ᠭᠠᠯ ᠤᠨᠲᠠᠷᠠᠭᠠᠬᠤ ᠰᠡᠷᠡᠮᠵᠢ ᠶ᠋ᠢᠨ ᠳᠣᠬᠢᠶ᠎ᠠ ᠭᠡᠨᠡᠳᠲᠡ ᠳᠤᠸ᠋ᠭᠠᠷᠪᠠ᠃ ᠪᠦᠬᠦ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ ᠮᠠᠰᠢ ᠲᠦᠷᠭᠡᠨ᠎ᠢᠶᠡᠷ ᠪᠠᠴᠢᠮ ᠪᠠᠢᠳᠠᠯ᠎ᠳᠤ ᠣᠷᠣᠵᠤ᠂ ᠰᠤᠷᠤᠭ᠍ᠴᠢᠳ ᠨᠢᠷᠤᠭᠤ ᠪᠥᠬᠥᠢᠨ᠂ ᠨᠣᠢᠲᠠᠨ ᠠᠯᠴᠢᠭᠤᠷ᠎ᠢᠶᠠᠷ ᠠᠮᠠ ᠬᠠᠮᠠᠷ᠎ᠢᠶᠠᠨ ᠪᠥᠭ᠌ᠯᠡᠵᠦ᠍᠂ ᠤᠷᠢᠳᠴᠢᠯᠠᠨ ᠲᠣᠭ᠍ᠲᠠᠭᠠᠭ᠍ᠰᠠᠨ ᠲᠠᠷᠬᠠᠭᠠᠬᠤ ᠵᠠᠮ ᠢᠶᠠᠷ ᠲᠦᠷᠭᠡᠨ ᠪᠥᠭᠡᠳ ᠡᠮᠬᠢ ᠵᠢᠷᠤᠮ᠎ᠲᠠᠶ᠎ᠪᠠᠷ ᠭᠠᠷᠴᠠᠭᠠᠪᠠ᠃
3 ᠰᠠᠷ᠎ᠠ᠎ᠶ᠋ᠢᠨ 26 ᠤ᠋ ᠡᠳᠦᠷ᠂ ᠱᠢᠯᠢᠩᠬᠣᠲᠠ᠎ᠶ᠋ᠢᠨ ᠭᠠᠯ ᠢ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠬᠡ ᠠᠩᠭᠢ ᠬᠠᠷᠢᠶ᠎ᠠ ᠣᠷᠣᠨ ᠤ ᠪᠠᠨ ᠠᠷᠪᠠᠨ ᠲᠠᠪᠤᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠢᠷᠡᠨ ᠲᠠᠷᠬᠠᠭᠠᠬᠤ ᠰᠣᠷᠢᠯᠲᠠ ᠵᠢᠴᠢ ᠲᠣᠨᠣᠭ᠍ᠯᠠᠯ ᠪᠠᠭᠠᠵᠢ ᠬᠡᠷᠡᠭ᠌ᠰᠡᠯ᠎ᠦᠨ ᠦᠵᠡᠭᠦᠯᠭᠡ ᠬᠢᠪᠡ ᠃
2026 ᠣᠨ ᠤ ᠬᠠᠪᠤᠷ᠎ᠤᠨ ᠤᠯᠠᠷᠢᠯ᠎ᠤᠨ ᠰᠤᠷᠤᠯᠭ᠎ᠠ ᠡᠬᠢᠯᠡᠬᠰᠡᠨᠡᠴᠡ ᠨᠠᠭᠠᠰᠢ᠂ ᠱᠢᠯᠢ᠎ᠶ᠋ᠢᠨ ᠭᠤᠤᠯ ᠠᠢᠮᠠᠭ ᠤᠨ ᠡᠯ᠎ᠡ ᠭᠠᠵᠠᠷ᠎ᠤᠨ ᠭᠠᠯ᠎ᠢ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠠᠭ᠎ᠠ ᠮᠥᠴᠢᠷ ᠢᠵᠢᠯ ᠠᠯᠬᠤᠮ᠎ᠢᠶᠠᠷ ᠬᠦᠴᠦᠯᠡᠵᠦ᠍᠂ ᠬᠠᠷᠢᠶ᠎ᠠ ᠣᠷᠣᠨ᠎ᠤ ᠪᠡᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠲᠦ ᠬᠦᠷᠴᠦ᠍᠂ 《ᠰᠦᠯᠵᠢᠶᠡᠨ ᠳᠡᠭᠡᠷ᠎ᠡ ᠱᠢᠭᠤᠳ ᠨᠡᠪᠲᠡᠷᠡᠭᠦᠯᠬᠦ᠌ + ᠠᠬᠤᠢ ᠲᠠᠯᠠᠪᠠᠢ ᠳ᠋ᠦ ᠬᠠᠷᠢᠯᠴᠠᠨ ᠬᠥᠳᠡᠯᠦᠯᠴᠡᠬᠦ᠌》 ᠬᠡᠯᠪᠡᠷᠢ ᠪᠡᠷ ᠰᠤᠷᠭᠠᠭᠤᠯᠢ ᠡᠬᠢᠯᠡᠬᠦ᠌ ᠨᠢᠭᠡᠳᠦᠭᠡᠷ ᠬᠢᠴᠢᠶᠡᠯ — ᠭᠠᠯ᠎ᠢ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠤ ᠲᠤᠬᠠᠢ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
