ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠮᠥᠷᠡᠨ᠎ᠦ ᠳᠠᠷᠤᠭ᠎ᠠ᠎ᠶᠢᠨ
ᠠᠯᠪᠠᠨ ᠭᠡᠷ 《ᠳᠠᠭ᠎ᠠ᠎ᠶᠢᠨ ᠨᠠᠭᠤᠷ᠎ᠤᠨ ᠠᠮᠢ ᠠᠬᠤᠢ ᠳ᠋ᠤ ᠤᠰᠤ ᠨᠥᠬᠥᠪᠦᠷᠢᠯᠡᠬᠦ ᠲᠣᠬᠢᠷᠠᠭᠤᠯᠤᠯᠲᠠ᠎ᠶᠢᠨ
ᠲᠥᠰᠥᠯ(ᠲᠤᠷᠰᠢᠨ
ᠬᠡᠷᠡᠭᠵᠢᠭᠦᠯᠬᠦ) 》᠎ᠢ ᠳᠠᠷᠤᠮᠠᠯᠯᠠᠨ ᠲᠠᠷᠬᠠᠭᠠᠵᠤ᠂ ᠳᠠᠭ᠎ᠠ᠎ᠶᠢᠨ ᠨᠠᠭᠤᠷ ᠤᠨ ᠰᠠᠪᠠ ᠭᠠᠵᠠᠷ᠎ᠲᠤ ᠤᠰᠤ
ᠨᠥᠬᠥᠪᠦᠷᠢᠯᠡᠬᠦ ᠴᠠᠭ ᠪᠠ ᠬᠡᠪᠴᠢᠶ᠎ᠡ᠎ᠶᠢ ᠲᠣᠳᠣᠷᠬᠠᠢᠯᠠᠵᠤ᠂ 2026 ᠣᠨ᠎ᠳᠤ ᠳᠠᠭ᠎ᠠ᠎ᠶᠢᠨ ᠨᠠᠭᠤᠷ᠎ᠤᠨ ᠠᠮᠢ
ᠠᠬᠤᠢ᠎ᠳᠤ 2000 ᠲᠦᠮᠡ᠎ᠡᠴᠡ 2500 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠬᠦ᠎ᠪᠡᠷ ᠲᠣᠬᠢᠷᠠᠭᠤᠯᠵᠤ᠂
ᠳᠠᠭ᠎ᠠ᠎ᠶᠢᠨ ᠨᠠᠭᠤᠷ᠎ᠤᠨ ᠲᠠᠯᠠᠪᠠᠶ᠎ᠶᠢ 60 ᠲᠡᠭᠰᠢ ᠳᠥᠷᠪᠡᠯᠵᠢᠨ ᠺᠢᠯᠣᠮᠧᠲᠷ᠎ᠡᠴᠡ ᠳᠡᠭᠡᠭᠰᠢ ᠲᠣᠭᠲᠠᠭᠤᠨ ᠪᠠᠢᠯᠭᠠᠬᠤ᠎ᠶᠢ
ᠦᠨᠡᠨ ᠬᠦ᠌ ᠪᠠᠲᠤᠯᠠᠨ᠎ᠠ ᠬᠡᠵᠡᠢ᠃

《ᠳᠠᠭ᠎ᠠ ᠶᠢᠨ ᠨᠠᠭᠤᠷ ᠤᠨ ᠠᠮᠢ
ᠠᠬᠤᠢ ᠳ᠋ᠤ ᠤᠰᠤ ᠨᠥᠬᠥᠪᠦᠷᠢᠯᠡᠬᠦ ᠲᠣᠬᠢᠷᠠᠭᠤᠯᠤᠯᠲᠠ᠎ᠶᠢᠨ ᠲᠥᠰᠥᠯ(ᠲᠤᠷᠰᠢᠨ
