ᠦᠪᠦᠷ ᠮᠤᠩᠭᠤᠯ ᠳᠣᠯᠣᠳᠤᠭᠠᠷ ᠬᠤᠭᠤᠴᠠᠭᠠᠨ ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠰᠠᠭᠠᠳ ᠥᠬᠡᠶ ᠤᠷᠴᠢᠨ ᠲᠤᠭᠤᠷᠢᠨ ᠎ᠢ ᠪᠡᠶᠡᠴᠢᠯᠡᠨ ᠣᠢᠯᠠᠭᠠᠬᠤ ᠠᠵᠢᠯᠯᠠᠭ᠎ᠠ ᠥᠷᠨᠢᠭᠦᠯᠪᠡ
2026-04-03 11:11:09
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ ᠂ ᠦᠪᠦᠷ ᠮᠤᠩᠭᠤᠯ᠎ᠤᠨ ᠳᠣᠯᠣᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠤᠷᠤᠭ᠍ᠰᠢᠲᠠᠶ ᠶᠠᠪᠤᠭ᠍ᠳᠠᠬᠤ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠬᠤ᠎ᠵᠢᠨ ᠲᠦᠯᠦᠭᠡ᠂ ᠣᠢᠷ᠎ᠠ᠎ᠳᠤ᠂ ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠪᠠᠢᠴᠠᠭᠠᠨ ᠰᠤᠳᠤᠯᠬᠤ ᠳᠤᠭᠤᠢᠯᠠᠩ ᠪᠤᠭᠤᠲᠤ ᠬᠣᠲᠠ᠎ᠶ᠋ᠢᠨ ᠭᠤᠤᠯᠳᠠᠯᠭ᠎ᠠ᠎ᠲᠠᠶ ᠲᠠᠯᠠᠪᠤᠷ ᠭᠠᠵᠠᠷ᠎ᠲᠤ ᠭᠦᠨᠵᠡᠭᠡᠢᠷᠡᠵᠦ᠍᠂ ᠰᠠᠭᠠᠳ ᠥᠬᠡᠶ ᠤᠷᠴᠢᠨ ᠲᠤᠭᠤᠷᠢᠨ᠎ᠢ ᠪᠡᠶᠡᠴᠢᠯᠡᠨ ᠣᠢᠯᠠᠭᠠᠵᠤ ᠦᠨᠡᠯᠡᠨ ᠵᠢᠱ᠌ᠢᠬᠦ᠌ ᠲᠤᠰᠭᠠᠶ ᠠᠵᠢᠯ ᠥᠷᠨᠢᠭᠦᠯᠪᠡ᠃

ᠲᠣᠰ ᠤᠳᠠᠭᠠᠨ ᠎ᠤ ᠪᠡᠶᠡᠴᠢᠯᠡᠨ ᠣᠢᠯᠠᠭᠠᠬᠤ ᠠᠵᠢᠯᠯᠠᠭ᠎ᠠ᠎ᠨᠢ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠎ᠤ ᠤᠷᠤᠯᠳᠤᠭᠠᠨ᠎ᠤ ᠭᠤᠤᠯ ᠬᠡᠷᠡᠭ᠌ᠴᠡᠭᠡ᠎ᠶ᠋ᠢ ᠪᠠᠲᠤᠯᠠᠬᠤ ᠵᠤᠷᠢᠯᠭ᠎ᠠ ᠡᠴᠡ ᠡᠬᠦᠰᠴᠦ᠂ ᠵᠡᠮᠳᠡᠭ ᠲᠠᠮᠢᠷᠴᠢᠳ ᠎ᠤᠨ ᠭᠠᠳᠠᠭ᠍ᠰᠢ ᠭᠠᠷᠬᠤ᠂ ᠤᠷᠤᠯᠳᠤᠭᠠᠨ᠎ᠳᠤ ᠣᠷᠣᠯᠴᠠᠬᠤ᠂ ᠤᠷᠤᠯᠳᠤᠭᠠᠨ᠎ᠢ ᠰᠣᠨᠢᠷᠬᠠᠬᠤ᠂ ᠢᠳᠡᠵᠦ᠍ ᠤᠤᠭᠤᠬᠤ ᠬᠣᠨᠣᠵᠤ ᠬᠡᠪᠲᠡᠬᠦ᠌ ᠪᠥᠬᠥ᠌ ᠶᠠᠪᠤᠴᠠ᠎ᠵᠢ ᠪᠡᠶᠡᠴᠢᠯᠡᠨ ᠣᠢᠯᠠᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠪᠡ᠃ ᠡᠬᠦᠨ᠎ᠳᠤ᠂ ᠠᠵᠢᠯᠲᠠᠳ ᠡᠴᠡ ᠪᠤᠭᠤᠲᠦ ᠬᠤᠲᠠ᠎ᠵᠢᠨ ᠪᠡᠶ᠎ᠠ ᠵᠢᠨ ᠲᠠᠮᠢᠷ᠎ᠤᠨ ᠲᠦᠪ᠂ ᠪᠤᠭᠤᠲᠦ ᠬᠤᠲᠠ᠎ᠵᠢᠨ ᠨᠢᠰᠭᠡᠯ᠎ᠤᠨ ᠪᠠᠭᠤᠳᠠᠯ ᠵᠡᠷᠭᠡ ᠵᠠᠩᠭᠢᠯᠠᠭ᠎ᠠ᠎ᠶ᠋ᠢᠨ ᠴᠡᠭ᠎ᠭᠠᠵᠠᠷ ᠵᠢᠡᠷ ᠬᠦᠷᠴᠦ᠍᠂ ᠣᠷᠣᠵᠤ ᠭᠠᠷᠬᠤ ᠨᠠᠯᠠᠸ᠋ ᠵᠠᠮ ᠨᠢ ᠲᠣᠭ᠍ᠲᠠᠭᠠᠯ᠎ᠳᠤ ᠨᠡᠢᠴᠡᠬᠦ᠌ ᠡᠰᠡᠬᠦ᠂ ᠰᠠᠭᠠᠳ ᠥᠬᠡᠶ ᠴᠠᠬᠢᠯᠭᠠᠨ ᠱᠠᠲᠤ᠎ᠶ᠋ᠢᠨ ᠠᠵᠢᠯᠯᠠᠭᠠᠨ᠎ᠤ ᠰᠠᠭᠠᠳ ᠥᠬᠡᠶ ᠪᠠᠢᠬᠤ ᠡᠰᠡᠬᠦ᠌᠂ ᠰᠠᠭᠠᠳ ᠥᠬᠡᠶ ᠠᠷᠢᠭᠤᠨ ᠴᠡᠪᠡᠷ᠎ᠦᠨ ᠲᠠᠰᠤᠯᠭ᠎ᠠ᠎ᠶ᠋ᠢᠨ ᠲᠦᠬᠦᠭᠡᠷᠦᠮᠵᠢ ᠨᠢ ᠪᠦᠷᠢᠨ ᠭᠦᠶ᠋ᠴᠡᠳ ᠪᠠᠢᠬᠤ ᠡᠰᠡᠬᠦ᠌ ᠶ᠋ᠢ ᠨᠢᠭᠡᠳ ᠨᠢᠭᠡ᠎ᠪᠡᠷ ᠪᠠᠢᠴᠠᠭᠠᠨ ᠱᠢᠯᠭᠠᠬᠤ᠎ᠶ᠋ᠢᠨ ᠬᠠᠮᠲᠤ᠂ ᠬᠠᠷᠠᠭ᠎ᠠ ᠠᠯᠳᠠᠭ᠍ᠰᠠᠳ᠎ᠤᠨ ᠵᠠᠮ᠂ ᠰᠠᠭᠠᠳ ᠥᠬᠡᠶ᠎ᠶ᠋ᠢᠨ ᠲᠡᠮᠳᠡᠭ ᠵᠡᠷᠭᠡ ᠨᠠᠷᠢᠨ ᠵᠦᠶ᠋ᠯᠡᠰ᠎ᠢ ᠨᠠᠷᠢᠨ ᠨᠢᠮᠪᠠᠶ ᠦᠨᠡᠯᠡᠨ ᠵᠢᠱ᠌ᠢᠵᠦ᠍᠂ ᠲᠦᠬᠦᠭᠡᠷᠦᠮᠵᠢ᠎ᠶ᠋ᠢᠨ ᠳᠤᠲᠠᠭᠤᠳᠠᠯ ᠪᠠ ᠬᠦᠷᠦᠯᠴᠡᠬᠦ᠌ ᠥᠬᠡᠶ ᠲᠠᠯ᠎ᠠ᠎ᠶ᠋ᠢ ᠪᠥᠬᠥ᠌ ᠲᠠᠯ᠎ᠠ᠎ᠪᠠᠷ ᠡᠮᠬᠢᠯᠡᠬᠦ᠌᠎ᠶ᠋ᠢᠨ ᠬᠠᠮᠲᠤ᠂ ᠲᠤᠬᠠᠶ᠎ᠶ᠋ᠢᠨ ᠲᠠᠯᠠᠪᠠᠶ᠎ᠳᠤ ᠴᠢᠭ᠌ᠯᠡᠭᠦᠯᠦᠯᠲᠦ ᠴᠢᠨᠠᠷᠲᠠᠢ᠂ ᠲᠤᠰᠭᠠᠶ ᠮᠡᠷᠭᠡᠵᠢᠯ᠎ᠦᠨ ᠴᠢᠨᠠᠷᠲᠠᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠰᠠᠨᠠᠯ᠎ᠢ ᠳᠤᠷᠠᠳᠪᠠ᠃

ᠲᠣᠰ ᠤᠳᠠᠭᠠᠨ ᠎ᠤ ᠲᠤᠰᠭᠠᠶ ᠪᠡᠶᠡᠴᠢᠯᠡᠨ ᠣᠢᠯᠠᠭᠠᠬᠤ ᠠᠵᠢᠯᠯᠠᠭ᠎ᠠ᠎ᠨᠢ ᠵᠡᠮᠳᠡᠭ᠌ᠴᠦᠳ᠎ᠦᠨ ᠣᠨᠴᠠᠭᠠᠶ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠴᠠᠲᠠᠶ ᠵᠣᠯᠭᠠᠭᠤᠯᠵᠦ᠂ ᠰᠠᠭᠠᠳ ᠥᠬᠡᠶ ᠲᠥᠬᠥᠭᠡᠷᠦᠮᠵᠢ ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠳᠤᠲᠠᠭᠤᠳᠠᠯ᠎ᠢ ᠬᠦᠴᠦᠯᠡᠨ ᠨᠥᠬᠥᠪᠥᠷᠢᠯᠡᠵᠦ᠍᠂ ᠤᠷᠤᠯᠳᠤᠭᠠᠨ ᠎ᠤ ᠶᠠᠪᠤᠳᠠᠯ ᠎ᠤᠨ ᠦᠶ᠋ᠯᠡᠴᠢᠯᠡᠭᠡ᠎ᠶ᠋ᠢ ᠨᠠᠩ ᠨᠠᠷᠢᠯᠢᠭ᠂ ᠨᠠᠩ ᠬᠠᠯᠠᠭᠤᠨ ᠳᠤᠯᠠᠭᠠᠨ᠂ ᠨᠠᠩ ᠳᠥᠭᠥᠮ ᠳᠥᠲᠡ ᠲᠡᠢᠰᠢ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠤᠷᠤᠯᠳᠤᠭᠠᠨ᠎ᠳᠤ ᠣᠷᠣᠯᠴᠠᠬᠤ ᠲᠠᠮᠢᠷᠴᠢᠳ᠎ᠲᠤ ᠰᠡᠳᠭᠢᠯ ᠠᠮᠤᠷ ᠣᠷᠴᠢᠨ ᠨᠥᠬᠥᠴᠡᠯ᠎ᠢ ᠪᠣᠶ ᠪᠣᠯᠭᠠᠬᠤ᠎ᠳᠤ ᠳᠡᠮᠵᠢᠯᠭᠡ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号