4 ᠰᠠᠷ᠎ᠠ᠎ᠶ᠋ᠢᠨ 28 ᠤ᠋ ᠡᠳᠦᠷ᠂ ᠳᠤᠮᠳᠠᠳᠤ᠎ᠶ᠋ᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ 《5·1》 ᠤ᠋ ᠳᠡᠯᠡᠬᠡᠢ᠎ᠶ᠋ᠢᠨ ᠬᠥᠳᠡᠯᠮᠦᠷᠢᠴᠢᠳ᠎ᠦᠨ ᠪᠠᠶᠠᠷ᠎ᠢ ᠪᠡᠯᠭᠡᠯᠡᠬᠦ᠌ ᠵᠢᠴᠢ ᠪᠦᠬᠦ᠌ ᠤᠯᠤᠰ᠎ᠤᠨ 5·1》 ᠤ᠋ ᠬᠥᠳᠡᠯᠮᠦᠷᠢ᠎ᠶ᠋ᠢᠨ ᠱᠠᠩᠨᠠᠯ᠎ᠢ ᠬᠥᠬᠢᠭᠦᠯᠦᠨ ᠰᠠᠢᠱᠢᠶᠠᠬᠤ ᠶᠡᠬᠡ ᠬᠤᠷᠠᠯ ᠬᠤᠷᠠᠯᠳᠤᠭᠤᠯᠵᠤ᠂ ᠪᠦᠬᠦ᠌ ᠤᠯᠤᠰ᠎ᠤᠨ《5·1》 ᠤ᠋ ᠬᠥᠳᠡᠯᠮᠦᠷᠢ᠎ᠶ᠋ᠢᠨ ᠱᠠᠩᠨᠠᠯ᠎ᠢ 3024 ᠬᠤᠪᠢ ᠬᠥᠬᠢᠭᠦᠯᠦᠨ ᠰᠠᠢᠱᠢᠶᠠᠪᠠ᠃ ᠡᠭᠦᠨ᠎ᠳᠦ᠂ ᠥᠪᠥᠷ ᠮᠣᠩᠭᠣᠯ᠎ᠤᠨ 29 ᠬᠤᠪᠢ ᠬᠥᠮᠦᠨ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠮᠧᠳᠠᠯ ᠭᠥᠷᠳᠡᠵᠦ᠂ 7 ᠨᠢᠭᠡᠴᠢ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯᠭᠥᠷᠳᠡᠵᠦ᠂ 28 ᠬᠠᠮᠲᠤ ᠪᠥᠬᠥ᠌ ᠤᠯᠤᠰ᠎ᠤᠨ ᠠᠵᠢᠯᠴᠢᠨ᠎ᠤ ᠬᠣᠱᠢᠭᠤᠴᠢ ᠴᠣᠯᠠ ᠭᠥᠷᠳᠡᠪᠡ᠃
ᠬᠥᠬᠢᠭᠦᠯᠦᠭ᠌ᠳᠡᠨ ᠰᠠᠢᠱᠢᠶᠠᠭ᠍ᠳᠠᠭ᠍ᠰᠠᠨ ᠲᠡᠷᠢᠭᠦᠨ᠎ᠦ ᠬᠠᠮᠲᠤ ᠪᠠ ᠬᠤᠪᠢ ᠬᠥᠮᠦᠨ᠎ᠦ ᠳᠣᠲᠣᠷ᠎ᠠ᠂ ᠥᠪᠥᠷ ᠮᠣᠩᠭᠤᠯ᠎ᠤᠨ ᠮᠧᠩ ᠨᠢᠦ ᠰᠦ᠎ᠶ᠋ᠢᠨ ᠦᠢᠯᠡᠰ (ᠪᠦᠯᠦᠭ᠌ᠯᠡᠯ) ᠤ᠋ᠨ ᠬᠤᠪᠢᠴᠠᠭᠠᠳᠤ ᠬᠢᠵᠠᠭᠠᠷᠲᠤ ᠺᠣᠮᠫᠠᠨᠢ᠂ ᠪᠤᠭᠤᠲᠤ᠎ᠶ᠋ᠢᠨ ᠲᠢᠶᠠᠨ ᠾᠧ ᠰᠣᠷᠢᠨᠵᠢᠨ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ ᠵᠡᠷᠭᠡ 7 ᠨᠢᠭᠡᠴᠢ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ ᠭᠥᠷᠳᠡᠵᠦ᠂ ᠥᠪᠥᠷ ᠮᠣᠩᠭᠣᠯ᠎ᠤᠨ ᠳ᠋ᠠ ᠲᠠᠩ ᠤᠯᠠᠨ ᠤᠯᠤᠰ᠎ᠤᠨ ᠲᠣᠭ᠍ᠲᠠᠬᠤ ᠴᠠᠬᠢᠯᠭᠠᠨ ᠭᠠᠷᠭᠠᠬᠤ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠪᠠᠢᠴᠠᠭᠠᠨ ᠵᠠᠰᠠᠬᠤ ᠨᠢᠭᠡᠳᠦᠭᠡᠷ ᠬᠡᠯᠳᠡᠰ᠎ᠤᠨ ᠵᠢᠷᠭᠤᠳᠤᠭᠠᠷ ᠠᠩᠭᠢ᠎ᠶ᠋ᠢᠨ ᠳᠡᠳ᠋ ᠳᠠᠷᠤᠭ᠎ᠠ ᠶᠠᠩ ᠯᠢ᠂ ᠥᠪᠥᠷ ᠮᠣᠩᠭᠣᠯ᠎ᠤᠨ ᠬᠣᠶ ᠲᠦᠩ ᠪᠠᠶ ᠴᠤᠸᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠲᠣᠭ᠎ᠠ ᠪᠦᠷᠢᠳᠭᠡᠭ᠌ᠴᠢ ᠵᠣᠣ ᠱᠢᠨ ᠬᠣᠶ ᠵᠡᠷᠭᠡ 29 ᠬᠤᠪᠢ ᠬᠥᠮᠦᠨ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠮᠧᠳᠠᠯ ᠭᠥᠷᠳᠡᠵᠦ᠂ ᠥᠪᠥᠷ ᠮᠣᠩᠭᠣᠯ᠎ᠤᠨ ᠢᠯᠢ ᠠᠵᠤ ᠦᠶ᠋ᠯᠡᠰ᠎ᠦᠨ ᠪᠦᠯᠦᠭ᠌ᠯᠡᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠬᠡᠯᠲᠡᠰ᠎ᠦᠨ ᠰᠦ᠎ᠶᠢᠨ ᠦᠶ᠋ᠯᠡᠰ᠎ᠦᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠢᠳᠡᠭᠡᠨ᠎ᠦ ᠮᠡᠷᠭᠡᠵᠢᠯ᠎ᠦᠨ ᠰᠤᠳᠤᠯᠭᠠᠨ᠎ᠤ ᠪᠦᠯᠬᠦᠮ᠂ ᠥᠪᠥᠷ ᠮᠣᠩᠭᠣᠯ᠎ᠤᠨ ᠠᠨ ᠵᠢᠶ ᠳ᠋ᠡ ᠬᠣᠲᠠ᠎ᠶ᠋ᠢᠨ ᠡᠳ᠋ ᠪᠠᠷᠠᠭᠠᠨ᠎ᠤ ᠭᠦᠶ᠋ᠯᠭᠡᠭᠡᠨ᠎ᠦ ᠬᠢᠵᠠᠭᠠᠷᠲᠤ ᠺᠣᠮᠫᠠᠨᠢ᠎ᠶ᠋ᠢᠨ ᠯᠸᠢ ᠹᠸᠩ ᠲᠡᠷᠭᠡᠨ ᠠᠩᠭᠢ ᠵᠡᠷᠭᠡ 28 ᠬᠠᠮᠲᠤ ᠪᠥᠬᠥ᠌ ᠤᠯᠤᠰ᠎ᠤᠨ ᠠᠵᠢᠯᠴᠢᠨ᠎ᠤ ᠬᠣᠱᠢᠭᠤᠴᠢ ᠴᠣᠯᠠ ᠭᠥᠷᠳᠡᠪᠡ᠃
ᠡᠨᠡ ᠵᠢᠯ᠎ᠦᠨ ᠬᠥᠬᠢᠭᠦᠯᠦᠭᠳᠡᠨ ᠰᠠᠢᠰᠢᠶᠠᠭᠳᠠᠭᠰᠠᠨ ᠲᠡᠷᠢᠭᠦᠨ᠎ᠦ ᠬᠠᠮᠲᠤ ᠪᠠ ᠬᠤᠪᠢ ᠬᠥᠮᠥᠨ ᠨᠠᠮ᠎ᠤᠨ ᠭᠣᠣᠯ ᠡᠭᠦᠷᠭᠡ᠎ᠳᠦ ᠦᠢᠯᠡᠴᠢᠯᠡᠬᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠤᠮᠳᠠ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠪᠡ᠃ ᠬᠥᠬᠢᠭᠦᠯᠦᠨ ᠰᠠᠢᠰᠢᠶᠠᠬᠤ ᠡᠲᠡᠭᠡᠳ᠎ᠢ ᠭᠣᠣᠯᠳᠠᠭᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠬᠠᠨᠳᠤᠭᠤᠯᠵᠤ᠂ ᠭᠣᠣᠯᠳᠠᠯᠭ᠎ᠠ᠎ᠲᠠᠢ ᠬᠦᠷᠢᠶ᠎ᠡ᠎ᠶᠢ ᠲᠤᠪᠤᠢ᠍ᠢᠯᠭᠠᠬᠤ᠎ᠶᠢᠨ ᠬᠠᠮᠲᠤ ᠪᠦᠲᠦᠴᠡ ᠲᠠᠷᠬᠠᠯᠲᠠ᠎ᠶᠢ ᠰᠢᠯᠢᠳᠡᠭᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠡᠴᠡ᠂ ᠪᠥᠬᠥ ᠤᠯᠤᠰ᠎ᠤᠨ 《5·1》 ᠤ᠋ ᠬᠥᠳᠡᠯᠮᠦᠷᠢ᠎ᠶᠢᠨ ᠱᠠᠩᠨᠠᠯ᠎ᠤᠨ ᠮᠸᠲᠠᠯ ᠴᠣᠯᠠ ᠭᠥᠷᠳᠡᠭᠰᠡᠨ ᠡᠲᠡᠭᠡᠳ᠎ᠦᠨ ᠳᠣᠲᠣᠷ᠎ᠠ᠂ ᠠᠵᠤ ᠦᠢᠯᠡᠰ᠎ᠦᠨ ᠠᠵᠢᠯᠴᠢᠨ 11 ᠬᠥᠮᠥᠨ (ᠡᠵᠡᠯᠡᠬᠦ ᠬᠠᠷᠢᠴᠠᠯ ᠨᠢ 37.9%) ᠪᠠᠢᠵᠤ᠂ ᠪᠤᠰᠤᠳ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ ᠪᠠ ᠲᠤᠰᠬᠠᠢ ᠮᠡᠷᠭᠡᠵᠢᠯ᠎ᠦᠨ ᠠᠵᠢᠯᠲᠠᠨ 10 ᠬᠥᠮᠥᠨ (ᠡᠵᠡᠯᠡᠬᠦ ᠬᠠᠷᠢᠴᠠᠯ ᠨᠢ 34.5%) ᠪᠤᠢ; ᠪᠥᠬᠥ ᠤᠯᠤᠰ᠎ᠤᠨ ᠠᠵᠢᠯᠴᠢᠨ᠎ᠤ ᠬᠣᠰᠢᠭᠤᠴᠢ ᠴᠣᠯᠠ ᠭᠥᠷᠳᠡᠭᠰᠡᠨ ᠡᠲᠡᠭᠡᠳ᠎ᠦᠨ ᠳᠣᠲᠣᠷ᠎ᠠ᠂ ᠠᠩᠭᠢ ᠳᠤᠭᠤᠢᠯᠠᠩ 23 (ᠡᠵᠡᠯᠡᠬᠦ ᠬᠠᠷᠢᠴᠠᠯ ᠨᠢ 82.1%) ᠪᠠᠢᠵᠤ᠂ ᠡᠭᠦᠨ᠎ᠳᠦ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢᠯᠠᠯ᠎ᠤᠨ ᠠᠩᠭᠢ ᠳᠤᠭᠤᠢᠯᠠᠩ 13 (ᠡᠵᠡᠯᠡᠬᠦ ᠬᠠᠷᠢᠴᠠᠯ ᠨᠢ 46.4%) ᠪᠤᠢ ᠭᠡᠵᠤ ᠲᠠᠨᠢᠯᠴᠠᠭᠤᠯᠪᠡ᠃
ᠬᠥᠬᠢᠭᠦᠯᠦᠨ ᠰᠠᠢᠰᠢᠶᠠᠬᠤ ᠶᠡᠬᠡ ᠬᠤᠷᠠᠯ ᠳᠡᠭᠡᠷ᠎ᠡ᠂ ᠪᠤᠭᠤᠲᠦ ᠵᠢᠨ ᠲᠢᠶᠠᠨ ᠾᠧ ᠰᠣᠷᠢᠨᠵᠢᠨ ᠮᠠᠲᠧᠷᠢᠶᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠴᠠᠭᠠᠲᠦ ᠬᠢᠵᠠᠭᠠᠷᠲᠤ ᠺᠣᠮᠫᠠᠨᠢ ᠪᠦᠬᠦ ᠤᠯᠤᠰ᠎ᠤᠨ 《5·1》 ᠤ᠋ ᠬᠥᠳᠡᠯᠮᠦᠷᠢ᠎ᠶᠢᠨ ᠱᠠᠩᠨᠠᠯ᠎ᠤᠨ ᠲᠥᠯᠥᠭᠡᠯᠡᠭᠴᠢ᠎ᠶᠢᠨ ᠬᠤᠪᠢ᠎ᠪᠠᠷ ᠲᠠᠢᠰᠠᠨ᠎ᠳᠤ ᠭᠠᠷᠴᠤ ᠱᠠᠩᠨᠠᠯ ᠲᠤᠰᠪᠡ᠃ ᠬᠤᠷᠠᠯ᠎ᠤᠨ ᠲᠠᠷᠠᠭ᠎ᠠ᠂ ᠲᠤᠰ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠦ᠋ ᡁᠢ ᠭᠠᠩ᠄ 《ᠡᠨᠡ ᠬᠦ᠌ ᠡᠷᠬᠢᠮ ᠬᠦᠨᠳᠦ ᠢᠷᠠᠭᠤ ᠠᠯᠳᠠᠷ ᠨᠢ ᠺᠣᠮᠫᠠᠨᠢ᠎ᠶᠢᠨ ᠪᠣᠳᠠᠲᠠᠢ ᠠᠵᠢᠯᠯᠠᠨ ᠴᠢᠷᠮᠠᠢᠨ ᠲᠡᠮᠡᠴᠡᠵᠦ ᠪᠠᠢᠭ᠎ᠠ ᠠᠵᠢᠯᠲᠠᠨ ᠨᠢᠭᠡ ᠪᠦᠷᠢᠳᠦ ᠬᠠᠷᠢᠶᠠᠯᠠᠭᠳᠠᠵᠤ᠂ ᠪᠢᠳᠡᠨ᠎ᠦ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨᠢ ᠭᠦᠨᠵᠡᠭᠡᠢ ᠬᠠᠢᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠪᠠᠷᠢᠮᠲᠠᠯᠠᠬᠤ᠂ ᠬᠥᠳᠡᠯᠮᠦᠷᠢ᠎ᠶᠢᠨ ᠵᠣᠷᠢᠭ᠋ ᠰᠠᠨᠠᠭ᠎ᠠ᠎ᠶᠢ ᠦᠢᠯᠡᠳᠦᠯᠭᠡᠵᠢᠭᠦᠯᠦᠭᠰᠡᠨᠢᠭᠦᠢᠴᠡᠳ ᠨᠤᠲᠠᠯᠠᠭᠰᠠᠨ ᠶᠠᠪᠤᠳᠠᠯ ᠮᠦᠨ᠃ ᠪᠢᠳᠠ ᠦᠷᠭᠦᠯᠵᠢᠯᠡᠨ ᠳᠡᠭᠡᠳᠦ ᠲᠡᠰ᠎ᠤᠨ ᠬᠣᠪᠣᠷ ᠰᠢᠷᠣᠢ ᠰᠣᠷᠢᠨᠵᠢᠨ ᠮᠠᠲᠧᠷᠢᠶᠠᠯ᠎ᠢ ᠰᠤᠳᠤᠯᠤᠨ ᠨᠡᠭᠡᠭᠡᠵᠦ ᠦᠢᠯᠡᠳᠬᠦ ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠨ᠂ ᠣᠷᠣᠨ ᠨᠤᠲᠤᠭ᠎ᠤᠨ ᠬᠥᠭᠵᠢᠯᠲᠡ᠎ᠳᠦ ᠬᠦᠴᠦᠨ ᠨᠡᠮᠡᠷᠢᠯᠡᠵᠦ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠨᠡᠩ ᠶᠡᠬᠡ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠰᠡᠳᠬᠢᠯ ᠳᠤᠭᠳᠤᠯᠤᠨ ᠬᠡᠯᠡᠪᠡ᠃