ᠱᠢᠨ᠎ᠡ᠎ᠪᠡᠷ ᠠᠵᠢᠯ ᠣᠯᠤᠭ᠍ᠰᠠᠳ᠎ᠲᠦ ᠦᠶ᠋ᠯᠡᠴᠢᠯᠡᠬᠦ᠌ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠦᠨ ᠰᠠᠨᠠᠯ
2026-04-29 10:02:41
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

( 2025 ᠣᠨ᠎ᠤ 10 ᠰᠠᠷ᠎ᠠ᠎ᠶ᠋ᠢᠨ 29 ᠎ᠤ᠋ ᠡᠳᠦᠷ)

ᠰᠢᠨ᠎ᠠ ᠪᠡᠷ ᠠᠵᠢᠯ ᠤᠯᠤᠬᠰᠡᠳ ᠪᠤᠯ ᠨᠡᠢᠭᠡᠮ ᠵᠢᠷᠤᠮ᠎ᠤᠨ ᠬᠥᠳᠡᠯᠮᠦᠷᠢᠴᠢᠳ᠎ᠦᠨ ᠴᠢᠬᠤᠯᠠ ᠪᠦᠷᠢᠯᠳᠦᠬᠦᠨ ᠬᠡᠰᠡᠭ ᠮᠥᠨ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠳᠤᠲᠠᠭ᠍ᠳᠠᠵᠤ ᠪᠣᠯᠤᠰᠢ ᠦᠭᠡᠢ ᠴᠢᠬᠤᠯᠠ ᠬᠦᠴᠦᠨ ᠮᠥᠨ᠃ ᠣᠳᠣᠬᠠᠨ᠎ᠳᠤ ᠮᠠᠨ᠎ᠤ ᠤᠯᠤᠰ᠎ᠤᠨ ᠱᠢᠨ᠎ᠡ᠎ᠪᠡᠷ ᠮᠠᠨᠳᠤᠬᠰᠡᠨ ᠬᠦᠷᠢᠶ᠎ᠡ ᠦᠳᠲᠡᠷ ᠲᠦᠷᠭᠡᠨ ᠬᠥᠭ᠌ᠵᠢᠵᠦ᠍᠂ ᠢᠯᠠᠩᠭᠤᠶ᠎ᠠ ᠢᠨᠲ᠋ᠸᠷ ᠰᠦᠯᠵᠢᠶᠡᠨ᠎ᠦ ᠲᠠᠪᠴᠠᠩ᠎ᠢᠶᠠᠷ ᠲᠤᠯᠭᠠᠭᠤᠷᠢ ᠪᠣᠯᠭᠠᠭ᠍ᠰᠠᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠶᠡᠬᠡ ᠬᠡᠮᠵᠢᠶ᠎ᠡ᠎ᠪᠡᠷ ᠢᠯᠡᠷᠡᠨ ᠭᠠᠷᠴᠤ᠌᠂ ᠬᠡᠪᠴᠢᠶ᠎ᠡ᠎ᠪᠡᠷ ᠮᠤᠨᠳᠠᠭ ᠶᠡᠬᠡ ᠱᠢᠨ᠎ᠡ ᠠᠵᠢᠯ ᠣᠯᠤᠬᠰᠡᠳ ᠴᠤᠭ᠍ᠯᠠᠷᠠᠭ᠍ᠰᠠᠨ ᠪᠠᠢᠨ᠎ᠠ᠃ ᠱᠢᠨ᠎ᠡ᠎ᠪᠡᠷ ᠠᠵᠢᠯ ᠣᠯᠤᠭ᠍ᠰᠠᠳ ᠲᠤ᠌ ᠦᠶ᠋ᠯᠡᠴᠢᠯᠡᠬᠦ᠌ ᠬᠠᠮᠢᠶᠠᠷᠤᠯᠲᠠ᠎ᠶ᠋ᠢ ᠴᠢᠩᠭᠠᠳᠭᠠᠬᠤ᠎ᠶ᠋ᠢᠨ ᠲᠦᠯᠦᠭᠡ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠪᠠᠷ ᠵᠥᠪᠱᠢᠶᠡᠷᠡᠭᠦᠯᠦᠭᠡᠳ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃

ᠨᠢᠭᠡ᠂ ᠶᠡᠷᠦᠩᠬᠡᠢ ᠱᠠᠭᠠᠷᠳᠠᠯᠭ᠎ᠠ

ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦ ᠬᠦᠴᠦᠨ ᠪᠣᠯᠭᠠᠬᠤ᠎ᠶ᠋ᠢ ᠪᠠᠷᠢᠮᠲᠠᠯᠠᠵᠤ᠂ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠤ᠂ ᠨᠢᠭᠡᠳᠦᠯᠲᠡᠶ ᠲᠥᠯᠥᠪᠵᠢᠬᠦᠯᠤᠨ ᠵᠣᠬᠢᠴᠠᠭᠤᠯᠬᠤ᠎ᠶ᠋ᠢ ᠴᠢᠨᠭᠭᠠᠳᠬᠠᠵᠤ᠂ ᠶᠡᠷᠦᠩᠬᠡᠢᠯᠡᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠴᠢᠬᠤᠯᠠᠴᠢᠯᠠᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠴᠢᠩᠭᠠᠳᠬᠠᠵᠤ᠂ ᠨᠢᠭ᠍ᠲᠠᠷᠠᠭᠤᠯᠬᠤ ᠦᠢᠯᠡᠴᠢᠯᠡᠭᠡᠨ᠎ᠦ ᠠᠵᠢᠯ᠎ᠢ ᠰᠠᠢᠲᠤᠷ ᠬᠢᠵᠤ᠂ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠵᠤ᠂ ᠡᠶ᠎ᠡ ᠵᠣᠬᠢᠴᠠᠨᠭᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠵᠤ᠂ ᠱᠢᠨ᠎ᠡ᠎ᠪᠡᠷ ᠠᠵᠢᠯ ᠣᠯᠤᠭ᠍ᠰᠠᠨ ᠪᠦᠯᠭᠦᠮ ᠨᠡᠢᠳᠡ ᠵᠢᠨ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ᠎ᠢ ᠳᠡᠭᠡᠭ᠌ᠰᠢᠯᠡᠭᠦᠯᠦᠨ᠎ᠡ᠂ ᠱᠢᠨ᠎ᠡ ᠠᠵᠢᠯ ᠣᠯᠤᠭ᠍ᠰᠠᠳ ᠤ᠋ᠨ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠬᠤ ᠵᠢ ᠬᠦᠳᠤᠯᠤᠨ ᠵᠢᠯᠤᠭᠤᠳᠴᠤ᠂ ᠨᠠᠮ᠎ᠤᠨ ᠤᠷᠲᠤ ᠬᠤᠭᠤᠴᠠᠭ᠎ᠠ᠎ᠪᠠᠷ ᠲᠥᠷᠥ᠍ ᠪᠠᠷᠢᠬᠤ ᠠᠩᠭᠢ᠎ᠶ᠋ᠢᠨ ᠰᠠᠭᠤᠷᠢ᠂ ᠣᠯᠠᠨ ᠲᠦᠮᠡᠨᠴᠢ ᠰᠠᠭᠤᠷᠢ᠂ ᠨᠡᠢᠭᠡᠮ᠎ᠦᠨ ᠰᠠᠭᠤᠷᠢ ᠵᠢ ᠲᠠᠰᠤᠷᠠᠯᠳᠠ ᠦᠭᠡᠢ ᠪᠡᠬᠢᠵᠢᠬᠦᠯᠬᠦ ᠭᠡᠷᠡᠭᠳᠠᠢ᠃

ᠭᠤᠤᠯ ᠬᠠᠷᠠᠯᠲᠠ᠎ᠨᠢ᠄ 2027 ᠣᠨ ᠪᠣᠯᠬᠤ᠎ᠳᠤ᠂ ᠳᠡᠭᠡᠳᠦ ᠳᠤᠤᠷᠠᠳᠤ ᠱᠠᠲᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠵᠦ᠍᠂ ᠱᠢᠰᠲ᠋ᠧᠮ ᠬᠡᠰᠡᠭ᠎ᠢ ᠤᠶᠠᠯᠳᠤᠭᠤᠯᠤᠨ᠂ ᠪᠦᠲᠦᠮᠵᠢᠲᠡᠶ ᠬᠠᠮᠵᠢᠯᠴᠠᠭ᠍ᠰᠠᠨ ᠠᠵᠢᠯ᠎ᠤᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠱᠢᠨ᠎ᠡ᠎ᠪᠡᠷ ᠠᠵᠢᠯ ᠣᠯᠤᠭ᠍ᠰᠠᠳ ᠤ᠋ᠨ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠠᠵᠢᠯ᠎ᠢ ᠪᠥᠬᠥ᠌ ᠲᠠᠯ᠎ᠠ᠎ᠪᠠᠷ ᠪᠦᠷᠬᠦᠭᠦᠯᠵᠦ᠍᠂ ᠬᠥᠳᠡᠯᠮᠦᠷᠢ ᠬᠦᠴᠦ᠍ ᠬᠡᠷᠡᠭ᠌ᠯᠡᠬᠦ᠌᠎ᠶ᠋ᠢ ᠠᠯᠬᠤᠮ ᠠᠯᠬᠤᠮ᠎ᠢᠶᠠᠷ ᠵᠢᠷᠤᠮᠵᠢᠭᠤᠯᠵᠤ᠂ ᠠᠵᠢᠯ ᠡᠷᠭᠢᠯᠡᠬᠦ᠌ ᠣᠷᠴᠢᠨ ᠨᠥᠬᠥᠴᠡᠯ᠎ᠢ ᠢᠯᠡᠳᠲᠡ ᠰᠠᠢᠵᠢᠷᠠᠭᠤᠯᠵᠤ᠂ ᠬᠠᠤᠯᠢ ᠶᠣᠰᠣᠨ᠎ᠤ ᠡᠷᠬᠡ ᠠᠱᠢᠭ᠎ᠢ ᠬᠦᠴᠦᠲᠡᠶ ᠪᠠᠲᠤᠯᠠᠨ᠎ᠠ᠃ ᠳᠠᠬᠢᠭᠠᠳ 3 ᠎ᠡᠴᠡ 5 ᠵᠢᠯ ᠥᠩᠭᠡᠷᠡᠪᠡᠯ᠂ ᠱᠢᠨ᠎ᠡ ᠪᠡᠷ ᠠᠵᠢᠯ ᠣᠯᠤᠬᠰᠡᠳ ᠲᠤ᠌ ᠦᠢᠯᠡᠴᠢᠯᠡᠬᠦ ᠬᠠᠮᠢᠶᠠᠷᠤᠯᠲᠠ᠎ᠶ᠋ᠢᠨ ᠲᠦᠷᠢᠮ ᠨᠠᠩ ᠪᠦᠷᠢᠨᠱᠢᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠣᠯᠭ᠎ᠠ ᠨᠠᠩ ᠬᠦᠴᠦᠲᠡᠶ ᠪᠣᠯᠵᠣ᠂ ᠬᠥᠳᠡᠯᠮᠦᠷᠢ᠎ᠶ᠋ᠢᠨ ᠬᠠᠷᠢᠴᠠᠭ᠎ᠠ ᠨᠠᠩ ᠡᠶ᠎ᠡ ᠵᠣᠬᠢᠴᠠᠨᠭᠭᠤᠢ ᠪᠣᠯᠵᠣ᠂ ᠠᠵᠢᠯ ᠡᠷᠭᠢᠯᠡᠬᠦ᠌ ᠣᠷᠴᠢᠨ ᠨᠥᠬᠥᠴᠡᠯ ᠨᠠᠩ ᠨᠥᠬᠥᠷᠰᠡᠭ ᠪᠣᠯᠵᠣ᠂ ᠬᠠᠤᠯᠢ ᠶᠣᠰᠣᠨ᠎ᠤ ᠡᠷᠬᠡ ᠠᠱᠢᠭ᠎ᠤᠨ ᠪᠠᠲᠤᠯᠠᠭ᠎ᠠ ᠨᠠᠩ ᠭᠦᠶ᠋ᠴᠡᠳ ᠪᠣᠯᠵᠣ᠂ ᠠᠵᠢᠯ ᠮᠡᠷᠭᠡᠵᠢᠯ᠎ᠦᠨ ᠮᠡᠳᠡᠷᠡᠮᠵᠢ ᠢᠯᠡᠳᠲᠡ ᠳᠡᠭᠡᠭ᠌ᠰᠢᠯᠡᠵᠦ᠍᠂ ᠱᠢᠨ᠎ᠡ ᠪᠡᠷ ᠠᠵᠢᠯ ᠤᠯᠤᠬᠰᠡᠳ ᠤ᠋ᠨ ᠪᠥᠬᠥ᠌ ᠲᠠᠯ᠎ᠠ᠎ᠶ᠋ᠢᠨ ᠬᠥᠭ᠌ᠵᠢᠯᠲᠡ ᠨᠠᠩ ᠢᠯᠡᠷᠬᠡᠶ ᠮᠥᠨ ᠴᠢᠨᠠᠷ᠎ᠤᠨ ᠠᠬᠢᠯᠲᠠ᠎ᠲᠠᠶ ᠪᠣᠯᠤᠨ᠎ᠠ᠃

ᠬᠣᠶᠠᠷ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠦᠳᠤᠯᠤᠨ ᠵᠢᠯᠤᠭᠤᠳᠤᠯᠭ᠎ᠠ ᠵᠢ ᠴᠢᠩᠭᠠᠳᠭᠠᠨ᠎ᠠ

(ᠨᠢᠭᠡ) ᠱᠢᠨ᠎ᠡ᠎ᠪᠡᠷ ᠠᠵᠢᠯ ᠣᠯᠤᠭ᠍ᠰᠡᠳ ᠤ᠋ᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠢ ᠴᠢᠩᠭᠠᠳᠭᠠᠨ᠎ᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢ ᠨᠢᠭᠳᠠᠷᠠᠭᠤᠯᠤᠨ ᠰᠦᠭ ᠰᠦᠨᠡᠰᠦ᠎ᠵᠢ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠱᠢᠨ᠎ᠡ᠎ᠪᠡᠷ ᠠᠵᠢᠯ ᠣᠯᠤᠭ᠍ᠰᠠᠳ ᠤ᠋ᠨ ᠨᠠᠮ᠎ᠤᠨ ᠲᠤᠬᠠᠢ ᠤᠯᠤᠰ ᠲᠦᠷᠦ᠍᠎ᠶ᠋ᠢᠨ ᠬᠠᠮᠲᠤ᠎ᠶ᠋ᠢᠨ ᠲᠠᠨᠢᠯᠲᠠ᠂ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠂ ᠤᠨᠤᠯ᠎ᠤᠨ ᠬᠠᠮᠲᠤ᠎ᠶ᠋ᠢᠨ ᠲᠠᠨᠢᠯᠲᠠ᠂ ᠬᠠᠢᠷ᠎ᠠ ᠰᠡᠳᠭᠢᠯᠭᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠲᠠᠰᠤᠷᠠᠯᠳᠠ ᠦᠭᠡᠢ ᠨᠡᠮᠡᠭ᠌ᠳᠡᠭᠦᠯᠦᠨ᠎ᠡ᠃ ᠱᠢᠨ᠎ᠡ᠎ᠪᠡᠷ ᠠᠵᠢᠯ ᠣᠯᠤᠭ᠍ᠰᠠᠳ ᠤ᠋ᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠬᠦᠰᠡᠯᠡᠩ ᠢᠲᠡᠭᠡᠯ ᠪᠢᠰᠢᠷᠡᠯ ᠤ᠋ᠨ ᠬᠥᠮᠦᠵᠢᠯ᠎ᠢ ᠥᠷᠨᠢᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠵᠡᠭᠦᠳᠦ᠍᠎ᠶ᠋ᠢ ᠲᠡᠷᠭᠡᠯᠰᠢᠬᠦᠯᠬᠦ ᠤᠬᠠᠭᠤᠯᠭ᠎ᠠ ᠬᠥᠮᠦᠵᠢᠯ᠎ᠢ ᠥᠷᠨᠢᠭᠦᠯᠦᠨ᠂ ᠨᠡᠢᠭᠡᠮ ᠵᠢᠷᠤᠮ᠎ᠤᠨ ᠭᠣᠣᠯᠯᠠᠬᠴᠢ ᠦᠷᠲᠡᠭ᠎ᠦᠨ ᠦᠵᠡᠯᠲᠡ᠎ᠶ᠋ᠢᠨ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠵᠦ᠍᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠲᠡᠮᠡᠴᠡᠯ᠎ᠦᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠡᠭᠦᠳᠦᠨ ᠪᠦᠲᠦᠭᠡᠬᠦ᠌ ᠵᠣᠷᠢᠭ ᠰᠠᠨᠠᠭ᠎ᠠ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠤᠨ᠎ᠠ᠃ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠱᠢᠨ᠎ᠡ᠎ᠪᠡᠷ ᠠᠵᠢᠯ ᠤᠯᠤᠬᠰᠡᠳ ᠤ᠋ᠨ ᠣᠨᠴᠠᠯᠢᠭ᠎ᠲᠤ ᠲᠣᠬᠢᠷᠠᠬᠤ ᠰᠤᠷᠤᠯᠴᠠᠯᠭ᠎ᠠ ᠬᠥᠮᠦᠵᠢᠯ᠎ᠦᠨ ᠠᠷᠭ᠎ᠠ ᠮᠠᠶᠢᠭ᠎ᠢ ᠰᠦᠪᠡᠭ᠌ᠴᠢᠯᠡᠨ᠎ᠡ᠃ ᠱᠢᠨ᠎ᠡ ᠪᠡᠷ ᠠᠵᠢᠯ ᠤᠯᠤᠬᠰᠡᠳ ᠤ᠋ᠨ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠎ᠠ᠃ ᠦᠵᠡᠯ ᠰᠠᠨᠠᠭᠠᠨ᠎ᠤ ᠠᠰᠠᠭᠤᠳᠠᠯ᠎ᠢ ᠱᠢᠢᠳᠪᠦᠷᠢᠯᠡᠬᠦ᠌᠎ᠶ᠋ᠢ ᠪᠣᠳᠠᠲᠠᠢ ᠬᠦᠴᠢᠷᠳᠡᠯ᠎ᠢ ᠱᠢᠢᠳᠪᠦᠷᠢᠯᠡᠬᠦ᠌᠎ᠲᠡᠶ ᠤᠶᠠᠯᠳᠤᠭᠤᠯᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠤᠨ ᠪᠣᠳᠠᠲᠤ ᠦᠷ᠎ᠡ ᠪᠦᠲᠦᠮᠵᠢ᠎ᠶ᠋ᠢ ᠨᠡᠮᠡᠭ᠌ᠳᠡᠭᠦᠯᠤᠨ᠎ᠠ᠃

(ᠬᠤᠶᠠᠷ)ᠱᠢᠨ᠎ᠡ᠎ᠪᠡᠷ ᠠᠵᠢᠯ ᠣᠯᠤᠭ᠍ᠰᠠᠳ ᠤ᠋ᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠠᠳᠠᠯᠢ ᠪᠤᠰᠤ ᠲᠦᠷᠦᠯ᠎ᠦᠨ ᠱᠢᠨ᠎ᠡ ᠪᠡᠷ ᠠᠵᠢᠯ ᠤᠯᠤᠬᠰᠡᠳ ᠤ᠋ᠨ ᠠᠵᠢᠯᠯᠠᠬᠤ ᠠᠷᠭ᠎ᠠ ᠮᠠᠶᠢᠭ᠂ ᠠᠵᠢᠯᠯᠠᠭᠠᠨ᠎ᠤ ᠬᠡᠪᠴᠢᠶ᠎ᠡ᠎ᠳᠦ ᠴᠢᠭ᠌ᠯᠡᠭᠦᠯᠦᠨ᠂ ᠬᠠᠷᠢᠶ᠎ᠠ ᠭᠠᠵᠠᠷ᠂ ᠠᠵᠤ ᠠᠬᠤᠢᠯᠠᠯ᠂ ᠠᠵᠢᠯ ᠲᠦᠷᠦᠯ᠎ᠦᠨ ᠳᠠᠪᠠᠭᠤᠯᠢᠭ᠎ᠢ ᠪᠠᠳᠠᠷᠠᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠷᠢᠯᠠᠭᠤᠯᠤᠯᠲᠠ ᠪᠠ ᠠᠵᠢᠯᠯᠠᠭᠠᠨ᠎ᠤ ᠠᠷᠭ᠎ᠠ ᠮᠠᠶᠢᠭ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠷᠬᠦᠴᠡ ᠪᠠ ᠨᠠᠮ᠎ᠤᠨ ᠠᠵᠢᠯ᠎ᠤᠨ ᠪᠦᠷᠬᠦᠴᠡ᠎ᠶ᠋ᠢ ᠦᠷᠭᠦᠯᠵᠢᠯᠡᠨ ᠥᠷᠭᠡᠳᠭᠡᠨ᠎ᠡ᠃ ᠭᠠᠷᠴᠤ᠌ ᠶᠠᠪᠤᠬᠤ ᠣᠷᠣᠬᠤ ᠢᠷᠡᠬᠦ ᠭᠠᠵᠠᠷ ᠤ᠋ᠨ ᠬᠠᠷᠢᠯᠴᠠᠨ ᠬᠠᠮᠵᠢᠯᠴᠠᠬᠤ᠂ ᠪᠤᠳᠠᠳᠤ ᠴᠤᠬᠴᠠ ᠪᠠ ᠰᠦᠯᠵᠢᠶᠡᠨ ᠳᠡᠭᠡᠷᠡᠬᠢ᠎ᠶ᠋ᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠰᠦᠪᠡᠭ᠌ᠴᠢᠯᠡᠨ ᠬᠡᠷᠡᠭ᠌ᠯᠡᠵᠦ᠍᠂ ᠱᠢᠨ᠎ᠡ᠎ᠪᠡᠷ ᠠᠵᠢᠯ ᠣᠯᠤᠭ᠍ᠰᠠᠳ ᠤ᠋ᠨ ᠳᠤᠮᠳᠠᠬᠢ ᠨᠡᠭᠦᠳᠡᠯ ᠨᠠᠮ᠎ᠤᠨ ᠭᠡᠱᠢᠭᠦᠨ᠎ᠦ ᠬᠥᠮᠦᠵᠢᠯ᠂ ᠬᠠᠮᠢᠶᠠᠷᠤᠯᠲᠠ᠂ ᠬᠢᠨᠠᠯᠲᠠ ᠲᠠᠯᠪᠢᠯᠲᠠ ᠪᠠ ᠦᠶ᠋ᠯᠡᠴᠢᠯᠡᠭᠡ᠎ᠶ᠋ᠢ ᠴᠢᠩᠭᠠᠳᠭᠠᠨ ᠰᠠᠢᠵᠢᠷᠠᠭᠤᠯᠤᠨ᠎ᠠ᠃ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠎ᠦ ᠦᠶ᠋ᠯᠡᠳᠦᠯ᠎ᠢ ᠪᠠᠳᠠᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠠᠵᠢᠯ ᠬᠢᠭᠡᠳ ᠦᠶ᠋ᠯᠡᠳᠪᠦᠷᠢᠯᠡᠯ ᠡᠵᠡᠩᠨᠡᠯᠲᠡ᠂ ᠱᠢᠨ᠎ᠡ᠎ᠶ᠋ᠢ ᠡᠭᠦᠳᠦᠨ ᠦᠶ᠋ᠯᠡᠰ ᠪᠤᠰᠬᠠᠬᠤ᠂ ᠨᠡᠢᠭᠡᠮ᠎ᠦᠨ ᠦᠶ᠋ᠯᠡᠴᠢᠯᠡᠭᠡ ᠵᠡᠷᠭᠡ᠎ᠶ᠋ᠢᠨ ᠣᠷᠭᠠᠨᠢᠭ ᠠᠭᠤᠰᠤᠯᠴᠠᠯ᠎ᠢ ᠠᠬᠢᠭᠤᠯᠤᠨ᠎ᠠ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠦᠨ ᠬᠣᠯᠪᠣᠭ᠎ᠠ ᠵᠡᠷᠭᠡ ᠤᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶ᠋ᠢᠨ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢ ᠪᠦᠲᠦᠮᠵᠢᠲᠡᠢ ᠪᠠᠳᠠᠷᠠᠭᠤᠯᠵᠤ᠂ ᠱᠢᠨ᠎ᠡ᠎ᠪᠡᠷ ᠠᠵᠢᠯ ᠣᠯᠤᠭ᠍ᠰᠠᠳ ᠤ᠋ᠨ ᠬᠠᠷᠢᠯᠴᠠᠭ᠎ᠠ ᠦᠢᠯᠡᠴᠢᠯᠡᠭᠡ᠎ᠶ᠋ᠢ ᠴᠢᠩᠭᠠᠳᠭᠠᠵᠤ᠂ ᠨᠠᠮ᠎ᠤᠨ ᠠᠵᠢᠯ᠎ᠤᠨ ᠬᠠᠮᠤᠷᠬᠤ ᠬᠡᠪᠴᠢᠶ᠎ᠡ᠎ᠶ᠋ᠢ ᠤᠷᠲᠤᠳᠭᠠᠨ᠎ᠠ᠃ ᠡᠯ᠎ᠡ ᠲᠥᠷᠥᠯ᠎ᠦᠨ ᠵᠢᠭ᠍ᠰᠠᠭᠠᠯ᠎ᠤᠨ ᠭᠠᠵᠠᠷ ᠪᠠ ᠰᠦᠯᠵᠢᠶᠡᠨ ᠳᠡᠭᠡᠷᠡᠬᠢ ᠲᠠᠪᠴᠠᠩ᠎ᠳᠤ ᠲᠦᠱᠢᠭ᠌ᠯᠡᠨ᠂ ᠱᠢᠨ᠎ᠡ᠎ᠪᠡᠷ ᠠᠵᠢᠯ ᠣᠯᠤᠭ᠍ᠰᠠᠳ ᠤ᠋ᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠥᠷᠨᠢᠭᠦᠯᠬᠦ᠌ ᠪᠦᠲᠦᠮᠵᠢᠲᠡᠶ ᠠᠷᠭ᠎ᠠ ᠮᠠᠶᠢᠭ᠎ᠢ ᠰᠦᠪᠡᠭ᠌ᠴᠢᠯᠡᠨ᠎ᠡ᠃

