ᠠᠭᠠᠷ ᠤ᠋ᠨ ᠳᠤᠯᠠᠭᠠᠨ ᠠᠭᠠᠵᠢᠮ ᠢ᠋ᠶᠠᠷ ᠳᠡᠭᠡᠭ᠌ᠰᠢᠯᠡᠬᠦ᠌ ᠵᠢ ᠳᠠᠭᠠᠯᠳᠤᠨ ᠦᠪᠤᠷ ᠮᠤᠩᠭᠤᠯ ᠤ᠋ᠨ ᠪᠣᠷᠣᠲᠣᠬᠣᠢ ᠶ᠋ᠢᠨ ᠤᠰᠤᠯᠠᠯᠲᠠ ᠶ᠋ᠢᠨ ᠣᠷᠣᠨ ᠡᠴᠡ ᠪᠠᠷᠠᠭᠤᠨ ᠯᠢᠶᠣᠤᠾᠧ ᠭᠣᠣᠯ ᠤ᠋ᠨ ᠲᠠᠯ᠎ᠠ ᠭᠠᠵᠠᠷ ᠬᠦᠷᠲᠡᠯ᠎ᠡ᠂ ᠮᠤᠨᠢ ᠠᠭᠤᠯᠠ ᠶ᠋ᠢᠨ ᠡᠮᠦᠨ᠎ᠡ ᠬᠣᠷᠮᠣᠢ ᠡᠴᠡ ᠬᠠᠷ᠎ᠠ ᠬᠥᠷᠥᠰᠥᠲᠦ ᠭᠠᠵᠠᠷ ᠤ᠋ᠨ ᠭᠣᠣᠯ ᠲᠠᠷᠢᠮᠠᠯ ᠤ᠋ᠨ ᠣᠷᠣᠨ ᠬᠦᠷᠲᠡᠯᠡᠬᠢ ᠡᠯ᠎ᠡ ᠭᠠᠵᠠᠷ ᠤ᠋ᠨ ᠲᠠᠷᠢᠶᠠᠴᠢᠳ ᠪᠦᠷ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯ ᠳ᠋ᠠᠭᠠᠨ ᠶᠠᠭᠠᠷᠠᠵᠤ᠂ ᠪᠦᠬᠦ ᠤᠷᠤᠨ ᠶ᠋ᠢᠡᠷ ᠶ᠋ᠢᠡᠨ ᠬᠠᠪᠤᠷ ᠤ᠋ᠨ ᠲᠠᠷᠢᠶᠠᠯᠠᠭ᠎ᠠ ᠵᠢᠨ ᠬᠠᠮᠤᠭ ᠤ᠋ᠨ ᠶᠠᠭᠠᠷᠠᠯᠲᠠᠢ ᠬᠤᠭᠤᠴᠠᠭᠠᠨ ᠳ᠋ᠦ ᠤᠷᠤᠪᠠ᠃
ᠬᠢᠩᠭᠠᠨ ᠠᠢᠮᠠᠭ ᠤ᠋ᠨ ᠰᠣᠯᠣᠨ ᠮᠠᠯᠵᠢᠯ ᠤ᠋ᠨ ᠲᠠᠯᠠᠪᠠᠶ ᠶ᠋ᠢᠨ ᠬᠡᠪᠴᠢᠶᠡᠵᠢᠭ᠌ᠰᠡᠨ ᠡᠵᠡᠩᠨᠡᠯᠲᠡ ᠬᠠᠮᠢᠶᠠᠷᠤᠯᠲᠠ ᠶ᠋ᠢᠨ ᠲᠣᠭᠣᠷᠢᠭ ᠲᠦ᠍ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶ᠋ᠢᠨ ᠱᠢᠰᠲ᠋ᠧᠮ ᠢ᠋ ᠤᠭᠰᠠᠷᠠᠭᠰᠠᠨ ᠲᠣᠮᠣ ᠬᠡᠯᠪᠡᠷᠢ ᠶ᠋ᠢᠨ ᠲᠠᠷᠢᠮᠠᠯ ᠤ᠋ᠨ ᠮᠠᠱᠢᠨ ᠵᠢᠭ᠌ᠳᠡ ᠬᠤᠷᠳᠤᠴᠠ ᠪᠠᠷ ᠤᠷᠤᠭ᠍ᠰᠢᠯᠠᠵᠤ᠂ ᠲᠠᠷᠢᠶᠠᠨ ᠱᠠᠡᠭ ᠤ᠋ᠨ ᠵᠠᠶ᠂ ᠲᠠᠷᠢᠮᠠᠯ ᠤ᠋ᠨ ᠭᠦᠨᠴᠡ ᠪᠠ ᠨᠢᠭ᠍ᠲᠠᠴᠠ ᠵᠢ ᠣᠨᠣᠪᠴᠢᠲᠠᠶ ᠡᠵᠡᠮᠳᠡᠵᠦ᠍᠂ ᠺᠢᠯᠣᠮᠧᠲ᠋ᠷ ᠪᠦᠷᠢ ᠶ᠋ᠢᠨ ᠵᠦᠷᠢᠶ᠎ᠡ ᠵᠢ 2.5 ᠰᠠᠨᠲ᠋ᠢᠮᠧᠲ᠋ᠷ ᠤ᠋ᠨ ᠳᠤᠲᠤᠷ᠎ᠡ ᠬᠢᠵᠠᠭᠠᠷᠯᠠᠨ᠂ ᠳᠠᠬᠢᠨ ᠳᠠᠷᠢᠬᠤ᠂ ᠣᠷᠬᠢᠭ᠍ᠳᠠᠭᠤᠯᠤᠨ ᠳᠠᠷᠢᠬᠤ ᠦᠵᠡᠭ᠌ᠳᠡᠯ ᠢ᠋ ᠪᠦᠲᠦᠮᠵᠢᠲᠡᠶ ᠬᠣᠷᠢᠭ᠍ᠯᠠᠵᠤ᠂ ᠲᠠᠷᠢᠮᠠᠯ ᠤ᠋ᠨ ᠦᠷ᠎ᠡ ᠪᠦᠲᠦᠮᠵᠢ ᠪᠠ ᠠᠵᠢᠯ ᠤ᠋ᠨ ᠶᠠᠰᠤ ᠴᠢᠨᠠᠷ ᠢ᠋ ᠢᠯᠡᠳᠲᠡ ᠳᠡᠭᠡᠭ᠌ᠰᠢᠯᠡᠭᠦᠯᠪᠡ᠃ ᠡᠨᠡ ᠵᠢᠯ ᠲᠤᠰ ᠲᠤᠭᠤᠷᠢᠭ ᠤ᠋ᠨ ᠪᠣᠭᠣᠳᠠᠶ ᠶ᠋ᠢᠨ ᠲᠠᠷᠢᠮᠠᠯ ᠤ᠋ᠨ ᠲᠠᠯᠠᠪᠠᠶ 3000 ᠮᠥ᠍ ᠳ᠋ᠤ ᠬᠦᠷᠴᠦ᠂ ᠪᠥᠬᠥ᠌ ᠶᠠᠪᠤᠴᠠ ᠶ᠋ᠢᠨ ᠮᠠᠰᠢᠨᠴᠢᠯᠠᠯᠲᠠ ᠵᠢ ᠪᠡᠶᠡᠯᠡᠭᠦᠯᠦᠭᠰᠡᠨ ᠡᠴᠡ 3 ᠡᠳᠦᠷ ᠤ᠋ᠨ ᠳᠣᠲᠣᠷ᠎ᠠ ᠪᠦᠬᠦᠨ ᠢ᠋ ᠲᠠᠷᠢᠴᠢᠬᠠᠨ᠎ᠠ᠃
ᠤᠯᠠᠭᠠᠨᠴᠠᠪ ᠬᠤᠳᠠ ᠶ᠋ᠢᠨ ᠳᠥᠷᠪᠡᠳ ᠬᠣᠱᠢᠭᠤᠨ ᠤ᠋ ᠬᠢᠷᠰᠠᠳᠠᠢ ᠪᠠᠯᠭᠠᠰᠤ ᠶ᠋ᠢᠨ ᠳ᠋ᠸ ᠱᠧᠩ ᠭᠸᠤ ᠲᠣᠰᠭᠣᠨ ᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠳᠦᠭᠡᠨ ᠪᠠᠢᠭᠤᠯᠤᠯᠲᠠ ᠶ᠋ᠢᠨ ᠲᠤᠬᠠᠢ ᠶ᠋ᠢᠨ ᠲᠠᠯᠠᠪᠠᠢ ᠳ᠋ᠤ ᠮᠠᠱᠢᠨ ᠬᠦᠷᠴᠢᠭᠢᠨᠡᠨ᠂ ᠠᠵᠢᠯᠴᠢᠳ ᠬᠣᠭᠣᠯᠠᠢ ᠵᠢ ᠵᠠᠯᠭᠠᠬᠤ᠂ ᠪᠤᠯᠠᠬᠤ᠂ ᠬᠤᠳᠳᠤᠭ ᠤ᠋ᠨ ᠪᠠᠢᠱᠢᠩ ᠪᠠᠷᠢᠬᠤ ᠵᠡᠷᠭᠡ ᠠᠵᠢᠯ ᠢ᠋ ᠠᠮᠵᠢᠭᠤᠯᠵᠤ᠂ ᠲᠦᠷᠦᠯ ᠵᠦᠢᠯ ᠤ᠋ᠨ ᠰᠡᠭᠦᠯ ᠬᠤᠷᠢᠶᠠᠬᠤ ᠠᠵᠢᠯ ᠳ᠋ᠦ ᠶᠠᠭᠠᠷᠠᠯᠳᠤᠨ᠎ᠠ᠃ ᠡᠨᠡ ᠵᠢᠯ ᠳᠥᠷᠪᠡᠳ ᠬᠣᠱᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠡᠭᠦᠷᠭᠡ ᠵᠢ ᠪᠥᠬᠥ᠌ ᠲᠠᠯ᠎ᠠ ᠪᠠᠷ ᠠᠬᠢᠭᠤᠯᠵᠤ᠂ ᠲᠠᠷᠢᠶᠠᠨ ᠭᠠᠵᠠᠷ ᠤ᠋ᠨ ᠵᠠᠰᠠᠯᠳᠠ᠂ ᠲᠠᠷᠢᠶᠠᠨ ᠭᠠᠵᠠᠷ ᠤ᠋ᠨ ᠤᠰᠤᠨ ᠠᠱᠢᠭ᠍ᠯᠠᠯᠲᠠ᠂ ᠲᠠᠷᠢᠶᠠᠨ ᠭᠠᠵᠠᠷ ᠤ᠋ᠨ ᠵᠠᠮ᠂ ᠲᠠᠷᠢᠶᠠᠨ ᠭᠠᠵᠠᠷ ᠤ᠋ᠨ ᠬᠠᠮᠠᠭᠠᠯᠠᠯᠲᠠ ᠬᠢᠭᠡᠳ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠪᠤᠯᠤᠨ ᠲᠠᠷᠢᠶᠠᠨ ᠭᠠᠵᠠᠷ ᠤ᠋ᠨ ᠴᠠᠬᠢᠯᠭᠠᠨ ᠳᠠᠮᠵᠢᠭᠤᠯᠬᠤ ᠴᠠᠬᠢᠯᠭᠠᠨ ᠲᠦᠭᠡᠭᠡᠬᠦ᠌᠂ ᠲᠠᠷᠢᠶᠠᠨ ᠭᠠᠵᠠᠷ ᠤ᠋ᠨ ᠬᠥᠷᠥᠰᠥ᠍ ᠱᠢᠷᠣᠶ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ 6 ᠶᠡᠬᠡ ᠢᠨᠵᠧᠨᠧᠷᠢᠩ ᠶ᠋ᠢᠡᠷ ᠳᠠᠮᠵᠢᠨ ᠲᠠᠷᠢᠶᠠᠯᠠᠩ ᠤ᠋ᠨ ᠰᠠᠭᠤᠷᠢ ᠲᠥᠬᠥᠭᠡᠷᠦᠮᠵᠢ ᠶ᠋ᠢᠨ ᠳᠤᠲᠠᠭᠤᠳᠠᠯ ᠢ᠋ ᠪᠥᠬᠥ᠌ ᠲᠠᠯ᠎ᠠ ᠪᠡᠷ ᠨᠥᠬᠥᠪᠥᠷᠢᠯᠡᠵᠦ᠍᠂ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯᠳᠤ ᠬᠦᠴᠦᠲᠡᠶ ᠪᠠᠲᠤᠯᠠᠭ᠎ᠠ ᠬᠠᠡᠭᠭᠠᠵᠤ ᠪᠠᠢᠨ᠎ᠠ᠃
ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠤᠳᠤᠬᠠᠨ ᠳ᠋ᠤ ᠪᠥᠬᠥ᠌ ᠣᠷᠣᠨ ᠤ᠋ ᠡᠯ᠎ᠡ ᠱᠠᠲᠤᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠰᠠᠯᠠᠭ᠎ᠠ ᠮᠥᠴᠢᠷ ᠤ᠋ᠨ ᠬᠢᠨ ᠲᠠᠷᠢᠶᠠᠯᠠᠩ ᠤ᠋ᠨ ᠮᠡᠷᠭᠡᠵᠢᠯ ᠤ᠋ᠨ ᠠᠵᠢᠯᠲᠠᠳ ᠢ᠋ ᠵᠣᠬᠢᠶᠠᠨ ᠪᠠᠢᠭᠤᠯᠤᠨ ᠨᠢᠭᠡᠳᠦᠭᠡᠷ ᠹᠷᠣᠨᠲ ᠲᠦ᠍ ᠭᠦᠨᠵᠡᠭᠡᠢᠷᠡᠭᠦᠯᠵᠤ᠂ ᠮᠡᠷᠭᠡᠵᠢᠯ ᠤ᠋ᠨ ᠵᠢᠯᠣᠭᠣᠳᠣᠯᠭ᠎ᠠ ᠪᠠ ᠪᠤᠯᠪᠠᠰᠤᠷᠠᠯ ᠤ᠋ᠨ ᠦᠶ᠋ᠯᠡᠴᠢᠯᠡᠭᠡ ᠦᠷᠨᠢᠭᠦᠯᠵᠦ ᠪᠤᠢ᠃ ᠡᠬᠦᠨ ᠳ᠋ᠤ ᠬᠥᠷᠥᠰᠥ᠍ ᠱᠢᠷᠣᠶ ᠵᠢ ᠰᠢᠨᠵᠢᠯᠠᠨ ᠪᠠᠢᠴᠠᠭᠠᠵᠤ ᠨᠠᠢᠷᠠᠯᠭ᠎ᠠ ᠲᠠᠶ ᠪᠣᠷᠲᠣᠭᠣᠷ ᠣᠷᠣᠭᠤᠯᠬᠤ᠂ ᠬᠠᠮᠠᠭᠠᠯᠠᠯᠲᠠ ᠶ᠋ᠢᠨ ᠴᠢᠨᠠᠷᠲᠠᠶ ᠪᠡᠷ ᠲᠠᠷᠢᠶᠠᠯᠠᠬᠤ᠂ ᠣᠷᠭᠠᠨᠢᠭ ᠪᠣᠷᠲᠣᠭᠣᠷ ᠵᠢᠡᠷ ᠬᠡᠰᠡᠭ ᠬᠢᠮᠢ ᠶ᠋ᠢᠨ ᠪᠣᠷᠲᠣᠭᠣᠷ ᠢ᠋ ᠣᠷᠣᠯᠠᠭᠤᠯᠬᠤ ᠵᠡᠷᠭᠡ ᠪᠣᠬᠢᠷᠲᠤᠯ ᠥᠬᠡᠶ ᠮᠡᠷᠭᠡᠵᠢᠯ ᠢ᠋ ᠲᠦᠷᠭᠡᠳᠭᠡᠨ ᠳᠡᠯᠭᠡᠷᠡᠭᠦᠯᠵᠦ᠍᠂ ᠪᠥᠬᠥ᠌ ᠵᠢᠯ ᠤ᠋ᠨ ᠠᠮᠤ ᠪᠤᠳᠠᠭᠠᠨ ᠤ᠋ ᠡᠯᠪᠡᠭ ᠬᠤᠷᠢᠶᠠᠯᠲᠠ ᠤᠯᠬᠤᠳᠤ ᠪᠠᠲᠤᠯᠠᠭ᠎ᠠ ᠬᠠᠩᠭᠠᠵᠤ ᠪᠠᠢᠨ᠎ᠠ᠃