ᠭᠠᠷᠴᠠᠭ
ᠨᠢᠭᠡᠳᠤᠭᠡᠷ ᠠᠩᠭᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠦᠨ᠎ᠡ
ᠨᠢᠭᠡᠳᠤᠭᠡᠷ ᠪᠦᠯᠦᠭ ᠬᠥᠭ᠌ᠵᠢᠯᠲᠡ᠎ᠶ᠋ᠢᠨ ᠣᠷᠴᠢᠨ ᠨᠥᠬᠦᠴᠡᠯ
ᠬᠤᠶᠠᠳᠤᠭᠠᠷ ᠪᠦᠯᠦᠭ ᠵᠢᠯᠣᠭᠤᠳᠭᠤ ᠴᠢᠭ᠌ᠯᠡᠯᠲᠡ
ᠭᠤᠷᠪᠠᠳᠤᠭᠠᠷ ᠪᠦᠯᠦᠭ ᠭᠤᠤᠯ ᠬᠠᠷᠠᠯᠲᠠ
ᠬᠤᠶᠠᠳᠤᠭᠠᠷ ᠠᠩᠭᠢ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠵᠤ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠰᠠᠭᠤᠷᠢ᠎ᠶ᠋ᠢ ᠪᠠᠬᠢᠵᠢᠭᠦᠯᠦᠨ ᠪᠤᠵᠠᠭᠠᠢᠷᠠᠭᠤᠯᠤᠨ᠎ᠠ
ᠲᠦᠷᠪᠡᠳᠦᠭᠡᠷ ᠪᠦᠯᠦᠭ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠦᠨ᠎ᠡ
ᠲᠠᠪᠤᠳᠤᠭᠠᠷ ᠪᠦᠯᠦᠭ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠪᠠ ᠢᠷᠡᠭᠡᠳᠦᠶ᠎ᠶ᠋ᠢᠨ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠤᠨ᠎ᠠ
ᠵᠢᠷᠭᠤᠳᠤᠭᠠᠷ ᠪᠦᠯᠦᠭ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢᠲᠠᠶ ᠪᠦᠭᠡᠳ ᠥᠨᠳᠥᠷ ᠪᠦᠲᠦᠮᠵᠢᠲᠡᠶ ᠬᠥᠭ᠌ᠵᠢᠯᠲᠡ᠎ᠶ᠋ᠢ ᠠᠬᠢᠭᠤᠯᠤᠨ᠎ᠠ
ᠳᠤᠯᠤᠳᠤᠭᠠᠷ ᠪᠦᠯᠦᠭ ᠣᠳᠣᠬᠢᠴᠢᠯᠠᠭ᠍ᠰᠠᠨ ᠰᠠᠭᠤᠷᠢ ᠲᠥᠬᠦᠭᠡᠷᠦᠮᠵᠢ᠎ᠶ᠋ᠢᠨ ᠱᠢᠰᠲ᠋ᠧᠮ᠎ᠢ ᠪᠠᠢᠭᠤᠯᠤᠨ᠎ᠠ
ᠭᠤᠷᠪᠠᠳᠣᠭᠠᠷ ᠠᠩᠭᠢ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦᠯᠬᠦ᠌᠎ᠶ᠋ᠢ ᠲᠦᠷᠭᠡᠳᠭᠡᠵᠦ᠍ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠭᠦᠭ᠌ᠵᠢᠬᠦᠯᠬᠦ᠌ᠶ᠋ᠢ ᠬᠥᠲᠥᠯᠥᠨ ᠳᠠᠭᠠᠭᠤᠯᠤᠨ᠎ᠠ
ᠨᠠᠢ᠍ᠮᠠᠳᠤᠭᠠᠷ ᠪᠦᠯᠦᠭ ᠤᠤᠭᠠᠯ ᠱᠢᠨ᠎ᠡ ᠡᠭᠦᠳᠦᠯᠲᠡ ᠪᠠ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠴᠢᠩᠭᠠᠳᠭᠠᠨ᠎ᠠ
ᠶᠢᠰᠥᠳᠥᠭᠡᠷ ᠪᠥᠯᠥᠭ ᠱᠢᠰᠲ᠋ᠧᠮᠵᠢᠭᠦᠯᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠠᠷᠪᠠᠳᠣᠭᠠᠷ ᠪᠥᠯᠥᠭ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠨ᠎ᠠ
ᠠᠷᠪᠠᠨ ᠨᠢᠭᠡᠳᠥᠭᠡᠷ ᠪᠥᠯᠥᠭ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠤᠨ᠎ᠠ
ᠳᠦᠷᠪᠡᠳᠦᠭᠡᠷ ᠠᠩᠬᠢ ᠳ᠋ᠢᠵᠢᠲ᠋ᠠᠯ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ ᠳ᠋ᠢᠵᠢᠲ᠋ᠠᠯᠴᠢᠯᠠᠬ᠍ᠰᠠᠨ ᠤᠶᠤᠨᠴᠢᠯᠠᠬ᠍ᠰᠠᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ
ᠠᠷᠪᠠᠨ ᠬᠤᠶᠠᠲᠤᠭᠠᠷ ᠪᠦᠯᠦᠭ ᠪᠤᠳᠤᠬᠤ ᠬᠦᠴᠦᠨ ᠪᠤᠳᠤᠬᠤ ᠠᠷᠭ᠎ᠠ ᠳ᠋ᠠᠢᠲ᠋ᠠ᠎ᠶ᠋ᠢᠨ ᠥᠨᠳᠥᠷ ᠪᠦᠲᠦᠮᠵᠢᠲᠡᠶ ᠬᠠᠩᠭᠠᠯᠭ᠎ᠠ᠎ᠶ᠋ᠢ ᠴᠢᠩᠭᠠᠳᠭᠠᠨ᠎ᠠ
ᠠᠷᠪᠠᠨ ᠭᠤᠷᠪᠠᠳᠤᠭᠠᠷ ᠪᠦᠯᠦᠭ ᠳ᠋ᠢᠵᠢᠲ᠋ᠠᠯ ᠮᠡᠷᠭᠡᠵᠢᠯ ᠣᠶᠤᠯᠢᠭ ᠮᠡᠷᠭᠡᠵᠢᠯ᠎ᠢᠶᠠᠷ ᠡᠨᠧᠷᠭᠢ ᠣᠯᠭᠤᠬᠤ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ
ᠠᠷᠪᠠᠨ ᠳᠦᠷᠪᠡᠳᠦᠭᠡᠷ ᠪᠦᠯᠦᠭ ᠡᠷᠡᠭᠦᠯ ᠪᠥᠭᠡᠳ ᠡᠮᠬᠢ ᠵᠢᠷᠤᠮ᠎ᠲᠠᠢ ᠬᠥᠭ᠌ᠵᠢᠯᠲᠡ᠎ᠶ᠋ᠢᠨ ᠠᠮᠢ ᠠᠬᠤᠶ᠎ᠶ᠋ᠢ ᠪᠤᠢ ᠪᠣᠯᠭᠠᠨ᠎ᠠ
ᠲᠠᠪᠤᠳᠤᠭᠠᠷ ᠠᠩᠬᠢ ᠬᠦᠴᠦᠷᠬᠡᠭ ᠶᠡᠭᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠦᠳᠦᠭᠡᠨ ᠪᠠᠢᠭᠤᠯᠵᠤ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠠᠢᠭᠤᠯᠤᠨ᠎ᠠ
ᠠᠷᠪᠠᠨ ᠲᠠᠪᠤᠳᠤᠭᠠᠷ ᠪᠦᠯᠦᠭ ᠬᠡᠷᠡᠭ᠌ᠯᠡᠭᠡ᠎ᠶ᠋ᠢ ᠶᠡᠭᠡ᠎ᠪᠠᠷ ᠬᠥᠭ᠌ᠵᠢᠭᠡᠨ᠎ᠡ
ᠠᠷᠪᠠᠨ ᠵᠢᠷᠭᠤᠳᠤᠭᠠᠷ ᠪᠦᠯᠦᠭ ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠥᠷᠭᠡᠳᠭᠡᠨ᠎ᠡ
ᠠᠷᠪᠠᠨ ᠲᠤᠯᠤᠳᠤᠭᠠᠷ ᠪᠦᠯᠦᠭ ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ
ᠵᠢᠷᠭᠤᠳᠤᠭᠠᠷ ᠠᠩᠬᠢ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠯ᠎ᠢ ᠲᠦᠷᠭᠡᠯᠡᠨ ᠪᠠᠢᠭᠤᠯᠵᠤ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ᠎ᠢ ᠴᠢᠩᠭᠠᠷᠠᠭᠤᠯᠤᠨ᠎ᠠ
ᠠᠷᠪᠠᠨ ᠨᠠᠢ᠍ᠮᠠᠳᠤᠭᠠᠷ ᠪᠦᠯᠦᠭ ᠡᠯ᠎ᠡ ᠲᠦᠷᠦᠯ᠎ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠭᠦᠢᠴᠡᠳ ᠬᠥᠭ᠌ᠵᠢᠭᠡᠨ᠎ᠡ
ᠠᠷᠪᠠ ᠶᠢᠰᠦᠳᠦᠭᠡᠷ ᠪᠦᠯᠦᠭ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠢᠭᠤᠯᠤᠯ ᠲᠣᠭ᠍ᠲᠠᠴᠠ᠎ᠶ᠋ᠢ ᠲᠦᠷᠭᠡᠯᠡᠨ ᠲᠡᠭᠦᠯᠳᠡᠷᠵᠢᠭᠦᠯᠦᠨ᠎ᠡ
ᠬᠤᠷᠢᠳᠤᠭᠠᠷ ᠪᠦᠯᠦᠭ ᠬᠤᠷᠸ᠎ᠠ ᠠᠵᠤ ᠠᠬᠤᠶ᠎ᠶ᠋ᠢᠨ ᠵᠠᠰᠠᠯᠲᠠ᠎ᠶ᠋ᠢᠨ ᠱᠢᠰᠲ᠋ᠧᠮ᠎ᠢ ᠪᠥᠷᠢᠨᠱᠢᠭᠦᠯᠦᠨᠡ
ᠳᠤᠯᠤᠳᠤᠭᠠᠷ ᠠᠩᠬᠢ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠡ᠎ᠶ᠋ᠢ ᠥᠷᠭᠡᠳᠭᠡᠵᠦ᠍ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠬᠦᠷᠳᠡᠬᠦ᠌ ᠱᠢᠨ᠎ᠡ ᠪᠠᠢᠳᠠᠯ᠎ᠢ ᠡᠭᠦᠳᠤᠨ ᠨᠡᠭᠡᠭᠡᠨ᠎ᠠ
ᠬᠤᠷᠢᠨ ᠨᠢᠭᠡᠳᠦᠭᠡᠷ ᠪᠦᠯᠦᠭ ᠪᠡᠶ᠎ᠡ᠎ᠪᠠᠨ ᠳᠠᠭᠠᠭᠠᠵᠤ ᠨᠡᠭᠡᠭᠡᠯᠲᠡ ᠬᠢᠬᠦ᠌᠎ᠶ᠋ᠢ ᠢᠳᠡᠪᠬᠢᠲᠡᠶ ᠥᠷᠭᠡᠳᠭᠡᠨ᠎ᠡ
ᠬᠤᠷᠢᠨ ᠬᠤᠶᠠᠳᠣᠭᠠᠷ ᠪᠦᠯᠦᠭ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠶᠠᠰᠥ᠍ ᠴᠢᠨᠠᠷ ᠪᠠ ᠲᠦᠪᠱᠢᠨ᠎ᠢ ᠳᠡᠭᠡᠭ᠌ᠰᠢᠯᠡᠭᠦᠯᠦᠨ᠎ᠡ
ᠬᠤᠷᠢᠨ ᠭᠤᠷᠪᠠᠳᠣᠭᠠᠷ ᠪᠦᠯᠦᠭ 《 ᠨᠢᠭᠡ ᠪᠦᠰᠡ ᠨᠢᠭᠡ ᠵᠠᠮ 》 ᠢ᠋ ᠴᠢᠨᠠᠷ ᠰᠠᠢᠲᠠᠢ᠎ᠪᠠᠷ ᠬᠠᠮᠳᠤ᠎ᠪᠠᠷ ᠪᠠᠢᠭᠤᠯᠤᠨ᠎ᠠ
ᠬᠤᠷᠢᠨ ᠲᠦᠷᠪᠡᠳᠦᠭᠡᠷ ᠪᠦᠯᠦᠭ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ
ᠨᠠᠢ᠍ᠮᠠᠳᠤᠭᠠᠷ ᠠᠩᠬᠢ ᠲᠠᠷᠢᠶᠠᠯᠠᠩ ᠬᠦᠳᠡᠭᠡ ᠳᠤᠰᠭᠤᠨ᠎ᠤ ᠤᠳᠤᠬᠢᠴᠢᠯᠠᠯᠳᠠ᠎ᠶ᠋ᠢ ᠲᠦᠷᠬᠡᠳᠭᠡᠵᠦ᠍ ᠬᠦᠳᠡᠭᠡ ᠳᠤᠰᠭᠤᠨ᠎ᠢ ᠪᠦᠬᠦ᠌ ᠲᠠᠯ᠎ᠠ᠎ᠪᠠᠷ ᠬᠦᠭ᠌ᠵᠢᠬᠦᠯᠦᠨ ᠮᠡᠨᠳᠤᠭᠤᠯᠬᠤ᠎ᠶ᠋ᠢ ᠯᠠᠪᠳᠠᠭᠤᠨ ᠪᠠᠳᠤᠳᠠᠢ ᠠᠬᠢᠭᠤᠯᠤᠨ᠎ᠠ
ᠬᠤᠷᠢᠨ ᠲᠠᠪᠣᠳᠣᠭᠠᠷ ᠪᠦᠯᠦᠭ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ ᠪᠠ ᠶᠠᠰᠤ ᠴᠢᠨᠠᠷ ᠦᠷ᠎ᠠ ᠠᠱᠢᠭ᠎ᠢ ᠳᠡᠬᠡᠭ᠌ᠰᠢᠯᠡᠬᠦᠯᠦᠨᠡ
ᠬᠤᠷᠢᠨ ᠵᠢᠷᠭᠤᠳᠣᠭᠠᠷ ᠪᠦᠯᠦᠭ ᠠᠵᠢᠯᠯᠠᠵᠤ ᠠᠮᠢᠳᠤᠷᠠᠬᠤ᠎ᠳᠤ ᠳᠤᠬᠢᠳᠠᠢ ᠡᠶ᠎ᠡ ᠨᠠᠢᠷᠠᠮᠳᠠᠭᠤ ᠦᠵᠡᠰᠭᠦᠯᠡᠩᠳᠦ ᠰᠠᠢᠬᠠᠨ ᠬᠦᠳᠡᠭᠡ ᠳᠤᠰᠭᠤᠨ᠎ᠤ ᠪᠦᠳᠦᠬᠡᠨ ᠪᠠᠢᠭᠤᠯᠤᠯᠳᠠ᠎ᠶ᠋ᠢ ᠠᠬᠢᠭᠤᠯᠤᠨ᠎ᠠ
ᠬᠤᠷᠢᠨ ᠳᠤᠯᠤᠳᠤᠭᠠᠷ ᠪᠦᠯᠦᠭ ᠲᠠᠷᠢᠶᠠᠯᠠᠩ᠎ᠢ ᠬᠦᠴᠦᠷᠬᠡᠭ᠌ᠵᠢᠬᠦᠯᠬᠦ᠌ ᠬᠦᠳᠡᠭᠡ ᠳᠤᠰᠭᠤᠨ᠎ᠳᠤ ᠠᠱᠢᠬ ᠬᠦᠷᠳᠡᠬᠡᠬᠦ᠌ ᠲᠠᠷᠢᠶᠠᠴᠢᠳ᠎ᠢ ᠪᠠᠶᠠᠵᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠬᠡᠭ᠌ᠰᠢᠯᠡᠬᠦᠯᠦᠨᠡ
ᠶᠢᠰᠦᠲᠦᠭᠡᠷ ᠠᠩᠭᠢ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠯᠠᠭᠤᠯᠣᠯᠳᠠᠶ᠋ᠢ ᠱᠢᠯᠢᠳᠡᠭ᠌ᠵᠢᠭᠦᠯᠵᠦ᠍ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ
ᠬᠤᠷᠢᠨ ᠨᠠᠢ᠍ᠮᠠᠳᠤᠭᠠᠷ ᠪᠦᠯᠦᠭ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠵᠣᠬᠢᠴᠠᠯᠳᠣ ᠴᠢᠨᠠᠷ᠎ᠢ ᠴᠢᠩᠭᠠᠷᠠᠭᠤᠯᠣᠨ᠎ᠠ
ᠬᠤᠷᠢ ᠶᠢᠰᠦᠳᠦᠭᠡᠷ ᠪᠦᠯᠦᠭ ᠣᠷᠣᠨ ᠪᠦᠰᠡ᠎ᠶ᠋ᠢᠨ ᠬᠤᠯᠪᠣᠯᠳᠤᠨ ᠬᠦᠳᠡᠯᠦᠯᠴᠡᠵᠦ᠍ ᠬᠥᠭ᠌ᠵᠢᠬᠦ᠌᠎ᠶ᠋ᠢ ᠠᠬᠢᠭᠤᠯᠤᠨ᠎ᠠ
ᠭᠤᠴᠢᠳᠤᠭᠠᠷ ᠪᠦᠯᠦᠭ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠎ᠡ
ᠭᠤᠴᠢᠨ ᠨᠢᠭᠡᠳᠦᠭᠡᠷ ᠪᠦᠯᠦᠭ ᠬᠥᠮᠦᠨ᠎ᠢᠶᠠᠷ ᠦᠨᠳᠦᠰᠦ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ
ᠭᠤᠴᠢᠨ ᠬᠤᠶᠠᠳᠤᠭᠠᠷ ᠪᠦᠯᠦᠭ ᠳᠠᠯᠠᠢ ᠲᠠᠩᠭᠢᠰ᠎ᠢ ᠨᠡᠭᠡᠭᠡᠨ ᠠᠱᠢᠭ᠍ᠯᠠᠬᠤ ᠪᠠ ᠬᠠᠮᠠᠭᠠᠯᠠᠬᠤ᠎ᠶ᠋ᠢ ᠴᠢᠩᠭᠠᠳᠭᠠᠨ᠎ᠠ
ᠠᠷᠪᠠᠳᠤᠭᠠᠷ ᠠᠩᠭᠢ ᠪᠦᠬᠦ᠌ ᠦᠨᠳᠦᠰᠦᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠦᠨ᠎ᠡ
ᠭᠤᠴᠢᠨ ᠭᠤᠷᠪᠠᠳᠤᠭᠠᠷ ᠪᠦᠯᠦᠭ ᠨᠡᠢᠭᠡᠮ ᠵᠢᠷᠤᠮ᠎ᠤᠨ ᠭᠤᠣᠯᠯᠠᠬᠤ ᠦᠷᠲᠡᠭ᠎ᠤᠨ ᠦᠵᠡᠯᠲᠡ᠎ᠶ᠋ᠢ ᠪᠠᠳᠠᠷᠠᠭᠤᠯᠤᠨ ᠦᠢᠯᠡᠳᠦᠯᠭᠡᠵᠢᠭᠦᠯᠦᠨ᠎ᠡ
ᠭᠤᠴᠢᠨ ᠲᠦᠷᠪᠡᠳᠦᠭᠡᠷ ᠪᠦᠯᠦᠭ ᠰᠣᠶᠣᠯ᠎ᠤᠨ ᠠᠵᠢᠯ ᠦᠢᠯᠡᠰ᠎ᠢ ᠶᠡᠭᠡ᠎ᠪᠠᠷ ᠴᠡᠴᠡᠭ᠌ᠯᠡᠭᠦᠯᠦᠨ᠎ᠡ
ᠭᠤᠴᠢᠨ ᠲᠠᠪᠤᠳᠤᠭᠠᠷ ᠪᠦᠯᠦᠭ ᠰᠣᠶᠣᠯ᠎ᠤᠨ ᠠᠵᠤ ᠦᠢᠯᠡᠰ᠎ᠢ ᠲᠦᠷᠭᠡᠯᠡᠨ ᠬᠥᠭ᠌ᠵᠢᠭᠦᠯᠦᠨ᠎ᠡ
ᠭᠤᠴᠢᠨ ᠵᠢᠷᠭᠤᠳᠤᠭᠠᠷ ᠪᠦᠯᠦᠭ ᠳᠤᠮᠳᠠᠳᠤ᠎ᠶ᠋ᠢᠨ ᠪᠣᠯᠪᠠᠰᠤᠨ᠎ᠤ ᠤᠯᠠᠮᠵᠢᠯᠠᠨ ᠲᠠᠷᠬᠠᠭᠠᠬᠤ ᠬᠦᠴᠦᠨ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠨ᠎ᠡ
ᠠᠷᠪᠠᠨ ᠨᠢᠭᠡᠳᠦᠭᠡᠷ ᠠᠩᠭᠢ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠡᠭᠦᠯᠳᠡᠷᠵᠢᠭᠦᠯᠵᠤ ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
ᠭᠤᠴᠢᠨ ᠲᠤᠯᠤᠳᠤᠭᠠᠷ ᠪᠦᠯᠦᠭ ᠦᠷᠡᠵᠢᠯ᠎ᠳᠤ ᠡᠭᠡᠯᠢᠲᠡᠢ ᠨᠡᠢᠭᠡᠮ᠎ᠢ ᠪᠠᠢᠭᠤᠯᠤᠨ᠎ᠠ
ᠭᠤᠴᠢᠨ ᠨᠠᠢ᠍ᠮᠠᠳᠤᠭᠠᠷ ᠪᠦᠯᠦᠭ ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠨ᠎ᠡ
ᠭᠤᠴᠢ ᠶᠢᠰᠦᠲᠦᠭᠡᠷ ᠪᠦᠯᠦᠭ ᠡᠷᠡᠭᠦᠯ ᠡᠩᠬᠡ ᠳᠤᠮᠳᠠᠳᠤ ᠤᠯᠤᠰ᠎ᠢ ᠲᠦᠷᠭᠡᠯᠡᠨ ᠪᠦᠲᠦᠭᠡᠨ ᠪᠠᠢᠭᠤᠯᠤᠨ᠎ᠠ
ᠲᠦᠴᠢᠲᠦᠭᠡᠷ ᠪᠦᠯᠦᠭ ᠬᠦᠮᠦᠨ ᠠᠮᠠ᠎ᠶ᠋ᠢᠨ ᠨᠠᠰᠤᠵᠢᠯᠳᠠ᠎ᠶ᠋ᠢ ᠢᠳᠡᠪᠬᠢᠳᠠᠢ ᠠᠷᠭᠠᠴᠠᠨ᠎ᠠ
ᠠᠷᠪᠠᠨ ᠬᠤᠶᠠᠳᠤᠭᠠᠷ ᠠᠩᠭᠢ ᠠᠷᠠᠳ᠎ᠤᠨ ᠠᠮᠢᠳᠤᠷᠠᠯ᠎ᠢ ᠪᠠᠳᠤᠯᠠᠨ ᠰᠠᠢᠵᠢᠷᠠᠭᠤᠯᠬᠤ ᠡᠷᠴᠢᠮ᠎ᠢᠶᠠᠨ ᠴᠢᠩᠭᠠᠷᠠᠭᠤᠯᠵᠤ ᠪᠦᠬᠦ᠌ ᠠᠷᠠᠳ ᠲᠦᠮᠡᠨ᠎ᠤ ᠬᠠᠮᠳᠤ᠎ᠶ᠋ᠢᠨ ᠴᠢᠨᠠᠬᠡᠯᠢᠭ᠌ᠵᠢᠯᠳᠠᠶ᠋ᠢ ᠯᠠᠪᠳᠠᠭᠤᠨ ᠪᠠᠳᠤᠳᠠᠢ ᠠᠬᠢᠭᠤᠯᠤᠨ᠎ᠠ
ᠲᠦᠴᠢᠨ ᠨᠢᠭᠡᠲᠦᠭᠡᠷ ᠪᠦᠯᠦᠭ ᠴᠢᠨᠠᠷ ᠰᠠᠢᠳᠠᠢ ᠪᠦᠬᠡᠳ ᠬᠦᠢᠴᠡᠳ ᠠᠵᠢᠯ ᠤᠯᠭᠤᠯᠳᠠ᠎ᠶ᠋ᠢ ᠠᠬᠢᠭᠤᠯᠤᠨ᠎ᠠ
ᠲᠦᠴᠢᠨ ᠬᠤᠶᠠᠳᠤᠭᠠᠷ ᠪᠦᠯᠦᠭ ᠤᠷᠤᠯᠭ᠎ᠠ᠎ᠶ᠋ᠢᠨ ᠬᠤᠪᠢᠶᠠᠷᠢᠯᠠᠯᠳᠠ᠎ᠶ᠋ᠢᠨ ᠲᠦᠷᠢᠮ᠎ᠢ ᠳᠡᠬᠦᠯᠳᠡᠷᠵᠢᠬᠦᠯᠦᠨ᠎ᠡ
ᠲᠦᠴᠢᠨ ᠭᠤᠷᠪᠠᠳᠤᠭᠠᠷ ᠪᠦᠯᠦᠭ ᠨᠠᠢᠭᠡᠮ᠎ᠤᠨ ᠪᠠᠳᠤᠯᠠᠭ᠎ᠠ᠎ᠶ᠋ᠢᠨ ᠱᠢᠰᠲ᠋ᠧᠮ᠎ᠢ ᠪᠥᠷᠢᠨᠱᠢᠭᠦᠯᠥᠨᠠ
ᠲᠦᠴᠢᠨ ᠲᠦᠷᠪᠡᠲᠦᠭᠡᠷ ᠪᠦᠯᠦᠭ ᠭᠡᠷ ᠪᠠᠢᠱᠢᠩ ᠭᠠᠵᠠᠷ ᠱᠢᠷᠣᠶ᠎ᠶ᠋ᠢᠨ ᠬᠦᠷᠦᠩᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
ᠳᠦᠴᠢᠨ ᠲᠠᠪᠤᠳᠤᠭᠠᠷ ᠪᠦᠯᠦᠭ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠯᠠᠪᠳᠠᠭᠤᠨ᠎ᠢᠶᠠᠷ ᠠᠬᠢᠭᠤᠯᠤᠨ᠎ᠠ
ᠳᠦᠴᠢᠨ ᠵᠢᠷᠭᠤᠳᠤᠭᠠᠷ ᠪᠦᠯᠦᠭ ᠡᠯ᠎ᠡ ᠲᠦᠷᠦᠯ᠎ᠤᠨ ᠬᠠᠮᠲᠤᠯᠢᠭ᠎ᠤᠨ ᠬᠥᠭ᠌ᠵᠢᠯᠲᠡ᠎ᠶ᠋ᠢᠨ ᠡᠷᠬᠡ ᠠᠱᠢᠭ᠎ᠢ ᠪᠠᠲᠤᠯᠠᠨ᠎ᠠ
ᠠᠷᠪᠠᠨ ᠭᠤᠷᠪᠠᠳᠤᠭᠠᠷ ᠠᠩᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢᠨ ᠨᠤᠭᠤᠭᠠᠠ ᠬᠤᠪᠢᠷᠠᠭᠤᠯᠤᠯᠳᠠ᠎ᠶ᠋ᠢ ᠳᠥᠷᠭᠡᠳᠭᠡᠵᠥ᠍ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠤᠨ᠎ᠠ
ᠳᠦᠴᠢᠨ ᠳᠤᠯᠤᠳᠤᠭᠠᠷ ᠪᠦᠯᠦᠭ ᠨᠡᠬᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠤᠷᠬᠢᠯ ᠬᠡᠮᠵᠢᠭ᠌ᠳᠡᠯ᠎ᠳᠤᠨᠢ ᠬᠦᠷᠬᠡᠬᠦ᠌᠎ᠶ᠋ᠢ ᠢᠳᠡᠪᠬᠢᠲᠡᠶ ᠪᠥᠭᠡᠳ ᠯᠠᠪᠳᠠᠭᠤᠨ ᠳᠤᠭᠢᠳᠠᠢ ᠠᠬᠢᠭᠤᠯᠬᠤ ᠪᠠ ᠪᠡᠶᠡᠯᠡᠭᠦᠯᠦᠨ᠎ᠡ
ᠳᠦᠴᠢᠨ ᠨᠠᠢ᠍ᠮᠠᠳᠤᠭᠠᠷ ᠪᠦᠯᠦᠭ ᠣᠷᠴᠢᠨ ᠠᠬᠤᠶ᠎ᠶ᠋ᠢᠨ ᠶᠠᠰᠥ᠍ ᠴᠢᠨᠠᠷ᠎ᠢ ᠦᠷᠭᠦᠯᠵᠢᠯᠡᠨ ᠰᠠᠢᠵᠢᠷᠠᠭᠤᠯᠤᠨ᠎ᠠ
ᠳᠦᠴᠢ ᠶᠢᠰᠦᠳᠦᠭᠡᠷ ᠪᠦᠯᠦᠭ ᠠᠮᠢ ᠠᠬᠤᠶ᠎ᠶ᠋ᠢᠨ ᠱᠢᠰᠲ᠋ᠧᠮ᠎ᠤᠨ ᠤᠯᠠᠨ ᠶᠠᠩᠵᠤᠲᠤ ᠴᠢᠨᠠᠷ ᠲᠣᠭ᠍ᠲᠠᠪᠤᠷᠢᠲᠤ ᠴᠢᠨᠠᠷ ᠥᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠦᠨ᠎ᠡ
ᠲᠠᠪᠢᠳᠤᠭᠠᠷ ᠪᠦᠯᠦᠭ ᠨᠤᠭᠤᠭᠠᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠬ᠎ᠢ ᠲᠦᠷᠭᠡᠯᠡᠨ ᠪᠤᠢ ᠪᠣᠯᠭᠠᠨ᠎ᠠ
ᠠᠷᠪᠠᠨ ᠲᠦᠷᠪᠠᠳᠤᠬᠡᠷ ᠠᠩᠬᠢ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ
ᠲᠠᠪᠢᠨ ᠨᠢᠬᠡᠳᠤᠬᠡᠷ ᠪᠦᠯᠦᠭ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ
ᠲᠠᠪᠢᠨ ᠬᠤᠶᠠᠳᠤᠭᠠᠷ ᠪᠦᠯᠦᠭ ᠤᠯᠤᠰ᠎ᠤᠨ ᠠᠵᠤ ᠠᠬᠤᠶ᠎ᠶ᠋ᠢᠨ ᠠᠮᠤᠷ ᠲᠦᠪᠱᠢᠨ᠎ᠢ ᠪᠠᠲᠤᠯᠠᠨ᠎ᠠ
ᠲᠠᠪᠢᠨ ᠭᠤᠷᠪᠠᠳᠤᠭᠠᠷ ᠪᠦᠯᠦᠭ ᠤᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠬᠢᠷᠢ ᠬᠡᠮᠵᠢᠶ᠎ᠡ᠎ᠶ᠋ᠢ ᠲᠡᠭᠡᠭ᠌ᠰᠢᠯᠡᠬᠦᠯᠤᠨ᠎ᠠ
ᠲᠠᠪᠢᠨ ᠲᠦᠷᠪᠠᠳᠤᠬᠡᠷ ᠪᠦᠯᠦᠭ ᠨᠡᠢᠭᠡᠮ᠎ᠤᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠠᠷᠪᠠᠨ ᠲᠠᠪᠤᠳᠤᠭᠠᠷ ᠠᠩᠬᠢ ᠴᠡᠷᠢᠭ ᠪᠠᠢᠭᠤᠯᠤᠬ᠍ᠳᠠᠬ᠍ᠰᠠᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠍ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢ ᠴᠢᠨᠠᠷ ᠰᠠᠢᠲᠠᠶ ᠠᠬᠢᠭᠤᠯᠤᠨ᠎ᠠ
ᠲᠠᠪᠢᠨ ᠲᠠᠪᠤᠳᠤᠭᠠᠷ ᠪᠦᠯᠦᠭ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠶᠠᠰᠤ ᠴᠢᠨᠠᠷ ᠦᠷ᠎ᠡ ᠠᠱᠢᠭ᠎ᠢ ᠬᠦᠴᠦᠯᠡᠨ ᠳᠡᠭᠡᠭ᠌ᠰᠢᠯᠡᠭᠦᠯᠦᠨ᠎ᠡ
ᠲᠠᠪᠢᠨ ᠵᠢᠷᠭᠤᠳᠤᠭᠠᠷ ᠪᠦᠯᠦᠭ ᠨᠢᠭᠡ ᠴᠤᠭ᠍ᠴᠠᠵᠢᠭ᠍ᠰᠠᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠦᠨ᠎ᠡ
ᠠᠷᠪᠠᠨ ᠵᠢᠷᠭᠤᠳᠤᠭᠠᠷ ᠠᠩᠭᠢ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠦᠭ᠌ᠵᠢᠭᠦᠯᠵᠦ᠍ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ
ᠲᠠᠪᠢᠨ ᠲᠤᠯᠤᠳᠤᠭᠠᠷ ᠪᠦᠯᠦᠭ ᠨᠡᠢᠭᠡᠮ ᠵᠢᠷᠤᠮ᠎ᠤᠨ ᠠᠷᠠᠳᠴᠢᠯᠠᠯ᠎ᠢ ᠬᠥᠭ᠌ᠵᠢᠭᠦᠯᠦᠨ᠎ᠡ
ᠲᠠᠪᠢᠨ ᠨᠢ᠋ᠮᠠᠳᠤᠭᠠᠷ ᠪᠦᠯᠦᠭ ᠪᠦᠬᠦ᠌ ᠳᠠᠯ᠎ᠠ᠎ᠪᠠᠷ ᠬᠠᠤᠯᠢ ᠶᠤᠰᠤᠭᠠᠷ ᠤᠯᠤᠰ᠎ᠢᠶᠠᠨ ᠵᠠᠰᠠᠬᠤ᠎ᠶ᠋ᠢ ᠠᠬᠢᠭᠤᠯᠤᠨ᠎ᠠ
ᠠᠷᠪᠠᠨ ᠳᠤᠯᠤᠳᠤᠭᠠᠷ ᠠᠩᠭᠢ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠶ᠋ᠢ ᠪᠠᠷᠢᠮᠲᠠᠯᠠᠨ ᠲᠡᠭᠦᠯᠳᠡᠷᠵᠢᠭᠦᠯᠵᠦ᠍ ᠡᠭᠡ ᠤᠯᠤᠰ᠎ᠤᠨ ᠨᠢᠭᠡᠳᠦᠯ᠎ᠢ ᠠᠬᠢᠭᠤᠯᠤᠨ᠎ᠠ
ᠲᠠᠪᠢ ᠶᠢᠰᠤᠳᠤᠬᠡᠷ ᠪᠦᠯᠦᠭ ᠱᠢᠶᠠᠩᠭᠠᠩ᠂ ᠣᠣᠮᠧᠨ᠎ᠤ ᠤᠷᠲᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠢ ᠠᠬᠢᠭᠤᠯᠤᠨ᠎ᠠ
ᠵᠢᠷᠠᠳᠤᠭᠠᠷ ᠪᠥᠯᠥᠭ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭ᠎ᠠ᠎ᠶ᠋ᠢᠨ ᠨᠠᠢᠷᠠᠮᠳᠠᠯ᠎ᠢᠶᠠᠷ ᠬᠥᠭ᠌ᠵᠢᠭᠦ᠎ᠶ᠋ᠢ ᠠᠬᠢᠭᠤᠯᠵᠤ᠂ ᠡᠬᠡ ᠤᠯᠤᠰ᠎ᠢᠶᠠᠨ ᠨᠢᠭᠡᠳᠭᠡᠬᠦ᠌ ᠶᠡᠭᠡ ᠦᠢᠯᠡᠰ᠎ᠢ ᠠᠬᠢᠭᠤᠯᠤᠨ᠎ᠠ
ᠠᠷᠪᠠᠨ ᠨᠠᠢ᠍ᠮᠠᠳᠤᠭᠠᠷ ᠠᠩᠭᠢ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠪᠠᠲᠤᠯᠠᠭ᠎ᠠ᠎ᠶ᠋ᠢ ᠴᠢᠩᠭᠠᠳᠭᠠᠨ᠎ᠠ
ᠵᠢᠷᠠᠨ ᠨᠢᠭᠡᠳᠦᠭᠡᠷ ᠪᠥᠯᠥᠭ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠨ᠎ᠠ
ᠵᠢᠷᠠᠨ ᠬᠤᠶᠠᠳᠤᠭᠠᠷ ᠪᠥᠯᠥᠭ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠪᠦᠬᠦ᠌ ᠦᠶᠡᠯᠡᠯ᠎ᠤᠨ ᠠᠬᠢᠭᠤᠯᠬᠤ ᠲᠣᠭ᠍ᠲᠠᠴᠠ᠎ᠶ᠋ᠢ ᠪᠦᠷᠢᠨᠱᠢᠬᠦᠯᠦᠨ᠎ᠠ
ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠶ ᠪᠤᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ (2026 — 2030 ᠣᠨ) ᠤ᠋ᠨ ᠲᠥᠯᠥᠪᠵᠢᠭᠦᠯᠭᠡ᠎ᠶ᠋ᠢᠨ ᠲᠤᠪᠴᠢ᠎ᠶ᠋ᠢ ᠪᠤᠯ 《ᠤᠯᠤᠰ ᠠᠷᠠᠳ᠎ᠤᠨ ᠠᠵᠤ ᠠᠬᠤᠶ ᠪᠤᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》᠎ᠶ᠋ᠢ ᠦᠨᠳᠦᠰᠦᠯᠡᠵᠦ᠍ ᠨᠠᠢᠷᠠᠭᠤᠯᠤᠨ ᠵᠣᠬᠢᠶᠠᠭ᠍ᠰᠠᠨ ᠶᠤᠮ᠂ ᠡᠭᠦᠨ᠎ᠳᠤ ᠭᠤᠣᠯᠳᠠᠭᠤ ᠤᠯᠤᠰ ᠤ᠋ᠨ ᠪᠠᠢᠯᠳᠤᠬᠤ ᠪᠣᠳᠣᠯᠭ᠎ᠠ᠎ᠶ᠋ᠢᠨ ᠵᠣᠷᠢᠯᠲᠠ᠎ᠶ᠋ᠢ ᠦᠭᠦᠯᠡᠨ ᠲᠣᠳᠣᠷᠬᠠᠢᠯᠠᠵᠦ᠍᠂ ᠵᠠᠰᠠᠭ᠎ᠤᠨ ᠣᠷᠳᠣᠨ᠎ᠤ ᠠᠵᠢᠯ᠎ᠤᠨ ᠭᠤᠣᠯᠳᠠᠯᠭ᠎ᠠ᠎ᠶ᠋ᠢ ᠲᠣᠳᠣᠷᠬᠠᠢᠯᠠᠨ᠂ ᠨᠡᠢᠭᠡᠮ᠎ᠤᠨ ᠪᠡᠶᠡᠴᠢ ᠴᠣᠭ᠍ᠴᠠ᠎ᠶ᠋ᠢᠨ ᠦᠢᠯᠡ ᠠᠵᠢᠯᠯᠠᠭ᠎ᠠ᠎ᠶ᠋ᠢ ᠬᠥᠲᠥᠯᠥᠨ ᠵᠢᠯᠣᠭᠤᠳᠴᠤ᠌ ᠵᠢᠷᠤᠮᠵᠢᠭᠤᠯᠪᠠ᠂ ᠡᠨᠡ ᠪᠣᠯ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠤᠭ᠎ᠠ ᠵᠢᠷᠤᠭ ᠲᠥᠰᠦᠪ ᠮᠥᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠠᠵᠢᠯᠯᠠᠭᠠᠨ᠎ᠤ ᠬᠥᠲᠥᠯᠪᠦᠷᠢ ᠮᠥᠨ᠃
ᠨᠢᠭᠡᠳᠦᠭᠡᠷ ᠠᠩᠬᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠦᠨ᠎ᠡ
ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ᠎ᠨᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ ᠳᠤᠮᠳᠠ ᠤᠷᠢᠳᠤᠬᠢ᠎ᠶ᠋ᠢ ᠵᠠᠯᠭᠠᠮᠵᠢᠯᠠᠨ ᠢᠷᠡᠭᠡᠳᠦᠢ᠎ᠶ᠋ᠢ ᠨᠡᠭᠡᠭᠡᠬᠦ᠌ ᠴᠢᠬᠤᠯᠠ ᠪᠠᠢᠷᠢ ᠰᠠᠭᠤᠷᠢ᠎ᠲᠠᠢ ᠪᠠᠢᠵᠤ᠂ ᠰᠠᠭᠤᠷᠢ᠎ᠶ᠋ᠢ ᠪᠡᠳᠤᠳᠭᠠᠬᠤ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ ᠮᠥᠨ᠂ ᠡᠷᠬᠡᠪᠰᠢ ᠴᠥᠬᠦᠷᠡᠰᠢ ᠦᠭᠡᠶ ᠴᠢᠷᠮᠠᠢᠵᠤ᠂ ᠦᠷᠭᠦᠯᠵᠢᠯᠡᠨ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠤᠯᠪᠣᠭ᠍ᠳᠠᠬᠤ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠴᠢᠬᠤᠯᠠ ᠶᠡᠭᠡ ᠱᠢᠪᠲᠤᠯᠤᠯᠲᠠ᠎ᠲᠠᠢ ᠪᠣᠯᠭᠠᠬᠤ᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠤ ᠨᠡᠩ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠬᠦ ᠬᠡᠷᠡᠭ᠌ᠲᠡᠶ᠃
ᠨᠢᠭᠡᠳᠦᠭᠡᠷ ᠪᠦᠯᠦᠭ ᠬᠦᠭᠵᠢᠯᠳᠡ ᠶ᠋ᠢᠨ ᠤᠷᠴᠢᠨ ᠨᠦᠬᠦᠴᠡᠯ
ᠱᠢᠨ᠎ᠡ ᠭᠠᠷᠤᠭ᠎ᠠ ᠳᠡᠭᠡᠷ᠎ᠡ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠰᠠᠭᠤᠷᠢ ᠨᠠᠩ ᠪᠠᠲᠤ ᠪᠠᠬᠢ ᠪᠣᠯᠵᠤ᠂ ᠬᠥᠭ᠌ᠵᠢᠯᠲᠡ᠎ᠶ᠋ᠢᠨ ᠣᠷᠴᠢᠨ ᠨᠥᠬᠦᠴᠡᠯ᠎ᠳᠤ ᠭᠦᠨᠵᠡᠭᠡᠶ ᠪᠥᠭᠡᠳ ᠪᠤᠳᠤᠯᠢᠶᠠᠨᠲᠠᠶ ᠬᠤᠪᠢᠷᠠᠯᠲᠠ ᠭᠠᠷᠴᠤ᠌ ᠂ ᠱᠢᠨ᠎ᠡ ᠲᠣᠬᠢᠶᠠᠯ ᠪᠠ ᠱᠢᠯᠭᠠᠯᠲᠠ ᠲᠤᠯᠭᠠᠷᠠᠵᠤ ᠪᠠᠢᠨ᠎ᠠ᠃
ᠨᠢᠭᠡᠳᠦᠭᠡᠷ ᠬᠡᠰᠡᠭ ᠠᠷᠪᠠᠨ ᠳᠦᠷᠪᠡᠳᠦᠭᠡᠷ ᠳᠠᠪᠤᠨ ᠵᠢᠯ ᠤ᠋ᠨ ᠲᠦᠯᠦᠪᠵᠢᠭᠦᠯᠭᠡ ᠶ᠋ᠢᠨ ᠬᠤᠭᠤᠴᠠᠭᠠᠨ ᠳ᠋ᠤ ᠮᠠᠨ᠎ᠤ ᠤᠯᠤᠰ᠎ᠤᠨ ᠬᠥᠭ᠌ᠵᠢᠯᠲᠡ ᠴᠢᠬᠤᠯᠠ ᠶᠡᠭᠡ ᠠᠮᠵᠢᠯᠲᠠ ᠪᠦᠲᠦᠮᠵᠢ ᠣᠯᠪᠠ
ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠤ ᠭᠠᠷᠤᠭ᠎ᠠ᠎ᠶ᠋ᠢ ᠡᠬᠢᠯᠡᠭᠦᠯᠦᠭ᠌ᠰᠡᠨ ᠱᠠᠲᠤ ᠦᠶ᠎ᠡ ᠪᠠᠢᠵᠤ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠠᠪᠤᠴᠠ ᠪᠤᠯ ᠲᠦᠢᠯ᠎ᠤᠨ ᠶᠡᠷᠦ᠍ ᠪᠤᠰᠤ᠂ ᠲᠦᠢᠯ᠎ᠤᠨ ᠡᠭᠡᠯ ᠪᠤᠰᠤ ᠶᠤᠮ᠃ ᠡᠭᠡᠳᠡᠷᠡᠭᠡᠨ ᠪᠤᠳᠤᠯᠢᠶᠠᠨᠲᠠᠶ ᠳᠡᠯᠡᠬᠡᠶ᠎ᠶ᠋ᠢᠨ ᠪᠠᠢᠳᠠᠯ ᠪᠠ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ᠎ᠶ᠋ᠢᠨ ᠬᠠᠲᠠᠭᠤ ᠪᠡᠷᠬᠡ ᠬᠦᠨᠳᠦ ᠨᠥᠰᠡᠷ ᠡᠭᠦᠷᠭᠡ᠎ᠶ᠋ᠢᠨ ᠡᠮᠦᠨ᠎ᠡ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ᠎ᠢ ᠰᠥᠷᠦᠨ᠂ ᠡᠷᠡᠮᠡᠭᠡᠢᠯᠡᠨ ᠤᠷᠤᠭ᠍ᠰᠢᠯᠠᠵᠤ᠂ ᠡᠷᠢᠨ ᠵᠠᠭᠤᠨ᠎ᠤ ᠬᠢᠵᠢᠭ᠎ᠤᠨ ᠬᠦᠨᠳᠦ ᠨᠣᠴᠢᠲᠠᠶ ᠳᠠᠭᠠᠷᠢᠯᠲᠠ᠎ᠶ᠋ᠢ ᠳᠠᠭᠠᠭᠠᠵᠤ᠂ ᠠᠯᠢ ᠤᠯᠠᠨ ᠬᠦᠨᠳᠦ ᠶᠡᠭᠡ ᠲᠦᠭ᠌ᠰᠢᠭᠦᠷᠢ ᠱᠢᠯᠭᠠᠯᠳᠠ᠎ᠶ᠋ᠢ ᠪᠦᠲᠦᠮᠵᠢᠲᠡᠢ ᠠᠷᠭᠠᠴᠠᠭᠠᠳ᠂ ᠨᠠᠮ ᠪᠠ ᠤᠯᠤᠰ᠎ᠤᠨ ᠠᠵᠢᠯ ᠦᠢᠯᠡᠰ᠎ᠢ ᠠᠬᠢᠭᠤᠯᠵᠤ ᠱᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠤᠯᠪᠠ᠃
ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠬᠥᠲᠥᠯᠥᠨ ᠳᠠᠭᠠᠭᠤᠯᠬᠤ ᠦᠢᠯᠡᠳᠦᠯ᠎ᠢ ᠪᠦᠬᠦ᠌ ᠲᠠᠯ᠎ᠠ᠎ᠪᠠᠷ ᠢᠯᠡᠷᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠲᠠᠯ᠎ᠠ᠎ᠪᠠᠷ ᠴᠢᠬᠤᠯᠠ ᠠᠯᠬᠤᠮ᠎ᠢ ᠠᠯᠬᠤᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠯᠠᠪᠳᠠᠭᠤᠨ᠎ᠢᠶᠠᠷ ᠬᠥᠭ᠌ᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠪᠠ᠃ ᠠᠵᠤ ᠠᠬᠤᠢ᠎ᠶ᠋ᠢᠨ ᠠᠵᠢᠯᠯᠠᠭᠠᠨ ᠲᠣᠭ᠍ᠲᠠᠭᠤᠨ ᠪᠠᠢᠬᠤ᠎ᠶ᠋ᠢᠨ ᠵᠡᠷᠭᠡ᠎ᠳᠤ ᠤᠷᠤᠭ᠍ᠰᠢᠯᠠᠨ᠂ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠥᠷᠲᠡᠭ 140 ᠲᠦᠮᠡᠨ ᠳ᠋ᠦᠩᠱᠢᠭᠤᠷ ᠲᠥᠭᠦᠷᠢᠭ᠎ᠢ ᠳᠠᠪᠠᠵᠤ᠂ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠤᠨ ᠪᠠᠢᠭᠤᠯᠤᠯᠲᠠ ᠴᠢᠬᠤᠯᠠ ᠶᠡᠭᠡ ᠠᠬᠢᠯᠲᠠ᠎ᠲᠠᠢ ᠪᠣᠯᠵᠤ᠂ ᠰᠠᠭᠤᠷᠢ ᠲᠥᠬᠦᠭᠡᠷᠦᠮᠵᠢ᠎ᠶ᠋ᠢᠨ ᠲᠤᠯᠭᠠᠭᠤᠷᠢᠯᠠᠬᠤ ᠴᠢᠳᠠᠪᠤᠷᠢ ᠲᠠᠰᠤᠷᠠᠯᠲᠠ ᠦᠭᠡᠢ ᠳᠡᠭᠡᠭ᠌ᠰᠢᠯᠡᠵᠦ᠍᠂ ᠳ᠋ᠢᠵᠢᠲ᠋ᠠᠯ ᠠᠵᠤ ᠠᠬᠤᠢ᠎ᠶ᠋ᠢᠨ ᠭᠤᠣᠯᠯᠠᠬᠤ ᠠᠵᠤ ᠦᠢᠯᠡᠰ᠎ᠤᠨ ᠨᠡᠮᠡᠭ᠌ᠳᠡᠯ ᠥᠷᠲᠡᠭ᠎ᠤᠨ ᠡᠵᠡᠯᠡᠬᠦ᠌ ᠬᠠᠷᠢᠴᠠᠯ 10.5% ᠶ᠋ᠢ ᠳᠠᠪᠠᠵᠤ᠂ ᠬᠤᠲᠠ ᠬᠥᠳᠡᠭᠡ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠲᠡᠩᠴᠡᠭᠦᠷᠢᠲᠦ ᠴᠢᠨᠠᠷ ᠵᠣᠬᠢᠴᠠᠩᠭᠤᠢ ᠴᠢᠨᠠᠷ ᠴᠢᠩᠭᠠᠷᠠᠪᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠳᠡ ᠡᠯᠪᠡᠭ ᠳᠡᠯᠪᠡᠭ ᠦᠷ᠎ᠡ ᠪᠦᠲᠦᠭᠡᠯ ᠤᠯᠵᠤ᠂ ᠪᠦᠬᠦ᠌ ᠨᠡᠢᠭᠡᠮ᠎ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ᠎ᠶ᠋ᠢᠨ ᠡᠷᠴᠢᠮ 2.8% ᠳᠤ ᠬᠦᠷᠴᠦ᠍᠂ ᠨᠢᠭᠡ ᠪᠦᠯᠦᠭ ᠴᠢᠬᠤᠯᠠ ᠶᠡᠭᠡ ᠵᠠᠩᠭᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠵᠦ᠍᠂ ᠨᠢᠭᠡ ᠪᠦᠯᠦᠭ ᠴᠢᠬᠤᠯᠠ ᠶᠡᠭᠡ ᠤᠤᠭᠠᠯ ᠡᠭᠦᠳᠦᠯᠲᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠪᠠ᠃ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠤᠯᠠᠮ ᠨᠢᠭᠡ ᠠᠯᠬᠤᠮ ᠠᠬᠢᠭᠤᠯᠵᠤ᠂《ᠬᠤᠶᠠᠷ ᠥᠴᠦᠬᠡᠨ ᠴᠦ᠍ ᠭᠤᠢᠪᠢᠰᠢ ᠦᠭᠡᠢ》᠎ᠶ᠋ᠢ ᠨᠠᠢᠳᠠᠪᠤᠷᠢᠵᠢᠭᠤᠯᠬᠤ ᠪᠠᠢᠭᠤᠯᠤᠯ ᠲᠣᠭ᠍ᠲᠠᠴᠠ᠎ᠶ᠋ᠢ ᠳᠠᠰᠤᠷᠠᠯᠳᠠ ᠦᠭᠡᠢ ᠳᠡᠭᠦᠯᠳᠡᠷᠵᠢᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠠᠢᠭᠤᠯᠤᠯᠲᠠ ᠢᠳᠡᠪᠬᠢᠲᠡᠶ ᠦᠷ᠎ᠡ ᠪᠦᠲᠦᠮᠵᠢ ᠣᠯᠵᠤ᠂ ᠬᠤᠷᠸ᠎ᠠ ᠠᠵᠤ ᠠᠬᠤᠶ᠎ᠶ᠋ᠢᠨ ᠵᠠᠰᠠᠯᠲᠠ᠎ᠶ᠋ᠢᠨ ᠦᠢᠯᠡᠳᠦᠯ ᠴᠢᠳᠠᠪᠤᠷᠢ ᠤᠯᠠᠮ ᠨᠢᠭᠡ ᠠᠯᠬᠤᠮ ᠳᠡᠭᠡᠭ᠌ᠰᠢᠯᠡᠪᠡ᠃ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠲᠠᠰᠤᠷᠠᠯᠲᠠ ᠦᠭᠡᠢ ᠥᠷᠭᠡᠳᠭᠡᠵᠦ᠍᠂ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠢ᠎ᠶ᠋ᠢᠨ ᠱᠢᠨ᠎ᠡ ᠪᠠᠢᠭᠤᠯᠤᠯ᠎ᠢ ᠲᠦᠷᠭᠡᠯᠡᠨ ᠪᠤᠢ ᠪᠤᠯᠭᠠᠵᠤ᠂ 《ᠨᠢᠭᠡ ᠪᠦᠰᠡ ᠨᠢᠭᠡ ᠵᠠᠮ》 ᠢ ᠴᠢᠨᠠᠷ ᠰᠠᠢᠲᠠᠢ᠎ᠪᠠᠷ ᠬᠠᠮᠲᠤ᠎ᠪᠠᠷ ᠪᠠᠢᠭᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠪᠠ᠃ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠭᠦᠨᠵᠡᠭᠡᠢᠷᠡᠭᠦᠯᠦᠨ ᠬᠥᠭ᠌ᠵᠢᠭᠦᠯᠵᠦ᠍᠂ ᠪᠦᠬᠦ᠌ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠪᠦᠲᠦᠮᠵᠢᠲᠡᠶ ᠬᠡᠷᠡᠭ᠌ᠵᠢᠭᠦᠯᠪᠡ᠃ ᠰᠣᠶᠣᠯ᠎ᠤᠨ ᠠᠵᠢᠯ ᠦᠢᠯᠡᠰ ᠪᠠ ᠰᠣᠶᠣᠯ᠎ᠤᠨ ᠠᠵᠤ ᠦᠢᠯᠡᠰ᠎ᠢ ᠥᠷᠨᠢᠩᠭᠦᠢ ᠬᠥᠭ᠌ᠵᠢᠭᠦᠯᠵᠦ᠍᠂ ᠤᠶᠤᠨ᠎ᠤ ᠰᠣᠶᠣᠯ᠎ᠤᠨ ᠪᠦᠲᠦᠭᠡᠭ᠌ᠳᠡᠬᠦᠨ᠎ᠢ ᠡᠯᠪᠡᠭ ᠪᠠᠶᠠᠯᠢᠭ ᠪᠣᠯᠭᠠᠪᠠ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠪᠠᠳᠤ ᠪᠠᠬᠢ ᠪᠤᠯᠭᠠᠵᠤ᠂ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠵᠢᠯ ᠳᠤᠮᠳᠠᠴᠢ᠎ᠪᠠᠷ 5.4% ᠪᠠᠷ ᠨᠡᠮᠡᠭ᠌ᠳᠡᠵᠦ᠍᠂ ᠬᠤᠲᠠ ᠪᠠᠯᠭᠠᠰᠤᠨ᠎ᠳᠤ ᠱᠢᠨ᠎ᠡ᠎ᠪᠠᠷ ᠨᠡᠮᠡᠭ᠌ᠳᠡᠭ᠌ᠰᠡᠨ ᠠᠵᠢᠯ ᠤᠯᠤᠭ᠍ᠰᠠᠨ ᠬᠦᠮᠦᠨ᠎ᠤ ᠲᠤᠭ᠎ᠠ ᠨᠡᠢᠳᠡ 6242 ᠲᠦᠮᠡ᠎ᠳᠤ ᠬᠦᠷᠴᠦ᠍᠂ ᠬᠥᠳᠡᠯᠮᠦᠷᠢᠯᠡᠬᠦ᠌ ᠨᠠᠰᠤᠨ᠎ᠤ ᠬᠥᠮᠦᠨ ᠠᠮᠠ᠎ᠶ᠋ᠢᠨ ᠰᠤᠷᠭᠠᠨ ᠬᠥᠮᠦᠵᠢᠯ ᠬᠦᠷᠲᠡᠭ᠌ᠰᠡᠨ ᠳᠤᠮᠳᠠᠴᠢ ᠵᠢᠯ ᠬᠤᠭᠤᠴᠠᠭ᠎ᠠ 11.3 ᠵᠢᠯ᠎ᠳᠤ ᠬᠦᠷᠴᠦ᠍᠂ ᠬᠥᠮᠦᠨ ᠳᠤᠮᠳᠠᠴᠢ᠎ᠶ᠋ᠢᠨ ᠵᠢᠱ᠌ᠢᠯᠳᠡ ᠨᠠᠰᠤᠨ ᠬᠤᠲᠤᠭ᠎ᠢ 79 ᠨᠠᠰᠤ᠎ᠶ᠋ᠢ ᠳᠠᠪᠠᠲᠠᠯ᠎ᠠ ᠳᠡᠭᠡᠭ᠌ᠰᠢᠯᠡᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠪᠡ᠃ ᠨᠤᠭᠤᠭᠠᠨ ᠪᠥᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ ᠠᠯᠬᠤᠴᠠ᠎ᠶ᠋ᠢ ᠲᠦᠷᠭᠡᠳᠭᠡᠵᠦ᠍᠂ ᠠᠮᠢ ᠠᠬᠤᠢ᠎ᠶ᠋ᠢᠨ ᠣᠷᠴᠢᠨ ᠨᠥᠬᠦᠴᠡᠯ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ ᠴᠢᠯᠠᠭᠤᠵᠢᠮᠠᠯ ᠪᠤᠰᠤ ᠡᠨᠧᠷᠭᠢ᠎ᠶ᠋ᠢᠨ ᠰᠤᠷᠪᠤᠯᠵᠢ᠎ᠶ᠋ᠢᠨ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠨᠢ ᠴᠢᠯᠠᠭᠤᠵᠢᠮᠠᠯ ᠡᠨᠧᠷᠭᠢ᠎ᠶ᠋ᠢᠨ ᠰᠤᠷᠪᠤᠯᠵᠢᠶ᠋ᠢᠨᠬᠢᠠᠴᠠ ᠳᠠᠪᠠᠵᠤ᠂ ᠲᠤᠰᠭᠠᠶ ᠣᠷᠣᠨ᠎ᠤ ᠲᠡᠰ ᠵᠢᠴᠢ ᠲᠡᠭᠦᠨ᠎ᠠᠴᠠ ᠳᠡᠭᠡᠭ᠌ᠰᠢᠬᠢ ᠬᠤᠳᠠ᠎ᠶ᠋ᠢᠨ ᠵᠢᠵᠢᠭ ᠮᠥᠬᠦᠯᠢᠭ᠌ᠲᠦ ᠪᠣᠳᠠᠰ (PM2.5) ᠤ᠋ᠨ ᠥᠳᠭᠡᠴᠡ ᠳᠣᠷᠣᠭ᠍ᠰᠢᠯᠠᠭᠠᠳ ᠺᠦᠪ ᠮᠧᠲᠷ ᠪᠦᠷᠢ᠎ᠳᠤ 28 ᠮᠢᠺᠷᠥᠭ᠌ᠷᠠᠮ ᠪᠣᠯᠵᠤ᠂ ᠭᠠᠵᠠᠷ᠎ᠤᠨ ᠭᠠᠳᠠᠷᠭᠤ᠎ᠶ᠋ᠢᠨ ᠤᠰᠤᠨ᠎ᠤ ᠴᠢᠨᠠᠷ III ᠲᠥᠷᠥᠯ᠎ᠤᠨ ᠤᠰᠤᠨ ᠴᠣᠭ᠍ᠴᠠ᠎ᠳᠤ ᠬᠦᠷᠦᠭ᠌ᠰᠡᠨ ᠪᠤᠶᠤ ᠲᠡᠭᠦᠨ ᠡᠴᠡ ᠰᠠᠢᠨ ᠪᠠᠢᠬᠤ ᠬᠠᠷᠢᠴᠠᠯ 90% ᠶ᠋ᠢ ᠳᠠᠪᠠᠵᠤ᠂ ᠣᠢ ᠱᠢᠭᠤᠶ᠎ᠶ᠋ᠢᠨ ᠪᠦᠷᠬᠦᠴᠡ 25%᠎ᠶ᠋ᠢ ᠳᠠᠪᠠᠪᠠ᠃ ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠠᠮᠤ ᠪᠤᠳᠠᠭᠠᠨ᠎ᠤ ᠤᠨᠠᠯᠲᠠ 1.4 ᠲᠦᠮᠡᠨ ᠳ᠋ᠦᠩᠱᠢᠭᠤᠷ ᠵᠢᠩ᠎ᠤᠨ ᠲᠣᠮᠣ ᠳᠡᠭ᠌ᠲᠡᠷ᠎ᠲᠤ ᠭᠠᠷᠴᠤ᠌᠂ ᠨᠡᠢᠭᠡᠮ᠎ᠤᠨ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠴᠢᠩᠭᠠᠷᠠᠭᠤᠯᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠ᠃ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠪᠠᠢᠭᠤᠯᠤᠯᠲᠠ᠎ᠶ᠋ᠢ ᠴᠢᠬᠤᠯᠠ ᠶᠡᠭᠡ ᠠᠬᠢᠯᠳᠠ᠎ᠲᠠᠢ ᠪᠣᠯᠭᠠᠪᠠ᠃ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠦᠢᠯᠡᠳᠦᠯᠭᠡ᠎ᠶ᠋ᠢ ᠭᠦᠨᠵᠡᠭᠡᠢᠷᠡᠭᠦᠯᠦᠨ ᠠᠬᠢᠭᠤᠯᠪᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ᠎ᠶ᠋ᠢ ᠪᠦᠬᠦ᠌ ᠲᠠᠯ᠎ᠠ᠎ᠪᠠᠷ ᠥᠷᠭᠡᠳᠭᠡᠪᠡ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠭᠦᠯᠦᠨ ᠠᠬᠢᠭᠤᠯᠤᠭᠠᠳ᠂ ᠨᠠᠮ᠎ᠤᠨ ᠪᠦᠲᠦᠭᠡᠯᠴᠢ ᠬᠦᠴᠦᠨ᠂ ᠨᠢᠭ᠍ᠲᠠᠷᠠᠯ᠎ᠤᠨ ᠬᠦᠴᠦᠨ᠂ ᠲᠠᠢᠴᠢᠨ ᠬᠦᠴᠦᠨ᠎ᠢ ᠢᠯᠡᠳᠲᠡ ᠳᠡᠭᠡᠭ᠌ᠰᠢᠯᠡᠭᠦᠯᠪᠡ᠃
ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠭᠤᠣᠯ ᠬᠠᠷᠠᠯᠲᠠ ᠡᠭᠦᠷᠭᠡ᠎ᠶ᠋ᠢ ᠢᠯᠠᠯᠲᠠ᠎ᠲᠠᠢ᠎ᠪᠠᠷ ᠪᠡᠶᠡᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠶ ᠬᠦᠴᠦᠨ ᠱᠢᠨ᠎ᠡ ᠳᠡᠭ᠌ᠲᠡᠷ᠎ᠲᠤ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠳᠠᠭᠤᠨ ᠪᠠᠳᠤᠳᠠᠢ ᠱᠢᠨ᠎ᠡ ᠠᠯᠬᠤᠮ᠎ᠢ ᠠᠯᠬᠤᠭᠠᠳ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢᠨ ᠱᠢᠨ᠎ᠡ ᠠᠶᠠᠨ ᠰᠠᠢᠨ ᠡᠬᠢᠯᠡᠯᠲᠡ᠎ᠲᠠᠢ ᠪᠣᠯᠪᠠ᠃ ᠡᠳᠡᠭᠡᠷ ᠴᠢᠬᠤᠯᠠ ᠶᠡᠭᠡ ᠠᠮᠵᠢᠯᠲᠠ ᠪᠦᠲᠦᠮᠵᠢ᠎ᠶ᠋ᠢ ᠣᠯᠤᠭ᠍ᠰᠠᠨ᠎ᠤ ᠦᠨᠳᠦᠰᠦᠨ ᠱᠢᠯᠳᠠᠭᠠᠨ᠎ᠨᠢ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ᠎ᠶ᠋ᠢᠨ ᠠᠶᠠᠯᠠᠯ ᠵᠠᠮᠴᠢᠯᠠᠨ ᠴᠢᠭ᠌ᠯᠡᠯ᠎ᠢ ᠡᠵᠡᠮᠳᠡᠭ᠌ᠰᠡᠨ᠎ᠳᠤ ᠪᠤᠢ᠂ ᠰᠢ᠎ᠶ᠋ᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠡᠨᠡ ᠪᠤᠯ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠦᠴᠦᠨ᠎ᠢᠶᠠᠨ ᠲᠥᠪᠯᠡᠷᠡᠭᠦᠯᠦᠨ ᠪᠡᠷᠬᠡ ᠰᠡᠳᠦᠪ᠎ᠢ ᠱᠢᠢᠳᠪᠦᠷᠢᠯᠡᠵᠦ᠍᠂ ᠪᠦᠯᠬᠦᠮᠳᠡᠨ ᠲᠡᠮᠡᠴᠡᠭ᠌ᠰᠡᠨ᠎ᠤ ᠦᠷ᠎ᠡ ᠳ᠋ᠦᠩ ᠮᠥᠨ᠃
ᠬᠤᠶᠠᠳᠤᠭᠠᠷ ᠬᠡᠰᠡᠭ ᠠᠷᠪᠠᠨ ᠳᠠᠪᠤᠳᠤᠭᠠᠷ ᠳᠠᠪᠤᠨ ᠵᠢᠯ ᠤ᠋ᠨ ᠲᠦᠯᠦᠪᠵᠢᠭᠦᠯᠭᠡ ᠶ᠋ᠢᠨ ᠬᠤᠭᠤᠴᠠᠭᠠᠨ ᠳ᠋ᠡᠬᠢ ᠮᠠᠨ ᠤ᠋ ᠤᠯᠤᠰ ᠤ᠋ᠨ ᠬᠥᠭ᠌ᠵᠢᠯᠲᠡ᠎ᠶ᠋ᠢᠨ ᠣᠷᠴᠢᠨ ᠨᠥᠬᠦᠴᠡᠯ᠎ᠳᠤ ᠭᠦᠨᠵᠡᠭᠡᠶ ᠪᠥᠭᠡᠳ ᠪᠤᠳᠤᠯᠢᠶᠠᠨᠲᠠᠶ ᠬᠤᠪᠢᠷᠠᠯᠲᠠ ᠲᠤᠯᠭᠠᠷᠠᠬᠤ ᠪᠤᠯᠤᠨ᠎ᠠ
ᠲᠤᠮᠤ ᠤᠯᠤᠰ᠎ᠤᠨ ᠬᠠᠷᠢᠴᠠᠭ᠎ᠠ᠎ᠨᠢ ᠳᠡᠯᠡᠬᠡᠶ᠎ᠶ᠋ᠢᠨ ᠪᠠᠢᠳᠠᠯ᠎ᠢ ᠨᠥᠯᠥᠭᠡᠯᠡᠵᠦ᠍᠂ ᠳᠡᠯᠡᠬᠡᠶ᠎ᠶ᠋ᠢᠨ ᠪᠠᠢᠳᠠᠯ᠎ᠤᠨ ᠤᠯᠠᠷᠢᠯ ᠬᠤᠪᠢᠰᠤᠯ᠎ᠨᠢ ᠤᠯᠤᠰ᠎ᠤᠨ ᠳᠣᠲᠣᠭᠠᠳᠤ᠎ᠶ᠋ᠢᠨ ᠬᠥᠭ᠌ᠵᠢᠯᠲᠡ᠎ᠶ᠋ᠢ ᠭᠦᠨᠵᠡᠭᠡᠶ ᠨᠥᠯᠥᠭᠡᠯᠡᠵᠦ᠍᠂ ᠮᠠᠨ᠎ᠤ ᠤᠯᠤᠰ᠎ᠤᠨ ᠬᠥᠭ᠌ᠵᠢᠯᠲᠡ ᠪᠠᠢᠯᠳᠤᠬᠤ ᠪᠤᠳᠤᠯᠭ᠎ᠠ᠎ᠶ᠋ᠢᠨ ᠲᠣᠬᠢᠶᠠᠯ ᠪᠠ ᠲᠦᠭ᠌ᠰᠢᠭᠦᠷᠢ ᠱᠢᠯᠭᠠᠯᠳᠠ ᠵᠡᠷᠭᠡ᠎ᠪᠠᠷ ᠣᠷᠣᠱᠢᠬᠤ᠂ ᠮᠠᠭᠠᠳ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ᠎ᠤᠳ ᠨᠡᠮᠡᠭ᠌ᠳᠡᠬᠦ᠌ ᠴᠠᠭ ᠬᠤᠭᠤᠴᠠᠭ᠎ᠠ᠎ᠳᠤ ᠣᠷᠣᠱᠢᠵᠤ ᠪᠠᠢᠨ᠎ᠠ᠃ ᠳᠡᠯᠡᠬᠡᠶ᠎ᠶ᠋ᠢᠨ ᠪᠠᠢᠳᠠᠯ᠎ᠠᠴᠠ ᠦᠵᠡᠪᠡᠯ᠂ ᠳᠡᠯᠡᠬᠡᠶ᠎ᠶ᠋ᠢᠨ ᠵᠠᠭᠤᠨ ᠵᠢᠯ᠎ᠤᠨ ᠬᠤᠪᠢᠰᠤᠯᠳᠠ ᠲᠦᠷᠭᠡᠰᠦᠨ ᠤᠯᠠᠷᠢᠵᠤ᠂ ᠣᠯᠠᠨ ᠤᠯᠤᠰ᠎ᠤᠨ ᠬᠦᠴᠦᠨ᠎ᠤ ᠬᠠᠷᠢᠴᠠᠯ᠎ᠳᠤ ᠭᠦᠨᠵᠡᠭᠡᠶ ᠲᠣᠬᠢᠷᠠᠭᠤᠯᠤᠯᠲᠠ ᠭᠠᠷᠴᠤ᠌᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠪᠢᠰᠭᠠᠯ ᠪᠠ ᠠᠵᠤ ᠦᠢᠯᠡᠰ᠎ᠤᠨ ᠬᠤᠪᠢᠰᠤᠯᠲᠠ᠎ᠶ᠋ᠢᠨ ᠱᠢᠪᠲᠤᠯᠤᠯᠲᠠ ᠲᠦᠷᠭᠡᠰᠴᠤ᠌᠂ ᠮᠠᠨ᠎ᠤ ᠤᠯᠤᠰ ᠰᠠᠨᠠᠭᠠᠴᠢᠯᠠᠭ᠎ᠠ᠎ᠠᠴᠠ᠎ᠪᠠᠨ ᠤᠯᠠᠨ ᠤᠯᠤᠰ᠎ᠤᠨ ᠣᠷᠣᠨ ᠵᠠᠶ᠎ᠶ᠋ᠢ ᠲᠥᠰᠥᠪᠯᠡᠬᠦ᠂ ᠭᠠᠳᠠᠭᠠᠳᠤ ᠣᠷᠴᠢᠨ ᠨᠥᠬᠦᠴᠡᠯ᠎ᠢ ᠴᠤᠭ᠍ᠴᠠᠯᠠᠬᠤ ᠠᠯᠢ ᠤᠯᠠᠨ ᠠᠱᠢᠭ᠍ᠲᠠᠶ ᠬᠦᠴᠦᠨ ᠵᠦᠢᠯ᠎ᠢ ᠪᠦᠷᠢᠯᠳᠦᠭᠦᠯᠦᠭ᠌ᠰᠡᠨ ᠪᠠᠢᠨ᠎ᠠ᠃ ᠡᠭᠦᠨ᠎ᠤ ᠬᠠᠮᠲᠤ᠌᠂ ᠳᠡᠯᠡᠬᠡᠶ ᠶᠢᠷᠲᠢᠨᠴᠦ᠍᠎ᠳᠤ ᠬᠤᠪᠢᠰᠤᠯᠳᠠ ᠰᠠᠮᠠᠭᠤᠷᠠᠯ ᠰᠤᠯᠪᠢᠴᠠᠨ᠂ ᠦᠢᠮᠡᠭᠡᠨ ᠳᠡᠪᠵᠢᠶᠡᠨ ᠱᠢᠷᠦᠭᠦᠰᠴᠦ᠍᠂ ᠭᠠᠵᠠᠷ ᠣᠷᠣᠨ᠎ᠤ ᠮᠥᠷᠭᠦᠯᠳᠦᠭᠡᠨ ᠠᠮᠠᠷᠬᠠᠨ ᠡᠭᠦᠰᠴᠦ᠍ ᠤᠯᠠᠨ ᠭᠠᠷᠴᠤ᠌ ᠪᠠᠢᠨ᠎ᠠ᠂ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠤᠯᠠᠭᠠᠨ ᠲᠤᠭ᠎ᠠ ᠨᠡᠮᠡᠭ᠌ᠳᠡᠵᠦ᠍᠂ ᠠᠮᠤᠷ ᠲᠦᠪᠱᠢᠨ᠎ᠤ ᠠᠰᠠᠭᠤᠳᠠᠯ ᠲᠤᠪᠤᠢᠮ᠎ᠠ ᠢᠯᠡᠷᠡᠪᠡ; ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ ᠲᠣᠯᠣᠭᠠᠢ ᠥᠨᠳᠡᠢᠵᠦ᠍᠂ ᠡᠵᠡᠷᠬᠡᠬᠦ᠌ ᠦᠵᠡᠯ ᠪᠠ ᠬᠦᠴᠦᠷᠬᠡᠭ᠌ᠯᠡᠯ᠎ᠤᠨ ᠤᠯᠤᠰ ᠲᠥᠷᠥ᠎ᠶ᠋ᠢᠨ ᠰᠦᠷᠳᠡᠭᠦᠯᠦᠯ ᠨᠡᠮᠡᠭ᠌ᠳᠡᠵᠦ᠍᠂ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠡᠮᠬᠢ ᠵᠢᠷᠤᠮ ᠬᠦᠨᠳᠦ ᠨᠣᠴᠢᠲᠠᠶ ᠱᠢᠯᠭᠠᠯᠳᠠ᠎ᠳᠤ ᠲᠤᠯᠭᠠᠷᠠᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠤᠨ ᠬᠥᠳᠡᠯᠭᠡᠭ᠌ᠴᠢ ᠡᠨᠧᠷᠬᠢ ᠬᠦᠢᠴᠡᠳ ᠪᠤᠰᠤ ᠪᠠᠢᠵᠤ᠂ ᠠᠶᠤᠯ ᠲᠦᠭ᠌ᠰᠢᠭᠦᠷᠢ ᠬᠤᠷᠠᠮᠳᠤᠵᠤ ᠪᠠᠢᠨ᠎ᠠ; ᠲᠤᠮᠤ ᠤᠯᠤᠰ᠎ᠤᠨ ᠦᠵᠡᠯᠴᠡᠭᠡᠨ ᠨᠡᠩ ᠪᠤᠳᠤᠯᠢᠶᠠᠨᠲᠠᠢ ᠪᠦᠭᠡᠳ ᠬᠤᠷᠴᠠ ᠱᠢᠷᠦᠭᠦᠨ ᠪᠤᠯᠵᠤ᠂ ᠭᠠᠳᠠᠭᠠᠳᠤ ᠣᠷᠴᠢᠨ ᠨᠥᠬᠦᠴᠡᠯ᠎ᠤᠨ ᠮᠠᠭᠠᠳ ᠪᠤᠰᠤ ᠴᠢᠨᠠᠷ ᠲᠣᠭ᠍ᠲᠠᠭᠤᠨ ᠪᠤᠰᠤ ᠴᠢᠨᠠᠷ ᠢᠯᠡᠳᠲᠡ ᠨᠡᠮᠡᠭ᠌ᠳᠡᠵᠦ᠍ ᠪᠠᠢᠨ᠎ᠠ᠃
ᠤᠯᠤᠰ᠎ᠤᠨ ᠳᠣᠲᠣᠭᠠᠳᠤ᠎ᠶ᠋ᠢᠨ ᠪᠠᠢᠳᠠᠯ᠎ᠠᠴᠠ ᠦᠵᠡᠪᠡᠯ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠰᠠᠭᠤᠷᠢ ᠲᠣᠭ᠍ᠲᠠᠭᠤᠨ᠂ ᠳᠠᠪᠠᠭᠤᠯᠢᠭ ᠣᠯᠠᠨ᠂ ᠤᠶᠠᠨ ᠬᠠᠳᠠᠨ ᠴᠢᠨᠠᠷ ᠴᠢᠩᠭ᠎ᠠ᠂ ᠳᠠᠯᠳᠠ ᠴᠢᠳᠠᠪᠤᠷᠢ ᠶᠡᠭᠡ ᠪᠠᠢᠵᠤ᠂ ᠤᠷᠲᠤ ᠬᠤᠭᠤᠴᠠᠭ᠎ᠠ᠎ᠪᠠᠷ ᠰᠠᠢᠵᠢᠷᠠᠬᠤ᠎ᠶ᠋ᠢᠨ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠂ ᠬᠡᠳᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠂ ᠪᠦᠷᠢᠨ ᠪᠦᠲᠦᠨ ᠠᠵᠤ ᠦᠢᠯᠡᠰ᠎ᠤᠨ ᠱᠢᠰᠲ᠋ᠧᠮ᠎ᠤᠨ ᠳᠠᠪᠠᠭᠤᠯᠢᠭ᠂ ᠡᠯᠪᠡᠭ ᠳᠡᠯᠪᠡᠭ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ ᠨᠡᠩ ᠢᠯᠡ ᠳᠤᠳᠤ ᠪᠣᠯᠪᠠ᠃ ᠡᠭᠦᠨ᠎ᠤ ᠬᠠᠮᠲᠤ᠌᠂ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠬᠦ᠌ ᠲᠤᠪᠤᠢᠮ᠎ᠠ ᠪᠠᠢᠵᠤ᠂ ᠦᠶᠡᠯᠡᠯ᠎ᠤᠨ ᠴᠢᠨᠠᠷᠲᠠᠢ᠂ ᠪᠦᠲᠦᠴᠡ᠎ᠶ᠋ᠢᠨ ᠴᠢᠨᠠᠷᠲᠠᠢ᠂ ᠪᠠᠢᠭᠤᠯᠤᠯ᠎ᠤᠨ ᠴᠢᠨᠠᠷᠲᠠᠢ ᠠᠰᠠᠭᠤᠳᠠᠯ ᠬᠠᠷᠢᠯᠴᠠᠨ ᠰᠣᠯᠪᠢᠴᠠᠵᠤ ᠪᠠᠢᠨ᠎ᠠ; ᠪᠦᠲᠦᠮᠵᠢᠲᠡᠶ ᠬᠡᠷᠡᠭ᠌ᠴᠡᠭᠡ ᠬᠦᠷᠦᠯᠴᠡᠬᠦ᠌ ᠦᠭᠡᠢ᠂ ᠬᠠᠩᠭᠠᠯᠭ᠎ᠠ ᠴᠢᠩᠭ᠎ᠠ ᠬᠡᠷᠡᠭ᠌ᠴᠡᠭᠡ ᠪᠠᠭᠤᠷᠠᠶ ᠪᠠᠢᠬᠤ ᠵᠥᠷᠢᠴᠡᠯ ᠲᠤᠪᠤᠢᠮ᠎ᠠ ᠪᠠᠢᠵᠤ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠪᠤᠭᠤᠭ᠍ᠳᠠᠯ ᠲᠦᠭ᠌ᠵᠢᠷᠡᠯ ᠣᠷᠣᠱᠢᠵᠤ ᠪᠠᠢᠨ᠎ᠠ; ᠱᠢᠨ᠎ᠡ ᠬᠠᠭᠤᠴᠢᠨ ᠬᠥᠳᠡᠯᠭᠡᠭ᠌ᠴᠢ ᠡᠨᠧᠷᠭᠢ᠎ᠶ᠋ᠢᠨ ᠰᠣᠯᠢᠭ᠍ᠳᠠᠯ᠎ᠤᠨ ᠡᠭᠦᠷᠭᠡ ᠬᠠᠲᠠᠭᠤ ᠪᠡᠷᠬᠡ ᠪᠠᠢᠨ᠎ᠠ; ᠲᠠᠷᠢᠶᠠᠯᠠᠩ ᠬᠥᠳᠡᠭᠡ ᠲᠣᠰᠭᠤᠨ᠎ᠤ ᠣᠳᠣᠬᠢᠴᠢᠯᠠᠯᠲᠠ ᠬᠠᠷᠢᠴᠠᠩᠭᠤᠶ᠎ᠪᠠᠷ ᠬᠤᠴᠣᠷᠤᠩᠭᠤᠶ ᠪᠠᠢᠨ᠎ᠠ; ᠠᠵᠢᠯ ᠣᠯᠭᠤᠯᠲᠠ ᠪᠠ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠤᠨ ᠳᠠᠷᠤᠯᠲᠠ ᠨᠡᠯᠢᠶᠡᠳ ᠶᠡᠭᠡ ᠪᠠᠢᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠳᠤᠲᠠᠭᠤᠳᠠᠯ ᠪᠠ ᠪᠠᠭᠤᠷᠠᠶ ᠲᠠᠯ᠎ᠠ ᠣᠷᠣᠱᠢᠵᠤ ᠪᠠᠢᠨ᠎ᠠ; ᠬᠥᠮᠦᠨ ᠠᠮᠠ᠎ᠶ᠋ᠢᠨ ᠪᠦᠲᠦᠴᠡ᠎ᠶ᠋ᠢᠨ ᠬᠤᠪᠢᠷᠠᠯᠲᠠ᠎ᠨᠢ ᠠᠵᠤ ᠠᠬᠤᠶ᠎ᠶ᠋ᠢᠨ ᠬᠥᠭ᠌ᠵᠢᠯᠲᠡ᠂ ᠨᠡᠢᠭᠡᠮ᠎ᠤᠨ ᠵᠠᠰᠠᠯᠲᠠ ᠵᠡᠷᠭᠡ᠎ᠳᠤ ᠱᠢᠨ᠎ᠡ ᠰᠡᠳᠦᠪ ᠳᠤᠷᠠᠳᠤᠨ ᠭᠠᠷᠭᠠᠪᠠ; ᠭᠤᠤᠯᠳᠠᠯᠭ᠎ᠠ᠎ᠲᠠᠢ ᠬᠦᠷᠢᠶᠡᠨ᠎ᠳᠤ ᠪᠠᠰᠠ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ ᠣᠷᠣᠱᠢᠵᠤ᠂ ᠬᠡᠷ ᠪᠠᠢᠱᠢᠩ ᠭᠠᠵᠠᠷ ᠱᠢᠷᠣᠶ᠎ᠶ᠋ᠢᠨ ᠬᠥᠷᠥᠩᠭᠡ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭ᠌ᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ᠎ᠤ ᠪᠠᠢᠭᠤᠯᠤᠮᠵᠢ ᠵᠡᠷᠭᠡ᠎ᠶ᠋ᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠡᠭᠦᠷᠭᠡ ᠨᠦᠰᠡᠷ ᠬᠦᠨᠳᠦ ᠪᠠᠢᠨ᠎ᠠ᠃
ᠬᠤᠪᠢᠰᠤᠯᠲᠠ᠎ᠳᠤ ᠲᠣᠬᠢᠶᠠᠯ ᠠᠭᠤᠯᠤᠭ᠍ᠳᠠᠵᠤ᠂ ᠱᠢᠯᠭᠠᠯᠳᠠ᠎ᠨᠢ ᠲᠡᠮᠡᠴᠡᠯ᠎ᠤᠨ ᠵᠣᠷᠢᠭ᠎ᠢ ᠬᠥᠭ᠌ᠵᠢᠭᠡᠨᠡᠮ᠃ ᠳᠡᠯᠡᠬᠡᠶ᠎ᠶ᠋ᠢᠨ ᠤᠷᠪᠠᠭᠠᠨ ᠬᠥᠷᠪᠡᠭᠡᠨ᠎ᠲᠠᠢ ᠪᠠᠢᠳᠠᠯ ᠪᠠ ᠡᠯ᠎ᠡ ᠵᠦᠢᠯ᠎ᠤᠨ ᠲᠦᠭ᠌ᠰᠢᠭᠦᠷᠢ ᠱᠢᠯᠭᠠᠯᠳᠠ᠎ᠶ᠋ᠢᠨ ᠡᠮᠦᠨ᠎ᠡ᠂ ᠡᠷᠬᠡᠪᠰᠢ 《ᠬᠤᠶᠠᠷ᠎ᠢ ᠲᠣᠭ᠍ᠲᠠᠭᠠᠬ᠍ᠰᠠᠨ》᠎ᠤ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠳᠦᠷᠪᠡᠨ ᠤᠬᠠᠮᠰᠠᠷ》 ᠢᠶᠠᠨ ᠴᠢᠩᠭᠠᠳᠭᠠᠨ᠂ 《ᠳᠦᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠤ᠂ ᠪᠠᠢᠯᠳᠤᠬᠤ ᠪᠣᠳᠣᠯᠭ᠎ᠠ᠎ᠶ᠋ᠢᠨ ᠪᠠᠳᠤ ᠬᠦᠴᠦᠨ᠎ᠢᠶᠠᠨ ᠬᠠᠳᠠᠭᠠᠯᠠᠨ᠂ ᠵᠠᠪᠠᠯ ᠢᠯᠠᠬᠤ ᠢᠲᠡᠭᠡᠯ᠎ᠢᠶᠠᠨ ᠨᠡᠮᠡᠭ᠌ᠳᠡᠭᠦᠯᠵᠦ᠍᠂ ᠢᠳᠡᠪᠬᠢᠲᠡᠶ᠎ᠪᠠᠷ ᠬᠤᠪᠢᠷᠠᠯᠲᠠ᠎ᠶ᠋ᠢ ᠲᠠᠨᠢᠵᠤ ᠬᠤᠪᠢᠷᠠᠯᠳᠠ᠎ᠶ᠋ᠢ ᠠᠷᠭᠠᠴᠠᠨ ᠬᠤᠪᠢᠷᠠᠭᠤᠯᠬᠤ᠎ᠪᠠᠷ ᠴᠢᠷᠮᠠᠢᠨ᠂ ᠵᠣᠷᠢᠭ᠍ᠲᠠᠶ᠎ᠪᠠᠷ ᠲᠡᠮᠡᠴᠡᠯ ᠬᠢᠬᠦ᠌ ᠪᠠ ᠴᠢᠳᠠᠮᠠᠭᠠᠶ᠎ᠪᠠᠷ ᠲᠡᠮᠡᠴᠡᠯ ᠬᠢᠵᠦ᠍᠂ ᠶᠡᠭᠡ ᠰᠠᠯᠬᠢ ᠬᠦᠴᠦᠳᠦ ᠳᠠᠪᠠᠯᠭᠠᠨ ᠴᠢᠨᠠᠭ᠍ᠰᠢᠯᠠᠪᠠᠯ ᠳᠣᠭ᠍ᠰᠢᠨ ᠰᠠᠯᠬᠢ ᠱᠢᠷᠦᠭᠦᠨ ᠳᠠᠪᠠᠯᠭᠠᠨ᠎ᠤ ᠬᠦᠨᠳᠦ ᠶᠡᠭᠡ ᠱᠢᠯᠭᠠᠯᠲᠠ᠎ᠳᠤ ᠵᠣᠷᠢᠭ᠍ᠲᠠᠶ ᠬᠠᠨᠳᠤᠵᠤ᠂ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ ᠪᠡᠷᠬᠡ ᠪᠤᠭᠤᠮᠳᠠ᠎ᠶ᠋ᠢ ᠳᠠᠪᠠᠵᠤ᠂ ᠠᠶᠤᠯ ᠲᠦᠭ᠌ᠰᠢᠭᠦᠷᠢ᠎ᠶ᠋ᠢ ᠲᠤᠭᠤᠯᠤᠨ᠂ ᠥᠷᠢᠰᠥᠯᠳᠦᠭᠡᠨ ᠱᠢᠯᠭᠠᠯᠳᠠ᠎ᠶ᠋ᠢ ᠤᠭ᠍ᠲᠤᠵᠤ᠂ ᠬᠦᠴᠦᠨ᠎ᠢᠶᠠᠨ ᠲᠥᠪᠯᠡᠷᠡᠭᠦᠯᠦᠨ ᠥᠪᠡᠷ᠎ᠤᠨ ᠶᠠᠪᠤᠳᠠᠯ᠎ᠢᠶᠠᠨ ᠰᠠᠢᠲᠤᠷ ᠬᠢᠵᠦ᠍᠂ ᠨᠢᠭᠡᠳᠦᠯᠲᠡᠶ ᠲᠥᠯᠥᠪᠯᠡᠨ ᠪᠠᠢᠷᠢᠯᠠᠭᠤᠯᠵᠤ᠂ ᠨᠠᠷᠢᠨ ᠨᠢᠮᠪᠠᠶ ᠲᠣᠬᠢᠷᠠᠭᠤᠯᠵᠤ᠂ ᠳᠠᠪᠠᠭᠤᠯᠢᠭ ᠲᠠᠯ᠎ᠠ᠎ᠪᠠᠨ ᠪᠠᠬᠢᠵᠢᠭᠦᠯᠦᠨ ᠥᠷᠭᠡᠳᠭᠡᠵᠤ᠂ ᠪᠣᠭᠤᠮᠢ ᠬᠢᠵᠠᠭᠠᠷᠯᠠᠯ᠎ᠢ ᠡᠪᠳᠡᠵᠦ᠍᠂ ᠳᠤᠳᠠᠭᠤᠳᠠᠯ ᠪᠠ ᠪᠠᠭᠤᠷᠠᠶ ᠲᠠᠯ᠎ᠠ᠎ᠪᠠᠨ ᠨᠥᠬᠦᠪᠥᠷᠢᠯᠡᠨ ᠴᠢᠩᠭᠠᠳᠭᠠᠵᠤ᠂ ᠬᠤᠷᠴᠠ ᠱᠢᠷᠦᠭᠦᠨ ᠣᠯᠠᠨ ᠤᠯᠤᠰ᠎ᠤᠨ ᠥᠷᠢᠰᠥᠯᠳᠦᠭᠡᠨ᠎ᠤ ᠳᠤᠮᠳᠠ ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠳᠤ ᠡᠷᠬᠡ᠎ᠶ᠋ᠢ ᠲᠡᠮᠡᠴᠡᠨ ᠣᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠮᠠᠭᠠᠳ ᠴᠢᠨᠠᠷ᠎ᠢᠶᠠᠷ ᠡᠯ᠎ᠡ ᠵᠦᠢᠯ᠎ᠤᠨ ᠮᠠᠭᠠᠳ ᠪᠤᠰᠤ ᠴᠢᠨᠠᠷ᠎ᠢ ᠠᠷᠭᠠᠴᠠᠵᠤ᠂ ᠠᠵᠤ ᠠᠬᠤᠢ ᠲᠦᠷᠭᠡᠨ ᠬᠥᠭ᠌ᠵᠢᠬᠦ᠌ ᠪᠠ ᠨᠡᠢᠭᠡᠮ ᠤᠷᠳᠤ ᠬᠤᠭᠤᠴᠠᠭ᠎ᠠ᠎ᠪᠠᠷ ᠲᠣᠭ᠍ᠲᠠᠭᠤᠨ ᠪᠠᠢᠬᠤ ᠬᠤᠶᠠᠷ ᠶᠡᠭᠡ ᠭᠠᠢᠬᠠᠮᠱᠢᠭ᠎ᠤᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠌ ᠬᠡᠷᠡᠭ᠌ᠳᠡᠢ᠃
ᠬᠤᠶᠠᠳᠤᠭᠠᠷ ᠪᠦᠯᠦᠭ ᠵᠢᠯᠤᠭᠤᠳᠬᠤ ᠴᠢᠭᠯᠡᠯᠳᠡ
ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠳᠣᠤᠷᠠᠬᠢ ᠵᠢᠯᠣᠭᠤᠳᠭᠤ ᠦᠵᠡᠯ ᠰᠠᠨᠠᠭ᠎ᠠ ᠪᠣᠯᠤᠨ ᠴᠢᠬᠤᠯᠠ ᠶᠡᠭᠡ ᠵᠠᠷᠴᠢᠮ᠎ᠢ ᠪᠠᠲᠤ ᠡᠵᠡᠮᠱᠢᠬᠦ᠌ ᠬᠡᠷᠡᠭ᠌ᠲᠡᠶ᠃
ᠨᠢᠭᠡᠳᠦᠭᠡᠷ ᠬᠡᠰᠡᠭ ᠵᠢᠯᠤᠭᠤᠳᠬᠤ ᠦᠵᠡᠯ ᠰᠠᠨᠠᠭ᠎ᠠ
ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠣᠤ ᠫᠢᠩ᠎ᠤᠨ ᠣᠨᠣᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢᠷᠡᠭᠦᠯᠦᠨ ᠲᠤᠭᠤᠱᠢᠯᠠᠭᠤᠯᠵᠤ᠂ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠣᠭᠤᠷᠢᠨ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠂ 《ᠲᠠᠪᠤ᠎ᠶ᠋ᠢ ᠨᠢᠭᠡ ᠴᠣᠭ᠍ᠴᠠᠵᠢᠭᠤᠯᠬᠤ》 ᠶᠡᠷᠦᠩᠬᠡᠶ ᠪᠠᠢᠷᠢᠯᠠᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠳᠥᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠩᠭᠤᠢ᠎ᠪᠠᠷ ᠠᠬᠢᠭᠤᠯᠤᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠶᠠᠷ ᠶᠡᠭᠡ ᠲᠠᠯ᠎ᠠ᠎ᠶ᠋ᠢ ᠨᠢᠭᠡᠳᠦᠯᠲᠡᠶ ᠲᠥᠯᠥᠪᠯᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠠᠢᠭᠤᠯᠵᠤ᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠨ᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠪᠠᠷ ᠭᠤᠣᠯᠳᠠᠯᠭ᠎ᠠ ᠪᠣᠯᠭᠠᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠣᠯ ᠰᠡᠳᠦᠪ ᠪᠣᠯᠭᠠᠬᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠠᠷ ᠦᠨᠳᠦᠰᠦᠨ ᠬᠥᠳᠡᠯᠭᠡᠭ᠌ᠴᠢ ᠬᠦᠴᠦᠨ ᠪᠣᠯᠭᠠᠬᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠬᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠬᠤ᠎ᠶ᠋ᠢ ᠪᠠᠷᠢᠮᠲᠠᠯᠠᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠳᠡᠢ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠤ ᠵᠦᠶ ᠵᠣᠬᠢᠰᠲᠠᠶ ᠨᠡᠮᠡᠭ᠌ᠳᠡᠯ᠎ᠢ ᠪᠡᠶᠡᠯᠡᠭᠦᠯᠬᠦ᠌᠎ᠶ᠋ᠢ ᠠᠬᠢᠭᠤᠯᠤᠨ᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠂ ᠪᠦᠬᠦ᠌ ᠠᠷᠠᠳ ᠲᠥᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯᠳᠡ ᠯᠠᠪᠳᠠᠭᠤᠨ ᠪᠠᠳᠤᠳᠠᠢ ᠠᠯᠬᠤᠮ᠎ᠢ ᠠᠯᠬᠤᠬᠤ᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ᠎ᠢ ᠱᠢᠢᠳᠪᠦᠷᠢᠯᠡᠭ᠌ᠴᠢ ᠴᠢᠨᠠᠷᠲᠠᠶ ᠠᠬᠢᠯᠲᠠ᠎ᠲᠠᠢ ᠪᠣᠯᠭᠠᠬᠤ᠎ᠶ᠋ᠢ ᠦᠨᠡᠨ ᠬᠦ᠌ ᠪᠠᠲᠤᠯᠠᠨ᠎ᠠ᠃
ᠬᠤᠶᠠᠳᠤᠭᠠᠷ ᠬᠡᠰᠡᠭ ᠡᠷᠬᠡᠪᠰᠢ ᠵᠢᠷᠦᠮᠯᠠᠬᠤ ᠵᠠᠷᠴᠢᠮ
— ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ᠎ᠠ᠃ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠴᠢᠭ᠌ᠯᠡᠯ᠎ᠢ ᠡᠵᠡᠮᠳᠡᠬᠦ᠂ ᠶᠡᠭᠡ ᠲᠠᠯ᠎ᠠ᠎ᠶ᠋ᠢ ᠪᠣᠳᠣᠯᠬᠢᠯᠠᠬᠤ᠂ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ᠂ ᠥᠭᠡᠷᠡᠴᠢᠯᠡᠯᠲᠡ᠎ᠶ᠋ᠢ ᠠᠬᠢᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠤᠨ᠂ ᠨᠠᠮ᠎ᠤᠨ ᠤᠳᠤᠷᠢᠳᠤᠯᠭ᠎ᠠ᠎ᠶ᠋ᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠳᠤ ᠦᠨᠳᠦᠰᠦᠨ ᠪᠠᠲᠤᠯᠠᠭ᠎ᠠ ᠬᠠᠩᠭᠠᠨ᠎ᠠ᠃
— ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠨ᠎ᠠ᠃ ᠠᠷᠠᠳ ᠲᠦᠮᠡᠨ᠎ᠤ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠬᠦᠨᠳᠦᠳᠭᠡᠵᠤ᠂ ᠠᠷᠠᠳ ᠲᠦᠮᠡᠨ᠎ᠳᠤ ᠴᠢᠩᠭ᠎ᠠ ᠲᠦᠱᠢᠭ᠌ᠯᠡᠨ᠂ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠬᠠᠮᠠᠭᠠᠯᠠᠵᠤ᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠠᠬᠢᠭᠤᠯᠤᠨ᠂ ᠬᠥᠭ᠌ᠵᠢᠭᠦᠯᠬᠦ᠌ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠠ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ ᠳᠤᠮᠳᠠ ᠬᠥᠭ᠌ᠵᠢᠯᠲᠡ᠎ᠶ᠋ᠢᠨ ᠣᠷᠣᠨ ᠵᠠᠶ᠎ᠶ᠋ᠢ ᠥᠷᠭᠡᠳᠭᠡᠬᠦ᠌᠎ᠶ᠋ᠢ ᠴᠢᠬᠤᠯᠠᠴᠢᠯᠠᠵᠤ᠂ ᠠᠵᠤ ᠠᠬᠤᠶ ᠪᠠ ᠨᠡᠢᠭᠡᠮ᠎ᠤᠨ ᠵᠣᠬᠢᠴᠠᠩᠭᠤᠶ ᠬᠥᠭ᠌ᠵᠢᠯᠲᠡ᠂ ᠪᠣᠳᠠᠰ᠎ᠤᠨ ᠪᠣᠯᠪᠠᠰᠤᠨ ᠪᠠ ᠣᠶᠤᠨ᠎ᠤ ᠪᠣᠯᠪᠠᠰᠤᠨ᠎ᠤ ᠬᠠᠷᠢᠯᠴᠠᠨ ᠨᠥᠬᠦᠪᠥᠷᠢᠯᠡᠨ ᠬᠠᠷᠢᠯᠴᠠᠨ ᠳᠣᠪᠤᠢᠯᠭᠠᠬᠤ᠎ᠶ᠋ᠢ ᠠᠬᠢᠭᠤᠯᠵᠤ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠤ ᠨᠠᠩ ᠣᠯᠠᠨ ᠨᠠᠩ ᠭᠤᠤᠯᠴᠢ᠎ᠪᠠᠷ ᠬᠦᠷᠲᠡᠭᠡᠨ᠎ᠡ᠃
— ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠨ᠎ᠠ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢ ᠬᠦᠴᠦᠷᠬᠡᠭ᠌ᠵᠢᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠣᠰ ᠣᠷᠴᠢᠯ᠎ᠢ ᠰᠠᠭᠠᠳ ᠦᠭᠡᠢ ᠨᠡᠪᠳᠡᠷᠡᠭᠦᠯᠵᠦ᠍᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠨᠢᠭᠡᠳᠦᠯᠲᠡᠶ ᠲᠥᠯᠥᠪᠯᠡᠵᠦ᠍᠂ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠲᠦᠷᠭᠡᠯᠡᠨ ᠪᠤᠢᠵᠢᠭᠤᠯᠵᠤ᠂ ᠠᠵᠤ ᠠᠬᠤᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ ᠳᠡᠰ ᠳᠡᠪᠱᠢᠬᠦᠯᠬᠦ᠌᠎ᠶ᠋ᠢ ᠠᠬᠢᠭᠤᠯᠵᠤ᠂ ᠨᠡᠮᠡᠭ᠌ᠳᠡᠯ᠎ᠢ ᠱᠢᠯᠢᠳᠡᠭ᠌ᠵᠢᠭᠦᠯᠦᠨ᠂ ᠬᠠᠳᠠᠭᠠᠯᠠᠯᠳᠠ᠎ᠶ᠋ᠢ ᠠᠮᠢᠳᠤᠯᠢᠭ ᠪᠣᠯᠭᠠᠵᠤ᠂ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌ ᠪᠠ ᠨᠡᠢᠭᠡᠮ᠎ᠤᠨ ᠪᠦᠬᠦ᠌ ᠲᠠᠯ᠎ᠠ᠎ᠪᠠᠷ ᠳᠠᠪᠱᠢᠬᠤ᠎ᠶ᠋ᠢ ᠠᠬᠢᠭᠤᠯᠤᠨ᠎ᠠ᠃
— ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠨ᠎ᠠ᠃ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠭᠦᠨ ᠳᠠᠪᠬᠤᠷᠭ᠎ᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠤᠨ᠂ ᠥᠨᠳᠥᠷ ᠲᠦᠪᠱᠢᠨ ᠪᠦᠬᠦᠢ ᠨᠡᠭᠡᠭᠡᠯᠲᠡ᠎ᠶ᠋ᠢ ᠥᠷᠭᠡᠳᠭᠡᠵᠦ᠍᠂ ᠦᠢᠯᠡᠳᠪᠦᠷᠢᠯᠡᠯ᠎ᠤᠨ ᠬᠠᠷᠢᠴᠠᠭ᠎ᠠ ᠪᠣᠯᠤᠨ ᠦᠢᠯᠡᠳᠪᠦᠷᠢᠯᠡᠯ᠎ᠤᠨ ᠬᠦᠴᠦᠨ᠂ ᠳᠠᠪᠬᠤᠷᠭ᠎ᠠ ᠪᠣᠯᠤᠨ ᠠᠵᠤ ᠠᠬᠤᠶ᠎ᠶ᠋ᠢᠨ ᠰᠠᠭᠤᠷᠢ᠂ ᠲᠥᠷᠥ᠎ᠶ᠋ᠢᠨ ᠵᠠᠰᠠᠯᠲᠠ ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ ᠨᠡᠩ ᠰᠠᠢᠨ ᠵᠤᠬᠢᠴᠠᠯᠳᠤᠬᠤ᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ ᠪᠠ ᠨᠡᠢᠭᠡᠮ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭᠠᠳᠭᠠᠨ᠎ᠠ᠃
— ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠢᠯᠳᠠ᠎ᠲᠠᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠨ᠎ᠠ᠃ ᠡᠬᠢ ᠪᠠᠶᠠᠯᠢᠭ᠎ᠤᠨ ᠲᠣᠬᠢᠷᠠᠭᠤᠯᠤᠯᠲᠠ᠎ᠳᠤ ᠦᠵᠡᠭᠦᠯᠬᠦ᠌ ᠵᠠᠬ᠎ᠠ ᠳᠡᠯᠭᠡᠭᠦᠷ᠎ᠤᠨ ᠱᠢᠢᠳᠪᠦᠷᠢᠯᠡᠭ᠌ᠴᠢ ᠴᠢᠨᠠᠷᠲᠠᠶ ᠦᠢᠯᠡᠳᠦᠯ᠎ᠢ ᠭᠦᠢᠴᠡᠳ ᠪᠠᠳᠠᠷᠠᠭᠤᠯᠤᠨ᠂ ᠵᠠᠰᠠᠭ᠎ᠤᠨ ᠣᠷᠳᠣᠨ᠎ᠤ ᠦᠢᠯᠡᠳᠦᠯ᠎ᠢ ᠨᠠᠩ ᠰᠠᠢᠨ ᠪᠠᠳᠠᠷᠠᠭᠤᠯᠵᠤ᠂ ᠨᠢᠭᠡᠳᠦᠯᠲᠡᠶ᠂ ᠨᠡᠭᠡᠭᠡᠯᠲᠡᠲᠡᠶ᠂ ᠥᠷᠢᠰᠥᠯᠳᠦᠭᠡᠨ᠎ᠲᠠᠢ᠂ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠱᠢᠰᠲ᠋ᠧᠮ᠎ᠢ ᠪᠠᠢᠭᠤᠯᠤᠨ᠂ ᠬᠠᠤᠯᠢ᠎ᠪᠠᠷ ᠵᠠᠰᠠᠬᠤ ᠠᠵᠤ ᠠᠬᠤᠶ᠂ ᠢᠲᠡᠭᠡᠮᠵᠢ᠎ᠳᠤ ᠠᠵᠤ ᠠᠬᠤᠶ᠎ᠶ᠋ᠢ ᠪᠠᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠬᠠᠤᠯᠢ᠎ᠪᠠᠷ ᠵᠠᠰᠠᠭ᠍ᠰᠠᠨ ᠣᠯᠠᠨ ᠤᠯᠤᠰᠴᠢᠯᠠᠭ᠍ᠰᠠᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠪᠤᠢ ᠪᠣᠯᠭᠠᠵᠤ᠂ 《ᠠᠮᠢᠳᠤᠯᠢᠭ ᠪᠤᠯᠭᠠᠵᠤ ᠴᠢᠳᠠᠬᠤ》 ᠮᠥᠷᠳᠡᠭᠡᠨ ᠪᠠᠰᠠ 《ᠰᠠᠢᠲᠤᠷ ᠬᠠᠮᠢᠶᠠᠷᠴᠤ᠌ ᠳᠡᠢᠯᠬᠦ᠌》 ᠠᠵᠤ ᠠᠬᠤᠢ᠎ᠶ᠋ᠢᠨ ᠡᠮᠬᠢ ᠵᠢᠷᠤᠮ᠎ᠢ ᠪᠦᠷᠢᠯᠳᠦᠭᠦᠯᠦᠨ᠎ᠡ᠃
— ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠯᠡᠬᠦ᠌᠎ᠶ᠋ᠢ ᠪᠠᠷᠢᠮᠲᠠᠯᠠᠨ᠎ᠠ᠃ ᠬᠥᠭ᠌ᠵᠢᠯᠲᠡ᠎ᠶ᠋ᠢᠨ ᠳᠤᠮᠳᠠ ᠠᠮᠤᠷ ᠲᠦᠪᠱᠢᠨ᠎ᠢ ᠪᠠᠬᠢᠵᠢᠭᠦᠯᠵᠦ᠍᠂ ᠠᠮᠤᠷ ᠲᠦᠪᠱᠢᠨ᠎ᠤ ᠳᠤᠮᠳᠠ ᠬᠥᠭ᠌ᠵᠢᠯᠲᠡ᠎ᠶ᠋ᠢ ᠡᠷᠢᠯᠬᠢᠯᠡᠵᠦ᠍᠂ ᠬᠢᠵᠠᠭᠠᠷ ᠱᠤᠭᠤᠮ᠎ᠤᠨ ᠰᠡᠳᠭᠢᠬᠦᠶ᠎ᠶ᠋ᠢ ᠴᠢᠩᠭᠠᠳᠭᠠᠨ᠂ ᠡᠯ᠎ᠡ ᠲᠥᠷᠥᠯ᠎ᠤᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠠᠵᠤ ᠠᠬᠤᠶ ᠪᠠ ᠨᠡᠢᠭᠡᠮ᠎ᠤᠨ ᠤᠶᠠᠨ ᠬᠠᠳᠠᠨ ᠴᠢᠨᠠᠷ᠎ᠢ ᠨᠡᠮᠡᠭ᠌ᠳᠡᠭᠦᠯᠵᠦ᠍᠂ ᠱᠢᠨ᠎ᠡ ᠠᠮᠤᠷ ᠲᠦᠪᠱᠢᠨ᠎ᠤ ᠪᠠᠢᠷᠢᠱᠢᠯ᠎ᠢᠶᠠᠷ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠲᠤᠯᠠᠨ᠎ᠠ᠃
ᠭᠤᠷᠪᠠᠳᠤᠭᠠᠷ ᠪᠦᠯᠦᠭ ᠭᠤᠤᠯ ᠬᠠᠷᠠᠯᠳᠠ
ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠳᠣᠤᠷᠠᠬᠢ ᠬᠠᠷᠠᠯᠲᠠ᠎ᠶ᠋ᠢ ᠪᠡᠶᠡᠯᠡᠭᠦᠯᠬᠦ᠌ ᠬᠡᠷᠡᠭ᠌ᠲᠡᠶ᠃
— ᠴᠢᠨᠠᠷ ᠰᠠᠢᠲᠠᠢ ᠬᠥᠭ᠌ᠵᠢᠯᠲᠡ᠎ᠶ᠋ᠢ ᠢᠯᠡᠳᠲᠡ ᠦᠷ᠎ᠡ ᠪᠦᠲᠦᠮᠵᠢ᠎ᠲᠠᠢ ᠪᠤᠯᠭᠠᠨ᠎ᠠ᠃ ᠪᠦᠲᠦᠴᠡ᠎ᠶ᠋ᠢ ᠱᠢᠯᠢᠳᠡᠭ᠌ᠵᠢᠭᠦᠯᠵᠤ ᠶᠠᠰᠤ ᠴᠢᠨᠠᠷ᠎ᠢ ᠳᠡᠭᠡᠭ᠌ᠰᠢᠯᠡᠭᠦᠯᠦᠭ᠌ᠰᠡᠨ ᠰᠠᠭᠤᠷᠢᠨ ᠳᠡᠭᠡᠷ᠎ᠡ᠂ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠥᠬᠦ᠌ ᠥᠷᠲᠡᠭ᠎ᠤᠨ ᠨᠡᠮᠡᠭ᠌ᠳᠡᠯ᠎ᠢ ᠵᠦᠶ ᠵᠣᠬᠢᠰᠲᠠᠶ ᠬᠡᠪᠴᠢᠶᠡᠨ᠎ᠳᠤ ᠪᠠᠢᠯᠭᠠᠬᠤ ᠪᠠ ᠡᠯ᠎ᠡ ᠵᠢᠯ᠎ᠳᠤ ᠪᠠᠢᠳᠠᠯ᠎ᠢ ᠦᠨᠳᠦᠰᠦᠯᠡᠨ ᠳᠤᠷᠠᠳᠴᠤ᠌᠂ 2035 ᠣᠨ ᠪᠣᠯᠬᠤ᠎ᠳᠤ ᠬᠥᠮᠦᠨ ᠳᠤᠮᠳᠠᠴᠢ᠎ᠶ᠋ᠢᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠥᠬᠦ᠌ ᠥᠷᠲᠡᠭ᠎ᠢ 2020 ᠣᠨ᠎ᠤ᠎ᠬᠢ᠎ᠠᠴᠠ ᠬᠤᠶᠠᠷ ᠳᠠᠬᠢᠨ᠎ᠢᠶᠠᠷ ᠨᠡᠮᠡᠭ᠌ᠳᠡᠭᠦᠯᠵᠦ᠍᠂ ᠳᠤᠮᠳᠠ ᠵᠡᠷᠭᠡ᠎ᠶ᠋ᠢᠨ ᠬᠥᠭ᠌ᠵᠢᠭ᠌ᠰᠡᠨ ᠤᠯᠤᠰ᠎ᠤᠨ ᠳᠥᠪᠱᠢᠨ᠎ᠳᠤ ᠬᠦᠷᠭᠡᠬᠦ᠌᠎ᠳᠤ ᠰᠠᠢᠨ ᠰᠠᠭᠤᠷᠢ ᠲᠠᠯᠪᠢᠵᠤ ᠥᠭ᠌ᠭᠦᠨ᠎ᠡ᠃ ᠪᠦᠬᠦ᠌ ᠡᠯᠧᠮᠧᠨ᠋ᠲ᠎ᠤᠨ ᠦᠢᠯᠡᠳᠪᠦᠷᠢᠯᠡᠯ᠎ᠤᠨ ᠨᠤᠷᠮ᠎ᠠ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠵᠦ᠍᠂ ᠠᠵᠤ ᠠᠬᠤᠶ᠎ᠶ᠋ᠢᠨ ᠨᠡᠮᠡᠭ᠌ᠳᠡᠯ᠎ᠳᠤ ᠦᠵᠡᠭᠦᠯᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠪᠱᠢᠯᠳᠠ ᠪᠠ ᠲᠦᠷᠢᠮ᠎ᠤᠨ ᠱᠢᠨ᠎ᠡ ᠡᠭᠦᠳᠦᠯᠳᠡ᠎ᠶ᠋ᠢᠨ ᠬᠤᠪᠢ ᠨᠡᠮᠡᠷᠢ᠎ᠶ᠋ᠢ ᠦᠷᠭᠦᠯᠵᠢᠯᠡᠨ ᠨᠡᠮᠡᠭ᠌ᠳᠡᠭᠦᠯᠦᠨ᠎ᠡ᠃ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠨᠤᠷᠮ᠎ᠠ᠎ᠶ᠋ᠢ ᠢᠯᠡᠳᠲᠡ ᠳᠡᠭᠡᠭ᠌ᠰᠢᠯᠡᠭᠦᠯᠦᠨ᠂ ᠠᠵᠤ ᠠᠬᠤᠶ᠎ᠶ᠋ᠢᠨ ᠨᠡᠮᠡᠭ᠌ᠳᠡᠯ᠎ᠢ ᠳᠠᠢᠴᠢᠯᠠᠬᠤ᠎ᠳᠤ ᠦᠵᠡᠭᠦᠯᠬᠦ᠌ ᠳᠣᠲᠣᠭᠠᠳᠤ ᠬᠡᠷᠡᠭ᠌ᠴᠡᠭᠡ᠎ᠶ᠋ᠢᠨ ᠭᠤᠤᠯ ᠬᠥᠳᠡᠯᠭᠡᠭ᠌ᠴᠢ ᠬᠦᠴᠦᠨ᠎ᠤ ᠦᠢᠯᠡᠳᠦᠯ᠎ᠢ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶ᠎ᠶ᠋ᠢᠨ ᠨᠡᠮᠡᠭ᠌ᠳᠡᠯ᠎ᠤᠨ ᠲᠠᠯᠳᠠ ᠬᠦᠴᠦᠨ᠎ᠢ ᠭᠦᠢᠴᠡᠳ ᠪᠠᠳᠠᠷᠠᠭᠤᠯᠤᠨ᠎ᠠ᠃ ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠬᠡᠳᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠎ᠢ ᠦᠷᠭᠦᠯᠵᠢᠯᠡᠨ ᠢᠯᠡᠷᠡᠭᠦᠯᠦᠨ᠎ᠡ᠃ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠴᠢᠯᠠᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠴᠢᠬᠤᠯᠠ ᠶᠡᠭᠡ ᠠᠬᠢᠯᠲᠠ᠎ᠲᠠᠢ ᠪᠣᠯᠭᠠᠵᠤ᠂ ᠤᠳᠤᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠤᠨ ᠪᠦᠷᠢᠨ ᠪᠦᠳᠦᠨ ᠴᠢᠨᠠᠷ᠂ ᠲᠡᠷᠢᠭᠦᠨ᠎ᠤ ᠴᠢᠨᠠᠷ᠂ ᠠᠮᠤᠷ ᠳᠥᠪᠱᠢᠨ ᠴᠢᠨᠠᠷ᠎ᠢ ᠳᠦᠷᠭᠡᠯᠡᠨ ᠳᠡᠭᠡᠭ᠌ᠰᠢᠯᠡᠭᠦᠯᠵᠦ᠍᠂ ᠬᠤᠲᠠ ᠬᠥᠳᠡᠭᠡ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠵᠣᠬᠢᠴᠠᠩᠭᠤᠢ ᠴᠢᠨᠠᠷ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠴᠢᠬᠤᠯᠠ ᠶᠡᠭᠡ ᠱᠢᠪᠲᠤᠯᠤᠯᠲᠠ᠎ᠲᠠᠢ ᠪᠣᠯᠭᠠᠨ᠎ᠠ᠃
— ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠭᠦᠯᠬᠦ᠌ ᠬᠢᠷᠢ ᠬᠡᠮᠵᠢᠶ᠎ᠡ᠎ᠶ᠋ᠢ ᠶᠡᠭᠡ᠎ᠪᠠᠷ ᠳᠡᠭᠡᠭ᠌ᠰᠢᠯᠡᠭᠦᠯᠦᠨ᠎ᠡ᠃ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠤᠨ ᠪᠦᠬᠦᠯᠢ ᠴᠣᠭ᠍ᠴᠠ᠎ᠶ᠋ᠢᠨ ᠦᠢᠯᠡᠳᠦᠯ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠪᠦᠬᠦ᠌ ᠨᠡᠢᠭᠡᠮ᠎ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ᠎ᠶ᠋ᠢ ᠵᠢᠯ ᠳᠤᠮᠳᠠᠴᠢ᠎ᠪᠠᠷ 7% ᠠᠴᠠ ᠳᠡᠭᠡᠭ᠌ᠰᠢ ᠨᠡᠮᠡᠭ᠌ᠳᠡᠭᠦᠯᠦᠨ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃ ᠰᠠᠭᠤᠷᠢ ᠰᠤᠳᠤᠯᠭᠠᠨ ᠪᠠ ᠤᠤᠭᠠᠯ ᠱᠢᠨ᠎ᠡ ᠡᠭᠦᠳᠦᠯᠳᠡ᠎ᠶ᠋ᠢᠨ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠵᠦ᠍ ᠂ ᠭᠤᠤᠯᠳᠠᠯᠭ᠎ᠠ᠎ᠲᠠᠢ ᠬᠦᠷᠢᠶᠡᠨ᠎ᠳᠠᠬᠢ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠲᠠᠯ᠎ᠠ᠎ᠪᠠᠷ ᠲᠦᠷᠭᠡᠨ ᠱᠢᠪᠲᠤᠯᠤᠯᠲᠠ ᠭᠠᠷᠭᠠᠵᠤ᠂ ᠨᠢᠭᠡ ᠪᠦᠯᠦᠭ ᠴᠢᠬᠤᠯᠠ ᠶᠡᠭᠡ ᠤᠤᠭᠠᠯ ᠡᠭᠦᠳᠦᠯᠲᠡ᠎ᠶ᠋ᠢᠨ ᠴᠢᠨᠠᠷᠲᠠᠶ᠂ ᠪᠡᠯᠭᠡ ᠲᠡᠮᠳᠡᠭ᠎ᠤᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠭᠠᠷᠭᠠᠵᠦ᠍᠂ ᠵᠡᠷᠭᠡᠴᠡᠨ ᠭᠦᠶᠦᠬᠦ᠌ ᠳᠠᠭᠠᠭᠤᠯᠤᠨ ᠭᠦᠶᠦᠬᠦ᠌ ᠬᠦᠷᠢᠶ᠎ᠡ᠎ᠶ᠋ᠢ ᠢᠯᠡᠳᠲᠡ ᠨᠡᠮᠡᠭ᠌ᠳᠡᠭᠦᠯᠦᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠶ ᠠᠭᠤᠰᠤᠯᠴᠠᠭᠤᠯᠵᠤ᠂ ᠱᠢᠨ᠎ᠡ᠎ᠶ᠋ᠢ ᠡᠭᠦᠳᠬᠦ᠌᠎ᠶ᠋ᠢᠨ ᠬᠥᠳᠡᠯᠭᠡᠭᠦᠷ ᠪᠣᠯᠬᠤ ᠦᠢᠯᠡᠳᠦᠯ᠎ᠢ ᠢᠯᠡᠳᠲᠡ ᠴᠢᠩᠭᠠᠷᠠᠭᠤᠯᠤᠨ᠎ᠠ᠃
— ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠱᠢᠨ᠎ᠡ ᠱᠢᠪᠲᠤᠯᠤᠯᠲᠠ᠎ᠲᠠᠢ ᠪᠣᠯᠭᠠᠨ᠎ᠠ᠃ ᠲᠥᠷᠥ᠎ᠶ᠋ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠨᠡᠩ ᠢᠯᠡᠭᠦᠦ ᠲᠡᠭᠦᠯᠳᠡᠷᠵᠢᠭᠦᠯᠦᠨ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢᠨ ᠪᠠᠢᠭᠤᠯᠤᠯ ᠲᠣᠭ᠍ᠲᠠᠴᠠ᠎ᠶ᠋ᠢ ᠨᠡᠩ ᠢᠯᠡᠭᠦᠦ ᠪᠦᠷᠢᠨᠱᠢᠭᠦᠯᠵᠦ᠍᠂ ᠨᠠᠩ ᠡᠷᠬᠡ ᠲᠡᠭ᠌ᠰᠢ᠂ ᠨᠠᠩ ᠠᠮᠢᠵᠢᠷᠠᠯ᠎ᠤᠨ ᠬᠦᠴᠦᠨ᠎ᠲᠠᠢ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠲᠦᠷᠭᠡᠯᠡᠨ ᠪᠤᠢ ᠪᠤᠯᠭᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠳᠦᠷᠢᠮᠵᠢᠯᠲᠡ᠂ ᠵᠢᠷᠤᠮᠵᠢᠯᠲᠠ᠂ ᠳᠡᠰ ᠳᠠᠷᠠᠭᠠᠵᠢᠯᠲᠠᠶ᠋ᠢᠨ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠨᠡᠩ ᠥᠨᠳᠥᠷ ᠲᠦᠪᠱᠢᠨ᠎ᠳᠤ ᠬᠦᠷᠭᠡᠨ᠎ᠡ᠃
— ᠨᠡᠢᠭᠡᠮ᠎ᠤᠨ ᠪᠣᠯᠪᠠᠰᠤᠨ᠎ᠤ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠦᠨ᠎ᠡ᠃ ᠰᠣᠶᠣᠯ᠎ᠤᠨ ᠢᠲᠡᠭᠡᠯ᠎ᠢ ᠨᠡᠩ ᠢᠯᠡᠭᠦᠦ ᠪᠠᠳᠤᠳᠭᠠᠵᠤ᠂ ᠭᠤᠤᠯ ᠤᠷᠤᠰᠭᠠᠯ᠎ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶ᠋ᠢ ᠲᠠᠰᠤᠷᠠᠯᠲᠠ ᠦᠭᠡᠢ ᠪᠠᠬᠢᠵᠢᠭᠦᠯᠦᠨ ᠪᠤᠵᠠᠭᠠᠢᠷᠠᠭᠤᠯᠵᠤ᠂ ᠨᠡᠢᠭᠡᠮ ᠵᠢᠷᠤᠮ᠎ᠤᠨ ᠭᠤᠣᠯᠯᠠᠬᠤ ᠥᠷᠲᠡᠭ᠎ᠤᠨ ᠦᠵᠡᠯᠲᠡ᠎ᠶ᠋ᠢ ᠥᠷᠭᠡᠨ᠎ᠢᠶᠠᠷ ᠦᠢᠯᠡᠳᠦᠯᠭᠡᠵᠢᠭᠦᠯᠵᠦ᠍᠂ ᠪᠦᠬᠦ᠌ ᠦᠨᠳᠦᠰᠦᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠬᠥᠭ᠌ᠵᠢᠭᠡᠨ᠂ ᠠᠷᠠᠳ ᠲᠦᠮᠡᠨ᠎ᠤ ᠣᠶᠤᠨ᠎ᠤ ᠰᠣᠶᠣᠯ᠎ᠤᠨ ᠠᠮᠢᠳᠤᠷᠠᠯ᠎ᠢ ᠨᠠᠩ ᠢᠯᠡᠭᠦᠦ ᠪᠠᠶᠠᠯᠢᠬ᠍ᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠨᠢᠭ᠍ᠲᠠᠷᠠᠯ᠎ᠤᠨ ᠬᠦᠴᠦᠨ ᠪᠠ ᠳᠤᠮᠳᠠᠳᠤ᠎ᠶ᠋ᠢᠨ ᠰᠣᠶᠣᠯ᠎ᠤᠨ ᠨᠥᠯᠥᠭᠡᠯᠡᠬᠦ᠌ ᠬᠦᠴᠦᠨ᠎ᠢ ᠢᠯᠡᠳᠲᠡ ᠴᠢᠩᠭᠠᠷᠠᠭᠤᠯᠵᠤ᠂ ᠤᠯᠤᠰ᠎ᠤᠨ ᠵᠥᠭᠡᠯᠡᠨ ᠪᠣᠳᠠᠲᠤ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃
— ᠠᠷᠠᠳ ᠲᠥᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃ ᠠᠵᠢᠯ ᠤᠯᠭᠤᠯᠳᠠ᠎ᠶ᠋ᠢ ᠶᠡᠷᠥᠩᠭᠡᠢ᠎ᠳᠡᠭᠡᠨ ᠳᠤᠭ᠍ᠳᠠᠭᠤᠨ ᠪᠠᠢᠯᠭᠠᠵᠤ᠂ ᠬᠤᠳᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠳᠠ᠎ᠶ᠋ᠢᠨ ᠨᠤᠷᠮ᠎ᠠ᠎ᠶ᠋ᠢ 5.5% ᠠᠴᠠ ᠳᠤᠭᠤᠭ᠍ᠰᠢ ᠪᠠᠢᠯᠭᠠᠵᠤ᠂ ᠴᠢᠨᠠᠷ ᠰᠠᠢᠲᠠᠶ ᠪᠦᠭᠡᠳ ᠭᠦᠢᠴᠡᠳ ᠠᠵᠢᠯ ᠣᠯᠭᠤᠯᠲᠠ᠎ᠶ᠋ᠢ ᠱᠢᠨ᠎ᠡ ᠠᠬᠢᠯᠳᠠ᠎ᠲᠠᠢ ᠪᠣᠯᠭᠠᠨ᠎ᠠ᠃ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠪᠣᠯᠤᠨ ᠠᠵᠤ ᠠᠬᠤᠶ᠎ᠶ᠋ᠢᠨ ᠨᠡᠮᠡᠭ᠌ᠳᠡᠯ᠎ᠢ ᠵᠢᠭ᠌ᠳᠡ ᠪᠠᠢᠯᠭᠠᠵᠤ᠂ ᠬᠥᠳᠡᠯᠮᠦᠷᠢ᠎ᠶ᠋ᠢᠨ ᠬᠥᠯᠥᠰᠥ᠍ ᠣᠯᠭᠤᠮᠵᠢ᠎ᠶ᠋ᠢ ᠳᠡᠭᠡᠭ᠌ᠰᠢᠯᠡᠭᠦᠯᠬᠦ᠌ ᠪᠠ ᠬᠥᠳᠡᠯᠮᠦᠷᠢ᠎ᠶ᠋ᠢᠨ ᠦᠢᠯᠡᠳᠪᠦᠷᠢᠯᠡᠯ᠎ᠤᠨ ᠨᠤᠷᠮ᠎ᠠ᠎ᠶ᠋ᠢ ᠳᠡᠭᠡᠭ᠌ᠰᠢᠯᠡᠭᠦᠯᠬᠦ᠌᠎ᠶ᠋ᠢ ᠵᠢᠭ᠌ᠳᠡ ᠪᠠᠢᠯᠭᠠᠵᠤ᠂ ᠬᠤᠪᠢᠶᠠᠷᠢᠯᠠᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠳᠤᠮᠳᠠ ᠵᠡᠷᠭᠡ᠎ᠶ᠋ᠢᠨ ᠣᠷᠣᠯᠭ᠎ᠠ᠎ᠲᠠᠢ ᠬᠠᠮᠲᠤᠯᠢᠭ᠎ᠢ ᠦᠷᠭᠦᠯᠵᠢᠯᠡᠨ ᠥᠷᠭᠡᠳᠭᠡᠨ᠎ᠡ᠃ ᠬᠥᠳᠡᠯᠮᠦᠷᠢᠯᠡᠬᠦ᠌ ᠨᠠᠰᠤᠨ᠎ᠤ ᠬᠥᠮᠦᠨ ᠠᠮᠠ᠎ᠶ᠋ᠢᠨ ᠰᠤᠷᠭᠠᠨ ᠬᠥᠮᠦᠵᠢᠯ ᠬᠦᠷᠲᠡᠬᠦ᠌ ᠳᠤᠮᠳᠠᠴᠢ ᠵᠢᠯ ᠬᠤᠭᠤᠴᠠᠭ᠎ᠠ᠎ᠶ᠋ᠢ 11.7 ᠵᠢᠯ ᠪᠣᠯᠳᠠᠯ᠎ᠠ ᠳᠡᠭᠡᠭ᠌ᠰᠢᠯᠡᠭᠦᠯᠵᠦ᠍᠂ ᠠᠷᠠᠳ ᠣᠯᠠᠨ᠎ᠤ ᠨᠠᠰᠤᠵᠢᠯ᠎ᠤᠨ ᠠᠰᠠᠷᠠᠮᠵᠢ ᠪᠠ ᠨᠠᠢᠳᠠᠨ ᠬᠥᠮᠥᠵᠢᠭᠦᠯᠬᠦ᠌ ᠦᠢᠯᠡᠴᠢᠯᠡᠭᠡᠨ᠎ᠤ ᠬᠡᠷᠡᠭ᠌ᠴᠡᠭᠡ᠎ᠶ᠋ᠢ ᠨᠡᠩ ᠰᠠᠢᠳᠤᠷ ᠬᠠᠩᠭᠠᠵᠤ᠂ ᠬᠥᠮᠦᠨ ᠳᠤᠮᠳᠠᠴᠢ᠎ᠶ᠋ᠢᠨ ᠵᠢᠱ᠌ᠢᠯᠳᠡ ᠨᠠᠰᠤᠨ ᠬᠤᠲᠤᠭ᠎ᠢ 80 ᠨᠠᠰᠤ ᠪᠣᠯᠳᠠᠯ᠎ᠠ ᠳᠡᠭᠡᠭ᠌ᠰᠢᠯᠡᠭᠦᠯᠵᠤ᠂ ᠨᠡᠢᠭᠡᠮ᠎ᠤᠨ ᠪᠠᠲᠤᠯᠠᠭ᠎ᠠ᠎ᠶ᠋ᠢᠨ ᠲᠦᠷᠢᠮ᠎ᠢ ᠨᠡᠩ ᠢᠯᠡᠭᠦᠦ ᠱᠢᠯᠢᠳᠡᠭ᠌ᠵᠢᠭᠦᠯᠦᠨ ᠨᠡᠩ ᠦᠷᠭᠦᠯᠵᠢᠯᠡᠭᠦ᠋ᠢᠴᠡ ᠪᠤᠯᠭᠠᠵᠤ᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ ᠬᠢᠷᠢ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠦᠨ᠎ᠡ᠃
— ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠱᠢᠨ᠎ᠡ ᠴᠢᠬᠤᠯᠠ ᠶᠡᠭᠡ ᠠᠬᠢᠯᠳᠠ᠎ᠲᠠᠢ ᠪᠣᠯᠭᠠᠨ᠎ᠠ᠃ ᠨᠤᠭᠤᠭᠠᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠦᠨᠳᠦᠰᠦᠨ᠎ᠳᠡᠭᠡᠨ ᠪᠤᠢ ᠪᠤᠯᠭᠠᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠬᠠᠷᠠᠯᠲᠠ᠎ᠶ᠋ᠢ ᠬᠤᠭᠤᠴᠠᠭ᠎ᠠ ᠶᠤᠰᠤᠭᠠᠷ ᠪᠡᠶᠡᠯᠡᠭᠦᠯᠦᠨ᠂ ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠲᠠ᠎ᠶ᠋ᠢ 17% ᠪᠠᠷ ᠪᠠᠭᠤᠷᠠᠭᠤᠯᠵᠤ᠂ ᠠᠷᠢᠭᠤᠨ ᠴᠡᠪᠡᠷ ᠨᠡᠭᠦᠷᠡᠰᠦᠲᠥ᠋ᠷᠥᠭ᠌ᠴᠢ ᠪᠠᠭᠠᠲᠠᠢ ᠠᠮᠤᠷ ᠳᠥᠪᠱᠢᠨ ᠥᠨᠳᠥᠷ ᠪᠦᠲᠦᠮᠵᠢᠲᠡᠶ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠢ ᠠᠩᠬ᠎ᠠ ᠠᠯᠬᠤᠮ ᠪᠠᠢᠭᠤᠯᠤᠨ ᠪᠦᠲᠦᠭᠡᠨ᠎ᠡ᠃ ᠠᠮᠢ ᠠᠬᠤᠢ᠎ᠶ᠋ᠢᠨ ᠣᠷᠴᠢᠨ ᠨᠥᠬᠦᠴᠡᠯ᠎ᠤᠨ ᠶᠠᠰᠤ ᠴᠢᠨᠠᠷ᠎ᠢ ᠪᠦᠬᠦ᠌ ᠲᠠᠯ᠎ᠠ᠎ᠪᠠᠷ ᠰᠠᠢᠵᠢᠷᠠᠭᠤᠯᠵᠤ᠂ ᠭᠤᠣᠯ ᠪᠣᠯᠬᠤ ᠪᠣᠬᠢᠷᠳᠤᠭᠤᠯᠬᠤ ᠪᠣᠳᠠᠰ᠎ᠤᠨ ᠭᠠᠳᠠᠭ᠍ᠰᠢᠯᠠᠭᠤᠯᠤᠯᠳᠠ᠎ᠶ᠋ᠢᠨ ᠶᠡᠷᠦᠩᠬᠡᠢ ᠬᠡᠮᠵᠢᠶ᠎ᠡ᠎ᠶ᠋ᠢ ᠦᠷᠭᠦᠯᠵᠢᠯᠡᠨ ᠪᠠᠭᠠᠰᠭᠠᠵᠤ᠂ ᠲᠤᠰᠭᠠᠶ ᠣᠷᠣᠨ᠎ᠤ ᠲᠠᠰ ᠵᠢᠴᠢ ᠲᠡᠭᠦᠨ᠎ᠠᠴᠠ ᠳᠡᠭᠡᠭ᠌ᠰᠢᠬᠢ ᠬᠤᠲᠠ᠎ᠶ᠋ᠢᠨ ᠵᠢᠵᠢᠭ ᠮᠥᠬᠦᠯᠢᠭ᠌ᠲᠦ ᠪᠣᠳᠠᠰ (PM2.5)᠎ᠤᠨ ᠥᠳᠭᠡᠴᠡ᠎ᠶ᠋ᠢ ᠺᠦᠪ ᠮᠧᠲᠷ ᠪᠦᠷᠢ᠎ᠳᠤ 27 ᠮᠢᠺᠷᠥᠭ᠌ᠷᠠᠮ᠎ᠠᠴᠠ ᠳᠣᠭᠤᠭ᠍ᠰᠢ ᠪᠣᠯᠲᠠᠯ᠎ᠠ ᠪᠠᠭᠤᠷᠠᠭᠤᠯᠵᠤ᠂ ᠱᠢᠯᠢᠳᠡᠭ ᠰᠠᠢᠨ ᠤᠰᠤᠨ ᠴᠣᠭ᠍ᠴᠠ᠎ᠶ᠋ᠢᠨ ᠬᠠᠷᠢᠴᠠᠯ᠎ᠢ 85% ᠪᠣᠯᠲᠠᠯ᠎ᠠ ᠳᠡᠭᠡᠭ᠌ᠰᠢᠯᠡᠭᠦᠯᠦᠨ᠂ ᠣᠢ ᠱᠢᠭᠤᠶ᠎ᠶ᠋ᠢᠨ ᠪᠦᠷᠬᠦᠴᠡ᠎ᠶ᠋ᠢ 25.8% ᠳᠤ ᠬᠦᠷᠭᠡᠵᠦ᠍᠂ ᠠᠮᠢ ᠠᠬᠤᠢ᠎ᠶ᠋ᠢᠨ ᠱᠢᠰᠲ᠋ᠧᠮ᠎ᠤᠨ ᠣᠯᠠᠨ ᠶᠠᠩᠵᠤᠲᠤ ᠴᠢᠨᠠᠷ ᠲᠣᠭ᠍ᠲᠠᠪᠤᠷᠢᠲᠤ ᠴᠢᠨᠠᠷ ᠦᠷᠭᠦᠯᠵᠢᠯᠡᠬᠦ᠌ ᠴᠢᠨᠠᠷ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃
— ᠤᠯᠤᠰ᠎ᠤᠨ ᠠᠮᠤᠷ ᠲᠦᠪᠱᠢᠨ᠎ᠤ ᠬᠠᠯᠬᠠᠪᠴᠢ᠎ᠶ᠋ᠢ ᠨᠡᠩ ᠢᠯᠡᠭᠦᠦ ᠪᠠᠬᠢᠵᠢᠭᠦᠯᠦᠨ᠎ᠡ᠃ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠠᠮᠤ ᠪᠤᠳᠠᠭᠠᠨ᠎ᠤ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ᠎ᠶ᠋ᠢ 1.45 ᠲᠦᠮᠡᠨ ᠳ᠋ᠦᠩᠱᠢᠭᠤᠷ ᠵᠢᠩ ᠣᠷᠴᠢᠮ᠎ᠳᠤ ᠬᠦᠷᠭᠡᠵᠤ᠂ ᠡᠨᠧᠷᠭᠢ᠎ᠶ᠋ᠢᠨ ᠰᠤᠷᠪᠤᠯᠵᠢ᠎ᠶ᠋ᠢᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ᠎ᠶ᠋ᠢ 58 ᠳ᠋ᠦᠩᠱᠢᠭᠤᠷ ᠲᠣᠨ ᠪᠠᠷᠢᠮᠵᠢᠶᠠᠲᠤ ᠨᠡᠭᠦᠷᠡᠰᠦ᠎ᠳᠤ ᠬᠦᠷᠭᠡᠵᠤ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠨᠡᠢᠭᠡᠮ᠎ᠤᠨ ᠵᠠᠰᠠᠯᠲᠠ ᠪᠠ ᠣᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠬᠢᠷᠢ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠵᠤ᠂ ᠬᠦᠨᠳᠦ ᠣᠨᠴᠠ ᠶᠡᠭᠡ ᠠᠳᠡᠯ᠎ᠢ ᠪᠦᠲᠦᠮᠵᠢᠲᠡᠶ ᠬᠤᠷᠢᠭ᠍ᠯᠠᠵᠤ᠂ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠬᠤᠷᠢᠭ᠍ᠯᠠᠬᠤ ᠬᠢᠷᠢ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠵᠤ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠬᠤᠭᠤᠴᠠᠭ᠎ᠠ ᠶᠤᠰᠤᠭᠠᠷ ᠪᠡᠶᠡᠯᠡᠭᠦᠯᠵᠦ᠍᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃
ᠡᠨᠡ ᠬᠦ᠌ ᠰᠠᠭᠤᠷᠢᠨ ᠳᠡᠭᠡᠷ᠎ᠡ ᠳᠠᠬᠢᠨ ᠲᠠᠪᠤᠨ ᠵᠢᠯ ᠲᠡᠮᠡᠴᠡᠵᠦ᠍᠂ 2035 ᠣᠨ ᠪᠣᠯᠬᠤ᠎ᠳᠤ ᠮᠠᠨ᠎ᠤ ᠤᠯᠤᠰ᠎ᠤᠨ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠶ ᠬᠦᠴᠦᠨ ᠪᠠ ᠳᠡᠯᠡᠬᠡᠶ ᠳᠡᠭᠡᠷᠡᠬᠢ ᠨᠥᠯᠥᠭᠡᠯᠡᠬᠦ᠌ ᠬᠦᠴᠦᠨ᠎ᠢ ᠶᠡᠭᠡ᠎ᠪᠠᠷ ᠳᠡᠭᠡᠭ᠌ᠰᠢᠯᠡᠭᠦᠯᠵᠦ᠍᠂ ᠬᠥᠮᠦᠨ ᠳᠤᠮᠳᠠᠴᠢ᠎ᠶ᠋ᠢᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠢ ᠳᠤᠮᠳᠠ ᠵᠡᠷᠭᠡ᠎ᠶ᠋ᠢᠨ ᠬᠥᠭ᠌ᠵᠢᠭ᠌ᠰᠡᠨ ᠤᠯᠤᠰ᠎ᠤᠨ ᠲᠦᠪᠱᠢᠨ᠎ᠳᠤ ᠬᠦᠷᠭᠡᠵᠤ᠂ ᠠᠷᠠᠳ ᠲᠦᠮᠡᠨ᠎ᠤ ᠠᠮᠢᠳᠤᠷᠠᠯ᠎ᠢ ᠨᠡᠩ ᠵᠣᠯ ᠵᠢᠷᠭᠠᠯ᠎ᠲᠠᠢ ᠰᠠᠢᠨ ᠰᠠᠢᠬᠠᠨ ᠪᠤᠯᠭᠠᠬᠤ᠎ᠶ᠋ᠢ ᠪᠡᠶᠡᠯᠡᠭᠦᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃



ᠬᠤᠶᠠᠳᠤᠭᠠᠷ ᠠᠡᠭᠬᠢ ᠤᠳᠤᠬᠢᠴᠢᠯᠠᠭᠰᠠᠨ ᠠᠵᠤ ᠦᠢᠯᠡᠰ ᠤ᠋ᠨ ᠰᠢᠰᠲ᠋ᠸᠮ ᠢ᠋ ᠪᠠᠢᠭᠤᠯᠵᠤ ᠪᠤᠳᠠᠳᠤ ᠴᠤᠭᠴᠠ ᠶ᠋ᠢᠨ ᠠᠵᠤ ᠠᠬᠤᠢ ᠶ᠋ᠢᠨ ᠰᠠᠭᠤᠷᠢ ᠵᠢ ᠪᠡᠬᠢᠵᠢᠭᠦᠯᠦᠨ ᠪᠤᠵᠠᠭᠠᠢᠷᠠᠭᠤᠯᠤᠨ᠎ᠠ
ᠠᠵᠤ ᠠᠬᠤᠶ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢ ᠪᠣᠳᠠᠲᠤ ᠴᠣᠭ᠍ᠴᠠ᠎ᠶ᠋ᠢᠨ ᠠᠵᠤ ᠠᠬᠤᠶ ᠳᠡᠭᠡᠷ᠎ᠡ ᠲᠠᠯᠪᠢᠬᠤ᠎ᠶ᠋ᠢ ᠪᠠᠷᠢᠮᠲᠠᠯᠠᠵᠤ᠂ ᠤᠶᠤᠨᠴᠢᠯᠠᠯᠳᠠ᠂ ᠨᠤᠭᠤᠭᠠᠨᠵᠢᠭᠤᠯᠤᠯᠳᠡ᠂ ᠠᠭᠤᠰᠤᠯᠴᠠᠵᠢᠭᠤᠯᠤᠯᠳᠡᠶ᠋ᠢᠨ ᠴᠢᠭ᠌ᠯᠡᠯ᠎ᠢ ᠪᠠᠷᠢᠮᠲᠠᠯᠠᠵᠤ᠂ ᠦᠢᠯᠡᠳᠬᠦ᠌ ᠦᠢᠯᠡᠰ᠎ᠤᠨ ᠬᠦᠴᠦᠷᠬᠡᠭ ᠤᠯᠤᠰ᠂ ᠶᠠᠰᠤ ᠴᠢᠨᠠᠷ᠎ᠤᠨ ᠬᠦᠴᠦᠷᠬᠡᠭ ᠤᠯᠤᠰ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠂ ᠰᠦᠯᠵᠢᠶᠡᠨ᠎ᠤ ᠬᠦᠴᠦᠷᠬᠡᠭ ᠤᠯᠤᠰ᠎ᠢ ᠲᠦᠷᠭᠡᠯᠡᠨ ᠪᠦᠲᠦᠭᠡᠨ ᠪᠠᠢᠭᠤᠯᠵᠤ᠂ ᠦᠢᠯᠡᠳᠬᠦ᠌ ᠦᠢᠯᠡᠰ᠎ᠤᠨ ᠵᠦᠶ ᠵᠣᠬᠢᠰᠲᠠᠶ ᠬᠤᠪᠢ᠎ᠶ᠋ᠢᠨ ᠵᠢᠩ᠎ᠢ ᠪᠠᠲᠤᠯᠠᠵᠤ᠂ ᠲᠡᠷᠢᠭᠦᠨ᠎ᠤ ᠦᠢᠯᠡᠳᠬᠦ᠌ ᠦᠢᠯᠡᠰ᠎ᠢᠶᠠᠷ ᠭᠤᠣᠯᠯᠠᠭ᠍ᠴᠢ ᠬᠦᠴᠦᠨ ᠪᠣᠯᠭᠠᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠤᠨ᠎ᠠ᠃
ᠳᠦᠷᠪᠡᠳᠦᠭᠡᠷ ᠪᠦᠯᠦᠭ ᠤᠯᠠᠮᠵᠢᠯᠠᠯᠲᠤ ᠠᠵᠤ ᠦᠢᠯᠡᠰ ᠢ᠋ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ
ᠤᠯᠤᠰ᠎ᠤᠨ ᠪᠠᠷᠢᠮᠵᠢᠶ᠎ᠠ᠎ᠪᠠᠷ ᠬᠥᠲᠥᠯᠥᠨ ᠳᠠᠭᠠᠭᠤᠯᠬᠤ᠂ ᠳ᠋ᠢᠵᠢᠲ᠋ᠠᠯ ᠮᠡᠷᠭᠡᠵᠢᠯ ᠤᠶᠤᠯᠢᠭ ᠮᠡᠷᠭᠡᠵᠢᠯ ᠪᠠ ᠨᠤᠭᠤᠭᠠᠨ ᠮᠡᠷᠭᠡᠵᠢᠯ᠎ᠢᠶᠠᠷ ᠡᠨᠧᠷᠬᠢ ᠤᠯᠭᠤᠬᠤ᠂ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ ᠪᠠ ᠠᠮᠤᠷ ᠲᠦᠪᠱᠢᠨ᠎ᠤ ᠲᠦᠷᠢᠮ᠎ᠢᠶᠠᠷ ᠬᠢᠵᠠᠭᠠᠷᠯᠠᠬᠤ᠎ᠶ᠋ᠢ ᠴᠢᠩᠭᠠᠳᠭᠠᠨ᠂ ᠮᠠᠨ᠎ᠤ ᠤᠯᠤᠰ᠎ᠤᠨ ᠠᠵᠤ ᠦᠢᠯᠡᠰ᠎ᠤᠨ ᠪᠦᠬᠦ᠌ ᠪᠥᠮᠪᠥᠷᠴᠡᠭ᠎ᠤᠨ ᠠᠵᠢᠯ᠎ᠤᠨ ᠬᠤᠪᠢᠶᠠᠷᠢᠯᠠᠯ᠎ᠳᠠᠬᠢ ᠪᠠᠢᠷᠢ ᠰᠠᠭᠤᠷᠢ ᠪᠠ ᠥᠷᠢᠰᠥᠯᠳᠦᠬᠦ᠌ ᠬᠦᠴᠦᠨ᠎ᠢ ᠪᠠᠬᠢᠵᠢᠭᠦᠯᠦᠨ ᠳᠡᠭᠡᠭ᠌ᠰᠢᠯᠡᠭᠦᠯᠦᠨ᠎ᠠ᠃
ᠨᠢᠭᠡᠳᠦᠭᠡᠷ ᠬᠡᠰᠡᠭ ᠭᠤᠤᠯᠳᠠᠯᠭ᠎ᠠ ᠲᠠᠢ ᠠᠵᠤ ᠦᠢᠯᠡᠰ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠳᠡᠰ ᠳᠡᠪᠰᠢᠭᠦᠯᠬᠦ ᠵᠢ ᠠᠬᠢᠭᠤᠯᠤᠨ᠎ᠠ
ᠬᠠᠨᠳᠤᠰᠢᠳᠤᠨᠢ ᠲᠣᠬᠢᠷᠠᠭᠤᠯᠤᠨ ᠬᠥᠲᠥᠯᠥᠨ ᠵᠢᠯᠣᠭᠤᠳᠭᠤ᠂ ᠠᠵᠢᠯ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠭᠤᠤᠯᠳᠠᠯᠭ᠎ᠠ᠎ᠲᠠᠢ ᠠᠵᠤ ᠦᠢᠯᠡᠰ᠎ᠤᠨ ᠪᠦᠲᠦᠴᠡ᠎ᠶ᠋ᠢᠨ ᠴᠢᠨᠠᠷᠲᠠᠶ ᠵᠥᠷᠢᠴᠡᠯ᠎ᠢ ᠠᠷᠢᠯᠭᠠᠬᠤ᠂ ᠳᠤᠮᠳᠠ ᠳᠡᠭᠡᠳᠦ ᠲᠡᠰ ᠲᠡᠢᠰᠢ ᠲᠦᠷᠭᠡᠯᠡᠨ ᠲᠡᠰ ᠳᠡᠪᠱᠢᠬᠦᠯᠬᠦ᠌᠎ᠶ᠋ᠢ ᠠᠬᠢᠭᠤᠯᠤᠨ᠎ᠠ᠃ ᠪᠣᠯᠣᠳ ᠲᠡᠮᠦᠷ᠂ ᠴᠢᠯᠠᠭᠤᠨ ᠲᠣᠰᠣ ᠬᠢᠮᠢ᠎ᠶ᠋ᠢᠨ ᠠᠵᠤ ᠦᠢᠯᠡᠳᠪᠦᠷᠢ᠂ ᠣᠩᠭᠤᠴᠠ ᠰᠠᠯ ᠵᠡᠷᠭᠡ ᠠᠵᠤ ᠦᠢᠯᠡᠰ᠎ᠤᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠠᠬᠢᠭᠤᠯᠵᠤ᠂ ᠤᠬᠢ ᠰᠣᠳᠣᠨ ᠪᠣᠯᠣᠳ ᠮᠠᠲ᠋ᠧᠷᠢᠶᠠᠯ᠎ᠤᠨ ᠰᠠᠭᠤᠷᠢᠨ ᠭᠠᠵᠠᠷ᠂ ᠲᠡᠷᠢᠭᠦᠨ ᠵᠡᠷᠭᠡ᠎ᠶ᠋ᠢᠨ ᠴᠢᠯᠠᠭᠤᠨ ᠲᠣᠰᠣ ᠬᠢᠮᠢ᠎ᠶ᠋ᠢᠨ ᠠᠵᠤ ᠦᠢᠯᠠᠳᠪᠦᠷᠢ᠎ᠶ᠋ᠢᠨ ᠰᠠᠭᠤᠷᠢᠨ ᠭᠠᠵᠠᠷ᠂ ᠳᠡᠭᠡᠳᠦ ᠲᠠᠰ᠎ᠤᠨ ᠣᠩᠭᠤᠴᠠ ᠰᠠᠯ ᠪᠠ ᠲᠡᠯᠡᠶ ᠲᠠᠩᠭᠢᠰ᠎ᠤᠨ ᠢᠨᠵᠧᠨᠧᠷᠢᠩ᠎ᠤᠨ ᠲᠣᠨᠣᠭ᠍ᠯᠠᠯ᠎ᠤᠨ ᠰᠠᠭᠤᠷᠢᠨ ᠭᠠᠵᠠᠷ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠦᠨ᠎ᠡ᠃ ᠡᠯᠧᠺᠲᠷᠣᠨ ᠮᠡᠳᠡᠭᠡ ᠵᠠᠩᠭᠢ᠂ ᠮᠧᠬᠠᠨᠢᠭ ᠲᠣᠨᠣᠭ᠍ᠯᠠᠯ ᠵᠡᠷᠭᠡ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠳᠡᠭᠡᠳᠦ ᠲᠡᠰ᠎ᠤᠨ᠂ ᠳᠤᠲᠠᠭ᠍ᠳᠠᠵᠤ ᠪᠠᠢᠭ᠎ᠠ ᠦᠢᠯᠡᠳᠭᠦᠨ᠎ᠢ ᠬᠥᠭ᠌ᠵᠢᠭᠦᠯᠵᠦ᠍᠂ ᠵᠠᠩᠭᠢᠯᠠᠭ᠎ᠠ᠎ᠶ᠋ᠢᠨ ᠰᠡᠯᠪᠢᠭ ᠲᠤᠨᠤᠭ᠂ ᠲᠣᠨᠣᠭ᠍ᠯᠠᠭᠠᠰᠤ ᠪᠠ ᠲᠤᠰᠭᠠᠶ ᠬᠡᠷᠡᠭ᠌ᠯᠡᠬᠦ᠌ ᠮᠠᠲ᠋ᠧᠷᠢᠶᠠᠯ᠎ᠤᠨ ᠲᠠᠯ᠎ᠠ᠎ᠪᠠᠷ ᠲᠦᠷᠭᠡᠯᠡᠨ ᠱᠢᠪᠲᠤᠯᠤᠯᠲᠠ ᠭᠠᠷᠭᠠᠨ᠎ᠠ᠃ ᠬᠦᠡᠭ᠌ᠭᠡᠨ ᠠᠵᠤ ᠦᠢᠯᠡᠳᠪᠦᠷᠢ᠂ ᠨᠡᠬᠡᠮᠡᠯ ᠵᠡᠷᠭᠡ ᠴᠢᠨᠠᠷ ᠰᠠᠢᠲᠠᠶ ᠦᠢᠯᠡᠳᠭᠦᠨ᠎ᠤ ᠬᠠᠩᠭᠠᠯᠭ᠎ᠠ᠎ᠶ᠋ᠢ ᠥᠷᠭᠡᠳᠭᠡᠨ᠎ᠠ᠃ ᠪᠠᠷᠢᠯᠭ᠎ᠠ᠎ᠶ᠋ᠢᠨ ᠦᠢᠯᠡᠰ᠎ᠤᠨ ᠥᠷᠢᠰᠥᠯᠳᠦᠬᠦ᠌ ᠬᠦᠴᠦᠨ᠎ᠢ ᠪᠠᠬᠢᠵᠢᠭᠦᠯᠦᠨ ᠳᠡᠭᠡᠭ᠌ᠰᠢᠯᠡᠭᠦᠯᠦᠨ᠎ᠡ᠃ ᠮᠡᠷᠭᠡᠵᠢᠯ᠎ᠤᠨ ᠥᠭᠡᠷᠡᠴᠢᠯᠡᠯᠲᠡ ᠬᠢᠵᠦ᠍ ᠳᠡᠰ ᠳᠡᠪᠱᠢᠭᠦᠯᠬᠦ᠌᠎ᠶ᠋ᠢ ᠠᠬᠢᠭᠤᠯᠵᠤ᠂ ᠣᠶᠣᠯᠢᠭ ᠦᠢᠯᠡᠳᠭᠦ᠌ ᠤᠢ᠍ᠢᠯᠡᠰ᠂ ᠨᠤᠭᠤᠭᠠᠨ ᠦᠢᠯᠡᠳᠭᠦ᠌ ᠤᠢ᠍ᠢᠯᠡᠰ᠂ ᠦᠢᠯᠡᠴᠢᠯᠡᠭᠡᠨ᠎ᠤ ᠬᠡᠯᠪᠡᠷᠢ᠎ᠶ᠋ᠢᠨ ᠦᠢᠯᠡᠳᠭᠦ᠌ ᠤᠢ᠍ᠢᠯᠡᠰ᠎ᠢ ᠬᠥᠭ᠌ᠵᠢᠭᠦᠯᠵᠦ᠍᠂ ᠠᠵᠤ ᠦᠢᠯᠡᠰ᠎ᠤᠨ ᠬᠡᠪ ᠵᠠᠭ᠍ᠪᠤᠷ ᠪᠠ ᠠᠵᠤ ᠠᠬᠤᠢᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠬᠡᠯᠪᠡᠷᠢ ᠪᠠᠢᠳᠠᠯ᠎ᠤᠨ ᠬᠤᠪᠢᠰᠤᠯᠲᠠ᠎ᠶ᠋ᠢ ᠲᠦᠷᠭᠡᠳᠭᠡᠨ᠎ᠡ᠃ ᠲᠡᠷᠢᠭᠦᠨ᠎ᠤ ᠦᠢᠯᠡᠳᠭᠦ᠌ ᠦᠢᠯᠡᠰ᠎ᠤᠨ ᠪᠥᠭᠡᠭᠡᠨᠡᠷᠡᠯ᠎ᠢ ᠬᠥᠭ᠌ᠵᠢᠭᠦᠯᠵᠦ᠍᠂ ᠤᠯᠤᠰ᠎ᠤᠨ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠪᠦᠲᠦᠭᠡᠨ ᠪᠠᠢᠭᠤᠯᠤᠨ᠎ᠠ᠃ ᠪᠥᠬᠦ᠌ ᠲᠠᠯ᠎ᠠ᠎ᠶ᠋ᠢᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠦᠢᠯᠡᠳᠭᠦ᠌ ᠦᠢᠯᠡᠰ᠎ᠤᠨ ᠭᠠᠷᠮᠠᠭᠠᠶ ᠶᠠᠰᠤ ᠴᠢᠨᠠᠷ᠎ᠤᠨ ᠢᠨᠵᠧᠨᠧᠷᠢᠩ᠎ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠶᠠᠰᠤ ᠴᠢᠨᠠᠷ᠎ᠤᠨ ᠮᠡᠷᠭᠡᠵᠢᠯ᠎ᠤᠨ ᠰᠠᠭᠤᠷᠢ ᠴᠢᠳᠠᠪᠤᠷᠢ᠎ᠶ᠋ᠢ ᠴᠢᠩᠭᠠᠷᠠᠭᠤᠯᠤᠨ᠎ᠠ᠃ ᠪᠠᠷᠢᠮᠵᠢᠶ᠎ᠠ᠎ᠶ᠋ᠢ ᠱᠢᠨᠡᠳᠭᠡᠨ ᠳᠡᠰ ᠳᠡᠪᠱᠢᠭᠦᠯᠬᠦ᠌᠎ᠶ᠋ᠢ ᠠᠬᠢᠭᠤᠯᠵᠤ᠂ ᠠᠮᠤᠷ ᠲᠦᠪᠱᠢᠨ᠂ ᠣᠷᠴᠢᠨ ᠠᠬᠤᠢ᠎ᠶ᠋ᠢᠨ ᠬᠠᠮᠠᠭᠠᠯᠠᠯᠲᠠ᠂ ᠡᠨᠧᠷᠭᠢ᠎ᠶ᠋ᠢᠨ ᠠᠱᠢᠭ᠍ᠯᠠᠮᠵᠢ᠂ ᠶᠠᠰᠤ ᠴᠢᠨᠠᠷ ᠵᠡᠷᠭᠡ᠎ᠶ᠋ᠢᠨ ᠵᠢᠷᠤᠮᠵᠢᠭᠤᠨ ᠬᠠᠮᠢᠶᠠᠷᠤᠯᠲᠠ᠎ᠶ᠋ᠢ ᠴᠢᠩᠳᠠᠯᠠᠵᠤ᠂ ᠵᠠᠬ᠎ᠠ ᠳᠡᠯᠭᠡᠭᠦᠷᠴᠢᠯᠡᠨ ᠨᠡᠢᠯᠡᠭᠦᠯᠵᠦ᠍ ᠳᠠᠬᠢᠨ ᠵᠤᠬᠢᠶᠠᠨ ᠪᠠᠢᠭᠤᠯᠬᠤ᠎ᠶ᠋ᠢ ᠠᠬᠢᠭᠤᠯᠵᠤ᠂ ᠬᠤᠴᠣᠷᠤᠩᠭᠤᠶ ᠪᠦᠬᠡᠳ ᠳᠤᠤᠷ᠎ᠠ ᠠᠱᠢᠭ᠍ᠯᠠᠮᠵᠢ᠎ᠲᠦ ᠦᠢᠯᠡᠳᠪᠦᠷᠢᠯᠡᠬᠦ᠌ ᠴᠢᠳᠠᠪᠤᠷᠢ᠎ᠶ᠋ᠢ ᠡᠮᠬᠢ ᠵᠢᠷᠤᠮ᠎ᠲᠠᠢ᠎ᠪᠠᠷ ᠤᠬᠤᠷᠢᠭᠤᠯᠤᠨ ᠭᠠᠷᠭᠠᠬᠤ᠎ᠶ᠋ᠢ ᠠᠬᠢᠭᠤᠯᠤᠨ᠎ᠠ᠃
ᠬᠤᠶᠠᠳᠤᠭᠠᠷ ᠭᠡᠰᠡᠭ ᠠᠵᠤ ᠦᠢᠯᠡᠰ ᠤ᠋ᠨ ᠬᠡᠯᠬᠢᠶ᠎ᠡ ᠵᠢ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ
ᠠᠵᠤ ᠦᠢᠯᠡᠰ᠎ᠤᠨ ᠰᠠᠭᠤᠷᠢ᠎ᠶ᠋ᠢ ᠳᠠᠬᠢᠨ ᠴᠤᠭ᠍ᠴᠠᠯᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠨᠢᠭᠡ ᠪᠦᠯᠦᠭ ᠴᠢᠬᠤᠯᠠ ᠶᠡᠭᠡ ᠰᠠᠭᠤᠷᠢ ᠮᠡᠷᠭᠡᠵᠢᠯ᠂ ᠤᠷᠠᠯᠠᠯ ᠪᠠ ᠦᠢᠯᠡᠳᠭᠦᠨ᠎ᠤ ᠲᠠᠯ᠎ᠠ᠎ᠪᠠᠷ ᠲᠦᠷᠭᠡᠯᠡᠨ ᠱᠢᠪᠲᠤᠯᠤᠯᠲᠡ ᠭᠠᠷᠭᠠᠵᠤ᠂ ᠲᠡᠷᠢᠭᠦᠨ᠎ᠤ ᠮᠠᠲ᠋ᠧᠷᠢᠶᠠᠯ᠂ ᠬᠡᠮᠵᠢᠯ ᠠᠯᠤᠰᠯᠠᠨ ᠦᠢᠯᠡᠳᠬᠦ᠌ ᠵᠡᠷᠭᠡ ᠱᠢᠨ᠎ᠡ ᠡᠭᠦᠳᠦᠯᠲᠡ᠎ᠶ᠋ᠢᠨ ᠬᠡᠷᠡᠭ᠌ᠯᠡᠯᠲᠡ᠎ᠶ᠋ᠢ ᠠᠬᠢᠭᠤᠯᠤᠨ᠎ᠠ᠃ ᠴᠢᠬᠤᠯᠠ ᠶᠡᠭᠡ ᠮᠡᠷᠭᠡᠵᠢᠯ᠎ᠤᠨ ᠲᠣᠨᠣᠭ᠍ᠯᠠᠯ᠎ᠤᠨ ᠪᠡᠷᠬᠡ ᠰᠡᠳᠦᠪ᠎ᠢ ᠱᠢᠢᠳᠪᠤᠷᠢᠯᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠢ ᠴᠢᠬᠤᠯᠠ ᠶᠡᠭᠡ ᠮᠡᠷᠭᠡᠵᠢᠯ᠎ᠤᠨ ᠲᠣᠨᠣᠭ᠍ᠯᠠᠯ᠎ᠤᠨ ᠲᠠᠯ᠎ᠠ᠎ᠪᠠᠷ ᠱᠢᠪᠲᠤᠯᠤᠯᠲᠡ ᠭᠠᠷᠭᠠᠨ᠎ᠠ᠃ ᠦᠢᠯᠡᠳᠬᠦ᠌ ᠦᠢᠯᠡᠰ᠎ᠤᠨ ᠭᠤᠣᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ᠎ᠶ᠋ᠢ ᠴᠢᠨᠠᠷ ᠰᠠᠢᠲᠠᠶ ᠬᠥᠭ᠌ᠵᠢᠬᠦᠯᠬᠦ᠌ ᠠᠵᠢᠯᠯᠠᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠪᠠ ᠠᠷᠭᠠᠴᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠤ᠂ ᠬᠤᠪᠣᠷ ᠱᠢᠷᠣᠶ᠂ ᠬᠤᠪᠣᠷ ᠲᠡᠮᠦᠷᠯᠢᠭ᠂ ᠬᠡᠲᠦ ᠬᠠᠲᠠᠭᠤ ᠮᠠᠲ᠋ᠧᠷᠢᠶᠠᠯ ᠵᠡᠷᠭᠡ᠎ᠶ᠋ᠢᠨ ᠥᠷᠢᠰᠥᠯᠳᠦᠭᠡᠨ᠎ᠤ ᠳᠠᠪᠠᠭᠤᠯᠢᠭ᠎ᠢ ᠦᠷᠭᠦᠯᠵᠢᠯᠡᠨ ᠨᠡᠮᠡᠭ᠌ᠳᠡᠭᠦᠯᠵᠦ᠍᠂ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠢ᠎ᠶ᠋ᠢᠨ ᠭᠠᠷᠤᠯᠲᠠ᠎ᠶ᠋ᠢ ᠴᠢᠨᠠᠷ ᠰᠠᠢᠲᠠᠶ ᠥᠨᠳᠥᠷ ᠪᠦᠲᠦᠮᠵᠢᠲᠡᠶ᠎ᠪᠠᠷ ᠶᠡᠷᠦᠩᠬᠡᠢᠯᠡᠨ ᠠᠱᠢᠭ᠍ᠯᠠᠬᠤ᠎ᠶ᠋ᠢ ᠴᠢᠩᠭᠠᠳᠭᠠᠨ᠎ᠠ᠃ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠥᠷᠥᠴᠡ ᠭᠠᠵᠠᠷ᠎ᠤᠨ ᠪᠦᠲᠦᠭᠡᠨ ᠪᠠᠢᠭᠤᠯᠤᠯᠳᠠ ᠪᠠ ᠵᠠᠩᠭᠢᠯᠠᠭ᠎ᠠ᠎ᠶ᠋ᠢᠨ ᠠᠵᠤ ᠦᠢᠯᠡᠰ᠎ᠤᠨ ᠨᠥᠭᠡᠴᠡ ᠪᠡᠯᠡᠳᠭᠡᠯ᠎ᠢ ᠠᠬᠢᠭᠤᠯᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠵᠤ ᠦᠢᠯᠡᠰ᠎ᠤᠨ ᠰᠠᠭᠤᠷᠢᠨ ᠭᠠᠵᠠᠷ᠂ ᠡᠳ᠋ ᠪᠣᠳᠠᠰ᠎ᠤᠨ ᠨᠥᠭᠡᠴᠡᠯᠡᠯᠳᠠᠶ᠋ᠢᠨ ᠰᠠᠭᠤᠷᠢᠨ ᠭᠠᠵᠠᠷ ᠪᠣᠯᠤᠨ ᠰᠠᠭᠤᠷᠢ ᠲᠥᠬᠦᠭᠡᠷᠦᠮᠵᠢ᠎ᠶ᠋ᠢ ᠪᠦᠲᠦᠭᠡᠨ ᠪᠠᠢᠭᠤᠯᠤᠨ᠎ᠠ᠃ ᠠᠵᠤ ᠦᠢᠯᠡᠰ᠎ᠤᠨ ᠰᠠᠭᠤᠷᠢ ᠥᠷᠢᠰᠦᠯᠳᠦᠬᠦ᠌ ᠬᠦᠴᠦᠨ᠎ᠢ ᠪᠠᠢᠴᠠᠭᠠᠬᠤ ᠳᠦᠷᠢᠮ᠎ᠢ ᠪᠠᠢᠭᠤᠯᠵᠤ᠂ ᠨᠡᠢᠲᠡᠯᠢᠭ ᠴᠢᠨᠠᠷᠲᠠᠶ ᠮᠡᠷᠭᠡᠵᠢᠯ᠎ᠤᠨ ᠰᠤᠳᠤᠯᠤᠨ ᠨᠡᠭᠡᠭᠡᠯᠳᠡ᠎ᠶ᠋ᠢᠨ ᠲᠤᠯᠭᠠᠭᠤᠷᠢᠯᠠᠬᠤ ᠴᠢᠳᠠᠪᠤᠷᠢ᠎ᠶ᠋ᠢ ᠴᠢᠩᠭᠠᠷᠠᠭᠤᠯᠤᠨ᠎ᠠ᠃ ᠠᠩᠬᠠᠨ᠎ᠤ ᠰᠠᠤᠷᠢ (ᠢᠵᠢ)᠂ ᠠᠩᠬᠠᠳᠠᠭ᠍ᠴᠢ ᠪᠦᠯᠦᠭ ᠤᠳᠠᠭ᠎ᠠ᠂ ᠠᠩᠬᠠᠨ᠎ᠤ ᠬᠡᠪ ᠤᠳᠠᠭ᠎ᠠ᠎ᠶ᠋ᠢᠨ ᠬᠡᠷᠡᠭ᠌ᠯᠡᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠎ᠡ᠃
ᠭᠤᠷᠪᠠᠳᠤᠭᠠᠷ ᠬᠡᠰᠡᠭ ᠠᠵᠤ ᠦᠢᠯᠡᠰ ᠤ᠋ᠨ ᠡᠷᠡᠭᠦᠯ ᠪᠦᠭᠡᠳ ᠡᠮᠬᠢ ᠵᠢᠷᠤᠮ ᠲᠠᠢ ᠪᠡᠷ ᠬᠦᠭᠵᠢᠬᠦ ᠵᠢ ᠠᠬᠢᠭᠤᠯᠬᠤ ᠲᠤᠭᠲᠠᠴᠠ ᠵᠢ ᠪᠦᠷᠢᠨᠰᠢᠭᠦᠯᠦᠨ᠎ᠡ
ᠠᠵᠤ ᠦᠢᠯᠡᠰ᠎ᠤᠨ ᠲᠤᠬᠢᠷᠠᠭᠤᠯᠤᠯ ᠡᠵᠡᠮᠳᠡᠯ ᠪᠠ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠡᠬᠦᠯᠳᠡᠷᠵᠢᠬᠦᠯᠵᠦ᠍᠂ ᠠᠵᠤ ᠦᠢᠯᠡᠰ᠎ᠤᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠡᠯᠧᠮᠧᠨ᠋ᠲ᠎ᠢ ᠬᠠᠮᠵᠢᠯᠴᠠᠨ ᠪᠠᠲᠤᠯᠠᠬᠤ᠎ᠶ᠋ᠢ ᠴᠢᠩᠭᠠᠳᠭᠠᠨ᠎ᠠ᠃ ᠦᠢᠯᠡᠳᠪᠦᠷᠢᠯᠡᠬᠦ᠌ ᠴᠢᠳᠠᠪᠤᠷᠢ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠪᠦᠷᠢᠨᠱᠢᠬᠦᠯᠵᠦ᠍᠂ ᠲᠥᠯᠥᠪᠵᠢᠭᠦᠯᠭᠡ᠎ᠪᠠᠷ ᠬᠥᠲᠥᠯᠥᠨ ᠵᠢᠯᠣᠭᠤᠳᠭᠤ᠂ ᠦᠢᠯᠡᠳᠪᠦᠷᠢᠯᠡᠬᠦ᠌ ᠴᠢᠳᠠᠪᠤᠷᠢ᠎ᠶ᠋ᠢ ᠲᠤᠬᠢᠷᠠᠭᠤᠯᠤᠨ ᠡᠵᠡᠮᠳᠡᠬᠦ᠂ ᠦᠨ᠎ᠡ ᠬᠠᠩᠰᠢ᠎ᠶ᠋ᠢ ᠵᠠᠰᠠᠬᠤ᠂ ᠠᠵᠢᠯ ᠲᠥᠷᠥᠯ᠎ᠤᠨ ᠥᠪᠡᠷ᠎ᠢ᠎ᠪᠠᠨ ᠱᠠᠭᠠᠷᠳᠠᠬᠤ ᠵᠡᠷᠭᠡ ᠠᠷᠭ᠎ᠠ ᠬᠡᠮᠵᠢᠶ᠎ᠡ᠎ᠶ᠋ᠢ ᠠᠪᠴᠤ᠌᠂ 《ᠬᠤᠮᠢᠷᠠᠭ᠎ᠠ》 ᠥᠷᠢᠰᠥᠯᠳᠦᠭᠡᠨ᠎ᠢ ᠶᠡᠷᠦᠩᠬᠡᠢᠯᠡᠨ ᠴᠡᠭ᠌ᠴᠡᠯᠡᠨ ᠵᠠᠰᠠᠨ᠎ᠠ᠃ ᠠᠵᠤ ᠦᠢᠯᠡᠰ᠎ᠤᠨ ᠲᠥᠷᠥ᠎ᠶ᠋ᠢᠨ ᠪᠣᠳᠣᠯᠭ᠎ᠠ᠎ᠶ᠋ᠢ ᠲᠦᠭᠡᠮᠡᠯ ᠬᠠᠷᠠᠭᠠᠯᠵᠠᠯ᠎ᠲᠠᠢ ᠪᠤᠯᠭᠠᠬᠤ ᠪᠠ ᠴᠢᠳᠠᠮᠵᠢᠲᠤ ᠴᠢᠨᠠᠷᠲᠠᠢ ᠪᠤᠯᠭᠠᠬᠤ ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠠᠵᠤ ᠦᠢᠯᠡᠰ᠎ᠤᠨ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠨ ᠬᠡᠷᠡᠭ᠌ᠵᠢᠭᠦᠯᠬᠦ᠂ ᠮᠡᠳᠡᠭᠡ ᠵᠠᠩᠭᠢ ᠨᠡᠢᠲᠡᠯᠡᠬᠦ᠂ ᠦᠨᠡᠯᠡᠨ ᠵᠢᠱ᠌ᠢᠵᠦ᠍ ᠲᠣᠬᠢᠷᠠᠭᠤᠯᠬᠤ ᠪᠠ ᠤᠬᠤᠷᠢᠭᠤᠯᠤᠨ ᠭᠠᠷᠭᠠᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠴᠢᠨᠠᠷ ᠰᠠᠢᠲᠠᠶ ᠠᠵᠤ ᠠᠬᠤᠢᠯᠠᠯ᠎ᠢ ᠱᠠᠲᠤᠯᠠᠨ ᠪᠤᠢᠵᠢᠭᠤᠯᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠳᠤᠮᠳᠠ ᠵᠢᠵᠢᠭ ᠠᠵᠤ ᠠᠬᠤᠢᠯᠠᠯ᠎ᠤᠨ ᠲᠤᠰᠭᠠᠶ ᠨᠠᠷᠢᠯᠢᠭ ᠦᠪᠡᠷᠮᠢᠴᠡ ᠱᠢᠨ᠎ᠡ ᠬᠥᠭ᠌ᠵᠢᠯᠲᠡ᠎ᠶ᠋ᠢ ᠠᠬᠢᠭᠤᠯᠤᠨ᠎ᠠ᠃ ᠦᠢᠯᠡᠳᠬᠦ᠌ ᠦᠢᠯᠡᠰ᠎ᠤᠨ ᠶᠡᠷᠦᠩᠬᠡᠢᠯᠡᠭ᠌ᠰᠡᠨ ᠥᠪᠡᠷ᠎ᠤᠨ ᠥᠷᠲᠡᠭ᠎ᠢ ᠵᠦᠶ ᠵᠣᠬᠢᠰᠲᠠᠶ ᠪᠠᠭᠤᠷᠠᠭᠤᠯᠵᠤ᠂ ᠤᠷᠲᠤᠪᠲᠤᠷ ᠬᠤᠭᠤᠴᠠᠭᠠᠨ᠎ᠤ ᠵᠢᠭᠡᠯᠡᠯᠭᠡ ᠪᠠ ᠢᠲᠡᠭᠡᠮᠵᠢᠲᠦ ᠵᠢᠭᠡᠯᠡᠯᠭᠡ᠎ᠶ᠋ᠢᠨ ᠦᠢᠯᠡᠳᠬᠦ᠌ ᠦᠢᠯᠡᠰ᠎ᠤᠨ ᠮᠡᠷᠭᠡᠵᠢᠯ᠎ᠤᠨ ᠱᠢᠨ᠎ᠡ ᠡᠭᠦᠳᠤᠯᠲᠡ᠂ ᠳ᠋ᠢᠵᠢᠲ᠋ᠠᠯᠴᠢᠯᠠᠯᠲᠠ ᠤᠶᠤᠨᠴᠢᠯᠠᠯᠲᠠ ᠲᠠᠢᠰᠢ ᠬᠡᠯᠪᠡᠷᠢ᠎ᠪᠠᠨ ᠬᠤᠪᠢᠷᠠᠭᠤᠯᠬᠤ᠂ ᠨᠤᠭᠤᠭᠠᠨ ᠬᠥᠭ᠌ᠵᠢᠯᠲᠡ ᠵᠡᠷᠭᠡ᠎ᠳᠤ ᠦᠵᠡᠭᠦᠯᠬᠦ᠌ ᠳᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠤᠨ᠎ᠠ᠃ ᠦᠢᠯᠡᠳᠬᠦ᠌ ᠦᠢᠯᠡᠰ᠎ᠤᠨ ᠴᠢᠳᠠᠪᠤᠷᠢᠲᠠᠨ᠎ᠢ ᠳᠡᠮᠵᠢᠬᠦ᠌ ᠲᠥᠯᠥᠪᠯᠡᠭᠡ ᠪᠠ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠤ ᠮᠡᠳᠡᠯᠭᠡ᠎ᠶ᠋ᠢ ᠱᠢᠨᠡᠴᠢᠯᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠭᠠᠷᠮᠠᠭᠠᠶ ᠢᠨᠵᠧᠨᠧᠷ᠂ ᠲᠤᠮᠤ ᠤᠯᠤᠰ᠎ᠤᠨ ᠤᠷᠠᠨ ᠳᠠᠷᠬᠠᠨ᠂ ᠤᠷ᠎ᠠ ᠴᠢᠳᠠᠪᠦᠷᠢ ᠰᠠᠢᠲᠠᠢ ᠴᠢᠳᠠᠪᠤᠷᠢᠲᠠᠨ᠎ᠢ ᠬᠥᠮᠦᠵᠢᠭᠦᠯᠵᠦ᠍ ᠪᠤᠢ ᠪᠤᠯᠭᠠᠨ᠎ᠠ᠃
ᠬᠦᠰᠦᠨᠦᠭᠲᠦ 2 ᠠᠵᠤ ᠦᠢᠯᠡᠰ ᠤ᠋ᠨ ᠰᠠᠭᠤᠷᠢ ᠴᠢᠳᠠᠪᠤᠷᠢ ᠪᠠ ᠦᠷᠢᠰᠦᠯᠳᠦᠬᠦ ᠬᠦᠴᠦᠨ ᠢ᠋ ᠳᠡᠭᠡᠭᠰᠢᠯᠡᠭᠦᠯᠬᠦ
01 ᠳᠡᠭᠡᠳᠦ ᠳᠡᠰ ᠤ᠋ᠨ ᠰᠢᠨ᠎ᠡ ᠮᠠᠲᠸᠷᠢᠶᠠᠯ
ᠳᠡᠭᠡᠳᠦ ᠳᠡᠰ ᠤ᠋ᠨ ᠤᠨᠴᠠᠭᠠᠢ ᠪᠤᠯᠤᠳ᠂ᠴᠢᠨᠠᠷ ᠰᠠᠢᠲᠠᠢ ᠦᠨᠳᠦᠷ ᠬᠠᠯᠠᠭᠤᠨ ᠢ᠋ ᠳᠠᠭᠠᠭᠠᠬᠤ ᠬᠠᠢᠯᠤᠰᠢ᠂ ᠬᠡᠳᠦ ᠴᠤᠯᠤ ᠴᠡᠪᠡᠷ ᠲᠡᠮᠦᠷᠯᠢᠭ᠂ᠲᠡᠷᠢᠭᠦᠨ ᠤ᠋ ᠸᠠᠭᠠᠷ ᠱᠠᠭᠠᠵᠠᠡᠭ᠂ ᠴᠤᠯᠤ ᠴᠡᠪᠡᠷ ᠦᠭᠡᠬᠦᠨ ᠴᠢᠯᠠᠭᠤᠨ ᠮᠠᠲᠸᠷᠢᠶᠠᠯ᠂ᠠᠮᠢᠳᠤ ᠪᠤᠳᠠᠰ ᠲᠦ᠍ ᠰᠠᠭᠤᠷᠢᠯᠠᠭᠰᠠᠨ ᠮᠠᠲᠸᠷᠢᠶᠠᠯ᠂ ᠲᠡᠷᠢᠭᠦᠨ ᠤ᠋ ᠲᠤᠮᠤ ᠮᠤᠯᠸᠺᠦ᠋ᠯ᠎ᠲᠦ ᠮᠠᠲᠸᠷᠢᠶᠠᠯ᠂ᠦᠨᠳᠦᠷ ᠴᠢᠳᠠᠪᠬᠢᠲᠦ ᠰᠢᠷᠬᠡᠭ ᠵᠢᠴᠢ ᠨᠡᠢᠯᠡᠮᠡᠯ ᠮᠠᠲᠸᠷᠢᠶᠠᠯ᠂ ᠪᠦᠲᠦᠴᠡ ᠴᠢᠳᠠᠮᠵᠢ ᠵᠢ ᠨᠢᠭᠡ ᠴᠤᠭᠴᠠᠵᠢᠭᠤᠯᠤᠭᠰᠠᠨ ᠮᠠᠲᠸᠷᠢᠶᠠᠯ ᠵᠡᠷᠭᠡ ᠶ᠋ᠢᠨ ᠰᠢᠨ᠎ᠡ ᠵᠢ ᠡᠭᠦᠳᠦᠨ ᠰᠢᠪᠲᠤᠯᠤᠯᠲᠠ ᠭᠠᠷᠭᠠᠬᠤ ᠵᠢ ᠲᠦᠷᠭᠡᠳᠬᠡᠵᠦ᠂ ᠬᠤᠪᠤᠷ ᠰᠢᠷᠤᠢ ᠶ᠋ᠢᠨ ᠴᠢᠳᠠᠮᠵᠢᠲᠦ ᠮᠠᠲᠸᠷᠢᠶᠠᠯ᠂ᠬᠤᠪᠤᠷ ᠲᠡᠮᠦᠷᠯᠢᠭ ᠮᠠᠲᠸᠷᠢᠶᠠᠯ᠂ ᠭᠡᠳᠦ ᠬᠠᠲᠠᠭᠤ ᠮᠠᠲᠸᠷᠢᠶᠠᠯ᠂ ᠬᠦᠡᠭᠭᠡᠨ ᠴᠢᠨᠠᠷ ᠤ᠋ᠨ ᠳᠡᠭᠡᠳᠦ ᠬᠦᠴᠦᠯᠡᠴᠡᠲᠦ ᠬᠠᠢᠯᠤᠰᠢ ᠵᠡᠷᠭᠡ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠦᠨ ᠳᠡᠰ ᠳᠡᠪᠰᠢᠭᠦᠯᠬᠦ ᠵᠢ ᠠᠬᠢᠭᠤᠯᠵᠤ᠂ ᠬᠡᠳᠦ ᠳᠠᠮᠵᠢᠭᠤᠯᠬᠤ ᠮᠠᠲᠸᠷᠢᠶᠠᠯ᠂ᠭᠡᠳᠦ ᠮᠠᠲᠸᠷᠢᠶᠠᠯ ᠵᠡᠷᠭᠡ ᠬᠤᠰᠢᠭᠤᠷᠠᠯ ᠮᠠᠲᠸᠷᠢᠶᠠᠯ ᠤ᠋ᠨ ᠰᠤᠳᠤᠯᠭᠠᠨ ᠬᠡᠷᠡᠭᠯᠡᠯᠲᠡ ᠵᠢ ᠴᠢᠡᠭᠭᠠᠳᠬᠠᠨᠠ᠃
02 ᠰᠠᠭᠤᠷᠢ ᠰᠡᠯᠪᠢᠭ ᠲᠤᠨᠤᠭ ᠪᠠ ᠲᠤᠨᠤᠭᠯᠠᠭᠠᠰᠤ
ᠳᠡᠭᠡᠳᠦ ᠬᠤᠷᠳᠤᠴᠠᠳᠤ ᠨᠠᠷᠢᠯᠢᠭ ᠬᠤᠯᠬᠤᠪᠴᠢ᠂ᠦᠨᠳᠦᠷ ᠪᠤᠯᠵᠤᠯ᠎ᠲᠦ ᠲᠤᠭᠠᠨ ᠤ᠋ ᠠᠷᠠᠭᠠᠳᠤ ᠬᠦᠷᠳᠦ ᠪᠠ ᠳᠠᠮᠵᠢᠯᠭ᠎ᠠ ᠶ᠋ᠢᠨ ᠲᠤᠨᠤᠭᠯᠠᠯ᠂ᠦᠨᠳᠦᠷ ᠨᠠᠢᠳᠠᠪᠤᠷᠢ᠎ᠲᠦ ᠴᠢᠨᠠᠷᠲᠠᠢ ᠰᠢᠡᠭᠭᠡᠨ ᠳᠠᠷᠤᠴᠠᠲᠤ ᠬᠡᠢ ᠬᠦᠳᠡᠯᠭᠡᠭᠦᠷᠲᠦ ᠪᠢᠲᠡᠭᠦᠮᠵᠢ ᠲᠤᠨᠤᠭ᠂ ᠦᠨᠳᠦᠷ ᠴᠢᠳᠠᠪᠬᠢᠲᠦ ᠴᠠᠬᠢᠯᠭᠠᠨ ᠮᠠᠰᠢᠨ ᠵᠢᠴᠢ ᠡᠵᠡᠮᠰᠢᠯ ᠤ᠋ᠨ ᠰᠢᠰᠲᠸᠮ᠂ ᠳᠡᠭᠡᠳᠦ ᠨᠠᠷᠢᠯᠢᠭ ᠱᠤᠷᠠᠭ᠎ᠲᠤ ᠰᠠᠪᠠᠭ᠎ᠠ ᠵᠡᠷᠭᠡ ᠭᠤᠤᠯᠯᠠᠬᠤ ᠰᠠᠭᠤᠷᠢ ᠰᠡᠯᠪᠢᠭ ᠲᠤᠨᠤᠭ ᠤ᠋ᠨ ᠪᠡᠷᠭᠡ ᠰᠡᠳᠦᠪ ᠢ᠋ ᠰᠢᠢᠳᠪᠦᠷᠢᠯᠡᠬᠦ ᠵᠢ ᠲᠦᠷᠭᠡᠳᠬᠡᠨ᠎ᠡ᠃ ᠨᠢᠭᠡ ᠪᠦᠯᠦᠭ ᠵᠠᠯᠭᠠᠬᠤ ᠲᠦᠷᠦᠯ᠂ᠰᠠᠷᠠᠯ ᠳᠠᠮᠵᠢᠭᠤᠯᠬᠤ ᠲᠦᠷᠦᠯ᠂ ᠴᠢᠳᠠᠮᠵᠢᠲᠦ ᠮᠠᠲᠸᠷᠢᠶᠠᠯ ᠤ᠋ᠨ ᠲᠦᠷᠦᠯ᠂ ᠭᠡᠷᠡᠯ ᠴᠠᠬᠢᠯᠭᠠᠨ ᠤ᠋ ᠲᠦᠷᠦᠯ ᠵᠡᠷᠭᠡ ᠲᠡᠷᠢᠭᠦᠨ ᠤ᠋ ᠨᠡᠢᠳᠡᠮ ᠤ᠋ᠨ ᠬᠡᠷᠡᠭᠯᠡᠭᠡᠨ ᠤ᠋ ᠰᠠᠭᠤᠷᠢ ᠲᠤᠨᠤᠭᠯᠠᠭᠠᠰᠤ ᠵᠢ ᠰᠤᠳᠤᠯᠤᠨ ᠦᠢᠯᠡᠳᠦᠨ᠎ᠡ᠃
03 ᠰᠠᠭᠤᠷᠢ ᠵᠦᠭᠡᠯᠡᠨ ᠲᠤᠨᠤᠭ ᠪᠠ ᠠᠵᠤ ᠦᠢᠯᠡᠳᠪᠦᠷᠢ ᠶ᠋ᠢᠨ ᠵᠦᠭᠡᠯᠡᠨ ᠲᠤᠨᠤᠭ
ᠤᠯᠤᠰ ᠲᠠᠭᠠᠨ ᠦᠢᠯᠡᠳᠪᠦᠷᠢᠯᠡᠭᠰᠡᠨ ᠵᠢᠯᠤᠭᠤᠳᠬᠤ ᠰᠢᠰᠲᠸᠮ᠂ ᠳ᠋ᠠᠢᠲ᠋ᠠ ᠶ᠋ᠢᠨ ᠬᠦᠮᠦᠷᠭᠡ᠂ᠵᠠᠪᠰᠠᠷ ᠤ᠋ᠨ ᠲᠤᠨᠤᠭ᠂ᠫᠷᠤᠭ᠌ᠷᠠᠮ ᠨᠠᠢᠷᠠᠭᠤᠯᠬᠤ ᠬᠡᠯᠡ ᠵᠢᠴᠢ ᠨᠠᠢᠷᠠᠭᠤᠯᠤᠨ ᠤᠷᠴᠢᠭᠤᠯᠬᠤ ᠮᠠᠰᠢᠨ᠂ ᠨᠡᠭᠡᠭᠡᠨ ᠬᠦᠭᠵᠢᠭᠦᠯᠬᠦ ᠪᠠᠭᠠᠵᠢ ᠪᠠ ᠰᠢᠯᠭᠠᠬᠤ ᠪᠠᠭᠠᠵᠢ᠂ᠡᠭᠦᠯᠡᠨ ᠪᠤᠳᠤᠯᠲᠠ ᠶ᠋ᠢᠨ ᠵᠦᠭᠡᠯᠡᠨ ᠲᠤᠨᠤᠭ ᠵᠡᠷᠭᠡ ᠰᠠᠭᠤᠷᠢ ᠵᠦᠭᠡᠯᠡᠨ ᠲᠤᠨᠤᠭ ᠵᠢᠴᠢ ᠰᠤᠳᠤᠯᠤᠨ ᠨᠡᠭᠡᠭᠡᠵᠦ ᠵᠢᠷᠤᠵᠤ ᠲᠦᠯᠦᠪᠯᠡᠬᠦ ᠲᠦᠷᠦᠯ᠂ᠦᠢᠯᠡᠳᠪᠦᠷᠢᠯᠡᠯ ᠡᠵᠡᠮᠰᠢᠯ ᠤ᠋ᠨ ᠲᠦᠷᠦᠯ᠂ ᠡᠵᠡᠡᠭᠨᠡᠯᠲᠡ ᠬᠠᠮᠢᠶᠠᠷᠤᠯᠲᠠ ᠶ᠋ᠢᠨ ᠲᠦᠷᠦᠯ ᠵᠡᠷᠭᠡ ᠠᠵᠤ ᠦᠢᠯᠡᠳᠪᠦᠷᠢ ᠶ᠋ᠢᠨ ᠵᠦᠭᠡᠯᠡᠨ ᠲᠤᠨᠤᠭ ᠲᠦ᠍ ᠠᠡᠭᠬᠠᠷᠤᠯ ᠶ᠋ᠢᠡᠨ ᠲᠦᠪᠯᠡᠷᠡᠭᠦᠯᠵᠦ᠂ ᠮᠡᠷᠭᠡᠵᠢᠯ ᠤ᠋ᠨ ᠪᠡᠷᠭᠡ ᠰᠡᠳᠦᠪ ᠢ᠋ ᠰᠢᠢᠳᠪᠦᠷᠢᠯᠡᠬᠦ ᠪᠠ ᠦᠷ᠎ᠡ ᠪᠦᠲᠦᠭᠡᠯ ᠢ᠋ ᠬᠡᠷᠡᠭᠯᠡᠬᠦ ᠵᠢ ᠪᠦᠬᠦ ᠬᠡᠯᠬᠢᠶ᠎ᠡ ᠪᠡᠷ ᠠᠬᠢᠭᠤᠯᠤᠨ᠎ᠠ᠃
04 ᠠᠵᠤ ᠦᠢᠯᠡᠳᠪᠦᠷᠢ ᠶ᠋ᠢᠨ ᠰᠠᠭᠤᠷᠢ ᠮᠠᠰᠢᠨ
ᠳᠡᠭᠡᠳᠦ ᠬᠤᠷᠳᠤᠴᠠᠲᠤ᠂ ᠳᠡᠭᠡᠳᠦ ᠨᠠᠷᠢᠯᠢᠭ᠂ ᠨᠡᠢᠯᠡᠮᠡᠯ ᠨᠢᠭᠡ ᠴᠤᠭᠴᠠᠵᠢᠭᠰᠠᠨ ᠤᠨᠴᠠᠯᠢᠭ ᠲᠠᠢ ᠳᠡᠭᠡᠳᠦ ᠳᠡᠰ ᠤ᠋ᠨ ᠲᠤᠭᠠᠨ ᠡᠵᠡᠮᠰᠢᠯᠲᠦ ᠰᠠᠤᠷᠢ ᠮᠠᠰᠢᠨ ᠵᠡᠷᠭᠡ ᠪᠤᠯᠪᠠᠰᠤᠷᠠᠭᠤᠯᠬᠤ ᠲᠤᠨᠤᠭᠯᠠᠯ ᠢ᠋ ᠭᠤᠤᠯᠳᠠᠯᠭ᠎ᠠ ᠲᠠᠢ ᠰᠤᠳᠤᠯᠤᠨ ᠦᠢᠯᠡᠳᠴᠦ᠂ ᠤᠶᠤᠯᠢᠭ ᠲᠤᠭᠠᠨ ᠡᠵᠡᠮᠰᠢᠯᠲᠦ ᠰᠢᠰᠲᠸᠮ᠂ ᠨᠠᠷᠢᠯᠢᠭ ᠬᠡᠮᠵᠢᠯᠲᠡ᠂ ᠴᠢᠳᠠᠮᠵᠢᠲᠦ ᠲᠤᠨᠤᠭ ᠰᠡᠯᠪᠢᠭᠡᠰᠦ ᠶ᠋ᠢᠨ ᠢᠵᠢ ᠪᠦᠷᠢᠳᠦᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
05 ᠳᠡᠭᠡᠳᠦ ᠳᠡᠰ ᠤ᠋ᠨ ᠬᠡᠮᠵᠢᠭᠦᠷᠯᠢᠭ ᠴᠠᠭᠯᠢᠭ
ᠰᠦᠯᠵᠢᠶᠡᠨ ᠳᠡᠭᠡᠷ᠎ᠡ ᠦᠨᠳᠦᠷ ᠪᠦᠲᠦᠮᠵᠢ᠎ᠲᠠᠢ ᠤᠶᠤᠯᠢᠭ ᠶ᠋ᠢᠡᠷ ᠪᠠᠢᠴᠠᠭᠠᠨ ᠬᠡᠮᠵᠢᠬᠦ᠂ ᠲᠦᠢᠯ ᠤ᠋ᠨ ᠤᠷᠴᠢᠨ ᠨᠦᠬᠦᠴᠡᠯ ᠳ᠋ᠦ ᠲᠤᠬᠢᠷᠠᠭᠤᠯᠤᠨ ᠡᠵᠡᠮᠳᠡᠬᠦ᠂ ᠦᠨᠳᠦᠷ ᠴᠢᠳᠠᠪᠬᠢᠲᠦ ᠤᠷᠤᠰᠴᠠ ᠵᠢ ᠬᠡᠮᠵᠢᠬᠦ ᠵᠡᠷᠭᠡ ᠭᠤᠤᠯᠳᠠᠯᠭ᠎ᠠ ᠲᠠᠢ ᠠᠵᠢᠯ ᠲᠦᠷᠦᠯ ᠤ᠋ᠨ ᠬᠡᠷᠡᠭᠯᠡᠯᠲᠡ ᠶ᠋ᠢᠨ ᠬᠡᠮᠵᠢᠭᠦᠷᠯᠢᠭ ᠴᠠᠭᠯᠢᠭ ᠢ᠋ ᠰᠤᠳᠤᠯᠤᠨ ᠨᠡᠭᠡᠭᠡᠬᠦ ᠵᠢ ᠴᠢᠡᠭᠭᠠᠳᠬᠠᠵᠤ᠂ ᠺᠸᠠᠨ᠋ᠲ ᠤ᠋ᠨ ᠬᠡᠮᠵᠢᠯᠲᠡ᠂ ᠤᠭ ᠪᠠᠢᠷᠢ ᠶ᠋ᠢᠨ ᠬᠡᠮᠵᠢᠯᠲᠡ ᠵᠡᠷᠭᠡ ᠰᠢᠨ᠎ᠡ ᠬᠡᠯᠪᠡᠷᠢ ᠶ᠋ᠢᠨ ᠬᠡᠮᠵᠢᠯᠲᠡ ᠵᠢ ᠰᠢᠯᠭᠠᠬᠤ ᠬᠡᠮᠵᠢᠭᠦᠷᠯᠢᠭ ᠴᠠᠭᠯᠢᠭ ᠤ᠋ᠨ ᠪᠡᠷᠭᠡ ᠰᠡᠳᠦᠪ ᠢ᠋ ᠰᠢᠢᠳᠪᠦᠷᠢᠯᠡᠬᠦ ᠵᠢ ᠠᠬᠢᠭᠤᠯᠤᠨ᠎ᠠ᠃
06 ᠴᠢᠬᠤᠯᠠ ᠶᠡᠬᠡ ᠮᠡᠷᠭᠡᠵᠢᠯ ᠤ᠋ᠨ ᠲᠤᠨᠤᠭᠯᠠᠯ
ᠲᠤᠮᠤ ᠬᠡᠯᠪᠡᠷᠢ ᠶ᠋ᠢᠨ ᠰᠢᠤᠳᠠᠨ ᠤ᠋ ᠬᠦᠯᠭᠡ ᠤᠡᠭᠭᠤᠴᠠ᠂ᠰᠢᠡᠭᠭᠡᠨᠵᠢᠮᠡᠯ ᠪᠠᠢᠭᠠᠯᠢ ᠶ᠋ᠢᠨ ᠰᠢᠲᠠᠮᠠᠬᠠᠢ ᠬᠡᠢ ᠲᠡᠭᠡᠭᠡᠪᠦᠷᠢᠯᠡᠬᠦ ᠲᠤᠮᠤ ᠬᠡᠯᠪᠡᠷᠢ ᠶ᠋ᠢᠨ ᠤᠡᠭᠭᠤᠴᠠ ᠵᠡᠷᠭᠡ ᠵᠢ ᠰᠤᠳᠤᠯᠤᠨ ᠨᠡᠭᠡᠭᠡᠵᠦ ᠵᠢᠷᠤᠵᠤ ᠲᠦᠯᠦᠪᠯᠡᠨ ᠦᠢᠯᠡᠳᠬᠦ ᠪᠠ GR450 ᠳᠡᠭᠡᠳᠦ ᠬᠤᠷᠳᠤᠴᠠᠲᠤ ᠳᠡᠰ ᠤ᠋ᠨ ᠳᠤᠮᠳᠠᠳᠤ ᠤᠯᠤᠰ ᠤ᠋ᠨ ᠪᠠᠷᠢᠮᠵᠢᠶᠠᠲᠤ ᠤᠯᠠᠨ ᠬᠦᠳᠡᠯᠭᠡᠬᠦᠷᠲᠦ ᠴᠤᠪᠤᠭ᠎ᠠ ᠲᠡᠷᠭᠡ ᠵᠢ ᠲᠤᠷᠰᠢᠨ ᠬᠡᠷᠡᠭᠯᠡᠬᠦ ᠵᠢ ᠠᠬᠢᠭᠤᠯᠵᠤ᠂ ᠲᠤᠮᠤ ᠬᠡᠯᠪᠡᠷᠢ ᠶ᠋ᠢᠨ ᠤᠨᠴᠠ ᠲᠦᠷᠦᠯ ᠤ᠋ᠨ ᠲᠡᠮᠦᠷᠯᠢᠭ ᠬᠠᠢᠯᠠᠭᠤᠯᠬᠤ ᠪᠡᠯᠡᠳᠭᠡᠮᠵᠢ᠂ ᠴᠢᠬᠤᠯᠠ ᠶᠡᠬᠡ ᠴᠢᠯᠠᠭᠤᠨ ᠲᠤᠰᠤ ᠬᠢᠮᠢ ᠶ᠋ᠢᠨ ᠠᠵᠤ ᠦᠢᠯᠡᠳᠪᠦᠷᠢ ᠪᠠ ᠬᠢᠮᠢ ᠶ᠋ᠢᠨ ᠠᠵᠤ ᠦᠢᠯᠡᠳᠪᠦᠷᠢ ᠶ᠋ᠢᠨ ᠪᠦᠷᠢᠨ ᠲᠤᠨᠤᠭᠯᠠᠯ᠂ ᠡᠯᠸᠺᠲᠷᠤᠨ ᠲᠤᠰᠬᠠᠢ ᠪᠡᠯᠡᠳᠭᠡᠮᠵᠢ ᠵᠡᠷᠭᠡ ᠵᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠬᠦ ᠵᠢ ᠠᠬᠢᠭᠤᠯᠵᠤ᠂ ᠲᠤᠭᠲᠠᠯᠴᠠᠭᠠᠵᠢᠭᠤᠯᠤᠭᠰᠠᠨ ᠰᠢᠲᠠᠮᠠᠬᠠᠢ ᠬᠡᠢ ᠶ᠋ᠢᠨ ᠲᠦᠷᠪᠢᠨ᠂ᠳᠤᠯᠭᠢᠨ ᠤᠷᠤᠰᠬᠠᠯᠲᠤ ᠶᠡᠬᠡ ᠪᠠᠭᠲᠠᠭᠠᠮᠵᠢ᠎ᠲᠦ ᠤᠰᠤᠨ ᠲᠦᠷᠪᠢᠨ ᠤ᠋ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠵᠡᠷᠭᠡ ᠶ᠋ᠢᠨ ᠪᠡᠷᠭᠡ ᠰᠡᠳᠦᠪ ᠢ᠋ ᠰᠢᠢᠳᠪᠦᠷᠢᠯᠡᠬᠦ ᠰᠢᠪᠲᠤᠯᠤᠯᠲᠠ ᠵᠢ ᠲᠦᠷᠭᠡᠳᠭᠡᠵᠦ᠂ ᠳᠡᠭᠡᠳᠦ ᠳᠡᠰ ᠤ᠋ᠨ ᠤᠶᠤᠯᠢᠭ᠂ ᠳᠤᠪᠤᠴᠠᠭ ᠭᠠᠵᠠᠷ ᠠᠭᠤᠯᠠᠷᠬᠠᠭ ᠤᠷᠤᠨ ᠳ᠋ᠦ ᠬᠡᠷᠡᠭᠯᠡᠬᠦ ᠳ᠋ᠦ ᠲᠤᠬᠢᠷᠠᠮᠵᠢᠲᠠᠢ ᠲᠠᠷᠢᠶᠠᠯᠠᠡᠭ ᠤ᠋ᠨ ᠮᠠᠰᠢᠨ ᠲᠤᠨᠤᠭᠯᠠᠯ ᠢ᠋ ᠰᠤᠳᠤᠯᠤᠨ ᠨᠡᠭᠡᠭᠡᠵᠦ ᠬᠡᠷᠡᠭᠯᠡᠬᠦ ᠵᠢ ᠠᠬᠢᠭᠤᠯᠤᠨ᠎ᠠ᠃
ᠲᠠᠪᠤᠳᠤᠭᠠᠷ ᠪᠦᠯᠦᠭ ᠰᠢᠨ᠎ᠡ ᠪᠡᠷ ᠬᠦᠭᠵᠢᠭᠰᠡᠨ ᠠᠵᠤ ᠦᠢᠯᠡᠰ ᠪᠠ ᠢᠷᠡᠭᠡᠳᠦᠢ ᠶ᠋ᠢᠨ ᠠᠵᠤ ᠦᠢᠯᠡᠰ ᠢ᠋ ᠪᠤᠵᠠᠭᠠᠢᠷᠠᠭᠤᠯᠤᠨ᠎ᠠ
ᠡᠬᠢ ᠮᠡᠷᠭᠡᠵᠢᠯ᠎ᠤᠨ ᠬᠠᠩᠭᠠᠯᠭ᠎ᠠ᠎ᠶ᠋ᠢ ᠴᠢᠩᠭᠠᠳᠭᠠᠵᠤ᠂ ᠬᠡᠷᠡᠭ᠌ᠯᠡᠯᠲᠡ᠎ᠶ᠋ᠢᠨ ᠠᠬᠤᠢ ᠪᠠᠢᠳᠠᠯ ᠪᠣᠯᠤᠨ ᠠᠮᠢ ᠠᠬᠤᠶ᠎ᠶ᠋ᠢᠨ ᠱᠢᠰᠲ᠋ᠧᠮ᠎ᠢ ᠲᠦᠷᠭᠡᠯᠡᠨ ᠪᠠᠢᠭᠤᠯᠵᠤ᠂ ᠨᠡᠩ ᠤᠯᠠᠨ ᠲᠤᠯᠭᠠᠭᠤᠷᠢᠯᠠᠬᠤ ᠴᠢᠨᠠᠷᠲᠠᠶ ᠤᠳᠤᠷᠢᠳᠤᠮᠵᠢ᠎ᠶ᠋ᠢᠨ ᠴᠢᠨᠠᠷᠲᠠᠶ ᠠᠵᠤ ᠦᠢᠯᠡᠰ᠎ᠢ ᠪᠤᠢᠵᠢᠭᠤᠯᠵᠤ᠂ ᠠᠵᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠨ᠎ᠠ᠃
ᠨᠢᠭᠡᠳᠦᠭᠡᠷ ᠬᠡᠰᠡᠭ ᠰᠢᠨ᠎ᠡ ᠪᠡᠷ ᠬᠦᠭᠵᠢᠭᠰᠡᠨ ᠠᠵᠤ ᠦᠢᠯᠡᠰ ᠢ᠋ ᠬᠦᠭᠵᠢᠭᠦᠯᠦᠨ ᠪᠤᠵᠠᠭᠠᠢᠷᠠᠭᠤᠯᠤᠨ᠎ᠠ
ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠂ ᠱᠢᠨ᠎ᠡ ᠡᠨᠧᠷᠭᠢ᠎ᠶ᠋ᠢᠨ ᠰᠤᠷᠪᠤᠯᠵᠢ᠂ ᠱᠢᠨ᠎ᠡ ᠮᠠᠲ᠋ᠧᠷᠢᠶᠠᠯ᠂ ᠣᠶᠤᠯᠢᠭ ᠰᠦᠯᠵᠢᠶᠡᠨ ᠬᠤᠯᠪᠤᠯᠳᠤᠯ᠎ᠲᠦ ᠱᠢᠨ᠎ᠡ ᠡᠨᠧᠷᠭᠢ᠎ᠶ᠋ᠢᠨ ᠰᠤᠷᠪᠤᠯᠵᠢ ᠬᠡᠷᠡᠭ᠌ᠯᠡᠬᠦ᠌ ᠮᠠᠱᠢᠨ ᠲᠡᠷᠭᠡ᠂ ᠮᠠᠱᠢᠨ ᠬᠥᠮᠦᠨ᠂ ᠠᠮᠢᠳᠤ ᠪᠣᠳᠠᠰ᠎ᠤᠨ ᠡᠮ ᠡᠮᠨᠡᠯᠭᠡ᠂ ᠳᠡᠭᠡᠳᠦ ᠲᠡᠰ᠎ᠤᠨ ᠲᠣᠨᠣᠭ᠍ᠯᠠᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠬᠥᠭ᠌ᠵᠢᠯᠲᠡ᠎ᠶ᠋ᠢ ᠲᠦᠷᠭᠡᠳᠭᠡᠵᠦ᠍᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠲᠣᠰ ᠲᠣᠰ᠎ᠤᠨ ᠣᠨᠴᠠᠯᠢᠭ᠎ᠲᠠᠢ᠂ ᠳᠠᠪᠠᠭᠤᠯᠢᠭ ᠲᠠᠯ᠎ᠡ᠎ᠪᠠᠷ᠎ᠢᠶᠠᠨ ᠬᠠᠷᠢᠯᠴᠠᠨ ᠨᠥᠬᠦᠪᠥᠷᠢᠯᠡᠭ᠌ᠰᠡᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠪᠦᠭᠡᠭᠡᠨᠡᠷᠡᠯᠢ ᠪᠦᠲᠦᠭᠡᠨ ᠪᠠᠢᠭᠤᠯᠵᠤ᠂ ᠦᠰᠦᠨ ᠪᠤᠢᠵᠢᠬᠤ ᠳᠠᠯᠳᠠ ᠬᠦᠴᠦᠨ᠎ᠢᠶᠠᠷ ᠶᠡᠭᠡ᠂ ᠮᠡᠷᠭᠡᠵᠢᠯ᠎ᠤᠨ ᠠᠭᠤᠯᠤᠭ᠍ᠳᠠᠴᠠ᠎ᠪᠠᠷ ᠥᠨᠳᠥᠷ᠂ ᠨᠡᠪᠴᠢᠯᠲᠡ᠎ᠶ᠋ᠢᠨ ᠬᠦᠷᠢᠶ᠎ᠡ᠎ᠪᠠᠷ ᠥᠷᠭᠡᠨ ᠨᠢᠭᠡ ᠪᠦᠯᠦᠭ ᠱᠢᠨ᠎ᠡ᠎ᠪᠠᠷ ᠬᠥᠭ᠌ᠵᠢᠭ᠌ᠰᠡᠨ ᠲᠤᠯᠭᠠᠭᠤᠷᠢ ᠠᠵᠤ ᠦᠢᠯᠡᠰ᠎ᠢ ᠬᠦᠴᠦᠯᠡᠨ ᠪᠠᠢᠭᠤᠯᠤᠨ᠎ᠠ᠃ ᠲᠠᠯᠠᠢ ᠲᠠᠩᠭᠢᠰ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠣᠷᠣᠨ ᠵᠠᠶ᠎ᠶ᠋ᠢ ᠥᠷᠭᠡᠳᠭᠡᠵᠦ᠍᠂ ᠳᠣᠤᠷ᠎ᠠ ᠠᠭᠠᠷ᠎ᠤᠨ ᠠᠵᠤ ᠠᠬᠤᠶ᠎ᠶ᠋ᠢᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭ᠌ᠵᠢᠯᠲᠡ᠎ᠶ᠋ᠢ ᠠᠬᠢᠭᠤᠯᠤᠨ᠎ᠠ᠃ ᠱᠢᠨ᠎ᠡ ᠮᠡᠷᠭᠡᠵᠢᠯ ᠱᠢᠨ᠎ᠡ ᠦᠢᠯᠡᠳᠬᠦᠨ ᠱᠢᠨ᠎ᠡ ᠠᠬᠤᠶ ᠪᠠᠢᠳᠠᠯ᠎ᠢ ᠶᠡᠭᠡ ᠬᠡᠪᠴᠢᠶ᠎ᠡ᠎ᠪᠠᠷ ᠬᠡᠷᠡᠭ᠌ᠯᠡᠬᠦ᠌ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠠᠬᠤᠢ ᠪᠠᠢᠳᠠᠯ᠎ᠢ ᠪᠤᠢᠵᠢᠭᠤᠯᠬᠤ ᠪᠠ ᠨᠡᠭᠡᠭᠡᠯᠲᠡ᠎ᠲᠠᠢ ᠪᠠᠢᠯᠭᠠᠬᠤ ᠡᠷᠴᠢᠮ᠎ᠢᠶᠠᠨ ᠴᠢᠩᠭᠠᠷᠠᠭᠤᠯᠵᠤ᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠢ ᠬᠡᠪᠴᠢᠶᠡᠵᠢᠬᠦᠯᠤᠨ ᠬᠥᠭ᠌ᠵᠢᠬᠦᠯᠬᠦ᠌᠎ᠶ᠋ᠢ ᠲᠦᠷᠭᠡᠳᠭᠡᠨ᠎ᠡ᠃ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠦᠢᠯᠡᠳᠬᠦᠨ ᠪᠠ ᠦᠢᠯᠡᠴᠢᠯᠡᠭᠡ᠎ᠶ᠋ᠢ ᠵᠣᠷᠢᠠᠠᠵᠢᠭᠤᠯᠤᠨ ᠬᠥᠭ᠌ᠵᠢᠭᠦᠯᠵᠦ᠍᠂ ᠤᠯᠤᠰ᠎ᠲᠠᠭᠠᠨ ᠦᠢᠯᠡᠳᠪᠦᠷᠢᠯᠡᠭ᠌ᠰᠡᠨ ᠲᠣᠮᠣ ᠨᠢᠰᠭᠡᠯ᠎ᠤᠨ ᠬᠡᠪᠴᠢᠶᠡᠵᠢᠭ᠌ᠰᠡᠨ ᠱᠢᠷᠢᠰᠵᠢᠭ᠌ᠰᠡᠨ ᠬᠥᠭ᠌ᠵᠢᠯᠲᠡ᠎ᠶ᠋ᠢ ᠠᠬᠢᠭᠤᠯᠵᠤ᠂ ᠳᠣᠬᠢᠭᠤᠷ ᠳᠣᠯᠣᠭᠠᠨ ᠤᠳᠤ ᠱᠢᠰᠲ᠋ᠧᠮ᠎ᠤᠨ ᠱᠢᠨ᠎ᠡ ᠡᠭᠦᠳᠦᠯᠲᠡ᠎ᠶ᠋ᠢᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠣᠶᠤᠯᠢᠭ᠎ᠢᠶᠠᠷ ᠲᠡᠷᠭᠡ ᠵᠢᠯᠣᠭᠤᠳᠭᠤ᠂ ᠱᠢᠨ᠎ᠡ ᠬᠡᠯᠪᠡᠷᠢ᠎ᠶ᠋ᠢᠨ ᠨᠡᠷᠡᠨ ᠡᠨᠧᠷᠭᠢ᠎ᠶ᠋ᠢᠨ ᠳ᠋ᠢᠶᠠᠨ ᡂᠢ᠂ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠯᠲᠡ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠤᠨ ᠱᠢᠨ᠎ᠡ ᠡᠭᠦᠲᠦᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠱᠢᠨ᠎ᠡ᠎ᠶ᠋ᠢ ᠡᠭᠦᠳᠦᠭ᠌ᠰᠡᠨ ᠡᠮ᠎ᠢ ᠡᠮᠴᠢᠯᠡᠭᠡᠨ᠎ᠳᠤ ᠬᠡᠷᠡᠭ᠌ᠯᠡᠬᠦ᠌᠎ᠶ᠋ᠢ ᠳᠡᠮᠵᠢᠨ᠎ᠡ᠃
ᠬᠤᠶᠠᠳᠤᠭᠠᠷ ᠬᠡᠰᠡᠭ ᠢᠷᠡᠭᠡᠳᠦᠢ ᠶ᠋ᠢᠨ ᠠᠵᠤ ᠦᠢᠯᠡᠰ ᠢ᠋ ᠪᠠᠷᠠᠯᠠᠬᠢᠯᠠᠨ ᠪᠠᠢᠷᠢᠯᠠᠭᠤᠯᠤᠨ᠎ᠠ
ᠢᠷᠡᠭᠡᠳᠦᠢ᠎ᠶ᠋ᠢᠨ ᠬᠦᠭ᠌ᠵᠢᠯᠲᠡ᠎ᠶ᠋ᠢ ᠬᠦᠲᠦᠯᠦᠨ ᠳᠠᠭᠠᠭᠤᠯᠬᠤ ᠭᠤᠤᠯᠳᠠᠯᠭ᠎ᠠ᠎ᠲᠠᠢ ᠬᠦᠷᠢᠶ᠎ᠡ᠎ᠶ᠋ᠢ ᠬᠠᠷᠠᠭᠠᠯᠠᠨ᠂ ᠢᠷᠡᠭᠡᠳᠦᠢ᠎ᠶ᠋ᠢᠨ ᠠᠵᠤ ᠦᠢᠯᠡᠰ᠎ᠤᠨ ᠪᠦᠬᠦ᠌ ᠬᠡᠯᠬᠢᠶ᠎ᠡ᠎ᠶ᠋ᠢ ᠪᠤᠢᠵᠢᠭᠤᠯᠬᠤ ᠱᠢᠰᠲ᠋ᠧᠮ᠎ᠢ ᠪᠠᠢᠭᠤᠯᠵᠤ᠂ ᠺᠸᠠᠨ᠋ᠲ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠠᠮᠢᠳᠤ ᠪᠣᠳᠠᠰ᠎ᠤᠨ ᠦᠢᠯᠡᠳᠬᠦ᠌ ᠦᠢᠯᠡᠰ᠂ ᠤᠰᠤᠲᠥ᠋ᠷᠥᠭ᠌ᠴᠢ ᠡᠨᠧᠷᠭᠢ ᠪᠣᠯᠤᠨ ᠴᠥᠮ᠎ᠡ᠎ᠶ᠋ᠢᠨ ᠨᠡᠢᠯᠡᠯᠲᠡᠶ᠋ᠢᠨ ᠡᠨᠧᠷᠭᠢ᠂ ᠲᠠᠷᠢᠬᠢ ᠪᠤᠯᠤᠨ ᠮᠠᠱᠢᠨ᠎ᠤ ᠵᠠᠯᠭᠠᠭᠤᠷ᠂ ᠪᠤᠳᠠ ᠤᠶᠤᠯᠢᠬ᠂ ᠵᠢᠷᠭᠤᠳᠤᠭᠠᠷ ᠦᠶ᠎ᠡ᠎ᠶ᠋ᠢᠨ ᠱᠢᠯᠵᠢᠮᠡᠯ ᠮᠡᠳᠡᠭᠡ ᠬᠤᠯᠪᠣᠭ᠎ᠠ ᠵᠡᠷᠭᠡ᠎ᠶ᠋ᠢ ᠠᠵᠤ ᠠᠬᠤᠢ᠎ᠶ᠋ᠢᠨ ᠱᠢᠨ᠎ᠡ ᠨᠡᠮᠡᠭ᠌ᠳᠡᠯ᠎ᠤᠨ ᠴᠡᠭ ᠪᠣᠯᠭᠠᠬᠤ᠎ᠶ᠋ᠢ ᠠᠬᠢᠭᠤᠯᠤᠨ᠎ᠠ᠃ ᠢᠷᠡᠭᠡᠳᠦᠢ᠎ᠶ᠋ᠢᠨ ᠠᠵᠤ ᠦᠢᠯᠡᠰ᠎ᠢ ᠢᠯᠭᠠᠨ ᠲᠠᠨᠢᠬᠤ ᠪᠠ ᠲᠡᠭᠦᠨ᠎ᠳᠤ ᠬᠦᠳᠡᠯᠦᠩᠭᠦᠢ ᠲᠤᠬᠢᠷᠠᠭᠤᠯᠤᠯᠳᠠ ᠬᠢᠬᠦ᠌᠎ᠶ᠋ᠢ ᠴᠢᠩᠭᠠᠳᠭᠠᠵᠤ᠂ ᠰᠠᠭᠤᠷᠢ ᠴᠢᠨᠠᠷᠲᠠᠢ᠂ ᠬᠤᠱᠢᠭᠤᠷᠠᠯ᠎ᠤᠨ ᠴᠢᠨᠠᠷᠲᠠᠢ᠂ ᠨᠤᠷᠠᠭᠠᠯᠲᠠ᠎ᠶ᠋ᠢᠨ ᠴᠢᠨᠠᠷᠲᠠᠶ ᠮᠡᠷᠭᠡᠵᠢᠯ᠎ᠤᠨ ᠪᠠᠢᠷᠢᠯᠠᠭᠤᠯᠤᠯᠳᠠ᠎ᠶ᠋ᠢ ᠴᠢᠩᠭᠠᠷᠠᠭᠤᠯᠤᠨ᠎ᠠ᠃ ᠢᠷᠡᠭᠡᠳᠦᠶ᠎ᠶ᠋ᠢᠨ ᠠᠵᠤ ᠦᠢᠯᠡᠰ᠎ᠤᠨ ᠣᠷᠣᠭᠤᠯᠤᠯᠲᠠ᠎ᠶ᠋ᠢ ᠨᠡᠮᠡᠭ᠌ᠳᠡᠬᠦᠯᠬᠦ᠌ ᠪᠠ ᠠᠶᠤᠯ ᠲᠦᠭ᠌ᠰᠢᠭᠦᠷᠢ᠎ᠶ᠋ᠢ ᠬᠤᠪᠢᠶᠠᠨ ᠡᠭᠦᠷᠭᠡᠯᠡᠬᠦ᠌ ᠲᠣᠭ᠍ᠲᠠᠴᠠ᠎ᠶ᠋ᠢ ᠪᠠᠢᠭᠤᠯᠵᠤ᠂ ᠢᠷᠡᠭᠡᠳᠦᠶ᠎ᠶ᠋ᠢᠨ ᠠᠵᠤ ᠦᠢᠯᠡᠰ᠎ᠤᠨ ᠬᠦᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠵᠤᠬᠢᠶᠠᠨ ᠪᠠᠢᠭᠤᠯᠤᠨ ᠬᠡᠷᠡᠭ᠌ᠵᠢᠭᠦᠯᠵᠤ᠂ ᠤᠯᠠᠨ ᠡᠱᠢᠲᠦ ᠮᠡᠷᠭᠡᠵᠢᠯ᠎ᠤᠨ ᠱᠤᠭᠤᠮ᠂ ᠨᠡᠢᠲᠡᠯᠢᠭ ᠬᠡᠷᠡᠭ᠌ᠯᠡᠯᠳᠠ᠎ᠶ᠋ᠢᠨ ᠠᠬᠤᠢ ᠪᠠᠢᠳᠠᠯ᠂ ᠬᠡᠷᠡᠭ᠌ᠵᠢᠭᠦᠯᠵᠦ᠍ ᠪᠣᠯᠬᠤᠢᠴᠠ ᠬᠤᠳᠠᠯᠳᠤᠭᠠᠨ᠎ᠤ ᠬᠡᠪ ᠵᠠᠭ᠍ᠪᠤᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮᠯᠡᠯ᠎ᠢ ᠰᠦᠪᠡᠭ᠌ᠴᠢᠯᠡᠨ᠎ᠡ᠃ ᠤᠯᠤᠰ᠎ᠤᠨ ᠢᠷᠡᠭᠡᠳᠦᠶ᠎ᠶ᠋ᠢᠨ ᠠᠵᠤ ᠦᠢᠯᠡᠰ᠎ᠤᠨ ᠰᠤᠳᠤᠯᠭᠠᠨ᠎ᠤ ᠬᠦᠷᠢᠶᠡᠯᠡᠩ ᠪᠠ ᠤᠬᠠᠭ᠍ᠳᠠᠬᠤᠨ᠎ᠢ ᠱᠢᠯᠭᠠᠨ ᠨᠤᠲᠠᠯᠠᠬᠤ ᠲᠦᠪᠨᠦᠭᠦᠳᠢ ᠪᠠᠢᠷᠢᠯᠠᠭᠤᠯᠵᠤ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢᠶᠠᠷ ᠲᠣᠪᠤᠢᠮ᠎ᠠ᠂ ᠠᠵᠤ ᠦᠢᠯᠡᠰ᠎ᠤᠨ ᠰᠠᠭᠤᠷᠢ ᠵᠤᠵᠠᠭᠠᠨ ᠭᠠᠵᠠᠷ ᠣᠷᠣᠨ᠎ᠳᠤ ᠲᠦᠱᠢᠭ᠌ᠯᠡᠨ ᠨᠢᠭᠡ ᠪᠦᠯᠦᠭ ᠢᠷᠡᠭᠡᠳᠦᠶ᠎ᠶ᠋ᠢᠨ ᠠᠵᠤ ᠦᠢᠯᠡᠰ᠎ᠤᠨ ᠬᠤᠱᠢᠭᠤᠴᠢ ᠣᠷᠣᠨ᠎ᠢ ᠪᠦᠲᠦᠭᠡᠨ ᠪᠠᠢᠭᠤᠯᠤᠨ᠎ᠠ᠃
ᠭᠤᠷᠪᠠᠳᠤᠭᠠᠷ ᠬᠡᠰᠡᠭ ᠠᠵᠤ ᠦᠢᠯᠡᠰ ᠤ᠋ᠨ ᠰᠢᠨ᠎ᠡ ᠵᠢ ᠡᠭᠦᠳᠦᠨ ᠬᠦᠭᠵᠢᠬᠦ ᠠᠮᠢ ᠠᠬᠤᠢ ᠵᠢ ᠲᠡᠭᠦᠯᠳᠡᠷᠵᠢᠭᠦᠯᠦᠨ᠎ᠡ
ᠱᠢᠨ᠎ᠡ᠎ᠪᠠᠷ ᠬᠦᠭ᠌ᠵᠢᠭ᠌ᠰᠡᠨ ᠠᠵᠤ ᠦᠢᠯᠡᠰ᠎ᠢ ᠨᠡᠪᠴᠢᠭᠦᠯᠦᠨ ᠪᠤᠢᠵᠢᠭᠤᠯᠬᠤ᠎ᠳᠤ ᠠᠱᠢᠭ᠍ᠲᠠᠢ ᠵᠠᠬ᠎ᠠ ᠳᠡᠯᠭᠡᠭᠦᠷ᠎ᠤᠨ ᠣᠷᠴᠢᠨ ᠨᠦᠬᠦᠴᠡᠯ ᠪᠣᠯᠤᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠬᠦᠴᠦᠯᠡᠨ ᠪᠠᠢᠭᠤᠯᠤᠨ᠎ᠠ᠃ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠦᠢᠯᠡᠳᠬᠦᠨ᠎ᠤ ᠮᠡᠷᠭᠡᠵᠢᠯ᠎ᠤᠨ ᠱᠢᠨ᠎ᠡ ᠡᠭᠦᠲᠤᠯᠲᠡᠶ᠋ᠢ ᠵᠣᠬᠢᠶᠠᠨ ᠪᠠᠢᠭᠤᠯᠬᠤ ᠬᠡᠪ ᠵᠠᠭ᠍ᠪᠤᠷ ᠪᠠ ᠦᠨᠡᠯᠡᠬᠦ᠌ ᠱᠢᠰᠲ᠋ᠧᠮ᠎ᠢ ᠱᠢᠯᠢᠳᠡᠭ᠌ᠵᠢᠭᠦᠯᠵᠦ᠍᠂ ᠱᠢᠨ᠎ᠡ ᠡᠭᠦᠳᠤᠯᠳᠡ᠎ᠶ᠋ᠢᠨ ᠲᠥᠬᠦᠭᠡᠷᠦᠮᠵᠢ᠎ᠶ᠋ᠢ ᠪᠥᠳᠥᠭᠡᠨ ᠪᠠᠢᠭᠤᠯᠬᠤ᠂ ᠮᠡᠷᠭᠡᠵᠢᠯ᠎ᠢ ᠰᠤᠳᠤᠯᠵᠦ᠍ ᠨᠡᠭᠡᠭᠡᠨ ᠬᠥᠭ᠌ᠵᠢᠬᠦᠯᠬᠦ᠂ ᠦᠢᠯᠡᠳᠬᠦᠨ᠎ᠤ ᠦᠶ᠎ᠠ ᠰᠤᠯᠢᠬ᠍ᠳᠠᠨ ᠲᠡᠰ ᠳᠡᠪᠱᠢᠬᠦ᠌᠎ᠶ᠋ᠢ ᠨᠢᠭᠡ ᠴᠤᠭ᠍ᠴᠠᠵᠢᠭᠤᠯᠤᠨ ᠠᠬᠢᠭᠤᠯᠤᠨ᠎ᠠ᠃ ᠱᠢᠨ᠎ᠡ᠎ᠪᠠᠷ ᠬᠦᠭ᠌ᠵᠢᠭ᠌ᠰᠡᠨ ᠬᠦᠷᠢᠶᠡᠨ᠎ᠳᠠᠬᠢ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢ ᠬᠠᠮᠠᠭᠠᠯᠠᠬᠤ ᠳᠦᠷᠢᠮ᠎ᠢ ᠲᠡᠭᠦᠯᠳᠡᠷᠵᠢᠭᠦᠯᠵᠦ᠍᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠰᠲ᠋ᠧᠮ ᠪᠠ ᠮᠡᠷᠭᠡᠵᠢᠯ᠎ᠤᠨ ᠠᠷᠠᠯᠵᠢᠶᠠᠨ᠎ᠤ ᠦᠢᠯᠡᠴᠢᠯᠡᠭᠡᠨ᠎ᠤ ᠲᠠᠪᠴᠠᠩ᠎ᠤᠨ ᠲᠣᠤᠷ᠎ᠢ ᠪᠦᠷᠢᠨᠱᠢᠭᠦᠯᠵᠤ᠂ ᠱᠢᠨ᠎ᠡ ᠠᠵᠤ ᠦᠢᠯᠡᠰ᠎ᠤᠨ ᠪᠠᠷᠢᠮᠵᠢᠶᠠᠵᠢᠭᠤᠯᠤᠯᠲᠡᠶ᠋ᠢᠨ ᠵᠠᠮᠴᠢᠯᠠᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠠᠩᠬᠠᠨ᠎ᠤ ᠡᠭᠦᠳᠦᠯᠲᠡ᠎ᠶ᠋ᠢᠨ ᠴᠢᠨᠠᠷᠲᠠᠢ ᠰᠠᠭᠤᠷᠢ ᠰᠠᠢᠲᠠᠢ ᠠᠵᠤ ᠠᠬᠤᠢᠯᠠᠯ᠎ᠢ ᠪᠤᠢᠵᠢᠭᠤᠯᠤᠨ᠎ᠠ᠃ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠬᠥᠭ᠌ᠵᠢᠯᠲᠡ᠎ᠳᠤ ᠵᠣᠬᠢᠴᠠᠭ᠍ᠰᠠᠨ ᠥᠨᠳᠥᠷ ᠪᠦᠲᠦᠮᠵᠢᠲᠡᠶ ᠳᠥᠭᠦᠮ ᠳᠥᠲᠡ ᠤᠷᠤᠬᠤ ᠵᠥᠪᠱᠢᠶᠡᠷᠡᠯ᠎ᠤᠨ ᠲᠣᠭ᠍ᠲᠠᠴᠠ᠎ᠶ᠋ᠢ ᠪᠠᠢᠭᠤᠯᠵᠤ᠂ 《ᠡᠯᠡᠰᠦᠨ ᠬᠠᠢᠷᠴᠠᠭ᠎ᠤᠨ ᠬᠢᠨᠠᠯᠲᠠ ᠬᠠᠮᠢᠶᠠᠷᠤᠯᠲᠠ》᠂ ᠬᠥᠨᠳᠡᠬᠦᠢ ᠮᠠᠶᠢᠭ᠎ᠤᠨ ᠬᠢᠨᠠᠯᠲᠠ ᠬᠠᠮᠢᠶᠠᠷᠤᠯᠲᠠ ᠵᠡᠷᠭᠡ ᠱᠢᠨ᠎ᠡ ᠬᠡᠯᠪᠡᠷᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢ ᠰᠦᠪᠡᠭ᠌ᠴᠢᠯᠡᠨ᠎ᠡ᠃ ᠳᠣᠤᠷ᠎ᠠ ᠠᠭᠠᠷ᠎ᠤᠨ ᠣᠷᠣᠨ᠎ᠤ ᠬᠠᠮᠢᠶᠠᠷᠤᠯᠲᠠ᠎ᠶ᠋ᠢ ᠨᠠᠷᠢᠯᠢᠬ᠍ᠵᠢᠭᠤᠯᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠠᠶᠠᠯᠠᠯ᠎ᠳᠤ ᠵᠤᠬᠢᠴᠠᠬᠤ᠎ᠶ᠋ᠢ ᠬᠢᠨᠠᠨ ᠲᠤᠭ᠍ᠲᠠᠭᠠᠬᠤ ᠴᠢᠳᠠᠪᠦᠷᠢ᠎ᠶ᠋ᠢᠨ ᠪᠠᠢᠭᠤᠯᠤᠯᠳᠠ᠎ᠶ᠋ᠢ ᠴᠢᠩᠭᠠᠳᠭᠠᠨ᠂ ᠳᠣᠤᠷ᠎ᠠ ᠠᠭᠠᠷ᠎ᠤᠨ ᠨᠢᠰᠦᠯᠲᠡ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢ ᠴᠢᠩᠭᠠᠷᠠᠭᠤᠯᠤᠨ᠎ᠠ᠃ ᠠᠮᠢᠳᠤ ᠪᠣᠳᠠᠰ᠎ᠤᠨ ᠡᠮ ᠡᠮᠨᠡᠯᠭᠡ᠂ ᠤᠶᠤᠯᠢᠭ᠎ᠢᠶᠠᠷ ᠲᠡᠷᠭᠡ ᠵᠢᠯᠣᠭᠤᠳᠭᠤ᠂ ᠳᠤᠤᠷ᠎ᠠ ᠠᠭᠠᠷ᠎ᠤᠨ ᠠᠵᠤ ᠠᠬᠤᠢ ᠵᠡᠷᠭᠡ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠠᠬᠢᠭᠤᠯᠤᠨ᠎ᠠ᠃
ᠬᠦᠰᠦᠨᠦᠭᠳᠤ 3 ᠱᠢᠨ᠎ᠡ ᠠᠵᠤ ᠦᠢᠯᠡᠰ ᠱᠢᠨ᠎ᠡ ᠤᠷᠤᠯᠳᠤᠭᠠᠨ᠎ᠤ ᠵᠠᠮ᠎ᠢ ᠪᠤᠢᠵᠢᠭᠤᠯᠤᠨ ᠬᠥᠭ᠌ᠵᠢᠭᠦᠯᠬᠦ᠌
01 ᠬᠤᠷᠠᠮᠠᠯ ᠴᠠᠬᠢᠯᠭᠠᠨ ᠬᠡᠯᠬᠢᠶ᠎ᠡ
ᠪᠣᠯᠪᠠᠰᠤᠷᠠᠩᠭᠤᠶ ᠦᠢᠯᠡᠳᠬᠦ᠌ ᠶᠠᠪᠤᠴᠠ᠎ᠶ᠋ᠢ ᠨᠠᠷᠢᠯᠢᠭ ᠪᠦᠭᠡᠳ ᠨᠠᠷᠢᠨ ᠨᠢᠭ᠍ᠲᠠ ᠬᠢᠵᠦ᠍᠂ ᠲᠡᠷᠢᠭᠦᠨ᠎ᠤ ᠦᠢᠯᠡᠳᠬᠦ᠌ ᠶᠠᠪᠤᠴᠠ᠎ᠶ᠋ᠢᠨ ᠦᠢᠯᠡᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠵᠠᠩᠭᠢᠯᠠᠭ᠎ᠠ᠎ᠶ᠋ᠢᠨ ᠲᠣᠨᠣᠭ᠍ᠯᠠᠯ᠂ ᠮᠠᠲ᠋ᠧᠷᠢᠶᠠᠯ ᠪᠠ ᠰᠡᠯᠪᠢᠭ ᠲᠤᠨᠤᠭ᠎ᠢ ᠲᠦᠷᠭᠡᠯᠡᠨ ᠬᠥᠭ᠌ᠵᠢᠭᠦᠯᠵᠦ᠍᠂ ᠥᠨᠳᠥᠷ ᠴᠢᠳᠠᠪᠬᠢᠲᠤ ᠱᠢᠢᠳᠪᠦᠷᠢᠯᠡᠭᠦᠷ ᠪᠠ ᠥᠨᠳᠥᠷ ᠨᠢᠭ᠍ᠲᠠᠴᠠ᠎ᠲᠦ ᠬᠠᠳᠠᠭᠠᠯᠠᠭᠤᠷᠢ ᠬᠥᠭ᠌ᠵᠢᠭᠦᠯᠦᠨ᠎ᠡ᠃ ᠥᠷᠭᠡᠨ ᠬᠤᠷᠢᠭᠠᠲᠤ ᠪᠦᠰᠠᠨᠤ ᠬᠠᠭᠠᠰ ᠳᠠᠮᠵᠢᠭᠤᠯᠤᠭ᠍ᠴᠢ᠎ᠶ᠋ᠢᠨ ᠠᠵᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠲᠦᠷᠭᠡᠳᠭᠡᠵᠦ᠍᠂ ᠭᠠᠯ᠎ᠢ᠎ᠶ᠋ᠢᠨ ᠢᠰᠦᠯ᠂ ᠠᠯᠮᠠᠰ ᠵᠡᠷᠭᠡ ᠬᠡᠲᠦ ᠥᠷᠭᠡᠨ ᠬᠤᠷᠢᠭᠠᠲᠤ ᠪᠦᠰᠡᠨ᠎ᠤ ᠬᠠᠭᠠᠰ ᠳᠠᠮᠵᠢᠭᠤᠯᠤᠭ᠍ᠴᠢ᠎ᠶ᠋ᠢᠨ ᠠᠵᠤ ᠦᠢᠯᠡᠰᠵᠢᠭ᠌ᠰᠡᠨ ᠬᠥᠭ᠌ᠵᠢᠯᠲᠡ᠎ᠶ᠋ᠢ ᠠᠬᠢᠭᠤᠯᠤᠨ᠎ᠠ᠃ ᠬᠠᠳᠠᠭᠠᠯᠠᠬᠤ ᠪᠤᠳᠤᠬᠤ᠎ᠶ᠋ᠢ ᠨᠢᠭᠡ ᠴᠣᠭ᠍ᠴᠠᠵᠢᠭᠤᠯᠬᠤ᠂ ᠭᠤᠷᠪᠠᠨ ᠬᠡᠮᠵᠢᠯᠳᠦ ᠬᠤᠷᠠᠮᠠᠯ᠂ ᠭᠡᠷᠡᠯ ᠴᠠᠬᠢᠯᠭᠠᠨ᠎ᠤ ᠠᠭᠤᠰᠤᠯᠴᠠᠯ ᠵᠡᠷᠭᠡ ᠮᠡᠷᠭᠡᠵᠢᠯ᠎ᠤᠨ ᠬᠡᠷᠡᠭ᠌ᠯᠡᠯᠲᠡ᠎ᠳᠤ ᠱᠢᠪᠲᠤᠯᠤᠯᠳ᠋ᠨ ᠭᠠᠷᠭᠠᠬᠤ᠎ᠶ᠋ᠢ ᠠᠬᠢᠭᠤᠯᠤᠨ᠎ᠠ᠃
02 ᠪᠤᠳᠠ ᠤᠶᠤᠯᠢᠬ
ᠪᠤᠳᠠ ᠤᠶᠤᠯᠢᠬ᠎ᠤᠨ ᠪᠣᠯᠪᠠᠰᠤᠷᠠᠯ᠎ᠤᠨ ᠳᠠᠯᠠᠪᠤᠷ᠎ᠢ ᠨᠢᠭᠡᠳᠦᠯᠲᠡᠶ ᠲᠥᠯᠥᠪᠯᠡᠨ ᠪᠠᠢᠷᠢᠯᠠᠭᠤᠯᠵᠤ᠂ ᠬᠡᠢᠰᠪᠦᠷᠢ ᠪᠣᠳᠠᠲᠠᠢ᠎ᠶ᠋ᠢ ᠠᠭᠤᠰᠤᠯᠴᠠᠭᠤᠯᠤᠭ᠍ᠰᠠᠨ ᠬᠠᠮᠵᠢᠯᠴᠠᠬᠤ ᠪᠣᠯᠪᠠᠰᠤᠷᠠᠯ ᠪᠠ ᠬᠤᠪᠢᠰᠤᠯᠲᠠ᠎ᠶ᠋ᠢ ᠠᠬᠢᠭᠤᠯᠵᠤ᠂ ᠹᠢᠽᠢᠺ᠎ᠤᠨ ᠵᠤᠬᠢᠶᠠᠮᠠᠯ ᠤᠶᠤᠯᠢᠭᠢ ᠬᠦᠨᠵᠡᠬᠡᠢᠷᠡᠬᠦᠯᠦᠨ ᠰᠤᠳᠤᠯᠵᠤ᠂ ᠶᠡᠭᠡ ᠪᠠᠭ᠎ᠠ ᠲᠠᠷᠢᠬᠢ᠎ᠶ᠋ᠢ ᠨᠢᠭᠡ ᠴᠣᠭ᠍ᠴᠠᠵᠢᠭᠤᠯᠤᠭ᠍ᠰᠠᠨ ᠪᠤᠳᠠ ᠵᠠᠭ᠍ᠪᠤᠷ ᠪᠠ ᠪᠤᠳᠤᠬᠤ ᠠᠷᠭ᠎ᠠ᠎ᠶ᠋ᠢ ᠰᠤᠳᠤᠯᠤᠨ ᠨᠡᠭᠡᠭᠡᠵᠤ᠂ ᠤᠭ ᠴᠤᠭ᠍ᠴᠠ ᠵᠢᠴᠢ ᠭᠤᠤᠯᠯᠠᠬᠤ ᠰᠡᠯᠪᠢᠭ ᠲᠣᠨᠤᠭ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠵᠤ᠂ ᠬᠥᠮᠥᠨ ᠲᠦᠷᠢᠲᠠᠢ ᠮᠠᠱᠢᠨ ᠬᠥᠮᠦᠨ ᠵᠡᠷᠭᠡ ᠡᠯ᠎ᠡ ᠵᠦᠢᠯ᠎ᠤᠨ ᠬᠡᠯᠪᠡᠷᠢ ᠪᠠᠢᠳᠠᠯ᠎ᠲᠠᠢ ᠦᠢᠯᠡᠳᠬᠦᠨ᠎ᠢ ᠳᠡᠰ ᠳᠡᠪᠱᠢᠬᠦᠯᠬᠦ᠌ ᠪᠠ ᠬᠡᠷᠡᠭ᠌ᠯᠡᠯᠲᠡ᠎ᠶ᠋ᠢ᠎ᠨᠢ ᠨᠠᠢᠳᠠᠪᠤᠷᠢᠵᠢᠭᠤᠯᠬᠤ᠎ᠶ᠋ᠢ ᠲᠦᠷᠭᠡᠳᠭᠡᠨ᠎ᠡ᠃
03 ᠠᠮᠢᠳᠤ ᠪᠣᠳᠠᠰ᠎ᠤᠨ ᠦᠢᠯᠡᠳᠬᠦ᠌ ᠦᠢᠯᠡᠰ
ᠢᠰᠭᠡᠭᠦᠷ ᠦᠢᠯᠡᠦᠡᠬᠦᠠ᠂ ᠠᠮᠢᠳᠤ ᠪᠣᠳᠠᠰ᠎ᠤᠨ ᠦᠷ᠎ᠡ ᠡᠳ᠋᠎ᠤᠨ ᠣᠶᠤᠯᠢᠭ ᠵᠢᠷᠤᠭ ᠲᠥᠯᠥᠪᠯᠡᠭᠡ᠂ ᠣᠶᠤᠯᠢᠭ ᠢᠰᠭᠡᠯᠲᠡ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠢ ᠱᠢᠪᠲᠤᠯᠵᠤ᠂ ᠠᠮᠢᠳᠤ ᠪᠣᠳᠠᠰ᠎ᠤᠨ ᠡᠭᠦᠯᠳᠡᠷ ᠪᠤᠢᠵᠢᠭᠤᠯᠬᠤ᠂ ᠠᠮᠢᠳᠤ ᠪᠣᠳᠠᠰ᠎ᠤᠨ ᠬᠢᠮᠢ᠎ᠶ᠋ᠢᠨ ᠠᠵᠤ ᠦᠢᠯᠡᠳᠪᠦᠷᠢ᠂ ᠠᠮᠢᠳᠤ ᠪᠣᠳᠠᠰ᠎ᠤᠨ ᠡᠮ ᠡᠮᠨᠡᠯᠭᠡ᠂ ᠠᠮᠢᠳᠤ ᠪᠣᠳᠠᠰ᠎ᠤᠨ ᠡᠨᠧᠷᠭᠢ᠎ᠶ᠋ᠢᠨ ᠰᠤᠷᠪᠤᠯᠵᠢ ᠵᠡᠷᠭᠡ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢᠨ ᠬᠡᠷᠡᠭ᠌ᠯᠡᠯᠲᠡ᠎ᠶ᠋ᠢ ᠠᠬᠢᠭᠤᠯᠤᠨ᠎ᠠ᠃ ᠡᠰ ᠪᠠ ᠭᠧᠨ᠎ᠤ ᠵᠠᠰᠠᠯᠭ᠎ᠠ᠎ᠶ᠋ᠢᠨ ᠡᠮ᠎ᠤᠨ ᠵᠦᠢᠯ᠂ ᠠᠨᠲ᠋ᠢᠪᠤᠳᠢ᠎ᠶ᠋ᠢᠨ ᠡᠮ᠎ᠤᠨ ᠵᠦᠢᠯ᠂ ᠪᠥᠭᠡᠮ ᠬᠦᠴᠢᠯ᠎ᠤᠨ ᠡᠮ᠎ᠤᠨ ᠵᠦᠢᠯ᠂ ᠰᠠᠴᠤᠷᠠᠭ ᠴᠢᠨᠠᠷᠲᠠᠶ ᠡᠮ᠎ᠤᠨ ᠵᠦᠢᠯ ᠵᠡᠷᠭᠡ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠲᠦᠷᠭᠡᠳᠭᠡᠵᠦ᠍᠂ ᠪᠠᠴᠢᠮ ᠪᠠᠢᠳᠠᠯ᠎ᠢ ᠠᠷᠭᠠᠴᠠᠭᠠᠬᠤ ᠸᠠᠺᠼᠢᠨ ᠪᠠ ᠡᠮ᠎ᠤᠨ ᠵᠦᠢᠯ᠎ᠢ ᠰᠤᠳᠤᠯᠬᠤ ᠦᠢᠯᠡᠳᠪᠦᠷᠢᠯᠡᠬᠦ᠌ ᠬᠡᠷᠡᠭ᠌ᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
04 ᠱᠢᠨ᠎ᠡ ᠬᠡᠯᠪᠡᠷᠢ᠎ᠶ᠋ᠢᠨ ᠳ᠋ᠢᠶᠠᠨ ᡂᠢ
ᠪᠠᠭ᠍ᠲᠠᠭᠠᠮᠵᠢ ᠶᠡᠬᠡᠲᠡᠶ ᠴᠠᠬᠢᠯᠭᠠᠨ ᠲᠦᠢᠯ᠎ᠤᠨ ᠮᠠᠲ᠋ᠧᠷᠢᠶᠠᠯ᠂ ᠦᠨᠳᠦᠷ ᠴᠠᠬᠢᠯᠭᠠᠨ ᠳᠠᠮᠵᠢᠭᠤᠯᠤᠮᠵᠢᠶ᠋ᠢᠨ ᠴᠠᠬᠢᠯᠭᠠᠨ ᠵᠠᠳᠠᠯᠤᠭ᠍ᠳᠠᠬᠤᠨᠤ ᠮᠠᠲ᠋ᠧᠷᠢᠶᠠᠯ᠂ ᠨᠡᠢᠯᠡᠮᠡᠯ ᠤᠷᠤᠰᠤᠩᠭᠢ ᠪᠡᠶ᠎ᠡ ᠵᠡᠷᠭᠡ ᠵᠠᠩᠭᠢᠯᠠᠭ᠎ᠠ᠎ᠶ᠋ᠢᠨ ᠮᠠᠲ᠋ᠧᠷᠢᠶᠠᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠲᠦᠷᠭᠡᠳᠭᠡᠵᠦ᠍᠂ ᠳᠡᠭᠡᠲᠦ ᠨᠠᠷᠢᠯᠢᠭ ᠲᠦᠷᠭᠢᠴᠡ᠂ ᠳᠡᠭᠡᠳᠦ ᠬᠤᠷᠳᠤᠴᠠᠲᠤ ᠳᠠᠪᠬᠤᠴᠠᠯ ᠢᠯᠲᠠᠰᠤ ᠵᠡᠷᠭᠡ ᠳᠡᠭᠡᠳᠦ ᠲᠡᠰ᠎ᠤᠨ ᠦᠢᠯᠡᠳᠬᠦ᠌ ᠪᠡᠯᠡᠳᠭᠡᠮᠵᠢ ᠵᠢᠴᠢ ᠤᠷᠠᠯᠠᠯ᠎ᠢ ᠰᠤᠳᠤᠯᠤᠨ ᠨᠡᠭᠡᠭᠡᠵᠦ᠍᠂ ᠥᠨᠳᠥᠷ ᠠᠮᠤᠷ ᠲᠦᠪᠱᠢᠨ ᠥᠨᠳᠥᠷ ᠡᠨᠧᠷᠭᠢ᠎ᠶ᠋ᠢᠨ ᠨᠢᠭ᠍ᠲᠠᠴᠠ᠎ᠲᠤ ᠳ᠋ᠢᠶᠠᠨ ᡂᠢ᠎ᠶ᠋ᠢ ᠱᠢᠨ᠎ᠡ ᠬᠡᠯᠪᠡᠷᠢ᠎ᠶ᠋ᠢᠨ ᠤᠶᠤᠯᠢᠭ ᠦᠵᠦᠭᠦᠷ᠂ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠯᠲᠡ᠂ ᠴᠠᠬᠢᠯᠭᠠᠨ ᠬᠥᠳᠡᠯᠭᠡᠭᠦᠷᠲᠦ ᠵᠠᠮ ᠬᠠᠷᠢᠯᠴᠠᠭᠠᠨ᠎ᠤ ᠪᠠᠭᠠᠵᠢ ᠵᠡᠷᠭᠡ ᠬᠦᠷᠢᠶ᠎ᠡ᠎ᠳᠤ ᠬᠡᠷᠡᠭ᠌ᠯᠡᠬᠦ᠌᠎ᠶ᠋ᠢ ᠥᠷᠭᠡᠳᠭᠡᠨ᠎ᠡ᠃
05 ᠬᠤᠳᠠᠯᠳᠤᠭᠠᠨ᠎ᠤ ᠰᠠᠨᠰᠠᠷ᠎ᠤᠨ ᠠᠶᠠᠯᠠᠯ
ᠶᠡᠭᠡ ᠴᠢᠳᠠᠯᠲᠤ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠂ ᠨᠡᠢᠳᠡᠮ ᠬᠡᠷᠡᠭ᠌ᠯᠡᠭᠡᠨ᠎ᠤ ᠣᠳᠣᠨ ᠠᠴᠢᠶᠠᠯᠠᠯ᠎ᠲᠦ ᠺᠣᠮᠫᠢᠦ᠋ᠲ᠋ᠧᠷ ᠪᠠ ᠰᠤᠮᠤᠨ ᠪᠡᠶᠡᠲᠦ ᠪᠦᠲᠦᠴᠡ᠎ᠶ᠋ᠢ ᠬᠥᠩᠭᠡᠷᠡᠭᠦᠯᠬᠦ᠂ ᠣᠳᠣ ᠰᠤᠮᠤ᠎ᠶ᠋ᠢ ᠬᠠᠮᠲᠤᠷᠠᠭᠤᠯᠤᠨ ᠵᠢᠷᠤᠵᠤ ᠲᠥᠯᠥᠪᠯᠡᠬᠦ᠂ ᠳᠠᠬᠢᠨ ᠳᠠᠪᠲᠠᠨ ᠬᠡᠷᠡᠭ᠌ᠯᠡᠵᠦ᠍ ᠠᠴᠢᠶᠠᠯᠠᠬᠤ ᠵᠡᠷᠭᠡ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠠᠬᠢᠭᠤᠯᠵᠤ᠂ ᠤᠳᠤ ᠰᠤᠮᠤᠨ᠎ᠤ ᠦᠢᠯᠡᠳᠬᠦᠨ᠎ᠢ ᠬᠡᠪᠴᠢᠶᠡᠵᠢᠭᠦᠯᠦᠨ ᠦᠢᠯᠡᠳᠪᠦᠷᠢᠯᠡᠬᠦ᠌ ᠪᠠ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠬᠠᠷᠪᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠰᠠᠨᠰᠠᠷ᠎ᠤᠨ ᠰᠠᠨᠠᠭᠠᠴᠢᠯᠠᠭᠠᠲᠤ ᠰᠡᠷᠭᠡᠢᠯᠡᠯᠲᠡ᠂ ᠬᠠᠮᠲᠤᠯᠢᠭ᠎ᠤᠨ ᠣᠶᠤᠯᠢᠭ ᠡᠵᠡᠮᠳᠡᠯ ᠵᠡᠷᠭᠡ ᠮᠡᠷᠭᠡᠵᠢᠯ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠴᠢᠩᠭᠠᠳᠭᠠᠵᠤ᠂ ᠰᠠᠨᠰᠠᠷᠲᠠᠬᠢ ᠠᠮᠤᠷ ᠲᠦᠪᠱᠢᠨ᠎ᠤ ᠪᠠᠢᠳᠠᠯ᠎ᠢ ᠰᠡᠷᠡᠵᠦ᠍ ᠮᠡᠳᠡᠬᠦ᠌ ᠪᠠ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
06 ᠤᠯᠤᠰ᠎ᠲᠠᠭᠠᠨ ᠦᠢᠯᠡᠳᠪᠦᠷᠢᠯᠡᠭ᠌ᠰᠡᠨ ᠲᠣᠮᠣ ᠨᠢᠰᠭᠡᠯ
C919 ᠨᠢᠰᠭᠡᠯ᠎ᠤᠨ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠳᠡᠭᠡᠭ᠌ᠰᠢᠯᠡᠯᠲᠠ ᠪᠠ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ C919 ᠥᠨᠳᠦᠷᠯᠢᠭ᠎ᠤᠨ ᠬᠡᠯᠪᠡᠷᠢ ᠵᠡᠷᠭᠡ ᠱᠢᠷᠢᠰᠵᠢᠭ᠌ᠰᠡᠨ ᠨᠢᠰᠭᠡᠯ᠎ᠤᠨ ᠬᠡᠯᠪᠡᠷᠢ᠂ C909 ᠨᠢᠰᠭᠡᠯ᠎ᠤᠨ ᠡᠭᠦᠰᠦᠮᠡᠯ ᠬᠡᠯᠪᠡᠷᠢ᠂ ᠱᠢᠨ᠎ᠡ ᠡᠨᠧᠷᠭᠢ᠎ᠶ᠋ᠢᠨ ᠰᠤᠷᠪᠤᠯᠵᠢ᠎ᠶ᠋ᠢᠨ ᠨᠢᠰᠭᠡᠯ᠎ᠢ ᠰᠤᠳᠤᠯᠤᠨ ᠦᠢᠯᠡᠳᠴᠦ᠍ ᠬᠡᠷᠡᠭ᠌ᠯᠡᠬᠦ᠌᠎ᠶ᠋ᠢ ᠥᠷᠨᠢᠭᠦᠯᠵᠦ᠍᠂ C929 ᠨᠢᠰᠭᠡᠯ᠎ᠤᠨ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠪᠠ ᠴᠠᠩ ᠵᠢᠶᠠᠩ — 1000A ᠬᠥᠳᠡᠯᠭᠡᠭᠦᠷ᠎ᠢ ᠱᠢᠯᠭᠠᠨ ᠨᠤᠲᠠᠯᠠᠵᠤ ᠬᠡᠷᠡᠭ᠌ᠯᠡᠬᠦ᠌᠎ᠶ᠋ᠢ ᠲᠦᠷᠭᠡᠳᠭᠡᠨ᠎ᠡ᠃
07 ᠳᠣᠤᠷ᠎ᠠ ᠠᠭᠠᠷ᠎ᠤᠨ ᠲᠣᠨᠣᠭ᠍ᠯᠠᠯ
ᠲᠣᠮᠣ ᠠᠴᠢᠶᠠᠨ᠎ᠤ ᠲᠣᠭ᠍ᠲᠠᠮᠠᠯ ᠵᠢᠭᠦᠷᠲᠦ ᠵᠢᠯᠣᠭᠤᠴᠢ ᠦᠭᠡᠢ ᠨᠢᠰᠭᠡᠯ᠂ ᠬᠤᠯᠠ ᠠᠶᠠᠯᠠᠯ᠎ᠤᠨ ᠡᠭ᠌ᠴᠡ ᠨᠢᠰᠴᠦ᠍ ᠪᠠᠭᠤᠬᠤ ᠠᠭᠠᠷ᠎ᠤᠨ ᠨᠢᠰᠦᠭᠦᠷ ᠵᠡᠷᠭᠡ ᠱᠢᠨ᠎ᠡ ᠬᠡᠯᠪᠡᠷᠢ᠎ᠶ᠋ᠢᠨ ᠳᠣᠣᠷ᠎ᠠ ᠠᠭᠠᠷ᠎ᠤᠨ ᠲᠣᠨᠣᠭ᠍ᠯᠠᠯ᠎ᠢ ᠰᠤᠳᠤᠯᠤᠨ ᠦᠢᠯᠡᠳᠬᠦ᠌᠎ᠶ᠋ᠢ ᠲᠦᠷᠭᠡᠳᠭᠡᠵᠦ᠍᠂ ᠣᠶᠤᠯᠢᠭ ᠨᠢᠰᠦᠯᠲᠡ᠂ ᠴᠠᠬᠢᠯᠭᠠᠨ ᠬᠦᠳᠡᠯᠭᠡᠭᠦᠷᠲᠦ ᠪᠠ ᠬᠤᠯᠢᠮᠠᠭ ᠬᠥᠳᠡᠯᠭᠡᠬᠦᠷ᠎ᠳᠦ ᠬᠦᠴᠦᠨ᠎ᠤ ᠱᠢᠰᠲ᠋ᠧᠮ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠢ ᠱᠢᠪᠲᠤᠯᠵᠤ᠂ ᠳᠤᠤᠷ᠎ᠠ ᠠᠭᠠᠷ᠎ᠤᠨ ᠠᠵᠢᠯᠯᠠᠭᠠᠨ᠎ᠤ ᠬᠠᠮᠢᠶᠠᠷᠤᠯᠳᠠ ᠪᠠ ᠳᠣᠤᠷ᠎ᠠ ᠥᠪᠡᠷ᠎ᠤᠨ ᠥᠷᠲᠡᠭ᠌ᠲᠦ ᠵᠢᠯᠣᠭᠤᠴᠢ ᠥᠬᠡᠶ ᠨᠢᠰᠭᠡᠯ᠎ᠤᠨ ᠠᠮᠤᠷ ᠲᠦᠪᠱᠢᠨ᠎ᠤ ᠰᠡᠷᠬᠡᠢᠯᠡᠨ ᠡᠵᠡᠮᠳᠡᠬᠦ᠌ ᠮᠡᠷᠭᠡᠵᠢᠯ᠎ᠤᠨ ᠦᠢᠯᠡᠳᠬᠦᠨ᠎ᠤ ᠪᠡᠷᠬᠡ ᠰᠡᠳᠦᠪ᠎ᠢ ᠱᠢᠢᠳᠪᠦᠷᠢᠯᠡᠬᠦ᠌ ᠪᠠ ᠬᠡᠷᠡᠭ᠌ᠯᠡᠯᠲᠡ᠎ᠶ᠋ᠢ ᠴᠢᠩᠭᠠᠳᠭᠠᠨ᠎ᠠ᠃
08 ᠨᠣᠭᠤᠭᠠᠨ ᠤᠰᠤᠲᠥ᠋ᠷᠥᠭ᠌ᠴᠢ ᠡᠨᠧᠷᠭᠢ
ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠎ᠶ᠋ᠢᠨ ᠤᠰᠤᠲᠥ᠋ᠷᠥᠭ᠌ᠴᠢ ᠦᠢᠯᠡᠳᠬᠦ᠌ ᠲᠤᠨᠤᠭ᠍ᠯᠠᠯ᠎ᠤᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠬᠢᠮᠳᠠ ᠪᠥᠭᠡᠳ ᠠᠮᠤᠷ ᠲᠦᠪᠱᠢᠨ ᠬᠡᠪᠴᠢᠶᠡᠵᠢᠭ᠌ᠰᠡᠨ ᠤᠰᠤᠲᠥ᠋ᠷᠥᠭ᠌ᠴᠢ ᠬᠠᠳᠠᠭᠠᠯᠠᠵᠤ ᠲᠡᠭᠡᠭᠡᠪᠦᠷᠢᠯᠡᠬᠦ᠌ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠵᠤ ᠱᠢᠯᠭᠠᠨ ᠨᠤᠳᠠᠯᠠᠬᠤ᠎ᠶ᠋ᠢ ᠲᠦᠷᠭᠡᠳᠭᠡᠨ᠂ ᠤᠰᠤᠲᠥ᠋ᠷᠥᠭ᠌ᠴᠢ ᠡᠨᠧᠷᠭᠢ᠎ᠶ᠋ᠢᠨ ᠰᠠᠭᠤᠷᠢ ᠲᠥᠬᠦᠭᠡᠷᠦᠮᠵᠢ᠎ᠶ᠋ᠢ ᠱᠢᠯᠢᠳᠡᠭ᠌ᠵᠢᠭᠦᠯᠦᠨ ᠪᠠᠢᠷᠢᠯᠠᠭᠤᠯᠵᠤ᠂ ᠨᠤᠭᠤᠭᠠᠨ ᠤᠰᠤᠲᠥ᠋ᠷᠥᠭ᠌ᠴᠢ᠎ᠶ᠋ᠢᠨ ᠠᠵᠤ ᠦᠢᠯᠡᠰ᠎ᠤᠨ ᠬᠡᠯᠬᠢᠶ᠎ᠡ᠎ᠶ᠋ᠢ ᠨᠤᠭᠤᠭᠠᠨ ᠱᠢᠪᠲᠦᠷ ᠠᠯᠺᠤᠤᠯ᠂ ᠦᠷᠭᠦᠯᠵᠢᠯᠡᠬᠦ᠋ᠢᠴᠡ ᠠᠭᠠᠷ᠎ᠤᠨ ᠠᠶᠠᠯᠠᠯ᠎ᠤᠨ ᠲᠦᠯᠡᠰᠢ ᠳᠡᠢᠰᠢ ᠦᠷᠭᠡᠳᠭᠡᠬᠦ᠌᠎ᠶ᠋ᠢ ᠠᠬᠢᠭᠤᠯᠤᠨ᠂ ᠤᠰᠤᠲᠥ᠋ᠷᠥᠭ᠌ᠴᠢ ᠡᠨᠧᠷᠭᠢ᠎ᠶ᠋ᠢ ᠵᠠᠮ ᠬᠠᠷᠢᠯᠴᠠᠭ᠎ᠠ᠂ ᠴᠠᠬᠢᠯᠭᠠᠨ ᠬᠦᠴᠦ᠍᠂ ᠠᠵᠤ ᠦᠢᠯᠡᠳᠪᠦᠷᠢ ᠵᠡᠷᠭᠡ ᠬᠦᠷᠢᠶᠡᠨ᠎ᠳᠤ ᠬᠡᠷᠡᠭ᠌ᠯᠡᠬᠦ᠌᠎ᠶ᠋ᠢ ᠥᠷᠭᠡᠳᠭᠡᠨ᠎ᠡ᠃
09 ᠲᠠᠷᠢᠬᠢ ᠪᠤᠯᠤᠨ ᠮᠠᠱᠢᠨ᠎ᠤ ᠵᠠᠯᠭᠠᠭᠤᠷ
ᠱᠢᠨ᠎ᠡ ᠬᠡᠯᠪᠡᠷᠢ᠎ᠶ᠋ᠢᠨ ᠴᠠᠬᠢᠯᠭᠠᠨ ᠲᠦᠢᠯ ᠪᠣᠯᠤᠨ ᠲᠤᠰᠭᠠᠶ ᠬᠡᠷᠡᠭ᠌ᠯᠡᠬᠦ᠌ ᠴᠢᠫ ᠵᠡᠷᠭᠡ ᠰᠠᠭᠤᠷᠢ ᠵᠥᠭᠡᠯᠡᠨ ᠲᠤᠨᠤᠭ ᠬᠠᠲᠠᠭᠤ ᠲᠣᠨᠤᠭ᠂ ᠳᠣᠬᠢᠶ᠎ᠠ᠎ᠶ᠋ᠢᠨ ᠺᠣᠳ᠋ᠯᠠᠭᠤᠷ ᠲᠠᠢᠯᠤᠭᠤᠷᠤᠨ ᠪᠤᠳᠤᠬᠤ ᠠᠷᠭ᠎ᠠ᠂ ᠬᠢᠲᠠᠳ ᠬᠡᠯᠡᠨ᠎ᠤ ᠬᠡᠯᠡᠨ᠎ᠤ ᠮᠠᠲ᠋ᠧᠷᠢᠶᠠᠯ᠎ᠤᠨ ᠳ᠋ᠠᠢᠲ᠋ᠠ ᠬᠥᠮᠥᠷᠭᠡ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠲᠦᠷᠭᠡᠳᠭᠡᠵᠤ᠂ ᠲᠠᠷᠢᠬᠢ ᠪᠤᠯᠤᠨ ᠮᠠᠱᠢᠨ᠎ᠤ ᠵᠠᠯᠭᠠᠭᠤᠷ᠎ᠤᠨ ᠦᠢᠯᠡᠳᠬᠦᠨ᠎ᠢ ᠲᠠᠷᠢᠬᠢᠨ ᠡᠪᠡᠳᠴᠢᠨ ᠡᠮᠭᠡᠭ᠎ᠢ ᠣᠨᠣᠱᠢᠯᠠᠨ ᠵᠠᠰᠠᠬᠤ᠂ ᠬᠥᠳᠡᠯᠭᠡᠭᠡᠨ᠎ᠢᠶᠠᠷ ᠡᠷᠡᠭᠦᠯᠵᠢᠭᠦᠯᠬᠦ᠌ ᠡᠮᠴᠢᠯᠡᠭᠡ᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠵᠡᠷᠭᠡ ᠬᠦᠷᠢᠶᠡᠨ᠎ᠳᠤ ᠬᠡᠷᠡᠭ᠌ᠯᠡᠬᠦ᠌᠎ᠶ᠋ᠢ ᠠᠬᠢᠭᠤᠯᠤᠨ᠎ᠠ᠃
10 ᠳᠡᠭᠡᠳᠦ ᠲᠠᠰ᠎ᠤᠨ ᠡᠮᠴᠢᠯᠡᠭᠡᠨ᠎ᠤ ᠪᠠᠭᠠᠵᠢ ᠬᠡᠷᠡᠭ᠌ᠰᠡᠯ
ᠬᠡᠲᠦ ᠳᠡᠭᠡᠳᠦ ᠲᠡᠰ᠎ᠤᠨ ᠺᠣᠮᠫᠢᠦ᠋ᠲ᠋ᠧᠷ᠎ᠤᠨ ᠵᠥᠷᠢᠭ᠌ᠳᠡᠯ ᠱᠢᠷᠪᠢᠯᠲᠡ᠂ ᠦᠨᠳᠦᠷ ᠢᠯᠭᠠᠮᠵᠢᠲᠤ ᠰᠣᠷᠢᠨᠵᠢᠨ ᠳᠠᠷᠪᠢᠯᠲᠠ᠂ ᠰᠠᠴᠤᠷᠠᠭ ᠡᠮᠴᠢᠯᠡᠭᠡᠨ᠎ᠤ ᠱᠢᠰᠲ᠋ᠧᠮ᠂ ᠮᠡᠰᠡ ᠵᠠᠰᠠᠯ᠎ᠤᠨ ᠤᠶᠤᠯᠢᠭ ᠮᠠᠱᠢᠨ ᠬᠥᠮᠦᠨ᠂ ᠠᠮᠢ ᠨᠠᠰᠤᠨ᠎ᠤ ᠳᠡᠮᠵᠢᠯᠭᠡ᠎ᠶ᠋ᠢᠨ ᠪᠡᠯᠡᠳᠭᠡᠮᠵᠢ ᠵᠡᠷᠭᠡ ᠱᠢᠨ᠎ᠡ ᠬᠡᠯᠪᠡᠷᠢ᠎ᠶ᠋ᠢᠨ ᠣᠨᠣᠱᠢᠯᠠᠨ ᠡᠮᠨᠡᠬᠦ᠌ ᠲᠣᠨᠣᠭ᠍ᠯᠠᠯ᠎ᠢ ᠰᠤᠳᠤᠯᠤᠨ ᠨᠡᠭᠡᠭᠡᠬᠦ᠌ ᠲᠠᠯ᠎ᠡ᠎ᠪᠠᠷ ᠱᠢᠪᠲᠤᠯᠤᠯᠲᠡ ᠭᠠᠷᠭᠠᠬᠤ ᠪᠠ ᠬᠡᠪᠴᠢᠶᠡᠵᠢᠭᠦᠯᠦᠨ ᠬᠡᠷᠡᠭ᠌ᠯᠡᠬᠦ᠌᠎ᠶ᠋ᠢ ᠠᠬᠢᠭᠤᠯᠵᠤ᠂ ᠬᠦᠨᠳᠦ ᠶᠡᠭᠡ ᠤᠵᠢᠭ ᠡᠪᠡᠳᠴᠢᠨ᠎ᠤ ᠡᠷᠡᠭᠦᠯᠵᠢᠯ᠂ ᠮᠡᠳᠡᠷᠡᠯ᠎ᠤᠨ ᠰᠡᠳᠡᠯᠲᠡ᠂ ᠵᠢᠷᠦᠬᠡ ᠴᠢᠰᠤᠨ ᠰᠤᠳᠠᠯ ᠪᠣᠯᠤᠨ ᠶᠠᠰᠤᠨ᠎ᠤ ᠰᠠᠯᠠᠭ᠎ᠠ᠎ᠶ᠋ᠢᠨ ᠡᠮᠴᠢᠯᠡᠭᠡ ᠵᠡᠷᠭᠡ ᠱᠢᠨ᠎ᠡ ᠬᠡᠯᠪᠡᠷᠢ᠎ᠶ᠋ᠢᠨ ᠰᠠᠭᠤᠯᠭᠠᠵᠤ ᠤᠷᠤᠭᠤᠯᠬᠤ ᠤᠷᠤᠯᠴᠠᠭᠤᠯᠬᠤ ᠪᠠᠭᠠᠵᠢ ᠬᠡᠷᠡᠭ᠌ᠰᠡᠯ᠎ᠢ ᠰᠤᠳᠤᠯᠤᠨ ᠦᠢᠯᠡᠳᠦᠨ᠎ᠡ᠃
ᠵᠢᠷᠭᠤᠳᠤᠭᠠᠷ ᠪᠦᠯᠦᠭ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢᠲᠠᠶ ᠪᠦᠭᠡᠳ ᠥᠨᠳᠥᠷ ᠪᠦᠲᠦᠮᠵᠢᠲᠡᠶ ᠬᠥᠭ᠌ᠵᠢᠯᠲᠡ᠎ᠶ᠋ᠢ ᠠᠬᠢᠭᠤᠯᠤᠨ᠎ᠠ
ᠦᠢᠯᠡᠴᠢᠯᠡᠭᠡᠨ᠎ᠤ ᠦᠢᠯᠡᠰ᠎ᠤᠨ ᠴᠢᠳᠠᠪᠤᠷᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠦᠢᠯᠡᠴᠢᠯᠡᠭᠡᠨ᠎ᠤ ᠬᠦᠷᠢᠶᠡᠨ᠎ᠳᠠᠬᠢ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠵᠦ᠍᠂ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠦᠢᠯᠡᠴᠢᠯᠡᠭᠡᠨ᠎ᠤ ᠦᠢᠯᠡᠰ᠎ᠤᠨ ᠶᠠᠰᠤ ᠴᠢᠨᠠᠷ ᠦᠷ᠎ᠡ ᠪᠦᠲᠦᠮᠵᠢ ᠪᠠ ᠥᠷᠢᠰᠥᠯᠳᠦᠬᠦ᠌ ᠬᠦᠴᠦᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠦᠢᠯᠡᠴᠢᠯᠡᠭᠡᠨ᠎ᠤ ᠦᠢᠯᠡᠰ᠎ᠤᠨ ᠠᠵᠤ ᠦᠢᠯᠡᠰ᠎ᠤᠨ ᠳᠡᠰ ᠳᠡᠪᠱᠢᠬᠦ᠌᠎ᠶ᠋ᠢ ᠲᠤᠯᠭᠠᠭᠤᠷᠢᠯᠠᠬᠤ᠂ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠂ ᠠᠵᠢᠯ ᠣᠯᠭᠤᠯᠲᠠ᠎ᠶ᠋ᠢᠨ ᠪᠠᠭ᠍ᠲᠠᠭᠠᠮᠵᠢ᠎ᠶ᠋ᠢ ᠦᠷᠭᠡᠳᠭᠡᠬᠦ᠌᠎ᠶ᠋ᠢ ᠳᠠᠢᠴᠢᠯᠠᠬᠤ ᠦᠢᠯᠡᠳᠦᠯ᠎ᠢ᠎ᠨᠢ ᠨᠡᠩ ᠰᠠᠢᠨ ᠪᠠᠳᠠᠷᠠᠭᠤᠯᠤᠨ᠎ᠠ᠃
ᠨᠢᠭᠡᠳᠦᠭᠡᠷ ᠬᠡᠰᠡᠭ ᠦᠢᠯᠡᠳᠪᠦᠷᠢᠯᠡᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠤᠨ ᠲᠤᠰᠭᠠᠢᠵᠢᠬᠤ ᠪᠠ ᠦᠷᠳᠡᠭ᠎ᠤᠨ ᠬᠡᠯᠬᠢᠶ᠎ᠡ᠎ᠶ᠋ᠢᠨ ᠳᠡᠭᠡᠳᠦ ᠲᠡᠰ ᠲᠡᠢᠰᠢ ᠦᠷᠭᠡᠵᠢᠬᠦ᠌ᠶ᠋ᠢ ᠠᠬᠢᠭᠤᠯᠤᠨ᠎ᠠ
ᠦᠢᠯᠡᠳᠪᠦᠷᠢᠯᠡᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠤᠨ ᠪᠠᠭᠤᠷᠠᠶ ᠭᠤᠭ᠍ᠴᠤᠭ᠎ᠠ᠎ᠶ᠋ᠢ ᠪᠥᠬᠦ᠌ ᠬᠡᠯᠬᠢᠶ᠎ᠡ᠎ᠪᠠᠷ ᠨᠥᠬᠦᠪᠥᠷᠢᠯᠡᠨ ᠴᠢᠩᠭᠠᠳᠭᠠᠵᠤ᠂ ᠣᠲᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠢ ᠲᠡᠷᠢᠭᠦᠨ᠎ᠤ ᠦᠢᠯᠡᠳᠬᠦ᠌ ᠦᠢᠯᠡᠰ᠂ ᠣᠲᠣ ᠦᠶ᠎ᠡ᠎ᠶ᠋ᠢᠨ ᠲᠠᠷᠢᠶᠠᠯᠠᠩ᠎ᠲᠠᠢ ᠠᠭᠤᠰᠤᠯᠴᠠᠭᠤᠯᠤᠨ ᠬᠥᠭ᠌ᠵᠢᠬᠦᠯᠬᠦ᠌ ᠲᠦᠪᠱᠢᠨ᠎ᠢ ᠳᠡᠭᠡᠭ᠌ᠰᠢᠯᠡᠭᠦᠯᠦᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠴᠢᠯᠡᠭᠡ᠎ᠶ᠋ᠢ ᠶᠡᠭᠡ᠎ᠪᠠᠷ ᠬᠥᠭ᠌ᠵᠢᠭᠦᠯᠵᠦ᠍᠂ ᠰᠤᠳᠤᠯᠤᠨ ᠨᠡᠭᠡᠭᠡᠵᠦ᠍ ᠵᠢᠷᠤᠵᠤ ᠲᠥᠯᠥᠪᠯᠡᠬᠦ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠂ ᠱᠢᠯᠭᠠᠨ ᠪᠠᠢᠴᠠᠭᠠᠬᠤ ᠱᠢᠯᠭᠠᠨ ᠬᠡᠮᠵᠢᠬᠦ᠌ ᠭᠡᠷᠡᠴᠢᠯᠡᠭᠡ ᠬᠢᠬᠦ᠌ ᠵᠡᠷᠭᠡ᠎ᠶ᠋ᠢᠨ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠤᠯᠠᠨ ᠤᠯᠤᠰ᠎ᠤᠨ ᠲᠦᠪᠱᠢᠨ ᠪᠦᠬᠦᠢ ᠠᠵᠤ ᠦᠢᠯᠡᠳᠪᠦᠷᠢ᠎ᠶ᠋ᠢᠨ ᠵᠢᠷᠤᠭ ᠲᠥᠯᠥᠪᠯᠡᠬᠡᠨᠤ ᠲᠥᠪ᠎ᠢ ᠪᠤᠢᠵᠢᠭᠤᠯᠵᠤ᠂ ᠠᠵᠤ ᠦᠢᠯᠡᠰ᠎ᠤᠨ ᠪᠦᠭᠡᠭᠡᠨᠡᠷᠡᠯ᠎ᠳᠤ ᠲᠦᠱᠢᠭ᠌ᠯᠡᠨ ᠨᠢᠭᠡ ᠪᠦᠯᠦᠭ ᠠᠵᠢᠯ ᠲᠥᠷᠥᠯ᠎ᠤᠨ ᠨᠡᠢᠲᠡᠯᠢᠭ ᠴᠢᠨᠠᠷᠲᠠᠶ ᠮᠡᠷᠭᠡᠵᠢᠯ᠎ᠤᠨ ᠲᠠᠪᠴᠠᠩ᠂ ᠵᠠᠪᠰᠠᠷ᠎ᠤᠨ ᠲᠤᠷᠱᠢᠯᠲᠠ᠎ᠪᠠᠷ ᠱᠢᠯᠭᠠᠨ ᠨᠤᠲᠠᠯᠠᠬᠤ ᠲᠠᠪᠴᠠᠩ ᠪᠠ ᠬᠤᠷᠠᠮᠠᠯ ᠥᠨᠳᠥᠷ ᠪᠦᠲᠦᠮᠵᠢᠲᠡᠶ ᠶᠠᠰᠤ ᠴᠢᠨᠠᠷ᠎ᠤᠨ ᠰᠠᠭᠤᠷᠢ ᠲᠦᠭᠦᠭᠡᠷᠦᠮᠵᠢ᠎ᠶ᠋ᠢ ᠪᠠᠢᠷᠢᠯᠠᠭᠤᠯᠤᠨ᠎ᠠ᠃ ᠮᠥᠩᠭᠦᠨ ᠭᠦᠢᠯᠭᠡᠭᠡᠨ᠎ᠤ ᠲᠦᠷᠢᠶᠡᠰᠦᠯᠡᠯ᠂ ᠪᠠᠷᠠᠭᠠᠨ᠎ᠤ ᠭᠦᠢᠯᠭᠡᠭᠡ ᠵᠢᠨ ᠬᠥᠮᠥᠷᠭᠡᠯᠡᠨ ᠬᠠᠳᠠᠭᠠᠯᠠᠯᠲᠠ᠂ ᠬᠥᠮᠦᠨ᠎ᠤ ᠭᠦᠴᠦᠨ᠎ᠤ ᠡᠬᠢ ᠪᠠᠶᠠᠯᠢᠭ ᠵᠡᠷᠭᠡ᠎ᠶ᠋ᠢᠨ ᠦᠢᠯᠡᠴᠢᠯᠡᠭᠡᠨ᠎ᠤ ᠶᠡᠷᠦᠩᠬᠡᠢᠯᠡᠭ᠌ᠰᠡᠨ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍᠂ ᠡᠨᠧᠷᠭᠢ ᠠᠷᠪᠢᠯᠠᠵᠤ ᠣᠷᠴᠢᠨ ᠠᠬᠤᠶ᠎ᠶ᠋ᠢ ᠬᠠᠮᠠᠭᠠᠯᠠᠬᠤ᠂ ᠳ᠋ᠢᠵᠢᠲ᠋ᠠᠯᠴᠢᠯᠠᠯᠲᠠ ᠤᠶᠤᠨᠴᠢᠯᠠᠯᠲᠠ ᠲᠡᠢᠰᠢ ᠬᠡᠯᠪᠡᠷᠢ᠎ᠪᠠᠨ ᠬᠤᠪᠢᠷᠠᠭᠤᠯᠬᠤ ᠵᠡᠷᠭᠡ᠎ᠶ᠋ᠢᠨ ᠦᠢᠯᠡᠴᠢᠯᠡᠭᠡ᠎ᠶ᠋ᠢ ᠪᠤᠵᠠᠭᠠᠢᠷᠠᠭᠤᠯᠤᠨ᠂ ᠦᠷᠳᠡᠭ ᠨᠡᠮᠡᠭ᠌ᠳᠡᠯ᠎ᠤᠨ ᠦᠢᠯᠡᠴᠢᠯᠡᠭᠡᠨ᠎ᠤ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠎ᠡ᠃ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡ᠎ᠶ᠋ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠥᠨᠳᠥᠷ ᠲᠦᠪᠱᠢᠨ ᠪᠥᠬᠦᠶ ᠭᠤᠷᠪᠠᠳᠠᠬᠢ ᠡᠲᠡᠭᠡᠳ᠎ᠤᠨ ᠲᠤᠰᠭᠠᠶ ᠪᠠᠢᠭᠤᠯᠤᠮᠵᠢ᠎ᠶ᠋ᠢ ᠬᠥᠭ᠌ᠵᠢᠭᠦᠯᠤᠨ᠂ ᠣᠯᠠᠨ ᠨᠡᠢᠲᠡ᠎ᠶ᠋ᠢ ᠢᠲᠡᠭᠡᠭᠦᠯᠬᠦ᠌ ᠬᠦᠴᠦᠨ ᠪᠠ ᠣᠯᠠᠨ ᠤᠯᠤᠰ᠎ᠲᠤ ᠮᠡᠳᠡᠷᠡᠭ᠌ᠳᠡᠭᠦ᠌ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃
ᠬᠤᠶᠠᠳᠤᠭᠠᠷ ᠬᠡᠰᠡᠭ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢᠲᠠᠶ ᠣᠯᠠᠨ ᠶᠠᠩᠵᠤᠴᠢᠯᠠᠬᠰᠠᠨ ᠳᠥᠳᠡᠴᠢᠯᠡᠭ᠌ᠰᠡᠨ ᠬᠥᠭ᠌ᠵᠢᠯᠳᠠ᠎ᠶ᠋ᠢ ᠠᠬᠢᠭᠤᠯᠤᠨ᠎ᠠ
ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠪᠦᠲᠦᠴᠡ᠎ᠶ᠋ᠢᠨ ᠳᠡᠰ ᠲᠡᠪᠱᠢᠯᠲᠡᠳᠤ ᠵᠣᠬᠢᠴᠠᠭᠤᠯᠤᠨ᠂ ᠲᠦᠬᠡᠮᠡᠯ ᠬᠠᠷᠠᠭᠠᠯᠵᠠᠯ᠎ᠲᠠᠢ ᠪᠦᠬᠡᠳ ᠭᠦᠷᠲᠡᠭᠦ᠋ᠢᠴᠡ᠂ ᠥᠪᠡᠷᠮᠢᠴᠡ ᠪᠦᠬᠡᠳ ᠣᠯᠠᠨ ᠶᠠᠩᠵᠤ᠎ᠶ᠋ᠢᠨ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠢ ᠢᠳᠡᠪᠬᠢᠲᠡᠶ᠎ᠪᠠᠷ ᠭᠦᠭ᠌ᠵᠢᠬᠦᠯᠦᠨᠡ᠃ ᠨᠠᠰᠤᠵᠢᠯ᠎ᠤᠨ ᠠᠰᠠᠷᠠᠮᠵᠢ᠂ ᠨᠠᠢᠳᠠᠨ ᠭᠦᠮᠦᠵᠢᠬᠦᠯᠬᠦ᠂ ᠡᠷᠡᠭᠦᠯ ᠮᠡᠨᠳᠦ ᠵᠡᠷᠭᠡ ᠲᠦᠭᠡᠮᠡᠯ ᠬᠠᠷᠠᠭᠠᠯᠵᠠᠯᠲᠤ ᠦᠢᠯᠡᠴᠢᠯᠡᠭᠡᠨ᠎ᠤ ᠳᠤᠲᠠᠭᠤᠳᠠᠯ᠎ᠢ ᠲᠦᠷᠭᠡᠯᠡᠨ ᠨᠥᠬᠦᠪᠥᠷᠢᠯᠡᠵᠦ᠍᠂ ᠵᠠᠰᠠᠭ᠎ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠠᠯᠪᠠᠨ᠎ᠠᠴᠠ ᠪᠠᠢᠭᠤᠯᠵᠤ ᠠᠷᠠᠳ᠎ᠠᠴᠠ ᠡᠵᠡᠩᠨᠡᠬᠦ᠂ ᠠᠷᠠᠳ᠎ᠠᠴᠠ ᠡᠷᠬᠢᠯᠡᠵᠦ᠍ ᠠᠯᠪᠠᠨ᠎ᠠᠴᠠ ᠲᠤᠰᠠᠯᠠᠬᠤ ᠵᠡᠷᠭᠡ ᠲᠣᠭ᠍ᠲᠠᠴᠠ᠎ᠶ᠋ᠢ ᠪᠦᠷᠢᠨᠱᠢᠬᠦᠯᠤᠨ᠂ ᠤᠯᠠᠨ ᠡᠱᠢᠵᠢᠭ᠌ᠰᠡᠨ ᠪᠡᠶᠡᠴᠢ ᠴᠣᠭ᠍ᠴᠠ᠎ᠶ᠋ᠢᠨ ᠦᠢᠯᠡᠴᠢᠯᠡᠬᠡᠨ᠎ᠤ ᠬᠠᠩᠭᠠᠯᠭ᠎ᠠ᠎ᠶ᠋ᠢ ᠥᠷᠭᠡᠳᠭᠡᠬᠦ᠌᠎ᠶ᠋ᠢ ᠲᠡᠮᠵᠢᠨ᠎ᠠ᠃ ᠪᠥᠭᠡᠮ᠎ᠢᠶᠠᠷ ᠬᠤᠳᠠᠯᠳᠤᠬᠤ ᠪᠠ ᠵᠢᠵᠢᠭ᠌ᠯᠡᠨ ᠬᠤᠳᠠᠯᠳᠤᠬᠤ᠂ ᠬᠤᠨᠤᠭ ᠪᠠᠭᠤᠳᠠᠯ ᠢᠳᠡᠭᠡᠨ ᠤᠮᠳᠠᠭᠠᠨ᠎ᠤ ᠦᠪᠡᠷᠮᠢᠴᠡ ᠤᠨᠴᠠᠯᠢᠭ᠎ᠲᠠᠢ ᠪᠦᠭᠡᠳ ᠴᠢᠨᠠᠷ ᠰᠠᠢᠲᠠᠢ ᠭᠦᠭ᠌ᠵᠢᠯᠲᠡ᠎ᠶ᠋ᠢ ᠵᠤᠷᠢᠨᠨᠵᠢᠭᠤᠯᠵᠦ᠍᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠬᠡᠪ ᠵᠠᠭ᠍ᠪᠤᠷ᠎ᠢ ᠢᠳᠡᠪᠬᠢᠲᠡᠶ ᠥᠷᠭᠡᠳᠭᠡᠨ᠂ ᠰᠦᠯᠵᠢᠶᠡᠨ ᠳᠡᠬᠡᠷᠡᠬᠢ ᠪᠠ ᠰᠦᠯᠵᠢᠶᠡᠨ ᠭᠠᠳᠠᠨᠠᠬᠢ᠎ᠶ᠋ᠢ ᠬᠠᠮᠵᠢᠯᠴᠠᠭᠤᠯᠤᠨ ᠬᠥᠭ᠌ᠵᠢᠬᠦᠯᠭᠦᠶ᠋ᠢ ᠠᠬᠢᠭᠤᠯᠤᠨ᠎ᠠ᠃ ᠭᠡᠷ ᠠᠬᠤᠢ᠂ ᠠᠳᠠᠯ ᠠᠬᠤᠶ᠂ ᠲᠦᠷᠭᠡᠨ ᠭᠦᠷᠭᠡᠯᠲᠡ ᠵᠡᠷᠭᠡ ᠦᠢᠯᠡᠴᠢᠯᠡᠭᠡᠨ᠎ᠤ ᠶᠠᠰᠤ ᠴᠢᠨᠠᠷ᠎ᠢ ᠳᠡᠬᠡᠭ᠌ᠰᠢᠯᠡᠬᠦᠯᠵᠦ᠍᠂ ᠨᠡᠢᠭᠡᠮ ᠲᠣᠭᠤᠷᠢᠭ᠎ᠤᠨ ᠬᠤᠷᠠᠮᠠᠯ ᠦᠢᠯᠡᠴᠢᠯᠡᠬᠡᠨ᠎ᠤ ᠬᠡᠪ ᠵᠠᠭ᠍ᠪᠤᠷ᠎ᠤᠨ ᠱᠢᠨ᠎ᠡ᠎ᠶ᠋ᠢ ᠡᠭᠦᠳᠴᠤ᠌᠂ ᠨᠠᠷᠠᠲᠤ ᠲᠡᠮᠳᠡᠭ᠌ᠵᠢᠬᠦᠯᠦᠨ ᠪᠠᠷᠢᠮᠵᠢᠶᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃ ᠳᠠᠢᠴᠢᠯᠠᠬᠤ ᠬᠡᠪᠴᠢᠶ᠎ᠡ᠎ᠪᠠᠷ ᠥᠷᠭᠡᠨ ᠠᠵᠢᠯ ᠲᠦᠷᠦᠯ᠎ᠳᠤ ᠲᠦᠱᠢᠭ᠌ᠯᠡᠵᠦ᠍᠂ ᠤᠯᠠᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠪᠦᠬᠦ᠌ ᠠᠷᠠᠳ᠎ᠤᠨ ᠡᠷᠡᠭᠦᠯ ᠮᠡᠨᠳᠦ᠂ ᠣᠶᠤᠨᠴᠢ ᠨᠠᠰᠤᠵᠢᠯ᠎ᠤᠨ ᠠᠰᠠᠷᠠᠮᠵᠢ᠂ ᠰᠣᠶᠣᠯ ᠵᠢᠭᠤᠯᠴᠢᠯᠠᠯ᠂ ᠭᠡᠷ᠎ᠲᠤ᠎ᠨᠢ ᠭᠦᠷᠴᠤ᠌ ᠦᠢᠯᠡᠴᠢᠯᠡᠬᠦ᠌ ᠦᠢᠯᠡᠴᠢᠯᠡᠭᠡ ᠵᠡᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠠᠮᠢᠳᠤᠷᠠᠯ᠎ᠤᠨ ᠴᠢᠨᠠᠷᠲᠠᠢ ᠦᠢᠯᠡᠴᠢᠯᠡᠬᠡᠨ᠎ᠤ ᠦᠢᠯᠡᠰ᠎ᠤᠨ ᠱᠢᠨ᠎ᠡ ᠨᠡᠮᠡᠭ᠌ᠳᠡᠯ᠎ᠤᠨ ᠴᠡᠭ᠎ᠢ ᠪᠤᠢᠵᠢᠭᠤᠯᠤᠨ᠎ᠠ᠃
ᠭᠤᠷᠪᠠᠳᠤᠭᠠᠷ ᠬᠡᠰᠡᠭ ᠦᠢᠯᠡᠴᠢᠯᠡᠬᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠦᠢᠯᠡᠴᠢᠯᠡᠬᠡᠨ᠎ᠤ ᠬᠦᠷᠢᠶᠡᠨ᠎ᠳᠤ ᠤᠷᠤᠬᠤ ᠵᠦᠪᠱᠢᠶᠡᠷᠡᠯ᠎ᠢ ᠠᠭᠤᠵᠢᠭᠤ ᠲᠠᠯᠪᠢᠵᠤ᠂ ᠴᠢᠨᠠᠷ ᠰᠠᠢᠲᠠᠶ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢ ᠥᠷᠭᠡᠳᠭᠡᠨ᠂ ᠬᠢᠨᠠᠯᠲᠠ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠬᠡᠢᠷᠡᠬᠦᠯᠵᠦ᠍᠂ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠠᠭᠤᠰᠤᠯᠴᠠᠯ᠎ᠳᠤ ᠵᠣᠬᠢᠴᠠᠭ᠍ᠰᠠᠨ ᠰᠠᠯᠠᠭ᠎ᠠ ᠮᠥᠴᠢᠷ ᠠᠯᠤᠰᠯᠬᠠᠰᠠᠨ ᠠᠵᠢᠯ ᠲᠥᠷᠥᠯ ᠠᠯᠤᠰᠯᠬᠠᠰᠠᠨ ᠬᠢᠨᠠᠨ ᠵᠥᠪᠱᠢᠶᠡᠷᠡᠬᠦ᠌ ᠬᠢᠨᠠᠨ ᠬᠠᠮᠢᠶᠠᠷᠬᠤ ᠬᠡᠪ ᠵᠠᠭ᠍ᠪᠤᠷ᠎ᠢ ᠪᠦᠷᠢᠨᠱᠢᠭᠦᠯᠦᠨ᠎ᠡ᠃ ᠦᠢᠯᠡᠴᠢᠯᠡᠭᠡᠨ᠎ᠤ ᠦᠢᠯᠡᠰ᠎ᠤᠨ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠣᠯᠠᠨ ᠤᠯᠤᠰ᠎ᠤᠨ ᠨᠡᠷᠡᠲᠦ ᠠᠵᠤ ᠠᠬᠤᠢᠯᠠᠯ᠎ᠢ ᠲᠠᠲᠠᠵᠦ᠍ ᠳᠤᠮᠳᠠᠳᠤ ᠤᠯᠤᠰ᠎ᠲᠤ ᠪᠡᠯᠡ ᠣᠷᠣᠭᠤᠯᠤᠨ ᠡᠵᠡᠩᠨᠡᠯᠲᠡ ᠬᠢᠯᠬᠡᠵᠦ᠍᠂ 《ᠦᠢᠯᠡᠳᠬᠦ᠌ + ᠦᠢᠯᠡᠴᠢᠯᠡᠭᠡ》 ᠶ᠋ᠢᠨ ᠭᠠᠳᠠᠭᠠᠳᠤ᠎ᠳᠠᠬᠢ ᠡᠵᠡᠩᠨᠡᠯᠲᠡ᠎ᠶ᠋ᠢᠨ ᠲᠤᠤᠷ᠎ᠢ ᠥᠷᠭᠡᠳᠭᠡᠨ᠎ᠡ᠃ ᠦᠢᠯᠡᠴᠢᠯᠡᠭᠡᠨ᠎ᠤ ᠦᠢᠯᠡᠰ᠎ᠤᠨ ᠪᠡᠯᠡ ᠲᠣᠬᠢᠷᠠᠭᠤᠯᠭ᠎ᠠ ᠪᠠ ᠭᠠᠵᠠᠷ ᠬᠡᠷᠡᠭ᠌ᠯᠡᠬᠦ᠌ ᠬᠡᠪ ᠵᠠᠭ᠍ᠪᠤᠷ᠎ᠲᠤ ᠱᠢᠨ᠎ᠡ᠎ᠶ᠋ᠢ ᠡᠭᠦᠳᠴᠤ᠌᠂ ᠲᠦᠭᠡᠮᠡᠯ ᠬᠠᠷᠠᠭᠠᠯᠵᠠᠯᠲᠤ ᠦᠢᠯᠡᠴᠢᠯᠡᠬᠡᠨ᠎ᠤ ᠦᠨ᠎ᠡ ᠬᠠᠩᠰᠢ᠎ᠶ᠋ᠢᠨ ᠪᠦᠷᠢᠯᠳᠦᠬᠦ᠌ ᠲᠣᠭ᠍ᠲᠠᠴᠠ ᠪᠠ ᠢᠵᠢ ᠪᠥᠷᠢᠳᠦᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠤᠨ᠂ ᠬᠠᠳᠠᠭᠠᠯᠠᠯᠲᠠ ᠡᠬᠢ ᠪᠠᠶᠠᠯᠢᠭ᠎ᠢ ᠠᠱᠢᠨᠨᠯᠠᠵᠦ᠍ ᠪᠠᠢᠭᠠᠳ ᠦᠢᠯᠡᠴᠢᠯᠡᠬᠡᠨ᠎ᠤ ᠲᠦᠭᠦᠬᠡᠷᠦᠮᠵᠢ᠎ᠪᠠᠨ ᠥᠭᠡᠷᠡᠴᠢᠯᠡᠨ ᠪᠠᠢᠭᠤᠯᠬᠤ᠎ᠶ᠋ᠢ ᠵᠣᠷᠢᠨᠨᠵᠢᠭᠤᠯᠤᠨᠠ᠃ ᠨᠠᠰᠤᠵᠢᠯ᠎ᠤᠨ ᠠᠰᠠᠷᠠᠮᠵᠢ ᠂ ᠨᠡᠢᠳᠠᠨ ᠬᠦᠮᠦᠵᠢᠬᠦᠯᠬᠦ᠌ ᠵᠡᠷᠬᠡ ᠭᠤᠤᠯᠳᠠᠯᠭ᠎ᠠ᠎ᠲᠠᠢ ᠬᠦᠷᠢᠶᠡᠨ᠎ᠤ ᠦᠢᠯᠡᠴᠢᠯᠡᠬᠡᠨ᠎ᠤ ᠪᠠᠷᠢᠮᠵᠢᠶ᠎ᠠ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠴᠢᠨᠠᠷ ᠰᠠᠢᠲᠠᠶ ᠦᠢᠯᠡᠴᠢᠯᠡᠬᠡᠨ᠎ᠤ ᠠᠮᠠᠯᠠᠯᠲᠠ᠂ ᠭᠡᠷᠡᠴᠢᠯᠡᠭᠡ ᠪᠠ ᠢᠯᠡᠳᠭᠡᠮᠵᠢ ᠲᠡᠮᠳᠡᠭ᠎ᠤᠨ ᠲᠦᠷᠢᠮ᠎ᠢ ᠬᠡᠷᠡᠭ᠌ᠵᠢᠭᠦᠯᠦᠨ᠎ᠡ᠃ ᠠᠵᠢᠯ ᠡᠷᠬᠢᠯᠡᠭ᠌ᠰᠡᠳ᠎ᠤᠨ ᠲᠤᠰᠭᠠᠢᠵᠢᠭ᠍ᠰᠠᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠤᠷ᠎ᠠ ᠴᠢᠳᠠᠪᠤᠷᠢ᠎ᠶ᠋ᠢ ᠦᠨᠡᠯᠡᠬᠦ᠌ ᠲᠣᠭ᠍ᠲᠠᠴᠠ ᠪᠠ ᠢᠲᠡᠭᠡᠮᠵᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠦᠢᠯᠡᠴᠢᠯᠡᠭᠡᠨ᠎ᠤ ᠦᠢᠯᠡᠰ᠎ᠤᠨ ᠪᠦᠷᠢᠳᠭᠡᠵᠦ᠍ ᠬᠢᠨᠠᠨ ᠬᠡᠮᠵᠢᠬᠦ᠌ ᠱᠢᠰᠲ᠋ᠧᠮ᠎ᠢ ᠪᠦᠷᠢᠨᠱᠢᠬᠦᠯᠤᠨ᠎ᠠ᠃