(ᠭᠤᠷᠪᠡ)ᠵᠥᠪ ᠲᠠᠯ᠎ᠠ᠎ᠡᠴᠡ ᠤᠬᠠᠭᠤᠯᠬᠤ ᠪᠠ ᠵᠣᠷᠢᠭ᠍ᠵᠢᠭᠤᠯᠵᠤ ᠬᠥᠲᠥᠯᠥᠨ ᠵᠢᠯᠣᠭᠣᠳᠭᠤ᠎ᠶ᠋ᠢ ᠴᠢᠩᠭᠠᠳᠭᠠᠨ᠎ᠠ᠃ ᠰᠣᠨᠢᠨ ᠮᠡᠳᠡᠭᠡᠨ᠎ᠦ ᠵᠠᠭᠤᠴᠢᠯᠠᠭᠤᠷ᠂ ᠰᠦᠯᠵᠢᠶᠡᠨ᠎ᠦ ᠲᠠᠪᠴᠠᠩ ᠵᠡᠷᠭᠡ᠎ᠶ᠋ᠢ ᠶᠡᠷᠦᠩᠬᠡᠢᠯᠡᠨ ᠬᠡᠷᠡᠭ᠌ᠯᠡᠵᠦ᠍ ᠤᠬᠠᠭᠤᠯᠤᠨ ᠬᠥᠲᠥᠯᠥᠨ ᠵᠢᠯᠣᠭᠣᠳᠭᠤ᠎ᠶ᠋ᠢ ᠴᠢᠩᠭᠠᠳᠭᠠᠵᠤ᠂ ᠱᠢᠨ᠎ᠡ ᠪᠡᠷ ᠠᠵᠢᠯ ᠤᠯᠤᠬᠰᠡᠳ ᠢ᠋ ᠬᠦᠨᠳᠦᠳᠭᠡᠬᠦ᠌᠂ ᠣᠢᠯᠠᠭᠠᠬᠤ ᠰᠠᠢᠨ ᠰᠠᠢᠬᠠᠨ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠨ᠎ᠠ᠃ ᠨᠡᠢᠲᠡᠯᠢᠭ ᠵᠢᠱ᠌ᠢᠶ᠎ᠡ᠎ᠶ᠋ᠢᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠱᠢᠨ᠎ᠡ᠎ᠪᠡᠷ ᠠᠵᠢᠯ ᠣᠯᠤᠭ᠍ᠰᠠᠳ ᠤ᠋ᠨ ᠲᠡᠷᠢᠭᠦᠨ᠎ᠦ ᠦᠢᠯᠡ ᠠᠵᠢᠯᠯᠠᠭ᠎ᠠ᠎ᠶ᠋ᠢ ᠭᠦᠨᠵᠡᠭᠡᠶ ᠠᠭᠤᠳᠠᠯᠬᠤ᠎ᠶ᠋ᠢᠨ ᠵᠡᠷᠭᠡ ᠪᠡᠷ ᠢᠳᠡᠪᠬᠢᠲᠡᠶ ᠤᠬᠠᠭᠤᠯᠤᠨ᠎ᠠ᠃ ᠲᠣᠪᠣᠢᠮ᠎ᠠ ᠬᠤᠪᠢ ᠨᠡᠮᠡᠷᠢ ᠦᠵᠡᠭᠦᠯᠦᠭ᠌ᠰᠡᠨ ᠱᠢᠨ᠎ᠡ᠎ᠪᠡᠷ ᠠᠵᠢᠯ ᠣᠯᠤᠭ᠍ᠰᠠᠳ ᠤ᠋ᠨ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ ᠱᠢᠨ᠎ᠡ ᠴᠠᠭ ᠦᠶ᠎ᠡ᠎ᠶ᠋ᠢᠨ ᠠᠵᠢᠯ᠎ᠤᠨ ᠪᠠᠢᠷᠢᠨ ᠳ᠋ᠠᠭᠠᠨ ᠭᠠᠪᠢᠶ᠎ᠠ ᠪᠠᠢᠭᠤᠯᠬᠤ ᠱᠢᠷᠢᠰ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠡᠷᠭᠢᠯᠡᠵᠦ᠍᠂ ᠱᠢᠨ᠎ᠡ᠎ᠪᠡᠷ ᠠᠵᠢᠯ ᠣᠯᠤᠭ᠍ᠰᠠᠳ ᠤ᠋ᠨ ᠠᠵᠢᠯ ᠮᠡᠷᠭᠡᠵᠢᠯ᠎ᠦᠨ ᠢᠷᠠᠭᠤ ᠠᠯᠳᠠᠷᠲᠤ ᠰᠡᠳᠭᠢᠯᠭᠡ ᠪᠠ ᠮᠡᠳᠡᠷᠡᠨ ᠵᠥᠪᠱᠢᠶᠡᠷᠡᠬᠦ᠌ ᠰᠡᠳᠭᠢᠯᠭᠡ᠎ᠶ᠋ᠢ ᠳᠡᠭᠡᠭ᠌ᠰᠢᠯᠡᠭᠦᠯᠦᠨ᠎ᠡ᠃

ᠭᠤᠷᠪᠠ᠂ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠨ᠎ᠠ

(ᠲᠦᠷᠪᠡ)ᠠᠵᠢᠯᠴᠢᠨ ᠬᠡᠷᠡᠭ᠌ᠯᠡᠬᠦ᠌ ᠬᠠᠮᠢᠶᠠᠷᠤᠯᠲᠠ᠎ᠶ᠋ᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠢᠨᠲ᠋ᠧᠷ ᠰᠦᠯᠵᠢᠶ᠎ᠡ᠎ᠶ᠋ᠢᠨ ᠲᠠᠪᠴᠠᠩ ᠤ᠋ᠨ ᠠᠵᠤ ᠠᠬᠤᠢᠯᠠᠯ᠂ ᠲᠦᠷᠭᠡᠨ ᠬᠦᠷᠭᠡᠯᠳᠠ ᠵᠢᠨ ᠠᠵᠤ ᠠᠬᠤᠢᠯᠠᠯ ᠵᠡᠷᠭᠡ᠎ᠶ᠋ᠢᠨ ᠠᠵᠢᠯᠴᠢᠨ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠳᠦᠷᠢᠮ᠎ᠢᠶᠡᠨ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠠᠵᠢᠯ ᠲᠥᠷᠥᠯ᠎ᠦᠨ ᠣᠨᠴᠠᠯᠢᠭ᠎ᠲᠤ ᠲᠣᠬᠢᠷᠠᠭ᠍ᠰᠠᠨ᠂ ᠱᠢᠨ᠎ᠡ᠎ᠪᠡᠷ ᠠᠵᠢᠯ ᠣᠯᠤᠭ᠍ᠰᠡᠳ ᠤ᠋ᠨ ᠬᠡᠷᠡᠭ᠌ᠴᠡᠭᠡ ᠱᠠᠭᠠᠷᠳᠠᠯᠭ᠎ᠠ᠎ᠳᠤ ᠨᠡᠢᠴᠡᠭ᠌ᠰᠡᠨ ᠬᠥᠳᠡᠯᠮᠦᠷᠢ᠎ᠶ᠋ᠢᠨ ᠭᠡᠷ᠎ᠡ᠂ ᠪᠢᠴᠢᠭ᠌ ᠤ᠋ᠨ ᠵᠥᠪᠯᠡᠯᠴᠡᠭᠡᠷ᠎ᠦᠨ ᠯᠠᠪᠯᠠᠬᠤ ᠪᠢᠴᠢᠭ ᠬᠠᠷ᠎ᠠ᠎ᠶ᠋ᠢ ᠳᠡᠯᠭᠡᠷᠡᠭᠦᠯᠦᠨ ᠬᠡᠷᠡᠭ᠌ᠯᠡᠵᠦ᠍᠂ ᠠᠵᠢᠯᠴᠢᠨ ᠬᠡᠷᠡᠭ᠌ᠯᠡᠬᠦ᠌ ᠪᠣᠳᠠᠲᠤ ᠶᠠᠪᠤᠳᠠᠯ ᠵᠡᠷᠭᠡ᠎ᠶ᠋ᠢ ᠦᠨᠳᠦᠰᠦᠯᠡᠨ ᠬᠠᠤᠯᠢ ᠶᠣᠰᠣᠭᠠᠷ ᠵᠦᠶ ᠵᠣᠬᠢᠰᠲᠠᠶ ᠡᠷᠬᠡ ᠡᠭᠦᠷᠭᠡ᠎ᠪᠡᠨ ᠲᠣᠭ᠍ᠲᠠᠭᠠᠨ᠎ᠠ᠃ ᠱᠢᠨ᠎ᠡ᠎ᠪᠡᠷ ᠠᠵᠢᠯ ᠣᠯᠤᠭ᠍ᠰᠠᠳ ᠤ᠋ᠨ ᠠᠵᠢᠯ᠎ᠳᠤ ᠣᠷᠣᠬᠤ ᠬᠠᠮᠢᠶᠠᠷᠤᠯᠲᠠ᠎ᠶ᠋ᠢ ᠵᠢᠷᠤᠮᠵᠢᠭᠤᠯᠤᠨ ᠴᠢᠩᠭᠠᠳᠭᠠᠵᠤ᠂ ᠪᠣᠯᠪᠠᠰᠤᠷᠠᠯ ᠬᠢᠵᠦ᠍ ᠠᠵᠢᠯ᠎ᠤᠨ ᠪᠠᠢᠷᠢ᠎ᠳᠤ ᠭᠠᠷᠭᠠᠬᠤ ᠳᠦᠷᠢᠮ᠎ᠢ ᠴᠢᠩᠭ᠎ᠠ ᠬᠡᠷᠡᠭ᠌ᠵᠢᠭᠦᠯᠤᠨ᠎ᠠ᠃ ᠠᠵᠤ ᠠᠬᠤᠢᠯᠠᠯ᠎ᠤᠨ ᠶᠡᠷᠦᠩᠬᠡᠶ ᠬᠡᠯᠲᠡᠰ᠎ᠦᠨ ᠦᠶ᠋ᠯᠡᠳᠦᠯ᠎ᠢ ᠪᠠᠳᠠᠷᠠᠭᠤᠯᠵᠤ᠂ ᠬᠠᠮᠲᠤᠷᠠᠯᠴᠠᠬᠤ ᠠᠵᠤ ᠠᠬᠤᠢᠯᠠᠯ᠂ ᠬᠣᠯᠪᠣᠭᠠᠯᠠᠬᠤ ᠠᠵᠤ ᠠᠬᠤᠢᠯᠠᠯ ᠵᠢᠴᠢ ᠲᠤᠤᠷ ᠴᠡᠭ ᠥᠷᠲᠡᠭᠡ ᠴᠡᠭ ᠵᠡᠷᠭᠡ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠂ ᠱᠢᠨ᠎ᠡ᠎ᠪᠡᠷ ᠠᠵᠢᠯ ᠣᠯᠤᠭ᠍ᠰᠠᠳ ᠤ᠋ᠨ ᠪᠣᠯᠪᠠᠰᠤᠨ ᠪᠤᠰᠤ᠎ᠪᠠᠷ ᠠᠵᠢᠯ ᠡᠷᠭᠢᠯᠡᠬᠦ᠌ ᠦᠶ᠋ᠯᠡ ᠠᠵᠢᠯᠯᠠᠭ᠎ᠠ᠎ᠶ᠋ᠢᠨ ᠲᠦᠷᠢᠮ ᠲᠣᠭ᠍ᠲᠠᠭᠠᠯ ᠪᠠ ᠬᠢᠵᠠᠭᠠᠷᠯᠠᠯ᠎ᠢ ᠴᠢᠩᠭᠠᠳᠭᠠᠨ᠎ᠠ᠃ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠱᠢᠨ᠎ᠡ᠎ᠪᠡᠷ ᠠᠵᠢᠯ ᠣᠯᠤᠭ᠍ᠰᠠᠳ ᠤ᠋ᠨ ᠬᠥᠳᠡᠯᠮᠦᠷᠢ᠎ᠶ᠋ᠢᠨ ᠠᠮᠤᠷ ᠲᠦᠪᠱᠢᠨ ᠪᠣᠯᠤᠨ ᠡᠷᠬᠢᠯᠡᠭ᠌ᠰᠡᠨ ᠠᠵᠢᠯ᠎ᠤᠨ ᠡᠷᠡᠭᠦᠯ ᠰᠠᠷᠠᠭᠤᠯ ᠪᠠᠢᠬᠤ ᠵᠢ ᠪᠠᠲᠤᠯᠠᠨ᠎ᠠ᠃

