ᠦᠪᠦᠷ ᠮᠤᠩᠭᠤᠯ᠎ᠤᠨ 86 ᠬᠢᠴᠢᠶᠡᠯ ᠰᠤᠷᠭᠠᠨ ᠬᠦᠮᠦᠵᠢᠯ᠎ᠤᠨ ᠶᠠᠮᠤᠨ᠎ᠤ 《ᠰᠠᠭᠤᠷᠢ ᠰᠤᠷᠭᠠᠨ ᠬᠥᠮᠦᠵᠢᠯ᠎ᠦᠨ ᠰᠣᠳᠣᠨ ᠬᠢᠴᠢᠶᠡᠯ》 ᠵᠢᠡᠷ ᠰᠤᠩᠭᠤᠭᠳᠠᠪᠠ
2026-04-29 09:29:08
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠰᠤᠷᠭᠠᠨ ᠬᠥᠮᠦᠵᠢᠯ᠎ᠦᠨ ᠶᠠᠮᠤᠨ 2025 ᠣᠨ᠎ᠤ 《ᠰᠠᠭᠤᠷᠢ ᠰᠤᠷᠭᠠᠨ ᠬᠥᠮᠦᠵᠢᠯ᠎ᠦᠨ ᠰᠣᠳᠣᠨ ᠬᠢᠴᠢᠶᠡᠯ》 ᠤ᠋ᠨ ᠨᠡᠷᠡᠰ᠎ᠢ ᠨᠡᠢᠲᠡᠯᠡᠵᠦ᠂ ᠦᠪᠦᠷ ᠮᠤᠩᠭᠤᠯ᠎ᠤᠨ 86 ᠬᠢᠴᠢᠶᠡᠯ ᠰᠣᠩᠭᠣᠭᠳᠠᠪᠠ᠃ ᠡᠭᠦᠨ᠎ᠳᠦ ᠰᠢᠨᠵᠢᠯᠡᠬᠡᠨ᠎ᠤ ᠰᠠᠯᠠᠭ᠎ᠠ ᠵᠢᠨ 43 ᠬᠢᠴᠢᠶᠡᠯ᠂ ᠣᠨᠴᠠᠭᠠᠶ ᠰᠤᠷᠭᠠᠨ ᠬᠥᠮᠦᠵᠢᠯ᠎ᠦᠨ 9 ᠬᠢᠴᠢᠶᠡᠯ᠂ ᠵᠣᠬᠢᠶᠠᠮᠠᠯ ᠣᠶᠤᠨ ᠴᠢᠳᠠᠪᠤᠷᠢ ᠵᠢᠨ ᠰᠤᠷᠭᠠᠨ ᠬᠥᠮᠦᠵᠢᠯ᠎ᠦᠨ 10  ᠬᠢᠴᠢᠶᠡᠯ᠂ ᠤᠩᠰᠢᠯᠭ᠎ᠠ᠎ᠶᠢᠨ 12 ᠬᠢᠴᠢᠶᠡᠯ᠂ ᠲᠤᠷᠰᠢᠯᠲᠠ᠎ᠶᠢᠨ ᠵᠢᠭᠠᠨ ᠰᠤᠷᠭᠠᠯᠲᠠ᠎ᠶᠢᠨ 12 ᠬᠢᠴᠢᠶᠡᠯ ᠰᠤᠩᠭᠤᠭᠳᠠᠵᠠᠢ᠃

ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠲᠥᠯᠥᠭᠡ ᠣᠢᠷ᠎ᠠ᠎ᠶᠢᠨ ᠵᠢᠯ᠎ᠦᠳ᠎ᠲᠦ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ 《ᠰᠠᠭᠤᠷᠢ ᠰᠤᠷᠭᠠᠨ ᠬᠥᠮᠦᠵᠢᠯ᠎ᠦᠨ ᠰᠣᠳᠣᠨ ᠬᠢᠴᠢᠶᠡᠯ》 ᠢ᠋ ᠰᠢᠯᠢᠨ ᠰᠢᠯᠭᠠᠷᠠᠭᠤᠯᠬᠤ ᠠᠵᠢᠯ᠎ᠢ ᠥᠷᠨᠢᠭᠦᠯᠬᠦ᠎ᠪᠡᠷ ᠭᠠᠷᠳᠠᠴᠠ ᠪᠣᠯᠭᠠᠵᠤ᠂ ᠪᠠᠭ᠍ᠰᠢ ᠨᠠᠷ᠎ᠤᠨ ᠬᠢᠴᠢᠶᠡᠯ᠎ᠦᠨ ᠵᠢᠭᠠᠬᠤ ᠮᠠᠲᠧᠷᠢᠶᠠᠯ᠎ᠤᠨ ᠠᠭᠤᠯᠭ᠎ᠠ᠎ᠶᠢ ᠭᠦᠨᠵᠡᠭᠡᠢ ᠰᠤᠳᠤᠯᠬᠤ᠂ ᠣᠲᠣ᠌ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠢ ᠠᠭᠤᠰᠤᠯᠴᠠᠭᠤᠯᠤᠨ ᠬᠡᠷᠡᠭᠯᠡᠬᠦ᠎ᠶᠢ ᠠᠬᠢᠭᠤᠯᠵᠤ᠂ ᠵᠢᠭᠠᠨ ᠰᠤᠷᠭᠠᠯᠲᠠ᠎ᠶᠢᠨ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠴᠦ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠴᠢᠨᠠᠷ ᠴᠢᠨᠰᠠᠭ᠎ᠠ ᠪᠠ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠪᠡ᠃ ᠲᠣᠰ ᠤᠳᠠᠭᠠᠨ᠎ᠤ ᠠᠵᠢᠯᠯᠠᠭ᠎ᠠ᠎ᠳᠤ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠨᠠᠷ᠎ᠤᠨ ᠮᠡᠳᠡᠭᠦᠯᠦᠨ ᠬᠦᠷᠭᠡᠭᠰᠡᠨ ᠬᠢᠴᠢᠶᠡᠯ᠎ᠢ ᠨᠡᠶ᠋ᠢᠲᠡ 9747 ᠬᠤᠪᠢ ᠡᠯᠰᠡᠵᠦ᠂ ᠰᠤᠷᠭᠠᠭᠤᠯᠢ᠂ ᠬᠣᠰᠢᠭᠤ ᠰᠢᠶᠠᠨ᠂ ᠠᠢᠮᠠᠭ ᠬᠣᠲᠠ ᠭᠤᠷᠪᠠᠨ ᠱᠠᠲᠤᠨ᠎ᠤ ᠴᠢᠩᠭ᠎ᠠ ᠬᠢᠨᠠᠨ ᠰᠢᠯᠭᠠᠷᠠᠭᠤᠯᠵᠤ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠨᠡᠶ᠋ᠢᠲᠡ 238 ᠬᠤᠪᠢ ᠪᠦᠲᠦᠭᠡᠯ᠎ᠢ ᠰᠢᠯᠭᠠᠷᠠᠭᠤᠯᠤᠨ ᠤᠯᠤᠰ᠎ᠤᠨ ᠲᠠᠰ᠎ᠤᠨ ᠰᠢᠯᠭᠠᠷᠠᠭᠤᠯᠤᠯᠲᠠ᠎ᠳᠤ ᠣᠷᠣᠯᠴᠠᠭᠤᠯᠪᠠ᠃ ᠡᠬᠦᠨ ᠳ᠋ᠤ 86 ᠬᠢᠴᠢᠶᠡᠯ ᠨᠢ ᠰᠤᠷᠭᠠᠨ ᠬᠥᠮᠦᠵᠢᠯ᠎ᠦᠨ ᠶᠠᠮᠤᠨ᠎ᠤ 《ᠰᠠᠭᠤᠷᠢ ᠰᠤᠷᠭᠠᠨ ᠬᠥᠮᠦᠵᠢᠯ᠎ᠦᠨ ᠰᠣᠳᠣᠨ ᠬᠢᠴᠢᠶᠡᠯ》 ᠤ᠋ᠨ ᠨᠡᠷᠡᠰ᠎ᠲᠦ ᠰᠣᠩᠭᠣᠭᠳᠠᠵᠤ᠂ ᠰᠣᠩᠭᠣᠭᠳᠠᠭᠰᠠᠨ ᠨᠣᠷᠮ᠎ᠠ ᠨᠢ 36% ᠳ᠋ᠤ ᠬᠦᠷᠴᠦ᠂ ᠲᠦᠷᠦᠭᠦᠸ᠋ ᠵᠢᠯ᠎ᠦᠨ ᠬᠢ᠎ᠡᠴᠡ 18 % ᠪᠡᠷ ᠳᠡᠭᠡᠭᠰᠢᠯᠡᠵᠡᠢ᠃

ᠬᠤᠢᠰᠢᠳᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 《ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠬᠠᠯᠠᠭᠤᠨ ᠤᠷᠮ᠎ᠠ᠎ᠶᠢ ᠬᠥᠭᠵᠢᠭᠡᠵᠦ᠂ ᠰᠢᠯᠢᠳᠡᠭ ᠵᠢᠭᠠᠨ ᠰᠤᠷᠭᠠᠯᠲᠠ᠎ᠶᠢᠨ ᠡᠬᠢ ᠪᠠᠶᠠᠯᠢᠭ᠋᠎ᠢ ᠬᠤᠷᠠᠮᠳᠤᠭᠤᠯᠤᠨ᠂ ᠰᠣᠷᠣᠭ᠍ᠴᠢ ᠪᠠ ᠪᠠᠭ᠍ᠰᠢ᠎ᠶᠢᠨ ᠬᠡᠷᠡᠭᠯᠡᠯᠲᠡ᠎ᠳᠦ ᠦᠢᠯᠡᠴᠢᠯᠡᠵᠦ᠂ ᠴᠢᠨᠠᠷ ᠰᠠᠢᠳᠠᠢ ᠲᠡᠩᠴᠡᠭᠦᠷᠢᠲᠡᠢ ᠬᠥᠭᠵᠢᠯᠲᠡ᠎ᠶᠢ ᠠᠬᠢᠭᠤᠯᠬᠤ》 ᠠᠵᠢᠯ᠎ᠤᠨ ᠬᠠᠷᠠᠯᠲᠠ᠎ᠶᠢᠨ ᠲᠣᠭᠣᠷᠢᠨ᠎ᠳᠤ 《ᠰᠠᠭᠤᠷᠢ ᠰᠤᠷᠭᠠᠨ ᠬᠥᠮᠦᠵᠢᠯ᠎ᠦᠨ ᠰᠣᠳᠣᠨ ᠬᠢᠴᠢᠶᠡᠯ》 ᠢ᠋ ᠰᠢᠯᠢᠨ ᠰᠣᠩᠭᠣᠬᠤ ᠠᠵᠢᠯ᠎ᠢ ᠦᠷᠭᠦᠯᠵᠢᠯᠡᠨ ᠰᠠᠢᠲᠤᠷ ᠠᠳᠬᠤᠵᠤ᠂ ᠳᠤᠭᠠᠴᠢᠯᠠᠭᠰᠠᠨ ᠤᠶᠤᠨᠴᠢ ᠮᠡᠷᠭᠡᠵᠢᠯ᠎ᠢ ᠭᠦᠢᠴᠡᠳ ᠬᠡᠷᠡᠭᠯᠡᠨ ᠰᠤᠷᠭᠠᠨ ᠬᠥᠮᠦᠵᠢᠯ  ᠵᠢᠭᠠᠨ ᠰᠤᠷᠭᠠᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠂ ᠰᠢᠯᠢᠳᠡᠭ ᠵᠢᠭᠠᠨ ᠰᠤᠷᠭᠠᠯᠲᠠ᠎ᠶᠢᠨ ᠡᠬᠢ ᠪᠠᠶᠠᠯᠢᠭ᠋᠎ᠢ ᠬᠠᠮᠲᠤ᠎ᠪᠠᠷ ᠪᠠᠢᠭᠤᠯᠤᠨ ᠬᠠᠮᠲᠤ᠎ᠪᠠᠷ ᠡᠳ᠋ᠯᠡᠵᠦ᠂ ᠴᠢᠨᠠᠷ ᠰᠠᠢᠳᠠᠢ ᠪᠥᠭᠡᠳ ᠲᠡᠩᠴᠡᠭᠦᠷᠢᠲᠡᠢ ᠦᠨᠳᠦᠰᠦᠨ ᠣᠯᠠᠨ ᠨᠡᠶ᠋ᠢᠲᠡ᠎ᠶᠢᠨ ᠰᠤᠷᠭᠠᠨ ᠬᠥᠮᠦᠵᠢᠯ᠎ᠦᠨ ᠦᠢᠯᠡᠴᠢᠯᠡᠭᠡᠨ᠎ᠦ ᠰᠢᠰᠲᠧᠮ᠎ᠢ ᠬᠦᠴᠦᠯᠡᠨ ᠪᠠᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号