ᠬᠦᠳᠡᠭᠡ ᠨᠤᠲᠤᠭ᠎ᠲᠦ ᠬᠦᠭᠵᠢᠯᠳᠡ ᠲᠦᠯᠵᠢᠬᠦᠯᠦᠭᠰᠡᠨ ᠲᠦᠬᠦᠬᠡᠷᠦᠮᠵᠢᠳᠦ ᠲᠠᠷᠢᠶᠠᠯᠠᠩ
2026-04-29 10:07:32
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠡᠰᠡᠨᠢᠯ ᠠᠮᠢᠯᠠᠯ᠎ᠤᠨ ᠤᠷᠢᠬᠠᠨ ᠬᠠᠪᠤᠷ ᠲᠠᠯ᠎ᠠ ᠨᠤᠲᠤᠭ᠎ᠲᠦ ᠠᠢᠯᠴᠢᠯᠠᠨ ᠢᠷᠡᠵᠦ᠂ ᠲᠦᠮᠡᠨ ᠪᠤᠳᠠᠰ ᠦᠷᠡᠵᠢᠯ ᠲᠦᠯᠵᠢᠯ᠎ᠤᠨ ᠤᠷᠠᠢ ᠲᠠᠯᠠᠯᠤᠨ ᠪᠠᠢᠨ᠎ᠠ᠃ ᠤᠢᠷ᠎ᠡ᠎ᠳᠦ᠂ ᠰᠤᠷᠪᠤᠯᠵᠢᠯᠠᠭ᠍ᠴᠢ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ 2025 ᠣᠨ᠎ᠳᠤ ᠭᠡᠷ᠎ᠡ ᠲᠣᠭ᠍ᠲᠠᠨ ᠨᠠᠢᠳᠠᠪᠤᠷᠢᠵᠢᠭᠤᠯᠵᠤ᠂ ᠮᠦᠨ ᠲᠤᠬᠠᠶ᠎ᠶ᠋ᠢᠨ ᠵᠢᠯ᠎ᠳ᠋ᠡᠭᠡᠨ ᠠᠱᠢᠭ᠍ᠯᠠᠯᠲᠠ᠎ᠳᠤ ᠣᠷᠣᠭᠤᠯᠤᠭ᠍ᠰᠠᠨ ᠭᠤᠤᠯᠳᠠᠯᠭ᠎ᠠ ᠲᠠᠢ ᠲᠥᠬᠦᠭᠡᠷᠦᠮᠵᠢᠲᠦ ᠲᠠᠷᠢᠶᠠᠯᠠᠩ᠎ᠤᠨ ᠲᠥᠷᠥᠯ ᠵᠦᠶ᠋ᠯ ᠪᠤᠯᠬᠤ ᠮᠢᠩᠭᠠᠲᠤ ᠪᠠᠯᠭᠠᠰᠤᠨ᠎ᠤ ᠤᠳᠤᠨ ᠤᠭᠲᠠᠷᠭᠤᠢ ᠵᠢᠨ ᠲᠠᠯ᠎ᠠ ᠨᠤᠲᠤᠭ᠎ᠤᠨ ᠭᠦᠵᠡᠯᠵᠡᠭᠡᠨ᠎ᠡ᠎ᠶ᠋ᠢᠨ ᠬᠦᠷᠢᠶᠡᠯᠡᠩ ᠪᠣᠯᠤᠨ ᠱᠢᠩ ᠶᠣᠣ ᠪᠠᠯᠭᠠᠰᠤᠨ᠎ᠤ ᠱᠢᠨ ᠾᠧ ᠲᠣᠰᠭᠣᠨ᠎ᠤ ᠤᠳᠤᠨ ᠤᠭᠳᠠᠷᠭᠤᠢ ᠵᠢᠨ ᠲᠠᠯ᠎ᠠ ᠨᠤᠲᠤᠭ᠎ᠤᠨ ᠬᠥᠬᠡ ᠵᠢᠮᠢᠰᠭᠡᠨ᠎ᠡ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠳᠦ ᠬᠥᠷᠪᠡᠯ᠂ ᠣᠶᠤᠨᠴᠢ ᠳᠤᠯᠠᠭᠠᠨ ᠬᠦᠯᠡᠮᠵᠢ᠎ᠶ᠋ᠢᠨ ᠳᠣᠲᠣᠷ᠎ᠠ ᠠᠮᠢᠯᠠᠯ᠎ᠤᠨ ᠨᠣᠭᠣᠭᠠᠨ ᠦᠩᠭᠡ ᠪᠢᠯᠬᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠵᠢᠭᠦᠷᠯᠡᠭᠰᠡᠨ ᠤᠳᠤ ᠦᠶ᠎ᠡ᠎ᠶ᠋ᠢᠨ ᠲᠠᠷᠢᠮᠠᠯ᠎ᠤᠨ ᠲᠠᠯᠠᠪᠠᠢ ᠲᠤᠰ ᠬᠤᠰᠢᠭᠤᠨ᠎ᠤ ᠲᠦᠬᠦᠭᠡᠷᠤᠮᠵᠢᠳᠤ ᠲᠠᠷᠢᠶᠠᠯᠠᠩ᠎ᠢᠶᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠦ ᠬᠦᠴᠦ ᠨᠡᠮᠡᠷᠢᠯᠡᠭᠰᠡᠨ ᠪᠦᠲᠦᠭᠡᠯᠴᠢ ᠬᠠᠢᠯᠳᠠ ᠵᠢ ᠦᠵᠡᠭᠦᠯᠦᠨ᠎ᠡ᠃

ᠮᠢᠡᠭᠭᠠᠳᠤ ᠪᠠᠯᠭᠠᠰᠤᠨ᠎ᠳᠤ ᠪᠠᠢᠷᠢᠯᠠᠬᠤ 《ᠤᠭᠳᠠᠷᠭᠤᠢ᠎ᠳᠡᠬᠢ ᠭᠦᠵᠡᠯᠵᠡᠭᠡᠨ᠎ᠡ᠎ᠶ᠋ᠢᠨ ᠬᠦᠷᠢᠶᠡᠯᠡᠩ》᠎ᠳ᠋ᠤ᠌ ᠠᠯᠬᠤᠨ ᠣᠷᠣᠪᠠᠯ᠂ 2.63 ᠲᠦᠮᠡᠨ ᠲᠡᠭ᠌ᠰᠢ ᠳᠥᠷᠪᠡᠯᠵᠢᠨ ᠮᠸᠲᠷ᠎ᠤᠨ ᠤᠶᠤᠨᠲᠤ ᠬᠦᠯᠡᠮᠵᠢ᠎ᠳᠦ ᠪᠣᠰᠣᠭ᠎ᠠ ᠴᠣᠭ᠍ᠴᠠᠲᠤ ᠲᠠᠷᠢᠬᠤ ᠤᠡᠭᠭᠤᠴᠠ ᠵᠢᠭ᠌ᠳᠡᠷᠡᠨ᠂ ᠭᠦᠵᠡᠯᠵᠡᠭᠡᠨ᠎ᠡ᠎ᠶ᠋ᠢᠨ ᠴᠢᠬᠢ ᠢᠳᠡᠷᠡᠭᠦᠨ ᠰᠠᠢᠬᠠᠨ ᠤᠷᠭᠤᠨ᠎ᠠ᠃ ᠰᠠᠷᠠᠪᠴᠢᠨ ᠳᠣᠲᠣᠷᠠᠬᠢ ᠳᠤᠯᠠᠭᠠᠨ᠎ᠤ ᠬᠡᠮᠵᠢᠶ᠎ᠡ 30°C᠎ᠢ᠋ ᠪᠠᠲᠤᠯᠠᠵᠦ᠂ ᠪᠦᠷᠢᠨ ᠠᠦ᠋ᠲ᠋ᠣ᠋ ᠳᠤᠰᠤᠯᠭᠠᠨ ᠤᠰᠤᠯᠠᠬᠤ ᠱᠢᠰᠲ᠋ᠧᠮ ᠨᠢ ᠤᠰᠤ ᠪᠤᠷᠳᠤᠭᠤᠷ᠎ᠢ ᠬᠠᠮᠤᠭ᠎ᠤᠨ ᠤᠨᠤᠪᠴᠢᠳᠠᠢ ᠪᠡᠷ ᠦᠨᠳᠦᠰᠤ ᠮᠦᠴᠢᠷ᠎ᠲᠦ ᠬᠦᠷᠭᠡᠬᠦ ᠠᠵᠢ᠃ ᠠᠵᠢᠯᠳᠠᠳ ᠳᠡᠯᠭᠡᠴᠡ᠎ᠪᠡᠷ ᠳᠡᠮᠵᠢᠨ ᠳᠤᠯᠠᠭᠠᠨ ᠪᠠ ᠴᠢᠭᠢᠭ᠎ᠦᠨ ᠬᠡᠮᠵᠢᠶ᠎ᠡ᠂ ᠬᠡᠷᠡᠯ᠎ᠦᠨ ᠲᠤᠰᠤᠯᠲᠠ᠎ᠶ᠋ᠢ ᠴᠠᠭ ᠲᠤᠬᠠᠶ᠎ᠳᠤᠨᠢ ᠲᠣᠬᠢᠷᠠᠭᠤᠯᠤᠨ ᠡᠵᠡᠮᠳᠡᠵᠦ᠍ ᠨᠢᠮᠪᠠᠢ ᠠᠷᠠᠴᠢᠯᠠᠭ᠎ᠠ ᠵᠢ ᠪᠡᠶᠡᠯᠡᠭᠦᠯᠪᠡ᠃ ᠲᠣᠰ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ᠎ᠨᠢ 8000 ᠲᠦᠮᠡᠨ ᠲᠥᠭᠥᠷᠢᠭ ᠪᠠᠢᠵᠤ᠂ 《ᠵᠠᠰᠠᠭ᠎ᠤᠨ ᠣᠷᠳᠣᠨ ᠪᠤᠯᠤᠨ ᠬᠤᠰᠢᠭᠤᠨ ᠡᠴᠡ ᠬᠠᠮᠳᠤᠪᠡᠷ ᠪᠠᠢᠭᠤᠯᠬᠤ᠂ ᠠᠵᠤ ᠠᠬᠤᠢᠯᠠᠯ ᠡᠵᠡᠩᠨᠡᠬᠦ᠌》 ᠵᠠᠭ᠍ᠪᠤᠷ᠎ᠢ ᠬᠡᠷᠡᠭ᠌ᠯᠡᠬᠰᠡᠨ ᠵᠢᠡᠷ ᠠᠯᠢ ᠤᠯᠠᠨ ᠬᠦᠴᠢᠷ ᠲᠦᠪᠡᠭᠳᠡᠢ ᠠᠰᠠᠭᠤᠳᠠᠯ᠎ᠢ ᠨᠢᠭᠡᠯᠡ ᠲᠡᠭᠡᠷ᠎ᠡ ᠰᠢᠢᠳᠪᠦᠷᠢᠯᠠᠵᠠᠢ᠃ ᠣᠳᠣᠬᠠᠨ᠎ᠳᠤ ᠭᠦᠵᠡᠯᠵᠡᠭᠡᠨ᠎ᠡ᠎ᠶ᠋ᠢᠨ ᠤᠷᠭᠤᠴᠠ ᠲᠤᠡᠭ ᠰᠠᠢ᠌ᠨ ᠪᠠᠢᠵᠤ᠂ 3 ᠰᠠᠷ᠎ᠠ᠎ᠶ᠋ᠢᠨ ᠰᠡᠭᠦᠯᠴᠢ᠎ᠪᠡᠷ ᠰᠢᠨ᠎ᠡ ᠬᠦᠵᠡᠯᠵᠡᠭᠡᠨ᠎ᠡ ᠵᠠᠬ᠎ᠠ᠎ᠳᠤ ᠭᠠᠷᠴᠤ᠌᠂ ᠲᠦᠷᠦᠭᠦᠦ ᠤᠯᠠᠷᠢᠯ᠎ᠤᠨ ᠦᠢᠯᠡᠳᠬᠦᠨ᠎ᠦ ᠦᠷᠳᠡᠭ 150 ᠲᠦᠮᠡᠨ ᠲᠥᠭᠥᠷᠢᠭ᠎ᠢ ᠰᠠᠭᠠᠳ ᠦᠭᠡᠢ ᠳᠠᠪᠠᠵᠤ᠂ ᠪᠦᠬᠦ ᠵᠢᠯ᠎ᠳᠦ 200 ᠲᠣᠨ ᠭᠦᠵᠡᠯᠵᠡᠭᠡᠨ᠎ᠡ ᠬᠤᠷᠢᠶᠠᠨ᠂ ᠪᠦᠬᠦ᠌ ᠵᠢᠯ᠎ᠦᠨ ᠶᠡᠷᠦᠩᠬᠡᠢᠯᠡᠭ᠌ᠰᠡᠨ ᠠᠱᠢᠭ ᠣᠷᠣᠯᠭ᠎ᠠ 1300 ᠲᠦᠮᠡᠨ ᠲᠥᠭᠥᠷᠢᠭ᠎ᠢ ᠳᠠᠪᠠᠬᠤ ᠪᠣᠯᠤᠨ᠎ᠠ᠃

《ᠪᠣᠰᠣᠭ᠎ᠠ ᠴᠣᠭ᠍ᠴᠠᠲᠤ ᠳᠠᠷᠢᠵᠤ ᠪᠣᠢᠵᠢᠭᠤᠯᠬᠤ ᠠᠷᠭ᠎ᠠ ᠨᠢ ᠭᠠᠵᠠᠷ ᠱᠢᠷᠣᠶ᠎ᠶ᠋ᠢᠨ ᠠᠱᠢᠭ᠍ᠯᠠᠯᠲᠠ᠎ᠶ᠋ᠢᠨ ᠨᠣᠷᠮ᠎ᠠ᠎ᠶ᠋ᠢ 60% ᠵᠢᠡᠷ ᠲᠡᠭᠡᠭᠰᠢᠯᠡᠭᠦᠯᠵᠦ᠂ ᠪᠠᠰᠠ ᠬᠦᠮᠦᠨ᠎ᠤ ᠬᠦᠴᠦ ᠵᠢ  ᠠᠷᠪᠢᠯᠠᠭᠰᠠᠨ ᠵᠢᠡᠷ  ᠪᠠᠷᠠᠬᠤ  ᠦᠭᠡᠢ ᠲᠠᠷᠢᠮᠠᠯ᠎ᠤᠨ ᠱᠠᠭᠠᠷᠳᠠᠬᠤ ᠤᠰᠤ ᠪᠤᠷᠳᠤᠭᠤᠷ᠎ᠢ  ᠨᠡᠡᠭ ᠤᠨᠤᠪᠴᠢᠳᠠᠢ ᠬᠠᠡᠭᠭᠠᠵᠦ ᠴᠢᠳᠠᠪᠠ》 ᠬᠡᠵᠦ ᠲᠤᠰ ᠬᠦᠷᠢᠶᠡᠯᠡᠩ ᠲᠣᠭᠣᠷᠢᠭ᠎ᠤᠨ ᠭᠦᠶ᠋ᠴᠡᠳᠭᠡᠭ᠌ᠴᠢ ᠶᠡᠷᠦᠩᠬᠡᠶ ᠳᠠᠭᠠᠭᠠᠮᠠᠯ ᠵᠢᠶ ᠱᠧᠩ ᠱᠢᠶᠠᠨ ᠬᠡᠯᠡᠨ᠎ᠡ᠃ ᠲᠡᠷᠡ ᠣᠳᠣᠬᠠᠨ᠎ᠳᠤ ᠬᠦᠷᠢᠶᠡᠯᠡᠩ ᠲᠣᠭᠣᠷᠢᠭ᠎ᠲᠦ 1.6 ᠲᠦᠮᠡᠨ ᠴᠢᠬᠢ ᠭᠦᠵᠡᠯᠵᠡᠭᠡᠨ᠎ᠡ ᠰᠠᠭᠤᠯᠭᠠᠵᠦ ᠪᠤᠢᠵᠢᠭᠤᠯᠤᠨ᠂ ᠰᠢᠨᠵᠢᠯᠡᠬᠦ  ᠤᠬᠠᠭᠠᠨ ᠮᠡᠷᠭᠡᠵᠢᠯ᠎ᠤᠨ ᠬᠦᠴᠦ ᠰᠢᠮ᠎ᠡ ᠵᠢ ᠲᠠᠷᠢᠶᠠᠯᠠᠩ᠎ᠳᠦ ᠪᠤᠳᠠᠳᠠᠢᠵᠢᠭᠤᠯᠤᠨ ᠬᠡᠷᠡᠭᠯᠡᠪᠡ ᠭᠡᠯ᠎ᠡ᠃

