2026 ᠣᠨ᠎ᠤ ᠵᠡᠭᠦᠨ ᠬᠣᠢᠲᠤ ᠣᠷᠣᠨ᠎ᠤ ᠬᠤᠳᠠ᠎ᠶ᠋ᠢᠨ ᠬᠦᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ (ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ) ᠤ᠋ ᠰᠣᠨᠢᠨ ᠮᠡᠳᠡᠭᠡ ᠨᠡᠢᠲᠡᠯᠡᠬᠦ᠌ ᠬᠤᠷᠠᠯ ᠶᠠᠪᠤᠬᠳᠠᠵᠠᠢ
2026-04-28 09:49:59
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 27 ᠎ᠤ᠋ ᠡᠳᠦᠷ᠂ 2026 ᠣᠨ᠎ᠤ ᠵᠡᠭᠦᠨ ᠬᠣᠢᠲᠤ ᠣᠷᠣᠨ᠎ᠤ ᠬᠣᠲᠠ᠎ᠶ᠋ᠢᠨ ᠬᠥᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ (ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ)᠎ᠤ᠋ ᠰᠣᠨᠢᠨ ᠮᠡᠳᠡᠭᠡ ᠨᠡᠢᠲᠡᠯᠡᠬᠦ᠌ ᠬᠤᠷᠠᠯ ᠬᠥᠬᠡᠬᠣᠲᠠ᠎ᠳᠤ ᠶᠠᠪᠤᠬᠳᠠᠵᠠᠢ᠃

ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠤᠷᠤᠯᠳᠤᠭᠠᠨ᠎ᠤ ᠲᠣᠬᠢᠷᠠᠭᠤᠯᠤᠯᠲᠠ᠎ᠶ᠋ᠢ ᠨᠠᠷᠢᠨ ᠲᠠᠨᠢᠯᠴᠠᠭᠤᠯᠪᠠ᠃ ᠲᠣᠰ ᠬᠤᠭᠤᠴᠠᠭᠠᠨ᠎ᠤ ᠵᠡᠭᠦᠨ ᠬᠣᠢᠲᠤ ᠣᠷᠣᠨ᠎ᠤ ᠬᠤᠳᠠ᠎ᠶ᠋ᠢᠨ ᠬᠦᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ᠎ᠳᠦ ᠨᠡᠢᠲᠡ 8 ᠬᠣᠲᠠ᠎ᠶ᠋ᠢᠨ ᠪᠥᠮᠪᠥᠭᠡᠨ ᠠᠩᠭᠢ ᠣᠷᠣᠯᠴᠠᠨ᠎ᠠ᠃ ᠡᠭᠦᠨ᠎ᠳᠦ 2025 ᠣᠨ᠎ᠤ 《ᠥᠪᠥᠷ ᠮᠣᠩᠭᠣᠯ᠎ᠤᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ》 