ᠳᠣᠯᠣᠳᠤᠭᠠᠷ ᠪᠦᠯᠦᠭ ᠣᠳᠣᠬᠢᠴᠢᠯᠠᠭ᠍ᠰᠠᠨ ᠰᠠᠭᠤᠷᠢ ᠲᠥᠬᠦᠭᠡᠷᠦᠮᠵᠢ᠎ᠶ᠋ᠢᠨ ᠱᠢᠰᠲ᠋ᠧᠮ᠎ᠢ ᠪᠠᠢᠭᠤᠯᠤᠨ᠎ᠠ
ᠵᠤᠬᠢᠰᠲᠠᠢ᠎ᠪᠠᠷ ᠤᠷᠢᠳᠴᠢᠯᠠᠬᠤ᠎ᠠᠴᠠ ᠪᠢᠰᠢ᠂ ᠬᠡᠲᠦ ᠤᠷᠢᠳᠴᠢᠯᠠᠬᠤ ᠦᠬᠡᠢ ᠪᠠᠢᠬᠤ᠎ᠶ᠋ᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ᠎ᠶ᠋ᠢ ᠨᠢᠭᠡᠳᠦᠯᠲᠡᠶ ᠲᠦᠯᠦᠪᠯᠡᠨ ᠲᠥᠯᠥᠪᠵᠢᠭᠦᠯᠬᠦ᠌᠎ᠶ᠋ᠢ ᠴᠢᠩᠭᠠᠳᠭᠠᠨ᠂ ᠪᠠᠢᠷᠢᠯᠠᠭᠤᠯᠤᠯᠲᠠ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠬᠤᠷᠠᠭᠤᠯᠤᠨ ᠠᠭᠤᠰᠤᠯᠴᠠᠭᠤᠯᠬᠤ᠎ᠶ᠋ᠢ ᠠᠬᠢᠭᠤᠯᠤᠨ᠂ ᠠᠮᠤᠷ ᠲᠦᠪᠱᠢᠨ᠎ᠤ ᠤᠶᠠᠨ ᠬᠠᠳᠠᠨ ᠴᠢᠨᠠᠷ ᠪᠠ ᠡᠵᠡᠩᠨᠡᠯᠲᠡ᠎ᠶ᠋ᠢᠨ ᠦᠷᠭᠦᠯᠵᠢᠯᠡᠬᠦ᠋ᠢᠴᠡ ᠴᠢᠨᠠᠷ᠎ᠢ ᠳᠡᠭᠡᠭ᠌ᠰᠢᠯᠡᠭᠦᠯᠦᠨ᠎ᠡ᠃
ᠨᠢᠭᠡᠳᠦᠭᠡᠷ ᠬᠡᠰᠡᠭ ᠣᠳᠣᠬᠢᠴᠢᠯᠠᠭ᠍ᠰᠠᠨ ᠶᠡᠷᠦᠩᠬᠡᠢᠯᠡᠭ᠌ᠰᠡᠨ ᠵᠠᠮ ᠲᠡᠭᠡᠭᠡᠪᠦᠷᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠲᠣᠣᠷ᠎ᠢ ᠨᠥᠬᠦᠪᠥᠷᠢᠯᠡᠨ ᠬᠡᠯᠬᠢᠶ᠎ᠡ᠎ᠶ᠋ᠢ ᠭᠦᠴᠦᠷᠬᠡᠭ᠌ᠵᠢᠬᠦᠯᠵᠦ᠍ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠣᠷᠣᠨ ᠪᠦᠰᠡ ᠠᠯᠤᠰᠯᠠᠨ ᠨᠢᠭᠡᠳᠦᠯᠲᠡᠶ ᠲᠥᠯᠥᠪᠯᠡᠨ ᠪᠠᠢᠷᠢᠯᠠᠭᠤᠯᠬᠤ᠂ ᠠᠷᠭ᠎ᠠ ᠮᠠᠶᠢᠭ ᠠᠯᠤᠰᠯᠠᠨ ᠨᠢᠭᠡ ᠴᠣᠭ᠍ᠴᠠᠵᠢᠭᠤᠯᠤᠨ ᠵᠣᠯᠭᠠᠯᠳᠤᠭᠤᠯᠬᠤ᠎ᠶ᠋ᠢ ᠴᠢᠩᠭᠠᠳᠭᠠᠵᠤ᠂ ᠵᠠᠮ ᠬᠠᠷᠢᠯᠴᠠᠭᠠᠨ᠎ᠤ ᠰᠠᠭᠤᠷᠢ ᠲᠦᠭᠦᠬᠡᠷᠦᠮᠵᠢ᠎ᠶ᠋ᠢᠨ ᠶᠡᠷᠦᠩᠬᠡᠢᠯᠡᠭ᠌ᠰᠡᠨ ᠦᠷ᠎ᠡ ᠠᠱᠢᠭ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠤᠯᠤᠰ᠎ᠤᠨ ᠶᠡᠷᠦᠩᠬᠡᠢᠯᠡᠭ᠌ᠰᠡᠨ ᠪᠣᠰᠤᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠣᠣᠷ᠎ᠤᠨ ᠭᠤᠣᠯ ᠠᠷᠤᠭ ᠶᠠᠰᠤ᠎ᠶ᠋ᠢ ᠲᠡᠭᠦᠯᠳᠡᠷᠵᠢᠬᠦᠯᠵᠦ᠍᠂ ᠳᠠᠯᠠᠢ ᠳᠠᠭᠠᠤ ᠬᠢᠯᠢ ᠳᠠᠭᠠᠤ ᠮᠥᠷᠡᠨ ᠳᠠᠭᠠᠤ᠂ ᠱᠢᠨᠵᠢᠶᠠᠩ ᠲᠥᠪᠡᠳ᠎ᠤᠨ ᠭᠠᠷᠴᠥ᠍ ᠤᠷᠤᠬᠤ ᠪᠠ ᠪᠠᠷᠠᠭᠤᠨ ᠬᠡᠰᠡᠭ᠎ᠤᠨ ᠭᠠᠵᠠᠷ ᠤᠷᠤᠨ᠎ᠤ ᠳᠠᠯᠠᠢ ᠬᠠᠭᠤᠷᠠᠶ᠎ᠶ᠋ᠢᠨ ᠱᠢᠨ᠎ᠡ ᠵᠠᠮ ᠵᠡᠷᠭᠡ ᠪᠠᠢᠯᠳᠤᠬᠤ ᠪᠣᠳᠣᠯᠭ᠎ᠠ᠎ᠶ᠋ᠢᠨ ᠭᠤᠤᠯ ᠵᠠᠮ᠎ᠢ ᠴᠢᠨᠠᠷ ᠰᠠᠢᠲᠠᠶ ᠪᠦᠲᠦᠭᠡᠨ ᠪᠠᠢᠭᠤᠯᠵᠤ᠂ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠡᠬᠡᠲᠦ ᠬᠤᠷᠳᠤᠴᠠᠲᠤ ᠲᠡᠮᠦᠷ ᠵᠠᠮ᠎ᠤᠨ ᠭᠤᠤᠯ ᠵᠠᠮ ᠪᠠ ᠤᠯᠤᠰ᠎ᠤᠨ ᠲᠡᠬᠡᠲᠦ ᠬᠤᠷᠳᠤᠴᠠᠲᠤ ᠵᠠᠰᠠᠮᠠᠯ ᠵᠠᠮ᠎ᠤᠨ ᠲᠤᠤᠷ᠎ᠢ ᠦᠨᠳᠦᠰᠦᠨ᠎ᠳᠡᠭᠡᠨ ᠪᠠᠢᠭᠤᠯᠤᠨ ᠪᠦᠳᠦᠬᠡᠵᠦ᠍᠂ ᠳᠣᠲᠣᠭᠠᠳᠤ ᠭᠤᠤᠯ ᠮᠥᠷᠡᠨ᠎ᠤ ᠳᠡᠭᠡᠳᠦ ᠲᠡᠰ᠎ᠤᠨ ᠠᠶᠠᠯᠠᠯ᠎ᠤᠨ ᠵᠠᠮ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠳᠡᠰ ᠳᠡᠪᠱᠢᠬᠦᠯᠭᠦᠶ᠋ᠢ ᠠᠬᠢᠭᠤᠯᠵᠤ᠂ ᠳᠡᠯᠡᠬᠡᠶ᠎ᠶ᠋ᠢᠨ ᠲᠡᠰ᠎ᠤᠨ ᠭᠠᠷᠠᠮ᠎ᠤᠨ ᠪᠥᠭᠡᠭᠡᠨᠡᠷᠡᠯ ᠪᠠ ᠨᠢᠰᠭᠡᠯ᠎ᠤᠨ ᠪᠠᠭᠤᠳᠠᠯ᠎ᠤᠨ ᠪᠥᠭᠡᠭᠡᠨᠡᠷᠡᠯ᠎ᠢ ᠦᠨᠳᠦᠰᠦᠨ᠎ᠳᠡᠭᠡᠨ ᠪᠠᠢᠭᠤᠯᠤᠨ ᠪᠦᠳᠦᠬᠡᠨ᠎ᠡ᠃ ᠪᠠᠭᠤᠷᠠᠶ ᠭᠠᠵᠠᠷ ᠣᠷᠣᠨ᠎ᠢ ᠬᠠᠮᠤᠷᠬᠤ ᠪᠠ ᠪᠠᠭᠤᠷᠠᠢ ᠭᠠᠵᠠᠷ ᠤᠷᠤᠨ᠎ᠤ ᠨᠡᠪᠲᠡᠷᠡᠭᠦ᠎ᠶ᠋ᠢ ᠪᠠᠲᠤᠯᠠᠬᠤ᠎ᠶ᠋ᠢ ᠴᠢᠩᠭᠠᠳᠭᠠᠵᠤ᠂ ᠡᠩ᠎ᠤᠨ ᠬᠤᠷᠳᠤᠴᠠᠲᠤ ᠲᠡᠮᠦᠷ ᠵᠠᠮ᠂ ᠡᠩ᠎ᠤᠨ ᠤᠯᠤᠰ᠎ᠤᠨ ᠵᠠᠮ ᠪᠠ ᠮᠤᠵᠢ᠎ᠶ᠋ᠢᠨ ᠵᠠᠮ᠎ᠢ ᠳᠡᠰ ᠳᠡᠪᠱᠢᠬᠦᠯᠤᠨ ᠥᠭᠡᠷᠡᠴᠢᠯᠡᠬᠦ᠌᠎ᠶ᠋ᠢ ᠠᠬᠢᠭᠤᠯᠤᠨ᠂ ᠱᠢᠨ᠎ᠡ ᠨᠢᠭᠡ ᠡᠭᠡᠯᠵᠢ᠎ᠶ᠋ᠢᠨ ᠬᠥᠳᠡᠭᠡ ᠲᠣᠰᠭᠤᠨ᠎ᠤ ᠵᠠᠰᠠᠮᠠᠯ ᠵᠠᠮ᠎ᠢ ᠰᠠᠢᠵᠢᠷᠠᠭᠤᠯᠬᠤ ᠠᠵᠢᠯᠯᠠᠭ᠎ᠠ᠎ᠨᠢ ᠥᠷᠨᠢᠭᠦᠯᠵᠦ᠍᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠲᠡᠮᠦᠷ ᠵᠠᠮ ᠪᠠ ᠰᠠᠯᠪᠤᠷᠢ ᠱᠤᠭᠤᠮ᠎ᠤᠨ ᠨᠢᠰᠭᠡᠯ᠎ᠤᠨ ᠪᠠᠭᠤᠳᠠᠯ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠬᠢᠯᠢ ᠬᠢᠵᠠᠭᠠᠷ ᠣᠷᠣᠨ᠎ᠤ ᠵᠠᠮ᠎ᠤᠨ ᠲᠣᠤᠷ᠎ᠤᠨ ᠪᠠᠢᠷᠢᠯᠠᠭᠤᠯᠤᠯᠲᠠ᠎ᠶ᠋ᠢ ᠲᠡᠭᠦᠯᠳᠡᠷᠵᠢᠭᠦᠯᠦᠨ᠎ᠡ᠃ ᠣᠯᠠᠨ ᠤᠯᠤᠰ᠎ᠤᠨ ᠴᠢᠨᠠᠷᠲᠠᠶ᠂ ᠪᠦᠬᠦ᠌ ᠤᠯᠤᠰ᠎ᠤᠨ ᠴᠢᠨᠠᠷᠲᠠᠶ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠭᠦᠢᠰᠦ ᠬᠤᠲᠠ᠎ᠶ᠋ᠢ ᠪᠦᠲᠦᠭᠡᠨ ᠪᠠᠢᠭᠤᠯᠵᠤ᠂ ᠲᠦᠪᠯᠡᠷᠡᠭᠦᠯᠬᠦ᠌ ᠲᠠᠷᠬᠠᠭᠠᠬᠤ ᠲᠡᠭᠡᠭᠡᠪᠦᠷᠢᠯᠡᠬᠦ᠌ ᠲᠤᠤᠷ᠎ᠤᠨ ᠪᠦᠳᠦᠬᠡᠨ ᠪᠠᠢᠭᠤᠯᠤᠯᠲᠠ ᠪᠠ ᠪᠠᠭᠤᠳᠠᠯ ᠥᠷᠲᠡᠭᠡ᠎ᠶ᠋ᠢ ᠵᠣᠯᠭᠠᠯᠳᠤᠭᠤᠯᠬᠤ᠎ᠶ᠋ᠢ ᠴᠢᠩᠭᠠᠳᠭᠠᠨ᠂ ᠤᠯᠤᠰ᠎ᠤᠨ ᠱᠢᠤᠳᠠᠨ᠎ᠤ ᠶᠠᠪᠤᠳᠠᠯ᠎ᠤᠨ ᠲᠦᠷᠭᠡᠨ ᠭᠦᠷᠬᠡᠯᠲᠡᠶ᠋ᠢᠨ ᠭᠦᠢᠰᠦ᠎ᠶ᠋ᠢ ᠲᠡᠭᠦᠯᠳᠡᠷᠵᠢᠭᠦᠯᠦᠨ᠎ᠡ᠃ ᠣᠯᠠᠨ ᠡᠱᠢᠵᠢᠭ᠌ᠰᠡᠨ᠂ ᠤᠶᠠᠨ ᠬᠠᠳᠠᠨ ᠴᠢᠨᠠᠷ᠎ᠢᠶᠠᠷ ᠴᠢᠩᠭ᠎ᠠ ᠤᠯᠤᠰ᠎ᠤᠨ ᠬᠤᠭᠤᠷᠤᠨᠳᠤᠬᠢ ᠲᠡᠭᠡᠭᠡᠪᠦᠷᠢ᠎ᠶ᠋ᠢᠨ ᠵᠠᠮ᠎ᠤᠨ ᠱᠢᠰᠲ᠋ᠧᠮ᠎ᠢ ᠪᠦᠷᠢᠨᠱᠢᠬᠦᠯᠵᠦ᠍᠂ ᠬᠢᠯᠢ ᠠᠯᠤᠰᠯᠠᠭ᠍ᠰᠠᠨ ᠵᠠᠮ ᠬᠠᠷᠢᠯᠴᠠᠭᠠᠨ᠎ᠤ ᠰᠠᠭᠤᠷᠢ ᠲᠥᠬᠦᠭᠡᠷᠦᠮᠵᠢ᠎ᠶ᠋ᠢᠨ ᠬᠤᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠤᠨ᠂ ᠤᠯᠠᠨ ᠤᠯᠤᠰ᠎ᠤᠨ ᠠᠭᠠᠷ᠎ᠤᠨ ᠪᠠᠷᠠᠭ᠎ᠠ ᠲᠡᠭᠡᠭᠡᠪᠤᠷᠢᠯᠡᠯᠲᠡ᠎ᠶ᠋ᠢᠨ ᠡᠷᠡᠭᠦᠯ ᠪᠥᠭᠡᠳ ᠡᠮᠬᠢ ᠵᠢᠷᠤᠮ᠎ᠲᠠᠢ ᠭᠦᠭ᠌ᠵᠢᠯᠲᠡ᠎ᠶ᠋ᠢ ᠠᠬᠢᠭᠤᠯᠤᠨ᠎ᠠ᠃ ᠴᠢᠳᠠᠮᠵᠢ᠎ᠶ᠋ᠢᠨ ᠳᠡᠭᠡᠭ᠌ᠰᠢᠯᠡᠯᠲᠡ ᠪᠠ ᠨᠤᠭᠤᠭᠠᠨ ᠠᠶᠤᠯ ᠦᠬᠡᠢ ᠪᠦᠬᠡᠳ ᠤᠶᠤᠯᠢᠭ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠵᠦ᠍᠂ ᠵᠠᠮ ᠬᠠᠷᠢᠯᠴᠠᠭᠠᠨ᠎ᠤ ᠰᠠᠭᠤᠷᠢ ᠲᠥᠬᠦᠭᠡᠷᠦᠮᠵᠢ᠎ᠶ᠋ᠢ ᠱᠢᠨᠡᠳᠭᠡᠨ ᠥᠭᠡᠷᠡᠴᠢᠯᠡᠬᠦ᠌ ᠪᠠ ᠠᠷᠠᠴᠢᠯᠠᠨ ᠬᠠᠮᠠᠭᠠᠯᠠᠬᠤ ᠬᠠᠮᠢᠶᠠᠷᠤᠯᠲᠠ᠎ᠶ᠋ᠢ ᠠᠬᠢᠭᠤᠯᠤᠨ᠂ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠪᠠ ᠬᠢᠨᠠᠨ ᠬᠡᠮᠵᠢᠵᠦ᠍ ᠤᠷᠢᠳᠴᠢᠯᠡᠨ ᠰᠡᠷᠡᠮᠵᠢᠯᠡᠭᠦᠯᠬᠦ᠌᠎ᠶ᠋ᠢ ᠴᠢᠩᠭᠠᠳᠭᠠᠵᠦ᠍᠂ ᠵᠠᠰᠠᠮᠠᠯ ᠵᠠᠮ᠎ᠤᠨ ᠠᠮᠤᠷ ᠲᠦᠪᠱᠢᠨ᠎ᠤ ᠤᠶᠠᠨ ᠬᠠᠳᠠᠨ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠶᠡᠷᠦᠩᠬᠡᠢᠯᠡᠭ᠌ᠰᠡᠨ ᠵᠠᠮ ᠲᠡᠭᠡᠭᠡᠪᠦᠷᠢ᠎ᠶ᠋ᠢᠨ ᠱᠢᠰᠲ᠋ᠧᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠡᠮᠦᠷ ᠵᠠᠮ᠎ᠤᠨ ᠪᠠᠢᠭᠤᠯᠤᠯ᠎ᠤᠨ ᠥᠭᠡᠷᠡᠴᠢᠯᠡᠯᠲᠡ ᠪᠠ ᠰᠦᠢᠳᠭᠡᠯ ᠬᠤᠷᠢᠶᠠᠬᠤ ᠵᠠᠰᠠᠮᠠᠯ ᠵᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠤᠨ᠎ᠠ᠃
ᠭᠦᠰᠦᠨᠦᠭ᠌᠎ᠲᠤ 4 ᠤᠯᠤᠰ᠎ᠤᠨ ᠶᠡᠷᠦᠩᠬᠡᠢᠯᠡᠭ᠌ᠰᠡᠨ ᠪᠣᠰᠤᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ᠎ᠤᠨ ᠪᠠᠢᠭᠤᠯᠤᠯᠲᠠ
01 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠡᠬᠡᠲᠦ ᠬᠤᠷᠳᠤᠴᠠᠲᠤ ᠲᠡᠮᠦᠷ ᠵᠠᠮ᠎ᠤᠨ ᠭᠤᠤᠯ ᠵᠠᠮ
ᠮᠥᠷᠡᠨ ᠳᠠᠭᠠᠤ ᠥᠨᠳᠥᠷ ᠪᠠᠷᠢᠮᠵᠢᠶᠠᠲᠤ ᠵᠠᠮ᠎ᠢ ᠨᠡᠪᠲᠡᠷᠡᠭᠦᠯᠵᠦ᠍ ᠂ ᠪᠡᠭᠡᠵᠢᠩ᠎ᠠᠴᠠ ᠺᠦᠨᠮᠢᠩ ᠭᠦᠷᠭᠦ᠌᠂ ᠯᠠᠨᠵᠸᠤ (ᠱᠢᠨᠢᠩ) ᠠᠴᠠ ᠭᠤᠸᠠᠩᠵᠸᠤ ᠭᠦᠷᠬᠦ᠂ ᠱᠢᠶᠠᠮᠧᠨᠠᠴᠠ ᠴᠦᠩᠴᠢᠩ ᠭᠦᠷᠭᠦ᠌ ᠵᠠᠮ ᠵᠢᠴᠢ ᠪᠡᠭᠡᠵᠢᠩ᠎ᠠᠴᠠ ᠱᠠᠩᠬᠠᠶ ᠭᠦᠷᠭᠦ᠌ ᠳᠠᠭᠠᠯᠳᠠ ᠵᠠᠮ᠎ᠢ ᠪᠠᠢᠭᠤᠯᠤᠨ ᠪᠦᠲᠦᠬᠡᠵᠦ᠍᠂ ᠬᠥᠬᠡᠬᠤᠲᠠ᠎ᠠᠴᠠ ᠨᠠᠨᠨᠢᠩ ᠭᠦᠷᠭᠦ᠌ ᠵᠠᠮ᠎ᠤᠨ ᠢᠴᠠᠩ᠎ᠠᠴᠠ ᠴᠠᠩᠳᠧ ᠬᠦᠷᠬᠦ᠌ ᠳᠡᠬᠡᠳᠦ ᠬᠤᠷᠳᠤᠴᠠᠲᠤ ᠲᠡᠮᠦᠷ ᠵᠠᠮ᠎ᠢ ᠪᠠᠢᠭᠤᠯᠤᠨ ᠪᠦᠲᠦᠬᠡᠵᠦ᠍᠂ ᠳᠠᠯᠠᠶ ᠳᠠᠭᠠᠤ ᠵᠠᠮ᠎ᠤᠨ ᠸᠧᠨᠵᠸᠤ᠎ᠠᠴᠠ ᠹᠦᠵᠧᠦ ᠬᠦᠷᠬᠦ᠌ ᠳᠡᠬᠡᠳᠦ ᠬᠤᠷᠳᠤᠴᠠᠲᠤ ᠲᠡᠮᠦᠷ ᠵᠠᠮ᠂ ᠪᠡᠭᠡᠵᠢᠩ᠎ᠠᠴᠠ ᠱᠢᠶᠠᠩᠭᠠᠩ (ᠲᠡᠢᠪᠸᠢ) ᠬᠦᠷᠬᠦ᠌ ᠵᠠᠮ᠎ᠤᠨ ᠹᠦᠶᠠᠩ᠎ᠠᠴᠠ ᠬᠤᠸᠠᠩᠭᠠᠩ ᠬᠦᠷᠬᠦ᠌ ᠳᠡᠭᠡᠳᠦ ᠬᠤᠷᠳᠤᠴᠠᠲᠤ ᠲᠡᠮᠦᠷ ᠵᠠᠮ᠂ ᠪᠤᠭᠤᠲᠤ (ᠶᠢᠨᠴᠤᠸᠠᠨ) ᠠᠴᠠ ᠬᠠᠢᠺᠸᠤ ᠭᠦᠷᠭᠦ᠌ ᠵᠠᠮ᠎ᠤᠨ ᠪᠤᠭᠤᠲᠤ᠎ᠠᠴᠠ ᠤᠷᠳᠤᠰ᠎ᠢ ᠳᠠᠭᠠᠷᠢᠭᠠᠳ ᠢᠦ᠋ᠢᠯᠢᠨ ᠭᠦᠷᠭᠦ᠌ ᠲᠡᠬᠡᠲᠦ ᠬᠤᠷᠳᠤᠴᠠᠲᠤ ᠲᠡᠮᠦᠷ ᠵᠠᠮ ᠪᠠ ᠵᠠᠨᠵᠢᠶᠠᠩ᠎ᠠᠴᠠ ᠬᠠᠢᠺᠸᠦ ᠭᠦᠷᠭᠦ᠌ ᠣᠩᠭᠤᠴᠠ᠎ᠪᠠᠷ ᠲᠠᠯᠠᠢ ᠭᠠᠳᠤᠯᠬᠤ ᠵᠠᠮ ᠵᠢᠴᠢ ᠬᠤᠯᠪᠤᠨᠨᠳᠠᠯ ᠪᠦᠬᠦᠢ ᠱᠤᠭᠤᠮ᠂ ᠴᠢᠩᠲᠤᠤ᠎ᠠᠴᠠ ᠶᠢᠨᠴᠤᠸᠠᠨ ᠭᠦᠷᠭᠦ᠌ ᠵᠠᠮ᠎ᠤᠨ ᠲᠠᠢᠶᠤᠸᠠᠨ᠎ᠠᠴᠠ ᠰᠦᠢᠳᠧ ᠬᠦᠷᠬᠦ᠌ ᠲᠡᠬᠡᠲᠦ ᠬᠤᠷᠳᠤᠴᠠᠲᠤ ᠲᠡᠮᠦᠷ ᠵᠠᠮ᠂ ᠱᠠᠩᠬᠠᠢ᠎ᠠᠴᠠ ᠺᠦᠨᠮᠢᠩ ᠬᠦᠷᠬᠦ᠌ ᠵᠠᠮ᠎ᠤᠨ ᠱᠠᠩᠬᠠᠢ᠎ᠠᠴᠠ ᠬᠠᠩᠵᠧᠦ ᠬᠦᠷᠬᠦ᠌ ᠲᠡᠬᠡᠲᠦ ᠬᠤᠷᠳᠤᠴᠠᠲᠤ ᠲᠡᠮᠦᠷ ᠵᠠᠮ᠎ᠢ ᠪᠦᠳᠦᠬᠡᠨ ᠪᠠᠢᠭᠤᠯᠤᠨ᠎ᠡ᠃ ᠱᠠᠩᠬᠠᠶ᠎ᠠᠴᠠ ᠨᠢᠩᠪᠦ᠋ᠸᠧ ᠬᠥᠷᠬᠦ᠌ ᠳᠠᠯᠠᠢ ᠰᠤᠨᠳᠠᠯᠠᠭ᠍ᠰᠠᠨ ᠵᠠᠮ᠎ᠤᠨ ᠢᠨᠵᠧᠨᠧᠷᠢᠩ᠎ᠢ ᠠᠬᠢᠭᠤᠯᠵᠤ᠂ ᠶᠦᠩᠵᠸᠤᠠᠴᠠ ᠴᠢᠩᠶᠤᠸᠠᠨᠢ ᠳᠠᠭᠠᠷᠢᠭᠠᠳ ᠭᠤᠸᠠᠩᠵᠧᠦ ᠬᠦᠷᠬᠦ᠌ ᠵᠡᠷᠭᠡ ᠳᠡᠭᠡᠳᠦ ᠬᠤᠷᠳᠤᠴᠠᠲᠤ ᠲᠡᠮᠦᠷ ᠵᠠᠮ᠎ᠤᠨ ᠣᠷᠣᠨ ᠪᠦᠰᠡ᠎ᠶ᠋ᠢ ᠵᠤᠯᠭᠠᠯᠳᠤᠭᠤᠯᠬᠤ ᠱᠤᠭᠤᠮ᠎ᠢ ᠪᠦᠲᠦᠭᠡᠨ ᠪᠠᠢᠭᠤᠯᠤᠨ᠎ᠠ᠃
02 ᠡᠩ᠎ᠤᠨ ᠬᠤᠷᠳᠤᠴᠠᠲᠤ ᠲᠡᠮᠦᠷ ᠵᠠᠮ᠎ᠤᠨ ᠲᠣᠤᠷ
ᠰᠧᠴᠤᠸᠠᠨ᠎ᠠᠴᠠ ᠲᠥᠪᠡᠳ ᠭᠦᠷᠭᠦ᠌ ᠲᠡᠮᠦᠷ ᠵᠠᠮ᠎ᠤᠨ ᠶᠠ ᠠᠨ᠎ᠠᠴᠠ ᠨᠢᠩ ᠤ᠋ᠤᠢ ᠬᠦᠷᠬᠦ᠌ ᠬᠡᠰᠡᠭ᠎ᠤᠨ ᠪᠦᠲᠦᠭᠡᠨ ᠪᠠᠢᠭᠤᠯᠤᠯᠲᠠ᠎ᠶ᠋ᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠱᠢᠨᠵᠢᠶᠠᠩ᠎ᠠᠴᠠ ᠲᠥᠪᠡᠳ ᠬᠦᠷᠬᠦ᠌ ᠲᠡᠮᠦᠷ ᠵᠠᠮ᠎ᠤᠨ ᠵᠡᠭᠦᠨ ᠬᠡᠰᠡᠭ᠂ ᠪᠠᠷᠠᠭᠤᠨ ᠬᠡᠰᠡᠭ᠎ᠤᠨ ᠪᠠᠷᠢᠯᠭ᠎ᠠ ᠪᠠ ᠬᠥᠬᠡᠨᠠᠭᠤᠷ᠎ᠠᠴᠠ ᠲᠥᠪᠡᠳ ᠭᠦᠷᠭᠦ᠌ ᠲᠡᠮᠦᠷ ᠵᠠᠮ᠎ᠤᠨ ᠭᠤᠤᠯᠮᠤᠳ᠎ᠠᠴᠠ ᡀᠠᠰᠠ ᠬᠦᠷᠬᠦ᠌ ᠬᠡᠰᠡᠭ᠎ᠤᠨ ᠴᠠᠬᠢᠯᠭᠠᠨᠵᠢᠭᠤᠯᠬᠤ ᠥᠭᠡᠷᠡᠴᠢᠯᠡᠯᠲᠡ᠂ ᠪᠥᠸᠧ ᠮᠢᠠᠴᠠ ᠷᠡᠠ ᠦ᠋ ᠬᠦᠷᠬᠦ᠌ ᠲᠡᠮᠦᠷ ᠵᠠᠮ᠎ᠤᠨ ᠲᠦᠰᠦᠯ᠎ᠢ ᠪᠦᠲᠦᠭᠡᠨ ᠪᠠᠢᠭᠤᠯᠤᠨ᠎ᠠ᠃ ᠾᠸᠢ᠌ᠾᠧᠠᠴᠠ ᠡᠦ ᠢ ᠯᠢᠩ ᠬᠦᠷᠬᠦ᠂ ᠸᠧᠨᠱᠠᠨᠠᠴᠠ ᠵᠢᠩᠰᠢ ᠬᠦᠷᠬᠦ᠌ ᠵᠡᠷᠭᠡ ᠬᠢᠯᠢ ᠳᠠᠭᠠᠤ ᠲᠡᠮᠦᠷ ᠵᠠᠮ᠎ᠢ ᠪᠦᠲᠦᠭᠡᠨ ᠪᠠᠢᠭᠤᠯᠤᠨ᠎ᠠ᠃ ᠲᠡᠮᠦᠷ ᠵᠠᠮ᠎ᠤᠨ ᠪᠠᠷᠠᠭᠠᠨ᠎ᠤ ᠲᠡᠬᠡᠬᠡᠪᠦᠷᠢ᠎ᠶ᠋ᠢᠨ ᠲᠣᠣᠷ᠎ᠤᠨ ᠢᠨᠵᠧᠨᠧᠷᠢᠩ᠎ᠢ ᠬᠡᠷᠡᠭ᠌ᠵᠢᠭᠦᠯᠵᠦ᠍᠂ ᠯᠢᠨᠾᠧ᠎ᠠᠴᠠ ᠬᠠᠮᠢᠯ ᠬᠦᠷᠬᠦ᠌ ᠲᠡᠮᠦᠷ ᠵᠠᠮ᠎ᠤᠨ ᠴᠢᠳᠠᠪᠤᠷᠢ᠎ᠶ᠋ᠢ ᠥᠷᠭᠡᠳᠭᠡᠬᠦ᠌ ᠥᠭᠡᠷᠡᠴᠢᠯᠡᠯᠲᠡ ᠵᠡᠷᠭᠡ ᠱᠢᠨᠵᠢᠶᠠᠩ᠎ᠤᠨ ᠨᠡᠭᠦᠷᠡᠰᠦ᠎ᠶ᠋ᠢ ᠭᠠᠳᠠᠭ᠍ᠰᠢ ᠲᠡᠭᠡᠭᠡᠪᠦᠷᠢᠯᠡᠬᠦ᠌ ᠭᠤᠤᠯᠳᠠᠯᠭ᠎ᠠ᠎ᠲᠠᠢ ᠲᠥᠰᠦᠯ᠎ᠢ ᠪᠦᠲᠦᠭᠡᠨ ᠪᠠᠢᠭᠤᠯᠵᠦ᠍᠂ ᠲᠡᠮᠦᠷ ᠵᠠᠮ᠎ᠤᠨ ᠴᠢᠩᠬᠡᠯᠢᠭ᠌ᠳᠦ ᠲᠡᠭᠡᠭᠡᠪᠦᠷᠢ᠎ᠶ᠋ᠢᠨ ᠲᠤᠤᠷ ᠪᠠ ᠣᠯᠠᠨ ᠬᠡᠯᠪᠡᠷᠢ᠎ᠶ᠋ᠢᠨ ᠬᠠᠮᠲᠤᠷᠠᠭ᠍ᠰᠠᠨ ᠲᠡᠭᠡᠭᠡᠪᠦᠷᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠤᠨ᠎ᠡ᠃ ᠸᠧᠨᠵᠸᠤ᠎ᠠᠴᠠ ᠡᠦ ᠢ ᠱᠠᠨ᠎ᠢ ᠳᠠᠭᠠᠷᠢᠭᠠᠳ ᠵᠢᠶ ᠠᠨ ᠬᠦᠷᠬᠦ᠂ ᠳ᠋ᠠᠯᠢ᠎ᠠᠴᠠ ᠯᠢᠵᠢᠶᠠᠩᠢ ᠳᠠᠭᠠᠷᠢᠭᠠᠳ ᠫᠠᠨ ᡁᠢ ᠬᠤᠸᠠ ᠬᠦᠷᠬᠦ᠌ ᠲᠡᠮᠦᠷ ᠵᠠᠮ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠠᠬᠢᠭᠤᠯᠤᠨ᠎ᠠ᠃
03 ᠤᠯᠤᠰ᠎ᠤᠨ ᠵᠠᠰᠠᠮᠠᠯ ᠵᠠᠮ᠎ᠤᠨ ᠲᠤᠤᠷ
ᠪᠡᠭᠡᠵᠢᠩ᠎ᠠᠴᠠ ᠬᠠᠷᠪᠢᠨ ᠬᠦᠷᠬᠦ᠂ ᠪᠡᠭᠡᠵᠢᠩ᠎ᠠᠴᠠ ᠱᠢᠶᠠᠩᠭᠠᠩ᠎ᠢ ᠳᠠᠭᠠᠷᠢᠭᠠᠳ ᠣᠣᠮᠧᠨ ᠭᠦᠷᠭᠦ᠌᠂ ᠱᠧᠨᠶᠠᠩ᠎ᠠᠴᠠ ᠬᠠᠢᠺᠸᠦ ᠭᠦᠷᠭᠦ᠌᠂ ᠴᠠᠩᠴᠦ᠋ᠨ᠎ᠠᠴᠠ ᠱᠧᠨᠵᠧᠨ ᠭᠦᠷᠭᠦ᠌᠂ ᠯᠠᠨᠵᠸᠤ᠎ᠠᠴᠠ ᠬᠠᠢᠺᠸᠤ ᠭᠦᠷᠭᠦ᠌ ᠵᠡᠷᠭᠡ ᠤᠯᠤᠰ᠎ᠤᠨ ᠲᠡᠬᠡᠳᠦ ᠬᠤᠷᠳᠤᠴᠠᠲᠤ ᠵᠠᠰᠠᠮᠠᠯ ᠵᠠᠮ᠎ᠤᠨ ᠭᠤᠤᠯ ᠱᠤᠭᠤᠮ᠂ ᠵᠡᠷᠬᠡᠴᠡᠭᠡ ᠱᠤᠭᠤᠮ ᠪᠠ ᠬᠤᠯᠪᠤᠭᠠᠨ᠎ᠤ ᠱᠤᠭᠤᠮ ᠵᠢᠴᠢ ᠭᠦᠢᠳᠡᠨ᠎ᠠᠴᠠ ᠳᠤᠰᠤᠨ ᠠᠭᠤᠯᠠ᠎ᠶ᠋ᠢ ᠳᠠᠭᠠᠷᠢᠭᠠᠳ ᠺᠦᠴᠠᠷ ᠬᠦᠷᠬᠦ᠌ ᠵᠡᠷᠭᠡ ᠲᠡᠬᠡᠳᠦ ᠬᠤᠷᠳᠤᠴᠠᠲᠤ ᠵᠠᠰᠠᠮᠠᠯ ᠵᠠᠮ᠎ᠢ ᠪᠦᠳᠦᠬᠡᠨ ᠪᠠᠢᠭᠤᠯᠵᠦ᠍᠂ ᠪᠡᠭᠡᠵᠢᠩ᠎ᠠᠴᠠ ᠺᠦᠨᠮᠢᠩ ᠭᠦᠷᠭᠦ᠌᠂ ᠪᠡᠭᠡᠵᠢᠩ᠎ᠠᠴᠠ ᠲᠠᠢᠪᠸᠢ ᠭᠦᠷᠭᠦ᠌᠂ ᠱᠠᠩᠬᠠᠢ᠎ᠠᠴᠠ ᠴᠧᠩᠳᠦ᠋ ᠭᠦᠷᠭᠦ᠌᠂ ᠯᠢᠶᠠᠨ ᠶᠦᠨ ᠭᠠᠩ᠎ᠠᠴᠠ ᠬᠤᠷᠭᠤᠰ ᠭᠦᠷᠭᠦ᠌᠂ ᠱᠢᠶᠠᠮᠧᠨᠠᠴᠠ ᠴᠧᠩᠳᠦ᠋ ᠭᠦᠷᠭᠦ᠌᠂ ᠪᠤᠭᠤᠲᠤ᠎ᠠᠴᠠ ᠮᠤᠤᠮᠢᠩ ᠬᠥᠷᠬᠦ᠂ ᠶᠢᠨᠴᠤᠸᠠᠨ᠎ᠠᠴᠠ ᠺᠦᠨᠮᠢᠩ ᠭᠦᠷᠭᠦ᠌᠂ ᠬᠠᠨᠭ᠌ᠵᠸᠦ᠍ᠠᠴᠠ ᠷᠦᠢᠯᠢ ᠭᠦᠷᠭᠦ᠌ ᠵᠡᠷᠭᠡ ᠨᠢᠭᠡᠨᠲᠡ ᠪᠠᠢᠭᠤᠯᠤᠨᠨᠰᠠᠨ ᠤᠯᠤᠰ᠎ᠤᠨ ᠲᠡᠬᠡᠳᠦ ᠬᠤᠷᠳᠤᠴᠠᠲᠤ ᠵᠠᠰᠠᠮᠠᠯ ᠵᠠᠮ᠎ᠤᠨ ᠭᠤᠤᠯᠳᠠᠯᠭ᠎ᠠ᠎ᠲᠠᠢ ᠵᠠᠮ᠎ᠤᠨ ᠬᠡᠰᠡᠭ᠎ᠤᠨ ᠠᠮᠤᠷ ᠲᠦᠪᠱᠢᠨ᠎ᠤ ᠤᠶᠠᠨ ᠬᠠᠳᠠᠨ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ G219᠂ G331 ᠬᠢᠯᠢ ᠳᠠᠭᠠᠤ ᠬᠠᠭᠤᠷᠠᠶ ᠵᠠᠮ᠎ᠤᠨ ᠪᠠᠢᠯᠳᠤᠬᠤ ᠪᠣᠳᠣᠯᠭ᠎ᠠ᠎ᠶ᠋ᠢᠨ ᠭᠤᠤᠯ ᠵᠠᠮ᠎ᠢ ᠪᠦᠬᠦ᠌ ᠲᠠᠯ᠎ᠠ᠎ᠪᠠᠷ ᠨᠡᠪᠲᠡᠷᠡᠭᠦᠯᠵᠦ᠍᠂ ᠬᠢᠯᠢ ᠳᠠᠭᠠᠤ ᠵᠠᠰᠠᠮᠠᠯ ᠵᠠᠮ᠎ᠤᠨ ᠵᠡᠷᠭᠡᠴᠡᠭᠡ ᠱᠤᠭᠤᠮ᠂ ᠬᠢᠯᠢ᠎ᠶ᠋ᠢᠨ ᠪᠣᠭᠤᠮᠲᠠ᠎ᠶ᠋ᠢ ᠵᠤᠯᠭᠠᠯᠳᠤᠭᠤᠯᠬᠤ ᠱᠤᠭᠤᠮ ᠵᠡᠷᠭᠡ᠎ᠶ᠋ᠢ ᠪᠦᠲᠦᠬᠡᠨ ᠪᠠᠢᠭᠤᠯᠵᠤ᠂ G228 ᠵᠡᠷᠭᠡ ᠲᠠᠯᠠᠢ ᠳᠠᠭᠠᠤ ᠭᠤᠤᠯ ᠵᠠᠮ᠎ᠤᠨ ᠪᠦᠳᠦᠬᠡᠨ ᠪᠠᠢᠭᠤᠯᠤᠯᠲᠠ᠎ᠶ᠋ᠢ ᠠᠬᠢᠭᠤᠯᠤᠨ᠂ G109᠂ G317᠂ G318 ᠵᠡᠷᠭᠡ ᠱᠢᠨᠵᠢᠶᠠᠩ ᠲᠥᠪᠡᠳ᠎ᠤᠨ ᠭᠠᠷᠴᠤ᠌ ᠤᠷᠤᠬᠤ ᠭᠤᠤᠯ ᠵᠠᠮ᠎ᠤᠨ ᠶᠠᠰᠤ ᠴᠢᠨᠠᠷ᠎ᠢ ᠰᠠᠢᠵᠢᠷᠠᠭᠤᠯᠤᠨ ᠦᠬᠡᠷᠡᠴᠢᠯᠡᠨ᠎ᠡ᠃
04 ᠳᠠᠯᠠᠢ ᠳᠠᠭᠠᠤ ᠭᠠᠷᠠᠮ
ᠪᠦᠸᠧᠬᠠᠶ ᠲᠠᠩᠭᠢᠰ ᠳᠠᠭᠠᠤ ᠭᠠᠵᠠᠷ ᠤᠷᠤᠨ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠳᠡᠯᠡᠬᠡᠶ᠎ᠶ᠋ᠢᠨ ᠲᠡᠰ᠎ᠤᠨ ᠭᠠᠷᠠᠮ᠎ᠤᠨ ᠪᠦᠬᠡᠬᠡᠨᠡᠷᠡᠯ᠎ᠤᠨ ᠴᠢᠳᠠᠮᠵᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠭᠠᠷᠠᠮ᠎ᠤᠨ ᠪᠥᠭᠡᠬᠡᠨᠡᠷᠡᠯᠢ ᠡᠮᠬᠢᠯᠡᠨ ᠨᠡᠢᠯᠡᠭᠦᠯᠬᠦ᠌ ᠪᠠ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠤᠨ᠂ ᠶᠠᠩᠱᠠᠨ ᠭᠠᠷᠠᠮ᠎ᠤᠨ ᠣᠷᠣᠨ᠎ᠤ ᠱᠢᠶᠤᠤ ᠶᠠᠩ ᠱᠠᠨ᠎ᠤ ᠬᠤᠢᠲᠤ ᠲᠠᠯ᠎ᠠ᠂ ᠨᠢᠩᠪᠦ᠋ᠸᠧ᠎ᠶ᠋ᠢᠨ ᠵᠸᠤᠱᠠᠨ ᠭᠠᠷᠠᠮ᠎ᠤᠨ ᠯᠢᠦ ᠾᠧᠩ ᠭᠠᠷᠠᠮ᠎ᠤᠨ ᠣᠷᠣᠨ᠂ ᠭᠤᠸᠠᠩᠵᠧᠦ ᠭᠠᠷᠠᠮ᠎ᠤᠨ ᠨᠠᠨᠱᠠ ᠭᠠᠷᠠᠮ᠎ᠤᠨ ᠣᠷᠣᠨ᠂ ᠱᠢᠶᠠᠮᠧᠨ ᠭᠠᠷᠠᠮ᠎ᠤᠨ ᠱᠢᠶᠠᠩ ᠠᠨ ᠭᠠᠷᠠᠮ᠎ᠤᠨ ᠣᠷᠣᠨ᠂ ᠴᠢᠩᠳᠣᠤ ᠭᠠᠷᠠᠮ᠎ᠤᠨ ᠳ᠋ᠦᠩ ᠵᠢᠶᠠ ᠺᠸᠦ ᠭᠠᠷᠠᠮ᠎ᠤᠨ ᠣᠷᠣᠨ ᠵᠡᠷᠭᠡ ᠴᠢᠩᠭᠡᠯᠢᠭ᠎ᠤᠨ ᠭᠠᠷᠠᠮ᠎ᠤᠨ ᠢᠨᠵᠧᠨᠧᠷᠢᠩ᠎ᠢ ᠪᠦᠲᠦᠬᠡᠨ ᠪᠠᠢᠭᠤᠯᠤᠨ᠎ᠠ᠃ ᠪᠸᠢ ᠪᠦ᠋ ᠸᠠᠨ ᠪᠤᠯᠤᠩ᠎ᠤᠨ ᠤᠯᠠᠨ ᠤᠯᠤᠰ᠎ᠤᠨ ᠡᠭᠦᠳᠡᠨ ᠭᠠᠷᠠᠮ᠂ ᠶᠠᠩᠫᠦ᠋᠎ᠶ᠋ᠢᠨ ᠣᠷᠣᠨ ᠪᠦᠰᠡ᠎ᠶ᠋ᠢᠨ ᠤᠯᠠᠨ ᠤᠯᠤᠰ᠎ᠤᠨ ᠴᠢᠩᠭᠡᠯᠢᠭ᠎ᠤᠨ ᠬᠦᠢᠰᠦ ᠭᠠᠷᠠᠮ᠎ᠢ ᠲᠡᠰ ᠳᠡᠪᠱᠢᠭᠦᠯᠦᠨ ᠥᠭᠡᠷᠡᠴᠢᠯᠡᠨ᠎ᠡ᠃
05 ᠳᠣᠲᠣᠭᠠᠳᠤ ᠭᠤᠤᠯ ᠮᠥᠷᠡᠨ᠎ᠤ ᠳᠡᠭᠡᠲᠦ ᠲᠡᠰ᠎ᠤᠨ ᠠᠶᠠᠯᠠᠯ᠎ᠤᠨ ᠵᠠᠮ
ᠭᠤᠷᠪᠠᠨ ᠬᠠᠪᠴᠢᠯ᠎ᠤᠨ ᠤᠰᠤᠨ ᠲᠡᠭᠡᠭᠡᠪᠦᠷᠢ᠎ᠶ᠋ᠢᠨ ᠱᠢᠨ᠎ᠡ ᠵᠠᠮ᠎ᠢ ᠪᠦᠲᠦᠬᠡᠨ ᠪᠠᠢᠭᠤᠯᠵᠤ᠂ ᠬᠥᠬᠡᠮᠥ᠋ᠷᠡᠨ᠎ᠤ ᠭᠤᠤᠯ ᠱᠤᠭᠤᠮ᠎ᠤᠨ ᠠᠶᠠᠯᠠᠯ᠎ᠤᠨ ᠵᠠᠮ᠎ᠤᠨ ᠰᠠᠭᠠᠳ ᠦᠭᠡᠢ ᠨᠡᠪᠲᠡᠷᠡᠬᠦ᠌ ᠲᠦᠪᠱᠢᠨ᠎ᠢ ᠳᠡᠭᠡᠭ᠌ᠰᠢᠯᠡᠭᠦᠯᠦᠨ᠎ᠡ᠃ ᠱᠢᠵᠢᠶᠠᠩ ᠮᠦᠷᠡᠨ᠎ᠤ ᠭᠤᠤᠯ ᠱᠤᠭᠤᠮ᠎ᠤᠨ ᠠᠶᠠᠯᠠᠯ᠎ᠤᠨ ᠵᠠᠮ᠎ᠢ ᠪᠦᠲᠦᠬᠡᠨ ᠪᠠᠢᠭᠤᠯᠵᠤ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠵᠦᠵᠢᠶᠠᠩ ᠮᠥᠷᠡᠨ᠎ᠤ ᠭᠤᠷᠪᠠᠯᠵᠢᠨ ᠬᠤᠢᠭ᠎ᠤᠨ ᠳᠡᠭᠡᠳᠦ ᠲᠡᠰ᠎ᠤᠨ ᠠᠶᠠᠯᠠᠯ᠎ᠤᠨ ᠵᠠᠮ᠎ᠤᠨ ᠲᠣᠤᠷ᠎ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠦᠨ᠎ᠡ᠃ ᠪᠡᠭᠡᠵᠢᠩ — ᠬᠠᠨᠭ᠌ᠵᠸᠤᠶ᠋ᠢᠨ ᠲᠠᠳᠠᠮᠠᠯ ᠭᠤᠤᠯ ᠪᠠ ᠬᠤᠸᠠᠢᠾᠧ ᠭᠤᠤᠯ᠎ᠤᠨ ᠭᠤᠤᠯ ᠱᠤᠭᠤᠮ᠎ᠤᠨ ᠠᠶᠠᠯᠠᠯ᠎ᠤᠨ ᠵᠠᠮ᠎ᠤᠨ ᠶᠠᠰᠤ ᠴᠢᠨᠠᠷ᠎ᠢ ᠳᠡᠭᠡᠭ᠌ᠰᠢᠯᠡᠭᠦᠯᠤᠨ ᠥᠭᠡᠷᠡᠴᠢᠯᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠬᠠᠨᠵᠢᠶᠠᠩ ᠮᠥᠷᠡᠨ ᠵᠡᠷᠭᠡ ᠬᠥᠬᠡᠮᠥ᠋ᠷᠡᠨ᠎ᠤ ᠴᠢᠬᠤᠯᠠ ᠰᠠᠯᠪᠤᠷᠢ ᠤᠷᠤᠰᠭᠠᠯ᠎ᠤᠨ ᠳᠡᠭᠡᠳᠦ ᠲᠡᠰ᠎ᠤᠨ ᠠᠶᠠᠯᠠᠯ᠎ᠤᠨ ᠵᠠᠮ᠎ᠢ ᠪᠦᠳᠦᠬᠡᠨ ᠪᠠᠢᠭᠤᠯᠤᠨ᠎ᠠ᠃
06 ᠣᠳᠣᠬᠢᠴᠢᠯᠠᠭ᠍ᠰᠠᠨ ᠨᠢᠰᠭᠡᠯ᠎ᠤᠨ ᠪᠠᠭᠤᠳᠠᠯ᠎ᠤᠨ ᠱᠢᠰᠲ᠋ᠧᠮ
ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠂ ᠴᠧᠩᠳᠦ᠋ ᠴᠦᠩᠴᠢᠩ᠎ᠤᠨ ᠳᠡᠯᠡᠬᠡᠶ᠎ᠶ᠋ᠢᠨ ᠲᠡᠰ᠎ᠤᠨ ᠨᠢᠰᠭᠡᠯ᠎ᠤᠨ ᠪᠠᠭᠤᠳᠠᠯ᠎ᠤᠨ ᠪᠦᠬᠡᠬᠡᠨᠡᠷᠡᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠳ᠋ᠠᠯᠢᠶᠠᠨ᠂ ᠱᠢᠶᠠᠮᠧᠨ᠎ᠤ ᠱᠢᠨ᠎ᠡ ᠨᠢᠰᠭᠡᠯ᠎ᠤᠨ ᠪᠠᠭᠤᠳᠠᠯ᠎ᠢ ᠪᠠᠢᠭᠤᠯᠤᠨ ᠪᠦᠳᠦᠬᠡᠵᠦ᠍᠂ ᠭᠤᠸᠠᠩᠵᠧᠦ᠂ ᠨᠠᠨᠲ᠋ᠦ᠋ᠩ᠎ᠤᠨ ᠱᠢᠨ᠎ᠡ ᠨᠢᠰᠭᠡᠯ᠎ᠤᠨ ᠪᠠᠭᠤᠳᠠᠯ᠎ᠢ ᠪᠦᠲᠦᠬᠡᠨ ᠪᠠᠢᠭᠤᠯᠵᠤ᠂ ᠴᠦᠩᠴᠢᠩ᠂ ᠰᠠᠨᠶᠠ᠎ᠶ᠋ᠢᠨ ᠱᠢᠨ᠎ᠡ ᠨᠢᠰᠭᠡᠯ᠎ᠤᠨ ᠪᠠᠭᠤᠳᠠᠯ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠠᠬᠢᠭᠤᠯᠤᠨ᠂ ᠱᠧᠨᠶᠠᠩ᠂ ᠴᠠᠩᠴᠦ᠋ᠨ᠂ ᠨᠠᠨᠵᠢᠩ᠂ ᠬᠠᠩᠵᠧᠦ᠂ ᠸᠧᠨᠵᠸᠦ᠂ ᠵᠧᠩᠵᠸᠦ᠂ ᠴᠧᠩᠳᠦ᠋ ᠶ᠋ᠢᠨ ᠲᠢᠶᠠᠨ ᠹᠦ᠋ ᠵᠡᠷᠭᠡ ᠭᠦᠢᠰᠦ ᠨᠢᠰᠭᠡᠯ᠎ᠤᠨ ᠪᠠᠭᠤᠳᠠᠯ᠎ᠢ ᠥᠭᠡᠷᠡᠴᠢᠯᠡᠨ ᠪᠠᠢᠭᠤᠯᠬᠤ ᠪᠠ ᠥᠷᠭᠡᠳᠭᠡᠨ ᠪᠠᠢᠭᠤᠯᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠶᠠᠨᠵᠢ᠂ ᠭᠤᠯᠵᠠ᠎ᠶ᠋ᠢᠨ ᠨᠢᠰᠭᠡᠯ᠎ᠤᠨ ᠪᠠᠭᠤᠳᠠᠯ᠎ᠢ ᠨᠡᠭᠦᠯᠭᠡᠨ ᠪᠠᠢᠭᠤᠯᠬᠤ ᠵᠡᠷᠭᠡ ᠰᠠᠯᠪᠤᠷᠢ ᠱᠤᠭᠤᠮ᠎ᠤᠨ ᠨᠢᠰᠭᠡᠯ᠎ᠤᠨ ᠪᠠᠭᠤᠳᠠᠯ᠎ᠤᠨ ᠲᠥᠰᠦᠯ᠎ᠢ ᠠᠬᠢᠭᠤᠯᠤᠨ᠎ᠠ᠃
ᠬᠤᠶᠠᠳᠤᠭᠠᠷ ᠬᠡᠰᠡᠭ ᠰᠢᠨ᠎ᠠ ᠬᠡᠯᠪᠡᠷᠢ ᠵᠢᠨ ᠡᠨ᠋ᠸᠷᠬᠢ ᠵᠢᠨ ᠰᠤᠷᠪᠤᠯᠵᠢ ᠵᠢᠨ ᠰᠠᠭᠤᠷᠢ ᠲᠦᠬᠦᠭᠡᠷᠤᠮᠵᠢ ᠵᠢ ᠡᠷᠴᠢᠮᠵᠢᠬᠦᠯᠤᠨ ᠪᠦᠳᠤᠭᠡᠨ ᠪᠠᠢᠭᠤᠯᠤᠨ᠎ᠠ
ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ᠎ᠤ ᠱᠢᠨ᠎ᠡ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠠᠷᠢᠭᠤᠨ ᠴᠡᠪᠡᠷ ᠨᠡᠭᠦᠷᠡᠰᠦᠲᠥ᠋ᠷᠥᠭ᠌ᠴᠢ ᠪᠠᠭᠠᠲᠠᠢ ᠠᠮᠤᠷ ᠲᠦᠪᠱᠢᠨ ᠥᠨᠳᠥᠷ ᠪᠦᠲᠦᠮᠵᠢᠲᠡᠶ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠢ ᠲᠦᠷᠭᠡᠯᠡᠨ ᠪᠠᠢᠭᠤᠯᠵᠤ᠂ ᠡᠨᠧᠷᠭᠢ᠎ᠶ᠋ᠢᠨ ᠰᠤᠷᠪᠤᠯᠵᠢ᠎ᠶ᠋ᠢᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠤᠨ᠎ᠠ᠃ ᠴᠢᠯᠠᠭᠤᠵᠢᠮᠠᠯ ᠪᠤᠰᠤ ᠡᠨᠧᠷᠭᠢ᠎ᠶ᠋ᠢᠨ ᠰᠤᠷᠪᠤᠯᠵᠢ᠎ᠪᠠᠷ ᠴᠢᠯᠠᠭᠤᠵᠢᠮᠠᠯ ᠡᠨᠧᠷᠭᠢ᠎ᠶ᠋ᠢᠨ ᠰᠤᠷᠪᠤᠯᠵᠢ᠎ᠶ᠋ᠢ ᠠᠮᠤᠷ ᠲᠦᠪᠱᠢᠨ ᠨᠠᠢᠳᠠᠪᠤᠷᠢᠲᠠᠶ ᠡᠮᠬᠢ ᠵᠢᠷᠤᠮ᠎ᠲᠠᠢ᠎ᠪᠠᠷ ᠣᠷᠣᠯᠠᠭᠤᠯᠬᠤ᠎ᠶ᠋ᠢ ᠠᠬᠢᠭᠤᠯᠵᠤ᠂ ᠰᠠᠯᠬᠢ ᠭᠡᠷᠡᠯ ᠤᠰᠤ ᠴᠥᠮ᠎ᠡ ᠵᠡᠷᠭᠡ ᠣᠯᠠᠨ ᠵᠦᠢᠯ᠎ᠤᠨ ᠡᠨᠧᠷᠭᠢ᠎ᠶ᠋ᠢᠨ ᠰᠤᠷᠪᠤᠯᠵᠢ᠎ᠶ᠋ᠢ ᠵᠡᠷᠭᠡ᠎ᠪᠠᠷ ᠬᠡᠷᠡᠭ᠌ᠯᠡᠭᠦ᠎ᠶ᠋ᠢ ᠪᠠᠷᠢᠮᠲᠠᠯᠠᠵᠤ᠂ ᠴᠢᠯᠠᠭᠤᠵᠢᠮᠠᠯ ᠪᠤᠰᠤ ᠡᠨᠧᠷᠭᠢ᠎ᠶ᠋ᠢᠨ ᠰᠤᠷᠪᠤᠯᠵᠢ᠎ᠶ᠋ᠢ ᠠᠷᠪᠠᠨ ᠵᠢᠯ᠎ᠳᠤ ᠳᠠᠬᠢᠨ᠎ᠢᠶᠠᠷ ᠨᠡᠮᠡᠭ᠌ᠳᠡᠭᠦᠯᠬᠦ᠌ ᠠᠵᠢᠯᠯᠠᠭ᠎ᠠ᠎ᠨᠢ ᠬᠡᠷᠡᠭ᠌ᠵᠢᠭᠦᠯᠦᠨ᠎ᠡ᠃ ᠲᠤᠬᠠᠶ᠎ᠶ᠋ᠢᠨ ᠭᠠᠵᠠᠷ᠎ᠲᠤᠨᠢ ᠪᠠᠭ᠍ᠳᠠᠭᠠᠨ ᠱᠢᠩᠭᠡᠭᠡᠬᠦ᠌ ᠪᠠ ᠭᠠᠳᠠᠭ᠍ᠰᠢ ᠬᠦᠷᠭᠡᠬᠦ᠌᠎ᠶ᠋ᠢ ᠨᠢᠭᠡᠳᠦᠯᠲᠡᠶ ᠲᠥᠯᠥᠪᠯᠡᠵᠦ᠍᠂ 《ᠭᠤᠷᠪᠠᠨ ᠤᠮᠠᠷᠠᠲᠤ》 ᠶ᠋ᠢᠨ ᠰᠠᠯᠬᠢᠨ ᠬᠦᠴᠦᠨ ᠪᠠ ᠬᠡᠷᠡᠯ᠎ᠢᠶᠠᠷ ᠴᠠᠭᠢᠯᠭᠠᠨ ᠭᠠᠷᠭᠠᠬᠤ᠂ ᠪᠠᠷᠠᠭᠤᠨ ᠡᠮᠦᠨᠡᠲᠦ᠍᠎ᠶ᠋ᠢᠨ ᠤᠰᠤᠨ ᠴᠠᠬᠢᠯᠭᠠᠨ ᠰᠠᠯᠬᠢᠨ ᠴᠠᠬᠢᠯᠭᠠᠨ ᠭᠡᠷᠡᠯ ᠴᠠᠬᠢᠯᠭᠠᠨ᠎ᠢ ᠨᠢᠭᠡ ᠴᠣᠭ᠍ᠴᠠᠵᠢᠭᠤᠯᠬᠤ ᠂ ᠳᠠᠯᠠᠢ ᠳᠠᠭᠠᠤ ᠴᠥᠮ᠎ᠡ᠎ᠶ᠋ᠢᠨ ᠴᠠᠬᠢᠯᠭᠠᠨ᠂ ᠳᠠᠯᠠᠢ ᠳᠡᠭᠡᠷᠡᠬᠢ ᠰᠠᠯᠬᠢᠨ ᠴᠠᠬᠢᠯᠭᠠᠨ ᠵᠡᠷᠭᠡ ᠠᠷᠢᠭᠤᠨ ᠴᠡᠪᠡᠷ ᠡᠨᠧᠷᠭᠢ᠎ᠶ᠋ᠢᠨ ᠰᠤᠷᠪᠤᠯᠵᠢ᠎ᠶ᠋ᠢᠨ ᠰᠠᠭᠤᠷᠢᠨ ᠭᠠᠵᠠᠷ᠎ᠢ ᠪᠦᠲᠦᠭᠡᠨ ᠪᠠᠢᠭᠤᠯᠵᠤ᠂ ᠲᠠᠷᠬᠠᠮᠠᠯ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢ ᠤᠢ᠍ᠢᠷ᠎ᠡ ᠬᠠᠪᠢ᠎ᠳᠤᠨᠢ ᠨᠡᠭᠡᠭᠡᠨ ᠠᠱᠢᠭ᠍ᠯᠠᠬᠤ᠎ᠶ᠋ᠢ ᠴᠢᠩᠭᠠᠳᠭᠠᠨ᠂ ᠨᠤᠭᠤᠭᠠᠨ ᠤᠰᠤᠲᠥ᠋ᠷᠥᠭ᠌ᠴᠢ ᠨᠤᠭᠤᠭᠠᠨ ᠱᠢᠪᠲᠦᠷ ᠨᠤᠭᠤᠭᠠᠨ ᠠᠯᠺᠣᠣᠯ᠎ᠢ ᠪᠠᠢᠷᠢᠯᠠᠭᠤᠯᠤᠨ ᠬᠥᠭ᠌ᠵᠢᠭᠦᠯᠵᠦ᠍᠂ ᠭᠡᠷᠡᠯ ᠢᠯᠴᠢ᠎ᠪᠠᠷ ᠴᠠᠭᠢᠯᠭᠠᠨ ᠭᠠᠷᠭᠠᠬᠤ ᠪᠠ ᠭᠠᠵᠠᠷ᠎ᠤᠨ ᠢᠯᠴᠢ᠎ᠶ᠋ᠢᠨ ᠡᠨᠧᠷᠬᠢ᠎ᠶ᠋ᠢ ᠠᠱᠢᠬ᠍ᠯᠠᠬᠤ᠎ᠶ᠋ᠢ ᠢᠳᠡᠪᠬᠢᠳᠡᠢ ᠠᠬᠢᠭᠤᠯᠤᠨ᠎ᠠ᠃ ᠴᠢᠯᠠᠭᠤᠵᠢᠮᠠᠯ ᠡᠨᠧᠷᠭᠢ᠎ᠶ᠋ᠢᠨ ᠰᠤᠷᠪᠤᠯᠵᠢ᠎ᠶ᠋ᠢ ᠠᠷᠢᠭᠤᠨ ᠴᠡᠪᠡᠷ ᠪᠦᠬᠡᠳ ᠥᠨᠳᠥᠷ ᠪᠦᠲᠦᠮᠵᠢᠲᠡᠶ᠎ᠪᠠᠷ ᠠᠱᠢᠭ᠍ᠯᠠᠬᠤ᠎ᠶ᠋ᠢ ᠴᠢᠩᠭᠠᠳᠭᠠᠵᠤ᠂ ᠨᠡᠭᠦᠷᠡᠰᠦᠨ ᠴᠠᠬᠢᠯᠭᠠᠨ᠎ᠢ ᠥᠭᠡᠷᠡᠴᠢᠯᠡᠨ ᠲᠡᠰ ᠳᠡᠪᠱᠢᠭᠦᠯᠬᠦ᠌ ᠪᠠ ᠲᠠᠷᠠᠬᠠᠶ ᠨᠡᠭᠦᠷᠡᠰᠦ᠎ᠶ᠋ᠢ ᠣᠷᠣᠯᠠᠭᠤᠯᠬᠤ᠎ᠶ᠋ᠢ ᠠᠬᠢᠭᠤᠯᠤᠨ᠎ᠠ᠃ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠤ ᠱᠢᠰᠲ᠋ᠧᠮ᠎ᠢ ᠬᠦᠴᠦᠯᠡᠨ ᠪᠠᠢᠭᠤᠯᠵᠤ᠂ ᠴᠠᠬᠢᠯᠭᠠᠨ ᠬᠦᠴᠦᠨ᠎ᠤ ᠱᠢᠰᠲ᠋ᠧᠮ᠎ᠤᠨ ᠬᠠᠷᠢᠯᠴᠠᠨ ᠨᠥᠬᠦᠪᠥᠷᠢᠯᠡᠨ ᠬᠠᠷᠢᠯᠴᠠᠨ ᠲᠤᠰᠠᠯᠠᠬᠤ ᠪᠠ ᠠᠮᠤᠷ ᠲᠦᠪᠱᠢᠨ᠎ᠤ ᠤᠶᠠᠨ ᠬᠠᠳᠠᠨ ᠴᠢᠨᠠᠷ᠎ᠤᠨ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠪᠦᠬᠦ᠌ ᠤᠯᠤᠰ᠎ᠤᠨ ᠴᠠᠬᠢᠯᠭᠠᠨ ᠬᠦᠴᠦᠨ᠎ᠤ ᠤᠷᠤᠰᠭᠤ ᠴᠢᠭ᠌ᠯᠡᠯ ᠪᠠ ᠣᠷᠣᠨ ᠪᠦᠰᠡ ᠠᠯᠤᠰᠯᠠᠭ᠍ᠰᠠᠨ ᠨᠡᠪᠳᠡᠷᠡᠬᠦ᠌ ᠵᠠᠮ᠎ᠤᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠤᠶᠤᠯᠢᠭ ᠴᠠᠬᠢᠯᠭᠠᠨ ᠲᠣᠤᠷ᠎ᠤᠨ ᠪᠦᠲᠦᠬᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠤᠲᠠ ᠬᠥᠳᠡᠭᠡ᠎ᠶ᠋ᠢᠨ ᠴᠠᠬᠢᠯᠭᠠᠨ ᠲᠦᠭᠡᠭᠡᠬᠦ᠌ ᠲᠣᠤᠷ᠎ᠢ ᠲᠡᠭᠦᠯᠳᠡᠷᠵᠢᠭᠦᠯᠵᠦ᠍᠂ ᠤᠰᠤ ᠲᠠᠲᠠᠵᠤ ᠡᠨᠧᠷᠭᠢ ᠬᠠᠳᠠᠭᠠᠯᠠᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠵᠤ᠂ ᠱᠢᠨ᠎ᠡ ᠬᠡᠯᠪᠡᠷᠢ᠎ᠶ᠋ᠢᠨ ᠨᠦᠭᠡᠴᠡ ᠡᠨᠧᠷᠭᠢ᠎ᠶ᠋ᠢ ᠶᠡᠭᠡ᠎ᠪᠠᠷ ᠬᠥᠭ᠌ᠵᠢᠭᠦᠯᠦᠨ᠎ᠡ᠃ ᠦᠵᠤᠬᠦᠷ᠎ᠤᠨ ᠡᠨᠧᠷᠬᠢ᠎ᠶ᠋ᠢᠨ ᠬᠡᠷᠡᠭ᠌ᠯᠡᠯᠳᠡ᠎ᠶ᠋ᠢᠨ ᠴᠠᠬᠢᠯᠭᠠᠨᠵᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠯᠡᠭᠡ᠎ᠶ᠋ᠢ ᠨᠣᠭᠤᠭᠠᠨᠵᠢᠭᠤᠯᠬᠤ ᠪᠠ ᠨᠡᠭᠦᠷᠡᠰᠦᠲᠥ᠋ᠷᠥᠭ᠌ᠴᠢ ᠪᠠᠭᠠᠲᠠᠢ ᠪᠣᠯᠭᠠᠬᠤ᠎ᠶ᠋ᠢ ᠠᠬᠢᠭᠤᠯᠤᠨ᠎ᠠ᠃ ᠪᠦᠬᠦ᠌ ᠤᠯᠤᠰ᠎ᠤᠨ ᠨᠢᠭᠡᠳᠦᠯᠲᠡᠶ ᠴᠠᠬᠢᠯᠭᠠᠨ ᠬᠦᠴᠦᠨ᠎ᠤ ᠵᠠᠬ᠎ᠠ ᠳᠡᠯᠭᠡᠭᠦᠷ᠎ᠤᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠤᠨ ᠪᠦᠳᠦᠬᠡᠵᠦ᠍᠂ ᠲᠤᠰᠤ ᠭᠡᠢ᠎ᠶ᠋ᠢᠨ 《ᠪᠦᠬᠦ᠌ ᠤᠯᠤᠰ᠎ᠲᠤ ᠨᠢᠭᠡ ᠲᠣᠤᠷᠵᠢᠭᠤᠯᠬᠤ》 ᠠᠵᠢᠯᠯᠠᠭ᠎ᠠ᠎ᠨᠢ ᠲᠣᠬᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ ᠃
ᠭᠦᠰᠦᠨᠦᠭ᠌᠎ᠲᠤ 5 ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠤᠨ ᠪᠠᠢᠭᠤᠯᠤᠯᠲᠠ
01 ᠴᠢᠬᠤᠯᠠ ᠶᠡᠭᠡ ᠤᠰᠤᠨ ᠴᠠᠬᠢᠯᠭᠠᠨ ᠵᠢᠴᠢ ᠤᠰᠤᠨ ᠴᠠᠬᠢᠯᠭᠠᠨ ᠰᠠᠯᠬᠢᠨ ᠴᠠᠬᠢᠯᠭᠠᠨ ᠭᠡᠷᠡᠯ ᠴᠠᠬᠢᠯᠭᠠᠨ᠎ᠢ ᠨᠢᠭᠡ ᠴᠣᠭ᠍ᠴᠠᠵᠢᠭᠤᠯᠬᠤ ᠰᠠᠭᠤᠷᠢᠨ ᠭᠠᠵᠠᠷ
ᠶᠠᠯᠦᠰᠠᠩᠪᠦ᠌ ᠮᠥᠷᠡᠨ᠎ᠤ ᠳᠣᠣᠷᠠᠳᠤ ᠤᠷᠤᠰᠭᠠᠯ᠎ᠤᠨ ᠤᠰᠤᠨ ᠴᠠᠬᠢᠯᠭᠠᠨ᠎ᠤ ᠢᠨᠵᠧᠨᠧᠷᠢᠩ᠎ᠤᠨ ᠪᠦᠳᠦᠬᠡᠨ ᠪᠠᠢᠭᠤᠯᠤᠯᠲᠠ᠎ᠶ᠋ᠢ ᠠᠮᠤᠷ ᠲᠦᠪᠱᠢᠨ ᠡᠮᠬᠢ ᠵᠢᠷᠤᠮ᠎ᠲᠠᠢ᠎ᠪᠠᠷ ᠠᠬᠢᠭᠤᠯᠵᠤ᠂ ᠶᠠᠯᠤᠩᠵᠢᠶᠠᠩ ᠮᠥᠷᠡᠨ᠂ ᠶ᠋ᠢᠨ ᠱᠠ ᠵᠢᠶᠠᠩ ᠮᠥᠷᠡᠨ᠎ᠤ ᠳᠡᠬᠡᠳᠦ ᠤᠷᠤᠰᠭᠠᠯ᠂ ᠯᠠᠨᠼᠠᠩᠵᠢᠶᠠᠩ ᠮᠥᠷᠡᠨ᠎ᠤ ᠳᠡᠭᠡᠳᠦ ᠤᠷᠤᠰᠭᠠᠯ᠂ ᠲᠥᠪᠡᠳ᠎ᠤᠨ ᠵᠡᠭᠦᠨ ᠡᠮᠦᠨᠡᠲᠦ ᠣᠷᠣᠨ (ᠶᠦᠴᠠ) ᠵᠡᠷᠭᠡ ᠰᠠᠪᠠ ᠭᠠᠵᠠᠷ᠎ᠤᠨ ᠤᠰᠤᠨ ᠴᠠᠬᠢᠯᠭᠠᠨ ᠰᠠᠯᠬᠢᠨ ᠴᠠᠬᠢᠯᠭᠠᠨ ᠭᠡᠷᠡᠯ ᠴᠠᠬᠢᠯᠭᠠᠨ᠎ᠢ ᠨᠢᠭᠡ ᠴᠣᠭ᠍ᠴᠠᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠼᠬᠠᠱᠢᠶᠠ ᠬᠠᠪᠴᠢᠯ ᠵᠡᠷᠭᠡ ᠤᠰᠤᠨ ᠴᠠᠬᠢᠯᠭᠠᠨ ᠥᠷᠲᠡᠭᠡ᠎ᠶ᠋ᠢ ᠪᠦᠳᠦᠬᠡᠨ ᠪᠠᠢᠭᠤᠯᠤᠨ᠎ᠠ᠃ ᠨᠦᠵᠢᠶᠠᠩ ᠮᠥᠷᠡᠨ᠎ᠤ ᠰᠠᠪᠠ ᠭᠠᠵᠠᠷ᠎ᠤᠨ ᠤᠰᠤᠨ ᠴᠠᠬᠢᠯᠭᠠᠨ᠎ᠤ ᠲᠥᠯᠥᠪᠵᠢᠭᠦᠯᠭᠡ᠎ᠶ᠋ᠢ ᠰᠤᠳᠤᠯᠤᠨ ᠨᠤᠲᠠᠯᠠᠨ᠎ᠠ᠃ ᠦᠢᠯᠡᠳᠪᠦᠷᠢ ᠪᠠᠢᠭᠤᠯᠬᠤ ᠭᠠᠵᠠᠷ᠎ᠤᠨ ᠡᠬᠢ ᠪᠠᠶᠠᠯᠢᠭ᠎ᠢᠶᠠᠷ ᠰᠠᠢᠨ᠂ ᠳᠠᠭᠠᠭᠠᠴᠠ ᠲᠣᠬᠢᠷᠠᠭᠤᠯᠬᠤ ᠬᠡᠷᠡᠭ᠌ᠴᠡᠭᠡ ᠶᠡᠬᠡᠳᠡᠢ ᠭᠠᠵᠠᠷ ᠣᠷᠣᠨ᠎ᠳᠤ ᠨᠢᠭᠡ ᠪᠦᠯᠦᠭ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠶ᠋ᠢ ᠪᠦᠳᠦᠬᠡᠨ ᠪᠠᠢᠭᠤᠯᠵᠤ᠂ 1 ᠳ᠋ᠦᠩᠱᠢᠭᠤᠷ ᠺᠢᠯᠣᠸᠠᠲ ᠣᠷᠴᠢᠮ ᠪᠠᠭ᠍ᠲᠠᠭᠠᠮᠵᠢᠲᠠᠢ ᠮᠠᠱᠢᠨ ᠴᠣᠭ᠍ᠴᠠᠯᠠᠪᠤᠷᠢ᠎ᠶ᠋ᠢ ᠱᠢᠨ᠎ᠡ᠎ᠪᠠᠷ ᠨᠡᠮᠡᠭ᠌ᠳᠡᠭᠦᠯᠦᠨ ᠠᠱᠢᠨᠨᠯᠠᠯᠲᠠᠳᠤ ᠤᠷᠤᠭᠤᠯᠤᠨ᠎ᠠ᠃
02 《ᠡᠯᠡᠰᠦ ᠭᠤᠪᠢ ᠴᠥᠯ》 ᠵᠡᠷᠭᠡ ᠱᠢᠨ᠎ᠡ ᠡᠨᠧᠷᠭᠢ᠎ᠶ᠋ᠢᠨ ᠰᠤᠷᠪᠤᠯᠵᠢ᠎ᠶ᠋ᠢᠨ ᠰᠠᠭᠤᠷᠢᠨ ᠭᠠᠵᠠᠷ
ᠬᠥᠪᠴᠢ᠎ᠶ᠋ᠢᠨ ᠡᠯᠡᠰᠦ᠂ ᠤᠯᠠᠭᠠᠨᠪᠥᠬᠠ᠂ ᠲᠩᠷᠢ ᠡᠯᠡᠰᠦ᠂ ᠪᠠᠳᠠᠢ᠎ᠶ᠋ᠢᠨ ᠵᠢᠷᠠᠨ᠎ᠤ ᠡᠯᠡᠰᠦ᠎ᠪᠠᠷ ᠭᠤᠣᠯᠳᠠᠯᠭ᠎ᠠ ᠪᠣᠯᠭᠠᠵᠤ᠂ ᠪᠤᠰᠤᠳ ᠡᠯᠡᠰᠦ ᠮᠠᠩᠬ᠎ᠠ᠂ ᠭᠤᠪᠢ᠂ ᠴᠥᠯ᠎ᠤᠨ ᠭᠠᠵᠠᠷ ᠤᠷᠤᠨ᠎ᠢᠶᠠᠷ ᠨᠥᠬᠦᠪᠥᠷᠢ ᠪᠣᠯᠭᠠᠠ᠂ ᠭᠠᠳ᠋ᠬᠠᠰᠢ ᠬᠦᠷᠭᠡᠬᠦ᠌᠎ᠪᠠᠷ ᠭᠤᠤᠯ ᠪᠣᠯᠭᠠᠭ᠍ᠰᠠᠨ ᠰᠠᠯᠬᠢᠨ ᠴᠡᠬᠢᠯᠭᠠᠨ ᠪᠠ ᠬᠡᠷᠡᠯ ᠴᠠᠭᠢᠯᠭᠠᠨ᠎ᠤ ᠲᠣᠮᠣ ᠬᠡᠯᠪᠡᠷᠢ᠎ᠶ᠋ᠢᠨ ᠰᠠᠭᠤᠷᠢᠨ ᠭᠠᠵᠠᠷ᠎ᠢ ᠪᠦᠲᠦᠭᠡᠨ ᠪᠠᠢᠭᠤᠯᠤᠨ᠎ᠠ᠃ ᠱᠢᠨᠵᠢᠶᠠᠩ᠂ ᠬᠠᠳᠤᠨ ᠭᠤᠤᠯ᠎ᠤᠨ ᠲᠡᠬᠡᠳᠦ ᠤᠷᠤᠰᠭᠠᠯ᠂ ᠬᠠᠲᠤᠨ ᠭᠤᠤᠯ᠎ᠤᠨ ᠪᠠᠷᠠᠭᠤᠨ ᠬᠦᠨᠳᠡᠢ᠂ ᠬᠠᠳᠤᠨ ᠭᠤᠤᠯ᠎ᠤᠨ 《ᠶᠡᠭᠡ ᠲᠤᠬᠤᠢ》᠂ ᠾᠧᠪᠸᠢ᠎ᠶ᠋ᠢᠨ ᠤᠮᠠᠷᠠᠳᠤ ᠬᠡᠰᠡᠭ᠂ ᠰᠤᠩᠭᠠᠷᠢ ᠮᠦᠷᠨᠨ — ᠯᠢᠶᠤᠤᠾᠧ ᠭᠤᠤᠯ ᠵᠡᠷᠭᠡ ᠱᠢᠨ᠎ᠡ ᠡᠨᠧᠷᠭᠢ᠎ᠶ᠋ᠢᠨ ᠰᠤᠷᠪᠤᠯᠵᠢ᠎ᠶ᠋ᠢᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠤᠨ᠎ᠠ᠃
03 ᠳᠠᠯᠠᠢ ᠳᠡᠭᠡᠷᠡᠬᠢ ᠰᠠᠯᠬᠢᠨ ᠴᠠᠬᠢᠯᠭᠠᠨ᠎ᠤ ᠰᠠᠭᠤᠷᠢᠨ ᠭᠠᠵᠠᠷ
ᠪᠦᠸᠧᠬᠠᠶ ᠲᠠᠩᠭᠢᠰ᠂ ᠱᠢᠷ᠎ᠠ ᠲᠠᠩᠭᠢᠰ᠂ ᠳᠣᠷᠣᠨᠠᠲᠤ ᠲᠠᠩᠭᠢᠰ᠂ ᠡᠮᠦᠨᠡᠲᠦ ᠲᠠᠩᠭᠢᠰ᠎ᠤᠨ ᠳᠠᠯᠠᠶ᠎ᠶ᠋ᠢᠨ ᠣᠷᠣᠨ᠎ᠳᠤ ᠳᠠᠯᠠᠶ ᠳᠡᠭᠡᠷᠡᠬᠢ ᠰᠠᠯᠬᠢᠨ ᠴᠠᠬᠢᠯᠭᠠᠨ᠎ᠤ ᠰᠠᠭᠤᠷᠢᠨ ᠭᠠᠵᠠᠷ᠎ᠢ ᠪᠦᠳᠦᠬᠡᠨ ᠪᠠᠢᠭᠤᠯᠵᠤ᠂ ᠭᠦᠨ ᠲᠠᠯᠠᠢ ᠠᠯᠤᠰ ᠳᠠᠯᠠᠢ᠎ᠶ᠋ᠢᠨ ᠰᠠᠯᠬᠢᠨ ᠴᠠᠬᠢᠯᠭᠠᠨ᠎ᠤ ᠨᠡᠭᠡᠭᠡᠨ ᠬᠥᠭ᠌ᠵᠢᠭᠦᠯᠦᠯᠲᠡ᠎ᠶ᠋ᠢ ᠵᠢᠷᠤᠮᠵᠢᠭᠤᠨ ᠡᠮᠬᠢ ᠵᠢᠷᠤᠮ᠎ᠲᠠᠢ ᠠᠬᠢᠭᠤᠯᠵᠤ᠂ ᠳᠠᠯᠠᠢ ᠳᠡᠭᠡᠷᠡᠬᠢ ᠰᠠᠯᠬᠢᠨ ᠴᠠᠬᠢᠯᠭᠠᠨ᠎ᠤ ᠲᠣᠣᠷ᠎ᠲᠤ ᠨᠡᠢᠯᠡᠭᠦᠯᠭᠦ᠌ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ ᠨᠡᠢᠲᠡ 1 ᠳ᠋ᠦᠩᠱᠢᠭᠤᠷ ᠺᠢᠯᠣᠸᠠᠲ᠎ᠠᠴᠠ ᠳᠡᠭᠡᠭ᠌ᠰᠢ᠎ᠳᠤ ᠬᠦᠷᠭᠡᠨ᠎ᠡ᠃
04 ᠳᠠᠯᠠᠶ ᠳᠠᠭᠠᠤ ᠴᠥᠮ᠎ᠡ᠎ᠶ᠋ᠢᠨ ᠴᠠᠬᠢᠯᠭᠠᠨ
ᠳᠠᠯᠠᠢ ᠳᠠᠭᠠᠤ ᠴᠥᠮ᠎ᠡ᠎ᠶ᠋ᠢᠨ ᠴᠠᠬᠢᠯᠭᠠᠨ᠎ᠤ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠢ ᠪᠦᠬᠡᠳ ᠠᠮᠤᠷ ᠲᠦᠪᠱᠢᠨ ᠡᠮᠬᠢ ᠵᠢᠷᠤᠮ᠎ᠲᠠᠢ᠎ᠪᠠᠷ ᠠᠬᠢᠭᠤᠯᠵᠤ᠂ ᠴᠥᠮ᠎ᠡ᠎ᠶ᠋ᠢᠨ ᠴᠠᠬᠢᠯᠭᠠᠨ᠎ᠤ ᠠᠵᠢᠯᠯᠠᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠶ᠋ᠢ 1.1 ᠳ᠋ᠦᠩᠱᠢᠭᠤᠷ ᠺᠢᠯᠣᠸᠠᠲ ᠣᠷᠴᠢᠮ᠎ᠳᠤ ᠬᠦᠷᠭᠡᠨ᠎ᠡ᠃ ᠴᠥᠮ᠎ᠡ᠎ᠶ᠋ᠢᠨ ᠡᠨᠧᠷᠭᠢ᠎ᠶ᠋ᠢ ᠶᠡᠷᠦᠩᠬᠡᠢᠯᠡᠨ ᠠᠱᠢᠭ᠍ᠯᠠᠬᠤ᠎ᠶ᠋ᠢ ᠲᠤᠬᠠᠶ᠎ᠶ᠋ᠢᠨ ᠭᠠᠵᠠᠷ᠎ᠲᠤᠨᠢ ᠲᠣᠬᠢᠷᠠᠭᠤᠯᠤᠨ ᠠᠬᠢᠭᠤᠯᠤᠨ᠎ᠠ᠃ ᠪᠠᠭ᠎ᠠ ᠬᠡᠯᠪᠡᠷᠢ᠎ᠶ᠋ᠢᠨ ᠲᠠᠷᠤᠯᠲᠠ᠎ᠳᠤ ᠤᠰᠤᠨ ᠤᠷᠪᠠᠯ᠎ᠤᠨ ᠵᠤᠤᠬ᠎ᠠ᠎ᠶ᠋ᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠪᠠᠢᠭᠤᠯᠤᠨ ᠪᠦᠲᠦᠬᠡᠵᠦ᠍᠂ ᠲᠦᠷᠪᠡᠳᠦᠬᠡᠷ ᠦᠶ᠎ᠡ᠎ᠶ᠋ᠢᠨ ᠲᠠᠷᠤᠯᠲᠠ᠎ᠳᠤ ᠤᠰᠤᠨ ᠤᠷᠪᠠᠯ᠎ᠤᠨ ᠵᠤᠤᠬ᠎ᠠ᠎ᠶ᠋ᠢᠨ ᠮᠡᠷᠭᠡᠵᠢᠯ᠎ᠢ ᠰᠤᠳᠤᠯᠤᠨ ᠨᠡᠭᠡᠭᠡᠬᠦ᠌ ᠬᠢᠬᠡᠳ ᠬᠡᠷᠡᠭ᠌ᠯᠡᠯᠲᠡ᠎ᠶ᠋ᠢᠨ ᠵᠢᠱ᠌ᠢᠶ᠎ᠡ ᠦᠵᠡᠭᠦᠯᠬᠦ᠌᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃
05 ᠴᠠᠬᠢᠯᠭᠠᠨ ᠬᠦᠴᠦᠨ᠎ᠢ ᠳᠠᠮᠵᠢᠭᠤᠯᠤᠨ ᠭᠦᠷᠬᠡᠬᠦ᠌ ᠵᠠᠮ
ᠥᠪᠥᠷ ᠮᠣᠩᠭᠤᠯ᠂ ᠭᠢᠷᠢᠨ᠂ ᠬᠠᠷᠠᠮᠥ᠋ᠷᠡᠨ᠂ ᠭᠠᠨᠰᠦ᠂ ᠬᠥᠬᠡᠨᠠᠭᠤᠷ᠂ ᠨᠢᠩᠱᠢᠶᠠ᠂ ᠱᠢᠨᠵᠢᠶᠠᠩ᠂ ᠲᠥᠪᠡᠳ ᠵᠡᠷᠭᠡ ᠮᠤᠵᠢ ᠣᠷᠣᠨ᠎ᠤ ᠠᠷᠢᠭᠤᠨ ᠴᠡᠪᠡᠷ ᠡᠨᠧᠷᠭᠢ᠎ᠶ᠋ᠢᠨ ᠰᠤᠷᠪᠤᠯᠵᠢ᠎ᠶ᠋ᠢᠨ ᠰᠠᠭᠤᠷᠢᠨ ᠭᠠᠵᠠᠷ᠎ᠤᠨ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌ ᠵᠠᠮ᠎ᠢ ᠪᠦᠲᠦᠭᠡᠨ ᠪᠠᠢᠭᠤᠯᠵᠤ᠂ ᠪᠠᠷᠠᠭᠤᠨ ᠣᠷᠣᠨ᠎ᠤ ᠴᠠᠬᠢᠯᠭᠠᠨ᠎ᠢ ᠵᠡᠭᠦᠨᠰᠢ ᠬᠦᠷᠭᠡᠬᠦ᠌ ᠴᠢᠳᠠᠪᠤᠷᠢ᠎ᠶ᠋ᠢ 4.2 ᠳ᠋ᠦᠩᠱᠢᠭᠤᠷ ᠺᠢᠯᠣᠸᠠᠲ᠎ᠠᠴᠠ ᠳᠡᠭᠡᠭ᠌ᠰᠢ᠎ᠳᠤ ᠭᠦᠷᠭᠡᠨ᠎ᠡ᠃
06 ᠴᠠᠬᠢᠯᠭᠠᠨ ᠬᠦᠴᠦᠨ᠎ᠢᠶᠠᠷ ᠲᠤᠰᠠᠯᠠᠯᠴᠠᠬᠤ ᠢᠨᠵᠧᠨᠧᠷᠢᠩ
ᠮᠤᠵᠢ᠎ᠶ᠋ᠢᠨ ᠬᠤᠭᠤᠷᠣᠨᠳᠣᠬᠢ ᠴᠠᠬᠢᠯᠭᠠᠨ ᠭᠦᠴᠦᠨ᠎ᠢᠶᠠᠷ ᠲᠤᠰᠠᠯᠠᠯᠴᠠᠬᠤ ᠪᠠ ᠴᠠᠬᠢᠯᠭᠠᠨ ᠲᠤᠤᠷ᠎ᠤᠨ ᠡᠵᠡᠩᠨᠡᠯᠲᠡ᠎ᠶ᠋ᠢᠨ ᠤᠷᠤᠨ ᠠᠯᠤᠰᠯᠬᠠᠰᠠᠨ ᠲᠤᠰᠠᠯᠠᠯᠴᠠᠭ᠎ᠠ᠎ᠪᠠᠨ ᠴᠢᠩᠭᠠᠳᠭᠠᠵᠦ᠍᠂ ᠹᠦᠵᠢᠶᠠᠨ ᠪᠠ ᠵᠢᠶᠠᠩᠰᠢ᠂ ᠠᠨᠾᠦ᠋ᠢ ᠪᠠ ᠬᠤᠪᠸᠢ᠂ ᠱᠠᠨᠳᠥ᠋ᠩ ᠪᠠ ᠵᠢᠶᠠᠩᠰᠤ᠂ ᠴᠦᠩᠴᠢᠩ ᠪᠠ ᠭᠦᠢᠵᠧᠦ᠂ ᠬᠤᠨᠠᠨ ᠪᠠ ᠭᠦᠢᠵᠧᠦ᠂ ᠬᠤᠨᠠᠨ ᠪᠠ ᠭᠤᠸᠠᠩᠳᠦ᠋ᠩ ᠵᠡᠷᠭᠡ ᠴᠠᠬᠢᠯᠭᠠᠨ ᠭᠦᠴᠦᠨ᠎ᠢᠶᠠᠷ ᠲᠤᠰᠠᠯᠠᠯᠴᠠᠬᠤ ᠢᠨᠵᠧᠨᠧᠷᠢᠩ᠎ᠢ ᠪᠦᠲᠦᠭᠡᠨ ᠪᠠᠢᠭᠤᠯᠵᠤ᠂ ᠴᠠᠬᠢᠯᠭᠠᠨ ᠭᠦᠴᠦᠨ᠎ᠤ ᠡᠭᠢ ᠪᠠᠶᠠᠯᠢᠭ᠎ᠢ ᠱᠢᠯᠢᠳᠡᠭ᠌ᠵᠢᠬᠦᠯᠦᠨ ᠲᠤᠬᠢᠷᠠᠭᠤᠯᠬᠤ᠎ᠶ᠋ᠢ ᠠᠬᠢᠭᠤᠯᠤᠨ᠎ᠠ᠃
07 ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠬᠤᠭᠤᠯᠠᠶ᠎ᠶ᠋ᠢᠨ ᠲᠣᠤᠷ
ᠳᠤᠮᠳᠠᠳᠤ ᠣᠷᠣᠰ᠎ᠤᠨ ᠠᠯᠤᠰ ᠳᠣᠷᠣᠨᠠᠲᠤ᠎ᠶ᠋ᠢᠨ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠬᠤᠭᠤᠯᠠᠶ᠂ ᠰᠧᠴᠤᠸᠠᠨ᠎ᠤ ᠱᠢᠳᠠᠮᠠᠬᠠᠢ ᠬᠡᠢ᠎ᠶ᠋ᠢ ᠵᠡᠭᠦᠨᠰᠢ ᠳᠠᠮᠵᠢᠭᠤᠯᠬᠤ ᠬᠤᠶᠠᠳᠤᠭᠠᠷ ᠱᠤᠭᠤᠮ᠎ᠤᠨ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠬᠤᠭᠤᠯᠠᠶ᠎ᠶ᠋ᠢ ᠪᠦᠲᠦᠭᠡᠨ ᠪᠠᠢᠭᠤᠯᠵᠤ᠂ ᠳᠤᠮᠳᠠᠳᠤ ᠣᠷᠣᠰ᠎ᠤᠨ ᠳᠤᠮᠳᠠ ᠱᠤᠭᠤᠮ᠎ᠤᠨ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠬᠤᠭᠤᠯᠠᠶ᠎ᠶ᠋ᠢᠨ ᠡᠮᠦᠨᠡᠬᠢ ᠬᠤᠭᠤᠴᠠᠭᠠᠨ᠎ᠤ ᠠᠵᠢᠯ᠎ᠢ ᠠᠬᠢᠭᠤᠯᠤᠨ᠎ᠠ᠃

ᠵᠢᠷᠤᠭ 1 ᠠᠷᠢᠭᠤᠨ ᠴᠡᠪᠡᠷ ᠡᠨ᠋ᠸᠷᠬᠢ ᠵᠢᠨ ᠰᠤᠷᠪᠤᠯᠵᠢ ᠵᠢᠨ ᠰᠠᠭᠤᠷᠢᠨ ᠭᠠᠵᠠᠷ᠎ᠤᠨ ᠪᠠᠢᠷᠢᠯᠠᠭᠤᠯᠤᠯᠳᠠ ᠵᠢᠨ ᠲᠠᠢᠯᠪᠤᠷᠢ ᠵᠢᠷᠤᠭ
ᠭᠤᠷᠪᠡᠳᠤᠭᠠᠷ ᠬᠡᠰᠡᠭ ᠤᠳᠤᠬᠢᠴᠢᠯᠠᠬᠰᠠᠨ ᠤᠰᠤᠨ ᠲᠤᠤᠷ᠎ᠢ ᠲᠦᠷᠭᠡᠯᠡᠨ ᠪᠦᠳᠤᠭᠡᠨ ᠪᠠᠢᠭᠤᠯᠤᠨ᠎ᠠ
ᠤᠯᠤᠰ᠎ᠤᠨ ᠤᠰᠤᠨ ᠲᠣᠤᠷ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠦᠶᠡᠷ ᠤᠰᠤᠲᠤᠯ᠎ᠤᠨ ᠭᠠᠮᠱᠢᠭ᠎ᠢ ᠰᠡᠷᠭᠡᠢᠯᠡᠬᠦ᠂ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠬᠤᠲᠠ ᠬᠥᠳᠡᠭᠡ᠎ᠶ᠋ᠢᠨ ᠤᠰᠤ ᠬᠠᠩᠭᠠᠬᠤ ᠲᠠᠯ᠎ᠠ᠎ᠪᠠᠷ᠎ᠬᠢ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠬᠡᠭ᠌ᠰᠢᠯᠡᠬᠦᠯᠦᠨᠡ᠃ ᠰᠠᠪᠠ ᠭᠠᠵᠠᠷ᠎ᠤᠨ ᠴᠢᠨᠠᠷᠲᠠᠶ ᠦᠶᠡᠷ᠎ᠤᠨ ᠤᠰᠤ ᠪᠠ ᠬᠡᠰᠡᠭ ᠭᠠᠵᠠᠷ ᠤᠷᠤᠨ᠎ᠤ ᠴᠢᠨᠠᠷᠲᠠᠶ ᠭᠠᠮᠱᠢᠭ᠎ᠢ ᠰᠡᠷᠭᠡᠢᠯᠡᠬᠦ᠌᠎ᠶ᠋ᠢ ᠨᠢᠭᠡᠳᠦᠯᠲᠡᠶ ᠲᠥᠯᠥᠪᠯᠡᠵᠦ᠍᠂ ᠦᠶᠡᠷ᠎ᠢ ᠰᠡᠷᠭᠡᠢᠯᠡᠬᠦ᠌ ᠴᠥᠭᠦᠷᠥᠮ᠂ ᠭᠤᠤᠯ᠎ᠤᠨ ᠵᠠᠮ ᠵᠢᠴᠢ ᠬᠠᠱᠢᠯᠭ᠎ᠠ ᠳᠠᠯᠠᠩ᠂ ᠦᠶᠡᠷ᠎ᠢ ᠳᠤᠭ᠍ᠳᠠᠭᠠᠨ ᠬᠤᠷᠠᠭᠤᠯᠬᠤ ᠤᠷᠤᠨ᠎ᠤ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠳᠤᠮᠳᠠ ᠵᠢᠵᠢᠭ ᠭᠤᠤᠯ ᠮᠥᠷᠡᠨ᠎ᠢ ᠱᠢᠰᠲ᠋ᠧᠮ᠎ᠲᠠᠢ᠎ᠪᠠᠷ ᠵᠠᠰᠠᠬᠤ ᠪᠠ ᠡᠮᠵᠡᠭ ᠠᠶᠤᠯᠲᠠᠢ ᠴᠥᠭᠦᠷᠥᠮ᠎ᠤᠨ ᠠᠶᠤᠯ᠎ᠢ ᠠᠷᠢᠯᠭᠠᠨ ᠪᠠᠬᠢᠵᠢᠭᠦᠯᠬᠦ᠌᠎ᠶ᠋ᠢ ᠠᠬᠢᠭᠤᠯᠵᠦ᠍᠂ ᠱᠢᠷᠦᠭᠦᠨ ᠪᠣᠷᠣᠭᠠᠨ ᠲᠥᠪᠯᠡᠷᠡᠭ᠌ᠰᠡᠨ ᠣᠷᠣᠨ᠎ᠤ ᠦᠶᠡᠷ᠎ᠢ ᠰᠡᠷᠭᠡᠢᠯᠡᠵᠦ᠍ ᠠᠶᠤᠯ᠎ᠠᠴᠠ ᠵᠠᠢᠯᠠᠬᠤ ᠴᠢᠳᠠᠪᠤᠷᠢ᠎ᠶ᠋ᠢ ᠴᠢᠩᠭᠠᠷᠠᠭᠤᠯᠤᠨ᠎ᠠ᠃ ᠰᠠᠪᠠ ᠭᠠᠵᠠᠷ ᠠᠯᠤᠰᠯᠠᠭ᠍ᠰᠠᠨ ᠣᠷᠣᠨ ᠪᠦᠰᠡ ᠠᠯᠤᠰᠯᠠᠭ᠍ᠰᠠᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠱᠢᠰᠲ᠋ᠧᠮ᠎ᠢ ᠪᠦᠷᠢᠨᠱᠢᠬᠦᠯᠵᠦ᠍᠂ ᠤᠯᠤᠰ᠎ᠤᠨ ᠤᠰᠤᠨ ᠲᠣᠤᠷ᠎ᠤᠨ ᠭᠤᠤᠯ ᠠᠷᠤᠭ ᠶᠠᠰᠤ ᠪᠠ ᠤᠰᠤ ᠳᠠᠮᠵᠢᠭᠤᠯᠤᠨ ᠲᠤᠬᠢᠷᠠᠭᠤᠯᠬᠤ ᠭᠤᠤᠯ ᠵᠠᠮ᠎ᠢ ᠲᠡᠭᠦᠯᠳᠡᠷᠵᠢᠭᠦᠯᠦᠨ᠎ᠡ᠃ ᠤᠰᠤ ᠬᠠᠩᠭᠠᠬᠤ ᠪᠠ ᠤᠰᠤᠯᠠᠯᠲᠠ ᠬᠢᠬᠦ᠌ ᠪᠠᠲᠤᠯᠠᠭ᠎ᠠ᠎ᠶ᠋ᠢ ᠴᠢᠩᠭᠠᠳᠭᠠᠵᠤ᠂ ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠪᠦᠬᠦᠯᠢ ᠴᠤᠨᠨᠴᠠᠪᠠᠷᠨᠢ ᠠᠬᠢᠭᠤᠯᠤᠨ᠂ ᠬᠤᠲᠠ᠎ᠶ᠋ᠢᠨ ᠪᠠᠴᠢᠮ ᠪᠠᠢᠳᠠᠯ᠎ᠢ ᠠᠷᠭᠠᠴᠠᠬᠤ ᠪᠡᠯᠡᠳᠭᠡᠯ ᠤᠰᠤᠨ ᠰᠤᠷᠪᠤᠯᠵᠢ᠎ᠶ᠋ᠢᠨ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠭᠤᠤᠯ ᠮᠥᠷᠡᠨ ᠨᠠᠭᠤᠷ ᠴᠥᠭᠦᠷᠥᠮ᠎ᠤᠨ ᠠᠮᠢ ᠠᠬᠤᠶ᠎ᠶ᠋ᠢ ᠬᠠᠮᠠᠭᠠᠯᠠᠨ ᠵᠠᠰᠠᠬᠤ᠎ᠪᠠᠨ ᠴᠢᠩᠭᠠᠳᠭᠠᠵᠤ᠂ ᠤᠰᠤᠨ ᠰᠤᠷᠪᠤᠯᠵᠢ᠎ᠶ᠋ᠢ ᠬᠠᠳᠠᠭᠠᠯᠠᠨ ᠬᠠᠮᠠᠭᠠᠯᠠᠬᠤ ᠬᠢᠬᠡᠳ ᠬᠥᠷᠥᠰᠥ᠍ ᠱᠢᠷᠣᠶ᠎ᠶ᠋ᠢ ᠬᠠᠮᠠᠭᠠᠯᠠᠬᠤ ᠠᠵᠢᠯ᠎ᠢ ᠠᠬᠢᠭᠤᠯᠵᠤ᠂ ᠤᠰᠤᠨ᠎ᠤ ᠠᠮᠢ ᠠᠬᠤᠶ᠎ᠶ᠋ᠢᠨ ᠱᠢᠰᠲ᠋ᠧᠮ᠎ᠤᠨ ᠥᠪᠡᠰᠦᠪᠡᠨ ᠰᠡᠷᠭᠦᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠭᠠᠵᠠᠷ ᠳᠣᠤᠷᠠᠬᠢ ᠤᠰᠤ᠎ᠶ᠋ᠢ ᠬᠠᠮᠠᠭᠠᠯᠠᠨ ᠵᠠᠰᠠᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠲᠠᠲᠠᠬᠤ ᠪᠠ ᠨᠥᠬᠦᠪᠥᠷᠢᠯᠡᠬᠦ᠌᠎ᠶ᠋ᠢ ᠲᠡᠩᠴᠡᠭᠦᠷᠢᠲᠡᠶ ᠪᠠᠢᠯᠭᠠᠬᠤ᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠦᠨ᠎ᠡ᠃
ᠭᠦᠰᠦᠨᠦᠭ᠌᠎ᠲᠤ 6 ᠣᠳᠣᠬᠢᠴᠢᠯᠠᠭ᠍ᠰᠠᠨ ᠤᠰᠤᠨ ᠲᠣᠤᠷ᠎ᠤᠨ ᠪᠦᠲᠦᠭᠡᠨ ᠪᠠᠢᠭᠤᠯᠤᠯᠲᠠ
01 ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ
ᠬᠥᠬᠡᠮᠥ᠋ᠷᠡᠨ᠎ᠤ ᠬᠤᠶᠠᠷ ᠨᠠᠭᠤᠷ᠎ᠤᠨ ᠭᠤᠤᠯᠳᠠᠯᠭ᠎ᠠ᠎ᠲᠠᠢ ᠬᠠᠱᠢᠯᠭ᠎ᠠ ᠲᠠᠯᠠᠩᠢ ᠪᠠᠬᠢᠯᠡᠬᠦ᠂ ᠬᠠᠲᠤᠨ ᠭᠤᠤᠯ᠎ᠤᠨ ᠳᠡᠭᠡᠳᠦ ᠤᠷᠤᠰᠭᠠᠯ᠎ᠤᠨ ᠭᠤᠤᠯ ᠤᠷᠤᠰᠭᠠᠯ᠎ᠤᠨ ᠬᠠᠱᠢᠯᠭ᠎ᠠ ᠲᠠᠯᠠᠩᠢ ᠪᠠᠬᠢᠯᠡᠬᠦ᠂ ᠬᠤᠸᠠᠢᠾᠧ ᠭᠤᠤᠯ᠎ᠤᠨ ᠭᠤᠤᠯ ᠤᠷᠤᠰᠭᠠᠯ᠎ᠤᠨ ᠦᠶᠡᠷ ᠵᠠᠯᠠᠬᠤ ᠣᠷᠣᠨ᠎ᠢ ᠵᠠᠰᠠᠬᠤ᠂ ᠬᠠᠢᠾᠧ ᠭᠤᠣᠯ᠎ᠤᠨ ᠭᠤᠤᠯ ᠪᠤᠯᠬᠤ ᠭᠤᠤᠯ᠎ᠤᠨ ᠵᠠᠮ᠎ᠤᠨ ᠦᠶᠡᠷ᠎ᠢ ᠰᠡᠷᠭᠡᠢᠯᠡᠨ ᠵᠠᠰᠠᠬᠤ ᠵᠡᠷᠭᠡ ᠢᠨᠵᠧᠨᠧᠷᠢᠩ ᠪᠠ ᠬᠠᠲᠤᠨ ᠭᠤᠤᠯ᠎ᠤᠨ ᠭᠥ᠋ ᠱᠢᠶᠠᠨ᠂ ᠹᠦᠵᠢᠶᠠᠨ᠎ᠤ ᠱᠠᠩ ᠪᠠᠶ ᠱ᠌ᠢ ᠴᠥᠭᠦᠷᠥᠮ᠂ ᠭᠤᠸᠠᠩᠳᠦ᠋ᠩ᠎ᠤᠨ ᠬᠤᠸᠠᠩ ᠮᠤᠤ ᠱᠢᠶᠠ ᠬᠠᠪᠴᠢᠯ ᠵᠡᠷᠭᠡ ᠦᠶᠡᠷ᠎ᠢ ᠰᠡᠷᠭᠡᠢᠯᠡᠬᠦ᠌ ᠴᠥᠭᠦᠷᠥᠮ᠎ᠢ ᠪᠦᠲᠦᠭᠡᠨ ᠪᠠᠢᠭᠤᠯᠵᠦ᠍᠂ ᠬᠠᠳᠤᠨ ᠭᠤᠤᠯ᠎ᠤᠨ ᠾᠧᠢ ᠱᠠᠨ ᠱᠢᠶᠠ ᠬᠠᠪᠴᠢᠯ᠎ᠤᠨ ᠭᠤᠤᠯ᠎ᠤᠨ ᠬᠡᠰᠡᠭ᠎ᠢ ᠨᠡᠭᠡᠭᠡᠨ ᠬᠥᠭ᠌ᠵᠢᠭᠦᠯᠬᠦ᠌ ᠢᠨᠵᠧᠨᠧᠷᠢᠩ ᠪᠠ ᠶᠦᠩ ᠳ᠋ᠢᠩ ᠾᠧ ᠭᠤᠤᠯ᠎ᠤᠨ ᠭᠤᠸᠠᠨ ᠲᠢᠩ ᠱᠠᠨ ᠠᠭᠤᠯᠠᠨ ᠬᠠᠪᠴᠢᠯ᠂ ᠵᠢᠤᠢ ᠮᠠ ᠾᠧ ᠭᠤᠤᠯ᠎ᠤᠨ ᠵᠠᠩᠹᠠᠩ ᠵᠡᠷᠭᠡ ᠦᠶᠡᠷ᠎ᠢ ᠰᠡᠷᠭᠡᠢᠯᠡᠬᠦ᠌ ᠢᠨᠵᠧᠨᠧᠷᠢᠩ᠎ᠢ ᠰᠤᠳᠤᠯᠤᠨ ᠨᠤᠲᠠᠯᠠᠵᠤ ᠠᠬᠢᠭᠤᠯᠤᠨ᠎ᠠ᠃ ᠤᠮᠠᠷᠠᠲᠤ ᠣᠷᠣᠨ᠎ᠢᠶᠠᠷ ᠭᠤᠤᠯᠳᠠᠯᠭ᠎ᠠ ᠪᠣᠯᠭᠠᠨ ᠱᠢᠷᠦᠭᠦᠨ ᠪᠣᠷᠣᠭᠠᠨ ᠠᠭᠤᠯᠠᠨ ᠦᠶᠡᠷ᠎ᠤᠨ ᠭᠠᠮᠱᠢᠭ᠎ᠢ ᠪᠠᠭᠠᠰᠭᠠᠬᠤ ᠱᠢᠰᠲ᠋ᠧᠮ᠎ᠤᠨ ᠪᠦᠲᠦᠬᠡᠨ ᠪᠠᠢᠭᠤᠯᠤᠯᠲᠠ᠎ᠶ᠋ᠢ ᠥᠷᠨᠢᠭᠦᠯᠤᠨ᠎ᠡ᠃ ᠤᠯᠤᠰ᠎ᠤᠨ ᠦᠶᠡᠷ᠎ᠢ ᠲᠣᠭ᠍ᠲᠠᠭᠠᠨ ᠬᠤᠷᠠᠭᠤᠯᠬᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃
02 ᠤᠰᠤ ᠲᠠᠲᠠᠬᠤ ᠤᠰᠤ ᠲᠣᠬᠢᠷᠠᠭᠤᠯᠬᠤ ᠴᠢᠬᠤᠯᠡ ᠶᠡᠭᠡ ᠢᠨᠵᠧᠨᠧᠷᠢᠩ
ᠡᠮᠦᠨᠡᠲᠦ᠍᠎ᠶ᠋ᠢᠨ ᠤᠰᠤ᠎ᠶ᠋ᠢ ᠤᠮᠠᠷᠠᠰᠢ ᠲᠠᠲᠠᠬᠤ ᠵᠡᠭᠦᠨ ᠱᠤᠭᠤᠮ᠎ᠤᠨ ᠬᠤᠶᠠᠳᠤᠭᠠᠷ ᠬᠤᠭᠤᠴᠠᠭ᠎ᠠ᠂ ᠡᠮᠦᠨᠡᠲᠦ᠍᠎ᠶ᠋ᠢᠨ ᠤᠰᠤ᠎ᠶ᠋ᠢ ᠤᠮᠠᠷᠠᠰᠢ ᠲᠠᠲᠠᠬᠤ ᠳᠤᠮᠳᠠ ᠱᠤᠭᠤᠮ᠎ᠤᠨ ᠬᠥᠬᠡᠮᠥ᠋ᠷᠡᠨ᠎ᠤ ᠤᠰᠤ᠎ᠶ᠋ᠢ ᠲᠠᠳᠠᠵᠦ᠍ ᠬᠠᠨᠵᠢᠶᠠᠩ ᠮᠦᠷᠡᠨ᠎ᠢ ᠨᠦᠬᠦᠪᠦᠷᠢᠯᠡᠬᠦ᠂ ᠯᠢᠶᠣᠤᠳᠦ᠋ᠩ ᠬᠤᠢᠭ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ᠂ ᠰᠧᠴᠤᠸᠠᠨ᠎ᠤ ᠳ᠋ᠠ ᠳ᠋ᠥ᠋ ᠡᡁᠧ ᠭᠤᠤᠯ᠎ᠤᠨ ᠤᠰᠤ᠎ᠶ᠋ᠢ ᠲᠠᠳᠠᠵᠥ᠍ ᠮᠢᠨᠵᠢᠶᠠᠩ ᠮᠥᠷᠡᠨ᠎ᠢ ᠨᠥᠬᠦᠪᠥᠷᠢᠯᠡᠬᠦ᠂ ᠶᠦᠨᠨᠠᠨ᠎ᠤ ᠳᠤᠮᠳᠠ ᠬᠡᠰᠡᠭ᠎ᠤᠨ ᠤᠰᠤ᠎ᠶ᠋ᠢ ᠲᠠᠲᠠᠬᠤ ᠬᠤᠶᠠᠳᠤᠭᠠᠷ ᠬᠤᠭᠤᠴᠠᠭ᠎ᠠ᠂ ᠵᠧᠵᠢᠶᠠᠩ᠎ᠤᠨ ᠳᠤᠮᠳᠠ ᠬᠡᠰᠡᠭ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ᠂ ᠠᠨᠾᠦ᠋ᠢ᠎ᠶ᠋ᠢᠨ ᠬᠥᠬᠡᠮᠥ᠋ᠷᠡᠨ᠎ᠤ ᠤᠰᠤ᠎ᠶ᠋ᠢ ᠳᠠᠳᠠᠵᠤ ᠬᠤᠸᠠᠢᠾᠧ ᠭᠤᠤᠯ᠎ᠳᠤ ᠤᠷᠤᠭᠤᠯᠬᠤ ᠬᠤᠶᠠᠳᠤᠭᠠᠷ ᠬᠤᠭᠤᠴᠠᠭ᠎ᠠ ᠵᠡᠷᠭᠡ ᠢᠨᠵᠧᠨᠧᠷᠢᠩ᠎ᠢ ᠪᠦᠳᠦᠬᠡᠨ ᠪᠠᠢᠭᠤᠯᠤᠨ᠎ᠠ᠃ ᠹᠦᠵᠢᠶᠠᠨ᠎ᠤ ᠪᠠᠷᠠᠭᠤᠨ ᠡᠮᠦᠨᠡᠲᠦ᠍᠎ᠶ᠋ᠢᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠢᠨᠵᠧᠨᠧᠷᠢᠩ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠠᠬᠢᠭᠤᠯᠤᠨ᠎ᠠ᠃ ᠡᠮᠦᠨᠡᠲᠦ᠍᠎ᠶ᠋ᠢᠨ ᠤᠰᠤ᠎ᠶ᠋ᠢ ᠤᠮᠠᠷᠠᠰᠢ ᠲᠠᠲᠠᠬᠤ ᠪᠠᠷᠠᠭᠤᠨ ᠱᠤᠭᠤᠮ᠎ᠤᠨ ᠢᠨᠵᠧᠨᠧᠷᠢᠩ᠎ᠢ ᠰᠤᠳᠤᠯᠤᠨ ᠨᠤᠲᠠᠯᠠᠨ᠎ᠠ᠃
03 ᠤᠰᠤ ᠬᠠᠩᠭᠠᠬᠤ ᠪᠠ ᠤᠰᠤᠯᠠᠯᠲᠠ ᠬᠢᠬᠦ᠌
ᠠᠨᠾᠦ᠋ᠢ᠎ᠶ᠋ᠢᠨ ᠫᠢ ᠡᠾᠧ ᠭᠤᠤᠯ — ᠱ᠌ᠢ ᠡᠾᠧ ᠭᠤᠤᠯ — ᠬᠠᠨᠭ᠌ ᠹᠦ᠋ ᠡᠾᠧ ᠭᠤᠤᠯ᠂ ᠰᠧᠴᠤᠸᠠᠨ᠎ᠤ ᠳ᠋ᠦ᠋ ᠵᠢᠶᠠᠩ ᠶᠠᠨ᠂ ᠥᠪᠥᠷ ᠮᠣᠩᠭᠤᠯ᠎ᠤᠨ ᠪᠣᠷᠣᠲᠣᠬᠤᠶ᠂ ᠱᠢᠨᠵᠢᠶᠠᠩ᠎ᠤᠨ ᠶᠧᠷᠺᠧᠨ ᠭᠤᠤᠯ᠂ ᠱᠠᠨᠳᠦ᠋ᠩ᠎ᠤᠨ ᠸᠧᠢ᠌ᠱᠠᠨ᠂ ᠨᠢᠩᠱᠢᠶᠠ᠎ᠶ᠋ᠢᠨ ᠴᠢᠩ ᠲᠦᠩ ᠱᠢᠶᠠ ᠵᠡᠷᠭᠡ ᠲᠣᠮᠣ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠢ ᠪᠦᠬᠦᠯᠢ ᠴᠤᠨᠨᠴᠠ᠎ᠳᠤᠨᠢ ᠣᠳᠣᠬᠢᠴᠢᠯᠠᠬᠤ ᠥᠭᠡᠷᠡᠴᠢᠯᠡᠯᠲᠡ᠎ᠶ᠋ᠢ ᠠᠬᠢᠭᠤᠯᠵᠤ᠂ ᠭᠤᠸᠠᠩᠳᠦ᠋ᠩ᠎ᠤᠨ ᠯᠧᠢᠵᠧᠦ ᠬᠤᠢᠭ᠂ ᠭᠤᠸᠠᠩᠰᠢ᠎ᠶ᠋ᠢᠨ ᠶᠥᠡᠭ᠌ᠪᠸᠢ᠂ ᠴᠦᠩᠴᠢᠩ᠎ᠤᠨ ᠢᠦ᠋ᠢᠲ᠋ᠠᠨ ᠵᠡᠷᠭᠡ ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ ᠪᠠ ᠱᠠᠨᠰᠢ᠎ᠶ᠋ᠢᠨ ᠵᠢᠶᠤᠤ ᠶᠠᠨ᠂ ᠭᠦᠢᠵᠧᠦ᠍᠎ᠶ᠋ᠢᠨ ᠢᠦ᠋ᠢᠯᠦᠩ ᠵᠡᠷᠭᠡ ᠤᠰᠤᠨ ᠰᠤᠷᠪᠤᠯᠵᠢ᠎ᠶ᠋ᠢᠨ ᠴᠥᠭᠦᠷᠥᠮ᠎ᠢ ᠪᠦᠲᠦᠭᠡᠨ ᠪᠠᠢᠭᠤᠯᠤᠨ᠎ᠠ᠃ ᠫᠦᠸᠧ ᠶᠠᠩ ᠬᠤ᠌ ᠨᠠᠭᠤᠷ᠎ᠤᠨ ᠤᠰᠤᠨ ᠠᠱᠢᠭ᠍ᠯᠠᠯᠲᠠ᠎ᠶ᠋ᠢᠨ ᠭᠦᠢᠰᠦ ᠢᠨᠵᠧᠨᠧᠷᠢᠩ᠎ᠢ ᠪᠠᠢᠭᠤᠯᠵᠤ᠂ ᠠᠮᠢ ᠠᠬᠤᠶ ᠪᠠ ᠤᠰᠤ ᠬᠠᠩᠭᠠᠬᠤ ᠤᠰᠤᠯᠠᠯᠲᠠ ᠬᠢᠬᠦ᠌ ᠵᠡᠷᠭᠡ᠎ᠶ᠋ᠢᠨ ᠶᠡᠷᠦᠩᠬᠡᠢᠯᠡᠭ᠌ᠰᠡᠨ ᠦᠷ᠎ᠡ ᠠᠱᠢᠭ᠎ᠢ ᠪᠠᠳᠠᠷᠠᠭᠤᠯᠤᠨ᠎ᠠ᠃ ᠳ᠋ᠦᠩ ᠲᠢᠩ ᠬᠤ᠌ ᠨᠠᠭᠤᠷ᠎ᠤᠨ ᠴᠧᠩ ᠯᠢᠩ ᠵᠶ᠋ᠢ ᠤᠰᠤᠨ ᠠᠱᠢᠭ᠍ᠯᠠᠯᠲᠠ᠎ᠶ᠋ᠢᠨ ᠭᠦᠢᠰᠦ ᠢᠨᠵᠧᠨᠧᠷᠢᠩ᠎ᠢ ᠰᠤᠳᠤᠯᠤᠨ ᠨᠤᠲᠠᠯᠠᠨ᠎ᠠ᠃
ᠳᠥᠷᠪᠡᠳᠦᠭᠡᠷ ᠬᠡᠰᠡᠭ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢ ᠵᠣᠬᠢᠰᠲᠠᠶ᠎ᠪᠠᠷ ᠤᠷᠢᠳᠴᠢᠯᠠᠨ ᠪᠦᠳᠦᠭᠡᠨ ᠪᠠᠢᠭᠤᠯᠤᠨ᠎ᠠ
ᠲᠤᠯᠭᠠᠭᠤᠷᠢᠯᠠᠬᠤ ᠠᠵᠤ ᠦᠢᠯᠡᠰ᠎ᠢ ᠳᠡᠰ ᠲᠡᠪᠱᠢᠬᠦᠯᠬᠦ᠌ ᠪᠠ ᠳ᠋ᠢᠵᠢᠲ᠋ᠠᠯᠴᠢᠯᠠᠨ ᠤᠶᠤᠨᠴᠢᠯᠠᠨ ᠬᠥᠭ᠌ᠵᠢᠬᠦᠯᠬᠦ᠌᠎ᠶ᠋ᠢᠨ ᠲᠣᠭᠤᠷᠢᠨ᠎ᠳᠤ᠂ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢ ᠪᠠᠢᠷᠢᠯᠠᠭᠤᠯᠵᠦ᠍ ᠪᠦᠲᠦᠭᠡᠨ ᠪᠠᠢᠭᠤᠯᠬᠤ ᠪᠠ ᠡᠷᠴᠢᠮᠯᠢᠭ ᠥᠨᠳᠥᠷ ᠪᠦᠲᠦᠮᠵᠢᠲᠡᠢ ᠠᠱᠢᠭ᠍ᠯᠠᠬᠤ᠎ᠶ᠋ᠢ ᠠᠬᠢᠭᠤᠯᠤᠨ᠎ᠠ᠃ ᠮᠡᠳᠡᠭᠡ ᠵᠠᠩᠭᠢ ᠮᠡᠳᠡᠭᠡ ᠬᠤᠯᠪᠣᠭᠠᠨ᠎ᠤ ᠰᠦᠯᠵᠢᠶ᠎ᠡ᠎ᠶ᠋ᠢ ᠲᠡᠭᠦᠯᠳᠡᠷᠵᠢᠭᠦᠯᠵᠦ᠍᠂ ᠲᠠᠪᠤᠳᠤᠭᠠᠷ ᠦᠶ᠎ᠡ᠎ᠶ᠋ᠢᠨ ᠱᠢᠯᠵᠢᠮᠡᠯ ᠮᠡᠳᠡᠭᠡ ᠬᠤᠯᠪᠣᠭ᠎ᠠ (5G)᠂ ᠮᠢᠩᠭᠠᠨ ᠮᠧᠭ᠎ᠠ᠎ᠶ᠋ᠢᠨ ᠭᠡᠷᠡᠯᠯᠢᠭ ᠰᠦᠯᠵᠢᠶ᠎ᠡ᠎ᠶ᠋ᠢ ᠬᠡᠪᠴᠢᠶᠡᠵᠢᠬᠦᠯᠦᠨ ᠪᠠᠢᠷᠢᠯᠠᠭᠤᠯᠬᠤ᠎ᠶ᠋ᠢ ᠭᠦᠨᠵᠡᠭᠡᠢᠷᠡᠭᠦᠯᠵᠦ᠍᠂ ᠲᠠᠪᠤᠳᠤᠭᠠᠷ ᠦᠶ᠎ᠡ᠎ᠶ᠋ᠢᠨ ᠱᠢᠯᠵᠢᠮᠡᠯ ᠮᠡᠳᠡᠭᠡ ᠬᠤᠯᠪᠣᠭᠠᠨ᠎ᠤ ᠬᠤᠪᠢᠰᠤᠯᠲᠠ (5G — A)᠂ ᠲᠦᠮᠡᠨ ᠮᠧᠭ᠎ᠠ᠎ᠶ᠋ᠢᠨ ᠭᠡᠷᠡᠯᠯᠢᠭ ᠰᠦᠯᠵᠢᠶᠡᠨ᠎ᠤ ᠪᠠᠢᠭᠤᠯᠤᠯᠲᠠ᠎ᠶ᠋ᠢᠨ ᠬᠥᠭ᠌ᠵᠢᠯᠲᠡ ᠪᠠ ᠵᠢᠷᠭᠤᠳᠤᠭᠠᠷ ᠦᠶ᠎ᠡ᠎ᠶ᠋ᠢᠨ ᠱᠢᠯᠵᠢᠮᠡᠯ ᠮᠡᠳᠡᠭᠡ ᠬᠤᠯᠪᠣᠭᠠᠨ (6G) ᠤ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢ ᠠᠬᠢᠭᠤᠯᠵᠤ᠂ ᠱᠢᠯᠵᠢᠮᠡᠯ ᠡᠳ᠋ ᠪᠠᠷᠠᠭᠠᠨ᠎ᠤ ᠮᠡᠳᠡᠭᠡ ᠵᠠᠩᠬᠢ᠎ᠶ᠋ᠢᠨ ᠰᠦᠯᠵᠢᠶᠡᠨ᠎ᠤ ᠪᠡᠶ᠎ᠡ᠎ᠪᠠᠨ ᠳᠠᠭᠠᠭᠠᠨᠨᠰᠠᠨ ᠦᠶ᠎ᠡ ᠰᠤᠯᠢᠬ᠍ᠳᠠᠯᠢ ᠠᠬᠢᠭᠤᠯᠤᠨ᠎ᠠ᠃ 《ᠵᠡᠭᠦᠨ᠎ᠤ ᠳ᠋ᠠᠢᠲ᠋ᠠ᠎ᠶ᠋ᠢ ᠪᠠᠷᠠᠭᠤᠨ᠎ᠠ ᠪᠤᠳᠤᠬᠤ》 ᠢᠨᠵᠧᠨᠧᠷᠢᠩ᠎ᠢ ᠭᠦᠨᠵᠡᠬᠡᠢᠷᠡᠭᠦᠯᠦᠨ ᠠᠬᠢᠭᠤᠯᠵᠦ᠍᠂ ᠤᠯᠠᠨ ᠲᠡᠰ ᠳᠠᠪᠬᠤᠷᠭᠠᠲᠤ ᠪᠤᠳᠤᠬᠤ ᠭᠦᠴᠦᠨ᠎ᠤ ᠲᠥᠬᠦᠭᠡᠷᠦᠮᠵᠢ᠎ᠶ᠋ᠢᠨ ᠱᠢᠰᠲ᠋ᠧᠮ ᠪᠠ ᠪᠦᠬᠦ᠌ ᠤᠯᠤᠰ᠎ᠤᠨ ᠨᠢᠭᠡ ᠴᠤᠬ᠍ᠴᠠᠵᠢᠬ᠍ᠰᠠᠨ ᠪᠤᠳᠤᠬᠤ ᠭᠦᠴᠦᠨ᠎ᠤ ᠰᠦᠯᠵᠢᠶ᠎ᠡ᠎ᠶ᠋ᠢ ᠪᠠᠢᠭᠤᠯᠤᠨ᠎ᠠ᠃ ᠤᠯᠤᠰ᠎ᠤᠨ ᠬᠡᠰᠡᠭ᠎ᠤᠨ ᠬᠡᠯᠬᠢᠶᠡᠨ᠎ᠤ ᠲᠣᠤᠷ᠎ᠤᠨ ᠪᠦᠲᠦᠬᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠠᠷᠠᠳ᠎ᠤᠨ ᠬᠡᠷᠡᠭ᠌ᠯᠡᠭᠡᠨ᠎ᠤ ᠣᠷᠣᠨ ᠵᠠᠶ᠎ᠶ᠋ᠢᠨ ᠰᠠᠭᠤᠷᠢ ᠲᠥᠬᠦᠭᠡᠷᠦᠮᠵᠢ᠎ᠶ᠋ᠢ ᠲᠡᠭᠦᠯᠳᠡᠷᠵᠢᠭᠦᠯᠤᠨ᠂ ᠳᠠᠭᠠᠭᠤᠯᠢ ᠤᠳᠤᠨ᠎ᠤ ᠮᠡᠳᠡᠭᠡ ᠬᠤᠯᠪᠣᠭ᠎ᠠ᠂ ᠠᠶᠠᠯᠠᠯ ᠵᠠᠮᠴᠢᠯᠠᠬᠤ ᠱᠢᠰᠲ᠋ᠧᠮ᠂ ᠠᠯᠤᠰ ᠰᠡᠷᠡᠯ᠎ᠤᠨ ᠱᠢᠰᠲ᠋ᠧᠮ᠎ᠢ ᠨᠢᠭᠡᠳᠦᠯᠲᠡᠶ ᠲᠥᠯᠥᠪᠯᠡᠨ ᠪᠠᠢᠭᠤᠯᠵᠤ᠂ ᠳᠣᠤᠷ᠎ᠠ ᠲᠤᠭᠤᠷᠢᠯᠲᠡᠶ᠋ᠢᠨ ᠵᠠᠮ᠎ᠤᠨ ᠳᠠᠭᠠᠭᠤᠯᠢ ᠤᠳᠤᠨ᠎ᠤ ᠢᠨᠲ᠋ᠧᠷ ᠰᠦᠯᠵᠢᠶ᠎ᠡ᠎ᠶ᠋ᠢᠨ ᠲᠤᠤᠷᠵᠢᠭᠤᠯᠤᠯᠲᠡᠶ᠋ᠢ ᠲᠦᠷᠭᠡᠳᠭᠡᠨ᠎ᠡ᠃ ᠵᠠᠮ ᠬᠠᠷᠢᠯᠴᠠᠭ᠎ᠠ᠂ ᠡᠨᠧᠷᠭᠢ᠎ᠶ᠋ᠢᠨ ᠰᠤᠷᠪᠤᠯᠵᠢ᠂ ᠤᠰᠤᠨ ᠠᠱᠢᠭ᠍ᠯᠠᠯᠲᠠ ᠵᠡᠷᠭᠡ ᠰᠠᠭᠤᠷᠢ ᠲᠥᠬᠦᠭᠡᠷᠦᠮᠵᠢ᠎ᠶ᠋ᠢ ᠳ᠋ᠢᠵᠢᠲ᠋ᠠᠯᠴᠢᠯᠠᠬᠤ ᠤᠶᠤᠨᠴᠢᠯᠠᠬᠤ ᠲᠠᠢᠰᠢ ᠲᠡᠰ ᠳᠡᠪᠱᠢᠭᠦᠯᠬᠦ᠌᠎ᠶ᠋ᠢ ᠠᠬᠢᠭᠤᠯᠤᠨ᠎ᠠ᠃
ᠭᠦᠰᠦᠨᠦᠭ᠌᠎ᠲᠦ 7 ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ
01 ᠪᠦᠬᠦ᠌ ᠤᠯᠤᠰ᠎ᠤᠨ ᠨᠢᠭᠡ ᠴᠤᠭ᠍ᠴᠠᠵᠢᠭ᠍ᠰᠠᠨ ᠪᠤᠳᠤᠬᠤ ᠭᠦᠴᠦᠨ᠎ᠤ ᠰᠦᠯᠵᠢᠶ᠎ᠡ
ᠱᠢᠨ᠎ᠡ ᠨᠢᠭᠡ ᠦᠶ᠎ᠡ᠎ᠶ᠋ᠢᠨ ᠬᠡᠲᠦ ᠪᠤᠳᠤᠯᠲᠠ᠂ ᠨᠡᠢᠳᠡᠮ ᠪᠤᠳᠤᠯᠲᠠ᠂ ᠣᠶᠤᠯᠢᠬ ᠪᠤᠳᠤᠯᠲᠠ᠎ᠶ᠋ᠢᠨ ᠲᠦᠭᠦᠬᠡᠷᠦᠮᠵᠢ᠎ᠶ᠋ᠢᠨ ᠱᠢᠰᠲ᠋ᠧᠮ᠎ᠢ ᠪᠦᠳᠦᠬᠡᠨ ᠪᠠᠢᠭᠤᠯᠵᠤ᠂ ᠤᠯᠠᠨ ᠨᠡᠢᠲᠡ᠎ᠶ᠋ᠢᠨ ᠡᠭᠦᠯᠡᠨ ᠦᠢᠯᠡᠴᠢᠯᠡᠭᠡ᠎ᠶ᠋ᠢ ᠢᠳᠡᠪᠬᠢᠲᠡᠢ ᠬᠥᠭ᠌ᠵᠢᠭᠦᠯᠦᠨ᠎ᠡ᠃ ᠪᠤᠳᠤᠬᠤ ᠭᠦᠴᠦᠨ᠎ᠢ ᠬᠢᠨᠠᠨ ᠬᠡᠮᠵᠢᠵᠦ᠍ ᠲᠣᠬᠢᠷᠠᠭᠤᠯᠬᠤ ᠲᠠᠪᠴᠠᠩ᠎ᠢ ᠪᠠᠢᠭᠤᠯᠵᠤ᠂ ᠪᠤᠳᠤᠬᠤ ᠭᠦᠴᠦᠨ᠎ᠤ ᠡᠬᠢ ᠪᠠᠶᠠᠯᠢᠭ᠎ᠢ ᠡᠷᠴᠢᠮᠵᠢᠬᠦᠯᠦᠨ ᠠᠱᠢᠭ᠍ᠯᠠᠬᠤ᠂ ᠲᠣᠤᠷ᠎ᠲᠤ ᠨᠡᠢᠯᠡᠭᠦᠯᠬᠦ᠂ ᠬᠢᠨᠠᠨ ᠬᠡᠮᠵᠢᠬᠦ᠂ ᠠᠵᠢᠯᠯᠠᠭᠤᠯᠤᠨ ᠡᠵᠡᠩᠨᠡᠬᠦ᠂ ᠲᠣᠬᠢᠷᠠᠭᠤᠯᠬᠤ ᠵᠡᠷᠭᠡ ᠪᠠᠷᠢᠮᠵᠢᠶ᠎ᠠ ᠵᠢᠷᠤᠮᠵᠢᠯ᠎ᠢ ᠲᠣᠭ᠍ᠲᠠᠭᠠᠨ ᠲᠡᠭᠦᠯᠳᠡᠷᠵᠢᠭᠦᠯᠦᠨ᠎ᠡ᠃
02 ᠳᠠᠭᠠᠭᠤᠯᠢ ᠣᠳᠣᠨ᠎ᠤ ᠢᠨᠲ᠋ᠧᠷ ᠰᠦᠯᠵᠢᠶ᠎ᠡ
ᠳᠠᠭᠠᠭᠤᠯᠢ ᠣᠳᠣᠨ᠎ᠤ ᠢᠨᠲ᠋ᠧᠷ ᠰᠦᠯᠵᠢᠶᠡᠨ᠎ᠤ ᠣᠳᠣᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠷᠪᠤᠯᠲᠠ᠎ᠶ᠋ᠢ ᠪᠠᠢᠴᠠᠭᠠᠨ ᠬᠡᠮᠵᠢᠵᠦ᠍ ᠡᠵᠡᠮᠳᠡᠬᠦ᠌ ᠪᠠᠲᠤᠯᠠᠭ᠎ᠠ ᠪᠠ ᠠᠮᠤᠷ ᠲᠦᠪᠱᠢᠨ᠎ᠤ ᠰᠡᠷᠭᠡᠢᠯᠡᠨ ᠬᠠᠮᠠᠭᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠤᠨ᠂ ᠳᠠᠭᠠᠭᠤᠯᠢ ᠤᠳᠤᠨ᠎ᠤ ᠢᠨᠲ᠋ᠧᠷ ᠰᠦᠯᠵᠢᠶ᠎ᠡ ᠪᠠ ᠳᠣᠬᠢᠭᠤᠷ ᠲᠤᠯᠤᠭᠠᠨ ᠤᠳᠤᠨ ᠠᠶᠠᠯᠠᠯ ᠵᠠᠮᠴᠢᠯᠠᠬᠤ ᠱᠢᠰᠲ᠋ᠧᠮ᠎ᠢ ᠭᠤᠤᠯᠳᠠᠯᠭ᠎ᠠ᠎ᠲᠠᠢ ᠠᠵᠢᠯ ᠲᠦᠷᠦᠯ᠂ ᠤᠯᠠᠨ ᠨᠡᠢᠲᠡ᠎ᠶ᠋ᠢᠨ ᠬᠡᠷᠡᠭ᠌ᠯᠡᠭᠡ ᠵᠡᠷᠭᠡ ᠭᠦᠷᠢᠶᠡᠨ᠎ᠳᠤ ᠬᠡᠪᠴᠢᠶᠡᠵᠢᠭᠦᠯᠦᠨ ᠬᠡᠷᠡᠭ᠌ᠯᠡᠬᠦ᠌ ᠪᠠ ᠤᠯᠠᠨ ᠤᠯᠤᠰᠴᠢᠯᠠᠨ ᠳᠡᠯᠬᠡᠷᠡᠭᠦᠯᠬᠦ᠌ᠶ᠋ᠢ ᠲᠦᠷᠭᠡᠳᠭᠡᠨ᠎ᠡ᠃ ᠣᠯᠠᠨ ᠬᠡᠷᠡᠭ᠌ᠯᠡᠭ᠌ᠴᠢ᠎ᠶ᠋ᠢᠨ ᠬᠡᠷᠡᠭ᠌ᠴᠡᠭᠡ᠎ᠶ᠋ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭᠠᠳᠭᠠᠵᠤ᠂ ᠠᠯᠤᠰ ᠰᠡᠷᠡᠯ᠎ᠤᠨ ᠳᠠᠭᠠᠭᠤᠯᠢ ᠣᠳᠣ᠎ᠶ᠋ᠢ ᠬᠠᠮᠲᠤ᠎ᠪᠠᠷ ᠪᠠᠢᠭᠤᠯᠬᠤ ᠪᠠ ᠳ᠋ᠡᠢᠲ᠋ᠠ᠎ᠶ᠋ᠢ ᠬᠠᠮᠲᠤ᠎ᠪᠠᠷ ᠡᠳ᠋ᠯᠡᠨ ᠬᠠᠮᠲᠤ᠎ᠪᠠᠷ ᠬᠡᠷᠡᠭ᠌ᠯᠡᠬᠦ᠌᠎ᠶ᠋ᠢ ᠠᠬᠢᠭᠤᠯᠤᠨ᠂ ᠠᠭᠠᠷ ᠰᠠᠨᠰᠠᠷ ᠭᠠᠵᠠᠷ᠎ᠢ ᠨᠢᠭᠡ ᠴᠣᠭ᠍ᠴᠠᠵᠢᠭᠤᠯᠤᠭ᠍ᠰᠠᠨ᠂ ᠮᠡᠳᠡᠭᠡ ᠬᠤᠯᠪᠤᠭ᠎ᠠ ᠠᠶᠠᠯᠠᠯ ᠵᠠᠮᠴᠢᠯᠠᠯᠳᠠ ᠠᠯᠤᠰ ᠰᠡᠷᠡᠯ ᠪᠤᠳᠤᠯᠳᠠ᠎ᠶ᠋ᠢ ᠠᠭᠤᠰᠤᠯᠴᠠᠭᠤᠯᠤᠭ᠍ᠰᠠᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠤᠨ᠎ᠠ᠃
03 ᠮᠡᠳᠡᠭᠡ ᠵᠠᠩᠭᠢ ᠮᠡᠳᠡᠭᠡ ᠬᠤᠯᠪᠣᠭ᠎ᠠ᠎ᠶ᠋ᠢᠨ ᠰᠦᠯᠵᠢᠶ᠎ᠡ
ᠲᠦᠮᠡᠨ ᠮᠧᠭ᠎ᠠ᠎ᠶ᠋ᠢᠨ ᠭᠡᠷᠡᠯᠯᠢᠭ ᠰᠦᠯᠵᠢᠶ᠎ᠡ᠎ᠶ᠋ᠢᠨ ᠪᠠᠢᠷᠢᠯᠠᠭᠤᠯᠤᠯᠲᠠ ᠪᠠ ᠬᠡᠷᠡᠭ᠌ᠯᠡᠯᠲᠡ᠎ᠶ᠋ᠢ ᠠᠬᠢᠭᠤᠯᠵᠤ᠂ ᠳᠡᠬᠡᠲᠦ ᠬᠤᠷᠳᠤᠴᠠᠲᠤ ᠰᠤᠷᠪᠤᠯᠵᠢ ᠦᠭᠡᠢ ᠭᠡᠷᠡᠯᠯᠢᠭ ᠰᠦᠯᠵᠢᠶ᠎ᠡ (50G PON) ᠶ᠋ᠢᠨ ᠦᠵᠦᠭᠦᠷ᠎ᠢ 100 ᠲᠦᠮᠨ ᠪᠠᠢᠭᠤᠯᠤᠨ᠎ᠠ᠃ 5G — A ᠱᠢᠯᠵᠢᠮᠡᠯ ᠮᠡᠳᠡᠭᠡ ᠬᠤᠯᠪᠣᠭᠠᠨ᠎ᠤ ᠰᠦᠯᠵᠢᠶ᠎ᠡ᠎ᠶ᠋ᠢ ᠬᠡᠪᠴᠢᠶᠡᠵᠢᠬᠦᠯᠦᠨ ᠬᠤᠳᠠᠯᠳᠤᠭᠠᠨ᠎ᠳᠤ ᠬᠡᠷᠡᠭ᠌ᠯᠡᠬᠦ᠌᠎ᠶ᠋ᠢ ᠲᠦᠷᠬᠡᠳᠭᠡᠵᠦ᠍᠂ 5G — A ᠶ᠋ᠢᠨ ᠰᠠᠭᠤᠷᠢ ᠥᠷᠲᠡᠭᠡ᠎ᠶ᠋ᠢ 50 ᠲᠦᠮᠨ ᠪᠠᠢᠭᠤᠯᠵᠤ᠂ 6G ᠮᠡᠷᠭᠡᠵᠢᠯ᠎ᠢ ᠰᠤᠳᠤᠯᠤᠨ ᠨᠡᠭᠡᠭᠡᠬᠦ᠂ ᠪᠠᠷᠢᠮᠵᠢᠶ᠎ᠠ᠎ᠶ᠋ᠢ ᠰᠤᠳᠤᠯᠤᠨ ᠦᠢᠯᠡᠳᠬᠦ᠌ ᠪᠠ ᠬᠡᠷᠡᠭ᠌ᠯᠡᠯᠲᠡ᠎ᠪᠠᠷ ᠱᠢᠯᠭᠠᠨ ᠨᠤᠲᠠᠯᠠᠬᠤ᠎ᠶ᠋ᠢ ᠴᠢᠩᠭᠠᠳᠭᠠᠨ᠎ᠠ᠃ ᠭᠤᠤᠯ ᠲᠠᠮᠵᠢᠯᠭᠠᠨᠤ ᠰᠦᠯᠵᠢᠶᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠳᠠᠯᠠᠢ᠎ᠶ᠋ᠢᠨ ᠭᠡᠷᠡᠯᠯᠢᠭ ᠳᠡᠭᠡᠰᠦᠨ᠎ᠤ ᠪᠦᠲᠦᠭᠡᠨ ᠪᠠᠢᠭᠤᠯᠤᠯᠲᠠ᠎ᠶ᠋ᠢᠨ ᠲᠠᠯ᠎ᠠ᠎ᠪᠠᠷ᠎ᠬᠢ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠠᠬᠢᠭᠤᠯᠤᠨ᠎ᠠ᠃ ᠴᠠᠬᠢᠯᠭᠠᠨ ᠬᠤᠯᠪᠣᠭᠠᠨ᠎ᠤ ᠲᠦᠭᠡᠮᠡᠯ ᠦᠢᠯᠡᠴᠢᠯᠡᠭᠡ᠎ᠶ᠋ᠢ ᠬᠡᠷᠡᠭ᠌ᠵᠢᠭᠦᠯᠵᠦ᠍᠂ ᠬᠢᠯᠢ ᠬᠢᠵᠠᠭᠠᠷ ᠣᠷᠣᠨ᠎ᠳᠠᠬᠢ ᠥᠷᠭᠡᠨ ᠪᠦᠰᠡᠲᠦ ᠰᠦᠯᠵᠢᠶᠡᠨ᠎ᠤ ᠬᠠᠮᠤᠷᠬᠤ ᠲᠦᠪᠱᠢᠨ᠎ᠢ ᠳᠡᠭᠡᠭ᠌ᠰᠢᠯᠡᠭᠦᠯᠦᠨ᠎ᠡ᠃
04 ᠳ᠋ᠠᠢᠲ᠋ᠠ᠎ᠶ᠋ᠢᠨ ᠰᠠᠭᠤᠷᠢ ᠲᠥᠬᠦᠭᠡᠷᠦᠮᠵᠢ
ᠨᠢᠬᠡᠳᠦᠯᠳᠡᠢ ᠭᠠᠷᠴᠠᠭ᠎ᠤᠨ ᠢᠯᠡᠳᠭᠡᠮᠵᠢ ᠲᠡᠮᠳᠡᠭ᠂ ᠪᠠᠶ᠎ᠡ ᠬᠡᠮ᠎ᠤᠨ ᠭᠡᠷᠡᠴᠢᠯᠡᠭᠡ᠂ ᠵᠠᠯᠭᠠᠵᠦ᠍ ᠤᠷᠤᠭᠤᠯᠬᠤ ᠬᠠᠮᠢᠶᠠᠷᠤᠯᠲᠠ ᠪᠦᠭᠦᠢ ᠳ᠋ᠠᠢᠲ᠋ᠠ ᠭᠦᠢᠯᠬᠡᠬᠡᠵᠦ᠍ ᠠᠱᠢᠨᠨᠯᠠᠬᠤ ᠲᠦᠭᠦᠬᠡᠷᠦᠮᠵᠢ᠎ᠶ᠋ᠢᠨ ᠱᠢᠰᠲ᠋ᠧᠮ ᠪᠠ ᠳ᠋ᠠᠢᠲ᠋ᠠ᠎ᠶ᠋ᠢᠨ ᠠᠮᠤᠷ ᠲᠦᠪᠱᠢᠨ᠎ᠤ ᠰᠡᠷᠭᠡᠢᠯᠡᠨ ᠬᠠᠮᠠᠭᠠᠯᠠᠬᠤ ᠲᠡᠪᠴᠡᠩ᠎ᠢ ᠪᠠᠢᠭᠤᠯᠵᠤ᠂ ᠳ᠋ᠠᠢᠲ᠋ᠠ᠎ᠶ᠋ᠢᠨ ᠢᠯᠡᠳᠭᠡᠮᠵᠢ ᠲᠣᠳᠣᠷᠬᠠᠢᠯᠠᠯᠳᠠ᠂ ᠭᠦᠢᠯᠭᠡᠭᠡ᠂ ᠲᠤᠱᠢᠶᠠᠨ ᠥᠭ᠌ᠭᠦᠯᠲᠡ᠂ ᠬᠡᠷᠡᠭ᠌ᠯᠡᠯᠳᠡ᠎ᠶ᠋ᠢᠨ ᠰᠠᠭᠤᠷᠢᠨ ᠭᠠᠵᠠᠷ ᠪᠠ ᠳᠡᠭᠡᠲᠤ ᠬᠤᠷᠳᠤᠴᠠᠲᠤ ᠳ᠋ᠠᠢᠲ᠋ᠠ᠎ᠶ᠋ᠢᠨ ᠳᠠᠮᠵᠢᠯᠭᠠᠨᠤ ᠰᠦᠯᠵᠢᠶ᠎ᠡ᠎ᠶ᠋ᠢ ᠪᠠᠢᠷᠢᠯᠠᠭᠤᠯᠤᠨ ᠪᠦᠲᠦᠬᠡᠨ ᠪᠠᠢᠭᠤᠯᠤᠨ᠎ᠠ᠃
05 ᠳᠣᠤᠷ᠎ᠠ ᠠᠭᠠᠷ᠎ᠤᠨ ᠰᠠᠭᠤᠷᠢ ᠲᠥᠬᠦᠭᠡᠷᠦᠮᠵᠢ
ᠠᠬᠤᠶ ᠪᠠᠢᠳᠠᠯ᠎ᠢ ᠥᠷᠭᠡᠳᠭᠡᠬᠦ᠌᠎ᠪᠠᠷ ᠭᠦᠲᠦᠯᠦᠮᠵᠢ ᠪᠣᠯᠭᠠᠵᠤ᠂ ᠳᠣᠤᠷ᠎ᠠ ᠠᠭᠠᠷ᠎ᠤᠨ ᠠᠶᠠᠯᠠᠯ᠎ᠤᠨ ᠵᠠᠮ᠎ᠢ ᠱᠢᠨᠵᠢᠯᠡᠬᠦ᠌ ᠤᠬᠠᠭᠠᠨᠴᠢ᠎ᠪᠠᠷ ᠵᠠᠭᠠᠭ᠍ᠯᠠᠨ ᠲᠣᠭ᠍ᠲᠠᠭᠠᠵᠤ᠂ ᠨᠢᠰᠭᠦ ᠪᠠ ᠪᠠᠭᠤᠬᠤ ᠵᠢᠴᠢ ᠮᠡᠳᠡᠭᠡ ᠬᠤᠯᠪᠤᠭᠠᠨ᠎ᠤ ᠠᠶᠠᠯᠠᠯ ᠵᠠᠮᠴᠢᠯᠠᠬᠤ ᠱᠢᠰᠲ᠋ᠧᠮ᠎ᠢᠶᠠᠷ ᠴᠠᠭ ᠠᠭᠤᠷ᠎ᠢ ᠬᠢᠨᠠᠨ ᠠᠵᠢᠭ᠍ᠯᠠᠬᠤ ᠵᠡᠷᠭᠡ ᠰᠠᠭᠤᠷᠢ ᠲᠥᠬᠦᠭᠡᠷᠦᠮᠵᠢ᠎ᠶ᠋ᠢ ᠠᠭᠠᠷ᠎ᠤᠨ ᠠᠶᠠᠯᠠᠯ᠎ᠤᠨ ᠵᠠᠮ ᠳᠠᠭᠠᠤ ᠪᠠᠢᠷᠢᠯᠠᠭᠤᠯᠤᠨ ᠪᠦᠳᠦᠬᠡᠨ ᠪᠠᠢᠭᠤᠯᠤᠨ᠎ᠡ᠃ ᠳᠣᠤᠷ᠎ᠠ ᠠᠭᠠᠷ᠎ᠤᠨ ᠤᠶᠤᠯᠢᠬ ᠰᠦᠯᠵᠢᠶᠡᠨ ᠬᠤᠯᠪᠤᠯᠳᠤᠯ᠎ᠲᠦ ᠱᠢᠰᠲ᠋ᠧᠮ᠂ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠬᠡᠰᠡᠭ᠎ᠤᠨ ᠳᠣᠤᠷ᠎ᠠ ᠠᠭᠠᠷ᠎ᠤᠨ ᠠᠮᠤᠷ ᠲᠦᠪᠱᠢᠨ᠎ᠤ ᠰᠡᠷᠭᠡᠢᠯᠡᠨ ᠬᠠᠮᠠᠭᠠᠯᠠᠬᠤ ᠴᠢᠳᠠᠪᠤᠷᠢ ᠵᠡᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃
ᠭᠤᠷᠪᠠᠳᠤᠭᠠᠷ ᠠᠩᠭᠢ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦᠯᠬᠦ᠌᠎ᠶ᠋ᠢ ᠲᠦᠷᠭᠡᠳᠭᠡᠵᠦ᠍ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠭᠦᠭ᠌ᠵᠢᠬᠦᠯᠬᠦ᠌ᠶ᠋ᠢ ᠬᠥᠲᠥᠯᠥᠨ ᠳᠠᠭᠠᠭᠤᠯᠤᠨ᠎ᠠ
ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠪᠢᠰᠭᠠᠯ ᠪᠠ ᠠᠵᠤ ᠦᠢᠯᠡᠰ᠎ᠤᠨ ᠬᠤᠪᠢᠰᠤᠯᠲᠠ᠎ᠶ᠋ᠢᠨ ᠲᠡᠦᠬᠡᠨ ᠲᠣᠬᠢᠶᠠᠯ᠎ᠢ ᠠᠮᠵᠢᠵᠦ᠍᠂ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ᠂ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠤᠨ ᠪᠦᠬᠦᠯᠢ ᠴᠣᠭ᠍ᠴᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠬᠡᠭ᠌ᠰᠢᠯᠡᠬᠦᠯᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠥᠭ᠌ᠵᠢᠯᠲᠡ᠎ᠶ᠋ᠢᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠲᠠᠰᠤᠷᠠᠯᠳᠠ ᠦᠭᠡᠢ ᠪᠤᠢ ᠪᠣᠯᠭᠠᠨ᠎ᠠ᠃
ᠨᠠᠢ᠍ᠮᠠᠳᠤᠭᠠᠷ ᠪᠦᠯᠦᠭ ᠤᠤᠭᠠᠯ ᠱᠢᠨ᠎ᠡ ᠡᠭᠦᠳᠦᠯᠲᠡ ᠪᠠ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠴᠢᠩᠭᠠᠳᠭᠠᠨ᠎ᠠ
ᠮᠡᠷᠭᠡᠵᠢᠯ᠎ᠢᠶᠠᠷ ᠬᠥᠳᠡᠯᠭᠡᠭᠦᠷ ᠪᠣᠯᠭᠠᠬᠤ ᠪᠠ ᠬᠡᠷᠡᠭ᠌ᠴᠡᠭᠡ᠎ᠪᠠᠷ ᠳᠠᠢᠴᠢᠯᠠᠭᠤᠯᠬᠤᠶ᠋ᠢ ᠤᠶᠠᠯᠳᠤᠭᠤᠯᠬᠤ᠂ ᠳᠠᠪᠠᠭᠤᠯᠢᠭ᠎ᠢᠶᠠᠨ ᠪᠠᠳᠤᠳᠭᠠᠬᠤ ᠪᠠ ᠳᠤᠲᠠᠭᠤᠳᠠᠯ᠎ᠢᠶᠠᠨ ᠨᠥᠬᠦᠪᠥᠷᠢᠯᠡᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠱᠢᠨ᠎ᠡ ᠬᠡᠯᠪᠡᠷᠢ᠎ᠶ᠋ᠢᠨ ᠤᠯᠤᠰ ᠳᠠᠶᠠᠭᠠᠷ᠎ᠤᠨ ᠪᠠᠢᠭᠤᠯᠤᠯ᠎ᠢ ᠲᠡᠭᠦᠯᠳᠡᠷᠵᠢᠭᠦᠯᠤᠨ᠂ ᠨᠡᠩ ᠤᠯᠠᠨ ᠪᠡᠯᠭᠡ ᠳᠡᠮᠳᠡᠭ᠎ᠤᠨ ᠴᠢᠨᠠᠷᠲᠠᠶ ᠤᠤᠭᠠᠯ ᠡᠭᠦᠳᠦᠯᠲᠡ᠎ᠶ᠋ᠢᠨ ᠦᠷ᠎ᠡ ᠪᠦᠲᠦᠭᠡᠯ ᠭᠠᠷᠭᠠᠬᠤ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠢ ᠰᠠᠢᠲᠤᠷ ᠬᠢᠨ᠎ᠡ
ᠪᠠᠢᠯᠳᠤᠬᠤ ᠪᠤᠳᠤᠯᠭ᠎ᠠ᠎ᠶ᠋ᠢᠨ ᠵᠠᠪᠠᠯ ᠲᠡᠮᠡᠴᠡᠨ ᠤᠯᠬᠤ ᠬᠦᠷᠢᠶ᠎ᠠ ᠪᠠ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶᠡᠨ᠎ᠤ ᠪᠠᠭᠤᠷᠠᠶ ᠭᠤᠭ᠍ᠴᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠤᠷᠱᠢᠯ᠎ᠠᠴᠠ ᠬᠡᠲᠦᠷᠡᠭ᠌ᠰᠡᠨ ᠠᠷᠭ᠎ᠠ ᠬᠡᠮᠵᠢᠶ᠎ᠡ ᠠᠪᠴᠤ᠌ ᠪᠠᠢᠭᠠᠳ ᠬᠤᠷᠠᠮᠠᠯ ᠴᠠᠬᠢᠯᠭᠠᠨ ᠬᠡᠯᠬᠢᠶ᠎ᠡ᠂ ᠠᠵᠤ ᠦᠢᠯᠡᠳᠪᠦᠷᠢ᠎ᠶ᠋ᠢᠨ ᠰᠠᠭᠤᠷᠢ ᠮᠠᠱᠢᠨ᠂ ᠳᠡᠭᠡᠳᠦ ᠲᠡᠰ᠎ᠤᠨ ᠬᠡᠮᠵᠢᠭᠦᠷᠯᠢᠭ᠂ ᠰᠠᠭᠤᠷᠢ ᠵᠥᠭᠡᠯᠡᠨ ᠲᠤᠨᠤᠭ᠂ ᠲᠡᠷᠢᠭᠦᠨ᠎ᠤ ᠮᠠᠲ᠋ᠧᠷᠢᠶᠠᠯ᠂ ᠠᠮᠢᠳᠤ ᠪᠣᠳᠠᠰ᠎ᠤᠨ ᠦᠢᠯᠡᠳᠬᠦ᠌ ᠦᠢᠯᠡᠰ ᠵᠡᠷᠭᠡ ᠭᠤᠤᠯᠳᠠᠯᠭ᠎ᠠ᠎ᠲᠠᠢ ᠬᠦᠷᠢᠶᠡᠨ᠎ᠳᠠᠬᠢ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠲᠠᠯ᠎ᠡ᠎ᠪᠠᠷ ᠱᠢᠢᠳᠪᠦᠷᠢᠯᠡᠭ᠌ᠴᠢ ᠴᠢᠨᠠᠷᠲᠠᠶ ᠱᠢᠪᠲᠤᠯᠤᠯᠲᠠ ᠭᠠᠷᠭᠠᠬᠤ᠎ᠶ᠋ᠢ ᠪᠦᠭᠦ᠌ ᠬᠡᠯᠬᠢᠶ᠎ᠡ᠎ᠪᠠᠷ ᠠᠬᠢᠭᠤᠯᠤᠨ᠎ᠡ᠃ ᠬᠡᠷᠡᠭ᠌ᠴᠡᠭᠡ᠎ᠪᠠᠷ ᠤᠳᠤᠷᠢᠳᠤᠮᠵᠢ ᠪᠣᠯᠭᠠᠭ᠍ᠰᠠᠨ ᠪᠡᠷᠬᠡ ᠰᠡᠳᠦᠪ᠎ᠢ ᠱᠢᠢᠳᠪᠦᠷᠢᠯᠡᠬᠦ᠌ ᠡᠭᠦᠷᠭᠡ᠎ᠶ᠋ᠢ ᠬᠤᠷᠢᠶᠠᠩᠭᠤᠢ᠌ᠯᠠᠨ ᠪᠤᠯᠪᠠᠰᠤᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠮᠡᠷᠭᠡᠵᠢᠯ ᠪᠠ ᠠᠵᠤ ᠠᠬᠤᠢ᠎ᠶ᠋ᠢᠨ ᠠᠮᠤᠷ ᠲᠦᠪᠱᠢᠨ᠎ᠤ ᠦᠨᠡᠯᠡᠨ ᠵᠢᠱ᠌ᠢᠯᠲᠡ᠎ᠶ᠋ᠢ ᠥᠷᠨᠢᠭᠦᠯᠦᠨ᠎ᠡ᠃ ᠬᠦᠷᠢᠶ᠎ᠡ ᠠᠯᠤᠰᠯᠠᠭ᠍ᠰᠠᠨ ᠱᠢᠨᠵᠢᠯᠡᠭᠡᠨ᠎ᠤ ᠰᠠᠯᠠᠭ᠎ᠠ ᠠᠯᠤᠰᠯᠠᠭ᠍ᠰᠠᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠴᠢᠬᠤᠯᠠ ᠶᠡᠭᠡ ᠡᠭᠦᠷᠭᠡ᠎ᠳᠤ ᠴᠢᠳᠠᠪᠤᠷᠢᠲᠠᠨ᠎ᠢ ᠣᠨᠴᠠᠭᠠᠶ ᠲᠣᠬᠢᠷᠠᠭᠤᠯᠬᠤ ᠲᠣᠭ᠍ᠲᠠᠴᠠ᠎ᠶ᠋ᠢ ᠪᠦᠷᠢᠨᠱᠢᠬᠦᠯᠵᠦ᠍᠂ 《ᠲᠤᠩᠬᠠᠭ ᠨᠡᠢᠲᠡᠯᠡᠨ ᠮᠠᠩᠯᠠᠢᠯᠠᠭ᠍ᠴᠢ ᠡᠯᠰᠡᠬᠦ᠌》᠂ 《ᠮᠣᠷᠢ ᠤᠷᠤᠯᠳᠤᠭᠤᠯᠬᠤ》 ᠵᠡᠷᠭᠡ ᠳᠦᠷᠢᠮ᠎ᠢ ᠲᠡᠭᠦᠯᠳᠡᠷᠵᠢᠭᠦᠯᠵᠦ᠍᠂ ᠱᠠᠩᠨᠠᠯ᠎ᠢᠶᠠᠷ ᠨᠥᠬᠦᠪᠥᠷᠢ᠎ᠶ᠋ᠢ ᠣᠷᠣᠯᠠᠭᠤᠯᠬᠤ᠂ ᠰᠡᠭᠦᠯᠡᠷ᠎ᠨᠢ ᠨᠦᠭᠦᠪᠦᠷᠢ ᠦᠭ᠌ᠭᠦ ᠵᠡᠷᠭᠡ ᠪᠠᠯᠠ ᠮᠥᠩᠭᠦ᠎ᠶ᠋ᠢᠨ ᠲᠡᠮᠵᠢᠯᠬᠡ᠎ᠶ᠋ᠢᠨ ᠠᠷᠭ᠎ᠠ ᠮᠠᠶᠢᠭ᠎ᠢ ᠰᠦᠪᠡᠭ᠌ᠴᠢᠯᠡᠨ᠎ᠡ᠃ ᠬᠡᠷᠡᠭ᠌ᠯᠡᠯᠲᠡ᠎ᠪᠠᠷ ᠪᠡᠷᠭᠡ ᠰᠡᠳᠦᠪ᠎ᠤᠨ ᠱᠢᠢᠳᠪᠦᠷᠢᠯᠡᠯᠲᠡ᠎ᠶ᠋ᠢ ᠠᠬᠢᠭᠤᠯᠬᠤ᠂ ᠪᠡᠷᠭᠡ ᠰᠡᠳᠦᠪ᠎ᠤᠨ ᠱᠢᠢᠳᠪᠦᠷᠢᠯᠡᠯᠲᠡ ᠪᠠ ᠬᠡᠷᠡᠭ᠌ᠯᠡᠯᠲᠡ᠎ᠶ᠋ᠢ ᠤᠶᠠᠯᠳᠤᠭᠤᠯᠬᠤ᠎ᠶ᠋ᠢ ᠴᠢᠩᠭᠠᠳᠭᠠᠵᠤ᠂ ᠮᠡᠷᠭᠡᠵᠢᠯ᠎ᠢ ᠰᠤᠳᠤᠯᠤᠨ ᠨᠡᠭᠡᠭᠡᠭᠦ᠌᠂ ᠦᠷ᠎ᠡ ᠪᠦᠲᠦᠭᠡᠯ᠎ᠢ ᠬᠤᠪᠢᠷᠠᠭᠤᠯᠬᠤ᠂ ᠪᠠᠷᠢᠮᠵᠢᠶ᠎ᠠ᠎ᠶ᠋ᠢ ᠰᠤᠳᠤᠯᠤᠨ ᠲᠤᠨᠨᠲᠠᠭᠠᠬᠤ᠂ ᠠᠵᠤ ᠦᠢᠯᠡᠰ᠎ᠢ ᠪᠤᠢᠵᠢᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠪᠡᠷᠭᠡ ᠰᠡᠳᠦᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠤᠨ ᠬᠡᠷᠡᠭ᠌ᠯᠡᠯᠲᠡ ᠪᠠ ᠦᠢᠯᠡᠳᠭᠦᠨ᠎ᠤ ᠦᠶ᠎ᠡ ᠰᠣᠯᠢᠬ᠍ᠳᠠᠨ ᠲᠡᠰ ᠳᠡᠪᠱᠢᠭᠦᠶ᠋ᠢ ᠲᠦᠷᠭᠡᠳᠭᠡᠨ᠎ᠡ᠃
ᠬᠤᠶᠠᠳᠤᠭᠠᠷ ᠬᠡᠰᠡᠭ ᠪᠠᠢᠯᠳᠤᠬᠤ ᠪᠤᠳᠤᠯᠭ᠎ᠠ᠎ᠶ᠋ᠢᠨ ᠬᠤᠱᠢᠭᠤᠷᠠᠯ ᠬᠦᠷᠢᠶᠡᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠠᠢᠷᠢᠯᠠᠭᠤᠯᠤᠯᠲᠠ᠎ᠶ᠋ᠢ ᠴᠢᠩᠭᠠᠳᠭᠠᠨ᠎ᠠ
ᠳᠡᠯᠡᠬᠡᠶ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠱᠢᠭᠤᠷᠠᠯᠢ ᠬᠠᠷᠠᠭᠠᠯᠠᠨ ᠱᠢᠰᠲ᠋ᠧᠮ᠎ᠲᠤ ᠪᠠᠢᠷᠢᠯᠠᠭᠤᠯᠤᠯᠲᠠ᠎ᠶ᠋ᠢ ᠴᠢᠩᠭᠠᠳᠭᠠᠨ᠂ ᠵᠣᠬᠢᠶᠠᠮᠠᠯ ᠣᠶᠤᠯᠢᠭ᠂ ᠺᠸᠠᠨ᠋ᠲ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠱᠢᠨ᠎ᠡ ᠡᠨᠧᠷᠭᠢ᠎ᠶ᠋ᠢᠨ ᠰᠤᠷᠪᠤᠯᠵᠢ ᠵᠡᠷᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠬᠡᠷᠡᠭ᠌ᠵᠢᠭᠦᠯᠵᠦ᠍᠂ ᠰᠠᠭᠤᠷᠢ ᠣᠨᠣᠯ ᠪᠠ ᠰᠠᠭᠤᠷᠢ ᠲᠠᠪᠬᠤᠷᠭ᠎ᠠ᠎ᠶ᠋ᠢᠨ ᠮᠡᠷᠭᠡᠵᠢᠯ᠎ᠳᠤ ᠲᠦᠷᠬᠡᠯᠡᠨ ᠱᠢᠪᠲᠤᠯᠤᠯᠲᠠ ᠬᠢᠵᠦ᠍᠂ ᠬᠤᠪᠢᠷᠠᠭᠤᠯᠤᠨ ᠬᠡᠷᠡᠭ᠌ᠯᠡᠬᠦ᠌᠎ᠶ᠋ᠢ ᠠᠬᠢᠭᠤᠯᠤᠨ᠎ᠠ᠃ ᠬᠤᠱᠢᠭᠤᠷᠠᠯ ᠮᠡᠷᠭᠡᠵᠢᠯ᠎ᠤᠨ ᠲᠥᠰᠥᠭᠡᠯᠡᠯᠲᠡ ᠵᠢᠱ᠌ᠢᠯᠲᠡ᠎ᠶ᠋ᠢ ᠦᠨᠳᠦᠷ ᠲᠦᠪᠱᠢᠨ᠎ᠢᠶᠠᠷ ᠵᠣᠬᠢᠶᠠᠨ ᠪᠠᠢᠭᠤᠯᠵᠤ᠂ ᠤᠯᠤᠰ᠎ᠤᠨ ᠵᠠᠩᠭᠢᠯᠠᠭ᠎ᠠ᠎ᠶ᠋ᠢᠨ ᠮᠡᠷᠭᠡᠵᠢᠯ ᠪᠠ ᠱᠢᠨ᠎ᠡ᠎ᠪᠠᠷ ᠬᠥᠭ᠌ᠵᠢᠭ᠌ᠰᠡᠨ ᠮᠡᠷᠭᠡᠵᠢᠯ᠎ᠤᠨ ᠲᠣᠳᠣᠷᠬᠠᠶ ᠬᠠᠭᠤᠳᠠᠰᠤ᠎ᠶ᠋ᠢ ᠪᠠᠢᠭᠤᠯᠵᠤ᠂ ᠬᠤᠱᠢᠭᠤᠷᠠᠯ ᠮᠡᠷᠭᠡᠵᠢᠯ᠎ᠤᠨ ᠰᠤᠳᠤᠯᠤᠨ ᠨᠡᠭᠡᠭᠡᠯᠲᠡ᠎ᠶ᠋ᠢ ᠦᠷᠭᠦᠯᠵᠢᠯᠡᠨ ᠠᠬᠢᠭᠤᠯᠤᠨ᠎ᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠂ ᠮᠡᠷᠭᠡᠵᠢᠯ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠤᠤᠭᠠᠯ ᠱᠢᠨ᠎ᠡ ᠡᠭᠦᠳᠦᠯᠲᠡ᠎ᠶ᠋ᠢᠨ ᠤᠳᠤᠷᠢᠳᠤᠮᠵᠢ᠎ᠶ᠋ᠢ ᠴᠢᠩᠭᠠᠳᠭᠠᠵᠤ᠂ ᠤᠤᠭᠠᠯ ᠡᠭᠦᠳᠦᠯᠲᠡ᠎ᠶ᠋ᠢᠨ ᠴᠢᠨᠠᠷᠲᠠᠶ ᠨᠤᠷᠠᠭᠠᠯᠲᠠ᠎ᠶ᠋ᠢᠨ ᠴᠢᠨᠠᠷᠲᠠᠶ ᠱᠢᠨ᠎ᠡ᠎ᠶ᠋ᠢ ᠡᠭᠦᠳᠬᠦ᠌᠎ᠳᠤ ᠠᠱᠢᠭ᠍ᠲᠠᠶ ᠣᠷᠴᠢᠨ ᠨᠦᠬᠦᠴᠡᠯ᠎ᠢ ᠱᠢᠯᠢᠳᠡᠭ᠌ᠵᠢᠭᠦᠯᠵᠦ᠍᠂ ᠬᠠᠮᠲᠤ᠎ᠶ᠋ᠢᠨ ᠲᠠᠨᠢᠯᠲᠠ᠎ᠶ᠋ᠢᠨ ᠪᠤᠰᠤ ᠲᠥᠰᠥᠯ᠎ᠢ ᠱᠢᠯᠢᠨ ᠰᠣᠩᠭᠤᠬᠤ ᠪᠠ ᠲᠤᠰᠠᠯᠠᠨ ᠳᠡᠮᠵᠢᠬᠦ᠌ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠤᠯᠤᠰ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠭᠦᠷᠭᠡ᠂ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠤᠤᠭᠠᠯ ᠡᠭᠦᠳᠦᠯᠲᠡ᠎ᠶ᠋ᠢᠨ ᠴᠢᠨᠠᠷᠲᠠᠶ ᠨᠤᠷᠠᠭᠠᠯᠲᠠ᠎ᠶ᠋ᠢᠨ ᠴᠢᠨᠠᠷᠲᠠᠶ ᠲᠦᠰᠦᠯ᠎ᠤᠨ ᠭᠡᠪᠴᠢᠶ᠎ᠠ ᠪᠠ ᠬᠠᠷᠢᠴᠠᠯ᠎ᠢ ᠥᠷᠭᠡᠳᠭᠡᠨ᠎ᠡ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠶ᠋ᠢ ᠲᠤᠪᠤᠢᠯᠭᠠᠨ᠂ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠴᠢᠬᠤᠯᠠ ᠶᠡᠭᠡ ᠲᠤᠰᠭᠠᠶ ᠲᠥᠰᠥᠯ᠎ᠢ ᠯᠠᠪᠳᠠᠭᠤᠨ ᠪᠠᠲᠤᠲᠠᠶ ᠠᠬᠢᠭᠤᠯᠵᠤ᠂ 2035 ᠣᠨ᠎ᠳᠤ ᠬᠠᠨᠳᠤᠭᠤᠯᠤᠭ᠍ᠰᠠᠨ ᠤᠯᠤᠰ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠰᠥᠯ᠎ᠢ ᠤᠷᠢᠳᠴᠢᠯᠠᠨ ᠪᠠᠢᠷᠢᠯᠠᠭᠤᠯᠤᠨ᠎ᠠ᠃
ᠬᠦᠰᠦᠨᠦᠭ᠌ᠲᠦ 8 ᠬᠤᠱᠢᠭᠤᠷᠠᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠷᠬᠡ ᠰᠡᠳᠦᠪ᠎ᠢ ᠰᠶ᠋ᠢᠳᠪᠦᠷᠢᠯᠡᠬᠦ᠌
01 ᠵᠣᠬᠢᠶᠠᠮᠠᠯ ᠤᠶᠤᠯᠢᠭ
ᠥᠨᠳᠥᠷ ᠴᠢᠳᠠᠪᠬᠢᠲᠤ ᠵᠣᠬᠢᠶᠠᠮᠠᠯ ᠤᠶᠤᠯᠢᠭ ᠴᠢᠫ ᠪᠣᠯᠤᠨ ᠦᠨᠳᠦᠷ ᠬᠡᠷᠡᠭ᠌ᠯᠡᠬᠦ᠋ᠢᠴᠡ ᠰᠠᠭᠤᠷᠢ ᠵᠥᠭᠡᠯᠡᠨ ᠲᠣᠨᠤᠭ᠎ᠤᠨ ᠣᠷᠣᠴᠠ᠎ᠶ᠋ᠢ ᠰᠤᠳᠤᠯᠤᠨ ᠦᠢᠯᠡᠳᠴᠦ᠍᠂ ᠵᠠᠭ᠍ᠪᠤᠷ᠎ᠤᠨ ᠰᠠᠭᠤᠷᠢ ᠴᠤᠭ᠍ᠯᠠᠷᠠᠯ ᠪᠦᠲᠦᠴᠡ᠎ᠶ᠋ᠢ ᠬᠠᠢᠨ ᠰᠦᠪᠡᠭ᠌ᠴᠢᠯᠡᠵᠦ᠍ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠨ᠂ ᠲᠠᠢᠯᠪᠤᠷᠢᠯᠠᠵᠤ ᠪᠣᠯᠬᠤᠢᠴᠠ᠂ ᠪᠣᠳᠣᠯᠭ᠎ᠠ ᠲᠣᠭ᠍ᠲᠠᠭᠠᠵᠤ ᠪᠣᠯᠬᠤᠢᠴᠠ ᠵᠡᠷᠭᠡ ᠵᠠᠩᠭᠢᠯᠠᠭ᠎ᠠ᠎ᠶ᠋ᠢᠨ ᠪᠤᠳᠤᠬᠤ ᠠᠷᠭ᠎ᠠ᠎ᠶ᠋ᠢᠨ ᠰᠤᠳᠤᠯᠭᠠᠨ᠎ᠢ ᠭᠦᠨᠵᠡᠭᠡᠢᠷᠡᠭᠦᠯᠵᠦ᠍᠂ ᠵᠣᠬᠢᠶᠠᠮᠠᠯ ᠤᠶᠤᠯᠢᠭ᠎ᠤᠨ ᠳ᠋ᠡᠢᠲ᠋ᠠ᠎ᠶ᠋ᠢᠨ ᠵᠠᠰᠠᠯᠲᠠ ᠪᠠ ᠠᠮᠤᠷ ᠲᠦᠪᠱᠢᠨ᠎ᠤ ᠮᠡᠷᠭᠡᠵᠢᠯ᠎ᠤᠨ ᠰᠤᠳᠤᠯᠭᠠᠨ᠎ᠤ ᠬᠡᠷᠡᠭ᠌ᠯᠡᠯᠲᠡ᠎ᠶ᠋ᠢ ᠴᠢᠩᠭᠠᠳᠭᠠᠨ᠎ᠠ᠃
02 ᠺᠸᠠᠨ᠋ᠲ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ
ᠰᠠᠨᠰᠠᠷ ᠭᠠᠵᠠᠷ᠎ᠢ ᠨᠢᠭᠡ ᠴᠣᠭ᠍ᠴᠠᠵᠢᠭᠤᠯᠤᠭ᠍ᠰᠠᠨ ᠺᠸᠠᠨ᠋ᠲ ᠮᠡᠳᠡᠭᠡ ᠬᠤᠯᠪᠣᠭ᠎ᠠ᠎ᠶ᠋ᠢᠨ ᠰᠦᠯᠵᠢᠶ᠎ᠡ᠎ᠶ᠋ᠢ ᠪᠠᠢᠭᠤᠯᠵᠤ᠂ ᠪᠤᠷᠤᠭᠤ᠎ᠶ᠋ᠢ ᠪᠠᠭ᠍ᠲᠠᠭᠠᠵᠤ ᠪᠤᠯᠬᠤᠢ᠌ᠴᠠ ᠨᠡᠢᠳᠡᠮ ᠬᠡᠷᠡᠭ᠌ᠯᠡᠭᠡᠨ᠎ᠤ ᠺᠸᠠᠨ᠋ᠲ ᠺᠣᠮᠫᠢᠦ᠋ᠲ᠋ᠧᠷ ᠪᠠ ᠥᠷᠭᠡᠳᠭᠡᠵᠦ᠍ ᠪᠣᠯᠬᠤᠢᠴᠠ ᠲᠤᠰᠭᠠᠶ ᠬᠡᠷᠡᠭ᠌ᠯᠡᠭᠡᠨ᠎ᠤ ᠺᠸᠠᠨ᠋ᠲ ᠺᠣᠮᠫᠢᠦ᠋ᠲ᠋ᠧᠷ᠎ᠢ ᠰᠤᠳᠤᠯᠤᠨ ᠦᠢᠯᠡᠳᠴᠦ᠍᠂ ᠺᠸᠠᠨ᠋ᠲ᠎ᠤᠨ ᠨᠠᠷᠢᠯᠢᠭ ᠬᠡᠮᠵᠢᠯᠲᠡ᠎ᠶ᠋ᠢᠨ ᠵᠠᠩᠭᠢᠯᠠᠭ᠎ᠠ᠎ᠶ᠋ᠢᠨ ᠮᠡᠷᠭᠡᠵᠢᠯ᠎ᠳᠤ ᠱᠢᠪᠲᠤᠯᠤᠯᠲᠠ ᠭᠠᠷᠭᠠᠨ᠎ᠠ᠃
03 ᠡᠵᠡᠮᠳᠡᠵᠦ᠍ ᠪᠤᠯᠬᠤᠢ᠌ᠴᠡ ᠴᠥᠮ᠎ᠡ᠎ᠶ᠋ᠢᠨ ᠨᠡᠢᠯᠡᠯᠲᠡ
ᠲᠷᠢᠲ᠋ᠢᠤᠮᠤᠨ ᠲᠦᠯᠡᠰᠢ᠎ᠶ᠋ᠢ ᠦᠢᠯᠡᠳᠴᠦ᠍ ᠣᠯᠬᠤ ᠣᠷᠴᠢᠯ᠂ ᠮᠠᠲ᠋ᠧᠷᠢᠶᠠᠯ᠎ᠤᠨ ᠰᠠᠴᠤᠷᠠᠭ ᠲᠤᠰᠤᠯᠳᠠ᠎ᠶ᠋ᠢᠨ ᠱᠢᠯᠭᠠᠯᠲᠠ᠂ ᠥᠨᠳᠥᠷ ᠴᠢᠳᠠᠪᠬᠢᠲᠤ ᠯᠠᠢᠰᠧᠷ᠂ ᠬᠡᠳᠦ ᠳᠠᠮᠵᠢᠭᠤᠯᠤᠭ᠍ᠴᠢ ᠰᠣᠷᠢᠨᠵᠢᠨ ᠪᠡᠶ᠎ᠡ ᠦᠢᠯᠡᠳᠬᠦ᠌ ᠵᠡᠷᠭᠡ ᠴᠥᠮ᠎ᠡ᠎ᠶ᠋ᠢᠨ ᠨᠡᠢᠯᠡᠯᠲᠡᠶ᠋ᠢᠨ ᠵᠠᠩᠭᠢᠯᠠᠭ᠎ᠠ᠎ᠶ᠋ᠢᠨ ᠮᠡᠷᠭᠡᠵᠢᠯ᠎ᠳᠤ ᠱᠢᠪᠲᠤᠯᠤᠯᠲᠠ ᠭᠠᠷᠭᠠᠵᠤ᠂ ᠨᠡᠢᠯᠡᠯᠲᠡᠶ᠋ᠢᠨ ᠬᠦᠨᠳᠦ ᠤᠰᠤᠲᠥ᠋ᠷᠥᠭ᠌ᠴᠢ ᠪᠤᠯᠤᠨ ᠲᠷᠢᠲ᠋ᠢᠤᠮᠤᠨ ᠲᠡᠩᠴᠡᠭᠦᠦ ᠢᠶᠦᠠ ᠪᠡᠶᠡᠲᠦ᠍᠎ᠶ᠋ᠢ ᠱᠢᠲᠠᠭᠠᠬᠤ ᠠᠵᠢᠯᠯᠠᠭᠠᠨ᠎ᠤ ᠲᠤᠷᠱᠢᠯᠲᠠ ᠪᠠ ᠣᠯᠠᠨ ᠮᠡᠷᠭᠡᠵᠢᠯ᠎ᠤᠨ ᠠᠷᠭ᠎ᠠ ᠵᠠᠮ᠎ᠤᠨ ᠪᠣᠯᠤᠮᠵᠢᠲᠤ ᠴᠢᠨᠠᠷ᠎ᠤᠨ ᠱᠢᠯᠭᠠᠨ ᠨᠤᠲᠠᠯᠠᠯᠲᠠ᠎ᠶ᠋ᠢ ᠥᠷᠨᠢᠭᠦᠯᠵᠦ᠍᠂ ᠴᠥᠮ᠎ᠡ᠎ᠶ᠋ᠢᠨ ᠨᠡᠢᠯᠡᠯᠲᠡᠶ᠋ᠢᠨ ᠰᠤᠳᠤᠯᠤᠨ ᠨᠡᠭᠡᠭᠡᠯᠲᠡ᠎ᠶ᠋ᠢ ᠢᠨᠵᠧᠨᠧᠷᠢᠩᠵᠢᠭᠦᠯᠬᠦ᠌ ᠠᠬᠢᠴᠠ᠎ᠶ᠋ᠢ ᠠᠬᠢᠭᠤᠯᠤᠨ᠎ᠠ᠃
04 ᠠᠮᠢ ᠨᠠᠰᠤᠨ᠎ᠤ ᠱᠢᠨᠵᠢᠯᠡᠬᠦ᠌ ᠤᠬᠠᠭᠠᠨ ᠬᠢᠭᠡᠳ ᠠᠮᠢᠳᠤ ᠪᠣᠳᠠᠰ᠎ᠤᠨ ᠮᠡᠷᠭᠡᠵᠢᠯ
ᠭᠧᠨ᠎ᠤ ᠵᠠᠰᠠᠪᠤᠷᠢᠯᠠᠯᠳᠠ᠂ ᠮᠣᠯᠧᠺᠦ᠋ᠯ᠎ᠤᠨ ᠨᠠᠷᠢᠯᠢᠭ ᠣᠨᠣᠴᠠᠲᠠᠶ ᠬᠦᠷᠭᠡᠯᠲᠡ᠂ ᠡᠰ᠎ᠤᠨ ᠫᠷᠤᠭ᠌ᠷᠠᠮ ᠨᠠᠢᠷᠠᠭᠤᠯᠭ᠎ᠠ ᠪᠠ ᠲᠤᠬᠢᠷᠠᠭᠤᠯᠤᠯ ᠡᠵᠡᠮᠳᠡᠯ᠂ ᠲᠡᠷᠢᠭᠦᠨ᠎ᠤ ᠪᠦᠯᠦᠭ᠎ᠤᠨ ᠰᠤᠳᠤᠯᠤᠯ᠎ᠤᠨ ᠰᠤᠳᠤᠯᠭᠠᠨ᠎ᠢ ᠭᠦᠨᠵᠡᠭᠡᠢᠷᠡᠭᠦᠯᠵᠦ᠍᠂ ᠵᠣᠬᠢᠶᠠᠮᠠᠯ ᠠᠮᠢ᠎ᠶ᠋ᠢᠨ ᠱᠢᠰᠲ᠋ᠧᠮ᠎ᠤᠨ ᠨᠡᠢᠯᠡᠯᠭᠡ᠂ ᠡᠰ᠎ᠤᠨ ᠡᠷᠬᠡᠲᠡᠨ ᠪᠠ ᠡᠷᠬᠡᠲᠡᠨ᠎ᠤ ᠴᠢᠫ᠂ ᠡᠷᠬᠡᠲᠡᠨ᠎ᠢ ᠦᠢᠯᠡᠳᠬᠦ᠂ ᠠᠮᠢᠳᠤ ᠪᠣᠳᠠᠰ᠎ᠤᠨ ᠪᠦᠲᠦᠴᠡ ᠪᠠ ᠴᠢᠳᠠᠮᠵᠢ᠎ᠶ᠋ᠢᠨ ᠳᠦᠷᠰᠦ ᠪᠦᠲᠦᠭᠡᠬᠦ᠌ ᠵᠡᠷᠭᠡ ᠮᠡᠷᠭᠡᠵᠢᠯ᠎ᠤᠨ ᠪᠡᠷᠬᠡ ᠰᠡᠳᠦᠪ᠎ᠢ ᠰᠶ᠋ᠢᠳᠪᠦᠷᠢᠯᠡᠵᠦ᠍᠂ ᠠᠮᠢᠳᠤ ᠪᠣᠳᠠᠰ᠎ᠤᠨ ᠢᠨᠵᠧᠨᠧᠷᠢᠩ᠎ᠤᠨ ᠵᠢᠷᠤᠭ ᠲᠥᠯᠥᠪᠯᠡᠭᠡᠨ᠎ᠤ ᠵᠥᠭᠡᠯᠡᠨ ᠲᠣᠨᠤᠭ᠎ᠤᠨ ᠪᠠᠭᠠᠵᠢ᠎ᠶ᠋ᠢ ᠰᠤᠳᠤᠯᠤᠨ ᠦᠢᠯᠡᠳᠦᠨ᠎ᠡ᠃
05 ᠲᠠᠷᠢᠬᠢᠨ ᠱᠢᠨᠵᠢᠯᠡᠬᠦ᠌ ᠤᠬᠠᠭᠠᠨ ᠬᠢᠭᠡᠳ ᠲᠠᠷᠢᠬᠢᠨᠴᠢᠷ ᠰᠤᠳᠤᠯᠭᠠᠨ
ᠲᠠᠷᠢᠬᠢᠨ᠎ᠤ ᠲᠠᠨᠢᠨ ᠮᠡᠳᠡᠬᠦᠢ ᠪᠠ ᠲᠠᠷᠢᠬᠢᠨ᠎ᠤ ᠴᠢᠳᠠᠪᠬᠢ᠎ᠶ᠋ᠢᠨ ᠤᠭ ᠶᠣᠰᠣ᠎ᠶ᠋ᠢ ᠵᠠᠳᠠᠯᠵᠤ᠂ ᠮᠡᠳᠡᠷᠡᠯ᠎ᠤᠨ ᠠᠵᠢᠯᠯᠠᠭ᠎ᠠ᠎ᠶ᠋ᠢ ᠪᠠᠢᠴᠠᠭᠠᠨ ᠬᠡᠮᠵᠢᠬᠦ᠌ ᠪᠠ ᠲᠤᠬᠢᠷᠠᠭᠤᠯᠤᠨ ᠡᠵᠡᠮᠳᠡᠬᠦ᠌ ᠵᠡᠷᠭᠡ ᠱᠢᠨ᠎ᠡ᠎ᠶ᠋ᠢ ᠡᠭᠦᠳᠬᠦ᠌ ᠮᠡᠷᠭᠡᠵᠢᠯ᠎ᠤᠨ ᠲᠠᠪᠴᠠᠩ᠎ᠢ ᠪᠠᠢᠭᠤᠯᠵᠤ᠂ ᠲᠠᠷᠢᠬᠢᠨ᠎ᠤ ᠡᠷᠡᠭᠦᠯ ᠮᠡᠨᠳᠦ᠍᠎ᠶ᠋ᠢ ᠰᠠᠨᠠᠭᠠᠴᠢᠯᠠᠭ᠎ᠠ᠎ᠲᠠᠢ᠎ᠪᠠᠷ ᠠᠷᠭᠠᠴᠠᠬᠤ ᠮᠡᠷᠭᠡᠵᠢᠯ᠎ᠤᠨ ᠰᠤᠳᠤᠯᠭᠠᠨ᠎ᠢ ᠴᠢᠩᠭᠠᠳᠭᠠᠨ᠂ ᠬᠦᠨᠳᠦ ᠶᠡᠭᠡ ᠲᠠᠷᠢᠬᠢᠨ᠎ᠤ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠢᠯᠡᠬᠦ᠂ ᠣᠨᠣᠱᠢᠯᠠᠬᠤ᠂ ᠬᠤᠷᠢᠭ᠍ᠯᠠᠬᠤ᠂ ᠡᠮᠨᠡᠨ ᠵᠠᠰᠠᠬᠤ ᠱᠢᠨ᠎ᠡ ᠠᠷᠭ᠎ᠠ ᠱᠢᠨ᠎ᠡ ᠦᠢᠯᠡᠳᠬᠦᠨ᠎ᠢ ᠰᠤᠳᠤᠯᠤᠨ ᠨᠡᠭᠡᠭᠡᠵᠦ᠍᠂ ᠲᠠᠷᠢᠬᠢᠨᠴᠢᠷᠤᠨ ᠨᠡᠢᠳᠡᠮ ᠬᠡᠷᠡᠭ᠌ᠯᠡᠭᠡᠨ᠎ᠤ ᠤᠶᠤᠯᠢᠭ ᠱᠢᠰᠲ᠋ᠧᠮ᠎ᠢ ᠪᠠᠢᠭᠤᠯᠤᠨ᠎ᠠ᠃
06 ᠬᠦᠨᠳᠦ ᠶᠡᠭᠡ ᠡᠪᠡᠳᠴᠢᠨ ᠡᠮᠭᠡᠭ᠎ᠤᠨ ᠰᠡᠷᠭᠡᠢᠯᠡᠨ ᠵᠠᠰᠠᠯᠲᠠ ᠪᠠ ᠱᠢᠨ᠎ᠡ᠎ᠶ᠋ᠢ ᠡᠭᠦᠳᠦᠭ᠌ᠰᠡᠨ ᠡᠮ᠎ᠤᠨ ᠰᠤᠳᠤᠯᠤᠨ ᠨᠡᠭᠡᠭᠡᠯᠲᠡ
ᠠᠢᠽ ᠡᠪᠡᠳᠴᠢᠨ᠂ ᠰᠦᠷᠢᠶ᠎ᠡ᠂ ᠸᠢᠷᠦ᠋ᠰ᠎ᠤᠨ ᠴᠢᠨᠠᠷᠲᠠᠢ ᠡᠯᠢᠭᠡᠨ᠎ᠤ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ᠎ᠢ ᠰᠡᠷᠭᠡᠢᠯᠡᠬᠦ᠌ ᠪᠠ ᠣᠨᠣᠱᠢᠯᠠᠨ ᠵᠠᠰᠠᠬᠤ ᠮᠡᠷᠭᠡᠵᠢᠯ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠥᠮᠡᠨ ᠡᠪᠡᠳᠴᠢᠨ᠂ ᠵᠢᠷᠦᠬᠡ ᠲᠠᠷᠢᠬᠢᠨ ᠰᠤᠳᠠᠯ᠂ ᠠᠮᠢᠰᠭᠤᠯ᠎ᠤᠨ ᠪᠠ ᠰᠣᠯᠢᠯᠴᠠᠭᠠᠨ᠎ᠤ ᠴᠢᠨᠠᠷᠲᠠᠶ ᠡᠪᠡᠳᠴᠢᠨ᠎ᠤ ᠡᠷᠲᠡ ᠱᠢᠭ᠌ᠰᠢᠨ ᠪᠠᠢᠴᠠᠭᠠᠯᠳᠠ᠂ ᠨᠠᠷᠢᠯᠢᠭ ᠣᠨᠣᠴᠠᠲᠠᠢ ᠠᠨᠠᠭᠠᠬᠤ ᠤᠬᠠᠭᠠᠨ᠂ ᠠᠮᠢᠳᠤ ᠪᠣᠳᠠᠰ᠎ᠤᠨ ᠵᠠᠰᠠᠯᠭ᠎ᠠ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠢ ᠰᠤᠳᠤᠯᠵᠤ᠂ ᠬᠦᠨᠳᠦ ᠶᠡᠭᠡ ᠣᠯᠠᠨ ᠡᠭᠦᠰᠭᠦ ᠤᠵᠢᠭ ᠡᠪᠡᠳᠴᠢᠨ᠂ ᠬᠦᠨᠳᠦ ᠶᠡᠭᠡ ᠬᠠᠯᠳᠠᠪᠤᠷᠢᠲᠤ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ᠂ ᠬᠡᠦᠬᠡᠳ᠎ᠲᠤ ᠬᠡᠷᠡᠭ᠌ᠯᠡᠬᠦ᠌ ᠡᠮ ᠵᠡᠷᠭᠡ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠎ᠢ ᠰᠤᠳᠤᠯᠤᠨ ᠨᠡᠭᠡᠭᠡᠨ᠎ᠡ᠃
07 ᠭᠦᠨ ᠳᠠᠯᠠᠢ ᠭᠦᠨ ᠭᠠᠵᠠᠷ ᠲᠦᠢᠯ᠎ᠤᠨ ᠣᠷᠣᠨ᠎ᠤ ᠬᠠᠢᠨ ᠬᠡᠮᠵᠢᠯᠲᠡ
ᠭᠦᠨ ᠳᠠᠯᠠᠶ᠎ᠶ᠋ᠢᠨ ᠨᠡᠢᠲᠡᠯᠢᠭ ᠤᠷᠤᠱᠢᠨ ᠠᠮᠢᠳᠤᠷᠠᠬᠤ ᠣᠷᠴᠢᠨ᠎ᠢ ᠢᠯᠡᠷᠡᠭᠦᠯᠬᠦ᠂ ᠶᠡᠭᠡ ᠲᠠᠯᠠᠢ᠎ᠶ᠋ᠢ ᠥᠷᠥᠮᠳᠡᠨ ᠬᠠᠢᠬᠤ᠂ ᠭᠦᠨ ᠳᠠᠯᠠᠶ᠎ᠶ᠋ᠢᠨ ᠠᠭᠤᠷᠬᠠᠶ᠎ᠶ᠋ᠢᠨ ᠭᠠᠷᠤᠯᠲᠠ᠎ᠶ᠋ᠢ ᠨᠡᠭᠡᠭᠡᠨ ᠠᠱᠢᠭ᠍ᠯᠠᠬᠤ᠂ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠤᠰᠤᠵᠢᠪᠤᠷᠢᠶ᠋ᠢ ᠨᠡᠭᠡᠭᠡᠨ ᠠᠱᠢᠭ᠍ᠯᠠᠬᠤ᠂ ᠬᠡᠲᠦ ᠭᠦᠨ᠎ᠤ ᠤᠰᠤ ᠲᠤᠰᠤ ᠭᠡᠢ᠎ᠶ᠋ᠢ ᠨᠡᠭᠡᠭᠡᠨ ᠠᠱᠢᠭ᠍ᠯᠠᠬᠤ ᠵᠡᠷᠭᠡ ᠡᠭᠦᠷᠭᠡ᠎ᠶ᠋ᠢ ᠬᠡᠷᠡᠭ᠌ᠵᠢᠭᠦᠯᠵᠦ᠍᠂ ᠭᠦᠨ ᠳᠠᠯᠠᠢ᠎ᠶ᠋ᠢᠨ ᠬᠥᠮᠦᠨ ᠦᠭᠡᠢ ᠣᠶᠤᠯᠢᠭ ᠮᠡᠷᠭᠡᠵᠢᠯ᠎ᠤᠨ ᠨᠡᠭᠡᠭᠡᠨ ᠬᠥᠭ᠌ᠵᠢᠭᠦᠯᠦᠯᠲᠡ᠎ᠶ᠋ᠢ ᠲᠦᠷᠭᠡᠳᠭᠡᠨ᠂ ᠵᠢᠶᠤᠤ ᠯᠦᠩ ᠳᠠᠯᠠᠢ᠎ᠶ᠋ᠢᠨ ᠬᠠᠢᠯᠲᠠ᠎ᠶ᠋ᠢᠨ ᠭᠤᠷᠪᠠᠳᠤᠭᠠᠷ ᠬᠤᠭᠤᠴᠠᠭ᠎ᠠ᠎ᠶ᠋ᠢ ᠪᠦᠲᠦᠭᠡᠨ ᠪᠠᠢᠭᠤᠯᠵᠤ᠂ ᠭᠦᠨ ᠳᠠᠯᠠᠢ᠎ᠶ᠋ᠢᠨ ᠦᠷᠳᠡᠭᠡ᠎ᠶ᠋ᠢ ᠰᠤᠳᠤᠯᠤᠨ ᠦᠢᠯᠡᠳᠦᠨ᠎ᠡ᠃ ᠳᠡᠯᠡᠬᠡᠶ᠎ᠶ᠋ᠢᠨ ᠪᠥᠮᠪᠥᠷᠴᠡᠭ᠎ᠤᠨ ᠭᠦᠨ ᠬᠡᠰᠡᠭ᠎ᠢ ᠬᠠᠢᠨ ᠬᠡᠮᠵᠢᠬᠦ᠌ ᠪᠠ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠱᠢᠨᠵᠢᠬᠦ᠌ ᠲᠣᠨᠣᠭ᠍ᠯᠠᠯ᠎ᠤᠨ ᠪᠡᠷᠬᠡ ᠰᠡᠳᠦᠪ᠎ᠢ ᠰᠶ᠋ᠢᠳᠪᠦᠷᠢᠯᠡᠵᠦ᠍᠂ ᠳᠡᠯᠡᠬᠡᠶ᠎ᠶ᠋ᠢᠨ ᠪᠥᠮᠪᠥᠷᠴᠡᠭ᠎ᠢ ᠨᠡᠪᠲᠡ ᠬᠠᠷᠠᠬᠤ ᠵᠡᠷᠭᠡ ᠰᠠᠭᠤᠷᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠥᠷᠨᠢᠭᠦᠯᠵᠦ᠍᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠤᠶᠤᠨᠴᠢᠯᠠᠨ ᠨᠡᠭᠡᠭᠡᠵᠦ᠍ ᠠᠱᠢᠭ᠍ᠯᠠᠬᠤ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠎ᠠ᠃ ᠱᠢᠤᠸᠠᠢ ᠯᠦᠩ ᠲᠦᠢᠯ᠎ᠤᠨ ᠣᠷᠣᠨ᠎ᠤ ᠬᠠᠢᠯᠲᠠ᠎ᠶ᠋ᠢᠨ ᠭᠤᠷᠪᠠᠳᠤᠭᠠᠷ ᠬᠤᠭᠤᠴᠠᠭ᠎ᠠ᠎ᠶ᠋ᠢ ᠪᠦᠲᠦᠭᠡᠨ ᠪᠠᠢᠭᠤᠯᠤᠨ᠎ᠠ᠃
08 ᠭᠦᠨ ᠣᠭ᠍ᠲᠠᠷᠭᠤᠶ᠎ᠶ᠋ᠢᠨ ᠬᠠᠢᠨ ᠰᠦᠪᠡᠭ᠌ᠴᠢᠯᠡᠯᠲᠡ
ᠭᠠᠷᠠᠭ ᠣᠳᠣ᠎ᠶ᠋ᠢ ᠬᠠᠢᠨ ᠬᠡᠮᠵᠢᠬᠦ᠌ ᠢᠨᠵᠧᠨᠧᠷᠢᠩ᠎ᠤᠨ ᠬᠤᠶᠠᠳᠤᠭᠠᠷ ᠬᠤᠭᠤᠴᠠᠭ᠎ᠠ᠂ ᠳᠡᠯᠡᠬᠡᠢ᠎ᠶ᠋ᠢᠨ ᠪᠦᠮᠪᠦᠷᠴᠡᠭ᠎ᠤᠨ ᠣᠢᠷᠠᠯᠴᠠᠭ᠎ᠠ ᠵᠢᠵᠢᠭ ᠭᠠᠷᠠᠭ ᠣᠳᠣ᠎ᠶ᠋ᠢ ᠰᠡᠷᠭᠡᠢᠯᠡᠨ ᠬᠤᠷᠢᠭ᠍ᠯᠠᠬᠤ ᠢᠨᠵᠧᠨᠧᠷᠢᠩ᠂ ᠨᠡᠷᠡᠨ ᠠᠢᠮᠠᠭ᠎ᠤᠨ ᠵᠠᠬ᠎ᠠ ᠬᠢᠵᠠᠭᠠᠷ᠎ᠢ ᠬᠠᠢᠨ ᠬᠡᠮᠵᠢᠬᠦ᠌ ᠢᠨᠵᠧᠨᠧᠷᠢᠩ᠎ᠢ ᠨᠤᠲᠠᠯᠠᠨ ᠬᠡᠷᠡᠭ᠌ᠵᠢᠭᠦᠯᠦᠨ᠎ᠡ᠃ ᠳᠠᠬᠢᠨ ᠳᠠᠪᠲᠠᠨ ᠬᠡᠷᠡᠭ᠌ᠯᠡᠵᠦ᠍ ᠪᠣᠯᠬᠤ ᠬᠦᠨᠳᠦ ᠬᠡᠯᠪᠡᠷᠢ᠎ᠶ᠋ᠢᠨ ᠬᠥᠯᠭᠡ ᠲᠡᠢᠷᠦᠯᠳᠦ ᠰᠤᠮᠤ᠎ᠶ᠋ᠢ ᠰᠤᠳᠤᠯᠤᠨ ᠦᠢᠯᠡᠳᠦᠨ᠎ᠡ᠃ ᠤᠯᠠᠨ ᠤᠯᠤᠰ᠎ᠤᠨ ᠰᠠᠷᠠᠨ ᠪᠥᠮᠪᠥᠷᠴᠡᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷᠳᠡᠭᠡ᠎ᠶ᠋ᠢ ᠨᠤᠲᠠᠯᠠᠨ ᠪᠠᠢᠭᠤᠯᠵᠤ᠂ ᠰᠠᠷᠠᠨ ᠪᠥᠮᠪᠥᠷᠴᠡᠭ᠎ᠢ ᠬᠠᠢᠨ ᠬᠡᠮᠵᠢᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃
ᠭᠤᠷᠪᠠᠳᠤᠭᠠᠷ ᠬᠡᠰᠡᠭ ᠰᠠᠭᠤᠷᠢ ᠰᠤᠳᠤᠯᠭᠠᠨ᠎ᠤ ᠬᠢᠷᠢ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ
ᠰᠠᠭᠤᠷᠢ ᠰᠤᠳᠤᠯᠭᠠᠨ᠎ᠤ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ᠂ ᠪᠠᠷᠠᠯᠠᠬᠢᠯᠠᠯᠲᠤ ᠴᠢᠨᠠᠷᠲᠠᠶ᠂ ᠱᠢᠰᠲ᠋ᠧᠮᠴᠢᠯᠡᠭ᠌ᠰᠡᠨ ᠪᠠᠢᠷᠢᠯᠠᠭᠤᠯᠤᠯᠲᠠ᠎ᠶ᠋ᠢ ᠴᠢᠩᠭᠠᠳᠭᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠴᠢᠯᠥᠭᠡᠲᠡᠶ᠎ᠪᠠᠷ ᠬᠠᠢᠨ ᠰᠦᠪᠡᠭ᠌ᠴᠢᠯᠡᠬᠦ᠌ ᠰᠠᠭᠤᠷᠢ ᠰᠤᠳᠤᠯᠭᠠᠨ᠎ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠠᠭᠤᠷᠢ ᠰᠤᠳᠤᠯᠭᠠᠨ᠎ᠤ ᠣᠯᠠᠨ ᠡᠱᠢᠵᠢᠭ᠌ᠰᠡᠨ ᠣᠷᠣᠭᠤᠯᠤᠯᠲᠠ᠎ᠶ᠋ᠢᠨ ᠪᠠᠢᠷᠢᠱᠢᠯ᠎ᠢ ᠲᠦᠷᠭᠡᠯᠡᠨ ᠪᠦᠷᠢᠯᠳᠦᠭᠦᠯᠵᠦ᠍᠂ ᠡᠳ᠋᠎ᠤᠨ ᠵᠠᠰᠠᠭ᠎ᠤᠨ ᠣᠷᠣᠭᠤᠯᠤᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠭᠠᠢᠯᠢ ᠳᠠᠳᠠᠪᠤᠷᠢ᠎ᠶ᠋ᠢᠨ ᠤᠷᠮᠠᠱᠢᠭᠤᠯᠬᠤ ᠳᠦᠷᠦ᠍᠎ᠶ᠋ᠢᠨ ᠪᠤᠳᠤᠯᠭ᠎ᠠ᠎ᠶ᠋ᠢ ᠳᠡᠬᠦᠯᠳᠡᠷᠵᠢᠬᠦᠯᠦᠨ᠂ ᠨᠥᠬᠦᠴᠡᠯ᠎ᠲᠠᠢ ᠭᠠᠵᠠᠷ ᠣᠷᠣᠨ᠂ ᠠᠵᠤ ᠠᠬᠤᠢᠯᠠᠯ᠂ ᠨᠡᠢᠭᠡᠮ᠎ᠤᠨ ᠵᠣᠬᠢᠶᠠᠨ ᠪᠠᠢᠭᠤᠯᠤᠯᠲᠠ᠂ ᠬᠤᠪᠢ ᠬᠥᠮᠦᠨ᠎ᠤ ᠰᠠᠭᠤᠷᠢ ᠰᠤᠳᠤᠯᠭᠠᠨ᠎ᠢ ᠳᠡᠮᠵᠢᠬᠦ᠌᠎ᠶ᠋ᠢ ᠬᠦᠲᠦᠯᠦᠨ ᠵᠢᠯᠣᠭᠤᠳᠴᠤ᠌᠂ ᠰᠠᠭᠤᠷᠢ ᠰᠤᠳᠤᠯᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠰᠠᠭᠤᠷᠢ ᠮᠥᠩᠭᠦ᠌ ᠪᠠᠢᠭᠤᠯᠬᠤ᠎ᠶ᠋ᠢ ᠵᠣᠷᠢᠭ᠍ᠵᠢᠭᠤᠯᠵᠤ᠂ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ᠎ᠳᠤ ᠡᠵᠡᠯᠡᠬᠦ᠌ ᠰᠠᠭᠤᠷᠢ ᠰᠤᠳᠤᠯᠭᠠᠨ᠎ᠤ ᠵᠠᠷᠤᠳᠠᠯ᠎ᠤᠨ ᠣᠷᠣᠭᠤᠯᠤᠯᠲᠠ᠎ᠶ᠋ᠢᠨ ᠬᠤᠪᠢ᠎ᠶ᠋ᠢᠨ ᠵᠢᠩ᠎ᠢ ᠢᠯᠡᠳᠲᠡ ᠳᠡᠭᠡᠭ᠌ᠰᠢᠯᠡᠭᠦᠯᠦᠨ᠎ᠡ᠃ ᠥᠷᠢᠰᠥᠯᠳᠦᠭᠡᠨ᠎ᠳᠦ ᠳᠡᠮᠵᠢᠯᠭᠡ ᠪᠠ ᠲᠣᠭ᠍ᠲᠠᠭᠤᠨ ᠳᠡᠮᠵᠢᠯᠭᠡ᠎ᠶ᠋ᠢ ᠤᠶᠠᠯᠳᠤᠭᠤᠯᠤᠭ᠍ᠰᠠᠨ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠰᠠᠭᠤᠷᠢ ᠰᠤᠳᠤᠯᠭᠠᠨ ᠬᠢᠵᠦ᠍ ᠪᠠᠢᠭ᠎ᠠ ᠳᠠᠪᠠᠭᠤᠯᠢᠭ ᠪᠦᠯᠬᠦᠮ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠳᠤ ᠦᠵᠡᠭᠦᠯᠬᠦ᠌ ᠤᠷᠳᠤ ᠬᠤᠭᠤᠴᠠᠭᠠᠨ᠎ᠤ ᠲᠣᠭ᠍ᠲᠠᠪᠤᠷᠢᠳᠠᠢ ᠳᠡᠮᠵᠢᠯᠭᠡ᠎ᠶ᠋ᠢ ᠨᠡᠮᠡᠭ᠌ᠳᠡᠬᠦᠯᠵᠦ᠍᠂ ᠣᠷᠳᠣ ᠦᠶᠡᠯᠡᠯ᠎ᠤᠨ ᠲᠤᠰᠠᠯᠠᠨ ᠳᠡᠮᠵᠢᠬᠦ᠌ ᠬᠡᠪ ᠵᠠᠭ᠍ᠪᠤᠷ᠎ᠢ ᠰᠦᠪᠡᠭ᠌ᠴᠢᠯᠡᠨ᠎ᠡ᠃ ᠲᠦᠭ᠌ᠰᠢᠭᠦᠷᠢ ᠶᠡᠬᠡᠲᠡᠶ᠂ ᠦᠨᠳᠦᠷ ᠥᠷᠲᠡᠭ ᠪᠦᠬᠦᠶ ᠰᠠᠭᠤᠷᠢ ᠰᠤᠳᠤᠯᠭᠠᠨ᠎ᠢ ᠥᠷᠨᠢᠭᠦᠯᠬᠦ᠌᠎ᠶ᠋ᠢ ᠵᠣᠷᠢᠠᠠᠵᠢᠭᠤᠯᠵᠤ᠂ ᠬᠠᠢᠨ ᠰᠦᠪᠡᠭ᠌ᠴᠢᠯᠡᠬᠦ᠌᠎ᠶ᠋ᠢ ᠵᠤᠷᠢᠬ᠍ᠵᠢᠭᠤᠯᠤᠨ᠂ ᠢᠯᠠᠭ᠍ᠳᠠᠯ᠎ᠢ ᠠᠭᠤᠴᠢᠯᠠᠬᠤ ᠰᠠᠢᠨ ᠰᠠᠢᠬᠠᠨ ᠤᠷᠴᠢᠨ ᠨᠦᠬᠦᠴᠡᠯ᠎ᠢ ᠪᠤᠢ ᠪᠤᠯᠭᠠᠨ᠎ᠠ᠃ ᠲᠦᠢᠯ᠎ᠤᠨ ᠬᠤᠷᠸ᠎ᠠ᠂ ᠲᠦᠢᠯ᠎ᠤᠨ ᠪᠢᠴᠢᠯ᠂ ᠲᠦᠢᠯ᠎ᠤᠨ ᠬᠡᠴᠡᠭᠦᠦ ᠨᠦᠬᠦᠴᠡᠯ᠎ᠤᠨ᠂ ᠣᠨᠴᠠᠭᠠᠢ ᠶᠡᠷᠦᠩᠭᠡᠢᠯᠡᠭ᠌ᠰᠡᠨ ᠰᠤᠯᠪᠢᠴᠠᠭ᠍ᠰᠠᠨ ᠱᠢᠨᠵᠢᠯᠡᠬᠦ᠌ ᠤᠬᠠᠭᠠᠨ᠎ᠤ ᠬᠤᠱᠢᠭᠤᠷᠠᠯ᠎ᠤᠨ ᠲᠣᠭᠤᠷᠢᠨ᠎ᠳᠤ᠂ ᠱᠢᠨ᠎ᠡ᠎ᠪᠠᠷ ᠬᠥᠭ᠌ᠵᠢᠭ᠌ᠰᠡᠨ ᠬᠦᠷᠢᠶ᠎ᠡ᠂ ᠰᠣᠯᠪᠢᠴᠠᠨ ᠠᠭᠤᠰᠤᠯᠴᠠᠭ᠍ᠰᠠᠨ ᠪᠠ ᠱᠢᠨᠵᠢᠯᠡᠭᠡᠨ᠎ᠤ ᠰᠠᠯᠠᠭ᠎ᠠ ᠠᠯᠤᠰᠯᠠᠭ᠍ᠰᠠᠨ ᠰᠠᠭᠤᠷᠢ ᠰᠤᠳᠤᠯᠭᠠᠨ᠎ᠢ ᠴᠢᠩᠭᠠᠳᠭᠠᠨ᠎ᠠ᠃
ᠶᠢᠰᠦᠳᠦᠭᠡᠷ ᠪᠦᠯᠦᠭ ᠱᠢᠰᠲ᠋ᠧᠮᠵᠢᠭᠦᠯᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠤ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠵᠦ᠍᠂ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠪᠡᠶ᠎ᠡ᠎ᠪᠠᠨ ᠳᠠᠭᠠᠭᠠᠭ᠍ᠰᠠᠨ ᠪᠦᠷᠢᠨ ᠪᠦᠲᠦᠨ᠂ ᠨᠡᠭᠡᠭᠡᠯᠲᠡᠲᠡᠶ ᠪᠥᠭᠡᠳ ᠥᠨᠳᠥᠷ ᠪᠦᠲᠦᠮᠵᠢᠲᠡᠶ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠪᠠᠢᠭᠤᠯᠤᠨ᠎ᠠ᠃
ᠨᠢᠭᠡᠳᠦᠭᠡᠷ ᠬᠡᠰᠡᠭ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠤ ᠬᠥᠲᠥᠯᠥᠨ ᠳᠠᠭᠠᠭᠤᠯᠬᠤ ᠦᠢᠯᠡᠳᠦᠯ᠎ᠢ ᠴᠢᠩᠭᠠᠳᠭᠠᠨ᠎ᠠ
ᠤᠯᠤᠰ᠎ᠤᠨ ᠲᠤᠷᠱᠢᠯᠲᠠ᠎ᠶ᠋ᠢᠨ ᠲᠠᠰᠤᠭ᠂ ᠤᠯᠤᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠥᠨᠳᠥᠷ ᠲᠦᠪᠱᠢᠨ ᠪᠦᠬᠦᠢ ᠰᠤᠳᠤᠯᠭᠠᠨ᠎ᠤ ᠬᠡᠯᠪᠡᠷᠢ᠎ᠶ᠋ᠢᠨ ᠶᠡᠭᠡ ᠰᠤᠷᠭᠠᠭᠤᠯᠢ ᠪᠠ ᠱᠢᠨᠵᠢᠯᠡᠭᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ ᠵᠡᠷᠭᠡ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠤ ᠪᠠᠢᠷᠢ ᠲᠣᠭ᠍ᠲᠠᠭᠠᠯᠲᠠ ᠪᠠ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠦᠨ᠎ᠡ᠃ ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠳᠤᠯᠤᠭᠠᠢᠯᠠᠬᠤ ᠦᠢᠯᠡᠳᠦᠯ᠎ᠢ ᠪᠠᠳᠠᠷᠠᠭᠤᠯᠤᠨ᠂ ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠤᠯᠤᠰ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠭᠦᠷᠭᠡ᠎ᠶ᠋ᠢ ᠲᠦᠷᠦᠭᠦᠯᠡᠨ ᠬᠡᠷᠡᠭ᠌ᠵᠢᠭᠦᠯᠬᠦ᠂ ᠱᠢᠨ᠎ᠡ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠵᠣᠬᠢᠶᠠᠨ ᠪᠠᠢᠭᠤᠯᠬᠤ ᠬᠡᠪ ᠵᠠᠭ᠍ᠪᠤᠷ᠎ᠢ ᠰᠦᠪᠡᠭ᠌ᠴᠢᠯᠡᠬᠦ᠌᠎ᠶ᠋ᠢ ᠳᠡᠮᠵᠢᠵᠦ᠍᠂ ᠪᠦᠬᠦ᠌ ᠤᠯᠤᠰ᠎ᠤᠨ ᠭᠤᠣᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠤᠯᠤᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠪᠠᠢᠷᠢᠯᠠᠭᠤᠯᠤᠯᠲᠠ᠎ᠶ᠋ᠢ ᠲᠤᠬᠢᠷᠠᠭᠤᠯᠬᠤ ᠪᠠ ᠱᠢᠯᠢᠳᠡᠭ᠌ᠵᠢᠭᠦᠯᠦᠨ ᠲᠠᠬᠢᠨ ᠵᠣᠬᠢᠶᠠᠨ ᠪᠠᠢᠭᠤᠯᠬᠤ᠎ᠶ᠋ᠢ ᠲᠦᠷᠭᠡᠳᠭᠡᠵᠦ᠍᠂ ᠲᠤᠱᠢᠶᠠᠯ ᠬᠠᠷᠢᠭᠤᠴᠠᠯᠭ᠎ᠠ᠎ᠶ᠋ᠢᠨ ᠪᠠᠢᠷᠢ ᠲᠣᠭ᠍ᠲᠠᠭᠠᠯᠲᠠᠯᠤᠭᠠ ᠲᠣᠬᠢᠷᠠᠯᠴᠠᠭ᠍ᠰᠠᠨ ᠬᠠᠮᠢᠶᠠᠷᠤᠯᠲᠠ᠎ᠶ᠋ᠢᠨ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠥᠨᠳᠥᠷ ᠲᠦᠪᠱᠢᠨ ᠪᠦᠬᠦᠢ ᠰᠤᠳᠤᠯᠭᠠᠨ᠎ᠤ ᠬᠡᠯᠪᠡᠷᠢ᠎ᠶ᠋ᠢᠨ ᠶᠡᠭᠡ ᠰᠤᠷᠭᠠᠭᠤᠯᠢ᠎ᠶ᠋ᠢᠨ ᠲᠡᠷᠢᠭᠦᠨ ᠵᠡᠷᠭᠡ᠎ᠶ᠋ᠢᠨ ᠡᠷᠳᠡᠮ ᠱᠢᠨᠵᠢᠯᠡᠭᠡᠨ᠎ᠤ ᠣᠷᠴᠢᠨ ᠨᠥᠬᠦᠴᠡᠯ᠎ᠢ ᠪᠤᠢ ᠪᠣᠯᠭᠠᠵᠤ᠂ ᠰᠠᠭᠤᠷᠢ ᠰᠤᠳᠤᠯᠭᠠᠨ᠎ᠤ ᠭᠤᠣᠯ ᠬᠦᠴᠦᠨ ᠪᠠ ᠴᠢᠳᠠᠪᠤᠷᠢᠲᠠᠨ ᠬᠥᠮᠦᠵᠢᠭᠦᠯᠬᠦ᠌ ᠭᠤᠣᠯ ᠵᠢᠭ᠍ᠰᠠᠭᠠᠯ᠎ᠤᠨ ᠭᠠᠵᠠᠷ ᠪᠠᠢᠭᠤᠯᠬᠤ᠎ᠶ᠋ᠢ ᠳᠡᠮᠵᠢᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ᠎ᠢ ᠪᠤᠢᠵᠢᠭᠤᠯᠤᠨ ᠪᠤᠵᠠᠭᠠᠢᠷᠠᠭᠤᠯᠵᠤ᠂ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠂ ᠠᠵᠤ ᠦᠢᠯᠡᠰ᠎ᠤᠨ ᠠᠮᠢ ᠠᠬᠤᠶ᠎ᠶ᠋ᠢ ᠪᠠᠢᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢ ᠵᠣᠷᠢᠭ᠍ᠵᠢᠭᠤᠯᠬᠤ ᠪᠠ ᠵᠢᠷᠤᠮᠵᠢᠭᠤᠯᠤᠨ ᠬᠦᠭ᠌ᠵᠢᠬᠦᠯᠦᠨᠡ᠃
ᠬᠤᠶᠠᠳᠤᠭᠠᠷ ᠬᠡᠰᠡᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ
ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠭᠦᠷᠭᠡ᠎ᠶ᠋ᠢ ᠪᠠᠢᠷᠢᠯᠠᠭᠤᠯᠬᠤ ᠲᠣᠭ᠍ᠲᠠᠴᠠ᠎ᠶ᠋ᠢ ᠴᠢᠩᠭᠠᠳᠭᠠᠵᠤ᠂ ᠤᠯᠤᠰ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠤᠳᠤᠯᠭ᠎ᠠ ᠲᠣᠭ᠍ᠲᠠᠭᠠᠬᠤ᠎ᠳᠤ ᠵᠥᠪᠯᠡᠯᠭᠡ ᠥᠭ᠌ᠬᠦ ᠲᠦᠷᠢᠮ᠎ᠢ ᠪᠦᠷᠢᠨᠱᠢᠬᠦᠯᠦᠨᠡ᠃ ᠲᠥᠪ᠎ᠤᠨ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠵᠠᠷᠤᠳᠠᠯ᠎ᠤᠨ ᠬᠤᠪᠢᠶᠠᠷᠢᠯᠠᠯᠲᠠ ᠪᠠ ᠬᠠᠮᠢᠶᠠᠷᠤᠯᠲᠠ ᠬᠡᠷᠡᠭ᠌ᠯᠡᠯᠲᠡ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠭᠦᠷᠭᠡ᠎ᠶ᠋ᠢᠨ ᠣᠷᠣᠭᠤᠯᠤᠯᠲᠠ᠎ᠶ᠋ᠢ ᠲᠥᠪ ᠪᠠ ᠣᠷᠣᠨ ᠨᠤᠲᠤᠭ ᠬᠠᠮᠲᠤ᠎ᠪᠠᠷ ᠡᠭᠦᠷᠭᠡᠯᠡᠬᠦ᠌ ᠲᠣᠭ᠍ᠲᠠᠴᠠ᠎ᠶ᠋ᠢ ᠪᠦᠷᠢᠨᠱᠢᠬᠦᠯᠵᠦ᠍᠂ ᠣᠷᠣᠭᠤᠯᠤᠯᠲᠠ᠎ᠶ᠋ᠢᠨ ᠠᠮᠵᠢᠯᠲᠠ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠦᠰᠦᠯ᠎ᠤᠨ ᠵᠠᠷᠤᠳᠠᠯ᠎ᠤᠨ 《ᠳᠠᠭᠠᠭᠠᠴᠢᠯᠠᠯᠲᠠ᠎ᠶ᠋ᠢᠨ ᠲᠦᠷᠢᠮ》 ᠤᠨ ᠬᠡᠪᠴᠢᠶ᠎ᠡ᠎ᠶ᠋ᠢ ᠥᠷᠭᠡᠳᠭᠡᠵᠦ᠍᠂ ᠱᠢᠨᠵᠢᠯᠡᠬᠦ᠌ ᠤᠬᠠᠭᠠᠨᠲᠠᠨ᠎ᠳᠤ ᠨᠡᠩ ᠶᠡᠭᠡ ᠮᠡᠷᠭᠡᠵᠢᠯ᠎ᠤᠨ ᠱᠤᠭᠤᠮ ᠲᠣᠭ᠍ᠲᠠᠭᠠᠬᠤ ᠡᠷᠬᠡ᠂ ᠨᠡᠩ ᠶᠡᠭᠡ ᠵᠠᠷᠤᠳᠠᠯ ᠵᠠᠬᠢᠷᠬᠤ ᠡᠷᠬᠡ᠂ ᠨᠡᠩ ᠶᠡᠭᠡ ᠡᠬᠢ ᠪᠠᠶᠠᠯᠢᠭ ᠱᠢᠯᠵᠢᠭᠦᠯᠦᠨ ᠬᠡᠷᠡᠭ᠌ᠯᠡᠬᠦ᠌ ᠡᠷᠬᠡ ᠣᠯᠭᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠭᠤᠷᠢ ᠨᠥᠬᠦᠴᠡᠯ᠎ᠢ ᠪᠡᠶ᠎ᠡ᠎ᠪᠠᠨ ᠳᠠᠭᠠᠭᠠᠵᠤ ᠪᠠᠲᠤᠯᠠᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠠᠪᠴᠠᠩ ᠪᠠ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠵᠦ᠍᠂ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠭᠤᠷᠢ ᠲᠥᠬᠦᠭᠡᠷᠦᠮᠵᠢ᠎ᠶ᠋ᠢ ᠱᠢᠰᠲ᠋ᠧᠮᠵᠢᠭᠦᠯᠦᠨ ᠪᠠᠢᠷᠢᠯᠠᠭᠤᠯᠬᠤ ᠪᠠ ᠪᠦᠲᠦᠭᠡᠨ ᠪᠠᠢᠭᠤᠯᠵᠤ᠂ ᠳᠡᠬᠡᠳᠦ ᠳᠡᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠡᠮᠵᠢᠬᠦᠷᠯᠢᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠭᠤᠴᠠᠭ᠎ᠠ᠎ᠳᠤ ᠰᠡᠳᠬᠦᠯ᠂ ᠱᠢᠨᠵᠢᠯᠡᠬᠦ᠌ ᠤᠬᠠᠭᠠᠨ᠎ᠤ ᠳ᠋ᠡᠢᠲ᠋ᠠ ᠵᠡᠷᠭᠡ ᠨᠥᠬᠦᠴᠡᠯ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠡᠬᠢ ᠪᠠᠶᠠᠯᠢᠭ᠎ᠢ ᠨᠡᠬᠡᠬᠡᠯᠳᠡ᠎ᠲᠠᠢ ᠪᠤᠯᠭᠠᠵᠤ ᠬᠠᠮᠳᠤ᠎ᠪᠠᠷ ᠡᠳ᠋ᠯᠡᠬᠦ᠌᠎ᠶ᠋ᠢ ᠴᠢᠩᠭᠠᠳᠭᠠᠨ᠎ᠠ᠃ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠣᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠤᠨ ᠭᠤᠯᠤᠮᠳᠠ᠎ᠶ᠋ᠢᠨ ᠴᠢᠳᠠᠮᠵᠢ᠎ᠶ᠋ᠢ ᠴᠢᠩᠭᠠᠳᠭᠠᠨ᠂ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ ᠪᠠ ᠠᠵᠤ ᠦᠢᠯᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠥᠨᠳᠦᠷᠯᠢᠭ ᠭᠠᠵᠠᠷ᠎ᠢ ᠪᠠᠢᠷᠢᠯᠠᠭᠤᠯᠤᠨ ᠪᠠᠢᠭᠤᠯᠵᠤ᠂ ᠶᠡᠷᠦᠩᠬᠡᠢᠯᠡᠭ᠌ᠰᠡᠨ ᠴᠢᠨᠠᠷᠲᠠᠶ ᠤᠯᠤᠰ᠎ᠤᠨ ᠱᠢᠨᠵᠢᠯᠡᠬᠦ᠌ ᠤᠬᠠᠭᠠᠨ᠎ᠤ ᠲᠥᠪ᠎ᠤᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠤᠨ ᠪᠦᠭᠡᠭᠡᠨᠡᠷᠡᠯ᠎ᠤᠨ ᠦᠢᠯᠡᠳᠦᠯ᠎ᠢ ᠴᠢᠩᠭᠠᠳᠭᠠᠵᠤ᠂ ᠲᠥᠪ ᠪᠠ ᠣᠷᠣᠨ ᠨᠤᠲᠤᠭ ᠬᠤᠯᠪᠣᠭᠠᠯᠠᠨ ᠬᠥᠳᠡᠯᠦᠯᠴᠡᠭ᠌ᠰᠡᠨ᠂ ᠣᠷᠣᠨ ᠪᠦᠰᠡ ᠬᠠᠮᠵᠢᠯᠴᠠᠭ᠍ᠰᠠᠨ ᠱᠢᠨ᠎ᠡ᠎ᠶ᠋ᠢ ᠡᠭᠦᠳᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃
ᠬᠦᠰᠦᠨᠦᠭ᠌ᠲᠦ 9 ᠱᠢᠨ᠎ᠡ᠎ᠶ᠋ᠢ ᠡᠭᠦᠳᠬᠦ᠌ ᠰᠠᠭᠤᠷᠢ ᠴᠢᠳᠠᠪᠤᠷᠢ᠎ᠶ᠋ᠢ ᠳᠡᠭᠡᠭ᠌ᠰᠢᠯᠡᠭᠦᠯᠬᠦ᠌
01 ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠱᠢᠰᠲ᠋ᠧᠮ
ᠤᠯᠤᠰ᠎ᠤᠨ ᠲᠤᠷᠱᠢᠯᠲᠠ᠎ᠶ᠋ᠢᠨ ᠲᠠᠰᠤᠭ᠂ ᠪᠦᠬᠦ᠌ ᠤᠯᠤᠰ᠎ᠤᠨ ᠭᠤᠣᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ ᠵᠡᠷᠭᠡ ᠴᠢᠬᠤᠯᠠ ᠶᠡᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠪᠦᠲᠦᠭᠡᠨ ᠪᠠᠢᠭᠤᠯᠤᠯᠲᠠ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠥᠬᠦᠴᠡᠯ᠎ᠤᠨ ᠰᠠᠢᠵᠢᠷᠠᠭᠤᠯᠤᠯᠲᠠ᠎ᠶ᠋ᠢ ᠴᠢᠩᠭᠠᠳᠭᠠᠬᠤ᠎ᠶ᠋ᠢ ᠳᠡᠮᠵᠢᠵᠦ᠍᠂ ᠤᠯᠤᠰ᠎ᠤᠨ ᠲᠤᠷᠱᠢᠯᠲᠠ᠎ᠶ᠋ᠢᠨ ᠲᠠᠰᠤᠭ᠎ᠢᠶᠠᠷ ᠪᠡᠶᠡᠴᠢ ᠴᠣᠭ᠍ᠴᠠ ᠪᠣᠯᠭᠠᠵᠤ᠂ ᠪᠥᠬᠦ᠌ ᠤᠯᠤᠰ᠎ᠤᠨ ᠭᠤᠣᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ ᠵᠡᠷᠭᠡ ᠬᠠᠮᠵᠢᠯᠴᠠᠨ ᠪᠡᠷᠬᠡ ᠰᠡᠳᠦᠪ᠎ᠢ ᠰᠶ᠋ᠢᠳᠪᠦᠷᠢᠯᠡᠬᠦ᠌ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠠᠪᠴᠠᠩ ᠪᠠ ᠰᠠᠭᠤᠷᠢᠨ ᠭᠠᠵᠠᠷ᠎ᠢᠶᠠᠷ ᠴᠢᠬᠤᠯᠠ ᠲᠤᠯᠭᠠᠭᠤᠷᠢᠯᠠᠯ ᠪᠣᠯᠭᠠᠨ᠂ ᠡᠭᠦᠷᠭᠡ ᠬᠠᠷᠢᠭᠤᠴᠠᠯᠭ᠎ᠠ᠎ᠪᠠᠷ ᠬᠥᠳᠡᠯᠭᠡᠭᠦᠷ ᠪᠣᠯᠭᠠᠭ᠍ᠰᠠᠨ᠂ ᠡᠭᠦᠷᠭᠡ᠎ᠪᠠᠷ ᠤᠳᠤᠷᠢᠳᠤᠮᠵᠢ ᠪᠣᠯᠭᠠᠭ᠍ᠰᠠᠨ᠂ ᠥᠨᠳᠥᠷ ᠪᠦᠲᠦᠮᠵᠢᠲᠡᠶ ᠬᠠᠮᠵᠢᠯᠴᠠᠭ᠍ᠰᠠᠨ ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠱᠢᠰᠲ᠋ᠧᠮ᠎ᠢ ᠪᠠᠢᠭᠤᠯᠤᠨ᠎ᠠ᠃
02 ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠭᠤᠷᠢ ᠲᠥᠬᠦᠭᠡᠷᠦᠮᠵᠢ
ᠠᠭᠠᠷ ᠰᠣᠷᠣᠬᠤ ᠮᠠᠶᠢᠭ᠎ᠤᠨ ᠬᠥᠳᠡᠯᠭᠡᠭᠦᠷ᠎ᠤᠨ ᠵᠠᠩᠭᠢᠯᠠᠭ᠎ᠠ᠎ᠶ᠋ᠢᠨ ᠲᠣᠨᠣᠭ᠍ᠯᠠᠭᠠᠰᠤ᠎ᠶ᠋ᠢᠨ ᠢᠯᠴᠢ᠎ᠶ᠋ᠢᠨ ᠹᠢᠽᠢᠺ᠎ᠤᠨ ᠲᠤᠷᠱᠢᠯᠲᠠ᠎ᠶ᠋ᠢᠨ ᠲᠣᠨᠣᠭ᠍ᠯᠠᠯ᠂ ᠦᠨᠳᠦᠷ ᠨᠠᠷᠢᠪᠴᠢᠯᠠᠯ᠎ᠲᠤ ᠭᠠᠵᠠᠷ᠎ᠤᠨ ᠰᠠᠭᠤᠷᠢ᠎ᠶ᠋ᠢᠨ ᠴᠠᠭ ᠮᠡᠳᠡᠭᠦᠯᠬᠦ᠌ ᠱᠢᠰᠲ᠋ᠧᠮ ᠵᠡᠷᠭᠡ ᠪᠠᠢᠯᠳᠤᠬᠤ ᠪᠣᠳᠣᠯᠭ᠎ᠠ᠎ᠶ᠋ᠢᠨ ᠤᠳᠤᠷᠢᠳᠤᠮᠵᠢ᠎ᠶ᠋ᠢᠨ ᠬᠡᠯᠪᠡᠷᠢ᠎ᠶ᠋ᠢᠨ ᠲᠥᠬᠦᠭᠡᠷᠦᠮᠵᠢ᠂ ᠪᠤᠳᠠᠷᠠᠮᠠᠯ ᠨᠧᠲᠷᠤᠨ ᠡᠬᠦᠰᠭᠡᠭ᠌ᠴᠢᠶ᠋ᠢᠨ ᠬᠤᠶᠠᠳᠤᠭᠠᠷ ᠬᠤᠭᠤᠴᠠᠭᠠᠨ᠎ᠤ ᠢᠨᠵᠧᠨᠧᠷᠢᠩ᠂ ᠭᠦᠨ ᠬᠡᠰᠡᠭ᠎ᠤᠨ ᠴᠢᠯᠠᠭᠤᠯᠢᠭ ᠱᠢᠷᠣᠶ᠎ᠶ᠋ᠢ ᠢᠨᠵᠧᠨᠧᠷᠢᠩ᠎ᠠᠴᠠ ᠪᠣᠯᠵᠤ ᠬᠤᠳᠭᠤᠨ ᠬᠦᠳᠡᠯᠭᠡᠬᠦ᠌᠎ᠶ᠋ᠢ ᠳᠠᠭᠤᠷᠢᠶᠠᠬᠤ ᠲᠥᠬᠦᠭᠡᠷᠦᠮᠵᠢ ᠵᠡᠷᠭᠡ ᠬᠡᠷᠡᠭ᠌ᠯᠡᠯᠲᠡ᠎ᠶ᠋ᠢᠨ ᠲᠤᠯᠭᠠᠭᠤᠷᠢᠯᠠᠬᠤ ᠬᠡᠯᠪᠡᠷᠢ᠎ᠶ᠋ᠢᠨ ᠲᠥᠬᠦᠭᠡᠷᠦᠮᠵᠢ᠂ ᠰᠠᠨᠰᠠᠷ ᠭᠠᠵᠠᠷ᠎ᠢ ᠨᠢᠭᠡ ᠴᠣᠭ᠍ᠴᠠᠵᠢᠭᠤᠯᠤᠭ᠍ᠰᠠᠨ ᠺᠸᠠᠨ᠋ᠲ᠎ᠤᠨ ᠨᠠᠷᠢᠯᠢᠭ ᠬᠡᠮᠵᠢᠯᠲᠡ᠎ᠶ᠋ᠢᠨ ᠲᠤᠷᠱᠢᠯᠲᠠ᠎ᠶ᠋ᠢᠨ ᠲᠦᠬᠦᠭᠡᠷᠦᠮᠵᠢ᠂ ᠯᠤᠭ᠍ᠰᠢᠯ ᠴᠢᠩᠭ᠎ᠠ ᠰᠣᠷᠢᠨᠵᠢᠨ ᠣᠷᠣᠨ᠎ᠤ ᠲᠤᠷᠱᠢᠯᠲᠠ᠎ᠶ᠋ᠢᠨ ᠲᠣᠨᠣᠭ᠍ᠯᠠᠯ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠵᠡᠷᠭᠡ ᠪᠠᠷᠠᠯᠠᠬᠢᠯᠠᠨ ᠬᠥᠲᠥᠯᠥᠨ ᠳᠠᠭᠠᠭᠤᠯᠬᠤ ᠬᠡᠯᠪᠡᠷᠢ᠎ᠶ᠋ᠢᠨ ᠲᠥᠬᠦᠭᠡᠷᠦᠮᠵᠢ᠎ᠶ᠋ᠢ ᠪᠦᠲᠦᠭᠡᠨ ᠪᠠᠢᠭᠤᠯᠤᠨ᠎ᠠ᠃
03 ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠱᠢᠰᠲ᠋ᠧᠮ
ᠪᠡᠭᠡᠵᠢᠩ (ᠪᠡᠭᠡᠵᠢᠩ ᠲᠢᠶᠠᠨᠵᠢᠨ ᠾᠧᠪᠧᠶ)᠂ ᠱᠠᠩᠬᠠᠶ (ᠬᠥᠬᠡᠮᠥ᠋ᠷᠡᠨ᠎ᠤ ᠭᠤᠷᠪᠠᠯᠵᠢᠨ ᠬᠤᠢᠭ)᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠣᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠤᠨ ᠪᠦᠲᠦᠭᠡᠨ ᠪᠠᠢᠭᠤᠯᠤᠯᠲᠠ᠎ᠶ᠋ᠢ ᠳᠠᠮᠵᠢᠵᠤ᠂ ᠳᠡᠯᠡᠬᠡᠶ᠎ᠶ᠋ᠢᠨ ᠲᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠳᠠ᠎ᠶ᠋ᠢᠨ ᠭᠤᠯᠤᠮᠳᠠ᠎ᠶ᠋ᠢ ᠪᠣᠢ ᠪᠣᠯᠭᠠᠨ᠎ᠠ᠃ ᠪᠡᠭᠡᠵᠢᠩ᠎ᠤᠨ ᠬᠤᠸᠠᠢᠷᠸᠦ᠂ ᠱᠠᠩᠬᠠᠶ᠎ᠶ᠋ᠢᠨ ᠵᠠᠩᠵᠢᠶᠠᠩ᠂ ᠲᠤᠮᠤ ᠪᠤᠯᠤᠩ᠎ᠤᠨ ᠤᠷᠤᠨ᠂ ᠠᠨᠾᠦ᠋ᠢ᠎ᠶ᠋ᠢᠨ ᠾᠧᠹᠧᠢ᠎ᠶ᠋ᠢᠨ ᠶᠡᠷᠦᠩᠬᠡᠢᠯᠡᠭ᠌ᠰᠡᠨ ᠴᠢᠨᠠᠷᠲᠠᠶ ᠤᠯᠤᠰ᠎ᠤᠨ ᠱᠢᠨᠵᠢᠯᠡᠬᠦ᠌ ᠤᠬᠠᠭᠠᠨ᠎ᠤ ᠲᠥᠪ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠬᠦᠭᠡᠷᠦᠮᠵᠢ᠎ᠶ᠋ᠢᠨ ᠲᠠᠪᠴᠠᠩ᠎ᠤᠨ ᠪᠦᠭᠡᠭᠡᠨᠡᠷᠡᠯ ᠪᠠᠢᠭᠤᠯᠬᠤ᠎ᠶ᠋ᠢ ᠲᠡᠮᠵᠢᠨ᠎ᠠ᠃ ᠴᠸᠡᠭ᠌ᠳᠦ᠍ ᠴᠦᠡᠭ᠌ᠴᠢᠩ ᠤᠷᠤᠨ᠂ ᠦᠬᠠᠨ᠂ ᠰᠢ ᠠᠨ᠎ᠤ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃
04 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠭᠤᠷᠢ ᠨᠥᠬᠦᠴᠡᠯ᠎ᠤᠨ ᠲᠠᠪᠴᠠᠩ
ᠳᠡᠭᠡᠳᠦ ᠲᠡᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠡᠮᠵᠢᠭᠦᠷᠯᠢᠭ ᠪᠠ ᠠᠮᠢᠳᠤ ᠪᠣᠳᠠᠰ᠎ᠤᠨ ᠤᠷᠪᠠᠯᠵᠢ᠎ᠶ᠋ᠢᠨ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠠᠮᠢᠳᠤ ᠪᠣᠳᠠᠰ᠎ᠤᠨ ᠦᠷ᠎ᠡ ᠡᠳ᠋ ᠬᠢᠭᠡᠳ ᠲᠤᠷᠱᠢᠯᠲᠠ᠎ᠶ᠋ᠢᠨ ᠮᠠᠲ᠋ᠧᠷᠢᠶᠠᠯ᠎ᠤᠨ ᠡᠬᠢ ᠪᠠᠶᠠᠯᠢᠭ᠎ᠤᠨ ᠬᠦᠮᠦᠷᠭᠡ᠂ ᠤᠯᠤᠰ᠎ᠤᠨ ᠱᠢᠨᠵᠢᠯᠡᠬᠦ᠌ ᠤᠬᠠᠭᠠᠨ᠎ᠤ ᠬᠡᠭᠡᠷ᠎ᠡ᠎ᠶ᠋ᠢᠨ ᠠᠵᠢᠭ᠍ᠯᠠᠨ ᠬᠡᠮᠵᠢᠬᠦ᠌ ᠰᠤᠳᠤᠯᠭᠠᠨ᠎ᠤ ᠥᠷᠲᠡᠭᠡ᠎ᠶ᠋ᠢᠨ ᠪᠠᠢᠷᠢᠯᠠᠭᠤᠯᠤᠯᠲᠠ᠎ᠶ᠋ᠢ ᠲᠡᠭᠦᠯᠳᠡᠷᠵᠢᠭᠦᠯᠦᠨ᠎ᠡ᠃ ᠳᠡᠯᠡᠬᠡᠶ᠎ᠶ᠋ᠢᠨ ᠲᠡᠷᠢᠭᠦᠨ ᠵᠡᠷᠭᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠭᠤᠴᠠᠭ᠎ᠠ᠎ᠳᠤ ᠰᠡᠳᠬᠦᠯ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠯᠭᠤᠷ ᠪᠢᠴᠢᠭ᠎ᠤᠨ ᠲᠠᠪᠴᠠᠩ ᠪᠠ ᠱᠢᠨᠵᠢᠯᠡᠬᠦ᠌ ᠤᠬᠠᠭᠠᠨ᠎ᠤ ᠳ᠋ᠠᠢᠲ᠋ᠠ ᠬᠥᠮᠥᠷᠭᠡ᠎ᠶ᠋ᠢ ᠪᠠᠢᠭᠤᠯᠤᠨ᠎ᠠ᠃
ᠭᠤᠷᠪᠠᠳᠤᠭᠠᠷ ᠬᠡᠰᠡᠭ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠭᠡᠭᠡᠯᠲᠡ ᠬᠢᠵᠦ᠍ ᠬᠠᠮᠲᠤᠷᠠᠯᠴᠠᠬᠤ ᠱᠢᠨ᠎ᠡ ᠪᠠᠢᠷᠢᠱᠢᠯ᠎ᠢ ᠪᠠᠢᠭᠤᠯᠤᠨ᠎ᠠ
ᠪᠦᠬᠦ᠌ ᠪᠦᠮᠪᠦᠷᠴᠡᠭ᠎ᠲᠤ ᠥᠷᠢᠰᠥᠯᠳᠦᠬᠦ᠌ ᠬᠦᠴᠦᠨ ᠪᠦᠬᠦᠢ ᠱᠢᠨ᠎ᠡ᠎ᠶ᠋ᠢ ᠡᠭᠦᠳᠬᠦ᠌ ᠨᠡᠭᠡᠭᠡᠯᠲᠡᠲᠦ ᠠᠮᠢ ᠠᠬᠤᠶ᠎ᠶ᠋ᠢ ᠪᠤᠢ ᠪᠣᠯᠭᠠᠵᠤ᠂ ᠡᠯ᠎ᠡ ᠤᠯᠤᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠲᠠᠢ ᠬᠠᠮᠲᠤ᠎ᠪᠠᠷ ᠰᠠᠭᠤᠷᠢ ᠬᠤᠱᠢᠭᠤᠷᠠᠯ ᠱᠢᠨᠵᠢᠯᠡᠬᠦ᠌ ᠤᠬᠠᠭᠠᠨ᠎ᠤ ᠠᠰᠠᠭᠤᠳᠠᠯ᠎ᠢ ᠰᠶ᠋ᠢᠳᠪᠦᠷᠢᠯᠡᠬᠦ᠌ᠶ᠋ᠢ ᠲᠡᠮᠵᠢᠨ᠎ᠠ᠃ ᠪᠦᠬᠦ᠌ ᠪᠦᠮᠪᠦᠷᠴᠡᠭ᠎ᠲᠤ ᠬᠠᠨᠳᠤᠭᠤᠯᠤᠭ᠍ᠰᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢ ᠮᠥᠩᠭᠦᠨ᠎ᠤ ᠦᠢᠯᠡᠳᠦᠯ᠎ᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠯᠥᠪᠯᠡᠭᠡ᠎ᠶ᠋ᠢᠨ ᠭᠠᠳᠠᠭ᠍ᠰᠢ ᠨᠡᠭᠡᠭᠡᠯᠲᠡ ᠬᠢᠬᠦ᠌᠎ᠶ᠋ᠢ ᠥᠷᠭᠡᠳᠭᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠯᠡ ᠮᠥᠩᠭᠦ᠎ᠶ᠋ᠢ ᠬᠢᠯᠢ ᠠᠯᠤᠰᠯᠠᠨ ᠰᠠᠯᠭᠠᠨ ᠥᠭ᠌ᠬᠦ᠂ ᠬᠢᠯᠢ᠎ᠶ᠋ᠢᠨ ᠭᠠᠳᠠᠨ᠎ᠠ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠳᠦᠷᠢᠮ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠳ᠋ᠡᠢᠲ᠋ᠠ᠎ᠶ᠋ᠢᠨ ᠬᠢᠯᠢ ᠠᠯᠤᠰᠯᠠᠨ ᠠᠮᠤᠷ ᠲᠥᠪᠱᠢᠨ ᠡᠮᠬᠢ ᠵᠢᠷᠤᠮ᠎ᠲᠠᠢ᠎ᠪᠠᠷ ᠱᠢᠯᠵᠢᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠴᠢᠬᠤᠯᠠ ᠶᠡᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢ ᠲᠥᠬᠦᠭᠡᠷᠦᠮᠵᠢ ᠪᠠ ᠲᠠᠪᠴᠠᠩ᠎ᠢ ᠪᠦᠬᠦ᠌ ᠪᠥᠮᠪᠥᠷᠴᠡᠭ᠎ᠤᠨ ᠱᠢᠨᠵᠢᠯᠡᠬᠦ᠌ ᠤᠬᠠᠭᠠᠨᠲᠠᠳ᠎ᠲᠤ ᠨᠡᠭᠡᠭᠡᠯᠲᠡ᠎ᠲᠠᠢ ᠪᠣᠯᠭᠠᠵᠤ ᠬᠡᠷᠡᠭ᠌ᠯᠡᠭᠦᠯᠬᠦ᠌ᠶ᠋ᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮ᠎ᠤᠨ ᠪᠦᠯᠬᠦᠮ᠎ᠤᠨ ᠭᠠᠳᠠᠭᠠᠳᠤ᠎ᠯᠤᠭ᠎ᠠ᠎ᠶ᠋ᠢᠨ ᠲᠤᠰᠭᠠᠢ ᠮᠡᠷᠭᠡᠵᠢᠯ᠎ᠤᠨ ᠰᠣᠯᠢᠯᠴᠠᠭ᠎ᠠ ᠬᠠᠮᠲᠤᠷᠠᠯᠴᠠᠭᠠᠨ᠎ᠤ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠱᠢᠯᠢᠳᠡᠭ᠌ᠵᠢᠭᠦᠯᠦᠨ᠎ᠡ᠃ ᠤᠯᠠᠨ ᠤᠯᠤᠰ᠎ᠤᠨ ᠬᠠᠮ ᠱᠢᠨᠵᠢᠯᠡᠬᠦ᠌ ᠤᠬᠠᠭᠠᠨ᠎ᠤ ᠲᠥᠯᠥᠪᠯᠡᠭᠡ ᠪᠠ ᠬᠠᠮ ᠱᠢᠨᠵᠢᠯᠡᠬᠦ᠌ ᠤᠬᠠᠭᠠᠨ᠎ᠤ ᠢᠨᠵᠧᠨᠧᠷᠢᠩ᠎ᠢ ᠲᠦᠷᠦᠭᠦᠯᠡᠨ ᠬᠡᠷᠡᠭ᠌ᠵᠢᠭᠦᠯᠬᠦ᠌᠎ᠶ᠋ᠢᠨ ᠬᠠᠮᠲᠤ ᠲᠡᠭᠦᠨ᠎ᠳᠤ ᠢᠳᠡᠪᠬᠢᠲᠡᠢ ᠣᠷᠣᠯᠴᠠᠵᠤ᠂ ᠮᠠᠨ᠎ᠤ ᠤᠯᠤᠰ᠎ᠤᠨ ᠬᠢᠯᠢ ᠳᠣᠲᠣᠷ᠎ᠠ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠵᠣᠬᠢᠶᠠᠨ ᠪᠠᠢᠭᠤᠯᠤᠯᠲᠠ ᠪᠠᠢᠭᠤᠯᠬᠤ᠎ᠶ᠋ᠢ ᠳᠡᠮᠵᠢᠵᠦ᠍᠂ ᠪᠦᠬᠦ᠌ ᠪᠦᠮᠪᠦᠷᠴᠡᠭ᠎ᠲᠤ ᠨᠥᠯᠥᠭᠡᠯᠡᠬᠦ᠌ ᠬᠦᠴᠦᠨ ᠪᠦᠬᠦᠢ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠠᠩᠨᠠᠯ᠎ᠤᠨ ᠵᠦᠢᠯ᠎ᠢ ᠪᠠᠢᠭᠤᠯᠤᠨ᠎ᠠ᠃
ᠠᠷᠪᠠᠳᠤᠭᠠᠷ ᠪᠦᠯᠦᠭ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠨ᠎ᠠ
ᠠᠵᠤ ᠠᠬᠤᠢᠯᠠᠯ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠤᠳᠤᠯᠭ᠎ᠠ ᠲᠣᠭ᠍ᠲᠠᠭᠠᠬᠤ᠂ ᠰᠤᠳᠤᠯᠤᠨ ᠨᠡᠭᠡᠭᠡᠬᠦ᠌ ᠣᠷᠣᠭᠤᠯᠤᠯᠲᠠ ᠬᠢᠬᠦ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠵᠣᠬᠢᠶᠠᠨ ᠪᠠᠢᠭᠤᠯᠬᠤ ᠪᠠ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭ᠌ᠯᠡᠬᠦ᠌ ᠳᠤᠮᠳᠠᠬᠢ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠨᠠᠢᠳᠠᠪᠤᠷᠢᠵᠢᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ ᠠᠵᠤ ᠦᠢᠯᠡᠰ᠎ᠤᠨ ᠬᠡᠯᠬᠢᠶ᠎ᠡ ᠪᠡᠯᠡ ᠮᠥᠩᠭᠦ᠎ᠶ᠋ᠢᠨ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ᠃
ᠨᠢᠭᠡᠳᠦᠭᠡᠷ ᠬᠡᠰᠡᠭ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠤᠨ᠎ᠠ
ᠲᠦᠰᠦᠯ᠂ ᠲᠠᠪᠴᠠᠩ᠂ ᠳ᠋ᠠᠢᠲ᠋ᠠ᠂ ᠴᠢᠳᠠᠪᠤᠷᠢᠲᠠᠨ ᠵᠡᠷᠭᠡ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠠᠢᠭᠤᠯᠤᠨ ᠪᠦᠷᠢᠨᠱᠢᠭᠦᠯᠤᠨᠠ᠃ ᠠᠵᠦ᠍ ᠠᠬᠤᠢ᠌ᠯᠠᠯ᠎ᠤᠨ ᠤᠯᠤᠰ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠣᠳᠣᠯᠭ᠎ᠠ ᠳᠤᠬ᠍ᠳᠠᠭᠠᠬᠤᠳᠤ ᠣᠷᠣᠯᠴᠠᠬᠤ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠠᠵᠤ ᠦᠢᠯᠡᠰ᠎ᠤᠨ ᠵᠠᠩᠭᠢᠯᠠᠭ᠎ᠠ᠎ᠶ᠋ᠢᠨ ᠨᠡᠢᠲᠡᠯᠢᠭ ᠴᠢᠨᠠᠷᠲᠠᠶ ᠮᠡᠷᠭᠡᠵᠢᠯ᠎ᠤᠨ ᠬᠡᠷᠡᠭ᠌ᠴᠡᠭᠡ᠎ᠶ᠋ᠢ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠯᠥᠪᠯᠡᠭᠡ᠎ᠶ᠋ᠢᠨ ᠳᠡᠮᠵᠢᠬᠦ᠌ ᠴᠢᠬᠤᠯᠠ ᠴᠢᠭ᠌ᠯᠡᠯ ᠪᠣᠯᠭᠠᠵᠤ᠂ ᠨᠥᠬᠦᠴᠡᠯ ᠪᠦᠷᠢᠯᠳᠦᠭᠦᠯᠦᠭ᠌ᠰᠡᠨ ᠠᠵᠤ ᠠᠬᠤᠢᠯᠠᠯ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠦᠰᠦᠯ᠎ᠢ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠯᠥᠪᠯᠡᠭᠡ᠎ᠶ᠋ᠢᠨ ᠱᠢᠰᠲ᠋ᠧᠮ᠎ᠳᠤ ᠣᠷᠣᠭᠤᠯᠬᠤ᠎ᠶ᠋ᠢ ᠠᠬᠢᠭᠤᠯᠤᠨ᠎ᠠ᠃ ᠠᠵᠤ ᠠᠬᠤᠢᠯᠠᠯ᠎ᠤᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠷᠭᠡ ᠰᠡᠳᠦᠪ᠎ᠢ ᠱᠢᠢᠳᠪᠦᠷᠢᠯᠡᠬᠦ᠌ ᠡᠭᠦᠷᠭᠡ᠎ᠶ᠋ᠢ ᠨᠠᠩ ᠢᠯᠡᠭᠦᠤ ᠡᠭᠦᠷᠭᠡᠯᠡᠬᠦ᠌᠎ᠶ᠋ᠢ ᠳᠡᠮᠵᠢᠵᠦ᠍᠂ ᠮᠡᠷᠭᠡᠵᠢᠯ᠎ᠤᠨ ᠱᠤᠭᠤᠮ᠎ᠢ ᠲᠣᠭ᠍ᠲᠠᠭᠠᠬᠤ᠂ ᠪᠡᠷᠭᠡ ᠰᠡᠳᠦᠪ᠎ᠢ ᠱᠢᠢᠳᠪᠦᠷᠢᠯᠡᠬᠦ᠌ ᠡᠭᠦᠷᠭᠡ᠎ᠶ᠋ᠢ ᠠᠬᠢᠭᠤᠯᠬᠤ᠂ ᠣᠷᠣᠯᠴᠠᠬᠤ ᠨᠢᠭᠡᠴᠢ᠎ᠶ᠋ᠢᠨ ᠰᠣᠩᠭᠤᠯᠲᠠ ᠪᠠ ᠵᠠᠷᠤᠳᠠᠯ᠎ᠤᠨ ᠬᠡᠷᠡᠭ᠌ᠯᠡᠯᠲᠡ ᠬᠤᠪᠢᠶᠠᠷᠢᠯᠠᠯᠲᠠ᠎ᠶ᠋ᠢᠨ ᠲᠠᠯ᠎ᠠ᠎ᠪᠠᠷ ᠲᠦᠷᠦᠭᠦᠯᠡᠬᠦ᠌ ᠠᠵᠤ ᠠᠬᠤᠢᠯᠠᠯ᠎ᠳᠤ ᠨᠠᠩ ᠶᠡᠭᠡ ᠡᠵᠡᠨ ᠮᠡᠳᠡᠬᠦ᠌ ᠡᠷᠬᠡ ᠣᠯᠭᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠭᠤᠤᠯᠯᠠᠭ᠍ᠴᠢ ᠠᠵᠤ ᠠᠬᠤᠢᠯᠠᠯ᠎ᠤᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠰᠠᠭᠤᠷᠢᠨ ᠭᠠᠵᠠᠷ ᠪᠠᠢᠭᠤᠯᠬᠤ᠎ᠶ᠋ᠢ ᠤᠷᠢᠳ᠎ᠢᠶᠠᠷ ᠳᠡᠮᠵᠢᠵᠦ᠍᠂ ᠤᠯᠤᠰ᠎ᠤᠨ ᠱᠢᠨᠵᠢᠯᠡᠬᠦ᠌ ᠤᠬᠠᠭᠠᠨ᠎ᠤ ᠳ᠋ᠠᠢᠲ᠋ᠠ ᠪᠠ ᠢᠨᠵᠧᠨᠧᠷᠢᠩ᠎ᠤᠨ ᠲᠤᠷᠱᠢᠯᠲᠠ᠎ᠶ᠋ᠢᠨ ᠳ᠋ᠠᠢᠲ᠋ᠠ᠂ ᠴᠢᠳᠠᠪᠤᠷᠢᠲᠠᠨ᠎ᠤ ᠲᠥᠯᠥᠪᠯᠡᠭᠡ᠎ᠶ᠋ᠢ ᠠᠵᠤ ᠠᠬᠤᠢᠯᠠᠯ᠎ᠳᠤ ᠨᠡᠭᠡᠭᠡᠯᠳᠡ᠎ᠲᠠᠢ ᠪᠤᠯᠭᠠᠬᠤ ᠡᠷᠴᠢᠮ᠎ᠢ ᠴᠢᠩᠭᠠᠷᠠᠭᠤᠯᠤᠨ᠎ᠠ᠃
ᠱᠢᠨᠵᠢᠯᠡᠬᠦ᠌ ᠤᠬᠠᠭᠠᠨ᠎ᠤ ᠰᠤᠳᠤᠯᠭᠠᠨ ᠤ ᠠᠵᠢᠯᠲᠠᠨ ᠤ ᠠᠵᠢᠯ᠎ᠤᠨ ᠪᠠᠢᠷᠢ᠎ᠠᠴᠠ᠎ᠪᠠᠨ ᠰᠠᠯᠵᠤ ᠠᠳᠠᠯ ᠦᠢᠯᠡᠰ ᠴᠣᠭ᠍ᠴᠠᠯᠠᠬᠤ᠂ ᠲᠤᠱᠢᠶᠠᠯ ᠬᠠᠪᠰᠤᠷᠭᠠᠬᠤ ᠪᠠ ᠴᠠᠯᠢᠩ ᠬᠠᠪᠰᠤᠷᠭᠠᠬᠤ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢ ᠳᠡᠭᠦᠯᠳᠡᠷᠵᠢᠭᠦᠯᠵᠦ᠍᠂ ᠱᠢᠯᠢᠳᠡᠭ ᠴᠢᠳᠠᠪᠤᠷᠢᠲᠠᠨ᠎ᠤ ᠠᠵᠤ ᠠᠬᠤᠢᠯᠠᠯ ᠲᠡᠢᠰᠢ ᠱᠢᠯᠵᠢᠬᠦ᠌᠎ᠶ᠋ᠢ ᠤᠷᠮᠠᠱᠢᠭᠤᠯᠤᠨ᠎ᠠ᠃
ᠬᠤᠶᠠᠳᠤᠭᠠᠷ ᠬᠡᠰᠡᠭ ᠠᠵᠤ ᠠᠬᠤᠢᠯᠠᠯ᠎ᠢᠶᠠᠷ ᠭᠤᠤᠯ ᠤᠳᠤᠷᠢᠳᠤᠮᠵᠢ ᠪᠤᠯᠭᠠᠬ᠍ᠰᠠᠨ ᠦᠢᠯᠡᠳᠪᠦᠷᠢᠯᠡᠬᠦ᠌ ᠵᠢᠭᠠᠬᠤ ᠰᠤᠳᠤᠯᠬᠤ ᠶ᠋ᠢ ᠠᠭᠤᠰᠤᠯᠳᠤᠭᠤᠯᠤᠨ ᠨᠡᠪᠳᠡᠷᠡᠯᠴᠡᠭᠦᠯᠵᠦ᠍ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠨ᠎ᠠ
ᠠᠵᠤ ᠠᠬᠤᠢᠯᠠᠯ᠎ᠤᠨ ᠠᠵᠤ ᠦᠢᠯᠡᠰ᠎ᠤᠨ ᠬᠡᠷᠡᠭ᠌ᠴᠡᠭᠡ᠎ᠳᠤ ᠬᠠᠨᠳᠤᠭᠤᠯᠤᠨ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠯᠤᠭ᠎ᠠ ᠬᠠᠮᠲᠤᠷᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠡᠷᠭᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠦᠷᠨᠢᠭᠦᠯᠬᠦ᠌᠎ᠶ᠋ᠢ ᠵᠣᠷᠢᠬ᠍ᠵᠢᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠭᠤᠤᠯᠯᠠᠭ᠍ᠴᠢ ᠠᠵᠤ ᠠᠬᠤᠢᠯᠠᠯ ᠤᠨ ᠱᠢᠨ᠎ᠡ᠎ᠶ᠋ᠢ ᠡᠭᠦᠳᠬᠦ᠌ ᠬᠤᠯᠪᠣᠭᠠᠲᠤ ᠴᠣᠭ᠍ᠴᠠ᠎ᠶ᠋ᠢ ᠲᠦᠷᠦᠭᠦᠯᠡᠨ ᠵᠣᠬᠢᠶᠠᠨ ᠪᠠᠢᠭᠤᠯᠵᠦ᠍᠂ ᠵᠠᠩᠭᠢᠯᠠᠭ᠎ᠠ᠎ᠶ᠋ᠢᠨ ᠨᠡᠢᠲᠡᠯᠢᠭ ᠴᠢᠨᠠᠷᠲᠠᠶ ᠮᠡᠷᠭᠡᠵᠢᠯ᠎ᠢ ᠰᠤᠳᠤᠯᠤᠨ ᠨᠡᠭᠡᠭᠡᠬᠦ᠌ ᠵᠢᠴᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠵᠠᠪᠰᠠᠷ᠎ᠤᠨ ᠲᠤᠷᠱᠢᠯᠲᠠ ᠬᠢᠬᠦ᠌ ᠪᠠ ᠵᠢᠱ᠌ᠢᠶ᠎ᠡ ᠦᠵᠡᠭᠦᠯᠦᠨ ᠬᠡᠷᠡᠭ᠌ᠯᠡᠬᠦ᠌᠎ᠶ᠋ᠢ ᠳᠡᠮᠵᠢᠨ᠎ᠠ᠃ ᠲᠤᠱᠢᠶᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠬᠡ ᠣᠯᠭᠤᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠤᠱᠢᠶᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠡᠳ᠋ ᠬᠥᠷᠥᠩᠭᠡ᠎ᠶ᠋ᠢ ᠠᠰᠲᠤᠨᠢ ᠵᠢᠭ᠍ᠰᠠᠭᠠᠬᠤ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠵᠤ᠂ ᠮᠡᠷᠭᠡᠵᠢᠯ᠎ᠢ ᠱᠢᠯᠵᠢᠭᠦᠯᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠶ᠎ᠪᠠᠷ ᠬᠤᠪᠢᠷᠠᠭᠤᠯᠤᠨ ᠬᠡᠷᠡᠭ᠌ᠯᠡᠬᠦ᠌᠎ᠶ᠋ᠢ ᠲᠦᠷᠭᠡᠳᠭᠡᠨ᠎ᠡ᠃ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ᠎ᠬᠢᠨ᠎ᠤ ᠤᠷᠢᠳ᠎ᠢᠶᠠᠷ ᠬᠡᠷᠡᠭ᠌ᠯᠡᠭᠦᠯᠵᠦ᠍ ᠳᠠᠷᠠᠭ᠎ᠠ᠎ᠨᠢ ᠰᠦᠢᠳᠭᠡᠯ ᠬᠤᠷᠢᠶᠠᠬᠤ ᠠᠷᠭ᠎ᠠ ᠮᠠᠶᠢᠭ᠎ᠢᠶᠠᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠶ᠋ᠢ ᠡᠭᠦᠳᠦᠭ᠌ᠰᠡᠨ ᠦᠷ᠎ᠡ ᠪᠦᠲᠦᠭᠡᠯ᠎ᠢᠶᠠᠨ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠵᠥᠪᠱᠢᠶᠡᠷᠡᠨ ᠬᠡᠷᠡᠭ᠌ᠯᠡᠭᠦᠯᠬᠦ᠌ ᠶ᠋ᠢ ᠬᠦᠳᠦᠯᠤᠨ ᠵᠢᠯᠤᠭᠤᠳᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ᠎ᠤᠨ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠥᠬᠦᠴᠡᠯ ᠪᠣᠯᠤᠨ ᠭᠡᠷᠡᠭ᠌ᠯᠡᠯᠳᠡᠶ᠋ᠢᠨ ᠠᠬᠤᠶ ᠪᠠᠢᠳᠠᠯ᠎ᠢᠶᠠᠨ ᠨᠡᠬᠡᠬᠡᠯᠳᠠ᠎ᠲᠠᠢ ᠪᠠᠢᠯᠭᠠᠵᠤ᠂ ᠮᠡᠷᠭᠡᠵᠢᠯ᠎ᠤᠨ ᠨᠡᠭᠡᠭᠡᠨ ᠬᠦᠭ᠌ᠵᠢᠭᠦᠯᠦᠯᠳᠡ᠎ᠶ᠋ᠢᠨ ᠦᠢᠯᠡᠴᠢᠯᠡᠭᠡ ᠬᠠᠩᠭᠠᠬᠤ᠎ᠶ᠋ᠢ ᠵᠣᠷᠢᠬ᠍ᠵᠢᠭᠤᠯᠤᠨ᠎ᠠ᠃
ᠭᠤᠷᠪᠠᠳᠤᠭᠠᠷ ᠬᠡᠰᠡᠭ ᠠᠵᠤ ᠠᠬᠤᠢᠯᠠᠯ ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠲᠦᠭᠡᠮᠡᠯ ᠬᠠᠷᠠᠭᠠᠯᠵᠠᠯ᠎ᠤᠨ ᠴᠢᠨᠠᠷᠲᠠᠶ ᠲᠦᠷᠦ᠍᠎ᠶ᠋ᠢᠨ ᠪᠤᠳᠤᠯᠭ᠎ᠠ᠎ᠶ᠋ᠢᠨ ᠬᠠᠩᠭᠠᠯᠭ᠎ᠠ᠎ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠳᠤ ᠠᠱᠢᠭ᠍ᠲᠠᠶ ᠰᠠᠢᠨ ᠰᠠᠢᠬᠠᠨ ᠣᠷᠴᠢᠨ ᠨᠥᠬᠦᠴᠡᠯ᠎ᠢ ᠪᠤᠢ ᠪᠣᠯᠭᠠᠨ᠎ᠠ᠃ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ ᠶ᠋ᠢᠨ ᠳᠤᠮᠳᠠ ᠵᠢᠵᠢᠭ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠵᠦ᠍᠂ ᠠᠵᠤ ᠠᠬᠤᠢᠯᠠᠯ ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠨᠡᠮᠡᠨ ᠪᠣᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭ᠌ᠰᠢᠯᠡᠭᠦᠯᠦᠨ᠎ᠡ᠃ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠪᠡᠯᠡᠳᠭᠡᠯ ᠮᠥᠩᠭᠦ᠎ᠶ᠋ᠢᠨ ᠳᠦᠷᠢᠮ᠎ᠢ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠲᠠᠢ ᠵᠣᠬᠢᠴᠠᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠥᠩᠭᠦᠨ ᠭᠦᠢᠯᠭᠡᠭᠡᠨ᠎ᠤ ᠪᠠᠢᠭᠤᠯᠤᠯ᠎ᠢ ᠪᠠᠢᠭᠤᠯᠵᠤ᠂ ᠤᠷᠲᠤ ᠬᠤᠭᠤᠴᠠᠭᠠᠨ᠎ᠤ ᠬᠥᠷᠥᠩᠭᠡ᠎ᠶ᠋ᠢᠨ ᠠᠩᠬᠠᠨ ᠤ ᠦᠶ᠎ᠠ᠎ᠳᠤᠨᠢ ᠪᠡᠯᠡ ᠤᠷᠤᠭᠤᠯᠬᠤ᠂ ᠵᠢᠵᠢᠭ ᠠᠵᠦ᠍ ᠠᠬᠤᠢ᠌ᠯᠠᠯ᠎ᠳᠤ ᠪᠡᠯᠡ ᠤᠷᠤᠭᠤᠯᠬᠤ᠂ ᠤᠷᠲᠤ ᠬᠤᠭᠤᠴᠠᠭ᠎ᠠ ᠪᠠᠷ ᠪᠡᠯᠡ ᠤᠷᠤᠭᠤᠯᠬᠤ᠂ ᠬᠠᠲᠠᠭᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠳᠤ ᠪᠡᠯᠡ ᠤᠷᠤᠭᠤᠯᠬᠤ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠶ᠋ᠢ ᠲᠡᠭᠦᠯᠳᠡᠷᠵᠢᠭᠦᠯᠵᠦ᠍᠂ ᠴᠢᠨᠠᠷ ᠰᠠᠢᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠢᠯᠠᠯ᠎ᠤᠨ ᠰᠲ᠋ᠤᠺ᠎ᠢᠶᠠᠨ ᠵᠠᠬ᠎ᠠ ᠳᠡᠯᠭᠡᠭᠦᠷ᠎ᠲᠤ ᠭᠠᠷᠭᠠᠵᠦ᠍ ᠪᠡᠯᠡ ᠲᠣᠬᠢᠷᠠᠭᠤᠯᠬᠤ᠂ ᠵᠢᠭᠡᠯᠡᠯᠭᠡ᠎ᠶ᠋ᠢᠨ ᠲᠡᠮᠳᠡᠭ᠌ᠳᠦ ᠲᠠᠷᠬᠠᠭᠠᠬᠤ᠎ᠶ᠋ᠢ ᠳᠠᠮᠵᠢᠵᠦ᠍᠂ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠵᠠᠬ᠎ᠠ ᠳᠡᠯᠭᠡᠭᠦᠷ ᠤᠨ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠮᠪᠠᠷ᠎ᠠ》 ᠶ᠋ᠢ ᠴᠢᠨᠠᠷ ᠰᠠᠢᠲᠠᠶ᠎ᠪᠠᠷ ᠪᠠᠢᠭᠤᠯᠵᠤ᠂ ᠦᠢᠯᠡᠰ ᠪᠣᠰᠭᠠᠬᠤ ᠪᠡᠯᠡ ᠣᠷᠣᠭᠤᠯᠤᠯᠲᠠ᠎ᠶ᠋ᠢ ᠶᠡᠭᠡ᠎ᠪᠠᠷ ᠬᠥᠭ᠌ᠵᠢᠭᠦᠯᠵᠦ᠍᠂ ᠤᠷᠲᠤᠪᠲᠤᠷ ᠪᠠ ᠤᠷᠲᠤ ᠬᠤᠭᠤᠴᠠᠭᠠᠨ᠎ᠤ ᠠᠳᠠᠯ ᠦᠢᠯᠡᠰ ᠴᠣᠭ᠍ᠴᠠᠯᠠᠬᠤ ᠪᠠᠯᠠ ᠣᠷᠣᠭᠤᠯᠤᠯᠲᠠ᠎ᠶ᠋ᠢᠨ ᠪᠠᠯᠠ ᠮᠥᠩᠭᠦ᠎ᠶ᠋ᠢᠨ ᠢᠷᠡᠯᠲᠡ᠎ᠶ᠋ᠢ ᠣᠯᠠᠨ ᠠᠷᠭ᠎ᠠ ᠵᠠᠮ᠎ᠢᠶᠠᠷ ᠥᠷᠭᠡᠳᠭᠡᠵᠦ᠍᠂ ᠤᠯᠤᠰ᠎ᠤᠨ ᠠᠳᠠᠯ ᠦᠢᠯᠡᠰ ᠴᠣᠭ᠍ᠴᠠᠯᠠᠬᠤ ᠪᠠᠯᠠ ᠣᠷᠣᠭᠤᠯᠤᠯᠲᠠ᠎ᠶ᠋ᠢᠨ ᠬᠥᠲᠥᠯᠦᠨ ᠵᠢᠯᠣᠭᠤᠳᠭᠤ ᠰᠠᠭᠤᠷᠢ ᠮᠥᠩᠭᠦ᠌᠂ ᠤᠯᠤᠰ᠎ᠤᠨ ᠳᠡᠰ᠎ᠤᠨ ᠨᠡᠢᠯᠡᠭᠦᠯᠦᠨ ᠬᠤᠳᠠᠯᠳᠤᠨ ᠠᠪᠬᠤ ᠰᠠᠭᠤᠷᠢ ᠮᠥᠩᠭᠦ᠎ᠶ᠋ᠢᠨ ᠦᠢᠯᠡᠳᠦᠯ᠎ᠢ ᠪᠠᠳᠠᠷᠠᠭᠤᠯᠤᠨ᠎ᠠ᠃ ᠭᠠᠳᠠᠭᠠᠳᠤ ᠪᠡᠯᠡ᠎ᠶ᠋ᠢᠨ ᠳᠤᠮᠳᠠᠳᠤ ᠤᠯᠤᠰ᠎ᠲᠤ ᠰᠲ᠋ᠣᠺ᠎ᠤᠨ ᠡᠷᠬᠡ᠎ᠶ᠋ᠢᠨ ᠪᠡᠯᠡ ᠣᠷᠣᠭᠤᠯᠤᠯᠲᠠ᠂ ᠲᠦᠭ᠌ᠰᠢᠭᠦᠷᠢᠲᠦ ᠪᠡᠯᠡ ᠣᠷᠣᠭᠤᠯᠤᠯᠲᠠ ᠦᠷᠨᠢᠭᠦᠯᠬᠦ᠌ ᠳᠥᠭᠦᠮ ᠳᠥᠲᠡ ᠴᠢᠨᠠᠷ᠎ᠢ ᠳᠡᠭᠡᠭ᠌ᠰᠢᠯᠡᠭᠦᠯᠦᠨ᠎ᠡ᠃ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠦᠭ᠌ᠰᠡᠨ ᠦᠢᠯᠡᠳᠬᠦᠨ᠎ᠢ ᠵᠠᠰᠠᠭ᠎ᠤᠨ ᠣᠷᠳᠣᠨ ᠬᠤᠳᠠᠯᠳᠤᠨ ᠠᠪᠬᠤ ᠡᠷᠴᠢᠮ᠎ᠢ ᠴᠢᠩᠭᠠᠷᠠᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤᠨ ᠳᠠᠭᠠᠳᠭᠠᠯ᠎ᠤᠨ ᠪᠦᠳᠦᠭᠡᠭ᠌ᠳᠡᠭᠦᠨ᠎ᠢ ᠪᠠᠶᠠᠯᠢᠬ᠍ᠵᠢᠭᠤᠯᠤᠨ᠎ᠠ᠃ ᠮᠡᠳᠡᠯᠭᠡ᠎ᠶ᠋ᠢᠨ ᠪᠦᠲᠦᠭᠡᠭ᠌ᠳᠡᠬᠦᠨ ᠤ ᠥᠮᠴᠢᠯᠡᠬᠦ᠌ ᠡᠷᠬᠡ ᠶ᠋ᠢᠨ ᠪᠥᠬᠦ᠌ ᠬᠡᠯᠬᠢᠶᠡᠨ᠎ᠤ ᠬᠠᠮᠠᠭᠠᠯᠠᠯᠲᠠ᠎ᠶ᠋ᠢ ᠴᠢᠩᠭᠠᠷᠠᠭᠤᠯᠵᠤ᠂ ᠲᠤᠰᠭᠠᠶ ᠠᠱᠢᠭ ᠤᠨ ᠲᠠᠸᠠᠷ ᠤᠨ ᠲᠡᠮᠳᠡᠭ᠌ᠳᠦ᠍ᠶ᠋ᠢ ᠬᠢᠨᠠᠨ ᠪᠠᠢᠴᠠᠭᠠᠬᠤ ᠲᠥᠷᠥ᠎ᠶ᠋ᠢᠨ ᠪᠣᠳᠣᠯᠭ᠎ᠠ ᠶ᠋ᠢ ᠱᠢᠯᠢᠳᠡᠭ᠌ᠵᠢᠭᠦᠯᠦᠨ᠂ ᠲᠤᠰᠭᠠᠶ ᠠᠱᠢᠭ᠎ᠢ ᠨᠡᠭᠡᠭᠡᠯᠲᠡ᠎ᠲᠠᠢ ᠪᠠᠢᠯᠭᠠᠬᠤ ᠵᠥᠪᠱᠢᠶᠡᠷᠡᠯ ᠤᠨ ᠲᠦᠷᠢᠮ ᠢ ᠪᠥᠬᠦ᠌ ᠲᠠᠯ᠎ᠠ᠎ᠪᠠᠷ ᠬᠡᠷᠡᠭ᠌ᠵᠢᠭᠦᠯᠦᠨ᠎ᠡ᠃
ᠠᠷᠪᠠᠨ ᠨᠢᠭᠡᠳᠦᠭᠡᠷ ᠪᠦᠯᠦᠭ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ ᠤ ᠬᠥᠭ᠌ᠵᠢᠯᠲᠡ ᠶ᠋ᠢ ᠨᠢᠭᠡ ᠴᠤᠭ᠍ᠴᠠᠵᠢᠭᠤᠯᠤᠨ ᠠᠬᠢᠭᠤᠯᠤᠨ᠎ᠠ
ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠤᠭ᠍ᠰᠠᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ᠍᠂ ᠲᠥᠯᠥᠪᠵᠢᠭᠦᠯᠭᠡ᠎ᠶ᠋ᠢ ᠵᠣᠯᠭᠠᠯᠳᠤᠭᠤᠯᠬᠤ᠂ ᠲᠥᠷᠥ ᠶ᠋ᠢᠨ ᠪᠣᠳᠣᠯᠭ᠎ᠠ ᠶ᠋ᠢ ᠬᠠᠮᠵᠢᠯᠴᠠᠭᠤᠯᠬᠤ᠂ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠬᠦ᠂ ᠦᠨᠡᠯᠡᠯᠲᠡ ᠶ᠋ᠢ ᠬᠤᠯᠪᠤᠯᠳᠤᠭᠤᠯᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠯ᠎ᠠ᠎ᠪᠠᠷ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠪᠠ ᠴᠢᠳᠠᠪᠤᠷᠢᠲᠠᠨ᠎ᠢ ᠪᠡᠶ᠎ᠡ᠎ᠪᠠᠨ ᠳᠠᠭᠠᠭᠠᠵᠤ ᠬᠥᠮᠦᠵᠢᠭᠦᠯᠬᠦ᠌᠎ᠶ᠋ᠢᠨ ᠰᠠᠢᠨ ᠨᠦᠬᠦᠴᠡᠯᠳᠦᠯᠢ ᠠᠬᠢᠭᠤᠯᠤᠨ᠎ᠠ᠃
ᠨᠢᠭᠡᠳᠦᠭᠡᠷ ᠬᠡᠰᠡᠭ ᠨᠢᠭᠡ ᠴᠤᠭ᠍ᠴᠠᠵᠢᠭᠤᠯᠤᠨ ᠠᠬᠢᠭᠤᠯᠬᠤ ᠵᠣᠬᠢᠴᠠᠭᠤᠯᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ
ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠪᠠᠢᠯᠳᠤᠬᠤ ᠪᠣᠳᠣᠯᠭ᠎ᠠ ᠶ᠋ᠢ ᠨᠢᠭᠡᠳᠦᠯᠲᠡᠶ ᠲᠥᠯᠥᠪᠯᠡᠨ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠪᠠᠢᠯᠳᠤᠬᠤ ᠪᠣᠳᠣᠯᠭ᠎ᠠ ᠶ᠋ᠢᠨ ᠬᠠᠷᠠᠯᠲᠠ ᠶ᠋ᠢ ᠣᠷᠭᠠᠨᠢᠭ᠎ᠢᠶᠠᠷ ᠵᠣᠯᠭᠠᠯᠳᠤᠭᠤᠯᠬᠤ᠂ ᠪᠠᠢᠯᠳᠤᠬᠤ ᠪᠣᠳᠣᠯᠭ᠎ᠠ ᠶ᠋ᠢᠨ ᠡᠭᠦᠷᠭᠡ ᠶ᠋ᠢ ᠨᠢᠭᠡ ᠴᠣᠭ᠍ᠴᠠᠵᠢᠭᠤᠯᠤᠨ ᠪᠠᠢᠷᠢᠯᠠᠭᠤᠯᠬᠤ᠂ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠵᠣᠬᠢᠴᠠᠭᠤᠯᠤᠨ ᠬᠦᠴᠦᠯᠡᠬᠦᠯᠬᠦ᠂ ᠡᠬᠢ ᠪᠠᠶᠠᠯᠢᠭ᠎ᠤᠨ ᠡᠯᠧᠮᠧᠨ᠋ᠲ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠎ᠶ᠋ᠢ ᠴᠢᠩᠭᠠᠳᠭᠠᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠲᠠᠪᠴᠠᠩ᠎ᠤᠨ ᠰᠠᠭᠤᠷᠢᠨ ᠭᠠᠵᠠᠷ ᠢ ᠬᠠᠮᠵᠢᠯᠴᠠᠭᠤᠯᠤᠨ ᠪᠠᠢᠷᠢᠯᠠᠭᠤᠯᠬᠤ᠎ᠶ᠋ᠢ ᠠᠬᠢᠭᠤᠯᠵᠦ᠍᠂ ᠪᠦᠬᠦ᠌ ᠪᠥᠮᠪᠥᠷᠴᠡᠭ᠎ᠲᠤ ᠨᠥᠯᠥᠭᠡᠯᠡᠬᠦ᠌ ᠬᠦᠴᠦᠨ ᠪᠦᠬᠦᠢ ᠰᠤᠷᠭᠠᠨ ᠬᠥᠮᠦᠵᠢᠯ᠎ᠤᠨ ᠲᠥᠪ᠂ ᠱᠢᠨᠵᠢᠯᠡᠬᠦ᠌ ᠤᠬᠠᠭᠠᠨ ᠤ ᠲᠥᠪ᠂ ᠴᠢᠳᠠᠪᠤᠷᠢᠲᠠᠨ᠎ᠤ ᠲᠥᠪ᠎ᠢ ᠪᠠᠢᠭᠤᠯᠤᠨ᠎ᠠ᠃ ᠨᠥᠬᠦᠴᠡᠯ᠎ᠲᠠᠢ ᠭᠠᠵᠠᠷ ᠣᠷᠣᠨ᠎ᠳᠤ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠢ ᠨᠢᠭᠡᠳᠦᠯᠲᠡᠶ ᠲᠥᠯᠥᠪᠯᠡᠨ ᠬᠠᠮᠢᠶᠠᠷᠬᠤ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠤᠨ᠎ᠠ᠃ ᠱᠢᠨ᠎ᠡ᠎ᠶ᠋ᠢ ᠡᠭᠦᠳᠬᠦ᠌ ᠬᠡᠷᠡᠭ᠌ᠴᠡᠭᠡ᠎ᠶ᠋ᠢᠨ ᠲᠣᠭᠤᠷᠢᠨ᠎ᠳᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢᠲᠠᠨ᠎ᠤ ᠬᠦᠴᠦᠨ᠎ᠢ ᠲᠦᠷᠭᠡᠯᠡᠨ ᠪᠠᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨᠲᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠭᠠᠭᠤᠯᠤᠬ᠍ᠴᠢ ᠴᠢᠳᠠᠪᠤᠷᠢᠲᠠᠨ᠂ ᠰᠠᠭᠤᠷᠢ ᠰᠤᠳᠤᠯᠭᠠᠨ᠎ᠤ ᠴᠢᠳᠠᠪᠤᠷᠢᠲᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠵᠠᠯᠠᠭᠤ ᠴᠢᠳᠠᠪᠤᠷᠢᠲᠠᠨ ᠵᠡᠷᠭᠡ᠎ᠶ᠋ᠢ ᠬᠥᠮᠦᠵᠢᠭᠦᠯᠬᠦ᠌ ᠪᠠ ᠳᠡᠮᠵᠢᠬᠦ᠌ ᠡᠷᠴᠢᠮ᠎ᠢ ᠴᠢᠩᠭᠠᠷᠠᠭᠤᠯᠤᠨ᠎ᠠ᠃ ᠴᠢᠳᠠᠪᠤᠷᠢᠲᠠᠨ ᠤ ᠬᠠᠮᠵᠢᠯᠴᠠᠭ᠎ᠠ ᠶ᠋ᠢ ᠴᠢᠩᠭᠠᠳᠭᠠᠵᠤ᠂ ᠴᠢᠳᠠᠪᠤᠷᠢᠲᠠᠨ᠎ᠤ ᠪᠦᠲᠦᠴᠡ᠎ᠶ᠋ᠢ ᠱᠢᠯᠢᠳᠡᠭ᠌ᠵᠢᠭᠦᠯᠦᠨ᠂ ᠡᠮᠬᠢ ᠵᠢᠷᠤᠮ ᠲᠠᠢ ᠱᠢᠯᠵᠢᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠴᠢᠳᠠᠪᠤᠷᠢᠲᠠᠨ ᠤ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ᠃
ᠬᠤᠶᠠᠳᠤᠭᠠᠷ ᠬᠡᠰᠡᠭ ᠱᠢᠨ᠎ᠡ ᠶ᠋ᠢ ᠡᠭᠦᠳᠬᠦ᠌ ᠬᠡᠯᠪᠡᠷᠢ ᠶ᠋ᠢᠨ ᠴᠢᠳᠠᠪᠤᠷᠢᠲᠠᠨ ᠢ ᠬᠥᠮᠦᠵᠢᠭᠦᠯᠬᠦ᠌᠎ᠶ᠋ᠢ ᠬᠠᠮᠵᠢᠯᠴᠠᠨ ᠠᠬᠢᠭᠤᠯᠤᠨ᠎ᠠ
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤᠨ ᠱᠢᠨ᠎ᠡ᠎ᠶ᠋ᠢ ᠡᠭᠦᠳᠬᠦ᠂ ᠠᠵᠤ ᠦᠢᠯᠡᠰ᠎ᠤᠨ ᠬᠥᠭ᠌ᠵᠢᠯᠲᠡ ᠪᠠ ᠤᠯᠤᠰ ᠤᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠶ᠋ᠢᠨ ᠳᠤᠭᠤᠷᠢᠨ᠎ᠳᠤ ᠬᠠᠮᠵᠢᠯᠴᠠᠨ ᠬᠥᠮᠦᠨ ᠬᠥᠮᠦᠵᠢᠭᠦᠯᠵᠦ᠍᠂ ᠴᠢᠳᠠᠪᠤᠷᠢᠲᠠᠨ᠎ᠢ ᠪᠡᠶ᠎ᠡ᠎ᠪᠠᠨ ᠳᠠᠭᠠᠭᠠᠵᠤ ᠬᠥᠮᠦᠵᠢᠭᠦᠯᠬᠦ᠌ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠳᠠᠪᠠᠭᠤᠯᠢᠭ ᠱᠢᠨᠵᠢᠯᠡᠭᠡᠨ᠎ᠤ ᠰᠠᠯᠠᠭ᠎ᠠ ᠪᠠ ᠪᠠᠢᠯᠳᠤᠬᠤ ᠪᠤᠳᠤᠯᠭ᠎ᠠ᠎ᠶ᠋ᠢᠨ ᠪᠠᠴᠢᠮ ᠬᠡᠷᠡᠭ᠌ᠴᠡᠭᠡ᠎ᠪᠠᠷ ᠭᠤᠤᠯᠯᠠᠭᠤᠯᠤᠨ 《ᠬᠤᠤᠰ ᠲᠡᠷᠢᠭᠦᠨ ᠵᠡᠷᠭᠡ》 ᠶ᠋ᠢᠨ ᠪᠠᠢᠭᠤᠯᠤᠯᠲᠠ᠎ᠶ᠋ᠢᠨ ᠬᠡᠪᠴᠢᠶ᠎ᠡ᠎ᠶ᠋ᠢ ᠵᠣᠬᠢᠰᠲᠠᠶ ᠥᠷᠭᠡᠳᠭᠡᠵᠦ᠍᠂ ᠱᠢᠨ᠎ᠡ ᠮᠠᠶᠢᠭ᠎ᠤᠨ ᠰᠤᠳᠤᠯᠭᠠᠨ ᠤ ᠬᠡᠯᠪᠡᠷᠢ ᠶ᠋ᠢᠨ ᠶᠡᠭᠡ ᠰᠤᠷᠭᠠᠭᠤᠯᠢ᠎ᠨᠤᠭᠤᠳ ᠢ ᠱᠢᠨ᠎ᠡ᠎ᠪᠠᠷ ᠪᠠᠢᠭᠤᠯᠤᠨ᠎ᠠ᠃ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠱᠢᠨᠵᠢᠯᠡᠭᠡᠨ ᠤ ᠰᠠᠯᠠᠭ᠎ᠠ ᠲᠤᠰᠭᠠᠶ ᠮᠡᠷᠭᠡᠵᠢᠯ ᠤᠨ ᠪᠠᠢᠭᠤᠯᠤᠯᠳᠡ ᠲᠣᠬᠢᠷᠠᠭᠤᠯᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠵᠣᠬᠢᠶᠠᠮᠠᠯ ᠣᠶᠤᠯᠢᠬ᠂ ᠬᠤᠷᠠᠮᠠᠯ ᠴᠠᠬᠢᠯᠭᠠᠨ ᠬᠡᠯᠬᠢᠶ᠎ᠡ ᠵᠡᠷᠭᠡ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠤ ᠪᠠᠴᠢᠮ ᠱᠠᠭᠠᠷᠳᠠᠬ᠍ᠳᠠᠬᠤ ᠱᠢᠨᠵᠢᠯᠡᠭᠡᠨ᠎ᠤ ᠰᠠᠯᠠᠭ᠎ᠠ ᠲᠤᠰᠭᠠᠶ ᠮᠡᠷᠭᠡᠵᠢᠯ᠎ᠢ ᠵᠤᠷᠱᠢᠯ᠎ᠠᠴᠠ ᠭᠡᠳᠦᠷᠡᠭᠦᠯᠦᠨ ᠪᠠᠢᠷᠢᠯᠠᠭᠤᠯᠵᠤ᠂ ᠰᠠᠭᠤᠷᠢ ᠱᠢᠨᠵᠢᠯᠡᠭᠡᠨ᠎ᠤ ᠰᠠᠯᠠᠭ᠎ᠠ ᠪᠠ ᠰᠣᠯᠪᠢᠴᠠᠯ ᠱᠢᠨᠵᠢᠯᠡᠭᠡᠨ᠎ᠤ ᠰᠠᠯᠠᠭ᠎ᠠ᠎ᠶ᠋ᠢᠨ ᠱᠢᠪᠲᠤᠯᠤᠯᠲᠠ ᠭᠠᠷᠭᠠᠬᠤ ᠲᠥᠯᠥᠪᠯᠡᠭᠡ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠦᠨ᠎ᠡ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠱᠢᠨ᠎ᠡ᠎ᠶ᠋ᠢ ᠡᠭᠦᠳᠬᠦ᠌ ᠲᠠᠪᠴᠠᠩ᠂ ᠠᠵᠤ ᠠᠬᠤᠢᠯᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠯᠥᠪᠯᠡᠭᠡ᠎ᠶ᠋ᠢᠨ ᠴᠢᠳᠠᠪᠤᠷᠢᠲᠠᠨ ᠢ ᠴᠤᠬ᠍ᠯᠠᠷᠠᠭᠤᠯᠤᠨ ᠬᠥᠮᠦᠵᠢᠭᠦᠯᠬᠦ᠌ ᠴᠢᠳᠠᠮᠵᠢ᠎ᠶ᠋ᠢ ᠴᠢᠩᠭᠠᠷᠠᠭᠤᠯᠵᠤ᠂ ᠰᠣᠷᠣᠭ᠍ᠴᠢ ᠡᠯᠰᠡᠬᠦ᠌ ᠭᠦᠢᠴᠡᠳᠭᠡᠯ ᠲᠤᠭ᠎ᠠ᠎ᠶ᠋ᠢ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠭᠦᠷᠭᠡ᠎ᠶ᠋ᠢ ᠡᠭᠦᠷᠭᠡᠯᠡᠬᠦ᠌ ᠨᠢᠭᠡᠴᠢ ᠳᠠᠢᠰᠢ ᠬᠡᠯᠪᠠᠢᠯᠭᠡᠨ᠎ᠡ᠃ ᠣᠷᠦ᠋ᠢᠯᠠᠭ᠍ᠰᠠᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠬᠦ᠌ ᠱᠢᠨ᠎ᠡ ᠬᠡᠪ ᠵᠠᠭ᠍ᠪᠤᠷ᠎ᠢ ᠰᠦᠪᠡᠭ᠌ᠴᠢᠯᠡᠵᠦ᠍᠂ ᠵᠠᠯᠠᠭᠤᠴᠤᠳ ᠪᠠᠭᠠᠴᠤᠳ᠎ᠤᠨ ᠱᠢᠨᠵᠢᠯᠡᠬᠦ᠌ ᠤᠬᠠᠭᠠᠨ᠎ᠤ ᠬᠡᠪ ᠪᠣᠯᠪᠠᠰᠤᠷᠠᠯ᠂ ᠱᠢᠭᠦᠮᠵᠢᠯᠡᠯ᠎ᠲᠦ ᠰᠡᠳᠭᠢᠬᠦᠶ ᠪᠣᠯᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠬᠥᠮᠦᠵᠢᠯ᠎ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠤᠷᠭᠠᠨ ᠬᠥᠮᠦᠵᠢᠯ ᠪᠣᠯᠤᠨ ᠬᠥᠮᠦᠨ ᠨᠡᠢᠭᠡᠮ᠎ᠤᠨ ᠰᠤᠷᠭᠠᠨ ᠬᠥᠮᠦᠵᠢᠯ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠰᠠᠭᠤᠷᠢ ᠱᠢᠨᠵᠢᠯᠡᠭᠡᠨ᠎ᠤ ᠰᠠᠯᠠᠭ᠎ᠠ᠂ ᠰᠣᠯᠪᠢᠴᠠᠯ ᠱᠢᠨᠵᠢᠯᠡᠭᠡᠨ᠎ᠤ ᠰᠠᠯᠠᠭ᠎ᠠ ᠪᠠ ᠪᠠᠢᠯᠳᠤᠬᠤ ᠪᠣᠳᠣᠯᠭ᠎ᠠ᠎ᠶ᠋ᠢᠨ ᠪᠠᠴᠢᠮ ᠬᠡᠷᠡᠭ᠌ᠰᠡᠬᠦ᠌ ᠬᠦᠷᠢᠶ᠎ᠡ᠎ᠶ᠋ᠢᠨ ᠵᠢᠩᠬᠢᠨᠢ ᠠᠩᠬᠢ ᠪᠠ ᠠᠰᠫᠢᠷᠠᠨᠲ ᠳ᠋ᠤᠺᠲ᠋ᠤᠷᠠᠨᠲᠢ ᠵᠣᠯᠭᠠᠯᠳᠤᠭᠤᠯᠤᠨ ᠬᠥᠮᠦᠵᠢᠭᠦᠯᠬᠦ᠌᠎ᠶ᠋ᠢ ᠴᠢᠩᠭᠠᠳᠭᠠᠨ᠎ᠠ᠃
ᠭᠤᠷᠪᠠᠳᠤᠭᠠᠷ ᠬᠡᠰᠡᠭ ᠤᠷᠮᠠᠱᠢᠭᠤᠯᠵᠤ ᠦᠨᠡᠯᠡᠬᠦ᠌ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠬᠤᠯᠪᠣᠭᠠᠯᠠᠨ ᠠᠬᠢᠭᠤᠯᠤᠨ᠎ᠠ
ᠱᠢᠨ᠎ᠡ᠎ᠶ᠋ᠢ ᠡᠭᠦᠳᠬᠦ᠌ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ᠎ᠪᠠᠷ ᠦᠨᠡᠯᠡᠬᠦ᠌ ᠤᠳᠤᠷᠢᠳᠤᠮᠵᠢ ᠪᠣᠯᠭᠠᠵᠤ᠂ ᠲᠦᠰᠦᠯ᠎ᠤᠨ ᠬᠢᠨᠠᠨ ᠲᠣᠭ᠍ᠲᠠᠭᠠᠯᠳᠡ᠂ ᠪᠠᠢᠭᠤᠯᠤᠮᠵᠢ᠎ᠶ᠋ᠢᠨ ᠦᠨᠡᠯᠡᠨ ᠵᠢᠱ᠌ᠢᠯᠳᠡ᠂ ᠴᠢᠳᠠᠪᠤᠷᠢᠲᠠᠨ᠎ᠤ ᠦᠨᠡᠯᠡᠯᠳᠡ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠳᠦᠭᠡᠬᠦ᠌ ᠬᠥᠳᠡᠯᠭᠡᠭ᠌ᠴᠢ ᠬᠦᠴᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠦᠷ᠎ᠡ ᠪᠦᠲᠦᠭᠡᠯ᠎ᠤᠨ ᠤᠤᠭᠠᠯ ᠡᠭᠦᠳᠦᠯᠲᠡ᠎ᠶ᠋ᠢᠨ ᠴᠢᠨᠠᠷ ᠪᠠ ᠡᠷᠳᠡᠮ ᠱᠢᠨᠵᠢᠯᠡᠭᠡᠨ᠎ᠤ ᠦᠨ᠎ᠡ ᠥᠷᠲᠡᠭ᠎ᠢᠶᠠᠷ ᠭᠤᠤᠯ ᠪᠣᠯᠭᠠᠭ᠍ᠰᠠᠨ ᠰᠠᠭᠤᠷᠢ ᠰᠤᠳᠤᠯᠭᠠᠨ᠎ᠤ ᠦᠨᠡᠯᠡᠯᠲᠡ᠎ᠶ᠋ᠢ ᠥᠷᠨᠢᠭᠦᠯᠵᠦ᠍᠂ ᠣᠯᠠᠨ ᠤᠯᠤᠰ᠎ᠤᠨ ᠠᠵᠢᠯ ᠨᠢᠭᠡᠲᠡᠨ᠎ᠤ ᠦᠨᠡᠯᠡᠯᠲᠡ᠎ᠶ᠋ᠢ ᠱᠢᠯᠢᠳᠡᠭ᠌ᠵᠢᠭᠦᠯᠦᠨ᠎ᠡ᠃ ᠬᠡᠷᠡᠭ᠌ᠯᠡᠭ᠌ᠴᠢᠳ ᠪᠣᠯᠤᠨ ᠵᠠᠬ᠎ᠠ ᠳᠡᠯᠭᠡᠭᠦᠷ᠎ᠤᠨ ᠬᠠᠷᠢᠭᠤ ᠲᠤᠰᠭᠠᠯ᠎ᠢᠶᠠᠷ ᠭᠤᠤᠯ ᠪᠣᠯᠭᠠᠭ᠍ᠰᠠᠨ ᠬᠡᠷᠡᠭ᠌ᠯᠡᠯᠳᠡ᠎ᠶ᠋ᠢᠨ ᠰᠤᠳᠤᠯᠭᠠᠠ ᠪᠣᠯᠤᠨ ᠮᠡᠷᠭᠡᠵᠢᠯ᠎ᠤᠨ ᠨᠡᠭᠡᠭᠡᠯᠲᠡ᠎ᠶ᠋ᠢᠨ ᠦᠨᠡᠯᠡᠯᠲᠡ᠎ᠶ᠋ᠢ ᠬᠡᠷᠡᠭ᠌ᠵᠢᠭᠦᠯᠵᠦ᠍᠂ ᠱᠢᠨ᠎ᠡ ᠮᠡᠷᠭᠡᠵᠢᠯ ᠱᠢᠨ᠎ᠡ ᠦᠢᠯᠡᠳᠬᠦᠨ᠎ᠢ ᠠᠵᠢᠯ᠎ᠤᠨ ᠠᠮᠵᠢᠯᠲᠠ᠎ᠶ᠋ᠢ ᠬᠢᠨᠠᠨ ᠱᠢᠯᠭᠠᠬᠤ᠂ ᠮᠡᠷᠭᠡᠵᠢᠯ᠎ᠤᠨ ᠴᠣᠯᠠ ᠱᠢᠯᠭᠠᠨ ᠲᠣᠭ᠍ᠲᠠᠭᠠᠬᠤ᠂ ᠴᠢᠳᠠᠪᠤᠷᠢᠲᠠᠨ᠎ᠤ ᠲᠥᠯᠥᠪᠯᠡᠭᠡ᠎ᠪᠠᠷ ᠳᠡᠮᠵᠢᠬᠦ᠌᠎ᠶ᠋ᠢᠨ ᠴᠢᠬᠤᠯᠠ ᠦᠨᠳᠦᠰᠦᠯᠡᠯ ᠪᠣᠯᠭᠠᠨ᠎ᠠ᠃ ᠬᠥᠮᠦᠨ ᠬᠡᠷᠡᠭ᠌ᠯᠡᠬᠦ᠌ ᠨᠢᠭᠡᠴᠢ᠎ᠳᠤ ᠴᠢᠳᠠᠪᠤᠷᠢᠲᠠᠨ᠎ᠢ ᠦᠨᠡᠯᠡᠬᠦ᠌ ᠨᠡᠩ ᠶᠡᠭᠡ ᠡᠵᠡᠨ ᠮᠡᠳᠡᠬᠦ᠌ ᠡᠷᠬᠡ ᠣᠯᠭᠤᠵᠤ᠂ ᠳᠥᠭᠦᠮᠬᠡᠨ᠎ᠢᠶᠠᠷ ᠴᠣᠯᠠ ᠭᠡᠷᠬᠡᠮᠢᠶᠠᠷᠨᠢ ᠴᠠᠯᠢᠩ ᠣᠯᠭᠤᠮᠵᠢ᠎ᠶ᠋ᠢ ᠲᠣᠭ᠍ᠲᠠᠭᠠᠨ᠂ ᠡᠬᠢ ᠪᠠᠶᠠᠯᠢᠭ᠎ᠢ ᠲᠣᠬᠢᠷᠠᠭᠤᠯᠬᠤ᠎ᠠᠴᠠ ᠰᠡᠷᠭᠡᠢᠯᠡᠨ᠎ᠡ᠃ ᠠᠵᠢᠯᠲᠠᠨ᠎ᠤ ᠣᠷᠣᠨ ᠲᠤᠭ᠎ᠠ᠂ ᠴᠠᠯᠢᠩ ᠣᠯᠭᠤᠮᠵᠢ᠂ ᠮᠡᠷᠭᠡᠵᠢᠯ᠎ᠤᠨ ᠴᠣᠯᠠ ᠲᠣᠭ᠍ᠲᠠᠭᠠᠬᠤ ᠪᠠ ᠤᠷᠢᠨ ᠬᠡᠷᠡᠭ᠌ᠯᠡᠬᠦ᠂ ᠬᠢᠨᠠᠨ ᠱᠢᠯᠭᠠᠵᠤ ᠳᠡᠪᠱᠢᠭᠦᠯᠬᠦ᠌ ᠵᠡᠷᠭᠡ ᠢᠵᠢ ᠪᠦᠷᠢᠳᠦᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ᠎ᠤᠨ ᠴᠢᠳᠠᠪᠤᠷᠢᠲᠠᠨ ᠤ ᠰᠣᠯᠢᠯᠴᠠᠬᠤ ᠵᠠᠮ᠎ᠢ ᠰᠠᠭᠠᠳ ᠦᠭᠡᠢ ᠨᠡᠪᠲᠡᠷᠡᠭᠦᠯᠦᠨ᠎ᠡ᠃ ᠭᠠᠳᠠᠭᠠᠳᠤ᠎ᠠᠴᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠶ᠋ᠢ ᠳᠡᠮᠵᠢᠬᠦ᠌ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠬᠠᠷᠢ ᠢᠷᠭᠡᠳ᠎ᠤᠨ ᠲᠦᠷᠢᠮ᠎ᠢ ᠪᠠᠢᠭᠤᠯᠵᠤ᠂ ᠳᠡᠯᠡᠬᠡᠶ᠎ᠶ᠋ᠢᠨ ᠱᠢᠯᠢᠳᠡᠭ ᠴᠢᠳᠠᠪᠤᠷᠢᠲᠠᠨ᠎ᠢ ᠤᠷᠤᠭᠤᠯᠤᠨ ᠠᠪᠴᠢᠷᠠᠬᠤ ᠪᠠ ᠬᠦᠮᠦᠵᠢᠭᠦᠯᠤᠨᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠲᠦᠭᠡᠮᠡᠯᠵᠢᠭᠦᠯᠬᠦ᠌᠎ᠶ᠋ᠢ ᠴᠢᠩᠭᠠᠳᠭᠠᠵᠤ᠂ ᠱᠢᠨ᠎ᠡ᠎ᠶ᠋ᠢ ᠡᠭᠦᠳᠬᠦ᠌ ᠰᠣᠶᠣᠯ᠎ᠢ ᠪᠤᠢ ᠪᠤᠯᠭᠠᠵᠦ᠍᠂ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠠᠤᠯᠢ᠎ᠪᠠᠷ ᠵᠠᠰᠠᠬᠤ᠂ ᠡᠰᠢ ᠶᠣᠰᠣ᠂ ᠦᠨᠡᠨᠴᠢ ᠢᠲᠡᠭᠡᠮᠵᠢ᠂ ᠠᠮᠤᠷ ᠲᠦᠪᠱᠢᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃
ᠳᠥᠷᠪᠡᠳᠦᠭᠡᠷ ᠠᠩᠬᠢ ᠳ᠋ᠢᠵᠢᠲ᠋ᠠᠯ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ ᠶ᠋ᠢ ᠭᠦᠨᠵᠡᠭᠡᠢᠷᠡᠭᠦᠯᠦᠨ ᠠᠬᠢᠭᠤᠯᠵᠤ ᠳ᠋ᠢᠵᠢᠲ᠋ᠠᠯᠴᠢᠯᠠᠬ᠍ᠰᠠᠨ ᠤᠶᠤᠨᠴᠢᠯᠠᠬ᠍ᠰᠠᠨ ᠬᠥᠭ᠌ᠵᠢᠯᠲᠡ᠎ᠶ᠋ᠢᠨ ᠲᠦᠪᠱᠢᠨ ᠢ ᠳᠡᠭᠡᠭ᠌ᠰᠢᠯᠡᠭᠦᠯᠦᠨ᠎ᠡ
ᠳ᠋ᠢᠵᠢᠲ᠋ᠠᠯᠴᠢᠯᠠᠬ᠍ᠰᠠᠨ᠂ ᠰᠦᠯᠵᠢᠶᠡᠵᠢᠭ᠌ᠰᠡᠨ᠂ ᠤᠶᠤᠨᠴᠢᠯᠠᠭ᠍ᠰᠠᠨ ᠬᠥᠭ᠌ᠵᠢᠯᠲᠡ᠎ᠶ᠋ᠢᠨ ᠶᠡᠭᠡ ᠬᠠᠨᠳᠤᠰᠢ᠎ᠶ᠋ᠢ ᠡᠵᠡᠮᠳᠡᠵᠦ᠍᠂ ᠮᠠᠨ᠎ᠤ ᠤᠯᠤᠰ᠎ᠤᠨ ᠳ᠋ᠠᠢᠲ᠋ᠠ᠎ᠶ᠋ᠢᠨ ᠡᠬᠢ ᠪᠠᠶᠠᠯᠢᠭ ᠡᠯᠪᠡᠭ᠂ ᠠᠵᠤ ᠦᠢᠯᠡᠰ᠎ᠤᠨ ᠱᠢᠰᠲ᠋ᠧᠮ ᠪᠦᠷᠢᠨ ᠪᠦᠳᠦᠨ᠂ ᠬᠡᠷᠡᠭ᠌ᠯᠡᠯᠳᠡ᠎ᠶ᠋ᠢᠨ ᠠᠬᠤᠢ ᠪᠠᠢᠳᠠᠯ ᠥᠷᠭᠡᠨ ᠠᠭᠤᠳᠠᠮ ᠪᠠᠢᠬᠤ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠳ᠋ᠠᠢᠲ᠋ᠠ᠎ᠶ᠋ᠢᠨ ᠡᠯᠧᠮᠧᠨ᠋ᠲ᠎ᠤᠨ ᠳᠠᠯᠳᠠ ᠴᠢᠳᠠᠪᠤᠷᠢ᠎ᠶ᠋ᠢ ᠬᠥᠭ᠌ᠵᠢᠭᠡᠵᠦ᠍᠂ ᠳ᠋ᠢᠵᠢᠲ᠋ᠠᠯ ᠮᠡᠷᠭᠡᠵᠢᠯ ᠤᠶᠤᠯᠢᠬ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢ ᠲᠦᠷᠭᠡᠳᠭᠡᠵᠦ᠍᠂《ᠵᠣᠬᠢᠶᠠᠮᠠᠯ ᠣᠶᠤᠯᠢᠭ +》᠎ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠠᠵᠤ ᠠᠬᠤᠶ ᠨᠡᠢᠭᠡᠮ᠎ᠤᠨ ᠬᠥᠭ᠌ᠵᠢᠯᠲᠡ ᠪᠠ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠤ ᠡᠨᠧᠷᠬᠢ ᠤᠯᠭᠤᠵᠦ᠍᠂ ᠦᠢᠯᠡᠳᠪᠦᠷᠢᠯᠡᠯ᠎ᠤᠨ ᠠᠷᠭ᠎ᠠ ᠮᠠᠶᠢᠬ᠎ᠤᠨ ᠭᠦᠨ ᠳᠠᠪᠬᠤᠷᠭ᠎ᠠ᠎ᠶ᠋ᠢᠨ ᠬᠤᠪᠢᠰᠤᠯᠲᠠ ᠪᠠ ᠦᠢᠯᠡᠳᠪᠦᠷᠢᠯᠡᠯ᠎ᠤᠨ ᠬᠦᠴᠦᠨ᠎ᠤ ᠬᠤᠪᠢᠰᠭᠠᠯᠳᠦ ᠴᠢᠨᠠᠷᠲᠠᠶ ᠦᠰᠦᠷᠦᠯᠲᠡ᠎ᠶ᠋ᠢ ᠠᠬᠢᠭᠤᠯᠤᠨ᠎ᠠ᠃
ᠠᠷᠪᠠᠨ ᠬᠤᠶᠠᠳᠤᠭᠠᠷ ᠪᠦᠯᠦᠭ ᠪᠤᠳᠤᠬᠤ ᠬᠦᠴᠦᠨ ᠪᠤᠳᠤᠬᠤ ᠠᠷᠭ᠎ᠠ ᠳ᠋ᠠᠢᠲ᠋ᠠ᠎ᠶ᠋ᠢᠨ ᠥᠨᠳᠥᠷ ᠪᠦᠲᠦᠮᠵᠢᠲᠡᠶ ᠬᠠᠩᠭᠠᠯᠭ᠎ᠠ᠎ᠶ᠋ᠢ ᠴᠢᠩᠭᠠᠳᠭᠠᠨ᠎ᠠ
ᠪᠤᠳᠤᠬᠤ ᠬᠦᠴᠦᠨ᠎ᠤ ᠳᠦᠭᠦᠭᠡᠷᠤᠮᠵᠢ᠎ᠶ᠋ᠢᠨ ᠪᠦᠲᠦᠭᠡᠨ ᠪᠠᠢᠭᠤᠯᠤᠯᠲᠠ᠂ ᠵᠠᠭ᠍ᠪᠤᠷ ᠪᠠ ᠪᠣᠳᠣᠬᠤ ᠠᠷᠭ᠎ᠠ᠎ᠶ᠋ᠢᠨ ᠬᠥᠭ᠌ᠵᠢᠯᠲᠡ ᠪᠤᠯᠤᠨ ᠴᠢᠨᠠᠷ ᠰᠠᠢᠲᠠᠶ ᠳ᠋ᠠᠢᠲ᠋ᠠ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳ᠋ᠢᠵᠢᠲ᠋ᠠᠯᠴᠢᠯᠠᠭ᠍ᠰᠠᠨ ᠤᠶᠤᠨᠴᠢᠯᠠᠭ᠍ᠰᠠᠨ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠲᠤ ᠴᠣᠭ᠍ᠴᠠᠯᠠᠨ᠎ᠠ᠃
ᠨᠢᠭᠡᠳᠦᠭᠡᠷ ᠬᠡᠰᠡᠭ ᠪᠤᠳᠤᠬᠤ ᠬᠦᠴᠦᠨ ᠤ ᠲᠥᠬᠦᠭᠡᠷᠦᠮᠵᠢ᠎ᠶ᠋ᠢᠨ ᠲᠤᠯᠭᠠᠭᠤᠷᠢᠯᠠᠯ᠎ᠢ ᠴᠢᠩᠭᠠᠳᠭᠠᠨ᠎ᠠ
ᠪᠤᠳᠤᠬᠤ ᠬᠦᠴᠦᠨ᠎ᠤ ᠲᠥᠬᠦᠭᠡᠷᠦᠮᠵᠢ ᠶ᠋ᠢ ᠨᠢᠭᠡᠳᠦᠯᠲᠡᠶ ᠲᠥᠯᠥᠪᠯᠡᠨ ᠪᠠᠢᠷᠢᠯᠠᠭᠤᠯᠵᠤ᠂ ᠡᠮᠬᠢ ᠵᠢᠷᠤᠮ᠎ᠲᠠᠢ ᠪᠦᠲᠦᠭᠡᠨ ᠪᠠᠢᠭᠤᠯᠵᠦ᠍᠂ ᠪᠤᠳᠤᠬᠤ ᠬᠦᠴᠦᠨ ᠤ ᠡᠬᠢ ᠪᠠᠶᠠᠯᠢᠭ᠎ᠤᠨ ᠬᠡᠪᠴᠢᠶᠡᠵᠢᠭᠦᠯᠦᠭ᠌ᠰᠡᠨ᠂ ᠡᠷᠴᠢᠮᠵᠢᠭᠦᠯᠦᠭ᠌ᠰᠡᠨ᠂ ᠨᠤᠭᠤᠭᠠᠨᠵᠢᠭᠤᠯᠤᠬ᠍ᠰᠠᠨ᠂ ᠳᠦᠭᠡᠮᠡᠯ ᠬᠠᠷᠠᠭᠠᠯᠵᠠᠯᠳᠦ ᠬᠥᠭ᠌ᠵᠢᠯᠲᠡ᠎ᠶ᠋ᠢ ᠠᠬᠢᠭᠤᠯᠤᠨ᠎ᠠ᠃ ᠤᠯᠤᠰ ᠤᠨ ᠬᠦᠢᠰᠤ ᠪᠤᠳᠤᠬᠤ ᠬᠦᠴᠦᠨ ᠤ ᠲᠥᠬᠦᠭᠡᠷᠦᠮᠵᠢ᠎ᠶ᠋ᠢᠨ ᠪᠦᠭᠡᠭᠡᠨᠡᠷᠡᠯ ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠨᠥᠬᠦᠴᠡᠯ᠎ᠲᠠᠢ ᠭᠠᠵᠠᠷ ᠣᠷᠣᠨ ᠤ ᠴᠠᠭ ᠤᠨ ᠬᠤᠢᠱᠢᠯᠠᠯ ᠪᠠᠭᠠᠲᠠᠢ ᠠᠬᠤᠢ ᠪᠠᠢᠳᠠᠯ᠎ᠤᠨ ᠭᠡᠷᠡᠭ᠌ᠴᠡᠭᠡ᠎ᠪᠠᠨ ᠦᠨᠳᠦᠰᠦᠯᠡᠨ ᠪᠤᠳᠤᠬᠤ ᠬᠦᠴᠦᠨ ᠢ ᠵᠤᠬᠢᠰᠳᠠᠢ ᠪᠠᠷ ᠬᠦᠭ᠌ᠵᠢᠭᠦᠯᠬᠦ᠌᠎ᠶ᠋ᠢ ᠳᠡᠮᠵᠢᠵᠦ᠍᠂ ᠡᠭᠦᠯᠡᠨ ᠪᠤᠳᠤᠯᠲᠠ᠂ ᠬᠦᠪᠡᠭᠡᠨ ᠪᠤᠳᠤᠯᠲᠠ᠂ ᠦᠵᠦᠭᠦᠷ ᠤᠨ ᠪᠡᠯᠡᠳᠭᠡᠮᠵᠢ᠎ᠶ᠋ᠢ ᠬᠠᠮᠵᠢᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃ ᠥᠨᠳᠥᠷ ᠴᠢᠳᠠᠪᠬᠢᠲᠤ ᠴᠢᠨᠠᠷ ᠰᠠᠢᠲᠠᠶ ᠣᠶᠤᠯᠢᠬ ᠪᠤᠳᠤᠯᠳᠠ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ ᠶ᠋ᠢ ᠴᠢᠩᠭᠠᠳᠭᠠᠵᠤ᠂ ᠬᠡᠲᠦ ᠶᠡᠭᠡ ᠬᠡᠪᠴᠢᠶᠡᠨ᠎ᠤ ᠣᠶᠤᠯᠢᠬ ᠪᠣᠳᠣᠯᠳᠠ᠎ᠶ᠋ᠢᠨ ᠪᠦᠭᠡᠭᠡᠨᠡᠷᠡᠯ ᠢ ᠨᠤᠳᠠᠯᠠᠨ ᠮᠠᠭᠠᠳᠯᠠᠵᠦ᠍ ᠪᠠᠢᠭᠤᠯᠤᠨ᠎ᠠ᠃ ᠪᠤᠳᠤᠬᠤ ᠬᠦᠴᠦᠨ᠎ᠤ ᠲᠥᠬᠦᠭᠡᠷᠦᠮᠵᠢ᠎ᠶ᠋ᠢ ᠵᠠᠬ᠎ᠠ ᠳᠡᠯᠭᠡᠭᠦᠷᠴᠢᠯᠡᠨ ᠪᠦᠲᠦᠭᠡᠨ ᠪᠠᠢᠭᠤᠯᠬᠤ ᠪᠠ ᠡᠵᠡᠩᠨᠡᠬᠦ᠌᠎ᠶ᠋ᠢ ᠠᠬᠢᠭᠤᠯᠵᠤ᠂ ᠵᠠᠰᠠᠭ᠎ᠤᠨ ᠣᠷᠳᠣᠨ ᠪᠤᠳᠤᠬᠤ ᠬᠦᠴᠦᠨ᠎ᠤ ᠦᠢᠯᠡᠴᠢᠯᠡᠭᠡ᠎ᠶ᠋ᠢ ᠬᠤᠳᠠᠯᠳᠤᠨ ᠠᠪᠬᠤ᠂ ᠪᠤᠳᠤᠬᠤ ᠬᠦᠴᠦᠨ ᠢ ᠲᠦᠷᠢᠶᠡᠰᠦᠯᠡᠭᠦᠯᠬᠦ᠌ ᠵᠡᠷᠭᠡ ᠣᠯᠠᠨ ᠵᠦᠢᠯ᠎ᠤᠨ ᠠᠷᠭ᠎ᠠ ᠮᠠᠶᠢᠭ᠎ᠢᠶᠠᠷ ᠳᠠᠮᠵᠢᠭᠤᠯᠤᠨ ᠪᠤᠳᠤᠬᠤ ᠬᠦᠴᠦᠨ ᠤ ᠬᠡᠷᠡᠭ᠌ᠴᠡᠭᠡ᠎ᠶ᠋ᠢ ᠬᠠᠩᠭᠠᠬᠤ᠎ᠶ᠋ᠢ ᠳᠠᠮᠵᠢᠵᠤ᠂ ᠪᠠᠷᠢᠮᠵᠢᠶᠠᠵᠢᠭᠤᠯᠤᠭ᠍ᠰᠠᠨ ᠥᠷᠭᠡᠳᠭᠡᠵᠦ᠍ ᠪᠣᠯᠬᠤᠢᠴᠠ ᠣᠶᠤᠯᠢᠬ ᠪᠣᠳᠣᠯᠳᠠ᠎ᠶ᠋ᠢᠨ ᠡᠭᠦᠯᠡᠨ ᠦᠢᠯᠡᠴᠢᠯᠡᠭᠡ᠎ᠶ᠋ᠢ ᠱᠢᠨ᠎ᠡ᠎ᠶ᠋ᠢ ᠡᠭᠦᠳᠦᠨ ᠬᠥᠭ᠌ᠵᠢᠭᠦᠯᠦᠨ᠎ᠡ᠃ ᠨᠤᠭᠤᠭᠠᠨ ᠴᠠᠬᠢᠯᠭᠠᠨ ᠬᠦᠴᠦᠨ ᠬᠢᠭᠡᠳ ᠪᠤᠳᠤᠬᠤ ᠬᠦᠴᠦᠨ᠎ᠢ ᠬᠠᠮᠵᠢᠯᠴᠠᠭᠤᠯᠤᠨ ᠪᠠᠢᠷᠢᠯᠠᠭᠤᠯᠬᠤ᠎ᠶ᠋ᠢ ᠠᠬᠢᠭᠤᠯᠤᠨ᠎ᠠ᠃ ᠪᠦᠬᠦ᠌ ᠤᠯᠤᠰ᠎ᠤᠨ ᠨᠢᠭᠡ ᠴᠤᠭ᠍ᠴᠠᠵᠢᠭ᠍ᠰᠠᠨ ᠪᠤᠳᠤᠬᠤ ᠬᠦᠴᠦᠨ᠎ᠤ ᠬᠢᠨᠠᠨ ᠭᠡᠮᠵᠢᠯᠳᠡ ᠲᠣᠬᠢᠷᠠᠭᠤᠯᠤᠯᠳᠡ᠎ᠶ᠋ᠢ ᠴᠢᠩᠭᠠᠳᠭᠠᠵᠤ᠂ ᠪᠤᠳᠤᠬᠤ ᠬᠦᠴᠦᠨ᠎ᠢ ᠵᠠᠯᠭᠠᠬᠤ ᠪᠠ ᠨᠠᠷᠢᠯᠢᠬ ᠣᠨᠣᠴᠠᠲᠠᠶ ᠲᠤᠬᠢᠷᠠᠭᠤᠯᠬᠤ ᠴᠢᠳᠠᠪᠤᠷᠢ ᠶ᠋ᠢ ᠳᠡᠭᠡᠭ᠌ᠰᠢᠯᠡᠭᠦᠯᠦᠨ᠎ᠡ᠃ ᠪᠡᠶ᠎ᠡ ᠪᠠᠨ ᠳᠠᠭᠠᠭᠠᠵᠤ ᠡᠵᠡᠮᠳᠡᠵᠦ᠍ ᠪᠣᠯᠬᠤᠢ᠌ᠴᠡ᠂ ᠬᠠᠮᠵᠢᠯᠴᠠᠨ ᠠᠵᠢᠯᠯᠠᠬᠤ ᠵᠥᠭᠡᠯᠡᠨ ᠬᠠᠲᠠᠭᠤ ᠳᠤᠨᠤᠬ᠎ᠤᠨ ᠠᠮᠢ ᠠᠬᠤᠶ᠎ᠶ᠋ᠢ ᠲᠦᠷᠭᠡᠯᠡᠨ ᠪᠤᠢᠵᠢᠭᠤᠯᠤᠨ᠎ᠠ᠃ ᠪᠤᠳᠤᠬᠤ ᠬᠦᠴᠦᠨ᠎ᠤ ᠲᠦᠭᠡᠮᠡᠯ ᠬᠠᠷᠠᠭᠠᠯᠵᠠᠬᠤ ᠪᠠ ᠭᠡᠷᠡᠭ᠌ᠯᠡᠬᠦ᠌᠎ᠳᠤ ᠬᠢᠯᠪᠠᠷ ᠪᠠᠢᠬᠤ ᠭᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠳᠤᠮᠳᠠ ᠵᠢᠵᠢᠭ ᠠᠵᠤ ᠠᠬᠤᠢᠯᠠᠯ᠎ᠤᠨ ᠪᠤᠳᠤᠬᠤ ᠬᠦᠴᠦᠨ ᠭᠡᠷᠡᠭ᠌ᠯᠡᠬᠦ᠌ ᠥᠪᠡᠷ᠎ᠤᠨ ᠦᠷᠳᠡᠭ᠎ᠢ ᠪᠠᠭᠤᠷᠠᠭᠤᠯᠤᠨ᠎ᠠ᠃
ᠬᠤᠶᠠᠳᠤᠭᠠᠷ ᠬᠡᠰᠡᠭ ᠵᠠᠭ᠍ᠪᠤᠷ ᠪᠠ ᠪᠤᠳᠤᠬᠤ ᠠᠷᠭ᠎ᠠ᠎ᠶ᠋ᠢᠨ ᠦᠶ᠎ᠠ ᠰᠤᠯᠢᠬ᠍ᠳᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠎ᠠ
ᠵᠣᠬᠢᠶᠠᠮᠠᠯ ᠤᠶᠤᠯᠢᠬ ᠤᠨ ᠰᠠᠭᠤᠷᠢ ᠣᠨᠣᠯ ᠪᠠ ᠭᠤᠣᠯᠯᠠᠬᠤ ᠮᠡᠷᠭᠡᠵᠢᠯ᠎ᠳᠤ ᠱᠢᠪᠳᠤᠯᠤᠯᠳᠡ ᠭᠠᠷᠭᠠᠬᠤ᠎ᠶ᠋ᠢ ᠳᠦᠷᠭᠡᠳᠭᠡᠵᠦ᠍᠂ ᠵᠣᠬᠢᠶᠠᠮᠠᠯ ᠤᠶᠤᠯᠢᠬ᠎ᠤᠨ ᠵᠠᠭ᠍ᠪᠤᠷ᠎ᠤᠨ ᠪᠦᠲᠦᠴᠡ᠎ᠶ᠋ᠢ ᠰᠠᠢᠵᠢᠷᠠᠭᠤᠯᠬᠤ᠂ ᠪᠤᠳᠤᠬᠤ ᠠᠷᠭ᠎ᠠ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠵᠤ᠂ 《ᠵᠠᠬ᠍ᠪᠤᠷ ᠴᠢᠫ ᠡᠭᠦᠯᠡᠨ ᠪᠤᠳᠤᠯᠳᠡ ᠭᠡᠷᠡᠭ᠌ᠯᠡᠯᠳᠡ》 ᠶ᠋ᠢᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠨ᠎ᠠ᠃ ᠡᠭᠦᠷᠭᠡ᠎ᠪᠠᠷ ᠤᠳᠤᠷᠢᠳᠤᠮᠵᠢ ᠪᠣᠯᠭᠠᠭ᠍ᠰᠠᠨ᠂ ᠠᠮᠢᠳᠤᠯᠢᠭ᠎ᠢᠶᠠᠷ ᠡᠷᠬᠡ ᠣᠯᠭᠤᠭ᠍ᠰᠠᠨ᠂ ᠬᠦᠷᠢᠶ᠎ᠡ ᠠᠯᠤᠰᠯᠠᠨ ᠬᠠᠮᠵᠢᠯᠴᠠᠭ᠍ᠰᠠᠨ ᠪᠤᠳᠤᠬᠤ ᠠᠷᠭ᠎ᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠵᠣᠬᠢᠶᠠᠨ ᠪᠠᠢᠭᠤᠯᠬᠤ ᠬᠡᠪ ᠵᠠᠭ᠍ᠪᠤᠷ᠎ᠢ ᠪᠠᠢᠭᠤᠯᠵᠤ᠂ ᠨᠠᠩ ᠥᠨᠳᠥᠷ ᠪᠦᠲᠦᠮᠵᠢᠲᠡᠶ ᠵᠠᠭ᠍ᠪᠤᠷ᠎ᠤᠨ ᠪᠣᠯᠪᠠᠰᠤᠷᠠᠭᠤᠯᠬᠤ ᠪᠠ ᠵᠦᠢᠴᠢᠯᠡᠬᠦ᠌ ᠠᠷᠭ᠎ᠠ᠎ᠶ᠋ᠢ ᠲᠦᠷᠭᠡᠯᠡᠨ ᠰᠤᠳᠤᠯᠤᠨ᠎ᠠ᠃ ᠣᠯᠠᠨ ᠲᠥᠯᠥᠪ᠂ ᠣᠶᠤᠯᠢᠭ ᠴᠣᠭ᠍ᠴᠠ᠂ ᠪᠤᠳᠠ ᠤᠶᠤᠯᠢᠬ᠂ ᠬᠠᠮᠲᠤᠯᠢᠭ ᠣᠶᠤᠯᠢᠭ ᠵᠡᠷᠭᠡ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠵᠣᠷᠢᠬ᠍ᠵᠢᠭᠤᠯᠵᠤ᠂ ᠨᠡᠢᠲᠡᠮ ᠬᠡᠷᠡᠭ᠌ᠯᠡᠭᠡᠨ᠎ᠤ ᠵᠣᠬᠢᠶᠠᠮᠠᠯ ᠣᠶᠤᠯᠢᠭ᠎ᠤᠨ ᠬᠥᠭ᠌ᠵᠢᠯᠲᠡ᠎ᠶ᠋ᠢᠨ ᠠᠷᠭ᠎ᠠ ᠵᠠᠮ᠎ᠢ ᠬᠠᠢᠨ ᠰᠦᠪᠡᠭ᠌ᠴᠢᠯᠡᠨ᠎ᠡ᠃ ᠨᠡᠢᠳᠡᠮ ᠬᠡᠷᠡᠭ᠌ᠯᠡᠭᠡᠨ᠎ᠤ ᠲᠣᠮᠣ ᠵᠠᠭ᠍ᠪᠤᠷ ᠪᠣᠯᠤᠨ ᠠᠵᠢᠯ ᠲᠥᠷᠥᠯ᠎ᠤᠨ ᠲᠤᠰᠭᠠᠶ ᠬᠡᠷᠡᠭ᠌ᠯᠡᠭᠡᠨ᠎ᠤ ᠵᠠᠭ᠍ᠪᠤᠷ᠎ᠤᠨ ᠵᠡᠷᠭᠡ᠎ᠪᠠᠷ ᠬᠥᠭ᠌ᠵᠢᠬᠦ᠌᠎ᠶ᠋ᠢ ᠠᠬᠢᠭᠤᠯᠵᠤ᠂ ᠥᠨᠳᠥᠷ ᠦᠨ᠎ᠡ ᠦᠷᠲᠡᠭ ᠪᠦᠬᠦᠢ ᠠᠬᠤᠢ ᠪᠠᠢᠳᠠᠯ᠎ᠳᠤ ᠲᠦᠱᠢᠭ᠌ᠯᠡᠨ ᠵᠠᠭ᠍ᠪᠤᠷ᠎ᠤᠨ ᠬᠡᠷᠡᠭ᠌ᠯᠡᠯᠲᠡ᠎ᠶ᠋ᠢ ᠪᠣᠳᠠᠲᠠᠢᠵᠢᠭᠤᠯᠬᠤ ᠪᠠ ᠦᠶ᠎ᠡ ᠰᠣᠯᠢᠭ᠍ᠳᠠᠨ ᠳᠡᠰ ᠳᠡᠪᠱᠢᠬᠦ᠌᠎ᠶ᠋ᠢ ᠠᠬᠢᠭᠤᠯᠤᠨ᠎ᠠ᠃ ᠵᠠᠭ᠍ᠪᠤᠷ᠎ᠤᠨ ᠴᠢᠳᠠᠪᠤᠷᠢ᠎ᠶ᠋ᠢ ᠦᠨᠡᠯᠡᠨ ᠵᠢᠱ᠌ᠢᠬᠦ᠌ ᠱᠢᠰᠲ᠋ᠧᠮ᠎ᠢ ᠪᠠᠢᠭᠤᠯᠤᠨ ᠪᠦᠷᠢᠨᠱᠢᠭᠦᠯᠦᠨ᠎ᠡ᠃
ᠭᠤᠷᠪᠠᠳᠤᠭᠠᠷ ᠬᠡᠰᠡᠭ ᠳ᠋ᠠᠢᠲ᠋ᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶ᠋ᠢ ᠭᠦᠨᠵᠡᠭᠡᠢᠷᠡᠭᠦᠯᠦᠨ᠎ᠡ
ᠤᠯᠤᠰ ᠤᠨ ᠳ᠋ᠠᠢᠲ᠋ᠠ ᠶ᠋ᠢᠨ ᠡᠬᠢ ᠪᠠᠶᠠᠯᠢᠭ᠎ᠤᠨ ᠱᠢᠰᠲ᠋ᠧᠮ᠎ᠢ ᠪᠠᠢᠭᠤᠯᠵᠤ᠂ ᠳ᠋ᠠᠢᠲ᠋ᠠ᠎ᠶ᠋ᠢᠨ ᠡᠬᠢ ᠪᠠᠶᠠᠯᠢᠭ᠎ᠢ ᠪᠦᠷᠢᠳᠭᠡᠨ ᠪᠠᠢᠴᠠᠭᠠᠬᠤ ᠲᠦᠷᠢᠮ᠎ᠢ ᠪᠦᠷᠢᠨᠱᠢᠭᠦᠯᠵᠦ᠍᠂ ᠪᠦᠬᠦ᠌ ᠤᠯᠤᠰ᠎ᠤᠨ ᠳ᠋ᠠᠢᠲ᠋ᠠ᠎ᠶ᠋ᠢᠨ ᠡᠬᠢ ᠪᠠᠶᠠᠯᠢᠭ ᠤᠨ 《ᠨᠢᠭᠡ ᠳᠡᠪᠲᠡᠷ ᠳᠠᠩᠰᠠ》᠎ᠶ᠋ᠢ ᠪᠠᠢᠭᠤᠯᠤᠨ᠎ᠠ᠃ ᠵᠠᠰᠠᠭ᠎ᠤᠨ ᠶᠠᠪᠤᠳᠠᠯ ᠤᠨ ᠳ᠋ᠠᠢᠲ᠋ᠠ ᠶ᠋ᠢ ᠬᠠᠮᠲᠤ᠎ᠪᠠᠷ ᠡᠳ᠋ᠯᠡᠬᠦ᠂ ᠣᠯᠠᠨ ᠨᠡᠢᠲᠡ᠎ᠶ᠋ᠢᠨ ᠳ᠋ᠠᠢᠲ᠋ᠠ᠎ᠶ᠋ᠢ ᠨᠡᠭᠡᠭᠡᠯᠲᠡᠲᠡᠢ ᠪᠣᠯᠭᠠᠬᠤ ᠪᠠ ᠡᠷᠬᠡ ᠣᠯᠭᠤᠨ ᠠᠵᠢᠯᠯᠠᠭᠤᠯᠬᠤ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠯᠠᠨ ᠨᠡᠢᠲᠡ᠎ᠶ᠋ᠢᠨ ᠳ᠋ᠠᠢᠲ᠋ᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠬᠠᠷᠢᠭᠤᠴᠠᠯᠭ᠎ᠠ᠎ᠶ᠋ᠢᠨ ᠳᠦᠷᠢᠮ ᠪᠣᠯᠤᠨ ᠬᠤᠪᠢ ᠬᠥᠮᠦᠨ᠎ᠤ ᠳ᠋ᠠᠢᠲ᠋ᠠ᠎ᠶ᠋ᠢ ᠲᠣᠭ᠍ᠲᠠᠭᠠᠯ᠎ᠳᠤ ᠨᠡᠢᠴᠡᠭᠦᠯᠦᠨ ᠠᠱᠢᠭ᠍ᠯᠠᠬᠤ ᠲᠣᠭ᠍ᠲᠠᠴᠠ ᠶ᠋ᠢ ᠪᠦᠷᠢᠨᠱᠢᠭᠦᠯᠵᠦ᠍᠂ ᠠᠵᠤ ᠠᠬᠤᠢᠯᠠᠯ᠎ᠤᠨ ᠳ᠋ᠠᠢᠲ᠋ᠠ᠂ ᠠᠵᠢᠯ ᠲᠥᠷᠥᠯ ᠤᠨ ᠳ᠋ᠠᠢᠲ᠋ᠠ ᠶ᠋ᠢ ᠨᠡᠭᠡᠭᠡᠨ ᠬᠥᠭ᠌ᠵᠢᠭᠦᠯᠵᠦ᠍ ᠨᠡᠭᠡᠭᠡᠯᠲᠡᠲᠡᠢ ᠪᠣᠯᠭᠠᠬᠤ᠎ᠶ᠋ᠢ ᠠᠬᠢᠭᠤᠯᠤᠨ᠎ᠠ᠃ ᠳ᠋ᠠᠢᠲ᠋ᠠ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ ᠪᠠ ᠶᠠᠰᠤ ᠴᠢᠨᠠᠷ ᠤᠨ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠵᠣᠬᠢᠶᠠᠮᠠᠯ ᠣᠶᠤᠯᠢᠭ᠎ᠤᠨ ᠬᠡᠯᠡᠨ ᠤ ᠮᠠᠲ᠋ᠧᠷᠢᠶᠠᠯ ᠤᠨ ᠬᠥᠮᠥᠷᠭᠡ᠎ᠶ᠋ᠢ ᠲᠦᠷᠭᠡᠯᠡᠨ ᠪᠠᠢᠭᠤᠯᠵᠤ᠂ ᠡᠨᠧᠷᠭᠢ᠎ᠶ᠋ᠢᠨ ᠰᠣᠷᠪᠤᠯᠵᠢ᠂ ᠵᠠᠮ ᠬᠠᠷᠢᠯᠴᠠᠭ᠎ᠠ᠂ ᠦᠢᠯᠡᠳᠬᠦ᠌ ᠦᠢᠯᠡᠰ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠮᠥᠩᠭᠦᠨ ᠭᠦᠢᠯᠭᠡᠭᠡ ᠵᠡᠷᠭᠡ ᠬᠦᠷᠢᠶᠡᠨ᠎ᠳᠤ ᠬᠠᠨᠳᠤᠭᠤᠯᠤᠨ ᠴᠢᠨᠠᠷ ᠰᠠᠢᠲᠠᠶ ᠳ᠋ᠠᠢᠲ᠋ᠠ᠎ᠶ᠋ᠢᠨ ᠴᠤᠭ᠍ᠯᠠᠷᠠᠯ᠎ᠢ ᠪᠠᠢᠭᠤᠯᠵᠤ᠂ ᠵᠣᠬᠢᠶᠠᠮᠠᠯ ᠣᠶᠤᠯᠢᠭ᠎ᠤᠨ ᠪᠣᠯᠪᠠᠰᠤᠷᠠᠭᠤᠯᠤᠯ᠎ᠤᠨ ᠳ᠋ᠠᠢᠲ᠋ᠠ᠎ᠶ᠋ᠢ ᠵᠦᠢ ᠵᠣᠬᠢᠰᠲᠠᠢ ᠬᠡᠷᠡᠭ᠌ᠯᠡᠬᠦ᠌ ᠳᠥᠷᠢᠮ ᠢ ᠪᠠᠢᠭᠤᠯᠤᠨ᠎ᠠ᠃ ᠳ᠋ᠠᠢᠲ᠋ᠠ᠎ᠶ᠋ᠢᠨ ᠬᠦᠷᠢᠶᠡᠨ᠎ᠳᠠᠬᠢ ᠵᠠᠩᠭᠢᠯᠠᠭ᠎ᠠ᠎ᠶ᠋ᠢᠨ ᠮᠡᠷᠭᠡᠵᠢᠯ ᠪᠠ ᠪᠡᠯᠡᠳᠭᠡᠮᠵᠢ ᠶ᠋ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠴᠢᠩᠭᠠᠳᠭᠠᠵᠤ᠂ ᠳ᠋ᠠᠢᠲ᠋ᠠ᠎ᠶ᠋ᠢᠨ ᠠᠵᠤ ᠦᠢᠯᠡᠰ ᠢ ᠪᠤᠢᠵᠢᠭᠤᠯᠤᠨ ᠪᠤᠵᠠᠭᠠᠢᠷᠠᠭᠤᠯᠵᠤ᠂ 《ᠳ᠋ᠠᠢᠲ᠋ᠠ᠎ᠶ᠋ᠢᠨ ᠡᠯᠧᠮᠧᠨ᠋ᠲ ×》 ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠥᠷᠨᠢᠭᠦᠯᠦᠨ᠎ᠡ᠃ ᠤᠯᠤᠰ᠎ᠤᠨ ᠳ᠋ᠠᠢᠲ᠋ᠠ᠎ᠶ᠋ᠢᠨ ᠰᠠᠭᠤᠷᠢ ᠲᠥᠬᠦᠭᠡᠷᠦᠮᠵᠢ᠎ᠶ᠋ᠢ ᠪᠦᠲᠦᠭᠡᠨ ᠪᠠᠢᠭᠤᠯᠬᠤ ᠪᠠ ᠠᠵᠢᠯᠯᠠᠭᠤᠯᠵᠤ᠂ ᠢᠲᠡᠭᠡᠮᠵᠢᠲᠡᠢ ᠳ᠋ᠠᠢᠲ᠋ᠠ᠎ᠶ᠋ᠢᠨ ᠣᠷᠣᠨ ᠵᠠᠢ᠎ᠶ᠋ᠢᠨ ᠬᠥᠭ᠌ᠵᠢᠯᠲᠡ᠎ᠶ᠋ᠢᠨ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠦᠨ᠎ᠡ᠃
ᠠᠷᠪᠠᠨ ᠭᠤᠷᠪᠠᠳᠤᠭᠠᠷ ᠪᠦᠯᠦᠭ ᠳ᠋ᠢᠵᠢᠲ᠋ᠠᠯ ᠮᠡᠷᠭᠡᠵᠢᠯ ᠣᠶᠤᠯᠢᠭ ᠮᠡᠷᠭᠡᠵᠢᠯ᠎ᠢᠶᠠᠷ ᠡᠨᠧᠷᠭᠢ ᠣᠯᠭᠤᠬᠤ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ
《ᠵᠣᠬᠢᠶᠠᠮᠠᠯ ᠣᠶᠤᠯᠢᠭ +》 ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠵᠣᠬᠢᠶᠠᠮᠠᠯ ᠣᠶᠤᠯᠢᠭᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠂ ᠠᠵᠤ ᠦᠢᠯᠡᠰ᠎ᠤᠨ ᠬᠥᠭ᠌ᠵᠢᠯᠲᠡ᠂ ᠰᠣᠶᠣᠯ ᠤᠨ ᠪᠠᠢᠭᠤᠯᠤᠯᠲᠠ᠂ ᠠᠷᠠᠳ ᠤᠨ ᠠᠮᠢᠳᠤᠷᠠᠯ᠎ᠤᠨ ᠪᠠᠲᠤᠯᠠᠭ᠎ᠠ᠂ ᠨᠡᠢᠭᠡᠮ᠎ᠤᠨ ᠵᠠᠰᠠᠯᠲᠠᠯᠤᠭᠠ ᠤᠶᠠᠯᠳᠤᠭᠤᠯᠬᠤ᠎ᠶ᠋ᠢ ᠴᠢᠩᠭᠠᠳᠭᠠᠵᠤ᠂ ᠵᠣᠬᠢᠶᠠᠮᠠᠯ ᠣᠶᠤᠯᠢᠭ᠎ᠤᠨ ᠠᠵᠤ ᠦᠢᠯᠡᠰ᠎ᠤᠨ ᠬᠡᠷᠡᠭ᠌ᠯᠡᠯᠲᠡ᠎ᠶ᠋ᠢᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠡᠵᠦ᠍᠂ ᠦᠢ ᠣᠯᠠᠨ ᠠᠵᠢᠯ ᠲᠥᠷᠥᠯ᠎ᠳᠤ ᠪᠥᠬᠦ᠌ ᠲᠠᠯ᠎ᠠ᠎ᠪᠠᠷ ᠡᠨᠧᠷᠬᠢ ᠣᠯᠭᠤᠨ᠎ᠠ᠃
ᠨᠢᠭᠡᠳᠦᠭᠡᠷ ᠬᠡᠰᠡᠭ ᠪᠣᠳᠠᠲᠤ ᠴᠣᠭ᠍ᠴᠠ᠎ᠶ᠋ᠢᠨ ᠠᠵᠤ ᠠᠬᠤᠶ ᠪᠠ ᠳ᠋ᠢᠵᠢᠲ᠋ᠠᠯ ᠠᠵᠤ ᠠᠬᠤᠶ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ
ᠳ᠋ᠢᠵᠢᠲ᠋ᠠᠯ ᠠᠵᠤ ᠠᠬᠤᠢ᠎ᠶ᠋ᠢᠨ ᠭᠤᠣᠯᠯᠠᠬᠤ ᠠᠵᠤ ᠦᠢᠯᠡᠰ᠎ᠢ ᠪᠤᠵᠠᠭᠠᠢᠷᠠᠭᠤᠯᠵᠤ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠬᠤᠯᠪᠣᠭᠠᠨ᠎ᠤ ᠮᠡᠷᠭᠡᠵᠢᠯ᠂ ᠡᠭᠦᠯᠡᠨ ᠪᠣᠳᠣᠯᠲᠠ᠂ ᠬᠡᠰᠡᠭ᠎ᠤᠨ ᠬᠡᠯᠬᠢᠶ᠎ᠡ ᠵᠡᠷᠭᠡ ᠠᠵᠤ ᠦᠢᠯᠡᠰ᠎ᠢ ᠬᠥᠭ᠌ᠵᠢᠭᠦᠯᠵᠦ᠍᠂ ᠳᠡᠭᠡᠳᠦ ᠲᠡᠰ᠎ᠤᠨ ᠴᠢᠫ᠂ ᠭᠡᠷᠡᠯ ᠡᠯᠧᠺᠲᠷᠣᠨ ᠲᠣᠨᠤᠭ᠂ ᠰᠠᠭᠤᠷᠢ ᠵᠥᠭᠡᠯᠡᠨ ᠲᠣᠨᠤᠭ ᠪᠣᠯᠤᠨ ᠠᠵᠤ ᠦᠢᠯᠡᠳᠪᠦᠷᠢ᠎ᠶ᠋ᠢᠨ ᠵᠥᠭᠡᠯᠡᠨ ᠲᠣᠨᠤᠭ ᠵᠡᠷᠭᠡ ᠠᠵᠤ ᠦᠢᠯᠡᠰ᠎ᠤᠨ ᠳᠥᠪᠱᠢᠨᠢ ᠳᠡᠭᠡᠭ᠌ᠰᠢᠯᠡᠭᠦᠯᠵᠦ᠍᠂ ᠳᠡᠯᠡᠬᠡᠶ ᠳᠡᠭᠡᠷ᠎ᠡ ᠥᠷᠢᠰᠥᠯᠳᠦᠬᠦ᠌ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ᠎ᠤᠨ ᠪᠥᠭᠡᠭᠡᠨᠡᠷᠡᠯ᠎ᠢ ᠪᠤᠢ ᠪᠣᠯᠭᠠᠨ᠎ᠠ᠃ ᠤᠯᠤᠰ᠎ᠤᠨ ᠵᠣᠬᠢᠶᠠᠮᠠᠯ ᠣᠶᠤᠯᠢᠭ᠎ᠤᠨ ᠱᠢᠨ᠎ᠡ ᠶ᠋ᠢ ᠡᠭᠦᠳᠬᠦ᠌ ᠥᠨᠳᠦᠷᠯᠢᠭ ᠭᠠᠵᠠᠷ᠎ᠤᠨ ᠪᠠᠢᠭᠤᠯᠤᠯᠲᠠ᠎ᠶ᠋ᠢ ᠠᠬᠢᠭᠤᠯᠵᠤ᠂ ᠤᠤᠭᠠᠯ ᠣᠶᠤᠯᠢᠭ ᠱᠢᠨ᠎ᠡ ᠬᠡᠪ ᠵᠠᠭ᠍ᠪᠤᠷ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠪᠤᠢᠵᠢᠭᠤᠯᠵᠤ᠂ ᠤᠯᠤᠰ᠎ᠤᠨ ᠵᠣᠬᠢᠶᠠᠮᠠᠯ ᠣᠶᠤᠯᠢᠭ᠎ᠤᠨ ᠬᠡᠷᠡᠭ᠌ᠯᠡᠯᠲᠡ᠎ᠶ᠋ᠢᠨ ᠵᠠᠪᠰᠠᠷ᠎ᠤᠨ ᠲᠤᠷᠱᠢᠯᠲᠠ ᠶ᠋ᠢᠨ ᠰᠠᠭᠤᠷᠢᠨ ᠭᠠᠵᠠᠷ᠎ᠢ ᠪᠥᠲᠥᠭᠡᠨ ᠪᠠᠢᠭᠤᠯᠤᠨ᠎ᠠ᠃ ᠦᠢᠯᠡᠳᠬᠦ᠌ ᠦᠢᠯᠡᠰ᠎ᠤᠨ 《ᠣᠶᠤᠨᠴᠢᠯᠠᠨ ᠦᠭᠡᠷᠡᠴᠢᠯᠡᠬᠦ᠌ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠰᠦᠯᠵᠢᠶᠡᠵᠢᠭᠦᠯᠦᠨ ᠬᠤᠯᠪᠤᠯᠳᠤᠭᠤᠯᠬᠤ》 ᠶ᠋ᠢ ᠠᠬᠢᠭᠤᠯᠵᠤ᠂ ᠣᠶᠤᠯᠢᠭ ᠦᠢᠯᠡᠳᠬᠦ᠌ ᠢᠨᠵᠧᠨᠧᠷᠢᠩ ᠪᠠ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶ᠎ᠡ᠎ᠶ᠋ᠢᠨ ᠱᠢᠨ᠎ᠡ᠎ᠶ᠋ᠢ ᠡᠭᠦᠳᠴᠦ᠍ ᠬᠥᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠰᠦᠯᠵᠢᠶ᠎ᠡ᠂ ᠢᠯᠡᠳᠭᠡᠮᠵᠢ ᠲᠡᠮᠳᠡᠭ᠂ ᠲᠠᠪᠴᠠᠩ᠂ ᠳ᠋ᠠᠢᠲ᠋ᠠ᠂ ᠠᠮᠤᠷ ᠲᠦᠪᠱᠢᠨ᠎ᠤ ᠱᠢᠰᠲ᠋ᠧᠮ᠎ᠤᠨ ᠪᠠᠢᠭᠤᠯᠤᠯᠲᠠ ᠪᠠ ᠬᠡᠪᠴᠢᠶᠡᠵᠢᠭᠦᠯᠦᠭ᠌ᠰᠡᠨ ᠬᠡᠷᠡᠭ᠌ᠯᠡᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠤᠨ᠎ᠠ᠃ ᠦᠢᠯᠡᠴᠢᠯᠡᠭᠡᠨ᠎ᠤ ᠦᠢᠯᠡᠰ ᠤᠨ ᠳ᠋ᠢᠵᠢᠲ᠋ᠠᠯᠴᠢᠯᠠᠯᠳᠠ ᠤᠶᠤᠨᠴᠢᠯᠠᠯᠳᠠ᠎ᠶ᠋ᠢ ᠠᠬᠢᠭᠤᠯᠵᠤ᠂ ᠣᠶᠤᠨᠴᠢ ᠲᠠᠷᠢᠶᠠᠯᠠᠩ᠎ᠢ ᠬᠥᠭ᠌ᠵᠢᠭᠦᠯᠦᠨ᠎ᠡ᠃ ᠳ᠋ᠢᠵᠢᠲ᠋ᠠᠯᠴᠢᠯᠠᠯᠲᠠ ᠤᠶᠤᠨᠴᠢᠯᠠᠯᠲᠠ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠬᠤ ᠰᠦᠯᠵᠢᠶ᠎ᠡ᠎ᠶ᠋ᠢ ᠪᠠᠢᠭᠤᠯᠵᠤ᠂ ᠳᠤᠮᠳᠠ ᠵᠢᠵᠢᠭ ᠠᠵᠤ ᠠᠬᠤᠢᠯᠠᠯ᠎ᠳᠤ ᠳ᠋ᠢᠵᠢᠲ᠋ᠠᠯᠴᠢᠯᠠᠯᠲᠠ ᠤᠶᠤᠨᠴᠢᠯᠠᠯᠲᠠ᠎ᠪᠠᠷ ᠡᠨᠧᠷᠭᠢ ᠣᠯᠭᠤᠬᠤ ᠦᠢᠯᠡᠴᠢᠯᠡᠭᠡᠨ ᠤ ᠱᠢᠰᠲ᠋ᠧᠮ᠎ᠢ ᠪᠦᠷᠢᠨᠱᠢᠭᠦᠯᠦᠨ᠎ᠡ᠃ ᠡᠬᠢ ᠺᠣᠳ᠋᠎ᠢ ᠨᠡᠭᠡᠭᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠡᠬᠢ ᠺᠣᠳ᠋᠎ᠢ ᠨᠡᠭᠡᠭᠡᠬᠦ᠌ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃
ᠬᠤᠶᠠᠳᠤᠭᠠᠷ ᠬᠡᠰᠡᠭ ᠰᠠᠢᠨ ᠰᠠᠢᠬᠠᠨ ᠳ᠋ᠢᠵᠢᠲ᠋ᠠᠯ ᠣᠶᠤᠯᠢᠭ ᠠᠮᠢᠳᠤᠷᠠᠯ᠎ᠢ ᠡᠭᠦᠳᠦᠨ ᠪᠦᠲᠦᠭᠡᠨ᠎ᠡ
ᠳ᠋ᠢᠵᠢᠲ᠋ᠠᠯ ᠮᠡᠷᠭᠡᠵᠢᠯ ᠣᠶᠤᠯᠢᠭ ᠮᠡᠷᠭᠡᠵᠢᠯ ᠪᠣᠯᠤᠨ ᠳ᠋ᠠᠢᠲ᠋ᠠ᠎ᠶ᠋ᠢᠨ ᠡᠯᠧᠮᠧᠨ᠋ᠲ᠎ᠤᠨ ᠠᠷᠠᠳ ᠲᠦᠮᠡᠨ᠎ᠤ ᠠᠮᠢᠳᠤᠷᠠᠯ᠎ᠢ ᠪᠠᠶᠠᠯᠢᠬ᠍ᠵᠢᠭᠤᠯᠬᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠰᠠᠢᠵᠢᠷᠠᠭᠤᠯᠬᠤ᠎ᠳᠤ ᠦᠵᠡᠭᠦᠯᠬᠦ᠌ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ᠂ ᠡᠮᠨᠡᠯᠭᠡ᠂ ᠨᠠᠰᠤᠵᠢᠯ᠎ᠤᠨ ᠠᠰᠠᠷᠠᠮᠵᠢ᠂ ᠰᠣᠶᠣᠯ ᠵᠢᠭᠤᠯᠴᠢᠯᠠᠯ᠂ ᠠᠵᠢᠯ ᠣᠯᠭᠤᠯᠲᠠ᠂ ᠬᠡᠷᠡᠭ᠌ᠯᠡᠭᠡ ᠵᠡᠷᠭᠡ ᠬᠦᠷᠢᠶ᠎ᠡ᠎ᠳᠤ ᠠᠭᠤᠰᠤᠯᠴᠠᠭᠤᠯᠤᠨ ᠬᠡᠷᠡᠭ᠌ᠯᠡᠬᠦ᠌᠎ᠶ᠋ᠢ ᠥᠷᠭᠡᠳᠭᠡᠨ᠎ᠡ᠃ ᠣᠶᠤᠯᠢᠭ ᠭᠡᠷ ᠥᠷᠥᠭᠡ᠂ ᠣᠶᠤᠨᠴᠢ ᠶᠠᠪᠤᠵᠤ ᠰᠠᠭᠤᠬᠤ ᠪᠠ ᠣᠶᠤᠨᠴᠢ ᠨᠡᠢᠭᠡᠮ ᠲᠣᠭᠤᠷᠢᠭ᠎ᠤᠨ ᠠᠬᠤᠢ ᠪᠠᠢᠳᠠᠯ᠎ᠢ ᠪᠠᠶᠠᠯᠢᠬ᠍ᠵᠢᠭᠤᠯᠵᠤ᠂ ᠣᠶᠤᠯᠢᠭ ᠦᠵᠦᠭᠦᠷ ᠦᠢᠯᠡᠳᠬᠦᠨ ᠪᠠ ᠦᠢᠯᠡᠴᠢᠯᠡᠭᠡ᠎ᠶ᠋ᠢ ᠬᠥᠭ᠌ᠵᠢᠭᠦᠯᠵᠦ᠍᠂ ᠠᠷᠠᠳ ᠲᠤ ᠲᠥᠬᠦᠮ ᠦᠵᠡᠭᠦᠯᠬᠦ᠌ ᠳ᠋ᠢᠵᠢᠲ᠋ᠠᠯ ᠣᠶᠤᠯᠢᠭ ᠦᠢᠯᠡᠴᠢᠯᠡᠭᠡᠨ᠎ᠤ ᠴᠠᠭᠠᠷᠢᠭ᠎ᠢ ᠪᠠᠢᠭᠤᠯᠤᠨ᠎ᠠ᠃ ᠵᠣᠬᠢᠶᠠᠮᠠᠯ ᠣᠶᠤᠯᠢᠭ᠎ᠤᠨ ᠰᠤᠷᠭᠠᠨ ᠬᠥᠮᠥᠵᠢᠯ᠎ᠤᠨ ᠬᠡᠪ ᠵᠠᠭ᠍ᠪᠤᠷ᠎ᠤᠨ ᠬᠤᠪᠢᠰᠤᠯᠲᠠ᠎ᠳᠤ ᠬᠦᠴᠦᠨ ᠨᠡᠮᠡᠷᠢᠯᠡᠬᠦ᠌᠎ᠶ᠋ᠢ ᠠᠬᠢᠭᠤᠯᠵᠤ᠂ ᠲᠤᠰᠠᠯᠠᠨ ᠣᠨᠣᠱᠢᠯᠠᠬᠤ ᠡᠮᠴᠢᠯᠡᠭᠡ᠂ ᠨᠠᠷᠢᠯᠢᠬ ᠣᠨᠣᠴᠠᠲᠤ ᠡᠮᠴᠢᠯᠡᠭᠡ᠂ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠂ ᠡᠮᠨᠡᠯᠭᠡ᠎ᠶ᠋ᠢᠨ ᠳᠠᠭᠠᠳᠭᠠᠯ᠎ᠤᠨ ᠦᠢᠯᠡᠴᠢᠯᠡᠭᠡ᠂ ᠨᠠᠰᠤᠲᠠᠨ᠎ᠢ ᠠᠰᠠᠷᠠᠨ ᠵᠡᠮᠳᠡᠭ᠌ᠴᠦᠳ᠎ᠢ ᠳᠡᠮᠵᠢᠬᠦ᠌ ᠵᠡᠷᠭᠡ ᠠᠬᠤᠢ ᠪᠠᠢᠳᠠᠯ᠎ᠳᠠᠬᠢ ᠳ᠋ᠢᠵᠢᠲ᠋ᠠᠯ ᠮᠡᠷᠭᠡᠵᠢᠯ ᠣᠶᠤᠯᠢᠭ ᠮᠡᠷᠭᠡᠵᠢᠯ᠎ᠤᠨ ᠬᠡᠷᠡᠭ᠌ᠯᠡᠯᠲᠡ᠎ᠶ᠋ᠢ ᠡᠮᠬᠢ ᠵᠢᠷᠤᠮ᠎ᠲᠠᠢ ᠠᠬᠢᠭᠤᠯᠤᠨ᠎ᠠ᠃ ᠠᠷᠠᠳ ᠨᠡᠢᠲᠡ᠎ᠶ᠋ᠢᠨ ᠳ᠋ᠢᠵᠢᠲ᠋ᠠᠯ ᠬᠡᠪ ᠪᠣᠯᠪᠠᠰᠤᠷᠠᠯ ᠪᠠ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠵᠣᠬᠢᠶᠠᠮᠠᠯ ᠣᠶᠤᠯᠢᠭ᠎ᠤᠨ ᠠᠵᠢᠯ ᠣᠯᠭᠤᠯᠲᠠ᠎ᠶ᠋ᠢ ᠡᠭᠦᠳᠦᠨ ᠪᠦᠲᠦᠭᠡᠬᠦ᠌ ᠦᠢᠯᠡᠳᠦᠯ᠎ᠢ ᠴᠢᠩᠭᠠᠷᠠᠭᠤᠯᠤᠨ᠎ᠠ᠃ ᠳ᠋ᠢᠵᠢᠲ᠋ᠠᠯ ᠮᠡᠷᠭᠡᠵᠢᠯ ᠣᠶᠤᠯᠢᠭ ᠮᠡᠷᠭᠡᠵᠢᠯ ᠢ ᠬᠡᠷᠡᠭ᠌ᠯᠡᠨ ᠦᠨᠳᠦᠰᠦᠨ ᠱᠠᠲᠤᠨ᠎ᠤ ᠡᠮᠴᠢᠯᠡᠭᠡᠨ᠎ᠤ ᠦᠢᠯᠡᠴᠢᠯᠡᠭᠡᠨ᠎ᠤ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠪᠠ ᠰᠤᠷᠭᠠᠨ ᠬᠥᠮᠦᠵᠢᠯ᠎ᠤᠨ ᠡᠷᠬᠡ ᠲᠡᠭ᠌ᠰᠢ᠎ᠶ᠋ᠢ ᠠᠬᠢᠭᠤᠯᠬᠤ᠎ᠶ᠋ᠢ ᠢᠳᠡᠪᠬᠢᠲᠡᠶ᠎ᠪᠠᠷ ᠬᠠᠢᠨ ᠰᠦᠪᠡᠭ᠌ᠴᠢᠯᠡᠵᠦ᠍᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠳᠤ ᠬᠦᠴᠦᠨ ᠨᠡᠮᠡᠷᠢᠯᠡᠨ᠎ᠡ᠃
ᠭᠤᠷᠪᠠᠳᠤᠭᠠᠷ ᠬᠡᠰᠡᠭ ᠵᠠᠰᠠᠭ᠎ᠤᠨ ᠣᠷᠳᠣᠨ᠎ᠤ ᠵᠠᠰᠠᠯᠲᠠ᠎ᠶ᠋ᠢᠨ ᠳ᠋ᠢᠵᠢᠲ᠋ᠠᠯᠴᠢᠯᠠᠭ᠍ᠰᠠᠨ ᠣᠶᠤᠨᠴᠢᠯᠠᠭ᠍ᠰᠠᠨ ᠲᠦᠪᠱᠢᠨ᠎ᠢ ᠳᠡᠭᠡᠭ᠌ᠰᠢᠯᠡᠭᠦᠯᠦᠨ᠎ᠡ
ᠳ᠋ᠢᠵᠢᠲ᠋ᠠᠯ ᠮᠡᠷᠭᠡᠵᠢᠯ ᠣᠶᠤᠯᠢᠭ ᠮᠡᠷᠭᠡᠵᠢᠯ᠎ᠤᠨ ᠪᠥᠬᠦ᠌ ᠶᠠᠪᠤᠴᠠ᠎ᠶ᠋ᠢᠨ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠵᠦ᠍᠂ ᠥᠷᠭᠡᠨ ᠳᠡᠯᠭᠡᠷ ᠪᠦᠬᠡᠳ ᠬᠦᠷᠦᠯᠴᠡᠭᠦ᠋ᠢᠴᠡ᠂ ᠣᠶᠤᠨᠴᠢ ᠪᠦᠬᠡᠳ ᠳᠥᠭᠦᠮ ᠳᠥᠲᠡ᠂ ᠭᠤᠣᠯᠴᠢ ᠪᠥᠭᠡᠳ ᠲᠦᠭᠡᠮᠡᠯ ᠬᠠᠷᠠᠭᠠᠯᠵᠠᠯ᠎ᠲᠠᠢ ᠳ᠋ᠢᠵᠢᠲ᠋ᠠᠯᠴᠢᠯᠠᠭ᠍ᠰᠠᠨ ᠣᠶᠤᠨᠴᠢᠯᠠᠭ᠍ᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠬᠥᠭ᠌ᠵᠢᠭᠦᠯᠦᠨ᠎ᠡ᠃ ᠪᠦᠬᠦ᠌ ᠤᠯᠤᠰ᠎ᠢ ᠬᠠᠮᠤᠷᠤᠭ᠍ᠰᠠᠨ ᠨᠢᠭᠡ ᠴᠣᠭ᠍ᠴᠠᠵᠢᠭ᠍ᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠠᠪᠴᠠᠩ᠎ᠢ ᠲᠡᠭᠦᠯᠳᠡᠷᠵᠢᠭᠦᠯᠵᠦ᠍᠂ ᠳ᠋ᠠᠢᠲ᠋ᠠ᠎ᠶ᠋ᠢᠨ 《ᠨᠢᠭᠡ ᠯᠡ ᠬᠦᠰᠦᠨᠦᠭ᠎ᠢᠶᠠᠷ ᠨᠡᠪᠲᠡᠷᠡᠬᠦ᠌》 ᠪᠠ ᠣᠯᠠᠨ ᠨᠡᠢᠲᠡ᠎ᠶ᠋ᠢᠨ ᠬᠡᠷᠡᠭ᠌ᠯᠡᠯᠲᠡ᠎ᠶ᠋ᠢᠨ ᠲᠤᠯᠭᠠᠭᠤᠷᠢᠯᠠᠬᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠵᠠᠰᠠᠭ᠎ᠤᠨ ᠶᠠᠪᠤᠳᠠᠯ᠎ᠤᠨ ᠳ᠋ᠠᠢᠲ᠋ᠠ᠎ᠶ᠋ᠢ ᠰᠠᠯᠠᠭ᠎ᠠ ᠮᠥᠴᠢᠷ ᠠᠯᠤᠰᠯᠠᠨ ᠲᠠᠰ ᠱᠠᠲᠤ ᠠᠯᠤᠰᠯᠠᠨ ᠭᠠᠵᠠᠷ ᠣᠷᠣᠨ ᠠᠯᠤᠰᠯᠠᠨ ᠬᠠᠮᠲᠤ᠎ᠪᠠᠷ ᠡᠳ᠋ᠯᠡᠵᠦ᠍ ᠠᠱᠢᠭ᠍ᠯᠠᠬᠤ᠎ᠶ᠋ᠢ ᠠᠬᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠬᠦᠷᠢᠶᠡᠨ᠎ᠳᠠᠬᠢ ᠵᠣᠬᠢᠶᠠᠮᠠᠯ ᠣᠶᠤᠯᠢᠭ᠎ᠤᠨ ᠲᠣᠮᠣ ᠵᠠᠭ᠍ᠪᠤᠷ᠎ᠤᠨ ᠪᠠᠢᠷᠢᠯᠠᠭᠤᠯᠤᠯᠲᠠ ᠬᠡᠷᠡᠭ᠌ᠯᠡᠯᠲᠡ᠎ᠶ᠋ᠢ ᠠᠮᠤᠷ ᠲᠦᠪᠱᠢᠨ ᠯᠠᠪᠳᠠᠭᠤᠨ ᠲᠤᠬᠢᠲᠠᠢ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠵᠤ᠂ ᠬᠡᠷᠡᠭ᠌ᠴᠡᠭᠡ᠎ᠶ᠋ᠢ ᠨᠠᠷᠢᠯᠢᠭ ᠣᠨᠣᠴᠠᠲᠠᠶ ᠢᠯᠭᠠᠨ ᠲᠠᠨᠢᠬᠤ᠂ ᠰᠠᠨᠠᠭᠠᠴᠢᠯᠠᠭ᠎ᠠ᠎ᠠᠴᠠ᠎ᠪᠠᠨ ᠲᠥᠯᠥᠪᠵᠢᠭᠦᠯᠦᠨ ᠦᠢᠯᠡᠴᠢᠯᠡᠬᠦ᠂ ᠪᠦᠬᠦ᠌ ᠶᠠᠪᠤᠴᠠ᠎ᠳᠤ ᠣᠶᠤᠯᠢᠭ᠎ᠢᠶᠠᠷ ᠭᠦᠢᠴᠡᠳᠭᠡᠬᠦ᠌ ᠦᠢᠯᠡᠴᠢᠯᠡᠭᠡᠨ᠎ᠤ ᠱᠢᠨ᠎ᠡ ᠬᠡᠪ ᠵᠠᠭ᠍ᠪᠤᠷ᠎ᠢ ᠬᠠᠢᠨ ᠰᠦᠪᠡᠭ᠌ᠴᠢᠯᠡᠨ ᠪᠠᠢᠭᠤᠯᠤᠨ᠎ᠠ᠃ ᠵᠣᠬᠢᠶᠠᠮᠠᠯ ᠤᠶᠤᠯᠢᠭ᠎ᠤᠨ ᠠᠮᠤᠷ ᠲᠦᠪᠱᠢᠨ᠎ᠤ ᠵᠠᠰᠠᠯᠲᠠ᠎ᠳᠤ ᠡᠨᠧᠷᠭᠢ ᠣᠯᠭᠤᠬᠤ᠎ᠶ᠋ᠢ ᠭᠦᠨᠵᠡᠭᠡᠢᠷᠡᠭᠦᠯᠵᠦ᠍᠂ ᠰᠡᠷᠡᠵᠦ᠍ ᠮᠡᠳᠡᠵᠦ᠍ ᠤᠷᠢᠳᠴᠢᠯᠠᠨ ᠰᠡᠷᠡᠮᠵᠢᠯᠡᠭᠦᠯᠬᠦ᠂ ᠵᠢᠯᠣᠭᠤᠳᠴᠤ᠌ ᠪᠤᠳᠤᠯᠭ᠎ᠠ ᠲᠣᠭ᠍ᠲᠠᠭᠠᠬᠤ᠂ ᠨᠠᠷᠢᠯᠢᠬ ᠣᠨᠣᠴᠠᠲᠠᠶ᠎ᠪᠠᠷ ᠬᠠᠮᠢᠶᠠᠷᠬᠤ ᠪᠠ ᠳᠠᠷᠦ᠋ᠢᠬᠠᠨ ᠠᠷᠭ᠎ᠠ ᠬᠡᠮᠵᠢᠶ᠎ᠡ ᠠᠪᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
ᠬᠦᠰᠦᠨᠦᠭ᠌ᠲᠦ 10 《ᠵᠣᠬᠢᠶᠠᠮᠠᠯ ᠣᠶᠤᠯᠢᠭ +》 ᠠᠵᠢᠯᠯᠠᠭ᠎ᠠ
01 《ᠵᠣᠬᠢᠶᠠᠮᠠᠯ ᠤᠶᠤᠯᠢᠭ+》 ᠰᠢᠨᠵᠢᠯᠡᠭᠦ ᠤᠬᠠᠭᠠᠨ ᠲᠧᠭᠨᠢᠭ ᠮᠡᠷᠭᠡᠵᠢᠯ
ᠵᠣᠬᠢᠶᠠᠮᠠᠯ ᠤᠶᠤᠯᠢᠭ ᠵᠢᠡᠷ ᠬᠦᠳᠡᠯᠭᠡᠭᠦᠷ ᠪᠤᠯᠭᠠᠭᠰᠠᠨ ᠰᠢᠨ᠎ᠡ ᠬᠡᠯᠪᠡᠷᠢ ᠵᠢᠨ ᠰᠢᠨᠵᠢᠯᠡᠭᠦ ᠤᠬᠠᠭᠠᠨ ᠤ᠋ ᠰᠤᠳᠤᠯᠭᠠᠨ ᠤ᠋ ᠬᠡᠪ ᠳᠤᠮᠢᠶ᠎ᠡ ᠪᠠ ᠮᠡᠷᠭᠡᠵᠢᠯ ᠤ᠋ᠨ ᠰᠤᠳᠤᠯᠤᠨ ᠨᠡᠭᠡᠭᠡᠭᠦ ᠬᠡᠪ ᠵᠠᠭᠪᠤᠷ ᠢ᠋ ᠲᠦᠷᠭᠡᠯᠡᠨ ᠬᠠᠢᠨ ᠰᠦᠪᠡᠭᠴᠢᠯᠡᠵᠤ᠂ ᠰᠢᠨᠵᠢᠯᠡᠭᠦ ᠤᠬᠠᠭᠠᠨ ᠤ᠋ ᠳᠤᠮᠤ ᠵᠠᠬᠪᠤᠷ ᠢ᠋ ᠰᠤᠳᠤᠯᠤᠨ ᠨᠡᠭᠡᠭᠡᠵᠤ ᠬᠡᠷᠡᠭᠯᠡᠭᠦ ᠵᠢ ᠠᠬᠢᠭᠤᠯᠵᠤ᠂ ᠰᠢᠨᠵᠢᠯᠡᠭᠦ ᠤᠬᠠᠭᠠᠨ ᠤ᠋ ᠰᠤᠳᠤᠯᠭᠠᠨ ᠤ᠋ ᠤᠶᠤᠯᠢᠭ ᠳᠠᠪᠴᠠᠩ ᠪᠠ ᠴᠢᠨᠠᠷ ᠰᠠᠢᠳᠠᠢ ᠰᠢᠨᠵᠢᠯᠡᠭᠦ ᠤᠬᠠᠭᠠᠨ ᠤ᠋ ᠳ᠋ᠠᠢᠲ᠋ᠠ ᠵᠢᠨ ᠴᠤᠭᠯᠠᠷᠠᠯ ᠢ᠋ ᠪᠠᠢᠭᠤᠯᠵᠤ᠂ ᠵᠤᠬᠢᠶᠠᠮᠠᠯ ᠤᠶᠤᠯᠢᠭ ᠬᠢᠭᠡᠳ ᠺᠧᠠᠨ᠋ᠲ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ᠂ ᠠᠮᠢ ᠨᠠᠰᠤᠨ ᠤ᠋ ᠰᠢᠨᠵᠢᠯᠡᠭᠦ ᠤᠬᠠᠭᠠᠨ᠂ ᠰᠢᠨ᠎ᠡ ᠮᠡᠲᠧᠷᠢᠶᠠᠯ᠂ ᠰᠢᠨ᠎ᠡ ᠡᠨᠧᠷᠬᠢ ᠵᠢᠨ ᠰᠤᠷᠪᠤᠯᠵᠢ᠂ 6G ᠵᠡᠷᠭᠡ ᠬᠦᠷᠢᠶᠡᠨ ᠳ᠋ᠡᠬᠢ ᠮᠡᠷᠭᠡᠵᠢᠯ ᠤ᠋ᠨ ᠬᠠᠮᠵᠢᠯᠴᠠᠨ ᠰᠢᠨ᠎ᠡ ᠵᠢ ᠡᠭᠦᠳᠭᠦ ᠵᠢ ᠴᠢᠩᠭᠠᠳᠬᠠᠨ᠎ᠠ᠃
02 《ᠵᠣᠬᠢᠶᠠᠮᠠᠯ ᠣᠶᠤᠯᠢᠭ +》 ᠠᠵᠤ ᠦᠢᠯᠡᠰ᠎ᠤᠨ ᠬᠥᠭ᠌ᠵᠢᠯᠲᠡ
ᠠᠵᠤ ᠦᠢᠯᠡᠳᠪᠦᠷᠢ᠎ᠶ᠋ᠢᠨ ᠵᠢᠷᠤᠭ ᠲᠥᠯᠥᠪᠯᠡᠭᠡ᠂ ᠵᠠᠪᠰᠠᠷ᠎ᠤᠨ ᠲᠤᠷᠱᠢᠯᠲᠠ᠂ ᠦᠢᠯᠡᠳᠪᠦᠷᠢᠯᠡᠯ᠂ ᠡᠵᠡᠩᠨᠡᠯᠲᠡ ᠵᠡᠷᠭᠡ ᠪᠦᠬᠦ᠌ ᠭᠤᠭ᠍ᠴᠤᠭ᠎ᠠ᠎ᠳᠤ ᠵᠣᠬᠢᠶᠠᠮᠠᠯ ᠣᠶᠤᠯᠢᠭᠢ ᠪᠣᠳᠠᠲᠠᠢ ᠨᠠᠢᠳᠠᠪᠤᠷᠢᠵᠢᠭᠤᠯᠤᠨ ᠬᠡᠷᠡᠭ᠌ᠯᠡᠬᠦ᠌ ᠶ᠋ᠢ ᠠᠬᠢᠭᠤᠯᠵᠤ᠂ ᠴᠠᠬᠢᠯᠭᠠᠨ ᠬᠦᠴᠦᠨ᠎ᠤ ᠱᠢᠰᠲ᠋ᠧᠮ᠎ᠢ ᠲᠣᠬᠢᠷᠠᠭᠤᠯᠤᠨ ᠡᠵᠡᠮᠳᠡᠬᠦ᠂ ᠡᠨᠧᠷᠭᠢ ᠶ᠋ᠢᠨ ᠰᠤᠷᠪᠤᠯᠵᠢ ᠶ᠋ᠢ ᠬᠠᠢᠨ ᠱᠢᠨᠵᠢᠵᠦ᠍ ᠨᠡᠭᠡᠭᠡᠨ ᠠᠱᠢᠭ᠍ᠯᠠᠬᠤ᠂ ᠱᠢᠨ᠎ᠡ ᠡᠨᠧᠷᠭᠢ ᠶ᠋ᠢᠨ ᠰᠤᠷᠪᠤᠯᠵᠢ᠎ᠶ᠋ᠢᠨ ᠴᠢᠳᠠᠯ᠎ᠢ ᠵᠢᠱ᠌ᠢᠬᠦ᠌ ᠵᠡᠷᠭᠡ ᠠᠬᠤᠢ ᠪᠠᠢᠳᠠᠯ᠎ᠳᠠᠬᠢ ᠱᠢᠨ᠎ᠡ᠎ᠶ᠋ᠢ ᠡᠭᠦᠳᠬᠦ᠌ ᠶ᠋ᠢ ᠲᠦᠷᠭᠡᠳᠭᠡᠨ᠎ᠡ᠃ ᠠᠮᠢᠳᠤ ᠪᠣᠳᠠᠰ᠎ᠤᠨ ᠡᠭᠦᠯᠳᠡᠷ ᠪᠤᠢᠵᠢᠭᠤᠯᠬᠤ᠂ ᠦᠢᠯᠡᠳᠪᠦᠷᠢᠯᠡᠯ᠎ᠤᠨ ᠬᠠᠮᠢᠶᠠᠷᠤᠯᠲᠠ᠂ ᠬᠢᠵᠢᠭ᠎ᠢ ᠰᠡᠷᠭᠡᠢᠯᠡᠨ ᠵᠠᠰᠠᠬᠤ ᠵᠡᠷᠭᠡ ᠠᠬᠤᠢ ᠪᠠᠢᠳᠠᠯ᠎ᠳᠤ ᠬᠠᠨᠳᠤᠭᠤᠯᠤᠨ ᠲᠠᠷᠢᠶᠠᠯᠠᠩ ᠤᠨ ᠳ᠋ᠢᠵᠢᠲ᠋ᠠᠯᠴᠢᠯᠠᠨ ᠣᠶᠤᠨᠴᠢᠯᠠᠨ ᠲᠡᠰ ᠳᠡᠪᠱᠢᠬᠦ᠌᠎ᠶ᠋ᠢ ᠲᠦᠷᠭᠡᠳᠭᠡᠨ᠎ᠡ᠃ ᠵᠥᠭᠡᠯᠡᠨ ᠲᠣᠨᠤᠭ ᠮᠡᠳᠡᠭᠡ ᠵᠠᠩᠭᠢ᠂ ᠮᠥᠩᠭᠦᠨ ᠭᠦᠢᠯᠭᠡᠭᠡ ᠬᠤᠳᠠᠯᠳᠤᠭᠠᠨ᠎ᠤ ᠶᠠᠪᠤᠳᠠᠯ᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡ ᠵᠡᠷᠭᠡ ᠦᠢᠯᠡᠴᠢᠯᠡᠭᠡᠨ᠎ᠤ ᠦᠢᠯᠡᠰ᠎ᠤᠨ ᠬᠦᠷᠢᠶ᠎ᠡ᠎ᠳᠤ ᠤᠶᠤᠯᠢᠭ ᠦᠵᠦᠭᠦᠷ᠂ ᠣᠶᠤᠯᠢᠭ ᠴᠣᠭ᠍ᠴᠠ ᠵᠡᠷᠭᠡ᠎ᠶ᠋ᠢ ᠥᠷᠭᠡᠨ᠎ᠢᠶᠠᠷ ᠬᠡᠷᠡᠭ᠌ᠯᠡᠬᠦ᠌᠎ᠶ᠋ᠢ ᠠᠬᠢᠭᠤᠯᠤᠨ᠎ᠠ᠃
03 《ᠵᠣᠬᠢᠶᠠᠮᠠᠯ ᠣᠶᠤᠯᠢᠭ +》 ᠬᠡᠷᠡᠭ᠌ᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌
ᠦᠷ᠎ᠡ ᠠᠱᠢᠭ᠎ᠢ ᠳᠡᠭᠡᠭ᠌ᠰᠢᠯᠡᠭᠦᠯᠬᠦ᠌ ᠬᠡᠯᠪᠡᠷᠢ᠂ ᠬᠠᠨᠢ ᠪᠣᠯᠤᠭ᠍ᠴᠢ ᠬᠡᠯᠪᠡᠷᠢ ᠵᠡᠷᠭᠡ᠎ᠶ᠋ᠢᠨ ᠤᠤᠭᠠᠯ ᠣᠶᠤᠯᠢᠭ ᠦᠢᠯᠡᠳᠬᠦᠨ᠎ᠤ ᠬᠡᠷᠡᠭ᠌ᠯᠡᠯᠲᠡ᠎ᠶ᠋ᠢ ᠨᠡᠭᠡᠭᠡᠨ ᠬᠥᠭ᠌ᠵᠢᠭᠦᠯᠵᠦ᠍᠂ ᠵᠣᠬᠢᠶᠠᠮᠠᠯ ᠤᠶᠤᠯᠢᠭ ᠭᠠᠷ ᠤᠲᠠᠰᠤ ᠪᠠ ᠺᠣᠮᠫᠢᠦ᠋ᠲ᠋ᠧᠷ᠂ ᠤᠶᠤᠯᠢᠭ ᠮᠠᠱᠢᠨ ᠬᠥᠮᠦᠨ ᠵᠡᠷᠭᠡ ᠱᠢᠨ᠎ᠡ ᠨᠢᠭᠡ ᠦᠶ᠎ᠡ᠎ᠶ᠋ᠢᠨ ᠤᠶᠤᠯᠢᠭ ᠦᠵᠦᠭᠦᠷ᠎ᠢ ᠬᠥᠭ᠌ᠵᠢᠭᠦᠯᠵᠦ᠍᠂ ᠤᠶᠤᠯᠢᠭ ᠦᠢᠯᠡᠳᠬᠦᠨ᠎ᠤ ᠱᠢᠨ᠎ᠡ ᠬᠡᠯᠪᠡᠷᠢ ᠪᠠᠢᠳᠠᠯ᠎ᠢ ᠬᠠᠢᠨ ᠰᠦᠪᠡᠭ᠌ᠴᠢᠯᠡᠨ᠎ᠡ᠃ ᠤᠶᠤᠯᠢᠭ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠱᠢᠨ᠎ᠡ ᠠᠬᠤᠢ ᠪᠠᠢᠳᠠᠯ᠎ᠢ ᠥᠷᠭᠡᠳᠭᠡᠵᠦ᠍᠂ ᠨᠢᠭᠡ ᠪᠦᠯᠦᠭ ᠵᠣᠬᠢᠶᠠᠮᠠᠯ ᠣᠶᠤᠯᠢᠭ᠎ᠤᠨ ᠪᠡᠶᠡᠴᠢᠯᠡᠨ ᠣᠢᠯᠠᠭᠠᠬᠤ ᠲᠥᠪ᠎ᠢ ᠪᠠᠢᠭᠤᠯᠵᠤ᠂ ᠨᠢᠭᠡ ᠴᠣᠭ᠍ᠴᠠᠵᠢᠭᠤᠯᠤᠭ᠍ᠰᠠᠨ ᠪᠥᠬᠦ᠌ ᠠᠬᠤᠢ ᠪᠠᠢᠳᠠᠯ᠎ᠢ ᠬᠠᠮᠤᠷᠤᠭ᠍ᠰᠠᠨ ᠤᠶᠤᠯᠢᠭ ᠬᠠᠷᠢᠯᠴᠠᠭᠠᠨ᠎ᠤ ᠣᠷᠴᠢᠨ ᠨᠥᠬᠦᠴᠡᠯ᠎ᠢ ᠪᠣᠶ ᠪᠣᠯᠭᠠᠨ᠎ᠠ᠃
04 《ᠵᠣᠬᠢᠶᠠᠮᠠᠯ ᠣᠶᠤᠯᠢᠭ +》 ᠠᠷᠠᠳ᠎ᠤᠨ ᠠᠮᠢᠳᠤᠷᠠᠯ᠎ᠤᠨ ᠠᠵᠠ ᠵᠢᠷᠭᠠᠯ
ᠤᠶᠤᠯᠢᠭ ᠰᠤᠷᠤᠯᠭ᠎ᠠ᠎ᠶ᠋ᠢᠨ ᠬᠠᠨᠢ᠂ ᠤᠶᠤᠯᠢᠭ ᠪᠠᠭ᠍ᠰᠢ ᠵᠡᠷᠭᠡ ᠵᠢᠭᠠᠨ ᠰᠤᠷᠭᠠᠬᠤ ᠬᠡᠪ ᠵᠠᠭ᠍ᠪᠤᠷ ᠤᠨ ᠱᠢᠨ᠎ᠡ ᠶ᠋ᠢ ᠡᠭᠦᠳᠴᠦ᠍᠂ ᠨᠠᠷᠢᠯᠢᠬ ᠣᠨᠣᠴᠠᠲᠠᠶ ᠵᠢᠭᠠᠨ ᠰᠤᠷᠭᠠᠯᠲᠠ᠂ ᠥᠪᠡᠷᠮᠢᠴᠡᠴᠢᠯᠡᠭ᠌ᠰᠡᠨ ᠰᠤᠷᠤᠯᠴᠠᠯᠭ᠎ᠠ᠂ ᠰᠤᠷᠤᠯᠴᠠᠯᠭ᠎ᠠ ᠶ᠋ᠢᠨ ᠤᠶᠤᠯᠢᠭ ᠬᠠᠪᠰᠤᠷᠤᠮᠵᠢ ᠵᠡᠷᠭᠡ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠦᠨ᠎ᠡ᠃ ᠰᠠᠭᠤᠭᠠᠯᠢ ᠠᠷᠠᠳ ᠤᠨ ᠡᠷᠡᠭᠦᠯ ᠮᠡᠨᠳᠦ᠍᠎ᠶ᠋ᠢᠨ ᠥᠨᠳᠥᠷ ᠲᠦᠪᠱᠢᠨ ᠪᠥᠬᠦᠶ ᠲᠤᠰᠠᠯᠠᠭ᠍ᠴᠢ᠎ᠶ᠋ᠢ ᠳᠡᠯᠭᠡᠷᠡᠭᠦᠯᠵᠦ᠍᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠳᠤ ᠣᠶᠤᠯᠢᠭ ᠲᠤᠰᠠᠯᠠᠨ ᠣᠨᠣᠱᠢᠯᠠᠬᠤ ᠡᠮᠴᠢᠯᠡᠭᠡᠨ᠎ᠤ ᠬᠡᠷᠡᠭ᠌ᠯᠡᠯᠲᠡ᠎ᠶ᠋ᠢ ᠥᠷᠭᠡᠳᠭᠡᠨ᠎ᠡ᠃ ᠰᠣᠶᠣᠯ ᠤᠨ ᠵᠣᠬᠢᠶᠠᠨ ᠪᠦᠲᠦᠭᠡᠬᠦ᠌ ᠦᠢᠯᠡᠳᠪᠦᠷᠢᠯᠡᠬᠦ᠌ ᠤᠯᠠᠮᠵᠢᠯᠠᠬᠤ᠂ ᠵᠢᠭᠤᠯᠴᠢᠯᠠᠯ ᠦᠢᠯᠡᠴᠢᠯᠡᠭᠡ ᠪᠡᠶᠡᠴᠢᠯᠡᠨ ᠣᠢ᠌ᠯᠠᠭᠠᠬᠤ ᠵᠡᠷᠭᠡ ᠬᠦᠷᠢᠶᠡᠨ᠎ᠳᠠᠬᠢ ᠵᠣᠬᠢᠶᠠᠮᠠᠯ ᠣᠶᠤᠯᠢᠭ᠎ᠤᠨ ᠱᠢᠨ᠎ᠡ᠎ᠶ᠋ᠢ ᠡᠭᠦᠳᠦᠭ᠌ᠰᠡᠨ ᠬᠡᠷᠡᠭ᠌ᠯᠡᠯᠲᠡ᠎ᠶ᠋ᠢ ᠠᠬᠢᠭᠤᠯᠤᠨ᠎ᠠ᠃ ᠣᠷᠣᠨ ᠰᠠᠭᠤᠴᠠ᠎ᠶ᠋ᠢᠨ ᠵᠢᠷᠤᠭ ᠲᠥᠯᠥᠪᠯᠡᠭᠡ ᠪᠠ ᠣᠷᠣᠱᠢᠨ ᠰᠠᠭᠤᠬᠤ ᠤᠶᠤᠨᠴᠢᠯᠠᠭ᠍ᠰᠠᠨ ᠳᠥᠪᠱᠢᠨᠢ ᠳᠡᠭᠡᠭ᠌ᠰᠢᠯᠡᠭᠦᠯᠦᠨ᠎ᠡ᠃ ᠬᠥᠮᠦᠨ ᠪᠠ ᠮᠠᠱᠢᠨ ᠬᠠᠮᠵᠢᠯᠴᠠᠭ᠍ᠰᠠᠨ ᠱᠢᠨ᠎ᠡ ᠬᠡᠯᠪᠡᠷᠢ ᠶ᠋ᠢᠨ ᠠᠵᠢᠯ᠎ᠤᠨ ᠬᠡᠯᠪᠡᠷᠢ ᠪᠠᠢᠳᠠᠯ᠎ᠢ ᠬᠠᠢᠨ ᠰᠦᠪᠡᠭ᠌ᠴᠢᠯᠡᠵᠦ᠍᠂ ᠬᠥᠳᠡᠯᠮᠦᠷᠢ ᠬᠦᠴᠦᠨ ᠳᠤᠲᠠᠭ᠍ᠳᠠᠵᠤ ᠪᠠᠢᠬᠤ᠂ ᠣᠷᠴᠢᠨ ᠨᠦᠭᠦᠴᠡᠯ ᠠᠶᠤᠯ ᠲᠦᠭ᠌ᠰᠢᠭᠦᠷᠢ ᠶᠡᠬᠡᠲᠡᠶ ᠵᠡᠷᠭᠡ ᠠᠵᠢᠯ᠎ᠤᠨ ᠪᠠᠢᠷᠢ᠎ᠳᠤ ᠪᠤᠳᠠ ᠤᠶᠤᠯᠢᠬᠢ ᠬᠡᠷᠡᠭ᠌ᠯᠡᠬᠦ᠌᠎ᠶ᠋ᠢ ᠠᠬᠢᠭᠤᠯᠤᠨ᠎ᠠ᠃
05 《ᠵᠣᠬᠢᠶᠠᠮᠠᠯ ᠣᠶᠤᠯᠢᠭ +》 ᠵᠠᠰᠠᠬᠤ ᠴᠢᠳᠠᠪᠤᠷᠢ
ᠵᠠᠬ᠎ᠠ ᠳᠡᠯᠭᠡᠭᠦᠷ᠎ᠤᠨ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠂ ᠠᠶᠤᠯ ᠦᠭᠡᠶ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠂ ᠭᠠᠮᠱᠢᠭ ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ᠂ ᠨᠡᠢᠭᠡᠮ᠎ᠤᠨ ᠠᠮᠤᠷ ᠢ ᠬᠠᠮᠠᠭᠠᠯᠠᠬᠤ ᠬᠠᠮᠢᠶᠠᠷᠤᠯᠲᠠ᠂ ᠰᠦᠯᠵᠢᠶᠡᠨ᠎ᠤ ᠣᠷᠣᠨ ᠵᠠᠶ ᠶ᠋ᠢᠨ ᠬᠠᠮᠠᠭᠠᠯᠠᠯᠲᠠ᠂ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠬᠠᠮᠠᠭᠠᠯᠠᠯᠲᠠ ᠵᠡᠷᠭᠡ ᠲᠠᠯ᠎ᠠ ᠳᠠᠬᠢ ᠵᠣᠬᠢᠶᠠᠮᠠᠯ ᠣᠶᠤᠯᠢᠭ᠎ᠤᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠪᠠᠢᠭᠠᠯᠢ ᠬᠥᠮᠦᠨ᠂ ᠳ᠋ᠢᠵᠢᠲ᠋ᠠᠯ ᠬᠥᠮᠦᠨ᠂ ᠤᠶᠤᠯᠢᠭ ᠮᠠᠱᠢᠨ ᠬᠥᠮᠦᠨ ᠵᠡᠷᠭᠡ᠎ᠶ᠋ᠢᠨ ᠬᠠᠮᠵᠢᠯᠴᠠᠭ᠍ᠰᠠᠨ ᠠᠮᠤᠷ ᠲᠦᠪᠱᠢᠨ᠎ᠤ ᠵᠠᠰᠠᠯᠲᠠ᠎ᠶ᠋ᠢᠨ ᠱᠢᠰᠲ᠋ᠧᠮ᠎ᠢ ᠬᠠᠢᠨ ᠰᠦᠪᠡᠭ᠌ᠴᠢᠯᠡᠨ ᠪᠠᠢᠭᠤᠯᠤᠨ᠎ᠠ᠃
06 《ᠵᠣᠬᠢᠶᠠᠮᠠᠯ ᠣᠶᠤᠯᠢᠭ +》 ᠪᠥᠬᠦ᠌ ᠪᠥᠮᠪᠥᠷᠴᠡᠭ᠎ᠤᠨ ᠬᠠᠮᠲᠤᠷᠠᠯᠴᠠᠭ᠎ᠠ
ᠳᠡᠯᠡᠬᠡᠶ ᠶ᠋ᠢᠨ ᠵᠣᠬᠢᠶᠠᠮᠠᠯ ᠣᠶᠤᠯᠢᠭ ᠤᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠶ᠋ᠢ ᠪᠠᠢᠭᠤᠯᠬᠤ᠎ᠶ᠋ᠢ ᠠᠬᠢᠭᠤᠯᠵᠤ᠂ 《ᠨᠢᠭᠡ ᠪᠦᠰᠡ ᠨᠢᠭᠡ ᠵᠠᠮ》 ᠤᠨ ᠵᠣᠬᠢᠶᠠᠮᠠᠯ ᠣᠶᠤᠯᠢᠭ᠎ᠤᠨ ᠤᠯᠠᠨ ᠲᠠᠯᠠᠲᠤ ᠬᠠᠮᠲᠤᠷᠠᠯᠴᠠᠭᠠᠨ᠎ᠤ ᠲᠠᠪᠴᠠᠩ᠂ ᠤᠯᠠᠨ ᠤᠯᠤᠰ᠎ᠤᠨ ᠵᠣᠬᠢᠶᠠᠮᠠᠯ ᠣᠶᠤᠯᠢᠭ᠎ᠤᠨ ᠬᠡᠷᠡᠭ᠌ᠯᠡᠯᠲᠡ᠎ᠶ᠋ᠢᠨ ᠬᠠᠮᠲᠤᠷᠠᠯᠴᠠᠭᠠᠨ᠎ᠤ ᠲᠥᠪ᠎ᠢ ᠪᠠᠢᠭᠤᠯᠵᠤ᠂ ᠡᠯ᠎ᠡ ᠤᠯᠤᠰ᠎ᠤᠨ ᠬᠠᠮᠲᠤ᠎ᠪᠠᠷ ᠬᠢᠨᠠᠯᠲᠠ ᠬᠠᠮᠢᠶᠠᠷᠤᠯᠲᠠ᠎ᠶ᠋ᠢᠨ ᠪᠣᠷᠣ ᠲᠥᠯᠥᠪ᠂ ᠮᠡᠷᠭᠡᠵᠢᠯ᠎ᠤᠨ ᠪᠠᠷᠢᠮᠵᠢᠶ᠎ᠠ ᠪᠠ ᠡᠰᠢ ᠶᠣᠰᠣᠨ᠎ᠤ ᠵᠢᠷᠤᠮᠵᠢᠯ᠎ᠢ ᠲᠣᠭ᠍ᠲᠠᠭᠠᠬᠤ᠎ᠶ᠋ᠢ ᠠᠬᠢᠭᠤᠯᠤᠨ᠎ᠠ᠃ ᠪᠦᠬᠦ᠌ ᠪᠥᠮᠪᠥᠷᠴᠡᠭ᠎ᠲᠤ ᠨᠡᠭᠡᠭᠡᠯᠲᠡᠲᠡᠢ ᠡᠬᠢ ᠺᠣᠳ᠋᠎ᠢ ᠨᠡᠭᠡᠭᠡᠬᠦ᠌ ᠮᠡᠷᠭᠡᠵᠢᠯ᠎ᠤᠨ ᠱᠢᠰᠲ᠋ᠧᠮ ᠪᠠ ᠨᠡᠢᠭᠡᠮ ᠲᠣᠭᠤᠷᠢᠭ᠎ᠤᠨ ᠠᠮᠢ ᠠᠬᠤᠶ᠎ᠶ᠋ᠢ ᠲᠦᠷᠭᠡᠯᠡᠨ ᠪᠠᠢᠭᠤᠯᠤᠨ᠎ᠠ᠃
ᠠᠷᠪᠠᠨ ᠳᠥᠷᠪᠡᠳᠦᠭᠡᠷ ᠪᠦᠯᠦᠭ ᠡᠷᠡᠭᠦᠯ ᠪᠥᠭᠡᠳ ᠡᠮᠬᠢ ᠵᠢᠷᠤᠮ᠎ᠲᠠᠢ ᠬᠥᠭ᠌ᠵᠢᠯᠲᠡ᠎ᠶ᠋ᠢᠨ ᠠᠮᠢ ᠠᠬᠤᠶ᠎ᠶ᠋ᠢ ᠪᠤᠢ ᠪᠣᠯᠭᠠᠨ᠎ᠠ
ᠬᠥᠭ᠌ᠵᠢᠯᠲᠡ ᠶ᠋ᠢ ᠠᠬᠢᠭᠤᠯᠬᠤ ᠪᠠ ᠵᠢᠷᠤᠮᠵᠢᠭᠤᠨ ᠬᠠᠮᠢᠶᠠᠷᠬᠤ ᠶ᠋ᠢ ᠨᠢᠭᠡᠳᠦᠯᠲᠡᠶ ᠲᠥᠯᠥᠪᠯᠡᠬᠦ᠌᠎ᠶ᠋ᠢ ᠪᠠᠷᠢᠮᠲᠠᠯᠠᠵᠤ᠂ ᠳ᠋ᠠᠢᠲ᠋ᠠ᠎ᠶ᠋ᠢᠨ ᠰᠠᠭᠤᠷᠢ ᠲᠦᠷᠢᠮ ᠳᠥᠷᠢᠮᠯᠡᠯ ᠤᠨ ᠪᠠᠢᠭᠤᠯᠤᠯᠲᠠ ᠪᠠ ᠵᠣᠬᠢᠶᠠᠮᠠᠯ ᠣᠶᠤᠯᠢᠭ᠎ᠤᠨ ᠵᠠᠰᠠᠯᠲᠠ᠎ᠶ᠋ᠢ ᠴᠢᠩᠭᠠᠳᠭᠠᠵᠤ᠂ ᠠᠱᠢᠭ᠍ᠲᠠᠢ᠂ ᠠᠮᠤᠷ ᠲᠦᠪᠱᠢᠨ᠂ ᠭᠤᠣᠯᠴᠢ ᠬᠥᠭ᠌ᠵᠢᠯᠲᠡ᠎ᠶ᠋ᠢᠨ ᠣᠷᠴᠢᠨ ᠨᠥᠬᠦᠴᠡᠯ᠎ᠢ ᠪᠤᠢ ᠪᠣᠯᠭᠠᠨ᠎ᠠ᠃
ᠨᠢᠭᠡᠳᠦᠭᠡᠷ ᠬᠡᠰᠡᠭ ᠳ᠋ᠠᠢᠲ᠋ᠠ᠎ᠶ᠋ᠢᠨ ᠡᠯᠧᠮᠧᠨ᠋ᠲ᠎ᠤᠨ ᠰᠠᠭᠤᠷᠢ ᠳᠦᠷᠢᠮ᠎ᠢ ᠪᠦᠷᠢᠨᠱᠢᠭᠦᠯᠦᠨ᠎ᠡ
ᠳ᠋ᠠᠢᠲ᠋ᠠ᠎ᠶ᠋ᠢᠨ ᠥᠮᠴᠢᠯᠡᠬᠦ᠌ ᠡᠷᠬᠡ᠂ ᠭᠦᠢᠯᠭᠡᠭᠡ ᠪᠠ ᠠᠱᠢᠭ᠍ᠯᠠᠯᠲᠠ᠂ ᠠᠱᠢᠭ ᠣᠷᠣᠯᠭ᠎ᠠ᠎ᠶ᠋ᠢᠨ ᠬᠤᠪᠢᠶᠠᠷᠢᠯᠠᠯᠲᠠ᠂ ᠠᠮᠤᠷ ᠲᠦᠪᠱᠢᠨ᠎ᠤ ᠵᠠᠰᠠᠯᠲᠠ ᠵᠡᠷᠭᠡ ᠳ᠋ᠠᠢᠲ᠋ᠠ᠎ᠶ᠋ᠢᠨ ᠡᠯᠧᠮᠧᠨ᠋ᠲ᠎ᠤᠨ ᠰᠠᠭᠤᠷᠢ ᠲᠦᠷᠢᠮ ᠢ ᠪᠠᠢᠭᠤᠯᠤᠨ ᠪᠦᠷᠢᠨᠱᠢᠭᠦᠯᠦᠨ᠎ᠡ᠃ ᠳ᠋ᠠᠢᠲ᠋ᠠ᠎ᠶ᠋ᠢᠨ ᠥᠮᠴᠢᠯᠡᠬᠦ᠌ ᠡᠷᠬᠡ᠎ᠶ᠋ᠢ ᠪᠦᠲᠦᠴᠡ ᠶ᠋ᠢᠨ ᠴᠢᠨᠠᠷᠲᠠᠶ᠎ᠪᠠᠷ ᠰᠠᠯᠭᠠᠨ ᠲᠣᠬᠢᠷᠠᠭᠤᠯᠬᠤ ᠲᠦᠷᠢᠮ ᠢ ᠲᠡᠭᠦᠯᠳᠡᠷᠵᠢᠭᠦᠯᠵᠦ᠍᠂ ᠪᠦᠬᠦ᠌ ᠤᠯᠤᠰ᠎ᠤᠨ ᠳ᠋ᠠᠢᠲ᠋ᠠ᠎ᠶ᠋ᠢᠨ ᠥᠮᠴᠢᠯᠡᠬᠦ᠌ ᠡᠷᠬᠡ᠎ᠶ᠋ᠢ ᠳᠠᠩᠰᠠᠯᠠᠬᠤ ᠨᠢᠭᠡᠳᠦᠯᠲᠡᠶ ᠱᠢᠰᠲ᠋ᠧᠮ ᠢ ᠪᠠᠢᠭᠤᠯᠤᠨ᠎ᠠ᠃ ᠨᠡᠭᠡᠭᠡᠯᠲᠡᠲᠡᠶ ᠬᠠᠮᠲᠤ᠎ᠪᠠᠷ ᠡᠳ᠋ᠯᠡᠬᠦ᠌ ᠠᠮᠤᠷ ᠲᠦᠪᠱᠢᠨ ᠪᠦᠬᠦ᠌ ᠤᠯᠤᠰ᠎ᠤᠨ ᠨᠢᠭᠡ ᠴᠣᠭ᠍ᠴᠠᠵᠢᠭ᠍ᠰᠠᠨ ᠳ᠋ᠠᠢᠲ᠋ᠠ᠎ᠶ᠋ᠢᠨ ᠵᠠᠬ᠎ᠠ ᠳᠡᠯᠭᠡᠭᠦᠷ᠎ᠢ ᠪᠠᠢᠭᠤᠯᠵᠤ᠂ ᠳ᠋ᠠᠢᠲ᠋ᠠ᠎ᠶ᠋ᠢᠨ ᠭᠦᠢᠯᠭᠡᠭᠡ ᠠᠷᠠᠯᠵᠢᠶ᠎ᠠ ᠶ᠋ᠢᠨ ᠲᠦᠷᠢᠮᠯᠡᠯ ᠪᠠ ᠪᠠᠷᠢᠮᠵᠢᠶ᠎ᠠ᠎ᠶ᠋ᠢ ᠲᠦᠷᠬᠡᠯᠡᠨ ᠳᠡᠭᠦᠯᠳᠡᠷᠵᠢᠭᠦᠯᠵᠦ᠍᠂ ᠳ᠋ᠠᠢᠲ᠋ᠠ ᠠᠷᠠᠯᠵᠢᠶᠠᠯᠠᠬᠤ ᠪᠠᠢᠭᠤᠯᠤᠮᠵᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠭᠤᠷᠪᠠᠳᠡᠬᠢ ᠡᠲᠡᠭᠡᠳ ᠤᠨ ᠲᠤᠰᠭᠠᠶ ᠦᠢᠯᠡᠴᠢᠯᠡᠭᠡᠨ᠎ᠤ ᠪᠠᠢᠭᠤᠯᠤᠮᠵᠢ ᠶ᠋ᠢ ᠵᠢᠷᠤᠮᠵᠢᠭᠤᠯᠤᠨ ᠬᠥᠭ᠌ᠵᠢᠭᠦᠯᠦᠨ᠎ᠡ᠃ ᠳ᠋ᠠᠢᠲ᠋ᠠ ᠶ᠋ᠢᠨ ᠡᠯᠧᠮᠧᠨ᠋ᠲ᠎ᠤᠨ ᠦᠨ᠎ᠡ ᠬᠠᠩᠰᠢ᠎ᠶ᠋ᠢᠨ ᠪᠦᠷᠢᠯᠳᠦᠭᠦ᠌ ᠲᠣᠭ᠍ᠲᠠᠴᠠ᠎ᠶ᠋ᠢ ᠪᠠᠢᠭᠤᠯᠵᠤ᠂ ᠡᠯ᠎ᠡ ᠲᠠᠯ᠎ᠠ᠎ᠶ᠋ᠢᠨ ᠠᠱᠢᠭ ᠲᠤᠰᠠ᠎ᠶ᠋ᠢ ᠬᠠᠮᠲᠤᠳᠤᠨᠢ ᠬᠠᠷᠠᠭᠠᠯᠵᠠᠭ᠍ᠰᠠᠨ ᠳ᠋ᠠᠢᠲ᠋ᠠ᠎ᠶ᠋ᠢᠨ ᠠᠱᠢᠭ ᠣᠷᠣᠯᠭ᠎ᠠ᠎ᠶ᠋ᠢ ᠬᠤᠪᠢᠶᠠᠷᠢᠯᠠᠬᠤ ᠲᠣᠭ᠍ᠲᠠᠴᠠ ᠶ᠋ᠢ ᠬᠠᠢᠨ ᠰᠦᠪᠡᠭ᠌ᠴᠢᠯᠡᠨ᠎ᠡ᠃ ᠳ᠋ᠠᠢᠲ᠋ᠠ᠎ᠶ᠋ᠢᠨ ᠬᠦᠷᠢᠶᠡᠨ᠎ᠳᠠᠬᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠡᠭᠦᠯᠳᠡᠷᠵᠢᠭᠦᠯᠵᠦ᠍᠂ ᠳ᠋ᠠᠢᠲ᠋ᠠ ᠴᠤᠭ᠍ᠯᠠᠭᠤᠯᠬᠤ᠂ ᠬᠠᠳᠠᠭᠠᠯᠠᠬᠤ᠂ ᠭᠦᠢᠯᠭᠡᠭᠡᠬᠦ᠂ ᠬᠡᠷᠡᠭ᠌ᠯᠡᠬᠦ᠌ ᠶ᠋ᠢ ᠬᠠᠮᠢᠶᠠᠷᠬᠤ ᠳᠦᠷᠢᠮᠯᠡᠯ᠎ᠢ ᠪᠦᠷᠢᠨᠱᠢᠭᠦᠯᠦᠨ᠎ᠡ᠃ ᠳ᠋ᠠᠢᠲ᠋ᠠ᠎ᠶ᠋ᠢ ᠲᠥᠷᠥᠯ ᠬᠤᠪᠢᠶᠠᠨ ᠱᠠᠲᠤ ᠬᠤᠪᠢᠶᠠᠨ ᠬᠠᠮᠢᠶᠠᠷᠬᠤ ᠶ᠋ᠢ ᠬᠡᠷᠡᠭ᠌ᠵᠢᠭᠦᠯᠵᠦ᠍᠂ ᠳ᠋ᠠᠢᠲ᠋ᠠ ᠶ᠋ᠢᠨ ᠠᠮᠤᠷ ᠳᠥᠪᠱᠢᠨ ᠢ ᠬᠠᠮᠠᠭᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
ᠬᠤᠶᠠᠳᠤᠭᠠᠷ ᠬᠡᠰᠡᠭ ᠱᠢᠨᠵᠢᠯᠡᠬᠦ᠌ ᠤᠬᠠᠭᠠᠨᠴᠢ ᠪᠥᠭᠡᠳ ᠪᠦᠲᠦᠮᠵᠢᠲᠡᠶ ᠬᠢᠨᠠᠨ ᠬᠠᠮᠢᠶᠠᠷᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ
ᠱᠢᠨ᠎ᠡ ᠮᠡᠷᠭᠡᠵᠢᠯ ᠱᠢᠨ᠎ᠡ ᠡᠵᠡᠩᠨᠡᠯᠲᠡ ᠶ᠋ᠢᠨ ᠬᠡᠯᠪᠡᠷᠢ ᠪᠠᠢᠳᠠᠯ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠪᠣᠷᠣ ᠲᠥᠯᠥᠪ ᠢ ᠪᠦᠷᠢᠨᠱᠢᠭᠦᠯᠵᠦ᠍᠂ ᠮᠡᠷᠭᠡᠵᠢᠯ᠎ᠤᠨ ᠪᠠᠷᠢᠮᠵᠢᠶ᠎ᠠ᠎ᠶ᠋ᠢ ᠰᠤᠳᠤᠯᠤᠨ ᠲᠣᠭ᠍ᠲᠠᠭᠠᠵᠤ ᠲᠣᠬᠢᠷᠠᠭᠤᠯᠬᠤ᠂ ᠮᠡᠷᠭᠡᠵᠢᠯ᠎ᠤᠨ ᠬᠡᠷᠡᠭ᠌ᠯᠡᠯᠲᠡ᠎ᠶ᠋ᠢ ᠱᠠᠲᠤ ᠬᠤᠪᠢᠶᠠᠨ ᠬᠠᠮᠢᠶᠠᠷᠬᠤ ᠲᠣᠭ᠍ᠲᠠᠴᠠ᠎ᠶ᠋ᠢ ᠪᠠᠢᠭᠤᠯᠵᠤ᠂ ᠣᠯᠠᠨ ᠡᠰᠢ᠎ᠶ᠋ᠢᠨ ᠬᠠᠮᠵᠢᠯᠴᠠᠨ ᠬᠠᠮᠲᠤ᠎ᠪᠠᠷ ᠵᠠᠰᠠᠬᠤ᠎ᠶ᠋ᠢ ᠠᠬᠢᠭᠤᠯᠤᠨ᠎ᠠ᠃ ᠵᠣᠬᠢᠶᠠᠮᠠᠯ ᠣᠶᠤᠯᠢᠭ᠎ᠤᠨ ᠬᠦᠷᠢᠶᠡᠨ᠎ᠤ ᠬᠠᠤᠯᠢ ᠴᠠᠭᠠᠵᠠ ᠬᠠᠤᠯᠢ ᠲᠣᠭ᠍ᠲᠠᠭᠠᠯ᠂ ᠲᠥᠷᠥ᠎ᠶ᠋ᠢᠨ ᠪᠣᠳᠣᠯᠭ᠎ᠠ ᠳᠦᠷᠢᠮ᠂ ᠬᠡᠷᠡᠭ᠌ᠯᠡᠯᠲᠡ᠎ᠶ᠋ᠢᠨ ᠵᠢᠷᠤᠮᠵᠢᠯ᠂ ᠡᠰᠢ ᠶᠣᠰᠣᠨ᠎ᠤ ᠪᠠᠷᠢᠮᠵᠢᠶ᠎ᠠ᠎ᠶ᠋ᠢ ᠲᠡᠭᠦᠯᠳᠡᠷᠵᠢᠭᠦᠯᠵᠦ᠍᠂ ᠪᠤᠳᠤᠬᠤ ᠠᠷᠭ᠎ᠠ᠎ᠶ᠋ᠢ ᠳᠠᠩᠰᠠᠯᠠᠬᠤ᠂ ᠢᠯᠡ ᠲᠣᠳᠣ᠎ᠶ᠋ᠢᠨ ᠬᠡᠮᠵᠢᠶ᠎ᠡ᠎ᠶ᠋ᠢ ᠬᠠᠮᠢᠶᠠᠷᠬᠤ᠂ ᠠᠮᠤᠷ ᠲᠦᠪᠱᠢᠨ᠎ᠢ ᠦᠨᠡᠯᠡᠨ ᠵᠢᠱ᠌ᠢᠬᠦ᠌ ᠵᠡᠷᠭᠡ ᠲᠦᠷᠢᠮ᠎ᠢ ᠪᠦᠷᠢᠨᠱᠢᠬᠦᠯᠵᠦ᠍᠂ ᠵᠣᠬᠢᠶᠠᠮᠠᠯ ᠣᠶᠤᠯᠢᠭ᠎ᠠᠴᠠ ᠡᠭᠦᠰᠦᠭ᠌ᠰᠡᠨ ᠪᠣᠳᠠᠰ᠎ᠤᠨ ᠡᠷᠬᠡ᠎ᠶ᠋ᠢᠨ ᠬᠠᠷᠢᠶᠠᠯᠠᠯ ᠪᠠ ᠨᠡᠭᠡᠭᠡᠨ ᠬᠦᠭ᠌ᠵᠢᠭᠦᠯᠦᠭ᠌ᠴᠢ ᠡᠵᠡᠩᠨᠡᠭ᠌ᠴᠢ ᠬᠡᠷᠡᠭ᠌ᠯᠡᠭ᠌ᠴᠢ᠎ᠶ᠋ᠢᠨ ᠡᠷᠬᠡ ᠬᠠᠷᠢᠭᠤᠴᠠᠯᠭ᠎ᠠ᠎ᠶ᠋ᠢ ᠮᠠᠭᠠᠳᠯᠠᠨ ᠲᠣᠭ᠍ᠲᠠᠭᠠᠬᠤ ᠲᠦᠷᠢᠮᠯᠡᠯ᠎ᠢ ᠬᠠᠢᠨ ᠰᠦᠪᠡᠭ᠌ᠴᠢᠯᠡᠨ ᠪᠠᠢᠭᠤᠯᠤᠨ᠎ᠠ᠃ ᠵᠣᠬᠢᠶᠠᠮᠠᠯ ᠣᠶᠤᠯᠢᠭ᠎ᠤᠨ ᠪᠥᠬᠦ᠌ ᠠᠮᠢ ᠨᠠᠰᠤᠨ ᠤ ᠦᠶᠡᠯᠡᠯ᠎ᠤᠨ ᠠᠶᠤᠯ ᠲᠦᠭ᠌ᠰᠢᠭᠦᠷᠢ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠬᠤ ᠶ᠋ᠢ ᠠᠬᠢᠭᠤᠯᠵᠤ᠂ ᠠᠮᠤᠷ ᠲᠦᠪᠱᠢᠨ᠎ᠢ ᠬᠢᠨᠠᠨ ᠬᠡᠮᠵᠢᠬᠦ᠂ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠢᠳᠠᠯ᠎ᠢ ᠠᠷᠭᠠᠴᠠᠨ ᠠᠷᠭ᠎ᠠ ᠬᠡᠮᠵᠢᠶ᠎ᠡ ᠠᠪᠬᠤ᠎ᠶ᠋ᠢ ᠬᠠᠮᠤᠷᠤᠭ᠍ᠰᠠᠨ ᠠᠶᠤᠯ ᠲᠦᠭ᠌ᠰᠢᠭᠦᠷᠢ ᠶ᠋ᠢ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠪᠦᠷᠢᠨᠱᠢᠭᠦᠯᠦᠨ᠎ᠡ᠃ ᠲᠠᠪᠴᠠᠩ᠎ᠤᠨ ᠠᠵᠤ ᠠᠬᠤᠢ ᠶ᠋ᠢᠨ ᠱᠢᠨ᠎ᠡ᠎ᠶ᠋ᠢ ᠡᠭᠦᠳᠬᠦ᠌ ᠪᠠ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠲᠠᠪᠴᠠᠩ᠎ᠤᠨ ᠠᠵᠤ ᠠᠬᠤᠢᠯᠠᠯ᠎ᠤᠨ ᠳ᠋ᠠᠢᠲ᠋ᠠ᠂ ᠪᠤᠳᠤᠬᠤ ᠠᠷᠭ᠎ᠠ᠂ ᠤᠷᠤᠰᠴᠠ ᠪᠠ ᠲᠦᠷᠢᠮᠯᠡᠯ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠲᠠᠪᠴᠠᠩ᠎ᠤᠨ ᠠᠵᠤ ᠠᠬᠤᠢᠯᠠᠯ ᠪᠠ ᠲᠠᠪᠴᠠᠩ᠎ᠤᠨ ᠳᠣᠲᠣᠷᠠᠬᠢ ᠡᠵᠡᠩᠨᠡᠭ᠌ᠴᠢ᠂ ᠬᠥᠳᠡᠯᠮᠦᠷᠢᠯᠡᠭ᠌ᠴᠢᠶ᠋ᠢᠨ ᠬᠠᠮᠲᠤ᠎ᠪᠠᠷ ᠠᠱᠢᠭ ᠭᠥᠷᠳᠡᠬᠦ᠌ ᠬᠥᠭ᠌ᠵᠢᠯᠲᠡ᠎ᠶ᠋ᠢ ᠠᠬᠢᠭᠤᠯᠤᠨ᠎ᠠ᠃ ᠳ᠋ᠠᠢᠲ᠋ᠠ᠎ᠶ᠋ᠢ ᠳᠤᠷ᠎ᠠ᠎ᠪᠠᠷ᠎ᠢᠶᠠᠨ ᠬᠡᠷᠡᠭ᠌ᠯᠡᠬᠦ᠂ ᠦᠨᠡᠮᠱᠢᠭᠦᠯᠦᠮᠡᠷ ᠬᠠᠭᠤᠷᠮᠠᠬ᠍ᠯᠠᠨ ᠦᠢᠯᠡᠳᠬᠦ᠂ ᠬᠤᠪᠢ᠎ᠶ᠋ᠢᠨ ᠨᠢᠭᠤᠴᠠ᠎ᠶ᠋ᠢ ᠵᠠᠳᠠᠷᠠᠭᠤᠯᠬᠤ ᠵᠡᠷᠭᠡ ᠦᠢᠯᠡ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠭᠦᠨ᠎ᠡ᠃
ᠭᠤᠷᠪᠠᠳᠤᠭᠠᠷ ᠬᠡᠰᠡᠭ ᠳ᠋ᠢᠵᠢᠲ᠋ᠠᠯ ᠣᠶᠤᠯᠢᠭ᠎ᠤᠨ ᠬᠦᠷᠢᠶᠡᠨ᠎ᠳᠠᠬᠢ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠥᠷᠭᠡᠳᠭᠡᠨ᠎ᠡ
ᠪᠦᠬᠦ᠌ ᠪᠥᠮᠪᠥᠷᠴᠡᠭ᠎ᠤᠨ ᠳ᠋ᠢᠵᠢᠲ᠋ᠠᠯ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠴᠠᠭᠠᠨ᠎ᠤ ᠲᠣᠣᠷ᠎ᠢ ᠪᠠᠢᠭᠤᠯᠵᠤ᠂ ᠡᠯᠧᠺᠲᠷᠣᠨ ᠬᠤᠳᠠᠯᠳᠤᠭᠠᠨ᠎ᠤ ᠶᠠᠪᠤᠳᠠᠯ᠂ ᠳ᠋ᠢᠵᠢᠲ᠋ᠠᠯ ᠲᠣᠭᠠᠴᠠᠭ᠎ᠠ᠂ ᠤᠶᠤᠨᠴᠢ ᠬᠤᠲᠠ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠬᠢᠯᠢ᠎ᠶ᠋ᠢᠨ ᠭᠠᠳᠠᠨᠠᠬᠢ ᠪᠤᠳᠤᠬᠤ ᠬᠦᠴᠦᠨ᠎ᠤ ᠳᠥᠬᠦᠭᠡᠷᠦᠮᠵᠢ᠂ ᠳ᠋ᠠᠢᠲ᠋ᠠ᠎ᠶ᠋ᠢᠨ ᠬᠢᠯᠢ ᠠᠯᠤᠰᠯᠠᠭ᠍ᠰᠠᠨ ᠱᠢᠯᠵᠢᠮᠡᠯ ᠦᠢᠯᠡᠴᠢᠯᠡᠭᠡᠨ᠎ᠤ ᠰᠠᠭᠤᠷᠢ ᠳᠥᠬᠦᠭᠡᠷᠦᠮᠵᠢ᠎ᠶ᠋ᠢ ᠬᠠᠢᠨ ᠰᠦᠪᠡᠭ᠌ᠴᠢᠯᠡᠨ ᠪᠠᠢᠭᠤᠯᠤᠨ᠎ᠠ᠃ ᠵᠣᠬᠢᠶᠠᠮᠠᠯ ᠣᠶᠤᠯᠢᠭ᠂ ᠳ᠋ᠢᠵᠢᠲ᠋ᠠᠯ ᠵᠣᠭᠤᠰ᠂ ᠳ᠋ᠠᠢᠲ᠋ᠠ᠎ᠶ᠋ᠢᠨ ᠬᠢᠯᠢ ᠠᠯᠤᠰᠯᠠᠨ ᠱᠢᠯᠵᠢᠬᠦ᠌ ᠵᠡᠷᠭᠡ ᠬᠦᠷᠢᠶᠡᠨ᠎ᠳᠠᠬᠢ ᠣᠯᠠᠨ ᠤᠯᠤᠰ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠳ᠋ᠠᠢᠲ᠋ᠠ᠎ᠶ᠋ᠢᠨ ᠠᠮᠤᠷ ᠲᠦᠪᠱᠢᠨ᠂ ᠬᠤᠪᠢ᠎ᠶ᠋ᠢᠨ ᠨᠢᠭᠤᠴᠠ᠎ᠶ᠋ᠢ ᠬᠠᠮᠠᠭᠠᠯᠠᠬᠤ᠂ ᠬᠢᠯᠢ ᠠᠯᠤᠰᠯᠠᠭ᠍ᠰᠠᠨ ᠬᠠᠤᠯᠢ ᠬᠡᠷᠡᠭ᠌ᠵᠢᠭᠦᠯᠬᠦ᠌ ᠬᠠᠮᠵᠢᠯᠴᠠᠭ᠎ᠠ ᠵᠡᠷᠭᠡ ᠲᠠᠯ᠎ᠠ᠎ᠪᠠᠷ ᠨᠡᠩ ᠤᠯᠠᠨ ᠬᠠᠮᠲᠤ᠎ᠶ᠋ᠢᠨ ᠲᠠᠨᠢᠯᠲᠠ᠎ᠶ᠋ᠢ ᠪᠣᠢ ᠪᠤᠯᠭᠠᠵᠤ᠂ ᠤᠯᠠᠨ ᠤᠯᠤᠰ᠎ᠤᠨ ᠬᠠᠤᠯᠢ ᠪᠠᠷᠢᠯᠲᠠ᠎ᠶ᠋ᠢᠨ ᠵᠣᠬᠢᠴᠠᠭᠤᠯᠭ᠎ᠠ ᠪᠠ ᠲᠦᠷᠢᠮᠯᠡᠯ᠎ᠤᠨ ᠬᠠᠷᠢᠯᠴᠠᠨ ᠮᠡᠳᠡᠷᠡᠬᠦ᠌ ᠶ᠋ᠢ ᠴᠢᠩᠭᠠᠳᠭᠠᠨ᠎ᠠ᠃ ᠡᠯ᠎ᠡ ᠤᠯᠤᠰ ᠥᠷᠭᠡᠨ᠎ᠢᠶᠠᠷ ᠣᠷᠣᠯᠴᠠᠭ᠍ᠰᠠᠨ ᠵᠣᠬᠢᠶᠠᠮᠠᠯ ᠣᠶᠤᠯᠢᠭ ᠤᠨ ᠵᠠᠰᠠᠯᠲᠠ᠎ᠶ᠋ᠢᠨ ᠪᠣᠷᠣ ᠲᠥᠯᠥᠪ ᠪᠠᠢᠭᠤᠯᠬᠤ᠎ᠶ᠋ᠢ ᠠᠬᠢᠭᠤᠯᠵᠤ᠂ ᠲᠡᠭ᠌ᠰᠢ ᠡᠷᠬᠡ᠎ᠲᠠᠢ᠂ ᠬᠠᠷᠢᠯᠴᠠᠨ ᠢᠲᠡᠭᠡᠯᠴᠡᠭ᠌ᠰᠡᠨ᠂ ᠣᠯᠠᠨ ᠡᠱᠢᠵᠢᠭ᠌ᠰᠡᠨ᠂ ᠬᠠᠮᠲᠤ᠎ᠪᠠᠷ ᠠᠱᠢᠭ ᠭᠥᠷᠳᠡᠭ᠌ᠰᠡᠨ ᠪᠥᠬᠦ᠌ ᠪᠥᠮᠪᠥᠷᠴᠡᠭ᠎ᠤᠨ ᠵᠣᠬᠢᠶᠠᠮᠠᠯ ᠣᠶᠤᠯᠢᠭ᠎ᠤᠨ ᠨᠡᠭᠡᠭᠡᠯᠲᠡᠲᠦ ᠠᠮᠢ ᠠᠬᠤᠶ᠎ᠶ᠋ᠢ ᠬᠠᠮᠲᠤ᠎ᠪᠠᠷ ᠪᠠᠢᠭᠤᠯᠵᠤ᠂ ᠪᠥᠬᠦ᠌ ᠪᠥᠮᠪᠥᠷᠴᠡᠭ᠎ᠤᠨ ᠬᠥᠭ᠌ᠵᠢᠵᠦ᠍ ᠪᠠᠢᠭ᠎ᠠ ᠤᠯᠤᠰ᠎ᠤᠳ᠎ᠤᠨ ᠵᠣᠬᠢᠶᠠᠮᠠᠯ ᠣᠶᠤᠯᠢᠭ᠎ᠤᠨ ᠴᠢᠳᠠᠪᠤᠷᠢ᠎ᠶ᠋ᠢᠨ ᠪᠠᠢᠭᠤᠯᠤᠯᠲᠠ᠎ᠪᠠᠨ ᠴᠢᠩᠭᠠᠳᠭᠠᠬᠤ᠎ᠶ᠋ᠢ ᠳᠡᠮᠵᠢᠨ᠎ᠡ᠃
ᠲᠠᠪᠤᠳᠤᠭᠠᠷ ᠠᠩᠬᠢ ᠬᠦᠴᠦᠷᠬᠡᠭ ᠶᠡᠭᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠦᠳᠦᠭᠡᠨ ᠪᠠᠢᠭᠤᠯᠵᠤ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠠᠢᠭᠤᠯᠤᠨ᠎ᠠ
ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠡᠨᠡ ᠬᠦ᠌ ᠪᠠᠢᠯᠳᠤᠬᠤ ᠪᠣᠳᠣᠯᠭ᠎ᠠ᠎ᠶ᠋ᠢᠨ ᠰᠠᠭᠤᠷᠢ ᠴᠡᠭ᠎ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ ᠶ᠋ᠢ ᠠᠬᠢᠭᠤᠯᠬᠤ᠂ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠤ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠱᠢᠨ᠎ᠡ ᠬᠡᠷᠡᠭ᠌ᠴᠡᠭᠡ᠎ᠪᠠᠷ ᠱᠢᠨ᠎ᠡ ᠬᠠᠩᠭᠠᠯᠭ᠎ᠠ ᠶ᠋ᠢ ᠬᠥᠲᠥᠯᠥᠨ ᠳᠠᠭᠠᠭᠤᠯᠵᠤ᠂ ᠱᠢᠨ᠎ᠡ ᠬᠠᠩᠭᠠᠯᠭ᠎ᠠ᠎ᠪᠠᠷ ᠱᠢᠨ᠎ᠡ ᠬᠡᠷᠡᠭ᠌ᠴᠡᠭᠡ᠎ᠶ᠋ᠢ ᠡᠭᠦᠳᠦᠨ᠂ ᠬᠡᠷᠡᠭ᠌ᠯᠡᠭᠡ ᠪᠠ ᠪᠡᠯᠡ ᠣᠷᠣᠭᠤᠯᠤᠯᠲᠠ᠂ ᠬᠠᠩᠭᠠᠯᠭ᠎ᠠ ᠪᠠ ᠬᠡᠷᠡᠭ᠌ᠴᠡᠭᠡ᠎ᠶ᠋ᠢᠨ ᠰᠠᠢᠨ ᠨᠥᠬᠦᠴᠡᠯᠳᠦᠯ᠎ᠢ ᠠᠬᠢᠭᠤᠯᠵᠤ᠂ ᠬᠠᠩᠭᠠᠯᠭ᠎ᠠ ᠬᠡᠷᠡᠭ᠌ᠴᠡᠭᠡ᠎ᠶ᠋ᠢᠨ ᠨᠠᠩ ᠥᠨᠳᠥᠷ ᠲᠦᠪᠱᠢᠨ ᠪᠦᠬᠦᠢ ᠬᠥᠳᠡᠯᠦᠩᠭᠦᠶ ᠲᠡᠩᠴᠡᠭᠦᠷᠢ᠎ᠶ᠋ᠢ ᠪᠡᠶᠡᠯᠡᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠤᠨ ᠳᠣᠲᠣᠭᠠᠳᠤ ᠬᠥᠳᠡᠯᠭᠡᠭ᠌ᠴᠢ ᠬᠦᠴᠦᠨ ᠪᠠ ᠨᠠᠢᠳᠠᠪᠤᠷᠢᠲᠤ ᠴᠢᠨᠠᠷ᠎ᠢ ᠴᠢᠩᠭᠠᠳᠭᠠᠨ᠎ᠠ᠃
ᠠᠷᠪᠠᠨ ᠲᠠᠪᠤᠳᠤᠭᠠᠷ ᠪᠦᠯᠦᠭ ᠬᠡᠷᠡᠭ᠌ᠯᠡᠭᠡ᠎ᠶ᠋ᠢ ᠶᠡᠭᠡ᠎ᠪᠠᠷ ᠬᠥᠭ᠌ᠵᠢᠭᠡᠨ᠎ᠡ
ᠬᠡᠷᠡᠭ᠌ᠯᠡᠭᠡ ᠶ᠋ᠢ ᠬᠥᠭ᠌ᠵᠢᠭᠡᠬᠦ᠌ ᠲᠤᠰᠭᠠᠶ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠬᠦᠯᠵᠦ᠍᠂ ᠬᠡᠷᠡᠭ᠌ᠯᠡᠭᠡᠨ᠎ᠤ ᠬᠦᠰᠡᠯ᠎ᠢ ᠰᠠᠢᠵᠢᠷᠠᠭᠤᠯᠵᠤ᠂ ᠠᠳᠠᠯᠢ ᠪᠤᠰᠤ ᠬᠠᠮᠲᠤᠯᠢᠭ᠎ᠤᠨ ᠬᠡᠷᠡᠭ᠌ᠯᠡᠭᠡᠨ᠎ᠤ ᠬᠡᠷᠡᠭ᠌ᠴᠡᠭᠡ᠎ᠳᠤ ᠵᠣᠬᠢᠴᠠᠭᠤᠯᠤᠨ ᠴᠢᠨᠠᠷ ᠰᠠᠢᠲᠠᠶ ᠬᠠᠩᠭᠠᠯᠭ᠎ᠠ᠎ᠶ᠋ᠢ ᠥᠷᠭᠡᠳᠭᠡᠵᠦ᠍᠂ ᠪᠦᠬᠦ᠌ ᠨᠡᠢᠭᠡᠮ᠎ᠤᠨ ᠲᠠᠸᠠᠷ ᠪᠠ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠨᠡᠯᠢᠶᠡᠳ ᠲᠦᠷᠭᠡᠨ ᠨᠡᠮᠡᠭ᠌ᠳᠡᠯ᠎ᠢ ᠠᠬᠢᠭᠤᠯᠤᠨ᠎ᠠ᠃
ᠨᠢᠭᠡᠳᠦᠭᠡᠷ ᠬᠡᠰᠡᠭ ᠰᠠᠭᠤᠭᠠᠯᠢ ᠠᠷᠠᠳ᠎ᠤᠨ ᠬᠡᠷᠡᠭ᠌ᠯᠡᠭᠡᠨ ᠤ ᠰᠠᠭᠤᠷᠢ᠎ᠶ᠋ᠢ ᠪᠠᠬᠢᠵᠢᠭᠦᠯᠦᠨ᠎ᠡ
ᠠᠵᠢᠯ ᠣᠯᠭᠤᠯᠲᠠ ᠶ᠋ᠢ ᠠᠬᠢᠭᠤᠯᠬᠤ᠂ ᠣᠷᠣᠯᠭ᠎ᠠ ᠶ᠋ᠢ ᠨᠡᠮᠡᠭ᠌ᠳᠡᠭᠦᠯᠬᠦ᠂ ᠵᠢᠱ᠌ᠢᠯᠲᠡ᠎ᠶ᠋ᠢ ᠲᠣᠭ᠍ᠲᠠᠭᠤᠨ ᠪᠠᠢᠯᠭᠠᠬᠤ ᠶ᠋ᠢ ᠨᠢᠭᠡᠳᠦᠯᠲᠡᠶ ᠲᠥᠯᠥᠪᠯᠡᠵᠦ᠍᠂ ᠰᠠᠭᠤᠭᠠᠯᠢ ᠠᠷᠠᠳ ᠤᠨ ᠬᠡᠷᠡᠭ᠌ᠯᠡᠭᠡ᠎ᠶ᠋ᠢ ᠥᠷᠭᠡᠳᠭᠡᠬᠦ᠌ ᠤᠷᠳᠤ ᠬᠤᠭᠤᠴᠠᠭᠠᠨ ᠤ ᠪᠦᠲᠦᠮᠵᠢᠲᠡᠶ ᠲᠣᠭ᠍ᠲᠠᠴᠠ᠎ᠶ᠋ᠢ ᠲᠦᠷᠭᠡᠯᠡᠨ ᠪᠤᠢ ᠪᠣᠯᠭᠠᠨ᠎ᠠ᠃ ᠠᠵᠢᠯ ᠣᠯᠭᠤᠯᠲᠠ ᠶ᠋ᠢᠨ ᠪᠠᠭ᠍ᠲᠠᠭᠠᠮᠵᠢ ᠶ᠋ᠢ ᠲᠣᠭ᠍ᠲᠠᠪᠤᠷᠢᠵᠢᠭᠤᠯᠤᠨ ᠥᠷᠭᠡᠳᠭᠡᠵᠦ᠍᠂ ᠠᠵᠤ ᠠᠬᠤᠢᠯᠠᠯ᠎ᠤᠨ ᠠᠵᠢᠯ᠎ᠤᠨ ᠪᠠᠢᠷᠢ ᠶ᠋ᠢ ᠲᠣᠭ᠍ᠲᠠᠪᠤᠷᠢᠵᠢᠭᠤᠯᠤᠨ ᠠᠵᠢᠯ᠎ᠤᠨ ᠪᠠᠢᠷᠢ ᠶ᠋ᠢ ᠥᠷᠭᠡᠳᠭᠡᠬᠦ᠌ ᠪᠠ ᠬᠤᠪᠢ ᠬᠥᠮᠦᠨ᠎ᠤ ᠠᠳᠠᠯ ᠦᠢᠯᠡᠰ ᠴᠣᠭ᠍ᠴᠠᠯᠠᠨ ᠠᠵᠢᠯ ᠣᠯᠬᠤ᠎ᠶ᠋ᠢ ᠳᠡᠮᠵᠢᠵᠦ᠍᠂ ᠱᠢᠨ᠎ᠡ ᠠᠵᠢᠯ ᠮᠡᠷᠭᠡᠵᠢᠯ ᠱᠢᠨ᠎ᠡ ᠠᠵᠢᠯ᠎ᠤᠨ ᠪᠠᠢᠷᠢ᠎ᠶ᠋ᠢ ᠢᠳᠡᠪᠬᠢᠲᠡᠶ ᠪᠤᠢᠵᠢᠭᠤᠯᠵᠤ᠂ ᠳ᠋ᠢᠵᠢᠲ᠋ᠠᠯ ᠠᠵᠤ ᠠᠬᠤᠢ᠂ ᠨᠣᠭᠤᠭᠠᠨ ᠠᠵᠤ ᠠᠬᠤᠢ᠂ ᠪᠤᠭᠤᠷᠤᠯᠴᠤᠳ᠎ᠤᠨ ᠠᠵᠤ ᠠᠬᠤᠢ ᠵᠡᠷᠭᠡ ᠠᠵᠢᠯ ᠣᠯᠭᠤᠯᠲᠠ᠎ᠶ᠋ᠢᠨ ᠱᠢᠨ᠎ᠡ ᠣᠷᠣᠨ ᠵᠠᠢ᠎ᠶ᠋ᠢ ᠥᠷᠭᠡᠳᠭᠡᠨ᠎ᠡ᠃ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠶᠡᠭᠡ᠎ᠪᠠᠷ ᠠᠬᠢᠭᠤᠯᠵᠤ᠂ ᠨᠠᠭᠠᠳᠤ ᠵᠠᠬ᠎ᠠ᠎ᠶ᠋ᠢᠨ ᠴᠠᠯᠢᠩ᠎ᠤᠨ ᠪᠠᠷᠢᠮᠵᠢᠶ᠎ᠠ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠵᠦ᠍᠂ ᠵᠢᠵᠢᠭ ᠪᠢᠴᠢᠯ ᠠᠵᠤ ᠠᠬᠤᠢᠯᠠᠯ ᠪᠣᠯᠤᠨ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠶ᠋ᠢᠨ ᠡᠵᠡᠩᠨᠡᠯᠲᠡ᠎ᠶ᠋ᠢᠨ ᠣᠷᠴᠢᠨ ᠨᠥᠬᠦᠴᠡᠯ᠎ᠢ ᠦᠷᠭᠦᠯᠵᠢᠯᠡᠨ ᠰᠠᠢᠵᠢᠷᠠᠭᠤᠯᠵᠤ᠂ ᠲᠠᠸᠠᠷ ᠤᠨ ᠪᠠᠢᠱᠢᠩ᠎ᠤᠨ ᠵᠠᠬ᠎ᠠ ᠳᠡᠯᠭᠡᠭᠦᠷ ᠰᠲ᠋ᠣᠺ᠎ᠤᠨ ᠵᠠᠬ᠎ᠠ ᠳᠡᠯᠭᠡᠭᠦᠷ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃ ᠨᠡᠢᠭᠡᠮ᠎ᠤᠨ ᠪᠠᠲᠤᠯᠠᠭ᠎ᠠ᠎ᠶ᠋ᠢᠨ ᠲᠣᠣᠷ᠎ᠢ ᠨᠢᠭ᠍ᠲᠠ ᠪᠥᠭᠡᠳ ᠪᠠᠬᠢ ᠰᠦᠯᠵᠢᠵᠦ᠍᠂ ᠠᠮᠢᠳᠤᠯᠢᠭ᠎ᠢᠶᠠᠷ ᠠᠵᠢᠯ ᠣᠯᠤᠭ᠍ᠰᠠᠳ᠂ ᠱᠢᠨ᠎ᠡ ᠬᠡᠯᠪᠡᠷᠢ ᠪᠠᠢᠳᠠᠯ᠎ᠢᠶᠠᠷ ᠠᠵᠢᠯ ᠣᠯᠣᠭ᠍ᠰᠠᠳ᠎ᠤᠨ ᠠᠵᠢᠯᠲᠠᠨ ᠠᠵᠢᠯᠴᠢᠨ᠎ᠤ ᠳᠠᠭᠠᠳᠭᠠᠯ᠎ᠳᠤ ᠣᠷᠣᠯᠴᠠᠬᠤ᠎ᠶ᠋ᠢ ᠵᠣᠷᠢᠬ᠍ᠵᠢᠭᠤᠯᠤᠨ ᠳᠠᠮᠵᠢᠵᠤ᠂ ᠬᠥᠮᠦᠨ ᠳᠤᠮᠳᠠᠴᠢ᠎ᠶ᠋ᠢᠨ ᠬᠡᠷᠡᠭ᠌ᠯᠡᠭᠡᠨ᠎ᠤ ᠵᠠᠷᠤᠯᠭᠠᠯᠤᠭᠠ ᠬᠤᠯᠪᠣᠭ᠍ᠳᠠᠭᠤᠯᠤᠭ᠍ᠰᠠᠨ ᠨᠠᠭᠠᠳᠤ ᠵᠠᠬ᠎ᠠ᠎ᠶ᠋ᠢᠨ ᠠᠮᠢᠳᠤᠷᠠᠯ ᠤᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠬᠥᠳᠡᠯᠦᠩᠭᠦᠶ᠎ᠪᠠᠷ ᠲᠣᠬᠢᠷᠠᠭᠤᠯᠬᠤ ᠲᠣᠭ᠍ᠲᠠᠴᠠ ᠶ᠋ᠢ ᠵᠢᠷᠤᠮᠵᠢᠭᠤᠯᠤᠨ ᠲᠡᠭᠦᠯᠳᠡᠷᠵᠢᠭᠦᠯᠵᠦ᠍᠂ ᠵᠠᠰᠠᠭ᠎ᠤᠨ ᠣᠷᠳᠣᠨ᠎ᠤ ᠪᠡᠯᠡ ᠮᠥᠩᠭᠦ᠎ᠶ᠋ᠢᠨ ᠠᠷᠠᠳ ᠤᠨ ᠠᠮᠢᠳᠤᠷᠠᠯ ᠤᠨ ᠪᠠᠲᠤᠯᠠᠭ᠎ᠠ᠎ᠳᠤ ᠬᠡᠷᠡᠭ᠌ᠯᠡᠬᠦ᠌ ᠵᠠᠷᠤᠯᠭ᠎ᠠ᠎ᠶ᠋ᠢ ᠨᠡᠮᠡᠭ᠌ᠳᠡᠭᠦᠯᠦᠨ᠎ᠡ᠃
ᠬᠤᠶᠠᠳᠤᠭᠠᠷ ᠬᠡᠰᠡᠭ ᠦᠢᠯᠡᠴᠢᠯᠡᠭᠡᠨ᠎ᠤ ᠬᠡᠷᠡᠭ᠌ᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠤᠨ᠎ᠠ
ᠣᠷᠣᠬᠤ ᠵᠥᠪᠱᠢᠶᠡᠷᠡᠯ ᠢ ᠠᠭᠤᠵᠢᠭᠤ ᠪᠣᠯᠭᠠᠬᠤ᠂ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠠᠭᠤᠰᠤᠯᠴᠠᠭᠤᠯᠬᠤ ᠪᠠᠷ ᠭᠤᠣᠯᠳᠠᠯᠭ᠎ᠠ ᠪᠣᠯᠭᠠᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠥᠷᠭᠡᠳᠭᠡᠵᠦ᠍᠂ ᠦᠢᠯᠡᠴᠢᠯᠡᠭᠡᠨ ᠤ ᠬᠡᠷᠡᠭ᠌ᠯᠡᠭᠡᠨ ᠤ ᠱᠢᠨ᠎ᠡ ᠨᠡᠮᠡᠭ᠌ᠳᠡᠯ ᠤᠨ ᠴᠡᠭ ᠢ ᠪᠤᠢᠵᠢᠭᠤᠯᠤᠨ᠎ᠠ᠃ ᠠᠮᠢᠳᠤᠷᠠᠯ ᠤᠨ ᠦᠢᠯᠡᠴᠢᠯᠡᠭᠡᠨ ᠤ ᠬᠡᠷᠡᠭ᠌ᠯᠡᠭᠡᠨ᠎ᠤ ᠲᠦᠳᠡᠴᠢᠯᠡᠭ᠌ᠰᠡᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠨᠡᠢᠭᠡᠮ ᠲᠣᠭᠤᠷᠢᠭ ᠤᠨ ᠱᠢᠭᠢᠳᠭᠡᠯ᠎ᠲᠦ ᠮᠠᠶᠢᠭ᠎ᠤᠨ ᠦᠢᠯᠡᠴᠢᠯᠡᠭᠡ ᠪᠣᠯᠤᠨ ᠨᠢᠭᠡ ᠮᠥᠴᠡ᠎ᠶ᠋ᠢᠨ ᠵᠠᠢ ᠳᠠᠬᠢ ᠠᠷᠠᠳ᠎ᠲᠤ ᠳᠥᠭᠦᠮ ᠦᠵᠡᠭᠦᠯᠬᠦ᠌ ᠠᠮᠢᠳᠤᠷᠠᠯ᠎ᠤᠨ ᠲᠣᠭᠤᠷᠢᠭ᠎ᠢ ᠬᠥᠭ᠌ᠵᠢᠭᠦᠯᠵᠦ᠍᠂ ᠤᠯᠠᠮᠵᠢᠯᠠᠯᠲᠤ ᠬᠤᠳᠠᠯᠳᠤᠭᠠᠨ᠎ᠤ ᠲᠣᠭᠤᠷᠢᠭ᠎ᠢ ᠱᠢᠨᠡᠳᠭᠡᠬᠦ᠌᠎ᠶ᠋ᠢ ᠠᠬᠢᠭᠤᠯᠵᠤ᠂ ᠨᠠᠰᠤᠵᠢᠯ ᠤᠨ ᠠᠰᠠᠷᠠᠮᠵᠢ᠂ ᠨᠠᠢᠳᠠᠨ ᠬᠥᠮᠥᠵᠢᠭᠦᠯᠬᠦ᠂ ᠬᠡᠷ ᠠᠬᠤᠶ ᠵᠡᠷᠭᠡ ᠬᠦᠷᠢᠶᠡᠨ᠎ᠳᠠᠬᠢ ᠦᠢᠯᠡᠴᠢᠯᠡᠭᠡᠨ᠎ᠤ ᠬᠡᠷᠡᠭ᠌ᠯᠡᠭᠡᠨ᠎ᠤ ᠪᠡᠶᠡᠴᠢᠯᠡᠨ ᠣᠢ᠌ᠯᠠᠭᠠᠯᠲᠠ᠎ᠶ᠋ᠢ ᠱᠢᠯᠢᠳᠡᠭ᠌ᠵᠢᠭᠦᠯᠦᠨ᠎ᠡ᠃ ᠬᠥᠭ᠌ᠵᠢᠯᠲᠡ᠎ᠶ᠋ᠢᠨ ᠬᠡᠯᠪᠡᠷᠢ᠎ᠶ᠋ᠢᠨ ᠬᠡᠷᠡᠭ᠌ᠯᠡᠭᠡᠨ᠎ᠤ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠵᠦ᠍᠂ ᠣᠯᠠᠨ ᠶᠠᠩᠵᠤᠴᠢᠯᠠᠭ᠍ᠰᠠᠨ ᠥᠪᠡᠷᠮᠢᠴᠡᠴᠢᠯᠡᠭ᠌ᠰᠡᠨ ᠦᠢᠯᠡᠴᠢᠯᠡᠭᠡᠨ᠎ᠤ ᠬᠡᠷᠡᠭ᠌ᠴᠡᠭᠡ᠎ᠳᠤ ᠵᠣᠬᠢᠴᠠᠭᠤᠯᠵᠤ᠂ ᠰᠤᠷᠭᠠᠨ ᠬᠥᠮᠦᠵᠢᠯ ᠪᠠ ᠪᠣᠯᠪᠠᠰᠤᠷᠠᠭᠤᠯᠤᠯ᠎ᠤᠨ ᠬᠡᠷᠡᠭ᠌ᠯᠡᠭᠡ᠎ᠶ᠋ᠢ ᠵᠢᠷᠤᠮᠵᠢᠭᠤᠯᠤᠨ ᠬᠥᠭ᠌ᠵᠢᠭᠦᠯᠵᠦ᠍᠂ ᠡᠷᠡᠭᠦᠯ ᠮᠡᠨᠳᠦ᠍ ᠶ᠋ᠢᠨ ᠬᠡᠷᠡᠭ᠌ᠯᠡᠭᠡ ᠶ᠋ᠢ ᠪᠤᠢᠵᠢᠭᠤᠯᠤᠨ ᠪᠤᠵᠠᠭᠠᠢᠷᠠᠭᠤᠯᠵᠤ᠂ ᠤᠯᠠᠨ ᠤᠯᠤᠰ᠎ᠤᠨ ᠴᠢᠨᠠᠷ ᠰᠠᠢᠲᠠᠶ ᠦᠢᠯᠡᠴᠢᠯᠡᠭᠡᠨ᠎ᠤ ᠡᠬᠢ ᠪᠠᠶᠠᠯᠢᠭ᠎ᠢ ᠢᠳᠡᠪᠬᠢᠲᠡᠶ ᠣᠷᠣᠭᠤᠯᠤᠨ ᠠᠪᠴᠢᠷᠠᠨ᠎ᠠ᠃ ᠰᠠᠢᠵᠢᠷᠠᠭᠤᠯᠬᠤ ᠬᠡᠯᠪᠡᠷᠢ᠎ᠶ᠋ᠢᠨ ᠬᠡᠷᠡᠭ᠌ᠯᠡᠭᠡᠨ᠎ᠤ ᠠᠮᠢᠵᠢᠷᠠᠯ ᠤᠨ ᠬᠦᠴᠦᠨ᠎ᠢ ᠬᠥᠭ᠌ᠵᠢᠭᠡᠵᠦ᠍᠂ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠬᠡᠷᠡᠭ᠌ᠯᠡᠭᠡ᠎ᠶ᠋ᠢ ᠥᠷᠭᠡᠳᠭᠡᠵᠦ᠍᠂ ᠡᠵᠡᠩᠨᠡᠯᠲᠡ᠎ᠶ᠋ᠢᠨ ᠴᠢᠨᠠᠷᠲᠠᠶ ᠲᠣᠭ᠍ᠯᠠᠯᠲᠠ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠬᠢᠨᠠᠨ ᠵᠥᠪᠱᠢᠶᠡᠷᠡᠬᠦ᠌ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠵᠦ᠍᠂ ᠮᠥᠰᠥ᠍ ᠴᠠᠰᠤᠨ᠎ᠤ ᠵᠢᠭᠤᠯᠴᠢᠯᠠᠯ᠎ᠢ ᠳᠡᠭᠡᠭ᠌ᠰᠢᠯᠡᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠱᠢᠤᠳᠠᠨ᠎ᠤ ᠬᠥᠯᠭᠡ ᠣᠩᠭᠤᠴᠠ ᠵᠢᠭᠤᠯᠴᠢᠯᠠᠯ᠎ᠤᠨ ᠣᠩᠭᠤᠴᠠ᠂ ᠭᠡᠷ᠎ᠲᠦ ᠲᠡᠷᠭᠡ ᠬᠡᠭᠡᠷ᠎ᠡ ᠪᠠᠭᠤᠳᠠᠯᠯᠠᠬᠤ ᠵᠡᠷᠭᠡ ᠰᠡᠯᠡᠭᠦᠴᠡᠯ᠎ᠤᠨ ᠬᠡᠷᠡᠭ᠌ᠯᠡᠭᠡ᠎ᠶ᠋ᠢ ᠬᠥᠭ᠌ᠵᠢᠭᠦᠯᠵᠦ᠍᠂ ᠳᠣᠣᠷ᠎ᠠ ᠠᠭᠠᠷ᠎ᠤᠨ ᠬᠡᠷᠡᠭ᠌ᠯᠡᠭᠡ᠎ᠶ᠋ᠢ ᠢᠳᠡᠪᠬᠢᠲᠡᠶ ᠥᠷᠭᠡᠳᠭᠡᠨ᠎ᠡ᠃ ᠬᠤᠳᠠᠯᠳᠤᠭ᠎ᠠ ᠵᠢᠭᠤᠯᠴᠢᠯᠠᠯ ᠰᠣᠶᠣᠯ ᠪᠡᠶ᠎ᠡ᠎ᠶ᠋ᠢᠨ ᠲᠠᠮᠢᠷ ᠡᠷᠡᠭᠦᠯ ᠮᠡᠨᠳᠦ᠍᠎ᠶ᠋ᠢᠨ ᠠᠭᠤᠰᠤᠯᠴᠠᠯ᠎ᠢ ᠭᠦᠨᠵᠡᠭᠡᠢᠷᠡᠭᠦᠯᠵᠦ᠍᠂ ᠨᠢᠭᠡ ᠪᠦᠯᠦᠭ ᠭᠦᠨ ᠮᠡᠳᠡᠷᠡᠮᠵᠢ ᠬᠦᠷᠲᠡᠭᠡᠬᠦ᠌ ᠮᠠᠶᠢᠭ᠎ᠤᠨ ᠦᠢᠯᠡᠳᠦᠯᠴᠡᠬᠦ᠌ ᠮᠠᠶᠢᠭ᠎ᠤᠨ ᠬᠡᠷᠡᠭ᠌ᠯᠡᠭᠡᠨ᠎ᠤ ᠱᠢᠨ᠎ᠡ ᠠᠬᠤᠢ ᠪᠠᠢᠳᠠᠯ᠎ᠢ ᠪᠤᠢ ᠪᠣᠯᠭᠠᠨ᠎ᠠ᠃
ᠭᠤᠷᠪᠠᠳᠤᠭᠠᠷ ᠬᠡᠰᠡᠭ ᠲᠠᠸᠠᠷ᠎ᠤᠨ ᠬᠡᠷᠡᠭ᠌ᠯᠡᠭᠡ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠲᠡᠰ ᠳᠡᠪᠱᠢᠬᠦᠯᠬᠦ᠌᠎ᠶ᠋ᠢ ᠠᠬᠢᠭᠤᠯᠤᠨ᠎ᠠ
ᠨᠡᠷᠡᠲᠦ ᠲᠡᠮᠳᠡᠭ᠎ᠤᠨ ᠬᠥᠲᠥᠯᠥᠨ ᠳᠠᠭᠠᠭᠤᠯᠭ᠎ᠠ᠂ ᠪᠠᠷᠢᠮᠵᠢᠶ᠎ᠠ᠎ᠶ᠋ᠢᠨ ᠳᠡᠰ ᠳᠡᠪᠱᠢᠯᠲᠡ᠂ ᠱᠢᠨ᠎ᠡ ᠮᠡᠷᠭᠡᠵᠢᠯ ᠤᠨ ᠬᠡᠷᠡᠭ᠌ᠯᠡᠯᠲᠡ᠎ᠶ᠋ᠢ ᠴᠢᠩᠭᠠᠷᠠᠭᠤᠯᠤᠨ᠂ ᠪᠥᠭᠡᠮ ᠬᠡᠷᠡᠭ᠌ᠯᠡᠭᠡ᠎ᠶ᠋ᠢ ᠲᠣᠭ᠍ᠲᠠᠪᠤᠷᠢᠵᠢᠭᠤᠯᠵᠤ᠂ ᠬᠡᠷᠡᠭ᠌ᠯᠡᠭᠡᠨ᠎ᠤ ᠵᠦᠢᠯ᠎ᠤᠨ ᠱᠢᠨᠡᠳᠦᠨ ᠰᠣᠯᠢᠭ᠍ᠳᠠᠬᠤ᠎ᠶ᠋ᠢ ᠠᠬᠢᠭᠤᠯᠵᠤ᠂ ᠤᠯᠠᠨ ᠲᠡᠰ ᠳᠠᠪᠬᠤᠷᠭ᠎ᠠ᠎ᠶ᠋ᠢᠨ ᠬᠡᠷᠡᠭ᠌ᠯᠡᠭᠡᠨ᠎ᠤ ᠵᠦᠢᠯ᠎ᠤᠨ ᠬᠡᠷᠡᠭ᠌ᠴᠡᠭᠡ᠎ᠶ᠋ᠢ ᠬᠠᠩᠭᠠᠨ᠎ᠠ᠃ ᠬᠤᠲᠠ᠎ᠶ᠋ᠢᠨ ᠪᠠᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠭᠡᠷ ᠪᠠᠢᠱᠢᠩ ᠭᠠᠵᠠᠷ ᠱᠢᠷᠣᠢ᠎ᠶ᠋ᠢᠨ ᠬᠥᠷᠥᠩᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠵᠦ᠍᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠵᠢᠱ᠌ᠢᠯᠲᠡ᠎ᠶ᠋ᠢ ᠲᠣᠭ᠍ᠲᠠᠭᠤᠨ ᠪᠠᠢᠯᠭᠠᠵᠤ᠂ ᠵᠠᠢᠯᠠᠰᠢ ᠦᠭᠡᠢ ᠴᠢᠨᠠᠷᠲᠠᠢ ᠪᠠ ᠰᠠᠢᠵᠢᠷᠠᠭᠤᠯᠬᠤ ᠴᠢᠨᠠᠷᠲᠠᠶ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢᠨ ᠲᠠᠯᠳᠠ ᠬᠦᠴᠦᠨ᠎ᠢ ᠭᠦᠢᠴᠡᠳ ᠪᠠᠳᠠᠷᠠᠭᠤᠯᠵᠤ᠂ ᠬᠠᠭᠤᠴᠢᠨ ᠭᠡᠷ ᠪᠠᠢᠱᠢᠩ᠎ᠢ ᠨᠠᠰᠤᠵᠢᠭ᠍ᠰᠠᠳᠲᠤ ᠳᠣᠬᠢᠷᠠᠭᠤᠯᠤᠨ ᠥᠭᠡᠷᠡᠴᠢᠯᠡᠨ ᠵᠠᠰᠠᠬᠤ ᠪᠠ ᠤᠶᠤᠨᠴᠢᠯᠠᠨ ᠳᠡᠰ ᠳᠡᠪᠱᠢᠬᠦᠯᠬᠦ᠌᠎ᠶ᠋ᠢ ᠳᠡᠮᠵᠢᠨ᠎ᠡ᠃ ᠮᠠᠱᠢᠨ ᠲᠡᠷᠭᠡᠨ᠎ᠤ ᠬᠡᠷᠡᠭ᠌ᠯᠡᠭᠡᠨ᠎ᠤ ᠬᠤᠳᠠᠯᠳᠤᠨ ᠠᠪᠬᠤ ᠬᠠᠮᠢᠶᠠᠷᠤᠯᠲᠠ᠎ᠠᠴᠠ ᠬᠡᠷᠡᠭ᠌ᠯᠡᠬᠦ᠌ ᠬᠠᠮᠢᠶᠠᠷᠤᠯᠲᠠ ᠲᠡᠢᠰᠢ ᠱᠢᠯᠵᠢᠭᠦᠶ᠋ᠢ ᠭᠦᠨᠵᠡᠭᠡᠢᠷᠡᠭᠦᠯᠵᠦ᠍᠂ ᠴᠠᠬᠢᠯᠭᠠᠨ ᠴᠡᠨᠡᠭ᠌ᠯᠡᠬᠦ᠌ ᠪᠠ ᠴᠡᠨᠡᠭ ᠰᠣᠯᠢᠬᠤ᠂ ᠲᠡᠷᠭᠡᠨ ᠵᠣᠭ᠍ᠰᠣᠭᠠᠯ ᠵᠡᠷᠭᠡ ᠰᠠᠭᠤᠷᠢ ᠲᠥᠬᠦᠭᠡᠷᠦᠮᠵᠢ᠎ᠶ᠋ᠢ ᠲᠡᠭᠦᠯᠳᠡᠷᠵᠢᠭᠦᠯᠵᠦ᠍᠂ ᠮᠠᠱᠢᠨ ᠲᠡᠷᠭᠡ᠎ᠶ᠋ᠢ ᠥᠭᠡᠷᠡᠴᠢᠯᠡᠨ ᠤᠭ᠍ᠰᠠᠷᠠᠬᠤ᠂ ᠲᠦᠷᠢᠶᠡᠰᠦᠯᠡᠭᠦᠯᠬᠦ᠌ ᠵᠡᠷᠭᠡ ᠵᠠᠯᠭᠠᠮᠵᠢ ᠵᠠᠬ᠎ᠠ ᠳᠡᠯᠭᠡᠭᠦᠷ᠎ᠤᠨ ᠬᠡᠷᠡᠭ᠌ᠯᠡᠭᠡ᠎ᠶ᠋ᠢ ᠥᠷᠭᠡᠳᠭᠡᠨ᠎ᠡ᠃ ᠮᠠᠱᠢᠨ ᠲᠡᠷᠭᠡ᠂ ᠡᠯᠧᠺᠲᠷᠣᠨ ᠦᠢᠯᠡᠳᠬᠦᠨ᠂ ᠭᠡᠷ᠎ᠤᠨ ᠴᠠᠬᠢᠯᠭᠠᠨ ᠬᠡᠷᠡᠭ᠌ᠰᠡᠯ ᠭᠡᠷ᠎ᠤᠨ ᠡᠳ᠋ᠯᠡᠯ ᠵᠡᠷᠭᠡ᠎ᠶ᠋ᠢ ᠡᠭᠡᠭᠦᠯᠦᠨ ᠬᠤᠷᠢᠶᠠᠬᠤ ᠱᠢᠰᠲ᠋ᠧᠮ᠎ᠤᠨ ᠪᠠᠢᠭᠤᠯᠤᠯᠲᠠ᠎ᠶ᠋ᠢ ᠳᠠᠮᠵᠢᠵᠤ᠂ ᠭᠠᠷ ᠳᠠᠮᠵᠢᠭ᠍ᠰᠠᠨ ᠲᠠᠸᠠᠷ᠎ᠤᠨ ᠭᠦᠢᠯᠭᠡᠭᠡᠨ᠎ᠤ ᠡᠮᠬᠢ ᠳᠢᠭ᠌ᠯᠢᠮ᠎ᠢ ᠵᠢᠷᠤᠮᠵᠢᠭᠤᠯᠤᠨ᠎ᠠ᠃ ᠳ᠋ᠢᠵᠢᠲ᠋ᠠᠯ ᠬᠡᠷᠡᠭ᠌ᠯᠡᠭᠡ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠣᠶᠤᠯᠢᠭ ᠱᠢᠨ᠎ᠡ ᠦᠢᠯᠡᠳᠬᠦᠨ᠎ᠤ ᠬᠡᠷᠡᠭ᠌ᠯᠡᠯᠲᠡ᠎ᠶ᠋ᠢ ᠠᠬᠢᠭᠤᠯᠵᠤ᠂ ᠤᠶᠤᠯᠢᠭ ᠭᠡᠷ ᠥᠷᠥᠭᠡ᠎ᠶ᠋ᠢᠨ ᠬᠠᠷᠢᠯᠴᠠᠨ ᠬᠤᠯᠪᠣᠯᠳᠤᠵᠤ ᠨᠡᠪᠲᠡᠷᠡᠯᠴᠡᠬᠦ᠌ ᠪᠠᠷᠢᠮᠵᠢᠶ᠎ᠠ᠎ᠶ᠋ᠢ ᠲᠣᠭ᠍ᠲᠠᠭᠠᠵᠤ᠂ ᠤᠶᠠᠨᠵᠢᠭᠤᠯᠤᠭ᠍ᠰᠠᠨ ᠲᠤᠰᠭᠠᠢ ᠵᠠᠭ᠍ᠪᠤᠷᠴᠢᠯᠠᠭ᠍ᠰᠠᠨ ᠬᠡᠷᠡᠭ᠌ᠯᠡᠭᠡᠨ᠎ᠤ ᠵᠦᠢᠯ ᠤᠨ ᠦᠢᠯᠡᠳᠪᠦᠷᠢᠯᠡᠯ᠎ᠤᠨ ᠬᠡᠪ ᠵᠠᠭ᠍ᠪᠤᠷ᠎ᠢ ᠳᠡᠯᠭᠡᠷᠡᠭᠦᠯᠦᠨ᠎ᠡ᠃ ᠨᠣᠭᠤᠭᠠᠨ ᠬᠡᠷᠡᠭ᠌ᠯᠡᠭᠡ ᠶ᠋ᠢ ᠬᠥᠭ᠌ᠵᠢᠭᠦᠯᠵᠦ᠍᠂ ᠨᠣᠭᠤᠭᠠᠨ ᠪᠥᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠦᠢᠯᠡᠳᠬᠦᠨ᠎ᠢ ᠢᠳᠡᠪᠬᠢᠲᠡᠶ ᠳᠡᠯᠭᠡᠷᠡᠭᠦᠯᠦᠨ᠎ᠡ᠃ ᠳᠤᠮᠳᠠ ᠳᠡᠭᠡᠳᠦ ᠲᠡᠰ᠎ᠤᠨ ᠬᠡᠷᠡᠭ᠌ᠯᠡᠭᠡᠨ᠎ᠤ ᠱᠢᠨ᠎ᠡ ᠨᠡᠮᠡᠭ᠌ᠳᠡᠯ᠎ᠤᠨ ᠴᠡᠭ᠎ᠢ ᠪᠤᠢᠵᠢᠭᠤᠯᠵᠤ᠂ ᠤᠯᠠᠮᠵᠢᠯᠠᠯᠲᠤ ᠨᠡᠷᠡᠲᠦ ᠲᠡᠮᠳᠡᠭ᠂ ᠤᠯᠤᠰ᠎ᠤᠨ ᠰᠤᠳᠤᠨ ᠲᠠᠸᠠᠷ᠎ᠤᠨ ᠲᠦᠷᠦᠯ ᠲᠡᠮᠳᠡᠭ᠎ᠢ ᠨᠠᠷᠢᠯᠢᠬ ᠬᠢᠵᠦ᠍ ᠬᠦᠴᠦᠷᠬᠡᠭ᠌ᠵᠢᠭᠦᠯᠬᠦ᠌᠎ᠶ᠋ᠢ ᠠᠬᠢᠭᠤᠯᠵᠤ᠂ ᠬᠤᠯᠪᠤᠭ᠍ᠳᠠᠯ ᠪᠥᠬᠦᠢ ᠡᠭᠦᠰᠦᠮᠡᠯ ᠪᠥᠲᠦᠭᠡᠭ᠌ᠳᠡᠬᠦᠨᠤ ᠬᠡᠷᠡᠭ᠌ᠯᠡᠭᠡ᠎ᠶ᠋ᠢ ᠬᠥᠭ᠌ᠵᠢᠭᠦᠯᠵᠦ᠍᠂ ᠠᠩᠬ᠎ᠠ ᠲᠠᠷᠬᠠᠭᠠᠯᠲᠠ᠎ᠶ᠋ᠢᠨ ᠠᠵᠤ ᠠᠬᠤᠶ᠎ᠶ᠋ᠢ ᠢᠳᠡᠪᠬᠢᠲᠡᠶ᠎ᠪᠠᠷ ᠠᠬᠢᠭᠤᠯᠤᠨ᠎ᠠ᠃
ᠳᠥᠷᠪᠡᠳᠦᠭᠡᠷ ᠬᠡᠰᠡᠭ ᠬᠡᠷᠡᠭ᠌ᠯᠡᠭᠡᠨ ᠤ ᠣᠷᠴᠢᠨ ᠨᠥᠬᠦᠴᠡᠯ᠎ᠢ ᠦᠷᠭᠦᠯᠵᠢᠯᠡᠨ ᠰᠠᠢᠵᠢᠷᠠᠭᠤᠯᠤᠨ᠎ᠠ
ᠬᠡᠷᠡᠭ᠌ᠯᠡᠭᠡ ᠶ᠋ᠢ ᠠᠬᠢᠭᠤᠯᠬᠤ ᠲᠦᠷᠢᠮ ᠲᠣᠭ᠍ᠲᠠᠴᠠ ᠶ᠋ᠢ ᠲᠡᠭᠦᠯᠳᠡᠷᠵᠢᠭᠦᠯᠵᠦ᠍᠂ ᠬᠡᠷᠡᠭ᠌ᠯᠡᠭᠡᠨ᠎ᠤ ᠬᠦᠷᠢᠶᠡᠨ᠎ᠳᠠᠬᠢ ᠵᠦᠶ ᠵᠣᠬᠢᠰ ᠦᠭᠡᠢ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ᠎ᠶ᠋ᠢ ᠢᠯᠭᠠᠷᠠᠭᠤᠯᠵᠤ᠂ ᠬᠡᠷᠡᠭ᠌ᠯᠡᠭᠡᠨ᠎ᠤ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠬᠡᠪ ᠵᠠᠭ᠍ᠪᠤᠷ ᠱᠢᠨ᠎ᠡ ᠠᠬᠤᠢ ᠪᠠᠢᠳᠠᠯ ᠳᠤ ᠵᠣᠬᠢᠴᠠᠭ᠍ᠰᠠᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ᠃ ᠬᠡᠷᠡᠭ᠌ᠯᠡᠭ᠌ᠴᠢᠳ᠎ᠲᠤ ᠱᠢᠭᠤᠳ ᠬᠦᠷᠲᠡᠭᠡᠬᠦ᠌ ᠲᠦᠭᠡᠮᠡᠯ ᠬᠠᠷᠠᠭᠠᠯᠵᠠᠯ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠡᠷᠴᠢᠮ᠎ᠢ ᠴᠢᠩᠭᠠᠷᠠᠭᠤᠯᠵᠤ᠂ ᠬᠡᠷᠡᠭ᠌ᠯᠡᠭᠡᠨ᠎ᠤ ᠬᠦᠷᠢᠶᠡᠨ᠎ᠳᠠᠬᠢ ᠮᠥᠩᠭᠦᠨ ᠭᠦᠢᠯᠭᠡᠭᠡᠨ᠎ᠤ ᠬᠠᠩᠭᠠᠯᠭ᠎ᠠ᠎ᠶ᠋ᠢ ᠥᠷᠭᠡᠳᠭᠡᠵᠦ᠍᠂ ᠳᠠᠢᠴᠢᠯᠠᠬᠤ ᠬᠡᠪᠴᠢᠶ᠎ᠡ᠎ᠪᠠᠷ ᠥᠷᠭᠡᠨ᠂ ᠢᠯᠡᠷᠡᠭᠦᠯᠬᠦ᠌ ᠬᠡᠮᠵᠢᠶ᠎ᠡ᠎ᠪᠠᠷ ᠥᠨᠳᠥᠷ ᠨᠢᠭᠡ ᠪᠦᠯᠦᠭ ᠬᠡᠷᠡᠭ᠌ᠯᠡᠭᠡᠨ᠎ᠤ ᠱᠢᠨ᠎ᠡ ᠠᠬᠤᠢ ᠪᠠᠢᠳᠠᠯ᠎ᠢ ᠪᠤᠢ ᠪᠣᠯᠭᠠᠨ᠎ᠠ᠃ ᠬᠢᠯᠢ᠎ᠳᠤ ᠣᠷᠣᠵᠤ ᠢᠷᠡᠭᠡᠳ ᠬᠡᠷᠡᠭ᠌ᠯᠡᠭᠡ ᠬᠢᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍᠂ ᠬᠢᠯᠢ ᠠᠴᠠ ᠭᠠᠷᠬᠤ᠎ᠳᠤ ᠭᠠᠢᠯᠢ ᠪᠤᠴᠠᠭᠠᠬᠤ ᠳᠡᠯᠭᠡᠭᠦᠷ᠎ᠢ ᠳᠡᠯᠭᠡᠷᠡᠭᠦᠯᠵᠦ᠍᠂ ᠤᠯᠠᠨ ᠤᠯᠤᠰ ᠤᠨ ᠬᠡᠷᠡᠭ᠌ᠯᠡᠭᠡᠨ ᠤ ᠲᠥᠪ ᠬᠤᠳᠠ᠎ᠶ᠋ᠢ ᠪᠤᠢᠵᠢᠭᠤᠯᠵᠤ᠂ 《ᠳᠤᠮᠳᠠᠳᠤ ᠤᠯᠤᠰ ᠲᠤ ᠬᠤᠳᠠᠯᠳᠤᠨ ᠠᠪᠬᠤ》 ᠶ᠋ᠢ ᠠᠬᠢᠭᠤᠯᠤᠨ᠎ᠠ᠃ ᠠᠵᠢᠯᠲᠠᠨ ᠠᠵᠢᠯᠴᠢᠨ᠎ᠤ ᠴᠠᠯᠢᠩ᠎ᠲᠠᠢ ᠪᠠᠷ ᠠᠮᠠᠷᠠᠬᠤ ᠲᠦᠷᠢᠮ ᠢ ᠨᠠᠢᠳᠠᠪᠤᠷᠢᠵᠢᠭᠤᠯᠵᠤ᠂ ᠤᠷᠬᠢᠯ ᠴᠠᠭ᠎ᠠᠴᠠ ᠵᠠᠢᠯᠠᠵᠤ ᠠᠮᠢᠳᠤᠯᠢᠭ᠎ᠢᠶᠠᠷ ᠠᠮᠠᠷᠠᠬᠤ᠎ᠶ᠋ᠢ ᠵᠣᠷᠢᠬ᠍ᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠬᠠᠪᠤᠷ ᠨᠠᠮᠤᠷ ᠤᠨ ᠠᠮᠠᠷᠠᠯᠳᠠ᠎ᠶ᠋ᠢ ᠬᠠᠢᠨ ᠰᠦᠪᠡᠭ᠌ᠴᠢᠯᠡᠨ ᠬᠡᠷᠡᠭ᠌ᠵᠢᠭᠦᠯᠦᠨ᠎ᠡ᠃ ᠬᠡᠷᠡᠭ᠌ᠯᠡᠭ᠌ᠴᠢᠳ᠎ᠤᠨ ᠡᠷᠬᠡ ᠠᠱᠢᠭ ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠬᠡᠷᠡᠭ᠌ᠯᠡᠭ᠌ᠴᠢᠳ᠎ᠤᠨ ᠵᠠᠭᠠᠯᠳᠤᠬᠤ ᠪᠠ ᠡᠷᠬᠡ ᠠᠱᠢᠭ᠎ᠢᠶᠠᠨ ᠬᠠᠮᠠᠭᠠᠯᠠᠬᠤ ᠠᠷᠭ᠎ᠠ ᠵᠠᠮ ᠢ ᠱᠢᠯᠤᠭᠤᠳᠭᠠᠵᠤ᠂ ᠰᠦᠯᠵᠢᠶ᠎ᠡ᠎ᠪᠠᠷ ᠪᠣᠷᠣᠯᠠᠭᠤᠯᠬᠤ᠂ ᠱᠢᠭᠤᠳ ᠨᠡᠪᠲᠡᠷᠡᠭᠦᠯᠭᠡ᠎ᠪᠠᠷ ᠪᠠᠷᠠᠭ᠎ᠠ ᠪᠣᠷᠤᠯᠠᠭᠤᠯᠬᠤ ᠵᠡᠷᠭᠡ ᠡᠵᠡᠩᠨᠡᠯᠲᠡ ᠶ᠋ᠢᠨ ᠠᠵᠢᠯᠯᠠᠭ᠎ᠠ᠎ᠶ᠋ᠢ ᠵᠢᠷᠤᠮᠵᠢᠭᠤᠯᠵᠤ᠂ ᠤᠷᠢᠳᠴᠢᠯᠠᠨ ᠲᠥᠯᠥᠬᠦ᠌ ᠮᠠᠶᠢᠭ᠎ᠤᠨ ᠬᠡᠷᠡᠭ᠌ᠯᠡᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠡᠪ ᠵᠠᠭ᠍ᠪᠤᠷ᠎ᠢ ᠪᠦᠷᠢᠨᠱᠢᠭᠦᠯᠦᠨ᠎ᠡ᠃ ᠪᠥᠬᠦ᠌ ᠱᠢᠰᠲ᠋ᠧᠮ᠎ᠤᠨ ᠬᠡᠷᠡᠭ᠌ᠯᠡᠭᠡ᠎ᠶ᠋ᠢ ᠪᠦᠷᠢᠳᠭᠡᠬᠦ᠌᠎ᠶ᠋ᠢ ᠴᠢᠩᠭᠠᠳᠭᠠᠵᠤ᠂ ᠦᠢᠯᠡᠴᠢᠯᠡᠭᠡᠨ᠎ᠤ ᠬᠡᠷᠡᠭ᠌ᠯᠡᠭᠡ᠂ ᠬᠡᠷᠡᠭ᠌ᠯᠡᠭᠡ᠎ᠶ᠋ᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠬᠡᠪ ᠵᠠᠭ᠍ᠪᠤᠷ᠎ᠢ ᠪᠦᠷᠢᠳᠭᠡᠵᠦ᠍ ᠬᠢᠨᠠᠨ ᠬᠡᠮᠵᠢᠬᠦ᠌᠎ᠶ᠋ᠢ ᠱᠢᠯᠢᠳᠡᠭ᠌ᠵᠢᠭᠦᠯᠦᠨ᠎ᠡ᠃
ᠠᠷᠪᠠᠨ ᠵᠢᠷᠭᠤᠳᠤᠭᠠᠷ ᠪᠦᠯᠦᠭ ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠥᠷᠭᠡᠳᠭᠡᠨ᠎ᠡ
ᠪᠦᠲᠦᠮᠵᠢᠲᠡᠶ ᠪᠡᠯᠡ ᠣᠷᠣᠭᠤᠯᠤᠯᠲᠠ᠎ᠶ᠋ᠢᠨ ᠳᠣᠲᠣᠭᠠᠳᠤ ᠨᠡᠮᠡᠭ᠌ᠳᠡᠯ᠎ᠤᠨ ᠲᠣᠭ᠍ᠲᠠᠴᠠ᠎ᠶ᠋ᠢ ᠲᠦᠷᠭᠡᠯᠡᠨ ᠪᠠᠢᠭᠤᠯᠵᠤ᠂ ᠪᠡᠯᠡ ᠣᠷᠣᠭᠤᠯᠤᠯᠲᠠ᠎ᠶ᠋ᠢᠨ ᠵᠦᠶ ᠵᠣᠬᠢᠰᠲᠠᠶ ᠨᠡᠮᠡᠭ᠌ᠳᠡᠯ᠎ᠢ ᠪᠠᠲᠤᠯᠠᠵᠤ᠂ ᠪᠡᠯᠡ ᠣᠷᠣᠭᠤᠯᠤᠯᠲᠠ᠎ᠶ᠋ᠢᠨ ᠶᠡᠷᠦᠩᠬᠡᠶ ᠦᠷ᠎ᠡ ᠠᠱᠢᠭ ᠢ ᠳᠡᠭᠡᠭ᠌ᠰᠢᠯᠡᠭᠦᠯᠵᠦ᠍᠂ ᠤᠯᠤᠰ᠎ᠤᠨ ᠪᠠᠢᠯᠳᠤᠬᠤ ᠪᠤᠳᠤᠯᠭ᠎ᠠ ᠶ᠋ᠢ ᠲᠤᠯᠭᠠᠭᠤᠷᠢᠯᠠᠬᠤ᠂ ᠬᠠᠩᠭᠠᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠂ ᠠᠷᠠᠳ ᠤᠨ ᠠᠮᠢᠳᠤᠷᠠᠯ ᠤᠨ ᠬᠡᠷᠡᠭ᠌ᠴᠡᠭᠡ᠎ᠶ᠋ᠢ ᠬᠠᠩᠭᠠᠬᠤ᠎ᠳᠤ ᠦᠵᠡᠭᠦᠯᠬᠦ᠌ ᠪᠡᠯᠡ ᠣᠷᠣᠭᠤᠯᠤᠯᠲᠠ᠎ᠶ᠋ᠢᠨ ᠦᠢᠯᠡᠳᠦᠯ᠎ᠢ ᠨᠡᠩ ᠰᠠᠢᠨ ᠪᠠᠳᠠᠷᠠᠭᠤᠯᠤᠨ᠎ᠠ᠃
ᠨᠢᠭᠡᠳᠦᠭᠡᠷ ᠬᠡᠰᠡᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ
ᠠᠷᠠᠳ᠎ᠤᠨ ᠠᠮᠢᠳᠤᠷᠠᠯ ᠳᠤ ᠠᠱᠢᠭ ᠬᠦᠷᠲᠡᠭᠡᠬᠦ᠂ ᠳᠤᠲᠠᠭᠤᠳᠠᠯ᠎ᠢ ᠨᠥᠬᠦᠪᠥᠷᠢᠯᠡᠬᠦ᠂ ᠬᠥᠳᠡᠯᠭᠡᠭ᠌ᠴᠢ ᠡᠨᠧᠷᠭᠢ ᠶ᠋ᠢ ᠨᠡᠮᠡᠭ᠌ᠳᠡᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠎ᠡ᠃ 《ᠬᠠᠲᠠᠭᠤ ᠪᠡᠯᠡ ᠣᠷᠣᠭᠤᠯᠤᠯᠲᠠ》 ᠪᠠ 《ᠵᠥᠭᠡᠯᠡᠨ ᠪᠦᠲᠦᠭᠡᠨ ᠪᠠᠢᠭᠤᠯᠤᠯᠲᠠ》 ᠶ᠋ᠢ ᠨᠢᠭᠡᠳᠦᠯᠲᠡᠶ ᠲᠥᠯᠥᠪᠯᠡᠵᠦ᠍᠂ ᠤᠯᠤᠰ᠎ᠤᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠵᠢᠭᠦᠯᠦᠯᠲᠡ ᠪᠠ ᠭᠤᠣᠯᠳᠠᠯᠭ᠎ᠠ᠎ᠲᠠᠢ ᠬᠦᠷᠢᠶᠡᠨ᠎ᠳᠠᠬᠢ ᠠᠮᠤᠷ ᠲᠦᠪᠱᠢᠨ ᠤ ᠴᠢᠳᠠᠪᠤᠷᠢ᠎ᠶ᠋ᠢᠨ ᠲᠥᠰᠥᠯ᠎ᠤᠨ ᠪᠠᠢᠭᠤᠯᠤᠯᠲᠠ᠎ᠶ᠋ᠢ ᠴᠢᠨᠠᠷ ᠰᠠᠢᠲᠠᠶ ᠠᠬᠢᠭᠤᠯᠵᠤ᠂ ᠨᠢᠭᠡ ᠪᠦᠯᠦᠭ ᠴᠢᠬᠤᠯᠠ ᠶᠡᠭᠡ ᠪᠡᠯᠭᠡ ᠲᠡᠮᠳᠡᠭ᠎ᠤᠨ ᠴᠢᠨᠠᠷᠲᠠᠶ ᠢᠨᠵᠧᠨᠧᠷᠢᠩ᠎ᠤᠨ ᠲᠥᠰᠥᠯ᠎ᠢ ᠬᠡᠷᠡᠭ᠌ᠵᠢᠭᠦᠯᠦᠨ᠎ᠡ᠃ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠨᠡᠭᠡᠭᠡᠨ ᠬᠥᠭ᠌ᠵᠢᠭᠦᠯᠦᠯᠲᠡ ᠪᠠ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠳᠠᠬᠢ ᠪᠡᠯᠡ ᠣᠷᠣᠭᠤᠯᠤᠯᠲᠠ᠎ᠶ᠋ᠢ ᠴᠢᠩᠭᠠᠳᠭᠠᠵᠤ᠂ 《ᠨᠠᠰᠤᠲᠠᠢᠴᠤᠳ ᠪᠠ ᠬᠡᠦᠬᠡᠳ》 ᠤᠨ ᠦᠢᠯᠡᠴᠢᠯᠡᠭᠡ᠂ ᠦᠨᠳᠦᠰᠦᠨ ᠱᠠᠲᠤᠨ᠎ᠤ ᠡᠮᠨᠡᠯᠭᠡ ᠡᠷᠡᠭᠦᠯ ᠬᠠᠮᠠᠭᠠᠯᠠᠯ᠂ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠪᠠ ᠴᠢᠨᠠᠷ ᠰᠠᠢᠲᠠᠶ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠪᠠᠭ᠍ᠲᠠᠭᠠᠮᠵᠢ᠎ᠶ᠋ᠢ ᠥᠷᠭᠡᠳᠭᠡᠬᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ ᠵᠡᠷᠭᠡ ᠬᠦᠷᠢᠶᠡᠨ᠎ᠳᠤ ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠬᠡᠷᠡᠭ᠌ᠵᠢᠭᠦᠯᠵᠦ᠍᠂ ᠠᠷᠠᠳ᠎ᠤᠨ ᠠᠮᠢᠳᠤᠷᠠᠯ᠎ᠤᠨ ᠲᠥᠷᠥᠯ᠎ᠳᠠᠬᠢ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠎ᠡ᠃ ᠬᠥᠮᠦᠨ ᠠᠮᠠ᠎ᠶ᠋ᠢᠨ ᠪᠦᠲᠦᠴᠡ ᠶ᠋ᠢᠨ ᠬᠤᠪᠢᠷᠠᠯᠲᠠ ᠪᠠ ᠱᠢᠯᠵᠢᠯᠲᠡ᠎ᠶ᠋ᠢᠨ ᠬᠠᠨᠳᠤᠰᠢ᠎ᠳᠤ ᠵᠣᠬᠢᠴᠠᠭᠤᠯᠤᠨ᠂ ᠰᠠᠭᠤᠷᠢ ᠲᠥᠬᠦᠭᠡᠷᠦᠮᠵᠢ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠲᠥᠬᠦᠭᠡᠷᠦᠮᠵᠢ᠎ᠶ᠋ᠢᠨ ᠪᠠᠢᠷᠢᠯᠠᠭᠤᠯᠤᠯᠲᠠ᠎ᠶ᠋ᠢ ᠲᠡᠭᠦᠯᠳᠡᠷᠵᠢᠭᠦᠯᠦᠨ᠎ᠡ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭ᠌ᠵᠢᠯᠲᠡ᠎ᠶ᠋ᠢᠨ ᠱᠠᠭᠠᠷᠳᠠᠯᠭ᠎ᠠ᠎ᠳᠤ ᠵᠣᠬᠢᠴᠠᠭᠤᠯᠤᠨ᠂ ᠱᠢᠨ᠎ᠡ ᠬᠡᠯᠪᠡᠷᠢ᠎ᠶ᠋ᠢᠨ ᠰᠠᠭᠤᠷᠢ ᠳᠥᠬᠦᠭᠡᠷᠦᠮᠵᠢ ᠪᠣᠯᠤᠨ ᠳᠠᠯᠳᠠ ᠬᠥᠷᠥᠩᠭᠡ᠎ᠶ᠋ᠢᠨ ᠪᠡᠯᠡ ᠣᠷᠣᠭᠤᠯᠤᠯᠲᠠ ᠶ᠋ᠢ ᠢᠳᠡᠪᠬᠢᠲᠡᠶ᠎ᠪᠠᠷ ᠳᠡᠮᠵᠢᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ᠎ᠶ᠋ᠢᠨ ᠪᠦᠬᠦ᠌ ᠶᠠᠪᠤᠴᠠ ᠶ᠋ᠢᠨ ᠬᠠᠮᠢᠶᠠᠷᠤᠯᠲᠠ ᠶ᠋ᠢ ᠴᠢᠩᠭᠠᠳᠭᠠᠵᠤ᠂ ᠪᠠᠢᠯᠳᠤᠬᠤ ᠪᠣᠳᠣᠯᠭ᠎ᠠ᠎ᠶ᠋ᠢᠨ ᠲᠥᠯᠥᠪᠵᠢᠭᠦᠯᠭᠡ᠎ᠶ᠋ᠢᠨ ᠬᠥᠲᠥᠯᠥᠨ ᠳᠠᠭᠠᠭᠤᠯᠭ᠎ᠠ᠂ ᠲᠥᠰᠥᠯ᠎ᠢ ᠲᠥᠰᠦᠪᠯᠡᠨ ᠨᠥᠭᠡᠴᠡᠯᠡᠬᠦ᠌ ᠨᠣᠲᠠᠯᠠᠯᠲᠠ ᠪᠠ ᠬᠡᠷᠡᠭ᠎ᠤᠨ ᠳᠤᠮᠳᠠᠬᠢ ᠬᠢᠭᠡᠳ ᠬᠡᠷᠡᠭ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠡᠲᠦ ᠤᠷᠢᠳᠴᠢᠯᠠᠭ᠍ᠰᠠᠨ ᠪᠥᠲᠥᠭᠡᠨ ᠪᠠᠢᠭᠤᠯᠤᠯᠲᠠ ᠪᠠ ᠦᠷ᠎ᠡ ᠠᠱᠢᠭ ᠳᠣᠣᠷ᠎ᠠ ᠪᠡᠯᠡ ᠣᠷᠤᠭᠤᠯᠤᠯᠲᠠ ᠦᠷ᠎ᠡ ᠠᠱᠢᠭ ᠦᠭᠡᠢ ᠪᠠᠯᠠ ᠣᠷᠣᠭᠤᠯᠤᠯᠲᠠ᠎ᠠᠴᠠ ᠵᠠᠢᠯᠠᠰᠭᠢᠨ᠎ᠡ᠃ ᠲᠥᠪ᠎ᠤᠨ ᠪᠠ ᠣᠷᠣᠨ ᠨᠤᠲᠤᠭ᠎ᠤᠨ ᠪᠡᠯᠡ ᠣᠷᠣᠭᠤᠯᠤᠯᠲᠠ᠎ᠶ᠋ᠢᠨ ᠴᠢᠭ᠌ᠯᠡᠯ ᠪᠠ ᠭᠤᠣᠯᠳᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ᠂ ᠡᠯ᠎ᠡ ᠲᠥᠷᠥᠯ᠎ᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠰᠠᠢᠲᠤᠷ ᠬᠡᠷᠡᠭ᠌ᠯᠡᠵᠦ᠍᠂ ᠠᠵᠢᠯ᠎ᠤᠨ ᠰᠠᠭᠤᠷᠢ᠎ᠪᠠᠷ ᠨᠡᠯᠢᠶᠡᠳ ᠰᠠᠢᠨ ᠭᠠᠵᠠᠷ ᠣᠷᠣᠨ᠎ᠳᠤ ᠪᠦᠬᠦ᠌ ᠱᠢᠰᠲ᠋ᠧᠮ᠎ᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠲᠥᠯᠥᠪᠯᠡᠭᠡ᠎ᠶ᠋ᠢ ᠰᠦᠪᠡᠭ᠌ᠴᠢᠯᠡᠨ ᠨᠠᠢᠷᠠᠭᠤᠯᠤᠨ ᠵᠣᠬᠢᠶᠠᠨᠡ᠃ ᠣᠷᠣᠨ ᠨᠤᠲᠤᠭ᠎ᠤᠨ ᠵᠠᠰᠠᠭ᠎ᠤᠨ ᠤᠷᠳᠤᠨ᠎ᠤ ᠲᠤᠰᠭᠠᠶ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠤᠨ᠂ 《ᠥᠪᠡᠰᠦᠪᠡᠨ ᠬᠢᠨᠠᠵᠤ ᠥᠪᠡᠰᠥᠪᠡᠨ ᠲᠠᠷᠬᠠᠭᠠᠬᠤ》 ᠲᠣᠭ᠍ᠲᠠᠴᠠ ᠶ᠋ᠢ ᠲᠡᠭᠦᠯᠳᠡᠷᠵᠢᠭᠦᠯᠵᠦ᠍᠂ ᠲᠥᠰᠥᠯ ᠤᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠬᠤᠪᠢ᠎ᠶ᠋ᠢᠨ ᠵᠢᠩ ᠢ ᠳᠡᠭᠡᠭ᠌ᠰᠢᠯᠡᠭᠦᠯᠬᠦ᠌ ᠶ᠋ᠢᠨ ᠬᠠᠮᠲᠤ ᠠᠰᠲᠤᠨᠢ ᠵᠢᠭ᠍ᠰᠠᠭᠠᠨ᠎ᠠ᠃ ᠱᠢᠨ᠎ᠡ ᠬᠡᠯᠪᠡᠷᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷᠲᠠᠶ ᠮᠥᠩᠭᠦᠨ ᠭᠦᠢᠯᠭᠡᠭᠡᠨ᠎ᠤ ᠪᠠᠭᠠᠵᠢ᠎ᠶ᠋ᠢᠨ ᠦᠢᠯᠡᠳᠦᠯ ᠢ ᠪᠠᠳᠠᠷᠠᠭᠤᠯᠤᠨ᠎ᠠ᠃ ᠪᠡᠯᠡ ᠣᠷᠣᠭᠤᠯᠤᠯᠲᠠ᠎ᠶ᠋ᠢ ᠬᠢᠨᠠᠨ ᠵᠥᠪᠱᠢᠶᠡᠷᠡᠬᠦ᠌ ᠳᠦᠷᠢᠮ ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠶ᠋ᠢᠨ ᠲᠥᠰᠥᠯ᠎ᠢ ᠬᠢᠨᠠᠨ ᠵᠥᠪᠱᠢᠶᠡᠷᠡᠬᠦ᠌ ᠡᠷᠬᠡ᠎ᠶ᠋ᠢᠨ ᠬᠡᠪᠴᠢᠶ᠎ᠡ᠎ᠶ᠋ᠢ ᠱᠢᠯᠢᠳᠡᠭ᠌ᠵᠢᠭᠦᠯᠵᠦ᠍᠂ ᠵᠠᠰᠠᠭ ᠤᠨ ᠤᠷᠳᠤᠨ᠎ᠤ ᠬᠢᠨᠠᠨ ᠵᠥᠪᠱᠢᠶᠡᠷᠡᠬᠦ᠌ ᠪᠡᠯᠡ ᠣᠷᠣᠭᠤᠯᠤᠯᠲᠠ᠎ᠶ᠋ᠢᠨ ᠲᠥᠰᠥᠯ᠎ᠤᠨ ᠭᠠᠷᠴᠠᠭ᠎ᠲᠤ ᠵᠠᠰᠠᠪᠦᠷᠢ ᠣᠷᠣᠭᠤᠯᠵᠤ᠂ ᠪᠡᠯᠡ ᠣᠷᠣᠭᠤᠯᠤᠯᠲᠠ᠎ᠶ᠋ᠢ ᠬᠢᠨᠠᠨ ᠵᠥᠪᠱᠢᠶᠡᠷᠡᠬᠦ᠌ ᠦᠢᠯᠡᠴᠢᠯᠡᠭᠡᠨ᠎ᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
ᠬᠤᠶᠠᠳᠤᠭᠠᠷ ᠬᠡᠰᠡᠭ ᠠᠷᠠᠳ᠎ᠤᠨ ᠪᠡᠯᠡ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ
ᠡᠷᠬᠡ ᠲᠡᠭ᠌ᠰᠢ᠎ᠪᠠᠷ ᠬᠠᠨᠳᠤᠬᠤ᠂ ᠡᠷᠬᠡ ᠠᠱᠢᠭ ᠢ ᠬᠠᠮᠠᠭᠠᠯᠠᠬᠤ᠂ ᠲᠥᠷᠥ᠎ᠶ᠋ᠢᠨ ᠪᠣᠳᠣᠯᠭ᠎ᠠ᠎ᠶ᠋ᠢ ᠬᠠᠮᠵᠢᠯᠴᠠᠭᠤᠯᠬᠤ᠎ᠶ᠋ᠢ ᠪᠠᠷᠢᠮᠲᠠᠯᠠᠵᠤ᠂ ᠵᠠᠬ᠎ᠠ ᠳᠡᠯᠭᠡᠭᠦᠷ᠎ᠢᠶᠠᠷ ᠤᠳᠤᠷᠢᠳᠤᠮᠵᠢ ᠪᠣᠯᠭᠠᠭ᠍ᠰᠠᠨ ᠪᠦᠲᠦᠮᠵᠢᠲᠡᠶ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ ᠤᠨ ᠬᠥᠳᠡᠯᠭᠡᠭ᠌ᠴᠢ ᠬᠦᠴᠦᠨ᠎ᠢ ᠨᠡᠮᠡᠭ᠌ᠳᠡᠭᠦᠯᠵᠦ᠍᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠬᠤᠪᠢ ᠶ᠋ᠢᠨ ᠵᠢᠩ᠎ᠢ ᠳᠡᠭᠡᠭ᠌ᠰᠢᠯᠡᠭᠦᠯᠦᠨ᠎ᠡ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠴᠢᠬᠤᠯᠠ ᠶᠡᠭᠡ ᠲᠥᠰᠥᠯ᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠲᠡᠮᠦᠷ ᠵᠠᠮ᠂ ᠴᠥᠮ᠎ᠡ᠎ᠶ᠋ᠢᠨ ᠴᠠᠬᠢᠯᠭᠠᠨ᠂ ᠤᠰᠤᠨ ᠴᠠᠬᠢᠯᠭᠠᠨ᠂ ᠤᠰᠤ ᠬᠠᠩᠭᠠᠬᠤ ᠵᠡᠷᠭᠡ ᠬᠦᠷᠢᠶ᠎ᠡ᠎ᠶ᠋ᠢᠨ ᠲᠥᠰᠥᠯ᠎ᠤᠨ ᠪᠥᠲᠥᠭᠡᠨ ᠪᠠᠢᠭᠤᠯᠤᠯᠲᠠ᠎ᠳᠤ ᠣᠷᠣᠯᠴᠠᠬᠤ ᠶ᠋ᠢ ᠵᠣᠷᠢᠠᠠᠵᠢᠭᠤᠯᠤᠨ ᠳᠡᠮᠵᠢᠵᠦ᠍᠂ ᠨᠥᠬᠦᠴᠡᠯ ᠪᠥᠷᠢᠳᠦᠭᠦᠯᠦᠭ᠌ᠰᠡᠨ ᠲᠥᠰᠥᠯ᠎ᠤᠨ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠰᠲ᠋ᠣᠺ ᠡᠵᠡᠮᠱᠢᠬᠦ᠌ ᠬᠠᠷᠢᠴᠠᠯ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠲᠠᠰ ᠳᠡᠪᠱᠢᠬᠦ᠌᠎ᠳᠤ ᠪᠠᠯᠠ ᠣᠷᠣᠭᠤᠯᠬᠤ ᠡᠷᠴᠢᠮ᠎ᠢᠶᠠᠨ ᠴᠢᠩᠭᠠᠷᠠᠭᠤᠯᠬᠤ᠎ᠶ᠋ᠢ ᠵᠣᠷᠢᠠᠠᠵᠢᠭᠤᠯᠵᠤ᠂ ᠱᠢᠨ᠎ᠡ᠎ᠪᠠᠷ ᠬᠥᠭ᠌ᠵᠢᠭ᠌ᠰᠡᠨ ᠬᠦᠷᠢᠶ᠎ᠡ᠎ᠶ᠋ᠢᠨ ᠬᠡᠷᠡᠭ᠌ᠯᠡᠯᠲᠡ᠎ᠶ᠋ᠢᠨ ᠠᠬᠤᠢ ᠪᠠᠢᠳᠠᠯ ᠢ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠳᠤ ᠨᠡᠭᠡᠭᠡᠬᠦ᠌᠎ᠶ᠋ᠢ ᠠᠬᠢᠭᠤᠯᠤᠨ᠎ᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠪᠡᠯᠡ ᠣᠷᠣᠭᠤᠯᠵᠤ ᠡᠵᠡᠩᠨᠡᠬᠦ᠌ ᠬᠠᠤᠯᠢ ᠶᠣᠰᠣᠨ ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠵᠤ᠂ ᠭᠠᠵᠠᠷ ᠬᠡᠷᠡᠭ᠌ᠯᠡᠬᠦ᠂ ᠪᠡᠯᠡ ᠲᠣᠬᠢᠷᠠᠭᠤᠯᠬᠤ ᠵᠡᠷᠭᠡ ᠡᠯᠧᠮᠧᠨ᠋ᠲ᠎ᠤᠨ ᠬᠡᠷᠡᠭ᠌ᠴᠡᠭᠡ᠎ᠶ᠋ᠢ ᠡᠷᠬᠡ ᠲᠡᠭ᠌ᠰᠢ᠎ᠪᠠᠷ ᠪᠠᠲᠤᠯᠠᠨ᠎ᠠ᠃ ᠵᠠᠰᠠᠭ᠎ᠤᠨ ᠤᠷᠳᠤᠨ᠎ᠤ ᠪᠡᠯᠡ ᠣᠷᠣᠭᠤᠯᠤᠯᠲᠠ᠎ᠶ᠋ᠢᠨ ᠰᠠᠭᠤᠷᠢ ᠮᠥᠩᠭᠦ᠎ᠶ᠋ᠢᠨ ᠬᠥᠲᠥᠯᠥᠨ ᠵᠢᠯᠣᠭᠤᠳᠴᠤ᠌ ᠳᠠᠢᠴᠢᠯᠠᠬᠤ ᠦᠢᠯᠡᠳᠦᠯ᠎ᠢ ᠪᠠᠳᠠᠷᠠᠭᠤᠯᠵᠤ᠂ ᠪᠠᠢᠷᠢᠯᠠᠭᠤᠯᠬᠤ ᠲᠥᠯᠥᠪᠵᠢᠭᠦᠯᠬᠦ᠌ ᠪᠠ ᠣᠷᠣᠭᠤᠯᠤᠯᠲᠠ᠎ᠶ᠋ᠢᠨ ᠴᠢᠭ᠌ᠯᠡᠯ᠎ᠢ ᠵᠢᠭᠠᠨ ᠵᠢᠯᠣᠭᠤᠳᠭᠤ ᠦᠨᠡᠯᠡᠬᠦ᠌᠎ᠶ᠋ᠢ ᠴᠢᠩᠭᠠᠳᠭᠠᠵᠤ᠂ ᠪᠡᠯᠡ ᠣᠷᠤᠭᠤᠯᠬᠤ ᠪᠡᠯᠡ ᠲᠣᠬᠢᠷᠠᠭᠤᠯᠬᠤ ᠬᠠᠮᠢᠶᠠᠷᠬᠤ ᠤᠬᠤᠷᠢᠨ ᠭᠠᠷᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃
ᠭᠤᠷᠪᠠᠳᠤᠭᠠᠷ ᠬᠡᠰᠡᠭ ᠪᠡᠯᠡ ᠣᠷᠣᠭᠤᠯᠤᠯᠲᠠ ᠪᠠ ᠬᠡᠷᠡᠭ᠌ᠯᠡᠭᠡ᠎ᠶ᠋ᠢᠨ ᠰᠠᠢᠨ ᠣᠷᠴᠢᠯ᠎ᠢ ᠠᠬᠢᠭᠤᠯᠤᠨ᠎ᠠ
ᠪᠡᠯᠡ ᠣᠷᠣᠭᠤᠯᠤᠯᠲᠠ ᠪᠠ ᠬᠡᠷᠡᠭ᠌ᠯᠡᠭᠡ᠎ᠶ᠋ᠢᠨ ᠤᠶᠠᠯᠳᠤᠯ᠎ᠤᠨ ᠴᠡᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠪᠦᠲᠦᠮᠵᠢᠲᠡᠶ ᠪᠡᠯᠡ ᠣᠷᠣᠭᠤᠯᠤᠯᠲᠠ᠎ᠪᠠᠷ ᠬᠡᠷᠡᠭ᠌ᠯᠡᠭᠡᠨ᠎ᠤ ᠴᠢᠳᠠᠪᠤᠷᠢ ᠪᠣᠯᠤᠨ ᠬᠦᠰᠡᠯ᠎ᠢ ᠨᠡᠮᠡᠭ᠌ᠳᠡᠭᠦᠯᠬᠦ᠌᠎ᠶ᠋ᠢ ᠳᠠᠢᠴᠢᠯᠠᠨ᠂ ᠬᠡᠷᠡᠭ᠌ᠯᠡᠭᠡᠨ᠎ᠤ ᠳᠡᠰ ᠳᠠᠪᠱᠢᠯᠲᠠ ᠪᠠᠷ ᠪᠡᠯᠡ ᠣᠷᠣᠭᠤᠯᠤᠯᠲᠠ᠎ᠶ᠋ᠢᠨ ᠴᠢᠭ᠌ᠯᠡᠯ᠎ᠢ ᠱᠢᠯᠢᠳᠡᠭ᠌ᠵᠢᠭᠦᠯᠬᠦ᠌ ᠬᠥᠲᠦᠯᠦᠮᠵᠢ ᠪᠣᠯᠭᠠᠨ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠶᠡᠷᠦᠩᠬᠡᠢᠯᠡᠭ᠌ᠰᠡᠨ ᠦᠢᠯᠡᠳᠦᠯ᠎ᠢ ᠴᠢᠩᠭᠠᠳᠭᠠᠨ᠎ᠠ᠃ ᠠᠵᠢᠯ ᠣᠯᠭᠤᠯᠲᠠ ᠣᠷᠣᠯᠭ᠎ᠠ᠎ᠶ᠋ᠢᠨ ᠨᠡᠮᠡᠭ᠌ᠳᠡᠯ᠎ᠢ ᠳᠠᠢᠴᠢᠯᠠᠬᠤ ᠴᠢᠳᠠᠪᠤᠷᠢ᠎ᠪᠠᠷ ᠴᠢᠩᠭ᠎ᠠ ᠠᠵᠢᠯ ᠲᠥᠷᠥᠯ᠎ᠤᠨ ᠪᠡᠯᠡ ᠣᠷᠣᠭᠤᠯᠤᠯᠲᠠ᠎ᠪᠠᠨ ᠥᠷᠭᠡᠳᠭᠡᠬᠦ᠌᠎ᠶ᠋ᠢ ᠳᠠᠮᠵᠢᠵᠤ᠂ ᠬᠡᠷᠡᠭ᠌ᠯᠡᠭᠡᠨ᠎ᠤ ᠰᠠᠭᠤᠷᠢ ᠲᠥᠬᠦᠬᠡᠷᠤᠮᠵᠢ ᠪᠠ ᠬᠡᠷᠡᠭ᠌ᠯᠡᠭᠡᠨ᠎ᠤ ᠦᠢᠯᠡᠴᠢᠯᠡᠭᠡᠨ᠎ᠤ ᠴᠢᠳᠠᠮᠵᠢ᠎ᠶ᠋ᠢ ᠳᠡᠭᠡᠭ᠌ᠰᠢᠯᠡᠭᠦᠯᠬᠦ᠌ ᠲᠥᠷᠥᠯ ᠤᠨ ᠲᠥᠬᠦᠬᠡᠷᠤᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠵᠣᠷᠢᠠᠠᠵᠢᠭᠤᠯᠵᠤ᠂ ᠡᠷᠡᠭᠦᠯ ᠮᠡᠨᠳᠦ ᠨᠠᠰᠤᠵᠢᠯ᠎ᠤᠨ ᠠᠰᠠᠷᠠᠮᠵᠢ᠂ ᠪᠡᠶ᠎ᠡ ᠶ᠋ᠢᠨ ᠲᠠᠮᠢᠷ ᠪᠡᠶ᠎ᠡ ᠴᠢᠬᠢᠷᠠᠬ᠍ᠵᠢᠭᠤᠯᠤᠯ᠂ ᠰᠡᠯᠡᠭᠦᠴᠡᠯ ᠵᠤᠭ᠎ᠠ ᠴᠡᠩᠭᠡᠯ ᠵᠡᠷᠭᠡ ᠬᠦᠷᠢᠶᠡᠨ ᠤ ᠬᠡᠷᠡᠭ᠌ᠯᠡᠭᠡᠨ᠎ᠤ ᠠᠬᠤᠢ ᠪᠠᠢᠳᠠᠯ᠎ᠤᠨ ᠪᠦᠲᠦᠭᠡᠨ ᠪᠠᠢᠭᠤᠯᠤᠯᠲᠠ ᠪᠠ ᠲᠥᠬᠦᠬᠡᠷᠤᠮᠵᠢ᠎ᠶ᠋ᠢᠨ ᠵᠡᠷᠭᠡ ᠳᠡᠰ᠎ᠢ ᠳᠡᠪᠱᠢᠬᠦᠯᠬᠦ᠌ ᠪᠡᠯᠡ ᠣᠷᠣᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠤᠨ᠎ᠠ᠃ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠵᠠᠮ ᠬᠠᠷᠢᠯᠴᠠᠭᠠᠨ᠎ᠤ ᠬᠦᠢᠰᠦ᠂ ᠠᠵᠤ ᠦᠢᠯᠡᠰ ᠲᠥᠪᠯᠡᠷᠡᠭ᠌ᠰᠡᠨ ᠣᠷᠣᠨ ᠵᠡᠷᠭᠡ᠎ᠶ᠋ᠢᠨ ᠬᠡᠷᠡᠭ᠌ᠯᠡᠭᠡᠨ᠎ᠤ ᠴᠢᠳᠠᠮᠵᠢ᠎ᠶ᠋ᠢ ᠥᠷᠭᠡᠳᠭᠡᠬᠦ᠌᠎ᠶ᠋ᠢ ᠠᠬᠢᠭᠤᠯᠤᠨ᠎ᠠ᠃ ᠱᠢᠶᠠᠨ᠎ᠤ ᠪᠥᠰᠡ᠎ᠶ᠋ᠢᠨ ᠬᠤᠳᠠᠯᠳᠤᠭᠠᠨ᠎ᠤ ᠶᠠᠰᠤ ᠴᠢᠨᠠᠷ ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠪᠠᠷᠠᠭᠠᠨ᠎ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ᠂ ᠬᠥᠳᠡᠭᠡ ᠲᠣᠰᠭᠤᠨ᠎ᠤ ᠢᠯᠡᠭᠡᠨ ᠬᠦᠷᠭᠡᠬᠦ᠌ ᠵᠡᠷᠭᠡ ᠲᠥᠬᠦᠬᠡᠷᠦᠮᠵᠢ᠎ᠶ᠋ᠢᠨ ᠳᠤᠲᠠᠭᠤᠳᠠᠯ᠎ᠢ ᠨᠥᠬᠦᠪᠥᠷᠢᠯᠡᠬᠦ᠌᠎ᠶ᠋ᠢ ᠴᠢᠩᠭᠠᠳᠭᠠᠨ᠎ᠠ᠃
ᠠᠷᠪᠠᠨ ᠳᠣᠯᠣᠳᠤᠭᠠᠷ ᠪᠦᠯᠦᠭ ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ
ᠪᠦᠬᠦ᠌ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶ᠋ᠢ ᠬᠠᠷᠱᠢᠯᠠᠵᠤ ᠪᠠᠢᠭ᠎ᠠ ᠪᠣᠭᠤᠭ᠍ᠳᠠᠯ ᠲᠥᠭ᠌ᠵᠢᠷᠡᠯᠢ ᠡᠷᠡᠰ ᠠᠷᠢᠯᠭᠠᠵᠤ᠂ ᠣᠷᠣᠨ ᠨᠤᠲᠤᠭ᠎ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ᠎ᠤᠨ ᠬᠡᠰᠡᠭ᠌ᠯᠡᠯ᠎ᠢ ᠠᠷᠢᠯᠭᠠᠵᠦ᠍᠂ ᠲᠠᠸᠠᠷ ᠡᠯᠧᠮᠧᠨ᠋ᠲ ᠡᠬᠢ ᠪᠠᠶᠠᠯᠢᠭ᠎ᠤᠨ ᠨᠡᠩ ᠶᠡᠭᠡ ᠬᠡᠪᠴᠢᠶᠡᠨ ᠳᠣᠲᠣᠷ᠎ᠠ ᠤᠷᠤᠭ᠍ᠰᠢᠲᠠᠶ ᠱᠢᠯᠵᠢᠬᠦ᠌᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠪᠦᠬᠦ᠌ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠰᠠᠭᠤᠷᠢ ᠳᠦᠷᠢᠮ ᠲᠦᠷᠢᠮᠯᠠᠯᠢ ᠲᠡᠭᠦᠯᠳᠡᠷᠵᠢᠭᠦᠯᠦᠨ᠎ᠡ
ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠱᠠᠭᠠᠷᠳᠠᠯᠭ᠎ᠠ᠎ᠳᠤ ᠵᠣᠬᠢᠴᠠᠭ᠍ᠰᠠᠨ ᠥᠮᠴᠢᠯᠡᠯ᠎ᠤᠨ ᠡᠷᠬᠡ᠎ᠶ᠋ᠢ ᠬᠠᠮᠠᠭᠠᠯᠠᠬᠤ᠂ ᠵᠠᠬ᠎ᠠ ᠳᠡᠯᠭᠡᠭᠦᠷ᠎ᠲᠤ ᠣᠷᠣᠬᠤ᠎ᠶ᠋ᠢ ᠵᠥᠪᠱᠢᠶᠡᠷᠡᠬᠦ᠂ ᠮᠡᠳᠡᠭᠡ ᠵᠠᠩᠭᠢ᠎ᠶ᠋ᠢ ᠨᠡᠢᠲᠡᠯᠡᠬᠦ᠂ ᠨᠡᠢᠭᠡᠮ ᠤᠨ ᠢᠲᠡᠭᠡᠮᠵᠢ᠂ ᠨᠡᠢᠯᠡᠭᠦᠯᠦᠨ ᠲᠠᠬᠢᠨ ᠵᠣᠬᠢᠶᠠᠨ ᠪᠠᠢᠭᠤᠯᠬᠤ᠂ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠵᠡᠷᠭᠡ ᠲᠦᠷᠢᠮ᠎ᠤᠨ ᠪᠠᠢᠭᠤᠯᠤᠯᠲᠠ ᠶ᠋ᠢ ᠠᠬᠢᠭᠤᠯᠤᠨ᠎ᠠ᠃ ᠡᠯ᠎ᠡ ᠵᠦᠢᠯ ᠤᠨ ᠥᠮᠴᠢᠯᠡᠯ᠎ᠤᠨ ᠠᠵᠤ ᠠᠬᠤᠶ᠎ᠶ᠋ᠢᠨ ᠥᠮᠴᠢᠯᠡᠬᠦ᠌ ᠡᠷᠬᠡ ᠶ᠋ᠢ ᠬᠠᠤᠯᠢ ᠶᠣᠰᠣᠭᠠᠷ ᠡᠷᠬᠡ ᠲᠡᠭ᠌ᠰᠢ ᠤᠷᠳᠤ ᠬᠤᠭᠤᠴᠠᠭ᠎ᠠ᠎ᠪᠠᠷ ᠬᠠᠮᠠᠭᠠᠯᠠᠵᠤ᠂ ᠡᠯ᠎ᠡ ᠵᠦᠢᠯ ᠤᠨ ᠥᠮᠴᠢᠯᠡᠯ᠎ᠤᠨ ᠠᠵᠤ ᠠᠬᠤᠶ᠎ᠶ᠋ᠢᠨ ᠥᠮᠴᠢᠯᠡᠬᠦ᠌ ᠡᠷᠬᠡ ᠪᠠ ᠬᠠᠤᠯᠢ ᠶᠣᠰᠣᠨ᠎ᠤ ᠠᠱᠢᠭ ᠲᠤᠰᠠ ᠳᠤ ᠬᠠᠯᠳᠠᠭ᠍ᠰᠠᠨ ᠦᠢᠯᠡ ᠠᠵᠢᠯᠯᠠᠭ᠎ᠠ᠎ᠳᠤ ᠠᠳᠠᠯᠢ ᠬᠠᠷᠢᠭᠤᠴᠠᠯᠭ᠎ᠠ ᠨᠡᠬᠡᠮᠵᠢᠯᠡᠵᠦ᠍ ᠠᠳᠠᠯᠢ ᠶᠠᠯ᠎ᠠ ᠤᠨᠤᠭ᠍ᠳᠠᠭᠤᠯᠵᠦ᠍ ᠠᠳᠠᠯᠢ ᠱᠢᠢᠳᠭᠡᠯ ᠦᠭ᠌ᠭᠦ᠎ᠶ᠋ᠢ ᠬᠡᠷᠡᠭ᠌ᠵᠢᠭᠦᠯᠦᠨ᠎ᠡ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ ᠶ᠋ᠢᠨ ᠬᠠᠮᠠᠭᠠᠯᠠᠯᠲᠠ ᠪᠠ ᠬᠡᠷᠡᠭ᠌ᠯᠡᠯᠲᠡ᠎ᠶ᠋ᠢ ᠴᠢᠩᠭᠠᠳᠭᠠᠵᠤ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠲᠦᠷᠢᠮᠯᠡᠯ ᠤᠨ ᠵᠢᠯᠣᠭᠤᠳᠤᠮᠵᠢ᠎ᠶ᠋ᠢ ᠲᠣᠭ᠍ᠲᠠᠭᠠᠨ᠎ᠠ᠃ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ ᠤᠨ ᠳᠦᠷᠢᠮ ᠢ ᠲᠡᠭᠦᠯᠳᠡᠷᠵᠢᠭᠦᠯᠵᠦ᠍᠂ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ᠎ᠤᠨ ᠨᠠᠵᠠᠭᠠᠶ ᠲᠠᠯ᠎ᠠ᠎ᠶ᠋ᠢᠨ ᠲᠣᠳᠣᠷᠬᠠᠶ ᠬᠠᠭᠤᠳᠠᠰᠤ᠎ᠶ᠋ᠢ ᠬᠥᠳᠡᠯᠦᠩᠭᠦᠶ᠎ᠪᠠᠷ ᠵᠠᠰᠠᠨ ᠲᠣᠭ᠍ᠲᠠᠭᠠᠵᠤ᠂ 《ᠪᠦᠬᠦ᠌ ᠤᠯᠤᠰ᠎ᠢᠶᠠᠷ᠎ᠢᠶᠠᠨ ᠨᠢᠭᠡ ᠯᠡ ᠲᠤᠳᠤᠷᠬᠠᠢ ᠬᠠᠭᠤᠳᠠᠰᠤ᠎ᠶ᠋ᠢ ᠬᠡᠷᠡᠭ᠌ᠯᠡᠬᠦ᠌》 ᠬᠠᠮᠢᠶᠠᠷᠤᠯᠲᠠ ᠶ᠋ᠢᠨ ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠤᠨ᠎ᠠ᠃ ᠠᠵᠤ ᠠᠬᠤᠢᠯᠠᠯ᠎ᠤᠨ ᠶᠠᠰᠤ ᠴᠢᠨᠠᠷ᠂ ᠠᠮᠤᠷ ᠲᠦᠪᠱᠢᠨ᠂ ᠣᠷᠴᠢᠨ ᠨᠥᠬᠦᠴᠡᠯ ᠵᠡᠷᠭᠡ ᠮᠡᠳᠡᠭᠡ ᠵᠠᠩᠭᠢ ᠶ᠋ᠢ ᠨᠡᠢᠲᠡᠯᠡᠬᠦ᠌ ᠲᠦᠷᠢᠮ ᠳᠥᠷᠢᠮᠯᠡᠯᠢ ᠲᠡᠭᠦᠯᠳᠡᠷᠵᠢᠭᠦᠯᠦᠨ᠎ᠡ᠃ ᠪᠦᠬᠦ᠌ ᠤᠯᠤᠰ ᠤᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠲᠠᠪᠴᠠᠩ᠎ᠤᠨ ᠴᠢᠳᠠᠮᠵᠢ ᠶ᠋ᠢ ᠴᠢᠩᠭᠠᠷᠠᠭᠤᠯᠵᠤ᠂ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠤᠨ ᠬᠠᠮᠲᠤ᠎ᠪᠠᠷ ᠡᠳ᠋ᠯᠡᠬᠦ᠌ ᠪᠠ ᠢᠲᠡᠭᠡᠮᠵᠢ᠎ᠶ᠋ᠢᠨ ᠬᠡᠷᠡᠭ᠌ᠯᠡᠯᠲᠡ ᠶ᠋ᠢ ᠥᠷᠭᠡᠳᠭᠡᠬᠦ᠌᠎ᠶ᠋ᠢ ᠭᠦᠨᠵᠡᠭᠡᠢᠷᠡᠭᠦᠯᠦᠨ ᠠᠬᠢᠭᠤᠯᠵᠦ᠍᠂ ᠢᠲᠡᠭᠡᠮᠵᠢ ᠲᠠᠢ ᠪᠠᠢᠬᠤ ᠶ᠋ᠢ ᠤᠷᠮᠠᠱᠢᠭᠤᠯᠤᠨ ᠵᠣᠷᠢᠭ᠍ᠵᠢᠭᠤᠯᠬᠤ᠂ ᠢᠲᠡᠭᠡᠮᠵᠢ ᠠᠯᠳᠠᠭ᠍ᠰᠠᠳ᠎ᠢ ᠵᠠᠯᠬᠠᠭᠠᠨ ᠴᠡᠭᠡᠷᠯᠡᠭᠦᠯᠬᠦ᠌ ᠪᠠ ᠢᠲᠡᠭᠡᠮᠵᠢ᠎ᠶ᠋ᠢ ᠰᠡᠷᠭᠦᠭᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠠᠵᠤ ᠠᠬᠤᠢᠯᠠᠯ ᠤᠨ ᠳᠠᠮᠫᠤᠷᠠᠯ᠎ᠤᠨ ᠲᠦᠷᠢᠮ᠎ᠢ ᠪᠦᠷᠢᠨᠱᠢᠭᠦᠯᠵᠦ᠍᠂ ᠪᠥᠬᠦ᠌ ᠡᠵᠡᠩᠨᠡᠯᠲᠡ᠎ᠶ᠋ᠢᠨ ᠪᠡᠶᠡᠴᠢ ᠴᠣᠭ᠍ᠴᠠ ᠶ᠋ᠢ ᠬᠠᠮᠤᠷᠤᠭ᠍ᠰᠠᠨ ᠤᠬᠤᠷᠢᠨ ᠭᠠᠷᠬᠤ ᠳᠥᠭᠦᠮ ᠲᠣᠭ᠍ᠲᠠᠴᠠ ᠶ᠋ᠢ ᠰᠦᠪᠡᠭ᠌ᠴᠢᠯᠡᠨ ᠪᠠᠢᠭᠤᠯᠤᠨ᠎ᠠ᠃ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠳᠤ ᠠᠱᠢᠭ᠍ᠲᠠᠢ ᠲᠤᠭ᠎ᠠ ᠪᠦᠷᠢᠳᠭᠡᠯ᠂ ᠡᠳ᠋᠎ᠤᠨ ᠵᠠᠰᠠᠭ ᠭᠠᠢᠯᠢ᠂ ᠬᠢᠨᠠᠨ ᠱᠢᠯᠭᠠᠬᠤ ᠳᠦᠷᠢᠮ᠎ᠢ ᠲᠡᠭᠦᠯᠳᠡᠷᠵᠢᠭᠦᠯᠵᠦ᠍᠂ ᠡᠵᠡᠩᠨᠡᠯᠲᠡ᠎ᠶ᠋ᠢᠨ ᠪᠡᠶᠡᠴᠢ ᠴᠣᠭ᠍ᠴᠠ ᠶ᠋ᠢᠨ ᠠᠵᠢᠯᠯᠠᠭ᠎ᠠ ᠡᠭᠦᠰᠦᠭ᠌ᠰᠡᠨ ᠭᠠᠵᠠᠷ ᠲᠸ᠋ ᠪᠦᠷᠢᠳᠭᠡᠯ ᠬᠢᠬᠦ᠌᠎ᠶ᠋ᠢ ᠳᠡᠯᠭᠡᠷᠡᠭᠦᠯᠵᠦ᠍᠂ ᠠᠵᠤ ᠠᠬᠤᠢᠯᠠᠯ ᠤᠨ ᠶᠡᠷᠦᠩᠬᠡᠶ ᠬᠡᠯᠲᠡᠰ ᠪᠠ ᠰᠠᠯᠪᠤᠷᠢ ᠪᠠᠢᠭᠤᠯᠤᠮᠵᠢ᠂ ᠦᠢᠯᠡᠳᠪᠦᠷᠢᠯᠡᠯ᠎ᠤᠨ ᠭᠠᠵᠠᠷ ᠪᠠ ᠬᠡᠷᠡᠭ᠌ᠯᠡᠭᠡᠨ ᠤ ᠭᠠᠵᠠᠷ᠎ᠤᠨ ᠠᠱᠢᠭ ᠲᠤᠰᠠ᠎ᠶ᠋ᠢ ᠬᠤᠪᠢᠶᠠᠨ ᠡᠳ᠋ᠯᠡᠬᠦ᠌᠎ᠶ᠋ᠢ ᠱᠢᠯᠢᠳᠡᠭ᠌ᠵᠢᠭᠦᠯᠦᠨ᠎ᠡ᠃ ᠪᠦᠬᠦ᠌ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢᠨ ᠲᠦᠷᠢᠮ᠎ᠢ ᠲᠣᠭ᠍ᠲᠠᠭᠠᠨ᠎ᠠ᠃
ᠬᠤᠶᠠᠳᠤᠭᠠᠷ ᠬᠡᠰᠡᠭ ᠭᠤᠣᠯᠴᠢ ᠥᠷᠢᠰᠥᠯᠳᠦᠭᠡᠨ᠎ᠤ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠬᠠᠮᠠᠭᠠᠯᠠᠨ᠎ᠠ
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠳᠦᠷᠢᠮᠯᠡᠯ ᠪᠦᠷᠢᠨ ᠲᠡᠭᠦᠯᠳᠡᠷ ᠪᠣᠯᠬᠤ᠂ ᠰᠠᠭᠤᠷᠢ ᠪᠠᠷᠢᠮᠵᠢᠶ᠎ᠠ᠎ᠨᠢ ᠨᠢᠭᠡᠳᠦᠯᠲᠡᠶ ᠪᠣᠯᠬᠤ᠂ ᠴᠢᠳᠠᠪᠤᠷᠢ᠎ᠨᠢ ᠳᠡᠭᠡᠭ᠌ᠰᠢᠯᠡᠬᠦ᠌᠎ᠶ᠋ᠢ ᠠᠬᠢᠭᠤᠯᠵᠤ᠂ ᠴᠢᠨᠠᠷ᠎ᠨᠢ ᠰᠠᠢᠨ ᠦᠨᠡᠨ᠎ᠢ ᠲᠣᠬᠢᠷᠠᠮᠵᠢᠲᠡᠢ᠂ ᠰᠠᠢᠨ ᠥᠷᠢᠰᠦᠯᠳᠦᠭᠡᠨ᠎ᠲᠠᠢ ᠵᠠᠬ᠎ᠠ ᠳᠡᠯᠭᠡᠭᠦᠷ᠎ᠤᠨ ᠡᠮᠬᠢ ᠵᠢᠷᠦᠮ᠎ᠢ ᠪᠤᠢ ᠪᠣᠯᠭᠠᠨ᠎ᠠ᠃ ᠭᠤᠣᠯᠳᠠᠯᠭ᠎ᠠ᠎ᠲᠠᠢ ᠬᠦᠷᠢᠶᠡᠨ᠎ᠳᠠᠬᠢ ᠭᠤᠣᠯᠴᠢ ᠥᠷᠢᠰᠥᠯᠳᠦᠭᠡᠨ᠎ᠢ ᠲᠣᠭ᠍ᠲᠠᠭᠠᠯ᠎ᠳᠤ ᠨᠡᠢᠴᠡᠭᠦᠯᠬᠦ᠌ ᠵᠢᠯᠤᠭᠤᠳᠤᠮᠵᠢ᠎ᠶ᠋ᠢ ᠲᠣᠭ᠍ᠲᠠᠭᠠᠵᠤ᠂ ᠭᠤᠣᠯᠴᠢ ᠥᠷᠢᠰᠥᠯᠳᠦᠭᠡᠨ᠎ᠤ ᠬᠢᠨᠠᠨ ᠪᠠᠢᠴᠠᠭᠠᠯᠲᠠ᠎ᠶ᠋ᠢᠨ ᠬᠠᠲᠠᠭᠤ ᠴᠢᠩᠭ᠎ᠠ ᠬᠢᠵᠠᠭᠠᠷᠯᠠᠯ᠎ᠢ ᠴᠢᠩᠭᠠᠳᠭᠠᠵᠤ᠂ ᠡᠯᠧᠮᠧᠨ᠋ᠲ ᠤᠯᠬᠤ᠂ ᠬᠢᠷᠢ ᠬᠡᠮ᠎ᠢ ᠮᠠᠭᠠᠳᠯᠠᠨ ᠲᠣᠭ᠍ᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ᠎ᠳᠤ ᠣᠷᠤᠯᠴᠠᠬᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠲᠠᠯ᠎ᠠ᠎ᠶ᠋ᠢᠨ ᠬᠤᠷᠢᠭ᠎ᠠ ᠰᠠᠭᠠᠳ ᠢ ᠠᠷᠢᠯᠭᠠᠨ᠎ᠠ᠃ ᠣᠷᠣᠨ ᠨᠤᠲᠤᠭ᠎ᠤᠨ ᠵᠠᠰᠠᠭ᠎ᠤᠨ ᠤᠷᠳᠤᠨ᠎ᠤ ᠠᠵᠤ ᠠᠬᠤᠢ᠎ᠶ᠋ᠢ ᠠᠬᠢᠭᠤᠯᠬᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠤᠳᠠᠯᠳᠤᠭᠠᠴᠢᠨ ᠤᠷᠢᠵᠤ ᠪᠡᠯᠡ ᠳᠠᠲᠠᠬᠤ᠎ᠶ᠋ᠢ ᠵᠣᠷᠢᠭ᠍ᠵᠢᠭᠤᠯᠬᠤ ᠪᠠ ᠴᠠᠭᠠᠵᠠᠯᠠᠬᠤ ᠵᠦᠢᠯᠡᠰ᠎ᠤᠨ ᠲᠣᠳᠣᠷᠬᠠᠶ ᠬᠠᠭᠤᠳᠠᠰᠤ᠎ᠶ᠋ᠢ ᠲᠣᠭ᠍ᠲᠠᠭᠠᠵᠤ᠂ ᠬᠤᠳᠠᠯᠳᠤᠭᠠᠴᠢᠨ ᠤᠷᠢᠵᠤ ᠪᠡᠯᠡ ᠳᠠᠲᠠᠬᠤ ᠮᠡᠳᠡᠭᠡ ᠵᠠᠩᠭᠢ ᠨᠡᠢᠲᠡᠯᠡᠬᠦ᠌᠎ᠶ᠋ᠢ ᠴᠢᠩᠭᠠᠳᠭᠠᠨ᠎ᠠ᠃ ᠪᠦᠬᠦ᠌ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠢ ᠪᠥᠲᠦᠭᠡᠨ ᠪᠠᠢᠭᠤᠯᠬᠤ᠎ᠶ᠋ᠢ ᠬᠠᠷᠱᠢᠯᠠᠬᠤ ᠵᠦᠢᠯᠡᠰ᠎ᠤᠨ ᠲᠣᠳᠣᠷᠬᠠᠶ ᠬᠠᠭᠤᠳᠠᠰᠤ᠎ᠶ᠋ᠢ ᠬᠥᠳᠡᠯᠦᠩᠭᠦᠶ᠎ᠪᠠᠷ ᠱᠢᠨᠡᠳᠭᠡᠬᠦ᠌ ᠪᠠ ᠵᠠᠷᠯᠠᠨ ᠮᠡᠳᠡᠭ᠌ᠳᠡᠵᠦ᠍ ᠬᠠᠷᠢᠭᠤᠴᠠᠯᠭ᠎ᠠ ᠨᠡᠬᠡᠮᠵᠢᠯᠡᠬᠦ᠌ ᠲᠦᠷᠢᠮ᠎ᠢ ᠲᠡᠭᠦᠯᠳᠡᠷᠵᠢᠭᠦᠯᠦᠨ᠎ᠡ᠃ ᠮᠣᠨᠣᠫᠣᠯᠢᠴᠢᠯᠠᠯ᠎ᠢ ᠡᠰᠡᠷᠭᠦᠴᠡᠬᠦ᠌ ᠪᠠ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠤᠯᠢ ᠬᠡᠷᠡᠭ᠌ᠵᠢᠭᠦᠯᠦᠯᠲᠡ ᠬᠠᠤᠯᠢ ᠪᠠᠷᠢᠯᠲᠠ᠎ᠶ᠋ᠢᠨ ᠠᠵᠢᠯ᠎ᠢ ᠴᠢᠩᠭᠠᠳᠭᠠᠵᠤ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠮᠣᠨᠣᠫᠣᠯᠢᠴᠢᠯᠠᠯ᠎ᠢ ᠡᠰᠡᠷᠭᠦᠴᠡᠬᠦ᠌ ᠵᠦᠭ᠌ᠯᠡᠭᠦᠷ ᠵᠢᠯᠤᠭᠤᠳᠤᠮᠵᠢ᠎ᠶ᠋ᠢ ᠲᠣᠭ᠍ᠲᠠᠭᠠᠨ᠎ᠠ᠃ ᠵᠣᠬᠢᠴᠠᠩᠭᠤᠶ ᠨᠢᠭᠡᠳᠦᠯᠲᠡᠶ ᠤᠯᠤᠰ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠤᠯᠤᠰ᠎ᠤᠨ ᠠᠯᠪᠠᠳᠠᠯᠭ᠎ᠠ᠎ᠶ᠋ᠢᠨ ᠴᠢᠨᠠᠷᠲᠠᠶ ᠪᠠᠷᠢᠮᠵᠢᠶ᠎ᠠ᠎ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠱᠢᠨ᠎ᠡ ᠪᠠᠷ ᠬᠥᠭ᠌ᠵᠢᠭ᠌ᠰᠡᠨ ᠠᠵᠤ ᠦᠢᠯᠡᠰ᠎ᠤᠨ ᠪᠠᠷᠢᠮᠵᠢᠶ᠎ᠠ᠎ᠶ᠋ᠢᠨ ᠪᠠᠢᠭᠤᠯᠤᠯᠲᠠ᠎ᠶ᠋ᠢ ᠠᠬᠢᠭᠤᠯᠵᠦ᠍᠂ ᠪᠠᠷᠢᠮᠵᠢᠶ᠎ᠠ᠎ᠶ᠋ᠢᠨ ᠳᠡᠯᠡᠬᠡᠢᠴᠢᠯᠡᠯᠲᠡᠶ᠋ᠢᠨ ᠲᠥᠪᠱᠢᠨ᠎ᠢ ᠳᠡᠭᠡᠭ᠌ᠰᠢᠯᠡᠭᠦᠯᠦᠨ᠎ᠡ᠃ ᠪᠠᠢᠴᠠᠭᠠᠨ ᠱᠢᠯᠭᠠᠬᠤ ᠪᠠᠢᠴᠠᠭᠠᠨ ᠬᠡᠮᠵᠢᠬᠦ᠌ ᠭᠡᠷᠡᠴᠢᠯᠡᠭᠡ ᠬᠢᠬᠦ᠌ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠬᠢᠷᠢ ᠬᠡᠮ᠎ᠢ ᠬᠠᠷᠢᠯᠴᠠᠨ ᠮᠡᠳᠡᠷᠡᠬᠦ᠌ ᠪᠠ ᠦᠷ᠎ᠡ ᠳ᠋ᠦᠩ᠎ᠢ ᠨᠡᠢᠳᠡᠮ ᠬᠡᠷᠡᠭ᠌ᠯᠡᠬᠦ᠌᠎ᠶ᠋ᠢ ᠠᠬᠢᠭᠤᠯᠤᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢ ᠨᠢᠭᠡᠳᠦᠯᠲᠡᠶ ᠪᠣᠯᠭᠠᠵᠤ᠂ ᠵᠠᠰᠠᠭ ᠵᠠᠬᠢᠷᠭᠠᠨ᠎ᠤ ᠲᠠᠰᠤᠯᠤᠯᠲᠠ᠎ᠶ᠋ᠢᠨ ᠡᠷᠬᠡ᠎ᠶ᠋ᠢᠨ ᠰᠠᠭᠤᠷᠢ ᠪᠠᠷᠢᠮᠵᠢᠶ᠎ᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠵᠠᠰᠠᠭ ᠵᠠᠬᠢᠷᠭᠠᠨ᠎ᠤ ᠱᠢᠢᠳᠭᠡᠯ ᠪᠠ ᠡᠷᠡᠬᠦᠦ᠍ᠶ᠋ᠢᠨ ᠱᠢᠢᠳᠭᠡᠯ᠎ᠢ ᠬᠤᠣᠰ ᠴᠢᠭ᠌ᠯᠡᠯ᠎ᠢᠶᠠᠷ ᠵᠣᠯᠭᠠᠯᠳᠤᠭᠤᠯᠬᠤ᠎ᠶ᠋ᠢ ᠠᠬᠢᠭᠤᠯᠤᠨ᠎ᠠ᠃ ᠵᠠᠰᠠᠬ ᠵᠠᠬᠢᠷᠭᠠᠨ᠎ᠢᠶᠠᠷ ᠳᠠᠬᠢᠨ ᠵᠦᠪᠯᠡᠬᠦ᠌ ᠲᠦᠷᠢᠮ ᠳᠤᠭ᠍ᠳᠠᠴᠠ᠎ᠶ᠋ᠢ ᠳᠡᠬᠦᠯᠳᠡᠷᠵᠢᠬᠦᠯᠦᠨ᠎ᠡ᠃ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠪᠠᠢᠭᠤᠯᠤᠯ ᠲᠣᠭ᠍ᠲᠠᠴᠠ᠎ᠶ᠋ᠢ ᠪᠦᠷᠢᠨᠱᠢᠬᠦᠯᠵᠤ᠂ ᠬᠢᠨᠠᠨ ᠬᠠᠮᠢᠶᠠᠷᠬᠤ ᠵᠦᠢᠯᠡᠰ᠎ᠤᠨ ᠲᠡᠰ ᠱᠠᠲᠤᠨ᠎ᠤ ᠲᠤᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠦᠨᠳᠦᠰᠦᠨ ᠱᠠᠲᠤᠨ᠎ᠤ ᠬᠠᠤᠯᠢ ᠬᠡᠷᠡᠭ᠌ᠵᠢᠭᠦᠯᠬᠦ᠌ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
ᠭᠤᠷᠪᠠᠳᠤᠭᠠᠷ ᠬᠡᠰᠡᠭ ᠵᠠᠬ᠎ᠠ ᠳᠡᠯᠭᠡᠭᠦᠷ ᠤᠨ ᠲᠥᠬᠦᠭᠡᠷᠦᠮᠵᠢ᠎ᠶ᠋ᠢ ᠥᠨᠳᠥᠷ ᠪᠠᠷᠢᠮᠵᠢᠶ᠎ᠠ᠎ᠪᠠᠷ ᠬᠤᠯᠪᠣᠯᠳᠤᠭᠤᠯᠤᠨ ᠨᠡᠪᠲᠡᠷᠡᠭᠦᠯᠬᠦ᠌᠎ᠶ᠋ᠢ ᠠᠬᠢᠭᠤᠯᠤᠨ᠎ᠠ
ᠭᠦᠢᠯᠭᠡᠭᠡᠨ᠎ᠤ ᠪᠠᠷᠠᠭᠠᠨ᠎ᠤ ᠭᠦᠢᠯᠭᠡᠭᠡ᠂ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠠᠷᠠᠯᠵᠢᠶᠠᠨ᠎ᠤ ᠲᠠᠪᠴᠠᠩ ᠵᠡᠷᠭᠡ ᠲᠥᠬᠦᠬᠡᠷᠦᠮᠵᠢ᠎ᠶ᠋ᠢᠨ ᠬᠤᠯᠪᠣᠯᠳᠤᠨ ᠨᠡᠪᠲᠡᠷᠡᠯᠴᠡᠬᠦ᠌ ᠪᠠ ᠳᠦᠷᠢᠮᠯᠡᠯ᠎ᠤᠨ ᠵᠣᠯᠭᠠᠯᠳᠤᠯ᠎ᠢ ᠠᠬᠢᠭᠤᠯᠤᠨ᠎ᠠ᠃ ᠥᠨᠳᠥᠷ ᠪᠦᠲᠦᠮᠵᠢᠲᠡᠶ ᠪᠥᠭᠡᠳ ᠤᠷᠤᠭ᠍ᠰᠢᠲᠠᠶ ᠣᠳᠣ ᠦᠶ᠎ᠡ᠎ᠶ᠋ᠢᠨ ᠭᠦᠢᠯᠭᠡᠭᠡᠨ᠎ᠤ ᠱᠢᠰᠲ᠋ᠧᠮ᠎ᠢ ᠪᠥᠷᠢᠨᠱᠢᠭᠦᠯᠵᠦ᠍᠂ ᠤᠯᠤᠰ᠎ᠤᠨ ᠪᠠᠷᠠᠭᠠᠨ᠎ᠤ ᠭᠦᠢᠯᠭᠡᠭᠡᠨ᠎ᠤ ᠬᠦᠢᠰᠦ᠎ᠶ᠋ᠢᠨ ᠲᠣᠣᠷ᠎ᠢ ᠲᠡᠭᠦᠯᠳᠡᠷᠵᠢᠭᠦᠯᠵᠦ᠍᠂ ᠣᠳᠣ ᠦᠶ᠎ᠡ᠎ᠶ᠋ᠢᠨ ᠭᠦᠢᠯᠭᠡᠭᠡᠨ᠎ᠤ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠬᠤ ᠬᠤᠲᠠ᠎ᠳᠤ ᠲᠦᠱᠢᠭ᠌ᠯᠡᠨ ᠡᠳᠦᠢ ᠲᠡᠳᠦᠢ ᠴᠢᠬᠤᠯᠠ ᠲᠠᠸᠠᠷ᠎ᠤᠨ ᠭᠤᠣᠯᠯᠠᠭ᠍ᠴᠢ ᠭᠦᠢᠯᠭᠡᠭᠡᠨ᠎ᠤ ᠬᠤᠩᠭᠢᠯ᠎ᠢ ᠪᠠᠢᠭᠤᠯᠵᠤ᠂ ᠨᠥᠬᠦᠴᠡᠯ᠎ᠲᠠᠢ ᠭᠠᠵᠠᠷ ᠣᠷᠣᠨ᠎ᠤ ᠪᠦᠭᠡᠮ ᠲᠠᠸᠠᠷ᠎ᠤᠨ ᠡᠬᠢ ᠪᠠᠶᠠᠯᠢᠭ᠎ᠢ ᠲᠣᠬᠢᠷᠠᠭᠤᠯᠬᠤ ᠬᠦᠢᠰᠦ᠎ᠶ᠋ᠢ ᠪᠦᠲᠦᠭᠡᠨ ᠪᠠᠢᠭᠤᠯᠬᠤ᠎ᠶ᠋ᠢ ᠳᠠᠮᠵᠢᠵᠦ᠍᠂ ᠨᠢᠭᠡ ᠴᠣᠭ᠍ᠴᠠᠵᠢᠭᠤᠯᠤᠨ ᠵᠣᠯᠭᠠᠯᠳᠤᠭᠤᠯᠬᠤ ᠭᠦᠢᠯᠭᠡᠭᠡᠨ᠎ᠤ ᠳᠦᠷᠢᠮᠯᠡᠯ ᠪᠠ ᠪᠠᠷᠢᠮᠵᠢᠶ᠎ᠠ᠎ᠶ᠋ᠢ ᠪᠦᠷᠢᠨᠱᠢᠭᠦᠯᠵᠦ᠍᠂ ᠪᠦᠬᠦ᠌ ᠨᠡᠢᠭᠡᠮ᠎ᠤᠨ ᠪᠠᠷᠠᠭᠠᠨ᠎ᠤ ᠭᠦᠢᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠣᠯᠠᠨ ᠬᠡᠯᠪᠡᠷᠢᠲᠦ ᠬᠠᠮᠲᠤᠷᠠᠭ᠍ᠰᠠᠨ ᠲᠡᠭᠡᠭᠡᠪᠦᠷᠢ᠎ᠶ᠋ᠢᠨ ᠲᠥᠬᠦᠭᠡᠷᠦᠮᠵᠢ᠂ ᠪᠠᠷᠢᠮᠵᠢᠶᠠᠲᠤ ᠪᠦᠲᠦᠭᠡᠨ ᠪᠠᠢᠭᠤᠯᠤᠯᠲᠠ ᠪᠠ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠵᠤ᠂ 《ᠭᠠᠭ᠍ᠴᠠ ᠪᠠᠷᠢᠮᠳᠠ᠎ᠶ᠋ᠢᠨ ᠳᠦᠷᠢᠮ》᠂ 《ᠭᠠᠭ᠍ᠴᠠ ᠴᠢᠩᠭᠡᠯᠢᠭ᠎ᠤᠨ ᠳᠦᠷᠢᠮ》᠎ᠤᠨ ᠬᠥᠭ᠌ᠵᠢᠯᠲᠡ᠎ᠶ᠋ᠢ ᠶᠡᠭᠡ᠎ᠪᠠᠷ ᠠᠬᠢᠭᠤᠯᠵᠦ᠍᠂ ᠴᠢᠩᠭᠡᠯᠢᠭ ᠪᠠ ᠪᠥᠭᠡᠮ ᠡᠳ᠋ ᠪᠣᠳᠠᠰ᠎ᠤᠨ ᠲᠡᠮᠦᠷ ᠵᠠᠮ ᠤᠰᠤᠨ ᠵᠠᠮ᠎ᠤᠨ ᠬᠠᠮᠲᠤᠷᠠᠭ᠍ᠰᠠᠨ ᠲᠡᠭᠡᠭᠡᠪᠦᠷᠢ᠎ᠶ᠋ᠢ ᠠᠬᠢᠭᠤᠯᠤᠨ᠎ᠠ᠃ ᠵᠠᠬ᠎ᠠ ᠳᠡᠯᠭᠡᠭᠦᠷ᠎ᠤᠨ ᠮᠡᠳᠡᠭᠡ ᠵᠠᠩᠭᠢ᠎ᠶ᠋ᠢᠨ ᠬᠠᠷᠢᠯᠴᠠᠭᠠᠨ᠎ᠤ ᠠᠷᠭ᠎ᠠ ᠵᠠᠮ᠎ᠢ ᠲᠡᠭᠦᠯᠳᠡᠷᠵᠢᠭᠦᠯᠵᠦ᠍᠂ ᠪᠦᠬᠦ᠌ ᠬᠡᠯᠬᠢᠶ᠎ᠡ᠎ᠶ᠋ᠢᠨ ᠮᠡᠳᠡᠭᠡ ᠵᠠᠩᠭᠢ᠎ᠶ᠋ᠢᠨ ᠢᠲᠡᠭᠡᠯᠴᠡᠭᠡ ᠪᠠ ᠬᠡᠷᠡᠭ᠌ᠯᠡᠯᠲᠡ᠎ᠶ᠋ᠢᠨ ᠲᠣᠭ᠍ᠲᠠᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ᠃ ᠨᠢᠭᠡᠳᠦᠯᠲᠡᠶ ᠵᠢᠷᠤᠮᠵᠢᠭ᠍ᠰᠠᠨ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ᠎ᠳᠤ ᠣᠷᠤᠯᠴᠠᠬᠤ ᠪᠠ ᠵᠠᠰᠠᠭ᠎ᠤᠨ ᠣᠷᠳᠣᠨ᠂ ᠠᠵᠢᠯ ᠦᠢᠯᠡᠰ᠎ᠤᠨ ᠨᠢᠭᠡᠴᠢ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠬᠤᠳᠠᠯᠳᠤᠨ ᠠᠪᠬᠤ ᠵᠡᠷᠭᠡ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠱᠢᠰᠲ᠋ᠧᠮ᠎ᠢ ᠪᠠᠢᠭᠤᠯᠤᠨ ᠪᠥᠷᠢᠨᠱᠢᠭᠦᠯᠵᠦ᠍᠂ ᠵᠣᠬᠢᠶᠠᠮᠠᠯ ᠣᠶᠤᠯᠢᠭ᠎ᠤᠨ ᠬᠡᠷᠡᠭ᠌ᠯᠡᠯᠲᠡ ᠪᠠ ᠲᠣᠮᠣ ᠳ᠋ᠠᠢᠲ᠋ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠠᠬᠢᠭᠤᠯᠵᠤ᠂ ᠲᠥᠰᠥᠯ᠎ᠤᠨ ᠪᠥᠬᠦ᠌ ᠶᠠᠪᠤᠴᠠ᠎ᠶ᠋ᠢ ᠢᠯᠡ᠎ᠪᠠᠷ ᠬᠠᠮᠢᠶᠠᠷᠬᠤ᠎ᠶ᠋ᠢ ᠪᠡᠶᠡᠯᠡᠭᠦᠯᠦᠨ᠎ᠡ᠃
ᠵᠢᠷᠭᠤᠳᠤᠭᠠᠷ ᠠᠩᠬᠢ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠯ᠎ᠢ ᠲᠦᠷᠭᠡᠯᠡᠨ ᠪᠠᠢᠭᠤᠯᠵᠤ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ᠎ᠢ ᠴᠢᠩᠭᠠᠷᠠᠭᠤᠯᠤᠨ᠎ᠠ
ᠨᠡᠢᠭᠡᠮ ᠵᠢᠷᠤᠮ᠎ᠤᠨ ᠦᠨᠳᠦᠰᠦᠨ ᠠᠵᠤ ᠠᠬᠤᠢ᠎ᠶ᠋ᠢᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠠᠵᠤ ᠠᠬᠤᠢ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠨᠠᠩ ᠰᠠᠢᠨ ᠪᠠᠳᠠᠷᠠᠭᠤᠯᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠱᠢᠰᠲ᠋ᠧᠮ᠎ᠢ ᠪᠠᠢᠭᠤᠯᠵᠤ᠂ ᠬᠤᠷᠸ᠎ᠠ ᠠᠵᠤ ᠠᠬᠤᠢ᠎ᠶ᠋ᠢᠨ ᠵᠠᠰᠠᠯᠲᠠ᠎ᠶ᠋ᠢᠨ ᠦᠢᠯᠡᠳᠦᠯ ᠴᠢᠳᠠᠪᠦᠷᠢ᠎ᠶ᠋ᠢ ᠳᠡᠭᠡᠭ᠌ᠰᠢᠯᠡᠭᠦᠯᠵᠦ᠍᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠠᠮᠤᠭ᠎ᠤᠨ ᠱᠢᠯᠢᠳᠡᠭ ᠪᠣᠯᠭᠠᠬᠤ ᠪᠠ ᠦᠷ᠎ᠡ ᠠᠱᠢᠭ᠎ᠢ ᠬᠠᠮᠤᠭ᠎ᠤᠨ ᠶᠡᠭᠡ ᠪᠣᠯᠭᠠᠬᠤ᠎ᠶ᠋ᠢ ᠠᠬᠢᠭᠤᠯᠵᠤ᠂ ᠪᠦᠬᠦ᠌ ᠨᠡᠢᠭᠡᠮ᠎ᠤᠨ ᠳᠣᠲᠣᠭᠠᠳᠤ ᠬᠥᠳᠡᠯᠭᠡᠭ᠌ᠴᠢ ᠬᠦᠴᠦᠨ ᠪᠣᠯᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠯᠠᠪᠳᠠᠭᠤᠨ᠎ᠢᠶᠠᠷ ᠠᠯᠤᠰ᠎ᠢ ᠵᠤᠷᠢᠬᠤ᠎ᠶ᠋ᠢ ᠦᠨᠡᠨ ᠬᠦ᠌ ᠪᠠᠲᠤᠯᠠᠨ᠎ᠠ᠃
ᠠᠷᠪᠠᠨ ᠨᠢ᠋ᠮᠠᠳᠤᠭᠠᠷ ᠪᠦᠯᠦᠭ ᠡᠯ᠎ᠡ ᠲᠦᠷᠦᠯ ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠠᠮᠢᠵᠢᠷᠠᠯ ᠤᠨ ᠬᠦᠴᠦᠨ᠎ᠢ ᠭᠦᠢᠴᠡᠳ ᠬᠥᠭ᠌ᠵᠢᠭᠡᠨ᠎ᠡ
《ᠬᠤᠶᠠᠷ ᠦᠴᠦᠭᠡᠨ ᠴᠦ᠍ ᠭᠤᠢᠪᠢᠰᠢ ᠦᠭᠡᠢ》᠎ᠶ᠋ᠢ ᠪᠠᠷᠢᠮᠲᠠᠯᠠᠨ ᠨᠠᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠶ᠎ᠶ᠋ᠢᠨ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠦᠪᠥᠷᠢᠯᠡᠵᠦ᠍᠂ ᠬᠠᠮᠲᠤ᠎ᠪᠠᠷ ᠬᠥᠭ᠌ᠵᠢᠬᠦ᠌ ᠵᠢ ᠠᠬᠢᠭᠤᠯᠤᠨ᠎ᠠ᠃
ᠨᠢᠭᠡᠳᠦᠭᠡᠷ ᠬᠡᠰᠡᠭ ᠤᠯᠤᠰ᠎ᠤᠨ ᠥᠮᠴᠢᠯᠡᠯ᠎ᠤᠨ ᠬᠦᠷᠦᠩᠭᠡ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ
ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠪᠣᠯᠤᠨ ᠤᠯᠤᠰ᠎ᠤᠨ ᠥᠮᠴᠢᠯᠡᠯ᠎ᠤᠨ ᠬᠦᠷᠦᠩᠭᠡ᠎ᠶ᠋ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠤᠨ ᠭᠤᠣᠯᠯᠠᠬᠤ ᠴᠢᠳᠠᠮᠵᠢ᠎ᠶ᠋ᠢ ᠴᠢᠩᠭᠠᠷᠠᠭᠤᠯᠤᠨ᠂ ᠭᠤᠣᠯᠯᠠᠬᠤ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠪᠠ ᠪᠦᠲᠦᠴᠡ᠎ᠶ᠋ᠢ ᠲᠣᠬᠢᠷᠠᠭᠤᠯᠬᠤ ᠵᠢᠯᠣᠭᠤᠳᠭᠤ ᠭᠠᠷᠴᠠᠭ᠎ᠢ ᠲᠣᠭ᠍ᠲᠠᠭᠠᠨ ᠬᠡᠷᠡᠭ᠌ᠵᠢᠭᠦᠯᠵᠦ᠍᠂ ᠤᠯᠤᠰ᠎ᠤᠨ ᠥᠮᠴᠢᠯᠡᠯ ᠤᠨ ᠬᠥᠷᠥᠩᠭᠡ᠎ᠶ᠋ᠢ ᠤᠯᠤᠰ᠎ᠤᠨ ᠠᠮᠤᠷ ᠲᠦᠪᠱᠢᠨ᠂ ᠤᠯᠤᠰ ᠠᠷᠠᠳ᠎ᠤᠨ ᠠᠵᠤ ᠠᠬᠤᠶ᠎ᠶ᠋ᠢᠨ ᠠᠮᠢᠨ ᠰᠤᠳᠠᠰᠤ᠎ᠳᠤ ᠬᠤᠯᠪᠣᠭ᠍ᠳᠠᠬᠤ ᠴᠢᠬᠤᠯᠠ ᠠᠵᠢᠯ ᠲᠥᠷᠥᠯ ᠪᠣᠯᠤᠨ ᠵᠠᠩᠭᠢᠯᠠᠭ᠎ᠠ᠎ᠶ᠋ᠢᠨ ᠬᠦᠷᠢᠶ᠎ᠡ ᠲᠡᠢᠰᠢ ᠲᠥᠪᠯᠡᠷᠡᠭᠦᠯᠬᠦ᠂ ᠤᠯᠤᠰ᠎ᠤᠨ ᠠᠵᠤ ᠠᠬᠤᠶ ᠠᠷᠠᠳ᠎ᠤᠨ ᠠᠮᠢᠳᠤᠷᠠᠯ᠎ᠳᠤ ᠬᠤᠯᠪᠣᠭ᠍ᠳᠠᠬᠤ ᠣᠯᠠᠨ ᠨᠡᠢᠲᠡ᠎ᠶ᠋ᠢᠨ ᠦᠢᠯᠡᠴᠢᠯᠡᠭᠡ᠂ ᠪᠠᠴᠢᠮ ᠪᠠᠢᠳᠠᠯ᠎ᠢ ᠠᠷᠭᠠᠴᠠᠬᠤ ᠴᠢᠳᠠᠪᠤᠷᠢ᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠬᠦᠷᠢᠶ᠎ᠡ ᠵᠡᠷᠭᠡ ᠲᠡᠢᠰᠢ ᠲᠥᠪᠯᠡᠷᠡᠭᠦᠯᠬᠦ᠂ ᠪᠠᠷᠠᠯᠠᠬᠢᠯᠠᠯᠳᠦ ᠴᠢᠨᠠᠷᠲᠠᠶ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠲᠡᠢᠰᠢ ᠲᠥᠪᠯᠡᠷᠡᠭᠦᠯᠬᠦ᠌᠎ᠶ᠋ᠢ ᠠᠬᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠲᠠᠬᠢᠨ ᠵᠣᠬᠢᠶᠠᠨ ᠪᠠᠢᠭᠤᠯᠬᠤ ᠪᠠ ᠲᠤᠰᠭᠠᠢᠵᠢᠭᠤᠯᠤᠨ ᠡᠮᠬᠢᠯᠡᠨ ᠨᠡᠢᠯᠡᠭᠦᠯᠬᠦ᠌᠎ᠶ᠋ᠢ ᠴᠢᠩᠭᠠᠳᠭᠠᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠲᠥᠷᠥᠯ ᠬᠤᠪᠢᠶᠠᠭ᠍ᠰᠠᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠳᠠᠯᠢ ᠪᠤᠰᠤ ᠲᠥᠷᠥᠯ ᠬᠡᠯᠪᠡᠷᠢ᠎ᠶ᠋ᠢᠨ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠴᠢᠳᠠᠮᠵᠢ ᠶ᠋ᠢᠨ ᠪᠠᠢᠷᠢ ᠲᠣᠭ᠍ᠲᠠᠭᠠᠯᠲᠠ᠎ᠶ᠋ᠢ ᠤᠯᠠᠮ ᠨᠢᠭᠡ ᠠᠯᠬᠤᠮ ᠲᠣᠳᠤᠷᠬᠠᠢ᠌ᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠤᠨ ᠦᠨᠡᠯᠡᠯᠲᠡ᠎ᠶ᠋ᠢᠨ ᠳᠦᠷᠢᠮ᠎ᠢ ᠪᠠᠢᠭᠤᠯᠵᠤ᠂ ᠲᠥᠷᠥᠯ ᠬᠤᠪᠢᠶᠠᠨ ᠬᠢᠨᠠᠨ ᠱᠢᠯᠭᠠᠬᠤ ᠵᠠᠰᠠᠯᠲᠠ᠎ᠶ᠋ᠢᠨ ᠪᠠᠢᠭᠤᠯᠤᠯ᠎ᠢ ᠪᠠᠢᠭᠤᠯᠤᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠵᠠᠬ᠎ᠠ ᠳᠡᠯᠭᠡᠭᠦᠷᠴᠢᠯᠡᠭ᠌ᠰᠡᠨ ᠡᠵᠡᠩᠨᠡᠯᠲᠡ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠦᠷᠳᠡᠭ ᠪᠦᠲᠦᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠤᠤᠭᠠᠯ ᠱᠢᠨ᠎ᠡ ᠡᠭᠦᠳᠦᠯᠲᠡ᠎ᠶ᠋ᠢ ᠠᠭᠢᠭᠤᠯᠬᠤ ᠲᠦᠷᠢᠮ᠎ᠤᠨ ᠲᠣᠬᠢᠷᠠᠭᠤᠯᠤᠯᠲᠠ᠎ᠶ᠋ᠢ ᠪᠦᠷᠢᠨᠱᠢᠭᠦᠯᠦᠨ᠎ᠡ᠃ ᠤᠯᠤᠰ᠎ᠤᠨ ᠥᠮᠴᠢᠯᠡᠯ᠎ᠤᠨ ᠬᠦᠷᠦᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠯ᠎ᠢ ᠲᠡᠭᠦᠯᠳᠡᠷᠵᠢᠭᠦᠯᠵᠦ᠍᠂ ᠤᠯᠤᠰ᠎ᠤᠨ ᠥᠮᠴᠢᠯᠡᠯ᠎ᠤᠨ ᠬᠦᠷᠦᠩᠭᠡ᠎ᠶ᠋ᠢᠨ ᠪᠡᠯᠡ ᠣᠷᠣᠭᠤᠯᠤᠯᠲᠠ ᠪᠠ ᠡᠵᠡᠩᠨᠡᠯᠲᠡ᠎ᠶ᠋ᠢᠨ ᠺᠣᠮᠫᠠᠨᠢ᠎ᠶ᠋ᠢᠨ ᠦᠢᠯᠡᠳᠦᠯ᠎ᠢ ᠨᠡᠩ ᠰᠠᠢᠨ ᠪᠠᠳᠠᠷᠠᠭᠤᠯᠤᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠶ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠨᠡᠮᠡᠭ᠌ᠳᠡᠯ ᠦᠷᠳᠡᠭ᠎ᠤᠨ ᠲᠣᠭᠠᠴᠠᠭ᠎ᠠ ᠬᠢᠬᠦ᠌ ᠲᠦᠷᠢᠮ᠎ᠢ ᠪᠥᠷᠢᠨᠱᠢᠭᠦᠯᠦᠨᠡ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠪᠠ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠵᠠᠬ᠎ᠠ ᠳᠡᠯᠭᠡᠭᠦᠷᠴᠢᠯᠡᠬᠦ᠌ ᠠᠷᠭ᠎ᠠ ᠮᠠᠶᠢᠭ᠎ᠢᠶᠠᠷ ᠰᠲ᠋ᠣᠺ᠎ᠤᠨ ᠡᠷᠬᠡ᠎ᠶ᠋ᠢᠨ ᠬᠠᠮᠲᠤᠷᠠᠯᠴᠠᠭ᠎ᠠ᠂ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ᠂ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠌ ᠠᠵᠢᠯ᠎ᠢ ᠵᠢᠷᠤᠮᠵᠢᠭᠤᠨ ᠥᠷᠨᠢᠭᠦᠯᠬᠦ᠌᠎ᠶ᠋ᠢ ᠲᠡᠮᠵᠢᠨ᠎ᠠ᠃
ᠬᠤᠶᠠᠳᠤᠭᠠᠷ ᠬᠡᠰᠡᠭ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢ ᠬᠥᠭ᠌ᠵᠢᠭᠦᠯᠦᠨ ᠪᠤᠵᠠᠭᠠᠢᠷᠠᠭᠤᠯᠤᠨ᠎ᠠ
ᠠᠷᠠᠳ ᠡᠴᠡ ᠡᠵᠡᠩᠨᠡᠭ᠌ᠰᠡᠨ ᠠᠵᠤ ᠠᠬᠤᠶ ᠶ᠋ᠢ ᠠᠬᠢᠭᠤᠯᠬᠤ ᠬᠠᠤᠯᠢ᠎ᠶ᠋ᠢ ᠨᠠᠢᠳᠠᠪᠤᠷᠢᠵᠢᠭᠤᠯᠵᠤ᠂ ᠢᠵᠢ ᠪᠦᠷᠢᠳᠦᠭᠦᠯᠬᠦ᠌ ᠬᠠᠤᠯᠢ ᠲᠣᠭ᠍ᠲᠠᠭᠠᠯ ᠲᠦᠷᠦ᠍᠎ᠶ᠋ᠢᠨ ᠪᠤᠳᠤᠯᠭ᠎ᠠ ᠲᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠬᠠᠤᠯᠢ ᠴᠠᠭᠠᠵᠠ ᠪᠠ ᠲᠦᠷᠢᠮ᠎ᠤᠨ ᠲᠠᠯ᠎ᠠ᠎ᠠᠴᠠ ᠦᠢᠯᠡᠳᠪᠦᠷᠢᠯᠡᠯ᠎ᠤᠨ ᠡᠯᠧᠮᠧᠨ᠋ᠲ᠎ᠢ ᠡᠷᠬᠡ ᠲᠡᠭ᠌ᠰᠢ᠎ᠪᠠᠷ ᠬᠡᠷᠡᠭ᠌ᠯᠡᠬᠦ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠭᠤᠣᠯᠴᠢ᠎ᠪᠠᠷ ᠣᠷᠣᠯᠴᠠᠬᠤ᠂ ᠬᠠᠤᠯᠢ ᠶᠣᠰᠣᠨ᠎ᠤ ᠡᠷᠬᠡ ᠠᠱᠢᠭ᠎ᠢ ᠪᠦᠲᠦᠮᠵᠢᠲᠡᠶ ᠬᠠᠮᠠᠭᠠᠯᠠᠬᠤ᠎ᠶ᠋ᠢ ᠪᠠᠲᠤᠯᠠᠨ᠎ᠠ᠃ ᠰᠠᠭᠤᠷᠢ ᠲᠥᠬᠦᠭᠡᠷᠦᠮᠵᠢ᠎ᠶ᠋ᠢᠨ ᠥᠷᠢᠰᠥᠯᠳᠦᠭᠡᠨ᠎ᠤ ᠴᠢᠨᠠᠷᠲᠠᠶ ᠬᠦᠷᠢᠶ᠎ᠡ᠎ᠶ᠋ᠢ ᠠᠷᠠᠳ ᠠᠴᠠ ᠡᠵᠡᠩᠨᠡᠭ᠌ᠰᠡᠨ ᠠᠵᠤ ᠠᠬᠤᠢᠯᠠᠯ᠎ᠳᠤ ᠡᠷᠬᠡ ᠲᠡᠭ᠌ᠰᠢ᠎ᠪᠠᠷ ᠨᠡᠭᠡᠭᠡᠯᠲᠡ ᠬᠢᠬᠦ᠌ ᠶ᠋ᠢ ᠦᠷᠭᠦᠯᠵᠢᠯᠡᠨ ᠠᠬᠢᠭᠤᠯᠤᠨ᠎ᠠ᠃ ᠴᠢᠳᠠᠪᠤᠷᠢᠯᠢᠬ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠤᠯᠤᠰ᠎ᠤᠨ ᠴᠢᠬᠤᠯᠠ ᠶᠡᠭᠡ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠡᠭᠦᠷᠭᠡ᠎ᠶ᠋ᠢ ᠲᠦᠷᠦᠭᠦᠯᠡᠨ ᠡᠭᠦᠷᠭᠡᠯᠡᠬᠦ᠌᠎ᠶ᠋ᠢ ᠳᠡᠮᠵᠢᠵᠦ᠍᠂ ᠤᠯᠤᠰ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢ ᠲᠥᠬᠦᠭᠡᠷᠦᠮᠵᠢ ᠪᠠ ᠤᠯᠠᠨ ᠨᠡᠢᠲᠡ᠎ᠶ᠋ᠢᠨ ᠰᠤᠳᠤᠯᠤᠨ ᠨᠡᠭᠡᠭᠡᠬᠦ᠌ ᠲᠠᠪᠴᠠᠩ᠎ᠢ ᠠᠷᠠᠳ ᠠᠴᠠ ᠡᠵᠡᠩᠨᠡᠭ᠌ᠰᠡᠨ ᠠᠵᠤ ᠠᠬᠤᠢᠯᠠᠯ᠎ᠳᠤ ᠤᠯᠠᠮ ᠨᠢᠭᠡ ᠠᠯᠬᠤᠮ ᠨᠡᠭᠡᠭᠡᠬᠦ᠌ ᠶ᠋ᠢ ᠠᠬᠢᠭᠤᠯᠤᠨ᠎ᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠪᠠᠯᠠ ᠲᠣᠬᠢᠷᠠᠭᠤᠯᠭ᠎ᠠ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠪᠥᠬᠦ᠌ ᠤᠯᠤᠰ᠎ᠤᠨ ᠨᠢᠭᠡ ᠴᠣᠭ᠍ᠴᠠᠵᠢᠭᠤᠯᠤᠭ᠍ᠰᠠᠨ ᠪᠠᠯᠠ ᠲᠣᠬᠢᠷᠠᠭᠤᠯᠭ᠎ᠠ᠎ᠶ᠋ᠢᠨ ᠢᠲᠡᠭᠡᠮᠵᠢ᠎ᠶ᠋ᠢᠨ ᠦᠢᠯᠡᠴᠢᠯᠡᠭᠡᠨ᠎ᠤ ᠲᠠᠪᠴᠠᠩ᠎ᠤᠨ ᠰᠦᠯᠵᠢᠶᠡᠨ᠎ᠤ ᠦᠢᠯᠡᠳᠦᠯ᠎ᠢ ᠪᠠᠳᠠᠷᠠᠭᠤᠯᠤᠨ᠂ ᠢᠲᠡᠭᠡᠮᠵᠢ᠎ᠶ᠋ᠢᠨ ᠪᠠᠢᠳᠠᠯ᠎ᠢ ᠶᠡᠷᠦᠩᠬᠡᠢᠯᠡᠨ ᠦᠨᠡᠯᠡᠬᠦ᠌ ᠱᠢᠰᠲ᠋ᠧᠮ ᠪᠠ ᠢᠲᠡᠭᠡᠮᠵᠢ ᠨᠡᠮᠡᠭ᠌ᠳᠡᠭᠦᠯᠬᠦ᠌ ᠲᠦᠷᠢᠮ᠎ᠢ ᠪᠦᠷᠢᠨᠱᠢᠭᠦᠯᠦᠨ᠎ᠡ᠃ ᠳᠤᠮᠳᠠ ᠵᠢᠵᠢᠭ ᠠᠵᠤ ᠠᠬᠤᠢᠯᠠᠯ ᠪᠣᠯᠤᠨ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠬᠥᠭ᠌ᠵᠢᠯᠲᠡ᠎ᠶ᠋ᠢ ᠳᠡᠮᠵᠢᠵᠦ᠍᠂ ᠲᠣᠮᠣ ᠳᠤᠮᠳᠠ ᠵᠢᠵᠢᠭ ᠠᠵᠤ ᠠᠬᠤᠢᠯᠠᠯ᠎ᠤᠨ ᠬᠠᠮᠵᠢᠯᠴᠠᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ 《ᠵᠢᠨᠵᠢᠶᠠᠩ ᠤᠨ ᠲᠤᠷᠱᠢᠯᠭ᠎ᠠ》᠎ᠶ᠋ᠢ ᠱᠢᠨ᠎ᠡ᠎ᠶ᠋ᠢ ᠡᠭᠦᠳᠦᠨ ᠬᠦᠭ᠌ᠵᠢᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠱᠢᠰᠲ᠋ᠧᠮ ᠢ ᠪᠦᠷᠢᠨᠱᠢᠭᠦᠯᠦᠨ᠂ ᠵᠠᠰᠠᠭ᠎ᠤᠨ ᠤᠷᠳᠤᠨ ᠪᠠ ᠠᠵᠤ ᠠᠬᠤᠢᠯᠠᠯ᠎ᠤᠨ ᠪᠠᠢᠩᠭᠤ᠎ᠶ᠋ᠢᠨ ᠴᠢᠨᠠᠷᠲᠠᠶ ᠨᠡᠪᠲᠡᠷᠡᠯᠴᠡᠨ ᠰᠣᠯᠢᠯᠴᠠᠬᠤ ᠪᠠ ᠠᠰᠠᠭᠤᠳᠠᠯ᠎ᠢ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠢ ᠬᠥᠲᠥᠯᠥᠨ ᠵᠢᠯᠣᠭᠤᠳᠴᠤ᠌ ᠪᠠᠢᠭᠠᠳ ᠵᠠᠰᠠᠬᠤ ᠪᠦᠲᠦᠴᠡ ᠪᠠ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢᠨ ᠡᠷᠡᠭᠦᠯ᠎ᠢᠶᠠᠷ ᠬᠥᠭ᠌ᠵᠢᠬᠦ᠌ ᠪᠠ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢᠨ ᠬᠥᠮᠦᠰ᠎ᠤᠨ ᠡᠷᠡᠭᠦᠯ᠎ᠢᠶᠠᠷ ᠦᠰᠦᠨ ᠪᠤᠢᠵᠢᠬᠤ ᠶ᠋ᠢ ᠠᠬᠢᠭᠤᠯᠤᠨ᠎ᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶ᠋ᠢᠨ ᠪᠦᠷᠢᠳᠭᠡᠵᠦ᠍ ᠬᠢᠨᠠᠨ ᠬᠡᠮᠵᠢᠬᠦ᠌ ᠳᠦᠷᠢᠮ᠎ᠢ ᠪᠦᠷᠢᠨᠱᠢᠭᠦᠯᠦᠨ᠎ᠡ᠃
ᠭᠤᠷᠪᠠᠳᠤᠭᠠᠷ ᠬᠡᠰᠡᠭ ᠲᠡᠷᠢᠭᠦᠨ ᠵᠡᠷᠭᠡ ᠶ᠋ᠢᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠢᠳᠡᠪᠬᠢᠲᠡᠶ ᠪᠤᠢ ᠪᠣᠯᠭᠠᠨ᠎ᠠ
ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠰᠠᠢᠵᠢᠷᠠᠭᠤᠯᠤᠨ ᠳᠡᠭᠡᠭ᠌ᠰᠢᠯᠡᠭᠦᠯᠬᠦ᠌᠎ᠶ᠋ᠢ ᠦᠷᠭᠦᠯᠵᠢᠯᠡᠨ ᠠᠬᠢᠭᠤᠯᠵᠦ᠍᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢ ᠪᠠᠷ ᠵᠠᠰᠠᠭ᠍ᠰᠠᠨ᠂ ᠳᠡᠯᠡᠬᠡᠢᠴᠢᠯᠡᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠪᠤᠢ ᠪᠣᠯᠭᠠᠨ᠎ᠠ᠃ ᠠᠵᠤ ᠠᠬᠤᠢᠯᠠᠯ᠎ᠳᠤ ᠦᠢᠯᠡᠴᠢᠯᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ 《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ᠎ᠢ ᠪᠦᠲᠦᠭᠡᠬᠦ᠌》 ᠭᠤᠣᠯᠳᠠᠯᠭ᠎ᠠ᠎ᠲᠠᠢ ᠵᠦᠢᠯᠡᠰ᠎ᠤᠨ ᠲᠣᠳᠤᠷᠬᠠᠢ ᠬᠠᠭᠤᠳᠠᠰᠤ᠎ᠶ᠋ᠢ ᠬᠠᠮᠢᠶᠠᠷᠬᠤ ᠪᠠ ᠪᠠᠢᠡᠭ᠌ᠭᠤᠵᠢᠭ᠍ᠰᠠᠨ ᠠᠬᠢᠭᠤᠯᠬᠤ ᠲᠣᠭ᠍ᠲᠠᠴᠠ᠎ᠶ᠋ᠢ ᠪᠦᠷᠢᠡᠱᠢᠬᠦᠯᠵᠤ᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠦ᠍᠎ᠶ᠋ᠢᠨ ᠪᠣᠳᠣᠯᠭ᠎ᠠ᠎ᠶ᠋ᠢᠨ ᠪᠦᠬᠦ᠌ ᠶᠠᠪᠤᠴᠠ᠎ᠶ᠋ᠢ ᠰᠦᠯᠵᠢᠶᠡᠨ ᠳᠡᠭᠡᠷ᠎ᠡ ᠭᠦᠢᠴᠡᠳᠭᠡᠬᠦ᠂ ᠱᠢᠭᠤᠳ ᠬᠦᠷᠭᠡᠵᠦ᠍ ᠲᠦᠷᠭᠡᠨ ᠡᠳ᠋ᠯᠡᠬᠦᠯᠬᠦ᠌᠎ᠶ᠋ᠢ ᠬᠡᠷᠡᠭ᠌ᠵᠢᠭᠦᠯᠵᠦ᠍᠂ ᠢᠲᠡᠭᠡᠮᠵᠢ ᠶ᠋ᠢᠨ ᠠᠮᠠᠯᠠᠯᠲᠠ ᠶ᠋ᠢᠨ ᠳᠦᠷᠢᠮ᠎ᠢ ᠳᠡᠯᠭᠡᠷᠡᠭᠦᠯᠦᠨ᠎ᠡ᠃ ᠳᠠᠩᠰᠠᠯᠠᠭᠤᠯᠤᠭ᠍ᠰᠠᠨ ᠬᠥᠷᠥᠩᠭᠡ᠎ᠶ᠋ᠢᠨ ᠵᠥᠪᠱᠢᠶᠡᠷᠡᠨ ᠳᠤᠱᠢᠶᠠᠭ᠍ᠰᠠᠨᠢᠶᠠᠷᠨᠢ ᠪᠦᠷᠢᠳᠭᠡᠭᠦ᠌ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠡᠵᠡᠩᠨᠡᠯᠲᠡ᠎ᠶ᠋ᠢᠨ ᠵᠥᠪᠱᠢᠶᠡᠷᠡᠯ ᠤᠨ ᠵᠦᠢᠯᠡᠰ᠎ᠢ ᠦᠷᠭᠦᠯᠵᠢᠯᠡᠨ ᠴᠣᠮᠬᠠᠳᠭᠠᠨᠠ᠃ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠳᠡᠶ᠋ᠢ ᠵᠢᠷᠤᠮᠵᠢᠭᠤᠯᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠥᠷᠢᠨᠱᠢᠭᠦᠯᠵᠦ᠍᠂ ᠲᠣᠭ᠍ᠲᠠᠭᠠᠯ᠎ᠠᠴᠠ ᠵᠥᠷᠢᠴᠡᠨ ᠣᠨᠳᠣᠤ ᠭᠠᠵᠠᠷ᠎ᠲᠤ ᠬᠠᠤᠯᠢ ᠬᠡᠷᠡᠭ᠌ᠵᠢᠭᠦᠯᠬᠦ᠂ ᠠᠱᠢᠭ ᠬᠠᠷᠠᠬᠤ ᠴᠢᠨᠠᠷᠲᠠᠶ ᠬᠠᠤᠯᠢ ᠬᠡᠷᠡᠭ᠌ᠵᠢᠭᠦᠯᠬᠦ᠌᠎ᠶ᠋ᠢ ᠰᠡᠷᠭᠡᠢᠯᠡᠨ ᠵᠠᠯᠠᠷᠠᠭᠤᠯᠵᠤ᠂ 《ᠶᠡᠷᠦᠩᠬᠡᠢᠯᠡᠨ ᠨᠢᠭᠡ ᠯᠡ ᠤᠳᠠᠭ᠎ᠠ᠎ᠳᠤ ᠪᠠᠢᠴᠠᠭᠠᠬᠤ》 ᠵᠡᠷᠭᠡ ᠬᠠᠮᠲᠤᠷᠠᠨ ᠬᠠᠤᠯᠢ ᠬᠡᠷᠡᠭ᠌ᠵᠢᠭᠦᠯᠬᠦ᠌ ᠠᠷᠭ᠎ᠠ ᠮᠠᠶᠢᠭ᠎ᠢ ᠠᠬᠢᠭᠤᠯᠤᠨ᠎ᠠ᠃ ᠥᠮᠴᠢᠯᠡᠬᠦ᠌ ᠡᠷᠬᠡ ᠶ᠋ᠢᠨ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠬᠠᠮᠠᠭᠠᠯᠠᠯᠲᠠ᠎ᠶ᠋ᠢ ᠴᠢᠩᠭᠠᠳᠭᠠᠵᠤ᠂ ᠪᠠᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠴᠡᠪᠳᠡᠭ᠌ᠰᠢᠭᠦᠯᠬᠦ᠌ ᠵᠡᠷᠭᠡ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢᠨ ᠬᠠᠤᠯᠢ ᠪᠠᠷᠢᠬᠤ ᠬᠢᠨᠠᠯᠲᠠ᠎ᠶ᠋ᠢ ᠴᠢᠩᠭᠠᠳᠭᠠᠨ᠎ᠠ᠃ ᠠᠵᠤ ᠠᠬᠤᠢᠯᠠᠯ᠎ᠳᠤ ᠥᠷᠢᠲᠦᠭ᠌ᠰᠡᠨ ᠠᠪᠴᠠᠭᠠᠨ᠎ᠤ ᠵᠤᠭᠤᠰ᠎ᠢ ᠢᠯᠭᠠᠷᠠᠭᠤᠯᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠵᠠᠰᠠᠭ᠎ᠤᠨ ᠤᠷᠳᠤᠨ᠎ᠤ ᠭᠡᠷ᠎ᠡ᠎ᠠᠴᠠ ᠵᠥᠷᠢᠴᠡᠨ ᠢᠲᠡᠭᠡᠯ ᠠᠯᠳᠠᠭ᠍ᠰᠠᠨ᠎ᠢ ᠵᠠᠭᠠᠯᠳᠤᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠦᠨ᠎ᠡ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠤᠳᠤ ᠦᠶ᠎ᠡ᠎ᠶ᠋ᠢᠨ ᠠᠵᠤ ᠠᠬᠤᠢᠯᠠᠯ᠎ᠤᠨ ᠲᠦᠷᠢᠮ᠎ᠢ ᠲᠡᠭᠦᠯᠳᠡᠷᠵᠢᠭᠦᠯᠵᠦ᠍᠂ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠡᠩ ᠤᠯᠠᠨ ᠳᠡᠯᠡᠬᠡᠶ᠎ᠶ᠋ᠢᠨ ᠲᠡᠷᠢᠭᠦᠨ ᠵᠡᠷᠭᠡ᠎ᠶ᠋ᠢᠨ ᠠᠵᠤ ᠠᠬᠤᠢᠯᠠᠯ᠎ᠢ ᠲᠦᠷᠭᠡᠯᠡᠨ ᠪᠠᠢᠭᠤᠯᠤᠨ᠎ᠠ᠃
ᠠᠷᠪᠠ ᠶᠢᠰᠦᠳᠦᠭᠡᠷ ᠪᠦᠯᠦᠭ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠢᠭᠤᠯᠤᠯ ᠲᠣᠭ᠍ᠲᠠᠴᠠ᠎ᠶ᠋ᠢ ᠲᠦᠷᠭᠡᠯᠡᠨ ᠲᠡᠭᠦᠯᠳᠡᠷᠵᠢᠭᠦᠯᠦᠨ᠎ᠡ
ᠡᠯᠧᠮᠧᠨ᠋ᠲ᠎ᠢ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠡᠯᠧᠮᠧᠨ᠋ᠲ᠎ᠤᠨ ᠡᠮᠬᠢ ᠵᠢᠷᠤᠮ᠎ᠲᠠᠢ ᠱᠢᠯᠵᠢᠬᠦ᠌ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠨᠡᠮᠡᠭ᠌ᠳᠡᠯ᠎ᠢ ᠱᠢᠯᠢᠳᠡᠭ᠌ᠵᠢᠭᠦᠯᠬᠦ᠌ ᠪᠠ ᠬᠠᠳᠠᠭᠠᠯᠠᠯᠲᠠ᠎ᠶ᠋ᠢ ᠠᠮᠢᠳᠤᠯᠢᠭ ᠪᠣᠯᠭᠠᠬᠤ᠎ᠶ᠋ᠢ ᠨᠢᠭᠡᠳᠦᠯᠲᠡᠢ ᠲᠦᠯᠦᠪᠯᠡᠵᠦ᠍᠂ ᠡᠯ᠎ᠡ ᠲᠥᠷᠥᠯ᠎ᠤᠨ ᠡᠯᠧᠮᠧᠨ᠋ᠲ᠎ᠤᠨ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠲᠣᠬᠢᠷᠠᠭᠤᠯᠬᠤ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠡᠯᠧᠮᠧᠨ᠋ᠲ᠎ᠤᠨ ᠵᠠᠬ᠎ᠠ ᠳᠡᠯᠭᠡᠭᠦᠷ᠎ᠤᠨ ᠲᠦᠷᠢᠮ ᠪᠠ ᠲᠦᠷᠢᠮᠯᠡᠯ᠎ᠢ ᠪᠦᠷᠢᠨᠱᠢᠭᠦᠯᠦᠨ᠎ᠡ
ᠡᠯᠧᠮᠧᠨ᠋ᠲ᠎ᠤᠨ ᠵᠠᠬ᠎ᠠ ᠳᠡᠯᠭᠡᠭᠦᠷ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠬᠡᠪᠴᠢᠶ᠎ᠡ᠎ᠶ᠋ᠢ ᠥᠷᠭᠡᠳᠭᠡᠨ᠎ᠡ᠃ ᠭᠠᠵᠠᠷ ᠱᠢᠷᠣᠶ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠤᠲᠠ ᠬᠥᠳᠡᠭᠡ᠎ᠶ᠋ᠢᠨ ᠨᠢᠭᠡᠳᠦᠯᠲᠡᠶ ᠪᠦᠲᠦᠭᠡᠨ ᠪᠠᠢᠭᠤᠯᠤᠯᠲᠠ ᠳ᠋ᠤ ᠬᠡᠷᠡᠭ᠌ᠯᠡᠬᠦ᠌ ᠭᠠᠵᠠᠷ᠎ᠤᠨ ᠵᠠᠬ᠎ᠠ ᠳᠡᠯᠭᠡᠭᠦᠷ᠎ᠢ ᠪᠠᠢᠭᠤᠯᠤᠨ ᠪᠦᠷᠢᠨᠱᠢᠭᠦᠯᠦᠨ᠎ᠡ᠃ ᠪᠡᠯᠡ ᠣᠷᠣᠭᠤᠯᠤᠯᠲᠠ ᠪᠠ ᠪᠡᠯᠡ ᠲᠣᠬᠢᠷᠠᠭᠤᠯᠭ᠎ᠠ ᠬᠠᠷᠢᠯᠴᠠᠨ ᠵᠣᠬᠢᠴᠠᠯᠳᠤᠭ᠍ᠰᠠᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠴᠢᠳᠠᠮᠵᠢ᠎ᠶ᠋ᠢ ᠪᠥᠷᠢᠨᠱᠢᠭᠦᠯᠵᠦ᠍᠂ ᠰᠲ᠋ᠣᠺ ᠲᠠᠷᠬᠠᠭᠠᠨ ᠵᠠᠬ᠎ᠠ ᠳᠡᠯᠭᠡᠭᠦᠷ᠎ᠲᠤ ᠭᠠᠷᠭᠠᠬᠤ᠂ ᠮᠡᠳᠡᠭᠡ ᠵᠠᠩᠭᠢ ᠨᠡᠢᠲᠡᠯᠡᠬᠦ᠂ ᠨᠡᠢᠯᠡᠭᠦᠯᠦᠨ ᠬᠤᠳᠠᠯᠳᠤᠨ ᠠᠪᠴᠤ᠌ ᠳᠠᠬᠢᠨ ᠵᠣᠬᠢᠶᠠᠨ ᠪᠠᠢᠭᠤᠯᠬᠤ᠂ ᠵᠠᠬ᠎ᠠ ᠳᠡᠯᠭᠡᠭᠦᠷ᠎ᠠᠴᠠ ᠤᠬᠤᠷᠢᠭᠤᠯᠵᠤ ᠭᠠᠷᠭᠠᠬᠤ ᠵᠡᠷᠭᠡ ᠰᠠᠭᠤᠷᠢ ᠳᠦᠷᠢᠮ᠎ᠢ ᠱᠢᠯᠢᠳᠡᠭ᠌ᠵᠢᠭᠦᠯᠵᠦ᠍᠂ ᠰᠲ᠋ᠤᠺ᠎ᠢᠶᠠᠨ ᠵᠠᠬ᠎ᠠ ᠳᠡᠯᠭᠡᠭᠦᠷ᠎ᠲᠤ ᠭᠠᠷᠭᠠᠭ᠍ᠰᠠᠨ ᠺᠣᠮᠫᠠᠨᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠳᠣᠲᠣᠭᠠᠳᠤ ᠲᠣᠭ᠍ᠲᠠᠪᠤᠷᠢᠲᠤ ᠴᠢᠨᠠᠷ᠎ᠢ ᠨᠡᠮᠡᠭ᠌ᠳᠡᠭᠦᠯᠬᠦ᠌ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ᠎ᠠ᠃ ᠬᠥᠳᠡᠯᠮᠦᠷᠢ᠎ᠶ᠋ᠢᠨ ᠬᠦᠴᠦᠨ ᠪᠠ ᠴᠢᠳᠠᠪᠤᠷᠢᠲᠠᠨ᠎ᠤ ᠨᠡᠢᠭᠡᠮᠴᠢ ᠴᠢᠨᠠᠷᠲᠠᠶ ᠱᠢᠯᠵᠢᠯᠲᠡ᠎ᠶ᠋ᠢᠨ ᠠᠷᠭ᠎ᠠ ᠵᠠᠮ᠎ᠢ ᠱᠢᠯᠤᠭᠤᠳᠭᠠᠵᠤ᠂ ᠡᠷᠦᠬᠡ ᠠᠮᠠ᠎ᠶ᠋ᠢᠨ ᠳᠠᠩᠰᠠ᠂ ᠨᠡᠢᠭᠡᠮ ᠤᠨ ᠪᠠᠲᠤᠯᠠᠭ᠎ᠠ᠂ ᠮᠡᠷᠭᠡᠵᠢᠯ᠎ᠤᠨ ᠴᠣᠯᠠ᠂ ᠳᠠᠩᠰᠠ ᠡᠪᠬᠡᠮᠡᠯ ᠵᠡᠷᠭᠡ ᠲᠠᠯ᠎ᠠ᠎ᠶ᠋ᠢᠨ ᠳᠦᠷᠢᠮ ᠲᠣᠭ᠍ᠲᠠᠭᠠᠯ ᠤᠨ ᠴᠢᠨᠠᠷᠲᠠᠶ ᠬᠠᠷᠰᠢ ᠰᠠᠭᠠᠳ᠎ᠢ ᠠᠯᠬᠤᠮ ᠠᠯᠬᠤᠮ᠎ᠢᠶᠠᠷ ᠡᠪᠳᠡᠨ᠎ᠡ᠃ ᠪᠦᠬᠦ᠌ ᠤᠯᠤᠰ᠎ᠤᠨ ᠨᠢᠭᠡ ᠴᠣᠭ᠍ᠴᠠᠵᠢᠭᠤᠯᠤᠭ᠍ᠰᠠᠨ ᠮᠡᠷᠭᠡᠵᠢᠯ᠎ᠤᠨ ᠵᠠᠬ᠎ᠠ ᠳᠡᠯᠭᠡᠭᠦᠷ ᠪᠣᠯᠤᠨ ᠳ᠋ᠡᠢᠲ᠋ᠠ᠎ᠶ᠋ᠢᠨ ᠵᠠᠬ᠎ᠠ ᠳᠡᠯᠭᠡᠭᠦᠷ᠎ᠢ ᠪᠤᠢᠵᠢᠭᠤᠯᠤᠨ᠎ᠠ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠨᠢᠭᠡ ᠪᠦᠯᠦᠭ ᠬᠠᠭᠤᠯᠪᠤᠷᠢᠯᠠᠨ ᠳᠡᠯᠭᠡᠷᠡᠭᠦᠯᠵᠦ᠍ ᠪᠣᠯᠬᠤ ᠲᠦᠷᠢᠮ᠎ᠤᠨ ᠦᠷ᠎ᠡ ᠪᠦᠲᠦᠭᠡᠯ᠎ᠢ ᠲᠦᠷᠭᠡᠯᠡᠨ ᠪᠤᠢ ᠪᠣᠯᠭᠠᠨ᠎ᠠ᠃
ᠬᠤᠶᠠᠳᠤᠭᠠᠷ ᠬᠡᠰᠡᠭ ᠡᠬᠢ ᠪᠠᠶᠠᠯᠢᠭ ᠤᠨ ᠡᠯᠧᠮᠧᠨ᠋ᠲ ᠤᠨ ᠦᠨ᠎ᠡ ᠬᠠᠩᠰᠢ᠎ᠶ᠋ᠢ ᠪᠦᠷᠢᠯᠳᠦᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ
ᠭᠤᠣᠯᠳᠠᠭᠤ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭ᠌ᠴᠡᠭᠡᠨ᠎ᠤ ᠬᠠᠷᠢᠴᠠᠭ᠎ᠠ᠎ᠪᠠᠷ ᠦᠨ᠎ᠡ ᠬᠠᠩᠰᠢ᠎ᠶ᠋ᠢ ᠳᠣᠭ᠍ᠲᠠᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠨ᠎ᠡ ᠬᠠᠩᠰᠢ᠎ᠶ᠋ᠢᠨ ᠵᠠᠰᠠᠯᠲᠠ᠎ᠶ᠋ᠢ ᠴᠢᠩᠭᠠᠳᠭᠠᠨ ᠰᠠᠢᠵᠢᠷᠠᠭᠤᠯᠤᠨ᠎ᠠ᠃ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠣᠷᠪᠤᠯᠵᠢ᠎ᠶ᠋ᠢᠨ ᠱᠢᠰᠲ᠋ᠧᠮ᠎ᠳᠤ ᠵᠣᠬᠢᠴᠠᠬᠤ ᠦᠨ᠎ᠡ ᠬᠠᠩᠰᠢ᠎ᠶ᠋ᠢᠨ ᠲᠣᠭ᠍ᠲᠠᠴᠠ᠎ᠶ᠋ᠢ ᠲᠦᠷᠭᠡᠯᠡᠨ ᠪᠥᠷᠢᠨᠱᠢᠭᠦᠯᠵᠦ᠍᠂ ᠡᠯ᠎ᠡ ᠲᠥᠷᠥᠯ᠎ᠤᠨ ᠴᠠᠬᠢᠯᠭᠠᠨ ᠡᠭᠦᠰᠭᠡᠭ᠌ᠴᠢ᠎ᠶ᠋ᠢᠨ ᠰᠦᠯᠵᠢᠶᠡᠨ᠎ᠳᠤ ᠣᠷᠤᠬᠤ ᠴᠠᠬᠢᠯᠭᠠᠨ᠎ᠤ ᠦᠨ᠎ᠡ ᠬᠠᠨᠭ᠌ᠰᠢ᠎ᠶ᠋ᠢᠨ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠲᠥᠷᠥᠯ ᠵᠦᠢᠯ ᠬᠤᠪᠢᠶᠠᠨ᠂ ᠠᠯᠬᠤᠮ ᠳᠠᠷᠠᠭ᠎ᠠ᠎ᠲᠠᠢ᠎ᠪᠠᠷ ᠠᠬᠢᠭᠤᠯᠵᠤ᠂ ᠪᠣᠯᠪᠠᠰᠤᠷᠠᠭᠤᠯᠤᠭ᠍ᠰᠠᠨ ᠴᠢᠯᠠᠭᠤᠨ ᠲᠣᠰᠣᠨ᠎ᠤ ᠦᠨ᠎ᠡ ᠲᠣᠭ᠍ᠲᠠᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠦᠨ᠎ᠡ ᠬᠠᠩᠰᠢ ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠨᠡᠭᠦᠷᠡᠰᠦᠨ᠎ᠤ ᠦᠨ᠎ᠡ ᠬᠠᠩᠰᠢ ᠶ᠋ᠢᠨ ᠬᠡᠪᠴᠢᠶ᠎ᠡ ᠶ᠋ᠢᠨ ᠲᠣᠬᠢᠷᠠᠭᠤᠯᠤᠨ ᠡᠵᠡᠮᠳᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠰᠦᠯᠵᠢᠶᠡᠨ ᠤ ᠬᠡᠯᠪᠡᠷᠢ᠎ᠶ᠋ᠢᠨ ᠠᠶᠠᠨ᠎ᠳᠠᠭᠠᠨ ᠮᠣᠨᠣᠫᠣᠯᠢᠴᠢᠯᠠᠬᠤ ᠭᠤᠭ᠍ᠴᠤᠭ᠎ᠠ᠎ᠶ᠋ᠢᠨ ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠤᠰᠤᠨ ᠠᠱᠢᠭ᠍ᠯᠠᠯᠲᠠ ᠶ᠋ᠢᠨ ᠢᠨᠵᠧᠨᠧᠷᠢᠩ᠎ᠤᠨ ᠤᠰᠤ ᠬᠠᠩᠭᠠᠬᠤ ᠦᠨ᠎ᠡ ᠬᠠᠩᠰᠢ᠎ᠶ᠋ᠢᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠦᠨ᠎ᠡ᠃ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ ᠨᠡᠢᠲᠡ᠎ᠶ᠋ᠢᠨ ᠬᠡᠷᠡᠭ᠌ᠯᠡᠭᠡᠨ᠎ᠤ ᠦᠢᠯᠡᠰ᠎ᠤᠨ ᠦᠨ᠎ᠡ ᠬᠠᠩᠰᠢ᠎ᠶ᠋ᠢᠨ ᠲᠣᠭ᠍ᠲᠠᠴᠠ᠎ᠶ᠋ᠢ ᠪᠥᠷᠢᠨᠱᠢᠭᠦᠯᠵᠦ᠍᠂ ᠰᠠᠭᠤᠭᠠᠯᠢ ᠠᠷᠠᠳ᠎ᠤᠨ ᠤᠰᠤᠨ᠎ᠤ ᠱᠠᠲᠤᠯᠢᠭ ᠦᠨ᠎ᠡ᠂ ᠴᠠᠬᠢᠯᠭᠠᠨ᠎ᠤ ᠱᠠᠲᠤᠯᠢᠭ ᠦᠨ᠎ᠡ᠂ ᠱᠢᠲᠠᠮᠠᠬᠠᠶ ᠬᠡᠢ᠎ᠶ᠋ᠢᠨ ᠱᠠᠲᠤᠯᠢᠭ ᠦᠨ᠎ᠡ᠎ᠶ᠋ᠢᠨ ᠲᠦᠷᠢᠮ᠎ᠢ ᠱᠢᠯᠢᠳᠡᠭ᠌ᠵᠢᠭᠦᠯᠦᠨ᠎ᠡ᠃ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ᠍᠂ ᠨᠠᠰᠤᠵᠢᠯ᠎ᠤᠨ ᠠᠰᠠᠷᠠᠮᠵᠢ ᠵᠡᠷᠭᠡ ᠦᠢᠯᠡᠴᠢᠯᠡᠭᠡᠨ᠎ᠤ ᠰᠦᠢᠳᠭᠡᠯ ᠬᠤᠷᠢᠶᠠᠬᠤ ᠲᠦᠷᠦ᠍᠎ᠶ᠋ᠢᠨ ᠪᠤᠳᠤᠯᠭ᠎ᠠ ᠶ᠋ᠢ ᠲᠡᠭᠦᠯᠳᠡᠷᠵᠢᠭᠦᠯᠦᠨ᠎ᠡ᠃ ᠱᠢᠨ᠎ᠡ ᠬᠡᠯᠪᠡᠷᠢ᠎ᠶ᠋ᠢᠨ ᠦᠢᠯᠡᠳᠪᠦᠷᠢᠯᠡᠯ ᠤᠨ ᠡᠯᠧᠮᠧᠨ᠋ᠲ᠎ᠤᠨ ᠦᠨ᠎ᠡ ᠬᠠᠩᠰᠢ᠎ᠶ᠋ᠢ ᠪᠦᠷᠢᠯᠳᠦᠬᠦᠯᠬᠦ᠌ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠤᠨ᠎ᠠ᠃
ᠭᠤᠷᠪᠠᠳᠤᠭᠠᠷ ᠬᠡᠰᠡᠭ ᠬᠠᠳᠠᠭᠠᠯᠠᠯᠲᠠ ᠡᠬᠢ ᠪᠠᠶᠠᠯᠢᠭ᠎ᠢ ᠠᠮᠢᠳᠤᠯᠢᠬ ᠪᠤᠯᠭᠠᠨ ᠠᠱᠢᠭ᠍ᠯᠠᠨ᠎ᠠ
ᠨᠡᠢᠯᠡᠭᠦᠯᠦᠨ ᠬᠤᠳᠠᠯᠳᠤᠨ ᠠᠪᠬᠤ᠂ ᠳᠠᠮᠫᠤᠷᠠᠭᠤᠯᠬᠤ᠂ ᠰᠣᠯᠢᠬᠤ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠳᠣᠣᠷ᠎ᠠ ᠠᠱᠢᠭ᠍ᠯᠠᠮᠵᠢ᠎ᠲᠤ ᠭᠠᠵᠠᠷ᠂ ᠰᠤᠯᠠ ᠪᠠᠢᠭ᠎ᠠ ᠭᠡᠷ ᠬᠥᠷᠥᠩᠭᠡ᠂ ᠬᠠᠳᠠᠭᠠᠯᠠᠯᠲᠠ ᠰᠠᠭᠤᠷᠢ ᠲᠥᠬᠦᠬᠡᠷᠦᠮᠵᠢ᠎ᠶ᠋ᠢ ᠠᠮᠢᠳᠤᠯᠢᠭ ᠪᠣᠯᠭᠠᠵᠤ ᠰᠠᠢᠲᠤᠷ ᠬᠡᠷᠡᠭ᠌ᠯᠡᠨ᠎ᠡ᠃ ᠬᠤᠷᠸ᠎ᠠ ᠪᠡᠯᠡ ᠬᠥᠷᠥᠩᠭᠡ᠎ᠶ᠋ᠢᠨ ᠥᠷᠢ ᠱᠢᠷᠢ᠎ᠶ᠋ᠢᠨ ᠬᠦᠰᠦᠨᠦᠭ᠌ᠲᠦ᠍᠎ᠶ᠋ᠢ ᠨᠠᠢᠷᠠᠭᠤᠯᠤᠨ ᠵᠣᠬᠢᠶᠠᠵᠤ᠂ ᠬᠠᠳᠠᠭᠠᠯᠠᠯᠲᠠ ᠡᠬᠢ ᠪᠠᠶᠠᠯᠢᠭ ᠪᠡᠯᠡ ᠬᠥᠷᠥᠩᠭᠡ᠎ᠶ᠋ᠢᠨ ᠰᠠᠭᠤᠷᠢ ᠲᠤᠭ᠎ᠠ᠎ᠶ᠋ᠢ ᠪᠥᠬᠦ᠌ ᠲᠠᠯ᠎ᠠ᠎ᠪᠠᠷ ᠲᠣᠳᠣᠷᠬᠠᠶ ᠣᠢᠯᠠᠭᠠᠵᠤ᠂ ᠪᠡᠯᠡ ᠬᠥᠷᠥᠩᠭᠡ᠎ᠶ᠋ᠢᠨ ᠥᠷᠢ ᠱᠢᠷᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠎ᠡ᠃ ᠳᠣᠣᠷ᠎ᠠ ᠠᠱᠢᠭ᠍ᠯᠠᠮᠵᠢ᠎ᠲᠤ ᠭᠠᠵᠠᠷ᠎ᠢ ᠳᠠᠬᠢᠨ ᠨᠡᠭᠡᠭᠡᠨ ᠬᠥᠭ᠌ᠵᠢᠭᠦᠯᠬᠦ᠌ ᠲᠤᠷᠱᠢᠯᠲᠠ᠎ᠶ᠋ᠢᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠵᠦ᠍᠂ ᠬᠠᠳᠠᠭᠠᠯᠠᠯᠳᠠ ᠬᠡᠷᠡᠭ᠌ᠯᠡᠬᠦ᠌ ᠭᠠᠵᠠᠷ ᠢ ᠠᠮᠢᠳᠤᠯᠢᠭ ᠪᠣᠯᠭᠠᠬᠤ᠎ᠶ᠋ᠢ ᠠᠬᠢᠭᠤᠯᠬᠤ ᠲᠥᠯᠥᠪᠵᠢᠭᠦᠯᠭᠡ᠎ᠶ᠋ᠢᠨ ᠬᠠᠮᠢᠶᠠᠷᠤᠯᠲᠠ ᠡᠵᠡᠮᠳᠡᠯ᠂ ᠭᠠᠵᠠᠷ ᠱᠢᠷᠣᠶ᠎ᠶ᠋ᠢᠨ ᠬᠠᠩᠭᠠᠯᠭ᠎ᠠ ᠪᠠ ᠭᠠᠢᠯᠢ ᠰᠦᠢᠳᠭᠡᠯ᠎ᠤᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠤᠶᠠᠳᠤᠭᠠᠷ ᠱᠠᠲᠤᠨ᠎ᠤ ᠵᠠᠬ᠎ᠠ ᠳᠡᠯᠭᠡᠭᠦᠷ᠎ᠢ ᠲᠦᠷᠭᠡᠯᠡᠨ ᠬᠥᠭ᠌ᠵᠢᠭᠦᠯᠦᠨ᠎ᠡ᠃ ᠭᠠᠵᠠᠷ ᠱᠢᠷᠣᠶ᠎ᠶ᠋ᠢ ᠬᠤᠯᠢᠯᠳᠤᠭᠤᠯᠤᠨ ᠨᠡᠭᠡᠭᠡᠨ ᠠᠱᠢᠭ᠍ᠯᠠᠬᠤ᠂ ᠣᠷᠣᠨ ᠵᠠᠶ᠎ᠶ᠋ᠢ ᠨᠡᠢᠯᠡᠭᠦᠯᠦᠨ ᠠᠱᠢᠭ᠍ᠯᠠᠬᠤ ᠪᠠ ᠭᠠᠵᠠᠷ ᠱᠢᠷᠣᠶ᠎ᠶ᠋ᠢᠨ ᠬᠡᠷᠡᠭ᠌ᠴᠡᠭᠡ᠎ᠶ᠋ᠢ ᠬᠠᠤᠯᠢ ᠶᠣᠰᠣᠭᠠᠷ ᠵᠦᠶ ᠵᠣᠬᠢᠰᠲᠠᠶ ᠱᠢᠯᠵᠢᠭᠦᠯᠦᠨ ᠬᠤᠪᠢᠷᠠᠭᠤᠯᠬᠤ᠎ᠶ᠋ᠢ ᠠᠬᠢᠭᠤᠯᠵᠤ᠂ ᠦᠢᠯᠡᠳᠪᠦᠷᠢ ᠬᠤᠳᠠᠯᠳᠤᠭᠠᠨ ᠤ ᠦᠢᠯᠡᠰ᠎ᠤᠨ ᠭᠠᠵᠠᠷ ᠱᠢᠷᠣᠶ ᠬᠡᠷᠡᠭ᠌ᠯᠡᠬᠦ᠌ ᠡᠷᠬᠡ᠎ᠶ᠋ᠢᠨ ᠬᠤᠭᠤᠴᠠᠭ᠎ᠠ ᠶ᠋ᠢ ᠦᠷᠭᠦᠯᠵᠢᠯᠡᠭᠦᠯᠬᠦ᠌ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠡᠭᠦᠯᠳᠡᠷᠵᠢᠭᠦᠯᠵᠦ᠍᠂ ᠬᠤᠭᠤᠴᠠᠭ᠎ᠠ ᠦᠷᠭᠦᠯᠵᠢᠯᠡᠭᠦᠯᠬᠦ᠌ ᠠᠵᠢᠯ᠎ᠢ ᠬᠠᠤᠯᠢ ᠶᠣᠰᠣᠭᠠᠷ ᠯᠠᠪᠳᠠᠭᠤᠨ᠎ᠢᠶᠠᠷ ᠠᠬᠢᠭᠤᠯᠤᠨ᠎ᠠ᠃ ᠪᠦᠬᠦ᠌ ᠤᠯᠤᠰ ᠤᠨ ᠵᠠᠰᠠᠭ ᠵᠠᠬᠢᠷᠭ᠎ᠠ ᠠᠵᠢᠯ ᠦᠢᠯᠡᠰ᠎ᠤᠨ ᠨᠢᠭᠡᠴᠢ᠎ᠶ᠋ᠢᠨ ᠬᠠᠳᠠᠭᠠᠯᠠᠯᠲᠠ ᠤᠯᠤᠰ᠎ᠤᠨ ᠥᠮᠴᠢᠯᠡᠯ᠎ᠤᠨ ᠪᠡᠯᠡ ᠬᠥᠷᠥᠩᠭᠡ᠎ᠶ᠋ᠢ ᠠᠮᠢᠳᠤᠯᠢᠭ ᠪᠣᠯᠭᠠᠵᠤ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠤᠨ ᠬᠠᠳᠠᠭᠠᠯᠠᠯᠲᠠ᠎ᠶ᠋ᠢ ᠠᠮᠢᠳᠤᠯᠢᠭ ᠪᠣᠯᠭᠠᠬᠤ ᠪᠠ ᠴᠢᠨᠠᠷ ᠰᠠᠢᠲᠠᠢ ᠬᠥᠭ᠌ᠵᠢᠭᠦᠯᠬᠦ᠌ ᠲᠣᠭ᠍ᠲᠠᠴᠠ᠎ᠶ᠋ᠢ ᠪᠥᠷᠢᠨᠱᠢᠭᠦᠯᠵᠦ᠍᠂ ᠪᠡᠯᠡ ᠬᠥᠷᠥᠩᠭᠡ᠎ᠶ᠋ᠢᠨ ᠥᠷᠲᠡᠭ᠎ᠢ ᠵᠢᠱ᠌ᠢᠬᠦ᠌ ᠵᠡᠷᠭᠡ ᠢᠵᠢ ᠪᠦᠷᠢᠳᠦᠭᠦᠯᠭᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠨᠡᠢᠭᠡᠮ᠎ᠤᠨ ᠬᠦᠴᠦᠨ᠎ᠢ ᠣᠷᠣᠭᠤᠯᠤᠨ ᠠᠪᠴᠢᠷᠠᠵᠤ ᠠᠮᠢᠳᠤᠯᠢᠭ ᠪᠣᠯᠭᠠᠵᠤ ᠠᠱᠢᠭ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠠᠪᠤᠴᠠ᠎ᠶ᠋ᠢ ᠵᠢᠷᠤᠮᠵᠢᠭᠤᠯᠤᠨ᠎ᠠ᠃ ᠬᠠᠤᠯᠢ ᠪᠠᠷᠢᠬᠤ ᠲᠠᠰᠤᠯᠤᠯᠳᠠ᠎ᠶ᠋ᠢ ᠭᠦᠢᠴᠡᠳᠭᠡᠬᠦ᠌ ᠪᠠ ᠳᠠᠮᠫᠤᠷᠠᠯ᠎ᠤᠨ ᠲᠦᠷᠢᠮ᠎ᠢ ᠣᠷᠭᠠᠨᠢᠭ᠎ᠢᠶᠠᠷ ᠵᠣᠯᠭᠠᠯᠳᠤᠭᠤᠯᠬᠤ᠎ᠶ᠋ᠢ ᠠᠬᠢᠭᠤᠯᠵᠤ᠂ ᠪᠠᠢᠴᠠᠭᠠᠨ ᠪᠢᠲᠡᠭᠦᠮᠵᠢᠯᠡᠭ᠌ᠳᠡᠭ᠌ᠰᠡᠨ ᠴᠡᠪᠳᠡᠭ᠌ᠰᠢᠭᠦᠯᠦᠭ᠌ᠳᠡᠭ᠌ᠰᠡᠨ ᠡᠳ᠋ ᠬᠦᠷᠦᠩᠭᠡ᠎ᠶ᠋ᠢ ᠬᠠᠤᠯᠢ ᠶᠣᠰᠣᠭᠠᠷ ᠪᠦᠲᠦᠮᠵᠢᠲᠡᠶ ᠠᠮᠢᠳᠤᠯᠢᠭ ᠪᠣᠯᠭᠠᠨ᠎ᠠ᠃ ᠰᠠᠭᠤᠷᠢ ᠲᠥᠬᠦᠭᠡᠷᠦᠮᠵᠢ᠎ᠶ᠋ᠢᠨ ᠬᠦᠷᠢᠶᠡᠨ᠎ᠤ ᠦᠯᠦ᠍ ᠬᠥᠳᠡᠯᠬᠦ᠌ ᠬᠦᠷᠦᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠢᠲᠡᠭᠡᠮᠵᠢᠲᠦ ᠨᠠᠢᠳᠠᠯᠭ᠎ᠠ᠎ᠶ᠋ᠢᠨ ᠰᠠᠭᠤᠷᠢ ᠮᠥᠩᠭᠦ᠌ (REITs)᠎ᠶ᠋ᠢ ᠪᠠᠢᠩᠭᠤ᠎ᠶ᠋ᠢᠨ ᠴᠢᠨᠠᠷᠲᠠᠢ ᠲᠠᠨᠢᠯᠴᠠᠭᠤᠯᠤᠨ ᠲᠠᠷᠬᠠᠭᠠᠬᠤ᠎ᠶ᠋ᠢ ᠢᠳᠡᠪᠬᠢᠲᠡᠶ ᠠᠬᠢᠭᠤᠯᠤᠨ᠎ᠠ᠃
ᠬᠤᠷᠢᠳᠤᠭᠠᠷ ᠪᠦᠯᠦᠭ ᠬᠤᠷᠸ᠎ᠠ ᠠᠵᠤ ᠠᠬᠤᠶ᠎ᠶ᠋ᠢᠨ ᠵᠠᠰᠠᠯᠲᠠ᠎ᠶ᠋ᠢᠨ ᠱᠢᠰᠲ᠋ᠧᠮ᠎ᠢ ᠪᠥᠷᠢᠨᠱᠢᠭᠦᠯᠦᠨᠡ
ᠬᠤᠷᠸ᠎ᠠ ᠲᠤᠬᠢᠷᠠᠭᠤᠯᠤᠯ ᠡᠵᠡᠮᠳᠡᠯ ᠪᠠ ᠵᠠᠰᠠᠭ᠎ᠤᠨ ᠣᠷᠳᠣᠨ᠎ᠤ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠨᠡᠩ ᠢᠯᠡᠭᠦᠦ ᠳᠣᠲᠣᠭᠠᠳᠤ ᠬᠡᠷᠡᠭ᠌ᠴᠡᠭᠡ᠎ᠪᠠᠷ ᠤᠳᠤᠷᠢᠳᠤᠮᠵᠢ ᠪᠣᠯᠭᠠᠭ᠍ᠰᠠᠨ᠂ ᠬᠡᠷᠡᠭ᠌ᠯᠡᠭᠡ᠎ᠪᠠᠷ ᠳᠠᠢᠴᠢᠯᠠᠭᠤᠯᠤᠭ᠍ᠰᠠᠨ᠂ ᠳᠣᠲᠣᠭᠠᠳᠤ ᠬᠥᠳᠡᠯᠭᠡᠭ᠌ᠴᠢ ᠬᠦᠴᠦᠨ᠎ᠢᠶᠠᠷ ᠨᠡᠮᠡᠭ᠌ᠳᠡᠯ᠎ᠢ ᠠᠬᠢᠭᠤᠯᠤᠭ᠍ᠰᠠᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠡᠪ ᠵᠠᠭ᠍ᠪᠤᠷ᠎ᠢ ᠪᠤᠢ ᠪᠣᠯᠭᠠᠬᠤ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠬᠤᠷᠸ᠎ᠠ ᠲᠤᠬᠢᠷᠠᠭᠤᠯᠤᠯ ᠡᠵᠡᠮᠳᠡᠯ᠎ᠤᠨ ᠲᠦᠷᠢᠮ᠎ᠤᠨ ᠱᠢᠰᠲ᠋ᠧᠮ ᠢ ᠲᠡᠭᠦᠯᠳᠡᠷᠵᠢᠭᠦᠯᠦᠨ᠎ᠡ
ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ ᠢ ᠴᠢᠩᠭᠠᠳᠭᠠᠵᠦ᠍᠂ ᠡᠳ᠋᠎ᠤᠨ ᠵᠠᠰᠠᠭ᠂ ᠵᠣᠭᠤᠰᠣᠨ᠎ᠤ ᠲᠥᠷᠥ ᠶ᠋ᠢᠨ ᠪᠣᠳᠣᠯᠭ᠎ᠠ ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠦ᠍᠂ ᠠᠵᠤ ᠦᠢᠯᠡᠰ᠂ ᠦᠨ᠎ᠡ ᠬᠠᠩᠰᠢ᠂ ᠠᠵᠢᠯ ᠣᠯᠭᠤᠯᠲᠠ᠂ ᠬᠡᠷᠡᠭ᠌ᠯᠡᠭᠡ᠂ ᠪᠠᠯᠠ ᠣᠷᠣᠭᠤᠯᠤᠯᠲᠠ᠂ ᠠᠷᠠᠯᠵᠢᠶ᠎ᠠ᠂ ᠣᠷᠣᠨ ᠪᠦᠰᠡ᠂ ᠣᠷᠴᠢᠨ ᠠᠬᠤᠢ᠎ᠶ᠋ᠢᠨ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠎ᠶ᠋ᠢᠨ ᠨᠢᠭᠡᠳᠦᠯᠲᠦ ᠴᠢᠨᠠᠷ ᠪᠠ ᠪᠦᠲᠦᠮᠵᠢᠲᠦ ᠴᠢᠨᠠᠷ᠎ᠢ ᠴᠢᠩᠭᠠᠷᠠᠭᠤᠯᠤᠨ᠎ᠠ᠃ ᠦᠶᠡᠯᠡᠯ ᠥᠭ᠌ᠰᠦᠭᠦᠯᠦᠨ ᠲᠣᠬᠢᠷᠠᠭᠤᠯᠤᠯᠲᠠ ᠬᠢᠬᠦ᠌ ᠪᠠ ᠦᠶᠡᠯᠡᠯ ᠠᠯᠤᠰᠯᠠᠨ ᠲᠣᠬᠢᠷᠠᠭᠤᠯᠤᠯᠲᠠ ᠬᠢᠬᠦ᠌᠎ᠶ᠋ᠢ ᠴᠢᠩᠭᠠᠳᠭᠠᠵᠤ᠂ ᠨᠠᠩ ᠢᠳᠡᠪᠬᠢᠲᠡᠢ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠵᠠᠰᠠᠭ᠎ᠤᠨ ᠤᠷᠳᠤᠨ᠎ᠤ ᠥᠷᠢ ᠥᠭ᠌ᠴᠡᠭᠡ᠎ᠶ᠋ᠢᠨ ᠬᠡᠪᠴᠢᠶ᠎ᠡ᠎ᠶ᠋ᠢ ᠵᠦᠢ ᠵᠣᠬᠢᠰᠲᠠᠢ ᠲᠣᠭ᠍ᠲᠠᠭᠠᠵᠤ᠂ ᠭᠦᠢᠯᠭᠡᠭᠡ ᠰᠠᠢᠲᠠᠢ ᠪᠠᠢᠬᠤ ᠶ᠋ᠢ ᠪᠠᠲᠤᠯᠠᠵᠤ᠂ ᠦᠷᠭᠦᠯᠵᠢᠯᠡᠨ ᠨᠡᠮᠡᠭ᠌ᠳᠡᠯ᠎ᠢ ᠲᠣᠭ᠍ᠲᠠᠪᠤᠷᠢᠵᠢᠭᠤᠯᠵᠤ᠂ ᠠᠵᠢᠯ ᠣᠯᠭᠤᠯᠲᠠ ᠶ᠋ᠢ ᠲᠣᠭ᠍ᠲᠠᠪᠤᠷᠢᠵᠢᠭᠤᠯᠵᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠤᠨ᠎ᠠ᠃ ᠬᠤᠷᠸ᠎ᠠ ᠲᠣᠬᠢᠷᠠᠭᠤᠯᠤᠯ ᠡᠵᠡᠮᠳᠡᠯ᠎ᠤᠨ ᠬᠠᠷᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠣᠬᠤᠷ ᠬᠤᠭᠤᠴᠠᠭᠠᠨ᠎ᠤ ᠬᠠᠷᠠᠯᠲᠠ ᠪᠣᠯᠤᠨ ᠤᠷᠲᠤᠪᠲᠤᠷ ᠬᠤᠭᠤᠴᠠᠭᠠᠨ᠎ᠤ ᠬᠠᠷᠠᠯᠲᠠ᠂ ᠶᠡᠷᠦᠩᠬᠡᠶ ᠬᠡᠮᠵᠢᠶ᠎ᠡ᠎ᠶ᠋ᠢᠨ ᠲᠡᠩᠴᠡᠭᠦᠷᠢ ᠪᠣᠯᠤᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠨᠢᠭᠡᠳᠦᠯᠲᠡᠶ ᠲᠥᠯᠥᠪᠯᠡᠵᠦ᠍᠂ ᠣᠨ᠎ᠤ ᠲᠥᠯᠥᠪᠯᠡᠭᠡ ᠶ᠋ᠢ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠲᠠᠢ ᠵᠣᠯᠭᠠᠯᠳᠤᠭᠤᠯᠬᠤ᠎ᠶ᠋ᠢ ᠴᠢᠩᠭᠠᠳᠭᠠᠨ᠎ᠠ᠃ ᠵᠢᠱ᠌ᠢᠯᠲᠡ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠴᠠ ᠶ᠋ᠢ ᠪᠥᠷᠢᠨᠱᠢᠭᠦᠯᠵᠦ᠍᠂ ᠵᠢᠱ᠌ᠢᠯᠲᠡ᠎ᠶ᠋ᠢᠨ ᠬᠠᠮᠢᠶᠠᠷᠤᠯᠲᠠ᠎ᠶ᠋ᠢ ᠬᠤᠷᠸ᠎ᠠ ᠠᠵᠤ ᠠᠬᠤᠶ ᠶ᠋ᠢᠨ ᠵᠠᠰᠠᠯᠲᠠ᠎ᠶ᠋ᠢᠨ ᠪᠦᠬᠦ᠌ ᠶᠠᠪᠤᠴᠠ ᠳᠤ ᠣᠷᠣᠭᠤᠯᠤᠨ᠎ᠠ᠃ ᠠᠵᠤ ᠠᠬᠤᠢ᠎ᠶ᠋ᠢᠨ ᠬᠢᠨᠠᠨ ᠬᠡᠮᠵᠢᠯᠲᠡ ᠬᠢᠬᠦ᠌ ᠤᠷᠢᠳᠴᠢᠯᠠᠨ ᠵᠢᠱ᠌ᠢᠬᠦ᠌ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢᠨ ᠬᠠᠢᠷᠴᠠᠭ᠎ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠡᠷᠴᠢᠮ ᠪᠣᠯᠤᠨ ᠨᠡᠢᠲᠡᠯᠡᠬᠦ᠌ ᠴᠠᠭ ᠲᠣᠬᠢᠶᠠᠯ᠎ᠢ ᠱᠢᠨᠵᠢᠯᠡᠬᠦ᠌ ᠤᠬᠠᠭᠠᠨᠴᠢ ᠪᠠᠷ ᠡᠵᠡᠮᠳᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠦᠯᠲᠡ᠎ᠶ᠋ᠢᠨ ᠦᠷ᠎ᠡ ᠪᠦᠲᠦᠮᠵᠢ᠎ᠶ᠋ᠢᠨ ᠦᠨᠡᠯᠡᠯᠲᠡ᠎ᠶ᠋ᠢ ᠴᠢᠩᠭᠠᠷᠠᠭᠤᠯᠤᠨ᠎ᠠ᠃ ᠤᠯᠤᠰ᠎ᠤᠨ ᠬᠤᠷᠸ᠎ᠠ ᠪᠡᠯᠡ ᠬᠥᠷᠥᠩᠭᠡ᠎ᠶ᠋ᠢᠨ ᠥᠷᠢ ᠱᠢᠷᠢ ᠶ᠋ᠢᠨ ᠬᠦᠰᠦᠨᠦᠭ᠌ᠲᠦ᠍ ᠶ᠋ᠢᠨ ᠬᠠᠮᠢᠶᠠᠷᠤᠯᠲᠠ᠎ᠶ᠋ᠢ ᠰᠦᠪᠡᠭ᠌ᠴᠢᠯᠡᠨ ᠬᠡᠷᠡᠭ᠌ᠵᠢᠭᠦᠯᠦᠨ᠎ᠡ᠃ ᠴᠢᠨᠠᠷ ᠰᠠᠢᠲᠠᠶ ᠬᠥᠭ᠌ᠵᠢᠯᠲᠡ ᠶ᠋ᠢᠨ ᠶᠡᠷᠦᠩᠬᠡᠢᠯᠡᠭ᠌ᠰᠡᠨ ᠠᠮᠵᠢᠯᠲᠠ ᠪᠦᠲᠦᠮᠵᠢ᠎ᠶ᠋ᠢᠨ ᠬᠢᠨᠠᠨ ᠱᠢᠯᠭᠠᠯᠲᠠ᠎ᠶ᠋ᠢ ᠱᠢᠯᠢᠳᠡᠭ᠌ᠵᠢᠭᠦᠯᠦᠨ᠎ᠡ᠃
ᠬᠤᠶᠠᠳᠤᠭᠠᠷ ᠬᠡᠰᠡᠭ ᠤᠳᠤ ᠦᠶ᠎ᠡ᠎ᠶ᠋ᠢᠨ ᠡᠳ᠋᠎ᠤᠨ ᠵᠠᠰᠠᠭ᠎ᠤᠨ ᠳᠦᠷᠢᠮ᠎ᠢ ᠪᠥᠷᠢᠨᠱᠢᠭᠦᠯᠦᠨᠡ
ᠡᠳ᠋᠎ᠤᠨ ᠵᠠᠰᠠᠭ ᠭᠠᠢᠯᠢ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠡᠳ᠋᠎ᠤᠨ ᠵᠠᠰᠠᠭ᠎ᠤᠨ ᠢᠳᠡᠪᠬᠢᠲᠡᠶ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨᠴᠢ ᠬᠠᠮᠢᠶᠠᠷᠤᠯᠲᠠ᠎ᠶ᠋ᠢ ᠴᠢᠩᠭᠠᠳᠭᠠᠵᠤ᠂ ᠡᠳ᠋᠎ᠤᠨ ᠵᠠᠰᠠᠭ᠎ᠤᠨ ᠦᠷᠭᠦᠯᠵᠢᠯᠡᠬᠦ᠋ᠢᠴᠡ ᠴᠢᠨᠠᠷ᠎ᠢ ᠴᠢᠩᠭᠠᠳᠭᠠᠨ᠎ᠠ᠃ ᠲᠥᠰᠦᠪ᠎ᠢ ᠨᠠᠢᠷᠠᠭᠤᠯᠤᠨ ᠵᠣᠬᠢᠶᠠᠬᠤ ᠪᠠ ᠡᠳ᠋᠎ᠤᠨ ᠵᠠᠰᠠᠭ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠤᠷᠸ᠎ᠠ ᠵᠢᠯᠣᠭᠤᠳᠤᠯᠭ᠎ᠠ᠎ᠶ᠋ᠢ ᠴᠢᠩᠭᠠᠳᠭᠠᠵᠤ᠂ ᠳᠤᠮᠳᠠ ᠬᠤᠭᠤᠴᠠᠭᠠᠨ᠎ᠤ ᠡᠳ᠋᠎ᠤᠨ ᠵᠠᠰᠠᠭ᠎ᠤᠨ ᠲᠥᠯᠥᠪᠵᠢᠭᠦᠯᠭᠡ᠎ᠶ᠋ᠢᠨ ᠣᠨ ᠠᠯᠤᠰᠯᠠᠨ ᠲᠥᠰᠦᠪ᠎ᠢ ᠲᠡᠩᠴᠡᠭᠦᠷᠢᠱᠢᠭᠦᠯᠬᠦ᠌ ᠦᠢᠯᠡᠳᠦᠯ᠎ᠢ ᠪᠠᠳᠠᠷᠠᠭᠤᠯᠵᠤ᠂ ᠤᠯᠤᠰ᠎ᠤᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠠ ᠦᠨᠳᠦᠰᠦᠨ ᠠᠷᠠᠳ ᠤᠨ ᠠᠮᠢᠳᠤᠷᠠᠯ ᠤᠨ ᠡᠳ᠋ ᠤᠨ ᠬᠦᠴᠦᠨ᠎ᠤ ᠪᠠᠲᠤᠯᠠᠭ᠎ᠠ ᠶ᠋ᠢ ᠴᠢᠩᠭᠠᠳᠭᠠᠨ᠎ᠠ᠃ ᠡᠳ᠋ ᠤᠨ ᠵᠠᠰᠠᠭ ᠤᠨ ᠡᠬᠢ ᠪᠠᠶᠠᠯᠢᠭ ᠪᠠ ᠲᠥᠰᠦᠪ ᠢ ᠨᠢᠭᠡᠳᠦᠯᠲᠡᠶ ᠲᠥᠯᠥᠪᠯᠡᠬᠦ᠌᠎ᠶ᠋ᠢ ᠴᠢᠩᠭᠠᠳᠭᠠᠵᠤ᠂ ᠵᠠᠰᠠᠭ ᠤᠨ ᠣᠷᠳᠣᠨ᠎ᠤ ᠴᠢᠨᠠᠷᠲᠠᠶ ᠰᠠᠭᠤᠷᠢ ᠮᠥᠩᠭᠦ᠎ᠶ᠋ᠢᠨ ᠲᠥᠰᠦᠪ᠂ ᠤᠯᠤᠰ᠎ᠤᠨ ᠥᠮᠴᠢᠯᠡᠯ᠎ᠤᠨ ᠬᠥᠷᠥᠩᠭᠡ᠎ᠶ᠋ᠢᠨ ᠡᠵᠡᠩᠨᠡᠯᠲᠡ᠎ᠶ᠋ᠢᠨ ᠲᠥᠰᠦᠪ ᠪᠣᠯᠤᠨ ᠡᠩ᠎ᠤᠨ ᠣᠯᠠᠨ ᠨᠡᠢᠲᠡ᠎ᠶ᠋ᠢᠨ ᠲᠥᠰᠦᠪ ᠢ ᠨᠢᠭᠡᠳᠦᠯᠲᠡᠶ ᠲᠥᠯᠥᠪᠯᠡᠬᠦ᠌ ᠡᠷᠴᠢᠮ᠎ᠢᠶᠠᠨ ᠴᠢᠩᠭᠠᠷᠠᠭᠤᠯᠵᠤ᠂ ᠤᠯᠤᠰ ᠤᠨ ᠥᠮᠴᠢᠯᠡᠯ ᠤᠨ ᠬᠥᠷᠥᠩᠭᠡ᠎ᠶ᠋ᠢᠨ ᠡᠵᠡᠩᠨᠡᠯᠲᠡ ᠶ᠋ᠢᠨ ᠲᠥᠰᠦᠪ᠎ᠤᠨ ᠳᠦᠷᠢᠮ᠎ᠢ ᠲᠡᠭᠦᠯᠳᠡᠷᠵᠢᠭᠦᠯᠵᠦ᠍᠂ ᠤᠯᠤᠰ ᠤᠨ ᠥᠮᠴᠢᠯᠡᠯ᠎ᠤᠨ ᠬᠥᠷᠥᠩᠭᠡ ᠶ᠋ᠢᠨ ᠠᠱᠢᠭ ᠣᠷᠣᠯᠭ᠎ᠠ᠎ᠶ᠋ᠢ ᠬᠤᠷᠢᠶᠠᠬᠤ ᠬᠠᠷᠢᠴᠠᠯ ᠢ ᠵᠦᠶ ᠵᠣᠬᠢᠰᠲᠠᠶ ᠳᠡᠭᠡᠭ᠌ᠰᠢᠯᠡᠭᠦᠯᠵᠦ᠍᠂ ᠵᠠᠰᠠᠭ ᠵᠠᠬᠢᠷᠭᠠᠨ᠎ᠤ ᠡᠷᠬᠡ᠂ ᠵᠠᠰᠠᠭ᠎ᠤᠨ ᠤᠷᠳᠤᠨ ᠤ ᠢᠲᠡᠭᠡᠮᠵᠢ᠂ ᠤᠯᠤᠰ᠎ᠤᠨ ᠥᠮᠴᠢᠯᠡᠯ᠎ᠤᠨ ᠡᠬᠢ ᠪᠠᠶᠠᠯᠢᠭ ᠪᠡᠯᠡ ᠬᠥᠷᠥᠩᠭᠡ᠎ᠳᠤ ᠲᠦᠱᠢᠭ᠌ᠯᠡᠨ ᠣᠯᠤᠭ᠍ᠰᠠᠨ ᠣᠷᠣᠯᠭ᠎ᠠ᠎ᠶ᠋ᠢ ᠪᠦᠬᠦᠨ᠎ᠢ ᠵᠠᠰᠠᠭ᠎ᠤᠨ ᠤᠷᠳᠤᠨ᠎ᠤ ᠲᠥᠰᠦᠪ ᠤᠨ ᠬᠠᠮᠢᠶᠠᠷᠤᠯᠲᠠ᠎ᠳᠤ ᠣᠷᠣᠭᠤᠯᠤᠨ᠎ᠠ᠃ ᠡᠳ᠋ ᠤᠨ ᠵᠠᠰᠠᠭ ᠤᠨ ᠵᠠᠷᠤᠯᠭ᠎ᠠ᠎ᠶ᠋ᠢᠨ ᠪᠦᠲᠦᠴᠡ ᠶ᠋ᠢ ᠱᠢᠯᠢᠳᠡᠭ᠌ᠵᠢᠭᠦᠯᠵᠦ᠍᠂ ᠡᠳ᠋᠎ᠤᠨ ᠵᠠᠰᠠᠭ᠎ᠤᠨ ᠵᠠᠷᠤᠯᠭ᠎ᠠ᠎ᠳᠤ ᠡᠵᠡᠯᠡᠬᠦ᠌ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠵᠠᠷᠤᠯᠭ᠎ᠠ᠎ᠶ᠋ᠢᠨ ᠬᠤᠪᠢ᠎ᠶ᠋ᠢᠨ ᠵᠢᠩ᠎ᠢ ᠵᠦᠶ ᠵᠣᠬᠢᠰᠲᠠᠶ ᠳᠡᠭᠡᠭ᠌ᠰᠢᠯᠡᠭᠦᠯᠦᠨ᠎ᠡ᠃ ᠲᠡᠭ ᠰᠠᠭᠤᠷᠢᠨ ᠲᠥᠰᠦᠪ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠥᠰᠦᠪ᠎ᠤᠨ ᠬᠤᠪᠢᠶᠠᠷᠢᠯᠠᠯᠲᠠ᠎ᠶ᠋ᠢᠨ ᠡᠷᠬᠡ᠎ᠶ᠋ᠢ ᠨᠢᠭᠡᠳᠦᠯᠲᠡᠢ ᠪᠣᠯᠭᠠᠵᠤ᠂ ᠵᠠᠷᠤᠯᠭ᠎ᠠ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ ᠪᠠ ᠬᠥᠳᠡᠯᠦᠩᠭᠦᠶ᠎ᠪᠠᠷ ᠲᠣᠬᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠲᠥᠰᠦᠪ᠎ᠤᠨ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ ᠪᠠ ᠬᠡᠷᠡᠭ᠌ᠵᠢᠭᠦᠯᠦᠯᠲᠡ ᠳᠠᠬᠢ ᠬᠢᠨᠠᠯᠲᠠ ᠶ᠋ᠢ ᠴᠢᠩᠭᠠᠳᠭᠠᠨ᠎ᠠ᠃ ᠭᠠᠢᠯᠢ᠎ᠶ᠋ᠢᠨ ᠳᠦᠷᠢᠮ᠎ᠤᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠴᠢᠨᠠᠷ ᠰᠠᠢᠲᠠᠶ ᠬᠥᠭ᠌ᠵᠢᠭᠦᠯᠬᠦ᠂ ᠨᠡᠢᠭᠡᠮ᠎ᠤᠨ ᠡᠷᠬᠡ ᠲᠡᠭ᠌ᠰᠢ ᠪᠠᠢᠬᠤ᠂ ᠵᠠᠬ᠎ᠠ ᠳᠡᠯᠭᠡᠭᠦᠷ᠎ᠤᠨ ᠨᠢᠭᠡᠳᠦᠯᠲᠡᠢ ᠪᠠᠢᠬᠤ᠎ᠳᠤ ᠠᠱᠢᠭ᠍ᠲᠠᠶ ᠭᠠᠢᠯᠢ ᠲᠠᠲᠠᠪᠤᠷᠢ᠎ᠶ᠋ᠢᠨ ᠲᠦᠷᠢᠮ᠎ᠢ ᠪᠥᠷᠢᠨᠱᠢᠭᠦᠯᠵᠦ᠍᠂ ᠵᠦᠶ ᠵᠣᠬᠢᠰᠲᠠᠶ ᠬᠤᠷᠸ᠎ᠠ ᠭᠠᠢᠯᠢ᠎ᠶ᠋ᠢᠨ ᠡᠭᠦᠷᠭᠡᠯᠡᠯ᠎ᠤᠨ ᠬᠢᠷᠢ ᠬᠡᠮᠵᠢᠶ᠎ᠡ᠎ᠶ᠋ᠢ ᠪᠠᠲᠤᠯᠠᠨ᠎ᠠ᠃ ᠱᠢᠭᠤᠳ ᠭᠠᠢᠯᠢ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠵᠦ᠍᠂ ᠶᠡᠷᠦᠩᠬᠡᠢᠯᠡᠬᠦ᠌ ᠪᠠ ᠲᠥᠷᠥᠯ ᠬᠤᠪᠢᠶᠠᠬᠤ᠎ᠶ᠋ᠢ ᠤᠶᠠᠯᠳᠤᠭᠤᠯᠤᠭ᠍ᠰᠠᠨ ᠬᠤᠪᠢ ᠬᠥᠮᠦᠨ ᠤ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠶᠡᠷᠦᠩᠬᠡᠢᠯᠡᠨ ᠲᠠᠲᠠᠪᠤᠷᠢᠯᠠᠬᠤ ᠬᠡᠪᠴᠢᠶ᠎ᠡ᠎ᠶ᠋ᠢ ᠠᠯᠬᠤᠮ ᠠᠯᠬᠤᠮ᠎ᠢᠶᠠᠷ ᠥᠷᠭᠡᠳᠭᠡᠵᠦ᠍᠂ ᠡᠵᠡᠩᠨᠡᠯᠲᠡ᠎ᠶ᠋ᠢᠨ ᠠᠱᠢᠭ ᠣᠷᠣᠯᠭ᠎ᠠ᠂ ᠬᠦᠷᠦᠩᠭᠡ᠎ᠶ᠋ᠢᠨ ᠠᠱᠢᠭ ᠣᠷᠣᠯᠭ᠎ᠠ᠂ ᠡᠳ᠋ ᠬᠦᠷᠦᠩᠭᠡ᠎ᠶ᠋ᠢᠨ ᠠᠱᠢᠭ ᠣᠷᠣᠯᠭ᠎ᠠ᠎ᠶ᠋ᠢᠨ ᠭᠠᠢᠯᠢ ᠲᠠᠲᠠᠪᠤᠷᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠪᠥᠷᠢᠨᠱᠢᠭᠦᠯᠦᠨᠡ᠃ ᠥᠷᠲᠡᠭ ᠨᠡᠮᠡᠭ᠌ᠳᠡᠯ᠎ᠤᠨ ᠭᠠᠢᠯᠢ᠎ᠶ᠋ᠢᠨ ᠦᠯᠡᠳᠡᠭ᠌ᠰᠡᠨ ᠰᠠᠭᠤᠳᠭᠠᠯ ᠭᠠᠢᠯᠢ᠎ᠶ᠋ᠢ ᠪᠤᠴᠠᠭᠠᠬᠤ ᠲᠥᠷᠥ᠎ᠶ᠋ᠢᠨ ᠪᠣᠳᠣᠯᠭ᠎ᠠ ᠪᠠ ᠲᠤᠯᠭᠠᠨ ᠰᠠᠭᠤᠳᠭᠠᠬᠤ ᠬᠡᠯᠬᠢᠶ᠎ᠠ᠎ᠶ᠋ᠢ ᠲᠡᠭᠦᠯᠳᠡᠷᠵᠢᠭᠦᠯᠵᠦ᠍᠂ ᠬᠠᠮᠲᠤ᠎ᠪᠠᠷ ᠡᠳ᠋ᠯᠡᠬᠦ᠌ ᠭᠠᠢᠯᠢ᠎ᠶ᠋ᠢ ᠬᠤᠪᠢᠶᠠᠨ ᠡᠳ᠋ᠯᠡᠬᠦ᠌ ᠬᠠᠷᠢᠴᠠᠯ᠎ᠢ ᠱᠢᠯᠢᠳᠡᠭ᠌ᠵᠢᠭᠦᠯᠦᠨ᠎ᠡ᠃ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠲᠠᠢ ᠵᠣᠬᠢᠴᠠᠯᠳᠤᠭ᠍ᠰᠠᠨ ᠭᠠᠢᠯᠢ ᠲᠠᠲᠠᠪᠤᠷᠢ᠎ᠶ᠋ᠢᠨ ᠲᠦᠷᠢᠮ᠎ᠢ ᠰᠤᠳᠤᠯᠤᠨ᠎ᠠ᠃ ᠣᠷᠣᠨ ᠨᠤᠲᠤᠭ᠎ᠤᠨ ᠭᠠᠢᠯᠢ᠎ᠶ᠋ᠢᠨ ᠱᠢᠰᠲ᠋ᠧᠮ᠎ᠢ ᠪᠥᠷᠢᠨᠱᠢᠭᠦᠯᠵᠦ᠍᠂ ᠬᠡᠷᠡᠭ᠌ᠯᠡᠭᠡᠨ᠎ᠤ ᠭᠠᠢᠯᠢ ᠲᠠᠲᠠᠪᠤᠷᠢᠯᠠᠬᠤ ᠭᠤᠭ᠍ᠴᠤᠭ᠎ᠠ᠎ᠶ᠋ᠢ ᠬᠤᠢᠰᠢ ᠱᠢᠯᠵᠢᠭᠦᠯᠬᠦ᠌᠎ᠶ᠋ᠢᠨ ᠬᠠᠮᠲᠤ ᠣᠷᠣᠨ ᠨᠤᠲᠤᠭ᠎ᠲᠤ ᠯᠠᠪᠳᠠᠭᠤᠨ᠎ᠢᠶᠠᠷ ᠪᠠᠭᠤᠯᠭᠠᠨ ᠦᠭ᠌ᠭᠦ᠎ᠶ᠋ᠢ ᠠᠬᠢᠭᠤᠯᠵᠤ᠂ ᠣᠷᠣᠨ ᠨᠤᠲᠤᠭ᠎ᠤᠨ ᠡᠵᠡᠨ ᠮᠡᠳᠡᠬᠦ᠌ ᠡᠳ᠋᠎ᠤᠨ ᠬᠦᠴᠦᠨ᠎ᠢ ᠨᠡᠮᠡᠭ᠌ᠳᠡᠭᠦᠯᠦᠨ᠎ᠡ᠃ ᠲᠥᠪ᠎ᠤᠨ ᠠᠵᠢᠯ ᠶᠠᠪᠤᠳᠠᠯ᠎ᠤᠨ ᠡᠷᠬᠡ᠎ᠶ᠋ᠢ ᠵᠣᠬᠢᠰᠲᠠᠶ᠎ᠪᠠᠷ ᠴᠢᠩᠭᠠᠳᠭᠠᠨ᠂ ᠲᠥᠪ ᠤᠨ ᠡᠳ᠋᠎ᠤᠨ ᠵᠠᠰᠠᠭ᠎ᠤᠨ ᠵᠠᠷᠤᠯᠭ᠎ᠠ᠎ᠶ᠋ᠢᠨ ᠬᠤᠪᠢ᠎ᠶ᠋ᠢᠨ ᠵᠢᠩ᠎ᠢ ᠵᠤᠬᠢᠰᠳᠡᠢ᠎ᠪᠠᠷ ᠳᠡᠭᠡᠭ᠌ᠰᠢᠯᠡᠭᠦᠯᠵᠦ᠍᠂ ᠣᠷᠣᠨ ᠨᠤᠲᠤᠭ᠎ᠲᠤ ᠨᠠᠢᠳᠠᠵᠤ ᠣᠷᠣᠯᠠᠨ ᠭᠦᠢᠴᠡᠳᠭᠡᠭᠦᠯᠬᠦ᠌ ᠲᠥᠪ᠎ᠤᠨ ᠡᠳ᠋ ᠤᠨ ᠵᠠᠰᠠᠭ᠎ᠤᠨ ᠠᠵᠢᠯ ᠶᠠᠪᠤᠳᠠᠯ ᠤᠨ ᠡᠷᠬ ᠡᠶ᠋ᠢ ᠪᠠᠭᠠᠰᠭᠠᠨ᠎ᠠ᠃ ᠡᠳ᠋᠎ᠤᠨ ᠵᠠᠰᠠᠭ᠎ᠤᠨ ᠱᠢᠯᠵᠢᠭᠦᠯᠦᠨ ᠥᠭ᠌ᠬᠦ ᠱᠢᠰᠲ᠋ᠧᠮ᠎ᠢ ᠲᠡᠭᠦᠯᠳᠡᠷᠵᠢᠭᠦᠯᠵᠦ᠍᠂ ᠡᠳ᠋᠎ᠤᠨ ᠵᠠᠰᠠᠭ᠎ᠤᠨ ᠱᠢᠯᠵᠢᠭᠦᠯᠦᠨ ᠥᠭ᠌ᠬᠦ ᠪᠦᠲᠦᠴᠡ᠎ᠶ᠋ᠢ ᠱᠢᠯᠢᠳᠡᠭ᠌ᠵᠢᠭᠦᠯᠦᠨ᠎ᠡ᠃ ᠭᠠᠢᠯᠢ ᠲᠠᠲᠠᠪᠤᠷᠢ᠎ᠶ᠋ᠢ ᠬᠠᠤᠯᠢ᠎ᠪᠠᠷ ᠲᠣᠭ᠍ᠲᠠᠭᠠᠬᠤ ᠵᠠᠷᠴᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠦᠷᠦ᠍᠎ᠶ᠋ᠢᠨ ᠪᠤᠳᠤᠯᠭ᠎ᠠ᠎ᠶ᠋ᠢ ᠵᠢᠷᠤᠮᠵᠢᠭᠤᠯᠵᠤ᠂ ᠡᠳ᠋᠎ᠤᠨ ᠶᠠᠪᠤᠳᠠᠯ᠎ᠤᠨ ᠨᠢᠠᠠᠳᠡᠯᠡᠨ ᠪᠤᠳᠤᠯᠳᠠ᠎ᠶ᠋ᠢᠨ ᠬᠢᠨᠠᠯᠲᠠ᠎ᠶ᠋ᠢ ᠴᠢᠩᠭᠠᠳᠭᠠᠨ᠎ᠠ᠃ ᠴᠢᠨᠠᠷ ᠰᠠᠢᠲᠠᠶ ᠬᠥᠭ᠌ᠵᠢᠯᠲᠡ᠎ᠯᠦᠭᠡ ᠲᠣᠬᠢᠷᠠᠯᠴᠠᠭ᠍ᠰᠠᠨ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠦᠷᠭᠡᠯᠡᠨ ᠪᠠᠢᠭᠤᠯᠤᠨ᠎ᠠ᠃
