ᠪᠥᠬᠥ᠌ ᠤᠯᠤᠰ᠎ᠤᠨ 《5·1》 ᠤ᠋ ᠰᠣᠶᠣᠯ ᠪᠠ ᠵᠢᠭᠤᠯᠴᠢᠯᠠᠯ᠎ᠤᠨ ᠬᠡᠷᠡᠭ᠌ᠯᠡᠭᠡᠨ᠎ᠦ ᠭᠠᠷᠠᠭ᠎ᠡᠬᠢᠯᠡᠪᠡ
2026-04-29 10:14:18
ᠵᠣᠬᠢᠶᠠᠭ᠍ᠴᠢ᠄
​ᠱᠢᠤᠢ ᠵᠤᠸᠠᠩ
ᠣᠩᠱᠢᠭ᠍ᠰᠠᠨ ᠣᠳᠠᠭ᠎ᠠ᠄
★★★☆☆

ᠰᠣᠶᠣᠯ ᠪᠠ ᠵᠢᠭᠤᠯᠴᠢᠯᠠᠯ᠎ᠤᠨ ᠶᠠᠮᠤᠨ 27 ᠎ᠤ᠋ ᠡᠳᠦᠷ ᠪᠡᠭᠡᠵᠢᠩ᠎ᠳᠦ 2026 ᠣᠨ᠎ᠤ ᠪᠥᠬᠥ᠌ ᠤᠯᠤᠰ᠎ᠤᠨ 《5·1》 ᠤ᠋ ᠰᠣᠶᠣᠯ ᠪᠠ ᠵᠢᠭᠤᠯᠴᠢᠯᠠᠯ᠎ᠤᠨ ᠬᠡᠷᠡᠭ᠌ᠯᠡᠭᠡᠨ᠎ᠦ ᠭᠠᠷᠠᠭ᠎ᠤᠨ ᠵᠠᠭᠤᠴᠢᠯᠠᠭᠤᠷ᠎ᠤᠨ ᠲᠠᠨᠢᠯᠴᠠᠭᠤᠯᠭ᠎ᠠ᠎ᠶ᠋ᠢᠨ ᠬᠤᠷᠠᠯ ᠬᠤᠷᠠᠯᠳᠤᠭᠤᠯᠵᠤ᠂ ᠪᠥᠬᠥ᠌ ᠤᠯᠤᠰ᠎ᠤᠨ 《5·1》 ᠤ᠋ ᠰᠣᠶᠣᠯ ᠪᠠ ᠵᠢᠭᠤᠯᠴᠢᠯᠠᠯ᠎ᠤᠨ ᠬᠡᠷᠡᠭ᠌ᠯᠡᠭᠡᠨ᠎ᠦ ᠭᠠᠷᠠᠭ᠎ᠤᠨ ᠠᠵᠢᠯᠯᠠᠭ᠎ᠠ᠎ᠶ᠋ᠢ ᠵᠢᠩᠬᠢᠨᠢ᠎ᠪᠡᠷ ᠡᠬᠢᠯᠡᠭᠦᠯᠵᠦ᠍᠂ ᠡᠯ᠎ᠡ ᠭᠠᠵᠠᠷ᠎ᠤᠨ᠎ᠬᠢᠨ᠎ᠢ ᠵᠣᠬᠢᠶᠠᠨ ᠪᠠᠢᠭᠤᠯᠵᠤ 《5·1》 ᠤ᠋ ᠠᠮᠠᠷᠠᠯᠲᠠ᠎ᠶ᠋ᠢᠨ ᠬᠤᠭᠤᠴᠠᠭᠠᠨ᠎ᠤ ᠲᠣᠭᠣᠷᠢᠨ᠎ᠳᠤ ᠠᠷᠠᠳ ᠲᠤ᠌᠎ᠡᠭᠡᠯᠢᠳᠡᠢ ᠠᠯᠢ ᠣᠯᠠᠨ ᠦᠶ᠋ᠯᠡᠳᠬᠦᠨ᠂ ᠠᠷᠠᠳ᠎ᠢ ᠪᠠᠶᠠᠰᠭᠠᠬᠤ ᠠᠵᠢᠯᠯᠠᠭ᠎ᠠ᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ ᠪᠠ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠥᠷᠭᠡᠨ ᠣᠯᠠᠨ ᠰᠠᠭᠤᠭᠠᠯᠢ ᠠᠷᠠᠳ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ ᠭᠠᠳᠠᠭ᠍ᠰᠢ ᠭᠠᠷᠴᠤ᠌ ᠵᠢᠭᠤᠯᠴᠢᠯᠠᠬᠤ ᠵᠢᠴᠢ ᠰᠣᠶᠣᠯ ᠵᠢᠭᠤᠯᠴᠢᠯᠠᠯ᠎ᠤᠨ ᠬᠡᠷᠡᠭ᠌ᠯᠡᠭᠡᠨ᠎ᠦ ᠬᠡᠷᠡᠭ᠌ᠴᠡᠭᠡ᠎ᠶ᠋ᠢ ᠬᠠᠩᠭᠠᠨ᠎ᠠ᠃

