ᠶᠡᠷᠦᠩᠬᠡᠢ ᠱᠦᠵᠢ ᠰᠢ ᠶᠢᠨ ᠫᠢᠩ ᠦᠨ ᠠᠶᠤᠯᠭᠦᠢ ᠦᠢᠯᠡᠳᠪᠦᠷᠢᠯᠡᠯ᠎ᠦᠨ
ᠲᠤᠬᠠᠢ ᠴᠢᠬᠤᠯᠠ ᠵᠢᠭᠠᠪᠤᠷᠢ ᠴᠣᠬᠣᠯᠠᠪᠤᠷᠢ ᠶᠢᠨ ᠵᠣᠷᠢᠭ᠋ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠬᠤ᠎ᠶᠢᠨ
ᠲᠥᠯᠥᠭᠡ᠂ 2026 ᠣᠨ ᠤ ᠲᠥᠪ ᠦᠨ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠵᠤ ᠲᠣᠭᠣᠷᠢᠨ ᠪᠠᠢᠴᠠᠭᠠᠬᠤ
ᠠᠵᠢᠯ ᠤᠨ ᠬᠣᠯᠪᠣᠭᠳᠠᠯ ᠪᠦᠬᠦᠢ ᠲᠣᠬᠢᠷᠠᠭᠤᠯᠤᠯᠲᠠ ᠶᠣᠰᠣᠭᠠᠷ᠂ 4 ᠰᠠᠷ᠎ᠠ᠎ᠶᠢᠨ ᠡᠬᠢ᠎ᠡᠴᠡ ᠡᠬᠢᠯᠡᠨ᠂ ᠲᠦᠷᠦ᠎ᠶᠢᠨ
ᠶᠠᠪᠤᠳᠠᠯ᠎ᠤᠨ ᠬᠣᠷᠢᠶ᠎ᠠ ᠵᠢᠨ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠬᠣᠯᠪᠣᠭᠳᠠᠯ ᠪᠦᠬᠦᠢ ᠪᠦᠷᠢᠯᠳᠦᠭᠦᠨ
ᠨᠢᠭᠡᠴᠢ᠎ᠶᠢᠨ ᠬᠠᠷᠢᠭᠤᠴᠠᠯᠭᠠᠲᠠᠳ ᠤ᠋ᠨ ᠪᠦᠯᠬᠦᠮ ᠳᠠᠭᠠᠭᠤᠯᠤᠭᠰᠠᠨ ᠲᠥᠪ᠎ᠦᠨ ᠠᠶᠤᠯᠭᠦᠢ ᠦᠢᠯᠡᠳᠪᠦᠷᠢᠯᠡᠯ᠎ᠦᠨ
ᠬᠢᠨᠠᠨ ᠰᠢᠯᠭᠠᠵᠤ ᠲᠣᠭᠣᠷᠢᠨ ᠪᠠᠢᠴᠠᠭᠠᠬᠤ 24 ᠳᠤᠭᠤᠢᠯᠠᠩ ᠵᠠᠯᠭᠠᠭ᠎ᠠ᠎ᠪᠠᠷ ᠭᠣᠣᠯᠳᠠᠯᠭ᠎ᠠ᠎ᠲᠠᠢ ᠭᠠᠵᠠᠷ ᠣᠷᠣᠨ᠎ᠳᠤ
ᠢᠯᠠ ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠤᠯᠠᠷᠢᠯ᠎ᠤᠨ ᠠᠵᠢᠯᠯᠠᠭ᠎ᠠ ᠥᠷᠨᠢᠭᠦᠯᠬᠦ ᠪᠡᠷ ᠪᠤᠢ᠃
ᠲᠣᠰ ᠤᠳᠠᠭᠠᠨ᠎ᠤ ᠢᠯᠡ᠎ᠪᠡᠷ ᠪᠠᠢᠴᠠᠭᠠᠵᠤ ᠳᠠᠯᠳᠠᠭᠤᠷ
ᠰᠤᠷᠪᠤᠯᠵᠢᠯᠠᠬᠤ ᠠᠵᠢᠯᠯᠠᠭ᠎ᠠ ᠨᠢ ᠡᠨᠡ ᠵᠢᠯ᠎ᠡᠴᠡ ᠨᠠᠭᠠᠰᠢ ᠡᠭᠦᠰᠦᠭᠰᠡᠨ ᠨᠡᠢᠲᠡᠯᠢᠭ ᠡᠨᠳᠡᠯ ᠪᠠ ᠬᠦᠨᠳᠦ ᠶᠡᠬᠡ