ᠭᠤᠷᠪᠠᠳᠤᠭᠠᠷ ᠬᠡᠰᠡᠭ ᠮᠥᠩᠭᠦᠨ ᠭᠦᠢᠯᠭᠡᠭᠡᠨ᠎ᠤ ᠬᠦᠴᠦᠷᠬᠡᠭ ᠤᠯᠤᠰ᠎ᠢ ᠲᠦᠷᠭᠡᠯᠡᠨ ᠪᠠᠢᠭᠤᠯᠤᠨ᠎ᠠ
ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠂ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠤᠳᠤ ᠦᠶ᠎ᠡ᠎ᠶ᠋ᠢᠨ ᠮᠥᠩᠭᠦᠨ ᠭᠦᠢᠯᠭᠡᠭᠡᠨ᠎ᠤ ᠱᠢᠰᠲ᠋ᠧᠮ᠎ᠢ ᠲᠦᠷᠭᠡᠯᠡᠨ ᠪᠠᠢᠭᠤᠯᠤᠨ᠎ᠠ᠃ ᠲᠥᠪ ᠪᠠᠩᠬᠢ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨᠴᠢ ᠪᠦᠭᠡᠳ ᠯᠠᠪᠳᠠᠭᠤᠨ ᠵᠣᠭᠤᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠰᠠᠭᠤᠷᠢ ᠵᠣᠭᠤᠰ᠎ᠢ ᠡᠷᠬᠢᠯᠳᠠᠳᠤ ᠤᠷᠤᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ ᠬᠦᠤ ᠮᠦᠡᠭ᠌ᠭᠦᠨ᠎ᠤ ᠨᠣᠷᠮ᠎ᠠ᠎ᠶ᠋ᠢᠨ ᠪᠦᠷᠢᠯᠳᠦᠬᠦ᠂ ᠲᠣᠬᠢᠷᠠᠭᠤᠯᠤᠨ ᠡᠵᠡᠮᠳᠡᠬᠦ᠌ ᠪᠠ ᠳᠠᠮᠵᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠤ᠂ ᠨᠡᠢᠭᠡᠮ᠎ᠤᠨ ᠪᠡᠯᠡ ᠲᠣᠬᠢᠷᠠᠭᠤᠯᠭ᠎ᠠ᠎ᠶ᠋ᠢᠨ ᠬᠡᠪᠴᠢᠶ᠎ᠡ᠂ ᠵᠣᠭᠤᠰᠣᠨ᠎ᠤ ᠬᠠᠩᠭᠠᠯᠭ᠎ᠠ᠎ᠶ᠋ᠢᠨ ᠬᠡᠮᠵᠢᠶ᠎ᠡ᠎ᠶ᠋ᠢᠨ ᠨᠡᠮᠡᠭ᠌ᠳᠡᠯ᠎ᠢ ᠠᠵᠤ ᠠᠬᠤᠶ᠎ᠶ᠋ᠢᠨ ᠨᠡᠮᠡᠭ᠌ᠳᠡᠯ᠂ ᠦᠨ᠎ᠡ ᠬᠠᠩᠰᠢ᠎ᠶ᠋ᠢᠨ ᠶᠡᠷᠦᠩᠬᠡᠶ ᠲᠦᠪᠱᠢᠨ᠎ᠤ ᠵᠢᠱ᠌ᠢᠭ᠌ᠰᠡᠨ ᠬᠠᠷᠠᠯᠲᠠ᠎ᠯᠤᠭ᠎ᠠ ᠵᠣᠬᠢᠴᠠᠯᠳᠤᠭᠤᠯᠬᠤ᠎ᠶ᠋ᠢ ᠪᠠᠳᠤᠯᠠᠨ᠎ᠠ᠃ ᠪᠦᠬᠦ᠌ ᠲᠠᠯ᠎ᠠ᠎ᠶ᠋ᠢ ᠬᠠᠮᠤᠷᠤᠭ᠍ᠰᠠᠨ ᠬᠤᠷᠸ᠎ᠠ ᠲᠠᠯ᠎ᠠ᠎ᠶ᠋ᠢᠨ ᠬᠢᠨᠠᠭᠤᠷ ᠪᠣᠯᠭᠤᠮᠵᠢᠲᠠᠶ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠨᠡᠩ ᠤᠯᠠᠨ ᠮᠥᠩᠭᠦᠨ ᠭᠦᠢᠯᠭᠡᠭᠡᠨ᠎ᠤ ᠠᠵᠢᠯᠯᠠᠭ᠎ᠠ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠵᠡᠷᠭᠡ᠎ᠶ᠋ᠢ ᠬᠤᠷᠸ᠎ᠠ ᠲᠠᠯ᠎ᠠ᠎ᠶ᠋ᠢᠨ ᠬᠢᠨᠠᠭᠤᠷ ᠪᠣᠯᠭᠤᠮᠵᠢᠲᠠᠶ ᠲᠦᠷᠦ᠍ ᠶ᠋ᠢᠨ ᠪᠤᠳᠤᠯᠭ᠎ᠠ᠎ᠶ᠋ᠢᠨ ᠪᠣᠷᠣ ᠲᠥᠯᠥᠪ᠎ᠲᠤ ᠣᠷᠣᠭᠤᠯᠤᠨ᠎ᠠ᠃ ᠠᠷᠠᠳ᠎ᠤᠨ ᠵᠣᠭᠤᠰᠣᠨ᠎ᠤ ᠭᠤᠪᠢᠭᠤᠯᠭ᠎ᠠ᠎ᠶ᠋ᠢᠨ ᠨᠤᠷᠮ᠎ᠠ᠎ᠶ᠋ᠢᠨ ᠬᠠᠷᠢᠮᠠᠬᠠᠶ ᠴᠢᠨᠠᠷ᠎ᠢ ᠴᠢᠩᠭᠠᠳᠭᠠᠵᠤ᠂ ᠵᠣᠬᠢᠰᠲᠠᠶ ᠪᠥᠭᠡᠳ ᠲᠡᠩᠴᠡᠭᠦᠷᠢᠲᠡᠶ ᠲᠦᠪᠱᠢᠨ ᠳᠡᠭᠡᠷ᠎ᠡ ᠦᠨᠳᠦᠰᠦᠨ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠨ᠎ᠠ᠃ ᠮᠦᠡᠭ᠌ᠬᠦᠨ ᠬᠦᠢᠯᠭᠡᠭᠡᠨ᠎ᠤ ᠪᠤᠲᠠᠳᠤ ᠴᠤᠭ᠍ᠴᠠ᠎ᠶ᠋ᠢᠨ ᠠᠵᠤ ᠠᠬᠤᠢ᠎ᠳᠤ ᠦᠢᠯᠡᠴᠢᠯᠡᠭᠦ᠌ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠥᠩᠭᠦᠨ ᠭᠦᠢᠯᠭᠡᠭᠡ᠂ ᠨᠤᠭᠤᠭᠠᠨ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦᠨ ᠭᠦᠢᠯᠭᠡᠭᠡ᠂ ᠳ᠋ᠢᠵᠢᠲ᠋ᠠᠯ ᠮᠥᠩᠭᠦᠨ ᠭᠦᠢᠯᠭᠡᠭᠡ᠎ᠶ᠋ᠢ ᠶᠡᠭᠡ᠎ᠪᠠᠷ ᠬᠥᠭ᠌ᠵᠢᠭᠦᠯᠵᠦ᠍᠂ ᠴᠢᠬᠤᠯᠠ ᠶᠡᠭᠡ ᠪᠠᠢᠯᠳᠤᠬᠤ ᠪᠤᠳᠤᠯᠭ᠎ᠠ᠂ ᠭᠤᠤᠯᠳᠠᠯᠭ᠎ᠠ᠎ᠲᠠᠢ ᠬᠦᠷᠢᠶ᠎ᠡ ᠪᠠ ᠪᠠᠭᠤᠷᠠᠶ ᠭᠤᠭ᠍ᠴᠤᠭ᠎ᠠ᠎ᠳᠠᠬᠢ ᠴᠢᠨᠠᠷ ᠰᠠᠢᠲᠠᠶ ᠮᠥᠩᠭᠦᠨ ᠭᠦᠢᠯᠭᠡᠭᠡᠨ᠎ᠤ ᠦᠢᠯᠡᠴᠢᠯᠡᠭᠡ᠎ᠶ᠋ᠢ ᠴᠢᠩᠭᠠᠳᠭᠠᠨ᠎ᠠ᠃ ᠪᠦᠲᠦᠴᠡ᠎ᠶ᠋ᠢᠨ ᠴᠢᠨᠠᠷᠲᠠᠶ ᠵᠣᠭᠤᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠪᠠᠭᠠᠵᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠥᠷᠥᠩᠭᠡ ᠶ᠋ᠢᠨ ᠵᠠᠬ᠎ᠠ ᠳᠡᠯᠭᠡᠭᠦᠷ᠎ᠤᠨ ᠳᠦᠷᠢᠮ᠎ᠤᠨ ᠪᠠᠭ᠍ᠲᠠᠭᠠᠮᠵᠢᠲᠤ ᠴᠢᠨᠠᠷ᠂ ᠵᠣᠬᠢᠴᠠᠬᠤ ᠴᠢᠨᠠᠷ ᠢ ᠳᠡᠭᠡᠭ᠌ᠰᠢᠯᠡᠭᠦᠯᠵᠦ᠍᠂ ᠱᠢᠭᠤᠳ ᠪᠡᠯᠡ ᠲᠣᠬᠢᠷᠠᠭᠤᠯᠭ᠎ᠠ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠎ᠡ᠃ ᠣᠯᠠᠨ ᠡᠱᠢᠲᠦ ᠰᠲ᠋ᠣᠺ᠎ᠤᠨ ᠡᠷᠬᠡ᠎ᠶ᠋ᠢᠨ ᠪᠡᠯᠡ ᠲᠣᠬᠢᠷᠠᠭᠤᠯᠭ᠎ᠠ᠎ᠶ᠋ᠢ ᠬᠥᠭ᠌ᠵᠢᠭᠦᠯᠵᠦ᠍᠂ ᠣᠯᠠᠨ ᠳᠡᠰ ᠳᠠᠪᠬᠤᠷᠭ᠎ᠠ᠎ᠶ᠋ᠢᠨ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠵᠠᠬ᠎ᠠ ᠳᠡᠯᠭᠡᠭᠦᠷ᠎ᠤᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠤᠭᠤᠴᠠᠭᠠᠲᠤ ᠪᠠᠷᠠᠭ᠎ᠠ᠂ ᠡᠭᠦᠰᠦᠮᠡᠯ ᠪᠦᠳᠤᠭᠡᠭ᠌ᠳᠡᠭᠦᠨ ᠪᠠ ᠪᠡᠯᠡ ᠬᠦᠷᠦᠩᠭᠡ᠎ᠶ᠋ᠢ ᠦᠨᠡᠲᠦ ᠳᠡᠮᠳᠡᠭ᠌ᠴᠢᠯᠡᠭᠦᠶ᠋ᠢ ᠯᠠᠪᠳᠠᠭᠤᠨ᠎ᠢᠶᠠᠷ ᠬᠥᠭ᠌ᠵᠢᠭᠦᠯᠵᠦ᠍᠂ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠪᠠ ᠪᠡᠯᠡ ᠣᠷᠣᠭᠤᠯᠤᠭ᠍ᠴᠢᠳ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠬᠦᠯᠢᠴᠡᠩᠭᠦᠶ ᠬᠥᠷᠥᠩᠭᠡ᠎ᠶ᠋ᠢ ᠪᠤᠵᠠᠭᠠᠢᠷᠠᠭᠤᠯᠵᠤ᠂ ᠤᠷᠲᠤᠪᠲᠤᠷ ᠬᠤᠭᠤᠴᠠᠭᠠᠨ ᠤ ᠪᠠᠯᠠ ᠮᠥᠩᠭᠦ᠎ᠶ᠋ᠢᠨ ᠵᠠᠬ᠎ᠠ ᠳᠡᠯᠭᠡᠭᠦᠷ᠎ᠲᠤ ᠣᠷᠣᠬᠤ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠢᠭᠤᠯᠤᠮᠵᠢ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠵᠦ᠍᠂ ᠡᠯ᠎ᠡ ᠲᠥᠷᠥᠯ᠎ᠤᠨ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠭᠤᠤᠯ ᠠᠵᠢᠯ᠎ᠳᠠᠭᠠᠨ ᠠᠩᠬᠠᠷᠤᠯ᠎ᠢᠶᠠᠨ ᠲᠥᠪᠯᠡᠷᠡᠭᠦᠯᠭᠦ᠌᠂ ᠵᠠᠰᠠᠯᠲᠠ ᠪᠠᠨ ᠲᠡᠭᠦᠯᠳᠡᠷᠵᠢᠭᠦᠯᠭᠦ᠌᠂ ᠰᠤᠯᠪᠢᠴᠡᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠤᠯᠤᠰ ᠤᠨ ᠥᠮᠴᠢᠯᠡᠯ᠎ᠤᠨ ᠲᠣᠮᠣ ᠬᠡᠯᠪᠡᠷᠢ᠎ᠶ᠋ᠢᠨ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠦᠪᠱᠢᠨ᠎ᠢᠶᠠᠨ ᠳᠡᠭᠡᠭ᠌ᠰᠢᠯᠡᠭᠦᠯᠬᠦ᠌᠎ᠶ᠋ᠢ ᠳᠡᠮᠵᠢᠵᠤ᠂ ᠳᠤᠮᠳᠠ ᠵᠢᠵᠢᠭ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠤᠷᠤᠬᠤ ᠵᠥᠪᠱᠢᠶᠡᠷᠡᠯ᠎ᠤᠨ ᠪᠠᠷᠢᠮᠵᠢᠶ᠎ᠠ ᠪᠣᠯᠤᠨ ᠬᠢᠨᠠᠯᠳᠠ ᠬᠠᠮᠢᠶᠠᠷᠤᠯᠳᠠ᠎ᠶ᠋ᠢᠨ ᠱᠠᠭᠠᠷᠳᠠᠯᠭ᠎ᠠ᠎ᠶ᠋ᠢ ᠴᠢᠩᠳᠠᠯᠠᠵᠤ᠂ ᠲᠡᠷᠢᠭᠦᠨ᠎ᠤ ᠪᠠᠯᠠ ᠣᠷᠣᠭᠤᠯᠤᠯᠲᠠ᠎ᠶ᠋ᠢᠨ ᠪᠠᠩᠬᠢ ᠪᠣᠯᠤᠨ ᠪᠠᠯᠠ ᠣᠷᠣᠭᠤᠯᠤᠯᠲᠠ᠎ᠶ᠋ᠢᠨ ᠪᠠᠢᠭᠤᠯᠤᠮᠵᠢ᠎ᠶ᠋ᠢ ᠪᠤᠢᠵᠢᠭᠤᠯᠤᠨ᠎ᠠ᠃ ᠠᠮᠤᠷ ᠲᠦᠪᠱᠢᠨ ᠪᠦᠭᠡᠳ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ᠎ᠤ ᠰᠠᠭᠤᠷᠢ ᠲᠥᠬᠦᠭᠡᠷᠦᠮᠵᠢ᠎ᠶ᠋ᠢ ᠪᠦᠳᠤᠭᠡᠨ ᠪᠠᠢᠭᠤᠯᠤᠨ᠎ᠠ᠃ ᠳ᠋ᠢᠵᠢᠲ᠋ᠠᠯ ᠠᠷᠠᠳ ᠤᠨ ᠵᠣᠭᠤᠰ᠎ᠢ ᠯᠠᠪᠳᠠᠭᠤᠨ᠎ᠢᠶᠠᠷ ᠬᠥᠭ᠌ᠵᠢᠭᠦᠯᠦᠨ᠎ᠡ᠃ ᠱᠠᠩᠬᠠᠶ᠎ᠶ᠋ᠢᠨ ᠤᠯᠠᠨ ᠤᠯᠤᠰ ᠤᠨ ᠮᠥᠩᠭᠦᠨ ᠭᠦᠢᠯᠭᠡᠭᠡᠨ᠎ᠤ ᠲᠥᠪ ᠢ ᠲᠦᠷᠭᠡᠯᠡᠨ ᠪᠠᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠠᠶᠤᠯ ᠲᠦᠭ᠌ᠰᠢᠭᠦᠷᠢ ᠶ᠋ᠢ ᠰᠡᠷᠭᠡᠢᠯᠡᠨ ᠠᠷᠢᠯᠭᠠᠬᠤ ᠱᠢᠰᠲ᠋ᠧᠮ ᠢ ᠪᠠᠢᠭᠤᠯᠵᠤ᠂ ᠮᠥᠩᠭᠦᠨ ᠭᠦᠢᠯᠭᠡᠭᠡᠨ᠎ᠤ ᠯᠠᠪᠳᠠᠭᠤᠨ᠎ᠢᠶᠠᠷ ᠠᠵᠢᠯᠯᠠᠬᠤ᠎ᠶ᠋ᠢ ᠪᠠᠲᠤᠯᠠᠨ᠎ᠠ᠃
ᠳᠣᠯᠣᠳᠤᠭᠠᠷ ᠠᠩᠬᠢ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠡ᠎ᠶ᠋ᠢ ᠥᠷᠭᠡᠳᠭᠡᠵᠦ᠍ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠬᠦᠷᠳᠡᠬᠦ᠌ ᠱᠢᠨ᠎ᠡ ᠪᠠᠢᠳᠠᠯ᠎ᠢ ᠡᠭᠦᠳᠤᠨ ᠨᠡᠭᠡᠭᠡᠨ᠎ᠠ
ᠨᠡᠭᠡᠭᠡᠯᠲᠡ ᠬᠢᠵᠦ᠍ ᠬᠠᠮᠲᠤᠷᠠᠨ ᠠᠵᠢᠯᠯᠠᠬᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠲᠡᠬᠦ᠌᠎ᠶ᠋ᠢ ᠪᠠᠷᠢᠮᠲᠠᠯᠠᠵᠤ᠂ ᠳᠦᠷᠢᠮ᠎ᠤᠨ ᠬᠡᠯᠪᠡᠷᠢ᠎ᠶ᠋ᠢᠨ ᠨᠡᠭᠡᠭᠡᠯᠲᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ ᠨᠠᠩ ᠥᠨᠳᠥᠷ ᠲᠦᠪᠱᠢᠨ ᠪᠦᠬᠦᠢ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠢ᠎ᠶ᠋ᠢᠨ ᠱᠢᠨ᠎ᠡ ᠪᠠᠢᠭᠤᠯᠤᠯ᠎ᠢ ᠪᠠᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠢᠭᠤᠯᠬᠤ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠣᠯᠠᠨ ᠤᠯᠤᠰ᠎ᠤᠨ ᠣᠷᠴᠢᠯ᠎ᠢ ᠥᠷᠭᠡᠳᠭᠡᠵᠦ᠍᠂ ᠨᠡᠭᠡᠭᠡᠯᠲᠡ᠎ᠪᠠᠷ ᠥᠭᠡᠷᠡᠴᠢᠯᠡᠯᠲᠡ ᠶ᠋ᠢ ᠠᠬᠢᠭᠤᠯᠵᠤ ᠭᠦᠭ᠌ᠵᠢᠯᠳᠠᠶ᠋ᠢ ᠠᠬᠢᠭᠤᠯᠤᠨ᠂ ᠡᠷᠬᠡ ᠲᠡᠭ᠌ᠰᠢ ᠡᠮᠬᠢ ᠵᠢᠷᠤᠮ᠎ᠲᠠᠢ ᠳᠡᠯᠡᠬᠡᠶ᠎ᠶ᠋ᠢᠨ ᠤᠯᠠᠨ ᠲᠦᠢᠯᠱᠢᠷᠠᠯᠳᠠ᠂ ᠲᠦᠭᠡᠮᠡᠯ ᠬᠠᠷᠠᠭᠠᠯᠵᠠᠯ᠎ᠲᠠᠢ ᠪᠠᠭ᠍ᠲᠠᠭᠠᠮᠵᠢᠲᠠᠶ ᠠᠵᠤ ᠠᠬᠤᠶ᠎ᠶ᠋ᠢᠨ ᠳᠡᠯᠡᠬᠡᠢᠴᠢᠯᠡᠯᠳᠠᠶ᠋ᠢ ᠰᠠᠨᠠᠭᠠᠴᠢᠯᠠᠵᠤ᠂ ᠳᠡᠯᠡᠬᠡᠶ᠎ᠶ᠋ᠢᠨ ᠡᠯ᠎ᠡ ᠤᠯᠤᠰ᠎ᠯᠤᠭ᠎ᠠ ᠲᠣᠬᠢᠶᠠᠯ᠎ᠢ ᠬᠠᠮᠲᠤ᠎ᠪᠠᠷ ᠡᠳ᠋ᠯᠡᠵᠦ᠍᠂ ᠬᠠᠮᠲᠤ᠎ᠪᠠᠷ ᠬᠥᠭ᠌ᠵᠢᠨ᠎ᠠ᠃
ᠬᠤᠷᠢᠨ ᠨᠢᠭᠡᠳᠦᠭᠡᠷ ᠪᠦᠯᠦᠭ ᠪᠡᠶ᠎ᠡ᠎ᠪᠠᠨ ᠳᠠᠭᠠᠭᠠᠵᠤ ᠨᠡᠭᠡᠭᠡᠯᠲᠡ ᠬᠢᠬᠦ᠌᠎ᠶ᠋ᠢ ᠢᠳᠡᠪᠬᠢᠲᠡᠶ ᠥᠷᠭᠡᠳᠭᠡᠨ᠎ᠡ
ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠳᠦᠷᠢᠮᠯᠠᠯᠯᠦᠭᠡ ᠵᠣᠯᠭᠠᠯᠳᠤᠭᠤᠯᠤᠨ ᠨᠡᠭᠡᠭᠡᠯᠳᠠ ᠬᠢᠬᠦ᠌ ᠶ᠋ᠢ ᠦᠷᠭᠡᠳᠭᠡᠵᠤ᠂ ᠤᠯᠤᠰ᠎ᠤᠨ ᠳᠣᠲᠣᠭᠠᠳᠤ᠎ᠶ᠋ᠢᠨ ᠪᠠ ᠣᠯᠠᠨ ᠤᠯᠤᠰ᠎ᠤᠨ ᠲᠦᠷᠢᠮᠯᠡᠯ᠂ ᠲᠦᠷᠢᠮ ᠲᠣᠭ᠍ᠲᠠᠭᠠᠯ᠂ ᠬᠠᠮᠢᠶᠠᠷᠤᠯᠲᠠ᠂ ᠪᠠᠷᠢᠮᠵᠢᠶ᠎ᠠ᠎ᠶ᠋ᠢ ᠬᠠᠷᠢᠯᠴᠠᠨ ᠨᠡᠪᠲᠡᠷᠡᠭᠦᠯᠦᠨ ᠨᠡᠢᠴᠡᠭᠦᠯᠬᠦ᠌᠎ᠶ᠋ᠢ ᠠᠬᠢᠭᠤᠯᠵᠤ᠂ ᠢᠯᠡ ᠲᠣᠳᠣ ᠲᠣᠭ᠍ᠲᠠᠭᠤᠨ ᠵᠢᠱ᠌ᠢᠵᠦ᠍ ᠪᠣᠯᠬᠤᠢᠴᠠ ᠲᠦᠷᠢᠮ᠎ᠤᠨ ᠣᠷᠴᠢᠨ ᠨᠦᠭᠦᠴᠡᠯ᠎ᠢ ᠪᠣᠶ ᠪᠣᠯᠭᠠᠨ᠎ᠠ᠃
ᠨᠢᠭᠡᠳᠦᠭᠡᠷ ᠬᠡᠰᠡᠭ ᠨᠡᠭᠡᠭᠡᠯᠲᠡ ᠬᠢᠬᠦ᠌ ᠬᠦᠷᠢᠶ᠎ᠡ ᠪᠠ ᠣᠷᠣᠨ ᠪᠦᠰᠡ᠎ᠶ᠋ᠢ ᠡᠮᠬᠢ ᠵᠢᠷᠤᠮ᠎ᠲᠠᠢ ᠦᠷᠭᠡᠳᠭᠡᠨ᠎ᠠ
ᠦᠢᠯᠡᠴᠢᠯᠡᠭᠡᠨ᠎ᠤ ᠦᠢᠯᠡᠰ᠎ᠢᠶᠠᠷ ᠭᠤᠤᠯᠳᠠᠯᠭ᠎ᠠ ᠪᠣᠯᠭᠠᠨ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ ᠪᠠ ᠨᠡᠭᠡᠭᠡᠯᠳᠡ ᠬᠢᠬᠦ᠌ ᠬᠦᠷᠢᠶ᠎ᠡ᠎ᠶ᠋ᠢ ᠥᠷᠭᠡᠳᠭᠡᠵᠦ᠍᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠎ᠶ᠋ᠢᠨ ᠨᠡᠭᠡᠭᠡᠯᠳᠡ᠎ᠶ᠋ᠢ ᠬᠡᠷᠡᠭ᠌ᠵᠢᠭᠦᠯᠦᠨ᠎ᠡ᠃ ᠴᠠᠬᠢᠯᠭᠠᠨ ᠬᠤᠯᠪᠣᠭ᠎ᠠ᠂ ᠢᠨᠲ᠋ᠧᠷ ᠰᠦᠯᠵᠢᠶ᠎ᠡ᠂ ᠰᠤᠷᠭᠠᠨ ᠬᠥᠮᠦᠵᠢᠯ᠂ ᠰᠣᠶᠣᠯ᠂ ᠡᠮᠨᠡᠯᠭᠡ ᠵᠡᠷᠭᠡ ᠬᠦᠷᠢᠶᠡᠨ᠎ᠤ ᠡᠮᠬᠢ ᠵᠢᠷᠤᠮ᠎ᠲᠠᠢ᠎ᠪᠠᠷ ᠨᠡᠭᠡᠭᠡᠯᠲᠡ ᠬᠢᠬᠦ᠌᠎ᠶ᠋ᠢ ᠠᠬᠢᠭᠤᠯᠵᠤ᠂ ᠥᠷᠲᠡᠭ ᠨᠡᠮᠡᠭ᠌ᠳᠡᠯ᠎ᠤᠨ ᠴᠠᠬᠢᠯᠭᠠᠨ ᠬᠤᠯᠪᠣᠭ᠎ᠠ᠂ ᠠᠮᠢᠳᠤ ᠪᠣᠳᠠᠰ᠎ᠤᠨ ᠮᠡᠷᠭᠡᠵᠢᠯ᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠲᠤᠰᠠᠭᠠᠷ ᠪᠠᠯᠠ᠎ᠳᠤ ᠡᠮᠨᠡᠯᠭᠡ᠎ᠶ᠋ᠢᠨ ᠬᠤᠷᠢᠶ᠎ᠠ ᠵᠡᠷᠭᠡ᠎ᠶ᠋ᠢᠨ ᠨᠡᠭᠡᠭᠡᠯᠲᠡ ᠬᠢᠭᠦ᠌ ᠲᠤᠷᠱᠢᠯᠲᠠ᠎ᠶ᠋ᠢ ᠯᠠᠪᠳᠠᠭᠤᠨ ᠳᠤᠬᠢᠳᠠᠢ ᠬᠡᠷᠡᠭ᠌ᠵᠢᠭᠦᠯᠵᠦ᠍᠂ ᠦᠢᠯᠡᠴᠢᠯᠡᠭᠡᠨ᠎ᠤ ᠦᠢᠯᠡᠰ᠎ᠤᠨ ᠨᠡᠭᠡᠭᠡᠯᠲᠡ᠎ᠶ᠋ᠢ ᠥᠷᠭᠡᠳᠭᠡᠬᠦ᠌ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠵᠢᠯ᠎ᠢ ᠠᠬᠢᠭᠤᠯᠤᠨ᠎ᠠ᠃ ᠭᠠᠳᠠᠭᠠᠳᠤ ᠪᠡᠯᠡ᠎ᠶ᠋ᠢᠨ ᠣᠷᠣᠬᠤ ᠵᠥᠪᠱᠢᠶᠡᠷᠡᠯ᠎ᠤᠨ ᠨᠠᠵᠠᠭᠠᠶ ᠲᠠᠯ᠎ᠠ᠎ᠶ᠋ᠢᠨ ᠲᠣᠳᠣᠷᠬᠠᠶ ᠬᠠᠭᠤᠳᠠᠰᠤ᠎ᠶ᠋ᠢ ᠴᠦᠭᠡᠳᠭᠡᠵᠦ᠍᠂ ᠨᠠᠵᠠᠭᠠᠶ ᠲᠠᠯ᠎ᠠ᠎ᠶ᠋ᠢᠨ ᠲᠣᠳᠣᠷᠬᠠᠶ ᠬᠠᠭᠤᠳᠠᠰᠤ ᠶ᠋ᠢ ᠵᠠᠰᠠᠨ ᠲᠤᠭ᠍ᠳᠠᠭᠠᠬᠤ ᠪᠠ ᠨᠡᠭᠡᠭᠡᠯᠲᠡ ᠬᠢᠬᠦ᠌ ᠲᠤᠷᠱᠢᠯᠲᠠ᠎ᠶ᠋ᠢ ᠬᠤᠯᠪᠣᠯᠳᠤᠭᠤᠯᠤᠨ ᠬᠦᠳᠡᠯᠦᠯᠴᠡᠬᠦᠯᠬᠦ᠌ᠶ᠋ᠢ ᠴᠢᠩᠭᠠᠳᠭᠠᠨ᠎ᠠ᠃ ᠮᠥᠩᠭᠦᠨ ᠭᠦᠢᠯᠭᠡᠭᠡᠨ᠎ᠤ ᠵᠠᠬ᠎ᠠ ᠳᠡᠯᠭᠡᠭᠦᠷ᠎ᠤᠨ ᠬᠤᠯᠪᠣᠯᠳᠤᠨ ᠨᠡᠪᠲᠡᠷᠡᠯᠴᠡᠬᠦ᠌᠎ᠶ᠋ᠢ ᠯᠠᠪᠳᠠᠭᠤᠨ ᠪᠣᠯᠭᠤᠮᠵᠢᠲᠠᠶ ᠥᠷᠭᠡᠳᠭᠡᠵᠦ᠍᠂ ᠬᠢᠯᠢ᠎ᠶ᠋ᠢᠨ ᠭᠠᠳᠠᠨᠠᠬᠢ ᠬᠢᠷᠢ ᠲᠡᠩᠴᠡᠭ᠌ᠰᠡᠨ ᠪᠡᠯᠡ ᠣᠷᠣᠭᠤᠯᠤᠭ᠍ᠴᠢ᠎ᠶ᠋ᠢᠨ ᠳᠦᠷᠢᠮ᠎ᠢ ᠱᠢᠯᠢᠳᠡᠭ᠌ᠵᠢᠭᠦᠯᠵᠦ᠍᠂ ᠪᠡᠯᠡ ᠣᠷᠣᠭᠤᠯᠵᠤ ᠪᠣᠯᠬᠤ ᠲᠥᠷᠥᠯ ᠵᠦᠢᠯ ᠤᠨ ᠬᠡᠪᠴᠢᠶ᠎ᠡ᠎ᠶ᠋ᠢ ᠥᠷᠭᠡᠳᠭᠡᠵᠦ᠍᠂ ᠨᠥᠬᠦᠴᠡᠯ᠎ᠳᠤ ᠨᠡᠢᠴᠡᠭ᠌ᠰᠡᠨ ᠠᠵᠤ ᠠᠬᠤᠢᠯᠠᠯ ᠤᠨ ᠬᠢᠯᠢ ᠠᠯᠤᠰᠯᠠᠨ ᠬᠤᠤᠰ ᠴᠢᠭ᠌ᠯᠡᠯ᠎ᠢᠶᠠᠷ ᠱᠢᠭᠤᠳ ᠪᠡᠯᠡ ᠲᠣᠬᠢᠷᠠᠭᠤᠯᠬᠤ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠰᠲ᠋ᠣᠺ᠎ᠤᠨ ᠡᠷᠬᠡ᠎ᠶ᠋ᠢᠨ ᠪᠠᠯᠠ ᠣᠷᠣᠭᠤᠯᠤᠯᠲᠠ᠎ᠶ᠋ᠢᠨ ᠰᠠᠭᠤᠷᠢ ᠮᠥᠩᠭᠦ᠎ᠶ᠋ᠢᠨ ᠬᠢᠯᠢ ᠠᠯᠤᠰᠯᠠᠨ ᠪᠠᠯᠠ ᠣᠷᠣᠭᠤᠯᠬᠤ᠎ᠶ᠋ᠢ ᠳᠡᠮᠵᠢᠨ᠎ᠡ᠃ ᠳ᠋ᠠᠢᠲ᠋ᠠ᠎ᠶ᠋ᠢᠨ ᠥᠨᠳᠥᠷ ᠪᠦᠲᠦᠮᠵᠢᠲᠡᠶ ᠳᠥᠭᠦᠮ ᠳᠥᠲᠡ ᠠᠮᠤᠷ ᠲᠦᠪᠱᠢᠨ᠎ᠢᠶᠠᠷ ᠬᠢᠯᠢ ᠠᠯᠤᠰᠯᠠᠨ ᠱᠢᠯᠵᠢᠬᠦ᠌᠎ᠶ᠋ᠢ ᠠᠬᠢᠭᠤᠯᠤᠨ᠎ᠠ᠃ ᠸᠢᠰᠠ ᠣᠯᠭᠤᠬᠤ ᠪᠠ ᠰᠠᠭᠠᠳᠠᠨ ᠰᠠᠭᠤᠬᠤ᠂ ᠤᠷᠤᠱᠢᠨ ᠰᠠᠭᠤᠬᠤ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠵᠦ᠍᠂ ᠬᠢᠯᠢ᠎ᠶ᠋ᠢᠨ ᠭᠠᠳᠠᠨᠠᠬᠢ ᠬᠥᠮᠦᠰ ᠤᠨ ᠬᠢᠯᠢ᠎ᠳᠤ ᠣᠷᠣᠵᠤ ᠢᠷᠡᠬᠦ᠌ ᠳ᠋ᠢᠵᠢᠲ᠋ᠠᠯᠴᠢᠯᠠᠭ᠍ᠰᠠᠨ ᠦᠢᠯᠡᠴᠢᠯᠡᠭᠡᠨ᠎ᠤ ᠳᠥᠭᠦᠮ ᠳᠥᠲᠡ ᠴᠢᠨᠠᠷ᠎ᠢ ᠳᠡᠭᠡᠭ᠌ᠰᠢᠯᠡᠭᠦᠯᠦᠨ᠎ᠡ᠃ ᠠᠷᠠᠳ᠎ᠤᠨ ᠵᠣᠭᠤᠰ᠎ᠤᠨ ᠣᠯᠠᠨ ᠤᠯᠤᠰᠴᠢᠯᠠᠯᠳᠠ᠎ᠶ᠋ᠢ ᠠᠬᠢᠭᠤᠯᠵᠤ᠂ ᠣᠯᠠᠨ ᠤᠯᠤᠰ᠎ᠤᠨ ᠠᠷᠠᠯᠵᠢᠶ᠎ᠠ ᠪᠣᠯᠤᠨ ᠪᠡᠯᠡ ᠣᠷᠣᠭᠤᠯᠤᠯᠳᠠ ᠪᠡᠯᠡ ᠲᠣᠬᠢᠷᠠᠭᠤᠯᠭ᠎ᠠ᠎ᠳᠠᠬᠢ ᠠᠷᠠᠳ᠎ᠤᠨ ᠵᠣᠭᠤᠰ᠎ᠤᠨ ᠬᠡᠷᠡᠭ᠌ᠯᠡᠯᠲᠡ᠎ᠶ᠋ᠢ ᠥᠷᠭᠡᠳᠭᠡᠵᠦ᠍᠂ ᠬᠥᠷᠥᠩᠭᠡ᠎ᠶ᠋ᠢᠨ ᠲᠦᠰᠤᠯ ᠤᠨ ᠨᠡᠭᠡᠭᠡᠯᠲᠡ ᠬᠢᠭᠦ᠌ ᠲᠦᠪᠱᠢᠨ᠎ᠢ ᠳᠡᠭᠡᠭ᠌ᠰᠢᠯᠡᠭᠦᠯᠵᠦ᠍᠂ ᠪᠡᠶ᠎ᠡ ᠪᠠᠨ ᠳᠠᠭᠠᠭᠠᠵᠤ ᠡᠵᠡᠮᠳᠡᠵᠦ᠍ ᠪᠣᠯᠬᠤ ᠠᠷᠠᠳ ᠤᠨ ᠵᠣᠭᠤᠰ᠎ᠤᠨ ᠬᠢᠯᠢ ᠠᠯᠤᠰᠯᠠᠨ ᠲᠦᠯᠤᠭᠦ᠌ ᠱᠢᠰᠲ᠋ᠧᠮ ᠢ ᠪᠠᠢᠭᠤᠯᠵᠤ᠂ ᠠᠷᠠᠳ᠎ᠤᠨ ᠵᠣᠭᠤᠰ᠎ᠤᠨ ᠬᠢᠯᠢ᠎ᠶ᠋ᠢᠨ ᠭᠠᠳᠡᠨ᠎ᠡ᠎ᠬᠢ ᠵᠠᠬ᠎ᠠ ᠳᠡᠯᠭᠡᠭᠦᠷ᠎ᠢ ᠬᠥᠭ᠌ᠵᠢᠭᠦᠯᠦᠨ᠎ᠡ᠃ ᠨᠥᠬᠦᠴᠡᠯ ᠪᠦᠬᠦᠢ ᠬᠦᠷᠢᠶᠡᠨ᠎ᠳᠤ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠬᠡᠯᠡᠯᠴᠡᠭᠡᠷ᠎ᠢᠶᠠᠷ ᠨᠡᠭᠡᠭᠡᠯᠲᠡ ᠬᠢᠬᠦ᠌ ᠠᠷᠭ᠎ᠠ ᠬᠡᠮᠵᠢᠶ᠎ᠡ᠎ᠶ᠋ᠢ ᠤᠷᠢᠳ᠎ᠢᠶᠠᠷ ᠬᠡᠷᠡᠭ᠌ᠵᠢᠭᠦᠯᠵᠦ᠍᠂ ᠬᠦᠭ᠌ᠵᠢᠯᠳᠡ᠎ᠪᠠᠷ ᠬᠠᠮᠤᠭ᠎ᠤᠨ ᠳᠤᠷᠤᠢ ᠤᠯᠤᠰ ᠪᠠ ᠬᠠᠮᠲᠤᠷᠠᠯᠴᠠᠭᠠᠨ᠎ᠤ ᠳᠠᠯᠳᠠ ᠬᠦᠴᠦᠨ ᠢᠶᠠᠷ ᠶᠡᠭᠡ ᠠᠵᠤ ᠠᠬᠤᠶ ᠠᠷᠠᠯᠵᠢᠶᠠᠨ᠎ᠤ ᠬᠠᠨᠢᠲᠠᠨ᠎ᠳᠤ᠂ ᠭᠠᠭ᠍ᠴᠠ ᠲᠠᠯ᠎ᠠ᠎ᠶ᠋ᠢᠨ ᠨᠡᠭᠡᠭᠡᠯᠲᠡ ᠬᠢᠬᠦ᠌ ᠬᠦᠷᠢᠶ᠎ᠡ ᠪᠠ ᠣᠷᠣᠨ ᠪᠦᠰᠡ᠎ᠶ᠋ᠢ ᠥᠷᠭᠡᠳᠭᠡᠨ᠎ᠡ᠃
ᠬᠤᠶᠠᠳᠤᠭᠠᠷ ᠬᠡᠰᠡᠭ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠲᠦᠷᠢᠮᠯᠡᠯ᠎ᠲᠠᠢ ᠵᠣᠯᠭᠠᠯᠳᠤᠭᠤᠯᠤᠭ᠍ᠰᠠᠨ ᠲᠦᠷᠢᠮ ᠪᠠ ᠬᠢᠨᠠᠯᠳᠠ ᠬᠠᠮᠢᠶᠠᠷᠤᠯᠳᠠ᠎ᠶ᠋ᠢᠨ ᠱᠢᠰᠲ᠋ᠧᠮ᠎ᠢ ᠪᠠᠢᠭᠤᠯᠤᠨ᠎ᠠ
ᠥᠨᠳᠥᠷ ᠲᠦᠪᠱᠢᠨ ᠪᠦᠭᠦᠢ ᠨᠡᠭᠡᠭᠡᠯᠳᠡ ᠪᠠ ᠭᠦᠨ ᠳᠠᠪᠬᠤᠷᠭ᠎ᠠ᠎ᠶ᠋ᠢᠨ ᠥᠭᠡᠷᠡᠴᠢᠯᠡᠯᠲᠡ᠎ᠶ᠋ᠢᠨ ᠥᠨᠳᠥᠷ ᠪᠦᠲᠦᠮᠵᠢᠲᠡᠶ ᠬᠤᠯᠪᠤᠯᠳᠤᠨ ᠬᠥᠳᠡᠯᠦᠯᠴᠡᠬᠦ᠌᠎ᠶ᠋ᠢ ᠠᠬᠢᠭᠤᠯᠵᠤ᠂ ᠭᠤᠤᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠲᠣᠭ᠍ᠲᠠᠭᠠᠬᠤ ᠬᠠᠤᠯᠢ ᠴᠠᠭᠠᠵᠠ᠎ᠳᠤ ᠵᠠᠰᠠᠪᠤᠷᠢ ᠤᠷᠤᠭᠤᠯᠬᠤ᠂ ᠲᠦᠷᠦ᠍᠎ᠶ᠋ᠢᠨ ᠪᠤᠳᠤᠯᠭ᠎ᠠ᠎ᠶ᠋ᠢᠨ ᠲᠤᠬᠢᠷᠠᠭᠤᠯᠤᠯᠳᠠ ᠬᠢᠬᠦ᠌ ᠪᠠ ᠪᠠᠷᠢᠮᠵᠢᠶ᠎ᠠ᠎ᠶ᠋ᠢ ᠵᠠᠰᠠᠨ ᠲᠤᠭ᠍ᠳᠠᠭᠠᠬᠤ᠎ᠶ᠋ᠢ ᠲᠦᠷᠭᠡᠯᠡᠨ ᠠᠬᠢᠭᠤᠯᠤᠨ᠎ᠠ᠃ ᠣᠯᠠᠨ ᠤᠯᠤᠰ᠎ᠤᠨ ᠳᠦᠷᠢᠮᠯᠡᠯ ᠲᠠᠢ ᠵᠣᠯᠭᠠᠯᠳᠤᠭᠤᠯᠤᠭ᠍ᠰᠠᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠤ᠂ ᠲᠠᠸᠠᠷ᠎ᠤᠨ ᠲᠡᠮᠳᠡᠭ᠌ᠳᠤ᠎ᠶ᠋ᠢᠨ ᠬᠠᠮᠠᠭᠠᠯᠠᠯᠲᠠ᠎ᠶ᠋ᠢᠨ ᠬᠡᠪᠴᠢᠶ᠎ᠡ ᠶ᠋ᠢ ᠰᠦᠪᠡᠭ᠌ᠴᠢᠯᠡᠨ ᠦᠷᠭᠡᠳᠭᠡᠵᠤ᠂ ᠬᠡᠪᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠣᠭ᠍ᠲᠠᠴᠠ ᠶ᠋ᠢ ᠱᠢᠯᠢᠳᠡᠭ᠌ᠵᠢᠭᠦᠯᠵᠦ᠍᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠵᠠᠭᠤᠷᠠᠯᠳᠤᠭᠠᠨ ᠢ ᠱᠢᠢᠳᠪᠦᠷᠢᠯᠡᠬᠦ᠌ ᠠᠷᠭ᠎ᠠ ᠵᠠᠮ᠎ᠢ ᠥᠷᠭᠡᠳᠭᠡᠨ᠎ᠡ᠃ ᠭᠤᠣᠯᠳᠠᠯᠭ᠎ᠠ᠎ᠲᠠᠢ ᠪᠦᠲᠦᠭᠡᠭ᠌ᠳᠡᠬᠦᠨ᠎ᠤ ᠡᠨᠧᠷᠭᠢ᠎ᠶ᠋ᠢᠨ ᠠᠱᠢᠭ᠍ᠯᠠᠮᠵᠢ᠂ ᠤᠰᠤᠨ᠎ᠤ ᠠᠱᠢᠭ᠍ᠯᠠᠮᠵᠢ᠂ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ ᠵᠡᠷᠭᠡ ᠳᠦᠷᠢᠮᠯᠡᠯ ᠪᠠᠷᠢᠮᠵᠢᠶ᠎ᠠ᠎ᠶ᠋ᠢ ᠣᠯᠠᠨ ᠤᠯᠤᠰ᠎ᠲᠤ ᠬᠠᠷᠢᠯᠴᠠᠨ ᠮᠡᠳᠡᠷᠡᠭᠦ᠎ᠶ᠋ᠢ ᠠᠬᠢᠭᠤᠯᠵᠤ᠂ ᠠᠵᠤ ᠠᠬᠤᠢᠯᠠᠯ᠎ᠤᠨ ᠠᠭᠤᠷ ᠠᠮᠢᠰᠭᠤᠯ᠎ᠤᠨ ᠮᠡᠳᠡᠭᠡ ᠵᠠᠩᠭᠢ᠂ ᠣᠷᠴᠢᠨ ᠠᠬᠤᠢ᠎ᠶ᠋ᠢᠨ ᠮᠡᠳᠡᠭᠡ ᠵᠠᠩᠭᠢ᠎ᠶ᠋ᠢ ᠬᠠᠤᠯᠢ ᠶᠣᠰᠣᠭᠠᠷ ᠨᠡᠢᠲᠡᠯᠡᠬᠦ᠌ ᠪᠠ ᠰᠠᠢᠨ ᠳᠤᠷ᠎ᠠ᠎ᠠᠴᠠ᠎ᠪᠠᠨ ᠨᠡᠢᠲᠡᠯᠡᠬᠦ᠌᠎ᠶ᠋ᠢ ᠠᠬᠢᠭᠤᠯᠤᠨ᠎ᠠ᠃ ᠮᠠᠨ ᠤ ᠤᠯᠤᠰ᠎ᠤᠨ ᠤᠯᠤᠰ᠎ᠤᠨ ᠪᠠᠢᠳᠠᠯ᠎ᠳᠤ ᠳᠣᠭᠢᠷᠬᠠᠰᠠᠨ᠂ ᠣᠯᠠᠨ ᠤᠯᠤᠰ᠎ᠤᠨ ᠵᠤᠷᠱᠢᠯ ᠳᠤ ᠨᠡᠢᠴᠡᠭ᠌ᠰᠡᠨ ᠬᠥᠳᠡᠯᠮᠦᠷᠢ᠎ᠶ᠋ᠢᠨ ᠬᠠᠮᠠᠭᠠᠯᠠᠯᠲᠠ᠎ᠶ᠋ᠢᠨ ᠲᠣᠭ᠍ᠲᠠᠴᠠ᠎ᠶ᠋ᠢ ᠰᠦᠪᠡᠭ᠌ᠴᠢᠯᠡᠨ ᠲᠡᠭᠦᠯᠳᠡᠷᠵᠢᠭᠦᠯᠤᠨ᠎ᠠ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠦᠷᠢᠮ᠎ᠤᠨ ᠥᠭᠡᠷᠡᠴᠢᠯᠡᠯᠲᠡ᠎ᠶ᠋ᠢ ᠲᠦᠷᠭᠡᠳᠭᠡᠵᠦ᠍᠂ ᠭᠤᠤᠯᠴᠢ᠎ᠪᠠᠷ ᠥᠷᠢᠰᠥᠯᠳᠦᠬᠦ᠌ ᠵᠠᠷᠴᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠎ᠠ᠃ ᠳᠡᠯᠡᠬᠡᠶ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠬᠡᠯᠡᠯᠴᠡᠭᠡᠷ᠂ ᠪᠠᠯᠠ ᠣᠷᠣᠭᠤᠯᠤᠯᠲᠠ᠎ᠶ᠋ᠢ ᠲᠦᠳᠡᠴᠢᠯᠡᠭᠦ᠌ ᠬᠡᠯᠡᠯᠴᠡᠭᠡᠷ᠎ᠢ ᠤᠷᠢᠳ᠎ᠢᠶᠠᠷ ᠲᠤᠷᠱᠢᠨ ᠬᠡᠷᠡᠭ᠌ᠵᠢᠭᠦᠯᠵᠦ᠍᠂ ᠬᠢᠯᠢ ᠠᠯᠤᠰᠯᠠᠨ ᠲᠦᠯᠤᠭᠦ᠌ ᠲᠠᠰᠤᠯᠤᠨ ᠪᠤᠳᠤᠬᠤ ᠦᠷ᠎ᠡ ᠪᠦᠲᠦᠮᠵᠢ ᠪᠠ ᠬᠠᠭᠤᠳᠠᠰᠤ ᠪᠠᠷᠢᠮᠲᠠ᠎ᠶ᠋ᠢᠨ ᠡᠯᠧᠺᠲᠷᠤᠨᠴᠢᠯᠠᠯᠳᠠ ᠪᠠ ᠪᠠᠷᠢᠮᠵᠢᠶᠠᠵᠢᠭᠤᠯᠤᠯᠳᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃
ᠭᠤᠷᠪᠠᠳᠤᠭᠠᠷ ᠬᠡᠰᠡᠭ ᠣᠷᠣᠨ ᠪᠦᠰᠡ᠎ᠶ᠋ᠢᠨ ᠨᠡᠭᠡᠭᠡᠯᠳᠡ᠎ᠶ᠋ᠢᠨ ᠪᠠᠢᠷᠢᠯᠠᠭᠤᠯᠤᠯᠳᠠ᠎ᠶ᠋ᠢ ᠱᠢᠯᠢᠳᠡᠭ᠌ᠵᠢᠭᠦᠯᠦᠨ᠎ᠡ
ᠬᠡᠯᠪᠡᠷᠢ ᠪᠠᠢᠳᠠᠯ᠎ᠨᠢ ᠤᠯᠠᠨ ᠶᠠᠩᠵᠤ᠎ᠶ᠋ᠢᠨ ᠨᠡᠭᠡᠭᠡᠯᠳᠡ᠎ᠶ᠋ᠢᠨ ᠥᠨᠳᠦᠷᠯᠢᠭ ᠭᠠᠵᠠᠷ᠎ᠢ ᠪᠤᠢ ᠪᠣᠯᠭᠠᠵᠤ᠂ ᠡᠬᠡ ᠬᠠᠭᠤᠷᠠᠢ ᠳᠠᠯᠠᠢ ᠲᠠᠩᠬᠢᠰ ᠳᠤᠳᠤᠭᠠᠳᠤ ᠭᠠᠳᠠᠭᠠᠳᠤ ᠬᠤᠯᠪᠤᠯᠳᠣᠨ ᠬᠦᠳᠡᠯᠦᠯᠴᠡᠭᠦ᠌᠂ ᠵᠡᠭᠦᠨᠰᠢ ᠪᠠᠷᠠᠭᠤᠨᠰᠢ ᠬᠤᠤᠰ ᠴᠢᠭ᠌ᠯᠡᠯ᠎ᠢᠶᠠᠷ ᠬᠠᠷᠢᠯᠴᠠᠨ ᠲᠤᠰᠠᠯᠠᠬᠤ ᠪᠦᠬᠦ᠌ ᠲᠠᠯ᠎ᠠ᠎ᠶ᠋ᠢᠨ ᠨᠡᠭᠡᠭᠡᠯᠳᠡ᠎ᠶ᠋ᠢᠨ ᠪᠠᠢᠷᠢᠱᠢᠯ᠎ᠢ ᠲᠦᠷᠭᠡᠯᠡᠨ ᠪᠤᠢ ᠪᠣᠯᠭᠠᠨ᠎ᠠ᠃ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠥᠨᠳᠥᠷ ᠪᠡᠷᠢᠮᠵᠢᠶ᠎ᠠ᠎ᠪᠠᠷ ᠪᠦᠳᠤᠭᠡᠨ ᠪᠠᠢᠭᠤᠯᠵᠤ᠂ ᠪᠦᠬᠦ᠌ ᠠᠷᠠᠯ᠎ᠤᠨ ᠪᠣᠭᠤᠮᠲᠠ᠎ᠶ᠋ᠢᠨ ᠪᠢᠳᠡᠭᠦᠮᠵᠢ᠎ᠳᠤ ᠤᠷᠤᠨ᠎ᠳᠠᠬᠢ ᠠᠵᠢᠯᠯᠠᠭ᠎ᠠ᠎ᠨᠢ ᠦᠨᠳᠤᠷ ᠲᠦᠪᠱᠢᠨ᠎ᠢᠶᠠᠷ ᠬᠡᠷᠡᠭ᠌ᠵᠢᠭᠦᠯᠵᠤ᠂ ᠠᠷᠠᠯᠵᠢᠶᠠᠨ᠎ᠤ ᠪᠡᠯᠡ ᠣᠷᠣᠭᠤᠯᠤᠯᠲᠠ ᠪᠠ ᠡᠯᠧᠮᠧᠨ᠋ᠲ᠎ᠤᠨ ᠱᠢᠯᠵᠢᠯᠲᠡ ᠵᠡᠷᠭᠡ ᠭᠤᠤᠯᠳᠠᠯᠭ᠎ᠠ᠎ᠲᠠᠢ ᠬᠦᠷᠢᠶᠡᠨ᠎ᠤ ᠨᠡᠭᠡᠭᠡᠯᠲᠡ᠎ᠶ᠋ᠢᠨ ᠬᠢᠷᠢ ᠬᠡᠮᠵᠢᠶ᠎ᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠥᠨᠳᠥᠷ ᠲᠦᠪᠱᠢᠨ ᠪᠦᠬᠦᠢ ᠴᠢᠯᠥᠭᠡᠲᠦ ᠠᠷᠠᠯᠵᠢᠶᠠᠨ᠎ᠤ ᠭᠠᠷᠠᠮ᠎ᠲᠠᠢ ᠵᠣᠬᠢᠴᠠᠯᠳᠤᠭ᠍ᠰᠠᠨ ᠲᠦᠷᠦ᠍᠎ᠶ᠋ᠢᠨ ᠪᠤᠳᠤᠯᠭ᠎ᠠ ᠲᠦᠷᠢᠮ᠎ᠤᠨ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠤᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠨᠡᠩ ᠶᠡᠭᠡ ᠡᠷᠴᠢᠮ ᠪᠦᠭᠦᠢ ᠲᠦᠷᠢᠮ᠎ᠤᠨ ᠬᠡᠯᠪᠡᠷᠢ᠎ᠶ᠋ᠢᠨ ᠨᠡᠭᠡᠭᠡᠯᠳᠡ᠎ᠶ᠋ᠢᠨ ᠲᠤᠷᠱᠢᠯᠲᠠ᠎ᠶ᠋ᠢ ᠥᠷᠨᠢᠭᠦᠯᠵᠦ᠍᠂ ᠱᠢᠨ᠎ᠡ᠎ᠶ᠋ᠢ ᠡᠭᠦᠳᠬᠦ᠌᠎ᠪᠠᠷ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠡᠨᠧᠷᠭᠢ᠎ᠶ᠋ᠢᠨ ᠳᠡᠰ᠎ᠢ ᠳᠡᠭᠡᠭ᠌ᠰᠢᠯᠡᠭᠦᠯᠦᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠤᠯᠳᠠ᠂ ᠦᠢᠯᠡᠴᠢᠯᠡᠭᠡᠨ ᠤ ᠠᠷᠠᠯᠵᠢᠶ᠎ᠠ᠂ ᠠᠵᠤ ᠦᠢᠯᠡᠰ᠎ᠤᠨ ᠬᠥᠭ᠌ᠵᠢᠯᠲᠡ ᠵᠡᠷᠭᠡ ᠴᠢᠬᠤᠯᠠ ᠶᠡᠭᠡ ᠨᠡᠭᠡᠭᠡᠯᠲᠡ ᠬᠢᠵᠦ᠍ ᠬᠠᠮᠲᠤᠷᠠᠨ ᠠᠵᠢᠯᠯᠠᠬᠤ ᠲᠠᠪᠴᠠᠩ᠎ᠢ ᠨᠢᠭᠡᠳᠦᠯᠲᠡᠢ ᠲᠥᠯᠥᠪᠯᠡᠨ ᠪᠠᠢᠷᠢᠯᠠᠭᠤᠯᠬᠤ ᠪᠠ ᠪᠦᠲᠦᠭᠡᠨ ᠪᠠᠢᠭᠤᠯᠵᠤ᠂ ᠴᠢᠳᠠᠮᠵᠢ᠎ᠨᠢ ᠣᠢᠷᠠᠯᠴᠠᠭ᠎ᠠ᠂ ᠣᠷᠣᠨ ᠪᠠᠢᠷᠢ᠎ᠨᠢ ᠬᠥᠷᠰᠢ ᠵᠡᠷᠭᠡᠯᠡᠳᠡᠭᠡ ᠲᠠᠪᠴᠠᠩ᠎ᠢ ᠱᠢᠯᠢᠳᠡᠭ᠌ᠵᠢᠭᠦᠯᠦᠨ ᠡᠮᠬᠢᠯᠡᠨ ᠨᠡᠢᠯᠡᠭᠦᠯᠬᠦ᠌᠎ᠶ᠋ᠢ ᠳᠠᠮᠵᠢᠵᠤ᠂ ᠤᠯᠤᠰ᠎ᠤᠨ ᠲᠠᠰ᠎ᠤᠨ ᠱᠢᠨ᠎ᠡ ᠲᠣᠭᠤᠷᠢᠭ᠂ ᠨᠡᠭᠡᠭᠡᠨ ᠭᠦᠭ᠌ᠵᠢᠭᠦᠯᠭᠦ᠌ ᠤᠷᠤᠨ᠎ᠤ ᠬᠠᠮᠢᠶᠠᠷᠤᠯᠲᠠ᠎ᠶ᠋ᠢᠨ ᠳᠦᠷᠢᠮ ᠪᠣᠯᠤᠨ ᠡᠵᠡᠩᠨᠡᠯᠲᠡ᠎ᠶ᠋ᠢᠨ ᠬᠡᠪ ᠵᠠᠭ᠍ᠪᠤᠷ᠎ᠤᠨ ᠱᠢᠨ᠎ᠡ ᠶ᠋ᠢ ᠡᠭᠦᠳᠬᠦ᠌᠎ᠶ᠋ᠢ ᠠᠬᠢᠭᠤᠯᠵᠤ᠂ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠵᠤ᠂ ᠬᠢᠯᠢ ᠳᠠᠭᠠᠤ ᠭᠤᠤᠯᠳᠠᠯᠭ᠎ᠠ᠎ᠲᠠᠢ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ᠂ ᠠᠵᠤ ᠦᠢᠯᠡᠰ ᠤᠨ ᠬᠠᠮᠵᠢᠯᠴᠠᠭ᠎ᠠ᠎ᠶ᠋ᠢᠨ ᠬᠦᠷᠢᠶᠡᠯᠡᠩ ᠲᠣᠭᠤᠷᠢᠭ᠂ ᠬᠢᠯᠢ ᠳᠠᠭᠠᠤ ᠭᠠᠷᠠᠮ ᠳᠠᠭᠠᠤ᠎ᠶ᠋ᠢᠨ ᠠᠵᠤ ᠦᠢᠯᠡᠰ᠎ᠤᠨ ᠬᠦᠷᠢᠶᠡᠯᠡᠩ ᠳᠤᠭᠤᠷᠢᠭ ᠪᠠ ᠬᠢᠯᠢ᠎ᠶ᠋ᠢᠨ (ᠬᠢᠯᠢ ᠠᠯᠤᠰᠯᠠᠭ᠍ᠰᠠᠨ) ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ ᠵᠡᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃
ᠬᠦᠰᠦᠨᠦᠭ᠌ᠲᠦ 11 ᠭᠠᠳᠠᠭᠠᠳᠤ ᠨᠡᠭᠡᠭᠡᠯᠲᠡ ᠶ᠋ᠢᠨ ᠲᠠᠪᠴᠠᠩ ᠤᠨ ᠴᠢᠳᠠᠮᠵᠢ᠎ᠶ᠋ᠢ ᠳᠡᠭᠡᠭ᠌ᠰᠢᠯᠡᠭᠦᠯᠭᠦ᠌
01 ᠬᠠᠢᠨᠠᠨ ᠤ ᠴᠢᠯᠥᠭᠡᠲᠦ ᠠᠷᠠᠯᠵᠢᠶᠠᠨ᠎ᠤ ᠭᠠᠷᠠᠮ
ᠠᠵᠢᠯᠲᠠᠨ᠂ ᠲᠡᠭᠡᠭᠡᠪᠦᠷᠢ᠂ ᠮᠥᠩᠭᠦᠨ ᠭᠦᠢᠯᠭᠡᠭᠡ᠂ ᠳ᠋ᠠᠢᠲ᠋ᠠ ᠵᠡᠷᠭᠡ ᠲᠠᠯ᠎ᠠ᠎ᠪᠠᠷ᠎ᠬᠢ ᠨᠡᠩ ᠨᠡᠭᠡᠭᠡᠯᠲᠡᠲᠡᠶ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠭᠠᠢᠯᠢ ᠲᠠᠲᠠᠪᠤᠷᠢ᠎ᠶ᠋ᠢᠨ ᠳᠦᠷᠢᠮ᠂ ᠵᠠᠰᠠᠭ ᠵᠠᠬᠢᠷᠭᠠᠨ᠎ᠤ ᠪᠠᠢᠭᠤᠯᠤᠯ ᠵᠡᠷᠭᠡ ᠭᠤᠤᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠳᠡᠯᠡᠬᠡᠶ᠎ᠶ᠋ᠢᠨ ᠲᠡᠷᠢᠭᠦᠨ ᠵᠡᠷᠭᠡ᠎ᠶ᠋ᠢᠨ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠬᠠᠷᠪᠤᠯᠲᠠ᠎ᠶ᠋ᠢᠨ ᠲᠠᠯᠠᠪᠠᠢ᠎ᠶ᠋ᠢ ᠪᠠᠢᠭᠤᠯᠵᠤ᠂ ᠤᠯᠠᠨ ᠤᠯᠤᠰ᠎ᠤᠨ ᠡᠮᠴᠢᠯᠡᠭᠡᠨ᠎ᠤ ᠵᠢᠭᠤᠯᠴᠢᠯᠠᠯ᠎ᠤᠨ ᠲᠦᠷᠦᠭᠦᠯᠡᠬᠦ᠌ ᠣᠷᠣᠨ ᠪᠠ ᠤᠯᠠᠨ ᠤᠯᠤᠰ᠎ᠤᠨ ᠰᠤᠷᠭᠠᠨ ᠬᠥᠮᠦᠵᠢᠯ᠎ᠤᠨ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠣᠷᠣᠨ᠎ᠤ ᠨᠡᠭᠡᠭᠡᠯᠲᠡ᠎ᠶ᠋ᠢᠨ ᠬᠢᠷᠢ ᠬᠡᠮᠵᠢᠶ᠎ᠠ᠎ᠶ᠋ᠢ ᠳᠡᠭᠡᠭ᠌ᠰᠢᠯᠡᠭᠦᠯᠦᠨ᠎ᠡ᠃
02 ᠴᠢᠯᠥᠭᠡᠲᠦ ᠠᠷᠠᠯᠵᠢᠶᠠᠨ ᠤ ᠲᠤᠷᠱᠢᠯᠲᠠ᠎ᠶ᠋ᠢᠨ ᠣᠷᠣᠨ
ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠠᠢᠷᠢᠯᠠᠭᠤᠯᠤᠯᠲᠠ᠎ᠶ᠋ᠢᠨ ᠬᠡᠪᠴᠢᠶ᠎ᠡ᠎ᠶ᠋ᠢ ᠱᠢᠯᠢᠳᠡᠭ᠌ᠵᠢᠭᠦᠯᠵᠦ᠍᠂ ᠪᠣᠳᠠᠲᠠᠶ ᠪᠠᠢᠳᠡᠯ᠎ᠲᠠᠢ ᠤᠶᠠᠯᠳᠤᠭᠤᠯᠤᠨ ᠱᠢᠨ᠎ᠡ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠡᠭᠦᠷᠭᠡ ᠤᠯᠭᠤᠵᠤ᠂ ᠢᠯᠭᠠᠭᠠᠵᠢᠭᠤᠯᠤᠭ᠍ᠰᠠᠨ ᠰᠦᠪᠡᠭ᠌ᠴᠢᠯᠡᠯᠳᠡ᠎ᠶ᠋ᠢ ᠭᠦᠨᠵᠡᠭᠡᠢᠷᠡᠭᠦᠯᠵᠦ᠍᠂ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠬᠠᠭᠤᠯᠪᠤᠷᠢᠯᠠᠨ ᠳᠡᠯᠭᠡᠷᠡᠭᠦᠯᠬᠦ᠌᠎ᠶ᠋ᠢ ᠠᠬᠢᠭᠤᠯᠤᠨ᠎ᠠ᠃ ᠨᠥᠬᠦᠴᠡᠯ᠎ᠲᠠᠢ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠤ ᠳ᠋ᠢᠵᠢᠲ᠋ᠠᠯ ᠠᠵᠤ ᠠᠬᠤᠶ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠂ ᠬᠢᠯᠢ᠎ᠶ᠋ᠢᠨ ᠭᠠᠳᠡᠨ᠎ᠡ᠎ᠬᠢ ᠠᠷᠠᠯᠵᠢᠶ᠎ᠠ ᠵᠡᠷᠭᠡ ᠬᠦᠷᠢᠶᠡᠨ᠎ᠤ ᠲᠣᠭᠤᠷᠢᠨ᠎ᠳᠤ ᠨᠡᠩ ᠤᠯᠠᠨ ᠠᠩᠬᠠᠨ᠎ᠤ ᠡᠭᠦᠳᠦᠯᠲᠡ ᠠᠩᠬᠠᠨ᠎ᠤ ᠲᠤᠷᠱᠢᠯᠲᠠ᠎ᠶ᠋ᠢᠨ ᠠᠵᠢᠯ ᠥᠷᠨᠢᠭᠦᠯᠬᠦ᠌᠎ᠶ᠋ᠢ ᠠᠬᠢᠭᠤᠯᠤᠨ᠎ᠠ᠃
03 ᠬᠢᠯᠢ᠎ᠶ᠋ᠢᠨ ᠬᠠᠮᠲᠤᠷᠠᠯᠴᠠᠭᠠᠨ᠎ᠤ ᠲᠠᠪᠴᠠᠩ
ᠭᠤᠸᠠᠩᠰᠢ᠎ᠶ᠋ᠢᠨ ᠴᠢᠨᠹᠠᠡᠭ ᠂ ᠶᠦᠨᠨᠠᠨ᠎ᠤ ᠷᠦᠢᠯᠢ᠂ ᠱᠢᠨᠵᠢᠶᠠᠩ᠎ᠤᠨ ᠢᠯᠢ᠂ ᠥᠪᠥᠷ ᠮᠣᠩᠭᠤᠯ᠎ᠤᠨ ᠮᠠᠨᠵᠤᠤᠷ᠂ ᠬᠠᠷᠠᠮᠥ᠋ᠷᠡᠨ᠎ᠤ ᠮᠦ᠍ ᠳ᠋ᠠᠨ ᠵᠢᠶᠠᠩ ᠤᠨ ᠠᠵᠤ ᠦᠢᠯᠡᠰ᠎ᠤᠨ ᠬᠠᠮᠵᠢᠯᠴᠠᠭᠠᠨ ᠤ ᠬᠦᠷᠢᠶᠡᠯᠡᠩ ᠲᠣᠭᠤᠷᠢᠭ᠎ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠢᠭᠤᠯᠤᠨ᠎ᠠ᠃ ᠾᠸᠢ ᠾᠧ ᠭᠤᠤᠯ᠂ ᠵᠢᠯᠦᠩ᠂ ᠳ᠋ᠠᠨᠳᠦ᠋ᠩ᠂ ᠺᠠᠱᠭᠠᠷ᠂ ᠠᠯᠠᠬ ᠠᠭᠤᠯᠠ᠎ᠶ᠋ᠢᠨ ᠠᠮᠠᠠ ᠪᠤᠭᠤᠮᠳᠠ᠎ᠶ᠋ᠢᠨ ᠭᠤᠤᠯᠳᠠᠯᠭ᠎ᠠ᠎ᠲᠠᠢ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ᠎ᠢ ᠪᠠᠢᠭᠤᠯᠤᠨ᠎ᠠ᠃
04 ᠬᠢᠯᠢ᠎ᠶ᠋ᠢᠨ ᠪᠣᠭᠤᠮᠲᠠ
ᠾᠧᠢ ᠱᠢᠶᠠ ᠽᠢ ᠠᠷᠠᠯ᠂ ᠱᠤᠸᠠᠩ ᠮᠤ᠌ ᠹᠧᠩ ᠵᠠᠰᠠᠮᠠᠯ ᠵᠠᠮ᠎ᠤᠨ ᠪᠣᠭᠤᠮᠲᠠ ᠪᠠ ᠭᠠᠭ᠍ᠴᠠᠮᠤᠳᠤ ᠲᠡᠮᠦᠷ ᠵᠠᠮ᠎ᠤᠨ ᠪᠣᠭᠤᠮᠲᠠ᠎ᠶ᠋ᠢ ᠪᠠᠢᠭᠤᠯᠤᠨ ᠪᠦᠳᠤᠭᠡᠨᠠ᠃ ᠵᠶ᠋ᠢ ᠠᠨ᠂ ᠮᠠᠨᠵᠤᠤᠷ᠂ ᠡᠷᠢᠶᠡᠨ ᠬᠤᠲᠠ᠂ ᠮᠦᠸᠧᠬᠠᠨ᠂ ᠾᠧᠺᠸᠦ᠂ ᠮᠧᠩᠳᠢᠩᠤᠨ ᠴᠢᠩ ᠱᠦᠶ ᠾᠧ ᠵᠠᠰᠠᠮᠠᠯ ᠵᠠᠮ᠎ᠤᠨ ᠪᠣᠭᠤᠮᠲᠠ ᠪᠠ ᠰᠦᠶ ᠹᠧᠨ ᠾᠧ ᠲᠡᠮᠦᠷ ᠵᠠᠮ᠎ᠤᠨ ᠪᠣᠭᠤᠮᠲᠠ᠎ᠶ᠋ᠢ ᠳᠡᠰ ᠳᠡᠪᠱᠢᠭᠦᠯᠦᠨ ᠥᠭᠡᠷᠡᠴᠢᠯᠡᠨ᠎ᠡ᠃
05 ᠳᠤᠮᠳᠠᠳᠤ ᠧᠦ᠋ᠷᠣᠫᠠ (ᠠᠽᠢᠶ᠎ᠠ) ᠶ᠋ᠢᠨ ᠡᠬᠡᠯᠵᠢ᠎ᠶ᠋ᠢᠨ ᠴᠣᠪᠣᠭ᠎ᠠ ᠲᠡᠷᠭᠡ᠎ᠶ᠋ᠢᠨ ᠴᠤᠭ᠍ᠯᠠᠷᠠᠯ᠎ᠤᠨ ᠲᠥᠪ
ᠰᠧᠨ᠋ᠶᠠᠩ᠂ ᠲᠢᠶᠠᠨᠵᠢᠨ — ᠱ᠌ᠢ ᠵᠢᠶᠠ ᠵᠤᠸᠠᠩ᠂ ᠵᠢᠨᠠᠨ — ᠴᠢᠩᠳᠣᠤ᠂ ᠯᠢᠶᠠᠨ ᠶᠦᠨ ᠭᠠᠩ — ᠱᠢᠦ᠋ᠢᠵᠸᠤ᠂ ᠶ᠋ᠢᠨ ᠬᠤᠸᠠ (ᠢ ᠡᠦ)᠂ ᠾᠧᠹᠧᠢ᠂ ᠵᠧᠩᠵᠸᠦ᠂ ᠦᠬᠠᠨ᠂ ᠴᠠᠩᠱᠠ᠂ ᠭᠤᠸᠠᠩᠵᠧᠦ᠂ ᠴᠧᠩᠳᠦ᠍ — ᠴᠦᠩᠴᠢᠩ ᠂ ᠺᠦᠨᠮᠢᠩ᠂ ᠰᠢ ᠠᠨ᠂ ᠦᠷᠦᠮᠴᠢ ᠵᠡᠷᠭᠡ 14 ᠳᠤᠮᠳᠠᠳᠤ ᠧᠦ᠋ᠷᠣᠫᠠ (ᠠᠽᠢᠶ᠎ᠠ) ᠶ᠋ᠢᠨ ᠡᠭᠡᠯᠵᠢ᠎ᠶ᠋ᠢᠨ ᠴᠤᠪᠤᠭ᠎ᠠ ᠲᠡᠷᠭᠡ᠎ᠶ᠋ᠢᠨ ᠴᠤᠭ᠍ᠯᠠᠷᠠᠯ᠎ᠤᠨ ᠲᠥᠪ ᠵᠢᠴᠢ ᠵᠠᠩᠭᠢᠯᠠᠭ᠎ᠠ᠎ᠶ᠋ᠢᠨ ᠬᠤᠳᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠡᠮᠵᠢᠨ᠎ᠠ᠃
ᠬᠤᠷᠢᠨ ᠬᠤᠶᠠᠳᠤᠭᠠᠷ ᠪᠦᠯᠦᠭ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭᠠᠨ ᠤ ᠶᠠᠰᠥ᠍ ᠴᠢᠨᠠᠷ ᠪᠠ ᠲᠦᠪᠱᠢᠨ᠎ᠢ ᠳᠡᠭᠡᠭ᠌ᠰᠢᠯᠡᠭᠦᠯᠦᠨ᠎ᠡ
ᠭᠠᠳᠠᠭᠠᠳᠤ᠎ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ᠎ᠶ᠋ᠢ ᠵᠣᠬᠢᠴᠠᠭᠤᠯᠬᠤ᠂ ᠡᠳ᠋ ᠪᠠᠷᠠᠭ᠎ᠠ ᠪᠠ ᠦᠢᠯᠡᠴᠢᠯᠡᠭᠡ ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠴᠢᠩᠭᠠᠳᠭᠠᠵᠤ᠂ ᠭᠠᠳᠠᠭᠠᠳᠤ ᠪᠡᠯᠡ᠎ᠶ᠋ᠢ ᠲᠠᠳᠡᠨ ᠤᠷᠤᠭᠤᠯᠬᠤ ᠪᠠ ᠬᠢᠯᠢ᠎ᠶ᠋ᠢᠨ ᠭᠠᠳᠠᠨ᠎ᠠ ᠪᠡᠯᠡ ᠣᠷᠣᠭᠤᠯᠬᠤ᠎ᠶ᠋ᠢ ᠨᠢᠭᠡᠳᠦᠯᠲᠡᠶ ᠲᠥᠯᠥᠪᠯᠡᠵᠦ᠍᠂ ᠤᠯᠠᠨ ᠤᠯᠤᠰ᠎ᠤᠨ ᠠᠷᠠᠯᠵᠢᠶ᠎ᠠ ᠪᠠ ᠬᠤᠤᠰ ᠴᠢᠭ᠌ᠯᠡᠯᠲᠦ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠱᠢᠨ᠎ᠡ ᠳᠠᠪᠠᠭᠤᠯᠢᠭ᠎ᠢ ᠪᠤᠢ ᠪᠣᠯᠭᠠᠨ᠎ᠠ᠃
ᠨᠢᠭᠡᠳᠦᠭᠡᠷ ᠬᠡᠰᠡᠭ ᠠᠷᠠᠯᠵᠢᠶᠠᠨ᠎ᠤ ᠱᠢᠨ᠎ᠡ ᠶ᠋ᠢ ᠡᠭᠦᠳᠤᠨ ᠬᠥᠭ᠌ᠵᠢᠭᠦ᠎ᠶ᠋ᠢ ᠠᠬᠢᠭᠤᠯᠤᠨ᠎ᠠ
ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠯᠡᠨ ᠪᠦᠳᠦᠬᠡᠨ ᠪᠠᠢᠭᠤᠯᠵᠤ᠂ ᠭᠠᠳᠠᠭᠠᠳᠤ ᠠᠷᠠᠯᠵᠢᠶᠠᠨ ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ ᠢ ᠨᠡᠮᠡᠭ᠌ᠳᠡᠭᠦᠯᠬᠦ᠌ ᠶ᠋ᠢ ᠠᠬᠢᠭᠤᠯᠵᠤ᠂ ᠭᠠᠳᠠᠭᠠᠳᠤ᠎ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ᠎ᠶ᠋ᠢ ᠲᠡᠩᠴᠡᠭᠦᠷᠢᠲᠡᠶ ᠬᠥᠭ᠌ᠵᠢᠭᠦᠯᠬᠦ᠌ ᠶ᠋ᠢ ᠠᠬᠢᠭᠤᠯᠤᠨ᠎ᠠ᠃ ᠡᠳ᠋ ᠪᠠᠷᠠᠭᠠᠨ ᠤ ᠠᠷᠠᠯᠵᠢᠶ᠎ᠠ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠵᠦ᠍᠂ ᠵᠠᠬ᠎ᠠ ᠳᠡᠯᠭᠡᠭᠦᠷ ᠤᠨ ᠤᠯᠠᠨ ᠡᠱᠢᠵᠢᠯᠲᠡ ᠶ᠋ᠢ ᠠᠬᠢᠭᠤᠯᠵᠤ᠂ ᠵᠠᠪᠰᠠᠷ ᠤᠨ ᠪᠦᠲᠦᠭᠡᠭ᠌ᠳᠡᠬᠦᠨ᠎ᠤ ᠠᠷᠠᠯᠵᠢᠶ᠎ᠠ᠎ᠶ᠋ᠢ ᠥᠷᠭᠡᠳᠭᠡᠵᠦ᠍᠂ ᠪᠣᠯᠪᠠᠰᠤᠷᠠᠭᠤᠯᠬᠤ ᠠᠷᠠᠯᠵᠢᠶ᠎ᠠ᠎ᠶ᠋ᠢᠨ ᠵᠡᠷᠭᠡ ᠲᠡᠰ ᠢ ᠲᠡᠪᠱᠢᠭᠦᠯᠭᠦ ᠶ᠋ᠢ ᠠᠬᠢᠭᠤᠯᠤᠨ᠎ᠠ᠃ ᠦᠢᠯᠡᠴᠢᠯᠡᠭᠡᠨ᠎ᠤ ᠠᠷᠠᠯᠵᠢᠶ᠎ᠠ᠎ᠶ᠋ᠢ ᠶᠡᠭᠡ ᠪᠠᠷ ᠬᠥᠭ᠌ᠵᠢᠭᠦᠯᠵᠦ᠍᠂ ᠬᠢᠯᠢ ᠠᠯᠤᠰᠯᠠᠭ᠍ᠰᠠᠨ ᠦᠢᠯᠡᠴᠢᠯᠡᠭᠡᠨ᠎ᠤ ᠠᠷᠠᠯᠵᠢᠶᠠᠨ ᠤ ᠨᠠᠵᠠᠭᠠᠢ ᠲᠠᠯ᠎ᠠ᠎ᠶ᠋ᠢᠨ ᠲᠤᠳᠤᠷᠬᠠᠢ ᠬᠠᠭᠤᠳᠠᠰᠤ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠬᠢᠯᠢ ᠠᠯᠤᠰᠯᠠᠨ ᠲᠤᠱᠢᠶᠠᠨ ᠥᠭ᠌ᠬᠦ᠂ ᠪᠠᠢᠭᠠᠯᠢ ᠬᠥᠮᠦᠨ ᠱᠢᠯᠵᠢᠭᠦ᠌ ᠵᠡᠷᠭᠡ ᠬᠢᠯᠢ ᠠᠯᠤᠰᠯᠠᠭ᠍ᠰᠠᠨ ᠦᠢᠯᠡᠴᠢᠯᠡᠭᠡᠨ ᠤ ᠬᠢᠵᠠᠭᠠᠷᠯᠠᠯ᠎ᠢ ᠠᠭᠤᠵᠢᠭᠤ ᠲᠠᠯᠪᠢᠵᠤ᠂ ᠦᠢᠯᠡᠴᠢᠯᠡᠭᠡᠨ᠎ᠤ ᠭᠠᠳᠠᠭᠠᠳᠤ ᠭᠠᠷᠭᠠᠯᠲᠠ ᠶ᠋ᠢ ᠵᠣᠷᠢᠠᠠᠵᠢᠭᠤᠯᠵᠤ᠂ ᠲᠡᠭᠡᠭᠡᠪᠦᠷᠢ᠂ ᠵᠢᠭᠤᠯᠴᠢᠯᠠᠯ ᠵᠡᠷᠭᠡ ᠦᠢᠯᠡᠴᠢᠯᠡᠭᠡᠨ᠎ᠤ ᠣᠯᠠᠨ ᠤᠯᠤᠰ᠎ᠤᠨ ᠥᠷᠢᠰᠦᠯᠳᠦᠬᠦ᠌ ᠬᠦᠴᠦᠨ᠎ᠢ ᠴᠢᠩᠭᠠᠷᠠᠭᠤᠯᠵᠤ᠂ ᠮᠡᠳᠡᠯᠭᠡ ᠬᠤᠷᠠᠭ᠍ᠰᠠᠨ ᠬᠡᠯᠪᠡᠷᠢ᠎ᠶ᠋ᠢᠨ ᠦᠢᠯᠡᠴᠢᠯᠡᠭᠡᠨ ᠤ ᠠᠷᠠᠯᠵᠢᠶ᠎ᠠ᠎ᠶ᠋ᠢ ᠬᠥᠭ᠌ᠵᠢᠭᠦᠯᠵᠦ᠍᠂ ᠦᠢᠯᠡᠴᠢᠯᠡᠭᠡ ᠶ᠋ᠢ ᠭᠠᠳᠠᠭ᠍ᠰᠢ ᠳᠠᠭᠠᠭᠠᠴᠢᠯᠠᠭᠤᠯᠬᠤ ᠶ᠋ᠢ ᠢᠳᠡᠪᠬᠢᠲᠡᠶ ᠬᠥᠭ᠌ᠵᠢᠭᠦᠯᠵᠦ᠍᠂ ᠦᠢᠯᠡᠴᠢᠯᠡᠭᠡᠨ᠎ᠤ ᠠᠷᠠᠯᠵᠢᠶ᠎ᠠ᠎ᠶ᠋ᠢᠨ ᠪᠠᠷᠢᠮᠵᠢᠶᠠᠵᠢᠭᠤᠯᠤᠯᠲᠠ ᠶ᠋ᠢᠨ ᠬᠢᠷᠢ ᠬᠡᠮᠵᠢᠶ᠎ᠡ ᠶ᠋ᠢ ᠳᠡᠭᠡᠭ᠌ᠰᠢᠯᠡᠭᠦᠯᠦᠨ᠎ᠡ᠃ ᠭᠠᠳᠠᠭᠠᠳᠤ᠎ᠠᠴᠠ ᠣᠷᠣᠭᠤᠯᠬᠤ ᠪᠣᠭᠤᠮᠲᠠ᠎ᠶ᠋ᠢᠨ ᠭᠠᠢᠯᠢ᠎ᠶ᠋ᠢᠨ ᠨᠤᠷᠮ᠎ᠠ᠎ᠶ᠋ᠢ ᠵᠦᠶ ᠵᠣᠬᠢᠰᠲᠠᠶ᠎ᠪᠠᠷ ᠲᠣᠬᠢᠷᠠᠭᠤᠯᠵᠤ᠂ ᠭᠠᠳᠠᠭᠠᠳᠤ᠎ᠠᠴᠠ ᠣᠷᠣᠭᠤᠯᠬᠤ ᠶ᠋ᠢ ᠵᠣᠷᠢᠠᠠᠵᠢᠭᠤᠯᠬᠤ ᠮᠡᠷᠭᠡᠵᠢᠯ᠂ ᠦᠢᠯᠡᠳᠬᠦᠨ ᠪᠠ ᠦᠢᠯᠡᠴᠢᠯᠡᠭᠡᠨ᠎ᠤ ᠭᠠᠷᠴᠠᠭ᠎ᠢ ᠵᠠᠰᠠᠨ ᠲᠤᠭ᠍ᠳᠠᠭᠠᠵᠤ᠂ ᠤᠯᠤᠰ᠎ᠤᠨ ᠳᠣᠲᠣᠭᠠᠳᠤ᠎ᠳᠤ ᠪᠠᠴᠢᠮ ᠬᠡᠷᠡᠭ᠌ᠴᠡᠭᠡ᠎ᠲᠠᠢ ᠲᠡᠷᠢᠭᠦᠨ᠎ᠤ ᠮᠡᠷᠭᠡᠵᠢᠯ᠎ᠤᠨ ᠪᠡᠯᠡᠳᠭᠡᠮᠵᠢ᠂ ᠴᠢᠨᠠᠷ ᠰᠠᠢᠲᠠᠶ ᠲᠠᠷᠢᠶᠠᠯᠠᠩ᠎ᠤᠨ ᠪᠦᠲᠦᠭᠡᠭ᠌ᠳᠡᠬᠦᠨ᠂ ᠦᠢᠯᠡᠳᠪᠦᠷᠢᠯᠡᠯ᠎ᠤᠨ ᠴᠢᠨᠠᠷᠲᠠᠶ ᠦᠢᠯᠡᠴᠢᠯᠡᠭᠡ ᠵᠡᠷᠭᠡ᠎ᠶ᠋ᠢᠨ ᠭᠠᠳᠠᠭᠠᠳᠤ ᠣᠷᠣᠭᠤᠯᠤᠯᠳᠠ᠎ᠶ᠋ᠢ ᠥᠷᠭᠡᠳᠭᠡᠨ᠎ᠡ᠃ ᠳ᠋ᠢᠵᠢᠲ᠋ᠠᠯ ᠠᠷᠠᠯᠵᠢᠶ᠎ᠠ᠂ ᠨᠤᠭᠤᠭᠠᠨ ᠠᠷᠠᠯᠵᠢᠶ᠎ᠠ᠎ᠶ᠋ᠢ ᠱᠢᠨ᠎ᠡ᠎ᠶ᠋ᠢ ᠡᠭᠦᠳᠦᠨ ᠬᠥᠭ᠌ᠵᠢᠭᠦᠯᠵᠦ᠍᠂ ᠳ᠋ᠢᠵᠢᠲ᠋ᠠᠯ ᠬᠦᠷᠢᠶᠡᠨ᠎ᠤ ᠨᠡᠭᠡᠭᠡᠯᠲᠡ᠎ᠶ᠋ᠢ ᠡᠮᠬᠢ ᠵᠢᠷᠤᠮ᠎ᠲᠠᠢ ᠥᠷᠭᠡᠳᠭᠡᠨ᠎ᠡ᠃ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠬᠡᠪ ᠵᠠᠭ᠍ᠪᠤᠷ ᠤᠨ ᠬᠥᠭ᠌ᠵᠢᠯᠲᠡ᠎ᠶ᠋ᠢ ᠳᠠᠮᠵᠢᠵᠤ᠂ ᠭᠠᠳᠠᠭᠠᠳᠤ᠎ᠳᠠᠬᠢ ᠬᠥᠮᠥᠷᠭᠡ ᠶ᠋ᠢᠨ ᠪᠠᠢᠷᠢᠯᠠᠭᠤᠯᠤᠯᠲᠠ ᠪᠠ ᠴᠢᠳᠠᠮᠵᠢ᠎ᠶ᠋ᠢ ᠱᠢᠯᠢᠳᠡᠭ᠌ᠵᠢᠭᠦᠯᠵᠦ᠍᠂ ᠭᠠᠢᠯᠢ᠎ᠶ᠋ᠢᠨ ᠪᠠᠲᠤᠯᠠᠭ᠎ᠠ᠎ᠲᠠᠢ ᠰᠡᠯᠪᠢᠨ ᠵᠠᠰᠠᠬᠤ ᠪᠠ ᠲᠠᠬᠢᠨ ᠦᠢᠯᠡᠳᠬᠦ᠂ ᠱᠢᠨ᠎ᠡ ᠬᠡᠯᠪᠡᠷᠢ᠎ᠶ᠋ᠢᠨ ᠬᠢᠯᠢ᠎ᠶ᠋ᠢᠨ ᠭᠠᠳᠡᠨ᠎ᠡ᠎ᠬᠢ ᠠᠷᠠᠯᠵᠢᠶ᠎ᠠ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢᠨ ᠣᠷᠴᠢᠨ ᠨᠥᠬᠦᠴᠡᠯ᠎ᠢ ᠲᠡᠭᠦᠯᠳᠡᠷᠵᠢᠭᠦᠯᠦᠨ᠎ᠡ᠃ ᠪᠣᠭᠤᠮᠲᠠ᠎ᠪᠠᠷ ᠥᠩᠭᠡᠷᠡᠬᠦ᠂ ᠭᠠᠢᠯᠢ᠎ᠶ᠋ᠢᠨ ᠶᠠᠪᠤᠳᠠᠯ᠂ ᠭᠠᠳᠠᠭᠠᠳᠤ ᠭᠤᠪᠢᠭᠤᠯᠭ᠎ᠠ ᠵᠡᠷᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠭᠠᠳᠠᠭᠠᠳᠤ ᠠᠷᠠᠯᠵᠢᠶᠠᠨ᠎ᠤ ᠪᠦᠳᠤᠭᠡᠭ᠌ᠳᠡᠭᠦᠨᠤ ᠪᠠᠷᠢᠮᠵᠢᠶ᠎ᠠ ᠬᠢᠭᠡᠳ ᠬᠢᠷᠢ ᠲᠡᠩᠴᠡᠬᠦ᠌ ᠦᠨᠡᠯᠡᠨ ᠲᠣᠭ᠍ᠲᠠᠭᠠᠯᠲᠠ᠂ ᠱᠢᠯᠭᠠᠨ ᠪᠠᠢᠴᠠᠭᠠᠯᠲᠠ ᠬᠢᠵᠢᠭ᠎ᠤᠨ ᠪᠠᠢᠴᠠᠭᠠᠯᠲᠠ᠎ᠶ᠋ᠢᠨ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠠᠬᠢᠭᠤᠯᠤᠨ᠎ᠠ᠃ ᠠᠷᠠᠯᠵᠢᠶ᠎ᠠ᠎ᠶ᠋ᠢ ᠠᠬᠢᠭᠤᠯᠬᠤ ᠲᠠᠪᠴᠠᠩ᠎ᠤᠨ ᠴᠢᠳᠠᠮᠵᠢ᠎ᠶ᠋ᠢ ᠳᠡᠭᠡᠭ᠌ᠰᠢᠯᠡᠭᠦᠯᠵᠦ᠍᠂ ᠭᠠᠳᠠᠭᠠᠳᠤ ᠭᠠᠷᠭᠠᠯᠲᠠ᠎ᠶ᠋ᠢᠨ ᠢᠲᠡᠭᠡᠮᠵᠢᠲᠦ ᠵᠢᠭᠡᠯᠡᠯᠭᠡ ᠪᠠ ᠢᠲᠡᠭᠡᠮᠵᠢ᠎ᠶ᠋ᠢᠨ ᠳᠠᠭᠠᠳᠭᠠᠯ᠎ᠤᠨ ᠳᠡᠮᠵᠢᠯᠭᠡ ᠶ᠋ᠢ ᠨᠡᠮᠡᠭ᠌ᠳᠡᠭᠦᠯᠦᠨ᠂ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠂ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠂ ᠦᠢᠯᠡᠴᠢᠯᠡᠭᠡᠨ᠎ᠤ ᠠᠷᠠᠯᠵᠢᠶᠠᠨ᠎ᠤ ᠴᠤᠭ᠍ᠯᠠᠭᠠᠨ ᠵᠡᠷᠭᠡ ᠴᠢᠬᠤᠯᠠ ᠶᠡᠭᠡ ᠦᠵᠡᠰᠭᠦᠯᠡᠩ ᠴᠤᠭ᠍ᠯᠠᠭᠠᠨ᠎ᠢ ᠦᠷᠭᠦᠯᠵᠢᠯᠡᠨ ᠰᠠᠢᠲᠤᠷ ᠡᠷᠭᠢᠯᠡᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ᠎ᠤ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢ ᠠᠬᠢᠭᠤᠯᠵᠤ᠂ ᠳᠣᠲᠣᠭᠠᠳᠤ ᠭᠠᠳᠠᠭᠠᠳᠤ ᠠᠷᠠᠯᠵᠢᠶᠠᠨ᠎ᠤ ᠪᠠᠷᠢᠮᠵᠢᠶ᠎ᠠ᠎ᠶ᠋ᠢ ᠭᠡᠷᠡᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠠᠷᠠᠯᠵᠢᠶᠠᠨ᠎ᠤ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠪᠠ ᠦᠷᠦᠯᠳᠦᠭᠡᠨᠢ ᠠᠷᠭᠠᠴᠠᠬᠤ᠎ᠶ᠋ᠢ ᠴᠢᠩᠭᠠᠳᠭᠠᠵᠤ᠂ ᠠᠷᠠᠯᠵᠢᠶᠠᠨ᠎ᠤ ᠲᠤᠬᠢᠷᠠᠭᠤᠯᠤᠯᠳᠠ᠎ᠶ᠋ᠢᠨ ᠲᠤᠰᠠᠯᠠᠮᠵᠢ᠂ ᠠᠷᠠᠯᠵᠢᠶᠠᠨ᠎ᠤ ᠲᠡᠳᠬᠦᠮᠵᠢ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢᠨ ᠪᠠᠭᠠᠵᠢ᠎ᠶ᠋ᠢ ᠪᠠᠶᠠᠯᠢᠠᠠᠵᠢᠭᠤᠯᠵᠤ᠂ ᠭᠠᠳᠠᠭᠠᠳᠤ᠎ᠳᠤ ᠭᠠᠷᠭᠠᠬᠤ᠎ᠶ᠋ᠢ ᠵᠠᠬᠢᠷᠤᠨ ᠬᠠᠮᠢᠶᠠᠷᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃
ᠬᠤᠶᠠᠳᠤᠭᠠᠷ ᠬᠡᠰᠡᠭ ᠭᠠᠳᠠᠭᠠᠳᠤ ᠪᠡᠯᠡ᠎ᠶ᠋ᠢ ᠨᠡᠩ ᠶᠡᠭᠡ ᠡᠷᠴᠢᠮ᠎ᠢᠶᠠᠷ ᠲᠠᠲᠠᠨ ᠤᠷᠤᠭᠤᠯᠬᠤ ᠪᠠ ᠠᠱᠢᠭ᠍ᠯᠠᠨ᠎ᠠ
ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶ᠋ᠢᠨ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶ᠋ᠢᠨ ᠦᠢᠯᠡᠴᠢᠯᠡᠭᠡᠨ᠎ᠤ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠵᠤ᠂ ᠭᠠᠳᠠᠭᠠᠳᠤ ᠪᠠᠯᠠ᠎ᠶ᠋ᠢ ᠲᠡᠳᠡᠨ ᠣᠷᠣᠭᠤᠯᠬᠤ ᠱᠢᠨ᠎ᠡ ᠳᠠᠪᠠᠭᠤᠯᠢᠭ᠎ᠢ ᠴᠤᠭ᠍ᠴᠠᠯᠠᠨ᠎ᠠ᠃ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠎ᠤᠨ ᠠᠷᠠᠳ ᠢᠷᠭᠡᠨ᠎ᠤ ᠬᠠᠷᠠᠭᠠᠯᠵᠠᠯ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶ᠋ᠢᠨ ᠬᠠᠤᠯᠢ᠎ᠲᠠᠢ ᠦᠯᠦ᠍ ᠨᠡᠢᠴᠡᠬᠦ᠌ ᠪᠢᠴᠢᠭ ᠮᠠᠲ᠋ᠧᠷᠢᠶᠠᠯ ᠬᠠᠤᠯᠢ ᠲᠣᠭ᠍ᠲᠠᠭᠠᠯ᠎ᠢ ᠢᠯᠭᠠᠷᠠᠭᠤᠯᠤᠨ ᠲᠢᠭ᠌ᠯᠡᠵᠦ᠍᠂ 《ᠣᠷᠣᠬᠤ᠎ᠶ᠋ᠢ ᠵᠥᠪᠱᠢᠶᠡᠷᠡᠬᠦ᠌ ᠮᠥᠷᠲᠡᠭᠡᠨ ᠪᠠᠰᠠ ᠡᠵᠡᠩᠨᠡᠬᠦ᠌᠎ᠶ᠋ᠢ ᠵᠥᠪᠱᠢᠶᠡᠷᠡᠬᠦ᠌》 ᠶ᠋ᠢ ᠰᠠᠢᠲᠤᠷ ᠨᠠᠢᠳᠠᠪᠤᠷᠢᠵᠢᠭᠤᠯᠤᠨ᠎ᠠ᠃ ᠪᠡᠯᠭᠡ ᠲᠡᠮᠳᠡᠭ᠎ᠤᠨ ᠴᠢᠨᠠᠷᠲᠠᠶ ᠭᠠᠳᠠᠭᠠᠳᠤ ᠪᠡᠯᠡ᠎ᠶ᠋ᠢᠨ ᠲᠦᠰᠤᠯ᠎ᠤᠨ ᠵᠢᠱ᠌ᠢᠶ᠎ᠡ ᠦᠵᠡᠭᠦᠯᠬᠦ᠌ ᠦᠢᠯᠡᠳᠦᠯ᠎ᠢ ᠪᠠᠳᠠᠷᠠᠭᠤᠯᠵᠤ᠂ ᠭᠠᠳᠠᠭᠠᠳᠤ ᠪᠡᠯᠡ᠎ᠶ᠋ᠢᠨ ᠲᠡᠷᠢᠭᠦᠨ᠎ᠤ ᠦᠢᠯᠡᠳᠭᠦ᠌ ᠤᠢ᠍ᠢᠯᠡᠰ᠂ ᠣᠳᠣ ᠦᠶ᠎ᠡ᠎ᠶ᠋ᠢᠨ ᠦᠢᠯᠡᠴᠢᠯᠡᠭᠡ᠂ ᠳᠡᠭᠡᠳᠤ ᠱᠢᠨ᠎ᠡ ᠮᠡᠷᠭᠡᠵᠢᠯ᠂ ᠡᠨᠧᠷᠭᠢ ᠠᠷᠪᠢᠯᠠᠵᠤ ᠣᠷᠴᠢᠨ ᠠᠬᠤᠢ᠎ᠶ᠋ᠢ ᠬᠠᠮᠠᠭᠠᠯᠠᠬᠤ ᠵᠡᠷᠭᠡ ᠬᠦᠷᠢᠶᠡᠨ᠎ᠳᠤ ᠨᠠᠩ ᠣᠯᠠᠨ ᠣᠷᠣᠭᠤᠯᠬᠤ᠎ᠶ᠋ᠢ ᠬᠥᠲᠥᠯᠥᠨ ᠵᠢᠯᠣᠭᠤᠳᠴᠤ᠌᠂ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠤ ᠳᠣᠣᠷᠠᠳᠤ ᠤᠷᠤᠰᠭᠠᠯ᠎ᠤᠨ ᠢᠵᠢ ᠪᠦᠷᠢᠳᠦᠭᠦᠯᠬᠦ᠌ ᠬᠠᠮᠵᠢᠯᠴᠠᠭ᠎ᠠ᠎ᠳᠤ ᠣᠷᠣᠯᠴᠠᠬᠤ᠎ᠶ᠋ᠢ ᠳᠠᠮᠵᠢᠵᠤ᠂ ᠭᠠᠳᠠᠭᠠᠳᠤ ᠪᠡᠯᠡ᠎ᠶ᠋ᠢᠨ ᠠᠵᠤ ᠠᠬᠤᠢᠯᠠᠯ ᠢ ᠶᠡᠭᠡ᠎ᠪᠠᠷ ᠲᠠᠳᠡᠵᠤ ᠪᠠᠢᠭᠠᠳ ᠳᠤᠮᠳᠠᠳᠤ ᠤᠯᠤᠰ᠎ᠲᠤ ᠭᠠᠵᠠᠷ ᠣᠷᠣᠨ᠎ᠤ ᠶᠡᠷᠦᠩᠬᠡᠶ ᠬᠡᠯᠲᠡᠰ᠂ ᠰᠤᠳᠤᠯᠤᠨ ᠨᠡᠭᠡᠭᠡᠬᠦ᠌ ᠲᠥᠪ ᠪᠠᠢᠭᠤᠯᠤᠭᠤᠯᠤᠨᠠ᠃ ᠭᠠᠳᠠᠭᠠᠳᠤ ᠪᠡᠯᠡ ᠶ᠋ᠢᠨ ᠬᠢᠯᠢ ᠶ᠋ᠢᠨ ᠳᠣᠲᠣᠷ᠎ᠠ ᠲᠠᠬᠢᠨ ᠪᠡᠯᠡ ᠣᠷᠣᠭᠤᠯᠬᠤ᠎ᠶ᠋ᠢ ᠠᠬᠢᠭᠤᠯᠤᠨ᠎ᠠ᠃ 《ᠳᠤᠮᠳᠠᠳᠤ ᠤᠯᠤᠰ ᠲᠤ ᠪᠠᠯᠠ ᠤᠷᠤᠭᠤᠯᠬᠤ》 ᠨᠡᠷᠡᠳᠤ ᠲᠡᠮᠳᠡᠭ᠎ᠢ ᠨᠠᠷᠢᠨ ᠨᠢᠮᠪᠠᠶ ᠴᠤᠭ᠍ᠴᠠᠯᠠᠨ᠎ᠠ᠃ ᠭᠠᠳᠠᠭᠠᠳᠤ ᠪᠡᠯᠡ ᠶ᠋ᠢ ᠠᠱᠢᠭ᠍ᠯᠠᠬᠤ ᠠᠷᠭ᠎ᠠ ᠮᠠᠶᠢᠭ᠎ᠢ ᠥᠷᠭᠡᠳᠭᠡᠵᠦ᠍᠂ ᠭᠠᠳᠠᠭᠠᠳᠤ ᠪᠡᠯᠡ ᠶ᠋ᠢ ᠨᠡᠢᠯᠡᠭᠦᠯᠦᠨ ᠬᠤᠳᠠᠯᠳᠤᠨ ᠠᠪᠬᠤ ᠬᠠᠮᠢᠶᠠᠷᠤᠯᠲᠠ᠎ᠶ᠋ᠢ ᠲᠡᠭᠦᠯᠳᠡᠷᠵᠢᠭᠦᠯᠵᠦ᠍᠂ ᠭᠠᠳᠠᠭᠠᠳᠤ ᠪᠡᠯᠡ ᠶ᠋ᠢᠨ ᠦᠨᠡᠲᠦ ᠲᠡᠮᠳᠡᠭ᠌ᠲᠦ᠍᠎ᠶ᠋ᠢᠨ ᠵᠠᠬ᠎ᠠ ᠳᠡᠯᠭᠡᠭᠦᠷ᠎ᠲᠤ ᠪᠠᠯᠠ ᠤᠷᠤᠭᠤᠯᠬᠤ ᠠᠷᠭ᠎ᠠ ᠵᠠᠮ ᠢ ᠥᠷᠭᠡᠳᠭᠡᠨ᠎ᠡ᠃ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶ᠋ᠢᠨ ᠠᠮᠤᠷ ᠲᠦᠪᠱᠢᠨ᠎ᠤ ᠬᠢᠨᠠᠨ ᠪᠠᠢᠴᠠᠭᠠᠯᠲᠠ᠎ᠶ᠋ᠢ ᠴᠢᠨᠠᠷ ᠰᠠᠢᠲᠠᠶ ᠬᠡᠷᠡᠭ᠌ᠵᠢᠭᠦᠯᠦᠨ᠎ᠡ᠃ ᠪᠦᠬᠦ᠌ ᠱᠢᠰᠲ᠋ᠧᠮ᠎ᠤᠨ ᠭᠠᠳᠠᠭᠠᠳᠤ ᠵᠢᠭᠡᠯᠡᠯᠭᠡ᠎ᠶ᠋ᠢ ᠬᠢᠨᠠᠨ ᠬᠠᠮᠢᠶᠠᠷᠬᠤ ᠱᠢᠰᠲ᠋ᠧᠮ ᠢ ᠲᠡᠭᠦᠯᠳᠡᠷᠵᠢᠭᠦᠯᠦᠨ᠎ᠡ᠃ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶ᠋ᠢ ᠪᠦᠷᠢᠳᠭᠡᠬᠦ᠂ ᠮᠡᠳᠡᠭᠡ ᠵᠠᠩᠭᠢ᠎ᠶ᠋ᠢ ᠮᠡᠳᠡᠭᠦᠯᠬᠦ᠌ ᠲᠦᠷᠢᠮ᠎ᠢ ᠪᠦᠷᠢᠨᠱᠢᠭᠦᠯᠵᠤ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠨ᠎ᠠ᠃
ᠭᠤᠷᠪᠠᠳᠤᠭᠠᠷ ᠬᠡᠰᠡᠭ ᠤᠯᠠᠨ ᠤᠯᠤᠰ ᠤᠨ ᠠᠵᠤ ᠦᠢᠯᠡᠰ ᠬᠢᠭᠡᠳ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭ᠎ᠠ ᠶ᠋ᠢ ᠠᠬᠢᠭᠤᠯᠤᠨ᠎ᠠ
ᠭᠠᠳᠠᠭᠠᠳᠤ᠎ᠳᠤ ᠪᠡᠯᠡ ᠣᠷᠣᠭᠤᠯᠬᠤ ᠬᠠᠮᠢᠶᠠᠷᠤᠯᠲᠠ᠎ᠶ᠋ᠢ ᠪᠦᠲᠦᠮᠵᠢᠲᠡᠶ ᠬᠡᠷᠡᠭ᠌ᠵᠢᠭᠦᠯᠵᠦ᠍᠂ ᠭᠠᠳᠠᠭᠠᠳᠤ᠎ᠳᠠᠬᠢ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠱᠢᠰᠲ᠋ᠧᠮ ᠢ ᠪᠦᠷᠢᠨᠱᠢᠬᠦᠯᠵᠤ᠂ ᠠᠷᠠᠯᠵᠢᠶ᠎ᠠ ᠪᠡᠯᠡ ᠣᠷᠣᠭᠤᠯᠤᠯᠲᠠ᠎ᠶ᠋ᠢ ᠨᠢᠭᠡ ᠴᠣᠭ᠍ᠴᠠᠵᠢᠭᠤᠯᠬᠤ ᠶ᠋ᠢ ᠠᠬᠢᠭᠤᠯᠵᠤ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ ᠶ᠋ᠢ ᠬᠥᠲᠥᠯᠥᠨ ᠵᠢᠯᠣᠭᠤᠳᠴᠤ᠌ ᠪᠠᠢᠭᠠᠳ ᠵᠦᠶ ᠵᠣᠬᠢᠰᠲᠠᠶ ᠪᠥᠭᠡᠳ ᠡᠮᠬᠢ ᠵᠢᠷᠤᠮ ᠲᠠᠢ ᠪᠠᠷ ᠬᠢᠯᠢ ᠠᠯᠤᠰᠯᠠᠨ ᠪᠠᠢᠷᠢᠯᠠᠭᠤᠯᠤᠭᠤᠯᠤᠨᠠ᠃ ᠠᠵᠤ ᠠᠬᠤᠢᠯᠠᠯ᠎ᠤᠨ ᠬᠢᠯᠢ᠎ᠶ᠋ᠢᠨ ᠭᠠᠳᠠᠨ᠎ᠠ ᠪᠡᠯᠡ ᠣᠷᠣᠭᠤᠯᠬᠤ ᠴᠢᠭ᠌ᠯᠡᠯ᠎ᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ᠌ ᠵᠢᠷᠤᠮᠵᠢᠭᠤᠯᠤᠨ᠂ ᠨᠥᠬᠦᠴᠡᠯ᠎ᠲᠠᠢ ᠠᠵᠤ ᠠᠬᠤᠢᠯᠠᠯ᠎ᠤᠨ ᠬᠠᠷᠢᠯᠴᠠᠨ ᠠᠱᠢᠭ ᠣᠯᠭᠤᠵᠤ ᠬᠠᠮᠲᠤ᠎ᠪᠠᠷ ᠠᠱᠢᠭ ᠬᠦᠷᠲᠡᠬᠦ᠌ ᠬᠢᠯᠢ᠎ᠶ᠋ᠢᠨ ᠭᠠᠳᠠᠨᠠᠬᠢ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭ᠎ᠠ ᠥᠷᠨᠢᠭᠦᠯᠬᠦ᠌᠎ᠶ᠋ᠢ ᠳᠡᠮᠵᠢᠵᠦ᠍᠂ ᠢᠨᠲ᠋ᠧᠷ ᠰᠦᠯᠵᠢᠶᠡᠨ᠎ᠤ ᠲᠠᠪᠴᠠᠩ᠂ ᠵᠣᠬᠢᠶᠠᠮᠠᠯ ᠤᠶᠤᠯᠢᠭ ᠵᠡᠷᠭᠡ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠠᠵᠤ ᠠᠬᠤᠢᠯᠠᠯ᠎ᠤᠨ ᠭᠠᠳᠠᠭᠠᠳᠤ᠎ᠳᠠᠬᠢ ᠬᠡᠷᠡᠭ᠌ᠯᠡᠯᠳᠠ᠎ᠶ᠋ᠢᠨ ᠠᠬᠤᠢ ᠪᠠᠢᠳᠠᠯ᠎ᠢᠶᠠᠨ ᠥᠷᠭᠡᠳᠭᠡᠬᠦ᠌᠎ᠶ᠋ᠢ ᠵᠣᠷᠢᠠᠠᠵᠢᠭᠤᠯᠤᠨᠠ᠃ ᠵᠥᠪᠯᠡᠯᠭᠡ ᠥᠭ᠌ᠴᠦ ᠦᠨᠡᠯᠡᠨ ᠵᠢᠱ᠌ᠢᠬᠦ᠂ ᠬᠠᠤᠯᠢ ᠴᠠᠭᠠᠵᠠ᠎ᠶ᠋ᠢᠨ ᠦᠢᠯᠡᠴᠢᠯᠡᠭᠡ ᠬᠠᠨᠭ᠌ᠭᠠᠬᠤ᠂ ᠨᠢᠭ᠍ᠲᠠᠯᠠᠨ ᠪᠣᠳᠣᠬᠤ ᠬᠢᠨᠠᠨ ᠪᠣᠳᠣᠬᠤ᠂ ᠢᠲᠡᠭᠡᠮᠵᠢ᠎ᠶ᠋ᠢᠨ ᠳᠡᠰ ᠲᠣᠭ᠍ᠲᠠᠭᠠᠬᠤ᠂ ᠡᠶᠡᠳᠡᠭᠦᠯᠬᠦ᠌ ᠪᠠ ᠬᠥᠨᠳᠡᠯᠡᠨ ᠠᠴᠠ ᠲᠠᠰᠤᠯᠬᠤ ᠵᠡᠷᠭᠡ ᠲᠤᠰᠭᠠᠶ ᠮᠡᠷᠭᠡᠵᠢᠯ᠎ᠤᠨ ᠦᠢᠯᠡᠴᠢᠯᠡᠭᠡᠨ ᠤ ᠪᠠᠢᠭᠤᠯᠤᠮᠵᠢ ᠶ᠋ᠢᠨ ᠭᠠᠳᠠᠭᠠᠳᠤ᠎ᠳᠠᠬᠢ ᠦᠢᠯᠡᠴᠢᠯᠡᠭᠡᠨ᠎ᠤ ᠲᠣᠤᠷ᠎ᠢᠶᠠᠨ ᠥᠷᠭᠡᠳᠭᠡᠬᠦ᠌ ᠶ᠋ᠢ ᠳᠠᠮᠵᠢᠵᠤ᠂ ᠭᠠᠳᠠᠭᠠᠳᠤ᠎ᠳᠤ ᠬᠤᠯᠪᠣᠭ᠍ᠳᠠᠬᠤ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠎ᠶ᠋ᠢᠨ ᠱᠢᠰᠲ᠋ᠧᠮ᠎ᠢ ᠪᠦᠷᠢᠨᠱᠢᠭᠦᠯᠤᠨᠠ᠃ ᠮᠠᠨ᠎ᠤ ᠤᠯᠤᠰ᠎ᠤᠨ ᠠᠷᠠᠳ ᠢᠷᠭᠡᠨ᠂ ᠬᠠᠤᠯᠢ᠎ᠶ᠋ᠢᠨ ᠬᠥᠮᠦᠨ᠎ᠤ ᠭᠠᠳᠠᠭᠠᠳᠤ᠎ᠳᠠᠬᠢ ᠬᠠᠤᠯᠢ ᠶᠣᠰᠣᠨ᠎ᠤ ᠠᠱᠢᠭ ᠲᠤᠰᠠ᠎ᠶ᠋ᠢ ᠬᠠᠮᠠᠭᠠᠯᠠᠬᠤ᠎ᠶ᠋ᠢ ᠴᠢᠩᠭᠠᠳᠭᠠᠵᠤ᠂ ᠬᠦᠰᠡᠯ ᠱᠠᠭᠠᠷᠳᠠᠯᠭ᠎ᠠ᠎ᠳᠤᠨᠢ ᠬᠠᠷᠢᠭᠤ ᠲᠤᠰᠭᠠᠯ ᠦᠭ᠌ᠭᠦ ᠪᠠ ᠭᠦᠰᠡᠯ ᠱᠠᠭᠠᠷᠳᠠᠯᠭ᠎ᠠ᠎ᠶ᠋ᠢ᠎ᠨᠢ ᠬᠠᠮᠠᠭᠠᠯᠠᠵᠤ ᠲᠡᠳᠬᠦᠬᠦ᠌ ᠲᠦᠷᠢᠮ᠎ᠢ ᠪᠠᠢᠭᠤᠯᠵᠤ᠂ ᠭᠠᠳᠠᠭᠠᠳᠤ ᠳᠠᠬᠢ ᠠᠱᠢᠬ ᠳᠤᠰᠠ᠎ᠶ᠋ᠢ ᠬᠠᠮᠠᠭᠠᠯᠠᠬᠤ ᠱᠢᠰᠲ᠋ᠧᠮ ᠢ ᠪᠦᠷᠢᠨᠱᠢᠬᠦᠯᠦᠨᠡ᠃ ᠬᠢᠯᠢ᠎ᠶ᠋ᠢᠨ ᠭᠠᠳᠠᠨᠠᠬᠢ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠣᠷᠣᠨ᠎ᠤ ᠦᠢᠯᠡᠳᠦᠯ᠎ᠢ ᠪᠠᠳᠠᠷᠠᠭᠤᠯᠵᠤ᠂ ᠬᠢᠯᠢ᠎ᠶ᠋ᠢᠨ ᠳᠣᠲᠣᠷᠠᠬᠢ ᠬᠦᠷᠢᠶᠡᠯᠡᠩ ᠲᠣᠭᠤᠷᠢᠭᠯᠤᠭᠠ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠬᠢᠯᠢ᠎ᠶ᠋ᠢᠨ ᠭᠠᠳᠠᠨᠠᠬᠢ ᠪᠡᠯᠡ ᠣᠷᠣᠭᠤᠯᠤᠯᠲᠠ᠎ᠶ᠋ᠢᠨ ᠠᠮᠤᠷ ᠲᠦᠪᠱᠢᠨ᠎ᠤ ᠬᠢᠨᠠᠨ ᠪᠠᠢᠴᠠᠭᠠᠯᠲᠠ᠎ᠶ᠋ᠢ ᠴᠢᠩᠭᠠᠳᠭᠠᠨ᠎ᠠ᠃ ᠬᠢᠯᠢ᠎ᠶ᠋ᠢᠨ ᠭᠠᠳᠠᠨᠠᠬᠢ ᠪᠡᠯᠡ ᠣᠷᠣᠭᠤᠯᠤᠯᠲᠠ᠎ᠶ᠋ᠢᠨ ᠠᠶᠤᠯ ᠲᠦᠭ᠌ᠰᠢᠭᠦᠷᠢ᠎ᠶ᠋ᠢ ᠬᠢᠨᠠᠨ ᠬᠡᠮᠵᠢᠬᠦ᠂ ᠰᠡᠷᠭᠡᠢᠯᠡᠨ ᠡᠵᠡᠮᠳᠡᠬᠦ᠂ ᠱᠢᠢᠳᠪᠦᠷᠢᠯᠡᠬᠦ᠌ ᠲᠣᠭ᠍ᠲᠠᠴᠠ ᠪᠠ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠦᠷᠢᠨᠱᠢᠭᠦᠯᠵᠤ᠂ ᠠᠵᠤ ᠠᠬᠤᠢᠯᠠᠯ᠎ᠤᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠪᠠ ᠲᠣᠭ᠍ᠲᠠᠭᠠᠯ᠎ᠳᠤ ᠨᠡᠢᠴᠡᠭᠦᠯᠤᠨ ᠡᠵᠡᠩᠨᠡᠭᠦ᠌ ᠴᠢᠳᠠᠪᠤᠷᠢ᠎ᠪᠠᠨ ᠳᠡᠭᠡᠭ᠌ᠰᠢᠯᠡᠭᠦᠯᠭᠦᠶ᠋ᠢ ᠠᠬᠢᠭᠤᠯᠤᠨ᠎ᠠ᠃
ᠬᠤᠷᠢᠨ ᠭᠤᠷᠪᠠᠳᠤᠭᠠᠷ ᠪᠦᠯᠦᠭ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠢ᠎ᠪᠠᠷ ᠬᠠᠮᠳᠤ ᠪᠠᠷ ᠪᠠᠢᠭᠤᠯᠤᠨ᠎ᠠ
ᠬᠠᠮᠲᠤ ᠪᠠᠷ ᠵᠥᠪᠳᠡᠯᠴᠡᠬᠦ᠌ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ᠂ ᠨᠡᠭᠡᠭᠡᠯᠲᠡᠲᠡᠶ ᠨᠤᠭᠤᠭᠠᠨ ᠠᠷᠢᠭᠤᠨ ᠴᠢᠬᠡᠴᠢ᠂ ᠥᠨᠳᠥᠷ ᠪᠠᠷᠢᠮᠵᠢᠶᠡᠨ᠎ᠤ ᠪᠠᠢᠬᠤ ᠠᠷᠠᠳ᠎ᠤᠨ ᠠᠮᠢᠳᠤᠷᠡᠯ᠎ᠳᠤ ᠠᠱᠢᠭ ᠬᠦᠷᠲᠡᠭᠡᠬᠦ᠌ ᠦᠷᠭᠦᠯᠵᠢᠯᠡᠭᠦ᠋ᠢᠴᠡ ᠪᠠᠢᠬᠤ ᠵᠢᠯᠣᠭᠤᠳᠭᠤ ᠵᠠᠷᠴᠢᠮ᠎ᠢ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》 ᠢ ᠴᠢᠨᠠᠷ ᠰᠠᠢᠲᠠᠶ᠎ᠪᠠᠷ ᠬᠠᠮᠲᠤ᠎ᠪᠠᠷ ᠪᠠᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ ᠠᠬᠢᠭᠤᠯᠵᠤ᠂ ᠰᠠᠭᠤᠷᠢ ᠲᠦᠭᠦᠭᠡᠷᠤᠮᠵᠢ᠎ᠶ᠋ᠢᠨ 《ᠬᠠᠲᠠᠭᠤ ᠬᠤᠯᠪᠣᠯᠳᠤᠭ᠎ᠠ ᠨᠡᠪᠳᠡᠷᠡᠯᠴᠡᠭᠡ》᠂ ᠳᠦᠷᠢᠮᠯᠡᠯ ᠪᠠᠷᠢᠮᠵᠢᠶ᠎ᠠ᠎ᠶ᠋ᠢᠨ 《ᠵᠥᠭᠡᠯᠡᠨ ᠬᠤᠯᠪᠣᠯᠳᠤᠭ᠎ᠠ ᠨᠡᠪᠳᠡᠷᠡᠯᠴᠡᠭᠡ》᠂ ᠬᠠᠮᠲᠤ᠎ᠪᠠᠷ ᠪᠠᠢᠭᠤᠯᠬᠤ ᠤᠯᠤᠰ᠎ᠤᠳ᠎ᠤᠨ ᠠᠷᠠᠳ ᠲᠦᠮᠡᠨ᠎ᠯᠦᠭᠡ᠎ᠶ᠋ᠢᠨ 《ᠰᠡᠳᠭᠢᠯ᠎ᠤᠨ ᠬᠤᠯᠪᠣᠯᠳᠤᠭ᠎ᠠ ᠨᠡᠪᠳᠡᠷᠡᠯᠴᠡᠭᠡ》᠎ᠶ᠋ᠢ ᠭᠦᠨᠵᠡᠭᠡᠢᠷᠡᠭᠦᠯᠤᠨᠠ᠃
ᠨᠢᠭᠡᠳᠦᠭᠡᠷ ᠬᠡᠰᠡᠭ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠳᠤᠯ᠎ᠢ ᠭᠦᠨᠵᠡᠭᠡᠢᠷᠡᠭᠦᠯᠦᠨ᠎ᠡ
ᠬᠠᠮᠳᠤ ᠪᠠᠷ ᠪᠠᠢᠭᠤᠯᠬᠤ ᠤᠯᠤᠰ᠂ ᠣᠯᠠᠨ ᠤᠯᠤᠰ ᠤᠨ ᠵᠣᠬᠢᠶᠠᠨ ᠪᠠᠢᠭᠤᠯᠤᠯᠲᠠ᠎ᠯᠤᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠨᠡᠪᠲᠡᠷᠡᠯᠴᠡᠭᠡ ᠪᠣᠯᠤᠨ ᠪᠠᠢᠯᠳᠤᠬᠤ ᠪᠣᠳᠣᠯᠭ᠎ᠠ᠎ᠶ᠋ᠢᠨ ᠵᠣᠯᠭᠠᠯᠳᠤᠯ ᠢ ᠴᠢᠩᠭᠠᠳᠭᠠᠵᠤ᠂ ᠬᠠᠮᠲᠤᠷᠠᠯᠴᠠᠭᠠᠨ᠎ᠤ ᠲᠥᠯᠥᠪᠵᠢᠭᠦᠯᠭᠡ᠎ᠶ᠋ᠢ ᠨᠢᠭᠡᠳᠦᠯᠲᠡᠶ ᠲᠥᠯᠥᠪᠯᠡᠨ ᠬᠠᠮᠢᠶᠠᠷᠬᠤ᠎ᠶ᠋ᠢ ᠴᠢᠩᠭᠠᠳᠭᠠᠵᠤ᠂ ᠬᠡᠷᠡᠭ᠌ᠵᠢᠭᠦᠯᠤᠯᠳᠠ᠎ᠶ᠋ᠢ ᠵᠣᠬᠢᠴᠠᠭᠤᠯᠬᠤ ᠪᠠ ᠦᠨᠡᠯᠡᠨ ᠵᠢᠱ᠌ᠢᠯᠳᠠ ᠶ᠋ᠢ ᠱᠢᠯᠢᠳᠡᠭ᠌ᠵᠢᠭᠦᠯᠬᠦ᠌᠎ᠶ᠋ᠢ ᠴᠢᠩᠭᠠᠳᠭᠠᠨ᠎ᠠ᠃ 《ᠨᠢᠭᠡ ᠪᠦᠰᠡ ᠨᠢᠭᠡ ᠵᠠᠮ》 ᠤᠨ ᠤᠯᠠᠨ ᠤᠯᠤᠰ᠎ᠤᠨ ᠬᠠᠮᠲᠤᠷᠠᠯᠴᠠᠭᠠᠨ᠎ᠤ ᠲᠦᠷᠦᠭᠦᠴᠦᠳ ᠤᠨ ᠶᠠᠷᠢᠯᠴᠠᠭᠠᠨ᠎ᠤ ᠲᠠᠪᠴᠠᠩ᠎ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠨᠧᠷᠭᠢ᠎ᠶ᠋ᠢᠨ ᠰᠤᠷᠪᠤᠯᠵᠢ᠂ ᠭᠠᠢᠯᠢ ᠲᠠᠲᠠᠪᠤᠷᠢ᠂ ᠶᠠᠳᠠᠭᠤ ᠶ᠋ᠢ ᠴᠦᠬᠡᠳᠭᠡᠭᠦ᠌᠂ ᠤᠶᠤᠨ᠎ᠤ ᠬᠥᠮᠥᠷᠭᠡ᠂ ᠵᠠᠭᠤᠴᠢᠯᠠᠭᠤᠷ ᠵᠡᠷᠭᠡ ᠬᠦᠷᠢᠶᠡᠨ᠎ᠳᠠᠬᠢ ᠬᠠᠮᠲᠤᠷᠠᠯᠴᠠᠭᠠᠨ ᠤ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠬᠠᠮᠳᠤ ᠪᠠᠷ ᠪᠠᠢᠭᠤᠯᠬᠤ ᠤᠯᠤᠰ᠎ᠤᠳ᠎ᠯᠤᠭ᠎ᠠ᠎ᠶ᠋ᠢᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠲᠤᠷᠱᠢᠯᠭ᠎ᠠ ᠶ᠋ᠢᠨ ᠰᠣᠯᠢᠯᠴᠠᠭ᠎ᠠ ᠶ᠋ᠢ ᠭᠦᠨᠵᠡᠭᠡᠢᠷᠡᠭᠦᠯᠵᠦ᠍᠂ ᠠᠵᠤ ᠠᠬᠤᠢᠯᠠᠯᠲᠠᠨ᠂ ᠲᠤᠰᠭᠠᠶ ᠮᠡᠷᠭᠡᠵᠢᠯᠲᠡᠨ ᠡᠷᠳᠡᠮᠲᠡᠨ᠂ ᠵᠠᠯᠠᠭᠤᠴᠤᠳ ᠵᠡᠷᠭᠡ ᠬᠠᠮᠲᠤᠯᠢᠭ᠎ᠤᠨ ᠰᠣᠯᠢᠯᠴᠠᠭ᠎ᠠ᠎ᠶ᠋ᠢ ᠨᠡᠮᠡᠭ᠌ᠳᠡᠭᠦᠯᠦᠨ᠎ᠡ᠃ ᠤᠯᠠᠨ ᠲᠠᠯ᠎ᠠ᠎ᠳᠤ ᠪᠠ ᠬᠤᠶᠠᠷ ᠲᠠᠯ᠎ᠠ᠎ᠳᠤ ᠬᠠᠮᠲᠤᠷᠠᠯᠴᠠᠭ᠎ᠠ᠎ᠶ᠋ᠢ ᠨᠢᠭᠡᠳᠦᠯᠲᠡᠢ ᠲᠥᠯᠥᠪᠯᠡᠵᠦ᠍᠂ 《ᠨᠢᠭᠡ ᠪᠦᠰᠡ ᠨᠢᠭᠡ ᠵᠠᠮ》 ᠤᠨ ᠬᠠᠮᠲᠤᠷᠠᠯᠴᠠᠭᠠᠨ᠎ᠤ ᠬᠡᠪ ᠵᠠᠭ᠍ᠪᠤᠷ᠎ᠤᠨ ᠱᠢᠨ᠎ᠡ ᠶ᠋ᠢ ᠡᠭᠦᠳᠴᠦ᠍᠂ ᠨᠢᠭᠡᠨᠳᠠ ᠤᠯᠤᠭ᠍ᠰᠠᠨ ᠬᠠᠮᠳᠤᠷᠠᠯᠴᠠᠭᠠᠨ᠎ᠤ ᠦᠷ᠎ᠠ ᠪᠦᠳᠤᠭᠡᠯ᠎ᠢᠶᠠᠨ ᠪᠠᠳᠤᠳᠭᠠᠵᠤ᠂ ᠬᠠᠮᠳᠤ᠎ᠪᠠᠷ ᠠᠱᠢᠭ ᠭᠦᠷᠳᠡᠭᠦ᠌ ᠭᠦᠭ᠌ᠵᠢᠯᠳᠠ᠎ᠶ᠋ᠢᠨ ᠤᠷᠤᠨ ᠵᠠᠢ᠎ᠶ᠋ᠢ ᠦᠷᠭᠡᠳᠭᠡᠨ᠎ᠠ᠃
ᠬᠤᠶᠠᠳᠤᠭᠠᠷ ᠬᠡᠰᠡᠭ ᠪᠣᠰᠤᠭ᠎ᠠ ᠴᠣᠭ᠍ᠴᠠᠲᠤ ᠬᠤᠯᠪᠣᠯᠳᠤᠨ ᠨᠡᠪᠲᠡᠷᠡᠯᠴᠡᠬᠦ᠌ ᠲᠤᠤᠷ᠎ᠤᠨ ᠪᠠᠢᠷᠢᠯᠠᠭᠤᠯᠤᠯᠳᠠ᠎ᠶ᠋ᠢ ᠲᠡᠭᠦᠯᠳᠡᠷᠵᠢᠭᠦᠯᠦᠨ᠎ᠡ
ᠴᠢᠬᠤᠯᠠ ᠠᠵᠤ ᠠᠬᠤᠶ ᠶ᠋ᠢᠨ ᠬᠤᠩᠭᠢᠯ ᠪᠠ ᠲᠤᠯᠬᠤ ᠴᠡᠭ ᠭᠠᠷᠠᠮ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠬᠠᠭᠤᠷᠠᠶ ᠲᠠᠯᠠᠢ ᠠᠭᠠᠷ ᠲᠣᠤᠷ ᠤᠨ ᠤᠯᠠᠨ ᠡᠱᠢᠵᠢᠭ᠌ᠰᠡᠨ ᠨᠡᠪᠲᠡᠷᠡᠬᠦ᠌ ᠵᠠᠮ᠎ᠢ ᠰᠠᠭᠠᠳ ᠦᠭᠡᠢ ᠨᠡᠪᠲᠡᠷᠡᠭᠦᠯᠦᠨ᠎ᠡ᠃ ᠳᠤᠮᠳᠠᠳᠤ ᠧᠦ᠋ᠷᠣᠫᠠ (ᠠᠽᠢᠶ᠎ᠠ) ᠶ᠋ᠢᠨ ᠡᠭᠡᠯᠵᠢ᠎ᠶ᠋ᠢᠨ ᠴᠤᠪᠤᠭ᠎ᠠ ᠲᠡᠷᠭᠡ᠎ᠶ᠋ᠢᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠺᠠᠰᠫᠢ ᠲᠠᠩᠬᠢᠰ ᠠᠯᠤᠰᠯᠠᠭ᠍ᠰᠠᠨ ᠤᠯᠠᠨ ᠤᠯᠤᠰ᠎ᠤᠨ ᠲᠡᠭᠡᠭᠡᠪᠦᠷᠢ᠎ᠶ᠋ᠢᠨ ᠬᠤᠨᠭ᠌ᠬᠢᠯ᠎ᠤᠨ ᠪᠦᠳᠦᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠨ᠎ᠠ᠃ ᠳᠤᠮᠳᠠᠳᠤ ᠤᠯᠤᠰ᠂ ᠺᠢᠷᠬᠢᠽᠰᠲ᠋ᠠᠨ᠂ ᠦᠽᠪᠧᠺᠰᠲᠨᠨᠤ ᠲᠡᠮᠦᠷ ᠵᠠᠮ᠂ ᠬᠠᠩᠭᠠᠷᠢ᠂ ᠰᠧᠷᠪᠢᠶ᠎ᠠ᠎ᠶ᠋ᠢᠨ ᠲᠡᠮᠦᠷ ᠵᠠᠮ ᠵᠡᠷᠭᠡ ᠲᠦᠰᠤᠯ᠎ᠢ ᠴᠢᠨᠠᠷ ᠰᠠᠢᠲᠠᠢ ᠰᠠᠢᠲᠤᠷ ᠪᠦᠲᠦᠭᠡᠨ ᠪᠠᠢᠭᠤᠯᠤᠨ᠎ᠠ᠃ 《ᠲᠣᠷᠭᠠᠨ ᠵᠠᠮ᠎ᠤᠨ ᠳᠠᠯᠠᠢ᠎ᠶ᠋ᠢᠨ ᠲᠡᠭᠡᠭᠡᠪᠦᠷᠢ》᠎ᠶ᠋ᠢᠨ ᠭᠠᠷᠠᠮ ᠤᠰᠤᠨ ᠲᠡᠭᠡᠭᠡᠪᠤᠷᠢ ᠠᠷᠠᠯᠵᠢᠶ᠎ᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠭᠦᠶ᠋ᠢ ᠠᠬᠢᠭᠤᠯᠵᠤ᠂ ᠠᠭᠠᠷᠲᠠᠬᠢ ᠲᠣᠷᠭᠠᠨ ᠵᠠᠮ᠎ᠤᠨ ᠪᠦᠲᠦᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠤᠷᠤᠨ ᠵᠠᠢ ᠶ᠋ᠢᠨ ᠮᠡᠳᠡᠭᠡ ᠵᠠᠩᠬᠢ᠎ᠶ᠋ᠢᠨ ᠬᠤᠨᠭ᠌ᠬᠢᠯ ᠤᠨ ᠪᠦᠳᠤᠭᠡᠨ ᠪᠠᠢᠭᠤᠯᠤᠯᠳᠠ᠎ᠶ᠋ᠢᠨ ᠬᠠᠮᠲᠤᠷᠠᠯᠴᠠᠭ᠎ᠠ ᠶ᠋ᠢ ᠴᠢᠩᠭᠠᠳᠭᠠᠨ᠎ᠠ᠃ ᠳᠤᠮᠳᠠᠳᠤ ᠤᠯᠤᠰ᠎ᠤᠨ ᠪᠠᠷᠢᠮᠵᠢᠶ᠎ᠠ᠎ᠶ᠋ᠢᠨ ᠭᠠᠳᠠᠭᠠᠳᠤ᠎ᠳᠠᠬᠢ ᠬᠡᠷᠡᠭ᠌ᠯᠡᠯᠲᠡ᠎ᠶ᠋ᠢ ᠢᠳᠡᠪᠬᠢᠲᠡᠶ ᠠᠬᠢᠭᠤᠯᠤᠨ᠎ᠠ᠃ ᠱᠢᠨᠵᠢᠶᠠᠩ᠂ ᠹᠦᠵᠢᠶᠠᠨ᠎ᠤ 《ᠨᠢᠭᠡ ᠪᠦᠰᠡ ᠨᠢᠭᠡ ᠵᠠᠮ》᠎ᠤᠨ ᠭᠤᠤᠯᠯᠠᠬᠤ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ᠃
ᠭᠤᠷᠪᠠᠳᠤᠭᠠᠷ ᠬᠡᠰᠡᠭ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭᠠᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ
ᠬᠠᠮᠳᠤ ᠪᠠᠷ ᠪᠠᠢᠭᠤᠯᠬᠤ ᠤᠯᠤᠰ ᠤᠳᠯᠤᠭᠠᠶ᠋ᠢᠨ ᠠᠷᠠᠯᠵᠢᠶ᠎ᠠ ᠪᠠᠯᠠ ᠣᠷᠣᠭᠤᠯᠤᠯᠲᠠ᠎ᠶ᠋ᠢᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠥᠷᠭᠡᠳᠭᠡᠵᠦ᠍᠂ 《ᠲᠣᠷᠭᠠᠨ ᠵᠠᠮ᠎ᠤᠨ ᠡᠯᠧᠺᠲᠷᠣᠨ ᠬᠤᠳᠠᠯᠳᠤᠭ᠎ᠠ》᠎ᠶ᠋ᠢᠨ ᠬᠠᠮᠲᠤᠷᠠᠯᠴᠠᠭᠠᠨ᠎ᠤ ᠲᠦᠷᠤᠭᠦᠯᠡᠭᠦ᠌ ᠣᠷᠣᠨ᠎ᠢ ᠥᠨᠳᠥᠷ ᠪᠠᠷᠢᠮᠵᠢᠶ᠎ᠠ᠎ᠪᠠᠷ ᠪᠥᠲᠥᠭᠡᠨ ᠪᠠᠢᠭᠤᠯᠤᠨ᠎ᠠ᠃ ᠨᠤᠭᠤᠭᠠᠨ ᠬᠥᠭ᠌ᠵᠢᠯᠲᠡ᠂ ᠵᠣᠬᠢᠶᠠᠮᠠᠯ ᠣᠶᠤᠯᠢᠭ᠂ ᠳ᠋ᠢᠵᠢᠲ᠋ᠠᠯ ᠠᠵᠤ ᠠᠬᠤᠶ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠢᠭᠤᠯᠴᠢᠯᠠᠯ᠂ ᠲᠠᠷᠢᠶᠠᠯᠠᠩ᠂ ᠴᠠᠭ ᠠᠭᠤᠷ᠂ ᠳᠣᠬᠢᠭᠤᠷ ᠲᠤᠯᠤᠭᠠᠨ ᠤᠳᠤ ᠶ᠋ᠢᠨ ᠱᠢᠰᠲ᠋ᠧᠮ ᠤᠨ ᠬᠡᠷᠡᠭ᠌ᠯᠡᠯᠳᠠ ᠵᠡᠷᠭᠡ ᠬᠦᠷᠢᠶᠡᠨ᠎ᠳᠠᠬᠢ ᠬᠠᠮᠲᠤᠷᠠᠯᠴᠠᠭᠠᠨ᠎ᠤ ᠱᠢᠨ᠎ᠡ ᠣᠷᠣᠨ ᠵᠠᠶ᠎ᠶ᠋ᠢ ᠥᠷᠭᠡᠳᠭᠡᠨ᠎ᠡ᠃ ᠴᠢᠬᠤᠯᠠ ᠶᠡᠭᠡ ᠪᠡᠯᠭᠡ ᠲᠡᠮᠳᠡᠭ᠎ᠤᠨ ᠴᠢᠨᠠᠷᠲᠠᠶ ᠢᠨᠵᠧᠨᠧᠷᠢᠩ ᠪᠠ 《ᠪᠠᠭ᠎ᠠ ᠠᠳᠠᠯ᠎ᠠ ᠰᠠᠢᠬᠠᠨ》 ᠠᠷᠠᠳ᠎ᠤᠨ ᠠᠮᠢᠳᠤᠷᠠᠯ᠎ᠤᠨ ᠲᠦᠰᠤᠯ ᠤᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠠᠨ ᠡᠱᠢᠵᠢᠭ᠌ᠰᠡᠨ᠂ ᠦᠷᠭᠦᠯᠵᠢᠯᠡᠬᠦ᠋ᠢᠴᠡ᠂ ᠠᠶᠤᠯ ᠲᠦᠭ᠌ᠰᠢᠭᠦᠷᠢ᠎ᠶ᠋ᠢ ᠡᠵᠡᠮᠳᠡᠵᠦ᠍ ᠪᠣᠯᠬᠤ ᠪᠡᠯᠡ ᠣᠷᠣᠭᠤᠯᠤᠯᠳᠠ ᠪᠡᠯᠡ ᠲᠣᠬᠢᠷᠠᠭᠤᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠠᠽᠢᠶ᠎ᠠ ᠲᠢᠪ ᠤᠨ ᠰᠠᠭᠤᠷᠢ ᠲᠥᠬᠦᠭᠡᠷᠦᠮᠵᠢ᠎ᠶ᠋ᠢᠨ ᠪᠡᠯᠡ ᠣᠷᠣᠭᠤᠯᠤᠯᠲᠠ᠎ᠶ᠋ᠢᠨ ᠪᠠᠩᠬᠢ᠂ ᠱᠢᠨ᠎ᠡ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠂ ᠲᠣᠷᠭᠠᠨ ᠵᠠᠮ᠎ᠤᠨ ᠰᠠᠭᠤᠷᠢ ᠮᠥᠩᠭᠦ᠌ ᠵᠡᠷᠭᠡ᠎ᠶ᠋ᠢᠨ ᠦᠢᠯᠡᠳᠦᠯ᠎ᠢᠶᠠᠨ ᠪᠠᠳᠠᠷᠠᠭᠤᠯᠬᠤ᠎ᠶ᠋ᠢ ᠢᠳᠡᠪᠬᠢᠲᠡᠶ ᠲᠡᠮᠵᠢᠨ᠎ᠠ᠃ ᠬᠠᠮᠳᠤ᠎ᠪᠠᠷ ᠪᠠᠢᠭᠤᠯᠬᠤ ᠤᠯᠤᠰ᠎ᠤᠳ᠎ᠯᠤᠭ᠎ᠠ᠎ᠶ᠋ᠢᠨ ᠰᠣᠶᠣᠯ᠂ ᠰᠤᠷᠭᠠᠨ ᠬᠥᠮᠦᠵᠢᠯ᠂ ᠬᠠᠭᠤᠴᠢ ᠰᠤᠳᠤᠯᠤᠯ᠂ ᠪᠡᠶ᠎ᠡ᠎ᠶ᠋ᠢᠨ ᠲᠠᠮᠢᠷ ᠵᠡᠷᠭᠡ ᠬᠦᠷᠢᠶᠡᠨ᠎ᠤ ᠭᠦᠮᠤᠨ ᠨᠠᠢᠭᠡᠮ᠎ᠤᠨ ᠰᠣᠯᠢᠯᠴᠠᠭᠠᠨ᠎ᠤ ᠠᠷᠭ᠎ᠠ ᠵᠠᠮ᠎ᠢ ᠥᠷᠭᠡᠳᠭᠡᠵᠤ᠂ 《ᠨᠢᠭᠡ ᠪᠦᠰᠡ ᠨᠢᠭᠡ ᠵᠠᠮ》᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠵᠢᠯᠯᠠᠭᠠᠨ᠎ᠤ ᠲᠥᠯᠥᠪᠯᠡᠭᠡ᠎ᠶ᠋ᠢ ᠴᠢᠨᠠᠷ ᠰᠠᠢᠲᠠᠶ ᠬᠡᠷᠡᠭ᠌ᠵᠢᠭᠦᠯᠦᠨ᠎ᠡ᠃ ᠠᠶᠤᠯ ᠲᠦᠭ᠌ᠰᠢᠭᠦᠷᠢ᠎ᠶ᠋ᠢ ᠰᠡᠷᠬᠡᠢᠯᠡᠨ ᠡᠵᠡᠮᠳᠡᠭᠦ᠌ ᠴᠢᠳᠠᠪᠤᠷᠢ᠎ᠶ᠋ᠢ ᠲᠡᠭᠡᠭ᠌ᠰᠢᠯᠡᠭᠦᠯᠵᠤ᠂ ᠠᠷᠢᠭᠤᠨ ᠴᠢᠬᠡᠴᠢ ᠲᠣᠷᠭᠠᠨ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠤᠨ ᠠᠬᠢᠭᠤᠯᠵᠤ᠂ 《ᠨᠢᠭᠡ ᠪᠦᠰᠠ ᠨᠢᠭᠡ ᠵᠠᠮ》᠎ᠢ ᠬᠠᠮᠳᠤ᠎ᠪᠠᠷ ᠪᠠᠢᠭᠤᠯᠬᠤ᠎ᠶ᠋ᠢᠨ ᠨᠡᠩ ᠡᠮᠬᠢ ᠵᠢᠷᠤᠮ᠎ᠲᠠᠢ᠂ ᠨᠡᠩ ᠵᠢᠷᠤᠮᠵᠢᠭᠤᠨ᠂ ᠨᠡᠩ ᠠᠮᠤᠷ ᠲᠦᠪᠱᠢᠨ᠂ ᠨᠡᠩ ᠦᠷᠭᠦᠯᠵᠢᠯᠡᠭᠦ᠋ᠢᠴᠡ ᠴᠢᠨᠡᠷ ᠰᠠᠢᠳᠡᠢ ᠭᠦᠭ᠌ᠵᠢᠬᠦ᠌ᠶ᠋ᠢ ᠠᠬᠢᠭᠤᠯᠤᠨ᠎ᠠ᠃
ᠬᠤᠷᠢᠨ ᠳᠥᠷᠪᠡᠳᠦᠭᠡᠷ ᠪᠦᠯᠦᠭ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ
ᠪᠦᠬᠦ᠌ ᠪᠥᠮᠪᠥᠷᠴᠡᠭ᠎ᠤᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠠᠮᠤᠷ ᠲᠦᠪᠱᠢᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ᠎ᠶ᠋ᠢ ᠢᠳᠡᠪᠬᠢᠲᠡᠶ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠳᠤᠮᠳᠠᠳᠤ ᠤᠯᠤᠰ᠎ᠤᠨ ᠬᠤᠪᠢ ᠨᠡᠮᠡᠷᠢ᠎ᠪᠠᠨ ᠦᠵᠡᠭᠦᠯᠦᠨ᠎ᠡ᠃
ᠨᠢᠭᠡᠳᠦᠭᠡᠷ ᠬᠡᠰᠡᠭ ᠪᠦᠬᠦ᠌ ᠪᠥᠮᠪᠥᠷᠴᠡᠭ᠎ᠤᠨ ᠠᠵᠤ ᠠᠬᠤᠶ᠎ᠶ᠋ᠢᠨ ᠵᠠᠰᠠᠯᠲᠠ᠎ᠳᠤ ᠢᠳᠡᠪᠬᠢᠲᠡᠢ ᠣᠷᠣᠯᠴᠠᠬᠤ ᠪᠠ ᠲᠡᠬᠦᠨ᠎ᠢ ᠬᠥᠲᠥᠯᠥᠨ ᠳᠠᠭᠠᠭᠤᠯᠤᠨ᠎ᠠ
ᠪᠦᠬᠦ᠌ ᠪᠥᠮᠪᠥᠷᠴᠡᠭ᠎ᠤᠨ ᠠᠵᠤ ᠠᠬᠤᠶ ᠮᠥᠩᠭᠦᠨ ᠬᠥᠢᠯᠭᠡᠭᠡᠨ᠎ᠤ ᠵᠠᠰᠠᠯᠲᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠡᠷᠭᠡ ᠲᠡᠭ᠌ᠰᠢ ᠲᠥᠪ ᠭᠤᠤᠯᠴᠢ᠂ ᠨᠡᠭᠡᠭᠡᠯᠲᠡᠲᠡᠶ ᠪᠠᠭ᠍ᠲᠠᠭᠠᠮᠵᠢᠲᠠᠶ᠂ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠬᠦᠷᠳᠡᠬᠦ᠌ ᠤᠯᠠᠨ ᠤᠯᠤᠰ᠎ᠤᠨ ᠠᠵᠤ ᠠᠬᠤᠶ᠎ᠶ᠋ᠢᠨ ᠡᠮᠬᠢ ᠵᠢᠷᠤᠮ᠎ᠢ ᠪᠠᠢᠭᠤᠯᠬᠤ ᠪᠠ ᠬᠠᠮᠠᠭᠠᠯᠠᠬᠤ᠎ᠶ᠋ᠢ ᠠᠬᠢᠭᠤᠯᠤᠨ᠎ᠠ᠃ ᠳᠡᠯᠡᠬᠡᠶ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠪᠠᠷ ᠭᠤᠣᠯᠯᠠᠭᠤᠯᠤᠭ᠍ᠰᠠᠨ ᠣᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ ᠳᠡᠯᠡᠬᠡᠶ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠳᠤ ᠪᠦᠬᠦ᠌ ᠲᠠᠯ᠎ᠠ᠎ᠪᠠᠷ ᠬᠦᠨᠵᠡᠬᠡᠢ ᠣᠷᠣᠯᠴᠠᠵᠤ᠂ ᠬᠠᠮᠠᠭᠠᠯᠠᠬᠤ ᠦᠵᠡᠯ᠂ ᠪᠣᠭᠤᠮᠲᠠ᠎ᠶ᠋ᠢᠨ ᠭᠠᠢᠯᠢ᠎ᠶ᠋ᠢ ᠳᠤᠷ᠎ᠠ᠎ᠪᠠᠷ᠎ᠢᠶᠠᠨ ᠬᠡᠷᠡᠭ᠌ᠵᠢᠭᠦᠯᠬᠦ᠌ ᠵᠡᠷᠭᠡ ᠠᠷᠭ᠎ᠠ ᠬᠢᠳᠡᠯ᠎ᠢ ᠡᠷᠡᠰ ᠡᠰᠡᠷᠭᠦᠴᠡᠨ᠎ᠡ᠃ ᠪᠦᠬᠦ᠌ ᠪᠥᠮᠪᠥᠷᠴᠡᠭ᠎ᠲᠤ ᠬᠠᠨᠳᠤᠭᠤᠯᠤᠭ᠍ᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ᠎ᠤ ᠣᠷᠣᠨ᠎ᠤ ᠲᠤᠤᠷ᠎ᠢ ᠥᠷᠭᠡᠳᠭᠡᠵᠦ᠍᠂ ᠣᠷᠣᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠭᠡᠷ᠎ᠢ ᠴᠢᠨᠠᠷ ᠰᠠᠢᠲᠠᠶ ᠬᠡᠷᠡᠭ᠌ᠵᠢᠭᠦᠯᠬᠦ᠌᠎ᠶ᠋ᠢᠨ ᠬᠠᠮᠲᠤ ᠪᠦᠷᠢᠯᠳᠦᠭᠦᠨ᠎ᠢ ᠥᠷᠭᠡᠳᠭᠡᠬᠦ᠌ ᠪᠠ ᠬᠢᠨᠠᠨ ᠵᠥᠪᠯᠡᠬᠦ᠌ ᠠᠬᠢᠴᠠ᠎ᠶ᠋ᠢ ᠠᠬᠢᠭᠤᠯᠵᠤ᠂ ᠳᠤᠮᠳᠠᠳᠤ ᠤᠯᠤᠰ — ᠵᠡᠬᠦᠨ ᠡᠮᠦᠨᠡᠳᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠤᠭ᠎ᠠ᠎ᠶ᠋ᠢᠨ ᠴᠢᠯᠥᠭᠡᠲᠦ ᠠᠷᠠᠯᠵᠢᠶᠠᠨ᠎ᠤ ᠣᠷᠣᠨ᠎ᠤ 3.0 ᠬᠡᠪᠯᠡᠯ᠎ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠪᠦᠬᠦ᠌ ᠲᠠᠯ᠎ᠠ᠎ᠶ᠋ᠢᠨ ᠬᠢᠭᠡᠳ ᠳᠠᠪᠱᠢᠩᠭᠤᠢ ᠨᠣᠮᠣᠬᠠᠨ ᠲᠡᠯᠡᠶ ᠠᠯᠤᠰᠯᠠᠭ᠍ᠰᠠᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠬᠡᠷ᠂ ᠳ᠋ᠢᠵᠢᠲ᠋ᠠᠯ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠬᠡᠷ᠎ᠲᠤ ᠣᠷᠣᠯᠴᠠᠬᠤ᠎ᠶ᠋ᠢ ᠢᠳᠡᠪᠬᠢᠲᠡᠢ ᠠᠬᠢᠭᠤᠯᠵᠤ᠂ ᠨᠡᠩ ᠤᠯᠠᠨ ᠣᠷᠣᠨ ᠪᠦᠰᠡ᠎ᠶ᠋ᠢᠨ ᠪᠠ ᠬᠤᠶᠠᠷ ᠲᠠᠯ᠎ᠠ᠎ᠶ᠋ᠢᠨ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠬᠡᠯᠡᠯᠴᠡᠭᠡᠷ᠎ᠢ ᠵᠥᠪᠳᠡᠯᠴᠡᠨ ᠲᠣᠭ᠍ᠲᠠᠭᠠᠬᠤ᠎ᠶ᠋ᠢ ᠠᠬᠢᠭᠤᠯᠤᠨ᠎ᠠ᠃ ᠵᠣᠬᠢᠶᠠᠮᠠᠯ ᠤᠶᠤᠯᠢᠭ᠂ ᠳ᠋ᠢᠵᠢᠲ᠋ᠠᠯ ᠠᠵᠤ ᠠᠬᠤᠢ᠂ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ᠂ ᠰᠠᠨᠰᠠᠷ ᠤᠭ᠍ᠲᠠᠷᠭᠤᠢ ᠵᠡᠷᠭᠡ ᠱᠢᠨ᠎ᠡ᠎ᠪᠠᠷ ᠬᠦᠭ᠌ᠵᠢᠭ᠌ᠰᠡᠨ ᠬᠦᠷᠢᠶᠡᠨ᠎ᠳᠠᠬᠢ ᠣᠯᠠᠨ ᠤᠯᠤᠰ᠎ᠤᠨ ᠲᠦᠷᠢᠮᠯᠡᠯ᠎ᠤᠨ ᠳᠤᠮᠳᠠᠳᠤ ᠤᠯᠤᠰ᠎ᠤᠨ ᠲᠥᠰᠦᠯ᠎ᠢ ᠢᠳᠡᠪᠬᠢᠲᠡᠶ ᠳᠤᠷᠠᠳᠤᠨ ᠭᠠᠷᠭᠠᠨ᠎ᠠ᠃ ᠤᠯᠠᠨ ᠤᠯᠤᠰ᠎ᠤᠨ ᠬᠤᠷᠸ᠎ᠠ ᠠᠵᠤ ᠠᠬᠤᠶ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠵᠣᠬᠢᠴᠠᠭᠤᠯᠭ᠎ᠠ᠎ᠶ᠋ᠢ ᠴᠢᠩᠭᠠᠳᠭᠠᠵᠤ᠂ ᠬᠤᠷᠢᠨ ᠤᠯᠤᠰ᠎ᠤᠨ ᠪᠦᠯᠦᠭ᠌ᠯᠡᠯ᠎ᠤᠨ ᠣᠯᠠᠨ ᠤᠯᠤᠰ᠎ᠤᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠭᠤᠤᠯ ᠶᠠᠷᠢᠯᠴᠠᠭᠠᠨ᠎ᠤ ᠲᠠᠪᠴᠠᠩ᠎ᠤᠨ ᠦᠢᠯᠡᠳᠦᠯ᠎ᠢᠶᠠᠨ ᠪᠠᠳᠠᠷᠠᠭᠤᠯᠬᠤ ᠶ᠋ᠢ ᠠᠬᠢᠭᠤᠯᠵᠤ᠂ BRICS᠎ᠤᠨ ᠤᠯᠤᠰ᠎ᠤᠳ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠤᠬᠢᠶᠠᠨ ᠪᠠᠢᠭᠤᠯᠤᠯᠲᠠ ᠵᠡᠷᠭᠡ ᠬᠠᠮᠲᠤᠷᠠᠯᠴᠠᠭᠠᠨ᠎ᠤ ᠲᠣᠭ᠍ᠲᠠᠴᠠ᠎ᠶ᠋ᠢᠨ ᠨᠥᠯᠥᠭᠡᠯᠡᠬᠦ᠌ ᠬᠦᠴᠦᠨ᠎ᠢ ᠥᠷᠭᠡᠳᠭᠡᠬᠦ᠌᠎ᠶ᠋ᠢ ᠠᠬᠢᠭᠤᠯᠵᠤ᠂ ᠠᠽᠢᠶ᠎ᠠ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠬᠠᠮᠲᠤᠷᠠᠯᠴᠠᠭ᠎ᠠ᠎ᠳᠤ ᠢᠳᠡᠪᠬᠢᠲᠡᠶ ᠣᠷᠣᠯᠴᠠᠵᠤ᠂ ᠠᠽᠢᠶ᠎ᠠ ᠨᠣᠮᠣᠬᠠᠨ ᠳᠠᠯᠠᠢ᠎ᠶ᠋ᠢᠨ ᠣᠷᠣᠨ᠎ᠤ ᠴᠢᠯᠥᠭᠡᠲᠦ ᠠᠷᠠᠯᠵᠢᠶᠠᠨ᠎ᠤ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃
ᠬᠤᠶᠠᠳᠤᠭᠠᠷ ᠬᠡᠰᠡᠭ ᠱᠢᠨ᠎ᠡ ᠬᠡᠯᠪᠡᠷᠢ᠎ᠶ᠋ᠢᠨ ᠤᠯᠠᠨ ᠤᠯᠤᠰ᠎ᠤᠨ ᠬᠠᠷᠢᠴᠠᠭ᠎ᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ
ᠵᠢᠩᠬᠢᠨᠢ ᠣᠯᠠᠨ ᠲᠠᠯᠠᠲᠤ ᠦᠵᠡᠯ᠎ᠢ ᠰᠠᠨᠠᠭᠠᠴᠢᠯᠠᠨ ᠦᠢᠯᠡᠳᠦᠯᠭᠡᠵᠢᠭᠦᠯᠵᠦ᠍᠂ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠪᠠᠷ ᠭᠤᠤᠯᠯᠠᠭᠤᠯᠤᠭ᠍ᠰᠠᠨ ᠣᠯᠠᠨ ᠤᠯᠤᠰ᠎ᠤᠨ ᠱᠢᠰᠲ᠋ᠧᠮ᠂ ᠣᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭ᠍ᠰᠠᠨ ᠣᠯᠠᠨ ᠤᠯᠤᠰ᠎ᠤᠨ ᠡᠮᠬᠢ ᠵᠢᠷᠤᠮ᠂ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠦᠨᠳᠦᠰᠦᠨ ᠲᠦᠷᠢᠮ᠎ᠤᠨ ᠵᠣᠷᠢᠯᠲᠠ ᠪᠠ ᠵᠠᠷᠴᠢᠮ᠎ᠢᠶᠠᠷ ᠰᠠᠭᠤᠷᠢ ᠪᠣᠯᠭᠠᠭ᠍ᠰᠠᠨ ᠣᠯᠠᠨ ᠤᠯᠤᠰ᠎ᠤᠨ ᠬᠠᠷᠢᠴᠠᠭᠠᠨ᠎ᠤ ᠦᠨᠳᠦᠰᠦᠨ ᠪᠠᠷᠢᠮᠵᠢᠶ᠎ᠠ᠎ᠶ᠋ᠢ ᠡᠷᠡᠰ ᠬᠠᠮᠠᠭᠠᠯᠠᠵᠤ᠂ ᠪᠦᠬᠦ᠌ ᠪᠥᠮᠪᠥᠷᠴᠡᠭ᠎ᠤᠨ ᠬᠠᠨᠢᠲᠠᠨ᠎ᠤ ᠬᠠᠷᠢᠴᠠᠭ᠎ᠠ᠎ᠶ᠋ᠢᠨ ᠲᠤᠤᠷ᠎ᠢ ᠥᠷᠭᠡᠳᠭᠡᠵᠦ᠍᠂ ᠣᠯᠠᠨ ᠤᠯᠤᠰ᠎ᠤᠨ ᠡᠮᠬᠢ ᠵᠢᠷᠤᠮ᠎ᠤᠨ ᠨᠡᠩ ᠲᠥᠪ ᠭᠤᠤᠯᠴᠢ ᠵᠦᠢ ᠵᠣᠬᠢᠰᠲᠠᠶ ᠴᠢᠭ᠌ᠯᠡᠯ᠎ᠢᠶᠠᠷ ᠬᠥᠭ᠌ᠵᠢᠬᠦ᠌᠎ᠶ᠋ᠢ ᠬᠥᠲᠥᠯᠥᠨ ᠳᠠᠭᠠᠭᠤᠯᠤᠨ᠎ᠠ᠃ ᠬᠦᠷᠰᠢ ᠵᠡᠷᠭᠡᠯᠡᠳᠡᠭᠡ᠎ᠶ᠋ᠢᠨ ᠬᠥᠭ᠌ᠵᠢᠯᠲᠡ᠎ᠶ᠋ᠢᠨ ᠠᠭᠤᠰᠤᠯᠴᠠᠯ ᠢ ᠭᠦᠨᠵᠡᠭᠡᠢᠷᠡᠭᠦᠯᠵᠦ᠍᠂ ᠬᠠᠮᠲᠤ᠎ᠶ᠋ᠢᠨ ᠠᠮᠤᠷ ᠲᠦᠪᠱᠢᠨ᠎ᠢ ᠴᠢᠩᠭᠠᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠢᠲᠡᠭᠡᠯᠴᠡᠭᠡ᠎ᠪᠠᠨ ᠪᠠᠬᠢᠵᠢᠭᠦᠯᠵᠦ᠍᠂ ᠬᠦᠷᠰᠢ ᠵᠡᠷᠬᠡᠯᠡᠳᠡᠭᠡ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠨ᠎ᠠ᠃ ᠲᠤᠮᠤ ᠤᠯᠤᠰ᠎ᠤᠨ ᠵᠣᠬᠢᠴᠠᠭᠤᠯᠭ᠎ᠠ ᠪᠠ ᠰᠠᠢᠨ ᠦᠢᠯᠡᠳᠦᠯᠴᠡᠯ᠎ᠢ ᠠᠬᠢᠭᠤᠯᠵᠤ᠂ ᠲᠤᠮᠤ ᠤᠯᠤᠰ᠎ᠤᠨ ᠬᠠᠷᠢᠴᠠᠭᠠᠨ᠎ᠤ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠬᠠᠮᠠᠭᠠᠯᠠᠨ᠎ᠠ᠃ ᠬᠥᠭ᠌ᠵᠢᠵᠦ᠍ ᠪᠠᠢᠭ᠎ᠠ ᠤᠯᠤᠰ᠎ᠤᠳ᠎ᠯᠤᠭ᠎ᠠ᠎ᠶ᠋ᠢᠨ ᠪᠦᠯᠬᠦᠮᠳᠡᠯ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠪᠦᠬᠦ᠌ ᠪᠥᠮᠪᠥᠷᠴᠡᠭ᠎ᠤᠨ ᠬᠥᠭ᠌ᠵᠢᠵᠦ᠍ ᠪᠠᠢᠭ᠎ᠠ ᠤᠯᠤᠰ᠎ᠤᠳ᠎ᠤᠨ ᠬᠤᠯᠪᠣᠭᠠᠯᠠᠨ ᠬᠦᠴᠦᠷᠬᠡᠭ᠌ᠵᠢᠬᠦ᠌᠎ᠶ᠋ᠢ ᠳᠡᠮᠵᠢᠨ᠎ᠡ᠃ ᠤᠯᠠᠨ ᠲᠡᠰ ᠳᠠᠪᠬᠤᠷᠭ᠎ᠠ ᠤᠯᠠᠨ ᠬᠦᠷᠢᠶᠡᠨ᠎ᠤ ᠪᠣᠯᠪᠠᠰᠤᠨ᠎ᠤ ᠶᠠᠷᠢᠯᠴᠠᠭ᠎ᠠ ᠰᠣᠯᠢᠯᠴᠠᠭᠠᠨ᠎ᠤ ᠲᠣᠭ᠍ᠲᠠᠴᠠ ᠪᠠ ᠲᠠᠪᠴᠠᠩ᠎ᠢ ᠪᠠᠢᠭᠤᠯᠵᠤ᠂ ᠪᠦᠬᠦ᠌ ᠪᠥᠮᠪᠥᠷᠴᠡᠭ᠎ᠤᠨ ᠪᠣᠯᠪᠠᠰᠤᠨ᠎ᠤ ᠶᠠᠷᠢᠯᠴᠠᠭ᠎ᠠ ᠬᠠᠮᠲᠤᠷᠠᠯᠴᠠᠭᠠᠨ ᠤ ᠲᠣᠣᠷ ᠢ ᠬᠠᠮᠲᠤ᠎ᠪᠠᠷ ᠪᠠᠢᠭᠤᠯᠤᠨ᠎ᠠ᠃ ᠪᠦᠬᠦ᠌ ᠬᠥᠮᠦᠨ ᠲᠥᠷᠥᠯᠬᠢᠲᠡᠨ᠎ᠤ ᠬᠠᠮᠲᠤ᠎ᠶ᠋ᠢᠨ ᠦᠷᠳᠡᠭ ᠢ ᠪᠠᠳᠠᠷᠠᠭᠤᠯᠵᠤ᠂ ᠥᠨᠢ ᠤᠳᠠᠭᠠᠨ ᠡᠩᠬᠡ ᠲᠠᠢᠪᠤᠩ᠂ ᠨᠡᠢᠳᠡᠮ ᠠᠮᠤᠷ ᠲᠦᠪᠱᠢᠨ᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ᠂ ᠨᠡᠭᠡᠭᠡᠯᠲᠡᠲᠡᠶ ᠪᠠᠭ᠍ᠲᠠᠭᠠᠮᠵᠢᠲᠠᠶ᠂ ᠠᠷᠢᠭᠤᠨ ᠴᠡᠪᠡᠷ ᠦᠵᠡᠰᠭᠦᠯᠡᠩᠲᠦ ᠰᠠᠢᠬᠠᠨ ᠳᠡᠯᠡᠬᠡᠶ ᠶᠢᠷᠲᠢᠨᠴᠦ᠍᠎ᠶ᠋ᠢ ᠪᠦᠳᠦᠬᠡᠨ ᠪᠠᠢᠭᠤᠯᠬᠤ᠎ᠶ᠋ᠢ ᠠᠬᠢᠭᠤᠯᠤᠨ᠎ᠠ᠃
ᠭᠤᠷᠪᠠᠳᠤᠭᠠᠷ ᠬᠡᠰᠡᠭ ᠨᠡᠩ ᠠᠷᠪᠢᠨ ᠤᠯᠠᠨ ᠤᠯᠤᠰ᠎ᠤᠨ ᠤᠯᠠᠨ ᠨᠡᠢᠲᠡ᠎ᠶ᠋ᠢᠨ ᠦᠢᠯᠡᠳᠬᠦᠨ᠎ᠢ ᠬᠠᠩᠭᠠᠨ᠎ᠠ
ᠬᠠᠷᠢᠭᠤᠴᠠᠯᠭ᠎ᠠ᠎ᠲᠠᠢ ᠲᠤᠮᠤ ᠤᠯᠤᠰ᠎ᠤᠨ ᠦᠢᠯᠡᠳᠦᠯ᠎ᠢ ᠪᠠᠳᠠᠷᠠᠭᠤᠯᠵᠤ᠂ ᠪᠦᠬᠦ᠌ ᠪᠦᠮᠪᠦᠷᠴᠡᠭ᠎ᠤᠨ ᠠᠭᠤᠷ ᠠᠮᠢᠰᠭᠤᠯ᠎ᠤᠨ ᠬᠤᠪᠢᠷᠠᠯᠲᠠ᠂ ᠤᠯᠤᠰ ᠠᠯᠤᠰᠯᠠᠭ᠍ᠰᠠᠨ ᠶᠠᠯᠠᠲᠤ ᠠᠵᠢᠯᠯᠠᠭ᠎ᠠ᠂ ᠰᠦᠯᠵᠢᠶᠡᠨ᠎ᠤ ᠠᠮᠤᠷ ᠲᠦᠪᠱᠢᠨ᠂ ᠬᠦᠨᠳᠦ ᠶᠡᠭᠡ ᠬᠠᠯᠳᠠᠪᠤᠷᠢᠲᠤ ᠴᠢᠨᠠᠷᠲᠠᠶ ᠡᠪᠡᠳᠴᠢᠨ ᠡᠮᠭᠡᠭ᠂ ᠰᠦᠷᠳᠡᠭᠦᠯᠬᠦ᠌ ᠦᠵᠡᠯ ᠵᠡᠷᠭᠡ ᠪᠦᠬᠦ᠌ ᠪᠥᠮᠪᠥᠷᠴᠡᠭ᠎ᠤᠨ ᠴᠢᠨᠠᠷᠲᠠᠶ ᠠᠰᠠᠭᠤᠳᠠᠯ᠎ᠢ ᠠᠷᠭᠠᠴᠠᠬᠤ ᠲᠠᠯ᠎ᠠ᠎ᠪᠠᠷ ᠨᠡᠩ ᠤᠯᠠᠨ ᠢᠳᠡᠪᠬᠢ ᠦᠢᠯᠡᠳᠦᠯ ᠪᠠᠳᠠᠷᠠᠭᠤᠯᠤᠨ᠎ᠠ᠃ ᠡᠵᠡᠷᠬᠡᠭ᠌ᠯᠡᠬᠦ᠌ ᠡᠵᠡᠷᠬᠡᠭ᠌ᠯᠡᠨ ᠬᠠᠷᠭᠢᠰᠯᠠᠬᠤ ᠡᠵᠡᠷᠬᠡᠭ᠌ᠯᠡᠨ ᠳᠠᠷᠤᠯᠠᠬᠤ ᠠᠵᠢᠯᠯᠠᠭ᠎ᠠ᠎ᠶ᠋ᠢ ᠡᠷᠡᠰ ᠡᠰᠡᠷᠭᠦᠴᠡᠵᠦ᠍᠂ ᠣᠯᠠᠨ ᠤᠯᠤᠰ᠎ᠤᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠵᠤ᠂ ᠡᠯ᠎ᠡ ᠤᠯᠤᠰ᠎ᠤᠨ ᠠᠷᠠᠳ ᠲᠦᠮᠡᠨ᠎ᠤ ᠬᠠᠮᠲᠤ᠎ᠶ᠋ᠢᠨ ᠠᠱᠢᠭ ᠲᠤᠰᠠ᠎ᠶ᠋ᠢ ᠬᠠᠮᠠᠭᠠᠯᠠᠨ᠎ᠠ᠃ ᠪᠦᠬᠦ᠌ ᠪᠥᠮᠪᠥᠷᠴᠡᠭ᠎ᠤᠨ ᠠᠮᠤᠷ ᠲᠦᠪᠱᠢᠨ᠎ᠤ ᠳᠦᠷᠢᠮᠯᠡᠯ ᠲᠣᠭ᠍ᠲᠠᠭᠠᠬᠤ᠎ᠳᠤ ᠢᠳᠡᠪᠬᠢᠲᠡᠶ ᠣᠷᠣᠯᠴᠠᠵᠤ᠂ ᠣᠯᠠᠨ ᠤᠯᠤᠰ᠎ᠤᠨ ᠪᠠ ᠭᠠᠵᠠᠷ ᠣᠷᠣᠨ᠎ᠤ ᠬᠠᠯᠠᠭᠤᠨ ᠴᠡᠭ᠎ᠤᠨ ᠠᠰᠠᠭᠤᠳᠠᠯ᠎ᠢ ᠤᠯᠤᠰ ᠲᠥᠷᠥ᠎ᠶ᠋ᠢᠨ ᠠᠷᠭ᠎ᠠ᠎ᠪᠠᠷ ᠱᠢᠢᠳᠪᠦᠷᠢᠯᠡᠬᠦ᠌᠎ᠳᠤ ᠪᠦᠲᠦᠭᠡᠯᠴᠢ ᠴᠢᠨᠠᠷᠲᠠᠶ ᠣᠷᠣᠯᠴᠠᠵᠤ᠂ ᠠᠮᠤ ᠪᠤᠳᠠᠭ᠎ᠠ᠂ ᠡᠨᠧᠷᠭᠢ᠎ᠶ᠋ᠢᠨ ᠰᠤᠷᠪᠤᠯᠵᠢ᠂ ᠳ᠋ᠡᠢᠲ᠋ᠠ᠂ ᠠᠮᠢᠳᠤ ᠪᠣᠳᠠᠰ᠂ ᠡᠬᠡ ᠬᠠᠭᠤᠷᠠᠶ ᠳᠠᠯᠠᠶ ᠲᠠᠩᠭᠢᠰ᠎ᠤᠨ ᠨᠡᠪᠲᠡᠷᠡᠬᠦ᠌ ᠵᠠᠮ᠂ ᠰᠦᠷᠳᠡᠭᠦᠯᠦᠯ᠎ᠢ ᠡᠰᠡᠷᠭᠦᠴᠡᠬᠦ᠌ ᠵᠡᠷᠭᠡ ᠬᠦᠷᠢᠶᠡᠨ᠎ᠳᠠᠬᠢ ᠠᠮᠤᠷ ᠲᠦᠪᠱᠢᠨ᠎ᠤ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠪᠦᠬᠦ᠌ ᠪᠥᠮᠪᠥᠷᠴᠡᠭ᠎ᠤᠨ ᠠᠮᠤᠷ ᠲᠦᠪᠱᠢᠨ᠎ᠤ ᠵᠠᠰᠠᠯᠲᠠ᠎ᠶ᠋ᠢ ᠲᠡᠭᠦᠯᠳᠡᠷᠵᠢᠭᠦᠯᠬᠦ᠌᠎ᠶ᠋ᠢ ᠠᠬᠢᠭᠤᠯᠤᠨ᠎ᠠ᠃ ᠪᠦᠬᠦ᠌ ᠪᠥᠮᠪᠥᠷᠴᠡᠭ᠎ᠤᠨ ᠶᠠᠳᠠᠭᠤ᠎ᠶ᠋ᠢ ᠴᠦᠭᠡᠳᠭᠡᠬᠦ᠌ ᠬᠠᠮᠲᠤᠷᠠᠯᠴᠠᠭ᠎ᠠ᠎ᠶ᠋ᠢ ᠠᠬᠢᠭᠤᠯᠵᠤ᠂ ᠭᠠᠳᠠᠭᠠᠳᠤ᠎ᠳᠤ ᠲᠤᠰᠠᠯᠠᠮᠵᠢ ᠦᠵᠡᠭᠦᠯᠬᠦ᠌ ᠱᠢᠰᠲ᠋ᠧᠮ᠎ᠤᠨ ᠪᠠᠢᠭᠤᠯᠤᠯᠲᠠ ᠪᠠ ᠪᠦᠬᠦ᠌ ᠬᠡᠯᠬᠢᠶᠡᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ ᠭᠠᠳᠠᠭᠠᠳᠤ᠎ᠳᠤ ᠲᠤᠰᠠᠯᠠᠮᠵᠢ ᠦᠵᠡᠭᠦᠯᠬᠦ᠌ ᠡᠷᠴᠢᠮ ᠢ ᠴᠢᠩᠭᠠᠷᠠᠭᠤᠯᠤᠨ᠎ᠠ᠃ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠢ ᠨᠠᠢᠳᠠᠪᠤᠷᠢᠵᠢᠭᠤᠯᠤᠨ᠎ᠠ᠃
ᠨᠠᠢ᠍ᠮᠠᠳᠤᠭᠠᠷ ᠠᠩᠬᠢ ᠲᠠᠷᠢᠶᠠᠯᠠᠩ ᠬᠥᠳᠡᠭᠡ ᠲᠣᠰᠭᠤᠨ᠎ᠤ ᠣᠳᠣᠬᠢᠴᠢᠯᠠᠯᠲᠠ᠎ᠶ᠋ᠢ ᠲᠦᠷᠭᠡᠳᠭᠡᠵᠦ᠍ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ
ᠲᠠᠷᠢᠶᠠᠯᠠᠩ ᠬᠥᠳᠡᠭᠡ ᠲᠣᠰᠭᠤᠨ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠬᠤᠳᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠪᠠᠷᠢᠮᠲᠠᠯᠠᠵᠥ᠍᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠵᠦ᠍᠂ ᠣᠳᠣ ᠦᠶ᠎ᠡ᠎ᠶ᠋ᠢᠨ ᠲᠠᠷᠢᠶᠠᠯᠠᠩ᠎ᠢ ᠶᠡᠭᠡ᠎ᠪᠠᠷ ᠬᠥᠭ᠌ᠵᠢᠭᠦᠯᠦᠨ᠂ ᠬᠥᠳᠡᠭᠡ ᠲᠣᠰᠭᠤᠨ᠎ᠳᠤ ᠤᠳᠥ ᠥᠶ᠎ᠠ᠎ᠶ᠋ᠢᠨ ᠠᠮᠢᠳᠤᠷᠠᠯ᠎ᠤᠨ ᠨᠥᠬᠦᠴᠡᠯ᠎ᠢ ᠦᠨᠳᠦᠰᠦᠨ᠎ᠳᠡᠭᠡᠨ ᠪᠦᠷᠢᠳᠦᠭᠦᠯᠬᠦ᠌᠎ᠶ᠋ᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠥᠪ᠎ᠢ ᠱᠢᠢᠳᠪᠤᠷᠢᠯᠡᠭ᠌ᠰᠡᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠍᠂ ᠬᠤᠳᠠ ᠬᠥᠳᠡᠭᠡ᠎ᠶ᠋ᠢᠨ ᠬᠥᠭ᠌ᠵᠢᠯᠲᠡ᠎ᠶ᠋ᠢᠨ ᠵᠥᠷᠢᠶ᠎ᠡ᠎ᠶ᠋ᠢ ᠪᠠᠭᠠᠰᠭᠠᠨ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠲᠦᠷᠭᠡᠯᠡᠨ ᠪᠦᠳᠦᠭᠡᠨ ᠪᠠᠢᠭᠤᠯᠤᠨ᠎ᠠ᠃
ᠬᠤᠷᠢᠨ ᠲᠠᠪᠤᠳᠤᠭᠠᠷ ᠪᠦᠯᠦᠭ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ ᠤᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ
ᠤᠨᠠᠯᠳᠠ ᠪᠠ ᠦᠢᠯᠡᠳᠪᠦᠷᠢᠯᠡᠯ᠎ᠤᠨ ᠴᠢᠳᠠᠪᠤᠷᠢ᠂ ᠦᠢᠯᠡᠳᠪᠦᠷᠢᠯᠡᠯ ᠪᠠ ᠠᠮᠢ ᠠᠬᠤᠶ᠂ ᠤᠨᠠᠯᠳᠠ᠎ᠶ᠋ᠢ ᠨᠡᠮᠡᠭ᠌ᠳᠡᠭᠦᠯᠬᠦ᠌ ᠪᠠ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠵᠡᠷᠭᠡ᠎ᠪᠠᠷ ᠠᠳᠭᠤᠬᠤ᠎ᠶ᠋ᠢ ᠪᠠᠷᠢᠮᠳᠠᠯᠠᠵᠤ᠂ ᠦᠢᠯᠡᠳᠪᠦᠷᠢᠯᠡᠯ ᠬᠢᠭᠡᠳ ᠬᠡᠷᠡᠭ᠌ᠴᠡᠭᠡ ᠶ᠋ᠢ ᠵᠣᠯᠭᠠᠯᠳᠤᠭᠤᠯᠬᠤ᠂ ᠪᠦᠲᠦᠴᠡ᠎ᠶ᠋ᠢ ᠱᠢᠯᠢᠳᠡᠭ᠌ᠵᠢᠭᠦᠯᠬᠦ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠶ᠋ᠢ ᠠᠬᠢᠭᠤᠯᠵᠤ᠂ ᠲᠠᠷᠢᠶᠠᠯᠠᠩ᠎ᠤᠨ ᠬᠦᠳᠡᠯᠮᠦᠷᠢ᠎ᠶ᠋ᠢᠨ ᠦᠢᠯᠡᠳᠪᠦᠷᠢᠯᠡᠯ᠎ᠤᠨ ᠨᠤᠷᠮ᠎ᠠ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠪᠱᠢᠯᠳᠠ᠎ᠶ᠋ᠢᠨ ᠬᠤᠪᠢ ᠨᠡᠮᠡᠷᠢ᠎ᠶ᠋ᠢᠨ ᠨᠤᠷᠮ᠎ᠠ᠎ᠶ᠋ᠢ ᠳᠡᠭᠡᠭ᠌ᠰᠢᠯᠡᠭᠦᠯᠦᠨ᠎ᠡ᠃
ᠨᠢᠭᠡᠳᠦᠭᠡᠷ ᠬᠡᠰᠡᠭ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠨ᠎ᠠ
ᠠᠮᠤ᠎ᠶ᠋ᠢ ᠬᠤᠷᠢᠶᠠᠬᠤ᠎ᠳᠤ ᠠᠯᠳᠠᠨ ᠱᠢᠷᠣᠶ᠎ᠳᠤ ᠲᠦᠱᠢᠭ᠌ᠯᠡᠬᠦ᠂ ᠤᠨᠠᠯᠲᠠ᠎ᠶ᠋ᠢ ᠨᠡᠮᠡᠭ᠌ᠳᠡᠭᠦᠯᠬᠦ᠌᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠤ ᠲᠦᠱᠢᠭ᠌ᠯᠡᠬᠦ᠌ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶ᠋ᠢ ᠮᠢᠩᠭᠠᠨ ᠳ᠋ᠦᠩᠱᠢᠭᠤᠷ ᠵᠢᠩ ᠨᠡᠮᠡᠭ᠌ᠳᠡᠬᠦᠯᠬᠦ᠌ ᠱᠢᠨ᠎ᠡ ᠨᠢᠭᠡ ᠡᠭᠡᠯᠵᠢ᠎ᠶ᠋ᠢᠨ ᠠᠵᠢᠯᠯᠠᠭ᠎ᠠ᠎ᠶ᠋ᠢ ᠡᠷᠴᠢᠮᠵᠢᠬᠦᠯᠦᠨ ᠬᠡᠷᠡᠭ᠌ᠵᠢᠭᠦᠯᠵᠦ᠍᠂ ᠲᠤᠲᠤᠷᠭ᠎ᠠ᠂ ᠪᠤᠭᠤᠳᠠᠶ᠎ᠶ᠋ᠢᠨ ᠦᠢᠯᠡᠳᠪᠦᠷᠢᠯᠡᠯ᠎ᠢ ᠲᠣᠭ᠍ᠲᠠᠪᠤᠷᠢᠵᠢᠭᠤᠯᠤᠨ᠂ ᠡᠷᠳᠡᠨᠢ ᠱᠢᠰᠢ᠂ ᠱᠢᠷ᠎ᠠ ᠪᠤᠷᠴᠠᠭ ᠦᠢᠯᠡᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠮᠤ ᠪᠤᠳᠠᠭ᠎ᠠ ᠢᠳᠡᠱᠢᠨ ᠲᠣᠰᠣ ᠵᠡᠷᠭᠡ ᠭᠤᠣᠯ ᠪᠣᠯᠬᠤ ᠲᠠᠷᠢᠮᠠᠯ᠎ᠤᠨ ᠳᠠᠯᠠᠪᠠᠢ ᠨᠢᠭᠡᠴᠢ᠎ᠶ᠋ᠢᠨ ᠤᠨᠠᠯᠳᠠ᠎ᠶ᠋ᠢ ᠶᠡᠭᠡ ᠬᠡᠪᠴᠢᠶ᠎ᠡ ᠪᠠᠷ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠬᠠᠩᠭᠠᠯᠭ᠎ᠠ ᠬᠡᠷᠡᠭ᠌ᠴᠡᠭᠡᠨ᠎ᠤ ᠪᠠᠢᠳᠠᠯ᠎ᠤᠨ ᠬᠤᠪᠢᠷᠠᠯᠲᠠ᠎ᠳᠤ ᠵᠣᠬᠢᠴᠠᠭᠤᠯᠤᠨ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠬᠦᠪᠤᠩ ᠲᠤᠰᠤ ᠱᠢᠬᠢᠷ ᠭᠤᠮ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ ᠪᠠ 《ᠨᠤᠭᠤᠭ᠎ᠠ᠎ᠶ᠋ᠢᠨ ᠰᠠᠭ᠍ᠰᠤ》᠎ᠶ᠋ᠢᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠢ ᠲᠣᠭ᠍ᠲᠠᠭᠤᠨ᠎ᠢᠶᠠᠷ ᠬᠥᠭ᠌ᠵᠢᠭᠦᠯᠵᠦ᠍᠂ ᠤᠨᠴᠠᠯᠢᠭ᠍ᠳᠤ ᠲᠠᠷᠢᠶᠠᠯᠠᠩ ᠢ ᠬᠦᠭ᠌ᠵᠢᠬᠦᠯᠦᠨᠡ᠃ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ 《ᠭᠤᠷᠪᠠ᠎ᠶ᠋ᠢ ᠨᠢᠭᠡ ᠴᠣᠭ᠍ᠴᠠᠵᠢᠭᠤᠯᠤᠨ》 ᠬᠠᠮᠠᠭᠠᠯᠠᠬᠤ ᠳᠦᠷᠢᠮ᠎ᠤᠨ ᠱᠢᠰᠲ᠋ᠧᠮ᠎ᠢ ᠪᠦᠷᠢᠨᠱᠢᠭᠦᠯᠵᠦ᠍᠂ ᠡᠵᠡᠯᠡᠬᠦ᠌ ᠪᠠ ᠨᠥᠬᠦᠪᠥᠷᠢᠯᠡᠬᠦ᠌᠎ᠶ᠋ᠢ ᠲᠡᠩᠴᠡᠭᠦᠷᠢᠲᠡᠶ ᠪᠠᠢᠯᠭᠠᠬᠤ ᠬᠠᠮᠢᠶᠠᠷᠤᠯᠲᠠ᠎ᠶ᠋ᠢ ᠴᠢᠩᠳᠠᠯᠠᠵᠤ᠂ ᠨᠥᠬᠦᠪᠥᠷᠢᠯᠡᠭ᠌ᠰᠡᠨ ᠲᠠᠷᠢᠶᠠᠨ ᠭᠠᠵᠠᠷ᠎ᠤᠨ ᠶᠠᠰᠤ ᠴᠢᠨᠠᠷ᠎ᠢ ᠱᠢᠯᠭᠠᠨ ᠠᠪᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠤᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢ ᠨᠢᠭᠡᠳᠦᠯᠲᠡᠶ ᠲᠥᠯᠥᠪᠯᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢᠭᠤᠯᠬᠤ ᠪᠠ ᠬᠠᠮᠢᠶᠠᠷᠴᠤ᠌ ᠬᠠᠮᠠᠭᠠᠯᠠᠬᠤ᠎ᠶ᠋ᠢ ᠴᠢᠨᠠᠷ ᠰᠠᠢᠲᠠᠶ ᠠᠬᠢᠭᠤᠯᠵᠤ᠂ ᠲᠠᠷᠢᠶᠠᠨ ᠭᠠᠵᠠᠷ ᠤᠨ ᠤᠰᠤᠯᠠᠬᠤ ᠪᠠ ᠤᠰᠤ ᠵᠠᠯᠠᠬᠤ ᠱᠢᠰᠲ᠋ᠧᠮ᠎ᠢ ᠲᠡᠭᠦᠯᠳᠡᠷᠵᠢᠭᠦᠯᠦᠨ᠂ ᠬᠠᠷ᠎ᠠ ᠬᠥᠷᠥᠰᠦ᠎ᠳᠦ ᠭᠠᠵᠠᠷ ᠢ ᠬᠠᠮᠠᠭᠠᠯᠠᠬᠤ ᠪᠠ ᠬᠦᠴᠢᠯᠵᠢᠭ᠌ᠰᠡᠨ ᠲᠠᠷᠢᠶᠠᠨ ᠭᠠᠵᠠᠷ᠎ᠢ ᠵᠠᠰᠠᠬᠤ᠎ᠶ᠋ᠢ ᠴᠢᠩᠭᠠᠳᠭᠠᠵᠤ᠂ ᠬᠤᠵᠢᠷᠯᠢᠭ ᠭᠠᠵᠠᠷ᠎ᠢ ᠶᠡᠷᠦᠩᠬᠡᠢᠯᠡᠨ ᠠᠱᠢᠭ᠍ᠯᠠᠬᠤ ᠶ᠋ᠢ ᠯᠠᠪᠳᠠᠭᠤᠨ᠎ᠢᠶᠠᠷ ᠠᠬᠢᠭᠤᠯᠤᠨ᠎ᠠ᠃ ᠲᠠᠷᠢᠶᠠᠯᠠᠩ ᠤᠨ ᠭᠠᠮᠱᠢᠭ᠎ᠢ ᠰᠡᠷᠭᠡᠢᠯᠡᠵᠦ᠍ ᠭᠠᠮᠱᠢᠭ ᠢ ᠪᠠᠭᠠᠰᠭᠠᠬᠤ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃ ᠱᠢᠨ᠎ᠡ ᠨᠢᠭᠡ ᠡᠭᠡᠯᠵᠢ᠎ᠶ᠋ᠢᠨ ᠲᠠᠷᠢᠶᠠᠯᠠᠩ᠎ᠤᠨ ᠡᠬᠢ ᠪᠠᠶᠠᠯᠢᠭ᠎ᠤᠨ ᠣᠷᠣᠨ᠎ᠤ ᠬᠤᠪᠢᠶᠠᠷᠢᠯᠠᠯ᠎ᠤᠨ ᠠᠵᠢᠯ᠎ᠢ ᠥᠷᠨᠢᠭᠦᠯᠦᠨ᠎ᠡ᠃
ᠬᠤᠶᠠᠳᠤᠭᠠᠷ ᠬᠡᠰᠡᠭ ᠲᠠᠷᠢᠶᠠᠯᠠᠩ ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠠ ᠲᠣᠨᠣᠭ᠍ᠯᠠᠯ᠎ᠤᠨ ᠲᠤᠯᠭᠠᠭᠤᠷᠢᠯᠠᠯ᠎ᠢ ᠴᠢᠩᠭᠠᠳᠭᠠᠨ᠎ᠠ
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠷᠢᠶᠠᠯᠠᠩ᠂ ᠨᠤᠭᠤᠭᠠᠨ ᠲᠠᠷᠢᠶᠠᠯᠠᠩ᠂ ᠶᠠᠰᠤ ᠴᠢᠨᠠᠷᠳᠥ ᠲᠠᠷᠢᠶᠠᠯᠠᠩ᠂ ᠨᠡᠷᠡᠳᠥ ᠲᠡᠮᠳᠡᠭ᠌ᠲᠦ ᠲᠠᠷᠢᠶᠠᠯᠠᠩ᠎ᠢ ᠨᠢᠭᠡᠳᠦᠯᠲᠡᠶ ᠲᠥᠯᠥᠪᠯᠡᠨ ᠬᠥᠭ᠌ᠵᠢᠭᠦᠯᠵᠦ᠍᠂ ᠲᠠᠷᠢᠶᠠᠯᠠᠩ᠎ᠢ ᠣᠳᠣᠬᠢᠴᠢᠯᠠᠭ᠍ᠰᠠᠨ ᠲᠤᠮᠤ ᠠᠵᠤ ᠦᠢᠯᠡᠰ ᠪᠣᠯᠭᠠᠨ ᠪᠠᠢᠭᠤᠯᠤᠨ ᠪᠦᠲᠦᠭᠡᠨ᠎ᠠ᠃ ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠦᠷ᠎ᠡ ᠡᠳ᠋᠎ᠤᠨ ᠡᠬᠢ ᠪᠡᠶᠡᠯᠢᠬᠢ ᠬᠠᠮᠠᠭᠠᠯᠠᠨ ᠠᠱᠢᠭ᠍ᠯᠠᠬᠤ᠎ᠶ᠋ᠢ ᠴᠢᠩᠭᠠᠳᠭᠠᠵᠤ᠂ ᠬᠤᠳᠠᠯᠳᠤᠭᠠᠴᠢᠯᠠᠭ᠍ᠰᠠᠨ ᠦᠷ᠎ᠡ ᠪᠤᠢᠵᠢᠭᠤᠯᠬᠤ ᠱᠢᠰᠲ᠋ᠧᠮ᠎ᠢ ᠪᠦᠷᠢᠨᠱᠢᠭᠦᠯᠵᠦ᠍᠂ ᠡᠭᠦᠯᠳᠡᠷ ᠪᠤᠢᠵᠢᠭᠤᠯᠤᠯᠲᠠᠶ᠋ᠢᠨ ᠪᠡᠷᠬᠡ ᠰᠡᠳᠦᠪ᠎ᠢ ᠬᠠᠮᠲᠤᠷᠠᠨ ᠱᠢᠢᠳᠪᠦᠷᠢᠯᠡᠬᠦ᠌ ᠠᠵᠢᠯ᠎ᠢ ᠴᠢᠩᠭᠠᠳᠭᠠᠨ᠂ ᠦᠨᠳᠦᠷ ᠤᠨᠠᠯᠲᠠ᠎ᠲᠠᠢ ᠴᠢᠨᠠᠷ ᠰᠠᠢᠳᠠᠢ᠂ ᠰᠦᠷᠬᠦ᠌ᠶ᠋ᠢ ᠳᠠᠭᠠᠭᠠᠬᠤ ᠪᠦᠭᠡᠳ ᠳᠡᠯᠭᠡᠷᠡᠩᠭᠦᠢ ᠵᠤᠬᠢᠴᠠᠯᠳᠤᠬᠤ ᠱᠢᠨ᠎ᠡ ᠡᠭᠦᠯᠳᠡᠷ᠎ᠢ ᠪᠤᠢᠵᠢᠭᠤᠯᠵᠤ᠂ ᠦᠷ᠎ᠡ᠎ᠶ᠋ᠢᠨ ᠢᠷᠡᠯᠲᠡ᠎ᠶ᠋ᠢᠨ ᠠᠮᠤᠷ ᠲᠦᠪᠱᠢᠨ ᠢ ᠪᠠᠲᠤᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠲᠠᠷᠢᠶᠠᠯᠠᠩ᠎ᠤᠨ ᠮᠠᠱᠢᠨ ᠲᠣᠨᠣᠭ᠍ᠯᠠᠯ᠎ᠢ ᠴᠢᠨᠠᠷ ᠰᠠᠢᠲᠠᠶ ᠬᠥᠭ᠌ᠵᠢᠬᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠰᠠᠢᠨ ᠲᠠᠷᠢᠶᠠᠨ ᠭᠠᠵᠠᠷ ᠰᠠᠢᠨ ᠥᠷ᠎ᠡ ᠡᠭᠦᠯᠳᠡᠷ ᠰᠠᠢᠨ ᠮᠠᠱᠢᠨ ᠲᠤᠨᠤᠭ᠍ᠯᠠᠯ ᠰᠠᠢᠨ ᠠᠷᠭ᠎ᠠ ᠬᠡᠮᠵᠢᠶ᠎ᠠ᠎ᠶ᠋ᠢ ᠬᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠲᠠᠷᠢᠮᠠᠯ᠎ᠤᠨ ᠠᠲᠠᠷ ᠬᠠᠭᠠᠯᠪᠤᠷᠢᠯᠠᠬᠤ ᠲᠠᠷᠢᠬᠤ ᠬᠤᠷᠢᠶᠠᠬᠤ ᠠᠵᠢᠯ᠎ᠤᠨ ᠶᠡᠷᠦᠩᠬᠡᠢᠯᠡᠭ᠌ᠰᠡᠨ ᠮᠧᠬᠠᠨᠢᠭ᠍ᠵᠢᠯᠲᠠᠶ᠋ᠢᠨ ᠨᠤᠷᠮ᠎ᠠ᠎ᠶ᠋ᠢ 80% ᠠᠴᠠ ᠳᠡᠭᠡᠭ᠌ᠰᠢ ᠪᠣᠯᠲᠠᠯ᠎ᠠ ᠳᠡᠭᠡᠭ᠌ᠰᠢᠯᠡᠭᠦᠯᠦᠨ᠎ᠡ᠃ ᠭᠤᠣᠯᠯᠠᠬᠤ ᠦᠷ᠎ᠡ ᠶ᠋ᠢᠨ ᠢᠷᠡᠯᠲᠡ᠂ ᠲᠠᠷᠢᠶᠠᠯᠠᠩ᠎ᠤᠨ ᠮᠠᠱᠢᠨ ᠲᠤᠨᠤᠭ᠍ᠯᠠᠯ᠂ ᠲᠠᠷᠢᠶᠠᠯᠠᠩ ᠤᠨ ᠤᠰᠤ ᠠᠷᠪᠢᠯᠠᠬᠤ ᠵᠡᠷᠭᠡ᠎ᠶ᠋ᠢᠨ ᠲᠣᠭᠤᠷᠢᠨ᠎ᠳᠤ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠴᠢᠩᠭᠠᠳᠭᠠᠵᠤ᠂ ᠱᠠᠲᠤ ᠳᠠᠷᠠᠭᠠᠯᠠᠯ᠎ᠨᠢ ᠲᠣᠳᠣᠷᠬᠠᠶ᠂ ᠠᠵᠢᠯ ᠬᠤᠪᠢᠶᠠᠷᠢᠯᠠᠨ ᠬᠠᠮᠵᠢᠯᠴᠠᠭ᠍ᠰᠠᠨ᠂ ᠵᠣᠬᠢᠰᠲᠡᠢ ᠥᠷᠢᠰᠥᠯᠳᠦᠭ᠌ᠰᠡᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ ᠢ ᠪᠠᠢᠭᠤᠯᠵᠤ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠠᠵᠤ ᠠᠬᠤᠢᠯᠠᠯ ᠢ ᠪᠤᠢᠵᠢᠭᠤᠯᠤᠨ᠎ᠠ᠃ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ ᠪᠠ ᠡᠵᠡᠩᠨᠡᠯᠲᠡ᠎ᠶ᠋ᠢᠨ ᠴᠢᠨᠠᠷ ᠢ ᠤᠶᠠᠯᠳᠤᠭᠤᠯᠤᠭ᠍ᠰᠠᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠳᠡᠯᠭᠡᠷᠡᠭᠦᠯᠬᠦ᠌ ᠱᠢᠰᠲ᠋ᠧᠮ᠎ᠢ ᠪᠦᠷᠢᠨᠱᠢᠭᠦᠯᠦᠨ᠎ᠡ᠃ ᠭᠠᠵᠠᠷ ᠵᠦᠶ᠎ᠶ᠋ᠢᠨ ᠢᠯᠡᠳᠭᠡᠮᠵᠢ ᠲᠡᠮᠳᠡᠭ ᠪᠦᠬᠦᠢ ᠪᠦᠲᠦᠭᠡᠭ᠌ᠳᠡᠬᠦᠨ ᠪᠠ ᠨᠡᠷᠡᠲᠦ ᠲᠡᠮᠳᠡᠭ᠎ᠢ ᠢᠳᠡᠪᠬᠢᠲᠡᠶ᠎ᠪᠠᠷ ᠳᠡᠯᠭᠡᠷᠡᠭᠦᠯᠦᠨ᠎ᠡ᠃
ᠭᠤᠷᠪᠠᠳᠤᠭᠠᠷ ᠬᠡᠰᠡᠭ ᠤᠯᠠᠨ ᠡᠱᠢᠵᠢᠭ᠌ᠰᠡᠨ ᠢᠳᠡᠭᠡᠨ᠎ᠤ ᠬᠠᠩᠭᠠᠯᠭ᠎ᠠ᠎ᠶ᠋ᠢᠨ ᠱᠢᠰᠲ᠋ᠧᠮ᠎ᠢ ᠪᠠᠢᠭᠤᠯᠤᠨ᠎ᠠ
ᠲᠠᠷᠢᠶᠠᠯᠠᠩ ᠤᠢ ᠱᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠪᠥᠬᠦ᠌ ᠲᠠᠯ᠎ᠠ᠎ᠪᠠᠷ ᠣᠯᠠᠨ ᠠᠷᠭ᠎ᠠ ᠵᠠᠮ᠎ᠢᠶᠠᠷ ᠢᠳᠡᠭᠡᠨ᠎ᠤ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠦᠨ᠎ᠡ᠃ ᠭᠠᠭ᠍ᠠᠶ ᠲᠡᠵᠢᠭᠡᠬᠦ᠌ ᠦᠢᠯᠡᠳᠪᠦᠷᠢᠯᠡᠯ᠎ᠤᠨ ᠴᠢᠳᠠᠪᠤᠷᠢ᠎ᠶ᠋ᠢ ᠶᠡᠷᠦᠩᠬᠡᠢᠯᠡᠨ ᠲᠤᠬᠢᠷᠠᠭᠤᠯᠤᠨ ᠡᠵᠡᠮᠳᠡᠬᠦ᠌᠎ᠶ᠋ᠢ ᠴᠢᠩᠭᠠᠳᠭᠠᠵᠤ᠂ ᠠᠯᠠᠱᠢᠨ ᠦᠬᠡᠷ ᠬᠤᠨᠢ᠂ ᠰᠠᠭᠠᠯᠢ᠎ᠶ᠋ᠢᠨ ᠦᠨᠢᠶᠡᠨ᠎ᠤ ᠠᠵᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠨᠤᠲᠤᠭ ᠪᠡᠯᠴᠢᠭᠡᠷ᠎ᠤᠨ ᠮᠠᠯ ᠠᠵᠤ ᠠᠬᠤᠶ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌᠎ᠶ᠋ᠢ ᠲᠦᠷᠭᠡᠳᠭᠡᠨ᠎ᠡ᠃ ᠲᠡᠵᠢᠭᠡᠯ ᠡᠪᠡᠰᠦᠨ᠎ᠤ ᠠᠵᠤ ᠦᠢᠯᠡᠰ᠎ᠢ ᠲᠦᠷᠭᠡᠯᠡᠨ ᠬᠥᠭ᠌ᠵᠢᠭᠦᠯᠵᠦ᠍᠂ ᠳᠠᠷᠤᠱᠢᠭᠤᠯᠤᠭ᠍ᠰᠠᠨ ᠲᠡᠵᠢᠭᠡᠯ ᠪᠣᠷᠳᠣᠭᠠᠨ᠎ᠤ ᠦᠢᠯᠡᠳᠪᠦᠷᠢᠯᠡᠯ᠎ᠢ ᠥᠷᠭᠡᠳᠭᠡᠨ᠎ᠡ᠃ ᠤᠳᠤ ᠦᠶ᠎ᠡ᠎ᠶ᠋ᠢᠨ ᠲᠦᠬᠦᠭᠡᠷᠦᠮᠵᠢ᠎ᠳᠤ ᠲᠠᠷᠢᠶᠠᠯᠠᠩ᠎ᠢ ᠬᠥᠭ᠌ᠵᠢᠭᠦᠯᠵᠦ᠍᠂ ᠡᠨᠧᠷᠭᠢ ᠠᠷᠪᠢᠯᠠᠵᠦ᠍ ᠮᠧᠬᠠᠨᠢᠬ᠍ᠵᠢᠯᠲᠠᠳᠤ ᠵᠤᠬᠢᠴᠠᠬᠤ ᠥᠨᠳᠥᠷ ᠪᠦᠲᠦᠮᠵᠢᠲᠡᠶ ᠲᠦᠬᠦᠭᠡᠷᠦᠮᠵᠢᠲᠦ ᠲᠠᠷᠢᠶᠠᠯᠠᠭ᠎ᠠ ᠪᠠ ᠡᠷᠴᠢᠮᠵᠢᠭᠦᠯᠦᠭ᠌ᠰᠡᠨ ᠲᠡᠵᠢᠭᠡᠨ ᠦᠷᠡᠵᠢᠭᠦᠯᠦᠯᠲᠡ᠎ᠶ᠋ᠢ ᠠᠬᠢᠭᠤᠯᠤᠨ᠎ᠠ᠃ ᠭᠤᠣᠯ ᠮᠥᠷᠡᠨ ᠨᠠᠭᠤᠷ ᠲᠠᠩᠭᠢᠰ ᠪᠠ ᠣᠢ ᠱᠢᠭᠤᠶ᠎ᠶ᠋ᠢᠨ ᠢᠳᠡᠭᠡᠨ᠎ᠤ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠨᠡᠭᠡᠭᠡᠨ ᠬᠥᠭ᠌ᠵᠢᠭᠦᠯᠵᠦ᠍᠂ ᠴᠢᠨᠠᠷ ᠰᠠᠢᠲᠠᠶ ᠤᠰᠤᠨ ᠭᠠᠷᠤᠯᠲᠠ᠎ᠶ᠋ᠢ ᠲᠡᠵᠢᠭᠡᠨ ᠦᠷᠡᠵᠢᠭᠦᠯᠬᠦ᠌᠎ᠶ᠋ᠢ ᠬᠥᠭ᠌ᠵᠢᠭᠦᠯᠵᠦ᠍᠂ ᠮᠣᠳᠣᠯᠢᠭ ᠲᠠᠷᠢᠮᠠᠯ᠎ᠤᠨ ᠠᠮᠤ ᠲᠣᠰᠣᠨ᠎ᠤ ᠦᠢᠯᠡᠳᠪᠦᠷᠢᠯᠡᠯ᠎ᠢ ᠲᠣᠭ᠍ᠲᠠᠭᠤᠨ᠎ᠢᠶᠠᠷ ᠥᠷᠭᠡᠳᠭᠡᠵᠦ᠍᠂ ᠠᠭᠤᠯᠠ ᠬᠥᠳᠡᠭᠡ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠣᠢ ᠱᠢᠭᠤᠶ ᠡᠪᠡᠰᠦ ᠪᠡᠯᠴᠢᠭᠡᠷ᠎ᠤᠨ ᠠᠵᠤ ᠦᠢᠯᠡᠰ᠎ᠢ ᠪᠤᠵᠠᠭᠠᠢᠷᠠᠭᠤᠯᠤᠨ᠂ ᠮᠧᠬᠠᠨᠢᠬ᠍ᠵᠢᠯᠳᠠᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠨᠡᠢᠯᠡᠯᠭᠡ ᠠᠮᠢᠳᠤ ᠪᠣᠳᠠᠰ ᠤᠨ ᠮᠡᠷᠭᠡᠵᠢᠯ ᠢ ᠢᠳᠡᠪᠬᠢᠲᠡᠶ ᠬᠥᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠤᠭᠤᠷᠠᠭ᠎ᠤᠨ ᠢᠷᠡᠯᠳᠡ᠎ᠶ᠋ᠢ ᠥᠷᠭᠡᠳᠭᠡᠨ᠎ᠡ᠃
ᠬᠤᠷᠢᠨ ᠵᠢᠷᠭᠤᠳᠤᠭᠠᠷ ᠪᠦᠯᠦᠭ ᠠᠵᠢᠯᠯᠠᠵᠤ ᠠᠮᠢᠳᠤᠷᠠᠬᠤ᠎ᠳᠤ ᠳᠤᠬᠢᠳᠠᠢ ᠡᠶ᠎ᠡ ᠨᠠᠢᠷᠠᠮᠳᠠᠭᠤ ᠦᠵᠡᠰᠭᠦᠯᠡᠩᠳᠦ ᠰᠠᠢᠬᠠᠨ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ
《ᠮᠢᠩᠭ᠎ᠠ ᠲᠦᠮᠨ ᠶ᠋ᠢᠨ ᠢᠨᠵᠧᠨᠧᠷᠢᠩ》᠎ᠤᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠬᠥᠳᠡᠭᠡ ᠲᠣᠰᠭᠤᠨ ᠢ ᠬᠥᠭ᠌ᠵᠢᠭᠦᠯᠦᠨ ᠮᠠᠨᠳᠤᠭᠤᠯᠬᠤ᠎ᠶ᠋ᠢ ᠲᠥᠷᠥᠯ ᠬᠤᠪᠢᠶᠠᠨ ᠡᠮᠬᠢ ᠵᠢᠷᠤᠮ᠎ᠲᠠᠢ᠎ᠪᠠᠷ᠂ ᠤᠷᠤᠨ ᠵᠠᠯᠭᠠᠯᠳᠤᠭᠤᠯᠤᠨ ᠠᠬᠢᠭᠤᠯᠵᠤ᠂ ᠬᠥᠳᠡᠭᠡ ᠲᠣᠰᠭᠤᠨ᠎ᠢ ᠪᠦᠲᠦᠭᠡᠨ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠬᠥᠳᠡᠭᠡ ᠲᠣᠰᠭᠤᠨ᠎ᠤ ᠰᠠᠭᠤᠷᠢ ᠲᠥᠭᠦᠭᠡᠷᠥᠮᠵᠢ᠎ᠶ᠋ᠢᠨ ᠪᠦᠷᠢᠨ ᠲᠥᠭᠦᠷ᠎ᠤᠨ ᠬᠡᠮᠵᠢᠶ᠎ᠡ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠳᠥᠭᠦᠮ ᠲᠥᠳᠡ᠎ᠶ᠋ᠢᠨ ᠬᠡᠮᠵᠢᠶ᠎ᠡ᠂ ᠣᠷᠣᠱᠢᠨ ᠰᠠᠭᠤᠬᠤ ᠣᠷᠴᠢᠨ ᠨᠥᠬᠦᠴᠡᠯ᠎ᠤᠨ ᠲᠠᠭᠠᠯᠠᠮᠵᠢ᠎ᠶ᠋ᠢᠨ ᠬᠡᠮᠵᠢᠶ᠎ᠠ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠦᠨ᠎ᠡ᠃
ᠨᠢᠭᠡᠳᠦᠭᠡᠷ ᠬᠡᠰᠡᠭ ᠬᠥᠳᠡᠭᠡ ᠲᠣᠰᠭᠤᠨ᠎ᠤ ᠴᠢᠨᠠᠷ ᠰᠠᠢᠲᠠᠶ ᠠᠮᠢᠳᠤᠷᠠᠯ᠎ᠤᠨ ᠣᠷᠣᠨ ᠵᠠᠶ᠎ᠶ᠋ᠢ ᠪᠤᠢ ᠪᠣᠯᠭᠠᠨ᠎ᠠ
ᠱᠢᠶᠠᠨ᠎ᠤ ᠪᠦᠰᠡ᠎ᠪᠠᠷ ᠨᠢᠭᠡᠴᠢ ᠪᠣᠯᠭᠠᠨ ᠰᠠᠭᠤᠷᠢ ᠲᠦᠬᠦᠭᠡᠷᠦᠮᠵᠢ ᠪᠠ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠪᠠᠢᠷᠢᠯᠠᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠱᠢᠶᠠᠨ᠎ᠤ ᠪᠥᠰᠡ᠎ᠶ᠋ᠢᠨ ᠰᠠᠭᠤᠷᠢ ᠲᠥᠭᠦᠭᠡᠷᠥᠮᠵᠢ᠎ᠶ᠋ᠢ ᠨᠢᠭᠡ ᠴᠣᠭ᠍ᠴᠠᠵᠢᠭᠤᠯᠵᠤ ᠲᠥᠯᠥᠪᠵᠢᠭᠦᠯᠥᠨ ᠪᠦᠲᠦᠭᠡᠨ ᠪᠠᠢᠭᠤᠯᠬᠤ ᠪᠠ ᠬᠠᠮᠢᠶᠠᠷᠴᠤ᠌ ᠬᠠᠮᠠᠭᠠᠯᠠᠬᠤ᠎ᠶ᠋ᠢ ᠠᠬᠢᠭᠤᠯᠤᠨ᠎ᠠ᠃ ᠲᠣᠰᠭᠤᠨ ᠪᠠᠯᠭᠠᠰᠤ᠎ᠶ᠋ᠢᠨ ᠪᠠᠢᠷᠢᠯᠠᠭᠤᠯᠤᠯᠳᠡ᠎ᠶ᠋ᠢ ᠨᠢᠭᠡᠳᠦᠯᠲᠡᠶ ᠲᠥᠯᠥᠪᠯᠡᠨ ᠱᠢᠯᠢᠳᠡᠭ᠌ᠵᠢᠭᠦᠯᠵᠦ᠍᠂ ᠬᠥᠮᠦᠨ ᠠᠮᠠ᠂ ᠠᠵᠤ ᠦᠢᠯᠡᠰ᠎ᠤᠨ ᠵᠣᠬᠢᠰᠲᠠᠶ ᠬᠤᠷᠠᠨ ᠴᠤᠭ᠍ᠯᠠᠷᠠᠬᠤ᠎ᠶ᠋ᠢ ᠬᠥᠲᠥᠯᠥᠨ ᠵᠢᠯᠣᠭᠤᠳᠴᠤ᠌᠂ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠲᠡᠭᠦᠯᠳᠡᠷᠵᠢᠭᠦᠯᠵᠦ᠍᠂ ᠪᠦᠲᠦᠭᠡᠨ ᠪᠠᠢᠭᠤᠯᠤᠯᠲᠠ᠎ᠶ᠋ᠢᠨ ᠭᠤᠤᠯᠳᠠᠯᠭ᠎ᠠ ᠪᠠ ᠴᠠᠭ᠎ᠤᠨ ᠳᠠᠷᠠᠭᠠᠯᠠᠯ᠎ᠢ ᠵᠦᠶ ᠵᠣᠬᠢᠰᠲᠠᠶ ᠲᠣᠬᠢᠷᠠᠭᠤᠯᠤᠨ᠎ᠠ᠃ ᠱᠢᠶᠠᠨ᠎ᠤ ᠪᠥᠰᠡ᠎ᠶ᠋ᠢᠨ ᠤᠯᠤᠰ᠎ᠤᠨ ᠨᠤᠳᠤᠭ ᠲᠡᠪᠢᠰᠭᠡᠷ᠎ᠤᠨ ᠣᠷᠣᠨ ᠵᠠᠶ᠎ᠶ᠋ᠢᠨ ᠵᠠᠰᠠᠯᠲᠠ᠎ᠶ᠋ᠢ ᠬᠠᠮᠵᠢᠯᠴᠠᠭᠤᠯᠤᠨ ᠠᠬᠢᠭᠤᠯᠵᠤ᠂ ᠪᠦᠬᠦ᠌ ᠪᠥᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠯᠠᠪᠳᠠᠭᠤᠨ᠎ᠢᠶᠠᠷ ᠥᠷᠨᠢᠭᠦᠯᠵᠥ᠍᠂ ᠬᠦᠳᠡᠭᠡ ᠲᠣᠰᠭᠤᠨ᠎ᠤ ᠬᠥᠭ᠌ᠵᠢᠯᠲᠡ᠎ᠳᠤ ᠬᠡᠷᠡᠭ᠌ᠯᠡᠬᠦ᠌ ᠭᠠᠵᠠᠷ᠎ᠢ ᠲᠥᠷᠥᠯ ᠬᠤᠪᠢᠶᠠᠨ ᠪᠠᠲᠤᠯᠠᠨ᠎ᠠ᠃ ᠬᠥᠳᠡᠭᠡ ᠲᠣᠰᠭᠤᠨ᠎ᠤ ᠵᠠᠮ᠂ ᠤᠰᠤ ᠬᠠᠩᠭᠠᠬᠤ᠂ ᠪᠤᠬᠢᠷ ᠤᠰᠤ᠎ᠶ᠋ᠢ ᠵᠠᠰᠠᠬᠤ᠂ ᠡᠨᠧᠷᠭᠢ᠎ᠶ᠋ᠢᠨ ᠰᠤᠷᠪᠤᠯᠵᠢ᠂ ᠪᠠᠷᠠᠭᠠᠨ᠎ᠤ ᠭᠦᠢᠯᠭᠡᠭᠡ᠂ ᠮᠡᠳᠡᠭᠡ ᠵᠠᠩᠭᠢ ᠵᠡᠷᠭᠡ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ ᠪᠠ ᠬᠠᠮᠠᠭᠠᠯᠠᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠦᠳᠡᠭᠡ ᠳᠤᠰᠭᠤᠨ᠎ᠤ ᠨᠤᠷᠠᠬᠤ ᠠᠶᠤᠯᠳᠠᠢ ᠬᠡᠷ ᠪᠠᠢᠱᠢᠩ ᠢ ᠦᠬᠡᠷᠡᠴᠢᠯᠡᠨ ᠵᠠᠰᠠᠬᠤ᠎ᠶ᠋ᠢ ᠦᠷᠬᠦᠯᠵᠢᠯᠡᠨ ᠠᠬᠢᠭᠤᠯᠤᠨ᠎ᠠ᠃ ᠱᠢᠶᠠᠨ᠎ᠤ ᠪᠦᠰᠡ᠎ᠶ᠋ᠢᠨ ᠡᠩ ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠪᠠ ᠪᠠᠢᠷᠢ᠎ᠳᠤ ᠰᠠᠭᠤᠬᠤ ᠳᠦᠷᠢᠮᠲᠦ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠬᠦ᠌ ᠨᠥᠬᠦᠴᠡᠯ᠎ᠢ ᠰᠠᠢᠵᠢᠷᠠᠭᠤᠯᠵᠤ᠂ ᠡᠮᠴᠢ ᠰᠤᠪᠢᠯᠠᠭ᠍ᠴᠢᠳᠢ ᠳᠣᠷᠣᠭ᠍ᠰᠢ ᠪᠠᠭᠤᠯᠭᠠᠬᠤ᠎ᠪᠠᠷ ᠭᠤᠤᠯᠳᠠᠯᠭ᠎ᠠ ᠪᠣᠯᠭᠠᠨ ᠨᠢᠭ᠍ᠲᠠ ᠬᠡᠯᠪᠡᠷᠢ᠎ᠶ᠋ᠢᠨ ᠱᠢᠶᠠᠨ᠎ᠤ ᠪᠦᠰᠡ᠎ᠶ᠋ᠢᠨ ᠡᠮᠨᠡᠯᠭᠡ᠎ᠶ᠋ᠢᠨ ᠬᠠᠮᠲᠤ᠎ᠶ᠋ᠢᠨ ᠴᠣᠭ᠍ᠴᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠱᠢᠶᠠᠨ ᠱᠢᠶᠠᠩ ᠲᠣᠰᠭᠤᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠲᠤᠤᠷ᠎ᠢ ᠪᠦᠷᠢᠨᠱᠢᠭᠦᠯᠵᠦ᠍᠂ ᠵᠠᠬ᠎ᠠ ᠬᠢᠵᠠᠭᠠᠷ ᠣᠷᠣᠨ᠎ᠤ ᠬᠥᠳᠡᠭᠡ ᠲᠣᠰᠭᠤᠨ᠎ᠳᠤ ᠬᠠᠨᠳᠤᠭᠤᠯᠤᠨ ᠠᠮᠢᠳᠤᠯᠢᠭ ᠬᠡᠯᠪᠡᠷᠢ ᠪᠦᠬᠦᠢ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ ᠬᠠᠩᠭᠠᠬᠤ᠎ᠶ᠋ᠢ ᠳᠡᠮᠵᠢᠵᠦ᠍᠂ ᠬᠥᠳᠡᠭᠡ ᠲᠣᠰᠭᠤᠨ᠎ᠤ ᠬᠠᠳᠠᠭᠠᠯᠠᠯᠲᠠ ᠲᠦᠬᠦᠭᠡᠷᠦᠮᠵᠢ᠎ᠶ᠋ᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠠᠱᠢᠭ᠍ᠯᠠᠨ᠎ᠠ᠃ ᠬᠥᠳᠡᠭᠡ ᠲᠣᠰᠭᠤᠨ᠎ᠤ ᠣᠷᠣᠱᠢᠨ ᠰᠠᠭᠤᠬᠤ ᠣᠷᠴᠢᠨ ᠨᠥᠬᠦᠴᠡᠯ᠎ᠢ ᠦᠷᠭᠦᠯᠵᠢᠯᠡᠨ ᠴᠡᠭ᠌ᠴᠡᠯᠡᠨ ᠵᠠᠰᠠᠵᠤ ᠲᠡᠭᠡᠭ᠌ᠰᠢᠯᠡᠬᠦᠯᠥᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠬᠥᠳᠡᠭᠡ ᠲᠣᠰᠭᠤᠨ᠎ᠤ ᠵᠣᠷᠯᠣᠩ᠎ᠢ ᠥᠭᠡᠷᠡᠴᠢᠯᠡᠬᠦ᠂ ᠬᠤᠭ ᠨᠣᠪᠰᠢ ᠲᠣᠰᠭᠤᠨ ᠢ ᠬᠦᠷᠢᠶᠡᠯᠡᠵᠦ᠍ ᠪᠠᠢᠭ᠎ᠠ ᠵᠡᠷᠭᠡ ᠠᠰᠠᠭᠤᠳᠠᠯ᠎ᠢ ᠰᠠᠢᠲᠤᠷ ᠱᠢᠢᠳᠪᠦᠷᠢᠯᠡᠨ᠎ᠡ᠃
ᠬᠤᠶᠠᠳᠤᠭᠠᠷ ᠬᠡᠰᠡᠭ ᠱᠢᠶᠠᠨ᠎ᠤ ᠪᠦᠰᠡ᠎ᠶ᠋ᠢᠨ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠬᠥᠭ᠌ᠵᠢᠭᠦᠯᠦᠨ᠎ᠡ
ᠲᠤᠰ ᠲᠤᠰ ᠤᠨ ᠣᠨᠴᠠᠯᠢᠭ ᠪᠦᠬᠦᠢ ᠱᠢᠶᠠᠨ ᠤ ᠪᠥᠰᠡ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠬᠥᠳᠡᠭᠡ ᠲᠣᠰᠭᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠎ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠭᠠᠵᠠᠷ ᠤᠷᠤᠨ᠎ᠤ ᠪᠠᠢᠳᠠᠯ᠎ᠳᠤᠨᠢ ᠲᠤᠬᠢᠷᠠᠭᠤᠯᠤᠨ ᠲᠠᠷᠢᠶᠠᠯᠠᠩ ᠤᠨ ᠬᠦᠴᠦᠷᠬᠡᠭ ᠱᠢᠶᠠᠨ᠂ ᠠᠵᠤ ᠦᠢᠯᠡᠳᠪᠦᠷᠢ᠎ᠶ᠋ᠢᠨ ᠶᠡᠭᠡ ᠱᠢᠶᠠᠨ᠂ ᠵᠢᠭᠤᠯᠴᠢᠯᠠᠯ ᠤᠨ ᠨᠡᠷᠡᠲᠦ ᠱᠢᠶᠠᠨ᠎ᠢ ᠪᠤᠢᠵᠢᠭᠤᠯᠵᠤ᠂ ᠠᠵᠢᠯ ᠦᠢᠯᠡᠰ᠎ᠢᠶᠠᠨ ᠬᠥᠭ᠌ᠵᠢᠭᠦᠯᠬᠦ᠂ ᠱᠢᠶᠠᠨ ᠢᠶᠠᠨ ᠬᠦᠴᠦᠷᠬᠡᠭ᠌ᠵᠢᠭᠦᠯᠬᠦ᠂ ᠠᠷᠠᠳ᠎ᠢᠶᠠᠨ ᠪᠠᠶᠠᠵᠢᠭᠤᠯᠬᠤ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠶ᠋ᠢ ᠠᠬᠢᠭᠤᠯᠤᠨ᠎ᠠ᠃ ᠲᠠᠷᠢᠶᠠᠯᠠᠩ ᠤᠨ ᠪᠦᠲᠦᠭᠡᠭ᠌ᠳᠡᠬᠦᠨ ᠪᠤᠯᠪᠠᠰᠤᠷᠠᠭᠤᠯᠬᠤ ᠦᠢᠯᠡᠰ ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠵᠠᠬ᠎ᠠ ᠳᠡᠯᠭᠡᠭᠦᠷ ᠪᠣᠯᠤᠨ ᠭᠦᠢᠯᠭᠡᠭᠡᠨ᠎ᠤ ᠲᠤᠤᠷ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠮᠥᠷᠭᠡᠯᠡᠨ ᠬᠠᠳᠠᠭᠠᠯᠠᠵᠤ ᠱᠢᠨ᠎ᠡ ᠰᠣᠷᠭᠤᠭ ᠪᠠᠢᠯᠭᠠᠬᠤ ᠪᠠ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡᠨ᠎ᠤ ᠱᠢᠰᠲ᠋ᠧᠮ᠎ᠢ ᠪᠦᠷᠢᠨᠱᠢᠭᠦᠯᠦᠨ᠎ᠡ᠃ ᠲᠠᠷᠢᠶᠠᠯᠠᠩ ᠤᠨ ᠣᠯᠠᠨ ᠵᠦᠢᠯ᠎ᠤᠨ ᠴᠢᠳᠠᠮᠵᠢ᠎ᠶ᠋ᠢ ᠨᠡᠭᠡᠭᠡᠨ ᠬᠥᠭ᠌ᠵᠢᠭᠦᠯᠵᠦ᠍᠂ ᠬᠥᠳᠡᠭᠡ ᠲᠣᠰᠭᠤᠨ᠎ᠤ ᠣᠨᠴᠠᠯᠢᠭ᠍ᠲᠤ ᠠᠵᠤ ᠦᠢᠯᠡᠰ ᠪᠠ ᠬᠥᠳᠡᠭᠡ ᠲᠣᠰᠭᠤᠨ ᠤ ᠰᠡᠯᠡᠭᠦᠴᠡᠯ ᠵᠢᠭᠤᠯᠴᠢᠯᠠᠯ᠂ ᠰᠣᠶᠣᠯ᠎ᠤᠨ ᠪᠡᠶᠡᠴᠢᠯᠡᠨ ᠣᠢᠯᠠᠭᠠᠯᠲᠠ᠂ ᠬᠥᠳᠡᠭᠡ ᠲᠣᠰᠭᠤᠨ ᠤ ᠡᠯᠧᠺᠲᠷᠣᠨ ᠬᠤᠳᠠᠯᠳᠤᠭ᠎ᠠ ᠵᠡᠷᠭᠡ ᠱᠢᠨ᠎ᠡ ᠠᠵᠤ ᠦᠢᠯᠡᠰ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠪᠤᠢᠵᠢᠭᠤᠯᠤᠨ ᠪᠤᠵᠠᠭᠠᠢᠷᠠᠭᠤᠯᠤᠨ᠎ᠠ᠃ ᠲᠠᠷᠢᠶᠠᠴᠢᠳ ᠤᠨ ᠬᠤᠷᠱᠢᠶ᠎ᠠ᠎ᠶ᠋ᠢ ᠵᠢᠷᠤᠮᠵᠢᠭᠤᠯᠤᠨ ᠬᠥᠭ᠌ᠵᠢᠭᠦᠯᠵᠦ᠍᠂ ᠲᠠᠷᠢᠶᠠᠯᠠᠩ᠎ᠤᠨ ᠠᠵᠤ ᠦᠢᠯᠡᠰᠵᠢᠭ᠌ᠰᠡᠨ ᠳᠠᠭᠠᠭᠤᠯᠤᠭ᠍ᠴᠢ ᠠᠵᠤ ᠠᠬᠤᠢᠯᠠᠯ᠎ᠢ ᠪᠤᠢᠵᠢᠭᠤᠯᠤᠨ᠂ ᠲᠠᠷᠢᠶᠠᠴᠢᠨ᠎ᠲᠠᠢ ᠬᠤᠯᠪᠣᠭᠠᠯᠠᠵᠥ᠍ ᠲᠠᠷᠢᠶᠠᠴᠢᠨ᠎ᠢ ᠳᠠᠢᠴᠢᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠱᠢᠨ᠎ᠡ ᠬᠡᠯᠪᠡᠷᠢ ᠶ᠋ᠢᠨ ᠲᠠᠷᠢᠶᠠᠯᠠᠩ ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢ ᠲᠡᠳᠬᠦᠨ ᠳᠡᠮᠵᠢᠬᠦ᠌ ᠲᠦᠷᠦ᠍ ᠶ᠋ᠢᠨ ᠪᠤᠳᠤᠯᠭ᠎ᠠ ᠶ᠋ᠢ ᠲᠠᠷᠢᠶᠠᠴᠢᠨ ᠡᠷᠦᠬᠡ᠎ᠶ᠋ᠢᠨ ᠣᠷᠣᠯᠭ᠎ᠠ ᠶ᠋ᠢ ᠨᠡᠮᠡᠭ᠌ᠳᠡᠭᠦᠯᠬᠦ᠌᠎ᠶ᠋ᠢ ᠳᠠᠢᠴᠢᠯᠠᠬᠤᠯᠤᠭᠠ ᠬᠤᠯᠪᠣᠭ᠍ᠳᠠᠭᠤᠯᠬᠤᠶ᠋ᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃
ᠭᠤᠷᠪᠠᠳᠤᠭᠠᠷ ᠬᠡᠰᠡᠭ ᠬᠥᠳᠡᠭᠡ ᠲᠣᠰᠭᠤᠨ ᠤ ᠵᠠᠰᠠᠯᠲᠠ᠎ᠶ᠋ᠢ ᠴᠢᠩᠭᠠᠳᠭᠠᠨ ᠰᠠᠢᠵᠢᠷᠠᠭᠤᠯᠤᠨ᠎ᠠ
ᠨᠠᠮ ᠤᠨ ᠪᠠᠢᠭᠤᠯᠤᠯᠲᠠ᠎ᠶ᠋ᠢ ᠠᠳᠭᠤᠵᠤ ᠬᠥᠳᠡᠭᠡ ᠲᠣᠰᠭᠤᠨ ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠱᠢᠶᠠᠨ ᠱᠢᠶᠠᠩ ᠲᠣᠰᠭᠤᠨ ᠭᠤᠷᠪᠠᠨ ᠱᠠᠲᠤᠨ᠎ᠤ ᠵᠠᠰᠠᠯᠲᠠ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠲᠣᠰᠭᠤᠨ᠎ᠤ ᠨᠠᠮ᠎ᠤᠨ ᠡᠬᠦᠷ ᠠᠷᠠᠳ᠎ᠤᠨ ᠵᠦᠪᠯᠡᠯ᠎ᠤᠨ ᠤᠳᠤᠷᠢᠳᠭᠤ ᠪᠠᠭ ᠢᠯᠠᠩᠭᠤᠶ᠎ᠠ ᠳᠠᠭᠠᠭᠤᠯᠤᠭ᠍ᠴᠢ᠎ᠶ᠋ᠢᠨ ᠡᠩᠨᠡᠭᠡ᠎ᠶ᠋ᠢ ᠱᠢᠯᠢᠳᠡᠭ᠎ᠢ᠎ᠨᠢ ᠰᠤᠩᠭᠤᠨ ᠳᠤᠷᠪᠢᠲᠠᠢᠶ᠋ᠢᠨᠢ ᠲᠣᠬᠢᠷᠠᠭᠤᠯᠵᠤ᠂ ᠲᠣᠰᠭᠤᠨ᠎ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ᠎ᠶ᠋ᠢ ᠰᠣᠩᠭᠤᠨ ᠲᠣᠮᠢᠯᠠᠬᠤ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠱᠢᠯᠢᠳᠡᠭ᠌ᠵᠢᠭᠦᠯᠦᠨ᠎ᠡ᠃ ᠲᠣᠰᠭᠤᠨ᠎ᠤ ᠠᠷᠠᠳ᠎ᠤᠨ ᠥᠪᠡᠷᠲᠡᠭᠡᠨ ᠵᠠᠰᠠᠬᠤ ᠵᠣᠬᠢᠶᠠᠨ ᠪᠠᠢᠭᠤᠯᠤᠯᠲᠠ᠎ᠶ᠋ᠢ ᠵᠢᠷᠤᠮᠵᠢᠭᠤᠯᠤᠨ ᠪᠠᠢᠭᠤᠯᠬᠤ᠎ᠶ᠋ᠢ ᠠᠬᠢᠭᠤᠯᠵᠤ᠂ ᠲᠣᠰᠭᠤᠨ ᠤ ᠶᠠᠪᠤᠳᠠᠯ᠎ᠢ ᠢᠯᠡ ᠪᠣᠯᠭᠠᠬᠤ ᠪᠠ ᠠᠷᠠᠳᠴᠢᠯᠠᠯ᠎ᠢᠶᠠᠷ ᠬᠡᠷᠡᠭ ᠵᠥᠪᠯᠡᠬᠦ᠌ ᠳᠦᠷᠢᠮ᠎ᠢ ᠲᠡᠭᠦᠯᠳᠡᠷᠵᠢᠭᠦᠯᠵᠦ᠍᠂ ᠲᠠᠷᠢᠶᠠᠴᠢᠨ ᠲᠦᠮᠡᠨ ᠤ ᠣᠯᠠᠨ ᠠᠷᠭ᠎ᠠ ᠵᠠᠮ᠎ᠢᠶᠠᠷ ᠲᠤᠰᠭᠤᠨ᠎ᠤ ᠱᠠᠲᠤᠨ ᠤ ᠬᠡᠷᠡᠭ ᠵᠥᠪᠯᠡᠬᠦ᠌ ᠵᠥᠪᠳᠡᠯᠴᠡᠭᠡ᠎ᠳᠤ ᠣᠷᠣᠯᠴᠠᠬᠤ᠎ᠶ᠋ᠢ ᠳᠡᠮᠵᠢᠨ᠎ᠡ᠃ ᠱᠢᠨ᠎ᠡ ᠴᠠᠭ ᠦᠶ᠎ᠡ ᠶ᠋ᠢᠨ ᠬᠥᠳᠡᠭᠡ ᠲᠣᠰᠭᠤᠨ᠎ᠤ ᠣᠶᠤᠨ ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠬᠥᠳᠡᠭᠡ ᠲᠣᠰᠭᠤᠨ᠎ᠤ ᠰᠣᠶᠣᠯ ᠢ ᠴᠡᠴᠡᠭ᠌ᠯᠡᠭᠦᠯᠦᠨ ᠬᠥᠭ᠌ᠵᠢᠭᠦᠯᠵᠦ᠍᠂ ᠪᠣᠯᠪᠠᠰᠤᠨ ᠬᠥᠳᠡᠭᠡ ᠲᠣᠰᠭᠤᠨ᠎ᠤ ᠬᠡᠪ ᠰᠤᠷᠲᠠᠯ᠎ᠤᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠬᠥᠳᠡᠭᠡ ᠲᠣᠰᠭᠤᠨ᠎ᠤ ᠶᠡᠭᠡ ᠲᠤᠭᠠᠨ᠎ᠤ ᠪᠣᠭ᠍ᠲᠣᠯᠠᠬᠤ ᠪᠡᠯᠡᠭ᠎ᠢ ᠦᠷᠭᠦᠯᠵᠢᠯᠡᠨ ᠴᠡᠭ᠌ᠴᠡᠯᠡᠨ ᠵᠠᠰᠠᠨ᠎ᠠ᠃ ᠬᠥᠳᠡᠭᠡ ᠲᠣᠰᠭᠤᠨ᠎ᠤ ᠰᠣᠶᠣᠯ᠎ᠤᠨ ᠥᠪ᠎ᠢ ᠬᠠᠮᠠᠭᠠᠯᠠᠨ ᠵᠠᠯᠭᠠᠮᠵᠢᠯᠠᠵᠤ᠂ ᠨᠤᠲᠤᠭ᠎ᠤᠨ ᠪᠠᠷᠢᠯᠭ᠎ᠠ ᠪᠠ ᠤᠯᠠᠮᠵᠢᠯᠠᠯᠲᠤ ᠠᠢᠯ ᠲᠣᠰᠭᠤᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠲᠠᠷᠢᠶᠠᠯᠠᠬᠤ ᠪᠣᠯᠪᠠᠰᠤᠨ᠎ᠢ ᠦᠷᠭᠦᠯᠵᠢᠯᠡᠭᠦᠯᠦᠨ᠎ᠡ᠃
ᠬᠦᠰᠦᠨᠦᠭ᠌ᠲᠦ 12 ᠲᠠᠷᠢᠶᠠᠯᠠᠩ ᠬᠥᠳᠡᠭᠡ ᠲᠣᠰᠭᠤᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ
01 ᠦᠨᠳᠦᠷ ᠪᠠᠷᠢᠮᠵᠢᠶᠠᠲᠦ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ
ᠵᠡᠭᠦᠨ ᠬᠤᠢᠲᠤ᠎ᠶ᠋ᠢᠨ ᠬᠠᠷ᠎ᠠ ᠬᠥᠷᠥᠰᠥᠲᠦ ᠣᠷᠣᠨ᠂ ᠲᠠᠯ᠎ᠠ ᠭᠠᠵᠠᠷ ᠣᠷᠣᠨ᠂ ᠤᠰᠤᠨ ᠠᠱᠢᠭ᠍ᠯᠠᠯᠲᠠ᠎ᠶ᠋ᠢᠨ ᠤᠰᠤᠯᠠᠯᠲᠠ᠎ᠶ᠋ᠢᠨ ᠨᠥᠬᠦᠴᠡᠯ ᠪᠦᠬᠦᠢ ᠭᠠᠵᠠᠷ ᠣᠷᠣᠨ ᠵᠢᠴᠢ ᠠᠮᠤ ᠪᠤᠳᠠᠭᠠᠨ᠎ᠤ ᠤᠨᠠᠯᠲᠠ ᠥᠨᠳᠥᠷ ᠮᠥᠷᠲᠡᠭᠡᠨ ᠤᠨᠠᠯᠲᠠ᠎ᠶ᠋ᠢ ᠨᠡᠮᠡᠭ᠌ᠳᠡᠬᠦᠯᠬᠦ᠌ ᠳᠠᠯᠳᠠ ᠬᠦᠴᠦᠨ᠎ᠢᠶᠠᠷ ᠶᠡᠭᠡ ᠭᠠᠵᠠᠷ ᠣᠷᠣᠨ᠎ᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠠᠢᠭᠤᠯᠤᠨ ᠪᠦᠲᠦᠭᠡᠵᠦ᠍᠂ ᠠᠮᠤ ᠪᠤᠳᠠᠭᠠᠨ᠎ᠤ ᠦᠢᠯᠡᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ 720 ᠭᠤᠤᠯᠳᠠᠯᠭ᠎ᠠ ᠲᠠᠢ ᠱᠢᠶᠠᠨ᠎ᠤ ᠨᠥᠬᠦᠴᠡᠯ ᠪᠦᠷᠢᠳᠦᠭ᠌ᠰᠡᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ ᠢ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠠᠢᠭᠤᠯᠤᠨ ᠪᠥᠲᠥᠭᠡᠨᠡ᠃
02 ᠤᠳᠤ ᠦᠶ᠎ᠡ᠎ᠶ᠋ᠢᠨ ᠦᠷ᠎ᠡ᠎ᠶ᠋ᠢᠨ ᠦᠢᠯᠡᠰ᠎ᠤᠨ ᠬᠥᠭ᠌ᠵᠢᠯᠲᠡ
ᠤᠯᠤᠰ᠎ᠤᠨ ᠲᠠᠷᠢᠮᠠᠯ᠂ ᠮᠠᠯ ᠵᠢᠭᠦᠷᠲᠡᠨ᠂ ᠤᠰᠤᠨ ᠭᠠᠷᠤᠯᠲᠠ᠂ ᠣᠢ ᠱᠢᠭᠤᠶ ᠡᠪᠡᠰᠦ ᠪᠡᠯᠴᠢᠭᠡᠷ᠂ ᠮᠢᠺᠷᠣᠪ᠎ᠤᠨ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭᠠᠯᠠᠨ ᠠᠱᠢᠭ᠍ᠯᠠᠬᠤ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠡᠭᠦᠯᠳᠡᠷ ᠱᠢᠯᠭᠠᠨ ᠦᠨᠡᠯᠡᠬᠦ᠌ ᠱᠢᠰᠲ᠋ᠧᠮ᠎ᠢ ᠱᠢᠯᠢᠳᠡᠭ᠌ᠵᠢᠭᠦᠯᠵᠦ᠍᠂ ᠦᠷ᠎ᠡ᠎ᠶ᠋ᠢᠨ ᠦᠢᠯᠡᠰ᠎ᠤᠨ ᠱᠢᠨ᠎ᠡ᠎ᠶ᠋ᠢ ᠡᠭᠦᠳᠬᠦ᠌ ᠰᠠᠭᠤᠷᠢᠨ ᠭᠠᠵᠠᠷ᠂ ᠪᠤᠢᠵᠢᠭᠤᠯᠬᠤ ᠦᠢᠯᠡᠳᠬᠦ᠌ ᠲᠠᠷᠢᠬᠤ ᠰᠠᠭᠤᠷᠢᠨ ᠭᠠᠵᠠᠷ᠎ᠢ ᠪᠦᠲᠦᠭᠡᠨ ᠪᠠᠢᠭᠤᠯᠵᠤ᠂ ᠱᠢᠪᠲᠤᠯᠤᠯᠲᠠ ᠶ᠋ᠢᠨ ᠴᠢᠨᠠᠷᠲᠠᠶ ᠴᠢᠬᠤᠯᠠ ᠶᠡᠭᠡ ᠡᠭᠦᠯᠳᠡᠷ᠎ᠤᠨ ᠪᠤᠢᠵᠢᠭᠤᠯᠤᠯᠲᠠᠶ᠋ᠢ ᠴᠢᠩᠭᠠᠳᠭᠠᠵᠤ᠂ ᠲᠠᠷᠢᠶᠠᠯᠠᠩ ᠤᠨ ᠭᠤᠤᠯᠯᠠᠬᠤ ᠦᠷ᠎ᠡ᠎ᠶ᠋ᠢᠨ ᠢᠷᠡᠯᠲᠡ᠎ᠶ᠋ᠢᠨ ᠥᠪᠡᠷ᠎ᠢ᠎ᠪᠠᠨ ᠬᠠᠩᠭᠠᠬᠤ ᠨᠤᠷᠮ᠎ᠠ᠎ᠶ᠋ᠢ 85% ᠳᠤ ᠬᠦᠷᠭᠡᠬᠦ᠌᠎ᠶ᠋ᠢ ᠠᠬᠢᠭᠤᠯᠤᠨ᠎ᠠ᠃
03 ᠠᠮᠢᠲᠠᠨ ᠤᠷᠭᠤᠮᠠᠯ᠎ᠤᠨ ᠬᠢᠵᠢᠭ᠎ᠤᠨ ᠪᠠᠢᠳᠠᠯ ᠪᠠ ᠬᠢᠵᠢᠭ᠎ᠢ ᠰᠡᠷᠭᠡᠢᠯᠡᠨ ᠬᠢᠵᠠᠭᠠᠷᠯᠠᠬᠤ
ᠲᠠᠷᠢᠮᠠᠯ᠎ᠤᠨ ᠡᠪᠡᠳᠴᠢᠨ ᠬᠤᠷᠣᠬᠠᠶ᠎ᠶ᠋ᠢᠨ ᠬᠥᠨᠥᠭᠡᠯ ᠪᠠ ᠠᠮᠢᠲᠠᠨ᠎ᠤ ᠬᠢᠵᠢᠭ᠎ᠢ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠱᠢᠰᠲ᠋ᠧᠮ᠎ᠢ ᠪᠦᠷᠢᠨᠱᠢᠭᠦᠯᠵᠦ᠍᠂ ᠠᠮᠢᠲᠠᠨ ᠤᠷᠭᠤᠮᠠᠯ᠎ᠤᠨ ᠬᠢᠵᠢᠭ᠎ᠢ ᠰᠡᠷᠭᠡᠢᠯᠡᠨ ᠵᠠᠰᠠᠬᠤ᠂ ᠪᠠᠴᠢᠮ ᠪᠠᠢᠳᠠᠯ᠎ᠢ ᠠᠷᠭᠠᠴᠠᠨ ᠱᠢᠢᠳᠪᠦᠷᠢᠯᠡᠬᠦ᠂ ᠲᠤᠰᠠᠭᠠᠷᠯᠠᠨ ᠬᠢᠵᠢᠭ ᠪᠠᠢᠴᠠᠭᠠᠬᠤ ᠪᠠ ᠬᠤᠤᠷ ᠦᠭᠡᠢᠵᠢᠬᠦᠯᠦᠨ ᠱᠢᠢᠳᠪᠦᠷᠢᠯᠡᠬᠦ᠌ ᠵᠡᠷᠭᠡ ᠪᠦᠬᠦ᠌ ᠬᠡᠯᠬᠢᠶᠡᠨ᠎ᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠲᠠᠷᠢᠶᠠᠨ ᠡᠮ ᠮᠠᠯ ᠤᠨ ᠡᠮ ᠢ ᠬᠢᠨᠠᠨ ᠬᠡᠮᠵᠢᠵᠦ᠍ ᠦᠨᠡᠯᠡᠬᠦ᠌ ᠵᠡᠷᠭᠡ ᠮᠡᠷᠭᠡᠵᠢᠯ᠎ᠤᠨ ᠲᠤᠯᠭᠠᠭᠤᠷᠢᠯᠠᠯ᠎ᠢ ᠴᠢᠩᠭᠠᠳᠭᠠᠨ᠎ᠠ᠃
04 ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠵᠠᠰᠠᠬᠤ
ᠬᠥᠬᠡᠮᠥ᠋ᠷᠡᠨ᠂ ᠬᠠᠳᠤᠨ ᠭᠤᠤᠯ ᠵᠡᠷᠭᠡ ᠰᠠᠪᠠ ᠭᠠᠵᠠᠷ᠎ᠢᠶᠠᠷ ᠭᠤᠤᠯᠳᠠᠯᠭ᠎ᠠ ᠪᠣᠯᠭᠠᠵᠤ᠂ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠶᠡᠷᠦᠩᠬᠡᠢᠯᠡᠨ ᠵᠠᠰᠠᠬᠤ᠎ᠶ᠋ᠢ ᠬᠡᠷᠡᠭ᠌ᠵᠢᠭᠦᠯᠵᠦ᠍᠂ ᠬᠢᠮᠢ᠎ᠶ᠋ᠢᠨ ᠪᠣᠷᠳᠣᠭᠤᠷ ᠲᠠᠷᠢᠶᠠᠨ ᠡᠮ᠎ᠢ ᠱᠢᠨᠵᠢᠯᠡᠬᠦ᠌ ᠤᠬᠠᠭᠠᠨᠴᠢ᠎ᠪᠠᠷ ᠬᠡᠷᠡᠭ᠌ᠯᠡᠬᠦ᠂ ᠮᠠᠯ ᠵᠢᠭᠦᠷᠲᠡᠨ᠎ᠤ ᠢᠯᠭᠠᠳᠠᠰᠤ ᠵᠡᠷᠭᠡ ᠲᠠᠷᠢᠶᠠᠯᠠᠩ᠎ᠤᠨ ᠬᠠᠶᠠᠭ᠍ᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃
05 ᠬᠥᠳᠡᠭᠡ ᠲᠣᠰᠭᠤᠨ᠎ᠤ ᠣᠳᠣ ᠦᠶ᠎ᠡ᠎ᠶ᠋ᠢᠨ ᠠᠮᠢᠳᠤᠷᠠᠯ᠎ᠤᠨ ᠨᠥᠬᠦᠴᠡᠯ᠎ᠤᠨ ᠳᠤᠲᠠᠭᠤᠳᠠᠯ᠎ᠢ ᠨᠥᠬᠦᠪᠥᠷᠢᠯᠡᠬᠦ᠌
ᠨᠥᠬᠦᠴᠡᠯ᠎ᠳᠤ ᠨᠡᠢᠴᠡᠭ᠌ᠰᠡᠨ ᠠᠢᠯ ᠲᠣᠰᠭᠤᠨ᠎ᠤ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠲᠣᠰᠭᠤᠨ᠎ᠤ ᠵᠠᠮ᠂ ᠤᠰᠤ ᠬᠠᠩᠭᠠᠬᠤ ᠤᠰᠤ ᠵᠠᠯᠠᠬᠤ᠂ ᠵᠣᠷᠯᠣᠩ᠎ᠤᠨ ᠠᠷᠢᠭᠤᠨ ᠴᠡᠪᠡᠷ ᠥᠭᠡᠷᠡᠴᠢᠯᠡᠯᠲᠡ᠂ ᠠᠮᠢᠳᠤᠷᠠᠯ᠎ᠤᠨ ᠬᠤᠭ ᠨᠣᠪᠰᠢ ᠪᠠ ᠪᠤᠬᠢᠷ ᠤᠰᠤ ᠶ᠋ᠢ ᠱᠢᠢᠳᠪᠦᠷᠢᠯᠡᠬᠦ᠂ ᠨᠠᠰᠤᠵᠢᠯ ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠲᠦᠬᠦᠭᠡᠷᠦᠮᠵᠢ ᠵᠡᠷᠭᠡ ᠳᠤᠲᠠᠭᠤᠳᠠᠯ᠎ᠢ ᠨᠥᠬᠦᠪᠥᠷᠢᠯᠡᠬᠦ᠌ ᠶ᠋ᠢ ᠳᠠᠮᠵᠢᠨ᠎ᠠ᠃
ᠬᠤᠷᠢᠨ ᠳᠣᠯᠣᠳᠤᠭᠠᠷ ᠪᠦᠯᠦᠭ ᠲᠠᠷᠢᠶᠠᠯᠠᠩ᠎ᠢ ᠬᠦᠴᠦᠷᠬᠡᠭ᠌ᠵᠢᠭᠦᠯᠬᠦ᠌ ᠬᠦᠳᠡᠭᠡ ᠲᠤᠰᠭᠤᠨ᠎ᠳᠤ ᠠᠱᠢᠭ ᠬᠦᠷᠲᠡᠭᠡᠬᠦ᠌ ᠲᠠᠷᠢᠶᠠᠴᠢᠳ᠎ᠢ ᠪᠠᠶᠠᠵᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢᠨ ᠥᠢᠯᠡᠳᠥᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠲᠠᠷᠢᠶᠠᠯᠠᠩ ᠬᠥᠳᠡᠭᠡ ᠲᠣᠰᠭᠤᠨ᠎ᠢ ᠤᠷᠢᠳ᠎ᠢᠶᠠᠷ ᠬᠥᠭ᠌ᠵᠢᠭᠦᠯᠬᠦ᠌ ᠪᠠᠢᠭᠤᠯᠤᠯ ᠲᠣᠭ᠍ᠲᠠᠴᠠ ᠪᠠ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠬᠤᠳᠠ ᠬᠥᠳᠡᠭᠡ᠎ᠶ᠋ᠢᠨ ᠡᠯᠧᠮᠧᠨ᠋ᠲ᠎ᠤᠨ ᠬᠤᠤᠰ ᠴᠢᠭ᠌ᠯᠡᠯ᠎ᠢᠶᠠᠷ ᠱᠢᠯᠵᠢᠬᠦ᠌᠎ᠶ᠋ᠢ ᠠᠬᠢᠭᠤᠯᠵᠤ᠂ ᠲᠠᠷᠢᠶᠠᠯᠠᠩ ᠬᠥᠳᠡᠭᠡ ᠲᠣᠰᠭᠤᠨ᠎ᠤ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠴᠢᠩᠭᠠᠳᠭᠠᠨ᠎ᠠ᠃
ᠨᠢᠭᠡᠳᠦᠭᠡᠷ ᠬᠡᠰᠡᠭ ᠲᠠᠷᠢᠶᠠᠯᠠᠩ ᠬᠥᠳᠡᠭᠡ ᠲᠣᠰᠭᠤᠨ᠎ᠤ ᠣᠷᠣᠭᠤᠯᠤᠯᠲᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠨ᠎ᠠ
ᠡᠳ᠋᠎ᠤᠨ ᠵᠠᠰᠠᠭ᠎ᠠᠴᠠ ᠤᠷᠢᠳ᠎ᠢᠶᠠᠷ ᠪᠠᠲᠤᠯᠠᠬᠤ᠂ ᠮᠥᠩᠭᠦᠨ ᠬᠥᠢᠯᠭᠡᠭᠡ᠎ᠶ᠋ᠢ ᠭᠤᠤᠯᠳᠠᠯᠭ᠎ᠠ᠎ᠲᠠᠢ ᠬᠡᠯᠪᠠᠢᠯᠭᠡᠬᠦ᠂ ᠨᠡᠢᠭᠡᠮ ᠨᠡᠢᠳᠡ᠎ᠪᠠᠷ᠎ᠢᠶᠠᠨ ᠢᠳᠡᠪᠬᠢᠲᠡᠶ ᠣᠷᠣᠯᠴᠠᠬᠤ ᠣᠯᠠᠨ ᠡᠱᠢᠲᠦ ᠣᠷᠣᠭᠤᠯᠤᠯᠲᠠ᠎ᠶ᠋ᠢᠨ ᠪᠠᠢᠷᠢᠱᠢᠯ᠎ᠢ ᠪᠥᠷᠢᠨᠱᠢᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠣᠷᠣᠭᠤᠯᠤᠯᠲᠠ᠎ᠶ᠋ᠢᠨ ᠡᠷᠴᠢᠮ᠎ᠢ ᠲᠠᠰᠤᠷᠠᠯᠲᠠ ᠥᠬᠡᠶ ᠴᠢᠩᠭᠠᠷᠠᠭᠤᠯᠬᠤ᠎ᠶ᠋ᠢ ᠦᠨᠡᠨ ᠬᠦ᠌ ᠪᠠᠲᠤᠯᠠᠨ᠎ᠠ᠃ ᠲᠠᠷᠢᠶᠠᠯᠠᠩ ᠬᠥᠳᠡᠭᠡ ᠲᠣᠰᠭᠤᠨ᠎ᠤ ᠬᠦᠷᠢᠶᠡᠨ᠎ᠳᠠᠬᠢ ᠡᠩ᠎ᠤᠨ ᠣᠯᠠᠨ ᠨᠡᠢᠲᠡ᠎ᠶ᠋ᠢᠨ ᠲᠥᠰᠦᠪ᠎ᠤᠨ ᠣᠷᠣᠭᠤᠯᠤᠯᠲᠠ᠎ᠶ᠋ᠢ ᠤᠷᠢᠳ᠎ᠢᠶᠠᠷ ᠪᠠᠲᠤᠯᠠᠵᠤ᠂ ᠡᠳ᠋᠎ᠤᠨ ᠵᠠᠰᠠᠭ᠎ᠤᠨ ᠲᠠᠷᠢᠶᠠᠯᠠᠩ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ ᠴᠢᠳᠠᠪᠤᠷᠢ ᠪᠠ ᠪᠡᠯᠡ ᠮᠥᠩᠭᠦ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠱᠢᠭ ᠣᠷᠣᠯᠭ᠎ᠠ᠎ᠶ᠋ᠢ ᠪᠠᠲᠤᠯᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠦᠨ᠎ᠡ ᠬᠠᠩᠰᠢ᠂ ᠨᠥᠬᠦᠪᠥᠷᠢ᠂ ᠳᠠᠭᠠᠳᠭᠠᠯ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠬᠠᠮᠵᠢᠯᠴᠠᠭ᠎ᠠ᠎ᠶ᠋ᠢ ᠴᠢᠩᠭᠠᠳᠭᠠᠵᠤ᠂ ᠲᠠᠷᠢᠶᠠᠴᠢᠳ᠎ᠤᠨ ᠲᠠᠷᠢᠶᠠᠨ ᠠᠵᠢᠯ ᠬᠢᠵᠦ᠍ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠬᠠᠮᠠᠭᠠᠯᠠᠨ ᠳᠠᠢᠴᠢᠯᠠᠨ᠎ᠠ᠃ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ᠎ᠤ ᠠᠱᠢᠭ ᠲᠤᠰᠠ᠎ᠶ᠋ᠢᠨ ᠨᠥᠬᠦᠪᠥᠷᠢ᠎ᠶ᠋ᠢᠨ ᠡᠷᠴᠢᠮ᠎ᠢ ᠴᠢᠩᠭᠠᠷᠠᠭᠤᠯᠵᠤ᠂ ᠭᠠᠷᠤᠯᠳᠠ᠎ᠶ᠋ᠢᠨ ᠤᠷᠤᠨ ᠪᠣᠷᠣᠯᠠᠭᠤᠯᠭ᠎ᠠ᠎ᠶ᠋ᠢᠨ ᠣᠷᠣᠨ᠎ᠤ ᠮᠤᠵᠢ᠎ᠶ᠋ᠢᠨ ᠬᠤᠭᠤᠷᠣᠨᠳᠣᠬᠢ ᠬᠥᠨᠳᠡᠯᠡᠨ ᠴᠢᠭ᠌ᠯᠡᠯ᠎ᠤᠨ ᠠᠱᠢᠭ ᠲᠤᠰᠠ᠎ᠶ᠋ᠢᠨ ᠨᠥᠬᠦᠪᠥᠷᠢ ᠥᠭ᠌ᠭᠦ᠎ᠶ᠋ᠢ ᠬᠡᠷᠡᠭ᠌ᠵᠢᠭᠦᠯᠵᠦ᠍᠂ ᠠᠮᠤ ᠪᠤᠳᠠᠭᠠᠨ᠎ᠤ ᠭᠠᠷᠤᠯᠲᠠ ᠶᠡᠬᠡᠲᠡᠶ ᠱᠢᠶᠠᠨ᠎ᠳᠤ ᠤᠯᠭᠤᠬᠤ ᠱᠠᠩᠨᠠᠯ ᠨᠥᠬᠦᠪᠥᠷᠢ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃ ᠲᠠᠷᠢᠶᠠᠯᠠᠩ ᠬᠥᠳᠡᠭᠡ ᠲᠣᠰᠭᠤᠨ᠎ᠤ ᠣᠨᠴᠠᠯᠢᠭᠲᠤ ᠳᠣᠭᠢᠷᠬᠠᠰᠠᠨ ᠮᠥᠩᠭᠦᠨ ᠭᠦᠢᠯᠭᠡᠭᠡᠨ᠎ᠤ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠵᠦ᠍᠂ ᠣᠯᠠᠨ ᠳᠡᠰ ᠳᠠᠪᠬᠤᠷᠭ᠎ᠠ᠎ᠶ᠋ᠢᠨ ᠲᠠᠷᠢᠶᠠᠯᠠᠩ᠎ᠤᠨ ᠳᠠᠭᠠᠳᠭᠠᠯ᠎ᠢ ᠬᠥᠭ᠌ᠵᠢᠭᠦᠯᠵᠦ᠍᠂ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠳᠠᠭᠠᠳᠭᠠᠯ᠎ᠢ ᠬᠥᠭ᠌ᠵᠢᠭᠦᠯᠬᠦ᠌᠎ᠶ᠋ᠢ ᠲᠡᠮᠵᠢᠨ᠎ᠠ᠃
ᠬᠤᠶᠠᠳᠤᠭᠠᠷ ᠬᠡᠰᠡᠭ ᠲᠠᠷᠢᠶᠠᠯᠠᠩ ᠬᠥᠳᠡᠭᠡ ᠲᠣᠰᠭᠤᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ
ᠬᠥᠳᠡᠭᠡ ᠲᠣᠰᠭᠤᠨ᠎ᠤ ᠦᠨᠳᠦᠰᠦᠨ ᠡᠵᠡᠩᠨᠡᠯᠲᠡ᠎ᠶ᠋ᠢᠨ ᠲᠦᠷᠢᠮ᠎ᠢ ᠪᠠᠬᠢᠵᠢᠭᠦᠯᠦᠨ ᠲᠡᠭᠦᠯᠳᠡᠷᠵᠢᠭᠦᠯᠵᠦ᠍᠂ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠠᠷᠢᠴᠠᠭ᠎ᠠ᠎ᠶ᠋ᠢ ᠲᠣᠭ᠍ᠲᠠᠪᠤᠷᠢᠵᠢᠭᠤᠯᠵᠤ᠂ ᠬᠤᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠤᠭᠤᠴᠠᠭ᠎ᠠ᠎ᠨᠢ ᠲᠤᠯᠤᠭ᠍ᠰᠠᠨ᠎ᠤ ᠳᠠᠷᠠᠭ᠎ᠠ ᠳᠠᠬᠢᠭᠠᠳ 30 ᠵᠢᠯ ᠤᠷᠲᠤᠳᠭᠠᠬᠤ ᠲᠤᠷᠱᠢᠯᠲᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠳᠠᠭᠠᠭᠠᠴᠢᠯᠠᠯᠲᠠ᠎ᠶ᠋ᠢᠨ ᠭᠠᠵᠠᠷ ᠱᠢᠷᠤᠢ᠎ᠶ᠋ᠢᠨ ᠡᠵᠡᠩᠨᠡᠯᠲᠡ᠎ᠶ᠋ᠢᠨ ᠡᠷᠬᠡ᠎ᠶ᠋ᠢᠨ ᠡᠷᠭᠢᠯᠲᠡ᠎ᠶ᠋ᠢᠨ ᠦᠨ᠎ᠡ ᠬᠠᠩᠰᠢ᠎ᠶ᠋ᠢ ᠪᠦᠷᠢᠯᠳᠦᠭᠦᠯᠬᠦ᠌ ᠲᠣᠭ᠍ᠲᠠᠴᠠ ᠪᠠ ᠬᠠᠮᠢᠶᠠᠷᠤᠯᠲᠠ ᠦᠢᠯᠡᠴᠢᠯᠡᠭᠡᠨ᠎ᠤ ᠳᠦᠷᠢᠮ᠎ᠢ ᠪᠦᠷᠢᠨᠱᠢᠭᠦᠯᠦᠨ᠎ᠡ᠃ ᠲᠠᠷᠢᠶᠠᠯᠠᠩ᠎ᠤᠨ ᠵᠣᠬᠢᠬᠤ ᠬᠡᠪᠴᠢᠶᠡᠲᠦ ᠡᠵᠡᠩᠨᠡᠯᠲᠡ᠎ᠶ᠋ᠢ ᠬᠥᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠬᠥᠭ᠌ᠵᠢᠯᠲᠡ᠎ᠶ᠋ᠢᠨ ᠶᠠᠰᠥ᠍ ᠴᠢᠨᠠᠷ᠎ᠢ ᠳᠡᠭᠡᠭ᠌ᠰᠢᠯᠡᠭᠦᠯᠵᠦ᠍᠂ ᠳᠥᠭᠦᠮ ᠳᠥᠲᠡ ᠥᠨᠳᠥᠷ ᠪᠦᠲᠦᠮᠵᠢᠲᠡᠶ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠵᠢᠵᠢᠭ ᠲᠠᠷᠢᠶᠠᠴᠢᠨ ᠡᠷᠦᠬᠡ ᠪᠠ ᠤᠳᠤ ᠦᠶ᠎ᠡ᠎ᠶ᠋ᠢᠨ ᠲᠠᠷᠢᠶᠠᠯᠠᠩ᠎ᠤᠨ ᠬᠥᠭ᠌ᠵᠢᠯᠲᠡ᠎ᠶ᠋ᠢ ᠣᠷᠭᠠᠨᠢᠭ᠎ᠢᠶᠠᠷ ᠵᠣᠯᠭᠠᠯᠳᠤᠭᠤᠯᠬᠤ᠎ᠶ᠋ᠢ ᠠᠬᠢᠭᠤᠯᠤᠨ᠎ᠠ᠃ ᠬᠠᠩᠭᠠᠨ ᠪᠣᠷᠣᠯᠠᠭᠤᠯᠬᠤ ᠬᠤᠷᠱᠢᠶᠠᠨ᠎ᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠠᠷᠪᠢᠲᠠᠶ ᠪᠥᠭᠡᠳ ᠡᠷᠴᠢᠮᠯᠢᠭ ᠠᠱᠢᠭ᠍ᠯᠠᠵᠤ᠂ ᠵᠠᠬ᠎ᠠ ᠳᠡᠯᠭᠡᠭᠦᠷ᠎ᠲᠤ ᠣᠷᠣᠭᠤᠯᠬᠤ ᠥᠭᠡᠷᠡᠴᠢᠯᠡᠯᠲᠡ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠭᠠᠵᠠᠷ ᠱᠢᠷᠣᠶ᠎ᠶ᠋ᠢᠨ ᠦᠷᠳᠡᠭ ᠨᠡᠮᠡᠭ᠌ᠳᠡᠯ᠎ᠤᠨ ᠠᠱᠢᠭ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠭᠡᠷ ᠪᠠᠢᠱᠢᠩ ᠭᠠᠵᠠᠷ ᠱᠢᠷᠣᠶ᠎ᠶ᠋ᠢ ᠨᠢᠭᠡ ᠴᠣᠭ᠍ᠴᠠᠵᠢᠭᠤᠯᠤᠭ᠍ᠰᠠᠨ ᠣᠷᠣᠨ ᠰᠠᠭᠤᠴᠠ᠎ᠶ᠋ᠢᠨ ᠭᠠᠵᠠᠷ᠎ᠤᠨ ᠡᠷᠬᠡ᠎ᠶ᠋ᠢ ᠨᠤᠲᠠᠯᠠᠨ ᠲᠤᠭ᠍ᠲᠠᠭᠠᠵᠤ ᠳᠠᠩᠰᠠᠯᠠᠵᠤ ᠦᠨᠡᠮᠯᠡᠯ ᠣᠯᠭᠤᠬᠤ ᠠᠵᠢᠯ᠎ᠢ ᠲᠦᠷᠭᠡᠯᠡᠨ ᠪᠡᠶᠡᠯᠡᠭᠦᠯᠵᠦ᠍᠂ ᠬᠥᠳᠡᠭᠡ ᠲᠣᠰᠭᠤᠨ᠎ᠤ ᠣᠷᠣᠨ ᠰᠠᠭᠤᠴᠠ᠎ᠶ᠋ᠢᠨ ᠭᠠᠵᠠᠷ᠎ᠤᠨ ᠵᠢᠷᠤᠮᠵᠢᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠵᠤ᠂ ᠰᠤᠯᠠ ᠪᠠᠢᠭ᠎ᠠ ᠭᠠᠵᠠᠷ ᠱᠢᠷᠣᠶ ᠪᠣᠯᠤᠨ ᠭᠡᠷ ᠪᠠᠢᠱᠢᠩ᠎ᠢ ᠬᠠᠤᠯᠢ ᠶᠣᠰᠣᠭᠠᠷ ᠠᠮᠢᠳᠤᠯᠢᠭ ᠪᠤᠯᠭᠠᠨ ᠰᠠᠢᠲᠤᠷ ᠬᠡᠷᠡᠭ᠌ᠯᠡᠨ᠎ᠡ᠃ ᠬᠥᠳᠡᠭᠡ ᠲᠣᠰᠭᠤᠨ᠎ᠤ ᠬᠠᠮᠲᠤ᠎ᠶ᠋ᠢᠨ ᠥᠮᠴᠢᠯᠡᠯ᠎ᠤᠨ ᠡᠷᠬᠡ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠥᠳᠡᠭᠡ ᠲᠣᠰᠭᠤᠨ᠎ᠤ ᠱᠢᠨ᠎ᠡ ᠬᠡᠯᠪᠡᠷᠢ᠎ᠶ᠋ᠢᠨ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠲᠡᠮᠵᠢᠨ᠎ᠠ᠃ ᠬᠥᠳᠡᠭᠡ ᠲᠣᠰᠭᠤᠨ᠎ᠤ ᠥᠮᠴᠢᠯᠡᠬᠦ᠌ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠵᠢᠷᠤᠮᠵᠢᠭᠤᠯᠬᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠡᠯ᠎ᠡ ᠲᠦᠷᠦᠯ᠎ᠤᠨ ᠴᠢᠳᠠᠪᠤᠷᠢᠲᠠᠨ᠎ᠤ ᠬᠥᠳᠡᠭᠡ ᠪᠠᠭᠤᠵᠤ ᠦᠢᠯᠡᠴᠢᠯᠡᠬᠦ᠌ ᠪᠠ ᠠᠳᠠᠯ ᠦᠢᠯᠡᠰ ᠴᠣᠭ᠍ᠴᠠᠯᠠᠵᠤ ᠠᠵᠢᠯ ᠤᠯᠬᠤ᠎ᠶ᠋ᠢ ᠤᠷᠮᠠᠱᠢᠭᠤᠯᠤᠨ᠎ᠠ᠃
ᠭᠤᠷᠪᠠᠳᠤᠭᠠᠷ ᠬᠡᠰᠡᠭ ᠪᠠᠢᠩᠭᠤ᠎ᠶ᠋ᠢᠨ ᠴᠢᠨᠠᠷᠲᠠᠢ᠎ᠪᠠᠷ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ
ᠳᠠᠬᠢᠨ ᠶᠠᠳᠠᠭᠤᠷᠠᠬᠤ ᠪᠠ ᠶᠠᠳᠠᠭᠤᠷᠠᠬᠤ᠎ᠠᠴᠠ ᠰᠡᠷᠭᠡᠢᠯᠡᠬᠦ᠌ ᠪᠠᠢᠡᠭ᠌ᠭᠤᠵᠢᠭ᠍ᠰᠠᠨ ᠲᠣᠭ᠍ᠲᠠᠴᠠ᠎ᠶ᠋ᠢ ᠨᠢᠭᠡᠳᠦᠯᠲᠡᠶ ᠲᠥᠯᠥᠪᠯᠡᠨ ᠪᠠᠢᠭᠤᠯᠵᠤ᠂ ᠨᠠᠷᠢᠯᠢᠬ ᠣᠨᠣᠴᠠᠲᠠᠶ᠎ᠪᠠᠷ ᠬᠠᠪᠰᠤᠷᠤᠨ ᠲᠡᠳᠬᠦᠬᠦ᠌᠎ᠶ᠋ᠢ ᠪᠠᠷᠢᠮᠲᠠᠯᠠᠵᠥ᠍᠂ ᠦᠨᠳᠦᠰᠦᠨ ᠵᠦᠢᠯ᠎ᠢ ᠪᠠᠲᠤᠯᠠᠬᠤ ᠮᠠᠶᠢᠭ᠎ᠤᠨ ᠪᠠᠲᠤᠯᠠᠭ᠎ᠠ᠎ᠶ᠋ᠢ ᠲᠡᠭᠦᠯᠳᠡᠷᠵᠢᠭᠦᠯᠵᠦ᠍᠂ ᠠᠵᠤ ᠦᠢᠯᠡᠰ᠂ ᠠᠵᠢᠯ ᠣᠯᠭᠤᠯᠲᠠ ᠵᠡᠷᠭᠡ᠎ᠶ᠋ᠢᠨ ᠨᠡᠭᠡᠭᠡᠨ ᠬᠥᠭ᠌ᠵᠢᠭᠦᠯᠬᠦ᠌ ᠮᠠᠶᠢᠭ᠎ᠤᠨ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠳᠣᠲᠣᠭᠠᠳᠤ ᠬᠥᠳᠡᠯᠭᠡᠭ᠌ᠴᠢ ᠬᠦᠴᠦᠨ᠎ᠢ ᠴᠢᠩᠭᠠᠳᠭᠠᠨ᠂ ᠬᠥᠭ᠌ᠵᠢᠯᠳᠠ ᠪᠠᠭᠤᠷᠠᠢ ᠭᠠᠵᠠᠷ ᠣᠷᠣᠨ᠎ᠢ ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠵᠦ᠍᠂ ᠬᠡᠪᠴᠢᠶᠡᠵᠢᠯ᠎ᠤᠨ ᠴᠢᠨᠠᠷᠲᠠᠶ᠎ᠪᠠᠷ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠠᠢᠳᠠᠯ ᠡᠭᠦᠰᠭᠦ ᠥᠬᠡᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠣᠲᠣ ᠪᠠᠢᠭ᠎ᠠ ᠤᠯᠤᠰ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠢ ᠬᠠᠪᠰᠤᠷᠤᠨ ᠲᠡᠳᠬᠦᠬᠦ᠌ ᠱᠢᠶᠠᠨ᠎ᠤ ᠬᠡᠪᠴᠢᠶ᠎ᠡ᠎ᠶ᠋ᠢ ᠱᠢᠯᠢᠳᠡᠭ᠌ᠵᠢᠭᠦᠯᠵᠦ᠍᠂ ᠳᠡᠮᠵᠢᠬᠦ᠌ ᠲᠥᠷᠥ᠎ᠶ᠋ᠢᠨ ᠪᠣᠳᠣᠯᠭ᠎ᠠ ᠪᠤᠯᠤᠨ ᠤᠷᠮᠠᠱᠢᠭᠤᠯᠤᠨ ᠬᠢᠵᠠᠭᠠᠷᠯᠠᠬᠤ ᠲᠤᠭ᠍ᠲᠠᠴᠠ᠎ᠶ᠋ᠢ ᠲᠡᠬᠦᠯᠳᠡᠷᠵᠢᠬᠦᠯᠦᠨ᠎ᠡ᠃ ᠵᠡᠭᠦᠨ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ ᠬᠠᠮᠵᠢᠯᠴᠠᠬᠤ᠂ ᠠᠵᠢᠯ ᠲᠥᠷᠥᠯ᠎ᠤᠨ ᠱᠢᠰᠲ᠋ᠧᠮ᠎ᠢᠶᠠᠷ᠎ᠢᠶᠠᠨ ᠬᠠᠮᠲᠤᠷᠠᠯᠴᠠᠬᠤ ᠵᠡᠷᠭᠡ ᠲᠤᠭ᠍ᠲᠠᠴᠠ᠎ᠶ᠋ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠲᠥᠪ᠎ᠤᠨ ᠨᠢᠭᠡᠴᠢ᠎ᠶ᠋ᠢᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌᠎ᠶ᠋ᠢ ᠦᠷᠭᠦᠯᠵᠢᠯᠡᠨ ᠰᠠᠢᠲᠤᠷ ᠬᠢᠵᠦ᠍᠂ ᠺᠠᠳ᠋ᠷ ᠴᠢᠳᠠᠪᠤᠷᠢᠲᠠᠨ᠎ᠤ 《ᠪᠦᠯᠬᠦᠮ ᠮᠠᠶᠢᠭ》 ᠤ᠋ᠨ ᠬᠠᠪᠰᠤᠷᠤᠨ ᠲᠡᠳᠭᠦᠬᠦ᠌ ᠠᠵᠢᠯᠯᠠᠭ᠎ᠠ᠎ᠶ᠋ᠢ ᠬᠦᠨᠵᠡᠭᠡᠢᠷᠡᠭᠦᠯᠦᠨ ᠦᠷᠨᠢᠭᠦᠯᠦᠨ᠎ᠡ᠃ ᠲᠣᠮᠣ ᠬᠡᠯᠪᠡᠷᠢ᠎ᠶ᠋ᠢᠨ ᠪᠠ ᠣᠨᠴᠠ ᠲᠣᠮᠣ ᠬᠡᠯᠪᠡᠷᠢ᠎ᠶ᠋ᠢᠨ ᠲᠥᠪᠬᠢᠨᠡᠭᠦᠯᠬᠦ᠌ ᠣᠷᠣᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠨᠳᠣᠦ ᠭᠠᠵᠠᠷ᠎ᠲᠤ ᠨᠡᠭᠦᠯᠭᠡᠭ᠌ᠰᠡᠨ᠎ᠤ ᠳᠠᠷᠠᠭᠠᠬᠢ ᠲᠡᠳᠬᠦᠨ ᠲᠡᠮᠵᠢᠬᠦ᠌ ᠠᠵᠢᠯ᠎ᠢ ᠴᠢᠩᠭᠠᠳᠭᠠᠨ᠎ᠠ᠃ ᠵᠠᠬ᠎ᠠ ᠳᠡᠯᠭᠡᠭᠦᠷᠴᠢᠯᠡᠬᠦ᠌᠎ᠪᠠᠷ ᠤᠳᠤᠷᠢᠳᠤᠮᠵᠢ ᠪᠣᠯᠭᠠᠭ᠍ᠰᠠᠨ ᠬᠡᠷᠡᠭ᠌ᠯᠡᠭᠡ᠎ᠪᠠᠷ ᠬᠠᠪᠰᠤᠷᠤᠨ ᠲᠡᠳᠬᠦᠬᠦ᠌᠎ᠶ᠋ᠢ ᠠᠬᠢᠭᠤᠯᠤᠨ᠎ᠠ᠃ ᠬᠠᠪᠰᠤᠷᠤᠨ ᠲᠡᠳᠬᠦᠬᠦ᠌ ᠲᠦᠰᠦᠯ᠎ᠤᠨ ᠡᠳ᠋ ᠬᠥᠷᠥᠩᠭᠡ᠎ᠶ᠋ᠢᠨ ᠵᠢᠷᠤᠮᠵᠢᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠠᠵᠢᠯ ᠣᠯᠭᠤᠯᠲᠠ᠎ᠪᠠᠷ ᠲᠡᠳᠬᠦᠮᠵᠢ᠎ᠶ᠋ᠢ ᠣᠷᠣᠯᠠᠭᠤᠯᠬᠤ᠎ᠶ᠋ᠢ ᠡᠷᠴᠢᠮ᠎ᠢ ᠴᠢᠩᠭᠠᠷᠠᠭᠤᠯᠤᠨ ᠬᠡᠪᠴᠢᠶ᠎ᠠ᠎ᠶ᠋ᠢ ᠥᠷᠭᠡᠳᠭᠡᠨ ᠬᠡᠷᠡᠭ᠌ᠵᠢᠭᠦᠯᠦᠨ᠎ᠡ᠃ ᠭᠠᠮᠱᠢᠬᠤᠨ ᠠᠶᠤᠯ᠎ᠠᠴᠠ ᠵᠠᠢᠯᠠᠭᠤᠯᠵᠦ᠍ ᠨᠡᠬᠦᠯᠬᠡᠬᠦ᠌ ᠠᠵᠢᠯ᠎ᠢ ᠨᠢᠬᠡᠳᠦᠯᠳᠠᠢ ᠲᠦᠯᠦᠪᠯᠡᠨ ᠠᠬᠢᠭᠤᠯᠤᠨ᠎ᠠ᠃
ᠶᠢᠰᠦᠳᠦᠭᠡᠷ ᠠᠩᠬᠢ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠯᠠᠭᠤᠯᠣᠯᠳᠠᠶ᠋ᠢ ᠱᠢᠯᠢᠳᠡᠭ᠌ᠵᠢᠭᠦᠯᠵᠦ᠍ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ
ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠂ ᠣᠷᠣᠨ ᠪᠦᠰᠡ᠎ᠶ᠋ᠢᠨ ᠴᠢᠬᠤᠯᠠ ᠶᠡᠭᠡ ᠪᠠᠢᠯᠳᠤᠬᠤ ᠪᠣᠳᠣᠯᠭ᠎ᠠ᠂ ᠪᠡᠶᠡᠴᠢ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠳᠠᠪᠬᠤᠴᠠᠯ ᠨᠦᠯᠦᠭᠡᠯᠡᠯ᠎ᠢ ᠪᠠᠳᠠᠷᠠᠭᠤᠯᠵᠤ᠂ ᠣᠷᠣᠨ ᠪᠦᠰᠡ᠎ᠶ᠋ᠢᠨ ᠳᠣᠲᠣᠷᠠᠬᠢ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠬᠦ᠌ ᠪᠠ ᠣᠷᠣᠨ ᠪᠦᠰᠡ᠎ᠶ᠋ᠢᠨ ᠬᠤᠭᠤᠷᠣᠨᠳᠣᠬᠢ ᠬᠤᠯᠪᠣᠯᠳᠣᠨ ᠬᠥᠳᠡᠯᠦᠯᠴᠡᠬᠦ᠌ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠬᠤᠯᠠ ᠶᠡᠭᠡ ᠦᠢᠯᠡᠳᠪᠦᠷᠢᠯᠡᠯ᠎ᠤᠨ ᠬᠦᠴᠦᠨ᠎ᠤ ᠪᠠᠢᠷᠢᠯᠠᠭᠤᠯᠣᠯᠳᠠᠶ᠋ᠢ ᠱᠢᠯᠢᠳᠡᠭ᠌ᠵᠢᠭᠦᠯᠦᠨ᠂ ᠭᠤᠣᠯᠳᠠᠯᠭ᠎ᠠ᠎ᠲᠠᠢ ᠣᠷᠣᠨ ᠪᠦᠰᠡ᠎ᠶ᠋ᠢᠨ ᠨᠡᠮᠡᠭ᠌ᠳᠡᠯ᠎ᠤᠨ ᠲᠦᠢᠯ᠎ᠤᠨ ᠦᠢᠯᠡᠳᠦᠯ᠎ᠢ ᠪᠠᠳᠠᠷᠠᠭᠤᠯᠵᠤ᠂ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠦᠪᠥᠷᠢᠯᠡᠭ᠌ᠰᠡᠨ᠂ ᠴᠢᠨᠠᠷ ᠰᠠᠢᠲᠠᠶ ᠬᠥᠭ᠌ᠵᠢᠭ᠌ᠰᠡᠨ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠯᠠᠭᠤᠯᠣᠯᠳᠠ ᠪᠠ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠱᠢᠰᠲ᠋ᠧᠮ᠎ᠢ ᠪᠠᠢᠭᠤᠯᠤᠨ᠎ᠠ᠃
ᠬᠤᠷᠢᠨ ᠨᠠᠢ᠍ᠮᠠᠳᠤᠭᠠᠷ ᠪᠦᠯᠦᠭ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠵᠣᠬᠢᠴᠠᠯᠳᠣ ᠴᠢᠨᠠᠷ᠎ᠢ ᠴᠢᠩᠭᠠᠷᠠᠭᠤᠯᠣᠨ᠎ᠠ
ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠢᠮᠠᠭ᠍ᠲᠠ ᠲᠤᠭᠤᠱᠢᠯᠠᠭᠤᠯᠣᠨ ᠨᠠᠢᠳᠠᠪᠣᠷᠢᠵᠢᠭᠤᠯᠬᠤ᠎ᠶ᠋ᠢ ᠪᠠᠷᠢᠮᠲᠠᠯᠠᠵᠤ᠂ ᠴᠠᠭᠲᠤᠨᠢ ᠲᠤᠬᠢᠷᠠᠭᠤᠯᠤᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ᠂ ᠣᠷᠣᠨ ᠬᠤᠪᠢᠶᠠᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠡᠯ᠎ᠡ ᠭᠠᠵᠠᠷ᠎ᠤᠨ᠎ᠬᠢᠨ᠎ᠤ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠬᠤ᠂ ᠳᠣᠰ ᠳᠣᠰᠤᠨ ᠳᠠᠪᠠᠭᠤᠯᠢᠭ᠎ᠢᠶᠠᠨ ᠢᠯᠡᠷᠡᠭᠦᠯᠬᠦ᠌᠎ᠶ᠋ᠢ ᠵᠣᠷᠢᠬ᠍ᠵᠢᠭᠤᠯᠵᠣ᠂ ᠵᠡᠭᠦᠨ ᠬᠡᠰᠡᠭ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ᠂ ᠡᠮᠦᠨᠡᠲᠦ ᠤᠮᠠᠷᠠᠲᠤ ᠣᠷᠣᠨ᠎ᠤ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠳᠤᠮᠳᠠ ᠬᠠᠷᠢᠴᠠᠩᠭᠤᠶ ᠲᠡᠩᠴᠡᠭᠦᠷᠢᠲᠡᠶ ᠪᠠᠢᠬᠤ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠵᠡᠭᠦᠨ ᠬᠡᠰᠡᠭ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ ᠪᠣᠯᠤᠨ ᠵᠡᠭᠦᠨ ᠬᠤᠢᠲᠤ ᠣᠷᠣᠨ᠎ᠤ ᠵᠣᠬᠢᠴᠠᠩᠭᠤᠢ ᠬᠦᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ
ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ ᠴᠢᠨᠠᠷ ᠰᠠᠢᠲᠠᠶ ᠬᠥᠭ᠌ᠵᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠭᠡ᠎ᠪᠠᠷ ᠨᠡᠭᠡᠭᠡᠨ ᠬᠥᠭ᠌ᠵᠢᠭᠦᠯᠬᠦ᠌ ᠠᠵᠢᠯ᠎ᠤᠨ ᠱᠢᠨ᠎ᠡ ᠪᠠᠢᠷᠢᠱᠢᠯ᠎ᠢ ᠪᠣᠢ ᠪᠣᠯᠭᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠂ ᠡᠬᠢ ᠪᠠᠶᠠᠯᠢᠭ᠎ᠤᠨ ᠣᠣᠷ ᠪᠠᠢᠳᠠᠯ ᠪᠣᠯᠤᠨ ᠠᠵᠤ ᠦᠢᠯᠡᠰ᠎ᠤᠨ ᠰᠠᠭᠤᠷᠢ᠎ᠳᠠᠭᠠᠨ ᠰᠠᠭᠤᠷᠢᠯᠠᠵᠤ᠂ ᠣᠨᠴᠠᠯᠢᠭ᠍ᠳᠣ ᠳᠠᠪᠠᠭᠤᠯᠢᠭ ᠠᠵᠤ ᠦᠢᠯᠡᠰ᠎ᠢ ᠬᠦᠴᠦᠷᠬᠡᠭ᠌ᠵᠢᠭᠦᠯᠦᠨ ᠪᠤᠵᠠᠭᠠᠢᠷᠠᠭᠤᠯᠵᠣ᠂ ᠠᠮᠢ ᠠᠬᠤᠢ᠎ᠶ᠋ᠢᠨ ᠬᠠᠯᠬᠠᠪᠴᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠵᠦ᠍᠂ ᠨᠡᠭᠡᠭᠡᠯᠲᠡ ᠬᠢᠬᠦ᠌ ᠵᠠᠮ᠂ ᠬᠦᠢᠰᠦ ᠵᠠᠩᠭᠢᠯᠠᠭ᠎ᠠ᠂ ᠲᠠᠪᠴᠠᠩ ᠠᠴᠢᠶᠠᠯᠠᠭ᠍ᠴᠢ᠎ᠶ᠋ᠢᠨ ᠪᠦᠲᠦᠭᠡᠨ ᠪᠠᠢᠭᠤᠯᠤᠯᠲᠠ᠎ᠪᠠᠷ ᠳᠣᠲᠣᠭᠠᠳᠤ ᠭᠠᠳᠠᠭᠠᠳᠤ ᠨᠡᠭᠡᠭᠡᠯᠲᠡ᠎ᠶ᠋ᠢ ᠠᠬᠢᠭᠤᠯᠤᠨ᠎ᠠ᠃ ᠤᠯᠤᠰ ᠤᠷᠤᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠂ ᠠᠮᠤ ᠪᠤᠳᠠᠭ᠎ᠠ᠂ ᠠᠮᠢ ᠠᠬᠤᠶ᠂ ᠡᠨᠧᠷᠭᠢ᠎ᠶ᠋ᠢᠨ ᠰᠣᠷᠪᠣᠯᠵᠢ᠂ ᠠᠵᠤ ᠦᠢᠯᠡᠰ᠎ᠤᠨ ᠠᠮᠤᠷ ᠲᠦᠪᠱᠢᠨ᠎ᠢ ᠬᠠᠮᠠᠭᠠᠯᠠᠬᠤ᠎ᠳᠤ ᠰᠠᠭᠤᠷᠢᠯᠠᠨ ᠵᠡᠭᠦᠨ ᠬᠤᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠣᠭᠤᠯᠬᠤ ᠦᠢᠯᠡᠰ᠎ᠢ ᠱᠢᠨ᠎ᠡ ᠱᠢᠪᠲᠤᠯᠤᠯᠲᠠ᠎ᠲᠠᠢ ᠪᠣᠯᠭᠠᠬᠤ᠎ᠶ᠋ᠢ ᠠᠬᠢᠭᠤᠯᠵᠤ᠂ ᠡᠨᠧᠷᠭᠢ᠎ᠶ᠋ᠢᠨ ᠰᠣᠷᠪᠣᠯᠵᠢ᠎ᠶ᠋ᠢᠨ ᠨᠡᠪᠲᠡᠷᠡᠬᠦ᠌ ᠵᠠᠮ ᠪᠣᠯᠤᠨ ᠵᠠᠮ ᠬᠠᠷᠢᠯᠴᠠᠭᠠᠨ᠎ᠤ ᠲᠣᠣᠷ᠎ᠢ ᠲᠡᠭᠦᠯᠳᠡᠷᠵᠢᠭᠦᠯᠵᠦ᠍᠂ ᠠᠮᠤ ᠪᠤᠳᠠᠭᠠᠨ᠎ᠤ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠦᠷᠭᠦᠯᠵᠢᠯᠡᠨ ᠪᠠᠬᠢᠵᠢᠭᠦᠯᠦᠨ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠂ ᠲᠠᠷᠢᠶᠠᠯᠠᠩ᠂ ᠠᠮᠢ ᠠᠬᠤᠶ ᠵᠡᠷᠭᠡ ᠡᠬᠢ ᠪᠠᠶᠠᠯᠢᠭ᠎ᠤᠨ ᠳᠠᠪᠠᠭᠤᠯᠢᠭ᠎ᠢ ᠬᠥᠭ᠌ᠵᠢᠯᠲᠡ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ᠌᠎ᠶ᠋ᠢ ᠲᠦᠷᠭᠡᠯᠡᠨ ᠠᠬᠢᠭᠤᠯᠤᠨ᠎ᠠ᠃ ᠳᠤᠮᠳᠠ ᠬᠡᠰᠡᠭ᠎ᠤᠨ ᠭᠠᠵᠠᠷ ᠣᠷᠣᠨ᠎ᠢ ᠲᠦᠷᠭᠡᠯᠡᠨ ᠮᠠᠨᠳᠤᠭᠤᠯᠵᠤ ᠬᠦᠭ᠌ᠵᠢᠭᠦᠯᠬᠦ᠌ ᠱᠢᠨ᠎ᠡ ᠪᠠᠢᠳᠠᠯ᠎ᠢ ᠨᠡᠭᠡᠭᠡᠵᠦ᠍᠂ ᠠᠮᠤ ᠪᠤᠳᠠᠭ᠎ᠠ ᠪᠣᠯᠤᠨ ᠡᠨᠧᠷᠭᠢ᠎ᠶ᠋ᠢᠨ ᠰᠤᠷᠪᠤᠯᠵᠢ ᠲᠦᠭᠦᠬᠡᠶ ᠮᠠᠲ᠋ᠧᠷᠢᠶᠠᠯ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠵᠤ᠂ ᠣᠳᠣ ᠦᠶ᠎ᠡ᠎ᠶ᠋ᠢᠨ ᠲᠣᠨᠣᠭ᠍ᠯᠠᠯ ᠦᠢᠯᠡᠳᠬᠦ᠌ ᠵᠢᠴᠢ ᠳᠡᠭᠡᠳᠦ ᠮᠡᠷᠭᠡᠵᠢᠯ᠎ᠤᠨ ᠠᠵᠤ ᠦᠢᠯᠡᠰ᠎ᠢ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠵᠦ᠍᠂ ᠶᠡᠷᠦᠩᠬᠡᠢᠯᠡᠭ᠌ᠰᠡᠨ ᠵᠠᠮ ᠲᠡᠭᠡᠭᠡᠪᠦᠷᠢ᠎ᠶ᠋ᠢᠨ ᠬᠦᠢᠰᠦ᠎ᠶ᠋ᠢᠨ ᠱᠢᠰᠲ᠋ᠧᠮ᠎ᠢ ᠪᠠᠢᠭᠤᠯᠵᠤ᠂ ᠳᠣᠲᠣᠭᠠᠳᠤ ᠬᠠᠭᠤᠷᠠᠶ᠎ᠶ᠋ᠢᠨ ᠭᠠᠵᠠᠷ ᠣᠷᠣᠨ᠎ᠤ ᠥᠨᠳᠥᠷ ᠲᠦᠪᠱᠢᠨ ᠪᠦᠬᠦᠢ ᠨᠡᠭᠡᠭᠡᠯᠲᠡ᠎ᠶ᠋ᠢ ᠠᠬᠢᠭᠤᠯᠤᠨ᠎ᠠ᠃ ᠵᠡᠭᠦᠨ ᠬᠡᠰᠡᠭ᠎ᠤᠨ ᠭᠠᠵᠠᠷ ᠣᠷᠣᠨ᠎ᠤ ᠣᠳᠣᠬᠢᠴᠢᠯᠠᠯᠲᠠ᠎ᠪᠠᠨ ᠲᠦᠷᠭᠡᠯᠡᠨ ᠠᠬᠢᠭᠤᠯᠬᠤ᠎ᠶ᠋ᠢ ᠵᠣᠷᠢᠬ᠍ᠵᠢᠭᠤᠯᠵᠤ᠂ ᠣᠣᠭᠠᠯ ᠡᠭᠦᠳᠦᠯᠲᠡ᠎ᠶ᠋ᠢᠨ ᠴᠢᠨᠠᠷᠲᠠᠶ᠂ ᠨᠤᠷᠠᠭᠠᠯᠲᠠ᠎ᠶ᠋ᠢᠨ ᠴᠢᠨᠠᠷᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠳᠡᠯᠡᠬᠡᠶ ᠳᠡᠭᠡᠷ᠎ᠡ ᠥᠷᠢᠰᠦᠯᠳᠦᠬᠦ᠌ ᠬᠦᠴᠦᠨ ᠪᠦᠬᠦᠢ ᠲᠡᠷᠢᠭᠦᠨ᠎ᠤ ᠦᠢᠯᠡᠳᠬᠦ᠌ ᠦᠢᠯᠡᠰ᠎ᠤᠨ ᠪᠦᠭᠡᠭᠡᠨᠡᠷᠡᠯ ᠪᠠ ᠣᠲᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠤᠨ ᠥᠨᠳᠦᠷᠯᠢᠭ ᠭᠠᠵᠠᠷ᠎ᠢ ᠪᠦᠳᠦᠭᠡᠨ ᠪᠠᠢᠭᠤᠯᠬᠤ᠎ᠶ᠋ᠢ ᠬᠥᠲᠥᠯᠦᠨ ᠳᠠᠭᠠᠭᠤᠯᠣᠨ᠎ᠠ᠃
ᠬᠤᠶᠠᠳᠤᠭᠠᠷ ᠬᠡᠰᠡᠭ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ᠎ᠤ ᠳᠤᠮᠤ ᠪᠤᠯᠤᠩ᠎ᠤᠨ ᠣᠷᠣᠨ᠎ᠤ ᠬᠥᠳᠡᠯᠭᠡᠭ᠌ᠴᠢ ᠬᠦᠴᠦᠨ᠎ᠤ ᠡᠬᠢ ᠰᠤᠷᠪᠤᠯᠵᠢ ᠪᠣᠯᠬᠤ ᠦᠢᠯᠡᠳᠦᠯ᠎ᠢ ᠪᠠᠬᠢᠵᠢᠭᠦᠯᠦᠨ ᠳᠡᠭᠡᠭ᠌ᠰᠢᠯᠡᠭᠦᠯᠦᠨ᠎ᠡ
ᠪᠡᠭᠡᠵᠢᠩ ᠲᠢᠶᠠᠨᠵᠢᠨ ᠾᠧᠪᠸᠢ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠭᠦᠨᠵᠡᠭᠡᠢᠷᠡᠬᠦᠯᠦᠨ ᠠᠬᠢᠭᠤᠯᠵᠤ᠂ ᠨᠡᠩ ᠨᠢᠭ᠍ᠲᠠ ᠪᠦᠭᠡᠳ ᠪᠦᠬᠦ᠌ ᠲᠠᠯ᠎ᠠ᠎ᠪᠠᠷ ᠬᠠᠮᠵᠢᠯᠴᠠᠨ ᠬᠥᠭ᠌ᠵᠢᠬᠦ᠌ ᠪᠠᠢᠷᠢᠱᠢᠯ᠎ᠢ ᠪᠤᠢ ᠪᠣᠯᠭᠠᠨ᠎ᠠ᠃ ᠪᠡᠭᠡᠵᠢᠩ᠎ᠤᠨ ᠨᠡᠢᠰᠯᠡᠯ᠎ᠤᠨ ᠪᠤᠰᠤ ᠴᠢᠳᠠᠮᠵᠢ᠎ᠶ᠋ᠢ ᠢᠳᠡᠪᠬᠢᠲᠡᠢ ᠯᠠᠪᠳᠠᠭᠤᠨ ᠳᠣᠬᠢᠳᠠᠢ ᠡᠮᠬᠢ ᠵᠢᠷᠤᠮ᠎ᠲᠠᠢ᠎ᠪᠠᠷ ᠲᠠᠷᠬᠠᠭᠠᠨ ᠵᠤᠬᠢᠴᠠᠭᠤᠯᠵᠤ᠂ ᠪᠡᠯᠭᠡ ᠲᠡᠮᠳᠡᠭ᠎ᠤᠨ ᠴᠢᠨᠠᠷᠲᠠᠶ ᠲᠠᠷᠬᠠᠭᠠᠨ ᠵᠤᠬᠢᠴᠠᠭᠤᠯᠬᠤ ᠲᠥᠰᠦᠯ ᠪᠣᠯᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠨᠡᠢᠰᠯᠡᠯ᠎ᠤᠨ ᠴᠢᠳᠠᠮᠵᠢ᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠣᠳᠣᠬᠢᠴᠢᠯᠠᠭ᠍ᠰᠠᠨ ᠨᠡᠢᠰᠯᠡᠯ᠎ᠤᠨ ᠶᠡᠭᠡ ᠬᠤᠳᠠ᠎ᠶ᠋ᠢᠨ ᠴᠠᠭᠠᠷᠢᠭ᠎ᠢ ᠪᠦᠲᠦᠭᠡᠨ ᠪᠠᠢᠭᠤᠯᠤᠨ᠎ᠠ᠃ ᠱᠢᠶᠦ᠋ᠩ ᠠᠨ ᠱᠢᠨ᠎ᠡ ᠲᠣᠭᠤᠷᠢᠭ᠎ᠤᠨ ᠣᠳᠣᠬᠢᠴᠢᠯᠠᠭ᠍ᠰᠠᠨ ᠬᠤᠳᠠ᠎ᠶ᠋ᠢ ᠪᠦᠳᠦᠭᠡᠨ ᠪᠠᠢᠭᠤᠯᠬᠤ᠎ᠶ᠋ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠠᠬᠢᠭᠤᠯᠵᠤ᠂ ᠬᠠᠮᠢᠶᠠᠷᠤᠯᠲᠠ᠎ᠶ᠋ᠢᠨ ᠪᠠᠢᠭᠤᠯᠤᠯ᠎ᠢ ᠲᠡᠭᠦᠯᠳᠡᠷᠵᠢᠭᠦᠯᠦᠨ᠎ᠡ᠃ ᠪᠡᠭᠡᠵᠢᠩ᠎ᠤᠨ ᠬᠤᠳᠠ᠎ᠶ᠋ᠢᠨ ᠳᠡᠳ᠋ ᠲᠥᠪ᠎ᠤᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠵᠦ᠍᠂ ᠲᠢᠶᠠᠨᠵᠢᠨ᠎ᠤ ᠪᠢᠨᠬᠠᠢ ᠱᠢᠨ᠎ᠡ ᠲᠣᠭᠤᠷᠢᠭ᠎ᠤᠨ ᠶᠡᠷᠦᠩᠬᠡᠢᠯᠡᠭ᠌ᠰᠡᠨ ᠳᠠᠭᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠬᠥᠬᠡᠮᠥ᠋ᠷᠡᠨ᠎ᠤ ᠭᠤᠷᠪᠠᠯᠵᠢᠨ ᠬᠤᠢᠭ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠭᠦᠨᠵᠡᠭᠡᠢᠷᠡᠬᠦᠯᠦᠨ ᠠᠬᠢᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ ᠠᠵᠤ ᠦᠢᠯᠡᠰ᠎ᠤᠨ ᠬᠡᠯᠬᠢᠶ᠎ᠡ᠂ ᠰᠠᠭᠤᠷᠢ ᠲᠥᠬᠦᠭᠡᠷᠦᠮᠵᠢ᠂ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠬᠠᠮᠠᠭᠠᠯᠠᠯᠲᠠ ᠵᠡᠷᠭᠡ᠎ᠶ᠋ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠱᠠᠩᠬᠠᠶ᠎ᠶ᠋ᠢᠨ 《ᠲᠠᠪᠤᠨ ᠲᠥᠪ》 ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠥᠬᠡᠮᠦ᠋ᠷᠡᠨᠤ ᠭᠤᠷᠪᠠᠯᠵᠢᠨ ᠬᠤᠢᠭ᠎ᠤᠨ ᠠᠮᠢ ᠠᠬᠤᠢ᠌ᠴᠢ ᠨᠣᠭᠤᠭᠠᠨ ᠨᠢᠭᠡ ᠴᠣᠭ᠍ᠴᠠᠵᠢᠭᠤᠯᠤᠭ᠍ᠰᠠᠨ ᠬᠥᠭ᠌ᠵᠢᠯᠳᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢᠭᠤᠯᠵᠤ᠂ ᠬᠤᠩᠴᠢᠶᠣᠤᠶ᠋ᠢᠨ ᠣᠯᠠᠨ ᠤᠯᠤᠰ᠎ᠤᠨ ᠨᠡᠭᠡᠭᠡᠯᠲᠡ᠎ᠶ᠋ᠢᠨ ᠬᠦᠢᠰᠦ᠎ᠶ᠋ᠢᠨ ᠨᠦᠯᠦᠭᠡᠯᠡᠨ ᠳᠠᠢᠴᠢᠯᠠᠬᠤ ᠡᠨᠧᠷᠬᠢ᠎ᠶ᠋ᠢᠨ ᠳᠡᠰ᠎ᠢ ᠳᠡᠭᠡᠭ᠌ᠰᠢᠯᠡᠭᠦᠯᠵᠦ᠍᠂ ᠱᠠᠩᠬᠠᠢ ᠬᠢᠭᠡᠳ ᠰᠦᠵᠸᠦ᠍ᠶ᠋ᠢᠨ ᠭᠤᠣᠯᠳᠠᠯᠭ᠎ᠠ᠎ᠲᠠᠢ ᠬᠦᠷᠢᠶ᠎ᠡ᠎ᠶ᠋ᠢᠨ ᠨᠢᠭᠡ ᠬᠤᠳᠠᠴᠢᠯᠠᠨ ᠬᠦᠭ᠌ᠵᠢᠬᠦ᠌᠎ᠶ᠋ᠢ ᠳᠡᠮᠵᠢᠵᠦ᠍᠂ ᠱᠠᠩᠬᠠᠶ ᠵᠢᠶᠠᠩᠰᠦ ᠵᠧᠵᠢᠶᠠᠩ ᠬᠢᠭᠡᠳ ᠠᠨᠾᠦ᠋ᠢ᠎ᠶ᠋ᠢᠨ ᠬᠤᠢᠲᠤ ᠬᠡᠰᠡᠭ᠎ᠤᠨ ᠭᠠᠵᠠᠷ ᠣᠷᠣᠨ᠎ᠤ ᠬᠤᠳᠠ᠎ᠶ᠋ᠢᠨ ᠬᠤᠣᠰ ᠪᠣᠯᠣᠯᠴᠠᠨ ᠬᠠᠮᠳᠣᠷᠠᠨ ᠠᠵᠢᠯᠯᠠᠬᠤ᠎ᠶ᠋ᠢ ᠭᠦᠨᠵᠡᠭᠡᠢᠷᠡᠭᠦᠯᠦᠨ᠎ᠡ᠃ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠱᠢᠨᠵᠢᠯᠡᠬᠦ᠌ ᠣᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠠᠵᠤ ᠠᠬᠤᠶ᠎ᠶ᠋ᠢᠨ ᠬᠥᠭ᠌ᠵᠢᠯᠲᠡ᠂ ᠣᠯᠠᠨ ᠨᠡᠢᠲᠡ᠎ᠶ᠋ᠢᠨ ᠦᠢᠯᠡᠴᠢᠯᠡᠭᠡ ᠵᠡᠷᠭᠡ ᠲᠠᠯ᠎ᠠ᠎ᠶ᠋ᠢᠨ ᠳᠦᠷᠢᠮᠯᠡᠯ᠎ᠢ ᠵᠣᠯᠭᠠᠯᠳᠣᠭᠤᠯᠬᠤ᠂ ᠲᠣᠭ᠍ᠲᠠᠴᠠ᠎ᠶ᠋ᠢ ᠵᠠᠯᠭᠠᠯᠳᠤᠭᠤᠯᠬᠤ᠎ᠶ᠋ᠢ ᠴᠢᠩᠭᠠᠳᠭᠠᠵᠤ᠂ ᠬᠠᠤᠯᠢ᠎ᠪᠠᠷ ᠵᠠᠰᠠᠬᠤ ᠪᠠᠳᠤᠯᠠᠭ᠎ᠠ᠎ᠶ᠋ᠢ ᠴᠢᠩᠭᠠᠳᠭᠠᠵᠤ᠂ ᠴᠢᠬᠤᠯᠠ ᠶᠡᠭᠡ ᠬᠠᠮᠳᠣᠷᠠᠯᠴᠠᠭᠠᠨᠤ ᠲᠠᠪᠴᠠᠩ᠎ᠤᠨ ᠤᠷᠢᠳ᠎ᠢᠶᠠᠷ ᠬᠢᠵᠦ᠍ ᠤᠷᠢᠳ᠎ᠢᠶᠠᠷ ᠲᠤᠷᠱᠢᠬᠤ ᠦᠢᠯᠡᠳᠦᠯ᠎ᠢ ᠭᠦᠢᠴᠡᠳ ᠪᠠᠳᠠᠷᠠᠭᠤᠯᠵᠣ᠂ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠪᠤᠯᠤᠩ᠎ᠤᠨ ᠣᠷᠣᠨ᠎ᠢ ᠲᠦᠷᠭᠡᠯᠡᠨ ᠪᠠᠢᠭᠤᠯᠤᠨ᠎ᠠ᠃
