᠯ ᠲᠥᠷᠥᠯ᠎ᠳᠦ ᠪᠢᠰᠢ᠂ ᠨᠡᠩ ᠣᠯᠠᠨ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ ᠥᠷᠲᠡᠭ᠎ᠦᠨ ᠬᠡᠯᠬᠢᠶ᠎ᠡ᠎ᠶ᠋ᠢᠨ ᠳᠡᠭᠡᠳᠦ ᠳᠡᠰ ᠲᠡᠢᠰᠢ ᠤᠷᠲᠤᠳᠭᠠᠬᠤ ᠠᠯᠬᠤᠴᠠ ᠲᠠᠰᠤᠷᠠᠯᠲᠠ ᠤᠢ᠍ᠭᠡᠢ ᠲᠦᠷᠭᠡᠳᠴᠦ᠍ ᠪᠤᠢ᠃
ᠭᠤᠸᠠᠩᠳᠦ᠋ᠩ ᠮᠤᠵᠢ ᠣᠲᠣ ᠶᠠᠭ ᠵᠣᠬᠢᠶᠠᠮᠠᠯ ᠣᠶᠤᠨ ᠴᠢᠳᠠᠪᠤᠷᠢ᠂ ᠤᠶᠤᠨᠴᠢ ᠮᠠᠱᠢᠨ ᠬᠥᠮᠦᠨ ᠵᠡᠷᠭᠡ ᠭᠤᠤᠯᠳᠠᠯᠭ᠎ᠠ᠎ᠲᠠᠶ ᠬᠦᠷᠢᠶᠡᠨ᠎ᠦ ᠲᠣᠭᠣᠷᠢᠨ᠎ᠳᠤ ᠤᠬᠠᠭ᠍ᠳᠠᠬᠤᠨ᠎ᠤ ᠱᠢᠯᠭᠠᠨ ᠪᠠᠲᠤᠯᠠᠬᠤ ᠲᠥᠪ᠂ ᠳᠤᠮᠳᠠᠳᠤ ᠤᠯᠤᠰ᠎ᠤᠨ ᠲᠤᠷᠱᠢᠯᠲᠠ᠎ᠶ᠋ᠢᠨ ᠱᠢᠯᠭᠠᠨ ᠪᠠᠲᠤᠯᠠᠬᠤ ᠲᠠᠪᠴᠠᠩ᠎ᠢ ᠪᠠᠢᠭᠤᠯᠵᠤ ᠪᠠᠢᠨ᠎ᠠ;ᠵᠧᠵᠢᠶᠠᠩ ᠡᠨᠡ ᠵᠢᠯ ᠲᠤᠰᠭᠠᠢᠵᠢᠭᠰᠠᠨ ᠨᠠᠷᠢᠯᠢᠭᠵᠢᠭᠰᠠᠨ ᠣᠨᠴᠠᠯᠢᠭᠵᠢᠭᠰᠠᠨ ᠱᠢᠨ᠎ᠡ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢ 20 ᠡᠴᠡ ᠳᠡᠭᠡᠭ᠌ᠰᠢ ᠪᠣᠢᠵᠢᠭᠤᠯᠬᠤ᠎ᠪᠠᠷ ᠬᠦᠴᠦᠯᠡᠵᠦ ᠪᠠᠢᠨ᠎ᠠ; ᠵᠢᠶᠠᠩᠰᠦ ᠮᠤᠵᠢ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠦᠨᠳᠦᠷ ᠲᠦᠪᠰᠢᠨ᠎ᠤ ᠢᠨᠵᠧᠨᠧᠷᠢᠩ᠎ᠢ ᠬᠡᠷᠡᠭ᠌ᠵᠢᠭᠦᠯᠵᠦ᠍᠂ ᠥᠨᠳᠥᠷ ᠥᠷᠲᠡᠭ᠌ᠲᠦ ᠲᠤᠰᠭᠠᠶ ᠠᠱᠢᠭ ᠢ ᠪᠣᠢᠵᠢᠭᠤᠯᠬᠤ ᠡᠷᠴᠢᠮ᠎ᠢ ᠴᠢᠩᠭᠠᠷᠠᠭᠤᠯᠤᠨ᠎ᠠ ᠭᠡᠵᠦ ᠲᠤᠷᠠᠳᠪᠠ;ᠰᠸᠴᠤᠸᠠᠨ᠎ᠤ᠎ᠬᠢᠨ᠂ ᠤᠶᠤᠨᠲᠤ ᠪᠠᠷᠠᠭᠠᠨ᠎ᠤ ᠭᠦᠶ᠋ᠯᠭᠡᠭᠡᠨ᠎ᠦ ᠬᠦᠷᠢᠶᠡᠯᠡᠩ ᠲᠣᠭᠣᠷᠢᠭ ᠪᠣᠯᠤᠨ ᠲᠣᠭᠠᠴᠢᠯᠠᠭ᠍ᠰᠠᠨ ᠬᠥᠮᠥᠷᠭᠡ᠎ᠶ᠋ᠢ ᠪᠥᠲᠥᠭᠡᠨ ᠪᠠᠢᠭᠤᠯᠵᠤ᠂ ᠠᠦ᠋ᠲ᠋ᠣ᠋ ᠵᠢᠯᠣᠭᠣᠳᠣᠯᠭ᠎ᠠ᠎ᠶ᠋ᠢᠨ ᠪᠠᠷᠠᠭᠠᠨ᠎ᠤ ᠲᠡᠷᠭᠡ᠎ᠶ᠋ᠢ ᠡᠩᠨᠡᠭᠦᠯᠦᠨ ᠶᠠᠪᠤᠭᠤᠯᠬᠤ᠂ ᠵᠢᠯᠥᠭᠤᠴᠢ ᠦᠭᠡᠢ ᠮᠠᠰᠢᠨ ᠵᠢᠡᠷ ᠲᠣᠬᠢᠷᠠᠭᠤᠯᠤᠨ ᠬᠦᠷᠭᠡᠬᠦ᠌ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠲᠤᠷᠱᠢᠯᠲᠠ᠎ᠶ᠋ᠢ ᠥᠷᠨᠢᠭᠦᠯᠦᠨ᠎ᠡ ᠁
《ᠠᠷᠪᠠᠨ ᠲᠠᠪᠤᠳᠤᠭᠠᠷ ᠲᠠᠪᠤᠯ ᠵᠢᠯ》 ᠤ᠋ᠨ ᠲᠥᠯᠥᠪᠵᠢᠭᠦᠯᠭᠡ᠎ᠶ᠋ᠢ ᠰᠠᠢᠳᠤᠷ ᠡᠬᠢᠯᠡᠭᠦᠯᠵᠦ᠂ ᠠᠨᠭᠬᠠᠨ᠎ᠤ ᠠᠯᠬᠤᠭ᠎ᠠ ᠵᠢ ᠯᠠᠪᠳᠠᠭᠤᠨ ᠪᠠᠳᠤᠳᠠᠢ ᠠᠯᠬᠤᠵᠤ᠂ ᠣᠳᠣ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ ᠬᠢᠭᠡᠳ ᠲᠡᠷᠢᠭᠦᠨ᠎ᠦ ᠦᠢᠯᠡᠳᠬᠦ᠌ ᠦᠢᠯᠡᠰ᠂ ᠣᠳᠣ ᠦᠶ᠎ᠡ᠎ᠶ᠋ᠢᠨ ᠲᠠᠷᠢᠶᠠᠯᠠᠩ᠎ᠤᠨ ᠠᠭᠤᠰᠤᠯᠴᠠᠨ ᠬᠥᠭ᠌ᠵᠢᠬᠦ᠌ ᠲᠦᠪᠰᠢᠨ ᠢ᠋ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠵᠦ᠂ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠦᠨ ᠭᠦᠨᠵᠡᠭᠡᠢ ᠲᠤᠰᠬᠠᠢᠵᠢᠬᠤ᠂ ᠳᠡᠭᠡᠭ᠌ᠰᠢᠯᠡᠬᠦ᠌᠎ᠶ᠋ᠢ ᠠᠬᠢᠭᠤᠯᠵᠤ᠂ ᠨᠡᠩ ᠡᠷᠴᠢᠮᠲᠡᠶ ᠠᠵᠤ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠯᠠᠪᠲᠠᠶ ᠬᠥᠭ᠌ᠵᠢᠭᠡᠨ᠎ᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 26 ᠤ᠋ ᠴᠠᠬᠢᠯᠭᠠᠨ ᠮᠡᠳᠡᠭᠡ)