4 ᠰᠠᠷ᠎ᠠ᠎ᠶᠢᠨ 25᠎ᠤ ᠡᠳᠦᠷ᠂ 2026
ᠣᠨ ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠬᠠᠨᠳᠤᠭᠤᠯᠤᠬᠰᠠᠨ ᠰᠤᠷᠭᠠᠨ ᠬᠥᠮᠦᠵᠢᠯ ᠦᠨ ᠲᠥᠷᠥᠯ᠎ᠦᠨ ᠠᠵᠢᠯᠲᠠᠨ ᠡᠯᠰᠡᠬᠦ ᠴᠤᠭᠯᠠᠭᠠᠨ ( ᠥᠪᠥᠷ ᠮᠣᠩᠭᠣᠯ᠎ᠤᠨ ᠪᠠᠭ᠍ᠰᠢ᠎ᠶᠢᠨ
ᠶᠡᠬᠡ ᠰᠤᠷᠭᠠᠭᠤᠯᠢ᠎ᠶᠢᠨ ᠲᠤᠰᠬᠠᠢ ᠲᠠᠯᠠᠪᠤᠷ ) ᠤᠷᠤᠭᠰᠢᠲᠠᠢ ᠶᠠᠪᠤᠭᠳᠠᠪᠠ᠂ ᠢᠩᠬᠢᠬᠡᠳ ᠥᠪᠥᠷ ᠮᠣᠩᠭᠣᠯ᠎ᠤᠨ
ᠰᠤᠷᠭᠠᠭᠤᠯᠢ ᠵᠢᠨ ᠬᠦᠷᠢᠶᠡᠨ ᠡᠴᠡ ᠰᠤᠷᠭᠠᠨ ᠬᠥᠮᠦᠵᠢᠯ᠎ᠦᠨ ᠲᠥᠷᠥᠯ᠎ᠦᠨ ᠠᠵᠢᠯᠲᠠᠨ ᠡᠯᠰᠡᠬᠦ ᠰᠠᠷ᠎ᠠ᠎ᠶᠢᠨ
ᠠᠵᠢᠯᠯᠠᠭ᠎ᠠ ᠵᠢᠨ 5 ᠲᠠᠯᠠᠪᠤᠷ ᠴᠤᠭᠯᠠᠭᠠᠨ ᠪᠦᠬᠦᠨ᠎ᠢᠶᠡᠷ᠎ᠢᠶᠡᠨ ᠳᠠᠭᠤᠰᠤᠭᠰᠠᠨᠪᠠᠢᠨᠠ᠃
ᠲᠣᠰ ᠤᠳᠠᠭᠠᠨ᠎ᠤ ᠠᠵᠢᠯᠲᠠᠨ ᠡᠯᠰᠡᠬᠦ
ᠰᠠᠷ᠎ᠠ ᠵᠢᠨ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠦᠨ ᠲᠢᠩᠬᠢᠮ ᠡᠴᠡ ᠭᠣᠣᠯᠯᠠᠨ
ᠡᠷᠭᠢᠯᠡᠵᠦ᠂ 4 ᠰᠠᠷ᠎ᠠ᠎ᠳᠤ ᠲᠥᠪᠯᠡᠷᠡᠭᠦᠯᠦᠨ ᠥᠷᠨᠢᠭᠦᠯᠵᠦ᠂ ᠲᠣᠰ ᠲᠤᠰ ᠥᠪᠥᠷ ᠮᠣᠩᠭᠣᠯ ᠤᠨ ᠪᠠᠭ᠍ᠰᠢ᠎ᠶᠢᠨ ᠶᠡᠬᠡ
ᠰᠤᠷᠭᠠᠭᠤᠯᠢ᠂ ᠥᠪᠥᠷ ᠮᠣᠩᠭᠣᠯ ᠤᠨ ᠦᠨᠳᠦᠰᠦᠲᠡᠨ ᠦ ᠶᠡᠬᠡ ᠰᠤᠷᠭᠠᠭᠤᠯᠢ᠂ ᠪᠤᠭᠤᠲᠤ᠎ᠶᠢᠨ ᠪᠠᠭ᠍ᠰᠢ᠎ᠶᠢᠨ ᠳᠡᠭᠡᠳᠦ
ᠰᠤᠷᠭᠠᠭᠤᠯᠢ᠂ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠂ ᠵᠢᠨᠢᠩ᠎ᠦᠨ ᠪᠠᠭ᠍ᠰᠢ᠎ᠶᠢᠨ ᠳᠡᠭᠡᠳᠦ ᠰᠤᠷᠭᠠᠭᠤᠯᠢ᠎ᠳᠤ
ᠲᠤᠰᠬᠠᠢ ᠲᠠᠯᠠᠪᠠᠶ ᠭᠠᠷᠭᠠᠵᠤ᠂ ᠬᠥᠬᠡᠬᠣᠲᠠ᠂ ᠪᠤᠭᠤᠲᠤ᠂ ᠲᠦᠩᠯᠢᠶᠣᠣ᠂ ᠤᠯᠠᠭᠠᠨᠴᠠᠪ ᠵᠡᠷᠭᠡ ᠬᠣᠲᠠ᠎ᠶᠢ ᠬᠠᠮᠤᠷᠤᠨ᠂
