4 ᠰᠠᠷ᠎ᠠ᠎ᠶᠢᠨ 28 ᠤ ᠡᠳᠦᠷ᠎ᠡᠴᠡ ᠡᠬᠢᠯᠡᠨ ᠡᠮᠦᠨᠡᠲᠦᠤᠷᠤᠨ ᠤ ᠠᠭᠠᠷ᠎ᠤᠨ ᠠᠶᠠᠯᠠᠯ᠎ᠤᠨ
ᠺᠣᠮᠫᠠᠨᠢ᠎ᠶᠢᠨ ᠬᠠᠷᠢᠶᠠᠨ᠎ᠳᠠᠬᠢ ᠴᠦᠩᠴᠢᠩ᠎ᠦᠨ ᠠᠭᠠᠷ᠎ᠤᠨ ᠠᠶᠠᠯᠠᠯ ᠤᠨ ᠺᠣᠮᠫᠠᠨᠢ ᠬᠥᠬᠡᠬᠣᠲᠠ ︱ ᠴᠦᠩᠴᠢᠩ ︱ ᠪᠠᠩᠺᠤᠺ ᠤᠨ ᠣᠯᠠᠨ ᠤᠯᠤᠰ ᠤᠨ ᠠᠭᠠᠷ ᠤᠨ
ᠠᠶᠠᠯᠠᠯ᠎ᠤᠨ ᠱᠤᠭᠤᠮ ᠢ ᠨᠡᠪᠲᠡᠷᠡᠭᠦᠯᠪᠡ᠂ ᠲᠣᠰ ᠠᠭᠠᠷ ᠤᠨ ᠠᠶᠠᠯᠠᠯ᠎ᠤᠨ ᠡᠭᠡᠯᠵᠢ᠎ᠶᠢᠨ ᠨᠣᠮᠧᠷ ᠨᠢ CZ2361/2 ᠪᠠᠢᠵᠤ᠂ ᠡᠳᠦᠷ ᠪᠦᠷᠢ ᠨᠢᠭᠡ ᠡᠭᠡᠯᠵᠢ ᠠᠶᠠᠯᠠᠵᠤ᠂
ᠬᠥᠬᠡᠬᠣᠲᠠ᠂ ᠴᠦᠩᠴᠢᠩ᠂ ᠪᠠᠩᠺᠤᠺ ᠭᠤᠷᠪᠠᠨ ᠬᠤᠳᠠ᠎ᠳᠤ ᠨᠢᠭᠡ ᠯᠡ ᠨᠢᠰᠬᠡᠯ᠎ᠢᠶᠡᠷ ᠰᠢᠭᠤᠳ ᠬᠦᠷᠬᠦ᠎ᠶᠢ
ᠠᠩᠬ᠎ᠠ ᠪᠡᠶᠡᠯᠡᠭᠦᠯᠪᠡ᠃

ᠳᠤᠰ ᠰᠢᠨ᠎ᠡ ᠠᠶᠠᠯᠠᠯ ᠤᠨ
ᠱᠤᠭᠤᠮ ᠨᠡᠪᠲᠡᠷᠡᠭᠰᠡᠨ ᠵᠢᠡᠷ ᠠᠶᠠᠨᠴᠢᠳ ᠬᠥᠬᠡᠬᠣᠲᠠ᠎ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ᠎ᠦᠨ
ᠪᠠᠭᠤᠳᠠᠯ᠎ᠠᠴᠠ ᠮᠣᠷᠳᠠᠵᠤ᠂ ᠴᠦᠩᠴᠢᠩ᠎ᠦᠨ ᠵᠢᠶᠠᠩᠪᠧᠢ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠳᠤ ᠵᠣᠭᠰᠣᠭᠰᠠᠨ᠎ᠤ
ᠳᠠᠷᠠᠭ᠎ᠠ᠂ ᠦᠷᠭᠦᠯᠵᠢᠯᠡᠨ ᠪᠠᠩᠺᠤᠺ᠎ᠤᠨ ᠰᠦᠸᠠᠨᠨᠠᠫ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠵᠦᠭ ᠨᠢᠰᠴᠦ
ᠪᠤᠯᠤᠨ᠎ᠠ᠂ ᠬᠤᠭᠤᠷᠤᠨᠳᠤ ᠪᠠᠨ ᠨᠢᠰᠬᠡᠯ ᠰᠣᠯᠢᠬᠤ ᠬᠡᠷᠡᠭ ᠦᠭᠡᠢ᠂ ᠳᠠᠭᠢᠵᠤ ᠭᠠᠷ ᠭᠦᠢᠴᠡᠳᠬᠡᠯ ᠬᠢᠬᠦ ᠬᠡᠷᠡᠭ
