ᠲᠣᠭᠠᠴᠢᠯᠠᠯᠲᠠ᠎ᠪᠠᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ ᠦᠷ᠎ᠡ ᠠᠱᠢᠭ᠎ᠢ᠋ ᠳᠡᠭᠡᠭ᠌ᠰᠢᠯᠡᠭᠦᠯᠦᠨ᠎ᠠ
2026-04-29 16:18:13
ᠵᠣᠬᠢᠶᠠᠭ᠍ᠴᠢ᠄
ᠯᠢ ᠱᠢᠨ ᠵᠢᠶᠦ᠋ᠨ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ᠎ᠳᠦ᠂ ᠬᠠᠭᠤᠴᠢᠨ ᠪᠠᠷᠭᠤ ᠬᠣᠱᠢᠭᠤ᠎ᠨᠢ ᠥᠪᠡᠷᠲᠡᠭᠡᠨ ᠵᠠᠰᠠᠬᠤ ᠣᠷᠣᠨ᠎ᠤ 《ᠵᠣᠬᠢᠶᠠᠮᠠᠯ ᠣᠶᠤᠨ ᠴᠢᠳᠠᠪᠤᠷᠢ + ᠰᠤᠷᠭᠠᠨ ᠬᠥᠮᠦᠵᠢᠯ》 ᠤ᠋ᠨ ᠲᠤᠷᠱᠢᠯᠲᠠ᠎ᠶ᠋ᠢᠨ ᠴᠡᠭ᠎ᠦᠨ ᠪᠥᠲᠥᠭᠡᠨ ᠪᠠᠢᠭᠤᠯᠤᠯᠲᠠ᠎ᠪᠠᠷ ᠠᠵᠠ ᠲᠣᠬᠢᠶᠠᠯ ᠪᠣᠯᠭᠠᠵᠤ᠂ ᠲᠣᠭᠠᠴᠢᠯᠠᠭ᠍ᠰᠠᠨ ᠮᠡᠷᠭᠡᠵᠢᠯ᠎ᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠭᠦᠨᠵᠡᠭᠡᠶ ᠠᠭᠤᠰᠤᠯᠴᠠᠭᠤᠯᠵᠤ᠂ ᠣᠶᠤᠨᠴᠢ ᠮᠡᠷᠭᠡᠵᠢᠯ ᠬᠢᠭᠡᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠰᠤᠷᠭᠠᠨ ᠬᠥᠮᠦᠵᠢᠯ᠎ᠦᠨ ᠣᠷᠭᠠᠨᠢᠭ ᠠᠭᠤᠰᠤᠯᠴᠠᠯ᠎ᠢ ᠱᠢᠨ᠎ᠡ᠎ᠶ᠋ᠢ ᠡᠭᠦᠳᠦᠨ ᠠᠬᠢᠭᠤᠯᠪᠠ᠃

2025 ᠣᠨ᠎ᠳᠤ᠂ ᠬᠠᠭᠤᠴᠢᠨ ᠪᠠᠷᠭᠤ ᠬᠣᠱᠢᠭᠤᠨ᠎ᠤ ᠪᠣᠷᠣᠱᠢᠯᠢ ᠪᠠᠭ᠎ᠠ ᠰᠤᠷᠭᠠᠭᠤᠯᠢ᠂ ᠬᠣᠶᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ᠎ᠤ 