799 ᠬᠥᠮᠥᠨ ᠡᠯᠰᠡᠨ᠎ᠡ
2026-04-03 17:04:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠠᠵᠢᠯᠲᠠᠨ ᠡᠯᠰᠡᠬᠦ ᠠᠯᠪᠠᠨ ᠵᠠᠷᠯᠠᠯ ᠨᠡᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ᠎ᠦᠨ ᠴᠡᠴᠡᠷᠯᠢᠭ᠎ᠦᠨ ᠪᠠᠭ᠍ᠰᠢ ᠵᠢᠴᠢ ᠪᠤᠰᠤᠳ ᠠᠵᠢᠯ᠎ᠤᠨ ᠪᠠᠢᠷᠢ᠎ᠶᠢᠨ ᠠᠵᠢᠯᠲᠠᠨ 799 ᠬᠦᠮᠦᠨ ᠡᠯᠰᠡᠬᠦ ᠪᠡᠷ ᠲᠤᠭᠳᠠᠭᠰᠠᠨ᠎ᠢ ᠵᠠᠷᠯᠠᠪᠠ᠃

ᠨᠢᠭᠡ᠂ ᠨᠡᠷ᠎ᠡ ᠮᠡᠳᠡᠭᠦᠯᠬᠦ

ᠤᠯᠠᠭᠠᠨᠬᠠᠳᠠ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠵᠢᠨ ᠠᠯᠪᠠᠨ ᠰᠦᠯᠵᠢᠶ᠎ᠡ ( http://jyj.chifeng.gov.cn ) ᠳᠡᠭᠡᠷ᠎ᠡ ᠨᠡᠷ᠎ᠡ ᠮᠡᠳᠡᠭᠦᠯᠦᠨ᠎ᠡ᠃

(1)《ᠲᠥᠷᠥᠯ ᠵᠦᠢᠯ᠎ᠦᠨ ᠠᠵᠢᠯᠲᠠᠨ》᠂ 《ᠶᠡᠬᠡ ᠳᠡᠭᠡᠳᠦ ᠰᠤᠷᠭᠠᠭᠤᠯᠢ ᠲᠡᠭᠦᠰᠦᠭᠰᠡᠳ》 ᠢ᠋ ᠡᠯᠰᠡᠬᠦ ᠠᠵᠢᠯ᠎ᠤᠨ ᠪᠠᠢᠷᠢ᠎ᠳᠦ ᠨᠡᠷ᠎ᠡ ᠮᠡᠳᠡᠭᠦᠯᠬᠦ ᠴᠠᠭ᠄

2026 ᠣᠨ᠎ᠤ 4 ᠰᠠᠷ᠎ᠠ᠎ᠶᠢᠨ 13 ᠎ᠤ ᠡᠳᠦᠷ᠎ᠦᠨ 9:00 ᠎ᠠᠴᠠ 4 ᠰᠠᠷ᠎ᠠ ᠵᠢᠨ 15 ᠎ᠤ ᠡᠳᠦᠷ᠎ᠦᠨ 17:00 ᠪᠤᠯᠲᠠᠯ᠎ᠠ᠃

(2) ᠪᠤᠰᠤᠳ ᠠᠵᠢᠯ᠎ᠤᠨ ᠪᠠᠢᠷᠢ᠎ᠳᠦ ᠨᠡᠷ᠎ᠡ ᠮᠡᠳᠡᠭᠦᠯᠬᠦ ᠴᠠᠭ᠄

2026 ᠣᠨ᠎ᠤ 4 ᠰᠠᠷ᠎ᠠ᠎ᠶᠢᠨ 20 ᠎ᠤ ᠡᠳᠦᠷ᠎ᠦᠨ 9:00 ᠎ᠠᠴᠠ 4 ᠰᠠᠷ᠎ᠠ ᠵᠢᠨ 22 ᠎ᠤᠨ ᠡᠳᠦᠷ᠎ᠦᠨ 17:00 ᠪᠤᠯᠲᠠᠯ᠎ᠠ᠃

ᠬᠣᠶᠠᠷ᠂ ᠪᠢᠴᠢᠭ᠎ᠦᠨ ᠰᠢᠯᠭᠠᠯᠲᠠ

ᠪᠢᠴᠢᠭ᠎ᠦᠨ ᠰᠢᠯᠭᠠᠯᠲᠠ᠎ᠳᠦ ᠠᠵᠢᠯ᠎ᠤᠨ ᠪᠠᠢᠷᠢ᠎ᠤᠨ ᠪᠠᠢᠭ᠎ᠠ ᠡᠯ᠎ᠡ ᠬᠣᠰᠢᠭᠤ ᠰᠢᠶᠠᠨ ᠲᠣᠭᠣᠷᠢᠭ᠋᠎ᠲᠤ ᠰᠢᠯᠭᠠᠯᠲᠠ᠎ᠶᠢᠨ ᠴᠡᠭ ᠲᠤᠬᠢᠷᠠᠭᠤᠯᠵᠦ᠂ ᠤᠯᠠᠭᠠᠨᠬᠠᠳᠠ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠵᠢᠨ ᠰᠢᠭᠤᠳ ᠬᠠᠷᠢᠶ᠎ᠠ ᠰᠤᠷᠭᠠᠭᠤᠯᠢ ᠵᠢᠴᠢ ᠤᠯᠠᠭᠠᠨᠬᠠᠳᠠ ᠬᠣᠲᠠ᠎ᠶᠢᠨ ᠪᠡᠶ᠎ᠡ᠎ᠶᠢᠨ ᠲᠠᠮᠢᠷ᠎ᠤᠨ ᠳᠤᠮᠳᠠᠳᠤ ᠰᠤᠷᠭᠠᠭᠤᠯᠢ᠎ᠶᠢᠨ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠦᠭᠰᠡᠳ᠎ᠢ ᠰᠦᠩᠱᠠᠨ ᠲᠣᠭᠣᠷᠢᠭ᠋᠎ᠤᠨ ᠰᠢᠯᠭᠠᠯᠲᠠ᠎ᠶᠢᠨ ᠴᠡᠭ᠎ᠲᠦ ᠲᠤᠬᠢᠷᠠᠭᠤᠯᠤᠨ᠎ᠠ᠃

ᠪᠢᠴᠢᠭ ᠎ᠦᠨ ᠰᠢᠯᠭᠠᠯᠲᠠ᠎ᠶᠢᠨ ᠡᠳᠦᠷ᠎ᠢ ᠰᠢᠯᠭᠠᠯᠲᠠ ᠬᠢᠬᠦ ᠡᠴᠡ 10 ᠡᠳᠦᠷ᠎ᠤᠨ ᠡᠮᠦᠨ᠎ᠡ ᠤᠯᠠᠭᠠᠨᠬᠠᠳᠠ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠠᠯᠪᠠᠨ ᠰᠦᠯᠵᠢᠶ᠎ᠡ᠎ᠳᠦ ᠠᠰ ᠲᠤᠨᠢ ᠮᠡᠳᠡᠭᠳᠡᠨ᠎ᠡ᠃

 


ᠢᠷᠡᠯᠲᠡ᠄  ᠤᠯᠠᠭᠠᠨᠬᠠᠳᠠ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号