ᠥᠪᠥᠷ ᠮᠣᠩᠭᠣᠯ᠎ᠤᠨ ᠵᠡᠮᠳᠡᠭ ᠬᠡᠦᠬᠡᠳ᠎ᠢ ᠡᠷᠡᠭᠦᠯᠵᠢᠭᠦᠯᠬᠦ᠌ ᠲᠥᠪ᠎ᠰᠤᠳᠤᠯᠤᠨ ᠰᠤᠷᠤᠯᠴᠠᠬᠤ ᠠᠵᠢᠯᠯᠠᠭ᠎ᠠ ᠡᠷᠬᠢᠯᠡᠪᠡ
2026-04-28 09:47:27
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠵᠡᠮᠳᠡᠭ ᠬᠡᠦᠬᠡᠳ᠎ᠢ ᠡᠷᠡᠭᠦᠯᠵᠢᠬᠦᠯᠬᠦ ᠲᠥᠪ ᠪᠠ ᠵᠧᠵᠢᠶᠠᠩ᠎ᠤᠨ ᠡᠷᠡᠭᠦᠯᠵᠢᠬᠦᠯᠬᠦ ᠡᠮᠴᠢᠯᠡᠭᠡᠨ᠎ᠦ ᠲᠥᠪ (ᠵᠧᠵᠢᠶᠠᠩ ᠮᠤᠵᠢ᠎ᠶ᠋ᠢᠨ ᠬᠡᠦᠬᠡᠳ᠎ᠦᠨ ᠠᠩᠬᠠᠨ᠎ᠤ ᠬᠤᠭᠤᠴᠠᠭᠠᠨ᠎ᠤ ᠬᠠᠮᠢᠶᠠᠷᠤᠯᠲᠠ᠎ᠶ᠋ᠢᠨ ᠲᠥᠪ)ᠤ᠋ᠨ ᠬᠠᠮᠲᠤᠷᠠᠨ ᠡᠷᠬᠢᠯᠡᠭᠰᠡᠨ ᠬᠡᠥᠬᠡᠳ᠎ᠤᠨ ᠡᠷᠡᠬᠦᠯ ᠰᠠᠷᠠᠭᠤᠯ ᠦᠰᠦᠨ ᠪᠤᠢᠵᠢᠯᠲᠡ᠎ᠶᠢᠨ ᠰᠤᠳᠤᠯᠤᠨ ᠰᠤᠷᠤᠯᠴᠠᠬᠤ ᠠᠵᠢᠯᠯᠠᠭ᠎ᠠ ᠬᠠᠩᠵᠸᠥ ᠬᠤᠲᠠ᠎ᠳᠤ ᠶᠠᠪᠤᠬᠳᠠᠪᠠ᠃

ᠲᠣᠰ ᠤᠳᠠᠭᠠᠨ᠎ᠤ ᠠᠵᠢᠯᠯᠠᠭ᠎ᠠ᠎ᠨᠢ 《ᠦᠪᠦᠷ ᠮᠣᠩᠭᠣᠯ ᠵᠧᠵᠢᠶᠠᠩ ᠭᠠᠷ ᠬᠣᠯᠪᠣᠯᠴᠠᠨ ᠬᠠᠮᠵᠢᠯᠴᠠᠨ ᠬᠥᠭ᠌ᠵᠢᠬᠦ᠌》 ᠪᠠᠷ ᠵᠠᠷᠴᠢᠮ ᠪᠣᠯᠭᠠᠵᠤ᠂ ᠣᠨᠴᠠᠭᠠᠶ ᠬᠡᠦᠬᠡᠳ ᠎ᠦᠨ ᠦᠰᠦᠨ ᠪᠣᠢᠵᠢᠯᠲᠡ ᠳ᠋ᠤ ᠬᠦᠴᠦᠨ ᠤᠯᠭᠤᠬᠤ ᠪᠠ ᠬᠡᠷ ᠪᠦᠯᠢ᠎ᠶ᠋ᠢᠨ ᠡᠷᠡᠭᠦᠯᠵᠢᠯ ᠎ᠦᠨ ᠳᠡᠮᠵᠢᠯᠭᠡ᠎ᠳᠤ ᠠᠩᠬᠠᠷᠤᠯ ᠵᠢᠡᠨ ᠲᠦᠪᠯᠡᠷᠡᠬᠦᠯᠪᠡ᠃ ᠰᠤᠳᠤᠯᠤᠨ ᠰᠤᠷᠤᠯᠴᠠᠬᠤ ᠠᠵᠢᠯᠯᠠᠭ᠎ᠠ᠎ᠵᠢᠨ ᠪᠡᠶᠡᠴᠢᠯᠡᠨ ᠣᠢᠯᠠᠭᠠᠬᠤ ᠭᠣᠭ᠍ᠴᠣᠭ᠎ᠠ ᠳ᠋ᠡᠬᠢ ᠬᠡᠦᠬᠡᠳ᠎ᠦᠨ ᠳᠤᠷ᠎ᠠ ᠰᠣᠨᠢᠷᠬᠠᠯ᠎ᠢ ᠲᠠᠲᠠᠬᠰᠠᠨ ᠡᠷᠡᠭᠦᠯᠵᠢᠬᠦᠯᠬᠦ ᠬᠢᠴᠢᠶᠡᠯ᠎ᠦᠨ ᠲᠠᠩᠬᠢᠮ᠎ᠳᠤ᠂ ᠬᠡᠥᠬᠡᠳ ᠪᠠ ᠬᠡᠷ᠎ᠦᠨ ᠠᠬᠠᠮᠠᠳ ᠬᠠᠷᠢᠯᠴᠠᠨ ᠬᠦᠳᠡᠯᠦᠯᠴᠡᠵᠦ᠂ 《ᠬᠡᠦᠬᠡᠳ᠎ᠦᠨ ᠦᠰᠦᠨ ᠪᠣᠢᠵᠢᠯᠲᠠ᠎ᠳ᠋ᠤ ᠬᠡᠷ᠎ᠦᠨ ᠠᠬᠠᠮᠠᠳ ᠬᠦᠴᠦᠨ ᠣᠯᠭᠣᠬᠤ》ᠬᠠᠷᠠᠯᠲᠠ᠎ᠳᠤ ᠬᠦᠷᠴᠦ ᠴᠢᠳᠠᠵᠠᠢ᠃ ᠡᠬᠦᠨ᠎ᠳᠤ᠂ ᠬᠡᠦᠬᠡᠳ᠎ᠦᠳ ᠲᠤᠰᠭᠠᠢ ᠮᠡᠷᠭᠡᠵᠢᠯ᠎ᠦᠨ ᠪᠠᠭ᠍ᠰᠢ᠎ᠶ᠋ᠢᠨ ᠵᠢᠯᠤᠭᠤᠳᠤᠯᠭ᠎ᠠ ᠳᠣᠣᠷ᠎ᠠ᠂ ᠬᠠᠷᠢᠯᠴᠠᠨ ᠬᠥᠳᠡᠯᠦᠯᠴᠡᠬᠦ᠌ ᠠᠵᠢᠯᠯᠠᠭ᠎ᠠ᠎ᠳᠦ ᠢᠳᠡᠪᠬᠢᠲᠡᠢ ᠣᠷᠣᠯᠴᠠᠨ᠂ ᠵᠣᠷᠢᠭ᠍ᠲᠠᠢ᠎ᠪᠠᠷ ᠥᠷᠢᠰᠥᠯᠳᠦᠭᠡᠨ᠎ᠳᠤ ᠬᠠᠨᠳᠤᠵᠦ᠂ ᠭᠡᠷ᠎ᠦᠨ ᠠᠬᠠᠮᠠᠳ ᠤᠯᠠᠮᠵᠢᠯᠠᠯᠲᠤ ᠭᠠᠷ ᠤᠷᠠᠯᠠᠯ᠎ᠤᠨ ᠵᠣᠬᠢᠶᠠᠨ ᠪᠦᠲᠦᠭᠡᠯᠲᠡ᠎ᠶ᠋ᠢ ᠪᠡᠶᠡᠴᠢᠯᠡᠨ ᠣᠢᠯᠠᠭᠠᠵᠤ᠂ ᠬᠡᠥᠬᠡᠳ ᠲᠠᠢ ᠪᠠᠨ ᠬᠠᠷᠢᠯᠴᠠᠨ ᠳᠠᠮᠵᠢᠵᠤ ᠬᠠᠷᠢᠯᠴᠠᠨ ᠬᠠᠪᠰᠤᠷᠤᠯᠴᠠᠬᠤ ᠲᠤᠮᠲᠠ ᠰᠡᠳᠭᠢᠯ ᠰᠠᠨᠠᠭ᠎ᠠ᠎ᠪᠠᠨ ᠲᠠᠢᠪᠤᠱᠢᠷᠠᠭᠤᠯᠤᠨ ᠪᠡᠶ᠎ᠡ ᠰᠡᠳᠭᠢᠯ᠎ᠢᠶᠡᠨ ᠠᠮᠤᠷᠵᠢᠭᠤᠯᠵᠦ᠂ ᠪᠠᠶᠠᠷ ᠬᠦᠷ᠎ᠲᠡᠶ ᠠᠭᠤᠷ ᠠᠮᠢᠰᠭᠤᠯ ᠳᠤᠮᠳᠠ ᠪᠦᠬᠦᠳᠡᠭᠡᠷ ᠵᠢᠡᠨ ᠦᠰᠦᠨ ᠪᠤᠢᠵᠢᠯᠲᠠ᠎ᠵᠢᠨ ᠲᠤᠬᠠᠢ ᠱᠢᠨ᠎ᠡ ᠣᠢᠯᠠᠭᠠᠯᠲᠠ᠎ᠲᠠᠶ ᠪᠣᠯᠪᠠ᠃ ᠡᠬᠦᠨ᠎ᠤ ᠳᠠᠷᠠᠭ᠎ᠠ᠂ ᠡᠯᠪᠡᠭ ᠪᠠᠶᠠᠯᠢᠭ ᠣᠯᠠᠨ ᠶᠠᠩᠵᠤ᠎ᠶ᠋ᠢᠨ᠂ ᠬᠡᠥᠬᠡᠳ᠎ᠤᠨ ᠨᠠᠭᠠᠳᠤᠵᠦ ᠰᠤᠨᠢᠷᠬᠠᠬᠤ ᠳᠤᠷᠠᠲᠠᠢ ᠠᠯᠢ ᠣᠯᠠᠨ ᠰᠤᠳᠤᠯᠤᠨ ᠰᠤᠷᠤᠯᠴᠠᠬᠤ ᠪᠡᠶᠡᠴᠢ ᠣᠢᠯᠠᠭᠠᠯᠲᠠ ᠵᠠᠯᠭᠠᠭ᠎ᠠ᠎ᠪᠠᠷ ᠳᠡᠯᠭᠡᠭ᠌ᠳᠡᠵᠦ᠍᠂ ᠬᠡᠦᠬᠡᠳ᠎ᠦᠳ ᠶᠠᠪᠤᠵᠤ ᠰᠠᠭᠤᠬᠤ ᠳᠤᠮᠳᠠ᠎ᠪᠠᠨ ᠰᠤᠷᠤᠯᠴᠠᠵᠤ᠂ ᠪᠡᠶᠡᠴᠢᠯᠡᠨ ᠣᠢᠯᠠᠭᠠᠬᠤ ᠳᠤᠮᠳᠠ᠎ᠪᠠᠨ ᠤᠬᠠᠭᠠᠷᠠᠵᠤ᠂ ᠦᠶ᠋ᠯᠡᠳᠦᠯᠴᠡᠬᠦ᠌ ᠳᠤᠮᠳᠠ᠎ᠪᠠᠨ ᠬᠠᠷᠢᠯᠴᠠᠨ ᠤᠢᠯᠠᠭᠠᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号