ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ ᠤ᠋ ᠠᠮᠤ ᠪᠤᠳᠠᠭ᠎ᠠ ᠪᠠ ᠡᠳ᠋ ᠪᠠᠷᠠᠭ᠎ᠠ ᠨᠦᠬᠡᠴᠡᠯᠡᠬᠦ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ ᠦᠪᠦᠷ ᠮᠤᠨᠭᠭᠤᠯ ᠤ᠋ᠨ ᠡᠯ᠎ᠡ ᠱᠠᠲᠤᠨ ᠤ᠋ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ᠌ ᠵᠠᠰᠠᠭ ᠵᠠᠬᠢᠷᠭᠠᠨ ᠤ᠋ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠤ᠋ᠨ ᠬᠢᠨ 《ᠲᠣᠭ᠎ᠠ ᠬᠡᠮᠵᠢᠶ᠎ᠡ ᠨᠢ ᠦᠨᠡᠨ ᠪᠣᠳᠠᠲᠠᠶ᠂ ᠶᠠᠰᠤ ᠴᠢᠨᠠᠷ ᠨᠢ ᠰᠠᠢᠨ᠂ ᠬᠠᠳᠠᠭᠠᠯᠠᠯᠲᠠ ᠨᠢ ᠠᠮᠤᠷ ᠲᠦᠪᠱᠢᠨ》 ᠪᠠᠢᠬᠤ ᠬᠠᠷᠠᠯᠲᠠ ᠶ᠋ᠢᠨ ᠲᠣᠭᠣᠷᠢᠨ ᠳ᠋ᠤ ᠪᠥᠬᠥ᠌ ᠶᠠᠪᠤᠴᠠ ᠶ᠋ᠢᠨ ᠬᠠᠮᠢᠶᠠᠷᠤᠯᠲᠠ ᠡᠵᠡᠮᠳᠡᠯ᠂ ᠪᠥᠬᠥ᠌ ᠬᠡᠯᠬᠢᠶ᠎ᠡ ᠶ᠋ᠢᠨ ᠬᠢᠨᠠᠯᠲᠠ ᠬᠠᠮᠢᠶᠠᠷᠤᠯᠲᠠ ᠵᠢ ᠪᠠᠷᠢᠮᠲᠠᠯᠠᠵᠤ᠂ ᠵᠠᠰᠠᠭ ᠤ᠋ᠨ ᠣᠷᠳᠣᠨ ᠤ᠋ ᠨᠥᠭᠡᠴᠡ ᠠᠮᠤ ᠪᠤᠳᠠᠭᠠᠨ ᠤ᠋ ᠶᠠᠰᠤ ᠴᠢᠨᠠᠷ ᠤ᠋ᠨ ᠠᠮᠤᠷ ᠲᠦᠪᠱᠢᠨ ᠢ᠋ ᠦᠨᠡᠨ ᠬᠦ᠌ ᠪᠠᠲᠤᠯᠠᠵᠤ ᠪᠠᠢᠨ᠎ᠠ᠃