ᠭᠠᠯ ᠢ ᠰᠡᠷᠭᠡᠢᠯᠡᠵᠦ ᠭᠠᠯ ᠤᠨᠲᠠᠷᠠᠭᠠᠬᠤ ᠠᠵᠢᠯᠲᠠᠳ ᠪᠣᠳᠠᠲᠤ ᠠᠵᠢᠯᠯᠠᠭ᠎ᠠ᠎ᠪᠠᠷ᠎ᠢᠶᠠᠨ ᠳᠡᠯᠭᠡᠨ ᠦᠵᠡᠭᠦᠯᠬᠦ᠌᠂ ᠤᠷᠮ᠎ᠠ ᠪᠠᠬᠠᠲᠠᠢᠬᠠᠷᠢᠯᠴᠠᠨ ᠬᠦᠳᠡᠯᠦᠯᠴᠡᠬᠦ᠂ ᠰᠦᠯᠵᠢᠶᠡᠨ ᠳᠡᠭᠡᠷ᠎ᠡ ᠠᠰᠠᠭᠤᠯᠲᠠ ᠬᠠᠷᠢᠭᠤᠯᠬᠤ ᠵᠡᠷᠭᠡ ᠬᠢᠯᠪᠠᠷ ᠣᠢᠯᠠᠭᠠᠮᠵᠢᠲᠠᠶ ᠬᠡᠯᠪᠡᠷᠢ᠎ᠪᠡᠷ ᠳᠠᠮᠵᠢᠵᠦ᠂ ᠪᠥᠬᠥ᠌ ᠠᠢᠮᠠᠭ᠎ᠤᠨ 12 ᠲᠦᠮᠡ ᠭᠠᠷᠤᠶ ᠪᠠᠭ᠍ᠰᠢ ᠰᠤᠷᠤᠭ᠍ᠴᠢ᠎ᠳᠤ ᠬᠡᠷᠡᠭ᠌ᠯᠡᠭᠡᠨ᠎ᠤ ᠮᠦᠷᠳᠡᠭᠡᠨ ᠠᠮᠢᠳᠤᠯᠢᠭ ᠭᠠᠯ ᠢ ᠰᠡᠷᠭᠡᠢᠯᠡᠬᠦ ᠭᠠᠯ ᠤᠨᠲᠠᠷᠠᠭᠠᠬᠤ ᠠᠮᠤᠷ ᠲᠦᠪᠱᠢᠨ᠎ᠦ ᠮᠡᠳᠡᠯᠭᠡ᠎ᠶ᠋ᠢᠨ ᠬᠢᠴᠢᠶᠡᠯ ᠣᠷᠣᠵᠤ᠂ ᠱᠢᠨ᠎ᠡ ᠨᠢᠭᠡ ᠵᠢᠯ ᠦᠨ ᠰᠤᠷᠭᠠᠭᠤᠯᠢ᠎ᠶ᠋ᠢᠨ ᠬᠦᠷᠢᠶᠡᠨ᠎ᠦ ᠭᠠᠯ᠎ᠢ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠬᠥᠮᠦᠵᠢᠯ᠎ᠦᠨ ᠬᠥᠱᠢᠭᠡ᠎ᠶ᠋ᠢ ᠰᠡᠬᠦᠭ᠌ᠰᠡᠨ ᠪᠥᠭᠡᠳ ᠭᠠᠯ ᠤᠠᠳᠠᠷᠠᠭᠠᠭᠴᠢ ᠪᠤᠯᠤᠨ《ᠤᠯᠠᠭᠠᠨ ᠪᠦᠴᠡᠲᠡᠨ 》 ᠤ᠋ ᠬᠠᠯᠠᠭᠤᠨ ᠲᠤᠳᠤᠨᠤ ᠪᠣᠯᠵᠣᠭ᠎ᠠ᠎ᠶ᠋ᠢ ᠰᠤᠷᠭᠠᠭᠤᠯᠢ ᠶ᠋ᠢᠨ ᠬᠦᠷᠢᠶᠡᠨ᠎ᠳᠦ ᠳᠠᠬᠢᠨᠲᠠ ᠳᠡᠯᠭᠡᠷᠡᠭᠦᠯᠵᠦ᠍᠂ ᠠᠮᠢ ᠨᠠᠰᠤᠨ ᠤ ᠠᠮᠤᠷ ᠲᠦᠪᠱᠢᠨ᠎ᠦ ᠬᠦᠴᠦᠨ᠎ᠢ ᠳᠠᠮᠵᠢᠭᠤᠯᠪᠠ ᠃
ᠡᠨᠡ ᠤᠳᠠᠭᠠᠨ᠎ᠤ ᠰᠤᠷᠤᠯᠭ᠎ᠠ ᠡᠬᠢᠯᠡᠬᠦ᠌ ᠤᠯᠠᠷᠢᠯ ᠤᠨ ᠭᠠᠯ ᠢ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠦ ᠬᠥᠮᠦᠵᠢᠯ ᠪᠣᠯ ᠱᠢᠯᠢ ᠶ᠋ᠢᠨ ᠭᠤᠤᠯ ᠠᠢᠮᠠᠭ ᠤᠨ ᠭᠠᠯ ᠤᠠᠳᠠᠷᠠᠭᠠᠭᠴᠢᠳ ᠪᠤᠯᠤᠨ ᠤᠯᠠᠭᠠᠨ ᠪᠦᠴᠡᠲᠡᠳ ᠭᠠᠷ ᠬᠤᠯᠪᠤᠯᠴᠠᠭᠰᠠᠨ ᠤᠨᠴᠠᠯᠢᠬ᠍ᠳᠤ ᠰᠤᠷᠭᠠᠨ ᠬᠥᠮᠦᠵᠢᠯ ᠦᠨ ᠲᠦᠷᠦᠯ ᠲᠡᠮᠳᠡᠭ ᠦᠨ ᠬᠤᠷᠢᠶᠠᠩᠭᠤᠶ ᠳᠦᠷᠰᠦ ᠪᠣᠯᠤᠨ᠎ᠠ᠃ ᠣᠢᠷ᠎ᠠ᠎ᠶ᠋ᠢᠨ ᠵᠢᠯ᠎ᠡᠴᠡ ᠨᠠᠭᠠᠰᠢ᠂ ᠲᠣᠰ ᠠᠢᠮᠠᠭ᠎ᠤᠨ᠎ᠬᠢᠨ 《ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌》 ᠣᠢᠯᠠᠭᠠᠭ᠍ᠳᠠᠬᠤᠨ᠎ᠢ ᠪᠠᠲᠤ ᠰᠠᠬᠢᠵᠤ᠂ ᠰᠤᠷᠭᠠᠭᠤᠯᠢ᠎ᠶ᠋ᠢᠨ ᠬᠦᠷᠢᠶᠡᠨ᠎ᠦ ᠠᠮᠤᠷ ᠲᠦᠪᠱᠢᠨ᠎ᠢᠶᠡᠷ ᠭᠤᠤᠯ ᠪᠣᠯᠭᠠᠵᠤ᠂ ᠪᠦᠲᠦᠭᠡᠯᠴᠢ ᠴᠢᠨᠠᠷᠲᠠᠶ᠎ᠪᠠᠷ ᠡᠨᠡ ᠬᠦ᠌ ᠤᠨᠴᠠᠯᠢᠬ᠍ᠳᠤ ᠲᠥᠷᠥᠯ ᠲᠡᠮᠳᠡᠭ᠎ᠢ ᠡᠭᠦᠳᠴᠦ᠍᠂ 《ᠨᠢᠭᠡ ᠬᠡᠦᠬᠡᠳ᠎ᠢ ᠬᠥᠮᠦᠵᠢᠭᠦᠯᠬᠦ᠌᠂ ᠨᠢᠭᠡ ᠬᠡᠷ ᠪᠦᠯᠢ᠎ᠶ᠋ᠢ ᠳᠠᠢᠴᠢᠯᠠᠬᠤ᠂ ᠪᠦᠬᠦ ᠨᠡᠢᠭᠡᠮ ᠢ ᠨᠥᠯᠥᠭᠡᠯᠡᠬᠦ᠌ 》 ᠬᠠᠷᠠᠯᠲᠠ᠎ᠶ᠋ᠢᠨ ᠲᠣᠭᠣᠷᠢᠨ᠎ᠳᠤ᠂ ᠱᠢᠰᠲ᠋ᠧᠮᠵᠢᠭ᠌ᠰᠡᠨ ᠪᠠᠢᠷᠢᠱᠢᠭᠤᠯᠤᠯᠲᠠ᠂ ᠪᠠᠢᠩᠭᠤᠵᠢᠭ᠍ᠰᠠᠨ ᠠᠬᠢᠭᠤᠯᠤᠯ ᠂ ᠣᠯᠠᠨ ᠡᠱᠢᠵᠢᠭ᠌ᠰᠡᠨ ᠨᠠᠢᠳᠠᠪᠤᠷᠢᠵᠢᠭᠤᠯᠤᠯᠲᠠ ᠪᠠᠷ ᠳᠠᠮᠵᠢᠭᠤᠯᠤᠨ᠂ ᠭᠠᠯ ᠢ ᠰᠡᠷᠭᠡᠢᠯᠡᠵᠦ᠍ ᠭᠠᠯ ᠤᠨᠲᠠᠷᠠᠭᠠᠬᠤ ᠮᠡᠳᠡᠯᠭᠡ ᠶ᠋ᠢ ᠰᠤᠷᠭᠠᠭᠤᠯᠢ ᠶ᠋ᠢᠨ ᠬᠦᠷᠢᠶᠡᠨ ᠳᠦ ᠣᠷᠣᠭᠤᠯᠵᠤ᠂ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠰᠤᠷᠭᠠᠭᠤᠯᠢ᠎ᠶ᠋ᠢᠨ ᠬᠦᠷᠢᠶᠡᠨ ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ ᠢ ᠪᠠᠲᠤ ᠴᠣᠭ᠍ᠴᠠᠯᠠᠪᠠ᠃
《ᠥᠩᠭᠡᠷᠡᠭ᠌ᠰᠡᠨ᠎ᠳᠦ ᠰᠤᠷᠭᠠᠭᠤᠯᠢ᠎ᠶ᠋ᠢᠨ ᠬᠦᠷᠢᠶᠡᠨ ᠳᠤ ᠭᠠᠯ᠎ᠢ ᠰᠡᠷᠭᠡᠢᠯᠡᠵᠦ᠍ ᠭᠠᠯ ᠤᠨᠲᠠᠷᠠᠭᠠᠬᠤ ᠬᠥᠮᠦᠵᠢᠯ ᠬᠢᠬᠦ᠎ᠳᠡᠭᠡᠨ 〈 ᠵᠦᠶ᠋ᠯ ᠵᠤᠷᠪᠤᠰ᠎ᠢᠶᠡᠷ ᠤᠩᠱᠢᠵᠤ᠂ ᠭᠤᠤᠯᠳᠠᠯᠭ᠎ᠠ᠎ᠶ᠋ᠢ ᠵᠢᠷᠤᠭᠤᠯᠵᠤ ᠴᠢᠩᠭᠠᠳᠬᠠᠵᠤ 〉 ᠪᠠᠢᠭ᠍ᠰᠠᠨ ᠪᠣᠯᠬᠣᠷ ᠰᠤᠷᠤᠭ᠍ᠴᠢᠳ ᠰᠣᠨᠣᠰᠭᠤ ᠳᠤᠷ᠎ᠠ ᠥᠬᠡᠶ᠂ ᠪᠠᠲᠤ ᠴᠡᠭᠡᠵᠢᠯᠡᠵᠦ ᠲᠡᠢᠯᠬᠦ ᠥᠬᠡᠶ ᠪᠠᠢᠪᠠ᠃ ᠪᠢᠳᠡ ᠰᠡᠳᠭᠢᠴᠡ᠎ᠪᠡᠨ ᠬᠤᠪᠢᠷᠠᠭᠤᠯᠵᠤ᠂ 〈ᠰᠤᠷᠭᠠᠭᠤᠯᠢ ᠪᠠ ᠭᠠᠯ ᠢ ᠰᠡᠷᠭᠡᠢᠯᠡᠵᠦ᠍ ᠭᠠᠯ ᠤᠨᠲᠠᠷᠠᠭᠠᠬᠤ ᠠᠩᠬᠢ ᠬᠠᠮᠵᠢᠯᠴᠠᠬᠤ〉 ᠡᠩᠨᠡᠭᠡ᠎ᠶ᠋ᠢ ᠵᠣᠬᠢᠶᠠᠨ ᠪᠠᠢᠭᠤᠯᠵᠤ᠂ ᠠᠢᠮᠠᠭ᠂ ᠬᠣᠱᠢᠭᠤ ᠬᠣᠶᠠᠷ ᠱᠠᠲᠤᠨ᠎ᠤ ᠭᠠᠯ᠎ᠢ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠎ᠡᠴᠡ 100 ᠭᠠᠷᠤᠶ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠢ ᠰᠣᠩᠭᠣᠨ ᠲᠣᠮᠢᠯᠠᠵᠤ᠂ ᠰᠤᠷᠭᠠᠭᠤᠯᠢ᠎ᠶ᠋ᠢᠨ ᠬᠦᠷᠢᠶᠡᠨ᠎ᠦ ᠭᠠᠯ᠎ᠢ ᠰᠡᠷᠭᠡᠢᠯᠡᠵᠦ᠍ ᠭᠠᠯ ᠤᠨᠲᠠᠷᠠᠭᠠᠬᠤ ᠬᠠᠪᠰᠤᠷᠤᠨ ᠵᠢᠯᠣᠭᠣᠳᠣᠭ᠍ᠴᠢ᠎ᠶ᠋ᠢᠨ ᠲᠤᠱᠢᠶᠠᠯ᠎ᠢ ᠡᠭᠦᠷᠭᠡᠯᠡᠭᠦᠯᠵᠦ᠍ ᠂ 〈ᠨᠢᠭᠡ ᠰᠤᠷᠭᠠᠭᠤᠯᠢ ᠨᠢᠭᠡ ᠬᠠᠪᠰᠤᠷᠤᠨ ᠵᠢᠯᠣᠭᠣᠳᠣᠭ᠍ᠴᠢ᠎ᠲᠠᠶ ᠪᠠᠢᠬᠤ〉 ᠳᠠᠭᠠᠭᠠᠴᠢᠯᠠᠯᠲᠠ᠎ᠶ᠋ᠢᠨ ᠲᠦᠷᠢᠮ᠎ᠢ ᠬᠡᠷᠡᠭ᠌ᠵᠢᠭᠦᠯᠵᠦ᠍᠂ ᠭᠠᠯ᠎ᠢ ᠰᠡᠷᠭᠡᠢᠯᠡᠵᠦ᠍ ᠭᠠᠯ ᠤᠨᠲᠠᠷᠠᠭᠠᠬᠤ ᠮᠡᠳᠡᠯᠭᠡ᠎ᠶ᠋ᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠬᠢᠴᠢᠶᠡᠯ᠎ᠦᠨ ᠳᠠᠷᠠᠭᠠᠬᠢ ᠦᠶ᠋ᠯᠡᠴᠢᠯᠡᠭᠡᠨ᠎ᠦ ᠭᠣᠭ᠍ᠴᠣᠭ᠎ᠠ ᠨᠢᠭᠡᠪᠦᠷᠢ ᠳᠦ ᠦᠨᠡᠨ ᠬᠦ᠌ ᠠᠭᠤᠰᠭᠠᠨ ᠣᠷᠣᠭᠤᠯᠪᠠ》 ᠭᠡᠵᠦ᠍ ᠱᠢᠯᠢ᠎ᠶ᠋ᠢᠨ ᠭᠤᠤᠯ ᠠᠢᠮᠠᠭ ᠤᠨ ᠭᠠᠯ ᠢ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠎ᠶ᠋ᠢᠨ ᠳᠡᠳ᠋ ᠳᠠᠷᠤᠭ᠎ᠠ ᠯᠢ ᠪᠦᠦ᠎ᠶ᠋ᠢᠨ ᠬᠡᠯᠡᠪᠡ᠃