ᠬᠡᠷᠡᠭᠵᠢᠭᠦᠯᠬᠦ)》᠎ᠳᠤ᠂ ᠳᠠᠭ᠎ᠠ᠎ᠶᠢᠨ ᠨᠠᠭᠤᠷ᠎ᠤᠨ ᠭᠠᠳᠠᠷᠭᠤ ᠵᠢᠨ ᠤᠷᠢᠳᠴᠢᠯᠠᠨ ᠰᠡᠷᠡᠮᠵᠢᠯᠡᠭᠦᠯᠬᠦ
ᠲᠠᠯᠠᠪᠠᠶ ᠨᠢ 62.5 ᠲᠡᠭᠰᠢ ᠳᠥᠷᠪᠡᠯᠵᠢᠨ ᠺᠢᠯᠣᠮᠧᠲᠷ᠂ ᠤᠷᠢᠳᠴᠢᠯᠠᠨ ᠰᠡᠷᠡᠮᠵᠢᠯᠡᠭᠦᠯᠬᠦ ᠤᠰᠤᠨ᠎ᠤ ᠲᠦᠪᠰᠢᠨ
ᠨᠢ 1216.6 ᠮᠧᠲᠷ ᠪᠣᠯᠣᠨ᠎ᠠ᠃ ᠳᠠᠭ᠎ᠠ᠎ᠶᠢᠨ ᠨᠠᠭᠤᠷ᠎ᠤᠨ ᠭᠠᠳᠠᠷᠭᠤ ᠵᠢᠨ ᠲᠠᠯᠠᠪᠠᠶ ᠨᠢ ᠰᠡᠷᠡᠮᠵᠢᠯᠡᠭᠦᠯᠬᠦ
ᠲᠠᠯᠠᠪᠠᠶ ᠠ᠋ᠴᠠ ᠪᠠᠭ᠎ᠠ ᠪᠤᠶᠤ ᠨᠠᠭᠤᠷ᠎ᠤᠨ ᠤᠰᠤᠨ ᠲᠦᠪᠰᠢᠨ ᠨᠢ ᠰᠡᠷᠡᠮᠵᠢᠯᠡᠭᠦᠯᠬᠦ ᠤᠰᠤᠨ ᠲᠦᠪᠰᠢᠨ᠎ᠡᠴᠡ ᠳᠣᠣᠷ᠎ᠠ
ᠪᠣᠯᠬᠤ ᠦᠶ᠎ᠡ᠎ᠳᠦ᠂ ᠠᠮᠢ ᠠᠬᠤᠢ᠎ᠶᠢᠨ ᠪᠠᠴᠢᠮ ᠪᠠᠢᠳᠠᠯ᠎ᠢ ᠠᠷᠭᠠᠴᠠᠭᠠᠵᠤ ᠤᠰᠤ ᠨᠥᠬᠥᠪᠦᠷᠢᠯᠡᠬᠦ ᠠᠵᠢᠯ᠎ᠢ ᠡᠬᠢᠯᠡᠭᠦᠯᠵᠦ᠂
ᠳᠠᠭ᠎ᠠ᠎ᠶᠢᠨ ᠨᠠᠭᠤᠷ᠎ᠤᠨ ᠭᠠᠳᠠᠷᠭᠤ ᠵᠢᠨ ᠲᠠᠯᠠᠪᠠᠶ᠎ᠶᠢ ᠢᠷᠡᠭᠡᠳᠦᠢ᠎ᠶᠢᠨ 3 ᠵᠢᠯ᠎ᠦᠨ ᠳᠣᠲᠣᠷ᠎ᠠ ᠬᠠᠷᠠᠯᠲᠠ᠎ᠶᠢᠨ
ᠬᠡᠪᠴᠢᠶᠡᠨ᠎ᠳᠦ ᠲᠣᠭᠲᠠᠭᠤᠨ ᠪᠠᠢᠯᠭᠠᠬᠤ᠎ᠶᠢ ᠦᠨᠡᠨ ᠬᠦ᠌ ᠪᠠᠲᠤᠯᠠᠨ᠎ᠠ ᠬᠡᠵᠤ ᠲᠤᠬᠳᠠᠭᠠᠪᠠ᠃
ᠳᠠᠭ᠎ᠠ᠎ᠶᠢᠨ ᠨᠠᠭᠤᠷ ᠪᠣᠯ
ᠥᠪᠥᠷ ᠮᠣᠩᠭᠣᠯ᠎ᠤᠨ ᠭᠤᠷᠪᠠᠳᠤᠭᠠᠷ ᠶᠡᠬᠡ ᠳᠣᠲᠣᠭᠠᠳᠤ ᠬᠠᠭᠤᠷᠠᠢ᠎ᠶᠢᠨ ᠨᠠᠭᠤᠷ ᠪᠣᠯᠣᠨ᠎ᠠ᠂ ᠪᠠᠢᠭᠠᠯᠢ᠎ᠶᠢᠨ ᠠᠭᠤᠷ