《ᠵᠣᠬᠢᠶᠠᠮᠠᠯ ᠣᠶᠤᠨ ᠴᠢᠳᠠᠪᠤᠷᠢ + ᠰᠤᠷᠭᠠᠨ ᠬᠥᠮᠦᠵᠢᠯ》 ᠤ᠋ᠨ ᠲᠤᠷᠱᠢᠯᠲᠠ᠎ᠶ᠋ᠢᠨ ᠰᠤᠷᠭᠠᠭᠤᠯᠢ ᠪᠡᠷ ᠰᠣᠩᠭᠣᠭ᠍ᠳᠠᠪᠠ᠃ ᠪᠣᠷᠣᠱᠢᠯᠢ ᠪᠠᠭ᠎ᠠ ᠰᠤᠷᠭᠠᠭᠤᠯᠢ᠎ᠶ᠋ᠢᠨ ᠣᠶᠤᠨᠳᠤ ᠬᠢᠴᠢᠶᠡᠯ᠎ᠦᠨ ᠲᠠᠩᠬᠢᠮ ᠳ᠋ᠤ ᠤᠷᠤᠪᠠᠯ᠂ ᠣᠶᠤᠨᠴᠢ ᠦᠵᠦᠭᠦᠷᠯᠢᠭ᠂ ᠬᠠᠷᠢᠯᠴᠠᠨ ᠬᠦᠳᠡᠯᠦᠯᠴᠡᠬᠦ ᠲᠣᠮᠣ ᠳᠡᠯᠭᠡᠴᠡ᠂ ᠴᠠᠭ ᠲᠤᠬᠠᠶ᠎ᠳᠤᠨᠢ ᠬᠠᠷᠢᠭᠤ ᠲᠤᠰᠭᠠᠬᠤ ᠱᠢᠰᠲ᠋ᠧᠮ᠎ᠨᠢ ᠥᠨᠳᠥᠷ ᠪᠦᠲᠦᠮᠵᠢᠲᠡᠶ ᠵᠢᠭᠠᠨ ᠰᠤᠷᠭᠠᠯᠲᠠ᠎ᠶ᠋ᠢᠨ ᠦᠵᠡᠭᠳᠡᠯ ᠪᠠᠢᠳᠠᠯ᠎ᠢ ᠪᠠᠢᠭᠤᠯᠤᠭᠰᠠᠨ ᠪᠠᠢᠨ᠎ᠠ᠃ ᠣᠶᠤᠨᠳᠤ ᠲᠠᠪᠴᠠᠩ᠎ᠳᠤ ᠲᠦᠱᠢᠭ᠌ᠯᠡᠨ ᠪᠠᠬᠰᠢ ᠰᠤᠷᠤᠬᠴᠢ ᠬᠠᠷᠢᠯᠴᠠᠨ ᠬᠦᠳᠡᠯᠦᠯᠴᠡᠨ ᠬᠢᠴᠢᠶᠡᠯᠯᠡᠵᠦ᠍᠂ ᠰᠤᠷᠤᠭ᠍ᠴᠢᠳ ᠦᠵᠦᠭᠦᠷᠯᠢᠭ᠎ᠦᠨ ᠳᠠᠭᠠᠵᠤ ᠤᠩᠱᠢᠬᠤ ᠦᠵᠡᠭᠦᠯᠭᠡ᠂ ᠴᠠᠭ ᠲᠤᠬᠠᠶ᠎ᠳᠤᠨᠢ ᠬᠠᠷᠢᠯᠴᠠᠨ ᠬᠦᠳᠡᠯᠦᠯᠴᠡᠬᠦ ᠬᠡᠯᠪᠡᠷᠢ ᠪᠡᠷ ᠳᠠᠮᠵᠢᠨ ᠬᠢᠴᠢᠶᠡᠯ ᠤᠷᠤᠬᠤ ᠪᠤᠯᠤᠬᠰᠠᠨ᠎ᠢᠶᠡᠷ ᠬᠢᠴᠢᠶᠡᠯ᠎ᠦᠨ ᠲᠠᠩᠬᠢᠮ ᠎ᠤᠨ ᠠᠭᠤᠷ ᠠᠮᠢᠰᠭᠤᠯ ᠮᠠᠰᠢ ᠬᠥᠭ᠌ᠵᠢᠶᠡᠨ᠎ᠲᠡᠶ ᠴᠢᠯᠦᠭᠡᠳᠡᠢ  ᠪᠠᠢᠳᠠᠭ᠃ ᠲᠣᠮᠣ ᠳ᠋ᠠᠢᠲ᠋ᠠ᠎ᠶ᠋ᠢᠨ ᠵᠠᠳᠠᠯᠤᠯᠲᠠ᠎ᠶ᠋ᠢᠨ ᠱᠢᠰᠲ᠋ᠧᠮ ᠎ᠢ ᠠᠱᠢᠭ᠍ᠯᠠᠨ᠂ ᠰᠤᠷᠭᠠᠭᠤᠯᠢ᠎ᠡᠴᠡ ᠰᠤᠷᠤᠭᠴᠢᠳ ᠤ᠋ᠨ ᠬᠢᠴᠢᠶᠡᠯ ᠤ᠋ᠨ ᠲᠠᠩᠬᠢᠮ ᠳ᠋ᠡᠬᠢ ᠣᠷᠣᠯᠴᠠᠬᠰᠠᠨ ᠬᠡᠮᠵᠢᠶ᠎ᠡ᠂ ᠮᠡᠳᠡᠯᠭᠡ᠎ᠶ᠋ᠢᠨ ᠴᠡᠭ᠎ᠢ ᠡᠵᠡᠮᠱᠢᠭ᠌ᠰᠡᠨ ᠪᠠᠢᠳᠠᠯ᠎ᠢ ᠴᠠᠭ ᠲᠤᠬᠠᠶ᠎ᠳᠤᠨᠢ ᠬᠢᠨᠠᠨ ᠬᠡᠮᠵᠢᠵᠦ᠍᠂ ᠤᠯᠵᠤ ᠦᠵᠡᠭᠳᠡᠬᠦ ᠰᠤᠷᠤᠯᠴᠠᠯᠭ᠎ᠠ ᠵᠢᠨ ᠪᠠᠢᠳᠠᠯ᠎ᠤᠨ ᠮᠡᠳᠡᠭᠦᠯᠦᠯᠲᠡ᠎ᠶ᠋ᠢ ᠠᠶᠠᠨᠳᠠᠭᠠᠨ ᠪᠣᠶ ᠪᠣᠯᠭᠠᠵᠤ᠂ ᠪᠠᠭ᠍ᠰᠢ᠎ᠶ᠋ᠢ ᠬᠠᠪᠰᠤᠷᠤᠨ ᠵᠢᠭᠠᠨ ᠰᠤᠷᠭᠠᠯᠲᠠ᠎ᠶ᠋ᠢᠨ ᠠᠷᠭ᠎ᠠ ᠪᠣᠳᠣᠯᠭ᠎ᠠ᠎ᠳᠤ ᠣᠨᠣᠪᠴᠢᠲᠠᠶ ᠲᠣᠬᠢᠷᠠᠭᠤᠯᠤᠯᠲᠠ ᠬᠢᠬᠦ ᠵᠢ ᠪᠡᠶᠡᠯᠡᠬᠦᠯᠪᠡ᠃

ᠵᠣᠬᠢᠶᠠᠮᠠᠯ ᠣᠶᠤᠨ ᠴᠢᠳᠠᠪᠤᠷᠢ ᠪᠡᠷ ᠡᠨ᠋ᠸᠷᠬᠢ ᠤᠯᠭᠤᠬᠤ ᠪᠠᠢᠳᠠᠯ ᠳᠤᠤᠷ᠎ᠠ᠂ ᠪᠠᠭ᠍ᠰᠢ᠎ᠶ᠋ᠢᠨ ᠬᠢᠴᠢᠶᠡᠯ ᠪᠡᠯᠡᠳᠭᠡᠬᠦ᠌ ᠵᠠᠭ᠍ᠪᠤᠷ ᠴᠤ᠌ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠪᠡᠶᠡᠯᠡᠭᠦᠯᠪᠡ᠃ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠣᠶᠤᠨᠲᠦ ᠰᠤᠷᠭᠠᠨ ᠬᠥᠮᠦᠵᠢᠯ᠎ᠦᠨ ᠲᠠᠪᠴᠠᠩ᠎ᠤᠨ ᠱᠢᠯᠢᠳᠡᠭ ᠡᠬᠢ ᠪᠠᠶᠠᠯᠢᠭ᠎ᠲᠤ ᠲᠦᠱᠢᠭ᠌ᠯᠡᠨ᠂ ᠪᠠᠭ᠍ᠰᠢ᠎ᠨᠠᠷ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ ᠪᠠ ᠪᠣᠯᠪᠠᠰᠤᠷᠠᠯ᠎ᠤᠨ ᠠᠭᠤᠯᠭ᠎ᠠ᠎ᠪᠠᠨ ᠱᠢᠯᠢᠳᠡᠭ᠌ᠵᠢᠭᠦᠯᠵᠦ᠍᠂ ᠬᠢᠴᠢᠶᠡᠯ ᠪᠡᠯᠡᠳᠭᠡᠬᠦ᠌᠎ᠳᠡᠭᠡᠨ 《ᠲᠤᠷᠱᠢᠯᠭ᠎ᠠ᠎ᠳᠠᠭᠠᠨ ᠲᠦᠱᠢᠭ᠌ᠯᠡᠵᠦ᠍》 ᠪᠠᠢᠭ᠍ᠰᠠᠨ᠎ᠡᠴᠡ᠎ᠪᠠᠨ 《ᠲᠣᠭ᠎ᠠ ᠪᠠᠷᠢᠮᠲᠠ᠎ᠳᠤ ᠲᠦᠱᠢᠭ᠌ᠯᠡᠬᠦ᠌》 ᠪᠣᠯᠵᠣ ᠬᠤᠪᠢᠷᠠᠪᠠ᠃