(ᠲᠠᠪᠤ) ᠬᠠᠤᠯᠢ ᠶᠣᠰᠣᠨ᠎ᠤ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠷᠠᠭᠤᠯᠤᠨ᠎ᠠ᠃ ᠢᠨᠲ᠋ᠧᠷ ᠰᠦᠯᠵᠢᠶ᠎ᠡ᠎ᠶ᠋ᠢᠨ ᠲᠠᠪᠴᠠᠩ᠎ᠤᠨ ᠠᠵᠤ ᠠᠬᠤᠢᠯᠠᠯ᠂ ᠲᠦᠷᠭᠡᠨ ᠬᠦᠷᠭᠡᠯᠳᠠ ᠵᠢᠨ ᠠᠵᠤ ᠠᠬᠤᠢᠯᠠᠯ ᠵᠡᠷᠭᠡ᠎ᠶ᠋ᠢ ᠱᠠᠯᠠᠪᠳᠠᠭᠤᠯᠵᠤ ᠪᠠᠢᠭᠠᠳ ᠠᠵᠢᠯ᠎ᠤᠨ ᠡᠭᠦᠷᠭᠡ᠂ ᠬᠥᠳᠡᠯᠮᠦᠷᠢ᠎ᠶ᠋ᠢᠨ ᠡᠷᠴᠢᠮ ᠵᠡᠷᠭᠡ᠎ᠶ᠋ᠢ ᠦᠨᠳᠦᠰᠦᠯᠡᠨ ᠱᠢᠨ᠎ᠡ ᠪᠡᠷ ᠠᠵᠢᠯ ᠣᠯᠤᠭ᠍ᠰᠠᠳ ᠤ᠋ᠨ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠎ᠶ᠋ᠢ ᠵᠦᠶ ᠵᠣᠬᠢᠰᠲᠠᠶ ᠲᠣᠭ᠍ᠲᠠᠭᠠᠵᠤ᠂ ᠴᠠᠭ ᠲᠤᠬᠠᠶ᠎ᠳᠤᠨᠢ ᠲᠣᠭ᠎ᠠ ᠶᠣᠰᠣᠭᠠᠷ ᠭᠦᠶ᠋ᠴᠡᠳ ᠣᠯᠭᠣᠨ᠎ᠠ᠃ ᠱᠢᠨ᠎ᠡ᠎ᠪᠡᠷ ᠠᠵᠢᠯ ᠣᠯᠤᠭ᠍ᠰᠠᠳ ᠤ᠋ᠨ ᠠᠮᠠᠷᠠᠬᠤ ᠡᠷᠬᠡ ᠠᠱᠢᠭ᠎ᠢ ᠪᠠᠲᠤᠯᠠᠵᠤ᠂ ᠮᠠᠭᠤ ᠴᠠᠭ ᠠᠭᠤᠷ ᠵᠡᠷᠭᠡ ᠣᠨᠴᠠᠭᠠᠢ ᠪᠠᠢᠳᠠᠯ ᠳᠣᠣᠷᠠᠬᠢ ᠬᠥᠳᠡᠯᠮᠦᠷᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠠᠵᠤ ᠠᠬᠤᠢᠯᠠᠯ᠎ᠤᠨ ᠳᠣᠲᠣᠭᠠᠳᠤ᠎ᠶ᠋ᠢᠨ ᠬᠦᠰᠡᠯ ᠱᠠᠭᠠᠷᠳᠠᠯᠭ᠎ᠠ᠎ᠪᠠᠨ ᠢᠯᠡᠳᠭᠡᠬᠦ᠌ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠵᠠᠭᠤᠷᠠᠯᠳᠤᠭᠠᠨ᠎ᠢ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠵᠠᠭᠠᠯᠳᠤᠯᠭ᠎ᠠ ᠭᠣᠮᠣᠳᠠᠯ ᠲᠤᠭᠠᠴᠢᠯᠲᠠ᠎ᠶ᠋ᠢ ᠲᠥᠪ ᠭᠣᠣᠯᠴᠢ᠎ᠪᠠᠷ ᠵᠦᠢ ᠵᠣᠬᠢᠰᠲᠠᠢ ᠱᠢᠢᠳᠪᠦᠷᠢᠯᠡᠵᠦ᠍᠂ ᠡᠯ᠎ᠡ ᠲᠠᠯ᠎ᠠ᠎ᠶ᠋ᠢᠨ ᠬᠢᠨ᠎ᠦ ᠵᠦᠢ ᠶᠣᠰᠣᠨ᠎ᠤ ᠡᠷᠬᠡ ᠠᠱᠢᠭ᠎ᠢ ᠬᠠᠮᠠᠭᠠᠯᠠᠨ᠎ᠠ᠃ ᠱᠢᠨ᠎ᠡ᠎ᠪᠡᠷ ᠠᠵᠢᠯ ᠣᠯᠤᠭ᠍ᠰᠠᠳ ᠲᠤ᠌ ᠬᠣᠯᠪᠣᠭ᠍ᠳᠠᠬᠤ ᠡᠷᠬᠡ ᠠᠱᠢᠭ᠎ᠤᠨ ᠴᠢᠬᠤᠯᠠ ᠵᠦᠶ᠋ᠯᠡᠰ᠎ᠢ ᠪᠠᠢᠩᠭᠤ ᠵᠥᠪᠳᠡᠯᠴᠡᠨ ᠶᠠᠷᠢᠯᠴᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠵᠥᠪᠳᠡᠯᠴᠡᠭ᠌ᠰᠡᠨ ᠦᠷ᠎ᠡ ᠳ᠋ᠦᠩ᠎ᠢ ᠵᠣᠬᠢᠬᠤ ᠬᠡᠯᠪᠡᠷᠢ᠎ᠪᠡᠷ ᠳᠠᠮᠵᠢᠭᠤᠯᠤᠨ ᠱᠢᠨ᠎ᠡ᠎ᠪᠡᠷ ᠠᠵᠢᠯ ᠣᠯᠤᠭ᠍ᠰᠠᠳ ᠲᠤ᠌ ᠢᠯᠡ ᠪᠣᠯᠭᠠᠨ᠎ᠠ᠃ ᠵᠦᠶ ᠵᠣᠬᠢᠰ ᠥᠬᠡᠶ ᠰᠦᠶ᠋ᠳᠭᠡᠯ ᠬᠤᠷᠢᠶᠠᠬᠤ᠎ᠡᠴᠡ ᠪᠣᠯᠵᠣ ᠦᠨ᠎ᠡ ᠬᠠᠶᠠᠬᠤ᠂ ᠭᠤᠤᠯᠴᠢ ᠪᠤᠰᠤ᠎ᠪᠠᠷ ᠤᠷᠤᠰᠴᠠ ᠬᠤᠪᠢᠶᠠᠷᠢᠯᠠᠬᠤ ᠵᠢᠴᠢ ᠵᠠᠬ᠎ᠠ ᠳᠡᠯᠭᠡᠭᠦᠷ᠎ᠦᠨ ᠵᠠᠬᠢᠷᠬᠤ ᠪᠠᠢᠷᠢ ᠰᠠᠭᠤᠷᠢ᠎ᠶ᠋ᠢ ᠳᠤᠷ᠎ᠠ᠎ᠪᠠᠷ᠎ᠢᠶᠠᠨ ᠬᠡᠷᠡᠭ᠌ᠯᠡᠬᠦ᠌ ᠵᠡᠷᠭᠡ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠪᠠᠢᠴᠠᠭᠠᠨ ᠱᠢᠶ᠋ᠳᠪᠦᠷᠢᠯᠡᠨ᠎ᠡ᠃ ᠱᠢᠨ᠎ᠡ᠎ᠪᠡᠷ ᠠᠵᠢᠯ ᠣᠯᠤᠭ᠍ᠰᠠᠳ ᠤ᠋ᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ᠎ᠶ᠋ᠢ ᠠᠵᠤ ᠠᠬᠤᠢᠯᠠᠯ᠎ᠤᠨ ᠨᠡᠢᠭᠡᠮ᠎ᠦᠨ ᠬᠠᠷᠢᠭᠤᠴᠠᠯᠭ᠎ᠠ᠎ᠶ᠋ᠢ ᠦᠨᠡᠯᠡᠬᠦ᠌ ᠱᠢᠰᠲ᠋ᠧᠮ ᠳ᠋ᠤ ᠣᠷᠣᠭᠤᠯᠵᠤ᠂ ᠬᠤᠯᠪᠤᠬᠳᠠᠯ ᠪᠥᠬᠥᠶ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ᠎ᠶ᠋ᠢ ᠠᠬᠢᠭᠤᠯᠬᠤ᠎ᠶ᠋ᠢ ᠳᠡᠮᠵᠢᠨ᠎ᠡ᠃

(ᠵᠢᠷᠭᠤᠭ᠎ᠠ) ᠢᠨᠲ᠋ᠧᠷ ᠰᠦᠯᠵᠢᠶ᠎ᠡ᠎ᠶ᠋ᠢᠨ ᠲᠠᠪᠴᠠᠩ᠎ᠤᠨ ᠪᠤᠳᠤᠯᠲᠠ ᠵᠢᠨ ᠠᠷᠭ᠎ᠠ ᠵᠢᠨ ᠵᠠᠰᠠᠯᠳᠠ᠎ᠶ᠋ᠢ ᠴᠢᠩᠭᠠᠳᠭᠠᠨ᠎ᠠ᠃ ᠢᠨᠲ᠋ᠸᠷ ᠰᠦᠯᠵᠢᠶᠡᠨ᠎ᠦ ᠲᠠᠪᠴᠠᠩ᠎ᠤᠨ ᠠᠵᠤ ᠠᠬᠤᠢᠯᠠᠯ᠎ᠤᠨ ᠨᠡᠢᠭᠡᠮ᠎ᠦᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠬᠦ ᠵᠢ ᠱᠠᠯᠠᠪᠳᠠᠭᠤᠯᠤᠨ᠂ ᠪᠤᠳᠤᠯᠲᠠ ᠵᠢᠨ ᠠᠷᠭ᠎ᠠ᠎ᠪᠠᠨ ᠵᠢᠷᠤᠮᠵᠢᠭᠤᠯᠤᠨ᠂ ᠢᠯᠡ ᠲᠣᠳᠣ᠎ᠶ᠋ᠢᠨ ᠬᠡᠮᠵᠢᠶ᠎ᠡ᠎ᠪᠡᠨ ᠳᠡᠭᠡᠭ᠌ᠰᠢᠯᠡᠭᠦᠯᠵᠤ᠂ ᠱᠢᠨ᠎ᠡ᠎ᠪᠡᠷ ᠠᠵᠢᠯ ᠤᠯᠤᠭᠰᠠᠳ᠎ᠤᠨ ᠪᠤᠳᠤᠯᠲᠠ ᠵᠢᠨ ᠠᠷᠭ᠎ᠠ ᠵᠢᠨ ᠲᠦᠷᠢᠮ᠎ᠦᠨ ᠪᠠᠢᠳᠠᠯ᠎ᠢ ᠮᠡᠳᠡᠬᠦ᠌ ᠡᠷᠬᠡ᠂ ᠣᠷᠣᠯᠴᠠᠬᠤ ᠡᠷᠬᠡ᠂ ᠰᠣᠩᠭᠣᠬᠤ ᠡᠷᠬᠡ᠎ᠶ᠋ᠢ ᠪᠠᠲᠤᠯᠠᠨ᠎ᠠ᠃ ᠪᠤᠳᠤᠯᠲᠠ ᠵᠢᠨ ᠠᠷᠭ᠎ᠠ ᠵᠢᠨ ᠲᠦᠷᠢᠮ᠎ᠢ ᠱᠢᠯᠢᠳᠡᠭ᠌ᠵᠢᠭᠦᠯᠦᠨ ᠲᠤᠬᠢᠷᠠᠭᠤᠯᠵᠤ᠂ ᠠᠵᠢᠯᠴᠢᠨ᠎ᠤ ᠡᠪᠯᠡᠯ᠂ ᠱᠢᠨ᠎ᠡ᠎ᠪᠡᠷ ᠠᠵᠢᠯ ᠤᠯᠤᠭᠰᠠᠳ᠎ᠤᠨ ᠲᠥᠯᠥᠭᠡᠯᠡᠭ᠌ᠴᠢ ᠵᠡᠷᠭᠡ ᠵᠢᠨ ᠰᠠᠨᠠᠯ᠎ᠢ ᠭᠦᠢᠴᠡᠳ ᠰᠣᠨᠣᠰᠴᠤ᠌᠂ ᠬᠤᠪᠢᠶᠠᠷᠢᠯᠠᠯᠲᠠ᠎ᠶ᠋ᠢᠨ ᠲᠦᠷᠢᠮ᠂ ᠦᠨ᠎ᠡ ᠪᠤᠳᠤᠬᠤ ᠲᠦᠷᠢᠮ᠂ ᠴᠠᠭ᠎ᠤᠨ ᠤᠷᠳᠤ᠎ᠶ᠋ᠢᠨ ᠵᠢᠱ᠌ᠢᠯᠲᠡ ᠵᠡᠷᠭᠡ᠎ᠶ᠋ᠢ ᠵᠦᠢ ᠵᠣᠬᠢᠰᠲᠠᠢ ᠲᠣᠭ᠍ᠲᠠᠭᠠᠨ᠎ᠠ᠃ ᠪᠤᠳᠤᠯᠲᠠ ᠵᠢᠨ ᠠᠷᠭ᠎ᠠ᠎ᠶ᠋ᠢᠨ ᠵᠢᠮ᠎ᠡ ᠶᠣᠰᠣ ᠪᠠ ᠬᠡᠷᠡᠭ᠌ᠯᠡᠭ᠌ᠰᠡᠨ ᠦᠷ᠎ᠡ ᠳ᠋ᠦᠩ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠢᠨᠠᠨ ᠬᠠᠷᠭᠤᠭᠤᠯᠵᠤ᠂ ᠦᠨᠡᠯᠡᠨ ᠵᠢᠱ᠌ᠢᠵᠦ᠍᠂ ᠱᠢᠯᠭᠠᠨ ᠨᠤᠲᠠᠯᠠᠵᠤ᠂ ᠪᠤᠳᠤᠯᠲᠠ ᠵᠢᠨ ᠠᠷᠭ᠎ᠠ᠎ᠶ᠋ᠢ ᠳᠠᠩᠰᠠᠯᠠᠬᠤ ᠲᠦᠷᠢᠮ᠎ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠶ᠃ ᠵᠣᠬᠢᠶᠠᠮᠠᠯ ᠣᠶᠤᠨ ᠴᠢᠳᠠᠪᠤᠷᠢ᠂ ᠪᠠᠷᠠᠭ᠎ᠠ ᠵᠢᠨ ᠰᠦᠯᠵᠢᠶ᠎ᠡ ᠵᠡᠷᠭᠡ ᠱᠢᠨ᠎ᠡ᠎ᠶ᠋ᠢ ᠡᠭᠦᠳᠬᠦ᠌ ᠮᠡᠷᠭᠡᠵᠢᠯ᠎ᠢ ᠱᠢᠯᠢᠳᠡᠭ᠌ᠵᠢᠭᠦᠯᠬᠦ᠌ ᠪᠤᠳᠤᠯᠲᠠ ᠵᠢᠨ ᠠᠷᠭ᠎ᠠ᠎ᠶ᠋ᠢ ᠬᠡᠷᠡᠭ᠌ᠯᠡᠬᠦ᠌᠎ᠶ᠋ᠢ ᠴᠢᠬᠤᠯᠠᠴᠢᠯᠠᠨ᠎ᠠ᠃ ᠪᠤᠳᠤᠯᠲᠠ ᠵᠢᠨ ᠠᠷᠭ᠎ᠠ᠎ᠶ᠋ᠢᠨ ᠠᠮᠤᠷ ᠲᠦᠪᠱᠢᠨ᠎ᠢ ᠦᠨᠡᠯᠡᠨ ᠵᠢᠱ᠌ᠢᠬᠦ᠌ ᠪᠠ ᠬᠢᠨᠠᠯᠲᠠ ᠲᠠᠯᠪᠢᠵᠤ ᠪᠠᠢᠴᠠᠭᠠᠬᠤ ᠠᠵᠢᠯ᠎ᠢ ᠬᠠᠤᠯᠢ ᠶᠣᠰᠣᠭᠠᠷ ᠥᠷᠨᠢᠭᠦᠯᠦᠨ᠎ᠡ᠃

(ᠳᠣᠯᠣᠭ᠎ᠠ) ᠬᠢᠨᠠᠯᠲᠠ ᠬᠠᠮᠢᠶᠠᠷᠤᠯᠲᠠ᠎ᠶ᠋ᠢ ᠲᠡᠭᠦᠯᠳᠡᠷᠵᠢᠭᠦᠯᠦᠨ᠎ᠡ᠃ ᠠᠵᠢᠯ ᠲᠥᠷᠥᠯ᠎ᠦᠨ ᠠᠵᠢᠯᠯᠠᠭᠠᠨ᠎ᠤ ᠬᠢᠨᠠᠨ ᠬᠡᠮᠵᠢᠬᠦ ᠶ᠋ᠢ ᠴᠢᠩᠭᠠᠳᠭᠠᠵᠤ᠂ ᠠᠵᠢᠯ ᠡᠷᠭᠢᠯᠡᠬᠦ᠌ ᠮᠡᠳᠡᠭᠡ ᠵᠠᠩᠭᠢ ᠨᠡᠢᠲᠡᠯᠡᠬᠦ᠌ ᠲᠦᠷᠢᠮ᠎ᠢ ᠲᠡᠭᠦᠯᠳᠡᠷᠵᠢᠭᠦᠯᠦᠨ᠂ ᠱᠢᠨ᠎ᠡ᠎ᠪᠡᠷ ᠠᠵᠢᠯ ᠤᠯᠤᠭᠰᠠᠳ᠎ᠦᠨ ᠵᠦᠶ ᠵᠣᠬᠢᠰᠲᠠᠶ ᠣᠷᠣᠯᠭ᠎ᠠ ᠪᠠ ᠣᠯᠭᠣᠮᠵᠢ᠎ᠶ᠋ᠢᠨ ᠵᠢᠱ᠌ᠢᠯᠲᠡ᠎ᠲᠡᠶ ᠪᠣᠯᠬᠤ᠎ᠶ᠋ᠢ ᠬᠥᠲᠥᠯᠦᠨ ᠵᠢᠯᠣᠭᠣᠳᠤᠨ᠎ᠠ᠃ 《ᠳᠣᠲᠣᠭᠠᠳᠤ ᠵᠢᠨ ᠨᠠᠵᠠᠭᠠᠢ ᠦᠷᠢᠰᠦᠯᠳᠦᠭᠡᠨ》ᠢ᠋ ᠶᠡᠷᠦᠩᠬᠡᠢᠯᠡᠨ ᠴᠡᠭ᠌ᠴᠡᠯᠡᠨ ᠵᠠᠰᠠᠵᠤ᠂ ᠱᠢᠨ᠎ᠡ᠎ᠪᠡᠷ ᠠᠵᠢᠯ ᠤᠯᠤᠭᠰᠠᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠬᠣᠬᠢᠷᠠᠭᠤᠯᠬᠤ᠎ᠶ᠋ᠢ ᠴᠢᠩᠭ᠎ᠠ ᠰᠡᠷᠭᠡᠢᠯᠡᠨ᠎ᠡ᠃ ᠱᠢᠨ᠎ᠡ᠎ᠪᠡᠷ ᠠᠵᠢᠯ ᠤᠯᠤᠭᠰᠠᠳ᠎ᠤᠨ ᠬᠤᠪᠢ ᠬᠥᠮᠦᠨ᠎ᠦ ᠨᠢᠭᠤᠴᠠ᠂ ᠬᠤᠪᠢ ᠬᠥᠮᠦᠨ᠎ᠦ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠦ ᠬᠠᠮᠠᠭᠠᠯᠠᠯᠲᠠ᠎ᠶ᠋ᠢ ᠬᠠᠤᠯᠢ ᠶᠣᠰᠣᠭᠠᠷ ᠴᠢᠩᠭᠠᠳᠭᠠᠨ᠎ᠠ᠃ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠱᠢᠨ᠎ᠡ᠎ᠪᠡᠷ ᠠᠵᠢᠯ ᠤᠯᠤᠭᠰᠠᠳ᠎ᠲᠦ ᠬᠣᠯᠪᠣᠭ᠍ᠳᠠᠬᠤ ᠡᠵᠡᠩᠨᠡᠯᠲᠡ᠎ᠶ᠋ᠢᠨ ᠴᠢᠨᠠᠷᠲᠠᠶ ᠵᠢᠭᠡᠯᠡᠯᠭᠡ᠎ᠶ᠋ᠢᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠱᠢᠨ᠎ᠡ᠎ᠪᠡᠷ ᠠᠵᠢᠯ ᠤᠯᠤᠭᠰᠠᠳ᠎ᠲᠦ ᠬᠣᠯᠪᠣᠭ᠍ᠳᠠᠭ᠍ᠰᠠᠨ ᠮᠡᠬᠡᠯᠡᠨ ᠬᠢᠬᠠᠬᠤ᠂ ᠵᠢᠭᠡᠯᠡᠯᠭᠡ ᠮᠡᠬᠡᠯᠡᠨ ᠠᠪᠬᠤ ᠵᠡᠷᠭᠡ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠡᠷᠡᠰ ᠴᠣᠬᠢᠯᠲᠠ ᠥᠭ᠌ᠭᠦᠨ᠎ᠡ᠃

ᠳᠥᠷᠪᠡ᠂ ᠬᠠᠯᠠᠮᠵᠢᠯᠠᠨ ᠬᠠᠢᠷᠠᠯᠠᠬᠤ ᠡᠷᠴᠢᠮ᠎ᠢᠶᠡᠨ ᠴᠢᠩᠭᠠᠷᠠᠭᠤᠯᠤᠨ᠎ᠠ

(ᠨᠠᠶ᠋ᠮᠠ) ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠦᠪᠰᠢᠨ ᠢ᠋ ᠳᠡᠭᠡᠭ᠌ᠰᠢᠯᠡᠭᠦᠯᠦᠨ᠎ᠡ᠃ ᠪᠠᠢᠩᠭᠤ ᠰᠠᠭᠤᠭ᠎ᠠ ᠭᠠᠵᠠᠷ᠎ᠡᠴᠡ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ ᠬᠠᠩᠭᠠᠬᠤ᠎ᠶ᠋ᠢ ᠬᠡᠷᠡᠭ᠌ᠵᠢᠭᠦᠯᠵᠦ᠍᠂ ᠪᠣᠳᠠᠲᠠᠶ᠎ᠲᠠᠶ᠎ᠪᠠᠨ ᠤᠶᠠᠯᠳᠤᠭᠤᠯᠤᠨ ᠬᠠᠮᠢᠶ᠎ᠠ ᠪᠥᠬᠥᠶ ᠣᠯᠠᠨ ᠨᠡᠢᠲᠡ᠎ᠶ᠋ᠢᠨ ᠦᠶ᠋ᠯᠡᠴᠢᠯᠡᠭᠡ ᠨᠢ ᠬᠥᠮᠦᠨ᠎ᠢ ᠳᠠᠭᠠᠵᠤ ᠰᠢᠯᠵᠢᠬᠦ᠎ᠶ᠋ᠢ ᠠᠯᠬᠤᠮ ᠠᠯᠬᠤᠮ᠎ᠢᠶᠠᠷ ᠠᠬᠢᠭᠤᠯᠤᠨ᠎ᠠ᠃ ᠱᠢᠨ᠎ᠡ ᠪᠡᠷ ᠠᠵᠢᠯ ᠤᠯᠤᠭᠰᠠᠳ᠎ᠤᠨ ᠣᠨᠴᠠᠯᠢᠭ᠎ᠲᠤ ᠨᠡᠢᠴᠡᠭ᠌ᠰᠡᠨ ᠨᠡᠢᠭᠡᠮ᠎ᠦᠨ ᠪᠠᠲᠤᠯᠠᠭ᠎ᠠ᠎ᠶ᠋ᠢᠨ ᠲᠦᠷᠢᠮ᠎ᠦᠨ ᠱᠢᠰᠲ᠋ᠧᠮ᠎ᠢ ᠪᠦᠷᠢᠨᠱᠢᠬᠦᠯᠵᠤ᠂ ᠨᠡᠢᠭᠡᠮ᠎ᠦᠨ ᠳᠠᠭᠠᠳᠭᠠᠯ᠎ᠤᠨ ᠬᠠᠷᠢᠴᠠᠭ᠎ᠠ᠎ᠶ᠋ᠢ ᠱᠢᠯᠵᠢᠭᠦᠯᠦᠨ ᠦᠷᠭᠦᠯᠵᠢᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶ᠋ᠢᠨ ᠲᠤᠷᠱᠢᠯᠲᠠ᠎ᠶ᠋ᠢ ᠥᠷᠭᠡᠳᠭᠡᠵᠦ᠍᠂ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶ᠋ᠢᠨ ᠲᠦᠷᠢᠮ᠎ᠢ ᠪᠠᠢᠭᠤᠯᠤᠨ ᠲᠡᠭᠦᠯᠳᠡᠷᠵᠢᠭᠦᠯᠦᠨ᠎ᠡ᠃ ᠠᠵᠢᠯ᠎ᠤᠨ ᠨᠥᠯᠥᠭᠡᠨ᠎ᠦ ᠡᠪᠡᠳᠴᠢᠨ᠎ᠢ ᠰᠡᠷᠭᠡᠢᠯᠡᠨ ᠵᠠᠰᠠᠬᠤ ᠠᠵᠢᠯ᠎ᠢ ᠰᠠᠢᠲᠤᠷ ᠬᠢᠨ᠎ᠡ᠃ ᠮᠤᠵᠢ ᠠᠯᠤᠰᠯᠠᠨ ᠤᠨᠳᠤᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠲᠡᠰᠦᠯᠦᠨ ᠪᠤᠳᠤᠬᠤ ᠦᠶ᠋ᠯᠡᠴᠢᠯᠡᠭᠡ᠎ᠶ᠋ᠢ ᠰᠠᠢᠲᠤᠷ ᠬᠢᠨ᠎ᠠ᠃ ᠱᠢᠨ᠎ᠡ᠎ᠪᠡᠷ ᠠᠵᠢᠯ ᠤᠯᠤᠭᠰᠠᠳ᠎ᠦᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠳᠦ ᠣᠷᠣᠯᠴᠠᠬᠤ ᠳᠦᠷᠢᠮ᠎ᠢ ᠯᠠᠪᠳᠠᠭᠤᠨ᠎ᠢᠶᠠᠷ ᠲᠦᠯᠬᠢᠨ ᠠᠬᠢᠭᠤᠯᠤᠨ᠎ᠠ᠃ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠵᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠵᠡᠷᠭᠡ ᠳᠡᠰ᠎ᠢ ᠬᠢᠨᠠᠨ ᠲᠣᠭ᠍ᠲᠠᠭᠠᠬᠤ ᠪᠠ ᠮᠡᠷᠭᠡᠵᠢᠯ᠎ᠦᠨ ᠴᠣᠯᠠ᠎ᠶ᠋ᠢ ᠬᠢᠨᠠᠨ ᠲᠣᠭ᠍ᠲᠠᠭᠠᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠠᠵᠢᠯ ᠮᠡᠷᠭᠡᠵᠢᠯ᠎ᠦᠨ ᠬᠥᠭ᠌ᠵᠢᠯᠲᠡ᠎ᠶ᠋ᠢᠨ ᠠᠷᠭ᠎ᠠ ᠵᠠᠮ᠎ᠢ ᠱᠢᠯᠤᠭᠤᠳᠭᠠᠨ᠎ᠠ᠃ ᠱᠢᠨ᠎ᠡ᠎ᠪᠡᠷ ᠠᠵᠢᠯ ᠤᠯᠤᠭᠰᠠᠳ᠎ᠤᠨ ᠨᠡᠢᠲᠡ ᠴᠣᠭ᠍ᠴᠠ᠎ᠳᠠᠬᠢ ᠵᠡᠮᠳᠡᠭ᠌ᠴᠦᠳ᠎ᠲᠦ ᠦᠢᠯᠡᠴᠢᠯᠡᠬᠦ᠌ ᠠᠵᠢᠯ᠎ᠢ ᠰᠠᠢᠲᠤᠷ ᠬᠢᠨ᠎ᠡ᠃ ᠠᠮᠢᠳᠤᠷᠠᠯ ᠨᠢ ᠬᠦᠴᠢᠷᠳᠡᠯ᠎ᠲᠡᠶ ᠱᠢᠨ᠎ᠡ᠎ᠪᠡᠷ ᠠᠵᠢᠯ ᠤᠯᠤᠭᠰᠠᠳ᠎ᠲᠤ ᠲᠣᠭ᠍ᠲᠠᠭᠠᠯ ᠶᠣᠰᠣᠭᠠᠷ ᠵᠣᠬᠢᠴᠠᠩᠭᠤᠢ ᠨᠡᠢᠭᠡᠮ᠎ᠦᠨ ᠲᠤᠰᠠᠯᠠᠮᠵᠢ ᠦᠵᠡᠭᠦᠯᠵᠦ᠍᠂ ᠠᠵᠢᠯ᠎ᠤᠨ ᠳᠤᠮᠳᠠ ᠰᠠᠨᠠᠭᠠᠨ᠎ᠳᠤ ᠦᠭᠡᠢ ᠦᠬᠦᠵᠦ᠍ ᠱᠢᠷᠬᠠᠲᠤᠭ᠍ᠰᠠᠨ ᠬᠤᠪᠢ ᠬᠥᠮᠦᠨ ᠵᠢᠴᠢ ᠲᠡᠭᠦᠨ᠎ᠦ ᠭᠡᠷ ᠪᠦᠯᠢ᠎ᠶ᠋ᠢᠨ ᠬᠢᠨ᠎ᠳᠦ ᠬᠠᠪᠰᠤᠷᠤᠯᠭ᠎ᠠ ᠳᠡᠮᠵᠢᠯᠭᠡ ᠦᠵᠡᠭᠦᠯᠦᠨ᠎ᠡ᠃ ᠨᠡᠢᠭᠡᠮ᠎ᠦᠨ ᠰᠡᠳᠭᠢᠴᠡ᠎ᠶ᠋ᠢᠨ ᠦᠶ᠋ᠯᠡᠴᠢᠯᠡᠭᠡ᠎ᠶ᠋ᠢ ᠴᠢᠩᠭᠠᠳᠭᠠᠵᠤ᠂ ᠨᠡᠢᠭᠡᠮ᠎ᠦᠨ ᠠᠵᠢᠯ᠎ᠤᠨ ᠲᠤᠰᠭᠠᠶ ᠮᠡᠷᠭᠡᠵᠢᠯ᠎ᠦᠨ ᠠᠵᠢᠯᠲᠠᠨ ᠵᠡᠷᠭᠡ᠎ᠶ᠋ᠢᠨ ᠦᠶ᠋ᠯᠡᠳᠦᠯ᠎ᠢ ᠪᠠᠳᠠᠷᠠᠭᠤᠯᠤᠨ᠂ ᠱᠢᠨ᠎ᠡ᠎ᠪᠡᠷ ᠠᠵᠢᠯ ᠤᠯᠤᠭᠰᠠᠳ᠎ᠦᠨ ᠠᠵᠢᠯ ᠮᠡᠷᠭᠡᠵᠢᠯ᠎ᠦᠨ ᠵᠣᠪᠠᠨᠢᠯ᠎ᠢ ᠨᠠᠮᠳᠠᠭᠤᠯᠤᠨ᠎ᠠ᠃ ᠨᠡᠢᠭᠡᠮ᠎ᠦᠨ ᠵᠣᠬᠢᠶᠠᠨ ᠪᠠᠢᠭᠤᠯᠤᠯᠲᠠ ᠪᠤᠶᠤ ᠪᠤᠰᠤᠳ ᠳᠠᠭᠠᠭᠠᠨ ᠠᠪᠬᠤ ᠭᠤᠤᠯ ᠴᠣᠭ᠍ᠴᠠ᠎ᠡᠴᠡ ᠦᠶ᠋ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ᠎ᠢ ᠰᠦᠪᠡᠭ᠌ᠴᠢᠯᠡᠵᠦ᠍᠂ ᠱᠢᠨ᠎ᠡ᠎ᠪᠡᠷ ᠠᠵᠢᠯ ᠤᠯᠤᠭᠰᠠᠳ᠎ᠲᠦ ᠬᠤᠯᠪᠤᠬᠳᠠᠯ ᠪᠥᠬᠥᠶ ᠦᠶ᠋ᠯᠡᠴᠢᠯᠡᠭᠡ ᠬᠠᠩᠭᠠᠨ᠎ᠠ᠃

(ᠶᠢᠰᠦ) ᠡᠶ᠎ᠡ ᠵᠣᠬᠢᠴᠠᠨᠭᠭᠤᠢ ᠨᠥᠬᠥᠷᠰᠡᠭ ᠠᠵᠢᠯ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠨ᠎ᠠ᠃ ᠨᠡᠢᠭᠡᠮ ᠲᠣᠭᠣᠷᠢᠭ᠂ ᠬᠤᠳᠠᠯᠳᠤᠭᠠᠨ᠎ᠤ ᠲᠣᠭᠣᠷᠢᠭ᠂ ᠠᠰᠠᠷ ᠪᠠᠢᠱᠢᠩ᠂ ᠬᠦᠷᠢᠶᠡᠯᠡᠩ ᠲᠣᠭᠣᠷᠢᠭ᠂ ᠵᠠᠮ ᠬᠠᠷᠢᠯᠴᠠᠭᠠᠨ᠎ᠤ ᠬᠦᠢᠰᠦ᠂ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠂ ᠰᠦᠯᠵᠢᠶᠡᠨ᠎ᠦ ᠱᠢᠭᠤᠳ ᠨᠡᠪᠲᠡᠷᠡᠭᠦᠯᠭᠡ᠎ᠶ᠋ᠢᠨ ᠲᠠᠰᠤᠭ ᠵᠡᠷᠭᠡ ᠨᠥᠬᠥᠷᠰᠡᠭ ᠠᠬᠤᠢ ᠲᠠᠯᠠᠪᠤᠷ᠎ᠤᠨ ᠪᠦᠲᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠤᠨ᠎ᠠ᠃ ᠨᠠᠮ᠎ᠤᠨ ᠭᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ (ᠭᠠᠵᠠᠷ᠂ ᠥᠷᠲᠡᠭᠡ)᠂ ᠠᠵᠢᠯᠴᠢᠨ᠎ᠤ ᠡᠪᠯᠡᠯ᠎ᠦᠨ ᠥᠷᠲᠡᠭᠡ᠂ ᠵᠠᠯᠠᠭᠤᠴᠤᠳ᠎ᠤᠨ ᠬᠡᠷ ᠪᠦᠯᠢ᠂ ᠡᠮᠡᠭ᠌ᠲᠡᠢᠴᠦᠳ᠎ᠦᠨ ᠬᠡᠷ ᠪᠦᠯᠢ᠂ ᠵᠢᠯᠣᠭᠣᠴᠢ᠎ᠶ᠋ᠢᠨ ᠬᠡᠷ ᠪᠦᠯᠢ ᠵᠡᠷᠭᠡ᠎ᠶ᠋ᠢ ᠨᠢᠭᠡᠳᠦᠯᠲᠡᠶ ᠲᠥᠯᠥᠪᠵᠢᠭᠦᠯᠦᠨ ᠬᠡᠷᠡᠭ᠌ᠯᠡᠬᠦ᠌ ᠪᠠ ᠠᠵᠢᠯᠯᠠᠭᠠᠨ᠎ᠢ ᠬᠠᠮᠠᠭᠠᠯᠠᠵᠤ ᠬᠠᠮᠢᠶᠠᠷᠬᠤ᠎ᠶ᠋ᠢ ᠴᠢᠩᠭᠠᠳᠭᠠᠵᠤ᠂ ᠦᠶ᠋ᠯᠡᠴᠢᠯᠡᠭᠡᠨ᠎ᠦ ᠲᠤᠤᠷ ᠰᠦᠯᠵᠢᠶ᠎ᠡ᠎ᠶ᠋ᠢ ᠲᠡᠭᠦᠯᠳᠡᠷᠵᠢᠭᠦᠯᠦᠨ᠎ᠡ᠃ ᠪᠣᠳᠠᠲᠠᠶ᠎ᠲᠠᠶ᠎ᠪᠠᠨ ᠤᠶᠠᠯᠳᠤᠭᠤᠯᠤᠨ ᠱᠢᠨ᠎ᠡ᠎ᠪᠡᠷ ᠠᠵᠢᠯ ᠤᠯᠤᠭᠰᠠᠳ᠎ᠦᠨ ᠬᠣᠨᠣᠭ᠂ ᠬᠣᠭᠣᠯᠠ ᠤᠮᠳᠠ᠂ ᠲᠡᠷᠭᠡ ᠵᠣᠭ᠍ᠰᠣᠬᠤ᠂ ᠵᠠᠮ ᠨᠡᠪᠲᠡᠷᠡᠯᠭᠡ ᠵᠡᠷᠭᠡ ᠠᠰᠠᠭᠤᠳᠠᠯ᠎ᠢ ᠵᠣᠬᠢᠴᠠᠭᠤᠯᠤᠨ ᠬᠠᠪᠰᠤᠷᠤᠨ ᠱᠢᠶ᠋ᠳᠪᠦᠷᠢᠯᠡᠵᠦ᠍ ᠥᠭ᠌ᠬᠦᠨ᠎ᠡ᠃ ᠬᠤᠯᠪᠤᠬᠳᠠᠯ ᠪᠥᠬᠥᠶ ᠠᠵᠤ ᠠᠬᠤᠢᠯᠠᠯ᠎ᠤᠨ ᠲᠤᠤᠷ ᠴᠡᠭ ᠥᠷᠲᠡᠭᠡ ᠴᠡᠭ ᠬᠢᠭᠡᠳ ᠱᠢᠶᠠᠩ ᠪᠠᠯᠭᠠᠰᠤ (ᠵᠡᠭᠡᠯᠢ ᠭᠤᠳᠤᠮᠵᠢ)᠂ ᠲᠣᠰᠭᠣᠨ (ᠨᠡᠢᠭᠡᠮ ᠲᠣᠭᠣᠷᠢᠭ) ᠤ᠋ ᠠᠵᠢᠯ᠎ᠤᠨ ᠬᠠᠷᠢᠯᠴᠠᠭ᠎ᠠ᠎ᠶ᠋ᠢ ᠴᠢᠩᠭᠠᠳᠭᠠᠵᠤ᠂ ᠥᠷᠲᠡᠭᠡᠨ ᠳᠠᠷᠤᠭ᠎ᠠ᠂ ᠠᠩᠭᠢ᠎ᠶ᠋ᠢᠨ ᠳᠠᠷᠤᠭ᠎ᠠ ᠵᠡᠷᠭᠡ ᠵᠢᠨ ᠨᠢᠷᠤᠭᠤᠪᠴᠢ ᠦᠶ᠋ᠯᠡᠳᠦᠯ᠎ᠢ ᠪᠠᠳᠠᠷᠠᠭᠤᠯᠤᠨ᠂ ᠱᠢᠨ᠎ᠡ᠎ᠪᠡᠷ ᠠᠵᠢᠯ ᠤᠯᠤᠭᠰᠠᠳ ᠬᠢᠭᠡᠳ ᠲᠣᠰᠭᠣᠨ (ᠰᠠᠭᠤᠭᠠᠯᠢ ᠠᠷᠠᠳ)᠎ᠤ᠋ ᠠᠷᠠᠳ᠂ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠠᠵᠢᠯᠲᠠᠨ᠂ ᠠᠮᠤᠷ᠎ᠢ ᠬᠠᠮᠠᠭᠠᠯᠠᠭ᠍ᠴᠢ᠂ ᠬᠤᠳᠠᠯᠳᠤᠭᠠᠴᠢᠨ ᠪᠠ ᠪᠠᠷᠠᠭᠠᠨ᠎ᠤ ᠡᠵᠡᠨ ᠵᠡᠷᠭᠡ᠎ᠶ᠋ᠢᠨ ᠰᠣᠯᠢᠯᠴᠠᠭ᠎ᠠ ᠨᠡᠪᠲᠡᠷᠡᠯᠴᠡᠭᠡ᠎ᠪᠡᠨ ᠴᠢᠩᠭᠠᠳᠭᠠᠬᠤ᠎ᠶ᠋ᠢ ᠠᠬᠢᠭᠤᠯᠤᠨ᠎ᠠ᠃ ᠱᠢᠶᠠᠩ ᠪᠠᠯᠭᠠᠰᠤ (ᠵᠡᠭᠡᠯᠢ ᠭᠤᠳᠤᠮᠵᠢ)᠂ ᠲᠣᠰᠭᠣᠨ(ᠨᠡᠢᠭᠡᠮ ᠲᠣᠭᠣᠷᠢᠭ) ᠎ᠵᠢᠡᠷ ᠲᠦᠷᠦᠭᠦᠯᠡᠭᠦᠯᠦᠭ᠌ᠰᠡᠨ ᠣᠯᠠᠨ ᠲᠠᠯ᠎ᠠ᠎ᠶ᠋ᠢᠨ ᠵᠥᠪᠳᠡᠯᠴᠡᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠱᠢᠨ᠎ᠡ᠎ᠪᠡᠷ ᠠᠵᠢᠯ ᠤᠯᠤᠭᠰᠠᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡ ᠪᠠ ᠬᠦᠨᠳᠦᠳᠭᠡᠨ ᠳᠡᠮᠵᠢᠬᠦ᠌᠎ᠶ᠋ᠢ ᠴᠢᠩᠭᠠᠳᠭᠠᠵᠤ᠂ ᠱᠢᠨ᠎ᠡ᠎ᠪᠡᠷ ᠠᠵᠢᠯ ᠤᠯᠤᠭᠰᠠᠳ᠎ᠦᠨ ᠠᠭᠤᠰᠤᠯᠴᠠᠭ᠍ᠰᠠᠨ ᠲᠥᠷᠥᠭ᠌ᠳᠡᠯ ᠪᠠ ᠬᠠᠷᠢᠶᠠᠯᠠᠭ᠍ᠳᠠᠬᠤ ᠲᠥᠷᠥᠭ᠌ᠳᠡᠯ᠎ᠢ ᠬᠦᠴᠦᠯᠡᠨ ᠳᠡᠭᠡᠭ᠌ᠰᠢᠯᠡᠭᠦᠯᠦᠨ᠎ᠡ᠃