ᠮᠦᠨ ᠲᠤᠰ ᠬᠤᠰᠢᠭᠤᠨ᠎ᠤ ᠱᠢᠩ ᠶᠣᠣ ᠪᠠᠯᠭᠠᠰᠤᠨ᠎ᠤ ᠤᠳᠤᠨ ᠤᠭᠳᠠᠷᠭᠤᠢ ᠵᠢᠨ ᠲᠠᠯ᠎ᠠ ᠨᠤᠲᠤᠭ᠎ᠤᠨ ᠬᠥᠬᠡ ᠵᠢᠮᠢᠰᠭᠡᠨ᠎ᠡ᠎ᠶ᠋ᠢᠨ ᠠᠵᠤ ᠦᠢᠯᠡᠰ᠎ᠦᠨ ᠬᠦᠷᠢᠶᠡᠯᠡᠩ᠎ᠳᠦ ᠪᠢᠳᠡ ᠫᠧᠩᠰᠡᠨ᠎ᠳᠦ ᠵᠠᠢᠯᠠᠭ᠍ᠰᠠᠨ ᠬᠥᠬᠡ ᠵᠢᠮᠢᠰᠭᠡᠨ᠎ᠡ ᠵᠢᠨ ᠮᠦᠴᠢᠷ ᠲᠦᠭᠦᠷᠡᠡᠭ ᠪᠠᠭᠰᠢᠷᠠᠳᠠᠯ᠎ᠠ ᠰᠠᠭᠤᠭᠰᠠᠨ ᠠᠮᠳᠠᠳᠤ ᠵᠢᠮᠢᠰ᠎ᠢ ᠠᠮᠳᠠᠷᠬᠠᠯ᠎ᠠ᠃ ᠲᠤᠰ ᠬᠦᠷᠢᠶᠡᠯᠡᠡᠭ᠎ᠤᠨ ᠠᠡᠭᠬᠠᠨ᠎ᠤ ᠬᠦᠬᠡ ᠵᠢᠮᠢᠰᠭᠡᠨ᠎ᠡ ᠡᠯᠪᠡᠭ ᠬᠤᠷᠢᠶᠠᠵᠦ᠂ ᠡᠨᠡ ᠵᠢᠯ᠎ᠤᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠲᠦᠷᠦᠭᠦᠦ ᠪᠦᠯᠦᠭ᠎ᠦᠨ ᠦᠶ᠋ᠯᠡᠳᠬᠦᠨ᠎ᠨᠢ ᠪᠡᠭᠡᠵᠢᠡᠭ ᠲᠢᠶᠠᠨᠵᠢᠨ ᠵᠡᠷᠭᠡ ᠶᠡᠬᠡ ᠬᠣᠲᠠ᠎ᠶ᠋ᠢᠨ ᠳᠡᠭᠡᠳᠦ ᠲᠠᠰ᠎ᠤᠨ ᠵᠠᠬ᠎ᠠ ᠳᠡᠯᠭᠡᠭᠦᠷ᠎ᠲᠦ 《ᠤᠳᠤᠨ ᠲᠡᠰ᠎ᠤᠨ ᠲᠠᠸᠠᠷ》 ᠪᠤᠯᠵᠦ᠂ ᠪᠡᠯᠡᠭ᠎ᠦᠨ ᠬᠠᠢᠷᠴᠠᠭ᠎ᠲᠦ ᠰᠠᠪᠠᠯᠠᠭᠰᠠᠨ ᠨᠢᠭᠡᠳᠦᠯᠳᠡᠢ ᠪᠣᠷᠣᠯᠠᠭᠤᠯᠬᠤ ᠦᠨ᠎ᠡ᠎ᠨᠢ ᠵᠢᠩ᠎ᠳᠡᠭᠡᠨ 300 ᠲᠥᠭᠥᠷᠢᠭ᠎ᠢ ᠲᠠᠪᠠᠪᠠ᠃ ᠲᠥᠷᠥᠯ ᠵᠦᠶ᠋ᠯ᠎ᠦᠨ ᠨᠢᠭᠡᠳᠦᠭᠡᠷ ᠬᠤᠭᠤᠴᠠᠭᠠᠨ᠎ᠳᠤ 1.2 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ 27 ᠲᠦᠮᠡᠨ ᠲᠡᠭ᠌ᠰᠢ ᠳᠥᠷᠪᠡᠯᠵᠢᠨ ᠮᠧᠲ᠋ᠷ ᠲᠠᠯᠠᠪᠠᠢ᠎ᠳᠤ ᠥᠨᠳᠥᠷ ᠪᠠᠷᠢᠮᠵᠢᠶᠠᠲᠤ ᠬᠦᠯᠡᠮᠵᠢ 