ᠰᠤᠪᠨᠠᠭᠤᠷ ᠲᠤ᠌ 1290 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠪᠠ
2026-04-29 11:12:54
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠡᠴᠡ ᠣᠢᠯᠠᠭᠠᠭ᠍ᠰᠠᠨ ᠢ᠋ᠢᠡᠷ᠂ ᠣᠢᠷ᠎ᠠ ᠳ᠋ᠤ ᠬᠠᠷ᠎ᠠ ᠭᠤᠤᠯ (ᠡᠵᠡᠨ᠎ᠠ ᠭᠤᠤᠯ) ᠤ᠋ᠨ ᠭᠤᠤᠯ ᠤᠷᠤᠰᠭᠠᠯ ᠤ᠋ᠨ ᠤᠰᠤᠨ ᠤ᠋ ᠲᠦᠷᠢᠯᠬᠡ ᠰᠤᠪᠨᠠᠭᠤᠷ ᠲᠦ᠍ ᠬᠦᠷᠴᠦ᠍᠂ ᠤᠳᠤᠬᠠᠨ ᠪᠣᠯᠲᠠᠯ᠎ᠠ ᠰᠤᠪᠨᠠᠭᠤᠷ ᠲᠤ᠌ 1290 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠪᠡ᠃

4 ᠰᠠᠷ᠎ᠠ ᠢ᠋ᠢᠨ 1 ᠤ᠋ ᠡᠳᠦᠷ ᠡᠴᠡ ᠡᠬᠢᠯᠡᠨ ᠬᠠᠷ᠎ᠠ ᠭᠤᠤᠯ ᠤ᠋ᠨ ᠭᠤᠤᠯ ᠤᠷᠤᠰᠭᠠᠯ ᠳ᠋ᠤ 40 ᠡᠳᠦᠷ ᠡᠴᠡ ᠲᠠᠬᠡᠭᠰᠢᠬᠢ 2026 ᠣᠨ ᠤ᠋ ᠬᠠᠪᠤᠷ ᠤ᠋ᠨ ᠤᠯᠠᠷᠢᠯ ᠤ᠋ᠨ 《ᠪᠥᠬᠥ᠌ ᠱᠤᠭᠤᠮ ᠢ᠋ᠢᠡᠷ ᠪᠢᠲᠡᠭᠦᠮᠵᠢᠯᠡᠵᠦ᠍᠂ ᠲᠥᠪᠯᠡᠷᠡᠭᠦᠯᠦᠨ ᠤᠰᠤ ᠪᠠᠭᠤᠯᠭᠠᠬᠤ》 ᠤᠰᠤ ᠲᠣᠬᠢᠷᠠᠭᠤᠯᠬᠤ ᠠᠷᠭ᠎ᠠ ᠬᠡᠮᠵᠢᠶ᠎ᠡ ᠢ᠋ᠢ ᠬᠡᠷᠡᠭ᠌ᠵᠢᠭᠦᠯᠵᠦ᠍᠂ ᠳᠤᠤᠷᠠᠳᠤ ᠤᠷᠤᠰᠭᠠᠯ ᠤ᠋ᠨ ᠤᠷᠤᠨ ᠳ᠋ᠤ ᠲᠥᠪᠯᠡᠷᠡᠭᠦᠯᠦᠨ ᠤᠰᠤ ᠳᠠᠮᠵᠢᠭᠤᠯᠪᠠ᠃ ᠬᠠᠷ᠎ᠠ ᠭᠤᠤᠯ ᠤ᠋ᠨ ᠳᠤᠤᠷᠠᠳᠤ ᠤᠷᠤᠰᠭᠠᠯ ᠤ᠋ᠨ ᠤᠰᠤᠨ ᠤ᠋ ᠲᠦᠷᠢᠯᠭᠡ 4 ᠰᠠᠷ᠎ᠠ ᠢ᠋ᠢᠨ 10  ᠤ᠋ ᠡᠳᠦᠷ ᠠᠯᠠᠱᠠ ᠠᠢᠮᠠᠭ ᠤ᠋ᠨ ᠡᠵᠡᠨ᠎ᠡ ᠬᠣᠱᠢᠭᠤᠨ ᠳ᠋ᠤ ᠪᠠᠢᠭ᠎ᠠ ᠠᠩᠽᠢ ᠭᠤᠤᠯ ᠤ᠋ᠨ ᠤᠰᠤᠨ ᠠᠱᠢᠭ᠍ᠯᠠᠯᠲᠠ ᠢ᠋ᠢᠨ ᠬᠦᠶ᠋ᠰᠦ᠎ᠪᠡᠷ ᠥᠩᠭᠡᠷᠡᠵᠦ᠍᠂ ᠨᠢᠭᠡᠨᠲᠡ ᠰᠤᠪᠨᠠᠭᠤᠷ ᠲᠦ᠍ ᠴᠢᠳᠭᠤᠯᠠᠨ ᠤᠷᠤᠵᠠᠢ᠃

