ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠦᠷ᠎ᠡ ᠪᠦᠲᠦᠮᠵᠢ᠎ᠶ᠋ᠢ ᠴᠢᠷᠮᠠᠢᠨ ᠡᠭᠦᠳᠬᠦ ᠬᠡᠷᠡᠭᠳᠡᠢ
2026-04-03 09:54:36
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ  ᠪᠦᠦ ᠭᠠᠩ ᠬᠥᠬᠡᠬᠣᠲᠠ᠎ᠳᠤ ᠭᠦᠨᠵᠡᠭᠡᠢᠷᠡᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠴᠢᠨᠠᠷᠳᠠᠢ ᠲᠦᠷᠦᠯ ᠵᠦᠢᠯ᠎ᠢ ᠪᠠᠢᠴᠠᠭᠠᠨ ᠰᠤᠳᠤᠯᠪᠠ


4 ᠰᠠᠷ᠎ᠠ᠎ᠶ᠋ᠢᠨ 2 ᠎ᠤ᠋ᠨ ᠡᠳᠦᠷ᠂ ᠪᠦᠬᠦ᠌ ᠣᠷᠣᠨ ᠳᠠᠶᠠᠭᠠᠷ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍ ᠪᠠᠢᠭ᠎ᠠ ᠲᠠᠱᠢᠷᠠᠮ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠭᠦᠨᠵᠡᠭᠡᠢᠷᠡᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠴᠢᠨᠠᠷᠳᠠᠢ ᠬᠣᠯᠪᠣᠭ᠍ᠳᠠᠯ ᠪᠦᠬᠦᠢ ᠲᠦᠷᠦᠯ ᠵᠦᠢᠯ᠎ᠦᠨ ᠠᠱᠢᠭ᠍ᠯᠠᠯᠲᠠ᠎ᠶ᠋ᠢᠨ ᠪᠠᠢᠳᠠᠯ᠎ᠢ ᠪᠠᠢᠴᠠᠭᠠᠨ ᠰᠤᠳᠤᠯᠪᠠ᠃ ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠵᠤ᠂ ᠦᠨᠡᠨ᠎ᠡᠴᠡ ᠵᠥᠪ᠎ᠢ ᠡᠷᠢᠬᠦ᠌᠎ᠶ᠋ᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠴᠢᠨᠠᠷᠳᠠᠢ ᠬᠣᠯᠪᠣᠭ᠍ᠳᠠᠯ ᠪᠦᠬᠦᠢ ᠲᠦᠷᠦᠯ ᠵᠦᠢᠯ᠎ᠢ ᠠᠮᠢᠳᠤᠯᠢᠭᠵᠢᠭᠤᠯᠤᠨ ᠠᠱᠢᠭ᠍ᠯᠠᠬᠤ ᠠᠵᠢᠯ᠎ᠢ ᠱᠢᠨᠵᠢᠯᠡᠬᠦ᠌ ᠤᠬᠠᠭᠠᠨᠴᠢ ᠡᠮᠬᠢ ᠵᠢᠷᠤᠮ᠎ᠲᠠᠶ ᠠᠬᠢᠭᠤᠯᠵᠤ᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠌᠂ ᠰᠣᠬᠣᠷ ᠪᠠᠯᠠᠢ ᠴᠦᠯᠳᠦ ᠮᠦᠯᠳᠦ ᠪᠡᠷ ᠬᠢᠬᠦ ᠶ᠋ᠢ ᠡᠷᠡᠰ ᠲᠡᠪᠴᠢᠵᠤ᠂ 《ᠲᠦᠷᠢ ᠲᠥᠷᠬᠦ᠌᠎ᠶ᠋ᠢᠨ ᠢᠨᠵᠧᠨᠧᠷᠢᠩ》᠂ 《ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠢᠨᠵᠧᠨᠧᠷᠢᠩ》 ᠢ᠋ ᠡᠷᠡᠰ ᠬᠣᠷᠢᠭ᠍ᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃


89f6e56f-5fc1-4235-9b5b-060fff5e36f7.png


4 ᠰᠠᠷ᠎ᠠ ᠵᠢᠨ 2᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠤᠯᠤᠰ᠎ᠤᠨ (ᠤᠮᠠᠷᠠᠲᠤ ᠵᠢᠨ) ᠬᠦᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ ᠪᠣᠯᠤᠨ ᠬᠦᠯ ᠪᠥᠮᠪᠥᠭᠡ᠎ᠶ᠋ᠢᠨ ᠲᠠᠯᠠᠪᠠᠢ ᠎ᠳᠤ ᠬᠦᠷᠴᠦ᠍᠂ ᠬᠦᠯ ᠪᠥᠮᠪᠥᠭᠡ᠎ᠶ᠋ᠢᠨ ᠠᠵᠢᠯ ᠵᠢᠴᠢ ᠬᠣᠯᠪᠣᠭ᠍ᠳᠠᠯ ᠪᠦᠬᠦᠢ ᠲᠤᠨᠤᠭ ᠲᠥᠬᠥᠭᠡᠷᠦᠮᠵᠢ᠎ᠶ᠋ᠢ ᠠᠮᠢᠳᠤᠯᠢᠭᠵᠢᠭᠤᠯᠤᠨ ᠠᠱᠢᠭ᠍ᠯᠠᠭ᠍ᠰᠠᠨ ᠪᠠᠢᠳᠠᠯ᠎ᠢ ᠨᠠᠷᠢᠨ ᠣᠢᠯᠠᠭᠠᠪᠠ᠃ 

ᠰᠤᠷᠪᠤᠯᠵᠢᠯᠠᠭᠴᠢ   ᠮᠠ ᠵᠢᠶᠠᠨ ᠪᠢᠩ  ᠰᠡᠬᠦᠳᠡᠷᠯᠡᠪᠠ


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠴᠢᠨᠠᠷᠳᠠᠢ ᠲᠥᠷᠥᠯ ᠵᠦᠶ᠋ᠯ᠎ᠤᠨ ᠬᠠᠭᠠᠰ ᠳᠤᠳᠠᠭᠤ ᠤᠷᠬᠢᠭᠳᠠᠵᠤ ᠰᠤᠯᠠ ᠲᠠᠯᠪᠢᠭᠳᠠᠵᠤ ᠪᠠᠢᠭ᠎ᠠ ᠠᠰᠠᠭᠤᠳᠠᠯ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠬᠤ᠎ᠶ᠋ᠢᠨ ᠬᠠᠮᠲᠤ ᠲᠡᠭᠦᠨ᠎ᠢ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠴᠢᠬᠤᠯᠠ ᠠᠭᠤᠯᠭ᠎ᠠ ᠪᠣᠯᠭᠠᠪᠠ᠃ ᠸᠠᠩ ᠸᠧᠢ ᠵᠦᠩ᠂ ᠪᠦᠦ ᠭᠠᠩ᠎ᠨᠠᠷ ᠤᠷᠢᠳ ᠬᠣᠵᠢᠳ ᠬᠥᠬᠡᠬᠣᠲᠠ᠎ᠳᠤ ᠪᠠᠢᠭ᠎ᠠ ᠤᠯᠤᠰ᠎ᠤᠨ (ᠤᠮᠠᠷᠠᠲᠤ ᠵᠢᠨ) ᠬᠦᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ ᠪᠣᠯᠤᠨ ᠬᠦᠯ ᠪᠥᠮᠪᠥᠭᠡ᠎ᠶ᠋ᠢᠨ ᠲᠠᠯᠠᠪᠠᠢ᠂ ᠥᠪᠥᠷ ᠮᠣᠩᠭᠣᠯ᠎ᠤᠨ ᠴᠥᠭᠡᠨ ᠲᠣᠭᠠᠲᠤ ᠦᠨᠳᠦᠰᠦᠲᠡᠨ᠎ᠦ ᠤᠯᠠᠨ ᠲᠦᠮᠡᠨᠴᠢ ᠰᠣᠶᠣᠯ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠲᠥᠪ ᠪᠣᠯᠤᠨ ᠬᠤᠳᠠ᠎ᠶ᠋ᠢᠨ ᠰᠣᠶᠣᠯ᠎ᠤᠨ ᠵᠣᠴᠢᠯᠠᠬᠤ ᠲᠢᠩᠬᠢᠮ᠎ᠳᠦ ᠬᠦᠷᠴᠦ᠍᠂ ᠬᠦᠯ ᠪᠥᠮᠪᠥᠭᠡ᠎ᠶ᠋ᠢᠨ ᠠᠵᠢᠯ᠂ ᠰᠣᠶᠣᠯ᠎ᠤᠨ ᠠᠵᠢᠯ ᠦᠢᠯᠡᠰ ᠪᠣᠯᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠠᠵᠢᠯᠯᠠᠭᠠᠨ᠎ᠤ ᠪᠠᠢᠳᠠᠯ ᠵᠢᠴᠢ ᠬᠣᠯᠪᠣᠭ᠍ᠳᠠᠯ ᠪᠦᠬᠦᠢ ᠲᠤᠨᠤᠭ ᠲᠥᠬᠥᠭᠡᠷᠦᠮᠵᠢ᠎ᠶ᠋ᠢ ᠠᠮᠢᠳᠤᠯᠢᠭᠵᠢᠭᠤᠯᠤᠨ ᠠᠱᠢᠭ᠍ᠯᠠᠭ᠍ᠰᠠᠨ ᠪᠠᠢᠳᠠᠯ᠎ᠢ ᠨᠠᠷᠢᠨ ᠣᠢᠯᠠᠭᠠᠪᠠ᠃ ᠸᠠᠩ ᠸᠧᠶ ᠵᠥᠩ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠴᠢᠨᠠᠷᠳᠠᠢ ᠲᠥᠷᠥᠯ ᠵᠦᠶ᠋ᠯ᠎ᠦᠨ ᠬᠠᠭᠠᠰ ᠳᠤᠲᠠᠭᠤ ᠤᠷᠬᠢᠭᠳᠠᠵᠤ ᠰᠤᠯᠠ ᠲᠠᠯᠪᠢᠭ᠍ᠳᠠᠵᠤ ᠪᠠᠢᠭ᠎ᠠ ᠠᠰᠠᠭᠤᠳᠠᠯ᠎ᠨᠢ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠬᠦᠨᠳᠦ ᠨᠣᠴᠢᠲᠠᠶ ᠪᠦᠷᠢᠯᠭᠡᠨ ᠰᠦᠶ᠋ᠳᠭᠡᠵᠦ᠍᠂ ᠡᠳ᠋᠎ᠦᠨ ᠵᠠᠰᠠᠭ᠎ᠤᠨ ᠳᠠᠷᠤᠭᠠᠰᠤ᠎ᠶ᠋ᠢ ᠬᠦᠨᠳᠦᠷᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠮ ᠪᠠ ᠵᠠᠰᠠᠭ᠎ᠤᠨ ᠣᠷᠳᠣᠨ᠎ᠤ ᠣᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ᠎ᠢ ᠨᠥᠯᠥᠭᠡᠯᠡᠵᠦ᠍ ᠪᠠᠢᠨ᠎ᠠ᠂ ᠭᠦᠨᠵᠡᠭᠡᠶ ᠰᠤᠷᠭᠠᠮᠵᠢ ᠠᠪᠴᠤ᠌᠂ ᠡᠨᠡ ᠪᠠᠢᠳᠠᠯ᠎ᠢ ᠪᠤᠢ ᠪᠤᠯᠭᠠᠬᠰᠠᠨ ᠡᠬᠢ ᠦᠨᠳᠦᠰᠦ᠎ᠶ᠋ᠢ ᠭᠦᠨᠵᠡᠭᠡᠶ ᠲᠤᠩᠭᠠᠨ ᠪᠤᠳᠤᠵᠤ᠂ ᠲᠡᠦᠬᠡ ᠪᠠ ᠠᠷᠠᠳ ᠲᠦᠮᠡᠨ᠎ᠳᠦ ᠬᠠᠷᠢᠭᠤᠴᠠᠬᠤ ᠣᠪᠣᠷ᠎ᠢᠶᠠᠷ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ 《ᠱᠢᠨ᠎ᠡ ᠳᠠᠷᠤᠭ᠎ᠠ ᠡᠷᠬᠡᠪᠰᠢ ᠬᠠᠭᠤᠴᠢᠨ ᠲᠠᠩᠰᠠ᠎ᠶ᠋ᠢ ᠱᠢᠶ᠋ᠳᠪᠦᠷᠢᠯᠡᠬᠦ᠌》 ᠬᠠᠷᠢᠭᠤᠴᠠᠯᠭ᠎ᠠ ᠡᠭᠦᠷᠭᠡᠯᠡᠯ᠎ᠲᠡᠶ ᠪᠠᠢᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠡᠷᠡᠰ ᠬᠦᠴᠦᠲᠡᠶ ᠰᠠᠢᠲᠤᠷ ᠠᠳᠭᠤᠵᠤ᠂ ᠦᠨᠡᠨ ᠪᠣᠳᠠᠲᠠᠶ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠪᠡᠷ 《ᠬᠣᠶᠠᠷ᠎ᠢ ᠲᠣᠭ᠍ᠲᠠᠭᠠᠭᠰᠠᠨ》᠎ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ 《ᠨᠢᠭᠡ ᠲᠦᠷᠦᠯ ᠵᠦᠢᠯ ᠳ᠋ᠤ ᠨᠢᠭᠡ ᠲᠥᠰᠦᠯ᠎ᠢ ᠬᠡᠷᠡᠭᠵᠢᠭᠦᠯᠬᠦ》 ᠵᠢ ᠪᠠᠷᠢᠮᠲᠠᠯᠠᠵᠤ᠂ ᠪᠣᠳᠠᠲᠠᠢ ᠬᠡᠷᠡᠭ᠌ᠴᠡᠭᠡ᠎ᠶ᠋ᠢ ᠭᠦᠢᠴᠡᠳ ᠪᠣᠳᠣᠯᠬᠢᠯᠠᠵᠤ᠂ ᠱᠢᠨᠵᠢᠯᠡᠬᠦ᠌ ᠤᠬᠠᠭᠠᠨᠴᠢ ᠡᠮᠬᠢ ᠵᠢᠷᠤᠮ᠎ᠲᠠᠶ ᠪᠡᠷ ᠠᠮᠢᠳᠤᠯᠢᠭᠵᠢᠭᠤᠯᠤᠨ ᠠᠱᠢᠭ᠍ᠯᠠᠬᠤ ᠬᠡᠷᠡᠭ᠌ᠲᠡᠢ᠃ ᠨᠢᠭᠡᠨᠲᠡ ᠠᠮᠢᠳᠤᠯᠢᠭᠵᠢᠭᠤᠯᠤᠭᠰᠠᠨ ᠲᠥᠷᠥᠯ ᠵᠦᠶ᠋ᠯ᠎ᠳᠦ 《ᠡᠷᠭᠢᠵᠦ᠍ ᠬᠠᠷᠠᠬᠤ》 ᠠᠵᠢᠯ᠎ᠢ ᠨᠠᠷᠢᠨ ᠬᠢᠨᠠᠮᠠᠭᠠᠶ ᠥᠷᠨᠢᠭᠦᠯᠵᠦ᠍᠂ ᠡᠵᠡᠩᠨᠡᠯᠲᠡ᠎ᠶ᠋ᠢᠨ ᠦᠷ᠎ᠡ ᠪᠦᠲᠦᠮᠵᠢ᠎ᠶ᠋ᠢ᠎ᠨᠢ ᠮᠥᠷᠳᠡᠨ ᠦᠨᠡᠯᠡᠨ ᠵᠢᠱ᠌ᠢᠵᠦ᠍᠂ ᠡᠵᠡᠩᠨᠡᠯᠲᠡ ᠬᠠᠮᠢᠶᠠᠷᠤᠯᠲᠠ᠎ᠶ᠋ᠢᠨ ᠵᠠᠭ᠍ᠪᠤᠷ᠎ᠢ ᠱᠢᠨ᠎ᠡ᠎ᠶ᠋ᠢ ᠡᠭᠦᠳᠦᠨ ᠰᠠᠢᠵᠢᠷᠠᠭᠤᠯᠵᠤ᠂ ᠦᠷ᠎ᠡ ᠠᠱᠢᠭ᠎ᠢ᠎ᠬᠠᠮᠤᠭ᠎ᠤᠨ ᠶᠡᠬᠡ ᠬᠡᠮᠵᠢᠶ᠎ᠡ᠎ᠪᠡᠷ ᠪᠠᠳᠠᠷᠠᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠨᠢᠭᠡ᠎ᠡᠴᠡ ᠵᠦᠶ᠋ᠴᠢᠯᠡᠨ ᠨᠥᠭᠥᠭᠡ᠎ᠶ᠋ᠢ ᠮᠡᠳᠡᠵᠦ᠍᠂ ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠨᠠᠷᠢᠨ ᠬᠢᠨᠠᠮᠠᠭᠠᠶ ᠥᠷᠨᠢᠭᠦᠯᠵᠦ᠍᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠴᠢᠨᠠᠷᠳᠠᠢ ᠲᠥᠷᠥᠯ ᠵᠦᠶ᠋ᠯ᠎ᠦᠨ ᠬᠠᠭᠠᠰ ᠳᠤᠲᠠᠭᠤ ᠤᠷᠬᠢᠭᠳᠠᠵᠤ ᠰᠤᠯᠠ ᠲᠠᠯᠪᠢᠭ᠍ᠳᠠᠵᠤ ᠪᠠᠢᠭ᠎ᠠ ᠠᠰᠠᠭᠤᠳᠠᠯ᠎ᠢ ᠦᠨᠡᠨ ᠬᠦ᠌ ᠲᠤᠢᠯᠪᠤᠷᠢᠲᠠᠢ ᠱᠢᠶ᠋ᠳᠪᠦᠷᠢᠯᠡᠵᠦ᠍᠂ ᠲᠤᠭᠤᠰᠢᠳᠠᠢ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠸᠠᠩ ᠸᠧᠶ ᠵᠥᠩ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠳᠤ ᠨᠦᠬᠡᠴᠡ ᠬᠡᠮᠵᠢᠶ᠎ᠡ ᠵᠢ ᠠᠮᠢᠳᠤᠯᠢᠭᠵᠢᠭᠤᠯᠬᠤ᠎ᠪᠠᠷ ᠪᠠᠷᠠᠬᠤ ᠥᠬᠡᠶ ᠨᠠᠩ ᠴᠤ᠌ ᠠᠰᠠᠭᠤᠳᠠᠯ᠎ᠤᠨ ᠨᠡᠮᠡᠭ᠌ᠳᠡᠬᠦ᠎ᠵᠢ  ᠰᠡᠷᠭᠡᠢᠯᠡᠵᠦ᠍᠂ ᠠᠰᠠᠭᠤᠳᠠᠯ᠎ᠢ ᠦᠨᠳᠦᠰᠦᠨ᠎ᠡᠴᠡ ᠨᠢ ᠱᠢᠶ᠋ᠳᠪᠦᠷᠢᠯᠡᠬᠦ᠌᠎ᠶ᠋ᠢ ᠴᠢᠬᠤᠯᠠᠴᠢᠯᠠᠬᠤ ᠬᠡᠷᠡᠭ᠌ᠲᠡᠶ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠱᠢᠢᠳᠪᠦᠷᠢᠲᠦ ᠪᠤᠳᠤᠯᠭ᠎ᠠ ᠲᠤᠬᠳᠠᠭᠠᠬᠤ ᠪᠠ ᠬᠡᠷᠡᠭ᠌ᠵᠢᠭᠦᠯᠬᠦ᠌ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠡᠴᠡ ᠡᠮᠦᠨᠡᠬᠢ ᠬᠤᠭᠤᠴᠠᠭᠠᠨ᠎ᠤ ᠨᠤᠲᠠᠯᠠᠯᠲᠠ ᠬᠢᠬᠦ᠌᠂ ᠪᠡᠯᠡ ᠮᠥᠩᠭᠥ᠎ᠶ᠋ᠢ ᠨᠢᠭᠡᠳᠦᠯᠲᠡᠢ ᠲᠥᠯᠥᠪᠵᠢᠭᠦᠯᠬᠦ᠌᠂ ᠵᠢᠷᠤᠵᠤ ᠲᠥᠯᠥᠪᠯᠡᠨ ᠪᠠᠷᠢᠯᠭ᠎ᠠ ᠪᠠᠷᠢᠬᠤ᠂ ᠬᠢᠨᠠᠯᠲᠠ ᠲᠠᠯᠪᠢᠵᠤ ᠬᠠᠮᠢᠶᠠᠷᠬᠤ ᠪᠠ ᠬᠠᠷᠢᠭᠤᠴᠠᠯᠭ᠎ᠠ ᠨᠡᠬᠡᠮᠵᠢᠯᠡᠵᠦ᠍ ᠬᠠᠷᠢᠭᠤᠴᠠᠯᠭ᠎ᠠ ᠲᠤᠯᠭᠠᠬᠤ ᠵᠡᠷᠭᠡ ᠠᠵᠢᠯ᠎ᠤᠨ ᠲᠦᠷᠢᠮ᠎ᠢ ᠪᠦᠷᠢᠨᠱᠢᠬᠦᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠪᠦᠬᠦ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠳᠠᠯᠠᠵᠤ᠂ ᠬᠠᠭᠠᠰ ᠳᠤᠲᠠᠭᠤ ᠤᠷᠬᠢᠵᠤ ᠰᠤᠯᠠ ᠲᠠᠯᠪᠢᠭ᠍ᠳᠠᠬᠤ ᠠᠰᠠᠭᠤᠳᠠᠯ ᠡᠬᠦᠰᠬᠦ᠎ᠵᠢ ᠴᠢᠩᠭ᠎ᠠ ᠰᠡᠷᠭᠡᠢᠯᠡᠬᠦ᠌ ᠬᠡᠷᠡᠭ᠌ᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠲᠡᠶ ᠤᠶᠠᠯᠳᠤᠭᠤᠯᠤᠨ᠂ 《ᠠᠵᠤ ᠠᠬᠤᠢ ᠵᠢᠨ ᠬᠦᠢᠴᠡᠳᠬᠡᠯ ᠲᠣᠭ᠎ᠠ᠎ᠶ᠋ᠢ ᠯᠠ ᠬᠦᠬᠡᠬᠡᠴᠡᠯᠳᠦᠬᠦ》᠂ ᠠᠪᠤᠨ ᠳᠣᠣᠷ᠎ᠠ᠎ᠪᠠᠨ ᠠᠱᠢᠭ ᠤᠯᠬᠤ᠎ᠪᠠᠷ ᠶᠠᠭᠠᠷᠠᠬᠤ᠂ ᠢᠷᠡᠬᠦ᠌ ᠵᠢᠯ᠎ᠦᠨ ᠬᠦᠨᠡᠰᠦ᠎ᠪᠡᠨ ᠡᠨᠡ ᠵᠢᠯ᠎ᠳᠡᠭᠡᠨ ᠢᠳᠡᠬᠦ᠌᠂ ᠱᠢᠨ᠎ᠡ ᠳᠠᠷᠤᠭ᠎ᠠ ᠬᠠᠭᠤᠴᠢᠨ ᠳᠠᠨᠭᠰᠠ᠎ᠶ᠋ᠢ ᠦᠯᠦ᠍ ᠬᠠᠮᠢᠶᠠᠷᠬᠤ ᠵᠡᠷᠭᠡ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠪᠤᠷᠤᠭᠤ ᠦᠵᠡᠯᠲᠡ᠎ᠶ᠋ᠢ ᠡᠷᠡᠰ ᠵᠠᠯᠠᠷᠠᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ᠌ ᠤᠬᠠᠮᠰᠠᠷ᠎ᠡᠴᠡ᠎ᠪᠠᠨ ᠵᠢᠮ᠎ᠡ ᠶᠣᠰᠣ᠎ᠶ᠋ᠢ ᠵᠢᠷᠤᠮᠯᠠᠨ ᠠᠵᠢᠯᠯᠠᠵᠤ᠂ ᠯᠠᠪᠳᠠᠭᠤᠨ ᠪᠠᠲᠤᠲᠠᠢ᠎ᠪᠠᠷ ᠠᠵᠢᠯ ᠬᠢᠵᠦ᠍ ᠦᠢᠯᠡᠰ ᠪᠤᠰᠬᠠᠨ᠂ ᠰᠠᠭᠤᠷᠢ ᠵᠢ ᠲᠠᠯᠪᠢᠬᠤ ᠪᠠ ᠠᠯᠤᠰ ᠬᠡᠳᠤ᠎ᠳᠦ ᠠᠱᠢᠭ᠍ᠲᠠᠢ ᠠᠵᠢᠯ᠎ᠢ ᠢᠯᠡᠭᠦᠬᠡᠨ ᠬᠢᠵᠦ᠂ ᠦᠢᠯᠡᠳᠦᠯᠭᠡ ᠪᠠ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠂ ᠠᠷᠠᠳ ᠲᠦᠮᠡᠨ᠎ᠳᠦ ᠦᠨᠡᠨ ᠬᠦ᠌ ᠪᠤᠶᠠᠨ ᠦᠢᠯᠡᠳᠴᠦ᠍ ᠴᠢᠳᠠᠬᠤ᠂ ᠤᠯᠠᠨ ᠲᠦᠮᠡᠨ᠎ᠳᠦ ᠮᠡᠳᠡᠷᠡᠭ᠌ᠳᠡᠭ᠌ᠰᠡᠨ ᠠᠵᠢᠯ᠎ᠤᠨ ᠠᠮᠵᠢᠯᠲᠠ ᠪᠦᠲᠦᠮᠵᠢ᠎ᠶ᠋ᠢ ᠴᠢᠷᠮᠠᠢᠨ ᠡᠭᠦᠳᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠢᠦᠶ ᠬᠣᠶ ᠸᠸᠨ᠂ ᠢᠦᠶ ᠯᠢ ᠱᠢᠨ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号