72 ᠪᠠᠢᠭᠤᠯᠵᠤ᠂ ᠨᠢᠭᠡᠨᠲᠡ 2 ᠲᠦᠮᠡᠨ ᠰᠠᠭᠤᠷᠢ ᠬᠥᠬᠡ ᠵᠢᠮᠢᠰᠭᠡᠨ᠎ᠡ᠎ᠶ᠋ᠢᠨ ᠴᠢᠬᠢ ᠰᠠᠭᠤᠯᠭᠠᠵᠠᠢ᠃ ᠵᠠᠬ᠎ᠠ ᠳᠡᠯᠭᠡᠭᠦᠷ᠎ᠲᠦ ᠭᠠᠷᠤᠭ᠍ᠰᠠᠨ ᠡᠬᠢᠨ᠎ᠦ ᠦᠶ᠎ᠡ᠎ᠶ᠋ᠢᠨ ᠪᠣᠷᠣᠯᠠᠭᠤᠯᠤᠯᠲᠠ᠎ᠶ᠋ᠢᠨ ᠬᠡᠮᠵᠢᠶ᠎ᠡ 280 ᠲᠦᠮᠡᠨ ᠲᠥᠭᠥᠷᠢᠭ᠎ᠲᠦ ᠬᠦᠷᠴᠦ᠍᠂ ᠲᠦᠷᠦᠯ ᠵᠦᠢᠯ᠎ᠤᠨ ᠬᠤᠶᠠᠳᠤᠭᠠᠷ ᠬᠤᠭᠤᠴᠠᠭ᠎ᠠ ᠪᠦᠬᠦᠳᠡ ᠵᠢ ᠪᠠᠢᠭᠤᠯᠤᠨ ᠲᠠᠭᠤᠰᠬᠠᠪᠠᠯ ᠵᠢᠯ᠎ᠳᠦ 150 ᠲᠣᠨ᠎ᠠᠴᠠ ᠳᠡᠭᠡᠭ᠌ᠰᠢ ᠬᠥᠬᠡ ᠵᠢᠮᠢᠰᠭᠡᠨ᠎ᠡ ᠬᠤᠷᠢᠶᠠᠵᠦ᠂ ᠵᠢᠯ᠎ᠦᠨ ᠦᠶ᠋ᠯᠡᠳᠬᠦᠨ᠎ᠦ ᠥᠷᠲᠡᠭ ᠨᠢ 2800 ᠲᠦᠮᠡᠨ ᠲᠥᠭᠥᠷᠢᠭ᠎ᠢ ᠲᠠᠪᠠᠬᠤ ᠠᠵᠢ᠃

《ᠡᠨᠳᠡᠬᠢ ᠭᠠᠵᠠᠷ ᠵᠦᠶ ᠵᠢᠨ ᠲᠠᠪᠠᠭᠤᠯᠢᠭ ᠬᠢᠭᠡᠳ ᠠᠭᠤᠷ ᠠᠮᠢᠰᠭᠤᠯ᠎ᠤᠨ ᠨᠦᠬᠦᠴᠡᠯ ᠨᠢ ᠬᠦᠬᠡ ᠵᠢᠮᠢᠰᠭᠡᠨ᠎ᠡ ᠵᠢᠨ ᠤᠷᠭᠤᠴᠠ ᠪᠤᠯᠤᠨ ᠠᠮᠳᠠ᠎ᠳᠤ ᠮᠠᠰᠢ ᠲᠤᠬᠢᠷᠠᠮᠵᠢᠳᠠᠢ᠂ ᠡᠭᠦᠨ᠎ᠤ ᠲᠡᠭᠡᠷ᠎ᠡ ᠵᠠᠰᠠᠭ᠎ᠤᠨ ᠣᠷᠳᠣᠨ᠎ᠤ ᠬᠦᠴᠦᠳᠡᠢ ᠳᠡᠮᠵᠢᠯᠭᠡ ᠨᠢ ᠲᠦᠷᠦᠯ ᠵᠦᠢᠯ᠎ᠤᠨ ᠢᠯᠭᠤᠮ ᠤᠷᠤᠭᠰᠢᠳᠠᠢ ᠦᠷᠨᠢᠬᠦ᠎ᠳᠤ ᠪᠠᠲᠤᠯᠠᠭ᠎ᠠ ᠪᠤᠯᠵᠠᠢ》 ᠬᠡᠵᠦ ᠲᠥᠷᠥᠯ ᠵᠦᠶ᠋ᠯ᠎ᠦᠨ ᠡᠵᠡᠩᠨᠡᠵᠦ ᠪᠠᠢᠭ᠎ᠠ ᠱᠠᠨᠳ᠋ᠦ᠋ᠡᠭ ᠮᠤᠵᠢ ᠡᠴᠡ ᠤᠷᠢᠨ ᠠᠪᠴᠢᠷᠠᠭᠰᠠᠨ ᠠᠵᠤ ᠠᠬᠤᠢᠯᠠᠯ᠎ᠤᠨ ᠬᠠᠷᠢᠭᠤᠴᠠᠯᠭᠠᠲᠠᠨ ᠭᠤᠤ ᠹᠸᠩ ᠬᠡᠯᠡᠪᠡ᠃ ᠲᠡᠷᠡ ᠬᠡᠯᠡᠬᠦ᠌᠎ᠳᠡᠭᠡᠨ᠂ ᠮᠠᠨ᠎ᠤ ᠬᠦᠷᠢᠶᠡᠯᠡᠡᠭ ᠲᠤᠭᠤᠷᠢᠭ ᠨᠢ ᠰᠠᠢᠨ ᠡᠭᠦᠯᠳᠡᠷ᠎ᠢ ᠰᠣᠩᠭᠣᠨ ᠲᠠᠷᠢᠵᠦ᠂ ᠬᠥᠷᠥᠰᠥ᠍ ᠱᠢᠷᠣᠶ ᠥᠬᠡᠶ᠎ᠪᠡᠷ ᠳᠠᠷᠢᠬᠤ ᠪᠠ ᠤᠯᠠᠷᠢᠯ ᠵᠦᠷᠢᠭᠦᠯᠦᠨ ᠳᠠᠷᠢᠬᠤ ᠮᠡᠷᠭᠡᠵᠢᠯ ᠵᠢᠡᠷ ᠵᠢᠮᠢᠰ ᠨᠢ ᠪᠦᠳᠦᠬᠦᠨ᠂ ᠠᠮᠳᠠ ᠨᠢ ᠰᠢᠬᠢᠷᠯᠢᠭ ᠰᠠᠢᠨ ᠵᠢᠮᠢᠰ᠎ᠢ ᠬᠤᠷᠢᠶᠠᠵᠦ ᠪᠠᠢᠨ᠎ᠠ ᠭᠡᠯ᠎ᠠ᠃

