ᠸᠠᠩ ᠸᠧᠶ ᠵᠥᠩ ᠬᠤᠷᠠᠯ ᠢ᠋ ᠡᠷᠭᠢᠯᠡᠪᠡ
4 ᠰᠠᠷ᠎ᠠ᠎ᠶ᠋ᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ 3 ᠰᠠᠷ᠎ᠠ᠎ᠶ᠋ᠢᠨ 27 ᠤ᠋ ᠡᠳᠦᠷ᠎ᠦᠨ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠨᠡᠢᠰᠯᠡᠯ᠎ᠦᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠪᠦᠬᠦ᠌ ᠣᠷᠣᠨ᠎ᠤ ᠠᠮᠤᠷ ᠲᠦᠪᠱᠢᠨ ᠲᠣᠭ᠍ᠲᠠᠭᠤᠨ ᠪᠠ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠣᠯᠪᠣᠭ᠍ᠳᠠᠯ ᠪᠦᠬᠦᠢ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃
ᠬᠤᠷᠠᠯ᠎ᠡᠴᠡ᠂ 3 ᠰᠠᠷ᠎ᠠ᠎ᠶ᠋ᠢᠨ 27 ᠤ᠋ ᠡᠳᠦᠷ᠎ᠦᠨ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠷᠣᠨ ᠨᠤᠲᠤᠭ᠎ᠤᠨ ᠬᠣᠷᠢᠶ᠎ᠠ ᠵᠢᠨ ᠠᠵᠢᠯ᠎ᠤᠨ ᠲᠦᠷᠢᠮ》 ᠢ᠋ ᠨᠠᠷᠢᠨ ᠬᠢᠨᠠᠮᠠᠭᠠᠶ ᠬᠡᠷᠡᠭ᠌ᠵᠢᠭᠦᠯᠵᠦ᠍᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠣᠯᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠥᠪᠥᠷ ᠮᠣᠩᠭᠣᠯ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠡᠷᠡᠰ ᠭᠤᠢᠪᠢᠰᠢ ᠥᠬᠡᠶ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠬᠥᠭ᠌ᠵᠢᠯᠲᠡ᠎ᠶ᠋ᠢ ᠲᠦᠯᠦᠪᠵᠢᠭᠦᠯᠵᠤ ᠠᠮᠤᠷ ᠲᠦᠪᠱᠢᠨ᠎ᠢ ᠪᠠᠲᠤᠯᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠪᠣᠳᠠᠳᠤ ᠪᠠᠢᠳᠠᠯ ᠲᠠᠢ ᠨᠢᠭ᠍ᠲᠠ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》ᠠᠵᠢᠯ᠎ᠤᠨ ᠪᠠᠢᠷᠢᠯᠠᠭᠤᠯᠤᠯᠲᠠ᠎ᠶ᠋ᠢ ᠪᠦᠲᠦᠭᠡᠯᠴᠢ᠎ᠪᠡᠷ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠢ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠤᠳᠤᠷᠢᠳᠭᠤ ᠪᠠᠭ ᠲᠤ᠌ ᠬᠠᠨᠳᠤᠭᠤᠯᠤᠭᠰᠠᠨ ᠠᠷᠠᠳᠴᠢᠯᠠᠯ ᠲᠥᠪᠯᠡᠷᠡᠯ᠎ᠦᠨ ᠶᠣᠰᠣᠨ᠎ᠤ ᠬᠥᠮᠦᠵᠢᠯ᠎ᠢ ᠴᠢᠩᠭᠠᠳᠭᠠᠵᠤ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠶ᠋ᠢ ᠠᠬᠢᠭᠤᠯᠬᠤ ᠬᠡᠷᠡᠭ᠌ᠲᠡᠢ᠃ ᠬᠣᠲᠠ ᠱᠢᠶᠠᠨ ᠱᠢᠶᠠᠩ᠎ᠤᠨ ᠤᠳᠤᠷᠢᠳᠭᠤ ᠪᠠᠭ᠎ᠤᠨ ᠬᠤᠭᠤᠴᠠᠭ᠎ᠠ ᠰᠣᠯᠢᠬᠤ ᠠᠵᠢᠯ᠎ᠲᠠᠶ ᠤᠶᠠᠯᠳᠤᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠤᠳᠤᠷᠢᠳᠭᠤ ᠪᠠᠭ᠎ᠢ ᠰᠠᠢᠲᠤᠷ ᠪᠠᠢᠭᠤᠯᠵᠤ ᠬᠦᠴᠦᠷᠬᠡᠭ᠌ ᠪᠤᠯᠭᠠᠨ ᠪᠠᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠨᠡᠢᠰᠯᠡᠯ᠎ᠦᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢ ᠢᠮᠠᠭ᠍ᠲᠠ ᠪᠠᠲᠤᠯᠠᠵᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠨᠤᠭᠤᠭᠠᠷᠠᠭᠤᠯᠤᠯᠳᠠ ᠵᠢᠨ ᠦᠶ᠋ᠯᠡᠰ᠎ᠢ ᠬᠥᠭ᠌ᠵᠢᠭᠦᠯᠬᠦ᠌᠂ ᠠᠷᠠᠳ᠎ᠲᠤ ᠠᠱᠢᠭ ᠬᠦᠷᠲᠡᠭᠡᠬᠦ᠌ ᠴᠢᠬᠤᠯᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠶᠡᠬᠡ ᠬᠡᠪᠴᠢᠶᠡᠨ᠎ᠦ ᠤᠯᠤᠰ᠎ᠤᠨ ᠭᠠᠵᠠᠷ ᠱᠢᠷᠣᠶ᠎ᠶ᠋ᠢᠨ ᠨᠣᠭᠣᠭᠠᠷᠠᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠵᠦ᠍᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠲᠠᠰᠤᠷᠠᠯᠲᠠ ᠥᠬᠡᠶ ᠴᠣᠭ᠍ᠴᠠᠯᠠᠬᠤ ᠬᠡᠷᠡᠭ᠌ᠲᠡᠶ᠃ ᠴᠠᠭ ᠮᠥᠴᠡ᠎ᠶ᠋ᠢ ᠠᠮᠵᠢᠨ ᠮᠣᠳᠣ ᠲᠠᠷᠢᠵᠤ ᠣᠢᠵᠢᠭᠤᠯᠬᠤ ᠪᠠ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠶ᠋ᠢ ᠠᠬᠢᠭᠤᠯᠵᠤ᠂ ᠤᠢ ᠮᠣᠳᠣᠨ᠎ᠤ ᠰᠡᠭᠦᠯᠴᠢ᠎ᠶ᠋ᠢᠨ ᠬᠤᠭᠤᠴᠠᠭᠠᠨ᠎ᠤ ᠬᠠᠮᠢᠶᠠᠷᠤᠯᠲᠠ ᠬᠠᠮᠠᠭᠠᠯᠠᠯᠲᠠ᠎ᠶ᠋ᠢ ᠴᠢᠬᠤᠯᠠᠴᠢᠯᠠᠨ ᠴᠢᠩᠭᠠᠳᠭᠠᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍ ᠤᠢ ᠱᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠤᠨᠴᠠᠯᠢᠬ᠍ᠳᠤ ᠤᠢ ᠱᠢᠭᠤᠢ ᠪᠠ ᠡᠪᠡᠰᠦᠨ᠎ᠦ ᠠᠵᠤ ᠦᠢᠯᠡᠰ᠎ᠢ ᠶᠡᠬᠡᠪᠡᠷ ᠬᠥᠭ᠌ᠵᠢᠭᠦᠯᠵᠦ᠍᠂ ᠠᠮᠢ ᠠᠬᠤᠢ᠎ᠶ᠋ᠢᠨ ᠵᠢᠭᠤᠯᠴᠢᠯᠠᠯ᠂ ᠤᠢ ᠱᠢᠭᠤᠢ ᠳ᠋ᠡᠬᠢ ᠡᠷᠡᠭᠦᠯᠵᠢᠯ ᠰᠤᠪᠢᠯᠠᠯᠲᠠ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠢᠳᠡᠪᠬᠢᠲᠡᠢ ᠬᠥᠭ᠌ᠵᠢᠭᠦᠯᠵᠦ᠍᠂ ᠨᠡᠩ ᠤᠯᠠᠨ ᠪᠠᠢᠭᠠᠯᠢ᠎ᠶ᠋ᠢᠨ ᠡᠬᠢ ᠪᠠᠶᠠᠯᠢᠭ᠎ᠢ ᠠᠵᠤ ᠠᠬᠤᠢ᠎ᠶ᠋ᠢᠨ ᠦᠪ ᠬᠦᠷᠦᠩᠬᠡ ᠪᠣᠯᠭᠠᠨ ᠬᠤᠪᠢᠷᠠᠭᠤᠯᠬᠤ᠎ᠪᠠᠷ ᠴᠢᠷᠮᠠᠢᠬᠤ ᠬᠡᠷᠡᠭ᠌ᠲᠡᠢ᠃ ᠬᠣᠲᠠ ᠬᠥᠳᠡᠭᠡ᠎ᠶ᠋ᠢᠨ ᠨᠣᠭᠣᠭᠠᠷᠠᠭᠤᠯᠤᠯᠲᠠ ᠭᠤᠶᠤᠵᠢᠭᠤᠯᠤᠯᠳᠠ᠎ᠶ᠋ᠢ ᠬᠠᠮᠵᠢᠯᠴᠠᠨ ᠠᠬᠢᠭᠤᠯᠵᠤ᠂ ᠤᠷᠭᠤᠮᠠᠯ᠎ᠤᠨ ᠬᠤᠴᠢᠯᠭ᠎ᠠ᠎ᠶ᠋ᠢᠨ ᠵᠤᠬᠢᠴᠠᠭᠤᠯᠭ᠎ᠠ ᠬᠢᠭᠡᠳ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠬᠣᠲᠠ ᠬᠥᠳᠡᠭᠡ᠎ᠶ᠋ᠢᠨ ᠣᠯᠠᠨ ᠲᠦᠮᠡᠨ᠎ᠦ ᠨᠤᠭᠤᠭᠠᠷᠠᠭᠤᠯᠤᠯᠳᠠ ᠡᠴᠡ ᠤᠯᠬᠤ ᠬᠦᠷᠲᠡᠮᠵᠢ᠎ᠶ᠋ᠢᠨ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌ ᠬᠡᠷᠡᠭ᠌ᠲᠡᠶ᠃ ᠠᠮᠢ ᠠᠬᠤᠢ᠎ᠶᠢᠨ ᠪᠣᠯᠪᠠᠰᠤᠨ᠎ᠤ ᠤᠬᠠᠭᠤᠯᠭ᠎ᠠ ᠬᠥᠮᠦᠵᠢᠯ ᠪᠣᠯᠣᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠮᠡᠳᠡᠯᠭᠡ᠎ᠶᠢᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠰᠤᠷᠭᠠᠨ ᠬᠦᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠂ ᠵᠠᠯᠠᠭᠤ ᠪᠠᠭ᠎ᠠ ᠰᠤᠷᠤᠭ᠍ᠴᠢᠳ᠎ᠤᠨ ᠬᠥᠳᠡᠯᠮᠦᠷᠢ᠎ᠶᠢᠨ ᠦᠷᠳᠡᠭ᠎ᠦᠨ ᠲᠤᠬᠠᠢ ᠵᠦᠪ ᠦᠵᠡᠯᠲᠡ ᠪᠣᠯᠣᠨ ᠰᠠᠢᠨ ᠰᠠᠢᠬᠠᠨ ᠬᠥᠳᠡᠯᠮᠦᠷᠢ᠎ᠶᠢᠨ ᠬᠡᠪ ᠴᠢᠨᠠᠷ᠎ᠢ ᠬᠦᠴᠦᠯᠡᠨ ᠬᠥᠮᠥᠵᠢᠭᠦᠯᠵᠦ᠂ ᠰᠠᠢᠨ ᠰᠠᠢᠬᠠᠨ ᠠᠮᠢ ᠠᠬᠤᠢ᠎ᠶᠢ ᠬᠥᠮᠥᠨ ᠪᠦᠬᠦᠨ ᠬᠠᠮᠲᠤ ᠪᠠᠷ ᠡᠳ᠋ᠯᠡᠬᠦ᠂ ᠬᠦᠴᠦ᠎ᠪᠡᠨ ᠬᠠᠮᠲᠤᠳᠬᠠᠨ ᠬᠠᠮᠲᠤ ᠪᠠᠷ ᠪᠦᠲᠦᠭᠡᠨ ᠪᠠᠶ᠋ᠢᠭᠤᠯᠬᠤ ᠨᠡᠢᠭᠡᠮ᠎ᠦᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠤᠢᠯ᠎ᠤᠨ ᠬᠠᠷᠢᠭᠤᠴᠠᠯᠭ᠎ᠠ ᠲᠠᠢ ᠬᠠᠨᠳᠤᠬᠤ ᠵᠣᠷᠢᠭ᠋ ᠰᠠᠨᠠᠭ᠎ᠠ᠎ᠪᠠᠷ ᠠᠮᠤᠷ ᠲᠦᠪᠰᠢᠨ ᠲᠣᠭᠲᠠᠭᠤᠨ᠎ᠤ ᠡᠯ᠎ᠡ ᠵᠦᠢᠯ᠎ᠦᠨ ᠠᠵᠢᠯ᠎ᠢ ᠰᠠᠢᠲᠤᠷ ᠠᠳᠬᠤᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠪᠣᠯᠣᠨ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠪᠠᠲᠤᠯᠠᠵᠤ᠂ ᠬᠦᠨᠳᠦ ᠶᠡᠬᠡ ᠣᠨᠴᠠ ᠶᠡᠬᠡ ᠡᠨᠳᠡᠯ ᠪᠣᠯᠣᠨ ᠬᠡᠲᠦᠷᠡᠮᠡᠬᠡᠢ ᠬᠡᠷᠡᠭ ᠡᠭᠦᠰᠬᠦ᠎ᠶᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢ ᠴᠢᠨᠠᠭᠰᠢᠳᠠ ᠪᠠᠲᠤᠳᠬᠠᠵᠤ᠂ ᠠᠶᠤᠯᠭᠦᠢ ᠦᠢᠯᠡᠳᠪᠦᠷᠢᠯᠡᠯ᠎ᠦᠨ ᠶᠡᠬᠡ ᠪᠠᠢᠴᠠᠭᠠᠯᠲᠠ ᠶᠡᠬᠡ ᠴᠡᠭᠴᠡᠯᠡᠡ ᠵᠠᠰᠠᠯᠳᠠ᠎ᠶᠢ ᠴᠢᠩᠭ᠎ᠠ ᠪᠣᠳᠠᠲᠠᠢ ᠠᠳᠬᠤᠵᠤ᠂ ᠨᠢᠭᠡ᠎ᠡᠴᠡ ᠨᠦᠭᠦᠭᠡ ᠵᠢ ᠵᠦᠢᠴᠢᠯᠡᠨ ᠮᠡᠳᠡᠵᠤ ᠭᠣᠣᠯᠳᠠᠯᠭ᠎ᠠ᠎ᠲᠠᠢ ᠠᠶᠤᠯ ᠲᠦᠭᠰᠢᠬᠦᠷᠢ ᠶᠡᠬᠡᠲᠡᠢ ᠠᠵᠢᠯ ᠲᠦᠷᠦᠯ᠎ᠦᠨ ᠬᠦᠷᠢᠶᠡᠨ᠎ᠦ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠢ ᠦᠨᠡᠨ ᠬᠦ᠌ ᠰᠠᠢᠲᠤᠷ ᠬᠢᠵᠦ᠂ ᠲᠦᠢᠮᠡᠷ᠎ᠢ ᠰᠡᠷᠭᠡᠢᠯᠡᠬᠦ ᠲᠣᠭᠣᠷᠢᠨ ᠪᠠᠢᠴᠠᠭᠠᠯᠲᠠ᠎ᠶᠢ ᠴᠢᠩᠭ᠎ᠠ ᠨᠢᠮᠪᠠᠢ ᠰᠠᠢᠲᠤᠷ ᠬᠢᠵᠦ᠂ ᠬᠠᠩᠰᠢ᠎ᠶᠢᠨ ᠡᠳᠦᠷ ᠵᠡᠷᠭᠡ ᠭᠣᠣᠯᠳᠠᠯᠭ᠎ᠠ᠎ᠲᠠᠢ ᠴᠠᠭ ᠬᠤᠭᠤᠴᠠᠭ᠎ᠠ᠂ ᠣᠩᠭᠣᠨ ᠱᠦᠭᠦᠷᠳᠡᠨ ᠳᠡᠭᠡᠳᠦᠰ᠎ᠢᠶᠡᠨ ᠳᠠᠬᠢᠬᠤ ᠵᠡᠷᠭᠡ ᠭᠣᠣᠯᠳᠠᠯᠭ᠎ᠠ᠎ᠲᠠᠢ ᠬᠥᠮᠥᠰ᠎ᠢ ᠴᠢᠩᠭ᠎ᠠ ᠠᠨᠭᠬᠠᠷᠴᠦ᠂ ᠪᠣᠯᠪᠠᠰᠤᠨ᠎ᠢᠶᠠᠷ ᠤᠩᠭᠤᠨ ᠱᠦᠭᠦᠷᠳᠡᠵᠤ ᠳᠠᠬᠢᠬᠤ᠎ᠶᠢ ᠰᠠᠨᠠᠭᠠᠴᠢᠯᠠᠵᠤ᠂ ᠭᠠᠯ᠎ᠤᠨ ᠡᠬᠢ ᠢᠷᠡᠯᠲᠡ᠎ᠶᠢ ᠴᠢᠩᠭ᠎ᠠ ᠬᠠᠮᠢᠶᠠᠷᠤᠨ ᠡᠵᠡᠮᠳᠡᠵᠦ᠂ ᠶᠡᠬᠡ ᠬᠢᠩᠭᠠᠨ ᠳᠠᠪᠠᠭ᠎ᠠ᠎ᠶᠢᠨ ᠣᠢᠲᠤ ᠣᠷᠣᠨ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠶᠢ ᠴᠠᠭ ᠲᠤᠬᠠᠢ ᠳ᠋ᠤᠨᠢ ᠮᠥᠷᠳᠡᠨ ᠬᠢᠨᠠᠨ ᠬᠡᠮᠵᠢᠬᠦ᠎ᠶᠢ ᠲᠣᠪᠣᠢᠮ᠎ᠠ ᠰᠠᠢᠲᠤᠷ ᠠᠳᠬᠤᠵᠤ᠂ ᠨᠠᠷᠢᠯᠢᠭ᠋ ᠣᠨᠣᠴᠠᠲᠠᠢ᠎ᠪᠠᠷ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠵᠤ᠂ ᠬᠦᠨᠳᠦ ᠶᠡᠬᠡ ᠬᠡᠮ ᠰᠣᠭᠣᠭ᠎ᠢ ᠬᠥᠳᠡᠯᠦᠩᠭᠦᠢ᠎ᠪᠡᠷ ᠠᠷᠢᠯᠭᠠᠬᠤ᠎ᠶᠢ ᠠᠬᠢᠭᠤᠯᠬᠤ ᠬᠡᠷᠡᠭᠲᠡᠢ᠃ ᠵᠥᠷᠢᠴᠡᠯ ᠵᠠᠭᠤᠷᠠᠯᠳᠤᠭᠠᠨ᠎ᠢ ᠪᠦᠬᠦ ᠲᠠᠯ᠎ᠠ᠎ᠪᠠᠷ ᠪᠠᠢᠴᠠᠭᠠᠨ ᠰᠢᠢᠳᠪᠦᠷᠢᠯᠡᠵᠦ᠂ ᠡᠬᠢ ᠡᠭᠦᠰᠦᠯ᠎ᠡᠴᠡ ᠨᠢ ᠬᠠᠮᠢᠶᠠᠷᠤᠨ ᠡᠵᠡᠮᠳᠡᠬᠦ ᠪᠠ ᠬᠠᠷᠢᠶ᠎ᠠ ᠣᠷᠣᠨ᠎ᠤ ᠬᠠᠮᠢᠶᠠᠷᠤᠯᠲᠠ᠎ᠶᠢ ᠴᠢᠩᠭᠠᠳᠬᠠᠵᠤ᠂ ᠡᠷᠲᠡ᠎ᠡᠴᠡ ᠠᠳᠬᠤᠨ ᠪᠠᠭ᠎ᠠ ᠶᠠᠪᠤᠳᠠᠯ ᠡᠴᠡ ᠠᠳᠬᠤᠬᠤ᠂ ᠪᠠᠭ᠎ᠠ ᠪᠠᠢᠬᠤ ᠳᠡᠭᠡᠷ᠎ᠡ ᠨᠢ ᠰᠡᠷᠭᠡᠢᠯᠡᠵᠤ ᠬᠦᠨᠳᠦᠷᠡᠬᠦ ᠡᠴᠡ ᠬᠤᠷᠢᠭᠯᠠᠬᠤ᠎ᠶᠢ ᠪᠠᠷᠢᠮᠲᠠᠯᠠᠵᠤ᠂ ᠴᠤᠬᠤᠢᠵᠤ ᠪᠠᠢᠭ᠎ᠠ ᠴᠢᠨᠠᠷᠲᠠᠢ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠴᠠᠭ ᠲᠤᠬᠠᠢ ᠳ᠋ᠤᠨᠢ ᠰᠢᠢᠳᠪᠦᠷᠢᠯᠡᠬᠦ ᠬᠡᠷᠡᠭᠲᠡᠢ᠃ ᠨᠡᠢᠭᠡᠮ᠎ᠦᠨ ᠠᠮᠤᠷ ᠲᠦᠪᠰᠢᠨ᠎ᠢ ᠪᠦᠬᠦᠢᠯᠡ ᠴᠤᠬᠴᠠ ᠡᠴᠡ ᠰᠡᠷᠭᠡᠢᠯᠡᠨ ᠡᠵᠡᠮᠳᠡᠬᠦ᠎ᠶᠢ ᠴᠢᠩᠭᠠᠳᠬᠠᠵᠤ᠂ ᠡᠯ᠎ᠡ ᠲᠦᠷᠦᠯ᠎ᠦᠨ ᠬᠠᠤᠯᠢ᠎ᠡᠴᠡ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠲᠠᠷᠢᠶᠠᠯᠠᠭ᠎ᠠ ᠵᠢᠨ ᠴᠠᠭ᠎ᠢ ᠠᠮᠵᠢᠨ ᠠᠳᠬᠤᠵᠤ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ ᠪᠠ ᠲᠥᠯ ᠲᠤᠰᠴᠦ ᠪᠣᠢᠵᠢᠭᠤᠯᠬᠤ ᠠᠵᠢᠯ᠎ᠢ ᠨᠠᠷᠢᠨ ᠨᠢᠮᠪᠠᠢ ᠵᠣᠬᠢᠶᠠᠨ ᠪᠠᠢᠭᠤᠯᠤᠨ ᠰᠠᠢᠲᠤᠷ ᠬᠢᠵᠦ᠂ ᠮᠠᠯ ᠠᠵᠤ ᠠᠬᠤᠢ ᠲᠠᠷᠢᠶᠠᠯᠠᠩ᠎ᠤᠨ ᠦᠨᠢᠷ ᠦᠰᠦᠯᠲᠡ ᠡᠯᠪᠡᠭ ᠬᠤᠷᠢᠶᠠᠯᠲᠠ ᠣᠯᠬᠤ᠎ᠳᠤ ᠰᠠᠢᠨ ᠰᠠᠭᠤᠷᠢ ᠵᠢ ᠲᠠᠯᠪᠢᠬᠤ ᠬᠡᠷᠡᠭᠲᠡᠢ᠃ ᠪᠡᠯᠡ ᠮᠥᠩᠭᠥ᠎ᠶᠢᠨ ᠬᠠᠮᠢᠶᠠᠷᠤᠯᠲᠠ᠎ᠶᠢ ᠴᠢᠩᠳᠠᠯᠠᠵᠤ᠂ ᠪᠦᠲᠦᠭᠡᠨ ᠪᠠᠢᠭᠤᠯᠤᠯᠲᠠ᠎ᠶᠢᠨ ᠶᠠᠰᠤ ᠴᠢᠨᠠᠷ᠎ᠢ ᠴᠢᠩᠭ᠎ᠠ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠠᠢᠲᠤᠷ ᠪᠦᠲᠦᠭᠡᠨ ᠪᠠᠶ᠋ᠢᠭᠤᠯᠬᠤ ᠬᠡᠷᠡᠭᠲᠡᠢ᠃ ᠳᠠᠪᠠᠭᠤᠯᠢᠭ᠋ ᠪᠠ ᠪᠠᠴᠢᠮ ᠬᠡᠷᠡᠭᠰᠡᠬᠦ ᠬᠦᠷᠢᠶᠡᠨ᠎ᠳᠤ ᠠᠨᠭᠬᠠᠷᠤᠯ ᠵᠢᠡᠨ ᠲᠦᠪᠯᠡᠷᠡᠭᠦᠯᠵᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ ᠵᠢ ᠴᠢᠩᠭᠠᠳᠬᠠᠵᠤ᠂ 《ᠦᠷ᠎ᠡ ᠪᠡ ᠡᠭᠦᠯᠳᠡᠷ᠎ᠤᠨ ᠢᠨᠵᠧᠨᠧᠷᠢᠩ》 ᠵᠡᠷᠭᠡ ᠴᠢᠬᠤᠯᠠ ᠶᠡᠬᠡ ᠲᠤᠰᠬᠠᠢ ᠲᠦᠷᠦᠯ᠎ᠢ ᠶᠡᠬᠡ ᠪᠡᠷ ᠬᠡᠷᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ᠎ᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ᠎ᠢ ᠪᠡᠨ ᠬᠦᠴᠦᠷᠬᠡᠭᠵᠢᠬᠦᠯᠬᠦ᠎ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ᠎ᠦᠨ ᠳᠠᠷᠤᠮᠠᠯᠯᠠᠨ ᠲᠠᠷᠬᠠᠭᠠᠭᠰᠠᠨ 《ᠲᠣᠰᠬᠣᠨ᠎ᠢ ᠲᠤᠭᠤᠷᠢᠨ ᠪᠠᠢᠴᠠᠭᠠᠬᠤ ᠠᠵᠢᠯ᠎ᠢ ᠴᠢᠩᠭᠠᠳᠬᠠᠬᠤ ᠲᠤᠬᠠᠢ ᠰᠠᠨᠠᠯ》 ᠤ᠋ᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠮᠠᠨ᠎ᠤ ᠣᠷᠣᠨ᠎ᠤ ᠲᠣᠰᠬᠣᠨ᠎ᠢ ᠲᠤᠭᠤᠷᠢᠨ ᠪᠠᠢᠴᠠᠭᠠᠬᠤ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠲᠣᠰᠬᠣᠨ᠎ᠢ ᠲᠤᠭᠤᠷᠢᠨ ᠪᠠᠢᠴᠠᠭᠠᠬᠤ ᠠᠵᠢᠯ᠎ᠤᠨ ᠰᠢᠨ᠎ᠡ ᠪᠠᠢᠷᠢᠯᠠᠭᠤᠯᠤᠯᠲᠠ ᠰᠢᠨ᠎ᠡ ᠱᠠᠭᠠᠷᠳᠠᠯᠭ᠎ᠠ᠎ᠶᠢ ᠣᠨᠣᠪᠴᠢᠲᠠᠶ ᠡᠵᠡᠮᠰᠢᠵᠦ᠂ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ ᠵᠡᠷᠭᠡ ᠴᠢᠬᠤᠯᠠ ᠶᠠᠪᠤᠳᠠᠯ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠲᠠᠷᠢᠶᠠᠴᠢᠳ᠎ᠲᠤ ᠠᠰᠢᠭ᠋ ᠬᠦᠷᠲᠡᠭᠡᠬᠦ ᠨᠥᠬᠥᠪᠦᠷᠢ᠂ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ ᠮᠥᠩᠭᠥ᠂ ᠨᠠᠭᠠᠲᠤ ᠵᠠᠬ᠎ᠠ᠎ᠶᠢᠨ ᠠᠮᠢᠳᠦᠷᠠᠯ᠎ᠤᠨ ᠪᠠᠲᠤᠯᠠᠭ᠎ᠠ᠎ᠶᠢᠨ ᠠᠪᠤᠷᠠᠨ ᠲᠤᠰᠠᠯᠠᠯᠲᠠ ᠵᠡᠷᠭᠡ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶᠢ ᠴᠢᠩᠭ᠎ᠠ ᠠᠩᠬᠠᠷᠴᠤ᠂ ᠲᠤᠭᠤᠷᠢᠨ ᠪᠠᠢᠴᠠᠭᠠᠵᠤ ᠬᠢᠨᠠᠯᠲᠠ ᠲᠠᠯᠪᠢᠬᠤ ᠠᠵᠢᠯ᠎ᠢ ᠨᠠᠷᠢᠯᠢᠭ᠋ ᠣᠨᠣᠴᠠᠲᠠᠢ ᠥᠷᠨᠢᠭᠦᠯᠵᠦ᠂ ᠴᠡᠭᠴᠡᠯᠡᠨ ᠰᠠᠢᠵᠢᠷᠠᠭᠤᠯᠬᠤ ᠵᠢ ᠨᠠᠢᠳᠠᠪᠤᠷᠢᠵᠢᠭᠤᠯᠬᠤ ᠪᠠ ᠦᠷ᠎ᠡ ᠪᠦᠲᠦᠭᠡᠯ᠎ᠢ ᠬᠡᠷᠡᠭᠯᠡᠬᠦ᠎ᠶᠢ ᠴᠢᠩᠭᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠳᠦᠰᠦᠨ ᠱᠠᠲᠤ ᠲᠡᠢᠰᠢ ᠥᠷᠭᠡᠳᠬᠡᠬᠦ᠂ ᠤᠯᠠᠨ ᠲᠦᠮᠡᠨ᠎ᠦ ᠬᠠᠵᠠᠭᠤ᠎ᠳᠤ ᠬᠦᠷᠳᠡᠯ᠎ᠡ ᠥᠷᠭᠡᠳᠬᠡᠬᠦ᠎ᠶᠢ ᠠᠬᠢᠭᠤᠯᠬᠤ ᠬᠡᠷᠡᠭᠳᠡᠢ ᠭᠡᠵᠤ ᠴᠢᠬᠤᠯᠠᠴᠢᠯᠠᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