《ᠬᠦᠳᠡᠭᠡ ᠨᠤᠲᠤᠭ᠎ᠤᠨ ᠬᠦᠭ ᠠᠶᠠᠯᠭᠤ ᠬᠠᠡᠭᠭᠢᠨᠠᠨ ᠴᠤᠤᠷᠢᠶᠠᠳᠤᠬᠤᠢ》 ᠭᠡᠬᠦ ᠠᠡᠭᠬᠠᠳᠤᠭᠠᠷ ᠬᠤᠭᠤᠴᠠᠭᠠᠨ᠎ᠤ ᠰᠢᠯᠢ ᠵᠢᠨ ᠭᠤᠤᠯ ᠠᠢᠮᠠᠭ᠎ᠤᠨ ᠲᠤᠰᠬᠤᠨ᠎ᠤ ᠲᠠᠭᠤᠤ ᠵᠢᠨ ᠲᠤᠰᠬᠠᠢ ᠲᠤᠭᠯᠠᠯᠳᠠ ᠬᠦᠪᠡᠭᠡᠳᠤ ᠰᠢᠷ᠎ᠠ ᠬᠤᠰᠢᠭᠤᠨ᠎ᠳᠤ ᠪᠤᠯᠪᠠ
2026-04-29 11:20:17
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

4 ᠰᠠᠷ᠎ᠠ ᠵᠢᠨ 25᠎ᠤ᠋ ᠡᠳᠦᠷ 《ᠬᠦᠳᠡᠭᠡ ᠨᠤᠲᠤᠭ᠎ᠤᠨ ᠬᠦᠭ ᠠᠶᠠᠯᠭᠤ ᠬᠠᠡᠭᠭᠢᠨᠠᠨ ᠴᠤᠤᠷᠢᠶᠠᠳᠤᠬᠤᠢ》 ᠭᠡᠬᠦ ᠠᠡᠭᠬᠠᠳᠤᠭᠠᠷ ᠬᠤᠭᠤᠴᠠᠭᠠᠨ᠎ᠤ ᠰᠢᠯᠢ ᠵᠢᠨ ᠭᠤᠤᠯ ᠠᠢᠮᠠᠭ᠎ᠤᠨ ᠲᠤᠰᠬᠤᠨ᠎ᠤ ᠲᠠᠭᠤᠤ ᠵᠢᠨ ᠲᠤᠰᠬᠠᠢ ᠲᠤᠭᠯᠠᠯᠳᠠ ᠬᠦᠪᠡᠭᠡᠳᠤ ᠰᠢᠷ᠎ᠠ ᠬᠤᠰᠢᠭᠤᠨ᠎ᠳᠤ ᠪᠤᠯᠵᠦ᠂ ᠪᠦᠬᠦ ᠠᠢᠮᠠᠭ᠎ᠤᠨ ᠡᠯ᠎ᠠ ᠬᠤᠰᠢᠭᠤ ᠰᠢᠶᠠᠨ ᠬᠤᠲᠠ ᠲᠤᠭᠤᠷᠢᠭ ᠡᠴᠡ ᠰᠤᠡᠭᠭᠤᠨ ᠲᠡᠪᠰᠢᠭᠦᠯᠦᠭᠰᠡᠨ 19 ᠪᠦᠲᠦᠭᠡᠯ᠎ᠢ ᠲᠠᠢᠰᠠᠨ᠎ᠠ ᠲᠤᠭᠯᠠᠵᠦ᠂ ᠰᠢᠯᠢ ᠵᠢᠨ ᠭᠤᠤᠯ᠎ᠤᠨ ᠪᠠᠬᠠᠳᠤᠮ᠎ᠠ ᠰᠠᠢᠬᠠᠨ ᠬᠤᠪᠢᠷᠠᠯᠳᠠ᠂ ᠬᠦᠭᠵᠢᠯ ᠪᠠᠳᠠᠷᠠᠯ᠎ᠤᠨ ᠵᠢᠪᠬᠤᠭᠠᠳᠤ ᠲᠦᠷᠬᠦ ᠵᠢ ᠤᠶᠠᠡᠭᠭᠠᠳᠤ ᠲᠠᠭᠤᠤ ᠤᠶᠠᠬᠠᠨ ᠡᠬᠡᠰᠢᠭ ᠵᠢᠡᠷ ᠵᠢᠠᠨ ᠮᠠᠭᠳᠠᠨ ᠲᠠᠭᠤᠯᠠᠭᠰᠠᠨ ᠪᠠᠢᠨ᠎ᠠ᠃