ᠠᠵᠤ ᠦᠢᠯᠡᠰ ᠬᠥᠭ᠌ᠵᠢᠪᠡᠯ ᠬᠥᠳᠡᠭᠡ ᠲᠣᠰᠭᠣᠨ ᠬᠥᠭ᠌ᠵᠢᠨ᠎ᠡ᠃ ᠤᠢᠷ᠎ᠠ ᠵᠢᠨ ᠵᠢᠯ᠎ᠳᠤ ᠱᠢᠯᠤᠭᠤᠨ ᠬᠥᠪᠡᠭᠡᠲᠦ ᠴᠠᠭᠠᠨ ᠬᠣᠱᠢᠭᠤ《ᠲᠠᠷᠢᠶᠠᠯᠠᠩ +》 ᠣᠢᠯᠠᠭᠠᠭ᠍ᠳᠠᠬᠤᠨ᠎ᠢ ᠨᠠᠢᠳᠠᠪᠤᠷᠢᠵᠢᠭᠤᠯᠵᠦ᠂ ᠲᠥᠬᠦᠭᠡᠷᠦᠮᠵᠢᠲᠦ ᠲᠠᠷᠢᠶᠠᠯᠠᠩ᠎ᠤᠨ ᠲᠥᠷᠥᠯ ᠵᠦᠢᠯ ᠪᠤᠯᠤᠨ ᠭᠤᠷᠪᠠᠳᠤᠭᠠᠷ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠬᠦᠴᠦᠲᠡᠢ ᠠᠬᠢᠭᠤᠯᠪᠠ᠃ ᠭᠦᠵᠡᠯᠵᠡᠭᠡᠨ᠎ᠡ᠎ᠶ᠋ᠢᠨ ᠬᠦᠷᠢᠶᠡᠯᠡᠩ᠎ᠳᠤ ᠲᠣᠭᠣᠷᠢᠨ ᠦᠵᠡᠬᠦ᠌᠂ ᠲᠡᠭᠦᠬᠦ᠌᠂ ᠰᠤᠳᠤᠯᠤᠨ ᠰᠤᠷᠤᠯᠴᠠᠬᠤ ᠭᠤᠷᠪᠠᠨ ᠶᠡᠬᠡ ᠬᠡᠰᠡᠭ᠎ᠢ ᠲᠥᠯᠥᠪᠵᠢᠭᠦᠯᠵᠦ᠍᠂ ᠵᠢᠱ᠌ᠢᠯᠲᠡ᠎ᠪᠡᠷ ᠪᠥᠬᠥ᠌ ᠵᠢᠯ᠎ᠳᠦ ᠵᠢᠭᠤᠯᠴᠢᠯᠠᠬᠰᠠᠳ᠎ᠢ 5 ᠲᠦᠮᠡᠨ ᠬᠥᠮᠦᠨ ᠤᠳᠠᠭ᠎ᠠ ᠬᠦᠯᠢᠶᠡᠨ ᠵᠤᠴᠢᠯᠠᠬᠤ ᠪᠣᠯᠤᠨ᠎ᠠ᠃ ᠬᠥᠬᠡ ᠵᠢᠮᠢᠰᠭᠡᠨ᠎ᠡ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠨᠢ 《ᠣᠳᠣᠨ ᠣᠭ᠍ᠲᠠᠷᠭᠤᠶ ᠵᠢᠨ ᠲᠠᠯ᠎ᠠ ᠨᠤᠲᠤᠭ》 ᠤ᠋ᠨ ᠨᠠᠷᠠᠲᠤ ᠲᠦᠷᠦᠯ ᠲᠡᠮᠳᠡᠭ᠎ᠢ ᠴᠤᠭᠴᠠᠯᠠᠵᠦ᠂ ᠵᠢᠮᠢᠰ᠎ᠦᠨ ᠡᠭᠡᠳᠡᠩ᠂ ᠵᠢᠮᠢᠰ᠎ᠦᠨ ᠬᠠᠲᠠᠭᠠᠮᠠᠯ ᠵᠡᠷᠭᠡ ᠨᠠᠷᠢᠯᠢᠭ ᠡᠳ᠋ᠱᠢᠭᠦᠯᠬᠦ᠌ ᠦᠶ᠋ᠯᠡᠳᠪᠦᠷᠢᠯᠡᠯ᠎ᠦᠨ ᠱᠤᠭᠤᠮ᠎ᠢ ᠲᠥᠬᠥᠷᠵᠢᠭᠦᠯᠦᠨ᠂ 《ᠬᠠᠪᠤᠷ ᠵᠣᠨ᠎ᠴᠡᠴᠡᠭ ᠰᠣᠨᠢᠷᠬᠠᠵᠦ᠂ ᠳᠥᠷᠪᠡᠨ ᠤᠯᠠᠷᠢᠯ᠎ᠳᠤ ᠵᠢᠮᠢᠰ ᠲᠡᠭᠦᠬᠦ᠌》 ᠰᠣᠶᠣᠯ ᠵᠢᠭᠤᠯᠴᠢᠯᠠᠯ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠪᠣᠶ ᠪᠣᠯᠭᠠᠪᠠ᠃

ᠲᠥᠬᠦᠭᠡᠷᠦᠮᠵᠢᠲᠦ ᠲᠠᠷᠢᠶᠠᠯᠠᠩ᠎ᠢ ᠬᠥᠭ᠌ᠵᠢᠭᠦᠯᠬᠦ᠌᠎ᠵᠢᠨ ᠵᠤᠷᠢᠯᠭ᠎ᠠ ᠨᠢ ᠠᠷᠠᠳ᠎ᠢ ᠪᠠᠶᠠᠵᠢᠭᠤᠯᠤᠨ ᠲᠠᠷᠢᠶᠠᠯᠠᠩ᠎ᠢ ᠬᠥᠭ᠌ᠵᠢᠭᠦᠯᠬᠦ᠌᠎ᠳᠦ ᠪᠤᠢ᠃ ᠤᠭᠳᠠᠷᠭᠤᠢ᠎ᠳᠡᠬᠢ ᠭᠦᠵᠡᠯᠵᠡᠭᠡᠨ᠎ᠡ᠎ᠶ᠋ᠢᠨ ᠬᠦᠷᠢᠶᠡᠯᠡᠩ᠎ᠨᠢ ᠵᠢᠯ ᠪᠦᠷᠢ ᠲᠤᠬᠠᠢ ᠵᠢᠨ ᠭᠠᠵᠠᠷ᠎ᠲᠦ 300 ᠲᠦᠮᠡᠨ ᠲᠥᠭᠥᠷᠢᠭ᠎ᠦᠨ ᠠᠱᠢᠭ ᠣᠷᠣᠯᠭ᠎ᠠ ᠲᠤᠱᠢᠶᠠᠵᠤ᠂ 70 ᠭᠠᠷᠤᠢ ᠬᠦᠮᠦᠨ᠎ᠳᠤ ᠣᠷᠳᠣ ᠬᠤᠭᠤᠴᠠᠭᠠᠨ᠎ᠤ ᠠᠵᠢᠯ᠎ᠤᠨ ᠪᠠᠢᠷᠢ ᠬᠠᠩᠭᠠᠵᠤ᠂ ᠠᠵᠢᠯᠯᠠᠭ᠍ᠰᠠᠳ᠎ᠢ ᠳᠠᠢᠴᠢᠯᠠᠨ ᠵᠢᠯ ᠪᠦᠷᠢ ᠬᠥᠮᠦᠨ ᠳᠤᠮᠳᠠᠴᠢ᠎ᠶ᠋ᠢᠨ ᠣᠷᠣᠯᠭ᠎ᠠ᠎ᠶ᠋ᠢ 3 ᠲᠦᠮᠡᠨ ᠲᠥᠭᠥᠷᠢᠭ ᠎ᠡᠴᠡ ᠳᠡᠭᠡᠭ᠌ᠰᠢ ᠨᠡᠮᠡᠭ᠌ᠳᠡᠭᠦᠯᠪᠡ᠃ ᠬᠥᠬᠡ ᠵᠢᠮᠢᠰᠭᠡᠨ᠎ᠡ᠎ᠶ᠋ᠢᠨ ᠠᠵᠤ ᠦᠢᠯᠡᠰ᠎ᠦᠨ ᠬᠦᠷᠢᠶᠡᠯᠡᠩ ᠨᠢ 《1+1+4》 ᠲᠣᠭ᠍ᠲᠠᠴᠠ᠎ᠪᠡᠷ ᠵᠢᠯ ᠪᠦᠷᠢ 180 ᠣᠯᠠᠨ ᠲᠦᠮᠡᠨ᠎ᠳᠤ ᠲᠣᠭ᠍ᠲᠠᠪᠤᠷᠢᠲᠠᠶ ᠠᠵᠢᠯ᠎ᠤᠨ ᠪᠠᠢᠷᠢ ᠬᠠᠡᠭᠭᠠᠬᠤ ᠵᠢᠨ ᠬᠠᠮᠲᠤ ᠭᠠᠵᠠᠷ ᠱᠢᠷᠣᠶ᠎ᠶ᠋ᠢᠨ ᠡᠵᠡᠩᠨᠡᠯᠳᠡ ᠵᠢᠨ ᠡᠷᠬᠡ ᠵᠢ ᠰᠢᠯᠵᠢᠬᠦᠯᠬᠦ᠂ ᠡᠳ᠋  ᠬᠥᠷᠥᠩᠭᠡ᠎ᠶ᠋ᠢᠨ ᠠᠱᠢᠭ  ᠣᠯᠵᠠᠪᠤᠷᠢ  ᠵᠡᠷᠭᠡ ᠪᠡᠷ ᠬᠡᠳᠦᠨ ᠵᠠᠭᠤᠨ ᠮᠠᠯᠴᠢᠨ ᠲᠠᠷᠢᠶᠠᠴᠢᠨ᠎ᠳᠤ ᠠᠱᠢᠭ ᠬᠦᠷᠲᠡᠭᠡᠵᠦ᠍᠂ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠵᠠᠢ᠃

《ᠣᠳᠣᠬᠢᠴᠢᠯᠠᠭ᠍ᠰᠠᠨ ᠲᠥᠬᠥᠭᠡᠷᠦᠮᠵᠢ ᠪᠣᠯᠤᠨ ᠤᠶᠤᠨᠴᠢᠯᠠᠬ᠍ᠰᠠᠨ ᠮᠡᠷᠭᠡᠵᠢᠯ ᠨᠢ ᠬᠥᠳᠡᠭᠡ ᠠᠵᠤ ᠠᠬᠤᠢ᠎ᠶ᠋ᠢᠨ ᠤᠯᠠᠮᠵᠢᠯᠠᠯᠲᠤ ᠦᠢᠯᠡᠳᠪᠦᠷᠢᠯᠡᠯ᠎ᠦᠨ ᠵᠠᠭ᠍ᠪᠤᠷ᠎ᠤᠨ ᠬᠦᠯᠢᠶᠡᠰᠦᠯᠡᠯ ᠡᠴᠡ ᠲᠤᠢᠯᠪᠤᠷᠢᠲᠠᠢ ᠮᠤᠯᠳᠤᠷᠠᠨ ᠭᠠᠷᠴᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠡᠷ᠎ᠦᠨ ᠦᠷᠳᠡᠭ ᠥᠨᠳᠥᠷ᠂ ᠠᠶᠤᠯ ᠲᠦᠭ᠌ᠰᠢᠭᠦᠷᠢ᠎ᠶ᠋ᠢ ᠡᠰᠡᠷᠭᠦᠴᠡᠬᠦ᠌ ᠲᠠᠯ᠎ᠠ᠎ᠪᠠᠷ ᠪᠠᠭᠤᠷᠠᠢ ᠵᠡᠷᠭᠡ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠲᠦᠬᠦᠭᠡᠷᠤᠮᠵᠢᠳᠤ ᠲᠠᠷᠢᠶᠠᠯᠡᠡᠭ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠭᠤᠯᠪᠠ》 ᠭᠡᠵᠦ ᠰᠢᠯᠤᠭᠤᠨ ᠬᠦᠪᠡᠭᠡᠳᠤ ᠴᠠᠭᠠᠨ ᠬᠤᠰᠢᠭᠤᠨ᠎ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠠᠷᠭᠡᠵᠢᠯ᠎ᠤᠨ ᠲᠤᠪᠴᠢᠶᠠᠨ᠎ᠤ ᠲᠡᠳ᠋ ᠲᠠᠷᠤᠭ᠎ᠠ ᠨᠢᠤ ᠹᠠᠡᠭ ᠰᠤᠷᠪᠤᠯᠵᠢᠯᠠᠭ᠎ᠠ ᠬᠦᠯᠢᠶᠡᠬᠦ ᠳ᠋ᠡᠭᠡᠨ ᠶᠠᠷᠢᠯ᠎ᠠ᠃

ᠡᠭᠦᠨᠴᠢᠯᠡᠨ ᠱᠢᠯᠤᠭᠤᠨ ᠬᠥᠪᠡᠭᠡᠲᠦ ᠴᠠᠭᠠᠨ ᠬᠣᠱᠢᠭᠤ ᠨᠢ ᠲᠤᠮᠤ ᠲᠦᠷᠦᠯ ᠵᠦᠢᠯ᠎ᠢᠶᠡᠷ ᠪᠠᠷᠢᠮᠵᠢᠶ᠎ᠠ ᠪᠣᠯᠭᠠᠵᠤ᠂ ᠲᠦᠬᠦᠭᠡᠷᠤᠮᠵᠢᠳᠤ ᠲᠠᠷᠢᠶᠠᠯᠠᠩ᠎ᠤᠨ ᠬᠥᠭ᠌ᠵᠢᠯᠲᠡ᠎ᠶ᠋ᠢᠨ ᠰᠢᠨ᠎ᠡ ᠵᠠᠮ᠎ᠢ ᠵᠤᠷᠢᠭᠳᠠᠢ ᠪᠡᠷ ᠬᠠᠢᠨ ᠰᠦᠪᠡᠭᠴᠢᠯᠡᠵᠦ᠂ ᠲᠥᠬᠦᠭᠡᠷᠦᠮᠵᠢᠲᠦ ᠲᠠᠷᠢᠶᠠᠯᠠᠩ᠎ᠤᠨ ᠬᠦᠴᠦ ᠰᠢᠮ᠎ᠡ ᠪᠡᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号