ᠣᠳᠣᠬᠠᠨ᠎ᠤ ᠠᠵᠤ ᠠᠬᠤᠢ᠎ᠶ᠋ᠢᠨ ᠪᠠᠢᠳᠠᠯ ᠪᠣᠯᠤᠨ ᠠᠵᠤ ᠠᠬᠤᠢ᠎ᠶ᠋ᠢᠨ ᠠᠵᠢᠯ᠎ᠢ ᠵᠠᠳᠠᠯᠤᠨ ᠰᠤᠳᠤᠯᠵᠠᠢ
ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ
ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ 4 ᠰᠠᠷ᠎ᠠ᠎ᠶ᠋ᠢᠨ 28 ᠤ᠋ ᠡᠳᠦᠷ ᠬᠤᠷᠠᠯ ᠬᠤᠷᠠᠯᠳᠤᠭᠤᠯᠵᠤ᠂ ᠣᠳᠣᠬᠠᠨ᠎ᠤ ᠠᠵᠤ ᠠᠬᠤᠶ᠎ᠶ᠋ᠢᠨ ᠪᠠᠢᠳᠠᠯ ᠪᠣᠯᠤᠨ ᠠᠵᠤ ᠠᠬᠤᠶ᠎ᠶ᠋ᠢᠨ ᠠᠵᠢᠯ᠎ᠢ ᠵᠠᠳᠠᠯᠤᠨ ᠰᠤᠳᠤᠯᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ᠃
ᠬᠤᠷᠠᠯ᠎ᠡᠴᠠ᠂ ᠵᠢᠯ᠎ᠤᠨ ᠡᠬᠢᠨ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠠᠵᠤ ᠠᠬᠤᠢ᠎ᠶ᠋ᠢᠨ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠵᠤ᠂ ᠪᠦᠬᠦ᠌ ᠲᠠᠯ᠎ᠠ᠎ᠶ᠋ᠢ ᠪᠣᠳᠣᠯᠬᠢᠯᠠᠨ᠂ ᠤᠷᠢᠳᠴᠢᠯᠠᠨ ᠪᠠᠢᠷᠢᠰᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠤᠷᠢᠳᠴᠢᠯᠠᠨ ᠬᠦᠴᠦᠯᠡᠵᠦ᠍᠂ ᠶᠡᠷᠦᠩᠬᠡᠢᠯᠡᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠮᠠᠨ᠎ᠤ ᠤᠯᠤᠰ᠎ᠤᠨ ᠠᠵᠤ ᠠᠬᠤᠢ ᠵᠢᠨ ᠡᠬᠢᠯᠡᠯᠲᠡ ᠡᠷᠴᠢᠮᠲᠡᠶ ᠪᠠᠢᠵᠤ᠂ ᠭᠣᠣᠯ ᠭᠦᠢᠴᠡᠳᠭᠡᠯ ᠲᠣᠭ᠎ᠠ ᠵᠢᠱ᠌ᠢᠯᠲᠡ᠎ᠡᠴᠡ ᠰᠠᠢ᠌ᠨ ᠪᠠᠢᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃ ᠡᠭᠦᠨ᠎ᠦ ᠬᠠᠮᠲᠤ᠂ ᠪᠠᠰᠠ ᠵᠠᠷᠢᠮ ᠬᠦᠴᠢᠷᠳᠡᠯ ᠪᠠ ᠥᠷᠢᠰᠥᠯᠳᠦᠭᠡᠨ᠎ᠳᠦ ᠲᠤᠯᠭᠠᠷᠠᠵᠤ᠂ ᠠᠵᠤ ᠠᠬᠤᠶ᠎ᠶ᠋ᠢᠨ ᠦᠷᠭᠦᠯᠵᠢᠯᠡᠨ ᠲᠣᠭ᠍ᠲᠠᠭᠤᠨ᠎ᠤ ᠲᠤᠮᠳᠠ ᠰᠠᠢᠵᠢᠷᠠᠬᠤ ᠰᠠᠭᠤᠷᠢ᠎ᠶ᠋ᠢ ᠪᠠᠰᠠ ᠤᠯᠠᠮ ᠨᠢᠭᠡ ᠠᠯᠬᠤᠮ ᠪᠡᠬᠢᠵᠢᠭᠦᠯᠬᠦ᠌ ᠴᠢᠬᠤᠯᠠᠲᠠᠶ ᠪᠠᠢᠨ᠎ᠠ᠃ ᠢᠲᠡᠭᠡᠯ᠎ᠢᠶᠡᠨ ᠴᠢᠩᠭᠠᠳᠭᠠᠵᠤ᠂ ᠨᠡᠩ ᠶᠡᠬᠡ ᠡᠷᠴᠢᠮ ᠪᠣᠯᠤᠨ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠠᠵᠤ ᠠᠬᠤᠢ᠎ᠶ᠋ᠢᠨ ᠠᠵᠢᠯ᠎ᠢ ᠰᠠᠢᠲᠤᠷ ᠠᠳᠭᠤᠬᠤ ᠬᠡᠷᠡᠭ᠌ᠲᠡᠢ ᠭᠡᠵᠦ ᠦᠵᠡᠪᠡ᠃
