ᠲᠦᠷᠦᠭᠦᠦ ᠤᠯᠠᠷᠢᠯ ᠳ᠋ᠦ ᠦᠪᠦᠷ ᠮᠤᠡᠭᠭᠤᠯ ᠤ᠋ᠨ ᠨᠢᠭᠡᠳᠦᠭᠡᠷ ᠠᠵᠤ ᠦᠶ᠋ᠯᠡᠰ᠎ᠦᠨ ᠨᠡᠮᠡᠭ᠌ᠳᠡᠯ ᠥᠷᠲᠡᠭ 188 ᠳ᠋ᠦᠩᠱᠢᠭᠤᠷ ᠲᠥᠭᠥᠷᠢᠭ ᠲᠦ᠍ ᠬᠦᠷᠴᠠᠢ
2026-04-29 09:25:04
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠡᠨᠡ ᠵᠢᠯ ᠤ᠋ᠨ ᠲᠦᠷᠦᠭᠦᠦ ᠤᠯᠠᠷᠢᠯ ᠳ᠋ᠦ ᠮᠠᠨ ᠤ᠋ ᠤᠷᠤᠨ ᠤ᠋ ᠲᠠᠷᠢᠶᠠᠯᠠᠡᠭ ᠤ᠋ᠨ ᠦᠢᠯᠡᠳᠪᠦᠷᠢᠯᠡᠯ ᠯᠠᠪᠳᠠᠭᠤᠨ ᠶ᠋ᠢᠡᠷ ᠠᠬᠢᠵᠤ᠂ ᠮᠠᠯ ᠠᠵᠤ ᠠᠬᠤᠢ ᠶ᠋ᠢᠨ ᠦᠢᠯᠡᠳᠪᠦᠷᠢᠯᠡᠯ ᠶᠡᠷᠦᠡᠭᠬᠡᠢ ᠳ᠋ᠡᠭᠡᠨ ᠲᠤᠭᠲᠠᠭᠤᠨ ᠪᠠᠢᠵᠤ᠂ ᠪᠥᠬᠥ᠌ ᠣᠷᠣᠨ ᠤ᠋ ᠲᠠᠷᠢᠶᠠᠯᠠᠩ ᠣᠶ ᠱᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶ᠋ᠢᠨ ᠨᠡᠮᠡᠭ᠌ᠳᠡᠯ ᠥᠷᠲᠡᠭ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 5.6% ᠪᠡᠷ ᠨᠡᠮᠡᠭ᠌ᠳᠡᠵᠦ᠍ ᠂ ᠮᠠᠯ ᠠᠵᠤ ᠠᠬᠤᠢ ᠲᠠᠷᠢᠶᠠᠯᠠᠡᠭ ᠤ᠋ᠨ ᠪᠠᠢᠳᠠᠯ ᠲᠤᠭᠲᠠᠭᠤᠨ ᠤ᠋ ᠳᠤᠮᠳᠠ ᠰᠠᠢᠵᠢᠷᠠᠪᠠ᠃

ᠲᠦᠷᠦᠭᠦᠦ ᠤᠯᠠᠷᠢᠯ ᠳ᠋ᠤ᠂ ᠪᠥᠬᠥ᠌ ᠣᠷᠣᠨ ᠤ᠋ ᠨᠢᠭᠡᠳᠦᠭᠡᠷ ᠠᠵᠤ ᠦᠶ᠋ᠯᠡᠰ᠎ᠦᠨ ᠨᠡᠮᠡᠭ᠌ᠳᠡᠯ ᠥᠷᠲᠡᠭ 188 ᠳ᠋ᠦᠩᠱᠢᠭᠤᠷ ᠲᠥᠭᠥᠷᠢᠭ ᠲᠦ᠍ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 5.5% ᠪᠠᠷ ᠨᠡᠮᠡᠭ᠌ᠳᠡᠪᠡ᠃ ᠮᠠᠨ ᠤ᠋ ᠤᠷᠤᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠢᠨᠵᠸᠨ᠋ᠸᠷᠢᠡᠭ ᠢ᠋ ᠦᠷᠬᠦᠯᠵᠢᠯᠡᠨ ᠦᠷᠨᠢᠭᠦᠯᠵᠦ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢ ᠯᠠᠪᠳᠠᠭᠤᠨ ᠶ᠋ᠢᠡᠷ ᠠᠬᠢᠭᠤᠯᠵᠤ᠂ ᠲᠠᠷᠢᠶᠠᠯᠠᠡᠭ ᠮᠠᠯ ᠠᠵᠤ ᠠᠬᠤᠢ ᠶ᠋ᠢᠨ ᠰᠢᠰᠲᠸᠮ ᠤᠷᠢᠳᠴᠢᠯᠠᠨ 42 ᠲᠦᠮᠡᠨ ᠳᠤᠨ ᠪᠤᠷᠳᠤᠭᠤᠷ ᠨᠦᠬᠡᠴᠡᠯᠡᠨ᠂ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯ ᠤ᠋ᠨ ᠤᠷᠤᠭᠰᠢᠳᠠᠢ ᠶᠠᠪᠤᠭᠳᠠᠬᠤ ᠵᠢ ᠪᠠᠲᠤᠯᠠᠵᠤ᠂ ᠤᠳᠤ ᠪᠦᠬᠦ ᠤᠷᠤᠨ ᠤ᠋ ᠠᠮᠤ ᠪᠤᠳᠠᠭᠠᠨ ᠤ᠋ ᠲᠠᠷᠢᠮᠠᠯ ᠲᠠᠷᠢᠭᠰᠠᠨ ᠲᠠᠯᠠᠪᠠᠢ ᠨᠢᠬᠡᠨᠳᠡ 276.6 ᠲᠦᠮᠡᠨ ᠮᠦ᠍ ᠳ᠋ᠦ ᠬᠦᠷᠴᠠᠢ᠃ ᠡᠬᠦᠨ ᠤ᠋ ᠬᠠᠮᠳᠤ ᠪᠠᠰᠠ ᠤᠳᠤ ᠦᠶ᠎ᠡ ᠶ᠋ᠢᠨ ᠲᠦᠬᠦᠭᠡᠷᠦᠮᠵᠢᠲᠦ ᠲᠠᠷᠢᠶᠠᠯᠠᠡᠭ ᠤ᠋ᠨ ᠪᠦᠲᠦᠭᠡᠨ ᠪᠠᠢᠭᠤᠯᠤᠯᠲᠠ ᠵᠢ ᠠᠬᠢᠭᠤᠯᠵᠤ ᠂ 2 ᠲᠦᠮᠡᠨ ᠮᠦ᠍ ᠲᠦᠬᠦᠭᠡᠷᠦᠮᠵᠢᠲᠦ ᠲᠠᠷᠢᠶᠠᠯᠠᠡᠭ ᠢ᠋ ᠠᠰᠢᠭᠯᠠᠯᠲᠠ ᠳ᠋ᠦ ᠤᠷᠤᠭᠤᠯᠤᠨ᠂ ᠲᠠᠷᠢᠮᠠᠯ ᠤ᠋ᠨ ᠲᠠᠯᠠᠪᠠᠢ ᠨᠢ 32 ᠲᠦᠮᠡᠨ ᠮᠦ᠍ ᠳ᠋ᠦ ᠬᠦᠷᠴᠦ᠂ ᠨᠢᠳᠤᠨᠤᠨ ᠤ᠋ ᠵᠢᠯ ᠤ᠋ᠨ ᠰᠡᠭᠦᠯᠴᠢ ᠵᠢᠨ ᠬᠢ ᠡᠴᠡ 6.6% ᠪᠡᠷ ᠨᠡᠮᠡᠭᠳᠡᠪᠡ᠋᠃

ᠲᠦᠷᠦᠭᠦᠦ ᠤᠯᠠᠷᠢᠯ ᠳ᠋ᠦ᠂ ᠮᠠᠨ ᠤ᠋ ᠤᠷᠤᠨ ᠲᠦᠯ ᠲᠤᠰᠴᠤ ᠪᠤᠢᠵᠢᠭᠤᠯᠬᠤ ᠪᠠ ᠭᠡᠮ ᠬᠢᠵᠢᠭ ᠢ᠋ ᠰᠡᠷᠭᠡᠢᠯᠡᠬᠦ ᠠᠵᠢᠯ ᠢ᠋ ᠴᠢᠡᠭᠭ᠎ᠠ ᠠᠳᠬᠤᠵᠤ᠂ 1010 ᠲᠦᠮᠡᠨ ᠭᠠᠬᠠᠢ ᠪᠠ ᠦᠬᠡᠷ ᠬᠤᠨᠢ ᠪᠤᠷᠤᠯᠠᠭᠤᠯᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 6.7% ᠪᠡᠷ ᠨᠡᠮᠡᠭᠳᠡᠪᠡ᠃ ᠪᠦᠬᠦ ᠤᠷᠤᠨ ᠤ᠋ ᠭᠠᠬᠠᠢ ᠦᠬᠡᠷ ᠬᠤᠨᠢ ᠪᠠ ᠵᠢᠭᠦᠷᠲᠡᠨ ᠤ᠋ ᠮᠢᠬᠠᠨ ᠤ᠋ ᠭᠠᠷᠤᠯᠲᠠ 49.3 ᠲᠦᠮᠡᠨ ᠳᠤᠨ ᠳ᠋ᠦ ᠬᠦᠷᠴᠠᠢ᠃ ᠤᠳᠤ ᠪᠦᠬᠦ ᠤᠷᠤᠨ ᠤ᠋ ᠲᠡᠵᠢᠭᠡᠵᠦ ᠪᠠᠢᠭ᠎ᠠ ᠦᠬᠡᠷ 1025.7 ᠲᠦᠮᠡ᠂ ᠪᠤᠭ ᠮᠠᠯ 5787.6 ᠲᠦᠮᠡ ᠂ ᠭᠠᠬᠠᠢ 717.9 ᠲᠦᠮᠡ᠂ ᠵᠢᠭᠦᠷᠲᠡᠨ 4262.6 ᠲᠦᠮᠡ ᠪᠤᠢ᠃ ᠡᠬᠦᠨ ᠤ᠋ ᠬᠠᠮᠳᠤ ᠪᠠᠰᠠ ᠰᠦ ᠶ᠋ᠢᠨ ᠦᠢᠯᠡᠰ ᠤ᠋ᠨ ᠬᠦᠴᠢᠷᠳᠡᠯ ᠢ᠋ ᠰᠢᠢᠳᠪᠦᠷᠢᠯᠡᠬᠦ ᠬᠦᠴᠦᠯᠡᠴᠡ ᠪᠠᠨ ᠦᠷᠬᠦᠯᠵᠢᠯᠡᠨ ᠴᠢᠡᠭᠭᠠᠳᠬᠠᠵᠤ ᠂ ᠲᠦᠷᠦᠭᠦᠦ ᠤᠯᠠᠷᠢᠯ ᠤ᠋ᠨ ᠰᠦ ᠶ᠋ᠢᠨ ᠭᠠᠷᠤᠯᠲᠠ 159.1 ᠲᠦᠮᠡᠨ ᠳᠤᠨ ᠳ᠋ᠦ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 2.1% ᠪᠡᠷ ᠨᠡᠮᠡᠭᠳᠡᠪᠡ᠃

ᠤᠢᠯᠠᠭᠠᠭᠰᠠᠨ ᠶ᠋ᠢᠡᠷ᠂ ᠮᠠᠨ ᠤ᠋ ᠤᠷᠤᠨ 6 ᠰᠠᠷ᠎ᠠ ᠶ᠋ᠢᠨ ᠰᠡᠭᠦᠯᠴᠢ ᠡᠴᠡ ᠡᠮᠦᠨ᠎ᠡ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯ ᠶ᠋ᠢᠡᠨ ᠳᠠᠭᠤᠰᠬᠠᠵᠤ᠂ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠬᠢ ᠵᠢ ᠳᠡᠭᠡᠭ᠌ᠰᠢᠯᠡᠭᠦᠯᠬᠦ᠌᠂ ᠮᠢᠬᠠᠨ ᠤ᠋ ᠦᠬᠡᠷ ᠮᠢᠬᠠᠨ ᠤ᠋ ᠬᠤᠨᠢ ᠶ᠋ᠢᠨ ᠠᠰᠢᠭ ᠰᠢᠮ᠎ᠠ ᠵᠢᠨ ᠭᠠᠷᠤᠯᠲᠠ ᠶ᠋ᠢ ᠨᠡᠮᠡᠭ᠌ᠳᠡᠭᠦᠯᠵᠦ᠍ ᠦᠷ᠎ᠡ ᠠᠱᠢᠭ ᠢ᠋ ᠳᠡᠭᠡᠭ᠌ᠰᠢᠯᠡᠭᠦᠯᠬᠦ᠌᠂ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ᠎ᠶ᠋ᠢᠨ ᠰᠠᠭᠤᠷᠢ ᠶ᠋ᠢ ᠪᠡᠬᠢᠵᠢᠭᠦᠯᠬᠦ ᠢᠨᠵᠧᠨᠧᠷᠢᠩ ᠵᠡᠷᠭᠡ ᠠᠷᠪᠠᠨ ᠶᠡᠬᠡ ᠢᠨᠵᠧᠨᠧᠷᠢᠩ᠎ᠦᠨ ᠢᠵᠢ ᠪᠥᠷᠢᠳᠦᠭᠦᠯᠦᠨ ᠬᠡᠷᠡᠭ᠌ᠵᠢᠭᠦᠯᠬᠦ᠌ ᠨᠠᠷᠢᠨ ᠲᠦᠷᠢᠮ ᠢ᠋ ᠴᠠᠭ ᠲᠤᠬᠠᠶ ᠳ᠋ᠤᠨᠢ ᠨᠡᠢᠲᠡᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠤᠯ ᠢ᠋ ᠪᠠᠳᠠᠷᠠᠭᠤᠯᠤᠨ᠂ ᠲᠠᠬᠡᠷ᠎ᠠ ᠬᠠᠭᠠᠰ ᠵᠢᠯ ᠵᠢᠴᠢ ᠪᠥᠬᠥ᠌ ᠵᠢᠯ᠎ᠦᠨ ᠮᠠᠯ ᠠᠵᠤ ᠠᠬᠤᠶ᠎ᠲᠠᠷᠢᠶᠠᠯᠠᠡᠭ ᠤ᠋ᠨ ᠲᠣᠭ᠍ᠲᠠᠭᠤᠨ ᠡᠷᠭᠢᠯᠲᠡ ᠶ᠋ᠢ ᠦᠨᠡᠨ ᠬᠦ᠌ ᠪᠠᠲᠤᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号