ᠣᠶᠤᠨᠲᠦ ᠰᠤᠷᠭᠠᠨ ᠬᠥᠮᠦᠵᠢᠯ ᠨᠢ ᠰᠤᠷᠤᠭ᠍ᠴᠢᠳ᠎ᠤᠨ ᠰᠤᠷᠤᠯᠴᠠᠬᠤ ᠠᠷᠭ᠎ᠠ ᠮᠠᠶᠢᠭ᠎ᠢ ᠴᠤ᠌ ᠱᠢᠨ᠎ᠡ ᠪᠣᠯᠭᠠᠵᠠᠶ᠃ ᠬᠢᠴᠢᠶᠡᠯ᠎ᠡᠴᠡ ᠡᠮᠦᠨ᠎ᠡ ᠲᠠᠪᠴᠠᠩ᠎ᠳᠡᠭᠡᠷ᠎ᠡ ᠤᠷᠢᠳᠴᠢᠯᠠᠨ ᠰᠤᠷᠬᠤ᠂ ᠬᠢᠴᠢᠶᠡᠯ ᠳᠡᠭᠡᠷ᠎ᠡ ᠬᠠᠷᠢᠯᠴᠠᠨ ᠪᠣᠯᠪᠠᠰᠤᠷᠠᠬᠤ᠂ ᠬᠢᠴᠢᠶᠡᠯ᠎ᠦᠨ ᠳᠠᠷᠠᠭ᠎ᠠ ᠪᠤᠳᠠᠭᠠᠯᠢᠴᠢᠯᠠᠨ ᠪᠡᠬᠢᠵᠢᠭᠦᠯᠵᠦ᠂ ᠰᠤᠷᠤᠭ᠍ᠴᠢᠳ᠎ᠤᠨ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠣᠨᠣᠰᠴᠤ᠌ ᠤᠩᠱᠢᠵᠤ ᠪᠢᠴᠢᠬᠦ᠌ ᠴᠢᠳᠠᠪᠤᠷᠢ ᠨᠢ ᠱᠢᠰᠲ᠋ᠧᠮᠲᠦ ᠴᠢᠨᠠᠷᠲᠠᠶ᠎ᠪᠠᠷ ᠴᠢᠩᠭᠠᠷᠠᠭ᠍ᠰᠠᠨ ᠪᠠᠢᠨ᠎ᠠ᠃ 《ᠣᠶᠤᠨᠲᠦ ᠬᠢᠴᠢᠶᠡᠯ ᠎ᠦᠨ ᠲᠠᠩᠬᠢᠮ ᠰᠤᠷᠤᠯᠴᠠᠯᠭ᠎ᠠ᠎ᠶ᠋ᠢᠨ ᠠᠭᠤᠯᠭ᠎ᠠ᠎ᠶ᠋ᠢ ᠺᠠᠷᠲ᠋ᠣᠨ ᠵᠢᠷᠤᠭ ᠪᠠ ᠬᠠᠷᠢᠯᠴᠠᠨ ᠬᠦᠳᠡᠯᠦᠯᠴᠡᠬᠦ  ᠲᠣᠭ᠍ᠯᠠᠭᠠᠮ᠎ᠳᠤ ᠠᠭᠤᠰᠭᠠᠨ ᠣᠷᠣᠭᠤᠯᠵᠤ᠂ ᠰᠤᠷᠤᠯᠴᠠᠯᠭ᠎ᠠ᠎ᠶ᠋ᠢ ᠨᠠᠩ ᠲᠥᠬᠥᠮ ᠪᠥᠭᠡᠳ ᠥᠨᠳᠥᠷ ᠪᠦᠲᠦᠮᠵᠢᠲᠡᠶ ᠪᠣᠯᠭᠠᠪᠠ》 ᠭᠡᠵᠦ᠍ ᠰᠤᠷᠤᠭ᠍ᠴᠢ ᠢᠦᠢ ᠵᠢᠶᠦ᠋ᠨ ᠰᠢ ᠬᠡᠯᠡᠨ᠎ᠠ᠃

ᠣᠳᠣᠬᠠᠨ᠎ᠳᠤ᠂ ᠬᠠᠭᠤᠴᠢᠨ ᠪᠠᠷᠭᠤ ᠬᠣᠱᠢᠭᠤᠨ᠎ᠤ ᠭᠤᠷᠪᠠᠨ ᠲᠤᠷᠱᠢᠯᠲᠠ᠎ᠶ᠋ᠢᠨ ᠰᠤᠷᠭᠠᠭᠤᠯᠢ ᠲᠣᠰ ᠲᠣᠰ᠎ᠤᠨ ᠣᠨᠴᠠᠯᠢᠭ᠎ᠲᠠᠶ᠂ ᠬᠠᠮᠵᠢᠯᠴᠠᠨ ᠠᠬᠢᠭᠤᠯᠵᠤ᠂ ᠴᠡᠭ᠎ᠢᠶᠡᠷ ᠨᠡᠢᠳᠡᠮ᠎ᠢ ᠳᠠᠢᠴᠢᠯᠠᠬᠤ᠂ ᠪᠥᠬᠥ᠌ ᠣᠷᠣᠨ ᠪᠦᠰᠡ᠎ᠪᠡᠷ᠎ᠢᠶᠡᠨ ᠬᠠᠮᠲᠤ᠎ᠪᠠᠷ ᠤᠷᠤᠭ᠍ᠰᠢᠯᠠᠬᠤ ᠰᠠᠢᠨ ᠰᠠᠢᠬᠠᠨ ᠪᠠᠢᠷᠢᠱᠢᠯ᠎ᠢ ᠪᠦᠷᠢᠯᠳᠦᠭᠦᠯᠪᠡ᠃ ᠬᠠᠭᠤᠴᠢᠨ ᠪᠠᠷᠭᠤ ᠬᠣᠱᠢᠭᠤᠨ ᠎ᠤ ᠰᠤᠷᠭᠠᠨ ᠬᠥᠮᠦᠵᠢᠯ᠎ᠦᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠡᠷᠬᠢᠯᠡᠭ᠌ᠴᠢ ᠰᠠᠢᠨ᠎ᠠ᠄  《2026 ᠣᠨ᠎ᠳᠤ ᠲᠣᠰ ᠬᠣᠱᠢᠭᠤ 550 ᠲᠦᠮᠡᠨ ᠲᠥᠭᠥᠷᠢᠭ ᠎ᠦᠨ ᠪᠠᠯᠠ ᠣᠷᠣᠭᠤᠯᠵᠤ ᠣᠶᠤᠨᠴᠢ ᠰᠤᠳᠤᠯᠤᠨ ᠰᠤᠷᠤᠯᠴᠠᠬᠤ ᠬᠢᠴᠢᠶᠡᠯ᠎ᠦᠨ ᠬᠡᠷ᠂ ᠤᠶᠤᠨᠲᠤ ᠰᠠᠮᠪᠠᠷ᠎ᠠ ᠵᠡᠷᠭᠡ ᠲᠥᠬᠥᠭᠡᠷᠦᠮᠵᠢ᠎ᠶ᠋ᠢ ᠲᠡᠭᠦᠯᠳᠡᠷᠵᠢᠭᠦᠯᠬᠦ᠌᠎ᠪᠡᠷ ᠲᠥᠯᠥᠪᠯᠡᠵᠦ᠍ ᠪᠠᠢᠬᠤ ᠪᠥᠭᠡᠳ ᠲᠥᠪ᠎ᠦᠨ ᠴᠠᠬᠢᠯᠭᠠᠨᠴᠢᠯᠠᠭᠰᠠᠨ ᠰᠤᠷᠭᠠᠨ ᠬᠥᠮᠦᠵᠢᠯ᠎ᠦᠨ ᠣᠷᠳᠣᠨ ᠎ᠤ ᠣᠶᠤᠨᠴᠢ ᠰᠤᠳᠤᠯᠤᠨ ᠰᠤᠷᠤᠯᠴᠠᠬᠤ ᠲᠠᠪᠴᠠᠩ᠎ᠤᠨ ᠬᠡᠷᠡᠭ᠌ᠯᠡᠭᠡᠨ᠎ᠦ ᠵᠠᠮᠴᠢᠯᠠᠬᠤ ᠵᠢᠱ᠌ᠢᠶ᠎ᠡ ᠦᠵᠡᠭᠦᠯᠬᠦ᠌ ᠣᠷᠣᠨ᠎ᠢᠶᠡᠷ ᠢᠳᠡᠪᠬᠢᠲᠡᠶ ᠭᠤᠶᠤᠴᠢᠯᠠᠨ ᠮᠡᠳᠡᠭᠦᠯᠵᠦ᠍᠂ ᠰᠤᠷᠭᠠᠨ ᠬᠥᠮᠦᠵᠢᠯ᠎ᠦᠨ ᠲᠣᠭᠠᠴᠢᠯᠠᠭ᠍ᠰᠠᠨ ᠬᠢᠯᠠᠰ ᠴᠡᠭ ᠎ᠢ ᠦᠷᠭᠦᠯᠵᠢᠯᠡᠨ ᠡᠭᠦᠳᠬᠦ᠌᠎ᠪᠡᠷ ᠪᠠᠢᠨ᠎ᠠ 》 ᠭᠡᠵᠦ ᠲᠠᠨᠢᠯᠴᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号