ᠳ᠋ᠤ ᠮᠠᠩᠯᠠᠢ ᠳ᠋ᠤ ᠳᠤᠳᠤᠷᠠᠭᠰᠠᠨ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠪᠠ ᠳᠡᠳ᠋᠎ᠲᠦ ᠲᠤᠳᠤᠷᠠᠭᠰᠠᠨ ᠲᠦᠩᠯᠢᠶᠣᠤ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠥᠪᠥᠷ ᠮᠣᠩᠭᠣᠯ᠎ᠢ ᠲᠥᠯᠥᠭᠡᠯᠡᠨ ᠤᠷᠤᠯᠳᠤᠭᠠᠨ᠎ᠳᠤ ᠣᠷᠣᠯᠴᠠᠬᠤ ᠪᠤᠯᠤᠨ᠎ᠠ᠃ ᠬᠥᠬᠡᠬᠣᠲᠠ᠎ᠶ᠋ᠢᠨ ᠠᠩᠭᠢ᠎ᠶ᠋ᠢᠨ ᠭᠤᠤᠯ ᠲᠠᠯᠠᠪᠤᠷ᠎ᠢ ᠤᠮᠠᠷᠠᠲᠤ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ᠎ᠳᠤ ᠪᠠᠢᠷᠢᠯᠠᠭᠤᠯᠵᠤ᠂ ᠲᠦᠩᠯᠢᠶᠣᠤ ᠬᠣᠲᠠ᠎ᠶ᠋ᠢᠨ ᠠᠩᠭᠢ᠎ᠶ᠋ᠢᠨ ᠭᠤᠤᠯ ᠲᠠᠯᠠᠪᠤᠷ᠎ᠢ ᠲᠦᠩᠯᠢᠶᠣᠤ ᠬᠣᠲᠠ᠎ᠶ᠋ᠢᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠲᠥᠪ᠎ᠦᠨ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠳᠤ ᠪᠠᠢᠷᠢᠯᠠᠭᠤᠯᠤᠨ᠎ᠠ᠃ ᠤᠷᠤᠯᠳᠤᠭᠠᠨ᠎ᠢ ᠡᠩ᠎ᠦᠨ ᠤᠷᠤᠯᠳᠤᠭᠠᠨ᠂ ᠨᠤᠭᠤᠯᠤᠭ᠎ᠠ ᠤᠷᠤᠯᠳᠤᠭᠠᠨ ᠭᠡᠵᠦ᠍ ᠬᠣᠶᠠᠷ ᠱᠠᠲᠤ ᠬᠤᠪᠢᠶᠠᠨ᠂ ᠡᠩ᠎ᠦᠨ ᠤᠷᠤᠯᠳᠤᠭᠠᠨ ᠨᠢ 5 ᠰᠠᠷ᠎ᠠ᠎ᠶ᠋ᠢᠨ 23 ᠎ᠤ᠋ ᠡᠳᠦᠷ᠎ᠡᠴᠡ 8 ᠰᠠᠷ᠎ᠠ᠎ᠶ᠋ᠢᠨ 15 ᠎ᠤ᠋ ᠡᠳᠦᠷ ᠪᠣᠯᠲᠠᠯ᠎ᠠ ᠦᠷᠭᠦᠯᠵᠢᠯᠡᠵᠦ᠍᠂ ᠨᠤᠭᠤᠯᠤᠭ᠎ᠠ ᠤᠷᠤᠯᠳᠤᠭᠠᠨ ᠨᠢ 9 ᠰᠠᠷ᠎ᠠ᠎ᠶ᠋ᠢᠨ 5 ᠎ᠤ᠋ ᠡᠳᠦᠷ᠎ᠡᠴᠡ 10 ᠰᠠᠷ᠎ᠠ᠎ᠶ᠋ᠢᠨ 5 ᠎ᠤ᠋ ᠡᠳᠦᠷ ᠪᠣᠯᠲᠠᠯ᠎ᠠ ᠶᠠᠪᠤᠭᠳᠠᠨ᠎ᠠ᠃

ᠤᠷᠤᠯᠳᠤᠭᠠᠨ᠎ᠨᠢ ᠲᠤᠰᠭᠠᠶ ᠮᠡᠷᠭᠡᠵᠢᠯ᠎ᠦᠨ ᠬᠢᠨᠠᠭ᠍ᠴᠢ᠎ᠶᠢᠨ ᠡᠩᠨᠡᠭᠡ᠎ᠶ᠋ᠢ ᠵᠣᠬᠢᠶᠠᠨ ᠪᠠᠢᠭᠤᠯᠵᠤ᠂ ᠠᠮᠤᠷ᠎ᠢ ᠬᠠᠮᠠᠭᠠᠯᠠᠬᠤ᠂ ᠡᠮ ᠡᠮᠴᠢᠯᠡᠭᠡ᠂ ᠭᠥᠯᠢᠶᠡᠨ ᠵᠣᠴᠢᠯᠠᠬᠤ᠎ᠶ᠋ᠢ ᠨᠢᠭᠡ ᠴᠣᠠᠠᠴᠠᠵᠢᠭᠤᠯᠥᠠᠠᠰᠠᠨ ᠪᠠᠲᠤᠯᠠᠭ᠎ᠠ᠎ᠶ᠋ᠢᠨ ᠬᠦᠴᠦᠨ᠎ᠢ ᠭᠦᠶ᠋ᠴᠡᠳ ᠳᠣᠭᠢᠷᠠᠭᠤᠯᠤᠨ᠂ ᠣᠯᠠᠨ ᠠᠷᠭ᠎ᠠ ᠵᠠᠮ᠎ᠢᠶᠠᠷ ᠱᠢᠭᠤᠳ ᠨᠡᠪᠲᠡᠷᠡᠭᠦᠯᠭᠡ ᠲᠠᠮᠵᠢᠭᠤᠯᠭ᠎ᠠ ᠵᠢᠨ ᠲᠠᠪᠴᠠᠩ᠎ᠢ ᠪᠠᠢᠭᠤᠯᠵᠤ᠂ ᠲᠧᠯᠸᠢᠰ + ᠰᠦᠯᠵᠢᠶ᠎ᠡ᠎ᠶ᠋ᠢ ᠪᠥᠬᠥ᠌ ᠬᠡᠪᠴᠢᠶᠡᠨ᠎ᠳᠦ ᠪᠦᠷᠬᠦᠭᠦᠯᠬᠦ᠌᠎ᠶ᠋ᠢ ᠪᠡᠶᠡᠯᠡᠭᠦᠯᠦᠨ᠂ ᠭᠣᠢᠳᠠ ᠰᠠᠢᠬᠠᠨ ᠤᠷᠤᠯᠳᠤᠭᠠᠨ᠎ᠤ ᠵᠦᠶ᠋ᠯᠡᠰ᠎ᠢ ᠣᠯᠠᠨ ᠲᠦᠮᠡᠨ᠎ᠳᠦ ᠴᠠᠭ ᠲᠤᠬᠠᠶ᠎ᠳᠤᠨᠢ  ᠰᠣᠨᠢᠷᠬᠠᠭᠤᠯᠬᠤ ᠪᠤᠯᠤᠨ᠎ᠠ᠃  ᠬᠥᠬᠡᠬᠣᠲᠠ᠂ ᠲᠦᠩᠯᠢᠶᠣᠤ ᠬᠣᠲᠠ᠎ᠨᠢ ᠭᠤᠤᠯᠯᠠᠨ ᠡᠷᠭᠢᠯᠡᠬᠦ᠌ ᠬᠣᠲᠠ ᠪᠣᠯᠤᠭ᠍ᠰᠠᠨ᠎ᠤ ᠬᠤᠪᠢ᠎ᠳᠤ᠂ ᠲᠠᠯᠠᠪᠠᠶ ᠣᠷᠳᠣᠨ᠎ᠢ ᠲᠠᠰ ᠳᠡᠪᠱᠢᠭᠦᠯᠬᠦ᠌᠂ ᠦᠶ᠋ᠯᠡᠴᠢᠯᠡᠭᠡᠨ᠎ᠦ ᠪᠠᠲᠤᠯᠠᠭ᠎ᠠ ᠬᠢᠭᠡᠳ ᠤᠬᠠᠭᠤᠯᠤᠨ ᠳᠡᠯᠭᠡᠷᠡᠭᠦᠯᠬᠦ᠌᠎ᠠᠵᠢᠯ᠎ᠢ ᠬᠦᠢᠴᠡᠳ ᠰᠠᠢᠳᠤᠷ ᠬᠢᠵᠦ᠂ ᠠᠷᠠᠳ᠎ᠲᠤ ᠠᠱᠢᠭ ᠬᠦᠷᠲᠡᠭᠡᠬᠦ᠌ ᠪᠢᠯᠧᠲ᠎ᠦᠨ ᠦᠨ᠎ᠡ᠂ ᠥᠪᠡᠷᠮᠢᠴᠡ ᠣᠨᠴᠠᠯᠢᠭ᠍ᠲᠤ ᠰᠣᠶᠣᠯ᠎ᠤᠨ ᠡᠭᠦᠳᠦᠯᠲᠡ᠂ ᠰᠣᠶᠣᠯ ᠵᠢᠭᠤᠯᠴᠢᠯᠠᠯ᠎ᠤᠨ ᠵᠠᠮ ᠱᠤᠭᠤᠮ ᠵᠢᠴᠢ ᠬᠡᠷᠡᠭ᠌ᠯᠡᠭᠡ᠎ᠶ᠋ᠢᠨ ᠬᠣᠯᠪᠣᠭᠠᠯᠠᠨ ᠬᠥᠳᠡᠯᠦᠯᠴᠡᠬᠦ᠌ ᠠᠵᠢᠯᠯᠠᠭ᠎ᠠ᠎ᠶ᠋ᠢ ᠵᠡᠷᠭᠡ ᠪᠡᠷ ᠥᠷᠨᠢᠭᠦᠯᠵᠦ᠍᠂ ᠤᠷᠤᠯᠳᠤᠭᠠᠨ᠎ᠢ ᠰᠣᠨᠢᠷᠬᠠᠨ ᠪᠡᠶᠡᠴᠢᠯᠡᠨ ᠣᠢᠯᠠᠭᠠᠬᠤ᠎ᠶ᠋ᠢ ᠪᠡᠶᠡᠯᠡᠬᠦᠯᠵᠥ᠂ ᠤᠷᠤᠯᠳᠤᠭᠠᠨ᠎ᠤ ᠬᠠᠯᠠᠮᠱᠢᠯ᠎ᠶ᠋ᠢᠡᠷ ᠬᠣᠲᠠ᠎ᠶ᠋ᠢᠨ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ᠃ ᠵᠡᠭᠦᠨ ᠬᠣᠢᠲᠤ᠎ᠶ᠋ᠢᠨ ᠳᠥᠷᠪᠡᠨ ᠮᠤᠵᠢ ᠣᠷᠣᠨ᠎ᠤ ᠭᠤᠤᠯᠳᠠᠯᠭ᠎ᠠ᠎ᠲᠠᠶ ᠪᠠᠢᠭᠤᠯᠤᠭ᠍ᠰᠠᠨ ᠣᠷᠣᠨ ᠪᠦᠰᠡ᠎ᠶ᠋ᠢᠨ ᠴᠢᠨᠠᠷᠲᠠᠶ ᠣᠨᠴᠠᠯᠢᠭ᠍ᠲᠤ ᠪᠡᠶ᠎ᠡ᠎ᠶ᠋ᠢᠨ ᠲᠠᠮᠢᠷ᠎ᠤᠨ IP ᠪᠣᠯᠤᠭ᠍ᠰᠠᠨ᠎ᠤ ᠬᠤᠪᠢ᠎ᠳᠤ᠂ ᠲᠣᠰ ᠤᠳᠠᠭᠠᠨ᠎ᠤ ᠬᠣᠯᠪᠣᠭᠠᠲᠤ ᠤᠷᠤᠯᠳᠤᠭᠠᠨ᠎ᠨᠢ ᠬᠥᠯ ᠪᠥᠮᠪᠥᠭᠡ᠎ᠶ᠋ᠢᠨ ᠬᠥᠳᠡᠯᠭᠡᠭᠡᠨ᠎ᠢᠶᠡᠷ ᠬᠣᠯᠪᠣᠭᠠᠰᠤ ᠪᠣᠯᠭᠠᠵᠤ᠂ ᠣᠷᠣᠨ ᠪᠦᠰᠡ᠎ᠶ᠋ᠢᠨ ᠪᠡᠬᠢᠯᠡᠯᠲᠡ᠎ᠶ᠋ᠢ ᠡᠪᠳᠡᠵᠦ᠍᠂ ᠣᠯᠠᠨ ᠡᠱᠢᠲᠦ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ ᠲᠠᠪᠴᠠᠩ᠎ᠢ ᠪᠠᠢᠭᠤᠯᠵᠤ᠂ ᠪᠥᠬᠥ᠌ ᠠᠷᠠᠳ᠎ᠤᠨ ᠬᠠᠯᠠᠭᠤᠨ ᠰᠡᠳᠭᠢᠯᠭᠡ᠎ᠶ᠋ᠢ ᠨᠢᠭ᠍ᠲᠠᠷᠠᠭᠤᠯᠵᠤ᠂ ᠬᠡᠷᠡᠭ᠌ᠯᠡᠭᠡᠨ᠎ᠦ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠂ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠬᠥᠪᠴᠢᠯᠡᠵᠦ᠍᠂ ᠱᠢᠨ᠎ᠡ ᠴᠠᠭ ᠦᠶ᠎ᠡ᠎ᠶ᠋ᠢᠨ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠪᠡᠶ᠎ᠡ᠎ᠶ᠋ᠢᠨ ᠲᠠᠮᠢᠷ᠎ᠤᠨ ᠬᠦᠴᠦᠨ ᠴᠢᠳᠠᠯ᠎ᠢ ᠡᠷᠭᠦᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号