ᠰᠤᠷᠪᠤᠯᠵᠢᠯᠠᠭᠴᠢ 4 ᠰᠠᠷ᠎ᠠ᠎ᠶᠢᠨ 2 ᠤᠨ ᠡᠳᠦᠷ ᠳᠤᠮᠳᠠᠳᠤ
ᠤᠯᠤᠰ᠎ᠤᠨ ᠲᠡᠮᠦᠷ ᠵᠠᠮ ᠤᠨ ᠬᠥᠬᠡᠬᠣᠲᠠ ᠲᠣᠪᠴᠢᠶ᠎ᠠ ᠶᠢᠨ
ᠪᠦᠯᠦᠭᠯᠡᠯ ᠦᠨ ᠬᠢᠵᠠᠭᠠᠷᠲᠤ᠌ ᠺᠣᠮᠫᠠᠨᠢ᠎ᠠᠴᠠ ᠣᠶ᠋ᠢᠯᠠᠭᠠᠭᠰᠠᠨ᠎ᠢᠶᠠᠷ᠂ ᠳᠤᠮᠳᠠᠳᠤ ᠧᠦ᠋ᠷᠣᠫᠠ᠎ᠶᠢᠨ ᠵᠢᠰᠢᠶᠠᠨ ᠤ
ᠭᠠᠯᠲᠤ᠌ ᠲᠡᠷᠭᠡ᠎ᠶᠢᠨ ᠳᠤᠮᠳᠠ ᠨᠡᠪᠲᠡᠷᠡᠬᠦ᠌ ᠵᠠᠮ᠎ᠤᠨ ᠬᠢᠯᠢ᠎ᠪᠡᠷ ᠣᠷᠣᠵᠤ ᠭᠠᠷᠬᠤ ᠵᠠᠩᠭᠢᠯᠠᠭ᠎ᠠ᠎ᠶᠢᠨ ᠴᠡᠭ
ᠪᠣᠯᠤᠭᠰᠠᠨ᠎ᠤ ᠬᠤᠪᠢ᠎ᠳᠤ᠂ ᠡᠷᠢᠶᠡᠨ ᠬᠣᠲᠠ᠎ᠶᠢᠨ ᠲᠡᠮᠦᠷ ᠵᠠᠮ᠎ᠤᠨ ᠪᠣᠭᠣᠮᠲᠠ ᠡᠨᠡ ᠵᠢᠯ᠎ᠦᠨ ᠨᠢᠭᠡᠳᠦᠭᠡᠷ ᠤᠯᠠᠷᠢᠯ᠎ᠳᠤ
ᠨᠡᠶ᠋ᠢᠲᠡ 1145 ᠴᠤᠪᠤᠭ᠎ᠠ ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡ ᠨᠡᠪᠲᠡᠷᠡᠵᠦ᠍᠂ ᠠᠳᠠᠯᠢ
ᠬᠤᠭᠤᠴᠠᠭᠠᠨ ᠤ᠎ᠬᠢ᠎ᠡᠴᠡ 22.3%᠎ᠪᠠᠷ ᠨᠡᠮᠡᠭᠳᠡᠵᠦ᠍᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃
ᠡᠨᠡ ᠵᠢᠯ᠎ᠦᠨ 1 ᠰᠠᠷ᠎ᠠ᠎ᠳᠤ᠂ ᠡᠷᠢᠶᠡᠨ ᠬᠣᠲᠠ᠎ᠶᠢᠨ
ᠲᠡᠮᠦᠷ ᠵᠠᠮ᠎ᠤᠨ ᠪᠣᠭᠣᠮᠲᠠ ᠵᠢᠨ ᠬᠢᠨ《ᠰᠣᠯᠣᠮᠪᠠᠯᠺᠠᠠᠴᠠ ᠸᠧᠶ ᠽᠢ ᠪᠠᠯᠭᠠᠰᠤ ᠬᠥᠷᠬᠥ᠌》 ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡᠨ᠎ᠦ ᠠᠶᠠᠯᠠᠯ᠎ᠤᠨ ᠱᠤᠭᠤᠮ᠎ᠢ
ᠰᠢᠨ᠎ᠡ᠎ᠪᠡᠷ ᠨᠡᠮᠡᠭᠳᠡᠭᠦᠯᠵᠦ᠍᠂ ᠣᠳᠣᠬᠠᠨ᠎ᠳᠤ 75 ᠵᠤᠷᠪᠤᠰ ᠠᠶᠠᠯᠠᠯ᠎ᠤᠨ ᠱᠤᠭᠤᠮ᠎ᠲᠠᠶ ᠪᠣᠯᠵᠣ᠂ ᠭᠧᠷᠮᠠᠨ᠂
ᠫᠤᠯᠠᠨᠳ᠋ ᠵᠡᠷᠭᠡ 10 ᠭᠠᠷᠤᠶ ᠤᠯᠤᠰ᠎ᠤᠨ 70 ᠭᠠᠷᠤᠶ ᠵᠠᠩᠭᠢᠯᠠᠭ᠎ᠠ᠎ᠶᠢᠨ ᠥᠷᠲᠡᠭᠡ ᠴᠡᠭ᠎ᠲᠦ᠍ ᠨᠡᠪᠲᠡᠷᠡᠪᠡ᠃
ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡᠨ᠎ᠦ
ᠲᠡᠭᠡᠭᠡᠪᠦᠷᠢ᠎ᠶᠢᠨ ᠶᠠᠰᠤ ᠴᠢᠨᠠᠷ ᠦᠷ᠎ᠡ ᠪᠦᠳᠦᠮᠵᠢ ᠵᠢ ᠳᠡᠭᠡᠭᠰᠢᠯᠡᠭᠦᠯᠬᠦ᠌᠎ᠶᠢᠨ ᠲᠥᠯᠥᠭᠡ᠂ ᠡᠷᠢᠶᠡᠨ ᠬᠣᠲᠠ᠎ᠶᠢᠨ
ᠲᠡᠮᠦᠷ ᠵᠠᠮ᠎ᠤᠨ ᠪᠣᠭᠣᠮᠲᠠ ᠪᠠᠷᠠᠭᠠᠨ ᠤ ᠢᠷᠡᠯᠲᠡ ᠪᠣᠯᠤᠨ ᠲᠡᠭᠡᠭᠡᠪᠦᠷᠢ᠎ᠶᠢᠨ ᠬᠦᠴᠦᠨ᠎ᠦ ᠲᠣᠬᠢᠷᠠᠭᠤᠯᠤᠯᠲᠠ᠎ᠶᠢ
ᠨᠢᠭᠡᠳᠦᠯᠲᠡᠶ ᠲᠥᠯᠥᠪᠵᠢᠭᠦᠯᠵᠦ᠍᠂ ᠮᠣᠩᠭᠣᠯ ᠤᠯᠤᠰ ᠤᠨ ᠵᠠᠮ᠎ᠤᠨ ᠡᠭᠦᠳᠡ ᠥᠷᠲᠡᠭᠡ ᠳᠠᠢ《ᠬᠣᠶᠠᠷ ᠥᠷᠲᠡᠭᠡ᠎ᠶᠢ
ᠨᠢᠭᠡ ᠴᠣᠭᠴᠠᠵᠢᠭᠤᠯᠬᠤ》 ᠵᠣᠬᠢᠶᠠᠨ ᠪᠠᠶ᠋ᠢᠭᠤᠯᠤᠯᠲᠠ ᠶᠢᠨ ᠵᠠᠭᠪᠤᠷ
ᠢ ᠭᠦᠨᠵᠡᠭᠡᠶ᠋ᠢᠷᠡᠭᠦᠯᠵᠦ᠍᠂ 《ᠡᠳᠦᠷ ᠪᠦᠷᠢ ᠶᠠᠷᠢᠯᠴᠠᠬᠤ᠂ ᠰᠠᠷ᠎ᠠ
ᠪᠦᠷᠢ ᠠᠭᠤᠯᠵᠠᠬᠤ》ᠲᠣᠭᠲᠠᠴᠠ᠎ᠶᠢ ᠬᠡᠷᠡᠭᠵᠢᠭᠦᠯᠵᠦ᠍᠂ ᠤᠯᠤᠰ᠎ᠤᠨ ᠬᠢᠯᠢ
ᠶᠢᠨ ᠥᠷᠲᠡᠭᠡᠨ᠎ᠦ ᠬᠣᠭᠣᠷᠣᠨᠳᠣᠬᠢ ᠲᠡᠷᠭᠡᠨ ᠦ ᠤᠷᠤᠰᠬᠠᠯ᠎ᠤᠨ ᠪᠦᠲᠦᠴᠡ᠂ ᠥᠷᠲᠡᠭᠡᠨ᠎ᠦ ᠬᠠᠳᠠᠭᠠᠯᠠᠯᠲᠠ᠎ᠶᠢᠨ
ᠪᠠᠶ᠋ᠢᠳᠠᠯ ᠢ ᠬᠥᠳᠡᠯᠦᠩᠭᠦᠶ᠎ᠪᠡᠷ ᠬᠠᠮᠲᠤ᠎ᠪᠠᠷ ᠡᠳ᠋ᠯᠡᠵᠦ᠍᠂ ᠴᠤᠪᠤᠭ᠎ᠠ ᠲᠡᠷᠭᠡ ᠲᠤᠰᠴᠤ᠌ ᠶᠠᠪᠤᠭᠤᠯᠬᠤ᠂ ᠠᠴᠢᠶᠠᠯᠠᠵᠤ
ᠪᠠᠭᠤᠯᠭᠠᠬᠤ ᠵᠡᠷᠭᠡ ᠠᠵᠢᠯ ᠢ ᠵᠣᠬᠢᠴᠠᠭᠤᠯᠤᠨ ᠥᠷᠨᠢᠭᠦᠯᠪᠡ᠃
《ᠪᠢᠳᠡ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ
ᠵᠢᠨ 95306 〈ᠲᠣᠭᠠᠴᠢᠯᠠᠭᠰᠠᠨ ᠪᠣᠭᠣᠮᠲᠠ〉 ᠵᠢᠨ ᠰᠢᠰᠲ᠋ᠧᠮ᠎ᠳᠦ ᠲᠦᠰᠢᠭᠯᠡᠨ ᠴᠠᠭᠠᠰᠤᠨ ᠪᠠᠷᠢᠮᠳᠠ ᠪᠢᠴᠢᠭ ᠬᠡᠷᠡᠭᠯᠡᠬᠦ᠌ ᠥᠬᠡᠶ᠎ᠪᠡᠷ
ᠪᠣᠭᠣᠮᠲᠠ ᠥᠩᠭᠡᠷᠡᠬᠦ᠌᠎ᠶᠢ ᠦᠷᠭᠦᠯᠵᠢᠯᠡᠨ ᠠᠬᠢᠭᠤᠯᠵᠤ᠂ ᠪᠣᠭᠣᠮᠲᠠ᠂ ᠬᠢᠯᠢ᠎ᠶᠢᠨ ᠪᠠᠶ᠋ᠢᠴᠠᠭᠠᠯᠲᠠ ᠵᠡᠷᠭᠡ ᠰᠠᠯᠠᠭ᠎ᠠ
ᠮᠥᠴᠢᠷ᠎ᠯᠦᠭᠡ ᠮᠡᠳᠡᠭᠡ ᠵᠠᠩᠭᠢ᠎ᠶᠢᠨ ᠬᠣᠯᠪᠣᠯᠳᠤᠨ ᠨᠡᠪᠲᠡᠷᠡᠯᠴᠡᠬᠦ᠌᠎ᠶᠢ ᠴᠢᠩᠭᠠᠳᠬᠠᠵᠤ᠂ ᠳᠤᠮᠳᠠᠳᠤ ᠧᠦ᠋ᠷᠣᠫᠠ᠎ᠶᠢᠨ