ᠰᠤᠷᠭᠠᠨ ᠬᠥᠮᠦᠵᠢᠯ᠎ᠦᠨ ᠰᠢᠰᠲᠧᠮ᠎ᠦᠨ ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠲᠠᠢ ᠣᠨᠣᠴᠠᠲᠠᠢ᠎ᠪᠠᠷ
ᠵᠣᠯᠭᠠᠭᠤᠯᠵᠤ᠂ ᠰᠤᠷᠭᠠᠨ ᠬᠥᠮᠦᠵᠢᠯ᠎ᠦᠨ ᠲᠥᠷᠥᠯ᠎ᠦᠨ ᠲᠡᠭᠦᠰᠬᠦ ᠰᠤᠷᠤᠭ᠍ᠴᠢᠳ᠎ᠤᠨ ᠠᠵᠢᠯ ᠣᠯᠬᠤ᠎ᠳᠤ ᠬᠦᠴᠦᠨ ᠨᠡᠮᠡᠷᠢᠯᠡᠪᠡ᠃
ᠲᠣᠰ ᠠᠵᠢᠯᠯᠠᠭ᠎ᠠ ᠨᠢ ᠪᠥᠬᠥ ᠣᠷᠣᠨ ᠤ
ᠡᠯ᠎ᠡ ᠱᠠᠲᠤᠨ ᠤ ᠡᠯ᠎ᠡ ᠲᠥᠷᠥᠯ᠎ᠦᠨ ᠰᠤᠷᠭᠠᠭᠤᠯᠢ ᠵᠢᠴᠢ ᠰᠤᠷᠭᠠᠨ ᠬᠥᠮᠦᠵᠢᠯ ᠦᠨ ᠬᠥᠮᠥᠨ ᠬᠡᠷᠡᠭᠯᠡᠬᠦ ᠨᠢᠭᠡᠴᠢ᠎ᠶᠢ
ᠨᠡᠶ᠋ᠢᠲᠡ 309 ᠪᠠᠬᠳᠠᠭᠠᠵᠦ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠂ ᠳᠤᠮᠳᠠᠳᠤ ᠪᠠᠭ᠎ᠠ
ᠰᠤᠷᠭᠠᠭᠤᠯᠢ᠎ᠶᠢᠨ ᠡᠯ᠎ᠡ ᠬᠢᠴᠢᠶᠡᠯ ᠲᠥᠷᠥᠯ᠂ ᠣᠨᠴᠠᠭᠠᠶ ᠰᠤᠷᠭᠠᠨ ᠬᠥᠮᠦᠵᠢᠯ᠂ ᠰᠡᠳᠬᠢᠴᠡ᠎ᠶᠢᠨ ᠡᠷᠡᠭᠦᠯ ᠮᠡᠨᠳᠦ᠎ᠶᠢᠨ
ᠬᠥᠮᠦᠵᠢᠯ ᠵᠡᠷᠭᠡ 8373 ᠠᠵᠢᠯ ᠤᠨ ᠪᠠᠢᠷᠢ ᠬᠠᠩᠭᠠᠵᠤ᠂ ᠰᠤᠷᠭᠠᠨ ᠬᠥᠮᠦᠵᠢᠯ᠎ᠦᠨ ᠲᠥᠷᠥᠯ᠎ᠦᠨ ᠲᠦᠮᠡ ᠰᠢᠬᠠᠮ
ᠲᠡᠭᠦᠰᠦᠭᠰᠡᠳ ᠲᠤᠬᠠᠢ᠎ᠶᠢᠨ ᠲᠠᠯᠠᠪᠤᠷ᠎ᠲᠤ ᠬᠦᠷᠴᠦ ᠠᠵᠢᠯ ᠡᠷᠢᠵᠡᠢ᠃ ᠡᠯ᠎ᠡ ᠲᠠᠯᠠᠪᠤᠷ ᠨᠢ ᠰᠦᠯᠵᠢᠶᠡᠨ᠎ᠤ ᠵᠠᠮ᠎ᠢ
ᠵᠡᠷᠭᠡ᠎ᠪᠡᠷ ᠨᠠᠪᠲᠠᠷᠡᠭᠦᠯᠵᠦ᠂ ᠠᠵᠢᠯ᠎ᠤᠨ ᠪᠠᠢᠷᠢ᠎ᠶᠢᠨ ᠨᠡᠶ᠋ᠢᠲᠡᠯᠡᠯᠲᠡ᠂ ᠲᠣᠪᠴᠢ ᠨᠠᠮᠲᠠᠷ ᠬᠦᠷᠭᠡᠬᠦ᠂ ᠨᠢᠭᠤᠷᠲᠠᠨ
ᠰᠢᠯᠭᠠᠬᠤ᠂ ᠭᠡᠷ᠎ᠡ ᠲᠣᠭᠲᠠᠬᠤ ᠪᠥᠬᠥ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ᠎ᠶᠢ ᠪᠡᠶᠡᠯᠡᠭᠦᠯᠵᠦ᠂