ᠬᠡᠷᠡᠭ᠌ᠯᠡᠭᠡᠨ᠎ᠦ ᠭᠠᠷᠠᠭ᠎ᠤᠨ ᠬᠤᠭᠤᠴᠠᠭᠠᠨ᠎ᠳᠤ᠂ ᠡᠯ᠎ᠡ ᠭᠠᠵᠠᠷ᠎ᠤᠨ᠎ᠬᠢᠨ ᠬᠤᠸᠠᠷ ᠴᠡᠴᠡᠭ ᠰᠣᠨᠢᠷᠬᠠᠬᠤ᠂ ᠡᠴᠢᠭᠡ ᠡᠭᠡ ᠦᠷ᠎ᠠ ᠭᠡᠤᠭᠡᠳ ᠤ᠋ᠨ ᠵᠤᠭ᠎ᠠ ᠴᠡᠩᠭᠡᠯ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠬᠡᠷᠡᠭ᠌ᠯᠡᠭᠡᠨ᠎ᠦ ᠬᠠᠯᠠᠮᠱᠢᠯ ᠴᠡᠭ᠎ᠦᠨ ᠲᠣᠭᠣᠷᠢᠨ᠎ᠳᠤ ᠤᠯᠠᠷᠢᠯ᠎ᠤᠨ ᠰᠣᠶᠣᠯ ᠵᠢᠭᠤᠯᠴᠢᠯᠠᠯ᠎ᠤᠨ ᠦᠶ᠋ᠯᠡᠳᠬᠦᠨ ᠪᠠ ᠠᠵᠢᠯᠯᠠᠭ᠎ᠠ ᠥᠷᠨᠢᠭᠦᠯᠵᠦ᠍᠂ ᠪᠠᠷᠤᠭ 1.37 ᠲᠦᠮᠡᠨ ᠲᠠᠯᠠᠪᠤᠷ ᠰᠣᠶᠣᠯ ᠵᠢᠭᠤᠯᠴᠢᠯᠠᠯ᠎ᠤᠨ ᠬᠡᠷᠡᠭ᠌ᠯᠡᠭᠡᠨ᠎ᠦ ᠠᠵᠢᠯᠯᠠᠭ᠎ᠠ ᠡᠷᠭᠢᠯᠡᠵᠦ᠍᠂ 2.84 ᠳ᠋ᠦᠩᠱᠢᠭᠤᠷ ᠭᠠᠷᠤᠶ ᠬᠡᠷᠡᠭ᠌ᠯᠡᠭᠡᠨ᠎ᠦ ᠲᠡᠮᠳᠡᠭ᠌ᠲᠦ ᠵᠡᠷᠭᠡ ᠬᠡᠷᠡᠭ᠌ᠯᠡᠭᠡᠨ᠎ᠦ ᠨᠥᠬᠥᠪᠥᠷᠢ ᠣᠯᠭᠣᠵᠤ᠂ ᠰᠠᠭᠤᠭᠠᠯᠢ ᠠᠷᠠᠳ᠎ᠤᠨ《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ ᠰᠣᠶᠣᠯ ᠵᠢᠭᠤᠯᠴᠢᠯᠠᠯ᠂ ᠰᠡᠯᠡᠭᠦᠴᠡᠨ ᠠᠮᠠᠷᠠᠬᠤ᠎ᠳᠤ ᠨᠠᠩ ᠣᠯᠠᠨ ᠰᠣᠩᠭᠣᠯᠲᠠ ᠬᠠᠩᠭᠠᠬᠤ ᠪᠣᠯᠤᠨ᠎ᠠ᠃

ᠰᠣᠶᠣᠯ ᠪᠠ ᠵᠢᠭᠤᠯᠴᠢᠯᠠᠯ᠎ᠤᠨ ᠶᠠᠮᠤᠨ ᠬᠣᠯᠪᠣᠭ᠍ᠳᠠᠯ ᠪᠥᠬᠥᠶ ᠠᠵᠤ ᠠᠬᠤᠢᠯᠠᠯ ᠪᠠ ᠪᠠᠢᠭᠤᠯᠤᠮᠵᠢ᠎ᠲᠠᠶ ᠬᠠᠮᠵᠢᠯᠴᠠᠨ ᠬᠡᠷᠡᠭ᠌ᠯᠡᠭᠡᠨ᠎ᠦ ᠭᠠᠷᠠᠭ᠎ᠤᠨ ᠬᠤᠭᠤᠴᠠᠭᠠᠨ᠎ᠳᠤ ᠠᠯᠢ ᠣᠯᠠᠨ ᠡᠯᠪᠡᠭ ᠪᠠᠶᠠᠯᠢᠭ ᠰᠣᠶᠣᠯ ᠵᠢᠭᠤᠯᠴᠢᠯᠠᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠭᠠᠷᠭᠠᠪᠠ᠃ ᠲᠠᠨᠢᠯᠴᠠᠭᠤᠯᠬᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠎ᠶ᠋ᠢᠨ ᠤᠯᠤᠰ᠎ᠤᠨ ᠠᠭᠤᠷ ᠠᠮᠢᠰᠭᠤᠯ᠎ᠤᠨ ᠲᠥᠪ᠎ᠡᠴᠡ ᠪᠥᠬᠥ᠌ ᠤᠯᠤᠰ᠎ᠤᠨ 《5·1》 ᠤ᠋ ᠴᠡᠴᠡᠭ ᠰᠣᠨᠢᠷᠬᠠᠬᠤ ᠵᠢᠭᠤᠯᠴᠢᠯᠠᠯ᠎ᠤᠨ ᠭᠠᠵᠠᠷ᠎ᠤᠨ ᠵᠢᠷᠤᠭ᠎ᠢ ᠨᠡᠢᠲᠡᠯᠡᠪᠡ;ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠢᠮᠢ᠎ᠶ᠋ᠢᠨ ᠠᠵᠤ ᠦᠶ᠋ᠯᠡᠳᠪᠦᠷᠢ 《ᠭᠠᠷᠠᠭ᠎ᠤᠨ ᠲᠠᠪᠤᠨ᠎ᠳᠤ ᠲᠣᠰᠣ ᠪᠠᠨ ᠳᠦᠭᠦᠷᠲᠡᠯ᠎ᠡ ᠨᠡᠮᠡᠵᠦ᠍ ᠭᠠᠷᠠᠭ᠎ᠤᠨ ᠰᠡᠭᠦᠯᠴᠢ᠎ᠳᠦ ᠥᠪᠡᠷ᠎ᠢᠶᠡᠨ ᠲᠡᠷᠭᠡ ᠵᠢᠯᠣᠭᠣᠳᠴᠤ᠌ ᠵᠢᠭᠤᠯᠴᠢᠯᠠᠬᠤ》ᠵᠡᠷᠭᠡ ᠥᠪᠡᠷ᠎ᠢᠶᠡᠨ ᠲᠡᠷᠭᠡ ᠵᠢᠯᠣᠭᠣᠳᠴᠤ᠌ ᠵᠢᠭᠤᠯᠴᠢᠯᠠᠬᠤ ᠬᠡᠷᠡᠭ᠌ᠯᠡᠭᠡ᠎ᠪᠡᠷ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠭᠠᠷᠭᠠᠪᠠ;ᠳᠤᠮᠳᠠᠳᠤ ᠤᠯᠤᠰ᠎ᠤᠨ ᠨᠡᠭᠦᠳᠡᠯ ᠬᠣᠯᠪᠣᠭ᠎ᠠ 《〈5·1〉ᠤ᠋ ᠬᠠᠷᠠᠭᠠᠯᠵᠠᠯᠲᠤ ᠵᠢᠭᠤᠯᠴᠢᠯᠠᠯ᠂ ᠬᠦᠳᠡᠭᠡ ᠲᠤᠰᠬᠤᠨ᠎ᠵᠢᠡᠷ ᠵᠢᠭᠤᠯᠴᠢᠯᠠᠬᠤ》 ᠲᠤᠰᠭᠠᠶ ᠰᠡᠳᠦᠪᠲᠦ ᠬᠠᠷᠠᠭᠠᠯᠵᠠᠯ ᠬᠦᠷᠲᠡᠭᠡᠨ᠎ᠡ ;ᠳᠤᠮᠳᠠᠳᠤ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠪᠠᠩᠬᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ 《〈5·1〉 ᠤ᠋ ᠠᠮᠠᠷᠠᠯᠲᠠ ᠵᠢᠨ ᠬᠤᠭᠤᠴᠠᠭᠠᠨ᠎ᠤ ᠬᠦᠭᠵᠢᠶᠡᠨᠳᠦ ᠬᠤᠳᠠᠯᠳᠤᠭ᠎ᠠ》᠂ 《ᠰᠣᠶᠣᠯ ᠵᠢᠭᠤᠯᠴᠢᠯᠠᠯ᠎ᠤᠨ ᠨᠠᠷᠭᠢᠶᠠᠨᠳᠤ ᠤᠯᠠᠷᠢᠯ》 ᠵᠡᠷᠭᠡ ᠠᠵᠢᠯᠯᠠᠭ᠎ᠠ ᠥᠷᠨᠢᠭᠦᠯᠦᠨ᠎ᠡ᠃