(ᠠᠷᠪᠠ)ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭ᠌ᠭᠦᠨ᠎ᠡ᠃ ᠨᠠᠮ᠎ᠤᠨ ᠵᠣᠬᠢᠶᠠᠨ ᠪᠠᠢᠭᠤᠯᠤᠯᠲᠠ᠂ ᠠᠵᠢᠯ ᠲᠥᠷᠥᠯ᠎ᠦᠨ ᠬᠠᠮᠢᠶᠠᠷᠤᠯᠲᠠ ᠪᠠ ᠲᠤᠬᠠᠢᠯᠠᠭ᠍ᠰᠠᠨ ᠠᠵᠢᠯ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠂ ᠢᠨᠲ᠋ᠧᠷ ᠰᠦᠯᠵᠢᠶᠡᠨ᠎ᠦ ᠲᠠᠪᠴᠠᠩ᠎ᠤᠨ ᠠᠵᠤ ᠠᠬᠤᠢᠯᠠᠯ᠂ ᠲᠦᠷᠭᠡᠨ ᠬᠦᠷᠭᠡᠯᠲᠡ ᠵᠢᠨ ᠠᠵᠤ ᠠᠬᠤᠢᠯᠠᠯ ᠵᠢᠴᠢ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ ᠵᠡᠷᠭᠡ ᠣᠯᠠᠨ ᠲᠠᠯ᠎ᠠ᠎ᠶ᠋ᠢᠨ ᠦᠶ᠋ᠯᠡᠳᠦᠯ᠎ᠢ ᠪᠠᠳᠠᠷᠠᠭᠤᠯᠵᠤ ᠂ ᠱᠢᠨ᠎ᠡ᠎ᠪᠡᠷ ᠠᠵᠢᠯ ᠤᠯᠤᠭᠰᠠᠳ᠎ᠦᠨ ᠲᠥᠪᠯᠡᠷᠡᠩᠭᠦᠶ ᠬᠦᠰᠡᠯ ᠱᠠᠭᠠᠷᠳᠠᠯᠭ᠎ᠠ᠎ᠶ᠋ᠢ ᠴᠤᠭ᠍ᠯᠠᠭᠤᠯᠤᠨ ᠲᠤᠰᠭᠠᠵᠤ᠂ ᠵᠦᠶ ᠵᠣᠬᠢᠰᠲᠠᠶ ᠬᠦᠰᠡᠯ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠱᠢᠶ᠋ᠳᠪᠦᠷᠢᠯᠡᠬᠦ᠌᠎ᠶ᠋ᠢ ᠠᠬᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠳᠥᠭᠥᠮ ᠦᠵᠡᠭᠦᠯᠬᠦ᠌ ᠬᠠᠯᠠᠮᠱᠢᠯ ᠤᠲᠠᠰᠤ ᠵᠡᠷᠭᠡ᠎ᠳᠦ ᠲᠦᠱᠢᠭ᠌ᠯᠡᠨ᠂ ᠰᠠᠯᠠᠭ᠎ᠠ ᠮᠥᠴᠢᠷ ᠠᠯᠤᠰᠯᠠᠭ᠍ᠰᠠᠨ᠂ ᠣᠷᠣᠨ ᠪᠦᠰᠡ ᠠᠯᠤᠰᠯᠠᠭ᠍ᠰᠠᠨ᠂ ᠵᠠᠰᠠᠭ ᠠᠵᠤ ᠠᠬᠤᠢᠯᠠᠯ ᠬᠠᠮᠵᠢᠯᠴᠠᠨ ᠭᠦᠢᠴᠡᠳᠭᠡᠬᠦ᠌᠎ᠶ᠋ᠢ ᠠᠬᠢᠭᠤᠯᠵᠤ᠂ ᠲᠦᠪᠯᠡᠷᠡᠭᠰᠡᠨ ᠴᠢᠬᠤᠯᠠ ᠬᠦᠰᠡᠯ ᠱᠠᠭᠠᠷᠳᠠᠯᠭ᠎ᠠ ᠪᠠ ᠨᠡᠢᠲᠡᠴᠢ ᠴᠢᠨᠠᠷᠲᠠᠢ ᠠᠰᠠᠭᠤᠳᠠᠯ᠎ᠢ ᠬᠦᠴᠦᠯᠡᠨ ᠱᠢᠢᠳᠪᠦᠷᠢᠯᠡᠨ᠎ᠡ᠃ ᠱᠢᠨ᠎ᠡ ᠴᠠᠭ ᠦᠶ᠎ᠡ᠎ᠶ᠋ᠢᠨ 《 ᠹᠸᠩᠴᠢᠶᠣᠤ᠎ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍ ᠂ ᠵᠥᠷᠢᠴᠡᠯ᠎ᠢ ᠠᠷᠢᠯᠭᠠᠬᠤ ᠲᠣᠭ᠍ᠲᠠᠴᠠ᠎ᠶᠢ ᠱᠢᠨ᠎ᠡ᠎ᠶ᠋ᠢ ᠡᠭᠦᠳᠦᠨ ᠲᠡᠭᠦᠯᠳᠡᠷᠵᠢᠭᠦᠯᠵᠦ᠍᠂ ᠡᠬᠢ ᠡᠭᠦᠰᠦᠯ᠎ᠡᠴᠡ ᠨᠢ ᠵᠠᠰᠠᠬᠤ᠎ᠶ᠋ᠢ ᠴᠢᠩᠭᠠᠳᠭᠠᠨ᠎ᠠ᠃ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠯᠲᠠ ᠪᠠ ᠬᠠᠤᠯᠢ ᠬᠡᠷᠡᠭ᠌ᠵᠢᠭᠦᠯᠦᠯᠲᠡ᠎ᠶ᠋ᠢᠨ ᠡᠷᠴᠢᠮ᠎ᠢ ᠴᠢᠩᠭᠠᠷᠠᠭᠤᠯᠵᠤ᠂ ᠱᠢᠨ᠎ᠡ᠎ᠪᠡᠷ ᠠᠵᠢᠯ ᠤᠯᠤᠭᠰᠠᠳ᠎ᠤᠨ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠡᠷᠬᠡ ᠠᠱᠢᠭ᠎ᠢ ᠬᠠᠤᠯᠢ ᠶᠣᠰᠣᠭᠠᠷ ᠴᠠᠭ ᠲᠤᠬᠠᠢ᠎ᠳᠤᠨᠢ ᠪᠦᠲᠦᠮᠵᠢᠲᠡᠢ ᠬᠠᠮᠠᠭᠠᠯᠠᠨ᠎ᠠ᠃ ᠬᠥᠳᠡᠯᠮᠦᠷᠢ᠎ᠶ᠋ᠢᠨ ᠮᠠᠷᠭᠤᠯᠳᠤᠭᠠᠨ᠎ᠢ ᠵᠥᠪᠳᠡᠯᠴᠡᠨ ᠡᠶᠡᠳᠡᠭᠦᠯᠬᠦ᠌ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠢᠭᠡ ᠥᠷᠲᠡᠭᠡᠴᠢᠯᠡᠭᠰᠡᠨ ᠮᠠᠶᠢᠭ᠎ᠤᠨ ᠡᠶᠡᠳᠡᠭᠦᠯᠭᠡ᠎ᠶ᠋ᠢ ᠴᠢᠩᠭᠠᠳᠭᠠᠵᠤ᠂ ᠱᠢᠨ᠎ᠡ᠎ᠪᠡᠷ ᠠᠵᠢᠯ ᠤᠯᠤᠭᠰᠠᠳ᠎ᠤᠨ ᠬᠥᠳᠡᠯᠮᠦᠷᠢ᠎ᠶ᠋ᠢᠨ ᠮᠠᠷᠭᠤᠯᠳᠤᠭᠠᠨ᠎ᠢ ᠲᠠᠰᠤᠯᠤᠨ ᠲᠣᠭ᠍ᠲᠠᠭᠠᠬᠤ ᠲᠦᠷᠢᠮ᠎ᠢ ᠲᠡᠭᠦᠯᠳᠡᠷᠵᠢᠭᠦᠯᠦᠨ᠎ᠡ᠃