ᠠᠮᠢᠰᠬᠤᠯ᠎ᠤᠨ ᠬᠤᠪᠢᠷᠠᠯᠲᠠ ᠪᠣᠯᠣᠨ ᠵᠣᠷᠢᠭᠤᠳᠠ᠎ᠶᠢᠨ ᠬᠦᠴᠦᠨ ᠵᠦᠢᠯ᠎ᠦᠨ ᠨᠥᠯᠥᠭᠡ᠎ᠡᠴᠡ ᠪᠣᠯᠵᠤ᠂ ᠨᠢᠭᠡ ᠦᠶ᠎ᠡ
ᠭᠠᠨᠭᠳᠠᠬᠤ ᠪᠠᠢᠳᠠᠯ ᠢᠯᠡᠷᠡᠵᠡᠢ᠃ ᠣᠢᠷ᠎ᠠ᠎ᠶᠢᠨ ᠵᠢᠯ᠎ᠡᠴᠡ ᠥᠪᠥᠷ ᠮᠣᠩᠭᠣᠯ ᠳᠠᠭ᠎ᠠ᠎ᠶᠢᠨ ᠨᠠᠭᠤᠷ᠎ᠤᠨ ᠠᠮᠢ ᠠᠬᠤᠢ᠎ᠶᠢᠨ
ᠬᠠᠮᠠᠭᠠᠯᠠᠯᠲᠠ ᠵᠠᠰᠠᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠠᠭ᠎ᠠ᠎ᠶᠢᠨ ᠨᠠᠭᠤᠷ᠎ᠤᠨ ᠠᠮᠢ
ᠠᠬᠤᠢ᠎ᠶᠢᠨ ᠬᠠᠮᠠᠭᠠᠯᠠᠯᠲᠠ᠎ᠶᠢᠨ ᠲᠣᠭᠣᠷᠢᠨ᠎ᠳᠤ᠂ ᠳᠠᠭ᠎ᠠ᠎ᠶᠢᠨ ᠨᠠᠭᠤᠷ᠎ᠤᠨ ᠠᠮᠢ ᠠᠬᠤᠢ ᠳ᠋ᠤ ᠪᠠᠴᠢᠮ ᠪᠠᠢᠳᠠᠯ᠎ᠢ
ᠠᠷᠭᠠᠴᠠᠭᠠᠬᠤ ᠤᠰᠤ ᠨᠥᠬᠥᠪᠦᠷᠢᠯᠡᠬᠦ ᠢᠨᠵᠧᠨᠧᠷᠢᠩ᠎ᠦᠨ ᠭᠣᠣᠯ ᠮᠥᠷᠡᠨ ᠨᠠᠭᠤᠷ ᠴᠦᠭᠦᠷᠦᠮ᠎ᠤᠨ ᠳᠠᠷᠤᠭ᠎ᠠ᠎ᠶᠢᠨ
ᠰᠢᠰᠲ᠋ᠸᠮ᠎ᠢ ᠪᠦᠬᠦ ᠲᠠᠯ᠎ᠠ᠎ᠪᠠᠷ ᠪᠠᠢᠭᠤᠯᠵᠤ᠂ ᠡᠵᠢ ᠭᠣᠣᠯ᠎ᠤᠨ ᠠᠮᠢ ᠠᠬᠤᠢ᠎ᠶᠢᠨ ᠰᠡᠷᠭᠦᠯᠲᠡ᠎ᠶᠢ ᠠᠬᠢᠭᠤᠯᠪᠠ᠃
ᠥᠪᠥᠷ ᠮᠣᠩᠭᠣᠯ ᠳᠠᠭ᠎ᠠ᠎ᠶᠢᠨ
ᠨᠠᠭᠤᠷ᠎ᠤᠨ ᠠᠮᠢ ᠠᠬᠤᠢ ᠳ᠋ᠤ ᠪᠠᠴᠢᠮ ᠪᠠᠢᠳᠠᠯ᠎ᠢ ᠠᠷᠭᠠᠴᠠᠭᠠᠬᠤ ᠤᠰᠤ ᠨᠥᠬᠥᠪᠦᠷᠢᠯᠡᠬᠦ ᠢᠨᠵᠧᠨᠧᠷᠢᠩ᠎ᠢ ᠬᠡᠷᠡᠭᠵᠢᠭᠦᠯᠦᠭᠰᠡᠨ
