ᠭᠣᠣᠯᠳᠠᠯᠭ᠎ᠠ᠎ᠲᠠᠢ ᠠᠩᠭᠢ ᠲᠤᠷᠰᠢᠯᠲᠠ᠎ᠶᠢᠨ ᠠᠩᠭᠢ ᠲᠦᠷᠭᠡᠨ ᠤᠳᠠᠭᠠᠨ ᠠᠩᠭᠢ ᠭᠠᠷᠭᠠᠬᠤ᠎ᠶᠢ ᠴᠢᠩᠭ᠎ᠠ ᠴᠠᠭᠠᠵᠠᠯᠠᠨ᠎ᠠ
2026-04-03 17:08:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ ᠎ᠦᠨ ᠶᠠᠮᠤᠨ ᠎ᠤ ᠠᠯᠪᠠᠨ ᠲᠢᠩᠬᠢᠮ ᠣᠢᠷ᠎ᠠ᠎ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠢᠯᠡ᠎ᠪᠡᠷ ᠰᠣᠷᠣᠭ᠍ᠴᠢ ᠡᠯᠰᠡᠬᠦ ᠲᠤᠰᠬᠠᠢ ᠠᠵᠢᠯᠯᠠᠭ᠎ᠠ(2026 ᠣᠨ)ᠥᠷᠨᠢᠭᠦᠯᠬᠦ ᠲᠤᠬᠠᠢ ᠪᠠᠢᠷᠢᠯᠠᠭᠤᠯᠤᠯᠲᠠ ᠬᠢᠵᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠳᠤ ᠭᠣᠣᠯᠳᠠᠯᠭ᠎ᠠ᠎ᠲᠠᠢ ᠠᠩᠭᠢ᠂ ᠲᠤᠷᠰᠢᠯᠲᠠ᠎ᠶᠢᠨ ᠠᠩᠭᠢ᠂ ᠲᠦᠷᠭᠡᠨ ᠤᠳᠠᠭᠠᠨ ᠠᠩᠭᠢ ᠭᠠᠷᠭᠠᠬᠤ ᠪᠤᠶᠤ ᠬᠡᠯᠪᠡᠷᠢ᠎ᠶᠢ ᠨᠢ ᠥᠭᠡᠷᠡᠲᠦᠭᠦᠯᠦᠨ ᠠᠨᠭᠭᠢ ᠭᠠᠷᠭᠠᠬᠤ᠎ᠶᠢ ᠴᠢᠩᠭ᠎ᠠ ᠴᠠᠭᠠᠵᠠᠯᠠᠨ᠎ᠠ᠂ ᠪᠠᠭ᠍ᠰᠢ᠎ᠶᠢ ᠲᠡᠩᠴᠡᠭᠦᠷᠢᠲᠡᠢ ᠲᠣᠬᠢᠷᠠᠭᠤᠯᠵᠤ᠂ ᠰᠣᠷᠣᠭ᠍ᠴᠢ᠎ᠶᠢ ᠲᠠᠰᠢᠷᠠᠮ᠎ᠢᠶᠠᠷ ᠠᠩᠭᠢ ᠬᠤᠪᠢᠶᠠᠬᠤ᠎ᠶᠢ ᠪᠥᠬᠥ ᠲᠠᠯ᠎ᠠ ᠪᠡᠷ ᠬᠡᠷᠡᠭᠵᠢᠭᠦᠯᠵᠦ᠂ ᠠᠩᠭᠢ ᠬᠤᠪᠢᠶᠠᠭᠰᠠᠨ ᠦᠷ᠎ᠡ ᠳ᠋ᠦᠩ᠎ᠢ ᠵᠠᠷᠯᠠᠨ ᠲᠣᠭᠲᠠᠭᠠᠵᠤ᠂ ᠳᠤᠷ᠎ᠠ᠎ᠪᠠᠷ᠎ᠢᠶᠠᠨ ᠬᠤᠪᠢᠷᠠᠭᠤᠯᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠪᠠ᠃