ᠲᠣᠰ ᠤᠳᠠᠭ᠎ᠠ ᠵᠢᠨ ᠬᠠᠪᠤᠷ ᠤ᠋ᠨ ᠤᠯᠠᠷᠢᠯ ᠤ᠋ᠨ ᠲᠥᠪᠯᠡᠷᠡᠭᠦᠯᠦᠨ ᠤᠰᠤ ᠲᠤᠬᠢᠷᠠᠭᠤᠯᠬᠤ ᠠᠵᠢᠯ ᠨᠢ ᠰᠤᠪᠨᠠᠭᠤᠷ ᠤ᠋ᠨ ᠭᠠᠩ ᠬᠠᠭ᠍ᠰᠠᠷᠠᠭᠠᠨ ᠢ᠋ ᠡᠰᠡᠷᠭᠦᠴᠡᠬᠦ᠌ ᠴᠢᠳᠠᠪᠤᠷᠢ ᠢ᠋ᠢ ᠳᠡᠭᠡᠭ᠌ᠰᠢᠯᠡᠭᠦᠯᠵᠦ᠍᠂ ᠡᠵᠡᠨ᠎ᠡ ᠢ᠋ᠢᠨ ᠨᠣᠭᠣᠭᠠᠨ ᠪᠦᠷᠢᠳᠦ ᠵᠢᠨ ᠲᠤᠤᠷᠠᠶ ᠪᠠ ᠵᠠᠭ ᠵᠡᠷᠭᠡ ᠤᠷᠭᠤᠮᠠᠯ ᠳ᠋ᠤ 《ᠠᠮᠢ ᠵᠠᠯᠭᠠᠬᠤ ᠤᠰᠤ》 ᠬᠦᠷᠭᠡᠵᠦ᠍᠂ ᠬᠠᠷ᠎ᠠ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠢ᠋ᠢᠨ ᠠᠮᠤᠷ ᠲᠦᠪᠱᠢᠨ ᠢ᠋ ᠬᠦᠴᠦᠲᠡᠶ ᠪᠠᠲᠤᠯᠠᠪᠠ᠃ ᠤᠰᠤ ᠲᠤᠬᠢᠷᠠᠭᠤᠯᠬᠤ ᠬᠤᠭᠤᠴᠠᠭᠠᠨ ᠳ᠋ᠤ ᠥᠪᠥᠷ ᠮᠣᠩᠭᠣᠯ ᠤ᠋ᠨ ᠡᠯ᠎ᠡ ᠱᠠᠲᠤᠨ ᠤ᠋ ᠤᠰᠤᠨ ᠠᠱᠢᠭ᠍ᠯᠠᠯᠲᠠ ᠢ᠋ᠢᠨ ᠰᠠᠯᠠᠭ᠎ᠠ ᠮᠥᠴᠢᠷ ᠳᠤᠰᠤᠯ ᠤᠰᠤ ᠨᠢᠭᠡᠪᠦᠷᠢ ᠢ᠋ᠢ ᠣᠨᠣᠪᠴᠢᠲᠠᠶ ᠲᠣᠬᠢᠷᠠᠭᠤᠯᠵᠤ᠂ ᠪᠠᠢᠭᠠᠯᠢ ᠢ᠋ᠢᠨ ᠣᠶ ᠱᠢᠭᠤᠶ ᠨᠤᠲᠤᠭ ᠪᠡᠯᠴᠢᠭᠡᠷ᠎ᠦᠨ ᠤᠰᠤᠯᠠᠯᠲᠠ ᠢ᠋ᠢᠨ ᠲᠠᠯᠠᠪᠠᠶ ᠢ᠋ᠢ ᠥᠷᠭᠡᠳᠭᠡᠨ᠂ ᠰᠤᠪᠨᠠᠭᠤᠷ ᠲᠦ᠍ ᠤᠰᠤ ᠨᠥᠬᠥᠪᠥᠷᠢᠯᠡᠬᠦ᠌ ᠠᠵᠢᠯ ᠢ᠋ ᠬᠥᠳᠡᠯᠦᠩᠭᠦᠶ ᠪᠡᠷ ᠰᠠᠢᠲᠤᠷ ᠬᠢᠵᠦ᠍᠂ ᠡᠵᠡᠨ᠎ᠡ ᠢ᠋ᠢᠨ ᠨᠣᠭᠣᠭᠠᠨ ᠪᠦᠷᠢᠳᠦ᠍ ᠢ᠋ᠢᠨ ᠠᠮᠢ ᠠᠬᠤᠶ ᠣᠷᠴᠢᠨ ᠲᠣᠭᠣᠷᠢᠨ ᠢ᠋ ᠪᠥᠬᠥ᠌ ᠬᠦᠴᠦᠨ ᠢ᠋ᠢᠡᠷ ᠢ᠋ᠢᠡᠨ ᠰᠠᠬᠢᠨ ᠬᠠᠮᠠᠭᠠᠯᠠᠵᠤ᠂ ᠬᠢᠵᠠᠭᠠᠷ ᠲᠠᠶ ᠤᠰᠤᠨ ᠤ᠋ ᠡᠬᠢ ᠪᠠᠶᠠᠯᠢᠭ ᠢ᠋ ᠬᠠᠮᠤᠭ ᠤ᠋ᠨ ᠶᠡᠬᠡ ᠠᠮᠢ ᠠᠬᠤᠶ ᠢ᠋ᠢᠨ ᠦᠷ᠎ᠡ ᠠᠱᠢᠭ ᠪᠣᠯᠭᠠᠨ ᠬᠤᠪᠢᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号