《5·1》 ᠤ᠋ ᠳᠡᠯᠡᠬᠡᠢ᠎ᠶ᠋ᠢᠨ ᠬᠥᠳᠡᠯᠮᠦᠷᠢᠴᠢᠳ᠎ᠦᠨ ᠪᠠᠶᠠᠷ ᠤᠳᠠᠯ ᠦᠭᠡᠢ ᠬᠦᠷᠴᠦ᠍ ᠢᠷᠡᠬᠦ᠌ ᠪᠣᠯᠤᠯ᠎ᠠ᠃ ᠰᠤᠷᠪᠤᠯᠵᠢᠯᠠᠭ᠍ᠴᠢ 27 ᠤ᠋ ᠡᠳᠦᠷ ᠲᠤᠮᠳᠠᠳᠤ ᠵᠢᠨ ᠪᠦᠬᠦ ᠤᠯᠤᠰ ᠤ᠋ᠨ ᠠᠵᠢᠯᠴᠢᠨ ᠤ ᠶᠡᠷᠦᠩᠬᠡᠢ ᠡᠪᠯᠡᠯ᠎ᠡᠴᠡ ᠣᠢᠯᠠᠭᠠᠬᠰᠡᠨ ᠵᠢᠡᠷ᠂ ᠪᠦᠭᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ 4 ᠰᠠᠷ᠎ᠠ᠎ᠶ᠋ᠢᠨ 28 ᠤ᠋ ᠡᠳᠦᠷ 《5·1》 ᠤ᠋ ᠳᠡᠯᠡᠬᠡᠢ᠎ᠶ᠋ᠢᠨ ᠬᠥᠳᠡᠯᠮᠦᠷᠢᠴᠢᠳ᠎ᠦᠨ ᠪᠠᠶᠠᠷ ᠢ ᠪᠡᠯᠭᠡᠯᠡᠬᠦ᠌ ᠵᠢᠴᠢ ᠪᠦᠭᠦ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠬᠥᠬᠢᠭᠦᠯᠦᠨ ᠰᠠᠢᠱᠢᠶᠠᠬᠤ ᠶᠡᠬᠡ ᠬᠤᠷᠠᠯ ᠬᠤᠷᠠᠯᠳᠤᠭᠤᠯᠵᠤ᠂ ᠲᠤᠬᠠᠢ ᠵᠢᠨ ᠴᠠᠭ ᠲᠤ᠌ ᠪᠦᠭᠦ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ ᠬᠦᠷᠳᠡᠭᠰᠡᠨ 3024 ᠬᠦᠮᠦᠨ᠎ᠢ ᠬᠥᠬᠢᠭᠦᠯᠦᠨ ᠰᠠᠢᠱᠢᠶᠠᠬᠤ ᠪᠣᠯᠤᠨ᠎ᠠ᠂ ᠡᠭᠦᠨᠳ᠋ᠤ ᠪᠦᠭᠦ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠦᠨᠡᠮᠯᠡᠯ ᠬᠦᠷᠲᠡᠭᠴᠢ 379 ᠬᠦᠮᠦᠨ᠂ ᠪᠦᠭᠦ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠮᠸᠲᠠᠯ ᠬᠦᠷᠲᠡᠭᠴᠢ 1462 ᠬᠦᠮᠦᠨ᠂ ᠪᠦᠭᠦ᠌ ᠤᠯᠤᠰ᠎ᠤᠨ ᠠᠵᠢᠯᠴᠢᠨ᠎ᠤ ᠬᠣᠱᠢᠭᠤᠴᠢ ᠴᠣᠯᠠ ᠬᠦᠷᠲᠡᠭᠴᠢ1183 ᠬᠦᠮᠦᠨ ᠪᠤᠢ᠃