ᠲᠦᠷᠦᠭᠦᠸ᠋ ᠬᠣᠶᠠᠷ ᠵᠢᠯ᠎ᠤᠨ ᠬᠢ᠎ᠲᠠᠢ ᠬᠠᠷᠢᠴᠠᠭᠤᠯᠪᠠᠯ᠂ ᠡᠨᠡ ᠵᠢᠯ᠎ᠦᠨ ᠲᠤᠰᠬᠠᠢ ᠠᠵᠢᠯᠯᠠᠭ᠎ᠠ᠎ᠶᠢᠨ ᠬᠠᠮᠤᠷᠬᠤ ᠬᠡᠪᠴᠢᠶ᠎ᠡ ᠨᠢ 《ᠠᠯᠪᠠᠨ ᠵᠢᠷᠤᠮ᠎ᠤᠨ ᠰᠤᠷᠭᠠᠨ ᠬᠥᠮᠦᠵᠢᠯ》 ᠡᠴᠡ《ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ》 ᠬᠦᠷᠲᠡᠯ᠎ᠡ ᠥᠷᠭᠡᠵᠢᠵᠦ᠂ ᠶᠠᠮᠤᠨ᠎ᠤ ᠬᠠᠷᠢᠶᠠᠲᠦ ᠶᠡᠬᠡ ᠳᠡᠭᠡᠳᠦ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠮᠤᠵᠢ᠎ᠶᠢᠨ ᠬᠠᠷᠢᠶᠠᠲᠦ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠲᠣᠭᠲᠠᠭᠠᠯ᠎ᠢ ᠵᠥᠷᠢᠴᠡᠨ ᠰᠢᠶᠠᠨ᠎ᠤ ᠬᠡᠪᠴᠢᠶ᠎ᠡ᠎ᠡᠴᠡ ᠣᠷᠣᠢᠯᠠᠭᠰᠠᠨ ᠰᠣᠷᠣᠭ᠍ᠴᠢ ᠡᠯᠰᠡᠬᠦ᠎ᠶᠢ ᠴᠢᠩᠭ᠎ᠠ ᠴᠠᠭᠠᠵᠠᠯᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠪᠥᠬᠥ ᠰᠤᠷᠤᠯᠭ᠎ᠠ᠎ᠶᠢᠨ ᠱᠠᠲᠦ ᠵᠢ ᠬᠠᠮᠤᠷᠤᠭᠰᠠᠨ ᠢᠯᠡ᠎ᠪᠡᠷ ᠰᠣᠷᠣᠭ᠍ᠴᠢ ᠡᠯᠰᠡᠬᠦ ᠰᠢᠰᠲᠧᠮ᠎ᠢ ᠪᠣᠶ ᠪᠣᠯᠭᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃

ᠮᠡᠳᠡᠭᠳᠡᠯ᠎ᠦᠨ ᠱᠠᠭᠠᠷᠳᠠᠯᠭ᠎ᠠ᠎ᠶᠢ ᠦᠨᠳᠦᠰᠦᠯᠡᠪᠡᠯ᠂ ᠳᠤᠮᠳᠠᠳᠤ ᠪᠠᠭ᠎ᠠ ᠰᠤᠷᠭᠠᠭᠤᠯᠢ ᠲᠣᠭᠲᠠᠭᠠᠯ᠎ᠠᠴᠠ ᠵᠥᠷᠢᠴᠡᠨ ᠤᠷᠢᠳᠴᠢᠯᠠᠨ ᠡᠯᠰᠡᠬᠦ᠂ ᠲᠥᠯᠥᠪᠯᠡᠭᠡ ᠡᠴᠡ ᠳᠠᠪᠠᠭᠤᠯᠤᠨ ᠡᠯᠰᠡᠬᠦ᠂ ᠣᠷᠣᠨ ᠪᠦᠰᠡ ᠠᠯᠤᠰᠯᠠᠨ ᠡᠯᠰᠡᠬᠦ᠎ᠶᠢ ᠴᠢᠩᠭ᠎ᠠ ᠴᠠᠭᠠᠵᠠᠯᠠᠵᠤ᠂《ᠰᠠᠨᠠᠮᠵᠢ᠎ᠶᠢᠨ ᠳᠠᠩᠰᠠᠯᠠᠯᠲᠠ》᠂ 《ᠤᠷᠢᠳᠴᠢᠯᠠᠨ ᠡᠯᠰᠡᠬᠦ ᠬᠡᠯᠡᠯᠴᠡᠭᠡᠷ》᠂ 《ᠦᠨᠳᠦᠰᠦᠨ ᠵᠦᠢᠯ᠎ᠢ ᠪᠠᠲᠤᠯᠠᠨ ᠡᠯᠰᠡᠬᠦ ᠬᠡᠯᠡᠯᠴᠡᠭᠡᠷ》 ᠵᠡᠷᠭᠡ ᠨᠡᠷ᠎ᠡ᠎ᠪᠡᠷ ᠬᠡᠯᠪᠡᠷᠢ᠎ᠶᠢ ᠨᠢ ᠥᠭᠡᠷᠡᠲᠦᠭᠦᠯᠦᠨ ᠤᠷᠢᠳᠴᠢᠯᠠᠨ ᠰᠣᠷᠣᠭ᠍ᠴᠢ ᠡᠯᠰᠡᠬᠦ᠎ᠶᠢ ᠴᠢᠩᠭ᠎ᠠ ᠴᠠᠭᠠᠵᠠᠯᠠᠵᠤ᠂ ᠰᠣᠷᠣᠭ᠍ᠴᠢ ᠡᠯᠰᠡᠬᠦ ᠭᠣᠭᠴᠣᠭᠠᠨ ᠳ᠋ᠦ 《ᠰᠤᠷᠭᠠᠭᠤᠯᠢ ᠰᠣᠩᠭᠣᠬᠤ ᠰᠦᠢᠳᠬᠡᠯ》᠂ 《ᠰᠠᠨᠠᠮᠵᠢ᠎ᠶᠢᠨ ᠮᠥᠩᠭᠥ》 ᠬᠤᠷᠢᠶᠠᠬᠤ᠎ᠶᠢ ᠴᠢᠩᠭ᠎ᠠ ᠴᠠᠭᠠᠵᠠᠯᠠᠵᠤ᠂ ᠰᠣᠷᠣᠭ᠍ᠴᠢ ᠡᠯᠰᠡᠬᠦ ᠎ᠶᠢ《ᠡᠳ᠋ ᠮᠥᠩᠭᠥ᠎ᠪᠡᠷ ᠰᠤᠷᠤᠯᠭ᠎ᠠ ᠵᠢ ᠲᠡᠳᠬᠦᠬᠦ》᠂《ᠰᠤᠷᠭᠠᠨ ᠬᠥᠮᠦᠵᠢᠯ᠎ᠦᠨ ᠰᠠᠭᠤᠷᠢ ᠮᠥᠩᠭᠥ》 ᠵᠡᠷᠭᠡ ᠡᠯ᠎ᠡ ᠲᠥᠷᠥᠯ᠎ᠦᠨ ᠳᠡᠮᠵᠢᠯᠭᠡ᠎ᠲᠠᠢ ᠬᠣᠯᠪᠣᠭᠳᠠᠭᠤᠯᠬᠤ᠎ᠶᠢ ᠴᠢᠩᠭ᠎ᠠ ᠴᠠᠭᠠᠵᠠᠯᠠᠨ᠎ᠠ᠃

ᠮᠡᠳᠡᠭᠳᠡᠯ᠎ᠳᠦ ᠪᠠᠰᠠ ᠣᠨᠴᠠᠭᠠᠶ ᠲᠥᠷᠥᠯ ᠬᠡᠯᠪᠡᠷᠢ᠎ᠶᠢᠨ ᠰᠣᠷᠣᠭ᠍ᠴᠢ ᠡᠯᠰᠡᠬᠦ ᠠᠵᠢᠯ᠎ᠢ ᠮᠤᠵᠢ᠎ᠶᠢᠨ ᠱᠠᠲᠤᠨ᠎ᠳᠤ ᠬᠢᠨᠠᠨ ᠬᠠᠷᠭᠤᠭᠤᠯᠵᠤ ᠳᠠᠩᠰᠠᠯᠠᠭᠤᠯᠬᠤ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ ᠭᠡᠵᠦ ᠲᠤᠷᠠᠳᠴᠠᠢ᠃

 

ᠢᠷᠡᠯᠲᠡ᠄  ᠰᠢᠨᠬᠤᠸᠠ ᠬᠤᠷᠢᠶ᠎ᠠ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号