ᠦᠭᠡᠢ ᠪᠣᠯᠵᠤ᠂ ᠣᠷᠣᠨ ᠪᠦᠰᠡ ᠠᠯᠤᠰᠯᠠᠨ ᠠᠶᠠᠯᠠᠬᠤ᠎ᠳᠤ ᠨᠡᠡᠭ ᠲᠦᠬᠦᠮ ᠪᠤᠯᠤᠭᠰᠠᠨ ᠪᠠᠢᠨ᠎ᠠ᠃
ᠥᠷᠭᠡᠨ ᠣᠯᠠᠨ ᠠᠶᠠᠨᠴᠢᠳ᠎ᠲᠤ
ᠬᠠᠷᠠᠭᠠᠯᠵᠠᠯ ᠦᠵᠡᠬᠦᠯᠬᠦ ᠵᠢᠨ ᠲᠥᠯᠥᠭᠡ᠂ ᠴᠦᠩᠴᠢᠩ᠎ᠦᠨ ᠠᠭᠠᠷ᠎ᠤᠨ ᠠᠶᠠᠯᠠᠯ ᠤᠨ ᠺᠣᠮᠫᠠᠨᠢ᠎ᠶᠢᠨ ᠬᠢᠨ ᠠᠶᠠᠯᠠᠯ
ᠡᠬᠢᠯᠡᠭᠰᠡᠨ ᠡᠬᠢᠨ᠎ᠦ ᠬᠤᠭᠤᠴᠠᠭᠠᠨ᠎ᠳᠤ ᠬᠠᠷᠠᠭᠠᠯᠵᠠᠯᠲᠤ ᠪᠢᠯᠧᠲ᠎ᠦᠨ ᠦᠨ᠎ᠡ᠎ᠶᠢ ᠨᠡᠢᠲᠡᠯᠡᠪᠡ᠂ ᠬᠥᠬᠡᠬᠣᠲᠠ᠎ᠠᠴᠠ
ᠪᠠᠩᠺᠤᠺ᠎ᠲᠤ ᠬᠦᠷᠬᠦ ᠪᠢᠯᠧᠲ᠎ᠦᠨ ᠦᠨ᠎ᠡ 1140 ᠲᠥᠭᠥᠷᠢᠭ(ᠭᠠᠢᠯᠢ ᠪᠠᠭᠲᠠᠬᠤ ᠦᠭᠡᠢ)᠎ᠡᠴᠡ ᠡᠬᠢᠯᠡᠵᠦ᠂ ᠴᠦᠩᠴᠢᠩ᠎ᠡᠴᠡ ᠪᠠᠩᠺᠤᠺ᠎ᠲᠤ ᠬᠦᠷᠬᠦ ᠬᠡᠰᠡᠭ᠎ᠦᠨ ᠪᠢᠯᠧᠲ᠎ᠦᠨ ᠦᠨ᠎ᠡ
720 ᠲᠥᠭᠥᠷᠢᠭ (ᠭᠠᠢᠯᠢ ᠪᠠᠭᠲᠠᠬᠤ ᠦᠭᠡᠢ)᠎ᠡᠴᠡ ᠡᠬᠢᠯᠡᠨ᠎ᠡ᠃ ᠪᠣᠳᠠᠲᠠᠢ ᠡᠭᠡᠯᠵᠢ᠎ᠶᠢᠨ ᠨᠢᠰᠬᠡᠯ᠎ᠦᠨ ᠴᠠᠭ᠂ ᠬᠠᠷᠠᠭᠠᠯᠵᠠᠯᠲᠤ ᠪᠢᠯᠧᠲ᠎ᠦᠨ
ᠦᠨ᠎ᠡ ᠵᠡᠷᠭᠡ ᠨᠠᠷᠢᠨ ᠮᠡᠳᠡᠭᠡ ᠵᠠᠩᠭᠢ᠎ᠶᠢ ᠠᠶᠠᠨᠴᠢᠳ ᠳᠤᠮᠳᠠᠳᠤ ᠤᠯᠤᠰ᠎ᠤᠨ ᠡᠮᠦᠨᠡᠲᠦ ᠣᠷᠣᠨ᠎ᠤ ᠠᠭᠠᠷ᠎ᠤᠨ
ᠠᠶᠠᠯᠠᠯ᠎ᠤᠨ ᠠᠯᠪᠠᠨ ᠰᠦᠯᠵᠢᠶ᠎ᠡ᠎ᠳᠦ ᠭᠠᠷᠬᠤ ᠪᠤᠶᠤ ᠠᠯᠪᠠᠨ᠎ᠤ App᠂ ᠠᠯᠪᠠᠨ᠎ᠤ ᠵᠢᠷᠬᠢᠶ᠎ᠡ ᠵᠢᠨ ᠨᠡᠶ᠋ᠢᠲᠡ᠎ᠶᠢᠨ ᠳ᠋ᠤᠭᠠᠷ᠎ᠢᠶᠠᠷ ᠳᠠᠮᠵᠢᠭᠤᠯᠤᠨ ᠯᠠᠪᠯᠠᠵᠤ᠂
ᠪᠢᠯᠧᠲ ᠬᠤᠳᠠᠯᠳᠤᠨ ᠠᠪᠴᠤ ᠪᠣᠯᠣᠨ᠎ᠠ ᠃
ᠢᠷᠡᠯᠲᠡ ᠄ ᠬᠦᠬᠡᠬᠤᠳᠠ ᠵᠢᠨ ᠬᠠᠮ ᠵᠠᠭᠤᠴᠢᠯᠠᠭᠤᠷ