ᠬᠤᠷᠠᠯ᠎ᠡᠴᠡ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠡᠩ ᠰᠠᠢᠲᠤᠷ ᠨᠢᠭᠡᠳᠦᠯᠲᠡᠶ ᠲᠥᠯᠥᠪᠵᠢᠬᠦᠯᠵᠦ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠬᠦᠯᠵᠦ᠂ ᠥᠭᠡᠷᠡᠴᠢᠯᠡᠯᠲᠡ ᠨᠡᠭᠡᠭᠡᠯᠲᠡ᠎ᠶ᠋ᠢ ᠡᠷᠡᠰ ᠭᠤᠢᠪᠢᠰᠢ ᠦᠭᠡᠢ ᠭᠦᠨᠵᠡᠭᠡᠢᠷᠡᠭᠦᠯᠦᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠂ ᠠᠵᠤ ᠦᠢᠯᠡᠰ᠎ᠦᠨ ᠬᠡᠯᠬᠢᠶ᠎ᠡ᠎ᠶ᠋ᠢ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ ᠵᠢ ᠠᠬᠢᠭᠤᠯᠤᠨ᠂ ᠡᠳ᠋᠎ᠦᠨ ᠵᠠᠰᠠᠭ᠎ᠤᠨ ᠨᠡᠩ ᠢᠳᠡᠪᠬᠢᠲᠡᠢ ᠲᠦᠷᠦ᠍᠎ᠶ᠋ᠢᠨ ᠪᠤᠳᠤᠯᠭ᠎ᠠ ᠪᠠ ᠵᠣᠬᠢᠰᠲᠠᠢ ᠠᠭᠤᠵᠢᠭᠤ ᠪᠠᠢᠯᠭᠠᠬᠤ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢ ᠨᠠᠷᠢᠯᠢᠭ ᠣᠨᠣᠪᠴᠢᠲᠠᠢ ᠪᠦᠲᠦᠮᠵᠢᠲᠡᠢ ᠬᠡᠷᠡᠭ᠌ᠵᠢᠭᠦᠯᠦᠨ᠂ ᠲᠠᠰᠤᠷᠠᠯᠲᠠ ᠦᠭᠡᠢ ᠪᠡᠷ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠵᠦ᠂ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠂ ᠨᠡᠮᠡᠭ᠌ᠳᠡᠯ᠎ᠢ ᠱᠢᠯᠢᠳᠡᠭ᠌ᠵᠢᠭᠦᠯᠤᠨ᠂ ᠬᠠᠳᠠᠭᠠᠯᠠᠯᠲᠠ᠎ᠶ᠋ᠢ ᠠᠮᠢᠳᠤᠯᠢᠭᠵᠢᠭᠤᠯᠵᠤ᠂ ᠠᠵᠢᠯ ᠣᠯᠭᠣᠯᠲᠠ᠎ᠶ᠋ᠢ ᠲᠣᠭ᠍ᠲᠠᠭᠤᠨ ᠪᠠᠢᠯᠭᠠᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠭᠤᠨ ᠪᠠᠢᠯᠭᠠᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠲᠠᠯ᠎ᠠ ᠪᠡᠷ ᠬᠦᠴᠦᠯᠡᠵᠥ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠳᠭᠠᠵᠥ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠤᠯᠠᠮ ᠨᠢᠭᠡ ᠠᠯᠬᠤᠮ ᠬᠦᠴᠦᠷᠬᠡᠭ᠌ᠵᠢᠭᠦᠯᠵᠥ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠢ ᠱᠢᠯᠢᠳᠡᠭ᠌ᠵᠢᠭᠦᠯᠦᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠡᠴᠡ᠂ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢ ᠰᠠᠢᠲᠤᠷ ᠬᠡᠷᠡᠭ᠌ᠯᠡᠵᠦ᠍ ᠭᠦᠢᠴᠡᠳ ᠬᠡᠷᠡᠭ᠌ᠯᠡᠬᠦ᠌ ᠬᠡᠷᠡᠭ᠌ᠲᠡᠢ᠃ ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ ᠪᠦᠲᠦᠴᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠦᠨᠳᠦᠰᠦᠨ ᠱᠠᠲᠤᠨ᠎ᠤ 《ᠭᠤᠷᠪᠠ᠎ᠶ᠋ᠢ ᠪᠠᠲᠤᠯᠠᠬᠤ》 ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠳᠡᠢ᠃ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠪᠠᠷᠠᠯᠠᠯᠳᠦ ᠴᠢᠨᠠᠷ ᠠᠮᠢᠳᠤᠯᠢᠭ ᠴᠢᠨᠠᠷ ᠬᠠᠨᠳᠤᠯᠭᠠᠲᠤ ᠴᠢᠨᠠᠷ᠎ᠢ ᠴᠢᠩᠭᠠᠳᠭᠠᠵᠤ᠂ ᠭᠦᠢᠯᠭᠡᠭᠡᠨ᠎ᠦ ᠴᠢᠨᠠᠷ ᠭᠦᠢᠴᠡᠳ ᠪᠠᠢᠬᠤ᠎ᠶ᠋ᠢ ᠪᠠᠲᠤᠯᠠᠬᠤ ᠬᠡᠷᠡᠭᠳᠡᠢ᠃ ᠠᠷᠠᠳ᠎ᠤᠨ ᠵᠣᠭᠣᠰᠣᠨ᠎ᠤ ᠭᠤᠪᠢᠭᠤᠯᠭ᠎ᠠ᠎ᠶ᠋ᠢᠨ ᠨᠤᠷᠮ᠎ᠠ᠎ᠶ᠋ᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠱᠢᠨ᠎ᠳᠦ ᠦᠨᠳᠦᠰᠦᠨ᠎ᠳᠡᠭᠡᠨ ᠲᠣᠭ᠍ᠲᠠᠪᠤᠷᠢᠲᠠᠢ ᠪᠠᠢᠬᠤ᠎ᠶ᠋ᠢ ᠪᠠᠲᠤᠯᠠᠬᠤ ᠬᠡᠷᠡᠭᠳᠡᠢ᠃ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠎ᠶ᠋ᠢᠨ ᠨᠢᠭᠡᠳᠦᠯᠲᠦ ᠴᠢᠨᠠᠷᠳᠠᠢ ᠦᠨᠡᠯᠡᠨ ᠵᠢᠱ᠌ᠢᠯᠲᠡ᠎ᠶ᠋ᠢ ᠰᠠᠢᠲᠤᠷ ᠬᠢᠬᠦ ᠬᠡᠷᠡᠭᠳᠡᠢ ᠭᠡᠵᠦ ᠴᠢᠬᠤᠯᠠᠴᠢᠯᠠᠪᠠ᠃
