ᠤᠢᠷᠠᠳᠦ᠂ 2026 ᠣᠷᠳᠣᠰ ᠤ᠋ᠨ ᠤᠯᠠᠭᠠᠨᠮᠥ᠋ᠴᠢᠷ ᠤ᠋ᠨ ᠰᠢᠯᠢᠳᠡᠭ ᠲᠣᠭᠯᠠᠯᠲᠠ ᠵᠢᠨ ᠪᠥᠬᠥ ᠤᠯᠤᠰ ᠳᠡᠬᠢ ᠲᠣᠭᠣᠷᠢᠨ ᠲᠣᠭᠯᠠᠯᠲᠠ ᠴᠦᠩᠴᠢᠩ ᠬᠤᠳᠠ ᠶ᠋ᠢᠨ ᠲᠢᠶᠠᠲᠷ ᠲᠤ᠌ ᠶᠠᠪᠤᠬᠳᠠᠪᠠ᠃ ᠲᠠᠯ᠎ᠠ ᠨᠤᠲᠤᠭ ᠤ᠋ᠨ 《ᠬᠤᠪᠢᠰᠬᠠᠯᠲᠤ ᠤᠳᠬ᠎ᠠ ᠤᠷᠠᠯᠢᠭ᠋ ᠤ᠋ᠨ ᠬᠥᠩᠭᠡᠨ ᠮᠣᠷᠢᠲᠤ ᠴᠡᠷᠢᠭ》 ᠪᠣᠯᠤᠭᠰᠠᠨ ᠤ᠋ ᠬᠤᠪᠢ ᠳ᠋ᠤ᠂ ᠣᠷᠳᠣᠰ ᠤ᠋ᠨ ᠤᠯᠠᠭᠠᠨᠮᠥ᠋ᠴᠢᠷ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠶ᠋ᠢᠡᠷ ᠦᠨᠳᠦᠰᠦ ᠪᠣᠯᠭᠠᠵᠤ᠂ ᠭᠠᠵᠠᠷ ᠣᠷᠣᠨ ᠤ᠋ ᠣᠨᠴᠠᠯᠢᠭ᠍ᠲᠤ ᠳᠠᠭᠤᠤ ᠪᠥᠵᠢᠭ ᠶ᠋ᠢᠡᠷ ᠬᠣᠯᠪᠣᠭᠠᠰᠤ ᠪᠣᠯᠭᠠᠨ᠂ ᠥᠪᠥᠷ ᠮᠣᠩᠭᠣᠯ ᠤ᠋ᠨ ᠰᠣᠶᠣᠯ ᠤᠷᠠᠯᠢᠭ᠋ ᠤ᠋ᠨ ᠷᠢᠳᠢ ᠰᠢᠳᠢ ᠵᠢ ᠴᠦᠩᠴᠢᠩ ᠤ᠋ᠨ ᠦᠵᠡᠭᠴᠢᠳ ᠲᠤ᠌ ᠪᠥᠬᠥ ᠲᠠᠯᠠᠪᠠᠷ ᠳᠡᠯᠭᠡᠨ ᠦᠵᠡᠭᠦᠯᠵᠦ᠂ ᠲᠠᠯ᠎ᠠ ᠨᠤᠲᠤᠭ ᠤ᠋ᠨ ᠬᠠᠢᠷ᠎ᠠ ᠰᠡᠳᠬᠢᠯᠭᠡ ᠪᠠ ᠬᠦᠴᠦᠨ ᠴᠢᠳᠠᠯ ᠢ᠋ ᠤᠯᠠᠮᠵᠢᠯᠠᠭᠰᠠᠨ ᠪᠠᠢᠨ᠎ᠠ᠃
ᠲᠣᠰ ᠤᠳᠠᠭᠠᠨ ᠤ᠋ ᠲᠣᠭᠣᠷᠢᠨ ᠲᠣᠭᠯᠠᠯᠲᠠ ᠳ᠋ᠤ ᠣᠷᠳᠣᠰ ᠬᠣᠲᠠ ᠵᠢᠨ 4 ᠤᠯᠠᠭᠠᠨᠮᠥ᠋ᠴᠢᠷ ᠤ᠋ᠨ 13 ᠰᠢᠯᠢᠳᠡᠭ ᠲᠣᠭᠯᠠᠯᠲᠠ ᠵᠢ ᠰᠣᠩᠭᠣᠨ ᠳᠤᠭᠳᠠᠭᠠᠵᠤ᠂ ᠳᠠᠭᠤᠤ ᠪᠥᠵᠢᠭ᠂ ᠬᠥᠭᠵᠢᠮ᠂ ᠪᠠᠢᠭᠠᠯᠢᠯᠢᠭ ᠠᠬᠤᠢ ᠵᠢᠨ ᠲᠣᠭᠯᠠᠯᠲᠠ ᠵᠡᠷᠭᠡ ᠣᠯᠠᠨ ᠡᠰᠢᠲᠦ ᠬᠡᠯᠪᠡᠷᠢ ᠪᠡᠷ ᠳᠤᠭᠯᠠᠨ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠮᠢᠳᠤᠯᠢᠭ᠋ ᠤᠯᠠᠮᠵᠢᠯᠠᠯ ᠪᠠ ᠣᠲᠣ᠌ ᠦᠶ᠎ᠡ ᠵᠢᠨ ᠲᠠᠢᠰᠠᠨ ᠤ᠋ ᠤᠷᠠᠯᠢᠭ᠋ ᠤ᠋ᠨ ᠭᠦᠨᠵᠡᠭᠡᠢ ᠠᠭᠤᠰᠤᠯᠴᠠᠯ ᠢ᠋ ᠢᠯᠡᠷᠡᠬᠦᠯᠵᠦ᠂ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠵᠡᠭᠦᠯᠭᠡ ᠵᠢᠨ ᠲᠣᠭᠯᠠᠯᠲᠠ ᠵᠢ ᠳᠤᠭᠯᠠᠭᠰᠠᠨ ᠶ᠋ᠢᠡᠷ ᠪᠠᠷᠠᠬᠤ ᠦᠭᠡᠢ ᠪᠠᠰᠠ ᠪᠥᠬᠥ ᠤᠯᠤᠰ ᠤ᠋ᠨ ᠲᠡᠷᠢᠭᠦᠨ ᠤ᠋ ᠤᠷᠠᠯᠢᠭ᠋ ᠤ᠋ᠨ ᠱᠠᠩᠨᠠᠯ ᠤ᠋ᠨ ᠰᠣᠳᠣᠨ ᠪᠦᠲᠦᠭᠡᠯ ᠢ᠋ ᠳᠤᠭᠯᠠᠨ᠂ ᠲᠣᠭᠯᠠᠯᠲᠠ ᠨᠢᠭᠡᠪᠦᠷᠢ ᠨᠢ ᠴᠥᠮ ᠲᠠᠯ᠎ᠠ ᠨᠤᠲᠤᠭ ᠤ᠋ᠨ ᠭᠦᠨ ᠵᠤᠵᠠᠭᠠᠨ ᠬᠠᠢᠷ᠎ᠠ ᠰᠡᠳᠬᠢᠯᠭᠡ ᠵᠢ ᠠᠴᠢᠶᠠᠯᠠᠵᠤ ᠪᠤᠢ᠃ ᠡᠬᠢᠯᠡᠯᠲᠡ ᠵᠢᠨ ᠳᠠᠭᠤᠤ ᠪᠥᠵᠢᠭ 《ᠵᠣᠯ ᠵᠢᠷᠭᠠᠯ ᠤ᠋ᠨ ᠮᠠᠭᠲᠠᠭᠠᠯ ᠳᠠᠭᠤᠤ》 ᠨᠢ ᠤᠯᠤᠰ ᠤ᠋ᠨ ᠲᠡᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠪᠤᠯᠬᠤ ᠮᠣᠩᠭᠣᠯ ᠦᠨᠳᠦᠰᠦᠲᠡᠨ ᠤ᠋ ᠤᠷᠲᠤ ᠵᠢᠨ ᠳᠠᠭᠤᠤ ᠪᠡᠷ ᠰᠠᠭᠤᠷᠢ ᠪᠣᠯᠭᠠᠵᠤ᠂ ᠰᠦᠷ ᠵᠢᠪᠬᠤᠯᠠᠩᠲᠠᠢ ᠢᠷᠠᠭᠤ ᠠᠶᠠᠰ ᠶ᠋ᠢᠡᠷ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠢ᠋ ᠬᠥᠭᠵᠢᠭᠡᠭᠰᠡᠨ ᠪᠠᠢᠨ᠎ᠠ᠃ ᠠᠷᠪᠠᠨ ᠨᠠᠢ᠍ᠮᠠᠳᠤᠭᠠᠷ ᠬᠤᠭᠤᠴᠠᠭᠠᠨ ᠤ᠋ ᠸᠧᠨ ᠬᠤᠸᠠ ᠱᠠᠩᠨᠠᠯ ᠬᠥᠷᠳᠡᠭᠰᠡᠨ 《ᠬᠡᠷᠡᠯᠳᠤ ᠵᠠᠮᠳᠤ ᠠᠯᠬᠤᠨ ᠣᠷᠣᠭᠰᠠᠨ ᠨᠢ》 ᠭᠡᠬᠦ ᠪᠥᠵᠢᠭ ᠨᠢ ᠠᠮᠢ ᠨᠠᠰᠤ ᠬᠡᠷᠡᠯ ᠭᠢᠯᠪᠠᠭ᠎ᠠ ᠵᠢ ᠬᠥᠭᠡᠭᠡᠴᠡᠯᠳᠦᠬᠦ ᠪᠡᠷ ᠭᠣᠣᠯᠳᠠᠯᠭ᠎ᠠ ᠪᠣᠯᠭᠠᠨ᠂ ᠨᠠᠰᠤᠲᠠᠨ ᠪᠠ ᠵᠢᠭᠠᠯ ᠥᠬᠢᠨ ᠤ᠋ ᠬᠡᠷᠡᠯ ᠰᠡᠭᠦᠳᠡᠷ ᠤ᠋ᠨ ᠳᠤᠮᠳᠠ ᠰᠤᠯᠪᠢᠴᠠᠨ ᠪᠥᠵᠢᠭᠯᠡᠬᠦ ᠪᠡᠷ ᠳᠠᠮᠵᠢᠭᠤᠯᠤᠨ᠂ ᠤᠷᠠᠨ ᠨᠠᠷᠢᠯᠢᠭ᠋ ᠪᠥᠵᠢᠭ ᠤ᠋ᠨ ᠬᠡᠯᠪᠡᠷᠢ ᠪᠡᠷ ᠬᠦᠮᠦᠰ ᠢ᠋ ᠠᠮᠢ ᠨᠠᠰᠤᠨ ᠤ᠋ ᠦᠨ᠎ᠡ ᠥᠷᠲᠡᠭ ᠤ᠋ᠨ ᠳᠤᠬᠠᠢ ᠪᠤᠳᠤᠯᠭᠠᠰᠢᠷᠠᠭᠤᠯᠤᠨ᠂ ᠬᠦᠰᠡᠯ ᠡᠷᠡᠮᠡᠯᠵᠡᠯ ᠤ᠋ᠨ ᠬᠦᠴᠦᠨ ᠢ᠋ ᠳᠠᠮᠵᠢᠭᠤᠯᠵᠤ᠂ ᠭᠠᠵᠠᠷ ᠣᠷᠣᠨ ᠠᠯᠤᠰᠯᠠᠭᠰᠠᠨ ᠣᠶᠤᠨ ᠰᠠᠨᠠᠭᠠᠨ ᠤ᠋ ᠬᠠᠮᠲᠤ ᠵᠢᠨ ᠳᠠᠭᠤᠨ ᠢ᠋ ᠨᠡᠢᠳᠬᠡᠪᠡ; ᠠᠷᠪᠠᠨ ᠳᠥᠷᠪᠡᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠪᠥᠵᠢᠭ ᠤ᠋ᠨ ᠯᠢᠩᠬᠤ᠎ᠠ ᠱᠠᠩᠨᠠᠯ ᠤ᠋ᠨ ᠦᠨᠳᠦᠰᠦᠲᠡᠨ ᠤ᠋ ᠠᠷᠠᠳ ᠤ᠋ᠨ ᠪᠥᠵᠢᠭ ᠤ᠋ᠨ ᠱᠠᠩᠨᠠᠯ ᠢ᠋ ᠭᠥᠷᠳᠡᠭᠰᠡᠨ 《ᠮᠣᠷᠢᠨ ᠬᠣᠩᠬᠤ ᠵᠣᠯ ᠵᠢᠷᠭᠠᠯ ᠤ᠋ᠨ ᠳᠠᠭᠤᠤ ᠵᠢ ᠬᠠᠩᠭᠢᠨᠠᠭᠤᠯᠤᠨ᠎ᠠ》 ᠭᠡᠬᠦ ᠪᠥᠵᠢᠭ ᠨᠢ ᠮᠣᠩᠭᠣᠯ ᠮᠣᠷᠢᠨ ᠤ᠋ ᠵᠣᠷᠢᠭ᠋ ᠰᠠᠨᠠᠭ᠎ᠠ ᠪᠠᠷ ᠰᠦᠭ ᠰᠦᠨᠡᠰᠦ ᠪᠣᠯᠭᠠᠵᠤ᠂ ᠤᠯᠠᠮᠵᠢᠯᠠᠯᠲᠤ ᠮᠣᠷᠢᠨ ᠪᠥᠵᠢᠭ ᠪᠠ ᠵᠢᠷᠣᠭ᠎ᠠ ᠮᠣᠷᠢᠨ ᠤ᠋ ᠰᠣᠶᠣᠯ ᠢ᠋ ᠠᠭᠤᠰᠬᠠᠨ᠂ ᠬᠥᠮᠥᠨ ᠪᠠ ᠮᠣᠷᠢᠨ ᠤ᠋ ᠡᠶ᠎ᠡ ᠵᠣᠬᠢᠴᠠᠩᠭᠤᠢ ᠬᠠᠮᠲᠤ ᠣᠷᠣᠰᠢᠬᠤ ᠪᠠᠢᠳᠠᠯ ᠢ᠋ ᠠᠮᠢᠳᠤᠯᠢᠭ᠋ ᠶ᠋ᠢᠡᠷ ᠳᠡᠯᠭᠡᠨ ᠦᠵᠡᠭᠦᠯᠵᠦ᠂ ᠦᠨᠳᠦᠰᠦᠲᠡᠨᠨᠦᠭᠦᠳ ᠤ᠋ᠨ ᠠᠷᠠᠳ ᠲᠦᠮᠡᠨ ᠤ᠋ ᠰᠡᠳᠬᠢᠯ ᠨᠢᠬᠡᠳᠤᠨ ᠬᠦᠴᠦ ᠪᠡᠨ ᠬᠠᠮᠲᠤᠳᠬᠠᠵᠥ᠂ ᠬᠦᠰᠡᠯ ᠵᠡᠭᠦᠳᠦ ᠪᠡᠨ ᠡᠷᠡᠯᠬᠡᠭᠯᠡᠨ ᠬᠥᠭᠡᠭᠡᠴᠡᠯᠳᠦᠬᠦ ᠣᠶᠤᠨ ᠰᠠᠨᠠᠭᠠᠨ ᠤ᠋ ᠳᠦᠷᠰᠦ ᠪᠠᠢᠳᠠᠯ ᠢ᠋ ᠲᠠᠢᠯᠪᠤᠷᠢᠯᠠᠭᠰᠠᠨ ᠪᠠᠢᠨ᠎ᠠ᠃ ᠮᠠᠩᠬᠠᠨ ᠠᠶᠠᠯᠭᠤ 《ᠲᠡᠭᠷᠢ ᠵᠢᠨ ᠳᠣᠣᠷᠠᠬᠢ ᠬᠠᠲᠤᠨ ᠭᠣᠣᠯ》 ᠨᠢ ᠭᠣᠢᠳᠠ ᠲᠠᠩᠰᠤᠭ ᠠᠶᠠᠯᠭᠤ ᠪᠠᠷ ᠶ᠋ᠢᠡᠨ ᠬᠠᠲᠤᠨ ᠭᠣᠣᠯ ᠤ᠋ᠨ ᠢᠳᠡᠷᠡᠭᠦᠨ ᠵᠢᠪᠬᠤᠭ᠎ᠠ ᠵᠢ ᠵᠢᠷᠤᠭᠯᠠᠪᠠ; ᠳᠠᠭᠤᠤ ᠪᠥᠵᠢᠭ 《ᠣᠷᠳᠣᠰ ᠬᠤᠷᠢᠮ》᠂ ᠨᠠᠢᠷᠠᠯ ᠬᠥᠭᠵᠢᠮ 《ᠲᠦᠮᠡᠨ ᠠᠭᠲᠠ ᠵᠢᠨ ᠳᠦᠪᠡᠷᠭᠡᠨ》 ᠵᠡᠷᠭᠡ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠪᠦᠲᠦᠭᠡᠯ ᠵᠢᠴᠢ 《ᠠᠷᠢᠬᠢᠨ ᠳᠠᠭᠤᠤ》᠂ 《ᠮᠢᠨᠤ ᠣᠷᠳᠣᠰ》 ᠵᠡᠷᠭᠡ ᠰᠣᠩᠭᠣᠳᠠᠭ ᠪᠦᠳᠦᠭᠡᠯ ᠨᠢ ᠭᠠᠵᠠᠷ ᠣᠷᠣᠨ ᠤ᠋ ᠵᠠᠩ ᠵᠠᠩᠰᠢᠯ᠂ ᠨᠤᠳᠤᠭ ᠤᠰᠤ ᠪᠠᠨ ᠮᠠᠭᠳᠠᠨ ᠳᠠᠭᠤᠯᠠᠬᠤ ᠬᠠᠢᠷ᠎ᠠ ᠰᠡᠳᠬᠢᠯᠭᠡ ᠵᠡᠷᠭᠡ ᠵᠢ ᠬᠠᠷᠠᠭᠤᠯᠵᠤ᠂ ᠲᠠᠯ᠎ᠠ ᠨᠤᠲᠤᠭ ᠤ᠋ᠨ ᠬᠥᠪᠡᠭᠦᠳ ᠥᠬᠢᠳ ᠤ᠋ᠨ ᠣᠮᠣᠭ ᠪᠠᠬᠠᠳᠤᠯ ᠪᠠ ᠬᠠᠢᠷ᠎ᠠ ᠰᠡᠳᠬᠢᠯᠭᠡ ᠵᠢ ᠢᠯᠡᠷᠡᠭᠦᠯᠦᠭᠰᠡᠨ ᠪᠠᠢᠨ᠎ᠠ᠃
ᠳᠤᠰ ᠤᠳᠠᠭᠠᠨ ᠤ᠋ ᠲᠣᠭᠣᠷᠢᠨ ᠲᠣᠭᠯᠠᠯᠲᠠ ᠪᠣᠯ ᠣᠷᠣᠨ ᠪᠦᠰᠡ ᠠᠯᠤᠰᠯᠠᠭᠰᠠᠨ ᠤᠷᠠᠯᠢᠭ᠋ ᠤ᠋ᠨ ᠠᠭᠤᠯᠵᠠᠯᠲᠠ ᠪᠦᠭᠡᠳ ᠰᠣᠶᠣᠯ ᠤ᠋ᠨ ᠰᠣᠯᠢᠯᠴᠠᠭ᠎ᠠ ᠪᠤᠯᠬᠤ ᠶᠤᠮ᠃ ᠣᠷᠳᠣᠰ ᠤ᠋ᠨ ᠤᠯᠠᠭᠠᠨᠮᠥ᠋ᠴᠢᠷ ᠤ᠋ᠨ ᠬᠢᠨ ᠲᠠᠯ᠎ᠠ ᠨᠤᠲᠤᠭ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠷᠠᠭᠤᠯᠤᠭᠰᠠᠨ ᠳᠤᠭᠯᠠᠯᠳᠠ ᠪᠣᠯᠣᠨ ᠰᠣᠳᠣᠨ ᠪᠦᠲᠦᠭᠡᠯ ᠢ᠋ ᠴᠦᠩᠴᠢᠩ ᠬᠤᠳᠠ ᠳ᠋ᠤ ᠳᠤᠭᠯᠠᠨ᠂ ᠬᠣᠶᠠᠷ ᠭᠠᠵᠠᠷ ᠤ᠋ᠨ ᠰᠣᠶᠣᠯ ᠤ᠋ᠨ ᠰᠤᠯᠢᠯᠴᠠᠭ᠎ᠠ ᠳᠤᠯᠢᠳᠠᠯ ᠢ᠋ ᠠᠬᠢᠭᠤᠯᠤᠭᠰᠠᠨ ᠪᠠᠢᠨ᠎ᠠ᠃