139 ᠳ᠋ᠤᠭᠡᠷ ᠬᠤᠭᠤᠴᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠤ ᠡᠮᠦᠨᠡᠬᠢ ᠬᠣᠶᠠᠷ ᠬᠤᠭᠤᠴᠠᠭᠠᠨ᠎ᠳᠤ ᠬᠢᠯᠢ᠎ᠶ᠋ᠢᠨ ᠭᠠᠳᠠᠨᠠᠬᠢ ᠬᠤᠳᠠᠯᠳᠤᠨ ᠠᠪᠬᠤ ᠬᠤᠳᠠᠯᠳᠤᠭᠠᠴᠢᠨ᠎ᠢ 24.5 ᠲᠦᠮᠡ ᠲᠠᠲᠠᠨ ᠠᠪᠴᠢᠷᠠᠪᠠ
2026-04-29 10:17:47
ᠵᠣᠬᠢᠶᠠᠭ᠍ᠴᠢ᠄
​ ᠳ᠋ᠢᠩ ᠯᠧ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠭᠠᠳᠠᠭᠠᠳᠤ ᠠᠷᠠᠯᠵᠢᠶᠠᠨ᠎ᠤ ᠲᠥᠪ᠎ᠦᠨ ᠨᠡᠢᠲᠡᠯᠡᠭ᠌ᠰᠡᠨ᠎ᠢᠶᠡᠷ᠂ 27 ᠎ᠤ᠋ ᠡᠳᠦᠷ᠎ᠦᠨ 17 ᠴᠠᠭ ᠪᠣᠯᠲᠠᠯ᠎ᠠ᠂ 139 ᠳ᠋ᠤᠭᠡᠷ ᠬᠤᠭᠤᠴᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠤ ᠡᠮᠦᠨᠡᠬᠢ ᠬᠣᠶᠠᠷ ᠬᠤᠭᠤᠴᠠᠭᠠᠨ᠎ᠤ ᠪᠤᠳᠠᠳᠤ ᠴᠤᠭᠴᠠ ᠵᠢᠨ ᠦᠵᠡᠰᠭᠦᠯᠡᠨᠭ᠎ᠳᠦ᠂ ᠨᠡᠢᠲᠡ 219 ᠤᠯᠤᠰ ᠪᠠ ᠭᠠᠵᠠᠷ ᠣᠷᠣᠨ᠎ᠤ ᠬᠢᠯᠢ᠎ᠶ᠋ᠢᠨ ᠭᠠᠳᠠᠨᠠᠬᠢ ᠬᠤᠳᠠᠯᠳᠤᠨ ᠠᠪᠬᠤ ᠬᠤᠳᠠᠯᠳᠤᠭᠠᠴᠢᠨ᠎ᠢ  24.5 ᠲᠦᠮᠡ  ᠲᠡᠳᠡᠨ ᠠᠪᠴᠢᠷᠠᠵᠤ᠂ ᠳᠡᠭᠡᠷ᠎ᠡ ᠬᠤᠭᠤᠴᠠᠭᠠᠨ᠎ᠤ  ᠬᠢ᠎ᠡᠴᠡ 2.2 % ᠎ᠵᠢᠡᠷ ᠨᠡᠮᠡᠭ᠌ᠳᠡᠪᠡ᠃

ᠡᠭᠦᠨ᠎ᠡᠴᠡ ᠭᠠᠳᠠᠨ᠎ᠠ᠂ ᠬᠢᠯᠢ᠎ᠶ᠋ᠢᠨ ᠭᠠᠳᠠᠨᠠᠬᠢ 140 ᠦᠢᠯᠡᠳᠪᠦᠷᠢ ᠬᠤᠳᠠᠯᠳᠤᠭᠠᠨ᠎ᠤ ᠪᠠᠢᠭᠤᠯᠤᠮᠵᠢ ᠪᠦᠯᠬᠦᠮ ᠪᠠᠢᠭᠤᠯᠤᠨ ᠬᠤᠷᠠᠯ᠎ᠳᠤ ᠣᠷᠣᠯᠴᠠᠪᠠ᠃ ᠪᠠᠰᠠ ᠠᠮᠧᠷᠢᠺᠠ᠂ ᠮᠧᠺᠱᠢᠺᠣ᠂ ᠠᠨᠭ᠌ᠭ᠌ᠯᠢ᠂ ᠭᠧᠷᠮᠠᠨ᠂ ᠶᠠᠫᠣᠨ ᠵᠡᠷᠭᠡ ᠭᠠᠵᠠᠷ᠎ᠤᠨ 344 ᠲᠠᠭᠠᠭᠤᠯᠤᠭᠴᠢ ᠠᠵᠤ ᠠᠬᠤᠢᠯᠠᠯ ᠪᠦᠯᠬᠦᠮ ᠪᠠᠢᠭᠤᠯᠤᠨ ᠬᠤᠷᠠᠯ᠎ᠳᠤ ᠣᠷᠣᠯᠴᠠᠵᠤ᠂ ᠳᠡᠭᠡᠷ᠎ᠡ ᠬᠤᠭᠤᠴᠠᠭᠠᠨ᠎ᠤ ᠎ᠬᠢ᠎ᠡᠴᠡ 4.9 % ᠎ᠪᠠᠷ ᠨᠡᠮᠡᠭ᠌ᠳᠡᠪᠡ᠃

139 ᠳ᠋ᠤᠭᠡᠷ ᠬᠤᠭᠤᠴᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠤ ᠬᠣᠶᠠᠳᠤᠭᠠᠷ ᠬᠤᠭᠤᠴᠠᠭᠠᠨ᠎ᠤ ᠪᠤᠳᠠᠳᠤ ᠴᠤᠭᠴᠠ ᠵᠢᠨ ᠦᠵᠡᠰᠭᠦᠯᠡᠨᠭ ᠨᠢ 《ᠴᠢᠨᠠᠷ ᠰᠠᠢᠲᠠᠶ ᠬᠡᠷ᠎ᠦᠨ ᠡᠳ᠋ᠯᠡᠯ ᠬᠡᠷᠡᠭ᠌ᠰᠡᠯ》ᠤ᠋ᠨ ᠭᠤᠤᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠦᠵᠡᠰᠭᠦᠯᠡᠨᠭ᠎ᠤ᠋ᠨ᠌ ᠲᠠᠯᠠᠪᠠᠶ᠎ᠨᠢ 51.5 ᠲᠦᠮᠡᠨ ᠲᠡᠭ᠌ᠰᠢ ᠳᠥᠷᠪᠡᠯᠵᠢᠨ ᠮᠧᠲ᠋ᠷ᠂ 2.5 ᠲᠦᠮᠡᠡ ᠳᠡᠯᠭᠡᠨ ᠦᠵᠡᠭᠦᠯᠬᠦ᠌ ᠪᠠᠢᠷᠢ᠎ᠪᠠᠢᠵᠤ᠂ ᠤᠷᠤᠰᠬᠠᠯ ᠲᠠᠭᠠᠭᠰᠠᠨ ᠵᠠᠰᠠᠯ ᠴᠢᠮᠡᠭ᠌ᠯᠡᠯ᠎ᠦᠨ ᠡᠳ᠋᠂ ᠬᠤᠯᠤᠰᠤ ᠮᠣᠳᠣᠨ ᠬᠣᠭᠣᠯᠠᠨ᠎ᠤ ᠬᠡᠷᠡᠭ᠌ᠰᠡᠯ᠂ ᠬᠤᠯᠤᠰᠤ ᠮᠣᠳᠣᠨ ᠬᠡᠷ᠎ᠦᠨ ᠡᠳ᠋ᠯᠡᠯ ᠬᠡᠷᠡᠭ᠌ᠰᠡᠯ᠂ ᠬᠤᠷᠠᠮᠠᠯ ᠬᠡᠷ ᠪᠠᠢᠱᠢᠩ ᠵᠢᠴᠢ ᠬᠦᠷᠢᠶ᠎ᠡ ᠬᠠᠱᠢᠶᠠᠨ᠎ᠤ ᠲᠦᠬᠦᠭᠡᠷᠦᠮᠵᠢ ᠵᠡᠷᠭᠡ 4 ᠲᠤᠰᠭᠠᠶ ᠲᠣᠭᠣᠷᠢᠭ᠎ᠢ ᠱᠢᠨ᠎ᠡ᠎ᠪᠡᠷ ᠪᠠᠢᠭᠤᠯᠪᠠ᠃ ᠱᠢᠯᠵᠢᠭᠦᠯᠵᠦ᠍ ᠪᠣᠯᠬᠤ 《ᠭᠡᠷ ᠪᠠᠢᠱᠢᠩ》 ᠡᠴᠡ ᠡᠮᠦᠰᠴᠦ᠍ ᠵᠡᠭᠦᠵᠦ᠍ ᠪᠣᠯᠬᠤ 《ᠤᠷᠠᠯᠢᠭ》 ᠬᠦᠷᠲᠡᠯ᠎ᠡ᠂ ᠦᠵᠡᠰᠭᠦᠯᠡᠨᠭ ᠳ᠋ᠦ᠍ ᠣᠷᠣᠯᠴᠠᠭ᠍ᠰᠠᠨ ᠠᠵᠤ ᠠᠬᠤᠢᠯᠠᠯ ᠨᠢ ᠱᠢᠨ᠎ᠡ ᠠᠬᠤᠢ ᠪᠠᠢᠳᠠᠯ᠂ ᠱᠢᠨ᠎ᠡ ᠵᠢᠷᠤᠭ ᠲᠥᠯᠥᠪᠯᠡᠭᠡ᠂ ᠱᠢᠨ᠎ᠡ ᠲᠥᠰᠦᠯ ᠭᠠᠷᠭᠠᠵᠤ᠂ ᠠᠷᠠᠯᠵᠢᠶᠠᠨ᠎ᠤ ᠬᠣᠶᠠᠷ ᠲᠠᠯ᠎ᠠ᠎ᠶ᠋ᠢᠨ ᠥᠨᠳᠥᠷ ᠪᠦᠲᠦᠮᠵᠢᠲᠡᠢ ᠵᠣᠯᠭᠠᠯᠴᠠᠭ᠎ᠠ᠎ᠶ᠋ᠢ ᠠᠬᠢᠭᠤᠯᠪᠠ᠃

ᠲᠣᠰ ᠬᠤᠭᠤᠴᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠤ ᠭᠤᠷᠪᠠᠳᠤᠭᠠᠷ ᠬᠤᠭᠤᠴᠠᠭᠠᠨ᠎ᠤ ᠪᠤᠳᠠᠳᠤ ᠴᠤᠭᠴᠠ ᠵᠢᠨ ᠦᠵᠡᠰᠭᠦᠯᠡᠩ 5 ᠰᠠᠷ᠎ᠠ᠎ᠶ᠋ᠢᠨ 1 ᠎ᠡᠴᠡ 5 ᠎ᠤ᠋ ᠡᠳᠦᠷ ᠪᠣᠯᠲᠠᠯ᠎ᠠ ᠶᠠᠪᠤᠭ᠍ᠳᠠᠵᠤ᠂ ᠨᠠᠭᠠᠳᠤᠮ᠎ᠤᠨ ᠵᠦᠶ᠋ᠯ ᠪᠣᠯᠤᠨ ᠵᠢᠷᠮᠦᠰᠦᠯᠡᠭ᠌ᠰᠡᠳ ᠨᠢᠯᠬᠠᠰ ᠬᠡᠦᠬᠡᠳ᠂ ᠬᠡᠷ᠎ᠦᠨ ᠨᠡᠬᠡᠮᠡᠯ᠂ ᠪᠢᠴᠢᠭ᠎ᠦᠨ ᠬᠡᠷᠡᠭ᠌ᠰᠡᠯ᠂ ᠡᠷᠡᠭᠦᠯ ᠮᠡᠨᠳᠦ᠍ ᠰᠡᠯᠡᠭᠦᠴᠡᠯ ᠵᠡᠷᠭᠡ ᠲᠣᠮᠣ ᠲᠥᠷᠥᠯ᠎ᠦᠨ ᠦᠵᠡᠭᠦᠯᠭᠡ᠎ᠶ᠋ᠢᠨ ᠵᠦᠶ᠋ᠯ᠎ᠢ ᠴᠤᠭ᠍ᠯᠠᠭᠤᠯᠬᠤ᠎ᠶ᠋ᠢᠨ ᠬᠠᠮᠲᠤ ᠴᠢᠳᠠᠮᠵᠢ ᠪᠣᠯᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠰᠭᠠᠶ ᠲᠣᠭᠣᠷᠢᠭ᠎ᠢ ᠱᠢᠨ᠎ᠡ᠎ᠪᠡᠷ ᠲᠤᠬᠢᠷᠠᠭᠤᠯᠤᠨ᠎ᠠ᠃

ᠱᠢᠨᠬᠤᠸᠠ ᠬᠤᠷᠢᠶ᠎ᠠ ᠵᠢᠨ ᠭᠤᠸᠠᠩᠵᠧᠦ᠍᠎ᠶ᠋ᠢᠨ 4 ᠰᠠᠷ᠎ᠠ᠎ᠶ᠋ᠢᠨ 27 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号