ᠭᠤᠷᠪᠠᠳᠤᠭᠠᠷ ᠬᠡᠰᠡᠭ ᠬᠥᠬᠡᠮᠥ᠋ᠷᠡᠨ᠎ᠤ ᠠᠵᠤ ᠠᠬᠤᠶ᠎ᠶ᠋ᠢᠨ ᠪᠦᠰᠡ᠎ᠶ᠋ᠢᠨ ᠬᠥᠭ᠌ᠵᠢᠯᠲᠡ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
ᠶᠡᠭᠡ᠎ᠪᠠᠷ ᠬᠠᠮᠠᠭᠠᠯᠠᠬᠤ᠎ᠶ᠋ᠢ ᠬᠠᠮᠲᠤ᠎ᠪᠠᠷ ᠠᠳᠭᠤᠬᠤ᠂ ᠶᠡᠭᠡ᠎ᠪᠠᠷ ᠨᠡᠭᠡᠭᠡᠨ ᠠᠱᠢᠭ᠍ᠯᠠᠬᠤ᠎ᠶ᠋ᠢ ᠲᠡᠪᠴᠢᠬᠦ᠌᠎ᠶ᠋ᠢ ᠪᠠᠷᠢᠮᠲᠠᠯᠠᠵᠤ᠂ ᠠᠮᠢ ᠠᠬᠤᠶ᠎ᠶ᠋ᠢ ᠲᠡᠷᠢᠭᠦᠨ᠎ᠳᠤ ᠲᠠᠯᠪᠢᠬᠤ ᠪᠠ ᠨᠣᠭᠤᠭᠠᠨ ᠬᠦᠭ᠌ᠵᠢᠯᠳᠡ᠎ᠶ᠋ᠢ ᠪᠠᠷᠢᠮᠲᠠᠯᠠᠵᠤ᠂ ᠬᠥᠬᠡᠮᠥ᠋ᠷᠡᠨ᠎ᠤ ᠠᠵᠤ ᠠᠬᠤᠢ᠎ᠶ᠋ᠢᠨ ᠪᠦᠰᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ᠎ᠲᠠᠢ ᠬᠦᠷᠢᠶᠡᠨ᠎ᠤ ᠪᠣᠬᠢᠷᠲᠤᠯ᠎ᠢ ᠵᠠᠰᠠᠬᠤ ᠪᠠ ᠴᠢᠬᠤᠯᠠ ᠨᠠᠭᠤᠷ ᠴᠥᠭᠦᠷᠥᠮ᠎ᠢ ᠬᠠᠮᠠᠭᠠᠯᠠᠨ ᠵᠠᠰᠠᠬᠤ᠎ᠶ᠋ᠢ ᠴᠢᠩᠭᠠᠳᠭᠠᠵᠤ᠂ ᠬᠥᠬᠡᠮᠥ᠋ᠷᠡᠨ᠎ᠳᠤ ᠵᠢᠭᠠᠰᠤ ᠠᠩᠨᠠᠬᠤ᠎ᠶ᠋ᠢ ᠠᠷᠪᠠᠨ ᠵᠢᠯ ᠴᠠᠭᠠᠵᠠᠯᠠᠬᠤ᠎ᠶ᠋ᠢ ᠡᠷᠡᠰ ᠭᠤᠢᠪᠢᠰᠢ ᠦᠭᠡᠶ ᠠᠬᠢᠭᠤᠯᠵᠣ᠂ ᠮᠦᠷᠡᠨ ᠳᠠᠭᠠᠣ ᠬᠤᠲᠠ᠎ᠶ᠋ᠢᠨ ᠠᠮᠢᠳᠤᠷᠠᠯ᠎ᠤᠨ ᠪᠣᠬᠢᠷ ᠤᠰᠤ᠎ᠶ᠋ᠢ ᠬᠤᠷᠢᠶᠠᠨ ᠴᠤᠭ᠍ᠯᠠᠭᠤᠯᠵᠤ ᠱᠢᠢᠳᠪᠦᠷᠢᠯᠡᠬᠦ᠌ ᠬᠢᠷᠢ ᠬᠡᠮᠵᠢᠶ᠎ᠡ᠎ᠶ᠋ᠢ ᠡᠮᠬᠢ ᠵᠢᠷᠤᠮ᠎ᠲᠠᠢ ᠳᠡᠭᠡᠭ᠌ᠰᠢᠯᠡᠭᠦᠯᠵᠦ᠍᠂ ᠬᠥᠬᠡᠮᠥ᠋ᠷᠡᠨ᠎ᠤ ᠭᠤᠣᠯ ᠤᠷᠤᠰᠭᠠᠯ᠎ᠤᠨ ᠤᠰᠤᠨ᠎ᠤ ᠴᠢᠨᠠᠷ II ᠲᠥᠷᠥᠯ᠎ᠳᠤ ᠳᠣᠭ᠍ᠳᠠᠪᠤᠷᠢᠲᠠᠢ ᠪᠠᠢᠬᠤ᠎ᠶ᠋ᠢ ᠪᠠᠳᠣᠯᠠᠬᠤ᠂ ᠭᠤᠣᠯ ᠪᠣᠯᠬᠤ ᠰᠠᠯᠪᠤᠷᠢ ᠤᠷᠤᠰᠭᠠᠯ᠎ᠤᠨ ᠤᠰᠤᠨ᠎ᠤ ᠴᠢᠨᠠᠷ II ᠲᠥᠷᠥᠯ᠎ᠳᠤ ᠦᠨᠳᠦᠰᠦᠨ᠎ᠳᠡᠭᠡᠨ ᠬᠦᠷᠬᠦ᠌᠎ᠶ᠋ᠢ ᠠᠬᠢᠭᠤᠯᠤᠨ᠎ᠠ᠃ ᠬᠥᠬᠡᠮᠥ᠋ᠷᠡᠨ᠎ᠤ ᠱᠢᠵᠢᠷ ᠠᠯᠲᠠᠨ ᠤᠰᠤᠨ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠡᠷᠬᠢ᠎ᠶ᠋ᠢᠨ ᠱᠣᠭᠤᠮ᠎ᠤᠨ ᠡᠬᠢ ᠪᠠᠶᠠᠯᠢᠭ᠎ᠢ ᠥᠨᠳᠥᠷ ᠲᠦᠪᠱᠢᠨ᠎ᠢᠶᠠᠷ ᠬᠠᠮᠠᠭᠠᠯᠠᠬᠤ ᠪᠠ ᠵᠦᠢ ᠵᠣᠬᠢᠰᠲᠠᠶ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢ ᠴᠢᠩᠭᠠᠳᠭᠠᠵᠤ᠂ ᠮᠥᠷᠡᠨ ᠳᠠᠭᠠᠣ ᠠᠵᠤ ᠦᠢᠯᠡᠰ᠎ᠤᠨ ᠨᠣᠭᠤᠭᠠᠨ᠎ᠢᠶᠠᠷ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠵᠣ᠂ ᠳᠡᠭᠡᠳᠦ ᠳᠤᠮᠳᠠᠳᠣ ᠳᠣᠣᠷᠠᠳᠤ ᠤᠷᠤᠰᠭᠠᠯ᠎ᠤᠨ ᠬᠠᠮᠵᠢᠯᠴᠠᠨ ᠬᠤᠯᠪᠣᠯᠳᠣᠨ ᠬᠦᠳᠡᠯᠦᠯᠴᠡᠵᠦ᠍ ᠬᠥᠭ᠌ᠵᠢᠬᠦ᠌᠎ᠶ᠋ᠢ ᠠᠬᠢᠭᠤᠯᠤᠨ᠎ᠠ᠃ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠶᠡᠭᠡ ᠬᠠᠮᠠᠭᠠᠯᠠᠯᠲᠠ ᠶᠡᠭᠡ ᠬᠠᠮᠵᠢᠯᠴᠠᠭ᠎ᠠ᠎ᠶ᠋ᠢᠨ ᠪᠠᠢᠷᠢᠱᠢᠯ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠳᠡᠭᠡᠳᠦ ᠤᠷᠤᠰᠭᠠᠯ᠎ᠤᠨ ᠤᠰᠤᠨ ᠰᠤᠷᠪᠤᠯᠵᠢ᠎ᠶ᠋ᠢ ᠬᠠᠳᠠᠭᠠᠯᠠᠨ ᠬᠠᠮᠠᠭᠠᠯᠠᠬᠤ᠂ ᠳᠤᠮᠳᠠᠳᠣ ᠤᠷᠤᠰᠭᠠᠯ᠎ᠤᠨ ᠬᠥᠷᠥᠰᠥ᠍ ᠱᠢᠷᠣᠶ᠎ᠶ᠋ᠢ ᠬᠠᠮᠠᠭᠠᠯᠠᠬᠤ᠂ ᠳᠣᠣᠷᠠᠳᠤ ᠤᠷᠤᠰᠭᠠᠯ᠎ᠤᠨ ᠨᠤᠭᠤ ᠭᠠᠵᠠᠷ᠎ᠢ ᠬᠠᠮᠠᠭᠠᠯᠠᠬᠤ ᠪᠠ ᠠᠮᠢ ᠠᠬᠤᠢ᠎ᠶ᠋ᠢ ᠵᠠᠰᠠᠬᠤ᠎ᠶ᠋ᠢ ᠱᠢᠰᠲ᠋ᠧᠮ᠎ᠲᠠᠢ ᠠᠬᠢᠭᠤᠯᠵᠤ᠂ ᠬᠤᠸᠠᠩ ᠱᠦᠶ ᠾᠧ ᠭᠤᠣᠯ᠂ ᠸᠧᠢ᠌ᠾᠧ ᠭᠤᠣᠯ ᠵᠡᠷᠭᠡ ᠴᠢᠬᠤᠯᠠ ᠰᠠᠯᠪᠤᠷᠢ ᠤᠷᠤᠰᠭᠠᠯ᠎ᠢ ᠶᠡᠷᠦᠩᠬᠡᠢᠯᠡᠨ ᠵᠠᠰᠠᠬᠤ ᠡᠷᠴᠢᠮ᠎ᠢᠶᠠᠨ ᠴᠢᠩᠭᠠᠷᠠᠭᠤᠯᠵᠤ᠂ ᠶᠡᠭᠡ᠎ᠪᠠᠷ ᠤᠰᠤ ᠠᠷᠪᠢᠯᠠᠵᠤ ᠤᠰᠤ ᠬᠢᠵᠠᠭᠠᠷᠯᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠢ ᠪᠥᠬᠦ᠌ ᠬᠦᠴᠦᠨ᠎ᠢᠶᠠᠷ᠎ᠢᠶᠠᠨ ᠰᠠᠢᠲᠤᠷ ᠬᠢᠨ᠎ᠠ᠃ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠦᠷᠦᠭᠦᠯᠡᠬᠦ᠌ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠎ᠡ᠃
ᠳᠥᠷᠪᠡᠳᠦᠭᠡᠷ ᠬᠡᠰᠡᠭ ᠣᠨᠴᠠᠭᠠᠶ ᠲᠦᠷᠦᠯ ᠬᠡᠯᠪᠡᠷᠢ᠎ᠶ᠋ᠢᠨ ᠭᠠᠵᠠᠷ ᠣᠷᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠳᠡᠮᠵᠢᠨ᠎ᠡ
ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠎ᠢ ᠬᠦᠭ᠌ᠵᠢᠭᠦᠯᠦᠨ ᠮᠡᠨᠳᠤᠭᠤᠯᠬᠤ᠎ᠶ᠋ᠢ ᠲᠦᠷᠭᠡᠳᠭᠡᠨ᠂ ᠬᠤᠪᠢᠰᠭᠠᠯᠳᠤ ᠤᠳᠤᠮᠱᠢᠯ᠎ᠢ ᠣᠯᠠᠮᠵᠢᠯᠠᠨ ᠵᠠᠯᠭᠠᠮᠵᠢᠯᠠᠵᠤ᠂ ᠣᠨᠴᠠᠯᠢᠭ᠍ᠲᠤ ᠠᠵᠤ ᠦᠢᠯᠡᠰ᠎ᠢ ᠬᠥᠭ᠌ᠵᠢᠭᠦᠯᠵᠦ᠍᠂ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠎ᠤᠨ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠤᠨ ᠳᠣᠲᠣᠭᠠᠳᠤ ᠬᠥᠳᠡᠯᠭᠡᠭ᠌ᠴᠢ ᠬᠦᠴᠦᠨ᠎ᠢᠶᠠᠨ ᠪᠤᠢᠵᠢᠭᠤᠯᠬᠤ᠎ᠶ᠋ᠢ ᠳᠠᠮᠵᠢᠵᠤ᠂ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠎ᠤᠨ ᠭᠤᠣᠯᠳᠠᠯᠭ᠎ᠠ᠎ᠲᠠᠢ ᠬᠤᠲᠠ᠎ᠶ᠋ᠢᠨ ᠠᠵᠢᠯ ᠲᠥᠷᠥᠯ᠎ᠤᠨ ᠱᠢᠰᠲ᠋ᠧᠮ᠎ᠢᠶᠠᠷ᠎ᠢᠶᠠᠨ ᠬᠠᠮᠳᠣᠷᠠᠨ ᠠᠵᠢᠯᠯᠠᠬᠤ᠎ᠶ᠋ᠢ ᠭᠦᠨᠵᠡᠭᠡᠢᠷᠡᠭᠦᠯᠦᠨ᠎ᠡ᠃ ᠬᠢᠯᠢ ᠬᠢᠵᠠᠭᠠᠷ ᠣᠷᠣᠨ᠎ᠤ ᠬᠥᠭ᠌ᠵᠢᠯᠲᠡ᠎ᠶ᠋ᠢ ᠲᠥᠷᠥᠯ ᠬᠤᠪᠢᠶᠠᠨ ᠨᠠᠷᠢᠯᠢᠭ ᠣᠨᠣᠴᠠᠲᠠᠶ ᠳᠠᠮᠵᠢᠵᠤ᠂ ᠬᠢᠯᠢ ᠬᠢᠵᠠᠭᠠᠷ ᠤᠷᠤᠨ᠎ᠢ ᠰᠠᠬᠢᠨ ᠬᠢᠯᠢ ᠬᠢᠵᠠᠭᠠᠷ ᠤᠷᠤᠨ᠎ᠢ ᠪᠠᠬᠢᠵᠢᠭᠦᠯᠬᠦ᠂ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ᠂ ᠬᠢᠯᠢ ᠬᠢᠵᠠᠭᠠᠷ ᠤᠷᠤᠨ᠎ᠢ ᠬᠦᠴᠦᠷᠬᠡᠭ᠌ᠵᠢᠭᠦᠯᠦᠨ ᠰᠡᠷᠭᠡᠢᠯᠡᠯᠲᠡ᠎ᠶ᠋ᠢ ᠪᠠᠬᠢᠵᠢᠭᠦᠯᠬᠦ᠂ ᠬᠢᠯᠢ ᠳᠠᠭᠠᠣ ᠣᠷᠣᠨ᠎ᠤ ᠨᠡᠭᠡᠭᠡᠯᠲᠡ ᠬᠢᠬᠦ᠌᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠯᠢ᠎ᠶ᠋ᠢᠨ ᠠᠷᠠᠯᠵᠢᠶᠠᠨ᠎ᠤ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠵᠣ᠂ ᠬᠢᠯᠢ ᠬᠢᠵᠠᠭᠠᠷ ᠣᠷᠣᠨ᠎ᠤ ᠰᠤᠷᠭᠠᠨ ᠬᠥᠮᠦᠵᠢᠯ ᠡᠮᠨᠡᠯᠭᠡ ᠵᠡᠷᠭᠡ᠎ᠳᠠᠬᠢ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠨᠡᠩ ᠬᠦᠴᠦᠳᠡᠢ ᠬᠢᠯᠢ ᠬᠠᠮᠠᠭᠠᠯᠠᠬᠤ ᠨᠥᠬᠦᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠬᠢᠯᠢ ᠳᠠᠭᠠᠣ ᠭᠤᠣᠯᠳᠠᠯᠭ᠎ᠠ᠎ᠲᠠᠢ ᠬᠤᠲᠠ ᠪᠠᠯᠭᠠᠰᠤ ᠪᠣᠯᠤᠨ ᠠᠢᠯ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠪᠣᠭᠤᠮᠲᠠ᠎ᠶ᠋ᠢᠨ ᠬᠤᠲᠠ᠎ᠶ᠋ᠢᠨ ᠬᠥᠭ᠌ᠵᠢᠯᠲᠡ᠎ᠶ᠋ᠢ ᠳᠡᠮᠵᠢᠵᠦ᠍᠂ ᠬᠢᠯᠢ ᠬᠢᠵᠠᠭᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠠᠮᠢ ᠠᠬᠤᠶ ᠮᠠᠭᠤᠳᠠᠭ᠍ᠰᠠᠨ ᠭᠠᠵᠠᠷ ᠣᠷᠣᠨ᠎ᠤ ᠠᠮᠢ ᠠᠬᠤᠶ᠎ᠶ᠋ᠢᠨ ᠵᠠᠰᠠᠨ ᠰᠡᠷᠭᠦᠭᠡᠯᠳᠡ ᠪᠠ ᠨᠣᠭᠤᠭᠠᠨ ᠬᠦᠭ᠌ᠵᠢᠯᠳᠡ᠎ᠶ᠋ᠢ ᠦᠷᠨᠢᠭᠦᠯᠬᠦ᠌᠎ᠶ᠋ᠢ ᠳᠡᠮᠵᠢᠨ᠎ᠡ᠃ ᠠᠵᠤ ᠦᠢᠯᠡᠳᠪᠦᠷᠢ᠎ᠶ᠋ᠢᠨ ᠬᠠᠭᠤᠴᠢᠨ ᠰᠠᠭᠤᠷᠢᠨ ᠭᠠᠵᠠᠷ᠂ ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠵᠤ᠂ ᠡᠬᠢ ᠪᠠᠶᠠᠯᠢᠭ᠎ᠨᠢ ᠱᠢᠪᠬᠠᠷᠤᠭ᠍ᠰᠠᠨ ᠬᠤᠲᠠ᠎ᠶ᠋ᠢᠨ ᠵᠠᠯᠭᠠᠮᠵᠢ ᠣᠷᠣᠯᠠᠯ ᠠᠵᠤ ᠦᠢᠯᠡᠰ᠎ᠢ ᠬᠥᠭ᠌ᠵᠢᠭᠦᠯᠬᠦ᠌᠎ᠶ᠋ᠢ ᠳᠠᠮᠵᠢᠵᠤ᠂ ᠨᠡᠭᠦᠷᠡᠰᠦ ᠮᠠᠯᠲᠠᠭᠠᠳ ᠳᠣᠭᠤᠭ᠍ᠰᠢ ᠰᠠᠭᠤᠭ᠍ᠰᠠᠨ ᠣᠷᠣᠨ᠂ ᠳᠣᠰᠠᠭᠠᠷ ᠦᠢᠯᠡᠳᠪᠦᠷᠢ ᠠᠭᠤᠷᠬᠠᠢ᠎ᠶ᠋ᠢᠨ ᠣᠷᠣᠨ᠎ᠢ ᠶᠡᠷᠦᠩᠬᠡᠢᠯᠡᠨ ᠵᠠᠰᠠᠬᠤ ᠪᠠ ᠡᠮᠬᠢᠯᠡᠨ ᠨᠡᠢᠯᠡᠭᠦᠯᠵᠦ᠍ ᠠᠱᠢᠭ᠍ᠯᠠᠬᠤ᠎ᠶ᠋ᠢ ᠠᠬᠢᠭᠤᠯᠤᠨ᠎ᠠ᠃
ᠬᠤᠷᠢ ᠶᠢᠰᠦᠳᠦᠭᠡᠷ ᠪᠦᠯᠦᠭ ᠣᠷᠣᠨ ᠪᠦᠰᠡ᠎ᠶ᠋ᠢᠨ ᠬᠤᠯᠪᠣᠯᠳᠤᠨ ᠬᠦᠳᠡᠯᠦᠯᠴᠡᠵᠦ᠍ ᠬᠥᠭ᠌ᠵᠢᠬᠦ᠌᠎ᠶ᠋ᠢ ᠠᠬᠢᠭᠤᠯᠤᠨ᠎ᠠ
ᠣᠷᠣᠨ ᠪᠦᠰᠡ ᠠᠯᠤᠰᠯᠠᠭ᠍ᠰᠠᠨ ᠰᠠᠪᠠ ᠭᠠᠵᠠᠷ ᠠᠯᠤᠰᠯᠠᠭ᠍ᠰᠠᠨ ᠶᠡᠭᠡ ᠵᠠᠮ᠎ᠢᠶᠠᠷ ᠰᠠᠭᠤᠷᠢ ᠪᠣᠯᠭᠠᠵᠤ᠂ ᠬᠤᠲᠠ᠎ᠶ᠋ᠢᠨ ᠪᠦᠭᠡᠭᠡᠨᠡᠷᠡᠯ᠎ᠤᠨ ᠬᠤᠯᠪᠣᠯᠳᠣᠨ ᠬᠦᠳᠡᠯᠦᠯᠴᠡᠵᠦ᠍ ᠬᠥᠭ᠌ᠵᠢᠬᠦ᠌᠎ᠪᠠᠷ ᠠᠴᠢᠶᠠᠯᠠᠭ᠍ᠴᠢ ᠪᠣᠯᠭᠠᠵᠤ᠂ ᠪᠠᠢᠭᠤᠯᠤᠯ ᠲᠣᠭ᠍ᠲᠠᠴᠠ᠎ᠶ᠋ᠢᠨ ᠬᠠᠮᠵᠢᠯᠴᠠᠭ᠎ᠠ᠎ᠪᠠᠷ ᠪᠠᠲᠤᠯᠠᠭ᠎ᠠ ᠪᠣᠯᠭᠠᠵᠤ᠂ ᠣᠷᠣᠨ ᠪᠦᠰᠡ᠎ᠶ᠋ᠢᠨ ᠬᠤᠭᠤᠷᠣᠨᠳᠣ᠎ᠪᠠᠨ ᠬᠠᠷᠢᠯᠴᠠᠨ ᠠᠭᠤᠰᠤᠯᠴᠠᠨ ᠬᠠᠷᠢᠯᠴᠠᠨ ᠠᠬᠢᠭᠤᠯᠬᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠲᠡᠬᠦ᠌᠎ᠶ᠋ᠢ ᠠᠬᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠤᠨ ᠣᠷᠣᠨ ᠵᠠᠢ᠎ᠶ᠋ᠢ ᠥᠷᠭᠡᠳᠭᠡᠨ᠎ᠡ᠃
ᠨᠢᠭᠡᠳᠦᠭᠡᠷ ᠬᠡᠰᠡᠭ ᠣᠷᠣᠨ ᠪᠦᠰᠡ᠎ᠶ᠋ᠢᠨ ᠬᠤᠯᠪᠣᠯᠳᠤᠨ ᠬᠦᠳᠡᠯᠦᠯᠴᠡᠵᠦ᠍ ᠬᠥᠭ᠌ᠵᠢᠬᠦ᠌ ᠪᠠᠢᠷᠢᠯᠠᠭᠤᠯᠣᠯᠳᠠᠶ᠋ᠢ ᠲᠡᠭᠦᠯᠳᠡᠷᠵᠢᠭᠦᠯᠦᠨ᠎ᠡ
ᠣᠷᠣᠨ ᠪᠦᠰᠡ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠬᠤᠯᠪᠣᠯᠳᠤᠨ ᠨᠡᠪᠲᠡᠷᠡᠯᠴᠡᠬᠦ᠌᠎ᠶ᠋ᠢ ᠴᠢᠩᠭᠠᠳᠭᠠᠵᠤ᠂ ᠬᠥᠬᠡᠮᠥ᠋ᠷᠡᠨ᠎ᠤ ᠶᠡᠷᠦᠩᠬᠡᠢᠯᠡᠭ᠌ᠰᠡᠨ ᠲᠡᠭᠡᠭᠡᠪᠦᠷᠢ᠎ᠶ᠋ᠢᠨ ᠵᠠᠮ ᠪᠠ ᠬᠢᠯᠢ ᠳᠠᠭᠠᠣ ᠳᠠᠯᠠᠢ ᠳᠠᠭᠠᠣ ᠵᠠᠮ ᠵᠡᠷᠭᠡ ᠣᠷᠣᠨ ᠪᠦᠰᠡ ᠠᠯᠤᠰᠯᠠᠭ᠍ᠰᠠᠨ ᠰᠠᠪᠠ ᠭᠠᠵᠠᠷ ᠠᠯᠤᠰᠯᠠᠭ᠍ᠰᠠᠨ ᠶᠡᠭᠡ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠪᠠᠷᠠᠭᠤᠨᠳᠡᠬᠢ ᠴᠠᠬᠢᠯᠭᠠᠨ᠎ᠢ ᠵᠡᠭᠦᠨᠰᠢ ᠬᠦᠷᠭᠡᠬᠦ᠂ ᠵᠡᠭᠦᠨ᠎ᠤ ᠳ᠋ᠠᠢᠲ᠋ᠠ᠎ᠶ᠋ᠢ ᠪᠠᠷᠠᠭᠤᠨ᠎ᠠ ᠪᠤᠳᠤᠬᠤ ᠵᠡᠷᠭᠡ ᠣᠷᠣᠨ ᠪᠦᠰᠡ ᠠᠯᠤᠰᠯᠠᠭ᠍ᠰᠠᠨ ᠴᠢᠬᠤᠯᠠ ᠶᠡᠭᠡ ᠢᠨᠵᠧᠨᠧᠷᠢᠩ᠎ᠤᠨ ᠲᠤᠯᠭᠠᠭᠤᠷᠢᠯᠠᠬᠤ ᠦᠢᠯᠡᠳᠦᠯ᠎ᠢ ᠪᠠᠳᠠᠷᠠᠭᠤᠯᠤᠨ᠎ᠠ᠃ ᠬᠤᠲᠠ᠎ᠶ᠋ᠢᠨ ᠪᠦᠭᠡᠭᠡᠨᠡᠷᠡᠯᠢ ᠨᠢᠭᠡ ᠴᠣᠭ᠍ᠴᠠᠵᠢᠭᠤᠯᠬᠤ ᠪᠠ ᠭᠤᠣᠯᠳᠠᠯᠭ᠎ᠠ᠎ᠲᠠᠢ ᠬᠤᠲᠠ᠎ᠶ᠋ᠢᠨ ᠪᠦᠭᠡᠭᠡᠨᠡᠷᠡᠯ᠎ᠤᠨ ᠵᠣᠬᠢᠴᠠᠯᠳᠣᠨ ᠬᠤᠯᠪᠣᠯᠳᠣᠨ ᠬᠦᠳᠡᠯᠦᠯᠴᠡᠬᠦ᠌᠎ᠶ᠋ᠢ ᠴᠢᠩᠭᠠᠳᠭᠠᠵᠤ᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠬᠡᠯᠬᠢᠶ᠎ᠡ ᠠᠵᠤ ᠦᠢᠯᠡᠰ᠎ᠤᠨ ᠬᠡᠯᠬᠢᠶ᠎ᠡ᠎ᠶ᠋ᠢᠨ ᠥᠨᠳᠥᠷ ᠪᠦᠲᠦᠮᠵᠢᠲᠡᠶ ᠬᠠᠮᠵᠢᠯᠴᠠᠭ᠎ᠠ᠎ᠶ᠋ᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ᠎ᠤ ᠲᠤᠮᠤ ᠪᠤᠯᠤᠩ᠎ᠤᠨ ᠣᠷᠣᠨ᠎ᠤ ᠳᠡᠯᠡᠬᠡᠶ᠎ᠶ᠋ᠢᠨ ᠲᠡᠰ᠎ᠤᠨ ᠬᠤᠳᠠ᠎ᠶ᠋ᠢᠨ ᠪᠦᠭᠡᠭᠡᠨᠡᠷᠡᠯᠢ ᠴᠣᠭ᠍ᠴᠠᠯᠠᠬᠤ᠎ᠶ᠋ᠢ ᠲᠡᠮᠵᠢᠨ᠎ᠠ᠃ ᠴᠧᠩᠳᠦ᠋ ᠴᠦᠩᠴᠢᠩ ᠣᠷᠣᠨ᠎ᠤ ᠬᠤᠣᠰ ᠬᠤᠲᠠ᠎ᠶ᠋ᠢᠨ ᠠᠵᠤ ᠠᠬᠤᠢ᠎ᠶ᠋ᠢᠨ ᠬᠦᠷᠢᠶ᠎ᠡ᠎ᠶ᠋ᠢᠨ ᠬᠥᠭ᠌ᠵᠢᠯᠲᠡ᠎ᠶ᠋ᠢᠨ ᠡᠨᠧᠷᠬᠢ᠎ᠶ᠋ᠢᠨ ᠳᠡᠰ᠎ᠢ ᠳᠡᠭᠡᠭ᠌ᠰᠢᠯᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠬᠤᠯᠠ ᠨᠡᠮᠡᠭ᠌ᠳᠡᠯ᠎ᠤᠨ ᠲᠦᠢᠯ᠎ᠢ ᠪᠤᠢ ᠪᠣᠯᠭᠠᠨ᠎ᠠ᠃ ᠬᠥᠬᠡᠮᠥ᠋ᠷᠡᠨ᠎ᠤ ᠳᠤᠮᠳᠠᠳᠤ ᠤᠷᠤᠰᠭᠠᠯ᠎ᠤᠨ ᠬᠤᠳᠠ᠎ᠶ᠋ᠢᠨ ᠪᠦᠭᠡᠭᠡᠨᠡᠷᠡᠯ ᠵᠡᠷᠭᠡ᠎ᠶ᠋ᠢᠨ ᠲᠦᠷᠭᠡᠯᠡᠨ ᠬᠥᠭ᠌ᠵᠢᠬᠦ᠌᠎ᠶ᠋ᠢ ᠠᠬᠢᠭᠤᠯᠤᠨ᠎ᠠ᠃ ᠣᠷᠣᠨ ᠪᠦᠰᠡ᠎ᠶ᠋ᠢᠨ ᠴᠢᠨᠠᠷᠲᠠᠶ ᠲᠦᠪ ᠬᠤᠲᠠᠳᠢ ᠪᠤᠢᠵᠢᠭᠤᠯᠤᠨ ᠬᠥᠭ᠌ᠵᠢᠭᠦᠯᠵᠦ᠍᠂ ᠮᠤᠵᠢ᠎ᠶ᠋ᠢᠨ ᠬᠤᠭᠤᠷᠣᠨᠳᠣᠬᠢ ᠬᠥᠷᠰᠢ ᠵᠡᠷᠭᠡᠯᠡᠳᠡᠭᠡ ᠭᠠᠵᠠᠷ ᠣᠷᠣᠨ᠎ᠤ ᠬᠠᠮᠲᠤᠷᠠᠯᠴᠠᠨ ᠬᠥᠭ᠌ᠵᠢᠬᠦ᠌᠎ᠶ᠋ᠢ ᠳᠡᠮᠵᠢᠵᠦ᠍᠂ ᠣᠷᠣᠨ ᠪᠦᠰᠡ ᠠᠯᠤᠰᠯᠠᠨ ᠬᠤᠯᠪᠣᠯᠳᠤᠭ᠍ᠰᠠᠨ ᠬᠡᠯᠪᠡᠷᠢ᠎ᠶ᠋ᠢᠨ ᠭᠠᠵᠠᠷ ᠣᠷᠣᠨ᠎ᠤ ᠲᠤᠯᠭᠠᠭᠤᠷᠢᠯᠠᠨ ᠳᠠᠢᠴᠢᠯᠠᠬᠤ ᠦᠢᠯᠡᠳᠦᠯ᠎ᠢ ᠨᠡᠩ ᠰᠠᠢᠨ ᠪᠠᠳᠠᠷᠠᠭᠤᠯᠤᠨ᠎ᠠ᠃ ᠠᠵᠤ ᠠᠬᠤᠢ᠎ᠶ᠋ᠢᠨ ᠲᠣᠮᠣ ᠮᠣᠵᠢ᠎ᠶ᠋ᠢᠨ ᠬᠦᠨᠳᠦ ᠡᠭᠦᠷᠭᠡ ᠡᠭᠦᠷᠭᠡᠯᠡᠵᠦ᠍᠂ ᠥᠭᠡᠷᠡᠴᠢᠯᠡᠯᠲᠡ᠎ᠶ᠋ᠢᠨ ᠪᠡᠷᠬᠡ ᠰᠡᠳᠦᠪ᠎ᠢ ᠱᠢᠢᠳᠪᠦᠷᠢᠯᠡᠬᠦ᠂ ᠲᠦᠷᠦ᠍᠎ᠶ᠋ᠢᠨ ᠪᠤᠳᠤᠯᠭ᠎ᠠ᠎ᠪᠠᠷ ᠡᠨᠧᠷᠬᠢ ᠣᠯᠭᠤᠬᠤ᠂ ᠡᠯᠧᠮᠧᠨ᠋ᠲ᠎ᠢ ᠪᠠᠲᠤᠯᠠᠬᠤ᠎ᠪᠠᠨ ᠴᠢᠩᠭᠠᠳᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠳᠤᠮᠳᠠ ᠡᠮᠦᠨ᠎ᠡ᠎ᠨᠢ ᠶᠠᠪᠤᠵᠤ ᠦᠯᠢᠭᠡᠷ ᠵᠢᠱ᠌ᠢᠶ᠎ᠡ ᠦᠵᠡᠭᠦᠯᠬᠦ᠌᠎ᠶ᠋ᠢ ᠳᠡᠮᠵᠢᠨ᠎ᠡ᠃
ᠬᠤᠶᠠᠳᠤᠭᠠᠷ ᠬᠡᠰᠡᠭ ᠣᠷᠣᠨ ᠪᠦᠰᠡ ᠠᠯᠤᠰᠯᠠᠨ ᠬᠠᠮᠲᠤᠷᠠᠯᠴᠠᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ
ᠵᠠᠰᠠᠭ ᠵᠠᠬᠢᠷᠭᠠᠨ᠎ᠤ ᠣᠷᠣᠨ ᠠᠯᠤᠰᠯᠠᠭ᠍ᠰᠠᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠣᠷᠣᠨ ᠪᠦᠰᠡ᠎ᠶ᠋ᠢᠨ ᠬᠤᠭᠤᠷᠣᠨᠳᠣ ᠲᠥᠯᠥᠪᠵᠢᠭᠦᠯᠭᠡ᠎ᠶ᠋ᠢ ᠨᠢᠭᠡᠳᠦᠯᠲᠡᠶ ᠲᠥᠯᠥᠪᠯᠡᠬᠦ᠂ ᠠᠵᠤ ᠦᠢᠯᠡᠰ᠎ᠤᠨ ᠳᠠᠯ᠎ᠠ᠎ᠪᠠᠷ ᠬᠠᠮᠵᠢᠯᠴᠠᠬᠤ᠂ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠬᠦ᠌ ᠵᠡᠷᠭᠡ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠨᠢᠭᠡᠳᠦᠯᠲᠡᠶ ᠲᠥᠯᠥᠪᠯᠡᠨ ᠬᠡᠷᠡᠭ᠌ᠵᠢᠭᠦᠯᠬᠦ᠌ ᠪᠠ ᠲᠥᠯᠥᠪᠵᠢᠭᠦᠯᠭᠡ᠎ᠶ᠋ᠢ ᠵᠣᠯᠭᠠᠯᠳᠤᠭᠤᠯᠬᠤ᠎ᠶ᠋ᠢ ᠴᠢᠩᠭᠠᠳᠭᠠᠵᠤ᠂ ᠣᠷᠣᠨ ᠪᠦᠰᠡ ᠠᠯᠤᠰᠯᠠᠭ᠍ᠰᠠᠨ ᠲᠠᠪᠴᠠᠩ ᠪᠠ ᠴᠢᠬᠤᠯᠠ ᠶᠡᠭᠡ ᠢᠨᠵᠧᠨᠧᠷᠢᠩ᠎ᠤᠨ ᠲᠦᠰᠦᠯ᠎ᠤᠨ ᠪᠦᠳᠦᠭᠡᠨ ᠪᠠᠢᠭᠤᠯᠤᠯᠲᠠ᠎ᠶ᠋ᠢ ᠬᠠᠮᠵᠢᠯᠴᠠᠨ ᠠᠬᠢᠭᠤᠯᠤᠨ᠎ᠠ᠃ ᠠᠵᠤ ᠦᠢᠯᠡᠰ᠎ᠤᠨ ᠱᠢᠯᠵᠢᠯᠳᠡᠶ᠋ᠢᠨ ᠬᠠᠮᠵᠢᠯᠴᠠᠭᠠᠨ᠎ᠤ ᠲᠣᠭ᠍ᠲᠠᠴᠠ ᠪᠠ ᠲᠠᠪᠴᠠᠩ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠠᠵᠤ ᠦᠢᠯᠡᠰ᠎ᠢ ᠱᠢᠯᠵᠢᠭᠦᠯᠦᠨ ᠭᠠᠷᠭᠠᠬᠤ ᠭᠠᠵᠠᠷ ᠪᠠ ᠬᠦᠯᠢᠶᠡᠨ ᠠᠪᠬᠤ ᠭᠠᠵᠠᠷ᠎ᠤᠨ ᠭᠠᠢᠯᠢ ᠲᠠᠲᠠᠪᠤᠷᠢ᠂ ᠬᠡᠷᠡᠭ᠌ᠯᠡᠬᠦ᠌ ᠭᠠᠵᠠᠷ ᠪᠠ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠭᠦᠢᠴᠡᠳᠭᠡᠯ ᠲᠤᠭ᠎ᠠ ᠵᠡᠷᠭᠡ ᠠᠱᠢᠭ ᠲᠤᠰᠠ᠎ᠶ᠋ᠢ ᠬᠤᠪᠢᠶᠠᠨ ᠡᠳ᠋ᠯᠡᠬᠦ᠌ ᠲᠣᠭ᠍ᠲᠠᠴᠠ᠎ᠶ᠋ᠢ ᠰᠦᠪᠡᠭ᠌ᠴᠢᠯᠡᠵᠦ᠍᠂ ᠭᠤᠣᠯᠳᠠᠯᠭ᠎ᠠ᠎ᠲᠠᠢ ᠠᠵᠤ ᠦᠢᠯᠡᠰ᠎ᠤᠨ ᠤᠯᠤᠰ᠎ᠤᠨ ᠳᠣᠲᠣᠭᠠᠳᠤ᠎ᠳᠤ ᠡᠮᠬᠢ ᠵᠢᠷᠤᠮ᠎ᠲᠠᠢ᠎ᠪᠠᠷ ᠱᠢᠯᠵᠢᠬᠦ᠌᠎ᠶ᠋ᠢ ᠠᠬᠢᠭᠤᠯᠤᠨ᠎ᠠ᠃ ᠬᠤᠲᠠ᠎ᠶ᠋ᠢᠨ ᠪᠦᠭᠡᠭᠡᠨᠡᠷᠡᠯ ᠶᠡᠭᠡ ᠬᠤᠲᠠ᠎ᠶ᠋ᠢᠨ ᠴᠠᠭᠠᠷᠢᠭ᠎ᠤᠨ ᠬᠡᠪᠴᠢᠶᠡᠨ᠎ᠳᠤ ᠲᠥᠯᠥᠪᠵᠢᠭᠦᠯᠭᠡ ᠶᠣᠰᠣᠭᠠᠷ ᠮᠤᠵᠢ ᠠᠯᠤᠰᠯᠠᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠭᠦᠢᠴᠡᠳᠭᠡᠯ ᠲᠤᠭ᠎ᠠ᠎ᠶ᠋ᠢ ᠨᠢᠭᠡᠳᠦᠯᠲᠡᠶ ᠲᠥᠯᠥᠪᠯᠡᠬᠦ᠌᠎ᠶ᠋ᠢ ᠳᠡᠮᠵᠢᠨ᠎ᠡ᠃ ᠤᠷᠤᠨ ᠪᠦᠰᠠ᠎ᠶ᠋ᠢᠨ ᠬᠠᠮᠵᠢᠯᠴᠠᠨ ᠬᠠᠤᠯᠢ ᠳᠤᠭ᠍ᠳᠠᠭᠠᠬᠤ᠎ᠶ᠋ᠢ ᠰᠦᠪᠡᠭ᠌ᠴᠢᠯᠡᠨ᠎ᠡ᠃ ᠰᠠᠪᠠ ᠭᠠᠵᠠᠷ᠎ᠤᠨ ᠳᠡᠭᠡᠳᠦ ᠳᠣᠣᠷᠠᠳᠤ ᠤᠷᠤᠰᠭᠠᠯ᠂ ᠡᠬᠢ ᠪᠠᠶᠠᠯᠢᠭ ᠭᠠᠷᠭᠠᠬᠤ ᠭᠠᠵᠠᠷ ᠪᠠ ᠡᠬᠢ ᠪᠠᠶᠠᠯᠢᠭ ᠣᠷᠣᠭᠤᠯᠬᠤ ᠭᠠᠵᠠᠷ᠎ᠤᠨ ᠬᠤᠭᠤᠷᠣᠨᠳᠣ᠎ᠪᠠᠨ ᠠᠱᠢᠭ ᠲᠤᠰᠠ᠎ᠶ᠋ᠢᠨ ᠨᠥᠬᠦᠪᠥᠷᠢ ᠥᠭ᠌ᠬᠦ᠎ᠶ᠋ᠢ ᠦᠷᠨᠢᠭᠦᠯᠬᠦ᠌᠎ᠶ᠋ᠢ ᠳᠡᠮᠵᠢᠵᠦ᠍᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠰᠠᠪᠠ ᠭᠠᠵᠠᠷ᠎ᠤᠨ ᠠᠵᠤ ᠠᠬᠤᠶ ᠵᠡᠷᠭᠡ ᠬᠡᠪ ᠵᠠᠭ᠍ᠪᠤᠷ᠎ᠢ ᠥᠷᠭᠡᠳᠭᠡᠨ᠎ᠡ᠃ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠯᠡᠨ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠭᠦᠨᠵᠡᠭᠡᠢᠷᠡᠭᠦᠯᠵᠦ᠍᠂ ᠱᠢᠨᠵᠢᠶᠠᠩ ᠪᠠ ᠲᠦᠪᠡᠳᠢ ᠠᠵᠢᠯ ᠲᠦᠷᠦᠯ᠎ᠤᠨ ᠱᠢᠰᠲ᠋ᠧᠮ᠎ᠢᠶᠠᠷ᠎ᠢᠶᠠᠨ ᠳᠣᠰᠠᠯᠠᠬᠤ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠱᠢᠨᠵᠢᠶᠠᠩ᠎ᠤᠨ ᠡᠮᠦᠨᠡᠲᠦ ᠬᠡᠰᠡᠭ᠎ᠤᠨ ᠭᠠᠵᠠᠷ ᠣᠷᠣᠨ ᠲᠡᠢᠰᠢ ᠬᠡᠯᠪᠠᠢᠯᠭᠡᠬᠦ᠌ ᠳᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠤᠨ᠎ᠠ᠃
ᠭᠤᠴᠢᠳᠤᠭᠠᠷ ᠪᠦᠯᠦᠭ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠎ᠡ
ᠤᠰᠤᠨ ᠠᠱᠢᠭ᠍ᠯᠠᠯᠳᠠᠳᠤ ᠲᠣᠬᠢᠷᠠᠮᠵᠢᠲᠠᠶ ᠪᠣᠯ ᠤᠰᠤ᠎ᠶ᠋ᠢ ᠠᠱᠢᠭ᠍ᠯᠠᠬᠤ᠂ ᠠᠭᠤᠯᠠ᠎ᠶ᠋ᠢ ᠨᠡᠭᠡᠭᠡᠭᠦ᠎ᠳᠤ ᠲᠤᠬᠢᠷᠠᠮᠵᠢᠲᠠᠢ ᠪᠣᠯ ᠠᠭᠤᠯᠠ᠎ᠶ᠋ᠢ ᠨᠡᠭᠡᠭᠡᠨ ᠠᠱᠢᠭ᠍ᠯᠠᠬᠤ᠂ ᠠᠮᠤ ᠪᠤᠳᠠᠭ᠎ᠠ ᠲᠠᠷᠢᠬᠤ᠎ᠳᠤ ᠲᠣᠬᠢᠷᠠᠮᠵᠢᠲᠠᠶ ᠪᠣᠯ ᠠᠮᠤ ᠪᠤᠳᠠᠭ᠎ᠠ ᠲᠠᠷᠢᠬᠤ᠂ ᠲᠠᠷᠢᠶᠠᠯᠠᠬᠤ᠎ᠳᠤ ᠲᠣᠬᠢᠷᠠᠮᠵᠢᠲᠠᠶ ᠪᠣᠯ ᠲᠠᠷᠢᠶᠠᠯᠠᠩ ᠡᠵᠡᠩᠨᠡᠬᠦ᠂ ᠠᠵᠤ ᠦᠢᠯᠡᠳᠪᠦᠷᠢ᠎ᠳᠤ ᠲᠣᠬᠢᠷᠠᠮᠵᠢᠲᠠᠶ ᠪᠣᠯ ᠠᠵᠤ ᠦᠢᠯᠡᠳᠪᠦᠷᠢ ᠡᠷᠬᠢᠯᠡᠬᠦ᠂ ᠬᠤᠳᠠᠯᠳᠤᠭ᠎ᠠ᠎ᠳᠤ ᠲᠣᠬᠢᠷᠠᠮᠵᠢᠲᠠᠶ ᠪᠣᠯ ᠬᠤᠳᠠᠯᠳᠤᠭ᠎ᠠ ᠡᠷᠬᠢᠯᠡᠬᠦ᠌᠎ᠶ᠋ᠢ ᠪᠠᠷᠢᠮᠳᠠᠯᠠᠵᠣ᠂ ᠪᠡᠶᠡᠴᠢ ᠴᠣᠭ᠍ᠴᠠ᠎ᠶ᠋ᠢᠨ ᠴᠢᠳᠠᠮᠵᠢᠳᠤ ᠣᠷᠣᠨ᠎ᠤ ᠲᠦᠷᠢᠮ᠎ᠤᠨ ᠱᠢᠰᠲ᠋ᠧᠮ᠎ᠢ ᠪᠦᠷᠢᠨᠱᠢᠭᠦᠯᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠯᠭᠠᠲᠤ ᠴᠢᠨᠠᠷ ᠪᠠ ᠨᠠᠷᠢᠯᠢᠭ ᠣᠨᠣᠴᠠᠲᠤ ᠴᠢᠨᠠᠷ᠎ᠢ ᠳᠡᠭᠡᠭ᠌ᠰᠢᠯᠡᠭᠦᠯᠵᠦ᠍᠂ ᠪᠡᠶᠡᠴᠢ ᠴᠣᠭ᠍ᠴᠠ᠎ᠶ᠋ᠢᠨ ᠴᠢᠳᠠᠮᠵᠢ᠎ᠶ᠋ᠢᠨ ᠬᠢᠵᠠᠭᠠᠷᠯᠠᠯ᠎ᠨᠢ ᠪᠦᠲᠦᠮᠵᠢᠲᠡᠶ᠂ ᠤᠯᠤᠰ᠎ᠤᠨ ᠨᠤᠲᠤᠭ ᠳᠡᠪᠢᠰᠭᠡᠷ᠎ᠤᠨ ᠨᠡᠭᠡᠭᠡᠨ ᠠᠱᠢᠭ᠍ᠯᠠᠯᠳᠠᠨᠢ ᠡᠮᠬᠢ ᠵᠢᠷᠤᠮ᠎ᠲᠠᠢ ᠣᠷᠣᠨ ᠵᠠᠶ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠪᠣᠢ ᠪᠣᠯᠭᠠᠬᠤ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠪᠡᠶᠡᠴᠢ ᠴᠣᠭ᠍ᠴᠠ᠎ᠶ᠋ᠢᠨ ᠴᠢᠳᠠᠮᠵᠢᠳᠦ ᠣᠷᠣᠨ᠎ᠤ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠵᠢᠭᠦᠯᠦᠯᠲᠡ᠎ᠶ᠋ᠢ ᠴᠢᠩᠭᠠᠳᠭᠠᠨ᠎ᠠ
ᠬᠤᠲᠠᠴᠢᠯᠠᠭ᠍ᠰᠠᠨ ᠭᠠᠵᠠᠷ ᠣᠷᠣᠨ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠤᠣᠯ ᠭᠠᠷᠤᠯᠲᠠ᠎ᠶ᠋ᠢᠨ ᠣᠷᠣᠨ᠂ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠴᠢᠳᠠᠮᠵᠢᠲᠤ ᠣᠷᠣᠨ᠎ᠤ ᠪᠠᠢᠷᠢᠱᠢᠯ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠵᠤ᠂ ᠬᠡᠰᠡᠭ ᠭᠠᠵᠠᠷ ᠣᠷᠣᠨ᠎ᠤ ᠪᠡᠶᠡᠴᠢ ᠴᠣᠭ᠍ᠴᠠ᠎ᠶ᠋ᠢᠨ ᠴᠢᠳᠠᠮᠵᠢ᠎ᠶ᠋ᠢ ᠵᠣᠬᠢᠰᠲᠠᠶ ᠱᠢᠯᠢᠳᠡᠭ᠌ᠵᠢᠭᠦᠯᠵᠦ᠍᠂ ᠬᠤᠲᠠᠴᠢᠯᠠᠭ᠍ᠰᠠᠨ ᠭᠠᠵᠠᠷ ᠣᠷᠣᠨ ᠠᠵᠤ ᠠᠬᠤᠶ ᠪᠠ ᠬᠥᠮᠦᠨ ᠠᠮᠠ ᠲᠦᠪᠯᠡᠷᠡᠨ ᠴᠣᠭ᠍ᠯᠠᠷᠠᠬᠤᠶ᠋ᠢ ᠳᠠᠭᠠᠭᠠᠬᠤ ᠴᠢᠳᠠᠪᠤᠷᠢ᠎ᠪᠠᠨ ᠴᠢᠩᠭᠠᠳᠭᠠᠬᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠤᠣᠯ ᠭᠠᠷᠤᠯᠲᠠ᠎ᠶ᠋ᠢᠨ ᠣᠷᠣᠨ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ᠎ᠪᠠᠨ ᠳᠡᠭᠡᠭ᠌ᠰᠢᠯᠡᠭᠦᠯᠬᠦ᠂ ᠭᠤᠣᠯᠳᠠᠯᠭ᠎ᠠ᠎ᠲᠠᠢ ᠠᠮᠢ ᠠᠬᠤᠶ᠎ᠶ᠋ᠢᠨ ᠴᠢᠳᠠᠮᠵᠢᠳᠤ ᠣᠷᠣᠨ ᠪᠠᠢᠭᠠᠯᠢ᠎ᠶ᠋ᠢᠨ ᠠᠮᠢ ᠠᠬᠤᠶ᠎ᠶ᠋ᠢᠨ ᠱᠢᠰᠲ᠋ᠧᠮ᠎ᠤᠨ ᠶᠠᠰᠤ ᠴᠢᠨᠠᠷ᠎ᠢ ᠰᠠᠢᠵᠢᠷᠠᠭᠤᠯᠬᠤ᠎ᠶ᠋ᠢ ᠠᠬᠢᠭᠤᠯᠤᠨ᠎ᠠ᠃ ᠣᠨᠴᠠᠭᠠᠶ ᠴᠢᠳᠠᠮᠵᠢᠳᠤ ᠣᠷᠣᠨ᠎ᠢ ᠨᠠᠷᠢᠯᠢᠬ᠍ᠵᠢᠭᠤᠯᠤᠨ ᠲᠣᠳᠣᠷᠬᠠᠢᠯᠠᠵᠤ᠂ ᠪᠡᠶᠡᠴᠢ ᠴᠣᠭ᠍ᠴᠠ᠎ᠶ᠋ᠢᠨ ᠴᠢᠳᠠᠮᠵᠢ᠎ᠶ᠋ᠢᠨ ᠰᠠᠭᠤᠷᠢᠨ ᠳᠡᠭᠡᠷ᠎ᠡ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ᠂ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠪᠠᠲᠤᠯᠠᠬᠤ᠂ ᠰᠣᠶᠣᠯ᠎ᠢ ᠬᠠᠮᠠᠭᠠᠯᠠᠨ ᠤᠯᠠᠮᠵᠢᠯᠠᠬᠤ᠂ ᠲᠠᠯᠠᠢ ᠲᠠᠩᠭᠢᠰ᠎ᠤᠨ ᠡᠬᠢ ᠪᠠᠶᠠᠯᠢᠭ᠎ᠢ ᠬᠠᠮᠠᠭᠠᠯᠠᠨ ᠠᠱᠢᠭ᠍ᠯᠠᠬᠤ᠎ᠶ᠋ᠢ ᠴᠢᠩᠭᠠᠳᠭᠠᠬᠤ ᠵᠡᠷᠭᠡ ᠴᠢᠳᠠᠮᠵᠢ᠎ᠶ᠋ᠢ ᠳᠠᠪᠬᠤᠴᠠᠭᠤᠯᠤᠨᠠ᠃ ᠠᠳᠠᠯᠢ ᠪᠤᠰᠤ ᠪᠡᠶᠡᠴᠢ ᠴᠣᠭ᠍ᠴᠠ᠎ᠶ᠋ᠢᠨ ᠴᠢᠳᠠᠮᠵᠢᠲᠤ ᠣᠷᠣᠨ᠎ᠢ ᠢᠯᠭᠠᠭᠠᠵᠢᠭᠤᠯᠣᠨ ᠳᠡᠮᠵᠢᠬᠦ᠌ ᠲᠥᠷᠥ᠎ᠶ᠋ᠢᠨ ᠪᠣᠳᠣᠯᠭ᠎ᠠ ᠪᠠ ᠬᠢᠨᠠᠨ ᠱᠢᠯᠭᠠᠵᠤ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠱᠢᠨ᠎ᠡ᠎ᠪᠠᠷ ᠨᠡᠮᠡᠭ᠌ᠳᠡᠬᠦᠯᠬᠦ᠌ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠂ ᠤᠰᠤᠨ᠎ᠤ ᠡᠬᠢ ᠪᠠᠶᠠᠯᠢᠭ ᠵᠡᠷᠭᠡ᠎ᠶ᠋ᠢᠨ ᠭᠦᠢᠴᠡᠳᠭᠡᠯ ᠲᠤᠭ᠎ᠠ᠎ᠶ᠋ᠢ ᠵᠦᠶ ᠵᠣᠬᠢᠰᠲᠠᠶ ᠲᠣᠬᠢᠷᠠᠭᠤᠯᠤᠨ᠎ᠠ᠃
ᠬᠤᠶᠠᠳᠤᠭᠠᠷ ᠬᠡᠰᠡᠭ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢ ᠬᠠᠮᠢᠶᠠᠷᠤᠨ ᠡᠵᠡᠮᠳᠡᠬᠦ᠌᠎ᠶ᠋ᠢ ᠱᠢᠯᠢᠳᠡᠭ᠌ᠵᠢᠭᠦᠯᠦᠨ᠎ᠡ
ᠤᠯᠤᠰ᠎ᠤᠨ ᠨᠣᠳᠤᠭ ᠳᠡᠪᠢᠰᠭᠡᠷ᠎ᠤᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠦᠨᠳᠦᠰᠦᠯᠡᠨ᠂ ᠤᠯᠤᠰ᠎ᠤᠨ ᠨᠣᠳᠤᠭ ᠳᠡᠪᠢᠰᠭᠡᠷ᠎ᠤᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠦᠨᠡᠯᠡᠨ ᠵᠢᠱ᠌ᠢᠭ᠌ᠰᠡᠨ ᠦᠷ᠎ᠡ ᠳ᠋ᠦᠩ᠎ᠲᠠᠢ ᠣᠶᠠᠯᠳᠣᠭᠤᠯᠣᠨ᠂ ᠤᠯᠤᠰ᠎ᠤᠨ ᠨᠣᠳᠤᠭ ᠳᠡᠪᠢᠰᠭᠡᠷ᠎ᠤᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠬᠥᠳᠡᠯᠦᠩᠭᠦᠶ᠎ᠪᠠᠷ ᠲᠡᠭᠦᠯᠳᠡᠷᠵᠢᠭᠦᠯᠵᠦ᠍᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢ ᠨᠡᠭᠡᠭᠡᠨ ᠠᠱᠢᠭ᠍ᠯᠠᠵᠣ ᠬᠠᠮᠠᠭᠠᠯᠠᠬᠤ᠎ᠳᠤ ᠰᠠᠭᠤᠷᠢ ᠪᠣᠯᠬᠤ ᠦᠢᠯᠡᠳᠦᠯ᠎ᠢ᠎ᠨᠢ ᠪᠠᠳᠠᠷᠠᠭᠤᠯᠤᠨ᠎ᠠ᠃ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠬᠤᠲᠠ ᠪᠠᠯᠭᠠᠰᠤᠨ᠎ᠤ ᠨᠡᠭᠡᠭᠡᠨ ᠠᠱᠢᠭ᠍ᠯᠠᠯᠳᠠ᠎ᠶ᠋ᠢᠨ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠵᠢᠴᠢ ᠡᠯ᠎ᠡ ᠲᠥᠷᠥᠯ᠎ᠤᠨ ᠬᠠᠮᠢᠶᠠᠷᠤᠨ ᠡᠵᠡᠮᠳᠡᠬᠦ᠌ ᠵᠠᠭᠠᠭ ᠬᠢᠵᠠᠭᠠᠷ᠎ᠢ ᠨᠠᠢᠳᠠᠪᠤᠷᠢᠵᠢᠭᠤᠯᠣᠨ ᠱᠢᠯᠢᠳᠡᠭ᠌ᠵᠢᠭᠦᠯᠵᠦ᠍᠂ ᠤᠯᠤᠰ᠎ᠤᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠵᠢᠭᠦᠯᠦᠯᠳᠡᠶ᠋ᠢᠨ ᠲᠣᠭᠤᠷᠢᠨ᠎ᠳᠤ ᠬᠠᠮᠢᠶᠠᠷᠤᠨ ᠡᠵᠡᠮᠳᠡᠬᠦ᠌ ᠬᠠᠷᠠᠯᠲᠠ᠎ᠶ᠋ᠢ ᠵᠦᠢ ᠵᠣᠬᠢᠰᠳᠠᠢ ᠱᠢᠯᠢᠳᠡᠭ᠌ᠵᠢᠭᠦᠯᠦᠨ᠎ᠡ᠃ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠲᠣᠭ᠍ᠲᠠᠭᠤᠨ ᠪᠤᠰᠤ ᠲᠠᠷᠢᠶᠠᠨ ᠭᠠᠵᠠᠷ᠂ ᠭᠠᠮᠱᠢᠭ᠎ᠲᠤ ᠰᠦᠢᠳᠦᠭ᠌ᠰᠡᠨ ᠲᠠᠷᠢᠶᠠᠨ ᠭᠠᠵᠠᠷ ᠵᠡᠷᠭᠡ᠎ᠶ᠋ᠢ ᠤᠬᠤᠷᠢᠭᠤᠯᠤᠨ ᠭᠠᠷᠭᠠᠬᠤ᠎ᠶ᠋ᠢᠨ ᠬᠠᠮᠳᠣ ᠴᠠᠭ ᠳᠣᠬᠠᠢ᠎ᠳᠤᠨᠢ ᠭᠦᠢᠴᠡᠳ ᠨᠦᠬᠦᠪᠦᠷᠢᠯᠡᠬᠦ᠌᠎ᠶ᠋ᠢ ᠡᠮᠬᠢ ᠵᠢᠷᠤᠮ᠎ᠲᠠᠢ ᠠᠬᠢᠭᠤᠯᠵᠤ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠳᠣᠲᠣᠷᠠᠬᠢ ᠵᠣᠷᠢᠭᠤᠳᠠ᠎ᠶ᠋ᠢᠨ ᠠᠵᠢᠯᠯᠠᠭ᠎ᠠ᠎ᠶ᠋ᠢ ᠢᠯᠭᠠᠭᠠᠵᠢᠭᠤᠯᠣᠨ ᠬᠠᠮᠢᠶᠠᠷᠤᠨ ᠡᠵᠡᠮᠳᠡᠬᠦ᠌ ᠠᠷᠭ᠎ᠠ ᠮᠠᠶᠢᠭ ᠪᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢ ᠵᠦᠷᠢᠶᠡᠵᠢᠭᠦᠯᠦᠨ ᠬᠠᠢᠨ ᠪᠠᠢᠴᠠᠭᠠᠵᠤ ᠨᠡᠭᠡᠭᠡᠨ ᠮᠠᠯᠲᠠᠬᠤ ᠲᠥᠷᠥ᠎ᠶ᠋ᠢᠨ ᠪᠣᠳᠣᠯᠭ᠎ᠠ᠎ᠶ᠋ᠢ ᠰᠤᠳᠤᠯᠤᠨ ᠲᠡᠭᠦᠯᠳᠡᠷᠵᠢᠭᠦᠯᠵᠦ᠍᠂ ᠬᠥᠮᠦᠨ ᠠᠮᠠ᠎ᠶ᠋ᠢᠨ ᠱᠢᠯᠵᠢᠯᠲᠡ ᠪᠣᠯᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠦᠨᠳᠦᠰᠦᠯᠡᠨ ᠬᠤᠲᠠ ᠪᠠᠯᠭᠠᠰᠤᠨ᠎ᠤ ᠨᠡᠭᠡᠭᠡᠨ ᠠᠱᠢᠭ᠍ᠯᠠᠯᠳᠠ᠎ᠶ᠋ᠢᠨ ᠵᠠᠭᠠᠭ ᠬᠢᠵᠠᠭᠠᠷ᠎ᠢ ᠱᠢᠯᠢᠳᠡᠭ᠌ᠵᠢᠭᠦᠯᠦᠨ᠎ᠡ᠃ ᠡᠷᠭᠢ ᠣᠢ᠌ᠷᠠᠯᠴᠠᠭ᠎ᠠ᠂ ᠭᠦᠨ ᠳᠠᠯᠠᠢ ᠠᠯᠣᠰ ᠳᠠᠯᠠᠢ᠎ᠶ᠋ᠢᠨ ᠣᠷᠣᠨ ᠵᠠᠶ᠎ᠶ᠋ᠢ ᠨᠢᠭᠡᠳᠦᠯᠲᠡᠶ ᠲᠥᠯᠥᠪᠯᠡᠨ ᠠᠱᠢᠭ᠍ᠯᠠᠨ᠎ᠠ᠃
ᠭᠤᠷᠪᠠᠳᠤᠭᠠᠷ ᠬᠡᠰᠡᠭ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢ ᠬᠠᠮᠵᠢᠯᠴᠠᠨ ᠵᠠᠰᠠᠬᠤ᠎ᠶ᠋ᠢ ᠴᠢᠩᠭᠠᠳᠭᠠᠨ᠎ᠠ
ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠬᠡᠷᠡᠭ᠌ᠴᠡᠭᠡᠨ᠎ᠤ ᠵᠠᠬᠢᠷᠤᠨ ᠬᠠᠮᠢᠶᠠᠷᠣᠯᠳᠠ ᠪᠠ ᠲᠥᠯᠥᠪᠵᠢᠭᠦᠯᠭᠡ᠎ᠶ᠋ᠢᠨ ᠵᠥᠪᠱᠢᠶᠡᠷᠡᠯ᠎ᠤᠨ ᠲᠦᠷᠢᠮ᠎ᠢ ᠪᠠᠢᠭᠤᠯᠤᠨ ᠪᠦᠷᠢᠨᠱᠢᠭᠦᠯᠵᠦ᠍᠂ ᠵᠦᠷᠢᠶᠡᠵᠢᠭᠦᠯᠦᠭ᠌ᠰᠡᠨ᠂ ᠨᠠᠷᠢᠯᠢᠬ᠍ᠵᠢᠭᠤᠯᠣᠭ᠍ᠰᠠᠨ ᠬᠡᠷᠡᠭ᠌ᠴᠡᠭᠡᠨ᠎ᠤ ᠵᠠᠬᠢᠷᠤᠨ ᠬᠠᠮᠢᠶᠠᠷᠤᠯᠲᠠ᠎ᠶ᠋ᠢ ᠣᠷᠣᠨ ᠬᠤᠪᠢᠶᠠᠨ ᠲᠦᠷᠦᠯ ᠬᠤᠪᠢᠶᠠᠨ ᠬᠡᠷᠡᠭ᠌ᠵᠢᠭᠦᠯᠦᠨ᠎ᠡ᠃ ᠤᠯᠤᠰ᠎ᠤᠨ ᠴᠢᠬᠤᠯᠠ ᠶᠡᠭᠡ ᠲᠦᠰᠦᠯ᠎ᠳᠤ ᠬᠡᠷᠡᠭ᠌ᠯᠡᠬᠦ᠌ ᠭᠠᠵᠠᠷ᠎ᠢ ᠪᠠᠲᠤᠯᠠᠬᠤ ᠲᠣᠭ᠍ᠲᠠᠴᠠ᠎ᠶ᠋ᠢ ᠪᠦᠷᠢᠨᠱᠢᠬᠦᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ ᠪᠠ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ 《ᠨᠢᠭᠡ ᠯᠡ ᠵᠢᠷᠤᠭ》 ᠳᠡᠭᠡᠷ᠎ᠡ ᠨᠢᠭᠡᠳᠦᠯᠲᠡᠢ ᠬᠠᠮᠢᠶᠡᠷᠬᠤ ᠦᠢᠯᠡᠳᠦᠯ᠎ᠢ ᠪᠠᠳᠠᠷᠠᠭᠤᠯᠤᠨ᠎ᠠ᠃ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ᠎ᠳᠤ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠨᠢᠭᠡᠳᠦᠯᠲᠡᠶ ᠲᠥᠯᠥᠪᠯᠡᠬᠦ᠌ ᠨᠠᠩ ᠶᠡᠭᠡ ᠡᠵᠡᠨ ᠮᠡᠳᠡᠬᠦ᠌ ᠡᠷᠬᠡ ᠣᠯᠭᠤᠵᠤ᠂ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠶᠡᠷᠦᠩᠬᠡᠶ ᠬᠡᠮᠵᠢᠶ᠎ᠡ᠎ᠶ᠋ᠢ ᠲᠥᠯᠥᠪᠵᠢᠭᠦᠯᠭᠡ᠎ᠶ᠋ᠢᠨ ᠬᠤᠭᠤᠴᠠᠭ᠎ᠠ᠎ᠪᠠᠷ ᠬᠠᠮᠢᠶᠠᠷᠤᠨ ᠡᠵᠡᠮᠳᠡᠬᠦ᠌ ᠬᠡᠪ ᠵᠠᠭ᠍ᠪᠤᠷ᠎ᠢ ᠰᠦᠪᠡᠭ᠌ᠴᠢᠯᠡᠨ ᠬᠡᠷᠡᠭ᠌ᠵᠢᠭᠦᠯᠵᠦ᠍᠂ ᠮᠤᠵᠢ᠎ᠶ᠋ᠢᠨ ᠬᠡᠪᠴᠢᠶᠡᠨ᠎ᠤ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠶᠡᠷᠦᠩᠬᠡᠶ ᠬᠡᠮᠵᠢᠶ᠎ᠡ᠎ᠠᠴᠠ ᠬᠡᠲᠦᠷᠡᠭᠦᠯᠬᠦ᠌ ᠦᠭᠡᠶ ᠪᠠᠢᠬᠤ ᠤᠷᠢᠲᠠᠯ ᠳᠣᠣᠷ᠎ᠠ ᠬᠤᠲᠠ ᠱᠢᠶᠠᠨ᠎ᠤ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠂ ᠢᠯᠭᠠᠭᠠᠵᠢᠭᠤᠯᠣᠨ ᠲᠣᠬᠢᠷᠠᠭᠤᠯᠬᠤ ᠨᠡᠮᠡᠭ᠌ᠳᠡᠯ ᠬᠠᠳᠠᠭᠠᠯᠠᠯᠲᠠ᠎ᠶ᠋ᠢᠨ ᠬᠠᠷᠢᠴᠠᠯ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠎ᠶ᠋ᠢ ᠵᠥᠪᠱᠢᠶᠡᠷᠡᠵᠦ᠍᠂ ᠬᠠᠳᠠᠭᠠᠯᠠᠯᠳᠠ ᠭᠠᠵᠠᠷ ᠪᠠ ᠨᠡᠮᠡᠭ᠌ᠳᠡᠯ ᠭᠠᠵᠠᠷ᠎ᠢ ᠨᠢᠭᠡᠳᠦᠯᠲᠡᠶ ᠲᠥᠯᠥᠪᠯᠡᠨ ᠶᠡᠷᠦᠩᠬᠡᠢᠯᠡᠨ ᠬᠠᠩᠭᠠᠬᠤ᠎ᠶ᠋ᠢ ᠬᠡᠷᠡᠭ᠌ᠵᠢᠭᠦᠯᠦᠨ᠎ᠡ᠃ ᠭᠠᠵᠠᠷ ᠬᠡᠷᠡᠭ᠌ᠯᠡᠬᠦ᠌᠎ᠶ᠋ᠢ ᠬᠢᠨᠠᠨ ᠪᠠᠢᠴᠠᠭᠠᠬᠤ ᠪᠠ ᠲᠥᠯᠥᠪᠵᠢᠭᠦᠯᠭᠡ᠎ᠶ᠋ᠢ ᠵᠥᠪᠱᠢᠶᠡᠷᠡᠬᠦ᠌᠎ᠶ᠋ᠢ ᠣᠷᠭᠠᠨᠢᠭ᠎ᠢᠶᠠᠷ ᠠᠭᠤᠰᠣᠯᠴᠠᠭᠤᠯᠬᠤ᠂ ᠭᠠᠵᠠᠷ ᠬᠡᠷᠡᠭ᠌ᠯᠡᠬᠦ᠌ ᠳᠠᠯᠠᠢ ᠬᠡᠷᠡᠭ᠌ᠯᠡᠬᠦ᠌ ᠣᠢ ᠱᠢᠭᠤᠶ ᠬᠡᠷᠡᠭ᠌ᠯᠡᠬᠦ᠌ ᠨᠣᠳᠤᠭ ᠪᠡᠯᠴᠢᠭᠡᠷ ᠬᠡᠷᠡᠭ᠌ᠯᠡᠬᠦ᠌᠎ᠶ᠋ᠢ ᠬᠤᠯᠪᠣᠯᠳᠣᠨ ᠬᠦᠳᠡᠯᠦᠯᠴᠡᠵᠦ᠍ ᠬᠢᠨᠠᠨ ᠵᠥᠪᠱᠢᠶᠡᠷᠡᠬᠦ᠌᠎ᠶ᠋ᠢ ᠠᠬᠢᠭᠤᠯᠤᠨ᠎ᠠ᠃
ᠭᠤᠴᠢᠨ ᠨᠢᠭᠡᠳᠦᠭᠡᠷ ᠪᠦᠯᠦᠭ ᠬᠥᠮᠦᠨ᠎ᠢᠶᠠᠷ ᠦᠨᠳᠦᠰᠦ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ
ᠬᠤᠲᠠ ᠪᠠᠯᠭᠠᠰᠤᠵᠢᠯᠲᠠ᠎ᠶ᠋ᠢᠨ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠲᠠᠷᠢᠶᠠᠯᠠᠩ᠎ᠠᠴᠠ ᠱᠢᠯᠵᠢᠭ᠌ᠰᠡᠨ ᠬᠥᠮᠦᠨ ᠠᠮᠠ᠎ᠶ᠋ᠢᠨ ᠪᠦᠬᠦ᠌ ᠲᠠᠯ᠎ᠠ᠎ᠪᠠᠷ ᠬᠤᠲᠠ᠎ᠳᠤ ᠠᠭᠤᠰᠣᠯᠴᠠᠨ ᠣᠷᠣᠬᠤ᠎ᠶ᠋ᠢ ᠠᠬᠢᠭᠤᠯᠵᠤ᠂ ᠬᠤᠲᠠ᠎ᠶ᠋ᠢᠨ ᠬᠡᠪᠴᠢᠶ᠎ᠡ ᠪᠠ ᠪᠦᠲᠦᠴᠡ᠎ᠶ᠋ᠢ ᠱᠢᠯᠢᠳᠡᠭ᠌ᠵᠢᠭᠦᠯᠦᠨ᠂ ᠬᠤᠲᠠ᠎ᠶ᠋ᠢᠨ ᠠᠭᠤᠯᠤᠭ᠍ᠳᠠᠬᠤᠨ᠎ᠤ ᠬᠡᠯᠪᠡᠷᠢᠳᠦ ᠬᠥᠭ᠌ᠵᠢᠯᠳᠡ᠎ᠶ᠋ᠢ ᠠᠬᠢᠭᠤᠯᠵᠤ᠂ ᠲᠣᠮᠣ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ᠎ᠶ᠋ᠢ ᠵᠣᠬᠢᠴᠠᠩᠭᠤᠶ᠎ᠪᠠᠷ ᠬᠥᠭ᠌ᠵᠢᠭᠦᠯᠬᠦ᠂ ᠡᠷᠴᠢᠮᠯᠢᠭ ᠠᠪᠴᠠᠯᠳᠣᠩᠭᠤᠢ ᠪᠠᠢᠷᠢᠯᠠᠭᠤᠯᠬᠤ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠲᠠᠷᠢᠶᠠᠯᠠᠩ᠎ᠠᠴᠠ ᠱᠢᠯᠵᠢᠭ᠌ᠰᠡᠨ ᠬᠥᠮᠦᠨ ᠠᠮᠠ᠎ᠶ᠋ᠢ ᠬᠤᠳᠠ᠎ᠶ᠋ᠢᠨ ᠠᠷᠠᠳ ᠪᠣᠯᠭᠠᠬᠤ᠎ᠶ᠋ᠢ ᠱᠢᠨᠵᠢᠯᠡᠬᠦ᠌ ᠤᠬᠠᠭᠠᠨᠴᠢ ᠪᠠᠷ ᠡᠮᠬᠢ ᠵᠢᠷᠤᠮ᠎ᠲᠠᠢ᠎ᠪᠠᠷ ᠠᠬᠢᠭᠤᠯᠤᠨ᠎ᠠ
ᠢᠳᠡᠪᠬᠢᠲᠡᠶ ᠪᠦᠭᠡᠳ ᠯᠠᠪᠳᠠᠭᠤᠨ ᠳᠣᠬᠢᠳᠠᠢ᠂ ᠲᠥᠷᠥᠯ ᠬᠤᠪᠢᠶᠠᠨ ᠠᠬᠢᠭᠤᠯᠬᠤ᠎ᠶ᠋ᠢ ᠪᠠᠷᠢᠮᠲᠠᠯᠠᠵᠤ᠂ ᠡᠷᠦᠬᠡ ᠠᠮᠠ᠎ᠶ᠋ᠢᠨ ᠳᠠᠩᠰᠠ᠎ᠶ᠋ᠢᠨ ᠲᠦᠷᠢᠮ᠎ᠤᠨ ᠥᠭᠡᠷᠡᠴᠢᠯᠡᠯᠲᠡ ᠪᠠ ᠪᠠᠢᠩᠭᠤ ᠰᠠᠭᠤᠭ᠎ᠠ ᠭᠠᠵᠠᠷ᠎ᠲᠤᠨᠢ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ ᠬᠠᠩᠭᠠᠬᠤ᠎ᠶ᠋ᠢ ᠨᠢᠭᠡᠳᠦᠯᠲᠡᠶ ᠲᠥᠯᠥᠪᠯᠡᠨ ᠭᠦᠨᠵᠡᠭᠡᠢᠷᠡᠭᠦᠯᠦᠨ᠎ᠡ᠃ ᠬᠡᠲᠦ ᠲᠣᠮᠣ ᠣᠨᠴᠠ ᠲᠣᠮᠣ ᠬᠤᠲᠠ᠎ᠳᠤ ᠬᠤᠪᠢ ᠬᠤᠷᠠᠮᠳᠤᠭᠤᠯᠵᠤ ᠡᠷᠦᠬᠡ ᠠᠮᠠ᠎ᠶ᠋ᠢᠨ ᠳᠠᠩᠰᠠ ᠣᠷᠣᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠵᠡᠭᠡᠯᠢ ᠭᠤᠳᠤᠮᠵᠢ ᠪᠤᠶᠤ ᠨᠡᠢᠭᠡᠮ ᠲᠣᠭᠤᠷᠢᠭ᠎ᠤᠨ ᠣᠯᠠᠨ ᠨᠡᠢᠲᠡ᠎ᠶ᠋ᠢᠨ ᠡᠷᠦᠬᠡ ᠠᠮᠠ᠎ᠶ᠋ᠢᠨ ᠳᠠᠩᠰᠠ᠎ᠶ᠋ᠢ ᠪᠦᠬᠦ᠌ ᠲᠠᠯ᠎ᠠ᠎ᠪᠠᠷ ᠪᠠᠢᠭᠤᠯᠵᠤ᠂ ᠲᠣᠭ᠍ᠲᠠᠪᠤᠷᠢᠲᠠᠶ ᠠᠵᠢᠯ ᠣᠯᠵᠤ ᠰᠠᠭᠤᠷᠢᠱᠢᠭ᠍ᠰᠠᠨ ᠲᠠᠷᠢᠶᠠᠯᠠᠩ᠎ᠠᠴᠠ ᠱᠢᠯᠵᠢᠭ᠌ᠰᠡᠨ ᠬᠥᠮᠦᠨ ᠠᠮᠠ᠎ᠶ᠋ᠢᠨ ᠡᠷᠦᠬᠡ ᠠᠮᠠ᠎ᠶ᠋ᠢᠨ ᠳᠠᠩᠰᠠ ᠣᠷᠣᠭᠤᠯᠬᠤ ᠠᠷᠭ᠎ᠠ ᠵᠠᠮ᠎ᠢ ᠥᠷᠭᠡᠳᠭᠡᠨ᠎ᠡ᠃ ᠪᠦᠬᠦ᠌ ᠤᠯᠤᠰ᠎ᠤᠨ ᠨᠢᠭᠡᠳᠦᠯᠲᠡᠶ ᠬᠥᠮᠦᠨ ᠠᠮᠠ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠰᠦᠪᠡᠭ᠌ᠴᠢᠯᠡᠨ ᠪᠠᠢᠭᠤᠯᠵᠤ᠂ ᠪᠠᠢᠩᠭᠤ ᠰᠠᠭᠤᠭ᠎ᠠ ᠭᠠᠵᠠᠷ᠎ᠲᠠᠭᠠᠨ ᠡᠷᠦᠬᠡ ᠠᠮᠠ᠎ᠪᠠᠨ ᠳᠠᠩᠰᠠᠯᠠᠭᠤᠯᠬᠤ᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠦᠨ᠎ᠡ᠃ ᠬᠥᠯᠥᠰᠥᠨ ᠠᠵᠢᠯᠴᠢᠨ᠎ᠤ ᠬᠤᠲᠠ ᠪᠠᠯᠭᠠᠰᠤᠨ᠎ᠤ ᠠᠵᠢᠯᠲᠠᠨ ᠠᠵᠢᠯᠴᠢᠨ᠎ᠤ ᠨᠡᠢᠭᠡᠮ᠎ᠤᠨ ᠳᠠᠭᠠᠳᠭᠠᠯ᠎ᠳᠤ ᠣᠷᠣᠯᠴᠠᠬᠤ ᠬᠠᠷᠢᠴᠠᠯ᠎ᠢ ᠯᠠᠪᠳᠠᠭᠤᠨ᠎ᠢᠶᠠᠷ ᠳᠡᠭᠡᠭ᠌ᠰᠢᠯᠡᠭᠦᠯᠵᠦ᠍᠂ ᠨᠡᠩ ᠣᠯᠠᠨ ᠬᠤᠲᠠᠶ᠋ᠢᠨᠬᠢᠨᠤ ᠨᠥᠬᠦᠴᠡᠯ᠎ᠳᠤ ᠨᠡᠢᠴᠡᠭ᠌ᠰᠡᠨ ᠡᠷᠦᠬᠡ ᠠᠮᠠ᠎ᠶ᠋ᠢᠨ ᠳᠠᠩᠰᠠ ᠣᠷᠣᠭᠠᠳᠤᠶ ᠪᠠᠢᠩᠭᠤ ᠰᠠᠭᠤᠭ᠎ᠠ ᠬᠥᠮᠦᠨ ᠠᠮᠠ᠎ᠶ᠋ᠢ ᠣᠯᠠᠨ ᠨᠡᠢᠲᠡ᠎ᠶ᠋ᠢᠨ ᠲᠦᠷᠢᠶᠡᠰᠦᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠬᠡᠪᠴᠢᠶᠡᠨ᠎ᠳᠤ ᠣᠷᠣᠭᠤᠯᠬᠤ᠎ᠶ᠋ᠢ ᠠᠬᠢᠭᠤᠯᠤᠨ᠎ᠠ᠃ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠯᠵᠢᠵᠦ᠍ ᠤᠴᠢᠭ᠍ᠰᠠᠨ ᠭᠠᠵᠠᠷ᠎ᠲᠠᠭᠠᠨ ᠠᠩᠬ᠎ᠠ ᠳᠤᠮᠳᠠᠳᠤ᠎ᠠᠴᠠ ᠦᠨᠳᠦᠷ ᠳᠣᠮᠳᠠᠳᠣ᠎ᠳᠤ ᠳᠡᠪᠱᠢᠨ ᠤᠷᠤᠬᠤ ᠱᠢᠯᠭᠠᠯᠲᠠ᠎ᠳᠤ ᠣᠷᠣᠯᠴᠠᠬᠤ᠎ᠪᠠᠷ ᠨᠡᠷ᠎ᠡ ᠮᠡᠳᠡᠭᠦᠯᠬᠦ᠌ ᠨᠥᠬᠦᠴᠡᠯ᠎ᠢ ᠠᠭᠤᠵᠢᠭᠤ ᠪᠣᠯᠭᠠᠵᠣ᠂ ᠨᠥᠬᠦᠴᠡᠯ᠎ᠳᠤ ᠨᠡᠢᠴᠡᠭ᠌ᠰᠡᠨ ᠳᠠᠭᠠᠵᠤ ᠨᠡᠭᠦᠭ᠌ᠰᠡᠨ ᠦᠷ᠎ᠡ ᠬᠡᠦᠬᠡᠳ᠎ᠤᠨ ᠦᠷᠭᠦᠯᠵᠢᠯᠡᠨ ᠰᠠᠭᠤᠷᠢ ᠰᠤᠷᠭᠠᠨ ᠬᠥᠮᠦᠵᠢᠯ ᠭᠥᠷᠳᠡᠬᠦ᠌᠎ᠶ᠋ᠢ ᠠᠬᠢᠭᠤᠯᠤᠨ᠎ᠠ᠃ 《ᠬᠥᠮᠦᠨ ᠭᠠᠵᠠᠷ ᠵᠣᠭᠤᠰ》 ᠢ ᠬᠤᠯᠪᠣᠯᠳᠣᠭᠤᠯᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠭᠦᠯᠦᠨ᠎ᠡ᠃ ᠬᠤᠳᠠ᠎ᠳᠤ ᠡᠷᠦᠬᠡ ᠠᠮᠠ᠎ᠶ᠋ᠢᠨ ᠳᠠᠩᠰᠠ ᠤᠷᠤᠭ᠍ᠰᠠᠨ ᠲᠠᠷᠢᠶᠠᠴᠢᠳ᠎ᠤᠨ ᠬᠠᠤᠯᠢ ᠶᠣᠰᠣᠨ᠎ᠤ ᠭᠠᠵᠠᠷ ᠱᠢᠷᠣᠶ᠎ᠶ᠋ᠢᠨ ᠡᠷᠬᠡ ᠠᠱᠢᠭ᠎ᠢ ᠪᠠᠲᠤᠯᠠᠵᠤ᠂ ᠬᠤᠲᠠ᠎ᠳᠤ ᠡᠷᠦᠬᠡ ᠠᠮᠠ᠎ᠶ᠋ᠢᠨ ᠲᠠᠩᠰᠠ ᠤᠷᠤᠭ᠍ᠰᠠᠨ ᠲᠠᠷᠢᠶᠠᠴᠢᠳ᠎ᠤᠨ ᠭᠠᠵᠠᠷ ᠱᠢᠷᠣᠶ ᠳᠠᠭᠠᠭᠠᠴᠢᠯᠠᠬᠤ ᠡᠷᠬᠡ᠂ ᠣᠷᠣᠨ ᠰᠠᠭᠤᠴᠠ᠎ᠶ᠋ᠢᠨ ᠭᠠᠵᠠᠷ ᠬᠡᠷᠡᠭ᠌ᠯᠡᠬᠦ᠌ ᠡᠷᠬᠡ᠂ ᠬᠠᠮᠲᠤ᠎ᠶ᠋ᠢᠨ ᠠᠱᠢᠭ ᠣᠷᠣᠯᠭ᠎ᠠ᠎ᠶ᠋ᠢ ᠬᠤᠪᠢᠶᠠᠷᠢᠯᠠᠬᠤ ᠡᠷᠬᠡ᠎ᠶ᠋ᠢ ᠬᠠᠣᠯᠢ ᠶᠣᠰᠣᠭᠠᠷ ᠬᠠᠮᠠᠭᠠᠯᠠᠵᠤ᠂ ᠰᠠᠢᠨ ᠳᠤᠷ᠎ᠠ᠎ᠠᠴᠠ᠎ᠪᠠᠨ ᠲᠥᠯᠥᠪᠦᠷᠢ᠎ᠲᠠᠢ᠎ᠪᠠᠷ ᠤᠬᠤᠷᠢᠨ ᠭᠠᠷᠬᠤ ᠠᠷᠭ᠎ᠠ᠎ᠶ᠋ᠢ ᠰᠦᠪᠡᠭ᠌ᠴᠢᠯᠡᠨ ᠪᠠᠢᠭᠤᠯᠣᠨ᠎ᠠ᠃
ᠬᠤᠶᠠᠳᠤᠭᠠᠷ ᠬᠡᠰᠡᠭ ᠣᠳᠣᠬᠢᠴᠢᠯᠠᠭ᠍ᠰᠠᠨ ᠶᠡᠭᠡ ᠬᠤᠳᠠ᠎ᠶ᠋ᠢᠨ ᠴᠠᠭᠠᠷᠢᠭ᠎ᠢ ᠪᠤᠢᠵᠢᠭᠤᠯᠤᠨ ᠬᠥᠭ᠌ᠵᠢᠭᠦᠯᠦᠨ᠎ᠡ
ᠶᠡᠭᠡ ᠬᠤᠲᠠ᠎ᠶ᠋ᠢᠨ ᠴᠠᠭᠠᠷᠢᠭ᠎ᠤᠨ ᠨᠢᠭᠡ ᠬᠤᠳᠠᠴᠢᠯᠠᠬᠤ ᠬᠥᠭ᠌ᠵᠢᠯᠲᠡ᠎ᠶ᠋ᠢᠨ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠵᠦ᠍᠂ ᠳᠥᠭᠦᠮ ᠳᠥᠲᠡ ᠥᠨᠳᠥᠷ ᠪᠦᠲᠦᠮᠵᠢᠲᠡᠶ ᠠᠵᠢᠯ᠎ᠳᠤ ᠭᠠᠷᠬᠤ ᠴᠠᠭᠠᠷᠢᠭ᠂ ᠱᠠᠲᠤᠯᠢᠭ ᠢᠵᠢ ᠪᠦᠷᠢᠳᠦᠭ᠌ᠰᠡᠨ ᠠᠵᠤ ᠦᠢᠯᠡᠰ᠎ᠤᠨ ᠬᠦᠷᠢᠶ᠎ᠡ᠂ ᠳᠥᠭᠦᠮ ᠳᠥᠲᠡ ᠬᠠᠮᠲᠤ᠎ᠪᠠᠷ ᠡᠳ᠋ᠯᠡᠬᠦ᠌ ᠠᠮᠢᠳᠤᠷᠠᠯ᠎ᠤᠨ ᠳᠣᠭᠤᠷᠢᠭᠢ ᠪᠠᠢᠭᠤᠯᠤᠨ᠎ᠠ᠃ ᠬᠡᠲᠦ ᠲᠣᠮᠣ ᠣᠨᠴᠠ ᠲᠣᠮᠣ ᠬᠤᠲᠠ᠎ᠶ᠋ᠢᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠭᠤᠣᠯᠯᠠᠬᠤ ᠴᠢᠳᠠᠮᠵᠢ᠎ᠶ᠋ᠢ᠎ᠨᠢ ᠬᠦᠴᠦᠷᠬᠡᠭ᠌ᠵᠢᠭᠦᠯᠦᠨ ᠨᠠᠷᠢᠯᠢᠬ᠍ᠵᠢᠭᠤᠯᠵᠤ᠂ ᠡᠷᠭᠢᠨ ᠲᠣᠭᠤᠷᠢᠨ᠎ᠤ ᠬᠤᠲᠠ ᠱᠢᠶᠠᠨ᠎ᠤ ᠬᠠᠮᠲᠤ᠎ᠪᠠᠷ ᠬᠥᠭ᠌ᠵᠢᠭᠦ᠎ᠶ᠋ᠢ ᠨᠥᠯᠥᠭᠡᠯᠡᠨ ᠳᠠᠢᠴᠢᠯᠠᠨ᠎ᠠ᠃ ᠶᠡᠭᠡ ᠬᠤᠲᠠ᠎ᠶ᠋ᠢᠨ ᠴᠠᠭᠠᠷᠢᠭ᠎ᠤᠨ ᠳᠣᠳᠣᠷ᠎ᠠ ᠲᠥᠯᠥᠪᠵᠢᠭᠦᠯᠭᠡ᠎ᠶ᠋ᠢ ᠨᠢᠭᠡᠳᠦᠯᠲᠡᠢ ᠨᠠᠢᠷᠠᠭᠤᠯᠤᠨ ᠵᠣᠬᠢᠶᠠᠬᠤ᠂ ᠲᠥᠰᠦᠯ᠎ᠢ ᠨᠢᠭᠡᠳᠦᠯᠲᠡᠢ ᠲᠥᠯᠥᠪᠯᠡᠨ ᠪᠠᠢᠷᠢᠯᠠᠭᠤᠯᠬᠤ᠂ ᠲᠥᠷᠥ᠎ᠶ᠋ᠢᠨ ᠪᠣᠳᠣᠯᠭ᠎ᠠ᠎ᠶ᠋ᠢ ᠬᠠᠮᠵᠢᠯᠴᠠᠨ ᠲᠣᠭ᠍ᠲᠠᠭᠠᠬᠤ᠎ᠶ᠋ᠢ ᠠᠬᠢᠭᠤᠯᠵᠤ᠂ ᠣᠷᠣᠨ ᠵᠠᠶ᠎ᠶ᠋ᠢᠨ ᠪᠠᠢᠷᠢᠯᠠᠭᠤᠯᠣᠯᠳᠠ ᠪᠠ ᠭᠠᠵᠠᠷ ᠱᠢᠷᠣᠶ᠎ᠶ᠋ᠢᠨ ᠬᠡᠷᠡᠭ᠌ᠴᠡᠭᠡ᠎ᠶ᠋ᠢ ᠵᠠᠰᠠᠭ ᠵᠠᠬᠢᠷᠭᠠᠨ᠎ᠤ ᠣᠷᠣᠨ ᠠᠯᠤᠰᠯᠠᠨ ᠵᠣᠯᠭᠠᠯᠳᠣᠭᠤᠯᠬᠤ᠎ᠶ᠋ᠢ ᠴᠢᠩᠭᠠᠳᠭᠠᠵᠤ᠂ ᠨᠥᠬᠦᠴᠡᠯ ᠪᠦᠷᠢᠳᠦᠭ᠌ᠰᠡᠨ ᠭᠠᠵᠠᠷ ᠣᠷᠣᠨ᠎ᠳᠤ ᠶᠡᠭᠡ ᠬᠤᠲᠠ᠎ᠶ᠋ᠢᠨ ᠴᠠᠭᠠᠷᠢᠭ᠎ᠢᠶᠠᠷ ᠦᠨᠳᠦᠰᠦᠨ ᠨᠢᠭᠡᠴᠢ ᠪᠣᠯᠭᠠᠨ ᠣᠯᠠᠨ ᠨᠡᠢᠲᠡ᠎ᠶ᠋ᠢᠨ ᠡᠬᠢ ᠪᠠᠶᠠᠯᠢᠭ ᠪᠠ ᠡᠯᠧᠮᠧᠨ᠋ᠲ᠎ᠤᠨ ᠲᠣᠬᠢᠷᠠᠭᠤᠯᠤᠯᠲᠠ᠎ᠶ᠋ᠢ ᠨᠢᠭᠡᠳᠦᠯᠲᠡᠶ ᠲᠥᠯᠥᠪᠯᠡᠬᠦ᠌᠎ᠶ᠋ᠢ ᠰᠦᠪᠡᠭ᠌ᠴᠢᠯᠡᠨ᠎ᠡ᠃ ᠶᠡᠭᠡ ᠬᠤᠲᠠ᠎ᠶ᠋ᠢᠨ ᠴᠠᠭᠠᠷᠢᠭᠲᠠᠬᠢ ᠠᠵᠢᠯ᠎ᠳᠤ ᠭᠠᠷᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠬᠤᠲᠠ᠎ᠶ᠋ᠢᠨ ᠬᠤᠭᠤᠷᠣᠨᠳᠣᠬᠢ ᠨᠡᠪᠲᠡᠷᠡᠭᠡᠳᠦᠶ ᠵᠠᠮ᠎ᠤᠨ ᠬᠡᠰᠡᠭ ᠪᠣᠯᠤᠨ ᠪᠣᠭᠤᠮᠢ ᠵᠠᠮ᠎ᠤᠨ ᠬᠡᠰᠡᠭ᠎ᠢ ᠲᠦᠷᠭᠡᠯᠡᠨ ᠨᠡᠪᠲᠡᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠡᠮᠳᠡᠭ᠌ᠲᠦ᠍᠎ᠶ᠋ᠢ ᠨᠡᠢᠳᠡᠮ ᠰᠣᠯᠢᠯᠴᠠᠬᠤ ᠨᠡᠢᠳᠡᠮ ᠬᠡᠷᠡᠭ᠌ᠯᠡᠬᠦ᠂ ᠠᠵᠢᠯ ᠣᠯᠣᠭ᠍ᠰᠠᠨ ᠪᠠ ᠣᠷᠣᠱᠢᠨ ᠰᠠᠭᠤᠭ᠍ᠰᠠᠨ ᠵᠢᠯ ᠬᠤᠭᠤᠴᠠᠭ᠎ᠠ᠎ᠶ᠋ᠢ ᠬᠠᠷᠢᠯᠴᠠᠨ ᠮᠡᠳᠡᠷᠡᠬᠦ᠌᠎ᠶ᠋ᠢ ᠠᠬᠢᠭᠤᠯᠤᠨ᠎ᠠ᠃ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ ᠪᠠ ᠵᠡᠭᠦᠨ ᠬᠤᠢᠲᠤ ᠣᠷᠣᠨ᠎ᠳᠤ ᠶᠡᠭᠡ ᠬᠤᠳᠠ᠎ᠶ᠋ᠢᠨ ᠴᠠᠭᠠᠷᠢᠭᠤᠳᠢ ᠪᠤᠢᠵᠢᠭᠤᠯᠵᠤ᠂ ᠲᠥᠪ ᠬᠤᠳᠠ᠎ᠶ᠋ᠢᠨ ᠨᠥᠯᠥᠭᠡᠯᠡᠨ ᠳᠠᠢᠴᠢᠯᠠᠬᠤ ᠡᠨᠧᠷᠬᠢ᠎ᠶ᠋ᠢᠨ ᠲᠡᠰᠢ ᠴᠢᠩᠭᠠᠷᠠᠭᠤᠯᠣᠨ᠎ᠠ᠃
ᠭᠤᠷᠪᠠᠳᠤᠭᠠᠷ ᠬᠡᠰᠡᠭ ᠣᠳᠣᠬᠢᠴᠢᠯᠠᠭ᠍ᠰᠠᠨ ᠠᠷᠠᠳ ᠲᠦᠮᠡᠨ᠎ᠤ ᠬᠤᠳᠠ᠎ᠶ᠋ᠢ ᠪᠦᠳᠦᠭᠡᠨ ᠪᠠᠢᠭᠤᠯᠤᠨ᠎ᠠ
ᠬᠤᠲᠠ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠬᠤᠪᠢᠷᠠᠭᠤᠯᠬᠤ᠎ᠶ᠋ᠢ ᠠᠬᠢᠭᠤᠯᠵᠤ᠂ ᠱᠢᠨ᠎ᠡ᠎ᠶ᠋ᠢ ᠡᠭᠦᠳᠬᠦ᠂ ᠣᠷᠣᠱᠢᠨ ᠰᠠᠭᠤᠬᠤ᠎ᠳᠤ ᠲᠣᠬᠢᠷᠠᠮᠵᠢᠲᠠᠶ᠂ ᠦᠵᠡᠰᠭᠦᠯᠡᠩᠲᠦ ᠰᠠᠢᠬᠠᠨ᠂ ᠤᠶᠠᠨ ᠬᠠᠳᠠᠨ ᠴᠢᠨᠠᠷᠳᠠᠢ᠂ ᠪᠣᠯᠪᠠᠰᠤᠨ᠂ ᠤᠶᠤᠨᠴᠢ ᠣᠳᠣᠬᠢᠴᠢᠯᠠᠭ᠍ᠰᠠᠨ ᠠᠷᠠᠳ ᠲᠦᠮᠡᠨ᠎ᠤ ᠬᠤᠲᠠ᠎ᠶ᠋ᠢ ᠪᠦᠲᠦᠭᠡᠨ ᠪᠠᠢᠭᠤᠯᠤᠨ᠎ᠠ᠃ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠲᠤᠰᠭᠠᠶ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠬᠤᠳᠠ᠎ᠶ᠋ᠢᠨ ᠠᠵᠤ ᠦᠢᠯᠡᠰ᠎ᠤᠨ ᠱᠢᠨ᠎ᠠ᠎ᠶ᠋ᠢ ᠡᠭᠦᠳᠬᠦ᠌ ᠭᠤᠯᠤᠮᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠬᠤᠲᠠ᠎ᠶ᠋ᠢᠨ ᠱᠢᠨᠡᠳᠭᠡᠯᠲᠡᠶ᠋ᠢ ᠴᠢᠨᠠᠷ ᠰᠠᠢᠲᠠᠶ ᠠᠬᠢᠭᠤᠯᠵᠤ᠂ ᠬᠤᠲᠠ᠎ᠶ᠋ᠢᠨ ᠪᠠᠢᠴᠠᠭᠠᠯᠲᠠ ᠥᠷᠨᠢᠭᠦᠯᠵᠦ᠍᠂ ᠪᠦᠷᠢᠨ ᠪᠦᠲᠦᠨ ᠨᠡᠢᠭᠡᠮ ᠲᠣᠭᠤᠷᠢᠭ᠎ᠢ ᠲᠦᠷᠭᠡᠯᠡᠨ ᠪᠠᠢᠭᠤᠯᠵᠤ᠂ ᠬᠤᠳᠠ᠎ᠶ᠋ᠢᠨ ᠱᠢᠨᠡᠳᠭᠡᠯᠲᠡᠶ᠋ᠢ ᠬᠡᠷᠡᠭ᠌ᠵᠢᠬᠦᠯᠬᠦ᠌ ᠳᠤᠭ᠍ᠳᠠᠴᠠ᠎ᠶ᠋ᠢ ᠪᠦᠷᠢᠨᠱᠢᠬᠦᠯᠵᠦ᠍᠂ ᠪᠠᠷᠢᠯᠭ᠎ᠠ᠎ᠶ᠋ᠢᠨ ᠴᠢᠳᠠᠮᠵᠢ᠎ᠶ᠋ᠢ ᠬᠤᠪᠢᠷᠠᠭᠤᠯᠬᠤ ᠪᠠ ᠬᠤᠯᠢᠮᠠᠭ ᠠᠱᠢᠭ᠍ᠯᠠᠬᠤ ᠬᠡᠷᠡᠭ᠌ᠴᠡᠭᠡᠯᠦᠭᠡ ᠵᠣᠬᠢᠴᠠᠯᠳᠤᠭ᠍ᠰᠠᠨ ᠲᠥᠯᠥᠪᠵᠢᠭᠦᠯᠭᠡ᠎ᠶ᠋ᠢ ᠲᠣᠬᠢᠷᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠦᠷᠭᠦᠯᠵᠢᠯᠡᠬᠦ᠋ᠢᠴᠡ ᠬᠤᠲᠠ᠎ᠶ᠋ᠢᠨ ᠪᠦᠲᠦᠭᠡᠨ ᠪᠠᠢᠭᠤᠯᠤᠯᠲᠠ ᠡᠵᠡᠩᠨᠡᠯᠲᠡ᠎ᠳᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠱᠢᠰᠲ᠋ᠧᠮ᠎ᠢ ᠪᠠᠢᠭᠤᠯᠤᠨ᠎ᠠ᠃ ᠬᠤᠲᠠ᠎ᠶ᠋ᠢᠨ ᠭᠠᠵᠠᠷ ᠳᠣᠣᠷᠠᠬᠢ ᠣᠷᠣᠨ ᠵᠠᠢ᠎ᠶ᠋ᠢ ᠥᠨᠳᠥᠷ ᠪᠦᠲᠦᠮᠵᠢᠲᠡᠢ᠎ᠪᠠᠷ ᠠᠱᠢᠭ᠍ᠯᠠᠨ᠎ᠠ᠃ ᠬᠤᠲᠠ᠎ᠶ᠋ᠢᠨ ᠬᠦᠭ᠌ᠵᠢᠯᠳᠡ᠎ᠶ᠋ᠢᠨ ᠨᠣᠭᠤᠭᠠᠨ ᠪᠦᠭᠡᠳ ᠨᠡᠭᠦᠷᠡᠰᠦᠳᠦ᠋ᠷᠦᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠬᠤᠲᠠ᠎ᠶ᠋ᠢᠨ ᠴᠡᠴᠡᠷᠯᠢᠭ᠂ ᠨᠣᠭᠤᠭᠠᠨ ᠵᠠᠮ᠎ᠤᠨ ᠳᠣᠣᠷ ᠪᠣᠯᠤᠨ ᠣᠳᠠᠭᠠᠨ ᠶᠠᠪᠣᠬᠤ ᠵᠠᠮ ᠬᠠᠷᠢᠯᠴᠠᠭᠠᠨ᠎ᠤ ᠱᠢᠰᠲ᠋ᠧᠮ᠎ᠢ ᠪᠦᠷᠢᠨᠱᠢᠭᠦᠯᠵᠦ᠍᠂ 15 ᠮᠢᠨᠦ᠋ᠲ᠎ᠤᠨ ᠪᠡᠶ᠎ᠡ ᠴᠢᠭᠢᠷᠠᠭ᠍ᠵᠢᠭᠤᠯᠬᠤ ᠬᠦᠷᠢᠶ᠎ᠡ᠎ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠬᠤᠲᠠ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠱᠢᠨ᠎ᠤ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠠᠭᠤᠴᠢᠨ ᠬᠤᠭᠤᠯᠠᠶ᠎ᠶ᠋ᠢᠨ ᠲᠣᠣᠷ ᠪᠠ ᠨᠤᠷᠠᠬᠤ ᠠᠶᠤᠯᠲᠠᠶ ᠬᠠᠭᠤᠴᠢᠨ ᠭᠡᠷ ᠪᠠᠢᠱᠢᠩ᠎ᠢ ᠦᠭᠡᠷᠡᠴᠢᠯᠡᠬᠦ᠌᠎ᠶ᠋ᠢ ᠠᠬᠢᠭᠤᠯᠵᠤ᠂ ᠬᠤᠳᠠ᠎ᠶ᠋ᠢᠨ ᠤᠰᠤ ᠵᠠᠯᠠᠵᠣ ᠤᠰᠤᠲᠤᠯ᠎ᠢ ᠰᠡᠷᠭᠡᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠬᠡᠲᠦ ᠥᠨᠳᠥᠷ ᠪᠠᠷᠢᠯᠭ᠎ᠠ᠎ᠶ᠋ᠢ ᠴᠢᠩᠭ᠎ᠠ ᠬᠢᠵᠠᠭᠠᠷᠯᠠᠵᠤ᠂ ᠥᠨᠳᠥᠷ ᠪᠠᠷᠢᠯᠭ᠎ᠠ᠎ᠶ᠋ᠢᠨ ᠭᠠᠯ᠎ᠤᠨ ᠠᠶᠤᠯ᠎ᠢ ᠰᠡᠷᠭᠡᠢᠯᠡᠬᠦ᠌ ᠪᠠ ᠭᠠᠯ᠎ᠤᠨ ᠠᠶᠤᠯ᠎ᠠᠴᠠ ᠠᠪᠤᠷᠠᠨ ᠲᠤᠰᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠬᠤᠳᠠ᠎ᠶ᠋ᠢᠨ ᠳᠦᠷᠰᠦ ᠪᠠᠢᠳᠠᠯ ᠪᠠ ᠪᠠᠷᠢᠯᠭ᠎ᠠ᠎ᠶ᠋ᠢᠨ ᠵᠢᠷᠤᠭ ᠲᠥᠯᠥᠪᠯᠡᠭᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠬᠤᠳᠠ᠎ᠶ᠋ᠢᠨ ᠪᠠᠷᠢᠯᠭ᠎ᠠ᠎ᠳᠤ ᠳᠤᠮᠳᠠᠳᠤ᠎ᠶ᠋ᠢᠨ ᠭᠤᠸ᠎ᠠ ᠰᠠᠢᠬᠠᠨ ᠪᠠ ᠴᠠᠭ ᠦᠶ᠎ᠡ᠎ᠶ᠋ᠢᠨ ᠬᠡᠪ ᠰᠤᠷᠲᠠᠯ᠎ᠢ ᠨᠡᠩ ᠰᠠᠢᠨ ᠢᠯᠡᠷᠡᠭᠦᠯᠬᠦ᠌᠎ᠶ᠋ᠢ ᠠᠬᠢᠭᠤᠯᠤᠨ᠎ᠠ᠃ ᠱᠢᠬᠢᠳᠦᠯᠴᠡᠭᠡ ᠮᠠᠶᠢᠭ᠎ᠤᠨ ᠨᠡᠢᠭᠡᠮ ᠳᠣᠭᠤᠷᠢᠭ᠎ᠤᠨ ᠪᠦᠲᠦᠭᠡᠨ ᠪᠠᠢᠭᠤᠯᠣᠯᠳᠠ᠎ᠶ᠋ᠢ ᠴᠢᠩᠭᠠᠳᠭᠠᠨ᠎ᠠ᠃ ᠬᠤᠲᠠ᠎ᠶ᠋ᠢᠨ ᠪᠦᠬᠦ᠌ ᠬᠦᠷᠢᠶ᠎ᠡ ᠴᠠᠷᠠᠭᠠᠨ᠎ᠤ ᠳ᠋ᠢᠵᠢᠲ᠋ᠠᠯᠴᠢᠯᠠᠨ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠬᠤᠲᠠ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠴᠠ ᠪᠠ ᠠᠵᠢᠯᠯᠠᠭᠠᠨ᠎ᠤ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠲᠠᠪᠴᠠᠩ᠎ᠢ ᠲᠡᠭᠦᠯᠳᠡᠷᠵᠢᠭᠦᠯᠵᠦ᠍᠂ ᠬᠤᠲᠠ᠎ᠶ᠋ᠢᠨ ᠵᠠᠰᠠᠯᠲᠠ᠎ᠶ᠋ᠢᠨ ᠣᠶᠤᠨᠴᠢᠯᠠᠯᠳᠠ ᠨᠠᠷᠢᠯᠢᠬ᠍ᠵᠢᠭᠤᠯᠣᠯᠳᠠᠶ᠋ᠢ ᠠᠬᠢᠭᠤᠯᠤᠨ᠎ᠠ᠃
ᠳᠥᠷᠪᠡᠳᠦᠭᠡᠷ ᠬᠡᠰᠡᠭ ᠱᠢᠶᠠᠨ᠎ᠤ ᠬᠤᠳᠠ᠎ᠪᠠᠷ ᠴᠢᠬᠤᠯᠠ ᠠᠴᠢᠶᠠᠯᠠᠭ᠍ᠴᠢ ᠪᠣᠯᠭᠠᠭ᠍ᠰᠠᠨ ᠬᠤᠳᠠ ᠪᠠᠯᠭᠠᠰᠤᠵᠢᠯᠳᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠦᠷᠦᠯ ᠬᠤᠪᠢᠶᠠᠨ ᠠᠬᠢᠭᠤᠯᠤᠨ᠎ᠠ
ᠡᠬᠢ ᠪᠠᠶᠠᠯᠢᠭ᠎ᠤᠨ ᠣᠣᠷ ᠪᠠᠢᠳᠠᠯ᠂ ᠣᠷᠣᠨ ᠪᠠᠢᠷᠢ᠎ᠶ᠋ᠢᠨ ᠨᠥᠬᠦᠴᠡᠯ ᠪᠠ ᠬᠥᠭ᠌ᠵᠢᠯᠲᠡ᠎ᠶ᠋ᠢᠨ ᠰᠠᠭᠤᠷᠢ᠎ᠳᠤ ᠰᠠᠭᠤᠷᠢᠯᠠᠨ᠂ ᠳᠣᠮᠣ ᠬᠤᠲᠠ᠎ᠶ᠋ᠢᠨ ᠡᠷᠭᠢᠨ ᠲᠣᠭᠤᠷᠢᠨ᠎ᠤ ᠱᠢᠶᠠᠨ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠤᠣᠯ ᠭᠠᠷᠤᠯᠲᠠ᠎ᠶ᠋ᠢᠨ ᠣᠷᠣᠨ ᠪᠣᠯᠬᠤ ᠱᠢᠶᠠᠨ᠂ ᠭᠤᠣᠯᠳᠠᠯᠭ᠎ᠠ᠎ᠲᠠᠢ ᠠᠮᠢ ᠠᠬᠤᠶ᠎ᠶ᠋ᠢᠨ ᠴᠢᠳᠠᠮᠵᠢ᠎ᠶ᠋ᠢᠨ ᠣᠷᠣᠨ ᠪᠣᠯᠬᠤ ᠱᠢᠶᠠᠨ᠂ ᠡᠬᠡ ᠬᠠᠭᠤᠷᠠᠶ᠎ᠶ᠋ᠢᠨ ᠬᠢᠯᠢ᠎ᠶ᠋ᠢᠨ ᠱᠢᠶᠠᠨ ᠵᠡᠷᠭᠡ ᠱᠢᠶᠠᠨ᠎ᠤ ᠬᠤᠲᠠ᠎ᠶ᠋ᠢᠨ ᠬᠥᠭ᠌ᠵᠢᠯᠲᠡ᠎ᠶ᠋ᠢᠨ ᠴᠢᠭ᠌ᠯᠡᠯ᠎ᠢ ᠲᠥᠷᠥᠯ ᠬᠤᠪᠢᠶᠠᠨ ᠬᠥᠲᠥᠯᠥᠨ ᠵᠢᠯᠣᠭᠤᠳᠴᠤ᠌᠂ ᠦᠪᠡᠷ ᠦᠪᠡᠷ᠎ᠤᠨ ᠣᠨᠴᠠᠯᠢᠭ ᠪᠦᠬᠦᠢ ᠬᠥᠭ᠌ᠵᠢᠯᠲᠡ᠎ᠶ᠋ᠢᠨ ᠠᠷᠭ᠎ᠠ ᠵᠠᠮ᠎ᠢ ᠪᠦᠷᠢᠯᠳᠦᠭᠦᠯᠵᠦ᠍᠂ ᠬᠥᠮᠦᠨ ᠠᠮᠠ᠎ᠶ᠋ᠢᠨ ᠱᠢᠶᠠᠨ᠎ᠤ ᠬᠤᠲᠠ ᠪᠠ ᠲᠥᠪ ᠪᠠᠯᠭᠠᠰᠤ ᠲᠡᠢᠰᠢ ᠵᠦᠶ ᠵᠣᠬᠢᠰᠲᠠᠶ ᠲᠦᠪᠯᠡᠷᠡᠨ ᠴᠤᠭ᠍ᠯᠠᠷᠠᠬᠤ᠎ᠶ᠋ᠢ ᠡᠮᠬᠢ ᠵᠢᠷᠤᠮ᠎ᠲᠠᠢ ᠠᠬᠢᠭᠤᠯᠤᠨ᠎ᠠ᠃ ᠬᠤᠲᠠ ᠪᠠᠯᠭᠠᠰᠤᠵᠢᠬᠤ ᠳᠠᠯᠳᠠ ᠬᠦᠴᠦᠨ᠎ᠲᠠᠢ ᠭᠠᠵᠠᠷ ᠣᠷᠣᠨ᠎ᠤ ᠱᠢᠶᠠᠨ᠎ᠤ ᠬᠤᠲᠠ᠎ᠶ᠋ᠢᠨ ᠠᠵᠤ ᠦᠢᠯᠡᠰ᠎ᠤᠨ ᠲᠤᠯᠭᠠᠭᠤᠷᠢᠯᠠᠯ᠎ᠢ ᠴᠢᠩᠭᠠᠷᠠᠭᠤᠯᠵᠤ᠂ ᠲᠠᠷᠢᠶᠠᠯᠠᠩ᠎ᠠᠴᠠ ᠱᠢᠯᠵᠢᠭ᠌ᠰᠡᠨ ᠬᠥᠮᠦᠨ ᠠᠮᠠ᠎ᠶ᠋ᠢ ᠱᠢᠩᠭᠡᠭᠡᠨ ᠠᠪᠴᠤ᠌ ᠦᠢᠷ᠎ᠡ ᠬᠠᠪᠢ᠎ᠳᠠᠭᠠᠨ ᠠᠵᠢᠯ ᠣᠯᠵᠣ ᠠᠵᠣ ᠲᠦᠷᠦᠬᠦ᠌ ᠪᠠ ᠨᠤᠲᠤᠭ᠎ᠲᠠᠭᠠᠨ ᠪᠤᠴᠠᠨ ᠠᠳᠠᠯ ᠦᠢᠯᠡᠰ ᠴᠣᠭ᠍ᠴᠠᠯᠠᠬᠤ ᠪᠣᠯᠭᠠᠨ᠎ᠠ᠃ ᠱᠢᠶᠠᠨ᠎ᠤ ᠬᠤᠲᠠ᠎ᠶ᠋ᠢᠨ ᠰᠠᠭᠤᠷᠢ ᠲᠦᠬᠦᠭᠡᠷᠦᠮᠵᠢ ᠪᠠ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠳᠤᠲᠠᠭᠤᠳᠠᠯ᠎ᠢ ᠨᠥᠬᠦᠪᠥᠷᠢᠯᠡᠬᠦ᠌᠎ᠶ᠋ᠢ ᠳᠠᠮᠵᠢᠵᠤ᠂ ᠱᠢᠶᠠᠨ᠎ᠤ ᠬᠤᠲᠠ᠎ᠶ᠋ᠢᠨ ᠶᠡᠷᠦᠩᠬᠡᠢᠯᠡᠭ᠌ᠰᠡᠨ ᠳᠠᠭᠠᠭᠠᠬᠤ ᠴᠢᠳᠠᠪᠤᠷᠢ᠎ᠶ᠋ᠢ ᠨᠡᠮᠡᠭ᠌ᠳᠡᠭᠦᠯᠦᠨ᠂ ᠱᠢᠶᠠᠨ᠎ᠤ ᠱᠠᠲᠤᠨ᠎ᠤ ᠡᠳ᠋᠎ᠤᠨ ᠬᠦᠴᠦᠨ᠎ᠤ ᠪᠠᠲᠤᠯᠠᠭ᠎ᠠ᠎ᠶ᠋ᠢ ᠴᠢᠩᠭᠠᠳᠭᠠᠨ᠎ᠠ᠃ ᠠᠵᠤ ᠠᠬᠤᠶ᠎ᠶ᠋ᠢᠨ ᠬᠡᠪᠴᠢᠶ᠎ᠡ᠎ᠪᠠᠷ ᠶᠡᠭᠡ᠂ ᠬᠥᠮᠦᠨ ᠠᠮᠠ᠎ᠶ᠋ᠢᠨ ᠨᠡᠮᠡᠭ᠌ᠳᠡᠯ᠎ᠢᠶᠠᠷ ᠲᠦᠷᠭᠡᠨ ᠱᠢᠶᠠᠨ᠎ᠤ ᠲᠠᠰ᠎ᠤᠨ ᠬᠤᠲᠠ ᠪᠣᠯᠤᠨ ᠣᠨᠴᠠ ᠶᠡᠭᠡ ᠪᠠᠯᠭᠠᠰᠤᠨ᠎ᠤ ᠠᠵᠤ ᠠᠬᠤᠶ ᠨᠡᠢᠭᠡᠮ᠎ᠤᠨ ᠬᠠᠮᠢᠶᠠᠷᠤᠯᠲᠠ᠎ᠶ᠋ᠢᠨ ᠡᠷᠬᠡ᠎ᠶ᠋ᠢᠨ ᠬᠡᠪᠴᠢᠶ᠎ᠡ᠎ᠶ᠋ᠢ ᠴᠠᠭᠲᠤᠨᠢ ᠲᠣᠬᠢᠷᠠᠭᠤᠯᠤᠨ ᠥᠷᠭᠡᠳᠭᠡᠵᠦ᠍᠂ ᠬᠥᠮᠦᠨ ᠠᠮᠠ ᠪᠠᠭᠠᠳᠠᠢ ᠱᠢᠶᠠᠨ᠎ᠤ ᠪᠠᠢᠭᠤᠯᠤᠮᠵᠢ᠎ᠶ᠋ᠢ ᠱᠢᠯᠢᠳᠡᠭ᠌ᠵᠢᠭᠦᠯᠬᠦ᠌᠎ᠶ᠋ᠢ ᠯᠠᠪᠳᠠᠭᠤᠨ ᠳᠣᠬᠢᠳᠠᠢ ᠠᠬᠢᠭᠤᠯᠤᠨ᠎ᠠ᠃
ᠬᠦᠰᠦᠨᠦᠭ᠌ᠲᠦ13 ᠬᠤᠲᠠ᠎ᠶ᠋ᠢ ᠱᠢᠨᠡᠳᠭᠡᠬᠦ᠌ ᠪᠠ ᠶᠡᠭᠡ ᠬᠤᠲᠠ᠎ᠶ᠋ᠢᠨ ᠴᠠᠭᠠᠷᠢᠭ᠎ᠢ ᠪᠦᠲᠦᠭᠡᠨ ᠪᠠᠢᠭᠤᠯᠬᠤ
01 ᠭᠠᠵᠠᠷ ᠳᠣᠣᠷᠠᠬᠢ ᠬᠤᠭᠤᠯᠠᠶ᠎ᠶ᠋ᠢᠨ ᠲᠣᠣᠷ᠎ᠢ ᠪᠦᠳᠦᠭᠡᠨ ᠪᠠᠢᠭᠤᠯᠬᠤ ᠪᠠ ᠦᠭᠡᠷᠡᠴᠢᠯᠡᠬᠦ᠌
ᠬᠤᠲᠠ ᠪᠠᠯᠭᠠᠰᠤ᠎ᠶ᠋ᠢᠨ ᠱᠢᠲᠠᠮᠠᠬᠠᠶ ᠬᠡᠢ᠎ᠶ᠋ᠢᠨ ᠬᠤᠭᠤᠯᠠᠢ᠎ᠶ᠋ᠢᠨ ᠲᠣᠣᠷ᠎ᠢ ᠪᠠᠷᠤᠭ 20 ᠲᠦᠮᠡᠨ ᠺᠢᠯᠣᠮᠧᠲᠷ᠂ ᠤᠰᠤ ᠵᠠᠯᠠᠬᠤ ᠬᠤᠭᠤᠯᠠᠶ᠎ᠶ᠋ᠢᠨ ᠲᠣᠣᠷ᠎ᠢ ᠪᠠᠷᠤᠭ 17.5 ᠲᠦᠮᠡᠨ ᠺᠢᠯᠣᠮᠧᠲᠷ᠂ ᠤᠰᠤ ᠬᠠᠩᠭᠠᠬᠤ ᠬᠤᠭᠤᠯᠠᠶ᠎ᠶ᠋ᠢᠨ ᠲᠣᠣᠷ᠎ᠢ ᠪᠠᠷᠤᠭ 17.5 ᠲᠦᠮᠡᠨ ᠺᠢᠯᠣᠮᠧᠲᠷ᠂ ᠪᠣᠬᠢᠷ ᠤᠰᠤ ᠭᠠᠳᠠᠭ᠍ᠰᠢᠯᠠᠭᠤᠯᠬᠤ ᠬᠤᠭᠤᠯᠠᠶ᠎ᠶ᠋ᠢᠨ ᠲᠣᠣᠷ᠎ᠢ ᠪᠠᠷᠤᠭ 10 ᠲᠦᠮᠡᠨ ᠺᠢᠯᠣᠮᠧᠲᠷ᠂ ᠢᠯᠴᠢ ᠬᠠᠩᠭᠠᠬᠤ ᠬᠤᠭᠤᠯᠠᠶ᠎ᠶ᠋ᠢᠨ ᠲᠣᠣᠷ᠎ᠢ ᠪᠠᠷᠤᠭ 12 ᠲᠦᠮᠡᠨ ᠺᠢᠯᠣᠮᠧᠲᠷ ᠪᠦᠲᠦᠭᠡᠨ ᠪᠠᠢᠭᠤᠯᠵᠣ ᠦᠭᠡᠷᠡᠴᠢᠯᠡᠬᠦ᠌᠎ᠶ᠋ᠢᠨ ᠬᠠᠮᠳᠣ ᠤᠶᠤᠨᠴᠢᠯᠠᠭ᠍ᠰᠠᠨ ᠦᠭᠡᠷᠡᠴᠢᠯᠡᠯᠲᠡ᠎ᠶ᠋ᠢ ᠵᠡᠷᠭᠡ᠎ᠳᠤ᠎ᠨᠢ ᠠᠬᠢᠭᠤᠯᠤᠨ᠎ᠠ᠃ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠶᠡᠷᠦᠩᠬᠡᠢᠯᠡᠭ᠌ᠰᠡᠨ ᠳᠠᠮᠵᠢᠭᠤᠯᠬᠤ ᠬᠤᠭᠤᠯᠠᠶ᠎ᠶ᠋ᠢᠨ ᠬᠤᠩᠭᠢᠯ᠎ᠢ ᠪᠦᠲᠦᠭᠡᠨ ᠪᠠᠢᠭᠤᠯᠤᠨ᠎ᠠ᠃
02 ᠣᠷᠣᠱᠢᠨ ᠰᠠᠭᠤᠬᠤ᠎ᠳᠤ ᠲᠤᠬᠢᠷᠠᠮᠵᠢᠲᠠᠢ ᠲᠠᠭᠠᠲᠠᠢ ᠪᠠᠢᠬᠤ ᠲᠦᠪᠱᠢᠨ᠎ᠢ ᠳᠡᠭᠡᠭ᠌ᠰᠢᠯᠡᠭᠦᠯᠬᠦ᠌
ᠤᠯᠤᠰ᠎ᠤᠨ ᠥᠮᠴᠢᠯᠡᠯ᠎ᠤᠨ ᠭᠠᠵᠠᠷ ᠱᠢᠷᠣᠶ ᠳᠡᠭᠡᠷᠡᠬᠢ C᠂ D ᠲᠡᠰ᠎ᠤᠨ ᠨᠣᠷᠠᠬᠤ ᠠᠶᠤᠯᠲᠠᠶ ᠣᠷᠣᠨ ᠰᠠᠭᠤᠴᠠ ᠵᠡᠷᠭᠡ᠎ᠪᠠᠷ ᠭᠤᠣᠯᠳᠠᠯᠭ᠎ᠠ ᠪᠣᠯᠭᠠᠨ᠂ ᠬᠤᠲᠠ ᠪᠠᠯᠭᠠᠰᠤ᠎ᠶ᠋ᠢᠨ ᠨᠤᠷᠠᠬᠤ ᠠᠶᠤᠯᠲᠠᠶ ᠬᠠᠭᠤᠴᠢᠨ ᠭᠡᠷ ᠪᠠᠢᠱᠢᠩ᠎ᠢ ᠪᠠᠷᠤᠭ 50 ᠲᠦᠮᠡᠨ ᠢᠵᠢ (ᠲᠠᠰᠤᠯᠭ᠎ᠠ) ᠦᠭᠡᠷᠡᠴᠢᠯᠡᠨ᠎ᠠ᠃ 11.5 ᠲᠦᠮᠡᠨ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠦᠭᠡᠷᠡᠴᠢᠯᠡᠨ᠎ᠠ᠃ ᠬᠡᠷᠡᠭ᠌ᠴᠡᠭᠡ᠎ᠶ᠋ᠢ ᠪᠥᠬᠦ᠌ ᠲᠠᠯ᠎ᠠ᠎ᠪᠠᠷ ᠣᠢᠯᠠᠭᠠᠭ᠍ᠰᠠᠨ᠎ᠤ ᠰᠠᠭᠤᠷᠢᠨ ᠳᠡᠭᠡᠷ᠎ᠡ᠂ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠣᠯᠠᠨ ᠠᠷᠭ᠎ᠠ ᠵᠠᠮ᠎ᠢᠶᠠᠷ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢ ᠬᠥᠭ᠌ᠵᠢᠭᠦᠯᠦᠨ᠎ᠡ᠃ ᠬᠤᠲᠠ᠎ᠶ᠋ᠢᠨ ᠳᠣᠮᠳᠠᠬᠢ ᠲᠣᠰᠭᠤᠨ᠎ᠢ ᠦᠭᠡᠷᠡᠴᠢᠯᠡᠬᠦ᠌᠎ᠶ᠋ᠢ ᠯᠠᠪᠳᠠᠭᠤᠨ ᠪᠥᠭᠡᠳ ᠡᠮᠬᠢ ᠵᠢᠷᠤᠮ᠎ᠲᠠᠢ ᠠᠬᠢᠭᠤᠯᠤᠨ᠎ᠠ᠃
03 ᠬᠠᠭᠤᠴᠢᠨ ᠵᠡᠭᠡᠯᠢ ᠭᠤᠳᠤᠮᠵᠢ ᠦᠢᠯᠡᠳᠪᠦᠷᠢ᠎ᠶ᠋ᠢᠨ ᠲᠣᠭᠤᠷᠢᠭ᠎ᠢ ᠦᠭᠡᠷᠡᠴᠢᠯᠡᠬᠦ᠌
ᠬᠠᠭᠤᠴᠢᠨ ᠵᠡᠭᠡᠯᠢ ᠭᠤᠳᠣᠮᠵᠢ᠎ᠶ᠋ᠢᠨ ᠴᠢᠳᠠᠮᠵᠢ᠎ᠶ᠋ᠢ ᠬᠤᠪᠢᠷᠠᠭᠤᠯᠬᠤ᠂ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠳᠡᠰ ᠳᠡᠪᠱᠢᠭᠦᠯᠬᠦ᠂ ᠠᠮᠢᠵᠢᠷᠠᠯ᠎ᠤᠨ ᠬᠦᠴᠦᠨ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠮᠠᠶᠢᠭ᠎ᠢᠶᠠᠷ ᠰᠤᠯᠠ ᠪᠠᠢᠭ᠎ᠠ ᠳᠣᠣᠷ᠎ᠠ ᠠᠱᠢᠭ᠍ᠯᠠᠮᠵᠢ᠎ᠳᠤ ᠦᠢᠯᠡᠳᠪᠦᠷᠢ᠎ᠶ᠋ᠢᠨ ᠲᠣᠭᠤᠷᠢᠭ᠂ ᠦᠢᠯᠡᠳᠪᠦᠷᠢ᠎ᠶ᠋ᠢᠨ ᠭᠡᠷ ᠪᠠᠢᠱᠢᠩ ᠪᠣᠯᠤᠨ ᠲᠦᠬᠦᠭᠡᠷᠦᠮᠵᠢ᠎ᠶ᠋ᠢ ᠠᠮᠢᠳᠤᠯᠢᠬ ᠪᠣᠯᠭᠠᠨ ᠠᠱᠢᠭ᠍ᠯᠠᠵᠤ᠂ ᠪᠠᠷᠤᠭ 1500 ᠬᠠᠭᠤᠴᠢᠨ ᠵᠡᠭᠡᠯᠢ ᠭᠤᠳᠤᠮᠵᠢ ᠦᠢᠯᠡᠳᠪᠦᠷᠢ᠎ᠶ᠋ᠢᠨ ᠲᠣᠭᠤᠷᠢᠭ᠎ᠢ ᠱᠢᠨᠡᠳᠭᠡᠨ ᠦᠭᠡᠷᠡᠴᠢᠯᠡᠨ᠎ᠠ᠃
04 ᠶᠡᠭᠡ ᠬᠤᠲᠠ᠎ᠶ᠋ᠢᠨ ᠴᠠᠭᠠᠷᠢᠭ᠎ᠤᠨ ᠬᠤᠲᠠ᠎ᠶ᠋ᠢᠨ ᠬᠤᠭᠤᠷᠣᠨᠳᠣᠬᠢ ᠠᠵᠢᠯ᠎ᠳᠤ ᠭᠠᠷᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌
ᠪᠡᠭᠡᠵᠢᠩ᠎ᠠᠴᠠ ᠪᠢᠨᠬᠠᠢ ᠱᠢᠨ᠎ᠡ ᠲᠣᠭᠤᠷᠢᠭ ᠬᠦᠷᠬᠦ᠂ ᠱᠧᠨᠵᠧᠨ᠎ᠠᠴᠠ ᠳ᠋ᠡ ᠶᠠ ᠸᠠᠨ ᠬᠦᠷᠬᠦ᠌ ᠵᠡᠷᠭᠡ ᠬᠤᠲᠠ᠎ᠶ᠋ᠢᠨ ᠬᠤᠭᠤᠷᠣᠨᠳᠣᠬᠢ ᠲᠡᠮᠦᠷ ᠵᠠᠮ ᠵᠠᠰᠠᠵᠣ᠂ ᠨᠢᠭᠡᠨᠲᠡ ᠪᠠᠢᠭ᠎ᠠ ᠲᠡᠮᠦᠷ ᠵᠠᠮ᠎ᠢ ᠠᠱᠢᠭ᠍ᠯᠠᠨ ᠬᠤᠲᠠ᠎ᠶ᠋ᠢᠨ ᠬᠤᠭᠤᠷᠣᠨᠳᠣᠬᠢ ᠪᠠ ᠬᠤᠲᠠ᠎ᠶ᠋ᠢᠨ ᠬᠡᠪᠴᠢᠶᠡᠨ (ᠲᠡᠭᠦᠷᠭᠡ) ᠤ ᠴᠣᠪᠣᠭ᠎ᠠ ᠲᠡᠷᠭᠡ ᠨᠡᠪᠲᠡᠷᠡᠭᠦᠯᠦᠨ᠎ᠡ᠃ ᠤᠯᠤᠰ᠎ᠤᠨ ᠳᠡᠭᠡᠳᠦ ᠬᠤᠷᠳᠤᠴᠠᠳᠣ ᠵᠠᠰᠠᠮᠠᠯ ᠵᠠᠮ᠎ᠤᠨ ᠶᠡᠭᠡ ᠬᠤᠲᠠ᠎ᠶ᠋ᠢᠨ ᠴᠠᠭᠠᠷᠢᠭ᠎ᠤᠨ ᠳᠣᠭᠤᠷᠢᠯ ᠵᠠᠮ ᠵᠢᠴᠢ ᠬᠤᠲᠠ᠎ᠶ᠋ᠢ ᠲᠣᠭᠤᠷᠢᠭ᠍ᠰᠠᠨ ᠳᠣᠭᠤᠷᠢᠯ ᠵᠠᠮ᠎ᠤᠨ ᠨᠢᠭᠡ ᠪᠦᠯᠦᠭ ᠨᠡᠪᠲᠡᠷᠡᠭᠡᠳᠦᠢ ᠵᠠᠮ᠎ᠤᠨ ᠬᠡᠰᠡᠭ᠎ᠢ ᠪᠦᠲᠦᠭᠡᠨ ᠪᠠᠢᠭᠤᠯᠤᠨ᠎ᠠ᠃
ᠭᠤᠴᠢᠨ ᠬᠤᠶᠠᠳᠤᠭᠠᠷ ᠪᠦᠯᠦᠭ ᠳᠠᠯᠠᠢ ᠲᠠᠩᠭᠢᠰ᠎ᠢ ᠨᠡᠭᠡᠭᠡᠨ ᠠᠱᠢᠭ᠍ᠯᠠᠬᠤ ᠪᠠ ᠬᠠᠮᠠᠭᠠᠯᠠᠬᠤ᠎ᠶ᠋ᠢ ᠴᠢᠩᠭᠠᠳᠭᠠᠨ᠎ᠠ
ᠡᠬᠡ ᠬᠠᠭᠤᠷᠠᠶ ᠪᠠ ᠳᠠᠯᠠᠢ ᠲᠠᠩᠭᠢᠰ᠎ᠢ ᠨᠢᠭᠡᠳᠦᠯᠲᠡᠶ ᠲᠥᠯᠥᠪᠯᠡᠬᠦ᠌᠎ᠶ᠋ᠢ ᠪᠠᠷᠢᠮᠲᠠᠯᠠᠵᠤ᠂ ᠳᠠᠯᠠᠢ ᠲᠠᠩᠭᠢᠰ᠎ᠢ ᠲᠥᠯᠥᠪᠯᠡᠨ ᠵᠠᠰᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠲᠠᠯᠠᠢ ᠲᠠᠩᠭᠢᠰ᠎ᠤᠨ ᠬᠦᠴᠦᠷᠬᠡᠭ ᠤᠯᠤᠰ᠎ᠢ ᠲᠦᠷᠭᠡᠯᠡᠨ ᠪᠠᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠲᠠᠯᠠᠢ ᠲᠡᠢᠰᠢ ᠬᠦᠴᠦᠷᠬᠡᠭ᠌ᠵᠢᠬᠦ᠌ ᠵᠠᠮ᠎ᠢ ᠨᠡᠭᠡᠭᠡᠨ᠎ᠡ᠃
ᠨᠢᠭᠡᠳᠦᠭᠡᠷ ᠬᠡᠰᠡᠭ ᠳᠠᠯᠠᠢ ᠲᠠᠩᠭᠢᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
ᠳᠠᠯᠠᠢ ᠲᠠᠩᠭᠢᠰ᠎ᠤᠨ ᠠᠵᠤ ᠦᠢᠯᠡᠰ᠎ᠢ ᠬᠦᠴᠦᠷᠬᠡᠭ᠌ᠵᠢᠭᠦᠯᠵᠦ᠍ ᠱᠢᠯᠢᠳᠡᠭ᠌ᠵᠢᠭᠦᠯᠦᠨ ᠪᠤᠵᠠᠭᠠᠢᠷᠠᠭᠤᠯᠵᠤ᠂ ᠳᠠᠯᠠᠶ ᠲᠠᠩᠭᠢᠰ᠎ᠤᠨ ᠡᠨᠧᠷᠭᠢ᠎ᠶ᠋ᠢᠨ ᠰᠣᠷᠪᠣᠯᠵᠢ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶ᠋ᠢ ᠡᠮᠬᠢ ᠵᠢᠷᠤᠮ᠎ᠲᠠᠢ ᠠᠬᠢᠭᠤᠯᠵᠤ᠂ ᠭᠦᠨ ᠳᠠᠯᠠᠢ ᠠᠯᠤᠰ ᠳᠠᠯᠠᠢ᠎ᠶ᠋ᠢᠨ ᠲᠡᠵᠢᠭᠡᠨ ᠦᠷᠡᠵᠢᠭᠦᠯᠦᠯᠳᠡ ᠪᠠ ᠣᠳᠣᠬᠢᠴᠢᠯᠠᠭ᠍ᠰᠠᠨ ᠠᠯᠤᠰ ᠳᠠᠯᠠᠶ᠎ᠶ᠋ᠢᠨ ᠵᠢᠭᠠᠰᠤᠨ ᠠᠵᠤ ᠠᠬᠤᠶ᠎ᠶ᠋ᠢ ᠬᠥᠭ᠌ᠵᠢᠭᠦᠯᠵᠦ᠍᠂ ᠳᠠᠯᠠᠢ ᠲᠠᠩᠭᠢᠰ᠎ᠤᠨ ᠲᠣᠨᠣᠭ᠍ᠯᠠᠯ ᠦᠢᠯᠡᠳᠬᠦ᠌ ᠦᠢᠯᠡᠰ᠎ᠤᠨ ᠳᠠᠪᠠᠭᠤᠯᠢᠭ᠎ᠢ ᠪᠠᠬᠢᠵᠢᠭᠦᠯᠦᠨ ᠳᠡᠭᠡᠭ᠌ᠰᠢᠯᠡᠭᠦᠯᠵᠦ᠍᠂ ᠳᠠᠯᠠᠶ ᠲᠠᠩᠭᠢᠰ᠎ᠤᠨ ᠠᠮᠢᠳᠤ ᠪᠣᠳᠠᠰ᠎ᠤᠨ ᠡᠮ ᠡᠮᠨᠡᠯᠭᠡ᠂ ᠳᠠᠯᠠᠶ᠎ᠶ᠋ᠢᠨ ᠤᠰᠤ᠎ᠶ᠋ᠢ ᠴᠡᠩᠭᠡᠭ᠌ᠵᠢᠭᠦᠯᠬᠦ᠌ ᠵᠡᠷᠭᠡ ᠳᠠᠯᠠᠶ ᠲᠠᠩᠭᠢᠰ᠎ᠤᠨ ᠱᠢᠨ᠎ᠡ᠎ᠪᠠᠷ ᠬᠦᠭ᠌ᠵᠢᠭ᠌ᠰᠡᠨ ᠠᠵᠤ ᠦᠢᠯᠡᠰ᠎ᠢ ᠪᠤᠵᠠᠭᠠᠢᠷᠠᠭᠤᠯᠵᠤ᠂ ᠣᠳᠣ ᠦᠶ᠎ᠡ᠎ᠶ᠋ᠢᠨ ᠤᠰᠤᠨ ᠵᠠᠮ᠎ᠤᠨ ᠲᠡᠭᠡᠭᠡᠪᠦᠷᠢ᠎ᠶ᠋ᠢᠨ ᠦᠢᠯᠡᠴᠢᠯᠡᠭᠡᠨ᠎ᠤ ᠦᠢᠯᠡᠰ᠎ᠢ ᠬᠥᠭ᠌ᠵᠢᠭᠦᠯᠵᠦ᠍᠂ ᠳᠠᠯᠠᠢ ᠲᠠᠩᠭᠢᠰ᠎ᠤᠨ ᠣᠨᠴᠠᠯᠢᠭ᠍ᠲᠤ ᠰᠣᠶᠣᠯ ᠪᠠ ᠵᠢᠭᠤᠯᠴᠢᠯᠠᠯ᠎ᠤᠨ ᠵᠣᠷᠢᠭ᠍ᠰᠠᠨ ᠭᠠᠵᠠᠷ᠎ᠢ ᠪᠤᠢ ᠪᠤᠯᠭᠠᠨ᠎ᠠ᠃ ᠳᠠᠯᠠᠢ ᠲᠠᠩᠭᠢᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠢ ᠴᠢᠩᠭᠠᠷᠠᠭᠤᠯᠵᠤ᠂ ᠳᠠᠯᠠᠢ ᠲᠠᠩᠭᠢᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢ ᠴᠢᠩᠭᠠᠳᠭᠠᠵᠤ᠂ ᠭᠦᠨ ᠳᠠᠯᠠᠢ ᠲᠦᠢᠯ᠎ᠤᠨ ᠣᠷᠣᠨ᠎ᠤ ᠱᠢᠨᠵᠢᠯᠡᠨ ᠪᠠᠢᠴᠠᠭᠠᠯᠳᠡ᠎ᠶ᠋ᠢ ᠲᠤᠯᠭᠠᠭᠤᠷᠢᠯᠠᠬᠤ ᠪᠠ ᠪᠠᠲᠤᠯᠠᠬᠤ ᠱᠢᠰᠲ᠋ᠧᠮ᠎ᠢ ᠪᠦᠷᠢᠨᠱᠢᠭᠦᠯᠵᠦ᠍᠂ ᠠᠯᠤᠰ ᠳᠠᠯᠠᠢ᠎ᠶ᠋ᠢᠨ ᠴᠠᠭ ᠠᠭᠤᠷ ᠵᠠᠮᠴᠢᠯᠠᠭ᠎ᠠ᠎ᠶ᠋ᠢᠨ ᠦᠢᠯᠡᠴᠢᠯᠡᠭᠡ᠎ᠶ᠋ᠢ ᠬᠥᠭ᠌ᠵᠢᠭᠦᠯᠦᠨ᠎ᠡ᠃ ᠭᠦᠨ ᠳᠠᠯᠠᠢ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍᠂ ᠭᠦᠨ ᠳᠠᠯᠠᠢ᠎ᠳᠤ ᠣᠷᠣᠬᠤ᠂ ᠭᠦᠨ ᠳᠠᠯᠠᠢ᠎ᠶ᠋ᠢ ᠬᠠᠢᠨ ᠬᠡᠮᠵᠢᠬᠦ᠂ ᠭᠦᠨ ᠳᠠᠯᠠᠢ᠎ᠶ᠋ᠢ ᠨᠡᠭᠡᠭᠡᠨ ᠠᠱᠢᠭ᠍ᠯᠠᠬᠤ᠂ ᠭᠦᠨ ᠳᠠᠯᠠᠢ᠎ᠶ᠋ᠢᠨ ᠠᠮᠤᠷ ᠲᠦᠪᠱᠢᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠭᠤᠤᠯ ᠪᠤᠯᠬᠤ ᠳᠠᠯᠠᠢ᠎ᠶ᠋ᠢᠨ ᠪᠤᠯᠤᠩ᠎ᠤᠨ ᠪᠦᠬᠦᠯᠢ ᠴᠤᠭ᠍ᠴᠠ᠎ᠶ᠋ᠢᠨ ᠲᠦᠯᠦᠪᠵᠢᠬᠦᠯᠬᠡ᠎ᠶ᠋ᠢ ᠴᠢᠩᠭᠠᠳᠭᠠᠵᠤ᠂ ᠤᠮᠠᠷᠠᠲᠤ ᠬᠡᠰᠡᠭ᠂ ᠵᠡᠭᠦᠨ ᠬᠡᠰᠡᠭ᠂ ᠡᠮᠦᠨᠡᠲᠦ ᠬᠡᠰᠡᠭ᠎ᠤᠨ ᠳᠠᠯᠠᠢ ᠲᠠᠩᠭᠢᠰ᠎ᠤᠨ ᠠᠵᠤ ᠠᠬᠤᠢ᠎ᠶ᠋ᠢᠨ ᠲᠣᠭᠤᠷᠢᠭ᠎ᠤᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠳᠠᠯᠠᠶ ᠲᠠᠩᠭᠢᠰ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠤ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠲᠤᠰ ᠲᠤᠰ᠎ᠤᠨ ᠣᠨᠴᠠᠯᠢᠭ ᠪᠦᠬᠦᠢ ᠣᠳᠣ ᠦᠶ᠎ᠡ᠎ᠶ᠋ᠢᠨ ᠳᠠᠯᠠᠶ ᠲᠠᠩᠭᠢᠰ᠎ᠤᠨ ᠬᠤᠲᠠ᠎ᠶ᠋ᠢ ᠪᠦᠲᠦᠭᠡᠨ ᠪᠠᠢᠭᠤᠯᠵᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠭᠠᠷᠠᠮ ᠠᠵᠤ ᠦᠢᠯᠡᠰ ᠬᠤᠲᠠ᠎ᠶ᠋ᠢ ᠠᠭᠤᠰᠤᠯᠴᠠᠭᠤᠯᠤᠨ ᠬᠥᠭ᠌ᠵᠢᠬᠦᠯᠬᠦ᠌᠎ᠶ᠋ᠢ ᠭᠦᠨᠵᠡᠭᠡᠢᠷᠡᠭᠦᠯᠵᠦ᠍᠂ ᠲᠠᠯᠠᠢ ᠳᠠᠭᠠᠤ ᠭᠠᠵᠠᠷ ᠣᠷᠣᠨ᠎ᠨᠢ ᠳᠣᠲᠣᠭᠠᠳᠤ ᠬᠠᠭᠤᠷᠠᠶ᠎ᠶ᠋ᠢᠨ ᠭᠠᠵᠠᠷ ᠣᠷᠣᠨ᠎ᠯᠤᠭ᠎ᠠ ᠲᠠᠯᠠᠢ ᠲᠠᠩᠭᠢᠰ᠎ᠤᠨ ᠠᠵᠤ ᠠᠬᠤᠶ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠬᠤ᠎ᠶ᠋ᠢ ᠵᠣᠷᠢᠭ᠍ᠵᠢᠭᠤᠯᠤᠨ᠎ᠠ᠃ ᠳᠠᠯᠠᠢ ᠳᠠᠩᠬᠢᠰ᠎ᠤᠨ ᠠᠵᠤ ᠠᠬᠤᠢ᠎ᠶ᠋ᠢᠨ ᠬᠦᠭ᠌ᠵᠢᠯᠳᠡ᠎ᠶ᠋ᠢ ᠠᠬᠢᠭᠤᠯᠬᠤ ᠪᠠᠢᠭᠤᠯᠤᠯ ᠳᠤᠭ᠍ᠳᠠᠴᠠ᠎ᠶ᠋ᠢ ᠳᠠᠬᠦᠯᠳᠡᠷᠵᠢᠬᠦᠯᠵᠦ᠍᠂ ᠡᠳ᠋᠎ᠤᠨ ᠵᠠᠰᠠᠭ ᠭᠠᠢᠯᠢ᠂ ᠮᠥᠩᠭᠦᠨ ᠭᠦᠢᠯᠭᠡᠭᠡ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠵᠤ᠂ ᠲᠠᠯᠠᠢ ᠲᠠᠩᠭᠢᠰ᠎ᠤᠨ ᠠᠵᠤ ᠠᠬᠤᠶ᠎ᠶ᠋ᠢ ᠪᠦᠷᠢᠳᠭᠡᠵᠦ᠍ ᠬᠢᠨᠠᠨ ᠬᠡᠮᠵᠢᠬᠦ᠌ ᠱᠢᠰᠲ᠋ᠧᠮ᠎ᠢ ᠱᠢᠯᠢᠳᠡᠭ᠌ᠵᠢᠭᠦᠯᠦᠨ᠎ᠡ᠃
ᠬᠤᠶᠠᠳᠤᠭᠠᠷ ᠬᠡᠰᠡᠭ ᠲᠡᠯᠡᠢ ᠲᠠᠩᠭᠢᠰ᠎ᠤᠨ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠬᠠᠮᠠᠭᠠᠯᠠᠨ᠎ᠠ
ᠳᠠᠯᠠᠢ ᠲᠠᠩᠭᠢᠰ᠎ᠤᠨ ᠣᠷᠴᠢᠨ ᠠᠬᠤᠢ᠎ᠶ᠋ᠢᠨ ᠠᠶᠤᠯ ᠲᠦᠭ᠌ᠰᠢᠭᠦᠷᠢ᠎ᠶ᠋ᠢ ᠡᠬᠢ ᠡᠭᠦᠰᠦᠯ᠎ᠠᠴᠠ᠎ᠨᠢ ᠰᠡᠷᠭᠡᠢᠯᠡᠬᠦ᠌᠎ᠶ᠋ᠢ ᠴᠢᠩᠭᠠᠳᠭᠠᠵᠤ᠂ ᠭᠤᠣᠯᠳᠠᠯᠭ᠎ᠠ᠎ᠲᠠᠢ ᠲᠠᠯᠠᠢ᠎ᠶ᠋ᠢᠨ ᠣᠷᠣᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠂ ᠡᠷᠭᠢ ᠲᠠᠩ᠎ᠢ ᠴᠡᠭ᠌ᠴᠡᠯᠡᠨ ᠵᠠᠰᠠᠬᠤ ᠪᠠ ᠬᠠᠮᠠᠭᠠᠯᠠᠵᠤ ᠵᠠᠰᠠᠨ ᠰᠡᠷᠭᠦᠭᠡᠬᠦ᠌᠎ᠶ᠋ᠢ ᠠᠬᠢᠭᠤᠯᠵᠤ᠂ ᠡᠷᠭᠢ ᠣᠢᠷᠠᠯᠴᠠᠭ᠎ᠠ ᠲᠠᠯᠠᠢ᠎ᠶ᠋ᠢᠨ ᠣᠷᠣᠨ᠎ᠤ ᠤᠰᠤᠨ᠎ᠤ ᠴᠢᠨᠠᠷ ᠱᠢᠯᠢᠳᠡᠭ ᠰᠠᠢᠨ ᠬᠠᠷᠢᠴᠠᠯ᠎ᠢ 86% ᠣᠷᠴᠢᠮ᠎ᠳᠤ ᠬᠦᠷᠭᠡᠨ᠎ᠡ᠃ ᠲᠡᠯᠡᠢ᠎ᠶ᠋ᠢ ᠬᠦᠷᠢᠶᠡᠯᠡᠨ ᠪᠥᠭ᠌ᠯᠡᠬᠦ᠌ ᠬᠠᠮᠢᠶᠠᠷᠤᠯᠲᠠ ᠡᠵᠡᠮᠳᠡᠯ᠎ᠢ ᠴᠢᠩᠳᠠᠯᠠᠵᠤ᠂ ᠪᠠᠢᠭᠠᠯᠢᠯᠢᠬ ᠡᠷᠭᠢ᠎ᠶ᠋ᠢᠨ ᠱᠤᠭᠤᠮ᠂ ᠲᠡᠯᠡᠶ ᠳᠠᠭᠠᠤ ᠨᠤᠭᠤ ᠭᠠᠵᠠᠷ᠂ ᠰᠠᠭᠤᠭᠠᠯᠢ ᠠᠷᠠᠳ ᠥᠬᠡᠶ ᠲᠡᠯᠡᠶ᠎ᠶ᠋ᠢᠨ ᠠᠷᠠᠯ ᠵᠡᠷᠭᠡ᠎ᠶ᠋ᠢ ᠬᠠᠮᠠᠭᠠᠯᠠᠬᠤ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠬᠡ ᠬᠠᠭᠤᠷᠠᠶ᠎ᠶ᠋ᠢᠨ ᠪᠠᠢᠭᠠᠯᠢ᠎ᠶ᠋ᠢᠨ ᠡᠷᠭᠢ᠎ᠶ᠋ᠢᠨ ᠱᠤᠭᠤᠮ᠎ᠤᠨ ᠪᠠᠲᠤᠯᠠᠯᠲᠠ᠎ᠶ᠋ᠢᠨ ᠨᠣᠷᠮ᠎ᠠ᠎ᠶ᠋ᠢ 35% ᠠᠴᠠ ᠳᠣᠣᠷ᠎ᠠ ᠦᠭᠡᠢ ᠪᠠᠢᠯᠭᠠᠨ᠎ᠠ᠃ ᠲᠠᠯᠠᠢ ᠲᠠᠩᠭᠢᠰ᠎ᠤᠨ ᠬᠤᠭ ᠨᠣᠪᠰᠢ᠎ᠶ᠋ᠢ ᠴᠡᠪᠡᠷᠯᠡᠬᠦ᠌ ᠪᠠ ᠡᠬᠢ ᠪᠠᠶᠠᠯᠢᠭ᠍ᠵᠢᠭᠤᠯᠤᠨ ᠠᠱᠢᠭ᠍ᠯᠠᠬᠤ᠎ᠶ᠋ᠢ ᠴᠢᠩᠭᠠᠳᠭᠠᠨ᠎ᠠ᠃ ᠢᠯᠭᠠᠭᠠᠵᠢᠭᠤᠯᠤᠭ᠍ᠰᠡᠨ ᠳᠠᠯᠠᠢ ᠬᠡᠷᠡᠭ᠌ᠯᠡᠬᠦ᠌ ᠪᠠᠷᠢᠮᠵᠢᠶ᠎ᠠ ᠵᠢᠷᠤᠮᠵᠢᠯ᠎ᠢ ᠲᠣᠭ᠍ᠲᠠᠭᠠᠵᠤ᠂ ᠳᠠᠯᠠᠢ᠎ᠶ᠋ᠢᠨ ᠣᠷᠣᠨ᠎ᠢ ᠳᠠᠪᠬᠤᠷᠭ᠎ᠠ ᠬᠤᠪᠢᠶᠠᠨ ᠪᠡᠶᠡᠳᠦᠴᠢᠯᠡᠨ ᠠᠱᠢᠭ᠍ᠯᠠᠬᠤ᠎ᠶ᠋ᠢ ᠢᠳᠡᠪᠬᠢᠲᠡᠶ ᠠᠬᠢᠭᠤᠯᠤᠨ᠎ᠠ᠃ ᠲᠠᠯᠠᠢ᠎ᠶ᠋ᠢᠨ ᠠᠷᠠᠯ᠎ᠢ ᠨᠡᠭᠡᠭᠡᠨ ᠠᠱᠢᠭ᠍ᠯᠠᠵᠤ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠲᠠᠯᠠᠢ᠎ᠶ᠋ᠢᠨ ᠠᠷᠠᠯ᠎ᠤᠨ ᠬᠥᠭ᠌ᠵᠢᠯᠲᠡ᠎ᠶ᠋ᠢ ᠲᠦᠷᠦᠯ ᠬᠤᠪᠢᠶᠠᠨ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠱᠢᠨ᠎ᠡ ᠨᠢᠭᠡ ᠡᠭᠡᠯᠵᠢ᠎ᠶ᠋ᠢᠨ ᠳᠠᠯᠠᠢ ᠲᠠᠩᠭᠢᠰ᠎ᠤᠨ ᠶᠡᠷᠦᠩᠬᠡᠢᠯᠡᠭ᠌ᠰᠡᠨ ᠪᠠᠢᠴᠠᠭᠠᠯᠲᠠ᠎ᠶ᠋ᠢ ᠬᠡᠷᠡᠭ᠌ᠵᠢᠭᠦᠯᠵᠦ᠍᠂ ᠳᠠᠯᠠᠢ ᠲᠠᠩᠭᠢᠰ᠎ᠤᠨ ᠠᠮᠢ ᠠᠬᠤᠢ᠎ᠶ᠋ᠢᠨ ᠤᠷᠢᠳᠴᠢᠯᠠᠨ ᠰᠡᠷᠡᠮᠵᠢᠯᠡᠭᠦᠯᠬᠦ᠌ ᠪᠠ ᠬᠢᠨᠠᠨ ᠬᠡᠮᠵᠢᠬᠦ᠌ ᠱᠢᠰᠲ᠋ᠧᠮ᠎ᠢ ᠪᠦᠷᠢᠨᠱᠢᠭᠦᠯᠵᠦ᠍᠂ ᠬᠦᠨᠳᠦ ᠶᠡᠭᠡ ᠳᠠᠯᠠᠢ ᠲᠠᠩᠭᠢᠰ᠎ᠤᠨ ᠭᠠᠮᠱᠢᠭ᠎ᠤᠨ ᠲᠦᠭ᠌ᠰᠢᠭᠦᠷᠢ᠎ᠶ᠋ᠢ ᠰᠡᠷᠭᠡᠢᠯᠡᠨ ᠬᠢᠵᠠᠭᠠᠷᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠳᠠᠯᠠᠢ᠎ᠶ᠋ᠢᠨ ᠤᠰᠤᠨ᠎ᠤ ᠭᠡᠳᠡᠷᠭᠦ᠌ ᠴᠢᠳᠭᠤᠬᠤ᠎ᠶ᠋ᠢ ᠰᠡᠷᠭᠡᠢᠯᠡᠨ ᠠᠷᠭᠠᠴᠠᠨ᠎ᠠ᠃ ᠳᠠᠯᠠᠢ ᠲᠠᠩᠭᠢᠰ᠎ᠤᠨ ᠨᠡᠭᠦᠷᠡᠰᠦᠳᠦ᠋ᠷᠦᠭ᠌ᠴᠢ᠎ᠶ᠋ᠢᠨ ᠳᠠᠪᠬᠤᠷ ᠢᠰᠦᠯ᠎ᠢ ᠱᠢᠩᠭᠡᠭᠡᠨ ᠬᠤᠷᠠᠮᠳᠤᠭᠤᠯᠬᠤ᠎ᠶ᠋ᠢ ᠳᠤᠭᠠᠴᠠᠭ᠎ᠠ ᠬᠢᠬᠦ᠌ ᠠᠵᠢᠯ᠎ᠢ ᠰᠦᠪᠡᠭ᠌ᠴᠢᠯᠡᠨ ᠥᠷᠨᠢᠭᠦᠯᠦᠨ᠎ᠡ᠃
ᠭᠤᠷᠪᠠᠳᠤᠭᠠᠷ ᠬᠡᠰᠡᠭ ᠤᠯᠤᠰ᠎ᠤᠨ ᠲᠡᠯᠡᠢ ᠲᠠᠩᠭᠢᠰ᠎ᠤᠨ ᠡᠷᠬᠡ ᠠᠱᠢᠭ᠎ᠢ ᠬᠠᠮᠠᠭᠠᠯᠠᠨ᠎ᠠ
ᠳᠠᠯᠠᠢ ᠲᠠᠩᠭᠢᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠢᠳᠡᠪᠬᠢᠳᠠᠢ ᠠᠬᠢᠭᠤᠯᠵᠤ᠂ ᠳᠠᠯᠠᠢ ᠲᠠᠩᠭᠢᠰ᠎ᠤᠨ ᠬᠠᠨᠢᠲᠠᠨ᠎ᠤ ᠬᠠᠷᠢᠴᠠᠭ᠎ᠠ᠎ᠶ᠋ᠢ ᠥᠷᠭᠡᠳᠭᠡᠵᠦ᠍᠂ ᠲᠥᠪ ᠭᠤᠣᠯᠴᠢ ᠵᠦᠶ ᠵᠣᠬᠢᠰᠲᠠᠶ ᠤᠯᠠᠨ ᠤᠯᠤᠰ᠎ᠤᠨ ᠳᠠᠯᠠᠢ ᠲᠠᠩᠭᠢᠰ᠎ᠤᠨ ᠡᠮᠬᠢ ᠵᠢᠷᠤᠮ᠎ᠢ ᠪᠠᠢᠭᠤᠯᠬᠤ᠎ᠶ᠋ᠢ ᠠᠬᠢᠭᠤᠯᠤᠨ᠎ᠠ᠃ ᠤᠯᠠᠨ ᠤᠯᠤᠰ᠎ᠤᠨ ᠲᠠᠯᠠᠢ ᠲᠠᠩᠭᠢᠰ᠎ᠤᠨ ᠵᠠᠰᠠᠯᠲᠠ᠎ᠶ᠋ᠢᠨ ᠲᠦᠷᠢᠮ᠎ᠢ ᠲᠣᠭ᠍ᠲᠠᠭᠠᠬᠤ᠎ᠳᠤ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠲᠠᠯᠠᠢ ᠲᠠᠩᠭᠢᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠡᠯᠡᠯᠴᠡᠭᠡᠷ᠎ᠢ ᠢᠳᠡᠪᠬᠢᠲᠡᠶ ᠭᠦᠢᠴᠡᠳᠭᠡᠨ᠎ᠡ᠃ ᠳᠠᠯᠠᠶ ᠲᠠᠩᠭᠢᠰ᠎ᠤᠨ ᠰᠤᠳᠤᠯᠭᠠᠨ ᠬᠢᠵᠦ᠍ ᠪᠠᠢᠴᠠᠭᠠᠯᠲᠠ ᠬᠢᠬᠦ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ᠂ ᠬᠥᠬᠡ ᠠᠵᠤ ᠠᠬᠤᠶ ᠵᠡᠷᠭᠡ ᠬᠦᠷᠢᠶᠡᠨ᠎ᠳᠠᠬᠢ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠲᠠᠯᠠᠢ ᠲᠠᠩᠭᠢᠰ᠎ᠤᠨ ᠬᠦᠷᠢᠶᠡᠨ᠎ᠳᠠᠬᠢ ᠤᠯᠠᠨ ᠲᠠᠯ᠎ᠠ᠎ᠶ᠋ᠢᠨ ᠪᠠ ᠬᠤᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠲᠠᠪᠴᠠᠩ ᠪᠠ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠮᠠᠨ᠎ᠤ ᠤᠯᠤᠰ᠎ᠲᠤ ᠲᠤᠰᠭᠠᠶ ᠲᠠᠯᠠᠢ ᠲᠠᠩᠭᠢᠰ᠎ᠤᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠠᠢᠭᠤᠯᠬᠤ᠎ᠶ᠋ᠢ ᠠᠬᠢᠭᠤᠯᠤᠨ᠎ᠠ᠃ ᠳᠠᠯᠠᠢ ᠲᠠᠩᠭᠢᠰ᠎ᠤᠨ ᠲᠤᠬᠠᠢ ᠤᠬᠠᠮᠰᠠᠷ᠎ᠢ ᠴᠢᠩᠭᠠᠳᠭᠠᠵᠤ᠂ ᠪᠠᠢᠳᠠᠯ᠎ᠤᠨ ᠰᠤᠳᠤᠯᠤᠨ ᠮᠠᠭᠠᠳᠯᠠᠯᠲᠠ᠂ ᠲᠦᠭ᠌ᠰᠢᠭᠦᠷᠢ᠎ᠶ᠋ᠢᠨ ᠰᠡᠷᠭᠡᠢᠯᠡᠯᠲᠡ ᠪᠠ ᠬᠠᠤᠯᠢ ᠵᠦᠶ᠎ᠶ᠋ᠢᠨ ᠲᠡᠮᠡᠴᠡᠯ᠎ᠢ ᠴᠢᠩᠭᠠᠳᠭᠠᠵᠤ᠂ ᠲᠡᠯᠡᠢ ᠲᠠᠩᠭᠢᠰ᠎ᠤᠨ ᠡᠷᠬᠡ ᠠᠱᠢᠭ᠎ᠢ ᠬᠠᠮᠠᠭᠠᠯᠠᠬᠤ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠵᠦ᠍᠂ ᠳᠠᠯᠠᠢ ᠲᠡᠭᠡᠷ᠎ᠡ ᠬᠠᠤᠯᠢ ᠬᠡᠷᠡᠭ᠌ᠵᠢᠭᠦᠯᠬᠦ᠌ ᠪᠠ ᠳᠠᠯᠠᠢ᠎ᠶ᠋ᠢᠨ ᠶᠠᠪᠤᠳᠠᠯ᠎ᠤᠨ ᠬᠠᠤᠯᠢ ᠪᠠᠷᠢᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
ᠠᠷᠪᠠᠳᠤᠭᠠᠷ ᠠᠩᠬᠢ ᠪᠦᠬᠦ᠌ ᠦᠨᠳᠦᠰᠦᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠦᠨ᠎ᠡ
ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠠᠬᠢ ᠮᠠᠷᠺᠰ᠎ᠤᠨ ᠦᠵᠡᠯ᠎ᠤᠨ ᠵᠢᠯᠣᠭᠤᠳᠭᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ᠎ᠶ᠋ᠢᠨ ᠪᠣᠯᠪᠠᠰᠤᠨ᠎ᠳᠤ ᠦᠨᠳᠦᠰᠦᠯᠡᠨ᠂ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠬᠥᠭ᠌ᠵᠢᠯᠲᠡ᠎ᠶ᠋ᠢᠨ ᠤᠷᠤᠰᠭᠠᠯ᠎ᠢ ᠳᠠᠭᠠᠵᠤ᠂ ᠬᠦᠴᠦᠷᠬᠡᠭ ᠶᠡᠭᠡ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠶᠤᠨ ᠰᠠᠨᠠᠭᠠᠨ᠎ᠤ ᠨᠢᠭ᠍ᠲᠠᠷᠠᠭᠤᠯᠬᠤ ᠬᠦᠴᠦᠨ᠂ ᠥᠷᠲᠡᠭ᠎ᠤᠨ ᠤᠷᠢᠶᠠᠯᠠᠬᠤ ᠬᠦᠴᠦᠨ᠂ ᠳᠡᠯᠡᠬᠡᠶ ᠳᠡᠭᠡᠷ᠎ᠡ ᠨᠥᠯᠥᠭᠡᠯᠡᠬᠦ᠌ ᠬᠦᠴᠦᠨ ᠪᠦᠬᠦᠢ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠰᠣᠶᠣᠯ᠎ᠢ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃
ᠭᠤᠴᠢᠨ ᠭᠤᠷᠪᠠᠳᠤᠭᠠᠷ ᠪᠦᠯᠦᠭ ᠨᠡᠢᠭᠡᠮ ᠵᠢᠷᠤᠮ᠎ᠤᠨ ᠭᠤᠣᠯᠯᠠᠬᠤ ᠦᠷᠲᠡᠭ᠎ᠤᠨ ᠦᠵᠡᠯᠲᠡ᠎ᠶ᠋ᠢ ᠪᠠᠳᠠᠷᠠᠭᠤᠯᠤᠨ ᠦᠢᠯᠡᠳᠦᠯᠭᠡᠵᠢᠭᠦᠯᠦᠨ᠎ᠡ
ᠨᠡᠢᠭᠡᠮ ᠵᠢᠷᠤᠮ᠎ᠤᠨ ᠭᠤᠣᠯᠯᠠᠬᠤ ᠥᠷᠲᠡᠭ᠎ᠤᠨ ᠦᠵᠡᠯᠲᠡ᠎ᠪᠠᠷ ᠰᠣᠶᠣᠯ᠎ᠤᠨ ᠪᠠᠢᠭᠤᠯᠤᠯᠲᠠ᠎ᠶ᠋ᠢ ᠬᠥᠲᠥᠯᠥᠨ ᠲᠠᠭᠠᠭᠤᠯᠵᠦ᠍᠂ ᠭᠤᠣᠯ ᠤᠷᠤᠰᠭᠠᠯ᠎ᠤᠨ ᠦᠷᠳᠡᠭ᠂ ᠭᠤᠣᠯ ᠤᠷᠤᠰᠭᠠᠯ᠎ᠤᠨ ᠶᠠᠷᠢᠶ᠎ᠠ ᠬᠡᠯᠡᠯᠴᠡᠭᠡ᠂ ᠭᠤᠣᠯ ᠤᠷᠤᠰᠭᠠᠯ᠎ᠤᠨ ᠰᠣᠶᠣᠯ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠦᠷᠳᠡᠭ᠂ ᠳᠤᠮᠳᠠᠳᠤ ᠤᠯᠤᠰ᠎ᠤᠨ ᠬᠦᠴᠦᠨ ᠴᠢᠳᠠᠯ᠎ᠢ ᠲᠠᠰᠤᠷᠠᠯᠳᠠ ᠦᠭᠡᠢ ᠪᠤᠢ ᠪᠤᠯᠭᠠᠨ᠎ᠠ᠃
ᠨᠢᠭᠡᠳᠦᠭᠡᠷ ᠬᠡᠰᠡᠭ ᠬᠦᠰᠡᠯᠡᠩ ᠢᠲᠡᠭᠡᠯ ᠵᠣᠷᠢᠭ᠎ᠤᠨ ᠬᠥᠮᠦᠵᠢᠯ᠎ᠢ ᠪᠠᠢᠩᠭᠤᠵᠢᠭᠤᠯᠬᠤ ᠳᠦᠷᠢᠮᠵᠢᠭᠦᠯᠬᠦ᠌᠎ᠶ᠋ᠢ ᠠᠬᠢᠭᠤᠯᠤᠨ᠎ᠠ
ᠨᠠᠮ᠎ᠤᠨ ᠱᠢᠨ᠎ᠡ ᠡᠭᠦᠳᠦᠯᠲᠡ᠎ᠶ᠋ᠢᠨ ᠣᠨᠣᠯ᠎ᠤᠨ ᠰᠤᠷᠤᠯᠴᠠᠯᠭ᠎ᠠ ᠪᠠ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠰᠠᠨᠠᠭ᠎ᠠ᠎ᠶ᠋ᠢ ᠨᠢᠬ᠍ᠳᠠᠷᠠᠭᠤᠯᠤᠨ ᠰᠦᠭ ᠰᠦᠯᠳᠡ᠎ᠶ᠋ᠢ ᠪᠣᠰᠭᠠᠬᠤ᠎ᠶ᠋ᠢ ᠴᠥᠬᠦᠷᠡᠰᠢ ᠦᠭᠡᠢ ᠪᠠᠷᠢᠮᠲᠠᠯᠠᠵᠤ᠂ ᠱᠢᠰᠲ᠋ᠧᠮᠵᠢᠭᠦᠯᠦᠭ᠌ᠰᠡᠨ᠂ ᠵᠦᠢ ᠲᠣᠭ᠍ᠲᠠᠯᠵᠢᠭᠤᠯᠤᠭ᠍ᠰᠠᠨ ᠰᠤᠳᠤᠯᠭᠠᠨ ᠲᠠᠢᠯᠪᠤᠷᠢᠯᠠᠯᠲᠠ ᠪᠠ ᠣᠯᠠᠨ ᠲᠦᠮᠡᠨᠴᠢᠯᠡᠭ᠌ᠰᠡᠨ᠂ ᠬᠢᠯᠪᠠᠷᠴᠢᠯᠠᠭ᠍ᠰᠠᠨ ᠤᠬᠠᠭᠤᠯᠭ᠎ᠠ ᠲᠦᠭᠡᠮᠡᠯᠵᠢᠭᠦᠯᠦᠯᠳᠡ᠎ᠶ᠋ᠢ ᠴᠢᠩᠭᠠᠳᠭᠠᠨ᠎ᠠ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠳᠠᠬᠢ ᠨᠠᠮ᠎ᠤᠨ ᠤᠳᠤᠷᠢᠳᠭᠤ ᠡᠷᠬᠡ᠎ᠶ᠋ᠢ ᠪᠠᠲᠤ ᠡᠵᠡᠮᠳᠡᠵᠦ᠍᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠳᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠲᠤᠬ᠍ᠳᠠᠯᠴᠠᠭᠠᠶ᠋ᠢ ᠪᠠᠳᠠᠷᠠᠭᠤᠯᠵᠤ᠂ ᠡᠬᠡ ᠣᠷᠣᠨᠴᠢ ᠦᠵᠡᠯ᠂ ᠨᠡᠢᠲᠡᠴᠢ ᠦᠵᠡᠯ᠂ ᠨᠡᠢᠭᠡᠮ ᠵᠢᠷᠤᠮ᠎ᠤᠨ ᠬᠥᠮᠦᠵᠢᠯ᠎ᠢ ᠭᠦᠨᠵᠡᠭᠡᠢᠷᠡᠭᠦᠯᠦᠨ᠎ᠡ᠃ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠤ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠨ᠂ ᠵᠠᠯᠠᠭᠤᠴᠤᠳ ᠪᠠᠭᠠᠴᠤᠳ᠎ᠤᠨ ᠬᠦᠰᠡᠯᠡᠩ ᠢᠲᠡᠭᠡᠯ ᠵᠤᠷᠢᠭ᠎ᠤᠨ ᠬᠥᠮᠦᠵᠢᠯ᠎ᠢ ᠴᠢᠩᠭᠠᠳᠭᠠᠨ᠎ᠠ᠃ ᠭᠤᠣᠯ ᠤᠷᠤᠰᠭᠠᠯ᠎ᠤᠨ ᠵᠠᠭᠤᠴᠢᠯᠠᠭᠤᠷ᠎ᠤᠨ ᠱᠢᠰᠲ᠋ᠧᠮᠲᠦ ᠴᠢᠨᠠᠷᠲᠠᠶ ᠬᠤᠪᠢᠰᠤᠯᠲᠠ᠎ᠶ᠋ᠢ ᠭᠦᠨᠵᠡᠭᠡᠢᠷᠡᠭᠦᠯᠵᠦ᠍᠂ ᠰᠣᠨᠢᠨ ᠮᠡᠳᠡᠭᠡᠨ᠎ᠤ ᠤᠬᠠᠭᠤᠯᠭ᠎ᠠ ᠪᠠ ᠰᠦᠯᠵᠢᠶᠡᠨ᠎ᠤ ᠶᠠᠷᠢᠶ᠎ᠠ ᠬᠡᠯᠡᠯᠴᠡᠭᠡ᠎ᠶ᠋ᠢ ᠨᠢᠭᠡ ᠴᠤᠭ᠍ᠴᠠᠵᠢᠭᠤᠯᠤᠨ ᠬᠠᠮᠢᠶᠠᠷᠬᠤ᠎ᠶ᠋ᠢ ᠠᠬᠢᠭᠤᠯᠵᠤ᠂ ᠭᠤᠣᠯ ᠤᠷᠤᠰᠭᠠᠯ᠎ᠤᠨ ᠶᠠᠷᠢᠶ᠎ᠠ ᠬᠡᠯᠡᠯᠴᠡᠭᠡᠨ᠎ᠤ ᠬᠥᠲᠥᠯᠥᠨ ᠵᠢᠯᠣᠭᠤᠳᠭᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭᠠᠨ ᠪᠠ ᠪᠠᠢᠭᠤᠯᠤᠯᠲᠠ᠎ᠶ᠋ᠢᠨ ᠢᠨᠵᠧᠨᠧᠷᠢᠩ᠎ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠬᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠱᠢᠨ᠎ᠡ᠎ᠶ᠋ᠢ ᠡᠭᠦᠳᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠪᠡᠶ᠎ᠡ᠎ᠪᠠᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠲᠦᠷᠭᠡᠯᠡᠨ ᠪᠠᠢᠭᠤᠯᠤᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠱᠢᠨ᠎ᠡ ᠬᠡᠯᠪᠡᠷᠢ᠎ᠶ᠋ᠢᠨ ᠤᠶᠤᠨ᠎ᠤ ᠬᠥᠮᠥᠷᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃
ᠬᠤᠶᠠᠳᠤᠭᠠᠷ ᠬᠡᠰᠡᠭ ᠨᠡᠢᠭᠡᠮ᠎ᠤᠨ ᠪᠣᠯᠪᠠᠰᠤᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ
ᠬᠤᠳᠠ ᠬᠥᠳᠡᠭᠡ᠎ᠶ᠋ᠢᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠣᠶᠣᠯ᠎ᠤᠨ ᠵᠣᠷᠢᠭ ᠰᠠᠨᠠᠭ᠎ᠠ᠎ᠶ᠋ᠢ ᠬᠥᠮᠦᠵᠢᠭᠦᠯᠬᠦ᠂ ᠦᠵᠡᠯ ᠰᠡᠳᠭᠢᠯᠭᠡ᠎ᠶ᠋ᠢ ᠪᠤᠢᠵᠢᠭᠤᠯᠬᠤ ᠦᠢᠯᠡᠳᠦᠯ᠎ᠢ ᠪᠠᠳᠠᠷᠠᠭᠤᠯᠵᠤ᠂ ᠪᠦᠬᠦ᠌ ᠦᠨᠳᠦᠰᠦᠲᠡᠨ᠎ᠤ ᠤᠷᠮ᠎ᠠ ᠵᠤᠷᠢᠭ ᠪᠠᠳᠠᠷᠠᠩᠭᠤᠢ ᠵᠣᠷᠢᠭ ᠰᠠᠨᠠᠭᠠᠨ᠎ᠤ ᠴᠤᠭ ᠵᠢᠪᠬᠤᠭ᠎ᠠ᠎ᠶ᠋ᠢ ᠬᠠᠳᠠᠭᠠᠯᠠᠨ᠎ᠠ᠃ ᠱᠢᠨ᠎ᠡ ᠴᠠᠭ ᠦᠶ᠎ᠡ᠎ᠶ᠋ᠢᠨ ᠠᠷᠠᠳ ᠢᠷᠭᠡᠳ᠎ᠤᠨ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠨᠡᠢᠭᠡᠮ ᠨᠡᠢᠲᠡ᠎ᠶ᠋ᠢᠨ ᠶᠣᠰᠣ ᠰᠤᠷᠲᠠᠬᠤᠨ᠂ ᠠᠵᠢᠯ ᠮᠡᠷᠭᠡᠵᠢᠯ᠎ᠤᠨ ᠶᠣᠰᠣ ᠰᠤᠷᠲᠠᠬᠤᠨ᠂ ᠭᠡᠷ ᠪᠦᠯᠢ᠎ᠶ᠋ᠢᠨ ᠰᠠᠢᠬᠠᠨ ᠰᠤᠷᠲᠠᠯ᠂ ᠬᠤᠪᠢ ᠬᠥᠮᠦᠨ᠎ᠤ ᠵᠠᠩ ᠮᠣᠷᠠᠯ᠎ᠢ ᠶᠡᠭᠡ᠎ᠪᠠᠷ ᠪᠠᠳᠠᠷᠠᠭᠤᠯᠵᠤ᠂ ᠭᠡᠷ ᠪᠦᠯᠢ ᠭᠡᠷ᠎ᠤᠨ ᠰᠤᠷᠭᠠᠯ ᠭᠡᠷ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠨᠡᠰᠦᠠᠳᠤ ᠤᠢ᠍ᠯᠦ᠍ ᠬᠦᠷᠦᠭ᠌ᠰᠡᠦᠠᠤᠨ ᠦᠵᠡᠯ ᠰᠠᠨᠠᠭ᠎ᠠ ᠶᠣᠰᠣ ᠰᠤᠷᠳᠠᠬᠤᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠦᠨᠡᠨᠴᠢ ᠢᠲᠡᠭᠡᠮᠵᠢ᠎ᠶ᠋ᠢᠨ ᠰᠣᠶᠣᠯ᠂ ᠠᠷᠢᠭᠤᠨ ᠴᠢᠬᠡᠴᠢ᠎ᠶ᠋ᠢᠨ ᠰᠣᠶᠣᠯ᠎ᠢ ᠪᠠᠳᠠᠷᠠᠭᠤᠯᠤᠨ᠎ᠠ᠃ ᠲᠡᠷᠢᠭᠦᠨ᠎ᠤ ᠨᠡᠢᠲᠡᠯᠢᠭ ᠵᠢᠱ᠌ᠢᠶ᠎ᠡ᠎ᠶ᠋ᠢᠨ ᠳᠠᠭᠤᠷᠢᠶᠠᠯ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠪᠠᠭᠠᠲᠤᠷ ᠵᠢᠱ᠌ᠢᠶᠡᠴᠢ ᠬᠥᠮᠦᠰ᠎ᠤᠨ ᠲᠤᠬᠠᠢ ᠰᠤᠷᠤᠯᠴᠠᠯᠭ᠎ᠠ ᠤᠬᠠᠭᠤᠯᠭ᠎ᠠ᠎ᠶ᠋ᠢ ᠴᠢᠩᠭᠠᠳᠭᠠᠵᠤ᠂ ᠭᠠᠪᠢᠶ᠎ᠠ ᠵᠢᠳᠬᠦᠯ ᠢᠷᠠᠭᠤ ᠠᠯᠳᠠᠷ᠎ᠢ ᠬᠥᠬᠢᠭᠦᠯᠦᠨ ᠰᠠᠢᠱᠢᠶᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠬᠤᠲᠠ᠎ᠶ᠋ᠢᠨ ᠠᠷᠠᠳ᠎ᠤᠨ ᠨᠡᠢᠲᠡ᠎ᠶ᠋ᠢᠨ ᠬᠡᠷ᠎ᠡ᠂ ᠲᠤᠰᠭᠤᠨ᠎ᠤ ᠳᠦᠷᠢᠮ ᠠᠷᠠᠳ᠎ᠤᠨ ᠭᠡᠷ᠎ᠡ ᠵᠡᠷᠭᠡ᠎ᠶ᠋ᠢᠨ ᠦᠢᠯᠡᠳᠦᠯ᠎ᠢ ᠪᠠᠳᠠᠷᠠᠭᠤᠯᠦᠨ᠂ ᠬᠠᠭᠤᠴᠢᠨ ᠬᠡᠪ ᠵᠠᠩᠱᠢᠯ᠎ᠢ ᠦᠭᠡᠷᠡᠴᠢᠯᠡᠬᠦ᠌᠎ᠶ᠋ᠢ ᠠᠬᠢᠭᠤᠯᠤᠨ᠎ᠠ᠃ ᠪᠣᠯᠪᠠᠰᠤᠨ᠎ᠢ ᠪᠤᠢᠵᠢᠭᠤᠯᠬᠤ᠂ ᠪᠣᠯᠪᠠᠰᠤᠨ᠎ᠢ ᠦᠢᠯᠡᠳᠦᠯᠭᠡᠵᠢᠭᠦᠯᠬᠦ᠂ ᠪᠣᠯᠪᠠᠰᠤᠨ᠎ᠢ ᠡᠭᠦᠳᠦᠨ ᠪᠠᠢᠭᠤᠯᠬᠤ ᠠᠵᠢᠯ᠎ᠤᠨ ᠲᠣᠭ᠍ᠲᠠᠴᠠ᠎ᠶ᠋ᠢ ᠥᠭᠡᠷᠡᠴᠢᠯᠡᠨ ᠰᠠᠢᠵᠢᠷᠠᠭᠤᠯᠵᠤ ᠡᠨᠡ ᠲᠠᠯ᠎ᠠ᠎ᠪᠠᠷ ᠱᠢᠨ᠎ᠡ᠎ᠶ᠋ᠢ ᠡᠭᠦᠳᠤᠨ᠎ᠠ᠃
ᠭᠤᠷᠪᠠᠳᠤᠭᠠᠷ ᠬᠡᠰᠡᠭ ᠰᠦᠯᠵᠢᠶᠡᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ
ᠮᠡᠳᠡᠭᠡ ᠵᠠᠩᠭᠢᠴᠢᠯᠠᠯᠳᠠ᠎ᠶ᠋ᠢᠨ ᠨᠥᠬᠦᠴᠡᠯ ᠳᠣᠤᠷᠠᠬᠢ ᠰᠣᠶᠣᠯ᠎ᠤᠨ ᠬᠦᠷᠢᠶᠡᠨ᠎ᠤ ᠵᠠᠰᠠᠯᠳᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠢᠳᠡᠪᠬᠢᠲᠡᠶ ᠡᠷᠡᠭᠦᠯ᠂ ᠦᠭᠡᠳᠡᠷᠬᠡᠭ ᠴᠠᠢᠯᠭᠠᠨ ᠰᠦᠯᠵᠢᠶᠡᠨ᠎ᠤ ᠰᠣᠶᠣᠯ᠎ᠢ ᠪᠤᠢᠵᠢᠭᠤᠯᠵᠤ᠂ ᠰᠦᠯᠵᠢᠶᠡᠨ ᠳᠡᠭᠡᠷᠡᠬᠢ ᠰᠠᠢᠨ ᠰᠠᠢᠬᠠᠨ ᠤᠶᠤᠨ ᠰᠠᠨᠠᠭᠠᠨ᠎ᠤ ᠭᠡᠷ ᠣᠷᠣᠨ᠎ᠢ ᠬᠠᠮᠲᠤ᠎ᠪᠠᠷ ᠪᠠᠢᠭᠤᠯᠤᠨ᠎ᠠ᠃ ᠰᠦᠯᠵᠢᠶᠡᠨ᠎ᠤ ᠠᠭᠤᠯᠭ᠎ᠠ᠎ᠶ᠋ᠢᠨ ᠪᠠᠢᠭᠤᠯᠤᠯᠲᠠ ᠪᠠ ᠬᠠᠮᠢᠶᠠᠷᠤᠯᠲᠠ᠎ᠶ᠋ᠢ ᠴᠢᠩᠭᠠᠳᠭᠠᠵᠤ᠂ ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠰᠦᠯᠵᠢᠶᠡᠨ ᠳᠡᠭᠡᠷ᠎ᠡ ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠪᠦᠷᠢᠨ ᠵᠠᠭᠤᠴᠢᠯᠠᠭᠤᠷ᠎ᠤᠨ ᠤᠯᠠᠮᠵᠢᠯᠠᠨ ᠲᠠᠷᠬᠠᠭᠠᠬᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠷᠢᠨ ᠵᠠᠭᠤᠴᠢᠯᠠᠭᠤᠷ᠎ᠤᠨ ᠦᠢᠯᠡᠳᠪᠦᠷᠢᠯᠡᠬᠦ᠌ ᠤᠯᠠᠮᠵᠢᠯᠠᠨ ᠳᠠᠷᠬᠠᠭᠠᠬᠤ᠎ᠳᠤ ᠳᠤᠬᠢᠷᠠᠭ᠍ᠰᠠᠨ ᠠᠵᠢᠯ᠎ᠤᠨ ᠲᠣᠭ᠍ᠲᠠᠴᠠ ᠪᠠ ᠦᠨᠡᠯᠡᠬᠦ᠌ ᠱᠢᠰᠲ᠋ᠧᠮ᠎ᠢ ᠪᠠᠢᠭᠤᠯᠤᠨ᠎ᠠ᠃ ᠰᠦᠯᠵᠢᠶᠡᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢᠨ ᠪᠠᠢᠷᠢᠱᠢᠯ᠎ᠢ ᠪᠦᠷᠢᠨᠱᠢᠭᠦᠯᠵᠦ᠍᠂ ᠰᠦᠯᠵᠢᠶᠡᠨ᠎ᠤ ᠠᠮᠢ ᠠᠬᠤᠶ᠎ᠶ᠋ᠢᠨ ᠵᠠᠰᠠᠯᠲᠠ᠎ᠶ᠋ᠢᠨ ᠤᠷᠳᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠰᠦᠯᠵᠢᠶᠡᠨ᠎ᠤ ᠠᠭᠤᠯᠭ᠎ᠠ ᠦᠢᠯᠡᠳᠪᠦᠷᠢᠯᠡᠬᠦ᠂ ᠮᠡᠳᠡᠭᠡ ᠵᠠᠩᠭᠢ ᠨᠡᠢᠲᠡᠯᠡᠬᠦ᠌ ᠪᠠ ᠤᠯᠠᠮᠵᠢᠯᠠᠨ ᠲᠠᠷᠬᠠᠭᠠᠬᠤ ᠶᠠᠪᠤᠴᠠ᠎ᠶ᠋ᠢ ᠵᠢᠷᠤᠮᠵᠢᠭᠤᠯᠵᠤ᠂ ᠢᠨᠲ᠋ᠧᠷ ᠰᠦᠯᠵᠢᠶᠡᠨ᠎ᠤ ᠠᠵᠤ ᠠᠬᠤᠢᠯᠠᠯ᠎ᠢ ᠱᠢᠪᠠᠳᠠᠵᠤ ᠪᠠᠢᠭᠠᠳ ᠨᠡᠢᠭᠡᠮ᠎ᠤᠨ ᠬᠠᠷᠢᠭᠤᠴᠠᠯᠭ᠎ᠠ᠎ᠶ᠋ᠢ᠎ᠨᠢ ᠭᠦᠢᠴᠡᠳᠭᠡᠭᠦᠯᠦᠨ᠎ᠡ᠃ ᠷᠠᠳᠢᠣ᠋ ᠨᠡᠪᠳᠡᠷᠡᠭᠦᠯᠭᠡ ᠲᠧᠯᠸᠢᠰ᠂ ᠰᠦᠯᠵᠢᠶᠡᠨ᠎ᠤ ᠲᠦᠷᠰᠦ ᠳᠠᠭᠤ ᠪᠢᠴᠢᠯᠬᠡ᠎ᠶ᠋ᠢᠨ ᠬᠥᠭ᠌ᠵᠢᠯᠲᠡ ᠪᠠ ᠬᠢᠨᠠᠯᠲᠠ ᠬᠠᠮᠢᠶᠠᠷᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃
ᠭᠤᠴᠢᠨ ᠳᠥᠷᠪᠡᠳᠦᠭᠡᠷ ᠪᠦᠯᠦᠭ ᠰᠣᠶᠣᠯ᠎ᠤᠨ ᠠᠵᠢᠯ ᠦᠢᠯᠡᠰ᠎ᠢ ᠶᠡᠭᠡ᠎ᠪᠠᠷ ᠴᠡᠴᠡᠭ᠌ᠯᠡᠭᠦᠯᠦᠨ᠎ᠡ
ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠠᠷᠠᠳ ᠲᠦᠮᠡᠨ᠎ᠳᠤ ᠨᠡᠩ ᠥᠨᠳᠥᠷ ᠴᠢᠨᠠᠷ ᠴᠢᠨᠰᠠᠭ᠎ᠠ ᠪᠦᠬᠦᠢ ᠰᠣᠶᠣᠯ᠎ᠤᠨ ᠠᠮᠢᠳᠤᠷᠠᠯ᠎ᠢ ᠡᠳ᠋ᠯᠡᠭᠦᠯᠦᠨ᠎ᠡ᠃
ᠨᠢᠭᠡᠳᠦᠭᠡᠷ ᠬᠡᠰᠡᠭ ᠰᠣᠶᠣᠯ᠎ᠤᠨ ᠵᠣᠬᠢᠶᠠᠨ ᠪᠦᠲᠦᠭᠡᠯᠭᠡ ᠪᠠ ᠦᠢᠯᠡᠳᠪᠦᠷᠢᠯᠡᠯ᠎ᠢ ᠴᠡᠴᠡᠭ᠌ᠯᠡᠭᠦᠯᠦᠨ᠎ᠡ
ᠠᠷᠠᠳ ᠲᠦᠮᠡᠨ᠎ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠶᠠᠪᠤᠳᠠᠯ᠎ᠢ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠠᠮᠢᠨ ᠰᠤᠳᠠᠰᠤ ᠪᠣᠯᠭᠠᠵᠤ᠂ ᠰᠠᠢᠨ ᠰᠠᠢᠬᠠᠨ ᠰᠣᠶᠣᠯ᠎ᠤᠨ ᠠᠮᠢ ᠠᠬᠤᠶ᠎ᠶ᠋ᠢ ᠪᠤᠢ ᠪᠣᠯᠭᠠᠵᠤ᠂ ᠰᠣᠶᠣᠯ᠎ᠤᠨ ᠤᠤᠭᠠᠯ ᠡᠭᠦᠳᠦᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ ᠦᠢᠯᠡᠳᠪᠦᠷᠢᠯᠡᠯ᠎ᠳᠤ ᠦᠢᠯᠡᠴᠢᠯᠡᠬᠦ᠂ ᠲᠡᠭᠦᠨ᠎ᠢ ᠬᠥᠲᠥᠯᠥᠨ ᠵᠢᠯᠣᠭᠤᠳᠭᠤ᠂ ᠵᠣᠬᠢᠶᠠᠨ ᠪᠠᠢᠭᠤᠯᠬᠤ ᠠᠵᠢᠯ᠎ᠤᠨ ᠲᠣᠭ᠍ᠲᠠᠴᠠ᠎ᠶ᠋ᠢ ᠰᠠᠢᠵᠢᠷᠠᠭᠤᠯᠵᠤ᠂ ᠱᠢᠨ᠎ᠡ ᠴᠠᠭ ᠦᠶ᠎ᠡ᠎ᠶ᠋ᠢᠨ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠱᠢᠷᠢᠰ ᠢᠨᠵᠧᠨᠧᠷᠢᠩ᠎ᠢ ᠬᠡᠷᠡᠭ᠌ᠵᠢᠭᠦᠯᠦᠨ᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠭ᠎ᠠ ᠵᠣᠬᠢᠶᠠᠯ ᠤᠷᠠᠯᠢᠭ ᠵᠡᠷᠭᠡ ᠬᠦᠷᠢᠶᠡᠨ᠎ᠳᠠᠬᠢ ᠰᠣᠳᠣᠨ ᠪᠦᠲᠦᠭᠡᠯ᠎ᠤᠨ ᠵᠣᠬᠢᠶᠠᠨ ᠪᠦᠲᠦᠭᠡᠯᠭᠡ᠎ᠶ᠋ᠢ ᠠᠬᠢᠭᠤᠯᠵᠤ᠂ ᠢᠨᠲ᠋ᠧᠷ ᠰᠦᠯᠵᠢᠶᠡᠨ᠎ᠤ ᠨᠥᠬᠦᠴᠡᠯ ᠳᠣᠣᠷᠠᠬᠢ ᠱᠢᠨ᠎ᠡ ᠤᠯᠠᠨ ᠲᠦᠮᠡᠨᠴᠢ ᠤᠳᠭ᠎ᠠ ᠤᠷᠠᠯᠢᠭ᠎ᠢ ᠴᠡᠴᠡᠭ᠌ᠯᠡᠭᠦᠯᠦᠨ᠎ᠡ᠃ ᠬᠡᠪᠴᠢᠶ᠎ᠡ᠎ᠨᠢ ᠠᠤᠭ᠎ᠠ ᠶᠡᠭᠡ᠂ ᠪᠦᠲᠦᠴᠡ᠎ᠨᠢ ᠵᠦᠶ ᠵᠣᠬᠢᠰᠲᠠᠶ᠂ ᠵᠤᠷᠢᠭ᠍ᠳᠠᠢ᠎ᠪᠠᠷ ᠱᠢᠨ᠎ᠡ᠎ᠶ᠋ᠢ ᠡᠭᠦᠳᠬᠦ᠌ ᠥᠨᠳᠥᠷ ᠲᠦᠪᠱᠢᠨ ᠪᠦᠭᠦᠢ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶ᠋ᠢ ᠪᠤᠢᠵᠢᠭᠤᠯᠤᠨ ᠪᠤᠢ ᠪᠣᠯᠭᠠᠨ᠎ᠠ᠃ ᠰᠣᠶᠣᠯ᠎ᠤᠨ ᠠᠵᠢᠯ ᠦᠢᠯᠡᠰ᠎ᠤᠨ ᠨᠢᠭᠡᠴᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠳᠭ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠪᠠᠢᠭᠤᠯᠤᠯᠲᠠ ᠬᠥᠭ᠌ᠵᠢᠭᠦᠯᠦᠯᠲᠡ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠰᠣᠶᠣᠯ ᠴᠡᠩᠬᠡᠯ᠎ᠤᠨ ᠬᠦᠷᠢᠶᠡᠨ᠎ᠳᠠᠬᠢ ᠶᠡᠷᠦᠩᠬᠡᠢᠯᠡᠭ᠌ᠰᠡᠨ ᠵᠠᠰᠠᠯᠲᠠ᠎ᠶ᠋ᠢ ᠭᠦᠨᠵᠡᠭᠡᠢᠷᠡᠭᠦᠯᠦᠨ᠎ᠡ᠃
ᠬᠤᠶᠠᠳᠤᠭᠠᠷ ᠬᠡᠰᠡᠭ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠦᠨ᠎ᠡ
ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌᠎ᠶ᠋ᠢ ᠪᠠᠷᠢᠮᠲᠠᠯᠠᠵᠤ᠂ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠱᠢᠯᠢᠳᠡᠭ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠱᠢᠭᠤᠳ ᠬᠦᠷᠭᠡᠬᠦ᠌᠎ᠶ᠋ᠢ ᠠᠬᠢᠭᠤᠯᠤᠨ᠎ᠠ᠃ ᠤᠯᠠᠨ ᠲᠦᠮᠡᠨᠴᠢ ᠴᠢᠨᠠᠷᠲᠠᠶ ᠰᠣᠶᠣᠯ᠎ᠤᠨ ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ ᠤᠯᠠᠨ ᠲᠦᠮᠡᠨ᠎ᠤ ᠤᠳᠭ᠎ᠠ ᠤᠷᠠᠯᠢᠭ᠎ᠤᠨ ᠪᠦᠯᠬᠦᠮ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠬᠤᠲᠠ᠎ᠶ᠋ᠢᠨ ᠨᠣᠮ᠎ᠤᠨ ᠥᠷᠦᠭᠡ᠂ ᠨᠡᠢᠭᠡᠮ ᠲᠣᠭᠤᠷᠢᠭ᠎ᠤᠨ ᠰᠣᠶᠣᠯ᠎ᠤᠨ ᠥᠷᠲᠡᠭᠡ᠂ ᠰᠣᠶᠣᠯ᠎ᠤᠨ ᠤᠷᠳᠤ ᠬᠤᠩᠭᠢᠯ ᠵᠡᠷᠭᠡ᠎ᠳᠤ ᠲᠦᠱᠢᠭ᠌ᠯᠡᠨ ᠱᠢᠨ᠎ᠡ ᠬᠡᠯᠪᠡᠷᠢ᠎ᠶ᠋ᠢᠨ ᠣᠯᠠᠨ ᠨᠡᠢᠲᠡ᠎ᠶ᠋ᠢᠨ ᠰᠣᠶᠣᠯ᠎ᠤᠨ ᠣᠷᠣᠨ ᠵᠠᠢ᠎ᠶ᠋ᠢ ᠬᠥᠭ᠌ᠵᠢᠭᠦᠯᠵᠦ᠍᠂ ᠨᠡᠩ ᠠᠷᠪᠢᠨ ᠤᠯᠠᠨ ᠲᠦᠮᠡᠨ᠎ᠤ ᠳᠡᠷᠭᠡᠳᠡᠬᠢ ᠰᠣᠶᠣᠯ᠎ᠤᠨ ᠦᠢᠯᠡᠴᠢᠯᠡᠭᠡ᠎ᠶ᠋ᠢ ᠬᠠᠩᠭᠠᠨ᠎ᠠ᠃ ᠡᠯ᠎ᠡ ᠲᠥᠷᠥᠯ᠎ᠤᠨ ᠣᠯᠠᠨ ᠨᠡᠢᠲᠡ᠎ᠶ᠋ᠢᠨ ᠰᠣᠶᠣᠯ᠎ᠤᠨ ᠲᠥᠬᠦᠭᠡᠷᠦᠮᠵᠢ᠎ᠶ᠋ᠢᠨ ᠡᠬᠢ ᠪᠠᠶᠠᠯᠢᠭ᠎ᠢ ᠠᠮᠢᠳᠤᠯᠢᠭ ᠪᠣᠯᠭᠠᠨ ᠰᠠᠢᠲᠤᠷ ᠬᠡᠷᠡᠭ᠌ᠯᠡᠵᠦ᠍᠂ ᠨᠡᠢᠭᠡᠮ᠎ᠤᠨ ᠬᠦᠴᠦᠨ᠎ᠤ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡ᠎ᠳᠤ ᠣᠷᠣᠯᠴᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠤᠯᠠᠨ ᠨᠡᠢᠲᠡ᠎ᠶ᠋ᠢᠨ ᠰᠣᠶᠣᠯ᠎ᠤᠨ ᠲᠥᠬᠦᠭᠡᠷᠦᠮᠵᠢ᠎ᠶ᠋ᠢᠨ ᠥᠮᠴᠢᠯᠡᠬᠦ᠌ ᠡᠷᠬᠡ ᠪᠠ ᠬᠡᠷᠡᠭ᠌ᠯᠡᠬᠦ᠌ ᠡᠷᠬᠡ᠎ᠶ᠋ᠢ ᠰᠠᠯᠭᠠᠬᠤ ᠥᠭᠡᠷᠡᠴᠢᠯᠡᠯᠲᠡ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠤᠶᠤᠨᠴᠢ ᠮᠦᠽᠧᠶ᠂ ᠤᠶᠤᠨᠴᠢ ᠨᠣᠮ᠎ᠤᠨ ᠰᠠᠩ᠂ ᠤᠯᠠᠨ ᠨᠡᠢᠲᠡ᠎ᠶ᠋ᠢᠨ ᠰᠣᠶᠣᠯ᠎ᠤᠨ ᠡᠭᠦᠯᠡᠨ ᠦᠢᠯᠡᠴᠢᠯᠡᠭᠡᠨ᠎ᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠠᠷᠠᠳ ᠨᠡᠢᠲᠡ᠎ᠪᠠᠷ᠎ᠢᠶᠠᠨ ᠨᠤᠮ ᠤᠩᠱᠢᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠪᠢᠴᠢᠭ ᠨᠤᠮ᠎ᠢ ᠡᠷᠭᠢᠮᠯᠡᠬᠦ᠌ ᠨᠡᠢᠭᠡᠮ᠎ᠤᠨ ᠪᠠᠢᠭᠤᠯᠤᠯᠲᠠ᠎ᠶ᠋ᠢ ᠠᠬᠢᠭᠤᠯᠤᠨ᠎ᠠ᠃ ᠱᠢᠨ᠎ᠡ ᠬᠡᠯᠪᠡᠷᠢ᠎ᠶ᠋ᠢᠨ ᠷᠠᠳᠢᠣ᠋ ᠨᠡᠪᠲᠡᠷᠡᠭᠦᠯᠭᠡ ᠲᠧᠯᠸᠢᠰ ᠲᠣᠣᠷ ᠰᠦᠯᠵᠢᠶᠡᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠬᠡᠲᠦ ᠲᠣᠲᠤᠷᠠᠮᠵᠢᠲᠤ ᠠᠭᠤᠯᠭ᠎ᠠ ᠦᠢᠯᠡᠳᠴᠦ᠍ ᠨᠡᠪᠲᠡᠷᠡᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠢᠨᠲ᠋ᠧᠷ ᠰᠦᠯᠵᠢᠶᠡᠨ᠎ᠤ ᠲᠧᠯᠸᠢᠰ᠎ᠤᠨ ᠣᠯᠠᠨ ᠳᠠᠪᠬᠤᠷ ᠰᠦᠢᠳᠭᠡᠯ ᠬᠤᠷᠢᠶᠠᠬᠤ ᠪᠠ ᠠᠵᠢᠯᠯᠠᠭᠤᠯᠬᠤ᠎ᠳᠤ ᠶᠠᠷᠱᠢᠭ ᠲᠦᠪᠡᠭ᠌ᠲᠡᠢ ᠪᠠᠢᠬᠤ ᠠᠰᠠᠭᠤᠳᠠᠯ᠎ᠢ ᠵᠠᠰᠠᠬᠤ᠎ᠶ᠋ᠢ ᠭᠦᠨᠵᠡᠭᠡᠢᠷᠡᠭᠦᠯᠦᠨ᠎ᠡ᠃
ᠭᠤᠷᠪᠠᠳᠤᠭᠠᠷ ᠬᠡᠰᠡᠭ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠶ᠋ᠢ ᠴᠢᠩᠭᠠᠳᠭᠠᠨ᠎ᠠ
ᠰᠣᠶᠣᠯ᠎ᠤᠨ ᠥᠪ᠎ᠢ ᠱᠢᠰᠲ᠋ᠧᠮ᠎ᠳᠦ ᠴᠢᠨᠠᠷᠲᠠᠶ ᠬᠠᠮᠠᠭᠠᠯᠠᠬᠤ ᠪᠠ ᠨᠢᠭᠡᠳᠦᠯᠲᠡᠶ ᠬᠢᠨᠠᠨ ᠬᠠᠮᠢᠶᠠᠷᠬᠤ᠎ᠶ᠋ᠢ ᠠᠬᠢᠭᠤᠯᠵᠤ᠂ ᠬᠠᠮᠢᠶᠠᠷᠤᠯᠲᠠ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠌᠎ᠶ᠋ᠢ ᠠᠬᠢᠭᠤᠯᠵᠤ᠂ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠱᠢᠪᠠᠳᠠᠨ ᠪᠠᠢᠴᠠᠭᠠᠬᠤ ᠳᠦᠷᠢᠮ᠎ᠢ ᠪᠠᠢᠭᠤᠯᠤᠨ᠎ᠠ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠵᠠᠯᠭᠠᠮᠵᠢᠯᠠᠨ ᠬᠥᠭ᠌ᠵᠢᠭᠦᠯᠬᠦ᠌ ᠢᠨᠵᠧᠨᠧᠷᠢᠩ᠎ᠢ ᠭᠦᠨᠵᠡᠭᠡᠢᠷᠡᠬᠦᠯᠦᠨ ᠬᠡᠷᠡᠭ᠌ᠵᠢᠭᠦᠯᠵᠦ᠍᠂ ᠳᠤᠮᠳᠠᠳᠤ᠎ᠶ᠋ᠢᠨ ᠪᠣᠯᠪᠠᠰᠤᠨ᠎ᠤ ᠢᠯᠡᠳᠭᠡᠮᠵᠢ ᠲᠡᠮᠳᠡᠭ᠎ᠤᠨ ᠱᠢᠰᠲ᠋ᠧᠮ᠎ᠢ ᠪᠠᠢᠭᠤᠯᠤᠨ᠎ᠠ᠃ ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ᠎ᠢ ᠬᠠᠢᠬᠤ ᠪᠠ ᠬᠠᠭᠤᠴᠢ ᠰᠤᠳᠤᠯᠤᠯ᠎ᠤᠨ ᠳᠤᠮᠳᠠᠳᠤ ᠤᠯᠤᠰ᠎ᠤᠨ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠳᠡᠯᠡᠬᠡᠶ᠎ᠶ᠋ᠢᠨ ᠰᠣᠶᠣᠯ᠎ᠤᠨ ᠥᠪ᠂ ᠡᠷᠲᠡᠨ᠎ᠤ ᠦᠯᠡᠳᠡᠭ᠌ᠳᠡᠯ᠎ᠤᠨ ᠪᠠᠭᠤᠷᠢ᠂ ᠬᠤᠪᠢᠰᠭᠠᠯ᠎ᠤᠨ ᠲᠡᠦᠬᠡᠨ ᠳᠤᠷᠠᠰᠭᠠᠯᠲᠤ ᠵᠦᠢᠯᠡᠰ᠂ ᠨᠤᠮ᠎ᠤᠨ ᠰᠠᠩ ᠪᠠ ᠮᠦᠽᠧᠶ᠎ᠳᠤ ᠬᠠᠳᠠᠭᠠᠯᠠᠭ᠍ᠳᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠰᠣᠶᠣᠯ᠎ᠤᠨ ᠦᠵᠡᠮᠵᠢ ᠵᠡᠷᠭᠡ᠎ᠶ᠋ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠵᠤ᠂ ᠲᠡᠦᠬᠡ ᠰᠣᠶᠣᠯ᠎ᠤᠨ ᠨᠠᠷᠠᠲᠤ ᠬᠤᠲᠠ᠂ ᠵᠡᠭᠡᠯᠢ ᠲᠣᠭᠤᠷᠢᠭ᠂ ᠲᠣᠰᠭᠤᠨ ᠪᠠᠯᠭᠠᠰᠤ᠎ᠶ᠋ᠢ ᠪᠦᠲᠦᠮᠵᠢᠲᠡᠶ ᠬᠠᠮᠠᠭᠠᠯᠠᠬᠤ ᠪᠠ ᠠᠮᠢᠳᠤ ᠲᠥᠯᠥᠪ᠎ᠢᠶᠠᠷ ᠤᠯᠠᠮᠵᠢᠯᠠᠨ ᠵᠠᠯᠭᠠᠮᠵᠢᠯᠠᠬᠤ᠎ᠶ᠋ᠢ ᠴᠢᠩᠭᠠᠳᠭᠠᠨ᠎ᠠ᠃ ᠤᠷᠲᠤ ᠴᠠᠭᠠᠨ ᠬᠡᠷᠡᠮ᠂ ᠶᠡᠭᠡ ᠲᠠᠲᠠᠮᠠᠯ ᠭᠤᠣᠯ᠂ ᠤᠷᠲᠤ ᠵᠠᠮ᠎ᠤᠨ ᠠᠶᠠᠨ ᠳᠠᠢᠨ᠂ ᠬᠠᠳᠤᠨ ᠭᠤᠣᠯ᠂ ᠬᠥᠬᠡᠮᠥ᠋ᠷᠡᠨ᠎ᠤ ᠤᠯᠤᠰ᠎ᠤᠨ ᠰᠣᠶᠣᠯ᠎ᠤᠨ ᠴᠡᠴᠡᠷᠯᠢᠭ᠎ᠢ ᠰᠠᠢᠲᠤᠷ ᠪᠠᠢᠭᠤᠯᠵᠤ ᠰᠠᠢᠲᠤᠷ ᠬᠡᠷᠡᠭ᠌ᠯᠡᠵᠦ᠍᠂ ᠪᠦᠲᠦᠭᠡᠨ ᠪᠠᠢᠭᠤᠯᠤᠯᠲᠠ ᠬᠠᠮᠢᠶᠠᠷᠤᠯᠲᠠ᠎ᠶ᠋ᠢᠨ ᠪᠠᠢᠭᠤᠯᠤᠯ ᠲᠣᠭ᠍ᠲᠠᠴᠠ᠎ᠶ᠋ᠢ ᠱᠢᠯᠢᠳᠡᠭ᠌ᠵᠢᠭᠦᠯᠦᠨ᠎ᠡ᠃ ᠳᠠᠩᠰᠠ ᠡᠪᠬᠡᠮᠡᠯ ᠲᠤᠯᠭᠤᠷ ᠪᠢᠴᠢᠭ᠎ᠤᠨ ᠥᠪ᠎ᠤᠨ ᠬᠠᠮᠠᠭᠠᠯᠠᠯᠲᠠ ᠪᠠ ᠡᠷᠲᠡᠨ᠎ᠤ ᠨᠣᠮ ᠰᠤᠳᠤᠷ᠎ᠤᠨ ᠵᠠᠪᠳᠤᠨ ᠠᠪᠤᠷᠠᠬᠤ ᠴᠢᠨᠠᠷᠲᠠᠶ ᠬᠠᠮᠠᠭᠠᠯᠠᠯᠲᠠ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠰᠤᠳᠤᠷ ᠪᠢᠴᠢᠭ ᠲᠤᠯᠭᠤᠷ ᠪᠢᠴᠢᠭ᠎ᠢ ᠤᠯᠠᠮᠵᠢᠯᠠᠨ ᠵᠠᠯᠭᠠᠮᠵᠢᠯᠠᠬᠤ᠎ᠶ᠋ᠢ ᠴᠢᠩᠭᠠᠳᠭᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠵᠠᠯᠭᠠᠮᠵᠢᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠤᠯᠠᠮᠵᠢᠯᠠᠨ ᠵᠠᠯᠭᠠᠮᠵᠢᠯᠠᠬᠤ᠎ᠶ᠋ᠢ ᠪᠡᠶᠡᠴᠢᠯᠡᠨ ᠣᠢᠯᠠᠭᠠᠬᠤ ᠱᠢᠨ᠎ᠡ ᠠᠬᠤᠢ ᠪᠠᠢᠳᠠᠯ᠎ᠢ ᠪᠤᠢᠵᠢᠭᠤᠯᠤᠨ᠎ᠠ᠃ ᠣᠷᠦᠨ ᠨᠤᠲᠤᠭ᠎ᠤᠨ ᠣᠢᠯᠠᠯᠭ᠎ᠠ᠎ᠶ᠋ᠢᠨ ᠠᠵᠢᠯ᠎ᠢ ᠴᠢᠩᠭᠠᠳᠭᠠᠨ ᠰᠠᠢᠵᠢᠷᠠᠭᠤᠯᠤᠨ᠎ᠠ᠃

ᠵᠢᠷᠤᠭ 2 ᠳᠤᠮᠳᠠᠳᠤ ᠤᠯᠤᠰ᠎ᠤᠨ ᠳᠡᠯᠡᠬᠡᠶ᠎ᠶ᠋ᠢᠨ ᠥᠪ᠎ᠤᠨ ᠲᠠᠷᠬᠠᠯᠲᠠ᠎ᠶ᠋ᠢᠨ ᠵᠢᠷᠤᠭ
ᠳᠤᠮᠳᠠᠳᠤ ᠤᠯᠤᠰ᠎ᠤᠨ ᠳᠡᠯᠡᠬᠡᠢ᠎ᠶ᠋ᠢᠨ ᠰᠤᠶᠤᠯ᠎ᠤᠨ ᠦᠪ
1 ᠮᠢᠩ ᠤᠯᠤᠰ ᠴᠢᠩ ᠤᠯᠤᠰ᠎ᠤᠨ ᠬᠠᠭᠠᠨ᠎ᠤ ᠤᠷᠳᠤᠨ
1 — 1 ᠪᠡᠬᠡᠵᠢᠩ᠎ᠤᠨ ᠬᠠᠭᠠᠨ᠎ᠤ ᠤᠷᠳᠤᠨ 1 — 2 ᠱᠧᠨ᠋ᠶᠠᠩ᠎ᠤᠨ ᠬᠠᠭᠠᠨ᠎ᠤ ᠤᠷᠳᠤᠨ
2 ᠴᠢᠨ ᠱ᠌ᠢ ᠬᠤᠸᠠᠩ᠎ᠤᠨ ᠤᠩᠭᠤᠨ ᠵᠢᠴᠢ ᠴᠡᠷᠢᠭ ᠮᠤᠷᠢᠨ᠎ᠤ ᠬᠡᠦᠬᠡᠯᠲᠡᠢ
3 ᠮᠦᠸᠧ ᠭᠤᠤ ᠺᠦ᠋ ᠠᠭᠤᠢ
4 ᠵᠸᠦ ᠺᠸᠦ ᠳ᠋ᠢᠶᠠᠨ᠎ᠤ ᠪᠡᠬᠡᠵᠢᠩ ᠰᠠᠷᠮᠠᠬ᠍ᠴᠢᠨ ᠬᠦᠮᠦᠨ᠎ᠤ ᠪᠠᠭᠤᠷᠢ
5 ᠤᠷᠲᠤ ᠴᠠᠭᠠᠨ ᠬᠡᠷᠡᠮ
5 — 1 ᠵᠢᠶᠠ ᠢᠤᠢ ᠭᠤᠸᠠᠨ ᠪᠣᠭᠤᠮᠲᠠ 5 — 2 ᠱᠠᠨ ᠬᠠᠢ ᠭᠤᠸᠠᠨ ᠪᠣᠭᠤᠮᠲᠠ 5 — 3 ᠪᠠ ᠳ᠋ᠠ ᠯᠢᠩ ᠳᠠᠪᠠᠭ᠎ᠠ
6 ᠡᠦ ᠳ᠋ᠠᠩ ᠱᠠᠨ ᠠᠭᠤᠯᠠᠨ᠎ᠤ ᠡᠷᠳᠠᠨᠤ ᠪᠠᠷᠢᠯᠭᠠᠨᠤᠭᠤᠳ
7 ᡀᠠᠰᠠ᠎ᠶ᠋ᠢᠨ ᠪᠤᠳᠠᠯᠠ ᠤᠷᠳᠤᠨ᠎ᠤ ᠲᠡᠦᠬᠡᠲᠦ ᠪᠠᠷᠢᠯᠭᠠᠨᠤᠭᠤᠳ
(ᠶᠡᠭᠡ ᠵᠣᠣ ᠰᠦᠮ᠎ᠡ᠂ ᠨᠣᠷᠪᠤᠯᠢᠩᠺᠠ ᠪᠠᠭ᠍ᠲᠠᠨ᠎ᠠ)
8 ᠴᠸᠡᠭ᠌ᠳᠧᠶ᠋ᠢᠨ ᠵᠤᠰᠠᠯᠠᠩ ᠵᠢᠴᠢ ᠡᠷᠭᠢᠨ ᠲᠣᠭᠤᠷᠢᠨ᠎ᠤ ᠰᠦᠮ᠎ᠡ ᠬᠡᠢᠳ
9 ᠴᠢᠦ᠋ᠢᠹᠦ᠋ᠶ᠋ᠢᠨ ᠺᠦᠡᠭ᠌ᠽᠢᠶ᠋ᠢᠨ ᠰᠦᠮ᠎ᠡ᠂ ᠺᠦᠩᠽᠢ᠎ᠶ᠋ᠢᠨ ᠤᠩᠭᠤᠨ᠎ᠤ ᠱᠢᠭᠤᠢ᠂ ᠺᠦᠡᠭ᠌ᠽᠢᠶ᠋ᠢᠨ ᠣᠷᠳᠣᠨ
10 ᠯᠦᠱᠡᠠ ᠠᠭᠤᠯᠠ
11 ᠫᠢᠡᠭ ᠶᠤᠤ᠎ᠶ᠋ᠢᠨ ᠡᠷᠲᠡᠨ᠎ᠤ ᠬᠤᠲᠠ
12 ᠰᠦᠵᠧᠦ᠍᠎ᠶ᠋ᠢᠨ ᠡᠷᠲᠡᠨ᠎ᠤ ᠴᠡᠴᠡᠷᠯᠢᠭ
13 ᠯᠢᠵᠢᠶᠠᠩ᠎ᠤᠨ ᠡᠷᠲᠡᠨ᠎ᠤ ᠬᠤᠲᠠ
14 ᠪᠡᠭᠡᠵᠢᠩ᠎ᠤᠨ ᠬᠠᠭᠠᠨ᠎ᠤ ᠴᠡᠴᠡᠷᠯᠢᠭ — — ᠢ ᠾᠧ ᠶᠤᠸᠠᠨ
15 ᠪᠡᠭᠡᠵᠢᠩ᠎ᠤᠨ ᠬᠠᠭᠠᠨ᠎ᠤ ᠲᠠᠬᠢᠯ᠎ᠤᠨ ᠮᠠᠨᠳᠠᠯ — — ᠲᠢᠶᠠᠨᠲ᠋ᠠᠨ
16 ᠳ᠋ᠠ ᠽᠦ᠍ᠶ᠋ᠢᠨ ᠴᠢᠯᠠᠭᠤᠨ ᠰᠡᠢᠯᠦᠮᠡᠯ
17 ᠠᠨᠾᠦ᠋ᠢ᠎ᠶ᠋ᠢᠨ ᠡᠮᠦᠨ᠎ᠡ ᠬᠡᠰᠡᠭ᠎ᠤᠨ ᠡᠷᠲᠡᠨ᠎ᠤ ᠲᠤᠰᠭᠤᠨ — — ᠰᠢ ᠳ᠋ᠢ᠂ ᠬᠤᠩ ᠼᠦᠨ ᠲᠤᠰᠭᠤᠨ
18 ᠮᠢᠩ ᠤᠯᠤᠰ ᠴᠢᠩ ᠤᠯᠤᠰ᠎ᠤᠨ ᠬᠠᠭᠠᠨ᠎ᠤ ᠣᠩᠭᠤᠨ
18 — 1 ᠮᠢᠩ ᠱᠢᠶᠣᠣ ᠯᠢᠩ ᠣᠩᠭᠤᠨ 18 — 2 ᠴᠢᠩ ᠹᠦ᠋ ᠯᠢᠩ ᠣᠩᠭᠤᠨ 18 — 3 ᠴᠢᠩ ᠰᠢ ᠯᠢᠩ ᠣᠩᠭᠤᠨ 18 — 4 ᠴᠢᠩ ᠳ᠋ᠦᠩ ᠯᠢᠩ ᠣᠩᠭᠤᠨ 18 — 5 ᠴᠢᠩ ᠶᠦᠩ ᠯᠢᠩ ᠣᠩᠭᠤᠨ 18 — 6 ᠮᠢᠩ ᠱᠢᠶᠠᠨ ᠯᠢᠩ ᠣᠩᠭᠤᠨ 18 — 7 ᠴᠢᠩ ᠵᠣᠣ ᠯᠢᠩ ᠣᠩᠭᠤᠨ 18 — 8 ᠱ᠌ᠢ ᠰᠠᠨ ᠯᠢᠩ ᠣᠩᠭᠤᠨ
19 ᠯᠦᠩᠮᠧᠨᠤ ᠴᠢᠯᠠᠭᠤᠨ ᠠᠭᠤᠢ
20 ᠴᠢᠩ ᠴᠧᠩ ᠱᠠᠨ ᠠᠭᠤᠯᠠ — — ᠳ᠋ᠦ᠋ ᠵᠢᠶᠠᠩ ᠶᠠᠨ ᠬᠠᠱᠢᠯᠭ᠎ᠠ
21 ᠶᠦᠨᠭᠠᠩᠤᠨ ᠴᠢᠯᠠᠭᠤᠨ ᠠᠭᠤᠢ
22ᠭᠤᠭᠦ᠋ᠯᠢᠶᠧᠶ᠋ᠢᠨ ᠸᠠᠩ᠎ᠤᠨ ᠬᠤᠲᠠ᠂ ᠸᠠᠩ᠎ᠤᠨ ᠣᠩᠭᠤᠨ ᠵᠢᠴᠢ ᠢᠵᠠᠭᠤᠷᠲᠠᠨ᠎ᠤ ᠬᠡᠭᠦᠷ ᠣᠩᠭᠤᠨ
22 — 1 ᠭᠦᠸᠧ ᠨᠧᠢ ᠴᠧᠩ ᠬᠤᠲᠠ᠂ ᠸᠠᠨ ᠳ᠋ᠦ᠋ ᠱᠠᠨ ᠴᠧᠩ ᠬᠤᠲᠠ ᠵᠢᠴᠢ ᠭᠤᠭᠦ᠋ᠯᠢᠶᠧᠶ᠋ᠢᠨ ᠸᠠᠩ᠎ᠤᠨ ᠣᠩᠭᠤᠨ ᠪᠠ ᠢᠵᠠᠭᠤᠷᠲᠠᠨ᠎ᠤ ᠬᠡᠭᠦᠷ ᠣᠩᠭᠤᠨ
22 — 2 ᠡᠦ ᠨᠢᠦᠢ ᠱᠠᠨ ᠴᠧᠩ ᠬᠤᠲᠠ
23 ᠣᠣᠮᠧᠨ᠎ᠤ ᠲᠡᠦᠭᠡᠲᠦ ᠬᠤᠲᠠ᠎ᠶ᠋ᠢᠨ ᠲᠣᠭᠤᠷᠢᠭ
24 ᠶᠢᠨ ᠤᠯᠤᠰ᠎ᠤᠨ ᠨᠡᠢᠰᠯᠡᠯ᠎ᠤᠨ ᠳᠣᠷᠤ
25 ᠺᠠᠢᠫᠢᠩ᠎ᠤᠨ ᠬᠠᠷᠠᠭᠤᠯ᠎ᠤᠨ ᠠᠰᠠᠷ ᠪᠣᠯᠣᠨ ᠲᠤᠰᠭᠤᠨ
26 ᠹᠦᠵᠢᠶᠡᠨᠤ ᠱᠢᠷᠣᠢ᠎ᠶ᠋ᠢᠨ ᠠᠰᠠᠷ
27 ᠤᠲᠠᠢ ᠠᠭᠤᠯᠠ
28ᠳ᠋ᠧᠩᠹᠧᠩᠤᠨ 《ᠲᠡᠭ᠌ᠷᠢ ᠭᠠᠵᠠᠷ᠎ᠤᠨ ᠬᠤᠭᠤᠷᠤᠨᠳᠤ》 ᠲᠡᠦᠬᠡᠲᠦ ᠪᠠᠷᠢᠯᠭᠠᠨᠤᠭᠤᠳ
29 ᠬᠠᠩᠵᠧᠦ᠍᠎ᠶ᠋ᠢᠨ ᠰᠢ ᠬᠤ᠌ ᠨᠠᠭᠤᠷ᠎ᠤᠨ ᠰᠣᠶᠣᠯ᠎ᠤᠨ ᠦᠵᠡᠮᠵᠢ
30 ᠶᠤᠸᠠᠨ᠎ᠤ ᠳᠡᠭᠡᠳᠦ ᠨᠡᠢᠰᠯᠡᠯ᠎ᠤᠨ ᠪᠠᠭᠤᠷᠢ
31 ᠬᠤᠩ ᠡᠾᠧ᠎ᠶ᠋ᠢᠨ ᠬᠠᠨᠢ᠎ᠶ᠋ᠢᠨ ᠱᠠᠲᠤᠨ ᠲᠠᠷᠢᠶᠠᠨ᠎ᠤ ᠰᠤᠶᠤᠯ᠎ᠤᠨ ᠦᠵᠡᠮᠵᠢ
32 ᠲᠣᠷᠭᠠᠨ ᠵᠠᠮ᠄ ᠴᠠᠩ ᠠᠨ — — ᠲᠡᠭ᠌ᠷᠢ ᠠᠭᠤᠯᠠ᠎ᠶ᠋ᠢᠨ ᠬᠤᠩᠬᠢᠯ᠎ᠤᠨ ᠵᠠᠮ᠎ᠤᠨ ᠲᠣᠣᠷ
32 — 1 ᠬᠠᠨ ᠤᠯᠤᠰ᠎ᠤᠨ ᠴᠠᠩ ᠠᠨ ᠬᠤᠳᠠ᠎ᠶ᠋ᠢᠨ ᠸᠧᠢ ᠶᠠᠩ ᠭᠦᠩ ᠣᠷᠳᠣᠨ᠎ᠤ ᠪᠠᠭᠤᠷᠢ
32 — 2 ᠬᠠᠨ ᠤᠯᠤᠰ ᠸᠧᠶ ᠤᠯᠤᠰ᠎ᠤᠨ ᠯᠦᠸᠧᠶᠠᠩ ᠬᠤᠲᠠ᠎ᠶ᠋ᠢᠨ ᠪᠠᠭᠤᠷᠢ
32 — 3 ᠲᠠᠩ ᠤᠯᠤᠰ᠎ᠤᠨ ᠴᠠᠩ ᠠᠨ ᠬᠤᠲᠠ᠎ᠶ᠋ᠢᠨ ᠳ᠋ᠠ ᠮᠢᠩ ᠭᠦᠩ ᠣᠷᠳᠣᠨ᠎ᠤ ᠪᠠᠭᠤᠷᠢ
32 — 4 ᠰᠦᠢ ᠤᠯᠤᠰ ᠲᠠᠩ ᠤᠯᠤᠰ᠎ᠤᠨ ᠯᠦᠧᠧᠶᠠᠩ ᠬᠤᠲᠠ᠎ᠶ᠋ᠢᠨ ᠳ᠋ᠢᠩ ᠳ᠋ᠢᠩ ᠮᠧᠨ ᠬᠠᠭᠠᠯᠭ᠎ᠠ᠎ᠶ᠋ᠢᠨ ᠪᠠᠭᠤᠷᠢ
32 — 5 ᠭᠤᠤᠴᠠᠩᠤᠨ ᠬᠠᠭᠤᠴᠢᠨ ᠬᠤᠲᠠ
32 — 6 ᠵᠢᠶᠣᠣ ᠾᠧ᠎ᠶ᠋ᠢᠨ ᠬᠠᠭᠤᠴᠢᠨ ᠬᠤᠲᠠ
32 — 7 ᠪᠧᠢ ᠲᠢᠩ᠎ᠤᠨ ᠬᠠᠭᠤᠴᠢᠨ ᠬᠤᠲᠠ᠎ᠶ᠋ᠢᠨ ᠪᠠᠭᠤᠷᠢ
32 — 8 ᠱᠢᠨ ᠠᠨ᠎ᠤ ᠬᠠᠨ ᠤᠯᠤᠰ᠎ᠤᠨ ᠬᠠᠨ ᠬᠦ᠋ ᠭᠤᠸᠠᠨ ᠪᠣᠭᠤᠮᠲᠠ᠎ᠶ᠋ᠢᠨ ᠪᠠᠭᠤᠷᠢ
32 — 9 ᠱᠢᠶᠣᠣ ᠬᠠᠨ ᠡᠷᠲᠡᠨ᠎ᠤ ᠵᠠᠮ᠎ᠤᠨ ᠴᠢᠯᠠᠭᠤᠨ ᠰᠤᠪᠠᠭ᠎ᠤᠨ ᠬᠡᠰᠡᠭ᠎ᠤᠨ ᠪᠠᠭᠤᠷᠢ
32 — 10 ᠰᠦᠸᠧ ᠶᠠᠩ ᠴᠧᠩ ᠬᠤᠲᠠ᠎ᠶ᠋ᠢᠨ ᠪᠠᠭᠤᠷᠢ
32 — 11 ᠱᠢᠶᠤᠸᠠᠨ ᠴᠢᠶᠤᠸᠠᠨ ᡁᠢ ᠦᠷᠳᠡᠭᠡ᠎ᠶ᠋ᠢᠨ ᠪᠠᠭᠤᠷᠢ
32 — 12 ᠢᠤᠢ ᠮᠧᠨ ᠭᠤᠸᠠᠨ ᠪᠣᠭᠤᠮᠲᠠ᠎ᠶ᠋ᠢᠨ ᠪᠠᠭᠤᠷᠢ
32 — 13 ᠺᠢᠽᠧᠯᠭᠠᠬᠠᠶ᠋ᠢᠨ ᠴᠤᠨᠵᠢ
32 — 14 ᠺᠧᠽᠡᠷᠤᠨ ᠴᠢᠯᠠᠭᠤᠨ ᠠᠭᠤᠢ
32 — 15 ᠰᠦᠪᠠᠰᠢᠶ᠋ᠢᠨ ᠰᠦᠮ᠎ᠡ ᠬᠡᠢᠳ᠎ᠤᠨ ᠪᠠᠭᠤᠷᠢ
32 — 16 ᠪᠢᠩ ᠯᠢᠩ ᠰᠧ ᠬᠡᠢᠳ᠎ᠤᠨ ᠴᠢᠯᠠᠭᠤᠨ ᠠᠭᠤᠢ
32 — 17 ᠮᠠᠢ ᠵᠶ᠋ᠢ ᠱᠠᠨ ᠠᠭᠤᠯᠠᠨ᠎ᠤ ᠴᠢᠯᠠᠭᠤᠨ ᠠᠭᠤᠢ
32 — 18 ᠪᠢᠨ ᠱᠢᠶᠠᠨ᠎ᠤ ᠳ᠋ᠠ ᠹᠦᠸᠧ ᠰᠧ ᠬᠡᠢᠳ᠎ᠤᠨ ᠴᠢᠯᠠᠭᠤᠨ ᠠᠭᠤᠢ
32 — 19 ᠳ᠋ᠠ ᠶᠠᠨ ᠲᠠ ᠰᠤᠪᠤᠷᠭ᠎ᠠ
32 — 20 ᠱᠢᠶᠣᠣ ᠶᠠᠨ ᠲᠠ ᠰᠤᠪᠤᠷᠭ᠎ᠠ
32 — 21 ᠱᠢᠩ ᠵᠢᠶᠣᠣ ᠰᠧ ᠰᠤᠪᠤᠷᠭ᠎ᠠ
32 — 22 ᠵᠠᠩ ᠴᠢᠶᠠᠨ᠎ᠤ ᠪᠤᠯᠠᠰᠢ
ᠶᠡᠭᠡ ᠲᠠᠲᠠᠮᠠᠯ ᠭᠤᠣᠯ
33 — 1 ᠬᠠᠨ ᠵᠢᠶᠠ ᠼᠠᠩ ᠬᠦᠮᠦᠷᠬᠡ᠎ᠶ᠋ᠢᠨ 160 ᠨᠣᠮᠧᠷᠲᠤ ᠵᠤᠭᠤᠷᠢ᠎ᠶ᠋ᠢᠨ ᠪᠠᠭᠤᠷᠢ
33 — 2 ᠬᠤᠢ ᠯᠦᠸᠧ ᠼᠠᠩ ᠬᠦᠮᠦᠷᠬᠡ᠎ᠶ᠋ᠢᠨ ᠪᠠᠭᠤᠷᠢ
33 — 3 ᠲᠦᠩ ᠵᠶ᠋ᠢ ᠴᠢᠦᠢ ᠰᠤᠪᠠᠭ᠎ᠤᠨ ᠵᠧᠩᠵᠧᠦ᠍ᠶ᠋ᠢᠨ ᠬᠡᠰᠡᠭ
33 — 4 ᠲᠦᠩ ᠵᠶ᠋ᠢ ᠴᠢᠦᠢ ᠰᠤᠪᠠᠭ᠎ᠤᠨ ᠱᠠᠩᠴᠢᠦ᠍ᠶ᠋ᠢᠨ ᠨᠠᠨ ᠭᠤᠸᠠᠨᠤ ᠬᠡᠰᠡᠭ
33 — 5 ᠲᠦᠩ ᠵᠶ᠋ᠢ ᠴᠢᠦᠢ ᠰᠤᠪᠠᠭ᠎ᠤᠨ ᠱᠠᠩᠴᠢᠦ᠍ᠶ᠋ᠢᠨ ᠱᠢᠶᠠ ᠢ᠎ᠶ᠋ᠢᠨ ᠬᠡᠰᠡᠭ
33 — 6 ᠯᠢᠦ ᠽᠢ ᠲᠠᠲᠠᠮᠠᠯ ᠭᠤᠣᠯ᠎ᠤᠨ ᠪᠠᠭᠤᠷᠢ
33 — 7 ᠲᠦᠩ ᠵᠶ᠋ᠢ ᠴᠢᠦᠢ ᠰᠤᠪᠠᠭ᠎ᠤᠨ ᠰᠧ ᠱᠢᠶᠠᠨ᠎ᠤ ᠬᠡᠰᠡᠭ
33 — 8 ᠸᠧᠢ ᠾᠧ ᠭᠤᠤᠯ (ᠶᠦᠩ ᠵᠶ᠋ᠢ ᠴᠢᠤᠢ ᠰᠤᠪᠠᠭ) ᠤᠨ ᠬᠤᠸᠠ ᠱᠢᠶᠡᠨ ᠵᠢᠶᠦ᠋ᠨ ᠱᠢᠶᠡᠨ᠎ᠤ ᠬᠡᠰᠡᠭ
33 — 9 ᠯᠢ ᠶᠠᠩ ᠼᠠᠩ ᠬᠦᠮᠦᠷᠬᠡ᠎ᠶ᠋ᠢᠨ ᠪᠠᠭᠤᠷᠢ
33 — 10 ᠴᠢᠩᠺᠧᠦ᠍ᠶ᠋ᠢᠨ ᠬᠦᠢᠰᠦ ᠪᠠᠷᠢᠯᠭ᠎ᠠ
33 — 11 ᠶᠡᠷᠦᠩᠬᠡᠢ ᠵᠠᠬᠢᠷᠤᠭ᠍ᠴᠢ᠎ᠶ᠋ᠢᠨ ᠤᠰᠤᠨ ᠵᠠᠮ᠎ᠤᠨ ᠵᠠᠬᠢᠷᠭ᠎ᠠ᠎ᠶ᠋ᠢᠨ ᠪᠠᠭᠤᠷᠢ
33 — 12 ᠬᠤᠸᠠᠢᠶᠠᠩᠤᠨ ᠲᠠᠲᠠᠮᠠᠯ ᠭᠤᠣᠯ᠎ᠤᠨ ᠶᠠᠩᠵᠧᠦ᠍ᠶ᠋ᠢᠨ ᠬᠡᠰᠡᠭ
33 — 13 ᠵᠢᠶᠠᠩᠨᠠᠨ᠎ᠤ ᠲᠠᠲᠠᠮᠠᠯ ᠭᠤᠣᠯ᠎ᠤᠨ ᠴᠠᠩᠵᠸᠦ᠍ᠶ᠋ᠢᠨ ᠬᠤᠲᠠ᠎ᠶ᠋ᠢᠨ ᠲᠣᠭᠤᠷᠢᠭ᠎ᠤᠨ ᠬᠡᠰᠡᠭ
33 — 14 ᠵᠢᠶᠠᠩᠨᠠᠨ᠎ᠤ ᠲᠠᠲᠠᠮᠠᠯ ᠭᠤᠣᠯ᠎ᠤᠨ ᠦᠰᠢ᠎ᠶ᠋ᠢᠨ ᠬᠤᠲᠠ᠎ᠶ᠋ᠢᠨ ᠲᠣᠭᠤᠷᠢᠭ᠎ᠤᠨ ᠬᠡᠰᠡᠭ
33 — 15 ᠵᠢᠶᠠᠩᠨᠠᠨ᠎ᠤ ᠲᠠᠲᠠᠮᠠᠯ ᠭᠤᠣᠯ᠎ᠤᠨ ᠰᠦᠵᠧᠦ᠍᠎ᠶ᠋ᠢᠨ ᠬᠡᠰᠡᠭ
33 — 16 ᠵᠢᠶᠠᠩᠨᠠᠨ᠎ᠤ ᠲᠠᠲᠠᠮᠠᠯ ᠭᠤᠣᠯ᠎ᠤᠨ ᠵᠢᠶᠠᠱᠢᠩ — ᠬᠠᠩᠵᠧᠦ᠍᠎ᠶ᠋ᠢᠨ ᠬᠡᠰᠡᠭ
33 — 17 ᠵᠢᠶᠠᠩᠨᠠᠨ᠎ᠤ ᠲᠠᠲᠠᠮᠠᠯ ᠭᠤᠣᠯ᠎ᠤᠨ ᠨᠠᠨ ᠱᠢᠶᠦ᠋ᠨ᠎ᠤ ᠬᠡᠰᠡᠭ
33 — 18 ᠵᠧᠵᠢᠶᠠᠩ᠎ᠤᠨ ᠵᠡᠬᠦᠨ ᠬᠡᠰᠡᠭ᠎ᠤᠨ ᠲᠠᠲᠠᠮᠠᠯ ᠭᠤᠣᠯ᠎ᠤᠨ ᠬᠠᠩᠵᠧᠦ᠍᠎ᠶ᠋ᠢᠨ ᠱᠢᠶᠤᠤᠱᠠᠨ — ᠱᠣᠣᠱᠢᠩᠤᠨ ᠬᠡᠰᠡᠭ
33 — 19 ᠵᠧᠵᠢᠶᠠᠩ᠎ᠤᠨ ᠵᠡᠬᠦᠨ ᠬᠡᠰᠡᠭ᠎ᠤᠨ ᠲᠠᠲᠠᠮᠠᠯ ᠭᠤᠣᠯ᠎ᠤᠨ ᠱᠠᠩᠶᠢᠦᠢ — ᠢᠦ᠋ᠢᠶᠤᠤᠶ᠋ᠢᠨ ᠬᠡᠰᠡᠭ
33 — 20 ᠵᠧᠵᠢᠶᠠᠩ᠎ᠤᠨ ᠵᠡᠬᠦᠨ ᠬᠡᠰᠡᠭ᠎ᠤᠨ ᠲᠠᠲᠠᠮᠠᠯ ᠭᠤᠣᠯ᠎ᠤᠨ ᠨᠢᠩᠪᠦ᠋ᠸᠧ᠎ᠶ᠋ᠢᠨ ᠬᠡᠰᠡᠭ
33 — 21 ᠨᠢᠩᠪᠦ᠋ᠸᠧ᠎ᠶ᠋ᠢᠨ ᠭᠤᠷᠪᠠᠨ ᠮᠥᠷᠡᠨ᠎ᠤ ᠴᠢᠳᠭᠤᠯᠠᠩ
33 — 22 ᠲᠦᠩ ᠬᠤᠢ ᠾᠧ ᠭᠤᠣᠯ᠎ᠤᠨ ᠪᠡᠭᠡᠵᠢᠩ᠎ᠤᠨ ᠬᠠᠭᠤᠴᠢᠨ ᠬᠤᠲᠠ᠎ᠶ᠋ᠢᠨ ᠬᠡᠰᠡᠭ
33 — 23 ᠲᠦᠩ ᠬᠤᠢ ᠾᠧ ᠭᠤᠣᠯ᠎ᠤᠨ ᠲᠦᠡᠭ᠌ᠵᠸᠦ᠍ᠶ᠋ᠢᠨ ᠬᠡᠰᠡᠭ
33 — 24 ᠤᠮᠠᠷᠠᠲᠤ᠌᠂ ᠡᠮᠦᠨᠡᠲᠦ ᠲᠠᠲᠠᠮᠠᠯ ᠭᠤᠣᠯ᠎ᠤᠨ ᠲᠢᠶᠠᠨᠵᠢᠨ᠎ᠤ ᠰᠠᠨ ᠴᠠ ᠺᠧᠦ᠍ᠶ᠋ᠢᠨ ᠬᠡᠰᠡᠭ
33 — 25 ᠡᠮᠦᠨᠡᠲᠦ ᠲᠠᠲᠠᠮᠠᠯ ᠭᠤᠣᠯ᠎ᠤᠨ ᠼᠠᠩᠵᠧᠦ — ᠾᠧᠩᠱᠦᠢ — ᠳ᠋ᠧᠵᠧᠦ᠍ᠶ᠋ᠢᠨ ᠬᠡᠰᠡᠭ
33 — 26 ᠬᠤᠢ ᠲᠦᠩ ᠾᠧ ᠭᠤᠣᠯ᠎ᠤᠨ ᠯᠢᠨᠴᠢᠩᠤᠨ ᠬᠡᠰᠡᠭ
33 — 27 ᠬᠤᠢ ᠲᠦᠩ ᠾᠧ ᠭᠤᠣᠯ᠎ᠤᠨ ᠶᠠᠩ ᠭᠦ᠋ᠶ᠋ᠢᠨ ᠬᠡᠰᠡᠭ
33 — 28 ᠨᠠᠨᠸᠠᠩᠤᠨ ᠬᠦᠢᠰᠦ ᠪᠠᠷᠢᠯᠭ᠎ᠠ
33 — 29 ᠬᠤᠢ ᠲᠦᠩ ᠾᠧ ᠭᠤᠣᠯ᠎ᠤᠨ ᠸᠧᠢ ᠱᠠᠨ᠎ᠤ ᠬᠡᠰᠡᠭ
33 — 30 ᠵᠦᠩ ᠾᠧ ᠭᠤᠣᠯ᠎ᠤᠨ᠎ᠲᠠᠢ ᠡᠯ ᠵᠤᠸᠠᠩ᠎ᠤᠨ ᠬᠡᠰᠡᠭ
33 — 31 ᠵᠦᠩ ᠾᠧ ᠭᠤᠣᠯ᠎ᠤᠨ ᠰᠦᠴᠢᠶᠡᠨᠤ ᠬᠡᠰᠡᠭ
34 ᠲᠦ ᠰᠧᠶ᠋ᠢᠨ ᠪᠠᠭᠤᠷᠢ
34 — 1 ᠯᠣᠣ ᠰᠧ ᠴᠧᠩ ᠬᠤᠲᠠ᠎ᠶ᠋ᠢᠨ ᠪᠠᠭᠤᠷᠢ
34 — 2 ᠲᠠᠩ ᠶᠠ᠎ᠶ᠋ᠢᠨ ᠲᠦ ᠰᠧ ᠴᠧᠩ ᠬᠤᠲᠠ᠎ᠶ᠋ᠢᠨ ᠪᠠᠭᠤᠷᠢ
34 — 3 ᠬᠠᠢ ᠯᠦᠩ ᠲᠦᠨ
35 ᠽᠦᠸᠧ ᠵᠢᠶᠠᠩ᠎ᠤᠨ ᠬᠤᠸᠠᠱᠠᠨᠤ ᠬᠠᠳᠠᠨ ᠵᠢᠷᠤᠭ᠎ᠤᠨ ᠰᠣᠶᠣᠯ᠎ᠤᠨ ᠦᠵᠡᠮᠵᠢ
36 ᠬᠥ᠋ ᠯᠠᠩ ᠢᠤᠢ᠄ ᠲᠡᠦᠬᠡᠲᠦ ᠣᠯᠠᠨ ᠤᠯᠤᠰ᠎ᠤᠨ ᠨᠡᠢᠭᠡᠮ ᠲᠣᠭᠤᠷᠢᠭ
37 ᠯᠢᠶᠠᠩᠵᠦ᠍ᠶ᠋ᠢᠨ ᠡᠷᠲᠡᠨ᠎ᠤ ᠬᠤᠲᠠ᠎ᠶ᠋ᠢᠨ ᠪᠠᠭᠤᠷᠢ
38 ᠴᠢᠤᠸᠠᠨᠵᠧᠦ᠄ ᠰᠦᠩ ᠤᠯᠤᠰ ᠶᠤᠸᠠᠨ ᠤᠯᠤᠰ᠎ᠤᠨ ᠦᠶ᠎ᠡ᠎ᠶ᠋ᠢᠨ ᠳᠤᠮᠳᠠᠳᠤ ᠤᠯᠤᠰ᠎ᠤᠨ ᠳᠡᠯᠡᠬᠡᠢ᠎ᠶ᠋ᠢᠨ ᠳᠠᠯᠠᠢ ᠲᠠᠩᠭᠢᠰ᠎ᠤᠨ ᠬᠤᠳᠠᠯᠳᠤᠭ᠎ᠠ ᠠᠷᠠᠯᠵᠢᠶᠠᠨ᠎ᠤ ᠲᠥᠪ
39 ᠫᠦ᠋ ᠡᠯᠤᠨ ᠵᠢᠩ ᠮᠠᠢ ᠱᠠᠨ ᠠᠭᠤᠯᠠᠨ᠎ᠤ ᠡᠷᠲᠡᠨ᠎ᠤ ᠴᠠᠶ᠎ᠶ᠋ᠢᠨ ᠤᠢ᠎ᠶ᠋ᠢᠨ ᠰᠣᠶᠣᠯ᠎ᠤᠨ ᠦᠵᠡᠮᠵᠢ
40 ᠪᠡᠭᠡᠵᠢᠩ᠎ᠤᠨ ᠳᠤᠮᠳᠠ ᠲᠡᠩᠭᠡᠯᠢᠭ ᠱᠤᠭᠤᠮ — — ᠳᠤᠮᠳᠠᠳᠤ ᠤᠯᠤᠰ᠎ᠤᠨ ᠬᠦᠰᠡᠯᠡᠩᠲᠦ ᠨᠡᠢᠰᠯᠡᠯ ᠬᠤᠲᠠ᠎ᠶ᠋ᠢᠨ ᠡᠮᠬᠢ ᠵᠢᠷᠤᠮ᠎ᠤᠨ ᠤᠬᠢ ᠪᠦᠲᠦᠭᠡᠯ
41 ᠪᠠᠷᠠᠭᠤᠨ ᠱᠢᠶᠠ ᠤᠯᠤᠰ᠎ᠤᠨ ᠦᠶ᠎ᠡ᠎ᠶ᠋ᠢᠨ ᠤᠩᠭᠤᠨ
ᠳᠤᠮᠳᠠᠳᠤ ᠤᠯᠤᠰ᠎ᠤᠨ ᠳᠡᠯᠡᠬᠡᠶ᠎ᠶ᠋ᠢᠨ ᠪᠠᠢᠭᠠᠯᠢ᠎ᠶ᠋ᠢᠨ ᠥᠪ
42 ᠬᠤᠸᠠᠩᠯᠦᠩ
43 ᠵᠢᠤ ᠵᠠᠢ ᠭᠧᠤ
44 ᠡᠦ ᠯᠢᠩ ᠶᠤᠸᠠᠨ
45 ᠶᠦᠨᠨᠠᠨ᠎ᠤ ᠭᠤᠷᠪᠠᠨ ᠮᠥᠷᠡᠨ᠎ᠤ ᠠᠭᠤᠯᠵᠠᠷ
46 ᠰᠧᠴᠤᠸᠠᠨ᠎ᠤ ᠲᠤᠮᠤ ᠮᠠᠯᠤᠷ ᠦᠳᠡᠭᠡ᠎ᠶ᠋ᠢᠨ ᠣᠷᠣᠱᠢᠨ ᠠᠮᠢᠳᠤᠷᠠᠬᠤ ᠭᠠᠵᠠᠷ
47 ᠳᠤᠮᠳᠠᠳᠤ ᠤᠯᠤᠰ᠎ᠤᠨ ᠡᠮᠦᠨᠡᠲᠦ ᠣᠷᠣᠨ᠎ᠤ ᠺᠠᠷᠰᠲ ᠭᠧᠤᠯᠤᠬᠢ᠎ᠶ᠋ᠢᠨ ᠤᠷᠤᠨ
47 — 1 ᠭᠦᠢᠵᠧᠦ᠍᠎ᠶ᠋ᠢᠨ ᠯᠢᠪᠦ᠋ᠸᠧ
47 — 2 ᠴᠦᠩᠴᠢᠩ᠎ᠤᠨ ᠡᠦ ᠯᠦᠩ
47 — 3 ᠶᠦᠨᠨᠠᠨ᠎ᠤ ᠴᠢᠯᠠᠭᠤᠨ ᠣᠢ
47 — 4 ᠭᠦᠢᠵᠧᠦ᠍᠎ᠶ᠋ᠢᠨ ᠱ᠌ᠢ ᠪᠢᠩ
47 — 5 ᠴᠦᠩᠴᠢᠩ᠎ᠤᠨ᠎ᠶ᠋ᠢᠨ ᠹᠦᠸᠧ ᠱᠠᠨ ᠠᠭᠤᠯᠠ
47 — 6 ᠭᠤᠸᠠᠩᠰᠢ᠎ᠶ᠋ᠢᠨ ᠭᠦᠢᠯᠢᠨ
47 — 7 ᠭᠤᠸᠠᠩᠰᠢ᠎ᠶ᠋ᠢᠨ ᠬᠤᠸᠠᠨ ᠵᠢᠶᠠᠩ
48 ᠰᠠᠨ ᠴᠢᠩ ᠱᠠᠨ ᠠᠭᠤᠯᠠ
49 ᠳᠤᠮᠳᠠᠳᠤ ᠤᠯᠤᠰ᠎ᠤᠨ ᠳ᠋ᠠᠨᠱᠢᠶᠠ ᠭᠧᠤᠯᠤᠬᠢ᠎ᠶ᠋ᠢᠨ ᠤᠷᠤᠨ
49 — 1 ᠭᠦᠢᠵᠧᠦ᠍᠎ᠶ᠋ᠢᠨ ᡂᠢ ᠱᠦᠢ
49 — 2 ᠹᠦᠵᠢᠶᠠᠨ᠎ᠤ᠎ᠲᠠᠢ ᠨᠢᠩ
49 — 3 ᠬᠤᠨᠠᠨ᠎ᠤ ᠯᠠᠩ ᠱᠠᠨ ᠠᠭᠤᠯᠠ
49 — 4 ᠭᠤᠸᠠᠩᠳᠦ᠋ᠩ᠎ᠤᠨ ᠳ᠋ᠠᠨ ᠱᠢᠶᠠ ᠱᠠᠨ ᠠᠭᠤᠯᠠ
49 — 5 ᠵᠢᠶᠠᠩᠰᠢ᠎ᠶ᠋ᠢᠨ ᠯᠦᠩ ᠬᠤ᠌ ᠱᠠᠨ ᠠᠭᠤᠯᠠ
49 — 6 ᠵᠢᠶᠠᠩᠰᠢ᠎ᠶ᠋ᠢᠨ ᠭᠦᠢ ᠹᠧᠩ ᠣᠷᠭᠢᠯ
49 — 7 ᠵᠧᠵᠢᠶᠠᠩ᠎ᠤᠨ ᠵᠢᠶᠠᠩ ᠯᠠᠩ ᠱᠠᠨ ᠠᠭᠤᠯᠠ
50 ᠴᠸᠡᠭ᠌ᠵᠢᠶᠠᠩᠤᠨ ᠴᠢᠯᠠᠭᠤᠵᠢᠮᠠᠯ ᠭᠠᠵᠠᠷ
51 ᠱᠢᠨᠵᠢᠶᠠᠩ᠎ᠤᠨ ᠲᠩᠷᠢ ᠠᠭᠤᠯᠠ
52 ᠬᠤᠪᠸᠢ᠎ᠶ᠋ᠢᠨ ᠱᠧᠨ ᠨᠦᠩ ᠵᠢᠶᠠ
53 ᠬᠥᠬᠡᠨᠠᠭᠤᠷ᠎ᠤᠨ ᠬᠥᠬᠡᠱᠢᠯᠢ
54 ᠹᠠᠨ ᠵᠢᠩ ᠱᠠᠨ ᠠᠭᠤᠯᠠ
55 ᠳᠤᠮᠳᠠᠳᠤ ᠤᠯᠤᠰ᠎ᠤᠨ ᠱᠢᠷ᠎ᠠ (ᠪᠦᠸᠧᠬᠠᠶ) ᠲᠠᠩᠭᠢᠰ᠎ᠤᠨ ᠨᠡᠭᠦᠳᠡᠯ᠎ᠤᠨ ᠱᠢᠪᠠᠭᠤᠳ᠎ᠤᠨ ᠣᠷᠣᠱᠢᠨ ᠠᠮᠢᠳᠤᠷᠠᠬᠤ ᠭᠠᠵᠠᠷ
55 — 1 ᠵᠢᠶᠠᠩᠰᠦ᠎ᠶ᠋ᠢᠨ ᠶᠠᠨᠴᠧᠩ ᠬᠤᠳᠠ
55 — 2 ᠱᠠᠩᠬᠠᠢ᠎ᠶ᠋ᠢᠨ ᠴᠦᠩᠮᠢᠩᠤᠨ ᠵᠡᠭᠦᠨ ᠲᠠᠩ
55 — 3 ᠱᠠᠨᠳᠦ᠋ᠩ᠎ᠤᠨ ᠳ᠋ᠦᠩᠶᠢᠩᠤᠨ ᠬᠠᠲᠤᠨ ᠭᠤᠣᠯ᠎ᠤᠨ ᠴᠢᠳᠭᠤᠯᠠᠩ
55 — 4 ᠾᠧᠪᠧᠢ᠎ᠶ᠋ᠢᠨ ᠼᠠᠩᠵᠧᠦ᠍ᠶ᠋ᠢᠨ ᠡᠮᠦᠨᠡᠲᠦ ᠲᠣᠮᠣ ᠭᠠᠷᠠᠮ
55 — 5 ᠯᠢᠶᠣᠣᠨᠢᠩ᠎ᠤᠨ ᠳ᠋ᠠᠯᠢᠶᠠᠨ᠎ᠤ ᠱᠧ ᠳ᠋ᠤᠤ ᠠᠷᠠᠯ — — ᠯᠣᠣ ᠲᠢᠶᠧ ᠱᠠᠨ ᠠᠭᠤᠯᠠ
55 — 6 ᠯᠢᠶᠣᠣᠨᠢᠩ᠎ᠤᠨ ᠳ᠋ᠠᠨᠳᠦ᠋ᠩ᠎ᠤᠨ ᠶᠠᠯᠣ ᠮᠥᠷᠡᠨ᠎ᠤ ᠴᠢᠳᠭᠤᠯᠠᠩ
56 ᠪᠠᠳᠠᠢ᠎ᠶ᠋ᠢᠨ ᠵᠢᠷᠠᠨ ᠡᠯᠡᠰᠦᠨ ᠴᠥᠯ — ᠡᠯᠡᠰᠦᠨ ᠠᠭᠤᠯᠠ ᠨᠠᠭᠤᠷ ᠪᠦᠷᠢᠳᠦ᠍᠎ᠶ᠋ᠢᠨ ᠰᠦᠷᠦᠭ᠌
ᠳᠤᠮᠳᠠᠳᠤ ᠤᠯᠤᠰ᠎ᠤᠨ ᠳᠡᠯᠡᠬᠡᠢ᠎ᠶ᠋ᠢᠨ ᠪᠠᠢᠭᠠᠯᠢ ᠰᠤᠶᠤᠯ᠎ᠤᠨ ᠬᠤᠤᠰ ᠦᠪ
57 ᠲᠠᠢᠱᠠᠨ ᠠᠭᠤᠯᠠ
58 ᠬᠤᠸᠠᠩᠱᠠᠨ ᠠᠭᠤᠯᠠ
59 ᠧ ᠮᠧᠶ ᠱᠠᠨ ᠠᠭᠤᠯᠠ — — ᠯᠧᠱᠠᠨ ᠠᠭᠤᠯᠠ᠎ᠶ᠋ᠢᠨ ᠲᠤᠮᠤ ᠪᠤᠷᠬᠠᠨ
60 ᠡᠤ ᠢ ᠱᠠᠨ ᠠᠭᠤᠯᠠ
ᠭᠤᠴᠢᠨ ᠲᠠᠪᠤᠳᠤᠭᠠᠷ ᠪᠦᠯᠦᠭ ᠰᠣᠶᠣᠯ᠎ᠤᠨ ᠠᠵᠤ ᠦᠢᠯᠡᠰ᠎ᠢ ᠲᠦᠷᠭᠡᠯᠡᠨ ᠬᠥᠭ᠌ᠵᠢᠭᠦᠯᠦᠨ᠎ᠡ
ᠰᠣᠶᠣᠯ᠎ᠤᠨ ᠬᠠᠮᠢᠶᠠᠷᠤᠯᠲᠠ᠎ᠶ᠋ᠢᠨ ᠪᠠᠢᠭᠤᠯᠤᠯ ᠪᠠ ᠦᠢᠯᠡᠳᠪᠦᠷᠢᠯᠡᠯ ᠡᠵᠡᠩᠨᠡᠯᠲᠡ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠰᠣᠶᠣᠯ᠎ᠤᠨ ᠠᠵᠤ ᠠᠬᠤᠶ᠎ᠶ᠋ᠢᠨ ᠢᠳᠡᠪᠬᠢᠲᠡᠶ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠤ᠂ ᠰᠣᠶᠣᠯ ᠵᠢᠭᠤᠯᠴᠢᠯᠠᠯ᠎ᠤᠨ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠰᠣᠶᠣᠯ᠎ᠢᠶᠠᠷ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠡᠨᠧᠷᠬᠢ ᠣᠯᠭᠤᠨ᠎ᠠ᠃
ᠨᠢᠭᠡᠳᠦᠭᠡᠷ ᠬᠡᠰᠡᠭ ᠰᠣᠶᠣᠯ᠎ᠤᠨ ᠠᠵᠤ ᠦᠢᠯᠡᠰ᠎ᠤᠨ ᠱᠢᠰᠲ᠋ᠧᠮ ᠪᠠ ᠵᠠᠬ᠎ᠠ ᠳᠡᠯᠭᠡᠭᠦᠷ᠎ᠤᠨ ᠱᠢᠰᠲ᠋ᠧᠮ᠎ᠢ ᠪᠦᠷᠢᠨᠱᠢᠭᠦᠯᠦᠨ᠎ᠡ
ᠴᠢᠬᠤᠯᠠ ᠶᠡᠭᠡ ᠰᠣᠶᠣᠯ᠎ᠤᠨ ᠠᠵᠤ ᠦᠢᠯᠡᠰ᠎ᠤᠨ ᠲᠦᠰᠦᠯ᠎ᠢᠶᠠᠷ ᠳᠠᠢᠴᠢᠯᠠᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠴᠢᠨᠠᠷ ᠰᠠᠢᠲᠠᠶ ᠰᠣᠶᠣᠯ᠎ᠤᠨ ᠦᠢᠯᠡᠳᠬᠦᠨ᠎ᠤ ᠬᠠᠩᠭᠠᠯᠭ᠎ᠠ᠎ᠶ᠋ᠢ ᠥᠷᠭᠡᠳᠭᠡᠨ᠎ᠡ᠃ ᠤᠯᠠᠮᠵᠢᠯᠠᠯᠲᠤ ᠰᠣᠶᠣᠯ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠰᠣᠶᠣᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠭᠤᠰᠤᠯᠴᠠᠯ᠎ᠢ ᠠᠬᠢᠭᠤᠯᠵᠤ᠂ ᠰᠣᠶᠣᠯ᠎ᠤᠨ ᠪᠠᠢᠭᠤᠯᠤᠯᠲᠠ᠎ᠳᠤ ᠳ᠋ᠢᠵᠢᠲ᠋ᠠᠯᠴᠢᠯᠠᠨ ᠤᠶᠤᠨᠴᠢᠯᠠᠨ ᠡᠨᠧᠷᠭᠢ ᠣᠯᠭᠤᠬᠤ᠂ ᠰᠤᠶᠤᠯ᠎ᠤᠨ ᠪᠠᠢᠭᠤᠯᠤᠯᠳᠠ᠎ᠶ᠋ᠢᠨ ᠮᠡᠳᠡᠭᠡ ᠵᠠᠩᠭᠢᠴᠢᠯᠡᠯᠳᠡ ᠲᠠᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠳ᠋ᠢᠵᠢᠲ᠋ᠠᠯ ᠺᠠᠷᠲ᠋ᠣᠨ ᠵᠢᠷᠤᠭ ᠱᠤᠭ ᠵᠢᠷᠤᠭ᠂ ᠬᠦᠨ ᠮᠡᠳᠡᠷᠡᠮᠵᠢ᠎ᠲᠦ ᠦᠵᠡᠭᠦᠯᠭᠡ᠎ᠶ᠋ᠢᠨ ᠲᠤᠭ᠍ᠯᠠᠯᠲᠠ᠂ ᠰᠦᠯᠵᠢᠶᠡᠨ ᠳᠡᠭᠡᠷᠡᠬᠢ ᠲᠣᠭ᠍ᠯᠠᠯᠳᠠ ᠨᠡᠪᠲᠡᠷᠡᠭᠦᠯᠭᠡ᠂ ᠣᠬᠤᠷ ᠸᠢᠳᠢᠣ᠋ ᠪᠢᠴᠢᠯᠭᠡ᠂ ᠪᠢᠴᠢᠯ ᠣᠬᠤᠷ ᠵᠦᠴᠦᠭᠡ ᠵᠡᠷᠭᠡ ᠱᠢᠨ᠎ᠡ ᠬᠡᠯᠪᠡᠷᠢ᠎ᠶ᠋ᠢᠨ ᠰᠤᠶᠣᠯ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠬᠥᠭ᠌ᠵᠢᠭᠦᠯᠵᠤ᠂ ᠰᠦᠯᠵᠢᠶᠡᠨ᠎ᠤ ᠤᠳᠭ᠎ᠠ ᠵᠣᠬᠢᠶᠠᠯ᠂ ᠰᠦᠯᠵᠢᠶᠡᠨ᠎ᠤ ᠲᠣᠭ᠍ᠯᠠᠭᠠᠮ᠂ ᠰᠦᠯᠵᠢᠶᠡᠨ᠎ᠤ ᠲᠦᠷᠰᠦ ᠳᠠᠭᠤ ᠪᠢᠴᠢᠯᠬᠡ ᠵᠡᠷᠭᠡ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠬᠥᠲᠥᠯᠥᠨ ᠵᠢᠯᠣᠭᠤᠳᠴᠤ᠌ ᠵᠢᠷᠤᠮᠵᠢᠭᠤᠯᠤᠨ᠎ᠠ᠃ ᠬᠡᠪᠯᠡᠯ᠎ᠢ ᠠᠭᠤᠰᠤᠯᠴᠠᠭᠤᠯᠤᠨ ᠬᠥᠭ᠌ᠵᠢᠭᠦᠯᠬᠦ᠌ ᠢᠨᠵᠧᠨᠧᠷᠢᠩ᠎ᠢ ᠭᠦᠨᠵᠡᠭᠡᠢᠷᠡᠬᠦᠯᠦᠨ ᠬᠡᠷᠡᠭ᠌ᠵᠢᠭᠦᠯᠵᠦ᠍᠂ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠦᠨ᠎ᠡ᠃ ᠱᠢᠯᠢᠳᠡᠭ ᠰᠣᠶᠣᠯ᠎ᠤᠨ ᠠᠵᠤ ᠠᠬᠤᠢᠯᠠᠯ ᠪᠠ ᠨᠡᠷᠡᠲᠦ ᠲᠡᠮᠳᠡᠭ᠎ᠢ ᠪᠤᠢᠵᠢᠭᠤᠯᠵᠤ᠂ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠵᠢᠷᠤᠮᠵᠢᠭᠤᠯᠤᠨ ᠱᠢᠨ᠎ᠡ᠎ᠶ᠋ᠢ ᠡᠭᠦᠳᠦᠨ ᠬᠥᠭ᠌ᠵᠢᠬᠦᠯᠬᠦ᠌᠎ᠶ᠋ᠢ ᠠᠬᠢᠭᠤᠯᠤᠨ᠎ᠠ᠃ ᠨᠢᠭᠡᠳᠦᠯᠲᠡᠶ ᠪᠥᠭᠡᠳ ᠨᠡᠭᠡᠭᠡᠯᠲᠡᠲᠡᠶ᠂ ᠥᠨᠳᠥᠷ ᠪᠦᠲᠦᠮᠵᠢᠲᠡᠶ ᠪᠦᠭᠡᠳ ᠵᠢᠷᠤᠮᠵᠢᠭᠤᠨ᠂ ᠥᠷᠢᠰᠥᠯᠳᠦᠭᠡᠨ᠎ᠲᠠᠢ ᠪᠦᠭᠡᠳ ᠡᠮᠬᠢ ᠵᠢᠷᠤᠮ᠎ᠲᠠᠢ ᠰᠣᠶᠣᠯ᠎ᠤᠨ ᠵᠠᠬ᠎ᠠ ᠳᠡᠯᠭᠡᠭᠦᠷ᠎ᠢ ᠲᠦᠷᠭᠡᠯᠡᠨ ᠪᠠᠢᠭᠤᠯᠵᠤ᠂ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠺᠢᠨᠣ᠋ ᠲᠧᠯᠸᠢᠰ ᠦᠢᠯᠡᠳᠬᠦ᠂ ᠰᠦᠯᠵᠢᠶᠡᠨ᠎ᠤ ᠲᠦᠷᠰᠦ ᠳᠠᠭᠤ ᠪᠢᠴᠢᠯᠬᠡ ᠵᠡᠷᠭᠡ ᠬᠦᠷᠢᠶᠡᠨ᠎ᠳᠠᠬᠢ ᠬᠢᠨᠠᠨ ᠵᠥᠪᠱᠢᠶᠡᠷᠡᠬᠦ᠌ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃
ᠬᠤᠶᠠᠳᠤᠭᠠᠷ ᠬᠡᠰᠡᠭ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ
ᠰᠣᠶᠣᠯ᠎ᠢᠶᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ᠎ᠢᠶᠠᠷ ᠰᠤᠶᠤᠯ᠎ᠢ ᠭᠦᠢᠴᠡᠳ ᠢᠯᠡᠷᠡᠭᠦᠯᠬᠦ᠌᠎ᠶ᠋ᠢ ᠭᠦᠨᠵᠡᠭᠡᠢᠷᠡᠭᠦᠯᠵᠦ᠍᠂ ᠵᠢᠭᠤᠯᠴᠢᠯᠠᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠦᠨᠳᠦᠷ ᠴᠢᠨᠠᠷ ᠴᠢᠨᠰᠠᠭ᠎ᠠ ᠪᠦᠬᠦᠢ ᠵᠢᠭᠤᠯᠴᠢᠯᠠᠯ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠪᠠᠶᠠᠯᠢᠠᠠᠵᠢᠭᠤᠯᠵᠤ᠂ ᠣᠨᠴᠠᠯᠢᠭ᠍ᠲᠤ ᠡᠬᠢ ᠪᠠᠶᠠᠯᠢᠭ ᠪᠠ ᠰᠣᠶᠣᠯ᠎ᠤᠨ ᠠᠭᠤᠯᠤᠭ᠍ᠳᠠᠬᠤᠨ᠎ᠢ ᠭᠦᠨᠵᠡᠭᠡᠶ ᠠᠭᠤᠳᠠᠯᠵᠤ᠂ ᠣᠯᠠᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠢᠳᠡᠪᠬᠢᠲᠡᠶ ᠠᠬᠢᠭᠤᠯᠤᠨ᠎ᠠ᠃ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠬᠤᠪᠢᠰᠭᠠᠯ᠎ᠤᠨ ᠲᠤᠷᠠᠰᠭᠠᠯ᠎ᠲᠤ ᠵᠢᠭᠤᠯᠴᠢᠯᠠᠯ᠂ ᠬᠥᠳᠡᠭᠡ ᠲᠣᠰᠭᠤᠨ᠎ᠤ ᠵᠢᠭᠤᠯᠴᠢᠯᠠᠯ᠂ ᠡᠷᠡᠭᠦᠯᠵᠢᠭᠦᠯᠬᠦ᠌ ᠰᠤᠪᠢᠯᠠᠬᠤ ᠵᠢᠭᠤᠯᠴᠢᠯᠠᠯ᠂ ᠠᠵᠤ ᠦᠢᠯᠡᠳᠪᠦᠷᠢ᠎ᠶ᠋ᠢᠨ ᠵᠢᠭᠤᠯᠴᠢᠯᠠᠯ ᠵᠡᠷᠭᠡ᠎ᠶ᠋ᠢ ᠬᠥᠭ᠌ᠵᠢᠭᠦᠯᠵᠦ᠍᠂ ᠰᠤᠳᠤᠯᠤᠨ ᠰᠤᠷᠤᠯᠴᠠᠬᠤ ᠵᠢᠭᠤᠯᠴᠢᠯᠠᠯ᠎ᠢ ᠵᠢᠷᠤᠮᠵᠢᠭᠤᠯᠤᠨ ᠬᠥᠭ᠌ᠵᠢᠭᠦᠯᠵᠦ᠍᠂ ᠣᠨᠴᠠᠯᠢᠭ᠍ᠲᠤ ᠭᠤᠤᠯ ᠰᠡᠳᠦᠪᠲᠦ ᠵᠢᠭᠤᠯᠴᠢᠯᠠᠯ᠎ᠤᠨ ᠵᠠᠮ ᠱᠤᠭᠤᠮ ᠪᠠ ᠵᠢᠭᠤᠯᠴᠢᠯᠠᠯ᠎ᠤᠨ ᠲᠣᠭ᠍ᠯᠠᠯᠲᠠ᠎ᠶ᠋ᠢᠨ ᠰᠣᠳᠣᠨ ᠲᠥᠰᠦᠯ᠎ᠢ ᠪᠤᠢᠵᠢᠭᠤᠯᠤᠨ᠎ᠠ᠃ ᠵᠢᠭᠤᠯᠴᠢᠯᠠᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠲᠡᠭᠦᠯᠳᠡᠷᠵᠢᠭᠦᠯᠵᠦ᠍᠂ ᠵᠢᠭᠤᠯᠴᠢᠯᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠪᠥᠬᠦ᠌ ᠬᠡᠯᠬᠢᠶ᠎ᠡ᠎ᠪᠠᠷ᠎ᠨᠢ ᠳᠡᠭᠡᠭ᠌ᠰᠢᠯᠡᠭᠦᠯᠦᠨ᠎ᠡ᠃ ᠰᠤᠶᠤᠯ ᠵᠢᠭᠤᠯᠴᠢᠯᠠᠯ᠎ᠤᠨ ᠲᠦᠰᠦᠯ᠎ᠤᠨ ᠪᠠᠢᠭᠤᠯᠤᠯᠲᠠ᠎ᠶ᠋ᠢ ᠵᠢᠷᠤᠮᠵᠢᠭᠤᠯᠤᠨ ᠬᠠᠮᠢᠶᠠᠷᠬᠤ᠎ᠶ᠋ᠢ ᠴᠢᠩᠭᠠᠳᠭᠠᠵᠤ᠂ ᠰᠤᠯᠠ ᠲᠠᠯᠪᠢᠵᠤ ᠪᠦᠷᠢᠯᠭᠡᠬᠦ᠌᠎ᠶ᠋ᠢ ᠰᠡᠷᠬᠡᠢᠯᠡᠨᠡ᠃ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ ᠪᠠ ᠠᠮᠤᠷ ᠲᠦᠪᠱᠢᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ ᠵᠢᠭᠤᠯᠴᠢᠯᠠᠯ᠎ᠤᠨ ᠬᠡᠷᠡᠭ᠌ᠯᠡᠭᠡᠨ᠎ᠤ ᠣᠢᠯᠠᠭᠠᠯᠲᠠ ᠲᠦᠷᠦᠭ᠌ᠳᠡᠯ᠎ᠢ ᠰᠠᠢᠵᠢᠷᠠᠭᠤᠯᠤᠨ᠎ᠠ᠃ ᠬᠢᠯᠢ᠎ᠳᠤ ᠣᠷᠣᠬᠤ ᠵᠢᠭᠤᠯᠴᠢᠯᠠᠯ᠎ᠢ ᠠᠬᠢᠭᠤᠯᠬᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠬᠢᠯᠢ᠎ᠳᠤ ᠣᠷᠣᠬᠤ ᠵᠢᠭᠤᠯᠴᠢᠯᠠᠯ᠎ᠤᠨ ᠳᠥᠲᠡᠴᠢᠯᠡᠬᠦ᠌ ᠣᠯᠠᠨ ᠤᠯᠤᠰᠴᠢᠯᠠᠬᠤ ᠲᠦᠪᠱᠢᠨ᠎ᠢ ᠳᠡᠭᠡᠭ᠌ᠰᠢᠯᠡᠭᠦᠯᠦᠨ᠎ᠡ᠃
ᠭᠤᠴᠢᠨ ᠵᠢᠷᠭᠤᠳᠤᠭᠠᠷ ᠪᠦᠯᠦᠭ ᠳᠤᠮᠳᠠᠳᠤ᠎ᠶ᠋ᠢᠨ ᠪᠣᠯᠪᠠᠰᠤᠨ᠎ᠤ ᠤᠯᠠᠮᠵᠢᠯᠠᠨ ᠲᠠᠷᠬᠠᠭᠠᠬᠤ ᠬᠦᠴᠦᠨ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠨ᠎ᠡ
ᠳᠤᠮᠳᠠᠳᠤ ᠤᠯᠤᠰ᠎ᠤᠨ ᠦᠭᠦᠯᠡᠬᠦ᠌ ᠱᠢᠰᠲ᠋ᠧᠮ ᠪᠠ ᠳᠤᠮᠳᠠᠳᠤ ᠤᠯᠤᠰ᠎ᠤᠨ ᠬᠦᠦᠷᠨᠢᠬᠦ᠌ ᠱᠢᠰᠲ᠋ᠧᠮ᠎ᠢ ᠲᠦᠷᠭᠡᠯᠡᠨ ᠪᠠᠢᠭᠤᠯᠵᠤ᠂ ᠤᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠦᠷᠢ᠎ᠶ᠋ᠢ ᠳᠡᠭᠡᠭ᠌ᠰᠢᠯᠡᠭᠦᠯᠵᠤ᠂ ᠭᠠᠳᠠᠭᠠᠳᠤ᠎ᠯᠤᠭ᠎ᠠ᠎ᠶ᠋ᠢᠨ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠢᠲᠡᠭᠡᠭᠦᠱᠢᠲᠡᠢ᠂ ᠬᠠᠢᠷᠠᠯᠠᠭᠤᠱᠢᠳᠠᠢ᠂ ᠬᠦᠨᠳᠦᠳᠭᠡᠭᠦᠱᠢᠲᠡᠢ ᠳᠤᠮᠳᠠᠳᠤ ᠤᠯᠤᠰ᠎ᠤᠨ ᠲᠦᠷᠢ ᠲᠥᠷᠬᠦ᠌᠎ᠶ᠋ᠢ ᠢᠯᠡᠷᠡᠭᠦᠯᠦᠨ᠎ᠡ᠃
ᠨᠢᠭᠡᠳᠦᠭᠡᠷ ᠬᠡᠰᠡᠭ ᠨᠡᠩ ᠪᠦᠲᠦᠮᠵᠢ᠎ᠲᠠᠢ ᠤᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠱᠢᠰᠲ᠋ᠧᠮ᠎ᠢ ᠪᠠᠢᠭᠤᠯᠤᠨ᠎ᠠ
ᠣᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠠᠮᠵᠢᠯᠠᠨ ᠲᠠᠷᠬᠠᠭᠠᠬᠤ ᠠᠴᠢᠶᠠᠯᠠᠭ᠍ᠴᠢ ᠪᠠ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠭᠠᠳᠠᠭᠠᠳᠤ᠎ᠳᠠᠬᠢ ᠤᠯᠠᠮᠵᠢᠯᠠᠨ ᠲᠠᠷᠬᠠᠭᠠᠬᠤ ᠰᠦᠯᠵᠢᠶ᠎ᠡ᠎ᠶ᠋ᠢ ᠥᠷᠭᠡᠳᠭᠡᠵᠦ᠍᠂ ᠤᠯᠠᠨ ᠠᠷᠭ᠎ᠠ ᠵᠠᠮ᠎ᠤᠨ᠂ ᠪᠡᠶᠡᠲᠦᠴᠢᠯᠡᠭ᠌ᠰᠡᠨ ᠭᠠᠳᠠᠭ᠍ᠰᠢ ᠤᠯᠠᠮᠵᠢᠯᠠᠨ ᠳᠠᠷᠬᠠᠭᠠᠬᠤ ᠪᠠᠢᠷᠢᠱᠢᠯ᠎ᠢ ᠪᠠᠢᠭᠤᠯᠵᠤ᠂ ᠤᠯᠠᠨ ᠤᠯᠤᠰ᠎ᠤᠨ ᠦᠭᠦᠯᠡᠬᠦ᠌ ᠡᠷᠬᠡ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠳᠡᠯᠡᠬᠡᠢᠴᠢᠯᠡᠭ᠌ᠰᠡᠨ᠂ ᠵᠠᠬ᠎ᠠ ᠳᠡᠯᠭᠡᠭᠦᠷᠴᠢᠯᠡᠭ᠌ᠰᠡᠨ᠂ ᠲᠤᠰᠭᠠᠢᠵᠢᠭ᠍ᠰᠠᠨ ᠣᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠪᠡᠶᠡᠴᠢ ᠴᠤᠭ᠍ᠴᠠ᠎ᠶ᠋ᠢ ᠪᠤᠢᠵᠢᠭᠤᠯᠵᠤ᠂ ᠭᠤᠤᠯ ᠤᠷᠤᠰᠭᠠᠯ᠎ᠤᠨ ᠵᠠᠭᠤᠴᠢᠯᠠᠭᠤᠷ᠎ᠤᠨ ᠤᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠴᠢᠳᠠᠪᠤᠷᠢ᠎ᠶ᠋ᠢ ᠴᠢᠩᠭᠠᠳᠭᠠᠵᠦ᠍᠂ ᠷᠠᠳᠢᠣ᠋ ᠺᠢᠨᠦ᠌ ᠲᠧᠯᠸᠢᠰ ᠲᠦᠷᠰᠦ ᠳᠠᠭᠤ ᠪᠢᠴᠢᠯᠭᠡ᠎ᠶ᠋ᠢᠨ ᠵᠠᠭᠤᠴᠢᠯᠠᠭᠤᠷ᠎ᠤᠨ ᠣᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠵᠢᠭ᠍ᠰᠠᠭᠠᠯ᠎ᠢ ᠪᠠᠢᠭᠤᠯᠵᠤ᠂ ᠨᠡᠢᠭᠡᠮ᠎ᠤᠨ ᠬᠠᠷᠢᠯᠴᠠᠭᠠᠨ᠎ᠤ ᠵᠠᠭᠤᠴᠢᠯᠠᠭᠤᠷ᠎ᠤᠨ ᠲᠠᠪᠴᠠᠩ᠎ᠤᠨ ᠤᠯᠠᠨ ᠤᠯᠤᠰᠴᠢᠯᠠᠭ᠍ᠰᠠᠨ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠦᠯᠢᠭᠡᠷ ᠪᠠ ᠳᠤᠮᠳᠠᠳᠤ ᠤᠯᠤᠰ᠎ᠤᠨ ᠲᠠᠭᠤᠨ᠎ᠤ ᠳᠡᠯᠡᠬᠡᠢᠴᠢᠯᠡᠭ᠌ᠰᠡᠨ᠂ ᠣᠷᠣᠨ ᠪᠦᠰᠡᠴᠢᠯᠡᠭ᠌ᠰᠡᠨ᠂ ᠢᠯᠭᠠᠭᠠᠵᠢᠭᠤᠯᠤᠭ᠍ᠰᠠᠨ ᠢᠯᠡᠳᠭᠡᠯᠲᠡ᠎ᠶ᠋ᠢ ᠠᠬᠢᠭᠤᠯᠤᠨ᠎ᠠ᠃ ᠰᠣᠶᠣᠯ᠎ᠤᠨ ᠠᠵᠤ ᠠᠬᠤᠢᠯᠠᠯ᠎ᠤᠨ ᠤᠯᠠᠨ ᠤᠯᠤᠰᠴᠢᠯᠠᠭ᠍ᠰᠠᠨ ᠡᠵᠡᠩᠨᠡᠯᠲᠡ᠎ᠶ᠋ᠢ ᠵᠣᠷᠢᠠᠠᠵᠢᠭᠤᠯᠵᠤ᠂ ᠴᠢᠨᠠᠷ ᠰᠠᠢᠲᠠᠶ ᠰᠦᠯᠵᠢᠶᠡᠨ᠎ᠤ ᠤᠳᠭ᠎ᠠ ᠵᠣᠬᠢᠶᠠᠯ᠂ ᠰᠦᠯᠵᠢᠶᠡᠨ᠎ᠤ ᠲᠣᠭ᠍ᠯᠠᠭᠠᠮ᠂ ᠺᠢᠨᠣ᠋ ᠲᠧᠯᠸᠢᠰ᠎ᠤᠨ ᠺᠠᠷᠲ᠋ᠣᠨ ᠵᠢᠷᠤᠭ ᠱᠤᠭ ᠵᠢᠷᠤᠭ᠂ ᠰᠤᠳᠤᠨ ᠪᠦᠲᠦᠭᠡᠯ᠎ᠤᠨ ᠦᠵᠡᠬᠦᠯᠭᠡ ᠵᠡᠷᠭᠡ᠎ᠶ᠋ᠢᠨ ᠭᠠᠳᠠᠭᠠᠲᠤ᠎ᠳᠤ ᠭᠠᠷᠬᠤ᠎ᠶ᠋ᠢ ᠠᠬᠢᠭᠤᠯᠵᠤ᠂ ᠤᠯᠠᠨ ᠤᠯᠤᠰ᠎ᠲᠤ ᠤᠯᠠᠮᠵᠢᠯᠠᠨ ᠲᠠᠷᠬᠠᠭᠠᠬᠤ ᠭᠤᠤᠯᠳᠠᠯᠭ᠎ᠠ᠎ᠲᠠᠢ ᠰᠠᠭᠤᠷᠢᠨ ᠭᠠᠵᠠᠷ᠂ ᠤᠯᠤᠰ᠎ᠤᠨ ᠰᠣᠶᠣᠯ᠎ᠤᠨ ᠭᠠᠳᠠᠭᠠᠳᠤ ᠭᠠᠷᠭᠠᠯᠲᠠ᠎ᠶ᠋ᠢᠨ ᠰᠠᠭᠤᠷᠢᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃
ᠬᠤᠶᠠᠳᠤᠭᠠᠷ ᠬᠡᠰᠡᠭ ᠪᠣᠯᠪᠠᠰᠤᠨ᠎ᠤ ᠰᠣᠯᠢᠯᠴᠠᠭ᠎ᠠ ᠲᠣᠯᠢᠳᠠᠯᠭᠠᠶ᠋ᠢ ᠭᠦᠨᠵᠡᠭᠡᠢᠷᠡᠭᠦᠯᠦᠨ᠎ᠡ
ᠤᠯᠠᠨ ᠤᠯᠤᠰ᠎ᠤᠨ ᠬᠦᠮᠦᠨ ᠨᠡᠢᠭᠡᠮ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ ᠤᠯᠠᠨ ᠲᠡᠰ ᠳᠠᠪᠬᠤᠷᠭ᠎ᠠ᠎ᠶ᠋ᠢᠨ ᠪᠣᠯᠪᠠᠰᠤᠨ᠎ᠤ ᠶᠠᠷᠢᠯᠴᠠᠭ᠎ᠠ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠰᠣᠶᠣᠯ᠎ᠤᠨ ᠳᠡᠯᠡᠬᠡᠶ ᠳ᠋ᠠᠬᠢᠨ ᠲᠠᠢᠰᠢ ᠨᠡᠩ ᠰᠠᠢᠨ ᠤᠷᠤᠭ᠍ᠰᠢᠯᠠᠬᠤ᠎ᠶ᠋ᠢ ᠠᠬᠢᠭᠤᠯᠤᠨ᠎ᠠ᠃ ᠪᠦᠬᠦ᠌ ᠪᠥᠮᠪᠥᠷᠴᠡᠭ᠎ᠤᠨ ᠪᠣᠯᠪᠠᠰᠤᠨ᠎ᠤ ᠶᠠᠷᠢᠯᠴᠠᠭᠠᠨ᠎ᠤ ᠶᠡᠭᠡ ᠬᠤᠷᠠᠯ᠎ᠢ ᠡᠷᠬᠢᠯᠡᠵᠤ᠂ ᠯᠢᠶᠠᠩᠵᠤᠶ᠋ᠢᠨ ᠶᠠᠷᠢᠯᠴᠠᠭᠠᠨ᠎ᠤ ᠲᠠᠪᠴᠠᠩ᠎ᠢ ᠦᠷᠭᠦᠯᠵᠢᠯᠡᠨ ᠰᠠᠢᠲᠤᠷ ᠡᠷᠬᠢᠯᠡᠨ᠎ᠡ᠃ 《ᠳᠤᠮᠳᠠᠳᠤ ᠤᠯᠤᠰ᠎ᠢ ᠣᠢᠯᠠᠭᠠᠬᠤ》᠂ 《ᠴᠠᠬᠢᠷᠮ᠎ᠠ ᠱᠠᠩᠨᠠᠯ》 ᠵᠡᠷᠭᠡ ᠨᠡᠷᠡᠲᠦ ᠲᠡᠮᠳᠡᠭ᠎ᠤᠨ ᠠᠵᠢᠯᠯᠠᠭ᠎ᠠ᠎ᠶ᠋ᠢ ᠥᠷᠨᠢᠭᠦᠯᠵᠦ᠍᠂ ᠳᠤᠮᠳᠠᠳᠤ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠣᠨ (ᠪᠠᠶᠠᠷ)᠂ ᠭᠠᠳᠠᠭᠠᠳᠤ᠎ᠳᠠᠬᠢ ᠳᠤᠮᠳᠠᠳᠤ ᠤᠯᠤᠰ᠎ᠤᠨ ᠺᠢᠨᠣ᠋᠎ᠶ᠋ᠢᠨ ᠨᠠᠢᠷ᠎ᠤᠨ ᠦᠵᠡᠭᠦᠯᠭᠡ᠎ᠶ᠋ᠢ ᠰᠠᠢᠲᠤᠷ ᠡᠷᠬᠢᠯᠡᠨ᠎ᠡ᠃ ᠰᠣᠶᠣᠯ᠎ᠤᠨ ᠥᠪ᠎ᠤᠨ ᠬᠦᠷᠢᠶᠡᠨ᠎ᠳᠠᠬᠢ ᠣᠯᠠᠨ ᠤᠯᠤᠰ᠎ᠤᠨ ᠬᠥᠭ᠌ᠵᠢᠯᠲᠡ᠎ᠶ᠋ᠢᠨ ᠲᠤᠰᠠᠯᠠᠮᠵᠢ᠎ᠶ᠋ᠢ ᠴᠢᠩᠭᠠᠳᠭᠠᠵᠤ᠂ ᠲᠡᠦᠬᠡ᠎ᠶ᠋ᠢᠨ ᠳᠤᠷᠠᠰᠭᠠᠯᠲᠤ ᠵᠦᠢᠯ᠎ᠢ ᠨᠡᠬᠡᠮᠵᠢᠯᠡᠨ ᠠᠪᠬᠤ ᠪᠠ ᠪᠤᠴᠠᠭᠠᠯᠭᠠᠬᠤ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃ ᠳᠤᠮᠳᠠᠳᠤ᠎ᠶ᠋ᠢᠨ ᠰᠣᠶᠣᠯ᠎ᠤᠨ ᠤᠯᠠᠮᠵᠢᠯᠠᠨ ᠲᠠᠷᠬᠠᠭᠠᠵᠦ᠍ ᠳᠡᠯᠭᠡᠨ ᠦᠵᠡᠭᠦᠯᠬᠦ᠌ ᠪᠠ ᠭᠠᠳᠠᠭᠠᠳᠤ᠎ᠳᠠᠬᠢ ᠳᠤᠮᠳᠠᠲᠤ ᠤᠯᠤᠰ᠎ᠤᠨ ᠰᠤᠳᠤᠯᠤᠯ᠎ᠤᠨ ᠬᠥᠭ᠌ᠵᠢᠯᠲᠡ᠎ᠶ᠋ᠢ ᠲᠡᠮᠵᠢᠨ᠎ᠠ᠃ ᠣᠷᠣᠨ ᠪᠦᠰᠡ ᠪᠠ ᠤᠯᠤᠰ᠎ᠤᠨ ᠢᠯᠭᠠᠯ᠎ᠤᠨ ᠰᠤᠳᠤᠯᠭᠠᠨ᠎ᠢ ᠴᠢᠩᠭᠠᠳᠭᠠᠨ᠎ᠠ᠃
ᠬᠦᠰᠦᠨᠦᠭ᠌ᠲᠦ 14 ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌
01 ᠨᠠᠮ᠎ᠤᠨ ᠱᠢᠨ᠎ᠡ ᠡᠬᠦᠳᠦᠯᠳᠠ᠎ᠶ᠋ᠢᠨ ᠣᠨᠣᠯ᠎ᠤᠨ ᠰᠤᠳᠤᠯᠭᠠᠨ ᠲᠠᠢᠯᠪᠤᠷᠢᠯᠠᠯᠲᠠ
《ᠰᠢ᠎ᠶ᠋ᠢᠨ ᠫᠢᠩ᠎ᠤᠨ ᠵᠣᠬᠢᠶᠠᠯ᠎ᠤᠨ ᠲᠡᠭᠦᠪᠦᠷᠢ》᠂ 《ᠰᠢ᠎ᠶ᠋ᠢᠨ ᠫᠢᠩ ᠲᠦᠷᠦ᠍᠎ᠶ᠋ᠢ ᠵᠠᠰᠠᠬᠤ ᠲᠤᠬᠠᠢ》 ᠵᠡᠷᠭᠡ ᠴᠢᠬᠤᠯᠠ ᠵᠣᠬᠢᠶᠠᠯ᠎ᠢ ᠦᠷᠭᠦᠯᠵᠢᠯᠡᠨ ᠨᠠᠢᠷᠠᠭᠤᠯᠤᠨ ᠬᠡᠪᠯᠡᠭᠦᠯᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠬᠦᠷᠢᠶ᠎ᠠ ᠬᠤᠪᠢᠶᠠᠭ᠍ᠰᠠᠨ ᠦᠵᠡᠯ ᠰᠠᠨᠠᠭᠠᠨ᠎ᠤ ᠤᠳᠤᠷᠢᠳᠭᠠᠯ᠂ ᠰᠤᠷᠤᠯᠴᠠᠬᠤ ᠬᠦᠲᠦᠯᠪᠦᠷᠢ᠂ ᠰᠤᠷᠤᠯᠴᠠᠬᠤ ᠠᠰᠠᠭᠤᠯᠲᠠ ᠬᠠᠷᠢᠭᠤᠯᠲᠠ ᠵᠡᠷᠭᠡ ᠱᠢᠷᠢᠰ ᠤᠨᠤᠯ᠎ᠤᠨ ᠤᠩᠱᠢᠬᠤ ᠪᠢᠴᠢᠭ᠎ᠢ ᠨᠠᠢᠷᠠᠭᠤᠯᠤᠨ ᠪᠢᠴᠢᠬᠦ᠌ ᠪᠠ ᠵᠠᠰᠠᠨ ᠲᠤᠭ᠍ᠲᠠᠭᠠᠵᠤ᠂ ᠭᠠᠳᠠᠭᠠᠳᠤ᠎ᠳᠤ ᠣᠷᠴᠢᠭᠤᠯᠤᠨ ᠬᠡᠪᠯᠡᠭᠦᠯᠬᠦ᠌ ᠪᠠ ᠭᠠᠳᠠᠭᠠᠳᠤ᠎ᠳᠤ ᠤᠯᠠᠮᠵᠢᠯᠠᠨ ᠲᠠᠷᠬᠠᠭᠠᠬᠤ᠎ᠶ᠋ᠢ ᠴᠢᠩᠭᠠᠳᠭᠠᠨ᠎ᠠ᠃
02 ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌᠎ᠶ᠋ᠢ ᠬᠥᠲᠥᠯᠥᠨ ᠵᠢᠯᠣᠭᠤᠳᠴᠤ᠌ ᠲᠡᠳᠬᠦᠨ ᠳᠡᠮᠵᠢᠬᠦ᠌
ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ 《ᠲᠠᠪᠤᠨ ᠨᠢᠭᠡ᠎ᠶ᠋ᠢᠨ ᠢᠨᠵᠧᠨᠧᠷᠢᠩ》᠂ ᠤᠯᠤᠰ᠎ᠤᠨ ᠤᠷᠠᠨ ᠵᠢᠷᠤᠭ᠎ᠤᠨ ᠰᠣᠩᠭᠤᠳᠠᠭ ᠵᠤᠬᠢᠶᠠᠯ᠎ᠤᠨ ᠰᠠᠩ᠎ᠤᠨ ᠲᠥᠯᠥᠪᠯᠡᠭᠡ᠂ ᠰᠢ ᠵᠦᠴᠦᠭᠡ᠎ᠶ᠋ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭᠠᠨ᠎ᠤ ᠲᠥᠯᠥᠪᠯᠡᠭᠡ᠎ᠶ᠋ᠢ ᠭᠦᠨᠵᠡᠭᠡᠢᠷᠡᠬᠦᠯᠦᠨ ᠬᠡᠷᠡᠭ᠌ᠵᠢᠭᠦᠯᠦᠨ᠎ᠡ᠃ ᠱᠢᠨ᠎ᠡ ᠴᠠᠭ ᠦᠶ᠎ᠡ᠎ᠶ᠋ᠢᠨ ᠠᠭᠤᠯᠠᠨ ᠨᠤᠲᠤᠭ᠎ᠤᠨ ᠠᠤᠭ᠎ᠠ ᠬᠤᠪᠢᠷᠠᠯᠲᠠ᠎ᠶ᠋ᠢᠨ ᠵᠣᠬᠢᠶᠠᠨ ᠪᠦᠲᠦᠭᠡᠯᠭᠡ᠂ ᠱᠢᠨ᠎ᠡ ᠴᠠᠭ ᠦᠶ᠎ᠡ᠎ᠶ᠋ᠢᠨ ᠤᠳᠭ᠎ᠠ ᠵᠣᠬᠢᠶᠠᠯ᠎ᠤᠨ ᠠᠪᠠᠷᠢᠯᠲᠠ ᠵᠡᠷᠭᠡ ᠲᠥᠰᠦᠯ᠎ᠢ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ 100 ᠰᠣᠩᠭᠤᠳᠠᠭ ᠪᠠᠷᠢᠮᠲᠠᠲᠤ ᠺᠢᠨᠣ᠋᠂ 100 ᠱᠢᠯᠢᠳᠡᠭ ᠺᠠᠷᠲ᠋ᠣᠨ ᠵᠢᠷᠤᠭ᠎ᠤᠨ ᠪᠦᠲᠦᠭᠡᠯ ᠪᠠ ᠱᠢᠷᠢᠰ ᠱᠢᠯᠢᠳᠡᠭ ᠺᠢᠨᠦ᠌ ᠲᠧᠯᠸᠢᠰ᠎ᠤᠨ ᠫᠷᠤᠭ᠌ᠷᠠᠮ᠂ ᠪᠢᠴᠢᠯ ᠣᠬᠤᠷ ᠵᠦᠴᠦᠭᠡ᠎ᠶ᠋ᠢ ᠵᠣᠬᠢᠶᠠᠨ ᠪᠠᠢᠭᠤᠯᠵᠤ ᠵᠣᠬᠢᠶᠠᠨ ᠪᠦᠲᠦᠭᠡᠨ᠎ᠡ᠃
03 ᠣᠯᠠᠨ ᠨᠡᠢᠲᠡ᠎ᠶ᠋ᠢᠨ ᠰᠣᠶᠣᠯ᠎ᠤᠨ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ
ᠲᠥᠪ᠎ᠤᠨ ᠳᠠᠩᠰᠠ ᠡᠪᠬᠡᠮᠡᠯ᠎ᠤᠨ ᠭᠠᠵᠠᠷ᠎ᠤᠨ ᠱᠢᠨ᠎ᠡ ᠣᠷᠳᠣᠨ᠂ ᠤᠯᠤᠰ᠎ᠤᠨ ᠪᠠᠢᠭᠠᠯᠢ᠎ᠶ᠋ᠢᠨ ᠮᠦᠽᠧᠶ᠎ᠶ᠋ᠢᠨ ᠱᠢᠨ᠎ᠡ ᠣᠷᠳᠣᠨ᠂ ᠤᠯᠤᠰ᠎ᠤᠨ ᠲᠤᠯᠭᠤᠷ ᠪᠢᠴᠢᠭ᠎ᠤᠨ ᠨᠥᠭᠡᠴᠡ ᠬᠥᠮᠥᠷᠭᠡ᠎ᠶ᠋ᠢ ᠪᠠᠢᠭᠤᠯᠤᠨ ᠪᠦᠲᠦᠭᠡᠵᠤ᠂ ᠤᠯᠤᠰ᠎ᠤᠨ ᠤᠷᠠᠨ ᠵᠢᠷᠤᠭ᠎ᠤᠨ ᠣᠷᠳᠣᠨ᠎ᠢ ᠪᠠᠢᠭᠤᠯᠤᠨ᠎ᠠ᠃ ᠣᠯᠠᠨ ᠨᠡᠢᠲᠡ᠎ᠶ᠋ᠢᠨ ᠨᠣᠮ᠎ᠤᠨ ᠰᠠᠩ᠂ ᠰᠣᠶᠣᠯ᠎ᠤᠨ ᠣᠷᠳᠣᠨ ᠪᠠ ᠱᠢᠨ᠎ᠡ ᠬᠡᠯᠪᠡᠷᠢ᠎ᠶ᠋ᠢᠨ ᠣᠯᠠᠨ ᠨᠡᠢᠲᠡ᠎ᠶ᠋ᠢᠨ ᠰᠣᠶᠣᠯ᠎ᠤᠨ ᠣᠷᠣᠨ ᠵᠠᠢ᠎ᠶ᠋ᠢᠨ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠵᠦ᠍᠂ ᠳᠤᠮᠳᠠ ᠵᠢᠵᠢᠭ ᠮᠦᠽᠧᠢ᠎ᠶ᠋ᠢ ᠳᠡᠭᠡᠭ᠌ᠰᠢᠯᠡᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠦᠨ᠎ᠡ᠃
04 ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠵᠤ ᠠᠱᠢᠭ᠍ᠯᠠᠬᠤ
ᠤᠯᠤᠰ᠎ᠤᠨ ᠰᠣᠶᠣᠯ᠎ᠤᠨ ᠥᠪ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠂ ᠤᠯᠤᠰ᠎ᠤᠨ ᠱᠢᠶᠠ ᠱᠠᠩ᠎ᠤᠨ ᠪᠣᠯᠪᠠᠰᠤᠨ᠎ᠤ ᠬᠠᠭᠤᠴᠢ ᠰᠤᠳᠤᠯᠤᠯ᠎ᠤᠨ ᠲᠥᠪ᠎ᠢ ᠪᠠᠢᠭᠤᠯᠤᠨ᠎ᠠ᠃ ᠬᠠᠲᠤᠨ ᠭᠤᠤᠯ᠎ᠤᠨ ᠪᠠᠷᠠᠭᠤᠨ ᠬᠦᠨᠳᠡᠢ᠎ᠶ᠋ᠢᠨ ᠤᠯᠤᠰ᠎ᠤᠨ ᠰᠣᠶᠣᠯ᠎ᠤᠨ ᠥᠪ᠎ᠤᠨ ᠵᠠᠮ ᠱᠤᠭᠤᠮ ᠪᠠ ᠱᠤ᠌ ᠤᠯᠤᠰ᠎ᠤᠨ ᠵᠠᠮ᠂ ᠴᠢᠨ ᠤᠯᠤᠰ᠎ᠤᠨ ᠱᠢᠯᠤᠭᠤᠨ ᠵᠠᠮ ᠵᠡᠷᠭᠡ᠎ᠶ᠋ᠢᠨ ᠪᠦᠬᠦᠯᠢ ᠴᠣᠭ᠍ᠴᠠᠲᠤ ᠴᠢᠨᠠᠷᠲᠠᠶ ᠬᠠᠮᠠᠭᠠᠯᠠᠯᠲᠠ᠎ᠶ᠋ᠢ ᠴᠢᠩᠭᠠᠳᠭᠠᠨ᠎ᠠ᠃ 《ᠳᠤᠮᠳᠠᠳᠤ ᠤᠯᠤᠰ᠎ᠤᠨ ᠪᠠᠷᠢᠭ᠍ᠰᠠᠨ》 ᠭᠤᠤᠯᠳᠠᠯᠭ᠎ᠠ᠎ᠲᠠᠢ ᠲᠥᠯᠥᠪᠯᠡᠭᠡ᠎ᠶ᠋ᠢ ᠬᠡᠷᠡᠭ᠌ᠵᠢᠭᠦᠯᠦᠨ᠎ᠡ᠃ 《ᠶᠦᠡᠭ ᠯᠧᠶ᠋ᠢᠨ ᠪᠦᠷᠢᠨ ᠪᠢᠴᠢᠭ》᠂ ᠳ᠋ᠦᠨᠬᠤᠸᠠᠩ᠎ᠤᠨ ᠲᠤᠯᠭᠤᠷ ᠪᠢᠴᠢᠭ᠂ ᠬᠤᠯᠤᠰᠤᠨ ᠴᠤᠭᠤᠳᠠᠰᠤ᠎ᠲᠤ ᠲᠤᠯᠭᠤᠷ ᠪᠢᠴᠢᠭ᠎ᠢ ᠬᠠᠮᠠᠭᠠᠯᠠᠨ ᠡᠮᠬᠢᠯᠡᠵᠦ᠍ ᠬᠡᠪᠯᠡᠭᠦᠯᠬᠦ᠌ ᠠᠵᠢᠯ᠎ᠢ ᠱᠢᠰᠲ᠋ᠧᠮ᠎ᠲᠠᠢ ᠠᠬᠢᠭᠤᠯᠤᠨ᠎ᠠ᠃ ᠬᠤᠪᠢᠰᠭᠠᠯ᠎ᠤᠨ ᠴᠢᠬᠤᠯᠠ ᠬᠠᠭᠤᠴᠢᠨ ᠪᠠᠭᠤᠷᠢ᠎ᠶ᠋ᠢ ᠰᠡᠯᠪᠢᠨ ᠵᠠᠰᠠᠬᠤ ᠪᠠ ᠨᠤᠮ᠎ᠤᠨ ᠰᠠᠩ ᠮᠦᠽᠧᠶ᠎ᠳᠤ ᠬᠠᠳᠠᠭᠠᠯᠠᠭ᠍ᠳᠠᠵᠤ ᠪᠠᠢᠭ᠎ᠠ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯ᠎ᠢ ᠵᠠᠰᠠᠨ ᠰᠡᠷᠭᠦᠭᠡᠬᠦ᠌ ᠲᠥᠯᠥᠪᠯᠡᠭᠡ᠎ᠶ᠋ᠢ ᠬᠡᠷᠡᠭ᠌ᠵᠢᠭᠦᠯᠦᠨ᠎ᠡ᠃ ᠤᠯᠤᠰ᠎ᠤᠨ ᠲᠡᠦᠬᠡ᠎ᠶ᠋ᠢᠨ ᠲᠤᠷᠠᠰᠭᠠᠯ᠎ᠲᠤ ᠵᠦᠢᠯ᠎ᠤᠨ ᠡᠬᠢ ᠪᠠᠶᠠᠯᠢᠭ᠎ᠤᠨ ᠲᠤᠮᠤ ᠳ᠋ᠠᠢᠲ᠋ᠠ ᠬᠦᠮᠦᠷᠭᠡ᠎ᠶ᠋ᠢ ᠪᠠᠢᠭᠤᠯᠤᠨ᠎ᠠ᠃ ᠳᠡᠯᠡᠬᠡᠶ᠎ᠶ᠋ᠢᠨ ᠰᠣᠶᠣᠯ᠎ᠤᠨ ᠥᠪ ᠪᠠ ᠨᠢᠭᠡ ᠪᠦᠯᠦᠭ ᠲᠡᠦᠬᠡ ᠰᠣᠶᠣᠯ᠎ᠤᠨ ᠨᠡᠷᠡᠲᠦ ᠬᠤᠲᠠ᠂ ᠵᠡᠭᠡᠯᠢ ᠲᠣᠭᠤᠷᠢᠭ᠂ ᠲᠣᠰᠭᠤᠨ ᠪᠠᠯᠭᠠᠰᠤ᠎ᠶ᠋ᠢ ᠬᠠᠮᠠᠭᠠᠯᠠᠨ ᠳᠡᠭᠡᠭ᠌ᠰᠢᠯᠡᠭᠦᠯᠦᠨ᠎ᠡ᠃
05 ᠰᠣᠶᠣᠯ ᠪᠠ ᠵᠢᠭᠤᠯᠴᠢᠯᠠᠯ᠎ᠢ ᠭᠦᠨᠵᠡᠭᠡᠶ ᠠᠭᠤᠰᠤᠯᠴᠠᠭᠤᠯᠤᠨ ᠬᠥᠭ᠌ᠵᠢᠭᠦᠯᠬᠦ᠌
ᠴᠢᠨᠠᠷ ᠰᠠᠢᠲᠠᠶ ᠰᠣᠶᠣᠯ᠎ᠤᠨ ᠡᠬᠢ ᠪᠠᠶᠠᠯᠢᠭ᠎ᠲᠤ ᠲᠦᠱᠢᠭ᠌ᠯᠡᠨ᠂ ᠬᠠᠳᠠᠭᠠᠯᠠᠯᠲᠠ ᠲᠥᠬᠦᠭᠡᠷᠦᠮᠵᠢ᠎ᠶ᠋ᠢ ᠠᠮᠢᠳᠤᠯᠢᠭ ᠪᠤᠯᠭᠠᠨ ᠠᠱᠢᠭ᠍ᠯᠠᠵᠤ᠂ ᠵᠢᠭᠤᠯᠴᠢᠯᠠᠯ ᠰᠡᠯᠡᠭᠦᠴᠡᠯ᠎ᠤᠨ ᠬᠤᠲᠠ ᠪᠠ ᠵᠡᠭᠡᠯᠢ ᠲᠣᠭᠤᠷᠢᠭ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠨᠢᠭᠡ ᠪᠦᠯᠦᠭ ᠦᠨᠳᠦᠷ ᠴᠢᠨᠠᠷ ᠴᠢᠨᠰᠠᠭ᠎ᠠ ᠪᠦᠬᠦᠢ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠠ ᠠᠮᠠᠷᠠᠯᠲᠠ᠎ᠶ᠋ᠢᠨ ᠣᠷᠣᠨ᠎ᠢ ᠪᠤᠢᠵᠢᠭᠤᠯᠵᠤ᠂ ᠨᠢᠭᠡ ᠪᠦᠯᠦᠭ ᠰᠣᠳᠣᠨ ᠵᠢᠭᠤᠯᠴᠢᠯᠠᠯ᠎ᠤᠨ ᠵᠠᠮ ᠱᠤᠭᠤᠮ ᠪᠠ ᠦᠢᠯᠡᠳᠬᠦᠨ᠎ᠢ ᠪᠤᠢ ᠪᠣᠯᠭᠠᠨ᠎ᠠ᠃
ᠠᠷᠪᠠᠨ ᠨᠢᠭᠡᠳᠦᠭᠡᠷ ᠠᠩᠬᠢ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠡᠭᠦᠯᠳᠡᠷᠵᠢᠭᠦᠯᠵᠤ ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
ᠬᠦᠮᠦᠨ ᠠᠮᠠ᠎ᠶ᠋ᠢᠨ ᠨᠠᠰᠤᠵᠢᠯᠲᠠ ᠪᠠ ᠬᠡᠦᠬᠡᠳ ᠴᠥᠬᠡᠷᠡᠯᠲᠡᠶ᠋ᠢ ᠠᠷᠭᠠᠴᠠᠬᠤ᠎ᠪᠠᠷ ᠭᠤᠣᠯᠳᠠᠯᠭ᠎ᠠ ᠪᠣᠯᠭᠠᠨ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠪᠦᠬᠦ᠌ ᠬᠥᠮᠦᠰ᠂ ᠪᠦᠬᠦ᠌ ᠠᠮᠢ ᠨᠠᠰᠤᠨ᠎ᠤ ᠦᠶᠡᠯᠡᠯ᠎ᠢ ᠬᠠᠮᠤᠷᠤᠭ᠍ᠰᠠᠨ ᠬᠥᠮᠦᠨ ᠠᠮᠠ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠵᠦ᠍᠂ ᠬᠥᠮᠦᠨ ᠠᠮᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠬᠥᠮᠦᠨ ᠠᠮᠠ᠎ᠶ᠋ᠢᠨ ᠬᠡᠪ ᠴᠢᠨᠠᠷ᠎ᠢ ᠳᠡᠭᠡᠭ᠌ᠰᠢᠯᠡᠭᠦᠯᠦᠨ᠂ ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠲᠤᠯᠭᠠᠭᠤᠷᠢᠯᠠᠨ᠎ᠠ᠃
ᠭᠤᠴᠢᠨ ᠳᠣᠯᠣᠳᠤᠭᠠᠷ ᠪᠦᠯᠦᠭ ᠦᠷᠡᠵᠢᠯ᠎ᠳᠤ ᠡᠭᠡᠯᠢᠲᠡᠢ ᠨᠡᠢᠭᠡᠮ᠎ᠢ ᠪᠠᠢᠭᠤᠯᠤᠨ᠎ᠠ
ᠦᠷᠡᠵᠢᠯ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠪᠠ ᠤᠷᠮᠠᠱᠢᠭᠤᠯᠬᠤ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠵᠦ᠍᠂ ᠬᠡᠷ ᠪᠦᠯᠢ᠎ᠶ᠋ᠢᠨ ᠬᠡᠦᠬᠡᠳ ᠲᠦᠷᠦᠭᠦ᠌ ᠥᠰᠭᠡᠵᠦ᠍ ᠬᠦᠮᠦᠵᠢᠭᠦᠯᠭᠦ᠌ ᠰᠤᠷᠭᠠᠨ ᠬᠦᠮᠦᠵᠢᠭᠦᠯᠭᠦ᠌ ᠥᠪᠡᠷ᠎ᠤᠨ ᠥᠷᠲᠡᠭ᠎ᠢ ᠪᠦᠲᠦᠮᠵᠢᠲᠡᠶ᠎ᠪᠠᠷ ᠪᠠᠭᠤᠷᠠᠭᠤᠯᠵᠤ᠂ ᠱᠢᠨ᠎ᠡ᠎ᠪᠠᠷ ᠲᠦᠷᠦᠬᠦ᠌ ᠬᠥᠮᠦᠨ ᠠᠮᠠ᠎ᠶ᠋ᠢᠨ ᠬᠡᠪᠴᠢᠶ᠎ᠡ᠎ᠶ᠋ᠢ ᠴᠢᠷᠮᠠᠢᠨ ᠲᠤᠭ᠍ᠲᠠᠭᠤᠨ ᠪᠠᠢᠯᠭᠠᠵᠤ᠂ ᠬᠥᠮᠦᠨ ᠠᠮᠠ᠎ᠶ᠋ᠢᠨ ᠤᠷᠳᠤ ᠬᠤᠭᠤᠴᠠᠭᠠᠨ᠎ᠤ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠦᠷᠡᠵᠢᠯ᠎ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ
ᠦᠷᠡᠵᠢᠯ᠎ᠳᠤ ᠡᠭᠡᠯᠢᠲᠡᠢ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ᠎ᠶ᠋ᠢ ᠪᠠᠷᠢᠮᠲᠠᠯᠠᠵᠤ᠂ ᠦᠷᠡᠵᠢᠯ᠎ᠢ ᠳᠡᠮᠵᠢᠬᠦ᠌᠎ᠶ᠋ᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠡᠯ᠎ᠡ ᠵᠦᠢᠯ᠎ᠤᠨ ᠲᠦᠷᠦ᠍᠎ᠶ᠋ᠢᠨ ᠪᠤᠳᠤᠯᠭ᠎ᠠ᠎ᠳᠤ ᠠᠭᠤᠰᠤᠯᠴᠠᠭᠤᠯᠬᠤ᠎ᠶ᠋ᠢ ᠠᠬᠢᠭᠤᠯᠤᠨ᠎ᠠ᠃ ᠬᠡᠦᠬᠡᠳ ᠪᠤᠢᠵᠢᠭᠤᠯᠬᠤ ᠨᠥᠬᠦᠪᠥᠷᠢ ᠪᠠ ᠨᠢᠯᠬ᠎ᠠ ᠨᠢᠷᠠᠢ ᠬᠡᠦᠬᠡᠳ᠎ᠢ ᠬᠠᠷᠠᠭᠠᠯᠵᠠᠨ ᠠᠰᠠᠷᠠᠬᠤ᠂ ᠦᠷ᠎ᠡ ᠬᠡᠦᠬᠡᠳ᠎ᠤᠨ ᠰᠤᠷᠭᠠᠨ ᠬᠥᠮᠦᠵᠢᠯ᠎ᠤᠨ ᠬᠤᠪᠢ ᠬᠥᠮᠦᠨ᠎ᠤ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠲᠤᠰᠭᠠᠢ ᠵᠦᠢᠯ᠎ᠤᠨ ᠨᠡᠮᠡᠯᠲᠡ ᠰᠠᠭᠤᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ ᠬᠥᠳᠡᠯᠦᠩᠭᠦᠶ᠎ᠪᠠᠷ ᠲᠣᠬᠢᠷᠠᠭᠤᠯᠬᠤ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠤᠨ᠎ᠠ᠃ ᠦᠷᠡᠵᠢᠯ᠎ᠤᠨ ᠳᠠᠭᠠᠳᠭᠠᠯ᠎ᠤᠨ ᠳᠦᠷᠢᠮ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠬᠥᠩᠭᠡᠵᠢᠬᠦ᠌᠎ᠠᠴᠠ ᠡᠮᠦᠨᠡᠬᠢ ᠪᠠᠢᠴᠠᠭᠠᠯᠲᠠ᠎ᠶ᠋ᠢᠨ ᠡᠮᠨᠡᠯᠭᠡ᠎ᠶ᠋ᠢᠨ ᠵᠠᠷᠤᠳᠠᠯ᠎ᠢ ᠪᠠᠲᠤᠯᠠᠬᠤ ᠲᠦᠪᠱᠢᠨ᠎ᠢ ᠵᠣᠬᠢᠰᠲᠠᠶ ᠳᠡᠭᠡᠭ᠌ᠰᠢᠯᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ ᠳᠣᠲᠣᠷ᠎ᠠ ᠡᠮᠨᠡᠯᠭᠡ᠎ᠳᠤ ᠰᠠᠭᠤᠵᠤ ᠬᠥᠩᠭᠡᠵᠢᠬᠦ᠌᠎ᠳᠤ ᠬᠤᠪᠢ ᠬᠥᠮᠦᠨ᠎ᠤ 《ᠥᠪᠡᠷ᠎ᠢᠶᠠᠨ ᠳᠥᠯᠥᠬᠦ᠌ ᠵᠠᠷᠤᠳᠠᠯ ᠥᠬᠡᠶ》 ᠪᠠᠢᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠬᠥᠩᠭᠡᠵᠢᠬᠦ᠌᠎ᠳᠤ ᠡᠪᠡᠳᠬᠦ᠌᠎ᠶ᠋ᠢ ᠵᠣᠭ᠍ᠰᠣᠭᠠᠬᠤ ᠳᠤᠬᠠᠢ ᠲᠣᠬᠢᠷᠠᠮᠵᠢᠲᠠᠶ ᠵᠦᠢᠯᠡᠰ᠎ᠢ ᠳᠠᠭᠠᠳᠭᠠᠯ᠎ᠤᠨ ᠬᠡᠪᠴᠢᠶᠡᠨ᠎ᠳᠤ ᠣᠷᠣᠭᠤᠯᠤᠨ᠎ᠠ᠃ ᠦᠷᠡᠵᠢᠯ᠎ᠤᠨ ᠠᠮᠠᠷᠠᠯᠲᠠ᠎ᠶ᠋ᠢᠨ ᠳᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠥᠮᠦᠨ ᠬᠡᠷᠡᠭ᠌ᠯᠡᠬᠦ᠌ ᠨᠢᠭᠡᠴᠢ᠎ᠶ᠋ᠢᠨ 3 ᠨᠠᠰᠤᠨ᠎ᠠᠴᠠ ᠳᠣᠭᠤᠭ᠍ᠰᠢᠬᠢ ᠨᠢᠯᠬ᠎ᠠ ᠨᠢᠷᠠᠢ ᠬᠡᠦᠬᠡᠳ᠎ᠤᠨ ᠡᠴᠢᠭᠡ ᠡᠬᠡ ᠠᠵᠢᠯᠲᠠᠨ ᠠᠵᠢᠯᠴᠢᠨ᠎ᠳᠤ ᠬᠠᠷᠢᠮᠠᠬᠠᠶ ᠴᠢᠨᠠᠷᠲᠠᠶ ᠠᠵᠢᠯ᠎ᠤᠨ ᠳᠦᠷᠢᠮ ᠬᠡᠷᠡᠭ᠌ᠵᠢᠭᠦᠯᠬᠦ᠌᠎ᠶ᠋ᠢ ᠵᠣᠷᠢᠠᠠᠵᠢᠭᠤᠯᠤᠨᠠ᠃ ᠦᠷᠡᠵᠢᠯ᠎ᠤᠨ ᠴᠢᠳᠠᠪᠤᠷᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠵᠢᠷᠮᠦᠰᠦᠨᠤ ᠠᠩᠬᠠᠨ᠎ᠤ ᠦᠶ᠎ᠡ᠎ᠶ᠋ᠢᠨ ᠬᠠᠯᠠᠮᠵᠢᠯᠠᠨ ᠬᠠᠢᠷᠠᠯᠠᠬᠤ ᠠᠵᠢᠯᠯᠠᠭ᠎ᠠ᠂ ᠵᠢᠷᠮᠦᠰᠦᠯᠡᠵᠦ᠍ ᠬᠦᠡᠭ᠌ᠭᠡᠵᠢᠬᠦ᠌ ᠴᠢᠳᠠᠪᠤᠷᠢ ᠪᠠ ᠵᠡᠷᠡᠮᠳᠡᠭ ᠬᠡᠦᠬᠡᠳ ᠲᠦᠷᠦᠭᠦ᠎ᠶ᠋ᠢ ᠰᠡᠷᠭᠡᠢᠯᠡᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠨᠢᠯᠬ᠎ᠠ ᠬᠡᠦᠬᠡᠳ᠎ᠤᠨ ᠦᠬᠦᠯ᠎ᠤᠨ ᠨᠣᠷᠮ᠎ᠠ᠂ ᠵᠢᠷᠮᠦᠰᠦᠨ ᠡᠮᠡᠭ᠌ᠳᠠᠢ ᠪᠠ ᠬᠦᠡᠭ᠌ᠭᠡᠵᠢᠭ᠌ᠰᠡᠨ ᠡᠮᠡᠭ᠌ᠲᠡᠶ᠎ᠶ᠋ᠢᠨ ᠦᠬᠦᠯ᠎ᠤᠨ ᠨᠣᠷᠮ᠎ᠠ᠎ᠶ᠋ᠢ ᠲᠣᠰ ᠲᠣᠰ 3.5‰᠂ 12/10 ᠲᠦᠮᠡ᠎ᠠᠴᠠ ᠳᠣᠭᠤᠭ᠍ᠰᠢ ᠪᠣᠯᠲᠠᠯ᠎ᠠ ᠪᠠᠭᠤᠷᠠᠭᠤᠯᠤᠨ᠎ᠠ᠃ ᠲᠤᠰᠠᠯᠠᠬᠤ ᠦᠷᠡᠵᠢᠯ᠎ᠤᠨ ᠮᠡᠷᠭᠡᠵᠢᠯ᠎ᠢ ᠵᠢᠷᠤᠮᠵᠢᠭᠤᠨ ᠡᠮᠬᠢ ᠵᠢᠷᠤᠮ᠎ᠲᠠᠢ ᠬᠡᠷᠡᠭ᠌ᠯᠡᠬᠦ᠌᠎ᠶ᠋ᠢ ᠠᠬᠢᠭᠤᠯᠵᠤ᠂ ᠡᠮᠨᠡᠯᠭᠡ᠎ᠶ᠋ᠢᠨ ᠵᠠᠷᠤᠳᠠᠯ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ᠃ ᠨᠢᠯᠬ᠎ᠠ ᠨᠢᠷᠠᠢ ᠬᠡᠦᠬᠡᠳ᠎ᠤᠨ ᠦᠨᠳᠦᠰᠦᠨ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠬᠤ᠎ᠳᠤ ᠲᠡᠳᠭᠦᠮᠵᠢ ᠬᠠᠩᠭᠠᠬᠤ᠎ᠶ᠋ᠢ ᠰᠦᠪᠡᠭ᠌ᠴᠢᠯᠡᠨ᠎ᠡ ᠃
ᠬᠤᠶᠠᠳᠤᠭᠠᠷ ᠬᠡᠰᠡᠭ ᠨᠢᠯᠬᠠᠰ᠎ᠢ ᠪᠤᠢᠵᠢᠭᠤᠯᠬᠤ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠦᠨ᠎ᠡ
ᠲᠦᠭᠡᠮᠡᠯ ᠬᠠᠷᠠᠭᠠᠯᠵᠠᠯᠳᠤ ᠨᠠᠢᠳᠠᠨ ᠬᠦᠮᠦᠵᠢᠭᠦᠯᠬᠦ᠌ ᠦᠢᠯᠡᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠲᠦᠷᠭᠡᠳᠭᠡᠵᠦ᠍᠂ ᠦᠢᠯᠡᠴᠢᠯᠡᠭᠡᠨ᠎ᠤ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠤᠯᠠᠨ ᠠᠷᠭ᠎ᠠ ᠵᠠᠮ᠎ᠢᠶᠠᠷ ᠥᠷᠭᠡᠳᠭᠡᠨ᠎ᠡ᠃ ᠠᠯᠪᠠᠨ᠎ᠠᠴᠠ ᠡᠷᠬᠢᠯᠡᠭ᠌ᠰᠡᠨ ᠨᠠᠢᠳᠠᠨ ᠬᠦᠮᠦᠵᠢᠭᠦᠯᠬᠦ᠌ ᠭᠠᠵᠠᠷ᠎ᠤᠨ ᠡᠯᠰᠡᠬᠦ᠌ ᠣᠷᠣᠨ ᠲᠤᠭ᠎ᠠ᠎ᠶ᠋ᠢᠨ ᠬᠠᠩᠭᠠᠯᠭ᠎ᠠ᠎ᠶ᠋ᠢ ᠴᠢᠩᠭᠠᠳᠭᠠᠵᠤ᠂ ᠬᠡᠦᠬᠡᠳ᠎ᠤᠨ ᠴᠡᠴᠡᠷᠯᠢᠭ᠎ᠤᠨ ᠨᠠᠢᠳᠠᠯᠭ᠎ᠠ᠎ᠶ᠋ᠢᠨ ᠬᠦᠮᠦᠵᠢᠯ ᠪᠠ ᠴᠡᠴᠡᠷᠯᠢᠭ᠎ᠤᠨ ᠬᠦᠮᠦᠵᠢᠯ᠎ᠢ ᠨᠢᠭᠡ ᠴᠤᠬ᠍ᠴᠠᠵᠢᠭᠤᠯᠤᠬ᠍ᠰᠠᠨ ᠦᠢᠯᠡᠴᠢᠯᠡᠭᠡ᠎ᠶ᠋ᠢ ᠬᠥᠭ᠌ᠵᠢᠭᠦᠯᠬᠦ᠌᠎ᠶ᠋ᠢ ᠳᠠᠮᠵᠢᠵᠤ᠂ 2 — 3ᠨᠠᠰᠤᠨ᠎ᠤ ᠨᠢᠯᠬ᠎ᠠ ᠬᠡᠦᠬᠡᠳ᠎ᠢ ᠡᠯᠰᠡᠬᠦ᠌᠎ᠶ᠋ᠢ ᠵᠣᠷᠢᠠᠠᠵᠢᠭᠤᠯᠤᠨᠠ᠃ ᠨᠡᠢᠭᠡᠮ᠎ᠤᠨ ᠬᠦᠴᠦᠨ᠎ᠤ ᠣᠯᠠᠨ ᠡᠱᠢᠴᠢᠯᠡᠭ᠌ᠰᠡᠨ ᠲᠦᠭᠡᠮᠡᠯ ᠬᠠᠷᠠᠭᠠᠯᠵᠠᠯᠲᠤ ᠨᠠᠢᠳᠠᠨ ᠬᠦᠮᠦᠵᠢᠭᠦᠯᠬᠦ᠌ ᠦᠢᠯᠡᠴᠢᠯᠡᠭᠡ ᠬᠠᠩᠭᠠᠬᠤ᠎ᠶ᠋ᠢ ᠳᠡᠮᠵᠢᠵᠦ᠍᠂ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠨᠠᠢᠳᠠᠨ ᠬᠦᠮᠦᠵᠢᠭᠦᠯᠬᠦ᠌ ᠦᠢᠯᠡᠴᠢᠯᠡᠭᠡᠨ᠎ᠤ ᠪᠠᠢᠭᠤᠯᠤᠮᠵᠢ ᠡᠷᠬᠢᠯᠡᠬᠦ᠂ ᠨᠡᠢᠭᠡᠮ ᠲᠣᠭᠤᠷᠢᠭ᠎ᠲᠤ ᠱᠢᠭᠢᠳᠭᠡᠯ᠎ᠲᠦ ᠮᠠᠶᠢᠭ᠎ᠢᠶᠠᠷ ᠨᠠᠢᠳᠠᠨ ᠬᠦᠮᠦᠵᠢᠭᠦᠯᠬᠦ᠌ ᠪᠠ ᠭᠡᠷ ᠪᠦᠯᠢ᠎ᠳᠤ ᠨᠠᠢᠳᠠᠨ ᠬᠦᠮᠦᠵᠢᠭᠦᠯᠬᠦ᠌ ᠴᠡᠭ ᠭᠠᠷᠭᠠᠬᠤ ᠵᠡᠷᠭᠡ ᠣᠯᠠᠨ ᠵᠦᠢᠯ᠎ᠤᠨ ᠬᠡᠪ ᠵᠠᠭ᠍ᠪᠤᠷ᠎ᠢ ᠬᠥᠭ᠌ᠵᠢᠭᠦᠯᠦᠨ᠎ᠡ᠃ ᠨᠡᠢᠳᠡᠨ ᠬᠦᠮᠦᠵᠢᠭᠦᠯᠬᠦ᠌ ᠦᠢᠯᠡᠴᠢᠯᠡᠭᠡᠨ᠎ᠤ ᠨᠥᠬᠦᠪᠥᠷᠢ᠎ᠶ᠋ᠢᠨ ᠵᠢᠱ᠌ᠢᠶ᠎ᠡ ᠦᠵᠡᠭᠦᠯᠬᠦ᠌ ᠲᠤᠷᠱᠢᠯᠲᠠ᠎ᠶ᠋ᠢ ᠭᠦᠨᠵᠡᠭᠡᠢᠷᠡᠬᠦᠯᠦᠨ ᠥᠷᠨᠢᠭᠦᠯᠵᠦ᠍᠂ ᠲᠦᠭᠡᠮᠡᠯ ᠬᠠᠷᠠᠭᠠᠯᠵᠠᠯᠲᠤ ᠨᠠᠢᠳᠠᠨ ᠬᠦᠮᠦᠵᠢᠭᠦᠯᠬᠦ᠌ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠪᠦᠷᠢᠯᠳᠦᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠨᠠᠢᠳᠠᠨ ᠬᠦᠮᠦᠵᠢᠭᠦᠯᠬᠦ᠌ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠠᠢᠳᠠᠨ ᠬᠦᠮᠦᠵᠢᠭᠦᠯᠬᠦ᠌ ᠦᠢᠯᠡᠴᠢᠯᠡᠭᠡᠨ᠎ᠤ ᠠᠮᠤᠷ ᠲᠦᠪᠱᠢᠨ ᠴᠢᠨᠠᠷ ᠪᠠ ᠵᠢᠷᠤᠮᠵᠢᠯ᠎ᠲᠤ ᠴᠢᠨᠠᠷ᠎ᠢ ᠳᠡᠭᠡᠭ᠌ᠰᠢᠯᠡᠭᠦᠯᠦᠨ᠎ᠡ᠃ ᠨᠠᠢᠳᠠᠨ ᠬᠦᠮᠦᠵᠢᠭᠦᠯᠬᠦ᠌ ᠦᠢᠯᠡᠴᠢᠯᠡᠬᠡᠨ᠎ᠤ ᠬᠠᠤᠯᠢ ᠳᠤᠭ᠍ᠳᠠᠭᠠᠯᠳᠠᠶ᠋ᠢ ᠲᠦᠷᠬᠡᠳᠭᠡᠨ᠎ᠡ᠃
ᠭᠤᠷᠪᠠᠳᠤᠭᠠᠷ ᠬᠡᠰᠡᠭ ᠭᠡᠷ ᠪᠦᠯᠢ᠎ᠶ᠋ᠢᠨ ᠬᠥᠭ᠌ᠵᠢᠯᠲᠡ᠎ᠶ᠋ᠢᠨ ᠲᠦᠷᠦ᠍᠎ᠶ᠋ᠢᠨ ᠪᠤᠳᠤᠯᠭ᠎ᠠ ᠪᠠ ᠦᠷᠡᠵᠢᠯ᠎ᠳᠤ ᠡᠭᠡᠯᠢᠲᠡᠢ ᠣᠷᠴᠢᠨ ᠨᠥᠬᠦᠴᠡᠯ᠎ᠢ ᠲᠡᠭᠦᠯᠳᠡᠷᠵᠢᠭᠦᠯᠦᠨ᠎ᠡ
ᠭᠡᠷ ᠪᠦᠯᠢ᠎ᠶ᠋ᠢᠨ ᠬᠥᠭ᠌ᠵᠢᠯᠲᠡ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠦᠨ᠂ ᠵᠣᠬᠢᠬᠤ ᠨᠠᠰᠤᠨ᠎ᠳᠤ ᠤᠷᠤᠭ᠍ᠯᠠᠵᠤ ᠬᠡᠦᠬᠡᠳ ᠠᠪᠬᠤ᠂ ᠴᠢᠭᠢᠷᠠᠭ ᠲᠥᠷᠥᠭᠦᠯᠵᠦ᠍ ᠲᠣᠷᠨᠢᠭᠤᠨ ᠥᠰᠭᠡᠬᠦ᠌ ᠪᠠ ᠡᠷ᠎ᠡ ᠡᠮ᠎ᠡ ᠬᠤᠶᠠᠭᠤᠯᠠ᠎ᠪᠠᠨ ᠬᠡᠦᠬᠡᠳ ᠪᠤᠢᠵᠢᠭᠤᠯᠬᠤ ᠬᠠᠷᠢᠭᠤᠴᠠᠯᠭ᠎ᠠ᠎ᠶ᠋ᠢ ᠬᠠᠮᠲᠤ᠎ᠪᠠᠷ ᠡᠭᠦᠷᠭᠡᠯᠡᠬᠦ᠌᠎ᠶ᠋ᠢ ᠰᠠᠨᠠᠭᠠᠴᠢᠯᠠᠨ᠎ᠠ᠃ ᠱᠢᠨ᠎ᠡ ᠬᠡᠯᠪᠡᠷᠢ᠎ᠶ᠋ᠢᠨ ᠤᠷᠤᠭ ᠦᠷᠡᠵᠢᠯ᠎ᠤᠨ ᠰᠣᠶᠣᠯ᠎ᠢ ᠪᠤᠢᠵᠢᠭᠤᠯᠵᠤ᠂ ᠤᠷᠤᠭ ᠦᠷᠡᠵᠢᠯ᠎ᠤᠨ ᠢᠳᠡᠪᠬᠢᠲᠡᠶ ᠦᠵᠡᠯᠲᠡ᠎ᠶ᠋ᠢ ᠰᠠᠨᠠᠭᠠᠴᠢᠯᠠᠵᠤ᠂ ᠬᠤᠷᠢᠮ ᠪᠡᠯᠪᠡᠰᠦᠷᠡᠯ ᠳᠤᠮᠳᠠᠬᠢ ᠪᠤᠯᠬᠢ ᠳᠠᠳᠭᠠᠯ ᠵᠡᠷᠭᠡ ᠠᠰᠠᠭᠤᠳᠠᠯ᠎ᠢ ᠪᠦᠲᠦᠮᠵᠢᠲᠡᠶ ᠵᠠᠰᠠᠨ᠎ᠠ᠃ ᠣᠯᠠᠨ ᠦᠷ᠎ᠡ ᠬᠡᠦᠬᠡᠳ᠎ᠲᠠᠢ ᠭᠡᠷ ᠪᠦᠯᠢ᠎ᠶ᠋ᠢᠨ ᠦᠷ᠎ᠡ ᠬᠡᠦᠬᠡᠳ᠎ᠤᠨ ᠠᠳᠠᠯᠢ ᠨᠢᠭᠡ ᠰᠤᠷᠭᠠᠭᠤᠯᠢ᠎ᠳᠤ ᠰᠤᠷᠤᠯᠴᠠᠬᠤ᠂ ᠣᠷᠣᠨ ᠰᠠᠭᠤᠴᠠ᠎ᠶ᠋ᠢᠨ ᠪᠠᠲᠤᠯᠠᠭ᠎ᠠ ᠪᠠ ᠭᠡᠷ ᠪᠠᠢᠱᠢᠩ ᠬᠤᠳᠠᠯᠳᠤᠨ ᠠᠪᠬᠤ ᠲᠥᠷᠥ᠎ᠶ᠋ᠢᠨ ᠪᠣᠳᠣᠯᠭ᠎ᠠ᠎ᠶ᠋ᠢ ᠣᠯᠠᠨ ᠦᠷ᠎ᠡ ᠬᠡᠦᠬᠡᠳ᠎ᠲᠠᠢ ᠭᠡᠷ ᠪᠦᠯᠢ ᠲᠡᠢᠰᠢ ᠬᠡᠯᠪᠠᠢᠯᠭᠡᠬᠦ᠌᠎ᠶ᠋ᠢ ᠳᠡᠮᠵᠢᠨ᠎ᠡ᠃ ᠣᠯᠠᠨ ᠨᠡᠢᠲᠡ᠎ᠶ᠋ᠢᠨ ᠣᠷᠣᠨ ᠵᠠᠶ᠎ᠶ᠋ᠢᠨ ᠬᠡᠦᠬᠡᠳ᠎ᠲᠤ ᠲᠣᠬᠢᠷᠠᠬᠤ ᠥᠭᠡᠷᠡᠴᠢᠯᠡᠯᠲᠡ ᠪᠠ ᠡᠬᠡ ᠨᠢᠯᠬᠠᠰ᠎ᠤᠨ ᠲᠥᠬᠦᠭᠡᠷᠦᠮᠵᠢ᠎ᠶ᠋ᠢᠨ ᠲᠣᠬᠢᠷᠠᠭᠤᠯᠤᠯᠲᠠ᠎ᠶ᠋ᠢ ᠠᠬᠢᠭᠤᠯᠤᠨ᠎ᠠ᠃ ᠭᠡᠷ ᠪᠦᠯᠢ᠎ᠶ᠋ᠢᠨ ᠬᠥᠮᠦᠵᠢᠯ᠎ᠢ ᠠᠬᠢᠭᠤᠯᠬᠤ ᠬᠠᠤᠯᠢ᠎ᠶ᠋ᠢ ᠬᠡᠷᠡᠭ᠌ᠵᠢᠭᠦᠯᠵᠦ᠍᠂ ᠨᠡᠢᠭᠡᠮ ᠲᠤᠭᠤᠷᠢᠭ ᠭᠡᠷ᠎ᠤᠨ ᠠᠬᠠᠮᠠᠳ ᠰᠤᠷᠭᠠᠭᠤᠯᠢ ᠵᠡᠷᠭᠡ᠎ᠶ᠋ᠢᠨ ᠦᠢᠯᠡᠳᠦᠯ᠎ᠢ ᠪᠠᠳᠠᠷᠠᠭᠤᠯᠵᠤ᠂ ᠭᠡᠷ ᠪᠦᠯᠢ᠎ᠶ᠋ᠢᠨ ᠬᠥᠮᠦᠵᠢᠯ᠎ᠳᠠᠬᠢ ᠵᠢᠯᠤᠭᠤᠳᠤᠯᠭ᠎ᠠ ᠦᠢᠯᠡᠴᠢᠯᠡᠭᠡ᠎ᠶ᠋ᠢ ᠴᠢᠩᠭᠠᠳᠭᠠᠨ᠎ᠠ᠃ ᠲᠥᠯᠥᠪᠯᠡᠭᠡᠲᠦ ᠦᠷᠡᠵᠢᠯ᠎ᠤᠨ ᠣᠨᠴᠠᠭᠠᠶ ᠭᠡᠷ ᠪᠦᠯᠢ᠎ᠶ᠋ᠢ ᠪᠦᠬᠦ᠌ ᠲᠠᠯ᠎ᠠ᠎ᠪᠠᠷ ᠬᠠᠪᠰᠤᠷᠤᠨ ᠲᠡᠳᠬᠦᠬᠦ᠌ ᠪᠠᠲᠤᠯᠠᠭ᠎ᠠ᠎ᠶ᠋ᠢᠨ ᠳᠦᠷᠢᠮ᠎ᠢ ᠪᠦᠷᠢᠨᠱᠢᠭᠦᠯᠦᠨ᠎ᠡ᠃ ᠲᠦᠷᠦᠭᠦ᠌ ᠬᠥᠮᠦᠨ ᠠᠮᠠ᠎ᠶ᠋ᠢᠨ ᠬᠦᠢᠰᠦ᠎ᠶ᠋ᠢᠨ ᠢᠯᠭᠠᠯ᠎ᠤᠨ ᠬᠠᠷᠢᠴᠠᠯ᠎ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠨ᠎ᠠ᠃ ᠬᠥᠮᠦᠨ ᠠᠮᠠ᠎ᠶ᠋ᠢ ᠬᠢᠨᠠᠨ ᠬᠡᠮᠵᠢᠬᠦ᠌ ᠱᠢᠰᠲ᠋ᠧᠮ ᠪᠠ ᠤᠷᠢᠳᠴᠢᠯᠡᠨ ᠵᠢᠱ᠌ᠢᠵᠦ᠍ ᠤᠷᠢᠳᠴᠢᠯᠡᠨ ᠰᠡᠷᠡᠮᠵᠢᠯᠡᠭᠦᠯᠬᠦ᠌ ᠳᠦᠷᠢᠮ᠎ᠢ ᠲᠡᠭᠦᠯᠳᠡᠷᠵᠢᠭᠦᠯᠦᠨ᠎ᠡ᠃
ᠭᠤᠴᠢᠨ ᠨᠠᠢ᠍ᠮᠠᠳᠤᠭᠠᠷ ᠪᠦᠯᠦᠭ ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠨ᠎ᠡ
ᠰᠤᠷᠭᠠᠨ ᠬᠥᠮᠦᠵᠢᠯ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠶᠣᠰᠣ ᠰᠤᠷᠲᠠᠬᠤᠨ᠎ᠢ ᠪᠤᠢ ᠪᠤᠯᠭᠠᠵᠤ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ᠎ᠤᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠥᠮᠦᠨ ᠠᠮᠠ᠎ᠶ᠋ᠢᠨ ᠬᠤᠪᠢᠷᠠᠯᠲᠠ᠎ᠯᠤᠭ᠎ᠠ ᠳᠤᠬᠢᠷᠠᠯᠴᠠᠭ᠍ᠰᠠᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠴᠢᠨᠠᠷ ᠰᠠᠢᠲᠠᠶ ᠰᠤᠷᠭᠠᠨ ᠬᠥᠮᠦᠵᠢᠯ᠎ᠤᠨ ᠱᠢᠰᠲ᠋ᠧᠮ᠎ᠢ ᠪᠠᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠢᠬᠠᠨ ᠬᠥᠳᠡᠯᠮᠦᠷᠢ ᠪᠦᠬᠦ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠬᠥᠮᠦᠵᠢᠭᠦᠯᠦᠨ᠎ᠡ᠃
ᠨᠢᠭᠡᠳᠦᠭᠡᠷ ᠬᠡᠰᠡᠭ ᠱᠢᠨ᠎ᠡ ᠴᠠᠭ ᠦᠶ᠎ᠡ᠎ᠶ᠋ᠢᠨ ᠶᠣᠰᠣ ᠰᠤᠷᠲᠠᠬᠤᠨ᠎ᠢ ᠪᠤᠢ ᠪᠤᠯᠭᠠᠵᠤ ᠬᠥᠮᠦᠨ ᠬᠥᠮᠦᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ
ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠯᠲᠡ᠎ᠶ᠋ᠢ ᠪᠤᠰᠭᠠᠵᠤ ᠬᠦᠮᠦᠨ᠎ᠢ ᠬᠦᠮᠦᠵᠢᠭᠦᠯᠬᠦ᠌᠎ᠶ᠋ᠢ ᠴᠥᠬᠦᠷᠡᠰᠢ ᠦᠭᠡᠢ ᠪᠠᠷᠢᠮᠲᠠᠯᠠᠵᠤ᠂ 《ᠶᠡᠭᠡ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ》᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠢᠴᠢᠶᠡᠯ ᠵᠢᠭᠠᠬᠤ ᠮᠠᠲ᠋ᠧᠷᠢᠶᠠᠯ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠶᠡᠭᠡ ᠳᠡᠭᠡᠲᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠬᠢᠴᠢᠶᠡᠯ᠎ᠤᠨ ᠲᠥᠰᠦᠯ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠬᠡᠪ ᠴᠢᠨᠠᠷ᠎ᠤᠨ ᠰᠤᠷᠭᠠᠨ ᠬᠥᠮᠦᠵᠢᠯ᠎ᠢ ᠭᠦᠨᠵᠡᠭᠡᠢᠷᠡᠬᠦᠯᠦᠨ ᠬᠡᠷᠡᠭ᠌ᠵᠢᠭᠦᠯᠵᠦ᠍᠂ ᠰᠤᠷᠤᠭ᠍ᠴᠢᠳ᠎ᠤᠨ ᠡᠷᠡᠭᠦᠯ᠎ᠢᠶᠠᠷ ᠦᠰᠦᠨ ᠪᠤᠢᠵᠢᠬᠤ᠂ ᠪᠦᠬᠦ᠌ ᠲᠠᠯ᠎ᠠ᠎ᠪᠠᠷ ᠬᠥᠭ᠌ᠵᠢᠬᠦ᠌᠎ᠶ᠋ᠢ ᠠᠬᠢᠭᠤᠯᠤᠨ᠎ᠠ᠃ ᠦᠢᠯᠡᠳᠦᠯᠭᠡ᠎ᠪᠠᠷ ᠬᠥᠮᠦᠨ ᠬᠥᠮᠦᠵᠢᠭᠦᠯᠬᠦ᠌ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠤᠶᠤᠲᠠᠳ᠎ᠤᠨ ᠨᠡᠢᠭᠡᠮ᠎ᠤᠨ ᠦᠢᠯᠡᠳᠦᠯᠭᠡ᠎ᠶ᠋ᠢᠨ ᠲᠤᠰᠭᠠᠶ ᠬᠢᠴᠢᠶᠡᠯ᠎ᠢ ᠪᠠᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠳᠤ ᠤᠯᠤᠰ᠎ᠤᠨ ᠪᠠᠢᠳᠠᠯ᠎ᠢ ᠰᠤᠳᠤᠯᠤᠨ ᠰᠤᠷᠤᠯᠴᠠᠬᠤ ᠲᠦᠷᠢᠮ᠎ᠢ ᠪᠠᠢᠭᠤᠯᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠲᠠᠩᠬᠢᠮ ᠪᠠ ᠨᠡᠢᠭᠡᠮ᠎ᠤᠨ ᠬᠢᠴᠢᠶᠡᠯ᠎ᠤᠨ ᠲᠠᠩᠬᠢᠮ᠎ᠤᠨ ᠪᠦᠲᠦᠮᠵᠢᠲᠡᠶ ᠠᠭᠤᠰᠤᠯᠴᠠᠯ᠎ᠢ ᠠᠬᠢᠭᠤᠯᠤᠨ᠎ᠠ᠃ ᠰᠤᠷᠤᠭ᠍ᠴᠢᠳ᠎ᠤᠨ ᠪᠡᠶ᠎ᠡ ᠮᠠᠬᠠᠪᠣᠳ᠎ᠢ ᠴᠢᠭᠢᠷᠠᠭ᠍ᠵᠢᠭᠤᠯᠬᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠰᠤᠷᠭᠠᠭᠤᠯᠢ᠎ᠶ᠋ᠢᠨ ᠭᠤᠸ᠎ᠠ ᠰᠠᠢᠬᠠᠨ᠎ᠤ ᠬᠥᠮᠦᠵᠢᠯ᠎ᠤᠨ ᠤᠮᠳᠠᠯᠠᠬᠤ ᠠᠵᠢᠯᠯᠠᠭ᠎ᠠ᠂ ᠬᠥᠳᠡᠯᠮᠦᠷᠢ᠎ᠶ᠋ᠢᠨ ᠳᠠᠳᠭᠠᠯ᠎ᠢ ᠪᠤᠢ ᠪᠣᠯᠭᠠᠬᠤ ᠲᠥᠯᠥᠪᠯᠡᠭᠡ᠎ᠶ᠋ᠢ ᠥᠷᠨᠢᠭᠦᠯᠵᠦ᠍᠂ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠬᠥᠮᠦᠵᠢᠯ᠎ᠢ ᠲᠦᠭᠡᠮᠡᠯᠵᠢᠭᠦᠯᠦᠨ᠎ᠡ᠃ ᠪᠦᠬᠦ᠌ ᠰᠤᠷᠤᠯᠭ᠎ᠠ᠎ᠶ᠋ᠢᠨ ᠱᠠᠲᠤ᠎ᠶ᠋ᠢᠨ ᠰᠤᠷᠤᠭ᠍ᠴᠢᠳ᠎ᠢ ᠬᠠᠮᠤᠷᠤᠭ᠍ᠰᠠᠨ ᠲᠡᠳᠬᠦᠨ ᠲᠤᠰᠠᠯᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ᠌ ᠪᠡᠷᠬᠡ ᠰᠡᠳᠦᠪ᠎ᠢ ᠱᠢᠢᠳᠪᠦᠷᠢᠯᠡᠬᠦ᠌ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠰᠤᠷᠭᠠᠨ ᠬᠦᠮᠦᠵᠢᠯᠲᠡᠨᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠪᠠᠭ᠍ᠰᠢ᠎ᠶ᠋ᠢᠨ ᠶᠣᠰᠣ ᠮᠣᠷᠠᠯ ᠪᠠᠭ᠍ᠰᠢ᠎ᠶ᠋ᠢᠨ ᠰᠤᠷᠲᠠᠯ᠎ᠤᠨ ᠪᠠᠢᠭᠤᠯᠤᠯᠲᠠ ᠪᠠ ᠪᠠᠭ᠍ᠰᠢ᠎ᠶ᠋ᠢᠨ ᠬᠠᠷᠠᠭᠠᠯᠵᠠᠯ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠪᠠᠭ᠍ᠰᠢ᠎ᠶ᠋ᠢᠨ ᠰᠤᠷᠭᠠᠨ ᠬᠥᠮᠦᠵᠢᠬᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠥᠨᠳᠥᠷ ᠲᠦᠪᠱᠢᠨ ᠪᠥᠬᠦᠶ ᠪᠠᠭ᠍ᠰᠢ᠎ᠶ᠋ᠢᠨ ᠡᠩᠨᠡᠭᠡ᠎ᠶ᠋ᠢ ᠬᠥᠮᠦᠵᠢᠭᠦᠯᠦᠨ ᠪᠣᠶ ᠪᠣᠯᠭᠠᠨ᠎ᠠ᠃ ᠰᠤᠷᠭᠠᠭᠤᠯᠢ ᠭᠡᠷ ᠪᠦᠯᠢ ᠨᠡᠢᠭᠡᠮ᠎ᠤᠨ ᠬᠠᠮᠵᠢᠯᠴᠠᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠰᠤᠷᠭᠠᠨ ᠬᠥᠮᠦᠵᠢᠯ᠎ᠤᠨ ᠦᠨᠡᠯᠡᠯᠲᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠢᠯᠭᠠᠭᠠᠵᠢᠭᠤᠯᠤᠭ᠍ᠰᠡᠨ ᠬᠠᠮᠢᠶᠠᠷᠤᠯᠲᠠ ᠪᠠ ᠦᠨᠡᠯᠡᠯᠲᠡ᠎ᠶ᠋ᠢᠨ ᠲᠣᠭ᠍ᠲᠠᠴᠠ᠎ᠶ᠋ᠢ ᠪᠠᠢᠭᠤᠯᠤᠨ᠎ᠠ᠃ ᠠᠷᠠᠳ᠎ᠠᠴᠠ ᠡᠷᠬᠢᠯᠡᠭ᠌ᠰᠡᠨ ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢ ᠬᠥᠲᠥᠯᠥᠨ ᠵᠢᠯᠣᠭᠤᠳᠴᠤ᠌ ᠵᠢᠷᠤᠮᠵᠢᠭᠤᠯᠤᠨ᠎ᠠ᠃
ᠬᠤᠶᠠᠳᠤᠭᠠᠷ ᠬᠡᠰᠡᠭ ᠰᠠᠭᠤᠷᠢ ᠰᠤᠷᠭᠠᠨ ᠬᠥᠮᠦᠵᠢᠯ᠎ᠤᠨ ᠱᠢᠯᠢᠳᠡᠭ᠎ᠢ ᠥᠷᠭᠡᠳᠭᠡᠨ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ
ᠰᠠᠭᠤᠷᠢ ᠰᠤᠷᠭᠠᠨ ᠬᠦᠮᠦᠵᠢᠯ᠎ᠤᠨ ᠡᠬᠢ ᠪᠠᠶᠠᠯᠢᠬ᠎ᠢ ᠰᠤᠷᠤᠯᠭ᠎ᠠ᠎ᠶ᠋ᠢᠨ ᠱᠠᠲᠤ ᠠᠯᠤᠰᠯᠠᠨ ᠬᠥᠳᠡᠯᠦᠩᠭᠦᠶ᠎ᠪᠠᠷ ᠲᠣᠬᠢᠷᠠᠭᠤᠯᠬᠤ ᠪᠠ ᠢᠯᠡᠭᠦᠦ ᠳᠤᠲᠠᠭᠤ᠎ᠶ᠋ᠢ ᠲᠣᠬᠢᠷᠠᠭᠤᠯᠬᠤ᠎ᠶ᠋ᠢ ᠴᠢᠩᠭᠠᠳᠭᠠᠵᠤ᠂ ᠰᠤᠷᠬᠤ ᠨᠠᠰᠤᠨ᠎ᠤ ᠬᠥᠮᠦᠨ ᠠᠮᠠ᠎ᠶ᠋ᠢᠨ ᠴᠡᠪᠡᠷ ᠨᠡᠮᠡᠭ᠌ᠳᠡᠯ᠎ᠲᠠᠢ ᠬᠤᠲᠠ ᠪᠠᠯᠭᠠᠰᠤᠨ᠎ᠤ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠥᠷᠭᠡᠳᠭᠡᠨ᠎ᠡ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠵᠤ᠂ ᠰᠤᠷᠭᠠᠭᠤᠯᠢ᠎ᠶ᠋ᠢᠨ ᠵᠠᠬᠢᠷᠤᠯ᠂ ᠪᠠᠭ᠍ᠰᠢ᠎ᠶ᠋ᠢ ᠣᠷᠣᠨ ᠪᠦᠰᠡ᠎ᠶ᠋ᠢᠨ ᠳᠣᠲᠣᠷ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠠᠵᠢᠯ᠎ᠤᠨ ᠪᠠᠢᠷᠢ ᠡᠭᠡᠯᠵᠢᠯᠡᠭᠦᠯᠦᠨ ᠰᠤᠯᠢᠯᠴᠠᠬᠤ᠎ᠶ᠋ᠢ ᠴᠢᠩᠭᠠᠳᠭᠠᠵᠤ᠂ ᠵᠢᠵᠢᠭ ᠠᠩᠬᠢ᠎ᠪᠠᠷ ᠬᠢᠴᠢᠶᠡᠯᠯᠡᠬᠦᠯᠬᠦ᠌ᠶ᠋ᠢ ᠡᠮᠬᠢ ᠵᠢᠷᠤᠮ᠎ᠲᠠᠢ ᠠᠬᠢᠭᠤᠯᠵᠤ᠂ ᠴᠢᠬᠤᠯᠠ ᠪᠦᠬᠦᠢ ᠬᠥᠳᠡᠭᠡ ᠲᠣᠰᠭᠤᠨ᠎ᠤ ᠪᠠᠭ᠎ᠠ ᠬᠡᠪᠴᠢᠶᠡᠲᠦ ᠰᠤᠷᠭᠠᠭᠤᠯᠢ᠎ᠶ᠋ᠢ ᠰᠠᠢᠲᠤᠷ ᠡᠷᠬᠢᠯᠡᠨ᠎ᠡ᠃ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠴᠢᠨᠠᠷ ᠰᠠᠢᠲᠠᠶ ᠲᠦᠭᠡᠮᠡᠯ ᠬᠠᠷᠠᠭᠠᠯᠵᠠᠯᠲᠤ ᠬᠥᠭ᠌ᠵᠢᠯᠲᠡ᠎ᠶ᠋ᠢ ᠠᠬᠢᠭᠤᠯᠵᠤ᠂ ᠠᠯᠪᠠᠨ᠎ᠠᠴᠠ ᠡᠷᠭᠢᠯᠡᠭ᠌ᠰᠡᠨ ᠬᠡᠦᠬᠡᠳ᠎ᠤᠨ ᠴᠡᠴᠡᠷᠯᠢᠭ᠎ᠤᠨ ᠰᠤᠷᠭᠠᠭᠤᠯᠢ᠎ᠳᠤ ᠤᠷᠤᠬᠤ ᠤᠷᠤᠨ ᠲᠤᠭ᠎ᠠ᠎ᠶ᠋ᠢᠨ ᠡᠵᠡᠯᠡᠬᠦ᠌ ᠬᠠᠷᠢᠴᠠᠯ᠎ᠢ ᠳᠡᠭᠡᠭ᠌ᠰᠢᠯᠡᠭᠦᠯᠦᠨ᠂ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠴᠡᠴᠡᠷᠯᠢᠭ᠎ᠲᠤ ᠣᠷᠣᠬᠤ ᠪᠥᠬᠦ᠌ ᠨᠣᠷᠮ᠎ᠠ᠎ᠶ᠋ᠢ 95% ᠪᠣᠯᠲᠠᠯ᠎ᠠ ᠳᠡᠭᠡᠭ᠌ᠰᠢᠯᠡᠭᠦᠯᠦᠨ᠎ᠡ᠃ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠬᠦ᠌ ᠡᠬᠢ ᠪᠠᠶᠠᠯᠢᠭ᠎ᠢ ᠥᠷᠭᠡᠳᠭᠡᠵᠦ᠍᠂ ᠱᠢᠶᠠᠨ᠎ᠤ ᠪᠦᠰᠡ᠎ᠶ᠋ᠢᠨ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢ ᠬᠥᠭ᠌ᠵᠢᠭᠦᠯᠦᠨ ᠮᠠᠨᠳᠤᠭᠤᠯᠬᠤ ᠲᠥᠯᠥᠪᠯᠡᠭᠡ᠎ᠶ᠋ᠢ ᠭᠦᠨᠵᠡᠭᠡᠢᠷᠡᠬᠦᠯᠦᠨ ᠬᠡᠷᠡᠭ᠌ᠵᠢᠭᠦᠯᠵᠦ᠍᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠨ ᠬᠥᠮᠦᠵᠢᠯ᠎ᠢ ᠪᠡᠶᠡᠯᠡᠭᠦᠯᠦᠭ᠌ᠰᠡᠨ ᠨᠣᠷᠮ᠎ᠠ᠎ᠶ᠋ᠢ 88% ᠳᠤ ᠬᠦᠷᠭᠡᠨ᠎ᠡ᠃ ᠰᠦᠢᠳᠭᠡᠯ ᠦᠯᠦ᠍ ᠬᠤᠷᠢᠶᠠᠬᠤ ᠰᠤᠷᠭᠠᠨ ᠬᠥᠮᠦᠵᠢᠯ᠎ᠤᠨ ᠬᠡᠪᠴᠢᠶ᠎ᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠵᠢᠯ ᠬᠤᠭᠤᠴᠠᠭ᠎ᠠ᠎ᠶ᠋ᠢ ᠤᠷᠲᠤᠳᠭᠠᠬᠤ᠎ᠶ᠋ᠢ ᠰᠦᠪᠡᠭ᠌ᠴᠢᠯᠡᠨ᠎ᠡ᠃ ᠠᠩᠬ᠎ᠠ ᠳᠤᠮᠳᠠᠳᠤ᠎ᠠᠴᠠ ᠦᠨᠳᠦᠷ ᠳᠤᠮᠳᠠᠳᠤ᠎ᠳᠤ ᠳᠡᠪᠱᠢᠨ ᠤᠷᠤᠬᠤ ᠱᠢᠯᠭᠠᠯᠲᠠ᠎ᠶ᠋ᠢᠨ ᠥᠭᠡᠷᠡᠴᠢᠯᠡᠯᠲᠡ᠎ᠶ᠋ᠢ ᠡᠮᠬᠢ ᠵᠢᠷᠤᠮ᠎ᠲᠠᠢ ᠠᠬᠢᠭᠤᠯᠵᠤ᠂ ᠴᠢᠨᠠᠷ ᠰᠠᠢᠲᠠᠶ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠭᠦᠢᠴᠡᠳᠭᠡᠯ ᠲᠤᠭ᠎ᠠ᠎ᠶ᠋ᠢ ᠰᠤᠷᠭᠠᠭᠤᠯᠢ᠎ᠨᠤᠭᠤᠳ᠎ᠲᠤ ᠬᠤᠪᠢᠶᠠᠷᠢᠯᠠᠬᠤ ᠬᠠᠷᠢᠴᠠᠯ᠎ᠢ ᠥᠷᠭᠡᠳᠭᠡᠨ᠂ ᠨᠥᠬᠦᠴᠡᠯ᠎ᠲᠠᠢ ᠭᠠᠵᠠᠷ ᠣᠷᠣᠨ᠎ᠤ ᠲᠡᠩᠴᠡᠭᠦᠷᠢᠲᠡᠶ ᠬᠤᠪᠢᠶᠠᠷᠢᠯᠠᠯᠲᠠ᠎ᠪᠠᠷ ᠰᠣᠷᠣᠭ᠍ᠴᠢ ᠡᠯᠰᠡᠬᠦ᠌ ᠲᠤᠷᠱᠢᠯᠲᠠ ᠥᠷᠨᠢᠭᠦᠯᠬᠦ᠌᠎ᠶ᠋ᠢ ᠳᠡᠮᠵᠢᠨ᠎ᠡ᠃ 《ᠬᠤᠶᠠᠷ᠎ᠢ ᠬᠦᠡᠭ᠌ᠭᠡᠷᠡᠭᠦᠯᠬᠦ᠌》 ᠪᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠣᠨᠴᠠᠭᠠᠶ ᠰᠤᠷᠭᠠᠨ ᠬᠥᠮᠦᠵᠢᠯ᠂ ᠲᠤᠰᠭᠠᠶ ᠰᠤᠷᠭᠠᠨ ᠬᠥᠮᠦᠵᠢᠯ᠎ᠤᠨ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃
ᠭᠤᠷᠪᠠᠳᠤᠭᠠᠷ ᠬᠡᠰᠡᠭ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠠᠬᠢᠭᠤᠯᠤᠨ᠎ᠠ
ᠰᠤᠳᠤᠯᠭᠠᠨ᠎ᠤ ᠬᠡᠯᠪᠡᠷᠢ᠂ ᠬᠡᠷᠡᠭ᠌ᠯᠡᠭᠡᠨ᠎ᠤ ᠬᠡᠯᠪᠡᠷᠢ᠂ ᠤᠷ᠎ᠡ ᠮᠡᠷᠭᠡᠵᠢᠯ᠎ᠤᠨ ᠬᠡᠯᠪᠡᠷᠢ ᠵᠡᠷᠭᠡ ᠰᠤᠷᠭᠠᠭᠤᠯᠢ ᠡᠷᠭᠢᠯᠡᠬᠦ᠌ ᠦᠨᠳᠦᠰᠦᠨ ᠪᠠᠢᠷᠢ ᠲᠣᠭ᠍ᠲᠠᠭᠠᠯᠲᠠ ᠶᠣᠰᠣᠭᠠᠷ᠂ ᠶᠡᠭᠡ ᠳᠡᠭᠡᠳᠦ ᠰᠤᠷᠭᠠᠭᠤᠯᠢ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢ ᠲᠥᠷᠥᠯ ᠬᠤᠪᠢᠶᠠᠨ ᠠᠬᠢᠭᠤᠯᠤᠨ᠎ᠠ᠃ ᠪᠠᠢᠭᠠᠯᠢ ᠲᠧᠭ᠌ᠨᠢᠭ ᠲᠠᠷᠢᠶᠠᠯᠠᠩ ᠠᠨᠠᠭᠠᠬᠤ ᠤᠬᠠᠭᠠᠨ᠎ᠤ ᠲᠥᠷᠥᠯ᠎ᠤᠨ ᠲᠤᠰᠭᠠᠶ ᠮᠡᠷᠭᠡᠵᠢᠯ᠎ᠢᠶᠠᠷ ᠭᠤᠤᠯ ᠪᠣᠯᠭᠠᠨ ᠱᠢᠯᠢᠳᠡᠭ ᠵᠢᠩᠬᠢᠨᠢ ᠠᠩᠭᠢ᠎ᠶ᠋ᠢᠨ ᠰᠤᠷᠭᠠᠨ ᠬᠥᠮᠦᠵᠢᠯ᠎ᠤᠨ ᠰᠤᠷᠤᠭ᠍ᠴᠢ ᠡᠯᠰᠡᠬᠦ᠌ ᠬᠡᠪᠴᠢᠶ᠎ᠡ ᠪᠠ ᠰᠤᠳᠤᠯᠬᠤ ᠰᠤᠷᠤᠭ᠍ᠴᠢ ᠬᠥᠮᠦᠵᠢᠭᠦᠯᠬᠦ᠌ ᠬᠡᠪᠴᠢᠶ᠎ᠡ᠎ᠶ᠋ᠢ ᠡᠮᠬᠢ ᠵᠢᠷᠤᠮ᠎ᠲᠠᠢ᠎ᠪᠠᠷ ᠥᠷᠭᠡᠳᠭᠡᠵᠤ᠂ ᠳᠡᠭᠡᠲᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠰᠤᠷᠭᠠᠭᠤᠯᠢ᠎ᠳᠤ ᠣᠷᠣᠬᠤ ᠪᠦᠬᠦ᠌ ᠨᠣᠷᠮ᠎ᠠ᠎ᠶ᠋ᠢ 65%᠎ᠳᠤ ᠬᠦᠷᠭᠡᠵᠦ᠍᠂ ᠵᠢᠩᠬᠢᠨᠢ ᠠᠩᠭᠢ᠎ᠶ᠋ᠢᠨ ᠰᠤᠷᠤᠭ᠍ᠴᠢ ᠡᠯᠰᠡᠬᠦ᠌ ᠬᠠᠷᠢᠴᠠᠯ ᠪᠠ ᠳᠡᠭᠡᠲᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠰᠤᠷᠭᠠᠭᠤᠯᠢ᠎ᠳᠤ ᠪᠠᠢᠭ᠎ᠠ ᠰᠤᠷᠤᠭ᠍ᠴᠢᠳ᠎ᠤᠨ ᠳᠤᠲᠤᠷ᠎ᠠ ᠡᠵᠡᠯᠡᠬᠦ᠌ ᠰᠤᠳᠤᠯᠬᠤ ᠰᠤᠷᠤᠭ᠍ᠴᠢ᠎ᠶ᠋ᠢᠨ ᠰᠤᠷᠭᠠᠨ ᠬᠥᠮᠦᠵᠢᠯ᠎ᠤᠨ ᠳᠡᠰ ᠳᠠᠪᠬᠤᠷᠭ᠎ᠠ᠎ᠶ᠋ᠢᠨ ᠬᠠᠷᠢᠴᠠᠯ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠨ᠎ᠡ᠃ ᠲᠤᠰᠭᠠᠶ ᠮᠡᠷᠭᠡᠵᠢᠯ᠎ᠤᠨ ᠡᠷᠳᠡᠮ᠎ᠤᠨ ᠴᠣᠯᠠ᠎ᠶ᠋ᠢᠨ ᠰᠤᠳᠤᠯᠬᠤ ᠰᠤᠷᠤᠭ᠍ᠴᠢ᠎ᠶ᠋ᠢᠨ ᠰᠤᠷᠭᠠᠨ ᠬᠥᠮᠦᠵᠢᠯ᠎ᠢ ᠶᠡᠭᠡ᠎ᠪᠠᠷ ᠬᠥᠭ᠌ᠵᠢᠭᠦᠯᠵᠦ᠍᠂ ᠢᠨᠵᠧᠨᠧᠷᠢᠩ᠎ᠤᠨ ᠠᠰᠫᠢᠷᠠᠨᠲ ᠳ᠋ᠣᠺᠲ᠋ᠣᠷᠠᠨᠲ ᠬᠥᠮᠦᠵᠢᠭᠦᠯᠬᠦ᠌ ᠬᠤᠪᠢ᠎ᠶ᠋ᠢᠨ ᠵᠢᠩ᠎ᠢ ᠨᠡᠮᠡᠭ᠌ᠳᠡᠭᠦᠯᠦᠨ᠎ᠡ᠃ ᠴᠢᠨᠠᠷ ᠰᠠᠢᠲᠠᠶ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠣᠯᠠᠨ ᠠᠷᠭ᠎ᠠ ᠵᠠᠮ᠎ᠢᠶᠠᠷ ᠥᠷᠭᠡᠳᠭᠡᠵᠦ᠍᠂ ᠥᠨᠳᠥᠷ ᠲᠦᠪᠱᠢᠨ ᠪᠥᠬᠦᠶ ᠰᠤᠳᠤᠯᠭᠠᠨ᠎ᠤ ᠬᠡᠯᠪᠡᠷᠢ᠎ᠶ᠋ᠢᠨ ᠶᠡᠭᠡ ᠰᠤᠷᠭᠠᠭᠤᠯᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠤᠨ᠂ ᠬᠡᠷᠡᠭ᠌ᠯᠡᠭᠡᠨ᠎ᠤ ᠬᠡᠯᠪᠡᠷᠢ᠎ᠶ᠋ᠢᠨ ᠵᠢᠩᠬᠢᠨᠢ ᠠᠩᠭᠢ᠎ᠶ᠋ᠢᠨ ᠶᠡᠭᠡ ᠳᠡᠭᠡᠳᠦ ᠰᠤᠷᠭᠠᠭᠤᠯᠢ᠎ᠶ᠋ᠢ ᠪᠠᠢᠭᠤᠯᠤᠨ ᠬᠦᠴᠦᠷᠬᠡᠭ᠌ᠵᠢᠭᠦᠯᠦᠨ᠎ᠡ᠃ ᠱᠢᠨ᠎ᠡ᠎ᠪᠠᠷ ᠨᠡᠮᠡᠭ᠌ᠳᠡᠭ᠌ᠰᠡᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠬᠥᠮᠦᠨ ᠠᠮᠠ ᠤᠯᠠᠨ᠎ᠲᠠᠢ ᠮᠤᠵᠢ ᠪᠠ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ ᠲᠡᠢᠰᠢ ᠵᠣᠬᠢᠰᠲᠠᠶ᠎ᠪᠠᠷ ᠬᠡᠯᠪᠠᠢᠯᠭᠡᠨ᠎ᠡ᠃ ᠵᠢᠩᠬᠢᠨᠢ ᠠᠩᠭᠢ᠎ᠶ᠋ᠢᠨ ᠰᠣᠷᠣᠭ᠍ᠴᠢ᠎ᠶ᠋ᠢᠨ ᠬᠥᠮᠦᠨ ᠳᠤᠮᠳᠠᠴᠢ᠎ᠶ᠋ᠢᠨ ᠰᠤᠷᠭᠠᠨ ᠬᠥᠮᠦᠵᠢᠯ᠎ᠤᠨ ᠵᠠᠷᠤᠳᠠᠯ᠎ᠤᠨ ᠪᠠᠷᠢᠮᠵᠢᠶ᠎ᠠ᠎ᠳᠤ ᠴᠠᠭᠲᠤᠨᠢ ᠳᠣᠭᠢᠷᠠᠭᠤᠯᠤᠨ ᠲᠣᠬᠢᠷᠠᠭᠤᠯᠤᠯᠲᠠ ᠬᠢᠬᠦ᠌᠎ᠶ᠋ᠢ ᠰᠤᠳᠤᠯᠵᠤ᠂ ᠰᠣᠷᠣᠭ᠍ᠴᠢ᠎ᠶ᠋ᠢᠨ ᠪᠠᠢᠷᠢ ᠵᠡᠷᠭᠡ ᠰᠤᠷᠭᠠᠭᠤᠯᠢ ᠡᠷᠭᠢᠯᠡᠬᠦ᠌ ᠦᠨᠳᠦᠰᠦᠨ ᠨᠥᠬᠦᠴᠡᠯ᠎ᠢ ᠦᠷᠭᠦᠯᠵᠢᠯᠡᠨ ᠰᠠᠢᠵᠢᠷᠠᠭᠤᠯᠤᠨ᠎ᠠ᠃ ᠥᠨᠳᠥᠷ ᠲᠦᠪᠱᠢᠨ ᠪᠦᠬᠦᠢ ᠰᠤᠷᠭᠠᠨ ᠬᠥᠮᠦᠵᠢᠯ᠎ᠤᠨ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠭᠠᠳᠠᠭᠠᠳᠤ᠎ᠶ᠋ᠢᠨ ᠥᠨᠳᠥᠷ ᠲᠦᠪᠱᠢᠨ ᠪᠥᠬᠦᠶ ᠪᠠᠢᠭᠠᠯᠢ ᠲᠧᠭ᠌ᠨᠢᠭ᠎ᠤᠨ ᠲᠥᠷᠥᠯ᠎ᠤᠨ ᠶᠡᠭᠡ ᠰᠤᠷᠭᠠᠭᠤᠯᠢ᠎ᠶ᠋ᠢᠨ ᠳᠤᠮᠳᠠᠳᠤ ᠤᠯᠤᠰ᠎ᠲᠤ ᠢᠷᠡᠵᠦ᠍ ᠬᠠᠮᠲᠤᠷᠠᠨ ᠰᠤᠷᠭᠠᠭᠤᠯᠢ ᠡᠷᠭᠢᠯᠡᠬᠦ᠌᠎ᠶ᠋ᠢ ᠵᠣᠷᠢᠠᠠᠵᠢᠭᠤᠯᠵᠤ᠂ 《ᠭᠠᠳᠠᠭᠠᠲᠤ᠎ᠶ᠋ᠢᠨ ᠰᠤᠷᠤᠭ᠍ᠴᠢ᠎ᠶ᠋ᠢ ᠳᠤᠮᠳᠠᠳᠤ ᠤᠯᠤᠰ᠎ᠲᠤ ᠰᠤᠷᠤᠯᠴᠠᠭᠤᠯᠬᠤ》ᠨᠠᠷᠠᠲᠤ ᠲᠡᠮᠳᠡᠭ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠰᠤᠷᠭᠠᠨ ᠬᠥᠮᠦᠵᠢᠯ᠎ᠤᠨ ᠳ᠋ᠢᠵᠢᠲ᠋ᠠᠯᠴᠢᠯᠠᠯᠳᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢᠷᠡᠬᠦᠯᠦᠨ ᠬᠡᠷᠡᠭ᠌ᠵᠢᠭᠦᠯᠦᠨ᠎ᠡ᠃ ᠨᠠᠰᠤᠨ ᠲᠤᠷᠱᠢᠳᠠ ᠰᠤᠷᠤᠯᠴᠠᠬᠤ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠤᠯᠤᠰ᠎ᠤᠨ ᠨᠡᠭᠡᠭᠡᠯᠲᠡᠲᠡᠶ ᠶᠡᠭᠡ ᠰᠤᠷᠭᠠᠭᠤᠯᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃
ᠳᠥᠷᠪᠡᠳᠦᠭᠡᠷ ᠬᠡᠰᠡᠭ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠣᠳᠣ ᠦᠶ᠎ᠡ᠎ᠶ᠋ᠢᠨ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠰᠤᠷᠭᠠᠭᠤᠯᠢ ᠡᠷᠬᠢᠯᠡᠬᠦ᠌ ᠶᠠᠰᠤ ᠴᠢᠨᠠᠷ ᠪᠠ ᠲᠠᠲᠠᠬᠤ ᠬᠦᠴᠦᠨ᠎ᠢ ᠳᠡᠭᠡᠭ᠌ᠰᠢᠯᠡᠭᠦᠯᠦᠨ᠎ᠡ᠃ ᠣᠷᠣᠨ ᠪᠦᠰᠡ᠎ᠶ᠋ᠢᠨ ᠬᠥᠭ᠌ᠵᠢᠯᠲᠡ᠎ᠯᠦᠭᠡ ᠵᠣᠬᠢᠴᠠᠯᠳᠤᠭ᠍ᠰᠠᠨ᠂ ᠠᠵᠤ ᠦᠢᠯᠡᠰ᠎ᠤᠨ ᠪᠠᠢᠷᠢᠯᠠᠭᠤᠯᠤᠯᠲᠠ᠎ᠯᠤᠭ᠎ᠠ ᠵᠣᠯᠭᠠᠯᠳᠤᠭ᠍ᠰᠠᠨ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠲᠤᠰᠭᠠᠶ ᠮᠡᠷᠭᠡᠵᠢᠯ᠎ᠤᠨ ᠪᠠᠢᠷᠢᠯᠠᠭᠤᠯᠤᠯᠲᠠ᠎ᠶ᠋ᠢ ᠠᠵᠤ ᠦᠢᠯᠡᠰ᠎ᠤᠨ ᠬᠡᠯᠬᠢᠶ᠎ᠡ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠬᠡᠷᠡᠭ᠌ᠴᠡᠭᠡᠯᠦᠭᠡ ᠨᠢᠭ᠍ᠲᠠ ᠵᠣᠯᠭᠠᠯᠳᠤᠭᠤᠯᠬᠤ᠎ᠶ᠋ᠢ ᠠᠬᠢᠭᠤᠯᠤᠨ᠎ᠠ᠃ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠴᠥᠭᠡᠨ ᠮᠥᠷᠲᠡᠭᠡᠨ ᠴᠢᠨᠠᠷᠯᠢᠭ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢ ᠰᠠᠢᠲᠤᠷ ᠡᠷᠬᠢᠯᠡᠵᠦ᠍᠂ ᠣᠨᠴᠠᠯᠢᠭ᠎ᠨᠢ ᠢᠯᠡ ᠲᠣᠳᠣ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢ ᠪᠠᠢᠭᠤᠯᠵᠤ᠂ ᠳᠤᠮᠳᠡ ᠵᠡᠷᠬᠡ᠎ᠶ᠋ᠢᠨ ᠪᠠ ᠳᠡᠬᠡᠳᠦ ᠵᠡᠷᠬᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢᠨ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠶ᠋ᠢ ᠲᠡᠮᠵᠢᠨ᠎ᠠ᠃ ᠨᠢᠭᠡ ᠪᠦᠯᠦᠭ ᠥᠨᠳᠥᠷ ᠲᠦᠪᠱᠢᠨ ᠪᠦᠬᠦᠢ ᠵᠢᠩᠬᠢᠨᠢ ᠠᠩᠭᠢ᠎ᠶ᠋ᠢᠨ ᠳᠡᠰ ᠳᠠᠪᠬᠤᠷᠭ᠎ᠠ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢ ᠪᠦᠲᠦᠭᠡᠨ ᠪᠠᠢᠭᠤᠯᠵᠤ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠵᠢᠩᠬᠢᠨᠢ ᠠᠩᠭᠢ᠎ᠶ᠋ᠢ ᠲᠤᠰᠭᠠᠶ ᠮᠡᠷᠭᠡᠵᠢᠯ᠎ᠤᠨ ᠡᠷᠳᠡᠮ᠎ᠤᠨ ᠴᠣᠯᠠ᠎ᠶ᠋ᠢᠨ ᠰᠤᠷᠭᠠᠨ ᠬᠥᠮᠦᠵᠢᠯ᠎ᠯᠦᠭᠡ ᠠᠭᠤᠰᠤᠯᠴᠠᠭᠤᠯᠤᠨ ᠨᠡᠪᠲᠡᠷᠡᠭᠦᠯᠬᠦ᠌᠎ᠶ᠋ᠢ ᠠᠬᠢᠭᠤᠯᠤᠨ᠎ᠠ᠃ ᠦᠢᠯᠡᠳᠪᠦᠷᠢᠯᠡᠯ ᠪᠤᠯᠤᠨ ᠬᠢᠴᠢᠶᠡᠯ ᠬᠦᠮᠦᠵᠢᠯ᠎ᠢ ᠠᠭᠤᠰᠤᠯᠴᠠᠭᠤᠯᠤᠭ᠍ᠰᠠᠨ ᠴᠢᠳᠠᠪᠤᠷᠢᠲᠠᠨ ᠬᠥᠮᠦᠵᠢᠭᠦᠯᠬᠦ᠌ ᠬᠡᠪ ᠵᠠᠭ᠍ᠪᠤᠷ᠎ᠢ ᠬᠡᠷᠡᠭ᠌ᠵᠢᠭᠦᠯᠵᠦ᠍᠂ ᠶᠣᠰᠣ ᠰᠤᠷᠲᠠᠬᠤᠨ ᠮᠡᠷᠭᠡᠵᠢᠯ᠎ᠢ ᠬᠠᠮᠲᠤᠳᠤᠨᠢ ᠰᠤᠷᠬᠤ᠂ ᠠᠵᠤ ᠦᠢᠯᠡᠳᠪᠦᠷᠢ ᠪᠠ ᠰᠤᠷᠭᠠᠭᠤᠯᠢ᠎ᠶ᠋ᠢ ᠤᠶᠠᠯᠳᠤᠭᠤᠯᠤᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠪᠥᠷᠢᠨᠱᠢᠬᠦᠯᠵᠤ᠂ ᠠᠵᠢᠯ ᠲᠥᠷᠥᠯ᠎ᠤᠨ ᠳᠤᠯᠤᠭᠠᠢ᠌ᠯᠠᠭ᠍ᠴᠢ ᠠᠵᠤ ᠠᠬᠤᠢᠯᠠᠯ᠎ᠤᠨ ᠠᠵᠢᠯ ᠮᠡᠷᠭᠡᠵᠢᠯ᠎ᠤᠨ ᠰᠤᠷᠭᠠᠭᠤᠯᠢ ᠡᠷᠬᠢᠯᠡᠬᠦ᠌ ᠪᠤᠶᠤ ᠡᠷᠬᠢᠯᠡᠬᠦ᠌᠎ᠳᠤ ᠣᠷᠣᠯᠴᠠᠬᠤ᠎ᠶ᠋ᠢ ᠵᠣᠷᠢᠠᠠᠵᠢᠭᠤᠯᠤᠨᠠ᠃
ᠬᠦᠰᠦᠨᠦᠭ᠌ᠲᠦ15 ᠴᠢᠨᠠᠷ ᠰᠠᠢᠲᠠᠶ ᠰᠤᠷᠭᠠᠨ ᠬᠥᠮᠦᠵᠢᠯ᠎ᠤᠨ ᠱᠢᠰᠲ᠋ᠧᠮ᠎ᠤᠨ ᠪᠠᠢᠭᠤᠯᠤᠯᠲᠠ
01 ᠰᠠᠭᠤᠷᠢ ᠰᠤᠷᠭᠠᠨ ᠬᠦᠮᠦᠵᠢᠯ᠎ᠤᠨ ᠱᠢᠯᠢᠳᠡᠭ᠎ᠢ᠎ᠨᠢ ᠦᠷᠭᠡᠳᠭᠡᠨ ᠴᠢᠨᠠᠷ᠎ᠢ᠎ᠨᠢ ᠳᠡᠭᠡᠭ᠌ᠰᠢᠯᠡᠭᠦᠯᠬᠦ᠌
ᠲᠦᠭᠡᠮᠡᠯ ᠬᠠᠷᠠᠭᠠᠯᠵᠠᠯᠲᠤ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠪᠦᠲᠦᠮᠵᠢᠲᠡᠶ ᠬᠠᠩᠭᠠᠯᠭ᠎ᠠ᠎ᠶ᠋ᠢ ᠪᠠᠲᠤᠯᠠᠨ᠎ᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠰᠤᠷᠭᠠᠭᠤᠯᠢ᠎ᠶ᠋ᠢᠨ ᠪᠠᠷᠢᠮᠵᠢᠶᠠᠵᠢᠭᠤᠯᠬᠤ ᠪᠠᠢᠭᠤᠯᠤᠯᠲᠠ᠎ᠶ᠋ᠢ ᠨᠡᠢᠳᠡᠮ ᠪᠦᠷᠬᠦᠭᠦᠯᠬᠦ᠌᠎ᠶ᠋ᠢ ᠪᠡᠶᠡᠯᠡᠭᠦᠯᠦᠨ᠎ᠡ᠃ ᠪᠠᠢᠩᠭᠤ ᠰᠠᠭᠤᠭ᠎ᠠ ᠬᠥᠮᠦᠨ ᠠᠮᠠ ᠣᠯᠠᠨ᠎ᠲᠠᠶ ᠭᠠᠵᠠᠷ ᠣᠷᠣᠨ ᠪᠠ ᠬᠥᠮᠦᠨ ᠠᠮᠠ᠎ᠶ᠋ᠢᠨ ᠱᠢᠯᠵᠢᠵᠤ ᠤᠴᠢᠬᠤ ᠭᠠᠵᠠᠷ᠎ᠢᠶᠠᠷ ᠭᠤᠤᠯᠳᠠᠯᠭ᠎ᠠ ᠪᠣᠯᠭᠠᠨ᠂ ᠴᠢᠨᠠᠷ ᠰᠠᠢᠲᠠᠶ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢ 1000 ᠠᠴᠠ ᠳᠡᠭᠡᠭ᠌ᠰᠢ ᠪᠠᠢᠭᠤᠯᠤᠨ᠎ᠠ᠃ ᠳᠤᠮᠳᠠᠳᠤ ᠰᠤᠷᠭᠠᠭᠤᠯᠢ᠎ᠶ᠋ᠢᠨ ᠲᠤᠷᠱᠢᠯᠲᠠ᠎ᠶ᠋ᠢᠨ ᠬᠡᠮᠵᠢᠭᠦᠷᠯᠢᠭ ᠪᠡᠯᠡᠳᠭᠡᠮᠵᠢ᠎ᠶ᠋ᠢᠨ ᠵᠡᠷᠭᠡ ᠲᠡᠰᠢ ᠳᠡᠪᠱᠢᠭᠦᠯᠬᠦ᠌᠎ᠶ᠋ᠢ ᠳᠡᠮᠵᠢᠵᠦ᠍᠂ ᠨᠢᠭᠡ ᠪᠦᠯᠦᠭ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠠᠷ ᠦᠪᠡᠷᠮᠢᠴᠡ ᠣᠨᠴᠠᠯᠢᠭ ᠪᠣᠯᠭᠠᠭ᠍ᠰᠠᠨ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢ ᠪᠦᠳᠦᠭᠡᠨ ᠪᠠᠢᠭᠤᠯᠤᠨ᠎ᠠ᠃
02 ᠴᠢᠨᠠᠷ ᠰᠠᠢᠲᠠᠶ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠪᠠᠭ᠍ᠲᠠᠭᠠᠮᠵᠢ᠎ᠶ᠋ᠢ ᠥᠷᠭᠡᠳᠭᠡᠬᠦ᠌
《ᠬᠤᠣᠰ ᠲᠡᠷᠢᠭᠦᠨ ᠵᠡᠷᠭᠡ》 ᠶ᠋ᠢᠨ ᠶᠡᠭᠡ ᠳᠡᠭᠡᠲᠦ ᠰᠤᠷᠭᠠᠭᠤᠯᠢ᠎ᠨᠤᠭᠤᠳ᠎ᠤᠨ ᠱᠢᠨ᠎ᠡ ᠰᠤᠷᠭᠠᠭᠤᠯᠢ᠎ᠶ᠋ᠢᠨ ᠲᠤᠭᠤᠷᠢᠭ᠎ᠢ ᠪᠠᠢᠭᠤᠯᠬᠤ᠎ᠶ᠋ᠢ ᠳᠠᠮᠵᠢᠵᠤ᠂ 《ᠬᠤᠣᠰ ᠲᠡᠷᠢᠭᠦᠨ ᠵᠡᠷᠭᠡ》 ᠶ᠋ᠢᠨ ᠶᠡᠭᠡ ᠳᠡᠭᠡᠳᠦ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠰᠣᠷᠣᠭ᠍ᠴᠢ ᠡᠯᠰᠡᠬᠦ᠌ ᠲᠤᠭ᠎ᠠ᠎ᠶ᠋ᠢ 10 ᠲᠦᠮᠡ᠎ᠠᠴᠠ ᠳᠡᠭᠡᠭ᠌ᠰᠢ ᠨᠡᠮᠡᠭ᠌ᠳᠡᠭᠦᠯᠵᠦ᠍᠂ 200 ᠤᠷᠴᠢᠮ ᠥᠨᠳᠥᠷ ᠲᠦᠪᠱᠢᠨ ᠪᠥᠬᠦᠶ ᠬᠡᠷᠡᠭ᠌ᠯᠡᠭᠡᠨ᠎ᠤ ᠬᠡᠯᠪᠡᠷᠢ᠎ᠶ᠋ᠢᠨ ᠵᠢᠩᠬᠢᠨᠢ ᠠᠩᠭᠢ᠎ᠶ᠋ᠢᠨ ᠶᠡᠭᠡ ᠳᠡᠭᠡᠳᠦ ᠰᠤᠷᠭᠠᠭᠤᠯᠢ᠎ᠶ᠋ᠢ ᠪᠥᠲᠥᠭᠡᠨ ᠪᠠᠢᠭᠤᠯᠵᠤ᠂ ᠨᠥᠬᠦᠴᠡᠯ᠎ᠲᠠᠢ ᠶᠡᠭᠡ ᠳᠡᠭᠡᠳᠦ ᠰᠤᠷᠭᠠᠭᠤᠯᠢ᠎ᠳᠤ ᠴᠢᠨᠠᠷᠯᠢᠭ ᠤᠨᠴᠠᠯᠢᠭ᠍ᠳᠤ ᠱᠢᠨᠵᠢᠯᠡᠭᠡᠨ᠎ᠤ ᠰᠠᠯᠠᠭ᠎ᠠ᠎ᠶ᠋ᠢᠨ ᠲᠤᠰᠭᠠᠶ ᠮᠡᠷᠭᠡᠵᠢᠯ᠎ᠤᠳ᠎ᠢ ᠪᠠᠢᠭᠤᠯᠤᠨ᠎ᠠ᠃ ᠳᠤᠮᠳᠠ ᠬᠡᠰᠡᠭ ᠪᠠᠷᠠᠭᠤᠨ ᠬᠡᠰᠡᠭ᠂ ᠵᠡᠭᠦᠨ ᠬᠤᠢᠲᠤ ᠣᠷᠣᠨ ᠵᠡᠷᠭᠡ ᠭᠠᠵᠠᠷ ᠣᠷᠣᠨ᠎ᠳᠤ ᠬᠠᠨᠳᠤᠭᠤᠯᠤᠨ ᠳᠡᠭᠡᠳᠦ ᠵᠡᠷᠭᠡ᠎ᠶ᠋ᠢᠨ ᠰᠤᠳᠤᠯᠭᠠᠨ᠎ᠤ ᠬᠦᠷᠢᠶᠡᠯᠡᠩ᠎ᠢ ᠪᠠᠢᠷᠢᠯᠠᠭᠤᠯᠤᠨ ᠪᠠᠢᠭᠤᠯᠤᠨ᠎ᠠ᠃ ᠤᠯᠤᠰ᠎ᠤᠨ ᠰᠠᠭᠤᠷᠢ ᠰᠤᠳᠤᠯᠭᠠᠨ᠎ᠤ ᠱᠢᠨ᠎ᠡ᠎ᠶ᠋ᠢ ᠡᠭᠦᠳᠴᠦ᠍ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠭᠤᠤᠯᠳᠠᠯᠭ᠎ᠠ᠎ᠲᠠᠢ ᠬᠦᠷᠢᠶᠡᠨ᠎ᠳᠤ ᠬᠠᠨᠳᠤᠭᠤᠯᠤᠨ ᠤᠯᠤᠰ᠎ᠤᠨ ᠰᠣᠯᠪᠢᠴᠠᠭ᠍ᠰᠠᠨ ᠱᠢᠨᠵᠢᠯᠡᠭᠡᠨ᠎ᠤ ᠰᠠᠯᠠᠭᠠᠨ᠎ᠤ ᠲᠥᠪ᠎ᠤᠳ ᠪᠠ ᠤᠯᠤᠰ᠎ᠤᠨ ᠣᠷᠦ᠋ᠢᠯᠠᠭ᠍ᠰᠠᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ ᠬᠥᠮᠦᠵᠢᠭᠦᠯᠬᠦ᠌ ᠳᠡᠭᠡᠳᠦ ᠰᠤᠷᠭᠠᠭᠤᠯᠢ᠎ᠨᠤᠭᠤᠳ᠎ᠢ ᠪᠠᠢᠭᠤᠯᠤᠨ᠎ᠠ᠃ ᠤᠯᠤᠰ᠎ᠤᠨ ᠭᠠᠷᠮᠠᠭᠠᠶ ᠢᠨᠵᠧᠨᠧᠷ᠎ᠤᠨ ᠳᠡᠭᠡᠳᠦ ᠰᠤᠷᠭᠠᠭᠤᠯᠢ᠎ᠳᠤ ᠲᠦᠱᠢᠭ᠌ᠯᠡᠨ ᠨᠢᠭᠡ ᠪᠦᠯᠦᠭ ᠢᠨᠵᠧᠨᠧᠷ᠎ᠤᠨ ᠮᠡᠷᠭᠡᠵᠢᠯ᠎ᠤᠨ ᠲᠥᠪ᠎ᠢ ᠪᠠᠢᠭᠤᠯ᠎ᠦᠨ ᠬᠦᠴᠦᠷᠬᠡᠭ᠌ᠵᠢᠭᠦᠯᠵᠤ᠂ ᠤᠯᠤᠰ᠎ᠤᠨ ᠦᠢᠯᠡᠳᠪᠦᠷᠢᠯᠡᠯ ᠪᠠ ᠬᠢᠴᠢᠶᠡᠯ ᠬᠥᠮᠦᠵᠢᠯ᠎ᠢ ᠠᠭᠤᠰᠤᠯᠴᠠᠭᠤᠯᠤᠭ᠍ᠰᠠᠨ ᠱᠢᠨ᠎ᠡ᠎ᠶ᠋ᠢ ᠡᠭᠦᠳᠬᠦ᠌ ᠲᠠᠪᠴᠠᠩ᠎ᠢ 150 ᠤᠷᠴᠢᠮ ᠪᠠᠢᠭᠤᠯᠤᠨ ᠪᠦᠲᠦᠭᠡᠨ᠎ᠡ᠃
03 ᠤᠳᠤ ᠦᠶ᠎ᠡ᠎ᠶ᠋ᠢᠨ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠱᠢᠰᠲ᠋ᠧᠮ᠎ᠢ ᠪᠠᠢᠭᠤᠯᠬᠤ
60 ᠣᠷᠴᠢᠮ ᠥᠨᠳᠥᠷ ᠲᠦᠪᠱᠢᠨ ᠪᠦᠬᠦᠢ ᠳᠡᠭᠡᠲᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ ᠪᠠ 160 ᠣᠷᠴᠢᠮ ᠥᠨᠳᠥᠷ ᠲᠦᠪᠱᠢᠨ ᠪᠦᠬᠦᠢ ᠲᠤᠰᠭᠠᠶ ᠮᠡᠷᠭᠡᠵᠢᠯ᠎ᠤᠨ ᠪᠦᠭᠡᠭᠡᠨᠡᠷᠡᠯᠢ ᠪᠠᠢᠭᠤᠯᠵᠤ᠂ ᠴᠢᠨᠠᠷ ᠰᠠᠢᠲᠠᠶ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ ᠪᠠ ᠲᠤᠰᠭᠠᠶ ᠮᠡᠷᠭᠡᠵᠢᠯ᠎ᠤᠨ ᠪᠠᠢᠭᠤᠯᠤᠯᠲᠠ᠎ᠶ᠋ᠢ ᠲᠡᠮᠵᠢᠨ᠎ᠠ᠃ ᠨᠢᠭᠡ ᠪᠦᠯᠦᠭ ᠴᠢᠨᠠᠷ ᠰᠠᠢᠲᠠᠶ ᠤᠷ᠎ᠠ ᠮᠡᠷᠭᠡᠵᠢᠯᠲᠡᠨ᠎ᠤ ᠳᠡᠭᠡᠳᠦ ᠰᠤᠷᠭᠠᠭᠤᠯᠢ ᠪᠠ ᠴᠢᠨᠠᠷ ᠰᠠᠢᠲᠠᠶ 100 ᠲᠤᠰᠭᠠᠶ ᠮᠡᠷᠭᠡᠵᠢᠯ᠎ᠢ ᠪᠠᠢᠭᠤᠯᠤᠨ᠎ᠠ᠃ ᠬᠤᠷᠠᠮᠠᠯ ᠴᠠᠬᠢᠯᠭᠠᠨ ᠬᠡᠯᠬᠢᠶ᠎ᠡ᠂ ᠵᠣᠬᠢᠶᠠᠮᠠᠯ ᠣᠶᠤᠯᠢᠬ᠂ ᠳᠣᠤᠷ᠎ᠠ ᠠᠭᠠᠷ᠎ᠤᠨ ᠠᠵᠤ ᠠᠬᠤᠶ ᠵᠡᠷᠭᠡ ᠭᠤᠤᠯᠳᠠᠯᠭ᠎ᠠ᠎ᠲᠠᠢ ᠠᠵᠤ ᠦᠢᠯᠡᠰ ᠪᠠ ᠣᠳᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠦᠢᠯᠡᠳᠪᠦᠷᠢᠯᠡᠯ ᠪᠤᠯᠤᠨ ᠬᠢᠴᠢᠶᠡᠯ ᠬᠥᠮᠦᠵᠢᠯ᠎ᠢ ᠠᠭᠤᠰᠤᠯᠴᠠᠭᠤᠯᠤᠭ᠍ᠰᠠᠨ ᠳᠠᠳᠤᠯᠭ᠎ᠠ ᠪᠣᠯᠪᠠᠰᠤᠷᠠᠯ᠎ᠤᠨ 200 ᠰᠠᠭᠤᠷᠢᠨ ᠭᠠᠵᠠᠷ᠎ᠢ ᠪᠦᠲᠦᠭᠡᠨ ᠪᠠᠢᠭᠤᠯᠵᠤ᠂ ᠨᠢᠭᠡ ᠪᠦᠯᠦᠭ ᠥᠨᠳᠥᠷ ᠲᠦᠪᠱᠢᠨ ᠪᠦᠬᠦᠢ ᠠᠵᠢᠯ ᠮᠡᠷᠭᠡᠵᠢᠯ᠎ᠤᠨ ᠶᠡᠭᠡ ᠳᠡᠭᠡᠲᠦ ᠰᠤᠷᠭᠠᠭᠤᠯᠢ᠎ᠶ᠋ᠢᠨ ᠲᠡᠷᠢᠭᠦᠨ᠎ᠤ ᠳᠠᠳᠤᠯᠭ᠎ᠠ ᠪᠣᠯᠪᠠᠰᠤᠷᠠᠯ᠎ᠤᠨ ᠪᠡᠯᠡᠳᠭᠡᠮᠵᠢ᠎ᠪᠠᠨ ᠱᠢᠨᠡᠳᠭᠡᠬᠦ᠌᠎ᠶ᠋ᠢ ᠳᠠᠮᠵᠢᠨ᠎ᠠ᠃
04 ᠣᠨᠴᠠᠭᠠᠶ ᠰᠤᠷᠭᠠᠨ ᠬᠥᠮᠦᠵᠢᠯ᠎ᠤᠨ ᠳᠤᠲᠠᠭᠤᠳᠠᠯ᠎ᠢ ᠨᠥᠬᠦᠪᠥᠷᠢᠯᠡᠬᠦ᠌
ᠣᠨᠴᠠᠭᠠᠢ ᠰᠤᠷᠭᠠᠨ ᠬᠥᠮᠦᠵᠢᠯ᠎ᠤᠨ ᠰᠤᠷᠭᠠᠭᠤᠯᠢ᠎ᠶ᠋ᠢᠨ ᠪᠠᠷᠢᠮᠵᠢᠶᠠᠵᠢᠭᠤᠯᠬᠤ ᠪᠠᠢᠭᠤᠯᠤᠯᠲᠠ᠎ᠶ᠋ᠢ ᠠᠬᠢᠭᠤᠯᠵᠤ᠂ ᠬᠠᠳᠠᠭᠠᠯᠠᠯᠲᠠ ᠡᠬᠢ ᠪᠠᠶᠠᠯᠢᠬ᠎ᠲᠠᠭᠠᠨ ᠭᠦᠢᠴᠡᠳ ᠲᠦᠱᠢᠭ᠌ᠯᠡᠨ᠂ ᠬᠡᠷᠡᠭ᠌ᠴᠡᠭᠡ᠎ᠲᠠᠢ ᠱᠢᠶᠠᠨ᠎ᠤ ᠪᠠᠷᠢᠮᠵᠢᠶ᠎ᠠ᠎ᠳᠤ ᠬᠦᠷᠦᠭ᠌ᠰᠡᠨ ᠣᠨᠴᠠᠭᠠᠢ ᠰᠤᠷᠭᠠᠨ ᠬᠥᠮᠦᠵᠢᠯ᠎ᠤᠨ ᠰᠤᠷᠭᠠᠭᠤᠯᠢ᠎ᠶ᠋ᠢ ᠰᠠᠢᠲᠤᠷ ᠡᠷᠬᠢᠯᠡᠬᠦ᠌᠎ᠶ᠋ᠢ ᠳᠠᠮᠵᠢᠵᠤ᠂ ᠬᠥᠮᠦᠨ ᠠᠮᠠ᠎ᠶ᠋ᠢᠨ ᠬᠡᠪᠴᠢᠶ᠎ᠡ᠎ᠪᠠᠷ ᠶᠡᠭᠡ ᠬᠤᠲᠠ᠎ᠳᠤ ᠭᠠᠭ᠍ᠴᠠᠭᠠᠷᠳᠠᠬᠤ ᠭᠡᠮ᠎ᠲᠠᠢ ᠬᠡᠦᠬᠡᠳ᠎ᠤᠨ ᠣᠨᠴᠠᠭᠠᠢ ᠰᠤᠷᠭᠠᠨ ᠬᠥᠮᠦᠵᠢᠯ᠎ᠤᠨ ᠰᠤᠷᠭᠠᠭᠤᠯᠢ ᠪᠠᠢᠭᠤᠯᠬᠤ᠎ᠶ᠋ᠢ ᠳᠠᠮᠵᠢᠵᠤ᠂ ᠡᠷᠡᠭᠦᠯᠵᠢᠯ ᠪᠤᠯᠤᠨ ᠰᠤᠷᠭᠠᠨ ᠬᠥᠮᠦᠵᠢᠯ᠎ᠢ ᠠᠭᠤᠰᠤᠯᠴᠠᠭᠤᠯᠬᠤ᠎ᠶ᠋ᠢ ᠵᠣᠷᠢᠠᠠᠵᠢᠭᠤᠯᠤᠨᠠ᠃ ᠣᠨᠴᠠᠭᠠᠶ ᠰᠤᠷᠭᠠᠨ ᠬᠥᠮᠦᠵᠢᠯ᠎ᠢ ᠪᠠᠭ᠍ᠰᠢ᠎ᠶ᠋ᠢᠨ ᠲᠥᠷᠥᠯ᠎ᠤᠨ ᠰᠤᠷᠤᠭ᠍ᠴᠢᠳ᠎ᠤᠨ ᠵᠠᠪᠠᠯ ᠰᠤᠷᠬᠤ ᠬᠢᠴᠢᠶᠡᠯ᠎ᠳᠤ ᠣᠷᠣᠭᠤᠯᠤᠨ᠎ᠠ᠃
ᠭᠤᠴᠢ ᠶᠢᠰᠦᠳᠦᠭᠡᠷ ᠪᠦᠯᠦᠭ ᠡᠷᠡᠭᠦᠯ ᠡᠩᠬᠡ ᠳᠤᠮᠳᠠᠳᠤ ᠤᠯᠤᠰ᠎ᠢ ᠲᠦᠷᠭᠡᠯᠡᠨ ᠪᠦᠲᠦᠭᠡᠨ ᠪᠠᠢᠭᠤᠯᠤᠨ᠎ᠠ
ᠡᠷᠡᠭᠦᠯ ᠮᠡᠨᠳᠦ᠍᠎ᠶ᠋ᠢ ᠤᠷᠢᠳ᠎ᠢᠶᠠᠷ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠡᠷᠡᠭᠦᠯ ᠮᠡᠨᠳᠦ᠍᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠳᠦᠷᠢᠮ᠎ᠤᠨ ᠱᠢᠰᠲ᠋ᠧᠮ᠎ᠢ ᠪᠦᠷᠢᠨᠱᠢᠭᠦᠯᠵᠦ᠍᠂ ᠡᠬᠡ ᠤᠷᠤᠨᠴᠢ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠡᠪᠡᠳᠴᠢᠨ ᠵᠠᠰᠠᠬᠤ᠎ᠪᠠᠷ ᠭᠤᠣᠯ ᠪᠣᠯᠭᠠᠵᠤ ᠪᠠᠢᠭ᠍ᠰᠠᠨ᠎ᠠᠴᠠ᠎ᠪᠠᠨ ᠡᠷᠡᠭᠦᠯ ᠮᠡᠨᠳᠦ᠍᠎ᠪᠠᠷ ᠭᠤᠣᠯ ᠪᠣᠯᠭᠠᠬᠤ ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠠᠷᠠᠳ ᠣᠯᠠᠨ᠎ᠳᠤ ᠲᠥᠪ ᠭᠤᠤᠯᠴᠢ ᠪᠥᠭᠡᠳ ᠬᠦᠷᠲᠡᠬᠦ᠋ᠢᠴᠡ᠂ ᠱᠢᠰᠲ᠋ᠧᠮ᠎ᠲᠠᠢ ᠦᠷᠭᠦᠯᠵᠢᠯᠡᠭ᠌ᠰᠡᠨ ᠡᠷᠡᠭᠦᠯ ᠮᠡᠨᠳᠦ᠍᠎ᠶ᠋ᠢᠨ ᠦᠢᠯᠡᠴᠢᠯᠡᠭᠡ᠎ᠶ᠋ᠢ ᠬᠠᠩᠭᠠᠵᠤ᠂ ᠠᠷᠠᠳ ᠲᠦᠮᠡᠨ᠎ᠤ ᠡᠷᠡᠭᠦᠯ ᠮᠡᠨᠳᠦ᠍᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠠ᠃
ᠨᠢᠭᠡᠳᠦᠭᠡᠷ ᠬᠡᠰᠡᠭ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠪᠦᠷᠢᠨᠱᠢᠭᠦᠯᠦᠨ᠎ᠡ
ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠴᠢᠳᠠᠪᠤᠷᠢ᠎ᠶ᠋ᠢ ᠴᠢᠩᠭᠠᠳᠭᠠᠵᠤ᠂ ᠨᠡᠢᠭᠡᠮ᠎ᠢᠶᠠᠷ᠎ᠢᠶᠠᠨ ᠬᠠᠮᠲᠤ᠎ᠪᠠᠷ ᠵᠠᠰᠠᠬᠤ᠂ ᠡᠮᠨᠡᠬᠦ᠌ ᠪᠠ ᠰᠡᠷᠭᠡᠢᠯᠡᠬᠦ᠌᠎ᠶ᠋ᠢ ᠬᠠᠮᠵᠢᠯᠴᠠᠭᠤᠯᠬᠤ᠂ ᠡᠮᠨᠡᠬᠦ᠌ ᠪᠠ ᠰᠡᠷᠭᠡᠢᠯᠡᠬᠦ᠌᠎ᠶ᠋ᠢ ᠠᠭᠤᠰᠤᠯᠴᠠᠭᠤᠯᠬᠤ᠎ᠶ᠋ᠢ ᠭᠦᠨᠵᠡᠭᠡᠢᠷᠡᠭᠦᠯᠵᠦ᠍᠂ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠬᠢᠵᠠᠭᠠᠷᠯᠠᠬᠤ᠂ ᠪᠠᠴᠢᠮ ᠪᠠᠢᠳᠠᠯ᠎ᠢ ᠠᠷᠭᠠᠴᠠᠨ ᠱᠢᠢᠳᠪᠦᠷᠢᠯᠡᠬᠦ᠂ ᠡᠮᠨᠡᠨ ᠠᠪᠤᠷᠠᠬᠤ᠂ ᠡᠳ᠋ ᠪᠣᠳᠠᠰ᠎ᠤᠨ ᠪᠠᠲᠤᠯᠠᠭ᠎ᠠ ᠬᠠᠩᠭᠠᠬᠤ ᠪᠠ ᠬᠢᠨᠠᠵᠤ ᠬᠠᠮᠢᠶᠠᠷᠬᠤ ᠱᠢᠰᠲ᠋ᠧᠮ᠎ᠢ ᠪᠠᠢᠭᠤᠯᠤᠨ ᠪᠦᠷᠢᠨᠱᠢᠭᠦᠯᠦᠨ᠎ᠡ᠃ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠯᠳᠠᠪᠤᠷᠢᠲᠤ ᠡᠪᠡᠳᠴᠢᠨ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠲᠠᠬᠤᠯ ᠡᠪᠡᠳᠴᠢᠨ᠎ᠤ ᠤᠬᠠᠭᠠᠨ᠎ᠤ ᠪᠠᠢᠴᠠᠭᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠲᠤᠷᠱᠢᠯᠲᠠ᠎ᠶ᠋ᠢᠨ ᠲᠠᠰᠤᠭ᠎ᠤᠨ ᠳᠤᠤᠷ᠎ᠢ ᠲᠡᠭᠦᠯᠳᠡᠷᠵᠢᠭᠦᠯᠵᠦ᠍᠂ ᠱᠠᠲᠤ ᠬᠤᠪᠢᠶᠠᠭ᠍ᠰᠠᠨ ᠳᠠᠪᠬᠤᠷᠭ᠎ᠠ ᠬᠤᠪᠢᠶᠠᠭ᠍ᠰᠠᠨ ᠰᠠᠯᠪᠤᠷᠢᠯᠠᠭᠤᠯᠤᠭ᠍ᠰᠠᠨ ᠠᠪᠤᠷᠠᠨ ᠵᠠᠰᠠᠬᠤ ᠱᠢᠰᠲ᠋ᠧᠮ᠎ᠢ ᠪᠠᠢᠭᠤᠯᠤᠨ᠎ᠠ᠃ ᠬᠦᠨᠳᠦ ᠶᠡᠭᠡ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠴᠢᠩᠭᠠᠳᠭᠠᠵᠤ᠂ ᠬᠠᠮᠲᠤᠷᠠᠨ ᠰᠡᠷᠭᠡᠢᠯᠡᠵᠤ ᠬᠠᠮᠳᠤᠷᠠᠨ ᠬᠢᠵᠠᠭᠠᠷᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠤᠯᠤᠰ᠎ᠤᠨ ᠡᠭᠡᠯᠢᠯᠡᠭᠡ᠎ᠶ᠋ᠢᠨ ᠲᠥᠯᠥᠪᠵᠢᠭᠦᠯᠭᠡ᠎ᠶ᠋ᠢᠨ ᠸᠠᠺᠼᠢᠨ᠎ᠤ ᠲᠥᠷᠥᠯ ᠵᠦᠢᠯ᠎ᠢ ᠬᠥᠳᠡᠯᠦᠩᠭᠦᠶ᠎ᠪᠠᠷ ᠱᠢᠯᠢᠳᠡᠭ᠌ᠵᠢᠭᠦᠯᠦᠨ᠎ᠡ᠃ ᠠᠨᠠᠭᠠᠬᠤ ᠤᠬᠠᠭᠠᠨ᠎ᠤ ᠪᠠᠴᠢᠮ ᠠᠪᠤᠷᠠᠨ ᠲᠤᠰᠠᠯᠠᠬᠤ ᠪᠠ ᠡᠮᠨᠡᠯᠭᠡ᠎ᠶ᠋ᠢᠨ ᠬᠤᠷᠢᠶ᠎ᠠ᠎ᠳᠤ ᠤᠷᠤᠬᠤ᠎ᠠᠴᠠ ᠡᠮᠦᠨᠡᠬᠢ ᠲᠦᠷᠭᠡᠨ ᠠᠪᠤᠷᠠᠯᠲᠠ᠎ᠶ᠋ᠢᠨ ᠱᠢᠰᠲ᠋ᠧᠮ᠎ᠢ ᠪᠦᠷᠢᠨᠱᠢᠬᠦᠯᠵᠦ᠍᠂ ᠴᠢᠰᠤᠨ᠎ᠤ ᠪᠠᠲᠤᠯᠠᠭ᠎ᠠ ᠪᠠ ᠪᠠᠴᠢᠮ ᠪᠠᠢᠳᠠᠯ᠎ᠢ ᠠᠷᠭᠠᠴᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠰᠡᠳᠭᠢᠴᠡ᠎ᠶ᠋ᠢᠨ ᠡᠷᠡᠭᠦᠯ ᠮᠡᠨᠳᠦ ᠪᠠ ᠣᠶᠣᠨ ᠮᠡᠳᠡᠷᠡᠯ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠶ᠋ᠢ ᠴᠢᠩᠭᠠᠳᠭᠠᠵᠤ᠂ ᠭᠤᠤᠯᠳᠠᠯᠭ᠎ᠠ᠎ᠲᠠᠢ ᠬᠥᠮᠦᠰ᠎ᠤᠨ ᠪᠠᠢᠩᠭᠤ ᠲᠣᠬᠢᠶᠠᠯᠳᠤᠳᠠᠭ ᠣᠶᠣᠨ ᠮᠡᠳᠡᠷᠡᠯ᠎ᠤᠨ ᠬᠠᠷᠰᠢ ᠰᠠᠭᠠᠳ ᠪᠠ ᠰᠡᠳᠭᠢᠴᠡ᠎ᠶ᠋ᠢᠨ ᠠᠰᠠᠭᠤᠳᠠᠯ᠎ᠢ ᠡᠷᠲᠡ ᠢᠯᠡᠷᠡᠭᠦᠯᠬᠦ᠌ ᠬᠢᠭᠡᠳ ᠶᠡᠷᠦᠩᠬᠡᠢᠯᠡᠨ ᠭᠠᠷ ᠲᠦᠷᠦᠬᠦ᠌᠎ᠶ᠋ᠢ ᠴᠢᠩᠭᠠᠳᠭᠠᠨ᠎ᠠ᠃ ᠠᠵᠢᠯ᠎ᠤᠨ ᠨᠥᠯᠥᠭᠡᠨ᠎ᠤ ᠡᠪᠡᠳᠴᠢᠨ᠎ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠨ᠎ᠠ᠃ ᠵᠦᠶ ᠵᠣᠬᠢᠰᠲᠠᠶ ᠢᠳᠡᠭᠡᠨ᠎ᠤ ᠠᠵᠢᠯᠯᠠᠭ᠎ᠠ ᠪᠠ ᠠᠷᠠᠳ ᠢᠷᠭᠡᠳ᠎ᠤᠨ ᠱᠢᠮ᠎ᠡ ᠲᠡᠵᠢᠭᠡᠯ᠎ᠤᠨ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠡᠷᠡᠭᠦᠯ ᠪᠡᠶ᠎ᠡ᠎ᠶ᠋ᠢᠨ ᠬᠦᠨᠳᠦ᠍᠎ᠶ᠋ᠢᠨ ᠬᠠᠮᠢᠶᠠᠷᠤᠯᠲᠠ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠦᠨ᠎ᠡ᠃
ᠬᠤᠶᠠᠳᠤᠭᠠᠷ ᠬᠡᠰᠡᠭ ᠴᠢᠨᠠᠷ ᠰᠠᠢᠲᠠᠶ ᠥᠨᠳᠥᠷ ᠪᠦᠲᠦᠮᠵᠢᠲᠡᠶ ᠡᠮᠴᠢᠯᠡᠭᠡᠨ᠎ᠤ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠤᠨ᠎ᠠ
ᠡᠮᠴᠢᠯᠡᠭᠡᠨ᠎ᠤ ᠪᠠᠢᠭᠤᠯᠤᠮᠵᠢ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠱᠠᠲᠤ ᠬᠤᠪᠢᠶᠠᠨ ᠣᠨᠣᠱᠢᠯᠠᠨ ᠡᠮᠨᠡᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠴᠢᠨᠠᠷ ᠰᠠᠢᠲᠠᠶ ᠡᠮᠴᠢᠯᠡᠭᠡᠨ᠎ᠤ ᠡᠬᠢ ᠪᠠᠶᠠᠯᠢᠭ᠎ᠤᠨ ᠬᠡᠪᠴᠢᠶ᠎ᠡ᠎ᠶ᠋ᠢ ᠥᠷᠭᠡᠳᠭᠡᠨ ᠳᠣᠭᠤᠭ᠍ᠰᠢ ᠪᠠᠭᠤᠯᠭᠠᠬᠤ ᠪᠠ ᠣᠷᠣᠨ ᠪᠦᠰᠡ᠎ᠳᠤ ᠲᠡᠩᠴᠡᠭᠦᠷᠢᠲᠡᠶ ᠪᠠᠢᠷᠢᠯᠠᠭᠤᠯᠬᠤ᠎ᠶ᠋ᠢ ᠠᠬᠢᠭᠤᠯᠵᠤ᠂ ᠤᠯᠤᠰ᠎ᠤᠨ ᠠᠨᠠᠭᠠᠬᠤ ᠤᠬᠠᠭᠠᠨ᠎ᠤ ᠲᠥᠪ᠎ᠤᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠦᠭᠡᠳ ᠡᠮᠬᠢ ᠵᠢᠷᠤᠮ᠎ᠲᠠᠢ ᠠᠬᠢᠭᠤᠯᠵᠤ᠂ ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠤ ᠲᠥᠪ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠪᠠᠬᠢᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠱᠢᠶᠠᠨ ᠲᠣᠭᠤᠷᠢᠭ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠠᠵᠢᠯᠯᠠᠭᠠᠨ᠎ᠤ ᠪᠠᠲᠤᠯᠠᠭ᠎ᠠ᠎ᠶ᠋ᠢ ᠴᠢᠩᠭᠠᠳᠭᠠᠵᠤ᠂ ᠱᠢᠶᠠᠨ᠎ᠤ ᠪᠦᠰᠡ᠎ᠶ᠋ᠢᠨ ᠡᠮᠨᠡᠯᠭᠡ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠨᠡᠢᠳᠡᠮ ᠪᠦᠷᠬᠦᠭᠦᠯᠬᠦ᠂ ᠨᠢᠭ᠍ᠲᠠ ᠴᠢᠨᠠᠷ ᠬᠠᠮᠵᠢᠯᠴᠠᠬᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠨᠢᠭ᠍ᠲᠠ ᠬᠡᠯᠪᠡᠷᠢ᠎ᠶ᠋ᠢᠨ ᠬᠤᠲᠠ᠎ᠶ᠋ᠢᠨ ᠡᠮᠴᠢᠯᠡᠭᠡᠨ᠎ᠤ ᠪᠦᠯᠦᠭ᠌ᠯᠡᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠲᠣᠭᠤᠷᠢᠨ ᠡᠮᠴᠢᠯᠡᠬᠦ᠌ ᠳᠦᠷᠢᠮ᠎ᠢ ᠪᠦᠷᠢᠨᠱᠢᠭᠦᠯᠵᠦ᠍᠂ ᠬᠡᠷ ᠪᠦᠯᠢ᠎ᠶ᠋ᠢᠨ ᠡᠮᠴᠢ᠎ᠶ᠋ᠢᠨ ᠦᠢᠯᠡᠴᠢᠯᠡᠭᠡᠨ᠎ᠤ ᠬᠠᠮᠤᠷᠬᠤ ᠨᠣᠷᠮ᠎ᠠ ᠪᠠ ᠲᠥᠷᠥᠭ᠌ᠳᠡᠯ᠎ᠢ ᠳᠡᠭᠡᠭ᠌ᠰᠢᠯᠡᠭᠦᠯᠵᠦ᠍᠂ ᠦᠨᠳᠦᠰᠦᠨ ᠱᠠᠲᠤᠨ᠎ᠤ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠣᠨᠣᠱᠢᠯᠠᠨ ᠡᠮᠨᠡᠬᠦ᠌ ᠬᠡᠮᠵᠢᠶ᠎ᠡ᠎ᠶ᠋ᠢᠨ ᠡᠵᠡᠯᠡᠬᠦ᠌ ᠬᠠᠷᠢᠴᠠᠯ᠎ᠢ ᠳᠡᠭᠡᠭ᠌ᠰᠢᠯᠡᠭᠦᠯᠦᠨ᠂ ᠡᠮ᠎ᠤᠨ ᠲᠥᠷᠥᠯ ᠵᠦᠢᠯ᠎ᠤᠨ ᠲᠣᠬᠢᠷᠠᠭᠤᠯᠤᠯᠲᠠ᠎ᠶ᠋ᠢ ᠵᠦᠶ ᠵᠣᠬᠢᠰᠲᠠᠶ ᠨᠡᠮᠡᠭ᠌ᠳᠡᠭᠦᠯᠦᠨ᠎ᠡ᠃ ᠤᠳᠠᠭᠠᠨ ᠴᠢᠨᠠᠷᠲᠠᠶ ᠡᠪᠡᠳᠴᠢᠨ᠎ᠢ ᠶᠡᠷᠦᠩᠬᠡᠢᠯᠡᠨ ᠰᠡᠷᠭᠡᠢᠯᠡᠨ ᠬᠢᠵᠠᠭᠠᠷᠯᠠᠬᠤ᠎ᠶ᠋ᠢ ᠴᠢᠩᠭᠠᠳᠭᠠᠵᠤ᠂ ᠰᠡᠷᠭᠡᠢᠯᠡᠬᠦ᠌ ᠵᠠᠰᠠᠬᠤ ᠡᠷᠡᠭᠦᠯᠵᠢᠭᠦᠯᠬᠦ᠌ ᠬᠠᠮᠢᠶᠠᠷᠬᠤ ᠪᠦᠬᠦ᠌ ᠬᠡᠯᠬᠢᠶᠡᠨ᠎ᠤ ᠦᠢᠯᠡᠴᠢᠯᠡᠭᠡ᠎ᠶ᠋ᠢ ᠬᠥᠭ᠌ᠵᠢᠭᠦᠯᠵᠦ᠍᠂ ᠡᠷᠲᠡ ᠱᠢᠭ᠌ᠰᠢᠨ ᠪᠠᠢᠴᠠᠭᠠᠬᠤ ᠡᠷᠲᠡ ᠤᠨᠤᠱᠢᠯᠠᠬᠤ ᠡᠷᠲᠡ ᠵᠠᠰᠠᠬᠤ ᠱᠢᠰᠲ᠋ᠧᠮ᠎ᠢ ᠪᠦᠷᠢᠨᠱᠢᠬᠦᠯᠵᠦ᠍᠂ ᠬᠦᠨᠳᠦ ᠶᠡᠭᠡ ᠤᠳᠠᠭᠠᠨ ᠴᠢᠨᠠᠷᠲᠠᠶ ᠡᠪᠡᠳᠴᠢᠨ᠎ᠢᠶᠠᠷ ᠳᠡᠩᠳᠡᠭᠦᠦ ᠡᠷᠲᠡ ᠦᠬᠦᠬᠦ᠌ ᠨᠣᠷᠮ᠎ᠠ᠎ᠶ᠋ᠢ ᠪᠠᠭᠤᠷᠠᠭᠤᠯᠤᠭᠠᠳ 13% ᠠᠴᠠ ᠳᠣᠣᠷ᠎ᠠ ᠪᠤᠯᠭᠠᠨ᠎ᠠ᠃ ᠡᠷᠡᠭᠦᠯᠵᠢᠭᠦᠯᠬᠦ᠌ ᠪᠠ ᠰᠤᠪᠢᠯᠠᠬᠤ᠂ ᠨᠠᠰᠤᠨ ᠡᠴᠦᠰ᠎ᠤᠨ ᠬᠠᠯᠠᠮᠵᠢᠯᠠᠯ ᠪᠠ ᠲᠠᠢᠪᠤᠱᠢᠷᠠᠭᠤᠯᠬᠤ ᠵᠠᠰᠠᠯᠭ᠎ᠠ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠥᠷᠭᠡᠳᠭᠡᠵᠦ᠍᠂ ᠡᠷᠡᠭᠦᠯᠵᠢᠭᠦᠯᠬᠦ᠌ ᠪᠠ ᠰᠤᠪᠢᠯᠠᠬᠤ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠶᠡᠷᠦᠩᠬᠡᠶ ᠰᠠᠯᠠᠭᠠᠨ᠎ᠤ ᠡᠮᠴᠢ᠂ ᠠᠵᠢᠯ ᠡᠷᠬᠢᠯᠡᠬᠦ᠌ ᠡᠮᠴᠢ ᠪᠠ ᠰᠤᠪᠢᠯᠠᠭ᠍ᠴᠢ᠎ᠶ᠋ᠢᠨ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠡᠮᠨᠡᠯᠭᠡ᠎ᠳᠤ ᠰᠠᠭᠤᠬᠤ ᠭᠠᠵᠠᠷ᠎ᠤᠨ ᠡᠮᠴᠢ᠎ᠶ᠋ᠢᠨ ᠵᠢᠷᠤᠮᠵᠢᠭ᠍ᠰᠠᠨ ᠪᠣᠯᠪᠠᠰᠤᠷᠠᠭᠤᠯᠤᠯ᠎ᠤᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠠᠷᠠᠳ ᠨᠡᠢᠲᠡ᠎ᠶ᠋ᠢᠨ ᠡᠷᠡᠭᠦᠯ ᠮᠡᠨᠳᠦ᠍᠎ᠶ᠋ᠢᠨ ᠳ᠋ᠢᠵᠢᠲ᠋ᠠᠯᠴᠢᠯᠠᠬ᠍ᠰᠠᠨ ᠤᠶᠤᠨᠴᠢᠯᠠᠬ᠍ᠰᠠᠨ ᠪᠠᠢᠭᠤᠯᠤᠯᠲᠠ᠎ᠶ᠋ᠢ ᠠᠬᠢᠭᠤᠯᠵᠤ᠂ ᠪᠠᠢᠴᠠᠭᠠᠨ ᠱᠢᠯᠭᠠᠭ᠍ᠰᠠᠨ ᠪᠠ ᠪᠠᠢᠴᠠᠭᠠᠭ᠍ᠰᠠᠨ ᠦᠷ᠎ᠡ ᠳ᠋ᠦᠩ᠎ᠢ ᠬᠠᠮᠲᠤ᠎ᠪᠠᠷ ᠡᠳ᠋ᠯᠡᠵᠦ᠍ ᠬᠠᠷᠢᠯᠴᠠᠨ ᠮᠡᠳᠡᠷᠡᠬᠦ᠌᠎ᠶ᠋ᠢ ᠠᠬᠢᠭᠤᠯᠤᠨ᠎ᠠ᠃
ᠭᠤᠷᠪᠠᠳᠤᠭᠠᠷ ᠬᠡᠰᠡᠭ ᠡᠮᠨᠠᠯᠭᠡ ᠡᠮᠨᠡᠯᠭᠡ᠎ᠶ᠋ᠢᠨ ᠳᠠᠭᠠᠳᠭᠠᠯ ᠡᠮ ᠡᠮᠨᠡᠯᠭᠡ᠎ᠶ᠋ᠢ ᠬᠠᠮᠵᠢᠯᠴᠠᠨ ᠬᠥᠭ᠌ᠵᠢᠬᠦᠯᠬᠦ᠌ ᠪᠠ ᠵᠠᠰᠠᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ
ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠠᠷᠠᠯᠲᠠ᠎ᠶ᠋ᠢ ᠨᠢᠭᠡᠳᠦᠯᠲᠡᠢ ᠪᠤᠯᠭᠠᠬᠤ᠂ ᠲᠦᠷᠦ᠍᠎ᠶ᠋ᠢᠨ ᠪᠤᠳᠤᠯᠭ᠎ᠠ᠎ᠶ᠋ᠢ ᠵᠣᠯᠭᠠᠯᠳᠤᠭᠤᠯᠬᠤ᠂ ᠮᠡᠳᠡᠭᠡ ᠵᠠᠩᠭᠢ᠎ᠶ᠋ᠢ ᠨᠡᠪᠲᠡᠷᠡᠯᠴᠡᠭᠦᠯᠬᠦ᠂ ᠬᠢᠨᠠᠯᠲᠠ ᠬᠠᠮᠢᠶᠠᠷᠤᠯᠲᠠ᠎ᠶ᠋ᠢ ᠬᠤᠯᠪᠣᠯᠳᠤᠭᠤᠯᠬᠤ᠎ᠶ᠋ᠢ ᠠᠬᠢᠭᠤᠯᠤᠨ᠎ᠠ᠃ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ᠎ᠢᠶᠠᠷ ᠤᠳᠤᠷᠢᠳᠤᠮᠵᠢ ᠪᠣᠯᠭᠠᠨ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠣᠷᠣᠨ ᠲᠤᠭᠠᠳᠤ ᠬᠥᠳᠡᠯᠦᠩᠭᠦᠶ ᠲᠣᠬᠢᠷᠠᠭᠤᠯᠤᠯᠲᠠ ᠬᠢᠬᠦ᠌ ᠲᠣᠭ᠍ᠲᠠᠴᠠ᠎ᠶ᠋ᠢ ᠪᠠᠢᠭᠤᠯᠵᠦ᠍᠂ ᠡᠮᠴᠢᠯᠡᠭᠡᠨ᠎ᠤ ᠦᠢᠯᠡᠴᠢᠯᠡᠭᠡ᠎ᠪᠠᠷ ᠤᠳᠤᠷᠢᠳᠤᠮᠵᠢ ᠪᠣᠯᠭᠠᠭ᠍ᠰᠠᠨ ᠰᠦᠢᠳᠭᠡᠯ ᠬᠤᠷᠢᠶᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠴᠠᠯᠢᠩ ᠬᠥᠯᠥᠰᠥ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠡᠮᠴᠢᠯᠡᠭᠡᠨ᠎ᠤ ᠪᠠᠢᠭᠤᠯᠤᠮᠵᠢ ᠪᠠ ᠡᠮᠨᠡᠯᠭᠡ᠎ᠶ᠋ᠢᠨ ᠠᠵᠢᠯᠲᠠᠨ᠎ᠤ ᠠᠵᠢᠯ ᠡᠷᠬᠢᠯᠡᠬᠦ᠌ ᠦᠢᠯᠡ ᠠᠵᠢᠯᠯᠠᠭ᠎ᠠ᠎ᠶ᠋ᠢ ᠵᠢᠷᠤᠮᠵᠢᠭᠤᠯᠵᠤ᠂ ᠡᠮᠨᠡᠯᠭᠡ ᠡᠷᠡᠭᠦᠯ ᠬᠠᠮᠠᠭᠠᠯᠠᠯ᠎ᠤᠨ ᠬᠦᠷᠢᠶᠡᠨ᠎ᠤ ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢ ᠴᠢᠩᠭᠠᠳᠭᠠᠨ᠎ᠠ᠃ ᠠᠷᠠᠳ᠎ᠠᠴᠠ ᠡᠵᠡᠩᠨᠡᠭ᠌ᠰᠡᠨ ᠡᠮᠨᠡᠯᠭᠡ᠎ᠶ᠋ᠢᠨ ᠬᠤᠷᠢᠶᠠᠨ᠎ᠤ ᠬᠥᠭ᠌ᠵᠢᠯᠲᠡ᠎ᠶ᠋ᠢ ᠬᠥᠲᠥᠯᠥᠨ ᠵᠢᠯᠣᠭᠤᠳᠴᠤ᠌ ᠵᠢᠷᠤᠮᠵᠢᠭᠤᠯᠤᠨ᠎ᠠ᠃ ᠡᠮᠨᠡᠯᠭᠡ᠎ᠶ᠋ᠢᠨ ᠳᠠᠭᠠᠳᠭᠠᠯ᠎ᠤᠨ ᠵᠣᠭᠤᠰ ᠲᠥᠯᠥᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠦᠯᠡᠳᠡᠪᠦᠷᠢ ᠪᠡᠯᠡ ᠮᠥᠩᠭᠦ᠎ᠶ᠋ᠢᠨ ᠬᠡᠷᠡᠭ᠌ᠯᠡᠯᠲᠡ᠎ᠶ᠋ᠢ ᠱᠢᠯᠢᠳᠡᠭ᠌ᠵᠢᠭᠦᠯᠵᠦ᠍᠂ ᠠᠳᠠᠯᠢ ᠪᠤᠰᠤ ᠱᠠᠲᠤ ᠲᠡᠰ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢᠨ ᠢᠯᠭᠠᠭᠠᠵᠢᠭᠤᠯᠤᠭ᠍ᠰᠠᠨ ᠵᠣᠭᠤᠰ ᠲᠥᠯᠥᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠳᠠᠭᠠᠳᠭᠠᠯ᠎ᠳᠤ ᠣᠷᠣᠯᠴᠠᠭ᠍ᠰᠠᠳ᠎ᠤᠨ ᠬᠤᠪᠢ ᠬᠥᠮᠦᠨ᠎ᠤ ᠵᠠᠷᠤᠳᠠᠯ᠎ᠤᠨ ᠳᠠᠷᠤᠭᠠᠰᠤ᠎ᠶ᠋ᠢ ᠬᠥᠩᠭᠡᠷᠡᠭᠦᠯᠵᠦ᠍᠂ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠡᠮ᠎ᠤᠨ ᠵᠦᠢᠯ᠎ᠤᠨ ᠦᠨ᠎ᠡ ᠬᠠᠩᠰᠢ᠎ᠶ᠋ᠢᠨ ᠪᠦᠷᠢᠯᠳᠦᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠮ᠎ᠤᠨ ᠵᠦᠢᠯ ᠪᠠ ᠡᠮᠨᠡᠯᠭᠡ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ᠃ ᠱᠢᠨ᠎ᠡ᠎ᠶ᠋ᠢ ᠡᠭᠦᠳᠦᠭ᠌ᠰᠡᠨ ᠡᠮ ᠪᠠ ᠡᠮᠴᠢᠯᠡᠭᠡᠨ᠎ᠳᠤ ᠪᠠᠴᠢᠮ ᠬᠡᠷᠡᠭ᠌ᠰᠡᠬᠦ᠌ ᠡᠮ᠎ᠤᠨ ᠵᠦᠢᠯ᠎ᠢ ᠬᠢᠨᠠᠨ ᠦᠨᠡᠯᠡᠵᠦ᠍ ᠬᠢᠨᠠᠨ ᠵᠥᠪᠱᠢᠶᠡᠷᠡᠬᠦ᠌᠎ᠶ᠋ᠢ ᠱᠢᠯᠢᠳᠡᠭ᠌ᠵᠢᠭᠦᠯᠵᠦ᠍᠂ ᠡᠮᠨᠡᠯᠭᠡ᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ ᠪᠠ ᠡᠮᠴᠢᠯᠡᠭᠡᠨ᠎ᠤ ᠪᠠᠭᠠᠵᠢ ᠬᠡᠷᠡᠭ᠌ᠰᠡᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠳᠡᠮᠵᠢᠬᠦ᠌ ᠲᠣᠭ᠍ᠲᠠᠴᠠ᠎ᠶ᠋ᠢ ᠪᠦᠷᠢᠨᠱᠢᠬᠦᠯᠵᠤ᠂ ᠱᠢᠨ᠎ᠡ᠎ᠶ᠋ᠢ ᠡᠭᠦᠳᠦᠭ᠌ᠰᠡᠨ ᠡᠮ᠎ᠤᠨ ᠭᠠᠷᠴᠠᠭ᠎ᠢ ᠲᠡᠭᠦᠯᠳᠡᠷᠵᠢᠭᠦᠯᠵᠦ᠍᠂ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠤᠭᠤᠰ ᠲᠦᠯᠦᠬᠦ᠌ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠵᠣᠷᠢᠭ᠍ᠵᠢᠭᠤᠯᠤᠨ᠎ᠠ᠃
ᠳᠥᠷᠪᠡᠳᠦᠭᠡᠷ ᠬᠡᠰᠡᠭ ᠬᠢᠲᠠᠳ ᠡᠮ ᠡᠮᠨᠡᠯᠭᠡ᠎ᠶ᠋ᠢ ᠤᠯᠠᠮᠵᠢᠯᠠᠨ ᠵᠠᠯᠭᠠᠮᠵᠢᠯᠠᠬᠤ ᠪᠠ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠎ᠠ
ᠬᠢᠲᠠᠳ ᠡᠮ ᠡᠮᠨᠡᠯᠭᠡ᠎ᠶ᠋ᠢ ᠬᠦᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠬᠢᠲᠠᠳ ᠡᠮᠨᠡᠯᠭᠡ ᠪᠠ ᠧᠦ᠋ᠷᠣᠫᠠ ᠡᠮᠨᠡᠯᠭᠡ᠎ᠶ᠋ᠢ ᠤᠶᠠᠯᠳᠤᠭᠤᠯᠬᠤ᠎ᠶ᠋ᠢ ᠠᠬᠢᠭᠤᠯᠤᠨ᠎ᠠ᠃ ᠬᠢᠲᠠᠳ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠵᠦ᠍᠂ ᠦᠨᠳᠦᠰᠦᠨ ᠱᠠᠲᠤᠨ᠎ᠤ ᠬᠢᠲᠠᠳ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠢᠲᠠᠳ ᠡᠮᠨᠡᠯᠭᠡ᠎ᠶ᠋ᠢᠨ ᠳᠠᠪᠠᠭᠤᠯᠢᠭ ᠲᠤᠰᠭᠠᠶ ᠰᠠᠯᠠᠭᠠᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠬᠢᠲᠠᠳ ᠡᠮᠨᠡᠯᠭᠡ ᠪᠠ ᠧᠦ᠋ᠷᠣᠫᠠ ᠡᠮᠨᠡᠯᠭᠡ᠎ᠶ᠋ᠢᠨ ᠬᠠᠮᠵᠢᠯᠴᠠᠭ᠍ᠰᠠᠨ ᠦᠢᠯᠡᠴᠢᠯᠡᠭᠡ᠎ᠶ᠋ᠢ ᠬᠥᠭ᠌ᠵᠢᠭᠦᠯᠦᠨ᠎ᠡ᠃ ᠬᠢᠲᠠᠳ ᠡᠮ ᠡᠮᠨᠡᠯᠭᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢ ᠠᠬᠢᠭᠤᠯᠵᠤ᠂ ᠬᠢᠲᠠᠳ ᠡᠮ ᠡᠮᠨᠡᠯᠭᠡ᠎ᠶ᠋ᠢᠨ ᠣᠨᠴᠠᠯᠢᠭ᠍ᠲᠤ ᠴᠢᠳᠠᠪᠤᠷᠢᠲᠠᠨ᠎ᠢ ᠬᠥᠮᠦᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠬᠢᠲᠠᠳ ᠡᠮ᠎ᠤᠨ ᠡᠬᠢ ᠪᠠᠶᠠᠯᠢᠭ᠎ᠢ ᠬᠠᠮᠠᠭᠠᠯᠠᠨ ᠠᠱᠢᠭ᠍ᠯᠠᠬᠤ ᠪᠠ ᠵᠢᠩᠬᠢᠨᠢ ᠰᠠᠢᠨ ᠡᠮ᠎ᠤᠨ ᠮᠠᠲ᠋ᠧᠷᠢᠶᠠᠯ ᠦᠢᠯᠡᠳᠪᠦᠷᠢᠯᠡᠬᠦ᠌ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠬᠢᠲᠠᠳ ᠡᠮ᠎ᠤᠨ ᠨᠠᠢᠷᠠᠯᠭ᠎ᠠ᠂ ᠰᠣᠩᠭᠤᠳᠠᠭ ᠨᠡᠷᠡᠲᠦ ᠵᠣᠷ᠎ᠢ ᠢᠯᠡᠷᠡᠭᠦᠯᠦᠨ ᠬᠤᠪᠢᠷᠠᠭᠤᠯᠬᠤ᠎ᠶ᠋ᠢ ᠴᠢᠩᠭᠠᠳᠭᠠᠵᠤ᠂ ᠬᠢᠲᠠᠳ ᠡᠮ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠬᠢᠲᠠᠳ ᠡᠮ ᠡᠮᠨᠡᠯᠭᠡ᠎ᠶ᠋ᠢᠨ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ᠃ ᠬᠢᠲᠠᠳ ᠡᠮ ᠡᠮᠨᠡᠯᠭᠡ᠎ᠶ᠋ᠢᠨ ᠣᠨᠴᠠᠯᠢᠭᠲᠤ ᠨᠡᠢᠴᠡᠭ᠌ᠰᠡᠨ ᠡᠮᠨᠡᠯᠭᠡ᠎ᠶ᠋ᠢᠨ ᠳᠠᠭᠠᠳᠭᠠᠯ᠎ᠤᠨ ᠵᠣᠭᠤᠰ ᠲᠦᠯᠦᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠬᠢᠲᠠᠳ ᠡᠮ ᠡᠮᠨᠡᠯᠭᠡ᠎ᠶ᠋ᠢᠨ ᠰᠣᠶᠣᠯ᠎ᠢ ᠪᠠᠳᠠᠷᠠᠭᠤᠯᠤᠨ᠂ ᠬᠢᠲᠠᠳ ᠡᠮ ᠡᠮᠨᠡᠯᠭᠡ᠎ᠶ᠋ᠢᠨ ᠳᠡᠯᠡᠬᠡᠶ ᠳ᠋ᠠᠬᠢᠨ᠎ᠳᠤ ᠭᠠᠷᠬᠤ᠎ᠶ᠋ᠢ ᠠᠬᠢᠭᠤᠯᠤᠨ᠎ᠠ᠃
ᠲᠠᠪᠤᠳᠤᠭᠠᠷ ᠬᠡᠰᠡᠭ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠲᠦᠷᠭᠡᠯᠡᠨ ᠪᠠᠢᠭᠤᠯᠤᠨ᠎ᠠ
ᠣᠯᠠᠨ ᠲᠦᠮᠡᠨ᠎ᠤ ᠪᠡᠶ᠎ᠡ᠎ᠶ᠋ᠢᠨ ᠲᠠᠮᠢᠷ᠎ᠢ ᠢᠳᠡᠪᠬᠢᠲᠡᠢ ᠬᠥᠭ᠌ᠵᠢᠭᠦᠯᠵᠦ᠍᠂ ᠠᠷᠠᠳ ᠨᠡᠢᠲᠡ᠎ᠶ᠋ᠢᠨ ᠪᠡᠶ᠎ᠡ ᠮᠠᠬᠠᠪᠤᠳ᠎ᠢᠶᠠᠨ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠤᠳ᠎ᠢᠶᠠᠨ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢ ᠲᠦᠭᠡᠮᠡᠯᠵᠢᠭᠦᠯᠬᠦ᠌᠎ᠶ᠋ᠢ ᠴᠢᠩᠭᠠᠳᠭᠠᠵᠤ᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠪᠠᠢᠩᠭᠤ ᠣᠷᠣᠯᠴᠠᠬᠤ ᠬᠥᠮᠦᠨ᠎ᠤ ᠲᠤᠭ᠎ᠠ᠎ᠶ᠋ᠢᠨ ᠬᠠᠷᠢᠴᠠᠯ᠎ᠢ 40% ᠣᠷᠴᠢᠮ᠎ᠳᠤ ᠬᠦᠷᠭᠡᠨ᠎ᠡ᠃ ᠠᠷᠠᠳ ᠨᠡᠢᠲᠡ᠎ᠶ᠋ᠢᠨ ᠪᠡᠶ᠎ᠡ ᠮᠠᠬᠠᠪᠤᠳ᠎ᠢᠶᠠᠨ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠣᠯᠠᠨ ᠲᠦᠮᠡᠨ᠎ᠤ ᠳᠡᠷᠭᠡᠳᠡᠬᠢ ᠲᠠᠯᠠᠪᠤᠷ ᠭᠠᠵᠠᠷ ᠪᠠ ᠲᠦᠬᠦᠭᠡᠷᠦᠮᠵᠢ᠎ᠶ᠋ᠢ ᠪᠠᠢᠷᠢᠯᠠᠭᠤᠯᠵᠤ ᠪᠦᠲᠦᠭᠡᠨ ᠪᠠᠢᠭᠤᠯᠬᠤ᠎ᠶ᠋ᠢ ᠴᠢᠩᠭᠠᠳᠭᠠᠨ᠎ᠠ᠃ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠬᠠᠮᠢᠶᠠᠷᠤᠯᠲᠠ᠎ᠶ᠋ᠢᠨ ᠪᠠᠢᠭᠤᠯᠤᠯ ᠪᠠ ᠠᠵᠢᠯᠯᠠᠭᠠᠨ᠎ᠤ ᠲᠣᠭ᠍ᠲᠠᠴᠠ᠎ᠶ᠋ᠢ ᠥᠭᠡᠷᠡᠴᠢᠯᠡᠨ ᠲᠡᠭᠦᠯᠳᠡᠷᠵᠢᠭᠦᠯᠵᠦ᠍᠂ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠪᠠ ᠪᠡᠶ᠎ᠡ᠎ᠶ᠋ᠢᠨ ᠲᠠᠮᠢᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠣᠨᠣᠭ᠍ᠯᠠᠯ᠎ᠢ ᠰᠤᠳᠤᠯᠤᠨ ᠨᠡᠭᠡᠭᠡᠬᠦ᠌᠎ᠶ᠋ᠢ ᠴᠢᠩᠭᠠᠳᠭᠠᠵᠤ᠂ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠶᠡᠷᠦᠩᠬᠡᠢᠯᠡᠭ᠌ᠰᠡᠨ ᠪᠣᠳᠠᠲᠤ ᠬᠦᠴᠦᠨ᠎ᠢ ᠳᠡᠭᠡᠭ᠌ᠰᠢᠯᠡᠭᠦᠯᠦᠨ᠎ᠡ᠃ ᠣᠯᠠᠨ ᠤᠯᠤᠰ᠎ᠤᠨ ᠴᠢᠬᠤᠯᠠ ᠶᠡᠭᠡ ᠤᠷᠤᠯᠳᠤᠭᠠᠨ᠎ᠳᠤ ᠴᠢᠨᠠᠷ ᠰᠠᠢᠲᠠᠶ ᠪᠡᠯᠡᠳᠭᠡᠵᠦ᠍᠂ ᠪᠥᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠰᠠᠢᠲᠤᠷ ᠡᠷᠭᠢᠯᠡᠨ᠎ᠡ᠃ ᠬᠦᠯ ᠪᠥᠮᠪᠦᠭᠡ ᠰᠠᠭ᠍ᠰᠤᠨ ᠪᠦᠮᠪᠦᠭᠡ ᠠᠯᠠᠭᠠᠳᠠᠬᠤ ᠪᠦᠮᠪᠦᠭᠡ᠎ᠶ᠋ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠬᠥᠯ ᠪᠥᠮᠪᠦᠭᠡ᠎ᠶ᠋ᠢᠨ ᠬᠦᠷᠢᠶᠡᠨ᠎ᠳᠠᠬᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠴᠢᠨᠠᠷ ᠰᠠᠢᠲᠠᠶ ᠪᠡᠶ᠎ᠡ᠎ᠶ᠋ᠢᠨ ᠲᠠᠮᠢᠷ᠎ᠤᠨ ᠦᠢᠯᠡᠳᠬᠦᠨ ᠪᠠ ᠦᠢᠯᠡᠴᠢᠯᠡᠭᠡᠨ᠎ᠤ ᠬᠠᠩᠭᠠᠯᠭ᠎ᠠ᠎ᠶ᠋ᠢ ᠪᠠᠶᠠᠯᠢᠭ᠍ᠵᠢᠭᠤᠯᠵᠤ᠂ ᠤᠷᠤᠯᠳᠤᠭᠠᠨ᠎ᠤ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠵᠣᠷᠢᠭ᠍ᠵᠢᠭᠤᠯᠵᠤ᠂ ᠤᠰᠤᠨ ᠤᠷᠤᠨ᠂ ᠠᠭᠠᠷ᠎ᠤᠨ ᠤᠷᠤᠨ᠂ ᠠᠭᠤᠯᠠᠷᠬᠠᠭ ᠭᠠᠵᠠᠷ ᠵᠡᠷᠭᠡ᠎ᠶ᠋ᠢᠨ ᠭᠡᠷ᠎ᠤᠨ ᠭᠠᠳᠠᠨᠠᠬᠢ ᠬᠥᠳᠡᠯᠭᠡᠭᠡᠨ᠎ᠢ ᠠᠮᠤᠷ ᠲᠦᠪᠱᠢᠨ ᠡᠮᠬᠢ ᠵᠢᠷᠤᠮ᠎ᠲᠠᠢ᠎ᠪᠠᠷ ᠨᠡᠭᠡᠭᠡᠨ ᠬᠦᠭ᠌ᠵᠢᠭᠦᠯᠬᠦ᠌᠎ᠶ᠋ᠢ ᠠᠬᠢᠭᠤᠯᠵᠤ᠂ 《ᠭᠤᠷᠪᠠᠨ ᠳ᠋ᠦᠩᠱᠢᠭᠤᠷ ᠬᠥᠮᠦᠨ᠎ᠢ ᠳᠠᠢᠴᠢᠯᠠᠨ ᠮᠥᠰᠥ᠍ ᠴᠠᠰᠤᠨ᠎ᠤ ᠬᠥᠳᠡᠯᠭᠡᠭᠡᠨ᠎ᠳᠤ ᠣᠷᠣᠯᠴᠠᠭᠤᠯᠤᠭ᠍ᠰᠠᠨ》 ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠍᠂ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ᠃
ᠭᠦᠰᠦᠨᠦᠭ᠌᠎ᠲᠦ 16 ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ
01 ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠴᠢᠳᠠᠪᠤᠷᠢ᠎ᠶ᠋ᠢᠨ ᠪᠠᠢᠭᠤᠯᠤᠯᠲᠠ
ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠤᠷᠢᠳᠴᠢᠯᠠᠠ ᠰᠡᠷᠭᠡᠢᠯᠡᠵᠦ᠍ ᠬᠢᠵᠠᠭᠠᠷᠯᠠᠬᠤ ᠲᠥᠪ᠎ᠤᠨ ᠶᠡᠷᠦᠩᠬᠡᠢᠯᠡᠭ᠌ᠰᠡᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠠᠨᠠᠭᠠᠬᠤ ᠤᠬᠠᠭᠠᠨ᠎ᠤ ᠪᠠᠴᠢᠮ ᠠᠪᠤᠷᠠᠨ ᠲᠤᠰᠠᠯᠠᠬᠤ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠤᠯᠤᠰ᠎ᠤᠨ ᠣᠷᠣᠨ ᠪᠦᠰᠡ᠎ᠶ᠋ᠢᠨ ᠴᠢᠰᠤᠨ᠎ᠤ ᠠᠮᠤᠷ ᠲᠥᠪᠱᠢᠨ᠎ᠤ 10 ᠲᠥᠪ᠎ᠢ ᠪᠠᠢᠷᠢᠯᠠᠭᠤᠯᠤᠨ ᠪᠦᠲᠦᠭᠡᠨ ᠪᠠᠢᠭᠤᠯᠤᠨ᠎ᠠ᠃
02 ᠴᠢᠨᠠᠷ ᠰᠠᠢᠲᠠᠶ ᠡᠮᠴᠢᠯᠡᠭᠡᠨ᠎ᠤ ᠦᠢᠯᠡᠴᠢᠯᠡᠭᠡ᠎ᠶ᠋ᠢ ᠳᠡᠭᠡᠭ᠌ᠰᠢᠯᠡᠭᠦᠯᠬᠦ᠌
ᠭᠤᠤᠯᠳᠠᠯᠭ᠎ᠠ᠎ᠲᠠᠢ ᠡᠪᠡᠳᠴᠢᠨ᠎ᠤ ᠲᠥᠷᠥᠯ᠎ᠳᠤ ᠠᠩᠬᠠᠷᠤᠯ᠎ᠢᠶᠠᠨ ᠬᠠᠨᠳᠤᠭᠤᠯᠤᠨ ᠥᠨᠳᠥᠷ ᠲᠦᠪᠱᠢᠨ ᠪᠥᠬᠦᠶ ᠡᠮᠨᠡᠯᠭᠡ᠎ᠶ᠋ᠢᠨ ᠬᠤᠷᠢᠶ᠎ᠠ᠎ᠶ᠋ᠢ ᠪᠥᠲᠥᠭᠡᠨ ᠪᠠᠢᠭᠤᠯᠬᠤ᠎ᠶ᠋ᠢ ᠴᠢᠩᠭᠠᠳᠭᠠᠵᠤ᠂ ᠮᠤᠵᠢ᠎ᠶ᠋ᠢᠨ ᠬᠡᠪᠴᠢᠶᠡᠨ᠎ᠤ 60 ᠴᠢᠨᠠᠷ ᠰᠠᠢᠲᠠᠶ ᠡᠮᠨᠡᠯᠭᠡ᠎ᠶ᠋ᠢᠨ ᠬᠤᠷᠢᠶ᠎ᠠ᠎ᠶ᠋ᠢᠨ ᠡᠮᠴᠢᠯᠡᠭᠡᠨ᠎ᠤ ᠣᠨᠣᠱᠢᠯᠠᠨ ᠡᠮᠨᠡᠬᠦ᠌ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠬᠦ᠌᠎ᠶ᠋ᠢ ᠳᠡᠮᠵᠢᠨ᠎ᠡ᠃ ᠡᠪᠡᠳᠴᠢᠲᠡᠨ᠎ᠤ ᠥᠷᠥᠭᠡ᠎ᠶ᠋ᠢᠨ ᠲᠥᠬᠦᠭᠡᠷᠦᠮᠵᠢ ᠪᠠ ᠪᠡᠯᠡᠳᠭᠡᠮᠵᠢ᠎ᠨᠢ ᠬᠠᠭᠤᠴᠢᠷᠠᠭ᠍ᠰᠠᠨ ᠡᠮᠨᠡᠯᠭᠡ᠎ᠶ᠋ᠢᠨ ᠬᠤᠷᠢᠶ᠎ᠠ᠎ᠶ᠋ᠢᠨ ᠡᠪᠡᠳᠴᠢᠲᠡᠨ᠎ᠤ ᠥᠷᠥᠭᠡ᠎ᠶ᠋ᠢ ᠦᠭᠡᠷᠡᠴᠢᠯᠡᠬᠦ᠂ ᠡᠮᠴᠢᠯᠡᠭᠡᠨ᠎ᠤ ᠪᠡᠯᠡᠳᠭᠡᠮᠵᠢ᠎ᠶ᠋ᠢ ᠱᠢᠨᠡᠳᠭᠡᠬᠦ᠌ ᠠᠵᠢᠯ᠎ᠢ ᠥᠷᠨᠢᠭᠦᠯᠬᠦ᠌᠎ᠶ᠋ᠢ ᠠᠬᠢᠭᠤᠯᠤᠨ᠎ᠠ᠃
03 ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠪᠠᠬᠢᠵᠢᠭᠦᠯᠬᠦ᠌
ᠱᠢᠶᠠᠨ᠎ᠤ ᠪᠦᠰᠡ᠎ᠶ᠋ᠢᠨ 1000 ᠨᠢᠭ᠍ᠲᠠ ᠬᠡᠯᠪᠡᠷᠢ᠎ᠶ᠋ᠢᠨ ᠡᠮᠨᠡᠯᠭᠡ᠎ᠶ᠋ᠢᠨ ᠬᠠᠮᠲᠤ᠎ᠶ᠋ᠢᠨ ᠴᠣᠭ᠍ᠴᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠳᠠᠮᠵᠢᠵᠤ᠂ ᠱᠢᠶᠠᠨ᠎ᠤ ᠱᠠᠲᠤᠨ᠎ᠤ ᠡᠮᠨᠡᠯᠭᠡ᠎ᠶ᠋ᠢᠨ ᠬᠤᠷᠢᠶ᠎ᠠ᠂ ᠭᠤᠤᠯᠳᠠᠯᠭ᠎ᠠ᠎ᠲᠠᠢ ᠲᠥᠪ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠱᠢᠶᠠᠨ ᠲᠣᠭᠤᠷᠢᠭ᠎ᠤᠨ ᠠᠨᠠᠭᠠᠬᠤ ᠤᠬᠠᠭᠠᠨ᠎ᠤ ᠬᠡᠷᠡᠯ ᠵᠢᠷᠤᠭ᠂ ᠵᠢᠷᠦᠬᠡᠨ᠎ᠤ ᠴᠠᠬᠢᠯᠭᠠᠨ ᠵᠢᠷᠤᠭ᠎ᠤᠨ ᠣᠨᠣᠱᠢᠯᠠᠯᠲᠠ᠂ ᠠᠨᠠᠭᠠᠬᠤ ᠤᠬᠠᠭᠠᠨ᠎ᠤ ᠱᠢᠯᠭᠠᠨ ᠪᠠᠢᠴᠠᠭᠠᠯᠲᠠ᠂ ᠠᠷᠢᠭᠤᠳᠭᠠᠯ᠎ᠤᠨ ᠬᠠᠩᠭᠠᠯᠭ᠎ᠠ᠂ ᠡᠮ᠎ᠤᠨ ᠵᠦᠢᠯ᠎ᠤᠨ ᠬᠠᠩᠭᠠᠯᠭ᠎ᠠ ᠪᠠ ᠡᠮ᠎ᠤᠨ ᠤᠬᠠᠭᠠᠨ᠎ᠤ ᠦᠢᠯᠡᠴᠢᠯᠡᠭᠡ ᠵᠡᠷᠭᠡ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠨ᠎ᠠ᠃
04 ᠤᠯᠤᠰ᠎ᠤᠨ ᠠᠨᠠᠭᠠᠬᠤ ᠤᠬᠠᠭᠠᠨ᠎ᠤ ᠲᠥᠪ᠎ᠤᠨ ᠪᠥᠲᠥᠭᠡᠨ ᠪᠠᠢᠭᠤᠯᠤᠯᠲᠠ
ᠦᠨᠳᠦᠷ ᠲᠦᠪᠱᠢᠨ ᠪᠦᠬᠦᠢ ᠭᠤᠤᠯᠳᠠᠯᠭ᠎ᠠ᠎ᠲᠠᠢ ᠲᠤᠰᠭᠠᠶ ᠰᠠᠯᠠᠭᠠᠨ᠎ᠤ ᠴᠢᠭ᠌ᠯᠡᠯ᠎ᠲᠠᠢ ᠤᠶᠠᠯᠳᠤᠭᠤᠯᠤᠨ᠂ ᠤᠯᠤᠰ᠎ᠤᠨ ᠠᠨᠠᠭᠠᠬᠤ ᠤᠬᠠᠭᠠᠨ᠎ᠤ ᠲᠥᠪᠤᠳᠤᠨ ᠪᠥᠲᠥᠭᠡᠨ ᠪᠠᠢᠭᠤᠯᠤᠯᠲᠠ᠎ᠶ᠋ᠢ ᠳᠡᠮᠵᠢᠵᠦ᠍᠂ ᠬᠦᠴᠢᠷ ᠲᠦᠪᠡᠭ᠌ᠲᠡᠶ ᠬᠦᠨᠳᠦ ᠲᠦᠭ᠌ᠰᠢᠭᠦᠷᠢᠲᠡᠢ ᠡᠪᠡᠳᠴᠢᠨ᠎ᠢ ᠣᠨᠣᠱᠢᠯᠠᠨ ᠵᠠᠰᠠᠬᠤ᠂ ᠡᠮᠴᠢᠯᠡᠭᠡᠨ᠎ᠤ ᠮᠡᠷᠭᠡᠵᠢᠯ᠎ᠢ ᠬᠥᠲᠥᠯᠦᠨ ᠳᠠᠭᠠᠭᠤᠯᠬᠤ᠂ ᠠᠨᠠᠭᠠᠬᠤ ᠤᠬᠠᠭᠠᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠬᠤᠪᠢᠷᠠᠭᠤᠯᠬᠤ ᠪᠠ ᠳᠠᠭᠠᠭᠤᠯᠤᠭ᠍ᠴᠢ ᠴᠢᠳᠠᠪᠤᠷᠢᠲᠠᠨ᠎ᠢ ᠬᠥᠮᠦᠵᠢᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
05 ᠭᠤᠤᠯᠳᠠᠯᠭ᠎ᠠ᠎ᠲᠠᠢ ᠬᠥᠮᠦᠰ᠎ᠤᠨ ᠡᠮᠴᠢᠯᠡᠭᠡᠨ᠎ᠤ ᠦᠢᠯᠡᠴᠢᠯᠡᠭᠡ᠎ᠶ᠋ᠢᠨ ᠳᠤᠲᠠᠭᠤᠳᠠᠯ᠎ᠢ ᠨᠥᠬᠦᠪᠥᠷᠢᠯᠡᠬᠦ᠌
ᠨᠥᠬᠦᠴᠡᠯ᠎ᠲᠠᠢ ᠬᠤᠶᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶ᠎ᠠ᠎ᠶ᠋ᠢᠨ ᠡᠷᠡᠭᠦᠯᠵᠢᠭᠦᠯᠬᠦ᠌ ᠪᠠ ᠰᠤᠪᠢᠯᠠᠬᠤ ᠦᠢᠯᠡᠴᠢᠯᠡᠭᠡ ᠬᠠᠩᠭᠠᠬᠤ᠎ᠶ᠋ᠢ ᠳᠠᠮᠵᠢᠨ᠎ᠠ᠃ ᠮᠤᠵᠢ᠎ᠶ᠋ᠢᠨ ᠱᠠᠲᠤᠨ᠎ᠤ ᠪᠠ ᠭᠤᠤᠯᠳᠠᠯᠭ᠎ᠠ᠎ᠲᠠᠢ ᠲᠤᠰᠭᠠᠶ ᠣᠷᠣᠨ ᠪᠠ ᠬᠤᠲᠠ᠎ᠶ᠋ᠢᠨ ᠳᠡᠰ᠎ᠤᠨ ᠣᠶᠣᠨ ᠮᠡᠳᠡᠷᠡᠯ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠲᠡᠮᠵᠢᠨ᠎ᠠ᠃ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠬᠡᠤᠬᠡᠳ᠎ᠤᠨ ᠰᠠᠯᠠᠭᠠᠨ᠎ᠤ ᠦᠢᠯᠡᠴᠢᠯᠡᠭᠡᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃
06 ᠬᠢᠲᠠᠳ ᠡᠮ ᠡᠮᠨᠡᠯᠭᠡ᠎ᠶ᠋ᠢ ᠤᠯᠠᠮᠵᠢᠯᠠᠨ ᠵᠠᠯᠭᠠᠮᠵᠢᠯᠠᠬᠤ ᠪᠠ ᠱᠢᠨ᠎ᠡ᠎ᠶ᠋ᠢ ᠡᠭᠦᠳᠬᠦ᠌
ᠤᠯᠤᠰ᠎ᠤᠨ ᠬᠢᠲᠠᠳ ᠡᠮ ᠡᠮᠨᠡᠯᠭᠡ᠎ᠶ᠋ᠢᠨ ᠤᠯᠠᠮᠵᠢᠯᠠᠨ ᠵᠠᠯᠭᠠᠮᠵᠢᠯᠠᠬᠤ ᠪᠠ ᠱᠢᠨ᠎ᠡ᠎ᠶ᠋ᠢ ᠡᠭᠦᠳᠬᠦ᠌ ᠲᠥᠪ᠂ ᠬᠢᠲᠠᠳ ᠧᠦ᠋ᠷᠣᠫᠠ ᠡᠮᠨᠡᠯᠭᠡ ᠬᠠᠮᠵᠢᠯᠴᠠᠭ᠍ᠰᠠᠨ ᠲᠤᠭ᠍ᠴᠢ ᠡᠮᠨᠡᠯᠭᠡ᠎ᠶ᠋ᠢᠨ ᠬᠤᠷᠢᠶ᠎ᠠ ᠪᠠ ᠬᠢᠲᠠᠳ ᠡᠮᠨᠡᠯᠭᠡ᠎ᠶ᠋ᠢᠨ ᠳᠠᠪᠠᠭᠤᠯᠢᠭ ᠪᠦᠬᠦᠢ ᠲᠤᠰᠭᠠᠶ ᠰᠠᠯᠠᠭᠠᠨ᠎ᠤ ᠲᠥᠪ ᠪᠠᠢᠭᠤᠯᠬᠤ᠎ᠶ᠋ᠢ ᠲᠡᠮᠵᠢᠵᠦ᠍᠂ ᠬᠢᠲᠠᠳ ᠡᠮ ᠡᠮᠨᠡᠯᠭᠡ᠎ᠶ᠋ᠢᠨ ᠦᠪᠡᠷᠮᠢᠴᠡ ᠲᠠᠪᠠᠭᠤᠯᠢᠭ ᠪᠠ ᠦᠢᠯᠡᠳᠦᠯ᠎ᠢ ᠨᠡᠩ ᠰᠠᠢᠨ ᠪᠠᠳᠠᠷᠠᠭᠤᠯᠤᠨ᠎ᠠ᠃
07 ᠪᠡᠶ᠎ᠡ᠎ᠶ᠋ᠢᠨ ᠲᠠᠮᠢᠷ᠎ᠤᠨ ᠲᠠᠯᠠᠪᠤᠷ ᠭᠠᠵᠠᠷ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ
ᠣᠯᠠᠨ ᠲᠦᠮᠡᠨ᠎ᠤ ᠬᠥᠳᠡᠯᠭᠡᠭᠡᠨ᠎ᠤ ᠣᠷᠣᠨ ᠵᠠᠶ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠨᠥᠬᠦᠴᠡᠯ ᠪᠦᠬᠦᠢ ᠭᠠᠵᠠᠷ ᠣᠷᠣᠨ᠎ᠤ 《ᠠᠯᠲᠠᠨ ᠦᠨᠴᠦᠭ ᠮᠥᠩᠭᠦᠨ ᠬᠥᠪᠡᠭᠡ》 ᠶ᠋ᠢ ᠠᠭᠤᠳᠠᠯᠵᠤ᠂ ᠨᠠᠩ ᠳᠥᠭᠦᠮ ᠳᠥᠲᠡ ᠪᠥᠭᠡᠳ ᠬᠥᠷᠳᠡᠬᠦ᠋ᠢᠴᠡ ᠪᠡᠶ᠎ᠡ᠎ᠶ᠋ᠢᠨ ᠲᠠᠮᠢᠷ᠎ᠤᠨ ᠲᠦᠬᠦᠭᠡᠷᠦᠮᠵᠢ᠎ᠶ᠋ᠢ ᠪᠦᠲᠦᠭᠡᠨ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃ ᠬᠥᠯ ᠪᠥᠮᠪᠦᠭᠡ ᠵᠡᠷᠭᠡ᠎ᠪᠠᠷ ᠭᠤᠤᠯᠳᠠᠯᠭ᠎ᠠ ᠪᠣᠯᠭᠠᠵᠤ᠂ ᠵᠠᠯᠠᠭᠤᠴᠤᠳ ᠪᠠᠭᠠᠴᠤᠳ᠎ᠤᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠳᠡᠮᠵᠢᠨ᠎ᠡ᠃ ᠮᠥᠰᠥ᠍ ᠴᠠᠰᠤ᠂ ᠠᠭᠤᠯᠠᠷᠬᠠᠭ ᠭᠠᠵᠠᠷ ᠵᠡᠷᠭᠡ 100 ᠴᠢᠨᠠᠷ ᠰᠠᠢᠲᠠᠶ ᠭᠡᠷ᠎ᠤᠨ ᠭᠠᠳᠠᠨᠠᠬᠢ ᠬᠥᠳᠡᠯᠭᠡᠭᠡᠨ᠎ᠤ ᠵᠣᠷᠢᠭ᠍ᠰᠠᠨ ᠭᠠᠵᠠᠷ᠎ᠢ ᠪᠦᠲᠦᠭᠡᠨ ᠪᠠᠢᠭᠤᠯᠬᠤ᠎ᠶ᠋ᠢ ᠠᠬᠢᠭᠤᠯᠤᠨ᠎ᠠ᠃
ᠳᠥᠴᠢᠳᠦᠭᠡᠷ ᠪᠦᠯᠦᠭ ᠬᠥᠮᠦᠨ ᠠᠮᠠ᠎ᠶ᠋ᠢᠨ ᠨᠠᠰᠤᠵᠢᠯᠲᠠ᠎ᠶ᠋ᠢ ᠢᠳᠡᠪᠬᠢᠲᠡᠶ ᠠᠷᠭᠠᠴᠠᠨ᠎ᠠ
ᠬᠥᠮᠦᠨ ᠠᠮᠠ᠎ᠶ᠋ᠢᠨ ᠨᠠᠰᠤᠵᠢᠯᠲᠠ᠎ᠶ᠋ᠢ ᠢᠳᠡᠪᠬᠢᠲᠡᠢ ᠠᠷᠭᠠᠴᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠠᠵᠢᠯ ᠦᠢᠯᠡᠰ ᠪᠠ ᠠᠵᠤ ᠦᠢᠯᠡᠰ᠎ᠢ ᠬᠠᠮᠵᠢᠯᠴᠠᠭᠤᠯᠤᠨ ᠬᠥᠭ᠌ᠵᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠵᠦ᠍᠂ ᠦᠳᠡᠯᠦᠭᠡ ᠨᠠᠰᠤᠨ᠎ᠳᠠᠭᠠᠨ ᠬᠦᠷᠲᠡᠬᠦ᠌ ᠠᠰᠠᠷᠠᠮᠵᠢ᠎ᠲᠠᠢ᠂ ᠦᠳᠡᠯᠦᠭᠡ ᠨᠠᠰᠤᠨ᠎ᠳᠠᠭᠠᠨ ᠬᠢᠬᠦ᠌ ᠶᠠᠭᠤᠮ᠎ᠠ᠎ᠲᠠᠢ᠂ ᠦᠳᠡᠯᠦᠭᠡ ᠨᠠᠰᠤᠨ᠎ᠳᠠᠭᠠᠨ ᠪᠠᠶᠠᠷ ᠵᠢᠷᠭᠠᠯ᠎ᠲᠠᠢ ᠪᠠᠢᠬᠤ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠬᠤᠳᠠ ᠬᠥᠳᠡᠭᠡ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠲᠣᠤᠷ᠎ᠢ ᠲᠡᠭᠦᠯᠳᠡᠷᠵᠢᠭᠦᠯᠦᠨ᠎ᠡ
ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠲᠥᠬᠦᠭᠡᠷᠦᠮᠵᠢ᠎ᠶ᠋ᠢᠨ ᠪᠠᠢᠷᠢᠯᠠᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠍᠂ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢ ᠭᠦᠨᠵᠡᠭᠡᠢᠷᠡᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠲᠦᠷᠦᠯ ᠬᠤᠪᠢᠶᠠᠭ᠍ᠰᠠᠨ ᠥᠭᠡᠷᠡᠴᠢᠯᠡᠯᠲᠡ᠎ᠶ᠋ᠢ ᠡᠮᠬᠢ ᠵᠢᠷᠤᠮ᠎ᠲᠠᠢ ᠠᠬᠢᠭᠤᠯᠤᠨ᠎ᠠ᠃ ᠨᠡᠢᠭᠡᠮ ᠲᠣᠭᠤᠷᠢᠭ᠎ᠤᠨ ᠱᠢᠭᠢᠳᠭᠡᠯ᠎ᠲᠦ ᠮᠠᠶᠢᠭ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢ ᠬᠥᠭ᠌ᠵᠢᠭᠦᠯᠵᠦ᠍᠂ ᠲᠤᠰᠭᠠᠢᠵᠢᠭ᠍ᠰᠠᠨ᠂ ᠨᠡᠷᠡᠳᠦ ᠲᠡᠮᠳᠡᠭ᠌ᠵᠢᠭᠦᠯᠦᠭ᠌ᠰᠡᠨ᠂ ᠬᠡᠯᠬᠢᠶᠡᠵᠢᠭᠦᠯᠦᠭ᠌ᠰᠡᠨ ᠨᠡᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠪᠠᠢᠭᠤᠯᠤᠮᠵᠢ᠎ᠶ᠋ᠢ ᠪᠤᠢᠵᠢᠭᠤᠯᠤᠨ᠎ᠠ᠃ ᠭᠡᠷ ᠪᠦᠯᠢ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠣᠷᠣ᠎ᠶ᠋ᠢ ᠬᠥᠭ᠌ᠵᠢᠭᠦᠯᠵᠦ᠍᠂ ᠭᠡᠷ ᠦᠷᠦᠬᠡ᠎ᠶ᠋ᠢᠨ ᠨᠠᠰᠤᠵᠢᠭ᠍ᠰᠠᠳᠲᠤ ᠲᠣᠬᠢᠷᠠᠬᠤ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠬᠠᠪᠰᠤᠷᠤᠯᠴᠠᠬᠤ ᠴᠢᠨᠠᠷᠲᠠᠶ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢ ᠬᠥᠭ᠌ᠵᠢᠭᠦᠯᠦᠨ᠎ᠡ᠃ ᠴᠢᠳᠠᠪᠤᠷᠢ᠎ᠪᠠᠨ ᠠᠯᠳᠠᠭ᠍ᠰᠠᠨ ᠪᠠ ᠤᠶᠤᠨ ᠴᠢᠳᠡᠪᠤᠷᠢ᠎ᠪᠠᠨ ᠠᠯᠳᠠᠭ᠍ᠰᠠᠨ ᠨᠠᠰᠤᠲᠠᠨ᠎ᠢ ᠬᠠᠷᠠᠭᠠᠯᠵᠠᠨ ᠠᠰᠠᠷᠠᠬᠤ ᠱᠢᠰᠲ᠋ᠧᠮ᠎ᠢ ᠪᠦᠷᠢᠨᠱᠢᠬᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠰᠤᠪᠢᠯᠠᠬᠤ ᠬᠡᠯᠪᠡᠷᠢ᠎ᠶ᠋ᠢᠨ ᠣᠷᠣ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠡᠮᠨᠡᠬᠦ᠌ ᠪᠠ ᠰᠤᠪᠢᠯᠠᠬᠤ᠎ᠶ᠋ᠢ ᠤᠶᠠᠯᠳᠤᠭᠤᠯᠬᠤ᠎ᠶ᠋ᠢ ᠢᠳᠡᠪᠬᠢᠳᠠᠢ ᠠᠬᠢᠭᠤᠯᠤᠨ᠎ᠠ᠃ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠢ ᠬᠡᠷᠡᠭ᠌ᠵᠢᠭᠦᠯᠵᠦ᠍᠂ ᠨᠠᠰᠤᠲᠠᠢᠴᠤᠳ᠎ᠤᠨ ᠴᠢᠳᠠᠪᠤᠷᠢ᠎ᠶ᠋ᠢ ᠦᠨᠡᠯᠡᠨ ᠵᠢᠱ᠌ᠢᠬᠦ᠌ ᠨᠢᠭᠡᠳᠦᠯᠲᠡᠶ ᠲᠦᠷᠢᠮ᠎ᠢ ᠪᠦᠷᠢᠨᠱᠢᠭᠦᠯᠦᠨ᠎ᠡ᠃ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠠᠵᠢᠯᠲᠠᠨ᠎ᠤ ᠡᠩᠨᠡᠭᠡ᠎ᠶ᠋ᠢ ᠠᠵᠢᠯ ᠮᠡᠷᠭᠡᠵᠢᠭᠦᠯᠬᠦ᠌ ᠪᠠᠢᠭᠤᠯᠤᠯᠲᠠ᠎ᠶ᠋ᠢ ᠠᠬᠢᠭᠤᠯᠵᠤ᠂ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠥᠨᠳᠥᠷ ᠨᠠᠰᠤᠲᠠᠶ ᠭᠠᠭ᠍ᠴᠠᠭᠠᠷ ᠰᠠᠭᠤᠭ᠎ᠠ ᠨᠠᠰᠤᠲᠠᠨ ᠪᠠ ᠭᠡᠷ᠎ᠲᠡᠭᠡᠨ ᠦᠯᠡᠳᠡᠭ᠌ᠰᠡᠨ ᠨᠠᠰᠤᠲᠠᠨ᠎ᠢ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠨ᠎ᠠ᠃
ᠬᠤᠶᠠᠳᠤᠭᠠᠷ ᠬᠡᠰᠡᠭ ᠪᠠᠶᠠᠯᠢᠭ ᠰᠠᠢᠬᠠᠨ ᠨᠠᠰᠤᠲᠠᠢᠴᠤᠳ᠎ᠤᠨ ᠠᠮᠢᠳᠤᠷᠠᠯ᠎ᠢ ᠪᠤᠢ ᠪᠣᠯᠭᠠᠨ᠎ᠠ
ᠢᠳᠡᠪᠬᠢᠲᠡᠶ ᠨᠠᠰᠤᠵᠢᠯ᠎ᠤᠨ ᠦᠵᠡᠯᠲᠡ᠂ ᠡᠷᠡᠭᠦᠯ ᠡᠩᠬᠡ ᠨᠠᠰᠤᠵᠢᠯᠲᠠ᠎ᠶ᠋ᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠥᠬᠦ᠌ ᠶᠠᠪᠤᠴᠠ᠎ᠳᠤ ᠠᠭᠤᠰᠭᠠᠵᠤ᠂ ᠬᠥᠮᠦᠨ ᠠᠮᠠ᠎ᠶ᠋ᠢᠨ ᠨᠠᠰᠤᠵᠢᠯᠲᠠ᠎ᠶ᠋ᠢᠨ ᠤᠯᠤᠰ᠎ᠤᠨ ᠪᠠᠢᠳᠠᠯ᠎ᠤᠨ ᠲᠤᠬᠠᠶ ᠬᠥᠮᠦᠵᠢᠯ᠎ᠢ ᠭᠦᠨᠵᠡᠭᠡᠢᠷᠡᠭᠦᠯᠦᠨ ᠥᠷᠨᠢᠭᠦᠯᠵᠦ᠍᠂ ᠨᠠᠰᠤᠲᠠᠨ᠎ᠢᠶᠠᠨ ᠠᠴᠢᠯᠠᠵᠤ ᠨᠠᠰᠤᠲᠠᠨ᠎ᠢᠶᠠᠨ ᠬᠦᠨᠳᠦᠯᠡᠬᠦ᠌ ᠨᠡᠢᠭᠡᠮ᠎ᠤᠨ ᠣᠷᠴᠢᠨ ᠨᠦᠭᠦᠴᠡᠯ᠎ᠢ ᠪᠣᠶ ᠪᠣᠯᠭᠠᠨ᠎ᠠ᠃ ᠪᠤᠭᠤᠷᠤᠯᠴᠤᠳ᠎ᠤᠨ ᠠᠵᠤ ᠠᠬᠤᠶ᠎ᠶ᠋ᠢ ᠶᠡᠭᠡ᠎ᠪᠠᠷ ᠬᠥᠭ᠌ᠵᠢᠭᠦᠯᠵᠦ᠍᠂ ᠨᠠᠰᠤᠵᠢᠭ᠍ᠰᠠᠳᠲᠤ ᠲᠣᠬᠢᠷᠠᠬᠤ ᠦᠢᠯᠡᠳᠬᠦᠨ ᠪᠠ ᠨᠠᠰᠤᠲᠠᠢᠴᠤᠳ᠎ᠤᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠪᠠᠶᠠᠯᠢᠭ᠍ᠵᠢᠭᠤᠯᠵᠤ᠂ ᠪᠤᠭᠤᠷᠤᠯᠴᠤᠳ᠎ᠤᠨ ᠠᠵᠤ ᠠᠬᠤᠢ᠎ᠶ᠋ᠢᠨ ᠳᠤᠯᠤᠭᠠᠢ᠌ᠯᠠᠭ᠍ᠴᠢ ᠠᠵᠤ ᠠᠬᠤᠢᠯᠠᠯ ᠪᠠ ᠠᠯᠳᠠᠷᠲᠠᠢ ᠨᠡᠷᠡᠲᠦ ᠲᠡᠮᠳᠡᠭ᠎ᠢ ᠪᠤᠢᠵᠢᠭᠤᠯᠵᠤ᠂ ᠪᠤᠭᠤᠷᠤᠯᠴᠤᠳ᠎ᠤᠨ ᠦᠢᠯᠡᠳᠬᠦᠨ᠎ᠤ ᠭᠡᠷᠡᠴᠢᠯᠡᠯ᠎ᠤᠨ ᠳᠦᠷᠢᠮ᠎ᠢ ᠰᠦᠪᠡᠭ᠌ᠴᠢᠯᠡᠨ ᠪᠠᠢᠭᠤᠯᠵᠤ᠂ ᠪᠤᠭᠤᠷᠤᠯᠴᠤᠳ᠎ᠤᠨ ᠠᠵᠤ ᠠᠬᠤᠶ᠎ᠶ᠋ᠢᠨ ᠲᠤᠭ᠎ᠠ ᠪᠦᠷᠢᠳᠭᠡᠯ᠎ᠢ ᠲᠡᠭᠦᠯᠳᠡᠷᠵᠢᠭᠦᠯᠦᠨ᠎ᠡ᠃ ᠨᠠᠰᠤᠲᠠᠢᠴᠤᠳ᠎ᠤᠨ ᠬᠦᠮᠦᠨ᠎ᠤ ᠬᠦᠴᠦᠨ᠎ᠤ ᠡᠬᠢ ᠪᠠᠶᠠᠯᠢᠭ᠎ᠢ ᠢᠳᠡᠪᠬᠢᠲᠡᠢ ᠨᠡᠭᠡᠭᠡᠨ ᠬᠥᠭ᠌ᠵᠢᠭᠦᠯᠵᠦ᠍᠂ ᠬᠠᠤᠯᠢ᠎ᠪᠠᠷ ᠲᠣᠭ᠍ᠲᠠᠭᠠᠭ᠍ᠰᠠᠨ ᠠᠵᠢᠯ᠎ᠠᠴᠠ ᠪᠠᠭᠤᠵᠤ ᠠᠮᠠᠷᠠᠬᠤ ᠨᠠᠰᠤ᠎ᠶ᠋ᠢ ᠠᠭᠠᠵᠢᠮ᠎ᠢᠶᠠᠷ ᠱᠠᠲᠤᠯᠠᠨ ᠬᠤᠢᠱᠢᠯᠠᠭᠤᠯᠬᠤ᠎ᠶ᠋ᠢ ᠯᠠᠪᠳᠠᠭᠤᠨ ᠲᠤᠬᠢᠲᠠᠢ ᠬᠡᠷᠡᠭ᠌ᠵᠢᠭᠦᠯᠵᠦ᠍᠂ ᠠᠵᠢᠯ ᠣᠯᠭᠤᠯᠲᠠ᠂ ᠨᠡᠢᠭᠡᠮ᠎ᠤᠨ ᠳᠠᠭᠠᠳᠭᠠᠯ ᠵᠡᠷᠭᠡ ᠲᠠᠯ᠎ᠠ᠎ᠶ᠋ᠢᠨ ᠨᠠᠰᠤ ᠵᠢᠯ᠎ᠢ ᠬᠢᠵᠠᠭᠠᠷᠯᠠᠬᠤ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠵᠦ᠍᠂ ᠨᠠᠰᠤᠲᠠᠢᠴᠤᠳ᠎ᠲᠤ ᠳᠣᠭᠢᠷᠠᠬᠤ ᠣᠯᠠᠨ ᠶᠠᠩᠵᠤᠴᠢᠯᠠᠭ᠍ᠰᠠᠨ ᠠᠵᠢᠯ᠎ᠤᠨ ᠪᠠᠢᠷᠢ᠎ᠶ᠋ᠢ ᠥᠷᠭᠡᠳᠭᠡᠵᠦ᠍᠂ 《ᠪᠤᠭᠤᠷᠤᠯᠴᠤᠳ᠎ᠤᠨ ᠠᠵᠢᠯᠯᠠᠭ᠎ᠠ》 ᠶ᠋ᠢ ᠭᠦᠨᠵᠡᠭᠡᠢᠷᠡᠭᠦᠯᠦᠨ ᠥᠷᠨᠢᠭᠦᠯᠦᠨ᠎ᠡ᠃ ᠨᠠᠰᠤᠲᠠᠢᠴᠤᠳ᠎ᠤᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠥᠷᠭᠡᠳᠭᠡᠵᠦ᠍᠂ ᠨᠠᠰᠤᠲᠠᠢᠴᠤᠳ᠎ᠤᠨ ᠶᠡᠭᠡ ᠰᠤᠷᠭᠠᠭᠤᠯᠢ᠎ᠶ᠋ᠢ ᠬᠥᠭ᠌ᠵᠢᠭᠦᠯᠵᠦ᠍᠂ ᠨᠠᠰᠤᠲᠠᠢᠴᠤᠳ᠎ᠤᠨ ᠤᠶᠤᠨ᠎ᠤ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠨ᠎ᠠ᠃ ᠨᠠᠰᠤᠲᠠᠢᠴᠤᠳ᠎ᠤᠨ ᠠᠰᠠᠷᠠᠮᠵᠢ ᠬᠠᠷᠠᠭᠠᠯᠵᠠᠯ ᠪᠠ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ᠃ ᠣᠯᠠᠨ ᠨᠡᠢᠲᠡ᠎ᠶ᠋ᠢᠨ ᠲᠥᠬᠦᠭᠡᠷᠦᠮᠵᠢ᠎ᠶ᠋ᠢᠨ ᠨᠠᠰᠤᠵᠢᠭ᠍ᠰᠠᠳᠲᠤ ᠲᠣᠬᠢᠷᠠᠬᠤ ᠥᠭᠡᠷᠡᠴᠢᠯᠡᠯᠲᠡ᠎ᠶ᠋ᠢ ᠴᠢᠩᠭᠠᠳᠭᠠᠵᠤ᠂ 《ᠣᠶᠤᠨᠴᠢ᠎ᠪᠠᠷ ᠨᠠᠰᠤᠲᠠᠨ᠎ᠢ ᠬᠠᠪᠰᠤᠷᠬᠤ》 ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠨᠠᠰᠤᠲᠠᠢᠴᠤᠳ᠎ᠲᠤ ᠬᠤᠯᠪᠣᠭ᠍ᠳᠠᠬᠤ ᠥᠨᠳᠥᠷ ᠳᠠᠪᠲᠠᠮᠵᠢᠲᠤ ᠵᠦᠢᠯᠡᠰ᠎ᠢ ᠳᠥᠭᠦᠮ ᠳᠥᠲᠡ ᠭᠦᠢᠴᠡᠳᠭᠡᠬᠦ᠌ ᠪᠠ ᠦᠢᠯᠡᠴᠢᠯᠡᠭᠡᠨ᠎ᠤ ᠠᠬᠤᠢ ᠪᠠᠢᠳᠠᠯ᠎ᠢ ᠬᠢᠯᠪᠠᠷ ᠳᠥᠭᠦᠮ ᠪᠦᠭᠡᠳ ᠬᠡᠷᠡᠭ᠌ᠯᠡᠬᠦ᠌᠎ᠳᠤ ᠠᠮᠠᠷᠬᠠᠨ ᠪᠠᠢᠯᠭᠠᠬᠤ᠎ᠶ᠋ᠢ ᠠᠬᠢᠭᠤᠯᠵᠤ᠂ ᠶᠡᠷᠦᠩᠬᠡᠢᠯᠡᠭ᠌ᠰᠡᠨ ᠨᠠᠰᠤᠵᠢᠯ᠎ᠤᠨ ᠦᠢᠯᠡᠴᠢᠯᠡᠭᠡ᠎ᠶ᠋ᠢ ᠬᠥᠭ᠌ᠵᠢᠭᠦᠯᠦᠨ᠎ᠡ᠃
ᠭᠦᠰᠦᠨᠦᠭ᠌᠎ᠲᠦ17 《ᠨᠠᠰᠤᠲᠠᠢᠴᠤᠳ ᠪᠠ ᠬᠡᠦᠬᠡᠳ》᠎ᠤᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠦᠨ᠎ᠡ
01 ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠪᠦᠳᠦᠮᠵᠢ᠎ᠶ᠋ᠢ ᠨᠡᠮᠡᠭ᠌ᠳᠡᠭᠦᠯᠬᠦ᠌
ᠪᠠᠢᠭᠤᠯᠤᠭ᠍ᠳᠠᠭ᠍ᠰᠠᠨ ᠴᠠᠭ᠎ᠨᠢ ᠨᠡᠯᠢᠶᠡᠳ ᠤᠷᠲᠤ᠌᠂ ᠲᠥᠬᠦᠭᠡᠷᠦᠮᠵᠢ᠎ᠨᠢ ᠬᠠᠭᠤᠴᠢᠷᠠᠭ᠍ᠰᠠᠨ ᠠᠯᠪᠠᠨ᠎ᠠᠴᠠ ᠡᠷᠬᠢᠯᠡᠭ᠌ᠰᠡᠨ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠰᠤᠪᠢᠯᠠᠬᠤ ᠬᠡᠯᠪᠡᠷᠢ᠎ᠶ᠋ᠢᠨ ᠣᠷᠣ᠎ᠶ᠋ᠢ ᠦᠭᠡᠷᠡᠴᠢᠯᠡᠬᠦ᠌ ᠪᠠ ᠲᠥᠬᠦᠭᠡᠷᠦᠮᠵᠢ ᠪᠡᠯᠡᠳᠭᠡᠮᠵᠢ᠎ᠶ᠋ᠢ ᠱᠢᠨᠡᠳᠭᠡᠬᠦ᠌᠎ᠪᠠᠷ ᠭᠤᠤᠯᠳᠠᠯᠭ᠎ᠠ ᠪᠣᠯᠭᠠᠨ᠂ ᠠᠯᠪᠠᠨ᠎ᠠᠴᠠ ᠪᠠᠢᠭᠤᠯᠵᠤ ᠠᠷᠠᠳ᠎ᠠᠴᠠ ᠡᠵᠡᠩᠨᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠠᠯᠪᠠᠨ᠎ᠠᠴᠠ ᠡᠷᠬᠢᠯᠡᠭ᠌ᠰᠡᠨ 2000 ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢ ᠬᠤᠶᠠᠳᠤᠭᠠᠷ ᠳᠡᠰ᠎ᠠᠴᠠ ᠳᠡᠭᠡᠭ᠌ᠰᠢᠬᠢ ᠪᠠᠷᠢᠮᠵᠢᠶ᠎ᠠ᠎ᠳᠤ ᠬᠦᠷᠭᠡᠬᠦ᠌᠎ᠶ᠋ᠢ ᠠᠬᠢᠭᠤᠯᠵᠤ᠂ ᠲᠦᠬᠦᠭᠡᠷᠦᠮᠵᠢ᠎ᠶ᠋ᠢᠨ ᠠᠮᠤᠷ ᠲᠦᠪᠱᠢᠨ᠎ᠤ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠬᠦ᠌᠎ᠶ᠋ᠢ ᠵᠤᠷᠢᠭ᠍ᠵᠢᠭᠤᠯᠤᠨᠠ᠃ ᠨᠥᠬᠦᠴᠡᠯ ᠪᠦᠬᠦᠢ ᠶᠡᠷᠦᠩᠬᠡᠢᠯᠡᠭ᠌ᠰᠡᠨ ᠴᠢᠨᠠᠷᠲᠠᠶ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠪᠠᠢᠭᠤᠯᠤᠮᠵᠢ᠎ᠳᠤ ᠣᠶᠤᠯᠢᠭ ᠦᠢᠯᠡᠴᠢᠯᠡᠭᠡᠨ᠎ᠤ ᠱᠢᠰᠲ᠋ᠧᠮ᠂ ᠣᠶᠤᠯᠢᠭ ᠲᠤᠰᠠᠯᠠᠬᠤ ᠪᠠᠭᠠᠵᠢ ᠬᠡᠷᠡᠭ᠌ᠰᠡᠯ᠂ ᠣᠶᠤᠨᠴᠢ ᠭᠠᠯ ᠰᠡᠷᠭᠡᠢᠯᠡᠵᠦ᠍ ᠭᠠᠯ ᠤᠨᠲᠠᠷᠠᠭᠠᠬᠤ ᠪᠠ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠢᠰᠲ᠋ᠧᠮ ᠵᠡᠷᠭᠡ᠎ᠶ᠋ᠢ ᠳᠡᠯᠭᠡᠷᠡᠭᠦᠯᠦᠨ ᠬᠡᠷᠡᠭ᠌ᠯᠡᠨ᠎ᠡ᠃
02 ᠨᠡᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢ ᠳᠡᠭᠡᠭ᠌ᠰᠢᠯᠡᠭᠦᠯᠬᠦ᠌
ᠨᠡᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠲᠥᠬᠦᠭᠡᠷᠦᠮᠵᠢ᠎ᠶ᠋ᠢᠨ ᠳᠤᠲᠠᠭᠤᠳᠠᠯ᠎ᠢ ᠨᠥᠬᠦᠪᠥᠷᠢᠯᠡᠬᠦ᠌᠎ᠶ᠋ᠢ ᠠᠬᠢᠭᠤᠯᠵᠤ᠂ ᠬᠠᠷᠠᠭᠠᠯᠵᠠᠨ ᠠᠰᠠᠷᠠᠬᠤ ᠦᠢᠯᠡᠴᠢᠯᠡᠭᠡᠨ᠎ᠤ ᠴᠢᠳᠠᠪᠤᠷᠢ ᠪᠠ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠴᠢᠳᠠᠮᠵᠢ᠎ᠶ᠋ᠢ ᠴᠢᠩᠭᠠᠷᠠᠭᠤᠯᠵᠤ᠂ ᠨᠡᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠪᠠᠢᠭᠤᠯᠤᠮᠵᠢ ᠪᠠ ᠲᠦᠭᠦᠭᠡᠷᠦᠮᠵᠢ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 70% ᠳᠤ ᠬᠦᠷᠭᠡᠨ᠎ᠡ᠃
03 ᠡᠮᠨᠡᠬᠦ᠌ ᠪᠠ ᠰᠤᠪᠢᠯᠠᠬᠤ᠎ᠶ᠋ᠢ ᠤᠶᠠᠯᠳᠤᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌
ᠨᠥᠬᠦᠴᠡᠯ ᠪᠦᠬᠦᠢ ᠶᠡᠷᠦᠩᠬᠡᠢᠯᠡᠭ᠌ᠰᠡᠨ ᠴᠢᠨᠠᠷᠲᠠᠶ ᠡᠮᠨᠡᠯᠭᠡ᠎ᠶ᠋ᠢᠨ ᠬᠤᠷᠢᠶ᠎ᠠ᠎ᠶ᠋ᠢᠨ ᠡᠮᠨᠡᠬᠦ᠌ ᠪᠠ ᠰᠤᠪᠢᠯᠠᠬᠤ᠎ᠶ᠋ᠢ ᠤᠶᠠᠯᠳᠤᠭᠤᠯᠤᠭ᠍ᠰᠠᠨ ᠦᠢᠯᠡᠴᠢᠯᠡᠭᠡ᠎ᠶ᠋ᠢ ᠬᠥᠭ᠌ᠵᠢᠭᠦᠯᠬᠦ᠌᠎ᠶ᠋ᠢ ᠳᠠᠮᠵᠢᠨ᠎ᠠ᠃ ᠬᠡᠷᠡᠭ᠌ᠴᠡᠭᠡ᠎ᠲᠠᠢ ᠱᠢᠶᠠᠩ ᠪᠠᠯᠭᠠᠰᠤ᠎ᠶ᠋ᠢᠨ ᠡᠷᠡᠭᠦᠯ ᠬᠠᠮᠠᠭᠠᠯᠠᠯ᠎ᠤᠨ ᠬᠤᠷᠢᠶ᠎ᠠ᠎ᠶ᠋ᠢᠨ ᠲᠦᠬᠦᠭᠡᠷᠦᠮᠵᠢ᠎ᠶ᠋ᠢᠨ ᠨᠥᠬᠦᠴᠡᠯ᠎ᠢᠶᠠᠨ ᠲᠡᠭᠦᠯᠳᠡᠷᠵᠢᠭᠦᠯᠵᠤ᠂ ᠴᠢᠳᠠᠪᠤᠷᠢ᠎ᠪᠠᠨ ᠠᠯᠳᠠᠭ᠍ᠰᠠᠨ ᠪᠠ ᠤᠶᠤᠨ ᠴᠢᠳᠡᠪᠤᠷᠢ᠎ᠪᠠᠨ ᠠᠯᠳᠠᠭ᠍ᠰᠠᠨ ᠨᠠᠰᠤᠲᠠᠢᠴᠤᠳ᠎ᠢ ᠬᠠᠷᠠᠭᠠᠯᠵᠠᠨ ᠠᠰᠠᠷᠠᠬᠤ ᠦᠢᠯᠡᠴᠢᠯᠡᠭᠡᠨ᠎ᠤ ᠬᠠᠩᠭᠠᠯᠭ᠎ᠠ᠎ᠶ᠋ᠢ ᠥᠷᠭᠡᠳᠭᠡᠬᠦ᠌᠎ᠶ᠋ᠢ ᠳᠡᠮᠵᠢᠨ᠎ᠡ᠃
04 ᠲᠦᠭᠡᠮᠡᠯ ᠬᠠᠷᠠᠭᠠᠯᠵᠠᠯᠲᠦ ᠨᠡᠢᠳᠡᠨ ᠬᠦᠮᠦᠵᠢᠭᠦᠯᠬᠦ᠌ ᠦᠢᠯᠡᠴᠢᠯᠡᠭᠡ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠵᠦ᠍ ᠶᠠᠰᠤ ᠴᠢᠨᠠᠷ᠎ᠢ ᠳᠡᠭᠡᠭ᠌ᠰᠢᠯᠡᠭᠦᠯᠬᠦ᠌
ᠬᠤᠲᠠ᠎ᠪᠠᠷ ᠨᠢᠭᠡᠴᠢ ᠪᠣᠯᠭᠠᠨ ᠲᠦᠭᠡᠮᠡᠯ ᠬᠠᠷᠠᠭᠠᠯᠵᠠᠯᠲᠤ ᠨᠠᠢᠳᠠᠨ ᠬᠦᠮᠦᠵᠢᠭᠦᠯᠬᠦ᠌ ᠦᠢᠯᠡᠴᠢᠯᠡᠭᠡᠨ᠎ᠤ ᠬᠥᠭ᠌ᠵᠢᠯᠲᠡ᠎ᠶ᠋ᠢ ᠪᠦᠬᠦᠯᠢ ᠴᠣᠭ᠍ᠴᠠ᠎ᠪᠠᠷ᠎ᠨᠢ ᠠᠬᠢᠭᠤᠯᠵᠤ᠂ ᠨᠠᠢᠳᠠᠨ ᠬᠦᠮᠦᠵᠢᠭᠦᠯᠬᠦ᠌ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠥᠪ᠎ᠤᠨ ᠪᠠᠢᠷᠢᠯᠠᠭᠤᠯᠤᠯᠲᠠ ᠪᠠ ᠨᠡᠢᠭᠡᠮ ᠲᠣᠭᠤᠷᠢᠭ᠎ᠤᠨ ᠲᠦᠭᠡᠮᠡᠯ ᠬᠠᠷᠠᠭᠠᠯᠵᠠᠯᠲᠤ ᠨᠠᠢᠳᠠᠨ ᠬᠦᠮᠦᠵᠢᠭᠦᠯᠬᠦ᠌ ᠲᠦᠬᠦᠭᠡᠷᠦᠮᠵᠢ᠂ ᠨᠠᠢᠳᠠᠯᠭ᠎ᠠ᠎ᠶ᠋ᠢᠨ ᠬᠦᠮᠦᠵᠢᠯ ᠪᠠ ᠴᠡᠴᠡᠷᠯᠢᠭ᠎ᠤᠨ ᠬᠦᠮᠦᠵᠢᠯ᠎ᠢ ᠨᠢᠭᠡ ᠴᠣᠭ᠍ᠴᠠᠵᠢᠭᠤᠯᠤᠭ᠍ᠰᠠᠨ ᠪᠠᠢᠭᠤᠯᠤᠮᠵᠢ᠎ᠶ᠋ᠢ ᠥᠭᠡᠷᠡᠴᠢᠯᠡᠨ ᠥᠷᠭᠡᠳᠭᠡᠨ ᠪᠠᠢᠭᠤᠯᠬᠤ᠎ᠶ᠋ᠢ ᠠᠬᠢᠭᠤᠯᠵᠤ᠂ ᠲᠤᠰᠭᠠᠶ ᠣᠷᠣᠨ ᠪᠠ ᠬᠤᠲᠠ᠎ᠶ᠋ᠢᠨ ᠲᠠᠰ᠎ᠤᠨ ᠨᠠᠢᠳᠠᠨ ᠬᠦᠮᠦᠵᠢᠭᠦᠯᠬᠦ᠌ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠥᠪ᠎ᠢ ᠨᠡᠢᠳᠡᠮ ᠪᠥᠷᠬᠦᠭᠦᠯᠬᠦ᠌᠎ᠶ᠋ᠢ ᠪᠡᠶᠡᠯᠡᠭᠦᠯᠦᠨ᠎ᠡ᠃
05ᠦᠷᠡᠵᠢᠯ᠎ᠤᠨ ᠡᠮᠴᠢᠯᠡᠭᠡᠨ᠎ᠤ ᠦᠢᠯᠡᠴᠢᠯᠡᠭᠡ᠎ᠶ᠋ᠢ ᠳᠡᠭᠡᠭ᠌ᠰᠢᠯᠡᠭᠦᠯᠬᠦ᠌
ᠤᠯᠤᠰ᠎ᠤᠨ ᠣᠷᠣᠨ ᠪᠦᠰᠡ᠎ᠶ᠋ᠢᠨ ᠦᠷᠡᠵᠢᠯ᠎ᠤᠨ ᠡᠷᠡᠭᠦᠯ ᠮᠡᠨᠳᠤ᠎ᠶ᠋ᠢᠨ 10 ᠲᠥᠪ᠎ᠢ ᠲᠡᠰ ᠳᠡᠪᠱᠢᠭᠦᠯᠦᠨ ᠥᠭᠡᠷᠡᠴᠢᠯᠡᠵᠦ᠍᠂ ᠮᠤᠵᠢ ᠣᠷᠣᠨ ᠨᠢᠭᠡ ᠪᠦᠷᠢ᠎ᠳᠤ ᠨᠠᠭᠠᠳᠤ ᠵᠠᠬ᠎ᠠ᠎ᠳᠠᠭᠠᠨ ᠨᠢᠭᠡ ᠥᠨᠳᠥᠷ ᠲᠦᠪᠱᠢᠨ ᠪᠦᠬᠦᠢ ᠡᠭᠡ ᠨᠢᠯᠬᠠᠰ᠎ᠤᠨ ᠡᠷᠡᠭᠦᠯᠵᠢᠯ᠎ᠤᠨ ᠪᠠᠢᠭᠤᠯᠤᠮᠵᠢ ᠪᠠᠢᠭᠤᠯᠬᠤ᠎ᠶ᠋ᠢ ᠪᠡᠶᠡᠯᠡᠭᠦᠯᠦᠨ᠎ᠡ᠃ ᠬᠥᠩᠭᠡᠵᠢᠭᠦᠯᠬᠦ᠌ ᠪᠠᠢᠭᠤᠯᠤᠮᠵᠢ᠎ᠶ᠋ᠢᠨ ᠦᠢᠯᠡᠴᠢᠯᠡᠭᠡᠨ᠎ᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃
ᠠᠷᠪᠠᠨ ᠬᠤᠶᠠᠳᠤᠭᠠᠷ ᠠᠩᠬᠢ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠠᠨ ᠴᠢᠩᠭᠠᠷᠠᠭᠤᠯᠵᠦ᠍ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯᠲᠡᠶ᠋ᠢ ᠯᠠᠪᠳᠠᠭᠤᠨ ᠪᠠᠲᠤᠲᠠᠶ ᠠᠬᠢᠭᠤᠯᠤᠨ᠎ᠠ
ᠴᠢᠨᠠᠷ ᠰᠠᠢᠲᠠᠶ ᠬᠥᠭ᠌ᠵᠢᠯᠲᠡ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠪᠦᠬᠦ᠌ ᠬᠦᠴᠦ᠍᠎ᠪᠠᠷ᠎ᠢᠶᠠᠨ ᠴᠢᠷᠮᠠᠢᠬᠤ᠂ ᠴᠢᠳᠠᠯ᠎ᠤᠨ᠎ᠢᠶᠠᠨ ᠬᠢᠷᠢ ᠳᠣᠲᠣᠷ᠎ᠠ ᠬᠢᠬᠦ᠌᠎ᠶ᠋ᠢ ᠪᠠᠷᠢᠮᠲᠠᠯᠠᠵᠤ᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠵᠦ᠍᠂ ᠨᠠᠩ ᠡᠷᠬᠡ ᠲᠡᠭ᠌ᠰᠢ ᠲᠦᠭᠡᠮᠡᠯ ᠬᠠᠷᠠᠭᠠᠯᠵᠠᠯᠲᠦ᠍᠂ ᠨᠠᠷᠢᠯᠢᠭ ᠤᠨᠤᠴᠠᠲᠠᠢ ᠪᠥᠭᠡᠳ ᠬᠦᠴᠦᠲᠡᠶ ᠨᠡᠢᠭᠡᠮ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠲᠦᠭᠡᠮᠡᠯ ᠬᠠᠷᠠᠭᠠᠯᠵᠠᠯᠳᠤ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠠᠷᠠᠳ ᠤᠯᠠᠨ᠎ᠤ ᠪᠠᠴᠢᠮᠳᠠᠵᠦ᠍ ᠭᠦᠴᠢᠷᠳᠡᠵᠦ᠍ ᠵᠤᠪᠠᠵᠦ᠍ ᠭᠦᠰᠡᠵᠦ᠍ ᠪᠠᠢᠭ᠎ᠠ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠨᠡᠢᠭᠡᠮ᠎ᠤᠨ ᠴᠢᠨᠠᠷᠲᠠᠢ ᠱᠢᠯᠵᠢᠯᠲᠡ᠎ᠶ᠋ᠢᠨ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃
ᠳᠥᠴᠢᠨ ᠨᠢᠭᠡᠳᠦᠭᠡᠷ ᠪᠦᠯᠦᠭ ᠴᠢᠨᠠᠷ ᠰᠠᠢᠲᠠᠶ ᠪᠦᠭᠡᠳ ᠭᠦᠢᠴᠡᠳ ᠠᠵᠢᠯ ᠣᠯᠭᠤᠯᠲᠠ᠎ᠶ᠋ᠢ ᠠᠬᠢᠭᠤᠯᠤᠨ᠎ᠠ
ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠠᠵᠢᠯ ᠣᠯᠭᠤᠯᠲᠠ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠬᠦ᠌ ᠪᠠ ᠠᠵᠢᠯ ᠣᠯᠭᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠵᠢᠯ ᠣᠯᠭᠤᠯᠲᠠ᠎ᠶ᠋ᠢ ᠠᠬᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠠᠵᠢᠯ ᠣᠯᠭᠤᠯᠲᠠ᠎ᠳᠤ ᠨᠥᠬᠦᠷᠰᠡᠭ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠪᠠᠢᠭᠤᠯᠤᠨ᠎ᠠ᠃
ᠨᠢᠭᠡᠳᠦᠭᠡᠷ ᠬᠡᠰᠡᠭ ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠲᠦᠷᠦ᠍᠎ᠶ᠋ᠢᠨ ᠪᠤᠳᠤᠯᠭ᠎ᠠ᠎ᠶ᠋ᠢ ᠴᠢᠩᠭᠠᠳᠭᠠᠨ᠎ᠠ
ᠴᠢᠨᠠᠷ ᠰᠠᠢᠲᠠᠶ ᠪᠦᠭᠡᠳ ᠭᠦᠢᠴᠡᠳ ᠠᠵᠢᠯ ᠣᠯᠭᠤᠯᠲᠠ᠎ᠶ᠋ᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠲᠡᠷᠢᠭᠦᠨ ᠬᠠᠷᠠᠯᠲᠠ ᠪᠣᠯᠭᠠᠵᠤ᠂ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ᠂ ᠴᠢᠬᠤᠯᠠ ᠶᠡᠭᠡ ᠲᠦᠰᠦᠯ᠂ ᠴᠢᠬᠤᠯᠠ ᠶᠡᠭᠡ ᠦᠢᠯᠡᠳᠪᠦᠷᠢᠯᠡᠯ᠎ᠤᠨ ᠬᠦᠴᠦᠨ᠎ᠤ ᠪᠠᠢᠷᠢᠯᠠᠭᠤᠯᠤᠯᠲᠠ᠎ᠶ᠋ᠢᠨ ᠠᠵᠢᠯ ᠣᠯᠭᠤᠯᠲᠠ᠎ᠳᠤ ᠦᠵᠡᠭᠦᠯᠬᠦ᠌ ᠨᠥᠯᠥᠭᠡ᠎ᠶ᠋ᠢ ᠦᠨᠡᠯᠡᠨ ᠵᠢᠱ᠌ᠢᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠠᠵᠤ ᠦᠢᠯᠡᠰ ᠪᠠ ᠠᠵᠢᠯ ᠣᠯᠭᠤᠯᠲᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠭᠠᠳᠠᠭᠠᠳᠤ ᠠᠷᠠᠯᠵᠢᠶ᠎ᠠ᠂ ᠪᠠᠷᠢᠯᠭ᠎ᠠ᠂ ᠬᠤᠨᠤᠭ ᠪᠠᠭᠤᠳᠠᠯ᠂ ᠢᠳᠡᠭᠡᠨ ᠤᠮᠳᠠᠭᠠᠨ ᠵᠡᠷᠭᠡ᠎ᠶ᠋ᠢᠨ ᠠᠷᠪᠢᠨ ᠠᠵᠢᠯ᠎ᠤᠨ ᠪᠠᠢᠷᠢ ᠣᠯᠭᠤᠬᠤ ᠠᠵᠢᠯ ᠲᠥᠷᠥᠯ᠎ᠤᠨ ᠠᠵᠤ ᠠᠬᠤᠢᠯᠠᠯ᠎ᠳᠤ ᠦᠵᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠦᠷᠭᠦᠯᠵᠢᠯᠡᠨ ᠴᠢᠩᠭᠠᠷᠠᠭᠤᠯᠵᠤ᠂ ᠦᠢᠯᠡᠴᠢᠯᠡᠭᠡᠨ᠎ᠤ ᠦᠢᠯᠡᠰ᠂ ᠱᠢᠨ᠎ᠡ᠎ᠪᠠᠷ ᠬᠦᠭ᠌ᠵᠢᠭ᠌ᠰᠡᠨ ᠬᠦᠷᠢᠶ᠎ᠡ᠎ᠶ᠋ᠢᠨ ᠠᠵᠢᠯ᠎ᠤᠨ ᠪᠠᠢᠷᠢ ᠣᠯᠭᠤᠬᠤ ᠳᠠᠯᠳᠠ ᠴᠢᠳᠠᠪᠤᠷᠢ᠎ᠶ᠋ᠢ ᠭᠦᠢᠴᠡᠳ ᠠᠭᠤᠳᠠᠯᠵᠤ᠂ ᠠᠮᠢᠳᠤᠯᠢᠭ ᠠᠵᠢᠯ ᠣᠯᠭᠤᠯᠲᠠ᠂ ᠱᠢᠨ᠎ᠡ ᠠᠵᠢᠯ ᠣᠯᠭᠤᠯᠲᠠ᠎ᠶ᠋ᠢᠨ ᠬᠡᠯᠪᠡᠷᠢ ᠪᠠᠢᠳᠠᠯ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠬᠥᠯᠥᠰᠥᠨ ᠠᠵᠢᠯᠴᠢᠳ᠂ ᠴᠡᠷᠢᠭ᠎ᠤᠨ ᠠᠯᠪᠠ᠎ᠠᠴᠠ ᠪᠠᠭᠤᠭ᠍ᠰᠠᠳ ᠵᠡᠷᠭᠡ ᠭᠤᠣᠯᠳᠠᠯᠭ᠎ᠠ᠎ᠲᠠᠢ ᠬᠠᠮᠲᠤᠯᠢᠭ᠎ᠤᠨ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠨ᠎ᠡ᠃ ᠬᠦᠴᠢᠷᠳᠡᠯ᠎ᠲᠠᠢ ᠬᠠᠮᠳᠤᠯᠢᠭᠢ ᠠᠵᠢᠯ ᠣᠯᠭᠤᠯᠲᠠ᠎ᠶ᠋ᠢᠨ ᠲᠠᠯ᠎ᠠ᠎ᠪᠠᠷ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠠᠵᠢᠯ ᠠᠯᠳᠠᠭ᠍ᠰᠠᠳ᠎ᠲᠤ ᠳᠠᠬᠢᠨ ᠠᠵᠢᠯ ᠣᠯᠭᠤᠬᠤ᠎ᠶ᠋ᠢ ᠠᠬᠢᠭᠤᠯᠤᠨ᠂ ᠠᠵᠢᠯ ᠣᠯᠤᠭ᠍ᠰᠠᠳ ᠦᠭᠡᠢ ᠭᠡᠷ ᠪᠦᠯᠢ᠎ᠶ᠋ᠢᠨ ᠨᠠᠭᠠᠲᠤ ᠵᠠᠬ᠎ᠠ᠎ᠳᠠᠭᠠᠨ ᠨᠢᠭᠡ ᠬᠥᠮᠦᠨ ᠠᠵᠢᠯ ᠣᠯᠬᠤ᠎ᠶ᠋ᠢ ᠦᠨᠡᠨ ᠬᠦ᠌ ᠪᠠᠲᠤᠯᠠᠨ᠎ᠠ᠃ ᠠᠳᠠᠯ ᠦᠢᠯᠡᠰ ᠴᠣᠭ᠍ᠴᠠᠯᠠᠬᠤ᠎ᠶ᠋ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠠᠳᠠᠯ ᠦᠢᠯᠡᠰ ᠴᠣᠭ᠍ᠴᠠᠯᠠᠬᠤ᠎ᠪᠠᠷ ᠠᠵᠢᠯ ᠣᠯᠭᠤᠯᠲᠠ᠎ᠶ᠋ᠢ ᠳᠠᠢᠴᠢᠯᠠᠬᠤ ᠦᠢᠯᠡᠳᠦᠯ᠎ᠢ ᠨᠡᠮᠡᠭ᠌ᠳᠡᠭᠦᠯᠦᠨ᠎ᠡ᠃ ᠭᠠᠳᠠᠭᠠᠳᠤ ᠣᠷᠴᠢᠨ ᠨᠥᠬᠦᠴᠡᠯ᠎ᠤᠨ ᠬᠤᠪᠢᠷᠠᠯᠲᠠ ᠪᠠ ᠵᠣᠬᠢᠶᠠᠮᠠᠯ ᠤᠶᠤᠯᠢᠭ ᠵᠡᠷᠭᠡ ᠱᠢᠨ᠎ᠡ ᠮᠡᠷᠭᠡᠵᠢᠯ᠎ᠤᠨ ᠬᠥᠭ᠌ᠵᠢᠯᠲᠡ᠎ᠶ᠋ᠢᠨ ᠠᠵᠢᠯ ᠣᠯᠭᠤᠯᠲᠠ᠎ᠳᠤ ᠦᠵᠡᠭᠦᠯᠬᠦ᠌ ᠨᠥᠯᠥᠭᠡ᠎ᠶ᠋ᠢ ᠶᠡᠷᠦᠩᠬᠡᠢᠯᠡᠨ ᠠᠷᠭᠠᠴᠠᠨ᠎ᠠ᠃ ᠴᠢᠨᠠᠷ ᠰᠠᠢᠲᠠᠶ ᠭᠦᠢᠴᠡᠳ ᠠᠵᠢᠯ ᠣᠯᠭᠤᠯᠲᠠ᠎ᠶ᠋ᠢ ᠦᠨᠡᠯᠡᠬᠦ᠌ ᠱᠢᠰᠲ᠋ᠧᠮ᠎ᠢ ᠪᠠᠢᠭᠤᠯᠤᠨ᠎ᠠ᠃
ᠬᠤᠶᠠᠳᠤᠭᠠᠷ ᠬᠡᠰᠡᠭ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠢ ᠶᠡᠭᠡ ᠬᠡᠪᠴᠢᠶ᠎ᠡ᠎ᠪᠠᠷ ᠥᠷᠨᠢᠭᠦᠯᠦᠨ᠎ᠡ
ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ᠎ᠶ᠋ᠢ ᠵᠣᠬᠢᠴᠠᠯᠳᠤᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠠᠰᠤᠨ ᠲᠤᠷᠱᠢᠳᠠ᠎ᠶ᠋ᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠤᠨ ᠳᠦᠷᠢᠮ᠎ᠢ ᠪᠦᠷᠢᠨᠱᠢᠭᠦᠯᠵᠦ᠍᠂ ᠪᠦᠲᠦᠴᠡ᠎ᠶ᠋ᠢᠨ ᠴᠢᠨᠠᠷᠲᠠᠶ ᠠᠵᠢᠯ ᠣᠯᠭᠤᠯᠲᠠ᠎ᠶ᠋ᠢᠨ ᠵᠥᠷᠢᠴᠡᠯ᠎ᠢ ᠬᠦᠴᠦᠯᠡᠨ ᠱᠢᠢᠳᠪᠦᠷᠢᠯᠡᠨ᠎ᠡ᠃ ᠵᠠᠬ᠎ᠠ ᠳᠡᠯᠭᠡᠭᠦᠷᠴᠢᠯᠡᠭ᠌ᠰᠡᠨ ᠪᠣᠯᠪᠠᠰᠤᠷᠠᠭᠤᠯᠤᠯ᠎ᠢᠶᠠᠷ ᠤᠳᠤᠷᠢᠳᠤᠮᠵᠢ ᠪᠣᠯᠭᠠᠵᠤ᠂ ᠠᠵᠢᠯ ᠲᠥᠷᠥᠯ᠎ᠤᠨ ᠠᠵᠤ ᠠᠬᠤᠢᠯᠠᠯ᠎ᠤᠨ ᠪᠡᠶ᠎ᠡ᠎ᠪᠠᠨ ᠳᠠᠭᠠᠭᠠᠭ᠍ᠰᠠᠨ ᠪᠣᠯᠪᠠᠰᠤᠷᠠᠭᠤᠯᠤᠯ᠎ᠢᠶᠠᠷ ᠪᠡᠶᠡᠴᠢ ᠴᠣᠭ᠍ᠴᠠ ᠪᠣᠯᠭᠠᠵᠤ᠂ ᠶᠡᠭᠡ ᠳᠡᠭᠡᠳᠦ ᠰᠤᠷᠭᠠᠭᠤᠯᠢ᠂ ᠨᠡᠢᠭᠡᠮᠴᠢᠯᠡᠭ᠌ᠰᠡᠨ ᠪᠣᠯᠪᠠᠰᠤᠷᠠᠭᠤᠯᠤᠯ᠎ᠤᠨ ᠪᠠᠢᠭᠤᠯᠤᠮᠵᠢ ᠵᠡᠷᠭᠡ᠎ᠶ᠋ᠢᠨ ᠳᠠᠪᠠᠭᠤᠯᠢᠭ ᠦᠢᠯᠡᠳᠦᠯ᠎ᠢ ᠭᠦᠢᠴᠡᠳ ᠪᠠᠳᠠᠷᠠᠭᠤᠯᠵᠤ᠂ ᠴᠢᠨᠠᠷ ᠰᠠᠢᠲᠠᠶ ᠪᠣᠯᠪᠠᠰᠤᠷᠠᠭᠤᠯᠤᠯ᠎ᠤᠨ ᠬᠠᠩᠭᠠᠯᠭ᠎ᠠ᠎ᠶ᠋ᠢ ᠥᠷᠭᠡᠳᠭᠡᠨ᠎ᠡ᠃ ᠠᠵᠢᠯ ᠣᠯᠭᠤᠯᠲᠠ᠎ᠶ᠋ᠢᠨ ᠨᠥᠬᠦᠪᠥᠷᠢ ᠪᠡᠯᠡ ᠮᠥᠩᠭᠦ᠌ ᠪᠠ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠰᠠᠭᠤᠷᠢ ᠮᠥᠩᠭᠦ᠌ ᠵᠡᠷᠭᠡ᠎ᠶ᠋ᠢ ᠨᠢᠭᠡᠳᠦᠯᠲᠡᠶ ᠲᠥᠯᠥᠪᠯᠡᠨ ᠰᠠᠢᠲᠤᠷ ᠬᠡᠷᠡᠭ᠌ᠯᠡᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠢ ᠳᠡᠮᠵᠢᠵᠦ᠍᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠰᠤᠷᠭᠠᠨ ᠬᠥᠮᠦᠵᠢᠯ᠎ᠤᠨ ᠵᠠᠷᠤᠳᠠᠯ᠎ᠢ ᠲᠣᠭ᠍ᠲᠠᠭᠠᠯ ᠶᠣᠰᠣᠭᠠᠷ ᠭᠦᠢᠴᠡᠳ ᠲᠤᠭ᠎ᠠ᠎ᠪᠠᠷ ᠭᠠᠷᠭᠠᠨ ᠠᠪᠬᠤ ᠪᠠ ᠬᠡᠷᠡᠭ᠌ᠯᠡᠭᠦ᠎ᠶ᠋ᠢ ᠬᠦᠳᠦᠯᠦᠨ ᠵᠢᠯᠤᠭᠤᠳᠤᠨ᠎ᠠ᠃ ᠪᠣᠯᠪᠠᠰᠤᠷᠠᠭᠤᠯᠤᠯ᠎ᠤᠨ ᠨᠥᠬᠦᠪᠥᠷᠢ᠎ᠶ᠋ᠢ ᠠᠵᠤ ᠠᠬᠤᠢᠯᠠᠯ ᠪᠠ ᠪᠣᠯᠪᠠᠰᠤᠷᠠᠭᠤᠯᠤᠯ᠎ᠳᠤ ᠣᠷᠣᠯᠴᠠᠭ᠍ᠰᠠᠳ᠎ᠲᠤ ᠱᠢᠭᠤᠳ ᠤᠯᠭᠤᠬᠤ᠎ᠶ᠋ᠢ ᠠᠬᠢᠭᠤᠯᠵᠤ᠂ ᠠᠵᠢᠯ ᠣᠯᠤᠭᠠᠳᠤᠶ ᠭᠤᠤᠯᠳᠠᠯᠭ᠎ᠠ᠎ᠲᠠᠢ ᠬᠠᠮᠲᠤᠯᠢᠭ᠎ᠤᠨ ᠪᠣᠯᠪᠠᠰᠤᠷᠠᠭᠤᠯᠤᠯ᠎ᠤᠨ ᠨᠥᠬᠦᠪᠥᠷᠢ ᠭᠤᠶᠤᠴᠢᠯᠠᠨ ᠠᠪᠬᠤ ᠲᠦᠷᠢᠮ᠎ᠢ ᠬᠡᠷᠡᠭ᠌ᠵᠢᠭᠦᠯᠦᠨ᠎ᠡ᠃ ᠠᠵᠢᠯ ᠮᠡᠷᠭᠡᠵᠢᠯ᠎ᠤᠨ ᠲᠥᠷᠥᠯ ᠠᠩᠭᠢᠯᠠᠯ᠂ ᠠᠵᠢᠯ ᠮᠡᠷᠭᠡᠵᠢᠯ᠎ᠤᠨ ᠪᠠᠷᠢᠮᠵᠢᠶ᠎ᠠ ᠪᠠ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠢ ᠦᠨᠡᠯᠡᠬᠦ᠌ ᠳᠦᠷᠢᠮ᠎ᠢ ᠲᠡᠭᠦᠯᠳᠡᠷᠵᠢᠭᠦᠯᠵᠦ᠍᠂ 《ᠱᠢᠨ᠎ᠡ ᠨᠠᠢ᠍ᠮᠠᠨ ᠲᠡᠰ᠎ᠤᠨ ᠠᠵᠢᠯᠴᠢᠨ》 ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠵᠡᠷᠭᠡ ᠳᠡᠰ᠎ᠤᠨ ᠲᠦᠷᠢᠮ᠎ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠤᠯᠤᠰ᠎ᠤᠨ ᠬᠢᠷᠢ ᠬᠡᠮ᠎ᠤᠨ ᠪᠣᠷᠣ ᠲᠥᠯᠥᠪ᠎ᠤᠨ ᠱᠢᠰᠲ᠋ᠧᠮ᠎ᠢ ᠪᠠᠢᠭᠤᠯᠤᠨ᠎ᠠ᠃ ᠳᠡᠯᠡᠬᠡᠢ᠎ᠶ᠋ᠢᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠢ ᠰᠠᠢᠲᠤᠷ ᠡᠷᠬᠢᠯᠡᠨ᠎ᠡ᠃
ᠭᠤᠷᠪᠠᠳᠤᠭᠠᠷ ᠬᠡᠰᠡᠭ ᠠᠵᠢᠯ ᠣᠯᠭᠤᠯᠲᠠ᠎ᠶ᠋ᠢᠨ ᠦᠢᠯᠡᠴᠢᠯᠡᠭᠡ ᠪᠠ ᠬᠥᠳᠡᠯᠮᠦᠷᠢᠴᠢᠳ᠎ᠤᠨ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ
ᠠᠵᠢᠯ ᠣᠯᠭᠤᠯᠲᠠ᠎ᠶ᠋ᠢᠨ ᠳᠡᠮᠵᠢᠯᠭᠡ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠵᠦ᠍᠂ ᠡᠷᠬᠡ ᠲᠡᠭ᠌ᠰᠢ ᠡᠮᠬᠢ ᠵᠢᠷᠤᠮ᠎ᠲᠠᠢ ᠠᠵᠢᠯ ᠣᠯᠭᠤᠯᠲᠠ᠎ᠶ᠋ᠢᠨ ᠣᠷᠴᠢᠨ ᠨᠥᠬᠦᠴᠡᠯ᠎ᠢ ᠪᠤᠢ ᠪᠣᠯᠭᠠᠨ᠎ᠠ᠃ ᠬᠥᠳᠡᠯᠮᠦᠷᠢ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ ᠪᠠ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠵᠥᠪᠳᠡᠯᠴᠡᠨ ᠵᠣᠬᠢᠴᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠮᠢᠳᠤᠯᠢᠭ᠎ᠢᠶᠠᠷ ᠠᠵᠢᠯ ᠣᠯᠤᠭ᠍ᠰᠠᠨ᠂ ᠱᠢᠨ᠎ᠡ ᠬᠡᠯᠪᠡᠷᠢ ᠪᠠᠢᠳᠠᠯ᠎ᠢᠶᠠᠷ ᠠᠵᠢᠯ ᠤᠯᠤᠭ᠍ᠰᠠᠨ ᠬᠥᠳᠡᠯᠮᠦᠷᠢᠴᠢᠳ᠎ᠤᠨ ᠡᠷᠬᠡ ᠠᠱᠢᠭ᠎ᠢ ᠪᠠᠲᠤᠯᠠᠬᠤ ᠲᠦᠷᠢᠮ᠎ᠢ ᠪᠦᠷᠢᠨᠱᠢᠬᠦᠯᠵᠤ᠂ ᠲᠠᠪᠴᠠᠩ᠎ᠤᠨ ᠠᠵᠤ ᠠᠬᠤᠢᠯᠠᠯ᠎ᠤᠨ ᠲᠦᠪ ᠭᠤᠤᠯᠴᠢ᠎ᠪᠠᠷ ᠬᠥᠳᠡᠯᠮᠦᠷᠢ᠎ᠶ᠋ᠢᠨ ᠲᠦᠷᠢᠮᠯᠡᠯ ᠲᠣᠭ᠍ᠲᠠᠭᠠᠬᠤ᠂ ᠬᠠᠤᠯᠢ ᠶᠣᠰᠣᠭᠠᠷ ᠲᠦᠷᠢᠮ ᠲᠣᠭ᠍ᠲᠠᠭᠠᠯ᠎ᠳᠤ ᠨᠡᠢᠴᠡᠭᠦᠯᠦᠨ ᠠᠵᠢᠯᠴᠢᠨ ᠬᠡᠷᠡᠭ᠌ᠯᠡᠬᠦ᠌᠎ᠶ᠋ᠢ ᠠᠬᠢᠭᠤᠯᠵᠦ᠍᠂ ᠡᠶ᠎ᠡ ᠵᠣᠬᠢᠴᠠᠯ᠎ᠲᠠᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠤᠨ᠎ᠠ᠃ ᠨᠡᠭᠦᠳᠡᠯ ᠬᠥᠮᠦᠰ᠎ᠤᠨ ᠲᠠᠩᠰᠠ ᠡᠪᠬᠡᠮᠡᠯ᠎ᠤᠨ ᠦᠢᠯᠡᠴᠢᠯᠡᠭᠡ᠎ᠶ᠋ᠢᠨ ᠳ᠋ᠢᠵᠢᠲ᠋ᠠᠯᠴᠢᠯᠠᠯᠲᠠ ᠤᠶᠤᠨᠴᠢᠯᠠᠯᠲᠠ᠎ᠶ᠋ᠢ ᠲᠦᠷᠭᠡᠳᠭᠡᠨ᠎ᠡ᠃ ᠠᠵᠢᠯ ᠰᠣᠩᠭᠤᠬᠤ ᠪᠠ ᠬᠥᠮᠦᠨ ᠬᠡᠷᠡᠭ᠌ᠯᠡᠬᠦ᠌ ᠦᠵᠡᠯᠲᠡ᠎ᠶ᠋ᠢ ᠬᠥᠲᠥᠯᠥᠨ ᠵᠢᠯᠣᠭᠤᠳᠭᠤ᠎ᠶ᠋ᠢ ᠴᠢᠩᠭᠠᠳᠭᠠᠨ᠎ᠠ᠃ ᠬᠥᠳᠡᠯᠮᠦᠷᠢ ᠠᠵᠢᠯ ᠣᠯᠭᠤᠯᠲᠠ᠎ᠶ᠋ᠢᠨ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠬᠥᠳᠡᠯᠮᠦᠷᠢ᠎ᠶ᠋ᠢᠨ ᠬᠠᠷᠢᠴᠠᠭᠠᠨ᠎ᠤ ᠵᠥᠷᠢᠴᠡᠯ᠎ᠢ ᠡᠶᠡᠳᠡᠭᠦᠯᠬᠦ᠌ ᠪᠠ ᠬᠥᠨᠳᠡᠯᠡᠨ᠎ᠠᠴᠠ ᠲᠠᠰᠤᠯᠬᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠬᠤ ᠪᠠᠢᠭᠤᠯᠤᠯ᠎ᠢ ᠪᠦᠷᠢᠨᠱᠢᠭᠦᠯᠵᠦ᠍᠂ ᠠᠵᠤ ᠠᠬᠤᠢᠯᠠᠯ᠎ᠢ ᠱᠢᠪᠠᠳᠠᠭᠤᠯᠵᠦ᠍ ᠪᠠᠢᠭᠠᠳ ᠠᠵᠢᠯᠯᠠᠬᠤ ᠴᠠᠭ᠎ᠤᠨ ᠲᠦᠷᠢᠮ᠎ᠢ ᠬᠠᠤᠯᠢ ᠶᠣᠰᠣᠭᠠᠷ ᠨᠠᠢᠳᠠᠪᠤᠷᠢᠵᠢᠭᠤᠯᠵᠤ᠂ ᠠᠵᠢᠯ ᠣᠯᠭᠤᠯᠲᠠ᠎ᠶ᠋ᠢᠨ ᠭᠠᠳᠠᠭᠤᠷᠴᠢᠯᠠᠯ᠂ ᠴᠠᠯᠢᠩ ᠥᠷᠢᠲᠦᠬᠦ᠌ ᠪᠠ ᠳᠠᠭᠠᠳᠭᠠᠯ᠎ᠤᠨ ᠮᠦᠩᠭᠦ᠌ ᠦᠷᠢᠳᠦᠬᠦ᠂ ᠬᠠᠤᠯᠢ᠎ᠠᠴᠠ ᠵᠥᠷᠢᠴᠡᠨ ᠠᠵᠢᠯᠲᠠᠨ᠎ᠢᠶᠠᠨ ᠬᠠᠰᠤᠬᠤ ᠵᠡᠷᠭᠡ᠎ᠶ᠋ᠢ ᠪᠦᠲᠦᠮᠵᠢᠲᠡᠶ ᠵᠠᠰᠠᠨ᠎ᠠ᠃ ᠠᠵᠢᠯ ᠣᠯᠭᠤᠯᠲᠠ ᠠᠵᠢᠯ ᠠᠯᠳᠠᠯᠲᠠ᠎ᠶ᠋ᠢ ᠪᠦᠷᠢᠳᠭᠡᠨ ᠬᠢᠨᠠᠨ ᠬᠡᠮᠵᠢᠬᠦ᠌ ᠪᠠ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠪᠦᠷᠢᠨᠱᠢᠭᠦᠯᠵᠦ᠍᠂ ᠬᠡᠪᠴᠢᠶᠡᠲᠦ ᠴᠢᠨᠠᠷᠲᠠᠢ ᠠᠵᠢᠯ ᠠᠯᠳᠠᠯᠲᠠ᠎ᠶ᠋ᠢᠨ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃
ᠬᠦᠰᠦᠨᠦᠭ᠌ᠲᠦ 18 ᠠᠵᠢᠯ ᠣᠯᠭᠤᠯᠲᠠ᠎ᠶ᠋ᠢ ᠠᠬᠢᠭᠤᠯᠬᠤ ᠪᠠ ᠦᠢᠯᠡᠴᠢᠯᠡᠭᠡ᠎ᠶ᠋ᠢ ᠳᠡᠭᠡᠭ᠌ᠰᠢᠯᠡᠭᠦᠯᠬᠦ᠌
01 ᠭᠤᠤᠯᠳᠠᠯᠭ᠎ᠠ᠎ᠲᠠᠢ ᠬᠠᠮᠲᠤᠯᠢᠭ᠎ᠤᠨ ᠠᠵᠢᠯ ᠣᠯᠭᠤᠯᠲᠠ᠎ᠶ᠋ᠢ ᠳᠡᠮᠵᠢᠬᠦ᠌
ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ᠎ᠤᠨ ᠠᠵᠢᠯ ᠣᠯᠭᠤᠯᠲᠠ᠎ᠶ᠋ᠢ ᠳᠡᠮᠵᠢᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠤᠷᠮᠠᠱᠢᠭᠤᠯᠤᠯ᠂ ᠠᠵᠢᠯ ᠮᠡᠷᠭᠡᠵᠢᠯ᠎ᠤᠨ ᠲᠠᠨᠢᠯᠴᠠᠭᠤᠯᠭ᠎ᠠ᠂ ᠠᠵᠢᠯ ᠮᠡᠷᠭᠡᠵᠢᠯ᠎ᠤᠨ ᠵᠢᠯᠤᠭᠤᠳᠤᠯᠭ᠎ᠠ᠂ ᠠᠵᠢᠯ ᠣᠯᠭᠤᠯᠲᠠ᠎ᠶ᠋ᠢᠨ ᠳᠠᠳᠤᠯᠭ᠎ᠠ᠎ᠶ᠋ᠢᠨ ᠪᠦᠬᠦ᠌ ᠬᠡᠯᠬᠢᠶᠡᠨ᠎ᠤ ᠳᠡᠮᠵᠢᠯᠭᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠬᠥᠳᠡᠯᠮᠦᠷᠢ ᠦᠢᠯᠡᠴᠢᠯᠡᠭᠡ ᠣᠷᠣᠭᠤᠯᠬᠤ ᠭᠠᠵᠠᠷ ᠪᠠ ᠭᠠᠷᠭᠠᠬᠤ ᠭᠠᠵᠠᠷ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠣᠨᠴᠠᠯᠢᠭ᠍ᠲᠤ ᠬᠥᠳᠡᠯᠮᠦᠷᠢ ᠦᠢᠯᠡᠴᠢᠯᠡᠭᠡᠨ᠎ᠤ ᠨᠡᠷᠡᠲᠦ ᠲᠡᠮᠳᠡᠭ᠎ᠢ ᠪᠣᠢ ᠪᠣᠯᠭᠠᠨ᠎ᠠ᠃ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ᠎ᠶ᠋ᠢ ᠨᠢᠭᠡᠳᠦᠯᠲᠡᠶ ᠲᠥᠯᠥᠪᠯᠡᠨ ᠰᠠᠢᠲᠤᠷ ᠬᠡᠷᠡᠭ᠌ᠯᠡᠵᠦ᠍᠂ ᠬᠦᠴᠢᠷᠳᠡᠯ᠎ᠲᠠᠢ ᠬᠠᠮᠲᠤᠯᠢᠭ᠎ᠤᠨ ᠠᠵᠢᠯ ᠣᠯᠭᠤᠯᠲᠠ᠎ᠳᠤ ᠦᠨᠳᠦᠰᠦᠨ ᠵᠦᠢᠯ᠎ᠢ᠎ᠨᠢ ᠪᠠᠲᠤᠯᠠᠵᠤ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠨ᠎ᠡ᠃
02《ᠤᠷ᠎ᠠ ᠴᠢᠳᠠᠪᠤᠷᠢ᠎ᠪᠠᠷ ᠢᠷᠡᠭᠡᠳᠦᠶ᠎ᠶ᠋ᠢ ᠭᠡᠷᠡᠯᠲᠦᠭᠦᠯᠬᠦ᠌》 ᠪᠣᠯᠪᠠᠰᠤᠷᠠᠭᠤᠯᠤᠯ᠎ᠤᠨ ᠠᠵᠢᠯᠯᠠᠭ᠎ᠠ
ᠲᠡᠷᠢᠭᠦᠨ᠎ᠤ ᠦᠢᠯᠡᠳᠬᠦ᠌ ᠦᠢᠯᠡᠰ᠂ ᠳ᠋ᠢᠵᠢᠲ᠋ᠠᠯ ᠠᠵᠤ ᠠᠬᠤᠶ᠂ ᠠᠮᠢᠳᠤᠷᠠᠯ᠎ᠤᠨ ᠦᠢᠯᠡᠴᠢᠯᠡᠭᠡ ᠵᠡᠷᠭᠡ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯᠳᠠᠯᠭ᠎ᠠ᠎ᠲᠠᠢ ᠬᠠᠮᠲᠤᠯᠢᠭ᠎ᠤᠨ ᠠᠵᠢᠯ ᠣᠯᠭᠤᠯᠲᠠ᠎ᠶ᠋ᠢᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠳᠤ ᠣᠷᠣᠯᠴᠠᠬᠤ᠎ᠶ᠋ᠢ ᠳᠡᠮᠵᠢᠨ᠎ᠡ᠃ ᠤᠯᠤᠰ᠎ᠤᠨ ᠲᠡᠰ᠎ᠤᠨ ᠤᠷ᠎ᠠ ᠴᠢᠳᠠᠪᠤᠷᠢ ᠰᠠᠢᠲᠠᠢ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ ᠪᠠ ᠤᠷ᠎ᠠ ᠴᠢᠳᠠᠪᠤᠷᠢ᠎ᠶ᠋ᠢᠨ ᠶᠡᠭᠡ ᠪᠠᠭ᠍ᠰᠢᠲᠠᠨᠤ ᠠᠵᠢᠯ᠎ᠤᠨ ᠲᠠᠰᠤᠭ᠎ᠢ ᠪᠦᠲᠦᠭᠡᠨ ᠪᠠᠢᠭᠤᠯᠵᠤ᠂ ᠨᠢᠭᠡ ᠪᠦᠯᠦᠭ ᠣᠯᠠᠨ ᠨᠡᠢᠲᠡ᠎ᠶ᠋ᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠪᠠᠢᠭᠤᠯᠬᠤ᠎ᠶ᠋ᠢ ᠳᠠᠮᠵᠢᠨ᠎ᠠ᠃ ᠠᠵᠤ ᠠᠬᠤᠢᠯᠠᠯ᠎ᠤᠨ ᠱᠢᠨ᠎ᠡ ᠬᠡᠯᠪᠡᠷᠢ᠎ᠶ᠋ᠢᠨ ᠱᠠᠪᠢ ᠠᠵᠢᠯᠲᠠᠨ᠎ᠤ ᠳᠦᠷᠢᠮ᠎ᠤᠨ ᠪᠣᠯᠪᠠᠰᠤᠷᠠᠭᠤᠯᠤᠯ ᠪᠠ ᠤᠷ᠎ᠠ ᠮᠡᠷᠭᠡᠵᠢᠯᠲᠡᠨ᠎ᠤ ᠪᠣᠯᠪᠠᠰᠤᠷᠠᠭᠤᠯᠤᠯ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃
03ᠠᠵᠢᠯ ᠣᠯᠭᠤᠯᠲᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌
《ᠭᠡᠷ᠎ᠤᠨ ᠡᠭᠦᠳᠡᠨ》᠎ᠳᠤᠨᠢ ᠠᠵᠢᠯ ᠣᠯᠭᠤᠬᠤ ᠦᠢᠯᠡᠴᠢᠯᠡᠭᠡ᠎ᠶ᠋ᠢ ᠴᠢᠩᠭᠠᠳᠭᠠᠵᠤ᠂ ᠠᠵᠢᠯ ᠣᠯᠭᠤᠬᠤ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢᠨ ᠬᠦᠷᠲᠡᠬᠦ᠋ᠢᠴᠡ ᠴᠢᠨᠠᠷ᠎ᠢ ᠳᠡᠭᠡᠭ᠌ᠰᠢᠯᠡᠭᠦᠯᠦᠨ᠎ᠡ᠃ ᠪᠦᠬᠦ᠌ ᠤᠯᠤᠰ᠎ᠤᠨ ᠠᠵᠢᠯ ᠤᠯᠭᠤᠯᠲᠠ᠎ᠶ᠋ᠢᠨ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠤᠨ ᠬᠥᠮᠥᠷᠭᠡ ᠪᠠ ᠣᠶᠤᠨᠴᠢ ᠠᠵᠢᠯ ᠣᠯᠭᠤᠯᠲᠠ᠎ᠶ᠋ᠢᠨ ᠦᠢᠯᠡᠴᠢᠯᠡᠭᠡᠨ᠎ᠤ ᠲᠠᠪᠴᠠᠩ᠎ᠢ ᠪᠦᠷᠢᠨᠱᠢᠭᠦᠯᠵᠦ᠍᠂ ᠠᠵᠢᠯ ᠣᠯᠭᠤᠯᠲᠠ᠎ᠶ᠋ᠢᠨ ᠮᠡᠳᠡᠭᠡ ᠵᠠᠩᠭᠢ᠎ᠶ᠋ᠢᠨ ᠦᠢᠯᠡᠴᠢᠯᠡᠭᠡ᠎ᠶ᠋ᠢ ᠴᠢᠩᠭᠠᠳᠭᠠᠵᠤ᠂ ᠠᠵᠢᠯ ᠣᠯᠭᠤᠯᠲᠠ᠎ᠶ᠋ᠢᠨ ᠬᠠᠩᠭᠠᠯᠭ᠎ᠠ ᠬᠡᠷᠡᠭ᠌ᠴᠡᠭᠡ᠎ᠶ᠋ᠢ ᠨᠠᠷᠢᠯᠢᠭ ᠣᠨᠣᠴᠠᠲᠠᠶ᠎ᠪᠠᠷ ᠵᠣᠬᠢᠴᠠᠭᠤᠯᠬᠤ᠎ᠶ᠋ᠢ ᠠᠬᠢᠭᠤᠯᠵᠤ᠂ ᠠᠵᠢᠯ ᠣᠯᠭᠤᠯᠲᠠ᠎ᠶ᠋ᠢᠨ ᠲᠤᠮᠤ ᠳ᠋ᠠᠢᠲ᠋ᠠ᠎ᠶ᠋ᠢᠨ ᠬᠢᠨᠠᠨ ᠬᠡᠮᠵᠢᠯᠲᠡ᠎ᠶ᠋ᠢ ᠴᠢᠩᠭᠠᠳᠭᠠᠨ᠎ᠠ᠃ ᠵᠣᠬᠢᠶᠠᠮᠠᠯ ᠤᠶᠤᠯᠢᠭ᠎ᠤᠨ ᠠᠵᠢᠯ ᠣᠯᠭᠤᠯᠲᠠ᠎ᠳᠤ ᠦᠵᠡᠭᠦᠯᠬᠦ᠌ ᠨᠥᠯᠥᠭᠡ᠎ᠶ᠋ᠢ ᠪᠠᠢᠴᠠᠭᠠᠬᠤ ᠪᠠ ᠠᠷᠭᠠᠴᠠᠬᠤ ᠲᠣᠭ᠍ᠲᠠᠴᠠ᠎ᠶ᠋ᠢ ᠪᠠᠢᠭᠤᠯᠵᠤ᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠪᠠᠳᠤᠯᠠᠭ᠎ᠠ᠂ ᠠᠵᠢᠯ᠎ᠤᠨ ᠪᠠᠢᠷᠢ ᠰᠤᠯᠢᠬᠤ ᠪᠣᠯᠪᠠᠰᠤᠷᠠᠭᠤᠯᠤᠯ ᠪᠠ ᠠᠵᠢᠯ ᠣᠯᠭᠤᠯᠲᠠ᠎ᠶ᠋ᠢᠨ ᠳᠡᠮᠵᠢᠯᠬᠡ᠎ᠶ᠋ᠢ ᠴᠢᠩᠭᠠᠳᠭᠠᠨ᠎ᠠ᠃
04 ᠠᠳᠠᠯ ᠦᠢᠯᠡᠰ ᠴᠣᠭ᠍ᠴᠠᠯᠠᠬᠤ᠎ᠪᠠᠷ ᠠᠵᠢᠯ ᠣᠯᠭᠤᠯᠲᠠ᠎ᠶ᠋ᠢ ᠳᠠᠢᠴᠢᠯᠠᠬᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌
ᠠᠳᠠᠯ ᠦᠢᠯᠡᠰ ᠴᠣᠭ᠍ᠴᠠᠯᠠᠬᠤ ᠪᠣᠯᠪᠠᠰᠤᠷᠠᠭᠤᠯᠤᠯ᠂ ᠠᠳᠠᠯ ᠦᠢᠯᠡᠰ ᠴᠣᠭ᠍ᠴᠠᠯᠠᠬᠤ ᠦᠢᠯᠡᠴᠢᠯᠡᠭᠡ᠂ ᠠᠳᠠᠯ ᠦᠢᠯᠡᠰ ᠴᠣᠭ᠍ᠴᠠᠯᠠᠬᠤ ᠨᠡᠪᠴᠢᠭᠦᠯᠦᠯᠲᠡ᠂ ᠠᠳᠠᠯ ᠦᠢᠯᠡᠰ ᠴᠣᠭ᠍ᠴᠠᠯᠠᠬᠤ ᠠᠵᠢᠯᠯᠠᠭ᠎ᠠ᠎ᠶ᠋ᠢ ᠬᠤᠯᠪᠣᠯᠳᠤᠭᠤᠯᠤᠨ ᠳᠡᠮᠵᠢᠬᠦ᠌᠎ᠶ᠋ᠢ ᠴᠢᠩᠭᠠᠳᠭᠠᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ + ᠠᠳᠠᠯ ᠦᠢᠯᠡᠰ ᠴᠣᠭ᠍ᠴᠠᠯᠠᠬᠤ》᠂ 《ᠠᠵᠤ ᠦᠢᠯᠡᠰ᠎ᠤᠨ ᠬᠥᠭ᠌ᠵᠢᠯᠲᠡ + ᠠᠳᠠᠯ ᠦᠢᠯᠡᠰ ᠴᠣᠭ᠍ᠴᠠᠯᠠᠬᠤ》᠂ 《ᠠᠵᠢᠯ ᠮᠡᠷᠭᠡᠵᠢᠯ᠎ᠤᠨ ᠤᠷ᠎ᠠ ᠴᠢᠳᠠᠪᠤᠷᠢ + ᠠᠳᠠᠯ ᠦᠢᠯᠡᠰ ᠴᠣᠭ᠍ᠴᠠᠯᠠᠬᠤ》᠂ 《ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ + ᠠᠳᠠᠯ ᠦᠢᠯᠡᠰ ᠴᠣᠭ᠍ᠴᠠᠯᠠᠬᠤ》 ᠶ᠋ᠢ ᠲᠥᠷᠥᠯ ᠬᠤᠪᠢᠶᠠᠨ ᠠᠬᠢᠭᠤᠯᠵᠤ᠂ ᠴᠢᠨᠠᠷ ᠰᠠᠢᠲᠠᠶ ᠠᠳᠠᠯ ᠦᠢᠯᠡᠰ ᠴᠣᠭ᠍ᠴᠠᠯᠠᠬᠤ ᠨᠡᠪᠴᠢᠭᠦᠯᠦᠯᠲᠡ᠎ᠶ᠋ᠢᠨ ᠠᠴᠢᠶᠠᠯᠠᠭ᠍ᠴᠢ᠎ᠶ᠋ᠢ ᠪᠣᠶ ᠪᠣᠯᠭᠠᠨ᠎ᠠ᠃
ᠳᠥᠴᠢᠨ ᠬᠤᠶᠠᠳᠤᠭᠠᠷ ᠪᠦᠯᠦᠭ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ
ᠬᠥᠳᠡᠯᠮᠦᠷᠢᠯᠡᠭ᠌ᠰᠡᠨᠤ ᠬᠢᠨᠢ ᠬᠢᠷᠢ᠎ᠪᠠᠷ ᠬᠤᠪᠢᠶᠠᠷᠢᠯᠠᠬᠤ᠎ᠪᠠᠷ ᠭᠤᠣᠯ ᠴᠣᠭ᠍ᠴᠠ ᠪᠣᠯᠭᠠᠨ᠂ ᠣᠯᠠᠨ ᠲᠦᠷᠦᠯ᠎ᠤᠨ ᠬᠤᠪᠢᠶᠠᠷᠢᠯᠠᠯᠲᠠ᠎ᠶ᠋ᠢᠨ ᠠᠷᠭ᠎ᠠ ᠮᠠᠶᠢᠭ᠎ᠢ ᠵᠡᠷᠭᠡ᠎ᠪᠠᠷ ᠬᠡᠷᠡᠭ᠌ᠯᠡᠬᠦ᠌᠎ᠶ᠋ᠢ ᠪᠠᠷᠢᠮᠲᠠᠯᠠᠵᠤ᠂ ᠠᠩᠬᠠᠨ᠎ᠤ ᠬᠤᠪᠢᠶᠠᠷᠢᠯᠠᠯᠲᠠ᠂ ᠳᠠᠬᠢᠨ ᠬᠤᠪᠢᠶᠠᠷᠢᠯᠠᠯᠲᠠ᠂ ᠭᠤᠷᠪᠠᠳᠡᠬᠢ ᠬᠤᠪᠢᠶᠠᠷᠢᠯᠠᠯᠲᠠ᠎ᠶ᠋ᠢ ᠵᠣᠬᠢᠴᠠᠭᠤᠯᠤᠨ ᠢᠵᠢ ᠪᠦᠷᠢᠳᠦᠭᠦᠯᠬᠦ᠌ ᠳᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠤᠯᠤᠰ ᠠᠷᠠᠳ᠎ᠤᠨ ᠣᠷᠣᠯᠭ᠎ᠠ᠎ᠶ᠋ᠢᠨ ᠬᠤᠪᠢᠶᠠᠷᠢᠯᠠᠯᠲᠠ᠎ᠳᠤ ᠡᠵᠡᠯᠡᠬᠦ᠌ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠵᠦ᠍᠂ ᠠᠩᠬᠠᠨ᠎ᠤ ᠬᠤᠪᠢᠶᠠᠷᠢᠯᠠᠯᠲᠠ᠎ᠳᠤ ᠡᠵᠡᠯᠡᠬᠦ᠌ ᠬᠥᠳᠡᠯᠮᠦᠷᠢ᠎ᠶ᠋ᠢᠨ ᠬᠥᠯᠥᠰᠥ᠍ ᠣᠯᠭᠤᠮᠵᠢ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠎ᠡ᠃
ᠨᠢᠭᠡᠳᠦᠭᠡᠷ ᠬᠡᠰᠡᠭ ᠠᠩᠬᠠᠨ᠎ᠤ ᠬᠤᠪᠢᠶᠠᠷᠢᠯᠠᠯᠲᠠ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠎ᠡ
ᠡᠯ᠎ᠡ ᠲᠥᠷᠥᠯ᠎ᠤᠨ ᠡᠯᠧᠮᠧᠨ᠋ᠲ᠎ᠤᠨ ᠬᠤᠪᠢ ᠨᠡᠮᠡᠷᠢ᠎ᠶ᠋ᠢ ᠵᠠᠬ᠎ᠠ ᠳᠡᠯᠭᠡᠭᠦᠷ᠎ᠢᠶᠠᠷ ᠦᠨᠡᠯᠡᠬᠦᠯᠬᠦ᠂ ᠬᠤᠪᠢ ᠨᠡᠮᠡᠷᠢ᠎ᠪᠠᠷ᠎ᠨᠢ ᠬᠥᠯᠥᠰᠥ᠍ ᠣᠯᠭᠤᠮᠵᠢ᠎ᠶ᠋ᠢ᠎ᠨᠢ ᠲᠣᠭ᠍ᠲᠠᠭᠠᠬᠤ ᠠᠩᠬᠠᠨ᠎ᠤ ᠬᠤᠪᠢᠶᠠᠷᠢᠯᠠᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠢᠯᠡᠭᠦᠦ ᠬᠥᠳᠡᠯᠮᠦᠷᠢᠯᠡᠭ᠌ᠰᠡᠳᠨᠢ ᠢᠯᠡᠭᠦᠥ ᠤᠯᠬᠤ᠂ ᠮᠡᠷᠭᠡᠵᠢᠯ ᠰᠠᠢᠨ᠎ᠨᠢ ᠢᠯᠡᠭᠦᠦ ᠣᠯᠬᠤ᠂ ᠱᠢᠨ᠎ᠡ᠎ᠶ᠋ᠢ ᠡᠭᠦᠳᠦᠭ᠌ᠰᠡᠳᠨᠢ ᠢᠯᠡᠭᠦᠦ ᠤᠯᠬᠤ᠎ᠶ᠋ᠢ ᠠᠬᠢᠭᠤᠯᠤᠨ᠎ᠠ᠃ ᠬᠥᠳᠡᠯᠮᠦᠷᠢᠴᠢᠳ᠎ᠤᠨ ᠴᠠᠯᠢᠩ᠎ᠢ ᠲᠣᠭ᠍ᠲᠠᠭᠠᠬᠤ᠂ ᠵᠦᠶ ᠵᠣᠬᠢᠰᠲᠠᠶ ᠨᠡᠮᠡᠭ᠌ᠳᠡᠭᠦᠯᠬᠦ᠂ ᠦᠭ᠌ᠬᠦ᠎ᠶ᠋ᠢ ᠪᠠᠲᠤᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠴᠠᠯᠢᠩ᠎ᠢ ᠬᠠᠮᠲᠤ᠎ᠪᠠᠷ ᠵᠥᠪᠳᠡᠯᠴᠡᠬᠦ᠌ ᠲᠦᠷᠢᠮ᠎ᠢ ᠬᠡᠷᠡᠭ᠌ᠵᠢᠭᠦᠯᠵᠦ᠍᠂ ᠨᠠᠭᠠᠳᠤ ᠵᠠᠬ᠎ᠠ᠎ᠶ᠋ᠢᠨ ᠴᠠᠯᠢᠩ᠎ᠤᠨ ᠪᠠᠷᠢᠮᠵᠢᠶ᠎ᠠ᠎ᠶ᠋ᠢ ᠲᠣᠬᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠠᠵᠤ ᠠᠬᠤᠢᠯᠠᠯ᠎ᠤᠨ ᠴᠠᠯᠢᠩ᠎ᠤᠨ ᠬᠤᠪᠢᠶᠠᠷᠢᠯᠠᠯᠲᠠ᠎ᠶ᠋ᠢᠨ ᠬᠤᠷᠸ᠎ᠠ ᠵᠢᠯᠤᠭᠤᠳᠤᠯᠭ᠎ᠠ᠎ᠶ᠋ᠢ ᠴᠢᠩᠭᠠᠳᠭᠠᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠴᠠᠯᠢᠩ᠎ᠢ ᠲᠣᠭ᠍ᠲᠠᠭᠠᠬᠤ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠯᠪᠠᠨ ᠪᠠᠢᠭᠤᠯᠭ᠎ᠠ ᠠᠵᠢᠯ ᠦᠢᠯᠡᠰ᠎ᠤᠨ ᠨᠢᠭᠡᠴᠢ᠎ᠶ᠋ᠢᠨ ᠴᠠᠯᠢᠩ ᠪᠠ ᠨᠡᠮᠡᠬᠦᠷᠢ ᠮᠦᠡᠭ᠌ᠬᠦ ᠨᠦᠬᠦᠪᠤᠷᠢ ᠮᠦᠡᠭ᠌ᠬᠦ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠴᠠᠯᠢᠩ᠎ᠤᠨ ᠬᠤᠪᠢᠶᠠᠷᠢᠯᠠᠯᠲᠠ᠎ᠶ᠋ᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠪᠠ ᠪᠡᠷᠬᠡ ᠬᠠᠲᠠᠭᠤᠵᠢᠯᠲᠡᠢ ᠭᠠᠵᠠᠷ ᠣᠷᠣᠨ ᠲᠡᠢᠰᠢ ᠬᠡᠯᠪᠠᠢᠯᠭᠡᠬᠦ᠌ ᠡᠷᠴᠢᠮ᠎ᠢ ᠴᠢᠩᠭᠠᠷᠠᠭᠤᠯᠤᠨ᠎ᠠ᠃ ᠠᠵᠤ ᠠᠬᠤᠢᠯᠠᠯ᠎ᠤᠨ ᠴᠠᠯᠢᠩ ᠬᠥᠯᠥᠰᠥ᠎ᠶ᠋ᠢᠨ ᠪᠠᠢᠴᠠᠭᠠᠯᠲᠠ ᠪᠠ ᠮᠡᠳᠡᠭᠡ ᠵᠠᠩᠭᠢ ᠨᠡᠢᠲᠡᠯᠡᠬᠦ᠌ ᠲᠦᠷᠢᠮ᠎ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠳ᠋ ᠬᠥᠷᠥᠩᠭᠡ᠎ᠶ᠋ᠢᠨ ᠴᠢᠨᠠᠷᠲᠠᠶ ᠣᠷᠣᠯᠭ᠎ᠠ᠎ᠶ᠋ᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠵᠦ᠍᠂ ᠰᠲ᠋ᠤᠺ᠎ᠢᠶᠠᠨ ᠵᠠᠬ᠎ᠠ ᠳᠡᠯᠭᠡᠭᠦᠷ᠎ᠲᠤ ᠭᠠᠷᠭᠠᠭ᠍ᠰᠠᠨ ᠺᠣᠮᠫᠠᠨᠢ᠎ᠶ᠋ᠢᠨ ᠠᠱᠢᠭ ᠬᠤᠪᠢᠶᠠᠬᠤ ᠤᠷᠮᠠᠱᠢᠭᠤᠯᠤᠯ᠎ᠤᠨ ᠪᠠ ᠬᠢᠵᠠᠭᠠᠷᠯᠠᠯ᠎ᠤᠨ ᠲᠣᠭ᠍ᠲᠠᠴᠠ᠎ᠶ᠋ᠢ ᠪᠦᠷᠢᠨᠱᠢᠭᠦᠯᠵᠥ᠍᠂ ᠰᠠᠭᠤᠭᠠᠯᠢ ᠠᠷᠠᠳ᠎ᠤᠨ ᠡᠳ᠋ ᠪᠠᠶᠠᠯᠢᠭ᠎ᠤᠨ ᠬᠠᠮᠢᠶᠠᠷᠤᠯᠲᠠ᠎ᠶ᠋ᠢᠨ ᠬᠡᠷᠡᠭ᠌ᠴᠡᠭᠡ᠎ᠶ᠋ᠢ ᠬᠠᠩᠭᠠᠬᠤ ᠮᠥᠩᠭᠦᠨ ᠭᠥᠢᠯᠭᠡᠭᠡᠡᠤ ᠦᠢᠯᠡᠳᠬᠦᠨ ᠪᠠ ᠦᠢᠯᠡᠴᠢᠯᠡᠭᠡ᠎ᠶ᠋ᠢ ᠪᠠᠶᠠᠯᠢᠬ᠍ᠵᠢᠭᠤᠯᠵᠤ᠂ ᠲᠠᠷᠢᠶᠠᠴᠢᠳ᠎ᠤᠨ ᠭᠠᠵᠠᠷ ᠱᠢᠷᠣᠶ᠎ᠶ᠋ᠢᠨ ᠦᠷᠳᠡᠭ ᠨᠡᠮᠡᠭ᠌ᠳᠡᠭ᠌ᠰᠠᠨ ᠠᠱᠢᠭ ᠣᠷᠣᠯᠭ᠎ᠠ᠎ᠶ᠋ᠢ ᠬᠤᠪᠢᠶᠠᠨ ᠡᠳ᠋ᠯᠡᠬᠦ᠌ ᠬᠠᠷᠢᠴᠠᠯ᠎ᠢ ᠳᠡᠭᠡᠭ᠌ᠰᠢᠯᠡᠭᠦᠯᠦᠨ᠎ᠡ᠃ ᠮᠡᠳᠡᠯᠭᠡ᠎ᠶ᠋ᠢᠨ ᠥᠷᠲᠡᠭ᠎ᠢ ᠨᠡᠮᠡᠭ᠌ᠳᠡᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠬᠤᠪᠢᠶᠠᠷᠢᠯᠠᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠴᠢᠩᠭᠠᠳᠭᠠᠵᠤ᠂ ᠨᠥᠬᠦᠴᠡᠯ᠎ᠳᠤ ᠨᠡᠢᠴᠡᠭ᠌ᠰᠡᠨ ᠨᠡᠩ ᠤᠯᠠᠨ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌᠎ᠪᠠᠷ ᠤᠳᠤᠷᠢᠳᠤᠮᠵᠢ ᠪᠣᠯᠭᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠳᠠᠨ᠎ᠤ ᠳᠤᠮᠳᠠ ᠤᠯᠠᠨ ᠵᠦᠢᠯ᠎ᠤᠨ ᠬᠡᠯᠪᠡᠷᠢ᠎ᠶ᠋ᠢᠨ ᠤᠷᠳᠤᠪᠳᠤᠷ ᠬᠤᠭᠤᠴᠠᠭᠠᠨ᠎ᠤ ᠤᠷᠮᠠᠱᠢᠭᠤᠯᠤᠯ᠎ᠤᠨ ᠠᠵᠢᠯᠯᠠᠭ᠎ᠠ ᠥᠷᠨᠢᠭᠦᠯᠬᠦ᠌᠎ᠶ᠋ᠢ ᠵᠥᠪᠱᠢᠶᠡᠷᠡᠵᠦ᠍᠂ ᠤᠷ᠎ᠠ ᠴᠢᠳᠠᠪᠤᠷᠢ᠎ᠪᠠᠷ ᠤᠳᠤᠷᠢᠳᠤᠮᠵᠢ ᠪᠣᠯᠭᠠᠭ᠍ᠰᠠᠨ ᠴᠠᠯᠢᠩ ᠬᠥᠯᠥᠰᠥ᠎ᠶ᠋ᠢᠨ ᠬᠤᠪᠢᠶᠠᠷᠢᠯᠠᠯᠲᠠ᠎ᠶ᠋ᠢᠨ ᠲᠦᠷᠢᠮ᠎ᠢ ᠲᠦᠷᠭᠡᠯᠠᠡ ᠪᠠᠢᠭᠤᠯᠤᠨ᠎ᠠ᠃
ᠬᠤᠶᠠᠳᠤᠭᠠᠷ ᠬᠡᠰᠡᠭ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢ ᠲᠣᠬᠢᠷᠠᠭᠤᠯᠬᠤ ᠡᠷᠴᠢᠮ᠎ᠢ ᠴᠢᠩᠭᠠᠷᠠᠭᠤᠯᠤᠨ᠎ᠠ
ᠭᠠᠢᠯᠢ ᠲᠠᠲᠠᠪᠤᠷᠢ᠂ ᠨᠡᠢᠭᠡᠮ᠎ᠤᠨ ᠪᠠᠲᠤᠯᠠᠭ᠎ᠠ᠂ ᠱᠢᠯᠵᠢᠭᠦᠯᠦᠨ ᠥᠭ᠌ᠬᠦ ᠵᠡᠷᠭᠡ ᠲᠠᠬᠢᠨ ᠬᠤᠪᠢᠶᠠᠷᠢᠯᠠᠯᠲᠠ᠎ᠶ᠋ᠢᠨ ᠲᠣᠬᠢᠷᠠᠭᠤᠯᠤᠯᠳᠠ᠎ᠶ᠋ᠢ ᠴᠢᠩᠭᠠᠳᠭᠠᠵᠤ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠎ᠡ᠃ ᠭᠠᠢᠯᠢ ᠲᠠᠲᠠᠪᠤᠷᠢ᠎ᠶ᠋ᠢᠨ ᠲᠣᠬᠢᠷᠠᠭᠤᠯᠤᠯᠲᠠ᠎ᠶ᠋ᠢᠨ ᠡᠷᠴᠢᠮ ᠪᠠ ᠨᠠᠷᠢᠯᠢᠬ ᠣᠨᠣᠴᠠᠲᠤ ᠴᠢᠨᠠᠷ᠎ᠢ ᠨᠡᠮᠡᠭ᠌ᠳᠡᠭᠦᠯᠵᠦ᠍᠂ ᠪᠠᠢᠭᠠᠯᠢ ᠬᠥᠮᠦᠨ᠎ᠤ ᠭᠠᠢᠯᠢ ᠰᠦᠢᠳᠭᠡᠯ᠎ᠤᠨ ᠦᠢᠯᠡᠴᠢᠯᠡᠭᠡ ᠪᠠ ᠬᠢᠨᠠᠨ ᠬᠠᠮᠢᠶᠠᠷᠬᠤ ᠱᠢᠰᠲ᠋ᠧᠮ᠎ᠢ ᠪᠥᠷᠢᠨᠱᠢᠭᠦᠯᠵᠥ᠍᠂ ᠬᠥᠳᠡᠯᠮᠦᠷᠢ᠎ᠶ᠋ᠢᠨ ᠴᠢᠨᠠᠷᠲᠠᠶ ᠠᠱᠢᠭ ᠣᠷᠣᠯᠭ᠎ᠠ᠎ᠠᠴᠠ ᠨᠢᠭᠡᠳᠦᠯᠲᠡᠶ ᠭᠠᠢᠯᠢ ᠲᠠᠲᠠᠪᠤᠷᠢᠯᠠᠬᠤ᠎ᠶ᠋ᠢ ᠬᠡᠷᠡᠭ᠌ᠵᠢᠭᠦᠯᠦᠨ᠎ᠡ᠃ ᠲᠤᠰᠭᠠᠶ ᠵᠦᠢᠯ᠎ᠤᠨ ᠨᠡᠮᠡᠯᠲᠡ ᠰᠠᠭᠤᠳᠭᠠᠯ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠤᠢ᠍ᠢᠯᠠᠳᠤᠯᠢ ᠭᠥᠢᠴᠠᠳ ᠪᠠᠳᠠᠷᠠᠭᠤᠯᠵᠥ᠍᠂ ᠬᠤᠪᠢ ᠬᠥᠮᠦᠨ᠎ᠤ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠲᠤᠯᠭᠠᠨ ᠰᠠᠭᠤᠯᠭᠠᠬᠤ ᠡᠷᠴᠢᠮ᠎ᠢ ᠴᠢᠩᠭᠠᠷᠠᠭᠤᠯᠤᠨ᠎ᠠ᠃ ᠬᠦᠷᠦᠩᠭᠡ᠎ᠶ᠋ᠢᠨ ᠠᠱᠢᠭ ᠤᠯᠵᠠ᠎ᠶ᠋ᠢᠨ ᠭᠠᠢᠯᠢ ᠳᠠᠳᠠᠪᠤᠷᠢ᠎ᠶ᠋ᠢᠨ ᠲᠣᠬᠢᠷᠠᠭᠤᠯᠬᠤ ᠲᠣᠭ᠍ᠲᠠᠴᠠ᠎ᠶ᠋ᠢ ᠰᠦᠪᠡᠭ᠌ᠴᠢᠯᠡᠨ ᠲᠡᠭᠦᠯᠳᠡᠷᠵᠢᠭᠦᠯᠵᠦ᠍᠂ ᠥᠨᠳᠥᠷ ᠣᠷᠣᠯᠭ᠎ᠠ᠎ᠲᠠᠢ ᠬᠥᠮᠦᠰ᠎ᠤᠨ ᠭᠠᠢᠯᠢ ᠲᠠᠲᠠᠪᠤᠷᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠨᠡᠢᠭᠡᠮ᠎ᠤᠨ ᠪᠠᠲᠤᠯᠠᠭ᠎ᠠ᠎ᠶ᠋ᠢᠨ ᠲᠤᠰᠠᠯᠠᠯᠴᠠᠨ ᠬᠠᠪᠰᠤᠷᠤᠯᠴᠠᠬᠤ ᠴᠢᠳᠠᠮᠵᠢ᠎ᠶ᠋ᠢ ᠴᠢᠩᠭᠠᠷᠠᠭᠤᠯᠤᠨ᠂ ᠲᠦᠷᠢᠮ᠎ᠤᠨ ᠬᠤᠭᠤᠷᠣᠨᠳᠣᠬᠢ᠂ ᠣᠷᠣᠨ ᠪᠦᠰᠡ᠎ᠶ᠋ᠢᠨ ᠬᠤᠭᠤᠷᠣᠨᠳᠣᠬᠢ ᠪᠡᠯᠡ ᠴᠤᠭ᠍ᠯᠠᠭᠤᠯᠬᠤ ᠪᠠ ᠬᠠᠷᠠᠭᠠᠯᠵᠠᠯ᠎ᠤᠨ ᠪᠠᠲᠤᠯᠠᠭ᠎ᠠ᠎ᠶ᠋ᠢᠨ ᠵᠥᠷᠢᠶ᠎ᠡ᠎ᠶ᠋ᠢ ᠠᠯᠬᠤᠮ ᠠᠯᠬᠤᠮ᠎ᠢᠶᠠᠷ ᠪᠠᠭᠠᠰᠭᠠᠨ᠎ᠠ᠃ ᠱᠢᠯᠵᠢᠭᠦᠯᠦᠨ ᠥᠭ᠌ᠬᠦ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠱᠢᠯᠢᠳᠡᠭ᠌ᠵᠢᠭᠦᠯᠵᠦ᠍᠂ ᠡᠩ᠎ᠤᠨ ᠴᠢᠨᠠᠷᠲᠠᠶ ᠱᠢᠯᠵᠢᠭᠦᠯᠦᠨ ᠥᠭ᠌ᠬᠦ᠎ᠶ᠋ᠢᠨ ᠣᠷᠣᠨ ᠪᠦᠰᠡ᠎ᠶ᠋ᠢᠨ ᠬᠤᠭᠤᠷᠣᠨᠳᠣᠬᠢ ᠡᠳ᠋᠎ᠤᠨ ᠬᠦᠴᠦᠨ᠎ᠤ ᠵᠥᠷᠢᠶ᠎ᠡ᠎ᠶ᠋ᠢ ᠪᠠᠭᠠᠰᠭᠠᠬᠤ᠎ᠳᠤ ᠥᠵᠠᠭᠦᠯᠭᠦ᠌ ᠲᠣᠬᠢᠷᠠᠭᠤᠯᠤᠯᠲᠠ᠎ᠶ᠋ᠢᠨ ᠴᠢᠳᠠᠮᠵᠢ᠎ᠶ᠋ᠢ ᠴᠢᠩᠭᠠᠷᠠᠭᠤᠯᠤᠨ᠎ᠠ᠃ ᠭᠠᠮᠱᠢᠭ᠎ᠠᠴᠠ ᠳᠠᠩᠭᠡᠷᠡᠭᠦᠯᠵᠥ᠍ ᠠᠪᠤᠷᠠᠨ ᠲᠡᠳᠬᠦᠬᠦ᠌ ᠲᠦᠷᠢᠮ᠎ᠢ ᠪᠥᠷᠢᠨᠱᠢᠭᠦᠯᠥᠨᠠ᠃ ᠭᠤᠷᠪᠠᠳᠡᠭᠢ ᠬᠤᠪᠢᠶᠠᠷᠢᠯᠠᠯᠲᠠ᠎ᠶ᠋ᠢᠨ ᠦᠢᠯᠡᠳᠦᠯ᠎ᠢ ᠨᠡᠩ ᠰᠠᠢᠠ ᠪᠠᠳᠠᠷᠠᠭᠤᠯᠵᠤ᠂ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠶ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠤᠨ ᠵᠢᠷᠤᠮᠵᠢᠭᠤᠯᠵᠤ᠂ ᠨᠢᠭᠦᠯᠡᠰᠦᠩᠭᠦᠶ᠎ᠶ᠋ᠢᠨ ᠦᠢᠯᠡᠰ᠎ᠤᠨ ᠪᠦᠲᠦᠮᠵᠢᠲᠡᠶ ᠪᠡᠶᠡᠯᠡᠭ᠌ᠳᠡᠬᠦ᠌ ᠬᠡᠯᠪᠡᠷᠢ᠎ᠶ᠋ᠢ ᠬᠠᠢᠨ ᠰᠦᠪᠡᠭ᠌ᠴᠢᠯᠡᠨ᠎ᠡ᠃
ᠭᠤᠷᠪᠠᠳᠤᠭᠠᠷ ᠬᠡᠰᠡᠭ ᠳᠤᠮᠳᠠ ᠵᠡᠷᠭᠡ᠎ᠶ᠋ᠢᠨ ᠣᠷᠣᠯᠭ᠎ᠠ᠎ᠲᠠᠢ ᠬᠠᠮᠲᠤᠯᠢᠭ᠎ᠤᠨ ᠬᠡᠪᠴᠢᠶ᠎ᠡ᠎ᠶ᠋ᠢ ᠯᠠᠪᠳᠠᠭᠤᠨ᠎ᠢᠶᠠᠷ ᠥᠷᠭᠡᠳᠭᠡᠨ᠎ᠡ
ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠳᠤᠭ᠍ᠳᠠᠭᠠᠨ ᠬᠡᠷᠡᠭ᠌ᠵᠢᠭᠦᠯᠵᠦ᠍᠂ ᠣᠷᠣᠯᠭ᠎ᠠ ᠪᠠᠭᠠᠲᠠᠶ ᠬᠠᠮᠳᠤᠯᠢᠭ᠎ᠤᠨ ᠣᠷᠣᠯᠭ᠎ᠠ᠎ᠶ᠋ᠢ ᠪᠦᠲᠦᠮᠵᠢᠲᠡᠶ ᠨᠡᠮᠡᠭ᠌ᠳᠡᠭᠦᠯᠵᠦ᠍᠂ ᠳᠤᠮᠳᠠ ᠵᠡᠷᠭᠡ᠎ᠶ᠋ᠢᠨ ᠣᠷᠣᠯᠭ᠎ᠠ᠎ᠲᠠᠢ ᠬᠠᠮᠲᠤᠯᠢᠭ᠎ᠤᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠵᠦ᠍᠂ ᠠᠷᠤᠷ᠎ᠠ ᠬᠡᠯᠪᠡᠷᠢ᠎ᠶ᠋ᠢᠨ ᠬᠤᠪᠢᠶᠠᠷᠢᠯᠠᠯᠲᠠ᠎ᠶ᠋ᠢᠨ ᠪᠠᠢᠷᠢᠱᠢᠯ᠎ᠢ ᠪᠤᠢ ᠪᠣᠯᠭᠠᠬᠤ᠎ᠶ᠋ᠢ ᠠᠬᠢᠭᠤᠯᠤᠨ᠎ᠠ᠃ ᠭᠤᠤᠯᠳᠠᠯᠭ᠎ᠠ᠎ᠲᠠᠢ ᠬᠠᠮᠳᠤᠯᠢᠭ᠎ᠲᠤ ᠠᠩᠬᠠᠷᠤᠯ᠎ᠢᠶᠠᠨ ᠲᠥᠪᠯᠡᠷᠡᠭᠦᠯᠦᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠬ ᠣᠨᠣᠴᠠᠲᠠᠶ ᠬᠡᠷᠡᠭ᠌ᠵᠢᠭᠦᠯᠵᠦ᠍᠂ ᠶᠡᠭᠡ ᠳᠠᠭᠡᠳᠤ ᠰᠤᠷᠭᠠᠭᠤᠯᠢ ᠲᠡᠭᠦᠰᠦᠭ᠌ᠰᠡᠨ ᠰᠤᠷᠤᠭ᠍ᠴᠢᠳ᠎ᠤᠨ ᠠᠵᠢᠯ ᠣᠯᠭᠤᠯᠲᠠ᠎ᠶ᠋ᠢᠨ ᠵᠣᠬᠢᠴᠠᠯᠳᠤᠬᠤ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠮᠡᠷᠭᠡᠵᠢᠯ᠎ᠤᠨ ᠠᠵᠢᠯᠴᠢᠨ᠎ᠤ ᠴᠠᠯᠢᠩ ᠬᠥᠯᠥᠰᠥ᠍ ᠪᠠ ᠤᠷ᠎ᠠ ᠴᠢᠳᠠᠪᠤᠷᠢ᠎ᠶ᠋ᠢᠨ 《ᠬᠤᠤᠰ ᠳᠡᠭᠡᠭ᠌ᠰᠢᠯᠡᠯᠳᠠ》᠎ᠶ᠋ᠢ ᠠᠬᠢᠭᠤᠯᠵᠤ᠂ ᠬᠥᠯᠥᠰᠥᠨ ᠠᠵᠢᠯᠴᠢᠨ᠎ᠤ ᠴᠠᠯᠢᠩ᠎ᠢ ᠥᠭ᠌ᠬᠦ ᠪᠠᠲᠤᠯᠠᠭ᠎ᠠ᠎ᠶ᠋ᠢᠨ ᠳᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠥ᠍᠂ ᠣᠯᠠᠨ ᠠᠷᠭ᠎ᠠ ᠬᠡᠮᠵᠢᠶ᠎ᠡ᠎ᠶ᠋ᠢ ᠵᠠᠷᠭᠡᠪᠠᠷ ᠭᠡᠷᠡᠭ᠌ᠯᠠᠨ ᠳᠤᠮᠳᠠ ᠵᠢᠵᠢᠭ ᠠᠵᠤ ᠠᠬᠤᠢᠯᠠᠯ᠎ᠤᠨ ᠡᠵᠡᠨ ᠪᠣᠯᠤᠨ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠲᠣᠭ᠍ᠲᠠᠭᠤᠨ ᠡᠵᠡᠩᠨᠡᠯᠲᠡ᠎ᠶ᠋ᠢ ᠠᠬᠢᠭᠤᠯᠵᠤ᠂ ᠥᠨᠳᠥᠷ ᠬᠡᠪ ᠪᠣᠯᠪᠠᠰᠤᠷᠠᠯ᠎ᠲᠠᠢ ᠲᠠᠷᠢᠶᠠᠴᠢᠨ ᠪᠣᠯᠤᠨ ᠬᠥᠳᠡᠭᠡ ᠲᠣᠰᠭᠤᠨ᠎ᠤ ᠪᠠᠶᠠᠵᠢᠯ᠎ᠤᠨ ᠳᠠᠭᠠᠭᠤᠯᠤᠭ᠍ᠴᠢ᠎ᠶ᠋ᠢ ᠢᠳᠡᠪᠬᠢᠲᠡᠶ ᠬᠥᠮᠦᠵᠢᠭᠦᠯᠵᠥ᠍᠂ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠬᠤ ᠴᠢᠳᠠᠪᠤᠷᠢ᠎ᠶ᠋ᠢ᠎ᠨᠢ ᠳᠡᠭᠡᠭ᠌ᠰᠢᠯᠡᠭᠦᠯᠦᠨ᠎ᠡ᠃ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠡᠮᠬᠢ ᠵᠢᠷᠤᠮ ᠪᠠ ᠡᠳ᠋ ᠪᠠᠶᠠᠯᠢᠭ ᠬᠤᠷᠠᠮᠳᠤᠭᠤᠯᠬᠤ ᠲᠣᠭ᠍ᠲᠠᠴᠠ᠎ᠶ᠋ᠢ ᠵᠢᠷᠤᠮᠵᠢᠭᠤᠯᠵᠤ᠂ ᠠᠵᠢᠯᠴᠢ ᠬᠥᠳᠡᠯᠮᠦᠷᠢᠴᠢ᠎ᠪᠠᠷ ᠱᠢᠨ᠎ᠡ᠎ᠶ᠋ᠢ ᠡᠭᠦᠳᠴᠦ᠍ ᠬᠠᠤᠯᠢ ᠶᠣᠰᠣᠭᠠᠷ ᠪᠠᠶᠠᠵᠢᠬᠤ᠎ᠶ᠋ᠢ ᠳᠠᠮᠵᠢᠵᠤ᠂ ᠤᠷᠢᠳ᠎ᠢᠶᠠᠷ ᠪᠠᠶᠠᠵᠢᠬ᠍ᠰᠠᠠᠨᠢ ᠰᠡᠭᠦᠯᠡᠷ ᠪᠠᠶᠠᠵᠢᠬᠤ᠎ᠪᠠᠨ ᠳᠠᠢᠴᠢᠯᠠᠭᠠᠳ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠶ᠋ᠢ ᠵᠤᠷᠢᠬ᠍ᠵᠢᠭᠤᠯᠵᠤ᠂ ᠬᠡᠳᠦ ᠥᠨᠳᠥᠷ ᠣᠷᠣᠯᠭ᠎ᠠ᠎ᠳᠤ ᠵᠦᠶ ᠵᠣᠬᠢᠰᠲᠠᠶ ᠲᠣᠬᠢᠷᠠᠭᠤᠯᠤᠯᠳᠠ ᠭᠢᠵᠥ᠍᠂ ᠬᠠᠤᠯᠢ ᠪᠤᠰᠤ ᠣᠷᠣᠯᠭ᠎ᠠ᠎ᠶ᠋ᠢ ᠴᠠᠭᠠᠵᠠᠯᠠᠨ᠎ᠠ᠃
ᠳᠥᠴᠢᠨ ᠭᠤᠷᠪᠠᠳᠤᠭᠠᠷ ᠪᠥᠯᠥᠭ ᠨᠠᠢᠭᠡᠮ᠎ᠤᠨ ᠪᠠᠳᠤᠯᠠᠭ᠎ᠠ᠎ᠶ᠋ᠢᠨ ᠱᠢᠰᠲ᠋ᠧᠮ᠎ᠢ ᠪᠥᠷᠢᠨᠱᠢᠭᠦᠯᠥᠨᠠ
ᠭᠤᠤᠯᠳᠠᠯᠭ᠎ᠠ᠎ᠲᠠᠢ ᠬᠠᠮᠲᠤᠯᠢᠭ᠎ᠤᠨ ᠪᠠᠲᠤᠯᠠᠭ᠎ᠠ᠎ᠶ᠋ᠢ ᠴᠢᠩᠭᠠᠳᠭᠠᠬᠤ᠂ ᠲᠦᠷᠢᠮ᠎ᠤᠨ ᠦᠷᠭᠦᠯᠵᠢᠯᠡᠬᠦ᠌ ᠴᠢᠨᠠᠷ᠎ᠢ ᠴᠢᠩᠭᠠᠳᠭᠠᠬᠤ᠎ᠪᠠᠷ ᠭᠤᠤᠯᠳᠠᠯᠭ᠎ᠠ ᠪᠣᠯᠭᠠᠵᠤ᠂ ᠪᠦᠬᠦ᠌ ᠠᠷᠠᠳ᠎ᠢ ᠬᠠᠮᠤᠷᠤᠭ᠍ᠰᠠᠨ᠂ ᠬᠤᠳᠠ ᠬᠥᠳᠡᠭᠡ᠎ᠶ᠋ᠢ ᠨᠢᠭᠡᠳᠦᠯᠲᠡᠶ ᠲᠥᠯᠥᠪᠯᠡᠭ᠌ᠰᠡᠨ᠂ ᠲᠥᠪ ᠭᠤᠤᠯᠴᠢ ᠨᠢᠭᠡᠳᠦᠯᠲᠡᠶ᠂ ᠠᠮᠤᠷ ᠲᠦᠪᠱᠢᠨ ᠵᠢᠷᠤᠮᠵᠢᠭᠤᠨ᠂ ᠦᠷᠭᠦᠯᠵᠢᠯᠡᠬᠦ᠋ᠢᠴᠡ ᠤᠯᠠᠠ ᠳᠠᠰ ᠳᠠᠪᠬᠤᠷᠭ᠎ᠠ᠎ᠶ᠋ᠢᠨ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠥᠷᠢᠨᠱᠢᠭᠦᠯᠥᠨᠠ᠃
ᠨᠢᠭᠡᠳᠦᠭᠡᠷ ᠬᠡᠰᠡᠭ ᠨᠡᠢᠭᠡᠮ᠎ᠤᠨ ᠪᠠᠲᠤᠯᠠᠭ᠎ᠠ᠎ᠶ᠋ᠢᠨ ᠳᠥᠪᠱᠢᠨᠢ ᠯᠠᠪᠳᠠᠭᠤᠨ᠎ᠢᠶᠠᠷ ᠳᠡᠭᠡᠭ᠌ᠰᠢᠯᠡᠭᠦᠯᠦᠨ᠎ᠡ
ᠳᠠᠭᠠᠳᠭᠠᠯ᠎ᠳᠤ ᠣᠷᠣᠯᠴᠠᠬᠤ ᠴᠢᠨᠠᠷ ᠰᠠᠢᠲᠠᠶ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠡᠢᠭᠡᠮ᠎ᠤᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠨ᠎ᠡ᠃ ᠣᠯᠠᠨ ᠳᠡᠰ ᠳᠠᠪᠬᠤᠷᠭ᠎ᠠ᠎ᠳᠤ᠂ ᠣᠯᠠᠨ ᠲᠤᠯᠭᠠᠭᠤᠷᠢᠳᠤ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠤᠨ ᠱᠢᠰᠲ᠋ᠧᠮ᠎ᠢ ᠲᠦᠷᠭᠡᠯᠠᠨ ᠬᠥᠭ᠌ᠵᠢᠭᠦᠯᠵᠦ᠍᠂ ᠬᠠᠷᠠᠭᠠᠯᠵᠠᠯ᠎ᠢ ᠲᠣᠭ᠍ᠲᠠᠭᠠᠬᠤ ᠪᠠ ᠲᠣᠬᠢᠷᠠᠭᠤᠯᠬᠤ ᠲᠣᠭ᠍ᠲᠠᠴᠠ᠎ᠶ᠋ᠢ ᠪᠥᠷᠢᠨᠱᠢᠭᠦᠯᠵᠥ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠰᠠᠭᠤᠷᠢ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠦᠨ᠂ ᠠᠵᠢᠯ᠎ᠠᠴᠠ᠎ᠪᠠᠨ ᠪᠠᠭᠤᠵᠥ᠍ ᠠᠮᠠᠷᠠᠭ᠍ᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢᠨ ᠲᠣᠬᠢᠷᠠᠭᠤᠯᠤᠯᠲᠠ᠎ᠶ᠋ᠢ ᠬᠠᠷᠠᠭᠠᠯᠵᠠᠯ᠎ᠢᠶᠠᠷ ᠨᠡᠯᠢᠶᠡᠳ ᠳᠣᠤᠷ᠎ᠠ ᠬᠠᠮᠲᠤᠯᠢᠭ ᠲᠡᠢᠰᠢ ᠬᠡᠯᠪᠠᠢᠯᠭᠡᠵᠦ᠍᠂ ᠠᠵᠤ ᠠᠬᠤᠢᠯᠠᠯ᠎ᠤᠨ ᠵᠢᠯ᠎ᠤᠨ ᠳᠤᠯᠤᠭ᠍ᠰᠠᠨ ᠵᠤᠭᠤᠰ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠂ ᠬᠤᠪᠢ ᠬᠥᠮᠦᠨ᠎ᠤ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠬᠤᠳᠠᠯᠳᠤᠭᠠᠨ᠎ᠤ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠶᠡᠭᠡ᠎ᠪᠠᠷ ᠬᠥᠭ᠌ᠵᠢᠭᠦᠯᠦᠨ᠎ᠡ᠃ ᠣᠯᠠᠨ ᠳᠡᠰ ᠳᠠᠪᠬᠤᠷᠭ᠎ᠠ᠎ᠳᠤ ᠡᠮᠨᠠᠯᠭᠡ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠪᠥᠷᠢᠨᠱᠢᠭᠦᠯᠵᠥ᠍᠂ ᠣᠨᠳᠣᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠳᠠᠰᠤᠯᠤᠨ ᠪᠣᠳᠣᠬᠤ᠎ᠶ᠋ᠢ ᠲᠡᠭᠦᠯᠳᠡᠷᠵᠢᠭᠦᠯᠵᠦ᠍᠂ ᠬᠤᠳᠠᠯᠳᠤᠭᠠᠨ᠎ᠤ ᠡᠮᠨᠡᠯᠭᠡ᠎ᠶ᠋ᠢᠨ ᠳᠠᠭᠠᠳᠭᠠᠯ᠎ᠤᠨ ᠨᠥᠬᠦᠪᠥᠷᠢ ᠪᠠᠲᠤᠯᠠᠭ᠎ᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠠᠮᠢᠳᠤᠯᠢᠭ᠎ᠢᠶᠠᠷ ᠠᠵᠢᠯ ᠣᠯᠤᠭ᠍ᠰᠠᠳ᠂ ᠬᠥᠯᠥᠰᠥᠨ ᠠᠵᠢᠯᠴᠢᠨ᠂ ᠱᠢᠨ᠎ᠡ ᠬᠡᠯᠪᠡᠷᠢ ᠪᠠᠢᠳᠠᠯ᠎ᠢᠶᠠᠷ ᠠᠵᠢᠯ ᠣᠯᠤᠭ᠍ᠰᠠᠳ᠎ᠤᠨ ᠳᠠᠭᠠᠳᠭᠠᠯ᠎ᠳᠤ ᠣᠷᠣᠯᠴᠠᠬᠤ ᠨᠣᠷᠮ᠎ᠠ᠎ᠶ᠋ᠢ ᠳᠡᠭᠡᠭ᠌ᠰᠢᠯᠡᠭᠦᠯᠵᠦ᠍᠂ ᠰᠦᠢᠳᠭᠡᠯ ᠲᠤᠱᠢᠶᠠᠬᠤ ᠰᠠᠭᠤᠷᠢ ᠲᠤᠭ᠎ᠠ᠎ᠶ᠋ᠢ ᠵᠦᠶ ᠵᠣᠬᠢᠰᠲᠠᠶ ᠲᠣᠭ᠍ᠲᠠᠭᠠᠵᠤ᠂ ᠠᠵᠢᠯᠴᠢᠨ ᠬᠡᠷᠡᠭ᠌ᠯᠡᠬᠦ᠌ ᠲᠠᠯ᠎ᠠ ᠪᠣᠯᠤᠨ ᠲᠠᠪᠴᠠᠩ᠎ᠤᠨ ᠠᠵᠤ ᠠᠬᠤᠢᠯᠠᠯ᠎ᠤᠨ ᠰᠦᠢᠳᠭᠡᠯ ᠲᠤᠱᠢᠶᠠᠬᠤ ᠬᠠᠷᠢᠭᠤᠴᠠᠯᠭ᠎ᠠ᠎ᠶ᠋ᠢ ᠲᠣᠳᠣᠷᠬᠠᠶ ᠪᠣᠯᠭᠠᠨ᠎ᠠ᠃ ᠠᠵᠢᠯ ᠠᠯᠳᠠᠯᠲᠠ᠂ ᠠᠵᠢᠯ᠎ᠠᠴᠠ ᠪᠣᠯᠤᠭ᠍ᠰᠠᠨ ᠭᠡᠮᠲᠦᠯ ᠵᠡᠷᠭᠡ ᠨᠡᠢᠭᠡᠮ᠎ᠤᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠠᠵᠢᠯ ᠮᠡᠷᠭᠡᠵᠢᠯ᠎ᠤᠨ ᠭᠡᠮᠲᠦᠯ᠎ᠤᠨ ᠪᠠᠲᠤᠯᠠᠭ᠎ᠠ᠎ᠶ᠋ᠢᠨ ᠲᠦᠷᠢᠮ᠎ᠢ ᠪᠠᠢᠭᠤᠯᠤᠨ ᠪᠥᠷᠢᠨᠱᠢᠭᠦᠯᠥᠨᠠ᠃ ᠨᠡᠢᠭᠡᠮ᠎ᠤᠨ ᠳᠠᠭᠠᠳᠭᠠᠯ᠎ᠤᠨ ᠬᠠᠷᠢᠴᠠᠭ᠎ᠠ᠎ᠶ᠋ᠢ ᠱᠢᠯᠵᠢᠭᠦᠯᠦᠨ ᠵᠠᠯᠭᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠤᠨ ᠬᠠᠷᠢᠴᠠᠭ᠎ᠠ᠎ᠶ᠋ᠢ ᠱᠢᠯᠵᠢᠭᠦᠯᠦᠨ ᠵᠠᠯᠭᠠᠭᠤᠯᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠪᠦᠬᠦ᠌ ᠤᠯᠤᠰ᠎ᠤᠨ ᠨᠢᠭᠡᠳᠦᠯᠲᠡᠶ ᠨᠡᠢᠭᠡᠮ᠎ᠤᠨ ᠳᠠᠭᠠᠳᠭᠠᠯ᠎ᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ ᠪᠠ ᠭᠠᠷᠳᠠᠨ ᠭᠦᠢᠴᠡᠳᠭᠡᠬᠦ᠌ ᠬᠠᠮᠢᠶᠠᠷᠤᠯᠲᠠ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ᠎ᠡ᠃
ᠬᠤᠶᠠᠳᠤᠭᠠᠷ ᠬᠡᠰᠡᠭ ᠨᠡᠢᠭᠡᠮ᠎ᠤᠨ ᠳᠠᠭᠠᠳᠭᠠᠯ᠎ᠤᠨ ᠱᠢᠰᠲ᠋ᠧᠮ᠎ᠤᠨ ᠦᠷᠭᠦᠯᠵᠢᠯᠡᠬᠦ᠋ᠢᠴᠡ ᠴᠢᠨᠠᠷ᠎ᠢ ᠴᠢᠩᠭᠠᠳᠭᠠᠨ᠎ᠠ
ᠨᠡᠢᠭᠡᠮ᠎ᠤᠨ ᠳᠠᠭᠠᠳᠭᠠᠯ᠎ᠤᠨ ᠨᠠᠷᠢᠠ ᠪᠤᠳᠤᠬᠤ ᠲᠦᠷᠢᠮ᠎ᠢ ᠪᠥᠷᠢᠨᠱᠢᠭᠦᠯᠵᠥ᠍᠂ ᠨᠡᠢᠭᠡᠮ᠎ᠤᠨ ᠪᠠᠳᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠤᠷᠳᠤ ᠬᠤᠭᠤᠴᠠᠭ᠎ᠠ᠎ᠪᠠᠷ ᠪᠦᠲᠦᠮᠵᠢᠲᠡᠶ ᠴᠤᠭ᠍ᠯᠠᠭᠤᠯᠬᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠦᠷᠳᠡᠭ᠎ᠢ ᠪᠠᠲᠤᠯᠠᠵᠤ ᠦᠷᠳᠡᠭ᠎ᠢ ᠨᠡᠮᠡᠭ᠌ᠳᠡᠭᠦᠯᠬᠦ᠌ ᠪᠠ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ ᠶᠠᠪᠤᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠨᠡᠢᠭᠡᠮ᠎ᠤᠨ ᠪᠠᠲᠤᠯᠠᠭ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠨᠥᠭᠡᠴᠡ ᠰᠠᠭᠤᠷᠢ ᠮᠥᠩᠭᠦ᠎ᠶ᠋ᠢ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠵᠦ᠍᠂ ᠤᠯᠤᠰ᠎ᠤᠨ ᠥᠮᠴᠢᠯᠡᠯ᠎ᠤᠨ ᠬᠦᠷᠦᠩᠭᠡ᠎ᠶ᠋ᠢ ᠦᠷᠭᠦᠯᠵᠢᠯᠡᠨ ᠰᠠᠯᠭᠠᠠ ᠱᠢᠯᠵᠢᠭᠦᠯᠵᠦ᠍ ᠨᠡᠢᠭᠡᠮ᠎ᠤᠨ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠲᠡᠭᠦᠯᠳᠡᠷᠵᠢᠭᠦᠯᠦᠨ᠎ᠡ᠃ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ᠎ᠶ᠋ᠢ ᠤᠷᠮᠠᠱᠢᠭᠤᠯᠬᠤ᠎ᠶ᠋ᠢ ᠴᠢᠩᠭᠠᠳᠭᠠᠵᠤ᠂ ᠨᠥᠬᠦᠴᠡᠯ ᠪᠥᠭᠦᠢ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ ᠵᠡᠷᠭᠡ᠎ᠶ᠋ᠢᠨ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ᠎ᠳᠤ ᠨᠥᠬᠦᠪᠥᠷᠢ ᠥᠭ᠌ᠭᠦ᠎ᠶ᠋ᠢ ᠵᠤᠷᠢᠬ᠍ᠵᠢᠭᠤᠯᠤᠨ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠨᠠᠯᠭᠡ᠎ᠶ᠋ᠢᠨ ᠳᠠᠭᠠᠳᠭᠠᠯ᠎ᠤᠨ ᠡᠳ᠋᠎ᠤᠨ ᠵᠠᠰᠠᠭ᠎ᠤᠨ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ ᠵᠦᠶ ᠵᠣᠬᠢᠰᠲᠠᠶ ᠳᠡᠭᠡᠭ᠌ᠰᠢᠯᠡᠭᠦᠯᠦᠨ᠎ᠡ᠃ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠪᠦᠬᠦ᠌ ᠤᠯᠤᠰ᠎ᠲᠤ ᠨᠢᠭᠡᠳᠦᠯᠲᠡᠶ ᠲᠥᠯᠥᠪᠯᠡᠬᠦ᠌ ᠳᠦᠷᠢᠮ᠎ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ ᠦᠨᠳᠦᠰᠦᠨ ᠡᠮᠨᠡᠯᠭᠡ᠎ᠶ᠋ᠢᠨ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠠᠵᠢᠯ ᠠᠯᠳᠠᠯᠲᠠ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠪᠠᠬᠢᠵᠢᠭᠦᠯᠦᠨ᠎ᠡ᠃ ᠨᠡᠢᠭᠡᠮ᠎ᠤᠨ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠪᠡᠯᠡ ᠣᠷᠣᠭᠤᠯᠤᠯᠲᠠ᠎ᠶ᠋ᠢᠨ ᠲᠥᠷᠥ᠎ᠶ᠋ᠢᠨ ᠪᠣᠳᠣᠯᠭ᠎ᠠ ᠪᠠ ᠬᠢᠨᠠᠨ ᠬᠠᠮᠢᠶᠠᠷᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠮᠡᠳᠡᠭᠡ ᠵᠠᠩᠭᠢ ᠨᠡᠢᠲᠡᠯᠡᠬᠦ᠌ ᠪᠠ ᠠᠮᠵᠢᠯᠲᠠ ᠪᠦᠲᠦᠮᠵᠢ᠎ᠶ᠋ᠢ ᠦᠨᠡᠯᠡᠬᠦ᠌᠎ᠶ᠋ᠢ ᠴᠢᠩᠭᠠᠳᠭᠠᠵᠤ᠂ ᠡᠮᠨᠠᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃
ᠭᠤᠷᠪᠠᠳᠤᠭᠠᠷ ᠬᠡᠰᠡᠭ ᠨᠡᠢᠭᠡᠮ᠎ᠤᠨ ᠠᠪᠤᠷᠠᠨ ᠲᠤᠰᠠᠯᠠᠬᠤ ᠱᠢᠰᠲ᠋ᠧᠮ ᠢ ᠪᠥᠷᠢᠨᠱᠢᠭᠦᠯᠥᠨᠠ
ᠱᠠᠳᠤ ᠬᠤᠪᠢᠶᠠᠭ᠍ᠰᠠᠠ ᠳᠥᠷᠥᠯ ᠬᠤᠪᠢᠶᠠᠬ᠍ᠰᠠᠨ᠂ ᠬᠤᠳᠠ ᠬᠥᠳᠡᠭᠡ᠎ᠶ᠋ᠢ ᠨᠢᠭᠡᠳᠤᠯᠳᠠᠢ ᠳᠥᠯᠥᠪᠯᠡᠭ᠌ᠰᠡᠨ ᠨᠠᠢᠭᠡᠮ᠎ᠤᠨ ᠠᠪᠤᠷᠠᠨ ᠳᠤᠰᠠᠯᠠᠬᠤ ᠱᠢᠰᠲ᠋ᠧᠮ᠎ᠢ ᠪᠥᠷᠢᠨᠱᠢᠭᠦᠯᠥᠨᠠ᠃ ᠥᠨᠳᠤᠰᠤᠠ ᠠᠮᠢᠳᠤᠷᠠᠯ᠎ᠤᠨ ᠠᠪᠤᠷᠠᠠ ᠳᠤᠰᠠᠯᠠᠬᠤ ᠳᠥᠷᠢᠮ ᠪᠠ ᠳᠤᠰᠭᠠᠢ ᠵᠦᠢᠯ᠎ᠤᠨ ᠠᠪᠤᠷᠠᠨ ᠳᠤᠰᠠᠯᠠᠬᠤ ᠳᠥᠷᠢᠮ᠎ᠢ ᠳᠠᠭᠦᠯᠳᠠᠷᠵᠢᠭᠦᠯᠵᠥ᠍᠂ ᠨᠠᠢᠭᠡᠮ᠎ᠤᠨ ᠠᠪᠤᠷᠠᠨ ᠳᠤᠰᠠᠯᠠᠬᠤ ᠪᠠᠷᠢᠮᠵᠢᠶ᠎ᠠ᠎ᠳᠤ ᠭᠥᠳᠠᠯᠥᠩᠭᠦᠢᠪᠠᠷ ᠳᠤᠭᠢᠷᠠᠭᠤᠯᠤᠯᠳᠠ ᠭᠢᠵᠥ᠍᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠬᠦᠪᠡᠭᠡᠳᠡᠭ᠌ᠰᠡᠨ ᠭᠡᠷ ᠪᠦᠯᠢ᠂ ᠵᠠᠢᠯᠠᠰᠢ ᠦᠭᠡᠢ ᠵᠠᠷᠤᠯᠭ᠎ᠠ᠎ᠶ᠋ᠢᠨ ᠳᠠᠯ᠎ᠠ᠎ᠪᠠᠷ ᠭᠥᠴᠢᠷᠳᠠᠯ᠎ᠲᠠᠢ ᠭᠡᠷ ᠪᠥᠯᠢ᠎ᠶ᠋ᠢ ᠠᠪᠤᠷᠠᠠ ᠳᠤᠰᠠᠯᠠᠬᠤ᠎ᠶ᠋ᠢ ᠴᠢᠩᠭᠠᠳᠭᠠᠨ᠎ᠠ᠃ ᠤᠢ᠍ᠢᠯᠠᠴᠢᠯᠠᠭᠡᠡᠤ ᠳᠥᠷᠥᠯ᠎ᠤᠨ ᠨᠠᠢᠭᠡᠮ᠎ᠤᠨ ᠠᠪᠤᠷᠠᠨ ᠳᠤᠰᠠᠯᠠᠯᠳᠠ᠎ᠶ᠋ᠢ ᠢᠳᠠᠪᠭᠢᠳᠠᠢ ᠭᠥᠭ᠌ᠵᠢᠭᠦᠯᠵᠥ᠍᠂ ᠡᠯ᠎ᠠ ᠳᠥᠷᠥᠯ᠎ᠤᠨ ᠨᠠᠢᠭᠡᠮ᠎ᠤᠨ ᠠᠪᠤᠷᠠᠨ ᠳᠤᠰᠠᠯᠠᠬᠤ ᠳᠥᠷᠥ᠎ᠶ᠋ᠢᠨ ᠪᠤᠳᠤᠯᠭ᠎ᠠ᠎ᠶ᠋ᠢ ᠨᠢᠭᠡᠳᠤᠯᠳᠠᠢ ᠳᠥᠯᠥᠪᠯᠠᠨ ᠵᠤᠯᠭᠠᠯᠳᠤᠭᠤᠯᠬᠤ᠎ᠶ᠋ᠢ ᠴᠢᠩᠭᠠᠳᠭᠠᠨ᠎ᠠ᠃ ᠳᠥᠷ ᠴᠠᠭ᠎ᠤᠨ ᠠᠪᠤᠷᠠᠠ ᠳᠤᠰᠠᠯᠠᠬᠤ ᠳᠥᠷᠢᠮ᠎ᠢ ᠪᠥᠷᠢᠨᠱᠢᠭᠦᠯᠵᠥ᠍᠂ ᠪᠠᠴᠢᠮ ᠪᠠᠷᠭᠡ ᠶᠠᠪᠤᠳᠠᠯ ᠡᠭᠦᠰᠥᠭ᠌ᠰᠠᠨ ᠭᠠᠵᠠᠷ᠎ᠲᠤ ᠱᠢᠭᠤᠳ ᠠᠪᠤᠷᠠᠠ ᠳᠤᠰᠠᠯᠠᠬᠤ᠎ᠶ᠋ᠢ ᠭᠡᠷᠡᠭ᠌ᠵᠢᠭᠦᠯᠭᠦᠶ᠋ᠢ ᠪᠥᠭᠦ᠌ ᠳᠠᠯ᠎ᠠ᠎ᠪᠠᠷ ᠠᠭᠢᠭᠤᠯᠤᠨ᠎ᠠ᠃ ᠠᠪᠤᠷᠠᠠ ᠳᠤᠰᠠᠯᠠᠬᠤ ᠡᠳᠠᠭᠡᠳᠢ ᠮᠠᠭᠠᠳᠯᠠᠨ ᠳᠤᠭ᠍ᠳᠠᠭᠠᠵᠥ᠍ ᠭᠢᠨᠠᠨ ᠭᠡᠮᠵᠢᠭᠦ᠌ ᠳᠤᠭ᠍ᠳᠠᠴᠠ᠎ᠶ᠋ᠢ ᠪᠥᠷᠢᠨᠱᠢᠭᠦᠯᠵᠥ᠍᠂ ᠠᠪᠤᠷᠠᠨ ᠳᠤᠰᠠᠯᠠᠬᠤ ᠱᠢᠰᠲ᠋ᠧᠮ᠎ᠢ ᠪᠤᠰᠤᠳ ᠳᠥᠷᠥ᠎ᠶ᠋ᠢᠨ ᠪᠤᠳᠤᠯᠭ᠎ᠠ᠎ᠲᠠᠢ ᠪᠥᠳᠤᠮᠵᠢᠳᠠᠢ ᠵᠤᠯᠭᠠᠯᠳᠤᠭᠤᠯᠬᠤ᠎ᠶ᠋ᠢ ᠴᠢᠩᠭᠠᠳᠭᠠᠵᠥ᠍᠂ ᠠᠪᠤᠷᠠᠨ ᠳᠤᠰᠠᠯᠠᠬᠤ ᠡᠳᠡᠭᠡᠳ᠎ᠤᠨ ᠭᠥᠴᠢᠷᠳᠠᠯ᠎ᠠᠴᠠ ᠠᠩᠭᠢᠵᠢᠷᠠᠬᠤ ᠭᠥᠴᠢᠷᠳᠠᠯᠢ ᠳᠠᠪᠠᠭ᠍ᠤ ᠳᠤᠳᠤᠭᠠᠳᠤ ᠭᠥᠳᠡᠯᠭᠡᠭ᠌ᠴᠢ ᠭᠥᠴᠤ᠎ᠨᠢ ᠭᠥᠭ᠌ᠵᠢᠭᠡᠨᠠ᠃
ᠳᠥᠴᠢᠨ ᠳᠥᠷᠪᠡᠳᠦᠭᠡᠷ ᠪᠦᠯᠦᠭ ᠭᠡᠷ ᠪᠠᠢᠱᠢᠩ ᠭᠠᠵᠠᠷ ᠱᠢᠷᠣᠶ᠎ᠶ᠋ᠢᠨ ᠬᠦᠷᠦᠩᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
ᠭᠡᠷ ᠪᠠᠢᠱᠢᠩ ᠭᠠᠵᠠᠷ ᠱᠢᠷᠤᠢ᠎ᠶ᠋ᠢᠨ ᠬᠥᠷᠥᠩᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠬᠡᠪ ᠵᠠᠭ᠍ᠪᠤᠷ᠎ᠢ ᠲᠦᠷᠭᠡᠯᠠᠨ ᠪᠠᠢᠭᠤᠯᠵᠤ᠂ ᠣᠯᠠᠨ ᠪᠠᠶᠡᠴᠢ ᠴᠣᠭ᠍ᠴᠠ᠎ᠠᠴᠠ ᠬᠠᠩᠭᠠᠬᠤ᠂ ᠣᠯᠠᠨ ᠠᠷᠭ᠎ᠠ ᠵᠠᠮ᠎ᠢᠶᠠᠷ ᠪᠠᠲᠤᠯᠠᠬᠤ᠂ ᠲᠦᠷᠢᠶᠡᠰᠦᠯᠡᠬᠦ᠌ ᠪᠠ ᠬᠤᠳᠠᠯᠳᠤᠨ ᠠᠪᠬᠤ᠎ᠶ᠋ᠢ ᠵᠡᠷᠭᠡ᠎ᠪᠠᠷ ᠴᠢᠬᠤᠯᠠᠴᠢᠯᠠᠬᠤ ᠣᠷᠣᠨ ᠰᠠᠭᠤᠴᠠ᠎ᠶ᠋ᠢᠨ ᠲᠦᠷᠢᠮ᠎ᠢ ᠪᠦᠷᠢᠨᠱᠢᠬᠦᠯᠵᠦ᠍᠂ ᠨᠠᠩ ᠥᠨᠳᠥᠷ ᠲᠦᠪᠱᠢᠨ ᠪᠥᠭᠦᠢ ᠰᠠᠭᠤᠬᠤ᠎ᠠᠴᠠ ᠣᠷᠣᠨ ᠰᠠᠭᠤᠴᠠ᠎ᠲᠠᠢ ᠪᠣᠯᠭᠠᠬᠤ᠎ᠶ᠋ᠢ ᠪᠡᠶᠡᠯᠡᠭᠦᠯᠦᠨ᠎ᠡ᠃
ᠨᠢᠭᠡᠳᠦᠭᠡᠷ ᠬᠡᠰᠡᠭ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠬᠠᠨᠭ᠌ᠭᠠᠯᠭ᠎ᠠ᠎ᠶ᠋ᠢ ᠱᠢᠯᠢᠳᠡᠭ᠌ᠵᠢᠭᠦᠯᠵᠥ᠍᠂ ᠬᠤᠲᠠ ᠪᠠᠯᠭᠠᠰᠤᠨ᠎ᠤ ᠣᠷᠣᠯᠭ᠎ᠠ ᠪᠠᠭᠠᠲᠠᠶ ᠪᠥᠭᠡᠳ ᠣᠷᠣᠨ ᠰᠠᠭᠤᠴᠠ᠎ᠶ᠋ᠢᠨ ᠬᠦᠴᠢᠷᠲᠡᠯ᠎ᠲᠠᠢ ᠭᠡᠷ ᠪᠦᠯᠢ᠎ᠶ᠋ᠢᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠵᠤ᠂ ᠣᠷᠣᠨ ᠰᠠᠭᠤᠴᠠ᠎ᠶ᠋ᠢᠨ ᠬᠦᠴᠢᠷᠲᠡᠯ᠎ᠲᠠᠢ ᠮᠥᠷᠲᠡᠭᠡᠨ ᠣᠷᠣᠯᠭ᠎ᠠ᠎ᠪᠠᠷ ᠥᠨᠳᠥᠷ ᠪᠤᠰᠤ ᠴᠠᠯᠢᠩ᠎ᠲᠠᠢ ᠬᠠᠮᠳᠤᠯᠢᠭ᠎ᠤᠨ ᠦᠨᠳᠦᠰᠦᠨ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠨᠡᠩ ᠰᠠᠢᠠ ᠬᠠᠨᠭ᠌ᠭᠠᠵᠥ᠍᠂ ᠱᠢᠨ᠎ᠡ ᠬᠤᠲᠠ᠎ᠶ᠋ᠢᠨ ᠠᠷᠠᠳ᠂ ᠵᠠᠯᠠᠭᠤᠴᠤᠳ ᠵᠡᠷᠭᠡ ᠬᠠᠮᠲᠤᠯᠢᠭ᠎ᠤᠨ ᠱᠠᠲᠤ ᠦᠶ᠎ᠡ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠬᠦᠴᠢᠷᠳᠡᠯ᠎ᠢ ᠠᠯᠬᠤᠮ ᠠᠯᠬᠤᠮ᠎ᠢᠶᠠᠷ ᠱᠢᠢᠳᠪᠦᠷᠢᠯᠡᠨ᠎ᠡ᠃ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠪᠥᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠭᠤᠶᠤᠴᠢᠯᠠᠬᠤ᠂ ᠳᠠᠷᠠᠭᠠᠯᠠᠨ ᠬᠦᠯᠢᠶᠡᠬᠦ᠂ ᠲᠤᠬᠢᠷᠠᠭᠤᠯᠤᠨ ᠲᠦᠷᠢᠶᠡᠰᠦᠯᠡᠬᠦᠯᠭᠦ᠌ ᠳᠤᠭᠢᠷᠠᠭᠤᠯᠤᠨ ᠬᠤᠳᠠᠯᠳᠤᠬᠤ᠂ ᠬᠡᠷᠡᠭ᠌ᠯᠡᠬᠦ᠂ ᠤᠬᠤᠷᠢᠠ ᠭᠠᠷᠬᠤ ᠵᠡᠷᠭᠡ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠲᠣᠬᠢᠷᠠᠭᠤᠯᠤᠨ ᠲᠦᠷᠢᠶᠡᠰᠦᠯᠡᠬᠦᠯᠭᠦ᠌ ᠬᠡᠯᠪᠡᠷᠢ᠂ ᠲᠣᠬᠢᠷᠠᠭᠤᠯᠤᠨ ᠬᠤᠳᠠᠯᠳᠤᠬᠤ ᠬᠡᠯᠪᠡᠷᠢ᠎ᠶ᠋ᠢᠨ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠢᠷᠡᠯᠲᠡ᠎ᠶ᠋ᠢ ᠡᠮᠬᠢ ᠵᠢᠷᠤᠮ᠎ᠲᠠᠢ ᠬᠤᠪᠢᠷᠠᠭᠤᠯᠬᠤ ᠪᠠ ᠨᠢᠭᠡᠳᠦᠯᠲᠡᠶ ᠲᠥᠯᠥᠪᠯᠡᠨ ᠬᠡᠷᠡᠭ᠌ᠯᠡᠬᠦ᠌᠎ᠶ᠋ᠢ ᠰᠦᠪᠡᠭ᠌ᠴᠢᠯᠡᠨ᠎ᠠ᠃ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠡᠷᠡᠭ᠌ᠯᠡᠬᠦ᠌ ᠬᠡᠪᠴᠢᠶ᠎ᠡ᠎ᠶ᠋ᠢ ᠥᠷᠭᠡᠳᠭᠡᠨ᠂ ᠠᠮᠢᠳᠤᠯᠢᠭ᠎ᠢᠶᠠᠷ ᠠᠵᠢᠯ ᠣᠯᠤᠭ᠍ᠰᠠᠳ᠎ᠤᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠦᠷᠢᠮ᠎ᠳᠤ ᠣᠷᠣᠯᠴᠠᠬᠤ᠎ᠶ᠋ᠢ ᠳᠡᠮᠵᠢᠨ᠎ᠡ᠃
ᠬᠤᠶᠠᠳᠤᠭᠠᠷ ᠬᠡᠰᠡᠭ ᠭᠡᠷ ᠪᠠᠢᠱᠢᠩ ᠭᠠᠵᠠᠷ ᠱᠢᠷᠣᠶ᠎ᠶ᠋ᠢᠨ ᠬᠦᠷᠦᠩᠭᠡ᠎ᠶ᠋ᠢᠨ ᠵᠠᠬ᠎ᠠ ᠳᠡᠯᠭᠡᠭᠦᠷ᠎ᠤᠨ ᠲᠣᠭ᠍ᠲᠠᠭᠤᠨ ᠪᠥᠭᠡᠳ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ
ᠲᠠᠸᠠᠷ᠎ᠤᠨ ᠭᠡᠷ ᠪᠠᠢᠱᠢᠩ᠎ᠢ ᠨᠡᠭᠡᠭᠡᠨ ᠬᠥᠭ᠌ᠵᠢᠭᠦᠯᠬᠦ᠂ ᠪᠡᠯᠡ ᠲᠣᠬᠢᠷᠠᠭᠤᠯᠬᠤ᠂ ᠪᠣᠷᠣᠯᠠᠭᠤᠯᠬᠤ ᠵᠡᠷᠭᠡ ᠰᠠᠭᠤᠷᠢ ᠳᠦᠷᠢᠮ᠎ᠢ ᠲᠡᠭᠦᠯᠳᠡᠷᠵᠢᠭᠦᠯᠦᠨ᠎ᠡ᠃ ᠭᠡᠷ ᠪᠠᠢᠱᠢᠩ ᠭᠠᠵᠠᠷ ᠱᠢᠷᠤᠢ᠎ᠶ᠋ᠢᠨ ᠬᠥᠷᠥᠩᠭᠡ᠎ᠶ᠋ᠢᠨ ᠨᠡᠭᠡᠭᠡᠨ ᠬᠥᠭ᠌ᠵᠢᠭᠦᠯᠬᠦ᠌ ᠲᠥᠰᠤᠯ᠎ᠤᠨ ᠺᠣᠮᠫᠠᠨᠢ᠎ᠶ᠋ᠢᠨ ᠳᠦᠷᠢᠮ ᠪᠠ ᠪᠡᠯᠡ ᠲᠣᠬᠢᠷᠠᠭᠤᠯᠭ᠎ᠠ᠎ᠶ᠋ᠢᠨ ᠭᠤᠣᠯᠯᠠᠨ ᠡᠷᠬᠢᠯᠡᠬᠦ᠌ ᠪᠠᠩᠬᠢ᠎ᠶ᠋ᠢᠨ ᠳᠦᠷᠢᠮ᠎ᠢ ᠬᠡᠷᠡᠭ᠌ᠵᠢᠭᠦᠯᠵᠦ᠍᠂ ᠭᠡᠷ ᠪᠠᠢᠱᠢᠩ ᠭᠠᠵᠠᠷ ᠱᠢᠷᠣᠶ᠎ᠶ᠋ᠢᠨ ᠬᠥᠷᠥᠩᠭᠡ᠎ᠶ᠋ᠢᠨ ᠵᠦᠶ ᠵᠣᠬᠢᠰᠲᠠᠶ ᠪᠡᠯᠡ ᠲᠣᠬᠢᠷᠠᠭᠤᠯᠭ᠎ᠠ᠎ᠶ᠋ᠢᠨ ᠬᠡᠷᠡᠭ᠌ᠴᠡᠭᠡ᠎ᠶ᠋ᠢ ᠬᠠᠩᠭᠠᠬᠤ᠎ᠶ᠋ᠢ ᠳᠠᠮᠵᠢᠵᠤ᠂ ᠪᠡᠯᠡᠨ ᠭᠡᠷ ᠪᠠᠢᠱᠢᠩ ᠪᠣᠷᠣᠯᠠᠭᠤᠯᠬᠤ᠎ᠶ᠋ᠢ ᠬᠦᠴᠦᠲᠡᠶ ᠪᠥᠭᠡᠳ ᠡᠮᠬᠢ ᠵᠢᠷᠤᠮ᠎ᠲᠠᠢ ᠠᠬᠢᠭᠤᠯᠤᠨ᠎ᠠ᠃ ᠭᠡᠷ ᠪᠠᠢᠱᠢᠩ ᠭᠠᠵᠠᠷ ᠱᠢᠷᠣᠶ᠎ᠶ᠋ᠢᠨ ᠬᠥᠷᠥᠩᠭᠡ᠎ᠶ᠋ᠢᠨ ᠬᠡᠷᠡᠭ᠌ᠯᠡᠬᠦ᠌ ᠭᠠᠵᠠᠷ᠎ᠤᠨ ᠬᠡᠪᠴᠢᠶ᠎ᠡ ᠪᠠ ᠪᠠᠢᠷᠢᠯᠠᠭᠤᠯᠤᠯᠲᠠ᠎ᠶ᠋ᠢ ᠵᠦᠶ ᠵᠣᠬᠢᠰᠲᠠᠶ ᠲᠣᠬᠢᠷᠠᠭᠤᠯᠵᠥ᠍᠂ ᠭᠠᠵᠠᠷ ᠱᠢᠷᠣᠶ᠎ᠶ᠋ᠢᠨ ᠬᠠᠩᠭᠠᠯᠭ᠎ᠠ᠎ᠶ᠋ᠢ ᠬᠠᠳᠠᠭᠠᠯᠠᠯᠳᠠ ᠣᠷᠣᠨ ᠰᠠᠭᠤᠴᠠ᠂ ᠬᠥᠮᠦᠨ ᠠᠮᠠ᠎ᠶ᠋ᠢᠨ ᠬᠤᠪᠢᠷᠠᠯᠲᠠ ᠵᠠᠷᠭᠡᠯᠦᠭᠡ ᠬᠠᠷᠢᠯᠴᠠᠨ ᠵᠣᠬᠢᠴᠠᠯᠳᠤᠭᠤᠯᠬᠤ᠎ᠶ᠋ᠢ ᠠᠬᠢᠭᠤᠯᠤᠨ᠎ᠠ᠃ ᠬᠤᠲᠠ᠎ᠶ᠋ᠢᠨ ᠵᠠᠰᠠᠭ᠎ᠤᠨ ᠣᠷᠳᠣᠨ᠎ᠳᠤ ᠭᠡᠷ ᠪᠠᠢᠱᠢᠩ ᠭᠠᠵᠠᠷ ᠱᠢᠷᠤᠢ᠎ᠶ᠋ᠢᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠲᠤᠬᠢᠷᠠᠭᠤᠯᠤᠯ ᠡᠵᠡᠮᠳᠡᠯ᠎ᠤᠨ ᠡᠵᠡᠨ ᠮᠡᠳᠡᠬᠦ᠌ ᠡᠷᠬᠡ᠎ᠶ᠋ᠢ ᠭᠦᠢᠴᠡᠳ ᠣᠯᠭᠤᠨ᠎ᠠ᠃ ᠨᠢᠭᠡᠨᠲᠡ ᠬᠠᠩᠭᠠᠭ᠍ᠰᠠᠨ ᠨᠡᠭᠡᠭᠡᠨ ᠠᠱᠢᠭ᠍ᠯᠠᠭᠠᠳᠤᠶ ᠭᠠᠵᠠᠷ ᠱᠢᠷᠣᠶ ᠪᠠ ᠪᠥᠳᠥᠭᠡᠡ ᠪᠠᠢᠭᠤᠯᠵᠤ ᠪᠠᠢᠭ᠎ᠠ ᠲᠥᠰᠤᠯᠢ ᠲᠥᠷᠥᠯ ᠬᠤᠪᠢᠶᠠᠨ ᠱᠢᠢᠳᠪᠦᠷᠢᠯᠡᠬᠦ᠌᠎ᠶ᠋ᠢ ᠠᠬᠢᠭᠤᠯᠵᠤ᠂ ᠬᠠᠳᠠᠭᠠᠯᠠᠯᠳᠠ ᠲᠠᠸᠠᠷ᠎ᠤᠨ ᠬᠡᠷ ᠪᠠᠢᠱᠢᠩ ᠪᠠ ᠰᠤᠯᠠ ᠪᠠᠢᠭ᠎ᠠ ᠬᠤᠳᠠᠯᠳᠤᠭ᠎ᠠ ᠡᠷᠭᠢᠯᠠᠭᠦ᠌ ᠠᠯᠪᠠᠯᠠᠬᠤ᠎ᠳᠤ ᠭᠡᠷᠡᠭ᠌ᠯᠡᠭᠦ᠌ ᠬᠡᠷ ᠪᠠᠢᠱᠢᠩ᠎ᠢ ᠠᠮᠢᠳᠤᠯᠢᠭ ᠪᠤᠯᠭᠠᠨ ᠠᠱᠢᠭ᠍ᠯᠠᠬᠤ᠎ᠶ᠋ᠢ ᠠᠬᠢᠭᠤᠯᠤᠨ᠎ᠠ᠃ ᠬᠤᠲᠠ᠎ᠶ᠋ᠢᠨ ᠪᠠᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠰᠠᠢᠵᠢᠷᠠᠭᠤᠯᠬᠤ ᠴᠢᠨᠠᠷᠲᠠᠶ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠤᠨ᠎ᠠ᠃ ᠠᠮᠤᠷ ᠲᠦᠪᠱᠢᠨ ᠲᠠᠭᠠᠯᠠᠮᠵᠢᠲᠠᠶ ᠨᠤᠭᠤᠭᠠᠠ ᠤᠶᠤᠨᠴᠢ 《ᠰᠠᠢᠨ ᠬᠡᠷ ᠪᠠᠢᠱᠢᠩ》 ᠢ ᠪᠥᠲᠥᠭᠡᠨ ᠪᠠᠢᠭᠤᠯᠵᠤ᠂ ᠬᠡᠷ ᠪᠠᠢᠱᠢᠩ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ ᠪᠠ ᠠᠳᠠᠯ ᠠᠬᠤᠶ᠎ᠶ᠋ᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠣᠷᠣᠨ ᠰᠠᠭᠤᠴᠠ᠎ᠶ᠋ᠢᠨ ᠲᠦᠷᠢᠶᠡᠰᠦᠯᠡᠯ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠬᠥᠭ᠌ᠵᠢᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ ᠲᠤᠰᠭᠠᠢᠵᠢᠭ᠍ᠰᠠᠨ ᠲᠦᠷᠢᠶᠡᠰᠦᠯᠡᠯ᠎ᠤᠨ ᠠᠵᠤ ᠠᠬᠤᠢᠯᠠᠯ᠎ᠢ ᠪᠤᠢᠵᠢᠭᠤᠯᠤᠨ᠎ᠠ᠃ ᠬᠡᠷ ᠪᠠᠢᠱᠢᠩ᠎ᠤᠨ ᠪᠥᠬᠦ᠌ ᠠᠮᠢ ᠨᠠᠰᠤᠨ᠎ᠤ ᠦᠶᠡᠯᠡᠯ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠤᠨ᠎ᠠ᠃
