ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠰᠣᠶᠣᠯ ᠲᠡᠦᠬᠡ ᠪᠠ ᠰᠤᠷᠤᠯᠴᠠᠯᠭ᠎ᠠ᠎ᠶ᠋ᠢᠨ ᠵᠥᠪᠯᠡᠯ᠎ᠡᠴᠡ ᠬᠡᠰᠡᠭ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠬᠡᠷᠡᠭ᠌ᠯᠡᠭᠡᠨ᠎ᠦ ᠬᠡᠯᠪᠡᠷᠢ᠎ᠶ᠋ᠢᠨ ᠣᠶᠤᠨ᠎ᠤ ᠬᠥᠮᠥᠷᠭᠡ᠎ᠶ᠋ᠢᠨ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ᠂ 《ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ — 〈ᠥᠪᠥᠷ ᠮᠣᠩᠭᠣᠯ᠎ᠤᠨ ᠰᠣᠶᠣᠯ ᠲᠡᠦᠬᠡ᠎ᠶ᠋ᠢᠨ ᠮᠠᠲ᠋ᠧᠷᠢᠶᠠᠯ〉 ᠢ᠋ ᠤᠩᠱᠢᠵᠤ ᠣᠯᠠᠨ ᠡᠱᠢᠲᠦ ᠨᠢᠭᠡ ᠴᠣᠭ᠍ᠴᠠᠵᠢᠭ᠍ᠰᠠᠨ ᠪᠣᠯᠪᠠᠰᠤᠨ᠎ᠤ ᠡᠭᠦᠰᠦᠯ ᠬᠦᠭᠵᠢᠯ᠎ᠢ ᠬᠠᠷᠠᠬᠤᠢ》 ᠭᠡᠬᠦ ᠭᠤᠤᠯ ᠰᠡᠳᠦᠪᠲᠦ ᠤᠩᠰᠢᠯᠭ᠎ᠠ᠎ᠵᠢᠨ ᠠᠵᠢᠯᠯᠠᠭ᠎ᠠ ᠡᠷᠭᠢᠯᠡᠪᠡ᠃
ᠠᠵᠢᠯᠯᠠᠭ᠎ᠠ᠎ᠳᠤ ᠣᠷᠣᠯᠴᠠᠭ᠍ᠰᠠᠳ ᠭᠤᠤᠯ ᠰᠡᠳᠦᠪ᠎ᠦᠨ ᠲᠣᠭᠣᠷᠢᠨ᠎ᠳᠤ᠂ 《ᠥᠪᠥᠷ ᠮᠣᠩᠭᠣᠯ᠎ᠤᠨ ᠰᠣᠶᠣᠯ ᠲᠡᠦᠬᠡ᠎ᠶ᠋ᠢᠨ ᠮᠠᠲ᠋ᠧᠷᠢᠶᠠᠯ》 ᠤ᠋ᠨ ᠬᠣᠯᠪᠣᠭ᠍ᠳᠠᠯ ᠪᠥᠬᠥᠶ ᠵᠣᠬᠢᠶᠠᠯ᠎ᠳᠤ ᠰᠠᠭᠤᠷᠢᠯᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠦ ᠴᠤᠬᠴᠠᠯᠠᠬᠤ᠂ ᠲᠡᠦᠬᠡ᠎ᠶ᠋ᠢᠨ ᠰᠤᠳᠠᠰᠤᠵᠡᠷᠭᠡ ᠣᠯᠠᠨ ᠲᠠᠯ᠎ᠠ᠎ᠠᠴᠠ ᠤᠩᠱᠢᠯᠭ᠎ᠠ᠎ᠶ᠋ᠢᠨ ᠤᠯᠤᠯᠲᠠ ᠲᠥᠷᠥᠭ᠌ᠳᠡᠯ᠎ᠢᠶᠡᠨ ᠬᠤᠪᠢᠶᠠᠯᠴᠠᠨ ᠶᠠᠷᠢᠯᠴᠠᠵᠤ᠂ ᠦᠵᠡᠯ ᠰᠠᠨᠠᠭ᠎ᠠ᠎ᠪᠠᠨ ᠰᠣᠯᠢᠯᠴᠠᠬᠤ ᠶᠠᠪᠤᠴᠠ᠎ᠳᠤ ᠬᠠᠮᠲᠤ᠎ᠶ᠋ᠢᠨ ᠲᠠᠨᠢᠯᠲᠠ᠎ᠵᠢ ᠲᠠᠰᠤᠷᠠᠯᠲᠠ ᠥᠬᠡᠶ ᠨᠢᠭ᠍ᠲᠠᠷᠠᠭᠤᠯᠵᠤ᠂ ᠰᠣᠶᠣᠯ᠎ᠤᠨ ᠢᠲᠡᠭᠡᠯ᠎ᠢᠶᠡᠨ ᠪᠠᠲᠤᠳᠭᠠᠪᠠ᠃ ᠲᠣᠰ ᠤᠳᠠᠭᠠᠨ᠎ᠤ ᠤᠩᠰᠢᠯᠭᠠᠵᠢᠨᠠᠵᠢᠯᠯᠠᠭᠠ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠠᠷᠠᠳ᠎ᠤᠨ ᠤᠩᠰᠢᠯᠭ᠎ᠠ᠎ᠶ᠋ᠢ ᠠᠬᠢᠭᠤᠯᠬᠤ᠂ ᠪᠢᠴᠢᠭ᠎ᠦᠨ ᠰᠤᠷᠪᠤᠯᠵᠢᠲᠤ ᠨᠡᠢᠭᠡᠮ᠎ᠢ ᠪᠠᠢᠭᠤᠯᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠪᠣᠳᠠᠲᠠᠶ ᠦᠶ᠋ᠯᠡᠳᠦᠯᠭᠡ ᠮᠥᠨ᠂ ᠪᠠᠰᠠ ᠴᠤ᠌ 《ᠪᠥᠬᠥ᠌ ᠠᠷᠠᠳ᠎ᠤᠨ ᠤᠩᠰᠢᠯᠭ᠎ᠠ᠎ᠵᠢ ᠠᠬᠢᠭᠤᠯᠬᠤ ᠲᠦᠷᠢᠮ》 ᠢ᠋ ᠬᠢᠨᠠᠮᠠᠭᠠᠶ ᠨᠠᠢᠳᠠᠪᠤᠷᠢᠵᠢᠭᠤᠯᠬᠤ᠂ ᠪᠥᠬᠥ᠌ ᠠᠷᠠᠳ᠎ᠢ ᠬᠠᠮᠤᠷᠤᠭ᠍ᠰᠠᠨ᠂ ᠲᠦᠭᠡᠮᠡᠯ ᠬᠠᠷᠠᠭᠠᠯᠵᠠᠯ᠎ᠲᠠᠶ ᠥᠨᠳᠥᠷ ᠪᠦᠲᠦᠮᠵᠢᠲᠡᠶ ᠤᠩᠰᠢᠯᠭ᠎ᠠ᠎ᠶ᠋ᠢ ᠠᠬᠢᠭᠤᠯᠬᠤ ᠱᠢᠰᠲ᠋ᠧᠮ᠎ᠢ ᠪᠠᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠃ ᠠᠵᠢᠯᠯᠠᠭ᠎ᠠ ᠨᠢ ᠤᠩᠰᠢᠯᠭ᠎ᠠ᠎ᠪᠠᠷ ᠬᠣᠯᠪᠣᠭᠠᠰᠤ ᠪᠣᠯᠭᠠᠵᠤ᠂ ᠰᠣᠶᠣᠯ ᠲᠡᠦᠬᠡ᠎ᠪᠡᠷ ᠬᠥᠭᠥᠷᠭᠡ ᠪᠣᠯᠭᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠲᠡᠦᠬᠡ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠰᠣᠶᠣᠯ᠎ᠤᠨ ᠢᠲᠡᠭᠡᠯ᠎ᠢᠶᠡᠨ ᠪᠠᠲᠤᠳᠭᠠᠬᠤ᠎ᠶ᠋ᠢ ᠴᠢᠨᠠᠬᠰᠢᠲᠠ ᠬᠥᠲᠥᠯᠥᠨ ᠵᠢᠯᠣᠭᠣᠳᠴᠤ᠌᠂ ᠨᠡᠢᠭᠡᠮ ᠳᠠᠶᠠᠭᠠᠷ᠎ᠲᠤ ᠨᠣᠮ ᠤᠩᠱᠢᠬᠤ ᠳᠤᠷᠠᠲᠠᠶ᠂ ᠰᠠᠢᠨ ᠨᠣᠮ ᠤᠩᠱᠢᠬᠤ᠂ ᠨᠣᠮ ᠰᠠᠢᠨ ᠤᠩᠱᠢᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠎ᠳᠤ ᠬᠦᠴᠦᠷᠬᠡᠭ ᠶᠡᠬᠡ ᠣᠶᠤᠨ ᠰᠠᠨᠠᠭᠠᠨ᠎ᠤ ᠬᠥᠳᠡᠯᠭᠡᠬᠦ᠌ ᠬᠦᠴᠦᠨ᠎ᠢ ᠨᠢᠭ᠍ᠲᠠᠷᠠᠭᠤᠯᠪᠠ᠃
ᠠᠵᠢᠯᠯᠠᠭ᠎ᠠ ᠳᠠᠭᠤᠰᠤᠭ᠍ᠰᠠᠨ᠎ᠤ ᠳᠠᠷᠠᠭ᠎ᠠ᠂ ᠤᠯᠠᠨ ᠵᠢᠡᠷ ᠵᠢᠡᠨ ᠰᠣᠶᠣᠯ ᠲᠡᠦᠬᠡ᠎ᠶ᠋ᠢᠨ ᠮᠠᠲ᠋ᠧᠷᠢᠶᠠᠯ᠎ᠢ ᠵᠢᠭᠡᠯᠡᠨ ᠤᠩᠱᠢᠬᠤ ᠲᠠᠰᠤᠭ᠎ᠢ ᠲᠣᠭᠣᠷᠢᠨ ᠦᠵᠡᠵᠦ᠍᠂ ᠬᠣᠪᠣᠷ ᠨᠠᠨᠳᠢᠨ ᠲᠡᠦᠬᠡ᠎ᠶ᠋ᠢᠨ ᠮᠠᠲ᠋ᠧᠷᠢᠶᠠᠯ᠎ᠤᠨ ᠠᠴᠢᠶᠠᠯᠠᠭ᠍ᠰᠠᠨ ᠲᠡᠦᠬᠡ᠎ᠶ᠋ᠢᠨ ᠳᠤᠷᠠᠰᠤᠮᠵᠢ ᠪᠠ ᠰᠣᠶᠣᠯ᠎ᠤᠨ ᠦᠨ᠎ᠡ ᠥᠷᠲᠡᠭ᠎ᠢ ᠣᠢᠷ᠎ᠠ ᠵᠠᠢ᠎ᠠᠴᠠ ᠮᠡᠳᠡᠷᠡᠵᠦ᠍᠂ ᠰᠣᠶᠣᠯ ᠲᠡᠦᠬᠡ᠎ᠶ᠋ᠢᠨ ᠮᠠᠲ᠋ᠧᠷᠢᠶᠠᠯ᠎ᠤᠨ 《ᠲᠡᠦᠬᠡ᠎ᠶ᠋ᠢ ᠬᠠᠳᠠᠭᠠᠯᠠᠬᠤ᠂ ᠵᠠᠰᠠᠭ᠎ᠲᠤ ᠲᠤᠰᠠᠯᠠᠬᠤ᠂ ᠪᠦᠯᠬᠦᠮᠳᠡᠬᠦᠯᠬᠦ᠂ ᠬᠥᠮᠦᠨ᠎ᠢ ᠬᠥᠮᠦᠵᠢᠭᠦᠯᠬᠦ᠌》 ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠬᠤ᠎ᠳᠤ ᠰᠠᠭᠤᠷᠢ ᠲᠠᠯᠪᠢᠪᠠ᠃