ᠤᠷᠢᠵᠤ ᠡᠯᠰᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃
ᠲᠣᠰ ᠤᠳᠠᠭᠠᠨ᠎ᠤ ᠠᠵᠢᠯᠯᠠᠭ᠎ᠠ ᠪᠣᠯ ᠥᠪᠡᠷᠲᠡᠭᠡᠨ
ᠵᠠᠰᠠᠬᠤ ᠣᠷᠣᠨ᠎ᠤ 《1571》ᠠᠵᠢᠯ᠎ᠤᠨ ᠪᠠᠢᠷᠢᠯᠠᠭᠤᠯᠤᠯᠲᠠ᠎ᠶᠢ
ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ᠎ᠦᠨ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ᠎ᠶᠢ
ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ
ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠣᠯᠠᠨ ᠰᠠᠯᠠᠭ᠎ᠠ ᠮᠥᠴᠢᠷ᠂ ᠠᠵᠢᠯ ᠲᠥᠷᠥᠯ᠂ ᠭᠠᠵᠠᠷ ᠣᠷᠣᠨ ᠠᠯᠤᠰᠯᠠᠨ
ᠣᠯᠠᠨ ᠬᠦᠷᠢᠶ᠎ᠡ ᠴᠠᠷᠠᠭᠠᠨ᠎ᠳᠠᠬᠢ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠡᠷᠭᠢᠯᠡᠬᠦ᠎ᠶᠢᠨ ᠬᠠᠮᠲᠤ ᠠᠵᠢᠯ
ᠣᠯᠭᠣᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠪᠠ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂
ᠲᠡᠭᠦᠰᠬᠦ ᠣᠶᠤᠲᠠᠳ᠎ᠤᠨ ᠠᠵᠢᠯ ᠣᠯᠬᠤ᠎ᠳᠤ ᠦᠷᠭᠦᠯᠵᠢᠯᠡᠨ ᠪᠠᠲᠤᠯᠠᠭ᠎ᠠ ᠬᠠᠩᠭᠠᠵᠤ᠂ ᠥᠪᠥᠷ ᠮᠣᠩᠭᠣᠯ᠎ᠤᠨ ᠴᠢᠨᠠᠷ
ᠰᠠᠢᠲᠠᠢ ᠬᠥᠭᠵᠢᠯᠲᠡ᠎ᠳᠦ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ᠃