ᠳᠥᠴᠢᠨ ᠲᠠᠪᠤᠳᠤᠭᠠᠷ ᠪᠦᠯᠦᠭ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠯᠠᠪᠳᠠᠭᠤᠨ᠎ᠢᠶᠠᠷ ᠠᠬᠢᠭᠤᠯᠤᠨ᠎ᠠ
ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠡᠩᠴᠡᠭᠦᠷᠢᠲᠦ ᠴᠢᠨᠠᠷ ᠪᠠ ᠬᠦᠷᠳᠠᠬᠦ᠋ᠢᠴᠡ ᠴᠢᠨᠠᠷ᠎ᠢ ᠨᠡᠮᠡᠭ᠌ᠳᠡᠭᠦᠯᠵᠦ᠍᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠠᠬᠢᠭᠤᠯᠬᠤ ᠲᠠᠯ᠎ᠠ᠎ᠪᠠᠷ ᠨᠠᠩ ᠢᠯᠡᠷᠬᠡᠶ ᠮᠥᠨ ᠴᠢᠨᠠᠷ᠎ᠤᠨ ᠠᠬᠢᠯᠳᠠ᠎ᠲᠠᠢ ᠪᠣᠯᠭᠠᠨ᠎ᠠ᠃
ᠨᠢᠭᠡᠳᠦᠭᠡᠷ ᠬᠡᠰᠡᠭ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ ᠲᠦᠷᠢᠮ᠎ᠤᠨ ᠱᠢᠰᠲ᠋ᠧᠮ᠎ᠢ ᠪᠠᠢᠭᠤᠯᠤᠨ᠎ᠠ
ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ ᠲᠥᠯᠥᠪᠵᠢᠭᠦᠯᠭᠡ ᠪᠠ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ᠎ᠪᠠᠷ ᠡᠳ᠋ᠯᠡᠬᠦ᠌᠎ᠶ᠋ᠢ ᠲᠦᠷᠭᠡᠯᠠᠨ ᠪᠡᠶᠡᠯᠡᠭᠦᠯᠵᠦ᠍᠂ ᠱᠢᠶᠠᠨ᠎ᠤ ᠪᠥᠰᠠ᠎ᠶ᠋ᠢᠨ ᠬᠡᠪᠴᠢᠶᠡᠨ᠎ᠳᠠᠬᠢ ᠬᠤᠲᠠ ᠬᠥᠳᠡᠭᠡ᠎ᠶ᠋ᠢᠨ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠡᠩᠴᠡᠭᠦᠷᠢᠲᠡᠶ ᠬᠥᠭ᠌ᠵᠢᠯᠲᠡ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠵᠥ᠍᠂ ᠣᠷᠣᠨ ᠪᠦᠰᠡ᠎ᠶ᠋ᠢᠨ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠡᠬᠢ ᠪᠠᠶᠠᠯᠢᠭ᠎ᠤᠨ ᠵᠥᠷᠢᠶ᠎ᠡ᠎ᠶ᠋ᠢ ᠠᠯᠬᠤᠮ ᠠᠯᠬᠤᠮ᠎ᠢᠶᠠᠷ ᠪᠠᠭᠠᠰᠭᠠᠨ᠎ᠠ᠃ ᠡᠳ᠋ᠯᠡᠭᠦ᠌ ᠲᠣᠬᠢᠶᠠᠯ᠎ᠢ ᠳᠥᠪ ᠭᠤᠤᠯᠴᠢ ᠪᠠᠢᠯᠭᠠᠬᠤ᠂ ᠦᠷ᠎ᠡ ᠪᠦᠲᠦᠮᠵᠢ᠎ᠶ᠋ᠢ ᠶᠡᠭᠡ ᠲᠥᠯᠥᠪ ᠠᠳᠠᠯᠢ ᠪᠠᠢᠯᠭᠠᠬᠤ᠎ᠪᠠᠷ ᠤᠳᠤᠷᠢᠳᠤᠮᠵᠢ ᠪᠣᠯᠭᠠᠵᠤ᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠤᠯᠭᠠᠬᠤ᠎ᠶ᠋ᠢ ᠦᠨᠡᠯᠡᠬᠦ᠌ ᠪᠠᠷᠢᠮᠵᠢᠶ᠎ᠠ᠎ᠶ᠋ᠢᠨ ᠱᠢᠰᠲ᠋ᠧᠮ᠎ᠢ ᠪᠠᠢᠭᠤᠯᠵᠤ᠂ ᠦᠨᠡᠯᠡᠬᠦ᠌ ᠪᠠᠷᠢᠮᠵᠢᠶ᠎ᠠ᠎ᠶ᠋ᠢ ᠬᠦᠷᠢᠶ᠎ᠡ ᠬᠤᠪᠢᠶᠠᠨ ᠨᠠᠷᠢᠯᠢᠬ᠍ᠵᠢᠭᠤᠯᠵᠥ᠍᠂ ᠠᠳᠠᠯᠢ ᠲᠡᠭ᠌ᠰᠢ ᠪᠣᠯᠭᠠᠬᠤ᠎ᠶ᠋ᠢ ᠪᠡᠶᠡᠯᠡᠭᠦᠯᠦᠭ᠌ᠰᠡᠨ ᠬᠡᠮᠵᠢᠶ᠎ᠡ᠎ᠶ᠋ᠢᠨ ᠦᠨᠡᠯᠡᠯᠲᠡ᠎ᠶ᠋ᠢ ᠰᠦᠪᠡᠭ᠌ᠴᠢᠯᠡᠨ ᠥᠷᠨᠢᠭᠦᠯᠦᠨ᠎ᠡ᠃ ᠪᠠᠯᠴᠢᠷᠲᠤᠨᠢ ᠪᠤᠢᠵᠢᠭᠤᠯᠬᠤ ᠭᠠᠵᠠᠷ᠎ᠲᠠᠢ᠂ ᠰᠤᠷᠤᠯᠴᠠᠬᠤ᠎ᠠᠴᠠ ᠰᠤᠷᠭᠠᠨ ᠬᠦᠮᠦᠵᠢᠯ᠎ᠲᠠᠢ᠂ ᠬᠦᠳᠡᠯᠮᠦᠷᠢᠯᠡᠪᠡᠯ ᠤᠯᠬᠤ ᠤᠷᠤᠯᠭ᠎ᠠ᠎ᠲᠠᠢ᠂ ᠡᠪᠡᠳᠴᠢᠯᠡᠪᠡᠯ ᠦᠵᠡᠬᠦᠯᠬᠦ᠌ ᠡᠮᠨᠡᠯᠭᠡ᠎ᠲᠠᠢ᠂ ᠦᠳᠡᠯᠪᠡᠯ ᠬᠦᠷᠳᠡᠬᠦ᠌ ᠠᠰᠠᠷᠠᠮᠵᠢ᠎ᠲᠠᠢ᠂ ᠰᠠᠭᠤᠬᠤ᠎ᠠᠴᠠ ᠤᠷᠤᠨ ᠰᠠᠭᠤᠴᠠ᠎ᠲᠠᠢ᠂ ᠪᠠᠭᠤᠷᠠᠢᠴᠤᠤᠯ᠎ᠨᠢ ᠬᠦᠷᠳᠡᠬᠦ᠌ ᠲᠤᠰᠠᠯᠠᠮᠵᠢ᠎ᠲᠠᠢ ᠵᠡᠷᠭᠡ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠬᠦᠷᠢᠶ᠎ᠡ ᠬᠡᠪᠴᠢᠶ᠎ᠡ ᠪᠣᠯᠤᠨ ᠠᠭᠤᠯᠭ᠎ᠠ᠎ᠶ᠋ᠢ ᠲᠡᠭᠦᠯᠳᠡᠷᠵᠢᠭᠦᠯᠵᠦ᠍᠂ ᠣᠯᠠᠨ ᠲᠦᠮᠡᠨ᠎ᠤ ᠪᠠᠴᠢᠮ ᠬᠡᠷᠡᠭ᠌ᠰᠠᠭᠦ᠌ ᠦᠢᠯᠡᠴᠢᠯᠡᠭᠡᠨ᠎ᠤ ᠲᠥᠰᠤᠯᠢ ᠴᠠᠭᠲᠤᠨᠢ ᠲᠣᠬᠢᠷᠠᠭᠤᠯᠤᠨ ᠣᠷᠣᠭᠤᠯᠵᠤ᠂ ᠤᠯᠤᠰ᠎ᠤᠨ ᠪᠠᠷᠢᠮᠵᠢᠶ᠎ᠠ᠎ᠳᠤ ᠬᠥᠳᠡᠯᠦᠩᠭᠦᠶ᠎ᠪᠠᠷ ᠲᠣᠬᠢᠷᠠᠭᠤᠯᠤᠯᠳᠠ ᠭᠢᠵᠥ᠍᠂ ᠣᠷᠣᠨ ᠪᠦᠰᠡ᠎ᠶ᠋ᠢᠨ ᠬᠤᠭᠤᠷᠣᠨᠳᠣᠬᠢ ᠪᠠᠷᠢᠮᠵᠢᠶ᠎ᠠ᠎ᠶ᠋ᠢ ᠨᠢᠭᠡᠳᠦᠯᠲᠡᠶ ᠲᠥᠯᠥᠪᠯᠡᠬᠦ᠌᠎ᠶ᠋ᠢ ᠴᠢᠩᠭᠠᠳᠭᠠᠨ᠎ᠠ᠃ ᠨᠡᠩ ᠠᠷᠪᠢᠠ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ᠂ ᠬᠥᠳᠡᠭᠡ ᠲᠣᠰᠭᠤᠨ ᠳᠠᠢᠰᠢ ᠪᠥᠷᠭᠦᠭᠦᠯᠭᠦ᠌᠂ ᠵᠠᠬ᠎ᠠ ᠬᠢᠵᠠᠭᠠᠷ ᠣᠷᠣᠨ ᠪᠠ ᠠᠮᠢᠳᠤᠷᠠᠯ ᠬᠦᠴᠢᠷᠳᠡᠯ᠎ᠲᠠᠢ ᠤᠯᠠᠨ ᠲᠦᠮᠡᠨ ᠲᠡᠢᠰᠢ ᠬᠡᠯᠪᠠᠢᠯᠭᠡᠬᠦ᠌᠎ᠶ᠋ᠢ ᠠᠬᠢᠭᠤᠯᠤᠨ᠎ᠠ᠃ ᠱᠢᠶᠠᠨ᠎ᠤ ᠪᠥᠰᠨ᠎ᠶ᠋ᠢᠨ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠨᠢᠭᠡᠳᠦᠯᠲᠡᠶ ᠲᠥᠯᠥᠪᠯᠡᠬᠦ᠌᠎ᠶ᠋ᠢ ᠴᠢᠩᠭᠠᠳᠭᠠᠵᠤ᠂ ᠣᠷᠣᠭᠤᠯᠤᠯᠲᠠ᠎ᠶ᠋ᠢ ᠪᠠᠲᠤᠯᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃
ᠬᠤᠶᠠᠳᠤᠭᠠᠷ ᠭᠡᠰᠡᠭ ᠪᠠᠢᠡᠭ᠌ᠭᠤ ᠰᠠᠭᠤᠭ᠎ᠠ ᠭᠠᠵᠠᠷ᠎ᠲᠤᠨᠢ ᠥᠨᠳᠤᠰᠤᠠ ᠤᠯᠠᠨ ᠨᠠᠢᠳᠠ᠎ᠶ᠋ᠢᠨ ᠤᠢ᠍ᠢᠯᠠᠴᠢᠯᠡᠭᠡ ᠬᠠᠨᠭ᠌ᠭᠠᠬᠤ᠎ᠶ᠋ᠢ ᠪᠥᠭᠦ᠌ ᠳᠠᠯ᠎ᠠ᠎ᠪᠠᠷ ᠠᠭᠢᠭᠤᠯᠤᠨ᠎ᠠ
ᠪᠠᠢᠩᠭᠤ ᠰᠠᠭᠤᠭ᠎ᠠ ᠬᠥᠮᠦᠨ ᠠᠮᠠ᠎ᠯᠤᠭ᠎ᠠ ᠵᠣᠬᠢᠴᠠᠯᠳᠤᠭ᠍ᠰᠠᠨ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠳᠣᠭᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠬᠥᠮᠦᠨ ᠠᠮᠠ ᠲᠥᠪᠯᠡᠷᠡᠨ ᠱᠢᠯᠵᠢᠵᠥ᠍ ᠤᠴᠢᠭ᠍ᠰᠠᠨ ᠬᠤᠲᠠ᠎ᠳᠤ᠂ ᠠᠵᠢᠯ ᠣᠯᠵᠤ ᠣᠷᠣᠱᠢᠨ ᠰᠠᠭᠤᠭ᠍ᠰᠠᠨ ᠵᠢᠯ ᠬᠤᠭᠤᠴᠠᠭ᠎ᠠ᠎ᠪᠠᠷ ᠭᠤᠤᠯ ᠨᠥᠬᠦᠴᠡᠯ ᠪᠣᠯᠭᠠᠭ᠍ᠰᠠᠠ ᠳᠤᠳᠠᠭ᠍ᠳᠠᠵᠥ᠍ ᠪᠠᠢᠭ᠎ᠠ ᠤᠯᠠᠨ ᠨᠡᠢᠳᠠ᠎ᠶ᠋ᠢᠨ ᠦᠢᠯᠡᠴᠢᠯᠡᠭᠡ᠎ᠶ᠋ᠢ ᠱᠠᠲᠤᠯᠠᠨ ᠬᠠᠩᠭᠠᠬᠤ᠎ᠶ᠋ᠢ ᠵᠢᠷᠤᠮᠵᠢᠭᠤᠯᠤᠨ ᠬᠡᠷᠡᠭ᠌ᠵᠢᠭᠦᠯᠵᠦ᠍᠂ ᠱᠠᠲᠤᠯᠠᠬᠤ ᠲᠠᠰ ᠳᠠᠪᠬᠤᠷᠭ᠎ᠠ ᠪᠣᠯᠤᠨ ᠦᠢᠯᠡᠴᠢᠯᠡᠭᠡᠨ᠎ᠤ ᠵᠥᠷᠢᠶ᠎ᠡ᠎ᠶ᠋ᠢ ᠠᠯᠬᠤᠮ ᠠᠯᠬᠤᠮ᠎ᠢᠶᠠᠷ ᠪᠠᠭᠠᠰᠭᠠᠨ᠎ᠠ᠃ ᠣᠷᠣᠱᠢᠨ ᠰᠠᠭᠤᠬᠤ ᠦᠨᠡᠮᠯᠡᠯᠢᠶᠠᠷᠢᠶᠠᠨ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠨᠠᠯᠭᠡ᠎ᠶ᠋ᠢᠨ ᠳᠠᠭᠠᠳᠭᠠᠯ᠎ᠳᠤ ᠣᠷᠣᠯᠴᠠᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ᠎ᠠ᠃ ᠡᠷᠦᠬᠡ ᠠᠮᠠ᠎ᠶ᠋ᠢᠨ ᠲᠠᠩᠰᠠ ᠣᠷᠣᠭᠠᠳᠤᠶ ᠪᠠᠢᠩᠭᠤ ᠰᠠᠭᠤᠭ᠎ᠠ ᠬᠥᠮᠦᠨ ᠠᠮᠠ᠎ᠶ᠋ᠢ ᠠᠯᠬᠤᠮ ᠠᠯᠬᠤᠮ᠎ᠢᠶᠠᠷ ᠪᠠᠢᠩᠭᠤ ᠰᠠᠭᠤᠭ᠎ᠠ ᠭᠠᠵᠠᠷ᠎ᠤᠨ ᠬᠡᠦᠬᠡᠳ᠎ᠢ ᠬᠠᠯᠠᠮᠵᠢᠯᠠᠨ ᠬᠠᠢᠷᠠᠯᠠᠬᠤ᠂ ᠨᠡᠢᠭᠡᠮ᠎ᠤᠨ ᠠᠪᠤᠷᠠᠨ ᠲᠤᠰᠠᠯᠠᠬᠤ ᠵᠡᠷᠭᠡ ᠬᠦᠷᠢᠶ᠎ᠡ ᠬᠡᠪᠴᠢᠶᠡᠨ᠎ᠳᠤ ᠣᠷᠣᠭᠤᠯᠤᠨ᠎ᠠ᠃ ᠠᠵᠢᠯ ᠦᠢᠯᠡᠰ᠎ᠤᠨ ᠨᠢᠭᠡᠴᠢ᠎ᠶ᠋ᠢᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠬᠦᠷᠢᠶᠡᠨ᠎ᠳᠠᠬᠢ ᠠᠵᠢᠯ ᠦᠢᠯᠡᠰ᠎ᠤᠨ ᠨᠢᠭᠡᠴᠢ᠎ᠶ᠋ᠢᠨ ᠪᠦᠲᠦᠴᠡ ᠪᠠᠢᠷᠢᠯᠠᠭᠤᠯᠤᠯᠳᠠ᠎ᠶ᠋ᠢ ᠱᠢᠯᠢᠳᠡᠭ᠌ᠵᠢᠭᠦᠯᠵᠦ᠍᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠦᠢᠯᠡᠴᠢᠯᠡᠬᠦ᠌ ᠡᠳᠡᠭᠡᠳ᠎ᠤᠨ ᠲᠤᠭ᠎ᠠ ᠬᠡᠮᠵᠢᠶ᠎ᠡ᠂ ᠦᠢᠯᠡᠴᠢᠯᠡᠭᠡᠨ᠎ᠤ ᠥᠪᠡᠷ᠎ᠤᠨ ᠦᠷᠳᠡᠭ ᠵᠡᠷᠭᠡ ᠬᠦᠴᠦᠨ ᠵᠦᠢᠯ᠎ᠢ ᠭᠦᠢᠴᠡᠳ ᠪᠣᠳᠣᠯᠬᠢᠯᠠᠭ᠍ᠰᠠᠨ ᠡᠳ᠋᠎ᠤᠨ ᠵᠠᠰᠠᠭ᠎ᠤᠨ ᠱᠢᠯᠵᠢᠭᠦᠯᠦᠨ ᠥᠭ᠌ᠬᠦ ᠬᠤᠪᠢᠶᠠᠷᠢᠯᠠᠯᠲᠠ᠎ᠶ᠋ᠢᠨ ᠲᠣᠭ᠍ᠲᠠᠴᠠ᠎ᠶ᠋ᠢ ᠪᠠᠬᠢᠵᠢᠭᠦᠯᠦᠨ ᠲᠡᠭᠦᠯᠳᠡᠷᠵᠢᠭᠦᠯᠦᠨ᠎ᠡ᠃
ᠳᠥᠴᠢᠨ ᠵᠢᠷᠭᠤᠳᠤᠭᠠᠷ ᠪᠦᠯᠦᠭ ᠡᠯ᠎ᠡ ᠲᠦᠷᠦᠯ᠎ᠤᠨ ᠬᠠᠮᠲᠤᠯᠢᠭ᠎ᠤᠨ ᠬᠥᠭ᠌ᠵᠢᠯᠲᠡ᠎ᠶ᠋ᠢᠨ ᠡᠷᠬᠡ ᠠᠱᠢᠭ᠎ᠢ ᠪᠠᠲᠤᠯᠠᠨ᠎ᠠ
ᠬᠠᠯᠠᠮᠵᠢᠯᠠᠨ ᠬᠠᠢᠷᠠᠯᠠᠬᠤ ᠦᠢᠯᠡᠴᠢᠯᠡᠭᠡᠨ᠎ᠤ ᠱᠢᠰᠲ᠋ᠧᠮ᠎ᠢ ᠪᠥᠷᠢᠨᠱᠢᠭᠦᠯᠵᠥ᠍᠂ ᠡᠮᠡᠭ᠌ᠲᠡᠢᠴᠦᠳ᠂ ᠨᠠᠰᠤᠨ᠎ᠳᠤ ᠦᠯᠦ᠍ ᠬᠦᠷᠦᠭ᠌ᠰᠡᠳ᠂ ᠵᠠᠯᠠᠭᠤᠴᠤᠳ᠂ ᠵᠡᠮᠳᠡᠭ᠌ᠴᠦᠳ ᠵᠡᠷᠭᠡ᠎ᠶ᠋ᠢᠨ ᠬᠥᠭ᠌ᠵᠢᠯᠲᠡ᠎ᠶ᠋ᠢᠨ ᠡᠷᠬᠡ ᠠᠱᠢᠭ᠎ᠢ ᠪᠦᠲᠦᠮᠵᠢᠲᠡᠶ ᠪᠠᠲᠤᠯᠠᠬᠤ ᠨᠡᠢᠭᠡᠮ᠎ᠤᠨ ᠣᠷᠴᠢᠨ ᠨᠥᠬᠦᠴᠡᠯ᠎ᠢ ᠪᠤᠢ ᠪᠣᠯᠭᠠᠵᠤ᠂ ᠴᠡᠷᠢᠭ᠎ᠤᠨ ᠠᠯᠪᠠ᠎ᠠᠴᠠ ᠪᠠᠭᠤᠭ᠍ᠰᠠᠳ᠎ᠤᠨ ᠦᠢᠯᠡᠴᠢᠯᠡᠭᠡ ᠪᠠᠲᠤᠯᠠᠭ᠎ᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃
ᠨᠢᠭᠡᠳᠦᠭᠡᠷ ᠬᠡᠰᠡᠭ ᠡᠷᠡᠭ᠌ᠲᠡᠶ ᠡᠮᠡᠭ᠌ᠲᠡᠶ ᠡᠷᠬᠡ ᠲᠡᠭ᠌ᠰᠢ ᠪᠠᠢᠬᠤ ᠪᠠ ᠡᠮᠡᠭ᠌ᠲᠡᠢᠴᠦᠳ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ
ᠡᠷᠡᠭ᠌ᠲᠡᠶ ᠡᠮᠡᠭ᠌ᠲᠡᠶ ᠡᠷᠬᠡ ᠲᠡᠭ᠌ᠰᠢ ᠪᠠᠢᠬᠤ ᠤᠯᠤᠰ᠎ᠤᠨ ᠦᠨᠳᠦᠰᠦᠨ ᠪᠤᠳᠤᠯᠭ᠎ᠠ᠎ᠶ᠋ᠢ ᠪᠠᠷᠢᠮᠲᠠᠯᠠᠵᠤ᠂ ᠡᠮᠡᠭ᠌ᠲᠡᠢᠴᠦᠳ᠎ᠤᠨ ᠬᠠᠤᠯᠢ ᠶᠣᠰᠣᠭᠠᠷ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠡᠷᠬᠡ ᠲᠡᠭ᠌ᠰᠢ᠎ᠪᠠᠷ ᠣᠷᠣᠯᠴᠠᠬᠤ᠂ ᠠᠷᠠᠳᠴᠢᠯᠠᠯ᠎ᠤᠨ ᠡᠷᠬᠡ᠎ᠪᠠᠨ ᠡᠷᠬᠡ ᠲᠡᠭ᠌ᠰᠢ᠎ᠪᠠᠷ ᠬᠡᠷᠡᠭ᠌ᠵᠢᠭᠦᠯᠬᠦ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠷᠬᠡ ᠲᠡᠭ᠌ᠰᠢ᠎ᠪᠠᠷ ᠡᠳ᠋ᠯᠡᠬᠦ᠌᠎ᠶ᠋ᠢ ᠪᠠᠲᠤᠯᠠᠨ᠎ᠠ᠃ ᠡᠬᠡ ᠨᠢᠯᠬᠠᠰ᠎ᠤᠨ ᠡᠷᠡᠭᠦᠯ ᠮᠡᠨᠳᠦ᠍᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠬᠥᠬᠦᠨ ᠪᠤᠯᠴᠢᠷᠬᠠᠶ᠎ᠶ᠋ᠢᠨ ᠥᠮᠡᠨ᠂ ᠰᠠᠪᠠ᠎ᠶ᠋ᠢᠨ ᠬᠦᠵᠦᠭᠦᠨ᠎ᠤ ᠥᠮᠡᠨ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶ᠋ᠢ ᠴᠢᠩᠭᠠᠳᠭᠠᠵᠤ᠂ ᠵᠤᠭᠢᠬᠤ ᠨᠠᠰᠤᠨ᠎ᠤ ᠵᠢᠭᠠᠯ ᠬᠡᠦᠬᠡᠨ᠎ᠳᠤ ᠤᠯᠤᠰ᠎ᠤᠨ ᠡᠭᠡᠯᠢᠯᠡᠭᠡ᠎ᠶ᠋ᠢᠨ ᠲᠥᠯᠥᠪᠵᠢᠭᠦᠯᠭᠡ᠎ᠶ᠋ᠢᠨ ᠬᠥᠮᠦᠨ᠎ᠤ ᠬᠥᠬᠦᠨ ᠲᠣᠪᠴᠢ᠎ᠶ᠋ᠢᠨ ᠬᠠᠪᠤᠳᠠᠷ᠎ᠤᠨ ᠸᠢᠷᠦ᠋ᠰ (HPV)᠎ᠤᠨ ᠸᠠᠺᠼᠢᠨ᠎ᠢ ᠰᠦᠢᠳᠭᠡᠯ ᠬᠤᠷᠢᠶᠠᠬᠤ ᠥᠬᠡᠶ᠎ᠪᠠᠷ ᠳᠠᠷᠢᠬᠤ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠦᠨ᠎ᠡ᠃ ᠡᠮᠡᠭ᠌ᠲᠡᠢᠴᠦᠳ᠎ᠤᠨ ᠡᠷᠬᠡ ᠲᠡᠭ᠌ᠰᠢ᠎ᠪᠠᠷ ᠰᠤᠷᠭᠠᠨ ᠬᠥᠮᠦᠵᠢᠯ ᠬᠦᠷᠲᠡᠬᠦ᠌ ᠡᠷᠬᠡ ᠪᠠ ᠠᠵᠢᠯ ᠣᠯᠬᠤ ᠡᠷᠬᠡ ᠠᠱᠢᠭ᠎ᠢ ᠪᠠᠲᠤᠯᠠᠵᠤ᠂ ᠬᠥᠳᠡᠭᠡ ᠲᠣᠰᠭᠤᠨ᠎ᠤ ᠡᠮᠡᠭ᠌ᠲᠡᠢᠴᠦᠳ᠎ᠤᠨ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠦᠷᠢᠯᠳᠦᠬᠦᠨ᠎ᠤ ᠡᠷᠬᠡ ᠪᠠ ᠭᠠᠵᠠᠷ ᠱᠢᠷᠣᠶ ᠳᠠᠭᠠᠭᠠᠴᠢᠯᠠᠨ ᠡᠵᠡᠩᠨᠡᠬᠦ᠌ ᠡᠷᠬᠡ᠎ᠶ᠋ᠢ ᠬᠠᠤᠯᠢ ᠶᠣᠰᠣᠭᠠᠷ ᠪᠠᠲᠤᠯᠠᠵᠤ᠂ ᠡᠮᠡᠭ᠌ᠲᠡᠢᠴᠦᠳ᠎ᠤᠨ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ᠎ᠶ᠋ᠢ ᠲᠡᠮᠵᠢᠨ᠎ᠠ᠃ ᠭᠡᠷ ᠪᠦᠯᠢ᠎ᠶ᠋ᠢᠨ ᠬᠦᠴᠦᠷᠬᠡᠭ᠌ᠯᠡᠯ᠎ᠢ ᠦᠷᠭᠦᠯᠵᠢᠯᠡᠨ ᠤᠷᠢᠳᠴᠢᠯᠠᠨ ᠰᠡᠷᠭᠡᠢᠯᠡᠬᠦ᠌ ᠪᠠ ᠬᠤᠷᠢᠭ᠍ᠯᠠᠵᠤ᠂ ᠡᠮᠡᠭ᠌ᠲᠡᠢᠴᠦᠳ᠎ᠤᠨ ᠡᠷᠬᠡ ᠠᠱᠢᠭ᠎ᠲᠤ ᠬᠠᠯᠳᠠᠭ᠍ᠰᠠᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠬᠦᠨ᠎ᠠ᠃
ᠬᠤᠶᠠᠳᠤᠭᠠᠷ ᠬᠡᠰᠡᠭ ᠨᠠᠰᠤᠨ᠎ᠳᠤ ᠦᠯᠦ᠍ ᠬᠦᠷᠦᠭ᠌ᠰᠡᠳ᠎ᠢ ᠬᠠᠯᠠᠮᠵᠢᠯᠠᠨ ᠬᠠᠢᠷᠠᠯᠠᠵᠤ ᠬᠠᠮᠠᠭᠠᠯᠠᠬᠤ᠎ᠶ᠋ᠢ ᠴᠢᠩᠭᠠᠳᠭᠠᠨ᠎ᠠ
ᠬᠡᠦᠬᠡᠳ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠬᠡᠦᠬᠡᠳ᠎ᠤᠨ ᠣᠷᠣᠱᠢᠨ ᠲᠣᠭ᠍ᠲᠠᠨᠢᠬᠤ ᠡᠷᠬᠡ᠂ ᠬᠥᠭ᠌ᠵᠢᠬᠦ᠌ ᠡᠷᠬᠡ᠂ ᠬᠠᠮᠠᠭᠠᠯᠠᠭ᠍ᠳᠠᠬᠤ ᠡᠷᠬᠡ ᠪᠠ ᠣᠷᠣᠯᠴᠠᠬᠤ ᠡᠷᠬᠡ᠎ᠶ᠋ᠢ ᠦᠨᠡᠨ ᠬᠦ᠌ ᠪᠠᠲᠤᠯᠠᠨ᠎ᠠ᠃ ᠬᠡᠦᠬᠡᠳ᠎ᠤᠨ ᠦᠢᠷ᠎ᠡ ᠬᠠᠷᠠᠭ᠎ᠠ᠂ ᠪᠠᠶ᠎ᠠ᠎ᠶ᠋ᠢᠨ ᠵᠢᠩ ᠭᠡᠳᠤᠷᠠᠭᠦ᠌ ᠮᠠᠷᠢᠶᠠᠯᠠᠬᠤ ᠪᠠ ᠭᠠᠭ᠍ᠴᠠᠭᠠᠷᠳᠠᠬᠤ ᠭᠡᠮ ᠵᠡᠷᠭᠡ᠎ᠶ᠋ᠢ ᠡᠷᠲᠡ ᠱᠢᠭ᠌ᠰᠢᠨ ᠪᠠᠢᠴᠠᠭᠠᠵᠥ᠍ ᠡᠷᠲᠡ᠎ᠠᠴᠠ ᠬᠠᠮᠢᠶᠠᠷᠬᠤ᠎ᠶ᠋ᠢ ᠠᠬᠢᠭᠤᠯᠤᠨ᠎ᠠ᠃ ᠬᠡᠦᠬᠡᠳ᠎ᠤᠨ ᠡᠮᠨᠡᠯᠭᠡ ᠡᠷᠡᠭᠦᠯᠵᠢᠯ᠎ᠤᠨ ᠦᠢᠯᠡᠴᠢᠯᠡᠭᠡᠨ᠎ᠤ ᠳᠥᠪᠱᠢᠨᠢ ᠳᠡᠭᠡᠭ᠌ᠰᠢᠯᠡᠭᠦᠯᠵᠦ᠍᠂ ᠬᠡᠦᠬᠡᠳ᠎ᠤᠨ ᠬᠡᠷᠡᠭ᠌ᠯᠡᠬᠦ᠌ ᠡᠮ᠎ᠤᠨ ᠲᠥᠷᠥᠯ ᠵᠦᠢᠯ᠎ᠢ ᠪᠠᠶᠠᠯᠢᠬ᠍ᠵᠢᠭᠤᠯᠤᠨ᠎ᠠ᠃ ᠬᠦᠴᠢᠷᠳᠡᠯ᠎ᠳᠤ ᠲᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠢᠯᠡᠴᠢᠯᠡᠭᠡ᠎ᠶ᠋ᠢ ᠴᠢᠩᠭᠠᠳᠭᠠᠵᠤ᠂ ᠨᠡᠭᠦᠲᠡᠯ ᠬᠡᠦᠬᠡᠳ᠂ ᠬᠡᠷ᠎ᠢᠶᠠᠨ ᠰᠠᠬᠢᠵᠦ᠍ ᠬᠤᠴᠣᠷᠤᠭ᠍ᠰᠠᠨ ᠬᠡᠦᠬᠡᠳ᠎ᠢ ᠲᠥᠷᠥᠯ ᠬᠤᠪᠢᠶᠠᠨ ᠬᠠᠪᠰᠤᠷᠤᠨ ᠲᠡᠳᠬᠦᠬᠦ᠌᠎ᠶ᠋ᠢ ᠠᠬᠢᠭᠤᠯᠵᠤ᠂ ᠠᠰᠠᠷᠠᠮᠵᠢ᠎ᠶ᠋ᠢᠨ ᠪᠠᠲᠤᠯᠠᠭ᠎ᠠ᠎ᠶ᠋ᠢᠨ ᠳᠥᠪᠱᠢᠨᠢ ᠪᠦᠲᠦᠮᠵᠢᠲᠡᠶ ᠳᠡᠭᠡᠭ᠌ᠰᠢᠯᠡᠭᠦᠯᠦᠨ᠎ᠡ᠃ ᠬᠡᠦᠬᠡᠳ᠎ᠤᠨ ᠠᠩᠬᠠᠨ᠎ᠤ ᠬᠤᠭᠤᠴᠠᠭᠠᠨ᠎ᠤ ᠬᠥᠭ᠌ᠵᠢᠯᠲᠡ᠎ᠶ᠋ᠢᠨ ᠦᠢᠯᠡᠴᠢᠯᠡᠭᠡ᠎ᠶ᠋ᠢ ᠲᠡᠭᠦᠯᠳᠡᠷᠵᠢᠭᠦᠯᠦᠨ᠎ᠡ᠃ ᠬᠡᠦᠬᠡᠳ᠎ᠤᠨ ᠭᠡᠮᠲᠦᠯ᠎ᠢ ᠰᠡᠷᠭᠡᠢᠯᠡᠨ ᠡᠵᠡᠮᠳᠡᠬᠦ᠌ ᠠᠵᠢᠯᠯᠠᠭᠠᠨ᠎ᠤ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠨᠠᠰᠤᠨ᠎ᠳᠤ ᠥᠯᠥ᠍ ᠬᠦᠷᠦᠭ᠌ᠰᠡᠳ᠎ᠤᠨ ᠬᠠᠤᠯᠢ᠎ᠠᠴᠠ ᠵᠥᠷᠢᠴᠡᠵᠥ᠍ ᠶᠠᠯᠠᠲᠤ ᠠᠵᠢᠯᠯᠠᠭ᠎ᠠ ᠭᠢᠭᠦ᠎ᠶ᠋ᠢ ᠤᠷᠢᠳᠴᠢᠯᠠᠨ ᠰᠡᠷᠭᠡᠢᠯᠡᠭᠦ᠌ ᠪᠠ ᠵᠠᠰᠠᠬᠤ ᠠᠵᠢᠯ᠎ᠢ ᠴᠢᠩᠭᠠᠳᠭᠠᠵᠤ᠂ ᠰᠤᠷᠤᠭ᠍ᠴᠢᠳ᠎ᠤᠨ ᠳᠠᠷᠤᠯᠠᠯ ᠳᠣᠷᠣᠮᠵᠢᠯᠠᠯ᠎ᠢ ᠪᠦᠲᠦᠮᠵᠢᠲᠡᠶ ᠰᠡᠷᠭᠡᠢᠯᠡᠨ ᠵᠠᠰᠠᠨ᠎ᠠ᠃ ᠨᠠᠰᠤᠨ᠎ᠳᠤ ᠦᠯᠦ᠍ ᠬᠦᠷᠦᠭ᠌ᠰᠡᠳ᠎ᠤᠨ ᠰᠦᠯᠵᠢᠶᠡᠨ᠎ᠤ ᠬᠠᠮᠠᠭᠠᠯᠠᠯᠲᠠ᠎ᠶ᠋ᠢ ᠴᠢᠩᠭᠠᠳᠭᠠᠵᠥ᠍᠂ ᠰᠥᠯᠵᠢᠶᠠᠠᠤ ᠭᠥᠮᠤᠨ ᠭᠥᠮᠤᠵᠢᠭᠦᠯᠭᠦ᠌ ᠤᠷᠤᠠ ᠵᠠᠢ ᠪᠠ ᠵᠢᠬ᠍ᠰᠠᠭᠠᠯᠤᠨ ᠭᠠᠵᠠᠷ᠎ᠢ ᠥᠷᠭᠡᠳᠭᠡᠨ᠎ᠠ᠃ ᠬᠡᠦᠬᠡᠳ᠎ᠲᠤ ᠡᠭᠡᠯᠢᠳᠠᠢ ᠪᠠᠢᠭᠤᠯᠤᠯᠲᠠ᠎ᠶ᠋ᠢ ᠠᠬᠢᠭᠤᠯᠵᠤ᠂ ᠬᠤᠢᠴᠢ ᠦᠶ᠎ᠡ᠎ᠶ᠋ᠢᠨ᠎ᠬᠢᠨ᠎ᠢ ᠬᠠᠯᠠᠮᠵᠢᠯᠠᠨ ᠬᠠᠢᠷᠠᠯᠠᠬᠤ ᠨᠡᠢᠭᠡᠮ᠎ᠤᠨ ᠣᠷᠴᠢᠨ ᠨᠥᠬᠦᠴᠡᠯ᠎ᠢ ᠪᠤᠢ ᠪᠣᠯᠭᠠᠨ᠎ᠠ᠃
ᠭᠤᠷᠪᠠᠳᠤᠭᠠᠷ ᠬᠡᠰᠡᠭ ᠵᠠᠯᠠᠭᠤᠴᠤᠳ᠎ᠤᠨ ᠬᠥᠭ᠌ᠵᠢᠯᠲᠡ᠎ᠶ᠋ᠢ ᠳᠠᠮᠵᠢᠨ᠎ᠠ
ᠵᠠᠯᠠᠭᠤᠴᠤᠳ᠎ᠤᠨ ᠬᠥᠭ᠌ᠵᠢᠯᠲᠡ᠎ᠶ᠋ᠢ ᠠᠬᠢᠭᠤᠯᠬᠤ ᠲᠥᠯᠥᠪᠵᠢᠭᠦᠯᠭᠡ ᠪᠠ ᠲᠦᠷᠦ᠍᠎ᠶ᠋ᠢᠨ ᠪᠤᠳᠤᠯᠭ᠎ᠠ᠎ᠶ᠋ᠢ ᠪᠦᠷᠢᠨᠱᠢᠬᠦᠯᠵᠤ᠂ ᠵᠠᠯᠠᠭᠤᠴᠤᠳ᠎ᠤᠨ ᠦᠰᠦᠨ ᠪᠤᠢᠵᠢᠵᠤ ᠴᠢᠳᠠᠪᠤᠷᠢᠲᠠᠨ ᠪᠣᠯᠬᠤ᠂ ᠭᠠᠪᠢᠶ᠎ᠠ ᠪᠠᠢᠭᠤᠯᠵᠤ ᠦᠢᠯᠡᠰ ᠪᠥᠳᠥᠭᠡᠭᠦ᠎ᠳᠤ ᠰᠠᠢᠨ ᠰᠠᠢᠬᠠᠨ ᠨᠥᠬᠦᠴᠡᠯ ᠡᠭᠦᠳᠴᠦ᠍ ᠥᠭ᠌ᠭᠦᠨ᠎ᠡ᠃ ᠥᠷᠭᠡᠨ ᠣᠯᠠᠨ ᠵᠠᠯᠠᠭᠤᠴᠤᠳ᠎ᠤᠨ ᠥᠵᠠᠯ ᠰᠠᠨᠠᠭ᠎ᠠ ᠤᠯᠤᠰ ᠳᠥᠷᠥ᠎ᠶ᠋ᠢᠨ ᠭᠥᠳᠤᠯᠥᠨ ᠳᠠᠭᠠᠭᠤᠯᠭ᠎ᠠ ᠪᠠ ᠥᠷᠳᠡᠭ᠎ᠤᠨ ᠥᠵᠠᠯᠳᠠ᠎ᠶ᠋ᠢ ᠪᠤᠢ ᠪᠤᠯᠭᠠᠬᠤ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠵᠠᠷᠭᠡ ᠭᠥᠷᠢᠶᠠᠨ᠎ᠳᠠᠬᠢ ᠵᠠᠯᠠᠭᠤ ᠨᠠᠰᠤᠨ᠎ᠳᠠᠭᠠᠨ ᠭᠠᠪᠢᠶ᠎ᠠ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠢᠷᠠᠭᠦᠯᠥᠨ ᠥᠷᠨᠢᠭᠦᠯᠵᠦ᠍᠂ ᠵᠠᠯᠠᠭᠤᠴᠤᠳ᠎ᠤᠨ ᠡᠯ᠎ᠡ ᠬᠦᠷᠢᠶ᠎ᠡ ᠡᠯ᠎ᠡ ᠲᠠᠯ᠎ᠠ᠎ᠶ᠋ᠢᠨ ᠠᠵᠢᠯ ᠳᠤᠮᠳᠠ ᠳᠠᠭᠠᠭᠤᠯᠤᠭ᠍ᠴᠢ ᠪᠠ ᠭᠤᠣᠯ ᠬᠦᠴᠦᠨ ᠪᠣᠯᠬᠤ᠎ᠪᠠᠷ ᠴᠢᠷᠮᠠᠢᠬᠤ᠎ᠶ᠋ᠢ ᠲᠡᠮᠵᠢᠨ᠎ᠠ᠃ ᠵᠠᠯᠠᠭᠤᠴᠤᠳ᠎ᠤᠨ ᠰᠤᠷᠤᠯᠴᠠᠬᠤ ᠠᠵᠢᠯᠯᠠᠬᠤ᠂ ᠱᠢᠨ᠎ᠡ᠎ᠶ᠋ᠢ ᠡᠭᠦᠳᠭᠦ᠌ ᠠᠳᠠᠯ ᠦᠢᠯᠡᠰ ᠴᠤᠭ᠍ᠴᠠᠯᠠᠬᠤ᠂ ᠤᠷᠤᠭ᠍ᠯᠠᠬᠤ ᠢᠨᠠᠬ᠍ᠯᠠᠬᠤ ᠬᠡᠦᠬᠡᠳ ᠠᠪᠬᠤ᠂ ᠣᠷᠣᠨ ᠰᠠᠭᠤᠴᠠ᠎ᠶ᠋ᠢᠨ ᠪᠠᠲᠤᠯᠠᠭ᠎ᠠ᠂ ᠨᠡᠢᠭᠡᠮ᠎ᠳᠤ ᠠᠭᠤᠰᠤᠨ ᠤᠷᠤᠬᠤ ᠵᠡᠷᠭᠡ ᠪᠣᠳᠠᠲᠠᠢ ᠬᠦᠴᠢᠷᠳᠡᠯ᠎ᠢ᠎ᠨᠢ ᠬᠠᠪᠰᠤᠷᠤᠨ ᠱᠢᠢᠳᠪᠦᠷᠢᠯᠡᠵᠦ᠍ ᠥᠭ᠌ᠭᠦᠨ᠎ᠡ᠃ ᠵᠠᠯᠠᠭᠤᠴᠤᠳ᠎ᠤᠨ ᠬᠠᠮᠲᠤᠯᠢᠭ᠎ᠤᠨ ᠠᠱᠢᠭ ᠲᠤᠰᠠ᠎ᠶ᠋ᠢᠨ ᠢᠯᠡᠳᠭᠡᠯᠳᠠ ᠪᠠ ᠬᠦᠰᠡᠯ ᠱᠠᠭᠠᠷᠳᠠᠯᠭ᠎ᠠ᠎ᠳᠤᠨᠢ ᠬᠠᠷᠢᠭᠤ ᠳᠤᠰᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠯᠠᠭᠤᠴᠤᠳ᠎ᠤᠨ ᠨᠡᠢᠬᠡᠮ᠎ᠤᠨ ᠵᠠᠰᠠᠯᠲᠠ᠎ᠳᠤ ᠡᠮᠬᠢ ᠵᠢᠷᠤᠮ᠎ᠲᠠᠢ᠎ᠪᠠᠷ ᠣᠷᠣᠯᠴᠠᠬᠤ ᠠᠷᠭ᠎ᠠ ᠵᠠᠮ᠎ᠢ ᠥᠷᠭᠡᠳᠭᠡᠨ᠎ᠡ᠃
ᠳᠥᠷᠪᠡᠳᠦᠭᠡᠷ ᠬᠡᠰᠡᠭ ᠴᠡᠷᠢᠭ᠎ᠤᠨ ᠠᠯᠪᠠ᠎ᠠᠴᠠ ᠪᠠᠭᠤᠭ᠍ᠰᠠᠳ᠎ᠤᠨ ᠦᠢᠯᠡᠴᠢᠯᠡᠭᠡ ᠪᠠᠲᠤᠯᠠᠭ᠎ᠠ᠎ᠶ᠋ᠢ ᠴᠢᠩᠭᠠᠳᠭᠠᠨ᠎ᠠ
ᠴᠡᠷᠢᠭ᠎ᠤᠨ ᠠᠯᠪᠠ᠎ᠠᠴᠠ ᠪᠠᠭᠤᠭ᠍ᠰᠠᠳ᠎ᠤᠨ ᠬᠠᠮᠢᠶᠠᠷᠤᠯᠲᠠ ᠪᠠᠲᠤᠯᠠᠭ᠎ᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠵᠤᠬᠢᠶᠠᠨ ᠪᠠᠢᠭᠤᠯᠤᠯᠳᠠ᠎ᠶ᠋ᠢᠨ ᠬᠠᠮᠢᠶᠡᠷᠤᠯᠳᠠ᠂ ᠠᠵᠢᠯ᠎ᠤᠨ ᠠᠵᠢᠯᠯᠠᠭᠠᠨ ᠪᠠ ᠲᠦᠷᠦ᠍᠎ᠶ᠋ᠢᠨ ᠪᠤᠳᠤᠯᠭ᠎ᠠ ᠲᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠠᠰᠠᠷᠠᠨ ᠬᠠᠷᠠᠭᠠᠯᠵᠠᠬᠤ ᠬᠠᠷᠠᠭᠠᠯᠵᠠᠯ᠎ᠢ ᠲᠣᠭ᠍ᠲᠠᠭᠠᠬᠤ ᠪᠠ ᠲᠣᠬᠢᠷᠠᠭᠤᠯᠬᠤ ᠲᠣᠭ᠍ᠲᠠᠴᠠ᠎ᠶ᠋ᠢ ᠪᠥᠷᠢᠨᠱᠢᠭᠦᠯᠵᠥ᠍᠂ ᠠᠰᠠᠷᠠᠨ ᠬᠠᠷᠠᠭᠠᠯᠵᠠᠬᠤ ᠳᠥᠰᠥᠯ᠎ᠢ ᠨᠢᠭᠡᠳᠦᠯᠲᠡᠶ ᠲᠥᠯᠥᠪᠯᠡᠨ ᠬᠠᠮᠢᠶᠠᠷᠬᠤ᠎ᠶ᠋ᠢ ᠴᠢᠩᠭᠠᠳᠭᠠᠵᠤ᠂ ᠴᠡᠷᠢᠭ᠎ᠤᠨ ᠠᠯᠪᠠ᠎ᠠᠴᠠ ᠪᠠᠭᠤᠭ᠍ᠰᠠᠳ᠎ᠢ ᠬᠠᠪᠰᠤᠷᠤᠨ ᠲᠡᠳᠬᠦᠵᠦ᠍ ᠲᠤᠰᠠᠯᠠᠬᠤ ᠪᠠ ᠬᠠᠤᠯᠢ ᠴᠠᠭᠠᠵᠠ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠠᠰᠠᠷᠠᠨ ᠬᠠᠷᠠᠭᠠᠯᠵᠠᠬᠤ ᠡᠮᠨᠡᠯᠭᠡ᠎ᠶ᠋ᠢᠨ ᠬᠤᠷᠢᠶ᠎ᠠ᠂ ᠢᠷᠠᠭᠤ ᠠᠯᠳᠠᠷ᠎ᠤᠨ ᠭᠥᠷᠢᠶᠠᠯᠠᠩ᠎ᠤᠨ ᠬᠠᠮᠢᠶᠠᠷᠤᠯᠳᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠰᠠᠷᠠᠨ ᠬᠠᠷᠠᠭᠠᠯᠵᠠᠬᠤ ᠡᠮᠨᠡᠯᠭᠡ ᠪᠠ ᠡᠷᠡᠭᠦᠯᠵᠢᠭᠦᠯᠥᠨ ᠠᠰᠠᠷᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠴᠡᠷᠢᠭ᠎ᠤᠨ ᠠᠯᠪᠠ᠎ᠠᠴᠠ ᠪᠠᠭᠤᠭ᠍ᠰᠠᠳ᠎ᠢ ᠴᠢᠨᠠᠷ ᠰᠠᠢᠲᠠᠶ ᠲᠥᠪᠬᠢᠨᠡᠭᠦᠯᠦᠨ ᠠᠵᠢᠯ ᠣᠯᠭᠤᠬᠤ᠎ᠶ᠋ᠢ ᠠᠬᠢᠭᠤᠯᠵᠤ᠂ ᠲᠥᠪᠬᠢᠨᠡᠭᠦᠯᠬᠦ᠌ ᠠᠷᠭ᠎ᠠ᠎ᠶ᠋ᠢ ᠲᠡᠭᠦᠯᠳᠡᠷᠵᠢᠭᠦᠯᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠦᠢᠯᠡᠴᠢᠯᠡᠭᠡ᠎ᠶ᠋ᠢᠨ ᠵᠢᠯᠣᠭᠤᠳᠤᠯᠭ᠎ᠠ᠎ᠶ᠋ᠢ ᠴᠢᠩᠭᠠᠳᠭᠠᠨ᠎ᠠ᠃ ᠴᠡᠷᠢᠭ᠎ᠤᠨ ᠠᠯᠪᠠ᠎ᠠᠴᠠ ᠪᠠᠭᠤᠭ᠍ᠰᠠᠳ᠎ᠤᠨ ᠢᠷᠠᠭᠤ ᠠᠯᠳᠠᠷ᠎ᠤᠨ ᠤᠷᠮᠠᠱᠢᠭᠤᠯᠤᠯ ᠪᠠ ᠬᠥᠬᠢᠭᠦᠯᠦᠯ ᠱᠠᠩᠨᠠᠯ᠎ᠤᠨ ᠲᠦᠷᠢᠮ᠎ᠢ ᠪᠥᠷᠢᠨᠱᠢᠭᠦᠯᠥᠨᠠ᠃ ᠬᠤᠶᠠᠷ᠎ᠢ ᠬᠦᠷᠢᠶᠡᠯᠡᠬᠦ᠌ ᠵᠢᠱ᠌ᠢᠶᠠᠴᠢ᠎ᠶ᠋ᠢ ᠡᠭᠦᠳᠦᠨ ᠪᠠᠢᠭᠤᠯᠬᠤ ᠠᠵᠢᠯ᠎ᠢ ᠴᠢᠩᠭᠠᠳᠭᠠᠨ ᠰᠠᠢᠵᠢᠷᠠᠭᠤᠯᠤᠨ᠎ᠠ᠃ ᠦᠷᠡᠭ᠌ᠳᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠤᠨ᠎ᠠ᠃
ᠲᠠᠪᠤᠳᠤᠭᠠᠷ ᠬᠡᠰᠡᠭ ᠵᠡᠮᠳᠡᠭ᠌ᠴᠦᠳ᠎ᠤᠨ ᠪᠠᠲᠤᠯᠠᠭ᠎ᠠ ᠪᠠ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠵᠡᠮᠳᠡᠭ᠌ᠴᠦᠳ᠎ᠤᠨ ᠨᠡᠢᠭᠡᠮ᠎ᠤᠨ ᠪᠠᠲᠤᠯᠠᠭ᠎ᠠ᠎ᠶ᠋ᠢᠨ ᠲᠦᠷᠢᠮ ᠪᠠ ᠬᠠᠯᠠᠮᠵᠢᠯᠠᠨ ᠬᠠᠢᠷᠠᠯᠠᠬᠤ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠵᠡᠮᠳᠡᠭ᠌ᠴᠦᠳ᠎ᠤᠨ ᠦᠢᠯᠡᠰ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ᠃ ᠬᠦᠨᠳᠦ ᠳᠠᠰ᠎ᠤᠨ ᠵᠡᠮᠳᠡᠭ᠂ ᠣᠯᠠᠨ ᠳᠠᠯ᠎ᠠ᠎ᠶ᠋ᠢᠨ ᠵᠡᠮᠳᠡᠭ᠂ ᠨᠢᠭᠡ ᠡᠷᠦᠬᠡ᠎ᠳᠤ ᠣᠯᠠᠨ ᠵᠡᠮᠳᠡᠭ ᠭᠥᠮᠤᠨ ᠪᠠᠢᠬᠤ ᠵᠡᠷᠭᠡ ᠬᠠᠮᠳᠤᠯᠢᠭ᠎ᠤᠨ ᠥᠨᠳᠤᠰᠤᠨ ᠵᠦᠢᠯ᠎ᠢ ᠪᠠᠳᠤᠯᠠᠬᠤ ᠪᠠᠲᠤᠯᠠᠭ᠎ᠠ᠎ᠶ᠋ᠢ ᠴᠢᠩᠭᠠᠳᠭᠠᠵᠤ᠂ ᠬᠦᠴᠢᠷᠳᠡᠯ᠎ᠲᠠᠢ ᠵᠡᠮᠳᠡᠭ᠌ᠴᠦᠳ᠎ᠤᠨ ᠠᠮᠢᠳᠤᠷᠠᠯ᠎ᠤᠨ ᠨᠥᠬᠦᠪᠥᠷᠢ᠂ ᠬᠦᠨᠳᠦ ᠳᠠᠰ᠎ᠤᠨ ᠵᠡᠮᠳᠡᠭ᠌ᠴᠦᠳ᠎ᠤᠨ ᠰᠤᠪᠢᠯᠠᠯᠲᠠ᠎ᠶ᠋ᠢᠨ ᠨᠥᠬᠦᠪᠥᠷᠢ᠎ᠶ᠋ᠢᠨ ᠳᠦᠷᠢᠮ ᠵᠢᠴᠢ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ ᠬᠥᠳᠡᠯᠦᠩᠭᠦᠶ᠎ᠪᠠᠷ ᠲᠣᠬᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠵᠡᠮᠳᠡᠭ ᠬᠡᠦᠬᠡᠳ᠎ᠢ ᠡᠷᠡᠭᠦᠯᠵᠢᠭᠦᠯᠵᠦ᠍ ᠠᠪᠤᠷᠠᠨ ᠲᠤᠰᠠᠯᠠᠬᠤ᠎ᠶ᠋ᠢ ᠴᠢᠩᠭᠠᠳᠭᠠᠵᠤ᠂ ᠵᠡᠮᠳᠡᠭ᠌ᠴᠦᠳ᠎ᠤᠨ ᠲᠤᠰᠠᠯᠠᠬᠤ ᠪᠠᠭᠠᠵᠢ ᠬᠡᠷᠡᠭ᠌ᠰᠡᠯ ᠲᠣᠬᠢᠷᠠᠭᠤᠯᠬᠤ ᠨᠥᠬᠦᠪᠥᠷᠢ᠎ᠶ᠋ᠢᠨ ᠳᠦᠷᠢᠮ᠎ᠢ ᠪᠦᠷᠢᠨᠱᠢᠭᠦᠯᠦᠨ᠎ᠡ᠃ ᠵᠡᠮᠳᠡᠭ᠌ᠴᠦᠳ᠎ᠢ ᠨᠡᠢᠭᠡᠮ ᠲᠣᠭᠤᠷᠢᠭ ᠪᠠ ᠭᠡᠷ ᠪᠦᠯᠢ᠎ᠠᠴᠠ ᠳᠡᠮᠵᠢᠭᠦ᠎ᠶ᠋ᠢ ᠲᠡᠭᠦᠯᠳᠡᠷᠵᠢᠭᠦᠯᠵᠦ᠍᠂ ᠬᠦᠨᠳᠦ ᠲᠡᠰ᠎ᠤᠨ ᠵᠡᠮᠳᠡᠭ᠌ᠴᠦᠳ᠎ᠢ ᠨᠠᠢᠳᠠᠨ ᠠᠰᠠᠷᠠᠭᠤᠯᠬᠤ ᠪᠠ ᠬᠠᠷᠠᠭᠠᠯᠵᠠᠨ ᠰᠤᠪᠢᠯᠠᠬᠤ᠎ᠶ᠋ᠢ ᠴᠢᠩᠭᠠᠳᠭᠠᠵᠤ᠂ ᠣᠶᠣᠨ ᠮᠡᠳᠡᠷᠡᠯ᠎ᠤᠨ ᠰᠠᠭᠠᠳ᠎ᠢ ᠨᠡᠢᠭᠡᠮ ᠲᠣᠭᠤᠷᠢᠭ᠎ᠲᠤ ᠡᠷᠡᠭᠦᠯᠵᠢᠭᠦᠯᠭᠦ᠎ᠶ᠋ᠢ ᠬᠥᠭ᠌ᠵᠢᠭᠦᠯᠦᠨ᠎ᠡ᠃ ᠵᠡᠮᠳᠡᠭ᠌ᠴᠦᠳ᠎ᠤᠨ ᠠᠵᠢᠯ ᠣᠯᠬᠤ᠎ᠶ᠋ᠢ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠬᠠᠷᠢᠴᠠᠯ᠎ᠢᠶᠠᠷ ᠠᠵᠢᠯ ᠣᠯᠭᠤᠬᠤ᠂ ᠲᠥᠪᠯᠡᠷᠡᠭᠦᠯᠦᠨ ᠠᠵᠢᠯ ᠣᠯᠭᠤᠬᠤ᠂ ᠪᠡᠶ᠎ᠡ᠎ᠪᠠᠨ ᠳᠠᠭᠠᠭᠠᠵᠤ ᠠᠵᠢᠯ ᠣᠯᠬᠤ᠎ᠶ᠋ᠢ ᠠᠬᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠵᠡᠮᠳᠡᠭ᠌ᠴᠦᠳ᠎ᠤᠨ ᠰᠤᠶᠤᠯ ᠪᠠᠶ᠎ᠠ᠎ᠶ᠋ᠢᠨ ᠳᠠᠮᠢᠷ᠎ᠢ ᠭᠥᠭ᠌ᠵᠢᠭᠦᠯᠥᠨᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠵᠡᠮᠳᠡᠭ᠌ᠴᠦᠳ᠎ᠢ ᠲᠤᠰᠠᠯᠠᠬᠤ᠎ᠶ᠋ᠢ ᠭᠦᠨᠵᠡᠭᠡᠢᠷᠠᠭᠦᠯᠥᠨ ᠠᠬᠢᠭᠤᠯᠵᠤ᠂ ᠣᠯᠠᠨ ᠨᠡᠢᠲᠡ᠎ᠶ᠋ᠢᠨ ᠳᠥᠭᠦᠭᠡᠷᠤᠮᠵᠢ᠂ ᠮᠡᠳᠡᠭᠡ ᠵᠠᠩᠭᠢ᠎ᠶ᠋ᠢᠨ ᠰᠣᠯᠢᠯᠴᠠᠭ᠎ᠠ᠂ ᠨᠡᠢᠭᠡᠮ᠎ᠤᠨ ᠦᠢᠯᠡᠴᠢᠯᠡᠭᠡ᠎ᠶ᠋ᠢᠨ ᠰᠠᠭᠠᠳ ᠦᠭᠡᠢ ᠣᠷᠴᠢᠨ ᠨᠥᠭᠦᠴᠠᠯ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃
ᠬᠦᠰᠦᠨᠦᠭ᠌ᠲᠦ 19 ᠨᠡᠢᠭᠡᠮ᠎ᠤᠨ ᠬᠠᠯᠠᠮᠵᠢᠯᠠᠨ ᠬᠠᠢᠷᠠᠯᠠᠬᠤ ᠦᠢᠯᠡᠴᠢᠯᠡᠭᠡ᠎ᠶ᠋ᠢ ᠳᠡᠭᠡᠭ᠌ᠰᠢᠯᠠᠭᠦᠯᠭᠦ᠌
01 ᠬᠦᠴᠢᠷᠳᠡᠯ᠎ᠳᠤ ᠲᠤᠯᠭᠠᠷᠠᠭ᠍ᠰᠠᠨ ᠬᠡᠦᠬᠡᠳ ᠪᠠ ᠭᠡᠷ᠎ᠢᠶᠠᠨ ᠰᠠᠭᠢᠵᠥ᠍ ᠬᠤᠴᠣᠷᠤᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠬᠤ
ᠬᠦᠴᠢᠷᠳᠡᠯ᠎ᠳᠤ ᠲᠤᠯᠭᠠᠷᠠᠭ᠍ᠰᠠᠨ ᠬᠡᠦᠬᠡᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠡᠷᠴᠢᠮ᠎ᠢ ᠴᠢᠩᠭᠠᠷᠠᠭᠤᠯᠵᠤ᠂ ᠡᠮᠨᠠᠯᠭᠡ ᠡᠷᠡᠭᠦᠯᠵᠢᠯ᠂ ᠦᠨᠳᠦᠰᠦᠨ ᠣᠯᠠᠨ ᠨᠡᠢᠲᠡ᠎ᠶ᠋ᠢᠨ ᠰᠤᠷᠭᠠᠨ ᠬᠥᠮᠦᠵᠢᠯ᠂ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢ ᠬᠠᠯᠠᠮᠵᠢᠯᠠᠨ ᠬᠠᠢᠷᠠᠯᠠᠬᠤ᠂ ᠬᠥᠮᠦᠨ᠎ᠤ ᠪᠡᠶ᠎ᠡ᠎ᠶ᠋ᠢᠨ ᠠᠮᠤᠷ ᠲᠦᠪᠱᠢᠨ᠂ ᠬᠠᠤᠯᠢ᠎ᠪᠠᠷ ᠲᠣᠭ᠍ᠲᠠᠭᠠᠭ᠍ᠰᠠᠨ ᠭᠢᠨᠠᠨ ᠬᠠᠮᠠᠭᠠᠯᠠᠯᠳᠠ ᠵᠡᠷᠭᠡ ᠦᠢᠯᠡᠴᠢᠯᠡᠭᠡ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠬᠡᠦᠬᠡᠳ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠦᠢᠯᠡᠴᠢᠯᠡᠭᠡᠨ᠎ᠤ ᠴᠢᠳᠠᠮᠵᠢ᠎ᠶ᠋ᠢ ᠥᠷᠭᠡᠳᠭᠡᠵᠦ᠍᠂ ᠨᠡᠢᠭᠡᠮ ᠨᠡᠢᠲᠡ᠎ᠳᠤ ᠬᠠᠨᠳᠤᠭᠤᠯᠤᠨ ᠠᠰᠠᠷᠠᠨ ᠰᠤᠪᠢᠯᠠᠬᠤ᠂ ᠡᠷᠡᠭᠦᠯᠵᠢᠭᠦᠯᠬᠦ᠂ ᠣᠨᠴᠠᠭᠠᠶ ᠰᠤᠷᠭᠠᠨ ᠬᠥᠮᠦᠵᠢᠯ ᠵᠡᠷᠭᠡ ᠦᠢᠯᠡᠴᠢᠯᠡᠭᠡ ᠬᠠᠩᠭᠠᠵᠤ᠂ ᠨᠠᠰᠤᠨ᠎ᠳᠤ ᠥᠯᠥ᠍ ᠬᠦᠷᠦᠭ᠌ᠰᠡᠳ᠎ᠢ ᠠᠪᠤᠷᠠᠨ ᠲᠤᠰᠠᠯᠠᠵᠤ ᠬᠠᠮᠠᠭᠠᠯᠠᠬᠤ ᠦᠢᠯᠡᠴᠢᠯᠡᠭᠡᠨ᠎ᠤ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ᠃ ᠭᠡᠷ᠎ᠢᠶᠠᠨ ᠰᠠᠬᠢᠵᠤ ᠬᠤᠴᠣᠷᠤᠭ᠍ᠰᠠᠨ ᠬᠡᠦᠬᠡᠳ᠂ ᠲᠠᠷᠬᠠᠨ ᠰᠠᠭᠤᠵᠤ ᠪᠠᠢᠭ᠎ᠠ ᠥᠨᠥᠴᠢᠨ ᠬᠡᠦᠬᠡᠳ ᠪᠣᠯᠤᠨ ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠎ᠢ ᠬᠠᠯᠠᠮᠵᠢᠯᠠᠨ ᠬᠠᠢᠷᠠᠯᠠᠬᠤ ᠠᠵᠢᠯᠯᠠᠭ᠎ᠠ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠎ᠡ᠃
02 ᠴᠡᠷᠢᠭ᠎ᠤᠨ ᠠᠯᠪᠠ᠎ᠠᠴᠠ ᠪᠠᠭᠤᠭ᠍ᠰᠠᠳ᠎ᠢ ᠠᠰᠠᠷᠠᠨ ᠬᠠᠷᠠᠭᠠᠯᠵᠠᠬᠤ ᠪᠠ ᠦᠷᠡᠭ᠌ᠳᠡᠭ᠌ᠰᠡᠨ ᠪᠠᠭᠠᠲᠤᠷᠴᠤᠳ᠎ᠢ ᠮᠠᠭ᠍ᠲᠠᠨ ᠰᠠᠢᠱᠢᠶᠠᠬᠤ
ᠠᠰᠠᠷᠠᠨ ᠬᠠᠷᠠᠭᠠᠯᠵᠠᠬᠤ ᠡᠮᠨᠡᠯᠭᠡ᠎ᠶ᠋ᠢᠨ ᠬᠤᠷᠢᠶ᠎ᠠ᠂ ᠢᠷᠠᠭᠤ ᠠᠯᠳᠠᠷ᠎ᠤᠨ ᠬᠦᠷᠢᠶᠡᠯᠡᠩ ᠵᠠᠷᠭᠡ᠎ᠶ᠋ᠢᠨ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠦᠷᠡᠭ᠌ᠳᠡᠭ᠌ᠰᠡᠨ ᠪᠠᠭᠠᠲᠤᠷᠴᠤᠳ᠎ᠢ ᠳᠤᠷᠠᠰᠭᠠᠬᠤ ᠲᠥᠬᠦᠭᠡᠷᠦᠮᠵᠢ᠎ᠶ᠋ᠢ ᠦᠭᠡᠷᠡᠴᠢᠯᠡᠬᠦ᠌᠎ᠶ᠋ᠢ ᠬᠡᠷᠡᠭ᠌ᠵᠢᠭᠦᠯᠵᠦ᠍᠂ ᠳᠡᠯᠭᠡᠨ ᠦᠵᠡᠭᠦᠯᠬᠦ᠌ ᠪᠠ ᠬᠠᠮᠢᠶᠠᠷᠤᠨ ᠬᠠᠮᠠᠭᠠᠯᠠᠬᠤ ᠬᠢᠷᠢ ᠭᠡᠮᠵᠢᠶ᠎ᠠ᠎ᠶ᠋ᠢ ᠳᠡᠭᠡᠭ᠌ᠰᠢᠯᠡᠭᠦᠯᠦᠨ᠎ᠡ᠃ ᠠᠯᠠᠭ᠎ᠠ ᠪᠣᠯᠤᠭ᠍ᠰᠠᠨ ᠦᠷᠡᠭ᠌ᠳᠡᠭ᠌ᠰᠡᠨ ᠪᠠᠭᠠᠲᠤᠷᠴᠤᠳ᠎ᠤᠨ ᠬᠡᠭᠦᠷ᠎ᠢ ᠡᠷᠢᠵᠦ᠍ ᠬᠠᠮᠠᠭᠠᠯᠠᠬᠤ ᠪᠠ ᠦᠷᠡᠭ᠌ᠳᠡᠭ᠌ᠰᠡᠨ ᠪᠠᠭᠠᠲᠤᠷᠴᠤᠳ᠎ᠲᠤ ᠲᠦᠷᠦᠯ ᠰᠠᠳᠤᠨ᠎ᠢ᠎ᠨᠢ ᠡᠷᠢᠵᠥ᠍ ᠥᠭ᠌ᠭᠦ ᠠᠵᠢᠯ᠎ᠢ ᠦᠷᠭᠦᠯᠵᠢᠯᠡᠨ ᠰᠠᠢᠲᠤᠷ ᠬᠢᠨ᠎ᠠ᠃
03 ᠵᠡᠮᠳᠡᠭ᠌ᠴᠦᠳ᠎ᠤᠨ ᠦᠢᠯᠡᠴᠢᠯᠡᠭᠡ
ᠵᠡᠮᠳᠡᠭ᠌ᠴᠦᠳ᠎ᠢ ᠡᠷᠡᠭᠦᠯᠵᠢᠭᠦᠯᠭᠦ᠌᠂ ᠨᠠᠢᠳᠠᠠ ᠠᠰᠠᠷᠠᠭᠤᠯᠬᠤ ᠪᠠ ᠬᠠᠷᠠᠭᠠᠯᠵᠠᠠ ᠰᠤᠪᠢᠯᠠᠬᠤ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ ᠭᠥᠷᠳᠡᠭᠡᠭᠦ᠌ ᠵᠡᠷᠭᠡ ᠨᠢᠭᠡ ᠪᠦᠯᠦᠭ ᠲᠤᠰᠭᠠᠢᠵᠢᠭ᠍ᠰᠠᠨ ᠦᠢᠯᠡᠴᠢᠯᠡᠭᠡᠨ᠎ᠤ ᠳᠥᠭᠦᠭᠡᠷᠤᠮᠵᠢ᠎ᠶ᠋ᠢ ᠪᠦᠲᠦᠭᠡᠨ ᠪᠠᠢᠭᠤᠯᠤᠨ᠎ᠠ᠃ ᠡᠷᠡᠭᠦᠯᠵᠢᠯ᠎ᠤᠨ ᠪᠠᠢᠭᠤᠯᠤᠮᠵᠢ᠎ᠶ᠋ᠢᠨ ᠲᠤᠰᠭᠠᠢᠵᠢᠭ᠍ᠰᠠᠨ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠡᠷᠡᠭᠦᠯᠵᠢᠯ᠎ᠤᠨ ᠶᠡᠭᠡ ᠰᠤᠷᠭᠠᠭᠤᠯᠢ᠎ᠶ᠋ᠢ ᠰᠠᠢᠲᠤᠷ ᠡᠷᠭᠢᠯᠡᠨ᠎ᠡ᠃ ᠨᠥᠬᠦᠴᠡᠯ ᠪᠥᠭᠦᠢ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ 《ᠨᠠᠰᠤ ᠠᠬᠢᠭ᠍ᠰᠠᠨ ᠡᠴᠢᠭᠡ ᠡᠬᠡ + ᠵᠡᠮᠳᠡᠭ ᠦᠷ᠎ᠡ ᠬᠡᠦᠬᠡᠳ》᠎ᠤᠨ ᠬᠡᠷ ᠪᠦᠯᠢ᠎ᠶ᠋ᠢᠨ ᠬᠠᠷᠠᠭᠠᠯᠵᠠᠨ ᠰᠤᠪᠢᠯᠠᠬᠤ ᠨᠢᠭᠡᠴᠢ ᠪᠠᠢᠭᠤᠯᠬᠤ᠎ᠶ᠋ᠢ ᠵᠣᠷᠢᠬ᠍ᠵᠢᠭᠤᠯᠤᠨ᠎ᠠ᠃ ᠭᠥᠴᠢᠷᠳᠠᠯ᠎ᠲᠠᠢ ᠬᠦᠨᠳᠦ ᠳᠠᠰ᠎ᠤᠨ ᠵᠡᠮᠳᠡᠭ᠌ᠴᠦᠳ᠎ᠤᠨ ᠭᠡᠷ ᠪᠦᠯᠢ᠎ᠶ᠋ᠢ ᠰᠠᠭᠠᠳ ᠦᠭᠡᠢ ᠪᠤᠯᠭᠠᠨ ᠦᠭᠡᠷᠡᠴᠢᠯᠡᠬᠦ᠌᠎ᠶ᠋ᠢ ᠳᠠᠮᠵᠢᠨ᠎ᠠ᠃
04 ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠣᠷᠣᠱᠢᠭᠤᠯᠭ᠎ᠠ᠎ᠶ᠋ᠢᠨ ᠦᠢᠯᠡᠴᠢᠯᠡᠭᠡ
ᠣᠷᠣᠱᠢᠭᠤᠯᠭ᠎ᠠ᠎ᠶ᠋ᠢᠨ ᠦᠨᠳᠦᠰᠦᠨ ᠦᠢᠯᠡᠴᠢᠯᠡᠭᠡᠨ᠎ᠤ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ ᠣᠷᠣᠱᠢᠭᠤᠯᠭ᠎ᠠ᠎ᠶ᠋ᠢᠨ ᠠᠵᠢᠯ ᠲᠥᠷᠥᠯ᠎ᠤᠨ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠨᠢᠭᠡ ᠪᠦᠯᠦᠭ ᠣᠷᠣᠱᠢᠭᠤᠯᠭ᠎ᠠ᠎ᠶ᠋ᠢᠨ ᠭᠠᠵᠠᠷ᠎ᠢ ᠪᠦᠲᠦᠭᠡᠨ ᠪᠠᠢᠭᠤᠯᠬᠤ ᠪᠠ ᠥᠭᠡᠷᠡᠴᠢᠯᠡᠵᠤ᠂ ᠭᠠᠯ᠎ᠢᠶᠠᠷ ᠳᠡᠭ᠌ᠳᠡᠭᠡᠭᠦ᠌ ᠬᠠᠭᠤᠴᠢᠨ ᠲᠥᠬᠦᠭᠡᠷᠦᠮᠵᠢ᠎ᠶ᠋ᠢ ᠱᠢᠨᠡᠳᠭᠡᠨ᠎ᠡ᠃ ᠨᠢᠭᠡ ᠪᠦᠯᠦᠭ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠭᠠᠵᠠᠷ ᠠᠷᠪᠢᠯᠠᠬᠤ ᠠᠮᠢ ᠠᠬᠤᠶ᠎ᠶ᠋ᠢᠨ ᠣᠷᠣᠱᠢᠭᠤᠯᠭ᠎ᠠ᠎ᠶ᠋ᠢᠨ ᠲᠥᠬᠦᠭᠡᠷᠦᠮᠵᠢ᠎ᠶ᠋ᠢ ᠪᠥᠲᠥᠭᠡᠨ ᠪᠠᠢᠭᠤᠯᠵᠤ᠂ ᠴᠢᠨᠳᠠᠷ᠎ᠤᠨ ᠦᠨᠡᠰᠤ᠎ᠶ᠋ᠢ ᠳᠥᠷᠪᠠᠯᠵᠢ ᠪᠠᠢᠷᠢᠨ᠎ᠳᠤ ᠣᠷᠣᠱᠢᠭᠤᠯᠬᠤ᠂ ᠮᠣᠳᠣᠨ᠎ᠳᠤ ᠣᠷᠣᠱᠢᠭᠤᠯᠬᠤ᠂ ᠲᠡᠯᠡᠶ᠎ᠳᠤ ᠣᠷᠣᠱᠢᠭᠤᠯᠬᠤ ᠵᠡᠷᠭᠡ᠎ᠶ᠋ᠢ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠳᠡᠯᠭᠡᠷᠡᠭᠦᠯᠦᠨ᠎ᠡ᠃
ᠠᠷᠪᠠᠨ ᠭᠤᠷᠪᠠᠳᠤᠭᠠᠷ ᠠᠩᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢᠨ ᠨᠤᠭᠤᠭᠠᠠ ᠬᠤᠪᠢᠷᠠᠭᠤᠯᠤᠯᠳᠠ᠎ᠶ᠋ᠢ ᠳᠥᠷᠭᠡᠳᠭᠡᠵᠥ᠍ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠤᠨ᠎ᠠ
ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ ᠭᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠨᠡᠬᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠤᠷᠬᠢᠯ ᠬᠡᠮᠵᠢᠭ᠌ᠳᠡᠯ᠎ᠳᠤᠨᠢ ᠬᠦᠷᠬᠡᠬᠦ᠌ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ᠎ᠪᠠᠷ ᠬᠥᠲᠥᠯᠦᠮᠵᠢ ᠪᠣᠯᠭᠠᠵᠤ᠂ ᠠᠮᠢ ᠠᠬᠤᠢ᠎ᠶ᠋ᠢᠨ ᠪᠣᠯᠪᠠᠰᠤᠨ᠎ᠤ ᠳᠦᠷᠢᠮ᠎ᠤᠨ ᠱᠢᠰᠲ᠋ᠧᠮ᠎ᠢ ᠪᠥᠷᠢᠨᠱᠢᠭᠦᠯᠭᠦᠪᠠᠷ ᠪᠠᠲᠤᠯᠠᠭ᠎ᠠ ᠪᠣᠯᠭᠠᠵᠤ᠂ ᠨᠡᠬᠦᠷᠡᠰᠤᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠡ᠎ᠶ᠋ᠢ ᠪᠠᠭᠤᠷᠠᠭᠤᠯᠬᠤ᠂ ᠪᠤᠬᠢᠷᠳᠤᠯ᠎ᠢ ᠪᠠᠭᠠᠰᠭᠠᠬᠤ᠂ ᠨᠤᠭᠤᠭᠠᠷᠠᠭᠤᠯᠤᠯᠳᠠ᠎ᠶ᠋ᠢ ᠦᠷᠭᠡᠳᠭᠡᠬᠦ᠂ ᠠᠵᠤ ᠠᠬᠤᠢ᠎ᠶ᠋ᠢ ᠨᠡᠮᠡᠭ᠌ᠳᠡᠬᠦᠯᠬᠦ᠌᠎ᠶ᠋ᠢ ᠬᠠᠮᠵᠢᠯᠴᠠᠨ ᠠᠬᠢᠭᠤᠯᠵᠤ᠂ ᠠᠮᠢ ᠠᠬᠤᠢ᠎ᠶ᠋ᠢᠨ ᠣᠷᠴᠢᠨ ᠨᠥᠭᠦᠴᠠᠯ᠎ᠤᠨ ᠶᠠᠰᠤ ᠴᠢᠨᠠᠷ᠎ᠢ ᠰᠠᠢᠵᠢᠷᠠᠭᠤᠯᠵᠤ᠂ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠵᠦ᠍᠂ ᠨᠤᠭᠤᠭᠠᠠ ᠬᠥᠭ᠌ᠵᠢᠯᠲᠡ᠎ᠶ᠋ᠢᠨ ᠬᠥᠳᠡᠯᠭᠡᠭ᠌ᠴᠢ ᠡᠨᠧᠷᠭᠢ᠎ᠶ᠋ᠢ ᠨᠡᠮᠡᠭ᠌ᠳᠡᠭᠦᠯᠥᠨᠠ᠃
ᠳᠥᠴᠢᠨ ᠳᠣᠯᠣᠳᠤᠭᠠᠷ ᠪᠦᠯᠦᠭ ᠨᠡᠬᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠤᠷᠬᠢᠯ ᠬᠡᠮᠵᠢᠭ᠌ᠳᠡᠯ᠎ᠳᠤᠨᠢ ᠬᠦᠷᠬᠡᠬᠦ᠌᠎ᠶ᠋ᠢ ᠢᠳᠡᠪᠬᠢᠲᠡᠶ ᠪᠥᠭᠡᠳ ᠯᠠᠪᠳᠠᠭᠤᠨ ᠳᠤᠭᠢᠳᠠᠢ ᠠᠬᠢᠭᠤᠯᠬᠤ ᠪᠠ ᠪᠡᠶᠡᠯᠡᠭᠦᠯᠦᠨ᠎ᠡ
ᠬᠥᠭ᠌ᠵᠢᠯᠲᠡ ᠪᠣᠯᠤᠨ ᠭᠠᠳᠠᠭ᠍ᠰᠢᠯᠠᠭᠤᠯᠤᠯᠳᠠ᠎ᠶ᠋ᠢ ᠪᠠᠭᠠᠰᠭᠠᠬᠤ᠎ᠶ᠋ᠢ ᠨᠢᠭᠡᠳᠦᠯᠲᠡᠶ ᠲᠥᠯᠥᠪᠯᠡᠵᠦ᠍᠂ ᠨᠡᠬᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠤᠷᠬᠢᠯ ᠬᠡᠮᠵᠢᠭ᠌ᠳᠡᠯ᠎ᠳᠤᠨᠢ ᠬᠦᠷᠬᠡᠬᠦ᠌ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠦᠷᠨᠢᠬᠦᠯᠵᠦ᠍᠂ ᠠᠵᠤ ᠦᠢᠯᠡᠰ᠎ᠤᠨ ᠪᠦᠲᠦᠴᠡ᠂ ᠡᠨᠧᠷᠭᠢ᠎ᠶ᠋ᠢᠨ ᠰᠤᠷᠪᠤᠯᠵᠢ᠎ᠶ᠋ᠢᠨ ᠪᠦᠲᠦᠴᠡ᠂ ᠵᠠᠮ ᠲᠡᠭᠡᠭᠡᠪᠦᠷᠢ᠎ᠶ᠋ᠢᠨ ᠪᠦᠲᠦᠴᠡ ᠵᠡᠷᠭᠡ᠎ᠶ᠋ᠢ ᠲᠣᠬᠢᠷᠠᠭᠤᠯᠤᠨ ᠱᠢᠯᠢᠳᠡᠭ᠌ᠵᠢᠭᠦᠯᠬᠦ᠌᠎ᠶ᠋ᠢ ᠲᠦᠷᠭᠡᠳᠭᠡᠵᠦ᠍᠂ ᠨᠡᠬᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠤᠷᠬᠢᠯ ᠬᠡᠮᠵᠢᠭ᠌ᠳᠡᠯ᠎ᠳᠤᠨᠢ ᠬᠦᠷᠬᠡᠬᠦ᠌ ᠬᠠᠷᠠᠯᠲᠠ᠎ᠶ᠋ᠢ ᠬᠤᠭᠤᠴᠠᠭ᠎ᠠ ᠶᠤᠰᠤᠭᠠᠷ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ᠃
ᠨᠢᠭᠡᠳᠦᠭᠡᠷ ᠬᠡᠰᠡᠭ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ ᠪᠠ ᠬᠦᠴᠦᠯᠡᠴᠡ᠎ᠶ᠋ᠢᠨ ᠬᠤᠤᠰ ᠬᠢᠵᠠᠭᠠᠷᠯᠠᠯ᠎ᠤᠨ ᠲᠦᠷᠢᠮ᠎ᠢ ᠪᠦᠬᠦ᠌ ᠲᠠᠯ᠎ᠠ ᠪᠠᠷ ᠬᠡᠷᠡᠭ᠌ᠵᠢᠭᠦᠯᠦᠨ᠎ᠡ
ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠤᠳᠭᠤ ᠪᠠ ᠵᠠᠬ᠎ᠠ ᠳᠡᠯᠭᠡᠭᠦᠷ᠎ᠢᠶᠠᠷ ᠤᠷᠮᠠᠱᠢᠭᠤᠯᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠣᠷᠣᠨ ᠨᠤᠲᠤᠭ᠎ᠤᠨ ᠨᠡᠭᠦᠷᠡᠰᠦᠲᠥ᠋ᠷᠥᠭ᠌ᠴᠢ᠎ᠶ᠋ᠢ ᠬᠢᠨᠠᠨ ᠱᠢᠯᠭᠠᠬᠤ᠂ ᠠᠵᠢᠯ ᠲᠥᠷᠥᠯ᠎ᠤᠨ ᠨᠡᠭᠦᠷᠡᠰᠦᠲᠥ᠋ᠷᠥᠭ᠌ᠴᠢ᠎ᠶ᠋ᠢ ᠬᠠᠮᠢᠶᠠᠷᠤᠨ ᠡᠵᠡᠮᠳᠡᠬᠦ᠂ ᠠᠵᠤ ᠠᠬᠤᠢᠯᠠᠯ᠎ᠤᠨ ᠨᠡᠭᠦᠷᠡᠰᠦᠲᠥ᠋ᠷᠥᠭ᠌ᠴᠢ᠎ᠶ᠋ᠢ ᠬᠠᠮᠢᠶᠠᠷᠬᠤ᠂ ᠲᠥᠰᠤᠯ᠎ᠤᠨ ᠨᠡᠭᠦᠷᠡᠰᠦᠲᠥ᠋ᠷᠥᠭ᠌ᠴᠢ᠎ᠶ᠋ᠢ ᠦᠨᠡᠯᠡᠬᠦ᠂ ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ ᠵᠡᠷᠭᠡ᠎ᠶ᠋ᠢᠨ ᠲᠥᠷᠥ᠎ᠶ᠋ᠢᠨ ᠪᠣᠳᠣᠯᠭ᠎ᠠ ᠲᠦᠷᠢᠮ᠎ᠢ ᠯᠠᠪᠳᠠᠭᠤᠨ᠎ᠢᠶᠠᠷ ᠬᠡᠷᠡᠭ᠌ᠵᠢᠭᠦᠯᠦᠨ᠎ᠡ᠃ ᠨᠡᠬᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠤᠷᠬᠢᠯ ᠬᠡᠮᠵᠢᠭ᠌ᠳᠡᠯ᠎ᠳᠤᠨᠢ ᠬᠦᠷᠬᠡᠬᠦ᠌ ᠪᠠ ᠨᠡᠬᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠰᠠᠭᠠᠷᠮᠠᠭ᠍ᠵᠢᠭᠤᠯᠬᠤ᠎ᠶ᠋ᠢ ᠶᠡᠷᠦᠩᠬᠡᠢᠯᠡᠨ ᠦᠨᠡᠯᠡᠵᠦ᠍ ᠬᠢᠨᠠᠨ ᠱᠢᠯᠭᠠᠬᠤ ᠳᠦᠷᠢᠮ᠎ᠢ ᠪᠠᠢᠭᠤᠯᠵᠤ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠤᠤᠰ ᠭᠢᠵᠠᠭᠠᠷᠯᠠᠯ᠎ᠤᠨ ᠬᠠᠷᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠦᠶ ᠵᠣᠬᠢᠰᠲᠠᠶ ᠵᠠᠳᠠᠯᠤᠨ ᠲᠤᠬᠢᠷᠠᠭᠤᠯᠵᠤ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠠᠷᠠᠯᠲᠠ᠎ᠶ᠋ᠢ ᠨᠠᠢᠳᠠᠪᠤᠷᠢᠵᠢᠭᠤᠯᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠎ᠠ᠃ ᠠᠵᠢᠯ ᠲᠥᠷᠥᠯ᠎ᠤᠨ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠬᠠᠮᠢᠶᠠᠷᠤᠨ ᠡᠵᠡᠮᠳᠡᠬᠦ᠌ ᠲᠣᠭ᠍ᠲᠠᠴᠠ᠎ᠶ᠋ᠢ ᠪᠠᠢᠭᠤᠯᠵᠤ᠂ ᠭᠤᠤᠯᠳᠠᠯᠭ᠎ᠠ᠎ᠲᠠᠢ ᠠᠵᠢᠯ ᠲᠦᠷᠦᠯ᠎ᠤᠨ ᠬᠦᠷᠢᠶᠡᠨ᠎ᠳᠠᠬᠢ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠦᠢᠯᠡᠳᠪᠦᠷᠢᠯᠡᠬᠦ᠌ ᠴᠢᠳᠠᠪᠤᠷᠢ᠎ᠶ᠋ᠢᠨ ᠵᠠᠰᠠᠯᠳᠠ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢᠨ ᠬᠤᠤᠰ ᠭᠢᠵᠠᠭᠠᠷᠯᠠᠯᠢ ᠬᠠᠮᠵᠢᠯᠴᠠᠨ ᠠᠬᠢᠭᠤᠯᠤᠨ᠎ᠠ᠃ ᠭᠤᠤᠯᠳᠠᠯᠭ᠎ᠠ᠎ᠲᠠᠢ ᠡᠨᠧᠷᠭᠢ ᠬᠡᠷᠡᠭ᠌ᠯᠡᠬᠦ᠌ ᠪᠠ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠨᠢᠭᠡᠴᠢ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠪᠥᠷᠢᠨᠱᠢᠭᠦᠯᠥᠨᠠ᠃ ᠲᠣᠭ᠍ᠲᠠᠮᠠᠯ ᠪᠡᠯᠨ ᠬᠥᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠲᠥᠰᠥᠯ᠎ᠤᠨ ᠡᠨᠧᠷᠭᠢ ᠠᠷᠪᠢᠯᠠᠬᠤ᠎ᠶ᠋ᠢ ᠬᠢᠨᠠᠨ ᠪᠠᠢᠴᠠᠭᠠᠬᠤ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠦᠨᠡᠯᠡᠭᠦ᠎ᠶ᠋ᠢ ᠴᠢᠩᠭᠠᠳᠭᠠᠵᠤ᠂ ᠱᠢᠨ᠎ᠡ᠎ᠪᠠᠷ ᠪᠠᠢᠭᠤᠯᠤᠭ᠍ᠰᠠᠨ ᠪᠠ ᠥᠭᠡᠷᠡᠴᠢᠯᠡᠨ ᠪᠠᠢᠭᠤᠯᠤᠭ᠍ᠰᠠᠠ ᠥᠷᠭᠡᠳᠭᠡᠨ ᠪᠠᠢᠭᠤᠯᠤᠭ᠍ᠰᠠᠨ ᠡᠨᠧᠷᠭᠢ᠎ᠶ᠋ᠢᠨ ᠬᠤᠷᠣᠭ᠍ᠳᠠᠭᠤᠯᠤᠯ ᠶᠡᠬᠡᠲᠡᠶ ᠭᠠᠳᠠᠭ᠍ᠰᠢᠯᠠᠭᠤᠯᠤᠯᠳᠠ ᠶᠡᠭᠡᠳᠠᠢ ᠠᠵᠤ ᠦᠢᠯᠡᠳᠪᠦᠷᠢ᠎ᠶ᠋ᠢᠨ ᠲᠥᠰᠥᠯ᠎ᠳᠤ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠳᠡᠩᠴᠡᠭᠦᠥ ᠬᠡᠮᠵᠢᠶ᠎ᠡ᠎ᠪᠠᠷ ᠰᠣᠯᠢᠬᠤ ᠪᠤᠶᠤ ᠭᠡᠮᠵᠢᠶ᠎ᠠ᠎ᠶ᠋ᠢ᠎ᠨᠢ ᠪᠠᠭᠠᠰᠭᠠᠨ ᠰᠤᠯᠢᠬᠤ᠎ᠶ᠋ᠢ ᠬᠡᠷᠡᠭ᠌ᠵᠢᠭᠦᠯᠦᠨ᠎ᠡ᠃ ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ᠎ᠤᠨ ᠲᠣᠭᠠᠴᠠᠭ᠎ᠠ ᠬᠢᠬᠦ᠌ ᠳᠦᠷᠢᠮᠯᠠᠯ ᠪᠠᠷᠢᠮᠵᠢᠶ᠎ᠠ᠎ᠶ᠋ᠢ ᠲᠣᠭ᠍ᠲᠠᠭᠠᠵᠤ᠂ ᠭᠤᠤᠯᠳᠠᠯᠭ᠎ᠠ᠎ᠲᠠᠢ ᠦᠢᠯᠡᠳᠬᠦᠨ᠎ᠤ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠢᠵᠠᠭᠠᠷ ᠲᠤᠭ᠎ᠠ᠎ᠶ᠋ᠢᠨ ᠪᠠᠷᠢᠮᠵᠢᠶ᠎ᠠ᠎ᠶ᠋ᠢ ᠨᠡᠢᠲᠡᠯᠡᠵᠦ᠍᠂ ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠢᠯᠡᠳᠭᠡᠮᠵᠢ ᠳᠡᠮᠳᠡᠭ᠎ᠤᠨ ᠭᠡᠷᠡᠴᠢᠯᠡᠯ᠎ᠤᠨ ᠳᠦᠷᠢᠮ᠎ᠢ ᠪᠠᠢᠭᠤᠯᠤᠨ᠎ᠠ᠃ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠭᠡᠮᠵᠢᠶ᠎ᠠ᠎ᠶ᠋ᠢ ᠪᠦᠷᠢᠳᠭᠡᠵᠥ᠍ ᠲᠣᠭᠠᠴᠠᠭ᠎ᠠ ᠬᠢᠬᠦ᠌ ᠱᠢᠰᠲ᠋ᠧᠮ ᠪᠠ ᠬᠥᠳᠡᠯᠦᠩᠭᠦᠶ᠎ᠪᠠᠷ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠤᠰ᠎ᠤᠨ ᠬᠦᠯᠡᠮᠵᠢ᠎ᠶ᠋ᠢᠨ ᠬᠡᠢ ᠪᠡᠶᠡᠲᠦ᠍᠎ᠶ᠋ᠢᠨ ᠲᠣᠳᠣᠷᠬᠠᠶ ᠬᠠᠭᠤᠳᠠᠰᠤ᠎ᠶ᠋ᠢ ᠪᠠᠢᠩᠭᠤ᠎ᠶ᠋ᠢᠨ ᠴᠢᠨᠠᠷᠳᠠᠢ ᠨᠠᠢᠷᠠᠭᠤᠯᠤᠨ ᠵᠣᠬᠢᠶᠠᠨ᠎ᠠ᠃ ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠬᠦᠯᠡᠮᠵᠢ᠎ᠶ᠋ᠢᠨ ᠬᠡᠢ ᠪᠡᠶᠡᠲᠦ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠰᠠᠢᠨ ᠳᠤᠷ᠎ᠠ᠎ᠠᠴᠠ᠎ᠪᠠᠨ ᠪᠠᠭᠠᠰᠭᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠥᠳᠥᠭᠡᠡ ᠪᠠᠢᠭᠤᠯᠤᠯᠲᠠ᠎ᠶ᠋ᠢ ᠲᠦᠷᠭᠡᠳᠭᠡᠨ᠎ᠡ᠃
ᠬᠤᠶᠠᠳᠤᠭᠠᠷ ᠬᠡᠰᠡᠭ ᠭᠤᠤᠯᠳᠠᠯᠭ᠎ᠠ᠎ᠲᠠᠢ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠪᠠᠭᠤᠷᠠᠭᠤᠯᠬᠤ᠎ᠶ᠋ᠢ ᠠᠬᠢᠭᠤᠯᠤᠨ᠎ᠠ
ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠪᠠᠭᠤᠷᠠᠭᠤᠯᠬᠤ ᠥᠭᠡᠷᠡᠴᠢᠯᠡᠯᠲᠡ ᠪᠠ ᠨᠡᠭᠦᠷᠡᠰᠦ᠎ᠶ᠋ᠢ ᠬᠢᠵᠠᠭᠠᠷᠯᠠᠵᠥ᠍ ᠪᠠᠭᠠᠰᠭᠠᠬᠤ᠎ᠶ᠋ᠢ ᠭᠦᠨᠵᠡᠭᠡᠢᠷᠡᠭᠦᠯᠥᠨ ᠥᠷᠨᠢᠭᠦᠯᠵᠦ᠍᠂ ᠱᠢᠨ᠎ᠡ᠎ᠪᠠᠷ ᠨᠡᠮᠡᠭ᠌ᠳᠡᠬᠦ᠌ ᠴᠠᠬᠢᠯᠭᠠᠨ ᠬᠡᠷᠡᠭ᠌ᠯᠡᠬᠦ᠌ ᠬᠡᠮᠵᠢᠶ᠎ᠡ᠎ᠶ᠋ᠢ ᠱᠢᠨ᠎ᠡ᠎ᠪᠠᠷ ᠨᠡᠮᠡᠭ᠌ᠳᠡᠬᠦ᠌ ᠠᠷᠢᠭᠤᠨ ᠴᠡᠪᠡᠷ ᠡᠨᠧᠷᠭᠢ᠎ᠶ᠋ᠢᠨ ᠰᠤᠷᠪᠤᠯᠵᠢ᠎ᠶ᠋ᠢᠨ ᠴᠠᠬᠢᠯᠭᠠᠨ᠎ᠤ ᠬᠡᠮᠵᠢᠶ᠎ᠡ᠎ᠪᠠᠷ ᠪᠦᠷᠬᠦᠬᠦᠯᠬᠦ᠌᠎ᠶ᠋ᠢ ᠲᠦᠷᠭᠡᠯᠡᠨ ᠠᠬᠢᠭᠤᠯᠵᠤ᠂ ᠨᠡᠭᠦᠷᠡᠰᠦ ᠪᠣᠯᠤᠨ ᠴᠢᠯᠠᠭᠤᠨ ᠲᠣᠰᠣᠨ᠎ᠤ ᠬᠡᠷᠡᠭ᠌ᠯᠡᠭᠡ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌᠎ᠶ᠋ᠢ ᠠᠬᠢᠭᠤᠯᠤᠨ᠂ ᠨᠢᠭᠡᠴᠢ GDP᠎ᠶ᠋ᠢᠨ ᠡᠨᠧᠷᠭᠢ᠎ᠶ᠋ᠢᠨ ᠬᠤᠷᠣᠭ᠍ᠳᠠᠭᠤᠯᠤᠯ᠎ᠢ 10% ᠣᠷᠴᠢᠮ᠎ᠢᠶᠠᠷ ᠪᠠᠭᠤᠷᠠᠭᠤᠯᠤᠨ᠎ᠠ᠃ ᠡᠨᠧᠷᠭᠢ᠎ᠶ᠋ᠢᠨ ᠬᠤᠷᠣᠭ᠍ᠳᠠᠭᠤᠯᠤᠯ ᠶᠡᠬᠡᠲᠡᠶ ᠭᠠᠳᠠᠭ᠍ᠰᠢᠯᠠᠭᠤᠯᠥᠯᠳᠡ ᠶᠡᠬᠡᠳᠡᠢ ᠲᠥᠰᠥᠯ᠎ᠢ ᠬᠦᠴᠦᠲᠡᠶ ᠪᠦᠲᠦᠮᠵᠢᠲᠡᠶ ᠬᠠᠮᠢᠶᠠᠷᠤᠨ ᠡᠵᠡᠮᠳᠡᠵᠦ᠍᠂ ᠨᠤᠭᠤᠭᠠᠨ ᠪᠥᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠮᠡᠷᠭᠡᠵᠢᠯ ᠲᠣᠨᠣᠭ᠍ᠯᠠᠯ᠎ᠤᠨ ᠱᠢᠨ᠎ᠡ ᠡᠭᠦᠳᠥᠯᠳᠡ᠎ᠶ᠋ᠢᠨ ᠬᠡᠷᠡᠭ᠌ᠯᠡᠯᠳᠡ᠎ᠶ᠋ᠢ ᠲᠦᠷᠭᠡᠳᠭᠡᠵᠦ᠍᠂ ᠱᠠᠭᠠᠷᠳᠠᠯᠭ᠎ᠠ᠎ᠳᠤ ᠨᠡᠢᠴᠡᠭ᠌ᠰᠡᠨ ᠡᠨᠧᠷᠭᠢ᠎ᠶ᠋ᠢᠨ ᠵᠠᠷᠤᠴᠠᠭᠤᠯᠭ᠎ᠠ ᠶᠡᠬᠡᠳᠡᠢ ᠠᠵᠤ ᠦᠢᠯᠡᠰ᠎ᠢ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠎ᠶ᠋ᠢᠨ ᠡᠬᠢ ᠪᠠᠶᠠᠯᠢᠭ ᠡᠯᠪᠡᠭ ᠬᠤᠷᠠᠭ᠍ᠰᠠᠨ ᠣᠷᠣᠨ ᠪᠦᠰᠡ ᠲᠡᠢᠰᠢ ᠱᠢᠯᠵᠢᠬᠦᠯᠬᠦ᠌᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠵᠥ᠍᠂ ᠨᠡᠭᠦᠷᠡᠰᠦᠲᠥ᠋ᠷᠥᠭ᠌ᠴᠢ ᠥᠯᠥ᠍ ᠭᠠᠳᠠᠭ᠍ᠰᠢᠯᠠᠭᠤᠯᠬᠤ ᠦᠢᠯᠡᠳᠪᠦᠷᠢ ᠪᠠ ᠬᠦᠷᠢᠶᠡᠯᠡᠩ ᠲᠣᠭᠤᠷᠢᠭ᠎ᠢ ᠪᠦᠲᠦᠭᠡᠨ ᠪᠠᠢᠭᠤᠯᠤᠨ᠎ᠠ᠃ ᠤᠳᠤ ᠪᠠᠢᠭ᠎ᠠ ᠪᠠᠷᠢᠯᠭ᠎ᠠ ᠪᠠ ᠬᠤᠲᠠ᠎ᠶ᠋ᠢᠨ ᠶᠠᠪᠤᠳᠠᠯ᠎ᠤᠨ ᠲᠥᠬᠦᠭᠡᠷᠦᠮᠵᠢ᠎ᠳᠤ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠪᠠᠭᠤᠷᠠᠭᠤᠯᠬᠤ ᠥᠭᠡᠷᠡᠴᠢᠯᠡᠯᠲᠡ ᠬᠢᠬᠦ᠌᠎ᠶ᠋ᠢ ᠴᠢᠩᠭᠠᠳᠭᠠᠵᠤ᠂ ᠬᠡᠲᠦ ᠳᠤᠤᠷ᠎ᠠ ᠡᠨᠧᠷᠭᠢ᠎ᠶ᠋ᠢᠨ ᠬᠤᠷᠣᠭ᠍ᠳᠠᠭᠤᠯᠥᠯᠲᠠᠢ ᠪᠠ ᠤᠭ᠍ᠰᠠᠷᠠᠮᠠᠯ ᠬᠡᠯᠪᠡᠷᠢ᠎ᠶ᠋ᠢᠨ ᠪᠠᠷᠢᠯᠭ᠎ᠠ᠎ᠶ᠋ᠢ ᠬᠡᠪᠴᠢᠶᠡᠵᠢᠭᠦᠯᠦᠨ ᠬᠥᠭ᠌ᠵᠢᠭᠦᠯᠬᠦ᠌᠎ᠶ᠋ᠢ ᠠᠬᠢᠭᠤᠯᠵᠤ᠂ ᠬᠥᠷᠥᠭᠡᠯᠳᠡᠶ᠋ᠢᠨ ᠡᠨᠧᠷᠭᠢ᠎ᠶ᠋ᠢᠨ ᠠᠱᠢᠭ᠍ᠯᠠᠮᠵᠢ᠎ᠶ᠋ᠢ ᠳᠡᠭᠡᠭ᠌ᠰᠢᠯᠡᠭᠦᠯᠬᠦ᠌ ᠪᠠ ᠨᠤᠭᠤᠭᠠᠨ ᠭᠡᠷᠡᠯᠲᠦᠭᠦᠯᠭᠡ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠢᠯᠴᠢ᠎ᠶ᠋ᠢᠨ ᠬᠦᠴᠦᠨ᠎ᠤ ᠱᠢᠰᠲ᠋ᠧᠮ᠎ᠤᠨ ᠨᠤᠭᠤᠭᠠᠨ ᠪᠥᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠦᠯᠡᠳᠡᠪᠦᠷᠢ ᠢᠯᠴᠢ᠎ᠶ᠋ᠢᠨ ᠡᠬᠢ ᠪᠠᠶᠠᠯᠢᠭ᠎ᠢ ᠠᠱᠢᠭ᠍ᠯᠠᠬᠤ ᠪᠠ ᠴᠢᠯᠠᠭᠤᠵᠢᠮᠠᠯ ᠪᠤᠰᠤ ᠡᠨᠧᠷᠭᠢ᠎ᠶ᠋ᠢᠨ ᠰᠤᠷᠪᠤᠯᠵᠢ᠎ᠪᠠᠷ ᠢᠯᠴᠢ ᠬᠠᠩᠭᠠᠬᠤ᠎ᠶ᠋ᠢ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠥᠷᠨᠢᠭᠦᠯᠵᠦ᠍᠂ ᠢᠯᠴᠢ ᠬᠠᠩᠭᠠᠯᠭ᠎ᠠ᠎ᠶ᠋ᠢᠨ ᠬᠡᠮᠵᠢᠯᠲᠡ᠎ᠶ᠋ᠢᠨ ᠥᠭᠡᠷᠡᠴᠢᠯᠡᠯᠲᠡ ᠪᠠ ᠢᠯᠴᠢ᠎ᠶ᠋ᠢᠨ ᠬᠡᠮᠵᠢᠶ᠎ᠡ᠎ᠪᠠᠷ ᠰᠦᠢᠳᠭᠡᠯ ᠬᠤᠷᠢᠶᠠᠬᠤ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠵᠠᠮ ᠬᠠᠷᠢᠯᠴᠠᠭᠠᠨ᠎ᠤ ᠬᠥᠳᠡᠯᠭᠡᠭ᠌ᠴᠢ ᠬᠦᠴᠦᠨ᠎ᠤ ᠨᠡᠭᠦᠷᠡᠰᠦᠲᠥ᠋ᠷᠥᠭ᠌ᠴᠢ ᠪᠠᠭᠠᠳᠠᠢ ᠣᠷᠣᠯᠠᠭᠤᠯᠥᠯᠳᠡᠶ᠋ᠢ ᠠᠬᠢᠭᠤᠯᠵᠤ᠂ ᠪᠠᠷᠠᠭᠠᠨ᠎ᠤ ᠲᠡᠭᠡᠭᠡᠪᠤᠷᠢ᠂ ᠣᠯᠠᠨ ᠨᠡᠢᠲᠡ᠎ᠶ᠋ᠢᠨ ᠬᠦᠷᠢᠶᠡᠨ᠎ᠳᠠᠬᠢ ᠴᠠᠬᠢᠯᠭᠠᠨᠵᠢᠭᠤᠯᠤᠯᠲᠠ ᠪᠣᠯᠤᠨ ᠨᠤᠭᠤᠭᠠᠨ ᠲᠥᠯᠡᠱᠢᠨᠤ ᠲᠡᠷᠭᠡ ᠣᠩᠭᠤᠴᠠ᠎ᠶ᠋ᠢᠨ ᠬᠡᠷᠡᠭ᠌ᠯᠡᠯᠲᠡ᠎ᠶ᠋ᠢ ᠲᠦᠷᠭᠡᠳᠭᠡᠵᠦ᠍᠂ ᠪᠥᠭᠡᠮ ᠪᠠᠷᠠᠭ᠎ᠠ᠎ᠶ᠋ᠢ ᠲᠡᠮᠦᠷ ᠵᠠᠮ᠂ ᠤᠰᠤᠨ ᠵᠠᠮ᠎ᠢᠶᠠᠷ ᠲᠡᠭᠡᠭᠡᠪᠤᠷᠢᠯᠡᠬᠦ᠌ ᠬᠤᠪᠢ᠎ᠶ᠋ᠢᠨ ᠵᠢᠩ ᠪᠠ ᠱᠢᠨ᠎ᠡ ᠡᠨᠧᠷᠭᠢ᠎ᠶ᠋ᠢᠨ ᠰᠤᠷᠪᠤᠯᠵᠢ᠎ᠶ᠋ᠢᠨ ᠮᠠᠱᠢᠨ ᠲᠡᠷᠭᠡ᠎ᠪᠠᠷ ᠲᠡᠭᠡᠭᠡᠪᠦᠷᠢᠯᠡᠬᠦ᠌ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠎ᠡ᠃ ᠪᠤᠳᠤᠬᠤ ᠬᠦᠴᠦᠨ᠎ᠤ ᠲᠥᠭᠦᠭᠡᠷᠥᠮᠵᠢ᠂ 5G ᠶ᠋ᠢᠨ ᠰᠠᠭᠤᠷᠢ ᠥᠷᠲᠡᠭᠡ ᠵᠡᠷᠭᠡ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠤ ᠡᠨᠧᠷᠭᠢ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠭᠤᠤᠯᠳᠠᠯᠭ᠎ᠠ᠎ᠲᠠᠢ ᠬᠦᠷᠢᠶᠡᠨ᠎ᠳᠠᠬᠢ ᠡᠨᠧᠷᠭᠢ᠎ᠶ᠋ᠢᠨ ᠠᠱᠢᠭ᠍ᠯᠠᠮᠵᠢ᠎ᠶ᠋ᠢ ᠣᠨᠣᠱᠢᠯᠠᠬᠤ ᠲᠣᠭ᠍ᠲᠠᠴᠠ᠎ᠶ᠋ᠢ ᠪᠦᠷᠢᠨᠱᠢᠬᠦᠯᠵᠦ᠍᠂ ᠡᠨᠧᠷᠭᠢ᠎ᠶ᠋ᠢᠨ ᠠᠱᠢᠭ᠍ᠯᠠᠮᠵᠢ᠎ᠶ᠋ᠢᠨ ᠢᠯᠡᠳᠭᠡᠮᠵᠢ ᠲᠡᠮᠳᠡᠭ ᠪᠠ ᠡᠨᠧᠷᠭᠢ᠎ᠶ᠋ᠢᠨ ᠠᠱᠢᠭ᠍ᠯᠠᠮᠵᠢ᠎ᠶ᠋ᠢᠨ 《ᠳᠠᠭᠠᠭᠤᠯᠤᠭ᠍ᠴᠢ》᠎ᠶ᠋ᠢᠨ ᠲᠦᠷᠢᠮ᠎ᠢ ᠭᠦᠨᠵᠡᠭᠡᠢᠷᠡᠭᠦᠯᠥᠨ ᠬᠡᠷᠡᠭ᠌ᠵᠢᠭᠦᠯᠦᠨ᠎ᠡ᠃ ᠨᠤᠭᠤᠭᠠᠨ ᠪᠥᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠷᠥᠭᠦᠯᠡᠬᠦ᠌ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠎ᠡ᠃
ᠭᠤᠷᠪᠠᠳᠤᠭᠠᠷ ᠬᠡᠰᠡᠭ ᠪᠦᠬᠦ᠌ ᠪᠥᠮᠪᠥᠷᠴᠡᠭ᠎ᠤᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠨᠠᠮᠳᠠᠭᠤᠯᠬᠤ ᠪᠠ ᠵᠣᠬᠢᠴᠠᠬᠤ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠬᠦᠯᠡᠮᠵᠢ᠎ᠶ᠋ᠢᠨ ᠬᠡᠢ ᠪᠡᠶᠡᠲᠦ᠍᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠬᠢᠵᠠᠭᠠᠷᠯᠠᠵᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠠᠱᠢᠭ ᠦᠭᠡᠢ ᠨᠥᠯᠥᠭᠡ ᠪᠠ ᠠᠶᠤᠯ ᠲᠦᠭ᠌ᠰᠢᠭᠦᠷᠢ᠎ᠶ᠋ᠢ ᠢᠳᠡᠪᠬᠢᠲᠡᠶ ᠠᠷᠭᠠᠴᠠᠨ᠎ᠠ᠃ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠪᠤᠰᠤ ᠬᠦᠯᠡᠮᠵᠢ᠎ᠶ᠋ᠢᠨ ᠬᠡᠢ ᠪᠡᠶᠡᠲᠦ᠍᠎ᠶ᠋ᠢ ᠬᠢᠨᠠᠨ ᠬᠡᠮᠵᠢᠵᠦ᠍ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠵᠤ᠂ ᠠᠮᠢ ᠠᠬᠤᠶ᠎ᠶ᠋ᠢᠨ ᠱᠢᠰᠲ᠋ᠧᠮ᠎ᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠱᠢᠩᠭᠡᠭᠡᠨ ᠬᠤᠷᠠᠮᠳᠤᠭᠤᠯᠬᠤ ᠨᠡᠮᠡᠭ᠌ᠳᠡᠯ᠎ᠢ ᠳᠡᠭᠡᠭ᠌ᠰᠢᠯᠡᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠱᠢᠩᠭᠡᠭᠡᠨ ᠬᠤᠷᠠᠮᠳᠤᠭᠤᠯᠬᠤ᠎ᠶ᠋ᠢ ᠬᠢᠨᠠᠨ ᠬᠡᠮᠵᠢᠵᠦ᠍ ᠲᠣᠭᠠᠴᠠᠭ᠎ᠠ ᠬᠢᠬᠦ᠌ ᠱᠢᠰᠲ᠋ᠧᠮ᠎ᠢ ᠪᠦᠷᠢᠨᠱᠢᠭᠦᠯᠦᠨ᠎ᠡ᠃ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠵᠠᠩᠭᠢᠯᠠᠭ᠎ᠠ᠎ᠶ᠋ᠢᠨ ᠬᠡᠪᠡᠷᠡᠭ ᠬᠦᠷᠢᠶ᠎ᠠ ᠪᠠ ᠣᠷᠣᠨ ᠪᠦᠰᠡ᠎ᠳᠤ ᠦᠵᠡᠭᠦᠯᠬᠦ᠌ ᠠᠶᠤᠯ ᠲᠦᠭ᠌ᠰᠢᠭᠦᠷᠢ᠎ᠶ᠋ᠢᠨ ᠨᠥᠯᠥᠭᠡ᠎ᠶ᠋ᠢ ᠦᠨᠡᠯᠡᠨ ᠵᠢᠱ᠌ᠢᠬᠦ᠌᠎ᠶ᠋ᠢ ᠴᠢᠩᠭᠠᠳᠭᠠᠵᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠬᠤ ᠢᠯᠠᠩᠭᠤᠶ᠎ᠠ ᠬᠡᠲᠦ ᠬᠡᠴᠡᠬᠦᠥ ᠴᠠᠭ ᠠᠭᠤᠷ᠎ᠢ ᠠᠷᠭᠠᠴᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠪᠦᠬᠦ᠌ ᠪᠥᠮᠪᠥᠷᠴᠡᠭ᠎ᠤᠨ ᠠᠭᠤᠷ ᠠᠮᠢᠰᠭᠤᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠬᠤ ᠪᠠ ᠲᠡᠭᠦᠨ᠎ᠢ ᠬᠥᠳᠥᠯᠥᠨ ᠲᠠᠭᠠᠭᠤᠯᠵᠥ᠍᠂ ᠬᠠᠮᠲᠤ᠎ᠪᠠᠷ ᠡᠭᠦᠷᠭᠡᠯᠡᠬᠦ᠌ ᠪᠣᠯᠪᠠᠴᠤ᠌ ᠢᠯᠭᠠᠭ᠎ᠠ᠎ᠲᠠᠢ ᠪᠠᠢᠬᠤ ᠬᠠᠷᠢᠭᠤᠴᠠᠯᠭ᠎ᠠ᠎ᠶ᠋ᠢᠨ ᠵᠠᠷᠴᠢᠮ᠎ᠢ ᠪᠠᠷᠢᠮᠲᠠᠯᠠᠵᠤ᠂ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠪᠣᠷᠣ ᠲᠥᠯᠥᠪ᠎ᠤᠨ ᠨᠡᠢᠲᠡ᠎ᠶ᠋ᠢᠨ ᠭᠡᠷ᠎ᠡ ᠵᠢᠴᠢ ᠫᠠᠷᠢᠰ᠎ᠤᠨ ᠬᠡᠯᠡᠯᠴᠡᠭᠡᠷ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠬᠤ ᠡᠮᠦᠨᠡᠳᠥ — ᠡᠮᠦᠨᠡᠳᠥᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃
ᠬᠦᠰᠦᠨᠦᠭ᠌ᠲᠦ 20 ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ
01 ᠭᠤᠤᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠤᠷᠠᠭᠤᠯᠬᠤ
ᠢᠯᠴᠢ᠎ᠶ᠋ᠢᠨ ᠴᠠᠬᠢᠯᠭᠠᠨ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ ᠬᠢᠮᠢ᠎ᠶ᠋ᠢᠨ ᠠᠵᠤ ᠦᠢᠯᠡᠳᠪᠦᠷᠢ᠂ ᠬᠢᠮᠢ᠎ᠶ᠋ᠢᠨ ᠠᠵᠤ ᠦᠢᠯᠡᠳᠪᠦᠷᠢ᠂ ᠪᠠᠷᠢᠯᠭ᠎ᠠ᠎ᠶ᠋ᠢᠨ ᠮᠠᠲ᠋ᠧᠷᠢᠶᠠᠯ ᠵᠡᠷᠭᠡ ᠭᠤᠣᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠤᠷᠠᠭᠤᠯᠬᠤ ᠥᠭᠡᠷᠡᠴᠢᠯᠡᠯᠲᠡ᠎ᠶ᠋ᠢᠨ ᠡᠷᠴᠢᠮ᠎ᠢ ᠴᠢᠩᠭᠠᠷᠠᠭᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠮᠡᠷᠭᠡᠵᠢᠯ᠎ᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠡᠨᠧᠷᠭᠢ ᠠᠷᠪᠢᠯᠠᠬᠤ ᠬᠡᠮᠵᠢᠶ᠎ᠡ᠎ᠶ᠋ᠢ 1.5 ᠳ᠋ᠦᠩᠱᠢᠭᠤᠷ ᠲᠣᠨ ᠪᠠᠷᠢᠮᠵᠢᠶᠠᠲᠤ ᠨᠡᠭᠦᠷᠡᠰᠦ᠎ᠠᠴᠠ ᠳᠡᠭᠡᠭ᠌ᠰᠢ ᠪᠠᠢᠯᠭᠠᠬᠤ᠎ᠶ᠋ᠢ ᠪᠡᠶᠡᠯᠡᠭᠦᠯᠵᠦ᠍᠂ ᠣᠯᠠᠨ ᠨᠡᠢᠲᠡ᠎ᠶ᠋ᠢᠨ ᠪᠠᠢᠭᠤᠯᠤᠮᠵᠢ᠎ᠶ᠋ᠢᠨ ᠨᠢᠭᠡᠴᠢ ᠪᠠᠷᠢᠯᠭ᠎ᠠ᠎ᠶ᠋ᠢᠨ ᠲᠠᠯᠠᠪᠠᠢ᠎ᠶ᠋ᠢᠨ ᠡᠨᠧᠷᠭᠢ᠎ᠶ᠋ᠢᠨ ᠬᠤᠷᠣᠭ᠍ᠳᠠᠭᠤᠯᠤᠯ᠎ᠢ 5% ᠪᠠᠷ ᠪᠠᠭᠤᠷᠠᠭᠤᠯᠤᠨ᠎ᠠ᠃
02 ᠨᠡᠭᠦᠷᠡᠰᠦᠨ᠎ᠤ ᠬᠡᠷᠡᠭ᠌ᠯᠡᠭᠡᠨ᠎ᠤ ᠠᠷᠢᠭᠤᠨ ᠴᠡᠪᠡᠷ ᠣᠷᠣᠯᠠᠭᠤᠯᠤᠯᠲᠠ
ᠠᠮᠢᠳᠥ ᠪᠤᠳᠠᠰ᠎ᠤᠨ ᠲᠥᠯᠡᠰᠢ ᠬᠤᠯᠢᠵᠤ ᠱᠢᠲᠠᠭᠠᠬᠤ᠂ ᠨᠣᠭᠤᠭᠠᠨ ᠱᠢᠪᠲᠦᠷ ᠬᠤᠯᠢᠵᠤ ᠱᠢᠲᠠᠭᠠᠬᠤ ᠵᠡᠷᠭᠡ ᠨᠡᠭᠦᠷᠡᠰᠦᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢ ᠨᠡᠭᠦᠷᠡᠰᠦᠲᠥ᠋ᠷᠥᠭ᠌ᠴᠢ ᠪᠠᠭᠠᠳᠠᠢ ᠪᠤᠯᠭᠠᠬᠤ ᠥᠭᠡᠷᠡᠴᠢᠯᠡᠯᠲᠡ᠎ᠶ᠋ᠢᠨ ᠵᠢᠱ᠌ᠢᠶ᠎ᠡ ᠦᠵᠡᠭᠦᠯᠬᠦ᠌ ᠨᠢᠭᠡ ᠪᠦᠯᠦᠭ ᠲᠥᠰᠥᠯ᠎ᠢ ᠪᠥᠳᠥᠭᠡᠨ ᠪᠠᠢᠭᠤᠯᠵᠤ᠂ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢ ᠨᠡᠭᠦᠷᠡᠰᠦᠲᠥ᠋ᠷᠥᠭ᠌ᠴᠢ ᠪᠠᠭᠠᠳᠠᠢ ᠪᠤᠯᠭᠠᠬᠤ ᠥᠭᠡᠷᠡᠴᠢᠯᠡᠯᠲᠡ᠎ᠶ᠋ᠢᠨ ᠲᠥᠰᠥᠯ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠢᠳᠡᠭᠡᠨ᠎ᠤ ᠵᠥᠢᠯ᠂ ᠨᠡᠬᠡᠮᠡᠯ᠂ ᠴᠠᠭᠠᠰᠤ ᠬᠢᠬᠦ᠌ ᠵᠡᠷᠭᠡ ᠠᠵᠢᠯ ᠲᠥᠷᠥᠯ᠎ᠤᠨ ᠨᠡᠭᠦᠷᠡᠰᠦ ᠱᠢᠲᠠᠭᠠᠬᠤ ᠭᠥᠸᠧᠯᠥ᠍ ᠪᠣᠯᠤᠨ ᠠᠵᠤ ᠦᠢᠯᠡᠳᠪᠦᠷᠢ᠎ᠶ᠋ᠢᠨ ᠵᠤᠤᠬ᠎ᠠ᠎ᠶ᠋ᠢᠨ ᠠᠷᠢᠭᠤᠨ ᠴᠡᠪᠡᠷ ᠣᠷᠣᠯᠠᠭᠤᠯᠥᠯᠳᠡᠶ᠋ᠢ ᠠᠬᠢᠭᠤᠯᠵᠤ᠂ ᠨᠡᠭᠦᠷᠡᠰᠦ ᠬᠡᠷᠡᠭ᠌ᠯᠡᠬᠦ᠌ ᠬᠡᠮᠵᠢᠶ᠎ᠡ᠎ᠶ᠋ᠢᠨ ᠣᠷᠣᠯᠠᠭᠤᠯᠤᠯᠲᠠ᠎ᠶ᠋ᠢ ᠵᠢᠯ᠎ᠳᠤ 3000 ᠲᠦᠮᠡᠨ ᠲᠣᠨ᠎ᠳᠤ ᠬᠦᠷᠬᠡᠬᠦ᠌᠎ᠶ᠋ᠢ ᠠᠬᠢᠭᠤᠯᠤᠨ᠎ᠠ᠃
03 ᠨᠡᠭᠦᠷᠡᠰᠦᠲᠥ᠋ᠷᠥᠭ᠌ᠴᠢ ᠥᠯᠥ᠍ ᠭᠠᠳᠠᠭ᠍ᠰᠢᠯᠠᠭᠤᠯᠬᠤ ᠬᠦᠷᠢᠶᠡᠯᠡᠩ ᠲᠣᠭᠤᠷᠢᠭ ᠪᠠ ᠨᠡᠭᠦᠷᠡᠰᠦᠲᠥ᠋ᠷᠥᠭ᠌ᠴᠢ ᠥᠯᠥ᠍ ᠭᠠᠳᠠᠭ᠍ᠰᠢᠯᠠᠭᠤᠯᠬᠤ ᠲᠡᠭᠡᠭᠡᠪᠦᠷᠢ᠎ᠶ᠋ᠢᠨ ᠬᠤᠩᠭᠢᠯ᠎ᠤᠨ ᠪᠦᠲᠦᠭᠡᠨ ᠪᠠᠢᠭᠤᠯᠤᠯᠲᠠ
ᠨᠤᠭᠤᠭᠠᠨ ᠡᠨᠧᠷᠭᠢ᠎ᠶ᠋ᠢᠨ ᠰᠤᠷᠪᠤᠯᠵᠢ᠎ᠪᠠᠷ ᠨᠤᠭᠤᠭᠠᠨ ᠥᠢᠯᠡᠳᠬᠦᠨ ᠥᠢᠯᠡᠳᠬᠦ᠌ ᠬᠡᠪ ᠵᠠᠭ᠍ᠪᠤᠷ᠎ᠢ ᠬᠥᠭ᠌ᠵᠢᠭᠦᠯᠵᠦ᠍᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠨᠣᠭᠤᠭᠠᠨ ᠴᠠᠬᠢᠯᠭᠠᠨ᠎ᠤ ᠱᠢᠭᠤᠳ ᠬᠠᠩᠭᠠᠯᠭ᠎ᠠ᠎ᠶ᠋ᠢ ᠬᠥᠭ᠌ᠵᠢᠭᠦᠯᠥᠨ᠂ ᠨᠡᠭᠦᠷᠡᠰᠦᠲᠥ᠋ᠷᠥᠭ᠌ᠴᠢ ᠥᠯᠥ᠍ ᠭᠠᠳᠠᠭ᠍ᠰᠢᠯᠠᠭᠤᠯᠬᠤ ᠤᠯᠤᠰ᠎ᠤᠨ ᠲᠡᠰ᠎ᠤᠨ ᠬᠦᠷᠢᠶᠡᠯᠡᠩ ᠲᠣᠭᠤᠷᠢᠭ᠎ᠢ 100 ᠣᠷᠴᠢᠮ ᠪᠥᠳᠥᠭᠡᠨ ᠪᠠᠢᠭᠤᠯᠤᠨ᠎ᠠ᠃ ᠪᠠᠷᠠᠭᠠᠨ᠎ᠤ ᠲᠡᠭᠡᠭᠡᠪᠤᠷᠢ᠎ᠶ᠋ᠢᠨ ᠬᠡᠮᠵᠢᠶ᠎ᠡ ᠲᠥᠪᠯᠡᠷᠡᠭ᠌ᠰᠡᠨ ᠲᠡᠭᠡᠭᠡᠪᠦᠷᠢ᠎ᠶ᠋ᠢᠨ ᠵᠠᠮ᠎ᠢᠶᠠᠷ ᠭᠤᠣᠯᠳᠠᠯᠭ᠎ᠠ ᠪᠣᠯᠭᠠᠨ᠂ ᠴᠠᠬᠢᠯᠭᠠᠨ ᠴᠡᠨᠡᠭ᠌ᠯᠡᠬᠦ᠌ ᠴᠡᠨᠡᠭ ᠰᠣᠯᠢᠬᠤ᠂ ᠤᠰᠤᠲᠥ᠋ᠷᠥᠭ᠌ᠴᠢ ᠱᠢᠪᠲᠦᠷ ᠠᠯᠺᠣᠣᠯ ᠨᠡᠮᠡᠬᠦ᠂ ᠭᠡᠷᠡᠯ ᠬᠠᠳᠠᠭᠠᠯᠠᠬᠤ᠎ᠶ᠋ᠢ ᠨᠢᠭᠡ ᠴᠣᠭ᠍ᠴᠠᠵᠢᠭᠤᠯᠬᠤ ᠵᠡᠷᠭᠡ ᠲᠥᠭᠦᠭᠡᠷᠥᠮᠵᠢ᠎ᠶ᠋ᠢ ᠪᠦᠲᠦᠭᠡᠨ ᠪᠠᠢᠭᠤᠯᠵᠤ᠂ ᠨᠡᠭᠦᠷᠡᠰᠦᠲᠥ᠋ᠷᠥᠭ᠌ᠴᠢ ᠥᠯᠥ᠍ ᠭᠠᠳᠠᠭ᠍ᠰᠢᠯᠠᠭᠤᠯᠬᠤ ᠲᠡᠭᠡᠭᠡᠪᠦᠷᠢ᠎ᠶ᠋ᠢᠨ ᠬᠤᠩᠭᠢᠯ᠎ᠤᠨ ᠨᠢᠭᠡ ᠪᠦᠯᠦᠭ ᠵᠢᠱ᠌ᠢᠶ᠎ᠡ ᠦᠵᠡᠭᠦᠯᠬᠦ᠌ ᠵᠠᠮ᠎ᠤᠨ ᠬᠡᠰᠡᠭ (ᠤᠰᠤᠨ ᠵᠠᠮ᠎ᠤᠨ ᠬᠡᠰᠡᠭ)᠎ᠢ ᠪᠦᠲᠦᠭᠡᠨ ᠪᠠᠢᠭᠤᠯᠤᠨ᠎ᠠ᠃
04 ᠣᠷᠴᠢᠯ ᠠᠵᠤ ᠠᠬᠤᠶ᠎ᠪᠠᠷ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠪᠠᠭᠤᠷᠠᠭᠤᠯᠬᠤ᠎ᠳᠤ ᠬᠦᠴᠦᠨ ᠨᠡᠮᠡᠷᠢᠯᠡᠬᠦ᠌
ᠬᠠᠶᠠᠭ᠍ᠳᠠᠮᠠᠯ ᠪᠣᠳᠠᠰ᠎ᠢ ᠨᠠᠷᠢᠯᠢᠬ ᠬᠤᠷᠢᠶᠠᠨ ᠠᠪᠴᠤ᠌ ᠤᠷᠴᠢᠯᠳᠤᠭᠤᠯᠬᠤ᠂ ᠳᠠᠬᠢᠯᠳᠠ ᠡᠬᠢ ᠪᠠᠶᠠᠯᠢᠭ᠎ᠢ ᠪᠤᠯᠪᠠᠰᠤᠷᠠᠭᠤᠯᠤᠨ ᠠᠱᠢᠭ᠍ᠯᠠᠬᠤ᠂ ᠴᠢᠨᠠᠷ ᠰᠠᠢᠲᠠᠶ ᠳᠠᠬᠢᠯᠳᠠ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠬᠠᠶᠠᠭ᠍ᠳᠠᠮᠠᠯ ᠴᠠᠬᠢᠯᠭᠠᠨ ᠬᠡᠷᠡᠭ᠌ᠰᠡᠯ ᠡᠯᠧᠺᠲᠷᠣᠨ ᠦᠢᠯᠡᠳᠬᠦᠨ᠂ ᠬᠠᠶᠠᠭ᠍ᠳᠠᠮᠠᠯ ᠬᠥᠳᠡᠯᠭᠡᠭ᠌ᠴᠢ ᠬᠦᠴᠦᠨ᠎ᠤ ᠳ᠋ᠢᠶᠠᠨ ᡂᠢ᠂ ᠬᠡᠷᠡᠭ᠌ᠴᠡᠭᠡᠨᠠᠴᠠ ᠭᠠᠷᠤᠭ᠍ᠰᠠᠨ ᠰᠠᠯᠬᠢᠨ ᠴᠠᠬᠢᠯᠭᠠᠨ ᠪᠠ ᠭᠡᠷᠡᠯ ᠴᠠᠬᠢᠯᠭᠠᠨ᠎ᠤ ᠪᠡᠯᠡᠳᠭᠡᠮᠵᠢ᠂ ᠬᠡᠷᠡᠭ᠌ᠯᠡᠭᠡᠨ᠎ᠠᠴᠠ ᠭᠠᠷᠭᠠᠭ᠍ᠰᠠᠨ ᠮᠠᠱᠢᠨ ᠲᠡᠷᠭᠡ ᠵᠡᠷᠭᠡ ᠥᠢᠯᠡᠳᠬᠦ᠎ᠨᠢ ᠥᠨᠳᠥᠷ ᠥᠷᠲᠡᠭ᠌ᠵᠢᠬᠦᠯᠥᠨ ᠵᠢᠷᠤᠮᠵᠢᠭᠤᠯᠥᠨ ᠠᠱᠢᠭ᠍ᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠂ ᠭᠤᠤᠯ ᠪᠣᠯᠬᠤ ᠡᠬᠢ ᠪᠠᠶᠠᠯᠢᠭ᠎ᠤᠨ ᠭᠠᠷᠤᠯᠲᠠ᠎ᠶ᠋ᠢᠨ ᠨᠤᠷᠮ᠎ᠠ᠎ᠶ᠋ᠢ 16% ᠣᠷᠴᠢᠮ᠎ᠢᠶᠠᠷ ᠳᠡᠭᠡᠭ᠌ᠰᠢᠯᠡᠭᠦᠯᠦᠨ᠎ᠡ᠃
05 ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠪᠤᠰᠤ ᠬᠦᠯᠡᠮᠵᠢ᠎ᠶ᠋ᠢᠨ ᠬᠡᠢ ᠪᠡᠶᠡᠲᠦ᠍᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ
ᠨᠡᠭᠦᠷᠡᠰᠦᠨ ᠠᠭᠤᠷᠬᠠᠶ ᠮᠠᠯᠲᠠᠬᠤ᠂ ᠲᠠᠷᠢᠵᠤ ᠤᠷᠭᠤᠭᠤᠯᠬᠤ ᠲᠡᠵᠢᠭᠡᠨ ᠦᠷᠡᠵᠢᠭᠦᠯᠬᠦ᠂ ᠬᠠᠶᠠᠭ᠍ᠳᠠᠮᠠᠯ ᠪᠣᠳᠠᠰ ᠱᠢᠢᠳᠪᠦᠷᠢᠯᠡᠬᠦ᠂ ᠬᠢᠮᠢ᠎ᠶ᠋ᠢᠨ ᠠᠵᠤ ᠥᠢᠯᠡᠳᠪᠦᠷᠢ᠎ᠶ᠋ᠢᠨ ᠦᠢᠯᠡᠳᠬᠦᠨ ᠥᠢᠯᠡᠳᠪᠦᠷᠢᠯᠡᠬᠦ᠌ ᠵᠡᠷᠭᠡ ᠬᠦᠷᠢᠶᠡᠨ᠎ᠳᠤ ᠮᠧᠲ᠋ᠠᠨ᠂ ᠠᠽᠣᠲ᠎ᠤᠨ ᠢᠰᠦᠯ᠂ ᠤᠰᠤᠲᠥ᠋ᠷᠥᠭ᠌ᠴᠢ ᠹᠯᠣᠷ᠎ᠤᠨ ᠨᠡᠭᠦᠷᠡᠰᠦᠲᠥ᠋ᠷᠥᠭ᠌ᠴᠢᠲᠦ ᠨᠢᠭᠡᠳᠪᠦᠷᠢ ᠵᠡᠷᠭᠡ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠪᠤᠰᠤ ᠬᠦᠯᠡᠮᠵᠢ᠎ᠶ᠋ᠢᠨ ᠬᠡᠢ ᠪᠡᠶᠡᠲᠦ᠍᠎ᠶ᠋ᠢ ᠵᠠᠰᠠᠬᠤ ᠢᠨᠵᠧᠨᠧᠷᠢᠩ᠎ᠢ ᠬᠡᠷᠡᠭ᠌ᠵᠢᠭᠦᠯᠵᠥ᠍᠂ 3000 ᠲᠦᠮᠡᠨ ᠲᠣᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠲᠠᠢ ᠲᠡᠩᠴᠡᠭᠦ᠌ ᠬᠡᠮᠵᠢᠶᠡᠨ᠎ᠤ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠥᠯᠳᠡᠶ᠋ᠢ ᠪᠠᠭᠠᠰᠭᠠᠬᠤ ᠴᠢᠳᠠᠪᠤᠷᠢ᠎ᠶ᠋ᠢ ᠪᠤᠢ ᠪᠣᠯᠭᠠᠬᠤ᠎ᠶ᠋ᠢ ᠠᠬᠢᠭᠤᠯᠤᠨ᠎ᠠ᠃
06 ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ ᠰᠠᠭᠤᠷᠢ ᠴᠢᠳᠠᠪᠤᠷᠢ᠎ᠶ᠋ᠢ ᠳᠡᠭᠡᠭ᠌ᠰᠢᠯᠡᠬᠦᠯᠬᠦ᠌
ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠳ᠋ᠠᠢᠲ᠋ᠠ᠎ᠶ᠋ᠢ ᠶᠡᠷᠦᠩᠬᠡᠢᠯᠡᠨ ᠬᠠᠮᠢᠶᠠᠷᠬᠤ ᠱᠢᠰᠲ᠋ᠧᠮ᠂ ᠤᠯᠤᠰ᠎ᠤᠨ ᠬᠦᠯᠡᠮᠵᠢ᠎ᠶ᠋ᠢᠨ ᠬᠡᠢ ᠪᠡᠶᠡᠲᠦ ᠭᠠᠳᠠᠭ᠍ᠰᠢᠯᠠᠭᠤᠯᠬᠤ ᠹᠠᠺᠲ᠋ᠤᠷ᠎ᠤᠨ ᠳ᠋ᠠᠢᠲ᠋ᠠ ᠬᠥᠮᠥᠷᠭᠡ᠂ ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠯᠲᠡ᠎ᠶ᠋ᠢᠨ ᠲᠤᠷᠱᠢᠯᠲᠠ᠎ᠶ᠋ᠢᠨ ᠲᠠᠰᠤᠭ᠎ᠢ ᠪᠦᠲᠦᠭᠡᠨ ᠪᠠᠢᠭᠤᠯᠤᠨ᠎ᠠ᠃ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠬᠤᠷᠠᠮᠳᠤᠭᠤᠯᠬᠤ ᠪᠠ ᠠᠮᠢᠳᠤ ᠪᠣᠳᠠᠰ᠎ᠤᠨ ᠱᠢᠩᠭᠡᠭᠡᠨ ᠠᠪᠬᠤ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠵᠢᠴᠢ ᠢᠨᠵᠧᠨᠧᠷᠢᠩᠵᠢᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠨᠡᠭᠦᠷᠡᠰᠦᠲᠥ᠋ᠷᠥᠭ᠌ᠴᠢ᠎ᠶ᠋ᠢ ᠬᠤᠷᠠᠮᠳᠤᠭᠤᠯᠤᠨ ᠠᠱᠢᠭ᠍ᠯᠠᠬᠤ ᠪᠠ ᠪᠢᠲᠡᠭᠦᠮᠵᠢᠯᠡᠨ ᠬᠠᠳᠠᠭᠠᠯᠠᠬᠤ ᠵᠢᠱ᠌ᠢᠶ᠎ᠡ ᠦᠵᠡᠭᠦᠯᠬᠦ᠌ ᠲᠥᠰᠥᠯ᠎ᠤᠨ ᠪᠦᠲᠦᠭᠡᠨ ᠪᠠᠢᠭᠤᠯᠤᠯᠲᠠ᠎ᠶ᠋ᠢ ᠳᠡᠮᠵᠢᠨ᠎ᠡ᠃
ᠳᠥᠴᠢᠨ ᠨᠠᠢ᠍ᠮᠠᠳᠤᠭᠠᠷ ᠪᠦᠯᠦᠭ ᠣᠷᠴᠢᠨ ᠠᠬᠤᠶ᠎ᠶ᠋ᠢᠨ ᠶᠠᠰᠥ᠍ ᠴᠢᠨᠠᠷ᠎ᠢ ᠦᠷᠭᠦᠯᠵᠢᠯᠡᠨ ᠰᠠᠢᠵᠢᠷᠠᠭᠤᠯᠤᠨ᠎ᠠ
ᠠᠷᠠᠳ ᠲᠥᠮᠡᠨ᠎ᠤ ᠲᠥᠯᠥᠭᠡ ᠣᠷᠴᠢᠨ ᠠᠬᠤᠢ᠎ᠶ᠋ᠢ ᠬᠠᠮᠠᠭᠠᠯᠠᠬᠤ᠎ᠶ᠋ᠢ ᠪᠠᠷᠢᠮᠲᠠᠯᠠᠵᠤ᠂ ᠨᠠᠷᠢᠯᠢᠬ ᠣᠨᠣᠴᠠᠲᠠᠶ᠎ᠪᠠᠷ᠂ ᠱᠢᠨᠵᠢᠯᠡᠬᠦ᠌ ᠤᠬᠠᠭᠠᠨᠴᠢ᠎ᠪᠠᠷ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠨᠠᠩ ᠢᠯᠡᠭᠦᠥ ᠴᠢᠬᠤᠯᠠᠴᠢᠯᠠᠵᠤ᠂ ᠪᠣᠬᠢᠷᠲᠤᠯ᠎ᠢ ᠪᠠᠭᠠᠰᠭᠠᠬᠤ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠪᠠᠭᠤᠷᠠᠭᠤᠯᠬᠤ᠎ᠶ᠋ᠢ ᠬᠠᠮᠵᠢᠯᠴᠠᠭᠤᠯᠬᠤ᠂ ᠣᠯᠠᠨ ᠪᠣᠬᠢᠷᠲᠤᠭᠤᠯᠬᠤ ᠪᠣᠳᠠᠰ᠎ᠢ ᠬᠢᠵᠠᠭᠠᠷᠯᠠᠬᠤ᠎ᠶ᠋ᠢ ᠬᠠᠮᠵᠢᠯᠴᠠᠭᠤᠯᠬᠤ᠂ ᠣᠷᠣᠨ ᠪᠦᠰᠡ᠎ᠶ᠋ᠢᠨ ᠵᠠᠰᠠᠯᠲᠠ᠎ᠶ᠋ᠢ ᠬᠠᠮᠵᠢᠯᠴᠠᠭᠤᠯᠬᠤ᠎ᠶ᠋ᠢ ᠴᠢᠩᠭᠠᠳᠭᠠᠵᠤ᠂ ᠣᠷᠴᠢᠨ ᠠᠬᠤᠢ᠎ᠶ᠋ᠢᠨ ᠶᠠᠰᠥ᠍ ᠴᠢᠨᠠᠷ᠎ᠤᠨ ᠰᠠᠢᠵᠢᠷᠠᠯᠲᠠ᠎ᠶ᠋ᠢ ᠲᠣᠭᠠᠨ᠎ᠤ ᠬᠤᠪᠢᠷᠠᠯᠲᠠ᠎ᠠᠴᠠ ᠴᠢᠨᠠᠷ᠎ᠤᠨ ᠬᠤᠪᠢᠷᠠᠯᠲᠠ ᠲᠡᠢᠰᠢ ᠲᠦᠷᠭᠡᠯᠡᠨ ᠠᠬᠢᠭᠤᠯᠤᠨ᠎ᠠ᠃
ᠨᠢᠭᠡᠳᠦᠭᠡᠷ ᠬᠡᠰᠡᠭ ᠴᠡᠯᠮᠡᠭ ᠲᠡᠭ᠌ᠷᠢ᠂ ᠲᠤᠩᠭᠠᠯᠠᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠨ᠎ᠢ ᠭᠦᠨᠵᠡᠭᠡᠶ ᠰᠠᠢᠲᠤᠷ ᠬᠢᠨ᠎ᠡ
ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠥᠨ ᠠᠬᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ᠍ ᠱᠢᠷᠣᠶ᠎ᠶ᠋ᠢᠨ ᠣᠷᠴᠢᠨ ᠠᠬᠤᠶ᠎ᠶ᠋ᠢᠨ ᠶᠠᠰᠥ᠍ ᠴᠢᠨᠠᠷ᠎ᠢ ᠨᠡᠩ ᠥᠨᠳᠥᠷ ᠪᠠᠷᠢᠮᠵᠢᠶ᠎ᠠ᠎ᠪᠠᠷ ᠰᠠᠢᠵᠢᠷᠠᠭᠤᠯᠤᠨ᠎ᠠ᠃ ᠪᠡᠭᠡᠵᠢᠩ ᠲᠢᠶᠠᠨᠵᠢᠨ ᠾᠧᠪᠧᠶ ᠵᠢᠴᠢ ᠡᠷᠭᠢᠨ ᠲᠣᠭᠤᠷᠢᠨ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠹᠧᠨᠾᠧ ᠭᠤᠣᠯ ᠸᠧᠢ᠌ᠾᠧ ᠭᠤᠤᠯ᠎ᠤᠨ ᠲᠠᠯ᠎ᠠ ᠭᠠᠵᠠᠷ ᠵᠡᠷᠭᠡ ᠭᠤᠣᠯᠳᠠᠯᠭ᠎ᠠ᠎ᠲᠠᠢ ᠣᠷᠣᠨ ᠪᠦᠰᠡ᠎ᠪᠠᠷ ᠭᠤᠣᠯ ᠳᠠᠢᠨ᠎ᠤ ᠲᠠᠯᠠᠪᠤᠷ ᠪᠣᠯᠭᠠᠵᠤ᠂ ᠵᠢᠵᠢᠭ ᠮᠥᠬᠦᠯᠢᠭ᠌ᠲᠦ ᠪᠣᠳᠠᠰ (PM2.5)᠎ᠢ ᠬᠢᠵᠠᠭᠠᠷᠯᠠᠬᠤ᠎ᠶ᠋ᠢ ᠴᠢᠩᠭᠠᠳᠭᠠᠵᠤ᠂ ᠭᠤᠤᠯᠳᠠᠯᠭ᠎ᠠ᠎ᠲᠠᠢ ᠠᠵᠢᠯ ᠲᠥᠷᠥᠯ᠎ᠤᠨ ᠬᠡᠳᠦ ᠳᠣᠥᠷ᠎ᠠ ᠭᠠᠳᠠᠭ᠍ᠰᠢᠯᠠᠭᠤᠯᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠥᠨ ᠠᠬᠢᠭᠤᠯᠵᠤ᠂ ᠳᠡᠭ᠌ᠳᠡᠮᠡᠬᠡᠶ ᠣᠷᠭᠠᠨᠢᠭ ᠪᠣᠳᠠᠰ᠎ᠢ ᠡᠬᠢ ᠡᠭᠦᠰᠦᠯ᠎ᠠᠴᠠ᠎ᠨᠢ ᠣᠷᠣᠯᠠᠭᠤᠯᠬᠤ ᠪᠠ ᠪᠦᠬᠦ᠌ ᠶᠠᠪᠤᠴᠠ᠎ᠳᠤ ᠵᠠᠰᠠᠬᠤ᠎ᠶ᠋ᠢ ᠠᠬᠢᠭᠤᠯᠵᠥ᠍᠂ ᠳᠠᠷᠠᠭᠠᠬᠢ ᠨᠢᠭᠡ ᠱᠠᠲᠤᠨ᠎ᠤ ᠮᠠᠱᠢᠨᠲᠤ ᠲᠡᠷᠭᠡᠨ᠎ᠤ ᠭᠠᠳᠠᠭ᠍ᠰᠢᠯᠠᠭᠤᠯᠤᠯᠲᠠ ᠪᠠ ᠲᠣᠰᠣᠨ᠎ᠤ ᠵᠦᠢᠯ᠎ᠤᠨ ᠶᠠᠰᠤ ᠴᠢᠨᠠᠷ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ᠂ ᠠᠭᠠᠷ ᠮᠠᠨᠳᠠᠯ᠎ᠤᠨ ᠣᠷᠴᠢᠨ ᠠᠬᠤᠢ᠎ᠶ᠋ᠢᠨ ᠠᠮᠵᠢᠯᠳᠠ ᠪᠦᠲᠦᠮᠵᠢ᠎ᠶ᠋ᠢ ᠳᠡᠰ ᠬᠤᠪᠢᠶᠠᠨ ᠬᠠᠮᠢᠶᠠᠷᠬᠤ᠎ᠶ᠋ᠢ ᠭᠦᠨᠵᠡᠭᠡᠢᠷᠡᠭᠦᠯᠵᠦ᠍᠂ ᠠᠽᠣᠲ᠎ᠤᠨ ᠢᠰᠦᠮᠡᠭ ᠪᠣᠳᠠᠰ᠂ ᠳᠡᠭ᠌ᠳᠡᠮᠡᠬᠡᠶ ᠣᠷᠭᠠᠨᠢᠭ ᠪᠣᠳᠠᠰ᠎ᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠲᠣᠰ ᠪᠥᠷᠢ 8% ᠠᠴᠠ ᠳᠡᠭᠡᠭ᠌ᠰᠢ ᠪᠠᠭᠤᠷᠠᠭᠤᠯᠵᠥ᠍᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠤᠯᠠᠮ ᠨᠢᠭᠡ ᠠᠯᠬᠤᠮ ᠠᠷᠢᠯᠭᠠᠨ᠎ᠠ᠃ ᠬᠥᠬᠡᠮᠥ᠋ᠷᠡᠨ᠎ᠤ ᠲᠤᠮᠳᠠᠳᠤ ᠤᠷᠤᠰᠭᠠᠯ᠂ ᠴᠸᠡᠭ᠌ᠳᠥ᠋ ᠴᠥᠡᠭ᠌ᠴᠢᠩ ᠵᠡᠷᠭᠡ ᠤᠷᠤᠨ ᠪᠥᠰᠡ᠎ᠶ᠋ᠢᠨ ᠠᠭᠠᠷ ᠮᠠᠨᠳᠠᠯ᠎ᠤᠨ ᠪᠤᠬᠢᠷᠳᠥᠯᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠨ᠎ᠠ᠃ ᠢᠳᠡᠭᠡᠨ ᠤᠮᠳᠠᠭᠠᠨ᠎ᠤ ᠲᠣᠰᠣᠨ ᠤᠲᠤᠭ᠎ᠠ᠂ ᠦᠮᠡᠬᠡᠶ ᠮᠠᠭᠤᠬᠠᠢ ᠦᠨᠦᠷ ᠪᠠ ᠣᠷᠴᠢᠨ ᠲᠣᠭᠤᠷᠢᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠵᠠᠰᠠᠬᠤ᠎ᠶ᠋ᠢ ᠴᠢᠩᠭᠠᠳᠭᠠᠨ᠎ᠠ᠃ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠠᠬᠤᠢ᠂ ᠤᠰᠤᠨ᠎ᠤ ᠠᠮᠢ ᠠᠬᠤᠢ᠎ᠶ᠋ᠢᠨ ᠵᠠᠰᠠᠯᠲᠠ᠎ᠶ᠋ᠢ ᠨᠢᠭᠡᠳᠦᠯᠲᠡᠶ ᠲᠥᠯᠥᠪᠯᠡᠵᠦ᠍᠂ ᠪᠦᠬᠦ᠌ ᠰᠠᠪᠠ ᠭᠠᠵᠠᠷ ᠪᠣᠯᠤᠨ ᠮᠤᠵᠢ᠎ᠶ᠋ᠢᠨ ᠵᠠᠭᠠᠭ ᠠᠯᠤᠰᠯᠠᠭ᠍ᠰᠠᠨ ᠳᠣᠪᠤᠢᠮ᠎ᠠ ᠠᠰᠠᠭᠤᠳᠠᠯ᠎ᠢ ᠱᠢᠢᠳᠪᠦᠷᠢᠯᠡᠬᠦ᠌᠎ᠪᠠᠷ ᠭᠤᠤᠯᠳᠠᠯᠭ᠎ᠠ ᠪᠣᠯᠭᠠᠨ᠂ ᠴᠢᠬᠤᠯᠠ ᠭᠤᠤᠯ ᠮᠥᠷᠡᠨ ᠨᠠᠭᠤᠷ ᠴᠥᠭᠦᠷᠥᠮ᠎ᠢ ᠱᠢᠰᠲ᠋ᠧᠮ᠎ᠲᠠᠢ ᠵᠠᠰᠠᠬᠤ ᠪᠠ ᠠᠮᠢ ᠠᠬᠤᠶ᠎ᠶ᠋ᠢ᠎ᠨᠢ ᠬᠠᠮᠠᠭᠠᠯᠠᠬᠤ᠎ᠶ᠋ᠢ ᠴᠢᠩᠭᠠᠳᠭᠠᠵᠥ᠍᠂ ᠭᠤᠤᠯᠳᠠᠯᠭ᠎ᠠ᠎ᠲᠠᠢ ᠰᠠᠪᠠ ᠭᠠᠵᠠᠷ ᠳᠠᠯᠠᠶ᠎ᠶ᠋ᠢᠨ ᠣᠷᠣᠨ᠎ᠤ ᠭᠤᠤᠯ ᠮᠥᠷᠡᠨ ᠳᠠᠯᠠᠶ ᠲᠠᠩᠭᠢᠰ ᠤᠷᠤᠭᠤ ᠪᠣᠬᠢᠷᠲᠤᠭᠤᠯᠬᠤ ᠪᠤᠳᠠᠰ ᠭᠠᠳᠠᠭ᠍ᠰᠢᠯᠠᠭᠤᠯᠬᠤ ᠠᠮᠠᠰᠠᠷ᠎ᠢ ᠰᠠᠮᠨᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠵᠥ᠍᠂ ᠬᠢᠮᠢ᠎ᠶ᠋ᠢᠨ ᠬᠦᠴᠢᠯᠲᠥ᠋ᠷᠥᠭ᠌ᠴᠢ ᠬᠡᠷᠡᠭ᠌ᠰᠡᠬᠦ᠌ ᠬᠡᠮᠵᠢᠶ᠎ᠡ᠂ ᠹᠣᠰᠹᠣᠷ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ᠎ᠶ᠋ᠢ ᠲᠣᠰ ᠪᠥᠷᠢ 6% ᠪᠠᠷ ᠪᠠᠭᠤᠷᠠᠭᠤᠯᠵᠤ᠂ ᠬᠤᠲᠠ᠎ᠶ᠋ᠢᠨ ᠪᠤᠬᠢᠷ ᠦᠮᠡᠬᠡᠶ ᠤᠰᠤᠨ ᠴᠣᠭ᠍ᠴᠠ᠎ᠶ᠋ᠢ ᠵᠠᠰᠠᠬ᠍ᠰᠠᠨ ᠦᠷ᠎ᠡ ᠪᠦᠲᠦᠮᠵᠢ᠎ᠶ᠋ᠢ ᠪᠠᠬᠢᠵᠢᠭᠦᠯᠦᠨ᠂ ᠱᠢᠶᠠᠨ ᠪᠠ ᠱᠢᠶᠠᠩ᠎ᠤᠨ ᠪᠤᠬᠢᠷ ᠦᠮᠡᠬᠡᠶ ᠤᠰᠤᠨ ᠴᠣᠭ᠍ᠴᠠ᠎ᠶ᠋ᠢ ᠦᠨᠳᠦᠰᠦᠨ᠎ᠳᠡᠭᠡᠨ ᠠᠷᠢᠯᠭᠠᠨ᠎ᠠ᠃ ᠬᠥᠷᠥᠰᠥ᠍ ᠱᠢᠷᠣᠶ᠎ᠶ᠋ᠢᠨ ᠪᠣᠬᠢᠷᠲᠤᠯ᠎ᠢ ᠡᠬᠢ ᠡᠭᠦᠰᠦᠯ᠎ᠠᠴᠠ᠎ᠨᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠪᠣᠬᠢᠷᠲᠤᠭ᠍ᠰᠠᠨ ᠲᠠᠷᠢᠶᠠᠨ ᠭᠠᠵᠠᠷ᠂ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠠᠮᠤᠷ ᠲᠦᠪᠱᠢᠨ᠎ᠢᠶᠠᠷ ᠠᠱᠢᠭ᠍ᠯᠠᠬᠤ᠎ᠶ᠋ᠢ ᠠᠬᠢᠭᠤᠯᠤᠨ᠎ᠠ᠃
ᠬᠤᠶᠠᠳᠤᠭᠠᠷ ᠬᠡᠰᠡᠭ ᠣᠷᠴᠢᠨ ᠠᠬᠤᠶ᠎ᠶ᠋ᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠨ᠎ᠠ
ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠠᠶᠤᠯ ᠲᠦᠭ᠌ᠰᠢᠭᠦᠷᠢ᠎ᠶ᠋ᠢ ᠪᠠᠢᠩᠭᠤᠵᠢᠭᠤᠯᠤᠨ ᠬᠠᠮᠢᠶᠠᠷᠤᠨ ᠡᠵᠡᠮᠳᠡᠵᠦ᠍᠂ ᠣᠯᠠᠨ ᠨᠡᠢᠲᠡ᠎ᠶ᠋ᠢᠨ ᠡᠷᠡᠭᠦᠯ ᠮᠡᠨᠳᠦ᠍᠎ᠶ᠋ᠢᠨ ᠠᠮᠤᠷ ᠲᠦᠪᠱᠢᠨ᠎ᠢ ᠪᠦᠲᠦᠮᠵᠢᠲᠡᠶ ᠪᠠᠲᠤᠯᠠᠨ᠎ᠠ᠃ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠡᠬᠢ ᠡᠭᠦᠰᠦᠯ᠎ᠠᠴᠠ᠎ᠨᠢ ᠬᠡᠮᠵᠢᠶ᠎ᠡ᠎ᠶ᠋ᠢ ᠪᠠᠭᠠᠰᠭᠠᠬᠤ᠂ ᠶᠠᠪᠤᠴᠠ᠎ᠶ᠋ᠢ ᠬᠠᠮᠢᠶᠠᠷᠤᠨ ᠡᠵᠡᠮᠳᠡᠬᠦ᠂ ᠡᠴᠥᠰ᠎ᠤᠨ ᠥᠵᠥᠬᠦᠷᠢ ᠠᠱᠢᠭ᠍ᠯᠠᠬᠤ ᠪᠠ ᠪᠦᠬᠦ᠌ ᠬᠡᠯᠬᠢᠶ᠎ᠠ᠎ᠪᠠᠷ ᠬᠤᠥᠷ ᠦᠭᠡᠢᠵᠢᠬᠦᠯᠥᠨ ᠬᠠᠮᠢᠶᠠᠷᠬᠤ᠎ᠶ᠋ᠢ ᠢᠳᠡᠪᠬᠢᠲᠡᠶ᠎ᠪᠠᠷ ᠠᠬᠢᠭᠤᠯᠵᠥ᠍᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠱᠢᠢᠳᠪᠦᠷᠢᠯᠡᠵᠦ᠍ ᠲᠠᠯᠪᠢᠬᠤ᠎ᠶ᠋ᠢ ᠵᠢᠷᠤᠮᠵᠢᠭᠤᠯᠤᠨ ᠬᠠᠮᠢᠶᠠᠷᠴᠥ᠍ ᠡᠵᠡᠮᠳᠡᠬᠦ᠌ ᠬᠢᠷᠢ ᠬᠡᠮᠵᠢᠶ᠎ᠠ᠎ᠶ᠋ᠢ ᠳᠡᠭᠡᠭ᠌ᠰᠢᠯᠡᠭᠦᠯᠦᠨ᠎ᠡ᠃ ᠠᠶᠤᠯᠲᠠᠶ ᠬᠠᠶᠠᠭ᠍ᠳᠠᠮᠠᠯ ᠪᠣᠳᠠᠰ᠎ᠤᠨ ᠪᠦᠬᠦ᠌ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠦᠨᠳᠦ ᠲᠡᠮᠦᠷᠯᠢᠭ᠎ᠤᠨ ᠪᠣᠬᠢᠷᠲᠤᠯ᠎ᠤᠨ ᠠᠶᠥᠯ ᠲᠦᠭ᠌ᠰᠢᠭᠦᠷᠢ᠎ᠶ᠋ᠢ ᠭᠤᠤᠯᠳᠠᠯᠭ᠎ᠠ᠎ᠲᠠᠢ ᠬᠠᠮᠢᠶᠠᠷᠤᠨ ᠡᠵᠡᠮᠳᠡᠵᠦ᠍᠂ ᠬᠠᠶᠠᠭ᠍ᠳᠠᠮᠠᠯ ᠱᠢᠭᠠᠷᠤ᠂ ᠠᠭᠤᠷᠬᠠᠶ᠂ ᠦᠯᠡᠳᠡᠭ᠌ᠳᠡᠯ ᠬᠦᠳᠡᠷ᠎ᠤᠨ ᠬᠥᠮᠥᠷᠭᠡ ᠵᠡᠷᠭᠡ ᠲᠡᠥᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠳᠠᠯᠳᠠ ᠭᠡᠮ᠎ᠢ ᠰᠠᠮᠨᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠦᠨ᠎ᠡ᠃ ᠱᠢᠨ᠎ᠡ ᠪᠣᠬᠢᠷᠲᠤᠭᠤᠯᠬᠤ ᠪᠣᠳᠠᠰ᠎ᠤᠨ ᠵᠠᠰᠠᠯᠳᠠ᠎ᠶ᠋ᠢ ᠭᠦᠨᠵᠡᠭᠡᠢᠷᠡᠭᠦᠯᠥᠨ ᠠᠬᠢᠭᠤᠯᠵᠤ᠂ ᠤᠳᠠᠭᠠᠨ ᠳᠠᠭᠠᠭᠠᠮᠠᠭᠠᠶ ᠴᠢᠨᠠᠷᠲᠠᠶ ᠣᠷᠭᠠᠨᠢᠭ ᠪᠣᠬᠢᠷᠲᠤᠭᠤᠯᠬᠤ ᠪᠣᠳᠠᠰ᠂ ᠳᠣᠲᠣᠭᠠᠳᠤ ᠱᠥᠬᠦᠷᠡᠯᠢ ᠬᠠᠷᠱᠢᠯᠠᠬᠤ ᠪᠤᠳᠠᠰ᠂ ᠪᠡᠺᠲ᠋ᠧᠷᠢ ᠳᠠᠷᠤᠭ᠍ᠴᠢ᠂ ᠪᠢᠴᠢᠯ ᠰᠦᠯᠢᠶᠣᠣ ᠵᠡᠷᠭᠡ᠎ᠶ᠋ᠢ ᠬᠠᠮᠵᠢᠯᠴᠠᠭᠤᠯᠤᠨ ᠵᠠᠰᠠᠬᠤ ᠪᠠ ᠠᠶᠥᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠱᠢᠰᠲ᠋ᠧᠮ᠎ᠢ ᠪᠠᠢᠭᠤᠯᠤᠨ᠎ᠠ᠃ ᠴᠥᠮ᠎ᠡ᠎ᠶ᠋ᠢᠨ ᠲᠥᠬᠦᠭᠡᠷᠦᠮᠵᠢ᠎ᠶ᠋ᠢ ᠥᠨᠳᠥᠷ ᠪᠠᠷᠢᠮᠵᠢᠶ᠎ᠠ᠎ᠪᠠᠷ ᠵᠢᠷᠤᠵᠥ᠍ ᠲᠥᠯᠥᠪᠯᠡᠬᠦ᠂ ᠴᠢᠨᠠᠷ ᠰᠠᠢᠲᠠᠶ ᠪᠦᠲᠦᠭᠡᠨ ᠪᠠᠢᠭᠤᠯᠬᠤ᠂ ᠥᠨᠳᠥᠷ ᠲᠦᠪᠱᠢᠨ᠎ᠢᠶᠠᠷ ᠠᠵᠢᠯᠯᠠᠭᠤᠯᠬᠤ᠎ᠶ᠋ᠢ ᠠᠬᠢᠭᠤᠯᠵᠤ᠂ ᠲᠥᠷᠥᠭᠦᠥ ᠵᠤᠤᠬ᠎ᠠ ᠱᠢᠨ᠎ᠡ ᠵᠤᠤᠬ᠎ᠠ᠎ᠶ᠋ᠢᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠭᠦᠨᠵᠡᠭᠡᠢᠷᠡᠭᠦᠯᠵᠦ᠍᠂ ᠬᠠᠭᠤᠴᠢᠨ ᠲᠥᠬᠦᠭᠡᠷᠦᠮᠵᠢ᠎ᠶ᠋ᠢ ᠬᠡᠷᠡᠭ᠌ᠴᠡᠭᠡᠨᠠᠴᠠ ᠭᠠᠷᠭᠠᠬᠤ ᠵᠠᠰᠠᠯᠲᠠ ᠪᠠ ᠰᠠᠴᠤᠷᠠᠭ ᠴᠢᠨᠠᠷᠲᠠᠶ ᠬᠠᠶᠠᠭ᠍ᠳᠠᠮᠠᠯ ᠪᠣᠳᠠᠰ᠎ᠢ ᠱᠢᠢᠳᠪᠦᠷᠢᠯᠡᠵᠦ᠍ ᠲᠠᠯᠪᠢᠬᠤ᠎ᠶ᠋ᠢ ᠴᠢᠩᠭᠠᠳᠭᠠᠵᠤ᠂ ᠰᠠᠴᠤᠷᠠᠯᠲᠠ᠎ᠶ᠋ᠢᠨ ᠣᠷᠴᠢᠨ ᠠᠬᠤᠢ᠎ᠶ᠋ᠢ ᠬᠢᠨᠠᠨ ᠬᠡᠮᠵᠢᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠬᠥᠳᠡᠯᠥᠯᠴᠡᠭ᠌ᠰᠡᠨ ᠣᠷᠴᠢᠨ ᠠᠬᠤᠶ᠎ᠶ᠋ᠢᠨ ᠭᠡᠨᠡᠳᠲᠡ᠎ᠶ᠋ᠢᠨ ᠬᠡᠷᠡᠭ᠎ᠤᠨ ᠪᠠᠴᠢᠮ ᠪᠠᠢᠳᠠᠯ᠎ᠢ ᠠᠷᠭᠠᠴᠠᠬᠤ ᠬᠠᠷᠢᠭᠤ ᠠᠷᠭ᠎ᠠ ᠬᠡᠮᠵᠢᠶ᠎ᠡ ᠠᠪᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠡᠷᠡᠭᠦᠯ ᠮᠡᠨᠳᠦ᠍᠎ᠶ᠋ᠢᠨ ᠠᠶᠤᠯ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠠᠵᠢᠯ᠎ᠢ ᠥᠷᠨᠢᠭᠦᠯᠦᠨ᠎ᠡ᠃
ᠭᠤᠷᠪᠠᠳᠤᠭᠠᠷ ᠬᠡᠰᠡᠭ ᠤᠳᠤ ᠥᠶ᠎ᠡ᠎ᠶ᠋ᠢᠨ ᠣᠷᠴᠢᠨ ᠠᠬᠤᠶ᠎ᠶ᠋ᠢᠨ ᠵᠠᠰᠠᠯᠳᠠ᠎ᠶ᠋ᠢᠨ ᠱᠢᠰᠲ᠋ᠧᠮ᠎ᠢ ᠪᠥᠷᠢᠨᠱᠢᠭᠦᠯᠦᠨᠡ
ᠠᠮᠢ ᠠᠬᠤᠢ᠎ᠶ᠋ᠢᠨ ᠤᠷᠴᠢᠨ ᠨᠦᠬᠦᠴᠡᠯ᠎ᠤᠨ ᠬᠠᠤᠯᠢ᠎ᠶ᠋ᠢᠨ ᠪᠢᠴᠢᠭ᠎ᠢ ᠬᠡᠷᠡᠭ᠌ᠵᠢᠬᠦᠯᠵᠦ᠍᠂ ᠬᠠᠷᠢᠭᠤᠴᠠᠯᠭ᠎ᠠ᠎ᠶ᠋ᠢᠨ ᠱᠢᠰᠲ᠋ᠧᠮ᠂ ᠬᠢᠨᠠᠨ ᠬᠠᠮᠢᠶᠠᠷᠬᠤ ᠱᠢᠰᠲ᠋ᠧᠮ᠂ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠢ ᠪᠥᠷᠢᠨᠱᠢᠭᠦᠯᠵᠦ᠍᠂ ᠤᠷᠴᠢᠨ ᠠᠬᠤᠢ᠎ᠶ᠋ᠢᠨ ᠵᠠᠰᠠᠯᠳᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠬᠡᠭ᠌ᠰᠢᠯᠡᠬᠦᠯᠦᠨᠡ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ ᠵᠢᠴᠢ ᠤᠳᠤᠷᠢᠳᠭᠤ ᠺᠠᠳ᠋ᠷ᠎ᠤᠨ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠬᠠᠮᠠᠭᠠᠯᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠦ᠍᠂ ᠲᠥᠪ᠎ᠤᠨ ᠪᠠ ᠮᠤᠵᠢ᠎ᠶ᠋ᠢᠨ ᠱᠠᠲᠤᠨ᠎ᠤ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠬᠠᠮᠠᠭᠠᠯᠠᠯᠲᠠ᠎ᠶ᠋ᠢᠨ ᠱᠢᠪᠠᠳᠠᠨ ᠪᠠᠢᠴᠠᠭᠠᠯᠲᠠ᠎ᠶ᠋ᠢ ᠭᠦᠨᠵᠡᠭᠡᠢᠷᠡᠭᠦᠯᠥᠨ ᠠᠬᠢᠭᠤᠯᠵᠤ᠂ ᠱᠢᠪᠠᠳᠠᠨ ᠪᠠᠢᠴᠠᠭᠠᠯᠲᠠ᠎ᠶ᠋ᠢ ᠲᠤᠯᠭᠠᠭᠤᠷᠢᠯᠠᠨ ᠪᠠᠲᠤᠯᠠᠬᠤ ᠴᠢᠳᠠᠪᠤᠷᠢ ᠪᠠ ᠬᠢᠨᠠᠨ ᠬᠡᠮᠵᠢᠵᠦ᠍ ᠬᠢᠨᠠᠨ ᠬᠠᠮᠢᠶᠠᠷᠬᠤ ᠣᠳᠣᠬᠢᠴᠢᠯᠠᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠲᠤᠷᠱᠢᠯᠲᠠ᠎ᠶ᠋ᠢᠨ ᠣᠷᠣᠨ᠎ᠢ ᠦᠷᠭᠦᠯᠵᠢᠯᠡᠨ ᠪᠥᠳᠥᠭᠡᠨ ᠪᠠᠢᠭᠤᠯᠤᠨ᠎ᠠ᠃ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢᠨ ᠬᠢᠨᠠᠨ ᠱᠢᠯᠭᠠᠯᠲᠠ᠎ᠶ᠋ᠢ ᠥᠷᠨᠢᠭᠦᠯᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠲᠥᠷᠥᠭᠦᠯᠡᠬᠦ᠌ ᠣᠷᠣᠨ᠎ᠢ ᠪᠦᠳᠦᠭᠡᠨ ᠪᠠᠢᠭᠤᠯᠤᠨ᠎ᠠ᠃ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌᠎ᠶ᠋ᠢ ᠭᠦᠨᠵᠡᠭᠡᠢᠷᠡᠭᠦᠯᠥᠨ ᠠᠬᠢᠭᠤᠯᠵᠤ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠲᠥᠯᠥᠪᠵᠢᠭᠦᠯᠭᠡ᠎ᠯᠦᠭᠡ ᠵᠣᠯᠭᠠᠯᠳᠤᠭᠤᠯᠬᠤ᠎ᠶ᠋ᠢ ᠴᠢᠩᠭᠠᠳᠭᠠᠵᠤ᠂ ᠠᠵᠤ ᠥᠢᠯᠡᠰ᠎ᠤᠨ ᠪᠠᠢᠷᠢᠯᠠᠭᠤᠯᠤᠯᠳᠠ᠎ᠶ᠋ᠢ ᠬᠠᠮᠵᠢᠯᠴᠠᠨ ᠱᠢᠯᠢᠳᠡᠭ᠌ᠵᠢᠭᠦᠯᠦᠨ᠎ᠡ᠃ ᠪᠣᠬᠢᠷᠲᠤᠭᠤᠯᠬᠤ ᠪᠤᠳᠠᠰ ᠭᠠᠳᠠᠭ᠍ᠰᠢᠯᠠᠭᠤᠯᠬᠤ ᠵᠥᠪᠱᠢᠶᠡᠷᠡᠯ᠎ᠤᠨ ᠳᠦᠷᠢᠮ᠎ᠢᠶᠠᠷ ᠭᠤᠤᠯᠯᠠᠭᠤᠯᠤᠭ᠍ᠰᠠᠨ ᠲᠣᠭ᠍ᠲᠠᠮᠠᠯ ᠪᠣᠬᠢᠷᠲᠤᠯ᠎ᠤᠨ ᠡᠬᠢ᠎ᠶ᠋ᠢ ᠬᠢᠨᠠᠨ ᠬᠠᠮᠢᠶᠠᠷᠬᠤ ᠳᠦᠷᠢᠮ᠎ᠢ ᠲᠦᠷᠭᠡᠯᠡᠨ ᠨᠠᠢᠳᠠᠪᠤᠷᠢᠵᠢᠭᠤᠯᠤᠨ᠎ᠠ᠃ ᠪᠣᠬᠢᠷᠳᠥᠭᠤᠯᠬᠤ ᠪᠣᠳᠠᠰ ᠭᠠᠳᠠᠭ᠍ᠰᠢᠯᠠᠭᠤᠯᠬᠤ ᠪᠠ ᠣᠷᠴᠢᠨ ᠠᠬᠤᠢ᠎ᠶ᠋ᠢᠨ ᠶᠠᠰᠥ᠍ ᠴᠢᠨᠠᠷ᠎ᠤᠨ ᠪᠠᠷᠢᠮᠵᠢᠶ᠎ᠠ᠎ᠶ᠋ᠢ ᠱᠢᠨᠡᠳᠭᠡᠵᠦ᠍᠂ ᠣᠷᠴᠢᠨ ᠠᠬᠤᠢ᠎ᠶ᠋ᠢᠨ ᠢᠲᠡᠭᠡᠮᠵᠢ᠎ᠶ᠋ᠢᠨ ᠬᠢᠨᠠᠯᠳᠠ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠤᠨ᠎ᠠ᠃
ᠬᠦᠰᠦᠨᠦᠭ᠌ᠲᠦ 21 ᠣᠷᠴᠢᠨ ᠠᠬᠤᠢ᠎ᠶ᠋ᠢᠨ ᠶᠠᠰᠥ᠍ ᠴᠢᠨᠠᠷ᠎ᠢ ᠳᠡᠭᠡᠭ᠌ᠰᠢᠯᠡᠬᠦᠯᠬᠦ᠌
01 ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠳᠡᠭᠡᠭ᠌ᠰᠢᠯᠡᠬᠦᠯᠬᠦ᠌
5 ᠳ᠋ᠦᠩᠱᠢᠭᠤᠷ ᠲᠣᠨ᠎ᠤ ᠱᠥᠢᠨᠢ᠎ᠶ᠋ᠢᠨ ᠢᠳᠡᠭᠡᠱᠢᠭ᠌ᠰᠡᠨ ᠮᠠᠲ᠋ᠧᠷᠢᠶᠠᠯ᠎ᠤᠨ ᠥᠢᠯᠡᠳᠪᠦᠷᠢᠯᠡᠬᠦ᠌ ᠴᠢᠳᠠᠪᠤᠷᠢ᠂ 1 ᠳ᠋ᠦᠩᠱᠢᠭᠤᠷ ᠲᠣᠨ᠎ᠤ ᠬᠡᠥᠷᠱᠢᠭᠦᠯᠦᠭ᠌ᠰᠡᠨ ᠥᠢᠯᠡᠳᠪᠦᠷᠢᠯᠡᠬᠦ᠌ ᠴᠢᠳᠠᠪᠤᠷᠢ᠎ᠶ᠋ᠢᠨ ᠬᠡᠲᠦ ᠳᠣᠥᠷ᠎ᠠ ᠭᠠᠳᠠᠭ᠍ᠰᠢᠯᠠᠭᠤᠯᠬᠤ ᠥᠭᠡᠷᠡᠴᠢᠯᠡᠯᠲᠡ᠎ᠶ᠋ᠢ ᠪᠡᠶᠡᠯᠡᠭᠦᠯᠦᠨ᠎ᠡ᠃ ᠤᠯᠤᠰ᠎ᠤᠨ ᠳᠥᠷᠪᠡᠳᠦᠭᠡᠷ ᠵᠢᠴᠢ ᠲᠡᠭᠦᠨ᠎ᠠᠴᠠ ᠳᠣᠭᠤᠭ᠍ᠰᠢᠬᠢ ᠪᠠᠷᠠᠭᠠᠨ᠎ᠤ ᠲᠡᠷᠭᠡ ᠪᠣᠯᠤᠨ ᠤᠯᠤᠰ᠎ᠤᠨ ᠬᠤᠶᠠᠳᠤᠭᠠᠷ ᠵᠢᠴᠢ ᠲᠡᠭᠦᠨ᠎ᠠᠴᠠ ᠳᠣᠭᠤᠭ᠍ᠰᠢᠬᠢ ᠢᠨᠵᠧᠨᠧᠷᠢᠩ᠎ᠤᠨ ᠮᠧᠬᠠᠨᠢᠭ᠎ᠢ ᠲᠦᠷᠭᠡᠯᠡᠨ ᠱᠢᠨᠡᠳᠭᠡᠵᠦ᠍᠂ ᠬᠠᠭᠤᠴᠢᠨ ᠲᠡᠭᠡᠭᠡᠪᠦᠷᠢ᠎ᠶ᠋ᠢᠨ ᠣᠩᠭᠤᠴᠠ ᠰᠠᠯ᠎ᠢ ᠬᠡᠷᠡᠭ᠌ᠯᠡᠭᠡᠨ᠎ᠠᠴᠠ ᠭᠠᠷᠭᠠᠵᠤ ᠱᠢᠨᠡᠳᠭᠡᠬᠦ᠌᠎ᠶ᠋ᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠶ ᠵᠢᠴᠢ ᠡᠷᠭᠢᠨ ᠲᠣᠭᠤᠷᠢᠨ᠎ᠤ ᠭᠠᠵᠠᠷ ᠣᠷᠣᠨ᠎ᠢᠶᠠᠷ ᠭᠤᠣᠯᠳᠠᠯᠭ᠎ᠠ ᠪᠣᠯᠭᠠᠵᠤ᠂ ᠴᠠᠭ ᠪᠥᠷᠢ᠎ᠳᠤ 65 ᠠᠭᠤᠷᠱᠢᠯᠳᠡ ᠲᠣᠨ ᠵᠢᠴᠢ ᠲᠡᠭᠦᠨ᠎ᠠᠴᠠ ᠳᠣᠭᠤᠭ᠍ᠰᠢᠬᠢ ᠠᠵᠤ ᠥᠢᠯᠡᠳᠪᠦᠷᠢ᠎ᠶ᠋ᠢᠨ ᠨᠡᠭᠦᠷᠡᠰᠦ ᠱᠢᠲᠠᠭᠠᠬᠤ ᠭᠦᠸᠧᠯᠦ᠍ᠶ᠋ᠢ ᠠᠯᠬᠤᠮ ᠠᠯᠬᠤᠮ᠎ᠢᠶᠠᠷ ᠱᠢᠭ᠌ᠰᠢᠭ᠌ᠳᠡᠭᠦᠯᠵᠦ᠍᠂ ᠵᠢᠯ ᠪᠥᠷᠢ 6000 ᠲᠦᠮᠡᠨ ᠪᠠᠷᠢᠮᠵᠢᠶᠠᠲᠤ ᠲᠣᠭᠤᠰᠭ᠎ᠠ᠎ᠠᠴᠠ ᠳᠣᠭᠤᠭ᠍ᠰᠢᠬᠢ ᠱᠢᠲᠠᠭᠠᠨ ᠪᠠᠷᠢᠯᠳᠤᠭᠤᠯᠤᠭ᠍ᠰᠠᠨ ᠲᠣᠭᠤᠰᠭ᠎ᠠ ᠥᠢᠯᠡᠳᠪᠦᠷᠢᠯᠡᠬᠦ᠌ ᠱᠤᠭᠤᠮ᠎ᠢ ᠡᠮᠬᠢᠯᠡᠨ ᠨᠡᠢᠯᠡᠭᠦᠯᠵᠦ᠍ ᠤᠬᠤᠷᠢᠭᠤᠯᠤᠨ ᠭᠠᠷᠭᠠᠬᠤ᠂ ᠨᠡᠭᠦᠷᠡᠰᠦ ᠱᠢᠲᠠᠭᠠᠬᠤ ᠴᠠᠬᠢᠯᠭᠠᠨ ᠥᠢᠯᠡᠳᠪᠦᠷᠢ᠎ᠶ᠋ᠢᠨ ᠪᠥᠬᠦ᠌ ᠳᠠᠭᠠᠭᠠᠴᠠ᠎ᠶ᠋ᠢᠨ ᠱᠡᠤ ᠦᠭᠡᠢᠵᠢᠭᠦᠯᠬᠦ᠌ ᠥᠭᠡᠷᠡᠴᠢᠯᠡᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠵᠥ᠍᠂ ᠠᠵᠤ ᠥᠢᠯᠡᠰ᠎ᠤᠨ ᠪᠥᠭᠡᠭᠡᠨᠡᠷᠡᠯ᠎ᠤᠨ ᠠᠭᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢᠯᠡᠨ ᠵᠠᠰᠠᠬᠤ ᠠᠵᠢᠯ᠎ᠢ ᠥᠷᠨᠢᠭᠦᠯᠦᠨ᠎ᠡ᠃
02 ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠠᠬᠤᠢ᠂ ᠤᠰᠤᠨ᠎ᠤ ᠠᠮᠢ ᠠᠬᠤᠶ᠎ᠶ᠋ᠢ ᠨᠢᠭᠡᠳᠦᠯᠲᠡᠶ ᠲᠥᠯᠥᠪᠯᠡᠨ ᠵᠠᠰᠠᠬᠤ
ᠬᠥᠬᠡᠮᠥ᠋ᠷᠡᠨ᠂ ᠬᠠᠳᠤᠨ ᠭᠤᠤᠯ᠂ ᠵᠦᠵᠢᠶᠠᠩ ᠮᠥᠷᠡᠨ᠂ ᠬᠤᠸᠠᠢᠾᠧ ᠭᠤᠤᠯ᠂ ᠰᠤᠩᠭᠠᠷᠢ ᠮᠥᠷᠡᠨ ᠵᠡᠷᠭᠡ ᠰᠠᠪᠠ ᠭᠠᠵᠠᠷ᠎ᠢᠶᠠᠷ ᠭᠤᠤᠯᠳᠠᠯᠭ᠎ᠠ ᠪᠣᠯᠭᠠᠵᠤ᠂ ᠶᠡᠷᠦᠩᠬᠡᠶ ᠹᠣᠰᠹᠣᠷ᠎ᠤᠨ ᠥᠳᠭᠡᠴᠡ᠎ᠨᠢ ᠪᠠᠷᠢᠮᠵᠢᠶ᠎ᠠ᠎ᠠᠴᠠ ᠬᠡᠲᠦᠷᠡᠭ᠌ᠰᠡᠨ ᠣᠭ᠍ᠲᠣᠯᠤᠭᠠᠰᠤᠶ᠋ᠢ ᠴᠡᠭ᠌ᠴᠡᠯᠡᠨ ᠵᠠᠰᠠᠬᠤ ᠪᠠ ᠤᠰᠤᠨ᠎ᠤ ᠠᠮᠢ ᠠᠬᠤᠶ᠎ᠶ᠋ᠢ ᠶᠡᠷᠦᠩᠬᠡᠢᠯᠡᠨ ᠵᠠᠰᠠᠬᠤ ᠠᠵᠢᠯ᠎ᠢ ᠥᠷᠨᠢᠭᠦᠯᠦᠨ᠎ᠡ᠃ ᠤᠯᠤᠰ᠎ᠠᠴᠠ ᠬᠢᠵᠠᠭᠠᠷᠯᠠᠭ᠍ᠰᠠᠨ ᠲᠡᠯᠡᠶ᠎ᠳᠤ ᠴᠢᠳᠭᠤᠬᠤ ᠭᠤᠤᠯ ᠮᠥᠷᠡᠨ᠎ᠤ ᠶᠡᠷᠦᠩᠬᠡᠶ ᠠᠽᠣᠲ᠎ᠤᠨ ᠵᠠᠰᠠᠯᠲᠠ ᠪᠠ ᠬᠠᠮᠢᠶᠠᠷᠤᠯᠳᠠ ᠡᠵᠡᠮᠳᠡᠯ᠎ᠢ ᠬᠡᠷᠡᠭ᠌ᠵᠢᠭᠦᠯᠵᠦ᠍᠂ ᠢᠳᠡᠬᠦ᠌ ᠤᠰᠤᠨ᠎ᠤ ᠤᠰᠤᠨ ᠰᠤᠷᠪᠤᠯᠵᠢ᠎ᠶ᠋ᠢᠨ ᠭᠠᠵᠠᠷ᠎ᠢ ᠵᠢᠷᠤᠮᠵᠢᠭᠤᠯᠬᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠲᠠᠢ ᠬᠤ᠌ ᠨᠠᠭᠤᠷ᠂ ᠳ᠋ᠠᠨ ᠵᠢᠶᠠᠩ ᠺᠸᠦ ᠴᠥᠭᠦᠷᠥᠮ᠎ᠤᠨ ᠣᠷᠣᠨ᠂ ᠴᠤᠥ ᠬᠤ᠌ ᠨᠠᠭᠤᠷ᠂ ᠡᠯ ᠬᠠᠶ ᠨᠠᠭᠤᠷ᠂ ᠪᠠᠶ ᠶᠠᠩ ᠳ᠋ᠢᠶᠠᠨ᠂ ᠤᠯᠠᠭᠠᠨᠰᠤᠬᠠᠢ᠂ ᠬᠤᠩ ᠬᠤ᠌ ᠨᠠᠭᠤᠷ ᠵᠡᠷᠭᠡ 30 ᠭᠤᠤᠯᠳᠠᠯᠭ᠎ᠠ᠎ᠲᠠᠢ ᠨᠠᠭᠤᠷ ᠴᠥᠬᠦᠷᠥᠮ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠵᠠᠰᠠᠯᠲᠠ᠎ᠶ᠋ᠢ ᠨᠢᠭᠡᠳᠦᠯᠲᠡᠶ ᠲᠥᠯᠥᠪᠯᠡᠨ ᠥᠷᠨᠢᠭᠦᠯᠵᠥ᠍᠂ ᠶᠡᠭᠡ ᠲᠠᠳᠠᠮᠠᠯ ᠭᠤᠤᠯ᠎ᠤᠨ ᠬᠠᠮᠠᠭᠠᠯᠠᠯᠳᠠ ᠵᠠᠰᠠᠯᠳᠠ᠎ᠶ᠋ᠢ ᠴᠢᠩᠭᠠᠳᠭᠠᠨ᠎ᠠ᠃ ᠬᠤᠲᠠ ᠪᠠᠯᠭᠠᠰᠤᠨ᠎ᠤ ᠠᠮᠢᠳᠤᠷᠠᠯ᠎ᠤᠨ ᠪᠣᠬᠢᠷ ᠤᠰᠤ᠎ᠶ᠋ᠢ ᠬᠤᠷᠢᠶᠠᠨ ᠴᠤᠭ᠍ᠯᠠᠭᠤᠯᠵᠤ ᠱᠢᠢᠳᠪᠦᠷᠢᠯᠡᠬᠦ᠌ ᠲᠥᠭᠦᠭᠡᠷᠥᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠠᠳᠤᠨ ᠭᠤᠤᠯ᠎ᠤᠨ ᠰᠠᠪᠠ ᠭᠠᠵᠠᠷ᠎ᠤᠨ ᠳᠠᠬᠢᠯᠲᠠ ᠤᠰᠤ᠎ᠶ᠋ᠢ ᠠᠱᠢᠭ᠍ᠯᠠᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃
03 ᠬᠥᠷᠥᠰᠥ᠍ ᠱᠢᠷᠣᠶ᠎ᠶ᠋ᠢᠨ ᠪᠣᠬᠢᠷᠲᠤᠯ᠎ᠢ ᠡᠬᠢ ᠡᠭᠦᠰᠦᠯ᠎ᠠᠴᠠ᠎ᠨᠢ ᠰᠡᠷᠭᠡᠢᠯᠡᠨ ᠡᠵᠡᠮᠳᠡᠬᠦ᠌ ᠪᠠ ᠵᠠᠰᠠᠬᠤ
ᠴᠢᠯᠠᠭᠤᠨ ᠲᠤᠰᠤ ᠬᠢᠮᠢ᠎ᠶ᠋ᠢᠨ ᠠᠵᠤ ᠥᠢᠯᠡᠳᠪᠦᠷᠢ᠂ ᠬᠢᠮᠢ᠎ᠶ᠋ᠢᠨ ᠠᠵᠤ ᠥᠢᠯᠡᠳᠪᠦᠷᠢ ᠵᠡᠷᠭᠡ ᠠᠵᠢᠯ ᠲᠥᠷᠥᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠷᠥᠰᠥ᠍ ᠱᠢᠷᠣᠶ᠎ᠶ᠋ᠢᠨ ᠪᠣᠬᠢᠷᠲᠤᠯ᠎ᠢ ᠡᠬᠢ ᠡᠭᠦᠰᠦᠯ᠎ᠠᠴᠠ᠎ᠨᠢ ᠰᠡᠷᠭᠡᠢᠯᠡᠨ ᠡᠵᠡᠮᠳᠡᠬᠦ᠌ ᠲᠥᠰᠥᠯ᠎ᠢ ᠬᠡᠷᠡᠭ᠌ᠵᠢᠭᠦᠯᠦᠨ᠎ᠡ᠃ ᠭᠤᠤᠯᠳᠠᠯᠭ᠎ᠠ᠎ᠲᠠᠢ ᠱᠢᠶᠠᠨ᠎ᠤ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠤᠨ ᠬᠥᠷᠥᠰᠥ᠍ ᠱᠢᠷᠣᠶ᠎ᠶ᠋ᠢᠨ ᠬᠦᠨᠳᠦ ᠲᠡᠮᠦᠷᠯᠢᠭ᠎ᠤᠨ ᠡᠬᠢ ᠡᠭᠦᠰᠥᠯᠢ ᠮᠥᠷᠳᠡᠵᠥ᠍ ᠴᠡᠭ᠌ᠴᠡᠯᠡᠨ ᠵᠠᠰᠠᠬᠤ᠎ᠶ᠋ᠢ ᠥᠷᠨᠢᠭᠦᠯᠦᠨ᠎ᠡ᠃ ᠬᠥᠬᠡᠮᠥ᠋ᠷᠡᠨ᠎ᠤ ᠡᠷᠬᠢ ᠳᠠᠭᠠᠥ 1 ᠺᠢᠯᠣᠮᠧᠲᠷ᠎ᠤᠨ ᠬᠢᠮᠢ᠎ᠶ᠋ᠢᠨ ᠠᠵᠤ ᠥᠢᠯᠡᠳᠪᠦᠷᠢ᠎ᠶ᠋ᠢᠨ ᠰᠤᠯᠠᠯᠠᠨ ᠭᠠᠷᠭᠠᠭ᠍ᠰᠠᠨ ᠭᠠᠵᠠᠷ᠎ᠤᠨ ᠬᠥᠷᠥᠰᠥ᠍ ᠱᠢᠷᠣᠶ᠎ᠶ᠋ᠢᠨ ᠪᠣᠬᠢᠷᠲᠤᠯ᠎ᠤᠨ ᠲᠤᠰᠭᠠᠶ ᠵᠠᠰᠠᠯᠳᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠎ᠡ᠃
04 ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ
ᠬᠥᠬᠡᠮᠥ᠋ᠷᠡᠨ᠎ᠤ ᠰᠠᠪᠠ ᠭᠠᠵᠠᠷ᠎ᠤᠨ ᠹᠣᠰᠹᠣᠷ ᠵᠤᠭᠠᠩ᠎ᠤᠨ ᠲᠠᠯᠠᠪᠤᠷ᠎ᠤᠨ ᠣᠷᠴᠢᠨ ᠠᠬᠤᠶ᠎ᠶ᠋ᠢᠨ ᠠᠶᠥᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠰᠠᠮᠨᠠᠨ ᠪᠠᠢᠴᠠᠭᠠᠵᠤ ᠵᠠᠰᠠᠬᠤ᠎ᠶ᠋ᠢ ᠠᠬᠢᠭᠤᠯᠤᠨ᠎ᠠ᠃ ᠪᠠᠷᠢᠯᠭ᠎ᠠ᠎ᠶ᠋ᠢᠨ ᠬᠤᠭ ᠨᠣᠪᠰᠢ᠎ᠶ᠋ᠢ ᠬᠤᠷᠢᠶᠠᠨ ᠴᠤᠭ᠍ᠯᠠᠭᠤᠯᠬᠤ᠂ ᠲᠦᠷ ᠴᠠᠭ ᠬᠠᠳᠠᠭᠠᠯᠠᠬᠤ᠂ ᠡᠬᠢ ᠪᠠᠶᠠᠯᠢᠬ᠍ᠵᠢᠭᠤᠯᠤᠨ ᠠᠱᠢᠭ᠍ᠯᠠᠬᠤ᠂ ᠱᠢᠢᠳᠪᠦᠷᠢᠯᠡᠵᠦ᠍ ᠲᠠᠯᠪᠢᠬᠤ ᠵᠡᠷᠭᠡ ᠲᠥᠭᠦᠬᠡᠷᠥᠮᠵᠢᠶ᠋ᠢ ᠪᠦᠲᠦᠭᠡᠨ ᠪᠠᠢᠭᠤᠯᠬᠤ ᠪᠠ ᠥᠭᠡᠷᠡᠴᠢᠯᠡᠨ᠎ᠠ᠃ ᠬᠤᠲᠠ᠎ᠶ᠋ᠢᠨ ᠠᠮᠢᠳᠤᠷᠠᠯ᠎ᠤᠨ ᠬᠤᠭ ᠨᠣᠪᠰᠢ᠎ᠶ᠋ᠢ ᠲᠥᠷᠥᠯ ᠬᠤᠪᠢᠶᠠᠨ ᠬᠠᠶᠠᠬᠤ ᠵᠢᠴᠢ ᠬᠤᠷᠢᠶᠠᠨ ᠴᠤᠭ᠍ᠯᠠᠭᠤᠯᠵᠤ ᠱᠢᠯᠵᠢᠭᠦᠯᠦᠨ ᠲᠡᠭᠡᠭᠡᠪᠦᠷᠢᠯᠡᠬᠦ᠌ ᠲᠥᠭᠦᠭᠡᠷᠥᠮᠵᠢ᠎ᠶ᠋ᠢ ᠳᠡᠰ ᠳᠡᠪᠱᠢᠭᠦᠯᠦᠨ ᠥᠭᠡᠷᠡᠴᠢᠯᠡᠵᠦ᠍᠂ ᠬᠤᠭ ᠨᠣᠪᠰᠢ᠎ᠶ᠋ᠢ ᠴᠡᠪᠡᠷᠯᠡᠨ ᠲᠡᠭᠡᠭᠡᠪᠦᠷᠢᠯᠡᠬᠦ᠌ ᠴᠢᠳᠠᠪᠤᠷᠢ᠎ᠶ᠋ᠢ ᠡᠳᠦᠷ᠎ᠲᠤ 75 ᠲᠦᠮᠡᠨ ᠲᠣᠨ᠎ᠳᠤ ᠬᠦᠷᠬᠡᠨ᠎ᠡ᠃
05 ᠠᠶᠤᠯᠲᠠᠶ ᠬᠠᠶᠠᠭ᠍ᠳᠠᠮᠠᠯ ᠪᠣᠳᠠᠰ᠎ᠢ ᠭᠤᠤᠯᠳᠠᠯᠭ᠎ᠠ᠎ᠲᠠᠢ ᠬᠠᠮᠢᠶᠠᠷᠤᠨ ᠡᠵᠡᠮᠳᠡᠬᠦ᠌
ᠪᠠᠷᠢᠮᠵᠢᠶ᠎ᠠ᠎ᠳᠤ ᠬᠦᠷᠦᠭᠡᠳᠦᠢ ᠠᠶᠤᠯᠲᠠᠶ ᠬᠠᠶᠠᠭ᠍ᠳᠠᠮᠠᠯ ᠪᠣᠳᠠᠰ᠎ᠢ ᠪᠤᠯᠠᠬᠤ ᠲᠠᠯᠠᠪᠠᠢ᠎ᠶ᠋ᠢ ᠦᠬᠡᠷᠡᠴᠢᠯᠡᠨ ᠳᠡᠬᠡᠭ᠌ᠰᠢᠯᠡᠬᠦᠯᠬᠦ᠌᠎ᠶ᠋ᠢ ᠠᠬᠢᠭᠤᠯᠵᠤ᠂ ᠬᠡᠷᠡᠭ᠌ᠴᠡᠭᠡᠨᠠᠴᠠ ᠭᠠᠷᠤᠭ᠍ᠰᠠᠨ ᠠᠶᠤᠯᠲᠠᠶ ᠬᠠᠶᠠᠭ᠍ᠳᠠᠮᠠᠯ ᠪᠣᠳᠠᠰ᠎ᠢ ᠪᠤᠯᠠᠬᠤ ᠲᠠᠯᠠᠪᠠᠢ᠎ᠶ᠋ᠢ ᠪᠢᠲᠡᠭᠦᠮᠵᠢᠯᠡᠨ ᠶᠡᠷᠦᠩᠬᠡᠢᠯᠡᠨ ᠵᠠᠰᠠᠨ᠎ᠠ᠃ ᠳ᠋ᠠᠨ ᠵᠢᠶᠠᠩ ᠺᠸᠦ ᠴᠥᠭᠦᠷᠥᠮ᠎ᠤᠨ ᠣᠷᠣᠨ ᠵᠢᠴᠢ ᠳᠡᠭᠡᠳᠥ ᠤᠷᠤᠰᠭᠠᠯ ᠵᠡᠷᠭᠡ ᠥᠯᠡᠳᠡᠭ᠌ᠳᠡᠯ ᠬᠥᠳᠡᠷ᠎ᠤᠨ ᠬᠥᠮᠥᠷᠭᠡ᠎ᠶ᠋ᠢᠨ ᠪᠣᠬᠢᠷᠲᠤᠯ᠎ᠤᠨ ᠣᠷᠣᠨ ᠪᠦᠰᠡ᠎ᠶ᠋ᠢᠨ ᠱᠢᠰᠲ᠋ᠧᠮ᠎ᠲᠠᠢ ᠵᠠᠰᠠᠯᠲᠠ᠎ᠶ᠋ᠢ ᠥᠷᠨᠢᠭᠦᠯᠵᠦ᠍᠂ ᠲᠡᠥᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠬᠦᠨᠳᠦ ᠲᠡᠮᠦᠷᠯᠢᠭ᠎ᠤᠨ ᠠᠭᠤᠷᠬᠠᠢ᠎ᠶ᠋ᠢᠨ ᠣᠷᠣᠨ᠎ᠤ ᠣᠷᠴᠢᠨ ᠠᠬᠤᠢ᠎ᠶ᠋ᠢᠨ ᠠᠮᠤᠷ ᠲᠦᠪᠱᠢᠨ᠎ᠤ ᠳᠠᠯᠳᠠ ᠭᠡᠮ᠎ᠢ ᠴᠡᠭ᠌ᠴᠡᠯᠡᠨ ᠵᠠᠰᠠᠬᠤ ᠨᠢᠭᠡ ᠪᠦᠯᠦᠭ ᠲᠥᠰᠥᠯ᠎ᠢ ᠬᠡᠷᠡᠭ᠌ᠵᠢᠭᠦᠯᠦᠨ᠎ᠡ᠃
06 ᠱᠢᠨ᠎ᠡ ᠪᠣᠬᠢᠷᠲᠤᠭᠤᠯᠬᠤ ᠪᠣᠳᠠᠰ᠎ᠢ ᠬᠠᠮᠵᠢᠯᠴᠠᠨ ᠵᠠᠰᠠᠬᠤ
ᠠᠵᠤ ᠥᠢᠯᠡᠳᠪᠦᠷᠢ᠎ᠶ᠋ᠢᠨ ᠬᠠᠶᠠᠭ᠍ᠳᠠᠮᠠᠯ ᠤᠰᠤ᠂ ᠬᠤᠲᠠ ᠪᠠᠯᠭᠠᠰᠤ᠎ᠶ᠋ᠢᠨ ᠪᠣᠬᠢᠷ ᠤᠰᠤ᠂ ᠮᠠᠯ ᠵᠢᠭᠦᠷᠲᠡᠨ᠎ᠤ ᠲᠡᠵᠢᠭᠡᠨ ᠦᠷᠡᠵᠢᠭᠦᠯᠥᠯᠳᠡ ᠵᠡᠷᠭᠡ ᠬᠦᠷᠢᠶᠡᠨ᠎ᠳᠤ ᠨᠢᠭᠡ ᠪᠦᠯᠦᠭ ᠱᠢᠨ᠎ᠡ ᠪᠣᠬᠢᠷᠳᠤᠭᠤᠯᠬᠤ ᠪᠣᠳᠠᠰ᠎ᠢ ᠬᠠᠮᠵᠢᠯᠴᠠᠨ ᠵᠠᠰᠠᠬᠤ ᠵᠢᠱ᠌ᠢᠶ᠎ᠡ ᠦᠵᠡᠭᠦᠯᠬᠦ᠌ ᠲᠥᠰᠥᠯ᠎ᠢ ᠬᠡᠷᠡᠭ᠌ᠵᠢᠭᠦᠯᠦᠨ᠎ᠡ᠃ ᠱᠢᠨ᠎ᠡ ᠪᠣᠬᠢᠷᠲᠤᠭᠤᠯᠬᠤ ᠪᠣᠳᠠᠰ᠎ᠢ ᠬᠠᠮᠵᠢᠯᠴᠠᠨ ᠬᠢᠨᠠᠨ ᠬᠡᠮᠵᠢᠬᠦ᠌ ᠪᠠ ᠬᠤᠥᠷ ᠬᠥᠨᠥᠭᠡᠯ᠎ᠢ᠎ᠨᠢ ᠦᠨᠡᠯᠡᠨ ᠵᠢᠱ᠌ᠢᠬᠦ᠌᠎ᠶ᠋ᠢ ᠬᠡᠷᠡᠭ᠌ᠵᠢᠭᠦᠯᠵᠦ᠍᠂ ᠱᠢᠨ᠎ᠡ ᠪᠣᠬᠢᠷᠲᠤᠭᠤᠯᠬᠤ ᠪᠣᠳᠠᠰ᠎ᠢ ᠢᠯᠡᠷᠡᠬᠦᠯᠬᠦ᠂ ᠮᠥᠷᠳᠡᠬᠦ᠌ ᠪᠠ ᠠᠷᠭᠠᠴᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠪᠠ ᠰᠠᠪᠠ ᠭᠠᠵᠠᠷ᠎ᠤᠨ ᠴᠢᠨᠠᠷᠲᠠᠶ ᠱᠢᠨ᠎ᠡ ᠪᠣᠬᠢᠷᠲᠤᠭᠤᠯᠬᠤ ᠪᠣᠳᠠᠰ᠎ᠢ ᠵᠠᠰᠠᠬᠤ ᠮᠡᠷᠭᠡᠵᠢᠯ᠎ᠤᠨ ᠲᠥᠪ᠎ᠢ ᠪᠠᠢᠷᠢᠯᠠᠭᠤᠯᠤᠨ ᠪᠦᠲᠦᠭᠡᠨ ᠪᠠᠢᠭᠤᠯᠤᠨ᠎ᠠ᠃
ᠳᠥᠴᠢ ᠶᠢᠰᠦᠳᠦᠭᠡᠷ ᠪᠦᠯᠦᠭ ᠠᠮᠢ ᠠᠬᠤᠶ᠎ᠶ᠋ᠢᠨ ᠱᠢᠰᠲ᠋ᠧᠮ᠎ᠤᠨ ᠤᠯᠠᠨ ᠶᠠᠩᠵᠤᠲᠤ ᠴᠢᠨᠠᠷ ᠲᠣᠭ᠍ᠲᠠᠪᠤᠷᠢᠲᠤ ᠴᠢᠨᠠᠷ ᠥᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠦᠨ᠎ᠡ
ᠠᠭᠤᠯᠠ ᠤᠰᠤ ᠣᠢ ᠱᠢᠭᠤᠢ ᠲᠠᠷᠢᠶᠠᠨ ᠭᠠᠵᠠᠷ ᠨᠠᠭᠤᠷ ᠲᠤᠭᠤᠷᠢᠮ ᠡᠪᠡᠰᠥ᠍ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠠᠢ ᠵᠠᠰᠠᠬᠤ᠎ᠶ᠋ᠢ ᠪᠠᠷᠢᠮᠲᠠᠯᠠᠵᠤ᠂ ᠠᠶᠠᠨ᠎ᠳᠠᠭᠠᠨ ᠰᠡᠷᠭᠦᠬᠦ᠌ ᠪᠠ ᠬᠥᠮᠦᠨ᠎ᠤ ᠬᠦᠴᠦ᠍᠎ᠪᠠᠷ ᠵᠠᠰᠠᠨ ᠰᠡᠷᠭᠦᠭᠡᠬᠦ᠌᠎ᠶ᠋ᠢ ᠨᠢᠭᠡᠳᠦᠯᠲᠡᠶ ᠲᠥᠯᠥᠪᠯᠡᠵᠦ᠍᠂ ᠶᠠᠰᠥ᠍ ᠴᠢᠨᠠᠷ᠎ᠢ ᠳᠡᠭᠡᠭ᠌ᠰᠢᠯᠡᠭᠦᠯᠦᠨ ᠠᠵᠤ ᠦᠢᠯᠡᠰ᠎ᠢ ᠬᠥᠭ᠌ᠵᠢᠭᠦᠯᠵᠦ᠍ ᠠᠷᠠᠳ᠎ᠲᠤ ᠠᠱᠢᠭ ᠬᠦᠷᠲᠡᠭᠡᠬᠦ᠌᠎ᠶ᠋ᠢ ᠨᠠᠩ ᠢᠯᠡᠬᠦᠦ ᠴᠢᠬᠤᠯᠠᠴᠢᠯᠠᠵᠤ᠂ ᠠᠭᠤᠯᠠᠨ ᠣᠷᠣᠢ᠎ᠠᠴᠠ ᠳᠠᠯᠠᠢ ᠲᠠᠩᠭᠢᠰ ᠬᠦᠷᠲᠡᠯᠡᠬᠢ ᠬᠠᠮᠠᠭᠠᠯᠠᠯᠲᠠ ᠵᠠᠰᠠᠯᠲᠠ᠎ᠶ᠋ᠢᠨ ᠶᠡᠭᠡ ᠪᠠᠢᠷᠢᠱᠢᠯ᠎ᠢ ᠪᠠᠢᠭᠤᠯᠤᠨ᠎ᠠ᠃
ᠨᠢᠭᠡᠳᠦᠭᠡᠷ ᠬᠡᠰᠡᠭ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠦᠨ ᠱᠢᠯᠢᠳᠡᠭ᠌ᠵᠢᠭᠦᠯᠦᠨ᠎ᠡ
ᠴᠢᠬᠤᠯᠠ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠴᠢᠬᠤᠯᠠ ᠶᠡᠭᠡ ᠢᠨᠵᠧᠨᠧᠷᠢᠩ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠭᠤᠷᠪᠠᠨ ᠣᠷᠣᠨ ᠳᠦᠷᠪᠡᠨ ᠪᠦᠰᠡ》 ᠪᠠᠷ ᠠᠷᠤᠭ ᠶᠠᠰᠤ ᠪᠣᠯᠭᠠᠭ᠍ᠰᠠᠨ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢᠨ ᠱᠢᠰᠲ᠋ᠧᠮ᠎ᠢ ᠦᠷᠭᠦᠯᠵᠢᠯᠡᠨ ᠪᠠᠬᠢᠵᠢᠭᠦᠯᠦᠨ᠎ᠡ᠃ 《ᠭᠤᠷᠪᠠᠨ ᠤᠮᠠᠷᠠᠲᠤ》᠎ᠶ᠋ᠢᠨ ᠢᠨᠵᠧᠨᠧᠷᠢᠩ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠲᠠᠢᠨ᠎ᠢ ᠰᠠᠢᠲᠤᠷ ᠬᠢᠵᠦ᠍᠂ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠶ ᠳᠠᠢᠨ᠎ᠤ ᠱᠢᠢᠳᠪᠦᠷᠢᠯᠡᠭ᠌ᠴᠢ ᠴᠢᠨᠠᠷᠲᠠᠶ ᠢᠯᠠᠯᠲᠠ ᠤᠯᠬᠤ᠎ᠶ᠋ᠢ ᠠᠬᠢᠭᠤᠯᠤᠨ᠎ᠠ᠃ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠭᠦᠨᠵᠡᠭᠡᠢᠷᠡᠭᠦᠯᠥᠨ ᠠᠬᠢᠭᠤᠯᠵᠤ᠂ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠵᠠᠰᠠᠬᠤ ᠪᠠ ᠬᠠᠢᠷ ᠴᠢᠯᠠᠭᠤᠵᠢᠯᠳᠡᠶ᠋ᠢ ᠵᠠᠰᠠᠬᠤ ᠠᠵᠢᠯ᠎ᠢ ᠴᠢᠩᠭᠠᠳᠭᠠᠨ᠎ᠠ᠃ ᠶᠡᠭᠡ ᠬᠡᠪᠴᠢᠶᠡᠨ᠎ᠤ ᠤᠯᠤᠰ᠎ᠤᠨ ᠨᠤᠳᠤᠭ ᠲᠡᠪᠢᠰᠭᠡᠷ᠎ᠢ ᠨᠣᠭᠤᠭᠠᠷᠠᠭᠤᠯᠬᠤ ᠠᠵᠢᠯᠯᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠵᠦ᠍᠂ ᠣᠶ ᠱᠢᠭᠤᠶ᠎ᠶ᠋ᠢᠨ ᠶᠠᠰᠥ᠍ ᠴᠢᠨᠠᠷ᠎ᠢ ᠨᠠᠷᠢᠯᠢᠬ ᠣᠨᠣᠴᠠᠲᠠᠶ᠎ᠪᠠᠷ ᠳᠡᠭᠡᠭ᠌ᠰᠢᠯᠡᠭᠦᠯᠬᠦ᠌ ᠪᠠ ᠤᠯᠤᠰ᠎ᠤᠨ ᠨᠥᠭᠡᠴᠡ ᠣᠶ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠥᠨ᠂ ᠣᠶ ᠱᠢᠭᠤᠶ᠎ᠶ᠋ᠢᠨ ᠬᠠᠳᠠᠭᠠᠯᠠᠭ᠍ᠳᠠᠴᠠ᠎ᠶ᠋ᠢ 224 ᠳ᠋ᠦᠩᠱᠢᠭᠤᠷ ᠪᠤᠰᠤᠭ᠎ᠠ ᠳᠦᠷᠪᠡᠯᠵᠢᠨ ᠮᠧᠲᠷ᠎ᠲᠤ ᠬᠦᠷᠭᠡᠵᠦ᠍᠂ ᠨᠤᠳᠤᠭ ᠪᠡᠯᠴᠢᠭᠡᠷ᠎ᠤᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠪᠠ ᠵᠥᠢ ᠵᠣᠬᠢᠰᠲᠠᠶ ᠠᠱᠢᠭ᠍ᠯᠠᠬᠤ᠎ᠶ᠋ᠢ ᠨᠢᠭᠡᠳᠦᠯᠲᠡᠶ ᠲᠥᠯᠥᠪᠯᠡᠵᠦ᠍᠂ ᠨᠤᠭᠤ ᠭᠠᠵᠠᠷ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌᠎ᠶ᠋ᠢ ᠴᠢᠩᠭᠠᠳᠭᠠᠨ᠎ᠠ᠃ ᠭᠠᠵᠠᠷ ᠳᠡᠭᠡᠷᠡᠬᠢ ᠤᠰᠤ᠎ᠶ᠋ᠢ ᠬᠡᠲᠦᠷᠬᠡᠢ ᠲᠠᠳᠠᠬ᠍ᠰᠠᠨ ᠪᠠ ᠭᠠᠵᠠᠷ ᠳᠣᠥᠷᠠᠬᠢ ᠤᠰᠤ᠎ᠶ᠋ᠢ ᠬᠡᠳᠥᠷᠭᠡᠢ ᠠᠪᠤᠭ᠍ᠰᠠᠨ᠎ᠢ ᠵᠠᠰᠠᠬᠤ ᠠᠵᠢᠯ᠎ᠢ ᠠᠬᠢᠭᠤᠯᠵᠤ᠂ ᠲᠡᠤᠬᠡ᠎ᠠᠴᠠ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠠᠵᠢᠯ᠎ᠢ ᠥᠷᠨᠢᠭᠦᠯᠦᠨ᠎ᠡ᠃
ᠬᠤᠶᠠᠳᠤᠭᠠᠷ ᠬᠡᠰᠡᠭ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ
ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠢ ᠡᠮᠬᠢᠯᠡᠨ ᠨᠡᠢᠯᠡᠭᠦᠯᠵᠦ᠍ ᠱᠢᠯᠢᠳᠡᠭ᠌ᠵᠢᠭᠦᠯᠬᠦ᠌᠎ᠶ᠋ᠢ ᠬᠡᠷᠡᠭ᠌ᠵᠢᠭᠦᠯᠵᠦ᠍᠂ ᠱᠠᠲᠤ ᠬᠤᠪᠢᠶᠠᠨ ᠬᠠᠮᠢᠶᠠᠷᠬᠤ ᠪᠠ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌᠎ᠶ᠋ᠢ ᠨᠠᠢᠳᠠᠪᠤᠷᠢᠵᠢᠭᠤᠯᠤᠨ᠂ ᠤᠯᠤᠰ᠎ᠤᠨ ᠴᠡᠴᠡᠷᠯᠢᠭ᠎ᠢᠶᠠᠷ ᠭᠤᠤᠯ ᠴᠣᠭ᠍ᠴᠠ ᠪᠣᠯᠭᠠᠭ᠍ᠰᠠᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠧᠮ᠎ᠢ ᠪᠠᠢᠭᠤᠯᠤᠨ ᠪᠦᠷᠢᠨᠱᠢᠭᠦᠯᠦᠨ᠎ᠡ᠃ ᠤᠯᠤᠰ᠎ᠤᠨ ᠱᠢᠨ᠎ᠡ ᠴᠡᠴᠡᠷᠯᠢᠭ᠎ᠢ ᠡᠮᠬᠢ ᠵᠢᠷᠤᠮ᠎ᠲᠠᠢ᠎ᠪᠠᠷ ᠪᠠᠢᠭᠤᠯᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠂ ᠪᠠᠢᠭᠠᠯᠢ᠎ᠶ᠋ᠢᠨ ᠴᠡᠴᠡᠷᠯᠢᠭ᠎ᠤᠨ ᠠᠮᠢ ᠠᠬᠤᠶ᠎ᠶ᠋ᠢᠨ ᠥᠢᠯᠡᠴᠢᠯᠡᠭᠡᠨ᠎ᠤ ᠴᠢᠳᠠᠮᠵᠢ᠎ᠶ᠋ᠢ ᠳᠡᠭᠡᠭ᠌ᠰᠢᠯᠡᠭᠦᠯᠦᠨ᠎ᠡ᠃ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠵᠦ᠍᠂ ᠲᠤᠭ᠍ᠴᠢ ᠳᠦᠷᠰᠦ᠂ ᠵᠠᠩᠭᠢᠯᠠᠭ᠎ᠠ᠎ᠶ᠋ᠢᠨ ᠳᠦᠷᠰᠦ᠎ᠶ᠋ᠢᠨ ᠬᠠᠮᠠᠭᠠᠯᠠᠯᠲᠠ᠎ᠪᠠᠷ ᠭᠤᠤᠯᠳᠠᠯᠭ᠎ᠠ ᠪᠣᠯᠭᠠᠵᠤ᠂ ᠴᠢᠬᠤᠯᠠ ᠣᠷᠣᠱᠢᠨ ᠠᠮᠢᠳᠤᠷᠠᠬᠤ ᠭᠠᠵᠠᠷ᠂ ᠠᠮᠢ ᠠᠬᠤᠶ᠎ᠶ᠋ᠢᠨ ᠬᠤᠩᠭᠢᠯ ᠪᠣᠯᠤᠨ ᠨᠡᠭᠦᠳᠡᠯ᠎ᠤᠨ ᠱᠢᠪᠠᠭᠤᠳ᠎ᠤᠨ ᠨᠡᠭᠦᠳᠡᠯᠯᠡᠬᠦ᠌ ᠵᠠᠮ᠎ᠤᠨ ᠬᠠᠮᠠᠭᠠᠯᠠᠯᠲᠠ ᠪᠠ ᠵᠠᠰᠠᠨ ᠰᠡᠷᠭᠦᠭᠡᠯᠳᠡ᠎ᠶ᠋ᠢ ᠴᠢᠩᠭᠠᠳᠭᠠᠵᠥ᠍᠂ ᠬᠥᠬᠡᠮᠥ᠋ᠷᠡᠨ᠎ᠤ ᠤᠰᠤᠨ᠎ᠤ ᠠᠮᠢᠳᠤ ᠪᠣᠳᠠᠰ᠎ᠤᠨ ᠬᠠᠮᠠᠭᠠᠯᠠᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠤᠯᠤᠰ᠎ᠤᠨ ᠤᠷᠭᠤᠮᠠᠯ᠎ᠤᠨ ᠬᠦᠷᠢᠶᠡᠯᠡᠩ᠎ᠤᠨ ᠱᠢᠰᠲ᠋ᠧᠮ᠎ᠢ ᠪᠠᠢᠭᠤᠯᠵᠤ᠂ ᠡᠷᠲᠡᠨ᠎ᠤ ᠮᠣᠳᠣ ᠨᠠᠷᠠᠳᠤ ᠮᠣᠳᠣᠨ᠎ᠤ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠣᠢ ᠱᠢᠭᠤᠶ ᠨᠤᠳᠤᠭ ᠪᠡᠯᠴᠢᠭᠡᠷ᠎ᠤᠨ ᠭᠠᠯ ᠰᠡᠷᠭᠡᠢᠯᠡᠵᠥ᠍ ᠭᠠᠯ ᠤᠨᠲᠠᠷᠠᠭᠠᠬᠤ᠂ ᠬᠥᠨᠥᠭᠡᠯ᠎ᠲᠠᠢ ᠠᠮᠢᠳᠤ ᠪᠣᠳᠠᠰ᠎ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠵᠤ᠂ ᠬᠠᠷᠢ ᠭᠠᠷᠤᠯ᠎ᠲᠠᠢ ᠲᠦᠷᠢᠮᠡᠬᠡᠢ ᠲᠥᠷᠰᠥ᠎ᠶ᠋ᠢ ᠬᠢᠨᠠᠨ ᠬᠡᠮᠵᠢᠵᠦ᠍ ᠬᠠᠮᠢᠶᠠᠷᠤᠨ ᠡᠵᠡᠮᠳᠡᠬᠦ᠌ ᠠᠵᠢᠯ᠎ᠢ ᠴᠢᠩᠭᠠᠳᠭᠠᠨ᠎ᠠ᠃
ᠭᠤᠷᠪᠠᠳᠤᠭᠠᠷ ᠬᠡᠰᠡᠭ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠲᠣᠭ᠍ᠲᠠᠴᠠ᠎ᠶ᠋ᠢ ᠪᠥᠷᠢᠨᠱᠢᠭᠦᠯᠦᠨᠡ
ᠬᠢᠵᠠᠭᠠᠷᠯᠠᠬᠤ᠎ᠶ᠋ᠢ ᠴᠢᠩᠳᠠᠯᠠᠬᠤ ᠪᠠ ᠤᠷᠮᠠᠱᠢᠭᠤᠯᠬᠤ᠎ᠶ᠋ᠢ ᠴᠢᠩᠭᠠᠳᠭᠠᠬᠤ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠪᠦᠬᠦ᠌ ᠨᠡᠢᠭᠡᠮ᠎ᠤᠨ ᠠᠮᠢ ᠠᠬᠤᠶ᠎ᠶ᠋ᠢ ᠬᠠᠮᠠᠭᠠᠯᠠᠬᠤ ᠳᠣᠲᠣᠭᠠᠳᠤ ᠬᠥᠳᠡᠯᠭᠡᠭ᠌ᠴᠢ ᠬᠦᠴᠦᠨ᠎ᠢ ᠬᠥᠭ᠌ᠵᠢᠭᠡᠨ᠎ᠡ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠠᠮᠢᠶᠠᠷᠤᠯᠲᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠠᠮᠢ ᠠᠬᠤᠶ᠎ᠶ᠋ᠢ ᠡᠪᠳᠡᠭ᠌ᠰᠡᠨ ᠠᠰᠠᠭᠤᠳᠠᠯ᠎ᠢ ᠰᠠᠮᠨᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠴᠢᠩᠭᠠᠳᠭᠠᠵᠤ᠂ ᠠᠮᠢ ᠠᠬᠤᠶ᠎ᠶ᠋ᠢᠨ ᠬᠠᠮᠠᠭᠠᠯᠠᠯᠲᠠ ᠵᠠᠰᠠᠨ ᠰᠡᠷᠭᠦᠭᠡᠯᠲᠡ᠎ᠶ᠋ᠢᠨ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌ ᠠᠵᠢᠯ᠎ᠢ ᠥᠷᠨᠢᠭᠦᠯᠦᠨ᠎ᠡ᠃ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠥᠮᠴᠢᠯᠡᠬᠦ᠌ ᠡᠷᠬᠡ ᠪᠠ ᠬᠠᠮᠢᠶᠠᠷᠤᠯᠲᠠ᠎ᠶ᠋ᠢᠨ ᠲᠦᠷᠢᠮ᠎ᠢ ᠪᠦᠷᠢᠨᠱᠢᠭᠦᠯᠵᠦ᠍᠂ ᠡᠳ᠋ ᠬᠥᠷᠥᠩᠭᠡ᠎ᠶ᠋ᠢ ᠪᠠᠢᠴᠠᠭᠠᠵᠥ᠍ ᠲᠣᠭᠠᠴᠠᠭ᠎ᠠ ᠬᠢᠬᠦ᠌ ᠪᠠ ᠡᠷᠬᠡ᠎ᠶ᠋ᠢ ᠨᠤᠲᠠᠯᠠᠨ ᠳᠡᠩᠰᠡᠯᠡᠬᠤ᠎ᠶ᠋ᠢ ᠪᠥᠬᠦ᠌ ᠲᠠᠯ᠎ᠠ ᠪᠠᠷ ᠠᠬᠢᠭᠤᠯᠤᠨ᠎ᠠ᠃ ᠣᠯᠠᠨ ᠡᠱᠢᠴᠢᠯᠡᠭ᠌ᠰᠡᠨ ᠠᠮᠢ ᠠᠬᠤᠢ᠎ᠶ᠋ᠢᠨ ᠨᠥᠬᠦᠪᠥᠷᠢ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠴᠢᠳᠠᠮᠵᠢᠲᠤ ᠣᠷᠣᠨ᠎ᠳᠤ ᠱᠢᠯᠵᠢᠭᠦᠯᠦᠨ ᠥᠭ᠌ᠬᠦ ᠪᠠ ᠣᠶ ᠱᠢᠭᠤᠶ᠂ ᠨᠤᠲᠤᠭ ᠪᠡᠯᠴᠢᠭᠡᠷ ᠵᠡᠷᠭᠡ ᠴᠢᠬᠤᠯᠠ ᠠᠮᠢ ᠠᠬᠤᠶ᠎ᠶ᠋ᠢᠨ ᠱᠢᠰᠲ᠋ᠧᠮ᠎ᠤᠨ ᠨᠥᠬᠦᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠪᠦᠷᠢᠨᠱᠢᠭᠦᠯᠵᠦ᠍᠂ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ ᠬᠥᠳᠡᠯᠦᠩᠭᠦᠢ᠎ᠪᠠᠷ ᠳᠣᠭᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠥ᠍᠂ ᠰᠠᠪᠠ ᠭᠠᠵᠠᠷ᠎ᠢᠶᠠᠷ ᠭᠤᠤᠯᠳᠠᠯᠭ᠎ᠠ ᠪᠣᠯᠭᠠᠨ ᠬᠥᠨᠳᠡᠯᠡᠨ᠎ᠢᠶᠠᠷ ᠨᠥᠬᠦᠪᠥᠷᠢ ᠥᠭ᠌ᠬᠦ᠎ᠶ᠋ᠢ ᠬᠦᠨᠵᠡᠬᠡᠢᠷᠡᠬᠦᠯᠦᠨ ᠥᠷᠨᠢᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ ᠠᠮᠢ ᠠᠬᠤᠶ᠎ᠶ᠋ᠢᠨ ᠨᠥᠬᠦᠪᠥᠷᠢ᠎ᠶ᠋ᠢ ᠬᠥᠭ᠌ᠵᠢᠭᠦᠯᠵᠦ᠍᠂ ᠠᠮᠢ ᠠᠬᠤᠶ᠎ᠶ᠋ᠢᠨ ᠶᠡᠷᠦᠩᠬᠡᠢᠯᠡᠭ᠌ᠰᠡᠨ ᠨᠥᠬᠦᠪᠥᠷᠢ᠎ᠶ᠋ᠢ ᠬᠠᠢᠨ ᠰᠦᠪᠡᠭ᠌ᠴᠢᠯᠡᠨ᠎ᠡ᠃ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠠᠮᠢ ᠠᠬᠤᠶ᠎ᠶ᠋ᠢᠨ ᠥᠢᠯᠡᠳᠬᠦᠨᠤ ᠦᠷᠳᠡᠭ᠎ᠢ ᠪᠡᠶᠡᠯᠡᠭᠦᠯᠬᠦ᠌ ᠠᠷᠭ᠎ᠠ ᠵᠠᠮ᠎ᠢ ᠥᠷᠭᠡᠳᠭᠡᠨ᠎ᠡ᠃ ᠠᠮᠢ ᠠᠬᠤᠢ᠎ᠶ᠋ᠢᠨ ᠤᠷᠴᠢᠨ ᠨᠥᠬᠦᠴᠡᠯ᠎ᠢ ᠬᠤᠬᠢᠷᠠᠭᠤᠯᠬᠤ ᠲᠥᠯᠤᠪᠤᠷᠢᠶ᠋ᠢᠨ ᠲᠥᠷᠢᠮ᠎ᠢ ᠲᠡᠭᠦᠯᠳᠡᠷᠵᠢᠬᠦᠯᠥᠨᠠ᠃ ᠬᠠᠮᠲᠤ᠎ᠶ᠋ᠢᠨ ᠣᠢ ᠱᠢᠭᠤᠶ᠎ᠶ᠋ᠢᠨ ᠡᠷᠬᠡ᠎ᠶ᠋ᠢᠨ ᠳᠦᠷᠢᠮ ᠪᠣᠯᠤᠨ ᠤᠯᠤᠰ᠎ᠤᠨ ᠥᠮᠴᠢᠯᠡᠯ᠎ᠤᠨ ᠤᠢ᠍ᠢᠳᠥ ᠣᠷᠣᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠣᠳᠣᠬᠢᠴᠢᠯᠠᠭ᠍ᠰᠠᠨ ᠤᠯᠤᠰ᠎ᠤᠨ ᠥᠮᠴᠢᠯᠡᠯ᠎ᠤᠨ ᠣᠢ ᠱᠢᠭᠤᠶ᠎ᠶ᠋ᠢᠨ ᠲᠠᠯᠠᠪᠠᠢ᠎ᠶ᠋ᠢ ᠲᠦᠷᠭᠡᠯᠡᠨ ᠪᠠᠢᠭᠤᠯᠤᠨ᠎ᠠ᠃
ᠬᠦᠰᠦᠨᠦᠭ᠌ᠲᠦ 22 ᠠᠮᠢ ᠠᠬᠤᠶ᠎ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌
01 《ᠭᠤᠷᠪᠠᠨ ᠤᠮᠠᠷᠠᠲᠤ》 ᠶ᠋ᠢᠨ ᠢᠨᠵᠧᠨᠧᠷᠢᠩ᠎ᠤᠨ ᠵᠢᠷᠭᠤᠳᠤᠭᠠᠷ ᠬᠤᠭᠤᠴᠠᠭ᠎ᠠ
ᠤᠮᠠᠷᠠᠲᠤ ᠣᠷᠣᠨ᠎ᠤ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢᠨ ᠲᠣᠭᠤᠷᠢᠨ᠎ᠳᠤ᠂ ᠬᠠᠳᠤᠨ ᠭᠤᠣᠯ᠎ᠤᠨ 《ᠶᠡᠭᠡ ᠲᠤᠬᠤᠢ》᠎ᠶ᠋ᠢᠨ ᠪᠡᠷᠭᠡ ᠰᠡᠳᠥᠪ᠎ᠢ ᠱᠢᠢᠳᠪᠤᠷᠢᠯᠡᠬᠦ᠌ ᠳᠠᠢᠨ᠂ ᠬᠤᠷᠴᠢᠨ ᠪᠠ ᠬᠤᠯᠠᠨ ᠱᠢᠷᠭ᠎ᠠ ᠳᠠᠭ᠎ᠠ᠎ᠶ᠋ᠢᠨ ᠡᠯᠡᠰᠦᠷᠬᠡᠭ ᠭᠠᠵᠠᠷ᠎ᠤᠨ ᠰᠥᠨᠥᠭᠡᠯᠳᠡ᠎ᠶ᠋ᠢᠨ ᠲᠠᠢᠨ᠂ ᠬᠠᠳᠤᠨ ᠭᠤᠤᠯ᠎ᠤᠨ ᠪᠠᠷᠠᠭᠤᠨ ᠬᠥᠨᠳᠡᠢ — ᠲᠠᠺᠯᠢᠮᠠᠺᠠᠨᠤ ᠡᠯᠠᠰᠤᠨ ᠴᠦᠯ᠎ᠤᠨ ᠬᠥᠪᠡᠭᠡ ᠵᠠᠬ᠎ᠠ᠎ᠶ᠋ᠢᠨ ᠬᠤᠷᠢᠭ᠍ᠯᠠᠯᠳᠠ᠎ᠶ᠋ᠢᠨ ᠲᠠᠢᠨ᠎ᠢ ᠰᠠᠢᠲᠤᠷ ᠬᠢᠵᠦ᠍᠂ 《ᠭᠤᠷᠪᠠᠨ ᠤᠮᠠᠷᠠᠲᠤ》᠎ᠶ᠋ᠢᠨ ᠢᠨᠵᠧᠨᠧᠷᠢᠩ᠎ᠤᠨ ᠣᠷᠣᠨ᠎ᠤ ᠣᠢ ᠱᠢᠭᠤᠢ ᠡᠪᠡᠰᠦ ᠪᠡᠯᠴᠢᠭᠡᠷ᠎ᠤᠨ ᠪᠦᠷᠬᠦᠴᠡ᠎ᠶ᠋ᠢ 40.9%᠎ᠳᠤ ᠬᠦᠷᠭᠡᠵᠥ᠍᠂ ᠵᠠᠰᠠᠵᠤ ᠪᠣᠯᠬᠤ ᠡᠯᠡᠰᠦᠷᠭᠡᠭ᠌ᠵᠢᠭ᠌ᠰᠡᠨ ᠭᠠᠵᠠᠷ ᠱᠢᠷᠣᠶ᠎ᠶ᠋ᠢᠨ ᠵᠠᠰᠠᠯᠲᠠ᠎ᠶ᠋ᠢᠨ ᠨᠣᠷᠮ᠎ᠠ᠎ᠶ᠋ᠢ 67%᠎ᠳᠤ ᠬᠥᠷᠭᠡᠵᠥ᠍᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠶ᠋ᠢ 22%᠎ᠲᠤ ᠬᠥᠷᠭᠡᠵᠥ᠍᠂ ᠬᠠᠳᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠢ᠎ᠶ᠋ᠢᠨ ᠣᠷᠣᠨ᠂ ᠤᠮᠠᠷᠠᠲᠤ ᠤᠷᠤᠨ᠎ᠤ ᠡᠯᠡᠰᠦᠷᠬᠡᠭ᠌ᠵᠢᠯ᠎ᠢ ᠰᠡᠷᠭᠡᠢᠯᠡᠬᠦ᠌ ᠪᠦᠰᠡ᠂ ᠵᠡᠭᠦᠨ ᠬᠤᠢᠲᠤ᠎ᠶ᠋ᠢᠨ ᠣᠢ ᠱᠢᠭᠤᠶ᠎ᠶ᠋ᠢᠨ ᠪᠦᠰᠡ᠎ᠶ᠋ᠢᠨ ᠠᠮᠢ ᠠᠬᠤᠶ᠎ᠶ᠋ᠢ ᠬᠠᠮᠠᠭᠠᠯᠠᠵᠤ ᠵᠠᠰᠠᠨ ᠰᠡᠷᠭᠦᠭᠡᠬᠦ᠌᠎ᠶ᠋ᠢ ᠠᠬᠢᠭᠤᠯᠤᠨ᠎ᠠ᠃
02 ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠶ᠎ᠶ᠋ᠢᠨ ᠬᠠᠯᠬᠠᠪᠴᠢ᠎ᠶ᠋ᠢᠨ ᠣᠷᠣᠨ᠎ᠤ ᠠᠮᠢ ᠠᠬᠤᠶ᠎ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌
ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠥᠨᠳᠦᠷᠯᠢᠭ ᠭᠠᠵᠠᠷ᠎ᠢ ᠲᠦᠷᠭᠡᠯᠡᠨ ᠪᠦᠲᠦᠭᠡᠨ ᠪᠠᠢᠭᠤᠯᠬᠤ᠎ᠪᠠᠷ ᠬᠠᠷᠠᠯᠲᠠ ᠪᠣᠯᠭᠠᠨ᠂ ᠥᠨᠳᠦᠷᠯᠢᠭ᠎ᠤᠨ ᠣᠢ ᠱᠢᠭᠤᠶ᠂ ᠵᠥᠯᠭᠡ ᠭᠠᠵᠠᠷ᠎ᠤᠨ ᠨᠤᠲᠤᠭ ᠪᠡᠯᠴᠢᠭᠡᠷ ᠂ ᠴᠠᠰᠤᠲᠤ ᠠᠭᠤᠯᠠ ᠮᠥᠰᠥᠲᠦᠯᠭᠡ ᠬᠥᠯᠳᠡᠭᠦᠥ ᠬᠥᠷᠥᠰᠥ᠍ ᠵᠡᠷᠭᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠬᠠᠷ᠎ᠠ ᠰᠠᠢᠷᠭᠠᠯ ᠬᠡᠯᠪᠡᠷᠢ᠎ᠶ᠋ᠢᠨ ᠮᠠᠭᠤᠳᠠᠭ᠍ᠰᠠᠨ ᠨᠤᠲᠤᠭ ᠪᠡᠯᠴᠢᠭᠡᠷ ᠪᠠ ᠡᠯᠡᠰᠦᠷᠬᠡᠭ᠌ᠵᠢᠭ᠌ᠰᠡᠨ ᠨᠤᠲᠤᠭ ᠪᠡᠯᠴᠢᠭᠡᠷ᠎ᠢ ᠵᠠᠰᠠᠬᠤ ᠡᠷᠴᠢᠮ᠎ᠢ ᠴᠢᠩᠭᠠᠷᠠᠭᠤᠯᠵᠤ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠶᠡᠷᠦᠩᠬᠡᠢᠯᠡᠨ ᠵᠠᠰᠠᠬᠤ ᠪᠠ ᠴᠢᠬᠤᠯᠠ ᠨᠤᠭᠤ ᠭᠠᠵᠠᠷ᠎ᠤᠨ ᠠᠮᠢ ᠠᠬᠤᠢ᠎ᠶ᠋ᠢᠨ ᠴᠢᠳᠠᠮᠵᠢ᠎ᠶ᠋ᠢ ᠰᠡᠷᠭᠦᠭᠡᠬᠦ᠌᠎ᠶ᠋ᠢ ᠠᠬᠢᠭᠤᠯᠵᠤ᠂ ᠭᠤᠷᠪᠠᠨ ᠮᠥᠷᠡᠨ᠎ᠤ ᠡᠬᠢ᠎ᠶ᠋ᠢᠨ 《ᠳᠤᠮᠳᠠᠳᠤ᠎ᠶ᠋ᠢᠨ ᠤᠰᠤᠨ ᠰᠤᠪᠤᠷᠭ᠎ᠠ》᠎ᠶ᠋ᠢ ᠬᠠᠮᠠᠭᠠᠯᠠᠨ ᠳᠡᠮᠵᠢᠬᠦ᠌ ᠱᠢᠰᠲ᠋ᠧᠮ᠎ᠢ ᠪᠦᠷᠢᠨᠱᠢᠭᠦᠯᠵᠦ᠍᠂ ᠮᠠᠭᠤᠳᠠᠭ᠍ᠰᠠᠨ ᠨᠤᠲᠤᠭ ᠪᠡᠯᠴᠢᠭᠡᠷ᠎ᠢ 250 ᠲᠦᠮᠡᠨ ᠾᠧᠺᠲ᠋ᠠᠷ ᠵᠠᠰᠠᠨ ᠰᠡᠷᠭᠦᠭᠡᠵᠥ᠍᠂ ᠡᠯᠡᠰᠦᠷᠭᠡᠭ᠌ᠵᠢᠭ᠌ᠰᠡᠨ ᠭᠠᠵᠠᠷ ᠱᠢᠷᠣᠶ᠎ᠶ᠋ᠢ 100 ᠲᠦᠮᠡᠨ ᠾᠧᠺᠲ᠋ᠠᠷ ᠶᠡᠷᠦᠩᠬᠡᠢᠯᠡᠨ ᠵᠠᠰᠠᠨ᠎ᠠ᠃
03 ᠬᠥᠬᠡᠮᠥ᠋ᠷᠡᠨ᠎ᠤ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠣᠷᠣᠨ᠎ᠤ ᠠᠮᠢ ᠠᠬᠤᠶ᠎ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌
ᠬᠥᠷᠥᠰᠥ᠍ ᠱᠢᠷᠣᠶ᠎ᠶ᠋ᠢᠨ ᠢᠳᠡᠭ᠌ᠳᠡᠯ᠂ ᠬᠠᠢᠷ ᠴᠢᠯᠠᠭᠤᠵᠢᠯᠳᠡᠶ᠋ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠵᠤ᠂ ᠫᠦᠸᠧ ᠶᠠᠩ ᠬᠤ᠌ ᠨᠠᠭᠤᠷ᠂ ᠳ᠋ᠦᠩ ᠲᠢᠩ ᠬᠤ᠌ ᠨᠠᠭᠤᠷ ᠵᠡᠷᠭᠡ ᠭᠤᠤᠯ ᠮᠥᠷᠡᠨ ᠨᠠᠭᠤᠷ ᠪᠥᠷᠢᠳᠥ ᠨᠤᠭᠤ ᠭᠠᠵᠠᠷ᠎ᠤᠨ ᠠᠮᠢ ᠠᠬᠤᠶ᠎ᠶ᠋ᠢ ᠬᠠᠮᠠᠭᠠᠯᠠᠵᠥ᠍ ᠵᠠᠰᠠᠨ ᠰᠡᠷᠭᠦᠭᠡᠬᠦ᠌᠎ᠶ᠋ᠢ ᠠᠬᠢᠭᠤᠯᠵᠤ᠂ ᠣᠶ ᠱᠢᠭᠤᠶ ᠤᠢ᠍ᠢᠵᠢᠭᠤᠯᠤᠨ ᠪᠤᠢᠵᠢᠭᠤᠯᠬᠤ ᠪᠠ ᠴᠢᠨᠠᠷ ᠠᠨᠠᠢ ᠦᠷ᠎ᠡ ᠠᠱᠢᠭ ᠳᠤᠤᠷ᠎ᠠ ᠣᠶ ᠱᠢᠭᠤᠶ᠎ᠶ᠋ᠢ ᠥᠭᠡᠷᠡᠴᠢᠯᠡᠬᠦ᠌᠎ᠶ᠋ᠢ ᠬᠡᠷᠡᠭ᠌ᠵᠢᠭᠦᠯᠵᠥ᠍᠂ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠵᠠᠰᠠᠬᠤ ᠲᠠᠯᠠᠪᠠᠢ᠎ᠶ᠋ᠢ 600 ᠲᠦᠮᠡᠨ ᠾᠧᠺᠲ᠋ᠠᠷ᠂ ᠬᠠᠢᠷ ᠴᠢᠯᠠᠭᠤᠵᠢᠬ᠍ᠰᠡᠨ ᠭᠠᠵᠠᠷ ᠱᠢᠷᠣᠶ᠎ᠶ᠋ᠢ ᠵᠠᠰᠠᠬᠤ ᠲᠠᠯᠠᠪᠠᠢ᠎ᠶ᠋ᠢ 130 ᠲᠦᠮᠡᠨ ᠾᠧᠺᠲ᠋ᠠᠷ ᠱᠢᠨ᠎ᠡ᠎ᠪᠠᠷ ᠨᠡᠮᠡᠭ᠌ᠳᠡᠭᠦᠯᠦᠨ᠎ᠡ᠃
04 ᠡᠮᠦᠨᠡᠲᠦ ᠣᠷᠣᠨ᠎ᠤ ᠳᠣᠪᠣᠴᠠᠭ ᠠᠭᠤᠯᠠᠷᠬᠠᠭ ᠪᠥᠰᠡ᠎ᠶ᠋ᠢᠨ ᠠᠮᠢ ᠠᠬᠤᠶ᠎ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌
ᠬᠠᠯᠬᠠᠪᠴᠢ ᠤᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠠᠭᠤᠰᠤᠭ᠍ᠳᠠᠮᠠᠯ ᠴᠢᠯᠠᠭᠤᠯᠢᠭ᠎ᠤᠨ ᠭᠠᠵᠠᠷ ᠣᠷᠣᠨ᠎ᠤ ᠬᠠᠢᠷ ᠴᠢᠯᠠᠭᠤᠵᠢᠯᠳᠡᠶ᠋ᠢᠨ ᠵᠠᠰᠠᠯᠳᠠ᠎ᠶ᠋ᠢ ᠠᠬᠢᠭᠤᠯᠵᠤ᠂ ᠴᠢᠬᠤᠯᠠ ᠨᠤᠭᠤ ᠭᠠᠵᠠᠷ᠎ᠢ ᠬᠠᠮᠠᠭᠠᠯᠠᠵᠥ᠍ ᠵᠠᠰᠠᠨ ᠰᠡᠷᠭᠦᠭᠡᠬᠦ᠌᠎ᠶ᠋ᠢ ᠴᠢᠩᠭᠠᠳᠭᠠᠵᠤ᠂ ᠨᠠᠨᠯᠢᠩ ᠠᠭᠤᠯᠠᠷᠬᠠᠭ ᠭᠠᠵᠠᠷ᠂ ᠡᠥ ᠢ ᠱᠠᠨ ᠠᠭᠤᠯᠠ᠂ ᠬᠤᠨᠠᠨ ᠭᠤᠸᠠᠩᠰᠢ᠎ᠶ᠋ᠢᠨ ᠠᠭᠤᠰᠤᠭ᠍ᠳᠠᠮᠠᠯ ᠴᠢᠯᠠᠭᠤᠯᠢᠭ᠎ᠤᠨ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ᠎ᠶ᠋ᠢᠨ ᠠᠮᠢ ᠠᠬᠤᠢ᠎ᠶ᠋ᠢᠨ ᠶᠠᠰᠥ᠍ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠵᠥ᠍᠂ ᠬᠠᠢᠷ ᠴᠢᠯᠠᠭᠤᠵᠢᠬ᠍ᠰᠡᠨ ᠭᠠᠵᠠᠷ ᠱᠢᠷᠣᠶ᠎ᠶ᠋ᠢ ᠵᠠᠰᠠᠬᠤ ᠲᠠᠯᠠᠪᠠᠢ᠎ᠶ᠋ᠢ 30 ᠲᠦᠮᠡᠨ ᠾᠧᠺᠲ᠋ᠠᠷ ᠱᠢᠨ᠎ᠡ᠎ᠪᠠᠷ ᠨᠡᠮᠡᠭ᠌ᠳᠡᠭᠦᠯᠵᠦ᠍᠂ 11 ᠲᠦᠮᠡᠨ ᠾᠧᠺᠲ᠋ᠠᠷ ᠣᠢᠵᠢᠭᠤᠯᠤᠨᠠ᠃
05 ᠲᠠᠯᠠᠢ᠎ᠶ᠋ᠢᠨ ᠡᠷᠭᠢ᠎ᠶ᠋ᠢᠨ ᠪᠦᠰᠡ᠎ᠶ᠋ᠢᠨ ᠠᠮᠢ ᠠᠬᠤᠶ᠎ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌
ᠬᠥᠮᠦᠨ ᠪᠠ ᠳᠠᠯᠠᠢ ᠲᠠᠩᠭᠢᠰ᠎ᠢ ᠡᠶ᠎ᠡ ᠵᠣᠬᠢᠴᠠᠯ᠎ᠲᠠᠢ᠂ ᠠᠮᠤᠷ ᠲᠦᠪᠱᠢᠨ ᠤᠶᠠᠨ ᠬᠠᠳᠠᠨ ᠴᠢᠨᠠᠷᠲᠠᠢ ᠪᠠᠢᠯᠭᠠᠬᠤ ᠳᠠᠯᠠᠢ᠎ᠶ᠋ᠢᠨ ᠡᠷᠭᠢ᠎ᠶ᠋ᠢᠨ ᠪᠦᠰᠡ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠦᠲᠦᠭᠡᠨ ᠪᠠᠢᠭᠤᠯᠬᠤ᠎ᠶ᠋ᠢᠨ ᠲᠣᠭᠤᠷᠢᠨ᠎ᠳᠤ᠂ ᠡᠪᠳᠡᠭ᠌ᠳᠡᠭ᠌ᠰᠡᠨ ᠮᠠᠭᠤᠳᠠᠭ᠍ᠰᠠᠨ ᠡᠷᠭᠢ᠎ᠶ᠋ᠢᠨ ᠲᠠᠩ ᠪᠠ ᠠᠮᠢ ᠠᠬᠤᠢ᠎ᠶ᠋ᠢᠨ ᠱᠢᠰᠲ᠋ᠧᠮ᠎ᠢ ᠵᠠᠰᠠᠨ ᠰᠠᠷᠭᠦᠭᠡᠵᠥ᠍᠂ ᠴᠤᠷᠭᠤ᠎ᠳᠤ ᠵᠠᠮᠠᠬ᠎ᠤᠨ ᠨᠤᠭᠤᠭᠠᠨ ᠲᠦᠯᠬᠢᠭᠡᠨ ᠵᠡᠷᠭᠡ ᠠᠮᠢ ᠠᠬᠤᠢ᠎ᠶ᠋ᠢᠨ ᠭᠠᠮᠱᠢᠭ᠎ᠢ ᠶᠡᠷᠦᠩᠬᠡᠢᠯᠡᠨ ᠵᠠᠰᠠᠬᠤ᠎ᠶ᠋ᠢ ᠥᠷᠨᠢᠭᠦᠯᠵᠦ᠍᠂ ᠤᠯᠠᠭᠠᠨ ᠮᠣᠳᠣᠨ ᠣᠢ᠂ ᠱ᠌ᠢᠷᠦᠨ ᠪᠣᠱᠤᠭ᠎ᠠ᠂ ᠳᠠᠯᠠᠢ᠎ᠶ᠋ᠢᠨ ᠡᠪᠡᠰᠦᠨ᠎ᠤ ᠬᠡᠪᠳᠡᠰᠢ ᠵᠡᠷᠭᠡ ᠨᠡᠢᠲᠡᠯᠢᠭ ᠠᠮᠢ ᠠᠬᠤᠢ᠎ᠶ᠋ᠢᠨ ᠱᠢᠰᠲ᠋ᠧᠮ᠎ᠤᠨ ᠶᠠᠰᠤ ᠴᠢᠨᠠᠷ ᠪᠠ ᠲᠣᠭ᠍ᠲᠠᠪᠤᠷᠢᠲᠤ ᠴᠢᠨᠠᠷ᠎ᠢ ᠳᠡᠭᠡᠭ᠌ᠰᠢᠯᠡᠭᠦᠯᠵᠦ᠍᠂ ᠳᠠᠯᠠᠢ ᠲᠠᠭᠠᠤ ᠨᠤᠭᠤ ᠭᠠᠵᠠᠷ᠎ᠢ 2 ᠲᠦᠮᠡᠨ ᠾᠧᠺᠲ᠋ᠠᠷ ᠴᠡᠭ᠌ᠴᠡᠯᠡᠨ ᠵᠠᠰᠠᠵᠥ᠍ ᠵᠠᠰᠠᠨ ᠰᠡᠷᠭᠦᠭᠡᠵᠦ᠍᠂ ᠳᠠᠯᠠᠢ᠎ᠶ᠋ᠢᠨ ᠡᠷᠭᠢ᠎ᠶ᠋ᠢᠨ ᠱᠤᠭᠤᠮ᠎ᠢ 400 ᠺᠢᠯᠣᠮᠧᠲᠷ ᠵᠠᠰᠠᠨ ᠰᠡᠷᠭᠦᠭᠡᠨ᠎ᠡ᠃
06 ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠧᠮ᠎ᠢ ᠪᠠᠢᠭᠤᠯᠬᠤ ᠪᠠ ᠬᠡᠭᠡᠷ᠎ᠡ᠎ᠶ᠋ᠢᠨ ᠠᠮᠢᠲᠠᠨ ᠤᠷᠭᠤᠮᠠᠯ᠎ᠢ ᠬᠠᠮᠠᠭᠠᠯᠠᠬᠤ
ᠤᠯᠤᠰ᠎ᠤᠨ ᠴᠡᠴᠡᠷᠯᠢᠭ ᠵᠡᠷᠭᠡ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠬᠠᠮᠠᠭᠠᠯᠠᠯᠲᠠ ᠬᠠᠮᠢᠶᠠᠷᠤᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠨᠠᠨ ᠬᠡᠮᠵᠢᠯᠲᠡ᠂ ᠱᠢᠨᠵᠢᠯᠡᠬᠦ᠌ ᠤᠬᠠᠭᠠᠨ᠎ᠤ ᠶᠡᠷᠥ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ ᠬᠥᠮᠦᠵᠢᠯ ᠵᠡᠷᠭᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠠᠩᠬᠠᠶ᠎ᠶ᠋ᠢᠨ ᠴᠧᠨ ᠱᠠᠨ᠂ ᠱᠢᠱᠤᠸᠠᠩᠪᠠᠨᠨᠠ ᠵᠡᠷᠭᠡ ᠤᠯᠤᠰ᠎ᠤᠨ ᠤᠷᠭᠤᠮᠠᠯ᠎ᠤᠨ ᠬᠦᠷᠢᠶᠡᠯᠡᠩ᠎ᠢ ᠪᠥᠳᠥᠭᠡᠨ ᠪᠠᠢᠭᠤᠯᠬᠤ᠎ᠶ᠋ᠢ ᠠᠬᠢᠭᠤᠯᠤᠨ᠎ᠠ᠃ ᠬᠡᠭᠡᠷ᠎ᠡ᠎ᠶ᠋ᠢᠨ ᠠᠮᠢᠲᠠᠨ ᠤᠷᠭᠤᠮᠠᠯ᠎ᠤᠨ ᠴᠢᠬᠤᠯᠠ ᠣᠷᠣᠱᠢᠨ ᠠᠮᠢᠳᠤᠷᠠᠬᠤ ᠭᠠᠵᠠᠷ᠎ᠢ ᠰᠡᠷᠭᠦᠭᠡᠬᠦ᠌ ᠪᠠ ᠬᠤᠪᠣᠷ ᠴᠤᠬᠠᠭ ᠮᠥᠬᠦᠬᠦ᠌ ᠱᠢᠬᠠᠭ᠍ᠰᠠᠨ ᠬᠡᠭᠡᠷ᠎ᠡ᠎ᠶ᠋ᠢᠨ ᠠᠮᠢᠲᠠᠨ ᠤᠷᠭᠤᠮᠠᠯ᠎ᠢ ᠠᠪᠤᠷᠠᠨ ᠲᠤᠰᠠᠯᠠᠬᠤ ᠲᠥᠪ᠂ ᠤᠳᠤᠮᠯᠠᠯ᠎ᠤᠨ ᠡᠬᠢ ᠰᠤᠷᠪᠤᠯᠵᠢ᠎ᠶ᠋ᠢ ᠦᠷᠡᠵᠢᠭᠦᠯᠦᠨ ᠪᠤᠢᠵᠢᠭᠤᠯᠬᠤ ᠵᠢᠴᠢ ᠵᠡᠷᠯᠢᠭ᠌ᠵᠢᠭᠦᠯᠦᠨ ᠬᠡᠬᠡᠷ᠎ᠡ ᠲᠠᠯᠪᠢᠵᠤ ᠶᠠᠪᠤᠭᠤᠯᠬᠤ ᠵᠡᠷᠭᠡ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃

ᠵᠢᠷᠤᠭ 3 ᠴᠢᠬᠤᠯᠠ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠴᠢᠬᠤᠯᠠ ᠶᠡᠭᠡ ᠢᠨᠵᠧᠨᠧᠷᠢᠩ᠎ᠤᠨ ᠪᠠᠢᠷᠢᠯᠠᠭᠤᠯᠤᠯᠲᠠ᠎ᠶ᠋ᠢᠨ ᠵᠢᠷᠤᠭ
ᠲᠠᠪᠢᠳᠤᠭᠠᠷ ᠪᠦᠯᠦᠭ ᠨᠤᠭᠤᠭᠠᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠬ᠎ᠢ ᠲᠦᠷᠭᠡᠯᠡᠨ ᠪᠤᠢ ᠪᠣᠯᠭᠠᠨ᠎ᠠ
ᠠᠷᠪᠢᠯᠠᠨ ᠭᠠᠮᠨᠠᠬᠤ᠎ᠶ᠋ᠢ ᠲᠡᠷᠢᠭᠦᠨ᠎ᠳᠤ ᠲᠠᠯᠪᠢᠬᠤ᠎ᠶ᠋ᠢ ᠳᠣᠪᠤᠢᠯᠭᠠᠵᠤ᠂ ᠲᠥᠷᠥ᠎ᠶ᠋ᠢᠨ ᠪᠣᠳᠣᠯᠭ᠎ᠠ᠎ᠪᠠᠷ ᠤᠷᠮᠠᠱᠢᠭᠤᠯᠬᠤ᠎ᠶ᠋ᠢ ᠴᠢᠩᠭᠠᠳᠭᠠᠨ᠂ ᠨᠡᠢᠭᠡᠮ ᠲᠠᠶᠠᠭᠠᠷ᠎ᠤᠨ ᠣᠷᠣᠯᠴᠠᠬᠤ᠎ᠶ᠋ᠢ ᠬᠥᠲᠥᠯᠥᠨ ᠵᠢᠯᠣᠭᠤᠳᠴᠤ᠌᠂ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠨᠤᠭᠤᠭᠠᠨ ᠦᠢᠯᠡᠳᠪᠦᠷᠢᠯᠡᠯ᠎ᠤᠨ ᠱᠢᠨ᠎ᠡ ᠠᠷᠭ᠎ᠠ ᠮᠠᠶᠢᠭ ᠪᠠ ᠠᠮᠢᠳᠤᠷᠠᠯ᠎ᠤᠨ ᠱᠢᠨ᠎ᠡ ᠬᠡᠪ ᠰᠤᠷᠲᠠᠯ᠎ᠢ ᠪᠤᠢ ᠪᠣᠯᠭᠠᠨ᠎ᠠ᠃
ᠨᠢᠭᠡᠳᠦᠭᠡᠷ ᠬᠡᠰᠡᠭ ᠡᠬᠢ ᠪᠠᠶᠠᠯᠢᠭ᠎ᠢ ᠠᠷᠪᠢᠯᠠᠵᠦ᠍ ᠡᠷᠴᠢᠮᠵᠢᠭᠦᠯᠦᠨ ᠠᠱᠢᠭ᠍ᠯᠠᠬᠤ᠎ᠶ᠋ᠢ ᠴᠢᠩᠭᠠᠳᠭᠠᠨ᠎ᠠ
ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ᠎ᠶ᠋ᠢ ᠬᠠᠮᠢᠶᠠᠷᠬᠤ ᠪᠠ ᠪᠦᠬᠦ᠌ ᠲᠠᠯ᠎ᠠ᠎ᠪᠠᠷ ᠠᠷᠪᠢᠯᠠᠬᠤ ᠳᠦᠷᠢᠮ᠎ᠢ ᠲᠡᠭᠦᠯᠳᠡᠷᠵᠢᠭᠦᠯᠵᠦ᠍᠂ ᠤᠰᠤ᠂ ᠭᠠᠵᠠᠷ ᠱᠢᠷᠣᠶ᠂ ᠠᠭᠤᠷᠬᠠᠶ᠎ᠶ᠋ᠢᠨ ᠭᠠᠷᠤᠯᠲᠠ ᠵᠡᠷᠭᠡ ᠡᠬᠢ ᠪᠠᠶᠠᠯᠢᠭ᠎ᠤᠨ ᠪᠦᠬᠦ᠌ ᠶᠠᠪᠤᠴᠠ᠎ᠶ᠋ᠢ ᠬᠠᠮᠢᠶᠡᠷᠬᠤ ᠪᠠ ᠪᠦᠬᠦ᠌ ᠬᠡᠯᠬᠢᠶ᠎ᠡ᠎ᠳᠤ ᠠᠷᠪᠢᠯᠠᠬᠤ᠎ᠶ᠋ᠢ ᠴᠢᠩᠭᠠᠳᠭᠠᠨ᠎ᠠ᠃ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠮᠤᠷ ᠲᠦᠪᠱᠢᠨ᠎ᠢᠶᠠᠷ ᠠᠱᠢᠭ᠍ᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠤᠰᠤᠨ᠎ᠤ ᠡᠬᠢ ᠪᠠᠶᠠᠯᠢᠭ᠎ᠤᠨ ᠬᠠᠲᠠᠭᠤ ᠴᠢᠩᠭ᠎ᠠ ᠬᠢᠵᠠᠭᠠᠷᠯᠠᠯ᠎ᠤᠨ ᠳᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠲᠠᠷᠢᠶᠠᠯᠠᠩ᠎ᠤᠨ ᠤᠰᠤ ᠠᠷᠪᠢᠯᠠᠵᠤ ᠣᠰᠣᠨ᠎ᠤ ᠠᠱᠢᠭ᠍ᠯᠠᠮᠵᠢ᠎ᠶ᠋ᠢ ᠨᠡᠮᠡᠭ᠌ᠳᠡᠭᠦᠯᠬᠦ᠂ ᠠᠵᠤ ᠦᠢᠯᠡᠳᠪᠦᠷᠢ᠎ᠶ᠋ᠢᠨ ᠤᠰᠤ ᠠᠷᠪᠢᠯᠠᠵᠤ ᠪᠣᠬᠢᠷᠲᠤᠭᠤᠯᠬᠤ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ᠂ ᠬᠤᠲᠠ ᠪᠠᠯᠭᠠᠰᠤᠨ᠎ᠤ ᠤᠰᠤ ᠠᠷᠪᠢᠯᠠᠵᠤ ᠣᠰᠣᠨ᠎ᠤ ᠬᠤᠬᠢᠷᠠᠯ᠎ᠢ ᠪᠠᠭᠠᠰᠭᠠᠬᠤ᠎ᠶ᠋ᠢ ᠴᠢᠩᠭᠠᠳᠭᠠᠵᠤ᠂ ᠨᠢᠭᠡᠴᠢ GDP᠎ᠶ᠋ᠢᠨ ᠤᠰᠤ ᠬᠡᠷᠡᠭ᠌ᠯᠡᠬᠦ᠌ ᠬᠡᠮᠵᠢᠶ᠎ᠡ᠎ᠶ᠋ᠢ 10% ᠪᠠᠷ ᠪᠠᠭᠤᠷᠠᠭᠤᠯᠵᠤ᠂ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤ᠎ᠶ᠋ᠢ ᠪᠦᠲᠦᠮᠵᠢ᠎ᠲᠠᠢ ᠠᠱᠢᠭ᠍ᠯᠠᠬᠤ ᠢᠯᠡᠳᠭᠡᠮᠵᠢ ᠳᠤᠭ᠎ᠠ᠎ᠶ᠋ᠢ 0.6 ᠪᠣᠯᠳᠡᠯ᠎ᠠ ᠳᠡᠭᠡᠭ᠌ᠰᠢᠯᠡᠭᠦᠯᠦᠨ᠎ᠡ᠃ ᠪᠦᠳᠦᠭᠡᠨ ᠪᠠᠢᠭᠤᠯᠤᠯᠳᠡ᠎ᠳᠤ ᠬᠡᠷᠡᠭ᠌ᠯᠡᠬᠦ᠌ ᠭᠠᠵᠠᠷ᠎ᠤᠨ ᠠᠱᠢᠬ᠍ᠯᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠭᠠᠵᠠᠷ ᠠᠷᠪᠢᠯᠠᠬᠤ ᠮᠡᠷᠭᠡᠵᠢᠯ ᠪᠠ ᠭᠠᠵᠠᠷ ᠠᠷᠪᠢᠯᠠᠬᠤ ᠬᠡᠪ ᠵᠠᠭ᠍ᠪᠤᠷ᠎ᠢ ᠳᠡᠯᠭᠡᠷᠡᠭᠦᠯᠦᠨ ᠬᠡᠷᠡᠭ᠌ᠯᠡᠵᠦ᠍᠂ ᠱᠢᠨ᠎ᠠ᠎ᠪᠠᠷ ᠨᠡᠮᠡᠭ᠌ᠳᠡᠬᠦᠯᠬᠦ᠌ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠪᠴᠢᠶ᠎ᠡ᠎ᠶ᠋ᠢ 2600 ᠲᠦᠮᠡᠨ ᠮᠦ᠍᠎ᠶ᠋ᠢᠨ ᠳᠣᠲᠣᠷ᠎ᠠ ᠬᠢᠵᠠᠭᠠᠷᠯᠠᠨ᠎ᠠ᠃ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠨᠤᠭᠤᠭᠠᠨ ᠬᠠᠢᠨ ᠪᠠᠢᠴᠠᠭᠠᠯᠳᠠ ᠪᠠ ᠨᠤᠭᠤᠭᠠᠨ ᠠᠭᠤᠷᠬᠠᠢ᠎ᠶ᠋ᠢᠨ ᠪᠦᠳᠦᠭᠡᠨ ᠪᠠᠢᠭᠤᠯᠤᠯᠳᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ᠃ ᠣᠷᠴᠢᠯ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠬᠠᠶᠠᠭ᠍ᠳᠠᠮᠠᠯ ᠪᠣᠳᠠᠰ᠎ᠢ ᠣᠷᠴᠢᠯᠳᠤᠭᠤᠯᠤᠨ ᠠᠱᠢᠭ᠍ᠯᠠᠬᠤ ᠱᠢᠰᠲ᠋ᠧᠮ᠎ᠢ ᠪᠦᠷᠢᠨᠱᠢᠭᠦᠯᠦᠨ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠭᠠᠳᠠᠭᠠᠳᠤ᠎ᠠᠴᠠ ᠦᠴᠦᠭᠡᠨ ᠴᠤ᠌ ᠣᠷᠣᠭᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬ᠍ᠰᠠᠨ ᠤᠷᠢᠲᠠᠯ ᠲᠤᠤᠷ᠎ᠠ ᠭᠠᠳᠠᠭᠠᠳᠤ᠎ᠶ᠋ᠢᠨ ᠴᠢᠨᠠᠷ ᠰᠠᠢᠲᠠᠶ ᠳᠠᠬᠢᠯᠲᠠ ᠲᠦᠭᠦᠬᠡᠶ ᠮᠠᠲ᠋ᠧᠷᠢᠶᠠᠯ᠎ᠢ ᠭᠠᠳᠠᠭᠠᠳᠤ᠎ᠠᠴᠠ ᠣᠷᠣᠭᠤᠯᠤᠨ ᠠᠱᠢᠭ᠍ᠯᠠᠬᠤ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠳᠠᠬᠢᠨ ᠦᠢᠯᠡᠳᠬᠦ᠌ ᠠᠵᠤ ᠦᠢᠯᠡᠰ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠪᠦᠬᠡᠮ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠵᠢᠯ᠎ᠤᠨ ᠠᠱᠢᠬ᠍ᠯᠠᠯᠳᠠ᠎ᠶ᠋ᠢᠨ ᠬᠡᠮᠵᠢᠶ᠎ᠡ᠎ᠶ᠋ᠢ 45 ᠳ᠋ᠦᠩᠱᠢᠭᠤᠷ ᠲᠣᠨ ᠣᠷᠴᠢᠮ᠎ᠳᠤ ᠬᠦᠷᠬᠡᠨ᠎ᠡ᠃
ᠬᠤᠶᠠᠳᠤᠭᠠᠷ ᠬᠡᠰᠡᠭ ᠨᠤᠭᠤᠭᠠᠨ ᠬᠥᠭ᠌ᠵᠢᠯᠲᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠦᠨ᠎ᠠ
ᠬᠠᠮᠠᠭᠠᠯᠠᠬᠤ ᠪᠠ ᠣᠷᠣᠭᠤᠯᠤᠯᠳᠠ᠎ᠶ᠋ᠢ ᠤᠷᠮᠠᠱᠢᠭᠤᠯᠬᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭᠠᠳᠠᠢ ᠬᠥᠭ᠌ᠵᠢᠯᠲᠡ᠎ᠶ᠋ᠢ ᠠᠬᠢᠭᠤᠯᠬᠤ ᠡᠳ᠋᠎ᠤᠨ ᠵᠠᠰᠠᠭ ᠭᠠᠢᠯᠢ᠂ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ᠂ ᠦᠨ᠎ᠡ ᠬᠠᠩᠰᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠣᠷᠴᠢᠨ ᠠᠬᠤᠶ᠎ᠶ᠋ᠢᠨ ᠬᠠᠮᠠᠭᠠᠯᠠᠯᠳᠠ ᠵᠡᠷᠭᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠦᠨ᠎ᠡ᠃ ᠨᠤᠭᠤᠭᠠᠨ ᠭᠠᠢᠯᠢ ᠲᠠᠲᠠᠪᠤᠷᠢ᠎ᠶ᠋ᠢᠨ ᠳᠦᠷᠢᠮ᠎ᠢ ᠱᠢᠯᠢᠳᠡᠭ᠌ᠵᠢᠭᠦᠯᠵᠦ᠍᠂ ᠳᠡᠭ᠌ᠳᠡᠮᠡᠬᠡᠶ ᠣᠷᠭᠠᠨᠢᠭ ᠪᠣᠳᠠᠰ᠎ᠤᠨ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ ᠭᠠᠢᠯᠢ ᠲᠠᠲᠠᠪᠤᠷᠢᠯᠠᠬᠤ ᠲᠤᠷᠱᠢᠯᠳᠠ᠎ᠶ᠋ᠢ ᠦᠷᠨᠢᠬᠦᠯᠤᠨ᠂ ᠡᠬᠢ ᠪᠠᠶᠠᠯᠢᠭ᠎ᠢ ᠠᠷᠪᠢᠯᠠᠬᠤ ᠪᠠ ᠨᠤᠭᠤᠭᠠᠨ ᠤᠢ᠍ᠢᠯᠡᠳᠬᠦᠨᠢ ᠭᠡᠷᠡᠭ᠌ᠯᠡᠬᠦ᠌᠎ᠶ᠋ᠢ ᠳᠡᠮᠵᠢᠬᠦ᠌ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠢ ᠨᠠᠢᠳᠠᠪᠤᠷᠢᠵᠢᠭᠤᠯᠤᠨ᠎ᠠ᠃ ᠨᠤᠭᠤᠭᠠᠨ ᠮᠥᠩᠭᠦᠨ ᠭᠦᠢᠯᠭᠡᠭᠡᠨ᠎ᠤ ᠦᠢᠯᠡᠳᠬᠦᠨ ᠪᠠ ᠦᠢᠯᠡᠴᠢᠯᠡᠭᠡ᠎ᠶ᠋ᠢ ᠪᠠᠶᠠᠯᠢᠬ᠍ᠵᠢᠭᠤᠯᠵᠤ᠂ ᠨᠡᠭᠦᠷᠡᠰᠦᠲᠥ᠋ᠷᠥᠭ᠌ᠴᠢ᠎ᠶ᠋ᠢᠨ ᠮᠥᠩᠭᠦᠨ ᠭᠦᠢᠯᠭᠡᠭᠡᠨ᠎ᠤ ᠦᠢᠯᠡᠳᠭᠦᠨ ᠪᠠ ᠡᠭᠦᠰᠦᠮᠡᠯ ᠪᠠᠭᠠᠵᠢ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠤᠨ᠂ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠨᠤᠭᠤᠭᠠᠨ ᠮᠥᠩᠭᠦᠨ ᠭᠦᠢᠯᠭᠡᠭᠡᠨ᠎ᠤ ᠬᠢᠨᠠᠨ ᠱᠢᠯᠭᠠᠵᠤ ᠦᠨᠡᠯᠡᠬᠦ᠌ ᠱᠢᠰᠲ᠋ᠧᠮ᠎ᠢ ᠪᠦᠷᠢᠨᠱᠢᠭᠦᠯᠤᠨ᠂ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠬ᠍ᠰᠢᠯᠠᠭᠤᠯᠬᠤ ᠬᠦᠷᠢᠶᠡᠨ᠎ᠤ ᠪᠡᠯᠡ ᠣᠷᠣᠭᠤᠯᠤᠯᠲᠠ᠎ᠶ᠋ᠢᠨ ᠬᠠᠷᠢᠴᠠᠯ᠎ᠢ ᠳᠡᠭᠡᠭ᠌ᠰᠢᠯᠡᠭᠦᠯᠬᠦ᠌᠎ᠶ᠋ᠢ ᠵᠣᠷᠢᠬ᠍ᠵᠢᠭᠤᠯᠤᠨ᠎ᠠ᠃ ᠨᠣᠭᠤᠭᠠᠨ ᠦᠨᠡᠮᠯᠡᠯ ᠠᠷᠠᠯᠵᠢᠶᠠᠯᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠠᠮᠢᠳᠤᠯᠢᠭ ᠴᠠᠬᠢᠯᠭᠠᠨ ᠡᠭᠦᠰᠭᠡᠭ᠌ᠴᠢ᠎ᠶ᠋ᠢᠨ ᠱᠢᠰᠲ᠋ᠧᠮ᠎ᠤᠨ ᠲᠣᠬᠢᠷᠠᠭᠤᠯᠤᠯᠲᠠ᠎ᠳᠤ ᠣᠷᠣᠯᠴᠠᠬᠤ᠎ᠶ᠋ᠢ ᠵᠣᠷᠢᠬ᠍ᠵᠢᠭᠤᠯᠬᠤ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭᠠᠳᠠᠢ ᠪᠠᠷᠢᠮᠵᠢᠶ᠎ᠠ᠎ᠶ᠋ᠢᠨ ᠱᠢᠰᠲ᠋ᠧᠮ᠎ᠢ ᠪᠠᠢᠭᠤᠯᠤᠨ ᠪᠦᠷᠢᠨᠱᠢᠭᠦᠯᠵᠦ᠍᠂ ᠤᠯᠠᠨ ᠤᠯᠤᠰ᠎ᠤᠨ ᠲᠦᠷᠢᠮᠯᠡᠯ ᠪᠠᠷᠢᠮᠵᠢᠶ᠎ᠠ᠎ᠶ᠋ᠢ ᠲᠡᠭᠦᠯᠳᠡᠷᠵᠢᠭᠦᠯᠬᠦ᠌ ᠪᠠ ᠵᠣᠯᠭᠠᠯᠳᠤᠭᠤᠯᠤᠨ ᠬᠠᠷᠢᠯᠴᠠᠨ ᠮᠡᠳᠡᠷᠡᠬᠦ᠌᠎ᠶ᠋ᠢ ᠠᠬᠢᠭᠤᠯᠬᠤ ᠪᠦᠬᠡᠳ ᠬᠥᠲᠥᠯᠥᠨ ᠳᠠᠭᠠᠭᠤᠯᠤᠨ᠎ᠠ᠃
ᠭᠤᠷᠪᠠᠳᠤᠭᠠᠷ ᠬᠡᠰᠡᠭ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠠᠷᠠᠳ ᠨᠠᠢᠳᠠ᠎ᠶ᠋ᠢᠨ ᠠᠵᠢᠯᠯᠠᠭ᠎ᠠ᠎ᠶ᠋ᠢ ᠥᠷᠨᠢᠭᠦᠯᠦᠨ᠎ᠡ
ᠠᠷᠪᠢᠳᠠᠢ ᠪᠥᠭᠡᠳ ᠵᠤᠬᠢᠰᠳᠠᠢ᠂ ᠨᠤᠭᠤᠭᠠᠨ ᠪᠦᠬᠡᠳ ᠨᠡᠭᠦᠷᠡᠰᠦᠲᠥ᠋ᠷᠥᠭ᠌ᠴᠢ ᠪᠠᠭᠠᠳᠠᠢ᠂ ᠪᠣᠯᠪᠠᠰᠤᠨ ᠪᠥᠭᠡᠳ ᠡᠷᠡᠭᠦᠯ ᠠᠮᠢᠳᠤᠷᠠᠯ᠎ᠤᠨ ᠣᠢᠯᠠᠭᠠᠭ᠍ᠳᠠᠬᠤᠨ ᠪᠠ ᠬᠡᠷᠡᠭ᠌ᠯᠡᠭᠡᠨ᠎ᠤ ᠠᠷᠭ᠎ᠠ ᠮᠠᠶᠢᠭ᠎ᠢ ᠶᠡᠭᠡ᠎ᠪᠠᠷ ᠰᠠᠨᠠᠭᠠᠴᠢᠯᠠᠨ᠎ᠠ᠃ ᠣᠯᠠᠨ ᠨᠡᠢᠳᠠ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠤᠰᠤ ᠴᠠᠬᠢᠯᠭᠠᠨ᠎ᠢ ᠠᠷᠪᠢᠯᠠᠨ ᠬᠡᠷᠡᠭ᠌ᠯᠡᠵᠦ᠍᠂ ᠪᠦᠷᠢᠯᠭᠡᠨ ᠰᠦᠢᠳᠭᠡᠭᠦ᠎ᠶ᠋ᠢ ᠡᠰᠡᠷᠭᠦᠴᠠᠵᠤ᠂ 《ᠲᠠᠪᠠᠭᠲᠠᠬᠢᠪᠠᠨ ᠦᠯᠦ᠍ ᠦᠯᠡᠳᠡᠭᠡᠬᠦ᠌ ᠠᠵᠢᠯᠯᠠᠭ᠎ᠠ》᠎ᠶ᠋ᠢ ᠳᠡᠯᠭᠡᠷᠡᠭᠦᠯᠤᠨ᠂ ᠬᠡᠲᠦ ᠪᠤᠭᠤᠳᠠᠯᠯᠠᠬᠤ᠎ᠶ᠋ᠢ ᠡᠰᠡᠷᠬᠦᠴᠡᠨ ᠬᠤᠷᠢᠭ᠍ᠯᠠᠵᠤ᠂ ᠨᠢᠭᠡ ᠯᠡ ᠤᠳᠠᠭᠠᠨ᠎ᠤ ᠴᠢᠨᠠᠷᠳᠠᠢ ᠬᠡᠷᠡᠭ᠌ᠰᠡᠯ᠎ᠢ ᠭᠡᠷᠡᠭ᠌ᠯᠡᠬᠦ᠌᠎ᠶ᠋ᠢ ᠪᠠᠭᠠᠰᠭᠠᠨ᠂ 《ᠬᠤᠯᠤᠰᠤ᠎ᠪᠠᠷ ᠰᠦᠯᠢᠶᠣᠣ᠎ᠶ᠋ᠢ ᠣᠷᠣᠯᠠᠭᠤᠯᠬᠤ》 ᠬᠥᠭ᠌ᠵᠢᠯᠲᠡ᠎ᠶ᠋ᠢ ᠲᠦᠷᠭᠡᠳᠭᠡᠵᠦ᠍᠂ ᠨᠤᠭᠤᠭᠠᠨ ᠠᠶᠠᠯᠠᠯ᠎ᠤᠨ ᠠᠷᠭ᠎ᠠ ᠮᠠᠶᠢᠭ᠎ᠢ ᠡᠩ ᠲᠠᠷᠢᠬᠦᠨ᠎ᠳᠤ ᠰᠤᠩᠭᠤᠬᠤ ᠪᠤᠯᠭᠠᠨ᠎ᠠ᠃ ᠠᠵᠤ ᠠᠬᠤᠢᠯᠠᠯ᠎ᠤᠨ ᠨᠤᠭᠤᠭᠠᠨ ᠵᠢᠷᠤᠭ ᠲᠥᠯᠥᠪᠯᠡᠭᠡ ᠬᠢᠬᠦ᠌ ᠪᠠ ᠦᠢᠯᠡᠳᠬᠦ᠌ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠬᠦ᠌᠎ᠶ᠋ᠢ ᠵᠣᠷᠢᠬ᠍ᠵᠢᠭᠤᠯᠵᠤ᠂ ᠦᠢᠯᠡᠳᠬᠦᠨ᠎ᠤ ᠪᠥᠬᠦ᠌ ᠠᠮᠢ ᠨᠠᠰᠤᠨ᠎ᠤ ᠦᠶᠡᠯᠡᠯ᠎ᠤᠨ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠎ᠤᠨ ᠬᠤᠷᠣᠭ᠍ᠳᠠᠭᠤᠯᠤᠯ ᠪᠠ ᠠᠮᠢ ᠠᠬᠤᠶ᠎ᠶ᠋ᠢᠨ ᠣᠷᠴᠢᠨ ᠨᠦᠬᠦᠴᠡᠯ᠎ᠤᠨ ᠨᠥᠯᠥᠭᠡᠯᠡᠯ᠎ᠢ ᠪᠠᠭᠤᠷᠠᠭᠤᠯᠤᠨ᠎ᠠ᠃ ᠬᠤᠭ ᠨᠣᠪᠰᠢ᠎ᠶ᠋ᠢ ᠲᠦᠷᠦᠯ ᠬᠤᠪᠢᠶᠠᠬᠤ ᠪᠠ ᠡᠬᠢ ᠪᠠᠶᠠᠯᠢᠬ᠍ᠵᠢᠭᠤᠯᠤᠨ ᠠᠱᠢᠭ᠍ᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠨᠤᠭᠤᠭᠠᠨ ᠬᠡᠷᠡᠭ᠌ᠯᠡᠭᠡ᠎ᠶ᠋ᠢ ᠤᠷᠮᠠᠱᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠤ᠂ ᠵᠠᠰᠠᠭ᠎ᠤᠨ ᠣᠷᠳᠣᠨ᠎ᠤ ᠨᠤᠭᠤᠭᠠᠨ ᠤᠢ᠍ᠢᠯᠡᠳᠬᠦᠨ ᠬᠤᠳᠠᠯᠳᠤᠨ ᠠᠪᠬᠤ ᠬᠦᠷᠢᠶ᠎ᠠ ᠪᠠ ᠬᠡᠪᠴᠢᠶ᠎ᠡ᠎ᠶ᠋ᠢ ᠥᠷᠭᠡᠳᠭᠡᠨ᠎ᠡ᠃
ᠠᠷᠪᠠᠨ ᠳᠥᠷᠪᠡᠳᠦᠭᠡᠷ ᠠᠩᠬᠢ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ
ᠤᠯᠤᠰ᠎ᠤᠨ ᠶᠡᠷᠦᠩᠬᠡᠶ ᠴᠤᠭ᠍ᠴᠠ᠎ᠶ᠋ᠢᠨ ᠠᠮᠤᠷ ᠲᠦᠪᠱᠢᠨ᠎ᠤ ᠦᠵᠡᠯᠲᠡ᠎ᠶ᠋ᠢ ᠡᠷᠡᠰ ᠭᠤᠢᠪᠢᠰᠢ ᠦᠭᠡᠶ ᠲᠤᠭᠤᠱᠢᠯᠠᠭᠤᠯᠵᠤ᠂ ᠱᠢᠨ᠎ᠡ ᠠᠮᠤᠷ ᠲᠦᠪᠱᠢᠨ᠎ᠤ ᠪᠠᠢᠷᠢᠱᠢᠯ᠎ᠢ ᠲᠦᠷᠭᠡᠯᠡᠨ ᠪᠠᠢᠭᠤᠯᠵᠤ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠪᠠ ᠴᠣᠭ᠍ᠴᠠᠯᠠᠬᠤ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠴᠢᠩᠭᠠᠳᠭᠠᠵᠤ᠂ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠨᠡᠢᠭᠡᠮ᠎ᠤᠨ ᠵᠠᠰᠠᠯᠳᠠ᠎ᠶ᠋ᠢᠨ ᠵᠠᠮ᠎ᠢᠶᠠᠷ ᠵᠠᠮᠨᠠᠵᠤ᠂ ᠨᠡᠢᠭᠡᠮ᠎ᠤᠨ ᠦᠷᠨᠢᠬᠦᠨ ᠪᠠᠳᠠᠷᠠᠩᠭᠤᠢ ᠪᠥᠭᠡᠳ ᠡᠮᠬᠢ ᠵᠢᠷᠤᠮ᠎ᠲᠠᠢ ᠪᠠᠢᠬᠤ᠎ᠶ᠋ᠢ ᠦᠨᠡᠨ ᠬᠦ᠌ ᠪᠠᠳᠤᠯᠠᠨ᠎ᠠ᠃
ᠲᠠᠪᠢᠨ ᠨᠢᠭᠡᠳᠦᠭᠡᠷ ᠪᠦᠯᠦᠭ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ
ᠪᠠᠢᠯᠳᠤᠬᠤ ᠪᠣᠳᠣᠯᠭ᠎ᠠ᠎ᠪᠠᠷ ᠤᠳᠤᠷᠢᠳᠤᠮᠵᠢ ᠪᠣᠯᠭᠠᠬᠤ᠂ ᠲᠥᠷᠥ᠎ᠶ᠋ᠢᠨ ᠪᠣᠳᠣᠯᠭ᠎ᠠ᠎ᠪᠠᠷ ᠭᠠᠷᠳᠠᠴᠠ ᠪᠣᠯᠭᠠᠬᠤ᠂ ᠬᠠᠤᠯᠢ᠎ᠪᠠᠷ ᠵᠠᠰᠠᠬᠤ᠎ᠪᠠᠷ ᠪᠠᠲᠤᠯᠠᠭ᠎ᠠ ᠪᠣᠯᠭᠠᠬᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠪᠠᠷ ᠦᠷ᠎ᠡ ᠳ᠋ᠦᠩ ᠪᠣᠯᠭᠠᠬᠤ᠎ᠶ᠋ᠢ ᠪᠠᠷᠢᠮᠲᠠᠯᠠᠵᠤ᠂ ᠲᠥᠪᠯᠡᠷᠡᠩᠭᠦᠶ ᠨᠢᠭᠡᠳᠦᠯᠲᠡᠶ᠂ ᠥᠨᠳᠥᠷ ᠪᠦᠲᠦᠮᠵᠢᠲᠡᠶ ᠡᠷᠬᠡ ᠰᠦᠷ᠎ᠲᠠᠢ ᠤᠯᠤᠰ᠎ᠤᠨ ᠠᠮᠤᠷ ᠲᠦᠪᠱᠢᠨ᠎ᠤ ᠤᠳᠤᠷᠢᠳᠭᠤ ᠪᠠᠢᠭᠤᠯᠤᠯ᠎ᠢ ᠪᠠᠬᠢᠵᠢᠭᠦᠯᠦᠨ᠂ ᠤᠯᠤᠰ᠎ᠤᠨ ᠠᠮᠤᠷ ᠲᠦᠪᠱᠢᠨ᠎ᠤ ᠪᠠᠢᠯᠳᠤᠬᠤ ᠪᠤᠳᠤᠯᠭ᠎ᠠ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠤᠯᠤᠰ᠎ᠤᠨ ᠠᠮᠤᠷ ᠲᠦᠪᠱᠢᠨ᠎ᠤ ᠬᠠᠤᠯᠢ᠎ᠪᠠᠷ ᠵᠠᠰᠠᠬᠤ ᠱᠢᠰᠲ᠋ᠧᠮ᠂ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ᠂ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠤᠯᠤᠰ᠎ᠤᠨ ᠠᠮᠤᠷ ᠲᠦᠪᠱᠢᠨ᠎ᠤ ᠭᠤᠤᠯᠳᠠᠯᠭ᠎ᠠ᠎ᠲᠠᠢ ᠬᠦᠷᠢᠶ᠎ᠡ ᠪᠠ ᠴᠢᠬᠤᠯᠠ ᠲᠤᠰᠭᠠᠶ ᠠᠵᠢᠯ᠎ᠢ ᠵᠣᠬᠢᠴᠠᠭᠤᠯᠬᠤ ᠲᠣᠭ᠍ᠲᠠᠴᠠ᠎ᠶ᠋ᠢ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠬᠤ ᠬᠤᠪᠢᠷᠠᠯᠲᠠ᠎ᠶ᠋ᠢ ᠠᠷᠭᠠᠴᠠᠬᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠪᠦᠬᠦ᠌ ᠬᠡᠯᠬᠢᠶ᠎ᠡ ᠪᠦᠬᠦ᠌ ᠡᠯᠧᠮᠧᠨ᠋ᠲ᠎ᠤᠨ ᠬᠠᠮᠵᠢᠯᠴᠠᠵᠤ ᠬᠤᠯᠪᠣᠯᠳᠤᠨ ᠬᠥᠳᠡᠯᠣᠯᠴᠡᠬᠦ᠌ᠶ᠋ᠢ ᠠᠬᠢᠭᠤᠯᠵᠤ᠂ ᠱᠢᠰᠲ᠋ᠧᠮ᠎ᠤᠨ ᠨᠡᠢᠯᠡᠯ ᠬᠦᠴᠦᠨ᠎ᠢ ᠪᠦᠷᠢᠯᠳᠦᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ᠎ᠳᠠᠬᠢ ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠪᠣᠳᠠᠲᠤ ᠪᠠᠢᠯᠳᠤᠭᠠᠨ ᠪᠤᠳᠠᠳᠤ ᠬᠡᠷᠡᠭ᠌ᠴᠡᠬᠡᠨᠳᠤ ᠳᠤᠬᠢᠷᠠᠬᠤ ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢ ᠳᠠᠪᠲᠠᠨ ᠪᠣᠯᠪᠠᠰᠤᠷᠠᠭᠤᠯᠵᠤ᠂ ᠤᠯᠤᠰ ᠣᠷᠣᠨ᠎ᠤ ᠥᠨᠢ ᠤᠳᠠᠭᠠᠨ ᠠᠮᠤᠷ ᠲᠦᠪᠱᠢᠨ ᠪᠠᠢᠬᠤ᠂ ᠠᠵᠤ ᠠᠬᠤᠶ᠎ᠶ᠋ᠢᠨ ᠡᠷᠡᠭᠦᠯ ᠪᠦᠬᠡᠳ ᠲᠣᠭ᠍ᠲᠠᠭᠤᠨ ᠪᠠᠢᠬᠤ᠂ ᠠᠷᠠᠳ ᠲᠦᠮᠡᠨ᠎ᠤ ᠠᠮᠤᠷ ᠲᠠᠢᠪᠤᠩ ᠠᠵᠤ ᠲᠦᠷᠦᠭᠦ᠎ᠳᠤ ᠬᠤᠯᠪᠣᠭ᠍ᠳᠠᠬᠤ ᠴᠢᠬᠤᠯᠠ ᠶᠡᠭᠡ ᠠᠮᠤᠷ ᠲᠦᠪᠱᠢᠨ᠎ᠢ ᠲᠤᠪᠤᠢᠯᠭᠠᠨ ᠪᠠᠲᠤᠯᠠᠵᠤ᠂ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠲᠥᠷᠥ᠎ᠶ᠋ᠢᠨ ᠡᠷᠬᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠵᠦ᠍᠂ ᠳᠠᠢᠰᠤᠩᠨᠠᠭ᠍ᠴᠢ ᠬᠦᠴᠦᠨ᠎ᠤ ᠨᠡᠪᠴᠢᠯᠲᠡ ᠬᠢᠬᠦ᠂ ᠡᠪᠳᠡᠬᠦ᠂ ᠨᠤᠷᠠᠭᠠᠬᠤ᠂ ᠬᠠᠭᠠᠴᠠᠭᠤᠯᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠭᠦᠨ᠎ᠡ᠃ ᠤᠯᠤᠰ᠎ᠤᠨ ᠠᠮᠤᠷ ᠲᠦᠪᠱᠢᠨ᠎ᠤ ᠰᠠᠭᠤᠷᠢ ᠪᠠᠲᠤᠯᠠᠭ᠎ᠠ᠎ᠶ᠋ᠢ ᠪᠠᠲᠤᠳᠭᠠᠵᠤ᠂ ᠱᠢᠨᠵᠢᠯᠡᠬᠦ᠌ ᠤᠬᠠᠭᠠᠨ ᠳᠧᠭ᠌ᠨᠢᠭ ᠮᠡᠷᠬᠡᠵᠢᠯ᠎ᠢᠶᠠᠷ ᠡᠨᠧᠷᠬᠢ ᠤᠯᠭᠤᠬᠤ᠎ᠶ᠋ᠢ ᠴᠢᠩᠭᠠᠳᠭᠠᠵᠤ᠂ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠭᠤᠤᠯᠳᠠᠯᠭ᠎ᠠ᠎ᠲᠠᠢ ᠬᠦᠷᠢᠶᠡᠨ᠎ᠳᠠᠬᠢ ᠤᠯᠤᠰ᠎ᠤᠨ ᠨᠢᠭᠤᠴᠠ᠎ᠶ᠋ᠢᠨ ᠠᠮᠤᠷ ᠲᠦᠪᠱᠢᠨ᠎ᠢ ᠬᠠᠮᠠᠭᠠᠯᠠᠨ᠎ᠠ᠃ ᠭᠠᠳᠠᠭᠠᠳᠤ᠎ᠳᠤ ᠬᠤᠯᠪᠣᠭ᠍ᠳᠠᠬᠤ ᠤᠯᠤᠰ᠎ᠤᠨ ᠠᠮᠤᠷ ᠲᠦᠪᠱᠢᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠭᠠᠳᠠᠭᠠᠳᠤ᠎ᠳᠠᠬᠢ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠤᠨ᠂ ᠵᠠᠯᠬᠠᠭᠠᠯ᠎ᠢ ᠡᠰᠡᠷᠭᠦᠴᠡᠬᠦ᠂ ᠭᠠᠷ ᠲᠦᠷᠦᠭᠦ᠎ᠶ᠋ᠢ ᠡᠰᠡᠷᠭᠦᠴᠡᠬᠦ᠂ 《ᠤᠷᠲᠤ ᠴᠠᠷᠪᠠᠭᠤ᠎ᠲᠤ ᠬᠠᠷᠢᠶᠠᠯᠠᠯ》᠎ᠢ ᠡᠰᠡᠷᠭᠦᠴᠡᠬᠦ᠌ ᠲᠡᠮᠡᠴᠡᠯ᠎ᠢ ᠴᠢᠩᠭᠠᠳᠭᠠᠵᠤ᠂ ᠠᠮᠤᠷ ᠲᠦᠪᠱᠢᠨ᠎ᠤ ᠲᠠᠯ᠎ᠠ᠎ᠪᠠᠷ᠎ᠬᠢ ᠤᠯᠠᠨ ᠤᠯᠤᠰ᠎ᠤᠨ ᠬᠠᠤᠯᠢ ᠬᠡᠷᠡᠭ᠌ᠵᠢᠭᠦᠯᠬᠦ᠌ ᠬᠠᠮᠲᠤᠷᠠᠯᠴᠠᠭ᠎ᠠ᠎ᠶ᠋ᠢ ᠬᠦᠨᠵᠡᠬᠡᠢᠷᠡᠬᠦᠯᠤᠨᠠ᠃ ᠤᠯᠤᠰ᠎ᠤᠨ ᠠᠮᠤᠷ ᠲᠦᠪᠱᠢᠨ᠎ᠤ ᠬᠥᠮᠦᠵᠢᠯ᠎ᠢ ᠴᠢᠩᠭᠠᠳᠭᠠᠵᠤ᠂ ᠠᠷᠠᠳ ᠲᠦᠮᠡᠨ᠎ᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠨ᠎ᠠ᠃
ᠲᠠᠪᠢᠨ ᠬᠤᠶᠠᠳᠤᠭᠠᠷ ᠪᠦᠯᠦᠭ ᠤᠯᠤᠰ᠎ᠤᠨ ᠠᠵᠤ ᠠᠬᠤᠶ᠎ᠶ᠋ᠢᠨ ᠠᠮᠤᠷ ᠲᠦᠪᠱᠢᠨ᠎ᠢ ᠪᠠᠲᠤᠯᠠᠨ᠎ᠠ
ᠭᠤᠣᠯᠳᠠᠯᠭ᠎ᠠ᠎ᠲᠠᠢ ᠲᠦᠷᠦᠯ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠠᠢᠯᠳᠤᠬᠤ ᠪᠣᠳᠣᠯᠭ᠎ᠠ᠎ᠶ᠋ᠢᠨ ᠡᠳ᠋ ᠪᠣᠳᠠᠰ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠱᠢᠰᠲ᠋ᠧᠮ᠎ᠤᠨ ᠴᠢᠬᠤᠯᠠ ᠴᠢᠨᠠᠷ᠎ᠤᠨ ᠬᠦᠷᠢᠶᠠᠨ᠎ᠳᠤ ᠠᠩᠬᠠᠷᠤᠯ᠎ᠢᠶᠠᠨ ᠲᠦᠪᠯᠡᠷᠡᠬᠦᠯᠤᠨ ᠬᠦᠨᠳᠦ ᠶᠡᠭᠡ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠵᠤ᠂ ᠱᠢᠨ᠎ᠡ ᠠᠵᠤ ᠦᠢᠯᠡᠰ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠬᠡᠷᠡᠭ᠌ᠯᠡᠯᠳᠠ᠎ᠶ᠋ᠢᠨ ᠠᠬᠤᠢ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠤᠨ ᠪᠠᠭᠤᠷᠠᠶ ᠭᠤᠭ᠍ᠴᠤᠭ᠎ᠠ᠎ᠶ᠋ᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠤ᠂ ᠨᠠᠷᠢᠯᠢᠭ ᠣᠨᠣᠴᠠᠲᠠᠶ᠎ᠪᠠᠷ ᠳᠤᠲᠠᠭᠤᠳᠠᠯ᠎ᠢ ᠨᠥᠬᠦᠪᠥᠷᠢᠯᠡᠬᠦ᠌᠎ᠪᠠᠷ ᠠᠮᠤᠷ ᠲᠦᠪᠱᠢᠨ᠎ᠢ ᠪᠠᠳᠤᠯᠠᠬᠤ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢ ᠳᠠᠢᠴᠢᠯᠠᠨ᠎ᠠ᠃
ᠨᠢᠭᠡᠳᠦᠭᠡᠷ ᠬᠡᠰᠡᠭ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠨᠡᠮᠡᠭ᠌ᠳᠡᠭᠦᠯᠦᠨ᠎ᠡ
ᠦᠪᠡᠷᠤᠨᠬᠢᠪᠠᠷ ᠭᠤᠤᠯᠯᠠᠭᠤᠯᠬᠤ᠂ ᠤᠯᠤᠰ᠎ᠤᠨ ᠲᠤᠲᠤᠭᠠᠲᠤ᠎ᠳᠠᠭᠠᠨ ᠰᠠᠭᠤᠷᠢᠯᠠᠬᠤ᠂ ᠦᠢᠯᠡᠳᠪᠦᠷᠢᠯᠡᠬᠦ᠌ ᠴᠢᠳᠠᠪᠤᠷᠢ᠎ᠶ᠋ᠢ ᠦᠨᠡᠨ ᠬᠦ᠌ ᠪᠠᠲᠤᠯᠠᠬᠤ᠂ ᠵᠤᠬᠢᠰᠲᠠᠢ᠎ᠪᠠᠷ ᠭᠠᠳᠠᠭᠠᠲᠤ᠎ᠠᠴᠠ ᠤᠷᠤᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠲᠤᠯᠭᠠᠭᠤᠷᠢᠯᠠᠭᠤᠯᠬᠤ᠎ᠶ᠋ᠢ ᠪᠠᠷᠢᠮᠳᠠᠯᠠᠵᠤ᠂ ᠠᠮᠤ ᠪᠤᠳᠠᠭ᠎ᠠ ᠦᠢᠯᠡᠳᠪᠦᠷᠢᠯᠡᠬᠦ᠌ ᠬᠤᠳᠠᠯᠳᠤᠨ ᠠᠪᠬᠤ ᠨᠦᠭᠡᠴᠡᠯᠡᠬᠦ᠌ ᠪᠤᠯᠪᠠᠰᠤᠷᠠᠭᠤᠯᠬᠤ ᠪᠣᠷᠣᠯᠠᠭᠤᠯᠬᠤ᠎ᠶ᠋ᠢ ᠬᠠᠮᠵᠢᠯᠴᠠᠨ ᠪᠠᠳᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠤᠨ᠂ ᠠᠮᠤ ᠪᠤᠳᠠᠭ᠎ᠠ᠎ᠶ᠋ᠢ ᠦᠨᠳᠦᠰᠦᠨ᠎ᠳᠡᠭᠡᠨ ᠥᠪᠡᠰᠦᠪᠡᠨ ᠬᠠᠩᠭᠠᠬᠤ᠂ ᠬᠦᠨᠡᠰᠤᠨ ᠠᠮᠤ᠎ᠶ᠋ᠢᠨ ᠬᠠᠷᠢᠴᠠᠯᠠᠰᠢ ᠦᠭᠡᠢ ᠠᠮᠦᠷ ᠲᠦᠪᠱᠢᠨ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠲᠠᠷᠢᠶᠠᠨ ᠭᠠᠵᠠᠷ᠎ᠤᠨ ᠬᠠᠮᠠᠭᠠᠯᠠᠯᠳᠠ ᠪᠠ ᠠᠮᠤ ᠪᠤᠳᠠᠭᠠᠨ᠎ᠤ ᠠᠮᠤᠷ ᠲᠦᠪᠱᠢᠨ᠎ᠳᠤ ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠬᠦᠷᠬᠡᠯᠡᠬᠦ᠌ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠨ᠎ᠠ᠃ ᠠᠮᠤ ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ ᠪᠠ ᠨᠥᠭᠡᠴᠡᠯᠡᠬᠦ᠌ ᠬᠠᠮᠢᠶᠠᠷᠤᠯᠲᠠ᠎ᠶ᠋ᠢ ᠴᠢᠩᠭᠠᠳᠭᠠᠵᠤ᠂ ᠵᠠᠰᠠᠭ᠎ᠤᠨ ᠣᠷᠳᠣᠨ᠎ᠤ ᠨᠥᠭᠡᠴᠡ ᠠᠮᠤ᠎ᠶ᠋ᠢᠨ ᠬᠡᠪᠴᠢᠶ᠎ᠡ᠎ᠶ᠋ᠢᠨ ᠬᠠᠷᠢᠴᠠᠩᠭᠤᠶ ᠲᠣᠭ᠍ᠲᠠᠭᠤᠨ ᠪᠠᠢᠬᠤ᠎ᠶ᠋ᠢ ᠪᠠᠳᠤᠯᠠᠨ᠂ ᠨᠥᠭᠡᠴᠡᠯᠡᠨ ᠲᠣᠬᠢᠷᠠᠭᠤᠯᠬᠤ ᠴᠢᠳᠠᠮᠵᠢ᠎ᠶ᠋ᠢ ᠴᠢᠩᠭᠠᠷᠠᠭᠤᠯᠵᠤ᠂ ᠠᠮᠤ ᠪᠤᠳᠠᠭᠠᠨ᠎ᠤ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ ᠬᠡᠪ ᠵᠠᠭ᠍ᠪᠤᠷ᠎ᠢ ᠪᠦᠷᠢᠨᠱᠢᠬᠦᠯᠤᠨ᠎ᠠ᠃ ᠴᠢᠨᠠᠷ ᠰᠠᠢᠲᠠᠶ ᠠᠮᠤ ᠪᠤᠳᠠᠭᠠᠨ᠎ᠤ ᠢᠨᠵᠧᠨᠧᠷᠢᠩ᠎ᠢ ᠭᠦᠨᠵᠡᠭᠡᠢᠷᠡᠬᠦᠯᠤᠨ ᠬᠡᠷᠡᠭ᠌ᠵᠢᠭᠦᠯᠵᠤ᠂ ᠠᠮᠤ ᠪᠤᠳᠠᠭᠠᠨ᠎ᠤ ᠭᠦᠢᠯᠭᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠠᠮᠤ ᠪᠤᠳᠠᠭᠠᠨ᠎ᠤ ᠦᠢᠯᠡᠳᠪᠦᠷᠢᠯᠡᠯ᠎ᠤᠨ ᠳᠠᠷᠠᠭᠠᠬᠢ ᠪᠦᠬᠦ᠌ ᠬᠡᠯᠬᠢᠶ᠎ᠡ᠎ᠳᠤ ᠠᠷᠪᠢᠯᠠᠨ ᠭᠠᠮᠨᠠᠵᠤ ᠬᠤᠬᠢᠷᠠᠯ᠎ᠢ ᠪᠠᠭᠠᠰᠭᠠᠬᠤ᠎ᠶ᠋ᠢ ᠠᠬᠢᠭᠤᠯᠵᠤ᠂ ᠪᠦᠬᠦᠯᠢ ᠠᠮᠤ ᠪᠤᠳᠠᠭᠠᠨ᠎ᠤ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠦᠨ᠎ᠡ᠃ ᠬᠢᠮᠢ᠎ᠶ᠋ᠢᠨ ᠪᠤᠷᠳᠤᠭᠤᠷ ᠨᠥᠭᠡᠴᠡᠯᠡᠬᠦ᠌ ᠲᠦᠷᠢᠮ᠎ᠢ ᠲᠡᠭᠦᠯᠳᠡᠷᠵᠢᠭᠦᠯᠵᠦ᠍᠂ ᠺᠠᠯᠢ ᠪᠤᠷᠳᠤᠭᠤᠷ᠂ ᠹᠣᠰᠹᠣᠷ ᠪᠤᠷᠳᠤᠭᠤᠷ ᠵᠡᠷᠭᠡ᠎ᠶ᠋ᠢᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠭᠤᠨ ᠪᠠᠢᠯᠭᠠᠬᠤ᠎ᠶ᠋ᠢ ᠴᠢᠩᠭᠠᠳᠭᠠᠨ᠎ᠠ᠃ ᠲᠣᠭ᠍ᠲᠠᠭᠤᠨ ᠪᠥᠭᠡᠳ ᠡᠵᠡᠮᠳᠡᠬᠦ᠋ᠢᠴᠡ ᠭᠠᠳᠠᠭᠠᠳᠤ᠎ᠶ᠋ᠢᠨ ᠬᠠᠩᠭᠠᠯᠭ᠎ᠠ᠎ᠶ᠋ᠢᠨ ᠠᠷᠭ᠎ᠠ ᠵᠠᠮ᠎ᠢ ᠪᠠᠢᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠠᠳᠠᠭᠠᠳᠤ ᠣᠷᠣᠭᠤᠯᠤᠯᠲᠠ᠎ᠶ᠋ᠢᠨ ᠣᠯᠠᠨ ᠡᠱᠢᠵᠢᠯᠲᠡᠶ᠋ᠢ ᠠᠬᠢᠭᠤᠯᠵᠤ᠂ ᠲᠤᠳᠠᠬ᠍ᠳᠠᠵᠤ ᠪᠠᠢᠭ᠎ᠠ ᠴᠢᠨᠠᠷ ᠰᠠᠢᠲᠠᠶ ᠲᠦᠷᠦᠯ ᠵᠦᠢᠯ᠎ᠢ ᠵᠣᠬᠢᠰᠲᠠᠶ᠎ᠪᠠᠷ ᠭᠠᠳᠠᠭᠠᠳᠤ᠎ᠠᠴᠠ ᠣᠷᠣᠭᠤᠯᠵᠤ᠂ ᠠᠷᠠᠯᠵᠢᠶ᠎ᠠ ᠪᠠ ᠦᠢᠯᠡᠳᠪᠦᠷᠢᠯᠡᠯ᠎ᠤᠨ ᠵᠣᠬᠢᠴᠠᠯᠳᠤᠬᠤ᠎ᠶ᠋ᠢ ᠠᠬᠢᠭᠤᠯᠤᠨ᠎ᠠ᠃