ᠵᠢᠰᠢᠶᠠᠨ᠎ᠤ ᠭᠠᠯᠲᠤ᠌ ᠲᠡᠷᠭᠡ᠎ᠶᠢᠨ ᠪᠣᠭᠣᠮᠲᠠ ᠥᠩᠭᠡᠷᠡᠬᠦ᠌ ᠴᠠᠭ᠎ᠢ ᠶᠡᠬᠡᠪᠡᠷ ᠪᠣᠭᠣᠨᠢᠰᠬᠠᠵᠤ᠂ ᠵᠠᠮ ᠨᠡᠪᠲᠡᠷᠡᠯᠭᠡ᠎ᠶᠢᠨ
ᠦᠷ᠎ᠡ ᠪᠦᠲᠦᠮᠵᠢ᠎ᠶᠢ ᠳᠡᠭᠡᠭᠰᠢᠯᠡᠭᠦᠯᠪᠡ》ᠭᠡᠵᠦ᠍ ᠳᠤᠮᠳᠠᠳᠤ ᠤᠯᠤᠰ᠎ᠤᠨ
ᠲᠡᠮᠦᠷ ᠵᠠᠮ᠎ᠤᠨ ᠬᠥᠬᠡᠬᠣᠲᠠ ᠲᠣᠪᠴᠢᠶ᠎ᠠ᠎ᠶᠢᠨ ᠪᠦᠯᠦᠭᠯᠡᠯ᠎ᠦᠨ ᠬᠢᠵᠠᠭᠠᠷᠲᠤ᠌ ᠺᠣᠮᠫᠠᠨᠢ᠎ᠶᠢᠨ ᠡᠷᠢᠶᠡᠨ ᠥᠷᠲᠡᠭᠡ᠎ᠶᠢᠨ
ᠪᠠᠷᠠᠭ᠎ᠠ ᠲᠡᠭᠡᠭᠡᠪᠦᠷᠢ ᠲᠤᠰᠢᠶᠠᠬᠤ ᠪᠠ ᠭᠥᠯᠢᠶᠡᠨ ᠠᠪᠬᠤ ᠭᠠᠵᠠᠷ᠎ᠤᠨ ᠡᠷᠬᠢᠯᠡᠭᠴᠢ ᠡᠸ᠋ ᠱᠦ᠍ ᠵᠢᠶᠦ᠋ᠨ ᠬᠡᠯᠡᠪᠡ᠃
ᠡᠨᠡ ᠵᠢᠯ᠎ᠦᠨ ᠨᠢᠭᠡᠳᠦᠭᠡᠷ ᠤᠯᠠᠷᠢᠯ᠎ᠳᠤ᠂ ᠡᠷᠢᠶᠡᠨ
ᠬᠣᠲᠠ᠎ᠶᠢᠨ ᠲᠡᠮᠦᠷ ᠵᠠᠮ᠎ᠤᠨ ᠪᠣᠭᠣᠮᠲᠠ᠎ᠶᠢᠨ ᠬᠢᠯᠢ᠎ᠪᠡᠷ ᠣᠷᠣᠵᠤ ᠭᠠᠷᠤᠭᠰᠠᠨ ᠳᠤᠮᠳᠠᠳᠤ ᠧᠦ᠋ᠷᠣᠫᠠ᠎ᠶᠢᠨ ᠵᠢᠰᠢᠶᠠᠨ᠎ᠤ
ᠭᠠᠯᠲᠤ᠌ ᠲᠡᠷᠭᠡ 11.02 ᠲᠦᠮᠡᠨ ᠪᠠᠷᠢᠮᠵᠢᠶᠠᠲᠤ᠌ ᠴᠢᠩᠭᠡᠯᠢᠭ᠂ 94.64 ᠲᠦᠮᠡᠨ ᠲᠣᠨᠪᠠᠷᠠᠭᠠ
ᠵᠦᠭᠡᠭᠡᠪᠦᠷᠢᠯᠡᠨ ᠬᠦᠷᠭᠡᠵᠤ᠂ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 14.6%᠂ 19.7%᠎ᠪᠠᠷ ᠨᠡᠮᠡᠭᠳᠡᠪᠡ᠃
ᠢᠷᠡᠯᠳᠠ᠄ ᠰᠢᠨᠬᠤᠸᠠ ᠰᠦᠯᠵᠢᠶ᠎ᠠ ᠵᠢᠨ ᠦᠪᠦᠷ ᠮᠤᠡᠭᠭᠤᠯ ᠰᠤᠪᠠᠭ