ᠲᠠᠪᠤ᠂ ᠨᠡᠢᠭᠡᠮ᠎ᠦᠨ ᠠᠭᠤᠰᠤᠯᠴᠠᠯ᠎ᠢ ᠠᠬᠢᠭᠤᠯᠤᠨ᠎ᠠ

(ᠠᠷᠪᠠᠨ ᠨᠢᠭᠡ) ᠰᠠᠢᠨ ᠰᠠᠢᠬᠠᠨ ᠳᠦᠷᠢ ᠲᠥᠷᠬᠦ᠌᠎ᠶ᠋ᠢ ᠢᠯᠡᠷᠡᠭᠦᠯᠦᠨ᠎ᠡ᠃ ᠠᠵᠢᠯ ᠮᠡᠷᠭᠡᠵᠢᠯ᠎ᠦᠨ ᠬᠡᠪ ᠰᠤᠷᠲᠠᠯ᠎ᠢ ᠬᠠᠳᠠᠭᠠᠯᠠᠬᠤ᠎ᠶ᠋ᠢ ᠳᠣᠪᠣᠢᠯᠭᠠᠵᠤ᠂ ᠠᠵᠢᠯ ᠮᠡᠷᠭᠡᠵᠢᠯ᠎ᠦᠨ ᠵᠣᠷᠢᠭ ᠰᠠᠨᠠᠭ᠎ᠠ᠎ᠶ᠋ᠢ ᠪᠣᠢᠵᠢᠭᠤᠯᠤᠨ᠂ ᠱᠢᠨ᠎ᠡ ᠪᠡᠷ ᠠᠵᠢᠯ ᠤᠯᠤᠭᠰᠠᠳ᠎ᠦᠨ ᠠᠵᠢᠯ ᠦᠶ᠋ᠯᠡᠰ᠎ᠢᠶᠡᠨ ᠳᠡᠭᠡᠳᠦᠯᠡᠬᠦ᠌᠂ ᠨᠡᠢᠭᠡᠮ᠎ᠳᠦ ᠬᠤᠪᠢ ᠨᠡᠮᠡᠷᠢ ᠦᠵᠡᠭᠦᠯᠬᠦ᠌᠎ᠶ᠋ᠢ ᠬᠥᠲᠥᠯᠥᠨ ᠵᠢᠯᠣᠭᠣᠳᠤᠨ᠎ᠠ᠃ ᠱᠢᠨ᠎ᠡ᠎ᠪᠡᠷ ᠠᠵᠢᠯ ᠤᠯᠤᠭᠰᠠᠳ᠎ᠤᠨ ᠨᠡᠢᠭᠡᠮ᠎ᠦᠨ ᠬᠠᠷᠢᠯᠴᠠᠭ᠎ᠠ᠂ ᠣᠯᠠᠨ ᠨᠡᠢᠲᠡ᠎ᠶ᠋ᠢᠨ ᠲᠠᠯᠠᠪᠤᠷ᠎ᠲᠠᠬᠢ ᠦᠶ᠋ᠯᠡ ᠠᠵᠢᠯᠯᠠᠭ᠎ᠠ᠎ᠶ᠋ᠢᠨ ᠵᠢᠷᠤᠮᠵᠢᠯ᠎ᠢ ᠤᠬᠠᠮᠰᠠᠷ᠎ᠡᠴᠡ᠎ᠪᠠᠨ ᠵᠢᠷᠤᠮᠯᠠᠵᠤ᠂ ᠪᠣᠯᠪᠠᠰᠤᠨ ᠬᠡᠪ ᠴᠢᠨᠠᠷ᠎ᠢᠶᠠᠨ ᠢᠯᠡᠷᠡᠭᠦᠯᠬᠦ᠌᠎ᠶ᠋ᠢ ᠰᠠᠨᠠᠭᠠᠴᠢᠯᠠᠨ᠎ᠠ᠃ ᠱᠢᠨ᠎ᠡ᠎ᠪᠡᠷ ᠠᠵᠢᠯ ᠤᠯᠤᠭᠰᠠᠳ᠎ᠦᠨ ᠬᠠᠤᠯᠢ᠎ᠪᠠᠷ ᠵᠠᠰᠠᠬᠤ ᠦᠵᠡᠯ ᠤᠬᠠᠮᠰᠠᠷ᠂ ᠦᠨᠡᠨᠴᠢ ᠢᠲᠡᠭᠡᠮᠵᠢ᠎ᠶ᠋ᠢᠨ ᠦᠵᠡᠯ ᠤᠬᠠᠮᠰᠠᠷ ᠪᠣᠯᠤᠨ ᠬᠠᠷᠢᠭᠤᠴᠠᠯᠭ᠎ᠠ᠎ᠶ᠋ᠢᠨ ᠦᠵᠡᠯ ᠤᠬᠠᠮᠰᠠᠷ᠎ᠢ ᠬᠦᠴᠦᠯᠡᠨ ᠴᠢᠩᠭᠠᠷᠠᠭᠤᠯᠵᠤ᠂ ᠡᠷᠡᠭᠦᠯ ᠪᠥᠭᠡᠳ ᠣᠶᠤᠨᠴᠢ ᠰᠡᠳᠭᠢᠴᠡ᠎ᠶ᠋ᠢᠨ ᠪᠠᠢᠳᠠᠯ᠎ᠢ ᠬᠥᠮᠦᠵᠢᠭᠦᠯᠦᠨ ᠂ ᠱᠢᠨ᠎ᠡ᠎ᠪᠡᠷ ᠠᠵᠢᠯ ᠤᠯᠤᠭᠰᠠᠳ ᠦ᠋ᠨ ᠥᠪᠡᠷ᠎ᠢ᠎ᠪᠡᠨ ᠬᠦᠨᠳᠦᠳᠭᠡᠨ ᠥᠪᠡᠷ᠎ᠢ᠎ᠪᠡᠨ ᠢᠲᠡᠭᠡᠬᠦ᠌᠂ ᠢᠳᠡᠪᠬᠢᠲᠡᠶ᠎ᠪᠡᠷ ᠥᠭᠡᠳᠡᠯᠡᠨ ᠳᠠᠪᠱᠢᠬᠤ᠎ᠶ᠋ᠢ ᠬᠥᠲᠥᠯᠥᠨ ᠵᠢᠯᠣᠭᠣᠳᠤᠨ᠎ᠠ᠃ ᠱᠢᠨ᠎ᠡ᠎ᠪᠡᠷ ᠠᠵᠢᠯ ᠤᠯᠤᠭᠰᠠᠳ᠎ᠤᠨ ᠰᠦᠯᠵᠢᠶᠡᠨ᠎ᠦ ᠣᠷᠣᠨ ᠵᠠᠢ᠎ᠳᠤ ᠶᠣᠰᠣ ᠰᠤᠷᠲᠠᠬᠤᠨ᠎ᠢ ᠬᠦᠨᠳᠦᠳᠭᠡᠨ ᠬᠠᠤᠯᠢ᠎ᠶ᠋ᠢ ᠰᠠᠬᠢᠬᠤ ᠂ ᠪᠣᠯᠪᠠᠰᠤᠨ᠎ᠢᠶᠠᠷ ᠬᠠᠷᠢᠯᠴᠠᠨ ᠬᠥᠳᠡᠯᠦᠯᠴᠡᠬᠦ᠌ ᠂ ᠣᠶᠤᠨᠴᠢ᠎ᠪᠠᠷ ᠢᠯᠡᠳᠭᠡᠬᠦ᠌᠂ ᠰᠠᠢ᠌ᠨ ᠰᠠᠢᠬᠠᠨ ᠰᠦᠯᠵᠢᠶᠡᠨ᠎ᠦ ᠡᠮᠬᠢ ᠳᠢᠭ᠌ᠯᠢᠮ᠎ᠢ ᠤᠬᠠᠮᠰᠠᠷ᠎ᠡᠴᠡ᠎ᠪᠠᠨ ᠬᠠᠮᠠᠭᠠᠯᠠᠬᠤ᠎ᠶ᠋ᠢ ᠬᠥᠮᠦᠵᠢᠭᠦᠯᠵᠦ᠍ ᠬᠥᠳᠤᠯᠤᠨ ᠵᠢᠯᠣᠭᠣᠳᠤᠨ᠎ᠠ᠃

(ᠠᠷᠪᠠᠨ ᠬᠣᠶᠠᠷ)ᠨᠡᠢᠭᠡᠮ᠎ᠦᠨ ᠵᠠᠰᠠᠯᠲᠠ᠎ᠳᠤ ᠣᠷᠣᠯᠴᠠᠬᠤ᠎ᠶ᠋ᠢ ᠬᠥᠲᠥᠯᠥᠨ ᠵᠢᠯᠣᠭᠣᠳᠤᠨ᠎ᠠ᠃ ᠠᠵᠢᠯ᠎ᠤᠨ ᠲᠣᠭ᠍ᠲᠠᠴᠠ ᠪᠠ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠱᠢᠨ᠎ᠡ᠎ᠪᠡᠷ ᠠᠵᠢᠯ ᠤᠯᠤᠭᠰᠠᠳ᠎ᠦᠨ ᠣᠨᠴᠠᠯᠢᠭ ᠳᠠᠪᠠᠭᠤᠯᠢᠭ᠎ᠢ ᠪᠠᠳᠠᠷᠠᠭᠤᠯᠤᠨ᠂ ᠱᠢᠨ᠎ᠡ᠎ᠪᠡᠷ ᠠᠵᠢᠯ ᠤᠯᠤᠭᠰᠠᠳ᠎ᠦᠨ ᠨᠡᠢᠭᠡᠮ᠎ᠦᠨ ᠵᠠᠰᠠᠯᠲᠠ᠎ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ᠎ᠢ ᠳᠠᠢᠴᠢᠯᠠᠨ᠎ᠠ᠃ ᠱᠢᠨ᠎ᠡ᠎ᠪᠡᠷ ᠠᠵᠢᠯ ᠤᠯᠤᠭᠰᠠᠳ᠎ᠦᠨ ᠦᠨᠳᠦᠰᠦᠨ ᠱᠠᠲᠤᠨ᠎ᠤ ᠵᠠᠰᠠᠯᠲᠠ ᠪᠠ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠣᠷᠣᠯᠴᠠᠬᠤ᠎ᠶ᠋ᠢ ᠵᠣᠷᠢᠭ᠍ᠵᠢᠭᠤᠯᠤᠨ ᠬᠥᠲᠥᠯᠥᠨ ᠵᠢᠯᠣᠭᠣᠳᠤᠨ᠎ᠠ᠃ ᠱᠢᠨ᠎ᠡ᠎ᠪᠡᠷ ᠠᠵᠢᠯ ᠤᠯᠤᠭᠰᠠᠳ᠎ᠦᠨ ᠬᠠᠤᠯᠢ ᠶᠣᠰᠣᠭᠠᠷ ᠠᠵᠢᠯ ᠲᠥᠷᠥᠯ᠎ᠦᠨ ᠵᠠᠰᠠᠯᠲᠠ᠎ᠳᠤ ᠣᠷᠣᠯᠴᠠᠬᠤ᠎ᠶ᠋ᠢ ᠳᠡᠮᠵᠢᠵᠦ᠍᠂ ᠵᠦᠶ ᠵᠣᠬᠢᠰᠲᠠᠶ ᠬᠦᠰᠡᠯ ᠱᠠᠭᠠᠷᠳᠠᠯᠭ᠎ᠠ᠎ᠶ᠋ᠢ ᠡᠮᠬᠢ ᠵᠢᠷᠤᠮ᠎ᠲᠠᠶ᠎ᠪᠠᠷ ᠲᠤᠰᠭᠠᠵᠤ᠂ ᠨᠡᠢᠭᠡᠮ᠎ᠦᠨ ᠬᠢᠨᠠᠯᠲᠠ ᠲᠠᠯᠪᠢᠬᠤ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠢᠨᠲ᠋ᠧᠷ ᠰᠦᠯᠵᠢᠶᠡᠨ᠎ᠦ ᠲᠠᠪᠴᠠᠩ᠎ᠤᠨ ᠠᠵᠤ ᠠᠬᠤᠢᠯᠠᠯ ᠵᠡᠷᠭᠡ᠎ᠶ᠋ᠢᠨ ᠡᠵᠡᠩᠨᠡᠯᠲᠡ᠎ᠶ᠋ᠢᠨ ᠵᠠᠭ᠍ᠪᠤᠷ᠎ᠢᠶᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠦᠶ᠋ᠯᠡᠴᠢᠯᠡᠭᠡᠨ᠎ᠦ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃

ᠵᠢᠷᠭᠤᠭ᠎ᠠ᠂ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌᠎ᠶ᠋ᠢ ᠴᠢᠩᠭᠠᠳᠭᠠᠨ᠎ᠠ

ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠳᠤᠤᠷ᠎ᠠ᠂ ᠪᠣᠳᠠᠲᠠᠶ᠎ᠲᠠᠶ᠎ᠪᠠᠨ ᠤᠶᠠᠯᠳᠤᠭᠤᠯᠤᠨ ᠲᠣᠰ ᠰᠠᠨᠠᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠱᠢᠨ᠎ᠡ᠎ᠪᠡᠷ ᠠᠵᠢᠯ ᠤᠯᠤᠭᠰᠠᠳ᠎ᠲᠦ ᠦᠶ᠋ᠯᠡᠴᠢᠯᠡᠬᠦ᠌ ᠬᠠᠮᠢᠶᠠᠷᠤᠯᠲᠠ᠎ᠶ᠋ᠢᠨ ᠠᠵᠢᠯ᠎ᠤᠨ ᠳᠤᠮᠳᠠᠬᠢ ᠭᠤᠤᠯᠳᠠᠯᠭ᠎ᠠ᠎ᠲᠠᠶ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠱᠢᠶ᠋ᠳᠪᠦᠷᠢᠯᠡᠨ᠎ᠡ᠃ ᠨᠠᠮ᠎ᠤᠨ ᠬᠣᠷᠢᠶ᠎ᠠ ᠤᠳᠤᠷᠢᠳᠴᠤ᠌᠂ ᠨᠠᠮ᠎ᠤᠨ ᠬᠣᠷᠢᠶ᠎ᠠ ᠵᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ ᠵᠢᠯᠣᠭᠣᠳᠤᠨ ᠠᠬᠢᠭᠤᠯᠵᠤ᠂ ᠠᠵᠢᠯ ᠲᠥᠷᠥᠯ᠎ᠦᠨ ᠬᠠᠮᠢᠶᠠᠷᠤᠯᠲᠠ ᠪᠠ ᠲᠤᠬᠠᠢᠯᠠᠭ᠍ᠰᠠᠨ ᠠᠵᠢᠯ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠣᠳᠠᠲᠠᠶ ᠠᠬᠢᠭᠤᠯᠵᠤ᠂ ᠬᠠᠮᠢᠶ᠎ᠠ ᠪᠥᠬᠥᠶ ᠰᠠᠯᠠᠭ᠎ᠠ ᠮᠥᠴᠢᠷ ᠬᠠᠪᠰᠤᠷᠤᠯᠴᠠᠨ ᠬᠠᠮᠵᠢᠯᠴᠠᠵᠤ᠂ ᠬᠠᠷᠢᠶ᠎ᠠ ᠭᠠᠵᠠᠷ᠎ᠢᠶᠠᠷ ᠬᠠᠮᠢᠶᠠᠷᠤᠭᠤᠯᠬᠤ ᠠᠵᠢᠯ᠎ᠤᠨ ᠪᠠᠢᠷᠢᠱᠢᠯ᠎ᠢ ᠪᠠᠢᠭᠤᠯᠤᠨ᠎ᠠ᠃ ᠠᠵᠢᠯᠲᠠᠨ᠎ᠤ ᠬᠦᠴᠦᠨ᠂ ᠵᠢᠭ᠍ᠰᠠᠭᠠᠯ᠎ᠤᠨ ᠭᠠᠵᠠᠷ᠎ᠤᠨ ᠡᠬᠢ ᠪᠠᠶᠠᠯᠢᠭ᠂ ᠵᠠᠷᠤᠳᠠᠯ ᠵᠡᠷᠭᠡ ᠲᠠᠯ᠎ᠠ᠎ᠶ᠋ᠢᠨ ᠪᠠᠲᠤᠯᠠᠭ᠎ᠠ᠎ᠶ᠋ᠢ ᠨᠠᠢᠳᠠᠪᠤᠷᠢᠵᠢᠭᠤᠯᠤᠨ᠎ᠠ᠃ ᠪᠠᠷᠠᠯᠠᠯᠳᠤ ᠴᠢᠨᠠᠷᠲᠠᠶ ᠰᠤᠳᠤᠯᠭᠠᠨ ᠪᠠ ᠦᠶ᠋ᠯᠡᠳᠦᠯᠭᠡ᠎ᠶ᠋ᠢᠨ ᠰᠥᠪᠡᠭ᠌ᠴᠢᠯᠡᠯᠲᠡ᠎ᠶ᠋ᠢ ᠴᠢᠩᠭᠠᠳᠭᠠᠵᠤ᠂ ᠱᠢᠨ᠎ᠡ᠎ᠪᠡᠷ ᠠᠵᠢᠯ ᠤᠯᠤᠭᠰᠠᠳ ᠲᠦ᠍ ᠦᠶ᠋ᠯᠡᠴᠢᠯᠡᠬᠦ᠌ ᠬᠠᠮᠢᠶᠠᠷᠤᠯᠲᠠ᠎ᠶ᠋ᠢᠨ ᠬᠤᠯᠪᠤᠬᠳᠠᠯ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠲᠦᠷᠢᠮ᠎ᠦᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠤᠨ᠎ᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 26 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号