ᠬᠤᠶᠠᠳᠤᠭᠠᠷ ᠬᠡᠰᠡᠭ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠎ᠤᠨ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠨ᠎ᠠ
ᠤᠯᠤᠰ᠎ᠤᠨ ᠳᠣᠲᠣᠭᠠᠳᠤ᠎ᠳᠠᠭᠠᠨ ᠰᠠᠭᠤᠷᠢᠯᠠᠬᠤ᠂ ᠳᠤᠲᠠᠭᠤᠳᠠᠯ᠎ᠢᠶᠠᠨ ᠨᠥᠬᠦᠪᠥᠷᠢᠯᠡᠬᠦ᠂ ᠣᠯᠠᠨ ᠡᠱᠢᠵᠢᠭᠦᠯᠦᠨ ᠪᠠᠲᠤᠯᠠᠬᠤ᠂ ᠨᠥᠭᠡᠴᠡ᠎ᠪᠠᠨ ᠴᠢᠩᠭᠠᠳᠭᠠᠬᠤ᠎ᠶ᠋ᠢ ᠪᠠᠷᠢᠮᠲᠠᠯᠠᠵᠤ᠂ ᠡᠨᠧᠷᠭᠢ᠎ᠶ᠋ᠢᠨ ᠰᠤᠷᠪᠤᠯᠵᠢ ᠦᠢᠯᠡᠳᠪᠦᠷᠢᠯᠡᠬᠦ᠌ ᠬᠠᠩᠭᠠᠬᠤ ᠨᠦᠭᠡᠴᠡᠯᠡᠬᠦ᠌ ᠪᠣᠷᠣᠯᠠᠭᠤᠯᠬᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠲᠣᠰᠣ ᠬᠡᠢ᠎ᠶ᠋ᠢᠨ ᠭᠤᠤᠯᠯᠠᠬᠤ ᠬᠡᠷᠡᠭ᠌ᠴᠡᠭᠡ᠎ᠶ᠋ᠢ ᠪᠡᠶ᠎ᠠ᠎ᠪᠠᠨ ᠲᠠᠭᠠᠭᠠᠨ ᠪᠠᠲᠤᠯᠠᠬᠤ᠎ᠶ᠋ᠢ ᠪᠠᠷᠢᠮᠲᠠᠯᠠᠵᠤ᠂ ᠤᠷᠲᠤᠪᠲᠤᠷ ᠬᠤᠭᠤᠴᠠᠭᠠᠨ᠎ᠤ ᠲᠣᠰᠣ ᠬᠡᠢ᠎ᠶ᠋ᠢᠨ ᠨᠥᠭᠡᠴᠡ᠎ᠶ᠋ᠢ ᠨᠡᠮᠡᠭ᠌ᠳᠡᠭᠦᠯᠦᠨ ᠦᠢᠯᠡᠳᠪᠦᠷᠢᠯᠡᠬᠦ᠌ ᠴᠢᠳᠠᠪᠤᠷᠢ᠎ᠶ᠋ᠢ ᠨᠡᠮᠡᠭ᠌ᠳᠡᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠲᠦᠬᠦᠭᠡᠢ ᠴᠢᠯᠠᠭᠤᠨ ᠲᠤᠰᠦᠨᠤ ᠵᠢᠯ᠎ᠤᠨ ᠭᠠᠷᠤᠯᠳᠠ᠎ᠶ᠋ᠢ 2 ᠳ᠋ᠦᠩᠱᠢᠭᠤᠷ ᠲᠣᠨ ᠣᠷᠴᠢᠮ᠎ᠳᠤ ᠲᠣᠭ᠍ᠲᠠᠭᠤᠨ ᠪᠠᠢᠯᠭᠠᠬᠤ᠂ ᠪᠠᠢᠭᠠᠯᠢ᠎ᠶ᠋ᠢᠨ ᠱᠢᠳᠠᠮᠠᠬᠠᠢ ᠬᠡᠢ᠎ᠶ᠋ᠢᠨ ᠭᠠᠷᠤᠯᠲᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠦᠨᠡᠨ ᠬᠦ᠌ ᠪᠠᠲᠤᠯᠠᠵᠤ᠂ ᠨᠡᠭᠦᠷᠡᠰᠦ᠎ᠪᠠᠷ ᠲᠣᠰᠣ ᠬᠡᠢ ᠦᠢᠯᠡᠳᠬᠦ᠌ ᠦᠢᠯᠡᠳᠪᠦᠷᠢᠯᠡᠯ᠎ᠤᠨ ᠴᠢᠳᠠᠪᠤᠷᠢ ᠪᠠ ᠮᠡᠷᠭᠡᠵᠢᠯ᠎ᠤᠨ ᠨᠥᠭᠡᠴᠡᠯᠡᠯᠲᠡ᠎ᠶ᠋ᠢ ᠴᠢᠩᠭᠠᠳᠭᠠᠨ᠎ᠠ᠃ ᠵᠠᠰᠠᠭ᠎ᠤᠨ ᠣᠷᠳᠣᠨ᠎ᠤ ᠨᠥᠭᠡᠴᠡᠯᠠᠯᠳᠠ ᠪᠠ ᠠᠵᠤ ᠠᠬᠤᠢ᠌ᠯᠠᠯ᠎ᠤᠨ ᠨᠥᠭᠡᠴᠡᠯᠡᠯᠳᠠᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠤᠯᠤᠰ᠎ᠤᠨ ᠴᠢᠯᠠᠭᠤᠨ ᠲᠣᠰᠣ ᠨᠥᠭᠡᠴᠡᠯᠡᠬᠦ᠌ ᠬᠡᠪᠴᠢᠶ᠎ᠡ᠎ᠶ᠋ᠢ ᠳᠡᠭᠡᠭ᠌ᠰᠢᠯᠡᠭᠦᠯᠤᠨ᠂ ᠨᠡᠩ ᠠᠮᠢᠳᠤᠯᠢᠭ ᠡᠭᠡᠯᠵᠢᠯᠡᠨ ᠬᠡᠷᠡᠭ᠌ᠯᠡᠬᠦ᠌ ᠲᠣᠭ᠍ᠲᠠᠴᠠ᠎ᠶ᠋ᠢ ᠪᠠᠢᠭᠤᠯᠵᠤ᠂ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠨᠥᠭᠡᠴᠡ᠎ᠶ᠋ᠢ ᠲᠣᠬᠢᠷᠠᠭᠤᠯᠤᠨ ᠪᠠᠲᠤᠯᠠᠬᠤ ᠴᠢᠳᠠᠪᠤᠷᠢ᠎ᠶ᠋ᠢ ᠨᠡᠮᠡᠭ᠌ᠳᠡᠭᠦᠯᠵᠦ᠍᠂ ᠨᠡᠭᠦᠷᠡᠰᠦᠨ᠎ᠤ ᠨᠥᠭᠡᠴᠡᠯᠡᠯᠲᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠡᠨᠧᠷᠭᠢ᠎ᠶ᠋ᠢᠨ ᠰᠤᠷᠪᠤᠯᠵᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠤᠷᠳᠤᠪᠳᠤᠷ ᠬᠤᠭᠤᠴᠠᠭᠠᠨ᠎ᠤ ᠭᠡᠷ᠎ᠡ᠎ᠶ᠋ᠢᠨ ᠳᠦᠷᠢᠮ᠎ᠢ ᠪᠦᠷᠢᠨᠱᠢᠬᠦᠯᠵᠤ᠂ ᠴᠠᠬᠢᠯᠭᠠᠨ ᠬᠦᠴᠦᠨ᠎ᠤ ᠪᠠᠴᠢᠮ ᠪᠠᠢᠳᠠᠯ᠎ᠢ ᠠᠷᠭᠠᠴᠠᠬᠤ ᠲᠣᠬᠢᠷᠠᠭᠤᠯᠬᠤ ᠲᠣᠭ᠍ᠲᠠᠴᠠ ᠪᠠ ᠪᠡᠯᠡᠳᠭᠡᠯ ᠴᠠᠬᠢᠯᠭᠠᠨ ᠡᠭᠦᠰᠭᠡᠭ᠌ᠴᠢ᠎ᠶ᠋ᠢᠨ ᠲᠣᠬᠢᠷᠠᠭᠤᠯᠤᠯᠲᠠ᠎ᠶ᠋ᠢ ᠲᠡᠭᠦᠯᠳᠡᠷᠵᠢᠭᠦᠯᠵᠦ᠍᠂ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠴᠡᠭᠡ᠎ᠶ᠋ᠢᠨ ᠲᠠᠯ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠱᠢᠨᠵᠢᠯᠡᠵᠦ᠍ ᠨᠡᠭᠡᠭᠡᠨ ᠠᠱᠢᠭ᠍ᠯᠠᠬᠤ ᠪᠠ ᠨᠥᠭᠡᠴᠡᠯᠡᠬᠦ᠌᠎ᠶ᠋ᠢ ᠴᠢᠩᠭᠠᠳᠭᠠᠵᠤ᠂ ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠡᠷᠢᠬᠦ᠌ ᠱᠢᠪᠲᠤᠯᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠠᠵᠢᠯᠯᠠᠭ᠎ᠠ᠎ᠶ᠋ᠢ ᠭᠦᠨᠵᠡᠭᠡᠢᠷᠡᠬᠦᠯᠤᠨ ᠬᠡᠷᠡᠭ᠌ᠵᠢᠭᠦᠯᠵᠦ᠍᠂ ᠦᠢᠯᠡᠳᠬᠦᠨ᠂ ᠦᠢᠯᠡᠳᠪᠦᠷᠢᠯᠡᠬᠦ᠌ ᠴᠢᠳᠠᠪᠤᠷᠢ ᠪᠠ ᠭᠠᠷᠤᠯᠲᠠ᠎ᠶ᠋ᠢᠨ ᠣᠷᠣᠨ᠎ᠤ ᠨᠥᠭᠡᠴᠡᠯᠡᠯᠲᠠᠶ᠋ᠢ ᠨᠢᠭᠡᠳᠦᠯᠲᠡᠶ ᠲᠥᠯᠥᠪᠯᠡᠨ ᠴᠢᠩᠭᠠᠳᠭᠠᠵᠤ᠂ ᠪᠦᠬᠡᠮ ᠲᠠᠸᠠᠷ᠎ᠤᠨ ᠨᠦᠭᠡᠴᠡᠯᠡᠬᠦ᠌ ᠵᠥᠭᠡᠭᠡᠪᠦᠷᠢᠯᠡᠬᠦ᠌ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠪᠠᠴᠢᠮ ᠪᠠᠢᠳᠠᠯ᠎ᠢ ᠠᠷᠭᠠᠴᠠᠬᠤ ᠬᠠᠩᠭᠠᠯᠭ᠎ᠠ᠎ᠶ᠋ᠢ ᠪᠠᠲᠤᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠨᠡᠪᠲᠡᠷᠡᠬᠦ᠌ ᠵᠠᠮ᠎ᠤᠨ ᠠᠮᠤᠷ ᠲᠦᠪᠱᠢᠨ᠎ᠢ ᠬᠠᠮᠠᠭᠠᠯᠠᠨ᠎ᠠ᠃
ᠭᠤᠷᠪᠠᠳᠤᠭᠠᠷ ᠬᠡᠰᠡᠭ ᠭᠤᠤᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠤᠷᠳᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠤᠨ᠎ᠠ
ᠡᠬᠢ ᠡᠭᠦᠰᠦᠯ᠎ᠠᠴᠠ᠎ᠨᠢ ᠰᠡᠷᠭᠡᠢᠯᠡᠨ ᠡᠵᠡᠮᠳᠡᠬᠦ᠂ ᠤᠷᠢᠳᠴᠢᠯᠠᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ᠂ ᠡᠷᠲᠡ᠎ᠠᠴᠠ ᠵᠠᠯᠠᠷᠠᠭᠤᠯᠬᠤ᠎ᠶ᠋ᠢ ᠴᠢᠩᠭᠠᠳᠭᠠᠵᠤ᠂ ᠭᠡᠷ ᠪᠠᠢᠱᠢᠩ ᠭᠠᠵᠠᠷ ᠱᠢᠷᠣᠶ᠎ᠶ᠋ᠢᠨ ᠬᠦᠷᠦᠩᠭᠡ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠦᠷᠢ ᠥᠭ᠌ᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ᠎ᠤ ᠪᠠᠢᠭᠤᠯᠤᠮᠵᠢ ᠵᠡᠷᠭᠡ᠎ᠶ᠋ᠢᠨ ᠠᠶᠤᠯ ᠲᠦᠭ᠌ᠰᠢᠭᠦᠷᠢ᠎ᠶ᠋ᠢ ᠡᠮᠬᠢ ᠵᠢᠷᠤᠮ᠎ᠲᠠᠢ᠎ᠪᠠᠷ ᠠᠷᠢᠯᠭᠠᠬᠤ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠱᠢᠰᠲ᠋ᠧᠮ᠎ᠤᠨ ᠴᠢᠨᠠᠷᠲᠠᠶ ᠠᠶᠤᠯ ᠲᠦᠭ᠌ᠰᠢᠭᠦᠷᠢ᠎ᠶ᠋ᠢ ᠴᠢᠩᠭ᠎ᠠ ᠰᠡᠷᠭᠡᠢᠯᠡᠨ᠎ᠡ᠃ ᠱᠢᠰᠲ᠋ᠧᠮ᠎ᠤᠨ ᠴᠢᠬᠤᠯᠠ ᠴᠢᠨᠠᠷ ᠪᠦᠬᠦᠢ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠲᠡᠭᠦᠯᠳᠡᠷᠵᠢᠭᠦᠯᠵᠦ᠍᠂ ᠮᠥᠩᠭᠦᠨ ᠭᠦᠢᠯᠭᠡᠭᠡᠨ᠎ᠤ ᠵᠠᠬ᠎ᠠ ᠳᠡᠯᠭᠡᠭᠦᠷ᠂ ᠬᠢᠯᠢ ᠠᠯᠤᠰᠯᠠᠭ᠍ᠰᠠᠨ ᠬᠦᠷᠦᠩᠭᠡ᠎ᠶ᠋ᠢᠨ ᠱᠢᠯᠵᠢᠯᠲᠡ ᠵᠡᠷᠭᠡ ᠭᠤᠤᠯᠳᠠᠯᠭ᠎ᠠ᠎ᠲᠠᠢ ᠬᠦᠷᠢᠶᠡᠨ᠎ᠳᠠᠬᠢ ᠬᠤᠷᠸ᠎ᠠ ᠲᠠᠯ᠎ᠠ᠎ᠶ᠋ᠢᠨ ᠬᠢᠨᠠᠭᠤᠷ ᠪᠣᠯᠭᠤᠮᠵᠢᠲᠠᠶ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠪᠦᠬᠦ᠌ ᠱᠢᠰᠲ᠋ᠧᠮ᠎ᠤᠨ ᠣᠷᠣᠨ ᠨᠤᠲᠤᠭ᠎ᠤᠨ ᠥᠷᠢ ᠥᠭ᠌ᠴᠡᠭᠡ᠎ᠶ᠋ᠢ ᠬᠢᠨᠠᠨ ᠬᠡᠮᠵᠢᠵᠦ᠍ ᠬᠢᠨᠠᠨ ᠬᠠᠮᠢᠶᠠᠷᠬᠤ ᠱᠢᠰᠲ᠋ᠧᠮ ᠪᠠ ᠳᠠᠯᠳᠠ ᠥᠷᠢ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠤᠷᠳᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠡᠳ᠋᠎ᠤᠨ ᠵᠠᠰᠠᠭ ᠠᠵᠤ ᠠᠬᠤᠢ᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠷᠢ ᠦᠭ᠌ᠴᠡᠭᠡ᠎ᠶ᠋ᠢ ᠱᠢᠨ᠎ᠠ᠎ᠪᠠᠷ ᠨᠡᠮᠡᠭ᠌ᠳᠡᠬᠦᠯᠬᠦ᠌᠎ᠶ᠋ᠢ ᠡᠷᠡᠰ ᠬᠤᠷᠢᠭ᠍ᠯᠠᠵᠤ᠂ ᠲᠥᠪ᠎ᠤᠨ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠡᠯᠡ ᠲᠣᠬᠢᠷᠠᠭᠤᠯᠬᠤ ᠲᠠᠪᠴᠠᠩ᠎ᠤᠨ ᠥᠭᠡᠷᠡᠴᠢᠯᠡᠯᠲᠡ ᠬᠢᠵᠦ᠍ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠭᠡᠯᠡᠨ ᠠᠬᠢᠭᠤᠯᠤᠨ᠎ᠠ᠃ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠯᠠᠪᠳᠠᠭᠤᠨ ᠲᠤᠬᠢᠲᠠᠢ ᠪᠥᠭᠡᠳ ᠡᠮᠬᠢ ᠵᠢᠷᠤᠮ᠎ᠲᠠᠢ᠎ᠪᠠᠷ ᠬᠦᠷᠦᠩᠭᠡ᠎ᠶ᠋ᠢ ᠨᠥᠬᠦᠪᠥᠷᠢᠯᠡᠬᠦ᠌ ᠠᠵᠢᠯ ᠦᠷᠨᠢᠬᠦᠯᠬᠦ᠌᠎ᠶ᠋ᠢ ᠲᠡᠮᠵᠢᠵᠤ᠂ ᠳᠤᠮᠳᠠ ᠵᠢᠵᠢᠭ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠠᠶᠤᠯ ᠲᠦᠭ᠌ᠰᠢᠭᠦᠷᠢ᠎ᠶ᠋ᠢ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠤᠨ᠂ ᠠᠶᠤᠯ ᠲᠦᠭ᠌ᠰᠢᠭᠦᠷᠢ᠎ᠶ᠋ᠢ ᠱᠢᠢᠳᠪᠦᠷᠢᠯᠡᠬᠦ᠌ ᠡᠬᠢ ᠪᠠᠶᠠᠯᠢᠭ ᠪᠠ ᠠᠷᠭ᠎ᠠ ᠪᠠᠷᠢᠯ᠎ᠢ ᠪᠠᠶᠠᠯᠢᠬ᠍ᠵᠢᠭᠤᠯᠵᠤ᠂ ᠮᠥᠩᠭᠦᠨ ᠭᠦᠢᠯᠭᠡᠭᠡ᠎ᠶ᠋ᠢ ᠲᠣᠭ᠍ᠲᠠᠭᠤᠨ ᠪᠠᠢᠯᠭᠠᠬᠤ ᠪᠠᠲᠤᠯᠠᠭ᠎ᠠ᠎ᠶ᠋ᠢᠨ ᠰᠠᠭᠤᠷᠢ ᠮᠦᠩᠭᠦ᠌᠂ ᠬᠠᠳᠠᠭᠠᠯᠠᠮᠵᠢ᠎ᠶ᠋ᠢᠨ ᠳᠠᠭᠠᠳᠭᠠᠯ᠎ᠤᠨ ᠰᠠᠭᠤᠷᠢ ᠮᠥᠩᠭᠦ᠌ ᠪᠠ ᠪᠤᠰᠤᠳ ᠠᠵᠢᠯ ᠲᠦᠷᠦᠯ᠎ᠤᠨ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠲᠡᠭᠦᠯᠳᠡᠷᠵᠢᠭᠦᠯᠦᠨ᠎ᠡ᠃ ᠲᠥᠪ᠎ᠤᠨ ᠪᠠ ᠣᠷᠣᠨ ᠨᠤᠲᠤᠭ᠎ᠤᠨ ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠮᠥᠩᠭᠦᠨ ᠭᠦᠢᠯᠭᠡᠭᠡᠨ᠎ᠤ ᠬᠡᠷᠡᠭ᠌ᠯᠡᠭ᠌ᠴᠢᠳ᠎ᠤᠨ ᠡᠷᠬᠡ ᠠᠱᠢᠭ᠎ᠢ ᠬᠠᠮᠠᠭᠠᠯᠠᠬᠤ ᠲᠣᠭ᠍ᠲᠠᠴᠠ᠎ᠶ᠋ᠢ ᠪᠦᠷᠢᠨᠱᠢᠬᠦᠯᠤᠨ᠂ ᠬᠠᠤᠯᠢ ᠪᠤᠰᠤ ᠮᠥᠩᠭᠦᠨ ᠭᠦᠢᠯᠭᠡᠭᠡᠨ᠎ᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠭᠦᠨ᠎ᠡ᠃ ᠨᠡᠭᠡᠭᠡᠯᠲᠡᠲᠡᠢ ᠨᠥᠬᠦᠴᠡᠯ ᠳᠣᠤᠷᠠᠬᠢ ᠮᠥᠩᠭᠦᠨ ᠭᠦᠢᠯᠭᠡᠭᠡᠨ᠎ᠤ ᠠᠮᠤᠷ ᠲᠦᠪᠱᠢᠨ᠎ᠤ ᠪᠠᠲᠤᠯᠠᠭ᠎ᠠ᠎ᠶ᠋ᠢ ᠴᠢᠩᠭᠠᠳᠭᠠᠵᠤ᠂ ᠬᠢᠯᠢ ᠠᠯᠤᠰᠯᠠᠭ᠍ᠰᠠᠨ ᠪᠠᠯᠠ ᠮᠥᠩᠭᠦ᠎ᠶ᠋ᠢᠨ ᠭᠦᠢᠯᠭᠡᠭᠡ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠠᠷᠭᠠᠴᠠᠬᠤ ᠠᠷᠭ᠎ᠠ ᠭᠡᠮᠵᠢᠶ᠎ᠠ ᠠᠪᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃
ᠳᠥᠷᠪᠡᠳᠦᠭᠡᠷ ᠬᠡᠰᠡᠭ ᠰᠦᠯᠵᠢᠶᠡᠨ᠎ᠤ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠳᠡᠬᠡᠭ᠌ᠰᠢᠯᠡᠬᠦᠯᠦᠨᠡ
ᠰᠦᠯᠵᠢᠶᠡᠨ᠎ᠤ ᠣᠷᠣᠨ ᠵᠠᠶ᠎ᠶ᠋ᠢᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠵᠠᠩᠭᠢᠯᠠᠭ᠎ᠠ᠎ᠶ᠋ᠢᠨ ᠮᠡᠳᠡᠭᠡ ᠵᠠᠩᠭᠢ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠠᠮᠤᠷ ᠲᠦᠪᠱᠢᠨ᠎ᠢ ᠰᠡᠷᠭᠡᠢᠯᠡᠨ ᠬᠠᠮᠠᠭᠠᠯᠠᠬᠤ᠂ ᠰᠦᠯᠵᠢᠶᠡᠨ᠎ᠤ ᠠᠮᠤᠷ ᠲᠦᠪᠱᠢᠨ᠎ᠢ ᠬᠢᠨᠠᠨ ᠪᠠᠢᠴᠠᠭᠠᠬᠤ᠂ ᠡᠭᠦᠯᠡᠨ ᠪᠣᠳᠣᠯᠲᠠ᠎ᠶ᠋ᠢᠨ ᠦᠢᠯᠡᠴᠢᠯᠡᠭᠡᠨ᠎ᠤ ᠠᠮᠤᠷ ᠲᠦᠪᠱᠢᠨ᠎ᠢ ᠦᠨᠡᠯᠡᠨ ᠵᠢᠱ᠌ᠢᠬᠦ᠌ ᠵᠡᠷᠭᠡ ᠰᠠᠭᠤᠷᠢ ᠳᠦᠷᠢᠮ᠎ᠢ ᠪᠦᠷᠢᠨᠱᠢᠬᠦᠯᠵᠤ᠂ ᠢᠨᠲ᠋ᠧᠷ ᠰᠦᠯᠵᠢᠶᠡᠨ᠎ᠤ ᠠᠭᠤᠯᠭ᠎ᠠ᠎ᠶ᠋ᠢᠨ ᠬᠠᠮᠢᠶᠡᠷᠤᠯᠳᠠ᠂ ᠰᠦᠯᠵᠢᠶᠡᠨ᠎ᠤ ᠲᠠᠪᠴᠠᠩ᠎ᠤᠨ ᠵᠠᠰᠠᠯᠳᠠ ᠵᠡᠷᠭᠡ᠎ᠶ᠋ᠢᠨ ᠬᠠᠤᠯᠢ ᠲᠣᠭ᠍ᠲᠠᠭᠠᠯ᠎ᠢ ᠲᠡᠭᠦᠯᠳᠡᠷᠵᠢᠭᠦᠯᠦᠨ᠎ᠡ᠃ ᠬᠠᠤᠯᠢ᠎ᠠᠴᠠ ᠵᠥᠷᠢᠴᠡᠭ᠌ᠰᠡᠨ ᠰᠦᠯᠵᠢᠶᠡᠨ᠎ᠤ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ 《ᠴᠡᠪᠡᠷ ᠲᠤᠩᠭᠠᠯᠠᠭ》 ᠱᠢᠷᠢᠰ ᠲᠤᠰᠭᠠᠢ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠰᠦᠯᠵᠢᠶᠠᠨ᠎ᠤ ᠴᠤᠤᠷᠬᠠᠯ᠂ ᠰᠦᠯᠵᠢᠶᠠᠨ᠎ᠤ ᠬᠦᠴᠦᠷᠭᠡᠭ᠌ᠯᠡᠯ ᠵᠡᠷᠭᠡ ᠡᠮᠬᠢ ᠵᠠᠮᠪᠠᠷᠠᠭ᠎ᠠ ᠦᠭᠡᠢ ᠦᠵᠡᠭ᠌ᠳᠡᠯ᠎ᠢ ᠵᠠᠰᠠᠵᠤ᠂ ᠴᠡᠪᠡᠷ ᠠᠷᠢᠭᠤᠨ ᠲᠥᠪ ᠴᠢᠬᠡᠴᠢ ᠰᠦᠯᠵᠢᠶᠡᠨ᠎ᠤ ᠣᠷᠴᠢᠨ ᠨᠦᠬᠦᠴᠡᠯ᠎ᠢ ᠪᠤᠢ ᠪᠤᠯᠭᠠᠨ᠎ᠠ᠃ ᠰᠦᠯᠵᠢᠶᠡᠨ᠎ᠤ ᠠᠮᠤᠷ ᠲᠦᠪᠱᠢᠨ᠎ᠤ ᠮᠡᠷᠭᠡᠵᠢᠯ᠎ᠤᠨ ᠱᠢᠨ᠎ᠠ ᠡᠬᠦᠳᠤᠯᠳᠠ ᠪᠠ ᠠᠵᠤ ᠦᠢᠯᠡᠰ᠎ᠤᠨ ᠬᠥᠭ᠌ᠵᠢᠯᠲᠡ᠎ᠶ᠋ᠢ ᠳᠠᠮᠵᠢᠵᠤ᠂ ᠠᠮᠤᠷ ᠲᠦᠪᠱᠢᠨ ᠪᠦᠭᠡᠳ ᠨᠠᠢᠳᠠᠪᠤᠷᠢᠲᠠᠶ ᠮᠡᠳᠡᠭᠡ ᠵᠠᠩᠭᠢ᠎ᠶ᠋ᠢᠨ ᠦᠢᠯᠡᠳᠬᠦᠨ ᠪᠠ ᠦᠢᠯᠡᠴᠢᠯᠡᠭᠡ᠎ᠶ᠋ᠢ ᠬᠦᠭ᠌ᠵᠢᠬᠦᠯᠬᠦ᠌᠎ᠶ᠋ᠢ ᠵᠤᠷᠢᠬ᠍ᠵᠢᠭᠤᠯᠤᠨ᠎ᠠ᠃ ᠭᠠᠮᠱᠢᠭ᠎ᠠᠴᠠ ᠰᠡᠷᠭᠦᠭᠡᠬᠦ᠌ ᠪᠡᠯᠡᠳᠭᠡᠯ ᠬᠤᠪᠢ ᠬᠢᠬᠦ᠌ ᠱᠢᠰᠲ᠋ᠧᠮ᠎ᠤᠨ ᠪᠠᠢᠭᠤᠯᠤᠯᠳᠠ᠎ᠶ᠋ᠢ ᠠᠬᠢᠭᠤᠯᠵᠤ᠂ ᠠᠵᠤ ᠦᠢᠯᠡᠳᠪᠦᠷᠢ᠎ᠶ᠋ᠢᠨ ᠡᠵᠡᠮᠳᠡᠯ᠎ᠤᠨ ᠱᠢᠰᠲ᠋ᠧᠮ ᠪᠠ ᠱᠢᠨ᠎ᠡ ᠮᠡᠷᠭᠡᠵᠢᠯ ᠱᠢᠨ᠎ᠡ ᠬᠡᠷᠡᠭ᠌ᠯᠡᠭᠡᠨ᠎ᠤ ᠰᠦᠯᠵᠢᠶᠡᠨ᠎ᠤ ᠠᠮᠤᠷ ᠲᠦᠪᠱᠢᠨ᠎ᠤ ᠰᠡᠷᠭᠡᠢᠯᠡᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠰᠦᠯᠵᠢᠶᠡᠨ᠎ᠤ ᠣᠷᠣᠨ ᠵᠠᠶ᠎ᠶ᠋ᠢᠨ ᠪᠦᠬᠦ᠌ ᠪᠥᠮᠪᠥᠷᠴᠡᠭ᠎ᠤᠨ ᠵᠠᠰᠠᠯᠲᠠ ᠪᠠ ᠤᠯᠠᠨ ᠤᠯᠤᠰ᠎ᠤᠨ ᠲᠦᠷᠢᠮᠯᠡᠯ ᠲᠣᠭ᠍ᠲᠠᠭᠠᠬᠤ᠎ᠳᠤ ᠭᠦᠨᠵᠡᠭᠡᠶ ᠣᠷᠣᠯᠴᠠᠵᠤ᠂ ᠤᠯᠠᠨ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠬᠠᠮᠲᠤᠷᠠᠯᠴᠠᠭ᠎ᠠ᠎ᠶ᠋ᠢ ᠢᠳᠡᠪᠬᠢᠲᠡᠶ ᠥᠷᠭᠡᠳᠭᠡᠨ᠎ᠡ᠃
ᠲᠠᠪᠢᠨ ᠭᠤᠷᠪᠠᠳᠤᠭᠠᠷ ᠪᠦᠯᠦᠭ ᠤᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠬᠢᠷᠢ ᠬᠡᠮᠵᠢᠶ᠎ᠡ᠎ᠶ᠋ᠢ ᠲᠡᠭᠡᠭ᠌ᠰᠢᠯᠡᠬᠦᠯᠤᠨ᠎ᠠ
ᠤᠯᠠᠨ ᠨᠡᠢᠲᠡ᠎ᠶ᠋ᠢᠨ ᠠᠮᠤᠷ ᠲᠦᠪᠱᠢᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠣᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠬᠡᠪ ᠵᠠᠭ᠍ᠪᠤᠷ᠎ᠢ ᠬᠡᠷᠡᠭ᠎ᠠᠴᠠ ᠡᠮᠦᠨ᠎ᠡ ᠤᠷᠢᠳᠴᠢᠯᠠᠨ ᠰᠡᠷᠭᠡᠢᠯᠡᠬᠦ᠌ ᠳᠠᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠨ᠎ᠠ᠃
ᠨᠢᠭᠡᠳᠦᠭᠡᠷ ᠬᠡᠰᠡᠭ ᠢᠳᠡᠭᠡᠨ᠎ᠤ ᠵᠦᠢᠯ ᠪᠠ ᠡᠮ᠎ᠤᠨ ᠵᠦᠢᠯ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ
ᠢᠳᠡᠭᠡᠨ᠎ᠤ ᠵᠦᠢᠯ ᠪᠠ ᠡᠮ᠎ᠤᠨ ᠵᠦᠢᠯ᠎ᠤᠨ ᠪᠦᠬᠦ᠌ ᠬᠡᠯᠬᠢᠶ᠎ᠠ ᠪᠦᠬᠦ᠌ ᠶᠠᠪᠤᠴᠠ᠎ᠶ᠋ᠢ ᠬᠢᠨᠠᠨ ᠬᠠᠮᠢᠶᠠᠷᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠢᠳᠡᠭᠡᠨ᠎ᠤ ᠵᠦᠢᠯ ᠪᠠ ᠡᠮ᠎ᠤᠨ ᠵᠦᠢᠯ᠎ᠤᠨ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ᠎ᠠᠴᠠ ᠬᠤᠭᠤᠯᠠᠨ ᠱᠢᠷᠡᠭᠡᠨ᠎ᠳᠤ ᠬᠦᠷᠳᠡᠯᠡᠬᠢ ᠢᠳᠡᠭᠡᠨ᠎ᠤ ᠵᠦᠢᠯ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠠᠶᠤᠯ ᠲᠦᠭ᠌ᠰᠢᠭᠦᠷᠢ᠎ᠶ᠋ᠢ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠨ᠂ ᠬᠠᠮᠵᠢᠯᠴᠠᠭ᠍ᠰᠠᠨ ᠬᠢᠨᠠᠯᠳᠠ ᠬᠠᠮᠢᠶᠠᠷᠤᠯᠳᠠ ᠪᠠ ᠣᠶᠤᠨᠴᠢ ᠬᠢᠨᠠᠯᠳᠠ ᠬᠠᠮᠢᠶᠡᠷᠤᠯᠳᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠭᠤᠣᠯᠳᠠᠯᠭ᠎ᠠ᠎ᠲᠠᠢ ᠠᠰᠠᠭᠤᠳᠠᠯ ᠪᠦᠬᠦᠢ ᠲᠠᠷᠢᠶᠠᠯᠠᠩ᠎ᠤᠨ ᠪᠦᠲᠦᠭᠡᠭ᠌ᠳᠡᠬᠦᠨ᠎ᠤ ᠡᠮ᠎ᠤᠨ ᠦᠯᠡᠳᠡᠭ᠌ᠳᠡᠯ᠎ᠢ ᠵᠠᠰᠠᠬᠤ ᠠᠵᠢᠯ᠎ᠢ ᠭᠦᠨᠵᠡᠭᠡᠢᠷᠡᠭᠦᠯᠦᠨ᠎ᠡ᠃ ᠡᠮ᠎ᠤᠨ ᠵᠦᠢᠯ᠎ᠤᠨ ᠴᠢᠩᠭ᠎ᠠ ᠪᠥᠭᠡᠳ ᠥᠨᠳᠥᠷ ᠪᠦᠲᠦᠮᠵᠢᠲᠡᠶ ᠬᠢᠨᠠᠯᠲᠠ ᠬᠠᠮᠢᠶᠠᠷᠤᠯᠲᠠ᠎ᠶ᠋ᠢ ᠲᠡᠭᠦᠯᠳᠡᠷᠵᠢᠭᠦᠯᠵᠦ᠍᠂ ᠡᠮ᠎ᠤᠨ ᠵᠦᠢᠯ᠎ᠤᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ᠎ᠤ ᠲᠥᠯᠥᠪᠯᠡᠭᠡ᠎ᠶ᠋ᠢ ᠭᠦᠨᠵᠡᠭᠡᠢᠷᠡᠬᠦᠯᠤᠨ ᠬᠡᠷᠡᠭ᠌ᠵᠢᠭᠦᠯᠵᠤ᠂ ᠲᠦᠭ᠌ᠰᠢᠭᠦᠷᠢ ᠶᠡᠬᠡᠲᠡᠶ ᠤᠢ᠍ᠢᠯᠡᠳᠬᠦᠨᠢ ᠦᠯᠢᠭᠡᠷ ᠠᠪᠴᠤ᠌ ᠱᠢᠯᠭᠠᠨ ᠪᠠᠢᠴᠠᠭᠠᠬᠤ ᠪᠠ ᠰᠤᠭᠤᠯᠤᠨ ᠪᠠᠢᠴᠠᠭᠠᠬᠤ᠎ᠶ᠋ᠢ ᠴᠢᠩᠭᠠᠳᠭᠠᠨ᠎ᠠ᠃ ᠳᠠᠭᠤᠷᠢᠶᠨᠨ ᠨᠠᠢᠷᠠᠬ᠍ᠰᠠᠨ ᠡᠮ᠎ᠤᠨ ᠶᠠᠰᠤ ᠴᠢᠨᠠᠷ ᠪᠠ ᠡᠮᠴᠢᠯᠡᠭᠡᠨ᠎ᠤ ᠤᠢ᠍ᠢᠯᠡᠳᠤᠯ ᠴᠢᠳᠠᠯ᠎ᠤᠨ ᠨᠢᠭᠡᠳᠤᠯ᠎ᠳᠤ ᠴᠢᠨᠡᠷ᠎ᠤᠨ ᠦᠨᠡᠯᠡᠯᠲᠠ᠎ᠶ᠋ᠢᠨ ᠶᠠᠰᠤ ᠴᠢᠨᠠᠷ ᠦᠷ᠎ᠡ ᠪᠦᠳᠦᠮᠵᠢ᠎ᠶ᠋ᠢ ᠳᠡᠭᠡᠭ᠌ᠰᠢᠯᠡᠭᠦᠯᠵᠦ᠍᠂ ᠵᠠᠬ᠎ᠠ ᠳᠡᠯᠭᠡᠭᠦᠷ᠎ᠲᠤ ᠭᠠᠷᠤᠭ᠍ᠰᠠᠨ᠎ᠤ ᠳᠠᠷᠠᠭᠠᠬᠢ ᠡᠮᠴᠢᠯᠡᠭᠡᠨ᠎ᠳᠠᠬᠢ ᠭᠡᠷᠡᠭ᠌ᠯᠡᠯᠳᠠᠶ᠋ᠢᠨ ᠳ᠋ᠠᠢᠲ᠋ᠠ᠎ᠶ᠋ᠢᠨ ᠬᠢᠨᠠᠨ ᠬᠡᠮᠵᠢᠯᠳᠠ᠎ᠶ᠋ᠢ ᠴᠢᠩᠭᠠᠳᠭᠠᠨ᠎ᠠ᠃ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠂ ᠬᠠᠷᠢᠶ᠎ᠠ ᠣᠷᠣᠨ᠎ᠤ ᠬᠠᠮᠢᠶᠡᠷᠤᠯᠳᠠ᠂ ᠠᠵᠤ ᠠᠬᠤᠢᠯᠠᠯ᠎ᠤᠨ ᠪᠡᠶᠡᠴᠢ ᠴᠣᠭ᠍ᠴᠠ᠎ᠶ᠋ᠢᠨ ᠢᠳᠡᠭᠡᠨ᠎ᠤ ᠵᠦᠢᠯ ᠪᠠ ᠡᠮ᠎ᠤᠨ ᠵᠦᠢᠯ᠎ᠤᠨ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠬᠠᠤᠯᠢ᠎ᠠᠴᠠ ᠵᠥᠷᠢᠴᠡᠭ᠌ᠰᠡᠨ ᠶᠠᠯᠠᠳᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌ ᠡᠷᠴᠢᠮ᠎ᠢ ᠴᠢᠩᠭᠠᠷᠠᠭᠤᠯᠤᠨ᠎ᠠ᠃ ᠠᠮᠢᠳᠤ ᠪᠣᠳᠠᠰ᠎ᠤᠨ ᠮᠡᠷᠭᠡᠵᠢᠯ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠬᠢᠨᠠᠵᠤ ᠬᠠᠮᠢᠶᠠᠷᠬᠤ᠎ᠪᠠᠨ ᠴᠢᠩᠳᠠᠯᠠᠵᠤ᠂ ᠠᠮᠢᠳᠤ ᠪᠣᠳᠠᠰ᠎ᠤᠨ ᠳ᠋ᠠᠢᠲ᠋ᠠ᠎ᠶ᠋ᠢᠨ ᠡᠬᠢ ᠪᠠᠶᠠᠯᠢᠭ᠎ᠢ ᠬᠠᠳᠠᠭᠠᠯᠠᠬᠤ ᠪᠠ ᠠᠮᠤᠷ ᠲᠦᠪᠱᠢᠨ᠎ᠢ ᠬᠠᠮᠢᠶᠡᠷᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
ᠬᠤᠶᠠᠳᠤᠭᠠᠷ ᠬᠡᠰᠡᠭ ᠠᠶᠤᠯ ᠦᠭᠡᠢ ᠦᠢᠯᠡᠳᠪᠦᠷᠢᠯᠡᠯ᠎ᠤᠨ ᠬᠢᠷᠢ ᠭᠡᠮᠵᠢᠶ᠎ᠠ᠎ᠶ᠋ᠢ ᠳᠡᠭᠡᠭ᠌ᠰᠢᠯᠡᠭᠦᠯᠦᠨ᠎ᠡ
ᠠᠶᠤᠯ ᠦᠭᠡᠢ ᠦᠢᠯᠡᠳᠪᠦᠷᠢᠯᠡᠯ᠎ᠳᠤ ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠬᠦᠷᠬᠡᠯᠡᠬᠦ᠂ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠦᠨᠳᠦ ᠶᠡᠭᠡ ᠤᠨᠴᠠ ᠶᠡᠭᠡ ᠠᠳᠡᠯ᠎ᠢ ᠪᠦᠲᠦᠮᠵᠢᠲᠡᠶ ᠰᠡᠷᠭᠡᠢᠯᠡᠨ ᠬᠤᠷᠢᠭ᠍ᠯᠠᠨ᠎ᠠ᠃ ᠴᠢᠬᠤᠯᠠ ᠰᠠᠭᠤᠷᠢ ᠲᠥᠬᠦᠭᠡᠷᠦᠮᠵᠢ᠎ᠶ᠋ᠢᠨ ᠮᠥᠨ ᠴᠢᠨᠠᠷ᠎ᠤᠨ ᠠᠮᠤᠷ ᠲᠦᠪᠱᠢᠨ᠎ᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠠᠭᠤᠷᠬᠠᠶ᠂ ᠠᠶᠤᠯᠲᠠᠶ ᠬᠢᠮᠢ᠎ᠶ᠋ᠢᠨ ᠪᠣᠳᠠᠰ᠂ ᠣᠨᠴᠠ ᠲᠦᠷᠦᠯ᠎ᠤᠨ ᠪᠡᠯᠡᠳᠭᠡᠮᠵᠢ ᠵᠡᠷᠭᠡ ᠬᠦᠷᠢᠶᠡᠨ᠎ᠤ ᠠᠶᠤᠯ ᠲᠦᠭ᠌ᠰᠢᠭᠦᠷᠢ ᠶᠡᠬᠡᠲᠡᠶ ᠤᠷᠠᠯᠠᠯ ᠪᠠ ᠲᠤᠨᠤᠬ᠍ᠯᠠᠯᠢ ᠱᠢᠭ᠌ᠰᠢᠭ᠌ᠳᠡᠬᠦᠯᠤᠨ ᠱᠢᠨᠡᠳᠭᠡᠬᠦ᠌ ᠠᠵᠢᠯ᠎ᠢ ᠲᠦᠷᠭᠡᠳᠭᠡᠵᠦ᠍᠂ ᠤᠢ᠍ᠢᠯᠡᠳᠪᠤᠷᠢᠯᠡᠯ ᠡᠵᠡᠩᠨᠡᠯᠳᠠ᠎ᠶ᠋ᠢᠨ ᠨᠢᠭᠡᠴᠢ᠎ᠶ᠋ᠢᠨ ᠭᠤᠤᠯ ᠬᠠᠷᠢᠭᠤᠴᠠᠯᠭᠠᠳᠠᠨ ᠪᠠ ᠣᠨᠴᠠᠭᠠᠶ ᠠᠵᠢᠯ ᠲᠦᠷᠦᠯ᠎ᠤᠨ ᠠᠮᠤᠷ ᠲᠦᠪᠱᠢᠨ᠎ᠤ ᠪᠣᠯᠪᠠᠰᠤᠷᠠᠭᠤᠯᠤᠯ᠎ᠢ ᠴᠢᠩᠭᠠᠳᠭᠠᠨ᠎ᠠ᠃ ᠠᠶᠤᠯ ᠦᠭᠡᠢ ᠦᠢᠯᠡᠳᠪᠦᠷᠢᠯᠡᠯ᠎ᠤᠨ ᠲᠦᠭ᠌ᠰᠢᠭᠦᠷᠢ᠎ᠶ᠋ᠢ ᠰᠠᠮᠨᠠᠨ ᠪᠠᠢᠴᠠᠭᠠᠵᠤ ᠴᠡᠭ᠌ᠴᠡᠯᠡᠨ ᠵᠠᠰᠠᠬᠤ ᠪᠠ ᠬᠠᠷᠢᠭᠤᠴᠠᠯᠭ᠎ᠠ᠎ᠶ᠋ᠢ ᠭᠡᠳᠡᠷᠭᠦ᠌ ᠪᠠᠢᠴᠠᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠤ᠂ ᠠᠵᠤ ᠠᠬᠤᠢᠯᠠᠯ᠎ᠢ ᠱᠢᠪᠠᠳᠠᠵᠤ ᠪᠠᠢᠭᠠᠳ ᠠᠶᠤᠯ ᠦᠭᠡᠢ ᠦᠢᠯᠡᠳᠪᠦᠷᠢᠯᠡᠯ᠎ᠤᠨ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠠᠶᠤᠯ ᠦᠭᠡᠢ ᠦᠢᠯᠡᠳᠪᠦᠷᠢᠯᠡᠯ᠎ᠤᠨ ᠲᠦᠭ᠌ᠰᠢᠭᠦᠷᠢ᠎ᠶ᠋ᠢ ᠰᠡᠷᠭᠡᠢᠯᠡᠬᠦ᠌ ᠪᠠ ᠠᠳᠡᠯ᠎ᠤᠨ ᠭᠠᠮᠱᠢᠭ᠎ᠤᠨ ᠪᠠᠴᠢᠮ ᠪᠠᠢᠳᠠᠯ᠎ᠢ ᠠᠷᠭᠠᠴᠠᠨ ᠱᠢᠢᠳᠪᠦᠷᠢᠯᠡᠬᠦ᠌ ᠬᠢᠷᠢ ᠭᠡᠮᠵᠢᠶ᠎ᠠ᠎ᠶ᠋ᠢ ᠳᠡᠭᠡᠭ᠌ᠰᠢᠯᠡᠭᠦᠯᠤᠨ᠎ᠠ᠃ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠬᠡᠷᠡᠭ᠌ᠵᠢᠭᠦᠯᠦᠯᠲᠡ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠡᠯ᠎ᠡ ᠠᠵᠢᠯ ᠲᠦᠷᠦᠯ᠎ᠤᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠭᠤᠤᠯᠳᠠᠯᠭ᠎ᠠ᠎ᠲᠠᠢ ᠵᠦᠢᠯᠡᠰ᠎ᠤᠨ ᠲᠣᠳᠣᠷᠬᠠᠶ ᠬᠠᠭᠤᠳᠠᠰᠤ᠎ᠶ᠋ᠢ ᠪᠠᠢᠭᠤᠯᠵᠤ᠂ ᠲᠥᠪ᠎ᠤᠨ ᠠᠶᠤᠯ ᠦᠭᠡᠢ ᠦᠢᠯᠡᠳᠪᠦᠷᠢᠯᠡᠯ᠎ᠢ ᠬᠢᠨᠠᠨ ᠱᠢᠯᠭᠠᠵᠤ ᠲᠣᠭᠤᠷᠢᠨ ᠪᠠᠢᠴᠠᠭᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠦᠨ᠎ᠡ᠃
ᠭᠤᠷᠪᠠᠳᠤᠭᠠᠷ ᠬᠡᠰᠡᠭ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠭᠠᠮᠱᠢᠭ᠎ᠢ ᠪᠠᠭᠠᠰᠭᠠᠬᠤ ᠤᠷᠢᠳᠴᠢᠯᠠᠨ ᠰᠡᠷᠭᠡᠢᠯᠡᠯᠳᠠ ᠬᠢᠬᠦ᠂ ᠭᠠᠮᠱᠢᠭ᠎ᠲᠠᠢ ᠲᠡᠮᠡᠴᠡᠬᠦ᠌ ᠰᠡᠷᠭᠡᠢᠯᠡᠯᠲᠡ ᠪᠠᠢᠷᠢᠯᠠᠭᠤᠯᠬᠤ᠂ ᠭᠠᠮᠱᠢᠭ᠎ᠠᠴᠠ ᠠᠪᠤᠷᠠᠬᠤ ᠪᠠᠳᠤᠯᠠᠭ᠎ᠠ᠎ᠶ᠋ᠢᠨ ᠴᠢᠳᠠᠪᠤᠷᠢ᠎ᠶ᠋ᠢ ᠨᠢᠭᠡ ᠴᠣᠭ᠍ᠴᠠᠵᠢᠭᠤᠯᠤᠨ ᠳᠡᠭᠡᠭ᠌ᠰᠢᠯᠡᠭᠦᠯᠵᠦ᠍᠂ ᠡᠯ᠎ᠡ ᠲᠥᠷᠥᠯ᠎ᠤᠨ ᠭᠠᠮᠱᠢᠭ᠎ᠤᠨ ᠠᠳᠡᠯ᠎ᠤᠨ ᠬᠤᠬᠢᠷᠠᠯ᠎ᠢ ᠪᠦᠲᠦᠮᠵᠢᠲᠡᠶ ᠪᠠᠭᠤᠷᠠᠭᠤᠯᠤᠨ᠎ᠠ᠃ ᠭᠠᠮᠱᠢᠭ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠵᠤ᠂ ᠴᠠᠭ ᠢᠮᠠᠬ᠍ᠳᠠ ᠴᠠᠭ ᠲᠤᠬᠠᠶ᠎ᠳᠤᠨᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠴᠢᠬᠤᠯᠠ ᠬᠤᠲᠠ ᠪᠠ ᠭᠠᠮᠱᠢᠭ ᠤᠯᠠᠨᠳᠠ ᠡᠬᠦᠰᠳᠡᠭ ᠭᠠᠵᠠᠷ ᠣᠷᠣᠨ᠎ᠤ ᠵᠠᠩᠭᠢᠯᠠᠭ᠎ᠠ᠎ᠶ᠋ᠢᠨ ᠰᠠᠭᠤᠷᠢ ᠲᠦᠬᠦᠭᠡᠷᠤᠮᠵᠢ᠎ᠶ᠋ᠢᠨ ᠰᠡᠷᠭᠡᠢᠯᠡᠯᠲᠡ ᠪᠠᠢᠷᠢᠯᠠᠭᠤᠯᠬᠤ ᠪᠠᠷᠢᠮᠵᠢᠶ᠎ᠠ᠎ᠶ᠋ᠢ ᠵᠦᠶ ᠵᠣᠬᠢᠰᠲᠠᠶ ᠳᠡᠭᠡᠭ᠌ᠰᠢᠯᠡᠭᠦᠯᠵᠦ᠍᠂ ᠬᠤᠲᠠ᠎ᠶ᠋ᠢᠨ ᠡᠩ᠎ᠤᠨ ᠦᠶ᠎ᠠ ᠪᠠ ᠪᠠᠴᠢᠮ ᠦᠶ᠎ᠠ᠎ᠳᠤ ᠴᠦᠮ ᠬᠡᠷᠡᠭ᠌ᠯᠡᠵᠦ᠍ ᠪᠤᠯᠬᠤ ᠤᠯᠠᠨ ᠨᠡᠢᠲᠡ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠠᠮ ᠠᠮᠤᠷ ᠲᠦᠪᠱᠢᠨ ᠬᠠᠮ ᠪᠠᠴᠢᠮ ᠪᠠᠢᠳᠠᠯ᠎ᠢ ᠠᠷᠭᠠᠴᠠᠬᠤ ᠪᠣᠷᠣ ᠲᠥᠯᠥᠪ᠎ᠤᠨ ᠳᠣᠤᠷᠠᠬᠢ ᠪᠠᠴᠢᠮ ᠪᠠᠢᠳᠠᠯ᠎ᠢ ᠠᠷᠭᠠᠴᠠᠬᠤ ᠵᠢᠯᠣᠭᠤᠳᠭᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ ᠪᠠ ᠬᠦᠨᠳᠦ ᠶᠡᠭᠡ ᠭᠡᠨᠡᠳᠲᠡ ᠡᠭᠦᠰᠦᠭ᠌ᠰᠡᠨ ᠣᠯᠠᠨ ᠨᠡᠢᠲᠡ᠎ᠶ᠋ᠢᠨ ᠬᠡᠷᠡᠭ᠎ᠢ ᠱᠢᠢᠳᠪᠦᠷᠢᠯᠡᠬᠦ᠌ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠤ᠂ ᠤᠯᠤᠰ᠎ᠤᠨ ᠶᠡᠷᠦᠩᠬᠡᠢᠯᠡᠭ᠌ᠰᠡᠨ ᠴᠢᠨᠠᠷᠲᠠᠶ ᠭᠠᠯ ᠰᠡᠷᠭᠡᠢᠯᠡᠨ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠎ᠶ᠋ᠢ ᠪᠠᠢᠭᠤᠯᠤᠨ ᠬᠦᠴᠦᠷᠭᠡᠭ᠌ᠵᠢᠬᠦᠯᠵᠤ᠂ ᠲᠤᠰᠭᠠᠢ ᠠᠪᠤᠷᠠᠨ ᠲᠤᠰᠠᠯᠠᠬᠤ ᠡᠩᠨᠡᠭᠡᠨ᠎ᠤ ᠪᠦᠲᠦᠴᠡ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠭᠡᠳᠤ ᠮᠠᠭᠤ ᠨᠦᠬᠦᠴᠡᠯ ᠲᠤᠤᠷᠡᠬᠢ ᠠᠪᠤᠷᠠᠨ ᠲᠤᠰᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠦᠨᠳᠤᠰᠤᠨ ᠱᠠᠳᠤᠨ᠎ᠤ ᠪᠠᠴᠢᠮ ᠪᠠᠢᠳᠠᠯ᠎ᠢ ᠠᠷᠭᠠᠴᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠬᠤ ᠭᠠᠯ ᠰᠡᠷᠭᠡᠢᠯᠡᠨ ᠤᠨᠳᠠᠷᠠᠭᠠᠬᠤ᠎ᠶ᠋ᠢ ᠨᠢᠭᠡ ᠴᠣᠭ᠍ᠴᠠᠵᠢᠭᠤᠯᠵᠦ᠍ ᠶᠡᠷᠦᠩᠬᠡᠢᠯᠡᠨ ᠠᠪᠤᠷᠠᠨ ᠲᠤᠰᠠᠯᠠᠬᠤ ᠪᠠ ᠪᠦᠬᠦ᠌ ᠨᠡᠢᠭᠡᠮ᠎ᠤᠨ ᠭᠠᠮᠱᠢᠭ᠎ᠢ ᠰᠡᠷᠬᠡᠢᠯᠡᠵᠦ᠍ ᠠᠶᠤᠯ᠎ᠠᠴᠠ ᠵᠠᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠪᠠᠴᠢᠮ ᠪᠠᠢᠳᠠᠯ᠎ᠢ ᠠᠷᠭᠠᠴᠠᠬᠤ ᠪᠡᠯᠡᠳᠭᠡᠯ ᠲᠥᠰᠦᠯ᠎ᠤᠨ ᠱᠢᠰᠲ᠋ᠧᠮ᠎ᠤᠨ ᠪᠠᠢᠭᠤᠯᠤᠯᠲᠠ ᠪᠠ ᠬᠠᠮᠢᠶᠠᠷᠤᠯᠲᠠ᠎ᠶ᠋ᠢ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠬᠤ ᠡᠳ᠋ ᠪᠤᠳᠠᠰ᠎ᠢ ᠨᠥᠭᠡᠴᠡᠯᠡᠬᠦ᠌ ᠪᠠ ᠲᠦᠷᠭᠡᠨ ᠲᠤᠬᠢᠷᠠᠭᠤᠯᠤᠨ ᠥᠭ᠌ᠴᠦ ᠬᠦᠷᠭᠡᠬᠦ᠌ ᠣᠯᠠᠨ ᠡᠱᠢᠵᠢᠭ᠌ᠰᠡᠨ ᠲᠣᠭ᠍ᠲᠠᠴᠠ᠎ᠶ᠋ᠢ ᠲᠡᠭᠦᠯᠳᠡᠷᠵᠢᠭᠦᠯᠤᠨ᠎ᠠ᠃ ᠯᠤᠲᠤ ᠶᠡᠭᠡ ᠭᠠᠮᠱᠢᠭ᠎ᠤᠨ ᠠᠶᠤᠯ ᠲᠦᠭ᠌ᠰᠢᠭᠦᠷᠢ᠎ᠶ᠋ᠢ ᠪᠠᠲᠤᠯᠠᠬᠤ ᠱᠢᠰᠲ᠋ᠧᠮ ᠪᠠ ᠠᠶᠤᠯ ᠲᠦᠭ᠌ᠰᠢᠭᠦᠷᠢ᠎ᠶ᠋ᠢ ᠬᠤᠪᠢᠶᠠᠨ ᠡᠭᠦᠷᠭᠡᠯᠡᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃
ᠲᠠᠪᠢᠨ ᠳᠥᠷᠪᠡᠳᠦᠭᠡᠷ ᠪᠦᠯᠦᠭ ᠨᠡᠢᠭᠡᠮ᠎ᠤᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠱᠢᠰᠲ᠋ᠧᠮ᠎ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠢᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠪᠠᠷᠢᠮᠲᠠᠯᠠᠵᠤ᠂ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠨᠡᠢᠭᠡᠮ᠎ᠤᠨ ᠵᠠᠰᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠤᠨ᠂ ᠨᠡᠢᠭᠡᠮ᠎ᠤᠨ ᠠᠵᠢᠯ᠎ᠤᠨ ᠪᠠᠢᠭᠤᠯᠤᠯ ᠲᠣᠭ᠍ᠲᠠᠴᠠ ᠪᠠ ᠨᠡᠢᠭᠡᠮ᠎ᠤᠨ ᠵᠠᠰᠠᠯᠲᠠ᠎ᠶ᠋ᠢᠨ ᠲᠦᠷᠦ᠍᠎ᠶ᠋ᠢᠨ ᠪᠤᠳᠤᠯᠭ᠎ᠠ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠪᠦᠷᠢᠨᠱᠢᠬᠦᠯᠵᠤ᠂ ᠨᠡᠢᠭᠡᠮ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠤᠨ᠎ᠠ᠃
ᠨᠢᠭᠡᠳᠦᠭᠡᠷ ᠬᠡᠰᠡᠭ ᠦᠨᠳᠦᠰᠦᠨ ᠱᠠᠲᠤᠨ᠎ᠤ ᠨᠡᠢᠭᠡᠮ᠎ᠤᠨ ᠵᠠᠰᠠᠯᠲᠠ᠎ᠶ᠋ᠢᠨ ᠰᠠᠭᠤᠷᠢ᠎ᠶ᠋ᠢ ᠪᠠᠬᠢᠵᠢᠭᠦᠯᠦᠨ᠎ᠡ
ᠱᠢᠨ᠎ᠡ ᠴᠠᠭ ᠦᠶ᠎ᠡ᠎ᠶ᠋ᠢᠨ 《ᠹᠧᠩᠴᠢᠶᠣᠤ᠎ᠶ᠋ᠢᠨ ᠲᠤᠷᠱᠢᠯᠭ᠎ᠠ》᠎ᠶ᠋ᠢ ᠪᠠᠷᠢᠮᠲᠠᠯᠠᠨ ᠬᠥᠭ᠌ᠵᠢᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠭ᠍ᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠰᠤᠷᠳᠠᠬᠤᠨ᠎ᠢᠶᠠᠷ ᠵᠠᠰᠠᠬᠤ᠎ᠶ᠋ᠢ ᠤᠶᠠᠯᠳᠤᠭᠤᠯᠤᠭ᠍ᠰᠠᠨ ᠬᠤᠳᠠ ᠬᠥᠳᠡᠭᠡ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲ᠋ᠧᠮ᠎ᠢ ᠪᠦᠷᠢᠨᠱᠢᠬᠦᠯᠤᠨ᠎ᠠ᠃ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠭᠡ᠎ᠶ᠋ᠢᠨ ᠪᠠᠢᠭᠤᠯᠤᠯᠲᠠ᠎ᠶ᠋ᠢ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠱᠢᠶᠠᠩ ᠪᠠᠯᠭᠠᠰᠤ (ᠵᠡᠭᠡᠯᠢ ᠭᠤᠳᠤᠮᠵᠢ)᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠵᠦᠢᠯᠡᠰ᠎ᠤᠨ ᠳᠤᠲᠤᠷᠬᠠᠢ ᠬᠠᠭᠤᠳᠠᠰᠤ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠲᠣᠰᠭᠤᠨ (ᠨᠡᠢᠭᠡᠮ ᠲᠣᠭᠤᠷᠢᠭ)᠎ᠤ ᠠᠵᠢᠯ᠎ᠤᠨ ᠵᠦᠢᠯᠡᠰ᠎ᠤᠨ ᠤᠷᠤᠬᠤ ᠵᠥᠪᠱᠢᠶᠡᠷᠡᠯ᠎ᠤᠨ ᠳᠦᠷᠢᠮ᠎ᠢ ᠪᠦᠷᠢᠨᠱᠢᠭᠦᠯᠦᠨ᠂ 《ᠳᠥᠷᠪᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ》᠎ᠶ᠋ᠢ ᠨᠠᠢᠳᠠᠪᠤᠷᠢᠵᠢᠭᠤᠯᠵᠤ᠂ 《ᠦᠨᠳᠦᠰᠦᠨ ᠱᠠᠲᠤ ᠪᠠᠢᠳᠠᠯ᠎ᠢ ᠮᠡᠳᠡᠭᠦᠯᠬᠦ᠂ ᠰᠠᠯᠠᠭ᠎ᠠ ᠮᠥᠴᠢᠷ᠎ᠤᠨ᠎ᠬᠢᠨ ᠳᠤᠤᠷ᠎ᠠ᠎ᠪᠠᠨ ᠬᠦᠷᠬᠦ᠌》 ᠵᠡᠷᠭᠡ ᠠᠷᠭ᠎ᠠ ᠬᠢᠳᠡᠯ᠎ᠢ ᠲᠡᠭᠦᠯᠳᠡᠷᠵᠢᠭᠦᠯᠤᠨ᠎ᠠ᠃ ᠨᠡᠢᠭᠡᠮ᠎ᠤᠨ ᠵᠠᠰᠠᠯᠲᠠ ᠪᠠ ᠦᠢᠯᠡᠴᠢᠯᠡᠭᠡᠨ᠎ᠤ ᠭᠤᠣᠯᠳᠠᠯᠭ᠎ᠠ᠎ᠶ᠋ᠢ ᠦᠨᠳᠦᠰᠦᠨ ᠱᠠᠲᠤᠨ᠎ᠳᠤ ᠱᠢᠯᠵᠢᠭᠦᠯᠬᠦ᠌᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠦᠢᠯᠡᠴᠢᠯᠡᠭᠡ ᠬᠠᠮᠢᠶᠠᠷᠤᠯᠲᠠ᠎ᠶ᠋ᠢᠨ ᠬᠦᠴᠦᠨ᠎ᠤ ᠲᠣᠬᠢᠷᠠᠭᠤᠯᠤᠯᠲᠠ᠎ᠶ᠋ᠢ ᠴᠢᠩᠭᠠᠳᠭᠠᠨ᠂ ᠦᠢᠯᠡᠴᠢᠯᠡᠭᠡᠨ᠎ᠤ ᠲᠦᠬᠦᠬᠡᠷᠦᠮᠵᠢ ᠪᠠ ᠵᠠᠷᠤᠳᠠᠯ᠎ᠤᠨ ᠪᠠᠲᠤᠯᠠᠭ᠎ᠠ᠎ᠶ᠋ᠢᠨ ᠳᠤᠭ᠍ᠳᠠᠴᠠ᠎ᠶ᠋ᠢ ᠲᠡᠭᠦᠯᠳᠡᠷᠵᠢᠭᠦᠯᠵᠦ᠍᠂ ᠬᠤᠲᠠ ᠬᠥᠳᠡᠭᠡ᠎ᠶ᠋ᠢᠨ ᠨᠡᠢᠭᠡᠮ ᠲᠣᠭᠤᠷᠢᠭ᠎ᠤᠨ ᠵᠠᠰᠠᠯᠲᠠ᠎ᠶ᠋ᠢᠨ ᠱᠢᠰᠲ᠋ᠧᠮ᠎ᠢ ᠪᠦᠷᠢᠨᠱᠢᠭᠦᠯᠤᠨ᠂ ᠲᠤᠤᠷᠯᠢᠬ᠍ᠵᠢᠭᠤᠯᠤᠬ᠍ᠰᠠᠨ ᠬᠠᠮᠢᠶᠠᠷᠤᠯᠲᠠ᠂ ᠨᠠᠷᠢᠯᠢᠬ᠍ᠵᠢᠭᠤᠯᠤᠭ᠍ᠰᠠᠨ ᠦᠢᠯᠡᠴᠢᠯᠡᠭᠡ᠂ ᠮᠡᠳᠡᠭᠡ ᠵᠠᠩᠬᠢᠴᠢᠯᠠᠯᠳᠠ᠎ᠶ᠋ᠢᠨ ᠲᠤᠯᠭᠠᠭᠤᠷᠢᠯᠠᠯ ᠪᠦᠬᠦᠢ ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠠᠪᠴᠠᠩ᠎ᠢ ᠲᠡᠭᠦᠯᠳᠡᠷᠵᠢᠭᠦᠯᠦᠨ᠎ᠡ᠃ ᠣᠯᠠᠨ ᠲᠦᠮᠡᠨ᠎ᠢ ᠨᠢᠬ᠍ᠳᠡᠷᠠᠭᠤᠯᠬᠤ ᠤᠯᠠᠨ ᠲᠦᠮᠡᠨ᠎ᠳᠤ ᠦᠢᠯᠡᠴᠢᠯᠡᠬᠦ᠌ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠵᠤ᠂ ᠨᠡᠢᠭᠡᠮ᠎ᠤᠨ ᠵᠠᠰᠠᠯᠲᠠ᠎ᠶ᠋ᠢᠨ ᠤᠯᠠᠨ ᠲᠦᠮᠡᠨᠴᠢ ᠰᠠᠭᠤᠷᠢ᠎ᠶ᠋ᠢ ᠪᠠᠬᠢᠵᠢᠭᠦᠯᠦᠨ᠎ᠡ᠃ ᠠᠷᠠᠳ ᠣᠯᠠᠨ᠎ᠤ ᠪᠡᠶᠡᠴᠢ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠡᠯ᠎ᠡ ᠲᠠᠯ᠎ᠠ᠎ᠶ᠋ᠢᠨ᠎ᠬᠢᠨ᠎ᠢ ᠬᠥᠲᠥᠯᠥᠨ ᠵᠢᠯᠣᠭᠤᠳᠴᠤ᠌ ᠪᠠᠢᠭᠠᠳ ᠨᠡᠢᠭᠡᠮ᠎ᠤᠨ ᠵᠠᠰᠠᠯᠲᠠ᠎ᠳᠤ ᠡᠮᠬᠢ ᠵᠢᠷᠤᠮ᠎ᠲᠠᠢ᠎ᠪᠠᠷ ᠣᠷᠣᠯᠴᠠᠭᠤᠯᠦᠨᠡ᠃ ᠨᠡᠢᠭᠡᠮ᠎ᠤᠨ ᠠᠵᠢᠯᠲᠠᠨ᠎ᠤ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠲᠤᠰᠭᠠᠢᠵᠢᠭ᠍ᠰᠠᠨ ᠦᠢᠯᠡᠴᠢᠯᠡᠭᠡᠨ᠎ᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠰᠦᠯᠵᠢᠶᠡᠨ ᠳᠡᠬᠡᠷ᠎ᠡ ᠪᠠ ᠰᠦᠯᠵᠢᠶᠡᠨ ᠭᠠᠳᠠᠨ᠎ᠠ ᠬᠠᠮᠵᠢᠯᠴᠠᠨ ᠵᠠᠰᠠᠬᠤ᠎ᠶ᠋ᠢ ᠠᠬᠢᠭᠤᠯᠤᠨ᠎ᠠ᠃ ᠬᠤᠲᠠ᠎ᠶ᠋ᠢᠨ ᠠᠷᠠᠳ᠎ᠤᠨ ᠬᠠᠯᠠᠭᠤᠨ ᠤᠲᠠᠰᠤ ᠵᠡᠷᠭᠡ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ᠎ᠤᠨ ᠴᠢᠳᠠᠮᠵᠢ᠎ᠶ᠋ᠢ ᠴᠢᠩᠭᠠᠷᠠᠭᠤᠯᠤᠨ᠂ 《ᠠᠷᠠᠳ ᠲᠦᠮᠡᠨ ᠶᠠᠮᠠᠷ ᠬᠦᠰᠡᠯ ᠱᠠᠭᠠᠷᠳᠠᠯᠭ᠎ᠠ ᠪᠠᠢᠪᠠᠯ᠂ ᠪᠢᠳᠡ ᠶᠠᠮᠠᠷ ᠬᠠᠷᠢᠭᠤ ᠲᠤᠰᠭᠠᠯ ᠭᠠᠷᠭᠠᠬᠤ》᠎ᠶ᠋ᠢ ᠠᠬᠢᠭᠤᠯᠤᠨ᠎ᠠ᠃
ᠬᠤᠶᠠᠳᠤᠭᠠᠷ ᠬᠡᠰᠡᠭ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ ᠵᠠᠰᠠᠯᠲᠠ᠎ᠶ᠋ᠢᠨ ᠤᠢ᠍ᠢᠯᠡᠳᠤᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠱᠢᠨ᠎ᠡ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠂ ᠱᠢᠨ᠎ᠡ ᠨᠡᠢᠭᠡᠮ᠎ᠤᠨ ᠵᠣᠬᠢᠶᠠᠨ ᠪᠠᠢᠭᠤᠯᠤᠯᠲᠠ᠂ ᠱᠢᠨ᠎ᠡ ᠬᠡᠯᠪᠡᠷᠢ ᠪᠠᠢᠳᠠᠯ᠎ᠢᠶᠠᠷ ᠠᠵᠢᠯ ᠣᠯᠣᠭ᠍ᠰᠠᠨ ᠬᠠᠮᠲᠤᠯᠢᠭ᠎ᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠥᠷᠬᠦᠴᠡ ᠪᠠ ᠠᠵᠢᠯ᠎ᠤᠨ ᠪᠦᠷᠬᠦᠴᠡ᠎ᠶ᠋ᠢ ᠤᠯᠠᠮ ᠨᠢᠭᠡ ᠠᠯᠬᠤᠮ ᠥᠷᠭᠡᠳᠭᠡᠨ᠂ ᠡᠯ᠎ᠡ ᠲᠦᠷᠦᠯ᠎ᠤᠨ ᠨᠡᠢᠭᠡᠮ᠎ᠤᠨ ᠬᠠᠮᠲᠤᠯᠢᠭᠲᠠᠬᠢ ᠤᠯᠤᠰ ᠲᠦᠷᠦ᠍᠎ᠶ᠋ᠢᠨ ᠬᠥᠲᠥᠯᠥᠨ ᠳᠠᠭᠠᠭᠤᠯᠭ᠎ᠠ ᠪᠠ ᠦᠢᠯᠡᠴᠢᠯᠡᠭᠡ ᠬᠠᠮᠢᠶᠠᠷᠤᠯᠲᠠ᠎ᠶ᠋ᠢ ᠴᠢᠩᠭᠠᠳᠭᠠᠨ ᠰᠠᠢᠵᠢᠷᠠᠭᠤᠯᠤᠨ᠎ᠠ᠃ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠬᠤᠯᠢᠮᠠᠭ ᠥᠮᠴᠢᠯᠡᠯ᠎ᠤᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠲᠥᠷᠥᠯ ᠬᠤᠪᠢᠶᠠᠨ ᠵᠢᠯᠣᠭᠤᠳᠭᠤ᠎ᠶ᠋ᠢ ᠴᠢᠩᠭᠠᠳᠭᠠᠵᠤ᠂ ᠬᠤᠳᠠᠯᠳᠤᠭᠠᠨ᠎ᠤ ᠬᠦᠷᠢᠶᠡᠨ᠎ᠤ ᠠᠰᠠᠷ ᠪᠠᠢᠱᠢᠩ ᠪᠠ ᠬᠦᠷᠢᠶᠡᠯᠡᠩ ᠲᠣᠭᠤᠷᠢᠭ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠲᠣᠪᠤᠢᠯᠭᠠᠨ ᠰᠠᠢᠲᠤᠷ ᠠᠳᠭᠤᠨ᠎ᠠ᠃ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢ ᠪᠤᠢᠵᠢᠭᠤᠯᠤᠨ ᠬᠠᠮᠢᠶᠠᠷᠬᠤ᠎ᠶ᠋ᠢ ᠴᠢᠩᠭᠠᠳᠭᠠᠵᠤ᠂ ᠠᠵᠢᠯ ᠲᠦᠷᠦᠯ᠎ᠤᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠤᠨ ᠥᠭᠡᠷᠡᠴᠢᠯᠡᠯᠲᠡ ᠬᠦᠭ᠌ᠵᠢᠯᠳᠠ᠎ᠶ᠋ᠢ ᠠᠬᠢᠭᠤᠯᠤᠨ᠎ᠠ᠃ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠤᠷᠮᠠᠱᠢᠭᠤᠯᠬᠤ ᠰᠠᠢᠱᠢᠶᠠᠨ ᠬᠥᠬᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠤ᠂ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢ ᠬᠥᠭ᠌ᠵᠢᠭᠦᠯᠦᠨ᠎ᠡ᠃ ᠱᠢᠨ᠎ᠡ ᠬᠡᠯᠪᠡᠷᠢ ᠪᠠᠢᠳᠠᠯ᠎ᠢᠶᠠᠷ ᠠᠵᠢᠯ ᠣᠯᠣᠭ᠍ᠰᠠᠨ ᠬᠠᠮᠲᠤᠯᠢᠭᠲᠠᠬᠢ ᠦᠢᠯᠡᠴᠢᠯᠡᠭᠡ ᠬᠠᠮᠢᠶᠠᠷᠤᠯᠲᠠ ᠪᠠ ᠬᠠᠢᠷ᠎ᠠ ᠬᠠᠯᠠᠮᠵᠢᠯᠠᠯ᠎ᠢ ᠴᠢᠩᠭᠠᠳᠭᠠᠨ᠎ᠠ᠃
ᠭᠤᠷᠪᠠᠳᠤᠭᠠᠷ ᠬᠡᠰᠡᠭ ᠨᠡᠢᠭᠡᠮ᠎ᠤᠨ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠪᠦᠲᠦᠮᠵᠢᠲᠡᠶ ᠬᠠᠮᠠᠭᠠᠯᠠᠨ᠎ᠠ
ᠱᠢᠨ᠎ᠡ ᠪᠠᠢᠳᠠᠯ ᠳᠣᠣᠷᠠᠬᠢ ᠠᠷᠠᠳ᠎ᠤᠨ ᠳᠣᠲᠣᠭᠠᠳᠤ᠎ᠶ᠋ᠢᠨ ᠵᠥᠷᠢᠴᠡᠯ᠎ᠢ ᠵᠥᠪ᠎ᠢᠶᠠᠷ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠠᠨ ᠲᠦᠮᠡᠨ᠎ᠤ ᠬᠦᠰᠡᠯ ᠱᠠᠭᠠᠷᠳᠠᠯᠭ᠎ᠠ᠎ᠪᠠᠨ ᠢᠯᠡᠳᠭᠡᠬᠦ᠂ ᠠᠱᠢᠭ ᠲᠤᠰᠠ᠎ᠶ᠋ᠢ ᠵᠣᠬᠢᠴᠠᠭᠤᠯᠬᠤ᠂ ᠡᠷᠬᠡ ᠠᠱᠢᠭ᠎ᠢ ᠪᠠᠲᠤᠯᠠᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠠᠴᠠ᠎ᠨᠢ ᠠᠷᠢᠯᠭᠠᠬᠤ᠂ ᠤᠯᠠᠨ ᠡᠱᠢᠴᠢᠯᠡᠨ ᠠᠷᠢᠯᠭᠠᠬᠤ᠂ ᠡᠮᠬᠢ ᠵᠢᠷᠤᠮ᠎ᠲᠠᠢ᠎ᠪᠠᠷ ᠠᠷᠢᠯᠭᠠᠬᠤ᠎ᠶ᠋ᠢ ᠬᠦᠨᠵᠡᠬᠡᠢᠷᠡᠬᠦᠯᠦᠨ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠤᠨ ᠬᠠᠤᠯᠢ᠎ᠪᠠᠷ ᠵᠠᠰᠠᠬᠤ᠎ᠶ᠋ᠢ ᠠᠬᠢᠭᠤᠯᠵᠤ᠂ ᠤᠳᠤᠷᠢᠳᠭᠤ ᠺᠠᠳ᠋ᠷ᠎ᠤᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠪᠠ ᠳᠤᠭᠤᠭ᠍ᠰᠢ ᠪᠠᠭᠤᠵᠤ ᠰᠤᠷᠪᠤᠯᠵᠢᠯᠠᠬᠤ᠎ᠶ᠋ᠢ ᠦᠷᠭᠦᠯᠵᠢᠯᠡᠨ ᠥᠷᠨᠢᠭᠦᠯᠵᠦ᠍᠂ ᠵᠠᠬᠢᠳᠠᠯ ᠰᠤᠷᠪᠤᠯᠵᠢᠯᠠᠭ᠎ᠠ᠎ᠶ᠋ᠢᠨ ᠲᠤᠪᠤᠢᠮ᠎ᠠ ᠵᠥᠷᠢᠴᠡᠯ᠎ᠢ ᠠᠷᠢᠯᠭᠠᠬᠤ ᠠᠵᠢᠯ᠎ᠢ ᠬᠦᠨᠵᠡᠭᠡᠢᠷᠡᠬᠦᠯᠤᠨᠠ᠃ ᠨᠡᠢᠭᠡᠮ᠎ᠤᠨ ᠰᠡᠳᠭᠢᠴᠡ᠎ᠶ᠋ᠢᠨ ᠦᠢᠯᠡᠴᠢᠯᠡᠭᠡᠨ᠎ᠤ ᠱᠢᠰᠲ᠋ᠧᠮ ᠪᠠ ᠰᠡᠳᠭᠢᠴᠡ᠎ᠶ᠋ᠢᠨ ᠬᠢᠮᠤᠷᠠᠯ᠎ᠳᠤ ᠭᠠᠷ ᠳᠦᠷᠦᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠨᠡᠢᠭᠡᠮ᠎ᠤᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ᠎ᠨᠢ ᠰᠡᠷᠭᠡᠢᠯᠡᠨ ᠡᠵᠡᠮᠳᠡᠬᠦ᠌ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠨᠡᠢᠭᠡᠮ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠥᠨ᠂ ᠣᠯᠠᠨ᠎ᠢᠶᠠᠷ᠎ᠢᠶᠠᠨ ᠰᠡᠷᠭᠡᠢᠯᠡᠨ ᠣᠯᠠᠨ᠎ᠢᠶᠠᠷ᠎ᠢᠶᠠᠨ ᠵᠠᠰᠠᠬᠤ ᠬᠦᠴᠦᠨ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠬᠠᠷ᠎ᠠ ᠬᠠᠷᠭᠢᠰ ᠬᠦᠴᠦᠨ᠎ᠢ ᠠᠷᠢᠯᠭᠠᠬᠤ ᠪᠠᠢᠩᠭᠤᠵᠢᠬ᠍ᠰᠠᠨ ᠲᠣᠭ᠍ᠲᠠᠴᠠ᠎ᠶ᠋ᠢ ᠪᠦᠷᠢᠨᠱᠢᠬᠦᠯᠤᠨ᠂ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠂ ᠬᠤᠤᠷᠳᠤ ᠡᠳ᠋᠎ᠤᠨ ᠶᠠᠯᠠᠳᠤ ᠠᠵᠢᠯᠯᠠᠭ᠎ᠠ ᠵᠡᠷᠬᠡ᠎ᠶ᠋ᠢ ᠰᠡᠷᠭᠡᠢᠯᠡᠬᠦ᠌ ᠪᠠ ᠲᠡᠬᠦᠨ᠎ᠳᠤ ᠴᠣᠬᠢᠯᠲᠠ ᠥᠭ᠌ᠬᠦ ᠡᠷᠴᠢᠮ᠎ᠢ ᠴᠢᠩᠭᠠᠷᠠᠭᠤᠯᠤᠨ᠎ᠠ᠃ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠬᠤ ᠪᠠᠢᠭᠤᠯᠤᠯᠲᠠ᠎ᠶ᠋ᠢ ᠠᠬᠢᠭᠤᠯᠤᠨ᠎ᠠ᠃ ᠠᠭᠤᠴᠢᠯᠠᠬᠤ ᠪᠠ ᠴᠢᠩᠭ᠎ᠠ ᠱᠢᠢᠳᠭᠡᠬᠦ᠌᠎ᠶ᠋ᠢ ᠬᠤᠤᠰᠯᠠᠭᠤᠯᠤᠬ᠍ᠰᠠᠨ ᠡᠷᠡᠭᠦᠤ᠎ᠶ᠋ᠢᠨ ᠭᠡᠷᠡᠭ᠎ᠤᠨ ᠳᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠳᠠᠯ᠎ᠠ᠎ᠪᠠᠷ ᠤᠨᠤᠪᠴᠢᠳᠠᠢ ᠳᠤᠭᠤᠱᠢᠯᠠᠭᠤᠯᠵᠦ᠍᠂ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠵᠦ᠍᠂ ᠡᠷᠡᠭᠦᠤ ᠱᠢᠢᠳᠭᠡᠯ᠎ᠢ ᠬᠦᠢᠴᠡᠳᠭᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠤᠯᠤᠰ ᠳᠦᠷᠦ᠍ ᠬᠠᠤᠯᠢ ᠴᠠᠭᠠᠵᠠ᠎ᠶ᠋ᠢᠨ ᠠᠵᠢᠯ᠎ᠤᠨ ᠳ᠋ᠢᠵᠢᠲ᠋ᠠᠯᠴᠢᠯᠠᠬ᠍ᠰᠠᠨ ᠳᠠᠪᠴᠠᠩ᠎ᠤᠨ ᠪᠠᠢᠭᠤᠯᠤᠯᠳᠡ᠎ᠶ᠋ᠢ ᠠᠬᠢᠭᠤᠯᠤᠨ᠎ᠠ᠃
ᠭᠦᠰᠦᠨᠦᠭ᠌᠎ᠲᠦ 23 ᠭᠤᠤᠯᠳᠠᠯᠭ᠎ᠠ᠎ᠲᠠᠢ ᠬᠦᠷᠢᠶᠡᠨ᠎ᠳᠠᠬᠢ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌
01 ᠠᠮᠤ ᠪᠤᠳᠠᠭᠠᠨ᠎ᠤ ᠨᠥᠭᠡᠴᠡᠯᠡᠯᠳᠡ
ᠨᠢᠭᠡ ᠪᠦᠯᠦᠭ ᠠᠮᠤ ᠪᠤᠳᠠᠭ᠎ᠠ ᠬᠦᠮᠦᠷᠭᠡᠯᠡᠨ ᠬᠠᠳᠠᠭᠠᠯᠠᠬᠤ ᠲᠥᠬᠦᠭᠡᠷᠦᠮᠵᠢ᠎ᠶ᠋ᠢ ᠡᠮᠬᠢᠯᠡᠨ ᠨᠡᠢᠯᠡᠭᠦᠯᠬᠦ᠌ ᠪᠠᠢᠷᠢᠯᠠᠭᠤᠯᠤᠨ ᠪᠠᠢᠭᠤᠯᠬᠤ ᠪᠠ ᠥᠭᠡᠷᠡᠴᠢᠯᠡᠨ ᠳᠡᠭᠡᠭ᠌ᠰᠢᠯᠡᠭᠦᠯᠵᠦ᠍᠂ ᠥᠨᠳᠥᠷ ᠪᠠᠷᠢᠮᠵᠢᠶᠠᠲᠤ ᠠᠮᠤ ᠪᠤᠳᠠᠭᠠᠨ᠎ᠤ ᠬᠥᠮᠥᠷᠭᠡ᠎ᠶ᠋ᠢᠨ ᠬᠡᠪᠴᠢᠶ᠎ᠡ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠦᠨ᠎ᠡ᠃ ᠭᠠᠷᠠᠮ ᠪᠠ ᠪᠣᠭᠤᠮᠲᠠ᠎ᠶ᠋ᠢᠨ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠪᠠᠷᠠᠭᠠᠨ᠎ᠤ ᠬᠦᠢᠯᠭᠡᠭᠡᠨ᠎ᠤ ᠲᠥᠬᠦᠭᠡᠷᠦᠮᠵᠢᠨᠦᠭᠦᠳᠢ ᠲᠡᠰ ᠳᠡᠪᠱᠢᠭᠦᠯᠦᠨ ᠥᠭᠡᠷᠡᠴᠢᠯᠡᠵᠦ᠍᠂ ᠠᠮᠤ ᠪᠤᠳᠠᠭ᠎ᠠ᠎ᠶ᠋ᠢ ᠳᠠᠮᠵᠢᠭᠤᠯᠵᠦ᠍ ᠱᠢᠯᠵᠢᠭᠦᠯᠦᠨ ᠲᠡᠭᠡᠭᠡᠪᠦᠷᠢᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠠᠮᠤ ᠪᠤᠳᠠᠭᠠᠨ᠎ᠤ ᠪᠠᠴᠢᠮ ᠪᠠᠢᠳᠠᠯ᠎ᠢ ᠠᠷᠭᠠᠴᠠᠬᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
02 ᠲᠤᠰᠤ ᠭᠡᠢ᠎ᠶ᠋ᠢ ᠬᠠᠢᠨ ᠱᠢᠨᠵᠢᠯᠡᠵᠦ᠍ ᠨᠡᠭᠡᠭᠡᠨ ᠠᠱᠢᠭ᠍ᠯᠠᠬᠤ ᠪᠠ ᠨᠥᠭᠡᠴᠡᠯᠡᠬᠦ᠌
ᠣᠷᠳᠣᠰ᠎ᠤᠨ ᠬᠤᠲᠣᠭᠤᠷ᠂ ᠱᠢᠨᠵᠢᠶᠠᠩ᠂ ᠪᠦᠸᠧᠬᠠᠶ ᠪᠤᠯᠤᠩ᠎ᠤᠨ ᠲᠣᠰᠣ ᠬᠡᠢ᠎ᠶ᠋ᠢᠨ ᠰᠠᠭᠤᠷᠢᠨ ᠭᠠᠵᠠᠷ ᠪᠠ ᠰᠧᠴᠤᠸᠠᠨ ᠴᠦᠩᠴᠢᠩ᠂ ᠳᠤᠷᠤᠨ᠎ᠠ᠎ᠳᠦ ᠳᠠᠩᠬᠢᠰ᠎ᠤᠨ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠰᠠᠭᠤᠷᠢᠨ ᠭᠠᠵᠠᠷ᠎ᠢ ᠪᠦᠲᠦᠭᠡᠨ ᠪᠠᠢᠭᠤᠯᠵᠤ᠂ ᠣᠷᠳᠣᠰ᠎ᠤᠨ ᠬᠤᠲᠣᠭᠤᠷ᠎ᠤᠨ ᠵᠡᠭᠦᠨ ᠬᠡᠰᠡᠭ᠎ᠤᠨ ᠨᠡᠭᠦᠷᠡᠰᠦᠨ ᠳᠠᠪᠬᠤᠷᠭ᠎ᠠ᠎ᠶ᠋ᠢᠨ ᠬᠡᠢ᠎ᠶ᠋ᠢ ᠨᠡᠭᠡᠭᠡᠨ ᠠᠱᠢᠬ᠍ᠯᠠᠬᠤ᠎ᠶ᠋ᠢ ᠠᠬᠢᠭᠤᠯᠤᠨ᠎ᠠ᠃ ᠴᠢᠯᠠᠭᠤᠨ ᠲᠣᠰᠣ ᠨᠥᠭᠡᠴᠡᠯᠡᠬᠦ᠌ ᠴᠢᠬᠤᠯᠠ ᠶᠡᠭᠡ ᠢᠨᠵᠧᠨᠧᠷᠢᠩ᠎ᠢ ᠪᠦᠲᠦᠭᠡᠨ ᠪᠠᠢᠭᠤᠯᠵᠤ᠂ ᠳ᠋ᠠ ᠴᠢᠩ ᠺᠤᠮᠫᠠᠨᠢ᠎ᠶ᠋ᠢᠨ ᠱᠧᠩᠫᠢᠩ᠂ ᠴᠠᠩ ᠴᠢᠩ ᠺᠤᠮᠫᠠᠨᠢ᠎ᠶ᠋ᠢᠨ ᠢᠦ᠋ᠢᠯᠢᠨᠤ ᠯᠸᠢ ᠯᠦᠩ ᠸᠠᠨ᠂ ᠪᠠᠷᠠᠭᠤᠨ ᠡᠮᠦᠨᠡᠲᠦ᠍᠎ᠶ᠋ᠢᠨ ᠸᠠᠨ ᠱᠦᠨ ᠲᠠᠯᠠᠪᠠᠢ᠂ ᠱᠢᠨᠵᠢᠶᠠᠩ᠎ᠤᠨ ᠪᠦᠦ ᠯᠠᠩ ᠵᠡᠷᠭᠡ ᠬᠡᠢ ᠬᠠᠳᠠᠭᠠᠯᠠᠬᠤ ᠬᠥᠮᠥᠷᠭᠡ᠎ᠶ᠋ᠢ ᠪᠦᠲᠦᠭᠡᠨ ᠪᠠᠢᠭᠤᠯᠤᠨ᠎ᠠ᠃
03 ᠨᠡᠭᠦᠷᠡᠰᠦ᠎ᠪᠠᠷ ᠲᠣᠰᠣ ᠬᠡᠢ ᠦᠢᠯᠡᠳᠬᠦ᠌ ᠰᠠᠭᠤᠷᠢᠨ ᠭᠠᠵᠠᠷ
ᠥᠪᠥᠷ ᠮᠣᠩᠭᠤᠯ᠎ᠤᠨ ᠣᠷᠳᠣᠰ᠂ ᠱᠠᠨᠰᠢ᠎ᠶ᠋ᠢᠨ ᠢᠦ᠋ᠢᠯᠢᠨ᠂ ᠱᠢᠨᠵᠢᠶᠠᠩ᠎ᠤᠨ ᠵᠦᠡᠭ᠌ᠭᠠᠷᠤᠨ ᠵᠡᠭᠦᠨ ᠭᠡᠰᠡᠭ᠂ ᠱᠢᠨᠵᠢᠶᠠᠩ᠎ᠤᠨ ᠬᠠᠮᠢᠯ ᠵᠡᠷᠭᠡ ᠨᠡᠭᠦᠷᠡᠰᠦ᠎ᠪᠠᠷ ᠲᠣᠰᠣ ᠭᠡᠢ ᠦᠢᠯᠡᠳᠬᠦ᠌ ᠪᠠᠢᠯᠳᠤᠬᠤ ᠪᠣᠳᠣᠯᠭ᠎ᠠ᠎ᠶ᠋ᠢᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠲᠦᠰᠦᠯ᠎ᠤᠨ ᠨᠥᠭᠡᠴᠡ ᠪᠠ ᠡᠬᠢ ᠪᠠᠶᠠᠯᠢᠭ᠎ᠢ ᠤᠷᠢᠳᠴᠢᠯᠠᠨ ᠦᠯᠡᠳᠡᠭᠡᠬᠦ᠌ ᠪᠠᠲᠤᠯᠠᠭ᠎ᠠ᠎ᠶ᠋ᠢ ᠰᠠᠢᠲᠤᠷ ᠬᠢᠨ᠎ᠡ᠃
04 ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠡᠷᠢᠬᠦ᠌ ᠱᠢᠪᠲᠤᠯᠤᠯᠲᠠ
ᠳᠤᠲᠠᠭ᠍ᠳᠠᠵᠤ ᠪᠠᠢᠭ᠎ᠠ ᠡᠨᠧᠷᠭᠢ᠎ᠶ᠋ᠢᠨ ᠰᠤᠷᠪᠤᠯᠵᠢ᠎ᠶ᠋ᠢᠨ ᠠᠭᠤᠷᠬᠠᠢ᠎ᠶ᠋ᠢᠨ ᠭᠠᠷᠤᠯᠲᠠ᠂ ᠳᠤᠲᠠᠭ᠍ᠳᠠᠵᠤ ᠪᠠᠢᠭ᠎ᠠ ᠲᠡᠮᠦᠷᠯᠢᠭ᠎ᠤᠨ ᠠᠭᠤᠷᠬᠠᠢ᠎ᠶ᠋ᠢᠨ ᠭᠠᠷᠤᠯᠲᠠ ᠪᠣᠯᠤᠨ ᠲᠡᠮᠦᠷᠯᠢᠭ ᠪᠤᠰᠤ ᠠᠭᠤᠷᠬᠠᠶ᠎ᠶ᠋ᠢᠨ ᠭᠠᠷᠤᠯᠲᠠ᠂ ᠳᠠᠪᠠᠭᠤᠯᠢᠭ ᠠᠭᠤᠷᠬᠠᠶ᠎ᠶ᠋ᠢᠨ ᠭᠠᠷᠤᠯᠲᠠ ᠵᠡᠷᠭᠡ᠎ᠶ᠋ᠢᠨ ᠲᠣᠭᠤᠷᠢᠨ᠎ᠳᠤ ᠣᠷᠣᠨ ᠪᠦᠰᠡ᠎ᠶ᠋ᠢᠨ ᠭᠠᠵᠠᠷ ᠱᠢᠨᠵᠢᠯᠡᠭᠡᠨ᠎ᠤ ᠪᠠᠢᠴᠠᠭᠠᠯᠲᠠ᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠪᠠᠢᠴᠠᠭᠠᠯᠲᠠ᠎ᠶ᠋ᠢᠨ ᠪᠦᠷᠬᠦᠴᠡ᠎ᠶ᠋ᠢᠨ ᠨᠤᠷᠮ᠎ᠠ᠎ᠶ᠋ᠢ ᠶᠡᠭᠡ᠎ᠪᠠᠷ ᠳᠡᠭᠡᠭ᠌ᠰᠢᠯᠡᠭᠦᠯᠵᠦ᠍᠂ ᠣᠯᠠᠨ ᠡᠱᠢᠵᠢᠭ᠌ᠰᠡᠨ ᠬᠠᠢᠨ ᠪᠠᠢᠴᠠᠭᠠᠯᠲᠠ᠎ᠶ᠋ᠢᠨ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠭᠤᠤᠯᠳᠠᠯᠭ᠎ᠠ᠎ᠲᠠᠢ ᠬᠠᠢᠨ ᠪᠠᠢᠴᠠᠭᠠᠯᠲᠠ᠎ᠶ᠋ᠢᠨ ᠣᠷᠣᠨ ᠪᠣᠯᠤᠨ ᠴᠢᠬᠤᠯᠠ ᠠᠭᠤᠷᠬᠠᠶ᠎ᠶ᠋ᠢᠨ ᠭᠦᠨ ᠬᠡᠰᠡᠭ᠎ᠤᠨ ᠬᠠᠢᠨ ᠪᠠᠢᠴᠠᠭᠠᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠵᠦ᠍᠂ ᠨᠢᠭᠡ ᠪᠦᠯᠦᠭ ᠨᠦᠭᠡᠴᠡ ᠠᠭᠤᠷᠬᠠᠢ᠎ᠶ᠋ᠢᠨ ᠭᠠᠷᠤᠯᠲᠠ᠎ᠶ᠋ᠢᠨ ᠭᠠᠵᠠᠷ᠎ᠢ ᠪᠦᠷᠢᠯᠳᠦᠭᠦᠯᠦᠨ᠎ᠠ᠃
05 ᠪᠠᠢᠯᠳᠤᠬᠤ ᠪᠤᠳᠤᠯᠭ᠎ᠠ ᠶ᠋ᠢᠨ ᠡᠳ᠋ ᠪᠣᠳᠠᠰ ᠨᠥᠭᠡᠴᠡᠯᠡᠬᠦ᠌ ᠪᠠ ᠪᠠᠴᠢᠮ ᠪᠠᠢᠳᠠᠯ᠎ᠢ ᠠᠷᠭᠠᠴᠠᠵᠤ ᠠᠪᠤᠷᠠᠨ ᠲᠤᠰᠠᠯᠠᠬᠤ
ᠨᠢᠭᠡ ᠪᠦᠯᠦᠭ ᠪᠠᠢᠯᠳᠤᠬᠤ ᠪᠣᠳᠣᠯᠭ᠎ᠠ᠎ᠶ᠋ᠢᠨ ᠡᠳ᠋ ᠪᠣᠳᠠᠰ ᠨᠥᠭᠡᠴᠡᠯᠡᠬᠦ᠌ ᠰᠠᠭᠤᠷᠢᠨ ᠭᠠᠵᠠᠷ᠎ᠢ ᠪᠠᠢᠭᠤᠯᠤᠨ ᠳᠡᠭᠡᠭ᠌ᠰᠢᠯᠡᠭᠦᠯᠦᠨ᠎ᠡ᠃ ᠤᠯᠤᠰ᠎ᠤᠨ ᠣᠷᠣᠨ ᠪᠦᠰᠡ᠎ᠶ᠋ᠢᠨ ᠪᠠᠴᠢᠮ ᠪᠠᠢᠳᠠᠯ᠎ᠢ ᠠᠷᠭᠠᠴᠠᠵᠤ ᠠᠪᠤᠷᠠᠨ ᠲᠤᠰᠠᠯᠠᠬᠤ ᠲᠥᠪ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠤᠰ᠎ᠤᠨ ᠪᠠᠢᠭᠠᠯᠢ᠎ᠶ᠋ᠢᠨ ᠭᠠᠮᠱᠢᠭ᠎ᠤᠨ ᠢᠨᠵᠧᠨᠧᠷᠢᠩ᠎ᠤᠨ ᠠᠪᠤᠷᠠᠨ ᠲᠤᠰᠠᠯᠠᠬᠤ ᠰᠠᠭᠤᠷᠢᠨ ᠭᠠᠵᠠᠷ᠎ᠢ ᠳᠡᠰ ᠳᠡᠪᠱᠢᠭᠦᠯᠦᠨ ᠥᠭᠡᠷᠡᠴᠢᠯᠡᠨ ᠪᠠᠢᠭᠤᠯᠵᠦ᠍᠂ ᠪᠠᠢᠭᠠᠯᠢ᠎ᠶ᠋ᠢᠨ ᠭᠠᠮᠱᠢᠭ᠎ᠤᠨ ᠲᠦᠭ᠌ᠰᠢᠭᠦᠷᠢ ᠶᠡᠬᠡᠲᠡᠶ ᠭᠠᠵᠠᠷ ᠣᠷᠣᠨ᠎ᠤ ᠪᠠᠴᠢᠮ ᠪᠠᠢᠳᠠᠯ᠎ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠠᠭᠠᠷ᠎ᠤᠨ ᠠᠶᠠᠯᠠᠯ᠎ᠤᠨ ᠪᠠᠴᠢᠮ ᠪᠠᠢᠳᠠᠯ᠎ᠢ ᠠᠷᠭᠠᠴᠠᠵᠦ᠍ ᠠᠪᠤᠷᠠᠨ ᠳᠤᠰᠠᠯᠠᠬᠤ ᠵᠠᠩᠭᠢᠯᠠᠭ᠎ᠠ᠎ᠶ᠋ᠢᠨ ᠬᠦᠴᠦᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃
06 ᠭᠠᠮᠱᠢᠭ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ ᠱᠢᠰᠲ᠋ᠧᠮ
ᠳᠡᠯᠡᠬᠡᠶ᠎ᠶ᠋ᠢᠨ ᠪᠥᠮᠪᠥᠷᠴᠡᠭ᠎ᠤᠨ ᠱᠢᠰᠲ᠋ᠧᠮ᠎ᠤᠨ ᠳ᠋ᠠᠢᠲ᠋ᠠ᠎ᠶ᠋ᠢᠨ ᠲᠠᠪᠴᠠᠩ᠎ᠢ ᠪᠠᠢᠭᠤᠯᠵᠤ᠂ ᠴᠠᠭ ᠠᠭᠤᠷ᠂ ᠤᠰᠤᠨ ᠵᠦᠶ᠂ ᠭᠸᠤᠯᠤᠬᠢ᠂ ᠭᠠᠵᠠᠷ ᠬᠦᠳᠡᠯᠤᠯᠳᠡ ᠵᠡᠷᠭᠡ᠎ᠶ᠋ᠢᠨ ᠭᠠᠮᠱᠢᠭ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠳᠠᠯᠠᠢ ᠲᠠᠩᠭᠢᠰ᠎ᠢ ᠠᠵᠢᠭ᠍ᠯᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠴᠢᠳᠠᠪᠤᠷᠢ᠎ᠶ᠋ᠢ ᠳᠡᠬᠡᠭ᠌ᠰᠢᠯᠡᠬᠦᠯᠦᠨᠡ᠃
ᠠᠷᠪᠠᠨ ᠲᠠᠪᠤᠳᠤᠭᠠᠷ ᠠᠩᠬᠢ ᠴᠡᠷᠢᠭ ᠪᠠᠢᠭᠤᠯᠤᠬ᠍ᠳᠠᠬ᠍ᠰᠠᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠍ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢ ᠴᠢᠨᠠᠷ ᠰᠠᠢᠲᠠᠶ ᠠᠬᠢᠭᠤᠯᠤᠨ᠎ᠠ
ᠰᠢ᠎ᠶ᠋ᠢᠨ ᠫᠢᠩ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠲᠤᠭᠤᠱᠢᠯᠠᠭᠤᠯᠵᠦ᠍᠂ ᠱᠢᠨ᠎ᠡ ᠴᠠᠭ ᠦᠶ᠎ᠡ᠎ᠶ᠋ᠢᠨ ᠴᠡᠷᠢᠭ᠎ᠤᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯᠲᠡ᠎ᠶ᠋ᠢ ᠲᠤᠭᠤᠱᠢᠯᠠᠭᠤᠯᠵᠦ᠍᠂ ᠠᠷᠠᠳ᠎ᠤᠨ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠬᠠᠷᠢᠭᠤᠴᠠᠬᠤ ᠳᠦᠷᠢᠮ᠎ᠢ ᠲᠤᠭᠤᠱᠢᠯᠠᠭᠤᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠱᠢᠨ᠎ᠡ 《ᠭᠤᠷᠪᠠᠨ ᠠᠯᠬᠤᠮ᠎ᠢᠶᠠᠷ ᠶᠠᠪᠤᠬᠤ》 ᠪᠠᠢᠯᠳᠤᠬᠤ ᠪᠣᠳᠣᠯᠭ᠎ᠠ᠎ᠶ᠋ᠢᠨ ᠶᠣᠰᠣᠭᠠᠷ ᠤᠯᠤᠰ ᠲᠥᠷᠥ᠎ᠪᠠᠷ ᠴᠡᠷᠢᠭ᠎ᠢ ᠪᠠᠢᠭᠤᠯᠬᠤ᠂ ᠥᠭᠡᠷᠡᠴᠢᠯᠡᠯᠲᠡ᠎ᠪᠠᠷ ᠴᠡᠷᠢᠭ᠎ᠢ ᠬᠦᠴᠦᠷᠬᠡᠭ᠌ᠵᠢᠭᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠬᠠᠤᠯᠢ ᠶᠣᠰᠣᠭᠠᠷ ᠴᠡᠷᠢᠭ᠎ᠢ ᠵᠠᠰᠠᠬᠤ᠎ᠶ᠋ᠢ ᠠᠬᠢᠭᠤᠯᠵᠤ᠂ ᠲᠡᠮᠡᠴᠡᠯ ᠬᠢᠬᠦ᠌᠎ᠶ᠋ᠢᠨ ᠳᠠᠭᠠᠤ ᠳᠠᠢᠨ᠎ᠳᠤ ᠪᠡᠯᠡᠳᠭᠡᠬᠦ᠌ ᠪᠠ ᠪᠦᠲᠦᠭᠡᠨ ᠪᠠᠢᠭᠤᠯᠤᠯᠲᠠ ᠬᠢᠵᠦ᠍᠂ ᠮᠧᠬᠠᠨᠢᠬ᠍ᠵᠢᠯᠲᠠ ᠮᠡᠳᠡᠭᠡ ᠵᠠᠩᠭᠢᠴᠢᠯᠠᠯᠲᠠ ᠤᠶᠤᠨᠴᠢᠯᠠᠯᠳᠠ᠎ᠶ᠋ᠢ ᠠᠭᠤᠰᠤᠯᠴᠠᠭᠤᠯᠤᠨ ᠬᠥᠭ᠌ᠵᠢᠬᠦᠯᠬᠦ᠌᠎ᠶ᠋ᠢ ᠲᠦᠷᠭᠡᠳᠭᠡᠵᠦ᠍᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
ᠲᠠᠪᠢᠨ ᠲᠠᠪᠤᠳᠤᠭᠠᠷ ᠪᠦᠯᠦᠭ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠶᠠᠰᠤ ᠴᠢᠨᠠᠷ ᠦᠷ᠎ᠡ ᠠᠱᠢᠭ᠎ᠢ ᠬᠦᠴᠦᠯᠡᠨ ᠳᠡᠭᠡᠭ᠌ᠰᠢᠯᠡᠭᠦᠯᠦᠨ᠎ᠡ
ᠴᠡᠷᠢᠭ᠎ᠤᠨ ᠶᠠᠪᠤᠳᠠᠯ᠎ᠤᠨ ᠣᠨᠣᠯ᠂ ᠴᠡᠷᠢᠭ ᠠᠩᠭᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠡᠯᠪᠡᠷᠢ ᠪᠠᠢᠳᠠᠯ᠂ ᠴᠡᠷᠢᠭ᠎ᠤᠨ ᠶᠠᠪᠤᠳᠠᠯ᠎ᠤᠨ ᠠᠵᠢᠯᠲᠠᠨ᠂ ᠵᠡᠪᠰᠡᠭ ᠲᠣᠨᠣᠭ᠍ᠯᠠᠯ ᠪᠣᠯᠤᠨ ᠴᠡᠷᠢᠭ᠎ᠤᠨ ᠶᠠᠪᠤᠳᠠᠯ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠠᠷᠠᠳ᠎ᠤᠨ ᠴᠡᠷᠢᠭ ᠠᠩᠭᠢ᠎ᠶ᠋ᠢᠨ ᠢᠯᠠᠯᠲᠠ ᠣᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠴᠡᠷᠢᠭ ᠠᠩᠭᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠪᠦᠲᠦᠮᠵᠢᠲᠡᠢ ᠭᠦᠢᠴᠡᠳᠭᠡᠨ᠎ᠡ᠃
ᠨᠢᠭᠡᠳᠦᠭᠡᠷ ᠭᠡᠰᠡᠭ ᠳᠡᠷᠢᠭᠦᠨᠤ ᠳᠠᠢᠴᠢᠨ ᠬᠦᠴᠦᠨ᠎ᠤ ᠪᠠᠢᠭᠤᠯᠤᠯᠳᠡ᠎ᠶ᠋ᠢ ᠳᠦᠷᠭᠡᠳᠭᠡᠨ᠎ᠠ
ᠪᠠᠢᠯᠳᠤᠬᠤ ᠪᠤᠳᠤᠯᠭ᠎ᠠ᠎ᠶ᠋ᠢᠨ ᠰᠦᠷᠳᠡᠭᠦᠯᠬᠦ᠌ ᠬᠦᠴᠦᠨ᠎ᠢ ᠪᠤᠵᠠᠭᠠᠢᠷᠠᠭᠤᠯᠵᠤ᠂ ᠪᠦᠬᠦ᠌ ᠪᠥᠮᠪᠥᠷᠴᠡᠭ᠎ᠤᠨ ᠪᠠᠢᠯᠳᠤᠬᠤ ᠪᠤᠳᠤᠯᠭ᠎ᠠ᠎ᠶ᠋ᠢᠨ ᠲᠡᠩᠴᠡᠭᠦᠷᠢ ᠪᠠ ᠲᠣᠭ᠍ᠲᠠᠭᠤᠨ ᠪᠠᠢᠳᠠᠯ᠎ᠢ ᠬᠠᠮᠠᠭᠠᠯᠠᠨ᠎ᠠ᠃ ᠱᠢᠨ᠎ᠡ ᠬᠦᠷᠢᠶ᠎ᠠ ᠱᠢᠨ᠎ᠡ ᠴᠢᠨᠠᠷ᠎ᠤᠨ ᠪᠠᠢᠯᠳᠤᠬᠤ ᠬᠦᠴᠦᠨ᠎ᠤ ᠬᠡᠪᠴᠢᠶᠡᠵᠢᠭ᠌ᠰᠡᠨ᠂ ᠪᠣᠳᠠᠲᠤ ᠳᠠᠢᠨ᠎ᠤ ᠮᠠᠶᠢᠬ᠎ᠤᠨ᠂ ᠱᠢᠰᠲ᠋ᠧᠮᠵᠢᠭ᠌ᠰᠡᠨ ᠬᠥᠭ᠌ᠵᠢᠯᠲᠡ᠎ᠶ᠋ᠢ ᠠᠬᠢᠭᠤᠯᠵᠤ᠂ ᠬᠥᠮᠦᠨ ᠦᠭᠡᠢ ᠣᠶᠤᠯᠢᠭ ᠪᠠᠢᠯᠳᠤᠬᠤ ᠬᠦᠴᠦᠨ ᠵᠢᠴᠢ ᠡᠰᠡᠷᠭᠦᠴᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠤᠯᠠᠮᠵᠢᠯᠠᠯᠲᠤ ᠪᠠᠢᠯᠳᠤᠬᠤ ᠬᠦᠴᠦᠨ᠎ᠢ ᠲᠡᠰ ᠳᠡᠪᠱᠢᠬᠦᠯᠤᠨ ᠦᠭᠡᠷᠡᠴᠢᠯᠡᠬᠦ᠌᠎ᠶ᠋ᠢ ᠴᠢᠩᠭᠠᠳᠭᠠᠨ᠎ᠠ᠃ ᠰᠦᠯᠵᠢᠶᠡᠨ᠎ᠤ ᠮᠡᠳᠡᠭᠡ ᠵᠠᠩᠭᠢ᠎ᠶ᠋ᠢᠨ ᠱᠢᠰᠲ᠋ᠧᠮ᠎ᠤᠨ ᠪᠠᠢᠭᠤᠯᠤᠯᠲᠠ ᠬᠡᠷᠡᠭ᠌ᠯᠡᠯᠲᠡ᠎ᠶ᠋ᠢ ᠨᠢᠭᠡᠳᠦᠯᠲᠡᠶ ᠲᠥᠯᠥᠪᠯᠡᠵᠦ᠍᠂ ᠳ᠋ᠠᠢᠲ᠋ᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶ᠋ᠢ ᠴᠢᠩᠭᠠᠳᠭᠠᠵᠤ᠂ ᠤᠶᠤᠨᠴᠢᠯᠠᠬ᠍ᠰᠠᠨ ᠴᠡᠷᠢᠭ᠎ᠤᠨ ᠶᠠᠪᠤᠳᠠᠯ᠎ᠤᠨ ᠱᠢᠰᠲ᠋ᠧᠮ᠎ᠢ ᠪᠠᠢᠭᠤᠯᠤᠨ᠎ᠠ᠃ ᠣᠳᠣᠬᠢᠴᠢᠯᠠᠭ᠍ᠰᠠᠨ ᠠᠷᠤ ᠲᠠᠯ᠎ᠠ᠎ᠶ᠋ᠢᠨ ᠦᠢᠯᠡᠴᠢᠯᠡᠭᠡ᠎ᠶ᠋ᠢ ᠲᠦᠷᠭᠡᠯᠡᠨ ᠪᠠᠢᠭᠤᠯᠤᠨ᠎ᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠭ᠌ᠵᠢᠯᠲᠡ᠎ᠶ᠋ᠢᠨ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠲᠡᠷᠢᠭᠦᠨ᠎ᠤ ᠮᠡᠷᠭᠡᠵᠢᠯ᠎ᠤᠨ ᠬᠤᠪᠢᠷᠠᠭᠤᠯᠤᠯᠳᠡᠶ᠋ᠢ ᠳᠦᠷᠭᠡᠳᠭᠡᠵᠦ᠍᠂ ᠲᠡᠷᠢᠭᠦᠨ᠎ᠤ ᠵᠡᠪᠰᠡᠭ ᠲᠣᠨᠣᠭ᠍ᠯᠠᠯ᠎ᠤᠨ ᠬᠥᠭ᠌ᠵᠢᠯᠲᠡ᠎ᠶ᠋ᠢ ᠲᠦᠷᠭᠡᠳᠭᠡᠨ᠎ᠡ᠃ ᠴᠡᠷᠢᠭ᠎ᠤᠨ ᠶᠠᠪᠤᠳᠠᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠲᠦᠷᠦ᠍᠎ᠶ᠋ᠢᠨ ᠪᠤᠳᠤᠯᠭ᠎ᠠ ᠲᠦᠷᠢᠮ᠎ᠢ ᠱᠢᠯᠢᠳᠡᠭ᠌ᠵᠢᠭᠦᠯᠤᠨ᠂ ᠴᠡᠷᠢᠭ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠵᠤ ᠬᠥᠮᠦᠨ ᠬᠥᠮᠦᠵᠢᠭᠦᠯᠬᠦ᠌ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠥᠨᠳᠥᠷ ᠬᠡᠪ ᠴᠢᠨᠠᠷ ᠪᠦᠬᠦᠢ ᠲᠤᠰᠭᠠᠢᠵᠢᠭ᠍ᠰᠠᠨ ᠱᠢᠨ᠎ᠡ ᠭᠡᠯᠪᠡᠷᠢ᠎ᠶ᠋ᠢᠨ ᠴᠡᠷᠢᠭ᠎ᠤᠨ ᠶᠠᠪᠤᠳᠠᠯ᠎ᠤᠨ ᠴᠢᠳᠠᠪᠤᠷᠢᠲᠠᠨ᠎ᠤ ᠡᠩᠨᠡᠭᠡ᠎ᠶ᠋ᠢ ᠪᠤᠢ ᠪᠣᠯᠭᠠᠨ᠎ᠠ᠃ ᠴᠡᠷᠢᠭ᠎ᠤᠨ ᠶᠠᠪᠤᠳᠠᠯ᠎ᠤᠨ ᠤᠨᠤᠯ᠎ᠤᠨ ᠣᠳᠣᠬᠢᠴᠢᠯᠠᠯᠲᠠ᠎ᠶ᠋ᠢ ᠠᠬᠢᠭᠤᠯᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠪᠠᠢᠯᠳᠤᠬᠤ ᠪᠣᠳᠣᠯᠭ᠎ᠠ᠎ᠶ᠋ᠢᠨ ᠪᠠ ᠳᠠᠢᠨ ᠬᠢᠬᠦ᠌ ᠲᠥᠯᠥᠪᠯᠡᠭᠡ᠎ᠶ᠋ᠢ ᠭᠦᠨᠵᠡᠭᠡᠢᠷᠡᠭᠦᠯᠵᠦ᠍᠂ ᠪᠤᠳᠠᠳᠦ ᠳᠠᠢᠨ᠎ᠤ ᠮᠠᠶᠢᠭ᠎ᠤᠨ ᠴᠡᠷᠢᠭ᠎ᠤᠨ ᠰᠤᠷᠭᠠᠭᠤᠯᠢᠯᠠᠯᠢ ᠯᠠᠪᠳᠠᠭᠤᠨ ᠪᠠᠲᠤᠲᠠᠶ ᠠᠬᠢᠭᠤᠯᠵᠤ᠂ ᠪᠠᠢᠯᠳᠤᠬᠤ ᠴᠢᠳᠠᠪᠤᠷᠢ᠎ᠶ᠋ᠢᠨ ᠱᠢᠰᠲ᠋ᠧᠮ᠎ᠤᠨ ᠬᠤᠷᠠᠮᠠᠯ᠎ᠢ ᠴᠢᠩᠭᠠᠳᠭᠠᠵᠤ᠂ ᠲᠠᠢᠴᠢᠨ ᠬᠦᠴᠦᠨ᠎ᠤ ᠪᠠᠢᠭᠤᠯᠤᠯᠲᠠ ᠪᠠ ᠬᠡᠷᠡᠭ᠌ᠯᠡᠯᠲᠡ᠎ᠶ᠋ᠢᠨ ᠬᠡᠪ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠴᠡᠷᠢᠭ᠎ᠤᠨ ᠶᠠᠪᠤᠳᠠᠯ᠎ᠤᠨ ᠲᠡᠮᠡᠴᠡᠯ᠎ᠤᠨ ᠬᠠᠨᠳᠤᠯᠭᠠᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠴᠤᠬ᠍ᠴᠠᠯᠠᠨ ᠪᠠᠢᠭᠤᠯᠬᠤ ᠬᠦᠴᠦᠨ᠎ᠢ ᠴᠢᠩᠭᠠᠳᠭᠠᠨ᠎ᠠ᠃
ᠬᠤᠶᠠᠳᠤᠭᠠᠷ ᠬᠡᠰᠡᠭ ᠴᠡᠷᠢᠭ᠎ᠤᠨ ᠶᠠᠪᠤᠳᠠᠯ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠤᠨ᠎ᠠ
ᠠᠷᠠᠳ᠎ᠤᠨ ᠴᠡᠷᠢᠭ ᠠᠩᠬᠢ᠎ᠶ᠋ᠢᠨ ᠤᠳᠤᠷᠢᠳᠤᠨ ᠬᠠᠮᠢᠶᠠᠷᠬᠤ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠮᠲᠤᠷᠠᠬ᠍ᠰᠠᠨ ᠪᠠᠢᠯᠳᠤᠭᠠᠨ ᠬᠢᠬᠦ᠌ ᠱᠢᠰᠲ᠋ᠧᠮ᠎ᠢ ᠲᠣᠬᠢᠷᠠᠭᠤᠯᠤᠨ ᠱᠢᠯᠢᠳᠡᠭ᠌ᠵᠢᠭᠦᠯᠦᠨ᠎ᠡ᠃ ᠪᠠᠢᠯᠳᠤᠬᠤ ᠪᠣᠳᠣᠯᠭ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ ᠰᠠᠢᠵᠢᠷᠠᠭᠤᠯᠵᠤ᠂ ᠳᠡᠮᠡᠴᠡᠯ ᠬᠢᠬᠦ᠌ ᠪᠦᠲᠦᠭᠡᠨ ᠪᠠᠢᠭᠤᠯᠤᠯᠳᠡ ᠬᠢᠬᠦ᠌ ᠪᠠ ᠳᠠᠢᠨ᠎ᠳᠤ ᠪᠡᠯᠡᠳᠭᠡᠬᠦ᠌᠎ᠶ᠋ᠢ ᠨᠢᠭᠡᠳᠦᠯᠲᠡᠶ ᠲᠥᠯᠥᠪᠯᠡᠬᠦ᠌᠎ᠶ᠋ᠢ ᠭᠦᠨᠵᠡᠭᠡᠢᠷᠡᠭᠦᠯᠵᠦ᠍᠂ ᠪᠠᠢᠯᠳᠤᠬᠤ ᠬᠡᠷᠡᠭ᠌ᠴᠡᠭᠡ᠎ᠪᠠᠷ ᠬᠥᠲᠥᠯᠥᠭᠦᠯᠬᠦ᠌ᠶ᠋ᠢ ᠴᠢᠩᠭᠠᠷᠠᠭᠤᠯᠵᠤ᠂ ᠬᠠᠮᠢᠶᠠᠷᠤᠯᠲᠠ᠎ᠶ᠋ᠢᠨ ᠠᠷᠭ᠎ᠠ ᠭᠡᠮᠵᠢᠶ᠎ᠠ ᠠᠷᠭ᠎ᠠ ᠪᠠᠷᠢᠯ᠎ᠤᠨ ᠳᠠᠯ᠎ᠠ᠎ᠪᠠᠷ ᠱᠢᠨ᠎ᠡ᠎ᠶ᠋ᠢ ᠡᠭᠦᠳᠴᠦ᠍᠂ ᠴᠡᠷᠢᠭ᠎ᠤᠨ ᠶᠠᠪᠤᠳᠠᠯ᠎ᠤᠨ ᠱᠢᠰᠲ᠋ᠧᠮ᠎ᠤᠨ ᠠᠵᠢᠯᠯᠠᠭᠠᠨ᠎ᠤ ᠦᠢᠯᠡᠳᠦᠯ ᠴᠢᠳᠠᠪᠤᠷᠢ ᠪᠠ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠡᠬᠢ ᠪᠠᠶᠠᠯᠢᠭ᠎ᠤᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃ ᠴᠢᠬᠤᠯᠠ ᠶᠡᠭᠡ ᠪᠣᠳᠣᠯᠭ᠎ᠠ ᠳᠤᠬ᠍ᠳᠠᠭᠠᠬᠤᠳᠤ ᠵᠥᠪᠯᠡᠯᠭᠡ ᠥᠭ᠌ᠬᠦ ᠦᠨᠡᠯᠡᠨ ᠵᠢᠱ᠌ᠢᠯᠳᠡ ᠬᠢᠬᠦ᠌ ᠪᠠ ᠴᠢᠬᠤᠯᠠ ᠶᠡᠭᠡ ᠲᠦᠰᠦᠯ᠎ᠢ ᠬᠢᠨᠠᠨ ᠬᠠᠮᠢᠶᠠᠷᠬᠤ᠎ᠶ᠋ᠢ ᠴᠢᠩᠭᠠᠳᠭᠠᠵᠤ᠂ ᠴᠡᠷᠢᠭ᠎ᠤᠨ ᠵᠠᠷᠤᠳᠠᠯ᠎ᠤᠨ ᠲᠥᠰᠦᠪ᠎ᠤᠨ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠴᠡᠷᠢᠭ᠎ᠤᠨ ᠶᠠᠪᠤᠳᠠᠯ᠎ᠤᠨ ᠬᠤᠳᠠᠯᠳᠤᠨ ᠠᠪᠬᠤ ᠳᠦᠷᠢᠮ᠎ᠢ ᠰᠠᠢᠵᠢᠷᠠᠭᠤᠯᠵᠦ᠍᠂ ᠴᠡᠷᠢᠭ ᠠᠩᠬᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠦᠷᠢᠳᠭᠡᠵᠦ᠍ ᠦᠨᠡᠯᠡᠨ ᠵᠢᠱ᠌ᠢᠬᠦ᠌ ᠱᠢᠰᠲ᠋ᠧᠮ᠎ᠢ ᠲᠡᠭᠦᠯᠳᠡᠷᠵᠢᠭᠦᠯᠤᠨ᠂ ᠠᠵᠢᠯᠴᠢ ᠠᠷᠪᠢᠴᠢ᠎ᠪᠠᠷ ᠴᠡᠷᠢᠭ ᠪᠠᠢᠭᠤᠯᠬᠤ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠦᠷ᠎ᠡ ᠠᠱᠢᠭ᠎ᠢᠶᠠᠷ ᠦᠨᠳᠦᠷ᠂ ᠥᠪᠡᠷ᠎ᠤᠨ ᠦᠷᠳᠡᠭ᠎ᠢᠶᠠᠷ ᠳᠣᠤᠷ᠎ᠠ᠂ ᠦᠷᠭᠦᠯᠵᠢᠯᠡᠬᠦ᠋ᠢᠴᠡ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠨ᠎ᠠ᠃ ᠤᠯᠤᠰ ᠲᠦᠷᠦ᠍᠎ᠶ᠋ᠢᠨ ᠴᠡᠭ᠌ᠴᠡᠯᠡᠯᠳᠡ ᠪᠤᠯᠪᠠᠰᠤᠷᠠᠭᠤᠯᠤᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠭᠤᠤᠯᠳᠠᠯᠭ᠎ᠠ᠎ᠲᠠᠢ ᠠᠵᠢᠯ ᠲᠦᠷᠦᠯ ᠪᠠ ᠬᠦᠷᠢᠶᠡᠨ᠎ᠳᠠᠬᠢ ᠴᠡᠭ᠌ᠴᠡᠯᠡᠨ ᠵᠠᠰᠠᠬᠤ ᠠᠵᠢᠯ᠎ᠢ ᠴᠢᠩᠭᠠᠳᠭᠠᠨ᠎ᠠ᠃ ᠴᠡᠷᠢᠭ ᠠᠩᠭᠢ᠎ᠶ᠋ᠢᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠬᠦᠨᠵᠡᠭᠡᠢᠷᠡᠭᠦᠯᠦᠨ ᠠᠬᠢᠭᠤᠯᠵᠤ᠂ ᠬᠠᠤᠯᠢ ᠲᠣᠭ᠍ᠲᠠᠭᠠᠯ ᠲᠦᠷᠢᠮ᠎ᠤᠨ ᠬᠠᠩᠭᠠᠯᠭ᠎ᠠ ᠪᠠ ᠬᠡᠷᠡᠭ᠌ᠵᠢᠭᠦᠯᠦᠯᠲᠡ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠴᠡᠷᠢᠭ᠎ᠤᠨ ᠶᠠᠪᠤᠳᠠᠯ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃
ᠲᠠᠪᠢᠨ ᠵᠢᠷᠭᠤᠳᠤᠭᠠᠷ ᠪᠦᠯᠦᠭ ᠨᠢᠭᠡ ᠴᠤᠭ᠍ᠴᠠᠵᠢᠭ᠍ᠰᠠᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠦᠨ᠎ᠡ
ᠴᠡᠷᠢᠭ ᠠᠩᠬᠢ ᠪᠠ ᠣᠷᠣᠨ ᠨᠤᠲᠤᠭ᠎ᠤᠨ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠶ᠋ᠢ ᠨᠢᠭᠡᠳᠦᠯᠲᠡᠶ ᠲᠥᠯᠥᠪᠯᠡᠬᠦ᠂ ᠲᠦᠷᠦ᠍᠎ᠶ᠋ᠢᠨ ᠪᠤᠳᠤᠯᠭ᠎ᠠ ᠳᠦᠷᠢᠮ᠎ᠢ ᠵᠣᠯᠭᠠᠯᠳᠤᠭᠤᠯᠬᠤ᠂ ᠡᠬᠢ ᠪᠠᠶᠠᠯᠢᠭ ᠡᠯᠧᠮᠧᠨ᠋ᠲ᠎ᠢ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ ᠪᠠ ᠠᠵᠤ ᠠᠬᠤᠶ᠎ᠶ᠋ᠢᠨ ᠪᠣᠳᠠᠲᠤ ᠬᠦᠴᠦᠨ᠎ᠢ ᠵᠡᠷᠭᠡ᠎ᠪᠠᠷ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠴᠡᠷᠢᠭ ᠠᠩᠭᠢ ᠪᠠ ᠣᠷᠣᠨ ᠨᠤᠲᠤᠭ ᠠᠯᠤᠰᠯᠠᠭ᠍ᠰᠠᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠤᠰ ᠲᠤᠰ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠂ ᠨᠢᠭ᠍ᠲᠠ ᠬᠠᠮᠵᠢᠯᠴᠠᠬᠤ᠂ ᠵᠢᠷᠤᠮᠵᠢᠭᠤᠨ ᠪᠦᠭᠡᠳ ᠡᠮᠬᠢ ᠵᠢᠷᠤᠮ᠎ᠲᠠᠢ ᠴᠡᠷᠢᠭ ᠠᠩᠭᠢ ᠪᠠ ᠣᠷᠣᠨ ᠨᠤᠲᠤᠭ ᠠᠯᠤᠰᠯᠠᠭ᠍ᠰᠠᠨ ᠠᠵᠢᠯ᠎ᠤᠨ ᠪᠠᠢᠷᠢᠱᠢᠯ᠎ᠢ ᠪᠠᠢᠭᠤᠯᠤᠨ᠎ᠠ᠃ ᠱᠢᠨ᠎ᠡ᠎ᠪᠠᠷ ᠬᠦᠭ᠌ᠵᠢᠭ᠌ᠰᠡᠨ ᠬᠦᠷᠢᠶᠡᠨ᠎ᠳᠠᠬᠢ ᠪᠠᠢᠯᠳᠤᠬᠤ ᠪᠣᠳᠣᠯᠭ᠎ᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠤᠱᠢᠭᠤᠷᠠᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ 《ᠠᠷᠠᠳ᠎ᠤᠨ ᠡᠵᠡᠩᠨᠡᠯᠳᠡᠶ᠋ᠢᠨᠬᠢᠶ᠋ᠢ ᠴᠡᠷᠢᠭ᠎ᠤᠨ ᠠᠵᠦ᠍ ᠦᠢᠯᠡᠳᠪᠦᠷᠢ᠎ᠳᠤ ᠣᠷᠣᠭᠤᠯᠬᠤ》 ᠰᠠᠭᠠᠳ ᠥᠬᠡᠶ ᠨᠠᠪᠲᠡᠷᠡᠬᠦ᠌ ᠵᠠᠮ᠎ᠢ ᠪᠦᠷᠢᠨᠱᠢᠬᠦᠯᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠪᠠ ᠱᠢᠨ᠎ᠡ ᠴᠢᠨᠠᠷ᠎ᠤᠨ ᠳᠠᠢᠴᠢᠨ ᠬᠦᠴᠦᠨ᠎ᠤ ᠥᠨᠳᠥᠷ ᠪᠦᠲᠦᠮᠵᠢᠲᠡᠶ ᠠᠭᠤᠰᠤᠯᠴᠠᠬᠤ᠂ ᠬᠤᠤᠰ ᠴᠢᠭ᠌ᠯᠡᠯ᠎ᠢᠶᠠᠷ ᠳᠠᠢᠴᠢᠯᠠᠬᠤ᠎ᠶ᠋ᠢ ᠠᠬᠢᠭᠤᠯᠤᠨ᠎ᠠ᠃ ᠲᠡᠷᠢᠭᠦᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠤ ᠦᠢᠯᠡᠳᠪᠦᠷᠢ᠎ᠶ᠋ᠢᠨ ᠱᠢᠰᠲ᠋ᠧᠮ᠎ᠢ ᠪᠠᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠤ ᠦᠢᠯᠡᠳᠪᠦᠷᠢ᠎ᠶ᠋ᠢᠨ ᠪᠠᠢᠷᠢᠯᠠᠭᠤᠯᠤᠯᠳᠡ᠎ᠶ᠋ᠢ ᠱᠢᠯᠢᠳᠡᠭ᠌ᠵᠢᠭᠦᠯᠤᠨ᠂ ᠲᠣᠨᠣᠭ᠍ᠯᠠᠯ ᠬᠤᠳᠠᠯᠳᠤᠨ ᠠᠪᠬᠤ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠴᠡᠷᠢᠭ᠎ᠤᠨ ᠭᠡᠷᠡᠭ᠌ᠯᠡᠭᠡ ᠪᠠ ᠠᠷᠠᠳ᠎ᠤᠨ ᠬᠡᠷᠡᠭ᠌ᠯᠡᠭᠡ᠎ᠶ᠋ᠢᠨ ᠪᠠᠷᠢᠮᠵᠢᠶ᠎ᠠ᠎ᠶ᠋ᠢ ᠨᠡᠢᠳᠡᠮᠵᠢᠭᠦᠯᠬᠦ᠌ᠶ᠋ᠢ ᠠᠬᠢᠭᠤᠯᠤᠨ᠎ᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠴᠡᠷᠢᠭ᠎ᠤᠨ ᠶᠠᠪᠤᠳᠠᠯ᠎ᠤᠨ ᠬᠡᠷᠡᠭ᠌ᠴᠡᠭᠡ᠎ᠶ᠋ᠢ ᠳᠤᠷᠠᠳᠤᠨ ᠮᠡᠳᠡᠭᠦᠯᠬᠦ᠌ ᠪᠠ ᠴᠡᠷᠢᠭ ᠠᠩᠭᠢ ᠬᠢᠭᠡᠳ ᠣᠷᠣᠨ ᠨᠤᠲᠤᠭ᠎ᠢ ᠵᠣᠯᠭᠠᠯᠳᠤᠭᠤᠯᠬᠤ᠎ᠶ᠋ᠢ ᠴᠢᠩᠭᠠᠳᠭᠠᠨ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠎ᠳᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠶ᠋ᠢ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠤᠷᠢᠳᠴᠢᠯᠠᠨ ᠲᠣᠭ᠍ᠲᠠᠭᠠᠬᠤ ᠠᠵᠢᠯ᠎ᠢ ᠴᠢᠩᠭᠠᠳᠭᠠᠵᠤ᠂ ᠴᠢᠬᠤᠯᠠ ᠬᠠᠷᠠᠯᠲᠠ᠎ᠶ᠋ᠢ ᠰᠡᠷᠭᠡᠢᠯᠡᠨ ᠬᠠᠮᠠᠭᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠴᠡᠷᠢᠭ᠎ᠤᠨ ᠬᠡᠷᠡᠭ᠌ᠯᠡᠭᠡ ᠪᠠ ᠠᠷᠠᠳ᠎ᠤᠨ ᠬᠡᠷᠡᠭ᠌ᠯᠡᠭᠡ᠎ᠶ᠋ᠢ ᠨᠢᠭᠡ ᠴᠣᠭ᠍ᠴᠠᠵᠢᠭᠤᠯᠬᠤ᠂ ᠡᠩ᠎ᠤᠨ ᠦᠶ᠎ᠡ᠎ᠶ᠋ᠢᠨ᠎ᠬᠢ ᠪᠠ ᠳᠠᠢᠨ᠎ᠤ ᠦᠶᠡᠶ᠋ᠢᠨᠬᠢᠶ᠋ᠢ ᠨᠢᠭᠡ ᠴᠣᠭ᠍ᠴᠠᠵᠢᠭᠤᠯᠬᠤ᠎ᠶ᠋ᠢ ᠪᠠᠷᠢᠮᠲᠠᠯᠠᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠪᠡᠯᠡᠳᠭᠡᠯ ᠬᠦᠴᠦᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢᠴᠢᠯᠠᠯᠳᠡ ᠪᠠ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ᠎ᠶ᠋ᠢᠨ ᠱᠢᠰᠲ᠋ᠧᠮ᠎ᠢ ᠨᠢᠭᠡᠳᠦᠯᠲᠡᠶ ᠲᠥᠯᠥᠪᠯᠡᠵᠦ᠍᠂ ᠬᠦᠴᠦᠨ᠎ᠤ ᠡᠩᠨᠡᠭᠡ᠂ ᠴᠢᠬᠤᠯᠠ ᠲᠥᠬᠦᠭᠡᠷᠦᠮᠵᠢ ᠪᠠ ᠨᠡᠢᠳᠡᠮ ᠬᠡᠷᠡᠭ᠌ᠯᠡᠬᠦ᠌ ᠲᠣᠨᠣᠭ᠍ᠯᠠᠯ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠭᠦᠨᠵᠡᠭᠡᠢᠷᠡᠭᠦᠯᠦᠨ᠎ᠡ᠃ ᠤᠳᠤ ᠦᠶ᠎ᠡ᠎ᠶ᠋ᠢᠨ ᠬᠢᠯᠢ ᠳᠠᠯᠠᠢ ᠠᠭᠠᠷ᠎ᠤᠨ ᠰᠡᠷᠭᠡᠢᠯᠡᠯᠲᠡ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠠᠨ ᠬᠠᠮᠲᠤᠳᠭᠠᠨ ᠬᠢᠯᠢ ᠬᠢᠵᠠᠭᠠᠷ ᠤᠷᠤᠨ᠎ᠢ ᠬᠦᠴᠦᠷᠬᠡᠭ᠌ᠵᠢᠭᠦᠯᠦᠨ ᠰᠡᠷᠭᠡᠢᠯᠡᠯᠲᠡ᠎ᠶ᠋ᠢ ᠪᠠᠬᠢᠵᠢᠭᠦᠯᠬᠦ᠌᠎ᠶ᠋ᠢ ᠠᠬᠢᠭᠤᠯᠤᠨ᠎ᠠ᠃ ᠴᠡᠷᠢᠭ᠎ᠤᠨ ᠬᠦᠮᠦᠨ ᠴᠡᠷᠢᠭ᠎ᠤᠨ ᠬᠡᠷ ᠪᠦᠯᠢ᠎ᠶ᠋ᠢᠨ ᠢᠷᠠᠭᠤ ᠠᠯᠳᠠᠷ᠎ᠤᠨ ᠤᠷᠮᠡᠱᠢᠭᠤᠯᠤᠯ ᠪᠠ ᠡᠷᠬᠡ ᠠᠱᠢᠭ᠎ᠤᠨ ᠪᠠᠳᠤᠯᠠᠭ᠎ᠠ᠎ᠶ᠋ᠢ ᠴᠢᠩᠭᠠᠳᠭᠠᠨ᠎ᠠ᠃ ᠠᠷᠠᠳ ᠨᠡᠢᠳᠡ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠵᠦ᠍᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠠᠬᠢᠵᠢᠭᠦᠯᠦᠨ᠎ᠡ᠃
ᠠᠷᠪᠠᠨ ᠵᠢᠷᠭᠤᠳᠤᠭᠠᠷ ᠠᠩᠬᠢ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠦᠭ᠌ᠵᠢᠭᠦᠯᠵᠦ᠍ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ
ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠯᠤᠰ ᠲᠥᠷᠥ᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠠᠮᠢᠳᠤ ᠴᠣᠪᠣᠭᠤᠯᠢᠭ᠂ ᠲᠦᠪᠱᠢᠷᠡᠨ ᠪᠦᠯᠬᠦᠮᠳᠡᠭ᠌ᠰᠡᠨ ᠤᠯᠤᠰ ᠲᠦᠷᠦ᠍᠎ᠶ᠋ᠢᠨ ᠪᠠᠢᠳᠠᠯ᠎ᠢ ᠪᠠᠬᠢᠵᠢᠭᠦᠯᠦᠨ ᠬᠥᠭ᠌ᠵᠢᠭᠦᠯᠦᠨ᠎ᠡ᠃
ᠲᠠᠪᠢᠨ ᠳᠣᠯᠣᠳᠤᠭᠠᠷ ᠪᠦᠯᠦᠭ ᠨᠡᠢᠭᠡᠮ ᠵᠢᠷᠤᠮ᠎ᠤᠨ ᠠᠷᠠᠳᠴᠢᠯᠠᠯ᠎ᠢ ᠬᠥᠭ᠌ᠵᠢᠭᠦᠯᠦᠨ᠎ᠡ
ᠠᠷᠠᠳ ᠲᠦᠮᠡᠨ᠎ᠤ ᠡᠮᠬᠢ ᠵᠢᠷᠤᠮ᠎ᠲᠠᠢ᠎ᠪᠠᠷ ᠤᠯᠤᠰ ᠲᠥᠷᠥ᠎ᠳᠤ ᠣᠷᠣᠯᠴᠠᠬᠤ᠎ᠶ᠋ᠢ ᠥᠷᠭᠡᠳᠭᠡᠵᠦ᠍᠂ ᠡᠯ᠎ᠡ ᠳᠡᠰ ᠳᠠᠪᠬᠤᠷᠭ᠎ᠠ᠎ᠶ᠋ᠢᠨ ᠠᠷᠠᠳᠴᠢᠯᠠᠯ᠎ᠤᠨ ᠬᠡᠯᠪᠡᠷᠢ᠎ᠶ᠋ᠢ ᠪᠠᠶᠠᠯᠢᠬ᠍ᠵᠢᠭᠤᠯᠵᠤ᠂ ᠨᠡᠩ ᠥᠷᠭᠡᠨ ᠳᠡᠯᠭᠡᠷ᠂ ᠨᠡᠩ ᠪᠦᠷᠢᠨ ᠭᠦᠢᠴᠡᠳ᠂ ᠨᠡᠩ ᠳᠡᠭᠦᠰ ᠲᠡᠭᠦᠯᠳᠡᠷ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳ ᠲᠦᠮᠡᠨ᠎ᠤ ᠠᠷᠠᠳᠴᠢᠯᠠᠯ᠎ᠢᠶᠠᠷ ᠰᠣᠩᠭᠤᠭᠤᠯᠢ᠎ᠳᠤ ᠤᠷᠤᠯᠴᠠᠬᠤ᠂ ᠠᠷᠠᠳᠴᠢᠯᠠᠯ᠎ᠢᠶᠠᠷ ᠵᠥᠪᠳᠡᠯᠴᠡᠬᠦ᠂ ᠠᠷᠠᠳᠴᠢᠯᠠᠯ᠎ᠢᠶᠠᠷ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠬᠠᠮᠢᠶᠠᠷᠬᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠬᠠᠤᠯᠢ ᠶᠣᠰᠣᠭᠠᠷ ᠬᠡᠷᠡᠭ᠌ᠵᠢᠭᠦᠯᠬᠦ᠌᠎ᠶ᠋ᠢ ᠪᠠᠲᠤᠯᠠᠨ᠎ᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠨ᠂ ᠰᠠᠢᠲᠤᠷ ᠲᠡᠭᠦᠯᠳᠡᠷᠵᠢᠭᠦᠯᠤᠨ᠂ ᠰᠠᠢᠲᠤᠷ ᠠᠵᠢᠯᠯᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠵᠠᠰᠠᠭ ᠵᠠᠬᠢᠷᠭᠠᠨ᠎ᠤ ᠪᠠᠢᠭᠤᠯᠭ᠎ᠠ᠂ ᠬᠢᠨᠠᠨ ᠪᠠᠢᠴᠠᠭᠠᠬᠤ ᠪᠠᠢᠭᠤᠯᠭ᠎ᠠ᠂ ᠱᠢᠭᠦᠨ ᠲᠠᠰᠤᠯᠬᠤ ᠪᠠᠢᠭᠤᠯᠭ᠎ᠠ᠂ ᠪᠠᠢᠴᠠᠭᠠᠬᠤ ᠪᠠᠢᠭᠤᠯᠭ᠎ᠠ᠎ᠳᠤ ᠬᠢᠨᠠᠯᠲᠠ ᠲᠠᠯᠪᠢᠬᠤ ᠳᠦᠷᠢᠮ᠎ᠢ ᠪᠦᠷᠢᠨᠱᠢᠭᠦᠯᠵᠦ᠍᠂ ᠲᠥᠷᠥ᠎ᠶ᠋ᠢᠨ ᠪᠠᠢᠭᠤᠯᠭ᠎ᠠ᠎ᠶ᠋ᠢᠨ ᠬᠠᠤᠯᠢ ᠶᠣᠰᠣᠭᠠᠷ ᠡᠷᠬᠡ᠎ᠪᠠᠨ ᠬᠡᠷᠡᠭ᠌ᠵᠢᠭᠦᠯᠬᠦ᠂ ᠳᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠦᠨᠡᠨ ᠬᠦ᠌ ᠪᠠᠲᠤᠯᠠᠵᠦ᠍᠂ ᠠᠷᠠᠳ ᠣᠯᠠᠨ᠎ᠤ ᠠᠷᠠᠳᠴᠢᠯᠠᠯ᠎ᠤᠨ ᠡᠷᠬᠡ᠂ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠪᠠ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ᠎ᠶ᠋ᠢᠨ ᠵᠥᠪᠯᠡᠯᠭᠡ ᠬᠢᠬᠦ᠌ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠲᠤᠰᠭᠠᠶ ᠵᠥᠪᠯᠡᠬᠦ᠌ ᠪᠠᠢᠭᠤᠯᠤᠮᠵᠢ ᠪᠤᠯᠬᠤ ᠦᠢᠯᠡᠳᠦᠯ᠎ᠢ ᠪᠠᠳᠠᠷᠠᠭᠤᠯᠵᠤ᠂ ᠡᠯ᠎ᠡ ᠵᠦᠢᠯ᠎ᠤᠨ ᠵᠥᠪᠯᠡᠬᠦ᠌ ᠠᠷᠭ᠎ᠠ ᠵᠠᠮ᠎ᠤᠨ ᠬᠠᠮᠳᠤᠷᠠᠨ ᠬᠠᠮᠵᠢᠯᠴᠠᠬᠤ᠎ᠶ᠋ᠢ ᠴᠢᠩᠭᠠᠳᠭᠠᠵᠦ᠍᠂ ᠵᠥᠪᠯᠡᠬᠦ᠌ ᠠᠷᠠᠳᠴᠢᠯᠠᠯ᠎ᠢ ᠥᠷᠭᠡᠨ ᠳᠡᠯᠭᠡᠷᠡᠩᠭᠦᠢ ᠣᠯᠠᠨ ᠳᠡᠰ ᠳᠠᠪᠬᠤᠷᠭ᠎ᠠ ᠪᠠᠷ ᠳᠦᠷᠢᠮᠵᠢᠭᠦᠯᠦᠨ ᠬᠦᠭ᠌ᠵᠢᠭᠦᠯᠬᠦ᠌᠎ᠶ᠋ᠢ ᠠᠬᠢᠭᠤᠯᠤᠨ᠎ᠠ᠃ ᠦᠨᠳᠦᠰᠦᠨ ᠱᠠᠲᠤᠨ᠎ᠤ ᠠᠷᠠᠳᠴᠢᠯᠠᠯ᠎ᠤᠨ ᠲᠦᠷᠢᠮ᠎ᠢ ᠪᠦᠷᠢᠨᠱᠢᠭᠦᠯᠵᠦ᠍᠂ ᠠᠷᠠᠳ ᠲᠦᠮᠡᠨ᠎ᠤ ᠦᠨᠳᠦᠰᠦᠨ ᠱᠠᠲᠤᠨ᠎ᠤ ᠤᠯᠠᠨ ᠨᠡᠢᠲᠡ᠎ᠶ᠋ᠢᠨ ᠬᠡᠷᠡᠭ ᠶᠠᠪᠤᠳᠠᠯ ᠪᠠ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠢ ᠬᠠᠤᠯᠢ ᠶᠣᠰᠣᠭᠠᠷ ᠬᠠᠮᠢᠶᠠᠷᠬᠤ᠎ᠶ᠋ᠢ ᠪᠠᠲᠤᠯᠠᠵᠤ᠂ ᠠᠵᠢᠯᠳᠠᠨ ᠠᠵᠢᠯᠴᠢᠨ᠎ᠤ ᠲᠥᠯᠥᠭᠡᠯᠡᠭ᠌ᠴᠢᠳ᠎ᠤᠨ ᠶᠡᠭᠡ ᠬᠤᠷᠠᠯ᠎ᠢᠶᠠᠷ ᠦᠨᠳᠦᠰᠦᠨ ᠬᠡᠯᠪᠡᠷᠢ ᠪᠣᠯᠭᠠᠭ᠍ᠰᠠᠨ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠎ᠶ᠋ᠢᠨ ᠠᠷᠠᠳᠴᠢᠯᠠᠯ᠎ᠢᠶᠠᠷ ᠬᠠᠮᠢᠶᠠᠷᠬᠤ ᠲᠦᠷᠢᠮ᠎ᠢ ᠪᠦᠷᠢᠨᠱᠢᠭᠦᠯᠤᠨᠠ᠃ ᠠᠷᠠᠳ᠎ᠤᠨ ᠰᠠᠨᠠᠭ᠎ᠠ᠎ᠶ᠋ᠢ ᠱᠢᠩᠭᠡᠭᠡᠨ ᠠᠪᠬᠤ᠂ ᠠᠷᠠᠳ᠎ᠤᠨ ᠤᠶᠤᠨ ᠤᠬᠠᠭᠠᠨ᠎ᠢ ᠲᠥᠪᠯᠡᠷᠡᠭᠦᠯᠬᠦ᠌ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠤᠨ ᠬᠤᠯᠪᠤᠭ᠎ᠠ ᠵᠡᠷᠭᠡ ᠤᠯᠠᠨ ᠲᠦᠮᠡᠨ᠎ᠤ ᠡᠪᠯᠡᠯ ᠪᠦᠯᠬᠦᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠠᠵᠤ ᠦᠢᠯᠡᠰ᠎ᠤᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠂ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠂ ᠡᠮᠡᠭ᠌ᠲᠡᠢᠴᠦᠳ ᠬᠡᠤᠬᠡᠳ᠎ᠤᠨ ᠦᠢᠯᠡᠰ᠎ᠤᠨ ᠬᠥᠭ᠌ᠵᠢᠯᠲᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠨ᠎ᠠ᠃ ᠬᠥᠮᠦᠨ᠎ᠤ ᠡᠷᠬᠡ᠎ᠶ᠋ᠢᠨ ᠦᠢᠯᠡᠰ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ᠃ ᠶᠡᠭᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠱᠢᠯ᠎ᠢ ᠲᠡᠭᠦᠯᠳᠡᠷᠵᠢᠭᠦᠯᠵᠦ᠍᠂ ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠢ ᠪᠠᠬᠢᠵᠢᠭᠦᠯᠦᠨ ᠬᠥᠭ᠌ᠵᠢᠭᠦᠯᠦᠨ᠎ᠡ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ᠃ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠵᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢ ᠬᠠᠤᠯᠢ᠎ᠪᠠᠷ ᠵᠠᠰᠠᠬᠤ᠎ᠶ᠋ᠢ ᠴᠢᠩᠭᠠᠳᠭᠠᠨ᠎ᠠ᠃ ᠬᠠᠷᠢᠶᠠᠲᠤ ᠨᠠᠷ᠎ᠤᠨ ᠶᠠᠪᠤᠳᠠᠯ᠎ᠤᠨ ᠲᠤᠬᠠᠶ ᠨᠠᠮ᠎ᠤᠨ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠬᠠᠷᠢᠶᠠᠲᠤ ᠨᠠᠷ᠎ᠤᠨ ᠰᠡᠳᠭᠢᠯ ᠬᠠᠷᠢᠶᠠᠲᠤ ᠨᠠᠷ᠎ᠤᠨ ᠬᠦᠴᠦᠨ᠎ᠢ ᠨᠡᠩ ᠰᠠᠢᠨ ᠨᠢᠭ᠍ᠲᠠᠷᠠᠭᠤᠯᠵᠤ᠂ ᠲᠦᠷᠦᠯ ᠤᠭ᠍ᠰᠠᠭ᠎ᠠ᠂ ᠨᠤᠳᠤᠭ ᠤᠰᠤ᠂ ᠳᠡᠬᠡᠳᠦᠰ᠎ᠤᠨ ᠨᠤᠳᠤᠭ᠎ᠤᠨ ᠰᠤᠶᠤᠯ ᠵᠡᠷᠬᠡ᠎ᠶ᠋ᠢᠨ ᠬᠤᠯᠪᠤᠭᠠᠰᠤ᠎ᠶ᠋ᠢᠨ ᠦᠢᠯᠡᠳᠦᠯ᠎ᠢ ᠪᠠᠳᠠᠷᠠᠭᠤᠯᠤᠨ᠎ᠠ᠃
ᠲᠠᠪᠢᠨ ᠨᠠᠢ᠍ᠮᠠᠳᠤᠭᠠᠷ ᠪᠦᠯᠦᠭ ᠪᠦᠬᠦ᠌ ᠳᠠᠯ᠎ᠠ᠎ᠪᠠᠷ ᠬᠠᠤᠯᠢ ᠶᠤᠰᠤᠭᠠᠷ ᠤᠯᠤᠰ᠎ᠢᠶᠠᠨ ᠵᠠᠰᠠᠬᠤ᠎ᠶ᠋ᠢ ᠠᠬᠢᠭᠤᠯᠤᠨ᠎ᠠ
ᠪᠦᠬᠦ᠌ ᠲᠠᠯ᠎ᠠ᠎ᠪᠠᠷ ᠬᠠᠤᠯᠢ ᠶᠤᠰᠤᠭᠠᠷ ᠤᠯᠤᠰ᠎ᠢᠶᠠᠨ ᠵᠠᠰᠠᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠂ ᠲᠥᠪ ᠭᠤᠤᠯᠴᠢ᠎ᠪᠠᠷ ᠬᠠᠤᠯᠢ ᠪᠠᠷᠢᠬᠤ᠂ ᠠᠷᠠᠳ ᠨᠡᠢᠳᠡ᠎ᠪᠠᠷ᠎ᠢᠶᠠᠨ ᠬᠠᠤᠯᠢ᠎ᠶ᠋ᠢ ᠰᠠᠬᠢᠬᠤ᠎ᠶ᠋ᠢ ᠬᠠᠮᠵᠢᠯᠴᠠᠨ ᠠᠬᠢᠭᠤᠯᠵᠤ᠂ ᠬᠠᠤᠯᠢ᠎ᠪᠠᠷ ᠵᠠᠰᠠᠬᠤ᠎ᠶ᠋ᠢᠨ ᠦᠨᠳᠦᠰᠦ᠎ᠶ᠋ᠢ ᠪᠠᠬᠢᠵᠢᠭᠦᠯᠬᠦ᠂ ᠵᠢᠱ᠌ᠢᠯᠲᠡ᠎ᠶ᠋ᠢ ᠲᠣᠭ᠍ᠲᠠᠭᠤᠨ ᠪᠠᠢᠯᠭᠠᠬᠤ᠂ ᠠᠯᠤᠰ ᠬᠡᠳᠦ᠍ᠳᠤ ᠠᠱᠢᠭ᠍ᠲᠠᠶ ᠪᠠᠢᠬᠤ ᠪᠠᠲᠤᠯᠠᠭ᠎ᠠ᠎ᠶ᠋ᠢᠨ ᠦᠢᠯᠡᠳᠦᠯ᠎ᠢ ᠨᠡᠩ ᠰᠠᠢᠨ ᠪᠠᠳᠠᠷᠠᠭᠤᠯᠵᠦ᠍᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠳᠦᠭᠡᠨ ᠪᠠᠢᠭᠤᠯᠤᠨ᠎ᠠ᠃ ᠦᠨᠳᠦᠰᠦᠨ ᠬᠠᠤᠯᠢ ᠬᠠᠤᠯᠢ ᠴᠠᠭᠠᠵᠠ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠎ᠶ᠋ᠢ ᠴᠢᠩᠭᠠᠳᠭᠠᠵᠤ᠂ ᠤᠯᠤᠰ᠎ᠤᠨ ᠬᠠᠤᠯᠢ᠎ᠪᠠᠷ ᠵᠠᠰᠠᠬᠤ᠎ᠶ᠋ᠢᠨ ᠨᠢᠭᠡᠳᠦᠯ᠎ᠢ ᠬᠠᠮᠠᠭᠠᠯᠠᠬᠤ ᠳᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠬᠠᠤᠯᠢ ᠲᠣᠭ᠍ᠲᠠᠭᠠᠬᠤ ᠲᠥᠯᠥᠪᠵᠢᠭᠦᠯᠭᠡ ᠪᠠ ᠬᠠᠤᠯᠢ ᠲᠣᠭ᠍ᠲᠠᠭᠠᠬᠤ ᠬᠢᠨᠠᠨ ᠪᠠᠢᠴᠠᠭᠠᠯᠲᠠ᠎ᠶ᠋ᠢ ᠴᠢᠩᠭᠠᠳᠭᠠᠵᠤ᠂ ᠨᠡᠢᠭᠡᠮ᠎ᠤᠨ ᠤᠯᠠᠨ ᠨᠡᠢᠲᠡ᠎ᠶ᠋ᠢᠨ ᠬᠠᠤᠯᠢ ᠲᠣᠭ᠍ᠲᠠᠭᠠᠯᠳᠡᠳᠤ ᠣᠷᠣᠯᠴᠠᠬᠤ ᠠᠷᠭ᠎ᠠ ᠵᠠᠮ ᠠᠷᠭ᠎ᠠ ᠮᠠᠶᠢᠬ᠎ᠢ ᠥᠷᠭᠡᠳᠭᠡᠵᠦ᠍᠂ ᠬᠠᠤᠯᠢ ᠲᠣᠭ᠍ᠲᠠᠭᠠᠬᠤ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠮᠥᠩᠭᠦᠨ ᠭᠦᠢᠯᠭᠡᠭᠡ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ᠎ᠳᠤ ᠤᠷᠤᠯᠴᠠᠬᠤ ᠵᠡᠷᠭᠡ ᠬᠦᠷᠢᠶᠡᠨ᠎ᠳᠠᠬᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠣᠭ᠍ᠲᠠᠭᠠᠬᠤ ᠪᠠ ᠵᠠᠰᠠᠬᠤ ᠠᠵᠢᠯ᠎ᠢ ᠲᠦᠷᠭᠡᠳᠭᠡᠨ᠎ᠡ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠠᠩᠰᠠᠯᠠᠭᠤᠯᠵᠤ ᠬᠢᠨᠠᠨ ᠪᠠᠢᠴᠠᠭᠠᠬᠤ᠎ᠶ᠋ᠢ ᠪᠦᠬᠦ᠌ ᠲᠠᠯ᠎ᠠ ᠪᠠᠷ ᠨᠠᠢᠳᠠᠪᠤᠷᠢᠵᠢᠭᠤᠯᠵᠤ᠂ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠦᠨᠡᠨ ᠪᠣᠳᠠᠲᠠᠶ᠎ᠪᠠᠷ ᠠᠷᠢᠯᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠤᠯᠠᠨ ᠲᠦᠮᠡᠨ᠎ᠤ ᠠᠮᠢ ᠪᠡᠶ᠎ᠡ᠎ᠶ᠋ᠢᠨ ᠠᠱᠢᠭ ᠲᠤᠰᠠ᠎ᠳᠤ ᠬᠤᠯᠪᠣᠭ᠍ᠳᠠᠬᠤ ᠭᠤᠤᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠵᠤ᠂ ᠰᠠᠯᠠᠭ᠎ᠠ ᠮᠥᠴᠢᠷ ᠠᠯᠤᠰᠯᠠᠬ᠍ᠰᠠᠨ ᠬᠠᠤᠯᠢ ᠬᠡᠷᠡᠭ᠌ᠵᠢᠭᠦᠯᠤᠯᠳᠡ ᠬᠠᠤᠯᠢ ᠪᠠᠷᠢᠯᠳᠡᠶ᠋ᠢᠨ ᠬᠠᠮᠵᠢᠯᠴᠠᠭ᠎ᠠ ᠪᠠ ᠬᠢᠨᠠᠯᠲᠠ᠎ᠶ᠋ᠢ ᠴᠢᠩᠭᠠᠳᠭᠠᠨ᠎ᠠ᠃ ᠬᠠᠤᠯᠢ ᠪᠠᠷᠢᠬᠤ ᠡᠷᠬᠡ᠎ᠶ᠋ᠢᠨ ᠠᠵᠢᠯᠯᠠᠭ᠎ᠠ᠎ᠨᠢ ᠵᠢᠷᠤᠮᠵᠢᠭᠤᠯᠵᠤ᠂ ᠬᠠᠤᠯᠢ ᠪᠠᠷᠢᠯᠳᠡᠶ᠋ᠢᠨ ᠳᠦᠪ ᠭᠤᠤᠯᠴᠢ᠎ᠶ᠋ᠢ ᠪᠡᠶᠡᠯᠡᠭᠦᠯᠬᠦ᠌ ᠪᠠ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠤᠯᠢ ᠪᠠᠷᠢᠬᠤ ᠲᠠᠰᠣᠯᠣᠨ ᠲᠣᠭ᠍ᠲᠠᠭᠠᠯᠲᠠ᠎ᠶ᠋ᠢᠨ ᠲᠥᠪ ᠭᠤᠤᠯᠴᠢ ᠴᠢᠨᠠᠷ᠂ ᠲᠣᠭ᠍ᠲᠠᠪᠤᠷᠢᠲᠤ ᠴᠢᠨᠠᠷ᠂ ᠡᠷᠬᠡ ᠰᠦᠷᠲᠦ ᠴᠢᠨᠠᠷ᠎ᠢ ᠳᠡᠭᠡᠭ᠌ᠰᠢᠯᠡᠭᠦᠯᠦᠨ᠎ᠡ᠃ ᠬᠥᠮᠦᠨ᠎ᠤ ᠪᠡᠶ᠎ᠡ᠎ᠶ᠋ᠢᠨ ᠡᠷᠬᠡ᠂ ᠡᠳ᠋ ᠬᠦᠷᠦᠩᠭᠡ᠎ᠶ᠋ᠢᠨ ᠡᠷᠬᠡ᠂ ᠬᠥᠮᠦᠨ᠎ᠤ ᠬᠡᠮ᠎ᠤᠨ ᠡᠷᠬᠡ᠎ᠶ᠋ᠢ ᠬᠠᠤᠯᠢ ᠶᠣᠰᠣᠭᠠᠷ ᠪᠠᠲᠤᠯᠠᠨ᠎ᠠ᠃ ᠪᠠᠢᠴᠠᠭᠠᠬᠤ ᠬᠢᠨᠠᠯᠲᠠ᠎ᠶ᠋ᠢ ᠴᠢᠩᠭᠠᠷᠠᠭᠤᠯᠵᠤ᠂ ᠨᠡᠢᠲᠡ᠎ᠶ᠋ᠢᠨ ᠠᠱᠢᠬ ᠳᠤᠰᠠ᠎ᠶ᠋ᠢᠨ ᠵᠠᠷᠭᠤ᠎ᠶ᠋ᠢ ᠴᠢᠩᠭᠠᠳᠭᠠᠨ᠎ᠠ᠃ ᠤᠯᠤᠰ᠎ᠤᠨ ᠭᠦᠢᠴᠡᠳᠭᠡᠬᠦ᠌ ᠪᠠᠢᠭᠤᠯᠤᠯ᠎ᠢ ᠪᠦᠷᠢᠨᠱᠢᠭᠦᠯᠵᠦ᠍᠂ 《ᠭᠦᠢᠴᠡᠳᠭᠡᠬᠦ᠌᠎ᠳᠤ ᠬᠦᠴᠢᠷᠲᠡᠶ》 ᠪᠠᠢᠬᠤ ᠠᠰᠠᠭᠤᠳᠠᠯ᠎ᠢ ᠪᠦᠲᠦᠮᠵᠢᠲᠡᠶ ᠱᠢᠢᠳᠪᠦᠷᠢᠯᠡᠨ᠎ᠡ᠃ ᠭᠠᠳᠠᠭᠠᠳᠤ᠎ᠳᠤ ᠬᠤᠯᠪᠣᠭ᠍ᠳᠠᠬᠤ ᠬᠠᠤᠯᠢ᠎ᠪᠠᠷ ᠵᠠᠰᠠᠬᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠤᠯᠠᠨ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠡᠶᠡᠳᠡᠭᠦᠯᠭᠡ ᠬᠢᠬᠦ᠂ ᠬᠥᠨᠳᠡᠯᠡᠨ᠎ᠠᠴᠠ ᠲᠠᠰᠤᠯᠬᠤ᠂ ᠵᠠᠷᠭᠤᠯᠳᠤᠬᠤ ᠵᠡᠷᠭᠡ ᠲᠣᠭ᠍ᠲᠠᠴᠠ᠎ᠶ᠋ᠢ ᠪᠦᠷᠢᠨᠱᠢᠭᠦᠯᠵᠦ᠍᠂ ᠤᠯᠠᠨ ᠤᠯᠤᠰ᠎ᠤᠨ ᠡᠶᠡᠳᠡᠭᠦᠯᠭᠡ᠎ᠶ᠋ᠢᠨ ᠬᠤᠷᠢᠶ᠎ᠠ᠎ᠶ᠋ᠢᠨ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠬᠤ᠎ᠶ᠋ᠢ ᠳᠡᠮᠵᠢᠨ᠎ᠠ᠃ ᠤᠳᠤᠷᠢᠳᠭᠤ ᠺᠠᠳ᠋ᠷᠴᠤᠳ᠎ᠤᠨ ᠬᠠᠤᠯᠢ ᠶᠣᠰᠣᠭᠠᠷ ᠠᠵᠢᠯᠯᠠᠬᠤ᠎ᠳᠤ ᠬᠢᠨᠠᠯᠲᠠ ᠲᠠᠯᠪᠢᠵᠤ ᠪᠠᠢᠴᠠᠭᠠᠯᠳᠡ ᠬᠢᠬᠦ᠌᠎ᠶ᠋ᠢ ᠴᠢᠩᠭᠠᠳᠭᠠᠵᠤ᠂ ᠶᠡᠷᠦᠩᠬᠡᠢᠯᠡᠭ᠌ᠰᠡᠨ ᠴᠢᠨᠠᠷᠲᠠᠶ ᠬᠠᠤᠯᠢ᠎ᠪᠠᠷ ᠵᠠᠰᠠᠬᠤ᠎ᠶ᠋ᠢ ᠦᠨᠡᠯᠡᠬᠦ᠌ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠬᠠᠤᠯᠢ ᠪᠠᠷ ᠵᠠᠰᠠᠬᠤ ᠨᠡᠢᠭᠡᠮ᠎ᠤᠨ ᠪᠠᠢᠭᠤᠯᠤᠯᠲᠠ᠎ᠶ᠋ᠢ ᠬᠦᠨᠵᠡᠬᠡᠢᠷᠡᠬᠦᠯᠦᠨ ᠠᠬᠢᠭᠤᠯᠵᠤ᠂ ᠬᠠᠤᠯᠢᠴᠢ ᠵᠡᠷᠬᠡ ᠬᠠᠤᠯᠢ ᠴᠠᠭᠠᠵᠠ᠎ᠶ᠋ᠢᠨ ᠦᠢᠯᠡᠴᠢᠯᠡᠬᠡᠨ᠎ᠤ ᠡᠩᠨᠡᠭᠡ᠎ᠶ᠋ᠢ ᠲᠦᠷᠬᠡᠯᠡᠨ ᠬᠦᠭ᠌ᠵᠢᠬᠦᠯᠵᠦ᠍᠂ ᠲᠦᠭᠡᠮᠡᠯ ᠬᠠᠷᠠᠭᠠᠯᠵᠠᠯᠳᠦ ᠴᠢᠨᠠᠷᠲᠠᠶ ᠤᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠢᠯᠡᠴᠢᠯᠡᠭᠡ᠎ᠶ᠋ᠢ ᠲᠡᠭᠦᠯᠳᠡᠷᠵᠢᠭᠦᠯᠵᠦ᠍᠂ ᠬᠠᠤᠯᠢ᠎ᠪᠠᠷ ᠵᠠᠰᠠᠬᠤ ᠤᠬᠠᠭᠤᠯᠭ᠎ᠠ ᠬᠦᠮᠦᠵᠢᠯ᠎ᠢ ᠴᠢᠩᠭᠠᠳᠭᠠᠨ᠂ ᠨᠡᠢᠭᠡᠮ ᠳᠠᠶᠠᠭᠠᠷ᠎ᠢᠶᠠᠨ ᠬᠠᠤᠯᠢ᠎ᠪᠠᠷ ᠵᠠᠰᠠᠬᠤ᠎ᠶ᠋ᠢ ᠡᠷᠬᠢᠮᠯᠡᠬᠦ᠂ ᠲᠦᠷᠢᠮᠯᠡᠯ᠎ᠢ ᠬᠢᠴᠢᠶᠡᠩᠭᠦ᠋ᠢᠯᠡᠨ ᠰᠠᠬᠢᠬᠤ᠂ ᠭᠡᠷ᠎ᠡ᠎ᠶ᠋ᠢ ᠬᠦᠨᠳᠦᠳᠭᠡᠬᠦ ᠂ ᠲᠥᠪ ᠭᠤᠤᠯᠴᠢ᠎ᠶ᠋ᠢ ᠬᠠᠮᠠᠭᠠᠯᠠᠬᠤ ᠰᠠᠢᠨ ᠰᠠᠢᠬᠠᠨ ᠣᠷᠴᠢᠨ ᠨᠥᠬᠦᠴᠡᠯ᠎ᠢ ᠪᠤᠢ ᠪᠣᠯᠭᠠᠨ᠎ᠠ᠃
ᠠᠷᠪᠠᠨ ᠳᠣᠯᠣᠳᠤᠭᠠᠷ ᠠᠩᠬᠢ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》᠎ᠶ᠋ᠢ ᠪᠠᠷᠢᠮᠲᠠᠯᠠᠨ ᠲᠡᠭᠦᠯᠳᠡᠷᠵᠢᠭᠦᠯᠵᠦ᠍ ᠡᠭᠡ ᠤᠯᠤᠰ᠎ᠤᠨ ᠨᠢᠭᠡᠳᠦᠯ᠎ᠢ ᠠᠬᠢᠭᠤᠯᠤᠨ᠎ᠠ
ᠱᠢᠶᠠᠩᠭᠠᠩ᠂ ᠣᠣᠮᠧᠨ᠎ᠤ ᠤᠷᠲᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠢ ᠡᠷᠡᠰ ᠭᠤᠢᠪᠢᠰᠢ ᠦᠭᠡᠢ ᠬᠠᠮᠠᠭᠠᠯᠠᠨ ᠠᠬᠢᠭᠤᠯᠵᠤ᠂ ᠡᠬᠡ ᠤᠯᠤᠰ᠎ᠢᠶᠠᠨ ᠨᠢᠭᠡᠳᠭᠡᠬᠦ᠌ ᠶᠡᠭᠡ ᠦᠢᠯᠡᠰ᠎ᠢ ᠡᠷᠡᠰ ᠭᠤᠢᠪᠢᠰᠢ ᠦᠭᠡᠢ ᠠᠬᠢᠭᠤᠯᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠭᠠᠷ ᠬᠤᠯᠪᠣᠨ ᠬᠠᠮᠲᠤ᠎ᠪᠠᠷ ᠴᠣᠭ᠍ᠴᠠᠯᠠᠨ᠎ᠠ᠃
ᠲᠠᠪᠢ ᠶᠢᠰᠦᠳᠦᠭᠡᠷ ᠪᠦᠯᠦᠭ ᠱᠢᠶᠠᠩᠭᠠᠩ᠂ ᠣᠣᠮᠧᠨ᠎ᠤ ᠤᠷᠲᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠢ ᠠᠬᠢᠭᠤᠯᠤᠨ᠎ᠠ
《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》᠂ 《ᠱᠢᠶᠠᠩᠭᠠᠩ᠎ᠤᠨ ᠬᠥᠮᠦᠨ᠎ᠢᠶᠠᠷ ᠱᠢᠶᠠᠩᠭᠠᠩ᠎ᠢ ᠵᠠᠰᠠᠭᠤᠯᠬᠤ》᠂ 《ᠣᠣᠮᠧᠨ᠎ᠤ ᠬᠥᠮᠦᠨ᠎ᠢᠶᠠᠷ ᠣᠣᠮᠧᠨ᠎ᠢ ᠵᠠᠰᠠᠭᠤᠯᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠡᠷᠡᠰ ᠭᠤᠢᠪᠢᠰᠢ ᠦᠭᠡᠢ ᠳᠤᠭᠤᠱᠢᠯᠠᠭᠤᠯᠵᠦ᠍᠂ 《ᠡᠭᠡ ᠤᠷᠤᠨᠴᠢ ᠬᠦᠮᠦᠰ᠎ᠢᠶᠠᠷ ᠱᠢᠶᠠᠩᠭᠠᠩ᠎ᠢ ᠵᠠᠰᠠᠭᠤᠯᠬᠤ》᠂ 《ᠡᠭᠡ ᠤᠷᠤᠨᠴᠢ ᠬᠦᠮᠦᠰ᠎ᠢᠶᠠᠷ ᠣᠣᠮᠧᠨ᠎ᠢ ᠵᠠᠰᠠᠭᠤᠯᠬᠤ》 ᠵᠠᠷᠴᠢᠮ᠎ᠢ ᠨᠠᠢᠳᠠᠪᠤᠷᠢᠵᠢᠭᠤᠯᠵᠦ᠍᠂ ᠱᠢᠶᠠᠩᠭᠠᠩ ᠣᠣᠮᠧᠨ᠎ᠤ ᠬᠠᠤᠯᠢ ᠶᠣᠰᠣᠭᠠᠷ ᠵᠠᠰᠠᠬᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠶᠠᠩᠭᠠᠩ ᠣᠣᠮᠧᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠵᠤ᠂ ᠱᠢᠶᠠᠩᠭᠠᠩ ᠣᠣᠮᠧᠨ᠎ᠤ ᠡᠬᠡ ᠤᠯᠤᠰ᠎ᠢᠶᠠᠨ ᠳᠦᠱᠢᠵᠦ᠍᠂ ᠳᠡᠯᠡᠬᠡᠶ ᠳ᠋ᠠᠬᠢᠨ᠎ᠲᠠᠢ ᠨᠡᠪᠳᠡᠷᠡᠯᠴᠡᠭᠦ᠌ ᠥᠪᠡᠷᠮᠢᠴᠡ ᠳᠠᠪᠠᠭᠤᠯᠢᠭ ᠪᠠ ᠴᠢᠬᠤᠯᠠ ᠦᠢᠯᠡᠳᠦᠯ᠎ᠢ ᠪᠠᠳᠠᠷᠠᠭᠤᠯᠤᠨ᠎ᠠ᠃
ᠨᠢᠭᠡᠳᠦᠭᠡᠷ ᠬᠡᠰᠡᠭ ᠱᠢᠶᠠᠩᠭᠠᠩ ᠣᠣᠮᠧᠨ᠎ᠤ ᠥᠷᠢᠰᠥᠯᠳᠦᠭᠡᠨ᠎ᠤ ᠳᠠᠪᠠᠭᠤᠯᠢᠭ᠎ᠢᠶᠠᠨ ᠪᠠᠬᠢᠵᠢᠭᠦᠯᠦᠨ ᠳᠡᠭᠡᠭ᠌ᠰᠢᠯᠡᠭᠦᠯᠬᠦ᠌᠎ᠶ᠋ᠢ ᠳᠡᠮᠵᠢᠨ᠎ᠡ
ᠱᠢᠶᠠᠩᠭᠠᠩ᠎ᠤᠨ ᠣᠯᠠᠨ ᠤᠯᠤᠰ᠎ᠤᠨ ᠮᠥᠩᠭᠦᠨ ᠭᠦᠢᠯᠭᠡᠭᠡ ᠂ ᠤᠰᠤᠨ ᠵᠠᠮ᠎ᠤᠨ ᠲᠡᠭᠡᠭᠡᠪᠦᠷᠢ᠂ ᠠᠷᠠᠯᠵᠢᠶᠠᠨ᠎ᠤ ᠲᠥᠪ ᠪᠠ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠬᠦᠢᠰᠤ ᠪᠤᠯᠬᠤ ᠪᠠᠢᠷᠢ ᠰᠠᠭᠤᠷᠢ᠎ᠪᠠᠨ ᠪᠠᠬᠢᠵᠢᠭᠦᠯᠦᠨ ᠳᠡᠭᠡᠭ᠌ᠰᠢᠯᠡᠭᠦᠯᠬᠦ᠂ ᠬᠢᠯᠢ᠎ᠶ᠋ᠢᠨ ᠭᠠᠳᠠᠨᠠᠬᠢ ᠠᠷᠠᠳ᠎ᠤᠨ ᠵᠣᠭᠤᠰᠤᠨ᠎ᠤ ᠲᠤᠬᠠᠢᠯᠠᠭ᠍ᠰᠠᠨ ᠠᠵᠢᠯ᠎ᠤᠨ ᠪᠦᠬᠦ᠌ ᠪᠦᠮᠪᠦᠷᠴᠡᠭ᠎ᠤᠨ ᠬᠦᠢᠰᠤ᠂ ᠣᠯᠠᠨ ᠤᠯᠤᠰ᠎ᠤᠨ ᠪᠡᠯᠡ ᠬᠥᠷᠥᠩᠭᠡ ᠵᠢᠴᠢ ᠡᠳ᠋ ᠪᠠᠶᠠᠯᠢᠭ᠎ᠤᠨ ᠬᠠᠮᠢᠶᠠᠷᠤᠯᠲᠠ᠎ᠶ᠋ᠢᠨ ᠲᠥᠪ᠂ ᠣᠯᠠᠨ ᠤᠯᠤᠰ᠎ᠤᠨ ᠲᠦᠭ᠌ᠰᠢᠭᠦᠷᠢ᠎ᠶ᠋ᠢᠨ ᠬᠠᠮᠢᠶᠠᠷᠤᠯᠲᠠ᠎ᠶ᠋ᠢᠨ ᠲᠥᠪ᠎ᠤᠨ ᠴᠢᠳᠠᠮᠵᠢ᠎ᠶ᠋ᠢ ᠴᠢᠩᠭᠠᠳᠭᠠᠬᠤ᠂ ᠪᠦᠬᠡᠮ ᠲᠠᠸᠠᠷ᠎ᠤᠨ ᠠᠷᠠᠯᠵᠢᠶᠠᠨ᠎ᠤ ᠠᠮᠢ ᠠᠬᠤᠶ᠎ᠶ᠋ᠢᠨ ᠬᠦᠷᠢᠶ᠎ᠡ ᠪᠠ ᠥᠨᠳᠥᠷ ᠦᠷᠳᠡᠭ ᠨᠡᠮᠡᠭ᠌ᠳᠡᠯ᠎ᠤᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠦᠢᠯᠡᠴᠢᠯᠡᠭᠡᠨ᠎ᠤ ᠲᠥᠪ᠎ᠢ ᠪᠠᠢᠭᠤᠯᠬᠤ᠎ᠶ᠋ᠢ ᠳᠡᠮᠵᠢᠨ᠎ᠡ᠃ ᠱᠢᠶᠠᠩᠭᠠᠩ᠎ᠤᠨ ᠣᠯᠠᠨ ᠤᠯᠤᠰ᠎ᠤᠨ ᠱᠢᠨ᠎ᠡ᠎ᠶ᠋ᠢ ᠡᠭᠦᠳᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠪ ᠪᠠᠢᠭᠤᠯᠬᠤ᠂ ᠤᠯᠠᠨ ᠤᠯᠤᠰ᠎ᠤᠨ ᠬᠠᠤᠯᠢ ᠴᠠᠭᠠᠵᠠ ᠵᠢᠴᠢ ᠮᠠᠷᠭᠤᠯᠳᠤᠭᠠᠨ᠎ᠢ ᠱᠢᠢᠳᠪᠦᠷᠢᠯᠡᠬᠦ᠌ ᠦᠢᠯᠡᠴᠢᠯᠡᠭᠡᠨ᠎ᠤ ᠲᠥᠪ᠂ ᠣᠷᠣᠨ ᠪᠦᠰᠡ᠎ᠶ᠋ᠢᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠠᠷᠠᠯᠵᠢᠶᠠᠨ᠎ᠤ ᠲᠥᠪ᠂ ᠳᠤᠮᠳᠠᠳᠦ ᠭᠠᠳᠠᠭᠠᠳᠦ᠍ᠶ᠋ᠢᠨ ᠰᠤᠶᠤᠯ ᠤᠷᠠᠯᠢᠭ᠎ᠤᠨ ᠰᠤᠯᠢᠯᠴᠠᠭᠠᠨ᠎ᠤ ᠳᠦᠪ᠎ᠤᠨ ᠪᠦᠳᠦᠬᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠂ ᠤᠮᠠᠷᠠᠲᠤ ᠬᠡᠰᠡᠭ᠎ᠤᠨ ᠬᠤᠳᠠ᠎ᠶ᠋ᠢᠨ ᠳᠤᠭᠤᠷᠢᠭ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠶ᠋ᠢ ᠳᠡᠮᠵᠢᠨ᠎ᠡ᠃ ᠣᠣᠮᠧᠨ᠎ᠤ ᠠᠵᠤ ᠠᠬᠤᠢ᠎ᠪᠠᠨ ᠵᠣᠬᠢᠰᠳᠠᠢ ᠣᠯᠠᠨ ᠡᠱᠢᠵᠢᠭᠦᠯᠦᠨ ᠬᠥᠭ᠌ᠵᠢᠭᠦᠯᠬᠦ᠂ ᠳᠡᠯᠡᠬᠡᠶ᠎ᠶ᠋ᠢᠨ ᠵᠢᠭᠤᠯᠴᠢᠯᠠᠯ ᠰᠡᠯᠡᠭᠦᠴᠡᠯ᠎ᠤᠨ ᠲᠥᠪ᠂ ᠳᠤᠮᠳᠠᠳᠤ ᠤᠯᠤᠰ ᠬᠢᠭᠡᠳ ᠫᠣᠷᠲ᠋ᠦ᠋ᠭᠠᠯ ᠬᠡᠯᠡᠨ᠎ᠤ ᠤᠯᠤᠰ᠎ᠤᠳ᠎ᠤᠨ ᠠᠷᠠᠯᠵᠢᠶ᠎ᠠ ᠬᠤᠳᠠᠯᠳᠤᠭᠠᠨ᠎ᠤ ᠬᠠᠮᠲᠤᠷᠠᠯᠴᠠᠭ᠎ᠠ᠎ᠶ᠋ᠢᠨ ᠦᠢᠯᠡᠴᠢᠯᠡᠬᠡᠨ᠎ᠤ ᠲᠠᠪᠴᠠᠩ ᠪᠠ ᠳᠤᠮᠳᠠᠳᠤ᠎ᠶ᠋ᠢᠨ ᠰᠣᠶᠣᠯ᠎ᠢᠶᠠᠷ ᠭᠤᠤᠯ ᠤᠷᠤᠰᠭᠠᠯ ᠪᠣᠯᠭᠠᠭ᠍ᠰᠠᠨ᠂ ᠣᠯᠠᠨ ᠡᠱᠢᠲᠦ ᠰᠣᠶᠣᠯ ᠬᠠᠮᠲᠤ᠎ᠪᠠᠷ ᠣᠷᠣᠱᠢᠬ᠍ᠰᠠᠨ ᠰᠣᠯᠢᠯᠴᠠᠭ᠎ᠠ ᠬᠠᠮᠲᠤᠷᠠᠯᠴᠠᠭᠠᠨ᠎ᠤ ᠰᠠᠭᠤᠷᠢᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠂ ᠬᠢᠲᠠᠳ ᠡᠮ ᠡᠮᠨᠡᠯᠭᠡ᠎ᠶ᠋ᠢᠨ ᠬᠠᠮ ᠡᠷᠡᠭᠦᠯ ᠮᠡᠨᠳᠦ᠂ ᠤᠨᠴᠠᠯᠢᠬ᠍ᠳᠤ ᠮᠥᠩᠭᠦᠨ ᠭᠦᠢᠯᠭᠡᠭᠡ᠂ ᠳᠡᠭᠡᠳᠦ ᠱᠢᠨ᠎ᠡ ᠮᠡᠷᠭᠡᠵᠢᠯ᠂ ᠬᠤᠷᠠᠯ ᠦᠵᠡᠰᠭᠦᠯᠡᠩ᠎ᠤᠨ ᠬᠤᠳᠠᠯᠳᠤᠭ᠎ᠠ ᠠᠷᠠᠯᠵᠢᠶ᠎ᠠ ᠵᠡᠷᠭᠡ ᠠᠵᠤ ᠦᠢᠯᠡᠰ᠎ᠤᠨ ᠥᠷᠢᠰᠦᠯᠳᠦᠬᠦ᠌ ᠬᠦᠴᠦᠨ᠎ᠢᠶᠠᠨ ᠳᠡᠭᠡᠭ᠌ᠰᠢᠯᠡᠭᠦᠯᠬᠦ᠌᠎ᠶ᠋ᠢ ᠳᠡᠮᠵᠢᠨ᠎ᠠ᠃ ᠱᠢᠶᠠᠩᠭᠠᠩ ᠣᠣᠮᠧᠨ᠎ᠤ ᠤᠯᠠᠨ ᠤᠯᠤᠰ᠎ᠤᠨ ᠳᠡᠭᠡᠳᠦ ᠲᠡᠰ᠎ᠤᠨ ᠴᠢᠳᠠᠪᠤᠷᠢᠲᠠᠨ ᠬᠤᠷᠠᠨ ᠴᠤᠬ᠍ᠯᠠᠷᠠᠬ᠍ᠰᠠᠨ ᠥᠨᠳᠦᠷᠯᠢᠭ ᠭᠠᠵᠠᠷ ᠪᠠᠢᠭᠤᠯᠬᠤ᠎ᠶ᠋ᠢ ᠲᠡᠮᠵᠢᠨ᠎ᠠ᠃
ᠬᠤᠶᠠᠳᠤᠭᠠᠷ ᠬᠡᠰᠡᠭ ᠱᠢᠶᠠᠩᠭᠠᠩ ᠣᠣᠮᠧᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠡᠩ ᠰᠠᠢᠨ ᠠᠭᠤᠰᠤᠨ ᠣᠷᠣᠬᠤ ᠪᠠ ᠦᠢᠯᠡᠴᠢᠯᠡᠬᠦ᠌᠎ᠶ᠋ᠢ ᠳᠡᠮᠵᠢᠨ᠎ᠡ
ᠱᠢᠶᠠᠩᠭᠠᠩ ᠣᠣᠮᠧᠨ ᠬᠢᠭᠡᠳ ᠳᠣᠲᠣᠷ᠎ᠠ ᠭᠠᠵᠠᠷ᠎ᠤᠨ ᠠᠵᠤ ᠠᠬᠤᠶ ᠠᠷᠠᠯᠵᠢᠶ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠬᠦᠮᠦᠨ ᠨᠡᠢᠭᠡᠮ ᠵᠡᠷᠭᠡ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠱᠢᠶᠠᠩᠭᠠᠩ ᠣᠣᠮᠧᠨ᠎ᠤ ᠰᠠᠭᠤᠭᠠᠯᠢ ᠠᠷᠠᠳ᠎ᠤᠨ ᠳᠣᠲᠣᠷ᠎ᠠ ᠭᠠᠵᠠᠷ᠎ᠲᠤ ᠠᠵᠢᠯ ᠦᠢᠯᠡᠰ ᠡᠷᠬᠢᠯᠡᠬᠦ᠌ ᠪᠠ ᠠᠮᠢᠳᠤᠷᠠᠬᠤ᠎ᠳᠤ ᠲᠦᠬᠦᠮ ᠦᠵᠡᠭᠦᠯᠬᠦ᠌ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠦᠨ᠎ᠡ᠃ ᠳᠣᠲᠣᠷ᠎ᠠ ᠭᠠᠵᠠᠷ᠎ᠤᠨ ᠮᠥᠩᠭᠦᠨ ᠭᠦᠢᠯᠭᠡᠭᠡᠨ᠎ᠤ ᠵᠠᠬ᠎ᠠ ᠳᠡᠯᠭᠡᠭᠦᠷ᠎ᠯᠦᠭᠡ ᠬᠤᠯᠪᠣᠯᠳᠤᠨ ᠨᠡᠪᠲᠡᠷᠡᠯᠴᠡᠬᠦ᠌᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠳᠣᠲᠣᠷ᠎ᠠ ᠭᠠᠵᠠᠷ᠎ᠯᠤᠭ᠎ᠠ ᠦᠢᠯᠡᠳᠪᠦᠷᠢᠯᠡᠬᠦ᠌ ᠵᠢᠭᠠᠬᠤ ᠰᠤᠳᠤᠯᠬᠤ ᠳᠠᠯ᠎ᠠ᠎ᠪᠠᠷ ᠱᠢᠨ᠎ᠡ᠎ᠶ᠋ᠢ ᠡᠭᠦᠳᠴᠦ᠍ ᠬᠠᠮᠵᠢᠯᠴᠠᠬᠤ᠎ᠶ᠋ᠢ ᠭᠦᠨᠵᠡᠭᠡᠢᠷᠡᠭᠦᠯᠦᠨ᠎ᠡ᠃ ᠭᠤᠸᠠᠩᠳᠦ᠋ᠩ ᠱᠢᠶᠠᠩᠭᠠᠩ ᠣᠣᠮᠧᠨ᠎ᠤ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠭᠤᠣᠯᠳᠠᠯᠭ᠎ᠠ᠎ᠲᠠᠢ ᠬᠦᠷᠢᠶᠡᠨ᠎ᠳᠠᠬᠢ ᠬᠠᠮᠲᠤᠷᠠᠯᠴᠠᠭ᠎ᠠ᠎ᠳᠤ ᠱᠢᠪᠲᠤᠯᠤᠯᠲᠠ ᠭᠠᠷᠭᠠᠬᠤ᠎ᠶ᠋ᠢ ᠦᠷᠭᠦᠯᠵᠢᠯᠡᠨ ᠠᠬᠢᠭᠤᠯᠵᠤ᠂ ᠭᠠᠷᠠᠮ᠂ ᠨᠢᠰᠭᠡᠯ᠎ᠤᠨ ᠪᠠᠭᠤᠳᠠᠯ ᠪᠣᠯᠤᠨ ᠳᠡᠮᠤᠷ ᠵᠠᠮ᠎ᠳᠦ ᠵᠠᠮ ᠬᠠᠷᠢᠯᠴᠠᠭ᠎ᠠ᠎ᠶ᠋ᠢ ᠬᠠᠮᠵᠢᠯᠴᠠᠨ ᠬᠥᠭ᠌ᠵᠢᠬᠦᠯᠬᠦ᠌᠎ᠶ᠋ᠢ ᠠᠬᠢᠭᠤᠯᠵᠤ᠂ ᠭᠤᠸᠠᠩᠵᠧᠦ᠍᠎ᠠᠴᠠ ᠵᠦᠬᠠᠢ (ᠣᠣᠮᠧᠨ) ᠬᠦᠷᠬᠦ᠌ ᠳᠡᠭᠡᠳᠦ ᠬᠤᠷᠳᠤᠴᠠᠳᠦ ᠲᠡᠮᠦᠷ ᠵᠠᠮ᠎ᠢ ᠪᠦᠲᠦᠭᠡᠨ ᠪᠠᠢᠭᠤᠯᠵᠤ᠂ ᠱᠢᠶᠠᠩᠭᠠᠩ ᠱᠧᠨᠵᠧᠨ᠎ᠤ ᠪᠠᠷᠠᠭᠤᠨ ᠬᠡᠰᠡᠭ᠎ᠤᠨ ᠲᠡᠮᠦᠷ ᠵᠠᠮ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠠᠬᠢᠭᠤᠯᠤᠨ᠎ᠠ᠃ ᠾᠸᠡᠭ᠌ᠴᠢᠨ ᠤᠤᠮᠧᠨ᠎ᠤ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢ ᠭᠦᠨᠵᠡᠭᠡᠢᠷᠡᠭᠦᠯᠵᠦ᠍᠂ ᠴᠢᠶᠠᠨᠬᠠᠶ᠂ ᠨᠠᠨᠱᠠ᠂ ᠾᠧ ᠲᠤᠤ ᠵᠡᠷᠭᠡ ᠴᠢᠬᠤᠯᠠ ᠶᠡᠭᠡ ᠬᠠᠮᠲᠤᠷᠠᠯᠴᠠᠭᠠᠨ᠎ᠤ ᠲᠠᠪᠴᠠᠩ᠎ᠢ ᠴᠢᠨᠠᠷ ᠰᠠᠢᠲᠠᠶ ᠪᠠᠢᠭᠤᠯᠤᠨ᠎ᠠ᠃ ᠣᠣᠮᠧᠨ᠎ᠤ ᠣᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠾᠧᠩᠴᠢᠨᠳᠠᠬᠢ ᠤᠷᠢᠳᠴᠢᠯᠠᠯ ᠪᠠᠷᠠᠭᠠᠨ᠎ᠤ ᠥᠷᠲᠡᠭᠡ᠎ᠶ᠋ᠢ ᠪᠠᠢᠭᠤᠯᠵᠤ᠂ ᠤᠤᠮᠧᠨ ᠾᠸᠡᠭ᠌ᠴᠢᠨᠤ ᠣᠯᠠᠨ ᠤᠯᠤᠰ᠎ᠤᠨ ᠰᠤᠷᠭᠠᠨ ᠬᠥᠮᠦᠵᠢᠯ (ᠶᠡᠭᠡ ᠰᠤᠷᠭᠠᠭᠤᠯᠢ)᠎ᠤᠨ ᠬᠤᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠤᠤᠮᠧᠨ᠎ᠤ ᠶᠡᠭᠡ ᠳᠡᠬᠡᠳᠦ ᠰᠤᠷᠭᠠᠭᠤᠯᠢ᠎ᠶ᠋ᠢᠨ ᠾᠧᠩᠴᠢᠨᠳᠤ ᠰᠤᠷᠭᠠᠭᠤᠯᠢ ᠡᠷᠬᠢᠯᠡᠬᠦ᠌᠎ᠪᠠᠨ ᠦᠷᠬᠡᠳᠭᠡᠬᠦ᠌᠎ᠶ᠋ᠢ ᠳᠡᠮᠵᠢᠨ᠎ᠡ᠃ ᠤᠯᠤᠰ᠎ᠤᠨ ᠭᠠᠳᠠᠭᠠᠳᠦ ᠨᠡᠭᠡᠭᠡᠯᠲᠡ ᠳᠤᠮᠳᠠ ᠱᠢᠶᠠᠩᠭᠠᠩ ᠣᠣᠮᠧᠨ᠎ᠤ ᠦᠢᠯᠡᠳᠦᠯ᠎ᠢ ᠨᠠᠩ ᠰᠠᠢᠨ ᠪᠠᠳᠠᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠱᠢᠶᠠᠩᠭᠠᠩ ᠣᠣᠮᠧᠨ᠎ᠤ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠶ᠎ᠪᠠᠷ ᠬᠠᠮᠲᠤ᠎ᠪᠠᠷ ᠪᠠᠢᠭᠤᠯᠬᠤ᠎ᠳᠤ ᠭᠦᠨᠵᠡᠭᠡᠶ ᠣᠷᠣᠯᠴᠠᠬᠤ᠂ ᠲᠤᠰᠭᠠᠶ ᠦᠢᠯᠡᠴᠢᠯᠡᠭᠡᠨ᠎ᠤ ᠳᠠᠪᠠᠭᠤᠯᠢᠭ᠎ᠢᠶᠠᠨ ᠪᠠᠳᠠᠷᠠᠭᠤᠯᠤᠨ ᠠᠵᠤ ᠠᠬᠤᠢᠯᠠᠯ᠎ᠤᠨ 《ᠭᠠᠳᠠᠬ᠍ᠰᠢ ᠭᠠᠷᠬᠤ》᠎ᠶ᠋ᠢ ᠬᠠᠪᠰᠤᠷᠬᠤ᠎ᠶ᠋ᠢ ᠳᠡᠮᠵᠢᠨ᠎ᠡ᠃ ᠱᠢᠶᠠᠩᠭᠠᠩ ᠣᠣᠮᠧᠨ᠎ᠤ ᠳᠤᠮᠳᠠᠳᠤ ᠡᠸᠦ᠋ᠷᠤᠫᠠ᠎ᠶ᠋ᠢᠨ ᠪᠣᠯᠪᠠᠰᠤᠨ᠎ᠤ ᠰᠣᠯᠢᠯᠴᠠᠭ᠎ᠠ ᠳᠤᠯᠢᠳᠠᠯᠭᠠᠳᠠᠬᠢ ᠴᠢᠬᠤᠯᠠ ᠴᠣᠩᠬᠤᠪᠴᠢ᠎ᠶ᠋ᠢᠨ ᠦᠢᠯᠡᠳᠦᠯ᠎ᠢ ᠪᠠᠳᠠᠷᠠᠭᠤᠯᠤᠨ᠎ᠠ᠃
ᠵᠢᠷᠠᠳᠤᠭᠠᠷ ᠪᠦᠯᠦᠭ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭ᠎ᠠ᠎ᠶ᠋ᠢᠨ ᠨᠠᠢᠷᠠᠮᠳᠠᠯ᠎ᠢᠶᠠᠷ ᠬᠥᠭ᠌ᠵᠢᠭᠦ᠎ᠶ᠋ᠢ ᠠᠬᠢᠭᠤᠯᠵᠤ᠂ ᠡᠬᠡ ᠤᠯᠤᠰ᠎ᠢᠶᠠᠨ ᠨᠢᠭᠡᠳᠭᠡᠬᠦ᠌ ᠶᠡᠭᠡ ᠦᠢᠯᠡᠰ᠎ᠢ ᠠᠬᠢᠭᠤᠯᠤᠨ᠎ᠠ
ᠱᠢᠨ᠎ᠡ ᠴᠠᠭ ᠦᠶ᠎ᠡ᠎ᠶ᠋ᠢᠨ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠶ ᠠᠷᠭ᠎ᠠ ᠪᠣᠳᠣᠯᠭ᠎ᠠ᠎ᠶ᠋ᠢ ᠭᠦᠨᠵᠡᠭᠡᠢᠷᠡᠬᠦᠯᠦᠨ ᠲᠤᠭᠤᠱᠢᠯᠠᠭᠤᠯᠵᠦ᠍᠂ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ ᠪᠠ 《ᠶᠡᠷᠡᠨ ᠬᠤᠶᠠᠷ ᠣᠨ᠎ᠤ ᠬᠠᠮᠲᠤ᠎ᠶ᠋ᠢᠨ ᠲᠠᠨᠢᠯᠲᠠ》᠎ᠶ᠋ᠢ ᠪᠠᠷᠢᠮᠲᠠᠯᠠᠵᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠬᠦᠴᠦᠨ᠎ᠳᠤ ᠡᠷᠡᠰ ᠴᠣᠬᠢᠯᠲᠠ ᠥᠭ᠌ᠴᠦ᠂ ᠭᠠᠳᠠᠭᠠᠳᠤ᠎ᠶ᠋ᠢᠨ ᠬᠦᠴᠦᠨ᠎ᠤ ᠭᠠᠷ ᠲᠦᠷᠦᠭᠦ᠎ᠶ᠋ᠢ ᠡᠰᠡᠷᠭᠦᠴᠡᠵᠦ᠍᠂ ᠲᠠᠢᠸᠠᠨ ᠬᠤᠭᠤᠯᠠᠶ᠎ᠶ᠋ᠢᠨ ᠡᠩᠬᠡ ᠲᠠᠢᠪᠤᠩ ᠲᠣᠭ᠍ᠲᠠᠭᠤᠨ ᠪᠠᠢᠳᠠᠯ᠎ᠢ ᠬᠠᠮᠠᠭᠠᠯᠠᠵᠤ᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭᠠᠨ᠎ᠤ ᠭᠤᠤᠯᠯᠠᠬᠤ ᠡᠷᠬᠡ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠵᠦ᠍᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠬ᠎ᠠ ᠳᠡᠭᠦᠤ ᠨᠡᠷ᠎ᠤᠨ ᠠᠵᠠ ᠵᠢᠷᠭᠠᠯ᠎ᠢ ᠨᠡᠮᠡᠭ᠌ᠳᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠭᠡᠷ ᠣᠷᠣᠨ᠎ᠢᠶᠠᠨ ᠡᠷᠡᠰ ᠰᠠᠬᠢᠨ ᠬᠠᠮᠠᠭᠠᠯᠠᠨ᠎ᠠ᠃
ᠨᠢᠭᠡᠳᠦᠭᠡᠷ ᠬᠡᠰᠡᠭ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭ᠎ᠠ᠎ᠶ᠋ᠢ ᠠᠬᠢᠭᠤᠯᠤᠨ᠎ᠠ
ᠲᠠᠢᠸᠠᠨ᠎ᠤ ᠠᠬ᠎ᠠ ᠳᠡᠭᠦᠦ ᠨᠡᠷ ᠲᠠᠢᠸᠠᠨ᠎ᠤ ᠠᠵᠤ ᠠᠬᠤᠢᠯᠠᠯ᠎ᠳᠤ ᠠᠱᠢᠭ ᠳᠤᠰᠠ ᠬᠦᠷᠲᠡᠭᠡᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠨᠡᠢᠲᠡᠯᠡᠨ ᠬᠡᠷᠡᠭ᠌ᠵᠢᠭᠦᠯᠵᠦ᠍᠂ ᠲᠠᠢᠸᠠᠨ᠎ᠤ ᠠᠬ᠎ᠠ ᠳᠡᠭᠦᠤ ᠨᠠᠷ ᠲᠠᠢᠸᠠᠨ᠎ᠤ ᠠᠵᠤ ᠠᠬᠤᠢᠯᠠᠯ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠶ ᠠᠭᠤᠰᠤᠨ ᠤᠷᠤᠬᠤ ᠪᠠ ᠦᠢᠯᠡᠴᠢᠯᠡᠬᠦ᠌᠎ᠶ᠋ᠢ ᠬᠥᠲᠥᠯᠥᠨ ᠵᠢᠯᠣᠭᠤᠳᠴᠤ᠌᠂ ᠲᠠᠢᠸᠠᠨ᠎ᠤ ᠠᠵᠤ ᠠᠬᠤᠢᠯᠠᠯ᠎ᠤᠨ ᠡᠬᠡ ᠬᠠᠭᠤᠷᠠᠶ᠎ᠳᠤ ᠦᠨᠳᠦᠰᠦ ᠬᠠᠳᠭᠤᠨ ᠬᠦᠭ᠌ᠵᠢᠬᠦ᠂ ᠤᠯᠤᠰ᠎ᠤᠨ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ ᠪᠣᠯᠤᠨ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠢᠭᠤᠯᠬᠤ᠎ᠳᠤ ᠣᠷᠣᠯᠴᠠᠬᠤ᠎ᠶ᠋ᠢ ᠳᠡᠮᠵᠢᠵᠦ᠍᠂ ᠠᠵᠤ ᠦᠢᠯᠡᠰ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠮᠲᠤ᠎ᠶ᠋ᠢᠨ ᠵᠠᠬ᠎ᠠ ᠳᠡᠯᠭᠡᠭᠦᠷ᠎ᠢ ᠪᠠᠢᠭᠤᠯᠤᠨ᠎ᠠ᠃ ᠹᠦᠵᠢᠶᠠᠨ᠎ᠤ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠭᠤᠰᠤᠯᠴᠠᠨ ᠬᠥᠭ᠌ᠵᠢᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠴᠢᠨᠠᠷ ᠰᠠᠢᠲᠠᠶ ᠪᠦᠳᠦᠭᠡᠨ ᠪᠠᠢᠭᠤᠯᠬᠤ᠎ᠶ᠋ᠢ ᠳᠡᠮᠵᠢᠵᠦ᠍᠂ ᠫᠢᠩᠲ᠋ᠠᠨ᠂ ᠺᠦᠨᠱᠠᠨ᠂ ᠳ᠋ᠦᠩᠭᠤᠸᠠᠨ ᠵᠡᠷᠭᠡ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠭᠤᠤᠯᠳᠠᠯᠭ᠎ᠠ᠎ᠲᠠᠢ ᠲᠠᠪᠴᠠᠩ ᠪᠠ ᠲᠠᠢᠸᠠᠨ ᠬᠤᠭᠤᠯᠠᠢ᠎ᠶ᠋ᠢᠨ ᠬᠤᠶᠠᠷ ᠳᠠᠯ᠎ᠠ᠎ᠶ᠋ᠢᠨ ᠠᠵᠦ᠍ ᠦᠢᠯᠡᠰ᠎ᠤᠨ ᠬᠠᠮᠳᠤᠷᠠᠯᠴᠠᠭᠠᠨ᠎ᠤ ᠤᠷᠤᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠤᠯᠠᠨ ᠲᠡᠰ ᠳᠠᠪᠬᠤᠷᠭ᠎ᠠ᠎ᠶ᠋ᠢᠨ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠮᠥᠩᠭᠦᠨ ᠭᠦᠢᠯᠭᠡᠭᠡᠨ᠎ᠤ ᠵᠠᠬ᠎ᠠ ᠳᠡᠯᠭᠡᠭᠦᠷ᠎ᠢ ᠪᠠᠢᠭᠤᠯᠬᠤ᠎ᠶ᠋ᠢ ᠲᠡᠮᠵᠢᠵᠤ᠂ ᠨᠥᠬᠦᠴᠡᠯ᠎ᠳᠤ ᠨᠡᠢᠴᠡᠬᠦ᠌ ᠲᠠᠢᠸᠠᠨ᠎ᠤ ᠪᠡᠯᠡ᠎ᠶ᠋ᠢᠨ ᠠᠵᠤ ᠠᠬᠤᠢᠯᠠᠯ᠎ᠤᠨ ᠡᠭᠡ ᠬᠠᠭᠤᠷᠠᠶ᠎ᠳᠤ ᠰᠲ᠋ᠤᠺ᠎ᠢᠶᠠᠨ ᠵᠠᠬ᠎ᠠ ᠳᠡᠯᠭᠡᠭᠦᠷ᠎ᠲᠤ ᠭᠠᠷᠭᠠᠬᠤ᠎ᠶ᠋ᠢ ᠵᠣᠷᠢᠬ᠍ᠵᠢᠭᠤᠯᠤᠨ᠎ᠠ᠃
ᠬᠤᠶᠠᠳᠤᠭᠠᠷ ᠬᠡᠰᠡᠭ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠰᠣᠯᠢᠯᠴᠠᠭ᠎ᠠ᠎ᠶ᠋ᠢ ᠭᠦᠨᠵᠡᠭᠡᠢᠷᠡᠭᠦᠯᠦᠨ᠎ᠡ
ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠵᠤ ᠠᠬᠤᠶ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠬᠤ ᠲᠦᠷᠢᠮ ᠪᠠ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠥᠮᠦᠰ᠎ᠤᠨ ᠶᠠᠪᠤᠯᠴᠠᠭ᠎ᠠ᠎ᠶ᠋ᠢ ᠥᠷᠭᠡᠳᠭᠡᠵᠦ᠍᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ᠎ᠶ᠋ᠢ ᠠᠬᠢᠭᠤᠯᠤᠨ᠎ᠠ᠃ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠰᠤᠷᠭᠠᠨ ᠬᠥᠮᠦᠵᠢᠯ᠂ ᠡᠮᠨᠡᠯᠭᠡ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠪᠠ ᠨᠡᠢᠭᠡᠮ᠎ᠤᠨ ᠪᠠᠲᠤᠯᠠᠭ᠎ᠠ᠂ ᠤᠯᠠᠨ ᠨᠡᠢᠲᠡ᠎ᠶ᠋ᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠎ᠶ᠋ᠢ ᠭᠦᠨᠵᠡᠭᠡᠢᠷᠡᠭᠦᠯᠦᠨ᠎ᠡ᠃ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠰᠣᠶᠣᠯ᠎ᠤᠨ ᠰᠣᠯᠢᠯᠴᠠᠭ᠎ᠠ᠎ᠶ᠋ᠢ ᠠᠬᠢᠭᠤᠯᠵᠤ᠂ ᠳᠤᠮᠳᠠᠳᠤ᠎ᠶ᠋ᠢᠨ ᠰᠣᠶᠣᠯ᠎ᠢ ᠬᠠᠮᠲᠤ᠎ᠪᠠᠷ ᠤᠯᠠᠮᠵᠢᠯᠠᠨ ᠪᠠᠳᠠᠷᠠᠭᠤᠯᠵᠤ᠂ ᠲᠠᠢᠸᠠᠨ᠎ᠤ ᠠᠬ᠎ᠠ ᠳᠡᠭᠦᠤ ᠨᠡᠷ᠎ᠤᠨ ᠦᠨᠳᠦᠰᠦᠲᠡᠨ᠎ᠤ ᠡᠨᠡᠭ᠌ᠰᠢᠯ᠂ ᠰᠣᠶᠣᠯ᠎ᠤᠨ ᠡᠨᠡᠭ᠌ᠰᠢᠯ᠂ ᠤᠯᠤᠰ ᠣᠷᠣᠨ᠎ᠤ ᠡᠨᠡᠭ᠌ᠰᠢᠯᠢ ᠨᠡᠮᠡᠭ᠌ᠳᠡᠭᠦᠯᠦᠨ᠎ᠡ᠃ ᠵᠠᠯᠠᠭᠤᠴᠤᠳ᠂ ᠦᠨᠳᠦᠰᠦᠨ ᠱᠠᠳᠤ ᠵᠡᠷᠭᠡ ᠲᠠᠯ᠎ᠠ᠎ᠶ᠋ᠢᠨ ᠰᠣᠯᠢᠯᠴᠠᠭ᠎ᠠ᠎ᠶ᠋ᠢ ᠴᠢᠩᠭᠠᠳᠭᠠᠵᠤ᠂ ᠲᠠᠢᠸᠠᠨ᠎ᠤ ᠵᠠᠯᠠᠭᠤᠴᠤᠳ᠎ᠤᠨ ᠡᠬᠡ ᠬᠠᠭᠤᠷᠠᠢ᠎ᠳᠤ ᠢᠷᠡᠵᠦ᠍ ᠬᠦᠰᠡᠭ᠌ᠰᠡᠨ᠎ᠢᠶᠠᠨ ᠬᠦᠭᠡᠭᠡᠴᠡᠯᠳᠦᠵᠦ᠍᠂ ᠬᠦᠰᠡᠭ᠌ᠰᠡᠨ᠎ᠢᠶᠠᠨ ᠬᠢᠵᠦ᠍᠂ ᠬᠦᠰᠡᠯ᠎ᠢᠶᠠᠨ ᠪᠡᠶᠡᠯᠡᠭᠦᠯᠬᠦ᠌᠎ᠳᠤ ᠦᠷᠭᠦᠯᠵᠢᠯᠡᠨ ᠨᠡᠩ ᠰᠠᠢᠨ ᠨᠥᠬᠦᠴᠡᠯ ᠡᠭᠦᠳᠴᠦ᠍ ᠥᠭ᠌ᠬᠦᠨ᠎ᠠ᠃ ᠲᠠᠢᠸᠠᠨ᠎ᠤ ᠠᠬ᠎ᠠ ᠳᠡᠭᠦᠤ ᠨᠡᠷ᠎ᠤᠨ ᠠᠳᠠᠯᠢ ᠳᠡᠭ᠌ᠰᠢ ᠬᠠᠷᠠᠭᠠᠯᠵᠠᠯ ᠬᠦᠷᠲᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠲᠠᠢᠸᠠᠨ᠎ᠤ ᠠᠬ᠎ᠠ ᠳᠡᠭᠦᠤ ᠨᠡᠷ᠎ᠤᠨ ᠡᠬᠡ ᠬᠠᠭᠤᠷᠠᠶ᠎ᠳᠤ ᠰᠤᠷᠤᠯᠴᠠᠬᠤ᠂ ᠠᠵᠢᠯᠯᠠᠬᠤ᠂ ᠠᠮᠢᠳᠤᠷᠠᠬᠤ᠎ᠳᠤ ᠨᠡᠩ ᠰᠠᠢᠨ ᠨᠥᠬᠦᠴᠡᠯ ᠡᠭᠦᠳᠴᠦ᠍ ᠥᠭ᠌ᠭᠦᠨ᠎ᠡ᠃ ᠥᠷᠭᠡᠨ ᠤᠯᠠᠨ ᠲᠠᠢᠸᠠᠨ᠎ᠤ ᠠᠬ᠎ᠠ ᠳᠡᠭᠦᠦ ᠨᠡᠷ᠎ᠲᠠᠢ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠥᠨᠢ ᠤᠳᠠᠭᠠᠨ ᠠᠵᠠ ᠵᠢᠷᠭᠠᠯ᠎ᠢ ᠬᠠᠮᠲᠤ᠎ᠪᠠᠷ ᠴᠣᠭ᠍ᠴᠠᠯᠠᠨ᠎ᠠ᠃
ᠠᠷᠪᠠᠨ ᠨᠠᠢ᠍ᠮᠠᠳᠤᠭᠠᠷ ᠠᠩᠬᠢ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠪᠠᠲᠤᠯᠠᠭ᠎ᠠ᠎ᠶ᠋ᠢ ᠴᠢᠩᠭᠠᠳᠭᠠᠨ᠎ᠠ
ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠴᠥᠬᠦᠷᠡᠰᠢ ᠦᠭᠡᠢ ᠠᠬᠢᠭᠤᠯᠵᠤ᠂ ᠨᠠᠮ᠎ᠤᠨ ᠤᠯᠤᠰ ᠲᠥᠷᠥ᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ ᠨᠡᠢᠲᠠ᠎ᠶ᠋ᠢ ᠤᠷᠢᠶᠠᠯᠠᠬᠤ ᠬᠦᠴᠦᠨ᠎ᠢ ᠴᠢᠩᠭᠠᠷᠠᠭᠤᠯᠤᠨ᠂ ᠨᠠᠮ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠤᠳᠤᠷᠢᠳᠭᠤ ᠴᠢᠳᠠᠪᠤᠷᠢ ᠪᠠ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠤᠯᠤᠰ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠲᠦᠷᠢᠮ᠎ᠤᠨ ᠱᠢᠰᠲ᠋ᠧᠮ᠎ᠢ ᠪᠦᠷᠢᠨᠱᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠰᠦᠷ ᠳᠠᠯᠠᠢᠴᠠᠲᠠᠶ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃
ᠵᠢᠷᠠᠨ ᠨᠢᠭᠡᠳᠦᠭᠡᠷ ᠪᠦᠯᠦᠭ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠨ᠎ᠠ
ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶ᠋ᠢ ᠵᠣᠬᠢᠴᠠᠭᠤᠯᠬᠤ ᠤᠳᠤᠷᠢᠳᠭᠤ ᠭᠤᠣᠯᠯᠠᠭ᠍ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠶ᠋ᠢ ᠠᠬᠢᠭᠤᠯᠬᠤ᠎ᠳᠤ ᠦᠨᠳᠦᠰᠦᠨ ᠪᠠᠲᠤᠯᠠᠭ᠎ᠠ ᠬᠠᠩᠭᠠᠨ᠎ᠠ᠃
ᠨᠢᠭᠡᠳᠦᠭᠡᠷ ᠬᠡᠰᠡᠭ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠪᠦᠬᠦ᠌ ᠶᠠᠪᠤᠴᠠ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠨ᠎ᠠ
ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ᠎ᠢᠶᠠᠷ ᠦᠷᠭᠦᠯᠵᠢᠯᠡᠨ ᠦᠵᠡᠯ ᠰᠠᠨᠠᠭ᠎ᠠ᠎ᠪᠠᠨ ᠨᠢᠭᠡᠳᠭᠡᠨ᠂ ᠵᠣᠷᠢᠭ ᠰᠠᠨᠠᠭ᠎ᠠ᠎ᠪᠠᠨ ᠨᠢᠭᠡᠳᠭᠡᠨ᠂ ᠦᠢᠯᠡ ᠠᠵᠢᠯᠯᠠᠭ᠎ᠠ᠎ᠪᠠᠨ ᠨᠢᠭᠡᠳᠭᠡᠨ᠎ᠡ᠃ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠳᠠᠶ᠋ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠣᠭᠤᠳᠤᠨ ᠠᠬᠢᠭᠤᠯᠬᠤ᠎ᠶ᠋ᠢ ᠴᠢᠩᠭᠠᠳᠭᠠᠵᠤ᠂ ᠠᠵᠢᠯ᠎ᠤᠨ ᠬᠤᠪᠢᠶᠠᠷᠢᠯᠠᠯ᠎ᠨᠢ ᠲᠣᠳᠣᠷᠬᠠᠶ᠂ ᠬᠠᠮᠵᠢᠯᠴᠠᠵᠤ ᠬᠤᠯᠪᠣᠯᠳᠤᠨ ᠬᠥᠳᠡᠯᠦᠯᠴᠡᠭ᠌ᠰᠡᠨ᠂ ᠥᠷᠭᠡᠨ᠎ᠢᠶᠠᠷ ᠣᠷᠣᠯᠴᠠᠭ᠍ᠰᠠᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠠᠵᠢᠯ᠎ᠤᠨ ᠪᠠᠢᠷᠢᠱᠢᠯ᠎ᠢ ᠪᠦᠷᠢᠯᠳᠦᠭᠦᠯᠦᠨ᠂ ᠳᠡᠭᠡᠭ᠌ᠰᠢ ᠳᠣᠭᠤᠭ᠍ᠰᠢ ᠨᠡᠪᠲᠡᠷᠡᠯᠴᠡᠭ᠌ᠰᠡᠨ ᠪᠦᠭᠡᠳ ᠬᠡᠷᠡᠭ᠌ᠵᠢᠭᠦᠯᠦᠯᠲᠡ᠎ᠨᠢ ᠬᠦᠴᠦᠲᠠᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠠᠷᠠᠳᠴᠢᠯᠠᠯ ᠲᠥᠪᠯᠡᠷᠡᠯ᠎ᠤᠨ ᠶᠣᠰᠣ᠎ᠶ᠋ᠢ ᠪᠦᠷᠢᠨᠱᠢᠭᠦᠯᠦᠨ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠪᠤᠳᠤᠯᠭ᠎ᠠ ᠲᠣᠭ᠍ᠲᠠᠭᠠᠬᠤ᠎ᠶ᠋ᠢ ᠪᠠᠷᠢᠮᠲᠠᠯᠠᠨ᠎ᠠ᠃ ᠬᠡᠯᠪᠡᠷᠢ᠎ᠶ᠋ᠢᠨ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠠᠵᠢᠯ᠎ᠢ ᠭᠦᠨᠵᠡᠭᠡᠢᠷᠡᠭᠦᠯᠦᠨ ᠥᠷᠨᠢᠭᠦᠯᠦᠨ᠎ᠡ᠃ ᠲᠥᠯᠥᠪᠵᠢᠭᠦᠯᠭᠡ᠎ᠶ᠋ᠢᠨ ᠳᠤᠮᠳᠠ ᠬᠤᠭᠤᠴᠠᠭᠠᠨ᠎ᠤ ᠦᠨᠡᠯᠡᠨ ᠵᠢᠱ᠌ᠢᠯᠲᠡ᠂ ᠳ᠋ᠦᠩᠨᠡᠯᠲᠡ ᠬᠢᠵᠦ᠍ ᠦᠨᠡᠯᠡᠨ ᠵᠢᠱ᠌ᠢᠭ᠌ᠰᠡᠨ ᠪᠠᠢᠳᠠᠯ ᠪᠠ ᠬᠡᠷᠡᠭ᠌ᠵᠢᠭᠦᠯᠬᠦ᠌᠎ᠶ᠋ᠢᠨ ᠶᠠᠪᠤᠴᠠ᠎ᠳᠠᠬᠢ ᠴᠢᠬᠤᠯᠠ ᠶᠡᠭᠡ ᠪᠠᠢᠳᠠᠯ᠎ᠤᠨ ᠳᠤᠬᠠᠢ ᠴᠠᠭ ᠲᠤᠬᠠᠶ᠎ᠳᠤᠨᠢ ᠨᠠᠮ᠎ᠤᠨ ᠲᠥᠪ ᠬᠤᠷᠢᠶ᠎ᠠ᠎ᠠᠴᠠ ᠵᠢᠭᠠᠪᠤᠷᠢ ᠠᠪᠬᠤ ᠪᠠ ᠨᠠᠮ᠎ᠤᠨ ᠲᠥᠪ ᠬᠤᠷᠢᠶ᠎ᠠ᠎ᠳᠤ ᠮᠡᠳᠡᠭᠦᠯᠵᠦ᠍᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠴᠢᠬᠤᠯᠠ ᠠᠵᠢᠯ᠎ᠤᠨ ᠠᠭᠤᠯᠭ᠎ᠠ ᠪᠣᠯᠭᠠᠵᠤ ᠨᠠᠮ᠎ᠤᠨ ᠲᠥᠪ ᠬᠤᠷᠢᠶ᠎ᠠ᠎ᠳᠤ ᠮᠡᠳᠡᠭᠦᠯᠬᠦ᠌ ᠬᠡᠷᠡᠭ᠌ᠲᠡᠢ᠃ ᠡᠯ᠎ᠡ ᠬᠦᠷᠢᠶᠡᠨ᠎ᠳᠠᠬᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ᠎ᠶ᠋ᠢ ᠴᠢᠩᠭᠠᠷᠠᠭᠤᠯᠤᠨ᠂ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠤᠨ᠎ᠠ᠃ ᠬᠥᠳᠡᠯᠮᠦᠷᠢ᠎ᠶ᠋ᠢ ᠬᠦᠨᠳᠦᠳᠭᠡᠬᠦ᠂ ᠮᠡᠳᠡᠯᠭᠡ᠎ᠶ᠋ᠢ ᠬᠦᠨᠳᠦᠳᠭᠡᠬᠦ᠂ ᠴᠢᠳᠠᠪᠤᠷᠢᠲᠠᠨ᠎ᠢ ᠬᠦᠨᠳᠦᠳᠭᠡᠬᠦ᠂ ᠡᠭᠦᠳᠦᠨ ᠪᠦᠲᠦᠭᠡᠯᠲᠡ᠎ᠶ᠋ᠢ ᠬᠦᠨᠳᠦᠳᠭᠡᠬᠦ᠌ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠨᠡᠢᠭᠡᠮ ᠳᠠᠶᠠᠭᠠᠷ᠎ᠤᠨ ᠠᠵᠢᠯ ᠬᠢᠵᠦ᠍ ᠠᠳᠠᠯ ᠦᠢᠯᠡᠰ ᠴᠣᠭ᠍ᠴᠠᠯᠠᠬᠤ᠂ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠬᠥᠮᠦᠨ ᠪᠦᠬᠦᠨ᠎ᠤ ᠠᠪᠢᠶᠠᠰ ᠴᠢᠳᠠᠪᠤᠷᠢ᠎ᠶ᠋ᠢ ᠪᠦᠷᠢᠨ ᠪᠠᠳᠠᠷᠠᠭᠤᠯᠬᠤ᠂ ᠡᠷᠳᠡᠮ ᠴᠢᠳᠠᠪᠤᠷᠢ᠎ᠶ᠋ᠢ ᠭᠦᠢᠴᠡᠳ ᠬᠡᠷᠡᠭ᠌ᠯᠡᠬᠦ᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠬᠦ᠂ ᠬᠦᠴᠦ᠍᠎ᠪᠠᠨ ᠬᠠᠮᠲᠤᠳᠭᠠᠨ ᠤᠷᠤᠭ᠍ᠰᠢᠯᠠᠨ ᠳᠠᠪᠱᠢᠬᠤ ᠠᠮᠢᠳᠤᠯᠢᠭ ᠪᠠᠢᠳᠠᠯ᠎ᠢ ᠪᠤᠢ ᠪᠣᠯᠭᠠᠨ᠎ᠠ᠃
ᠬᠤᠶᠠᠳᠤᠭᠠᠷ ᠬᠡᠰᠡᠭ ᠺᠠᠳ᠋ᠷ᠎ᠤᠨ ᠡᠩᠨᠡᠭᠡ᠎ᠶ᠋ᠢᠨ ᠣᠳᠣᠬᠢᠴᠢᠯᠠᠬᠤ ᠪᠦᠳᠦᠭᠡᠨ ᠪᠠᠢᠭᠤᠯᠤᠯᠲᠠ ᠬᠢᠬᠦ᠌ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠴᠢᠩᠭᠠᠷᠠᠭᠤᠯᠤᠨ᠎ᠠ
ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠪᠠᠷᠢᠮᠵᠢᠶ᠎ᠠ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠤᠳᠤᠷᠢᠳᠭᠤ ᠪᠠᠭ ᠪᠠ ᠺᠠᠳ᠋ᠷ᠎ᠤᠨ ᠡᠩᠨᠡᠭᠡ᠎ᠶ᠋ᠢ ᠪᠠᠢᠭᠤᠯᠤᠨ ᠬᠦᠴᠦᠷᠬᠡᠭ᠌ᠵᠢᠭᠦᠯᠦᠨ᠎ᠡ᠃ ᠡᠯ᠎ᠡ ᠱᠠᠲᠤᠨ᠎ᠤ ᠺᠠᠳ᠋ᠷ᠎ᠤᠨ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠰᠤᠷᠭᠠᠨ ᠬᠦᠮᠦᠵᠢᠭᠦᠯᠬᠦ᠌ ᠪᠠ ᠬᠥᠲᠥᠯᠥᠨ ᠵᠢᠯᠣᠭᠤᠳᠴᠤ᠌᠂ ᠪᠣᠳᠠᠲᠤ ᠪᠠᠢᠳᠠᠯ᠎ᠠᠴᠠ ᠡᠭᠦᠰᠭᠦ᠂ ᠵᠢᠮ᠎ᠡ ᠬᠠᠤᠯᠢ ᠶᠣᠰᠤᠭᠠᠷ ᠠᠵᠢᠯᠯᠠᠬᠤ᠎ᠶ᠋ᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠠᠷᠠᠳ ᠲᠦᠮᠡᠨ᠎ᠤ ᠲᠥᠯᠥᠭᠡ ᠵᠠᠰᠠᠭ᠎ᠤᠨ ᠠᠵᠢᠯ᠎ᠤᠨ ᠠᠮᠵᠢᠯᠲᠠ ᠭᠠᠷᠭᠠᠬᠤ ᠪᠠ ᠪᠣᠳᠠᠲᠠᠶ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠠᠮᠵᠢᠯᠲᠠ ᠭᠠᠷᠭᠠᠵᠤ᠂ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠲᠤᠬᠠᠢ ᠵᠥᠪ ᠦᠵᠡᠯᠲᠡ᠎ᠪᠠᠷ ᠴᠢᠨᠠᠷ ᠰᠠᠢᠲᠠᠢ᠂ ᠦᠷᠭᠦᠯᠵᠢᠯᠡᠬᠦ᠋ᠢᠴᠡ ᠬᠥᠭ᠌ᠵᠢᠯᠲᠡ᠎ᠶ᠋ᠢ ᠠᠬᠢᠭᠤᠯᠵᠤ᠂ ᠪᠣᠳᠠᠲᠤ ᠠᠮᠵᠢᠯᠲᠠ ᠪᠣᠳᠠᠲᠤ ᠪᠦᠲᠦᠮᠵᠢ᠎ᠪᠠᠷ ᠠᠷᠠᠳ ᠤᠯᠠᠨ᠎ᠤ ᠱᠢᠨ᠎ᠡ ᠱᠠᠭᠠᠷᠳᠠᠯᠭ᠎ᠠ ᠱᠢᠨ᠎ᠡ ᠡᠷᠡᠮᠡᠯᠵᠡᠯ᠎ᠳᠤ ᠬᠠᠷᠢᠭᠤᠯᠲᠠ ᠥᠭ᠌ᠭᠦᠨ᠎ᠡ᠃ ᠢᠯᠭᠠᠭᠠᠵᠢᠭᠤᠯᠤᠭ᠍ᠰᠠᠨ ᠬᠢᠨᠠᠨ ᠱᠢᠯᠭᠠᠵᠤ ᠦᠨᠡᠯᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠬᠢᠨᠠᠨ ᠱᠢᠯᠭᠠᠯᠲᠠ᠎ᠶ᠋ᠢᠨ ᠬᠠᠨᠳᠤᠯᠭᠠᠲᠤ ᠴᠢᠨᠠᠷ ᠪᠠ ᠱᠢᠨᠵᠢᠯᠡᠬᠦ᠌ ᠤᠬᠠᠭᠠᠨᠴᠢ ᠴᠢᠨᠠᠷ᠎ᠢ ᠳᠡᠭᠡᠭ᠌ᠰᠢᠯᠡᠭᠦᠯᠦᠨ᠎ᠡ᠃ ᠬᠥᠮᠦᠵᠢᠯ ᠪᠣᠯᠪᠠᠰᠤᠷᠠᠭᠤᠯᠤᠯ ᠪᠠ ᠦᠢᠯᠡᠳᠦᠯᠭᠡ᠎ᠶ᠋ᠢᠨ ᠳᠠᠪᠲᠠᠯᠲᠠ᠎ᠶ᠋ᠢ ᠴᠢᠩᠭᠠᠳᠭᠠᠵᠤ᠂ ᠺᠠᠳ᠋ᠷ᠎ᠤᠨ ᠡᠩᠨᠡᠭᠡ᠎ᠶ᠋ᠢᠨ ᠣᠳᠣᠬᠢᠴᠢᠯᠠᠬᠤ ᠪᠦᠲᠦᠭᠡᠨ ᠪᠠᠢᠭᠤᠯᠤᠯᠲᠠ ᠬᠢᠬᠦ᠌ ᠡᠷᠳᠡᠮ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠢᠷᠠᠯᠠᠬᠤ᠎ᠶ᠋ᠢ ᠤᠶᠠᠯᠳᠤᠭᠤᠯᠬᠤ᠂ ᠤᠷᠮᠠᠱᠢᠭᠤᠯᠬᠤ ᠪᠠ ᠬᠢᠵᠠᠭᠠᠷᠯᠠᠬᠤ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠺᠠᠳ᠋ᠷ᠎ᠤᠨ ᠡᠩᠨᠡᠭᠡ᠎ᠶ᠋ᠢᠨ ᠳᠣᠲᠣᠭᠠᠳᠤ ᠬᠥᠳᠡᠯᠭᠡᠭ᠌ᠴᠢ ᠬᠦᠴᠦᠨ ᠪᠠ ᠪᠦᠬᠦᠯᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃
ᠭᠤᠷᠪᠠᠳᠤᠭᠠᠷ ᠬᠡᠰᠡᠭ ᠨᠠᠮ ᠪᠠ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠢ ᠲᠡᠭᠦᠯᠳᠡᠷᠵᠢᠭᠦᠯᠦᠨ᠎ᠡ
ᠨᠡᠩ ᠦᠨᠳᠦᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠠᠬᠢᠭᠤᠯᠵᠤ᠂ ᠨᠠᠮ᠎ᠠᠴᠠ ᠨᠢᠭᠡᠳᠦᠯᠲᠡᠶ ᠤᠳᠤᠷᠢᠳᠤᠭ᠍ᠰᠠᠨ᠂ ᠪᠦᠬᠦ᠌ ᠲᠠᠯ᠎ᠠ᠎ᠶ᠋ᠢ ᠬᠠᠮᠤᠷᠤᠭ᠍ᠰᠠᠨ᠂ ᠡᠷᠬᠡ ᠰᠦᠷ᠎ᠲᠠᠢ ᠪᠥᠭᠡᠳ ᠥᠨᠳᠥᠷ ᠪᠦᠲᠦᠮᠵᠢᠲᠡᠶ ᠬᠢᠨᠠᠯᠲᠠ ᠲᠠᠯᠪᠢᠬᠤ ᠱᠢᠰᠲ᠋ᠧᠮ᠎ᠢ ᠪᠦᠷᠢᠨᠱᠢᠭᠦᠯᠵᠦ᠍᠂ ᠡᠷᠬᠡ᠎ᠶ᠋ᠢᠨ ᠲᠤᠬᠢᠷᠠᠭᠤᠯᠤᠯᠳᠠ᠂ ᠠᠵᠢᠯᠯᠠᠭ᠎ᠠ᠎ᠨᠢ ᠵᠢᠷᠤᠮᠵᠢᠭᠤᠯᠬᠤ ᠪᠠ ᠲᠡᠭᠦᠨ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠡᠷᠬᠡ ᠣᠯᠭᠤᠬᠤ ᠡᠷᠬᠡ᠎ᠶ᠋ᠢ ᠬᠡᠷᠡᠭ᠌ᠯᠡᠬᠦ᠌ ᠡᠷᠬᠡ᠎ᠶ᠋ᠢ ᠬᠢᠵᠠᠭᠠᠷᠯᠠᠬᠤ᠎ᠶ᠋ᠢ ᠨᠢᠭᠡᠳᠭᠡᠬᠦ᠂ ᠲᠣᠳᠣ ᠢᠯᠡᠷᠬᠡᠢ ᠪᠥᠭᠡᠳ ᠥᠭ᠌ᠰᠦᠭᠦᠯᠦᠨ ᠨᠡᠭᠡᠮᠵᠢᠯᠡᠵᠦ᠍ ᠪᠣᠯᠬᠤ ᠳᠦᠷᠢᠮ ᠲᠣᠭ᠍ᠲᠠᠴᠠ᠎ᠶ᠋ᠢ ᠪᠦᠷᠢᠨᠱᠢᠭᠦᠯᠵᠦ᠍᠂ ᠬᠠᠤᠯᠢ ᠳᠣᠭ᠍ᠲᠠᠭᠠᠯ ᠳᠦᠷᠢᠮ᠎ᠤᠨ ᠭᠦᠢᠴᠡᠳᠭᠡᠬᠦ᠌ ᠬᠦᠴᠦᠨ᠎ᠢ ᠴᠢᠩᠭᠠᠷᠠᠭᠤᠯᠤᠨ᠂ ᠴᠡᠪᠡᠷ ᠠᠷᠢᠭᠤᠨ ᠲᠥᠪ ᠴᠢᠬᠡᠴᠢ ᠤᠯᠤᠰ ᠲᠥᠷᠥ᠎ᠶ᠋ᠢᠨ ᠠᠮᠢ ᠠᠬᠤᠶ᠎ᠶ᠋ᠢ ᠪᠤᠢ ᠪᠣᠯᠭᠠᠨ᠎ᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠤᠯᠤᠰ ᠲᠦᠷᠦ᠍᠎ᠶ᠋ᠢᠨ ᠬᠢᠨᠠᠯᠲᠠ᠎ᠶ᠋ᠢ ᠪᠣᠳᠠᠲᠠᠢᠵᠢᠭᠤᠯᠬᠤ᠂ ᠨᠠᠷᠢᠯᠢᠭ ᠣᠨᠣᠴᠠᠲᠠᠢ ᠪᠠᠢᠯᠭᠠᠬᠤ᠂ ᠪᠠᠢᠩᠭᠤᠵᠢᠭᠤᠯᠬᠤ᠎ᠶ᠋ᠢ ᠠᠬᠢᠭᠤᠯᠵᠤ᠂ ᠤᠯᠤᠰ ᠲᠦᠷᠦ᠍᠎ᠶ᠋ᠢᠨ ᠲᠣᠭᠤᠷᠢᠨ ᠪᠠᠢᠴᠠᠭᠠᠯᠲᠠ᠎ᠶ᠋ᠢᠨ ᠬᠤᠷᠴᠠ ᠰᠡᠯᠡᠮ᠎ᠡ᠎ᠶ᠋ᠢᠨ ᠦᠢᠯᠡᠳᠦᠯ᠎ᠢ ᠪᠠᠳᠠᠷᠠᠭᠤᠯᠤᠨ᠎ᠠ᠃ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠦᠷᠡᠰᠢ ᠦᠭᠡᠢ ᠨᠠᠢᠳᠠᠪᠤᠷᠢᠵᠢᠭᠤᠯᠵᠤ᠂ ᠡᠯ᠎ᠡ ᠵᠦᠢᠯ᠎ᠤᠨ ᠲᠥᠪ ᠪᠤᠰᠤ ᠰᠤᠷᠲᠠᠯ᠎ᠢ ᠴᠢᠩᠭ᠎ᠠ ᠬᠤᠷᠢᠭ᠍ᠯᠠᠨ ᠵᠣᠭ᠍ᠰᠣᠭᠠᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠬᠤ ᠪᠠ ᠤᠷᠲᠤ ᠬᠤᠭᠤᠴᠠᠭ᠎ᠠ᠎ᠪᠠᠷ ᠪᠦᠲᠦᠮᠵᠢᠲᠡᠶ ᠪᠠᠢᠯᠭᠠᠬᠤ᠎ᠶ᠋ᠢ ᠠᠬᠢᠭᠤᠯᠤᠨ᠎ᠠ᠃ ᠢᠯᠵᠢᠷᠠᠯ᠎ᠢ ᠡᠰᠡᠷᠭᠦᠴᠡᠬᠦ᠌ ᠠᠵᠢᠯ᠎ᠢ ᠡᠭᠦᠷᠢᠳᠡ ᠵᠤᠬ᠍ᠰᠤᠰᠢ ᠦᠭᠡᠢ ᠬᠢᠬᠦ᠌ ᠰᠡᠷᠬᠡᠭ ᠳᠠᠨᠢᠯᠳᠠ ᠪᠠ ᠡᠷᠡᠰ ᠵᠤᠷᠢᠭ᠎ᠢᠶᠠᠨ ᠪᠠᠲᠤᠯᠠᠨ᠂ ᠢᠯᠵᠢᠷᠠᠬᠦ᠌ ᠵᠤᠷᠢᠬ ᠦᠭᠡᠢ᠂ ᠢᠯᠵᠢᠷᠠᠵᠤ ᠳᠡᠢᠯᠬᠦ᠌ ᠦᠭᠡᠢ᠂ ᠢᠯᠵᠢᠷᠠᠬᠦ᠌ᠶ᠋ᠢ ᠪᠤᠳᠤᠬᠤ ᠦᠭᠡᠢ ᠪᠤᠯᠭᠠᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠢᠯᠵᠢᠷᠡᠯ᠎ᠤᠨ ᠡᠭᠦᠰᠦᠨ ᠳᠡᠯᠭᠡᠷᠡᠬᠦ᠌ ᠬᠥᠷᠥᠰᠦ ᠱᠢᠷᠣᠢ ᠪᠠ ᠨᠥᠬᠦᠴᠡᠯ᠎ᠢ ᠬᠦᠴᠦᠯᠡᠨ ᠠᠷᠢᠯᠭᠠᠵᠤ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠂ ᠤᠳᠠᠭᠠᠨ ᠳᠠᠭᠠᠭᠠᠮᠠᠭᠠᠶ ᠳᠠᠢᠨ᠂ ᠪᠦᠬᠦ᠌ ᠲᠠᠯ᠎ᠠ᠎ᠶ᠋ᠢᠨ ᠲᠠᠢᠨ᠎ᠢ ᠡᠷᠡᠰ ᠰᠠᠢᠲᠤᠷ ᠬᠢᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠡᠯ᠎ᠢ ᠡᠰᠡᠷᠭᠦᠴᠡᠬᠦ᠌ ᠵᠠᠮ᠎ᠢᠶᠠᠷ ᠡᠷᠡᠰ ᠭᠤᠢᠪᠢᠰᠢ ᠦᠭᠡᠢ᠎ᠪᠠᠷ ᠰᠠᠢᠲᠤᠷ ᠵᠠᠮᠨᠠᠨ᠎ᠠ᠃ ᠠᠯᠪᠠᠨ ᠳᠤᠱᠢᠶᠠᠯᠳᠠᠨ ᠪᠠ ᠬᠤᠳᠠᠯᠳᠤᠭᠠᠴᠢᠨ ᠰᠦᠯᠪᠡᠭᠡᠯᠡᠨ ᠤᠯᠤᠰ ᠲᠥᠷᠥ᠎ᠶ᠋ᠢᠨ ᠠᠮᠢ ᠠᠬᠤᠶ ᠪᠣᠯᠣᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠣᠷᠴᠢᠨ ᠨᠦᠭᠦᠴᠡᠯ᠎ᠢ ᠡᠪᠳᠡᠭ᠌ᠰᠡᠨ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠡᠷᠬᠡ ᠲᠥᠪᠯᠡᠷᠡᠭ᠌ᠰᠡᠨ᠂ ᠪᠡᠯᠡ ᠮᠥᠩᠭᠦ᠌ ᠬᠤᠷᠠᠭ᠍ᠰᠠᠨ᠂ ᠡᠬᠢ ᠪᠠᠶᠠᠯᠢᠭ ᠡᠯᠪᠡᠭ᠌ᠵᠢᠭ᠌ᠰᠡᠨ ᠬᠦᠷᠢᠶᠡᠨ᠎ᠳᠠᠬᠢ ᠢᠯᠵᠢᠷᠡᠯ᠎ᠢ ᠴᠢᠩᠭ᠎ᠠ ᠪᠠᠢᠴᠠᠭᠠᠵᠦ᠍᠂ ᠱᠢᠨ᠎ᠡ ᠬᠡᠯᠪᠡᠷᠢ᠎ᠶ᠋ᠢᠨ ᠢᠯᠵᠢᠷᠡᠯ ᠪᠠ ᠳᠠᠯᠳᠠ ᠢᠯᠵᠢᠷᠡᠯ᠎ᠢ ᠪᠦᠲᠦᠮᠵᠢᠲᠡᠶ ᠰᠡᠷᠭᠡᠢᠯᠡᠨ ᠵᠠᠰᠠᠵᠤ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ ᠦᠷᠭᠦᠯᠵᠢᠯᠡᠨ ᠭᠦᠨᠵᠡᠭᠡᠢᠷᠡᠭᠦᠯᠦᠨ ᠴᠡᠭ᠌ᠴᠡᠯᠡᠨ ᠵᠠᠰᠠᠨ᠎ᠠ᠃ 《ᠨᠢᠭᠡᠳᠦᠭᠡᠷ ᠭᠠᠷ》 ᠵᠡᠷᠭᠡ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠪᠠ ᠵᠠᠯᠠᠭᠤ ᠺᠠᠳ᠋ᠷ ᠵᠡᠷᠭᠡ ᠭᠤᠣᠯᠳᠠᠯᠭ᠎ᠠ᠎ᠲᠠᠢ ᠬᠠᠮᠲᠤᠯᠢᠭ᠎ᠲᠤ ᠲᠠᠯᠪᠢᠬᠤ ᠬᠢᠨᠠᠯᠲᠠ᠎ᠪᠠᠨ ᠴᠢᠩᠭᠠᠳᠭᠠᠵᠤ᠂ ᠬᠡᠭᠡᠯᠢ ᠢᠳᠡᠬᠦ᠌ ᠪᠠ ᠬᠠᠭ᠍ᠤᠤᠯᠢ ᠲᠦᠯᠬᠢᠬᠦ᠌᠎ᠶ᠋ᠢ ᠬᠠᠮᠲᠤᠳᠤᠨᠢ ᠪᠠᠢᠴᠠᠭᠠᠬᠤ᠎ᠶ᠋ᠢ ᠭᠦᠨᠵᠡᠭᠡᠢᠷᠡᠭᠦᠯᠦᠨ᠎ᠡ᠃ ᠢᠯᠵᠢᠷᠡᠯ᠎ᠢ ᠡᠰᠡᠷᠭᠦᠴᠡᠬᠦ᠌ ᠲᠤᠬᠠᠢ ᠤᠯᠤᠰ᠎ᠤᠨ ᠬᠠᠤᠯᠢ ᠲᠣᠭ᠍ᠲᠠᠭᠠᠯᠲᠠ᠎ᠶ᠋ᠢ ᠠᠬᠢᠭᠤᠯᠤᠨ᠎ᠠ᠃ ᠨᠠᠮ᠎ᠤᠨ ᠳᠣᠲᠣᠭᠠᠳᠤ᠎ᠶ᠋ᠢᠨ ᠬᠢᠨᠠᠯᠲᠠ᠎ᠪᠠᠷ ᠭᠤᠣᠯ ᠤᠳᠤᠷᠢᠳᠤᠮᠵᠢ ᠪᠣᠯᠭᠠᠨ᠂ ᠡᠯ᠎ᠡ ᠲᠦᠷᠦᠯ᠎ᠤᠨ ᠬᠢᠨᠠᠯᠲᠠ᠎ᠶ᠋ᠢ ᠨᠡᠪᠲᠡᠷᠡᠯᠴᠡᠭᠦᠯᠦᠨ ᠵᠣᠬᠢᠴᠠᠭᠤᠯᠬᠤ᠎ᠶ᠋ᠢ ᠠᠬᠢᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠬᠢᠨᠠᠯᠲᠠ ᠪᠠ ᠬᠢᠨᠠᠨ ᠪᠤᠳᠤᠯᠳᠠ᠎ᠶ᠋ᠢᠨ ᠬᠢᠨᠠᠯᠲᠠ᠂ ᠡᠳ᠋᠎ᠤᠨ ᠶᠠᠪᠤᠳᠠᠯ᠎ᠤᠨ ᠨᠢᠭ᠍ᠲᠠᠯᠠᠨ ᠪᠣᠳᠣᠯᠲᠠ᠎ᠶ᠋ᠢᠨ ᠬᠢᠨᠠᠯᠲᠠ᠂ ᠲᠤᠭ᠎ᠠ ᠪᠦᠷᠢᠳᠭᠡᠯ᠎ᠤᠨ ᠬᠢᠨᠠᠯᠲᠠ ᠵᠡᠷᠭᠡ᠎ᠶ᠋ᠢᠨ ᠬᠠᠮᠵᠢᠯᠴᠠᠨ ᠬᠠᠮᠲᠤᠷᠠᠯᠴᠠᠬᠤ ᠲᠣᠭ᠍ᠲᠠᠴᠠ᠎ᠶ᠋ᠢ ᠭᠦᠨᠵᠡᠭᠡᠢᠷᠡᠭᠦᠯᠦᠨ ᠥᠷᠭᠡᠳᠭᠡᠨ᠎ᠡ᠃ ᠢᠯᠵᠢᠷᠡᠯ᠎ᠢ ᠡᠰᠡᠷᠭᠦᠴᠡᠬᠦ᠌ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠣᠷᠭᠤᠳᠠᠭᠤᠯ ᠭᠡᠷᠡᠭ᠌ᠳᠡᠨᠢ ᠨᠡᠬᠡᠮᠵᠢᠯᠡᠬᠦ᠌ ᠣᠷᠭᠤᠬᠤ᠎ᠠᠴᠠ ᠰᠡᠷᠭᠡᠢᠯᠡᠬᠦ᠌ ᠪᠠ ᠪᠤᠵᠠᠷ ᠵᠤᠭᠤᠰ ᠪᠤᠵᠠᠷ ᠡᠳ᠋᠎ᠢ ᠨᠡᠬᠡᠮᠵᠢᠯᠡᠬᠦ᠌ ᠲᠣᠭ᠍ᠲᠠᠴᠠ᠎ᠶ᠋ᠢ ᠨᠢᠭᠡ ᠴᠤᠭ᠍ᠴᠠᠵᠢᠭᠤᠯᠤᠨ ᠪᠠᠢᠭᠤᠯᠵᠤ᠂ ᠬᠢᠯᠢ ᠠᠯᠤᠰᠯᠠᠭ᠍ᠰᠠᠨ ᠢᠯᠵᠢᠷᠡᠯ᠎ᠢ ᠵᠠᠰᠠᠬᠤ ᠡᠷᠴᠢᠮ᠎ᠢᠶᠠᠨ ᠴᠢᠩᠭᠠᠷᠠᠭᠤᠯᠤᠨ᠎ᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠢᠷᠤᠮᠵᠢᠭᠤᠯᠬᠤ ᠬᠠᠤᠯᠢ᠎ᠪᠠᠷ ᠵᠠᠰᠠᠬᠤ ᠵᠢᠩᠬᠢᠨᠢᠴᠢᠯᠡᠬᠦ᠌ ᠪᠠᠢᠭᠤᠯᠤᠯᠲᠠ᠎ᠶ᠋ᠢ ᠴᠢᠩᠭᠠᠳᠭᠠᠨ᠎ᠠ᠃
ᠵᠢᠷᠠᠨ ᠬᠤᠶᠠᠳᠤᠭᠠᠷ ᠪᠦᠯᠦᠭ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠪᠦᠬᠦ᠌ ᠦᠶᠡᠯᠡᠯ᠎ᠤᠨ ᠠᠬᠢᠭᠤᠯᠬᠤ ᠲᠣᠭ᠍ᠲᠠᠴᠠ᠎ᠶ᠋ᠢ ᠪᠦᠷᠢᠨᠱᠢᠬᠦᠯᠦᠨ᠎ᠠ
ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠬᠡᠷᠡᠭ᠌ᠵᠢᠭᠦᠯᠵᠦ᠍᠂ ᠨᠢᠭᠡᠳᠦᠯᠲᠡᠶ ᠲᠥᠯᠥᠪᠵᠢᠭᠦᠯᠬᠦ᠌ ᠱᠢᠰᠲ᠋ᠧᠮ᠎ᠢ ᠪᠦᠷᠢᠨᠱᠢᠭᠦᠯᠵᠦ᠍᠂ ᠨᠡᠢᠭᠡᠮ ᠳᠠᠶᠠᠭᠠᠷ᠎ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠳᠠᠢᠴᠢᠯᠠᠵᠤ᠂ ᠡᠯ᠎ᠡ ᠵᠦᠢᠯ᠎ᠤᠨ ᠬᠠᠷᠠᠯᠲᠠ ᠡᠭᠦᠷᠭᠡ᠎ᠶ᠋ᠢᠨ ᠬᠡᠷᠡᠭ᠌ᠵᠢᠭᠦᠯᠦᠯᠲᠡ᠎ᠶ᠋ᠢ ᠬᠦᠴᠦᠲᠡᠶ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠵᠤ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠶ ᠭᠠᠵᠠᠷ᠎ᠲᠤᠨᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠨ᠎ᠠ᠃
ᠨᠢᠭᠡᠳᠦᠭᠡᠷ ᠬᠡᠰᠡᠭ ᠨᠢᠭᠡᠳᠦᠯᠲᠡᠶ ᠲᠥᠯᠥᠪᠵᠢᠭᠦᠯᠭᠡ᠎ᠶ᠋ᠢᠨ ᠱᠢᠰᠲ᠋ᠧᠮ᠎ᠤᠨ ᠨᠡᠢᠯᠡᠯ ᠬᠦᠴᠦᠨ᠎ᠢ ᠪᠦᠷᠢᠯᠳᠦᠭᠦᠯᠦᠨ᠎ᠡ
ᠪᠠᠢᠷᠢ ᠲᠣᠭ᠍ᠲᠠᠭᠠᠯᠲᠠ᠎ᠨᠢ ᠣᠨᠣᠪᠴᠢᠲᠠᠶ᠂ ᠵᠠᠭᠠᠭ ᠱᠤᠭᠤᠮ᠎ᠨᠢ ᠲᠣᠳᠣᠷᠬᠠᠶ᠂ ᠴᠢᠳᠠᠮᠵᠢ᠎ᠨᠢ ᠬᠠᠷᠢᠯᠴᠠᠨ ᠨᠥᠬᠦᠪᠥᠷᠢᠯᠡᠭ᠌ᠰᠡᠨ᠂ ᠨᠢᠭᠡᠳᠦᠯᠲᠡᠶ ᠪᠥᠭᠡᠳ ᠵᠣᠯᠭᠠᠯᠳᠤᠭ᠍ᠰᠠᠨ ᠤᠯᠤᠰ᠎ᠤᠨ ᠲᠥᠯᠥᠪᠵᠢᠭᠦᠯᠭᠡ᠎ᠶ᠋ᠢᠨ ᠱᠢᠰᠲ᠋ᠧᠮ᠎ᠢ ᠪᠠᠢᠭᠤᠯᠤᠨ ᠪᠦᠷᠢᠨᠱᠢᠭᠦᠯᠵᠦ᠍᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠨ᠎ᠠ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠦᠨᠳᠦᠰᠦᠯᠡᠨ ᠨᠢᠭᠡ ᠪᠦᠯᠦᠭ ᠤᠯᠤᠰ᠎ᠤᠨ ᠲᠡᠰ᠎ᠤᠨ ᠭᠤᠤᠯᠳᠠᠯᠭ᠎ᠠ᠎ᠲᠠᠢ ᠲᠤᠰᠭᠠᠶ ᠲᠥᠯᠥᠪᠵᠢᠭᠦᠯᠭᠡ᠂ ᠤᠯᠤᠰ᠎ᠤᠨ ᠲᠡᠰ᠎ᠤᠨ ᠣᠷᠣᠨ ᠪᠦᠰᠡ᠎ᠶ᠋ᠢᠨ ᠬᠡᠷᠡᠭ᠌ᠵᠢᠭᠦᠯᠬᠦ᠌ ᠲᠥᠰᠦᠯ᠎ᠢ ᠵᠡᠷᠭᠡ᠎ᠪᠠᠷ ᠪᠠᠢᠷᠢᠯᠠᠭᠤᠯᠤᠨ᠂ ᠵᠡᠷᠭᠡ᠎ᠪᠠᠷ ᠨᠠᠢᠷᠠᠭᠤᠯᠤᠨ ᠵᠣᠬᠢᠶᠠᠵᠤ᠂ ᠵᠡᠷᠭᠡ᠎ᠪᠠᠷ ᠬᠡᠷᠡᠭ᠌ᠵᠢᠭᠦᠯᠦᠨ᠎ᠡ᠃ ᠡᠯ᠎ᠡ ᠱᠠᠲᠤᠨ᠎ᠤ ᠡᠯ᠎ᠡ ᠲᠥᠷᠥᠯ᠎ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠶ᠋ᠢ ᠨᠢᠭᠡᠳᠦᠯᠲᠡᠶ ᠲᠥᠯᠥᠪᠯᠡᠵᠦ᠍᠂ ᠲᠤᠭ᠎ᠠ ᠬᠡᠮᠵᠢᠶ᠎ᠡ᠎ᠶ᠋ᠢ ᠴᠣᠮᠬᠠᠳᠭᠠᠨ᠂ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠲᠦᠯᠦᠪᠵᠢᠬᠦᠯᠬᠡ᠎ᠶ᠋ᠢᠨ ᠬᠤᠭᠤᠷᠤᠨᠳᠤᠬᠢ ᠵᠤᠯᠭᠠᠯᠳᠤᠭᠠ ᠵᠤᠬᠢᠴᠠᠯᠳᠤᠭ᠎ᠠ᠎ᠶ᠋ᠢ ᠴᠢᠩᠭᠠᠳᠭᠠᠵᠤ᠂ ᠲᠦᠯᠦᠪᠵᠢᠬᠦᠯᠬᠡ᠎ᠶ᠋ᠢᠨ ᠬᠡᠮᠵᠢᠶ᠎ᠡ ᠳᠤᠮᠵᠢᠶᠡ ᠦᠬᠡᠢ ᠤᠯᠠᠨ ᠪᠠᠢᠬᠤ᠂ ᠪᠤᠳᠠᠳᠤ ᠪᠦᠳᠦᠮᠵᠢ᠎ᠪᠠᠷ ᠳᠤᠳᠠᠮᠠᠭ ᠪᠠᠢᠬᠤ᠎ᠠᠴᠠ ᠰᠡᠷᠬᠡᠢᠯᠡᠨᠡ᠃ ᠡᠯ᠎ᠡ ᠲᠥᠷᠥᠯ᠎ᠤᠨ ᠲᠥᠯᠥᠪᠵᠢᠭᠦᠯᠭᠡ᠎ᠶ᠋ᠢ ᠵᠣᠯᠭᠠᠯᠳᠤᠭᠤᠯᠬᠤ ᠪᠠ ᠮᠡᠳᠡᠭᠦᠯᠦᠨ ᠬᠢᠨᠠᠭᠤᠯᠬᠤ ᠵᠢᠷᠤᠮ᠎ᠢ ᠵᠢᠷᠤᠮᠵᠢᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠳᠤ ᠮᠡᠳᠡᠭᠦᠯᠦᠨ ᠵᠥᠪᠱᠢᠶᠡᠷᠡᠭᠦᠯᠬᠦ᠌ ᠲᠥᠯᠥᠪᠵᠢᠭᠦᠯᠭᠡ᠎ᠶ᠋ᠢ ᠡᠷᠬᠡᠪᠰᠢ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠰᠠᠯᠠᠭ᠎ᠠ ᠮᠥᠴᠢᠷ᠎ᠢᠶᠠᠷ ᠳᠠᠮᠵᠢᠭᠤᠯᠤᠨ ᠤᠯᠤᠰ᠎ᠤᠨ ᠬᠥᠭ᠌ᠵᠢᠯᠲᠠ᠎ᠶ᠋ᠢᠨ ᠲᠥᠯᠥᠪᠵᠢᠭᠦᠯᠭᠡ᠎ᠯᠦᠭᠡ ᠵᠣᠯᠭᠠᠯᠳᠤᠭᠤᠯᠵᠤ᠂ ᠮᠤᠵᠢ᠎ᠶ᠋ᠢᠨ ᠳᠡᠰ᠎ᠤᠨ ᠬᠥᠭ᠌ᠵᠢᠯᠲᠠ᠎ᠶ᠋ᠢᠨ ᠲᠥᠯᠥᠪᠵᠢᠭᠦᠯᠭᠡ᠎ᠶ᠋ᠢ ᠡᠷᠬᠡᠪᠰᠢ ᠵᠢᠷᠤᠮ ᠶᠣᠰᠣᠭᠠᠷ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠰᠠᠯᠠᠭ᠎ᠠ ᠮᠥᠴᠢᠷ᠎ᠲᠤ ᠮᠡᠳᠡᠭᠦᠯᠦᠨ ᠵᠣᠯᠭᠠᠯᠳᠤᠭᠤᠯᠬᠤ᠎ᠶ᠋ᠢᠨ ᠬᠠᠮᠲᠤ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠶ᠃ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ᠎ᠠᠴᠠ ᠬᠤᠲᠠ ᠱᠢᠶᠠᠨ᠎ᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠳᠤ ᠵᠢᠯᠣᠭᠤᠳᠤᠯᠭ᠎ᠠ ᠥᠭ᠌ᠬᠦ᠎ᠪᠠᠨ ᠴᠢᠩᠭᠠᠳᠭᠠᠵᠤ᠂ ᠴᠢᠬᠤᠯᠠ ᠶᠡᠭᠡ ᠠᠵᠤ ᠦᠢᠯᠡᠰ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠵᠡᠷᠭᠡ᠎ᠶ᠋ᠢᠨ ᠪᠠᠢᠷᠢᠯᠠᠭᠤᠯᠤᠯᠲᠠ᠎ᠨᠢ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠭᠤᠤᠯᠳᠠᠯᠭ᠎ᠠ᠎ᠳᠤ ᠨᠡᠢᠴᠡᠭ᠌ᠰᠡᠨ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠣᠨ᠎ᠤ ᠲᠥᠯᠥᠪᠯᠡᠭᠡ᠎ᠳᠡᠭᠡᠨ ᠲᠥᠯᠥᠪᠵᠢᠭᠦᠯᠭᠡ᠎ᠶ᠋ᠢᠨ ᠡᠯ᠎ᠡ ᠵᠦᠢᠯ᠎ᠤᠨ ᠡᠭᠦᠷᠭᠡ᠎ᠶ᠋ᠢ ᠦᠷᠬᠦᠯᠵᠢᠯᠡᠨ ᠨᠠᠢᠳᠠᠪᠤᠷᠢᠵᠢᠭᠤᠯᠵᠤ᠂ ᠲᠥᠯᠥᠪᠵᠢᠭᠦᠯᠭᠡ᠎ᠶ᠋ᠢᠨ ᠭᠤᠤᠯ ᠪᠣᠯᠬᠤ ᠭᠦᠢᠴᠡᠳᠭᠡᠯ ᠲᠤᠭ᠎ᠠ᠎ᠶ᠋ᠢ ᠣᠨ᠎ᠤ ᠲᠥᠯᠥᠪᠯᠡᠭᠡ᠎ᠶ᠋ᠢᠨ ᠭᠦᠢᠴᠡᠳᠭᠡᠯ ᠲᠤᠭ᠎ᠠ᠎ᠶ᠋ᠢᠨ ᠱᠢᠰᠲ᠋ᠧᠮ᠎ᠳᠤ ᠬᠤᠪᠢᠶᠠᠷᠢᠯᠠᠨ ᠣᠷᠣᠭᠤᠯᠬᠤ᠎ᠶ᠋ᠢᠨ ᠬᠠᠮᠲᠤ ᠣᠨ᠎ᠤ ᠬᠤᠭᠤᠷᠤᠨᠳᠤ ᠶᠡᠷᠦᠩᠭᠡᠢ᠎ᠳᠤᠨᠢ ᠲᠡᠩᠴᠡᠭᠦᠷᠢᠲᠡᠢ ᠪᠠᠢᠯᠭᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠢᠵᠢ ᠪᠦᠷᠢᠳᠦᠭ᠌ᠰᠡᠨ ᠬᠠᠤᠯᠢ ᠲᠣᠭ᠍ᠲᠠᠭᠠᠯ ᠪᠠ ᠲᠥᠷᠥ᠎ᠶ᠋ᠢᠨ ᠪᠣᠳᠣᠯᠭ᠎ᠠ ᠳᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠤᠯᠤᠰ᠎ᠤᠨ ᠲᠡᠰ᠎ᠤᠨ ᠲᠤᠰᠭᠠᠶ ᠲᠥᠯᠥᠪᠵᠢᠭᠦᠯᠭᠡ᠎ᠶ᠋ᠢᠨ ᠵᠢᠷᠤᠮᠵᠢᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠵᠤ᠂ ᠣᠷᠣᠨ ᠨᠤᠲᠤᠭ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠣᠰ ᠭᠠᠵᠠᠷ ᠣᠷᠣᠨ᠎ᠤ᠎ᠪᠠᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠲᠤᠬᠠᠢ ᠳᠦᠷᠢᠮ ᠲᠣᠭ᠍ᠲᠠᠭᠠᠬᠤ᠎ᠶ᠋ᠢ ᠵᠣᠷᠢᠬ᠍ᠵᠢᠭᠤᠯᠤᠨ᠎ᠠ᠃
ᠬᠤᠶᠠᠳᠤᠭᠠᠷ ᠬᠡᠰᠡᠭ ᠲᠥᠯᠥᠪᠵᠢᠭᠦᠯᠭᠡ᠎ᠶ᠋ᠢᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠲᠦᠷᠦᠯ ᠬᠤᠪᠢᠶᠠᠨ ᠠᠬᠢᠭᠤᠯᠤᠨ᠎ᠠ
ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠬᠠᠷᠠᠯᠲᠠ ᠡᠭᠦᠷᠭᠡ᠎ᠶ᠋ᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠡᠷᠡᠭ᠌ᠵᠢᠭᠦᠯᠵᠦ᠍ ᠪᠣᠯᠬᠤᠢ᠌ᠴᠠ ᠦᠨᠡᠯᠡᠨ ᠵᠢᠱ᠌ᠢᠵᠦ᠍ ᠪᠣᠯᠬᠤᠢ᠌ᠴᠠ ᠪᠣᠳᠠᠲᠠᠶ ᠠᠵᠢᠯ᠎ᠤᠨ ᠲᠣᠬᠢᠷᠠᠭᠤᠯᠤᠯᠲᠠ ᠪᠠ ᠠᠬᠢᠭᠤᠯᠬᠤ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠪᠠ ᠣᠯᠠᠨ ᠨᠡᠢᠲᠡ᠎ᠶ᠋ᠢᠨ ᠦᠢᠯᠡᠴᠢᠯᠡᠭᠡ᠂ ᠠᠮᠢ ᠠᠬᠤᠢ᠎ᠶ᠋ᠢᠨ ᠣᠷᠴᠢᠨ ᠨᠥᠬᠦᠴᠡᠯ᠎ᠤᠨ ᠬᠠᠮᠠᠭᠠᠯᠠᠯᠲᠠ᠂ ᠠᠮᠤᠷ ᠲᠦᠪᠱᠢᠨ᠎ᠤ ᠪᠠᠲᠤᠯᠠᠭ᠎ᠠ ᠵᠡᠷᠭᠡ ᠡᠭᠦᠷᠭᠡ᠎ᠶ᠋ᠢᠨ ᠬᠠᠷᠢᠭᠤᠴᠠᠯᠭ᠎ᠠ᠎ᠶ᠋ᠢ᠎ᠨᠢ ᠬᠤᠪᠢᠶᠠᠷᠢᠯᠠᠨ ᠨᠠᠢᠳᠠᠪᠤᠷᠢᠵᠢᠭᠤᠯᠬᠤ᠎ᠶ᠋ᠢ ᠴᠢᠩᠭᠠᠳᠭᠠᠨ᠎ᠠ; ᠵᠢᠱ᠌ᠢᠯᠲᠡ᠎ᠶ᠋ᠢᠨ ᠴᠢᠨᠠᠷᠲᠠᠶ ᠭᠦᠢᠴᠡᠳᠭᠡᠯ ᠲᠤᠭ᠎ᠠ ᠪᠠ ᠠᠵᠤ ᠦᠢᠯᠡᠰ᠎ᠤᠨ ᠬᠥᠭ᠌ᠵᠢᠯᠲᠡ᠂ ᠪᠦᠲᠦᠴᠡ᠎ᠶ᠋ᠢᠨ ᠲᠤᠬᠢᠷᠠᠭᠤᠯᠤᠯᠳᠠ ᠵᠡᠷᠭᠡ ᠡᠭᠦᠷᠭᠡ᠎ᠶ᠋ᠢ ᠰᠠᠢᠨ ᠰᠠᠢᠬᠠᠨ ᠲᠦᠷᠦ᠍᠎ᠶ᠋ᠢᠨ ᠪᠤᠳᠤᠯᠭ᠎ᠠ᠎ᠶ᠋ᠢᠨ ᠣᠷᠴᠢᠨ ᠨᠥᠬᠦᠴᠡᠯ᠂ ᠪᠠᠢᠭᠤᠯᠤᠯ᠎ᠤᠨ ᠣᠷᠴᠢᠨ ᠨᠥᠬᠦᠴᠡᠯ ᠪᠠ ᠬᠠᠤᠯᠢ᠎ᠪᠠᠷ ᠵᠠᠰᠠᠬᠤ ᠣᠷᠴᠢᠨ ᠨᠥᠬᠦᠴᠡᠯ᠎ᠢ ᠪᠤᠢ ᠪᠣᠯᠭᠠᠬᠤ᠎ᠪᠠᠷ ᠳᠠᠮᠵᠢᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠴᠢᠬᠤᠯᠠ ᠶᠡᠭᠡ ᠢᠨᠵᠧᠨᠧᠷᠢᠩ᠎ᠤᠨ ᠲᠥᠰᠥᠯ᠎ᠤᠨ ᠲᠣᠳᠣᠷᠬᠠᠢ ᠬᠠᠭᠤᠳᠠᠰᠤ᠎ᠶ᠋ᠢ ᠨᠠᠷᠢᠯᠢᠬ᠍ᠵᠢᠭᠤᠯᠵᠤ᠂ ᠳᠠᠩ ᠲᠥᠰᠥᠯ᠂ ᠪᠠᠭ᠍ᠴᠠ ᠲᠥᠰᠥᠯ᠎ᠢ ᠪᠣᠳᠠᠲᠠᠢᠵᠢᠭᠤᠯᠤᠨ ᠬᠡᠷᠡᠭ᠌ᠵᠢᠭᠦᠯᠬᠦ᠌᠎ᠶ᠋ᠢ ᠲᠥᠷᠥᠯ ᠬᠤᠪᠢᠶᠠᠨ ᠠᠬᠢᠭᠤᠯᠵᠤ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠤᠷᠢᠳᠴᠢᠯᠠᠭ᠍ᠰᠠᠨ ᠠᠵᠢᠯ᠎ᠢᠶᠠᠨ ᠥᠷᠨᠢᠭᠦᠯᠦᠭ᠌ᠰᠡᠨ ᠲᠥᠰᠥᠯᠤᠳᠠᠴᠠ ᠨᠥᠬᠦᠴᠡᠯ ᠪᠦᠷᠢᠯᠳᠦᠭ᠌ᠰᠡᠨᠢᠨᠢ ᠵᠢᠷᠤᠮ ᠶᠣᠰᠣᠭᠠᠷ ᠠᠵᠢᠯ᠎ᠢᠶᠠᠨ ᠡᠬᠢᠯᠡᠭᠦᠯᠦᠨ ᠪᠦᠲᠦᠭᠡᠨ ᠪᠠᠢᠭᠤᠯᠬᠤ᠎ᠶ᠋ᠢ ᠠᠬᠢᠭᠤᠯᠤᠨ᠎ᠠ᠃
ᠭᠤᠷᠪᠠᠳᠤᠭᠠᠷ ᠬᠡᠰᠡᠭ ᠲᠦᠷᠦ᠍᠎ᠶ᠋ᠢᠨ ᠪᠤᠳᠤᠯᠭ᠎ᠠ᠎ᠶ᠋ᠢᠨ ᠬᠠᠮᠵᠢᠯᠴᠠᠬ᠍ᠰᠠᠨ ᠪᠠᠲᠤᠯᠠᠭ᠎ᠠ᠎ᠶ᠋ᠢ ᠴᠢᠩᠭᠠᠳᠭᠠᠨ᠎ᠠ
ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠲᠠᠢ ᠤᠶᠠᠯᠳᠤᠭᠤᠯᠤᠨ᠂ ᠲᠦᠷᠦ᠍᠎ᠶ᠋ᠢᠨ ᠪᠤᠳᠤᠯᠭ᠎ᠠ᠎ᠶ᠋ᠢᠨ ᠵᠣᠬᠢᠴᠠᠭᠤᠯᠭ᠎ᠠ ᠪᠠ ᠠᠵᠢᠯ᠎ᠤᠨ ᠬᠠᠮᠵᠢᠯᠴᠠᠭ᠎ᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠎ᠶ᠋ᠢᠨ ᠨᠢᠭᠡᠳᠦᠯᠲᠦ ᠴᠢᠨᠠᠷ᠎ᠢ ᠦᠨᠡᠯᠡᠨ ᠵᠢᠱ᠌ᠢᠬᠦ᠌᠎ᠶ᠋ᠢᠨ ᠴᠢᠬᠤᠯᠠ ᠦᠨᠳᠦᠰᠦᠯᠡᠯ ᠪᠣᠯᠭᠠᠵᠤ᠂ ᠡᠯ᠎ᠡ ᠲᠥᠷᠥᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠦᠴᠦᠯᠡᠬᠦ᠌ ᠴᠢᠭ᠌ᠯᠡᠯ᠎ᠨᠢ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠱᠠᠭᠠᠷᠳᠠᠯᠭ᠎ᠠ᠎ᠳᠤ ᠨᠡᠢᠴᠡᠭᠦᠶ᠋ᠢ ᠦᠨᠡᠨ ᠬᠦ᠌ ᠪᠠᠲᠤᠯᠠᠨ᠎ᠠ᠃ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠳᠠᠬᠢ ᠳᠤᠮᠳᠠ ᠬᠤᠭᠤᠴᠠᠭᠠᠨ᠎ᠤ ᠡᠳ᠋᠎ᠤᠨ ᠵᠠᠰᠠᠭ᠎ᠤᠨ ᠲᠥᠯᠥᠪᠵᠢᠭᠦᠯᠭᠡ ᠪᠠ ᠣᠨ᠎ᠤ ᠲᠥᠰᠦᠪ᠎ᠤᠨ ᠲᠣᠬᠢᠷᠠᠭᠤᠯᠤᠯᠲᠠ᠎ᠶ᠋ᠢᠨ ᠡᠳ᠋᠎ᠤᠨ ᠬᠦᠴᠦᠨ᠎ᠤ ᠪᠠᠲᠤᠯᠠᠭ᠎ᠠ᠎ᠶ᠋ᠢ ᠴᠢᠩᠭᠠᠳᠭᠠᠵᠤ᠂ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠦ᠎ᠶ᠋ᠢ ᠲᠥᠯᠥᠪᠵᠢᠭᠦᠯᠭᠡ᠎ᠳᠤ ᠲᠣᠭ᠍ᠲᠠᠭᠠᠭ᠍ᠰᠠᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠪᠠ ᠴᠢᠬᠤᠯᠠ ᠶᠡᠭᠡ ᠢᠨᠵᠧᠨᠧᠷᠢᠩ᠎ᠤᠨ ᠲᠥᠰᠥᠯ᠎ᠳᠤ ᠤᠷᠢᠳ᠎ᠢᠶᠠᠷ ᠣᠷᠣᠭᠤᠯᠤᠨ᠎ᠠ᠃ ᠮᠥᠩᠭᠦᠨ ᠭᠦᠢᠯᠭᠡᠭᠡᠨ᠎ᠤ ᠲᠦᠷᠦ᠍᠎ᠶ᠋ᠢᠨ ᠪᠤᠳᠤᠯᠭ᠎ᠠ᠎ᠨᠢ ᠲᠥᠯᠥᠪᠵᠢᠭᠦᠯᠭᠡ᠎ᠳᠤ ᠲᠣᠭ᠍ᠲᠠᠭᠠᠭ᠍ᠰᠠᠨ ᠭᠤᠤᠯᠳᠠᠯᠭ᠎ᠠ᠎ᠲᠠᠢ ᠬᠥᠭ᠌ᠵᠢᠯᠲᠡ᠎ᠶ᠋ᠢᠨ ᠬᠦᠷᠢᠶ᠎ᠡ᠎ᠶ᠋ᠢ ᠢᠳᠡᠪᠬᠢᠲᠡᠶ ᠳᠡᠮᠵᠢᠬᠦ᠌ ᠬᠡᠷᠡᠭ᠌ᠲᠡᠶ᠃ ᠲᠥᠰᠥᠯ᠎ᠨᠢ ᠲᠥᠯᠥᠪᠵᠢᠭᠦᠯᠭᠡ᠎ᠪᠠᠨ ᠳᠠᠭᠠᠬᠤ᠂ ᠪᠡᠯᠡ ᠮᠥᠩᠭᠦ᠌ ᠪᠠ ᠡᠯᠧᠮᠧᠨ᠋ᠲ᠎ᠨᠢ ᠲᠥᠰᠦᠯ᠎ᠢᠶᠠᠨ ᠳᠠᠭᠠᠬᠤ᠂ ᠬᠢᠨᠠᠨ ᠬᠠᠮᠢᠶᠠᠷᠤᠯᠲᠠ᠎ᠨᠢ ᠲᠥᠰᠥᠯ ᠪᠠ ᠪᠡᠯᠡ ᠮᠥᠩᠭᠦ᠎ᠪᠠᠨ ᠳᠠᠭᠠᠬᠤ᠎ᠶ᠋ᠢ ᠪᠠᠷᠢᠮᠲᠠᠯᠠᠵᠤ᠂ ᠲᠥᠯᠥᠪᠵᠢᠭᠦᠯᠭᠡ᠎ᠳᠤ ᠲᠣᠭ᠍ᠲᠠᠭᠠᠭ᠍ᠰᠠᠨ ᠴᠢᠬᠤᠯᠠ ᠶᠡᠭᠡ ᠢᠨᠵᠧᠨᠧᠷᠢᠩ᠎ᠤᠨ ᠲᠥᠰᠥᠯ᠎ᠢ ᠬᠢᠨᠠᠨ ᠵᠥᠪᠱᠢᠶᠡᠷᠡᠬᠦ᠌ ᠬᠠᠷᠭᠤᠭᠤᠯᠤᠨ ᠵᠥᠪᠱᠢᠶᠡᠷᠡᠬᠦ᠌᠎ᠶ᠋ᠢ ᠲᠦᠷᠭᠡᠳᠭᠡᠨ᠂ ᠲᠥᠯᠥᠪᠵᠢᠭᠦᠯᠭᠡ᠎ᠶ᠋ᠢᠨ ᠭᠠᠵᠠᠷ ᠰᠣᠩᠭᠤᠬᠤ᠂ ᠭᠠᠵᠠᠷ ᠬᠡᠷᠡᠭ᠌ᠯᠡᠬᠦ᠌ ᠳᠠᠯᠠᠢ ᠬᠡᠷᠡᠭ᠌ᠯᠡᠬᠦ᠌ ᠪᠠ ᠪᠡᠯᠡ ᠮᠥᠩᠭᠦ᠎ᠶ᠋ᠢᠨ ᠬᠡᠷᠡᠭ᠌ᠴᠡᠭᠡ᠎ᠶ᠋ᠢ ᠤᠷᠢᠳ᠎ᠢᠶᠠᠷ ᠪᠠᠲᠤᠯᠠᠵᠤ᠂ ᠳᠠᠩ ᠴᠢᠬᠤᠯᠠ ᠶᠡᠭᠡ ᠢᠨᠵᠧᠨᠧᠷᠢᠩ᠎ᠤᠨ ᠲᠥᠰᠥᠯ᠎ᠤᠨ ᠬᠡᠷᠡᠭ᠌ᠯᠡᠬᠦ᠌ ᠭᠠᠵᠠᠷ ᠵᠡᠷᠭᠡ ᠡᠯᠧᠮᠧᠨ᠋ᠲ᠎ᠤᠨ ᠬᠡᠷᠡᠭ᠌ᠴᠡᠭᠡ᠎ᠶ᠋ᠢ ᠤᠯᠤᠰ᠎ᠠᠴᠠ ᠨᠢᠭᠡᠳᠦᠯᠲᠡᠶ ᠪᠠᠲᠤᠯᠠᠨ᠎ᠠ᠃ ᠴᠢᠬᠤᠯᠠ ᠶᠡᠭᠡ ᠢᠨᠵᠧᠨᠧᠷᠢᠩ᠎ᠤᠨ ᠲᠥᠰᠥᠯ᠎ᠤᠨ ᠳᠠᠭᠠᠯᠳᠤᠭ᠍ᠰᠠᠨ ᠮᠠᠶᠢᠭ ᠨᠡᠪᠲᠡ ᠮᠠᠶᠢᠭ᠎ᠤᠨ ᠬᠢᠨᠠᠯᠳᠠ ᠬᠠᠮᠢᠶᠠᠷᠤᠯᠲᠠ ᠪᠠ ᠪᠥᠬᠦ᠌ ᠶᠠᠪᠤᠴᠠ ᠪᠥᠬᠦ᠌ ᠦᠶᠡᠯᠡᠯ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢ ᠴᠢᠩᠭᠠᠳᠭᠠᠨ᠎ᠠ᠃
ᠳᠥᠷᠪᠡᠳᠦᠭᠡᠷ ᠬᠡᠰᠡᠭ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠶ᠋ᠢ ᠬᠢᠨᠠᠨ ᠬᠡᠮᠵᠢᠵᠦ᠍ ᠦᠨᠡᠯᠡᠨ ᠵᠢᠱ᠌ᠢᠬᠦ᠌ ᠪᠠ ᠲᠡᠭᠦᠨ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠨ᠎ᠠ
ᠲᠥᠯᠥᠪᠵᠢᠭᠦᠯᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠬᠥᠳᠡᠯᠦᠩᠭᠦᠢ᠎ᠪᠠᠷ ᠬᠢᠨᠠᠨ ᠬᠡᠮᠵᠢᠬᠦ᠂ ᠳᠤᠮᠳᠠ ᠬᠤᠭᠤᠴᠠᠭᠠᠨ᠎ᠤ ᠦᠨᠡᠯᠡᠨ ᠵᠢᠱ᠌ᠢᠯᠲᠡ ᠬᠢᠬᠦ᠌ ᠪᠠ ᠳ᠋ᠦᠩᠨᠡᠯᠲᠡ ᠬᠢᠵᠦ᠍ ᠦᠨᠡᠯᠡᠨ ᠵᠢᠱ᠌ᠢᠬᠦ᠌ ᠠᠵᠢᠯ᠎ᠢ ᠥᠷᠨᠢᠭᠦᠯᠵᠦ᠍᠂ ᠪᠠᠢᠳᠠᠯ᠎ᠤᠨ ᠮᠦᠷᠳᠡᠯᠳᠡ ᠪᠠ ᠠᠶᠤᠯ ᠲᠦᠭ᠌ᠰᠢᠬᠦᠷᠢ᠎ᠶ᠋ᠢᠨ ᠰᠤᠳᠤᠯᠤᠨ ᠮᠠᠭᠠᠳᠯᠠᠯᠳᠠ᠎ᠶ᠋ᠢ ᠴᠢᠩᠭᠠᠳᠭᠠᠵᠤ᠂ ᠬᠢᠨᠠᠨ ᠬᠡᠮᠵᠢᠵᠦ᠍ ᠦᠨᠡᠯᠡᠨ ᠵᠢᠱ᠌ᠢᠭ᠌ᠰᠡᠨ ᠪᠠᠢᠳᠠᠯ᠎ᠢ ᠦᠨᠳᠦᠰᠦᠯᠡᠨ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠶ᠋ᠢ ᠴᠢᠩᠭᠠᠳᠭᠠᠨ ᠰᠠᠢᠵᠢᠷᠠᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠴᠠᠭ ᠲᠤᠬᠠᠶ᠎ᠳᠤᠨᠢ ᠳᠤᠷᠠᠳᠤᠨ᠎ᠠ᠃ ᠨᠠᠮ᠎ᠤᠨ ᠲᠥᠪ ᠬᠤᠷᠢᠶ᠎ᠠ᠎ᠪᠠᠷ ᠵᠥᠪᠱᠢᠶᠡᠷᠡᠭᠦᠯᠦᠭ᠌ᠰᠡᠨ᠎ᠤ ᠳᠠᠷᠠᠭ᠎ᠠ᠂ ᠳᠤᠮᠳᠠ ᠬᠤᠭᠤᠴᠠᠭᠠᠨ᠎ᠤ ᠦᠨᠡᠯᠡᠨ ᠵᠢᠱ᠌ᠢᠭ᠌ᠰᠡᠨ ᠪᠠᠢᠳᠠᠯ᠎ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠬᠠᠤᠯᠢ ᠶᠣᠰᠣᠭᠠᠷ ᠮᠡᠳᠡᠭᠦᠯᠵᠦ᠍᠂ ᠳ᠋ᠦᠩᠨᠡᠯᠲᠡ ᠬᠢᠵᠦ᠍ ᠦᠨᠡᠯᠡᠨ ᠵᠢᠱ᠌ᠢᠭ᠌ᠰᠡᠨ ᠮᠡᠳᠡᠭᠦᠯᠦᠯᠲᠡ᠎ᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠬᠠᠤᠯᠢ ᠶᠣᠰᠣᠭᠠᠷ ᠲᠤᠱᠢᠶᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠨ᠎ᠡ᠃ ᠦᠨᠡᠯᠡᠨ ᠵᠢᠱ᠌ᠢᠯᠲᠡ᠎ᠪᠠᠷ ᠳᠠᠮᠵᠢᠨ ᠲᠤᠰ ᠲᠥᠯᠥᠪᠵᠢᠭᠦᠯᠭᠡ᠎ᠳᠤ ᠦᠨᠡᠨ ᠬᠦ᠌ ᠲᠣᠬᠢᠷᠠᠭᠤᠯᠤᠯᠲᠠ ᠬᠢᠬᠦ᠌ ᠴᠢᠬᠤᠯᠠᠲᠠᠶ ᠦᠶ᠎ᠡ᠎ᠳᠤ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠠᠴᠠ ᠲᠣᠬᠢᠷᠠᠭᠤᠯᠤᠯᠲᠠ ᠬᠢᠬᠦ᠌ ᠲᠥᠰᠦᠯ᠎ᠢ ᠳᠤᠷᠠᠳᠴᠤ᠌᠂ ᠨᠠᠮ᠎ᠤᠨ ᠲᠥᠪ ᠬᠤᠷᠢᠶ᠎ᠠ᠎ᠳᠤ ᠮᠡᠳᠡᠭᠦᠯᠵᠦ᠍ ᠵᠥᠪᠱᠢᠶᠡᠷᠡᠭᠦᠯᠦᠭ᠌ᠰᠡᠨ᠎ᠤ ᠳᠠᠷᠠᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠳᠡᠪᠱᠢᠭᠦᠯᠦᠨ ᠬᠢᠨᠠᠨ ᠪᠠᠢᠴᠠᠭᠠᠯᠭᠠᠵᠤ ᠵᠥᠪᠱᠢᠶᠡᠷᠡᠭᠦᠯᠦᠨ᠎ᠡ᠃ ᠨᠠᠮ ᠪᠠ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠢ ᠲᠡᠭᠦᠯᠳᠡᠷᠵᠢᠭᠦᠯᠬᠦ᠌᠎ᠶ᠋ᠢ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠳᠤ ᠠᠭᠤᠰᠭᠠᠨ ᠤᠷᠤᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠪᠠ ᠬᠢᠨᠠᠨ ᠪᠤᠳᠤᠬᠤ ᠪᠠᠢᠭᠤᠯᠭ᠎ᠠ ᠵᠡᠷᠭᠡ᠎ᠶ᠋ᠢᠨ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠳᠠᠬᠢ ᠬᠢᠨᠠᠯᠲᠠ ᠲᠠᠯᠪᠢᠬᠤ ᠦᠢᠯᠡᠳᠦᠯ᠎ᠢ ᠪᠠᠳᠠᠷᠠᠭᠤᠯᠵᠤ᠂ ᠭᠠᠵᠠᠷ ᠣᠷᠣᠨ ᠠᠯᠤᠰᠯᠠᠭ᠍ᠰᠠᠨ ᠰᠠᠯᠠᠭ᠎ᠠ ᠮᠥᠴᠢᠷ ᠠᠯᠤᠰᠯᠠᠭ᠍ᠰᠠᠨ ᠴᠢᠬᠤᠯᠠ ᠶᠡᠭᠡ ᠡᠭᠦᠷᠭᠡ᠎ᠶ᠋ᠢᠨ ᠨᠠᠢᠳᠠᠪᠤᠷᠢᠵᠢᠭᠤᠯᠤᠯᠳᠠ᠎ᠳᠤ ᠬᠠᠮᠵᠢᠯᠴᠠᠨ ᠬᠢᠨᠠᠯᠲᠠ ᠲᠠᠯᠪᠢᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠲᠥᠯᠥᠪᠵᠢᠭᠦᠯᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠴᠠᠭ ᠲᠤᠬᠠᠶ᠎ᠳᠤᠨᠢ ᠢᠯᠡ ᠪᠣᠯᠭᠠᠵᠤ᠂ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠢᠨᠠᠯᠲᠠ᠎ᠶ᠋ᠢ ᠬᠦᠯᠢᠶᠡᠨ᠎ᠠ᠃
(ᠰᠢᠨᠬᠤᠸᠠ ᠬᠤᠷᠢᠶᠠᠨ᠎ᠤ ᠪᠡᠬᠡᠵᠢᠩ᠎ᠤᠨ 3 ᠰᠠᠷ᠎ᠠ ᠵᠢᠨ 13᠎ᠤ ᠴᠠᠬᠢᠯᠭᠠᠨ ᠮᠡᠲᠡᠬᠡ᠂ ᠲᠤᠮᠲᠠᠲᠤ ᠤᠯᠤᠰ᠎ᠤᠨ ᠥᠨᠲᠥᠰᠥᠲᠡᠨᠤ ᠬᠡᠯᠡᠨ᠎ᠤ ᠤᠷᠴᠢᠭᠤᠯᠭ᠎ᠠ ᠵᠢᠨ ᠲᠤᠪᠴᠢᠶ᠎ᠠ ᠤᠷᠴᠢᠭᠤᠯᠪᠠ)