ᠬᠤᠷᠠᠯ ᠡᠴᠡ᠂ ᠳᠣᠲᠣᠭᠠᠳᠤ ᠬᠡᠷᠡᠭ᠌ᠴᠡᠭᠡ᠎ᠶ᠋ᠢᠨ ᠲᠠᠯᠳᠠ ᠬᠦᠴᠦᠨ᠎ᠢ ᠭᠦᠨᠵᠡᠭᠡᠢ ᠠᠭᠤᠳᠠᠯᠬᠤ ᠬᠡᠷᠡᠭ᠌ᠲᠡᠢ᠃ ᠴᠢᠨᠠᠷ ᠰᠠᠢᠲᠠᠢ ᠲᠠᠸᠠᠷ ᠪᠠ ᠦᠢᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠵᠦ᠍᠂ ᠬᠡᠷᠡᠭ᠌ᠯᠡᠭᠡᠨ᠎ᠦ ᠲᠡᠰ ᠳᠡᠪᠱᠢᠬᠦ᠌᠎ᠶ᠋ᠢ ᠠᠬᠢᠭᠤᠯᠬᠤ ᠬᠡᠷᠡᠭᠳᠡᠢ᠃ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠬᠦ ᠬᠡᠷᠡᠭᠳᠡᠢ᠃ ᠤᠰᠤᠨ ᠠᠰᠢᠭᠯᠠᠯᠳᠠ᠎ᠶᠢᠨ ᠲᠣᠣᠷ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠠᠩᠭᠠᠯᠭ᠎ᠠ᠎ᠶᠢᠨ ᠲᠣᠣᠷ᠂ ᠪᠤᠳᠤᠯᠳᠠ᠎ᠶᠢᠨ ᠬᠦᠴᠦᠨ᠎ᠦ ᠲᠣᠣᠷ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠬᠣᠯᠪᠣᠭᠠᠨ᠎ᠤ ᠲᠣᠣᠷ᠂ ᠬᠤᠳᠠ᠎ᠶ᠋ᠢᠨ ᠭᠠᠵᠠᠷ ᠳᠣᠣᠷᠠᠬᠢ ᠬᠣᠭᠣᠯᠠᠢ᠎ᠶ᠋ᠢᠨ ᠲᠣᠣᠷ᠂ ᠪᠠᠷᠠᠭᠠᠨ᠎ᠤ ᠭᠦᠢᠯᠭᠡᠭᠡ ᠵᠢᠨ ᠲᠣᠣᠷ ᠵᠡᠷᠭᠡ᠎ᠶ᠋ᠢᠨ ᠲᠥᠯᠥᠪᠵᠢᠭᠦᠯᠭᠡ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭᠳᠡᠢ᠃ ᠨᠥᠬᠥᠴᠡᠯ ᠪᠦᠷᠢᠳᠦᠭ᠌ᠰᠡᠨ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ᠎ᠦᠨ ᠠᠵᠢᠯ ᠡᠬᠢᠯᠡᠬᠦ᠌᠎ᠶ᠋ᠢ ᠠᠬᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃
ᠬᠤᠷᠠᠯ ᠡᠴᠡ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠨ ᠪᠠᠢᠭᠤᠯᠵᠤ᠂ ᠦᠢᠯᠡᠳᠬᠦ᠌ ᠦᠢᠯᠡᠰ᠎ᠦᠨ ᠵᠣᠬᠢᠰᠲᠠᠢ ᠬᠤᠪᠢ᠎ᠶ᠋ᠢᠨ ᠵᠢᠩ᠎ᠢ ᠪᠠᠲᠤᠯᠠᠬᠤ ᠬᠡᠷᠡᠭ᠌ᠲᠡᠢ᠃ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠳᠣᠲᠣᠭᠠᠳᠤ᠎ᠶᠢᠨ ᠨᠠᠵᠠᠭᠠᠢ ᠥᠷᠢᠰᠥᠯᠳᠦᠭᠡᠨ᠎ᠢ ᠭᠦᠨᠵᠡᠭᠡᠢ ᠴᠡᠭ᠌ᠴᠡᠯᠡᠨ ᠵᠠᠰᠠᠬᠤ ᠬᠡᠷᠡᠭᠳᠡᠢ᠃ 《ᠵᠣᠬᠢᠶᠠᠮᠠᠯ ᠣᠶᠤᠨ ᠴᠢᠳᠠᠪᠤᠷᠢ + 》 ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠤᠶᠤᠨᠲᠤ ᠠᠵᠤ ᠠᠬᠤᠶ᠎ᠶ᠋ᠢᠨ ᠱᠢᠨ᠎ᠡ ᠬᠡᠯᠪᠡᠷᠢ ᠵᠢ ᠬᠥᠭ᠌ᠵᠢᠭᠦᠯᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢᠨ ᠵᠠᠰᠠᠯᠲᠠ᠎ᠶ᠋ᠢ ᠲᠡᠭᠦᠯᠳᠡᠷᠵᠢᠭᠦᠯᠬᠦ ᠬᠡᠷᠡᠭᠳᠡᠢ᠃ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠬᠡᠷᠡᠭᠳᠡᠢ᠃ ᠭᠠᠳᠠᠭᠠᠳᠤ ᠣᠷᠴᠢᠨ᠎ᠤ ᠲᠠᠭᠠᠷᠢᠯᠳᠠ ᠥᠷᠢᠰᠥᠯᠳᠦᠭᠡᠨ᠎ᠢ ᠱᠢᠰᠲ᠋ᠧᠮ᠎ᠲᠡᠶ ᠠᠷᠭᠠᠴᠠᠭᠠᠵᠤ᠂ ᠡᠨᠧᠷᠭᠢ ᠡᠬᠢ ᠪᠠᠶᠠᠯᠢᠭ᠎ᠤᠨ ᠠᠮᠤᠷ ᠲᠦᠪᠱᠢᠨ᠎ᠢ ᠪᠠᠲᠤᠯᠠᠬᠤ ᠲᠦᠪᠱᠢᠨ᠎ᠢ ᠳᠡᠭᠡᠭ᠌ᠰᠢᠯᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠣᠭ᠍ᠲᠠᠭᠠᠯᠲᠤ ᠴᠢᠨᠠᠷ᠎ᠢᠶᠠᠷ ᠡᠯ᠎ᠡ ᠵᠦᠢᠯ᠎ᠦᠨ ᠲᠣᠭ᠍ᠲᠠᠭᠠᠯᠲᠤ ᠪᠤᠰᠤ ᠴᠢᠨᠠᠷ᠎ᠢ ᠠᠷᠭᠠᠴᠠᠭᠠᠬᠤ ᠬᠡᠷᠡᠭᠳᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠭᠣᠣᠯᠳᠠᠯᠭ᠎ᠠ᠎ᠲᠠᠢ ᠬᠦᠷᠢᠶᠡᠨ᠎ᠦ ᠠᠶᠤᠯ ᠲᠦᠭᠰᠢᠭᠦᠷᠢ᠎ᠶᠢ ᠪᠦᠲᠦᠮᠵᠢᠲᠡᠢ ᠰᠡᠷᠭᠡᠢᠯᠡᠨ ᠠᠷᠢᠯᠭᠠᠬᠤ ᠬᠡᠷᠡᠭᠲᠡᠢ᠃ ᠭᠡᠷ ᠭᠠᠵᠠᠷ ᠤ᠋ᠨ ᠬᠥᠷᠥᠩᠭᠡ᠎ᠶᠢᠨ ᠵᠠᠬ᠎ᠠ ᠳᠡᠯᠭᠡᠭᠦᠷ᠎ᠢ ᠴᠢᠷᠮᠠᠢᠨ ᠲᠣᠭᠲᠠᠪᠤᠷᠢᠵᠢᠭᠤᠯᠵᠤ᠂ ᠬᠤᠳᠠ᠎ᠶᠢᠨ ᠰᠢᠨᠡᠴᠢᠯᠡᠯᠲᠡ᠎ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡᠨ᠎ᠦ ᠠᠶᠤᠯ ᠲᠦᠭᠰᠢᠭᠦᠷᠢ᠎ᠶᠢ ᠡᠮᠬᠢ ᠵᠢᠷᠤᠮ᠎ᠲᠠᠢ ᠠᠷᠢᠯᠭᠠᠵᠤ᠂ ᠠᠵᠤ ᠠᠬᠤᠢᠯᠠᠯ᠎ᠳᠤ ᠥᠷᠢᠲᠦᠵᠦ ᠪᠠᠢᠭ᠎ᠠ ᠳᠠᠩᠰᠠ ᠮᠦᠨᠭᠭᠦᠨ᠎ᠤ ᠠᠰᠠᠭᠤᠳᠠᠯ᠎ᠢ ᠴᠢᠷᠮᠠᠢᠨ ᠰᠢᠢᠳᠪᠦᠷᠢᠯᠡᠬᠦ ᠬᠡᠷᠡᠭᠳᠡᠢ᠃ ᠳᠤᠮᠳᠠ ᠪᠠᠭ᠎ᠠ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠥᠭᠡᠷᠡᠴᠢᠯᠡᠯᠲᠡ᠎ᠶᠢ ᠠᠬᠢᠭᠤᠯᠵᠤ᠂ ᠬᠥᠷᠥᠩᠭᠡ᠎ᠶᠢᠨ ᠵᠠᠬ᠎ᠠ ᠳᠡᠯᠭᠡᠭᠦᠷ᠎ᠦᠨ ᠢᠲᠡᠭᠡᠯ᠎ᠢ ᠲᠣᠭᠲᠠᠪᠤᠷᠢᠵᠢᠭᠤᠯᠤᠨ ᠨᠡᠮᠡᠭᠳᠡᠭᠦᠯᠬᠦ ᠬᠡᠷᠡᠭᠳᠡᠢ ᠭᠡᠵᠤ ᠵᠢᠭᠠᠵᠤ ᠭᠠᠷᠭᠠᠪᠠ᠃