ᠡᠴᠡ ᠨᠠᠭᠠᠰᠢ᠂ ᠳᠠᠭ᠎ᠠ᠎ᠶᠢᠨ ᠨᠠᠭᠤᠷ᠎ᠤᠨ ᠠᠮᠢ ᠠᠬᠤᠢ᠎ᠳᠤ ᠨᠡᠶ᠋ᠢᠲᠡ 6317 ᠲᠦᠮᠡᠨ ᠪᠣᠰᠣᠭ᠎ᠠ ᠳᠥᠷᠪᠡᠯᠵᠢᠨ
ᠮᠧᠲᠷ ᠤᠰᠤ ᠨᠥᠬᠥᠪᠦᠷᠢᠯᠡᠪᠡ᠃ ᠳᠠᠭ᠎ᠠ᠎ᠶᠢᠨ ᠨᠠᠭᠤᠷ᠎ᠤᠨ ᠠᠮᠢ ᠠᠬᠤᠢ ᠳ᠋ᠤ ᠪᠠᠴᠢᠮ ᠪᠠᠢᠳᠠᠯ᠎ᠢ ᠠᠷᠭᠠᠴᠠᠭᠠᠵᠤ
ᠤᠰᠤ ᠨᠥᠬᠥᠪᠦᠷᠢᠯᠡᠬᠦ ᠦᠷ᠎ᠡ ᠠᠰᠢᠭ᠋ ᠠᠭᠠᠵᠢᠮ᠎ᠢᠶᠠᠷ ᠢᠯᠡᠷᠡᠬᠦ᠎ᠶᠢ ᠳᠠᠭᠠᠯᠳᠤᠨ᠂ ᠳᠠᠭ᠎ᠠ᠎ᠶᠢᠨ ᠨᠠᠭᠤᠷ᠎ᠤᠨ
ᠰᠠᠢᠷᠭᠠᠯ᠎ᠤᠨ ᠭᠠᠵᠠᠷ ᠳᠣᠣᠷᠠᠬᠢ ᠤᠰᠤᠨ᠎ᠤ ᠲᠦᠪᠰᠢᠨ ᠦᠷᠭᠦᠯᠵᠢᠯᠡᠨ ᠲᠣᠭᠲᠠᠭᠤᠨ ᠪᠠᠢᠵᠤ᠂ ᠤᠷᠭᠤᠮᠠᠯ᠎ᠤᠨ ᠬᠤᠴᠢᠯᠭ᠎ᠠ᠎ᠶᠢᠨ
ᠪᠦᠷᠬᠦᠴᠡ᠂ ᠰᠢᠪᠠᠭᠤᠨ᠎ᠤ ᠲᠥᠷᠥᠯ ᠵᠦᠢᠯ ᠢᠯᠡᠳᠲᠡ ᠨᠡᠮᠡᠭᠳᠡᠨ᠂ ᠨᠠᠭᠤᠷ᠎ᠤᠨ ᠣᠷᠣᠨ᠎ᠤ ᠠᠮᠢᠳᠤ ᠪᠣᠳᠠᠰ᠎ᠤᠨ ᠣᠯᠠᠨ
ᠶᠠᠩᠵᠤᠲᠤ ᠴᠢᠨᠠᠷ᠎ᠢ ᠬᠠᠮᠠᠭᠠᠯᠠᠬᠤ ᠬᠢᠷᠢ ᠲᠦᠪᠰᠢᠨ ᠲᠣᠭᠲᠠᠭᠤᠨ᠎ᠢᠶᠠᠷ ᠳᠡᠭᠡᠭᠰᠢᠯᠡᠵᠦ᠂ ᠳᠠᠭ᠎ᠠ᠎ᠶᠢᠨ ᠨᠠᠭᠤᠷ
ᠵᠢᠴᠢ ᠡᠷᠬᠢᠨ ᠲᠣᠭᠣᠷᠢᠨ᠎ᠤ ᠤᠰᠤᠨ᠎ᠤ ᠠᠮᠢ ᠠᠬᠤᠢ ᠪᠠ ᠬᠥᠮᠥᠰ᠎ᠦᠨ ᠣᠷᠣᠰᠢᠨ ᠰᠠᠭᠤᠬᠤ ᠣᠷᠴᠢᠨ ᠲᠣᠭᠣᠷᠢᠨ ᠢᠯᠡᠳᠲᠡ
ᠰᠠᠢᠵᠢᠷᠠᠪᠠ᠃