ᠠᠶᠤᠯ ᠲᠦᠭᠰᠢᠭᠦᠷᠢ᠎ᠳᠦ ᠬᠣᠯᠪᠣᠭᠳᠠᠭᠰᠠᠨ ᠡᠨᠳᠡᠯ ᠡᠴᠡ ᠢᠯᠡᠷᠡᠭᠦᠯᠦᠭᠰᠡᠨ ᠠᠰᠠᠭᠤᠳᠠᠯ᠎ᠳᠤ ᠭᠣᠣᠯᠳᠠᠯᠭ᠎ᠠ᠎ᠲᠠᠢ
ᠴᠢᠭᠯᠡᠭᠦᠯᠦᠨ᠂ ᠠᠶᠤᠯᠭᠦᠢ ᠦᠢᠯᠡᠳᠪᠦᠷᠢᠯᠡᠯ ᠦᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠭᠰᠠᠨ ᠪᠠᠢᠳᠠᠯ᠂
ᠠᠶᠤᠯᠭᠦᠢ ᠦᠢᠯᠡᠳᠪᠦᠷᠢᠯᠡᠯ ᠢ ᠦᠨᠳᠦᠰᠦ᠎ᠡᠴᠡ ᠨᠢ ᠵᠠᠰᠠᠵᠦ ᠪᠤᠭᠤᠮᠲᠠ ᠰᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢ
ᠠᠬᠢᠭᠤᠯᠤᠭᠰᠠᠨ ᠪᠠᠢᠳᠠᠯ᠂ ᠠᠶᠤᠯᠭᠦᠢ ᠦᠢᠯᠡᠳᠪᠦᠷᠢᠯᠡᠯ᠎ᠦᠨ ᠭᠣᠣᠯᠳᠠᠯᠭ᠎ᠠ᠎ᠲᠠᠢ ᠡᠭᠦᠷᠭᠡ ᠪᠠ 《ᠨᠢᠭᠡ ᠶᠠᠪᠤᠳᠠᠯ》 ᠤᠨ ᠪᠥᠬᠥ ᠬᠡᠯᠬᠢᠶ᠎ᠠ᠎ᠶᠢ ᠴᠡᠭᠴᠡᠯᠡᠨ ᠵᠠᠰᠠᠭᠰᠠᠨ ᠦᠷ᠎ᠡ ᠪᠦᠲᠦᠮᠵᠢ᠂ ᠭᠣᠣᠯᠳᠠᠯᠭ᠎ᠠ᠎ᠲᠠᠢ
ᠠᠵᠢᠯ ᠲᠥᠷᠥᠯ ᠬᠦᠷᠢᠶ᠎ᠡ ᠴᠠᠷᠠᠭᠠᠨ᠎ᠳᠠᠬᠢ ᠬᠦᠨᠳᠦ ᠶᠡᠬᠡ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢᠨ ᠬᠡᠮ
ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂
ᠬᠦᠨᠳᠦ ᠶᠡᠬᠡ ᠡᠨᠳᠡᠯ᠎ᠦᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ ᠪᠠ ᠲᠤᠰᠬᠠᠢ
ᠮᠡᠷᠭᠡᠵᠢᠯᠲᠡᠨ᠎ᠦ ᠵᠢᠯᠣᠭᠣᠳᠤᠯᠭ᠎ᠠ ᠦᠢᠯᠡᠴᠢᠯᠡᠭᠡ᠎ᠶᠢ ᠭᠦᠨᠵᠡᠭᠡᠢ ᠥᠷᠨᠢᠭᠦᠯᠵᠦ᠂ ᠠᠰᠠᠭᠤᠳᠠᠯ᠎ᠢ ᠢᠯᠡᠷᠡᠭᠦᠯᠭᠦ
ᠪᠡᠷ ᠳᠠᠮᠵᠢᠭᠤᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠡᠭᠦᠷᠭᠡ ᠲᠤᠰᠢᠶᠠᠯ᠎ᠢᠶᠠᠨ ᠭᠦᠢᠴᠡᠳᠬᠡᠭᠰᠡᠨ