ᠲᠤᠰᠬᠠᠢ ᠲᠤᠭᠯᠠᠯᠳᠠ ᠵᠢᠨ ᠲᠤᠬᠠᠢ ᠵᠢᠨ ᠲᠠᠯᠠᠪᠠᠢ᠎ᠳᠤ ᠪᠠᠢᠨ ᠲᠠᠭᠢᠨ ᠨᠢᠵᠢᠭᠢᠨᠡᠭᠰᠡᠨ ᠬᠠᠯᠠᠭᠤᠨ ᠠᠯᠠᠭ᠎ᠠ ᠲᠠᠰᠢᠯᠳᠠ ᠵᠢᠨ ᠲᠠᠭᠤᠨ ᠰᠤᠨᠤᠷᠳᠠᠵᠦ᠂ ᠡᠯ᠎ᠡ ᠠᠵᠢᠯ᠎ᠤᠨ ᠹᠷᠤᠨᠲ ᠡᠴᠡ ᠬᠦᠷᠦᠯᠴᠡᠨ ᠢᠷᠡᠵᠡᠭᠡᠭᠰᠡᠨ ᠲᠠᠭᠤᠴᠢᠳ ᠨᠤᠲᠤᠭ ᠤᠰᠤᠨ᠎ᠤ ᠪᠠᠨ ᠬᠦᠭᠵᠢᠯ ᠬᠤᠪᠢᠷᠠᠯᠳᠠ ᠵᠢ ᠢᠯᠡᠳᠭᠡᠭᠰᠡᠨ ᠠᠶ᠎ᠠ ᠲᠠᠭᠤᠤ ᠪᠡᠨ ᠡᠷᠭᠦᠨ ᠲᠡᠪᠰᠢᠭᠦᠯᠵᠦ᠂ ᠰᠢᠨ᠎ᠡ ᠴᠠᠭ᠎ᠤᠨ ᠬᠦᠳᠡᠭᠡ ᠨᠤᠲᠤᠭ᠎ᠤᠨ ᠦᠷᠨᠢᠭᠦᠨ ᠲᠠᠡᠭᠰᠤᠭ ᠠᠮᠢᠳᠤᠷᠠᠯ᠂ ᠪᠠᠳᠠᠷᠠᠯᠳᠤ ᠡᠷᠡᠨ᠎ᠤ ᠮᠠᠯᠴᠢᠨ ᠲᠦᠮᠡᠨ᠎ᠤ ᠦᠭᠡᠳᠡᠷᠬᠡᠭ ᠢᠷᠮᠡᠭᠦᠨ ᠵᠤᠷᠢᠭ ᠰᠠᠨᠠᠭ᠎ᠠ ᠵᠢ ᠢᠯᠡᠷᠡᠭᠦᠯᠵᠠᠢ᠃

ᠲᠤᠯᠤᠨ ᠨᠤᠤᠷ ᠰᠢᠶᠠᠨ ᠡᠴᠡ ᠬᠦᠷᠦᠯᠴᠡᠨ ᠢᠷᠡᠭᠰᠡᠨ ᠲᠠᠭᠤᠴᠢᠨ ᠤᠷᠭᠤᠭ᠎ᠠ᠄ 《ᠬᠦᠳᠡᠭᠡ ᠨᠤᠲᠤᠭ ᠦᠨᠳᠦᠰᠤᠨ ᠱᠠᠲᠤᠨ᠎ᠤ ᠤᠷᠠᠯᠢᠭᠴᠢᠨ ᠲᠠᠭᠤᠴᠢᠳ᠎ᠲᠦ ᠦᠪᠡᠷ᠎ᠢ ᠪᠡᠨ ᠢᠯᠡᠷᠡᠭᠦᠯᠬᠦ᠂ ᠨᠤᠳᠤᠭ ᠤᠰᠤ ᠪᠠᠨ ᠤᠬᠠᠭᠤᠯᠤᠨ ᠰᠤᠷᠳᠠᠯᠴᠢᠯᠠᠬᠤ ᠲᠠᠪᠴᠠᠡᠭ ᠬᠠᠡᠭᠭᠠᠭᠰᠠᠨ ᠨᠢ ᠨᠡᠭᠡᠷᠡᠨ ᠰᠠᠢᠬᠠᠨ ᠪᠠᠢᠨ᠎ᠠ᠂ ᠪᠢᠳᠡ ᠪᠦᠬᠦᠨ ᠡᠨᠡ ᠬᠦ᠌ ᠵᠠᠪᠰᠢᠶᠠᠨ᠎ᠢ ᠨᠠᠨᠳᠢᠡᠭᠨᠠᠨ᠂ ᠲᠠᠭᠤᠤ ᠤᠷᠠᠯᠢᠭ᠎ᠤᠨ ᠭᠤᠣ᠎ᠠ ᠰᠠᠢᠬᠠᠨ ᠵᠢᠠᠷ ᠨᠤᠲᠤᠭ ᠤᠰᠤᠨ᠎ᠤ ᠪᠠᠨ ᠬᠦᠭᠵᠢᠯ ᠬᠤᠪᠢᠷᠠᠯ᠎ᠢ ᠤᠶᠠᠡᠭᠭᠠᠯᠠᠨ ᠲᠠᠭᠤᠯᠠᠨ᠎ᠠ》 ᠭᠡᠵᠦ ᠰᠤᠷᠪᠤᠯᠵᠢᠯᠠᠭᠴᠢ ᠲᠠᠢ ᠰᠡᠳᠭᠢᠭᠳᠡᠯ ᠵᠢᠡᠨ ᠬᠤᠪᠢᠶᠠᠯᠴᠠᠯ᠎ᠠ᠃

ᠲᠤᠰ ᠤᠳᠠᠭᠠᠨ᠎ᠤ ᠲᠤᠰᠬᠠᠢ ᠲᠤᠭᠯᠠᠯᠳᠠ ᠵᠢ ᠰᠢᠯᠢ ᠵᠢᠨ ᠭᠤᠤᠯ ᠠᠢᠮᠠᠭ᠎ᠤᠨ ᠤᠳᠬ᠎ᠠ ᠤᠷᠠᠯᠢᠭ᠎ᠤᠨ ᠬᠢᠨ᠎ᠤ ᠬᠤᠯᠪᠤᠭ᠎ᠠ᠂ ᠲᠠᠷᠢᠶᠠᠯᠠᠡᠭ ᠮᠠᠯ ᠠᠵᠦ ᠠᠬᠤᠢ ᠵᠢᠨ ᠲᠤᠪᠴᠢᠶ᠎ᠠ ᠬᠢᠭᠡᠳ ᠬᠦᠪᠡᠭᠡᠳᠤ ᠰᠢᠷ᠎ᠠ ᠬᠤᠰᠢᠭᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠭᠡᠯᠳᠡᠰ ᠭᠤᠤᠯᠯᠠᠨ ᠡᠷᠬᠢᠯᠡᠵᠦ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠡᠲᠤ ᠴᠤᠭᠴᠠᠯᠠᠬᠤ ᠪᠡᠷ ᠰᠢᠵᠢᠮᠯᠡᠵᠦ᠂ ᠪᠦᠬᠦ ᠠᠢᠮᠠᠭ᠎ᠤᠨ ᠤᠳᠬ᠎ᠠ ᠤᠷᠠᠯᠢᠭ ᠵᠢᠠᠷ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠡᠢ᠃ ᠲᠤᠬᠠᠢ ᠵᠢᠨ ᠲᠠᠯᠠᠪᠠᠢ᠎ᠳᠤ ᠲᠤᠰᠬᠠᠢ ᠮᠡᠷᠭᠡᠵᠢᠯ᠎ᠤᠨ ᠬᠢᠨᠡᠨ ᠰᠢᠯᠭᠠᠷᠠᠭᠤᠯᠬᠤ ᠲᠤᠭᠤᠢᠯᠠᠡᠭ 19 ᠲᠤᠭᠯᠠᠯᠳᠠ ᠵᠢ ᠦᠨᠡᠯᠡᠨ ᠬᠤᠪᠢ ᠤᠯᠭᠤᠭᠰᠠᠨ᠎ᠤ ᠳ᠋ᠦᠡᠭ᠎ᠳᠤ᠂ 《ᠦᠯᠵᠡᠢᠳᠤ ᠰᠢᠯᠢ ᠵᠢᠨ ᠭᠤᠤᠯ》 ᠵᠡᠷᠭᠡ 5 ᠪᠦᠲᠦᠭᠡᠯ 2026 ᠤᠨ᠎ᠤ ᠰᠢᠯᠢ ᠵᠢᠨ ᠭᠤᠤᠯ ᠠᠢᠮᠠᠭ᠎ᠤᠨ 《ᠰᠢᠯᠢᠳᠡᠭ ᠲᠤᠰᠬᠤᠨ᠎ᠤ ᠲᠠᠭᠤᠤ》 ᠪᠡᠷ ᠰᠢᠯᠭᠠᠷᠠᠵᠦ᠂ ᠤᠳᠠᠯ ᠦᠭᠡᠢ ᠪᠤᠯᠬᠤ ᠭᠡᠵᠦ ᠪᠤᠢ ᠪᠦᠬᠦ ᠤᠷᠤᠨ᠎ᠤ 《ᠲᠤᠰᠬᠤᠨ᠎ᠤ ᠲᠠᠭᠤᠤ ᠵᠢᠨ ᠲᠤᠰᠬᠠᠢ ᠲᠤᠭᠯᠠᠯᠳᠠ》 ᠳ᠋ᠤ ᠤᠷᠤᠯᠴᠠᠬᠤ ᠪᠤᠯᠤᠨ᠎ᠠ᠃

《ᠡᠨᠡ ᠤᠳᠠᠭᠠᠨ᠎ᠤ ᠲᠤᠰᠬᠠᠢ ᠲᠤᠭᠯᠠᠯᠳᠠ ᠮᠠᠨ᠎ᠤ ᠠᠢᠮᠨᠭ᠎ᠤᠨ ᠬᠦᠳᠡᠭᠡ ᠲᠤᠰᠬᠤᠨ᠎ᠤ ᠲᠠᠭᠤᠤ ᠵᠢᠨ ᠵᠤᠬᠢᠶᠠᠨ ᠪᠦᠲᠦᠭᠡᠯᠭᠡ ᠵᠢᠨ ᠦᠷ᠎ᠡ ᠪᠦᠳᠦᠭᠡᠯ᠎ᠢ ᠲᠡᠯᠭᠡᠨ ᠦᠵᠡᠭᠦᠯᠵᠦ᠂ ᠪᠠᠰᠠ ᠦᠨᠳᠦᠰᠦᠨ ᠱᠠᠳᠤᠨ᠎ᠤ ᠤᠳᠬ᠎ᠠ ᠤᠷᠠᠯᠢᠭ᠎ᠤᠨ ᠠᠵᠢᠯ᠎ᠢ ᠬᠢᠨᠠᠨ ᠰᠢᠯᠭᠠᠭᠰᠠᠨ ᠪᠦᠲᠦᠭᠡᠯᠴᠢ ᠠᠵᠢᠯᠯᠠᠭ᠎ᠠ ᠪᠤᠯᠤᠯ᠎ᠠ》 ᠭᠡᠵᠦ ᠰᠢᠯᠢ ᠵᠢᠨ ᠭᠤᠤᠯ ᠠᠢᠮᠠᠭ᠎ᠤᠨ ᠤᠳᠬ᠎ᠠ ᠤᠷᠠᠯᠢᠭ᠎ᠤᠨ ᠬᠢᠨ᠎ᠤ ᠬᠤᠯᠪᠤᠭ᠎ᠠ ᠵᠢᠨ ᠲᠡᠷᠢᠭᠦᠯᠡᠭᠴᠢ ᠭᠤᠤ ᠯᠦᠡᠭ ᠢᠯᠡᠷᠬᠡᠢᠯᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号