ᠦᠪᠦᠷ ᠮᠤᠡᠭᠭᠤᠯ᠎ᠤᠨ 3 ᠬᠡᠷᠡᠭ᠎ᠤᠨ ᠵᠢᠱ᠌ᠢᠶ᠎ᠡ 2025 ᠣᠨ᠎ᠤ ᠲᠣᠭᠠᠴᠢᠯᠠᠯᠳᠡ ᠲᠠᠢᠰᠢ ᠬᠡᠯᠪᠡᠷᠢ᠎ᠪᠡᠨ ᠬᠤᠪᠢᠷᠠᠭᠤᠯᠤᠭ᠍ᠰᠠᠨ ᠨᠡᠢᠲᠡᠯᠢᠭ ᠬᠡᠷᠡᠭ᠎ᠦᠨ ᠵᠢᠱ᠌ᠢᠶ᠎ᠡ ᠪᠡᠷ ᠰᠣᠩᠭᠣᠭ᠍ᠳᠠᠪᠠ
2026-04-28 11:37:31
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ 2025 ᠣᠨ᠎ᠤ ᠲᠣᠭᠠᠴᠢᠯᠠᠯᠳᠡ ᠳᠠᠢᠰᠢ ᠬᠡᠯᠪᠡᠷᠢ᠎ᠪᠡᠨ ᠬᠤᠪᠢᠷᠠᠭᠤᠯᠤᠭ᠍ᠰᠠᠨ ᠨᠡᠢᠲᠡᠯᠢᠭ ᠬᠡᠷᠡᠭ᠎ᠤ᠋ᠨ ᠨᠡᠷᠡᠰ᠎ᠦᠨ ᠵᠢᠭ᠍ᠰᠠᠭᠠᠯᠲᠠ᠎ᠶᠢ ᠨᠡᠢᠳᠡᠯᠡᠵᠦ᠂ ᠦᠪᠦᠷ ᠮᠤᠡᠭᠭᠤᠯ᠎ᠤᠨ ᠢᠯᠢ ᠠᠵᠤ ᠦᠶ᠋ᠯᠡᠰ᠎ᠦᠨ ᠪᠦᠯᠦᠭ᠌ᠯᠡᠯ᠎ᠦᠨ 《ᠢᠯᠢ ᠴᠠᠭᠠᠨ ᠢᠳᠡᠭᠡᠨ᠎ᠦ ᠨᠡᠭᠦᠷᠡᠰᠦᠲᠥ᠋ᠷᠥᠭ᠌ᠴᠢ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠦᠨ ᠪᠠᠢᠭᠤᠯᠤᠯᠲᠠ ᠦᠶ᠋ᠯᠡᠳᠬᠦᠨ᠎ᠦ ᠱᠢᠨ᠎ᠡ ᠡᠭᠦᠳᠦᠯᠲᠡ᠎ᠶ᠋ᠢ ᠳᠠᠢᠴᠢᠯᠠᠪᠠ》᠂ ᠮᠧᠩ ᠨᠢᠤ ᠳᠡᠭᠡᠳᠦ ᠱᠢᠨ᠎ᠡ ᠮᠡᠷᠭᠡᠵᠢᠯ᠎ᠦᠨ ᠰᠦ᠎ᠶᠢᠨ ᠦᠶ᠋ᠯᠡᠰ (ᠬᠣᠷᠢᠨᠭᠡᠷ) ᠤ᠋ᠨ ᠬᠢᠵᠠᠭᠠᠷᠳᠤ ᠺᠤᠮᠫᠠᠨᠢ᠎ᠶᠢᠨ 《ᠮᠧᠩ ᠨᠢᠤ ᠴᠠᠭᠠᠨ ᠢᠳᠡᠭᠡᠨ᠎ᠦ ᠬᠣᠶᠠᠷ ᠬᠡᠮᠵᠢᠯᠳᠦ ᠺᠣᠳ᠋᠎ᠤᠨ ᠪᠥᠬᠥ᠌ ᠬᠡᠯᠬᠢᠶ᠎ᠡ᠎ᠶ᠋ᠢᠨ ᠡᠬᠢ ᠰᠤᠷᠪᠤᠯᠵᠢ᠎ᠶ᠋ᠢᠨ ᠱᠢᠰᠲ᠋ᠧᠮ᠎ᠦᠨ ᠪᠠᠢᠭᠤᠯᠤᠯᠲᠠ》᠂ ᠵᠢᠨ ᠢᠦᠶ ᠪᠦᠦ ᠯᠢᠩ ᠠᠮᠢᠳᠤ ᠪᠤᠳᠠᠰ᠎ᠤᠨ ᠡᠮ᠎ᠤᠨ ᠵᠦᠢᠯᠡᠰ᠎ᠤᠨ ᠬᠢᠵᠠᠭᠠᠷᠳᠤ ᠺᠤᠮᠫᠠᠨᠢ᠎ᠶᠢᠨ 《ᠶᠠᠰᠤ ᠴᠢᠨᠠᠷ᠎ᠤᠨ ᠣᠶᠤᠨᠳᠤ ᠱᠢᠯᠭᠠᠨ ᠪᠠᠢᠴᠠᠭᠠᠯᠳᠡ ᠠᠮᠢᠲᠠᠨ᠎ᠤ ᠸᠠᠺᠼᠢᠨ᠎ᠤ ᠦᠶ᠋ᠯᠡᠳᠪᠦᠷᠢᠯᠡᠯ᠎ᠦᠨ ᠤᠷ᠎ᠠ ᠮᠡᠷᠭᠡᠵᠢᠯ᠎ᠢ ᠱᠢᠯᠢᠳᠡᠭ᠌ᠵᠢᠭᠦᠯᠬᠦ ᠳ᠋ᠦ ᠬᠦᠴᠦᠨ ᠨᠡᠮᠡᠷᠢᠯᠡᠪᠡ》 ᠵᠡᠷᠭᠡ 3 ᠠᠵᠤ ᠠᠬᠤᠢᠯᠠᠯ᠎ᠤᠨ ᠬᠡᠷᠡᠭ᠎ᠦᠨ ᠵᠢᠱ᠌ᠢᠶ᠎ᠡ  ᠰᠣᠩᠭᠣᠭ᠍ᠳᠠᠵᠠᠢ᠃

ᠲᠣᠰ ᠤᠳᠠᠭ᠎ᠠ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠡᠯᠰᠡᠭᠰᠡᠨ ᠨᠢ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠎ᠶ᠋ᠢ ᠲᠦᠷᠭᠡᠳᠭᠡᠨ ᠠᠬᠢᠭᠤᠯᠬᠤ ᠲᠤᠬᠠᠶ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠲᠦᠷᠭᠡᠳᠭᠡᠨ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠬᠰᠠᠨ ᠴᠢᠬᠤᠯᠠ ᠠᠷᠭ᠎ᠠ ᠬᠡᠮᠵᠢᠶ᠎ᠡ ᠪᠠᠢᠵᠦ᠂ ᠨᠡᠬᠡᠮᠡᠯ᠂ ᠬᠥᠩᠭᠡᠨ ᠠᠵᠤ ᠦᠶ᠋ᠯᠡᠳᠪᠦᠷᠢ᠂ ᠢᠳᠡᠭᠡᠨ᠎ᠦ ᠵᠦᠶ᠋ᠯ᠂ ᠡᠮ ᠡᠮᠨᠡᠯᠭᠡ ᠵᠡᠷᠭᠡ ᠬᠡᠷᠡᠭ᠌ᠯᠡᠭᠡᠨ᠎ᠦ ᠵᠦᠶ᠋ᠯ᠎ᠦᠨ ᠬᠦᠷᠢᠶᠡᠨ᠎ᠳᠦ ᠨᠢᠭᠡ ᠪᠦᠯᠦᠭ ᠠᠵᠢᠯ ᠲᠥᠷᠥᠯ᠎ᠦᠨ ᠰᠣᠳᠣᠨ ᠬᠡᠪ ᠳᠠᠭᠤᠷᠢᠶᠠᠯ᠎ᠢ ᠪᠣᠶ ᠪᠣᠯᠭᠠᠬᠤ ᠪᠡᠷ ᠵᠤᠷᠢᠯᠳᠡ ᠪᠠᠨ ᠪᠤᠯᠭᠠᠵᠠᠢ᠃ ᠦᠪᠦᠷ ᠮᠤᠡᠭᠭᠤᠯ᠎ᠤᠨ ᠰᠤᠡᠭᠭᠤᠬᠳᠠᠨ ᠣᠷᠣᠭ᠍ᠰᠠᠨ 3 ᠬᠡᠷᠡᠭ᠎ᠦᠨ ᠵᠢᠱ᠌ᠢᠶ᠎ᠡ᠎ᠨᠢ ᠲᠣᠰ ᠲᠣᠰ 《ᠪᠣᠬᠢᠷᠲᠤᠯ ᠥᠬᠡᠶ ᠦᠶ᠋ᠯᠡᠳᠬᠡᠯ᠎ᠢᠶᠡᠷ ᠦᠶ᠋ᠯᠡᠳᠬᠦᠨ᠎ᠦ ᠦᠷᠭᠦᠯᠵᠢᠯᠡᠨ ᠱᠢᠨ᠎ᠡ᠎ᠶ᠋ᠢ ᠡᠭᠦᠳᠬᠦ᠌ ᠵᠢ ᠲᠠᠢᠴᠢᠯᠠᠬᠤ》᠂ 《ᠶᠠᠰᠤ ᠴᠢᠨᠠᠷ᠎ᠤᠨ ᠢᠲᠡᠭᠡᠮᠵᠢ᠎ᠶ᠋ᠢᠨ ᠡᠬᠢ ᠰᠤᠷᠪᠤᠯᠵᠢ᠎ᠶ᠋ᠢ ᠮᠥᠷᠳᠡᠵᠦ᠍ ᠢᠯᠡ ᠲᠣᠳᠣ ᠪᠣᠯᠭᠠᠨ ᠬᠠᠮᠢᠶᠠᠷᠤᠨ ᠡᠵᠡᠮᠳᠡᠬᠦ᠌ ᠳ᠋ᠦ ᠬᠦᠴᠦᠨ ᠨᠡᠮᠡᠷᠢᠯᠡᠬᠦ》᠂ 《ᠶᠠᠰᠤ ᠴᠢᠨᠠᠷ᠎ᠤᠨ ᠣᠶᠤᠨᠳᠤ ᠱᠢᠯᠭᠠᠨ ᠪᠠᠢᠴᠠᠭᠠᠯᠳᠡ ᠦᠶ᠋ᠯᠡᠳᠪᠦᠷᠢᠯᠡᠯ᠎ᠦᠨ ᠤᠷ᠎ᠠ ᠮᠡᠷᠭᠡᠱᠢᠯ᠎ᠢ ᠱᠢᠯᠢᠳᠡᠭ᠌ᠵᠢᠭᠦᠯᠬᠦ᠌ ᠳ᠋ᠦ ᠬᠦᠴᠦᠨ ᠨᠡᠮᠡᠷᠢᠯᠡᠬᠦ》 ᠨᠠᠷᠠᠰ᠎ᠤᠨ ᠵᠢᠭ᠍ᠰᠠᠭᠠᠯᠲᠠ ᠳ᠋ᠤ ᠰᠣᠩᠭᠣᠭ᠍ᠳᠠᠨ ᠣᠷᠣᠵᠤ᠂ ᠦᠪᠦᠷ ᠮᠤᠡᠭᠭᠤᠯ᠎ᠤᠨ 《ᠲᠥᠷᠥᠯ ᠵᠦᠶ᠋ᠯ᠎ᠢ ᠨᠡᠮᠡᠭ᠌ᠳᠡᠭᠦᠯᠬᠦ᠌᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠲᠥᠷᠥᠯ ᠲᠡᠮᠳᠡᠭ᠌ ᠡᠭᠦᠳᠬᠦ᠌》 ᠴᠢᠭ᠌ᠯᠡᠯ᠎ᠦᠨ ᠲᠣᠭᠠᠴᠢᠯᠠᠯᠳᠡ ᠳᠠᠢᠰᠢ ᠬᠡᠯᠪᠡᠷᠢ᠎ᠪᠡᠨ ᠬᠤᠪᠢᠷᠠᠭᠤᠯᠬᠤ ᠠᠵᠢᠯ ᠱᠢᠨ᠎ᠡ ᠱᠢᠪᠲᠤᠯᠤᠯᠲᠠ᠎ᠲᠠᠶ ᠪᠣᠯᠤᠭ᠍ᠰᠠᠨ᠎ᠢ ᠬᠠᠷᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号