ᠪᠠᠢᠳᠠᠯ ᠢ ᠭᠡᠳᠡᠷᠭᠦ ᠪᠠᠢᠴᠠᠭᠠᠵᠤ᠂ ᠡᠯ᠎ᠡ ᠭᠠᠵᠠᠷ ᠣᠷᠣᠨ᠎ᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ
ᠵᠦᠪ ᠦᠵᠡᠯᠳᠡ ᠵᠢ ᠪᠤᠢ ᠪᠤᠯᠭᠠᠨ ᠦᠢᠯᠡᠳᠦᠯᠭᠡᠵᠢᠭᠦᠯᠭᠦ ᠰᠤᠷᠤᠯᠴᠠᠯᠭ᠎ᠠ ᠬᠥᠮᠦᠵᠢᠯ᠎ᠢ ᠱᠠᠯᠠᠪᠳᠠᠭᠤᠯᠤᠨ ᠠᠬᠢᠭᠤᠯᠵᠤ᠂
ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ᠂ ᠠᠶᠤᠯ ᠲᠦᠭᠰᠢᠭᠦᠷᠢ ᠬᠡᠮ ᠰᠣᠭᠣᠭ᠎ᠢ ᠵᠢᠭ᠍ᠰᠠᠭᠠᠨ
ᠪᠠᠢᠴᠠᠭᠠᠬᠤ ᠶᠠᠰᠤ ᠴᠢᠨᠠᠷ ᠦᠷ᠎ᠡ ᠪᠦᠲᠦᠮᠵᠢ᠎ᠶᠢ ᠦᠨᠡᠨ ᠬᠦ᠌ ᠳᠡᠭᠡᠭᠰᠢᠯᠡᠭᠦᠯᠵᠦ᠂ ᠠᠮᠤᠷ ᠲᠦᠪᠰᠢᠨ ᠤ᠋ ᠬᠡᠮ
ᠰᠣᠭᠣᠭ᠎ᠢ ᠴᠠᠭ ᠲᠤᠬᠠᠢ ᠳ᠋ᠤᠨᠢ ᠠᠷᠢᠯᠭᠠᠨ᠂ ᠡᠨᠳᠡᠯ ᠣᠯᠠᠨ ᠡᠭᠦᠰᠬᠦ ᠬᠠᠨᠳᠤᠰᠢ᠎ᠶᠢ ᠡᠷᠡᠰ ᠬᠣᠷᠢᠭ᠍ᠯᠠᠵᠤ᠂ ᠠᠶᠤᠯᠭᠦᠢ ᠦᠢᠯᠡᠳᠪᠦᠷᠢᠯᠡᠯ᠎ᠦᠨ ᠪᠠᠢᠳᠠᠯ᠎ᠤᠨ ᠲᠣᠭᠲᠠᠭᠤᠨ ᠪᠠᠢᠬᠤ ᠶᠢ
ᠦᠨᠡᠨ ᠬᠦ᠌ ᠪᠠᠲᠤᠯᠠᠨ᠎ᠠ᠃ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠭᠠᠳ ᠢᠯᠡᠷᠡᠭᠦᠯᠦᠭᠰᠡᠨ ᠨᠡᠢᠲᠡᠯᠢᠭ
ᠬᠡᠷᠡᠭ᠎ᠦᠨ ᠵᠢᠱ᠌ᠢᠶ᠎ᠡ ᠵᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠵᠦ᠂ ᠬᠠᠷᠢᠭᠤᠴᠠᠯᠭ᠎ᠠ ᠨᠡᠬᠡᠮᠵᠢᠯᠡᠨ
ᠬᠠᠷᠢᠭᠤᠴᠠᠯᠭ᠎ᠠ ᠲᠤᠯᠭᠠᠵᠤ᠂ ᠢᠯᠡ᠎ᠪᠡᠷ ᠢᠯᠡᠴᠢᠯᠡᠬᠦ ᠪᠤᠯᠤᠨ᠎ᠠ᠃
ᠢᠷᠡᠯᠲᠡ᠄ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠤ ᠰᠦᠯᠵᠢᠶ᠎ᠡ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号