ᠣᠯᠠᠨ ᠲᠦᠮᠡᠨ ᠤ᠋ ᠬᠠᠮᠤᠭ ᠡᠴᠡ ᠠᠩᠬᠠᠷᠴᠤ᠌ ᠪᠠᠢᠭ᠎ᠠ ᠠᠮᠤ ᠪᠤᠳᠠᠭᠠᠨ ᠤ᠋ ᠶᠠᠰᠤ ᠴᠢᠨᠠᠷ ᠤ᠋ᠨ ᠠᠰᠠᠭᠤᠳᠠᠯ ᠳ᠋ᠤ ᠠᠩᠬᠠᠷᠤᠯ ᠢ᠋ᠶ᠋ᠡᠨ ᠲᠥᠪᠯᠡᠷᠡᠭᠦᠯᠦᠨ᠂ ᠤᠷᠢᠳ ᠵᠢᠨᠷ ᠱᠢᠯᠭᠠᠨ ᠪᠠᠢᠴᠠᠭᠠᠵᠤ ᠳᠠᠷᠠᠭ᠎ᠠ ᠨᠢ ᠬᠥᠮᠥᠷᠭᠡ ᠳ᠋ᠤ ᠣᠷᠣᠭᠤᠯᠬᠤ ᠵᠠᠷᠴᠢᠮ ᠢ᠋ ᠪᠠᠷᠢᠮᠲᠠᠯᠠᠵᠤ᠂ ᠠᠮᠤ ᠪᠤᠳᠠᠭᠠᠨ ᠤ᠋ ᠶᠠᠰᠤ ᠴᠢᠨᠠᠷ ᠤ᠋ᠨ ᠤᠯᠤᠰ ᠤ᠋ᠨ ᠪᠠᠷᠢᠮᠵᠢᠶ᠎ᠠ ᠬᠢᠭᠡᠳ ᠢᠳᠡᠭᠡᠨ ᠤ᠋ ᠠᠮᠤᠷ ᠲᠦᠪᠱᠢᠨ ᠤ᠋ ᠪᠠᠷᠢᠮᠵᠢᠶ᠎ᠠ ᠵᠢ ᠴᠢᠩᠭ᠎ᠠ ᠬᠡᠷᠡᠭ᠌ᠵᠢᠭᠦᠯᠦᠨ᠂ ᠬᠤᠳᠠᠯᠳᠤᠨ ᠠᠪᠬᠤ ᠪᠠ ᠡᠭᠡᠯᠵᠢᠯᠡᠨ ᠰᠤᠯᠢᠵᠤ ᠬᠥᠮᠥᠷᠭᠡ ᠳ᠋ᠤ ᠣᠷᠣᠭᠤᠯᠬᠤ ᠠᠮᠤ ᠪᠤᠳᠠᠭ᠎ᠠ ᠳ᠋ᠤ ᠶᠠᠰᠤ ᠴᠢᠨᠠᠷ ᠤ᠋ᠨ ᠳᠡᠰ᠂ ᠬᠠᠳᠠᠭᠠᠯᠠᠬᠤ ᠶᠠᠰᠤ ᠴᠢᠨᠠᠷ᠂ ᠢᠳᠡᠭᠡᠨ ᠤ᠋ ᠠᠮᠤᠷ ᠲᠦᠪᠱᠢᠨ ᠤ᠋ ᠭᠦᠶ᠋ᠴᠡᠳᠭᠡᠯ ᠲᠣᠭ᠎ᠠ ᠶ᠋ᠢᠨ ᠱᠢᠯᠭᠠᠨ ᠪᠠᠢᠴᠠᠭᠠᠯᠲᠠ ᠵᠢ ᠥᠷᠨᠢᠭᠦᠯᠵᠦ᠍᠂ ᠬᠥᠮᠥᠷᠭᠡ ᠳ᠋ᠤ ᠣᠷᠣᠭᠤᠯᠬᠤ ᠠᠮᠤ ᠪᠤᠳᠠᠭ᠎ᠠ ᠵᠢ ᠤᠯᠤᠰ ᠤ᠋ᠨ ᠲᠣᠭ᠍ᠲᠠᠭᠠᠭ᠍ᠰᠠᠨ ᠶᠠᠰᠤ ᠴᠢᠨᠠᠷ ᠤ᠋ᠨ ᠠᠮᠤᠷ ᠲᠦᠪᠱᠢᠨ ᠤ᠋ ᠪᠠᠷᠢᠮᠵᠢᠶ᠎ᠠ ᠳ᠋ᠤ ᠨᠡᠢᠴᠡᠭᠦᠯᠬᠦ᠌᠂ ᠲᠣᠭ᠍ᠲᠠᠭᠠᠭ᠍ᠰᠠᠨ ᠶᠠᠰᠤ ᠴᠢᠨᠠᠷ ᠤ᠋ᠨ ᠳᠡᠰ ᠲᠦ᠍ ᠬᠦᠷᠭᠡᠬᠦ ᠵᠢ ᠦᠨᠡᠨ ᠬᠦ᠌ ᠪᠠᠲᠤᠯᠠᠵᠤ ᠪᠠᠢᠨ᠎ᠠ᠃ ᠬᠥᠮᠥᠷᠭᠡ ᠡᠴᠡ ᠭᠠᠷᠭᠠᠬᠤ ᠳ᠋ᠤ ᠱᠢᠯᠭᠠᠨ ᠪᠠᠢᠴᠠᠭᠠᠬᠤ ᠳᠦᠷᠢᠮ ᠢ᠋ ᠴᠢᠩᠭ᠎ᠠ ᠬᠡᠷᠡᠭ᠌ᠵᠢᠭᠦᠯᠵᠦ᠍᠂ ᠵᠠᠰᠠᠭ ᠤ᠋ᠨ ᠣᠷᠳᠣᠨ ᠤ᠋ ᠪᠤᠶ ᠪᠦᠬᠦᠢ ᠨᠥᠭᠡᠴᠡ ᠠᠮᠤ ᠲᠣᠰᠣ ᠵᠢ ᠬᠥᠮᠥᠷᠭᠡ ᠡᠴᠡ ᠭᠠᠷᠭᠠᠬᠤ ᠳ᠋ᠤ ᠡᠷᠬᠡᠪᠰᠢ ᠶᠠᠰᠤ ᠴᠢᠨᠠᠷ ᠢ᠋ ᠱᠢᠯᠭᠠᠨ ᠪᠠᠢᠴᠠᠭᠠᠭ᠍ᠰᠠᠨ ᠮᠡᠳᠡᠭᠦᠯᠦᠯᠲᠡ ᠬᠢᠵᠦ᠍᠂ ᠬᠥᠮᠥᠷᠭᠡ ᠡᠴᠡ ᠭᠠᠷᠭᠠᠬᠤ ᠳ᠋ᠤ ᠡᠷᠬᠡᠪᠰᠢ ᠱᠢᠯᠭᠠᠨ ᠪᠠᠢᠴᠠᠭᠠᠬᠤ ᠵᠢ ᠪᠡᠶᠡᠯᠡᠭᠦᠯᠵᠦ᠍᠂ ᠬᠢᠷᠢ ᠲᠡᠩᠴᠡᠬᠦ᠌ ᠦᠭᠡᠶ ᠠᠮᠤ ᠪᠤᠳᠠᠭᠠᠨ ᠤ᠋ ᠬᠦᠨᠡᠰᠦᠨ ᠠᠮᠤ ᠶ᠋ᠢᠨ ᠵᠠᠬ᠎ᠠ ᠳᠡᠯᠭᠡᠭᠦᠷ ᠪᠣᠯᠤᠨ ᠢᠳᠡᠭᠡᠨ ᠤ᠋ ᠦᠢᠯᠡᠳᠪᠦᠷᠢᠯᠡᠯ ᠤ᠋ᠨ ᠠᠵᠤ ᠠᠬᠤᠢᠯᠠᠯ ᠳ᠋ᠤ ᠤᠷᠤᠬᠤ ᠵᠢ ᠴᠢᠩᠭ᠎ᠠ ᠰᠡᠷᠭᠡᠢᠯᠡᠵᠦ ᠪᠠᠢᠨ᠎ᠠ᠃
ᠬᠥᠮᠥᠷᠭᠡ ᠳ᠋ᠤ ᠬᠠᠳᠠᠭᠠᠯᠠᠵᠤ ᠪᠠᠢᠭ᠎ᠠ ᠠᠮᠤ ᠪᠤᠳᠠᠭ᠎ᠠ ᠵᠢ ᠴᠢᠩᠭ᠎ᠠ ᠬᠠᠮᠢᠶᠠᠷᠴᠤ᠂ ᠵᠢᠯ ᠪᠤᠯᠭᠠᠨ ᠲᠥᠷᠥ ᠶ᠋ᠢᠨ ᠪᠣᠳᠣᠯᠭ᠎ᠠ ᠶ᠋ᠢᠨ ᠴᠢᠨᠠᠷᠲᠠᠶ ᠠᠮᠤ ᠪᠤᠳᠠᠭ᠎ᠠ ᠲᠣᠰᠣᠨ ᠤ᠋ ᠬᠥᠮᠥᠷᠭᠡ ᠶ᠋ᠢᠨ ᠬᠠᠳᠠᠭᠠᠯᠠᠯᠲᠠ ᠶ᠋ᠢᠨ ᠪᠠᠢᠴᠠᠭᠠᠯᠲᠠ ᠵᠢ ᠵᠣᠬᠢᠶᠠᠨ ᠪᠠᠢᠭᠤᠯᠤᠨ ᠥᠷᠨᠢᠭᠦᠯᠵᠦ᠂ ᠪᠠᠢᠩᠭᠤᠵᠢᠭᠤᠯᠤᠨ ᠲᠣᠭᠣᠷᠢᠨ ᠪᠠᠢᠴᠠᠭᠠᠵᠤ᠂ ᠨᠥᠭᠡᠴᠡᠯᠡᠬᠦ ᠠᠵᠤ ᠠᠬᠤᠢᠯᠠᠯ ᠤ᠋ᠨ ᠬᠢᠨᠠᠯᠲᠠ ᠬᠠᠮᠢᠶᠠᠷᠤᠯᠲᠠ ᠵᠢ ᠪᠦᠬᠦᠨ ᠢ᠋ ᠪᠦᠷᠬᠦᠭᠦᠯᠬᠦ᠌ ᠵᠢ ᠪᠡᠶᠡᠯᠡᠭᠦᠯᠪᠡ᠃ 《ᠨᠢᠭᠡ ᠬᠥᠮᠥᠷᠭᠡ ᠳ᠋ᠤ ᠨᠢᠭᠡ ᠳᠠᠩᠰᠠ ᠡᠪᠬᠡᠮᠡᠯ ᠲᠠᠢ᠂ ᠨᠢᠭᠡ ᠪᠦᠯᠦᠭ ᠬᠠᠳᠠᠭᠠᠯᠠᠯᠲᠠ ᠶ᠋ᠢᠨ ᠠᠮᠤ ᠪᠤᠳᠠᠭ᠎ᠠ ᠳ᠋ᠤ ᠨᠢᠭᠡ ᠨᠣᠮᠧᠷ ᠲᠠᠢ》 ᠪᠠᠢᠬᠤ ᠶᠠᠰᠤ ᠴᠢᠨᠠᠷ ᠢ᠋ ᠮᠥᠷᠳᠡᠬᠦ ᠰᠢᠰᠲᠸᠮ ᠢ᠋ ᠪᠠᠢᠭᠤᠯᠵᠤ᠂ ᠢᠷᠡᠯᠲᠡ ᠵᠢ ᠨᠢ ᠪᠠᠢᠴᠠᠭᠠᠵᠤ ᠪᠣᠯᠬᠤ᠂ ᠬᠠᠨᠳᠤᠰᠢ ᠵᠢ ᠨᠢ ᠮᠦᠷᠳᠡᠵᠦ ᠪᠣᠯᠬᠤ᠂ ᠬᠠᠷᠢᠭᠤᠴᠠᠯᠭ᠎ᠠ ᠵᠢ ᠨᠢ ᠨᠡᠬᠡᠮᠵᠢᠯᠡᠵᠦ᠍ ᠪᠣᠯᠬᠤ ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ ᠤ᠋ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠵᠠᠰᠠᠭ ᠵᠠᠬᠢᠷᠭᠠᠨ ᠤ᠋ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠵᠢᠴᠢ ᠨᠥᠭᠡᠴᠡᠯᠡᠬᠦ᠌ ᠵᠢ ᠡᠭᠦᠷᠭᠡᠯᠡᠵᠦ᠍ ᠪᠠᠢᠭ᠎ᠠ ᠠᠵᠤ ᠠᠬᠤᠢᠯᠠᠯ ᠢ᠋ ᠬᠠᠮᠤᠷᠤᠭ᠍ᠰᠠᠨ ᠨᠥᠭᠡᠴᠡ ᠠᠮᠤ ᠶ᠋ᠢᠨ ᠮᠡᠳᠡᠭᠡ ᠵᠠᠩᠭᠢᠵᠢᠯᠲᠠ ᠶ᠋ᠢᠨ ᠬᠠᠮᠢᠶᠠᠷᠤᠯᠲᠠ ᠶ᠋ᠢᠨ ᠲᠠᠪᠴᠠᠩ ᠢ᠋ ᠪᠠᠢᠭᠤᠯᠵᠤ᠂ ᠠᠮᠤ ᠪᠤᠳᠠᠭᠠᠨ ᠤ᠋ ᠪᠠᠢᠳᠠᠯ ᠢ᠋ ᠴᠠᠭ ᠲᠤᠬᠠᠶ ᠳ᠋ᠤᠨᠢ ᠬᠢᠨᠠᠨ ᠬᠡᠮᠵᠢᠵᠦ᠍᠂ ᠬᠦᠮᠦᠨ ᠪᠠ ᠮᠠᠰᠢᠨ ᠬᠠᠮᠵᠢᠯᠴᠠᠨ ᠬᠢᠨᠠᠨ ᠬᠠᠮᠢᠶᠠᠷᠬᠤ ᠵᠢ ᠪᠡᠶᠡᠯᠡᠭᠦᠯᠪᠡ᠃ ᠰᠠᠯᠠᠭ᠎ᠠ ᠮᠥᠴᠢᠷ ᠤ᠋ᠨ ᠬᠠᠮᠲᠤᠷᠠᠨ ᠬᠢᠨᠠᠨ ᠬᠠᠮᠢᠶᠠᠷᠬᠤ᠂ ᠣᠷᠣᠨ ᠪᠦᠰᠡ ᠠᠯᠤᠰᠯᠠᠨ ᠰᠣᠯᠪᠢᠴᠠᠨ ᠪᠠᠢᠴᠠᠭᠠᠬᠤ᠂ ᠲᠠᠰ ᠳᠡᠪᠱᠢᠭᠦᠯᠦᠨ ᠪᠠᠢᠴᠠᠭᠠᠨ ᠱᠢᠶ᠋ᠳᠪᠦᠷᠢᠯᠡᠬᠦ᠌ ᠵᠢ ᠴᠢᠩᠭᠠᠳᠭᠠᠵᠤ᠂ ᠮᠠᠭᠤ ᠪᠡᠷ ᠰᠠᠢᠨ ᠢ᠋ ᠣᠷᠣᠯᠠᠭᠤᠯᠬᠤ᠂ ᠡᠯᠳᠡᠪ ᠬᠠᠭᠤᠷᠮᠠᠭ ᠶᠠᠭᠤᠮ᠎ᠠ ᠬᠣᠯᠢᠬᠤ᠂ ᠲᠣᠭ᠍ᠲᠠᠭᠠᠯ ᠡᠴᠡ ᠵᠥᠷᠢᠴᠡᠨ ᠡᠭᠡᠯᠵᠢᠯᠡᠨ ᠰᠤᠯᠢᠬᠤ ᠵᠡᠷᠭᠡ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭ᠎ᠠ ᠳ᠋ᠤ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠂ ᠣᠷᠳᠣ ᠬᠤᠭᠤᠴᠠᠭᠠᠨ ᠤ᠋ ᠪᠦᠲᠦᠮᠵᠢᠲᠡᠶ ᠰᠦᠷᠳᠡᠭᠦᠯᠦᠯ ᠢ᠋ ᠪᠣᠶ ᠪᠣᠯᠭᠠᠪᠠ᠃