ᠬᠤᠷᠠᠯ᠎ᠡᠴᠡ᠂ ᠠᠵᠢᠯ ᠣᠯᠭᠣᠯᠲᠠ᠎ᠶᠢ ᠤᠷᠢᠳ ᠵᠢᠡᠷ ᠪᠤᠳᠤᠯᠬᠢᠯᠠᠬᠤ ᠲᠦᠷᠦ᠎ᠶᠢᠨ ᠪᠣᠳᠣᠯᠭ᠎ᠠ᠎ᠶᠢᠨ ᠤᠳᠤᠷᠢᠳᠤᠮᠵᠢ᠎ᠶᠢ ᠴᠢᠩᠭᠠᠳᠬᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠢᠳᠠᠨ ᠬᠥᠮᠥᠵᠢᠭᠦᠯᠬᠦ ᠵᠡᠷᠭᠡ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠴᠢᠨᠭᠭᠠᠷᠠᠭᠤᠯᠬᠤ ᠬᠡᠷᠡᠭᠲᠡᠢ᠃ ᠲᠠᠷᠢᠶᠠᠯᠠᠩ᠎ᠤᠨ ᠦᠢᠯᠡᠳᠪᠦᠷᠢᠯᠡᠯ᠎ᠢ ᠰᠠᠢᠲᠤᠷ ᠠᠳᠬᠤᠵᠤ᠂ ᠭᠠᠬᠠᠢ ᠵᠡᠷᠭᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠨ᠎ᠡ ᠬᠠᠩᠰᠢ᠎ᠶᠢ ᠲᠣᠭᠲᠠᠪᠤᠷᠢᠵᠢᠭᠤᠯᠬᠤ ᠬᠡᠷᠡᠭᠳᠡᠢ᠃ ᠪᠠᠢᠩᠭᠤ ᠵᠢᠨ ᠬᠠᠪᠰᠤᠷᠤᠨ ᠲᠡᠳᠬᠦᠬᠦ ᠲᠣᠭᠲᠡᠴᠡ᠎ᠶᠢ ᠲᠡᠭᠦᠯᠳᠡᠷᠵᠢᠭᠦᠯᠵᠦ᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ ᠪᠠ ᠶᠠᠳᠠᠭᠤᠷᠠᠬᠤ ᠪᠠᠢᠳᠠᠯ ᠭᠠᠷᠬᠤ ᠦᠭᠡᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠳᠡᠢ᠃ ᠠᠶᠤᠯᠭᠦᠢ ᠦᠢᠯᠡᠳᠪᠦᠷᠢᠯᠡᠯ᠂ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ᠂ ᠢᠳᠡᠭᠡᠨᠪᠡ ᠡᠮ᠎ᠦᠨ ᠵᠦᠢᠯᠡᠰ᠎ᠦᠨ ᠠᠮᠤᠷ ᠲᠦᠪᠰᠢᠨ᠎ᠤ ᠠᠰᠠᠭᠤᠳᠠᠯ ᠵᠡᠷᠭᠡ ᠠᠵᠢᠯ᠎ᠢ ᠰᠠᠢᠲᠤᠷ ᠬᠢᠬᠦ ᠬᠡᠷᠡᠭᠳᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠤᠨᠳᠤᠤᠰᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 28 ᠤ᠋ ᠴᠠᠬᠢᠯᠭᠠᠨ ᠮᠡᠳᠡᠭᠡ)