ᠡᠨᠡ ᠵᠢᠯ᠎ᠦᠨ 1 ᠰᠠᠷ᠎ᠠ᠎ᠳᠤ᠂ ᠪᠥᠬᠥ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ 《ᠪᠥᠬᠥ᠌ ᠤᠯᠤᠰ᠎ᠤᠨ 〈5·1〉 ᠤ᠋ ᠬᠥᠳᠡᠯᠮᠦᠷᠢ᠎ᠶ᠋ᠢᠨ ᠱᠠᠩᠨᠠᠯ᠎ᠢ ᠱᠢᠯᠭᠠᠷᠠᠭᠤᠯᠵᠤ ᠬᠥᠬᠢᠭᠦᠯᠦᠨ ᠰᠠᠢᠱᠢᠶᠠᠬᠤ ᠬᠠᠮᠢᠶᠠᠷᠤᠯᠲᠠ᠎ᠶ᠋ᠢᠨ ᠠᠷᠭ᠎ᠠ》 ᠳ᠋ᠤ ᠵᠠᠰᠠᠪᠤᠷᠢ ᠣᠷᠣᠭᠤᠯᠵᠤ᠂ 《ᠤᠯᠤᠰ᠎ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠢᠱᠢᠶᠠᠬᠤ ᠲᠦᠷᠢᠮ》 ᠵᠡᠷᠭᠡ ᠬᠣᠯᠪᠣᠭ᠍ᠳᠠᠯ ᠪᠥᠬᠥᠶ ᠲᠣᠭ᠍ᠲᠠᠭᠠᠯ᠎ᠤᠨ ᠱᠢᠨ᠎ᠡ ᠱᠠᠭᠠᠷᠳᠠᠯᠭ᠎ᠠ ᠶ᠋ᠢ ᠭᠦᠶ᠋ᠴᠡᠳ ᠢᠯᠡᠷᠡᠭᠦᠯᠵᠦ᠍᠂ ᠨᠡᠷᠡᠢᠳᠦᠯ᠎ᠦᠨ ᠲᠠᠯ᠎ᠠ᠎ᠪᠠᠷ᠂ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠪᠢᠴᠢᠭ᠂ ᠱᠠᠩᠨᠠᠯ᠎ᠤᠨ ᠲᠡᠮᠳᠡᠭ᠂ ᠬᠣᠱᠢᠭᠤᠴᠢ ᠶ᠋ᠢᠨ ᠴᠣᠯᠠ ᠶ᠋ᠢ 《ᠪᠥᠬᠥ᠌ ᠤᠯᠤᠰ᠎ᠤᠨ 〈5·1〉 ᠤ᠋ ᠬᠥᠳᠡᠯᠮᠦᠷᠢ᠎ᠶ᠋ᠢᠨ ᠱᠠᠩᠨᠠᠯ》 ᠭᠡᠵᠤ ᠶᠡᠷᠤᠨᠭᠭᠡᠢᠯᠡᠨ ᠨᠡᠷᠠᠢᠳᠪᠠ᠃
ᠪᠦᠬᠦ ᠤᠯᠤᠰ ᠤ᠋ᠨ ᠠᠵᠢᠯᠴᠢᠨ ᠤ᠋ ᠶᠡᠷᠤᠨᠭᠭᠡᠢ ᠡᠪᠯᠡᠯ ᠤ᠋ᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠦᠨ ᠬᠠᠷᠢᠭᠤᠴᠠᠯᠭᠠᠲᠠᠨ᠂ ᠡᠨᠡ ᠵᠢᠯ ᠬᠥᠬᠢᠭᠦᠯᠦᠭ᠌ᠳᠡᠨ ᠰᠠᠢᠱᠢᠶᠠᠭ᠍ᠳᠠᠭ᠍ᠰᠠᠨ ᠲᠡᠷᠢᠭᠦᠨ᠎ᠦ ᠬᠠᠮᠲᠤ ᠪᠠ ᠬᠤᠪᠢ ᠬᠥᠮᠦᠨ ᠨᠢ ᠨᠠᠮ ᠤᠨ ᠭᠤᠤᠯ ᠡᠭᠦᠷᠭᠡ᠎ᠳᠦ ᠦᠶ᠋ᠯᠡᠴᠢᠯᠡᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳᠤᠮᠳᠠ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠭᠠᠷᠭᠠᠪᠠ᠂ ᠡᠭᠦᠨ᠎ᠳᠦ ᠭᠤᠤᠯᠳᠠᠭᠤ ᠭᠤᠷᠪᠠᠨ ᠲᠠᠯ᠎ᠠ᠎ᠶ᠋ᠢᠨ ᠣᠨᠴᠠᠯᠢᠭ᠎ᠲᠠᠶ᠄ ᠨᠢᠭᠡ᠎ᠳᠦ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠬᠠᠨᠳᠤᠭᠤᠯᠪᠠ᠃ ᠬᠥᠬᠢᠭᠦᠯᠦᠯ᠎ᠦᠨ ᠲᠡᠮᠳᠡᠭ ᠭᠥᠷᠳᠡᠭ᠌ᠰᠡᠳ᠎ᠦᠨ ᠳᠣᠲᠣᠷ᠎ᠠ᠂ ᠠᠵᠤ ᠦᠶ᠋ᠯᠡᠰ᠎ᠦᠨ ᠠᠵᠢᠯᠴᠢᠨ᠂ ᠪᠤᠰᠤᠳ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ ᠪᠠ ᠲᠤᠰᠭᠠᠶ ᠮᠡᠷᠭᠡᠵᠢᠯ᠎ᠦᠨ ᠠᠵᠢᠯᠲᠠᠨ 962 ᠪᠠᠢᠵᠤ᠂ ᠭᠤᠷᠪᠠᠨ᠎ᠤ ᠬᠣᠶᠠᠷ ᠱᠢᠬᠠᠮ᠎ᠢ ᠡᠵᠡᠯᠡᠵᠦ᠍ ᠪᠠᠢᠨ᠎ᠠ᠃ ᠵᠠᠬᠢᠶᠠᠯᠠᠭ᠎ᠠ᠎ᠶ᠋ᠢᠨ ᠬᠣᠭᠣᠯᠠ ᠬᠦᠷᠭᠡᠭ᠌ᠴᠢ ᠵᠡᠷᠭᠡ ᠠᠵᠢᠯ ᠣᠯᠭᠣᠯᠲᠠ᠎ᠶ᠋ᠢᠨ ᠱᠢᠨ᠎ᠡ ᠬᠡᠯᠪᠡᠷᠢ᠎ᠶ᠋ᠢᠨ ᠬᠥᠳᠡᠯᠮᠦᠷᠢᠴᠢᠨ ᠵᠣᠬᠢᠬᠤ ᠬᠠᠷᠢᠴᠠᠯ᠎ᠢ ᠡᠵᠡᠯᠡᠨ᠎ᠡ; ᠬᠣᠱᠢᠭᠤᠴᠢ ᠵᠢᠨ ᠴᠤᠯᠠ᠎ᠶ᠋ᠢᠨ ᠬᠥᠬᠢᠭᠦᠯᠦᠨ ᠰᠠᠢᠱᠢᠶᠠᠬᠤ ᠡᠲᠡᠭᠡᠳ᠎ᠦᠨ ᠳᠣᠲᠣᠷ᠎ᠠ᠂ ᠡᠭᠡᠯᠵᠢ ᠳᠤᠭᠤᠢᠯᠠᠩ (ᠰᠠᠯᠠᠭ᠎ᠠ ᠲᠠᠰᠤᠭ) 922 ᠪᠠᠢᠵᠤ᠂ ᠡᠵᠡᠯᠡᠬᠦ᠌ ᠬᠠᠷᠢᠴᠠᠯ᠎ᠨᠢ ᠳᠥᠷᠪᠡᠨ᠎ᠦ ᠭᠤᠷᠪᠠ ᠵᠢ ᠳᠠᠪᠠᠪᠠ᠃ ᠬᠣᠶᠠᠷ᠎ᠲᠤ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢ ᠳᠣᠪᠣᠢᠯᠭᠠᠪᠠ᠃ ᠱᠢᠨ᠎ᠡ ᠡᠨᠧᠷᠭᠢ᠂ ᠬᠤᠷᠠᠮᠠᠯ ᠴᠠᠬᠢᠯᠭᠠᠨ ᠬᠡᠯᠬᠢᠶ᠎ᠡ᠂ ᠵᠣᠬᠢᠶᠠᠮᠠᠯ ᠣᠶᠤᠨ ᠴᠢᠳᠠᠪᠤᠷᠢ᠂ ᠺᠸᠠᠨ᠋ᠲ ᠮᠡᠳᠡᠭᠡ ᠬᠣᠯᠪᠣᠭ᠎ᠠ ᠵᠡᠷᠭᠡ 《ᠠᠷᠪᠠᠨ ᠳᠥᠷᠪᠡᠳᠦᠭᠡᠷ ᠲᠠᠪᠤᠨ ᠵᠢᠯ》᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠭᠤᠤᠯᠳᠠᠯᠭ᠎ᠠ᠎ᠲᠠᠶ ᠬᠦᠷᠢᠶᠡᠨ᠎ᠳᠦ ᠭᠤᠤᠯᠳᠠᠯᠭ᠎ᠠ᠎ᠲᠠᠶ ᠬᠠᠨᠳᠤᠵᠤ᠂ ᠶᠠ ᠱᠢᠶᠠ ᠤᠰᠤᠨ ᠴᠠᠬᠢᠯᠭᠠᠨ᠎ᠤ ᠢᠨᠵᠧᠨᠧᠷᠢᠩ ᠵᠡᠷᠭᠡ ᠤᠯᠤᠰ᠎ᠤᠨ ᠴᠢᠬᠤᠯᠠ ᠶᠡᠬᠡ ᠲᠤᠰᠭᠠᠶ ᠲᠥᠷᠥᠯ ᠵᠦᠶ᠋ᠯ ᠪᠠ ᠠᠵᠤ ᠦᠶ᠋ᠯᠡᠰ᠎ᠦᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠵᠡᠷᠭᠡ ᠭᠤᠤᠯᠳᠠᠯᠭ᠎ᠠ᠎ᠲᠠᠶ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠲᠡᠷᠢᠭᠦᠨ ᠦ ᠨᠡᠢᠲᠡᠯᠢᠭ ᠵᠢᠱ᠌ᠢᠶ᠎ᠡ᠎ᠶ᠋ᠢ ᠬᠥᠬᠢᠭᠦᠯᠦᠨ ᠰᠠᠢᠱᠢᠶᠠᠪᠠ᠃ ᠭᠤᠷᠪᠠ᠎ᠳᠤ ᠪᠦᠲᠦᠴᠡ᠎ᠶ᠋ᠢᠨ ᠲᠠᠷᠬᠠᠯᠲᠠ᠎ᠶ᠋ᠢ ᠱᠢᠯᠢᠳᠡᠭ᠌ᠵᠢᠭᠦᠯᠪᠡ᠃ ᠬᠥᠬᠢᠭᠦᠯᠦᠨ ᠰᠠᠢᠱᠢᠶᠠᠬᠤ ᠡᠲᠡᠭᠡᠳ 19 ᠤᠯᠤᠰ ᠠᠷᠠᠳ᠎ᠤᠨ ᠠᠵᠤ ᠠᠬᠤᠶ᠎ᠶ᠋ᠢᠨ ᠠᠵᠢᠯ ᠲᠥᠷᠥᠯ᠎ᠦᠨ ᠲᠥᠷᠥᠯ ᠵᠦᠶ᠋ᠯ᠎ᠢ ᠬᠠᠮᠤᠷᠪᠠ᠃ ᠨᠡᠢᠲᠡ᠎ᠶ᠋ᠢᠨ ᠥᠮᠴᠢᠯᠡᠯ᠎ᠦᠨ ᠪᠤᠰᠤ᠂ ᠴᠥᠭᠡᠨ ᠲᠣᠭᠠᠲᠤ ᠦᠨᠳᠦᠰᠦᠲᠡᠨ᠂ ᠨᠡᠢᠭᠡᠮ᠎ᠦᠨ ᠱᠢᠨ᠎ᠡ ᠳᠠᠪᠬᠤᠷᠭ᠎ᠠ ᠵᠡᠷᠭᠡ ᠶ᠋ᠢᠨ ᠲᠣᠭ᠎ᠠ ᠬᠡᠮᠵᠢᠶ᠎ᠡ ᠥᠩᠭᠡᠷᠡᠭ᠌ᠰᠡᠨᠡᠴᠡᠪᠡᠨ ᠴᠥᠮ ᠨᠡᠮᠡᠭ᠌ᠳᠡᠵᠦ᠍᠂ ᠪᠦᠬᠦᠯᠢ ᠴᠣᠭ᠍ᠴᠠ᠎ᠶ᠋ᠢᠨ ᠪᠦᠲᠦᠴᠡ ᠨᠢ ᠨᠡᠩ ᠵᠦᠢ ᠵᠣᠬᠢᠰᠲᠠᠢ ᠪᠤᠯᠵᠤ᠂ ᠲᠥᠯᠥᠭᠡᠯᠡᠬᠦ᠌ ᠴᠢᠨᠠᠷ ᠨᠢ ᠤᠯᠠᠮ ᠨᠢᠭᠡ ᠠᠯᠬᠤᠮ ᠴᠢᠩᠭᠠᠷᠠᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ)