ᠪᠥᠬᠥ᠌ ᠠᠷᠠᠳ᠎ᠤᠨ ᠨᠤᠮ ᠤᠩᠱᠢᠯᠭ᠎ᠠ᠎ᠶ᠋ᠢᠨ ᠠᠵᠢᠯᠯᠠᠭ᠎ᠠ ᠥᠪᠥᠷ ᠮᠣᠩᠭᠣᠯ᠎ᠤᠨ ᠮᠦᠽᠧᠶ᠎ᠳᠦ ᠶᠠᠪᠤᠭ᠍ᠳᠠᠪᠠ
2026-04-29 11:09:27
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠤᠢᠷ᠎ᠡ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠤᠤᠯᠯᠠᠨ ᠡᠷᠭᠢᠯᠡᠭ᠌ᠰᠡᠨ 《ᠵᠠᠯᠠᠭᠤᠴᠤᠳ ᠥᠪᠥᠷ ᠮᠣᠩᠭᠣᠯ ᠵᠢᠡᠨ ᠤᠩᠰᠢᠵᠤ ᠤᠢᠯᠠᠭᠠᠨᠠᠮ》 ᠭᠡᠬᠦ ᠪᠥᠬᠥ᠌ ᠠᠷᠠᠳ᠎ᠤᠨ  ᠨᠤᠮ ᠤᠩᠱᠢᠯᠭ᠎ᠠ᠎ᠶ᠋ᠢᠨ ᠠᠵᠢᠯᠯᠠᠭ᠎ᠠ ᠥᠪᠥᠷ ᠮᠣᠩᠭᠣᠯ᠎ᠤᠨ ᠮᠦᠽᠧᠶ᠎ᠳᠦ ᠶᠠᠪᠤᠭ᠍ᠳᠠᠪᠠ᠃ ᠠᠵᠢᠯᠯᠠᠭ᠎ᠠ ᠨᠢ 《ᠵᠠᠯᠠᠭᠤᠴᠤᠳ ᠥᠪᠥᠷ ᠮᠣᠩᠭᠣᠯ ᠵᠢᠡᠨ ᠤᠢᠯᠠᠭᠠᠨᠠᠮ》᠂ 《ᠵᠠᠯᠠᠭᠤᠴᠤᠳ ᠱᠢᠨ᠎ᠡ ᠴᠠᠭ ᠦᠶ᠎ᠡ᠎ᠳᠦ ᠡᠷᠡᠮᠡᠬᠡᠢᠯᠡᠨ ᠤᠷᠤᠭ᠍ᠰᠢᠯᠠᠨᠠᠮ》᠂ 《ᠵᠠᠯᠠᠭᠤᠴᠤᠳ ᠨᠣᠮ ᠤᠩᠱᠢᠵᠤ ᠦᠰᠦᠨ ᠪᠣᠢᠵᠢᠨᠠᠮ》 ᠭᠡᠬᠦ᠌ ᠭᠤᠷᠪᠠᠨ ᠶᠡᠬᠡ ᠬᠡᠰᠡᠭ᠎ᠢᠶᠡᠷ ᠶᠠᠪᠤᠭᠳᠠᠵᠤ᠂ ᠨᠣᠮ ᠤᠩᠱᠢᠬᠤ᠂ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ᠂ ᠤᠷᠠᠨ ᠰᠠᠢᠬᠠᠨ᠎ᠤ ᠲᠣᠭ᠍ᠯᠠᠯᠲᠠ ᠭᠠᠷᠭᠠᠬᠤ᠂ ᠵᠣᠬᠢᠶᠠᠨ ᠪᠦᠲᠦᠭᠡᠯᠭᠡ᠎ᠪᠡᠨ ᠬᠤᠪᠢᠶᠠᠯᠴᠠᠬᠤ᠂ ᠱᠠᠯᠦ᠋ᠨ ᠰᠣᠯᠢᠯᠴᠠᠭ᠎ᠠ ᠵᠡᠷᠭᠡ ᠠᠭᠤᠯᠭ᠎ᠠ ᠵᠢ ᠲᠤᠬᠢᠷᠠᠭᠤᠯᠪᠠ᠃

《ᠨᠡᠷᠡᠲᠦ ᠪᠦᠳᠦᠭᠡᠯ ᠡᠴᠡ 〈ᠡᠷᠳᠡᠨᠢ〉 ᠬᠠᠢᠬᠤ ᠲᠡᠮᠳᠡᠭ᠌ᠯᠡᠯ》 ᠬᠡᠬᠦ ᠭᠤᠬᠴᠤᠭ᠎ᠠ ᠨᠢ ᠵᠠᠯᠠᠭᠤᠴᠤᠳ ᠪᠠᠭᠠᠴᠤᠳ᠎ᠢ ᠳᠠᠭᠠᠭᠤᠯᠤᠨ ᠱᠢᠯᠢᠳᠡᠭ ᠤᠯᠠᠮᠵᠢᠯᠠᠯᠲᠤ ᠰᠣᠶᠣᠯ᠎ᠢ ᠬᠠᠢᠵᠤ᠂ 《ᠤᠯᠠᠭᠠᠨ ᠪᠥᠴᠡᠲᠡᠨ ᠨᠣᠮ ᠤᠩᠱᠢᠬᠤ ᠳᠤᠷᠠᠲᠠᠢ》 ᠭᠡᠬᠦ ᠨᠣᠮ ᠤᠩᠱᠢᠯᠭ᠎ᠠ ᠵᠢᠴᠢ ᠮᠦᠽᠧᠢ᠎ᠳᠦ ᠰᠤᠳᠤᠯᠤᠨ ᠰᠤᠷᠤᠯᠴᠠᠬᠤ ᠠᠵᠢᠯᠯᠠᠭ᠎ᠠ ᠨᠢ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠢ ᠨᠤᠮ ᠪᠢᠴᠢᠭ ᠡᠴᠡ ᠦᠪ ᠰᠤᠶᠤᠯ᠎ᠵᠢᠡᠨ ᠤᠯᠠᠮᠵᠢᠯᠠᠬᠤ ᠵᠢ ᠠᠬᠢᠭᠤᠯᠪᠠ᠃ ᠲᠣᠭ᠍ᠯᠠᠯᠲᠠ᠎ᠶ᠋ᠢᠨ ᠲᠢᠩᠬᠢᠮ᠎ᠳᠦ᠂ ᠪᠤᠳᠠᠳᠤ ᠦᠵᠡᠭ᠌ᠳᠡᠯᠲᠦ ᠲᠠᠢᠰᠠᠨ᠎ᠤ ᠵᠦᠴᠦᠭᠡ 《ᠤᠩᠱᠢᠯᠭ᠎ᠠ᠎ᠶ᠋ᠢᠨ ᠭᠤᠤ᠎ᠠ ᠰᠠᠢᠬᠠᠨ》 ᠨᠢ ᠤᠩᠱᠢᠯᠭ᠎ᠠ᠎ᠶ᠋ᠢᠨ ᠰᠠᠢ᠌ᠨ ᠰᠠᠢᠬᠠᠨ ᠪᠠ ᠬᠦᠴᠦᠨ ᠴᠢᠳᠠᠯ᠎ᠢ ᠠᠮᠢᠳᠤᠯᠢᠭ᠎ᠢᠶᠠᠷ ᠢᠯᠡᠷᠡᠭᠦᠯᠵᠦ᠍᠂ 《ᠨᠣᠮ᠎ᠢᠶᠠᠷ ᠵᠢᠭᠦᠷ ᠪᠣᠯᠭᠠᠵᠤ  ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢ ᠰᠣᠨᠢᠷᠬᠠᠶ᠎ᠠ》 ᠭᠡᠬᠦ᠌ ᠰᠢᠯᠦᠭ᠎ᠢ ᠤᠶᠠᠩᠭᠠᠯᠠᠨ ᠤᠩᠱᠢᠵᠤ᠂ ᠵᠠᠯᠠᠭᠤᠴᠤᠳ ᠪᠠᠭᠠᠴᠤᠳ᠎ᠤᠨ ᠤᠯᠤᠰ᠎ᠢᠶᠠᠨ ᠬᠠᠢᠷᠠᠯᠠᠬᠤ ᠰᠡᠳᠭᠢᠯᠭᠡ ᠪᠠ ᠡᠭᠦᠷᠭᠡᠯᠡᠯ᠎ᠢ ᠢᠯᠡᠳᠭᠡᠪᠡ᠃ ᠰᠣᠶᠣᠯ᠎ᠤᠨ ᠨᠡᠷᠡᠲᠦ ᠬᠥᠮᠦᠨ ᠳᠠ ᠨᠢᠩ ᠵᠠᠯᠠᠭᠤᠴᠤᠳ ᠪᠠ ᠤᠩᠱᠢᠯᠭ᠎ᠠ᠎ᠶ᠋ᠢᠨ ᠲᠣᠭᠣᠷᠢᠨ᠎ᠳᠤ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠥᠷᠨᠢᠭᠦᠯᠵᠦ᠍᠂ ᠦᠷᠭᠡᠨ ᠤᠯᠠᠨ ᠵᠠᠯᠠᠭᠤᠴᠤᠳ ᠨᠤᠮ ᠤᠩᠰᠢᠯᠭ᠎ᠠ ᠪᠡᠷ ᠡᠷᠳᠡᠮ ᠴᠢᠳᠠᠪᠤᠷᠢ᠎ᠪᠠᠨ ᠨᠡᠮᠡᠭ᠌ᠳᠡᠭᠦᠯᠬᠦ ᠵᠢ ᠬᠦᠲᠦᠯᠦᠨ ᠵᠢᠯᠤᠭᠤᠳᠪᠠ᠃

ᠤᠩᠱᠢᠭ᠍ᠴᠢᠳ᠎ᠲᠠᠶ ᠠᠭᠤᠯᠵᠠᠬᠤ ᠬᠤᠷᠠᠯ ᠳᠡᠭᠡᠷ᠎ᠡ᠂ ᠵᠠᠯᠠᠭᠤ ᠵᠣᠬᠢᠶᠠᠯᠴᠢ᠂ ᠵᠢᠷᠤᠭ᠍ᠴᠢᠨ ᠵᠣᠬᠢᠶᠠᠨ ᠪᠦᠲᠦᠭᠡᠯᠭᠡ᠎ᠶ᠋ᠢᠨ ᠣᠯᠤᠯᠲᠠ ᠲᠥᠷᠥᠭ᠌ᠳᠡᠯ᠎ᠢᠶᠡᠨ ᠬᠤᠪᠢᠶᠠᠯᠴᠠᠵᠤ᠂ ᠵᠠᠯᠠᠭᠤᠴᠤᠳ ᠪᠠᠭᠠᠴᠤᠳ ᠲᠸ᠋ ᠤᠳᠭ᠎ᠠ ᠵᠣᠬᠢᠶᠠᠯ ᠪᠠ ᠤᠷᠠᠨ ᠵᠢᠷᠤᠭ᠎ᠤᠨ ᠷᠢᠳᠢ ᠱᠢᠳᠢ᠎ᠶ᠋ᠢ ᠮᠡᠳᠡᠷᠡᠭᠦᠯᠪᠡ; ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠶᠠᠷᠢᠯᠴᠠᠬᠤ ᠬᠤᠷᠠᠯ ᠳᠡᠭᠡᠷ᠎ᠡ᠂ ᠵᠠᠯᠠᠭᠤ ᠤᠷᠠᠨ ᠪᠦᠳᠦᠭᠡᠯᠴᠢᠳ 《ᠨᠤᠮ ᠤᠩᠱᠢᠯᠭ᠎ᠠ ᠨᠢ ᠵᠠᠯᠠᠭᠤᠴᠤᠳ᠎ᠤᠨ ᠵᠣᠬᠢᠶᠠᠨ ᠪᠦᠲᠦᠭᠡᠯᠭᠡ᠎ᠳᠦ ᠬᠦᠴᠦ᠍ ᠨᠡᠮᠡᠷᠢᠯᠡᠨ᠎ᠡ》 ᠭᠡᠬᠦ᠌ ᠲᠣᠭᠣᠷᠢᠨ᠎ᠳᠤ ᠪᠤᠳᠤᠭ᠍ᠰᠠᠨ ᠰᠠᠨᠠᠭ᠍ᠰᠠᠨ᠎ᠢᠶᠠᠨ ᠴᠢᠯᠦᠭᠡᠳᠡᠢ ᠶᠠᠷᠢᠵᠤ᠂ ᠤᠯᠠᠮᠵᠢᠯᠠᠯᠲᠤ ᠰᠣᠶᠣᠯ᠎ᠢ ᠤᠳᠤᠬᠢᠴᠢᠯᠠᠨ ᠬᠦᠭᠵᠢᠬᠦᠯᠬᠦ ᠠᠷᠭ᠎ᠠ ᠵᠠᠮ᠎ᠢ ᠬᠠᠢᠨ ᠰᠦᠪᠡᠭ᠌ᠴᠢᠯᠡᠪᠡ; ᠵᠠᠯᠠᠭᠤᠴᠤᠳ᠎ᠤᠨ ᠤᠩᠱᠢᠯᠭ᠎ᠠ᠎ᠶ᠋ᠢᠨ ᠴᠤᠭ᠍ᠯᠠᠭᠠᠨ᠎ᠨᠢ 《ᠤᠯᠠᠮᠵᠢᠯᠠᠯᠲᠤ ᠰᠣᠩᠭᠣᠳᠠᠭ ᠵᠣᠬᠢᠶᠠᠯ᠎ᠢ  ᠬᠠᠮᠲᠤ᠎ᠪᠠᠷ ᠤᠩᠱᠢᠵᠤ ᠬᠦᠴᠦᠨ ᠴᠢᠳᠠᠯ᠎ᠢ ᠱᠢᠩᠭᠡᠭᠡᠨ ᠠᠪᠬᠤ》 ᠪᠠᠷ ᠭᠤᠤᠯ ᠰᠡᠳᠦᠪ ᠪᠣᠯᠭᠠᠵᠤ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠬᠠᠪᠰᠤᠷᠤᠨ ᠵᠢᠯᠣᠭᠣᠳᠣᠭ᠍ᠴᠢ᠎ᠨᠠᠷ ᠤᠩᠱᠢᠯᠭ᠎ᠠ᠎ᠶ᠋ᠢᠨ ᠲᠥᠷᠥᠭ᠌ᠳᠡᠯ ᠪᠠ ᠠᠵᠢᠯ᠎ᠤᠨ ᠲᠤᠷᠱᠢᠯᠭ᠎ᠠ᠎ᠪᠠᠨ ᠰᠣᠯᠢᠯᠴᠠᠵᠤ᠂ ᠤᠩᠱᠢᠯᠭ᠎ᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠬᠠᠮᠲᠤ᠎ᠪᠠᠷ ᠠᠬᠢᠭᠤᠯᠪᠠ᠃

ᠲᠣᠰ ᠤᠳᠠᠭᠠᠨ᠎ᠤ ᠪᠥᠬᠥ᠌ ᠠᠷᠠᠳ᠎ᠤᠨ ᠨᠤᠮ ᠤᠩᠱᠢᠯᠭ᠎ᠠ᠎ᠶ᠋ᠢᠨ ᠠᠵᠢᠯᠯᠠᠭ᠎ᠠ᠎ᠨᠢ  ᠰᠣᠶᠣᠯ᠎ᠢ ᠤᠯᠠᠮᠵᠢᠯᠠᠬᠤ᠂ ᠵᠠᠯᠠᠭᠤᠴᠤᠳ᠎ᠤᠨ ᠦᠵᠡᠯ ᠰᠠᠨᠠᠭ᠎ᠠ᠎ᠶ᠋ᠢ ᠬᠥᠲᠥᠯᠥᠨ ᠳᠠᠭᠠᠭᠤᠯᠬᠤ᠎ᠲᠠᠶ ᠨᠢᠭ᠍ᠲᠠ ᠤᠶᠠᠯᠳᠤᠭᠤᠯᠵᠤ᠂ ᠵᠠᠯᠠᠭᠤᠴᠤᠳ ᠪᠠᠭᠠᠴᠤᠳ᠎ᠤᠨ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠥᠬᠡᠶ᠂ ᠪᠠᠰᠠ ᠪᠥᠬᠥ᠌ ᠠᠷᠠᠳ᠎ᠤᠨ ᠨᠤᠮ ᠤᠩᠱᠢᠯᠭ᠎ᠠ ᠵᠢᠨ ᠠᠭᠤᠷ ᠠᠮᠢᠰᠭᠤᠯ᠎ᠢ ᠪᠣᠶ ᠪᠣᠯᠭᠠᠵᠤ᠂ ᠪᠥᠬᠥ᠌ ᠡᠳᠦᠷ᠎ᠲᠦ 400 ᠭᠠᠷᠤᠶ ᠵᠠᠯᠠᠭᠤᠴᠤᠳ ᠪᠠᠭᠠᠴᠤᠳ ᠡᠯ᠎ᠡ ᠵᠦᠶ᠋ᠯ᠎ᠦᠨ ᠠᠵᠢᠯᠯᠠᠭ᠎ᠠ᠎ᠳᠤ ᠣᠷᠣᠯᠴᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号