ᠡᠭᠦᠨ᠎ᠡᠴᠡ ᠭᠠᠳᠠᠨ᠎ᠠ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠨᠡᠢᠭᠡᠮᠯᠢᠭ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠪᠠᠶᠠᠷ ᠬᠥᠷ᠎ᠲᠡᠶ ᠬᠡᠷᠡᠭ᠌ᠯᠡᠭᠡᠨ᠎ᠦ ᠤᠯᠠᠷᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ 《5·1》ᠤ᠋ ᠬᠤᠭᠤᠴᠠᠭᠠᠨ᠎ᠳᠤ ᠡᠯ᠎ᠡ ᠭᠠᠵᠠᠷ᠎ᠤᠨ ᠦᠵᠡᠮᠵᠢ᠎ᠶ᠋ᠢᠨ ᠣᠷᠣᠨ᠎ᠲᠠᠢ ᠬᠣᠯᠪᠣᠭᠠᠯᠠᠨ 200 ᠱᠢᠬᠠᠮ ᠲᠠᠯᠠᠪᠤᠷ ᠠᠵᠢᠯᠯᠠᠭ᠎ᠠ ᠥᠷᠨᠢᠭᠦᠯᠦᠨ᠎ᠡ ;ᠳᠤᠮᠳᠠᠳᠤ ᠤᠯᠤᠰ᠎ᠤᠨ ᠲᠣᠭ᠍ᠯᠠᠯᠲᠠ᠎ᠶ᠋ᠢᠨ ᠠᠵᠢᠯ ᠲᠥᠷᠥᠯ᠎ᠦᠨ ᠨᠡᠢᠭᠡᠮᠯᠢᠭ 《ᠲᠣᠭ᠍ᠯᠠᠯᠲᠠ᠎ᠶᠢ ᠲᠠᠭᠠᠵᠤ ᠵᠢᠭᠤᠯᠴᠢᠯᠠᠬᠤ》᠂ 《5·1》 ᠤ᠋ ᠠᠮᠠᠷᠠᠯᠲᠠ᠎ᠶ᠋ᠢᠨ ᠬᠤᠭᠤᠴᠠᠭᠠᠨ᠎ᠤ ᠭᠤᠤᠯᠳᠠᠯᠭ᠎ᠠ᠎ᠲᠠᠶ ᠲᠣᠭ᠍ᠯᠠᠯᠲᠠ᠎ᠶ᠋ᠢᠨ ᠠᠵᠢᠯᠯᠠᠭ᠎ᠠ ᠵᠢᠴᠢ ᠬᠠᠷᠠᠭᠠᠯᠵᠠᠯ᠎ᠢ ᠲᠠᠨᠢᠯᠴᠠᠭᠤᠯᠪᠠ᠃

ᠲᠣᠰ ᠤᠳᠠᠭᠠᠨ᠎ᠤ ᠪᠥᠬᠥ᠌ ᠤᠯᠤᠰ᠎ᠤᠨ 《5·1》 ᠤ᠋ ᠰᠣᠶᠣᠯ ᠵᠢᠭᠤᠯᠴᠢᠯᠠᠯ᠎ᠤᠨ ᠬᠡᠷᠡᠭ᠌ᠯᠡᠭᠡᠨ᠎ᠦ ᠭᠠᠷᠠᠭ ᠨᠢ 4 ᠰᠠᠷ᠎ᠠ᠎ᠶ᠋ᠢᠨ ᠰᠡᠭᠦᠯᠴᠢ᠎ᠡᠴᠡ 《5·1》 ᠤ᠋ ᠠᠮᠠᠷᠠᠯᠲᠠ᠎ᠶ᠋ᠢᠨ ᠬᠤᠭᠤᠴᠠᠭ᠎ᠠ ᠳᠠᠭᠤᠰᠳᠠᠯ᠎ᠠ ᠦᠷᠭᠦᠯᠵᠢᠯᠡᠨ᠎ᠠ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 27 ᠎ᠤ᠋ ᠴᠠᠬᠢᠯᠭᠠᠨ ᠮᠡᠳᠡᠭᠡ)  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号