ᠲᠣᠰ ᠬᠥᠮᠦᠵᠢᠯ᠎ᠢ ᠥᠷᠨᠢᠭᠦᠯᠦᠭ᠌ᠰᠡᠨ 4 ᠵᠢᠯ ᠭᠠᠷᠤᠶ᠎ᠶ᠋ᠢᠨ ᠲᠤᠷᠰᠢ᠂ ᠱᠢᠯᠢ᠎ᠶ᠋ᠢᠨ ᠭᠤᠤᠯ ᠠᠢᠮᠠᠭ ᠭᠠᠯ᠎ᠢ ᠰᠡᠷᠭᠡᠢᠯᠡᠵᠦ᠍ ᠭᠠᠯ ᠤᠨᠲᠠᠷᠠᠭᠠᠬᠤ ᠭᠤᠤᠯ ᠰᠡᠳᠦᠪᠲᠦ ᠠᠩᠭᠢ᠎ᠶ᠋ᠢᠨ ᠬᠤᠷᠠᠯ᠂ ᠠᠮᠤᠷ ᠲᠦᠪᠱᠢᠨ᠎ᠦ ᠪᠣᠯᠪᠠᠰᠤᠷᠠᠯ᠎ᠢ ᠨᠡᠢᠲᠡ 512 ᠬᠤᠭᠤᠴᠠᠭ᠎ᠠ ᠥᠷᠨᠢᠭᠦᠯᠵᠦ᠍᠂ ᠪᠠᠭ᠍ᠰᠢ ᠰᠤᠷᠤᠭ᠍ᠴᠢᠳ᠎ᠢ ᠵᠣᠬᠢᠶᠠᠨ ᠪᠠᠢᠭᠤᠯᠤᠨ ᠭᠠᠯ ᠤᠨᠲᠠᠷᠠᠭᠠᠬᠤ ᠠᠩᠭᠢ ᠥᠷᠲᠡᠭᠡ᠂ ᠱᠢᠨᠵᠢᠯᠡᠬᠦ᠌ ᠤᠬᠠᠭᠠᠨ᠎ᠤ ᠮᠡᠳᠡᠯᠭᠡ ᠵᠢ ᠲᠦᠭᠡᠮᠡᠯᠵᠢᠭᠦᠯᠬᠦ᠌ ᠬᠥᠮᠦᠵᠢᠯ᠎ᠦᠨ ᠣᠷᠳᠣᠨ᠎ᠳᠤ ᠣᠴᠢᠭᠤᠯᠤᠨ 1750 ᠭᠠᠷᠤᠶ ᠤᠳᠠᠭ᠎ᠠ ᠲᠣᠭᠣᠷᠢᠨ ᠦᠵᠡᠭᠦᠯᠵᠦ᠍ ᠪᠡᠶᠡᠴᠢᠯᠡᠨ ᠣᠢᠯᠠᠭᠠᠭᠤᠯᠵᠤ᠂ ᠣᠷᠣᠯᠴᠠᠭ᠍ᠰᠠᠨ ᠬᠥᠮᠦᠨ᠎ᠦ ᠲᠣᠭ᠎ᠠ 5 ᠲᠦᠮᠡ᠎ᠶ᠋ᠢ ᠳᠠᠪᠠᠵᠤ᠂ ᠪᠠᠭ᠍ᠰᠢ ᠰᠤᠷᠤᠭ᠍ᠴᠢᠳ᠎ᠲᠦ ᠦᠶ᠋ᠯᠡᠳᠦᠯᠭᠡ᠎ᠶ᠋ᠢᠨ ᠳᠤᠮᠳᠠ ᠭᠠᠯ᠎ᠢ ᠰᠡᠷᠭᠡᠢᠯᠡᠵᠦ᠍ ᠭᠠᠯ ᠤᠨᠲᠠᠷᠠᠭᠠᠬᠤ ᠤᠷ᠎ᠠ ᠴᠢᠳᠠᠪᠤᠷᠢ᠎ᠶ᠋ᠢ ᠡᠵᠡᠮᠱᠢᠭᠦᠯᠵᠦ᠍᠂ ᠠᠮᠤᠷ ᠲᠦᠪᠱᠢᠨ ᠦ ᠦᠵᠡᠯ ᠤᠬᠠᠮᠰᠠᠷ᠎ᠢ ᠨᠢ ᠴᠢᠩᠭᠠᠤᠨᠬᠠᠪᠠ᠃
ᠴᠢᠳᠠᠪᠤᠷᠢ᠎ᠳᠤᠨᠢ ᠲᠣᠬᠢᠷᠠᠭᠤᠯᠤᠨ ᠵᠢᠭᠠᠵᠤ᠂ ᠲᠤᠢᠯ᠎ᠤᠨ ᠣᠨᠣᠪᠴᠢᠲᠠᠶ᠎ᠪᠠᠷ ᠰᠤᠷᠭᠠᠨ ᠬᠦᠮᠦᠵᠢᠯ ᠤ᠋ᠨ ᠡᠬᠢ ᠪᠠᠶᠠᠯᠢᠭ ᠢ᠋ ᠬᠦᠷᠭᠡᠬᠦ ᠪᠣᠯ ᠲᠣᠰ ᠲᠥᠷᠥᠯ ᠲᠡᠮᠳᠡᠭ᠌᠎ᠤᠨ ᠪᠠᠢᠭᠤᠯᠤᠯᠲᠠ᠎ᠶ᠋ᠢᠨ ᠢᠯᠡ ᠲᠣᠳᠣ ᠣᠨᠴᠠᠯᠢᠭ ᠪᠣᠯᠤᠨ᠎ᠠ᠃ ᠠᠳᠠᠯᠢ ᠪᠤᠰᠤ ᠨᠠᠰᠤᠨ᠎ᠤ ᠰᠤᠷᠤᠭ᠍ᠴᠢᠳ᠎ᠤᠨ ᠲᠠᠨᠢᠨ ᠮᠡᠳᠡᠬᠦᠶ᠎ᠶ᠋ᠢᠨ ᠣᠨᠴᠠᠯᠢᠭᠲᠤ ᠴᠢᠭ᠌ᠯᠡᠭᠦᠯᠦᠨ᠂ ᠱᠢᠯᠢ᠎ᠶ᠋ᠢᠨ ᠭᠤᠤᠯ ᠠᠢᠮᠠᠭ ᠵᠦᠷᠢᠶᠡᠴᠢᠯᠡᠭ᠌ᠰᠡᠨ ᠰᠤᠷᠭᠠᠨ ᠬᠥᠮᠦᠵᠢᠯ᠎ᠦᠨ ᠲᠥᠰᠦᠯ᠎ᠢ ᠲᠣᠭ᠍ᠲᠠᠭᠠᠪᠠ᠄ ᠰᠤᠷᠭᠠᠭᠤᠯᠢ ᠵᠢᠨ ᠨᠠᠰᠤᠨ᠎ᠡᠴᠡ ᠡᠮᠦᠨᠡᠬᠢ ᠬᠡᠦᠬᠡᠳ᠎ᠲᠦ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠺᠠᠷᠲ᠋ᠣᠨ ᠵᠢᠷᠤᠭ᠂ ᠬᠡᠦᠬᠡᠳ᠎ᠦᠨ ᠳᠠᠭᠤᠤ᠎ᠪᠠᠷ ᠦᠨᠳᠦᠰᠦᠨ ᠶᠡᠷᠦ᠍ ᠶ᠋ᠢᠨ ᠮᠡᠳᠡᠯᠭᠡ ᠶ᠋ᠢ ᠲᠦᠭᠡᠮᠡᠯᠵᠢᠭᠦᠯᠵᠦ᠍᠂ ᠨᠡᠢᠲᠡ 1.2 ᠲᠦᠮᠡᠨ ᠬᠡᠦᠬᠡᠳ ᠢ ᠬᠠᠮᠤᠷᠤᠭᠤᠯᠪᠠ; ᠪᠠᠭ᠎ᠠ ᠰᠤᠷᠭᠠᠭᠤᠯᠢ ᠶ᠋ᠢᠨ ᠰᠤᠷᠤᠭ᠍ᠴᠢᠳ᠎ᠲᠤ᠂ ᠭᠠᠯ᠎ᠤᠨ ᠠᠶᠤᠯ᠎ᠢ ᠢᠯᠭᠠᠨ ᠲᠠᠨᠢᠬᠤ᠂ ᠲᠦᠭ᠌ᠰᠢᠭᠦᠷᠢ ᠮᠡᠳᠡᠭᠦᠯᠬᠦ᠌ ᠶᠠᠪᠤᠴᠠ ᠪᠣᠯᠤᠨ ᠠᠮᠢ ᠵᠢᠭᠤᠲᠠᠬᠤ ᠤᠷ᠎ᠠ ᠮᠡᠷᠭᠡᠵᠢᠯ᠎ᠢ ᠭᠤᠤᠯᠳᠠᠯᠭ᠎ᠠ᠎ᠲᠠᠶ ᠲᠠᠢᠯᠪᠤᠷᠢᠯᠠᠵᠤ᠂ 890 ᠭᠠᠷᠤᠶ ᠲᠤᠰᠭᠠᠶ ᠰᠡᠳᠦᠪᠲᠦ ᠬᠢᠴᠢᠶᠡᠯ ᠢ ᠥᠷᠨᠢᠭᠦᠯᠪᠡ; ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠲᠤ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭ᠍ᠲᠠᠭᠠᠯ᠂ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠪᠠᠭᠠᠵᠢ ᠬᠡᠷᠡᠭ᠌ᠰᠡᠯ᠎ᠦᠨ ᠬᠡᠷᠡᠭ᠌ᠯᠡᠯᠲᠡ ᠪᠠ ᠬᠡᠷᠡᠭ᠎ᠦᠨ ᠵᠢᠱ᠌ᠢᠶ᠎ᠡ᠎ᠶ᠋ᠢᠨ ᠵᠠᠳᠠᠯᠤᠯᠲᠠ᠎ᠶ᠋ᠢ ᠴᠢᠩᠭᠠᠳᠭᠠᠵᠤ᠂ 36 ᠲᠠᠯᠠᠪᠤᠷ ᠮᠡᠳᠡᠯᠭᠡ᠎ᠶ᠋ᠢᠨ ᠤᠷᠤᠯᠳᠤᠭᠠᠨ᠎ᠢ ᠵᠣᠬᠢᠶᠠᠨ ᠪᠠᠢᠭᠤᠯᠪᠠ᠃
ᠰᠤᠷᠭᠠᠭᠤᠯᠢ ᠡᠬᠢᠯᠡᠬᠦ᠌ ᠴᠠᠭ᠂ 119 ᠭᠠᠯ ᠢ ᠰᠡᠷᠭᠡᠢ᠌ᠯᠡᠬᠦ᠌ ᠭᠠᠯ ᠤᠨᠲᠠᠷᠠᠭᠠᠬᠤ ᠤᠬᠠᠭᠤᠯᠭ᠎ᠠ᠎ᠶ᠋ᠢᠨ ᠡᠳᠦᠷ᠂《6·1》 ᠤ᠋ ᠲᠡᠯᠡᠬᠡᠢ ᠵᠢᠨ ᠬᠡᠦᠬᠡᠳ᠎ᠦᠨ ᠪᠠᠶᠠᠷ ᠵᠡᠷᠭᠡ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ᠎ᠵᠢ ᠠᠰᠢᠭᠯᠠᠨ᠂ ᠲᠣᠰ ᠠᠢᠮᠠᠭ ᠪᠠᠰᠠ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠰᠣᠨᠢᠷᠬᠠᠯᠲᠤ ᠪᠡᠶ᠎ᠡ ᠶ᠋ᠢᠨ ᠲᠠᠮᠢᠷ ᠤᠨ ᠴᠤᠭ᠍ᠯᠠᠭᠠᠨ᠂ ᠤᠷᠠᠨ᠌ ᠵᠢᠷᠤᠭ᠎ᠤᠨ ᠦᠵᠡᠰᠭᠦᠯᠡᠩ᠂ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠵᠤᠰᠠᠯᠠᠩ ᠵᠡᠷᠭᠡ ᠠᠵᠢᠯᠯᠠᠭ᠎ᠠ᠎ᠶ᠋ᠢ ᠱᠢᠨ᠎ᠡ᠎ᠪᠡᠷ ᠡᠭᠦᠳᠦᠨ ᠥᠷᠨᠢᠭᠦᠯᠵᠦ᠍᠂ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠬᠥᠮᠦᠵᠢᠯ᠎ᠢ 《 ᠬᠢᠴᠢᠶᠡᠯ᠎ᠦᠨ ᠲᠠᠩᠬᠢᠮ 》 ᠡᠴᠡ ᠭᠠᠳᠠᠨ᠎ᠠ ᠦᠷᠨᠢᠭᠦᠯᠵᠦ ᠤᠯᠠᠮ ᠰᠤᠨᠢᠷᠬᠠᠯᠳᠠᠢ ᠪᠤᠯᠭᠠᠪᠠ᠃ 《ᠥᠩᠭᠡᠷᠡᠭ᠌ᠰᠡᠨ᠎ᠳᠦ ᠭᠠᠯ ᠢ ᠰᠡᠷᠭᠡᠢ᠌ᠯᠡᠬᠦ᠌ ᠭᠠᠯ ᠤᠨᠲᠠᠷᠠᠭᠠᠬᠤ ᠮᠡᠳᠡᠯᠭᠡ ᠨᠢ ᠲᠡᠮᠡᠢ ᠬᠡᠷᠡᠭᠯᠡᠭᠳᠡᠳᠡᠭ ᠦᠭᠡᠢ ᠭᠡᠵᠦ᠍ ᠪᠤᠲᠤᠲᠠᠭ᠂ ᠰᠤᠷᠭᠠᠭᠤᠯᠢ᠎ᠶ᠋ᠢᠨ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠳᠤᠷ᠎ᠠ ᠰᠣᠨᠢᠷᠬᠠᠯ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠵᠤ᠂ ᠭᠠᠯ ᠤᠨᠲᠠᠷᠠᠭᠠᠭᠤᠷ᠎ᠤᠨ ᠠᠵᠢᠯᠯᠠᠭ᠎ᠠ᠎ᠶ᠋ᠢ ᠪᠡᠶᠡᠴᠢᠯᠡᠨᠣᠢᠯᠠᠭᠠᠭᠠᠳ ᠰᠠᠶᠢ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠠᠮᠤᠷ ᠲᠦᠪᠱᠢᠨ᠎ᠦ ᠴᠢᠬᠤᠯᠠ ᠴᠢᠨᠠᠷ ᠢ ᠵᠢᠩᠬᠢᠨᠢ ᠣᠢᠯᠠᠭᠠᠵᠠᠢ 》 ᠭᠡᠵᠦ᠍ ᠱᠢᠯᠢᠩᠬᠣᠲᠠ᠎ᠶ᠋ᠢᠨ ᠠᠷᠪᠠᠨ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ ᠾᠧᠦ ᠢ ᠲᠦᠩ ᠬᠡᠯᠡᠪᠡ᠃ ᠣᠲᠣ ᠲᠡᠷᠡ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠦᠨᠳᠦᠰᠦᠨ ᠤᠷ᠎ᠠ ᠴᠢᠳᠠᠪᠤᠷᠢ᠎ᠶ᠋ᠢ ᠪᠣᠯᠪᠠᠰᠤᠷᠠᠩᠭᠤᠶ ᠡᠵᠡᠮᠱᠢᠭ᠌ᠰᠡᠨ᠎ᠢᠶᠡᠷ ᠪᠠᠷᠠᠬᠤ ᠥᠬᠡᠶ ᠪᠠᠰᠠ ᠠᠩᠭᠢ᠎ᠶ᠋ᠢᠨ᠎ᠢᠶᠠᠨ 《ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠪᠢᠴᠢᠬᠠᠨ ᠬᠠᠮᠠᠭᠠᠯᠠᠭ᠍ᠴᠢ》 ᠪᠣᠯᠵᠣ᠂ ᠡᠳᠦᠷ ᠪᠦᠷᠢ ᠰᠤᠷᠤᠭ᠍ᠴᠢᠳ᠎ᠲᠤ ᠴᠠᠬᠢᠯᠭᠠᠨ᠎ᠢ ᠵᠢᠷᠤᠮᠵᠢᠭᠤᠯᠤᠨ ᠬᠡᠷᠡᠭ᠌ᠯᠡᠵᠦ᠍᠂ ᠭᠠᠯ᠎ᠤᠨ ᠠᠶᠤᠯ᠎ᠤᠨ ᠳᠠᠯᠳᠠ ᠬᠡᠮ᠎ᠡᠴᠡ ᠬᠣᠯᠠ ᠵᠠᠢᠯᠠᠵᠤ᠂ ᠰᠣᠷᠣᠭ᠍ᠰᠠᠨ ᠭᠠᠯ ᠢ ᠰᠡᠷᠭᠡᠢ᠌ᠯᠡᠬᠦ᠌ ᠭᠠᠯ ᠤᠨᠲᠠᠷᠠᠭᠠᠬᠤ ᠮᠡᠳᠡᠯᠭᠡ ᠪᠡᠨ ᠬᠡᠷ ᠦᠨ ᠬᠥᠮᠦᠰ ᠪᠣᠯᠤᠨ ᠨᠠᠢᠵᠠ ᠨᠥᠬᠥᠳ᠎ᠲᠡᠬᠡᠨ ᠬᠤᠪᠢᠶᠠᠯᠴᠠᠨ ᠥᠭ᠌ᠬᠦ᠎ᠶ᠋ᠢ ᠰᠠᠨᠠᠭᠤᠯᠵᠤ ᠪᠠᠢᠨ᠎ᠠ᠃
ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠮᠡᠳᠡᠯᠭᠡ᠎ᠶ᠋ᠢ ᠤᠯᠠᠨ ᠲᠦᠮᠡᠨ ᠡᠴᠡ ᠤᠢᠷᠠᠬᠠᠨ ᠪᠠᠢᠯᠭᠠᠬᠤ᠎ᠶ᠋ᠢᠨ ᠲᠥᠯᠥᠭᠡ ᠂ ᠱᠢᠯᠢ᠎ᠶ᠋ᠢᠨ ᠭᠤᠤᠯ ᠠᠢᠮᠠᠭ ᠪᠠᠰᠠ 《 ᠰᠦᠯᠵᠢᠶᠡᠨ ᠲᠡᠭᠡᠷ᠎ᠠ + ᠠᠬᠤᠢ ᠲᠠᠯᠠᠪᠠᠢ 》 ᠵᠢᠨ ᠪᠣᠰᠣᠭ᠎ᠠ ᠴᠣᠭ᠍ᠴᠠᠲᠤ ᠤᠬᠠᠭᠤᠯᠭ᠎ᠠ ᠬᠥᠮᠦᠵᠢᠯ᠎ᠦᠨ ᠵᠢᠭ᠍ᠰᠠᠭᠠᠯ᠎ᠤᠨ ᠭᠠᠵᠠᠷ᠎ᠢ ᠬᠦᠴᠦᠯᠡᠨ ᠪᠠᠢᠭᠤᠯᠪᠠ᠃ ᠠᠬᠤᠢ ᠲᠠᠯᠠᠪᠠᠢ ᠳ᠋ᠦ᠂ ᠡᠯ᠎ᠡ ᠰᠤᠷᠭᠠᠭᠤᠯᠢ᠎ᠶ᠋ᠢ ᠬᠠᠮᠵᠢᠨ ᠭᠠᠯ ᠢ ᠰᠡᠷᠭᠡᠢ᠌ᠯᠡᠬᠦ᠌ ᠭᠠᠯ ᠤᠨᠲᠠᠷᠠᠭᠠᠬᠤ ᠵᠢ ᠤᠬᠠᠭᠤᠯᠬᠤ ᠷᠠᠳᠢᠣ᠋ ᠨᠡᠪᠲᠡᠷᠡᠭᠦᠯᠭᠡ᠂ ᠤᠬᠠᠭᠤᠯᠭ᠎ᠠ᠎ᠶ᠋ᠢᠨ ᠪᠤᠯᠤᠩ᠂ ᠨᠣᠮ᠎ᠤᠨ ᠪᠤᠯᠤᠩ᠎ᠢ ᠨᠡᠢᠲᠡ 338 ᠪᠠᠢᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠦ ᠥᠨᠴᠥᠭ ᠪᠤᠯᠤᠩ ᠪᠦᠷᠢ᠎ᠶ᠋ᠢ ᠭᠠᠯ ᠢ ᠰᠡᠷᠭᠡᠢ᠌ᠯᠡᠬᠦ᠌ ᠭᠠᠯ ᠤᠨᠲᠠᠷᠠᠭᠠᠬᠤ ᠵᠢ ᠤᠬᠠᠭᠤᠯᠬᠤ 《ᠵᠢᠵᠢᠭ ᠵᠢᠭ᠍ᠰᠠᠭᠠᠯ᠎ᠤᠨ ᠭᠠᠵᠠᠷ》 ᠪᠣᠯᠭᠠᠪᠠ; ᠰᠦᠯᠵᠢᠶᠡᠨ ᠳᠡᠭᠡᠷ᠎ᠡ᠂《ᠱᠢᠯᠢ᠎ᠶ᠋ᠢᠨ ᠭᠤᠤᠯ᠎ᠤᠨ ᠰᠤᠷᠭᠠᠨ ᠬᠥᠮᠦᠵᠢᠯ》ᠵᠡᠷᠭᠡ ᠠᠯᠪᠠᠨ ᠲᠠᠯ᠎ᠠ᠎ᠶ᠋ᠢᠨ ᠨᠡᠢᠲᠡ᠎ᠶ᠋ᠢᠨ ᠳ᠋ᠤᠭᠠᠷ᠎ᠲᠤ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠵᠢ ᠤᠬᠠᠭᠤᠯᠬᠤ ᠲᠤᠰᠭᠠᠶ ᠪᠤᠯᠤᠩ ᠭᠠᠷᠭᠠᠵᠤ᠂ ᠬᠠᠮᠢᠶ᠎ᠠ ᠪᠦᠬᠦᠢ ᠱᠢᠨᠵᠢᠯᠡᠬᠦ᠌ ᠤᠬᠠᠭᠠᠨ᠎ᠤ ᠮᠡᠳᠡᠯᠭᠡ᠎ᠶ᠋ᠢ ᠨᠡᠢᠲᠡ 15489 ᠬᠤᠭᠤᠴᠠᠭ᠎ᠠ ᠨᠡᠢᠲᠡᠯᠡᠵᠦ᠍ ᠂ ᠪᠠᠶᠠᠯᠢᠭ ᠠᠭᠤᠯᠭ᠎ᠠ ᠲᠠᠢ ᠵᠢᠷᠤᠭ ᠂ ᠱᠣᠭ ᠵᠢᠷᠤᠭ᠂ ᠵᠢᠵᠢᠭ ᠸᠢᠳᠢᠣ᠋ ᠵᠡᠷᠭᠡ ᠤᠬᠠᠭᠤᠯᠭ᠎ᠠ᠎ᠶ᠋ᠢᠨ ᠦᠢᠯᠡᠳᠭᠦᠨ᠎ᠢ 1326 ᠵᠤᠷᠪᠤᠰ ᠦᠶ᠋ᠯᠡᠳᠴᠦ᠍ ᠂ ᠭᠦᠶᠦᠯᠭᠡᠨ ᠦᠵᠡᠭᠰᠡᠨ ᠲᠤᠭ᠎ᠠ ᠬᠡᠮᠵᠢᠶ᠎ᠠ ᠨᠡᠢᠲᠡ 168.2 ᠲᠦᠮᠡᠨ ᠤᠳᠠᠭ᠎ᠠ ᠳ᠋ᠦ ᠬᠦᠷᠴᠦ ᠂《ᠴᠠᠭ ᠢᠮᠠᠭ᠍ᠲᠠ ᠰᠤᠷᠤᠯᠴᠠᠵᠤ ᠳᠡᠢᠯᠬᠦ᠌᠂ ᠭᠠᠵᠠᠷ ᠪᠣᠯᠭᠠᠨ᠎ᠳᠤ ᠰᠤᠷᠤᠯᠴᠠᠵᠤ ᠳᠡᠢᠯᠬᠦ᠌ 》 ᠶ᠋ᠢ ᠪᠡᠶᠡᠯᠡᠭᠦᠯᠪᠡ᠃ ᠡᠭᠦᠨ᠎ᠡᠴᠡ ᠭᠠᠳᠠᠨ᠎ᠠ᠂ 186 ᠰᠣᠷᠣᠭ᠍ᠴᠢ᠎ᠪᠠᠷ ᠪᠦᠷᠢᠯᠳᠦᠭ᠌ᠰᠡᠨ 《ᠯᠠᠨ ᠵᠢᠩ ᠯᠢᠩ》 ᠪᠠᠭᠠᠴᠤᠳ᠎ᠤᠨ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠵᠢ ᠲᠠᠢᠯᠪᠤᠷᠢᠯᠠᠬᠤ ᠪᠦᠯᠬᠦᠮ᠎ᠦᠨ᠎ᠬᠢᠨ ᠨᠡᠢᠭᠡᠮ ᠲᠣᠭᠣᠷᠢᠭ᠂ ᠬᠤᠳᠠᠯᠳᠤᠭᠠᠨ᠎ᠤ ᠲᠣᠭᠣᠷᠢᠭ᠎ᠲᠤ ᠨᠡᠢᠲᠡ 700 ᠭᠠᠷᠤᠶ ᠤᠳᠠᠭᠠᠨ᠎ᠤ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ 5.2 ᠲᠦᠮᠡᠨ ᠣᠯᠠᠨ ᠲᠦᠮᠡᠨ᠎ᠢ ᠬᠠᠮᠤᠷᠴᠤ᠌᠂《ᠪᠠᠭᠠᠴᠤᠳ ᠬᠡᠤᠬᠡᠳ ᠲᠤᠮᠤ ᠬᠦᠮᠦᠨ ᠭᠡᠰᠡᠨ ᠦᠭᠡᠢ᠂ ᠠᠮᠤᠷ ᠲᠦᠪᠱᠢᠨ᠎ᠢ ᠬᠠᠮᠲᠤ᠎ᠪᠠᠷ ᠬᠠᠮᠠᠭᠠᠯᠠᠶ᠎ᠠ》 ᠭᠡᠬᠦ ᠳᠠᠮᠵᠢᠭᠤᠯᠭ᠎ᠠ᠎ᠶ᠋ᠢᠨ ᠦᠶ᠋ᠯᠡᠳᠦᠯ᠎ᠢ ᠦᠨᠡᠨ ᠬᠦ᠌ ᠪᠡᠶᠡᠯᠡᠭᠦᠯᠪᠡ᠃
ᠣᠳᠣᠬᠠᠨ᠎ᠳᠤ᠂ 《 ᠬᠦᠬᠡ ᠲᠦᠯᠦ 》 ᠪᠤᠯᠤᠨ 《 ᠤᠯᠠᠭᠠᠨ ᠪᠦᠴᠡᠳᠡᠨ 》 ᠭᠠᠷ ᠬᠤᠯᠪᠤᠯᠴᠠᠨ ᠱᠢᠯᠢ᠎ᠶ᠋ᠢᠨ ᠭᠤᠤᠯ ᠠᠢᠮᠠᠭ᠎ᠤᠨ ᠰᠤᠷᠭᠠᠭᠤᠯᠢ᠎ᠶ᠋ᠢᠨ ᠬᠦᠷᠢᠶᠡᠨ᠎ᠦ ᠠᠮᠤᠷ ᠲᠦᠪᠱᠢᠨ ᠦ 《ᠠᠯᠲᠠᠨ ᠱᠤᠱᠢᠭ᠎ᠠ 》 ᠪᠣᠯᠵᠠᠶ᠃ ᠪᠥᠬᠥ᠌ ᠠᠢᠮᠠᠭ᠎ᠤᠨ ᠪᠠᠭ᠍ᠰᠢ ᠰᠤᠷᠤᠭ᠍ᠴᠢᠳ᠎ᠤᠨ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠠᠮᠤᠷ ᠲᠦᠪᠱᠢᠨ ᠢ᠋ ᠣᠢᠯᠠᠭᠠᠵᠤ ᠮᠡᠳᠡᠬᠦ᠌ ᠨᠣᠷᠮ᠎ᠠ 68.14 % ᠪᠠᠢᠭ᠍ᠰᠠᠨ᠎ᠡᠴᠡ᠎ᠪᠠᠨ ᠳᠡᠭᠡᠭ᠌ᠰᠢᠯᠡᠭᠡᠳ 78.96 % ᠪᠣᠯᠵᠣ᠂ 《ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ᠎ᠶ᠋ᠢ ᠮᠡᠳᠡᠬᠦ᠌ 》 ᠡᠴᠡ᠎ᠪᠠᠨ《ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ᠎ᠶ᠋ᠢ ᠴᠢᠳᠠᠬᠤ》ᠳᠠᠪᠠᠯᠲᠠ᠎ᠶ᠋ᠢ ᠪᠡᠶᠡᠯᠡᠭᠦᠯᠪᠡ; ᠭᠡᠷ ᠪᠦᠯᠢ᠎ᠶ᠋ᠢᠨ ᠭᠠᠯ ᠢ ᠰᠡᠷᠭᠡᠢ᠌ᠯᠡᠬᠦ᠌ ᠭᠠᠯ ᠤᠨᠲᠠᠷᠠᠭᠠᠬᠤ ᠥᠪᠡᠰᠦᠪᠡᠨ ᠪᠠᠢᠴᠠᠭᠠᠬᠤ ᠬᠦᠰᠦᠨᠦᠭ᠌ᠲᠦ ᠲᠠᠷᠬᠠᠭᠠᠬᠤ᠂ ᠭᠡᠷ ᠪᠦᠯᠢ᠎ᠶ᠋ᠢᠨ ᠠᠵᠢᠯᠯᠠᠭ᠎ᠠ ᠡᠷᠬᠢᠯᠡᠬᠦ᠌ ᠵᠡᠷᠭᠡ᠎ᠪᠡᠷ ᠳᠠᠮᠵᠢᠭᠤᠯᠤᠨ᠂ ᠭᠡᠷ ᠪᠦᠯᠢ᠎ᠶ᠋ᠢᠨ ᠥᠪᠡᠰᠦᠪᠡᠨ ᠪᠠᠢᠴᠠᠭᠠᠬᠤ᠎ᠶ᠋ᠢ ᠨᠡᠢᠲᠡ 12 ᠲᠦᠮᠡ ᠭᠠᠷᠤᠶ ᠤᠳᠠᠭ᠎ᠠ ᠪᠡᠶᠡᠯᠡᠭᠦᠯᠵᠦ᠍᠂ 5000 ᠭᠠᠷᠤᠶ ᠡᠷᠦᠬᠡ ᠣᠷᠣᠯᠴᠠᠵᠤ᠂《ᠰᠤᠷᠭᠠᠭᠤᠯᠢ᠎ᠶ᠋ᠢᠨ ᠬᠦᠷᠢᠶ᠎ᠡ — ᠭᠡᠷ ᠪᠦᠯᠢ — ᠨᠡᠢᠭᠡᠮ》ᠬᠠᠮᠲᠤᠷᠠᠨ ᠬᠥᠳᠡᠯᠦᠯᠴᠡᠬᠦ᠌ ᠪᠠᠢᠷᠢᠱᠢᠯ᠎ᠢ ᠪᠦᠬᠦ᠌ ᠲᠠᠯ᠎ᠠ᠎ᠪᠠᠷ ᠪᠤᠶ ᠪᠣᠯᠭᠠᠪᠠ᠃
《ᠲᠠᠷᠠᠭᠠᠴᠢ᠎ᠶ᠋ᠢᠨ ᠠᠯᠬᠤᠮ᠎ᠳᠤ᠂ ᠪᠢᠳᠡ ᠭᠠᠯ ᠤᠠᠳᠠᠷᠠᠭᠠᠭᠴᠢ ᠪᠤᠯᠤᠨ 〈 ᠤᠯᠠᠭᠠᠨ ᠪᠦᠴᠡᠳᠡᠨ 〉᠎ᠲᠠᠢ ᠭᠠᠷ ᠬᠤᠯᠪᠤᠯᠴᠠᠬᠤ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠤᠷᠭᠠᠨ ᠬᠥᠮᠦᠵᠢᠯ᠎ᠦᠨ ᠬᠡᠯᠪᠡᠷᠢ᠎ᠪᠡᠨ ᠲᠠᠰᠤᠷᠠᠯᠲᠠ ᠥᠬᠡᠶ ᠱᠢᠨᠡᠴᠢᠯᠡᠵᠦ᠍᠂ ᠠᠵᠢᠯᠯᠠᠭ᠎ᠠ᠎ᠶ᠋ᠢᠨ ᠠᠭᠤᠯᠭ᠎ᠠ ᠪᠠᠨ ᠪᠠᠶᠠᠯᠢᠭ᠍ᠵᠢᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠦ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠠᠮᠤᠷ ᠲᠦᠪᠱᠢᠨ᠎ᠦ ᠬᠥᠮᠦᠵᠢᠯ ᠪᠠ ᠪᠠᠴᠢᠮ ᠪᠠᠢᠳᠠᠯ᠎ᠢ ᠠᠷᠭᠠᠴᠡᠭᠠᠬᠤ ᠰᠣᠷᠢᠯᠲᠠ᠎ᠶ᠋ᠢ ᠪᠠᠢᠩᠭᠤ ᠥᠷᠨᠢᠭᠦᠯᠵᠦ᠍᠂ ᠪᠠᠭ᠍ᠰᠢ ᠰᠤᠷᠤᠭ᠍ᠴᠢᠳ᠎ᠤᠨ ᠪᠠᠴᠢᠮ ᠪᠠᠢᠳᠠᠯ᠎ᠢ ᠠᠷᠭᠠᠴᠡᠭᠠᠬᠤ ᠠᠶᠤᠯ᠎ᠡᠴᠡ ᠵᠠᠢᠯᠠᠬᠤ ᠴᠢᠳᠠᠪᠤᠷᠢ ᠪᠠ ᠥᠪᠡᠷ ᠢ᠎ᠪᠡᠨ ᠠᠪᠤᠷᠬᠠᠸ᠋ ᠬᠠᠷᠢᠯᠴᠠᠨ ᠠᠪᠤᠷᠬᠠᠸ᠋ ᠬᠢᠷᠢ ᠲᠦᠪᠱᠢᠨ ᠢ ᠦᠨᠡᠨ ᠬᠦ᠌ ᠳᠡᠭᠡᠭ᠌ᠰᠢᠯᠡᠭᠦᠯᠵᠦ᠍᠂ ᠠᠮᠤᠷ ᠠᠮᠤᠭᠤᠯᠠᠩ ᠰᠤᠷᠭᠠᠭᠤᠯᠢ᠎ᠶ᠋ᠢᠨ ᠬᠦᠷᠢᠶᠡᠨ᠎ᠦ ᠪᠥᠲᠥᠭᠡᠨ ᠪᠠᠢᠭᠤᠯᠤᠯᠲᠠ᠎ᠳᠤ ᠪᠠᠲᠤ ᠪᠠᠬᠢ ᠬᠠᠯᠬᠠᠪᠴᠢ ᠪᠠᠢᠭᠤᠯᠤᠨ᠎ᠠ》 ᠭᠡᠵᠦ ᠱᠢᠯᠢ᠎ᠶ᠋ᠢᠨ ᠭᠣᠣᠯ ᠠᠢᠮᠠᠭ᠎ᠤᠨ ᠰᠤᠷᠭᠠᠨ ᠬᠥᠮᠦᠵᠢᠯ ᠦᠨ ᠲᠤᠪᠴᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠬᠠᠢ ᠹᠸᠩ ᠢᠯᠡᠳᠭᠡᠪᠡ᠃